ᠵᠠᠰᠠᠭ ᠤᠨ ᠤᠷᠳᠤᠨ ᠤ ᠠᠵᠢᠯ ᠤᠨ ᠢᠯᠡᠳᠬᠡᠯ | — 2017 ᠤᠨ ᠤ 1 ᠰᠠᠷ᠎ᠠ ᠶᠢᠨ 20 ᠤ ᠡᠳᠦᠷ ᠤᠯᠠᠭᠠᠨᠴᠠᠪ ᠬᠤᠳᠠ | ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠥᠬᠡᠯᠡᠭᠴᠢᠳ ᠤᠨ ᠶᠡᠭᠡ ᠬᠤᠷᠠᠯ ᠤᠨ | ᠵᠢᠷᠭᠤᠳᠤᠭᠠᠷ ᠤᠳᠠᠭᠠᠨ ᠤ ᠬᠤᠷᠠᠯᠳᠤᠭᠠᠨ ᠲᠡᠬᠡᠷ᠎ᠡ | ᠹᠸᠢ ᠳ᠋ᠦᠩ ᠪᠢᠨ | | | ᠲᠦᠯᠥᠬᠡᠯᠡᠭᠴᠢᠳ ᠡ᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠮᠦᠨ᠎ᠡ ᠠᠴᠠ ᠶᠡᠭᠡ | ᠬᠤᠷᠠᠯ ᠳᠤ ᠠᠵᠢᠯ ᠢᠶᠠᠨ ᠮᠡᠳᠡᠬᠦᠯᠥᠶᠡ᠂ ᠬᠢᠨᠠᠨ ᠵᠦᠪᠯᠡᠬᠦ ᠪᠤᠯᠪᠠᠤ᠂ ᠲᠡᠷᠡᠴᠢᠯᠡᠨ ᠬᠤᠳᠠ ᠶᠢᠨ | ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠪᠠ ᠬᠤᠷᠠᠯ ᠳᠤ ᠰᠤᠯᠠ ᠤᠷᠤᠯᠴᠠᠭᠰᠠᠨ ᠨᠦᠬᠦᠳ | ᠰᠠᠨᠠᠯ ᠢᠶᠠᠨ ᠳᠤᠷᠠᠳᠬᠤ ᠪᠤᠯᠪᠠᠤ᠃ | ᠨᠢᠬᠡ᠂ 2016 ᠤᠨ ᠤ ᠠᠵᠢᠯ ᠤᠨ ᠡᠷᠬᠢᠴᠡᠬᠦᠯᠥᠯ | — ᠤᠷᠢᠳᠠᠪᠠᠷ ᠶᠠᠪᠤᠭᠤᠯᠬᠤ ᠤᠷᠢᠳᠠᠪᠠᠷ ᠳᠤᠷᠰᠢᠬᠤ ᠲᠡᠬᠡᠷ᠎ᠡ ᠬᠦᠴᠦ ᠳᠠᠯᠪᠢᠵᠤ᠂ ᠬᠦᠭᠵᠢᠯᠳᠡ ᠶᠢᠨ | ᠠᠮᠢᠵᠢᠷᠠᠯ ᠤᠨ ᠬᠦᠴᠦᠨ ᠬᠤᠷᠳᠤᠯᠠᠨ ᠪᠠᠳᠠᠷᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠱᠠᠭᠠᠷᠳᠠᠭᠰᠠᠨ ᠦᠪᠦᠷ | ᠮᠤᠩᠭᠤᠯ ᠢ ᠤᠷᠢᠳᠠᠪᠠᠷ ᠶᠠᠪᠤᠭᠤᠯᠬᠤ ᠤᠷᠢᠳᠠᠪᠠᠷ ᠳᠤᠷᠰᠢᠬᠤ ᠭᠤᠷᠪᠠᠨ ᠵᠦᠢᠯ ᠤᠨ ᠦᠬᠡᠷᠡᠴᠢᠯᠡᠯᠳᠡ ᠶᠢ ᠬᠦᠨᠵᠡᠬᠡᠢ | ᠲᠦᠯᠬᠢᠨ ᠠᠬᠢᠭᠤᠯᠵᠤ᠂ ᠳᠠᠷᠢᠶᠠᠯᠠᠩ ᠤᠨ ᠠᠵᠤ ᠠᠬᠤᠶᠢᠯᠠᠯ ᠤᠨ ᠨᠢᠬᠳᠠ ᠬᠡᠯᠪᠡᠷᠢ ᠶᠢᠨ ᠠᠰᠢᠭ ᠳᠤᠰᠠ ᠶᠢᠨ | ᠬᠤᠯᠪᠤᠯᠳᠤᠭ᠎ᠠ ᠶᠢᠨ ᠬᠠᠷᠢᠴᠠᠯ 35% ᠬᠦᠷᠴᠦ᠂ ᠲᠦᠷᠪᠡᠳ ᠬᠤᠰᠢᠭᠤᠨ ᠤ ᠤᠯᠤᠰ ᠤᠨ ᠭᠤᠤᠯ ᠴᠤᠭᠴᠠ | ᠶᠢᠨ ᠴᠢᠳᠠᠪᠬᠢ ᠶᠢᠨ ᠤᠷᠤᠨ ᠤ ᠪᠦᠲᠦᠬᠡᠨ ᠪᠠᠶᠢᠭᠤᠯᠤᠯᠳᠠ ᠢᠳᠡᠪᠬᠢᠳᠠᠢ ᠪᠠᠷ ᠠᠬᠢᠴᠠᠵᠤ᠂ ᠬᠤᠸᠠᠳᠧ ᠰᠢᠶᠠᠨ | ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠬᠢ ᠶᠢᠨ ᠤᠷᠤᠨ ᠳᠤ ᠤᠷᠤᠪᠠ᠃ ᠳᠤᠮᠳᠠᠳᠤ | ᠬᠤᠰᠢᠭᠤᠨ ᠤ ᠭᠠᠵᠠᠷ ᠰᠢᠷᠦᠢ ᠶᠢᠨ ᠡᠷᠬᠡ ᠶᠢᠨ ᠳᠤᠭᠳᠠᠭᠠᠯᠳᠠ ᠶᠢᠨ ᠳᠤᠷᠰᠢᠯᠳᠠ ᠶᠢᠨ ᠴᠢᠭ᠋ ᠤᠨ ᠠᠵᠢᠯ ᠢ | ᠦᠨᠳᠦᠰᠦᠨ ᠳᠡᠭᠡᠨ ᠪᠡᠶᠡᠯᠡᠬᠦᠯᠵᠦ᠂ ᠲᠦᠷᠪᠡᠳ ᠬᠤᠰᠢᠭᠤᠨ ᠤ ᠨᠤᠳᠤᠭ ᠪᠡᠯᠴᠢᠬᠡᠷ ᠤᠨ ᠡᠷᠬᠡ ᠶᠢᠨ | ᠳᠤᠭᠳᠠᠭᠠᠯᠳᠠ ᠪᠠ ᠳᠤᠮᠳᠠ ᠬᠤᠰᠢᠭᠤ᠂ ᠬᠤᠶᠢᠳᠤ ᠬᠤᠰᠢᠭᠤᠨ ᠤ ᠦᠨᠳᠦᠰᠦᠨ ᠨᠤᠳᠤᠭ ᠪᠡᠯᠴᠢᠬᠡᠷ ᠢ | ᠬᠤᠪᠢᠶᠠᠷᠢᠯᠠᠨ ᠳᠤᠭᠳᠠᠭᠠᠬᠤ ᠠᠵᠢᠯ ᠦᠪᠡᠷᠳᠡᠬᠡᠨ ᠵᠠᠰᠠᠬᠤ ᠤᠷᠤᠨ ᠤ ᠰᠢᠯᠭᠠᠨ ᠠᠪᠤᠯᠳᠠ ᠶᠢ ᠦᠩᠬᠡᠷᠡᠬᠡᠪᠡ᠃ | ᠭᠠᠵᠠᠷ ᠰᠢᠷᠦᠢ ᠶᠢ ᠰᠢᠯᠵᠢᠬᠦᠯᠥᠭᠰᠡᠨ ᠳᠠᠯᠠᠪᠠᠢ 40% ᠠᠴᠠ ᠲᠡᠬᠡᠭᠰᠢ ᠳᠤ ᠬᠦᠷᠴᠦ᠂ ᠪᠦᠬᠦ ᠤᠷᠤᠨ ᠤ ᠲᠡᠷᠢᠬᠦᠨ | ᠳᠤ ᠤᠷᠤᠪᠠ᠃ ︽ᠭᠤᠷᠪᠠ ᠶᠢ ᠪᠠᠭᠠᠰᠬᠠᠵᠤ ᠨᠢᠬᠡ ᠶᠢ ᠪᠠᠭᠤᠷᠠᠭᠤᠯᠵᠤ ᠨᠢᠬᠡ ᠶᠢ ᠨᠦᠬᠦᠪᠦᠷᠢᠯᠡᠬᠦ︾ ᠶᠢᠨ | ᠳᠠᠪᠤᠨ ᠳᠤᠮᠤ ᠡᠬᠦᠷᠬᠡ ᠶᠢ ᠪᠦᠬᠦ ᠳᠠᠯ᠎ᠠ ᠪᠠᠷ ᠨᠠᠶᠢᠳᠠᠪᠦᠷᠢᠵᠢᠭᠤᠯᠵᠤ᠂ 60 ᠳᠤᠨ ᠤ ᠪᠦᠳᠦᠬᠦᠯᠢᠭ ᠪᠤᠯᠤᠳ ᠤᠨ | ᠡᠨᠧᠷᠬᠢ ᠶᠢᠨ ᠭᠠᠷᠭᠠᠯᠳᠠ ᠠᠴᠠ ᠤᠬᠤᠷᠢᠨ ᠭᠠᠷᠪᠠ᠃ ᠲᠡᠸᠠᠷ ᠤᠨ ᠬᠡᠷ ᠤᠨ ᠬᠤᠳᠠᠯᠳᠤᠬᠤ ᠪᠠᠷ ᠪᠠᠶᠢᠭ᠎ᠠ | ᠳᠠᠯᠠᠪᠠᠢ ᠶᠢ 31% ᠪᠠᠷ ᠪᠠᠭᠠᠰᠪᠠ᠃ ᠠᠵᠤ ᠠᠬᠤᠶᠢᠯᠠᠯ ᠳᠤ ᠬᠤᠯᠪᠤᠭᠳᠠᠭᠰᠠᠨ ᠵᠠᠷᠤᠳᠠᠯ 20 ᠲᠦᠷᠦᠯ ᠢ | ᠬᠦᠴᠦᠨ ᠦᠬᠡᠢ ᠪᠤᠯᠭᠠᠭᠰᠠᠨ ᠪᠠ ᠳᠠᠳᠠᠪᠤᠷᠢᠯᠠᠬᠤ ᠠᠴᠠ ᠬᠡᠯᠳᠦᠷᠢᠬᠦᠯᠵᠦ᠂ ᠠᠵᠤ ᠠᠬᠤᠶᠢᠯᠠᠯ ᠳᠤ ᠨᠡᠶᠢᠳᠡ | ᠴᠠᠬᠢᠯᠭᠠᠨ ᠬᠡᠷᠡᠭᠯᠡᠬᠡᠨ ᠤ ᠦᠪᠡᠷ ᠤᠨ ᠦᠷᠳᠡᠭ 22.6 ᠳ᠋ᠦᠩᠰᠢᠭᠤᠷ ᠲᠦᠬᠦᠷᠢᠭ ᠪᠠᠭᠤᠷᠠᠭᠤᠯᠵᠤ ᠦᠭᠬᠦᠭᠰᠡᠨ | ᠪᠠᠶᠢᠨ᠎ᠠ᠃ ᠬᠠᠮᠤᠭ ᠶᠡᠭᠡ ᠴᠠᠬᠢᠯᠭᠠᠨ ᠬᠡᠷᠡᠭᠯᠡᠬᠡᠨ ᠤ ᠳᠠᠭᠠᠭᠠᠴᠠ 426 ᠲᠦᠮᠡᠨ ᠺᠢᠯᠤᠸᠠᠲ ᠲᠤ ᠬᠦᠷᠴᠦ᠂ ᠲᠡᠦᠬᠡ | ᠶᠢᠨ ᠰᠢᠨ᠎ᠡ ᠦᠨᠳᠦᠷ ᠢ ᠡᠬᠦᠳᠪᠡ᠃ ︽ᠳᠠᠯᠪᠢᠬᠤ ᠬᠠᠮᠢᠶᠠᠷᠬᠤ ᠦᠢᠯᠡᠴᠢᠯᠡᠬᠦ︾ ᠶᠢᠨ ᠦᠬᠡᠷᠡᠴᠢᠯᠡᠯᠳᠡ ᠶᠢᠨ | ᠦᠷ᠎ᠡ ᠠᠰᠢᠭ ᠮᠡᠳᠡᠭᠳᠡᠬᠦᠶᠢᠴᠡ ᠪᠤᠯᠪᠠ᠃ ᠬᠤᠳᠠ ᠶᠢᠨ ᠳᠤᠰ ᠱᠠᠳᠤ 140 ᠲᠦᠷᠦᠯ ᠤᠨ ᠵᠠᠰᠠᠭ ᠤᠨ ᠡᠷᠬᠡ | ᠶᠢ ᠬᠦᠴᠦᠨ ᠦᠬᠡᠢ ᠪᠤᠯᠭᠠᠭᠰᠠᠨ ᠪᠠ ᠳᠤᠷᠤᠭᠰᠢ ᠪᠠᠭᠤᠯᠭᠠᠵᠤ᠂ 496 ᠲᠦᠷᠦᠯ ᠤᠨ ᠭᠤᠶᠤᠴᠢᠯᠠᠭᠰᠠᠨ ᠲᠦᠷᠦᠯ | ᠵᠦᠢᠯ ᠤᠨ ᠴᠤᠪᠤᠷᠠᠯ ᠤᠨ ᠳᠠᠬᠢᠨ ᠪᠦᠲᠦᠬᠡᠬᠦ ᠶᠢ ᠪᠡᠶᠡᠯᠡᠬᠦᠯᠵᠦ᠂ ᠬᠢᠨᠠᠨ ᠵᠦᠪᠰᠢᠶᠡᠷᠡᠯ ᠤᠨ ᠭᠤᠭᠴᠤᠭ᠎ᠠ 27% | ᠢᠶᠠᠷ ᠪᠠᠭᠠᠰᠴᠤ᠂ ᠬᠤᠳᠠ ᠰᠢᠶᠠᠨ ᠤ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠨᠡᠶᠢᠬᠡᠮ ᠳᠤ ᠨᠡᠶᠢᠳᠡᠯᠡᠪᠡ᠃ | ᠰᠦᠯᠵᠢᠶᠡᠨ ᠲᠡᠬᠡᠷ᠎ᠡ ᠬᠡᠷᠡᠭ ᠡᠷᠬᠢᠯᠡᠬᠦ ᠲᠢᠩᠬᠢᠮ ᠢ ᠨᠡᠬᠡᠬᠡᠵᠦ᠂ ᠬᠤᠳᠠ ᠰᠢᠶᠠᠨ ᠰᠢᠶᠠᠩ ᠳᠤᠰᠬᠤᠨ ᠲᠦᠷᠪᠡᠨ | ᠱᠠᠳᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶ᠎ᠡ ᠬᠠᠷᠢᠯᠴᠠᠨ ᠬᠤᠯᠪᠤᠯᠳᠤᠵᠤ ᠬᠠᠷᠢᠯᠴᠠᠨ | ᠨᠡᠪᠳᠡᠷᠡᠯᠴᠡᠪᠡ᠃ ᠳᠤᠮᠤ ᠴᠢᠬᠤᠯᠠ ᠲᠦᠷᠦᠯ ᠵᠦᠢᠯ ᠤᠨ ᠬᠢᠨᠠᠨ ᠵᠦᠪᠰᠢᠶᠡᠷᠡᠯ ᠤᠨ ︽ᠰᠢᠭᠤᠳ ᠨᠡᠪᠳᠡᠷᠡᠯᠬᠡ︾ | ᠶᠢ ᠪᠠᠶᠢᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠤ ᠤᠴᠢᠷ ᠶᠠᠪᠤᠳᠠᠯ ᠤᠨ ᠴᠠᠭ ᠢ ᠬᠠᠭᠠᠰ ᠠᠴᠠ | ᠲᠡᠬᠡᠭᠰᠢ ᠪᠤᠭᠤᠨᠢᠰᠬᠠᠪᠠ᠃ ᠪᠦᠬᠦ ᠤᠷᠤᠨ ᠤ ᠠᠩᠬᠠᠳᠠᠭᠴᠢ ᠡᠷᠬᠡ ᠶᠢᠨ ᠬᠢᠨᠠᠨ ᠬᠠᠮᠢᠶᠠᠷᠤᠯᠳᠠ ᠶᠢᠨ ᠠᠯᠪᠠᠨ ᠬᠡᠷ | ᠭᠠᠷᠭᠠᠵᠤ᠂ ︽ᠬᠤᠤᠰ ᠳᠠᠰᠢᠷᠠᠮ ᠨᠢᠬᠡ ᠢᠯᠡ︾ ᠶᠢᠨ ᠬᠢᠨᠠᠨ ᠬᠠᠮᠢᠶᠠᠷᠤᠯᠳᠠ ᠶᠢ ᠳᠤᠭᠳᠠᠭᠤᠨ ᠢᠶᠠᠷ ᠲᠦᠯᠬᠢᠨ | ᠠᠬᠢᠭᠤᠯᠪᠠ᠃ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠯ ᠢ ᠬᠦᠨᠵᠡᠬᠡᠶᠢᠷᠡᠬᠦᠯᠵᠦ᠂ ︽ᠳᠠᠪᠤᠨ ᠦᠨᠡᠮᠯᠡᠯ ᠢ | ᠨᠢᠬᠡ ᠯᠡ ᠪᠤᠯᠭᠠᠬᠤ᠂ ᠨᠢᠬᠡ ᠦᠨᠡᠮᠯᠡᠯ ᠨᠢᠬᠡ ᠨᠤᠮᠧᠷ︾ ᠢ ᠪᠦᠬᠦ ᠳᠠᠯ᠎ᠠ ᠪᠠᠷ ᠲᠡᠯᠬᠡᠷᠡᠬᠦᠯᠵᠦ᠂ ᠬᠤᠪᠢ ᠶᠢᠨ ᠠᠵᠤ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠬᠤᠶᠠᠷ ᠦᠨᠡᠮᠯᠡᠯ ᠢ ᠨᠡᠶᠢᠳᠬᠡᠬᠦ︾ ᠶᠢ ᠵᠢᠩᠬᠢᠨᠢ ᠪᠠᠷ | ᠡᠬᠢᠯᠡᠬᠦᠯᠵᠦ᠂ ᠵᠠᠬ᠎ᠠ ᠲᠡᠯᠬᠡᠬᠦᠷ ᠤᠨ ᠭᠤᠤᠯ ᠴᠤᠭᠴᠠ 8% ᠪᠠᠷ ᠨᠡᠮᠡᠭᠳᠡᠪᠡ᠃ ᠬᠦᠳᠡᠯᠥᠩᠬᠦᠢ ᠪᠤᠰᠤ ᠡᠳ᠋ | ᠬᠦᠷᠦᠩᠬᠡ ᠶᠢ ᠳᠠᠩᠰᠠᠯᠠᠬᠤ ᠳᠤ ︽ᠰᠢᠨ᠎ᠡ ᠶᠢ ᠳᠠᠷᠬᠠᠭᠠᠵᠤ ᠬᠠᠭᠤᠴᠢᠨ ᠢ ᠵᠤᠭᠰᠤᠭᠠᠬᠤ︾ ᠶᠢ ᠪᠦᠬᠦ ᠳᠠᠯ᠎ᠠ | ᠪᠠᠷ ᠪᠡᠶᠡᠯᠡᠬᠦᠯᠥᠨ᠎ᠡ᠃ ᠡᠳ᠋ ᠤᠨ ᠵᠠᠰᠠᠭ ᠤᠨ ᠭᠠᠶᠢᠯᠢ ᠮᠥᠩᠬᠦᠨ ᠬᠦᠢᠯᠬᠡᠬᠡᠨ ᠤ ᠦᠬᠡᠷᠡᠴᠢᠯᠡᠯᠳᠡ ᠶᠢ ᠯᠠᠪᠳᠠᠭᠤᠨ | ᠪᠠᠳᠤᠳᠠᠢ ᠲᠦᠯᠬᠢᠨ ᠠᠬᠢᠭᠤᠯᠵᠤ᠂ ︽ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠤᠨ ᠭᠠᠶᠢᠯᠢ ᠪᠤᠯᠭᠠᠬᠤ︾ | ᠳᠤᠷᠰᠢᠯᠳᠠ ᠶᠢᠨ ᠴᠠᠭ ᠢ ᠪᠦᠬᠦ ᠳᠠᠯ᠎ᠠ ᠪᠠᠷ ᠲᠡᠯᠬᠡᠷᠡᠬᠦᠯᠪᠡ᠃ | ᠭᠠᠳᠠᠭᠰᠢ ᠨᠡᠬᠡᠬᠡᠯᠳᠡ ᠶᠢᠨ ᠬᠢᠷᠢ ᠲᠦᠪᠰᠢᠨ ᠪᠦᠬᠦ ᠳᠠᠯ᠎ᠠ ᠪᠠᠷ ᠲᠡᠬᠡᠭᠰᠢᠯᠡᠪᠡ᠃ ᠤᠷᠳᠤ ᠴᠠᠭᠠᠨ ᠬᠡᠷᠡᠮ | ᠤᠨ ᠠᠯᠳᠠᠨ ᠭᠤᠷᠪᠠᠯᠵᠢᠨ ᠤ ᠬᠠᠮᠳᠤᠷᠠᠯᠴᠠᠭ᠎ᠠ ᠡᠳᠦᠷ ᠢᠷᠡᠬᠦᠶ᠎ᠡ ᠨᠢᠬᠳᠠᠷᠠᠵᠤ᠂ 20 ᠲᠦᠷᠦᠯ ᠤᠨ | ᠬᠠᠮᠳᠤᠷᠠᠯᠴᠠᠭᠠᠨ ᠤ ᠬᠡᠯᠡᠯᠴᠡᠬᠡᠷ ᠪᠦᠲᠦᠮᠵᠢᠳᠠᠢ ᠨᠠᠶᠢᠳᠠᠪᠦᠷᠢᠵᠢᠬᠳᠠᠭᠰᠠᠨ ᠪᠠᠶᠢᠨ᠎ᠠ᠃ ᠪᠡᠬᠡᠵᠢᠩ ᠲᠢᠶᠠᠨᠵᠢᠨ ᠾᠧᠪᠸᠢ | ᠲᠠᠢ ᠠᠭᠤᠰᠤᠯᠴᠠᠬᠤ ᠠᠯᠬᠤᠴᠠ ᠲᠦᠷᠬᠡᠳᠴᠦ᠂ ᠲᠦᠷᠦᠯ ᠵᠦᠢᠯ 139 ᠳᠤ ᠭᠠᠷ ᠤᠨ ᠦᠰᠦᠭ ᠵᠢᠷᠤᠵᠤ᠂ | ᠶᠡᠷᠦᠩᠬᠡᠢ ᠪᠡᠯᠡ ᠮᠥᠩᠬᠦᠨ ᠤ ᠳᠤᠭ᠎ᠠ 793 ᠳ᠋ᠦᠩᠰᠢᠭᠤᠷ ᠲᠦᠬᠦᠷᠢᠭ ᠲᠤ ᠬᠦᠷᠪᠡ᠃ 13 ᠡᠮᠨᠡᠯᠬᠡ ᠶᠢᠨ | ᠬᠤᠷᠢᠶ᠎ᠠ᠂ 48 ᠳᠤᠮᠳᠠᠳᠤ ᠪᠠᠭ᠎ᠠ ᠰᠤᠷᠭᠠᠭᠤᠯᠢ ᠪᠡᠬᠡᠵᠢᠩ ᠲᠠᠢ ᠬᠠᠮᠳᠤᠷᠠᠯᠴᠠᠭᠠᠨ ᠤ ᠬᠠᠷᠢᠴᠠᠭ᠎ᠠ ᠪᠠᠶᠢᠭᠤᠯᠵᠠᠢ᠃ | ᠲᠢᠶᠠᠨᠵᠢᠨ ᠤ ᠴᠢᠯᠥᠬᠡᠲᠦ ᠠᠷᠠᠯᠵᠢᠶᠠᠨ ᠤ ᠳᠤᠭᠤᠷᠢᠭ ᠤᠨ ᠭᠠᠳᠠᠭᠠᠳᠤ ᠤᠷᠤᠭᠤᠯᠤᠯᠳᠠ ᠶᠢᠨ ᠳᠠᠸᠠᠷ ᠪᠠ ᠫᠢᠩ | ᠰᠢᠩ ᠮᠠᠰᠢᠨ ᠲᠡᠷᠬᠡ ᠰᠢᠭᠤᠳ ᠡᠵᠡᠩᠨᠡᠨ ᠪᠤᠷᠤᠯᠠᠭᠤᠯᠬᠤ ᠲᠦᠪ ᠢ ᠪᠠᠶᠢᠭᠤᠯᠤᠨ ᠠᠰᠢᠭᠯᠠᠯᠳᠠ ᠳᠤ ᠤᠷᠤᠭᠤᠯᠪᠠ᠃ | ᠳᠤᠮᠳᠠ ᠡᠸᠦ᠋ᠷᠦᠫᠠ ᠶᠢᠨ ᠡᠬᠡᠯᠵᠢ ᠶᠢᠨ ᠭᠠᠯᠳᠤ ᠲᠡᠷᠬᠡᠨ ᠤ ᠬᠦᠢᠰᠦ ᠵᠠᠩᠬᠢᠯᠠᠭ᠎ᠠ ᠶᠢᠨ ᠬᠤᠳᠠ ᠪᠠᠷ ᠠᠮᠵᠢᠯᠳᠠ | ᠲᠠᠢ ᠵᠦᠪᠰᠢᠶᠡᠷᠡᠭᠳᠡᠵᠦ᠂ ᠤᠯᠠᠭᠠᠨᠴᠠᠪ — ᠠᠯᠮᠠ — ᠠᠲ᠋ᠠ ᠶᠢᠨ ᠡᠬᠡᠯᠵᠢ ᠶᠢᠨ ᠭᠠᠯᠳᠤ ᠲᠡᠷᠬᠡ ᠨᠡᠪᠳᠡᠷᠡᠨ | ᠡᠷᠬᠢᠯᠳᠦᠪᠡ᠃ ᠵᠢᠨᠢᠩ ᠤᠨ ᠪᠤᠭᠤᠮᠳᠠ ᠨᠡᠪᠳᠡᠷᠡᠬᠦᠯᠥᠨ ᠰᠢᠯᠤᠭᠤᠳᠬᠠᠪᠠ᠃ ᠭᠠᠳᠠᠭᠠᠳᠤ ᠤᠷᠤᠭᠤᠯᠤᠯᠳᠠ ᠭᠠᠷᠭᠠᠯᠳᠠ | ᠶᠢᠨ ᠶᠡᠷᠦᠩᠬᠡᠢ ᠳᠤᠭ᠎ᠠ 8000 ᠲᠦᠮᠡᠨ ᠳ᠋ᠤᠯᠯᠠᠷ ᠪᠠᠶᠢᠵᠤ᠂ 8% ᠪᠠᠷ ᠨᠡᠮᠡᠭᠳᠡᠪᠡ᠃ | — ᠬᠤᠳᠠ ᠬᠦᠳᠡᠭᠡ ᠶᠢ ᠨᠢᠬᠡᠳᠦᠯᠳᠠᠢ ᠲᠦᠯᠥᠪᠯᠡᠬᠦ ᠶᠢ ᠲᠦᠯᠬᠢᠨ ᠠᠬᠢᠭᠤᠯᠵᠤ᠂ ᠰᠠᠭᠤᠬᠤ ᠳᠤ | ᠳᠤᠬᠢᠯᠢᠭ ᠤᠷᠴᠢᠨ ᠠᠬᠤᠢ ᠶᠢ ᠳᠠᠰᠤᠷᠠᠯᠳᠠ ᠦᠬᠡᠢ ᠰᠠᠶᠢᠵᠢᠷᠠᠭᠤᠯᠪᠠ᠃ ︽ᠳᠠᠪᠤᠨ ᠬᠤᠳᠠ ᠶᠢ ᠬᠠᠮᠳᠤ ᠳᠤᠨᠢ | ᠡᠬᠦᠳᠬᠦ︾ ᠦᠷ᠎ᠡ ᠪᠦᠲᠦᠬᠡᠯ ᠡᠯᠪᠡᠭ ᠲᠡᠯᠪᠡᠭ ᠪᠤᠯᠵᠤ᠂ ᠤᠯᠤᠰ ᠤᠨ ᠴᠡᠴᠡᠷᠯᠢᠭᠲᠦ ᠬᠤᠳᠠ ᠶᠢ ᠠᠮᠵᠢᠯᠳᠠ ᠲᠠᠢ | ᠡᠬᠦᠳᠦᠨ ᠪᠠᠶᠢᠭᠤᠯᠵᠤ᠂ ᠤᠯᠤᠰ ᠤᠨ ᠢᠳᠡᠬᠡᠨ ᠤ ᠠᠶᠤᠯᠬᠦᠢ ᠶᠢᠨ ᠬᠤᠳᠠ ᠶᠢ ᠡᠬᠦᠳᠦᠨ ᠪᠠᠶᠢᠭᠤᠯᠬᠤ ᠠᠵᠢᠯ ᠨᠢ | ᠪᠦᠬᠦ ᠤᠯᠤᠰ ᠤᠨ ᠳᠤᠷᠰᠢᠯᠳᠠ ᠶᠢᠨ ᠴᠢᠭ᠋ ᠪᠤᠯᠵᠤ᠂ ᠤᠯᠤᠰ ᠤᠨ ᠢᠳᠡᠬᠡᠨ ᠤ ᠠᠶᠤᠯᠬᠦᠢ ᠶᠢᠨ ᠬᠤᠳᠠ | ᠪᠤᠯᠭᠠᠬᠤ ᠶᠠᠪᠤᠳᠠᠯ ᠳᠠᠯᠳᠠ ᠰᠤᠷᠪᠤᠯᠵᠢᠯᠠᠭ᠎ᠠ ᠶᠢᠨ ᠬᠢᠨᠠᠨ ᠰᠢᠯᠭᠠᠷᠠᠭᠤᠯᠤᠯᠳᠠ ᠶᠢ ᠠᠮᠵᠢᠯᠳᠠ ᠲᠠᠢ ᠪᠠᠷ | ᠦᠩᠬᠡᠷᠡᠬᠡᠵᠦ᠂ ᠪᠦᠬᠦ ᠤᠯᠤᠰ ᠤᠨ ᠤᠶᠤᠨ ᠤ ᠪᠤᠯᠪᠠᠰᠤᠨ ᠤ ᠬᠤᠳᠠ ᠪᠤᠯᠭᠠᠬᠤ ᠶᠠᠪᠤᠳᠠᠯ ᠬᠤᠶᠠᠳᠠᠬᠢ ᠵᠢᠯ ᠬᠢᠨᠠᠨ | ᠬᠡᠮᠵᠢᠯᠳᠡ ᠦᠨᠡᠯᠡᠯᠳᠡ ᠶᠢ ᠦᠩᠬᠡᠷᠡᠬᠡᠵᠦ᠂ ᠤᠯᠤᠰ ᠤᠨ ᠤᠷᠴᠢᠨ ᠳᠤᠭᠤᠷᠢᠨ ᠤ ᠵᠢᠱᠢᠶᠡᠴᠢ ᠬᠤᠳᠠ ᠶᠢ | ᠡᠬᠦᠳᠦᠨ ᠪᠠᠶᠢᠭᠤᠯᠬᠤ ᠶᠠᠪᠤᠳᠠᠯ ᠱᠠᠳᠤᠴᠢ ᠴᠢᠨᠠᠷ ᠲᠠᠢ ᠦᠷ᠎ᠡ ᠪᠦᠲᠦᠬᠡᠯ ᠤᠯᠪᠠ᠃ ᠹᠧᠩᠵᠧᠨ ᠵᠡᠷᠬᠡ ᠵᠢᠷᠭᠤᠭᠠᠨ | ᠬᠤᠰᠢᠭᠤ ᠰᠢᠶᠠᠨ ᠢ ᠦᠪᠡᠷᠳᠡᠬᠡᠨ ᠵᠠᠰᠠᠬᠤ ᠤᠷᠤᠨ ᠤ ᠴᠡᠴᠡᠷᠯᠢᠭᠲᠦ ᠬᠤᠳᠠ ᠪᠤᠯᠭᠠᠨ ᠡᠬᠦᠳᠦᠨ ᠪᠠᠶᠢᠭᠤᠯᠵᠤ᠂ | ᠳᠤᠮᠳᠠᠳᠤ ᠬᠤᠰᠢᠭᠤ ᠵᠡᠷᠬᠡ ᠭᠤᠷᠪᠠᠨ ᠬᠤᠰᠢᠭᠤ ᠰᠢᠶᠠᠨ ᠢ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ | ᠤᠨ ᠰᠢᠶᠠᠨ ᠤ ᠬᠤᠳᠠ ᠪᠤᠯᠭᠠᠨ ᠡᠬᠦᠳᠦᠨ ᠪᠠᠶᠢᠭᠤᠯᠪᠠ᠃ ᠬᠤᠳᠠ ᠶᠢᠨ ᠬᠦᠭᠵᠢᠯᠳᠡ ᠳᠡᠭᠡᠨ ᠭᠠᠳᠠᠭᠰᠢ ᠲᠡᠯᠡᠬᠦ | ᠬᠡᠯᠪᠡᠷᠢ ᠶᠢᠨ ᠦᠷᠬᠡᠳᠬᠡᠯ ᠠᠴᠠ ᠪᠠᠨ ᠳᠤᠳᠤᠭᠠᠳᠤ ᠠᠭᠤᠯᠠᠭᠳᠠᠬᠤᠨ ᠤ ᠬᠡᠯᠪᠡᠷᠢ ᠶᠢᠨ ᠲᠡᠬᠡᠭᠰᠢᠯᠡᠯᠳᠡ ᠵᠦᠭ | ᠶᠡᠭᠡ ᠪᠠᠷ ᠬᠤᠪᠢᠷᠠᠬᠤ ᠶᠢ ᠪᠡᠶᠡᠯᠡᠬᠦᠯᠵᠦ᠂ ᠬᠤᠳᠠ ᠪᠠᠯᠭᠠᠰᠤᠵᠢᠯᠳᠠ ᠶᠢᠨ ᠨᠤᠷᠮ᠎ᠠ 48.3% ᠳᠤ ᠬᠦᠷᠪᠡ᠃ ︽ | ᠭᠤᠷᠪᠠᠨ ᠲᠦᠯᠥᠪᠵᠢᠬᠦᠯᠬᠡ ᠶᠢ ᠨᠢᠬᠡ ᠪᠤᠯᠭᠠᠬᠤ︾ ᠳᠤᠷᠰᠢᠯᠳᠠ ᠶᠢᠨ ᠴᠢᠭ᠋ ᠤᠨ ᠠᠵᠢᠯ ᠢ ᠵᠢᠩᠬᠢᠨᠢ ᠪᠠᠷ | ᠡᠬᠢᠯᠡᠬᠦᠯᠪᠡ᠃ ᠤᠰᠤ ᠴᠠᠬᠢᠯᠭᠠᠨ ᠵᠠᠮ ᠬᠡᠢ ᠴᠢᠮᠡᠭᠡ ᠵᠡᠷᠬᠡ ᠬᠤᠳᠠ ᠶᠢᠨ ᠪᠦᠲᠦᠬᠡᠨ ᠪᠠᠶᠢᠭᠤᠯᠤᠯᠳᠠ ᠶᠢᠨ ᠲᠦᠷᠦᠯ | ᠵᠦᠢᠯ 565 ᠶᠢ ᠶᠠᠪᠤᠭᠳᠠᠭᠤᠯᠵᠤ᠂ ᠬᠤᠳᠠ ᠶᠢᠨ ᠶᠠᠪᠤᠳᠠᠯ ᠤᠨ ᠤᠯᠠᠨ ᠨᠡᠶᠢᠳᠡ ᠶᠢᠨ ᠲᠦᠬᠦᠬᠡᠷᠦᠮᠵᠢ ᠶᠢᠨ | ᠪᠦᠲᠦᠬᠡᠨ ᠪᠠᠶᠢᠭᠤᠯᠤᠯᠳᠠ ᠶᠢᠨ ᠬᠢᠷᠢ ᠲᠦᠪᠰᠢᠨ ᠪᠦᠬᠦ ᠤᠷᠤᠨ ᠤ ᠲᠡᠷᠢᠬᠦᠨ ᠳᠤ ᠤᠷᠤᠪᠠ᠃ ᠪᠦᠷᠬᠡ ᠬᠡᠷ ᠤᠨ | ᠳᠤᠭᠤᠷᠢᠭ ᠤᠨ ᠰᠢᠨᠡᠴᠢᠯᠡᠯᠳᠡ 1.66 ᠲᠦᠮᠡᠨ ᠢᠵᠢ ᠪᠠᠶᠢᠵᠤ᠂ ᠵᠢᠯ ᠤᠨ ᠡᠬᠦᠷᠬᠡ ᠪᠠᠨ ᠳᠠᠪᠠᠭᠤᠯᠤᠨ | ᠪᠡᠶᠡᠯᠡᠬᠦᠯᠪᠡ᠃ ᠬᠤᠳᠠ ᠪᠠᠯᠭᠠᠰᠤᠨ ᠤ ᠨᠤᠭᠤᠭᠠᠷᠠᠭᠤᠯᠤᠯᠳᠠ ᠶᠢᠨ ᠠᠵᠢᠯ ᠤᠨ ᠲᠡᠰ ᠵᠡᠷᠬᠡ ᠲᠡᠪᠰᠢᠵᠦ᠂ | ᠨᠤᠭᠤᠭᠠᠷᠠᠭᠤᠯᠤᠯᠳᠠ ᠶᠢᠨ ᠳᠠᠯᠠᠪᠠᠢ 430 ᠲᠦᠮᠡᠨ ᠲᠡᠭᠰᠢ ᠲᠦᠷᠪᠡᠯᠵᠢᠨ ᠮᠧᠲᠷ ᠰᠢᠨ᠎ᠡ ᠪᠠᠷ ᠨᠡᠮᠡᠭᠳᠡᠬᠦᠯᠪᠡ᠃ | ᠲᠦᠪ ᠬᠤᠳᠠ ᠳᠤᠭᠤᠷᠢᠭ ︽300 ᠮᠧᠲᠷ ᠲᠤ ᠨᠤᠭᠤᠭᠠᠨ ᠭᠠᠵᠠᠷ ᠦᠵᠡᠭᠳᠡᠭᠰᠡᠨ᠂ 500 ᠮᠧᠲᠷ ᠲᠤ | ᠴᠡᠴᠡᠷᠯᠢᠭ ᠬᠠᠷᠠᠭᠳᠠᠭᠰᠠᠨ︾ ᠴᠡᠴᠡᠷᠯᠢᠭ ᠤᠨ ᠦᠵᠡᠮᠦᠷᠢ ᠶᠢᠨ ᠦᠷ᠎ᠡ ᠳ᠋ᠦᠩ ᠳᠤ ᠬᠦᠷᠴᠦ᠂ ᠬᠦᠮᠦᠨ ᠳᠤᠮᠳᠠᠴᠢ | ᠶᠢᠨ ᠴᠡᠴᠡᠷᠯᠢᠭ ᠤᠨ ᠨᠤᠭᠤᠭᠠᠨ ᠭᠠᠵᠠᠷ ᠤᠨ ᠳᠠᠯᠠᠪᠠᠢ 28.6 ᠲᠡᠭᠰᠢ ᠲᠦᠷᠪᠡᠯᠵᠢᠨ ᠮᠧᠲᠷ ᠲᠤ ᠬᠦᠷᠪᠡ᠃ | ᠳᠠᠷᠢᠶᠠᠯᠠᠬᠤ ᠮᠠᠯᠵᠢᠬᠤ ᠤᠷᠤᠨ ᠤ ᠲᠦᠷᠰᠦ ᠪᠠᠶᠢᠳᠠᠯ ᠰᠢᠨᠡᠳᠴᠦ᠂ 4.1 ᠲᠦᠮᠡᠨ ᠡᠷᠦᠬᠡ ᠶᠢᠨ ᠠᠶᠤᠯᠳᠠᠢ ᠬᠡᠷ | ᠪᠠᠶᠢᠰᠢᠩ ᠢ ᠰᠢᠨᠡᠳᠬᠡᠵᠦ᠂ ᠬᠠᠷᠠᠯᠳᠠᠳᠤ ᠡᠬᠦᠷᠬᠡ ᠠᠴᠠ ᠪᠠᠨ 1.1 ᠲᠦᠮᠡᠨ ᠡᠷᠦᠬᠡ ᠶᠢ ᠳᠠᠪᠠᠭᠤᠯᠤᠨ | ᠪᠡᠶᠡᠯᠡᠬᠦᠯᠪᠡ᠃ 1321 ᠵᠠᠰᠠᠭ ᠵᠠᠬᠢᠷᠭᠠᠨ ᠤ ᠳᠤᠰᠬᠤᠨ᠂ 30 ᠡᠷᠦᠬᠡ ᠠᠴᠠ ᠲᠡᠬᠡᠭᠰᠢ 2307 ᠪᠠᠶᠢᠭᠠᠯᠢ | ᠳᠤᠰᠬᠤᠨ ᠤ ᠤᠯᠠᠨ ᠨᠡᠶᠢᠳᠡ ᠶᠢᠨ ᠦᠢᠯᠡᠴᠢᠯᠡᠬᠡᠨ ᠤ ᠪᠦᠲᠦᠬᠡᠨ ᠪᠠᠶᠢᠭᠤᠯᠤᠯᠳᠠ ᠶᠢᠨ ᠡᠬᠦᠷᠬᠡ ᠶᠢ | ᠪᠡᠶᠡᠯᠡᠬᠦᠯᠪᠡ᠃ 14 ᠪᠠᠯᠭᠠᠰᠤ ᠪᠦᠬᠦ ᠤᠯᠤᠰ ᠤᠨ ᠭᠤᠤᠯᠳᠠᠯᠭ᠎ᠠ ᠲᠠᠢ ᠪᠠᠯᠭᠠᠰᠤᠨ ᠳᠤ ᠤᠷᠤᠵᠤ᠂ 4 ᠳᠤᠰᠬᠤᠨ | ᠳᠤᠮᠳᠠᠳᠤ ᠤᠯᠤᠰ ᠤᠨ ᠤᠯᠠᠮᠵᠢᠯᠠᠯᠳᠤ ᠳᠤᠰᠬᠤᠨ ᠤ ᠨᠡᠷᠡᠰ ᠤᠨ ᠲᠡᠮᠳᠡᠭᠯᠡᠯ ᠳᠤ ᠤᠷᠤᠪᠠ᠃ ᠰᠠᠭᠤᠷᠢ | ᠲᠦᠬᠦᠬᠡᠷᠦᠮᠵᠢ ᠪᠦᠬᠦ ᠳᠠᠯ᠎ᠠ ᠪᠠᠷ ᠴᠢᠩᠭᠠᠳᠬᠠᠭᠳᠠᠪᠠ᠃ ᠵᠠᠰᠠᠮᠠᠯ ᠵᠠᠮ ᠤᠨ ᠪᠦᠲᠦᠬᠡᠨ ᠪᠠᠶᠢᠭᠤᠯᠤᠯᠳᠠ ᠳᠠᠭᠠᠨ | 100 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠪᠡᠶᠡᠯᠡᠬᠦᠯᠵᠦ᠂ ᠪᠦᠲᠦᠬᠡᠨ ᠪᠠᠶᠢᠭᠤᠯᠤᠭᠰᠠᠨ ᠬᠡᠪᠴᠢᠶ᠎ᠡ | 1300 ᠺᠢᠯᠤᠮᠧᠲᠷ ᠪᠠᠶᠢᠵᠤ᠂ ᠪᠦᠬᠦ ᠤᠷᠤᠨ ᠤ ᠲᠡᠷᠢᠬᠦᠨ ᠳᠤ ᠤᠷᠤᠪᠠ᠃ ᠭᠠᠴᠠᠭ᠎ᠠ ᠳᠤᠰᠬᠤᠨ ᠤ ᠴᠠᠷᠳᠠᠭᠤᠯ | ᠱᠦᠢᠨᠢ ᠵᠠᠮ ᠤᠨ ᠪᠦᠬᠦ ᠬᠤᠴᠢᠯᠳᠠ ᠶᠢ ᠦᠨᠳᠦᠰᠦᠨ ᠳᠡᠭᠡᠨ ᠪᠡᠶᠡᠯᠡᠬᠦᠯᠪᠡ᠃ ᠪᠡᠬᠡᠵᠢᠩ ᠬᠦᠬᠡᠬᠤᠳᠠ ᠶᠢᠨ | ᠦᠨᠳᠦᠷ ᠬᠤᠷᠳᠤᠴᠠᠳᠤ ᠲᠡᠮᠦᠷ ᠵᠠᠮ ᠤᠨ ᠤᠯᠠᠭᠠᠨᠴᠠᠪ ᠤᠨ ᠬᠡᠰᠡᠭ ᠢ ᠪᠦᠬᠦ ᠳᠠᠯ᠎ᠠ ᠪᠠᠷ ᠲᠡᠪᠢᠰᠪᠡ᠃ ᠤᠯᠠᠭᠠᠨᠴᠠᠪ | ᠤᠨ ᠨᠢᠰᠬᠡᠯ ᠤᠨ ᠪᠠᠭᠤᠳᠠᠯ 14 ᠬᠤᠳᠠ ᠳᠤ ᠠᠭᠠᠷ ᠠᠶᠠᠯᠠᠯ ᠢᠶᠠᠨ ᠨᠡᠪᠳᠡᠷᠡᠬᠦᠯᠪᠡ᠃ 3 ᠳᠤᠮᠤ ᠬᠡᠯᠪᠡᠷᠢ ᠶᠢᠨ | ᠤᠰᠤᠨ ᠴᠦᠬᠦᠷᠦᠮ ᠤᠨ ᠭᠤᠤᠯ ᠴᠤᠭᠴᠠ ᠶᠢᠨ ᠪᠠᠷᠢᠯᠭ᠎ᠠ ᠶᠢᠨ ᠠᠵᠢᠯ ᠢ ᠪᠠᠷᠠᠭᠠᠪᠠ᠃ ︽ᠦᠷᠬᠡᠨ ᠪᠦᠰᠡᠲᠦ | ᠬᠦᠳᠡᠭᠡ ᠳᠤᠰᠬᠤᠨ︾ ᠤ ᠪᠦᠲᠦᠬᠡᠨ ᠪᠠᠶᠢᠭᠤᠯᠤᠯᠳᠠ ᠶᠢ ᠪᠦᠬᠦ ᠤᠯᠤᠰ ᠤᠨ ᠴᠠᠬᠢᠯᠭᠠᠨ ᠬᠤᠯᠪᠤᠭᠠᠨ ᠤ ᠨᠡᠶᠢᠳᠡᠮ | ᠦᠢᠯᠡᠴᠢᠯᠡᠬᠡᠨ ᠤ ᠳᠤᠷᠰᠢᠯᠳᠠ ᠶᠢᠨ ᠴᠢᠭ᠋ ᠤᠨ ᠭᠠᠵᠠᠷ ᠤᠷᠤᠨ ᠳᠤ ᠤᠷᠤᠭᠤᠯᠪᠠ᠃ ᠤᠯᠤᠰ ᠪᠠ ᠤᠷᠤᠨ | ᠨᠤᠳᠤᠭ ᠤᠨ ᠠᠮᠢ ᠠᠬᠤᠢ ᠶᠢᠨ ᠪᠦᠲᠦᠬᠡᠨ ᠪᠠᠶᠢᠭᠤᠯᠤᠯᠳᠠ ᠶᠢᠨ ᠢᠨᠵᠧᠨᠧᠷᠢᠩ 124 ᠲᠦᠮᠡᠨ ᠮᠤ᠋ ᠬᠢᠵᠦ᠂ ᠤᠢ | ᠰᠢᠭᠤᠢ ᠶᠢᠨ ᠬᠤᠴᠢᠯᠳᠠ ᠶᠢᠨ ᠨᠤᠷᠮ᠎ᠠ 23.1% ᠳᠤ ᠬᠦᠷᠪᠡ᠃ ᠳᠠᠭ᠎ᠠ ᠶᠢᠨ ᠨᠠᠭᠤᠷ᠂ ᠬᠢᠬᠢᠷᠢ ᠶᠢᠨ ᠨᠠᠭᠤᠷ | ᠤᠨ ᠤᠰᠤᠨ ᠤ ᠠᠮᠢ ᠠᠬᠤᠢ ᠶᠢᠨ ᠬᠠᠮᠠᠭᠠᠯᠠᠯᠳᠠ ᠵᠠᠰᠠᠯᠳᠠ ᠶᠢᠨ ᠢᠨᠵᠧᠨᠧᠷᠢᠩ ᠢ ᠪᠦᠬᠦ ᠳᠠᠯ᠎ᠠ ᠪᠠᠷ ᠡᠬᠢᠯᠡᠬᠦᠯᠵᠦ | ᠂ ᠠᠮᠢ ᠠᠬᠤᠢ ᠶᠢᠨ ᠠᠶᠠᠨᠳᠠᠭᠠᠨ ᠰᠡᠷᠬᠦᠬᠦ ᠴᠢᠳᠠᠪᠦᠷᠢ ᠮᠡᠳᠡᠭᠳᠡᠬᠦᠶᠢᠴᠡ ᠲᠡᠬᠡᠭᠰᠢᠯᠡᠪᠡ᠃ | — ᠰᠢᠷᠭᠠᠭᠤ ᠲᠡᠮᠡᠴᠡᠬᠦ ᠠᠩᠬᠠᠨ ᠤ ᠵᠤᠷᠢᠯᠳᠠ ᠪᠠᠨ ᠦᠯᠥ ᠮᠠᠷᠳᠠᠨ᠂ ᠠᠷᠠᠳ ᠤᠯᠠᠨ ᠤ ᠬᠦᠷᠳᠡᠬᠡᠯ | ᠤᠨ ᠰᠡᠳᠬᠢᠯᠬᠡ ᠶᠢ ᠢᠯᠡᠷᠬᠡᠢ ᠨᠡᠮᠡᠭᠳᠡᠬᠦᠯᠪᠡ᠃ ᠪᠦᠬᠦ ᠵᠢᠯ ᠳᠤ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ | ᠳᠤ ᠬᠡᠷᠡᠭᠯᠡᠭᠰᠡᠨ ᠡᠩ ᠤᠨ ᠤᠯᠠᠨ ᠨᠡᠶᠢᠳᠡ ᠶᠢᠨ ᠲᠦᠰᠦᠪ ᠤᠨ ᠵᠠᠷᠤᠯᠭ᠎ᠠ 84.4% ᠳᠤ ᠬᠦᠷᠪᠡ᠃ ᠶᠠᠳᠠᠭᠤ | ᠠᠴᠠ ᠠᠩᠬᠢᠵᠢᠷᠠᠭᠤᠯᠬᠤ ᠶᠢᠨ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠪᠦᠬᠦ ᠳᠠᠯ᠎ᠠ ᠪᠠᠷ ᠡᠬᠢᠯᠡᠬᠦᠯᠵᠦ᠂ ︽ | ᠳᠠᠪᠤᠨ ᠨᠢᠬᠡ ᠪᠦᠯᠥᠭ᠂ ᠵᠢᠷᠭᠤᠭᠠᠨ ᠤᠨᠤᠪᠴᠢᠳᠠᠢ︾ ᠠᠷᠭ᠎ᠠ ᠪᠠᠷᠢᠯ ᠢ ᠬᠦᠨᠵᠡᠬᠡᠢ ᠶᠠᠪᠤᠭᠤᠯᠵᠤ᠂ 13.7 ᠲᠦᠮᠡᠨ | ᠶᠠᠳᠠᠭᠤ ᠬᠦᠴᠢᠷᠳᠡᠯ ᠲᠠᠢ ᠬᠦᠮᠦᠨ ᠠᠮᠠ ᠪᠦᠬᠦᠨ ᠳᠤ ᠳᠠᠩᠰᠠ ᠡᠪᠬᠡᠮᠡᠯ ᠤᠨ ᠺᠠᠷᠲ ᠭᠠᠷᠭᠠᠪᠠ᠃ ᠶᠠᠳᠠᠭᠤ ᠶᠢ | ᠲᠡᠳᠬᠦᠬᠦ ᠮᠥᠩᠬᠦᠨ ᠬᠦᠢᠯᠬᠡᠬᠡᠨ ᠤ ᠵᠢᠬᠡᠯᠡᠯᠬᠡ 16.4 ᠳ᠋ᠦᠩᠰᠢᠭᠤᠷ ᠲᠦᠬᠦᠷᠢᠭ ᠳᠠᠯᠪᠢᠪᠠ᠃ 877 ᠵᠢᠵᠢᠭ | ᠳᠤᠰᠬᠤᠨ ᠢ ᠬᠠᠰᠤᠵᠤ ᠨᠡᠶᠢᠯᠡᠬᠦᠯᠵᠦ᠂ ᠪᠠᠷᠢᠯᠭ᠎ᠠ ᠶᠢᠨ ᠠᠵᠢᠯ ᠢ ᠨᠢ ᠡᠬᠢᠯᠡᠬᠦᠯᠵᠦ ᠪᠦᠲᠦᠬᠡᠨ ᠪᠠᠶᠢᠭᠤᠯᠤᠯᠳᠠ | ᠬᠢᠵᠦ᠂ ᠤᠨᠳᠤᠤ ᠭᠠᠵᠠᠷ ᠲᠤ 645 ᠴᠢᠭ᠋ ᠢ ᠨᠡᠬᠦᠯᠬᠡᠨ ᠲᠦᠪᠬᠢᠨᠡᠬᠦᠯᠪᠡ᠃ ᠶᠠᠳᠠᠭᠤ ᠬᠦᠴᠢᠷᠳᠡᠯ ᠲᠠᠢ ᠬᠦᠮᠦᠨ | ᠠᠮᠠ ᠪᠦᠬᠦᠨ ᠢ ᠬᠦᠨᠳᠦ ᠡᠪᠡᠳᠴᠢᠨ ᠤ ᠡᠮᠨᠡᠯᠬᠡ ᠶᠢᠨ ᠠᠪᠤᠷᠠᠨ ᠳᠤᠰᠠᠯᠠᠯᠳᠠ ᠶᠢᠨ ᠬᠦᠷᠢᠶ᠎ᠡ ᠬᠡᠪᠴᠢᠶᠡᠨ ᠳᠤ | ᠤᠷᠤᠭᠤᠯᠪᠠ᠃ ᠪᠦᠬᠦ ᠬᠤᠳᠠ ᠪᠠᠷ ᠢᠶᠠᠨ 3 ᠲᠦᠮᠡᠨ ᠶᠠᠳᠠᠭᠤ ᠬᠦᠴᠢᠷᠳᠡᠯ ᠲᠠᠢ ᠬᠦᠮᠦᠨ ᠠᠮᠠ ᠶᠢ ᠳᠤᠭᠳᠠᠭᠤᠨ | ᠢᠶᠠᠷ ᠶᠠᠳᠠᠭᠤ ᠠᠴᠠ ᠨᠢ ᠠᠩᠬᠢᠵᠢᠷᠠᠭᠤᠯᠪᠠ᠃ ᠠᠵᠢᠯ ᠤᠯᠭᠤᠯᠳᠠ ᠦᠢᠯᠡᠰ ᠪᠤᠰᠬᠠᠯᠳᠠ ᠶᠢ ᠨᠢᠬᠡᠳᠦᠯᠳᠠᠢ | ᠲᠦᠯᠥᠪᠯᠡᠨ ᠲᠦᠯᠬᠢᠨ ᠠᠬᠢᠭᠤᠯᠵᠤ᠂ ᠠᠵᠢᠯ ᠤᠯᠭᠤᠯᠳᠠ ᠶᠢᠨ ᠬᠦᠷᠢᠶᠡᠯᠡᠩ 14᠂ ᠦᠢᠯᠡᠰ ᠪᠤᠰᠬᠠᠬᠤ ᠶᠢᠨ | ᠨᠡᠪᠴᠢᠬᠦᠯᠥᠯᠳᠡ ᠶᠢᠨ ᠰᠠᠭᠤᠷᠢᠨ 12 ᠢ ᠪᠠᠶᠢᠭᠤᠯᠪᠠ᠃ ᠤᠯᠠᠨ ᠤ ᠦᠢᠯᠡᠰ ᠪᠤᠰᠬᠠᠬᠤ 3 ᠤᠷᠤᠨ ᠵᠠᠢ ᠤᠯᠤᠰ | ᠤᠨ ᠲᠡᠰ ᠤᠨ ᠤᠯᠠᠨ ᠤ ᠦᠢᠯᠡᠰ ᠪᠤᠰᠬᠠᠬᠤ ᠤᠷᠤᠨ ᠵᠠᠢ ᠪᠠᠷ ᠨᠤᠳᠠᠯᠠᠭᠳᠠᠪᠠ᠃ ᠳᠠᠷᠢᠶᠠᠯᠠᠬᠤ ᠮᠠᠯᠵᠢᠬᠤ ᠤᠷᠤᠨ | ᠤ ᠬᠦᠳᠡᠯᠮᠦᠷᠢ ᠬᠦᠴᠦ ᠶᠢ ᠰᠢᠯᠵᠢᠬᠦᠯᠥᠨ 36 ᠲᠦᠮᠡᠨ ᠬᠦᠮᠦᠨ ᠳᠤ ᠠᠵᠢᠯ ᠤᠯᠭᠤᠵᠤ᠂ ᠬᠤᠳᠠ ᠪᠠᠯᠭᠠᠰᠤᠨ ᠤ | ᠳᠠᠩᠰᠠᠯᠠᠭᠰᠠᠨ ᠠᠵᠢᠯ ᠠᠯᠳᠠᠯᠳᠠ ᠶᠢᠨ ᠨᠤᠷᠮ᠎ᠠ ᠶᠢ 3.8% ᠳᠤᠳᠤᠷ᠎ᠠ ᠬᠤᠷᠢᠭᠯᠠᠪᠠ᠃ ᠨᠡᠶᠢᠬᠡᠮ ᠤᠨ | ᠳᠠᠭᠠᠳᠬᠠᠯ ᠢ ᠦᠷᠬᠡᠳᠬᠡᠬᠦ ᠡᠬᠦᠷᠬᠡ ᠪᠠᠨ ᠳᠠᠪᠠᠭᠤᠯᠤᠨ ᠪᠡᠶᠡᠯᠡᠬᠦᠯᠪᠡ᠃ ᠠᠵᠤ ᠠᠬᠤᠶᠢᠯᠠᠯ ᠤᠨ ᠠᠵᠢᠯ ᠠᠴᠠ ᠪᠠᠨ | ᠠᠮᠠᠷᠠᠭᠰᠠᠳ ᠤᠨ ᠨᠠᠰᠤᠵᠢᠯ ᠤᠨ ᠳᠠᠭᠠᠳᠬᠠᠯ ᠤᠨ ᠬᠦᠷᠳᠡᠬᠡᠮᠵᠢ ᠶᠢᠨ ᠳᠤᠮᠳᠠᠴᠢ ᠬᠡᠮᠵᠢᠶ᠎ᠡ 6.5% ᠪᠠᠷ | ᠲᠡᠬᠡᠭᠰᠢᠯᠡᠪᠡ᠃ ᠨᠡᠶᠢᠬᠡᠮ ᠳᠤᠭᠤᠷᠢᠭ ᠤᠨ ᠬᠡᠷ ᠲᠤᠨᠢ ᠰᠠᠭᠤᠯᠭᠠᠨ ᠨᠠᠰᠤᠳᠠᠨ ᠢ ᠠᠰᠠᠷᠠᠬᠤ ᠦᠢᠯᠡᠴᠢᠯᠡᠬᠡᠨ ᠤ | ᠠᠵᠢᠯ ᠪᠦᠬᠦ ᠳᠠᠯ᠎ᠠ ᠪᠠᠷ ᠡᠬᠢᠯᠡᠨ ᠶᠠᠪᠤᠭᠳᠠᠪᠠ᠃ ᠬᠦᠬᠡᠬᠤᠳᠠ ᠪᠤᠭᠤᠳᠤ ᠬᠤᠶᠠᠷ ᠤᠨᠳᠤᠤ ᠭᠠᠵᠠᠷ ᠲᠤ ᠳᠠᠭᠠᠳᠬᠠᠯ | ᠳᠤ ᠤᠷᠤᠯᠴᠠᠬᠤ ᠡᠪᠡᠳᠴᠢᠨ ᠦᠵᠡᠬᠦᠯᠬᠦ ᠳᠤ ᠲᠡᠷᠡ ᠳᠠᠷᠤᠢ ᠳᠤᠨᠢ ᠳᠠᠰᠤᠯᠠᠨ ᠪᠤᠳᠤᠬᠤ ᠶᠢ ᠪᠡᠶᠡᠯᠡᠬᠦᠯᠪᠡ᠃ | ᠬᠤᠳᠠ ᠬᠦᠳᠡᠭᠡ ᠶᠢᠨ ᠳᠤᠤᠷ᠎ᠠ ᠪᠠᠳᠤᠯᠠᠪᠤᠷᠢ ᠶᠢᠨ ᠳᠠᠯ᠎ᠠ ᠪᠠᠷ ᠬᠦᠳᠡᠯᠥᠩᠬᠦᠢ ᠬᠠᠮᠢᠶᠠᠷᠤᠯᠳᠠ ᠳᠤᠤᠷᠠᠬᠢ ᠳᠠᠭᠠᠳᠬᠠᠯ | ᠳᠤ ᠤᠷᠤᠵᠤ ᠪᠤᠯᠬᠤ ᠶᠢ ᠨᠢ ᠤᠷᠤᠯᠴᠠᠭᠤᠯᠬᠤ ᠶᠢ ᠪᠡᠶᠡᠯᠡᠬᠦᠯᠪᠡ᠃ ᠨᠡᠶᠢᠬᠡᠮ ᠤᠨ ᠠᠵᠢᠯ ᠦᠢᠯᠡᠰ ᠪᠦᠬᠦ ᠳᠠᠯ᠎ᠠ | ᠪᠠᠷ ᠳᠠᠪᠰᠢᠪᠠ᠃ ᠬᠤᠶᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ | ᠭᠤᠷᠪᠠᠨ ᠵᠢᠯ ᠤᠨ ᠠᠵᠢᠯᠯᠠᠭᠠᠨ ᠤ ᠲᠦᠯᠥᠪᠯᠡᠭᠡ ᠶᠢ ᠨᠢᠬᠡ ᠵᠢᠯ ᠤᠷᠢᠳᠴᠢᠯᠠᠨ ᠪᠡᠶᠡᠯᠡᠬᠦᠯᠵᠦ᠂ 5 ᠬᠤᠰᠢᠭᠤ | ᠰᠢᠶᠠᠨ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠦᠭᠵᠢᠯᠳᠡ ᠶᠢᠨ ᠰᠢᠯᠭᠠᠨ ᠠᠪᠤᠯᠳᠠ ᠶᠢ | ᠦᠩᠬᠡᠷᠡᠪᠡ᠃ 3 ᠰᠤᠷᠭᠠᠭᠤᠯᠢ ︽ᠦᠪᠡᠷᠳᠡᠬᠡᠨ ᠵᠠᠰᠠᠬᠤ ᠤᠷᠤᠨ ᠤ ᠠᠷᠠᠳ ᠠᠴᠠ ᠡᠷᠬᠢᠯᠡᠭᠰᠡᠨ ᠵᠢᠱᠢᠶ᠎ᠡ | ᠦᠵᠡᠬᠦᠯᠬᠦ ᠰᠤᠷᠭᠠᠭᠤᠯᠢ︾ ᠪᠤᠯᠪᠠ᠃ ᠬᠦᠳᠡᠭᠡ ᠳᠤᠰᠬᠤᠨ ᠤ ᠪᠠᠭᠰᠢ ᠶᠢᠨ ᠡᠩᠨᠡᠬᠡᠨ ᠤ ᠴᠢᠨᠠᠷ ᠴᠢᠨᠰᠠᠭ᠎ᠠ ᠶᠢ | ᠲᠡᠬᠡᠭᠰᠢᠯᠡᠬᠦᠯᠬᠦ ᠢᠨᠵᠧᠨᠧᠷᠢᠩ ᠪᠦᠬᠦ ᠤᠯᠤᠰ ᠤᠨ ᠰᠢᠯᠢᠳᠡᠭ ᠠᠵᠢᠯ ᠤᠨ ᠦᠯᠢᠬᠡᠷ ᠵᠢᠱᠢᠶ᠎ᠡ ᠪᠠᠷ ᠨᠤᠳᠠᠯᠠᠭᠳᠠᠪᠠ᠃ | ᠦᠨᠳᠦᠰᠦᠳᠡᠨ ᠤ ᠰᠤᠷᠭᠠᠨ ᠬᠦᠮᠦᠵᠢᠯ᠂ ᠤᠨᠴᠠᠭᠠᠢ ᠰᠤᠷᠭᠠᠨ ᠬᠦᠮᠦᠵᠢᠯ᠂ ᠠᠵᠢᠯ ᠮᠡᠷᠬᠡᠵᠢᠯ ᠤᠨ ᠰᠤᠷᠭᠠᠨ | ᠬᠦᠮᠦᠵᠢᠯ ᠪᠠ ᠲᠡᠬᠡᠲᠦ ᠵᠡᠷᠬᠡ ᠶᠢᠨ ᠰᠤᠷᠭᠠᠨ ᠬᠦᠮᠦᠵᠢᠯ ᠲᠦᠷᠬᠡᠨ ᠬᠦᠭᠵᠢᠪᠡ᠃ ᠡᠷᠡᠬᠦᠯ ᠴᠢᠬᠢᠷᠠᠭ ᠤᠯᠠᠭᠠᠨᠴᠠᠪ | ᠤᠨ ᠪᠠᠶᠢᠭᠤᠯᠤᠯᠳᠠ ᠯᠠᠪᠳᠠᠭᠤᠨ ᠢᠶᠠᠷ ᠲᠦᠯᠬᠢᠭᠳᠡᠨ ᠠᠬᠢᠵᠠᠪᠠ᠃ ᠲᠦᠷᠪᠡᠳᠡᠬᠢ ᠪᠦᠯᠥᠭ ᠤᠨ ᠬᠤᠳᠠ ᠶᠢᠨ | ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠶᠢᠨ ᠤᠯᠤᠰ ᠤᠨ ᠬᠠᠷᠢᠯᠴᠠᠬᠤ | ᠳᠤᠷᠰᠢᠯᠳᠠ ᠶᠢᠨ ᠴᠢᠭ᠋ ᠤᠨ ᠬᠤᠳᠠ ᠪᠠᠷ ᠨᠤᠳᠠᠯᠠᠭᠳᠠᠵᠤ᠂ ᠬᠤᠳᠠ ᠰᠢᠶᠠᠨ ᠬᠤᠶᠠᠷ ᠱᠠᠳᠤᠨ ᠤ ᠠᠯᠪᠠᠨ ᠠᠴᠠ | ᠡᠷᠬᠢᠯᠡᠭᠰᠠᠨ ᠡᠮᠨᠡᠯᠬᠡ ᠶᠢᠨ ᠪᠠᠶᠢᠭᠤᠯᠤᠮᠵᠢ ᠪᠦᠬᠦᠨ ᠡᠮ ᠤᠨ ᠨᠡᠮᠡᠯᠳᠦᠯ ᠢ ᠬᠠᠰᠤᠵᠤ᠂ ᠡᠮᠨᠡᠯᠬᠡ ᠶᠢᠨ | ᠦᠢᠯᠡᠴᠢᠯᠡᠬᠡᠨ ᠤ ᠦᠨ᠎ᠡ ᠬᠠᠩᠰᠢ ᠶᠢ ᠳᠤᠬᠢᠷᠠᠭᠤᠯᠪᠠ᠃ ᠬᠤᠳᠠ 120 ᠪᠠᠴᠢᠮ ᠠᠪᠤᠷᠠᠯᠳᠠ ᠶᠢᠨ ᠵᠢᠯᠤᠭᠤᠳᠬᠤ | ᠲᠦᠪ ᠤᠨ ᠠᠵᠢᠯ ᠢ ᠨᠢ ᠵᠢᠩᠬᠢᠨᠢ ᠪᠠᠷ ᠡᠬᠢᠯᠡᠬᠦᠯᠵᠦ᠂ ᠬᠤᠳᠠ ᠶᠢᠨ ᠲᠦᠪ ᠡᠮᠨᠡᠯᠬᠡ ᠶᠢᠨ ᠬᠤᠷᠢᠶ᠎ᠠ ᠭᠤᠷᠪᠠᠨ | ᠬᠦᠬᠡ ᠲᠡᠰ ᠡᠮᠨᠡᠯᠬᠡ ᠶᠢᠨ ᠬᠤᠷᠢᠶ᠎ᠠ ᠪᠤᠯᠵᠤ ᠲᠡᠪᠰᠢᠪᠡ᠃ ᠲᠦᠯᠥᠪᠯᠡᠬᠡᠲᠦ ᠦᠷᠡᠵᠢᠯ ᠤᠨ ᠦᠢᠯᠡᠴᠢᠯᠡᠬᠡᠨ ᠤ | ᠬᠠᠮᠢᠶᠠᠷᠤᠯᠳᠠ ᠶᠢ ᠲᠡᠬᠦᠯᠳᠡᠷᠵᠢᠬᠦᠯᠵᠦ᠂ ᠬᠤᠶᠠᠷ ᠬᠡᠦᠬᠡᠳ ᠠᠪᠬᠤ ᠲᠦᠷᠦ ᠶᠢᠨ ᠪᠤᠳᠤᠯᠭ᠎ᠠ ᠶᠢ ᠪᠦᠬᠦ ᠳᠠᠯ᠎ᠠ ᠪᠠᠷ | ᠨᠠᠶᠢᠳᠠᠪᠦᠷᠢᠵᠢᠭᠤᠯᠪᠠ᠃ ᠤᠯᠤᠰ᠂ ᠦᠪᠡᠷᠳᠡᠬᠡᠨ ᠵᠠᠰᠠᠬᠤ ᠤᠷᠤᠨ ᠤ ᠰᠢᠨᠵᠢᠯᠡᠬᠡᠨ ᠮᠡᠷᠬᠡᠵᠢᠯ ᠤᠨ ᠲᠦᠷᠦᠯ ᠵᠦᠢᠯ | 16 ᠶᠢ ᠶᠠᠪᠤᠭᠳᠠᠭᠤᠯᠵᠤ᠂ ︽ᠨᠢᠬᠡ ᠴᠡᠴᠡᠷᠯᠢᠭ ᠬᠤᠶᠠᠷ ᠬᠦᠷᠢᠶᠡᠯᠡᠩ ᠭᠤᠷᠪᠠᠨ ᠦᠷᠳᠡᠭᠡ ᠠᠷᠪᠠᠨ ᠭᠤᠷᠪᠠᠨ ᠲᠦᠪ | ︾ ᠤᠨ ᠰᠢᠨᠵᠢᠯᠡᠬᠡᠨ ᠮᠡᠷᠬᠡᠵᠢᠯ ᠤᠨ ᠰᠢᠨ᠎ᠡ ᠡᠬᠦᠳᠦᠯᠳᠡ ᠶᠢᠨ ᠳᠠᠪᠴᠠᠩ ᠠᠴᠢᠶᠠᠯᠠᠪᠤᠷᠢ ᠶᠢ ᠪᠠᠶᠢᠭᠤᠯᠵᠤ᠂ 1 | ᠠᠵᠤ ᠠᠬᠤᠶᠢᠯᠠᠯ ᠲᠡᠷᠢᠬᠦᠯᠡᠭᠴᠢ ᠶᠢᠨ ᠶᠠᠰᠤ ᠴᠢᠨᠠᠷ ᠤᠨ ᠱᠠᠩᠨᠠᠯ᠂ 3 ᠠᠵᠤ ᠠᠬᠤᠶᠢᠯᠠᠯ ᠬᠤᠳᠠ ᠶᠢᠨ ᠳᠠᠷᠤᠭ᠎ᠠ | ᠶᠢᠨ ᠶᠠᠰᠤ ᠴᠢᠨᠠᠷ ᠤᠨ ᠱᠠᠩᠨᠠᠯ ᠤᠯᠪᠠ᠃ ᠦᠨᠳᠦᠰᠦᠨ ᠱᠠᠳᠤᠨ ᠤ ᠰᠤᠶᠤᠯ ᠤᠨ ᠠᠵᠢᠯᠯᠠᠭᠠᠨ ᠤ ᠭᠠᠵᠠᠷ | ᠳᠠᠯᠠᠪᠤᠷ 237 ᠶᠢ ᠪᠠᠶᠢᠭᠤᠯᠵᠤ᠂ ︽ᠳᠠᠶᠢᠴᠢᠨ ᠴᠠᠬᠠᠷᠴᠤᠳ︾ ᠦᠪᠡᠷᠳᠡᠬᠡᠨ ᠵᠠᠰᠠᠬᠤ ᠤᠷᠤᠨ ᠤ ᠤᠳᠬ᠎ᠠ | ᠤᠷᠠᠯᠢᠭ ᠤᠨ ᠵᠤᠬᠢᠶᠠᠨ ᠪᠦᠲᠦᠬᠡᠯ ᠤᠨ ᠬᠠᠮᠤᠭ ᠦᠨᠳᠦᠷ ᠢᠷᠠᠭᠤ ᠠᠯᠳᠠᠷ ︽ᠰᠠᠷᠠᠨ᠎ᠠ︾ ᠱᠠᠩᠨᠠᠯ ᠤᠯᠪᠠ᠃ | ᠦᠪᠡᠷᠳᠡᠬᠡᠨ ᠵᠠᠰᠠᠬᠤ ᠤᠷᠤᠨ ᠤ ︽ᠠᠷᠪᠠᠨ ᠲᠦᠷᠪᠡᠳᠦᠬᠡᠷ ᠬᠤᠭᠤᠴᠠᠭᠠᠨ ᠤ ᠳᠠᠮᠢᠷ ᠤᠨ ᠴᠤᠭᠯᠠᠭᠠᠨ︾ ᠤ | ᠪᠡᠯᠡᠳᠬᠡᠯ ᠠᠵᠢᠯ ᠢ ᠪᠦᠬᠦ ᠳᠠᠯ᠎ᠠ ᠪᠠᠷ ᠶᠠᠪᠤᠭᠳᠠᠭᠤᠯᠵᠤ᠂ ᠪᠦᠬᠦ ᠤᠯᠤᠰ ᠤᠨ ᠪᠤᠤᠺᠠᠰ ᠤᠨ ᠮᠠᠩᠯᠠᠢ | ᠰᠢᠯᠭᠠᠷᠠᠭᠤᠯᠬᠤ ᠤᠷᠤᠯᠳᠤᠭᠠᠨ᠂ ᠤᠯᠠᠨ ᠤᠯᠤᠰ ᠤᠨ ᠮᠠᠷᠠᠽᠤᠨ᠂ ᠳᠠᠯ᠎ᠠ ᠨᠤᠳᠤᠭ ᠤᠨ ᠠᠮᠢ ᠠᠬᠤᠢ ᠶᠢᠨ | ᠲᠦᠷᠪᠡᠨ ᠲᠦᠷᠦᠯ ᠤᠨ ᠤᠷᠤᠯᠳᠤᠭᠠᠨ ᠵᠡᠷᠬᠡ ᠳᠤᠮᠤ ᠤᠷᠤᠯᠳᠤᠭᠠᠨ ᠤ ᠶᠠᠪᠤᠳᠠᠯ ᠢ ᠠᠮᠵᠢᠯᠳᠠ ᠲᠠᠢ ᠡᠷᠬᠢᠯᠡᠵᠦ᠂ | ᠮᠠᠨ ᠤ ᠬᠤᠳᠠ ᠶᠢᠨ ᠳᠠᠮᠢᠷᠴᠢᠳ ᠪᠦᠬᠦ ᠤᠯᠤᠰ ᠤᠨ ᠠᠷᠪᠠᠨ ᠭᠤᠷᠪᠠᠳᠤᠭᠠᠷ ᠬᠤᠭᠤᠴᠠᠭᠠᠨ ᠤ ᠡᠪᠦᠯ ᠤᠨ | ᠴᠤᠭᠯᠠᠭᠠᠨ ᠳᠤ ︽ᠨᠢᠬᠡ ᠠᠯᠳᠠ ᠨᠢᠬᠡ ᠬᠦᠷᠡᠯ︾ ᠢ ᠳᠤᠰᠴᠤ᠂ ᠮᠠᠨ ᠤ ᠬᠤᠳᠠ ᠶᠢᠨ ᠮᠦᠰᠦ ᠴᠠᠰᠤᠨ ᠤ | ᠲᠦᠷᠦᠯ ᠵᠦᠢᠯ ᠤᠨ ᠱᠠᠩᠨᠠᠯ ᠤᠨ ᠮᠧᠲ᠋ᠠᠯ ᠦᠬᠡᠢ ᠪᠠᠶᠢᠭᠰᠠᠨ ᠬᠤᠭᠤᠰᠤᠨ ᠢ ᠨᠦᠬᠦᠪᠦᠷᠢᠯᠡᠪᠡ᠃ ︽ᠠᠮᠤᠷ | ᠠᠮᠤᠭᠤᠯᠠᠩ ᠤᠯᠠᠭᠠᠨᠴᠠᠪ︾ ᠤᠨ ᠪᠠᠶᠢᠭᠤᠯᠤᠯᠳᠠ ᠶᠢᠨ ᠦᠷ᠎ᠡ ᠪᠦᠲᠦᠮᠵᠢ ᠮᠡᠳᠡᠭᠳᠡᠮ᠎ᠡ ᠪᠤᠯᠪᠠ᠃ ᠨᠡᠶᠢᠬᠡᠮ ᠤᠨ | ᠵᠦᠷᠢᠴᠡᠯ ᠢ ᠪᠦᠲᠦᠮᠵᠢᠳᠠᠢ ᠡᠶᠡᠳᠡᠬᠦᠯᠵᠦ᠂ ᠡᠷᠡᠬᠦᠦ ᠶᠢᠨ ᠬᠡᠷᠡᠭ ᠪᠠ ᠠᠮᠤᠷ ᠤᠨ ᠬᠠᠮᠠᠭᠠᠯᠠᠯᠳᠠ ᠶᠢᠨ ᠬᠡᠷᠡᠭ | 12% ᠪᠠ 5% ᠪᠠᠷ ᠪᠠᠭᠤᠷᠠᠪᠠ᠃ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠵᠠᠭᠤᠨ | ᠡᠳᠦᠷ ᠤᠨ ᠳᠤᠰᠬᠠᠢ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠤᠨ | ᠳᠤᠭᠳᠠᠭᠤᠨ ᠢ ᠪᠠᠷᠢᠮᠳᠠᠯᠠᠪᠠ᠃ ᠬᠤᠳᠠ ᠶᠢᠨ ᠢᠳᠡᠬᠡᠨ ᠡᠮ ᠤᠨ ᠵᠦᠢᠯᠡᠰ ᠤᠨ ᠬᠢᠨᠠᠨ ᠬᠠᠮᠢᠶᠠᠷᠤᠯᠳᠠ ᠶᠢᠨ | ᠳᠤᠪᠴᠢᠶ᠎ᠠ ᠪᠦᠬᠦ ᠤᠯᠤᠰ ᠤᠨ ᠢᠳᠡᠬᠡᠨ ᠡᠮ ᠤᠨ ᠵᠦᠢᠯᠡᠰ ᠤᠨ ᠬᠢᠨᠠᠨ ᠬᠠᠮᠢᠶᠠᠷᠤᠯᠳᠠ ᠶᠢᠨ ᠰᠢᠰᠲ᠋ᠧᠮ ᠤᠨ | ᠲᠡᠷᠢᠬᠦᠨ ᠤ ᠬᠠᠮᠳᠤ ᠪᠠᠷ ᠦᠨᠡᠯᠡᠭᠳᠡᠪᠡ᠃ ᠬᠤᠶᠠᠷ ᠢ ᠬᠦᠷᠢᠶᠡᠯᠡᠵᠦ᠂ ᠬᠠᠮᠳᠤ ᠪᠠᠷ ᠴᠤᠭᠴᠠᠯᠠᠬᠤ ᠪᠠ ᠤᠯᠤᠰ ᠤᠨ | ᠪᠠᠳᠤᠯᠠᠨ ᠬᠠᠮᠠᠭᠠᠯᠠᠯᠳᠠ ᠶᠢᠨ ᠠᠵᠢᠯ ᠬᠦᠨᠵᠡᠬᠡᠢ ᠶᠠᠪᠤᠭᠳᠠᠵᠤ᠂ ︽ᠪᠦᠬᠦ ᠤᠯᠤᠰ ᠤᠨ ᠬᠤᠶᠠᠷ ᠢ ᠬᠦᠷᠢᠶᠡᠯᠡᠬᠦ | ᠵᠢᠱᠢᠶᠡᠴᠢ ᠬᠤᠳᠠ︾ ᠶᠢᠨ ᠠᠯᠳᠠᠷ ᠢ ᠭᠤᠷᠪᠠᠨ ᠵᠢᠯ ᠳᠠᠷᠠᠭᠠᠯᠠᠨ ᠮᠠᠨᠳᠤᠭᠤᠯᠪᠠ᠃ ᠦᠨᠳᠦᠰᠦᠳᠡᠨ ᠤ ᠪᠦᠯᠬᠦᠮᠳᠡᠯ | ᠳᠠᠪᠰᠢᠯᠳᠠ ᠶᠢᠨ ᠦᠢᠯᠡᠰ ᠤᠨ ᠰᠢᠨ᠎ᠡ ᠪᠠᠶᠢᠳᠠᠯ ᠢ ᠪᠤᠢ ᠪᠤᠯᠭᠠᠵᠤ᠂ ᠱᠠᠰᠢᠨ ᠰᠤᠷᠳᠠᠬᠤᠨ᠂ ᠳᠤᠭ᠎ᠠ ᠪᠦᠷᠢᠳᠬᠡᠯ᠂ | ᠠᠷᠠᠳ ᠤᠨ ᠠᠭᠠᠷ ᠤᠨ ᠰᠡᠷᠬᠡᠶᠢᠯᠡᠯᠳᠡ᠂ ᠭᠠᠵᠠᠷ ᠬᠦᠳᠡᠯᠥᠯᠳᠡ᠂ ᠴᠠᠭ ᠠᠭᠤᠷ᠂ ᠳᠠᠩᠰᠠ ᠡᠪᠬᠡᠮᠡᠯ ᠲᠡᠦᠬᠡ | ᠤᠶᠢᠯᠠᠯᠭ᠎ᠠ᠂ ᠭᠠᠳᠠᠭᠠᠳᠤ ᠶᠠᠪᠤᠳᠠᠯ ᠬᠠᠷᠢᠶᠠᠳᠤ ᠶᠢᠨ ᠶᠠᠪᠤᠳᠠᠯ᠂ ᠡᠮᠡᠭᠳᠠᠶᠢᠴᠤᠳ ᠬᠡᠦᠬᠡᠳ᠂ ᠨᠠᠰᠤᠳᠠᠶᠢᠴᠤᠳ᠂ | ᠵᠡᠮᠳᠡᠭᠴᠤᠳ ᠤᠨ ᠠᠵᠢᠯ ᠳᠠᠭᠠᠨ ᠰᠢᠨ᠎ᠡ ᠠᠬᠢᠴᠠ ᠲᠠᠢ ᠪᠤᠯᠪᠠ᠃ | — ᠬᠠᠤᠯᠢ ᠶᠤᠰᠤᠭᠠᠷ ᠵᠠᠰᠠᠭ ᠶᠠᠪᠤᠭᠤᠯᠵᠤ᠂ ᠵᠠᠰᠠᠭ ᠤᠨ ᠤᠷᠳᠤᠨ ᠤ ᠳᠤᠰ ᠪᠡᠶ᠎ᠡ ᠶᠢᠨ | ᠴᠤᠭᠴᠠᠯᠠᠯᠳᠠ ᠳᠠᠰᠤᠷᠠᠯᠳᠠ ᠦᠬᠡᠢ ᠴᠢᠩᠭᠠᠳᠬᠠᠭᠳᠠᠪᠠ᠃ ︽ᠲᠦᠷᠪᠡᠨ ᠤᠬᠠᠮᠰᠠᠷ︾ ᠶᠢ ᠪᠠᠳᠤ ᠪᠤᠢ ᠪᠤᠯᠭᠠᠵᠤ᠂ | ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠲᠡᠬᠡᠲᠦ ᠬᠡᠮᠵᠢᠶ᠎ᠡ ᠪᠠᠷ | ᠨᠢᠬᠡᠳᠦᠯᠳᠠᠢ ᠪᠠᠶᠢᠬᠤ ᠶᠢ ᠢᠮᠠᠭᠳᠠ ᠪᠠᠷᠢᠮᠳᠠᠯᠠᠪᠠ᠃ ᠨᠠᠮ ᠢ ᠪᠦᠬᠦ ᠳᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ | ᠨᠠᠷᠢᠨ ᠨᠢᠮᠪᠠᠢ ᠳᠤᠤᠱᠯᠠᠭᠤᠯᠵᠤ᠂ ︽ᠬᠤᠶᠠᠷ ᠢ ᠰᠤᠷᠤᠯᠴᠠᠵᠤ ᠨᠢᠬᠡ ᠳᠤ ᠲᠡᠩᠴᠡᠬᠦᠯᠬᠦ︾ ᠰᠤᠷᠤᠯᠴᠠᠯᠭ᠎ᠠ | ᠬᠦᠮᠦᠵᠢᠯ ᠢ ᠬᠦᠨᠵᠡᠬᠡᠢ ᠦᠷᠨᠢᠬᠦᠯᠵᠦ᠂ ᠲᠦᠪ ᠬᠤᠷᠢᠶᠠᠨ ᠤ ᠨᠠᠢᠮᠠᠨ ᠳᠤᠭᠳᠠᠭᠠᠯ᠂ ᠦᠪᠡᠷᠳᠡᠬᠡᠨ ᠵᠠᠰᠠᠬᠤ ᠤᠷᠤᠨ | ᠪᠠ ᠬᠤᠳᠠ ᠶᠢᠨ ᠨᠠᠮ ᠤᠨ ᠬᠤᠷᠢᠶᠠᠨ ᠤ ᠢᠵᠢ ᠪᠦᠷᠢᠯᠳᠦᠭᠰᠡᠨ ᠳᠤᠭᠳᠠᠭᠠᠯ ᠤᠳ ᠢ ᠪᠦᠲᠦᠮᠵᠢᠳᠠᠢ ᠪᠠᠷ | ᠨᠠᠶᠢᠳᠠᠪᠦᠷᠢᠵᠢᠭᠤᠯᠪᠠ᠃ ᠬᠤᠳᠠ ᠶᠢᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠬᠡᠷᠡᠭ | ᠵᠦᠪᠯᠡᠬᠦ ᠰᠢᠢᠳᠪᠦᠷᠢᠲᠦ ᠪᠤᠳᠤᠯᠭ᠎ᠠ ᠭᠠᠷᠭᠠᠬᠤ ᠲᠦᠷᠢᠮ ᠪᠠ ᠬᠤᠳᠠ ᠶᠢᠨ ᠱᠠᠳᠤᠨ ᠤ ᠡᠳ᠋ ᠤᠨ ᠵᠠᠰᠠᠭ ᠤᠨ | ᠪᠡᠯᠡ ᠮᠥᠩᠬᠦᠨ ᠤ ᠬᠢᠨᠠᠨ ᠵᠦᠪᠰᠢᠶᠡᠷᠡᠯ ᠵᠡᠷᠬᠡ ᠲᠦᠷᠢᠮ ᠤᠳ ᠢ ᠳᠤᠭᠳᠠᠭᠠᠵᠤ᠂ ᠵᠠᠰᠠᠭ ᠪᠠᠷᠢᠬᠤ ᠪᠠᠶᠢᠭᠤᠯᠤᠯᠳᠠ | ᠪᠠ ᠢᠯᠵᠠᠷᠠᠯ ᠢ ᠡᠰᠡᠷᠬᠦᠴᠡᠬᠦ ᠠᠵᠢᠯ ᠢ ᠪᠦᠬᠦ ᠳᠠᠯ᠎ᠠ ᠪᠠᠷ ᠴᠢᠩᠭᠠᠳᠬᠠᠪᠠ᠃ ᠤᠯᠠᠨ ᠨᠡᠶᠢᠳᠡ ᠶᠢᠨ ᠪᠡᠯᠡ ᠮᠥᠩᠬᠦ᠂ | ᠤᠯᠤᠰ ᠤᠨ ᠦᠮᠴᠢᠯᠡᠯᠳᠦ ᠡᠳ᠋ ᠬᠦᠷᠦᠩᠬᠡ᠂ ᠤᠯᠤᠰ ᠤᠨ ᠦᠮᠴᠢᠯᠡᠯᠲᠦ ᠡᠬᠢ ᠪᠠᠶᠠᠯᠢᠭ ᠤᠨ ᠬᠢᠨᠠᠨ ᠪᠤᠳᠤᠯᠳᠠ | ᠶᠢᠨ ᠦᠪᠴᠢ ᠪᠦᠷᠬᠦᠬᠦᠯᠳᠡ ᠶᠢ ᠪᠡᠶᠡᠯᠡᠬᠦᠯᠵᠦ᠂ ᠠᠯᠪᠠᠨ ᠬᠡᠷᠡᠭᠯᠡᠬᠡᠨ ᠤ ᠲᠡᠷᠬᠡ ᠶᠢᠨ ᠦᠬᠡᠷᠡᠴᠢᠯᠡᠯᠳᠡ ᠶᠢ | ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠢ ᠢᠯᠡ ᠪᠤᠯᠭᠠᠬᠤ᠂ ᠵᠠᠰᠠᠭ ᠵᠠᠬᠢᠷᠭᠠᠨ ᠤ | ᠬᠢᠨᠠᠨ ᠪᠠᠶᠢᠴᠠᠭᠠᠯᠳᠠ᠂ ᠬᠠᠤᠯᠢ ᠶᠤᠰᠤᠭᠠᠷ ᠵᠠᠰᠠᠭ ᠶᠠᠪᠤᠭᠤᠯᠬᠤ ᠠᠵᠢᠯ ᠤᠳ ᠤᠨ ᠦᠷ᠎ᠡ ᠪᠦᠲᠦᠮᠵᠢ ᠢᠯᠡᠷᠬᠡᠢ | ᠪᠤᠯᠪᠠ︔ ᠬᠤᠳᠠ ᠶᠢᠨ ᠵᠠᠰᠠᠭ ᠤᠨ ᠤᠷᠳᠤᠨ ᠤ ᠰᠦᠯᠵᠢᠶᠡᠨ ᠦᠷᠳᠡᠭᠡ ᠭᠤᠷᠪᠠᠨ ᠵᠢᠯ ᠳᠠᠷᠠᠭᠠᠯᠠᠨ ᠳᠤᠮᠳᠠᠳᠤ | ᠤᠯᠤᠰ ᠤᠨ ᠵᠠᠰᠠᠭ ᠤᠨ ᠶᠠᠪᠤᠳᠠᠯ ᠤᠨ ᠰᠦᠯᠵᠢᠶᠡᠨ ᠦᠷᠳᠡᠬᠡᠨ ᠤ ᠰᠢᠯᠢᠳᠡᠭ ᠱᠠᠩᠨᠠᠯ ᠢ ᠤᠯᠪᠠ᠃ ᠠᠷᠠᠳ | ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ᠂ ᠠᠵᠢᠯ ᠤᠨ ᠬᠢᠨᠠᠯᠳᠠ ᠪᠠ | ᠤᠯᠤᠰ ᠲᠦᠷᠦ ᠶᠢᠨ ᠵᠦᠪᠯᠡᠯ ᠤᠨ ᠠᠷᠠᠳᠴᠢᠯᠠᠯ ᠢᠶᠠᠷ ᠬᠢᠨᠠᠯᠳᠠ ᠳᠠᠯᠪᠢᠬᠤ ᠶᠢ ᠤᠬᠠᠮᠰᠠᠷ ᠠᠴᠠ ᠪᠠᠨ ᠬᠦᠯᠢᠶᠡᠨ | ᠠᠪᠴᠤ᠂ ᠠᠷᠠᠳᠴᠢᠯᠠᠭᠰᠠᠨ ᠨᠠᠮ ᠪᠦᠯᠥᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠠ ᠨᠠᠮ ᠪᠦᠯᠥᠭ | ᠤᠨ ᠪᠤᠰᠤ ᠬᠦᠮᠦᠰ ᠤᠨ ᠰᠠᠨᠠᠯ ᠢ ᠨᠠᠷᠢᠨ ᠨᠢᠮᠪᠠᠢ ᠰᠤᠨᠤᠰᠪᠠ᠃ ᠬᠤᠳᠠ ᠶᠢᠨ ᠠᠷᠠᠳ ᠤᠨ ᠲᠦᠯᠥᠬᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠤᠷᠤᠨ ᠨᠤᠳᠤᠭ ᠤᠨ ᠴᠢᠨᠠᠷᠳᠠᠢ ᠬᠠᠤᠯᠢ ᠳᠤᠭᠳᠠᠭᠠᠯ | ᠶᠢᠨ ᠰᠠᠨᠠᠯ ᠵᠦᠪᠯᠡᠯᠬᠡ 3 ᠶᠢ ᠲᠡᠪᠰᠢᠬᠦᠯᠵᠦ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠠᠯ ᠤᠨ | ᠲᠦᠯᠥᠬᠡᠯᠡᠭᠴᠢ ᠶᠢᠨ ᠰᠠᠨᠠᠯ ᠵᠦᠪᠯᠡᠯᠬᠡ᠂ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠤ | ᠳᠤᠷᠠᠳᠤᠯᠭ᠎ᠠ 476 ᠰᠢᠢᠳᠪᠦᠷᠢᠯᠡᠵᠦ᠂ ᠰᠢᠢᠳᠪᠦᠷᠢᠯᠡᠭᠰᠡᠨ ᠨᠤᠷᠮ᠎ᠠ 100% ᠳᠤ ᠬᠦᠷᠴᠠᠢ᠃ | ᠲᠦᠯᠥᠬᠡᠯᠡᠭᠴᠢᠳ ᠡ᠂ ᠦᠩᠬᠡᠷᠡᠭᠰᠡᠨ ᠨᠢᠬᠡ ᠵᠢᠯ ᠳᠤ ᠪᠢᠳᠡ ᠡᠬᠦᠷᠬᠡ ᠳᠤᠰᠢᠶᠠᠯ ᠢᠶᠠᠨ ᠪᠠᠳᠤ | ᠴᠡᠬᠡᠵᠢᠯᠡᠵᠦ᠂ ᠵᠤᠷᠢᠭᠵᠢᠭᠤᠯᠤᠨ ᠲᠡᠮᠡᠴᠡᠨ ᠤᠷᠤᠭᠰᠢᠯᠠᠵᠤ᠂ ᠡᠯ᠎ᠡ ᠵᠦᠢᠯ ᠤᠨ ᠬᠡᠨᠡᠨ ᠲᠦᠭᠰᠢᠬᠦᠷᠢ ᠶᠢᠨ | ᠰᠢᠯᠭᠠᠯᠳᠠ ᠪᠠ ᠬᠡᠴᠡᠬᠦᠦ ᠴᠢᠩᠭ᠎ᠠ ᠦᠷᠢᠰᠦᠯᠳᠦᠬᠡᠨ ᠢ ᠢᠯᠠᠵᠤ᠂ ᠬᠦᠮᠦᠰ ᠢ ᠪᠠᠶᠠᠷᠯᠠᠭᠤᠯᠤᠮ᠎ᠠ ᠬᠢᠷᠢ ᠪᠦᠲᠦᠮᠵᠢ | ᠤᠳ ᠢ ᠤᠯᠪᠠ︔ ᠪᠢᠳᠡ ᠴᠢᠩ ᠰᠡᠳᠬᠢᠯ ᠠᠴᠠ ᠪᠠᠨ ᠪᠦᠯᠬᠦᠮᠳᠡᠴᠡᠬᠡᠵᠦ᠂ ᠬᠤᠪᠢᠷᠠᠯᠳᠠ ᠳᠤ ᠠᠵᠢᠭ ᠦᠬᠡᠢ | ᠬᠠᠨᠳᠤᠵᠤ᠂ ᠨᠠᠮ ᠳᠠᠭᠠᠨ ᠦᠨᠡᠨᠴᠢ ᠰᠢᠳᠤᠷᠭᠤ᠂ ᠵᠤᠷᠢᠭᠳᠠᠢ ᠪᠠᠷ ᠡᠬᠦᠷᠬᠡᠯᠡᠬᠦ ᠨᠢᠬᠡᠨ ᠰᠠᠯᠠᠭ᠎ᠠ ᠺᠠᠳ᠋ᠷ ᠤᠨ ᠡᠩᠨᠡᠭᠡ | ᠶᠢ ᠪᠦᠷᠢᠯᠳᠦᠬᠦᠯᠪᠡ︔ ᠪᠢᠳᠡ ᠶᠡᠭᠡ ᠳᠠᠯ᠎ᠠ ᠶᠢ ᠬᠠᠮᠠᠭᠠᠯᠠᠵᠤ᠂ ᠮᠥᠷᠦ ᠵᠡᠷᠬᠡᠴᠡᠨ ᠤᠷᠤᠭᠰᠢᠯᠠᠵᠤ᠂ ᠲᠦᠮᠡᠨ ᠤ | ᠵᠤᠷᠢᠭ ᠨᠢᠬᠡᠳᠦᠪᠡᠯ ᠪᠤᠯᠤᠳ ᠬᠡᠷᠡᠮ ᠪᠤᠯᠬᠤ᠂ ᠬᠠᠨᠳᠤᠭᠰᠠᠨ ᠵᠦᠭ ᠲᠤ ᠢᠯᠠᠯᠳᠠ ᠤᠯᠬᠤ ᠰᠦᠷ ᠬᠦᠴᠦᠨ ᠢ | ᠨᠢᠬᠳᠠᠷᠠᠭᠤᠯᠪᠠ᠃ ᠨᠢᠬᠡ ᠵᠢᠯ ᠤᠨ ᠳᠤᠷᠰᠢᠬᠢ ᠦᠢᠯᠡᠳᠦᠯᠬᠡ ᠳᠤᠷᠰᠢᠬᠢ ᠦᠢᠯᠡᠳᠦᠯᠬᠡ ᠪᠢᠳᠡᠨ ᠢ | ᠰᠡᠷᠡᠮᠵᠢᠯᠡᠬᠦᠯᠥᠭᠰᠡᠨ ᠨᠢ᠄ ᠤᠷᠤᠭᠰᠢᠯᠠᠯᠳᠠ ᠶᠢᠨ ᠵᠠᠮ ᠲᠡᠬᠡᠷ᠎ᠡ ᠬᠡᠴᠢᠨᠡᠨ ᠨᠤᠭᠤᠷᠠᠯ ᠪᠦᠲᠦᠷᠢᠯ ᠲᠠᠢ ᠴᠤ ᠬᠡᠰᠡᠨ | ᠬᠠᠮᠢᠶ᠎ᠠ ᠦᠬᠡᠢ᠂ ᠳᠤᠯᠭᠠᠷᠠᠭᠰᠠᠨ ᠬᠦᠴᠢᠷ ᠪᠡᠷᠬᠡᠰᠢᠶᠡᠯ ᠬᠡᠳᠦᠢ ᠪᠤᠳᠤᠯᠢᠶᠠᠨ ᠲᠠᠢ ᠬᠡᠰᠡᠨ ᠴᠤ ᠬᠠᠮᠢᠶ᠎ᠠ ᠦᠬᠡᠢ᠂ | ᠵᠦᠪ ᠤᠨᠤᠪᠴᠢᠳᠠᠢ ᠴᠢᠭᠯᠡᠯ ᠬᠠᠨᠳᠤᠰᠢ ᠶᠢ ᠡᠷᠬᠡᠪᠰᠢ ᠢᠮᠠᠭᠳᠠ ᠪᠠᠷᠢᠮᠳᠠᠯᠠᠵᠤ᠂ ᠬᠦᠭᠵᠢᠯᠳᠡ ᠢᠶᠠᠷ ᠲᠡᠷᠢᠬᠦᠨ | ᠴᠢᠬᠤᠯᠠ ᠶᠠᠪᠤᠳᠠᠯ ᠪᠤᠯᠭᠠᠬᠤ ᠶᠢ ᠡᠷᠬᠡᠪᠰᠢ ᠢᠮᠠᠭᠳᠠ ᠪᠠᠷᠢᠮᠳᠠᠯᠠᠵᠤ᠂ ᠠᠷᠠᠳ ᠲᠦᠮᠡᠨ ᠢ ᠰᠡᠳᠬᠢᠯ ᠳᠤᠳᠤᠷ᠎ᠠ ᠪᠠᠨ | ᠬᠠᠮᠤᠭ ᠤᠨ ᠴᠢᠬᠤᠯᠠ ᠪᠤᠯᠭᠠᠬᠤ ᠶᠢ ᠡᠷᠬᠡᠪᠰᠢ ᠢᠮᠠᠭᠳᠠ ᠪᠠᠷᠢᠮᠳᠠᠯᠠᠵᠤ᠂ ᠵᠤᠷᠢᠭᠳᠠᠢ ᠪᠠᠷ ᠡᠬᠦᠷᠬᠡᠯᠡᠵᠦ᠂ ᠰᠢᠷᠭᠠᠭᠤ | ᠠᠵᠢᠯᠯᠠᠵᠤ᠂ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠥᠨ ᠳᠠᠭᠠᠭᠤᠯᠵᠤ᠂ ᠰᠡᠳᠬᠢᠯ ᠢᠶᠠᠨ | ᠭᠤᠳᠤᠭᠠᠬᠤ ᠦᠬᠡᠢ᠂ ᠠᠷᠠᠳ ᠢᠶᠠᠨ ᠭᠤᠳᠤᠭᠠᠬᠤ ᠦᠬᠡᠢ᠂ ᠨᠠᠮ ᠢᠶᠠᠨ ᠭᠤᠳᠤᠭᠠᠬᠤ ᠦᠬᠡᠢ ᠪᠠᠷ ᠰᠢᠨ᠎ᠡ ᠬᠢᠷᠢ | ᠪᠦᠲᠦᠮᠵᠢ ᠭᠠᠷᠭᠠᠬᠤ ᠬᠡᠷᠡᠭᠳᠠᠢ᠃ | ᠲᠦᠯᠥᠬᠡᠯᠡᠭᠴᠢᠳ ᠡ᠂ ᠦᠩᠬᠡᠷᠡᠭᠰᠡᠨ ᠨᠢᠬᠡ ᠵᠢᠯ ᠤᠨ ᠬᠢᠷᠢ ᠪᠦᠲᠦᠮᠵᠢ ᠪᠤᠯ ᠦᠪᠡᠷᠳᠡᠬᠡᠨ ᠵᠠᠰᠠᠬᠤ ᠤᠷᠤᠨ ᠤ | ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠳᠠ ᠶᠢᠨ ᠨᠠᠮ ᠤᠨ ᠬᠤᠷᠢᠶᠠᠨ ᠤ ᠪᠦᠬᠦ ᠳᠠᠯ᠎ᠠ ᠶᠢ | ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠭᠠᠷᠭᠠᠭᠰᠠᠨ ᠤ ᠦᠷ᠎ᠡ ᠳ᠋ᠦᠩ᠂ ᠠᠷᠠᠳ ᠤᠨ | ᠲᠦᠯᠥᠬᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠦᠪᠯᠡᠯᠬᠡᠨ ᠤ ᠪᠦᠲᠦᠮᠵᠢᠳᠠᠢ | ᠬᠢᠨᠠᠯᠳᠠ᠂ ᠪᠦᠬᠦ ᠬᠦᠴᠦᠨ ᠢᠶᠠᠷ ᠲᠡᠮᠵᠢᠭᠰᠡᠨ ᠤ ᠦᠷ᠎ᠡ ᠳ᠋ᠦᠩ᠂ ᠪᠦᠬᠦ ᠬᠤᠳᠠ ᠶᠢᠨ ᠠᠷᠠᠳ ᠲᠦᠮᠡᠨ ᠨᠢᠬᠡ | ᠰᠡᠳᠬᠢᠯ ᠨᠢᠬᠡ ᠵᠤᠷᠢᠭ ᠢᠶᠠᠷ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠳᠠ ᠶᠢᠨ | ᠠᠷᠠᠳ ᠤᠨ ᠵᠠᠰᠠᠭ ᠤᠨ ᠤᠷᠳᠤᠨ ᠤ ᠡᠮᠦᠨ᠎ᠡ ᠠᠴᠠ ᠪᠦᠬᠦ ᠬᠤᠳᠠ ᠶᠢᠨ ᠦᠨᠳᠦᠰᠦᠳᠡᠨ ᠨᠦᠭᠦᠳ ᠤᠨ ᠠᠷᠠᠳ | ᠲᠦᠮᠡᠨ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠲᠦᠯᠥᠬᠡᠯᠡᠭᠴᠢ᠂ ᠤᠯᠤᠰ ᠲᠦᠷᠦ ᠶᠢᠨ | ᠵᠦᠪᠯᠡᠯᠬᠡᠨ ᠤ ᠬᠡᠰᠢᠬᠦᠨ᠂ ᠡᠯ᠎ᠡ ᠠᠷᠠᠳᠴᠢᠯᠠᠭᠰᠠᠨ ᠨᠠᠮ ᠪᠦᠯᠥᠭ᠂ ᠠᠵᠤ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ᠂ ᠨᠠᠮ ᠪᠤᠰᠤ ᠪᠦᠯᠥᠭ ᠤᠨ ᠬᠦᠮᠦᠰ ᠪᠠ ᠡᠯ᠎ᠡ ᠠᠷᠠᠳ ᠲᠦᠮᠡᠨ ᠤ ᠪᠦᠯᠬᠦᠮ᠂ ᠴᠢᠯᠥᠬᠡᠯᠡᠬᠦ ᠴᠡᠷᠢᠭ᠂ | ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ ᠤᠯᠠᠭᠠᠨᠴᠠᠪ ᠤᠨ ᠬᠦᠭᠵᠢᠯᠳᠡ ᠶᠢ ᠬᠠᠯᠠᠮᠵᠢᠯᠠᠨ ᠲᠡᠮᠵᠢᠭᠰᠡᠨ | ᠨᠠᠶᠢᠵᠢ ᠨᠠᠷ ᠲᠠᠭᠠᠨ ᠡᠷᠬᠢᠮ ᠲᠡᠬᠡᠲᠦ ᠬᠦᠨᠳᠦᠳᠬᠡᠯ ᠪᠠ ᠴᠢᠩ ᠰᠡᠳᠬᠢᠯ ᠤᠨ ᠳᠠᠯᠠᠷᠬᠠᠯ ᠢᠶᠠᠨ ᠲᠡᠪᠰᠢᠬᠦᠯᠵᠦ | ᠪᠠᠶᠢᠬᠤ ᠪᠠᠨ ᠢᠯᠡᠳᠬᠡᠶ᠎ᠡ︕ | ᠬᠢᠷᠢ ᠪᠦᠲᠦᠮᠵᠢ ᠪᠠᠨ ᠳ᠋ᠦᠩᠨᠡᠬᠦ ᠶᠢᠨ ᠳᠠᠭᠠᠤ ᠤᠯᠠᠭᠠᠨᠴᠠᠪ ᠤᠨ ᠬᠦᠭᠵᠢᠯᠳᠡ ᠪᠠᠷ ᠳᠤᠳᠠᠮᠠᠭ ᠪᠠᠶᠢᠬᠤ | ᠬᠤᠳᠠ ᠶᠢᠨ ᠦᠨᠳᠦᠰᠦᠨ ᠪᠠᠶᠢᠳᠠᠯ ᠢ ᠪᠠᠰᠠ ᠦᠨᠳᠦᠰᠦᠨ ᠠᠴᠠ ᠨᠢ ᠬᠤᠪᠢᠷᠠᠭᠤᠯᠤᠭᠠᠳᠤᠢ᠂ ᠬᠦᠭᠵᠢᠯᠳᠡ ᠶᠢᠨ | ᠳᠤᠮᠳᠠ ᠪᠠᠰᠠ ᠮᠠᠰᠢ ᠤᠯᠠᠨ ᠬᠦᠴᠢᠷᠳᠡᠯ ᠪᠠ ᠠᠰᠠᠭᠤᠳᠠᠯ ᠤᠷᠤᠰᠢᠵᠤ ᠪᠠᠶᠢᠬᠤ ᠶᠢ ᠪᠢᠳᠡ ᠴᠤ ᠳᠤᠳᠤᠷᠬᠠᠢ ᠳᠠᠨᠢᠵᠤ | ᠮᠡᠳᠡᠪᠡ᠄ ᠬᠦᠭᠵᠢᠯᠳᠡ ᠪᠠᠷ ᠪᠠᠰᠠ ᠬᠦᠢᠴᠡᠳ ᠪᠤᠰᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠦᠵᠡᠯ | ᠰᠠᠨᠠᠭ᠎ᠠ ᠪᠠᠨ ᠪᠠᠰᠠ ᠬᠦᠢᠴᠡᠳ ᠴᠢᠯᠥᠬᠡᠯᠡᠬᠡᠳᠦᠢ᠂ ᠵᠤᠷᠢᠭᠳᠠᠢ ᠪᠠᠷ ᠤᠷᠤᠯᠳᠤᠬᠤ ᠳᠤᠷᠰᠢᠬᠤ ᠡᠷᠴᠢ ᠵᠤᠷᠢᠭ ᠢᠶᠠᠷ | ᠳᠤᠳᠠᠮᠠᠭ᠂ ᠰᠢᠨ᠎ᠡ ᠪᠠᠶᠢᠳᠠᠯ ᠤᠨ ᠳᠤᠬᠠᠢ ᠳᠠᠨᠢᠯᠳᠠ᠂ ᠰᠢᠨ᠎ᠡ ᠮᠡᠳᠡᠯᠬᠡ ᠶᠢᠨ ᠳᠤᠬᠠᠢ ᠰᠤᠷᠤᠯᠴᠠᠯᠭ᠎ᠠ᠂ ᠰᠢᠨ᠎ᠡ | ᠲᠦᠷᠦ ᠶᠢᠨ ᠪᠤᠳᠤᠯᠭ᠎ᠠ ᠶᠢᠨ ᠳᠤᠬᠠᠢ ᠰᠤᠳᠤᠯᠤᠯᠳᠠ ᠬᠦᠨᠵᠡᠬᠡᠢ ᠨᠠᠷᠢᠨ ᠪᠤᠰᠤ︔ ᠲᠦᠷᠦᠯ ᠵᠦᠢᠯ ᠤᠨ ᠨᠦᠬᠡᠴᠡ | ᠬᠦᠷᠦᠯᠴᠡᠬᠦ ᠦᠬᠡᠢ᠂ ᠬᠤᠳᠠᠯᠳᠤᠭᠠᠴᠢᠨ ᠤᠷᠢᠵᠤ ᠪᠡᠯᠡ ᠳᠠᠳᠠᠬᠤ ᠡᠷᠴᠢᠮ ᠠᠨᠠᠢ︔ ᠰᠠᠭᠤᠷᠢ ᠲᠦᠬᠦᠬᠡᠷᠦᠮᠵᠢ ᠮᠥᠨ | ᠯᠡ ᠬᠡᠪᠡᠷᠡᠭ᠂ ᠪᠠᠳᠤᠯᠠᠭᠠᠨ ᠤ ᠳᠤᠯᠭᠠᠭᠤᠷᠢᠯᠠᠬᠤ ᠴᠢᠳᠠᠪᠦᠷᠢ ᠰᠤᠯᠠ ᠪᠠᠶᠢᠭᠰᠠᠭᠠᠷ︔ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠤᠷᠤᠯᠭ᠎ᠠ ᠶᠢᠨ ᠬᠢᠷᠢ ᠲᠦᠪᠰᠢᠨ ᠪᠠᠰᠠ ᠦᠨᠳᠦᠷ ᠪᠤᠰᠤ᠂ ᠶᠠᠳᠠᠭᠤ ᠠᠴᠠ | ᠠᠩᠬᠢᠵᠢᠷᠠᠭᠤᠯᠬᠤ ᠶᠢᠨ ᠪᠤᠭᠤᠮᠳᠠ ᠰᠢᠪᠳᠤᠯᠬᠤ ᠡᠬᠦᠷᠬᠡ ᠬᠠᠳᠠᠭᠤᠵᠢᠯᠳᠠᠢ ᠪᠠᠶᠢᠭᠰᠠᠭᠠᠷ︔ ᠠᠮᠢ ᠠᠬᠤᠢ ᠶᠢᠨ | ᠤᠷᠴᠢᠨ ᠳᠤᠭᠤᠷᠢᠭ ᠬᠡᠪᠡᠷᠡᠭ᠂ ᠤᠷᠴᠢᠨ ᠳᠤᠭᠤᠷᠢᠨ ᠤ ᠵᠠᠷᠢᠮ ᠠᠰᠠᠭᠤᠳᠠᠯ ᠪᠠᠰᠠ ᠮᠠᠰᠢ ᠳᠤᠪᠤᠶᠢᠮ᠎ᠠ ᠪᠠᠶᠢᠭᠰᠠᠭᠠᠷ᠃ | ᠵᠠᠰᠠᠭ ᠤᠨ ᠤᠷᠳᠤᠨ ᠤ ᠠᠵᠢᠯ ᠳᠤ ᠬᠦᠷᠦᠯᠴᠡᠬᠦ ᠦᠬᠡᠢ ᠳᠠᠯ᠎ᠠ ᠤᠷᠤᠰᠢᠵᠤ᠂ ᠵᠠᠷᠢᠮ ᠰᠠᠯᠠᠭ᠎ᠠ ᠮᠥᠴᠢᠷ ᠤᠨ | ᠬᠠᠤᠯᠢ ᠶᠤᠰᠤᠭᠠᠷ ᠵᠠᠰᠠᠭ ᠶᠠᠪᠤᠭᠤᠯᠬᠤ ᠶᠢᠨ ᠦᠵᠡᠯ ᠤᠬᠠᠮᠰᠠᠷ ᠴᠢᠩᠭ᠎ᠠ ᠪᠤᠰᠤ᠂ ᠵᠠᠰᠠᠭ ᠵᠠᠬᠢᠷᠭᠠᠨ ᠤ ᠦᠷ᠎ᠡ | ᠴᠢᠳᠠᠪᠦᠷᠢ ᠦᠨᠳᠦᠷ ᠪᠤᠰᠤ᠂ ᠵᠠᠷᠢᠮ ᠺᠠᠳ᠋ᠷ ᠰᠤᠷᠤᠯᠴᠠᠯᠭ᠎ᠠ ᠶᠢ ᠬᠦᠨᠳᠦᠳᠬᠡᠬᠦ ᠦᠬᠡᠢ᠂ ᠲᠦᠷᠦ ᠶᠢᠨ ᠪᠤᠳᠤᠯᠭ᠎ᠠ | ᠶᠢ ᠡᠵᠡᠮᠰᠢᠬᠦ ᠦᠬᠡᠢ᠂ ᠠᠵᠢᠯ ᠢᠶᠠᠨ ᠰᠤᠳᠤᠯᠬᠤ ᠦᠬᠡᠢ᠂ ᠮᠡᠳᠡᠯᠬᠡ ᠪᠠᠨ ᠰᠢᠨᠡᠳᠬᠡᠬᠦ ᠪᠠᠷ ᠬᠦᠷᠦᠯᠴᠡᠬᠦ ᠦᠬᠡᠢ᠂ | ᠴᠢᠳᠠᠪᠦᠷᠢ ᠨᠢ ᠮᠡᠬᠦᠰ᠂ ᠲᠦᠷᠦ ᠶᠢᠨ ᠪᠤᠳᠤᠯᠭ᠎ᠠ ᠶᠢ ᠡᠵᠡᠮᠰᠢᠬᠦ ᠪᠠ ᠬᠡᠷᠡᠭᠯᠡᠬᠦ ᠨᠢ ᠳᠤᠤᠱ ᠦᠬᠡᠢ ᠪᠠᠶᠢᠭᠰᠠᠭᠠᠷ᠃ | ᠡᠳᠡᠬᠡᠷ ᠠᠰᠠᠭᠤᠳᠠᠯ ᠤᠳ ᠢ ᠡᠷᠬᠡᠪᠰᠢ ᠲᠡᠬᠡᠲᠦ ᠬᠡᠮᠵᠢᠶ᠎ᠡ ᠪᠠᠷ ᠬᠦᠨᠳᠦᠳᠬᠡᠨ ᠦᠵᠡᠵᠦ ᠨᠠᠷᠢᠨ ᠨᠢᠮᠪᠠᠢ | ᠰᠢᠢᠳᠪᠦᠷᠢᠯᠡᠬᠦ ᠬᠡᠷᠡᠭᠳᠠᠢ᠃ | ᠬᠤᠶᠠᠷ᠂ 2017 ᠤᠨ ᠤ ᠠᠵᠢᠯ ᠤᠨ ᠶᠡᠷᠦᠩᠬᠡᠢ ᠳᠤᠬᠢᠷᠠᠭᠤᠯᠤᠯᠳᠠ | 2017 ᠤᠨ ᠪᠤᠯ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤᠳᠠᠭᠠᠨ ᠤ ᠨᠠᠮ ᠤᠨ | ᠲᠦᠯᠥᠬᠡᠯᠡᠭᠴᠢᠳ ᠤᠨ ᠬᠤᠷᠠᠯ ᠪᠠ ᠬᠤᠳᠠ ᠶᠢᠨ ᠲᠦᠷᠪᠡᠳᠦᠬᠡᠷ ᠤᠳᠠᠭᠠᠨ ᠤ ᠨᠠᠮ ᠤᠨ ᠲᠦᠯᠥᠬᠡᠯᠡᠭᠴᠢᠳ ᠤᠨ | ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ ᠨᠠᠶᠢᠳᠠᠪᠦᠷᠢᠵᠢᠭᠤᠯᠬᠤ ᠶᠢᠨ | ᠠᠩᠬᠠᠳᠠᠭᠴᠢ ᠵᠢᠯ ᠮᠥᠨ᠂ ᠪᠢᠳᠡ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠢᠯᠠᠯᠳᠠᠳᠠᠢ ᠬᠤᠷᠠᠯᠳᠤᠬᠤ ᠪᠠ | ᠦᠪᠡᠷᠳᠡ ᠵᠠᠠᠰᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠤᠭᠳᠤᠨ ᠠᠪᠴᠢᠷᠠᠬᠤ ᠪᠤᠯᠤᠨ᠎ᠠ᠃ | ᠵᠠᠰᠠᠭ ᠤᠨ ᠤᠷᠳᠤᠨ ᠤ ᠠᠵᠢᠯ ᠢ ᠰᠠᠶᠢᠳᠤᠷ ᠬᠢᠬᠦ ᠳᠤ᠂ ᠡᠷᠬᠡᠪᠰᠢ ᠰᠢ ᠶᠢᠨ ᠫᠢᠩ ᠶᠡᠷᠦᠩᠬᠡᠢ ᠱᠦᠵᠢ ᠲᠦᠷᠦ | ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠤᠶᠢᠯᠠᠭᠠᠭᠳᠠᠬᠤᠨ ᠰᠢᠨ᠎ᠡ ᠰᠡᠳᠬᠢᠴᠡ ᠰᠢᠨ᠎ᠡ ᠪᠠᠶᠢᠯᠳᠤᠬᠤ ᠪᠤᠳᠤᠯᠭ᠎ᠠ ᠪᠠ | ᠦᠪᠦᠷ ᠮᠤᠩᠭᠤᠯ ᠢ ᠪᠠᠶᠢᠴᠠᠭᠠᠨ ᠦᠵᠡᠭᠰᠡᠨ ᠴᠢᠬᠤᠯᠠ ᠶᠠᠷᠢᠶᠠᠨ ᠤ ᠵᠤᠷ ᠰᠠᠨᠠᠭ᠎ᠠ ᠶᠢ ᠪᠦᠬᠦ ᠳᠠᠯ᠎ᠠ ᠪᠠᠷ | ᠳᠤᠤᠱᠯᠠᠭᠤᠯᠵᠤ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ᠂ ᠦᠪᠡᠷᠳᠡᠬᠡᠨ ᠵᠠᠰᠠᠬᠤ ᠤᠷᠤᠨ ᠤ ᠨᠠᠮ | ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠪᠦᠬᠦᠳᠡ ᠬᠤᠷᠠᠯ ᠪᠠ ᠬᠤᠳᠠ | ᠶᠢᠨ ᠨᠠᠮ ᠤᠨ ᠬᠤᠷᠢᠶᠠᠨ ᠤ ᠲᠦᠷᠪᠡᠳᠦᠬᠡᠷ ᠬᠤᠭᠤᠴᠠᠭᠠᠨ ᠤ ᠬᠤᠶᠠᠳᠤᠭᠠᠷ ᠤᠳᠠᠭᠠᠨ ᠤ ᠪᠦᠬᠦ ᠬᠡᠰᠢᠬᠦᠳ ︵ | ᠦᠷᠬᠡᠳᠬᠡᠭᠰᠡᠨ︶ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠨᠢᠮᠪᠠᠢ ᠳᠤᠤᠱᠯᠠᠭᠤᠯᠵᠤ᠂ ︽ᠳᠠᠪᠤ ᠶᠢ ᠨᠢᠬᠡ | ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠳᠠ ᠪᠠ ︽ᠲᠦᠷᠪᠡᠨ ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ | ᠶᠢᠨ ᠪᠠᠶᠢᠷᠢᠯᠠᠭᠤᠯᠤᠯᠳᠠ ᠶᠢ ᠨᠢᠬᠡᠳᠦᠯᠳᠠᠢ ᠲᠦᠯᠥᠪᠯᠡᠨ ᠲᠦᠯᠬᠢᠨ ᠠᠬᠢᠭᠤᠯᠵᠤ᠂ ︽ᠬᠦᠭᠵᠢᠯᠳᠡ ᠶᠢᠨ ᠳᠠᠪᠤᠨ | ᠤᠶᠢᠯᠠᠭᠠᠭᠳᠠᠬᠤᠨ︾ ᠢ ᠨᠠᠷᠢᠨ ᠨᠢᠮᠪᠠᠢ ᠦᠢᠯᠡᠳᠦᠯᠬᠡᠵᠢᠬᠦᠯᠵᠦ᠂ ᠬᠠᠩᠭᠠᠯᠭ᠎ᠠ ᠶᠢᠨ ᠳᠠᠯ᠎ᠠ ᠶᠢᠨ ᠪᠦᠲᠦᠴᠡ ᠶᠢᠨ | ᠴᠢᠨᠠᠷᠳᠠᠢ ᠦᠬᠡᠷᠡᠴᠢᠯᠡᠯᠳᠡ ᠢᠶᠠᠷ ᠭᠤᠤᠯ ᠱᠤᠭᠤᠮ ᠪᠤᠯᠭᠠᠵᠤ᠂ ᠪᠡᠯᠡ ᠤᠷᠤᠭᠤᠯᠤᠯᠳᠠ ᠪᠠ ᠲᠦᠷᠦᠯ ᠵᠦᠢᠯ ᠤᠨ | ᠪᠦᠲᠦᠬᠡᠨ ᠪᠠᠶᠢᠭᠤᠯᠤᠯᠳᠠ ᠶᠢ ᠳᠤᠪᠤᠶᠢᠯᠭᠠᠨ ᠰᠠᠶᠢᠳᠤᠷ ᠠᠳᠬᠤᠵᠤ᠂ ᠬᠦᠭᠵᠢᠯᠳᠡ᠂ ᠠᠮᠢ ᠠᠬᠤᠢ ᠪᠠ ᠠᠷᠠᠳ ᠤᠨ | ᠠᠮᠢᠳᠤᠷᠠᠯ ᠭᠤᠷᠪᠠᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠬᠡᠯᠪᠡᠷᠢ ᠶᠢ ᠬᠤᠪᠢᠷᠠᠭᠤᠯᠤᠨ ᠲᠡᠰ ᠦᠰᠬᠡᠬᠦ ᠶᠢ | ᠲᠦᠯᠬᠢᠨ ᠠᠬᠢᠭᠤᠯᠵᠤ᠂ ︽ᠳᠠᠪᠤᠵᠢᠭᠤᠯᠤᠯᠳᠠ ᠶᠢ ᠬᠠᠮᠳᠤᠷᠠᠭᠤᠯᠬᠤ︾ ᠶᠢ ᠶᠡᠬᠡᠪᠡᠷ ᠠᠬᠢᠭᠤᠯᠵᠤ ︽ᠨᠡᠶᠢᠰᠯᠡᠯ | ᠤᠨ ᠳᠤᠭᠤᠷᠢᠨ ᠳᠤ᠂ ᠨᠡᠶᠢᠰᠯᠡᠯ ᠲᠤ ᠲᠦᠰᠢᠭᠯᠡᠨ᠂ ᠨᠡᠶᠢᠰᠯᠡᠯ ᠢ ᠪᠠᠳᠤᠯᠠᠬᠤ᠂ ᠨᠡᠶᠢᠰᠯᠡᠯ ᠳᠤ ᠦᠢᠯᠡᠴᠢᠯᠡᠬᠦ᠂ | ᠨᠡᠶᠢᠰᠯᠡᠯ ᠠᠴᠠ ᠠᠰᠢᠭ ᠬᠦᠷᠳᠡᠬᠦ︾ ᠪᠠᠷ ᠬᠦᠭᠵᠢᠯᠳᠡ ᠶᠢᠨ ᠪᠠᠶᠢᠷᠢ ᠳᠤᠭᠳᠠᠭᠠᠯᠳᠠ ᠪᠤᠯᠭᠠᠵᠤ᠂ ︽ᠭᠤᠷᠪᠠᠨ | ᠳᠤᠮᠤ ᠨᠡᠬᠡᠬᠡᠯᠳᠡ ᠶᠢᠨ ᠬᠠᠮᠳᠤᠷᠠᠯᠴᠠᠭᠠᠨ ᠤ ᠪᠠᠶᠢᠯᠳᠤᠬᠤ ᠪᠤᠳᠤᠯᠭ᠎ᠠ︾ ᠶᠢ ᠶᠡᠬᠡᠪᠡᠷ ᠶᠠᠪᠤᠭᠤᠯᠵᠤ᠂ ︽ᠳᠠᠷᠢᠶᠠᠯᠠᠩ | ᠮᠠᠯ ᠠᠵᠤ ᠠᠬᠤᠢ ᠶᠢᠨ ᠲᠦᠷᠪᠡᠨ ᠳᠠᠪᠠᠭᠤᠯᠢᠭ ᠠᠵᠤ ᠦᠢᠯᠡᠰ︾ ᠤᠨ ᠬᠦᠭᠵᠢᠯᠳᠡ ᠶᠢ ᠲᠦᠷᠬᠡᠳᠬᠡᠵᠦ᠂ ︽ | ᠵᠢᠷᠭᠤᠭᠠᠨ ᠠᠵᠤ ᠦᠢᠯᠡᠳᠪᠦᠷᠢ ᠶᠢᠨ ᠳᠤᠯᠭᠠᠭᠤᠷᠢ ᠠᠵᠤ ᠦᠢᠯᠡᠰ︾ ᠢ ᠪᠤᠵᠠᠭᠠᠶᠢᠷᠠᠭᠤᠯᠵᠤ᠂ ︽ᠵᠢᠷᠭᠤᠭᠠᠨ | ᠰᠢᠨ᠎ᠡ ᠪᠠᠷ ᠮᠠᠨᠳᠤᠵᠤ ᠪᠠᠶᠢᠭ᠎ᠠ ᠦᠢᠯᠡᠴᠢᠯᠡᠬᠡᠨ ᠤ ᠦᠢᠯᠡᠰ︾ ᠢ ᠪᠤᠶᠢᠵᠢᠭᠤᠯᠵᠤ᠂ ︽ᠵᠢᠷᠭᠤᠭᠠᠨ ᠰᠠᠭᠤᠷᠢᠨ︾ ᠢ | ᠪᠠᠶᠢᠭᠤᠯᠵᠤ᠂ ︽ᠭᠤᠷᠪᠠᠨ ᠲᠦᠪ︾ ᠢ ᠪᠤᠢ ᠪᠤᠯᠭᠠᠵᠤ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠪᠠ | ᠳᠠᠪᠤᠨ ᠬᠤᠳᠠ ᠶᠢ ᠬᠠᠮᠳᠤ ᠪᠠᠷ ᠪᠠᠶᠢᠭᠤᠯᠬᠤ ︽ᠬᠤᠶᠠᠷ ᠰᠢᠪᠳᠤᠯᠤᠯᠳᠠ ᠶᠢᠨ ᠳᠠᠶᠢᠯᠠᠯᠳᠤᠭᠠᠨ︾ ᠤ ᠢᠯᠠᠯᠳᠠ | ᠶᠢ ᠵᠠᠪᠠᠯ ᠤᠯᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ | 70 ᠵᠢᠯ ᠤᠨ ᠤᠢ ᠶᠢ ᠪᠡᠯᠬᠡᠯᠡᠵᠦ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠢᠯᠠᠯᠳᠠᠳᠠᠢ ᠬᠤᠷᠠᠯᠳᠤᠬᠤ | ᠶᠢ ᠤᠭᠳᠤᠬᠤ ᠬᠡᠷᠡᠭᠳᠠᠢ᠃ | ᠭᠤᠤᠯ ᠪᠤᠯᠬᠤ ᠵᠢᠱᠢᠭᠰᠡᠨ ᠬᠤᠭᠤᠴᠠᠭᠠᠨ ᠳᠠᠬᠢ ᠬᠠᠷᠠᠯᠳᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ | ᠶᠡᠷᠦᠩᠬᠡᠢ ᠦᠷᠳᠡᠭ ᠢ 8% ᠪᠠᠷ ᠨᠡᠮᠡᠭᠳᠡᠬᠦᠯᠦᠨ᠎ᠡ︔ ᠳᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ | 13% ᠪᠠᠷ ᠨᠡᠮᠡᠭᠳᠡᠬᠦᠯᠥᠨ᠎ᠡ︔ ᠨᠡᠶᠢᠬᠡᠮ ᠤᠨ ᠬᠡᠷᠡᠭᠯᠡᠬᠡᠨ ᠤ ᠵᠢᠵᠢᠭᠯᠡᠨ ᠬᠤᠳᠠᠯᠳᠤᠬᠤ ᠶᠡᠷᠦᠩᠬᠡᠢ ᠳᠤᠭ᠎ᠠ ᠶᠢ | 10% ᠪᠠᠷ ᠨᠡᠮᠡᠭᠳᠡᠬᠦᠯᠥᠨ᠎ᠡ︔ ᠤᠯᠠᠨ ᠨᠡᠶᠢᠳᠡ ᠶᠢᠨ ᠡᠩ ᠤᠨ ᠲᠦᠰᠦᠪ ᠤᠨ ᠤᠷᠤᠯᠭ᠎ᠠ ᠶᠢ ᠲᠡᠩᠴᠡᠬᠦᠦ | ᠪᠦᠷᠢᠳᠬᠡᠯ ᠠᠴᠠ 8.6% ᠪᠠᠷ ᠨᠡᠮᠡᠭᠳᠡᠬᠦᠯᠥᠨ᠎ᠡ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ | ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢ ᠳᠤᠰᠪᠤᠷᠢ 8% ᠪᠠ 9% ᠪᠠᠷ ᠨᠡᠮᠡᠭᠳᠡᠬᠦᠯᠥᠨ᠎ᠡ︔ ᠤᠯᠤᠰ | ᠠᠴᠠ ᠪᠠᠭᠤᠯᠭᠠᠭᠰᠠᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠬᠢᠵᠠᠭᠠᠷᠯᠠᠬᠤ ᠴᠢᠨᠠᠷ ᠪᠦᠬᠦᠢ ᠬᠦᠢᠴᠡᠳᠬᠡᠬᠦ | ᠳᠤᠭ᠎ᠠ ᠶᠢ ᠪᠦᠬᠦᠨ ᠢ ᠪᠡᠶᠡᠯᠡᠬᠦᠯᠥᠨ᠎ᠡ᠃ | ᠲᠡᠬᠡᠷ᠎ᠡ ᠳᠤᠷᠠᠳᠤᠭᠰᠠᠨ ᠬᠠᠷᠠᠯᠳᠠ ᠶᠢᠨ ᠳᠤᠭᠤᠷᠢᠨ ᠳᠤ ᠪᠢᠳᠡ ᠡᠷᠬᠡᠪᠰᠢ ᠤᠯᠤᠰ ᠤᠨ ︽ᠨᠢᠬᠡ ᠪᠦᠰᠡ | ᠨᠢᠬᠡ ᠵᠠᠮ︾ ᠪᠠ ᠪᠡᠬᠡᠵᠢᠩ ᠲᠢᠶᠠᠨᠵᠢᠨ ᠾᠧᠪᠸᠢ ᠶᠢᠨ ᠬᠠᠮᠵᠢᠯᠴᠠᠭᠰᠠᠨ ᠬᠦᠭᠵᠢᠯᠳᠡ ᠵᠡᠷᠬᠡ ᠴᠢᠬᠤᠯᠠ ᠠᠵᠠ | ᠳᠤᠬᠢᠶᠠᠯ ᠢ ᠴᠢᠩᠭ᠎ᠠ ᠪᠠᠷᠢᠵᠤ᠂ ᠮᠠᠨ ᠤ ᠬᠤᠳᠠ ᠶᠢᠨ ᠤᠷᠤᠨ ᠪᠠᠶᠢᠷᠢ ᠶᠢᠨ ᠵᠠᠮ ᠬᠠᠷᠢᠯᠴᠠᠭ᠎ᠠ᠂ ᠡᠨᠧᠷᠬᠢ ᠶᠢᠨ | ᠡᠬᠢ ᠪᠠᠶᠠᠯᠢᠭ᠂ ᠨᠤᠮᠢᠨ ᠨᠤᠭᠤᠭᠠᠨ ᠠᠮᠢ ᠠᠬᠤᠢ ᠵᠡᠷᠬᠡ ᠬᠠᠷᠢᠴᠠᠩᠭᠤᠢ ᠳᠠᠪᠠᠭᠤᠯᠢᠭ ᠢᠶᠠᠨ ᠬᠦᠢᠴᠡᠳ | ᠪᠠᠳᠠᠷᠠᠭᠤᠯᠵᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠬᠦᠢᠴᠡᠳ ᠰᠠᠶᠢᠳᠤᠷ ᠬᠡᠷᠡᠭᠯᠡᠵᠦ᠂ ᠦᠵᠡᠯ ᠰᠠᠨᠠᠭ᠎ᠠ | ᠪᠠᠨ ᠴᠢᠯᠥᠬᠡᠯᠡᠨ ᠵᠤᠷᠢᠭᠳᠠᠢ ᠪᠠᠷ ᠰᠢᠨ᠎ᠡ ᠢ ᠡᠬᠦᠳᠴᠦ᠂ ᠤᠯᠠᠭᠠᠨᠴᠠᠪ ᠤᠨ ᠡᠯ᠎ᠡ ᠵᠦᠢᠯ ᠤᠨ ᠠᠵᠢᠯ ᠢ ︽ᠦᠨᠡᠨ | ᠪᠤᠳᠠᠳᠠᠢ ᠯᠠᠪᠳᠠᠭᠤᠨ ᠪᠠᠳᠤᠳᠠᠢ ᠬᠢᠵᠦ᠂ ᠡᠩᠨᠡᠬᠡᠨ ᠤ ᠲᠡᠷᠢᠬᠦᠨ ᠳᠤ ᠶᠠᠪᠤᠬᠤ︾ ᠪᠠᠷ ᠴᠢᠷᠮᠠᠶᠢᠨ᠎ᠠ᠃ ᠨᠠᠢᠮᠠᠨ ᠳᠠᠯ᠎ᠠ | ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠃ | ︵ᠨᠢᠬᠡ︶ ᠲᠦᠷᠦᠯ ᠵᠦᠢᠯ ᠤᠨ ᠪᠡᠯᠡ ᠤᠷᠤᠭᠤᠯᠤᠯᠳᠠ ᠶᠢᠨ ᠰᠢᠪᠳᠤᠯᠤᠯᠳᠠ ᠶᠢᠨ ᠳᠠᠶᠢᠯᠠᠯᠳᠤᠭᠠᠨ ᠢ ᠰᠠᠶᠢᠳᠤᠷ | ᠬᠢᠨ᠎ᠡ | ᠲᠦᠷᠦᠯ ᠵᠦᠢᠯ ᠤᠨ ᠲᠦᠯᠬᠢᠨ ᠠᠬᠢᠭᠤᠯᠤᠯᠳᠠ ᠶᠢᠨ ᠬᠦᠴᠦᠯᠡᠴᠡ ᠶᠢ ᠨᠡᠮᠡᠭᠳᠡᠬᠦᠯᠥᠨ᠎ᠡ᠃ ︽ᠲᠦᠷᠦᠯ | ᠵᠦᠢᠯ ᠤᠨ ᠪᠦᠲᠦᠬᠡᠨ ᠪᠠᠶᠢᠭᠤᠯᠤᠯᠳᠠ ᠶᠢᠨ ᠤᠨ︾ ᠤ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠪᠦᠬᠦ ᠵᠢᠯ ᠳᠤ | ᠳ᠋ᠦᠩᠰᠢᠭᠤᠷ ᠲᠦᠬᠦᠷᠢᠭ ᠠᠴᠠ ᠲᠡᠬᠡᠭᠰᠢᠬᠢ ᠲᠦᠷᠦᠯ ᠵᠦᠢᠯ 280 ᠶᠢ ᠪᠡᠶᠡᠯᠡᠬᠦᠯᠬᠦ ᠪᠠᠷ ᠲᠦᠯᠥᠪᠯᠡᠵᠦ᠂ | ᠶᠡᠷᠦᠩᠬᠡᠢ ᠪᠡᠯᠡ ᠤᠷᠤᠭᠤᠯᠤᠯᠳᠠ 1914 ᠳ᠋ᠦᠩᠰᠢᠭᠤᠷ ᠲᠦᠬᠦᠷᠢᠭ ᠪᠠᠶᠢᠵᠤ᠂ 536.7 ᠳ᠋ᠦᠩᠰᠢᠭᠤᠷ ᠲᠦᠬᠦᠷᠢᠭ | ᠤᠨ ᠪᠡᠯᠡ ᠤᠷᠤᠭᠤᠯᠤᠯᠳᠠ ᠶᠢ ᠪᠡᠶᠡᠯᠡᠬᠦᠯᠥᠨ᠎ᠡ᠃ ᠴᠢᠬᠤᠯᠠ ᠶᠡᠭᠡ ᠲᠦᠷᠦᠯ ᠵᠦᠢᠯ ᠤᠨ ᠰᠠᠭᠠᠳ ᠦᠬᠡᠢ ᠬᠢᠨᠠᠨ | ᠵᠦᠪᠰᠢᠶᠡᠷᠡᠯᠳᠡ ᠶᠢᠨ ᠵᠠᠮ ᠤᠨ ᠦᠢᠯᠡᠳᠦᠯ ᠢ ᠪᠠᠳᠠᠷᠠᠭᠤᠯᠵᠤ᠂᠂ ᠲᠦᠷᠦᠯ ᠵᠦᠢᠯ ᠤᠨ ᠡᠮᠦᠨᠡᠬᠢ ᠬᠤᠭᠤᠴᠠᠭᠠᠨ | ᠤ ᠠᠵᠢᠯ ᠢ ᠰᠠᠶᠢᠳᠤᠷ ᠠᠳᠬᠤᠨ᠂ ᠬᠢᠨᠠᠨ ᠵᠦᠪᠰᠢᠶᠡᠷᠡᠯᠳᠡ ᠶᠢᠨ ᠦᠷ᠎ᠡ ᠪᠦᠲᠦᠮᠵᠢ ᠬᠢᠬᠡᠳ ᠦᠢᠯᠡᠴᠢᠯᠡᠬᠡᠨ ᠤ | ᠴᠢᠨᠠᠷ ᠴᠢᠨᠰᠠᠭ᠎ᠠ ᠶᠢ ᠲᠡᠬᠡᠭᠰᠢᠯᠡᠬᠦᠯᠵᠦ᠂ ᠴᠠᠭ ᠲᠠᠭᠠᠨ ᠪᠠᠷᠢᠯᠭ᠎ᠠ ᠡᠬᠢᠯᠡᠨ᠂ ᠤᠷᠤᠭᠰᠢᠳᠠᠢ ᠲᠦᠯᠬᠢᠨ ᠠᠬᠢᠭᠤᠯᠬᠤ | ᠶᠢ ᠪᠠᠳᠤᠯᠠᠨ᠎ᠠ᠃ ᠲᠦᠷᠦᠯ ᠵᠦᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠤᠨ | ᠂ ᠳᠠᠩᠰᠠ ᠬᠠᠷ᠎ᠠ ᠪᠠᠶᠢᠭᠤᠯᠤᠨ᠂ ᠠᠵᠢᠯ ᠤᠨ ᠬᠤᠭᠤᠴᠠᠭ᠎ᠠ ᠶᠢ ᠳᠤᠭᠳᠠᠭᠠᠵᠤ᠂ ᠱᠠᠭᠠᠷᠳᠠᠨ ᠪᠠᠶᠢᠴᠠᠭᠠᠵᠤ ᠬᠢᠨᠠᠨ | ᠰᠢᠯᠭᠠᠵᠤ᠂ ᠲᠦᠷᠦᠯ ᠵᠦᠢᠯ ᠤᠨ ᠠᠬᠢᠴᠠ ᠬᠢᠬᠡᠳ ᠴᠢᠨᠠᠷ ᠴᠢᠨᠰᠠᠭ᠎ᠠ ᠶᠢ ᠪᠠᠳᠤᠯᠠᠬᠤ ᠬᠡᠷᠡᠭᠳᠠᠢ᠃ ᠤᠯᠤᠰ ᠤᠨ | ᠲᠦᠷᠦ ᠶᠢᠨ ᠪᠤᠳᠤᠯᠭ᠎ᠠ ᠶᠢᠨ ᠬᠠᠨᠳᠤᠰᠢ ᠶᠢ ᠳᠠᠭᠠᠵᠤ᠂ ᠭᠤᠤᠯᠳᠠᠯᠭ᠎ᠠ ᠲᠠᠢ ᠲᠦᠷᠦᠯ ᠵᠦᠢᠯ ᠢ ᠳᠤᠭᠳᠠᠭᠠᠬᠤ ᠳᠤ | ᠭᠤᠷᠪᠠᠨ ᠵᠢᠯ ᠢᠶᠠᠷ ᠦᠷᠬᠦᠯᠵᠢᠯᠡᠬᠦᠯᠬᠦ ᠲᠦᠯᠥᠪᠯᠡᠭᠡ ᠪᠠᠷ ᠭᠤᠤᠯᠳᠠᠯᠭ᠎ᠠ ᠪᠤᠯᠭᠠᠨ᠂ ᠨᠡᠩ ᠤᠯᠠᠨ ᠲᠦᠷᠦᠯ ᠵᠦᠢᠯ ᠢ | ᠤᠯᠤᠰ ᠬᠢᠬᠡᠳ ᠦᠪᠡᠷᠳᠡᠬᠡᠨ ᠵᠠᠰᠠᠬᠤ ᠤᠷᠤᠨ ᠤ ᠴᠢᠬᠤᠯᠠ ᠶᠡᠭᠡ ᠲᠦᠷᠦᠯ ᠵᠦᠢᠯ ᠤᠨ ᠳᠠᠭᠠᠭᠠᠴᠢᠯᠠᠯᠳᠠ ᠳᠤ | ᠤᠷᠤᠭᠤᠯᠬᠤ ᠪᠠᠷ ᠴᠢᠷᠮᠠᠶᠢᠵᠤ᠂ ᠲᠦᠷᠦᠯ ᠵᠦᠢᠯ ᠤᠨ ᠠᠮᠠ ᠰᠡᠬᠡᠷ ᠶᠢ ᠵᠤᠯᠭᠠᠭᠤᠯᠵᠤ᠂ ᠲᠡᠰ ᠳᠠᠪᠬᠤᠷᠭ᠎ᠠ ᠲᠠᠢ | ᠳᠠᠭᠠᠬᠤ ᠶᠢ ᠪᠠᠳᠤᠯᠠᠨ᠎ᠠ᠃ | ᠠᠷᠠᠯᠵᠢᠶᠠᠴᠢᠨ ᠤᠷᠢᠵᠤ ᠪᠡᠯᠡ ᠳᠠᠳᠠᠬᠤ ᠬᠦᠴᠦᠯᠡᠴᠡ ᠶᠢ ᠨᠡᠮᠡᠭᠳᠡᠬᠦᠯᠦᠨ᠎ᠡ᠃ ᠠᠷᠠᠯᠵᠢᠶᠠᠴᠢᠨ ᠤᠷᠢᠵᠤ | ᠪᠡᠯᠡ ᠳᠠᠳᠠᠬᠤ ᠶᠢ ᠬᠦᠭᠵᠢᠯᠳᠡ ᠶᠢ ᠲᠦᠯᠬᠢᠨ ᠠᠬᠢᠭᠤᠯᠬᠤ ᠵᠠᠩᠬᠢᠯᠠᠭ᠎ᠠ ᠶᠢᠨ ᠴᠢᠨᠠᠷᠳᠠᠢ ᠨᠢᠬᠡ ᠠᠷᠭ᠎ᠠ ᠪᠤᠯᠭᠠᠬᠤ | ᠬᠡᠷᠡᠭᠳᠠᠢ᠃ ᠠᠵᠤ ᠦᠢᠯᠡᠰ ᠢᠶᠠᠷ ᠠᠷᠠᠯᠵᠢᠶᠠᠴᠢᠨ ᠤᠷᠢᠬᠤ ᠶᠢ ᠴᠢᠩᠭᠠᠳᠬᠠᠨ᠎ᠠ᠃ ᠬᠤᠳᠠ ᠶᠢᠨ ᠲᠦᠷᠪᠡᠳᠦᠬᠡᠷ | ᠤᠳᠠᠭᠠᠨ ᠤ ᠨᠠᠮ ᠤᠨ ᠲᠦᠯᠥᠬᠡᠯᠡᠭᠴᠢᠳ ᠤᠨ ᠶᠡᠭᠡ ᠬᠤᠷᠠᠯ ᠲᠡᠬᠡᠷ᠎ᠡ ᠳᠤᠭᠳᠠᠭᠠᠭᠰᠠᠨ ᠠᠵᠤ ᠦᠢᠯᠡᠰ ᠤᠨ | ᠬᠦᠭᠵᠢᠯᠳᠡ ᠶᠢᠨ ᠪᠠᠶᠢᠷᠢ ᠳᠤᠭᠳᠠᠭᠠᠯᠳᠠ ᠶᠢᠨ ᠳᠤᠭᠤᠷᠢᠨ ᠳᠤ ᠭᠤᠤᠯᠳᠠᠯᠭ᠎ᠠ ᠲᠠᠢ᠂ ᠬᠠᠨᠳᠤᠯᠭᠠᠳᠤ ᠴᠢᠨᠠᠷ ᠲᠠᠢ | ᠪᠠᠷ ᠠᠷᠠᠯᠵᠢᠶᠠᠴᠢᠨ ᠤᠷᠢᠵᠤ᠂ ᠨᠢᠬᠡ ᠪᠦᠯᠥᠭ ᠳᠤᠬᠠᠶᠢᠯᠠᠭᠰᠠᠨ ᠠᠵᠢᠯ ᠤᠨ ᠬᠦᠭᠵᠢᠯᠳᠡ ᠶᠢ ᠳᠠᠭᠠᠭᠤᠯᠵᠤ᠂ ᠠᠵᠤ | ᠦᠢᠯᠡᠰ ᠤᠨ ᠵᠡᠷᠬᠡ ᠲᠡᠰ ᠲᠡᠪᠰᠢᠯᠳᠠ ᠶᠢ ᠳᠠᠶᠢᠴᠢᠯᠠᠵᠤ᠂ ᠬᠦᠭᠵᠯᠳᠡ ᠶᠢᠨ ᠳᠤᠳᠠᠭᠳᠠᠯ ᠢ ᠨᠦᠬᠦᠨ᠂ | ᠪᠠᠳᠤᠯᠠᠭᠠᠨ ᠤ ᠴᠢᠳᠠᠪᠦᠷᠢ ᠶᠢ ᠨᠡᠮᠡᠭᠳᠡᠬᠦᠯᠵᠦ ᠴᠢᠳᠠᠬᠤᠶᠢᠴᠠ ᠶᠡᠭᠡ ᠲᠦᠷᠦᠯ ᠵᠦᠢᠯ᠂ ᠰᠠᠶᠢᠨ ᠲᠦᠷᠦᠯ ᠵᠦᠢᠯ ᠢ | ᠤᠷᠤᠭᠤᠯᠤᠨ᠎ᠠ᠃ ᠨᠡᠶᠢᠰᠯᠡᠯ ᠤᠨ ᠠᠵᠤ ᠦᠢᠯᠡᠰ ᠤᠨ ᠰᠢᠯᠵᠢᠬᠦᠯᠥᠯᠳᠡ ᠬᠢᠬᠡᠳ ᠴᠢᠳᠠᠮᠵᠢ ᠶᠢᠨ ᠳᠠᠷᠬᠠᠭᠠᠯᠳᠠ | ᠶᠢᠨ ᠳᠤᠭᠤᠷᠢᠨ ᠳᠤ᠂ ᠮᠡᠳᠡᠭᠡ ᠵᠠᠩᠬᠢ ᠶᠢ ᠴᠤᠭᠯᠠᠭᠤᠯᠤᠨ ᠰᠤᠳᠤᠯᠤᠨ ᠦᠨᠡᠯᠡᠬᠦ ᠠᠵᠢᠯ ᠢ ᠴᠢᠩᠭᠠᠳᠬᠠᠵᠤ᠂ | ᠭᠤᠤᠯᠳᠠᠭᠤ ᠶᠡᠭᠡ ᠳ᠋ᠠᠶᠢᠲ᠋ᠠ᠂ ᠳᠤᠨᠤᠭᠯᠠᠯ ᠦᠢᠯᠡᠳᠬᠦ᠂ ᠮᠤᠳᠤᠨ ᠮᠠᠲ᠋ᠧᠷᠢᠶᠠᠯ ᠪᠤᠯᠪᠠᠰᠤᠷᠠᠭᠤᠯᠬᠤ᠃ ᠬᠤᠪᠴᠠᠰᠤ | ᠬᠤᠨᠠᠷ᠂ ᠢᠳᠡᠬᠡᠨ ᠤ ᠵᠦᠢᠯᠡᠰ ᠤᠨ ᠪᠤᠯᠪᠠᠰᠤᠷᠠᠭᠤᠯᠤᠯᠳᠠ᠂ ᠠᠶᠠᠯᠠᠯ ᠵᠢᠭᠤᠯᠴᠢᠯᠠᠯ ᠨᠠᠰᠤᠳᠠᠳ ᠤᠨ ᠠᠰᠠᠷᠠᠮᠵᠢ᠂ | ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠬᠦᠢᠯᠬᠡᠬᠡ ᠵᠡᠷᠬᠡ ᠬᠦᠷᠢᠶ᠎ᠡ ᠴᠠᠷ᠎ᠠ ᠳᠤ ᠰᠢᠪᠳᠤᠯᠤᠯᠳᠠ ᠲᠠᠢ ᠪᠤᠯᠭᠠᠨ᠎ᠠ | ᠃ ᠪᠦᠸᠧᠬᠠᠢ ᠳᠠᠩᠬᠢᠰ ᠤᠨ ᠡᠷᠬᠢᠨ ᠳᠤᠭᠤᠷᠢᠨ᠂ ᠵᠤ᠋ ᠵᠢᠶᠠᠩ ᠤᠨ ᠭᠤᠷᠪᠠᠯᠵᠢ᠂ ᠤᠷᠳᠤ ᠮᠥᠷᠡᠨ ᠤ ᠭᠤᠷᠪᠠᠯᠵᠢ᠂ | ᠰᠢᠶᠠᠩᠭᠠᠩ ᠤᠤᠮᠧᠨ ᠲᠠᠶᠢᠸᠠᠨ ᠳᠤ ᠬᠠᠨᠳᠤᠭᠤᠯᠤᠨ ᠲᠦᠷᠦᠯ ᠵᠦᠢᠯ ᠤᠨ ᠳᠠᠨᠢᠯᠴᠠᠭᠤᠯᠭ᠎ᠠ ᠶᠢ ᠦᠷᠨᠢᠬᠦᠯᠬᠦ | ᠬᠡᠷᠡᠭᠳᠠᠢ᠃ ᠲᠦᠷᠦ ᠶᠢᠨ ᠪᠤᠳᠤᠯᠭ᠎ᠠ ᠪᠠᠷ ᠠᠷᠠᠯᠵᠢᠶᠠᠴᠢᠨ ᠤᠷᠢᠬᠤ ᠶᠢ ᠴᠢᠩᠭᠠᠳᠬᠠᠨ᠎ᠠ᠃ ᠬᠠᠮᠳᠤ ᠶᠢᠨ ᠪᠤᠰᠤ | ᠦᠮᠴᠢᠯᠡᠯᠲᠦ ᠠᠵᠤ ᠠᠬᠤᠢ ᠶᠢᠨ ᠬᠦᠭᠵᠢᠯᠳᠡ ᠶᠢᠨ ᠲᠦᠷᠦ ᠶᠢᠨ ᠪᠤᠳᠤᠯᠭ᠎ᠠ᠂ ᠠᠷᠭ᠎ᠠ ᠪᠠᠷᠢᠯ ᠢ ᠭᠠᠷᠭᠠᠵᠤ | ᠨᠠᠶᠢᠳᠠᠪᠦᠷᠢᠵᠢᠭᠤᠯᠬᠤ ᠶᠢ ᠵᠤᠷᠢᠭᠵᠢᠭᠤᠯᠤᠨ ᠲᠡᠮᠵᠢᠵᠦ᠂ ᠤᠷᠤᠬᠤ ᠶᠢ ᠵᠦᠪᠰᠢᠶᠡᠷᠡᠬᠦ ᠶᠢᠨ ᠨᠦᠬᠦᠴᠡᠯ ᠢ | ᠦᠷᠬᠡᠳᠬᠡᠵᠦ᠂ ᠬᠠᠮᠳᠤ ᠶᠢᠨ ᠪᠤᠰᠤ ᠦᠮᠴᠢᠯᠡᠯᠲᠦ ᠠᠵᠤ ᠠᠬᠤᠢ ᠶᠢ ᠬᠦᠭᠵᠢᠬᠦᠯᠬᠦ ᠠᠭᠤᠵᠢᠭᠤ ᠤᠷᠴᠢᠨ | ᠳᠤᠭᠤᠷᠢᠨ ᠢ ᠪᠤᠢ ᠪᠤᠯᠭᠠᠨ᠎ᠠ᠃ ᠡᠳ᠋ ᠪᠠᠷᠠᠭᠠᠨ ᠤ ᠬᠦᠢᠯᠭᠡᠬᠡ᠂ ᠠᠶᠠᠯᠠᠯ ᠵᠢᠭᠤᠯᠴᠢᠯᠠᠯ ᠵᠡᠷᠬᠡ ᠠᠵᠢᠯ ᠲᠦᠷᠦᠯ᠂ | ᠬᠦᠷᠢᠶ᠎ᠡ ᠴᠠᠷ᠎ᠠ ᠬᠤᠪᠢᠶᠠᠭᠰᠠᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠳᠤᠭᠳᠠᠭᠠᠵᠤ᠂ ᠨᠡᠩ ᠤᠯᠠᠨ ᠠᠵᠤ | ᠠᠬᠤᠶᠢᠯᠠᠯ ᠬᠢᠬᠡᠳ ᠲᠦᠷᠦᠯ ᠵᠦᠢᠯ ᠢ ᠳᠠᠳᠠᠨ ᠤᠯᠠᠭᠠᠨᠴᠠᠪ ᠲᠤ ᠨᠤᠳᠤᠭᠰᠢᠭᠤᠯᠤᠨᠠ᠃ ᠠᠵᠤ ᠠᠬᠤᠶᠢᠯᠠᠯᠳᠠᠨ᠂ | ᠤᠯᠠᠭᠠᠨᠴᠠᠪ ᠤᠨ ᠠᠷᠠᠯᠵᠢᠶᠠᠴᠢᠳ ᠤᠨ ᠨᠡᠶᠢᠬᠡᠮᠯᠢᠭ ᠬᠢᠬᠡᠳ ᠤᠯᠠᠭᠠᠨᠴᠠᠪ ᠨᠤᠳᠤᠭ ᠲᠠᠢ ᠠᠮᠵᠢᠯᠳᠠ ᠪᠦᠲᠦᠬᠡᠯ | ᠤᠯᠤᠭᠰᠠᠨ ᠬᠦᠮᠦᠰ ᠤᠨ ᠬᠦᠬᠦᠷᠬᠡ ᠬᠤᠯᠪᠤᠭᠠᠰᠤ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠤᠯᠠᠭᠠᠨᠴᠠᠪ | ᠢ ᠪᠦᠬᠦ ᠳᠠᠯ᠎ᠠ ᠪᠠᠷ ᠤᠬᠠᠭᠤᠯᠤᠨ ᠳᠠᠨᠢᠯᠴᠠᠭᠤᠯᠵᠤ᠂ ᠠᠷᠠᠯᠵᠢᠶᠠᠴᠢᠨ ᠤᠷᠢᠬᠤ ᠠᠵᠢᠯ ᠤᠨ ᠠᠮᠵᠢᠯᠳᠠ ᠤᠯᠬᠤ | ᠨᠤᠷᠮ᠎ᠠ ᠶᠢ ᠲᠡᠬᠡᠭᠰᠢᠯᠡᠬᠦᠯᠥᠨ᠎ᠡ᠃ ᠤᠷᠴᠢᠨ ᠳᠤᠭᠤᠷᠢᠨ ᠢᠶᠠᠷ ᠠᠷᠠᠯᠵᠢᠶᠠᠴᠢᠨ ᠤᠷᠢᠬᠤ ᠶᠢ ᠴᠢᠩᠭᠠᠳᠬᠠᠬᠤ | ᠬᠡᠷᠡᠭᠳᠠᠢ᠃ ᠪᠡᠯᠡ ᠤᠷᠤᠭᠤᠯᠤᠯᠳᠠ ᠶᠢᠨ ᠤᠷᠴᠢᠨ ᠳᠤᠭᠤᠷᠢᠨ᠂ ᠦᠢᠯᠡᠰ ᠪᠤᠰᠬᠠᠬᠤ ᠤᠷᠴᠢᠨ ᠳᠤᠭᠤᠷᠢᠨ᠂ | ᠰᠢᠨ᠎ᠡ ᠶᠢ ᠡᠬᠦᠳᠬᠦ ᠤᠷᠴᠢᠨ ᠳᠤᠭᠤᠷᠢᠨ ᠢ ᠤᠯᠠᠮ ᠨᠢᠬᠡ ᠠᠯᠬᠤᠮ ᠰᠠᠶᠢᠵᠢᠷᠠᠭᠤᠯᠵᠤ᠂ ︽ᠳᠤᠳᠤᠨᠤᠰᠤᠭ︾᠂ ︽ | ᠠᠷᠢᠭᠤᠨ ᠴᠡᠪᠡᠷ︾ ᠰᠢᠨ᠎ᠡ ᠬᠡᠯᠪᠡᠷᠢ ᠶᠢᠨ ᠵᠠᠰᠠᠭ ᠠᠷᠠᠯᠵᠢᠶᠠᠴᠢᠨ ᠤ ᠬᠠᠷᠢᠴᠠᠭ᠎ᠠ ᠶᠢ ᠪᠠᠶᠢᠭᠤᠯᠵᠤ᠂ ︽ | ᠠᠷᠠᠯᠵᠢᠶᠠᠴᠢᠳ ᠢ ᠳᠤᠳᠤᠨᠤᠴᠢᠯᠠᠵᠤ᠂ ᠠᠷᠠᠯᠵᠢᠶᠠᠴᠢᠳ ᠢ ᠲᠦᠪᠬᠢᠨᠡᠬᠦᠯᠬᠦ᠂ ᠠᠷᠠᠯᠵᠢᠶᠠᠴᠢᠳ ᠢ ᠪᠠᠶᠠᠵᠢᠭᠤᠯᠬᠤ︾ | ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠎ᠠ᠃ ᠠᠷᠠᠯᠵᠢᠶᠠᠴᠢᠨ ᠤᠷᠢᠵᠤ ᠪᠡᠯᠡ ᠳᠠᠳᠠᠬᠤ ᠲᠦᠷᠦ ᠶᠢᠨ | ᠪᠤᠳᠤᠯᠭ᠎ᠠ ᠶᠢ ᠨᠠᠷᠢᠨ ᠬᠢᠨᠠᠮᠠᠭᠠᠢ ᠪᠤᠳᠠᠳᠠᠶᠢᠵᠢᠭᠤᠯᠵᠤ᠂ ᠲᠦᠷᠦᠯ ᠵᠦᠢᠯ ᠤᠨ ᠬᠡᠷ᠎ᠡ ᠶᠢ ᠬᠦᠢᠴᠡᠳᠬᠡᠬᠦ ᠨᠤᠷᠮ᠎ᠠ | ᠪᠡᠯᠡ ᠮᠥᠩᠬᠦ ᠶᠢ ᠪᠤᠳᠠᠳᠠᠶᠢᠵᠢᠭᠤᠯᠬᠤ ᠨᠤᠷᠮ᠎ᠠ ᠶᠢ ᠲᠡᠬᠡᠭᠰᠢᠯᠡᠬᠦᠯᠥᠨ᠎ᠡ᠃ ᠰᠢᠨ᠎ᠡ ᠳᠤᠰᠢᠶᠠᠯ ᠳᠤ ᠭᠠᠷᠤᠭᠰᠠᠨ | ᠳᠤᠰᠢᠶᠠᠯᠳᠠᠨ ᠴᠤ ᠬᠠᠭᠤᠴᠢᠨ ᠳᠠᠩᠰᠠ ᠶᠢ ᠬᠠᠮᠢᠶᠠᠷᠴᠤ᠂ ᠵᠠᠰᠠᠭ ᠤᠨ ᠤᠷᠳᠤᠨ ᠬᠤᠭᠤᠴᠠᠭ᠎ᠠ ᠰᠤᠯᠢᠵᠤ᠂ | ᠤᠳᠤᠷᠢᠳᠬᠤ ᠺᠠᠳ᠋ᠷ ᠰᠤᠯᠢᠭᠳᠠᠯᠠ ᠬᠡᠰᠡᠨ ᠢᠶᠠᠷ ᠰᠢᠯᠳᠠᠭᠠᠯᠠᠨ ᠬᠡᠷ᠎ᠡ ᠶᠢ ᠵᠦᠷᠢᠴᠡᠵᠦ ᠬᠡᠷ᠎ᠡ ᠶᠢ ᠴᠤᠴᠠᠯᠠᠬᠤ ᠦᠬᠡᠢ | ᠂ ᠠᠷᠠᠯᠵᠢᠶᠠᠴᠢᠨ ᠤᠷᠢᠬᠤ ᠢᠳᠡᠬᠡᠮᠵᠢ ᠬᠢᠬᠡᠳ ᠬᠦᠭᠵᠢᠯᠳᠡ ᠶᠢᠨ ᠲᠦᠷᠢ ᠲᠦᠷᠬᠦ ᠶᠢ ᠪᠤᠢ ᠪᠤᠯᠭᠠᠬᠤ ᠬᠡᠷᠡᠭᠳᠠᠢ᠃ | ᠲᠦᠷᠦᠯ ᠵᠦᠢᠯ ᠤᠨ ᠪᠡᠯᠡ ᠨᠡᠶᠢᠯᠡᠬᠦᠯᠥᠯᠳᠡ ᠶᠢᠨ ᠬᠦᠴᠦᠯᠡᠴᠡ ᠶᠢ ᠨᠡᠮᠡᠭᠳᠡᠬᠦᠯᠬᠦ ᠬᠡᠷᠡᠭᠳᠠᠢ᠃ ᠪᠡᠯᠡ | ᠨᠡᠶᠢᠯᠡᠬᠦᠯᠥᠯᠳᠡ ᠶᠢᠨ ᠦᠵᠡᠯᠳᠡ ᠪᠠᠨ ᠬᠤᠪᠢᠷᠠᠭᠤᠯᠵᠤ᠂ ︽ᠡᠳ᠋ ᠤᠨ ᠵᠠᠰᠠᠭ᠂ ᠪᠠᠩᠬᠢ᠂ ᠦᠨᠡᠲᠦ ᠲᠡᠮᠳᠡᠭ᠂ | ᠳᠠᠭᠠᠳᠬᠠᠯ᠂ ᠪᠠᠳᠤᠯᠠᠭ᠎ᠠ︾ ᠵᠡᠷᠬᠡ ᠶᠢ ᠵᠤᠬᠢᠴᠠᠭᠤᠯᠤᠭᠰᠠᠨ ᠨᠡᠶᠢᠯᠡᠮᠡᠯ ᠠᠷᠭ᠎ᠠ ᠪᠠᠷᠢᠯ ᠢ ᠰᠠᠶᠢᠳᠤᠷ ᠠᠳᠬᠤᠵᠤ᠂ | ᠬᠦᠷᠦᠩᠬᠡ ᠪᠠᠷ ᠪᠤᠳᠠᠳᠤ ᠠᠵᠤ ᠠᠬᠤᠢ ᠶᠢᠨ ᠴᠤᠭᠴᠠ ᠳᠤ ᠦᠢᠯᠡᠴᠢᠯᠡᠵᠦ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠵᠡᠷᠬᠡ ᠲᠡᠰ ᠢ ᠲᠡᠬᠡᠭᠰᠢᠯᠡᠬᠦᠯᠬᠦ ᠰᠢᠨ᠎ᠡ ᠵᠠᠭᠪᠤᠷ ᠢ ᠠᠬᠢᠭᠤᠯᠬᠤ ᠬᠡᠷᠡᠭᠳᠠᠢ᠃ PPP ᠶᠢᠨ ᠵᠠᠭᠪᠤᠷ | ᠢ ᠪᠦᠬᠦ ᠳᠠᠯ᠎ᠠ ᠪᠠᠷ ᠲᠡᠯᠬᠡᠷᠡᠬᠦᠯᠬᠦ ᠬᠡᠷᠡᠭᠳᠠᠢ᠃ PPP ᠶᠢᠨ ᠲᠦᠷᠦᠯ ᠵᠦᠢᠯ ᠤᠨ ᠲᠦᠯᠥᠪᠯᠡᠭᠡ᠂ ᠨᠤᠳᠠᠯᠠᠯᠳᠠ᠂ | ᠳᠠᠨᠢᠯᠴᠠᠭᠤᠯᠭ᠎ᠠ ᠶᠢᠨ ᠠᠵᠢᠯ ᠢ ᠰᠠᠶᠢᠳᠤᠷ ᠬᠢᠵᠦ᠂ ᠨᠡᠩ ᠠᠷᠪᠢᠨ ᠲᠦᠷᠦᠯ ᠵᠦᠢᠯ ᠢ ᠤᠯᠤᠰ ᠤᠨ ᠪᠠ | ᠦᠪᠡᠷᠳᠡᠬᠡᠨ ᠵᠠᠰᠠᠬᠤ ᠤᠷᠤᠨ ᠤ PPP ᠶᠢᠨ ᠲᠦᠷᠦᠯ ᠵᠦᠢᠯ ᠤᠨ ᠬᠦᠮᠦᠷᠬᠡ ᠳᠤ ᠤᠷᠤᠭᠤᠯᠬᠤ ᠪᠠᠷ ᠴᠢᠷᠮᠠᠶᠢᠬᠤ | ᠬᠡᠷᠡᠭᠳᠠᠢ᠃ ᠲᠦᠭᠰᠢᠬᠦᠷᠢ ᠶᠢ ᠬᠠᠮᠳᠤᠪᠠᠷ ᠡᠬᠦᠷᠬᠡᠯᠡᠨ᠂ ᠠᠰᠢᠭ ᠳᠤᠰᠠ ᠶᠢ ᠬᠠᠮᠳᠤᠪᠡᠷ ᠬᠦᠷᠳᠡᠬᠦ ᠳᠤᠭᠳᠠᠴᠠ ᠶᠢ | ᠲᠡᠬᠦᠯᠳᠡᠷᠵᠢᠬᠦᠯᠵᠦ᠂ ᠨᠡᠶᠢᠬᠡᠮ ᠤᠨ ᠪᠡᠯᠡ ᠬᠦᠷᠦᠩᠬᠡ ᠶᠢ ᠤᠳᠤᠷᠢᠳᠤᠨ᠂ ᠬᠤᠳᠠ ᠶᠢᠨ ᠵᠠᠰᠠᠭ ᠵᠠᠬᠢᠷᠭ᠎ᠠ᠂ ᠵᠠᠮ | ᠨᠡᠪᠳᠡᠷᠡᠯᠬᠡ᠂ ᠠᠮᠢ ᠠᠬᠤᠢ ᠬᠢᠬᠡᠳ ᠤᠯᠠᠨ ᠨᠡᠶᠢᠳᠡ ᠶᠢᠨ ᠦᠢᠯᠡᠴᠢᠯᠡᠭᠡ ᠵᠡᠷᠬᠡ ᠬᠦᠷᠢᠶ᠎ᠡ ᠴᠠᠷ᠎ᠠ ᠳᠤ | ᠤᠷᠤᠭᠤᠯᠤᠨ᠎ᠠ᠃ PPP ᠶᠢᠨ ᠲᠦᠷᠦᠯ ᠵᠦᠢᠯ ᠢ ᠨᠤᠳᠤᠭᠰᠢᠭᠤᠯᠵᠤ ᠬᠡᠷᠡᠭᠵᠢᠬᠦᠯᠬᠦ ᠶᠢ ᠲᠦᠷᠬᠡᠳᠬᠡᠵᠦ᠂ | ᠳᠠᠭᠤᠷᠢᠶᠠᠵᠤ ᠪᠤᠯᠬᠤ᠂ ᠲᠡᠯᠬᠡᠷᠡᠬᠦᠯᠵᠦ ᠪᠤᠯᠬᠤᠶᠢᠴᠠ ᠠᠮᠵᠢᠯᠳᠠ ᠲᠠᠢ ᠳᠤᠷᠰᠢᠯᠭ᠎ᠠ ᠶᠢ ᠪᠤᠢ ᠪᠤᠯᠭᠠᠨ᠎ᠠ᠃ PPP | ᠶᠢᠨ ᠲᠦᠷᠦᠯ ᠵᠦᠢᠯ ᠤᠨ ᠬᠦᠷᠦᠩᠬᠡ ᠶᠢᠨ ᠦᠨᠡᠲᠦ ᠲᠡᠮᠳᠡᠭᠵᠢᠬᠦᠯᠥᠯᠳᠡ ᠶᠢ ᠲᠦᠯᠬᠢᠨ ᠠᠬᠢᠭᠤᠯᠵᠤ᠂ PPP | ᠲᠦᠷᠦᠯ ᠵᠦᠢᠯ ᠤᠨ ᠪᠡᠯᠡ ᠨᠡᠶᠢᠯᠡᠬᠦᠯᠥᠯᠳᠡ ᠶᠢᠨ ᠠᠷᠭ᠎ᠠ ᠵᠠᠮ ᠢ ᠦᠷᠬᠡᠳᠬᠡᠨ᠎ᠡ᠃ ᠵᠠᠰᠠᠭ ᠤᠨ ᠤᠷᠳᠤᠨ ᠤ | ᠰᠠᠭᠤᠷᠢ ᠮᠥᠩᠬᠦ ᠶᠢ ᠤᠳᠤᠷᠢᠳᠬᠤ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠠᠵᠤ ᠦᠢᠯᠡᠰ ᠤᠨ | ᠤᠳᠤᠷᠢᠳᠤᠮᠵᠢ ᠲᠠᠢ ᠵᠤᠯᠭᠠᠯᠳᠤᠭᠰᠠᠨ ᠠᠵᠤ ᠦᠢᠯᠡᠰ ᠤᠨ ᠬᠦᠭᠵᠢᠯᠳᠡ ᠶᠢᠨ ᠰᠠᠭᠤᠷᠢ ᠮᠥᠩᠬᠦ ᠶᠢ ᠪᠠᠶᠢᠭᠤᠯᠵᠤ᠂ | ᠬᠤᠯᠪᠤᠭᠳᠠᠯ ᠪᠦᠬᠦᠢ ᠲᠦᠷᠢᠮ ᠢ ᠪᠠᠶᠢᠭᠤᠯᠤᠨ ᠲᠡᠬᠦᠯᠳᠡᠷᠵᠢᠬᠦᠯᠵᠦ᠂ ᠪᠤᠳᠠᠳᠤ ᠴᠤᠭᠴᠠ ᠶᠢᠨ ᠠᠵᠤ ᠠᠬᠤᠶᠢᠯᠠᠯ | ᠨᠡᠩ ᠢᠯᠠᠩᠭᠤᠶ᠎ᠠ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠡᠯᠡ ᠨᠡᠶᠢᠯᠡᠬᠦᠯᠥᠯᠳᠡ ᠶᠢᠨ ᠬᠦᠴᠢᠷᠳᠠᠢ | ᠠᠰᠠᠭᠤᠳᠠᠯ ᠢ ᠪᠦᠲᠦᠮᠵᠢᠳᠠᠢ ᠰᠢᠢᠳᠪᠦᠷᠢᠯᠡᠨ᠎ᠡ᠃ ᠡᠬᠢ ᠰᠤᠷᠪᠤᠯᠵᠢ ᠶᠢᠨ ᠬᠦᠷᠦᠩᠬᠡᠵᠢᠯᠳᠡ ᠶᠢ ᠲᠦᠯᠬᠢᠨ | ᠠᠬᠢᠭᠤᠯᠤᠨ᠎ᠠ᠃ ᠬᠦᠸᠧ ᠶᠤᠸᠠᠨ᠂ ᠬᠤᠳᠠ ᠶᠢᠨ ᠪᠡᠯᠡ ᠤᠷᠤᠭᠤᠯᠤᠯᠳᠠ᠂ ᠵᠠᠮ ᠨᠡᠪᠳᠡᠷᠡᠯᠬᠡ ᠶᠢᠨ ᠪᠡᠯᠡ | ᠤᠷᠤᠭᠤᠯᠤᠯᠳᠠ᠂ ᠤᠰᠤᠨ ᠠᠰᠢᠭᠯᠠᠯᠳᠠ ᠶᠢᠨ ᠪᠡᠯᠡ ᠤᠷᠤᠭᠤᠯᠤᠯᠳᠠ᠂ ᠠᠶᠠᠯᠠᠯ ᠵᠢᠭᠤᠯᠴᠢᠯᠠᠯ ᠤᠨ ᠪᠡᠯᠡ | ᠤᠷᠤᠭᠤᠯᠤᠯᠳᠠ᠂ ᠬᠤᠸᠠ ᠴᠤᠸᠠᠨ ᠺᠤᠮᠫᠠᠨᠢ ᠶᠢ ᠬᠦᠴᠦᠷᠬᠡᠭᠵᠢᠬᠦᠯᠵᠦ᠂ ᠡᠯ᠎ᠡ ᠠᠵᠢᠯ ᠲᠦᠷᠦᠯ ᠡᠯ᠎ᠡ ᠬᠦᠷᠢᠶ᠎ᠡ ᠴᠠᠷ᠎ᠠ | ᠶᠢᠨ ᠡᠬᠢ ᠰᠤᠷᠪᠤᠯᠵᠢ ᠶᠢ ᠨᠡᠶᠢᠯᠡᠬᠦᠯᠵᠦ᠂ ᠬᠦᠷᠦᠩᠬᠡᠵᠢᠬᠦᠯᠥᠯᠳᠡ ᠶᠢᠨ ᠡᠷᠬᠢᠯᠳᠡ ᠶᠢᠨ ᠵᠠᠭᠪᠤᠷ ᠢ ᠳᠤᠭᠳᠠᠭᠠᠵᠤ᠂ | ᠪᠡᠯᠡ ᠨᠡᠶᠢᠯᠡᠬᠦᠯᠥᠯᠳᠡ ᠶᠢᠨ ᠴᠢᠳᠠᠪᠦᠷᠢ ᠶᠢ ᠨᠡᠮᠡᠭᠳᠡᠬᠦᠯᠥᠨ᠎ᠡ᠃ ᠬᠦᠷᠢᠶᠡᠯᠡᠩ ᠳᠤᠭᠤᠷᠢᠭ ᠢ ᠲᠡᠮᠵᠢᠬᠦ ᠲᠦᠷᠦ | ᠶᠢᠨ ᠪᠤᠳᠤᠯᠭ᠎ᠠ ᠶᠢ ᠰᠠᠶᠢᠳᠤᠷ ᠬᠡᠷᠡᠭᠯᠡᠵᠦ᠂ ᠵᠠᠬ᠎ᠠ ᠲᠡᠯᠬᠡᠬᠦᠷᠵᠢᠯᠳᠡ ᠶᠢᠨ ᠠᠷᠭ᠎ᠠ ᠪᠠᠷᠢᠯ ᠢ ᠬᠡᠷᠡᠭᠯᠡᠨ᠂ | ᠬᠦᠷᠢᠶᠡᠯᠡᠩ ᠳᠤᠭᠤᠷᠢᠭ ᠤᠨ ᠭᠠᠵᠠᠷ ᠰᠢᠷᠦᠢ ᠶᠢᠨ ᠨᠡᠬᠡᠬᠡᠨ ᠠᠰᠢᠭᠯᠠᠯᠳᠠ᠂ ᠪᠡᠯᠡ ᠨᠡᠶᠢᠯᠡᠬᠦᠯᠥᠯᠳᠡ ᠶᠢ ᠵᠠᠬ᠎ᠠ | ᠲᠡᠯᠬᠡᠬᠦᠷ ᠲᠤ ᠭᠠᠷᠭᠠᠬᠤ᠂ ᠰᠠᠭᠤᠷᠢ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠳᠠ ᠬᠢᠬᠡᠳ ᠠᠷᠠᠯᠵᠢᠶᠠᠴᠢᠨ | ᠤᠷᠢᠵᠤ ᠪᠡᠯᠡ ᠳᠠᠳᠠᠬᠤ ᠠᠵᠢᠯ ᠢ ᠬᠦᠭᠵᠢᠶᠡᠨ ᠲᠠᠢ ᠪᠤᠯᠭᠠᠨ᠎ᠠ᠃ ᠠᠵᠤ ᠠᠬᠤᠶᠢᠯᠠᠯ ᠤᠨ ᠵᠠᠬ᠎ᠠ ᠲᠡᠯᠬᠡᠬᠦᠷ ᠲᠤ | ᠤᠷᠤᠵᠤ ᠪᠡᠯᠡ ᠨᠡᠶᠢᠯᠡᠬᠦᠯᠬᠦ ᠶᠢ ᠲᠦᠯᠬᠢᠨ ᠠᠬᠢᠭᠤᠯᠤᠨ᠎ᠠ᠃ ︽IPO ᠲᠡᠳᠬᠦᠨ ᠲᠡᠮᠵᠢᠬᠦ︾ ᠲᠦᠷᠦ ᠶᠢᠨ | ᠪᠤᠳᠤᠯᠭ᠎ᠠ ᠶᠢᠨ ᠠᠵᠠ ᠳᠤᠬᠢᠶᠠᠯ ᠢ ᠵᠠᠪᠳᠤᠨ᠂ ᠳᠤᠰ ᠭᠠᠵᠠᠷ ᠤᠷᠤᠨ ᠤ ᠠᠵᠤ ᠠᠬᠤᠶᠢᠯᠠᠯ ᠵᠠᠬ᠎ᠠ ᠲᠡᠯᠬᠡᠬᠦᠷ ᠲᠤ | ᠤᠷᠤᠬᠤ ᠶᠢ ᠳᠠᠮᠵᠢᠨ᠂ ᠭᠠᠳᠠᠨ᠎ᠠ ᠤᠷᠤᠨ ᠤ ᠠᠵᠤ ᠠᠬᠤᠶᠢᠯᠠᠯ ᠢ ᠵᠤᠷᠢᠭᠵᠢᠭᠤᠯᠤᠨ ᠮᠠᠨ ᠤ ᠬᠤᠳᠠ ᠳᠤ | ᠨᠤᠳᠤᠭᠰᠢᠭᠤᠯᠵᠤ᠂ IPO ᠲᠦᠷᠦ ᠶᠢᠨ ᠪᠤᠳᠤᠯᠭ᠎ᠠ ᠶᠢ ᠠᠰᠢᠭᠯᠠᠨ ᠵᠠᠬ᠎ᠠ ᠲᠡᠯᠬᠡᠬᠦᠷ ᠲᠤ ᠤᠷᠤᠭᠤᠯᠤᠨ᠎ᠠ᠃ ᠵᠢᠯ | ᠤᠨ ᠳᠤᠳᠤᠷ᠎ᠠ ᠳᠠᠪᠤᠨ ᠠᠵᠤ ᠠᠬᠤᠶᠢᠯᠠᠯ ᠢ ᠵᠠᠬ᠎ᠠ ᠲᠡᠯᠬᠡᠬᠦᠷ ᠲᠤ ᠭᠠᠷᠭᠠᠵᠤ᠂ ᠠᠷᠪᠠᠨ ᠠᠵᠤ ᠠᠬᠤᠶᠢᠯᠠᠯ ᠢ | ᠵᠠᠬ᠎ᠠ ᠲᠡᠯᠬᠡᠬᠦᠷ ᠲᠤ ᠭᠠᠷᠬᠤ ᠵᠢᠯᠤᠭᠤᠳᠤᠮᠵᠢ ᠳᠤ ᠤᠷᠤᠭᠤᠯᠤᠨ᠎ᠠ᠃ | ︵ᠬᠤᠶᠠᠷ︶ ᠬᠠᠩᠭᠠᠯᠭ᠎ᠠ ᠶᠢᠨ ᠳᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠲᠦᠯᠬᠢᠨ | ᠠᠬᠢᠭᠤᠯᠤᠨ᠎ᠠ | ︽ᠭᠤᠷᠪᠠ ᠶᠢ ᠪᠠᠭᠠᠰᠬᠠᠵᠤ᠂ ᠨᠢᠬᠡ ᠶᠢ ᠪᠠᠭᠤᠷᠠᠭᠤᠯᠤᠨ ᠨᠢᠬᠡ ᠶᠢ ᠨᠦᠬᠦᠪᠦᠷᠢᠯᠡᠬᠦ︾ ᠶᠢ ᠬᠦᠨᠵᠡᠬᠡᠢ | ᠲᠦᠯᠬᠢᠨ ᠠᠬᠢᠭᠤᠯᠵᠤ᠂ ᠲᠦᠷᠦᠯ ᠬᠤᠪᠢᠶᠠᠨ ᠵᠢᠯᠤᠭᠤᠳᠬᠤ ᠶᠢ ᠪᠠᠷᠢᠮᠳᠠᠯᠠᠵᠤ᠂ ᠬᠤᠳᠠ ᠶᠢᠨ ᠪᠠᠶᠢᠳᠠᠯ ᠭᠠᠵᠠᠷ | ᠤᠷᠤᠨ ᠤ ᠪᠠᠶᠢᠳᠠᠯ ᠳᠤ ᠳᠤᠬᠢᠷᠠᠭᠤᠯᠤᠨ ᠪᠤᠳᠤᠯᠭ᠎ᠠ ᠳᠤᠭᠳᠠᠭᠠᠵᠤ᠂ ᠡᠮᠬᠢ ᠳᠠᠷᠠᠭ᠎ᠠ ᠲᠠᠢ ᠪᠠᠷ ᠬᠡᠷ ᠬᠦᠷᠦᠩᠬᠡ | ᠶᠢᠨ ᠨᠦᠬᠡᠴᠡ ᠶᠢ ᠪᠠᠭᠠᠰᠬᠠᠵᠤ᠂ ᠪᠠᠶᠢᠭᠤᠯᠤᠭ᠎ᠠ ᠦᠬᠡᠢ ᠲᠦᠷᠦᠯ ᠵᠦᠢᠯ ᠤᠨ ᠬᠡᠷᠡᠭᠯᠡᠬᠡᠨ ᠤ ᠭᠠᠵᠠᠷ ᠲᠤ | ᠵᠤᠬᠢᠬᠤ ᠳᠤᠬᠢᠷᠠᠭᠤᠯᠤᠯᠳᠠ ᠬᠢᠵᠦ᠂ ︽ᠳᠤᠳᠠᠭᠤ ᠳᠤᠷᠭᠤᠨ︾ ᠢᠨᠵᠧᠨᠧᠷᠢᠩ ᠳᠤ ︽ᠨᠢᠬᠡ ᠠᠰᠠᠷ ᠲᠤ ᠨᠢᠬᠡ | ᠪᠤᠳᠤᠯᠭ᠎ᠠ︾ ᠬᠡᠷᠡᠭᠵᠢᠬᠦᠯᠬᠦ ᠵᠠᠷᠴᠢᠮ ᠢᠶᠠᠷ᠂ ᠡᠷᠳᠡ ᠡᠳᠦᠷ ᠠᠰᠢᠭᠯᠠᠯᠳᠠ ᠳᠤ ᠤᠷᠤᠬᠤ ᠳᠤ ᠨᠢ ᠨᠦᠬᠦᠴᠡᠯ | ᠪᠦᠷᠢᠯᠳᠦᠬᠦᠯᠵᠦ᠂ ᠠᠷᠭ᠎ᠠ ᠪᠦᠬᠦᠨ ᠢ ᠰᠦᠪᠡᠭᠴᠢᠯᠡᠨ᠂ ᠲᠦᠪ ᠬᠤᠳᠠ ᠳᠤᠭᠤᠷᠢᠭ ᠤᠨ ᠨᠤᠷᠠᠭᠠᠵᠤ ᠪᠠᠭᠤᠯᠭᠠᠭᠰᠠᠨ | ᠡᠷᠦᠬᠡ ᠶᠢ ᠲᠦᠪᠬᠢᠨᠡᠬᠦᠯᠬᠦ ᠠᠰᠠᠭᠤᠳᠠᠯ ᠢ ᠰᠢᠢᠳᠪᠦᠷᠢᠯᠡᠵᠦ᠂ ᠬᠡᠷ ᠬᠦᠷᠦᠩᠬᠡ ᠶᠢᠨ ᠨᠦᠬᠡᠴᠡ ᠶᠢ ᠬᠠᠰᠤᠬᠤ | ᠬᠢᠬᠡᠳ ᠪᠦᠷᠬᠡ ᠬᠡᠷ ᠤᠨ ᠤᠷᠤᠨ ᠤ ᠦᠬᠡᠴᠢᠯᠡᠯᠳᠡ ᠶᠢᠨ ᠠᠵᠢᠯ ᠢ ᠨᠢᠬᠡᠳᠦᠯᠳᠠᠢ ᠳᠤᠬᠢᠷᠠᠭᠤᠯᠤᠨ᠂ ᠪᠦᠷᠬᠡ ᠬᠡᠷ | ᠤᠨ ᠦᠬᠡᠷᠡᠴᠢᠯᠡᠯᠳᠡ ᠶᠢ 2.6 ᠲᠦᠮᠡᠨ ᠢᠵᠢ ᠳᠤ ᠬᠦᠷᠬᠡᠬᠦ ᠪᠠᠷ ᠴᠢᠷᠮᠠᠶᠢᠵᠤ᠂ ᠪᠦᠷᠬᠡ ᠬᠡᠷ ᠤᠨ | ᠦᠬᠡᠷᠡᠴᠢᠯᠡᠯᠳᠡ ᠶᠢᠨ ᠦᠷᠳᠡᠭᠴᠢᠯᠡᠨ ᠲᠦᠪᠬᠢᠨᠡᠬᠦᠯᠬᠦ ᠬᠠᠷᠢᠴᠠᠯ ᠢ 90% ᠠᠴᠠ ᠲᠡᠬᠡᠭᠰᠢ ᠳᠤ ᠬᠦᠷᠬᠡᠨ᠎ᠡ᠃ | ᠤᠯᠠᠨ ᠲᠦᠮᠡᠨ ᠤ ᠤᠷᠤᠨ ᠰᠠᠭᠤᠴᠠ ᠪᠠᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠡᠮᠵᠢᠵᠦ᠂ ᠵᠠᠪᠰᠢᠬᠤ ᠴᠢᠨᠠᠷᠳᠠᠢ | ᠪᠠᠷ ᠤᠷᠤᠨ ᠰᠠᠭᠤᠴᠠ ᠬᠤᠳᠠᠯᠳᠤᠨ ᠠᠪᠬᠤ ᠶᠢ ᠬᠤᠷᠢᠭᠯᠠᠨ᠎ᠠ᠃ ᠬᠡᠷ ᠬᠦᠷᠦᠩᠬᠡ ᠶᠢᠨ ᠦᠢᠯᠡᠰ ᠤᠨ ᠡᠷᠡᠬᠦᠯ | ᠬᠦᠭᠵᠢᠯᠳᠡ ᠶᠢ ᠵᠢᠯᠤᠭᠤᠳᠤᠨ᠂ ᠦᠩᠬᠡᠨ ᠳᠠᠯ᠎ᠠ ᠠᠴᠠ ᠨᠢ ᠪᠠ ᠦᠨᠳᠦᠰᠦᠨ ᠠᠴᠠ ᠨᠢ ᠵᠠᠰᠠᠬᠤ ᠶᠢ ᠪᠠᠷᠢᠮᠳᠠᠯᠠᠵᠤ | ᠂ ᠶᠡᠷᠦᠩᠬᠡᠶᠢᠯᠡᠭᠰᠡᠨ ᠪᠤᠳᠤᠯᠭ᠎ᠠ ᠶᠢ ᠬᠡᠷᠡᠭᠵᠢᠬᠦᠯᠥᠨ᠂ ᠠᠵᠤ ᠦᠢᠯᠡᠰ ᠤᠨ ᠭᠠᠶᠢᠯᠢ ᠰᠦᠢᠳᠬᠡᠯ ᠤᠨ ᠳᠠᠷᠤᠭᠠᠰᠤ | ᠬᠢᠬᠡᠳ ᠪᠡᠯᠡ ᠨᠡᠶᠢᠯᠡᠬᠦᠯᠥᠯᠳᠡ᠂ ᠬᠦᠮᠦᠨ ᠤ ᠬᠦᠴᠦ᠂ ᠡᠳ᠋ ᠪᠠᠷᠠᠭᠠᠨ ᠤ ᠬᠦᠢᠯᠬᠡᠬᠡ᠂ ᠭᠠᠵᠠᠷ ᠬᠡᠷᠡᠭᠯᠡᠭᠡ᠂ | ᠡᠨᠧᠷᠬᠢ ᠶᠢᠨ ᠬᠡᠷᠡᠭᠯᠡᠭᠡ᠂ ᠲᠦᠷᠢᠮ ᠤᠨ ᠴᠢᠨᠠᠷᠳᠠᠢ ᠠᠷᠠᠯᠵᠢᠶᠠᠨ ᠤ ᠪᠡᠶ᠎ᠡ ᠶᠢᠨ ᠦᠷᠳᠡᠭ ᠢ ᠤᠯᠠᠮ ᠨᠢᠬᠡ ᠠᠯᠬᠤᠮ | ᠪᠠᠭᠤᠷᠠᠭᠤᠯᠵᠤ᠂ ᠠᠵᠤ ᠦᠢᠯᠡᠰ ᠢ ᠵᠢᠯᠤᠭᠤᠳᠤᠨ᠂ ᠬᠠᠮᠢᠶᠠᠷᠤᠯᠳᠠ ᠬᠢᠬᠡᠳ ᠰᠢᠨᠡᠴᠢᠯᠡᠯᠳᠡ ᠶᠢ ᠴᠢᠩᠭᠠᠳᠬᠠᠬᠤ ᠪᠠᠷ | ᠳᠠᠮᠵᠢᠨ᠂ ᠪᠡᠶ᠎ᠡ ᠶᠢᠨ ᠦᠷᠳᠡᠭ ᠢ ᠪᠠᠭᠤᠷᠠᠭᠤᠯᠵᠤ᠂ ᠦᠷ᠎ᠡ ᠠᠰᠢᠭ ᠢ ᠲᠡᠬᠡᠭᠰᠢᠯᠡᠬᠦᠯᠥᠨ᠎ᠡ᠃ ᠬᠦᠭᠵᠢᠯᠳᠡ ᠶᠢᠨ | ᠳᠤᠳᠠᠭᠳᠠᠯ ᠢ ᠨᠦᠬᠦᠪᠦᠷᠢᠯᠡᠬᠦ ᠪᠠᠷ ᠪᠠᠷᠠᠬᠤ ᠦᠬᠡᠢ ᠮᠥᠨ ᠲᠦᠷᠢᠮ ᠤᠨ ᠳᠤᠳᠠᠭᠳᠠᠯ ᠢ ᠨᠦᠬᠦᠪᠦᠷᠢᠯᠡᠬᠦ ᠶᠢ | ᠪᠠᠷᠢᠮᠳᠠᠯᠠᠵᠤ᠂ ᠳᠤᠳᠠᠭᠳᠠᠯ ᠢ ᠨᠦᠬᠦᠪᠦᠷᠢᠯᠡᠬᠦ ᠭᠤᠤᠯᠳᠠᠯᠭ᠎ᠠ ᠲᠠᠢ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠦ᠂ | ᠰᠠᠭᠤᠷᠢ ᠲᠦᠬᠦᠬᠡᠷᠦᠮᠵᠢ᠂ ᠶᠠᠳᠠᠭᠤ ᠶᠢ ᠲᠡᠳᠬᠦᠬᠦ ᠰᠢᠪᠳᠤᠯᠤᠯᠳᠠ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠬᠤ᠂ ᠠᠷᠠᠳ ᠤᠨ ᠠᠮᠢᠳᠤᠷᠠᠯ᠂ ᠨᠡᠶᠢᠬᠡᠮ ᠤᠨ ᠦᠢᠯᠡᠰ ᠵᠡᠷᠬᠡ ᠬᠦᠷᠢᠶ᠎ᠡ ᠴᠠᠷ᠎ᠠ ᠳᠤ ᠰᠢᠪᠳᠤᠯᠤᠯᠳᠠ | ᠭᠠᠷᠭᠠᠬᠤ ᠪᠠᠷ ᠴᠢᠷᠮᠠᠶᠢᠨ᠎ᠠ᠃ ᠳᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠳᠠᠯ᠎ᠠ ᠶᠢᠨ ᠪᠦᠲᠦᠴᠡ | ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠬᠡᠢ ᠲᠦᠯᠬᠢᠨ ᠠᠬᠢᠭᠤᠯᠤᠨ᠎ᠠ᠃ | ᠰᠢᠯᠢᠳᠡᠭ ᠮᠠᠯ ᠳᠠᠷᠢᠶᠠᠯᠠᠩ ᠤᠨ ᠪᠦᠲᠦᠬᠡᠭᠳᠡᠬᠦᠨ ᠤ ᠪᠦᠲᠦᠮᠵᠢᠳᠠᠢ ᠬᠠᠩᠭᠠᠯᠭ᠎ᠠ ᠢ ᠦᠷᠬᠡᠳᠬᠡᠨ᠎ᠡ᠃ | ᠠᠷᠠᠳ ᠤᠯᠠᠨ ᠤ ᠳᠠᠷᠢᠶᠠᠯᠠᠩ ᠮᠠᠯ ᠤᠨ ᠦᠢᠯᠡᠳᠬᠦᠨ ᠤ ᠳᠠᠯ᠎ᠠ ᠪᠠᠷ ᠠᠮᠤᠷ ᠲᠦᠪᠰᠢᠨ ᠰᠠᠨᠠᠭ᠎ᠠ ᠠᠮᠤᠷ ᠪᠠᠶᠢᠬᠤ | ᠶᠢ ᠬᠠᠮᠤᠭ ᠠᠴᠠ ᠬᠠᠯᠠᠮᠵᠢᠯᠠᠵᠤ ᠪᠠᠶᠢᠭ᠎ᠠ ᠶᠢᠨ ᠳᠤᠭᠤᠷᠢᠨ ᠳᠤ᠂ ᠪᠠᠷᠢᠮᠵᠢᠶᠠᠵᠢᠭᠰᠠᠨ ᠦᠢᠯᠡᠳᠪᠦᠷᠢᠯᠡᠯ ᠤᠨ | ᠮᠡᠷᠬᠡᠵᠢᠯ ᠤᠨ ᠲᠦᠷᠢᠮ ᠢ ᠳᠤᠭᠳᠠᠭᠠᠨ ᠬᠡᠷᠡᠭᠵᠢᠬᠦᠯᠵᠦ᠂ ᠮᠠᠯ ᠳᠠᠷᠢᠶᠠᠯᠠᠩ ᠤᠨ ᠪᠦᠲᠦᠬᠡᠭᠳᠡᠬᠦᠨ ᠤ ᠴᠢᠨᠠᠷ | ᠴᠢᠨᠰᠠᠭ᠎ᠠ ᠠᠮᠤᠷ ᠲᠦᠪᠰᠢᠨ ᠤ ᠬᠠᠮᠢᠶᠠᠷᠤᠯᠳᠠ ᠢ ᠴᠢᠩᠭᠠᠳᠬᠠᠵᠤ᠂ ᠳᠠᠷᠢᠶᠠᠨ ᠭᠠᠵᠠᠷ ᠠᠴᠠ ᠬᠤᠭᠤᠯᠠᠨ ᠰᠢᠷᠡᠬᠡᠨ | ᠳᠤ ᠬᠦᠷᠳᠡᠯᠡᠬᠢ ᠰᠡᠷᠬᠡᠶᠢᠯᠡᠯᠳᠡ ᠶᠢᠨ ᠱᠤᠭᠤᠮ ᠪᠦᠷᠢ ᠶᠢ ᠪᠠᠳᠤ ᠰᠠᠬᠢᠨ᠎ᠠ᠃ ᠤᠯᠠᠭᠠᠨᠴᠠᠪ ᠤᠨ ᠤᠨᠴᠠᠯᠢᠭᠳᠤ | ᠨᠡᠷᠡᠲᠦ ᠲᠡᠮᠳᠡᠭ ᠢ ᠪᠤᠶᠢᠵᠢᠭᠤᠯᠵᠤ᠂ ︽ᠭᠤᠷᠪᠠᠨ ᠦᠢᠯᠡᠳᠬᠦᠨ ᠨᠢᠬᠡ ᠪᠠᠷᠢᠮᠵᠢᠶᠠᠨ︾ ᠤ ᠬᠡᠷᠡᠴᠢᠯᠡᠯᠳᠡ ᠶᠢᠨ | ᠳᠠᠯᠠᠪᠠᠢ ᠶᠢ 30 ᠲᠦᠮᠡᠨ ᠮᠤ᠋ ᠳᠤ ᠬᠦᠷᠬᠡᠵᠦ᠂ ᠦᠢᠯᠡᠳᠬᠦᠨ ᠢ 50 ᠳᠤ ᠬᠦᠷᠬᠡᠵᠦ᠂ ᠭᠠᠵᠠᠷ ᠵᠦᠢ ᠶᠢᠨ | ᠲᠡᠮᠳᠡᠭᠲᠦ ᠦᠢᠯᠡᠳᠬᠦᠨ ᠢ ᠬᠤᠶᠠᠷ ᠢ ᠰᠢᠨ᠎ᠡ ᠪᠠᠷ ᠨᠡᠮᠡᠭᠳᠡᠬᠦᠯᠵᠦ᠂ ᠮᠠᠯ ᠳᠠᠷᠢᠶᠠᠯᠠᠩ ᠤᠨ ᠪᠦᠲᠦᠬᠡᠭᠳᠡᠬᠦᠨ ᠤ | ᠪᠡᠬᠡᠵᠢᠩ ᠳᠤ ᠤᠷᠤᠬᠤ ᠪᠠᠶᠢᠴᠠᠭᠠᠯᠳᠠ ᠶᠢᠨ ᠤᠭᠳᠤᠪᠤᠷᠢ ᠬᠢᠬᠡᠳ ᠦᠷ᠎ᠡ ᠳ᠋ᠦᠩ ᠢ ᠬᠠᠷᠢᠯᠴᠠᠨ ᠵᠦᠪᠰᠢᠶᠡᠷᠡᠬᠦ ᠶᠢ | ᠪᠡᠶᠡᠯᠡᠬᠦᠯᠵᠦ᠂ ᠪᠡᠬᠡᠵᠢᠩ ᠳᠤ ᠰᠢᠭᠤᠳ ᠬᠠᠩᠭᠠᠬᠤ ᠶᠢ ᠤᠯᠠᠭᠠᠨᠴᠠᠪ ᠤᠨ ᠮᠠᠯ ᠳᠠᠷᠢᠶᠠᠯᠠᠩ ᠤᠨ ᠪᠦᠲᠦᠬᠡᠭᠳᠡᠬᠦᠨ ᠤ | ᠠᠯᠳᠠᠨ ᠦᠰᠦᠭᠲᠦ ᠫᠠᠶᠢᠰᠠ ᠪᠤᠯᠭᠠᠨ᠎ᠠ᠃ ︽ᠢᠨᠲ᠋ᠧᠷ ᠰᠦᠯᠵᠢᠶ᠎ᠡ + ᠪᠤᠬᠢᠷᠳᠤᠯ ᠦᠬᠡᠢ︾ ᠶᠢᠨ ᠦᠢᠯᠡᠰ ᠢ | ᠰᠠᠶᠢᠳᠤᠷ ᠠᠳᠬᠤᠵᠤ᠂ ᠡᠯᠧᠺᠲᠷᠦᠨ ᠬᠤᠳᠠᠯᠳᠤᠭᠠᠨ ᠤ ᠶᠠᠪᠤᠳᠠᠯ ᠢ ᠬᠦᠭᠵᠢᠬᠦᠯᠵᠦ᠂ ᠨᠢᠬᠡ ᠪᠦᠯᠥᠭ ᠳᠠᠷᠢᠶᠠᠯᠠᠩ | ᠮᠠᠯᠵᠢᠯ ᠤᠨ ᠦᠢᠯᠡᠰ ᠤᠨ ᠳᠠᠭᠠᠭᠤᠯᠬᠤ ᠠᠵᠤ ᠦᠢᠯᠡᠰ ᠢ ᠤᠷᠤᠭᠤᠯᠤᠨ᠂ ᠳᠠᠷᠢᠶᠠᠯᠠᠩ ᠮᠠᠯ ᠠᠵᠤ ᠠᠬᠤᠢ ᠶᠢᠨ | ᠪᠦᠲᠦᠬᠡᠭᠳᠡᠬᠦᠨ ᠤ ᠨᠠᠷᠢᠯᠢᠭ ᠬᠦᠨᠵᠡᠬᠡᠢ ᠪᠤᠯᠪᠠᠰᠤᠷᠠᠭᠤᠯᠤᠯᠳᠠ ᠶᠢᠨ ᠬᠢᠷᠢ ᠲᠦᠪᠰᠢᠨ ᠢ ᠲᠡᠬᠡᠭᠰᠢᠯᠡᠬᠦᠯᠵᠦ᠂ | ᠪᠤᠯᠪᠠᠰᠤᠷᠠᠭᠤᠯᠵᠤ᠂ ᠤᠯᠠᠷᠢᠭᠤᠯᠬᠤ ᠴᠢᠳᠠᠪᠤᠷᠢ ᠶᠢ 60% ᠤᠷᠴᠢᠮ ᠬᠦᠷᠬᠡᠨ᠎ᠡ᠃ ᠳᠤᠮᠳᠠᠳᠤ ᠤᠯᠤᠰ ᠤᠨ | ᠲᠦᠮᠦᠰᠦᠨ ᠭᠠᠷᠤᠯᠳᠠ ᠶᠢᠨ ᠲᠦᠪ ᠤᠨ ᠪᠠᠶᠢᠯᠳᠤᠬᠤ ᠪᠤᠳᠤᠯᠭ᠎ᠠ ᠶᠢᠨ ᠲᠦᠯᠥᠪᠵᠢᠬᠦᠯᠬᠡ ᠶᠢ ᠳᠤᠭᠳᠠᠭᠠᠬᠤ | ᠠᠵᠢᠯ ᠢ ᠪᠡᠶᠡᠯᠡᠬᠦᠯᠵᠦ᠂ ᠪᠤᠶᠢᠵᠢᠭᠤᠯᠤᠯᠳᠠ᠂ ᠪᠤᠯᠪᠠᠰᠤᠷᠠᠭᠤᠯᠤᠯᠳᠠ᠂ ᠨᠦᠬᠡᠴᠡᠯᠡᠬᠦ᠂ ᠪᠤᠷᠤᠯᠠᠭᠤᠯᠬᠤ ᠶᠢ ᠨᠢᠬᠡ | ᠴᠤᠭᠴᠠᠵᠢᠭᠤᠯᠤᠭᠰᠠᠨ ᠬᠡᠯᠬᠢᠶᠡᠰᠦ ᠶᠢ ᠪᠠᠶᠢᠭᠤᠯᠵᠤ᠂ ᠤᠯᠤᠰ ᠤᠨ ᠲᠡᠰ ᠤᠨ ᠦᠷ᠎ᠡ ᠲᠦᠮᠦᠰᠦᠨ ᠤ ᠴᠢᠨᠠᠷ | ᠴᠢᠨᠰᠠᠭᠠᠨ ᠤ ᠬᠢᠨᠠᠨ ᠬᠡᠮᠵᠢᠯᠳᠡ ᠪᠠᠶᠢᠴᠠᠭᠠᠯᠳᠠ ᠶᠢᠨ ᠲᠦᠪ ᠬᠢᠬᠡᠳ ᠲᠦᠮᠦᠰᠦᠨ ᠤ ᠲᠡᠷᠢᠬᠦᠨ ᠰᠠᠭᠤᠳᠠᠯᠳᠤ | ᠳᠤᠰᠬᠠᠢ ᠮᠡᠷᠬᠡᠵᠢᠯᠳᠡᠨ ᠤ ᠠᠵᠢᠯ ᠤᠨ ᠦᠷᠳᠡᠭᠡ ᠶᠢ ᠪᠠᠶᠢᠭᠤᠯᠵᠤ᠂ ᠦᠷ᠎ᠡ ᠬᠠᠩᠭᠠᠬᠤ ᠴᠢᠳᠠᠪᠦᠷᠢ ᠶᠢ 120 | ᠲᠦᠮᠡᠨ ᠳᠤᠨ ᠳᠤ ᠬᠦᠷᠬᠡᠨ᠎ᠡ︔ 160 ᠲᠦᠮᠡᠨ ᠳᠤᠨ ᠲᠦᠮᠦᠰᠦ ᠪᠤᠯᠪᠠᠰᠤᠷᠠᠭᠤᠯᠵᠤ ᠤᠯᠠᠷᠢᠭᠤᠯᠤᠨ᠂ ᠳᠤᠮᠤ | ᠬᠡᠯᠪᠡᠷᠢ ᠶᠢᠨ ᠤᠶᠤᠨᠳᠤ ᠬᠦᠮᠦᠷᠬᠡ 30 ᠲᠦᠮᠡᠨ ᠳᠤᠨ ᠰᠢᠨ᠎ᠡ ᠪᠠᠷ ᠨᠡᠮᠡᠭᠳᠡᠬᠦᠯᠥᠨ᠎ᠡ᠃ ᠬᠦᠢᠳᠡᠨ ᠰᠡᠷᠢᠬᠦᠨ | ᠤᠷᠤᠨ ᠤ ᠢᠳᠡᠰᠢᠨ ᠨᠤᠭᠤᠭᠠᠨ ᠤ ᠰᠠᠭᠤᠷᠢᠨ ᠭᠠᠵᠠᠷ ᠤᠨ ᠪᠠᠶᠢᠭᠤᠯᠤᠯᠳᠠ ᠶᠢ ᠴᠢᠩᠭᠠᠳᠬᠠᠵᠤ᠂ ᠳᠠᠯᠠᠪᠠᠢ ᠶᠢ | 90 ᠲᠦᠮᠡᠨ ᠮᠤ᠋ ᠪᠤᠯᠭᠠᠨ ᠦᠷᠬᠡᠳᠬᠡᠵᠦ᠂ ᠬᠦᠢᠳᠡᠨ ᠰᠡᠷᠢᠬᠦᠨ ᠤᠷᠤᠨ ᠤ ᠢᠳᠡᠰᠢᠨ ᠨᠤᠭᠤᠭᠠᠨ ᠤ ᠵᠦᠬᠡᠬᠡᠪᠦᠷᠢ | ᠶᠢᠨ ᠳᠤᠭᠳᠠᠯᠴᠠᠭ᠎ᠠ ᠶᠢ ᠲᠡᠬᠦᠯᠳᠡᠷᠵᠢᠬᠦᠯᠵᠦ᠂ ᠬᠦᠢᠳᠡᠨ ᠰᠡᠷᠢᠬᠦᠨ ᠤᠷᠤᠨ ᠤ ᠢᠳᠡᠰᠢᠨ ᠨᠤᠭᠤᠭᠠᠨ ᠤ ᠵᠠᠬ᠎ᠠ | ᠲᠡᠯᠬᠡᠬᠦᠷ ᠤᠨ ᠡᠵᠡᠯᠡᠬᠦ ᠨᠤᠷᠮ᠎ᠠ ᠶᠢ ᠦᠷᠬᠡᠳᠬᠡᠨ᠎ᠡ᠃ ᠨᠤᠬᠠᠢ ᠬᠤᠰᠢᠭᠤ ᠬᠤᠯᠢᠰᠢᠨ ᠠᠮᠤ ᠬᠤᠯᠢᠰᠢᠨ ᠪᠤᠷᠴᠠᠭ | ᠤᠨ ᠠᠵᠤ ᠦᠢᠯᠡᠰ ᠢ ᠪᠤᠵᠠᠭᠠᠶᠢᠷᠠᠭᠤᠯᠵᠤ᠂ ᠨᠤᠬᠠᠢ ᠶᠢᠨ ᠬᠤᠰᠢᠭᠤ ᠬᠤᠯᠢᠰᠢᠨ ᠠᠮᠤ ᠪᠤᠷᠴᠠᠭ ᠤᠨ ᠳᠠᠯᠠᠪᠠᠢ ᠶᠢ | 165 ᠲᠦᠮᠡᠨ ᠮᠤ᠋ ᠪᠤᠯᠭᠠᠨ ᠦᠷᠬᠡᠳᠬᠡᠵᠦ᠂ ᠨᠤᠬᠠᠢ ᠶᠢᠨ ᠬᠤᠰᠢᠭᠤ ᠶᠢᠨ ᠠᠵᠤ ᠦᠢᠯᠡᠰ ᠤᠨ ᠰᠠᠭᠤᠷᠢᠨ ᠭᠠᠵᠠᠷ | 4 ᠶᠢ ᠪᠠᠶᠢᠭᠤᠯᠵᠤ᠂ ᠨᠤᠬᠠᠢ ᠶᠢᠨ ᠬᠤᠰᠢᠭᠤᠨ ᠤ ᠰᠢᠷᠢᠰ ᠦᠢᠯᠡᠳᠬᠦᠨ ᠢ ᠨᠡᠬᠡᠬᠡᠵᠦ᠂ ︽ᠳᠤᠮᠳᠠᠳᠤ ᠶᠢᠨ | ᠨᠤᠬᠠᠢ ᠶᠢᠨ ᠬᠤᠰᠢᠭᠤ ᠶᠢᠨ ᠲᠦᠪ︾ ᠢ ᠭᠤᠶᠤᠴᠢᠯᠠᠨ ᠮᠡᠳᠡᠬᠦᠯᠥᠨᠡ᠃᠃ ᠵᠤᠯᠵᠠᠭ᠎ᠠ ᠪᠦᠷᠬᠦᠳ᠂ ᠳ᠋ᠡ ᠪᠸᠢ | ᠨᠦᠩ᠂ ᠰᠠᠶᠢᠨᠤ ᠵᠡᠷᠬᠡ ᠳᠤᠮᠤ ᠠᠵᠤ ᠠᠬᠤᠶᠢᠯᠠᠯ ᠤᠨ ᠳᠠᠶᠢᠴᠢᠯᠠᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ | ᠠᠮᠢᠳᠤ ᠭᠠᠭ᠋ᠠᠢ᠂ ᠮᠢᠬᠠᠨ ᠤ ᠳᠠᠬᠢᠶ᠎ᠠ᠂ ᠮᠢᠬᠠᠨ ᠤ ᠬᠤᠨᠢᠨ ᠤ ᠭᠠᠷᠭᠠᠯᠳᠠ ᠶᠢ ᠳᠤᠰ ᠪᠦᠷᠢ 300 ᠲᠦᠮᠡ᠂ | 1000 ᠲᠦᠮᠡ ᠪᠤᠶᠤ 1000 ᠲᠦᠮᠡ ᠳᠤ ᠬᠦᠷᠬᠡᠵᠦ᠂ ᠪᠦᠲᠦᠬᠡᠭᠳᠡᠬᠦᠨ ᠤ ᠳᠤᠰ ᠭᠠᠵᠠᠷ ᠢᠶᠠᠨ | ᠪᠤᠯᠪᠠᠰᠤᠷᠠᠭᠤᠯᠵᠤ ᠦᠷᠳᠡᠭ ᠨᠡᠮᠡᠭᠳᠡᠬᠦᠯᠬᠦ ᠶᠢ ᠠᠬᠢᠭᠤᠯᠤᠨ᠎ᠠ᠃ | ᠬᠦᠳᠡᠭᠡ ᠳᠤᠰᠬᠤᠨ ᠮᠠᠯᠵᠢᠬᠤ ᠤᠷᠤᠨ ᠤ ᠦᠮᠴᠢᠯᠡᠬᠦ ᠡᠷᠬᠡ ᠶᠢᠨ ᠲᠦᠷᠢᠮ ᠤᠨ ᠦᠬᠡᠷᠡᠴᠢᠯᠡᠯᠳᠡ ᠶᠢ | ᠬᠦᠨᠵᠡᠬᠡᠶᠢᠷᠡᠬᠦᠯᠥᠨ᠎ᠡ᠃ ᠭᠠᠵᠠᠷ ᠰᠢᠷᠦᠢ ᠪᠡᠯᠴᠢᠬᠡᠷ ᠤᠨ ᠡᠷᠬᠡ ᠶᠢ ᠳᠤᠳᠤᠯᠠᠨ ᠳᠠᠩᠰᠠᠯᠠᠵᠤ ᠬᠡᠷᠡᠴᠢ ᠦᠨᠡᠮᠯᠡᠯ | ᠤᠯᠭᠤᠬᠤ ᠠᠵᠢᠯ ᠢ ᠲᠦᠷᠬᠡᠳᠬᠡᠵᠦ᠂ ᠦᠮᠴᠢᠯᠡᠬᠦ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠵᠡᠷᠬᠡ ︽ | ᠭᠤᠷᠪᠠᠨ ᠡᠷᠬᠡ ᠶᠢ ᠰᠠᠯᠭᠠᠬᠤ︾ ᠶᠢ ᠡᠮᠬᠢ ᠴᠡᠭᠴᠡ ᠲᠠᠢ ᠲᠦᠯᠬᠢᠨ ᠠᠬᠢᠭᠤᠯᠵᠤ᠂ ᠰᠢᠶᠠᠨ ᠰᠢᠶᠠᠩ ᠤᠨ ᠭᠠᠵᠠᠷ | ᠰᠢᠷᠦᠢ ᠨᠤᠳᠤᠭ ᠪᠡᠯᠴᠢᠬᠡᠷ ᠤᠨ ᠡᠵᠡᠩᠨᠡᠯᠳᠡ ᠶᠢᠨ ᠡᠷᠬᠡ ᠶᠢᠨ ᠡᠷᠬᠢᠯᠳᠡ ᠶᠢᠨ ᠳᠠᠪᠴᠠᠩ ᠢ ᠴᠤᠭᠴᠠᠯᠠᠵᠤ᠂ | ᠳᠠᠷᠢᠶᠠᠴᠢᠨ ᠮᠠᠯᠴᠢᠳ ᠤᠨ ᠭᠠᠵᠠᠷ ᠰᠢᠷᠦᠢ ᠨᠤᠳᠤᠭ ᠪᠡᠯᠴᠢᠬᠡᠷ ᠢᠶᠠᠨ ᠡᠷᠬᠢᠯᠳᠡ ᠳᠤ ᠤᠷᠤᠭᠤᠯᠬᠤ᠂ ᠨᠠᠶᠢᠳᠠᠨ | ᠬᠠᠮᠢᠶᠠᠷᠤᠭᠤᠯᠬᠤ᠂ ᠬᠤᠪᠢ ᠤᠷᠤᠬᠤ ᠵᠡᠷᠬᠡ ᠤᠯᠠᠨ ᠵᠦᠢᠯ ᠤᠨ ᠬᠡᠯᠪᠡᠷᠢ ᠪᠠᠷ ᠵᠤᠬᠢᠬᠤ ᠬᠡᠮᠵᠢᠶᠡᠨ ᠤ | ᠬᠡᠪᠴᠢᠶᠡᠵᠢᠭᠰᠡᠨ ᠡᠵᠡᠩᠨᠡᠯᠳᠡ ᠶᠢ ᠬᠦᠭᠵᠢᠬᠦᠯᠬᠦ ᠶᠢ ᠵᠤᠷᠢᠭᠵᠢᠭᠤᠯᠤᠨ᠎ᠠ᠃ ᠵᠢᠯ ᠤᠨ ᠳᠤᠳᠤᠷ᠎ᠠ ᠡᠷᠬᠢᠯᠳᠡ ᠳᠤ | ᠤᠷᠤᠭᠤᠯᠬᠤ ᠭᠠᠵᠠᠷ ᠰᠢᠷᠦᠢ ᠶᠢᠨ ᠳᠠᠯᠠᠪᠠᠢ ᠶᠢ 100 ᠲᠦᠮᠡᠨ ᠮᠤ᠋ ᠳᠤ ᠬᠦᠷᠬᠡᠵᠦ᠂ ᠵᠢᠱᠢᠶ᠎ᠡ ᠦᠵᠡᠬᠦᠯᠬᠦ | ᠬᠤᠷᠰᠢᠶ᠎ᠠ 100 ᠶᠢ ᠪᠠᠶᠢᠭᠤᠯᠤᠨ᠂ ᠬᠡᠷ ᠪᠦᠯᠢ ᠶᠢᠨ ᠳᠠᠷᠢᠶᠠᠯᠠᠩ ᠮᠠᠯᠵᠢᠯ ᠤᠨ ᠳᠠᠯᠠᠪᠠᠢ ᠶᠢᠨ ᠵᠢᠱᠢᠶ᠎ᠡ | ᠦᠵᠡᠬᠦᠯᠬᠦ ᠡᠷᠦᠬᠡ 50 ᠶᠢ ᠪᠤᠶᠢᠵᠢᠭᠤᠯᠵᠤ᠂ ᠳᠠᠷᠢᠶᠠᠯᠠᠩ ᠠᠵᠤ ᠠᠬᠤᠶᠢᠯᠠᠯ ᠨᠢᠬᠳᠠ ᠬᠠᠮᠵᠢᠯᠴᠠᠬᠤ ᠬᠡᠯᠪᠡᠷᠢ ᠶᠢᠨ | ᠠᠰᠢᠭ ᠳᠤᠰᠠ ᠶᠢᠨ ᠬᠡᠯᠬᠢᠶᠡᠰᠦ ᠶᠢᠨ ᠬᠠᠷᠢᠴᠠᠯ ᠢ 48% ᠳᠤ ᠬᠦᠷᠬᠡᠨ᠎ᠡ᠃ | ︵ᠭᠤᠷᠪᠠ︶ ᠠᠵᠤ ᠦᠢᠯᠡᠳᠪᠦᠷᠢᠯᠡᠯ ᠢ ᠳᠤᠮᠳᠠ ᠲᠡᠬᠡᠲᠦ ᠱᠠᠳᠤ ᠵᠦᠭ ᠲᠦᠯᠬᠢᠨ ᠠᠬᠢᠭᠤᠯᠤᠨ᠎ᠠ᠃ ᠰᠢᠨ᠎ᠡ | ᠠᠨᠧᠷᠬᠢ ᠶᠢᠨ ᠠᠵᠤ ᠦᠯᠡᠰ ᠢ ᠶᠡᠬᠡᠪᠡᠷ ᠬᠦᠭᠵᠢᠬᠦᠯᠥᠨ᠎ᠡ | ᠤᠯᠤᠰ ᠤᠨ ︽ᠨᠠᠷᠠᠨ ᠤ ᠡᠨᠧᠷᠬᠢ ᠶᠢᠨ ᠳᠠᠭᠠᠭᠤᠯᠤᠭᠴᠢ ᠶᠢᠨ ᠲᠦᠯᠥᠪᠯᠡᠭᠡ︾ ᠬᠢᠬᠡᠳ ᠰᠢᠨ᠎ᠡ ᠡᠨᠧᠷᠬᠢ | ᠪᠠᠷ ᠨᠡᠬᠦᠷᠡᠰᠦ ᠶᠢ ᠤᠷᠤᠯᠠᠭᠤᠯᠵᠤ᠂ ᠡᠨᠧᠷᠬᠢ ᠠᠷᠪᠢᠯᠠᠬᠤ ᠲᠦᠷᠦ ᠶᠢᠨ ᠪᠤᠳᠤᠯᠭ᠎ᠠ ᠶᠢ ᠠᠳᠬᠤᠨ᠂ ᠠᠭᠤᠯᠠ | ᠠᠭᠤᠷᠬᠠᠢ ᠶᠢᠨ ᠶᠡᠷᠦᠩᠬᠡᠶᠢᠯᠡᠨ ᠵᠠᠰᠠᠯᠳᠠ ᠬᠢᠬᠡᠳ ᠤᠷᠤᠨ ᠪᠦᠰᠡ ᠶᠢᠨ ᠪᠢᠴᠢᠯ ᠴᠠᠬᠢᠯᠭᠠᠨ ᠳᠤᠤᠷ ᠤᠨ | ᠪᠠᠶᠢᠭᠤᠯᠤᠯᠳᠠ ᠲᠠᠢ ᠤᠶᠠᠯᠳᠤᠭᠤᠯᠵᠤ᠂ ᠨᠠᠷᠠᠨ ᠡᠨᠧᠷᠬᠢ ᠶᠢᠨ ᠳᠠᠷᠢᠶᠠᠯᠠᠩ ᠢ ᠬᠦᠭᠵᠢᠬᠦᠯᠥᠨ᠎ᠡ᠃ ᠨᠠᠷᠠᠨ ᠡᠨᠧᠷᠬᠢ | ᠶᠢᠨ ᠴᠠᠬᠢᠯᠭᠠᠨ ᠳᠤᠤᠷ ᠲᠤ ᠤᠷᠤᠭᠤᠯᠤᠨ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠶᠢ 50 ᠲᠦᠮᠡᠨ | ᠺᠢᠯᠤᠸᠠᠲ ᠳᠤ ᠬᠦᠷᠬᠡᠨ᠎ᠡ᠃ ᠵᠢᠢ ᠴᠢᠩ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ | 500 ᠲᠦᠮᠡᠨ ᠺᠢᠯᠤᠸᠠᠲ ᠶᠢᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠢ ᠪᠦᠲᠦᠬᠡᠨ ᠪᠠᠶᠢᠭᠤᠯᠵᠤ᠂ | 30 ᠲᠦᠮᠡᠨ ᠺᠢᠯᠤᠸᠠᠲ ᠶᠢᠨ ᠰᠠᠯᠬᠢᠨ ᠬᠦᠴᠦᠨ ᠤ ᠴᠠᠬᠢᠯᠭᠠᠨ ᠤ ᠳᠤᠯᠠᠭᠠᠯᠠᠮᠵᠢ ᠬᠠᠩᠭᠠᠬᠤ ᠲᠦᠷᠦᠯ ᠵᠦᠢᠯ ᠢ | ᠪᠠᠶᠢᠭᠤᠯᠤᠨ᠎ᠠ᠃ ᠰᠠᠯᠬᠢᠨ ᠬᠦᠴᠦᠨ ᠤ ᠴᠠᠬᠢᠯᠭᠠᠨ ᠤ ᠳᠤᠤᠷ ᠲᠤ ᠨᠡᠶᠢᠯᠡᠬᠦᠯᠥᠨ ᠴᠠᠬᠢᠯᠭᠠᠨ ᠭᠠᠷᠭᠠᠬᠤ ᠮᠠᠰᠢᠨ | ᠴᠤᠭᠴᠠᠯᠠᠪᠤᠷᠢ ᠶᠢ 230 ᠲᠦᠮᠡᠨ ᠺᠢᠯᠤᠸᠠᠲ ᠰᠢᠨ᠎ᠡ ᠪᠠᠷ ᠨᠡᠮᠡᠭᠳᠡᠬᠦᠯᠥᠨ᠎ᠡ᠃ ᠱᠠᠨᠰᠢ ᠪᠡᠬᠡᠵᠢᠩ ᠤᠨ ᠲᠦᠷᠪᠡᠨ | ᠱᠤᠭᠤᠮ ᠬᠢᠬᠡᠳ ᠪᠠᠷᠠᠭᠤᠨ ᠤᠷᠤᠨ ᠤ ᠪᠠᠶᠢᠭᠠᠯᠢ ᠶᠢᠨ ᠰᠢᠳᠠᠮᠠᠬᠠᠢ ᠬᠡᠢ ᠶᠢᠨ ᠭᠤᠤᠷᠰᠤᠨ ᠳᠤᠤᠷ ᠮᠠᠨ ᠤ ᠬᠤᠳᠠ | ᠶᠢᠨ ᠬᠢᠯᠢ ᠪᠠᠷ ᠦᠩᠬᠡᠷᠡᠵᠦ ᠪᠠᠶᠢᠭ᠎ᠠ ᠠᠰᠢᠭᠳᠠᠢ ᠨᠦᠬᠦᠴᠡᠯ ᠢ ᠬᠦᠢᠴᠡᠳ ᠠᠰᠢᠭᠯᠠᠨ᠂ ᠨᠢᠬᠡ ᠪᠦᠯᠥᠭ | ᠪᠤᠯᠪᠠᠰᠤᠷᠠᠭᠤᠯᠵᠤ ᠠᠰᠢᠭᠯᠠᠬᠤ ᠲᠦᠷᠦᠯ ᠵᠦᠢᠯ ᠢ ᠪᠦᠲᠦᠬᠡᠨ ᠪᠠᠶᠢᠭᠤᠯᠵᠤ᠂ ᠡᠳᠦᠷ ᠤᠨ ᠰᠢᠢᠳᠪᠦᠷᠢᠯᠡᠬᠦ ᠴᠢᠳᠠᠪᠦᠷᠢ | ᠶᠢ 500 ᠲᠦᠮᠡᠨ ᠺᠦᠪ ᠮᠧᠲᠷ ᠲᠤ ᠬᠦᠷᠬᠡᠨ᠎ᠡ᠃ | ᠶᠡᠭᠡ ᠳ᠋ᠠᠶᠢᠲ᠋ᠠ ᠶᠢᠨ ᠠᠵᠤ ᠦᠢᠯᠡᠰ ᠤᠨ ᠬᠦᠭᠵᠢᠯᠳᠡ ᠶᠢ ᠲᠦᠷᠬᠡᠳᠬᠡᠨ᠎ᠡ᠃ ᠦᠪᠦᠷ ᠮᠤᠩᠭᠤᠯ ᠤᠨ ︽ᠤᠯᠤᠰ | ᠤᠨ ᠲᠡᠰ ᠤᠨ ᠶᠡᠭᠡ ᠳ᠋ᠠᠶᠢᠲ᠋ᠠ ᠶᠢᠨ ᠰᠠᠭᠤᠷᠢ ᠲᠦᠬᠦᠬᠡᠷᠦᠮᠵᠢ ᠶᠢ ᠨᠢᠬᠡᠳᠦᠯᠳᠠᠢ ᠳᠤᠬᠢᠷᠠᠭᠤᠯᠤᠨ ᠬᠦᠭᠵᠢᠬᠦᠯᠬᠦ | ᠶᠡᠷᠦᠩᠬᠡᠢ ᠳᠤᠷᠰᠢᠯᠳᠠ ᠶᠢᠨ ᠤᠷᠤᠨ︾ ᠢᠶᠠᠷ ᠵᠦᠪᠰᠢᠶᠡᠷᠡᠭᠳᠡᠭᠰᠡᠨ ᠳᠤᠬᠢᠶᠠᠯ ᠢ ᠠᠳᠬᠤᠨ᠂ ᠶᠡᠭᠡ ᠳ᠋ᠠᠶᠢᠲ᠋ᠠ ᠶᠢᠨ | ᠳᠤᠮᠤ ᠰᠦᠯᠵᠢᠶᠡᠨ ᠪᠤᠳᠤᠯᠭ᠎ᠠ ᠶᠢᠨ ᠠᠵᠤ ᠦᠢᠯᠡᠰ ᠤᠨ ᠬᠦᠭᠵᠢᠯᠳᠡ ᠶᠢᠨ ᠲᠦᠯᠥᠪᠵᠢᠬᠦᠯᠬᠡ ᠬᠢᠬᠡᠳ ᠲᠦᠷᠦ | ᠶᠢᠨ ᠪᠤᠳᠤᠯᠭ᠎ᠠ ᠶᠢᠨ ᠳᠤᠭᠳᠠᠯᠴᠠᠭ᠎ᠠ ᠶᠢ ᠪᠠᠶᠢᠭᠤᠯᠤᠨ᠎ᠠ︔ ᠬᠤᠸᠠ ᠸᠧᠢ ᠳ᠋ᠠᠶᠢᠲ᠋ᠠ ᠶᠢᠨ ᠲᠦᠪ ᠤᠨ | ᠬᠤᠶᠠᠳᠤᠭᠠᠷ ᠬᠤᠭᠤᠴᠠᠭᠠᠨ ᠤ ᠪᠦᠲᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠦᠢᠯᠡᠴᠢᠯᠡᠬᠡᠨ ᠤ | ᠪᠠᠭᠠᠵᠢ 10 ᠲᠦᠮᠡᠨ ᠰᠠᠭᠤᠷᠢ ᠰᠢᠨ᠎ᠡ ᠪᠠᠷ ᠨᠡᠮᠡᠭᠳᠡᠬᠦᠯᠥᠨ᠎ᠡ᠃ ᠳᠠᠭᠤᠳᠠᠭᠤᠷ ᠢ ᠭᠠᠳᠠᠭᠰᠢ ᠳᠠᠭᠠᠭᠠᠴᠢᠯᠠᠭᠤᠯᠬᠤ | ᠳᠤᠬᠠᠶᠢᠯᠠᠭᠰᠠᠨ ᠠᠵᠢᠯ ᠢ ᠶᠡᠬᠡᠪᠡᠷ ᠬᠦᠭᠵᠢᠬᠦᠯᠥᠨ᠂ ᠠᠩᠬᠠᠳᠠᠭᠴᠢ ᠮᠤᠩᠭᠤᠯ ᠳᠠᠭᠤᠳᠠᠭᠤᠷ ᠤᠨ ᠲᠦᠪ ᠢ | ᠪᠠᠶᠢᠭᠤᠯᠵᠤ᠂ ᠭᠠᠳᠠᠭᠰᠢ ᠳᠠᠭᠠᠭᠠᠴᠢᠯᠠᠭᠤᠯᠬᠤ ᠳᠠᠭᠤᠳᠠᠭᠤᠷ ᠤᠨ ᠰᠠᠭᠤᠳᠠᠯ ᠤᠨ ᠬᠡᠮᠵᠢᠶ᠎ᠡ ᠶᠢ ᠲᠦᠮᠡ ᠳᠤ | ᠬᠦᠷᠬᠡᠨ᠎ᠡ︔ ᠪᠦᠬᠦ ᠬᠤᠳᠠ ᠶᠢᠨ ᠨᠢᠬᠡᠳᠦᠯᠳᠠᠢ ᠶᠡᠭᠡ ᠳ᠋ᠠᠶᠢᠲ᠋ᠠ ᠶᠢᠨ ᠤᠯᠠᠨ ᠨᠡᠶᠢᠳᠡ ᠶᠢᠨ ᠦᠢᠯᠡᠴᠢᠯᠡᠬᠡᠨ ᠤ | ᠳᠠᠪᠴᠠᠩ ᠤᠨ ᠪᠠᠶᠢᠭᠤᠯᠤᠯᠳᠠ ᠶᠢ ᠲᠦᠷᠬᠡᠳᠬᠡᠵᠦ᠂ ᠡᠯ᠎ᠡ ᠱᠠᠳᠤᠨ ᠤ ᠵᠠᠰᠠᠭ ᠤᠨ ᠤᠷᠳᠤᠨ᠂ ᠡᠯ᠎ᠡ ᠰᠠᠯᠠᠭ᠎ᠠ | ᠮᠥᠴᠢᠷ᠂ ᠡᠯ᠎ᠡ ᠪᠠᠶᠢᠭᠤᠯᠭ᠎ᠠ ᠨᠢᠬᠡᠴᠡ ᠪᠠᠷ ᠳᠠᠷᠬᠠᠵᠤ ᠪᠠᠶᠢᠭ᠎ᠠ ᠮᠡᠳᠡᠭᠡ ᠵᠠᠩᠬᠢ ᠶᠢᠨ ᠳᠠᠪᠴᠠᠩ ᠢ ᠨᠡᠶᠢᠯᠡᠬᠦᠯᠵᠦ᠂ | ᠡᠯᠧᠺᠲᠷᠦᠨ ᠵᠠᠰᠠᠭ ᠤᠨ ᠶᠠᠪᠤᠳᠠᠯ ᠤᠨ ᠬᠠᠮᠳᠤᠷᠡᠨ ᠠᠯᠪᠠᠯᠠᠬᠤ ᠰᠢᠰᠲ᠋ᠧᠮ ᠢ ᠪᠠᠶᠢᠭᠤᠯᠤᠨ᠎ᠠ᠃ ᠡᠮ ᠡᠮᠨᠡᠯᠬᠡ ᠶᠢᠨ | ᠰᠦᠯᠵᠢᠶ᠎ᠡ᠂ ᠰᠤᠷᠭᠠᠨ ᠬᠦᠮᠦᠵᠢᠯ ᠤᠨ ᠰᠦᠯᠵᠢᠶ᠎ᠡ᠂ ᠤᠷᠴᠢᠨ ᠳᠤᠭᠤᠷᠢᠨ ᠤ ᠰᠦᠯᠵᠢᠶ᠎ᠡ ᠬᠢᠬᠡᠳ ᠤᠶᠤᠳᠤ | ᠠᠶᠠᠯᠠᠯ ᠵᠢᠭᠤᠯᠴᠢᠯᠠᠯ᠂ ᠤᠶᠤᠳᠤ ᠨᠡᠶᠢᠬᠡᠮ ᠳᠤᠭᠤᠷᠢᠭ᠂ ᠤᠶᠤᠳᠤ ᠨᠡᠶᠢᠬᠡᠮ ᠳᠤᠭᠤᠷᠢᠭ᠂ ᠤᠶᠤᠳᠤ ᠬᠤᠳᠠ ᠶᠢᠨ | ᠬᠠᠮᠢᠶᠠᠷᠤᠯᠳᠠ᠂ ᠤᠶᠤᠳᠤ ᠵᠠᠮ ᠨᠡᠪᠳᠡᠷᠡᠯᠬᠡ ᠵᠡᠷᠬᠡ ᠶᠢ ᠪᠠᠶᠢᠭᠤᠯᠵᠤ᠂ ᠶᠡᠭᠡ ᠤᠶᠤᠳᠤ ᠳᠤᠮᠤ ᠰᠦᠯᠵᠢᠶ᠎ᠡ ᠶᠢᠨ ᠠᠮᠢ | ᠠᠬᠤᠢ ᠶᠢᠨ ᠴᠠᠭᠠᠷᠢᠭ ᠢ ᠪᠠᠶᠢᠭᠤᠯᠵᠤ᠂ ᠶᠡᠭᠡ ᠳ᠋ᠠᠶᠢᠲ᠋ᠠ ᠶᠢᠨ ᠵᠠᠰᠠᠭ ᠤᠨ ᠬᠡᠷᠡᠭᠯᠡᠭᠡ᠂ ᠬᠤᠳᠠᠯᠳᠤᠭᠠᠨ ᠤ | ᠬᠡᠷᠡᠭᠯᠡᠭᠡ᠂ ᠠᠷᠠᠳ ᠤᠨ ᠬᠡᠷᠡᠭᠯᠡᠭᠡ ᠵᠡᠷᠬᠡ ᠡᠯ᠎ᠡ ᠬᠦᠷᠢᠶ᠎ᠡ ᠴᠠᠷ᠎ᠠ ᠳᠠᠬᠢ ᠬᠡᠷᠡᠭᠯᠡᠭᠡ ᠶᠢ ᠲᠦᠯᠬᠢᠨ ᠠᠬᠢᠭᠤᠯᠵᠤ᠂ | ᠤᠯᠤᠰ ᠤᠨ ᠤᠶᠤᠳᠤ ᠬᠤᠳᠠ ᠶᠢᠨ ᠳᠤᠷᠰᠢᠯᠳᠠ ᠶᠢᠨ ᠴᠢᠭ᠋ ᠤᠨ ᠵᠢᠱᠢᠶ᠎ᠡ ᠦᠵᠡᠬᠦᠯᠬᠦ ᠬᠤᠳᠠ ᠶᠢ ᠪᠠᠶᠢᠭᠤᠯᠬᠤ | ᠪᠠᠷ ᠴᠢᠷᠮᠠᠶᠢᠨ᠎ᠠ᠃ | ᠪᠠᠯ ᠴᠢᠯᠠᠭᠤᠨ ᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠦᠬᠦ ᠳᠠᠯ᠎ᠠ ᠪᠠᠷ ᠲᠡᠬᠡᠭᠰᠢᠯᠡᠬᠦᠯᠥᠨ᠎ᠡ᠃ | ᠴᠢᠨᠬᠤᠸᠠ ᠶᠡᠭᠡ ᠰᠤᠷᠭᠠᠭᠤᠯᠢ ᠯᠤᠭ᠎ᠠ ᠶᠢᠨ ᠬᠠᠮᠵᠢᠯᠴᠠᠭ᠎ᠠ ᠪᠠᠨ ᠬᠦᠨᠵᠡᠬᠡᠶᠢᠷᠡᠬᠦᠯᠵᠦ᠂ ᠤᠯᠠᠭᠠᠨᠴᠠᠪ ᠤᠨ ᠪᠠᠯ | ᠴᠢᠯᠠᠭᠤᠨ ᠤ ᠰᠢᠨ᠎ᠡ ᠮᠠᠲ᠋ᠧᠷᠢᠶᠠᠯ ᠤᠨ ᠰᠢᠨ᠎ᠡ ᠶᠢ ᠡᠬᠦᠳᠬᠦ ᠰᠤᠳᠤᠯᠤᠨ ᠨᠡᠬᠡᠬᠡᠬᠦ ᠲᠦᠪ ᠤᠨ ᠦᠢᠯᠡᠳᠦᠯ ᠢ | ᠪᠠᠳᠠᠷᠠᠭᠤᠯᠵᠤ᠂ ᠪᠠᠯ ᠴᠢᠯᠠᠭᠤᠨ ᠤ ᠰᠢᠨ᠎ᠡ ᠦᠢᠯᠡᠳᠬᠦᠨ ᠤ ᠰᠤᠳᠤᠯᠤᠨ ᠨᠡᠬᠡᠬᠡᠯᠳᠡ ᠬᠢᠬᠡᠳ ᠬᠡᠷᠡᠭᠯᠡᠬᠡᠨ ᠤ | ᠰᠤᠳᠤᠯᠤᠯᠭ᠎ᠠ ᠶᠢ ᠴᠢᠩᠭᠠᠳᠬᠠᠵᠤ᠂ ᠪᠠᠯ ᠴᠢᠯᠠᠭᠤ ᠠᠯᠺᠧᠨ ᠵᠡᠷᠬᠡ ᠲᠡᠬᠡᠲᠦ ᠰᠢᠨ᠎ᠡ ᠮᠠᠲ᠋ᠧᠷᠢᠶᠠᠯ ᠤᠨ | ᠦᠢᠯᠡᠳᠪᠦᠷᠢᠯᠡᠯ ᠤᠨ ᠬᠡᠪᠴᠢᠶ᠎ᠡ ᠶᠢ ᠦᠷᠬᠡᠳᠬᠡᠵᠦ᠂ ᠷᠦᠢ ᠱᠧᠩ ᠪᠠᠯ ᠴᠢᠯᠠᠭᠤᠨ ᠤ ᠬᠦᠷᠢᠶᠡᠯᠡᠩ ᠵᠡᠷᠬᠡ ᠲᠦᠷᠦᠯ | ᠵᠦᠢᠯ ᠤᠨ ᠪᠦᠲᠦᠬᠡᠨ ᠪᠠᠶᠢᠭᠤᠯᠤᠯᠳᠠ ᠶᠢ ᠠᠬᠢᠭᠤᠯᠵᠤ᠂ ᠦᠪᠡᠷᠳᠡᠬᠡᠨ ᠵᠠᠰᠠᠬᠤ ᠤᠷᠤᠨ ᠤ ᠲᠡᠰ ᠤᠨ ᠪᠠᠯ | ᠴᠢᠯᠠᠭᠤᠨ ᠤ ᠰᠢᠯᠭᠠᠨ ᠪᠠᠶᠢᠴᠠᠭᠠᠯᠳᠠ ᠬᠡᠮᠵᠢᠨ ᠪᠠᠶᠢᠴᠠᠭᠠᠯᠳᠠ ᠶᠢᠨ ᠲᠦᠪ ᠬᠢᠬᠡᠳ ᠯᠢᠲ᠋ᠢ ᠢᠶᠤᠨ ᠤ ᠴᠠᠬᠢᠯᠭᠠᠨ | ᠵᠠᠢ ᠶᠢᠨ ᠡᠶᠡᠷᠬᠦ ᠰᠦᠬᠡᠷᠬᠦ ᠳᠤᠶᠢᠯ ᠤᠨ ᠮᠠᠲᠷᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠠᠶᠢᠭᠤᠯᠤᠨ᠎ᠠ︔ ᠰᠢᠨ᠎ᠡ ᠡᠨᠧᠷᠬᠢ ᠶᠢᠨ ᠴᠠᠬᠢᠯᠭᠠᠨ ᠵᠠᠢ ᠶᠢᠨ ᠲᠦᠷᠦᠯ ᠵᠦᠢᠯ ᠢ ᠢᠳᠡᠪᠬᠢᠳᠠᠢ ᠤᠷᠤᠭᠤᠯᠤᠨ | ᠬᠦᠭᠵᠢᠬᠦᠯᠥᠨ᠎ᠡ︔ ᠦᠵᠦᠬᠦᠷ ᠬᠢᠮᠢ ᠶᠢᠨ ᠠᠵᠤ ᠦᠢᠯᠡᠰ ᠤᠨ ᠬᠦᠭᠵᠢᠯᠳᠡ ᠶᠢ ᠪᠦᠬᠦ ᠳᠠᠯ᠎ᠠ ᠪᠠᠷ ᠠᠬᠢᠭᠤᠯᠤᠨ᠎ᠠ᠃ | ᠹᠯᠤᠷᠲᠦ ᠬᠢᠮᠢ ᠶᠢᠨ ᠠᠵᠤ ᠦᠢᠯᠡᠳᠪᠦᠷᠢᠯᠡᠯ ᠨᠢ PVA᠂ PVC᠂ ᠵᠤᠳᠠᠩ ᠬᠡᠯᠪᠡᠷᠢ ᠲᠠᠢ ᠮᠤᠳᠤᠨ ᠤ | ᠳᠠᠪᠠᠷᠬᠠᠢ ᠵᠡᠷᠬᠡ ᠳᠤᠮᠳᠠ ᠲᠡᠬᠡᠲᠦ ᠵᠡᠷᠬᠡ ᠶᠢᠨ ᠦᠢᠯᠡᠳᠬᠦᠨ ᠤ ᠦᠢᠯᠡᠳᠪᠦᠷᠢᠯᠡᠯ ᠤᠨ ᠴᠢᠳᠠᠪᠦᠷᠢ ᠶᠢ | ᠦᠷᠬᠡᠳᠬᠡᠵᠦ᠂ ᠵᠦᠩ ᠯᠢᠶᠠᠨ ᠱᠦᠢᠨᠢ ᠬᠢᠬᠡᠳ ᠴᠠᠬᠢᠯᠠᠭᠤᠷ ᠴᠢᠯᠠᠭᠤᠨ ᠤ ᠠᠵᠤ ᠠᠬᠤᠶᠢᠯᠠᠯ ᠲᠠᠢ ᠤᠷᠴᠢᠯᠲᠦ ᠠᠵᠤ | ᠠᠬᠤᠢ ᠶᠢ ᠬᠦᠭᠵᠢᠬᠦᠯᠵᠦ᠂ ᠹᠯᠤᠷᠳᠤ ᠬᠢᠮᠢ ᠶᠢᠨ ᠦᠢᠯᠡᠳᠪᠦᠷᠢᠯᠡᠯ ᠨᠢ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠲᠠᠢ ᠬᠠᠮᠵᠢᠯᠴᠠᠭ᠎ᠠ ᠪᠠᠨ ᠴᠢᠩᠭᠠᠳᠬᠠᠵᠤ᠂ ᠹᠯᠤᠷ ᠤᠨ ᠨᠡᠶᠢᠯᠡᠮᠡᠯ ᠪᠤᠳᠠᠰ ᠵᠢᠴᠢ ᠲᠡᠬᠦᠨ ᠤ | ᠪᠦᠲᠦᠬᠡᠭᠳᠡᠬᠦᠨ᠂ ᠹᠯᠤᠷᠳᠤ ᠨᠠᠷᠢᠯᠢᠭ ᠪᠦᠲᠦᠬᠡᠭᠳᠡᠬᠦᠨ ᠬᠢᠬᠡᠳ ᠦᠨᠳᠦᠷ ᠴᠢᠳᠠᠪᠬᠢᠳᠤ ᠹᠯᠤᠷᠳᠤ ᠭᠤᠮ ᠵᠡᠷᠬᠡ ᠰᠢᠷᠢᠰ | ᠦᠢᠯᠡᠳᠬᠦᠨ ᠢ ᠨᠡᠬᠡᠬᠡᠵᠦ᠂ ᠱᠠᠩᠬᠠᠢ ᠶᠢᠨ ᠰᠠᠨ ᠠᠢ ᠹᠦ᠋ ᠶᠢᠨ ᠰᠤᠳᠤᠯᠤᠯᠭ᠎ᠠ ᠬᠢᠬᠡᠳ ᠨᠠᠷᠢᠯᠢᠭ | ᠪᠤᠯᠪᠠᠰᠤᠷᠠᠭᠤᠯᠤᠯᠳᠠ ᠪᠠᠨ ᠮᠠᠨ ᠤ ᠬᠤᠳᠠ ᠳᠤ ᠪᠦᠬᠦᠯᠢ ᠴᠤᠭᠴᠠ ᠪᠠᠷ ᠨᠢ ᠰᠢᠯᠵᠢᠬᠦᠯᠬᠦ ᠶᠢ ᠲᠡᠮᠵᠢᠵᠦ᠂ ᠹᠯᠤᠷᠳᠤ | ᠬᠢᠮᠢ ᠶᠢᠨ ᠠᠵᠤ ᠦᠢᠯᠡᠰ ᠤᠨ ᠬᠡᠯᠬᠢᠶᠡᠰᠦ ᠶᠢ ᠴᠤᠭᠴᠠᠯᠠᠬᠤ ᠪᠠᠷ ᠬᠦᠴᠦᠯᠡᠨ ᠴᠢᠷᠮᠠᠶᠢᠨ᠎ᠠ᠃ ᠬᠠᠶᠢᠯᠤᠰᠢ ᠶᠢᠨ | ᠠᠵᠤ ᠦᠢᠯᠡᠰ ᠢ ᠬᠦᠭᠵᠢᠬᠦᠯᠥᠨ ᠪᠤᠵᠠᠭᠠᠶᠢᠷᠠᠭᠤᠯᠤᠨ᠎ᠠ᠃ ᠬᠢᠷᠢᠨ ᠤ ᠬᠠᠶᠢᠯᠤᠰᠢ ᠵᠡᠷᠬᠡ ᠲᠦᠷᠦᠯ ᠵᠦᠢᠯ ᠤᠨ | ᠪᠦᠲᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠦᠢᠯᠡᠳᠬᠦᠨ ᠤ ᠬᠡᠯᠬᠢᠶᠡᠰᠦ ᠶᠢ ᠰᠤᠩᠭᠠᠨ᠂ ᠨᠢᠬᠳᠠᠷᠠᠯ | ᠬᠤᠷᠠᠯᠳᠤᠯ ᠤᠨ ᠦᠷ᠎ᠡ ᠨᠦᠯᠥᠬᠡ ᠶᠢ ᠪᠤᠢ ᠪᠤᠯᠭᠠᠵᠤ᠂ ᠦᠢᠯᠡᠳᠬᠦᠨ ᠤ ᠴᠢᠳᠠᠪᠬᠢ ᠶᠢ 700 ᠲᠦᠮᠡᠨ ᠳᠤᠨ | ᠠᠴᠠ ᠲᠡᠬᠡᠭᠰᠢ ᠳᠤ ᠬᠦᠷᠬᠡᠵᠦ᠂ ᠪᠦᠬᠦ ᠤᠯᠤᠰ ᠤᠨ ᠬᠠᠮᠤᠭ ᠶᠡᠭᠡ ᠪᠤᠬᠢᠷᠳᠤᠯ ᠦᠬᠡᠢ ᠤᠷᠴᠢᠨ ᠳᠤᠭᠤᠷᠢᠨ ᠢ | ᠬᠠᠮᠠᠭᠠᠯᠠᠬᠤ ᠬᠦᠳᠡᠷ ᠤᠨ ᠬᠠᠶᠢᠯᠤᠰᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠦᠲᠦᠬᠡᠨ ᠪᠠᠶᠢᠭᠤᠯᠤᠨ᠎ᠠ᠃ | | ︵ᠲᠦᠷᠪᠡ︶ ᠤᠳᠤ ᠦᠶ᠎ᠡ ᠶᠢᠨ ᠦᠢᠯᠡᠴᠢᠯᠡᠬᠡᠨ ᠤ ᠦᠢᠯᠡᠰ ᠢ ᠬᠦᠭᠵᠢᠬᠦᠯᠥᠨ ᠪᠤᠵᠠᠭᠠᠶᠢᠷᠠᠭᠤᠯᠤᠨ᠎ᠠ᠃ ︽ | ᠪᠤᠳᠠᠰ ᠤᠨ ᠬᠦᠢᠯᠬᠡᠬᠡᠨ ᠦᠢᠯᠡᠰ +︾ ᠢ ᠶᠡᠬᠡᠪᠡᠷ ᠬᠦᠭᠵᠢᠬᠦᠯᠥᠨ᠎ᠡ | ᠤᠷᠤᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠤᠳᠤ ᠦᠶ᠎ᠡ | ᠶᠢᠨ ᠪᠤᠳᠠᠰ ᠤᠨ ᠬᠦᠢᠯᠬᠡᠬᠡᠨ ᠤ ᠦᠢᠯᠡᠰ ᠢ ᠲᠦᠷᠬᠡᠳᠬᠡᠨ ᠲᠦᠯᠬᠢᠨ ᠠᠬᠢᠭᠤᠯᠤᠨ᠎ᠠ᠃ ᠳᠤᠯᠤᠳᠤᠭᠠᠷ ᠰᠤᠮᠤ | ᠶᠢᠨ ᠳᠤᠮᠳᠠ ᠡᠸᠦ᠋ᠷᠦᠫᠠ ᠶᠢᠨ ᠡᠬᠡᠯᠵᠢ ᠶᠢᠨ ᠭᠠᠯᠳᠤ ᠲᠡᠷᠬᠡᠨ ᠤ ᠪᠤᠳᠠᠰ ᠤᠨ ᠬᠦᠢᠯᠬᠡᠬᠡᠨ ᠤ ᠰᠠᠭᠤᠷᠢᠨ ᠢ | ᠪᠦᠲᠦᠬᠡᠨ ᠪᠠᠶᠢᠭᠤᠯᠵᠤ᠂ ᠳᠤᠮᠳᠠ ᠡᠸᠦ᠋ᠷᠦᠫᠠ ᠶᠢᠨ ᠡᠬᠡᠯᠵᠢ ᠶᠢᠨ ᠭᠠᠯᠳᠤ ᠲᠡᠷᠬᠡ ᠶᠢ ᠨᠢᠭᠤᠴᠠᠯᠠᠨ ᠬᠦᠳᠡᠯᠬᠡᠵᠦ᠂ | ᠤᠷᠤᠰ ᠮᠤᠩᠭᠤᠯ ᠡᠸᠦ᠋ᠷᠦᠫᠠ ᠳᠤ ᠬᠠᠨᠳᠤᠭᠰᠠᠨ ᠤᠯᠠᠨ ᠤᠯᠤᠰ ᠤᠨ ᠵᠠᠩᠬᠢᠯᠠᠭ᠎ᠠ ᠶᠢᠨ ᠬᠤᠳᠠ ᠪᠤᠯᠭᠠᠨ ᠪᠦᠲᠦᠬᠡᠨ | ᠪᠠᠶᠢᠭᠤᠯᠤᠨ᠎ᠠ᠃ ᠮᠢᠶᠤᠤ ᠯᠢᠶᠠᠩ ᠪᠠᠷᠠᠭᠠᠨ ᠤ ᠬᠦᠢᠯᠬᠡᠬᠡᠨ ᠤ ᠬᠦᠷᠢᠶᠡᠯᠡᠩ ᠳᠤᠭᠤᠷᠢᠭ ᠤᠨ ᠴᠢᠳᠠᠪᠬᠢ ᠶᠢ | ᠲᠡᠬᠦᠯᠳᠡᠷᠵᠢᠬᠦᠯᠵᠦ᠂ ᠪᠦᠸᠧ ᠶᠤᠸᠠᠨ ᠳᠤᠭᠠᠴᠢᠯᠠᠭᠰᠠᠨ ᠨᠡᠬᠦᠷᠡᠰᠦ ᠳᠤᠬᠢᠷᠠᠭᠤᠯᠬᠤ ᠦᠢᠯᠡᠳᠦᠯ ᠢ ᠪᠠᠳᠠᠷᠠᠭᠤᠯᠵᠤ᠂ | ᠲᠢᠶᠠᠨᠵᠢᠨ ᠭᠠᠷᠠᠮ᠂ ᠼᠤᠤ ᠳ᠋ᠢᠶᠠᠨ ᠭᠠᠷᠠᠮ ᠤᠨ ᠮᠠᠨ ᠤ ᠬᠤᠳᠠ ᠳᠤ ᠭᠠᠷᠠᠮ ᠪᠠᠶᠢᠭᠤᠯᠬᠤ ᠶᠢ ᠨᠢ ᠠᠬᠢᠭᠤᠯᠵᠤ᠂ | ᠪᠠᠷᠠᠭᠤᠨ ᠬᠤᠶᠢᠳᠤ ᠶᠢᠨ ᠨᠡᠬᠦᠷᠡᠰᠦᠨ ᠤ ᠠᠷᠠᠯᠵᠢᠶᠠᠨ ᠤ ᠲᠦᠪ ᠢ ᠦᠷᠬᠦᠯᠵᠢᠯᠡᠨ ᠪᠠᠶᠢᠭᠤᠯᠤᠨ᠎ᠠ᠃ ᠲᠢᠶᠠᠨᠵᠢᠨ | ᠤ ᠡᠳ᠋ ᠭᠠᠷᠤᠯᠳᠠ ᠶᠢᠨ ᠪᠦᠯᠥᠭᠯᠡᠯ ᠢᠶᠠᠷ ᠳᠤᠯᠤᠭᠠᠶᠢᠯᠠᠭᠤᠯᠤᠭᠰᠠᠨ ᠲᠡᠮᠦᠷ ᠤᠨ ᠬᠠᠶᠢᠯᠤᠰᠢ ᠶᠢᠨ ᠪᠤᠳᠠᠰ ᠤᠨ | ᠬᠦᠢᠯᠬᠡᠬᠡ ᠪᠦᠷᠢᠯᠳᠦᠬᠦᠯᠥᠨ ᠪᠠᠶᠢᠭᠤᠯᠵᠤ᠂ ᠮᠸᠢ ᠬᠦᠢ ᠶᠢᠩ ᠢᠶᠠᠷ ᠰᠠᠭᠤᠷᠢᠨ ᠪᠤᠯᠭᠠᠭᠰᠠᠨ ᠡᠮ ᠤᠨ ᠮᠠᠲ᠋ᠧᠷᠢᠶᠠᠯ | ᠤᠨ ᠪᠤᠳᠠᠰ ᠤᠨ ᠬᠦᠢᠯᠬᠡᠬᠡ᠂ ᠺᠠᠩ ᠲᠠᠢ ᠠᠷᠠᠳ ᠲᠤ ᠠᠰᠢᠭ ᠬᠦᠷᠳᠡᠬᠡᠬᠦ ᠬᠦᠷᠢᠶᠡᠯᠡᠩ᠂ ᠪᠡᠬᠡᠵᠢᠩ ᠤᠨ | ᠬᠤᠶᠠᠳᠤᠭᠠᠷ ᠬᠤᠳᠠᠯᠳᠤᠭᠠᠨ ᠤ ᠳᠠᠯᠠᠪᠠᠢ ᠵᠡᠷᠬᠡ ᠳᠤᠯᠤᠭᠠᠶᠢᠯᠠᠭᠤᠯᠤᠭᠰᠠᠨ ᠳᠠᠷᠢᠶᠠᠯᠠᠩ ᠤᠨ ᠭᠠᠷᠤᠯᠳᠠ ᠮᠠᠯ ᠤᠨ | ᠠᠰᠢᠭ ᠰᠢᠮ᠎ᠡ ᠶᠢᠨ ᠬᠦᠢᠳᠡᠨ ᠰᠡᠷᠢᠬᠦᠨ ᠬᠡᠯᠬᠢᠶ᠎ᠡ ᠶᠢᠨ ᠪᠤᠳᠠᠰ ᠤᠨ ᠬᠦᠢᠯᠬᠡᠬᠡ ᠪᠠ ᠰᠢᠨ᠎ᠡ ᠶᠠ ᠪᠤᠤ ᠯᠤ᠋ ᠵᠠᠬ᠎ᠠ | ᠲᠡᠯᠬᠡᠬᠦᠷ ᠢᠶᠠᠷ ᠳᠤᠯᠤᠭᠠᠶᠢᠯᠠᠭᠤᠯᠤᠭᠰᠠᠨ ᠤᠯᠠᠨ ᠤᠯᠤᠰ ᠤᠨ ᠬᠤᠳᠠᠯᠳᠤᠭ᠎ᠠ ᠠᠷᠠᠯᠵᠢᠶᠠᠨ ᠤ ᠪᠤᠳᠠᠰ ᠤᠨ | ᠬᠦᠢᠯᠬᠡᠬᠡᠨ ᠤ ᠰᠢᠰᠲ᠋ᠧᠮᠵᠢ ᠶᠢ ᠲᠦᠷᠬᠡᠳᠬᠡᠨ ᠪᠠᠶᠢᠭᠤᠯᠤᠨ᠎ᠠ᠃ ᠭᠤᠷᠪᠠᠳᠤᠭᠠᠷ ᠳᠠᠯ᠎ᠠ ᠶᠢᠨ ᠪᠤᠳᠠᠰ ᠤᠨ | ᠬᠦᠢᠯᠬᠡᠬᠡᠨ ᠤ ᠠᠵᠤ ᠠᠬᠤᠶᠢᠯᠠᠯ ᠢ ᠢᠳᠡᠪᠬᠢᠳᠠᠢ ᠪᠠᠷ ᠪᠤᠶᠢᠵᠢᠭᠤᠯᠵᠤ᠂ ᠦᠢᠯᠡᠳᠪᠦᠷᠢᠯᠡᠯ ᠠᠵᠤ ᠠᠬᠤᠶᠢᠯᠠᠯ ᠳᠤ | ᠲᠦᠬᠦᠷᠵᠢᠭᠰᠡᠨ ᠦᠢᠯᠡᠴᠢᠯᠡᠭᠡ ᠶᠢ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠬᠢᠯᠢ ᠠᠯᠤᠰᠯᠠᠭᠰᠠᠨ ᠠᠵᠤ | ᠦᠢᠯᠡᠰ ᠤᠨ ᠬᠦᠷᠢᠶᠡᠯᠡᠩ ᠪᠠ ᠤᠮᠠᠷᠠᠳᠤ ᠶᠢᠨ ᠢᠳᠡᠬᠡᠨ ᠡᠮ ᠤᠨ ᠵᠦᠢᠯᠡᠰ ᠤᠨ ᠡᠯᠧᠺᠲᠷᠦᠨ ᠬᠤᠳᠠᠯᠳᠤᠭᠠᠨ ᠤ | ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠢ ᠪᠦᠲᠦᠬᠡᠨ ᠪᠠᠶᠢᠭᠤᠯᠵᠤ᠂ ᠪᠤᠳᠠᠰ ᠤᠨ ᠬᠦᠢᠯᠬᠡᠬᠡᠨ ᠤ | ᠦᠢᠯᠡᠰ ᠤᠨ ᠰᠤᠷᠠᠭ ᠵᠠᠩᠬᠢᠵᠢᠯᠳᠠ᠂ ᠤᠶᠤᠨᠵᠢᠯᠳᠠ᠂ ᠪᠠᠷᠢᠮᠵᠢᠶᠠᠵᠢᠯᠳᠠ ᠶᠢᠨ ᠬᠢᠷᠢ ᠲᠦᠪᠰᠢᠨ ᠢ | ᠲᠡᠬᠡᠭᠰᠢᠯᠡᠬᠦᠯᠥᠨ᠎ᠡ᠃ | ︽ᠵᠤᠭᠠᠴᠠᠯ +︾ ᠢ ᠶᠡᠬᠡᠪᠡᠷ ᠬᠦᠭᠵᠢᠬᠦᠯᠥᠨ᠎ᠡ᠃ ︽ᠪᠦᠬᠦ ᠤᠷᠤᠨ ᠳᠤᠭᠤᠷᠢᠭ ᠢᠶᠠᠷ ᠪᠠᠶᠢᠷᠢᠯᠠᠭᠤᠯᠬᠤ ᠂ | ᠪᠦᠬᠦ ᠦᠵᠡᠮᠵᠢ ᠪᠠᠷ ᠪᠤᠢ ᠪᠤᠯᠭᠠᠬᠤ᠂ ᠪᠦᠬᠦ ᠦᠢᠯᠡᠰ ᠢ ᠠᠭᠤᠰᠤᠯᠳᠤᠭᠤᠯᠬᠤ᠂ ᠪᠦᠬᠦ ᠠᠷᠠᠳ ᠤᠷᠤᠯᠴᠠᠬᠤ︾ ᠶᠢ | ᠪᠠᠷᠢᠮᠳᠠᠯᠠᠵᠤ᠂ ᠪᠦᠬᠦ ᠬᠤᠳᠠ ᠶᠢᠨ 5.45 ᠲᠡᠭᠰᠢ ᠲᠦᠷᠪᠡᠯᠵᠢᠨ ᠺᠢᠯᠤᠮᠧᠲᠷ ᠢᠶᠠᠷ ᠳᠤᠮᠤ ᠦᠵᠡᠮᠵᠢ ᠶᠢᠨ ᠤᠷᠤᠨ | ᠪᠤᠯᠭᠠᠨ ᠲᠦᠯᠥᠪᠯᠡᠨ ᠪᠠᠶᠢᠭᠤᠯᠵᠤ᠂ ᠦᠵᠡᠮᠵᠢ ᠶᠢᠨ ᠴᠢᠭ᠋ ᠤᠨ ᠵᠤᠭᠠᠴᠠᠯ ᠠᠴᠠ ᠪᠦᠬᠦ ᠤᠷᠤᠨ ᠳᠤᠭᠤᠷᠢᠭ ᠤᠨ | ᠵᠤᠭᠠᠴᠠᠯ᠂ ᠲᠦᠷᠪᠡᠨ ᠤᠯᠠᠷᠢᠯ ᠤᠨ ᠵᠤᠭᠠᠴᠠᠯ ᠪᠤᠯᠭᠠᠨ ᠬᠤᠪᠢᠷᠠᠭᠤᠯᠵᠤ᠂ ︽ᠪᠡᠬᠡᠵᠢᠩ ᠤᠨ ᠲᠡᠬᠦᠷᠬᠡ ᠶᠢᠨ ᠳᠠᠯ᠎ᠠ | ᠨᠤᠳᠤᠭ᠂ ᠵᠤᠰᠠᠯᠠᠩ ᠤᠨ ᠲᠦᠪ︾ ᠤᠨ ᠨᠡᠷᠡᠲᠦ ᠲᠡᠮᠳᠡᠭ ᠢ ᠡᠬᠢᠯᠡᠬᠦᠯᠥᠨ᠎ᠡ᠃ ᠵᠤᠭᠠᠴᠠᠯ ᠤᠨ ᠪᠦᠲᠦᠬᠡᠭᠳᠡᠬᠦᠨ | ᠤ ᠬᠠᠩᠭᠠᠯᠭ᠎ᠠ ᠶᠢᠨ ᠶᠠᠰᠤ ᠴᠢᠨᠠᠷ ᠢ ᠲᠡᠬᠡᠭᠰᠢᠯᠡᠬᠦᠯᠥᠨ᠎ᠡ᠃ ᠪᠤᠳᠠᠳᠤ ᠬᠦᠴᠦᠨ ᠲᠠᠢ᠂ ᠳᠤᠷᠰᠢᠯᠭ᠎ᠠ ᠲᠠᠢ ᠨᠡᠷᠡᠲᠦ | ᠠᠵᠤ ᠠᠬᠤᠶᠢᠯᠠᠯ ᠢ ᠵᠤᠭᠠᠴᠠᠯ ᠤᠨ ᠲᠦᠷᠦᠯ ᠵᠦᠢᠯ ᠤᠨ ᠪᠡᠯᠡ ᠤᠷᠤᠭᠤᠯᠤᠯᠳᠠ ᠪᠠ ᠡᠵᠡᠩᠨᠡᠯᠳᠡ ᠬᠠᠮᠢᠶᠠᠷᠤᠯᠳᠠ | ᠳᠤ ᠳᠠᠳᠠᠨ ᠤᠷᠤᠭᠤᠯᠤᠨ᠎ᠠ᠃ ᠳᠤᠷᠭᠠᠨ ᠵᠠᠮ ᠤᠨ ᠰᠤᠶᠤᠯ ᠤᠨ ᠦᠵᠡᠰᠬᠦᠯᠡᠩ ᠤᠨ ᠬᠦᠷᠢᠶᠡᠯᠡᠩ᠂ ᠶᠤᠸᠠᠨ | ᠤᠯᠤᠰ ᠤᠨ ᠵᠢᠨᠢᠩ ᠵᠠᠮ ᠤᠨ ᠡᠷᠳᠡᠨ ᠤ ᠬᠤᠳᠠ ᠶᠢᠨ ᠪᠠᠭᠤᠷᠢ᠂ ᠵᠢᠨᠢᠩ ᠴᠠᠶᠢᠵᠠ ᠶᠢᠨ ᠰᠤᠶᠤᠯ ᠤᠨ | ᠵᠤᠭᠠᠴᠠᠯ ᠤᠨ ᠠᠵᠤ ᠦᠢᠯᠡᠰ ᠤᠨ ᠬᠦᠷᠢᠶᠡᠯᠡᠩ᠂ ᠤᠯᠠᠭᠠᠨᠬᠠᠳᠠ ᠶᠢᠨ ᠭᠠᠯᠳᠤ ᠠᠭᠤᠯᠠ ᠶᠢᠨ ᠭᠠᠵᠠᠷ | ᠰᠢᠨᠵᠢᠯᠡᠬᠡᠨ ᠤ ᠴᠡᠴᠡᠷᠯᠢᠭ᠂ ᠲᠡᠯᠡᠬᠡᠢ ᠶᠢᠨ ᠠᠮᠢᠳᠠᠨ ᠤ ᠬᠦᠷᠢᠶᠡᠯᠡᠩ ᠵᠡᠷᠬᠡ 26 ᠳ᠋ᠦᠩᠰᠢᠭᠤᠷ ᠠᠴᠠ ᠲᠡᠬᠡᠭᠰᠢᠬᠢ | ᠭᠤᠤᠯᠳᠠᠯᠭ᠎ᠠ ᠲᠠᠢ ᠲᠦᠷᠦᠯ ᠵᠦᠢᠯ ᠤᠳ ᠢ ᠶᠠᠪᠤᠭᠳᠠᠭᠤᠯᠵᠤ᠂ ᠬᠡᠬᠡᠨᠳᠠᠯ᠎ᠠ᠂ ᠬᠦᠢᠳᠡᠨ ᠰᠢᠯᠢ ᠪᠠ ᠳᠠᠭ᠎ᠠ ᠶᠢᠨ | ᠨᠠᠭᠤᠷ ᠤᠨ ᠬᠠᠯᠠᠭᠤᠨ ᠷᠠᠰᠢᠶᠠᠨ ᠵᠡᠷᠬᠡ ᠦᠵᠡᠮᠦᠷᠢ ᠶᠢᠨ ᠤᠷᠤᠨ ᠢ ᠲᠡᠰ ᠲᠡᠪᠰᠢᠬᠦᠯᠥᠨ ᠪᠠᠶᠢᠭᠤᠯᠤᠨ᠎ᠠ᠃ | ᠵᠤᠭᠠᠴᠠᠯ ᠤᠨ ᠬᠤᠳᠠ ᠶᠢᠨ ᠲᠦᠷᠢ ᠲᠦᠷᠬᠦ ᠶᠢ ᠲᠡᠬᠡᠭᠰᠢᠯᠡᠬᠦᠯᠥᠨ᠎ᠡ᠃ ᠬᠤᠳᠠ ᠪᠠ ᠦᠵᠡᠮᠦᠷᠢ ᠶᠢᠨ ᠨᠡᠶᠢᠳᠡ | ᠶᠢᠨ ᠵᠤᠷᠯᠤᠩ᠂ ᠳᠤᠰᠤ ᠬᠡᠢ ᠨᠡᠮᠡᠬᠦ᠂ ᠤᠰᠤ ᠴᠠᠬᠢᠯᠭᠠᠨ ᠬᠠᠩᠭᠠᠬᠤ᠂ ᠲᠡᠷᠬᠡ ᠵᠤᠭᠰᠤᠭᠠᠵᠤ ᠬᠡᠬᠡᠷᠯᠡᠨ ᠬᠤᠨᠤᠭᠯᠠᠬᠤ | ᠂ ᠴᠢᠮᠡᠭᠡ ᠨᠡᠪᠳᠡᠷᠡᠯᠬᠡ ᠶᠢᠨ ᠰᠦᠯᠵᠢᠶ᠎ᠡ᠂ ᠬᠤᠭ ᠨᠤᠪᠰᠢ ᠪᠤᠵᠠᠷ ᠤᠰᠤ ᠶᠢ ᠰᠢᠢᠳᠪᠦᠷᠢᠯᠡᠬᠦ ᠵᠡᠷᠬᠡ ᠰᠠᠭᠤᠷᠢ | ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠳᠠ ᠶᠢ ᠰᠠᠶᠢᠳᠤᠷ ᠠᠳᠬᠤᠨ᠎ᠠ᠃ ᠵᠢᠨᠢᠩ — ᠯᠢᠶᠠᠩᠴᠧᠩ ᠵᠡᠷᠬᠡ | 10 ᠵᠤᠷᠪᠤᠰ ᠵᠤᠭᠠᠴᠠᠯ ᠤᠨ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ᠂ ᠦᠵᠡᠮᠦᠷᠢ ᠶᠢᠨ ᠤᠷᠤᠨ ᠲᠤ | ᠲᠦᠷᠬᠡᠨ ᠨᠡᠪᠳᠡᠷᠡᠬᠦ ᠬᠢᠷᠢ ᠲᠦᠪᠰᠢᠨ ᠢ ᠲᠡᠬᠡᠭᠰᠢᠯᠡᠬᠦᠯᠵᠦ᠂ ᠪᠦᠬᠦ ᠤᠷᠤᠨ ᠳᠤᠭᠤᠷᠢᠭ ᠤᠨ ᠵᠤᠭᠠᠴᠠᠯ ᠤᠨ ᠵᠠᠮ | ᠬᠠᠷᠢᠯᠴᠠᠭᠠᠨ ᠳᠤᠤᠷ ᠢ ᠪᠠᠶᠢᠭᠤᠯᠤᠨ᠎ᠠ᠃ ᠲᠦᠪ ᠬᠤᠳᠠ ᠳᠤᠭᠤᠷᠢᠭ ᠤᠨ ᠵᠤᠭᠠᠴᠠᠯ ᠤᠨ ᠲᠦᠪᠯᠡᠷᠡᠬᠦᠯᠦᠨ | ᠳᠠᠷᠬᠠᠭᠠᠬᠤ ᠴᠢᠳᠠᠪᠬᠢ ᠶᠢ ᠪᠦᠷᠢᠨᠰᠢᠬᠦᠯᠵᠦ᠂ ᠵᠤᠭᠠᠴᠠᠯ ᠤᠨ ᠬᠠᠮᠢᠶᠠᠷᠤᠯᠳᠠ ᠪᠠ ᠦᠢᠯᠡᠴᠢᠯᠡᠬᠡᠨ ᠤ ᠬᠢᠷᠢ | ᠲᠦᠪᠰᠢᠨ ᠢ ᠲᠡᠬᠡᠭᠰᠢᠯᠡᠬᠦᠯᠥᠨ᠎ᠡ᠃ ᠲᠦᠪ ᠬᠤᠳᠠ ᠳᠤᠭᠤᠷᠢᠭ ᠤᠨ ᠨᠡᠶᠢᠳᠡ ᠶᠢᠨ ᠵᠤᠷᠯᠤᠩ WIFI ᠶᠢᠨ | ᠪᠦᠷᠬᠦᠬᠦᠯᠳᠡ ᠶᠢ ᠪᠡᠶᠡᠯᠡᠬᠦᠯᠥᠨ᠎ᠡ᠂ ᠵᠤᠭᠠᠴᠠᠯ ᠤᠨ ᠵᠠᠮᠴᠢᠯᠠᠨ ᠦᠵᠡᠬᠦ ᠰᠢᠰᠲ᠋ᠧᠮᠵᠢ ᠪᠠ ᠰᠤᠷᠠᠭ ᠵᠠᠩᠬᠢ ᠶᠢᠨ | ᠦᠢᠯᠡᠴᠢᠯᠡᠬᠡᠨ ᠤ ᠳᠠᠪᠴᠠᠩ ᠢ ᠪᠠᠶᠢᠭᠤᠯᠵᠤ᠂ ᠭᠠᠷ ᠤᠳᠠᠰᠤᠨ ᠤ APP ᠴᠢᠳᠠᠪᠬᠢ ᠶᠢ ᠨᠡᠬᠡᠬᠡᠨ ᠠᠰᠢᠭᠯᠠᠵᠤ᠂ | ᠤᠶᠤᠨᠳᠤ ᠵᠤᠭᠠᠴᠠᠯ ᠢ ᠬᠦᠭᠵᠢᠬᠦᠯᠥᠨ᠎ᠡ︔ ᠵᠤᠭᠠᠴᠠᠯ ᠤᠨ ᠦᠢᠯᠡᠰ ᠢ ᠡᠯ᠎ᠡ ᠠᠵᠤ ᠦᠢᠯᠡᠰ ᠲᠠᠢ ᠬᠦᠨᠴᠡ ᠪᠠᠷ | ᠠᠭᠤᠰᠤᠯᠳᠤᠭᠤᠯᠬᠤ ᠶᠢ ᠲᠦᠯᠬᠢᠨ ᠠᠬᠢᠭᠤᠯᠤᠨ᠎ᠠ᠃ ᠭᠠᠵᠠᠷ ᠤᠷᠤᠨ ᠤ ᠤᠨᠴᠠᠯᠢᠭ ᠪᠦᠬᠦᠢ ᠰᠤᠶᠤᠯ ᠤᠨ ᠡᠬᠢ | ᠪᠠᠶᠠᠯᠢᠭ ᠢ ᠬᠦᠨᠵᠡᠬᠡᠢ ᠠᠭᠤᠳᠠᠯᠯᠠᠵᠤ᠂ ᠵᠤᠭᠠᠴᠠᠯ ᠤᠨ ᠰᠤᠳᠤᠨ ᠵᠠᠮ ᠱᠤᠭᠤᠮ ᠪᠠ ᠤᠨᠴᠠᠯᠢᠭ ᠲᠠᠢ ᠰᠤᠩᠭᠤᠳᠠᠭ | ᠵᠦᠴᠦᠬᠡ ᠳᠤᠭᠯᠠᠯᠳᠠ ᠶᠢ ᠲᠡᠯᠬᠡᠷᠡᠬᠦᠯᠵᠦ᠂ ᠵᠤᠭᠠᠴᠠᠭᠰᠠᠳ ᠤᠨ ᠪᠡᠶ᠎ᠡ ᠪᠠᠷ ᠢᠶᠠᠨ ᠤᠷᠤᠯᠴᠠᠨ ᠦᠩᠬᠡᠷᠡᠬᠡᠬᠦ | ᠬᠡᠮᠵᠢᠶ᠎ᠡ ᠶᠢ ᠲᠡᠬᠡᠭᠰᠢᠯᠡᠬᠦᠯᠥᠨ᠎ᠡ᠃ ᠤᠶᠤᠨᠳᠤ ᠡᠷᠡᠬᠦᠯ ᠠᠵᠤ ᠦᠢᠯᠡᠰ ᠤᠨ ᠨᠡᠪᠴᠢᠬᠦᠯᠥᠯᠳᠡ ᠶᠢᠨ ᠬᠦᠷᠢᠶᠡᠯᠡᠩ | ᠤᠨ ᠪᠦᠲᠦᠬᠡᠨ ᠪᠠᠶᠢᠭᠤᠯᠤᠯᠳᠠ ᠶᠢ ᠲᠦᠷᠬᠡᠳᠬᠡᠵᠦ᠂ ᠪᠠᠢ ᠸᠠᠨ ᠬᠦᠷᠢᠶᠡᠯᠡᠩ ᠤᠨ ᠡᠮᠨᠡᠯᠬᠡ ᠶᠢᠨ ᠰᠤᠪᠢᠯᠠᠯᠳᠠ ᠪᠠᠷ | ᠨᠠᠰᠤᠳᠠᠨ ᠢ ᠠᠰᠠᠷᠠᠬᠤ ᠵᠡᠷᠬᠡ ᠲᠦᠷᠦᠯ ᠵᠦᠢᠯ ᠢ ᠪᠠᠶᠢᠭᠤᠯᠵᠤ᠂ ᠪᠡᠬᠡᠵᠢᠩ ᠲᠢᠶᠠᠨᠵᠢᠨ ᠳᠤ ᠬᠠᠨᠳᠤᠭᠤᠯᠤᠭᠰᠠᠨ | ᠨᠠᠰᠤᠳᠠᠨ ᠢ ᠠᠰᠠᠷᠠᠬᠤ ᠪᠡᠶ᠎ᠡ ᠰᠤᠪᠢᠯᠠᠬᠤ ᠨᠡᠷᠡᠲᠦ ᠲᠡᠮᠳᠡᠭ ᠲᠡᠭᠡᠨ ᠠᠩᠬ᠎ᠠ ᠠᠮᠵᠢᠯᠳᠠ ᠤᠯᠤᠨ᠎ᠠ᠃ ᠤᠯᠠᠭᠠᠨᠴᠠᠪ | ᠬᠤᠳᠠ ᠶᠢᠨ ᠬᠤᠷᠠᠯ ᠦᠵᠡᠰᠬᠦᠯᠡᠩ ᠤᠨ ᠲᠦᠪ ᠤᠨ ᠠᠵᠢᠯ ᠢ ᠨᠢ ᠡᠬᠢᠯᠡᠬᠦᠯᠥᠨ ᠪᠦᠲᠦᠬᠡᠨ ᠪᠠᠶᠢᠭᠤᠯᠵᠤ᠂ | ᠳᠤᠮᠳᠠᠳᠤ ᠤᠯᠤᠰ ᠤᠨ ᠦᠢᠯᠡᠰ ᠪᠤᠰᠬᠠᠬᠤ ᠰᠢᠨ᠎ᠡ ᠶᠢ ᠡᠬᠦᠳᠬᠦ ᠦᠵᠡᠰᠬᠦᠯᠡᠩ᠂ ᠤᠯᠠᠨ ᠤᠯᠤᠰ ᠤᠨ ᠮᠤᠳᠤᠨ | ᠮᠠᠲ᠋ᠧᠷᠢᠶᠠᠯ ᠤᠨ ᠠᠵᠤ ᠦᠢᠯᠡᠰ ᠤᠨ ᠦᠵᠡᠰᠬᠦᠯᠡᠩ᠂ ᠳᠤᠮᠳᠠᠳᠤ ᠮᠤᠩᠭᠤᠯ ᠤᠨ ᠦᠵᠡᠰᠬᠦᠯᠡᠩ ᠤᠨ ᠬᠤᠪᠢᠶᠠᠷᠢ | ᠦᠵᠡᠰᠬᠦᠯᠡᠩ᠂ ᠦᠪᠡᠷᠳᠡᠬᠡᠨ ᠵᠠᠰᠠᠬᠤ ᠤᠷᠤᠨ ᠤ ᠵᠤᠭᠠᠴᠠᠯ ᠤᠨ ᠨᠠᠭᠠᠳᠤᠮ᠂ ᠠᠩᠬᠠᠳᠠᠭᠴᠢ ᠬᠤᠭᠤᠴᠠᠭᠠᠨ ᠤ | ᠤᠯᠠᠨ ᠤᠯᠤᠰ ᠤᠨ ᠰᠡᠶᠢᠯᠥᠮᠡᠯ ᠱᠤᠭᠤᠮᠠᠯ ᠤᠨ ᠦᠵᠡᠰᠬᠦᠯᠡᠩ ᠵᠡᠷᠬᠡ ᠬᠤᠷᠠᠯ ᠦᠵᠡᠰᠬᠦᠯᠡᠩ ᠤᠨ ᠠᠵᠢᠯᠯᠠᠭ᠎ᠠ ᠶᠢ | ᠢᠳᠡᠪᠬᠢᠳᠠᠢ ᠡᠷᠬᠢᠯᠡᠬᠦ ᠪᠠ ᠳᠠᠭᠠᠭᠠᠨ ᠡᠷᠬᠢᠯᠡᠵᠦ ᠤᠯᠠᠭᠠᠨᠴᠠᠪ ᠤᠨ ᠨᠡᠷ᠎ᠡ ᠠᠯᠳᠠᠷᠰᠢᠯ ᠢᠶᠠᠨ ᠲᠡᠬᠡᠭᠰᠢᠯᠡᠬᠦᠯᠥᠨ᠎ᠡ᠃ | ᠪᠡᠬᠡᠵᠢᠩ ᠴᠢᠭᠤᠯᠤᠯᠳᠤ ᠬᠠᠭᠠᠯᠭ᠎ᠠ ᠶᠢᠨ ᠡᠪᠦᠯ ᠤᠨ ᠤᠯᠢᠮᠫᠢᠺ ᠪᠠ ᠦᠪᠡᠷᠳᠡᠬᠡᠨ ᠵᠠᠰᠠᠬᠤ ᠤᠷᠤᠨ ᠤ ︽ᠠᠷᠪᠠᠨ | ᠲᠦᠷᠪᠡᠳᠦᠬᠡᠷ ᠬᠤᠭᠤᠴᠠᠭᠠᠨ ᠤ ᠪᠡᠶ᠎ᠡ ᠳᠠᠮᠢᠷ ᠤᠨ ᠴᠤᠭᠯᠠᠭᠠᠨ︾ ᠢᠶᠠᠷ ᠳᠤᠬᠢᠶᠠᠯᠳᠤᠯ ᠪᠤᠯᠭᠠᠵᠤ᠂ ︽ | ᠭᠤᠯᠭᠤᠭᠤᠷ ᠤᠨ ᠡᠪᠦᠯ ᠤᠨ ᠤᠯᠢᠮᠫᠢᠺ︾ ᠤᠨ ᠪᠡᠬᠡᠵᠢᠩ ᠲᠢᠶᠠᠨᠵᠢᠨ ᠾᠧᠪᠸᠢ ᠶᠢ ᠳᠤᠭᠤᠷᠢᠭᠰᠠᠨ ᠴᠠᠰᠤᠨ ᠳᠤ | ᠭᠤᠯᠭᠤᠬᠤ ᠤᠷᠢᠯᠭ᠎ᠠ ᠶᠢᠨ ᠤᠷᠤᠯᠳᠤᠭᠠᠨ᠂ ᠪᠦᠬᠦ ᠤᠯᠤᠰ ᠤᠨ ᠦᠳᠦᠨ ᠪᠦᠮᠪᠦᠭᠡ ᠶᠢᠨ ᠮᠠᠩᠯᠠᠢ ᠰᠢᠯᠭᠠᠷᠠᠭᠤᠯᠬᠤ | ᠤᠷᠤᠯᠳᠤᠭᠠᠨ᠂ ᠪᠦᠬᠦ ᠤᠯᠤᠰ ᠤᠨ ︽ᠠᠷᠪᠠᠨ ᠭᠤᠷᠪᠠᠳᠤᠭᠠᠷ ᠬᠤᠭᠤᠴᠠᠭᠠᠨ ᠤ ᠪᠡᠶ᠎ᠡ ᠳᠠᠮᠢᠷ ᠤᠨ ᠴᠤᠭᠯᠠᠭᠠᠨ︾ | ᠤ ᠪᠤᠤᠺᠠᠰ ᠤᠨ ᠰᠢᠯᠭᠠᠷᠠᠭᠤᠯᠬᠤ ᠤᠷᠤᠯᠳᠤᠭᠠᠨ ᠵᠡᠷᠬᠡ 16 ᠤᠷᠤᠯᠳᠤᠭᠠᠨ ᠢ ᠢᠳᠡᠪᠬᠢᠳᠠᠢ ᠡᠷᠬᠢᠯᠡᠬᠦ ᠪᠠ | ᠳᠠᠭᠠᠭᠠᠴᠢᠯᠠᠨ ᠡᠷᠬᠢᠯᠡᠨ᠎ᠡ᠃ ᠬᠤᠩ ᠬᠠᠢ ᠽᠢ ᠶᠢᠨ ᠪᠡᠶ᠎ᠡ ᠳᠠᠮᠢᠷ ᠤᠨ ᠠᠵᠤ ᠦᠢᠯᠡᠰ ᠵᠡᠷᠬᠡ ᠳᠠᠯᠠᠪᠠᠢ ᠤᠷᠳᠤᠨ ᠢ | ᠲᠦᠷᠬᠡᠳᠬᠡᠨ ᠪᠠᠶᠢᠭᠤᠯᠵᠤ᠂ ᠬᠤᠳᠠ ᠶᠢᠨ ᠪᠡᠶ᠎ᠡ ᠳᠠᠮᠢᠷ ᠤᠨ ᠳᠠᠯᠠᠪᠤᠷ ᠢ ᠰᠡᠯᠪᠢᠨ ᠵᠠᠰᠠᠵᠤ ᠰᠢᠨᠡᠴᠢᠯᠡᠵᠦ᠂ ᠬᠤᠳᠠ | ᠶᠢᠨ ᠤᠮᠪᠠᠯᠳᠠ ᠶᠢᠨ ᠤᠷᠳᠤᠨ᠂ ᠦᠳᠦᠨ ᠪᠦᠮᠪᠦᠭᠡ ᠶᠢᠨ ᠤᠷᠳᠤᠨ ᠪᠠ ᠳᠠᠭ᠎ᠠ ᠶᠢᠨ ᠨᠠᠭᠤᠷ ᠤᠨ ᠤᠯᠠᠨ | ᠤᠯᠤᠰ ᠤᠨ ᠴᠠᠰᠤᠨ ᠳᠤ ᠭᠤᠯᠭᠤᠬᠤ ᠳᠠᠯᠠᠪᠤᠷ ᠶᠢᠨ ᠨᠢᠬᠡᠳᠦᠬᠡᠷ ᠬᠤᠭᠤᠴᠠᠭᠠᠨ ᠤ ᠪᠠᠷᠢᠯᠭ᠎ᠠ ᠶᠢ ᠪᠦᠲᠦᠬᠡᠨ | ᠪᠠᠶᠢᠭᠤᠯᠤᠨ᠎ᠠ᠃ | ︽ᠮᠥᠩᠬᠦᠨ ᠬᠦᠢᠯᠬᠡᠬᠡ +︾ ᠶᠢ ᠶᠡᠬᠡᠪᠡᠷ ᠬᠦᠭᠵᠢᠬᠦᠯᠥᠨ᠎ᠡ᠃ ᠬᠤᠳᠠ ᠶᠢᠨ ᠮᠥᠩᠬᠦᠨ ᠬᠦᠢᠯᠬᠡᠬᠡᠨ ᠤ | ᠶᠡᠷᠦᠩᠬᠡᠶᠢᠯᠡᠭᠰᠡᠨ ᠦᠢᠯᠡᠴᠢᠯᠡᠬᠡᠨ ᠤ ᠲᠦᠪ ᠤᠨ ᠪᠦᠲᠦᠬᠡᠨ ᠪᠠᠶᠢᠭᠤᠯᠤᠯᠳᠠ ᠶᠢ ᠲᠦᠷᠬᠡᠳᠬᠡᠵᠦ᠂ ᠪᠠᠩᠬᠢ᠂ | ᠲᠡᠮᠳᠡᠭᠲᠦ᠂ ᠳᠠᠭᠠᠳᠬᠠᠯ᠂ ᠰᠠᠭᠤᠷᠢ ᠮᠥᠩᠬᠦ ᠵᠡᠷᠬᠡ ᠮᠥᠩᠬᠦᠨ ᠬᠦᠢᠯᠬᠡᠬᠡᠨ ᠤ ᠪᠠᠶᠢᠭᠤᠯᠤᠮᠵᠢ ᠶᠢ ᠮᠠᠨ ᠤ ᠬᠤᠳᠠ | ᠳᠤ ᠤᠷᠤᠭᠤᠯᠵᠤ ᠰᠠᠭᠤᠯᠭᠠᠨ᠎ᠠ᠃ ᠳᠠᠷᠢᠶᠠᠯᠠᠩ ᠤᠨ ᠢᠳᠡᠬᠡᠮᠵᠢ ᠶᠢᠨ ᠬᠤᠷᠰᠢᠶᠠᠨ ᠤ ᠲᠦᠷᠢᠮ ᠤᠨ | ᠦᠬᠡᠷᠡᠴᠢᠯᠡᠯᠳᠡ ᠶᠢᠨ ᠠᠯᠬᠤᠴᠠ ᠶᠢ ᠲᠦᠷᠬᠡᠳᠬᠡᠵᠦ᠂ ᠠᠷᠠᠳ ᠤᠨ ᠡᠵᠡᠩᠨᠡᠯᠳᠡ ᠶᠢᠨ ᠪᠠᠩᠬᠢ᠂ ᠮᠥᠩᠬᠦᠨ | ᠬᠦᠢᠯᠬᠡᠬᠡᠨ ᠤ ᠲᠦᠷᠢᠶᠡᠰᠦᠨ ᠺᠤᠮᠫᠠᠨᠢ᠂ ᠬᠡᠷᠡᠭᠯᠡᠬᠡᠨ ᠤ ᠮᠥᠩᠬᠦᠨ ᠬᠦᠢᠯᠬᠡᠬᠡᠨ ᠤ ᠺᠤᠮᠫᠠᠨᠢ᠂ ᠮᠠᠰᠢᠨ ᠲᠡᠷᠬᠡᠨ ᠤ | ᠮᠥᠩᠬᠦᠨ ᠬᠦᠢᠯᠬᠡᠬᠡᠨ ᠤ ᠺᠤᠮᠫᠠᠨᠢ ᠵᠡᠷᠬᠡ ᠰᠢᠨ᠎ᠡ ᠮᠠᠶ᠋ᠢᠭ ᠤᠨ ᠮᠥᠩᠬᠦᠨ ᠬᠦᠢᠯᠬᠡᠬᠡᠨ ᠤ ᠪᠠᠶᠢᠭᠤᠯᠤᠮᠵᠢ ᠶᠢ | ᠴᠢᠷᠮᠠᠶᠢᠨ ᠤᠯᠵᠤ ᠪᠠᠶᠢᠭᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠪᠡᠯᠡ ᠮᠥᠩᠬᠦᠨ ᠤ ᠪᠠᠳᠤᠯᠠᠭᠠᠨ ᠤ ᠠᠵᠢᠯ | ᠲᠦᠷᠦᠯ ᠤᠨ ᠬᠦᠭᠵᠢᠬᠦᠯᠥᠯᠳᠡ ᠶᠢᠨ ᠭᠤᠷᠪᠠᠨ ᠵᠢᠯ ᠤᠨ ᠠᠵᠢᠯᠯᠠᠭᠠᠨ ᠤ ᠲᠦᠯᠥᠪᠯᠡᠭᠡ ᠶᠢ ᠨᠠᠶᠢᠳᠠᠪᠦᠷᠢᠵᠢᠭᠤᠯᠵᠤ | ᠂ ᠡᠯ᠎ᠡ ᠬᠤᠰᠢᠭᠤ ᠰᠢᠶᠠᠨ ᠬᠤᠳᠠ ᠳᠤᠭᠤᠷᠢᠭ ᠤᠨ ᠤᠯᠤᠰ ᠤᠨ ᠦᠮᠴᠢᠯᠡᠯᠲᠦ ᠪᠠᠳᠤᠯᠠᠭᠠᠨ ᠤ ᠪᠠᠶᠢᠭᠤᠯᠤᠮᠵᠢ | ᠶᠢᠨ ᠦᠪᠴᠢ ᠪᠦᠷᠬᠦᠬᠦᠯᠳᠡ ᠶᠢ ᠪᠡᠶᠡᠯᠡᠬᠦᠯᠵᠦ᠂ ᠳᠠᠩᠰᠠᠯᠠᠭᠤᠯᠤᠭᠰᠠᠨ ᠪᠡᠯᠡ ᠮᠥᠩᠬᠦ ᠪᠠᠷ 10 ᠳ᠋ᠦᠩᠰᠢᠭᠤᠷ | ᠲᠦᠬᠦᠷᠢᠭ ᠤᠨ ᠤᠯᠤᠰ ᠤᠨ ᠦᠮᠴᠢᠯᠡᠯᠲᠦ ᠪᠠᠳᠤᠯᠠᠭᠠᠨ ᠤ ᠨᠢᠬᠡᠨ ᠪᠦᠯᠥᠭᠯᠡᠯ ᠢ ᠪᠠᠶᠢᠭᠤᠯᠤᠨ᠎ᠠ᠃ ᠨᠡᠶᠢᠳᠡᠮ | ᠠᠰᠢᠭ ᠬᠦᠷᠳᠡᠬᠡᠬᠦ ᠮᠥᠩᠬᠦᠨ ᠬᠦᠢᠯᠬᠡᠬᠡ᠂ ᠪᠤᠬᠢᠷᠳᠤᠯ ᠦᠬᠡᠢ ᠶᠢᠨ ᠮᠥᠩᠬᠦᠨ ᠬᠦᠢᠯᠬᠡᠬᠡ ᠶᠢ ᠶᠡᠬᠡᠪᠡᠷ | ᠬᠦᠭᠵᠢᠬᠦᠯᠵᠦ᠂ ᠰᠢᠶᠠᠨ ᠤ ᠮᠥᠩᠬᠦᠨ ᠬᠦᠢᠯᠬᠡᠬᠡᠨ ᠤ ᠢᠨᠵᠧᠨᠧᠷᠢᠩ ᠢ ᠶᠠᠪᠤᠭᠳᠠᠭᠤᠯᠵᠤ᠂ ᠪᠠᠩᠬᠢ ᠶᠢᠨ | ᠵᠢᠬᠡᠯᠡᠯᠬᠡ ᠶᠢᠨ ᠤᠷᠤᠭᠤᠯᠤᠯᠳᠠ ᠳᠠᠯᠪᠢᠯᠳᠠ ᠪᠠᠨ ᠨᠡᠮᠡᠭᠳᠡᠬᠦᠯᠬᠦ ᠶᠢ ᠨᠢ ᠬᠦᠳᠦᠯᠥᠨ ᠵᠢᠯᠤᠭᠤᠳᠴᠤ᠂ ᠵᠢᠵᠢᠭ | ᠪᠢᠴᠢᠯ ᠠᠵᠤ ᠠᠬᠤᠶᠢᠯᠠᠯ ᠤᠨ ᠵᠢᠬᠡᠯᠡᠯᠬᠡ ᠶᠢᠨ ᠨᠡᠮᠡᠭᠳᠡᠯ ᠤᠨ ᠬᠤᠷᠳᠤᠴᠠ᠂ ᠵᠢᠬᠡᠯᠡᠯᠬᠡ ᠶᠢᠨ ᠡᠷᠦᠬᠡ ᠶᠢᠨ | ᠳᠤᠭ᠎ᠠ᠂ ᠵᠢᠬᠡᠯᠡᠯᠬᠡ ᠶᠢᠨ ᠭᠤᠶᠤᠴᠢᠯᠠᠯ ᠤᠯᠬᠤ ᠨᠤᠷᠮ᠎ᠠ ᠶᠢ ᠲᠡᠬᠡᠷ᠎ᠡ ᠵᠢᠯ ᠤᠨ ᠠᠳᠠᠯᠢ ᠬᠤᠭᠤᠴᠠᠭᠠᠨ ᠤ ᠬᠢᠷᠢ | ᠲᠦᠪᠰᠢᠨ ᠠᠴᠠ ᠳᠤᠤᠷ᠎ᠠ ᠪᠠᠶᠢᠯᠭᠠᠬᠤ ᠦᠬᠡᠢ ᠪᠠᠶᠢᠵᠤ᠂ ᠮᠥᠩᠬᠦᠨ ᠬᠦᠢᠯᠬᠡᠬᠡᠨ ᠤ ᠦᠢᠯᠡᠴᠢᠯᠡᠬᠡᠨ ᠤ ᠬᠠᠨᠤᠮᠵᠢ | ᠶᠢᠨ ᠬᠡᠮᠵᠢᠶ᠎ᠡ ᠶᠢ ᠲᠡᠬᠡᠭᠰᠢᠯᠡᠬᠦᠯᠥᠨ᠎ᠡ᠃ ᠮᠥᠩᠬᠦᠨ ᠬᠦᠢᠯᠬᠡᠬᠡᠨ ᠤ ᠭᠡᠨᠡᠨ ᠲᠦᠭᠰᠢᠬᠦᠷᠢ ᠶᠢᠨ ᠬᠢᠨᠠᠨ ᠬᠡᠮᠵᠢᠬᠦ | ᠤᠷᠢᠳᠴᠢᠯᠠᠨ ᠰᠡᠷᠡᠮᠵᠢᠯᠡᠬᠦᠯᠬᠦ ᠪᠠ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠳᠤᠭᠳᠠᠴᠠ ᠶᠢ | ᠪᠦᠷᠢᠨᠰᠢᠬᠦᠯᠥᠨᠡ᠃ | ︵ᠳᠠᠪᠤ︶ ᠬᠤᠳᠠ ᠬᠦᠳᠡᠭᠡ ᠶᠢ ᠨᠢᠬᠡᠳᠦᠯᠳᠠᠢ ᠲᠦᠯᠥᠪᠯᠡᠨ ᠬᠦᠭᠵᠢᠬᠦᠯᠬᠦ ᠡᠷᠴᠢᠮ ᠢᠶᠠᠨ ᠴᠢᠩᠭᠠᠷᠠᠭᠤᠯᠤᠨ᠎ᠠ | ᠬᠤᠳᠠ ᠶᠢᠨ ᠲᠦᠯᠥᠪᠯᠡᠭᠡ ᠪᠦᠲᠦᠬᠡᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ ᠬᠢᠷᠢ ᠲᠦᠪᠰᠢᠨ ᠢ | ᠲᠡᠬᠡᠭᠰᠢᠯᠡᠬᠦᠯᠥᠨ᠎ᠡ᠃ ︽ᠳᠠᠪᠤᠨ ᠬᠤᠳᠠ ᠶᠢ ᠬᠠᠮᠳᠤ ᠳᠤᠨᠢ ᠡᠬᠦᠳᠬᠦ︾ ᠪᠤᠭᠤᠮᠳᠠ ᠰᠢᠪᠳᠤᠯᠬᠤ ᠳᠠᠶᠢᠯᠠᠯᠳᠤᠭᠠᠨ | ᠳᠤ ᠡᠷᠡᠰ ᠢᠯᠠᠯᠳᠠ ᠤᠯᠵᠤ᠂ ᠬᠤᠳᠠ ᠶᠢᠨ ᠲᠦᠷᠢ ᠲᠦᠷᠬᠦ ᠪᠠ ᠴᠢᠨᠠᠷ ᠲᠡᠰ ᠢ ᠪᠦᠬᠦ ᠳᠠᠯ᠎ᠠ ᠪᠠᠷ | ᠲᠡᠬᠡᠭᠰᠢᠯᠡᠬᠦᠯᠵᠦ᠂ ᠤᠯᠤᠰ ᠤᠨ ᠡᠷᠡᠬᠦᠯ ᠬᠠᠮᠠᠭᠠᠯᠠᠯ ᠤᠨ ᠬᠤᠳᠠ᠂ ᠢᠳᠡᠬᠡᠨ ᠤ ᠠᠶᠤᠯᠬᠦᠢ ᠶᠢᠨ ᠬᠤᠳᠠ ᠶᠢ | ᠵᠢᠯ ᠤᠨ ᠳᠤᠳᠤᠷ᠎ᠠ ᠠᠮᠵᠢᠯᠳᠠ ᠲᠠᠢ ᠪᠠᠷ ᠡᠬᠦᠳᠦᠨ ᠪᠠᠶᠢᠭᠤᠯᠬᠤ ᠶᠢ ᠦᠨᠡᠨᠬᠦ ᠪᠠᠳᠤᠯᠠᠵᠤ᠂ ᠪᠦᠬᠦ ᠤᠯᠤᠰ ᠤᠨ | ᠪᠤᠯᠪᠠᠰᠤᠨ ᠬᠤᠳᠠ ᠪᠤᠯᠭᠠᠨ ᠪᠠᠶᠢᠭᠤᠯᠬᠤ ᠪᠠᠷ ᠬᠦᠴᠦᠯᠡᠵᠦ᠂ ᠤᠯᠤᠰ ᠤᠨ ᠤᠷᠴᠢᠨ ᠳᠤᠭᠤᠷᠢᠨ ᠤ ᠵᠢᠱᠢᠶᠡᠴᠢ | ᠬᠤᠳᠠ᠂ ᠤᠯᠤᠰ ᠤᠨ ᠠᠮᠢ ᠠᠬᠤᠢ ᠶᠢᠨ ᠴᠡᠴᠡᠷᠯᠢᠭᠲᠦ ᠬᠤᠳᠠ ᠶᠢ ᠢᠳᠡᠪᠬᠢᠳᠠᠢ ᠪᠠᠷ ᠡᠬᠦᠳᠦᠨ ᠪᠠᠶᠢᠭᠤᠯᠵᠤ᠂ | ᠤᠷᠴᠢᠨ ᠳᠤᠭᠤᠷᠢᠨ ᠭᠤᠶᠤ ᠰᠠᠶᠢᠬᠠᠨ᠂ ᠤᠨᠴᠠᠯᠢᠭ ᠳᠤᠪᠤᠶᠢᠮ᠎ᠠ᠂ ᠰᠠᠭᠤᠵᠤ ᠠᠵᠢᠯᠯᠠᠬᠤ ᠵᠤᠭᠠᠴᠠᠬᠤ ᠳᠤ | ᠳᠤᠬᠢᠯᠢᠭ ᠭᠤᠶᠤ ᠦᠵᠡᠰᠬᠦᠯᠡᠩᠲᠦ ᠨᠤᠳᠤᠭ ᠤᠷᠤᠨ ᠢ ᠪᠦᠲᠦᠬᠡᠨ ᠪᠠᠶᠢᠭᠤᠯᠤᠨ᠎ᠠ᠃ ᠲᠦᠯᠥᠪᠵᠢᠬᠦᠯᠬᠡ ᠪᠠᠷ | ᠬᠦᠳᠦᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠤᠷᠤᠨ ᠪᠦᠰᠡ ᠪᠠ ᠰᠤᠶᠤᠯ ᠤᠨ ᠤᠨᠴᠠᠯᠢᠭ ᠢ | ᠳᠤᠪᠤᠶᠢᠯᠭᠠᠵᠤ᠂ ᠪᠦᠬᠦ ᠬᠤᠳᠠ ᠶᠢᠨ ᠤᠷᠤᠨ ᠳᠤᠭᠤᠷᠢᠭ ᠤᠨ ᠤᠷᠤᠨ ᠵᠠᠢ ᠶᠢᠨ ᠲᠦᠯᠥᠪᠵᠢᠬᠦᠯᠬᠡ ᠶᠢᠨ | ᠰᠢᠰᠲ᠋ᠧᠮᠵᠢ ᠶᠢ ᠪᠦᠷᠢᠨᠰᠢᠬᠦᠯᠵᠦ᠂ ᠰᠠᠶᠢᠨ ᠰᠠᠶᠢᠬᠠᠨ ᠠᠭᠤᠯᠠ ᠤᠰᠤ ᠦᠵᠡᠮᠵᠢ ᠶᠢ ᠬᠤᠳᠠ ᠶᠢᠨ | ᠲᠦᠯᠥᠪᠵᠢᠬᠦᠯᠬᠡ ᠶᠢᠨ ᠪᠦᠲᠦᠬᠡᠨ ᠪᠠᠶᠢᠭᠤᠯᠤᠯᠳᠠ ᠳᠠᠭᠠᠨ ᠠᠭᠤᠰᠤᠯᠳᠤᠭᠤᠯᠵᠤ᠂ ᠨᠢᠬᠡ ᠯᠡ ᠬᠡᠪ ᠢᠶᠠᠷ ᠪᠠᠶᠢᠬᠤ | ᠠᠴᠠ ᠵᠠᠶᠢᠯᠠᠰᠬᠢᠨ᠎ᠠ᠃ ︽ᠤᠯᠠᠨ ᠲᠦᠯᠥᠪᠵᠢᠬᠦᠯᠬᠡ ᠶᠢ ᠨᠢᠬᠡ ᠪᠤᠯᠭᠠᠬᠤ︾ ᠶᠢ ᠲᠡᠯᠬᠡᠷᠡᠬᠦᠯᠵᠦ᠂ ᠨᠢᠬᠡᠳᠦᠯᠳᠠᠢ | ᠲᠦᠯᠥᠪᠵᠢᠬᠦᠯᠬᠡ ᠶᠢᠨ ᠵᠢᠷᠤᠭ ᠲᠦᠷᠰᠦ ᠪᠠ ᠰᠤᠷᠠᠭ ᠵᠠᠩᠬᠢ ᠶᠢᠨ ᠬᠠᠮᠢᠶᠠᠷᠤᠯᠳᠠ ᠶᠢᠨ ᠳᠠᠪᠴᠠᠩ ᠢ | ᠪᠦᠷᠢᠯᠳᠦᠬᠦᠯᠥᠨ᠎ᠡ᠃ ᠬᠤᠳᠠ ᠶᠢᠨ ᠴᠢᠳᠠᠪᠬᠢ ᠶᠢ ᠪᠦᠷᠢᠨᠰᠢᠬᠦᠯᠥᠨᠡ᠃ ᠭᠠᠵᠠᠷ ᠲᠡᠬᠡᠷᠡᠬᠢ ᠭᠠᠵᠠᠷ ᠳᠤᠤᠷᠠᠬᠢ | ᠤᠷᠤᠨ ᠵᠠᠢ ᠶᠢ ᠵᠢᠭᠳᠡ ᠨᠡᠬᠡᠬᠡᠨ ᠠᠰᠢᠭᠯᠠᠵᠤ᠂ ᠰᠢᠨ᠎ᠡ ᠳᠤᠭᠤᠷᠢᠭ ᠤᠨ ᠪᠦᠲᠦᠬᠡᠨ ᠪᠠᠶᠢᠭᠤᠯᠤᠯᠳᠠ ᠪᠠ ᠬᠠᠭᠤᠴᠢᠨ | ᠬᠤᠳᠠ ᠶᠢᠨ ᠰᠢᠨᠡᠴᠢᠯᠡᠯᠳᠡ ᠶᠢ ᠨᠢᠬᠡᠳᠦᠯᠳᠠᠢ ᠲᠦᠯᠥᠪᠯᠡᠨ ᠲᠦᠯᠬᠢᠨ ᠠᠬᠢᠭᠤᠯᠵᠤ᠂ ᠤᠰᠤ᠂ ᠴᠠᠬᠢᠯᠭᠠᠨ᠂ ᠬᠡᠢ᠂ | ᠢᠯᠴᠢ ᠵᠡᠷᠬᠡ ᠬᠤᠳᠠ ᠶᠢᠨ ᠶᠠᠪᠤᠳᠠᠯ ᠤᠨ ᠰᠠᠭᠤᠷᠢ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠳᠠ ᠶᠢᠨ ᠲᠦᠷᠦᠯ | ᠵᠦᠢᠯ 178 ᠶᠢ ᠶᠠᠪᠤᠭᠳᠠᠭᠤᠯᠤᠨ᠎ᠠ᠃ ᠬᠤᠳᠠ ᠶᠢᠨ ᠡᠯ᠎ᠡ ᠲᠦᠷᠦᠯ ᠤᠨ ᠴᠡᠴᠡᠷᠯᠢᠭ ᠤᠨ ᠨᠤᠭᠤᠭᠠᠷᠠᠭᠤᠯᠤᠯᠳᠠ | ᠶᠢᠨ ᠭᠠᠵᠠᠷ 13 ᠰᠢᠨ᠎ᠡ ᠪᠠᠷ ᠪᠠᠶᠢᠭᠤᠯᠵᠤ᠂ ᠨᠤᠭᠤᠭᠠᠷᠠᠭᠤᠯᠤᠯᠳᠠ ᠶᠢᠨ ᠳᠠᠯᠠᠪᠠᠢ 260 ᠲᠦᠮᠡᠨ ᠲᠡᠭᠰᠢ | ᠲᠦᠷᠪᠡᠯᠵᠢᠨ ᠮᠧᠲᠷ ᠰᠢᠨ᠎ᠡ ᠪᠠᠷ ᠨᠡᠮᠡᠭᠳᠡᠬᠦᠯᠥᠨ᠎ᠡ᠃ ᠬᠤᠳᠠ ᠶᠢᠨ ᠡᠯ᠎ᠡ ᠲᠦᠷᠦᠯ ᠤᠨ ᠴᠡᠴᠡᠷᠯᠢᠭ ᠤᠨ | ᠨᠤᠭᠤᠭᠠᠷᠠᠭᠤᠯᠤᠯᠳᠠ ᠶᠢᠨ ᠳᠠᠯᠠᠪᠠᠢ ᠶᠢ 37.2% ᠳᠤ ᠬᠦᠷᠬᠡᠵᠦ᠂ ᠬᠦᠮᠦᠨ ᠳᠤᠮᠳᠠᠴᠢ ᠶᠢᠨ ᠴᠡᠴᠡᠷᠯᠢᠭ ᠤᠨ | ᠨᠤᠭᠤᠭᠠᠨ ᠭᠠᠵᠠᠷ ᠤᠨ ᠳᠠᠯᠠᠪᠠᠢ ᠶᠢ 29.1 ᠲᠡᠭᠰᠢ ᠲᠦᠷᠪᠡᠯᠵᠢᠨ ᠮᠧᠲᠷ ᠪᠤᠯᠭᠠᠵᠤ᠂ ᠭᠤᠤᠯ ᠵᠠᠮ ᠤᠨ ᠬᠤᠶᠠᠷ | ᠬᠠᠵᠠᠭᠤ ᠶᠢᠨ ᠪᠠᠷᠢᠯᠭ᠎ᠠ ᠪᠦᠬᠦᠨ ᠢ ᠬᠡᠬᠡᠷᠡᠬᠦᠯᠵᠦ᠂ ᠪᠠᠢ ᠴᠢᠤᠸᠠᠨ ᠱᠠᠨ ᠠᠭᠤᠯᠠ᠂ ᠯᠤᠤ ᠬᠤ᠋ ᠱᠠᠨ ᠠᠭᠤᠯᠠ᠂ | ᠨᠠᠷᠠᠰᠤᠨ ᠭᠤᠤᠯ ᠵᠡᠷᠬᠡ ᠦᠵᠡᠮᠦᠷᠢ ᠶᠢᠨ ᠬᠡᠬᠡᠷᠡᠬᠦᠯᠥᠯᠳᠡ ᠶᠢᠨ ᠢᠨᠵᠧᠨᠧᠷᠢᠩ ᠢ ᠠᠰᠢᠭᠯᠠᠯᠳᠠ ᠳᠤ | ᠤᠷᠤᠭᠤᠯᠤᠨ᠎ᠠ᠃ ᠬᠠᠭᠤᠴᠢᠨ ᠤᠷᠤᠨ ᠰᠠᠭᠤᠴᠠ ᠶᠢᠨ ᠵᠢᠵᠢᠭ ᠳᠤᠭᠤᠷᠢᠭ ᠤᠨ ᠰᠢᠨᠡᠴᠢᠯᠡᠯᠳᠡ ᠶᠢ ᠶᠠᠪᠤᠭᠤᠯᠵᠤ᠂ | ᠪᠠᠷᠢᠯᠭ᠎ᠠ ᠶᠢᠨ ᠡᠨᠧᠷᠬᠢ ᠠᠷᠪᠢᠯᠠᠯᠳᠠ ᠲᠠᠢ ᠰᠢᠨᠡᠴᠢᠯᠡᠯᠳᠡ 50 ᠲᠦᠮᠡᠨ ᠲᠡᠭᠰᠢ ᠲᠦᠷᠪᠡᠯᠵᠢᠨ ᠮᠧᠲᠷ ᠠᠴᠠ | ᠲᠡᠬᠡᠭᠰᠢ ᠪᠡᠶᠡᠯᠡᠬᠦᠯᠥᠨ᠎ᠡ᠃ ᠬᠤᠳᠠ ᠶᠢᠨ ᠬᠠᠮᠢᠶᠠᠷᠤᠯᠳᠠ ᠶᠢ ᠴᠢᠩᠭᠠᠳᠬᠠᠨ᠎ᠠ᠃ ᠠᠳᠠᠯ ᠠᠬᠤᠢ ᠶᠢᠨ | ᠬᠠᠮᠢᠶᠠᠷᠤᠯᠳᠠ ᠶᠢᠨ ᠤᠯᠠᠨ ᠶᠠᠩᠵᠤ ᠶᠢᠨ ᠵᠠᠭᠪᠤᠷ ᠢ ᠢᠳᠡᠪᠬᠢᠳᠠᠢ ᠰᠦᠪᠡᠭᠴᠢᠯᠡᠵᠦ᠂ ᠬᠤᠳᠠ ᠶᠢᠨ | ᠬᠠᠮᠢᠶᠠᠷᠤᠯᠳᠠ ᠶᠢᠨ ᠶᠡᠷᠦᠩᠬᠡᠢ ᠬᠠᠤᠯᠢ ᠬᠡᠷᠡᠭᠵᠢᠬᠦᠯᠥᠯᠳᠡ ᠶᠢᠨ ᠳᠤᠪᠴᠢᠶ᠎ᠠ ᠶᠢ ᠪᠦᠷᠢᠯᠳᠦᠬᠦᠯᠥᠨ ᠪᠠᠶᠢᠭᠤᠯᠵᠤ᠂ | ᠬᠤᠳᠠ ᠶᠢᠨ ᠶᠡᠭᠡ ᠬᠠᠮᠢᠶᠠᠷᠤᠯᠳᠠ ᠶᠢᠨ ᠪᠠᠶᠢᠳᠠᠯ ᠢ ᠪᠤᠢ ᠪᠤᠯᠭᠠᠵᠤ᠂ ᠬᠤᠳᠠ ᠶᠢᠨ ᠬᠠᠮᠢᠶᠠᠷᠤᠯᠳᠠ ᠶᠢᠨ | ᠨᠠᠷᠢᠯᠢᠬᠵᠢᠭᠤᠯᠤᠯᠳᠠ ᠶᠢ ᠲᠦᠯᠬᠢᠨ ᠠᠬᠢᠭᠤᠯᠤᠨ᠎ᠠ᠃ | ᠬᠤᠳᠠ ᠬᠦᠳᠡᠭᠡ ᠶᠢ ᠨᠢᠬᠡ ᠴᠤᠭᠴᠠᠵᠢᠭᠤᠯᠤᠨ ᠬᠦᠭᠵᠢᠬᠦᠯᠬᠦ ᠬᠢᠷᠢ ᠲᠦᠪᠰᠢᠨ ᠢ ᠲᠡᠬᠡᠭᠰᠢᠯᠡᠬᠦᠯᠥᠨ᠎ᠡ᠃ | ᠡᠷᠦᠬᠡ ᠠᠮᠠ ᠶᠢᠨ ᠬᠠᠷᠢᠶ᠎ᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠳᠠᠷᠢᠶᠠᠯᠠᠬᠤ ᠮᠠᠯᠵᠢᠬᠤ ᠤᠷᠤᠨ ᠤ | ᠰᠢᠯᠵᠢᠯᠳᠡ ᠶᠢᠨ ᠬᠦᠮᠦᠨ ᠠᠮᠠ ᠶᠢ ᠬᠤᠳᠠ ᠶᠢᠨ ᠠᠷᠠᠳ ᠪᠤᠯᠭᠠᠬᠤ ᠶᠠᠪᠤᠴᠠ ᠶᠢ ᠲᠦᠷᠬᠡᠳᠬᠡᠵᠦ᠂ ᠪᠠᠶᠢᠩᠭᠤ | ᠰᠠᠭᠤᠭ᠎ᠠ ᠬᠦᠮᠦᠨ ᠠᠮᠠ ᠶᠢᠨ ᠬᠤᠳᠠ ᠪᠠᠯᠭᠠᠰᠤᠵᠢᠯᠳᠠ ᠶᠢᠨ ᠨᠤᠷᠮ᠎ᠠ ᠶᠢ 50% ᠳᠤ ᠬᠦᠷᠬᠡᠨ᠎ᠡ᠃ ᠰᠢᠶᠠᠨ ᠤ | ᠠᠵᠤ ᠠᠬᠤᠢ ᠶᠢ ᠶᠡᠬᠡᠪᠡᠷ ᠬᠦᠭᠵᠢᠬᠦᠯᠵᠦ᠂ ᠤᠨᠴᠠᠯᠢᠭ ᠢᠶᠠᠷ ᠮᠡᠳᠡᠭᠳᠡᠮ᠎ᠡ᠂ ᠳᠠᠪᠠᠭᠤᠯᠢᠭ ᠢᠶᠠᠷ ᠳᠤᠪᠤᠶᠢᠮ᠎ᠠ | ᠬᠦᠴᠦᠷᠬᠡᠭ ᠬᠤᠰᠢᠭᠤ ᠰᠢᠶᠠᠨ ᠤᠳ ᠢ ᠪᠠᠶᠢᠭᠤᠯᠤᠨ᠎ᠠ᠃ ᠠᠵᠤ ᠦᠢᠯᠡᠳᠪᠦᠷᠢ ᠶᠢᠨ ᠬᠦᠨᠳᠦ ᠪᠠᠯᠭᠠᠰᠤ᠂ | ᠳᠠᠷᠢᠶᠠᠯᠠᠩ ᠤᠨ ᠬᠦᠴᠦᠷᠬᠡᠭ ᠪᠠᠯᠭᠠᠰᠤ᠂ ᠬᠤᠳᠠᠯᠳᠤᠭ᠎ᠠ ᠠᠷᠠᠯᠵᠢᠶᠠᠨ ᠤ ᠳᠤᠮᠤ ᠪᠠᠯᠭᠠᠰᠤ ᠪᠠ ᠵᠤᠭᠠᠴᠠᠯ ᠤᠨ | ᠨᠡᠷᠡᠲᠦ ᠪᠠᠯᠭᠠᠰᠤ ᠤᠳ ᠢ ᠪᠠᠶᠢᠭᠤᠯᠵᠤ᠂ ᠦᠪᠡᠷᠳᠡᠬᠡᠨ ᠵᠠᠰᠠᠬᠤ ᠤᠷᠤᠨ ᠤ ᠲᠡᠰ ᠤᠨ 2᠂ ᠬᠤᠳᠠ ᠶᠢᠨ ᠲᠡᠰ | ᠤᠨ 10 ᠤᠨᠴᠠᠯᠢᠭᠳᠤ ᠵᠢᠵᠢᠭ ᠪᠠᠯᠭᠠᠰᠤ ᠶᠢ ᠡᠬᠦᠳᠦᠨ ᠪᠠᠶᠢᠭᠤᠯᠤᠨ᠎ᠠ᠃ ᠦᠵᠡᠰᠬᠦᠯᠡᠩ ᠭᠤᠶᠤ ᠬᠦᠳᠡᠭᠡ | ᠳᠤᠰᠬᠤᠨ ᠢ ᠪᠦᠲᠦᠬᠡᠨ ᠪᠠᠶᠢᠭᠤᠯᠵᠤ᠂ ᠳᠠᠷᠢᠶᠠᠯᠠᠬᠤ ᠮᠠᠯᠵᠢᠬᠤ ᠤᠷᠤᠨ ᠤ ᠰᠠᠭᠤᠷᠢ ᠲᠦᠬᠦᠬᠡᠷᠦᠮᠵᠢ ᠪᠠ ᠤᠷᠴᠢᠨ | ᠳᠤᠭᠤᠷᠢᠨ ᠤ ᠪᠦᠲᠦᠬᠡᠨ ᠪᠠᠶᠢᠭᠤᠯᠤᠯᠳᠠ ᠶᠢᠨ ᠦᠷ᠎ᠡ ᠪᠦᠲᠦᠬᠡᠯ ᠢᠶᠠᠨ ᠪᠠᠬᠢᠵᠢᠬᠦᠯᠵᠦ᠂ ᠳᠠᠷᠢᠶᠠᠯᠠᠬᠤ ᠮᠠᠯᠵᠢᠬᠤ | ᠤᠷᠤᠨ ᠤ 3 ᠲᠦᠮᠡᠨ ᠡᠷᠦᠬᠡ ᠶᠢᠨ ᠠᠶᠤᠯᠳᠠᠢ ᠬᠡᠷ ᠪᠠᠶᠢᠰᠢᠩ ᠤᠨ ᠰᠢᠨᠡᠴᠢᠯᠡᠯᠳᠡ ᠶᠢ ᠪᠡᠶᠡᠯᠡᠬᠦᠯᠥᠨ᠎ᠡ᠃ | ᠰᠠᠭᠤᠷᠢ ᠲᠦᠬᠦᠬᠡᠷᠦᠮᠵᠢ ᠶᠢᠨ ᠳᠤᠤᠷ ᠰᠦᠯᠵᠢᠶᠡᠨ ᠤ ᠤᠳᠤᠬᠢᠴᠢᠯᠠᠯᠳᠠ ᠶᠢᠨ ᠬᠢᠷᠢ ᠲᠦᠪᠰᠢᠨ ᠢ | ᠲᠡᠬᠡᠭᠰᠢᠯᠡᠬᠦᠯᠥᠨ᠎ᠡ᠃ ︽ᠳᠤᠯᠤᠭᠠᠨ ᠳᠤᠤᠷ ᠰᠦᠯᠵᠢᠶ᠎ᠡ︾ ᠶᠢᠨ ᠳᠤᠰᠬᠠᠢ ᠲᠦᠯᠥᠪᠵᠢᠬᠦᠯᠬᠡ ᠶᠢ ᠲᠦᠷᠬᠡᠨ | ᠨᠠᠶᠢᠷᠠᠭᠤᠯᠵᠤ᠂ ᠬᠦᠭᠵᠢᠯᠳᠡ ᠳᠤ ᠳᠤᠬᠢᠷᠠᠭᠰᠠᠨ ᠤᠷᠢᠳᠴᠢᠯᠠᠬᠤ ᠳᠤ ᠳᠤᠬᠢᠷᠠᠭᠰᠠᠨ ᠰᠠᠭᠤᠷᠢ ᠲᠦᠬᠦᠬᠡᠷᠦᠮᠵᠢ ᠶᠢᠨ | ᠳᠤᠤᠷ ᠰᠦᠯᠵᠢᠶᠡᠨ ᠤ ᠰᠢᠰᠲ᠋ᠧᠮᠵᠢ ᠶᠢ ᠪᠦᠷᠢᠯᠳᠦᠬᠦᠯᠥᠨ᠎ᠡ᠃ ᠬᠤᠷᠳᠤᠨ ᠲᠦᠬᠦᠮ ᠲᠡᠮᠦᠷ ᠵᠠᠮ ᠤᠨ ᠳᠤᠤᠷ | ᠰᠦᠯᠵᠢᠶ᠎ᠡ ᠶᠢ ᠪᠦᠲᠦᠬᠡᠨ ᠪᠠᠶᠢᠭᠤᠯᠤᠨ᠎ᠠ᠃ ᠵᠢᠨᠢᠩ ᠳ᠋ᠠᠲ᠋ᠦ᠋ᠩ ᠤᠨ ᠦᠨᠳᠦᠷ ᠬᠤᠷᠳᠤᠴᠠᠳᠤ ᠭᠠᠯ ᠲᠡᠷᠬᠡᠨ ᠤ | ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠳᠠᠢ ᠲᠦᠯᠬᠢᠨ ᠠᠬᠢᠭᠤᠯᠵᠤ᠂ ᠪᠡᠬᠡᠵᠢᠩ ᠬᠦᠬᠡᠬᠤᠳᠠ ᠶᠢᠨ ᠦᠨᠳᠦᠷ | ᠬᠤᠷᠳᠤᠴᠠᠳᠤ ᠲᠡᠮᠦᠷ ᠵᠠᠮ ᠤᠨ ᠬᠦᠬᠡᠬᠤᠳᠠ — ᠤᠯᠠᠭᠠᠨᠴᠠᠪ ᠤᠨ ᠬᠡᠰᠡᠭ ᠢ ᠨᠡᠪᠳᠡᠷᠡᠬᠦᠯᠥᠨ ᠡᠷᠬᠢᠯᠳᠦᠬᠦᠯᠥᠨᠡ | ᠃ ᠬᠠᠷᠢᠯᠴᠠᠨ ᠬᠤᠯᠪᠤᠯᠳᠤᠨ ᠬᠠᠷᠢᠯᠴᠠᠨ ᠨᠡᠪᠳᠡᠷᠡᠯᠴᠡᠭᠰᠡᠨ ᠵᠠᠰᠠᠮᠠᠯ ᠵᠠᠮ ᠤᠨ ᠳᠤᠤᠷ ᠰᠦᠯᠵᠢᠶ᠎ᠡ ᠪᠠᠶᠢᠭᠤᠯᠤᠨ᠎ᠠ᠃ | ᠵᠠᠰᠠᠮᠠᠯ ᠵᠠᠮ ᠤᠨ ᠭᠤᠤᠯᠳᠠᠯᠭ᠎ᠠ ᠲᠠᠢ ᠲᠦᠷᠦᠯ ᠵᠦᠢᠯ ᠢ 33 ᠶᠢ ᠶᠠᠪᠤᠭᠳᠠᠭᠤᠯᠵᠤ᠂ ᠪᠦᠲᠦᠬᠡᠨ ᠪᠠᠶᠢᠭᠤᠯᠤᠯᠳᠠ | ᠶᠢᠨ ᠬᠡᠪᠴᠢᠶ᠎ᠡ ᠶᠢ 3500 ᠺᠢᠯᠤᠮᠧᠲᠷ ᠳᠠᠪᠠᠭᠤᠯᠵᠤ᠂ ᠳᠠᠰᠤᠷᠬᠠᠢ ᠵᠠᠮ ᠪᠠ G6 ᠡᠮᠦᠨ᠎ᠡ ᠤᠮᠠᠷ᠎ᠠ ᠶᠢᠨ | ᠨᠡᠪᠳᠡᠷᠡᠯᠬᠡ ᠶᠢ ᠨᠡᠪᠳᠡᠷᠡᠬᠦᠯᠵᠦ᠂ ᠬᠦᠬᠡᠬᠤᠳᠠ ᠯᠢᠶᠠᠩᠴᠧᠩ ᠹᠧᠩᠵᠧᠨ ᠤ ᠨᠢᠬᠡᠳᠦᠬᠡᠷ ᠲᠡᠰ ᠤᠨ ᠵᠠᠰᠠᠮᠠᠯ ᠵᠠᠮ᠂ | ᠤᠯᠤᠰ ᠤᠨ ᠵᠠᠮ 335 ᠶᠢᠨ ᠵᠢᠨᠢᠩ ᠠᠴᠠ ᠬᠦᠬᠡᠪᠦᠷ ᠬᠦᠷᠬᠦ ᠨᠢᠬᠡᠳᠦᠬᠡᠷ ᠲᠡᠰ ᠤᠨ ᠵᠠᠰᠠᠮᠠᠯ ᠵᠠᠮ ᠢ | ᠦᠪᠡᠷᠳᠡᠬᠡᠨ ᠵᠠᠰᠠᠬᠤ ᠤᠷᠤᠨ ᠤ 70 ᠵᠢᠯ ᠤᠨ ᠤᠢ ᠶᠢᠨ ᠶᠡᠭᠡ ᠪᠠᠶᠠᠷ ᠠᠴᠠ ᠡᠮᠦᠨ᠎ᠡ ᠵᠠᠰᠠᠵᠤ ᠲᠡᠷᠬᠡ | ᠨᠡᠪᠳᠡᠷᠡᠬᠦᠯᠥᠨᠡ᠃ ᠭᠠᠴᠠᠭ᠎ᠠ ᠳᠤᠰᠬᠤᠨ ᠤ ᠴᠠᠷᠳᠠᠮᠠᠯ ᠱᠦᠢᠨᠢ ᠵᠠᠮ ᠤᠨ ᠨᠡᠪᠳᠡᠷᠡᠬᠦᠯᠥᠯᠳᠡ ᠶᠢᠨ ᠨᠤᠷᠮ᠎ᠠ ᠶᠢ | 100% ᠳᠤ ᠬᠦᠷᠬᠡᠨ᠎ᠡ᠃ᠪᠦᠷᠬᠦᠬᠦᠯᠳᠡ ᠢᠶᠠᠷ ᠦᠷᠬᠡᠨ ᠠᠭᠠᠷ ᠠᠶᠠᠯᠠᠯ ᠤᠨ ᠳᠤᠤᠷ ᠰᠦᠯᠵᠢᠶ᠎ᠡ ᠶᠢ ᠪᠦᠲᠦᠬᠡᠨ | ᠪᠠᠶᠢᠭᠤᠯᠤᠨ᠎ᠠ᠃ ᠤᠯᠠᠭᠠᠨᠴᠠᠪ ᠤᠨ ᠨᠢᠰᠬᠡᠯ ᠤᠨ ᠪᠠᠭᠤᠳᠠᠯ ᠢ ᠤᠯᠠᠨ ᠤᠯᠤᠰ ᠤᠨ ᠨᠢᠰᠬᠡᠯ ᠤᠨ ᠪᠠᠭᠤᠳᠠᠯ | ᠪᠤᠯᠭᠠᠨ ᠦᠷᠬᠡᠳᠬᠡᠬᠦ ᠶᠢ ᠲᠦᠯᠬᠢᠨ ᠠᠬᠢᠭᠤᠯᠵᠤ᠂ ᠨᠡᠶᠢᠰᠯᠡᠯ ᠤᠨ ᠤᠯᠠᠨ ᠤᠯᠤᠰ ᠤᠨ ᠨᠢᠰᠬᠡᠯ ᠤᠨ ᠪᠠᠭᠤᠳᠠᠯ | ᠤᠨ ᠪᠡᠯᠡᠳᠬᠡᠯ ᠪᠠᠭᠤᠬᠤ ᠪᠠ ᠠᠶᠠᠨᠴᠢᠳ ᠪᠠᠷᠠᠭ᠎ᠠ ᠲᠡᠬᠡᠬᠡᠪᠦᠷᠢᠯᠡᠬᠦ ᠶᠢᠨ ᠬᠠᠮᠵᠢᠯᠴᠠᠭᠠᠨ ᠤ ᠨᠢᠰᠬᠡᠯ ᠤᠨ ᠪᠠᠭᠤᠳᠠᠯ | ᠪᠤᠯᠭᠠᠨ᠎ᠠ᠃ ᠠᠭᠠᠷ ᠠᠶᠠᠯᠠᠯ ᠤᠨ ᠱᠤᠭᠤᠮ ᠠᠭᠠᠷ ᠠᠶᠠᠯᠠᠯ ᠤᠨ ᠡᠬᠡᠯᠵᠢ ᠶᠢ ᠨᠢᠭᠤᠴᠠᠯᠠᠨ ᠦᠷᠬᠡᠳᠬᠡᠵᠦ᠂ ᠵᠢᠯ | ᠤᠨ ᠠᠶᠠᠨᠴᠢᠳ ᠤᠨ ᠳᠤᠭ᠎ᠠ ᠶᠢ 30 ᠲᠦᠮᠡᠨ ᠬᠦᠮᠦᠨ ᠤᠳᠠᠭ᠎ᠠ ᠳᠤ ᠬᠦᠷᠬᠡᠨ᠎ᠡ᠃ ᠲᠦᠷᠪᠡᠳ ᠬᠤᠰᠢᠭᠤ᠂ | ᠳᠤᠮᠳᠠᠳᠤ ᠬᠤᠰᠢᠭᠤ᠂ ᠰᠢᠩ ᠾᠧ ᠶᠢᠨ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠡᠮᠦᠨᠡᠬᠢ ᠬᠤᠭᠤᠴᠠᠭᠠᠨ | ᠤ ᠠᠵᠢᠯ ᠢ ᠪᠡᠶᠡᠯᠡᠬᠦᠯᠵᠦ᠂ ᠬᠤᠸᠠᠳᠧ ᠰᠢᠶᠠᠨ ᠤ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠪᠠᠷᠢᠯᠭ᠎ᠠ | ᠶᠢᠨ ᠠᠵᠢᠯ ᠢ ᠨᠢ ᠡᠬᠢᠯᠡᠬᠦᠯᠵᠦ ᠪᠦᠲᠦᠬᠡᠨ ᠪᠠᠶᠢᠭᠤᠯᠵᠤ᠂ ᠯᠢᠶᠠᠩᠴᠧᠩ ᠤᠨ ᠨᠡᠶᠢᠳᠡᠮ ᠬᠡᠷᠡᠭᠯᠡᠬᠦ ᠨᠢᠰᠬᠡᠯ ᠤᠨ | ᠪᠠᠭᠤᠳᠠᠯ ᠢ ᠪᠠᠶᠢᠭᠤᠯᠵᠤ ᠠᠰᠢᠭᠯᠠᠯᠳᠠ ᠳᠤ ᠤᠷᠤᠭᠤᠯᠤᠨ᠎ᠠ᠃ ᠦᠨᠳᠦᠷ ᠦᠷ᠎ᠡ ᠠᠰᠢᠭᠭᠳᠤ ᠰᠢᠯᠢᠳᠡᠭ ᠶᠠᠰᠤ | ᠴᠢᠨᠠᠷᠳᠤ ᠬᠤᠳᠠ ᠶᠢᠨ ᠶᠠᠪᠤᠳᠠᠯ ᠤᠨ ᠳᠤᠤᠷ ᠰᠦᠯᠵᠢᠶ᠎ᠡ ᠶᠢ ᠪᠦᠲᠦᠬᠡᠨ ᠪᠠᠶᠢᠭᠤᠯᠤᠨ᠎ᠠ᠃ ᠬᠤᠳᠠ ᠶᠢᠨ | ᠳᠤᠭᠤᠷᠢᠭ ᠤᠨ ᠭᠤᠤᠯ ᠵᠠᠮ 146 ᠺᠢᠯᠤᠮᠧᠲᠷ᠂ ᠤᠰᠤ ᠬᠠᠩᠭᠠᠯᠳᠠ ᠶᠢᠨ ᠬᠤᠭᠤᠯᠠᠢ ᠶᠢᠨ ᠳᠤᠤᠷ ᠰᠦᠯᠵᠢᠶ᠎ᠡ | 461 ᠺᠢᠯᠤᠮᠧᠲᠷ ᠰᠢᠨ᠎ᠡ ᠪᠠᠷ ᠦᠷᠬᠡᠳᠬᠡᠨ ᠪᠠᠶᠢᠭᠤᠯᠵᠤ᠂ ᠲᠦᠪᠯᠡᠷᠡᠩᠬᠦᠢ ᠢᠯᠴᠢ ᠬᠠᠩᠭᠠᠯᠳᠠ᠂ ᠤᠰᠤ | ᠬᠠᠩᠭᠠᠯᠳᠠ ᠶᠢᠨ ᠲᠦᠬᠡᠮᠡᠯᠵᠢᠯᠳᠡ ᠶᠢᠨ ᠨᠤᠷᠮ᠎ᠠ ᠶᠢ ᠳᠤᠰᠪᠤᠷᠢ 91.5% ᠪᠠ 85% ᠳᠤ ᠬᠦᠷᠬᠡᠵᠦ᠂ ᠭᠤᠤᠯ ᠤᠨ | ᠵᠡᠬᠦᠨ ᠬᠡᠰᠡᠭ ᠤᠨ ᠳᠤᠭᠤᠷᠢᠭ ᠤᠨ ᠵᠠᠮ ᠤᠨ ᠬᠤᠭᠤᠯᠠᠢ ᠶᠢᠨ ᠳᠤᠤᠷ ᠰᠦᠯᠵᠢᠶ᠎ᠡ ᠪᠠ ᠶᠡᠷᠦᠩᠬᠡᠢ ᠬᠤᠭᠤᠯᠠᠢ ᠶᠢᠨ | ᠬᠤᠩᠬᠢᠯ ᠤᠨ ᠪᠦᠲᠦᠬᠡᠨ ᠪᠠᠶᠢᠭᠤᠯᠤᠯᠳᠠ ᠶᠢ ᠡᠬᠢᠯᠡᠬᠦᠯᠵᠦ᠂ ᠡᠮᠦᠨ᠎ᠡ ᠱᠠᠨ ᠾᠧ ᠭᠤᠤᠯ ᠤᠨ ᠶᠡᠷᠦᠩᠬᠡᠢ | ᠵᠠᠰᠠᠯᠳᠠ ᠶᠢ ᠪᠡᠶᠡᠯᠡᠬᠦᠯᠥᠨ᠎ᠡ᠃ᠠᠶᠤᠯ ᠦᠬᠡᠢ ᠨᠠᠶᠢᠳᠠᠪᠦᠷᠢᠳᠠᠢ ᠤᠰᠤᠨ ᠠᠰᠢᠭᠯᠠᠯᠳᠠ ᠶᠢᠨ ᠳᠤᠤᠷ ᠰᠦᠯᠵᠢᠶ᠎ᠡ ᠶᠢ | ᠪᠦᠲᠦᠬᠡᠨ ᠪᠠᠶᠢᠭᠤᠯᠤᠨ᠎ᠠ᠃ ᠹᠧᠩᠵᠧᠨ ᠤ ᠲᠸᠤ ᠳ᠋ᠤᠤ ᠭᠸᠤ ᠵᠡᠷᠬᠡ 3 ᠤᠰᠤᠨ ᠴᠦᠬᠦᠷᠦᠮ ᠤᠨ ᠡᠮᠦᠨᠡᠬᠢ | ᠬᠤᠭᠤᠴᠠᠭᠠᠨ ᠤ ᠠᠵᠢᠯ ᠢ ᠲᠦᠷᠬᠡᠳᠬᠡᠨ᠎ᠡ᠃ ︽ᠬᠠᠳᠤᠨ ᠭᠤᠤᠯ ᠤᠨ ᠤᠰᠤ ᠶᠢ ᠳᠠᠭ᠎ᠠ ᠶᠢᠨ ᠨᠠᠭᠤᠷ ᠲᠤ ᠳᠠᠳᠠᠨ | ᠤᠷᠤᠭᠤᠯᠬᠤ︾ ᠪᠠᠷᠢᠯᠭ᠎ᠠ ᠶᠢ ᠢᠳᠡᠪᠬᠢᠳᠠᠢ ᠲᠦᠯᠬᠢᠨ ᠠᠬᠢᠭᠤᠯᠤᠨ᠎ᠠ᠃ ᠲᠦᠪ ᠬᠤᠳᠠ ᠳᠤᠭᠤᠷᠢᠭ ᠤᠨ ᠪᠠᠴᠢᠮ | ᠪᠠᠶᠢᠳᠠᠯ ᠢ ᠠᠷᠭᠠᠴᠠᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠢᠨᠵᠧᠨᠧᠷᠢᠩ ᠢ ᠶᠠᠪᠤᠭᠳᠠᠭᠤᠯᠤᠨ᠎ᠠ᠃ | ᠤᠶᠤᠨᠳᠤ ᠪᠤᠬᠢᠷᠳᠤᠯ ᠦᠬᠡᠢ ᠡᠨᠧᠷᠬᠢ ᠶᠢᠨ ᠡᠬᠢ ᠰᠤᠷᠪᠤᠯᠵᠢ ᠶᠢᠨ ᠳᠤᠤᠷ ᠰᠦᠯᠵᠢᠶ᠎ᠡ ᠶᠢ ᠪᠦᠲᠦᠬᠡᠨ | ᠪᠠᠶᠢᠭᠤᠯᠤᠨ᠎ᠠ᠃ ᠴᠡᠪᠡᠷ ᠡᠨᠧᠷᠬᠢ ᠶᠢᠨ ᠡᠬᠢ ᠰᠤᠷᠪᠤᠯᠵᠢ ᠶᠢᠨ ᠰᠠᠭᠤᠷᠢᠨ ᠪᠠ ᠢᠵᠢ ᠪᠦᠷᠢᠯᠳᠦᠬᠦᠯᠥᠨ ᠴᠠᠬᠢᠯᠭᠠᠨ ᠢ | ᠭᠠᠳᠠᠭᠰᠢ ᠬᠦᠷᠬᠡᠬᠦ ᠨᠡᠪᠳᠡᠷᠡᠯᠬᠡ ᠶᠢᠨ ᠡᠮᠦᠨᠡᠬᠢ ᠬᠤᠭᠤᠴᠠᠭᠠᠨ ᠤ ᠠᠵᠢᠯ ᠢ ᠲᠦᠷᠬᠡᠳᠬᠡᠵᠦ᠂ ᠵᠢᠯ ᠤᠨ ᠳᠤᠳᠤᠷ᠎ᠠ | ᠵᠦᠪᠰᠢᠶᠡᠷᠡᠯ ᠤᠯᠵᠤ᠂ ᠠᠵᠢᠯ ᠢ ᠨᠢ ᠡᠬᠢᠯᠡᠬᠦᠯᠥᠨ ᠪᠦᠲᠦᠬᠡᠨ ᠪᠠᠶᠢᠭᠤᠯᠬᠤ ᠪᠠᠷ ᠬᠦᠴᠦᠯᠡᠨ᠎ᠡ᠃ ᠪᠠᠶᠢᠭᠠᠯᠢ ᠶᠢᠨ | ᠰᠢᠳᠠᠮᠠᠬᠠᠢ ᠬᠡᠢ ᠶᠢᠨ ᠬᠤᠭᠤᠯᠠᠢ ᠶᠢᠨ ᠳᠤᠤᠷ ᠰᠦᠯᠵᠢᠶ᠎ᠡ ᠶᠢ ᠬᠤᠳᠠ ᠬᠦᠷᠢᠶᠡᠯᠡᠩ ᠳᠤ ᠤᠷᠤᠭᠤᠯᠤᠨ᠎ᠠ᠃ | ᠲᠦᠬᠦᠮ ᠲᠦᠳᠡ ᠦᠨᠳᠦᠷ ᠦᠷ᠎ᠡ ᠠᠰᠢᠭᠳᠤ ᠰᠤᠷᠠᠭ ᠵᠠᠩᠬᠢ ᠶᠢᠨ ᠰᠦᠯᠵᠢᠶ᠎ᠡ ᠶᠢ ᠪᠦᠲᠦᠬᠡᠨ ᠪᠠᠶᠢᠭᠤᠯᠤᠨ᠎ᠠ᠃ | ᠶᠡᠭᠡ ᠳ᠋ᠠᠶᠢᠲ᠋ᠠ ᠶᠢᠨ ᠰᠠᠭᠤᠷᠢ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠳᠠ ᠶᠢ ᠴᠢᠩᠭᠠᠳᠬᠠᠵᠤ᠂ ᠵᠢᠨᠢᠩ — | ᠪᠡᠬᠡᠵᠢᠩ ᠤᠨ ᠨᠡᠪᠳᠡᠷᠡᠭᠰᠡᠨ ᠬᠡᠷᠡᠯᠡᠯᠬᠡ ᠶᠢ ᠪᠦᠲᠦᠬᠡᠨ ᠪᠠᠶᠢᠭᠤᠯᠤᠨ᠎ᠠ᠃ ᠤᠯᠤᠰ ᠤᠨ ᠴᠠᠬᠢᠯᠭᠠᠨ ᠬᠤᠯᠪᠤᠭᠠᠨ ᠤ | ᠨᠡᠶᠢᠳᠡᠮ ᠦᠢᠯᠡᠴᠢᠯᠡᠬᠡᠨ ᠤ ᠳᠤᠷᠰᠢᠯᠳᠠ ᠶᠢᠨ ᠴᠢᠭ᠋ ᠤᠨ ᠲᠦᠷᠦᠯ ᠵᠦᠢᠯ ᠤᠨ ᠪᠦᠲᠦᠬᠡᠨ ᠪᠠᠶᠢᠭᠤᠯᠤᠯᠳᠠ ᠪᠠᠷ | ᠳᠠᠮᠵᠢᠭᠤᠯᠤᠨ᠂ ᠬᠡᠷᠡᠯᠯᠡᠭ ᠰᠢᠷᠭᠡᠭ ᠤᠨ ᠳᠤᠤᠷ ᠰᠦᠯᠵᠢᠶ᠎ᠡ᠂ ᠮᠥᠩᠬᠦᠨ ᠬᠦᠢᠯᠬᠡᠬᠡᠨ ᠤ ᠦᠢᠯᠡᠴᠢᠯᠡᠭᠡ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠳᠤᠰᠬᠤᠨ ᠪᠤᠯᠭᠠᠨ ᠳᠤ ᠨᠡᠪᠳᠡᠷᠡᠬᠦᠯᠬᠦ ᠶᠢ ᠪᠡᠶᠡᠯᠡᠬᠦᠯᠥᠨ᠎ᠡ᠃ 64 ᠰᠢᠶᠠᠩ | ᠱᠠᠳᠤᠨ ᠤ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠬᠡᠨ ᠤ ᠦᠷᠳᠡᠭᠡ 856᠂ ᠳᠤᠰᠬᠤᠨ | ᠱᠠᠳᠤᠨ ᠤ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠬᠡᠨ ᠤ ᠴᠢᠭ᠋ ᠢ ᠪᠦᠲᠦᠬᠡᠨ ᠪᠠᠶᠢᠭᠤᠯᠤᠨ᠎ᠠ᠃ | ᠨᠡᠶᠢᠬᠡᠮ ᠤᠨ ᠪᠠᠳᠤᠯᠠᠪᠤᠷᠢ ᠵᠡᠷᠬᠡ ᠰᠤᠷᠠᠭ ᠵᠠᠩᠬᠢ ᠶᠢᠨ ᠬᠠᠷᠢᠴᠠᠭᠤᠯᠤᠯ ᠤᠨ ᠰᠢᠰᠲ᠋ᠧᠮ ᠢ ᠪᠠᠶᠢᠭᠤᠯᠤᠨ᠎ᠠ᠃ | ︵ᠵᠢᠷᠭᠤᠭ᠎ᠠ︶ ᠦᠬᠡᠷᠡᠴᠢᠯᠡᠯᠳᠡ ᠨᠡᠬᠡᠬᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠥᠨ᠎ᠡ | ᠭᠤᠤᠯᠳᠠᠯᠭ᠎ᠠ ᠲᠠᠢ ᠬᠦᠷᠢᠶ᠎ᠡ ᠴᠠᠷ᠎ᠠ ᠳᠠᠬᠢ ᠦᠬᠡᠷᠡᠴᠢᠯᠡᠯᠳᠡ ᠶᠢ ᠲᠦᠯᠬᠢᠨ ᠠᠬᠢᠭᠤᠯᠤᠨ᠎ᠠ᠃ ︽ᠡᠷᠬᠡ ᠶᠢ | ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠶᠢᠷᠡᠬᠦᠯᠥᠨ᠂ ᠭᠤᠷᠪᠠᠨ ᠨᠠᠷᠢᠨ ᠳᠠᠩᠰᠠ | ᠨᠢᠬᠡ ᠭᠠᠷᠴᠠᠭ ᠢ ᠨᠠᠶᠢᠳᠠᠪᠦᠷᠢᠵᠢᠭᠤᠯᠵᠤ᠂ ᠦᠬᠡᠷᠡᠴᠢᠯᠡᠬᠦ ᠵᠤᠬᠢᠰᠳᠠᠢ᠂ ᠬᠠᠰᠤᠬᠤ ᠴᠢᠬᠤᠯᠠ ᠲᠠᠢ᠂ ᠴᠡᠪᠡᠷᠯᠡᠬᠦ | ᠵᠤᠬᠢᠰᠳᠠᠢ᠂ ᠬᠠᠮᠢᠶᠠᠷᠬᠤ ᠵᠤᠬᠢᠰᠳᠠᠢ ᠶᠢ ᠦᠨᠡᠨᠬᠦ ᠪᠤᠳᠠᠳᠠᠢ ᠭᠠᠵᠠᠷ ᠨᠢ ᠨᠠᠶᠢᠳᠠᠪᠤᠷᠢᠵᠢᠭᠤᠯᠤᠨ᠎ᠠ᠃ ᠬᠢᠨᠠᠨ | ᠵᠦᠪᠰᠢᠶᠡᠷᠡᠬᠦ ᠬᠡᠷᠡᠭ ᠶᠠᠪᠤᠳᠠᠯ ᠤᠨ ︽ᠬᠤᠶᠠᠷ ᠢ ᠲᠦᠪᠯᠡᠷᠡᠬᠦᠯᠥᠨ᠂ ᠬᠤᠶᠠᠷ ᠢ ᠪᠤᠳᠠᠳᠠᠶᠢᠵᠢᠭᠤᠯᠬᠤ︾ ᠬᠢᠬᠡᠳ | ᠰᠦᠯᠵᠢᠶᠡᠨ ᠲᠡᠬᠡᠷ᠎ᠡ ᠬᠤᠯᠪᠤᠭᠠᠯᠠᠨ ᠬᠢᠨᠠᠨ ᠵᠦᠪᠰᠢᠶᠡᠷᠡᠬᠦ ᠶᠢ ᠲᠦᠯᠬᠢᠨ ᠠᠬᠢᠭᠤᠯᠵᠤ᠂ ᠬᠢᠨᠠᠨ ᠵᠦᠪᠰᠢᠶᠡᠷᠡᠬᠦ | ᠶᠠᠪᠤᠴᠠ ᠬᠢᠬᠡᠳ ᠬᠢᠨᠠᠨ ᠵᠦᠪᠰᠢᠶᠡᠷᠡᠬᠦ ᠴᠠᠭ ᠤᠨ ᠬᠢᠵᠠᠭᠠᠷᠯᠠᠯ ᠢ ᠤᠯᠠᠮ ᠴᠢᠨᠠᠭᠰᠢᠳᠠ ᠪᠤᠭᠤᠨᠢᠰᠬᠠᠨ᠎ᠠ᠃ ᠬᠡᠷᠡᠭ | ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠨ ᠬᠠᠮᠢᠶᠠᠷᠤᠯᠳᠠ ᠶᠢ ᠲᠡᠬᠦᠯᠳᠡᠷᠵᠢᠬᠦᠯᠵᠦ᠂ ︽ᠬᠤᠶᠠᠷ ᠳᠠᠰᠢᠷᠠᠮ | ᠳᠠᠭᠠᠤ ᠨᠢᠬᠡ ᠶᠢ ᠢᠯᠡ ᠪᠤᠯᠭᠠᠬᠤ︾ ᠬᠢᠨᠠᠨ ᠬᠠᠮᠢᠶᠠᠷᠤᠯᠳᠠ ᠶᠢ ᠦᠪᠴᠢ ᠪᠦᠷᠬᠦᠬᠦᠯᠦᠨ᠎ᠡ᠂ ᠬᠤᠳᠠᠯᠳᠤᠭᠠᠨ ᠤ | ᠬᠡᠷᠡᠭ ᠶᠠᠪᠤᠳᠠᠯ ᠤᠨ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠠᠵᠤ ᠦᠢᠯᠡᠳᠪᠦᠷᠢ | ᠬᠤᠳᠠᠯᠳᠤᠭᠠᠨ ᠤ ᠳᠠᠩᠰᠠᠯᠠᠭᠤᠯᠤᠯᠳᠠ ᠶᠢᠨ ᠪᠦᠬᠦ ᠶᠠᠪᠤᠴᠠ ᠶᠢ ᠡᠯᠧᠺᠲᠷᠦᠨᠵᠢᠭᠤᠯᠬᠤ ᠬᠢᠬᠡᠳ ᠳᠠᠩᠰᠠᠨ ᠠᠴᠠ | ᠦᠬᠡᠶᠢᠰᠬᠡᠬᠦ ᠶᠢ ᠲᠦᠬᠦᠮᠴᠢᠯᠡᠬᠦ ᠶᠢ ᠲᠦᠷᠬᠡᠳᠬᠡᠨ᠎ᠡ᠃ ︽ᠬᠡᠷᠡᠴᠢ ᠦᠨᠡᠮᠯᠡᠯ ᠢ ᠬᠠᠰᠤᠵᠤ ᠠᠷᠠᠳ ᠲᠤ ᠲᠦᠬᠦᠮ | ᠦᠵᠡᠬᠦᠯᠬᠦ︾ ᠳᠤᠰᠬᠠᠢ ᠵᠦᠢᠯ ᠤᠨ ᠠᠵᠢᠯᠯᠠᠭ᠎ᠠ ᠶᠢ ᠦᠷᠨᠢᠬᠦᠯᠵᠦ᠂ ᠡᠯ᠎ᠡ ᠵᠦᠢᠯ ᠤᠨ ᠬᠡᠷᠡᠴᠢᠯᠡᠭᠡ ᠬᠢᠬᠡᠳ ᠭᠠᠷ | ᠬᠦᠢᠴᠡᠳᠬᠡᠯ ᠢ ᠪᠦᠬᠦ ᠳᠠᠯ᠎ᠠ ᠪᠠᠷ ᠴᠡᠪᠡᠷᠯᠡᠵᠦ᠂ ᠬᠠᠮᠤᠭ ᠶᠡᠭᠡ ᠬᠡᠮᠵᠢᠶ᠎ᠡ ᠪᠠᠷ ᠤᠯᠠᠨ ᠲᠦᠮᠡᠨ ᠬᠢᠬᠡᠳ ᠠᠵᠤ | ᠠᠬᠤᠶᠢᠯᠠᠯ ᠳᠤ ᠲᠦᠬᠦᠮ ᠦᠵᠡᠬᠦᠯᠥᠨ᠎ᠡ᠃ ᠴᠠᠬᠢᠯᠭᠠᠨ ᠬᠦᠴᠦᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ | ᠬᠦᠨᠵᠡᠬᠡᠶᠢᠷᠡᠬᠦᠯᠵᠦ᠂ ᠴᠠᠬᠢᠯᠭᠠᠨ ᠬᠦᠴᠦᠨ ᠤ ᠤᠯᠠᠨ ᠳᠠᠯᠳᠤ ᠠᠷᠠᠯᠵᠢᠶ᠎ᠠ ᠬᠢᠬᠡᠳ ᠳᠤᠮᠤ ᠬᠡᠷᠡᠭᠯᠡᠬᠡᠨ ᠤ ᠡᠷᠦᠬᠡ | ᠳᠤ ᠰᠢᠭᠤᠳ ᠴᠠᠬᠢᠯᠭᠠᠨ ᠬᠠᠩᠭᠠᠬᠤ ᠬᠡᠪᠴᠢᠶ᠎ᠡ ᠶᠢ ᠦᠷᠬᠡᠳᠬᠡᠨ᠎ᠡ᠃ ᠡᠳ᠋ ᠤᠨ ᠵᠠᠰᠠᠭ ᠭᠠᠶᠢᠯᠢ ᠶᠢᠨ | ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠡᠳ᠋ ᠤᠨ ᠵᠠᠰᠠᠭ ᠤᠨ ᠳᠤᠮᠳᠠ ᠬᠤᠭᠤᠴᠠᠭᠠᠨ ᠤ | ᠲᠦᠯᠥᠪᠵᠢᠬᠦᠯᠬᠡ ᠶᠢ ᠳᠤᠭᠳᠠᠭᠠᠵᠤ᠂ ᠲᠦᠰᠦᠪ ᠤᠨ ᠪᠦᠬᠦ ᠶᠠᠪᠤᠴᠠ ᠶᠢᠨ ᠠᠵᠢᠯ ᠤᠨ ᠦᠷ᠎ᠡ ᠪᠦᠲᠦᠮᠵᠢ ᠶᠢᠨ | ᠬᠠᠮᠢᠶᠠᠷᠤᠯᠳᠠ ᠶᠢ ᠪᠡᠶᠡᠯᠡᠬᠦᠯᠵᠦ᠂ ᠲᠦᠰᠦᠪ᠂ ᠲᠦᠰᠦᠪ ᠤᠨ ᠬᠦᠢᠴᠡᠳᠬᠡᠯ ᠢ ᠢᠯᠡ ᠨᠡᠶᠢᠳᠡᠯᠡᠬᠦ ᠶᠢ ᠲᠦᠯᠬᠢᠨ | ᠠᠬᠢᠭᠤᠯᠤᠨ᠎ᠠ᠃ ᠡᠳ᠋ ᠤᠨ ᠵᠠᠰᠠᠭ ᠤᠨ ᠪᠡᠯᠡ ᠤᠷᠤᠭᠤᠯᠤᠯᠳᠠ ᠶᠢᠨ ᠲᠦᠷᠦᠯ ᠵᠦᠢᠯ ᠤᠨ ᠬᠢᠨᠠᠨ ᠦᠨᠡᠯᠡᠬᠦ ᠠᠵᠢᠯ | ᠢ ᠲᠡᠬᠦᠯᠳᠡᠷᠵᠢᠬᠦᠯᠵᠦ᠂ ᠵᠠᠰᠠᠭ ᠤᠨ ᠤᠷᠳᠤᠨ ᠤ ᠬᠤᠳᠠᠯᠳᠤᠨ ᠠᠪᠬᠤ ᠬᠢᠬᠡᠳ ᠬᠤᠳᠠᠯᠳᠤᠨ ᠠᠪᠬᠤ ᠠᠵᠢᠯ ᠤᠨ | ᠤᠯᠠᠨ ᠨᠡᠶᠢᠳᠡ ᠶᠢᠨ ᠦᠢᠯᠡᠴᠢᠯᠡᠭᠡ ᠶᠢ ᠲᠦᠯᠬᠢᠨ ᠠᠬᠢᠭᠤᠯᠤᠨ᠎ᠠ᠃ | ᠭᠠᠳᠠᠭᠰᠢ ᠨᠡᠬᠡᠬᠡᠬᠦ ᠬᠠᠮᠵᠢᠯᠴᠠᠭ᠎ᠠ ᠪᠠᠨ ᠦᠷᠬᠡᠳᠬᠡᠨ᠎ᠡ᠃ ᠡᠮᠦᠨ᠎ᠡ ᠤᠮᠠᠷ᠎ᠠ ᠵᠡᠬᠦᠨ ᠪᠠᠷᠠᠭᠤᠨ ᠢ | ᠬᠤᠯᠪᠤᠭᠰᠠᠨ᠂ ᠭᠠᠳᠠᠨ᠎ᠠ ᠳᠤᠳᠤᠨ᠎ᠠ ᠬᠠᠷᠢᠯᠴᠠᠨ ᠬᠦᠳᠡᠯᠥᠯᠴᠡᠭᠰᠡᠨ ᠭᠠᠳᠠᠭᠰᠢ ᠨᠡᠬᠡᠬᠡᠯᠳᠡ ᠶᠢᠨ ᠰᠢᠨ᠎ᠡ ᠪᠠᠶᠢᠳᠠᠯ ᠢ | ᠲᠦᠷᠬᠡᠳᠬᠡᠨ ᠪᠦᠷᠢᠳᠦᠬᠦᠯᠥᠨᠡ᠃ ︽ᠦᠪᠦᠷ ᠮᠤᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠳᠤ | ᠬᠠᠭᠠᠯᠭ᠎ᠠ︶ ᠶᠢᠨ ᠤᠷᠳᠤ ᠴᠠᠭᠠᠨ ᠬᠡᠷᠡᠮ ᠤᠨ ᠠᠯᠳᠠᠨ ᠭᠤᠷᠪᠠᠯᠵᠢ ᠶᠢᠨ ᠬᠠᠮᠵᠢᠯᠴᠠᠭᠠᠨ ᠤ ᠤᠷᠤᠨ ᠤ | ᠲᠦᠯᠥᠪᠵᠢᠬᠦᠯᠬᠡ︾ ᠶᠢᠨ ᠤᠯᠤᠰ ᠤᠨ ᠵᠦᠪᠰᠢᠶᠡᠷᠡᠯ ᠢ ᠤᠯᠬᠤ ᠪᠠᠷ ᠴᠢᠷᠮᠠᠶᠢᠵᠤ᠂ ᠬᠠᠮᠵᠢᠯᠴᠠᠭᠠᠨ ᠤ ᠤᠷᠤᠨ ᠤ | ᠲᠦᠷᠪᠡᠳᠦᠬᠡᠷ ᠬᠤᠭᠤᠴᠠᠭᠠᠨ ᠤ ᠬᠤᠯᠪᠤᠭᠠᠳᠤ ᠬᠤᠷᠠᠯᠳᠤᠭᠠᠨ ᠢ ᠵᠤᠬᠢᠶᠠᠨ ᠪᠠᠶᠢᠭᠤᠯᠤᠨ ᠬᠤᠷᠠᠯᠳᠤᠭᠤᠯᠤᠨ᠎ᠠ᠃ | ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠵᠢᠱᠢᠶ᠎ᠡ ᠦᠵᠡᠬᠦᠯᠬᠦ ᠳᠤᠭᠤᠷᠢᠭ ᠢ | ᠭᠤᠶᠤᠴᠢᠯᠠᠵᠤ ᠪᠦᠲᠦᠬᠡᠨ ᠪᠠᠶᠢᠭᠤᠯᠤᠨ᠎ᠠ᠃ ᠤᠯᠢᠮᠫᠢᠺ ᠤᠨ ᠠᠵᠤ ᠠᠬᠤᠢ ᠳᠤ ᠢᠳᠡᠪᠬᠢᠳᠠᠢ ᠤᠷᠤᠯᠴᠠᠵᠤ᠂ ᠵᠠᠮ | ᠢ ᠬᠤᠯᠪᠤᠨ ᠨᠡᠪᠳᠡᠷᠡᠬᠦᠯᠬᠦ᠂ ᠰᠤᠶᠤᠯ ᠤᠨ ᠵᠢᠭᠤᠯᠴᠢᠯᠠᠯ᠂ ᠮᠦᠰᠦ ᠴᠠᠰᠤᠨ ᠤ ᠬᠦᠳᠡᠯᠬᠡᠬᠡᠨ᠂ ᠦᠢᠯᠡᠴᠢᠯᠡᠭᠡ ᠶᠢ | ᠪᠠᠳᠤᠯᠠᠬᠤ᠂ ᠮᠠᠯ ᠳᠠᠷᠢᠶᠠᠯᠠᠩ ᠤᠨ ᠦᠢᠯᠡᠳᠬᠦᠨ ᠤ ᠦᠢᠯᠡᠳᠪᠦᠷᠢᠯᠡᠯ ᠵᠡᠷᠬᠡ ᠳᠠᠯ᠎ᠠ ᠪᠠᠷ ᠤᠷᠢᠳᠠᠪᠠᠷ ᠲᠡᠷᠢᠬᠦᠯᠡᠨ | ᠰᠢᠪᠳᠤᠯᠤᠯᠳᠠ ᠭᠠᠷᠭᠠᠵᠤ᠂ ᠤᠯᠠᠭᠠᠨᠴᠠᠪ ᠲᠤ ᠡᠪᠦᠯ ᠤᠨ ᠤᠯᠢᠮᠫᠢᠺ ᠤᠨ ᠴᠤᠭᠯᠠᠭᠠᠨ ᠤ ᠠᠰᠢᠭ ᠢ ᠤᠷᠳᠤ | ᠤᠳᠠᠭᠠᠨ ᠬᠤᠭᠤᠴᠠᠭ᠎ᠠ ᠪᠠᠷ ᠬᠦᠷᠳᠡᠬᠡᠨ᠎ᠡ᠃ ᠪᠡᠬᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠬᠠᠪᠰᠤᠷᠤᠨ | ᠲᠡᠳᠬᠦᠬᠦ ᠳᠤ ᠲᠦᠰᠢᠭᠯᠡᠨ᠂ ᠪᠡᠬᠡᠵᠢᠩ ᠬᠤᠳᠠ ᠶᠢᠨ ᠡᠯ᠎ᠡ ᠳᠤᠭᠤᠷᠢᠭ ᠰᠠᠯᠠᠭ᠎ᠠ ᠮᠥᠴᠢᠷ ᠲᠠᠢ ᠨᠢᠬᠳᠠ ᠬᠡᠯᠪᠡᠷᠢ | ᠶᠢᠨ᠂ ᠪᠠᠶᠢᠩᠭᠤᠵᠢᠭᠰᠠᠨ ᠬᠠᠷᠢᠴᠠᠭ᠎ᠠ ᠬᠠᠮᠵᠢᠯᠴᠠᠭᠠᠨ ᠤ ᠳᠤᠭᠳᠠᠴᠠ ᠶᠢ ᠪᠠᠶᠢᠭᠤᠯᠵᠤ᠂ ᠪᠡᠬᠡᠵᠢᠩ ᠯᠤᠭ᠎ᠠ ᠶᠢᠨ | ᠠᠵᠤ ᠠᠬᠤᠢ᠂ ᠰᠢᠨᠵᠢᠯᠡᠭᠡ ᠮᠡᠷᠬᠡᠵᠢᠯ᠂ ᠰᠤᠶᠤᠯ᠂ ᠰᠤᠷᠭᠠᠨ ᠬᠦᠮᠦᠵᠢᠯ᠂ ᠡᠮ ᠡᠮᠨᠡᠯᠬᠡ᠂ ᠶᠠᠳᠠᠭᠤ ᠶᠢ ᠲᠡᠳᠬᠦᠬᠦ | ᠬᠢᠬᠡᠳ ᠺᠠᠳ᠋ᠷ ᠢ ᠰᠤᠯᠢᠯᠴᠠᠬᠤ ᠵᠡᠷᠬᠡ ᠬᠦᠷᠢᠶ᠎ᠡ ᠴᠠᠷ᠎ᠠ ᠳᠠᠬᠢ ᠬᠠᠮᠵᠢᠯᠴᠠᠭ᠎ᠠ ᠪᠠᠨ ᠬᠦᠨᠵᠡᠬᠡᠶᠢᠷᠡᠬᠦᠯᠦᠨ᠂ ᠤᠩᠭᠤᠴᠠ | ᠵᠢᠬᠡᠯᠡᠨ ᠳᠠᠯᠠᠢ ᠳᠤ ᠠᠶᠠᠯᠠᠬᠤ᠂ ᠱᠠᠳᠤ ᠵᠢᠬᠡᠯᠡᠨ ᠦᠨᠳᠦᠷ ᠲᠤ ᠠᠪᠠᠷᠢᠬᠤ᠂ ᠬᠦᠴᠦ ᠵᠢᠬᠡᠯᠡᠨ ᠬᠦᠭᠵᠢᠬᠦᠯᠬᠦ ᠶᠢ | ᠪᠡᠶᠡᠯᠡᠬᠦᠯᠥᠨ᠎ᠡ᠃ ᠳᠤᠮᠳᠠᠳᠤ ᠤᠷᠤᠰ ᠮᠤᠩᠭᠤᠯ ᠤᠨ ᠠᠵᠤ ᠠᠬᠤᠢ ᠶᠢᠨ ᠬᠤᠩᠬᠢᠯ ᠤᠨ ᠪᠦᠲᠦᠬᠡᠨ ᠪᠠᠶᠢᠭᠤᠯᠤᠯᠳᠠ | ᠳᠤ ᠢᠳᠡᠪᠬᠢᠳᠠᠢ ᠪᠠᠷ ᠤᠷᠤᠯᠴᠠᠨ ᠦᠢᠯᠡᠴᠢᠯᠡᠵᠦ᠂ ᠮᠤᠳᠤᠨ ᠮᠠᠲ᠋ᠧᠷᠢᠶᠠᠯ᠂ ᠠᠭᠤᠷᠬᠠᠢ ᠶᠢᠨ ᠭᠠᠷᠤᠯᠳᠠ᠂ ᠠᠷᠠᠰᠦ | ᠨᠤᠤᠰᠤ ᠵᠡᠷᠭᠡ ᠭᠠᠳᠠᠭᠠᠳᠤ ᠠᠴᠠ ᠤᠷᠤᠭᠤᠯᠤᠭᠰᠠᠨ ᠡᠬᠢ ᠰᠤᠷᠪᠤᠯᠵᠢ ᠶᠢ ᠪᠤᠯᠪᠠᠰᠤᠷᠠᠭᠤᠯᠬᠤ ᠦᠢᠯᠡᠰ ᠢ | ᠬᠦᠭᠵᠢᠬᠦᠯᠦᠨ᠎ᠠ᠃ ᠱᠠᠩᠳᠠ ᠬᠦᠷᠡᠯ ᠪᠤᠭᠤᠮᠳᠠ ᠶᠢᠨ ᠡᠮᠦᠨᠡᠬᠢ ᠬᠤᠭᠤᠴᠠᠭᠠᠨ ᠤ ᠠᠵᠢᠯ ᠢ ᠲᠦᠯᠬᠢᠨ ᠠᠬᠢᠭᠤᠯᠵᠦ᠂ | ᠤᠯᠠᠭᠠᠨᠴᠠᠪ ᠤᠨ ᠨᠢᠰᠬᠡᠯ ᠤᠨ ᠪᠠᠭᠤᠳᠠᠯ ᠤᠨ ᠲᠦᠷ ᠴᠠᠭ ᠤᠨ ᠪᠤᠭᠤᠮᠳᠠ ᠶᠢ ᠨᠡᠭᠡᠭᠡᠨ ᠠᠰᠢᠭᠯᠠᠯᠳᠠ ᠳᠤ | ᠤᠷᠤᠭᠤᠯᠤᠨ᠎ᠠ᠃ | ︵ᠲᠤᠯᠤᠭ᠎ᠠ︶ ᠪᠤᠬᠢᠷᠳᠤᠯ ᠦᠭᠡᠢ ᠤᠯᠠᠭᠠᠨᠴᠠᠪ ᠢᠶᠠᠨ ᠲᠦᠷᠬᠡᠨ ᠪᠦᠲᠦᠬᠡᠨ ᠪᠠᠶᠢᠭᠤᠯᠤᠨ᠎ᠠ | ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠬᠢᠭᠡᠳ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠬᠦᠴᠦᠯᠡᠴᠠ ᠪᠠᠨ ᠨᠡᠮᠡᠭᠳᠡᠭᠦᠯᠦᠨ᠎ᠠ᠃ ︽ᠨᠤᠮᠢᠨ ᠨᠤᠭᠤᠭᠠᠨ ᠭᠠᠵᠠᠷ ᠤᠨ ᠢᠨᠵᠧᠨᠧᠷᠢᠩ︾ ᠢ ᠬᠡᠷᠡᠭᠵᠢᠬᠦᠯᠵᠦ᠂ | ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ 43.5 ᠲᠦᠮᠡᠨ | ᠮᠤ᠋ ᠪᠡᠶᠡᠯᠡᠬᠦᠯᠵᠦ᠂ G7 ᠬᠤᠷᠳᠤᠨ ᠤ ᠵᠠᠮ᠂ ᠬᠦᠬᠡᠬᠤᠳᠠ ᠠᠴᠠ ᠴᠢᠭᠤᠯᠤᠯᠳᠤ ᠬᠠᠭᠠᠯᠭ᠎ᠠ ᠬᠦᠷᠬᠦ ᠠᠶᠠᠨᠴᠢᠨ ᠤ | ᠲᠤᠰᠬᠠᠢ ᠱᠤᠭᠤᠮ ᠤᠨ ᠤᠯᠠᠭᠠᠨᠴᠠᠪ ᠤᠨ ᠭᠡᠰᠡᠭ᠂ ᠵᠢᠨᠢᠩ — ᠬᠦᠬᠡᠬᠤᠳᠠ ᠶᠢᠨ ᠲᠡᠮᠦᠷ ᠵᠠᠮ᠂ ᠵᠠᠰᠠᠮᠠᠯ ᠵᠠᠮ ᠤᠨ | ᠨᠤᠭᠤᠭᠠᠷᠠᠭᠤᠯᠤᠯᠳᠠ ᠶᠢ ᠦᠨᠳᠦᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠵᠦ᠂ ᠭᠠᠵᠠᠷ ᠤᠷᠤᠨ ᠤ ᠭᠤᠤᠯᠳᠠᠯᠭ᠎ᠠ ᠲᠠᠢ | ᠤᠷᠤᠨ ᠤ ᠨᠤᠭᠤᠭᠠᠷᠠᠭᠤᠯᠤᠯᠳᠠ ᠶᠢ 21.6 ᠲᠦᠮᠡᠨ ᠮᠤ᠋ ᠪᠡᠶᠡᠯᠡᠬᠦᠯᠦᠨ᠎ᠡ᠃ ᠪᠡᠯᠴᠢᠭᠡᠷᠯᠡᠬᠦᠯᠬᠦ ᠶᠢ ᠴᠠᠭᠠᠵᠠᠯᠠᠨ | ᠰᠡᠯᠭᠦᠨ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢᠳᠡᠢ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ | ᠤᠢ ᠮᠤᠳᠤᠨ ᠤ ᠬᠤᠶᠢᠨᠠᠬᠢ ᠬᠤᠭᠤᠴᠠᠭᠠᠨ ᠤ ᠬᠠᠮᠢᠶᠡᠷᠤᠯᠳᠡ ᠬᠠᠮᠠᠭᠠᠯᠠᠯᠳᠠ ᠶᠢ ᠴᠢᠩᠭᠠᠳᠬᠠᠵᠦ᠂ ᠠᠮᠢ ᠠᠬᠤᠢ ᠶᠢᠨ | ᠪᠦᠳᠦᠭᠡᠨ ᠪᠠᠶᠢᠭᠤᠯᠤᠯᠳᠠ ᠶᠢᠨ ᠦᠷ᠎ᠡ ᠪᠦᠳᠦᠭᠡᠯ ᠢ ᠪᠠᠬᠢᠵᠢᠭᠦᠯᠤᠨ᠎ᠠ᠃ ︽ᠴᠡᠯᠮᠡᠭ ᠠᠭᠠᠷ ᠤᠨ ᠢᠨᠵᠧᠨᠧᠷᠢᠩ︾ ᠢ | ᠬᠡᠷᠡᠭᠵᠢᠬᠦᠯᠵᠦ᠂ ᠨᠡᠭᠦᠷᠡᠰᠦ ᠰᠢᠳᠠᠭᠠᠬᠤ ᠵᠤᠤᠬ᠎ᠠ ᠶᠢᠨ ᠦᠭᠡᠷᠡᠴᠢᠯᠡᠯᠳᠡ ᠶᠢ ᠲᠦᠷᠭᠡᠳᠭᠡᠵᠦ᠂ 10 ᠠᠭᠤᠷᠰᠢᠯᠳᠠ | ᠶᠢᠨ ᠲᠤᠭᠠᠨ ᠠᠴᠠ ᠲᠤᠷᠤᠭᠰᠢᠬᠢ ᠨᠡᠭᠦᠷᠡᠰᠦ ᠰᠢᠳᠠᠭᠠᠬᠤ ᠵᠤᠤᠬ᠎ᠠ ᠶᠢ ᠪᠦᠬᠦᠨ ᠢ ᠦᠭᠡᠶᠢᠰᠬᠡᠨ᠎ᠡ᠃ ᠰᠢᠷ᠎ᠡ | ᠲᠡᠮᠳᠡᠭᠳᠦ ᠲᠡᠷᠭᠡ ᠬᠢᠭᠡᠳ ᠬᠠᠭᠤᠴᠢᠨ ᠲᠡᠷᠭᠡ ᠶᠢ ᠴᠠᠭᠠᠵᠠᠯᠠᠬᠤ ᠡᠭᠦᠷᠭᠡ ᠶᠢ ᠪᠡᠶᠡᠯᠡᠬᠦᠯᠦᠨ᠎ᠡ᠃ ᠤᠷᠴᠢᠨ ᠲᠤᠭᠤᠷᠢᠨ | ᠤ ᠬᠢᠨᠡᠨ ᠬᠡᠮᠵᠢᠯᠳᠡ ᠬᠢᠨᠡᠨ ᠬᠠᠮᠢᠶᠠᠷᠤᠯᠳᠡ ᠶᠢᠨ ᠬᠦᠴᠤᠯᠠᠴᠠ ᠪᠠᠨ ᠨᠡᠮᠡᠭᠳᠡᠭᠦᠯᠵᠦ᠂ ᠭᠤᠤᠯᠳᠠᠯᠭ᠎ᠠ ᠲᠠᠢ ᠠᠵᠢᠯ | ᠲᠦᠷᠦᠯ ᠤᠨ ᠬᠦᠬᠦᠷ ᠦᠬᠡᠶᠢᠳᠡᠭᠦᠯᠬᠦ ᠱᠠᠤ ᠦᠭᠡᠶᠢᠳᠡᠭᠦᠯᠬᠦ ᠵᠠᠰᠠᠯᠳᠠ ᠶᠢ ᠴᠢᠩᠭᠠᠳᠬᠠᠨ᠎ᠠ᠃ ᠲᠦᠪ ᠬᠤᠳᠠ | ᠲᠤᠭᠤᠷᠢᠭ ᠤᠨ 400 ᠲᠦᠮᠡᠨ ᠲᠡᠭᠰᠢ ᠲᠦᠷᠪᠡᠯᠵᠢᠨ ᠮᠧᠲᠷ ᠤᠨ ᠨᠡᠭᠦᠷᠡᠰᠦ ᠰᠢᠳᠠᠭᠠᠯᠭ᠎ᠠ ᠶᠢ ᠴᠠᠬᠢᠯᠭᠠᠨ ᠪᠤᠯᠭᠠᠨ | ᠦᠭᠡᠷᠡᠴᠢᠯᠡᠬᠦ ᠲᠤᠷᠰᠢᠯᠳᠠ ᠶᠢᠨ ᠴᠢᠭ᠋ ᠤᠨ ᠢᠨᠵᠧᠨᠧᠷᠢᠩ ᠢ ᠲᠦᠯᠬᠢᠨ ᠠᠬᠢᠭᠤᠯᠵᠦ᠂ ᠡᠪᠤᠯ ᠤᠨ ᠤᠯᠠᠷᠢᠯ ᠤᠨ | ᠠᠷᠢᠭᠤᠨ ᠴᠡᠪᠡᠷ ᠲᠤᠯᠠᠭᠠᠯᠠᠮᠵᠢ ᠬᠠᠩᠭᠠᠯᠭ᠎ᠠ ᠶᠢᠨ ᠬᠠᠷᠢᠴᠠᠯ ᠢ ᠲᠡᠭᠡᠭᠰᠢᠯᠡᠬᠦᠯᠤᠨ᠎ᠠ᠃ ᠠᠭᠠᠷ ᠤᠨ ᠴᠢᠨᠡᠷ ᠴᠢᠨᠰᠠᠭᠠᠨ | ᠤ ᠴᠡᠪᠡᠷᠴᠡ ᠡᠳᠦᠷ ᠤᠨ ᠲᠤᠭ᠎ᠠ ᠶᠢ 308 ᠡᠳᠦᠷ ᠠᠴᠠ ᠲᠠᠪᠠᠭᠤᠯᠤᠨ᠎ᠠ᠃ ︽ᠴᠡᠩᠭᠡᠷ ᠤᠰᠤᠨ ᠤ ᠢᠨᠵᠧᠨᠧᠷᠢᠩ︾ | ᠢ ᠭᠡᠷᠡᠭᠵᠢᠭᠦᠯᠵᠦ᠂ ᠲᠠᠭ᠎ᠠ ᠶᠢᠨ ᠨᠠᠭᠤᠷ᠂ ᠬᠢᠬᠢᠷᠢ ᠶᠢᠨ ᠨᠠᠭᠤᠷ ᠤᠨ ᠤᠰᠤᠨ ᠤ ᠠᠮᠢ ᠠᠬᠤᠢ ᠶᠢᠨ ᠰᠡᠷᠭᠦᠭᠡᠯᠳᠡ ᠶᠢ | ᠠᠬᠢᠭᠤᠯᠵᠦ᠂ ᠲᠠᠭ᠎ᠠ ᠶᠢᠨ ᠨᠠᠭᠤᠷ ᠤᠨ ᠴᠠᠬᠢᠯᠭᠠᠨ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ | ᠰᠢᠨᠡᠴᠢᠯᠠᠯᠳᠡ ᠶᠢ ᠡᠬᠢᠯᠡᠬᠦᠯᠵᠦ᠂ ᠲᠠᠭ᠎ᠠ ᠶᠢᠨ ᠨᠠᠭᠤᠷ ᠤᠨ ᠰᠠᠪᠠ ᠭᠠᠵᠠᠷ ᠤᠰᠤᠯᠠᠯᠳᠠ ᠶᠢᠨ ᠲᠠᠷᠢᠶ᠎ᠠ ᠶᠢ ᠬᠠᠭᠤᠷᠠᠢ | ᠲᠠᠷᠢᠶ᠎ᠠ ᠪᠤᠯᠭᠠᠨ ᠦᠭᠡᠷᠡᠴᠢᠯᠡᠬᠦ ᠢᠨᠵᠧᠨᠧᠷᠢᠩ ᠢ ᠦᠷᠬᠦᠯᠵᠢᠯᠡᠨ ᠭᠡᠷᠡᠭᠵᠢᠬᠦᠯᠵᠦ᠂ ᠤᠰᠤ ᠶᠢ ᠨᠠᠭᠤᠷ ᠲᠤᠨᠢ | ᠪᠤᠴᠠᠭᠠᠬᠤ ᠬᠦᠴᠦᠯᠠᠴᠠ ᠪᠠᠨ ᠨᠡᠮᠡᠭᠳᠡᠬᠦᠯᠦᠨ᠎ᠠ᠃ ᠨᠠᠷᠡᠰᠤᠨ ᠭᠤᠤᠯ ᠤᠨ ᠲᠡᠭᠡᠳᠦ ᠤᠷᠤᠰᠬᠠᠯ ᠤᠨ ᠶᠡᠷᠥᠩᠬᠡᠶᠢᠯᠡᠨ | ᠵᠠᠰᠠᠬᠤ ᠬᠢᠭᠡᠳ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠳᠡ ᠶᠢ ᠡᠬᠢᠯᠡᠭᠦᠯᠦᠨ᠎ᠡ᠃ | ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠤᠬᠢᠷ ᠤᠰᠤ ᠶᠢ ᠰᠢᠢᠳᠪᠦᠷᠢᠯᠡᠬᠦ ᠲᠦᠬᠦᠬᠡᠷᠦᠮᠵᠢ ᠶᠢᠨ | ᠪᠦᠲᠦᠬᠡᠨ ᠪᠠᠶᠢᠭᠤᠯᠤᠯᠳᠠ ᠶᠢ ᠴᠢᠩᠭᠠᠳᠬᠠᠵᠤ᠂ ᠬᠤᠳᠠ ᠪᠠᠯᠭᠠᠰᠤᠨ ᠤ ᠪᠤᠬᠢᠷ ᠤᠰᠤ ᠶᠢ ᠲᠦᠪᠯᠡᠷᠡᠭᠦᠯᠦᠨ | ᠰᠢᠢᠳᠪᠦᠷᠢᠯᠡᠬᠦ ᠨᠤᠷᠮ᠎ᠠ ᠶᠢ 95.30 ᠳᠤ ᠬᠦᠷᠭᠡᠨ᠎ᠡ᠃ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ | ᠬᠢᠭᠡᠳ ᠤᠤᠭᠤᠬᠤ ᠤᠰᠤᠨ ᠤ ᠠᠮᠦᠷ ᠲᠦᠪᠰᠢᠨ ᠢ ᠪᠠᠬᠢᠵᠢᠭᠦᠯᠦᠨ ᠲᠡᠭᠡᠭᠰᠢᠯᠡᠭᠦᠯᠬᠦ ᠢᠨᠵᠧᠨᠧᠷᠢᠩ ᠢ ᠶᠠᠪᠤᠭᠳᠠᠭᠤᠯᠵᠤ | ᠂ ᠤᠰᠤᠨ ᠤ ᠴᠢᠨᠡᠷ ᠤᠨ ᠪᠠᠷᠢᠮᠵᠢᠶ᠎ᠠ ᠳᠤ ᠬᠦᠷᠬᠦ ᠨᠤᠷᠮ᠎ᠠ ᠬᠢᠭᠡᠳ ᠤᠰᠤᠨ ᠤ ᠬᠠᠩᠭᠠᠯᠭ᠎ᠠ ᠶᠢ ᠪᠠᠲᠤᠯᠠᠬᠤ ᠬᠢᠷᠢ | ᠲᠦᠪᠰᠢᠨ ᠢ ᠶᠡᠭᠡ ᠬᠡᠮᠵᠢᠶ᠎ᠡ ᠪᠠᠷ ᠨᠡᠮᠡᠭᠳᠡᠬᠦᠯᠦᠨ᠎ᠡ᠃ ︽ᠴᠡᠪᠡᠷ ᠬᠦᠷᠦᠰᠦ ᠰᠢᠷᠤᠢ ᠶᠢᠨ ᠢᠨᠵᠧᠨᠧᠷᠢᠩ︾ ᠢ | ᠬᠡᠷᠡᠭᠵᠢᠬᠦᠯᠵᠦ ᠂ᠬᠦᠷᠦᠰᠦ ᠰᠢᠷᠤᠢ ᠶᠢᠨ ᠪᠤᠬᠢᠷᠳᠤᠯ ᠤᠨ ᠨᠠᠷᠢᠨ ᠪᠠᠶᠢᠴᠠᠭᠠᠯᠳᠠ ᠶᠢ ᠦᠷᠨᠢᠬᠦᠯᠵᠦ᠂ ᠬᠦᠷᠦᠰᠦ | ᠰᠢᠷᠤᠢ ᠶᠢᠨ ᠤᠷᠴᠢᠨ ᠲᠤᠭᠤᠷᠢᠨ ᠤ ᠴᠢᠨᠡᠷ ᠴᠢᠨᠰᠠᠭᠠᠨ ᠤ ᠪᠠᠶᠢᠳᠠᠯ ᠢ ᠪᠦᠬᠦ ᠲᠠᠯ᠎ᠠ ᠪᠠᠷ ᠡᠵᠡᠮᠰᠢᠨ᠎ᠠ᠃ ᠲᠠᠷᠢᠶᠠᠯᠠᠩ | ᠤᠨ ᠬᠡᠷᠡᠭᠯᠡᠭᠡᠨ ᠤ ᠭᠠᠵᠠᠷ ᠤᠨ ᠬᠦᠷᠦᠰᠦ ᠰᠢᠷᠤᠢ ᠶᠢᠨ ᠴᠢᠨᠡᠷ ᠴᠢᠨᠰᠠᠭᠠᠨ ᠤ ᠲᠦᠷᠤᠯ ᠢᠯᠭᠠᠯ ᠢ ᠲᠤᠭᠳᠠᠭᠠᠵᠦ᠂ | ᠬᠦᠷᠦᠰᠦ ᠰᠢᠷᠤᠢ ᠶᠢᠨ ᠪᠤᠬᠢᠷᠳᠤᠯ ᠲᠠᠢ ᠤᠷᠴᠢᠨ ᠲᠤᠭᠤᠷᠢᠨ ᠳᠤ ᠬᠠᠤᠯᠢ ᠬᠡᠷᠡᠭᠵᠢᠬᠦᠯᠦᠯᠳᠠ ᠶᠢ ᠴᠢᠩᠭᠠᠳᠬᠠᠨ᠎ᠠ᠃ | ᠡᠬᠢ ᠰᠤᠷᠪᠤᠯᠵᠢ ᠶᠢ ᠠᠷᠪᠢᠴᠢ ᠭᠠᠮᠳᠠᠢ ᠠᠰᠢᠭᠯᠠᠬᠤ ᠶᠢ ᠡᠷᠴᠢᠮᠵᠢᠬᠦᠯᠥᠨᠡ᠃ ᠬᠠᠮᠤᠭ ᠴᠢᠩᠭ᠎ᠠ ᠤᠰᠤᠨ ᠤ ᠡᠬᠢ | ᠰᠤᠷᠪᠤᠯᠵᠢ ᠬᠢᠭᠡᠳ ᠬᠠᠭᠠᠯᠪᠤᠷᠢᠯᠠᠭᠰᠠᠨ ᠭᠠᠵᠠᠷ ᠢ ᠬᠠᠮᠠᠭᠠᠯᠠᠬᠤ ᠲᠦᠷᠢᠮ ᠢ ᠭᠡᠷᠡᠭᠵᠢᠭᠦᠯᠵᠦ᠂ ᠬᠦᠯᠢᠶᠡᠰᠦᠯᠡᠬᠦ | ᠴᠢᠨᠠᠷᠳᠠᠢ ᠲᠤᠭ᠎ᠠ ᠨᠤᠷᠮ᠎ᠠ ᠶᠢᠨ ᠬᠠᠮᠢᠶᠠᠷᠤᠯᠳᠠ ᠶᠢ ᠴᠢᠩᠭᠠᠳᠬᠠᠵᠦ᠂ ᠡᠨᠧᠷᠬᠢ ᠬᠢᠭᠡᠳ ᠤᠰᠤᠨ ᠤ ᠡᠬᠢ ᠰᠤᠷᠪᠤᠯᠵᠢ | ᠶᠢᠨ ᠬᠤᠷᠤᠭᠳᠠᠯ᠂ ᠪᠦᠳᠦᠭᠡᠨ ᠪᠠᠶᠢᠭᠤᠯᠤᠯᠳᠠ ᠶᠢᠨ ᠭᠡᠷᠡᠭᠯᠡᠭᠡᠨ ᠤ ᠭᠠᠵᠠᠷ ᠵᠡᠷᠭᠡ ᠳᠤ ᠶᠡᠷᠤᠩᠬᠡᠢ ᠬᠡᠮᠵᠢᠶ᠎ᠡ᠂ | ᠬᠦᠴᠦᠯᠡᠴᠠ ᠶᠢᠨ ᠬᠤᠤᠰ ᠬᠤᠷᠢᠭᠯᠠᠯᠳᠠ ᠶᠢᠨ ᠱᠠᠭᠠᠠᠷᠳᠠᠯᠭᠠ ᠶᠢ ᠭᠡᠷᠡᠭᠵᠢᠬᠦᠯᠤᠨ᠎ᠠ᠃ ᠬᠤᠳᠠ ᠶᠢᠨ | ᠬᠦᠭᠵᠢᠬᠦᠯᠤᠯᠳᠡ ᠶᠢᠨ ᠵᠠᠭᠠᠭ ᠤᠨ ᠱᠤᠭᠤᠮ᠂ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ | ᠤᠯᠠᠭᠠᠨ ᠱᠤᠭᠤᠮ᠂ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠢ ᠲᠤᠭᠳᠠᠭᠠᠵᠦ᠂ ᠢᠮᠠᠬᠤ ᠭᠠᠵᠠᠷ | ᠪᠦᠷᠢ ᠶᠢ ᠬᠠᠥᠯᠢ ᠶᠤᠰᠤᠭᠠᠷ ᠰᠠᠶᠢᠳᠦᠷ ᠬᠠᠮᠢᠶᠠᠷᠤᠨ᠎ᠠ᠃ ᠲᠤᠤᠷ᠎ᠠ ᠨᠡᠭᠦᠷᠡᠰᠤᠳᠦ᠋ᠷᠤᠭ᠍ᠴᠢᠲᠤ ᠤᠷᠴᠢᠯᠳᠤ ᠬᠦᠭᠵᠢᠯᠳᠡ | ᠶᠢ ᠲᠦᠯᠬᠢᠨ ᠠᠬᠢᠭᠤᠯᠵᠦ᠂ ᠦᠢᠯᠡᠳᠪᠦᠷᠢᠯᠠᠯ᠂ ᠬᠦᠢᠯᠭᠡᠭᠡ᠂ ᠬᠡᠷᠡᠭᠯᠡᠭᠡᠨ ᠤ ᠪᠦᠬᠦ ᠶᠠᠪᠤᠴᠠ ᠶᠢᠨ ᠬᠡᠮᠵᠢᠶ᠎ᠠ ᠶᠢ | ᠪᠠᠭᠠᠰᠬᠠᠨ᠂ ᠲᠠᠬᠢᠨ ᠠᠰᠢᠭᠯᠠᠵᠦ᠂ ᠡᠬᠢ ᠪᠠᠶᠠᠯᠢᠭᠵᠢᠭᠤᠯᠬᠤ ᠶᠢ ᠠᠬᠢᠭᠤᠯᠤᠨ᠎ᠠ᠃ | ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠲᠠᠭ᠎ᠠ ᠶᠢᠨ ᠨᠠᠭᠤᠷ | ᠵᠡᠷᠭᠡ ᠭᠤᠤᠯ ᠪᠤᠯᠬᠤ ᠨᠠᠭᠤᠷ ᠭᠤᠤᠯ ᠤᠨ ᠲᠠᠷᠤᠭ᠎ᠠ ᠶᠢᠨ ᠲᠦᠷᠢᠮ ᠢ ᠲᠤᠭᠳᠠᠭᠤᠨ ᠢᠶᠠᠷ ᠲᠦᠯᠬᠢᠨ ᠠᠬᠢᠭᠤᠯᠵᠦ᠂ | ᠤᠰᠤᠨ ᠤ ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠨ᠎ᠠ᠃ ᠲᠦᠷᠤᠯ ᠵᠦᠢᠯ ᠤᠨ ᠤᠷᠴᠢᠨ ᠲᠤᠭᠤᠷᠢᠨ ᠤ | ᠨᠦᠯᠦᠭᠡᠯᠡᠯ ᠤᠨ ᠦᠨᠡᠯᠡᠯᠳᠡ ᠶᠢᠨ ᠬᠢᠨᠡᠨ ᠵᠦᠪᠰᠢᠶᠡᠷᠡᠯᠳᠡ ᠬᠢᠭᠡᠳ ᠲᠦᠯᠦᠪᠵᠢᠭᠦᠯᠭᠡᠨ ᠤ ᠤᠷᠴᠢᠨ ᠲᠤᠭᠤᠷᠢᠨ ᠤ | ᠴᠢᠨᠠᠷ ᠴᠢᠨᠰᠠᠭᠠᠨ ᠤ ᠬᠤᠯᠪᠤᠭᠠᠯᠠᠯ ᠤᠨ ᠲᠤᠭᠳᠠᠴᠠ ᠶᠢ ᠪᠠᠶᠢᠭᠤᠯᠤᠨ᠎ᠠ᠃ ᠤᠷᠴᠢᠨ ᠲᠤᠭᠤᠷᠢᠨ ᠤ ᠪᠤᠬᠢᠷᠳᠤᠯ ᠤᠨ | ᠭᠤᠷᠪᠠᠳᠡᠬᠢ ᠲᠠᠯ᠎ᠠ ᠶᠢᠨ ᠵᠠᠰᠠᠯᠳᠠ ᠶᠢ ᠬᠡᠷᠡᠭᠵᠢᠭᠦᠯᠵᠦ᠂ ᠪᠤᠬᠢᠷᠳᠦᠯ ᠭᠠᠳᠠᠭᠰᠢᠯᠠᠭᠤᠯᠬᠤ ᠡᠷᠬᠡ ᠶᠢᠨ ᠵᠠᠬ᠎ᠠ | ᠲᠡᠯᠭᠡᠭᠦᠷᠵᠢᠭᠦᠯᠦᠯᠳᠡ ᠶᠢᠨ ᠦᠭᠡᠷᠡᠴᠢᠯᠡᠯᠳᠡ ᠶᠢ ᠲᠦᠷᠭᠡᠳᠭᠡᠨ᠎ᠡ᠃ ᠪᠠᠶᠢᠭᠠᠯᠢ ᠶᠢᠨ ᠡᠬᠢ ᠰᠤᠷᠪᠤᠯᠵᠢ ᠶᠢᠨ ᠬᠦᠷᠥᠩᠭᠡ | ᠶᠢᠨ ᠦᠷᠳᠦᠯ ᠤᠨ ᠬᠦᠰᠦᠨᠦᠭᠳᠦ ᠶᠢ ᠵᠤᠬᠢᠶᠠᠨ᠂ ᠤᠳᠤᠷᠢᠳᠬᠤ ᠺᠠᠳ᠋ᠷ ᠤᠨ ᠪᠠᠶᠢᠭᠠᠯᠢ ᠶᠢᠨ ᠡᠬᠢ ᠰᠤᠷᠪᠤᠯᠵᠢ ᠶᠢᠨ | ᠬᠦᠷᠥᠩᠭᠡ ᠶᠢᠨ ᠲᠤᠰᠢᠶᠡᠯ ᠠᠴᠠ ᠰᠠᠯᠬᠤ ᠬᠢᠨᠡᠨ ᠪᠤᠳᠤᠯᠳᠠ ᠶᠢᠨ ᠲᠤᠷᠰᠢᠯᠳᠡ ᠶᠢᠨ ᠴᠢᠭ᠋ ᠤᠨ ᠠᠵᠢᠯ ᠢ ᠰᠠᠶᠢᠳᠦᠷ | ᠬᠢᠨ᠎ᠠ᠃ ᠤᠯᠤᠰ ᠤᠨ ᠰᠠᠩ ᠤᠨ ᠤᠢ ᠶᠢᠨ ᠲᠠᠯᠠᠪᠠᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠨᠠᠶᠢᠳᠠ ᠶᠢᠨ | ᠤᠢ ᠰᠢᠭᠤᠢ ᠶᠢᠨ ᠶᠡᠷᠥᠩᠬᠡᠶᠢᠯᠡᠭᠰᠡᠨ ᠦᠭᠡᠷᠡᠴᠢᠯᠡᠯᠳᠡ ᠶᠢᠨ ᠵᠢᠱᠢᠶ᠎ᠡ ᠦᠵᠡᠬᠦᠯᠬᠦ ᠠᠵᠢᠯ ᠢ ᠰᠠᠶᠢᠳᠤᠷ ᠠᠳᠬᠤᠨ᠎ᠠ᠃ | ᠠᠮᠢ ᠠᠬᠤᠢ ᠶᠢᠨ ᠰᠤᠶᠤᠯ ᠪᠠ ᠳᠤᠤᠷ᠎ᠠ ᠨᠡᠬᠦᠷᠡᠰᠦᠳᠦ᠋ᠷᠦᠭᠴᠢᠲᠦ ᠬᠤᠳᠠ ᠶᠢᠨ ᠪᠦᠲᠦᠬᠡᠨ ᠪᠠᠶᠢᠭᠤᠯᠤᠯᠳᠠ ᠶᠢ | ᠢᠳᠡᠪᠬᠢᠳᠡᠢ ᠪᠤᠶᠢᠵᠢᠭᠤᠯᠤᠨ᠂ ᠪᠦᠬᠦ ᠠᠷᠠᠳ ᠢᠶᠠᠷ ᠢᠶᠠᠨ ᠡᠨᠧᠷᠬᠢ ᠠᠷᠪᠢᠯᠠᠬᠤ ᠠᠵᠢᠯᠯᠠᠭ᠎ᠠ ᠶᠢ ᠲᠡᠯᠬᠡᠷᠡᠬᠦᠯᠵᠦ᠂ | ᠪᠤᠬᠢᠷᠳᠤᠯ ᠦᠭᠡᠢ ᠲᠤᠤᠷ᠎ᠠ ᠨᠡᠭᠦᠷᠡᠰᠤᠳᠦ᠋ᠷᠦᠭᠴᠢᠲᠤ ᠠᠮᠢᠳᠤᠷᠠᠯ ᠤᠨ ᠬᠡᠯᠪᠡᠷᠢ ᠶᠢ ᠰᠠᠨᠠᠭᠠᠴᠢᠯᠠᠨ᠎ᠠ ᠴᠠᠬᠢᠯᠭᠠᠨ | ᠬᠦᠳᠡᠯᠬᠡᠬᠦᠷᠲᠦ ᠮᠠᠰᠢᠨ ᠲᠡᠷᠬᠡᠨ ᠤ ᠴᠡᠨᠡᠭᠯᠡᠬᠦ ᠪᠠᠭᠠᠨ᠎ᠠ ᠶᠢᠨ ᠲᠦᠷᠦᠯ ᠵᠦᠢᠯ ᠢ ᠶᠠᠪᠤᠭᠳᠠᠭᠤᠯᠤᠨ᠎ᠠ᠃ ᠬᠤᠳᠠ | ᠶᠢᠨ ᠤᠳᠠᠭᠠᠨ ᠶᠠᠪᠤᠬᠤ ᠵᠠᠮ ᠬᠠᠷᠢᠯᠴᠠᠭᠠᠨ ᠤ ᠰᠢᠰᠲ᠋ᠧᠮ ᠤᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ | ᠲᠦᠪ ᠬᠤᠳᠠ ᠳᠤᠭᠤᠷᠢᠭ ᠲᠤ 5000 ᠤᠯᠠᠨ ᠨᠡᠶᠢᠳᠡ ᠶᠢᠨ ᠳᠤᠭᠤᠢ ᠲᠡᠷᠬᠡ ᠳᠠᠯᠪᠢᠨ᠎ᠠ᠃ | ᠲᠦᠯᠦᠭᠡᠯᠡᠭᠴᠢᠳ ᠡ᠂ ᠤᠬᠢ ᠰᠠᠶᠢᠨ ᠠᠮᠢ ᠠᠬᠤᠢ ᠪᠤᠯ ᠤᠯᠠᠭᠠᠨᠴᠠᠪ ᠤᠨ ᠬᠠᠮᠤᠭ ᠭᠤᠶᠤ ᠬᠡᠬᠡᠨᠴᠢᠷ ᠨᠡᠷ᠎ᠡ | ᠶᠢᠨ ᠬᠠᠭᠤᠳᠠᠰᠤ ᠶᠤᠮ᠃ ᠳᠤᠩᠭᠠᠯᠠᠭ ᠠᠭᠠᠷ᠂ ᠳᠤᠬᠢᠯᠢᠭ ᠳᠠᠭᠠᠯᠠᠮᠵᠢᠳᠠᠢ ᠠᠭᠤᠷ ᠠᠮᠢᠰᠬᠤᠯ᠂ ᠰᠠᠶᠢᠨ ᠰᠠᠶᠢᠬᠠᠨ | ᠤᠷᠴᠢᠨ ᠠᠬᠤᠢ ᠪᠤᠯ ᠤᠯᠠᠭᠠᠨᠴᠠᠪ ᠤᠨ ᠬᠠᠮᠤᠭ ᠤᠨ ᠶᠡᠭᠡ ᠳᠠᠪᠠᠭᠤᠯᠢᠭ ᠶᠤᠮ᠃ ᠪᠢᠳᠡ ᠠᠭᠠᠷ ᠤᠨ ᠴᠡᠪᠡᠷ | ᠳᠤᠩᠭᠠᠯᠠᠭ ᠢᠶᠠᠨ ᠭᠠᠶᠢᠬᠠᠭᠤᠯᠵᠤ᠂ ᠪᠤᠬᠢᠷᠳᠤᠯ ᠦᠬᠡᠢ ᠳᠠᠪᠠᠭᠤᠯᠢᠭ ᠢᠶᠠᠨ ᠬᠦᠭᠵᠢᠯᠳᠡ ᠶᠢᠨ ᠳᠠᠪᠠᠭᠤᠯᠢᠭ ᠪᠤᠯᠭᠠᠨ | ᠤᠯᠠᠷᠢᠭᠤᠯᠵᠤ᠂ ᠨᠢᠳᠦᠨ ᠴᠡᠴᠡᠬᠡᠢ ᠪᠠᠨ ᠰᠢᠭ ᠨᠤᠳᠤᠭ ᠤᠷᠤᠨ ᠢᠶᠠᠨ ᠬᠠᠮᠠᠭᠠᠯᠠᠵᠦ᠂ ᠤᠯᠠᠭᠠᠨᠴᠠᠪ ᠤᠨ ᠢᠶᠠᠨ ᠲᠡᠭᠷᠢ | ᠨᠢ ᠤᠯᠠᠮ ᠴᠡᠯᠮᠡᠭ᠂ ᠤᠰᠤ ᠨᠢ ᠤᠯᠠᠮ ᠲᠤᠩᠭᠠᠯᠠᠭ᠂ ᠠᠭᠤᠯᠠ ᠨᠢ ᠤᠯᠠᠮ ᠨᠤᠮᠢᠨ ᠨᠤᠭᠤᠭᠠᠨ᠂ ᠠᠭᠤᠷ ᠠᠮᠢᠰᠬᠤᠯ | ᠨᠢ ᠤᠯᠠᠮ ᠴᠡᠪᠡᠷ ᠠᠷᠢᠭᠤᠨ᠂ ᠠᠷᠡᠳ ᠲᠦᠮᠡᠨ ᠨᠢ ᠤᠯᠠᠮ ᠰᠡᠳᠬᠢᠯ ᠲᠡᠨᠢᠬᠦᠨ ᠪᠤᠯᠭᠠᠬᠤ ᠪᠠᠷ ᠲᠡᠮᠠᠴᠠᠨᠠ᠃ | ︵ᠨᠠᠢᠮᠠ︶ ᠠᠷᠡᠳ ᠤᠨ ᠠᠮᠢᠳᠤᠷᠠᠯ ᠢ ᠪᠦᠬᠦ ᠬᠦᠴᠦᠨ ᠢᠶᠠᠷ ᠪᠠᠳᠤᠯᠠᠨ ᠰᠠᠶᠢᠵᠢᠷᠠᠭᠤᠯᠤᠨ᠎ᠠ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢᠨ ᠲᠠᠶᠢᠯᠠᠯᠳᠤᠭᠠᠨ ᠢ ᠲᠤᠶᠢᠯᠪᠤᠷᠢᠳᠠᠢ | ᠰᠠᠶᠢᠳᠤᠷ ᠬᠢᠨ᠎ᠠ᠃ ︽ᠲᠠᠪᠤᠨ ᠨᠢᠭᠡ ᠪᠦᠯᠦᠭ︾ ︽ᠵᠢᠷᠭᠤᠭᠠᠨ ᠤᠨᠢᠨ ᠲᠡᠭᠡᠷ᠎ᠡ ᠨᠢ ᠲᠡᠳᠬᠦᠬᠦ︾ ᠶᠢ ᠬᠦᠨᠵᠡᠬᠡᠢ | ᠭᠡᠷᠡᠭᠵᠢᠬᠦᠯᠵᠦ᠂ ᠵᠢᠯ ᠤᠨ ᠲᠤᠳᠤᠷ᠎ᠠ 3.7 ᠲᠦᠮᠡᠨ ᠶᠠᠳᠠᠭᠤ ᠬᠦᠴᠢᠷᠳᠡᠯ ᠲᠠᠢ ᠬᠦᠮᠦᠨ ᠠᠮᠠ ᠶᠢ ᠲᠤᠭᠳᠠᠭᠤᠨ ᠢᠶᠠᠷ | ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠬᠦᠯᠵᠦ᠂ ᠯᠢᠶᠠᠩᠴᠧᠩ ᠰᠢᠶᠡᠨ ᠬᠢᠭᠡᠳ ᠴᠠᠬᠠᠷ ᠪᠠᠷᠠᠭᠤᠨ ᠭᠠᠷᠤᠨ | ᠬᠤᠶᠢᠳᠤ ᠬᠤᠰᠢᠭᠤᠨ ᠤ ᠶᠠᠳᠠᠭᠤ ᠬᠦᠴᠢᠷᠳᠡᠯ ᠲᠠᠢ ᠬᠤᠰᠢᠭᠤ ᠰᠢᠶᠡᠨ ᠤ ᠮᠠᠯᠠᠭᠠᠢ ᠶᠢ ᠲᠠᠶᠠᠭᠳᠠᠨ᠎ᠠ᠃ ᠠᠵᠦ | ᠦᠢᠯᠡᠰ ᠤᠨ ᠬᠦᠭᠵᠢᠯᠳᠡ ᠶᠢ ᠲᠤᠪᠤᠶᠢᠯᠭᠠᠨ᠎ᠠ᠃ ᠤᠳᠤᠬᠢᠴᠢᠯᠠᠭᠰᠠᠨ ᠲᠠᠷᠢᠶᠠᠯᠠᠩ ᠮᠠᠯ ᠠᠵᠦ ᠠᠬᠤᠢ ᠶᠢ | ᠬᠦᠭᠵᠢᠬᠦᠯᠬᠦ ᠶᠢ ᠶᠠᠳᠠᠭᠤ ᠶᠢ ᠲᠡᠳᠬᠦᠨ ᠶᠠᠳᠠᠭᠤ ᠠᠴᠠ ᠠᠩᠭᠢᠵᠢᠷᠠᠭᠤᠯᠬᠤ ᠭᠤᠤᠯ ᠠᠷᠭ᠎ᠠ ᠵᠠᠮ ᠪᠤᠯᠭᠠᠬᠤ ᠶᠢ ᠡᠷᠡᠰ | ᠪᠠᠷᠢᠮᠳᠠᠯᠠᠵᠦ᠂ ᠦᠷᠭᠡᠨ ᠤᠯᠠᠨ ᠶᠠᠳᠠᠭᠤ ᠬᠦᠴᠢᠷᠳᠡᠯ ᠲᠠᠢ ᠡᠷᠦᠬᠡ ᠳᠤ ᠲᠠᠷᠢᠶᠠᠯᠠᠩ ᠮᠠᠯ ᠠᠵᠦ ᠠᠬᠤᠢ ᠶᠢᠨ | ᠦᠢᠯᠡᠳᠪᠦᠷᠢᠯᠡᠯ ᠤᠨ ᠪᠦᠬᠦ ᠠᠵᠦ ᠦᠢᠯᠡᠰ ᠤᠨ ᠬᠡᠯᠬᠢᠶᠡᠰᠦ ᠬᠢᠭᠡᠳ ᠦᠨ᠎ᠡ ᠦᠷᠳᠡᠭ ᠤᠨ ᠬᠡᠯᠬᠢᠶᠡᠰᠦ ᠶᠢᠨ ᠨᠡᠮᠡᠭᠳᠡᠯ | ᠦᠷᠳᠡᠭ ᠤᠨ ᠠᠰᠢᠭ ᠢ ᠤᠯᠠᠮ ᠢᠯᠡᠬᠦᠦ ᠬᠦᠷᠳᠡᠭᠡᠨ᠎ᠡ᠃ ᠡᠳ᠋ ᠤᠨ ᠵᠠᠰᠠᠭ ᠤᠨ ᠲᠠᠷᠢᠶᠠᠯᠠᠩ ᠮᠠᠯᠵᠢᠯ ᠳᠤ | ᠬᠤᠯᠪᠤᠭᠳᠠᠭᠰᠠᠨ ᠪᠡᠯᠡ ᠮᠦᠩᠭᠦ ᠶᠢ ᠨᠡᠶᠢᠳᠬᠡᠵᠦ᠂ ︽ᠭᠤᠷᠪᠠ ᠶᠢ ᠲᠤᠰᠬᠤᠨ ᠳᠤ ᠬᠦᠷᠭᠡᠵᠦ ᠭᠤᠷᠪᠠ ᠶᠢ ᠡᠷᠦᠬᠡ | ᠳᠤ ᠬᠦᠷᠭᠡᠬᠦ︾ ᠶᠠᠳᠠᠭᠤ ᠶᠢ ᠲᠡᠳᠬᠦᠬᠦ ᠪᠡᠯᠡ ᠮᠦᠩᠭᠦ 2.8 ᠳ᠋ᠦᠩᠰᠢᠭᠤᠷ ᠲᠦᠭᠦᠷᠢᠭ ᠤᠷᠤᠭᠤᠯᠵᠦ᠂ ᠮᠦᠩᠭᠦᠨ | ᠬᠦᠢᠯᠬᠡᠬᠡ ᠪᠠᠷ ᠠᠷᠡᠳ ᠢ ᠪᠠᠶᠠᠵᠢᠭᠤᠯᠬᠤ ᠵᠢᠭᠡᠯᠡᠯᠭᠡ 2.4 ᠲᠦᠮᠡᠨ ᠡᠷᠦᠬᠡ ᠳᠤ 13 ᠳ᠋ᠦᠩᠰᠢᠭᠤᠷ ᠲᠦᠭᠦᠷᠢᠭ | ᠳᠠᠯᠪᠢᠵᠤ᠂ ᠶᠠᠳᠠᠭᠤ ᠬᠦᠴᠢᠷᠳᠠᠯ ᠲᠠᠢ ᠤᠯᠠᠨ ᠲᠦᠮᠠᠨ ᠤ ᠶᠠᠳᠠᠭᠤ ᠠᠴᠠ ᠠᠩᠭᠢᠵᠢᠷᠡᠨ ᠪᠠᠶᠠᠵᠢᠨ ᠴᠢᠨᠡᠭᠡᠯᠢᠭᠵᠢᠬᠦ | ᠲᠤᠳᠤᠭᠠᠳᠦ ᠶᠢᠨ ᠬᠦᠳᠡᠯᠭᠡᠬᠦ ᠬᠦᠴᠦᠨ ᠢ ᠬᠦᠭᠵᠢᠭᠡᠨ᠎ᠡ᠃ ︽ᠲᠤᠪᠶᠤᠭ ᠤᠨ ᠬᠡᠯᠪᠡᠷᠢ︾ ᠲᠠᠢ ᠶᠠᠳᠠᠭᠤ ᠶᠢ | ᠲᠡᠳᠬᠦᠬᠦ ᠬᠢᠬᠡᠳ ︽ᠶᠠᠳᠠᠭᠤ ᠶᠢ ᠲᠡᠳᠬᠦᠬᠦ +︾ ᠵᠠᠭᠪᠤᠷ ᠢ ᠲᠡᠯᠭᠡᠷᠡᠬᠦᠯᠵᠦ᠂ ᠶᠠᠳᠠᠭᠤ ᠶᠢ ᠲᠠᠳᠬᠦᠬᠦ | ᠡᠯᠧᠺᠲᠷᠤᠨ ᠬᠤᠳᠠᠯᠳᠤᠭ᠎ᠠ᠂ ᠵᠤᠭᠠᠴᠠᠯ᠂ ᠨᠠᠷᠡᠨ ᠡᠨᠧᠷᠬᠢ ᠶᠢᠨ ᠴᠠᠬᠢᠯᠭᠠᠨ ᠭᠠᠷᠭᠠᠯᠳᠠ᠂ ᠲᠠᠷᠢᠶᠠᠯᠠᠩ ᠮᠠᠯ ᠠᠵᠤ | ᠠᠬᠤᠢ ᠶᠢᠨ ᠲᠠᠭᠠᠳᠬᠠᠯ ᠵᠡᠷᠭᠡ ᠠᠵᠦ ᠦᠢᠯᠡᠰ ᠲᠠᠢ ᠤᠷᠭᠠᠨᠢᠭ ᠢᠶᠠᠷ ᠤᠶᠠᠯᠳᠤᠭᠤᠯᠵᠦ᠂ ᠶᠠᠳᠠᠭᠤ ᠬᠦᠴᠢᠷᠳᠠᠯ ᠲᠠᠢ | ᠡᠷᠦᠬᠡ ᠶᠢᠨ ᠴᠢᠳᠡᠪᠦᠷᠢ᠂ ᠬᠦᠰᠡᠯ ᠡᠷᠡᠮᠡᠯᠵᠡᠯ ᠢ ᠦᠨᠳᠦᠰᠦᠯᠡᠨ᠂ ᠬᠦᠭᠵᠢᠬᠦᠯᠬᠦ ᠳᠤ ᠲᠤᠬᠢᠷᠡᠮᠵᠢᠳᠠᠢ ᠤᠨᠴᠠᠯᠢᠭᠳᠤ | ᠠᠵᠦ ᠦᠢᠯᠡᠰ ᠢ ᠰᠤᠩᠭᠤᠨ᠎ᠠ᠃ ᠶᠠᠳᠠᠭᠤ ᠶᠢ ᠲᠡᠳᠬᠦᠬᠦ ᠬᠦᠦ ᠦᠭᠡᠢ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠶᠢ | ᠰᠠᠶᠢᠳᠦᠷ ᠠᠰᠢᠭᠯᠠᠵᠦ᠂ ᠡᠳ᠋ ᠬᠤᠭᠰᠢᠯ ᠬᠦᠷᠥᠩᠭᠡ ᠪᠠᠷ ᠶᠠᠳᠠᠭᠤ ᠶᠢ ᠲᠡᠳᠬᠦᠬᠦ ᠳᠤ ᠠᠰᠢᠭ ᠬᠦᠷᠳᠡᠭᠡᠬᠦ ᠠᠷᠭ᠎ᠠ ᠵᠠᠮ | ᠢ ᠰᠦᠪᠡᠭᠴᠢᠯᠡᠨ᠎ᠡ᠃ ᠪᠤᠰᠤᠳ ᠭᠠᠵᠠᠷ ᠲᠤ ᠨᠡᠬᠦᠯᠭᠡᠨ ᠰᠢᠯᠵᠢᠬᠦᠯᠬᠦ ᠶᠢ ᠲᠦᠯᠬᠢᠨ ᠠᠬᠢᠭᠤᠯᠤᠨ᠎ᠠ᠃ 1.7 ᠲᠦᠮᠡᠨ | ᠨᠤᠳᠤᠭ ᠤᠰᠤ ᠨᠢ ᠲᠠᠴᠢᠷᠳᠠᠨ᠂ ᠤᠷᠦᠰᠢᠨ ᠠᠮᠢᠳᠤᠷᠠᠬᠤ ᠠᠷᠭ᠎ᠠ ᠦᠭᠡᠢ ᠪᠤᠯᠤᠭᠰᠠᠨ ᠶᠠᠳᠠᠭᠤ ᠬᠦᠴᠢᠷᠳᠠᠯ ᠲᠠᠢ | ᠬᠦᠮᠦᠨ ᠠᠮᠠ ᠶᠢ ᠪᠠᠭ᠎ᠠ ᠲᠤᠰᠬᠤᠨ ᠶᠢ ᠴᠡᠭᠴᠡᠯᠡᠨ ᠨᠡᠶᠢᠯᠡᠬᠦᠯᠬᠦ ᠬᠢᠭᠡᠳ ᠭᠠᠵᠠᠷ ᠰᠢᠷᠤᠢ ᠶᠢ ᠰᠢᠯᠵᠢᠬᠦᠯᠥᠯᠳᠡ ᠳᠤ | ᠤᠷᠤᠭᠤᠯᠬᠤ ᠬᠡᠯᠪᠡᠷᠢ ᠪᠠᠷ᠂ ᠲᠦᠷᠦᠯ ᠬᠤᠪᠢᠶᠡᠨ ᠬᠦᠳᠦᠯᠥᠨ ᠵᠢᠯᠤᠭᠤᠳᠴᠤ᠂ ᠵᠤᠯ ᠵᠢᠷᠭᠠᠯᠳᠤ ᠬᠦᠷᠢᠶᠡᠯᠡᠩ᠂ | ᠭᠤᠤᠯᠳᠠᠯᠭᠠᠲᠤ ᠲᠤᠰᠬᠤᠨ᠂ ᠵᠢᠵᠢᠭ ᠬᠤᠳᠠ ᠪᠠᠯᠭᠠᠰᠤ ᠬᠢᠭᠡᠳ ᠡᠯ᠎ᠡ ᠲᠦᠷᠦᠯ ᠤᠨ ᠬᠦᠷᠢᠶᠡᠯᠡᠩ ᠲᠤᠭᠤᠷᠢᠭ ᠲᠤ | ᠰᠢᠯᠵᠢᠬᠦᠯᠦᠨ ᠨᠡᠬᠦᠯᠬᠡᠵᠦ᠂ ᠲᠦᠪᠬᠢᠨᠡᠬᠦᠯᠦᠨ ᠠᠵᠢᠯ ᠤᠯᠭᠤᠨ᠎ᠠ᠃ ᠵᠢᠯ ᠤᠨ ᠲᠤᠳᠤᠷ᠎ᠠ 981 ᠲᠤᠰᠬᠤᠨ ᠢ | ᠨᠡᠶᠢᠯᠡᠬᠦᠯᠬᠦ ᠡᠬᠦᠷᠭᠡ ᠶᠢ ᠪᠡᠶᠡᠯᠡᠬᠦᠯᠦᠨ᠎ᠡ᠃ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠶᠢ ᠬᠡᠷᠡᠭᠵᠢᠬᠦᠯᠦᠨ᠎ᠡ᠃ | ᠬᠦᠳᠡᠭᠡ ᠲᠤᠰᠬᠤᠨ ᠮᠠᠯᠵᠢᠬᠤ ᠤᠷᠤᠨ ᠤ ᠬᠡᠥᠬᠡᠳ ᠢ ᠦᠨ᠎ᠡ ᠲᠦᠯᠦᠪᠦᠷᠢ ᠦᠭᠡᠢ ᠪᠠᠷ ᠴᠡᠴᠡᠷᠯᠢᠭ ᠲᠤ ᠤᠷᠤᠭᠤᠯᠬᠤ | ᠠᠵᠢᠯ ᠢ ᠰᠠᠶᠢᠳᠦᠷ ᠬᠢᠵᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠤᠭᠴᠢ ᠶᠢᠨ ᠰᠢᠮ᠎ᠡ | ᠲᠡᠵᠢᠭᠡᠯ ᠢ ᠰᠠᠶᠢᠵᠢᠷᠠᠭᠤᠯᠬᠤ ᠲᠦᠯᠦᠪᠯᠡᠭᠡ ᠶᠢ ᠬᠡᠷᠡᠭᠵᠢᠬᠦᠯᠵᠦ᠂ 1.7 ᠲᠦᠮᠡᠨ ᠲᠡᠩᠰᠡᠯᠡᠵᠦ ᠺᠠᠷᠲ ᠲᠤ | ᠤᠷᠤᠭᠤᠯᠤᠭᠰᠠᠨ ᠶᠠᠳᠠᠭᠤ ᠬᠦᠴᠢᠷᠳᠡᠯ ᠲᠠᠢ ᠭᠡᠷ ᠪᠦᠯᠢ ᠶᠢᠨ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢ | ᠦᠨ᠎ᠡ ᠲᠦᠯᠦᠪᠦᠷᠢ ᠦᠭᠡᠢ ᠪᠠᠷ ᠰᠤᠷᠤᠯᠴᠠᠬᠤ ᠶᠢ ᠪᠡᠶᠡᠯᠡᠬᠦᠯᠦᠨ᠎ᠡ᠃ ᠠᠵᠦ ᠦᠢᠯᠡᠰ ᠢᠶᠠᠷ ᠶᠠᠳᠠᠭᠤ ᠶᠢ | ᠲᠡᠳᠬᠦᠬᠦ ᠳᠤ ᠬᠠᠨᠳᠤᠭᠤᠯᠤᠨ᠂ ᠤᠯᠠᠨ ᠵᠦᠢᠯ ᠤᠨ ᠬᠡᠯᠪᠡᠷᠢ ᠲᠠᠢ ᠮᠡᠷᠭᠡᠵᠢᠯ ᠴᠢᠳᠡᠪᠦᠷᠢ ᠶᠢᠨ ᠪᠤᠯᠪᠠᠰᠤᠷᠠᠯ | ᠦᠷᠨᠢᠬᠦᠯᠵᠦ᠂ ᠡᠷᠦᠬᠡ ᠪᠦᠷᠢ ᠳᠤ ᠨᠢᠭᠡ ︽ᠮᠡᠳᠡᠳᠡᠭ ᠬᠦᠮᠦᠨ︾ ᠪᠠᠶᠢᠬᠤ ᠶᠢ ᠪᠠᠳᠤᠯᠠᠵᠦ᠂ ︽ᠨᠢᠬᠡ ᠬᠦᠮᠦᠨ ᠢ | ᠪᠤᠯᠪᠠᠰᠤᠷᠠᠭᠤᠯᠪᠠᠯ ᠨᠢᠬᠡ ᠬᠦᠮᠦᠨ ᠳᠤ ᠠᠵᠢᠯ ᠤᠯᠭᠤᠵᠦ᠂ ᠨᠢᠬᠡ ᠬᠦᠮᠦᠨ ᠢ ᠶᠠᠳᠠᠭᠤ ᠠᠴᠠ ᠠᠩᠭᠢᠵᠢᠷᠠᠭᠤᠯᠬᠤ︾ | ᠶᠢ ᠪᠡᠶᠡᠯᠡᠬᠦᠯᠦᠨ᠎ᠠ᠃ ᠠᠮᠢ ᠠᠬᠤᠢ ᠪᠠᠷ ᠶᠠᠳᠠᠭᠤ ᠶᠢ ᠲᠡᠳᠬᠦᠬᠦ ᠶᠢ ᠰᠠᠶᠢᠳᠤᠷ ᠠᠰᠢᠭᠯᠠᠨ᠎ᠠ᠃ ᠶᠠᠳᠠᠭᠤ ᠬᠦᠴᠢᠷᠳᠠᠯ | ᠲᠠᠢ ᠭᠠᠵᠠᠷ ᠤᠷᠤᠨ ᠤ ᠨᠦᠬᠦᠴᠡᠯ ᠳᠤ ᠲᠤᠬᠢᠷᠠᠭᠰᠠᠨ 3500 ᠬᠦᠮᠦᠨ ᠪᠦᠬᠦᠨ ᠢ ᠰᠢᠨ᠎ᠡ ᠨᠢᠬᠡᠨ ᠡᠭᠡᠯᠵᠢ ᠶᠢᠨ | ᠬᠠᠭᠠᠯᠪᠤᠷᠢᠯᠠᠭᠰᠠᠨ ᠭᠠᠵᠠᠷ ᠢ ᠪᠤᠴᠠᠭᠠᠨ᠂ ᠤᠢ ᠮᠤᠳᠤ ᠳᠠᠷᠢᠵᠤ ᠠᠰᠢᠭ ᠬᠦᠷᠳᠡᠭᠡᠬᠦ ᠬᠦᠷᠢᠶ᠎ᠡ ᠬᠡᠪᠴᠢᠶᠡᠨ ᠳᠤ | ᠤᠷᠤᠭᠤᠯᠵᠦ᠂ 6200 ᠬᠦᠮᠦᠨ ᠢ ᠤᠷᠢᠳᠠᠪᠡᠷ ᠬᠠᠷᠠᠭᠠᠯᠵᠠᠨ ᠤᠢ ᠬᠠᠮᠠᠭᠠᠯᠠᠭᠴᠢ ᠪᠠᠷ ᠤᠷᠢᠨ ᠭᠡᠷᠡᠭᠯᠡᠵᠦ᠂ | ᠶᠠᠳᠠᠭᠤ ᠬᠦᠴᠢᠷᠳᠠᠯ ᠲᠠᠢ ᠤᠯᠠᠨ ᠲᠦᠮᠡᠨ ᠳᠤ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠬᠢᠭᠡᠳ ᠬᠠᠮᠠᠭᠠᠯᠠᠯᠳᠠ | ᠲᠤᠮᠳᠠ ᠠᠴᠠ ᠪᠤᠳᠠᠳᠠᠢ ᠠᠰᠢᠭ ᠬᠦᠷᠳᠡᠭᠡᠨ᠎ᠡ᠃ ᠦᠨᠳᠦᠰᠦᠨ ᠠᠴᠠ ᠨᠢ ᠪᠠᠳᠤᠯᠠᠬᠤ ᠶᠢ ᠴᠢᠩᠭᠠᠳᠬᠠᠨ᠎ᠠ ᠃ | ᠨᠠᠭᠠᠳᠤ ᠵᠠᠬ᠎ᠠ ᠶᠢᠨ ᠪᠠᠲᠤᠯᠠᠭᠠᠨ ᠤ ᠨᠦᠬᠦᠴᠡᠯ ᠳᠤ ᠲᠤᠬᠢᠷᠠᠭᠰᠠᠨ᠂ ᠶᠠᠳᠠᠭᠤ ᠶᠢ ᠲᠡᠳᠬᠦᠬᠦ ᠦᠨᠳᠦᠰᠦᠨ ᠠᠴᠠ | ᠪᠠᠲᠤᠯᠠᠬᠤ ᠡᠳᠡᠭᠡᠳ ᠪᠦᠬᠦᠨ ᠢ ᠬᠦᠳᠡᠭᠡ ᠲᠤᠰᠬᠤᠨ ᠮᠠᠯᠵᠢᠬᠤ ᠤᠷᠤᠨ ᠤ ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠭᠠᠨ ᠤ ᠬᠦᠷᠢᠶ᠎ᠡ ᠭᠡᠪᠴᠢᠶᠡᠨ ᠳᠤ ᠤᠷᠤᠭᠤᠯᠵᠦ᠂ ᠪᠤᠰᠤᠳ ᠢ ᠨᠢ ᠪᠡᠯᠡ ᠮᠦᠩᠭᠦ ᠪᠠᠷ ᠰᠢᠭᠤᠳ | ᠨᠦᠬᠦᠪᠦᠷᠢᠯᠡᠬᠦ ᠬᠡᠪᠴᠢᠶᠡᠨ ᠳᠤ ᠤᠷᠤᠭᠤᠯᠤᠨ᠎ᠠ᠃ ᠰᠦᠢᠳᠬᠡᠯ ᠲᠤᠰᠢᠶᠠᠬᠤ ᠨᠦᠬᠦᠴᠡᠯ ᠳᠤ ᠲᠤᠬᠢᠷᠠᠭᠰᠠᠨ | ᠲᠠᠩᠰᠠᠯᠠᠵᠦ ᠺᠠᠷᠲ ᠪᠠᠶᠢᠭᠤᠯᠤᠭᠰᠠᠨ ᠶᠠᠳᠠᠭᠤ ᠬᠦᠴᠢᠷᠳᠠᠯ ᠲᠠᠢ ᠬᠦᠮᠦᠨ ᠠᠮᠠ ᠳᠤ ᠬᠦᠮᠦᠨ ᠪᠦᠷᠢ ᠵᠢᠯ ᠲᠤᠳᠤᠮ | 100 ᠲᠦᠭᠦᠷᠢᠭ ᠤᠨ ᠨᠠᠰᠤᠵᠢᠯ ᠤᠨ ᠲᠠᠭᠠᠳᠬᠠᠯ ᠨᠦᠬᠦᠪᠦᠷᠢᠯᠡᠨ᠎ᠡ᠃ ᠤᠨᠢᠨ ᠲᠡᠭᠡᠷ᠎ᠡ ᠨᠢ ᠡᠮ ᠡᠮᠨᠡᠯᠭᠡ ᠪᠠᠷ | ᠲᠡᠳᠬᠦᠬᠦ ᠠᠵᠢᠯ ᠢ ᠦᠷᠨᠢᠬᠦᠯᠵᠦ᠂ ᠲᠠᠩᠰᠠᠯᠠᠵᠦ ᠺᠠᠷᠲ ᠪᠠᠶᠢᠭᠤᠯᠤᠭᠰᠠᠠ ᠶᠠᠳᠠᠭᠤ ᠬᠦᠴᠢᠷᠳᠠᠯ ᠲᠠᠢ ᠬᠦᠮᠦᠨ ᠠᠮᠠ | ᠳᠤ ᠦᠨ᠎ᠡ ᠲᠦᠯᠦᠪᠦᠷᠢ ᠦᠭᠡᠢ ᠪᠡᠶ᠎ᠡ ᠶᠢᠨ ᠪᠠᠶᠢᠴᠠᠭᠠᠯᠳᠠ ᠬᠢᠵᠦ᠂ ᠤᠨᠤᠰᠢᠯᠭᠠᠨ ᠤ ᠳᠠᠩᠰᠠᠨ ᠠᠴᠠ ᠴᠠᠶᠢᠯᠭᠠᠬᠤ | ᠬᠠᠷᠢᠴᠠᠯ ᠢ ᠲᠡᠭᠡᠭᠰᠢᠯᠡᠬᠦᠯᠵᠦ᠂ ᠬᠦᠨᠳᠦ ᠡᠪᠡᠳᠴᠢᠨ ᠤ ᠬᠤᠳᠠᠯᠳᠤᠭᠠᠨ ᠤ ᠳᠠᠭᠠᠳᠬᠠᠯ ᠤᠨ ᠶᠠᠳᠠᠭᠤ ᠬᠦᠮᠦᠨ ᠠᠮᠠ | ᠶᠢᠨ ᠦᠪᠴᠢ ᠪᠦᠷᠬᠦᠬᠦᠯᠳᠡ ᠶᠢ ᠪᠡᠶᠡᠯᠡᠬᠦᠯᠥᠨ᠎ᠡ᠃ ᠶᠠᠳᠠᠭᠤ ᠠᠴᠠ ᠠᠩᠬᠢᠵᠢᠷᠠᠭᠤᠯᠬᠤ ᠳᠤᠭᠳᠠᠴᠠ ᠶᠢ ᠰᠢᠨᠡᠴᠢᠯᠡᠨ᠎ᠡ᠃ | ︽ᠲᠦᠮᠡᠨ ᠺᠠᠳ᠋ᠷ ᠶᠠᠳᠠᠭᠤ ᠬᠦᠴᠢᠷᠳᠡᠯ ᠲᠠᠢ ᠳᠤᠰᠬᠤᠨ ᠶᠠᠳᠠᠭᠤ ᠬᠦᠴᠢᠷᠳᠡᠯ ᠲᠠᠢ ᠡᠷᠦᠬᠡ ᠶᠢ ᠰᠤᠷᠪᠤᠯᠵᠢᠯᠠᠬᠤ︾ | ᠠᠵᠢᠯᠯᠠᠭ᠎ᠠ ᠶᠢ ᠦᠷᠨᠢᠬᠦᠯᠵᠦ᠂ ︽ᠶᠠᠳᠠᠭᠤ ᠶᠢ ᠲᠡᠳᠬᠦᠬᠦ ᠰᠦᠯᠵᠢᠶᠡᠨ︾ ᠤ ᠳᠠᠪᠴᠠᠩ ᠢ ᠪᠠᠶᠢᠭᠤᠯᠵᠤ᠂ ᠶᠠᠳᠠᠭᠤ ᠶᠢ | ᠲᠡᠳᠬᠦᠬᠦ ᠬᠦᠳᠡᠯᠥᠩᠬᠦᠢ ᠬᠠᠮᠢᠶᠠᠷᠤᠯᠳᠠ ᠶᠢ ᠴᠢᠩᠭᠠᠳᠬᠠᠨ᠎ᠠ᠃ ᠶᠠᠳᠠᠭᠤ ᠠᠴᠠ ᠠᠩᠬᠢᠵᠢᠷᠠᠪᠠᠯ ᠲᠡᠳᠬᠦᠯᠳᠡ ᠠᠴᠠ | ᠭᠠᠷᠭᠠᠬᠤ ᠳᠤᠭᠳᠠᠴᠠ ᠶᠢ ᠲᠡᠬᠦᠯᠳᠡᠷᠵᠢᠬᠦᠯᠥᠨ᠂ ᠶᠠᠳᠠᠭᠤ ᠠᠴᠠ ᠠᠩᠬᠢᠵᠢᠷᠠᠭᠤᠯᠬᠤ ᠶᠢᠨ ᠪᠤᠭᠤᠮᠳᠠ ᠰᠢᠪᠳᠤᠯᠬᠤ | ᠬᠢᠨᠠᠨ ᠰᠢᠯᠭᠠᠯᠳᠠ ᠦᠨᠡᠯᠡᠯᠳᠡ ᠶᠢᠨ ᠠᠵᠢᠯ ᠢ ᠰᠠᠶᠢᠳᠤᠷ ᠬᠢᠨ᠎ᠡ᠃ ᠬᠤᠳᠠ ᠰᠢᠶᠠᠨ ᠰᠢᠶᠠᠩ ᠭᠠᠴᠠᠭ᠎ᠠ ᠡᠯ᠎ᠡ ᠱᠠᠳᠤᠨ | ᠤ ᠰᠠᠯᠠᠭ᠎ᠠ ᠮᠥᠴᠢᠷ ᠤᠨ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠦᠷᠢᠵᠢᠭᠤᠯᠵᠤ᠂ ᠪᠡᠬᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠬᠠᠪᠰᠤᠷᠤᠨ ᠲᠡᠳᠬᠦᠬᠦ ᠬᠢᠬᠡᠳ | ︽ᠲᠦᠮᠡᠨ ᠠᠵᠤ ᠠᠬᠤᠶᠢᠯᠠᠯ ᠲᠦᠮᠡᠨ ᠳᠤᠰᠬᠤᠨ ᠢ ᠬᠠᠪᠰᠤᠷᠬᠤ︾ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ | ᠪᠦᠬᠦ ᠨᠡᠶᠢᠬᠡᠮ ᠢᠶᠠᠷ ᠢᠶᠠᠨ ᠪᠦᠬᠦᠳᠡᠬᠡᠷ ᠤᠷᠤᠯᠴᠠᠭᠰᠠᠨ ᠶᠠᠳᠠᠭᠤ ᠶᠢ ᠶᠡᠭᠡ ᠪᠠᠷ ᠲᠡᠳᠬᠦᠬᠦ ᠠᠵᠢᠯ ᠤᠨ ᠪᠠᠶᠢᠳᠠᠯ ᠢ | ᠪᠦᠷᠢᠯᠳᠦᠬᠦᠯᠥᠨ᠎ᠡ᠃ | ᠦᠢᠯᠡᠰ ᠪᠤᠰᠬᠠᠯᠳᠠ ᠠᠵᠢᠯ ᠤᠯᠭᠤᠯᠳᠠ ᠶᠢ ᠶᠡᠬᠡᠪᠡᠷ ᠠᠬᠢᠭᠤᠯᠤᠨ᠎ᠠ᠃ ᠠᠵᠢᠯ ᠤᠯᠭᠤᠯᠳᠠ ᠶᠢ ᠤᠷᠢᠳᠠᠪᠠᠷ | ᠬᠠᠷᠠᠭᠠᠯᠵᠠᠬᠤ ᠪᠠᠶᠢᠯᠳᠤᠬᠤ ᠪᠤᠳᠤᠯᠭ᠎ᠠ ᠬᠢᠬᠡᠳ ᠨᠡᠩ ᠢᠳᠡᠪᠬᠢᠳᠠᠢ ᠠᠵᠢᠯ ᠤᠯᠭᠤᠯᠳᠠ ᠶᠢᠨ ᠲᠦᠷᠦ ᠶᠢᠨ ᠪᠤᠳᠤᠯᠭ᠎ᠠ | ᠶᠢ ᠪᠠᠷᠢᠮᠳᠠᠯᠠᠵᠤ᠂ ᠲᠡᠬᠡᠲᠦ ᠰᠤᠷᠭᠠᠭᠤᠯᠢ ᠠᠴᠠ ᠲᠡᠬᠦᠰᠦᠭᠰᠠᠨ ᠤᠶᠤᠳᠠᠳ ᠤᠨ ᠠᠵᠢᠯ ᠤᠯᠭᠤᠯᠳᠠ ᠶᠢ ᠠᠬᠢᠭᠤᠯᠬᠤ | ᠬᠢᠬᠡᠳ ᠦᠢᠯᠡᠰ ᠪᠤᠰᠬᠠᠯᠳᠠ ᠶᠢ ᠳᠠᠭᠠᠭᠤᠯᠬᠤ ᠲᠦᠯᠥᠪᠯᠡᠭᠡ ᠶᠢ ᠨᠠᠶᠢᠳᠠᠪᠦᠷᠢᠵᠢᠭᠤᠯᠵᠤ᠂ ᠳᠠᠷᠢᠶᠠᠯᠠᠬᠤ ᠮᠠᠯᠵᠢᠬᠤ | ᠤᠷᠤᠨ ᠤ ᠬᠦᠳᠡᠯᠮᠦᠷᠢ ᠬᠦᠴᠦᠨ ᠢ ᠰᠢᠯᠵᠢᠬᠦᠯᠥᠨ ᠠᠵᠢᠯ ᠤᠯᠭᠤᠬᠤ ᠪᠠ ᠨᠤᠳᠤᠭ ᠲᠠᠭᠠᠨ ᠪᠤᠴᠠᠨ ᠦᠢᠯᠡᠰ | ᠪᠤᠰᠬᠠᠬᠤ ᠶᠢ ᠨᠢ ᠲᠡᠮᠵᠢᠵᠦ᠂ ᠴᠡᠷᠢᠭ ᠠᠴᠠ ᠬᠠᠯᠠᠭᠳᠠᠭᠰᠠᠨ ᠺᠠᠳ᠋ᠷ ᠬᠢᠬᠡᠳ ᠴᠡᠷᠢᠭ ᠠᠴᠠ ᠬᠠᠯᠠᠭᠳᠠᠭᠰᠠᠨ | ᠪᠠᠶᠢᠯᠳᠤᠭᠴᠢ ᠶᠢ ᠬᠦᠯᠢᠶᠡᠨ ᠠᠪᠴᠤ ᠲᠦᠪᠬᠢᠨᠡᠬᠦᠯᠬᠦ ᠠᠵᠢᠯ ᠢ ᠰᠠᠶᠢᠳᠤᠷ ᠬᠢᠨ᠎ᠡ᠃ ᠵᠢᠯ ᠤᠨ ᠳᠤᠳᠤᠷ᠎ᠠ᠂ ᠬᠦᠳᠡᠭᠡ | ᠳᠤᠰᠬᠤᠨ ᠮᠠᠯᠵᠢᠬᠤ ᠤᠷᠤᠨ ᠤ ᠬᠦᠳᠡᠯᠮᠦᠷᠢ ᠬᠦᠴᠦᠨ ᠢ ᠰᠢᠯᠵᠢᠬᠦᠯᠥᠨ 35 ᠲᠦᠮᠡᠨ ᠬᠦᠮᠦᠨ ᠳᠤ ᠠᠵᠢᠯ | ᠤᠯᠭᠤᠵᠤ᠂ ᠬᠤᠳᠠ ᠪᠠᠯᠭᠠᠰᠤᠨ ᠤ ᠰᠢᠨ᠎ᠡ ᠪᠠᠷ ᠠᠵᠢᠯ ᠤᠯᠤᠭᠰᠠᠳ ᠢ 2.5 ᠲᠦᠮᠡᠨ ᠬᠦᠮᠦᠨ ᠨᠡᠮᠡᠭᠳᠡᠬᠦᠯᠥᠨ᠎ᠡ᠃ | ᠤᠯᠠᠨ ᠢᠶᠠᠷ ᠢᠶᠠᠨ ᠦᠢᠯᠡᠰ ᠪᠤᠰᠬᠠᠨ᠂ ᠨᠡᠶᠢᠳᠡ ᠪᠠᠷ ᠢᠶᠠᠨ ᠰᠢᠨ᠎ᠡ ᠶᠢ ᠡᠬᠦᠳᠬᠦ ᠶᠢ ᠲᠦᠯᠬᠢᠨ ᠠᠬᠢᠭᠤᠯᠵᠤ᠂ | ᠴᠤᠸᠠᠩ ᠺᠧ ᠶᠡᠭᠡ ᠰᠤᠷᠭᠠᠭᠤᠯᠢ᠂ ᠨᠡᠪᠴᠢᠬᠦᠯᠥᠯᠳᠡ ᠶᠢᠨ ᠰᠠᠭᠤᠷᠢᠨ ᠭᠠᠵᠠᠷ᠂ ᠲᠦᠮᠡᠨ ᠤᠯᠠᠨ ᠤ ᠡᠬᠦᠳᠦᠯᠳᠡ ᠶᠢᠨ | ᠤᠷᠤᠨ ᠵᠠᠢ ᠵᠡᠷᠬᠡ ᠨᠡᠪᠴᠢᠬᠦᠯᠥᠯᠳᠡ ᠶᠢᠨ ᠳᠠᠪᠴᠠᠩ ᠤᠨ ᠪᠦᠲᠦᠬᠡᠨ ᠪᠠᠶᠢᠭᠤᠯᠤᠯᠳᠠ ᠶᠢ ᠲᠦᠷᠬᠡᠳᠬᠡᠵᠦ᠂ ᠵᠢᠯ ᠤᠨ | ᠳᠤᠳᠤᠷ᠎ᠠ ᠬᠤᠳᠠ ᠶᠢᠨ ᠲᠦᠮᠡᠨ ᠤ ᠡᠬᠦᠳᠦᠯᠳᠡ ᠳᠤᠮᠤ ᠠᠰᠠᠷ ᠢ ᠠᠰᠢᠭᠯᠠᠯᠳᠠ ᠳᠤ ᠤᠷᠤᠭᠤᠯᠵᠤ᠂ ᠦᠢᠯᠡᠰ | ᠪᠤᠰᠬᠠᠯᠳᠠ ᠶᠢᠨ ᠳᠠᠪᠴᠠᠩ 5 ᠶᠢ ᠰᠢᠨ᠎ᠡ ᠨᠡᠮᠡᠭᠳᠡᠬᠦᠯᠥᠨ᠎ᠡ᠃ | ᠨᠡᠶᠢᠬᠡᠮ ᠤᠨ ᠪᠠᠳᠤᠯᠠᠭᠠᠨ ᠤ ᠳᠤᠭᠳᠠᠯᠴᠠᠭ᠎ᠠ ᠶᠢ ᠲᠡᠬᠦᠯᠳᠡᠷᠵᠢᠬᠦᠯᠥᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ | ᠤᠷᠤᠬᠤ ᠲᠦᠯᠥᠪᠯᠡᠭᠡ ᠢ ᠬᠡᠷᠡᠭᠵᠢᠬᠦᠯᠵᠦ᠂ ᠨᠠᠰᠤᠵᠢᠯ ᠤᠨ ᠳᠠᠭᠠᠳᠬᠠᠯ ᠤᠨ ᠳᠠᠭᠠᠳᠬᠠᠯ ᠳᠤ ᠤᠷᠤᠬᠤ ᠰᠦᠢᠳᠬᠡᠯ | ᠳᠤᠰᠢᠶᠠᠬᠤ᠂ ᠰᠢᠯᠵᠢᠬᠦᠯᠥᠨ ᠭᠠᠷ ᠬᠦᠢᠴᠡᠳᠬᠡᠯ ᠢ ᠵᠠᠯᠭᠠᠵᠤ ᠬᠦᠢᠴᠡᠳᠬᠡᠬᠦ ᠬᠢᠬᠡᠳ ᠤᠯᠭᠤᠮᠵᠢ ᠶᠢᠨ ᠲᠦᠷᠦ ᠶᠢᠨ | ᠪᠤᠳᠤᠯᠭ᠎ᠠ ᠶᠢ ᠪᠦᠷᠢᠨᠵᠢᠬᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮᠨᠡᠯᠬᠡ ᠶᠢᠨ ᠳᠠᠭᠠᠳᠬᠠᠯ ᠤᠨ | ᠲᠦᠷᠦ ᠶᠢᠨ ᠪᠤᠳᠤᠯᠭ᠎ᠠ ᠬᠢᠬᠡᠳ ᠡᠷᠬᠢᠯᠡᠵᠦ ᠬᠦᠢᠴᠡᠳᠬᠡᠬᠦ ᠳᠤᠭᠳᠠᠴᠠ ᠶᠢ ᠨᠡᠶᠢᠳᠬᠡᠵᠦ᠂ ᠤᠶᠢᠷ᠎ᠠ ᠵᠠᠭᠤᠷ᠎ᠠ ᠪᠠᠨ | ᠲᠦᠬᠦᠮ ᠲᠦᠷᠬᠡᠨ ᠭᠠᠷ ᠬᠦᠢᠴᠡᠳᠬᠡᠯ ᠬᠢᠬᠦ ᠶᠢ ᠪᠡᠶᠡᠯᠡᠬᠦᠯᠥᠨ᠎ᠡ᠃ ᠤᠯᠠᠨ ᠲᠡᠰ ᠳᠠᠪᠬᠤᠷᠭ᠎ᠠ ᠶᠢᠨ ᠪᠠᠳᠤᠯᠠᠭᠠᠨ ᠤ | ᠳᠤᠭᠳᠠᠯᠴᠠᠭ᠎ᠠ ᠶᠢ ᠪᠠᠶᠢᠭᠤᠯᠵᠤ᠂ ᠪᠠᠳᠤᠯᠠᠭ᠎ᠠ ᠬᠦᠷᠳᠡᠭᠰᠡᠳ ᠤᠨ ᠡᠮ ᠡᠮᠨᠡᠯᠬᠡ ᠶᠢᠨ ᠵᠠᠷᠤᠳᠠᠯ ᠢ ᠳᠠᠩᠰᠠ ᠠᠴᠠ | ᠴᠠᠶᠢᠯᠭᠠᠬᠤ ᠬᠠᠷᠢᠴᠠᠯ ᠢ ᠳᠤᠭᠳᠠᠭᠤᠨ ᠢᠶᠠᠷ ᠨᠡᠮᠡᠭᠳᠡᠬᠦᠯᠥᠨ᠎ᠡ᠃ ᠬᠤᠳᠠ ᠬᠦᠳᠡᠭᠡ ᠶᠢᠨ ᠪᠠᠳᠤᠯᠠᠭᠠᠨ ᠤ ᠲᠦᠷᠢᠮ ᠢ | ᠨᠢᠬᠡᠳᠦᠯᠳᠠᠢ ᠳᠤᠬᠢᠷᠠᠭᠤᠯᠵᠤ᠂ ᠪᠦᠬᠦ ᠨᠡᠶᠢᠬᠡᠮ ᠢᠶᠠᠷ ᠢᠶᠠᠨ ᠠᠪᠤᠷᠠᠨ ᠲᠡᠳᠬᠦᠬᠦ ᠳᠤᠭᠳᠠᠯᠴᠠᠭ᠎ᠠ ᠶᠢ ᠪᠦᠷᠢᠨᠵᠢᠬᠦᠯᠥᠨ᠂ | ᠭᠤᠤᠯᠳᠠᠯᠭ᠎ᠠ ᠲᠠᠢ ᠪᠠᠳᠤᠯᠠᠭ᠎ᠠ ᠬᠦᠷᠳᠡᠭᠰᠡᠳ ᠤᠨ ᠨᠦᠬᠦᠪᠦᠷᠢ ᠶᠢᠨ ᠪᠠᠷᠢᠮᠵᠢᠶ᠎ᠠ ᠶᠢ ᠲᠡᠬᠡᠭᠰᠢᠯᠡᠬᠦᠯᠵᠦ᠂ ᠠᠷᠠᠳ ᠤᠨ | ᠠᠮᠢᠳᠤᠷᠠᠯ ᠤᠨ ᠪᠠᠳᠤᠯᠠᠭᠠᠨ ᠤ ᠳᠤᠤᠷ ᠢ ᠤᠯᠠᠮ ᠨᠢᠬᠳᠠ ᠤᠯᠠᠮ ᠪᠠᠬᠢ ᠪᠤᠯᠭᠠᠨ᠎ᠠ᠃ | ᠠᠷᠠᠳ ᠲᠦᠮᠡᠨ ᠳᠤ ᠬᠠᠨᠤᠮᠵᠢ ᠲᠠᠢ ᠰᠤᠷᠭᠠᠨ ᠬᠦᠮᠦᠵᠢᠯ ᠢ ᠰᠠᠶᠢᠳᠤᠷ ᠡᠷᠬᠢᠯᠡᠨ᠎ᠡ᠃ ᠰᠤᠷᠭᠠᠨ ᠬᠦᠮᠦᠵᠢᠯ | ᠤᠨ ︽ᠭᠤᠷᠪᠠᠨ ᠲᠦᠷᠦᠯ ᠤᠨ ᠦᠬᠡᠷᠡᠴᠢᠯᠡᠯᠳᠡ︾ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠰᠤᠷᠭᠠᠨ ᠬᠦᠮᠦᠵᠢᠯ | ᠤᠨ ︽ᠬᠠᠮᠢᠶᠠᠷᠬᠤ ᠡᠷᠬᠢᠯᠡᠬᠦ ᠦᠨᠡᠯᠡᠬᠦ︾ ᠶᠢ ᠰᠠᠯᠭᠠᠭᠰᠠᠨ ᠦᠬᠡᠷᠡᠴᠢᠯᠡᠯᠳᠡ ᠶᠢᠨ ᠴᠢᠭ᠋ ᠢ ᠲᠦᠯᠬᠢᠨ ᠠᠬᠢᠭᠤᠯᠤᠨ᠎ᠠ᠃ | ᠪᠠᠷᠢᠮᠵᠢᠶᠠᠵᠢᠭᠤᠯᠤᠭᠰᠠᠨ ᠰᠤᠷᠭᠠᠭᠤᠯᠢ ᠶᠢᠨ ᠪᠦᠲᠦᠬᠡᠨ ᠪᠠᠶᠢᠭᠤᠯᠤᠯᠳᠠ ᠶᠢ ᠶᠡᠬᠡᠪᠡᠷ ᠬᠢᠵᠦ᠂ ᠵᠢᠨᠢᠩ ᠵᠡᠷᠬᠡ 6 | ᠬᠤᠰᠢᠭᠤ ᠰᠢᠶᠠᠨ ᠳᠤᠭᠤᠷᠢᠭ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠬᠦᠷᠢᠳᠠᠢ ᠬᠦᠭᠵᠢᠯᠳᠡ | ᠶᠢᠨ ᠦᠨᠡᠯᠡᠯᠳᠡ ᠰᠢᠯᠭᠠᠨ ᠬᠤᠷᠢᠶᠠᠯᠳᠠ ᠶᠢ ᠪᠡᠶᠡᠯᠡᠬᠦᠯᠥᠨ᠎ᠡ᠃ ᠡᠯ᠎ᠡ ᠬᠤᠰᠢᠭᠤ ᠰᠢᠶᠠᠨ ᠬᠤᠳᠠ ᠳᠤᠭᠤᠷᠢᠭ | ᠬᠠᠮᠤᠭ ᠴᠦᠬᠡᠨ ᠳᠡᠭᠡᠨ ᠨᠡᠶᠢᠳᠡᠮ ᠠᠰᠢᠭ ᠬᠦᠷᠳᠡᠬᠡᠬᠦ ᠴᠢᠨᠠᠷ ᠪᠦᠬᠦᠢ ᠬᠡᠦᠬᠡᠳ ᠤᠨ ᠴᠡᠴᠡᠷᠯᠢᠭ ᠪᠠᠶᠢᠭᠤᠯᠬᠤ | ᠬᠡᠷᠡᠭᠳᠠᠢ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠦᠮᠥᠵᠢᠯ ᠤᠨ ᠵᠢᠭᠠᠨ ᠰᠤᠷᠭᠠᠯᠳᠠ ᠶᠢᠨ ᠶᠠᠰᠤ ᠴᠢᠨᠠᠷ | ᠢ ᠲᠡᠬᠡᠭᠰᠢᠯᠡᠬᠦᠯᠵᠦ᠂ ᠭᠠᠵᠠᠷ ᠤᠷᠤᠨ ᠤ ᠨᠡᠷᠡᠲᠦ ᠰᠤᠷᠭᠠᠭᠤᠯᠢ ᠤᠳ ᠴᠤᠭᠴᠠᠯᠠᠨ᠎ᠠ᠃ ᠠᠵᠢᠯ ᠮᠡᠷᠬᠡᠵᠢᠯ ᠤᠨ | ᠰᠤᠷᠭᠠᠨ ᠬᠦᠮᠦᠵᠢᠯ ᠤᠨ ᠦᠬᠡᠷᠡᠴᠢᠯᠡᠯᠳᠡ ᠶᠢᠨ ᠠᠯᠬᠤᠴᠠ ᠶᠢ ᠲᠦᠷᠬᠡᠳᠬᠡᠵᠦ᠂ ᠳᠤᠮᠤ ᠳ᠋ᠠᠶᠢᠲ᠋ᠠ ᠶᠢᠨ ᠬᠡᠷᠡᠭᠯᠡᠬᠡᠨ | ᠯᠦᠭᠡ ᠬᠤᠯᠪᠤᠭᠳᠠᠯ ᠲᠠᠢ ᠳᠤᠰᠬᠠᠢ ᠮᠡᠷᠬᠡᠵᠢᠯ ᠭᠠᠷᠭᠠᠵᠤ᠂ ᠱᠠᠪᠢᠯᠠᠬᠤ ᠲᠦᠷᠢᠮ ᠤᠨ ᠳᠤᠷᠰᠢᠯᠳᠠ ᠶᠢᠨ ᠴᠢᠭ᠋ ᠢ | ᠶᠠᠪᠤᠭᠳᠠᠭᠤᠯᠵᠤ᠂ ᠬᠤᠳᠠ ᠶᠢᠨ ᠳᠤᠮᠳᠠ ᠵᠡᠷᠬᠡ ᠶᠢᠨ ᠮᠡᠷᠬᠡᠵᠢᠯ ᠤᠨ ᠰᠤᠷᠭᠠᠭᠤᠯᠢ ᠶᠢᠨ ᠰᠢᠨ᠎ᠡ ᠳᠤᠭᠤᠷᠢᠭ ᠤᠨ | ᠪᠦᠲᠦᠬᠡᠨ ᠪᠠᠶᠢᠭᠤᠯᠤᠯᠳᠠ ᠪᠠ ᠨᠡᠬᠦᠯᠬᠡᠨ ᠰᠢᠯᠵᠢᠬᠦᠯᠬᠦ ᠶᠢ ᠪᠠᠷᠠᠭᠠᠨ᠎ᠠ᠃ ᠦᠨᠳᠦᠰᠦᠳᠡᠨ ᠤ ᠰᠤᠷᠭᠠᠨ ᠬᠦᠮᠦᠵᠢᠯ ᠢ | ᠤᠷᠢᠳᠠᠪᠠᠷ ᠬᠦᠭᠵᠢᠬᠦᠯᠵᠦ᠂ ᠤᠨᠴᠠ ᠰᠤᠷᠭᠠᠨ ᠬᠦᠮᠦᠵᠢᠯ ᠢ ᠲᠡᠮᠵᠢᠵᠦ᠂ ᠠᠷᠠᠳ ᠠᠴᠠ ᠡᠷᠬᠢᠯᠡᠭᠰᠡᠨ ᠰᠤᠷᠭᠠᠨ | ᠬᠦᠮᠦᠵᠢᠯ ᠢ ᠠᠬᠢᠭᠤᠯᠤᠨ᠎ᠠ᠃ ᠲᠡᠬᠡᠲᠦ ᠵᠡᠷᠬᠡ ᠶᠢᠨ ᠰᠤᠷᠭᠠᠨ ᠬᠦᠮᠦᠵᠢᠯ ᠤᠨ ᠬᠡᠯᠪᠡᠷᠢ ᠨᠢ ᠬᠤᠪᠢᠷᠠᠭᠤᠯᠤᠨ | ᠬᠦᠭᠵᠢᠬᠦᠯᠬᠦ ᠶᠢ ᠲᠦᠯᠬᠢᠨ ᠠᠬᠢᠭᠤᠯᠵᠤ᠂ ᠵᠢᠨᠢᠩ ᠪᠠᠭᠰᠢ ᠶᠢᠨ ᠲᠡᠬᠡᠲᠦ ᠰᠤᠷᠭᠠᠭᠤᠯᠢ ᠶᠢ ᠵᠢᠩᠬᠢᠨᠢ ᠠᠩᠬᠢ ᠳᠤ | ᠲᠠᠪᠰᠢᠭᠰᠠᠨ ᠤ ᠳᠠᠷᠠᠭᠠᠬᠢ ᠰᠤᠷᠭᠠᠨ ᠬᠦᠮᠦᠵᠢᠯ ᠤᠨ ᠶᠠᠮᠤᠨ ᠤ ᠰᠢᠯᠭᠠᠨ ᠠᠪᠬᠤ ᠶᠢ ᠦᠩᠬᠡᠷᠡᠬᠡᠵᠦ᠂ ᠠᠵᠢᠯ | ᠮᠡᠷᠬᠡᠵᠢᠯ ᠤᠨ ᠲᠡᠬᠡᠲᠦ ᠰᠤᠷᠭᠠᠭᠤᠯᠢ ᠶᠢᠨ ᠦᠪᠡᠷᠳᠡᠬᠡᠨ ᠵᠠᠰᠠᠬᠤ ᠤᠷᠤᠨ ᠤ ᠵᠢᠱᠢᠶ᠎ᠡ ᠦᠵᠡᠬᠦᠯᠬᠦ ᠰᠤᠷᠭᠠᠭᠤᠯᠢ ᠶᠢᠨ | ᠦᠨᠡᠯᠡᠯᠳᠡ ᠶᠢ ᠦᠩᠬᠡᠷᠡᠬᠡᠨ᠎ᠡ᠃ | ᠡᠷᠡᠬᠦᠯ ᠴᠢᠬᠢᠷᠠᠭ ᠤᠯᠠᠭᠠᠨᠴᠠᠪ ᠤᠨ ᠪᠦᠲᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠡᠮ | ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠵᠦ᠂ | ᠬᠤᠳᠠ ᠶᠢᠨ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠶᠢᠨ ᠠᠵᠢᠯ ᠢ ᠯᠠᠪᠳᠠᠭᠤᠨ | ᠪᠠᠳᠤᠳᠠᠢ ᠰᠠᠶᠢᠳᠤᠷ ᠬᠢᠨ᠎ᠡ᠃ ᠡᠮᠨᠡᠯᠬᠡ᠂ ᠡᠮ᠂ ᠡᠮᠨᠡᠯᠬᠡ ᠶᠢᠨ ᠳᠠᠭᠠᠳᠬᠠᠯ ᠤᠨ ᠳᠠᠳᠠᠯᠳᠤᠭᠠ ᠶᠢ ᠠᠬᠢᠭᠤᠯᠵᠤ᠂ | ᠡᠮᠨᠡᠯᠬᠡ ᠶᠢᠨ ᠬᠤᠷᠢᠶᠠᠨ ᠤ ᠬᠠᠤᠯᠢ ᠶᠢᠨ ᠡᠷᠬᠡᠳᠡᠨ ᠤ ᠵᠠᠰᠠᠯᠳᠠ ᠶᠢᠨ ᠪᠦᠲᠦᠴᠡ ᠶᠢ ᠲᠡᠬᠦᠯᠳᠡᠷᠵᠢᠬᠦᠯᠵᠦ᠂ ᠱᠠᠳᠤ | ᠬᠤᠪᠢᠶᠠᠨ ᠤᠨᠤᠰᠢᠯᠠᠨ ᠡᠮᠨᠡᠬᠦ ᠲᠦᠷᠢᠮ ᠤᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠡᠮ ᠤᠨ ᠬᠠᠩᠭᠠᠯᠳᠠ | ᠶᠢᠨ ᠪᠠᠳᠤᠯᠠᠭᠠᠨ ᠤ ᠳᠤᠭᠳᠠᠴᠠ ᠶᠢ ᠲᠡᠬᠦᠯᠳᠡᠷᠵᠢᠬᠦᠯᠵᠦ᠂ ᠡᠮ ᠤᠨ ᠵᠦᠢᠯ ᠤᠨ ᠵᠢᠵᠢᠭᠯᠡᠨ ᠬᠤᠳᠠᠯᠳᠤᠬᠤ | ᠵᠦᠷᠢᠶᠡᠲᠦ ᠦᠨ᠎ᠡ ᠶᠢ ᠬᠡᠷᠡᠭᠵᠢᠬᠦᠯᠵᠦ᠂ ᠡᠮ ᠤᠨ ᠵᠦᠢᠯ ᠤᠨ ᠦᠨ᠎ᠡ ᠬᠠᠩᠰᠢ ᠶᠢ ᠪᠠᠭᠤᠷᠠᠭᠤᠯᠤᠨ᠎ᠠ᠃ | ᠡᠮᠴᠢᠯᠡᠬᠡᠨ ᠤ ᠠᠷᠭ᠎ᠠ ᠵᠠᠮ ᠤᠨ ᠬᠠᠮᠢᠶᠠᠷᠤᠯᠳᠠ ᠶᠢ ᠶᠠᠪᠤᠭᠳᠠᠭᠤᠯᠵᠤ᠂ ᠬᠤᠶᠠᠳᠤᠭᠠᠷ ᠲᠡᠰ᠂ ᠭᠤᠷᠪᠠᠳᠤᠭᠠᠷ ᠲᠡᠰ ᠤᠨ | ᠡᠮᠨᠡᠯᠬᠡ ᠶᠢᠨ ᠬᠤᠷᠢᠶᠠᠨ ᠤ ᠡᠮᠴᠢᠯᠡᠬᠡᠨ ᠤ ᠠᠷᠭ᠎ᠠ ᠵᠠᠮ ᠤᠨ ᠡᠪᠡᠳᠴᠢᠨ ᠤ ᠵᠢᠱᠢᠶ᠎ᠡ ᠶᠢᠨ ᠳᠤᠭᠠᠨ ᠤ ᠬᠠᠷᠢᠴᠠᠯ ᠢ | ᠳᠤᠰᠪᠤᠷᠢ 20% ᠪᠠ 30% ᠳᠤ ᠬᠦᠷᠬᠡᠨ᠎ᠡ᠃ ᠬᠡᠷ ᠪᠦᠯᠢ ᠶᠢᠨ ᠡᠮᠴᠢ ᠶᠢᠨ ᠬᠡᠷ᠎ᠡ ᠳᠤᠭᠳᠠᠨ ᠦᠢᠯᠡᠴᠢᠯᠡᠬᠦ ᠶᠢ | ᠲᠦᠯᠬᠢᠨ ᠠᠬᠢᠭᠤᠯᠵᠤ᠂ ᠬᠡᠷ᠎ᠡ ᠳᠤᠭᠳᠠᠬᠤ ᠪᠦᠷᠬᠦᠬᠦᠯᠳᠡ ᠶᠢᠨ ᠨᠤᠷᠮ᠎ᠠ ᠶᠢ 30% ᠠᠴᠠ ᠲᠡᠬᠡᠭᠰᠢ ᠳᠤ ᠬᠦᠷᠬᠡᠵᠦ᠂ | ᠭᠤᠤᠯᠳᠠᠯᠭ᠎ᠠ ᠲᠠᠢ ᠬᠦᠮᠦᠰ ᠤᠨ ᠬᠢ ᠶᠢ 60% ᠠᠴᠠ ᠲᠡᠬᠡᠭᠰᠢ ᠳᠤ ᠬᠦᠷᠬᠡᠨ᠎ᠡ᠃ ᠬᠤᠳᠠ ᠶᠢᠨ ᠤᠶᠤᠨ ᠰᠠᠨᠠᠭ᠎ᠠ | ᠡᠷᠡᠬᠦᠯ ᠬᠠᠮᠠᠭᠠᠯᠠᠯ ᠤᠨ ᠡᠮᠨᠡᠯᠬᠡ ᠶᠢᠨ ᠬᠤᠷᠢᠶ᠎ᠠ ᠶᠢ ᠪᠠᠶᠢᠭᠤᠯᠵᠤ᠂ ᠵᠠᠮᠳᠡᠭᠴᠤᠳ ᠤᠨ ᠡᠷᠡᠬᠦᠯᠵᠢᠯ ᠤᠨ ᠲᠦᠪ ᠢ | ᠡᠬᠢᠯᠡᠬᠦᠯᠥᠨ᠎ᠡ᠃ ᠨᠡᠶᠢᠬᠡᠮ ᠤᠨ ᠬᠦᠴᠦᠨ ᠠᠴᠠ ᠡᠮᠨᠡᠯᠬᠡ ᠡᠷᠬᠢᠯᠡᠬᠦ ᠶᠢ ᠨᠢ ᠵᠤᠷᠢᠭᠵᠢᠭᠤᠯᠵᠤ᠂ ᠬᠢᠳᠠᠳ ᠮᠤᠩᠭᠤᠯ | ᠡᠮᠨᠡᠯᠬᠡ ᠶᠢ ᠲᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠬᠦᠯ | ᠬᠠᠮᠠᠭᠠᠯᠠᠯ ᠤᠨ ᠬᠦᠳᠡᠯᠬᠡᠬᠡᠨ ᠢ ᠬᠦᠨᠵᠡᠬᠡᠢ ᠦᠷᠨᠢᠬᠦᠯᠵᠦ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠪᠠ ᠬᠦᠨᠳᠦ | ᠡᠪᠡᠳᠴᠢᠨ ᠡᠮᠬᠡᠭ ᠤᠨ ᠰᠡᠷᠬᠡᠶᠢᠯᠡᠯᠳᠡ ᠬᠤᠷᠢᠭᠯᠠᠯᠳᠠ ᠶᠢᠨ ᠠᠵᠢᠯ ᠢ ᠰᠠᠶᠢᠳᠤᠷ ᠬᠢᠨ᠎ᠡ᠃ ᠲᠦᠯᠥᠪᠯᠡᠬᠡᠲᠦ ᠦᠷᠡᠵᠢᠯ | ᠤᠨ ᠦᠢᠯᠡᠴᠢᠯᠡᠬᠡᠨ ᠤ ᠬᠠᠮᠢᠶᠠᠷᠤᠯᠳᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠨᠢᠯᠬᠠᠰ ᠤᠨ ᠴᠢᠨᠠᠷ | ᠴᠢᠨᠰᠠᠭ᠎ᠠ ᠶᠢ ᠲᠡᠬᠡᠭᠰᠢᠯᠡᠬᠦᠯᠥᠨ᠎ᠡ᠃ ᠪᠦᠬᠦ ᠠᠷᠠᠳ ᠢᠶᠠᠷ ᠢᠶᠠᠨ ᠪᠡᠶ᠎ᠡ ᠪᠠᠨ ᠴᠢᠬᠢᠷᠠᠭᠵᠢᠭᠤᠯᠬᠤ ᠠᠵᠢᠯᠯᠠᠭ᠎ᠠ ᠶᠢ | ᠦᠷᠨᠢᠬᠦᠯᠵᠦ᠂ ᠲᠦᠪ ᠬᠤᠳᠠ ᠳᠤᠭᠤᠷᠢᠭ ᠲᠤ ᠳᠤᠤᠷᠯᠠᠭᠰᠠᠨ ᠮᠠᠶ᠋ᠢᠭ ᠤᠨ ᠬᠦᠯ ᠪᠦᠮᠪᠦᠭᠡ ᠶᠢᠨ ᠳᠠᠯᠠᠪᠤᠷ᠂ ᠰᠦᠨᠢ | ᠶᠢᠨ ᠰᠠᠭᠰᠤᠨ ᠪᠦᠮᠪᠦᠭᠡ ᠶᠢᠨ ᠳᠠᠯᠠᠪᠤᠷ 10 ᠶᠢ ᠪᠠᠶᠢᠭᠤᠯᠵᠤ᠂ ᠬᠤᠰᠢᠭᠤ ᠰᠢᠶᠠᠨ ᠪᠤᠯᠭᠠᠨ ᠬᠠᠮᠤᠭ ᠴᠦᠬᠡᠨ ᠳᠡᠭᠡᠨ | ᠪᠦᠬᠦ ᠠᠷᠠᠳ ᠢᠶᠠᠷ ᠢᠶᠠᠨ ᠪᠡᠶ᠎ᠡ ᠪᠠᠨ ᠴᠢᠬᠢᠷᠠᠭᠵᠢᠭᠤᠯᠬᠤ ᠲᠦᠪ 1 ᠶᠢ ᠪᠠᠶᠢᠭᠤᠯᠬᠤ ᠬᠡᠷᠡᠭᠳᠠᠢ᠃ ᠤᠯᠠᠨ ᠨᠡᠶᠢᠳᠡ | ᠶᠢᠨ ᠪᠡᠶ᠎ᠡ ᠳᠠᠮᠢᠷ ᠤᠨ ᠳᠠᠯᠠᠪᠤᠷ ᠤᠷᠳᠤᠨ ᠢ ᠦᠨ᠎ᠡ ᠲᠦᠯᠥᠪᠦᠷᠢ ᠦᠬᠡᠢ ᠪᠤᠶᠤ ᠦᠨ᠎ᠡ ᠬᠠᠩᠰᠢ ᠶᠢ ᠨᠢ | ᠪᠠᠭᠤᠷᠠᠭᠤᠯᠤᠨ ᠨᠡᠶᠢᠬᠡᠮ ᠳᠤ ᠨᠡᠬᠡᠬᠡᠨ᠎ᠡ᠃ ᠡᠮᠡᠭᠳᠠᠶᠢᠴᠤᠳ ᠬᠡᠦᠬᠡᠳ ᠤᠨ ᠬᠠᠤᠯᠢ ᠶᠤᠰᠤᠨ ᠤ ᠡᠷᠬᠡ ᠠᠰᠢᠭ ᠢ | ᠦᠨᠡᠨᠬᠦ ᠬᠠᠮᠠᠭᠠᠯᠠᠵᠤ᠂ ᠬᠤᠶᠢᠴᠢ ᠦᠶ᠎ᠡ ᠶᠢ ᠬᠢᠨ ᠢ ᠬᠠᠯᠠᠮᠵᠢᠯᠠᠬᠤ ᠠᠵᠢᠯ ᠢ ᠰᠠᠶᠢᠳᠤᠷ ᠬᠢᠵᠦ᠂ ᠵᠡᠮᠳᠡᠭᠴᠤᠳ᠂ | ᠤᠯᠠᠭᠠᠨ ᠵᠠᠭᠠᠯᠮᠠᠶᠢᠳᠠᠨ ᠪᠠ ᠨᠠᠰᠤᠳᠠᠶᠢᠴᠤᠳ ᠤᠨ ᠦᠢᠯᠡᠰ ᠢ ᠢᠳᠡᠪᠬᠢᠳᠠᠢ ᠬᠦᠭᠵᠢᠬᠦᠯᠥᠨ᠎ᠡ᠃ | ᠰᠢᠨᠵᠢᠯᠡᠬᠡᠨ ᠮᠡᠷᠬᠡᠵᠢᠯ ᠰᠤᠶᠤᠯ ᠬᠡᠬᠡᠷᠡᠯ ᠵᠡᠷᠬᠡ ᠦᠢᠯᠡᠰ ᠢ ᠬᠦᠭᠵᠢᠬᠦᠯᠥᠨ᠎ᠡ᠃ ᠠᠵᠤ ᠠᠬᠤᠶᠢᠯᠠᠯ ᠤᠨ | ᠪᠡᠶ᠎ᠡ ᠪᠠᠨ ᠳᠠᠭᠠᠭᠠᠵᠤ ᠰᠢᠨ᠎ᠡ ᠶᠢ ᠡᠬᠦᠳᠬᠦ ᠴᠢᠳᠠᠪᠦᠷᠢ ᠶᠢ ᠲᠡᠬᠡᠭᠰᠢᠯᠡᠬᠦᠯᠵᠦ᠂ ᠰᠢᠨᠵᠢᠯᠡᠬᠡᠨ ᠮᠡᠷᠬᠡᠵᠢᠯ ᠤᠨ ᠦᠷ᠎ᠡ | ᠪᠦᠲᠦᠬᠡᠯ ᠢ ᠤᠯᠠᠷᠢᠭᠤᠯᠤᠨ ᠬᠡᠷᠡᠭᠯᠡᠬᠦ ᠶᠢ ᠲᠦᠷᠬᠡᠳᠬᠡᠨ᠎ᠠ᠃ ᠴᠢᠳᠠᠪᠦᠷᠢᠳᠠᠨ ᠢᠶᠠᠷ ᠬᠤᠳᠠ ᠪᠠᠨ ᠬᠦᠴᠦᠷᠬᠡᠭᠵᠢᠬᠦᠯᠬᠦ | ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠲᠡᠬᠡᠲᠦ ᠲᠡᠰ ᠤᠨ ᠴᠢᠳᠠᠪᠦᠷᠢᠳᠠᠨ ᠪᠠ ᠰᠢᠨ᠎ᠡ ᠶᠢ ᠡᠬᠦᠳᠬᠦ ᠠᠩᠬᠢ | ᠪᠦᠯᠬᠦᠮ ᠶᠢ ᠳᠠᠳᠠᠨ ᠤᠷᠤᠭᠤᠯᠵᠤ᠂ ᠨᠢᠬᠡ ᠪᠦᠯᠥᠭ ᠬᠡᠷᠡᠭᠯᠡᠬᠡᠨ ᠤ ᠮᠠᠶ᠋ᠢᠭ ᠤᠨ ᠮᠡᠷᠬᠡᠵᠢᠯ ᠤᠨ ᠴᠢᠳᠠᠪᠦᠷᠢᠳᠠᠨ ᠢ | ᠬᠦᠮᠦᠵᠢᠬᠦᠯᠵᠦ᠂ ᠴᠢᠳᠠᠪᠦᠷᠢᠳᠠᠨ ᠨᠠᠷ ᠤᠨ ᠦᠨ᠎ᠡ ᠦᠷᠳᠡᠭ ᠢᠶᠠᠨ ᠪᠡᠶᠡᠯᠡᠬᠦᠯᠬᠦ ᠳᠤᠨᠢ ᠰᠠᠶᠢᠨ ᠰᠠᠶᠢᠬᠠᠨ ᠤᠷᠴᠢᠨ | ᠠᠬᠤᠢ ᠡᠬᠦᠳᠴᠦ ᠦᠭᠬᠦᠨ᠎ᠡ᠃ ᠰᠤᠶᠤᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠤᠯᠠᠨ | ᠨᠡᠶᠢᠳᠡ ᠶᠢᠨ ᠰᠤᠶᠤᠯ ᠤᠨ ᠦᠢᠯᠡᠴᠢᠯᠡᠬᠡᠨ ᠤ ᠰᠢᠰᠲ᠋ᠧᠮ᠂ ᠤᠯᠠᠨ ᠨᠡᠶᠢᠳᠡ ᠶᠢᠨ ᠰᠤᠶᠤᠯ ᠤᠨ ᠠᠵᠤ ᠦᠢᠯᠡᠰ ᠤᠨ | ᠰᠢᠰᠲ᠋ᠧᠮ ᠬᠢᠬᠡᠳ ᠰᠤᠶᠤᠯ ᠤᠨ ᠵᠠᠬ᠎ᠠ ᠲᠡᠯᠬᠡᠬᠦᠷ ᠤᠨ ᠰᠢᠰᠲ᠋ᠧᠮ ᠢ ᠲᠡᠬᠦᠯᠳᠡᠷᠵᠢᠬᠦᠯᠵᠦ᠂ ᠬᠤᠳᠠ ᠶᠢᠨ ᠳᠤᠮᠤ | ᠵᠦᠴᠦᠬᠡ ᠶᠢᠨ ᠬᠦᠷᠢᠶᠡᠯᠡᠩ ᠤᠨ ᠪᠠᠶᠢᠭᠤᠯᠤᠯᠳᠠ ᠶᠢ ᠠᠬᠢᠭᠤᠯᠵᠤ᠂ ᠬᠤᠳᠠ ᠶᠢᠨ ᠮᠥᠽᠸᠢ᠂ ᠤᠷᠠᠨ ᠵᠢᠷᠤᠭ ᠤᠨ | ᠤᠷᠳᠤᠨ᠂ ᠰᠢᠨᠵᠢᠯᠡᠭᠡ ᠮᠡᠷᠬᠡᠵᠢᠯ ᠤᠨ ᠳᠠᠩᠬᠢᠮ᠂ ᠤᠯᠠᠨ ᠲᠦᠮᠡᠨ ᠤ ᠤᠷᠠᠯᠢᠭ ᠤᠨ ᠤᠷᠳᠤᠨ ᠵᠢᠴᠢ ᠬᠤᠳᠠ ᠶᠢᠨ | ᠲᠡᠯᠬᠡᠨ ᠦᠵᠡᠬᠦᠯᠥᠯᠳᠡ ᠶᠢᠨ ᠳᠠᠩᠬᠢᠮ ᠢ ᠠᠰᠢᠭᠯᠠᠯᠳᠠ ᠳᠤ ᠤᠷᠤᠭᠤᠯᠤᠨ᠎ᠠ᠃ ᠤᠷᠠᠯᠢᠭ ᠤᠨ ᠵᠤᠬᠢᠶᠠᠨ | ᠪᠦᠲᠦᠬᠡᠯᠬᠡ ᠪᠠ ᠳᠤᠭᠯᠠᠯᠳᠠ ᠶᠢᠨ ᠦᠢᠯᠡᠰ ᠤᠨ ᠴᠡᠴᠡᠭᠯᠡᠯ ᠢ ᠠᠬᠢᠭᠤᠯᠵᠤ᠂ ᠵᠤᠬᠢᠶᠠᠯ ᠤᠨ ᠳᠠᠭᠤᠤ ᠶᠢᠨ ᠳᠤᠮᠤ | ᠤᠷᠤᠯᠳᠤᠭᠠᠨ ᠢ ᠡᠷᠬᠢᠯᠡᠵᠦ᠂ ᠮᠠᠰᠢ ᠶᠡᠭᠡ ᠨᠦᠯᠥᠬᠡ ᠲᠠᠢ ᠵᠦᠴᠦᠬᠡ ᠤᠳ ᠢ ᠪᠦᠲᠦᠬᠡᠵᠦ ᠳᠤᠭᠯᠠᠵᠤ᠂ ᠳᠤᠤᠯᠢᠰ ᠤᠨ | ᠲᠧᠯᠸᠢᠰ ᠦᠷᠬᠦᠯᠵᠢᠯᠡᠯᠲᠦ ᠵᠦᠴᠦᠬᠡ ︽ᠳᠠᠯ᠎ᠠ ᠨᠤᠳᠤᠭ ᠠᠴᠠ ᠦᠰᠴᠦ ᠲᠦᠷᠦᠭᠰᠡᠨ ᠪᠠᠭᠠᠳᠤᠷ︾ ᠢ ᠮᠠᠨ ᠤ | ᠬᠤᠳᠠ ᠳᠤ ᠰᠡᠬᠦᠳᠡᠷᠯᠡᠨ ᠦᠢᠯᠡᠳᠬᠦ ᠠᠵᠢᠯ ᠢ ᠬᠠᠪᠰᠤᠷᠤᠨ ᠪᠡᠶᠡᠯᠡᠬᠦᠯᠥᠨ᠎ᠡ᠃ | ᠠᠮᠤᠷ ᠠᠮᠤᠭᠤᠯᠠᠩ ᠤᠯᠠᠭᠠᠨᠴᠠᠪ ᠢᠶᠠᠨ ᠪᠦᠲᠦᠬᠡᠨ ᠪᠠᠶᠢᠭᠤᠯᠤᠨ᠎ᠠ᠃ ᠠᠶᠤᠯ ᠦᠬᠡᠢ ᠦᠢᠯᠡᠳᠪᠦᠷᠢᠯᠡᠯ ᠤᠨ | ᠤᠯᠠᠭᠠᠨ ᠱᠤᠭᠤᠮ ᠤᠨ ᠤᠬᠠᠮᠰᠠᠷ ᠢ ᠪᠠᠳᠤ ᠪᠠᠬᠢ ᠪᠤᠢ ᠪᠤᠯᠭᠠᠵᠤ᠂ ᠠᠶᠤᠯ ᠦᠬᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠤ᠂ ᠮᠡᠳᠡᠭᠡ ᠵᠠᠩᠬᠢ ᠶᠢᠨ ᠳᠠᠪᠴᠠᠩ ᠤᠨ | ᠪᠠᠶᠢᠭᠤᠯᠤᠯᠳᠠ ᠶᠢ ᠴᠢᠩᠭᠠᠳᠬᠠᠵᠤ᠂ ᠠᠶᠤᠯᠬᠦᠢ ᠶᠢᠨ ᠬᠢᠨᠠᠨ ᠬᠠᠮᠢᠶᠠᠷᠤᠯᠳᠠ ᠶᠢᠨ ᠴᠢᠳᠠᠪᠦᠷᠢ ᠶᠢ ᠲᠡᠬᠡᠭᠰᠢᠯᠡᠬᠦᠯᠵᠦ | ᠂ ᠵᠠᠰᠠᠭ ᠤᠨ ᠤᠷᠳᠤᠨ ᠬᠤᠳᠠᠯᠳᠤᠨ ᠠᠪᠬᠤ ᠦᠢᠯᠡᠴᠢᠯᠡᠬᠡᠨ ᠤ ᠬᠡᠯᠪᠡᠷᠢ ᠶᠢ ᠠᠪᠴᠤ᠂ ᠳᠤᠰᠬᠠᠢ ᠠᠵᠢᠯ ᠤᠨ | ᠪᠠᠶᠢᠭᠤᠯᠤᠮᠵᠢ ᠳᠤ ᠨᠠᠶᠢᠳᠠᠨ᠂ ᠠᠵᠤ ᠠᠬᠤᠶᠢᠯᠠᠯ ᠳᠤ ᠰᠤᠭᠤᠯᠤᠨ ᠪᠠᠶᠢᠴᠠᠭᠠᠯᠳᠠ ᠬᠢᠬᠡᠳ ︽ᠬᠠᠮᠳᠤᠷᠠᠭᠰᠠᠨ | ᠤᠨᠤᠰᠢᠯᠭᠠ︾ ᠬᠢᠵᠦ᠂ ᠬᠢᠨᠠᠨ ᠰᠢᠯᠭᠠᠯᠳᠠ ᠦᠨᠡᠯᠡᠯᠳᠡ ᠦᠷᠨᠢᠬᠦᠯᠥᠨ᠎ᠡ᠃ ᠠᠶᠤᠯᠬᠦᠢ ᠶᠢᠨ ᠳᠠᠯᠳᠠ ᠬᠡᠮ ᠢ ᠪᠦᠬᠦ | ᠳᠠᠯ᠎ᠠ ᠪᠠᠷ ᠠᠷᠢᠯᠭᠠᠵᠤ᠂ ᠠᠶᠤᠯᠬᠦᠢ ᠶᠢᠨ ᠡᠩ ᠤᠨ ᠠᠳᠡᠯ ᠬᠡᠨᠡᠳᠡᠯ ᠢ ᠴᠢᠷᠮᠠᠶᠢᠨ ᠪᠠᠭᠠᠰᠬᠠᠵᠤ᠂ ᠠᠶᠤᠯᠬᠦᠢ ᠶᠢᠨ | ᠶᠡᠭᠡ ᠠᠳᠡᠯ ᠬᠡᠨᠡᠳᠡᠯ ᠭᠠᠷᠬᠤ ᠶᠢ ᠳᠠᠰᠤ ᠬᠤᠷᠢᠭᠯᠠᠨ᠎ᠠ᠃ ᠢᠳᠡᠬᠡᠨ ᠤ ᠠᠶᠤᠯᠬᠦᠢ ᠶᠢ ᠡᠬᠢᠨ ᠠᠴᠠ ᠨᠢ ᠵᠠᠰᠠᠬᠤ ᠪᠠ | ᠪᠦᠬᠦ ᠶᠠᠪᠤᠴᠠ ᠳᠤ ᠬᠢᠨᠠᠨ ᠬᠠᠮᠢᠶᠠᠷᠬᠤ ᠶᠢ ᠴᠢᠩᠭᠠᠳᠬᠠᠵᠤ᠂ ᠤᠯᠤᠰ ᠤᠨ ᠢᠳᠡᠬᠡᠨ ᠤ ᠠᠶᠤᠯᠬᠦᠢ ᠶᠢᠨ ᠬᠤᠳᠠ | ᠪᠤᠯᠬᠤ ᠶᠢᠨ ᠳᠤᠮᠳᠠ ᠬᠤᠭᠤᠴᠠᠭᠠᠨ ᠤ ᠦᠨᠡᠯᠡᠯᠳᠡ ᠰᠢᠯᠭᠠᠨ ᠠᠪᠤᠯᠳᠠ ᠶᠢ ᠤᠭᠳᠤᠵᠤ᠂ ᠢᠳᠡᠬᠡᠨ ᠡᠮ ᠤᠨ ᠵᠦᠢᠯᠡᠰ | ᠤᠨ ᠠᠶᠤᠯᠬᠦᠢ ᠶᠢᠨ ᠤᠯᠠᠭᠠᠨᠴᠠᠪ ᠢ ᠦᠨᠳᠦᠰᠦᠨ ᠳᠡᠭᠡᠨ ᠪᠠᠶᠢᠭᠤᠯᠤᠨ᠎ᠠ᠃ ᠢᠳᠡᠬᠡᠨ ᠢ ᠪᠤᠯᠪᠠᠰᠤᠷᠠᠭᠤᠯᠬᠤ | ᠬᠦᠷᠢᠶᠡᠯᠡᠩ ᠪᠠ ᠪᠢᠳᠡᠬᠦᠮᠵᠢᠯᠡᠭᠰᠡᠨ ᠮᠠᠶ᠋ᠢᠭ ᠤᠨ ᠳᠠᠷᠢᠶᠠᠯᠠᠩ ᠤᠨ ᠠᠷᠠᠯᠵᠢᠶᠠᠨ ᠤ ᠵᠠᠬ᠎ᠠ ᠲᠡᠯᠬᠡᠬᠦᠷ ᠤᠨ | ᠪᠠᠶᠢᠭᠤᠯᠤᠯᠳᠠ ᠶᠢᠨ ᠦᠷ᠎ᠡ ᠪᠦᠲᠦᠬᠡᠯ ᠢᠶᠠᠨ ᠪᠠᠬᠢᠵᠢᠬᠦᠯᠥᠨ ᠲᠡᠬᠡᠭᠰᠢᠯᠡᠬᠦᠯᠵᠦ᠂ ᠡᠯ᠎ᠡ ᠬᠤᠰᠢᠭᠤ ᠰᠢᠶᠠᠨ ᠤ ᠢᠳᠡᠬᠡᠨ | ᠤ ᠵᠢᠵᠢᠭ ᠦᠢᠯᠡᠳᠬᠡᠯ ᠤᠨ ᠭᠠᠵᠠᠷ ᠤᠨ ᠬᠦᠷᠢᠶᠡᠯᠡᠩ ᠳᠤ ᠤᠷᠤᠬᠤ ᠨᠤᠷᠮ᠎ᠠ ᠪᠠ ᠨᠡᠬᠦᠳᠡᠯ ᠤᠨ ᠮᠠᠶᠢᠮᠠᠶᠢᠴᠢᠨ ᠤ | ᠵᠠᠬ᠎ᠠ ᠳᠤ ᠤᠷᠤᠬᠤ ᠨᠤᠷᠮ᠎ᠠ ᠶᠢ 80% ᠠᠴᠠ ᠲᠡᠬᠡᠭᠰᠢ ᠳᠤ ᠬᠦᠷᠬᠡᠨ᠎ᠡ᠃ ᠨᠡᠶᠢᠬᠡᠮ ᠳᠤᠭᠤᠷᠢᠭ᠂ ᠨᠡᠶᠢᠬᠡᠮ ᠤᠨ | ᠵᠤᠬᠢᠶᠠᠨ ᠪᠠᠶᠢᠭᠤᠯᠤᠯᠳᠠ᠂ ᠨᠡᠶᠢᠬᠡᠮ ᠤᠨ ᠠᠵᠢᠯᠳᠠᠨ ︽ᠭᠤᠷᠪᠠᠨ ᠳᠠᠯ᠎ᠠ ᠪᠠᠷ ᠬᠠᠮᠳᠤᠪᠠᠷ ᠬᠦᠳᠡᠯᠥᠯᠴᠡᠬᠦ︾ ᠶᠢ | ᠲᠦᠯᠬᠢᠨ ᠠᠬᠢᠭᠤᠯᠵᠤ᠂ ᠬᠤᠳᠠ ᠬᠦᠳᠡᠭᠡ ᠶᠢᠨ ᠨᠡᠶᠢᠬᠡᠮ ᠳᠤᠭᠤᠷᠢᠭ ᠤᠨ ᠵᠠᠰᠠᠯᠳᠠ ᠦᠢᠯᠡᠴᠢᠯᠡᠬᠡᠨ ᠤ ᠬᠢᠷᠢ | ᠲᠦᠪᠰᠢᠨ ᠢ ᠲᠡᠬᠡᠭᠰᠢᠯᠡᠬᠦᠯᠵᠦ᠂ ᠬᠤᠳᠠ ᠪᠠᠯᠭᠠᠰᠤᠨ ᠤ ᠨᠡᠶᠢᠬᠡᠮ ᠳᠤᠭᠤᠷᠢᠭ ᠤᠨ ᠳᠠᠯᠠᠪᠤᠷ ᠪᠦᠬᠦᠨ ᠢ ᠪᠠᠷᠢᠮᠵᠢᠶᠠᠨ | ᠳᠤ ᠬᠦᠷᠬᠡᠵᠦ᠂ 20% ᠶᠢᠨ ᠭᠠᠴᠠᠭ᠎ᠠ ᠳᠤᠰᠬᠤᠨ ᠳᠤ ᠬᠦᠳᠡᠭᠡ ᠳᠤᠰᠬᠤᠨ ᠤ ᠨᠡᠶᠢᠬᠡᠮ ᠳᠤᠭᠤᠷᠢᠭ ᠢ | ᠪᠠᠶᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠤᠭᠳᠠᠴᠠ ᠶᠢ ᠰᠢᠨᠡᠴᠢᠯᠡᠵᠦ᠂ ᠵᠦᠷᠢᠴᠡᠯ | ᠵᠠᠭᠤᠷᠠᠯᠳᠤᠭᠠᠨ ᠶᠢ ᠪᠦᠲᠦᠮᠵᠢᠳᠠᠢ ᠪᠠᠷ ᠰᠢᠢᠳᠪᠦᠷᠢᠯᠡᠨ ᠡᠶᠡᠳᠦᠬᠦᠯᠥᠨᠡ᠃ ᠳᠤᠳᠤᠭᠠᠳᠤ ᠶᠢ ᠬᠠᠮᠠᠭᠠᠯᠠᠬᠤ | ᠰᠢᠨᠵᠢᠯᠡᠬᠡᠨ ᠮᠡᠷᠬᠡᠵᠢᠯ ᠤᠨ ᠰᠤᠷᠠᠭ ᠵᠠᠩᠬᠢᠴᠢᠯᠠᠯᠳᠠ ᠶᠢᠨ ᠪᠠᠶᠢᠭᠤᠯᠤᠯᠳᠠ ᠶᠢ ᠲᠦᠯᠬᠢᠨ ᠡᠬᠢᠭᠤᠯᠵᠤ᠂ ᠨᠠᠷᠢᠨ | ᠳᠤᠳᠤᠷᠬᠠᠢ ᠬᠠᠷᠠᠭᠠᠨ ᠳᠠᠪᠳᠠᠮᠵᠢ ᠶᠢᠨ ᠬᠢᠨᠠᠨ ᠡᠵᠡᠮᠰᠢᠯ 2000 ᠶᠢ ᠰᠢᠨ᠎ᠡ ᠪᠠᠷ ᠭᠠᠷᠭᠠᠵᠤ᠂ ᠪᠦᠬᠦ ᠬᠤᠳᠠ ᠶᠢᠨ | ᠪᠠᠷᠢᠮ ᠪᠠᠶᠢᠳᠠᠯ ᠢ ᠠᠷᠭᠠᠴᠠᠭᠠᠬᠤ ᠳᠠᠳᠠᠯᠳᠤᠭᠠ ᠶᠢᠨ ᠳᠠᠪᠴᠠᠩ ᠢ ᠪᠠᠶᠢᠭᠤᠯᠵᠤ᠂ ᠱᠤᠤᠵᠢᠭᠰᠠᠨ ᠨᠡᠶᠢᠬᠡᠮ ᠤᠨ ᠠᠮᠤᠷ | ᠢ ᠬᠠᠮᠠᠭᠠᠯᠠᠯᠳᠠ ᠶᠢᠨ ᠰᠡᠷᠬᠡᠶᠢᠯᠡᠨ ᠬᠤᠷᠢᠭᠯᠠᠯᠳᠠ ᠶᠢᠨ ᠰᠢᠰᠲ᠋ᠧᠮ ᠢ ᠪᠠᠶᠢᠭᠤᠯᠵᠤ᠂ ᠬᠠᠤᠯᠢ ᠠᠴᠠ ᠵᠦᠷᠢᠴᠡᠭᠰᠡᠨ | ᠡᠯ᠎ᠡ ᠵᠦᠢᠯ ᠤᠨ ᠶᠠᠯᠠᠳᠤ ᠠᠵᠢᠯᠯᠠᠭ᠎ᠠ ᠶᠢ ᠴᠢᠩᠭ᠎ᠠ ᠰᠡᠷᠬᠡᠶᠢᠯᠡᠵᠦ᠂ ᠬᠠᠤᠯᠢ ᠶᠤᠰᠤᠭᠠᠷ ᠰᠢᠳᠬᠡᠵᠦ᠂ ᠠᠷᠠᠳ ᠤᠯᠠᠨ | ᠤ ᠠᠮᠤᠷ ᠳᠠᠶᠢᠪᠤᠩ ᠰᠡᠳᠬᠢᠯᠬᠡ ᠶᠢ ᠨᠡᠮᠡᠭᠳᠡᠬᠦᠯᠥᠨ᠎ᠡ᠃ ᠤᠯᠤᠰ ᠤᠨ ᠪᠠᠳᠤᠯᠠᠨ ᠬᠠᠮᠭᠠᠯᠠᠯᠳᠠ ᠶᠢᠨ ᠪᠠᠶᠢᠭᠤᠯᠤᠯᠳᠠ | ᠪᠠ ᠴᠡᠷᠢᠭ ᠠᠩᠬᠢ ᠶᠢᠨ ᠦᠬᠡᠷᠡᠴᠢᠯᠡᠯᠳᠡ ᠶᠢ ᠲᠡᠮᠵᠢᠵᠦ᠂ ᠬᠤᠶᠠᠷ ᠢ ᠬᠦᠷᠢᠶᠡᠯᠡᠬᠦ ᠪᠠ ᠠᠷᠠᠳ ᠤᠨ ᠠᠭᠠᠷ ᠤᠨ | ᠰᠡᠷᠬᠡᠶᠢᠯᠡᠯᠳᠡ ᠶᠢᠨ ᠠᠵᠢᠯ ᠢ ᠰᠠᠶᠢᠳᠤᠷ ᠬᠢᠵᠦ᠂ ᠴᠡᠷᠢᠭ ᠠᠷᠠᠳ ᠤᠨ ᠬᠦᠨᠴᠡ ᠪᠠᠷ ᠠᠭᠤᠰᠤᠯᠳᠤᠨ ᠬᠦᠭᠵᠢᠬᠦ ᠶᠢ | ᠲᠦᠯᠬᠢᠨ ᠠᠬᠢᠭᠤᠯᠤᠨ᠎ᠠ᠃ | ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠬᠦᠮᠦᠵᠢᠯ ᠪᠠ ᠡᠬᠦᠳᠦᠨ ᠪᠠᠶᠢᠭᠤᠯᠬᠤ ᠠᠵᠢᠯᠠᠯᠭ᠎ᠠ ᠶᠢ | ᠬᠦᠨᠵᠡᠬᠡᠢ ᠦᠷᠨᠢᠬᠦᠯᠵᠦ᠂ ᠨᠠᠮ ᠤᠨ ᠱᠠᠰᠢᠨ ᠰᠤᠷᠳᠠᠬᠤᠨ ᠤ ᠠᠵᠢᠯ ᠤᠨ ᠦᠨᠳᠦᠰᠦᠨ ᠴᠢᠭᠯᠡᠯᠳᠡ ᠶᠢ ᠪᠦᠬᠦ | ᠳᠠᠯ᠎ᠠ ᠪᠠᠷ ᠳᠤᠤᠱᠯᠠᠭᠤᠯᠤᠨ᠎ᠠ᠃ ᠳᠤᠭ᠎ᠠ ᠪᠦᠷᠢᠳᠬᠡᠯ᠂ ᠱᠠᠰᠢᠨ ᠰᠤᠷᠳᠠᠬᠤᠨ᠂ ᠶᠠᠰᠤ ᠴᠢᠨᠠᠷ ᠤᠨ ᠬᠢᠨᠠᠯᠳᠠ | ᠳᠠᠯᠪᠢᠯᠳᠠ ᠭᠠᠵᠠᠷ ᠬᠦᠳᠡᠯᠥᠯᠳᠡ᠂ ᠴᠠᠭ ᠠᠭᠤᠷ᠂ ᠳᠠᠩᠰᠠ ᠡᠪᠬᠡᠮᠡᠯ ᠵᠡᠷᠬᠡ ᠦᠢᠯᠡᠰ ᠢ ᠰᠠᠶᠢᠳᠤᠷ ᠬᠢᠵᠦ᠂ ᠨᠡᠶᠢᠬᠡᠮ | ᠤᠨ ᠪᠦᠬᠦ ᠳᠠᠯ᠎ᠠ ᠶᠢᠨ ᠳᠠᠪᠰᠢᠯᠳᠠ ᠶᠢ ᠠᠬᠢᠭᠤᠯᠤᠨ᠎ᠠ᠃ | ᠲᠦᠯᠥᠬᠡᠯᠡᠭᠴᠢᠳ ᠡ︕ ᠠᠷᠠᠳ ᠲᠦᠮᠡᠨ ᠳᠤ ᠦᠢᠯᠡᠴᠢᠯᠡᠵᠦ᠂ ᠠᠷᠠᠳ ᠲᠦᠮᠡᠨ ᠳᠤ ᠬᠠᠷᠢᠭᠤᠴᠠᠵᠤ᠂ ᠠᠷᠠᠳ | ᠲᠦᠮᠡᠨ ᠤ ᠬᠢᠨᠠᠯᠳᠠ ᠶᠢ ᠬᠦᠯᠢᠶᠡᠵᠦ᠂ ᠠᠷᠠᠳ ᠲᠦᠮᠡᠨ ᠢ ᠬᠠᠨᠤᠮᠵᠢ ᠲᠠᠢ ᠪᠤᠯᠭᠠᠬᠤ ᠪᠤᠯ ᠵᠠᠰᠠᠭ ᠤᠨ ᠤᠷᠳᠤᠨ ᠤ | ᠠᠵᠢᠯ ᠤᠨ ᠴᠢᠩᠭ᠎ᠠ ᠰᠠᠬᠢᠬᠤ ᠢᠳᠡᠬᠡᠯ ᠵᠤᠷᠢᠭ ᠪᠤᠯᠤᠨ᠎ᠠ᠃ ᠰᠢᠨ᠎ᠡ ᠡᠬᠦᠷᠬᠡ ᠰᠢᠨ᠎ᠡ ᠱᠠᠭᠠᠷᠳᠠᠯᠭ᠎ᠠ ᠳᠤ | ᠬᠠᠨᠳᠤᠭᠤᠯᠤᠨ ᠪᠢᠳᠡ ᠳᠤᠰ ᠪᠡᠶ᠎ᠡ ᠶᠢᠨ ᠴᠤᠭᠴᠠᠯᠠᠯᠳᠠ ᠪᠠᠨ ᠨᠡᠩ ᠢᠯᠡᠬᠦᠦ ᠬᠦᠨᠳᠦᠳᠬᠡᠵᠦ᠂ ᠴᠢᠨᠡᠬᠡᠯᠢᠭ ᠨᠡᠶᠢᠬᠡᠮ ᠢ | ᠪᠦᠬᠦ ᠳᠠᠯ᠎ᠠ ᠪᠠᠷ ᠪᠠᠶᠢᠭᠤᠯᠬᠤ ᠡᠬᠦᠷᠬᠡ ᠶᠢ ᠡᠬᠦᠷᠬᠡᠯᠡᠵᠦ᠂ ᠦᠢ ᠲᠦᠮᠡᠨ ᠠᠶᠢᠯ ᠡᠷᠦᠬᠡ ᠶᠢᠨ ᠪᠠᠶᠠᠷ ᠵᠤᠪᠠᠨᠢᠯ ᠢ | ᠰᠡᠳᠬᠢᠯ ᠳᠡᠭᠡᠨ ᠪᠤᠳᠤᠵᠤ᠂ ᠠᠷᠠᠳ ᠲᠦᠮᠡᠨ ᠤ ᠬᠠᠨᠤᠮᠵᠢᠳᠠᠢ ᠵᠠᠰᠠᠭ ᠤᠨ ᠤᠷᠳᠤᠨ ᠢ ᠪᠠᠶᠢᠭᠤᠯᠤᠨ᠎ᠠ᠃ ᠨᠢᠬᠡ ᠳᠤ | ᠪᠠᠳᠤ ᠴᠢᠩᠭ᠎ᠠ ᠢᠳᠡᠬᠡᠯ ᠪᠢᠰᠢᠷᠡᠯ ᠢᠶᠠᠷ ᠦᠨᠡᠨᠴᠢ ᠰᠢᠳᠤᠷᠭᠤ ᠡᠬᠦᠷᠬᠡᠯᠡᠬᠦ ᠬᠡᠷᠡᠭᠳᠠᠢ᠃ ︽ᠲᠦᠷᠪᠡᠨ ᠤᠬᠠᠮᠰᠠᠷ︾ | ᠢᠯᠠᠩᠭᠤᠶ᠎ᠠ ᠭᠤᠤᠯᠯᠠᠬᠤ ᠤᠬᠠᠮᠰᠠᠷ᠂ ᠨᠢᠬᠡᠳᠦᠯᠳᠠᠢ ᠪᠠᠶᠢᠬᠤ ᠤᠬᠠᠮᠰᠠᠷ ᠢ ᠤᠯᠠᠮ ᠴᠢᠨᠠᠭᠰᠢᠳᠠ ᠨᠡᠮᠡᠭᠳᠡᠬᠦᠯᠵᠦ᠂ ᠰᠢ | ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠪᠠᠳᠤ ᠴᠢᠩᠭ᠎ᠠ ᠤᠬᠠᠮᠰᠠᠷ ᠠᠴᠠ ᠪᠠᠨ | ᠲᠡᠬᠡᠲᠦ ᠬᠡᠮᠵᠢᠶ᠎ᠡ ᠪᠠᠷ ᠨᠢᠬᠡᠳᠦᠯᠳᠠᠢ ᠪᠠᠶᠢᠵᠤ᠂ ᠨᠠᠮ ᠳᠠᠭᠠᠨ ᠦᠨᠡᠨᠴᠢ ᠰᠢᠳᠤᠷᠭᠤ᠂ ᠤᠯᠤᠰ ᠤᠷᠤᠨ ᠳᠠᠭᠠᠨ | ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ᠂ ᠠᠵᠢᠯ ᠦᠢᠯᠡᠰ ᠲᠡᠭᠡᠨ ᠦᠨᠡᠨᠴᠢ ᠰᠢᠳᠤᠷᠭᠤ | ᠪᠠᠶᠢᠬᠤ ᠪᠠᠨ ᠪᠤᠳᠠᠳᠤ ᠠᠵᠢᠯ ᠤᠨ ᠳᠤᠮᠳᠠ ᠪᠠᠨ ᠢᠯᠡᠷᠡᠬᠦᠯᠵᠦ᠂ ᠳᠤᠰᠢᠶᠠᠯ ᠬᠠᠷᠢᠭᠤᠴᠠᠯᠭ᠎ᠠ ᠪᠠᠨ ᠨᠠᠷᠢᠨ ᠨᠢᠮᠪᠠᠢ | ᠬᠦᠢᠴᠡᠳᠬᠡᠵᠦ᠂ ᠵᠤᠷᠢᠭᠳᠠᠢ ᠪᠠᠷ ᠡᠬᠦᠷᠬᠡᠯᠡᠵᠦ᠂ ᠰᠠᠨᠠᠭᠠᠴᠢᠯᠭ᠎ᠠ ᠠᠴᠠ ᠪᠠᠨ ᠬᠢᠵᠦ᠂ ᠨᠡᠩ ᠴᠢᠩᠭ᠎ᠠ ᠱᠠᠭᠠᠷᠳᠠᠯᠭ᠎ᠠ᠂ | ᠨᠡᠩ ᠦᠨᠳᠦᠷ ᠪᠠᠷᠢᠮᠵᠢᠶ᠎ᠠ ᠪᠠᠷ ᠠᠵᠢᠯ ᠢᠶᠠᠨ ᠲᠦᠯᠬᠢᠨ ᠠᠬᠢᠭᠤᠯᠤᠨ᠎ᠠ᠃ ᠵᠦᠪ ᠴᠢᠭᠯᠡᠯ ᠢᠶᠠᠷ ᠵᠤᠷᠢᠭᠵᠢᠭᠤᠯᠬᠤ ᠪᠠ | ᠪᠤᠷᠤᠭᠤ ᠶᠢ ᠠᠭᠤᠴᠢᠯᠠᠬᠤ᠂ ᠪᠤᠷᠤᠭᠤ ᠶᠢ ᠵᠠᠯᠠᠷᠠᠭᠤᠯᠬᠤ ᠳᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠵᠤᠷᠢᠭᠳᠠᠢ | ᠪᠠᠷ ᠡᠬᠦᠷᠬᠡᠯᠡᠵᠦ ᠴᠢᠳᠠᠬᠤ ᠨᠦᠬᠦᠳ ᠢᠶᠠᠷ ᠡᠬᠦᠷᠬᠡᠯᠡᠬᠦᠯᠵᠦ᠂ ᠵᠤᠷᠢᠭᠳᠠᠢ ᠪᠠᠷ ᠬᠠᠷᠢᠭᠤᠴᠠᠵᠤ ᠴᠢᠳᠠᠬᠤ ᠨᠦᠬᠦᠳ | ᠢᠶᠠᠷ ᠬᠠᠷᠢᠭᠤᠴᠠᠭᠤᠯᠤᠨ᠎ᠠ᠃ ᠬᠤᠶᠠᠷ ᠲᠤ ᠬᠠᠤᠯᠢ ᠶᠤᠰᠤᠭᠠᠷ ᠵᠠᠰᠠᠭ ᠶᠠᠪᠤᠭᠤᠯᠵᠤ᠂ ᠬᠠᠤᠯᠢ ᠶᠢᠨ ᠡᠷᠬᠡ ᠤᠯᠭᠤᠭ᠎ᠠ | ᠦᠬᠡᠢ ᠪᠤᠯ ᠬᠢᠵᠦ ᠪᠤᠯᠬᠤ ᠦᠬᠡᠢ᠃ ᠬᠠᠤᠯᠢ ᠪᠠᠷ ᠳᠤᠭᠳᠠᠭᠰᠠᠨ ᠳᠤᠰᠢᠶᠠᠯ ᠬᠠᠷᠢᠭᠤᠴᠠᠯᠭ᠎ᠠ ᠪᠠᠨ ᠡᠷᠬᠡᠪᠰᠢ | ᠬᠦᠢᠴᠡᠳᠬᠡᠬᠦ ᠶᠢ ᠪᠠᠷᠢᠮᠳᠠᠯᠠᠵᠤ᠂ ᠵᠠᠰᠠᠭ ᠤᠨ ᠤᠷᠳᠤᠨ ᠤ ᠠᠵᠢᠯ ᠢ ᠬᠠᠤᠯᠢᠵᠢᠯ ᠤᠨ ᠵᠠᠮ ᠳᠤ ᠤᠷᠤᠭᠤᠯᠤᠨ᠎ᠠ᠃ | ᠵᠠᠰᠠᠭ ᠤᠨ ᠤᠷᠳᠤᠨ ᠤ ᠬᠠᠤᠯᠢ ᠲᠦᠷᠢᠮ ᠤᠨ ᠠᠵᠢᠯ ᠢ ᠴᠢᠩᠭᠠᠳᠬᠠᠵᠤ᠂ ᠲᠦᠷᠢᠮᠵᠢᠯ ᠤᠨ ᠴᠢᠨᠠᠷᠳᠠᠢ ᠪᠢᠴᠢᠭ | ᠮᠠᠲ᠋ᠧᠷᠢᠶᠠᠯ ᠢ ᠳᠠᠩᠰᠠᠯᠠᠨ ᠬᠢᠨᠠᠨ ᠪᠠᠶᠢᠴᠭᠠᠠᠬᠤ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠵᠦᠪᠯᠡᠭᠴᠢ ᠪᠠ ᠠᠯᠪᠠᠨ | ᠳᠤᠰᠢᠶᠠᠯ ᠲᠠᠢ ᠬᠠᠤᠯᠢᠴᠢ ᠶᠢᠨ ᠲᠦᠷᠢᠮᠨ ᠢ ᠲᠡᠬᠦᠯᠳᠡᠷᠵᠢᠬᠦᠯᠥᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠥᠯᠳᠡ | ᠶᠢᠨ ᠬᠠᠷᠢᠭᠤᠴᠠᠯᠭ᠎ᠠ ᠶᠢᠨ ᠲᠦᠷᠢᠮ ᠢ ᠪᠦᠬᠦ ᠳᠠᠯ᠎ᠠ ᠪᠠᠷ ᠨᠠᠶᠢᠳᠠᠪᠦᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠥᠯᠳᠡ ᠶᠢᠨ ᠴᠢᠳᠠᠪᠦᠷᠢ ᠶᠢᠨ ᠴᠤᠭᠴᠠᠯᠠᠯᠳᠠ ᠶᠢ ᠴᠢᠩᠭᠠᠳᠬᠠᠵᠤ᠂ ᠲᠦᠷᠢᠮᠵᠢᠯ ᠲᠠᠢ ᠲᠦᠪ ᠭᠤᠤᠯᠴᠢ | ᠪᠤᠯᠪᠠᠰᠤᠨ ᠢᠶᠠᠷ ᠬᠠᠤᠯᠢ ᠬᠡᠷᠡᠭᠵᠢᠬᠦᠯᠬᠦ ᠶᠢ ᠠᠬᠢᠭᠤᠯᠤᠨ᠎ᠠ᠃ ︽ᠳᠤᠯᠤᠳᠤᠭᠠᠷ ᠳᠠᠪᠤᠨ ᠵᠢᠯ︾ ᠤᠨ ᠬᠠᠤᠯᠢ | ᠲᠦᠬᠡᠮᠡᠯᠵᠢᠬᠦᠯᠥᠯᠳᠡ ᠶᠢ ᠨᠠᠶᠢᠳᠠᠪᠦᠷᠢᠵᠢᠭᠤᠯᠬᠤ᠂ ᠬᠠᠤᠯᠢ ᠴᠠᠭᠠᠵᠠ ᠪᠠᠷ ᠬᠠᠪᠰᠤᠷᠤᠨ ᠲᠡᠮᠵᠢᠬᠦ ᠶᠢ ᠴᠢᠩᠭᠠᠳᠬᠠᠵᠤ᠂ | ᠤᠯᠠᠨ ᠲᠦᠮᠡᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ ᠠᠷᠠᠳ ᠤᠨ ᠲᠦᠯᠥᠬᠡᠯᠡᠭᠴᠢᠳ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ᠂ ᠤᠯᠤᠰ ᠲᠦᠷᠦ ᠶᠢᠨ ᠵᠦᠪᠯᠡᠯᠬᠡᠨ ᠠᠷᠠᠳᠴᠢᠯᠠᠯ ᠢᠶᠠᠷ ᠬᠢᠨᠠᠯᠳᠠ | ᠳᠠᠯᠪᠢᠬᠤ᠂ ᠨᠡᠶᠢᠬᠡᠮ ᠤᠨ ᠶᠠᠷᠢᠶ᠎ᠠ ᠬᠡᠯᠡᠯᠴᠡᠬᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠦᠯᠥᠬᠡᠯᠡᠭᠴᠢᠳ ᠤᠨ ᠶᠡᠭᠡ ᠬᠤᠷᠠᠯ ᠤᠨ ᠲᠦᠯᠥᠬᠡᠯᠡᠭᠴᠢ ᠤᠨ ᠰᠠᠨᠠᠯ ᠵᠦᠪᠯᠡᠯᠬᠡ᠂ ᠰᠠᠨᠠᠭᠤᠯᠭ᠎ᠠ ᠪᠠ ᠤᠯᠤᠰ ᠲᠦᠷᠦ | ᠶᠢᠨ ᠵᠦᠪᠯᠡᠯᠬᠡᠨ ᠤ ᠬᠡᠰᠢᠬᠦᠨ ᠤ ᠳᠤᠷᠠᠳᠤᠯᠭ᠎ᠠ ᠶᠢ ᠨᠠᠷᠢᠨ ᠨᠢᠮᠪᠠᠢ ᠰᠢᠢᠳᠪᠦᠷᠢᠯᠡᠵᠦ᠂ ᠡᠯ᠎ᠡ ᠠᠷᠠᠳᠴᠢᠯᠠᠭᠰᠠᠨ ᠨᠠᠮ | ᠪᠦᠯᠥᠭ ᠠᠵᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠥᠭ ᠤᠨ ᠪᠤᠰᠤ ᠬᠦᠮᠦᠰ ᠤᠨ ᠰᠠᠨᠠᠯ ᠢ | ᠦᠷᠬᠡᠨ ᠲᠡᠯᠬᠡᠷ ᠰᠤᠨᠤᠰᠴᠤ᠂ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠠᠶᠢᠴᠤᠳ ᠤᠨ | ᠬᠤᠯᠪᠤᠭᠠᠳᠤ ᠬᠤᠷᠠᠯ ᠵᠡᠷᠬᠡ ᠤᠯᠠᠨ ᠲᠦᠮᠡᠨ ᠤ ᠪᠦᠯᠬᠦᠮ ᠤᠨ ᠠᠵᠢᠯ ᠢᠶᠠᠨ ᠶᠠᠪᠤᠭᠳᠠᠭᠤᠯᠬᠤ ᠶᠢ ᠨᠢ ᠢᠳᠡᠪᠬᠢᠳᠠᠢ | ᠲᠡᠮᠵᠢᠨ᠎ᠡ᠃ ᠭᠤᠷᠪᠠ ᠳᠤ ᠶᠡᠭᠡ ᠳᠠᠯ᠎ᠠ ᠳᠤ ᠦᠢᠯᠡᠴᠢᠯᠡᠬᠦ ᠬᠡᠷᠡᠭᠳᠠᠢ᠃ ︽ᠳᠤᠮᠤ ᠦᠢᠯᠡᠴᠢᠯᠡᠭᠡ︾ ᠶᠢᠨ | ᠤᠶᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ ᠦᠷᠬᠡᠨ ᠤᠯᠠᠨ ᠲᠦᠮᠡᠨ᠂ ᠪᠡᠯᠡ ᠤᠷᠤᠭᠤᠯᠤᠭᠰᠠᠨ | ᠬᠤᠳᠠᠯᠳᠤᠭᠠᠴᠢᠨ ᠵᠢᠴᠢ ᠪᠦᠬᠦ ᠨᠡᠶᠢᠬᠡᠮ ᠤᠨ ᠲᠦᠯᠥᠬᠡ ᠰᠠᠶᠢᠳᠤᠷ ᠦᠢᠯᠡᠴᠢᠯᠡᠵᠦ᠂ ᠦᠢᠯᠡᠴᠢᠯᠡᠭᠡ ᠪᠠᠷ ᠬᠦᠭᠵᠢᠯᠳᠡ | ᠪᠠᠨ ᠲᠦᠯᠬᠢᠨ ᠠᠬᠢᠭᠤᠯᠵᠤ᠂ ᠪᠡᠯᠡ ᠤᠷᠤᠭᠤᠯᠤᠯᠳᠠ ᠶᠢ ᠬᠦᠳᠦᠯᠵᠦ ᠪᠦᠲᠦᠬᠡᠨ ᠪᠠᠶᠢᠭᠤᠯᠤᠯᠳᠠ ᠪᠠᠨ ᠠᠬᠢᠭᠤᠯᠤᠨ᠎ᠠ᠃ | ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠵᠡᠷᠬᠡ ᠰᠤᠷᠠᠭ ᠵᠠᠩᠬᠢ ᠪᠠᠷ ᠠᠷᠠᠳ ᠲᠤ | ᠠᠰᠢᠭ ᠬᠦᠷᠳᠡᠬᠡᠬᠦ ᠢᠨᠵᠧᠨᠧᠷᠢᠩ ᠢ ᠬᠦᠨᠵᠡᠬᠡᠢ ᠶᠠᠪᠤᠭᠳᠠᠭᠤᠯᠵᠤ᠂ ᠰᠦᠯᠵᠢᠶᠡᠨ ᠲᠡᠬᠡᠷᠡᠬᠢ ᠦᠢᠯᠡᠴᠢᠯᠡᠬᠡᠨ ᠤ | ᠠᠭᠤᠯᠭ᠎ᠠ ᠶᠢ ᠪᠠᠶᠠᠯᠢᠭᠵᠢᠭᠤᠯᠵᠤ᠂ ᠰᠦᠯᠵᠢᠶᠡᠨ ᠲᠡᠬᠡᠷ᠎ᠡ ᠬᠡᠷᠡᠭ ᠡᠷᠬᠢᠯᠡᠬᠦ ᠴᠤᠪᠤᠷᠠᠯ ᠢ ᠲᠡᠬᠦᠯᠳᠡᠷᠵᠢᠬᠦᠯᠵᠦ᠂ ᠰᠤᠷᠠᠭ | ᠵᠠᠩᠬᠢ ᠶᠢ ᠢᠯᠡᠬᠦᠦ ᠬᠦᠶᠦᠯᠬᠡᠵᠦ᠂ ᠤᠯᠠᠨ ᠲᠦᠮᠡᠨ ᠪᠠ ᠠᠵᠤ ᠠᠬᠤᠶᠢᠯᠠᠯ ᠢ ᠳᠤᠳᠠᠭᠤ ᠬᠦᠶᠦᠯᠬᠡᠵᠦ᠂ ᠶᠠᠪᠤᠳᠠᠯ ᠢ | ᠰᠠᠶᠢᠨ ᠬᠢᠨ᠎ᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠲᠦᠯᠬᠢᠨ ᠠᠬᠢᠭᠤᠯᠵᠤ᠂ ᠵᠠᠰᠠᠭ ᠤᠨ ᠤᠷᠳᠤᠨ ᠤ | ᠢᠯᠡᠴᠡ ᠶᠢᠨ ᠬᠡᠮᠵᠢᠶ᠎ᠡ ᠶᠢ ᠨᠡᠮᠡᠭᠳᠡᠬᠦᠯᠥᠨ᠎ᠡ᠃ ᠰᠤᠨᠢᠨ ᠮᠡᠳᠡᠭᠡ ᠨᠡᠶᠢᠳᠡᠯᠡᠬᠦ ᠬᠤᠷᠠᠯ ᠤᠨ ᠲᠦᠷᠢᠮ ᠢ ᠪᠠᠶᠢᠭᠤᠯᠵᠤ᠂ | ᠴᠠᠭ ᠳᠤᠬᠠᠢ ᠳᠤᠨᠢ ᠨᠡᠶᠢᠬᠡᠮ ᠤᠨ ᠠᠩᠬᠠᠷᠤᠯ ᠳᠤ ᠬᠠᠷᠢᠭᠤ ᠳᠤᠰᠬᠠᠨ᠎ᠠ᠃᠃ ᠦᠨᠡᠨᠴᠢ ᠢᠳᠡᠬᠡᠯ ᠲᠠᠢ ᠵᠠᠰᠠᠭ ᠤᠨ | ᠤᠷᠳᠤᠨ ᠤ ᠪᠠᠶᠢᠭᠤᠯᠤᠯᠳᠠ ᠶᠢ ᠴᠢᠩᠭᠠᠳᠬᠠᠵᠤ᠂ ᠵᠠᠰᠠᠭ ᠤᠨ ᠤᠷᠳᠤᠨ ᠤ ᠢᠳᠡᠬᠡᠯ ᠤᠨ ᠬᠦᠴᠦᠨ ᠬᠢᠭᠡᠳ | ᠬᠡᠷᠡᠭᠵᠢᠬᠦᠯᠥᠯᠳᠡ ᠶᠢᠨ ᠬᠦᠴᠦᠨ ᠢ ᠲᠡᠬᠡᠭᠰᠢᠯᠡᠬᠦᠯᠥᠨ᠎ᠡ᠃ ᠲᠦᠷᠪᠡ ᠳᠤ ᠠᠷᠢᠭᠤᠨ ᠴᠢᠬᠡᠴᠢ ᠪᠠᠷ ᠵᠠᠰᠠᠭ ᠶᠠᠪᠤᠭᠤᠯᠬᠤ | ᠬᠡᠷᠡᠭᠳᠠᠢ᠃ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠰᠤᠷᠳᠠᠯ ᠤᠨ ᠠᠷᠢᠭᠤᠨ ᠴᠢᠬᠡᠴᠢ ᠶᠢᠨ ᠴᠤᠭᠴᠠᠯᠠᠯᠳᠠ | ᠪᠠ ᠢᠯᠵᠠᠷᠠᠯ ᠢ ᠡᠰᠡᠷᠬᠦᠴᠡᠬᠦ ᠲᠡᠮᠡᠴᠡᠯ ᠢ ᠬᠦᠨᠵᠡᠬᠡᠢ ᠦᠷᠨᠢᠬᠦᠯᠵᠦ᠂ ᠤᠯᠠᠨ ᠲᠦᠮᠡᠨ ᠤ ᠠᠰᠢᠭ ᠳᠤᠰᠠ ᠶᠢ | ᠬᠤᠬᠢᠷᠠᠭᠤᠯᠤᠭᠰᠠᠨ ᠲᠦᠪ ᠪᠤᠰᠤ ᠰᠤᠷᠳᠠᠯ ᠪᠠ ᠢᠯᠵᠠᠷᠠᠯ ᠤᠨ ᠠᠰᠠᠭᠤᠳᠠᠯ ᠢ ᠴᠢᠩᠭ᠎ᠠ ᠵᠠᠯᠬᠠᠭᠠᠨ ᠰᠢᠳᠬᠡᠨ᠎ᠡ᠃ | ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠪᠠᠷᠢᠮᠳᠠᠯᠠᠵᠤ᠂ ︽ᠭᠤᠷᠪᠠᠨ ᠠᠯᠪᠠᠨ ᠤ ᠵᠠᠷᠤᠳᠠᠯ︾ ᠢ ᠴᠢᠩᠭ᠎ᠠ | ᠬᠤᠷᠢᠭᠯᠠᠨ᠎ᠠ᠃ ᠬᠢᠨᠠᠨ ᠪᠤᠳᠤᠯᠳᠠ ᠪᠠᠷ ᠬᠢᠨᠠᠬᠤ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠬᠦᠷᠢ ᠶᠢᠨ | ᠰᠡᠷᠬᠡᠶᠢᠯᠡᠨ ᠬᠤᠷᠢᠭᠯᠠᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ ᠶᠢ | ᠴᠢᠩᠭᠠᠳᠬᠠᠵᠤ᠂ ᠰᠠᠬᠢᠯᠭ᠎ᠠ ᠬᠠᠤᠯᠢ ᠶᠢ ᠵᠦᠷᠢᠴᠡᠭᠰᠡᠨ ᠡᠯ᠎ᠡ ᠵᠦᠢᠯ ᠤᠨ ᠬᠡᠷᠡᠭ ᠢ ᠴᠢᠩᠭ᠎ᠠ ᠪᠠᠶᠢᠴᠠᠭᠠᠨ ᠰᠢᠳᠬᠡᠵᠦ᠂ | ᠵᠠᠰᠠᠭ ᠶᠡᠷᠦᠮᠳᠡᠭ ᠶᠠᠪᠤᠭᠤᠯᠬᠤ ᠵᠠᠰᠠᠭ ᠢ ᠠᠯᠵᠠᠭᠤ ᠶᠠᠪᠤᠭᠤᠯᠬᠤ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠨ᠎ᠠ᠃ | ᠳᠠᠪᠤ ᠳᠤ ᠦᠨᠡᠨᠬᠦ ᠠᠳᠬᠤᠵᠤ᠂ ᠪᠤᠳᠠᠳᠠᠢ ᠬᠢᠬᠦ ᠬᠡᠷᠡᠭᠳᠠᠢ᠃ ᠬᠢᠴᠢᠶᠡᠨ ᠴᠢᠷᠮᠠᠶᠢᠨ ᠠᠵᠢᠯ ᠡᠷᠬᠢᠯᠡᠵᠦ᠂ ᠤᠷᠬᠢᠯᠤᠮ᠎ᠠ | ᠰᠡᠳᠬᠢᠯᠬᠡ ᠪᠠᠷ ᠠᠵᠢᠯ ᠬᠢᠵᠦ᠂ ᠮᠡᠷᠡᠶᠢᠨ ᠴᠢᠷᠮᠠᠶᠢᠵᠤ᠂ ᠠᠵᠢᠯ ᠪᠦᠲᠦᠬᠡᠬᠦ ᠶᠢ ᠪᠠᠷᠢᠮᠳᠠᠯᠠᠵᠤ᠂ ᠬᠡᠯᠡᠪᠡᠯ ᠬᠢᠵᠦ᠂ | ᠳᠤᠭᠳᠠᠪᠠᠯ ᠬᠢᠵᠦ᠂ ᠬᠢᠪᠡᠯ ᠰᠠᠶᠢᠨ ᠬᠢᠬᠦ ᠶᠢ ᠪᠠᠷᠢᠮᠳᠠᠯᠠᠵᠤ᠂ ︽ᠠᠷᠤᠶᠢᠬᠠᠨ ᠬᠦᠢᠴᠡᠳᠬᠡᠬᠦ︾ ᠵᠤᠷᠢᠭ ᠰᠠᠨᠠᠭ᠎ᠠ ︽ | ᠬᠠᠳᠠᠭᠠᠰᠤᠨ ᠤ ᠵᠤᠷᠢᠭ ᠰᠠᠨᠠᠭ᠎ᠠ︾᠂ ︽ᠮᠤᠩᠭᠤᠯ ᠮᠤᠷᠢᠨ︾ ᠤ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ | ᠵᠠᠰᠠᠭ ᠤᠨ ᠤᠷᠳᠤᠨ ᠤ ᠬᠡᠷᠡᠭᠵᠢᠬᠦᠯᠬᠦ ᠬᠦᠴᠦᠨ ᠬᠢᠬᠡᠳ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ | ᠲᠡᠬᠡᠭᠰᠢᠯᠡᠬᠦᠯᠵᠦ᠂ ᠬᠤᠭᠤᠰᠤᠨ ᠭᠠᠪᠢᠶᠠᠷᠬᠠᠬᠤ ᠦᠬᠡᠢ᠂ ᠬᠤᠭᠤᠰᠤᠨ ᠬᠢᠬᠦ ᠦᠬᠡᠢ᠂ ᠬᠤᠭᠤᠰᠤᠨ ᠨᠡᠷ᠎ᠡ ᠶᠢ | ᠬᠦᠬᠡᠬᠡᠴᠡᠯᠳᠦᠬᠦ ᠦᠬᠡᠢ᠃ ᠰᠢᠨ᠎ᠡ ᠲᠦᠷᠦ ᠶᠢᠨ ᠪᠤᠳᠤᠯᠭ᠎ᠠ᠂ ᠰᠢᠨ᠎ᠡ ᠮᠡᠳᠡᠯᠬᠡ᠂ ᠰᠢᠨ᠎ᠡ ᠪᠠᠶᠢᠳᠠᠯ ᠢ ᠨᠠᠷᠢᠨ ᠨᠢᠮᠪᠠᠢ | ᠰᠤᠷᠤᠯᠴᠠᠵᠤ᠂ ᠤᠨᠤᠪᠴᠢᠳᠠᠢ ᠡᠵᠡᠮᠰᠢᠵᠦ᠂ ᠤᠬᠠᠮᠰᠠᠷ ᠠᠴᠠ ᠪᠠᠨ ᠬᠡᠷᠡᠭᠯᠡᠵᠦ᠂ ᠢᠮᠠᠭᠳᠠ ᠴᠠᠭ ᠦᠶ᠎ᠡ ᠶᠢᠨ ᠡᠮᠦᠨ᠎ᠡ | ᠬᠦᠪᠡᠬᠡᠨ ᠳᠤ ᠵᠤᠭᠰᠤᠵᠤ ᠠᠰᠠᠭᠤᠳᠠᠯ ᠢ ᠪᠤᠳᠤᠵᠤ ᠠᠵᠢᠯ ᠢᠶᠠᠨ ᠲᠦᠯᠬᠢᠨ ᠠᠬᠢᠭᠤᠯᠤᠨ᠎ᠠ᠃ ᠭᠤᠤᠯᠳᠠᠯᠭ᠎ᠠ ᠲᠠᠢ | ᠲᠦᠷᠦᠯ ᠵᠦᠢᠯ᠂ ᠳᠤᠮᠤ ᠴᠢᠬᠤᠯᠠ ᠤᠴᠢᠷ ᠶᠠᠪᠤᠳᠠᠯ᠂ ᠴᠢᠬᠤᠯᠠ ᠠᠵᠢᠯ ᠤᠳ ᠢ ᠲᠦᠷᠬᠡᠨ ᠪᠤᠳᠤᠵᠤ᠂ ᠲᠦᠷᠬᠡᠨ | ᠬᠢᠵᠦ᠂ ᠲᠦᠷᠬᠡᠨ ᠶᠠᠪᠤᠭᠳᠠᠭᠤᠯᠵᠤ᠂ ᠺᠠᠳ᠋ᠷ ᠤᠨ ᠰᠢᠷᠭᠠᠭᠤ ᠬᠠᠳᠠᠭᠤᠵᠢᠯ ᠤᠨ ᠤᠷᠤᠨ ᠳᠤᠭ᠎ᠠ ᠪᠠᠷ ᠠᠷᠠᠳ ᠲᠦᠮᠡᠨ | ᠪ᠊ ᠵᠤᠯ ᠵᠢᠷᠭᠠᠯ ᠤᠨ ᠤᠷᠤᠨ ᠳᠤᠭ᠎ᠠ ᠶᠢ ᠰᠤᠯᠢᠵᠤ ᠠᠪᠴᠢᠷᠠᠨ᠎ᠠ᠃ | ᠲᠦᠯᠥᠬᠡᠯᠡᠭᠴᠢᠳ ᠡ︕ ᠬᠦᠭᠵᠢᠯᠳᠡ ᠨᠢ ᠪᠤᠳᠠᠳᠠᠢ ᠠᠵᠢᠯᠯᠠᠬᠤ ᠳᠤ ᠯᠡ ᠪᠠᠶᠢᠨ᠎ᠠ᠂ ᠴᠢᠷᠮᠠᠶᠢᠯᠭ᠎ᠠ ᠨᠢ | ᠵᠡᠬᠦᠳᠦ ᠬᠦᠰᠡᠯ ᠢ ᠪᠦᠲᠦᠬᠡᠳᠡᠭ᠃ ᠪᠢᠳᠡ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ | ᠬᠤᠷᠢᠶᠠᠨ ᠤ ᠳᠤᠭᠤᠷᠢᠨ ᠳᠤ ᠨᠡᠩ ᠨᠢᠬᠳᠠᠷᠠᠨ ᠪᠦᠯᠬᠦᠮᠳᠡᠵᠦ᠂ ᠰᠠᠬᠢᠨ ᠪᠠᠷᠠᠭᠠᠯᠠᠨ ᠬᠠᠷᠢᠯᠴᠠᠨ ᠬᠠᠪᠰᠤᠷᠤᠯᠴᠠᠵᠤ᠂ | ᠪᠦᠯᠬᠦᠮᠳᠡᠨ ᠲᠡᠮᠡᠴᠡᠵᠦ᠂ ᠳᠠᠷᠢᠬᠢ ᠳᠤᠯᠤᠭᠠᠢ ᠪᠠᠨ ᠬᠦᠳᠡᠯᠬᠡᠵᠦ ᠰᠢᠨᠵᠢᠯᠡᠬᠦ ᠤᠬᠠᠭᠠᠨᠴᠢ ᠪᠤᠳᠤᠨ ᠰᠡᠳᠦᠵᠦ᠂ | ᠬᠠᠨᠴᠤᠢ ᠰᠢᠮᠡᠯᠡᠨ ᠰᠢᠮᠳᠠᠨ ᠠᠵᠢᠯᠯᠠᠵᠤ᠂ ᠤᠯᠠᠭᠠᠨᠴᠠᠪ ᠤᠨ ᠳᠠᠪᠠᠯᠳᠠ ᠬᠦᠭᠵᠢᠯᠳᠡ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ | 70 ᠵᠢᠯ ᠤᠨ ᠤᠢ ᠳᠤ ᠪᠡᠯᠡᠭ ᠬᠦᠷᠬᠡᠵᠦ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠢᠯᠠᠯᠳᠠᠳᠠᠢ | ᠬᠤᠷᠠᠯᠳᠤᠬᠤ ᠶᠢ ᠤᠭᠳᠤᠶ᠎ᠠ︕ | |