ᠮᠠᠨ ᠤ ᠬᠤᠲᠠ ᠶᠢᠨ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠬᠢᠨᠠᠨ‌ᠬᠠᠮᠢᠶᠠᠷᠤᠯᠲᠠ ᠶᠢ ᠤᠯᠠᠮ ᠴᠢᠨᠠᠭᠰᠢᠲᠠ ᠴᠢᠩᠭᠠᠳᠬᠠᠬᠤ ᠲᠤᠬᠠᠢ ᠰᠠᠨᠠᠯ
ᠨᠡᠶᠢᠲᠡᠯᠡᠭᠰᠡᠨ ᠴᠠᠭ᠄
2017/7/19
      ᠤᠯᠠᠭᠠᠨᠴᠠᠪ ᠬᠤᠲᠠ ᠶᠢᠨ ᠠᠷᠠᠳ ᠤᠨ ᠵᠠᠰᠠᠠᠭ ᠤᠨ ᠤᠷᠳᠣᠨ ᠤ ᠪᠢᠴᠢᠭ ᠮᠠᠲ᠋ᠧᠷᠢᠶᠠᠯ                                                                               ᠤᠯᠠᠭᠠᠨᠴᠠᠪ ᠵᠠᠰᠠᠭ ᠲᠠᠷᠬᠠᠭᠠᠠᠭᠰᠠᠨ ︵2017︶16 ᠳ᠋ᠤᠭᠠᠷ ᠲᠤᠭᠠᠳᠤ       ᠮᠠᠨ   ᠤ ᠬᠤᠲᠠ ᠶᠢᠨ ᠤᠯᠤᠰ ᠤᠨ ᠦᠮᠴᠢᠯᠡᠯᠲᠦ ᠶᠢᠨ ᠡᠳ᠋ ᠬᠦᠷᠦᠩᠭᠡ ᠶᠢᠨ ᠬᠢᠨᠠᠨ ᠬᠠᠮᠢᠶᠠᠷᠤᠯᠲᠠ ᠶᠢ ᠤᠯᠠᠮ ᠴᠢᠨᠠᠠᠭᠰᠢᠲᠠ ᠴᠢᠩᠭᠠᠳᠬᠠᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠠᠭ ᠤᠨ ᠤᠷᠳᠤᠨ ᠤ ᠰᠠᠨᠠᠯᠡᠯ᠎ᠡ ᠬᠤᠰᠢᠭᠤ ᠰᠢᠶᠠᠨ ᠬᠤᠲᠠ ᠲᠤᠭᠤᠷᠢᠠᠭ ᠤᠨ ᠠᠷᠠᠳ ᠤᠨ ᠵᠠᠰᠠᠭ ᠤᠨ ᠣᠷᠳᠣᠨ᠂  ᠬᠤᠲᠠ ᠶᠢᠨ ᠰᠢᠭᠤᠳ ᠬᠠᠷᠢᠶ᠎ᠠ ᠶᠢᠨ ᠡᠯ᠎ᠡ ᠵᠦᠪᠯᠡᠯ᠂ ᠠᠯᠪᠠᠨ ᠭᠡᠷ᠂ ᠲᠤᠪᠴᠢᠶ᠎ᠠ᠂ ᠡᠯ᠎ᠡ ᠠᠵᠤ ᠠᠬᠤᠶᠢᠯᠠᠯ ᠠᠵᠤ ᠦᠢᠯᠡᠰ ᠤᠨ ᠨᠢᠭᠡᠴᠢ᠄      ︽ᠮᠠᠨ ᠤ ᠬᠤᠲᠠ ᠶᠢᠨ ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠤᠯᠠᠮ ᠴᠢᠨᠠᠠᠭᠰᠢᠲᠠ ᠬᠢᠨᠠᠨ ᠬᠠᠮᠢᠶᠡᠷᠬᠤ ᠲᠤᠬᠠᠢ ᠰᠠᠨᠠᠯ︾ ᠢ ᠨᠢᠭᠡᠨᠲᠠ ᠬᠤᠲᠠ ᠶᠢᠨ ᠠᠷᠠᠳ ᠤᠨ ᠵᠠᠰᠠᠠᠭ ᠤᠨ ᠤᠷᠳᠤᠨ ᠤ 2016 ᠤᠨ ᠤ ᠳᠣᠯᠣᠳᠣᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠪᠠᠲᠤᠯᠠᠭᠤᠯᠵᠤ᠂ ᠡᠳᠤᠭᠡ ᠲᠠᠨᠠᠷ ᠲᠤ ᠲᠠᠷᠤᠮᠡᠯᠯᠡᠨ ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠤᠱᠠᠯᠠᠭᠤᠯᠤᠨ ᠬᠡᠷᠡᠭᠵᠢᠭᠦᠯᠬᠦ ᠪᠤᠯᠪᠠᠥ᠃                                                                                                                             2017 ᠤᠨ ᠤ 2 ᠰᠠᠷ᠎ᠠ ᠶᠢᠨ 17 ᠤ ᠡᠳᠦᠷ     ᠮᠠᠨ ᠤ ᠬᠤᠲᠠ ᠶᠢᠨ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠬᠢᠨᠠᠨ‌ᠬᠠᠮᠢᠶᠠᠷᠤᠯᠲᠠ ᠶᠢ ᠤᠯᠠᠮ ᠴᠢᠨᠠᠭᠰᠢᠲᠠ ᠴᠢᠩᠭᠠᠳᠬᠠᠬᠤ ᠲᠤᠬᠠᠢ ᠰᠠᠨᠠᠯ     ᠮᠠᠨ ᠤ ᠬᠤᠲᠠ ᠶᠢᠨ ᠤᠯᠤᠰ ᠤᠨ ᠦᠮᠴᠢᠯᠠᠯᠲᠦ ᠡᠳ᠋ ᠬᠦᠷᠦᠩᠭᠡ ᠶᠢᠨ ᠬᠢᠨᠠᠨ ᠬᠠᠮᠢᠶᠠᠷᠤᠯᠲᠠ ᠶᠢ ᠣᠯᠠᠮ ᠴᠢᠨᠠᠭᠰᠢᠲᠠ ᠴᠢᠩᠭᠠᠳᠬᠠᠬᠤ ᠶᠢᠨ ᠲᠦᠯᠦᠭᠡ᠂ ᠤᠯᠤᠰ ᠤᠨ ︽ᠠᠵᠤ ᠠᠬᠤᠶᠢᠯᠠᠯ ᠤᠨ ᠤᠯᠤᠰ ᠤᠨ ᠦᠮᠴᠢᠯᠡᠯᠲᠦ ᠡᠳ᠋ ᠬᠦᠷᠦᠩᠭᠡ   ᠶᠢᠨ ᠬᠢᠨᠠᠨ ᠬᠠᠮᠢᠶᠠᠷᠤᠯᠲᠠ ᠶᠢᠨ ᠲᠦᠷ  ᠬᠡᠷᠡᠭᠵᠢᠭᠦᠯᠬᠦ ᠳᠦᠷᠢᠮ︾ ᠪᠠ ᠦᠪᠡᠷᠳᠡᠭᠡᠨ ᠵᠠᠰᠠᠬᠤ ᠤᠷᠤᠨ ᠤ ︽ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠠ ᠶᠢ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ︾ ︽ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠦᠭᠡᠷᠡᠴᠢᠯᠡᠬᠦ ᠪᠠ ᠪᠦᠷᠢᠨᠰᠢᠭᠦᠯᠬᠦ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠶᠢ ᠦᠨᠳᠦᠰᠦᠯᠡᠨ᠂ ᠳᠤᠤᠷᠡᠬᠢ ᠰᠠᠨᠠᠯ ᠢ ᠳᠤᠷᠠᠳᠪᠠ᠄      ᠨᠢᠭᠡ  ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠬᠢᠨᠠᠨ ᠬᠠᠮᠢᠶᠠᠷᠬᠤ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠬᠦ ᠪᠠ ᠳᠡᠭᠦᠯᠳᠡᠷᠵᠢᠭᠦᠯᠬᠦ ᠬᠡᠷᠡᠭᠲᠡᠢ     ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠨ ᠬᠠᠮᠢᠶᠠᠷᠤᠯᠲᠠ ᠵᠢᠨ‌ᠵᠦ᠋ᠪᠯᠡᠯ ᠢ ᠪᠠᠶᠢᠭᠤᠯᠵᠤ᠂ ᠵᠦᠪᠯᠡᠯ  ᠤᠨ ᠡᠷᠬᠢᠯᠡᠭᠴᠢ ᠶᠢ ᠬᠤᠲᠠ ᠶᠢᠨ ᠠᠷᠠᠳ ᠤᠨ  ᠵᠠᠰᠠᠭ ᠤᠨ ᠤᠷᠳᠣᠨ ᠤ ᠬᠤᠲᠠ ᠶᠢᠨ ᠳᠠᠷᠤᠭ᠎ᠠ ᠬᠠᠪᠰᠤᠷᠭᠠᠨ ᠡᠭᠦᠷᠭᠡᠯᠡᠵᠤ  ᠂ ᠲᠡᠳ᠋ ᠡᠷᠬᠢᠯᠡᠭᠴᠢ ᠶᠢ ᠬᠤᠲᠠ   ᠶᠢᠨ ᠠᠷᠠᠳ ᠤᠨ  ᠵᠠᠰᠠᠭ ᠤᠨ ᠤᠷᠳᠤᠨ ᠤ ᠡᠳ᠋ ᠤᠨ ᠵᠠᠰᠠᠭ ᠢ ᠬᠤᠪᠢᠳᠠᠨ ᠬᠠᠮᠢᠶᠠᠷᠴᠤ ᠪᠠᠶᠢᠭ᠎ᠠ ᠲᠡᠳ᠋ ᠬᠤᠲᠠ ᠶᠢᠨ ᠳᠠᠷᠤᠭ᠎ᠠ ᠪᠠ ᠮᠦᠩᠭᠡᠨ ᠭᠦᠢᠯᠭᠡᠭᠡᠨ ᠢ ᠬᠤᠪᠢᠳᠠᠨ ᠬᠠᠮᠢᠶᠠᠷᠴᠣ ᠪᠠᠶᠢᠭ᠎ᠠ ᠲᠡᠳ᠋ ᠬᠤᠲᠠ ᠶᠢᠨ ᠳᠠᠷᠤᠭ᠎ᠠ ᠬᠠᠪᠰᠤᠷᠭᠠᠨ ᠡᠭᠦᠷᠬᠡᠯᠡᠵᠤ᠂ ᠪᠦᠷᠢᠯᠳᠦᠭᠦᠨ ᠢ ᠵᠠᠰᠠᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠠᠷ ᠢᠶᠠᠷ ᠪᠦᠷᠢᠯᠳᠦᠭᠦᠯᠦᠨ᠎ᠡ᠃ ᠵᠦᠪᠯᠡᠯ ᠤᠨ ᠳᠣᠣᠷ᠎ᠡ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠤᠪᠴᠢᠶ᠎ᠠ ᠪᠠᠶᠢᠭᠤᠯᠵᠤ᠂ ᠤᠯᠤᠰ  ᠤᠨ ᠦᠮᠴᠢᠯᠡᠯᠲᠦ ᠡᠳ᠋ ᠬᠦᠷᠥᠩᠭᠡ   ᠶᠢᠨ ᠬᠠᠮᠢᠶᠠᠷᠤᠯᠲᠠ ᠶᠢᠨ ᠲᠤᠪᠴᠢᠶ᠎ᠠ ᠶᠢ ᠬᠤᠲᠠ   ᠶᠢᠨ ᠡᠳ᠋ ᠤᠨ ᠵᠠᠰᠠᠭ ᠤᠨ ᠲᠤᠪᠴᠢᠶ᠎ᠠ ᠳᠤ ᠭᠠᠷᠭᠠᠵᠤ᠂ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠲᠠᠢ ᠬᠠᠮᠲᠤᠷᠠᠨ ᠠᠵᠢᠯᠯᠠᠵᠤ᠂ ᠬᠦᠮᠦᠨ  ᠨᠢ ᠴᠤᠭ ᠲᠠᠭᠠᠨ᠂ ᠪᠠᠶᠢᠭᠤᠯᠤᠯᠭ᠎ᠠ ᠨᠢ ᠬᠤᠶᠠᠷ ᠨᠡᠷ᠎ᠡ ᠲᠠᠢ ᠡᠷᠭᠢᠯᠲᠠ ᠶᠢᠨ ᠵᠠᠭᠪᠤᠷ ᠢ ᠬᠡᠷᠡᠭᠵᠢᠭᠦᠯᠵᠤ᠂ ᠤᠯᠤᠰ  ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠨ ᠬᠠᠮᠢᠶᠠᠷᠤᠯᠲᠠ ᠶᠢᠨ ᠠᠵᠢᠯ ᠢ ᠪᠤᠲᠠᠲᠠᠢ ᠬᠠᠷᠢᠭᠤᠴᠠᠨ᠎ᠠ᠃      ᠬᠤᠶᠠᠷ᠂ ᠤᠯᠤᠰ ᠤᠨ ᠦᠮᠴᠢᠯᠡᠯᠲᠦ ᠡᠳ᠋ ᠬᠦᠷᠦᠩᠭᠡ   ᠶᠢᠨ ᠬᠠᠮᠢᠶᠠᠷᠤᠯᠲᠠ   ᠶᠢᠨ  ᠲᠤᠪᠴᠢᠶᠠᠨ   ᠤ ᠭᠤᠤᠯ ᠡᠭᠦᠷᠭᠡ ᠬᠠᠷᠢᠭᠤᠴᠠᠯᠭ᠎ᠠ     ︵ᠨᠢᠭᠡ︶ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠤᠯᠭᠤᠭᠰᠠᠨ ᠡᠷᠬᠡ ᠪᠠᠨ ᠦᠨᠳᠦᠰᠦᠯᠡᠵᠤ᠂  ᠪᠡᠯᠠ ᠭᠠᠷᠭᠠᠭᠰᠠᠳ ᠤᠨ ᠡᠭᠦᠷᠭᠡ  ᠬᠠᠷᠢᠭᠤᠴᠠᠯᠭ᠎ᠠ ᠪᠠᠨ ᠭᠦᠢᠴᠡᠳᠭᠡᠵᠤ᠂ ᠬᠤᠲᠠ ᠶᠢᠨ ᠲᠤᠰ ᠱᠠᠲᠦᠨ ᠤ ᠠᠵᠤ ᠠᠬᠤᠶᠢᠯᠠᠯ ᠤᠨ ᠤᠯᠤᠰ ᠤᠨ ᠦᠮᠴᠢᠯᠡᠯᠲᠦ ᠡᠳ᠋ ᠬᠦᠷᠦᠩᠭᠡ   ᠶᠢ ᠬᠢᠨᠠᠨ ᠬᠠᠮᠢᠶᠠᠷᠴᠤ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃     ︵ᠬᠤᠶᠠᠷ︶ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠦᠮᠴᠢᠯᠡᠯᠲᠦ ᠡᠳ᠋ ᠬᠦᠷᠦᠩᠭᠡ  ᠶᠢᠨ ᠦᠷᠳᠡᠭ ᠤᠨ ᠪᠠᠲᠤᠯᠠᠭ᠎ᠠ ᠪᠠ ᠦᠷᠳᠡᠭ ᠤᠨ ᠨᠡᠮᠡᠭᠳᠡᠯ ᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠳᠠᠭᠠᠭᠠᠨ ᠬᠢᠨᠠᠯᠲᠠ ᠲᠠᠯᠪᠢᠨ᠎ᠠ᠃ ᠠᠵᠤ ᠠᠬᠤᠶᠢᠯᠠᠯ ᠤᠨ ᠦᠷ᠎ᠡ ᠪᠦᠲᠦᠮᠵᠢ ᠶᠢᠨ ᠦᠨᠡᠯᠡᠯᠲᠠ ᠶᠢᠨ ᠭᠦᠢᠴᠡᠳᠭᠡᠬᠦ ᠲᠤᠭ᠎ᠠ ᠶᠢᠨ ᠲᠤᠭᠲᠠᠯᠴᠠᠭ᠎ᠠ ᠶᠢ ᠪᠠᠶᠢᠭᠤᠯᠤᠨ  ᠳᠡᠭᠦᠯᠳᠡᠷᠵᠢᠭᠦᠯᠵᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠡᠵᠡᠩᠨᠡᠯᠲᠠ ᠶᠢᠨ ᠬᠢᠷᠢ ᠪᠦᠳᠦᠮᠵᠢ ᠶᠢ  ᠰᠢᠯᠭᠠᠨ ᠬᠢᠨᠠᠵᠤ ᠦᠨᠡᠯᠡᠨ᠎ᠡ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠴᠠᠯᠢᠩ ᠤᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠤᠷᠤᠯᠭ᠎ᠠ ᠶᠢᠨ ᠬᠤᠪᠢᠶᠠᠷᠢᠯᠠᠯᠲᠠ ᠶᠢᠨ ᠲᠦᠷᠦ  ᠶᠢᠨ ᠪᠤᠳᠤᠯᠭ᠎ᠠ ᠶᠢ ᠲᠤᠭᠲᠠᠭᠠᠬᠤ ᠳᠤ ᠣᠷᠣᠯᠴᠠᠬᠤ ᠮᠦᠷᠳᠠᠭᠡᠨ ᠵᠤᠬᠢᠶᠠᠨ ᠪᠠᠶᠢᠭᠤᠯᠤᠨ  ᠶᠠᠪᠤᠭᠳᠠᠭᠤᠯᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠤᠨ ᠬᠡᠷᠡᠭᠯᠡᠭᠡᠨ ᠪᠠ ᠠᠵᠢᠯᠲᠠᠨ ᠤ ᠠᠰᠠᠷᠠᠮᠵᠢ ᠶᠢᠨ ᠪᠠᠲᠤᠯᠠᠭ᠎ᠠ ᠶᠢ ᠬᠠᠮᠢᠭ᠎ᠠ ᠪᠦᠬᠦᠢ ᠲᠤᠭᠲᠠᠭᠠᠯ ᠶᠤᠰᠤᠭᠠᠷ ᠳᠦᠷᠢᠮᠵᠢᠭᠦᠯᠦᠨ᠎ᠡ᠃      ︵ᠭᠤᠷᠪᠠ︶ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠠ ᠬᠢᠬᠦ ᠪᠠ  ᠳᠠᠬᠢᠵᠤ ᠨᠡᠶᠢᠯᠡᠭᠦᠯᠬᠦ ᠶᠠᠪᠤᠳᠠᠯ ᠢ ᠵᠢᠭᠠᠨ ᠵᠢᠯᠤᠭᠤᠳᠴᠤ ᠲᠦᠯᠬᠢᠨ ᠠᠬᠢᠭᠤᠯᠤᠨ᠎ᠠ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠤᠳᠤ ᠦᠶ᠎ᠠ ᠶᠢᠨ ᠠᠵᠤ ᠠᠬᠤᠶᠢᠯᠠᠯ ᠤᠨ ᠲᠦᠷᠢᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠺᠤᠮᠫᠠᠨᠢ ᠶᠢᠨ ᠵᠠᠰᠠᠯᠲᠠ   ᠶᠢᠨ ᠪᠦᠲᠦᠴᠠ ᠶᠢ  ᠳᠡᠭᠦᠯᠳᠡᠷᠵᠢᠭᠦᠯᠵᠤ᠂ ᠤᠯᠤᠰ ᠤᠨ ᠦᠮᠴᠢᠯᠡᠯᠲᠦ ᠠᠵᠤ ᠠᠬᠤᠢ ᠶᠢᠨ ᠪᠠᠶᠢᠷᠢᠯᠠᠭᠤᠯᠲᠠ ᠪᠠ ᠪᠦᠲᠦᠴᠠ ᠶᠢᠨ ᠲᠤᠬᠢᠷᠠᠭᠤᠯᠤᠯᠲᠠ ᠶᠢ ᠲᠦᠯᠬᠢᠨ ᠠᠬᠢᠭᠤᠯᠤᠨ᠎ᠠ᠃      ︵ᠲᠦᠷᠪᠡ︶ ᠬᠠᠤᠯᠢ ᠪᠠᠷ ᠲᠤᠭᠲᠠᠭᠠᠭᠰᠠᠨ ᠶᠠᠪᠤᠴᠠ ᠪᠠ ᠡᠷᠬᠡ ᠶᠢᠨ ᠬᠡᠪᠴᠢᠶ᠎ᠠ ᠪᠠᠷ ᠲᠠᠮᠵᠢᠭᠤᠯᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠲᠤᠮᠢᠯᠡᠵᠤ ᠪᠠᠭᠤᠯᠭᠠᠬᠤ᠂  ᠰᠢᠯᠭᠠᠵᠤ ᠬᠢᠨᠠᠬᠤ ᠮᠦᠷᠳᠡᠭᠡᠨ ᠦᠷ᠎ᠡ ᠪᠦᠳᠦᠮᠵᠢ ᠪᠠᠷ ᠨᠢ ᠱᠠᠩᠨᠠᠨ ᠲᠤᠷᠭᠠᠬᠤ ᠵᠡᠷᠬᠡ ᠤᠳ ᠢ ᠦᠨᠳᠦᠰᠦᠯᠡᠨ᠂ ᠡᠵᠡᠩᠨᠡᠭᠴᠢᠳ ᠢ ᠵᠤᠷᠢᠭᠵᠢᠭᠤᠯᠠᠬᠤ ᠪᠠ  ᠬᠢᠵᠠᠭᠠᠷᠯᠠᠬᠤ ᠳᠦᠷᠢᠮ ᠢ ᠲᠡᠭᠦᠯᠳᠡᠷᠵᠢᠭᠦᠯᠤᠨ᠎ᠡ᠃      ︵ᠲᠠᠪᠤ︶ ᠬᠠᠮᠢᠭ᠎ᠠ ᠪᠦᠬᠦᠢ ᠲᠤᠭᠲᠠᠭᠠᠯ ᠪᠠ ᠡᠷᠬᠡ ᠤᠯᠭᠤᠯᠲᠠ ᠪᠠᠷ ᠳᠠᠮᠵᠢᠭᠤᠯᠤᠨ᠂ ᠬᠤᠲᠠ ᠶᠢᠨ ᠠᠷᠠᠳ  ᠤᠨ ᠵᠠᠰᠠᠭ ᠤᠨ ᠤᠷᠳᠤᠨ ᠢ ᠲᠦᠯᠦᠭᠡᠯᠡᠵᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠲᠤ  ᠬᠢᠨᠠᠯᠲᠠ ᠲᠠᠯᠪᠢᠭᠴᠢ ᠶᠢᠨ ᠺᠤᠮᠢᠰ ᠤᠨ ᠳᠠᠷᠤᠭ᠎ᠠ ᠲᠤᠮᠢᠯᠠᠵᠤ᠂  ᠬᠢᠨᠠᠯᠲᠠ ᠲᠠᠯᠪᠢᠭᠴᠢ ᠶᠢᠨ ᠺᠤᠮᠢᠰ ᠤᠨ ᠡᠳᠦᠷ ᠳᠤᠲᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠪᠡᠯᠡ ᠤᠷᠤᠭᠤᠯᠤᠭᠰᠠᠨ ᠠᠵᠤ ᠠᠬᠤᠶᠢᠯᠠᠯ ᠤᠨ ᠤᠯᠤᠰ ᠤᠨ ᠦᠮᠴᠢᠯᠡᠯᠲᠦ ᠬᠦᠷᠦᠩᠭᠡ ᠶᠢᠨ ᠠᠰᠢᠭ ᠬᠤᠨᠵᠢᠪᠤᠷᠢ ᠶᠢ ᠳᠡᠭᠡᠭᠰᠢ ᠲᠤᠰᠢᠶᠠᠬᠤ ᠶᠢ ᠬᠠᠷᠢᠭᠤᠴᠠᠨ᠂ ᠵᠤᠬᠢᠶᠠᠨ ᠪᠠᠶᠢᠭᠤᠯᠵᠤ᠂ ᠬᠤᠲᠠ ᠶᠢᠨ ᠤᠯᠤᠰ  ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠠ ᠶᠢᠨ ᠲᠦᠰᠦᠪ ᠤᠨ ᠬᠠᠮᠢᠭ᠎ᠠ ᠪᠦᠬᠦᠢ ᠬᠠᠮᠢᠶᠠᠷᠤᠯᠲᠠ ᠶᠢᠨ ᠲᠦᠷᠢᠮ ᠪᠠ ᠠᠷᠭ᠎ᠠ ᠬᠡᠮᠵᠢᠶ᠎ᠠ ᠶᠢ ᠲᠤᠭᠤᠷᠪᠢᠨ ᠲᠤᠭᠲᠠᠭᠠᠬᠤ ᠳᠤ ᠤᠷᠤᠯᠴᠠᠵᠤ᠂ ᠬᠠᠮᠢᠭ᠎ᠠ ᠪᠦᠬᠦᠢ ᠲᠤᠭᠲᠠᠭᠠᠯ ᠢᠶᠠᠷ ᠤᠯᠤᠰ  ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠠ ᠶᠢᠨ ᠲᠦᠰᠦᠪ ᠢ ᠨᠠᠶᠢᠷᠠᠭᠤᠯᠤᠨ ᠵᠤᠬᠢᠶᠠᠬᠤ ᠪᠠ ᠬᠡᠷᠡᠭᠵᠢᠭᠦᠯᠬᠦ ᠶᠢ ᠲᠤᠭᠲᠠᠭᠠᠬᠤ ᠵᠡᠷᠭᠡ ᠠᠵᠢᠯ ᠤᠳ ᠢ ᠬᠠᠷᠢᠭᠤᠴᠠᠨ᠎ᠠ᠃      ︵ᠲᠤᠯᠤᠭ᠎ᠠ︶ ᠬᠤᠲᠠ ᠶᠢᠨ ᠲᠤᠰ ᠱᠠᠲᠤᠨ ᠤ ᠤᠯᠤᠰ ᠤᠨ ᠦᠮᠴᠢᠯᠡᠯᠲᠦ ᠵᠢᠴᠢ ᠤᠯᠤᠰ ᠤᠨ ᠦᠮᠴᠢᠯᠡᠯᠲᠦ ᠬᠤᠪᠢ ᠤᠷᠦᠭᠤᠯᠤᠯᠲᠠ ᠶᠢ ᠡᠷᠭᠡᠰᠢᠶᠡᠬᠦ  ᠂ ᠬᠤᠪᠢ ᠤᠷᠤᠭᠤᠯᠤᠯᠲᠠ ᠳᠤ ᠤᠷᠤᠯᠴᠠᠭᠰᠠᠨ ᠠᠵᠤ ᠠᠬᠤᠶᠢᠯᠠᠯ ᠤᠳ  ᠤᠨ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠦᠮᠴᠢᠯᠡᠬᠦ ᠡᠷᠭᠡ ᠶᠢ ᠬᠤᠪᠢᠷᠭᠠᠨ ᠰᠢᠢᠳᠪᠦᠷᠢᠯᠡᠬᠦ᠂ ᠲᠤᠮᠤ ᠴᠢᠬᠤᠯᠠ ᠪᠡᠯᠡ ᠤᠷᠤᠭᠤᠯᠤᠯᠲᠠ᠂ ᠲᠠᠩᠰᠠᠯᠠᠭᠰᠠᠨ ᠬᠦᠷᠦᠩᠭᠡ᠂ ᠭᠦᠢᠯᠭᠡᠭᠡᠨ ᠤ ᠪᠡᠯᠡ ᠮᠦᠩᠬᠦ᠂ ᠬᠤᠪᠢᠶᠠᠷᠢᠯᠠᠯᠲᠠ  ᠶᠢᠨ ᠠᠰᠢᠭ ᠬᠤᠨᠵᠢᠪᠤᠷᠢ ᠵᠡᠷᠭᠡ ᠴᠢᠬᠤᠯᠠ ᠶᠡᠭᠡ ᠬᠡᠷᠡᠭ ᠶᠠᠪᠤᠳᠠᠯ ᠤᠳ ᠢ ᠬᠠᠤᠯᠢ ᠶᠤᠰᠤ ᠪᠠᠷ ᠬᠢᠨᠠᠨ ᠬᠠᠮᠢᠶᠠᠷᠤᠨ᠎ᠠ᠃     ︵ ᠨᠠᠢᠮᠠ︶ ᠪᠡᠯᠡ ᠤᠷᠤᠭᠤᠯᠬᠤ ᠬᠦᠮᠦᠨ ᠤ ᠡᠭᠦᠷᠭᠡ ᠬᠠᠷᠢᠭᠤᠴᠠᠯᠭ᠎ᠠ ᠶᠤᠰᠤ ᠪᠠᠷ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠠᠴᠠ ᠤᠯᠤᠰ ᠤᠨ ᠪᠠ ᠦᠪᠡᠷᠲᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠡᠨᠧᠷᠭᠢ ᠠᠷᠪᠢᠯᠠᠬᠤ ᠪᠤᠬᠢᠷᠳᠤᠯ ᠢ ᠭᠠᠳᠠᠭᠰᠢᠯᠠᠭᠤᠯᠬᠤ ᠶᠢ ᠪᠠᠭᠠᠰᠬᠠᠬᠤ ᠪᠠ ᠤᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠬᠢ ᠬᠠᠤᠯᠢ ᠴᠠᠭᠠᠵᠠ ᠬᠠᠤᠯᠢ ᠲᠤᠭᠲᠠᠭᠠᠯ ᠂ ᠴᠢᠭᠯᠡᠯᠲᠠ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠵᠡᠷᠭᠡ ᠶᠢ  ᠲᠤᠤᠱᠠᠯᠠᠭᠤᠯᠤᠨ ᠨᠠᠶᠢᠳᠠᠪᠦᠷᠢᠵᠢᠭᠤᠯᠬᠤ ᠠᠵᠢᠯ  ᠤᠳ ᠢ ᠬᠠᠷᠢᠭᠤᠴᠠᠨ ᠰᠢᠮᠳᠠᠭᠤᠯᠵᠤ ᠪᠠᠶᠢᠴᠠᠭᠠᠨ᠎ᠠ᠃      ︵ᠶᠢᠰᠦ︶ ᠠᠵᠤ ᠠᠬᠤᠶᠢᠯᠠᠯ ᠤᠨ ᠬᠦᠮᠦᠨ ᠬᠡᠷᠡᠭᠯᠡᠬᠦ ᠲᠦᠷᠢᠮ ᠲᠡᠭᠡᠷ᠎ᠡ ᠠᠳᠠᠯᠢ ᠪᠤᠰᠤ ᠠᠵᠤ ᠠᠬᠤᠶᠢᠯᠠᠯ  ᠤᠨ ᠰᠢᠨᠵᠢ ᠴᠢᠨᠠᠷ ᠢᠶᠠᠨ ᠦᠨᠳᠦᠰᠦᠯᠡᠨ᠂ ᠢᠯᠡ ᠲᠤᠳᠤ᠂ ᠲᠦᠪ ᠭᠤᠤᠯᠴᠢ ᠪᠠᠷ ᠦᠷᠢᠰᠦᠯᠳᠦᠭᠦᠯᠦᠨ ᠠᠵᠢᠯ ᠤᠨ ᠪᠠᠶᠢᠷᠢᠨ ᠳᠤ ᠭᠠᠷᠭᠠᠬᠤ ᠪᠠᠷᠢᠯ ᠠᠪᠬᠤ ᠶᠢ  ᠬᠠᠷᠢᠭᠤᠴᠠᠨ ᠬᠢᠨᠠᠨ ᠬᠠᠮᠢᠶᠠᠷᠤᠨ᠎ᠠ᠃      ︵ᠠᠷᠪᠠ︶ ᠠᠵᠤ ᠠᠬᠤᠶᠢᠯᠠᠯ ᠤᠨ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠰᠠᠭᠤᠷᠢ ᠬᠠᠮᠢᠶᠠᠷᠤᠯᠲᠠ ᠶᠢ ᠬᠠᠷᠢᠭᠤᠴᠠᠵᠤ ᠬᠤᠲᠠ ᠶᠢᠨ ᠲᠤᠰ ᠱᠠᠲᠤᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠨ ᠬᠠᠮᠢᠶᠠᠷᠤᠯᠲᠠ ᠶᠢᠨ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠲᠦᠷᠢᠮ ᠢ  ᠨᠤᠤᠷᠠᠭᠯᠠᠵᠤ᠂ ᠬᠠᠮᠢᠭ᠎ᠠ ᠪᠦᠬᠦᠢ ᠲᠦᠷᠢᠮ ᠲᠤᠭᠲᠠᠭᠠᠯ ᠢ ᠲᠤᠭᠲᠠᠭᠠᠵᠤ᠂ ᠬᠤᠰᠢᠭᠤ ᠰᠢᠶᠠᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠨ ᠬᠠᠮᠢᠶᠠᠷᠬᠤ ᠠᠵᠢᠯ ᠢ ᠬᠠᠤᠯᠢ ᠶᠤᠰᠤᠭᠠᠷ ᠵᠢᠭᠠᠨ ᠵᠢᠯᠤᠭᠤᠳᠬᠤ ᠪᠠ   ᠬᠢᠨᠠᠨ᠎ᠠ᠃      ︵ᠠᠷᠪᠠᠨ ᠨᠢᠭᠡ︶ ᠬᠤᠲᠠ ᠶᠢᠨ ᠠᠷᠠᠳ ᠤᠨ ᠵᠠᠰᠠᠭ ᠤᠨ ᠤᠷᠳᠤᠨ ᠠᠴᠠ ᠲᠤᠰᠢᠶᠠᠨ ᠬᠢᠯᠭᠡᠬᠦ  ᠪᠤᠰᠤᠳ ᠬᠡᠷᠡᠭ ᠶᠠᠪᠤᠳᠠᠯ ᠤᠳ ᠢ ᠲᠠᠭᠠᠭᠠᠵᠤ ᠭᠦᠢᠴᠡᠳᠭᠡᠨ᠎ᠡ᠃      ︵ᠠᠷᠪᠡᠨ ᠬᠤᠶᠠᠷ︶  ᠡᠳ᠋ ᠤᠨ ᠵᠠᠰᠠᠭ ᠤᠨ ᠳᠤᠪᠴᠢᠶ᠎ᠠ ︵ᠤᠯᠤᠰ ᠤᠨ ᠡᠳ᠋ ᠬᠦᠷᠦᠩᠭᠡ ᠶᠢᠨ ᠲᠤᠪᠴᠢᠶ᠎ᠠ︶ ᠪᠡᠯᠡ ᠤᠷᠤᠭᠤᠯᠤᠭᠰᠠᠨ ᠬᠦᠮᠦᠨ ᠤ ᠲᠤᠰᠢᠶᠠᠯ ᠬᠠᠷᠢᠭᠤᠴᠠᠯᠠᠭ᠎ᠠ ᠪᠠᠨ ᠭᠦᠢᠴᠡᠳᠭᠡᠭᠦ ᠴᠢᠬᠤᠯᠠ ᠶᠡᠭᠡ ᠬᠡᠷᠡᠭ ᠶᠡᠪᠤᠳᠠᠯ  ᠤᠳ ᠢ ᠭᠦᠢᠴᠡᠳᠭᠡᠬᠦ ᠳᠡᠭᠡᠨ ᠬᠤᠲᠠ ᠶᠢᠨ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠨ ᠬᠠᠮᠢᠶᠠᠷᠤᠯᠲᠠ  ᠶᠢᠨ ᠵᠦᠪᠯᠡᠯ ᠲᠤ ᠮᠡᠳᠡᠭᠦᠯᠵᠤ ᠵᠦᠪᠰᠢᠶᠡᠷᠡᠭᠦᠯᠤᠨ᠎ᠠ᠃      ᠭᠤᠷᠪᠠ᠂ ᠬᠤᠲᠠ ᠶᠢᠨ ᠲᠤᠰ ᠱᠠᠲᠤᠨ ᠤ ᠰᠢᠭᠤᠳ ᠬᠠᠷᠢᠶ᠎ᠠ ᠠᠵᠤ ᠠᠬᠤᠶᠢᠯᠠᠯ ᠬᠤᠲᠠ ᠶᠢᠨ ᠵᠠᠰᠠᠭ ᠤᠨ ᠤᠷᠳᠤᠨ ᠠᠴᠠ ᠡᠷᠬᠡ ᠣᠯᠭᠤᠭᠰᠠᠨ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠶᠤ ᠨᠢᠭᠡᠴᠢ ᠪᠠᠷ ᠪᠡᠯᠡ ᠤᠷᠤᠭᠤᠯᠬᠤ ᠬᠦᠮᠦᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠵᠤ᠂ ᠪᠡᠯᠡ ᠤᠷᠤᠭᠤᠯᠤᠭᠰᠠᠨ ᠬᠦᠮᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠬᠤᠯᠠ ᠶᠡᠭᠡ ᠬᠡᠷᠡᠭ ᠶᠠᠪᠤᠳᠠᠯ ᠤᠳ ᠢ ᠬᠤᠲᠠ ᠶᠢᠨ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠨ ᠬᠠᠮᠢᠶᠠᠷᠤᠯᠲᠠ ᠶᠢᠨ ᠵᠦᠪᠯᠡᠯ ᠲᠤ ᠮᠡᠳᠠᠭᠦᠯᠵᠤ ᠵᠦᠪᠰᠢᠶᠡᠷᠡᠭᠦᠯᠦᠨ᠎ᠡ᠃ ᠤᠯᠠᠭᠠᠨᠴᠠᠪ ᠬᠤᠲᠠ ᠶᠢᠨ ᠵᠠᠰᠠᠭ ᠤᠨ ᠤᠷᠳᠤᠨ ᠠᠴᠠ ᠦᠪᠦᠷ ᠮᠤᠩᠭᠤᠯ ᠤᠨ ᠭᠦᠸᠧ  ᠶᠤᠸᠠᠨ ᠪᠡᠯᠡ ᠤᠷᠤᠭᠤᠯᠤᠯᠲᠠ ᠶᠢᠨ ᠪᠦᠯᠦᠭᠯᠡᠯ ᠤᠨ ᠬᠢᠵᠠᠭᠠᠷᠲᠦ ᠺᠤᠮᠫᠠᠨᠢ ᠳᠤ ᠡᠷᠬᠡ ᠤᠯᠭᠤᠵᠤ᠂ ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ᠂ ᠡᠬᠢ ᠪᠠᠶᠠᠯᠢᠭ ᠢ ᠨᠡᠭᠡᠭᠡᠨ ᠬᠦᠭᠵᠢᠭᠦᠯᠬᠦ ᠬᠢᠵᠠᠭᠠᠷᠲᠦ ᠬᠠᠷᠢᠭᠤᠴᠠᠯᠭᠠᠳᠤ ᠺᠤᠮᠫᠠᠨᠢ᠂ ᠦᠪᠦᠷ ᠮᠤᠩᠭᠤᠯ ᠤᠨ ᠯᠢᠶᠠᠨ ᠱᠸᠤ ᠵᠤᠭᠠᠴᠠᠯ ᠤᠨ ᠪᠡᠯᠡ ᠤᠷᠤᠭᠤᠯᠤᠯᠲᠠ ᠶᠢᠨ ᠬᠢᠵᠠᠭᠠᠷᠲᠦ  ᠺᠤᠮᠫᠠᠨᠢ ᠳᠤ  ᠪᠡᠯᠡ ᠤᠷᠤᠭᠤᠯᠤᠭᠰᠠᠨ ᠬᠦᠮᠦᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠃      ︵ᠬᠤᠶᠠᠷ︶  ᠲᠤᠳᠤᠷᠬᠠᠶᠢᠯᠠᠭᠳᠠᠭᠰᠠᠨ ᠠᠵᠢᠯ ᠲᠦᠷᠦᠯ ᠤᠨ ᠭᠤᠤᠯᠯᠡᠨ ᠬᠠᠮᠢᠶᠠᠷᠬᠤ ᠰᠠᠯᠠᠭ᠎ᠠ ᠮᠦᠴᠢᠷ   ᠤᠨ ᠬᠤᠲᠠ ᠶᠢᠨ ᠲᠤᠰ ᠱᠠᠲᠦᠨ ᠤ ᠰᠢᠭᠤᠤᠨ ᠬᠠᠷᠢᠶ᠎ᠠ ᠶᠢᠨ ᠤᠯᠤᠰ ᠤᠨ ᠦᠮᠴᠢᠯᠡᠯᠲᠦ ᠠᠵᠤ ᠠᠬᠤᠶᠢᠯᠠᠯ ᠢ ᠬᠤᠲᠠ  ᠶᠢᠨ ᠠᠷᠠᠳ ᠤᠨ ᠵᠠᠰᠠᠭ ᠤᠨ ᠤᠷᠳᠤᠨ ᠠᠴᠠ ᠵᠦᠪᠰᠢᠶᠡᠷᠡᠯ ᠨᠠᠶᠢᠳᠠᠭᠰᠠᠨ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠬᠠᠷᠢᠭᠤᠴᠠᠨ ᠬᠢᠨᠠᠨ ᠬᠠᠮᠢᠶᠠᠷᠤᠨ᠎ᠠ᠃ ᠤᠯᠠᠭᠠᠨᠴᠠᠪ ᠬᠤᠲᠠ ᠶᠢᠨ ᠵᠠᠰᠠᠭ ᠤᠨ ᠤᠷᠳᠤᠨ ᠤ ᠵᠦᠪᠰᠢᠶᠡᠷᠡᠯ ᠪᠠ ᠨᠠᠶᠢᠳᠠᠯᠭ᠎ᠠ ᠪᠠᠷ᠂ ᠣᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ ᠨᠢ ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ᠂ ᠡᠬᠢ ᠪᠠᠶᠠᠯᠢᠭ ᠢ ᠨᠡᠭᠡᠭᠡᠨ ᠭᠦᠭᠵᠢᠭᠦᠯᠬᠦ ᠬᠢᠵᠠᠭᠠᠷᠲᠦ ᠬᠠᠷᠢᠭᠤᠴᠠᠯᠭᠠᠳᠤ ᠺᠤᠮᠫᠠᠨᠢ ᠢ ᠬᠠᠷᠢᠭᠤᠴᠠᠵᠤ ᠬᠢᠨᠠᠨ ᠬᠠᠮᠢᠶᠠᠷᠤᠨ᠎ᠠ᠃ ᠤᠯᠠᠭᠠᠨᠴᠠᠪ ᠬᠤᠲᠠ ᠶᠢᠨ ᠵᠤᠭᠠᠴᠠᠯ ᠤᠨ ᠲᠤᠪᠴᠢᠶ᠎ᠠ᠂ ᠤᠯᠠᠭᠠᠨᠴᠠᠪ ᠬᠤᠲᠠ ᠶᠢᠨ ᠵᠠᠰᠠᠭ ᠤᠨ ᠤᠷᠳᠤᠨ ᠤ ᠵᠦᠪᠰᠢᠶᠡᠷᠡᠯ ᠨᠠᠶᠢᠳᠠᠯᠭ᠎ᠠ ᠪᠠᠷ ᠦᠪᠦᠷ ᠮᠤᠩᠭᠤᠯ ᠤᠨ ᠯᠢᠶᠠᠨ ᠱᠸᠤ ᠵᠤᠭᠠᠴᠠᠯ ᠤᠨ ᠪᠡᠯᠡ ᠤᠷᠤᠭᠤᠯᠤᠯᠲᠠ ᠶᠢᠨ ᠬᠢᠵᠠᠭᠠᠷᠲᠦ ᠺᠤᠮᠫᠠᠨᠢ ᠶᠢ ᠬᠠᠷᠢᠭᠤᠴᠠᠨ ᠬᠢᠨᠠᠨ ᠬᠠᠮᠢᠶᠠᠷᠤᠨ᠎ᠠ᠃ ᠤᠯᠠᠭᠠᠨᠴᠠᠪ ᠬᠤᠲᠠ ᠶᠢᠨ ᠨᠢᠰᠭᠡᠯ ᠤᠨ ᠪᠠᠭᠤᠳᠠᠯ᠂ ᠨᠢᠰᠭᠡᠯ ᠤᠨ ᠪᠠᠭᠤᠳᠠᠯ ᠳᠠᠭᠠᠤ ᠶᠢᠨ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ ᠨᠢ ᠵᠠᠰᠠᠭ ᠤᠨ ᠤᠷᠳᠤᠨ ᠤ ᠵᠦᠪᠰᠢᠶᠡᠷᠡᠯ ᠪᠠ ᠨᠠᠶᠢᠳᠠᠯᠭ᠎ᠠ ᠪᠠᠷ ᠤᠯᠠᠭᠠᠨᠴᠠᠪ ᠬᠤᠲᠠ ᠶᠢᠨ ᠨᠢᠰᠭᠡᠯ ᠤᠨ ᠪᠠᠭᠤᠳᠠᠯ᠂ ᠲᠡᠮᠦᠷ ᠵᠠᠮ  ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠦ ᠺᠤᠮᠫᠠᠨᠢ᠂ ᠦᠪᠦᠷ ᠮᠤᠩᠭᠤᠯ ᠤᠨ ᠤᠯᠠᠭᠠᠨᠴᠠᠪ ᠬᠤᠲᠠ ᠶᠢᠨ ᠠᠷᠠᠳ ᠤᠨ ᠠᠭᠠᠷ ᠠᠶᠠᠯᠠᠯ ᠤᠨ ᠨᠢᠰᠭᠡᠯ ᠤᠨ ᠪᠠᠭᠤᠳᠠᠯ ᠤᠨ ᠬᠢᠵᠠᠭᠠᠷᠲᠦ ᠬᠠᠷᠢᠭᠤᠴᠠᠯᠭᠠᠳᠤ ᠺᠤᠮᠫᠠᠨᠢ  ᠶᠢ ᠬᠠᠷᠢᠭᠤᠴᠠᠵᠤ ᠬᠢᠨᠠᠨ ᠬᠠᠮᠢᠶᠠᠷᠤᠨ᠎ᠠ᠃ ᠤᠯᠠᠭᠠᠨᠴᠠᠪ ᠬᠤᠲᠠ ᠶᠢᠨ ᠶᠡᠷᠦᠩᠬᠡᠢ ᠡᠳ᠋ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠵᠦᠪᠯᠡᠯ ᠨᠢ ᠵᠠᠰᠠᠭ ᠤᠨ ᠤᠷᠳᠤᠨ ᠤ ᠵᠦᠪᠰᠢᠶᠡᠷᠡᠯ ᠨᠠᠶᠢᠳᠠᠯᠭ᠎ᠠ ᠶᠤᠰᠤᠭᠠᠷ ᠦᠪᠦᠷ ᠮᠤᠩᠭᠤᠯ ᠤᠨ ᠶᠤᠸᠠᠨ ᠡᠾᠧᠩ ᠪᠡᠯᠡ ᠤᠷᠤᠭᠤᠯᠤᠯᠲᠠ ᠶᠢᠨ ᠬᠢᠵᠠᠭᠠᠷᠲᠦ ᠺᠤᠮᠫᠠᠨᠢ   ᠶᠢ ᠬᠠᠷᠢᠭᠤᠴᠠᠵᠤ ᠬᠢᠨᠠᠨ ᠬᠠᠮᠢᠶᠠᠷᠤᠨ᠎ᠠ᠃      ︵ᠭᠤᠷᠪᠠ︶ ᠠᠵᠤ ᠦᠢᠯᠡᠰ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢ ᠲᠤᠳᠤᠷᠬᠠᠶᠢᠯᠠᠭᠰᠠᠨ ᠦᠭᠡᠢ ᠬᠤᠲᠠ ᠵᠢᠨ‌‍ᠰᠢᠭᠤᠳ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠢ ᠤᠯᠠᠭᠠᠨᠴᠠᠪ ᠬᠤᠲᠠ ᠶᠢᠨ ᠠᠷᠠᠳ  ᠤᠨ ᠵᠠᠰᠠᠭ ᠤᠨ ᠤᠷᠳᠤᠨ ᠠᠴᠠ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠵᠦᠪᠰᠢᠶᠡᠷᠡᠨ ᠨᠠᠶᠢᠳᠠᠵᠤ ᠬᠢᠨᠠᠨ ᠬᠠᠮᠢᠶᠠᠷᠤᠭᠤᠯᠤᠨ᠎ᠠ᠃ ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ︵ᠤᠯᠤᠰ ᠤᠨ ᠡᠳ᠋ ᠬᠦᠷᠦᠩᠭᠡ  ᠶᠢᠨ ᠲᠤᠪᠴᠢᠶ᠎ᠠ︶ ᠳᠤ ᠨᠠᠶᠢᠳᠠᠵᠤ᠂ ᠤᠯᠠᠭᠠᠨᠴᠠᠪ ᠬᠤᠲᠠ ᠶᠢᠨ ᠪᠡᠯᠡ ᠤᠷᠤᠭᠤᠯᠤᠵᠤ ᠨᠡᠭᠡᠭᠡᠨ ᠭᠦᠭᠵᠢᠭᠦᠯᠬᠦ ᠬᠢᠵᠠᠭᠠᠷᠲᠦ ᠺᠤᠮᠫᠠᠨᠢ᠂ ᠦᠪᠦᠷ ᠮᠤᠩᠭᠤᠯ ᠤᠨ ᠭᠦᠸᠧ ᠶᠤᠸᠠᠨ ᠪᠡᠯᠡ ᠤᠷᠤᠭᠤᠯᠲᠠ ᠶᠢᠨ ᠪᠦᠯᠦᠭᠯᠡᠯ ᠤᠨ ᠬᠢᠵᠠᠭᠠᠷᠲᠦ ᠺᠤᠮᠫᠠᠨᠢ ᠶᠢ  ᠬᠠᠷᠢᠭᠤᠴᠠᠨ ᠬᠢᠨᠠᠨ ᠬᠠᠮᠢᠶᠠᠷᠤᠭᠤᠯᠬᠤ ᠶᠢ ᠤᠯᠠᠭᠠᠨᠴᠠᠪ ᠬᠤᠲᠠ ᠶᠢᠨ ᠵᠠᠰᠠᠭ ᠤᠨ ᠤᠷᠳᠤᠨ ᠠᠴᠠ ᠵᠦᠪᠰᠢᠶᠡᠷᠡᠨ᠎ᠡ᠃     ︵ᠲᠦᠷᠪᠡ︶ ᠬᠤᠲᠠ ᠶᠢᠨ ᠲᠤᠰ ᠱᠠᠲᠤᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠬᠦᠮᠦᠨ ᠰᠤᠩᠭᠤᠵᠤ᠂ ᠬᠦᠮᠦᠨ ᠬᠡᠷᠡᠭᠯᠡᠬᠦ      ᠬᠤᠲᠠ ᠶᠢᠨ ᠰᠢᠭᠤᠳ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠳᠤᠷᠢᠳᠬᠤ ᠬᠦᠮᠦᠨ ᠢ ᠰᠢᠯᠢᠵᠤ ᠲᠡᠪᠰᠢᠭᠦᠯᠦᠨ ᠬᠡᠷᠡᠭᠯᠡᠬᠦ ᠳᠤ ︽ᠤᠯᠠᠭᠠᠨᠴᠠᠪ ᠬᠤᠲᠠ ᠶᠢᠨ ᠰᠢᠭᠤᠳ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠬᠦᠮᠦᠰ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠤᠭᠲᠠᠭᠠᠯ︾ ︵ᠤᠯᠠᠭᠠᠨᠴᠠᠪ ᠨᠠᠮ ᠲᠠᠷᠬᠠᠭᠠᠭᠰᠠᠨ ﹇2015﹈ 28 ᠳ᠋ᠤᠭᠠᠷ ᠲᠤᠭᠠᠳᠦ︶ ᠮᠡᠳᠡᠭᠳᠡᠯ ᠢ ᠬᠡᠷᠡᠭᠵᠢᠭᠦᠯᠦᠨ᠎ᠡ᠃ ᠬᠤᠲᠠ  ᠶᠢᠨ ᠰᠢᠭᠤᠳ ᠬᠠᠷᠢᠶ᠎ᠠ ᠠᠵᠤ ᠠᠬᠤᠶᠢᠯᠠᠯ ᠪᠤᠰᠤᠳ ᠲᠠᠯ᠎ᠠ ᠪᠠᠷ ᠬᠦᠮᠦᠨ ᠬᠡᠷᠡᠭᠯᠡᠬᠦ   ᠳᠡᠭᠡᠨ ᠠᠵᠢᠯᠲᠠᠨ ᠬᠡᠷᠡᠭᠯᠡᠬᠦ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠤ᠃ ᠠᠵᠢᠯᠲᠠᠨ ᠬᠡᠷᠡᠭᠯᠡᠬᠦ ᠬᠠᠮᠢᠶᠠᠷᠤᠯᠲᠠ ᠶᠢ ᠬᠠᠤᠯᠢ ᠶᠤᠰᠤᠭᠠᠷ ᠴᠢᠩᠭᠠᠳᠬᠠᠬᠤ ᠬᠡᠷᠡᠭᠲᠡᠢ᠃ ᠪᠦᠬᠦ ᠠᠵᠢᠯᠲᠠᠨ ᠤ ᠬᠦᠳᠡᠯᠮᠦᠷᠢ ᠶᠢᠨ  ᠭᠡᠷ᠎ᠡ ᠤᠨ ᠲᠦᠷᠢᠮ ᠢ ᠪᠠᠷᠢᠮᠳᠠᠯᠠᠨ ᠲᠡᠭᠦᠯᠳᠡᠷᠵᠢᠭᠦᠯᠵᠤ᠂ ᠬᠠᠤᠯᠢ ᠶᠤᠰᠤᠭᠠᠷ ᠭᠡᠷ᠎ᠡ ᠲᠤᠭᠲᠠᠭᠠᠬᠤ ᠪᠠᠷ ᠲᠠᠮᠵᠢᠭᠤᠯᠤᠨ ᠠᠵᠤ ᠠᠬᠤᠶᠢᠯᠠᠯ ᠪᠠ ᠡᠯ᠎ᠡ ᠲᠦᠷᠦᠯ ᠤᠨ ᠠᠵᠢᠯᠲᠠᠳ ᠤᠨ ᠬᠤᠭᠤᠷᠤᠨᠳᠤᠬᠢ ᠡᠷᠬᠡ ᠠᠰᠢᠭ᠂ ᠡᠭᠦᠷᠬᠡ ᠬᠠᠷᠢᠭᠤᠴᠠᠯᠭ᠎ᠠ ᠶᠢ ᠲᠤᠳᠤᠷᠬᠠᠶᠢᠯᠠᠨ᠎ᠠ᠃ ᠠᠵᠤ ᠠᠬᠤᠶᠢᠯᠠᠯ ᠤᠨ ᠡᠯ᠎ᠡ ᠲᠦᠷᠦᠯ ᠤᠨ ᠠᠵᠢᠯᠲᠠᠨ ᠬᠡᠷᠡᠭᠯᠡᠬᠦ ᠬᠠᠮᠢᠶᠠᠷᠤᠯᠲᠠ ᠶᠢ ᠭᠡᠷ᠎ᠡ ᠶᠢᠨ ᠲᠤᠭᠲᠠᠭᠠᠯ ᠶᠤᠰᠤᠭᠠᠷ ᠴᠢᠩᠭᠠᠳᠬᠠᠨ᠎ᠠ᠃ ᠠᠵᠤ ᠠᠬᠤᠶᠢᠯᠠᠯ ᠨᠢ ᠠᠵᠢᠯ ᠲᠦᠷᠦᠯ ᠤᠨ ᠤᠨᠴᠠᠯᠢᠭ ᠪᠠ ᠠᠵᠤ ᠠᠬᠤᠶᠢᠯᠠᠯ ᠤᠨ ᠪᠤᠳᠠᠳᠠᠢ ᠬᠡᠷᠡᠭᠴᠡᠭᠡ ᠪᠠᠨ ᠦᠨᠳᠦᠰᠦᠯᠡᠨ᠂  ᠨᠠᠷᠢᠯᠢᠭ ᠲᠦᠭᠦᠮ᠂ ᠦᠨᠳᠦᠷ ᠦᠷ᠎ᠡ ᠠᠰᠢᠭᠲᠠᠢ  ᠪᠠᠶᠢᠯᠭᠠᠬᠤ ᠵᠠᠷᠴᠢᠮ ᠶᠤᠰᠤᠭᠠᠷ ᠠᠵᠢᠯ ᠪᠠᠶᠢᠷᠢ ᠶᠢᠨ ᠲᠤᠭ᠎ᠠ ᠶᠢ ᠲᠤᠭᠲᠠᠭᠠᠵᠤ᠂ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠠᠵᠢᠯ ᠤᠨ ᠪᠠᠶᠢᠷᠢᠨ ᠳᠤ ᠭᠠᠷᠬᠤ ᠨᠦᠭᠦᠴᠡᠯ ᠢ ᠨᠠᠷᠢᠯᠢᠭᠵᠢᠭᠤᠯᠵᠤ᠂ ᠢᠯᠡ ᠲᠤᠳᠤ ᠲᠦᠪ ᠭᠤᠤᠯᠴᠢ᠂ ᠦᠷᠢᠰᠤᠯᠳᠤᠭᠡᠨ ᠪᠠᠷ ᠰᠢᠯᠢᠳᠡᠭ ᠢ ᠰᠤᠩᠭᠤᠬᠤ ᠵᠠᠷᠴᠢᠮ ᠶᠤᠰᠤᠭᠠᠷ ᠦᠨᠦ ᠶᠢᠨ ᠠᠵᠢᠯ ᠪᠠᠶᠢᠷᠢᠨ ᠳᠤ ᠪᠠᠶᠢᠭ᠎ᠠ ᠠᠵᠢᠯᠲᠠᠨ ᠳᠤ ᠦᠷᠢᠰᠦᠯᠳᠤᠭᠦᠯᠤᠨ ᠠᠵᠢᠯ ᠤᠨ ᠪᠠᠶᠢᠷᠢᠨ ᠳᠤ ᠭᠠᠷᠭᠠᠬᠤ ᠶᠢ ᠢᠳᠡᠪᠬᠢᠲᠠᠢ ᠲᠦᠯᠬᠢᠨ ᠠᠬᠢᠭᠤᠯᠵᠤ᠂ ᠰᠢᠨ᠎ᠡ ᠪᠠᠷ ᠤᠷᠤᠬᠤ ᠠᠵᠢᠯᠲᠠᠨ ᠳᠤ ᠵᠠᠷᠴᠢᠮ ᠳᠡᠭᠡᠷ᠎ᠡ ᠪᠠᠨ ᠢᠯᠡ ᠪᠠᠷ ᠡᠯᠰᠡᠬᠦ ᠶᠢ ᠬᠡᠷᠡᠭᠵᠢᠭᠦᠯᠦᠨ᠎ᠡ ᠃ ᠠᠵᠢᠯᠲᠠᠨ ᠢ ᠡᠯᠰᠡᠬᠦ ᠳᠠᠩᠰᠠ ᠡᠪᠬᠡᠮᠡᠯ ᠢ ᠬᠢᠨᠠᠨ ᠬᠠᠮᠢᠶᠠᠷᠴᠤ ᠪᠠᠶᠢᠭ᠎ᠠ ᠰᠠᠯᠠᠭ᠎ᠠ ᠮᠦᠴᠢᠷ ᠲᠤ ᠢᠯᠡ ᠪᠠᠷ ᠮᠡᠳᠡᠭᠦᠯᠦᠨ ᠬᠢᠨᠠᠨ ᠬᠠᠷᠭᠤᠭᠤᠯᠵᠤ᠂ ᠬᠤᠲᠠ ᠶᠢᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ ᠳᠠᠷᠠᠭ᠎ᠠ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠢᠯᠡ ᠪᠠᠷ ᠡᠯᠰᠡᠨ᠎ᠡ᠃ ᠠᠵᠤ ᠠᠬᠤᠶᠢᠯᠠᠯ ᠳᠤ ᠱᠠᠭᠠᠷᠳᠠᠭᠳᠠᠵᠤ ᠪᠠᠶᠢᠭ᠎ᠠ ᠤᠨᠴᠠᠭᠠᠢ ᠴᠢᠳᠠᠪᠦᠷᠢᠲᠡᠨ ᠳᠤ ᠴᠢᠳᠠᠪᠦᠷᠢᠲᠡᠨ ᠤ ᠵᠠᠭᠤᠴᠢ ᠪᠠᠶᠢᠭᠤᠯᠤᠮᠵᠢ ᠳᠤ ᠲᠠᠨᠢᠯᠴᠠᠭᠤᠯᠬᠤ ᠶᠢ ᠨᠠᠶᠢᠳᠠᠵᠤ  ᠂ ᠬᠢᠨᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠬᠠᠷᠭᠤᠭᠤᠯᠤᠭᠠᠳ ᠬᠤᠲᠠ  ᠶᠢᠨ ᠵᠠᠰᠠᠭ ᠤᠨ ᠤᠷᠳᠤᠨ ᠳᠤ ᠮᠡᠳᠡᠭᠦᠯᠵᠤ ᠵᠦᠪᠰᠢᠶᠡᠷᠡᠭᠦᠯᠤᠭᠰᠡᠨ ᠤ ᠳᠠᠷᠠᠭ᠎ᠠ ᠰᠠᠶ᠋ᠢ ᠡᠯᠰᠡᠵᠤ ᠪᠤᠯᠤᠨ᠎ᠠ᠃      ︵ᠲᠠᠪᠤ︶ ᠬᠤᠲᠠ ᠶᠢᠨ ᠲᠤᠰ ᠱᠠᠲᠤᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠠ ᠶᠢᠨ ᠬᠢᠷᠢ ᠪᠦᠳᠦᠮᠵᠢ ᠶᠢᠨ ᠰᠢᠯᠭᠠᠨ ᠬᠢᠨᠠᠯᠲᠠ   ᠶᠢᠨ ᠠᠷᠭ᠎ᠠ ᠮᠠᠶ᠋ᠢᠭ ᠢ ᠬᠤᠲᠠ ᠶᠢᠨ ᠡᠳ᠋ ᠤᠨ ᠵᠠᠰᠠᠭ  ᠤᠨ ᠲᠤᠪᠴᠢᠶ᠎ᠠ ︵ᠤᠯᠤᠰ ᠤᠨ ᠡᠳ᠋ ᠬᠦᠷᠦᠩᠭᠡ ᠶᠢᠨ ᠲᠤᠪᠴᠢᠶ᠎ᠠ︶ ᠬᠢᠨᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠲᠤᠪᠡᠷ  ᠬᠠᠷᠢᠭᠤᠴᠠᠨ ᠲᠤᠭᠲᠠᠭᠠᠨ᠎ᠠ᠃                                                                    ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠭᠢᠮ                                     2017 ᠤᠨ ᠤ 2 ᠰᠠᠷ᠎ᠡ   ᠶᠢᠨ 17 ᠤ ᠡᠳᠦᠷ                                    
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2