ᠪᠦᠬᠦ ᠬᠤᠲᠠ ᠶᠢᠨ ᠤᠯᠤᠰ ᠤᠨ ᠦᠮᠴᠢᠯᠡᠯᠲᠦ ᠳᠠᠭᠠᠭᠠᠯᠲᠠ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠵᠢᠬᠦᠯᠦᠯᠲᠡ ᠶᠢᠨ ᠲᠦᠰᠦᠪ ᠢ ᠳᠠᠷᠤᠮᠠᠯᠯᠠᠨ ᠶᠠᠪᠤᠭᠤᠯᠬᠤ  ᠲᠤᠬᠠᠢ  ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2017/7/19
ᠡᠯ᠎ᠡ ᠬᠤᠰᠢᠭᠤ ᠰᠢᠶᠠᠨ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ᠂  ᠬᠤᠲᠠ ᠶᠢᠨ ᠰᠢᠭᠤᠳ ᠬᠠᠷᠢᠶ᠎ᠠ ᠬᠤᠯᠪᠤᠭᠳᠠᠯ ᠪᠦᠬᠦᠢ ᠨᠢᠭᠡᠴᠡ᠄       ︽ᠤᠯᠠᠭᠠᠨᠴᠠᠪ ᠬᠤᠲᠠ ᠶᠢᠨ ᠪᠦᠬᠦ ᠬᠤᠲᠠ ᠶᠢᠨ ᠤᠯᠤᠰ ᠤᠨ ᠦᠮᠴᠢᠯᠡᠯᠲᠦ ᠳᠠᠭᠠᠭᠠᠯᠲᠠ ᠶᠢᠨ ᠰᠢᠰᠲ᠋ᠧᠮᠵᠢ ᠶᠢ ᠪᠠᠶᠢᠭᠤᠯᠬᠤ ᠭᠡᠷᠡᠭᠵᠢᠬᠦᠯᠦᠯᠲᠡ ᠶᠢᠨ ᠲᠦᠰᠦᠪ︾ ᠢ ᠨᠢᠭᠡᠨᠲᠡ ᠬᠤᠲᠠ ᠶᠢᠨ ᠵᠠᠰᠠᠭ ᠤᠨ ᠤᠷᠳᠤᠨ ᠤ 2017 ᠤᠨ ᠤ 1 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠪᠠᠲᠤᠯᠠᠭᠤᠯᠵᠤ᠂ ᠤᠳᠤ ᠲᠠᠨᠠᠷ ᠲᠤ  ᠲᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠤᠱᠯᠠᠭᠤᠯᠤᠨ ᠬᠦᠢᠴᠡᠳᠭᠡᠬᠦ ᠪᠤᠯᠪᠠᠤ᠃                                                                                                                                                            2017 ᠤᠨ ᠤ 3 ᠰᠠᠷ᠎ᠠ ᠶᠢᠨ 6 ᠤ ᠡᠳᠦᠷ             ᠤᠯᠠᠭᠠᠨᠴᠠᠪ ᠬᠤᠲᠠ ᠪᠦᠬᠦ ᠬᠤᠲᠠ ᠶᠢᠨ ᠤᠯᠤᠰ ᠤᠨ ᠦᠮᠴᠢᠯᠡᠯᠲᠦ ᠳᠠᠭᠠᠭᠠᠯᠲᠠ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠵᠢᠬᠦᠯᠦᠯᠲᠡ ᠶᠢᠨ ᠲᠦᠰᠦᠪ                ︽ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠢᠯᠭᠡᠭᠡᠨ ᠤ ᠪᠡᠯᠡ ᠮᠦᠩᠭᠦ ᠶᠢᠨ ᠳᠠᠭᠠᠭᠠᠯᠲᠠ ᠶᠢᠨ ᠠᠵᠢᠯ ᠲᠦᠷᠦᠯ ᠤᠨ ᠬᠦᠭᠵᠢᠭᠦᠯᠦᠯᠲᠡ ᠶᠢᠨ ᠠᠵᠢᠯᠯᠠᠭᠠᠨ ᠤ ᠲᠦᠯᠦᠪᠯᠡᠭᠡ ︵2015— 2017 ᠤᠨ︶  ︾  ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠮᠠᠨ ᠤ ᠬᠤᠲᠠ  ᠶᠢᠨ  ᠬᠦᠢᠯᠭᠡᠭᠡᠨ ᠤ ᠪᠡᠯᠡ ᠮᠦᠩᠬᠦ ᠶᠢᠨ ᠳᠠᠭᠠᠭᠠᠯᠲᠠ ᠶᠢᠨ ᠠᠵᠢᠯ ᠲᠦᠷᠦᠯ ᠤᠨ ᠦᠷᠬᠦᠯᠵᠢᠬᠦᠶᠢᠴᠡ ᠡᠷᠡᠬᠦᠯ ᠢᠶᠠᠷ ᠬᠦᠭᠵᠢᠬᠦ ᠶᠢ ᠠᠬᠢᠭᠤᠯᠵᠤ᠂ ᠬᠤᠲᠠ ᠰᠢᠶᠠᠨ ᠬᠤᠶᠠᠷ ᠱᠠᠲᠤᠨ ᠤ ᠲᠦᠷᠦ ᠶᠢᠨ ᠪᠤᠳᠤᠯᠭ᠎ᠠ ᠶᠢᠨ ᠴᠢᠨᠠᠷᠲᠠᠢ ᠳᠠᠭᠠᠭᠠᠯᠲᠠ ᠶᠢᠨ ᠰᠢᠰᠲ᠋ᠧᠮᠵᠢ ᠶᠢ ᠪᠠᠶᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠤᠲᠠᠲᠠᠢ ᠪᠠᠶᠢᠳᠠᠯ ᠲᠠᠢ ᠪᠠᠨ ᠤᠶᠠᠯᠲᠤᠭᠤᠯᠵᠤ᠂ ᠲᠤᠰ ᠬᠡᠷᠡᠭᠵᠢᠬᠦᠯᠬᠦ ᠲᠦᠰᠦᠪ ᠢ ᠲᠤᠭᠲᠠᠭᠠᠵᠠᠢ᠃       ᠨᠢᠭᠡ᠂ ᠦᠨᠳᠦᠰᠦᠨ ᠬᠠᠷᠠᠯᠲᠠ        ᠤᠯᠠᠭᠠᠨᠴᠠᠪ ᠬᠤᠲᠠ ᠶᠢᠨ ᠾᠦᠢ ᠶᠤᠸᠠᠨ ᠪᠡᠯᠡ ᠤᠷᠤᠭᠤᠯᠤᠯᠲᠠ ᠶᠢᠨ ᠳᠠᠭᠠᠭᠠᠯᠲᠠ ᠶᠢᠨ ᠬᠢᠵᠠᠭᠠᠷᠲᠤ ᠺᠤᠮᠫᠠᠨᠢ ᠪᠠᠷ ᠲᠤᠯᠤᠭᠠᠶᠢᠯᠠᠭᠤᠯᠤᠭᠰᠠᠨ᠂ ᠡᠯ᠎ᠡ ᠬᠤᠰᠢᠭᠤ ᠰᠢᠶᠠᠨ ︵ ᠬᠤᠲᠠ ᠲᠤᠭᠤᠷᠢᠭ︶ ᠤ ᠤᠯᠤᠰ ᠤᠨ ᠦᠮᠴᠢᠯᠡᠯᠲᠦ ᠭᠦᠢᠯᠭᠡᠭᠡᠨ ᠤ ᠪᠡᠯᠡ ᠮᠦᠩᠭᠦ ᠶᠢᠨ  ᠳᠠᠭᠠᠭᠠᠯᠲᠠ ᠶᠢᠨ ᠪᠠᠶᠢᠭᠤᠯᠤᠮᠵᠢ ᠪᠠᠷ ᠭᠤᠤᠯ ᠪᠤᠯᠭᠠᠭᠰᠠᠨ ᠬᠤᠲᠠ ᠰᠢᠶᠠᠨ ᠬᠤᠶᠠᠷ ᠱᠠᠲᠤᠨ ᠤ ᠤᠯᠤᠰ ᠤᠨ ᠦᠮᠴᠢᠯᠡᠯᠲᠦ ᠭᠦᠢᠯᠭᠡᠭᠡᠨ ᠤ ᠪᠡᠯᠡ ᠮᠦᠩᠭᠦ ᠶᠢᠨ ᠰᠢᠰᠲ᠋ᠧᠮᠵᠢ ᠶᠢ ᠪᠠᠶᠢᠭᠤᠯᠤᠨ᠎ᠠ᠃ ᠪᠤᠲᠠᠲᠠᠢ ᠬᠠᠷᠠᠯᠲᠠ ᠲᠤᠤᠷᠠᠬᠢ ᠮᠡᠲᠦ᠄     1. ᠪᠦᠬᠦ ᠬᠤᠲᠠ ᠶᠢᠨ ᠤᠯᠤᠰ ᠤᠨ ᠦᠮᠴᠢᠯᠡᠯᠲᠦ ᠬᠦᠢᠯᠭᠡᠭᠡᠨ ᠤ ᠪᠡᠯᠡ ᠮᠦᠩᠬᠦ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠬᠦᠯᠵᠦ᠂ ᠤᠯᠤᠰ ᠤᠨ ᠦᠮᠴᠢᠯᠡᠯᠲᠦ  ᠬᠦᠢᠯᠭᠡᠭᠡᠨ ᠤ ᠪᠡᠯᠡ ᠮᠦᠩᠬᠦ ᠶᠢᠨ ᠳᠠᠭᠠᠭᠠᠯᠲᠠ ᠶᠢᠨ ᠪᠠᠶᠢᠭᠤᠯᠤᠮᠵᠢ ᠪᠠᠶᠢᠭ᠎ᠠ ᠦᠭᠡᠢ ᠬᠤᠰᠢᠭᠤ ᠰᠢᠶᠠᠨ ︵ ᠬᠤᠲᠠ ᠲᠤᠭᠤᠷᠢᠭ︶ ᠳᠤ ᠤᠷᠢᠳᠠᠪᠠᠷ ᠪᠠᠶᠢᠭᠤᠯᠬᠤ ᠶᠢ ᠠᠬᠢᠭᠤᠯᠵᠤ᠂ ᠬᠤᠲᠠ ᠰᠢᠶᠠᠨ ᠤ ᠤᠯᠤᠰ ᠤᠨ ᠦᠮᠴᠢᠯᠡᠯᠲᠦ ᠭᠦᠢᠯᠭᠡᠭᠡᠨ ᠤ ᠪᠡᠯᠡ ᠮᠦᠩᠭᠦ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠦᠪᠴᠢ ᠪᠦᠷᠬᠦᠬᠦᠯᠲᠡ ᠶᠢ ᠪᠡᠶᠡᠯᠡᠬᠦᠯᠦᠨ᠎ᠡ᠃      2. ᠬᠤᠲᠠ ᠶᠢᠨ ᠾᠦᠢ ᠶᠤᠸᠠᠨ ᠳᠠᠭᠠᠭᠠᠯᠲᠠ ᠶᠢᠨ ᠺᠤᠮᠫᠠᠨᠢ ᠶᠢ ᠬᠦᠷᠦᠩᠭᠡ ᠶᠢᠨ ᠮᠦᠩᠭᠦ ᠶᠢᠨ ᠬᠡᠪᠴᠢᠶᠡᠵᠢᠯ ᠢᠶᠠᠷ 10 ᠳ᠋ᠦᠩᠰᠢᠭᠤᠷ ᠲᠦᠬᠦᠷᠢᠭ ᠠᠴᠠ ᠳᠡᠭᠡᠭᠰᠢᠬᠢ ᠤᠯᠤᠰ ᠤᠨ ᠦᠮᠴᠢᠯᠡᠯᠲᠦ ᠬᠤᠪᠢ ᠤᠷᠤᠭᠤᠯᠤᠯᠲᠠ ᠶᠢ ᠡᠷᠭᠡᠰᠢᠶᠡᠬᠦ  ᠳᠠᠭᠠᠭᠠᠯᠲᠠ ᠶᠢᠨ ᠪᠦᠯᠦᠭᠯᠡᠯ ᠪᠤᠯᠭᠠᠨ ᠪᠠᠶᠢᠭᠤᠯᠵᠤ᠂ ᠡᠬᠦᠨ ᠤ ᠵᠡᠷᠭᠡᠪᠡᠷ ᠬᠤᠰᠢᠭᠤ ᠰᠢᠶᠠᠨ ᠪᠤᠯᠭᠠᠨ ᠤ ᠬᠤᠪᠢ ᠤᠷᠤᠭᠤᠯᠤᠯᠲᠠ ᠶᠢᠨ ᠡᠷᠭᠡᠰᠢᠶᠡᠯᠲᠡ ᠳᠤ ᠬᠦᠷᠦᠩᠭᠡ ᠶᠢᠨ ᠮᠦᠩᠭᠦ ᠶᠢᠨ ᠬᠡᠪᠴᠢᠶᠡᠵᠢᠯ ᠢᠶᠠᠷ 5000 ᠲᠦᠮᠡᠨ ᠲᠦᠭᠦᠷᠢᠭ ᠠᠴᠠ ᠲᠤᠤᠷ᠎ᠠ ᠦᠭᠡᠢ ᠤᠯᠤᠰ ᠤᠨ ᠦᠮᠴᠢᠯᠡᠯᠲᠦ ᠬᠦᠢᠯᠭᠡᠭᠡᠨ ᠤ ᠪᠡᠯᠡ ᠮᠦᠩᠭᠦ ᠶᠢᠨ  ᠳᠠᠭᠠᠭᠠᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠬᠤᠲᠠ ᠶᠢᠨ ᠾᠦᠢ ᠶᠤᠸᠠᠨ ᠳᠠᠭᠠᠭᠠᠯᠲᠠ  ᠶᠢᠨ ᠪᠦᠯᠦᠭᠯᠡᠯ ᠤᠨ ᠬᠤᠪᠢ ᠤᠷᠤᠭᠤᠯᠤᠯᠲᠠ ᠶᠢ ᠡᠷᠭᠡᠰᠢᠶᠡᠭᠦ ᠬᠤᠪᠢᠶᠠᠷᠢ ᠺᠤᠮᠫᠠᠨᠢ ᠪᠤᠯᠭᠠᠨ᠎ᠠ᠃     3. ᠭᠦᠢᠯᠭᠡᠭᠡᠨ ᠤ ᠪᠡᠯᠡ ᠮᠦᠩᠭᠦ ᠶᠢᠨ ᠳᠠᠭᠠᠭᠠᠯᠲᠠ ᠶᠢᠨ ᠪᠠᠶᠢᠭᠤᠯᠤᠮᠵᠢ   ᠠᠴᠠ ᠡᠯ᠎ᠡ ᠱᠠᠲᠤᠨ ᠤ ᠵᠠᠰᠠᠭ ᠤᠨ ᠤᠷᠳᠤᠨ ᠤ ᠲᠦᠯᠬᠢᠨ ᠠᠬᠢᠭᠤᠯᠵᠤ ᠪᠠᠶᠢᠭ᠎ᠠ ᠭᠤᠤᠯᠳᠠᠯᠭᠠᠲᠤ ᠠᠵᠤ ᠦᠢᠯᠡᠰ᠂ ᠭᠤᠤᠯᠳᠠᠯᠭᠠᠲᠤ ᠲᠦᠷᠦᠯ ᠵᠦᠢᠯ ᠵᠢᠴᠢ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠪᠠᠷ ᠲᠤᠬᠠᠶᠢᠯᠠᠭᠰᠠᠨ ᠠᠵᠢᠯ ᠤᠨ ᠬᠠᠷᠠᠯᠲᠠ ᠪᠠᠨ ᠪᠤᠯᠭᠠᠨ᠎ᠠ᠃       ᠬᠤᠶᠠᠷ᠂ ᠬᠡᠷᠡᠭᠵᠢᠬᠦᠯᠬᠦ ᠠᠷᠭ᠎ᠠ ᠪᠠᠷᠢᠯ      ︵ ᠨᠢᠭᠡ︶  ᠳᠠᠭᠠᠭᠠᠯᠲᠠ ᠶᠢᠨ ᠪᠡᠯᠡ ᠮᠦᠩᠭᠦ ᠶᠢᠨ ᠤᠷᠤᠭᠤᠯᠤᠯᠲᠠ᠃  ᠬᠤᠲᠠ ᠶᠢᠨ ᠭᠦᠸᠧ ᠶᠤᠸᠠᠨ ᠪᠡᠯᠡ ᠤᠷᠤᠭᠤᠯᠤᠯᠲᠠ ᠶᠢᠨ ᠪᠦᠯᠦᠭᠯᠡᠯ ᠬᠤᠲᠠ ᠶᠢᠨ ᠲᠤᠰ ᠱᠠᠲᠤᠨ ᠤ ᠡᠳ᠋ ᠶᠢᠨ ᠵᠠᠰᠠᠭ ᠢ ᠲᠦᠯᠦᠭᠡᠯᠡᠨ ᠾᠦᠢ ᠶᠤᠸᠠᠨ  ᠳᠠᠭᠠᠭᠠᠯᠲᠠ ᠶᠢᠨ ᠺᠤᠮᠫᠠᠨᠢ ᠳᠤ 3.3 ᠳ᠋ᠦᠩᠰᠢᠭᠤᠷ ᠲᠦᠭᠦᠷᠢᠭ ᠤᠨ ᠬᠦᠷᠦᠩᠭᠡ ᠶᠢᠨ  ᠮᠦᠩᠬᠦ ᠶᠢᠨ ᠪᠡᠯᠡ ᠤᠷᠤᠭᠤᠯᠤᠯᠲᠠ ᠪᠠᠨ ᠨᠡᠮᠡᠭᠳᠡᠭᠦᠯᠦᠨ᠎ᠡ᠃ ᠡᠬᠦᠨ ᠤ ᠬᠠᠮᠲᠤ  ᠂ ᠬᠤᠲᠠ ᠶᠢᠨ ᠾᠦᠢ ᠶᠤᠸᠠᠨ ᠳᠠᠭᠠᠭᠠᠯᠲᠠ ᠶᠢᠨ ᠺᠤᠮᠫᠠᠨᠢ ᠪᠦᠬᠦ ᠬᠤᠲᠠ ᠶᠢᠨ ᠠᠷᠪᠠᠨ ᠨᠢᠭᠡᠨ ᠬᠤᠰᠢᠭᠤ ᠰᠢᠶᠠᠨ ᠤ ᠣᠯᠣᠰ ᠤᠨ ᠦᠮᠴᠢᠯᠡᠯᠲᠦ  ᠳᠠᠭᠠᠭᠠᠯᠲᠠ ᠶᠢᠨ ᠪᠠᠶᠢᠭᠤᠯᠤᠮᠵᠢ ᠪᠤᠯᠭᠠᠨ ᠳᠤ 3000  ᠲᠦᠮᠡᠨ ᠲᠦᠭᠦᠷᠢᠭ ᠤᠨ ᠪᠡᠯᠡ ᠤᠷᠤᠭᠤᠯᠵᠤ᠂ ᠡᠯ᠎ᠡ ᠬᠤᠰᠢᠭᠤ ᠰᠢᠶᠠᠨ ᠤ ᠵᠠᠰᠠᠭ ᠤᠨ ᠤᠷᠳᠤᠨ ᠠᠴᠠ ᠲᠤᠰ ᠱᠠᠲᠤᠨ ᠤ ᠤᠯᠤᠰ ᠤᠨ ᠦᠮᠴᠢᠯᠡᠯᠲᠦ ᠳᠠᠭᠠᠭᠠᠯᠲᠠ ᠶᠢᠨ ᠪᠠᠶᠢᠭᠤᠯᠤᠮᠵᠢ ᠳᠤ ᠪᠠᠨ ᠲᠤᠬᠢᠷᠠᠭᠤᠯᠤᠭᠰᠠᠨ ᠬᠠᠷᠢᠴᠠᠯ ᠢᠶᠠᠷ 2000  ᠲᠦᠮᠡᠨ ᠲᠦᠬᠦᠷᠢᠭ ᠤᠨ ᠪᠡᠯᠡ ᠤᠷᠤᠭᠤᠯᠵᠤ᠂ ᠪᠦᠬᠦ  ᠬᠤᠲᠠ ᠶᠢᠨ  ᠳᠠᠭᠠᠭᠠᠯᠲᠠ ᠶᠢᠨ ᠪᠦᠯᠦᠭᠯᠡᠯ ᠤᠨ ᠬᠠᠮᠲᠤᠷᠠᠭᠰᠠᠨ ᠴᠤᠭᠴᠠ ᠶᠢ ᠪᠦᠷᠢᠯᠳᠦᠬᠦᠯᠦᠨ᠎ᠡ᠃      ︵ᠬᠤᠶᠠᠷ︶ ᠨᠢᠭᠡᠲᠦᠯᠲᠡᠢ ᠵᠤᠬᠢᠴᠠᠭᠤᠯᠤᠨ ᠠᠬᠢᠭᠤᠯᠤᠨ᠎ᠠ᠃  ᠬᠤᠲᠠ ᠶᠢᠨ ᠮᠦᠩᠭᠦᠨ ᠭᠦᠢᠯᠭᠡᠭᠡᠨ ᠤ ᠠᠯᠪᠠᠨ ᠭᠡᠷ᠂ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠠᠴᠠ ᠬᠤᠰᠢᠭᠤ ᠰᠢᠶᠠᠨ ᠬᠤᠲᠠ ᠲᠤᠭᠤᠷᠢᠭ ᠤᠨ ᠠᠯᠪᠠᠨ ᠭᠡᠷ᠂ ᠡᠳ᠋ ᠤᠨ ᠵᠠᠰᠠᠭ ᠤᠨ ᠲᠤᠪᠴᠢᠶ᠎ᠠ ᠲᠠᠢ ᠬᠠᠮᠲᠤᠷᠠᠨ ᠬᠤᠲᠠ ᠰᠢᠶᠠᠨ ᠬᠤᠶᠠᠷ ᠱᠠᠲᠤᠨ ᠤ ᠪᠡᠯᠡ ᠤᠷᠤᠭᠤᠯᠬᠤ ᠭᠤᠤᠯ ᠴᠤᠭᠴᠠ ᠶᠢ ᠨᠢᠭᠡᠲᠦᠯᠲᠡᠢ ᠵᠤᠬᠢᠴᠠᠭᠤᠯᠤᠨ ᠪᠡᠯᠡ ᠭᠠᠷᠭᠠᠯᠭᠠᠵᠤ᠂  ᠡᠯ᠎ᠡ ᠬᠤᠰᠢᠭᠤ ᠰᠢᠶᠠᠨ ᠬᠤᠲᠠ ᠲᠤᠭᠤᠷᠢᠭ ᠤᠨ ᠣᠯᠤᠰ ᠤᠨ ᠳᠠᠭᠠᠭᠠᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠭᠤᠶᠤᠴᠢᠯᠠᠨ ᠮᠡᠳᠡᠭᠦᠯᠦᠯᠲᠡ ᠶᠢᠨ ᠠᠵᠢᠯ ᠢ ᠨᠢᠭᠡᠲᠦᠯᠲᠡᠢ ᠵᠤᠬᠢᠶᠠᠨ ᠪᠠᠶᠢᠭᠤᠯᠤᠨ᠂ ᠵᠡᠷᠭᠡᠪᠡᠷ ᠵᠦᠪᠰᠢᠶᠡᠷᠡᠭᠳᠡᠵᠦ  ᠵᠢᠭᠲᠡ ᠪᠠᠷ ᠪᠠᠶᠢᠭᠤᠯᠤᠭᠳᠠᠬᠤ ᠪᠠᠷ ᠴᠢᠷᠮᠠᠶᠢᠨ᠎ᠠ᠃     ᠭᠤᠷᠪᠠ᠂ ᠬᠠᠮᠢᠶᠠᠷᠤᠯᠲᠠ ᠪᠠ ᠡᠵᠡᠩᠨᠡᠯᠲᠡ      ︵ ᠨᠢᠭᠡ︶ ᠬᠤᠲᠠ ᠰᠢᠶᠠᠨ ᠬᠤᠶᠠᠷ ᠱᠠᠲᠤᠨ ᠤ ᠤᠯᠤᠰ ᠤᠨ ᠦᠮᠴᠢᠯᠡᠯᠲᠦ  ᠳᠠᠭᠠᠭᠠᠯᠲᠠ ᠶᠢᠨ ᠰᠧᠰᠲ᠋ᠧᠮᠵᠢ ᠪᠦᠷᠢᠯᠲᠦᠭᠰᠡᠨ ᠤ ᠳᠠᠷᠠᠭ᠎ᠠ᠂ ᠬᠤᠲᠠ ᠶᠢᠨ ᠾᠦᠢ ᠶᠤᠸᠠᠨ ᠪᠡᠯᠡ ᠤᠷᠤᠭᠤᠯᠤᠯᠲᠠ ᠶᠢᠨ  ᠳᠠᠭᠠᠭᠠᠯᠲᠠ  ᠶᠢᠨ ᠺᠤᠮᠫᠠᠨᠢ ᠪᠦᠯᠦᠭᠯᠡᠯ ᠤᠨ ᠤᠤᠯ ᠺᠤᠮᠫᠠᠨᠢ ᠪᠠ ᠬᠤᠪᠢ ᠤᠷᠤᠭᠤᠯᠤᠯᠲᠠ ᠶᠢ ᠡᠷᠭᠡᠰᠢᠶᠡᠬᠦ ᠬᠤᠪᠢ ᠶᠢᠨ ᠡᠵᠡᠨ ᠪᠤᠯᠤᠭᠰᠠᠨ ᠤ ᠬᠤᠪᠢ ᠳᠤ᠂ ᠡᠯ᠎ᠡ ᠬᠤᠪᠢ ᠤᠷᠤᠭᠤᠯᠤᠯᠲᠠ ᠶᠢ ᠡᠷᠭᠡᠰᠢᠶᠡᠬᠦ ᠬᠤᠪᠢᠶᠠᠷᠢ ᠺᠤᠮᠫᠠᠨᠢ ᠳᠤ  ᠲᠦᠪᠯᠡᠷᠡᠭᠦᠯᠦᠨ ᠡᠵᠡᠮᠰᠢᠬᠦ ᠶᠢ ᠶᠠᠪᠤᠭᠤᠯᠵᠤ᠂ ᠲᠡᠬᠦᠨ ᠤ ᠤᠷᠤᠭᠤᠯᠤᠭᠰᠠᠨ ᠬᠤᠪᠢ ᠶᠢ ᠦᠨᠳᠦᠰᠦᠯᠡᠨ ᠬᠤᠪᠢᠶᠠᠷᠢ ᠺᠤᠮᠫᠠᠨᠢ ᠳᠠᠭᠠᠨ ᠪᠡᠯᠡ ᠤᠷᠤᠭᠤᠯᠤᠭᠰᠠᠳ ᠤᠨ ᠡᠷᠬᠡ ᠶᠢ ᠬᠡᠷᠡᠭᠵᠢᠬᠦᠯᠵᠦ᠂ ︽ ᠺᠤᠮᠫᠠᠨᠢ ᠶᠢᠨ ᠬᠠᠤᠯᠢ︾   ᠳᠤ ᠲᠤᠭᠳᠠᠭᠠᠭᠰᠠᠨ ᠶᠠᠪᠤᠴᠠ ᠪᠠ ᠡᠷᠬᠡ ᠶᠢᠨ ᠬᠢᠵᠠᠭᠠᠷ ᠶᠤᠰᠤᠭᠠᠷ ᠲᠡᠬᠦᠨ ᠤ ᠬᠤᠪᠢᠶᠠᠷᠢ ᠺᠤᠮᠫᠠᠨᠢ ᠳᠠᠭᠠᠨ ᠬᠦᠨᠳᠦ ᠴᠢᠬᠤᠯᠠ ᠭᠡᠷᠡᠭ ᠤᠴᠢᠷ ᠤᠨ ᠰᠢᠢᠳᠪᠦᠷᠢᠲᠦ ᠪᠤᠳᠤᠯᠭ᠎ᠠ ᠶᠢᠨ ᠡᠷᠬᠡ ᠶᠢ ᠬᠡᠷᠡᠭᠵᠢᠬᠦᠯᠵᠦ᠂ ᠬᠠᠤᠯᠢ  ᠶᠤᠰᠤᠭᠠᠷ ᠲᠡᠬᠦᠨ ᠤ ᠬᠤᠪᠢᠶᠠᠷᠢ ᠺᠤᠮᠫᠠᠨᠢ ᠶᠢᠨ ᠡᠵᠡᠩᠨᠡᠯᠲᠡ ᠳᠤ ᠬᠢᠨᠠᠯᠲᠠ ᠲᠠᠯᠪᠢᠨ᠂ ᠰᠢᠯᠭᠠᠨ ᠬᠢᠨᠠᠵᠤ᠂ ᠤᠯᠤᠰ ᠤᠨ ᠦᠮᠵᠢᠯᠡᠯᠲᠦ ᠡᠳ᠋ ᠬᠦᠷᠦᠩᠭᠡ ᠶᠢᠨ ᠦᠷᠳᠡᠭ ᠤᠨ ᠪᠠᠲᠤᠯᠠᠭ᠎ᠠ  ᠦᠷᠳᠡᠭ ᠤᠨ ᠨᠡᠮᠡᠭᠳᠡᠯ ᠢ ᠯᠠᠪᠲᠠᠶ᠎ᠠ ᠪᠠᠲᠤᠯᠠᠨ᠎ᠠ᠃ ᠡᠬᠦᠨ ᠤ ᠬᠠᠮᠲᠤ ᠡᠯ᠎ᠡ ᠬᠤᠪᠢ ᠤᠷᠤᠭᠤᠯᠤᠯᠲᠠ ᠶᠢ ᠡᠷᠭᠡᠰᠢᠶᠡᠬᠦ ᠬᠤᠪᠢᠶᠠᠷᠢ ᠺᠤᠮᠫᠠᠨᠢ ᠨᠢ ᠳᠤᠤᠷᠠᠬᠢ ᠮᠡᠲᠦ ᠬᠠᠷᠢᠭᠤᠴᠠᠯᠭ᠎ᠠ ᠶᠢ ᠡᠬᠦᠷᠭᠡᠯᠡᠨ᠎ᠡ᠄      1. ᠰᠢᠰᠲ᠋ᠧᠮᠵᠢ ᠶᠢᠨ ᠳᠤᠳᠤᠷᠠᠬᠢ ᠤᠯᠤᠰ ᠤᠨ ᠳᠠᠭᠠᠭᠠᠯᠲᠠ ᠶᠢᠨ ᠪᠠᠶᠢᠭᠤᠯᠤᠮᠵᠢ ᠶᠢ ᠲᠦᠯᠦᠭᠡᠯᠡᠨ ᠢᠳᠡᠭᠡᠯ  ᠤᠨ ᠨᠡᠮᠡᠭᠳᠡᠯ ᠢ ᠵᠤᠬᠢᠶᠠᠨ ᠪᠠᠶᠢᠭᠤᠯᠵᠤ᠂ ᠡᠯ᠎ᠡ ᠶᠡᠭᠡ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢ ᠵᠦᠪᠰᠢᠶᠡᠷᠡᠨ ᠤᠷᠤᠭᠤᠯᠵᠤ ᠵᠤᠯᠭᠤᠯᠳᠤᠭᠤᠯᠤᠨ᠂ ᠪᠦᠯᠦᠭᠯᠡᠯ ᠪᠠ ᠰᠢᠰᠲ᠋ᠧᠮᠵᠢ ᠶᠢᠨ ᠳᠠᠪᠠᠭᠤᠯᠢᠭ ᠢ ᠳᠠᠭᠠᠭᠠᠯᠲᠠ ᠶᠢᠨ ᠪᠠᠶᠢᠭᠤᠯᠤᠮᠵᠢ ᠨᠢᠭᠡᠪᠦᠷᠢ ᠶᠢᠨ ᠳᠠᠪᠠᠭᠤᠯᠢᠭ ᠪᠤᠯᠭᠠᠨ ᠤᠯᠠᠷᠢᠭᠤᠯᠤᠨ ᠬᠤᠪᠢᠷᠠᠭᠤᠯᠤᠨ᠎ᠠ᠃      2. ᠺᠤᠮᠫᠠᠨᠢ ᠶᠢᠨ ᠶᠡᠷᠦᠩᠭᠡᠢ ᠵᠠᠬᠢᠷᠭ᠎ᠠ ᠵᠢᠴᠢ ᠬᠠᠷᠢᠶᠠᠯᠠᠭᠳᠠᠬᠤ ᠬᠤᠪᠢ ᠤᠷᠤᠭᠤᠯᠤᠯᠲᠠ ᠶᠢ ᠡᠷᠭᠡᠰᠢᠶᠡᠬᠦ ᠬᠤᠪᠢᠶᠠᠷᠢ ᠺᠤᠮᠫᠠᠨᠢ ᠳᠤ ᠪᠠᠨ ︽ ᠭᠤᠷᠪᠠ ᠶᠢ ᠨᠢᠭᠡᠳᠭᠡᠭᠰᠡᠨ︾ ᠬᠠᠮᠢᠶᠠᠷᠤᠯᠲᠠ ᠶᠢ ᠬᠡᠷᠡᠭᠵᠢᠬᠦᠯᠦᠨ᠎ᠡ᠂ ᠳᠠᠷᠤᠢ᠄        ⑴ ᠲᠤᠬᠠᠶᠢᠯᠠᠭᠰᠠᠨ ᠠᠵᠢᠯ ᠢ ᠨᠢᠭᠡᠳᠭᠡᠨ᠎ᠡ᠃ ᠪᠦᠯᠦᠭᠯᠡᠯ ᠺᠤᠮᠫᠠᠨᠢ ᠪᠠ ᠬᠤᠪᠢᠶᠠᠷᠢ ᠺᠤᠮᠫᠠᠨᠢ ᠠᠵᠢᠯ ᠢᠶᠠᠨ ᠦᠷᠨᠢᠬᠦᠯᠬᠦ ᠳᠡᠭᠡᠨ ᠡᠯ᠎ᠡ ᠱᠠᠲᠤᠨ ᠤ ᠵᠠᠰᠠᠭ ᠤᠨ ᠤᠷᠳᠤᠨ ᠤ ᠠᠬᠢᠭᠤᠯᠵᠤ ᠪᠠᠶᠢᠭ᠎ᠠ ᠲᠦᠷᠦᠯ ᠵᠦᠢᠯ ᠢᠶᠠᠷ ᠭᠤᠤᠯᠯᠠᠵᠤ᠂ ᠵᠠᠷᠴᠢᠮ ᠳᠡᠭᠡᠷ᠎ᠡ ᠪᠠᠨ ᠵᠠᠰᠠᠭ ᠤᠨ ᠤᠷᠳᠤᠨ ᠤ ᠪᠤᠰᠤ ᠪᠠᠲᠤᠯᠠᠨ ᠲᠠᠨᠢᠯᠴᠠᠭᠤᠯᠤᠭᠰᠠᠨ ᠲᠦᠷᠦᠯ ᠵᠦᠢᠯ  ᠢ ᠬᠦᠯᠢᠶᠡᠨ ᠠᠪᠴᠤ ᠰᠢᠢᠳᠪᠦᠷᠢᠯᠡᠬᠦ ᠦᠭᠡᠢ︔  ᠭᠡᠨᠡᠨ ᠲᠦᠭᠰᠢᠭᠦᠷᠢ ᠶᠢᠨ ᠡᠵᠡᠮᠰᠢᠯ ᠬᠤᠷᠢᠭᠯᠠᠯᠲᠠ ᠶᠢ ᠪᠦᠯᠦᠭᠯᠡᠯ ᠺᠤᠮᠫᠠᠨᠢ ᠠᠴᠠ ᠨᠢᠭᠡᠲᠦᠯᠲᠡᠢ ᠪᠠᠷᠢᠮᠵᠢᠶ᠎ᠠ ᠲᠤᠭᠲᠠᠭᠠᠨ᠂ ᠲᠦᠪᠯᠡᠷᠡᠭᠦᠯᠦᠨ ᠰᠡᠷᠭᠡᠶᠢᠯᠡᠨ ᠡᠵᠡᠮᠰᠢᠨ᠎ᠡ  ︔ ᠤᠯᠠᠨ ᠵᠦᠢᠯ  ᠤᠨ ᠲᠤᠬᠠᠶᠢᠯᠠᠭᠰᠠᠨ ᠠᠵᠢᠯ ᠤᠨ ᠵᠠᠭᠪᠤᠷ ᠢ ᠠᠪᠴᠤ᠂ ᠴᠤᠪᠤᠷᠠᠯ ᠢ ᠨᠢᠭᠡᠳᠭᠡᠨ᠎ᠡ᠃        ⑵ ᠬᠦᠮᠦᠨ ᠢ ᠨᠢᠭᠡᠳᠭᠡᠨ᠎ᠡ᠃ ᠠᠵᠢᠯᠲᠠᠳ ᠢ ᠨᠢᠭᠡᠲᠦᠯᠲᠡᠢ ᠰᠢᠯᠭᠠᠨ ᠡᠯᠰᠡᠵᠦ ᠤᠷᠢᠨ ᠬᠡᠷᠡᠭᠯᠡᠨ᠎ᠡ︔ ᠳᠡᠭᠡᠳᠦ ᠵᠡᠷᠭᠡ ᠶᠢᠨ ᠬᠠᠮᠢᠶᠠᠷᠤᠭᠴᠢ ᠶᠢ ᠨᠢᠭᠡᠲᠦᠯᠲᠡᠢ ᠲᠤᠮᠢᠯᠠᠬᠤ ᠪᠤᠶᠤ ᠤᠷᠢᠨ ᠲᠤᠮᠢᠯᠠᠨ᠎ᠠ︔ ᠴᠠᠯᠢᠩ ᠤᠯᠭᠤᠮᠵᠢ  ᠶᠢ ᠨᠢᠭᠡᠲᠦᠯᠲᠡᠢ ᠪᠠᠷᠢᠮᠵᠢᠶᠠᠵᠢᠭᠤᠯᠤᠨ᠎ᠠ  ᠃        ⑶ ᠡᠳ᠋ ᠤᠨ ᠶᠠᠪᠤᠳᠠᠯ ᠢ ᠨᠢᠭᠡᠳᠭᠡᠨ᠎ᠡ᠃ ᠪᠦᠯᠦᠭᠯᠡᠯ ᠺᠤᠮᠫᠠᠨᠢ ᠠᠴᠠ ᠡᠳ᠋ ᠤᠨ ᠶᠠᠪᠤᠳᠠᠯ ᠤᠨ ᠪᠠᠶᠢᠭᠤᠯᠤᠮᠵᠢ ᠵᠢᠴᠢ ᠡᠳ᠋ ᠤᠨ ᠶᠠᠪᠤᠳᠠᠯ ᠤᠨ ᠲᠦᠷᠢᠮ ᠢ ᠨᠢᠭᠡᠲᠦᠯᠲᠡᠢ ᠪᠠᠶᠢᠭᠤᠯᠤᠨ᠎ᠠ︔ ᠬᠤᠪᠢᠶᠠᠷᠢ ᠺᠤᠮᠫᠠᠨᠢ ᠶᠢᠨ ᠡᠳ᠋ ᠤᠨ ᠶᠠᠪᠤᠳᠠᠯ ᠤᠨ ᠠᠵᠢᠯᠳᠠᠳ ᠢ ᠨᠢᠭᠡᠲᠦᠯᠲᠡᠢ ᠲᠤᠮᠢᠯᠠᠨ ᠰᠠᠭᠤᠯᠭᠠᠬᠤ ᠪᠤᠶᠤ ᠤᠷᠢᠨ ᠲᠤᠮᠢᠯᠠᠨ᠎ᠠ︔ ᠪᠡᠯᠡ ᠮᠦᠩᠬᠦ ᠶᠢᠨ ᠨᠢᠭᠡᠲᠦᠯᠲᠡᠢ ᠬᠠᠮᠢᠶᠠᠷᠤᠯᠲᠠ ᠳᠠᠭᠠᠨ ᠬᠤᠪᠢᠶᠠᠷᠢ ᠺᠤᠮᠫᠠᠨᠢ ᠳᠤ ᠲᠠᠩᠰᠠ ᠮᠡᠳᠡᠬᠦᠯᠦᠯᠲᠡ ᠶᠢᠨ ᠲᠦᠷᠢᠮ ᠢ ᠬᠡᠷᠡᠭᠵᠢᠬᠦᠯᠦᠨ᠎ᠡ︔ ᠡᠯ᠎ᠡ ᠲᠦᠷᠦᠯ ᠤᠨ ᠤᠷᠤᠯᠭ᠎ᠠ ᠵᠠᠷᠤᠯᠭ᠎ᠠ ᠶᠢᠨ ᠳᠦᠷᠢᠮ ᠢ ᠨᠢᠭᠡᠳᠭᠡᠨ᠎ᠡ᠃       3. ᠪᠦᠯᠦᠭᠯᠡᠯ ᠺᠤᠮᠫᠠᠨᠢ ᠠᠴᠠ ᠬᠤᠪᠢ ᠤᠷᠤᠭᠤᠯᠤᠭᠴᠢ ᠶᠢᠨ ᠶᠡᠭᠡ ᠬᠤᠷᠠᠯ ᠤᠨ ᠤᠳᠤᠷᠢᠳᠤᠯᠭ᠎ᠠ ᠳᠤᠤᠷᠠᠬᠢ ᠬᠡᠷᠡᠭ ᠮᠡᠳᠡᠭᠴᠢᠳ ᠤᠨ ᠵᠦᠪᠯᠡᠯ ᠢᠶᠠᠷ ᠬᠠᠷᠢᠭᠤᠴᠠᠭᠤᠯᠬᠤ ᠲᠦᠷᠢᠮ ᠢ ᠭᠡᠷᠡᠭᠵᠢᠭᠦᠯᠦᠨ᠎ᠡ᠃       4.  ᠪᠦᠯᠦᠭᠯᠡᠯ ᠺᠤᠮᠫᠠᠨᠢ ᠠᠴᠠ ᠳᠠᠭᠠᠭᠠᠯᠲᠠ ᠶᠢᠨ ᠦᠢᠯᠡᠳᠬᠦᠨ ᠤ ᠨᠡᠭᠡᠭᠡᠨ ᠠᠰᠢᠭᠯᠠᠯᠲᠠ ᠶᠢ ᠲᠤᠯᠤᠭᠠᠶᠢᠯᠠᠨ ᠵᠤᠬᠢᠶᠠᠨ ᠪᠠᠶᠢᠭᠤᠯᠬᠤ  ᠮᠦᠷᠲᠡᠭᠡᠨ ᠬᠤᠪᠢᠶᠠᠷᠢ ᠺᠤᠮᠫᠠᠨᠢ ᠶᠢᠨ ᠲᠤᠬᠠᠶᠢᠯᠠᠭᠰᠠᠨ ᠠᠵᠢᠯ ᠤᠨ ᠬᠢᠷᠢ ᠪᠦᠲᠦᠮᠵᠢ ᠶᠢ ᠡᠵᠡᠮᠳᠡᠬᠦ ᠳᠤ ᠲᠤᠭᠳᠠᠭᠰᠠᠨ ᠬᠤᠭᠤᠴᠠᠭᠠᠨ ᠤ ᠦᠨᠡᠯᠡᠯᠲᠡ ᠪᠠ ᠰᠢᠯᠭᠠᠨ ᠬᠢᠨᠠᠯᠲᠠ ᠬᠢᠨ᠎ᠡ᠃       5. ᠰᠢᠰᠲ᠋ᠧᠮᠵᠢ ᠶᠢᠨ ᠳᠤᠳᠤᠷᠠᠬᠢ ᠳᠠᠭᠠᠭᠠᠯᠲᠠ ᠶᠢᠨ ᠪᠠᠶᠢᠭᠤᠯᠤᠮᠵᠢ ᠶᠢᠨ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢᠨ ᠴᠢᠨᠠᠷ ᠪᠦᠬᠦᠢ ᠳᠠᠭᠠᠭᠠᠯᠲᠠ ᠶᠢᠨ ᠨᠦᠬᠦᠪᠦᠷᠢ ᠡᠳ᠋ᠯᠡᠬᠦ ᠶᠢ ᠨᠢ ᠢᠳᠡᠪᠬᠢᠲᠡᠢ ᠬᠦᠳᠦᠯᠵᠤ᠂ ᠲᠦᠷᠦ  ᠶᠢᠨ ᠪᠤᠳᠤᠯᠭ᠎ᠠ ᠶᠢᠨ ᠨᠦᠯᠦᠭᠡᠯᠡᠯ ᠢ ᠬᠠᠮᠤᠭ ᠶᠡᠭᠡ ᠪᠤᠯᠭᠠᠨ᠎ᠠ᠃       ︵ᠬᠤᠶᠠᠷ︶ ᠡᠯ᠎ᠡ ᠬᠤᠪᠢ ᠤᠷᠤᠭᠤᠯᠤᠯᠲᠠ ᠶᠢ ᠡᠷᠭᠡᠰᠢᠶᠡᠬᠦ ᠬᠤᠪᠢᠶᠠᠷᠢ ᠺᠤᠮᠫᠠᠨᠢ ᠨᠢ ᠪᠦᠯᠦᠭᠯᠡᠯ ᠰᠢᠰᠲ᠋ᠧᠮᠵᠢ ᠶᠢᠨ ᠳᠠᠪᠠᠭᠤᠯᠢᠭ ᠲᠤ ᠲᠦᠰᠢᠭᠯᠡᠨ ᠳᠠᠭᠠᠭᠠᠯᠲᠠ ᠶᠢᠨ ᠪᠡᠯᠡ ᠮᠦᠩᠬᠦ ᠶᠢ ᠵᠦᠢ ᠵᠤᠬᠢᠰᠲᠠᠢ ᠬᠡᠷᠡᠭᠯᠡᠨ᠂ ᠲᠤᠰ ᠭᠠᠵᠠᠷ ᠤᠷᠤᠨ ᠤ ᠵᠠᠰᠠᠭ ᠤᠨ ᠤᠷᠳᠤᠨ ᠤ ᠠᠩᠬᠠᠷᠴᠤ ᠪᠠᠶᠢᠭ᠎ᠠ ᠭᠤᠤᠯᠳᠠᠯᠭᠠᠲᠤ ᠠᠵᠤ ᠦᠢᠯᠡᠰ ᠪᠠ ᠲᠦᠷᠦᠯ ᠵᠦᠢᠯ ᠤᠨ ᠬᠦᠭᠵᠢᠯᠲᠡ ᠶᠢ ᠠᠬᠢᠭᠤᠯᠤᠨ᠎ᠠ᠃       ︵ᠭᠤᠷᠪᠠ︶ ᠭᠡᠨᠡᠨ ᠲᠦᠭᠰᠢᠭᠦᠷᠢ ᠢ ᠬᠤᠪᠢᠶᠠᠷᠢᠯᠠᠨ ᠡᠭᠦᠷᠭᠡᠯᠡᠬᠦ ᠵᠢᠴᠢ ᠠᠰᠢᠭ ᠤᠷᠤᠯᠭ᠎ᠠ ᠶᠢ ᠬᠤᠪᠢᠶᠠᠯᠴᠠᠨ ᠡᠳ᠋ᠯᠡᠨ᠎ᠡ᠃ ᠡᠯ᠎ᠡ ᠱᠠᠲᠤᠨ ᠤ ᠳᠠᠭᠠᠭᠠᠯᠲᠠ ᠶᠢᠨ ᠪᠠᠶᠢᠭᠤᠯᠤᠮᠵᠢ ᠶᠢᠨ ᠠᠵᠢᠯ ᠤᠨ ᠢᠳᠡᠪᠬᠢᠲᠦ ᠴᠢᠨᠠᠷ ᠪᠠ ᠰᠠᠨᠠᠭᠠᠴᠢᠯᠭᠠᠲᠦ ᠴᠢᠨᠠᠷ ᠢ ᠭᠦᠢᠴᠡᠳ ᠪᠠᠳᠠᠷᠠᠭᠤᠯᠬᠤ ᠶᠢᠨ ᠲᠦᠯᠦᠭᠡ᠂ ᠡᠯ᠎ᠡ ᠱᠠᠲᠤᠨ ᠤ ᠳᠠᠭᠠᠭᠠᠯᠲᠠ ᠶᠢᠨ ᠪᠠᠶᠢᠭᠤᠯᠤᠮᠵᠢ ︽ᠡᠬᠢ ᠰᠤᠷᠪᠤᠯᠵᠢ ᠶᠢ ᠬᠠᠮᠲᠤᠪᠠᠷ ᠡᠳ᠋ᠯᠡᠬᠦ᠂ ᠬᠡᠨᠡᠨ ᠲᠦᠭᠰᠢᠬᠦᠷᠢ ᠶᠢ ᠬᠠᠮᠲᠤᠪᠠᠷ ᠬᠠᠮᠢᠶᠠᠷᠬᠤ᠂ ᠳᠠᠪᠠᠭᠤᠯᠢᠭ ᠢᠶᠠᠷ ᠬᠠᠷᠢᠯᠴᠠᠨ ᠨᠦᠬᠦᠪᠦᠷᠢᠯᠡᠬᠦ᠂ ᠢᠯᠡᠬᠦᠦ ᠬᠤᠨᠵᠢᠪᠠᠯ ᠢᠯᠡᠬᠦᠦ ᠶᠢ ᠨᠢ ᠬᠠᠷᠢᠯᠴᠠᠨ ᠬᠦᠷᠲᠡᠬᠦ︾ ᠬᠠᠮᠲᠤᠷᠠᠨ ᠠᠵᠢᠯᠯᠠᠬᠤ ᠵᠠᠷᠴᠢᠮ ᠢ ᠪᠠᠷᠢᠮᠲᠠᠯᠠᠵᠤ᠂ ᠵᠦᠢ ᠵᠤᠬᠢᠰᠲᠠᠢ ᠪᠠᠷ ᠲᠤᠬᠠᠶᠢᠯᠠᠭᠰᠠᠨ ᠠᠵᠢᠯ ᠤᠨ ᠭᠡᠨᠡᠨ ᠲᠦᠭᠰᠢᠬᠦᠷᠢ ᠶᠢ ᠬᠤᠪᠢᠶᠠᠷᠢᠯᠠᠨ ᠡᠬᠦᠷᠬᠡᠯᠡᠬᠦ ᠪᠠ ᠲᠤᠬᠠᠶᠢᠯᠠᠭᠰᠠᠨ ᠠᠵᠢᠯ ᠤᠨ ᠠᠰᠢᠭ ᠤᠯᠵᠠᠪᠤᠷᠢ ᠶᠢ ᠬᠤᠪᠢᠶᠠᠯᠴᠠᠨ ᠡᠳ᠋ᠯᠠᠨ᠎ᠡ᠃ ᠡᠬᠦᠨ ᠤ ᠬᠠᠮᠲᠤ᠂ ᠵᠠᠰᠠᠭ᠂ ᠪᠠᠩᠬᠢ᠂ ᠳᠠᠭᠠᠭᠠᠯᠲᠠ ᠭᠤᠷᠪᠠᠨ ᠲᠠᠯ᠎ᠠ ᠶᠢᠨ ᠭᠡᠨᠡᠨ ᠲᠦᠭᠰᠢᠬᠦᠷᠢ ᠶᠢ ᠡᠭᠦᠷᠭᠡᠯᠡᠬᠦ ᠲᠤᠭᠳᠠᠯᠴᠠᠭ᠎ᠠ ᠶᠢ ᠢᠳᠡᠪᠬᠢᠲᠡᠢ ᠲᠦᠯᠬᠢᠨ ᠠᠬᠢᠭᠤᠯᠵᠤ᠂  ᠳᠠᠭᠠᠭᠠᠯᠲᠠ ᠶᠢᠨ ᠭᠡᠨᠡᠨ ᠲᠦᠭᠰᠢᠬᠦᠷᠢ ᠶᠢ ᠪᠦᠳᠦᠮᠵᠢᠲᠡᠢ ᠪᠠᠷ ᠤᠷᠢᠳᠴᠢᠯᠠᠨ ᠰᠡᠷᠭᠡᠶᠢᠯᠡᠬᠦ ᠪᠠ ᠡᠵᠡᠮᠰᠢᠨ ᠬᠤᠷᠢᠭᠯᠠᠨ᠎ᠠ᠃       ᠲᠦᠷᠪᠡ᠂ ᠪᠠᠲᠤᠯᠠᠭ᠎ᠠ ᠶᠢᠨ ᠲᠤᠭᠲᠠᠯᠴᠠᠭ᠎ᠠ       ︵ᠨᠢᠭᠡ︶ ᠵᠤᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠤᠷᠳᠤᠨ ᠠᠴᠠ ᠮᠦᠩᠭᠦᠨ ᠭᠦᠢᠯᠭᠡᠭᠡᠨ ᠤ ᠳᠠᠭᠠᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠳᠤᠭᠳᠠᠯᠴᠠᠭ᠎ᠠ ᠶᠢ ᠳᠡᠬᠦᠯᠳᠡᠷᠵᠢᠭᠦᠯᠵᠤ᠂ ᠬᠦᠭᠵᠢᠯᠲᠡ ᠶᠢᠨ ᠳᠤᠮᠳᠠ ᠲᠤᠬᠢᠶᠠᠯᠳᠤᠭᠰᠠᠨ ᠬᠦᠴᠢᠷᠳᠡᠯ ᠪᠠ ᠠᠰᠠᠭᠤᠳᠠᠯ ᠢ ᠢᠳᠡᠪᠬᠢᠲᠡᠢ ᠪᠠᠷ ᠰᠢᠢᠳᠪᠦᠷᠢᠯᠡᠬᠦ ᠬᠡᠷᠡᠭᠲᠡᠢ᠃       ︵ᠬᠤᠶᠠᠷ︶ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠦᠨᠡᠨ ᠪᠤᠲᠠᠲᠠᠢ ᠶᠠᠪᠤᠭᠤᠰᠢᠲᠠᠢ ᠡᠯ᠎ᠡ ᠲᠦᠷᠦᠯ ᠤᠨ ᠲᠦᠷᠢᠮ ᠳᠤᠭᠳᠠᠭᠠᠯ ᠢ ᠳᠤᠭᠳᠠᠭᠠᠵᠤ᠂ ᠳᠦᠷᠢᠮ ᠤᠨ ᠤᠶᠠᠨ ᠬᠠᠳᠠᠨ ᠴᠢᠨᠠᠷ ᠢ ᠨᠡᠮᠡᠭᠳᠡᠬᠦᠯᠵᠤ᠂ ᠬᠦᠢᠯᠭᠡᠭᠡᠨ ᠤ ᠪᠡᠯᠡ ᠮᠦᠩᠬᠦ ᠶᠢᠨ ᠳᠠᠭᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃      ︵ᠭᠤᠷᠪᠠ︶ ᠬᠢᠨᠠᠨ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠢ᠃ ᠲᠤᠰ ᠲᠦᠰᠦᠪ ᠤᠨ ᠬᠡᠷᠡᠭᠵᠢᠬᠦᠯᠦᠭᠳᠡᠵᠦ ᠪᠠᠶᠢᠭ᠎ᠠ ᠪᠠᠶᠢᠳᠠᠯ ᠤᠨ ᠲᠤᠬᠠᠢ ᠮᠦᠷᠲᠡᠨ ᠵᠠᠳᠠᠯᠤᠯᠲᠠ ᠪᠠᠨ ᠴᠢᠩᠭᠠᠳᠬᠠᠵᠤ᠂ ᠲᠤᠭᠳᠠᠭᠰᠠᠨ ᠬᠤᠭᠤᠴᠠᠭ᠎ᠠ ᠲᠠᠢ ᠪᠠᠷ ᠬᠡᠷᠡᠭᠵᠢᠬᠦᠯᠦᠭᠳᠡᠵᠤ ᠪᠠᠶᠢᠭ᠎ᠠ ᠪᠠᠶᠢᠳᠠᠯ ᠳᠤ ᠦᠨᠡᠯᠡᠯᠲᠡ ᠬᠢᠬᠦ ᠬᠡᠷᠡᠭᠲᠡᠢ᠃      ︵ᠲᠦᠷᠪᠡ︶ ᠨᠡᠪᠲᠡᠷᠡᠯᠴᠡᠭᠡ ᠵᠤᠬᠢᠴᠠᠭᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠬᠤᠯᠪᠤᠭᠳᠠᠯ ᠪᠦᠬᠦᠢ  ᠰᠠᠯᠠᠭ᠎ᠠ ᠮᠦᠴᠢᠷ ᠨᠢᠭᠡᠴᠢ ᠶᠢᠨ ᠲᠤᠭᠳᠠᠭᠰᠠᠨ ᠬᠤᠭᠤᠴᠠᠭᠠᠨ ᠳᠤ ᠨᠡᠪᠲᠡᠷᠡᠯᠴᠡᠬᠦ ᠲᠤᠭᠳᠠᠯᠴᠠᠭ᠎ᠠ ᠶᠢ ᠪᠠᠶᠢᠭᠤᠯᠵᠤ᠂ ᠵᠤᠬᠢᠴᠠᠭᠤᠯᠭ᠎ᠠ ᠨᠡᠪᠲᠡᠷᠡᠯᠴᠡᠭᠡ ᠪᠠᠨ ᠠᠬᠢᠭᠤᠯᠵᠤ᠂ ᠬᠤᠯᠪᠤᠭᠳᠠᠯ ᠪᠦᠬᠦᠢ ᠡᠬᠦᠷᠭᠡ ᠪᠠᠨ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠡᠭᠤᠯᠵᠤ᠂ ᠨᠡᠶᠢᠯᠡᠮᠡᠯ ᠬᠦᠴᠦᠨ ᠢ ᠪᠦᠷᠢᠯᠳᠦᠬᠦᠯᠵᠦ  ᠂ ᠲᠤᠰ ᠲᠦᠰᠦᠪ ᠤᠨ ᠯᠠᠪᠳᠠᠭᠤᠨ ᠢᠶᠠᠷ ᠶᠠᠪᠤᠭᠳᠠᠬᠤ ᠶᠢ ᠲᠦᠯᠬᠢᠨ ᠠᠬᠢᠭᠤᠯᠬᠤ ᠬᠡᠷᠡᠭᠲᠡᠢ᠃                         ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ                        2017 ᠤᠨ ᠤ 3 ᠰᠠᠷ᠎ᠠ ᠶᠢᠨ 7 ᠤ ᠡᠳᠦᠷ                  
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2