ᠤᠯᠠᠭᠠᠨᠴᠠᠪ ᠬᠤᠲᠠ ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ | | 1 ᠳ᠋ᠤᠭᠡᠷ ᠲᠤᠭᠠᠲᠤ | | 2016 ᠤᠨ ᠤ 12 ᠰᠠᠷ᠎ᠠ ᠶᠢᠨ 28 ᠤ ᠡᠳᠦᠷ᠂ ᠤᠯᠠᠭᠠᠨᠴᠠᠪ ᠬᠤᠲᠠ ᠶᠢᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ | ᠨᠠᠢᠮᠠᠳᠤᠭᠠᠷ ᠬᠤᠷᠠᠯ ᠢᠶᠠᠷ ᠪᠠᠲᠤᠯᠠᠭᠳᠠᠭᠰᠠᠨ ︽ᠤᠯᠠᠭᠠᠨᠴᠠᠪ ᠬᠤᠲᠠ ᠶᠢᠨ ᠤᠰᠤᠨ ᠤ ᠡᠬᠢ ᠪᠠᠶᠠᠯᠢᠭ ᠤᠨ | ᠬᠠᠮᠠᠭᠠᠯᠠᠯᠲᠠ ᠶᠢᠨ ᠲᠦᠷᠢᠮ︾ ᠨᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ | ᠬᠤᠶᠠᠳᠤᠭᠠᠷ ᠬᠤᠷᠠᠯ ᠢᠶᠠᠷ ᠵᠦᠪᠰᠢᠶᠡᠷᠡᠭᠳᠡᠵᠦ᠂ ᠡᠳᠦᠭᠡ ᠨᠡᠶᠢᠲᠡᠯᠡᠵᠦ᠂ 2017 ᠤᠨ ᠤ 6 ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠬᠦᠯᠦᠨ᠎ᠡ᠃ | | 2017 ᠤᠨ ᠤ 5 ᠰᠠᠷ᠎ᠠ ᠶᠢᠨ 2 ᠤ ᠡᠳᠦᠷ | | | | ︽ᠤᠯᠠᠭᠠᠨᠴᠠᠪ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠦᠷᠢᠮ︾ ᠢ | ᠵᠦᠪᠰᠢᠶᠡᠷᠡᠬᠦ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ | | | ︵2017 ᠤᠨ ᠤ 3 ᠰᠠᠷ᠎ᠠ ᠶᠢᠨ 30 ᠤ ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠭᠤᠴᠢᠨ ᠬᠤᠶᠠᠳᠤᠭᠠᠷ ᠤᠳᠠᠭᠠᠨ ᠤ ᠬᠤᠷᠠᠯᠳᠤᠭᠠᠨ ᠢᠶᠠᠷ ᠪᠠᠲᠤᠯᠠᠪᠠ ︶ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ | ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠬᠤᠶᠠᠳᠤᠭᠠᠷ ᠤᠳᠠᠭᠠᠨ ᠤ | ᠬᠤᠷᠠᠯ ᠢᠶᠠᠷ ᠲᠤᠭᠳᠠᠭᠠᠭᠰᠠᠨ ᠨᠢ᠂ ᠤᠯᠠᠭᠠᠨᠴᠠᠪ ᠬᠤᠲᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶᠠᠨ ᠤ ᠵᠦᠪᠰᠢᠶᠡᠷᠡᠬᠦᠯᠬᠦ ᠪᠠᠷ ᠮᠡᠳᠡᠬᠦᠯᠦᠨ ᠭᠤᠶᠤᠴᠢᠯᠠᠭᠰᠠᠨ ︽ᠤᠯᠠᠭᠠᠨᠴᠠᠪ ᠬᠤᠲᠠ | ᠶᠢᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠦᠷᠢᠮ︾ ᠢ ᠤᠯᠠᠭᠠᠨᠴᠠᠪ ᠬᠤᠲᠠ ᠶᠢᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠠᠴᠠ ᠨᠡᠶᠢᠲᠡᠯᠡᠨ ᠬᠡᠷᠡᠭᠵᠢᠬᠦᠯᠬᠦ ᠶᠢ | ᠵᠦᠪᠰᠢᠶᠡᠷᠡᠪᠡ᠃ | | ᠤᠯᠠᠭᠠᠨᠴᠠᠪ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠦᠷᠢᠮ | | ︵2016 ᠤᠨ ᠤ12 ᠰᠠᠷ᠎ᠠ ᠶᠢᠨ28 ᠤ ᠡᠳᠦᠷ ᠤᠯᠠᠭᠠᠨᠴᠠᠪ ᠬᠤᠲᠠ ᠶᠢᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ | ᠨᠠᠢᠮᠠᠳᠤᠭᠠᠷ ᠤᠳᠠᠭᠠᠨ ᠤ ᠬᠤᠷᠠᠯᠳᠤᠭᠠᠨ ᠢᠶᠠᠷ ᠪᠠᠲᠤᠯᠠᠪᠠ᠃ 2017 ᠤᠨ ᠤ 3 ᠰᠠᠷ᠎ᠠ ᠶᠢᠨ 30 ᠤ ᠡᠳᠦᠷ | ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠬᠤᠶᠠᠳᠤᠭᠠᠷ ᠤᠳᠠᠭᠠᠨ ᠤ ᠬᠤᠷᠠᠯᠳᠤᠭᠠᠨ ᠠᠴᠠ | ᠵᠦᠪᠰᠢᠶᠡᠷᠡᠪᠡ︶ | | ᠨᠢᠭᠡᠳᠦᠭᠡᠷ ᠪᠦᠯᠦᠭ ᠶᠡᠷᠦᠩᠭᠡᠢ ᠲᠦᠷᠢᠮ | | ᠨᠢᠭᠡᠳᠦᠭᠡᠷ ᠵᠦᠢᠯ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠬᠠᠮᠢᠶᠠᠷᠴᠤ᠂ ᠤᠰᠤᠨ ᠤ ᠠᠮᠢ | ᠠᠬᠤᠢ ᠶᠢᠨ ᠰᠤᠶᠤᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠰᠤᠨ ᠤ ᠡᠬᠢ ᠪᠠᠶᠠᠯᠢᠭ ᠤᠰᠤᠨ ᠤ | ᠤᠷᠴᠢᠨ ᠲᠤᠭᠤᠷᠢᠨ ᠤ ᠳᠠᠭᠠᠭᠠᠴᠠ ᠶᠢ ᠠᠵᠤ ᠠᠬᠤᠢ ᠨᠡᠶᠢᠭᠡᠮ ᠤᠨ ᠬᠦᠭᠵᠢᠯᠲᠡ ᠲᠠᠢ ᠬᠠᠷᠢᠯᠴᠠᠨ ᠵᠤᠬᠢᠴᠠᠯᠳᠤᠬᠤ | ᠶᠢ ᠠᠬᠢᠭᠤᠯᠬᠤ ᠶᠢᠨ ᠲᠤᠰᠠᠳᠠ᠂ ︽ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ | ᠂ ︽ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠤᠬᠢᠷᠳᠤᠯ ᠤᠨ ᠰᠡᠷᠭᠡᠶᠢᠯᠡᠨ ᠵᠠᠰᠠᠯᠲᠠ | ᠶᠢᠨ ᠬᠠᠤᠯᠢ︾ ᠪᠠ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠤᠳ ᠢ ᠦᠨᠳᠦᠰᠦᠯᠡᠨ᠂ ᠬᠤᠲᠠ ᠶᠢᠨ | ᠢᠶᠠᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠲᠤᠰ ᠲᠦᠷᠢᠮ ᠢ ᠳᠤᠭᠳᠠᠭᠠᠪᠠ᠃ | ᠬᠤᠶᠠᠳᠤᠭᠠᠷ ᠵᠦᠢᠯ ᠲᠤᠰ ᠬᠤᠲᠠ ᠶᠢᠨ ᠵᠠᠰᠠᠭ ᠵᠠᠬᠢᠷᠭᠠᠨ ᠤ ᠤᠷᠤᠨ ᠳᠤᠳᠤᠷ᠎ᠠ ᠤᠰᠤᠨ ᠤ ᠡᠬᠢ | ᠪᠠᠶᠠᠯᠢᠭ ᠢ ᠲᠦᠯᠦᠪᠵᠢᠬᠦᠯᠬᠦ᠂ ᠨᠡᠭᠡᠭᠡᠬᠦ᠂ ᠠᠰᠢᠭᠯᠠᠬᠤ᠂ ᠬᠠᠮᠠᠭᠠᠯᠠᠬᠤ᠂ ᠠᠷᠪᠢᠯᠠᠬᠤ᠂ ᠬᠠᠮᠢᠶᠠᠷᠬᠤ ᠵᠡᠷᠭᠡ | ᠠᠵᠢᠯᠯᠠᠭ᠎ᠠ ᠬᠢᠪᠡᠯ᠂ ᠲᠤᠰ ᠲᠦᠷᠢᠮ ᠢ ᠵᠢᠷᠦᠮᠯᠡᠬᠦ ᠬᠡᠷᠡᠭᠲᠡᠢ᠃ | ᠭᠤᠷᠪᠠᠳᠤᠭᠠᠷ ᠵᠦᠢᠯ ᠬᠤᠲᠠ᠂ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ | ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠦᠭᠵᠢᠯᠲᠡ ᠶᠢᠨ ᠲᠦᠯᠦᠪᠵᠢᠬᠦᠯᠭᠡ ᠳᠤ ᠤᠷᠤᠭᠤᠯᠵᠤ᠂ ᠤᠰᠤᠨ ᠤ ᠡᠬᠢ ᠪᠠᠶᠠᠯᠢᠭ ᠤᠨ ᠦᠷᠬᠦᠯᠵᠢᠯᠡᠬᠦᠶᠢᠴᠡ | ᠠᠰᠢᠭᠯᠠᠯᠲᠠ ᠶᠢ ᠠᠬᠢᠭᠤᠯᠬᠤ ᠬᠡᠷᠡᠭᠲᠡᠢ᠃ | ᠬᠤᠲᠠ᠂ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠤᠰᠤᠨ ᠤ ᠡᠬᠢ ᠪᠠᠶᠠᠯᠢᠭ ᠤᠨ | ᠬᠠᠮᠠᠭᠠᠯᠠᠯᠲᠠ ᠶᠢᠨ ᠲᠦᠰᠦᠪ ᠤᠨ ᠪᠡᠯᠡ ᠮᠦᠩᠬᠦᠨ ᠤ ᠤᠷᠤᠭᠤᠯᠤᠯᠲᠠ ᠶᠢ ᠴᠢᠩᠭᠠᠳᠬᠠᠵᠤ᠂ ᠤᠰᠤᠨ ᠠᠰᠢᠭᠯᠠᠯᠲᠠ | ᠪᠠ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠤᠰᠤ ᠬᠡᠷᠡᠭᠯᠡᠬᠦ ᠶᠡᠷᠦᠩᠭᠡᠢ ᠬᠡᠮᠵᠢᠶᠡᠨ ᠤ ᠬᠤᠷᠢᠭᠯᠠᠯᠲᠠ᠂ ᠤᠰᠤ ᠬᠡᠷᠡᠭᠯᠡᠬᠦ ᠠᠰᠢᠭᠯᠠᠮᠵᠢ ᠶᠢᠨ | ᠬᠤᠷᠢᠭᠯᠠᠯᠲᠠ᠂ ᠤᠰᠤᠨ ᠤ ᠴᠢᠳᠠᠮᠵᠢ ᠶᠢᠨ ᠤᠷᠤᠨ ᠤ ᠪᠤᠬᠢᠷᠳᠤᠯ ᠠᠭᠤᠯᠬᠤ ᠶᠢ ᠬᠢᠵᠠᠭᠠᠷᠯᠠᠬᠤ ᠵᠢᠴᠢ ᠤᠰᠤᠨ ᠤ | ᠡᠬᠢ ᠪᠠᠶᠠᠯᠢᠭ ᠤᠨ ᠬᠠᠮᠢᠶᠠᠷᠤᠯᠲᠠ ᠤᠨ ᠬᠠᠷᠢᠭᠤᠴᠠᠯᠭ᠎ᠠ ᠪᠠ ᠰᠢᠯᠭᠠᠨ ᠬᠢᠨᠠᠯᠲᠠ ᠶᠢᠨ ᠳᠦᠷᠢᠮ ᠢ ᠪᠠᠶᠢᠭᠤᠯᠬᠤ | ᠬᠡᠷᠡᠭᠲᠡᠢ᠃ | ᠬᠤᠲᠠ᠂ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠤᠰᠤᠨ ᠤ ᠡᠬᠢ ᠪᠠᠶᠠᠯᠢᠭ ᠤᠨ | ᠬᠠᠮᠠᠭᠠᠯᠠᠯᠲᠠ ᠶᠢᠨ ᠵᠤᠬᠢᠴᠠᠭᠤᠯᠬᠤ ᠳᠤᠭᠳᠠᠯᠴᠠᠭ᠎ᠠ ᠶᠢ ᠪᠠᠶᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ | ᠶᠢᠨ ᠠᠵᠢᠯ ᠳᠠᠬᠢ ᠳᠤᠮᠤ ᠴᠢᠬᠤᠯᠠ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃ | ᠲᠦᠷᠪᠡᠳᠦᠭᠡᠷ ᠵᠦᠢᠯ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠪᠦᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠨᠢᠭᠡᠳᠦᠯᠳᠦᠢ ᠬᠠᠮᠢᠶᠠᠷᠤᠯᠲᠠ ᠪᠠ ᠬᠢᠨᠠᠯᠲᠠ ᠶᠢᠨ ᠠᠵᠢᠯ | ᠢ ᠬᠠᠷᠢᠭᠤᠴᠠᠵᠤ᠂ ᠬᠤᠰᠢᠭᠤ ᠰᠢᠶᠠᠨ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠲᠤᠰ ᠵᠠᠰᠠᠭ ᠵᠠᠬᠢᠷᠭᠠᠨ ᠤ ᠤᠷᠤᠨ ᠳᠤᠳᠤᠷᠠᠬᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠ | ᠬᠢᠨᠠᠯᠲᠠ ᠶᠢᠨ ᠪᠤᠳᠠᠳᠠᠢ ᠠᠵᠢᠯ ᠢ ᠬᠠᠮᠢᠶᠠᠷᠤᠨ᠎ᠠ᠃ | ᠬᠦᠭᠵᠢᠬᠦᠯᠦᠯᠲᠡ ᠦᠭᠡᠷᠡᠴᠢᠯᠡᠯᠲᠡ᠂ ᠤᠷᠴᠢᠨ ᠲᠤᠭᠤᠷᠢᠨ ᠤ ᠬᠠᠮᠠᠭᠠᠯᠠᠯᠲᠠ᠂ ᠠᠵᠤ ᠠᠬᠤᠢ ᠪᠠ ᠰᠤᠷᠠᠭ | ᠵᠠᠩᠬᠢᠴᠢᠯᠠᠯᠲᠠ᠂ ᠲᠦᠯᠦᠪᠵᠢᠬᠦᠯᠭᠡ᠂ ᠭᠠᠵᠠᠷ ᠰᠢᠷᠤᠢ᠂ ᠤᠷᠤᠨ ᠰᠠᠭᠤᠴᠠ ᠪᠦᠲᠦᠭᠡᠨ ᠪᠠᠶᠢᠭᠤᠯᠤᠯᠲᠠ᠂ | ᠲᠠᠷᠢᠶᠠᠯᠠᠩ ᠮᠠᠯ ᠠᠵᠤ ᠠᠬᠤᠢ᠂ ᠡᠷᠡᠬᠦᠯ ᠬᠠᠮᠠᠭᠠᠯᠠᠯ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠦᠪᠡᠷᠰᠡᠳ | ᠤᠨ ᠡᠭᠦᠷᠭᠡ ᠬᠠᠷᠢᠭᠤᠴᠠᠯᠭ᠎ᠠ ᠶᠤᠰᠤᠭᠠᠷ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠬᠠᠮᠢᠶ᠎ᠠ ᠪᠦᠬᠦᠢ | ᠠᠵᠢᠯ ᠤᠳ ᠢ ᠰᠠᠶᠢᠲᠤᠷ ᠬᠢᠨ᠎ᠡ᠃ | ᠲᠠᠪᠤᠳᠤᠭᠠᠷ ᠵᠦᠢᠯ ᠶᠠᠮᠠᠷᠪᠠ ᠨᠢᠭᠡᠴᠢ ᠪᠤᠯᠤᠨ ᠬᠤᠪᠢ ᠬᠦᠮᠦᠨ ᠴᠦᠮ ᠤᠰᠤᠨ ᠤ ᠡᠬᠢ ᠪᠠᠶᠠᠯᠢᠭ ᠢ | ᠬᠠᠤᠯᠢ ᠶᠤᠰᠤᠭᠠᠷ ᠬᠠᠮᠠᠭᠠᠯᠠᠬᠤ ᠪᠠ ᠠᠷᠪᠢᠯᠠᠵᠤ᠂ ᠤᠰᠤᠨ ᠤ ᠡᠬᠢ ᠪᠠᠶᠠᠯᠢᠭ ᠢ ᠡᠪᠳᠡᠭᠰᠡᠨ᠂ ᠪᠤᠬᠢᠷᠳᠤᠭᠤᠯᠤᠭᠰᠠᠨ | ᠪᠠ ᠰᠦᠢᠳᠭᠡᠭᠰᠡᠨ ᠠᠵᠢᠯᠯᠠᠭ᠎ᠠ ᠶᠢ ᠢᠯᠡᠴᠢᠯᠡᠬᠦ ᠪᠠ ᠵᠠᠭᠠᠯᠳᠤᠬᠤ ᠡᠷᠭᠡ ᠲᠠᠢ᠃ | ᠬᠤᠶᠠᠳᠤᠭᠠᠷ ᠪᠦᠯᠦᠭ ᠤᠰᠤᠨ ᠤ ᠡᠬᠢ ᠪᠠᠶᠠᠯᠢᠭ ᠤᠨ ᠲᠦᠯᠦᠪᠵᠢᠬᠦᠯᠭᠡ ᠪᠠ ᠨᠡᠭᠡᠭᠡᠨ | ᠠᠰᠢᠭᠯᠠᠯᠲᠠ | | ᠵᠢᠷᠭᠤᠳᠤᠭᠠᠷ ᠵᠦᠢᠯ ᠬᠤᠲᠠ ᠶᠢᠨ ᠤᠰᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠤᠯᠤᠰ | ᠪᠠ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠳᠤᠭᠳᠠᠭᠠᠯ ᠢ ᠦᠨᠳᠦᠰᠦᠯᠡᠵᠦ᠂ ᠠᠳᠠᠯᠢ ᠱᠠᠳᠤᠨ ᠤ | ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠬᠤᠯᠪᠤᠭᠳᠠᠯ ᠪᠦᠬᠦᠢ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ | ᠤᠨ ᠤᠷᠳᠤᠨ ᠲᠠᠢ ᠬᠠᠮᠳᠤᠷᠠᠵᠤ᠂ ᠲᠤᠰ ᠬᠤᠲᠠ ᠶᠢᠨ ᠵᠠᠰᠠᠭ ᠵᠠᠬᠢᠷᠭᠠᠨ ᠤ ᠤᠷᠤᠨ ᠤ ᠡᠬᠢ ᠪᠠᠶᠠᠯᠢᠭ ᠤᠨ | ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠤ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠳᠤ | ᠮᠡᠳᠡᠬᠦᠯᠦᠨ ᠵᠦᠪᠰᠢᠶᠡᠷᠡᠬᠦᠯᠬᠦ ᠮᠦᠷᠲᠡᠭᠡᠨ ᠦᠪᠡᠷᠲᠡᠭᠡᠨ ᠵᠠᠰᠠᠬᠤ ᠤᠷᠤᠨ ᠤ ᠤᠰᠤᠨ ᠤ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠦᠨ ᠳᠠᠩᠰᠠᠯᠠᠭᠤᠯᠬᠤ ᠬᠡᠷᠡᠭᠲᠡᠢ᠃ | ᠳᠤᠯᠤᠳᠤᠭᠠᠷ ᠵᠦᠢᠯ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ | ᠲᠦᠯᠦᠪᠵᠢᠬᠦᠯᠭᠡ᠂ ᠬᠤᠲᠠ ᠶᠢᠨ ᠶᠡᠷᠦᠩᠭᠡᠢ ᠲᠦᠯᠦᠪᠵᠢᠬᠦᠯᠭᠡ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ | ᠤᠨ ᠲᠦᠯᠦᠪᠵᠢᠬᠦᠯᠭᠡ᠂ ᠲᠠᠷᠢᠶᠠᠯᠠᠩ ᠮᠠᠯ ᠠᠵᠤ ᠠᠬᠤᠢ ᠵᠢᠴᠢ ᠪᠤᠰᠤᠳ ᠠᠵᠤ ᠦᠢᠯᠡᠰ ᠤᠨ ᠬᠦᠭᠵᠢᠯᠲᠡ ᠶᠢᠨ | ᠲᠦᠯᠦᠪᠵᠢᠬᠦᠯᠭᠡ ᠵᠡᠷᠭᠡ ᠶᠢ ᠨᠠᠶᠢᠷᠠᠭᠤᠯᠤᠨ ᠵᠤᠬᠢᠶᠠᠬᠤ ᠪᠠ ᠪᠦᠲᠦᠭᠡᠨ ᠪᠠᠶᠢᠭᠤᠯᠤᠯᠲᠠ ᠶᠢᠨ ᠲᠤᠮᠤ ᠴᠢᠬᠤᠯᠠ | ᠲᠦᠷᠦᠯ ᠵᠦᠢᠯ ᠤᠨ ᠪᠠᠶᠢᠷᠢᠯᠠᠭᠤᠯᠤᠯᠲᠠ ᠶᠢ ᠤᠰᠤᠨ ᠤ ᠡᠬᠢ ᠪᠠᠶᠠᠯᠢᠭ ᠤᠨ ᠳᠠᠭᠠᠭᠠᠴᠠ ᠪᠤᠯᠤᠨ ᠤᠷᠴᠢᠨ | ᠲᠤᠭᠤᠷᠢᠨ ᠤ ᠪᠠᠶᠢᠳᠠᠯ ᠲᠠᠢ ᠨᠢ ᠬᠠᠷᠢᠯᠴᠠᠨ ᠵᠤᠬᠢᠴᠠᠭᠤᠯᠬᠤ ᠮᠦᠷᠲᠡᠭᠡᠨ ᠰᠢᠨᠵᠢᠯᠡᠬᠦ ᠤᠬᠠᠭᠠᠨᠴᠢ ᠪᠠᠷ ᠨᠤᠲᠠᠯᠠᠬᠤ | ᠬᠡᠷᠡᠭᠲᠡᠢ᠃ | ᠬᠦᠭᠵᠢᠬᠦᠯᠦᠯᠲᠡ ᠪᠠ ᠦᠭᠡᠷᠡᠴᠢᠯᠡᠯᠲᠡ ᠵᠢᠴᠢ ᠪᠤᠰᠤᠳ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠵᠤ | ᠦᠢᠯᠡᠰ ᠤᠨ ᠲᠦᠷᠦ ᠶᠢᠨ ᠪᠤᠳᠤᠯᠭ᠎ᠠ᠂ ᠪᠡᠯᠡ ᠤᠷᠤᠭᠤᠯᠤᠯᠲᠠ ᠶᠢᠨ ᠲᠦᠷᠦᠯ ᠵᠦᠢᠯ ᠤᠨ ᠲᠦᠯᠦᠪᠯᠡᠭᠡ ᠪᠠ | ᠲᠦᠯᠦᠪᠵᠢᠬᠦᠯᠭᠡ ᠶᠢ ᠲᠤᠭᠳᠠᠭᠠᠬᠤ ᠳᠤ ᠪᠠᠨ᠂ ᠤᠰᠤᠨ ᠤ ᠡᠬᠢ ᠪᠠᠶᠠᠯᠢᠭ ᠤᠨ ᠨᠦᠬᠦᠴᠡᠯ ᠪᠠ ᠤᠰᠤᠨ ᠤ | ᠪᠤᠬᠢᠷᠳᠤᠯ ᠤᠨ ᠰᠡᠷᠭᠡᠶᠢᠯᠡᠨ ᠵᠠᠰᠠᠯᠲᠠ ᠶᠢᠨ ᠱᠠᠭᠠᠷᠳᠠᠯᠭ᠎ᠠ ᠶᠢ ᠶᠡᠷᠦᠩᠭᠡᠢ ᠳᠤ ᠨᠢ ᠪᠤᠳᠤᠯᠬᠢᠯᠠᠵᠤ᠂ ᠤᠰᠤ ᠶᠡᠭᠡ | ᠬᠤᠷᠤᠭᠳᠠᠭᠤᠯᠬᠤ ᠲᠦᠷᠦᠯ ᠵᠦᠢᠯ ᠢ ᠬᠢᠵᠠᠭᠠᠷᠯᠠᠵᠤ᠂ ᠤᠰᠤ ᠶᠢ ᠪᠤᠬᠢᠷᠳᠤᠭᠤᠯᠬᠤ ᠲᠦᠷᠦᠯ ᠵᠦᠢᠯ ᠢ ᠴᠠᠭᠠᠵᠠᠯᠠᠬᠤ | ᠬᠡᠷᠡᠭᠲᠡᠢ᠃ | ᠬᠤᠯᠪᠤᠭᠳᠠᠯ ᠪᠦᠬᠦᠢ ᠰᠠᠯᠠᠭ᠎ᠠ ᠮᠦᠴᠢᠷ ᠡᠯ᠎ᠡ ᠲᠦᠷᠦᠯ ᠤᠨ ᠲᠤᠰᠬᠠᠢ ᠲᠦᠯᠦᠪᠵᠢᠬᠦᠯᠭᠡ ᠶᠢ ᠨᠠᠶᠢᠷᠠᠭᠤᠯᠤᠨ | ᠵᠤᠬᠢᠶᠠᠬᠤ ᠳᠠᠭᠠᠨ ᠤᠰᠤᠨ ᠤ ᠡᠬᠢ ᠪᠠᠶᠠᠯᠢᠭ ᠲᠠᠢ ᠬᠤᠯᠪᠤᠭᠳᠠᠪᠠᠯ ᠤᠰᠤᠨ ᠤ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠤᠨ ᠰᠠᠨᠠᠯ ᠢ ᠬᠤᠷᠢᠶᠠᠬᠤ ᠬᠡᠷᠡᠭᠲᠡᠢ᠃ | ᠨᠠᠢᠮᠠᠳᠤᠭᠠᠷ ᠵᠦᠢᠯ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ᠂ ᠤᠰᠤᠨ ᠤ ᠡᠬᠢ | ᠪᠠᠶᠠᠯᠢᠭ ᠤᠨ ᠶᠡᠷᠦᠩᠭᠡᠢ ᠲᠦᠯᠦᠪᠵᠢᠬᠦᠯᠭᠡ ᠪᠠ ᠲᠤᠰᠬᠠᠢ ᠲᠦᠯᠦᠪᠵᠢᠬᠦᠯᠭᠡ ᠶᠢᠨ ᠬᠡᠷᠡᠭᠵᠢᠬᠦᠯᠦᠯᠲᠡ ᠶᠤᠰᠤᠭᠠᠷ᠂ | ᠶᠡᠷᠦᠩᠭᠡᠢ ᠬᠡᠮᠵᠢᠶ᠎ᠡ ᠶᠢ ᠬᠤᠷᠢᠭᠯᠠᠬᠤ ᠪᠠ ᠲᠦᠯᠦᠪᠯᠡᠭᠡ ᠲᠠᠢ ᠤᠰᠤ ᠬᠡᠷᠡᠭᠯᠡᠬᠦ ᠶᠢ ᠪᠠᠷᠢᠮᠲᠠᠯᠠᠵᠤ᠂ ᠡᠩ ᠲᠡᠷᠢᠬᠦᠨ ᠳᠤ | ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠯᠡᠭᠡᠨ ᠤ ᠤᠰᠤ ᠶᠢ ᠬᠠᠩᠭᠠᠵᠤ᠂ ᠲᠠᠷᠢᠶᠠᠯᠠᠩ | ᠮᠠᠯ ᠠᠵᠤ ᠠᠬᠤᠢ᠂ ᠠᠵᠤ ᠦᠢᠯᠡᠳᠪᠦᠷᠢ ᠪᠠ ᠠᠮᠢ ᠠᠬᠤᠢ ᠶᠢᠨ ᠬᠡᠷᠡᠭᠯᠡᠭᠡᠨ ᠤ ᠤᠰᠤ ᠶᠢ ᠰᠢᠨᠵᠢᠯᠡᠬᠦ ᠤᠬᠠᠭᠠᠨᠴᠢ | ᠪᠠᠷ ᠲᠤᠬᠢᠷᠠᠭᠤᠯᠬᠤ ᠬᠡᠷᠡᠭᠲᠡᠢ᠃ ᠭᠠᠵᠠᠷ ᠳᠡᠭᠡᠷᠡᠬᠢ ᠤᠰᠤ ᠶᠢ ᠤᠷᠢᠳᠠᠪᠠᠷ ᠨᠡᠭᠡᠭᠡᠨ ᠠᠰᠢᠭᠯᠠᠵᠤ᠂ ᠭᠠᠵᠠᠷ ᠳᠤᠤᠷᠠᠬᠢ | ᠤᠰᠤ ᠶᠢ ᠨᠡᠭᠡᠭᠡᠨ ᠮᠠᠯᠲᠠᠬᠤ ᠶᠢ ᠴᠢᠩᠭ᠎ᠠ ᠬᠤᠷᠢᠭᠯᠠᠵᠤ᠂ ᠳᠠᠬᠢᠯᠳᠠ ᠤᠰᠤ ᠶᠢ ᠠᠰᠢᠭᠯᠠᠬᠤ ᠶᠢ ᠳᠡᠯᠭᠡᠷᠡᠬᠦᠯᠦᠨ᠎ᠡ᠃ | ᠶᠢᠰᠦᠳᠦᠭᠡᠷ ᠵᠦᠢᠯ ᠬᠤᠲᠠ᠂ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠵᠢᠴᠢ | ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠢ ᠪᠤᠵᠠᠷ ᠤᠰᠤ ᠶᠢ ᠰᠢᠢᠳᠪᠦᠷᠢᠯᠡᠬᠦ ᠲᠦᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠬᠤᠲᠠ ᠪᠠᠯᠭᠠᠰᠤᠨ ᠤ ᠪᠤᠵᠠᠷ ᠤᠰᠤ ᠶᠢ | ᠲᠦᠪᠯᠡᠷᠡᠬᠦᠯᠦᠨ ᠰᠢᠢᠳᠪᠦᠷᠢᠯᠡᠬᠦ ᠲᠦᠬᠦᠭᠡᠷᠦᠮᠵᠢ ᠶᠢ ᠬᠤᠲᠠ ᠶᠢᠨ ᠬᠦᠭᠵᠢᠯᠲᠡ ᠶᠢᠨ ᠲᠦᠯᠦᠪᠵᠢᠬᠦᠯᠭᠡ ᠳᠤ | ᠤᠷᠤᠭᠤᠯᠬᠤ ᠬᠡᠷᠡᠭᠲᠡᠢ᠃ ᠪᠤᠬᠢᠷᠳᠤᠯ ᠢ ᠭᠠᠳᠠᠭᠰᠢᠯᠠᠭᠤᠯᠬᠤ ᠲᠤᠬᠠᠢ ᠲᠤᠭᠳᠠᠭᠠᠯ ᠤᠨ ᠱᠠᠭᠠᠷᠳᠠᠯᠭ᠎ᠠ ᠶᠤᠰᠤᠭᠠᠷ | ᠠᠵᠤ ᠦᠢᠯᠡᠳᠪᠦᠷᠢ ᠶᠢᠨ ᠪᠤᠵᠠᠷ ᠤᠰᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠪᠤᠵᠠᠷ | ᠤᠰᠤ ᠶᠢ ᠰᠢᠢᠳᠪᠦᠷᠢᠯᠡᠬᠦ ᠬᠡᠷᠡᠭᠲᠡᠢ᠃ ᠪᠤᠵᠠᠷ ᠤᠰᠤ ᠶᠢ ᠰᠢᠢᠳᠪᠦᠷᠢᠯᠡᠨ ᠳᠠᠬᠢᠨᠳᠠ ᠠᠰᠢᠭᠯᠠᠬᠤ ᠶᠢ ᠵᠤᠷᠢᠭᠵᠢᠭᠤᠯᠵᠤ | ᠂ ᠳᠠᠬᠢᠯᠲᠠ ᠤᠰᠤ᠂ ᠰᠢᠷᠬᠢᠬᠦᠯᠵᠦ ᠵᠠᠯᠠᠭᠰᠠᠨ ᠤᠰᠤ᠂ ᠳᠤᠮᠳᠠᠬᠢ ᠤᠰᠤ ᠵᠡᠷᠭᠡ ᠡᠬᠢ ᠪᠠᠶᠠᠯᠢᠭ ᠢ ᠶᠡᠷᠦᠩᠭᠡᠶᠢᠯᠡᠨ | ᠨᠡᠭᠡᠭᠡᠵᠦ ᠠᠰᠢᠭᠯᠠᠬᠤ ᠶᠢ ᠢᠳᠡᠪᠬᠢᠲᠡᠢ ᠵᠤᠬᠢᠶᠠᠨ ᠪᠠᠶᠢᠭᠤᠯᠬᠤ ᠬᠡᠷᠡᠭᠲᠡᠢ᠃ | | ᠭᠤᠷᠪᠠᠳᠤᠭᠠᠷ ᠪᠦᠯᠦᠭ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠠ ᠬᠢᠨᠠᠨ ᠬᠡᠮᠵᠢᠯᠲᠡ | | ᠠᠷᠪᠠᠳᠤᠭᠠᠷ ᠵᠦᠢᠯ ᠤᠤᠭᠤᠬᠤ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠤᠷᠤᠨ ᠤ | ᠲᠦᠷᠢᠮ ᠢ ᠪᠠᠶᠢᠭᠤᠯᠵᠤ᠂ ᠬᠠᠮᠠᠭᠠᠯᠠᠯᠲᠠ ᠶᠢᠨ ᠤᠷᠤᠨ ᠳᠤᠳᠤᠷ᠎ᠠ ᠳᠤᠤᠷ᠎ᠠ ᠵᠢᠭᠰᠠᠭᠠᠭᠰᠠᠨ ᠠᠵᠢᠯᠯᠠᠭ᠎ᠠ ᠤᠳ ᠢ | ᠴᠠᠭᠠᠵᠠᠯᠠᠨ᠎ᠠ᠄ | ︵ᠨᠢᠭᠡ︶ ᠪᠤᠬᠢᠷᠳᠤᠯ ᠢ ᠭᠠᠳᠠᠭᠰᠢᠯᠠᠭᠤᠯᠬᠤ ᠠᠮᠠᠰᠠᠷ ᠭᠠᠷᠭᠠᠬᠤ ︔ | ︵ᠬᠤᠶᠠᠷ︶ ᠦᠪᠡᠷ ᠢᠶᠠᠨ ᠪᠡᠯᠡᠳᠭᠡᠭᠰᠡᠨ ᠤᠰᠤᠨ ᠤ ᠡᠬᠢ ᠪᠠᠶᠠᠯᠢᠭ ᠤᠨ ᠬᠤᠳᠳᠤᠭ ᠤᠬᠤᠬᠤ︔ | ︵ᠭᠤᠷᠪᠠ︶ ᠤᠰᠤᠨ ᠴᠤᠭᠴᠠ ᠦᠭᠡᠳᠡ ᠪᠤᠬᠢᠷ ᠪᠤᠳᠠᠰ ᠢ ᠭᠠᠳᠠᠭᠰᠢᠯᠠᠭᠤᠯᠬᠤ ᠲᠦᠷᠦᠯ ᠵᠦᠢᠯ ᠢ ᠰᠢᠨ᠎ᠡ | ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ︔ | ︵ᠲᠦᠷᠪᠡ︶ ᠨᠡᠪᠴᠢᠬᠦ ᠨᠦᠭᠡ᠂ ᠨᠡᠪᠴᠢᠬᠦ ᠬᠤᠳᠳᠤᠭ ᠢ ᠠᠰᠢᠭᠯᠠᠨ ᠪᠤᠵᠠᠷ ᠤᠰᠤ ᠶᠢ | ᠭᠠᠳᠠᠭᠰᠢᠯᠠᠭᠤᠯᠬᠤ︔ | ︵ᠲᠠᠪᠤ︶ ᠬᠠᠶᠠᠭᠳᠠᠮᠠᠯ ᠬᠤᠳᠳᠤᠭ ᠢ ᠠᠰᠢᠭᠯᠠᠨ ᠪᠤᠵᠠᠷ ᠤᠰᠤ ᠶᠢ ᠭᠠᠳᠠᠭᠰᠢᠯᠠᠭᠤᠯᠬᠤ ᠪᠠ ᠬᠤᠭ ᠨᠤᠪᠰᠢ | ᠂ ᠬᠠᠶᠠᠭᠳᠠᠮᠠᠯ ᠶᠠᠭᠤᠮ᠎ᠠ ᠵᠡᠷᠭᠡ ᠪᠠᠷ ᠲᠦᠬᠦᠷᠭᠡᠬᠦ ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠳᠤᠭᠳᠠᠭᠠᠭᠰᠠᠨ ᠪᠤᠰᠤᠳ ᠴᠠᠭᠠᠵᠠᠯᠠᠬᠤ | ᠠᠵᠢᠯᠯᠠᠭ᠎ᠠ ᠃ | ᠠᠷᠪᠠᠨ ᠨᠢᠭᠡᠳᠦᠭᠡᠷ ᠵᠦᠢᠯ ᠤᠤᠭᠤᠬᠤ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠤᠷᠤᠨ ᠢ | ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠤᠷᠤᠨ ᠪᠠ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠤᠷᠤᠨ ᠪᠤᠯᠭᠠᠨ | ᠬᠤᠪᠢᠶᠠᠪᠠ᠃ | ᠤᠤᠭᠤᠬᠤ ᠤᠰᠤᠨ ᠤ ᠡᠬᠢ ᠪᠠᠶᠠᠯᠢᠭ ᠤᠨ ᠨᠢᠭᠡᠳᠦᠭᠡᠷ ᠳᠡᠰ ᠤᠨ ᠤᠷᠤᠨ ᠤ ᠳᠤᠳᠤᠷ᠎ᠠ ᠂ ᠳᠤᠤᠷ᠎ᠠ ᠵᠢᠭᠰᠠᠭᠠᠭᠰᠠᠨ | ᠠᠵᠢᠯᠯᠠᠭ᠎ᠠ ᠤᠳ ᠢ ᠴᠠᠭᠠᠵᠠᠯᠠᠨ᠎ᠠ᠄ | ︵ᠨᠢᠭᠡ︶ ᠤᠰᠤ ᠬᠠᠩᠭᠠᠯᠲᠠ ᠶᠢᠨ ᠲᠦᠬᠦᠭᠡᠷᠦᠮᠵᠢ ᠪᠠ ᠤᠰᠤᠨ ᠤ ᠬᠠᠮᠠᠭᠠᠯᠠᠯᠲᠠ ᠲᠠᠢ ᠦᠯᠦ ᠬᠠᠮᠢᠶ᠎ᠠ | ᠪᠦᠬᠦᠢ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ᠂ ᠦᠬᠡᠷᠡᠴᠢᠯᠡᠨ ᠪᠠᠶᠢᠭᠤᠯᠬᠤ᠂ | ᠦᠷᠭᠡᠳᠭᠡᠨ ᠪᠠᠶᠢᠭᠤᠯᠬᠤ ︔ | ︵ᠬᠤᠶᠠᠷ︶ ᠵᠤᠭᠠᠴᠠᠬᠤ᠂ ᠤᠰᠤᠨ ᠳᠤ ᠤᠮᠪᠠᠭ᠋ᠤ᠂ ᠵᠢᠭᠠᠰᠤ ᠬᠦᠬᠢᠳᠡᠬᠦ ᠪᠤᠶᠤ ᠤᠤᠭᠤᠬᠤ ᠤᠰᠤ ᠶᠢᠨ | ᠤᠰᠤᠨ ᠤ ᠴᠤᠭᠴᠠ ᠶᠢ ᠪᠤᠬᠢᠷᠳᠤᠭᠤᠯᠬᠤ ᠪᠤᠰᠤᠳ ᠠᠵᠢᠯᠯᠠᠭ᠎ᠠ᠃ | ᠤᠤᠭᠤᠬᠤ ᠤᠰᠤᠨ ᠤ ᠡᠬᠢ ᠪᠠᠶᠠᠯᠢᠭ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠤᠷᠤᠨ ᠳᠤᠳᠤᠷ᠎ᠠ᠂ | ᠳᠤᠤᠷᠠᠬᠢ ᠠᠵᠢᠯᠯᠠᠭ᠎ᠠ ᠤᠳ ᠢ ᠴᠠᠭᠠᠵᠠᠯᠠᠨ᠎ᠠ ᠄ | ︵ᠨᠢᠭᠡ︶ ᠪᠤᠬᠢᠷᠳᠤᠯ ᠪᠤᠳᠠᠰ ᠢ ᠭᠠᠳᠠᠭᠰᠢᠯᠠᠭᠤᠬᠤ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠤᠶᠤ | ᠪᠤᠰᠤᠳ ᠲᠦᠬᠦᠭᠡᠷᠦᠮᠵᠢ ᠶᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ︔ | ︵ᠬᠤᠶᠠᠷ︶ ᠤᠰᠤᠨ ᠤ ᠰᠤᠷᠪᠤᠯᠵᠢ ᠶᠢᠨ ᠬᠠᠩᠭᠠᠯᠲᠠ ᠶᠢ ᠨᠦᠯᠦᠭᠡᠯᠡᠬᠦ ᠠᠵᠢᠯᠯᠠᠭ᠎ᠠ ᠵᠢᠴᠢ ᠤᠤᠭᠤᠬᠤ | ᠤᠰᠤᠨ ᠤ ᠤᠰᠤ ᠬᠠᠩᠭᠠᠯᠲᠠ ᠲᠠᠢ ᠦᠯᠦ ᠬᠠᠮᠢᠶ᠎ᠠ ᠪᠦᠬᠦᠢ ᠨᠡᠭᠡᠭᠡᠨ ᠮᠠᠯᠳᠠᠬᠤ ᠠᠵᠢᠯᠯᠠᠭ᠎ᠠ︔ | ︵ᠭᠤᠷᠪᠠ︶ ᠲᠤᠰᠤᠨ ᠤ ᠬᠦᠮᠦᠷᠭᠡ᠂ ᠲᠤᠰᠤ ᠨᠡᠮᠡᠬᠦ ᠦᠷᠲᠡᠭᠡ ᠭᠠᠷᠭᠠᠬᠤ︔ | ︵ᠲᠦᠷᠪᠡ︶ ᠬᠡᠬᠦᠷ ᠳᠡᠭᠳᠡᠭᠡᠬᠦ ᠳᠠᠯᠠᠪᠠᠢ᠂ ᠤᠩᠭᠤᠨ ᠤ ᠭᠠᠵᠠᠷ ᠪᠠᠶᠢᠭᠤᠯᠬᠤ︔ | ︵ᠲᠠᠪᠤ︶ ᠮᠠᠯ ᠵᠢᠬᠦᠷᠲᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠨᠢᠳᠤᠯᠬᠤ ᠲᠠᠯᠠᠪᠠᠢ ᠭᠠᠷᠭᠠᠬᠤ︔ | ︵ᠵᠢᠷᠭᠤᠭ᠎ᠠ︶ ᠴᠡᠪᠡᠷᠰᠢᠬᠦᠯᠦᠨ ᠰᠢᠢᠳᠪᠦᠷᠢᠯᠡᠬᠦ ᠪᠠᠷᠢᠮᠵᠢᠶᠠᠨ ᠳᠤ ᠦᠯᠦ ᠬᠦᠷᠦᠭᠰᠡᠨ ᠪᠤᠵᠠᠷ ᠤᠰᠤ ᠶᠢ | ᠠᠰᠢᠭᠯᠠᠨ ᠲᠠᠷᠢᠶᠠᠨ ᠭᠠᠵᠠᠷ ᠤᠰᠤᠯᠠᠬᠤ︔ | ︵ᠳᠤᠯᠤᠭ᠎ᠠ︶ ᠲᠠᠷᠢᠶᠠᠨ ᠡᠮ᠂ ᠬᠢᠮᠢ ᠶᠢᠨ ᠪᠤᠷᠳᠤᠭᠤᠷ᠂ ᠹᠤᠰᠹᠤᠷ ᠠᠭᠤᠯᠤᠭᠰᠠᠨ ᠤᠬᠢᠶᠠᠯᠭ᠎ᠠ ᠶᠢᠨ ᠡᠳ᠋ ᠢ | ᠪᠠᠷᠢᠮᠵᠢᠶᠠᠨ ᠠᠴᠠ ᠬᠡᠲᠦᠷᠡᠬᠦᠯᠦᠨ ᠬᠡᠷᠡᠭᠯᠡᠬᠦ︔ | ︵ᠨᠠᠢᠮᠠ︶ ᠠᠮᠢᠲᠠᠨ ᠤ ᠦᠬᠦᠳᠡᠯ ᠢ ᠪᠤᠯᠠᠬᠤ᠂ ᠬᠠᠶᠠᠬᠤ︔ | ︵ᠶᠢᠰᠦ︶ ᠬᠠᠥᠯᠢ ᠴᠠᠭᠠᠵᠠ᠂ ᠬᠠᠤᠯᠢ ᠲᠤᠭᠳᠠᠭᠠᠯ ᠳᠤ ᠳᠤᠭᠳᠠᠭᠠᠭᠰᠠᠨ ᠤᠤᠭᠤᠬᠤ ᠤᠰᠤᠨ ᠤ ᠡᠬᠢ | ᠪᠠᠶᠠᠯᠢᠭ ᠢ ᠪᠤᠬᠢᠷᠳᠤᠭᠤᠯᠬᠤ ᠪᠤᠰᠤᠳ ᠠᠵᠢᠯᠯᠠᠭ᠎ᠠ ᠃ | ᠠᠷᠪᠠᠨ ᠬᠤᠶᠠᠳᠤᠭᠠᠷ ᠵᠦᠢᠯ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠪᠦᠷᠢᠯᠡᠯ ᠤᠨ | ᠬᠠᠶᠠᠭᠳᠠᠮᠠᠯ ᠤᠰᠤ᠂ ᠠᠮᠢᠳᠤᠷᠠᠯ ᠤᠨ ᠪᠤᠵᠠᠷ ᠤᠰᠤ ᠶᠢ ᠲᠦᠪᠯᠡᠷᠡᠬᠦᠯᠦᠨ ᠰᠢᠢᠳᠪᠦᠷᠢᠯᠡᠬᠦ ᠱᠠᠭᠠᠷᠳᠠᠯᠭ᠎ᠠ ᠳᠤ | ᠬᠦᠷᠦᠬᠦᠯᠦᠭᠰᠡᠨ ᠤ ᠳᠠᠷᠠᠭ᠎ᠠ ᠂ ᠬᠤᠲᠠ ᠬᠦᠳᠡᠭᠡ ᠶᠢᠨ ᠪᠤᠵᠠᠷ ᠤᠰᠤᠨ ᠤ ᠬᠤᠭᠤᠯᠠᠢ ᠲᠤᠤᠷ ᠲᠤ ᠨᠢᠭᠡᠲᠦᠯᠲᠡᠢ | ᠤᠷᠤᠭᠤᠯᠬᠤ ᠠᠴᠠ ᠪᠢᠰᠢ᠂ ᠤᠰᠤᠨ ᠤ ᠴᠠᠷᠠᠭ᠎ᠠ ᠳᠤ ᠰᠢᠭᠤᠳ ᠭᠠᠳᠠᠭᠰᠢᠯᠠᠭᠤᠯᠵᠤ ᠪᠤᠯᠬᠤ ᠦᠭᠡᠢ᠃ | ᠦᠢᠯᠡᠳᠪᠦᠷᠢᠯᠡᠯ ᠦᠢᠯᠡᠳᠪᠦᠷᠢ ᠶᠢᠨ ᠳᠤᠭᠤᠷᠢᠭ ᠨᠢ ᠠᠩᠬᠠᠨ ᠤ ᠬᠤᠭᠤᠴᠠᠭᠠᠨ ᠤ ᠪᠤᠷᠤᠭᠠᠨ ᠤ ᠤᠰᠤ | ᠬᠤᠷᠠᠮᠳᠤᠭᠤᠯᠬᠤ ᠵᠤᠬᠢᠴᠠᠩᠭᠤᠢ ᠰᠢᠰᠲ᠋ᠧᠮ ᠭᠠᠷᠭᠠᠵᠤ ᠰᠢᠢᠳᠪᠦᠷᠢᠯᠡᠨ᠂ ᠪᠠᠷᠢᠮᠵᠢᠶ᠎ᠠ ᠳᠤ ᠬᠦᠷᠦᠭᠦᠯᠦᠭᠰᠡᠨ ᠤ | ᠳᠠᠷᠠᠭ᠎ᠠ ᠬᠤᠭᠤᠯᠠᠢ ᠳᠤᠤᠷ ᠲᠤ ᠭᠠᠳᠠᠭᠰᠢᠯᠠᠭᠤᠯᠵᠤ ᠪᠤᠯᠤᠨ᠎ᠠ᠃ | ᠬᠤᠲᠠ᠂ ᠬᠤᠰᠢᠭᠤ ᠰᠢᠶᠠᠨ ᠱᠠᠲᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ | ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ | ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠬᠦᠯᠦᠯᠲᠡ᠂ ᠵᠠᠮ ᠬᠠᠷᠢᠯᠴᠠᠭ᠎ᠠ ᠳᠡᠭᠡᠭᠡᠪᠦᠷᠢ᠂ ᠬᠤᠳᠠᠯᠳᠤᠭᠠᠨ ᠤ | ᠶᠠᠪᠤᠳᠠᠯ᠂ ᠡᠷᠡᠬᠦᠯ ᠬᠠᠮᠠᠭᠠᠯᠠᠯ ᠵᠡᠷᠭᠡ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠳ ᠲᠠᠢ | ᠬᠠᠮᠲᠤᠷᠠᠵᠤ᠂ ᠲᠡᠷᠭᠡ ᠪᠠ ᠮᠠᠰᠢᠨ ᠤ ᠵᠠᠰᠠᠯᠲᠠ᠂ ᠬᠤᠭᠤᠯᠠ ᠤᠮᠳᠠᠭᠠᠨ᠂ ᠬᠤᠨᠤᠬᠤ᠂ ᠦᠰᠦ ᠵᠠᠰᠠᠬᠤ᠂ ᠪᠡᠶ᠎ᠡ | ᠤᠬᠢᠶᠠᠬᠤ᠂ ᠲᠡᠷᠭᠡ ᠤᠬᠢᠶᠠᠬᠤ᠂ ᠬᠤᠪᠴᠠᠰᠤ ᠤᠬᠢᠶᠠᠬᠤ ᠵᠡᠷᠭᠡ ᠦᠢᠯᠡᠴᠢᠯᠡᠭᠡᠨ ᠤ ᠠᠵᠢᠯ ᠲᠦᠷᠦᠯ ᠤᠨ ᠪᠤᠵᠠᠷ | ᠤᠰᠤ ᠶᠢ ᠬᠤᠭᠤᠯᠠᠢ ᠲᠤᠤᠷ ᠲᠤ ᠤᠷᠤᠭᠤᠯᠤᠨ ᠲᠤᠰᠬᠠᠢ ᠲᠦᠷᠦᠯ ᠢᠶᠠᠷ ᠲᠦᠯᠦᠪᠵᠢᠬᠦᠯᠵᠦ᠂ ᠬᠤᠭᠤᠯᠠᠢ ᠲᠤᠤᠷ | ᠲᠤ ᠤᠷᠤᠭᠤᠯᠤᠨ ᠰᠢᠨᠡᠳᠭᠡᠨ ᠵᠠᠰᠠᠬᠤ ᠶᠢ ᠵᠤᠬᠢᠶᠠᠨ ᠪᠠᠶᠢᠭᠤᠯᠤᠨ ᠶᠠᠪᠤᠭᠳᠠᠭᠤᠯᠬᠤ ᠮᠦᠷᠲᠡᠭᠡᠨ ᠦᠪᠡᠷᠰᠡᠳ ᠤᠨ | ᠡᠭᠦᠷᠭᠡ ᠬᠠᠷᠢᠭᠤᠴᠠᠯᠭ᠎ᠠ ᠶᠤᠰᠤᠭᠠᠷ ᠬᠢᠨᠠᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠪᠤᠬᠢᠷᠳᠤᠯ ᠢ ᠲᠠᠰᠤᠯᠵᠤ ᠬᠤᠭᠤᠯᠠᠢ ᠲᠤᠤᠷ ᠲᠤ ᠤᠷᠤᠭᠤᠯᠬᠤ ᠶᠢ | ᠬᠡᠷᠡᠭᠵᠢᠬᠦᠯᠦᠭᠡᠳᠦᠢ ᠬᠠᠭᠤᠴᠢᠨ ᠤᠳᠠᠭᠰᠠᠨ ᠤᠷᠤᠨ ᠰᠠᠭᠤᠴᠠ ᠶᠢᠨ ᠲᠤᠭᠤᠷᠢᠭ ᠲᠤ ᠤᠷᠤᠨ ᠰᠠᠭᠤᠴᠠ ᠪᠠ ᠬᠤᠲᠠ | ᠬᠦᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠰᠢᠨᠡᠳᠬᠡᠨ ᠵᠠᠰᠠᠬᠤ | ᠲᠦᠯᠦᠪᠯᠡᠭᠡ ᠲᠤᠭᠳᠠᠭᠠᠵᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠦᠨ | ᠵᠦᠪᠰᠢᠶᠡᠷᠡᠬᠦᠯᠦᠭᠰᠡᠨ ᠤ ᠳᠠᠷᠠᠭ᠎ᠠ ᠬᠡᠷᠡᠭᠵᠢᠬᠦᠯᠬᠦ ᠬᠡᠷᠡᠭᠲᠡᠢ᠃ | ᠬᠦᠳᠡᠭᠡ ᠲᠤᠰᠬᠤᠨ ᠤ ᠠᠮᠢᠳᠤᠷᠠᠯ ᠤᠨ ᠪᠤᠵᠠᠷ ᠤᠰᠤ ᠶᠢ ᠬᠤᠲᠠ ᠪᠠᠯᠭᠠᠰᠤᠨ ᠤ ᠬᠤᠭᠤᠯᠠᠢ ᠲᠤᠤᠷ ᠲᠤ ᠵᠠᠯᠭᠠᠵᠤ | ᠤᠷᠤᠭᠤᠯᠬᠤ ᠨᠦᠬᠦᠴᠡᠯ ᠲᠠᠢ ᠪᠣᠯ᠂ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠳᠤ ᠬᠤᠭᠤᠯᠠᠢ ᠪᠠᠷ ᠤᠷᠤᠭᠤᠯᠤᠨ | ᠲᠦᠪᠯᠡᠷᠡᠬᠦᠯᠦᠨ ᠰᠢᠢᠳᠪᠦᠷᠢᠯᠡᠬᠦ ᠬᠡᠷᠡᠭᠲᠡᠢ᠃ | ᠠᠷᠪᠠᠨ ᠲᠦᠷᠪᠡᠳᠦᠭᠡᠷ ᠵᠦᠢᠯ ᠬᠤᠪᠢᠶᠠᠷᠢᠯᠠᠨ ᠲᠤᠭᠳᠠᠭᠠᠭᠰᠠᠨ ᠭᠠᠵᠠᠷ ᠳᠤᠤᠷᠠᠬᠢ ᠤᠰᠤ ᠶᠢ | ᠨᠡᠭᠡᠭᠡᠨ ᠮᠠᠯᠲᠠᠬᠤ ᠶᠢ ᠴᠠᠭᠠᠵᠠᠯᠠᠭᠰᠠᠨ ᠤᠷᠤᠨ ᠪᠠ ᠨᠡᠭᠡᠭᠡᠨ ᠮᠠᠯᠳᠠᠬᠤ ᠶᠢ ᠬᠢᠵᠠᠭᠠᠷᠯᠠᠭᠰᠠᠨ ᠤᠷᠤᠨ ᠤ ᠳᠤᠳᠤᠷ᠎ᠠ᠂ | ᠭᠠᠵᠠᠷ ᠳᠤᠤᠷᠠᠬᠢ ᠤᠰᠤ ᠶᠢ ᠳᠠᠳᠠᠵᠤ ᠠᠪᠬᠤ ᠪᠠᠷᠢᠯᠭ᠎ᠠ ᠶᠢ ᠰᠢᠨ᠎ᠡ ᠪᠠᠷ ᠪᠠᠶᠢᠭᠤᠯᠵᠤ ᠪᠤᠯᠬᠤ ᠦᠭᠡᠢ᠃ ᠤᠰᠤᠨ ᠤ | ᠰᠤᠷᠪᠤᠯᠵᠢ ᠶᠢᠨ ᠬᠤᠳᠳᠤᠭ ᠢ ᠨᠢᠭᠡᠨᠳᠡ ᠦᠪᠡᠷ ᠢᠶᠠᠨ ᠪᠡᠯᠡᠳᠭᠡᠭᠰᠡᠨ ᠪᠣᠯ ᠬᠤᠰᠢᠭᠤ ᠰᠢᠶᠠᠨ ᠱᠠᠲᠤᠨ ᠤ ᠠᠷᠠᠳ | ᠤᠨ ᠵᠠᠰᠠᠭ ᠤᠨ ᠤᠷᠳᠤᠨ ᠲᠤᠭᠳᠠᠭᠰᠠᠨ ᠬᠤᠭᠤᠴᠠᠭᠠᠨ ᠳᠤ ᠤᠰᠤᠨ ᠤ ᠰᠤᠷᠪᠤᠯᠵᠢ ᠶᠢ ᠰᠤᠯᠢᠬᠤ ᠶᠢ ᠵᠠᠷᠯᠢᠭᠳᠠᠬᠤ | ᠮᠦᠷᠲᠡᠭᠡᠨ ᠬᠤᠰᠢᠭᠤ ᠰᠢᠶᠠᠨ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠠᠴᠠ ᠵᠠᠷᠯᠢᠭᠳᠠᠨ ᠬᠤᠭᠤᠴᠠᠭ᠎ᠠ ᠬᠢᠵᠠᠭᠠᠷᠯᠠᠨ ᠪᠢᠳᠡᠬᠦᠮᠵᠢᠯᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠤᠰᠤ ᠠᠪᠬᠤ ᠨᠢᠭᠡᠴᠢ ᠪᠠ ᠬᠤᠪᠢ ᠬᠦᠮᠦᠨ ᠨᠢ ᠬᠡᠷᠡᠭᠯᠡᠬᠦ ᠪᠠᠨ | ᠵᠤᠭᠰᠤᠭᠰᠠᠨ᠂ ᠬᠡᠷᠡᠭᠯᠡᠭᠡᠨ ᠠᠴᠠ ᠭᠠᠷᠭᠠᠭᠰᠠᠨ᠂ ᠰᠤᠯᠠ ᠪᠠᠶᠢᠬᠤ ᠪᠤᠶᠤ ᠪᠠᠷᠢᠯᠭ᠎ᠠ ᠶᠢᠨ ᠠᠵᠢᠯ ᠨᠢ ᠪᠠᠷᠠᠭᠠᠳᠤᠢ | ᠤᠰᠤᠨ ᠤ ᠰᠤᠷᠪᠤᠯᠵᠢ ᠶᠢᠨ ᠬᠤᠳᠳᠤᠭ ᠤᠨ ᠪᠠᠶᠢᠳᠠᠯ ᠢ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠲᠤ ᠮᠡᠳᠡᠬᠦᠯᠦᠨ ᠪᠠᠶᠢᠴᠠᠭᠠᠬᠤ ᠳᠤ ᠪᠡᠯᠡᠳᠭᠡᠵᠦ᠂ ᠬᠠᠷᠢᠶᠠᠯᠠᠭᠳᠠᠬᠤ ᠨᠢᠭᠡᠴᠢ ᠪᠤᠶᠤ ᠪᠠᠷᠢᠯᠭ᠎ᠠ ᠶᠢᠨ | ᠠᠵᠢᠯ ᠬᠢᠵᠦ ᠪᠠᠶᠢᠭ᠎ᠠ ᠨᠢᠭᠡᠴᠢ ᠪᠢᠳᠡᠬᠦᠮᠵᠢᠯᠡᠵᠦ ᠲᠦᠬᠦᠷᠭᠡᠬᠦ ᠲᠦᠰᠦᠪ ᠨᠠᠶᠢᠷᠠᠭᠤᠯᠤᠨ ᠵᠤᠬᠢᠶᠠᠬᠤ ᠮᠦᠷᠲᠡᠭᠡᠨ | ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠭᠴᠢ ᠶᠢᠨ ᠬᠢᠨᠠᠯᠲᠠ ᠳᠤᠤᠷ᠎ᠠ ᠤᠰᠤᠨ ᠤ ᠰᠤᠷᠪᠤᠯᠵᠢ ᠶᠢᠨ | ᠬᠤᠳᠳᠤᠭ ᠢ ᠲᠦᠬᠦᠷᠭᠡᠵᠦ᠂ ᠭᠠᠵᠠᠷ ᠳᠤᠤᠷᠠᠬᠢ ᠤᠰᠤ ᠶᠢ ᠪᠤᠬᠢᠷᠳᠤᠭᠤᠯᠬᠤ ᠶᠢ ᠰᠡᠷᠭᠡᠶᠢᠯᠡᠬᠦ ᠭᠡᠷᠡᠭᠲᠡᠢ᠃ | ᠠᠷᠪᠠᠨ ᠵᠢᠷᠭᠤᠳᠤᠭᠠᠷ ᠵᠦᠢᠯ ᠬᠤᠲᠠ ᠪᠠᠯᠭᠠᠰᠤᠨ ᠤ ᠲᠦᠪᠯᠡᠷᠡᠬᠦᠯᠦᠨ ᠤᠰᠤ ᠬᠠᠩᠭᠠᠬᠤ | ᠬᠤᠭᠤᠯᠠᠢ ᠶᠢᠨ ᠲᠤᠤᠷ ᠬᠦᠷᠦᠭᠰᠡᠨ ᠤᠷᠤᠨ ᠲᠤᠭᠤᠷᠢᠭ ᠯᠡ ᠪᠣᠯ ᠠᠮᠢᠳᠤᠷᠠᠯ ᠤᠨ ᠬᠡᠷᠡᠭᠯᠡᠭᠡᠨ ᠤ ᠤᠰᠤ ᠶᠢ | ᠲᠦᠪᠯᠡᠷᠡᠬᠦᠯᠦᠭᠰᠡᠨ ᠬᠤᠭᠤᠯᠠᠢ ᠲᠤᠤᠷ ᠢ ᠵᠠᠯᠭᠠᠨ ᠤᠷᠤᠭᠤᠯᠵᠤ᠂ ᠭᠠᠵᠠᠷ ᠳᠤᠤᠷᠠᠬᠢ ᠴᠢᠨᠠᠷ ᠰᠠᠶᠢᠨ ᠤᠰᠤ ᠶᠢ | ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠶᠢ ᠤᠷᠢᠳᠠᠪᠠᠷ ᠦᠨᠡᠨᠬᠦ ᠪᠠᠲᠤᠯᠠᠬᠤ | ᠬᠡᠷᠡᠭᠲᠡᠢ᠃ | ᠢᠳᠡᠭᠡᠨ ᠤᠮᠳᠠᠭᠠᠨ᠂ ᠡᠮ ᠬᠢᠬᠦ ᠵᠡᠷᠭᠡ ᠤᠰᠤᠨ ᠤ ᠬᠠᠩᠭᠠᠯᠲᠠ ᠶᠢᠨ ᠳᠠᠯ᠎ᠠ ᠪᠠᠷ ᠤᠨᠴᠠᠭᠠᠢ ᠱᠠᠭᠠᠷᠳᠠᠯᠭ᠎ᠠ | ᠲᠠᠢ ᠠᠵᠤ ᠠᠬᠤᠶᠢᠯᠠᠯ ᠨᠢ ᠬᠠᠤᠯᠢ ᠶᠤᠰᠤᠭᠠᠷ ᠵᠦᠪᠰᠢᠶᠡᠷᠡᠭᠰᠡᠨ ᠪᠣᠯ ᠭᠠᠵᠠᠷ ᠳᠤᠤᠷᠠᠬᠢ ᠤᠰᠤ ᠶᠢ ᠠᠪᠴᠤ | ᠬᠡᠷᠡᠭᠯᠡᠵᠦ ᠪᠤᠯᠤᠨ᠎ᠠ᠃ | ᠠᠵᠤ ᠦᠢᠯᠡᠳᠪᠦᠷᠢ ᠶᠢᠨ ᠠᠵᠤ ᠠᠬᠤᠶᠢᠯᠠᠯ ᠦᠢᠯᠡᠳᠪᠦᠷᠢᠯᠡᠯ ᠳᠤ ᠤᠰᠤ ᠬᠡᠷᠡᠭᠯᠡᠬᠦ ᠳᠡᠭᠡᠨ ᠳᠤᠮᠳᠠᠬᠢ ᠤᠰᠤ | ᠪᠤᠶᠤ ᠭᠠᠵᠠᠷ ᠳᠡᠭᠡᠷᠡᠬᠢ ᠤᠰᠤ ᠶᠢ ᠬᠡᠷᠡᠭᠯᠡᠵᠦ ᠪᠤᠯᠬᠤ ᠠᠴᠠ ᠪᠢᠰᠢ᠂ ᠭᠠᠵᠠᠷ ᠳᠤᠤᠷᠠᠬᠢ ᠤᠰᠤ ᠶᠢ ᠳᠤᠷ᠎ᠠ ᠪᠠᠷ | ᠢᠶᠠᠨ ᠬᠡᠷᠡᠭᠯᠡᠬᠦ ᠶᠢ ᠴᠠᠭᠠᠵᠠᠯᠠᠨ᠎ᠠ᠃ | ᠠᠷᠪᠠᠨ ᠳᠤᠯᠤᠳᠤᠭᠠᠷ ᠵᠦᠢᠯ ᠠᠭᠤᠷᠬᠠᠢ ᠮᠠᠯᠲᠠᠬᠤ ᠪᠤᠶᠤ ᠭᠠᠵᠠᠷ ᠳᠤᠤᠷ᠎ᠠ ᠪᠠᠷᠢᠯᠭ᠎ᠠ ᠪᠠᠶᠢᠭᠤᠯᠬᠤ | ᠳᠠᠭᠠᠨ᠂ ᠠᠳᠠᠯᠢ ᠪᠤᠰᠤ ᠤᠰᠤ ᠠᠭᠤᠯᠤᠭᠰᠠᠨ ᠳᠠᠪᠬᠤᠷᠭ᠎ᠠ ᠳᠤ ᠳᠠᠪᠬᠤᠷᠭ᠎ᠠ ᠪᠠᠷ ᠨᠢ ᠤᠰᠤ ᠬᠤᠷᠢᠭᠯᠠᠬᠤ ᠬᠡᠷᠡᠭᠲᠡᠢ | ᠃ | ᠰᠢᠷᠬᠢᠬᠦᠯᠵᠦ ᠵᠠᠯᠠᠭᠰᠠᠨ ᠤᠰᠤ ᠶᠢ ᠭᠠᠳᠠᠭᠰᠢᠯᠠᠭᠤᠯᠬᠤ ᠳᠠᠭᠠᠨ ᠤᠰᠤᠨ ᠤ ᠡᠬᠢ ᠪᠠᠶᠠᠯᠢᠭ ᠤᠨ ᠨᠤᠲᠠᠯᠠᠯᠲᠠ | ᠬᠢᠬᠦ ᠮᠦᠷᠲᠡᠭᠡᠨ ᠬᠡᠮᠵᠢᠬᠦ ᠲᠦᠬᠦᠭᠡᠷᠦᠮᠵᠢ ᠤᠭᠰᠠᠷᠠᠬᠤ ᠬᠡᠷᠡᠭᠲᠡᠢ᠃ ᠰᠢᠷᠬᠢᠬᠦᠯᠵᠦ ᠵᠠᠯᠠᠭᠰᠠᠨ ᠤᠰᠤ ᠶᠢ | ᠭᠠᠳᠠᠭᠰᠢᠯᠠᠭᠤᠯᠪᠠᠯ ᠭᠠᠵᠠᠷ ᠳᠤᠤᠷᠠᠬᠢ ᠤᠰᠤᠨ ᠤ ᠲᠦᠪᠰᠢᠨ ᠢ ᠳᠤᠷᠤᠭᠰᠢᠯᠠᠭᠤᠯᠬᠤ᠂ ᠤᠰᠤᠨ ᠤ ᠰᠤᠷᠪᠤᠯᠵᠢ ᠶᠢ | ᠰᠢᠷᠬᠢᠬᠦᠯᠬᠦ ᠪᠤᠶᠤ ᠭᠠᠵᠠᠷ ᠤᠨ ᠭᠠᠳᠠᠷᠭᠤ ᠶᠢ ᠨᠤᠷᠭᠠᠬᠤ ᠪᠤᠯᠬᠤᠷ ᠠᠭᠤᠷᠬᠠᠢ ᠮᠠᠯᠳᠠᠬᠤ ᠪᠤᠶᠤ ᠪᠦᠲᠦᠭᠡᠨ | ᠪᠠᠶᠢᠭᠤᠯᠬᠤ ᠨᠢᠭᠡᠴᠢ ᠨᠢ ᠨᠦᠬᠦᠵᠦ ᠵᠠᠰᠠᠬᠤ ᠠᠷᠭ᠎ᠠ ᠪᠠᠷᠢᠯ ᠠᠪᠬᠤ ᠬᠡᠷᠡᠭᠲᠡᠢ︔ ᠪᠤᠰᠤᠳ ᠬᠦᠮᠦᠨ ᠤ ᠠᠮᠢᠳᠤᠷᠠᠯ | ᠪᠠ ᠦᠢᠯᠡᠳᠪᠦᠷᠢᠯᠡᠯ ᠳᠤ ᠬᠤᠬᠢᠷᠠᠯ ᠤᠴᠠᠷᠠᠭᠤᠯᠪᠠᠯ ᠬᠠᠤᠯᠢ ᠶᠤᠰᠤᠭᠠᠷ ᠲᠦᠯᠦᠪᠦᠷᠢ ᠦᠭᠬᠦ ᠬᠡᠷᠡᠭᠲᠡᠢ ᠃ | ᠠᠷᠪᠠᠨ ᠨᠠᠢᠮᠠᠳᠤᠭᠠᠷ ᠵᠦᠢᠯ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠤᠰᠤᠨ ᠤ ᠴᠢᠳᠠᠮᠵᠢ ᠶᠢᠨ ᠤᠷᠤᠨ ᠤ ᠤᠰᠤᠨ ᠤ ᠶᠠᠰᠤ ᠴᠢᠨᠠᠷ ᠤᠨ ᠱᠠᠭᠠᠷᠳᠠᠯᠭ᠎ᠠ ᠪᠠ ᠤᠰᠤᠨ ᠤ | ᠤᠷᠴᠢᠨ ᠲᠤᠭᠤᠷᠢᠨ ᠤ ᠱᠠᠭᠠᠷᠳᠠᠯᠭ᠎ᠠ ᠪᠠ ᠤᠰᠤᠨ ᠤ ᠤᠷᠴᠢᠨ ᠲᠤᠭᠤᠷᠢᠨ ᠤ ᠪᠠᠭᠳᠠᠭᠠᠮᠵᠢ ᠶᠤᠰᠤᠭᠠᠷ᠂ ᠤᠰᠤᠨ ᠤ | ᠴᠢᠳᠠᠮᠵᠢ ᠶᠢᠨ ᠤᠷᠤᠨ ᠢ ᠲᠤᠭᠳᠠᠭᠠᠨ ᠭᠠᠷᠭᠠᠬᠤ ᠮᠦᠷᠲᠡᠭᠡᠨ ᠤᠷᠤᠨ ᠬᠤᠪᠢᠶᠠᠷᠢᠯᠠᠭᠰᠠᠨ ᠦᠷ᠎ᠡ ᠳ᠋ᠦᠩ ᠢᠶᠠᠨ | ᠨᠡᠶᠢᠭᠡᠮ ᠳᠤ ᠨᠡᠶᠢᠲᠡᠯᠡᠵᠤ᠂ ᠤᠰᠤᠨ ᠤ ᠴᠢᠳᠠᠮᠵᠢ ᠶᠢᠨ ᠤᠷᠤᠨ ᠳᠤ ᠢᠯᠡ ᠳᠤᠳᠤ ᠤᠷᠤᠨ ᠪᠠᠶᠢᠷᠢᠨ ᠳᠤ ᠳᠡᠮᠳᠡᠭ | ᠢᠯᠡᠷᠬᠡᠶᠢᠯᠡᠯ ᠪᠤᠰᠬᠠᠵᠤ᠂ ᠤᠰᠤᠨ ᠤ ᠴᠢᠳᠠᠮᠵᠢ ᠶᠢᠨ ᠤᠷᠤᠨ ᠤ ᠳᠡᠮᠳᠡᠭ ᠢᠯᠡᠷᠬᠡᠶᠢᠯᠡᠯ ᠢ ᠡᠪᠳᠡᠬᠦ᠂ ᠰᠢᠯᠵᠢᠬᠦᠯᠬᠦ ᠶᠢ | ᠴᠠᠭᠠᠵᠠᠯᠠᠬᠤ ᠬᠡᠷᠡᠭᠲᠡᠢ᠃ | ᠬᠤᠲᠠ ᠶᠢᠨ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠰᠤᠨ ᠤ | ᠴᠢᠳᠠᠪᠬᠢ ᠶᠢᠨ ᠤᠷᠤᠨ ᠤ ᠬᠢᠨᠠᠨ ᠬᠡᠮᠵᠢᠯᠲᠡ ᠶᠢᠨ ᠠᠵᠢᠯ ᠢ ᠬᠠᠷᠢᠭᠤᠴᠠᠵᠤ᠂ ᠬᠤᠰᠢᠭᠤ ᠰᠢᠶᠠᠨ ᠱᠠᠲᠤᠨ ᠤ | ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠭᠤᠤᠯ ᠳᠤ ᠤᠷᠤᠭᠤᠯᠤᠨ ᠪᠤᠬᠢᠷᠳᠤᠯ ᠢ | ᠭᠠᠳᠠᠭᠰᠢᠯᠠᠭᠤᠯᠬᠤ ᠠᠮᠠᠰᠠᠷ ᠤᠨ ᠬᠢᠨᠠᠨ ᠬᠡᠮᠵᠢᠯᠲᠡ ᠶᠢᠨ ᠠᠵᠢᠯ ᠢ ᠬᠠᠷᠢᠭᠤᠴᠠᠵᠤ᠂ ᠶᠡᠷᠦᠲᠡ ᠶᠢᠨ ᠬᠢᠨᠠᠨ ᠬᠡᠮᠵᠢᠯᠲᠡ | ᠶᠢ ᠠᠦ᠋ᠲ᠋ᠤ᠋ ᠬᠢᠨᠠᠨ ᠬᠡᠮᠵᠢᠯᠲᠡ ᠯᠦᠭᠡ᠂ ᠴᠠᠭ ᠲᠤᠭᠳᠠᠭᠠᠨ ᠬᠢᠨᠠᠨ ᠬᠡᠮᠵᠢᠬᠦ ᠶᠢ ᠴᠠᠭ ᠲᠤᠬᠠᠢ ᠳᠤ ᠨᠢ ᠬᠢᠨᠠᠨ | ᠬᠡᠮᠵᠢᠬᠦ ᠯᠦᠭᠡ ᠶᠢᠨ ᠤᠶᠠᠯᠳᠤᠯ ᠢ ᠪᠡᠶᠡᠯᠡᠬᠦᠯᠵᠦ᠂ ᠤᠰᠤᠨ ᠤ ᠶᠠᠰᠤ ᠴᠢᠨᠠᠷ ᠤᠨ ᠤᠳᠤᠬᠢᠴᠢᠯᠠᠭᠰᠠᠨ ᠬᠢᠨᠠᠨ | ᠬᠡᠮᠵᠢᠯᠲᠡ ᠶᠢᠨ ᠰᠢᠰᠲ᠋ᠧᠮᠵᠢ ᠶᠢ ᠪᠦᠷᠢᠯᠳᠦᠬᠦᠯᠦᠨ᠎ᠡ᠃ | ᠠᠷᠪᠠ ᠶᠢᠰᠦᠳᠦᠭᠡᠷ ᠵᠦᠢᠯ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠤᠰᠤᠨ ᠤ ᠴᠢᠳᠠᠮᠵᠢ ᠶᠢᠨ ᠤᠷᠤᠨ ᠳᠤ ᠲᠤᠰ ᠤᠰᠤᠨ ᠤ ᠴᠠᠷᠠᠭ᠎ᠠ ᠶᠢᠨ ᠪᠤᠬᠢᠷᠳᠤᠯ ᠪᠤᠳᠠᠰ | ᠠᠭᠤᠯᠬᠤ ᠳᠠᠭᠠᠭᠠᠴᠠ ᠶᠢᠨ ᠬᠡᠮᠵᠢᠶ᠎ᠡ ᠶᠢ ᠬᠢᠨᠠᠨ ᠲᠤᠭᠳᠠᠭᠠᠬᠤ ᠮᠦᠷᠲᠡᠭᠡᠨ ᠤᠷᠴᠢᠨ ᠲᠤᠭᠤᠷᠢᠨ ᠤ ᠬᠠᠮᠠᠭᠠᠯᠠᠯᠲᠠ | ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠲᠤᠰ ᠤᠰᠤᠨ ᠤ ᠴᠠᠷᠠᠭ᠎ᠠ ᠳᠤ ᠪᠤᠬᠢᠷᠳᠤᠯ | ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠰᠠᠨᠠᠯ ᠳᠤᠷᠠᠳᠬᠤ ᠬᠡᠷᠡᠭᠲᠡᠢ᠃ | ᠤᠷᠴᠢᠨ ᠲᠤᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠪᠤᠬᠢᠷᠳᠤᠯ ᠭᠠᠳᠠᠭᠰᠢᠯᠠᠭᠤᠯᠬᠤ ᠶᠡᠷᠦᠩᠭᠡᠢ ᠬᠡᠮᠵᠢᠶ᠎ᠡ ᠶᠢ ᠬᠢᠵᠠᠭᠠᠷᠯᠠᠬᠤ ᠰᠠᠨᠠᠯ ᠢ ᠦᠨᠳᠦᠰᠦᠯᠡᠵᠦ᠂ ᠪᠤᠬᠢᠷᠳᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠦᠯᠦᠪᠯᠡᠭᠡ ᠲᠤᠭᠳᠠᠭᠠᠵᠤ᠂ ᠪᠤᠬᠢᠷᠳᠤᠯ ᠭᠠᠳᠠᠭᠰᠢᠯᠠᠭᠤᠯᠵᠤ ᠪᠠᠶᠢᠭ᠎ᠠ | ᠨᠢᠭᠡᠴᠢ ᠳᠤ ᠪᠠᠭᠤᠯᠭᠠᠬᠤ ᠮᠦᠷᠲᠡᠭᠡᠨ ᠲᠦᠯᠦᠪᠯᠡᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠷᠢᠭᠤᠴᠠᠨ | ᠪᠠᠶᠢᠴᠠᠭᠠᠵᠤ᠂ ᠪᠤᠬᠢᠷᠳᠤᠯ ᠭᠠᠳᠠᠭᠰᠢᠯᠠᠭᠤᠯᠵᠤ ᠪᠠᠶᠢᠭ᠎ᠠ ᠨᠢᠭᠡᠴᠢ ᠶᠢᠨ ᠪᠠᠷᠢᠮᠵᠢᠶ᠎ᠠ ᠳᠤ ᠬᠦᠷᠦᠬᠦᠯᠦᠨ | ᠭᠠᠳᠠᠭᠰᠢᠯᠠᠭᠤᠯᠬᠤ ᠳᠤ ᠨᠢ ᠬᠢᠨᠠᠯᠲᠠ ᠳᠠᠯᠪᠢᠬᠤ ᠬᠡᠷᠡᠭᠲᠡᠢ᠃ ᠤᠰᠤᠨ ᠤ ᠴᠠᠷᠠᠭ᠎ᠠ ᠳᠤ ᠪᠤᠬᠢᠷᠳᠤᠯ ᠪᠤᠳᠠᠰ | ᠭᠠᠳᠠᠭᠰᠢᠯᠠᠭᠤᠯᠤᠭᠰᠠᠨ ᠶᠡᠷᠦᠩᠭᠡᠢ ᠬᠡᠮᠵᠢᠶ᠎ᠡ ᠨᠢ ᠲᠤᠰ ᠤᠰᠤᠨ ᠤ ᠴᠠᠷᠠᠭ᠎ᠠ ᠶᠢᠨ ᠪᠤᠬᠢᠷᠳᠤᠯ ᠪᠤᠳᠠᠰ ᠠᠭᠤᠯᠬᠤ | ᠴᠢᠳᠠᠮᠵᠢ ᠠᠴᠠ ᠬᠡᠲᠦᠷᠡᠭᠰᠡᠨ ᠪᠤᠶᠤ ᠤᠰᠤᠨ ᠤ ᠴᠢᠳᠠᠮᠵᠢ ᠶᠢᠨ ᠤᠷᠤᠨ ᠤ ᠤᠰᠤᠨ ᠤ ᠶᠠᠰᠤ ᠴᠢᠨᠠᠷ ᠨᠢ ᠪᠠᠷᠢᠮᠵᠢᠶ᠎ᠠ | ᠳᠤ ᠦᠯᠦ ᠬᠦᠷᠦᠭᠰᠡᠨ ᠪᠠᠶᠢᠪᠠᠯ ᠤᠷᠴᠢᠨ ᠲᠤᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠨᠢ ᠪᠤᠬᠢᠷᠳᠤᠯ ᠭᠠᠳᠠᠭᠰᠢᠯᠠᠭᠤᠯᠬᠤ ᠵᠦᠪᠰᠢᠶᠡᠷᠡᠯ ᠤᠨ ᠰᠢᠨ᠎ᠡ ᠦᠨᠡᠮᠯᠡᠯ ᠲᠠᠷᠬᠠᠭᠠᠵᠤ | ᠪᠤᠯᠬᠤ ᠦᠭᠡᠢ ᠮᠦᠷᠲᠡᠭᠡᠨ ᠬᠤᠭᠤᠴᠠᠭ᠎ᠠ ᠬᠢᠵᠠᠭᠠᠷᠯᠠᠨ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠡᠷᠦᠩᠭᠡᠢ ᠬᠡᠮᠵᠢᠶ᠎ᠡ | ᠶᠢ ᠪᠠᠭᠠᠰᠬᠠᠬᠤ ᠬᠡᠷᠡᠭᠲᠡᠢ᠃ | ᠬᠤᠷᠢᠳᠤᠭᠠᠷ ᠵᠦᠢᠯ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠨᠢ ᠤᠰᠤᠨ ᠤ ᠴᠢᠳᠠᠮᠵᠢ ᠶᠢᠨ ᠤᠷᠤᠨ ᠤ ᠪᠤᠬᠢᠷᠳᠤᠯ ᠪᠤᠳᠠᠰ ᠠᠭᠤᠯᠬᠤ ᠶᠢ ᠬᠢᠵᠠᠭᠠᠷᠯᠠᠬᠤ | ᠤᠯᠠᠭᠠᠨ ᠱᠤᠭᠤᠮ ᠢ ᠪᠤᠢ ᠪᠤᠯᠭᠠᠬᠤ ᠳᠠᠭᠠᠨ᠂ ᠤᠰᠤᠨ ᠤ ᠴᠠᠷᠠᠭ᠎ᠠ ᠶᠢᠨ ᠪᠤᠬᠢᠷᠳᠤᠯ ᠪᠤᠳᠠᠰ ᠢ ᠠᠭᠤᠯᠬᠤ | ᠪᠠᠭᠳᠠᠭᠠᠮᠵᠢ ᠶᠢ ᠴᠢᠩᠭ᠎ᠠ ᠬᠢᠨᠠᠨ ᠲᠤᠭᠳᠠᠭᠠᠵᠤ᠂ ᠭᠤᠤᠯ᠂ ᠨᠠᠭᠤᠷ ᠲᠤ ᠪᠤᠬᠢᠷᠳᠤᠯ ᠭᠠᠳᠠᠭᠰᠢᠯᠠᠭᠤᠯᠬᠤ ᠶᠡᠷᠦᠩᠭᠡᠢ | ᠬᠡᠮᠵᠢᠶ᠎ᠡ ᠶᠢ ᠴᠢᠩᠭ᠎ᠠ ᠬᠤᠷᠢᠭᠯᠠᠬᠤ ᠬᠡᠷᠡᠭᠲᠡᠢ᠃ ᠭᠤᠤᠯᠳᠠᠯᠭ᠎ᠠ ᠲᠠᠢ ᠪᠤᠬᠢᠷᠳᠤᠯ ᠪᠤᠳᠠᠰ ᠢ ᠭᠠᠳᠠᠭᠰᠢᠯᠠᠭᠤᠯᠤᠭᠰᠠᠨ | ᠶᠡᠷᠦᠩᠭᠡᠢ ᠬᠡᠮᠵᠢᠶ᠎ᠡ ᠨᠢ ᠬᠤᠷᠢᠭᠯᠠᠯᠲᠠ ᠶᠢᠨ ᠬᠦᠢᠴᠡᠳᠭᠡᠬᠦ ᠲᠤᠭ᠎ᠠ ᠠᠴᠠ ᠳᠠᠪᠠᠭᠰᠠᠨ ᠪᠠᠶᠢᠪᠠᠯ ᠠᠳᠠᠯᠢ ᠱᠠᠲᠤᠨ ᠤ | ᠠᠷᠠᠳ ᠤᠨ ᠵᠠᠰᠠᠭ ᠤᠨ ᠤᠷᠳᠤᠨ ᠳᠤ ᠴᠠᠭ ᠲᠤᠬᠠᠢ ᠳᠤ ᠨᠢ ᠮᠡᠳᠡᠬᠦᠯᠬᠦ ᠮᠦᠷᠲᠡᠭᠡᠨ ᠤᠷᠴᠢᠨ ᠲᠤᠭᠤᠷᠢᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠳᠡᠵᠦ᠂ ᠵᠠᠰᠠᠬᠤ ᠠᠷᠭ᠎ᠠ ᠪᠠᠷᠢᠯ ᠠᠪᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠭᠤᠤᠯ ᠤᠷᠤᠰᠬᠠᠯ᠂ ᠨᠠᠭᠤᠷ ᠴᠦᠬᠦᠷᠦᠮ᠂ ᠤᠰᠤᠨ ᠴᠦᠬᠦᠷᠦᠮ | ᠲᠤ ᠪᠤᠬᠢᠷᠳᠤᠯ ᠭᠠᠷᠭᠠᠬᠤ ᠠᠮᠠᠰᠠᠷ ᠢ ᠰᠢᠨ᠎ᠡ ᠪᠠᠷ ᠪᠠᠶᠢᠭᠤᠯᠬᠤ᠂ ᠰᠢᠨᠡᠳᠬᠡᠨ ᠪᠠᠶᠢᠭᠤᠯᠬᠤ᠂ ᠦᠷᠭᠡᠳᠭᠡᠬᠦ ᠳᠤ᠂ | ᠬᠠᠮᠢᠶ᠎ᠠ ᠪᠦᠬᠦᠢ ᠪᠠᠷᠢᠮᠵᠢᠶ᠎ᠠ ᠶᠤᠰᠤᠭᠠᠷ ᠨᠤᠳᠠᠯᠠᠯᠲᠠ ᠬᠢᠵᠦ᠂ ᠨᠤᠲᠠᠯᠠᠯᠲᠠ ᠪᠠᠷ ᠳᠠᠮᠵᠢᠭᠰᠠᠨ ᠳᠤ ᠨᠢ ᠬᠠᠤᠯᠢ | ᠶᠤᠰᠤᠭᠠᠷ ᠪᠤᠬᠢᠷᠳᠤᠯ ᠭᠠᠳᠠᠭᠰᠢᠯᠠᠭᠤᠯᠬᠤ ᠠᠮᠠᠰᠠᠷ ᠭᠠᠷᠭᠠᠬᠤ ᠵᠦᠪᠰᠢᠶᠡᠷᠡᠯ ᠤᠨ ᠭᠠᠷ ᠭᠦᠢᠴᠡᠳᠭᠡᠯ ᠬᠢᠵᠦ ᠦᠭᠭᠦ | ᠭᠡᠷᠡᠭᠲᠡᠢ᠃ | ᠬᠤᠷᠢᠨ ᠬᠤᠶᠠᠳᠤᠭᠠᠷ ᠵᠦᠢᠯ ᠤᠰᠤᠨ ᠠᠰᠢᠭᠯᠠᠯᠲᠠ᠂ ᠤᠷᠴᠢᠨ ᠲᠤᠭᠤᠷᠢᠨ ᠤ ᠬᠠᠮᠠᠭᠠᠯᠠᠯᠲᠠ᠂ | ᠤᠷᠤᠨ ᠰᠠᠭᠤᠴᠠ ᠪᠦᠲᠦᠭᠡᠨ ᠪᠠᠶᠢᠭᠤᠯᠤᠯᠲᠠ᠂ ᠡᠷᠡᠬᠦᠯ ᠬᠠᠮᠠᠭᠠᠯᠠᠯ ᠵᠡᠷᠭᠡ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠤᠰᠤᠨ ᠤ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠤᠯᠤᠰ ᠤᠨ ᠮᠡᠷᠭᠡᠵᠢᠯ ᠤᠨ | ᠲᠦᠷᠢᠮᠵᠢᠯ ᠪᠠ ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠵᠦ᠂ ᠲᠤᠰ ᠵᠠᠰᠠᠭ ᠵᠠᠬᠢᠷᠭᠠᠨ ᠤ ᠤᠷᠤᠨ ᠳᠤᠳᠤᠷᠠᠬᠢ ᠭᠠᠵᠠᠷ | ᠳᠤᠤᠷᠠᠬᠢ ᠤᠰᠤ᠂ ᠭᠠᠵᠠᠷ ᠳᠡᠭᠡᠷᠡᠬᠢ ᠤᠰᠤᠨ ᠤ ᠶᠠᠰᠤ ᠴᠢᠨᠠᠷ ᠢ ᠬᠢᠨᠠᠨ ᠬᠡᠮᠵᠢᠵᠦ᠂ ᠬᠤᠲᠠ ᠶᠢᠨ ᠠᠷᠠᠳ ᠤᠨ | ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠬᠢᠨᠠᠨ ᠬᠡᠮᠵᠢᠭᠰᠡᠨ ᠦᠷ᠎ᠡ | ᠳ᠋ᠦᠩ ᠢ ᠲᠤᠭᠳᠠᠭᠰᠠᠨ ᠬᠤᠭᠤᠴᠠᠭ᠎ᠠ ᠪᠠᠷ ᠨᠡᠶᠢᠭᠡᠮ ᠳᠤ ᠨᠢᠭᠡᠲᠦᠯᠲᠡᠢ ᠨᠡᠶᠢᠲᠡᠯᠡᠬᠦ ᠬᠡᠷᠡᠭᠲᠡᠢ᠃ ᠡᠬᠦᠨ ᠳᠤ᠂ | ᠰᠠᠭᠤᠭᠠᠯᠢ ᠠᠷᠠᠳ ᠤᠨ ᠤᠤᠭᠤᠬᠤ ᠤᠰᠤᠨ ᠤ ᠶᠠᠰᠤ ᠴᠢᠨᠠᠷ ᠤᠨ ᠭᠤᠤᠯ ᠬᠦᠢᠴᠡᠳᠬᠡᠬᠦ ᠲᠤᠭ᠎ᠠ ᠶᠢᠨ ᠬᠢᠨᠠᠨ | ᠬᠡᠮᠵᠢᠭᠰᠡᠨ ᠲᠤᠭ᠎ᠠ ᠪᠠᠷᠢᠮᠲᠠ ᠶᠢ ᠰᠠᠷ᠎ᠠ ᠪᠤᠯᠭᠠᠨ ᠨᠡᠶᠢᠭᠡᠮ ᠳᠤ ᠨᠢᠭᠡ ᠤᠳᠠᠭ᠎ᠠ ᠨᠡᠶᠢᠲᠡᠯᠡᠨ᠎ᠡ᠃ | | ᠲᠦᠷᠪᠡᠳᠦᠭᠡᠷ ᠪᠦᠯᠦᠭ ᠤᠰᠤᠨ ᠤ ᠡᠬᠢ ᠪᠠᠶᠠᠯᠢᠭ ᠤᠨ ᠲᠤᠬᠢᠷᠠᠭᠤᠯᠤᠯᠲᠠ ᠪᠠ | ᠤᠰᠤ ᠠᠪᠴᠤ ᠬᠡᠷᠡᠭᠯᠡᠬᠦ ᠶᠢᠨ ᠬᠠᠮᠢᠶᠠᠷᠤᠯᠲᠠ | | ᠬᠤᠷᠢᠨ ᠭᠤᠷᠪᠠᠳᠤᠭᠠᠷ ᠵᠦᠢᠯ ᠤᠰᠤ ᠬᠡᠷᠡᠭᠯᠡᠬᠦ ᠶᠡᠷᠦᠩᠭᠡᠢ ᠬᠡᠮᠵᠢᠶᠡᠨ ᠤ ᠬᠤᠷᠢᠭᠯᠠᠯᠲᠠ ᠪᠠ | ᠭᠠᠵᠠᠷ ᠳᠤᠤᠷᠠᠬᠢ ᠤᠰᠤ ᠶᠢ ᠨᠡᠭᠡᠭᠡᠨ ᠮᠠᠯᠳᠠᠬᠤ ᠬᠡᠮᠵᠢᠶᠡᠨ ᠤ ᠬᠤᠷᠢᠭᠯᠠᠯᠲᠠ ᠶᠢᠨ ᠬᠦᠢᠴᠡᠳᠬᠡᠬᠦ ᠲᠤᠭᠠᠨ ᠤ | ᠰᠢᠰᠲ᠋ᠧᠮᠵᠢ ᠶᠢ ᠪᠠᠶᠢᠭᠤᠯᠤᠨ ᠲᠡᠬᠦᠯᠳᠡᠷᠵᠢᠬᠦᠯᠦᠨ᠎ᠡ᠃ | ᠬᠤᠲᠠ᠂ ᠬᠤᠰᠢᠭᠤ ᠰᠢᠶᠠᠨ ︵ᠬᠤᠲᠠ ᠲᠤᠭᠤᠷᠢᠭ︶᠂ ᠤᠰᠤ ᠠᠪᠬᠤ ᠡᠷᠦᠭᠡ ᠭᠤᠷᠪᠠᠨ ᠱᠠᠲᠤᠨ ᠤ ᠤᠰᠤ | ᠬᠡᠷᠡᠭᠯᠡᠬᠦ ᠶᠡᠷᠦᠩᠭᠡᠢ ᠬᠡᠮᠵᠢᠶᠡᠨ ᠤ ᠬᠤᠷᠢᠭᠯᠠᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠬᠤᠲᠠ ᠶᠢᠨ ᠤᠰᠤᠨ ᠤ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠰᠤ ᠬᠡᠷᠡᠭᠯᠡᠬᠦ ᠬᠡᠮᠵᠢᠶ᠎ᠡ ᠪᠠ ᠭᠠᠵᠠᠷ ᠳᠤᠤᠷᠠᠬᠢ | ᠤᠰᠤᠨ ᠤ ᠶᠡᠷᠦᠩᠭᠡᠢ ᠬᠡᠮᠵᠢᠶ᠎ᠡ ᠶᠢ ᠬᠤᠷᠢᠭᠯᠠᠬᠤ ᠱᠠᠭᠠᠷᠳᠠᠯᠭ᠎ᠠ ᠶᠤᠰᠤᠭᠠᠷ᠂ ᠲᠤᠰ ᠬᠤᠲᠠ ᠶᠢᠨ ᠤᠰᠤ ᠬᠡᠷᠡᠭᠯᠡᠯᠲᠡ | ᠶᠢᠨ ᠬᠦᠢᠴᠡᠳᠬᠡᠬᠦ ᠲᠤᠭᠠᠨ ᠤ ᠲᠦᠯᠦᠪᠯᠡᠭᠡ ᠶᠢ ᠨᠢᠭᠡᠳᠦᠯᠲᠡᠢ ᠪᠠᠭᠤᠯᠭᠠᠨ᠎ᠠ᠃ | ᠬᠤᠷᠢᠨ ᠲᠦᠷᠪᠡᠳᠦᠭᠡᠷ ᠵᠦᠢᠯ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠤᠰᠤ | ᠠᠪᠬᠤ ᠳᠠᠭᠠᠨ᠂ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠤᠰᠤ ᠠᠪᠬᠤ | ᠲᠦᠯᠦᠪᠯᠡᠭᠡ ᠪᠠ ᠪᠤᠴᠠᠯᠲᠠ ᠶᠢᠨ ᠤᠰᠤ ᠶᠢ ᠠᠰᠢᠭᠯᠠᠬᠤ ᠲᠦᠰᠦᠪ ᠢ ᠭᠤᠶᠤᠴᠢᠯᠠᠨ ᠮᠡᠳᠡᠬᠦᠯᠬᠦ ᠬᠡᠷᠡᠭᠲᠡᠢ᠃ ᠤᠰᠤ | ᠠᠪᠤᠭᠰᠠᠨ ᠶᠡᠷᠦᠩᠭᠡᠢ ᠬᠡᠮᠵᠢᠶ᠎ᠡ ᠨᠢ ᠨᠢᠭᠡᠨᠳᠡ ᠬᠤᠷᠢᠭᠯᠠᠯᠲᠠ ᠶᠢᠨ ᠬᠦᠢᠴᠡᠳᠭᠡᠬᠦ ᠲᠤᠭᠠᠨ ᠳᠤ ᠬᠦᠷᠦᠭᠰᠡᠨ ᠪᠤᠶᠤ | ᠬᠦᠢᠴᠡᠳᠭᠡᠬᠦ ᠲᠤᠭ᠎ᠠ ᠠᠴᠠ ᠳᠠᠪᠠᠭᠰᠠᠨ ᠭᠠᠵᠠᠷ ᠤᠷᠤᠨ ᠪᠠ ᠤᠰᠤ ᠬᠡᠷᠡᠭᠯᠡᠬᠦ ᠡᠷᠦᠭᠡ ᠳᠤ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠰᠢᠨ᠎ᠡ ᠪᠠᠷ ᠨᠡᠮᠡᠭᠳᠡᠬᠦᠯᠬᠦ ᠤᠰᠤ ᠠᠪᠬᠤ ᠬᠢᠨᠠᠨ ᠵᠦᠪᠰᠢᠶᠡᠷᠡᠯ ᠢ ᠲᠦᠷ | ᠵᠤᠭᠰᠤᠭᠠᠨ᠎ᠠ᠃ | ᠬᠤᠷᠢᠨ ᠳᠠᠪᠤᠳᠤᠭᠠᠷ ᠵᠦᠢᠯ ᠨᠢᠭᠡᠴᠢ ᠪᠤᠶᠤ ᠬᠤᠪᠢ ᠬᠦᠮᠦᠨ ᠤᠰᠤᠨ ᠤ ᠡᠬᠢ ᠪᠠᠶᠠᠯᠢᠭ ᠢ | ᠰᠢᠭᠤᠳ ᠠᠪᠴᠤ ᠬᠡᠷᠡᠭᠯᠡᠬᠦ ᠴᠢᠬᠤᠯᠠ ᠲᠠᠢ ᠪᠣᠯ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠬᠦᠯᠦᠯᠲᠡ | ᠶᠢᠨ ᠪᠢᠴᠢᠭ ᠨᠠᠶᠢᠷᠠᠭᠤᠯᠤᠨ ᠵᠤᠬᠢᠶᠠᠬᠤ ᠮᠦᠷᠲᠡᠭᠡᠨ ᠣᠰᠤᠨ ᠤ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ | ᠲᠤᠰᠢᠶᠠᠨ ᠬᠢᠨᠠᠨ ᠵᠦᠪᠰᠢᠶᠡᠷᠡᠬᠦᠯᠬᠦ ᠬᠡᠷᠡᠭᠲᠡᠢ᠃ | ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠵᠦᠪᠰᠢᠶᠡᠷᠡᠯ ᠳᠤ | ᠪᠠᠭᠳᠠᠭᠳᠠᠬᠤ ᠲᠦᠷᠦᠯ ᠵᠦᠢᠯ ᠨᠢ ᠳᠤᠤᠷ᠎ᠠ ᠵᠢᠭᠰᠠᠭᠠᠭᠰᠠᠨ ᠨᠦᠬᠦᠴᠡᠯ ᠤᠨ ᠨᠢᠭᠡᠨ ᠳᠤ ᠨᠢ ᠨᠡᠶᠢᠴᠡᠭᠰᠡᠨ ᠪᠠᠶᠢᠪᠠᠯ᠂ | ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ | ᠮᠡᠳᠡᠬᠦᠯᠦᠯᠲᠡ ᠶᠢᠨ ᠬᠦᠰᠦᠨᠤᠭ᠍ᠲᠦ ᠶᠢ ᠲᠠᠭᠯᠠᠨ ᠮᠡᠳᠡᠬᠦᠯᠵᠦ ᠪᠤᠯᠤᠨ᠎ᠠ᠄ | ︵ᠨᠢᠭᠡ︶ ᠡᠳᠦᠷ ᠤᠨ ᠤᠰᠤ ᠠᠪᠬᠤ ᠬᠡᠮᠵᠢᠶ᠎ᠡ ᠨᠢ 1000 ᠪᠤᠰᠤᠭ᠎ᠠ ᠲᠦᠷᠪᠡᠯᠵᠢᠨ ᠮᠧᠲᠷ ᠠᠴᠠ ᠪᠠᠭ᠎ᠠ | ᠤᠰᠤᠨ ᠤ ᠬᠠᠩᠭᠠᠯᠲᠠ ᠶᠢᠨ ᠪᠠᠷᠢᠯᠭ᠎ᠠ︔ | ︵ᠬᠤᠶᠠᠷ︶ ᠭᠠᠵᠠᠷ ᠳᠡᠭᠡᠷᠡᠬᠢ ᠤᠰᠤ ᠪᠠᠷ ᠡᠬᠢ ᠪᠠᠶᠠᠯᠢᠭ ᠪᠤᠯᠭᠠᠭᠰᠠᠨ ᠤᠰᠤᠯᠠᠯᠲᠠ ᠶᠢᠨ ᠳᠠᠯᠠᠪᠠᠢ ᠨᠢ 0. | 5 ᠲᠦᠮᠡᠨ ᠮᠦ ᠠᠴᠠ ᠪᠠᠭ᠎ᠠ ᠪᠤᠶᠤ ᠭᠠᠵᠠᠷ ᠳᠤᠤᠷᠠᠬᠢ ᠤᠰᠤ ᠪᠠᠷ ᠡᠬᠢ ᠪᠠᠶᠠᠯᠢᠭ ᠪᠤᠯᠭᠠᠭᠰᠠᠨ ᠤᠰᠤᠯᠠᠯᠲᠠ ᠶᠢᠨ | ᠲᠠᠯᠠᠪᠠᠢ ᠨᠢ 0.2 ᠲᠦᠮᠡᠨ ᠮᠦ ᠠᠴᠠ ᠪᠠᠭ᠎ᠠ ᠳᠠᠷᠢᠶᠠᠨ ᠭᠠᠵᠠᠷ᠂ ᠡᠪᠡᠰᠦ ᠪᠡᠯᠴᠢᠭᠡᠷ ᠤᠨ ᠳᠠᠯᠠᠪᠠᠢ ᠶᠢᠨ | ᠤᠰᠤᠯᠠᠯᠲᠠ ᠶᠢᠨ ᠲᠦᠷᠦᠯ ᠵᠦᠢᠯ ︔ | ︵ᠭᠤᠷᠪᠠ︶ ᠳᠤᠤᠷᠠᠬᠢ ᠪᠦᠬᠦ ᠨᠦᠬᠦᠴᠡᠯ ᠢ ᠪᠦᠷᠢᠯᠳᠦᠬᠦᠯᠦᠭᠰᠡᠨ ᠪᠦᠲᠦᠭᠡᠨ ᠪᠠᠶᠢᠭᠤᠯᠤᠯᠲᠠ ᠶᠢᠨ ᠪᠤᠰᠤᠳ | ᠲᠦᠷᠦᠯ ᠵᠦᠢᠯ ᠤᠳ᠄ | 1. ᠨᠢᠭᠡᠨᠳᠡ ᠪᠠᠶᠢᠭᠤᠯᠤᠭᠳᠠᠭᠰᠠᠨ ᠤᠰᠤ ᠬᠠᠩᠭᠠᠬᠤ ᠪᠠᠷᠢᠯᠭ᠎ᠠ ᠪᠠᠷ ᠤᠰᠤ ᠬᠠᠩᠭᠠᠭᠰᠠᠨ ︔ | 2. ᠵᠢᠯ ᠳᠤ ᠭᠠᠵᠠᠷ ᠳᠤᠤᠷᠠᠬᠢ ᠤᠰᠤ ︵ᠳᠠᠬᠢᠯᠳᠠ ᠤᠰᠤ ᠪᠠᠭᠳᠠᠨ᠎ᠠ︶ ᠠᠪᠬᠤ ᠬᠡᠮᠵᠢᠶ᠎ᠡ ᠨᠢ 20 | ᠲᠦᠮᠡᠨ ᠪᠤᠰᠤᠭ᠎ᠠ ᠲᠦᠷᠪᠡᠯᠵᠢᠨ ᠮᠧᠲᠷ ᠪᠤᠶᠤ ᠵᠢᠯ ᠳᠤ ᠭᠠᠵᠠᠷ ᠳᠤᠤᠷᠠᠬᠢ ᠤᠰᠤ ︵ᠰᠢᠷᠬᠢᠬᠦᠯᠵᠦ ᠵᠠᠯᠠᠵᠤ | ᠳᠠᠳᠠᠷᠠᠭᠤᠯᠤᠭᠰᠠᠨ ᠤᠰᠤ ᠪᠠᠭᠳᠠᠨ᠎ᠠ︶ ᠶᠢ ᠠᠪᠬᠤ ᠬᠡᠮᠵᠢᠶ᠎ᠡ ᠨᠢ 5 ᠲᠦᠮᠡᠨ ᠪᠤᠰᠤᠭ᠎ᠠ ᠮᠧᠲᠷ ᠠᠴᠠ ᠪᠠᠭ᠎ᠠ | ᠪᠤᠯᠤᠭᠰᠠᠨ ︔ | 3. ᠨᠤᠲᠠᠯᠠᠯᠲᠠ ᠪᠠᠷ ᠤᠰᠤ ᠳᠠᠳᠠᠷᠠᠭᠤᠯᠤᠭᠰᠠᠨ ᠨᠦᠯᠦᠭᠡ ᠶᠢᠨ ᠳᠡᠰ ᠵᠡᠷᠭᠡ ᠨᠢ ᠬᠤᠶᠠᠷ ᠳᠡᠰ ᠠᠴᠠ | ᠳᠤᠷᠤᠭᠰᠢ ᠪᠤᠯᠤᠭᠰᠠᠨ᠃ | ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠬᠦᠯᠦᠯᠲᠡ ᠶᠢᠨ ᠪᠢᠴᠢᠭ᠂ ᠨᠤᠲᠠᠯᠠᠯᠲᠠ ᠶᠢᠨ | ᠮᠡᠳᠡᠬᠦᠯᠦᠯᠲᠡ ᠶᠢᠨ ᠬᠦᠰᠦᠨᠦᠭᠲᠦ ᠶᠢ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠢᠶᠠᠷ ᠬᠢᠨᠠᠨ ᠵᠦᠪᠰᠢᠶᠡᠷᠡᠬᠦᠯᠦᠭᠰᠡᠨ ᠦᠭᠡᠢ ᠪᠠᠶᠢᠪᠠᠯ᠂ ᠬᠦᠭᠵᠢᠬᠦᠯᠦᠯᠲᠡ ᠪᠠ ᠦᠭᠡᠷᠡᠴᠢᠯᠡᠯᠲᠡ ᠵᠡᠷᠭᠡ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ | ᠵᠦᠪᠰᠢᠶᠡᠷᠡᠬᠦ ᠪᠤᠶᠤ ᠬᠢᠨᠠᠨ ᠵᠦᠪᠰᠢᠶᠡᠷᠡᠵᠦ ᠪᠤᠯᠬᠤ ᠦᠭᠡᠢ᠂ ᠪᠦᠳᠦᠭᠡᠨ ᠪᠠᠶᠢᠭᠤᠯᠤᠯᠲᠠ ᠶᠢᠨ ᠨᠢᠭᠡᠴᠢ ᠳᠤᠷ᠎ᠠ ᠪᠠᠷ | ᠢᠶᠠᠨ ᠪᠠᠷᠢᠯᠭ᠎ᠠ ᠶᠢᠨ ᠠᠵᠢᠯ ᠢ ᠡᠬᠢᠯᠡᠬᠦᠯᠵᠦ ᠪᠦᠲᠦᠭᠡᠨ ᠪᠠᠶᠢᠭᠤᠯᠬᠤ ᠪᠠ ᠠᠰᠢᠭᠯᠠᠯᠲᠠ ᠳᠤ ᠤᠷᠤᠭᠤᠯᠤᠨ ᠬᠡᠷᠡᠭᠯᠡᠵᠦ | ᠪᠤᠯᠬᠤ ᠦᠭᠡᠢ᠃ | ᠬᠤᠷᠢᠨ ᠵᠢᠷᠭᠤᠳᠤᠭᠠᠷ ᠵᠦᠢᠯ ᠨᠢᠭᠡᠴᠢ ᠪᠤᠶᠤ ᠬᠤᠪᠢ ᠬᠦᠮᠦᠨ ᠤᠰᠤᠨ ᠤ ᠡᠬᠢ ᠪᠠᠶᠠᠯᠢᠭ ᠢ | ᠰᠢᠭᠤᠳ ᠠᠪᠴᠤ ᠬᠡᠷᠡᠭᠯᠡᠬᠦ ᠴᠢᠬᠤᠯᠠ ᠲᠠᠢ ᠪᠣᠯ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠬᠦᠯᠦᠯᠲᠡ | ᠨᠢ ᠬᠢᠨᠠᠨ ᠪᠠᠶᠢᠴᠠᠭᠠᠵᠤ ᠵᠦᠪᠰᠢᠶᠡᠷᠡᠭᠳᠡᠭᠰᠡᠨ ᠤ ᠳᠠᠷᠠᠭ᠎ᠠ᠂ ᠤᠯᠤᠰ ᠤᠨ ᠤᠰᠤ ᠠᠪᠬᠤ ᠵᠦᠪᠰᠢᠶᠡᠷᠡᠯ ᠤᠨ ᠲᠦᠷᠢᠮ | ᠶᠤᠰᠤᠭᠠᠷ᠂ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠤᠰᠤ ᠠᠪᠬᠤ | ᠵᠦᠪᠰᠢᠶᠡᠷᠡᠯ ᠤᠨ ᠦᠨᠡᠮᠯᠡᠯ ᠢ ᠭᠤᠶᠤᠴᠢᠯᠠᠨ ᠭᠦᠢᠴᠡᠳᠭᠡᠭᠦ ᠬᠡᠷᠡᠭᠲᠡᠢ᠃ ᠤᠯᠤᠰ ᠪᠠ ᠦᠪᠡᠷᠲᠡᠭᠡᠨ ᠵᠠᠰᠠᠬᠤ ᠤᠷᠤᠨ | ᠤ ᠲᠤᠭᠳᠠᠭᠠᠭᠰᠠᠨ ᠤᠰᠤ ᠠᠪᠬᠤ ᠵᠦᠪᠰᠢᠶᠡᠷᠡᠯ ᠤᠨ ᠦᠨᠡᠮᠯᠡᠯ ᠢ ᠭᠦᠢᠴᠡᠳᠭᠡᠬᠦ ᠴᠢᠬᠤᠯᠠ ᠦᠭᠡᠢ ᠠᠴᠠ ᠪᠤᠰᠤᠳ᠃ | ᠤᠰᠤ ᠠᠪᠬᠤ ᠦᠨᠡᠮᠯᠡᠯ ᠤᠨ ᠬᠢᠨᠠᠨ ᠵᠦᠪᠰᠢᠶᠡᠷᠡᠬᠦᠯᠦᠯᠲᠡ ᠳᠤ ᠱᠠᠲᠤ ᠬᠤᠪᠢᠶᠠᠨ ᠬᠠᠮᠢᠶᠠᠷᠬᠤ ᠶᠢ ᠶᠠᠪᠤᠭᠤᠯᠤᠨ᠎ᠠ᠃ | ᠬᠤᠷᠢᠨ ᠳᠤᠯᠤᠳᠤᠭᠠᠷ ᠵᠦᠢᠯ ᠤᠰᠤ ᠠᠪᠬᠤ ᠨᠢᠭᠡᠴᠢ ᠪᠤᠶᠤ ᠬᠤᠪᠢ ᠬᠦᠮᠦᠨ ᠵᠦᠪᠰᠢᠶᠡᠷᠡᠭᠳᠡᠭᠰᠡᠨ | ᠤᠰᠤ ᠬᠡᠷᠡᠭᠯᠡᠬᠦ ᠬᠦᠢᠴᠡᠳᠭᠡᠬᠦ ᠲᠤᠭ᠎ᠠ ᠶᠤᠰᠤᠭᠠᠷ ᠤᠰᠤ ᠬᠡᠷᠡᠭᠯᠡᠬᠦ ᠬᠡᠷᠡᠭᠲᠡᠢ᠃ ᠤᠰᠤ ᠬᠡᠷᠡᠭᠯᠡᠬᠦ ᠬᠦᠢᠴᠡᠳᠭᠡᠬᠦ | ᠲᠤᠭ᠎ᠠ ᠶᠢ ᠦᠨᠡᠨᠬᠦ ᠨᠡᠮᠡᠭᠳᠡᠬᠦᠯᠬᠦ ᠴᠢᠬᠤᠯᠠ ᠲᠠᠢ ᠪᠣᠯ᠂ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠲᠤ ᠭᠤᠶᠤᠴᠢᠯᠠᠯ ᠳᠤᠷᠠᠳᠴᠤ᠂ ᠤᠤᠯ ᠤᠨ ᠬᠢᠨᠠᠨ ᠵᠦᠪᠰᠢᠶᠡᠷᠡᠭᠰᠡᠨ ᠪᠠᠶᠢᠭᠤᠯᠭ᠎ᠠ ᠨᠢ ᠵᠢᠯ ᠤᠨ | ᠤᠰᠤ ᠬᠡᠷᠡᠭᠯᠡᠬᠦ ᠬᠤᠷᠢᠭᠯᠠᠯᠲᠠ ᠶᠢᠨ ᠬᠦᠢᠴᠡᠳᠭᠡᠬᠦ ᠲᠤᠭ᠎ᠠ ᠪᠠᠷ ᠬᠢᠨᠠᠨ ᠵᠦᠪᠰᠢᠶᠡᠷᠡᠬᠦ ᠬᠡᠷᠡᠭᠲᠡᠢ᠃ | ᠲᠠᠷᠢᠶᠠᠯᠠᠩ ᠮᠠᠯ ᠠᠵᠤ ᠠᠬᠤᠢ ᠶᠢᠨ ᠶᠡᠷᠦᠩᠭᠡᠢ ᠨᠡᠭᠡᠭᠡᠨ ᠠᠰᠢᠭᠯᠠᠯᠲᠠ ᠪᠠ ᠲᠠᠷᠢᠶᠠᠯᠠᠩ ᠮᠠᠯ ᠠᠵᠤ ᠠᠬᠤᠢ | ᠶᠢᠨ ᠠᠵᠤ ᠦᠢᠯᠡᠰ ᠲᠠᠢ ᠬᠤᠯᠪᠤᠭᠳᠠᠭᠰᠠᠨ ᠲᠤᠮᠤ ᠴᠢᠬᠤᠯᠠ ᠲᠦᠷᠦᠯ ᠵᠦᠢᠯ ᠳᠤ ᠤᠰᠤ ᠬᠡᠷᠡᠭᠯᠡᠬᠦ ᠴᠢᠬᠤᠯᠠ ᠲᠠᠢ | ᠪᠣᠯ᠂ ᠬᠦᠭᠵᠢᠬᠦᠯᠦᠯᠲᠡ ᠪᠠ ᠦᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠢ᠂ ᠤᠯᠤᠰ ᠤᠨ ᠭᠠᠵᠠᠷ ᠰᠢᠷᠤᠢ ᠡᠬᠢ | ᠪᠠᠶᠠᠯᠢᠭ᠂ ᠤᠰᠤᠨ ᠠᠰᠢᠭᠯᠠᠯᠲᠠ᠂ ᠡᠳ᠋ ᠤᠨ ᠵᠠᠰᠠᠭ᠂ ᠶᠠᠳᠠᠭᠤ ᠶᠢ ᠳᠡᠳᠬᠦᠬᠦ ᠵᠡᠷᠭᠡ ᠰᠠᠯᠠᠭ᠎ᠠ ᠮᠦᠴᠢᠷ ᠠᠴᠠ | ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠬᠢᠬᠦ ᠮᠦᠷᠲᠡᠭᠡᠨ | ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠬᠦ ᠬᠡᠷᠡᠭᠲᠡᠢ᠃ | ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠡᠭᠡᠨ ᠤᠰᠤ ᠠᠪᠬᠤ ᠤᠴᠢᠷ ᠶᠠᠪᠤᠳᠠᠯ ᠢ ᠮᠠᠰᠢ ᠶᠡᠭᠡ ᠪᠠᠷ | ᠬᠤᠪᠢᠷᠠᠭᠠᠬᠤ ᠪᠠᠷ ᠪᠠᠶᠢᠪᠠᠯ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢ ᠳᠠᠬᠢᠨ ᠰᠢᠨ᠎ᠡ ᠪᠠᠷ ᠬᠢᠬᠦ ᠮᠦᠷᠲᠡᠭᠡᠨ ᠤᠰᠤ ᠠᠪᠬᠤ ᠶᠢ | ᠳᠠᠬᠢᠨ ᠰᠢᠨ᠎ᠡ ᠪᠠᠷ ᠭᠤᠶᠤᠴᠢᠯᠠᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠳᠤᠤᠷ᠎ᠠ | ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠨᠢ ᠤᠰᠤ ᠠᠪᠬᠤ ᠭᠤᠶᠤᠴᠢᠯᠠᠯ ᠪᠠ ᠤᠰᠤ ᠠᠪᠬᠤ ᠶᠢ ᠰᠢᠨ᠎ᠡ ᠪᠠᠷ ᠨᠡᠮᠡᠭᠳᠡᠬᠦᠯᠬᠦ ᠭᠤᠶᠤᠴᠢᠯᠠᠯ ᠢ | ᠵᠦᠪᠰᠢᠶᠡᠷᠡᠬᠦ ᠦᠭᠡᠢ᠄ | ︵ᠨᠢᠭᠡ︶ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠪᠤᠶᠤ ᠤᠯᠤᠰ ᠤᠨ ᠠᠵᠤ ᠦᠢᠯᠡᠰ | ᠤᠨ ᠪᠦᠲᠦᠴᠡ ᠶᠢᠨ ᠲᠤᠬᠢᠷᠠᠭᠤᠯᠤᠯᠲᠠ᠂ ᠵᠢᠭᠠᠨ ᠵᠢᠯᠤᠭᠤᠳᠬᠤ ᠭᠠᠷᠴᠠᠭ ᠤᠨ ᠰᠢᠭᠰᠢᠭᠳᠡᠬᠦᠯᠬᠦ ᠲᠦᠷᠦᠯ ᠳᠤ | ᠤᠷᠤᠭᠤᠯᠤᠭᠰᠠᠨ︔ ︵ᠬᠤᠶᠠᠷ︶ ᠦᠢᠯᠡᠳᠬᠦᠨ ᠨᠢ ᠠᠵᠢᠯ ᠲᠦᠷᠦᠯ ᠤᠨ ᠤᠰᠤ ᠬᠡᠷᠡᠭᠯᠡᠬᠦ ᠲᠤᠭᠳᠠᠭᠰᠠᠨ | ᠲᠤᠭ᠎ᠠ ᠪᠠᠷᠢᠮᠵᠢᠶᠠᠨ ᠳᠤ ᠦᠯᠦ ᠨᠡᠶᠢᠴᠡᠭᠰᠡᠨ︔ | ︵ᠭᠤᠷᠪᠠ︶ ᠬᠤᠲᠠ ᠶᠢᠨ ᠤᠯᠠᠨ ᠨᠡᠶᠢᠲᠡ ᠶᠢᠨ ᠤᠰᠤᠨ ᠤ ᠬᠠᠩᠭᠠᠯᠲᠠ ᠶᠢᠨ ᠬᠤᠭᠤᠯᠠᠢ ᠲᠤᠤᠷ ᠨᠢ ᠤᠰᠤ | ᠬᠡᠷᠡᠭᠯᠡᠬᠦ ᠬᠡᠷᠡᠭᠴᠡᠭᠡ ᠶᠢ ᠬᠠᠩᠭᠠᠵᠤ ᠲᠡᠶᠢᠯᠬᠦ ᠪᠠᠶᠢᠳᠠᠯ᠎ᠠ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ | ᠦᠪᠡᠷ ᠢᠶᠠᠨ ᠪᠡᠯᠡᠳᠭᠡᠭᠰᠡᠨ ᠤᠰᠤ ᠠᠪᠬᠤ ᠲᠦᠬᠦᠭᠡᠷᠦᠮᠵᠢ ᠪᠠᠷ ᠭᠠᠵᠠᠷ ᠳᠤᠤᠷᠠᠬᠢ ᠤᠰᠤ ᠶᠢ ᠠᠪᠴᠤ ᠬᠡᠷᠡᠭᠯᠡᠭᠰᠡᠨ︔ | | ︵ᠲᠦᠷᠪᠡ︶ ᠬᠠᠤᠯᠢ ᠴᠠᠭᠠᠵᠠ᠂ ᠬᠠᠤᠯᠢ ᠳᠤᠭᠳᠠᠭᠠᠯ ᠳᠤ ᠲᠤᠭᠳᠠᠭᠠᠭᠰᠠᠨ ᠦᠯᠦ ᠵᠦᠪᠰᠢᠶᠡᠷᠡᠬᠦ ᠪᠤᠰᠤᠳ | ᠤᠴᠢᠷ ᠶᠠᠪᠤᠳᠠᠯ ᠃ | ᠬᠤᠷᠢ ᠶᠢᠰᠦᠳᠦᠭᠡᠷ ᠵᠦᠢᠯ ᠤᠰᠤ ᠠᠪᠬᠤ ᠵᠦᠪᠰᠢᠶᠡᠷᠡᠯ ᠤᠨ ᠦᠨᠡᠮᠯᠡᠯ ᠤᠯᠤᠭᠰᠠᠨ ᠨᠢᠭᠡᠴᠢ ᠪᠤᠶᠤ | ᠬᠤᠪᠢ ᠬᠦᠮᠦᠨ᠂ ᠲᠤᠭᠳᠠᠭᠰᠠᠨ ᠬᠤᠭᠤᠴᠠᠭᠠᠨ ᠳᠤᠳᠤᠷ᠎ᠠ ᠤᠯᠤᠰ ᠤᠨ ᠪᠠᠷᠢᠮᠵᠢᠶᠠᠨ ᠳᠤ ᠨᠡᠶᠢᠴᠡᠭᠰᠡᠨ ᠤᠰᠤ | ᠠᠪᠬᠤ ᠶᠢ ᠬᠡᠮᠵᠢᠬᠦ ᠲᠦᠬᠦᠬᠡᠷᠦᠮᠵᠢ ᠪᠠ ᠠᠯᠤᠰ ᠡᠵᠡᠮᠰᠢᠯᠲᠦ ᠬᠢᠨᠠᠨ ᠡᠵᠡᠮᠰᠢᠬᠦ ᠳᠤᠨᠤᠭ ᠲᠦᠬᠦᠬᠡᠷᠦᠮᠵᠢ ᠤᠭᠰᠠᠷᠴᠤ᠂ | ᠬᠡᠪ ᠤᠨ ᠠᠵᠢᠯᠯᠠᠭ᠎ᠠ ᠪᠠ ᠬᠡᠷᠡᠭᠯᠡᠯᠲᠡ ᠶᠢ ᠪᠤᠳᠤᠯᠬᠢᠯᠠᠬᠤ ᠮᠦᠷᠲᠡᠭᠡᠨ ᠤᠰᠤᠨ ᠤ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠬᠤ ᠬᠡᠷᠡᠭᠲᠡᠢ᠃ | ᠤᠰᠤ ᠠᠪᠬᠤ ᠨᠢᠭᠡᠴᠢ ᠪᠠ ᠬᠤᠪᠢ ᠬᠦᠮᠦᠨ ᠬᠡᠮᠵᠢᠬᠦ ᠲᠦᠬᠦᠬᠡᠷᠦᠮᠵᠢ ᠶᠢ ᠳᠤᠷ᠎ᠠ ᠪᠠᠷ ᠢᠶᠠᠨ ᠡᠪᠳᠡᠯᠵᠦ | ᠬᠠᠶᠠᠬᠤ ᠪᠠ ᠰᠤᠯᠢᠵᠤ ᠪᠤᠯᠬᠤ ᠦᠭᠡᠢ ᠮᠦᠷᠲᠡᠭᠡᠨ ᠵᠢᠯ ᠪᠤᠯᠭᠠᠨ ᠤ 12 ᠰᠠᠷ᠎ᠠ ᠶᠢᠨ 31 ᠤ ᠡᠳᠦᠷ ᠠᠴᠠ | ᠡᠮᠦᠨ᠎ᠡ ᠂ ᠤᠰᠤᠨ ᠤ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠳᠠᠷᠠᠭ᠎ᠠ ᠨᠢᠭᠡ ᠵᠢᠯ ᠤᠨ ᠤᠰᠤ ᠬᠡᠷᠡᠭᠯᠡᠬᠦ | ᠲᠦᠯᠦᠪᠯᠡᠭᠡ ᠪᠠᠨ ᠲᠤᠰᠢᠶᠠᠬᠤ ᠬᠡᠷᠡᠭᠲᠡᠢ᠃ ᠤᠰᠤ ᠠᠪᠬᠤ ᠵᠦᠪᠰᠢᠶᠡᠷᠡᠯ ᠤᠨ ᠦᠨᠡᠮᠯᠡᠯ ᠤᠨ ᠬᠦᠴᠦᠨ ᠲᠠᠢ | ᠬᠤᠭᠤᠴᠠᠭ᠎ᠠ ᠨᠢ ᠲᠠᠪᠤᠨ ᠵᠢᠯ᠂ ᠬᠦᠴᠦᠨ ᠲᠠᠢ ᠬᠤᠭᠤᠴᠠᠭ᠎ᠠ ᠲᠦᠬᠦᠷᠦᠭᠰᠡᠨ ᠤ ᠳᠠᠷᠠᠭ᠎ᠠ ᠦᠷᠬᠦᠯᠵᠢᠯᠡᠬᠦᠯᠬᠦ | ᠴᠢᠬᠤᠯᠠ ᠲᠠᠢ ᠪᠣᠯ᠂ ᠤᠰᠤ ᠠᠪᠬᠤ ᠨᠢᠭᠡᠴᠢ ᠪᠠ ᠬᠤᠪᠢ ᠬᠦᠮᠦᠨ ᠬᠦᠴᠦᠨ ᠲᠠᠢ ᠬᠤᠭᠤᠴᠠᠭ᠎ᠠ ᠨᠢ ᠲᠦᠬᠦᠷᠬᠦ | ᠠᠴᠠ ᠲᠦᠴᠢᠨ ᠳᠠᠪᠤᠨ ᠡᠳᠦᠷ ᠤᠨ ᠡᠮᠦᠨ᠎ᠡ ᠤᠤᠯ ᠤᠨ ᠬᠢᠨᠠᠨ ᠵᠦᠪᠰᠢᠶᠡᠷᠡᠭᠰᠡᠨ ᠪᠠᠶᠢᠭᠤᠯᠭ᠎ᠠ ᠳᠤ ᠭᠤᠶᠤᠴᠢᠯᠠᠯ | ᠳᠤᠷᠠᠳᠬᠤ ᠬᠡᠷᠡᠭᠲᠡᠢ᠃ | ᠤᠤᠯ ᠤᠨ ᠬᠢᠨᠠᠨ ᠵᠦᠪᠰᠢᠶᠡᠷᠡᠭᠰᠡᠨ ᠪᠠᠶᠢᠭᠤᠯᠭ᠎ᠠ ᠨᠢ ᠳᠡᠭᠡᠷ᠎ᠡ ᠳᠤᠷᠠᠳᠤᠭᠰᠠᠨ ᠭᠤᠶᠤᠴᠢᠯᠠᠯ ᠳᠤ ᠦᠨᠡᠯᠡᠯᠲᠡ | ᠬᠢᠭᠰᠡᠨ ᠤ ᠳᠠᠷᠠᠭ᠎ᠠ᠂ ᠤᠰᠤ ᠠᠪᠬᠤ ᠵᠦᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠳᠦᠬᠦᠷᠬᠦ | ᠠᠴᠠ ᠡᠮᠦᠨ᠎ᠡ ᠦᠷᠬᠦᠯᠵᠢᠯᠡᠬᠦᠯᠬᠦ ᠪᠤᠶᠤ ᠦᠯᠦ ᠦᠷᠬᠦᠯᠵᠢᠯᠡᠬᠦᠯᠬᠦ ᠲᠤᠭᠳᠠᠭᠠᠯ ᠭᠠᠷᠭᠠᠨ᠎ᠠ᠃ | ᠭᠤᠴᠢᠳᠤᠭᠠᠷ ᠵᠦᠢᠯ ᠦᠨᠳᠦᠰᠦᠨ ᠪᠦᠲᠦᠭᠡᠨ ᠪᠠᠶᠢᠭᠤᠯᠤᠯᠲᠠ ᠵᠡᠷᠭᠡ ᠠᠮᠢᠳᠤᠷᠠᠯ ᠤᠨ ᠪᠤᠰᠤ ᠤᠰᠤ | ᠬᠡᠷᠡᠭᠯᠡᠬᠦ ᠠᠴᠠ ᠪᠤᠯᠵᠤ ᠲᠦᠷ ᠴᠠᠭ ᠤᠰᠤ ᠠᠪᠬᠤ ᠴᠢᠬᠤᠯᠠ ᠲᠠᠢ ᠪᠣᠯ᠂ ᠪᠦᠳᠦᠭᠡᠨ ᠪᠠᠶᠢᠭᠤᠯᠤᠯᠲᠠ ᠶᠢᠨ ᠨᠢᠭᠡᠴᠢ | ᠨᠢ ᠭᠤᠴᠢᠨ ᠡᠳᠦᠷ ᠤᠨ ᠡᠮᠦᠨ᠎ᠡ ᠤᠰᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠲᠦᠷ ᠴᠠᠭ ᠤᠰᠤ | ᠬᠡᠷᠡᠭᠯᠡᠬᠦ ᠭᠤᠶᠤᠴᠢᠯᠠᠯ ᠳᠤᠷᠠᠳᠬᠤ ᠬᠡᠷᠡᠭᠲᠡᠢ︔ ᠪᠠᠷᠢᠯᠭ᠎ᠠ ᠶᠢᠨ ᠠᠵᠢᠯ ᠳᠤ ᠤᠰᠤ ᠳᠠᠳᠠᠷᠠᠭᠤᠯᠬᠤ ᠶᠢ | ᠪᠠᠭᠤᠷᠠᠭᠤᠯᠬᠤ ᠲᠦᠰᠦᠪ ᠢ ᠨᠠᠶᠢᠷᠠᠭᠤᠯᠤᠨ ᠵᠤᠬᠢᠶᠠᠵᠤ᠂ ᠵᠦᠪᠰᠢᠶᠡᠷᠡᠭᠳᠡᠭᠰᠡᠨ ᠲᠦᠰᠦᠪ ᠪᠠ ᠲᠦᠯᠦᠪᠯᠡᠭᠡ ᠶᠤᠰᠤᠭᠠᠷ | ᠤᠰᠤ ᠠᠪᠬᠤ ᠮᠦᠷᠲᠡᠭᠡᠨ ᠤᠰᠤ ᠰᠢᠷᠬᠢᠬᠦᠯᠵᠦ ᠵᠠᠯᠠᠭᠰᠠᠨ ᠡᠬᠢ ᠪᠠᠶᠠᠯᠢᠭ ᠤᠨ ᠰᠦᠢᠳᠭᠡᠯ ᠳᠤᠰᠢᠶᠠᠬᠤ ᠬᠡᠷᠡᠭᠲᠡᠢ᠃ | | ᠭᠤᠴᠢᠨ ᠨᠢᠭᠡᠳᠦᠭᠡᠷ ᠵᠦᠢᠯ ᠨᠢᠭᠡᠴᠢ ᠪᠤᠶᠤ ᠬᠤᠪᠢ ᠬᠦᠮᠦᠨ ᠬᠤᠳᠳᠤᠭ ᠤᠬᠤᠵᠤ ᠤᠰᠤ ᠠᠪᠬᠤ | ᠴᠢᠬᠤᠯᠠ ᠲᠠᠢ ᠪᠣᠯ᠂ ᠬᠤᠳᠳᠤᠭ ᠤᠬᠤᠬᠤ ᠠᠵᠢᠯ ᠤᠨ ᠨᠢᠭᠡᠴᠢ ᠲᠠᠢ ᠠᠵᠢᠯ ᠤᠨ ᠭᠡᠷ᠎ᠡ ᠲᠤᠭᠳᠠᠭᠰᠠᠨ ᠤ ᠳᠠᠷᠠᠭ᠎ᠠ᠂ | ᠬᠤᠳᠳᠤᠭ ᠤᠬᠤᠬᠤ ᠠᠵᠢᠯ ᠤᠨ ᠨᠢᠭᠡᠴᠢ ᠨᠢ ᠡᠷᠬᠡᠪᠰᠢ ᠲᠤᠰ ᠭᠠᠵᠠᠷ ᠤᠨ ᠤᠰᠤ ᠠᠪᠬᠤ ᠵᠦᠪᠰᠢᠶᠡᠷᠡᠯ ᠳᠤ | ᠬᠤᠳᠳᠤᠭ ᠤᠬᠤᠬᠤ ᠠᠵᠢᠯ ᠤᠨ ᠲᠦᠰᠦᠪ ᠳᠤᠭᠳᠠᠭᠠᠬᠤ ᠬᠡᠷᠡᠭᠲᠡᠢ᠃ | ᠬᠤᠳᠳᠤᠭ ᠤᠬᠤᠬᠤ ᠠᠵᠢᠯ ᠤᠨ ᠨᠢᠭᠡᠴᠢ ᠨᠢ ᠡᠷᠬᠡᠪᠰᠢ ᠤᠯᠤᠰ ᠤᠨ ᠵᠦᠪᠰᠢᠶᠡᠷᠡᠭᠰᠡᠨ ᠬᠤᠳᠳᠤᠭ | ᠤᠬᠤᠬᠤ ᠠᠵᠢᠯ ᠤᠨ ᠬᠢᠷᠢ ᠬᠡᠮ ᠤᠨ ᠦᠨᠡᠮᠯᠡᠯ ᠪᠠ ᠠᠵᠢᠯᠲᠠᠨ ᠤ ᠬᠢᠷᠢ ᠬᠡᠮ ᠤᠨ ᠦᠨᠡᠮᠯᠡᠯ ᠲᠠᠢ ᠪᠠᠶᠢᠵᠤ᠂ ᠬᠤᠲᠠ | ᠶᠢᠨ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠳᠠᠩᠰᠠᠨ ᠳᠤ ᠳᠡᠮᠳᠡᠭᠯᠡᠬᠦᠯᠬᠦ | ᠭᠠᠷ ᠬᠦᠢᠴᠡᠳᠭᠡᠯ ᠢ ᠬᠦᠢᠴᠡᠳᠭᠡᠭᠰᠡᠨ ᠤ ᠳᠠᠷᠠᠭ᠎ᠠ᠂ ᠲᠡᠬᠦᠨ ᠤ ᠠᠵᠢᠯ ᠤᠨ ᠬᠢᠷᠢ ᠬᠡᠮ ᠤᠨ ᠳᠡᠰ ᠵᠡᠷᠭᠡ ᠲᠠᠢ | ᠬᠠᠷᠢᠯᠴᠠᠨ ᠨᠡᠶᠢᠴᠡᠭᠰᠡᠨ ᠬᠤᠳᠳᠤᠭ ᠤᠬᠤᠬᠤ ᠲᠤᠬᠠᠶᠢᠯᠠᠭᠰᠠᠨ ᠠᠵᠢᠯ ᠢ ᠲᠤᠰᠤᠨ ᠠᠪᠴᠤ ᠪᠤᠯᠤᠨ᠎ᠠ᠃ ᠳᠠᠩᠰᠠᠨ | ᠳᠤ ᠳᠡᠮᠳᠡᠭᠯᠡᠬᠦᠯᠬᠦ ᠭᠠᠷ ᠬᠦᠢᠴᠡᠳᠭᠡᠯ ᠢ ᠬᠦᠢᠴᠡᠳᠭᠡᠭᠰᠡᠨ ᠦᠭᠡᠢ ᠪᠠᠶᠢᠪᠠᠯ᠂ ᠬᠤᠳᠳᠤᠭ ᠤᠬᠤᠬᠤ ᠲᠤᠬᠠᠶᠢᠯᠠᠭᠰᠠᠨ | ᠠᠵᠢᠯ ᠢ ᠬᠢᠵᠦ ᠪᠤᠯᠬᠤ ᠦᠭᠡᠢ᠃ | ᠭᠤᠴᠢᠨ ᠭᠤᠷᠪᠠᠳᠤᠭᠠᠷ ᠵᠦᠢᠯ ᠤᠰᠤ ᠬᠡᠷᠡᠭᠯᠡᠬᠦ ᠳᠤ ᠬᠡᠮᠵᠢᠬᠦᠷ ᠢᠶᠠᠷ ᠰᠦᠢᠳᠭᠡᠯ ᠬᠤᠷᠢᠶᠠᠬᠤ ᠶᠢ | ᠬᠡᠷᠡᠭᠵᠢᠬᠦᠯᠬᠦ ᠠᠴᠠ ᠪᠢᠰᠢ᠂ ᠰᠦᠢᠳᠭᠡᠯ ᠳᠠᠭᠠᠭᠠᠴᠢᠯᠠᠬᠤ ᠳᠦᠷᠢᠮ ᠬᠡᠷᠡᠭᠵᠢᠬᠦᠯᠬᠦ ᠶᠢ ᠴᠠᠭᠠᠵᠠᠯᠠᠨ᠎ᠠ᠃ ᠰᠠᠭᠤᠭᠠᠯᠢ | ᠠᠷᠠᠳ ᠤᠨ ᠠᠮᠢᠳᠤᠷᠠᠯ ᠤᠨ ᠤᠰᠤ ᠬᠡᠷᠡᠭᠯᠡᠬᠦ ᠳᠤ ᠤᠰᠤᠨ ᠤ ᠱᠠᠲᠤᠯᠢᠭ ᠦᠨ᠎ᠡ ᠬᠠᠩᠰᠢ ᠶᠢᠨ ᠲᠦᠷᠢᠮ ᠢ | ᠬᠡᠷᠡᠭᠵᠢᠬᠦᠯᠦᠨ᠎ᠡ᠃ | ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠯᠡᠭᠡᠨ ᠤ ᠤᠰᠤᠨ ᠤ ᠱᠠᠲᠤᠯᠢᠭ ᠦᠨ᠎ᠡ ᠬᠠᠩᠰᠢ ᠶᠢᠨ | ᠪᠠᠷᠢᠮᠵᠢᠶ᠎ᠠ ᠶᠢ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠦᠨ᠎ᠡ ᠬᠠᠩᠰᠢ ᠶᠢᠨ ᠰᠠᠯᠠᠭ᠎ᠠ ᠮᠦᠴᠢᠷ ᠠᠴᠠ | ᠳᠤᠭᠳᠠᠭᠠᠭᠰᠠᠨ ᠡᠷᠭᠡ ᠶᠢᠨ ᠬᠢᠵᠠᠭᠠᠷᠯᠠᠯ ᠪᠠ ᠶᠠᠪᠤᠴᠠ ᠶᠤᠰᠤᠭᠠᠷ ᠲᠤᠭᠳᠠᠭᠠᠨ᠎ᠠ᠃ | | ᠳᠠᠪᠤᠳᠤᠭᠠᠷ ᠪᠦᠯᠦᠭ ᠤᠰᠤ ᠠᠷᠪᠢᠯᠠᠨ ᠬᠡᠷᠡᠭᠯᠡᠬᠦ | | ᠭᠤᠴᠢᠨ ᠲᠦᠷᠪᠡᠳᠦᠭᠡᠷ ᠵᠦᠢᠯ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠰᠢᠨ᠎ᠡ ᠪᠠᠷ | ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠳᠠᠭᠠᠨ᠂ ᠤᠰᠤ ᠠᠷᠪᠢᠯᠠᠬᠤ ᠠᠷᠭ᠎ᠠ ᠪᠠᠷᠢᠯ | ᠤᠨ ᠲᠦᠰᠦᠪ ᠲᠤᠭᠳᠠᠭᠠᠵᠤ᠂ ᠤᠰᠤ ᠠᠷᠪᠢᠯᠠᠬᠤ ᠲᠦᠬᠦᠭᠡᠷᠦᠮᠵᠢ ᠶᠢ ᠲᠦᠬᠦᠷᠵᠢᠬᠦᠯᠦᠨ ᠪᠦᠲᠦᠭᠡᠨ ᠪᠠᠶᠢᠭᠤᠯᠬᠤ | ᠬᠡᠷᠡᠭᠲᠡᠢ᠃ ᠤᠰᠤ ᠠᠷᠪᠢᠯᠠᠬᠤ ᠲᠦᠬᠦᠭᠡᠷᠦᠮᠵᠢ ᠶᠢ ᠭᠤᠤᠯ ᠴᠤᠭᠴᠠ ᠶᠢᠨ ᠪᠠᠷᠢᠯᠭ᠎ᠠ ᠲᠠᠢ ᠬᠠᠮᠲᠤ ᠳᠤ ᠨᠢ ᠵᠢᠷᠤᠭ | ᠲᠦᠯᠦᠪᠯᠡᠵᠦ᠂ ᠬᠠᠮᠳᠤ ᠳᠤ ᠨᠢ ᠪᠠᠷᠢᠯᠭ᠎ᠠ ᠶᠢᠨ ᠠᠵᠢᠯ ᠬᠢᠵᠦ᠂ ᠬᠠᠮᠳᠤ ᠳᠤ ᠨᠢ ᠠᠰᠢᠭᠯᠠᠯᠲᠠ ᠳᠤ ᠣᠷᠣᠭᠤᠯᠬᠤ | ᠬᠡᠷᠡᠭᠲᠡᠢ᠃ | ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠤᠰᠤ ᠠᠷᠪᠢᠯᠠᠬᠤ | ᠲᠦᠬᠦᠭᠡᠷᠦᠮᠵᠢ ᠶᠢᠨ ᠰᠢᠯᠭᠠᠨ ᠬᠤᠷᠢᠶᠠᠬᠤ ᠳᠤ ᠤᠷᠤᠯᠴᠠᠬᠤ ᠬᠡᠷᠡᠭᠲᠡᠢ᠃ ᠰᠢᠯᠭᠠᠨ ᠬᠤᠷᠢᠶᠠᠬᠤ ᠶᠢ ᠳᠠᠮᠵᠢᠭᠰᠠᠨ | ᠦᠭᠡᠢ ᠪᠤᠶᠤ ᠰᠢᠯᠭᠠᠨ ᠬᠤᠷᠢᠶᠠᠬᠤ ᠳᠤ ᠬᠢᠷᠢ ᠳᠤ ᠲᠡᠩᠴᠡᠭᠰᠡᠨ ᠦᠭᠡᠢ ᠣᠰᠤ ᠠᠷᠪᠢᠯᠠᠬᠤ ᠲᠦᠭᠦᠭᠡᠷᠦᠮᠵᠢ ᠶᠢ | ᠠᠰᠢᠭᠯᠠᠯᠲᠠ ᠳᠤ ᠣᠷᠤᠭᠤᠯᠵᠤ ᠬᠡᠷᠡᠭᠯᠡᠵᠦ ᠪᠤᠯᠬᠤ ᠦᠭᠡᠢ᠃ | ᠬᠤᠲᠠ ᠶᠢᠨ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠯᠪᠤᠭᠳᠠᠯ | ᠪᠦᠬᠦᠢ ᠰᠠᠯᠠᠭ᠎ᠠ ᠮᠦᠴᠢᠷ ᠲᠠᠢ ᠬᠠᠮᠲᠤᠷᠠᠵᠤ ᠤᠰᠤ ᠬᠡᠷᠡᠭᠯᠡᠬᠦ ᠭᠤᠤᠯᠳᠠᠯᠭ᠎ᠠ ᠲᠠᠢ ᠡᠷᠦᠭᠡ ᠤᠳ ᠲᠤ ᠬᠢᠨᠠᠨ | ᠡᠵᠡᠮᠰᠢᠯ ᠶᠠᠪᠤᠭᠤᠯᠵᠤ᠂ ᠤᠰᠤ ᠠᠷᠪᠢᠯᠠᠬᠤ ᠮᠡᠷᠭᠡᠵᠢᠯ ᠤᠨ ᠰᠢᠨᠡᠴᠢᠯᠡᠯᠲᠡ ᠪᠠ ᠤᠰᠤ ᠠᠷᠪᠢᠯᠠᠬᠤ ᠬᠠᠮᠢᠶᠠᠷᠤᠯᠲᠠ | ᠪᠠᠨ ᠴᠢᠩᠭᠠᠳᠬᠠᠵᠤ᠂ ᠤᠰᠤ ᠠᠷᠪᠢᠯᠠᠬᠤ ᠪᠠᠷᠢᠮᠵᠢᠶᠠᠨ ᠳᠤ ᠨᠡᠶᠢᠴᠡᠭᠰᠡᠨ ᠦᠭᠡᠢ ᠤᠰᠤ ᠬᠡᠷᠡᠭᠯᠡᠯᠲᠡ ᠶᠢᠨ ᠤᠷᠠᠨ | ᠳᠠᠷᠬ᠎ᠠ᠂ ᠲᠦᠬᠦᠬᠡᠷᠦᠮᠵᠢ ᠪᠠ ᠪᠦᠳᠦᠭᠡᠭᠳᠡᠬᠦᠨ ᠢ ᠰᠢᠭᠰᠢᠭᠳᠡᠬᠦᠯᠬᠦ ᠬᠡᠷᠡᠭᠲᠡᠢ᠃ | ᠭᠤᠴᠢᠨ ᠳᠠᠪᠤᠳᠤᠭᠠᠷ ᠵᠦᠢᠯ ᠨᠢᠭᠡᠨᠲᠡ ᠪᠠᠶᠢᠭᠤᠯᠤᠭᠳᠠᠭᠰᠠᠨ ᠤᠰᠤᠨ ᠤ ᠶᠡᠭᠡ ᠬᠤᠷᠤᠭᠳᠠᠯᠳᠤ | ᠠᠵᠤ ᠦᠢᠯᠡᠰ ᠤᠨ ᠲᠦᠷᠦᠯ ᠵᠦᠢᠯ ᠳᠤ ᠭᠠᠵᠠᠷ ᠳᠤᠤᠷᠠᠬᠢ ᠤᠰᠤ ᠶᠢ ᠬᠡᠷᠡᠭᠯᠡᠬᠦ ᠳᠡᠭᠡᠨ ᠤᠰᠤ ᠠᠷᠪᠢᠯᠠᠬᠤ ᠠᠷᠭ᠎ᠠ | ᠪᠠᠷᠢᠯ ᠠᠪᠴᠤ᠂ ᠭᠠᠵᠠᠷ ᠳᠤᠤᠷᠠᠬᠢ ᠤᠰᠤ ᠶᠢ ᠨᠡᠭᠡᠭᠡᠨ ᠮᠠᠯᠳᠠᠬᠤ ᠬᠡᠮᠵᠢᠶ᠎ᠡ ᠶᠢ ᠠᠭᠠᠵᠢᠮ ᠢᠶᠠᠷ ᠪᠠᠭᠤᠷᠠᠭᠤᠯᠬᠤ | ᠬᠡᠷᠡᠭᠲᠡᠢ᠃ ᠨᠦᠬᠦᠴᠡᠯ ᠲᠠᠢ ᠨᠢ ᠭᠠᠵᠠᠷ ᠳᠤᠤᠷᠠᠬᠢ ᠤᠰᠤᠨ ᠤ ᠰᠤᠷᠪᠤᠯᠵᠢ ᠶᠢ ᠶᠡᠷᠦ ᠶᠢᠨ ᠪᠤᠰᠤ ᠤᠰᠤᠨ ᠤ | ᠰᠤᠷᠪᠤᠯᠵᠢ ᠪᠤᠶᠤ ᠭᠠᠵᠠᠷ ᠳᠡᠭᠡᠷᠡᠬᠢ ᠤᠰᠤᠨ ᠤ ᠰᠤᠷᠪᠤᠯᠵᠢ ᠪᠤᠯᠭᠠᠨ ᠰᠤᠯᠢᠬᠤ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠴᠡᠴᠡᠷᠯᠢᠭ ᠤᠨ ᠨᠤᠭᠤᠭᠠᠷᠠᠭᠤᠯᠤᠯᠲᠠ᠂ ᠤᠷᠴᠢᠨ ᠲᠤᠭᠤᠷᠢᠨ ᠤ | ᠡᠷᠡᠬᠦᠯ ᠬᠠᠮᠠᠭᠠᠯᠠᠯ᠂ ᠭᠠᠯ ᠤᠨᠳᠠᠷᠠᠭᠠᠬᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠤᠰᠤ ᠬᠡᠷᠡᠭᠯᠡᠬᠦ ᠳᠡᠭᠡᠨ | ᠤᠷᠢᠳᠠᠪᠠᠷ ᠳᠠᠬᠢᠯᠲᠠ ᠤᠰᠤ ᠪᠠ ᠪᠤᠷᠤᠭᠠᠨ ᠦᠶᠡᠷ ᠤᠨ ᠤᠰᠤ ᠬᠡᠷᠡᠭᠯᠡᠬᠦ ᠬᠡᠷᠡᠭᠲᠡᠢ᠃ | ᠴᠡᠴᠡᠷᠯᠢᠭ ᠤᠨ ᠨᠤᠭᠤᠭᠠᠷᠠᠭᠤᠯᠤᠯᠲᠠ ᠳᠠᠭᠠᠨ ᠲᠤᠰ ᠭᠠᠵᠠᠷ ᠤᠨ ᠠᠭᠤᠷ ᠠᠮᠢᠰᠬᠤᠯ ᠤᠨ ᠨᠦᠬᠦᠴᠡᠯ ᠳᠤ | ᠵᠤᠬᠢᠴᠠᠭᠰᠠᠨ ᠭᠠᠩ ᠬᠠᠭᠤᠷᠠᠢ ᠳᠤ ᠲᠡᠰᠪᠦᠷᠢ ᠲᠠᠢ ᠮᠠᠶ᠋ᠢᠭ ᠤᠨ ᠤᠢ ᠮᠤᠳᠤ᠂ ᠡᠪᠡᠰᠦ ᠴᠡᠴᠡᠭ ᠢ ᠰᠤᠩᠭᠤᠨ | ᠬᠡᠷᠡᠭᠯᠡᠵᠦ᠂ ᠤᠰᠤ ᠠᠷᠪᠢᠯᠠᠵᠤ ᠤᠰᠤᠯᠠᠬᠤ ᠠᠷᠭ᠎ᠠ ᠮᠠᠶ᠋ᠢᠭ ᠠᠪᠬᠤ ᠶᠢ ᠳᠡᠯᠭᠡᠷᠡᠬᠦᠯᠦᠨ᠎ᠡ᠃ | ᠭᠠᠵᠠᠷ ᠳᠤᠤᠷᠠᠬᠢ ᠤᠰᠤ᠂ ᠲᠦᠭᠡᠭᠡᠯ ᠤᠰᠤ ᠪᠠᠷ ᠦᠵᠡᠮᠵᠢ ᠶᠢᠨ ᠭᠤᠤᠯ᠂ ᠬᠢᠮᠡᠯ ᠨᠠᠭᠤᠷ ᠤᠨ ᠤᠰᠤ ᠪᠤᠯᠭᠠᠨ | ᠬᠡᠷᠡᠭᠯᠡᠬᠦ ᠶᠢ ᠴᠠᠭᠠᠵᠠᠯᠠᠨ᠎ᠠ᠃ | ᠭᠤᠴᠢᠨ ᠳᠤᠯᠤᠳᠤᠭᠠᠷ ᠵᠦᠢᠯ ᠲᠠᠷᠢᠶᠠᠯᠠᠩ ᠮᠠᠯ ᠠᠵᠤ ᠠᠬᠤᠢ ᠶᠢᠨ ᠲᠦᠷᠦᠯ ᠵᠦᠢᠯ ᠳᠤ ᠤᠰᠤ | ᠠᠷᠪᠢᠯᠠᠵᠤ ᠤᠰᠤᠯᠠᠬᠤ ᠶᠢ ᠲᠡᠯᠭᠡᠷᠡᠬᠦᠯᠵᠦ᠂ ᠤᠳᠠᠭᠠᠨ ᠤᠰᠤᠯᠠᠬᠤ ᠵᠡᠷᠭᠡ ᠤᠰᠤᠨ ᠤ ᠶᠡᠭᠡ ᠬᠤᠷᠤᠭᠳᠠᠯᠳᠤ | ᠤᠰᠤᠯᠠᠯᠲᠠ ᠶᠢᠨ ᠠᠷᠭ᠎ᠠ ᠮᠠᠶ᠋ᠢᠭ ᠠᠪᠬᠤ ᠶᠢ ᠴᠠᠭᠠᠵᠠᠯᠠᠨ᠎ᠠ᠃ | ᠭᠤᠴᠢᠨ ᠨᠠᠢᠮᠠᠳᠤᠭᠠᠷ ᠵᠦᠢᠯ ᠤᠰᠤ ᠬᠡᠷᠡᠭᠯᠡᠬᠦ ᠠᠵᠤ ᠦᠢᠯᠡᠰ ᠡᠷᠬᠢᠯᠲᠡ ᠲᠠᠢ ᠪᠠᠷ ᠤᠰᠤ | ᠬᠡᠷᠡᠭᠯᠡᠬᠦ᠂ ᠴᠢᠨᠠᠷ ᠢᠶᠠᠷ ᠨᠢ ᠤᠰᠤ ᠬᠡᠷᠡᠭᠯᠡᠬᠦ ᠵᠢᠴᠢ ᠪᠤᠵᠠᠷ ᠤᠰᠤ ᠶᠢ ᠰᠢᠢᠳᠪᠤᠷᠢᠯᠡᠨ ᠡᠬᠡᠬᠦᠯᠦᠨ ᠬᠡᠷᠡᠭᠯᠡᠬᠦ ᠵᠡᠷᠭᠡ | ᠠᠷᠭ᠎ᠠ ᠪᠠᠷᠢᠯ ᠢ ᠠᠪᠴᠤ᠂ ᠤᠰᠤ ᠬᠡᠷᠡᠭᠯᠡᠬᠦ ᠨᠢᠭᠡᠴᠢ ᠶᠢᠨ ᠤᠰᠤᠨ ᠤ ᠬᠤᠷᠤᠭᠳᠠᠯ ᠢ ᠪᠠᠭᠠᠰᠬᠠᠵᠤ᠂ ᠤᠰᠤ ᠶᠢ | ᠳᠠᠬᠢᠨ ᠳᠠᠪᠳᠠᠨ ᠠᠰᠢᠭᠯᠠᠬᠤ ᠨᠤᠷᠮ᠎ᠠ ᠶᠢ ᠳᠡᠭᠡᠭᠰᠢᠯᠡᠬᠦᠯᠵᠤ᠂ ᠪᠤᠵᠠᠷ ᠤᠰᠤ ᠶᠢ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠬᠡᠷᠡᠭᠲᠡᠢ᠃ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠬᠦᠭᠡᠷᠦᠮᠵᠢ ᠪᠠᠷ ᠤᠰᠤ ᠬᠦᠷᠦᠭᠡᠬᠦ᠂ ᠠᠭᠠᠷ | ᠲᠤᠬᠢᠷᠠᠭᠤᠯᠤᠭᠴᠢ ᠪᠠᠷ ᠤᠰᠤ ᠬᠦᠷᠦᠭᠡᠬᠦ᠂ ᠠᠭᠤᠷ ᠤᠨ ᠲᠤᠭᠤᠭ᠎ᠠ ᠪᠠᠷ ᠤᠰᠤ ᠴᠠᠷᠴᠠᠭᠠᠬᠤ ᠳᠠᠭᠠᠨ ᠡᠷᠬᠢᠯᠲᠡ ᠲᠠᠢ | ᠪᠠᠷ ᠬᠡᠷᠡᠭᠯᠡᠬᠦ ᠪᠤᠶᠤ ᠡᠬᠡᠬᠦᠯᠦᠨ ᠠᠰᠢᠭᠯᠠᠬᠤ ᠠᠴᠠ ᠪᠢᠰᠢ᠂ ᠰᠢᠭᠤᠳ ᠭᠠᠳᠠᠭᠰᠢᠯᠠᠭᠤᠯᠵᠤ ᠪᠤᠯᠬᠤ ᠦᠭᠡᠢ᠃ | ᠦᠢᠯᠡᠳᠪᠦᠷᠢᠯᠡᠯ ᠤᠨ ᠴᠡᠪᠡᠷᠰᠢᠬᠦᠯᠦᠭᠰᠡᠨ ᠤᠰᠤ᠂ ᠷᠠᠰᠢᠶᠠᠨ ᠤᠰᠤ᠂ ᠤᠮᠳᠠᠭᠠᠨ᠂ ᠠᠷᠢᠬᠢᠨ ᠤ ᠵᠦᠢᠯ | ᠵᠡᠷᠭᠡ ᠪᠦᠳᠦᠭᠡᠭᠳᠡᠬᠦᠨ ᠢ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠤᠰᠤ ᠠᠷᠪᠢᠯᠠᠬᠤ ᠠᠷᠭ᠎ᠠ ᠪᠠᠷᠢᠯ ᠠᠪᠴᠤ᠂ | ᠤᠰᠤᠨ ᠤ ᠬᠤᠷᠤᠭᠳᠠᠯ ᠢ ᠪᠠᠭᠠᠰᠬᠠᠬᠤ ᠠᠴᠠ ᠪᠢᠰᠢ᠂ ᠣᠰᠤ ᠭᠠᠷᠭᠠᠬᠤ ᠨᠤᠷᠮ᠎ᠠ ᠶᠢ ᠤᠯᠤᠰ ᠤᠨ ᠪᠠᠷᠢᠮᠵᠢᠶ᠎ᠠ ᠠᠴᠠ | ᠳᠤᠤᠷ᠎ᠠ ᠪᠤᠯᠭᠠᠵᠤ ᠪᠤᠯᠬᠤ ᠦᠭᠡᠢ᠃ ᠰᠡᠬᠦᠯ ᠤᠨ ᠤᠰᠤ ᠶᠢ ᠡᠭᠡᠬᠦᠯᠦᠨ ᠠᠰᠢᠭᠯᠠᠬᠤ ᠠᠴᠠ ᠪᠢᠰᠢ᠂ ᠰᠢᠭᠤᠳ | ᠭᠠᠳᠠᠭᠰᠢᠯᠠᠭᠤᠯᠵᠤ ᠪᠤᠯᠬᠤ ᠦᠭᠡᠢ᠃ | ᠣᠰᠣ ᠬᠡᠷᠡᠭᠯᠡᠬᠦ ᠠᠵᠤ ᠠᠬᠤᠶᠢᠯᠠᠯ ᠭᠤᠷᠪᠡᠨ ᠵᠢᠯ ᠳᠤ ᠨᠢᠭᠡ ᠣᠳᠠᠭ᠎ᠠ ᠣᠰᠣᠨ ᠤ ᠲᠡᠩᠴᠠᠭᠦᠷᠢ ᠶᠢᠨ | ᠬᠡᠮᠵᠢᠯᠲᠠ ᠬᠢᠬᠦ ᠬᠡᠷᠡᠭᠲᠡᠢ᠃ ᠪᠦᠲᠦᠭᠡᠭᠳᠡᠭᠦᠨ ᠤ ᠪᠦᠲᠦᠴᠠ ᠪᠤᠶᠤ ᠦᠢᠯᠡᠳᠪᠦᠷᠢᠯᠡᠯ᠂ ᠦᠢᠯᠡᠳᠪᠦᠷᠢᠯᠡᠬᠦ ᠤᠷᠠᠯᠠᠯ | ᠳᠤ ᠤᠰᠤ ᠬᠡᠷᠡᠭᠯᠡᠬᠦ ᠳᠤ ᠬᠤᠪᠢᠷᠠᠯᠲᠠ ᠭᠠᠷᠬᠤ ᠦᠶᠡᠰ᠂ ᠣᠰᠣ ᠬᠡᠷᠡᠭᠯᠡᠬᠦ ᠠᠵᠤ ᠠᠬᠤᠶᠢᠯᠠᠯ ᠬᠠᠭᠠᠰ ᠵᠢᠯ ᠤᠨ | ᠳᠣᠲᠣᠷ᠎ᠡ ᠳᠠᠬᠢᠨ ᠬᠡᠮᠵᠢᠯᠲᠠ ᠬᠢᠨ᠎ᠡ᠃ ᠬᠡᠮᠵᠢᠯᠲᠠ ᠶᠢᠨ ᠦᠷ᠎ᠡ ᠳ᠋ᠦᠩ ᠢ ᠬᠤᠰᠢᠭᠤ ᠰᠢᠶᠠᠨ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠤᠤᠯᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠣᠨ᠎ᠡ᠃ | ᠭᠤᠴᠢ ᠶᠢᠰᠦᠳᠤᠭᠡᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ᠂ ᠠᠵᠤ ᠠᠬᠤᠢ | ᠶᠢᠨ ᠮᠡᠷᠭᠡᠵᠢᠯ ᠤᠨ ᠨᠡᠭᠡᠭᠡᠨ ᠬᠦᠭᠵᠢᠬᠦᠯᠦᠯᠲᠡ ᠶᠢᠨ ᠲᠤᠭᠤᠷᠢᠭ ᠵᠡᠷᠭᠡ ᠡᠯ᠎ᠡ ᠲᠦᠷᠦᠯ ᠤᠨ ᠨᠡᠭᠡᠭᠡᠨ | ᠬᠦᠭᠵᠢᠬᠦᠯᠦᠯᠲᠡ ᠶᠢᠨ ᠲᠤᠭᠤᠷᠢᠭ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠬᠦᠯᠦᠯᠲᠡ ᠶᠢᠨ ᠪᠢᠴᠢᠭ ᠢ | ᠨᠠᠶᠢᠷᠠᠭᠤᠯᠤᠨ ᠵᠤᠬᠢᠶᠠᠵᠤ ᠲᠦᠯᠦᠪᠵᠢᠬᠦᠯᠵᠦ᠂ ᠤᠰᠤ ᠬᠠᠩᠭᠠᠬᠤ᠂ ᠤᠰᠤ ᠬᠡᠷᠡᠭᠯᠡᠬᠦ᠂ ᠤᠰᠤ ᠳᠠᠳᠠᠷᠠᠭᠤᠯᠬᠤ | ᠰᠢᠰᠲ᠋ᠧᠮ ᠤᠨ ᠨᠢᠭᠡᠲᠦᠯᠲᠡᠢ ᠬᠠᠮᠢᠶᠠᠷᠤᠯᠲᠠ ᠶᠢ ᠶᠠᠪᠤᠭᠤᠯᠤᠨ᠎ᠠ᠃ | ᠲᠦᠴᠢᠳᠦᠭᠡᠷ ᠵᠦᠢᠯ ᠪᠠᠭᠤᠳᠠᠯ᠂ ᠬᠤᠭᠤᠯᠠᠨ ᠭᠡᠷ᠂ ᠤᠷᠤᠨ ᠰᠠᠭᠤᠴᠠ ᠶᠢᠨ ᠲᠤᠭᠤᠷᠢᠭ᠂ | ᠰᠤᠷᠭᠠᠭᠤᠯᠢ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠪᠠ ᠲᠦᠷᠦ ᠶᠢᠨ ᠪᠠᠶᠢᠭᠤᠯᠭ᠎ᠠ ᠵᠡᠷᠭᠡ ᠨᠢ | ᠳᠤᠮᠳᠠᠬᠢ ᠤᠰᠤ ᠶᠢ ᠡᠬᠡᠬᠦᠯᠦᠨ ᠬᠡᠷᠡᠭᠯᠡᠬᠦ ᠰᠢᠰᠲ᠋ᠧᠮ ᠪᠠ ᠪᠤᠷᠤᠭᠠᠨ ᠤ ᠤᠰᠤ ᠶᠢ ᠬᠤᠷᠠᠮᠳᠤᠭᠤᠯᠵᠤ ᠬᠠᠳᠠᠭᠠᠯᠠᠨ | ᠬᠡᠷᠡᠭᠯᠡᠬᠦ ᠲᠦᠬᠦᠭᠡᠷᠦᠮᠵᠢ ᠶᠢ ᠪᠠᠶᠢᠭᠤᠯᠬᠤ ᠬᠡᠷᠡᠭᠲᠡᠢ᠃ | ᠤᠰᠤ ᠬᠡᠷᠡᠭᠯᠡᠬᠦ ᠨᠢᠭᠡᠴᠢ ᠪᠠ ᠬᠤᠪᠢ ᠬᠦᠮᠦᠨ ᠨᠢ ᠤᠰᠤ ᠬᠡᠷᠡᠭᠯᠡᠬᠦ ᠲᠦᠭᠦᠬᠡᠷᠦᠮᠵᠢ ᠶᠢᠨ ᠬᠠᠮᠠᠭᠠᠯᠠᠯᠲᠠ | ᠠᠷᠠᠴᠢᠯᠠᠯᠲᠠ ᠪᠠᠨ ᠴᠢᠩᠭᠠᠳᠬᠠᠵᠤ᠂ ᠤᠰᠤ ᠭᠤᠭᠤᠵᠢᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ | ᠲᠦᠴᠢᠨ ᠨᠢᠭᠡᠳᠦᠭᠡᠷ ᠵᠦᠢᠯ ᠬᠤᠲᠠ᠂ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ | ᠤᠷᠳᠤᠨ ᠬᠤᠲᠠ ᠪᠠᠯᠭᠠᠰᠤᠨ ᠤ ᠪᠤᠵᠠᠷ ᠤᠰᠤ ᠰᠢᠢᠳᠪᠦᠷᠢᠯᠡᠬᠦ ᠪᠠ ᠳᠠᠬᠢᠯᠲᠠ ᠤᠰᠤ ᠶᠢ ᠠᠰᠢᠭᠯᠠᠬᠤ ᠲᠦᠬᠦᠭᠡᠷᠦᠮᠵᠢ | ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠳᠠᠬᠢᠯᠲᠠ ᠤᠰᠤ ᠶᠢ ᠡᠬᠡᠬᠦᠯᠦᠨ | ᠬᠡᠷᠡᠭᠯᠡᠬᠦ ᠬᠤᠭᠤᠯᠠᠢ ᠲᠤᠤᠷ ᠤᠨ ᠪᠦᠳᠦᠭᠡᠨ ᠪᠠᠶᠢᠭᠤᠯᠤᠯᠲᠠ ᠶᠢ ᠳᠡᠬᠦᠯᠳᠡᠷᠵᠢᠬᠦᠯᠵᠦ᠂ ᠤᠰᠤ ᠬᠡᠷᠡᠭᠯᠡᠬᠦ ᠠᠳᠠᠯᠢ | ᠪᠤᠰᠤ ᠱᠠᠭᠠᠷᠳᠠᠯᠭ᠎ᠠ ᠶᠢ ᠨᠢ ᠦᠨᠳᠦᠰᠦᠯᠡᠵᠦ᠂ ᠶᠠᠰᠤ ᠴᠢᠨᠠᠷ ᠢᠶᠠᠷ ᠨᠢ ᠤᠰᠤ ᠬᠠᠩᠭᠠᠬᠤ ᠶᠢ ᠠᠭᠠᠵᠢᠮ ᠢᠶᠠᠷ | ᠬᠡᠷᠡᠭᠵᠢᠬᠦᠯᠬᠦ ᠬᠡᠷᠡᠭᠲᠡᠢ᠃ | ᠬᠤᠲᠠ ᠪᠠᠯᠭᠠᠰᠤᠨ ᠤ ᠰᠢᠨ᠎ᠡ ᠲᠤᠭᠤᠷᠢᠭ ᠤᠨ ᠪᠦᠳᠦᠭᠡᠨ ᠪᠠᠶᠢᠭᠤᠯᠤᠯᠲᠠ᠂ ᠬᠠᠭᠤᠴᠢᠨ ᠬᠤᠲᠠ ᠶᠢᠨ | ᠰᠢᠨᠡᠳᠭᠡᠨ ᠦᠭᠡᠷᠡᠴᠢᠯᠡᠯᠲᠡ ᠪᠠ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠳᠠᠭᠠᠨ ᠤᠰᠤᠨ ᠤ ᠬᠠᠷᠢᠮᠠᠬᠠᠢ ᠴᠢᠨᠠᠷ ᠤᠨ ᠬᠤᠲᠠ ᠶᠢᠨ ᠱᠠᠭᠠᠷᠳᠠᠯᠭ᠎ᠠ ᠶᠤᠰᠤᠭᠠᠷ ᠭᠠᠵᠠᠷ ᠤᠨ | ᠭᠠᠳᠠᠷᠭᠤ ᠳᠤ ᠤᠰᠤ ᠨᠡᠪᠴᠢᠬᠦᠯᠬᠦ ᠪᠠ ᠪᠤᠷᠤᠭᠠᠨ ᠤ ᠤᠰᠤ ᠬᠤᠷᠠᠮᠳᠤᠭᠤᠯᠵᠤ ᠬᠠᠳᠠᠭᠠᠯᠠᠨ ᠠᠰᠢᠭᠯᠠᠬᠤ ᠵᠡᠷᠭᠡ | ᠤᠰᠤ ᠠᠷᠪᠢᠯᠠᠬᠤ ᠲᠦᠬᠦᠭᠡᠷᠦᠮᠵᠢ ᠶᠢ ᠪᠦᠳᠦᠭᠡᠨ ᠪᠠᠶᠢᠭᠤᠯᠬᠤ ᠬᠡᠷᠡᠭᠲᠡᠢ᠃ | ᠲᠦᠴᠢᠨ ᠬᠤᠶᠠᠳᠤᠭᠠᠷ ᠵᠦᠢᠯ ᠬᠤᠲᠠ᠂ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ | ᠤᠷᠳᠤᠨ ᠨᠢ ᠨᠢᠭᠡᠴᠢ ᠪᠤᠶᠤ ᠬᠤᠪᠢ ᠬᠦᠮᠦᠨ ᠤ ᠪᠡᠯᠡ ᠤᠷᠤᠭᠤᠯᠤᠨ ᠪᠤᠵᠠᠷ ᠤᠰᠤ ᠶᠢ ᠰᠢᠢᠳᠪᠦᠷᠢᠯᠡᠬᠦ᠂ ᠳᠠᠬᠢᠯᠳᠠ | ᠤᠰᠤ᠂ ᠠᠭᠤᠷᠬᠠᠢ ᠶᠢᠨ ᠲᠤᠭᠤᠷᠢᠭ ᠤᠨ ᠤᠰᠤ ᠶᠢ ᠰᠢᠬᠦᠷᠡᠬᠦᠯᠬᠦ᠂ ᠪᠠᠷᠢᠯᠭ᠎ᠠ ᠳᠠᠭᠠᠨ ᠤᠰᠤ ᠳᠠᠳᠠᠷᠠᠭᠤᠯᠬᠤ ᠶᠢ | ᠪᠠᠭᠠᠰᠬᠠᠬᠤ ᠪᠠ ᠪᠤᠷᠤᠭᠠᠨ ᠤ ᠤᠰᠤ ᠶᠢ ᠬᠤᠷᠠᠵᠤ ᠬᠠᠳᠠᠭᠠᠯᠠᠨ ᠠᠰᠢᠭᠯᠠᠬᠤ ᠪᠠᠷᠢᠯᠭ᠎ᠠ ᠶᠢ ᠪᠦᠲᠦᠭᠡᠨ ᠪᠠᠶᠢᠭᠤᠯᠬᠤ | ᠶᠢ ᠨᠢ ᠵᠤᠷᠢᠭᠵᠢᠭᠤᠯᠤᠨ ᠳᠡᠮᠵᠢᠵᠦ᠂ ᠤᠰᠤᠨ ᠤ ᠰᠤᠷᠪᠤᠯᠵᠢ ᠶᠢᠨ ᠬᠡᠪ ᠤᠨ ᠪᠤᠰᠤ ᠠᠰᠢᠭᠯᠠᠯᠲᠠ ᠶᠢᠨ ᠨᠤᠷᠮ᠎ᠠ ᠶᠢ | ᠳᠡᠭᠡᠭᠰᠢᠯᠡᠬᠦᠯᠦᠨ᠎ᠡ᠃ | ᠲᠦᠴᠢᠨ ᠭᠤᠷᠪᠠᠳᠤᠭᠠᠷ ᠵᠦᠢᠯ ᠬᠤᠲᠠ᠂ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ | ᠤᠨ ᠤᠷᠳᠤᠨ ᠨᠢ ᠬᠠᠤᠯᠢ ᠶᠤᠰᠤᠭᠠᠷ ᠤᠰᠤ ᠠᠪᠬᠤ ᠡᠷᠭᠡ ᠤᠯᠤᠭᠰᠠᠨ ᠨᠢᠭᠡᠴᠢ ᠪᠤᠶᠤ ᠬᠤᠪᠢ ᠬᠦᠮᠦᠨ ᠤ ᠠᠵᠤ | ᠦᠢᠯᠡᠰ᠂ ᠪᠦᠳᠦᠭᠡᠭᠳᠡᠬᠦᠨ ᠤ ᠪᠦᠳᠦᠴᠡ ᠪᠠᠨ ᠳᠤᠬᠢᠷᠠᠭᠤᠯᠬᠤ ᠪᠠ ᠤᠷᠠᠨ ᠳᠠᠷᠬ᠎ᠠ ᠶᠢ ᠦᠭᠡᠷᠡᠴᠢᠯᠡᠬᠦ ᠵᠡᠷᠭᠡ ᠤᠰᠤ | ᠠᠷᠪᠢᠯᠠᠬᠤ ᠠᠷᠭ᠎ᠠ ᠪᠠᠷᠢᠯ ᠢᠶᠠᠷ ᠤᠰᠤᠨ ᠤ ᠡᠬᠢ ᠪᠠᠶᠠᠯᠢᠭ ᠢ ᠠᠷᠪᠢᠯᠠᠬᠤ ᠶᠢ ᠨᠢ ᠵᠤᠷᠢᠭᠵᠢᠭᠤᠯᠬᠤ ᠮᠦᠷᠲᠡᠭᠡᠨ | ᠬᠠᠤᠯᠢ ᠶᠤᠰᠤᠭᠠᠷ ᠤᠰᠤᠨ ᠤ ᠬᠡᠷᠡᠭᠯᠡᠭᠡᠨ ᠤ ᠡᠷᠭᠡ ᠶᠢ ᠦᠨ᠎ᠡ ᠲᠦᠯᠦᠪᠦᠷᠢ ᠦᠭᠡᠢ ᠰᠢᠯᠵᠢᠬᠦᠯᠦᠨ᠎ᠡ᠃ | | ᠵᠢᠷᠭᠤᠳᠤᠭᠠᠷ ᠪᠦᠯᠦᠭ ᠬᠢᠨᠠᠯᠲᠠ ᠪᠠ ᠪᠠᠶᠢᠴᠠᠭᠠᠯᠲᠠ | | ᠲᠦᠴᠢᠨ ᠲᠦᠷᠪᠡᠳᠦᠭᠡᠷ ᠵᠦᠢᠯ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠬᠠᠤᠯᠢ ᠴᠠᠭᠠᠴᠠ᠂ ᠬᠠᠤᠯᠢ ᠲᠤᠭᠳᠠᠭᠠᠯ ᠤᠨ ᠲᠤᠭᠳᠠᠭᠠᠯ ᠢ ᠵᠢᠷᠤᠮᠯᠠᠨ᠂ ᠤᠰᠤᠨ ᠤ ᠡᠬᠢ | ᠪᠠᠶᠠᠯᠢᠭ ᠤᠨ ᠬᠠᠮᠢᠶ᠎ᠠ ᠪᠦᠬᠦᠢ ᠬᠠᠮᠢᠶᠠᠷᠤᠯᠲᠠ ᠪᠠ ᠬᠠᠮᠠᠭᠠᠯᠠᠯᠲᠠ ᠶᠢᠨ ᠳᠤᠤᠷ᠎ᠠ ᠵᠢᠭᠰᠠᠭᠠᠭᠰᠠᠨ ᠬᠢᠨᠠᠯᠲᠠ ᠶᠢᠨ | ᠡᠭᠦᠷᠭᠡ ᠬᠠᠷᠢᠭᠤᠴᠠᠯᠭ᠎ᠠ ᠶᠢ ᠬᠦᠢᠴᠡᠳᠬᠡᠬᠦ ᠬᠡᠷᠡᠭᠲᠡᠢ ᠄ | ︵ᠨᠢᠭᠡ︶ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠦᠯᠦᠪᠵᠢᠬᠦᠯᠭᠡ ᠪᠠ ᠤᠰᠤᠨ ᠤ ᠴᠢᠳᠠᠪᠬᠢ | ᠶᠢᠨ ᠤᠷᠤᠨ ᠬᠤᠪᠢᠶᠠᠷᠢᠯᠠᠯ ᠤᠨ ᠬᠡᠷᠡᠭᠵᠢᠬᠦᠯᠦᠯᠲᠡ ᠶᠢᠨ ᠪᠠᠶᠢᠳᠠᠯ ᠢ ᠪᠠᠶᠢᠴᠠᠭᠠᠨ᠎ᠠ ︔ | ︵ᠬᠤᠶᠠᠷ︶ ᠤᠰᠤ ᠠᠪᠬᠤ ᠨᠢᠭᠡᠴᠢ ᠪᠠ ᠬᠤᠪᠢ ᠬᠦᠮᠦᠨ ᠤ ᠤᠰᠤ ᠠᠪᠬᠤ ᠵᠦᠪᠰᠢᠶᠡᠷᠡᠯ ᠤᠨ ᠲᠦᠷᠢᠮ ᠢ | ᠵᠢᠷᠤᠮᠯᠠᠭᠰᠠᠨ ᠪᠠᠶᠢᠳᠠᠯ ᠳᠤ ᠬᠢᠨᠠᠯᠲᠠ ᠳᠠᠯᠪᠢᠵᠤ ᠪᠠᠶᠢᠴᠠᠭᠠᠨ᠎ᠠ ︔ | ︵ᠭᠤᠷᠪᠠ︶ ᠨᠢᠭᠡᠴᠢ ᠪᠠ ᠬᠤᠪᠢ ᠬᠦᠮᠦᠨ ᠤ ᠭᠤᠤᠯ ᠳᠤ ᠤᠷᠤᠭᠤᠯᠤᠨ ᠪᠤᠬᠢᠷᠳᠤᠯ ᠢ ᠭᠠᠳᠠᠭᠰᠢᠯᠠᠭᠤᠯᠬᠤ | ᠠᠮᠠᠰᠠᠷ ᠭᠠᠷᠭᠠᠬᠤ ᠠᠴᠠ ᠡᠮᠦᠨᠡᠬᠢ ᠵᠦᠪᠰᠢᠶᠡᠷᠡᠯ ᠤᠨ ᠲᠦᠷᠢᠮ ᠢ ᠬᠡᠷᠡᠭᠵᠢᠬᠦᠯᠦᠭᠰᠡᠨ ᠪᠠᠶᠢᠳᠠᠯ ᠵᠢᠴᠢ ᠭᠤᠤᠯ ᠤᠨ | ᠵᠠᠮ᠂ ᠨᠠᠭᠤᠷ ᠴᠦᠬᠦᠷᠦᠮ ᠤᠨ ᠬᠠᠮᠢᠶᠠᠷᠤᠯᠲᠠ ᠶᠢᠨ ᠬᠡᠪᠴᠢᠶᠡᠨ ᠳᠤᠳᠤᠷᠠᠬᠢ ᠪᠦᠲᠦᠭᠡᠨ ᠪᠠᠶᠢᠭᠤᠯᠤᠯᠲᠠ ᠶᠢᠨ | ᠲᠦᠷᠦᠯ ᠵᠦᠢᠯ ᠵᠡᠷᠭᠡ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯᠯᠠᠭ᠎ᠠ ᠳᠤ ᠬᠢᠨᠠᠯᠲᠠ ᠲᠠᠯᠪᠢᠵᠤ | ᠪᠠᠶᠢᠴᠠᠭᠠᠨ᠎ᠠ ︔ | ︵ᠲᠦᠷᠪᠡ︶ ᠭᠤᠤᠯ ᠳᠤ ᠤᠷᠤᠭᠤᠯᠵᠤ ᠪᠤᠬᠢᠷᠳᠤᠯ ᠢ ᠭᠠᠳᠠᠭᠰᠢᠯᠠᠭᠤᠯᠬᠤ ᠠᠮᠠᠰᠠᠷ ᠭᠠᠷᠭᠠᠬᠤ ᠶᠢᠨ ᠡᠳᠦᠷ | ᠳᠤᠳᠤᠮ ᠤᠨ ᠬᠢᠨᠠᠯᠲᠠ ᠪᠠᠶᠢᠴᠠᠭᠠᠯᠲᠠ ᠶᠢ ᠬᠠᠷᠢᠭᠤᠴᠠᠨ᠎ᠠ︔ | ︵ᠲᠠᠪᠤ︶ ᠲᠦᠯᠦᠪᠯᠡᠭᠡ ᠲᠠᠢ ᠤᠰᠤ ᠬᠡᠷᠡᠭᠯᠡᠬᠦ᠂ ᠠᠷᠪᠢᠯᠠᠵᠤ ᠤᠰᠤ ᠬᠡᠷᠡᠭᠯᠡᠬᠦ ᠵᠢᠴᠢ ᠤᠰᠤᠨ ᠤ ᠡᠬᠢ | ᠪᠠᠶᠠᠯᠢᠭ ᠤᠨ ᠰᠦᠢᠳᠭᠡᠯ ᠤᠨ ᠳᠠᠳᠠᠪᠤᠷᠢᠯᠠᠯᠲᠠ ᠶᠢᠨ ᠬᠡᠷᠡᠭᠵᠢᠬᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ | ᠬᠠᠮᠢᠶᠠᠷᠤᠨ᠎ᠠ ︔ | ︵ᠵᠢᠷᠭᠤᠭ᠎ᠠ︶ ᠭᠠᠵᠠᠷ ᠳᠡᠭᠡᠷᠡᠬᠢ ᠤᠰᠤ᠂ ᠭᠠᠵᠠᠷ ᠳᠤᠤᠷᠠᠬᠢ ᠤᠰᠤᠨ ᠤ ᠬᠡᠮᠵᠢᠶ᠎ᠡ᠂ ᠤᠰᠤᠨ ᠤ ᠶᠠᠰᠤ | ᠴᠢᠨᠠᠷ᠂ ᠤᠰᠤᠨ ᠤ ᠲᠦᠪᠰᠢᠨ ᠤ ᠬᠦᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠮᠦᠷᠲᠡᠭᠡᠨ ᠤᠰᠤᠨ ᠤ ᠶᠠᠰᠤ ᠴᠢᠨᠠᠷ | ᠤᠨ ᠵᠢᠱᠢᠨ ᠦᠨᠡᠯᠡᠯᠲᠡ ᠬᠢᠨ᠎ᠡ︔ | ︵ᠲᠤᠯᠤᠭ᠎ᠠ︶ ᠪᠤᠬᠢᠷᠳᠤᠯ ᠢ ᠭᠠᠳᠠᠭᠰᠢᠯᠠᠭᠤᠯᠬᠤ ᠶᠡᠷᠦᠩᠭᠡᠢ ᠬᠡᠮᠵᠢᠶ᠎ᠡ ᠶᠢ ᠬᠢᠵᠠᠭᠠᠷᠯᠠᠬᠤ ᠰᠠᠨᠠᠯ ᠢ | ᠬᠡᠷᠡᠭᠵᠢᠬᠦᠯᠦᠭᠰᠡᠨ ᠪᠠᠶᠢᠳᠠᠯ ᠢ ᠡᠵᠡᠮᠰᠢᠬᠦ ᠮᠦᠷᠲᠡᠭᠡᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠰᠠᠨᠠᠯ ᠢᠶᠠᠨ | ᠳᠤᠷᠠᠳᠬᠤ ᠡᠷᠭᠡ ᠲᠠᠢ᠂ ᠡᠬᠦᠨ ᠤ ᠳᠠᠭᠠᠤ ᠠᠳᠠᠯᠢ ᠱᠠᠲᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠦᠨ᠎ᠡ | ︔ | ︵ᠨᠠᠢᠮᠠ︶ ᠬᠠᠤᠯᠢ ᠶᠤᠰᠤᠭᠠᠷ ᠬᠦᠢᠴᠡᠳᠬᠡᠬᠦ ᠶᠤᠰᠤᠲᠠᠢ ᠪᠤᠰᠤᠳ ᠡᠭᠦᠷᠭᠡ ᠬᠠᠷᠢᠭᠤᠴᠠᠯᠭ᠎ᠠ᠃ | ᠲᠦᠴᠢᠨ ᠲᠠᠪᠤᠳᠤᠭᠠᠷ ᠵᠦᠢᠯ ᠬᠤᠲᠠ᠂ ᠬᠤᠰᠢᠭᠤ ᠰᠢᠶᠠᠨ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠲᠤᠰ ᠲᠦᠷᠢᠮ ᠤᠨ ᠬᠠᠮᠢᠶ᠎ᠠ ᠪᠦᠬᠦᠢ | ᠲᠤᠭᠳᠠᠭᠠᠯ ᠢ ᠵᠦᠷᠢᠴᠡᠭᠰᠡᠨ ᠠᠷᠠᠳ ᠤᠨ ᠵᠠᠰᠠᠭ ᠤᠨ ᠤᠷᠳᠤᠨ ᠵᠢᠴᠢ ᠲᠡᠬᠦᠨ ᠤ ᠪᠦᠷᠢᠯᠳᠦᠬᠦᠨ ᠰᠠᠯᠠᠭ᠎ᠠ ᠮᠦᠴᠢᠷ᠂ | ᠪᠦᠷᠢᠯᠳᠦᠬᠦᠨ ᠬᠦᠮᠦᠰ ᠲᠤ ᠯᠠᠪᠯᠠᠨ ᠠᠰᠠᠭᠤᠯᠲᠠ᠂ ᠤᠨᠴᠠ ᠨᠢᠭᠡᠨ ᠠᠰᠠᠭᠤᠳᠠᠯ ᠤᠨ ᠪᠠᠶᠢᠴᠠᠭᠠᠯᠲᠠ ᠪᠤᠶᠤ ᠲᠤᠯᠭᠠᠨ | ᠠᠰᠠᠭᠤᠯᠲᠠ᠂ ᠲᠤᠰᠢᠶᠠᠯ ᠤᠨ ᠤᠭᠴᠠᠷᠠᠭᠤᠯᠤᠯᠲᠠ ᠵᠡᠷᠭᠡ ᠬᠢᠨᠠᠯᠲᠠ ᠶᠢᠨ ᠶᠠᠪᠤᠴᠠ ᠶᠢ ᠬᠠᠤᠯᠢ ᠶᠤᠰᠤᠭᠠᠷ | ᠬᠦᠳᠡᠯᠭᠡᠵᠦ ᠪᠤᠯᠤᠨ᠎ᠠ᠃ | ᠳᠤᠯᠤᠳᠤᠭᠠᠷ ᠪᠦᠯᠦᠭ ᠬᠠᠤᠯᠢ ᠴᠠᠭᠠᠴᠠ ᠶᠢᠨ ᠬᠠᠷᠢᠭᠤᠴᠠᠯᠭ᠎ᠠ | ᠲᠦᠴᠢᠨ ᠵᠢᠷᠭᠤᠳᠤᠭᠠᠷ ᠵᠦᠢᠯ ᠲᠤᠰ ᠲᠦᠷᠢᠮ ᠢ ᠵᠦᠷᠢᠴᠡᠭᠰᠡᠨ ᠬᠠᠮᠢᠶ᠎ᠠ ᠪᠦᠬᠦᠢ ᠠᠵᠢᠯᠯᠠᠭ᠎ᠠ ᠶᠢ | ᠂ ᠬᠠᠤᠯᠢ ᠴᠠᠭᠠᠵᠠ ᠬᠠᠤᠯᠢ ᠲᠤᠭᠳᠠᠭᠠᠯ ᠳᠤ ᠪᠤᠲᠠᠲᠠᠢ ᠰᠢᠢᠳᠭᠡᠨ ᠲᠤᠷᠭᠠᠬᠤ ᠪᠠᠷ ᠲᠤᠭᠳᠠᠭᠠᠭᠰᠠᠨ ᠪᠠᠶᠢᠪᠠᠯ᠂ | ᠲᠡᠷᠡ ᠲᠤᠭᠳᠠᠭᠠᠯ ᠢ ᠲᠠᠭᠠᠨ᠎ᠠ᠃ | ᠲᠦᠴᠢᠨ ᠳᠤᠯᠤᠳᠤᠭᠠᠷ ᠵᠦᠢᠯ ᠲᠤᠰ ᠲᠦᠷᠢᠮ ᠤᠨ ᠠᠷᠪᠠᠨ ᠲᠦᠷᠪᠡᠳᠦᠭᠡᠷ ᠵᠦᠢᠯ ᠤᠨ | ᠲᠤᠭᠳᠠᠭᠠᠯ ᠢ ᠵᠦᠷᠢᠴᠡᠵᠦ᠂ ᠭᠠᠵᠠᠷ ᠳᠤᠤᠷᠠᠬᠢ ᠤᠰᠤ ᠶᠢ ᠨᠡᠭᠡᠭᠡᠨ ᠮᠠᠯᠳᠠᠬᠤ ᠶᠢ ᠴᠠᠭᠠᠵᠠᠯᠠᠭᠰᠠᠨ ᠤᠷᠤᠨ ᠪᠠ | ᠨᠡᠭᠡᠭᠡᠨ ᠮᠠᠯᠳᠠᠬᠤ ᠤᠷᠤᠨ ᠳᠤ ᠭᠠᠵᠠᠷ ᠳᠤᠤᠷᠠᠬᠢ ᠤᠰᠤ ᠠᠪᠬᠤ ᠤᠰᠤᠨ ᠤ ᠪᠠᠷᠢᠯᠭ᠎ᠠ ᠶᠢ ᠰᠢᠨ᠎ᠡ ᠪᠠᠷ | ᠪᠠᠶᠢᠭᠤᠯᠤᠭᠰᠠᠨ ᠪᠠ ᠦᠪᠡᠷ ᠢᠶᠠᠨ ᠪᠡᠯᠡᠳᠭᠡᠬᠦ ᠤᠰᠤᠨ ᠤ ᠰᠤᠷᠪᠤᠯᠵᠢ ᠶᠢᠨ ᠬᠤᠳᠳᠤᠭ ᠤᠬᠤᠭᠰᠠᠨ ᠪᠣᠯ᠂ ᠤᠰᠤᠨ | ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠤᠭᠤᠴᠠᠭ᠎ᠠ ᠬᠢᠵᠠᠭᠠᠷᠯᠠᠨ ᠪᠢᠳᠡᠬᠦᠮᠵᠢᠯᠡᠬᠦ ᠶᠢ | ᠵᠠᠷᠯᠢᠭᠳᠠᠬᠤ ᠮᠦᠷᠲᠡᠭᠡᠨ 5 ᠲᠦᠮᠡᠨ ᠲᠦᠬᠦᠷᠢᠭ ᠠᠴᠠ ᠳᠡᠭᠡᠭᠰᠢ 10 ᠲᠦᠮᠡᠨ ᠲᠦᠬᠦᠷᠢᠭ ᠠᠴᠠ ᠲᠤᠷᠤᠭᠰᠢ | ᠵᠤᠭᠤᠰ ᠢᠶᠠᠷ ᠲᠤᠷᠭᠠᠵᠤ ᠰᠢᠢᠳᠭᠡᠨ᠎ᠡ︔ | ᠲᠦᠴᠢᠨ ᠨᠠᠢᠮᠠᠳᠤᠭᠠᠷ ᠵᠦᠢᠯ ᠲᠤᠰ ᠳᠦᠷᠢᠮ ᠤᠨ ᠠᠷᠪᠠᠨ ᠵᠢᠷᠭᠤᠳᠤᠭᠠᠷ ᠵᠦᠢᠯ ᠤᠨ | ᠲᠤᠭᠳᠠᠭᠠᠯ ᠢ ᠵᠦᠷᠢᠴᠡᠵᠦ᠂ ᠭᠠᠵᠠᠷ ᠳᠤᠤᠷᠠᠬᠢ ᠤᠰᠤ ᠶᠢ ᠠᠪᠴᠤ ᠬᠡᠷᠡᠭᠯᠡᠭᠰᠡᠨ ᠪᠣᠯ ᠂ ᠤᠰᠤᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠲᠤᠭᠳᠠᠭᠰᠠᠨ ᠬᠤᠭᠤᠴᠠᠭᠠᠨ ᠳᠤ ᠪᠢᠳᠡᠬᠦᠮᠵᠢᠯᠡᠬᠦ ᠶᠢ ᠵᠠᠷᠯᠢᠭᠳᠠᠬᠤ ᠮᠦᠷᠲᠡᠭᠡᠨ 5 | ᠲᠦᠮᠡᠨ ᠲᠦᠬᠦᠷᠢᠭᠡᠴᠠ ᠳᠡᠭᠡᠭᠰᠢ 10 ᠲᠦᠮᠡᠨ ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ | ᠰᠢᠢᠳᠭᠡᠨ᠎ᠡ︔ | ᠲᠦᠴᠢ ᠶᠢᠰᠦᠳᠦᠭᠡᠷ ᠵᠦᠢᠯ ᠲᠤᠰ ᠲᠦᠷᠢᠮ ᠤᠨ ᠠᠷᠪᠠᠨ ᠨᠠᠢᠮᠠᠳᠤᠭᠠᠷ ᠵᠦᠢᠯ ᠤᠨ ᠳᠤᠭᠳᠠᠭᠠᠯ | ᠢ ᠵᠦᠷᠢᠴᠡᠵᠦ᠂ ᠤᠰᠤᠨ ᠤ ᠴᠢᠳᠠᠮᠵᠢ ᠶᠢᠨ ᠤᠷᠤᠨ ᠤ ᠳᠡᠮᠳᠡᠭ ᠢᠯᠡᠷᠭᠡᠶᠢᠯᠡᠯ ᠢ ᠡᠪᠳᠡᠭᠰᠡᠨ᠂ ᠲᠤᠷ᠎ᠠ ᠪᠠᠷ ᠢᠶᠠᠨ | ᠰᠢᠯᠵᠢᠬᠦᠯᠦᠭᠰᠡᠨ ᠪᠣᠯ᠂ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠠᠤᠯᠢ | ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠲᠠᠨ ᠵᠤᠭᠰᠤᠭᠠᠵᠤ ᠂ ᠡᠪᠳᠡᠭᠰᠡᠨ ᠬᠡᠮᠵᠢᠶ᠎ᠡ ᠪᠠᠷ ᠨᠢ ᠵᠠᠷᠯᠢᠭᠳᠠᠨ | ᠳᠦᠯᠦᠬᠦᠯᠬᠦ ᠮᠦᠷᠲᠡᠭᠡᠨ ᠰᠡᠷᠡᠮᠵᠢᠬᠦᠯᠬᠦ ᠪᠤᠶᠤ 500 ᠲᠦᠬᠦᠷᠢᠭ ᠠᠴᠠ ᠳᠡᠭᠡᠭᠰᠢ 2000 ᠲᠦᠬᠦᠷᠢᠭ ᠠᠴᠠ | ᠳᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ᠃ | ᠲᠠᠪᠢᠳᠤᠭᠠᠷ ᠵᠦᠢᠯ ᠲᠤᠰ ᠲᠦᠷᠢᠮ ᠤᠨ ᠳᠤᠤᠷᠠᠬᠢ ᠪᠠᠶᠢᠳᠠᠯ ᠤᠨ ᠨᠢᠭᠡ ᠶᠢ ᠵᠦᠷᠢᠴᠡᠭᠰᠡᠨ ᠪᠣᠯ᠂ | ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠠᠤᠯᠢ ᠵᠦᠷᠢᠴᠡᠭᠰᠡᠨ ᠠᠵᠢᠯᠯᠠᠭ᠎ᠠ ᠶᠢ ᠨᠢ | ᠵᠠᠷᠯᠢᠭᠳᠠᠨ ᠵᠤᠭᠰᠤᠭᠠᠵᠤ᠂ ᠬᠤᠭᠤᠴᠠᠭ᠎ᠠ ᠬᠢᠵᠠᠭᠠᠷᠯᠠᠨ ᠨᠦᠬᠦᠪᠦᠷᠢᠯᠡᠬᠦ ᠠᠷᠭ᠎ᠠ ᠬᠡᠮᠵᠢᠶ᠎ᠡ ᠠᠪᠬᠤ ᠮᠦᠷᠲᠡᠭᠡᠨ 5 | ᠲᠦᠮᠡᠨ ᠲᠦᠬᠦᠷᠢᠭᠡᠴᠠ ᠳᠡᠭᠡᠭᠰᠢ 10 ᠲᠦᠮᠡᠨ ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ | ᠰᠢᠢᠳᠭᠡᠨ᠎ᠡ ᠄ | ︵ᠨᠢᠭᠡ︶ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ | ᠵᠦᠪᠰᠢᠶᠡᠷᠡᠬᠦᠯᠦᠭᠰᠡᠨ ᠦᠭᠡᠢ ᠪᠠᠷ ᠲᠤᠷ᠎ᠠ ᠪᠠᠷ ᠢᠶᠠᠨ ᠭᠤᠤᠯ ᠤᠷᠤᠰᠬᠠᠯ᠂ ᠨᠠᠭᠤᠷ ᠴᠦᠬᠦᠷᠦᠮ᠂ ᠤᠰᠤᠨ | ᠴᠦᠬᠦᠷᠦᠮ᠂ ᠤᠰᠤᠨ ᠰᠤᠪᠠᠭ ᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ ᠪᠤᠶᠤ ᠪᠤᠬᠢᠷᠳᠤᠯ ᠢ | ᠭᠠᠳᠠᠭᠰᠢᠯᠠᠭᠤᠯᠬᠤ ᠠᠮᠠᠰᠠᠷ ᠢ ᠦᠷᠭᠡᠳᠭᠡᠨ ᠪᠠᠶᠢᠭᠤᠯᠤᠭᠰᠠᠨ ︔ | ︵ᠬᠤᠶᠠᠷ︶ ᠵᠦᠪᠰᠢᠶᠡᠷᠡᠬᠦᠯᠦᠭᠰᠡᠨ ᠦᠭᠡᠢ ᠪᠠᠷ ᠲᠤᠷ᠎ᠠ ᠪᠠᠷ ᠢᠶᠠᠨ ᠤᠰᠤ ᠠᠪᠤᠭᠰᠠᠨ︔ | ︵ᠭᠤᠷᠪᠠ︶ ᠵᠦᠪᠰᠢᠶᠡᠷᠡᠭᠳᠡᠭᠰᠡᠨ ᠤᠰᠤ ᠠᠪᠬᠤ ᠵᠦᠪᠰᠢᠶᠡᠷᠡᠯ ᠤᠨ ᠳᠤᠭᠳᠠᠭᠠᠯ ᠤᠨ ᠨᠦᠬᠦᠴᠡᠯ ᠶᠤᠰᠤᠭᠠᠷ | ᠤᠰᠤ ᠠᠪᠤᠭᠰᠠᠨ ᠦᠭᠡᠢ︔ | ︵ᠲᠦᠷᠪᠡ︶ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠤᠰᠤ ᠠᠷᠪᠢᠯᠠᠬᠤ ᠲᠦᠬᠦᠬᠡᠷᠦᠮᠵᠢ ᠶᠢ | ᠪᠠᠶᠢᠭᠤᠯᠤᠭᠰᠠᠨ ᠦᠭᠡᠢ ᠪᠤᠶᠤ ᠤᠯᠤᠰ ᠤᠨ ᠲᠤᠭᠳᠠᠭᠠᠭᠰᠠᠨ ᠱᠠᠭᠠᠷᠳᠠᠯᠭ᠎ᠠ ᠳᠤ ᠬᠦᠷᠦᠭᠰᠡᠨ ᠦᠭᠡᠢ ᠪᠠᠷ᠂ ᠲᠤᠷ᠎ᠠ | ᠪᠠᠷ ᠢᠶᠠᠨ ᠠᠰᠢᠭᠯᠠᠯᠲᠠ ᠳᠤ ᠤᠷᠤᠭᠤᠯᠤᠨ ᠬᠡᠷᠡᠭᠯᠡᠭᠰᠡᠨ︔ | ︵ᠲᠠᠪᠤ︶ ᠵᠦᠪᠰᠢᠶᠡᠷᠡᠬᠦᠯᠦᠭᠰᠡᠨ ᠦᠭᠡᠢ ᠪᠠᠷ ᠲᠤᠷ᠎ᠠ ᠪᠠᠷ ᠢᠶᠠᠨ ᠤᠰᠤ ᠶᠢ ᠭᠠᠳᠠᠭᠰᠢ ᠳᠠᠮᠵᠢᠭᠤᠯᠤᠨ | ᠬᠠᠩᠭᠠᠭᠰᠠᠨ᠂ ᠪᠤᠷᠤᠯᠠᠭᠤᠯᠤᠭᠰᠠᠨ ᠃ | ᠳᠠᠪᠢᠨ ᠨᠢᠭᠡᠳᠦᠭᠡᠷ ᠵᠦᠢᠯ ᠲᠤᠰ ᠲᠦᠷᠢᠮ ᠤᠨ ᠬᠤᠷᠢᠨ ᠳᠠᠪᠤᠳᠤᠭᠠᠷ ᠵᠦᠢᠯ ᠤᠨ ᠲᠤᠭᠳᠠᠭᠠᠯ ᠢ | ᠵᠦᠷᠢᠴᠡᠵᠦ᠂ ᠵᠦᠪᠰᠢᠶᠡᠷᠡᠬᠦᠯᠦᠭᠰᠡᠨ ᠦᠭᠡᠢ ᠪᠠᠷ ᠲᠤᠷ᠎ᠠ ᠪᠠᠷ ᠢᠶᠠᠨ ᠤᠰᠤ ᠠᠪᠬᠤ ᠪᠠᠷᠢᠯᠭ᠎ᠠ ᠪᠤᠶᠤ ᠲᠦᠬᠦᠭᠡᠷᠦᠮᠵᠢ | ᠶᠢ ᠪᠠᠶᠢᠭᠤᠯᠤᠭᠰᠠᠨ ᠪᠣᠯ᠂ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠠᠤᠯᠢ | ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠤ᠂ ᠬᠤᠭᠤᠴᠠᠭ᠎ᠠ ᠬᠢᠵᠠᠭᠠᠷᠯᠠᠨ ᠬᠠᠮᠢᠶ᠎ᠠ ᠪᠦᠬᠦᠢ ᠭᠠᠷ | ᠬᠦᠢᠴᠡᠳᠭᠡᠯ ᠢ ᠨᠦᠬᠦᠪᠦᠷᠢᠯᠡᠨ ᠬᠦᠢᠴᠡᠳᠭᠡᠬᠦᠯᠵᠦ᠂ ᠬᠤᠭᠤᠴᠠᠭ᠎ᠠ ᠠᠴᠠ ᠬᠡᠲᠦᠷᠡᠭᠡᠳ ᠨᠦᠬᠦᠪᠦᠷᠢᠯᠡᠵᠦ | ᠬᠦᠢᠴᠡᠳᠭᠡᠭᠰᠡᠨ ᠦᠭᠡᠢ ᠪᠤᠶᠤ ᠨᠦᠬᠦᠪᠦᠷᠢᠯᠡᠵᠦ ᠬᠦᠢᠴᠡᠳᠭᠡᠬᠦ ᠶᠢ ᠨᠢ ᠡᠰᠡ ᠵᠦᠪᠰᠢᠶᠡᠷᠡᠭᠰᠡᠨ ᠪᠠᠶᠢᠪᠠᠯ᠂ | ᠵᠠᠷᠯᠢᠭᠳᠠᠠ ᠲᠤᠭᠳᠠᠭᠰᠠᠨ ᠬᠤᠭᠤᠴᠠᠭᠠᠨ ᠳᠤ ᠤᠰᠤ ᠠᠪᠬᠤ ᠪᠠᠷᠢᠯᠭ᠎ᠠ ᠪᠤᠶᠤ ᠲᠦᠬᠦᠭᠡᠷᠦᠮᠵᠢ ᠶᠢ ᠨᠢ ᠠᠷᠢᠯᠭᠠᠨ | ᠬᠠᠶᠠᠬᠤ ᠮᠦᠷᠲᠡᠭᠡᠨ ᠳᠤᠤᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠪᠠᠷ ᠰᠢᠢᠳᠭᠡᠨ ᠲᠤᠷᠭᠠᠨ᠎ᠠ᠄ | ︵ᠨᠢᠭᠡ︶ ᠠᠷᠢᠯᠭᠠᠬᠤ ᠪᠤᠶᠤ ᠪᠢᠳᠡᠬᠦᠮᠵᠢᠯᠡᠬᠦ ᠶᠢ ᠵᠤᠬᠢᠶᠠᠨ ᠪᠠᠶᠢᠭᠤᠯᠵᠤ ᠲᠦᠰᠦᠪᠯᠡᠭᠰᠡᠨ ᠰᠦᠢᠳᠭᠡᠯ ᠨᠢ 1 | ᠲᠦᠮᠡᠨ ᠲᠦᠭᠦᠷᠢᠭ ᠠᠴᠠ ᠲᠤᠷᠤᠭᠰᠢ ᠪᠤᠯᠤᠭᠰᠠᠨ ᠪᠣᠯ᠂ 1 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ | ᠲᠤᠷᠭᠠᠵᠤ ᠰᠢᠢᠳᠭᠡᠨ᠎ᠡ︔ | ︵ᠬᠤᠶᠠᠷ︶ ᠠᠷᠢᠯᠭᠠᠬᠤ ᠪᠤᠶᠤ ᠪᠢᠳᠡᠬᠦᠮᠵᠢᠯᠡᠬᠦ ᠶᠢ ᠵᠤᠬᠢᠶᠠᠨ ᠪᠠᠶᠢᠭᠤᠯᠵᠤ ᠲᠦᠰᠦᠪᠯᠡᠭᠰᠡᠨ ᠰᠦᠢᠳᠭᠡᠯ ᠨᠢ | 1 ᠲᠦᠮᠡᠨ ᠲᠦᠭᠦᠷᠢᠭ ᠠᠴᠠ ᠳᠡᠭᠡᠭᠰᠢ 3 ᠲᠦᠮᠡᠨ ᠲᠦᠭᠦᠷᠢᠭ ᠠᠴᠠ ᠳᠤᠷᠤᠭᠰᠢ ᠪᠤᠯᠤᠭᠰᠠᠨ ᠪᠣᠯ᠂ 1 ᠲᠦᠮᠡᠨ | ᠲᠦᠭᠦᠷᠢᠭ ᠠᠴᠠ ᠳᠡᠭᠡᠭᠰᠢ 3 ᠲᠦᠮᠡᠨ ᠲᠦᠭᠦᠷᠢᠭ ᠠᠴᠠ ᠳᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ︔ | ︵ᠭᠤᠷᠪᠠ︶ ᠠᠷᠢᠯᠭᠠᠬᠤ ᠪᠤᠶᠤ ᠪᠢᠳᠡᠬᠦᠮᠵᠢᠯᠡᠬᠦ ᠶᠢ ᠵᠤᠬᠢᠶᠠᠨ ᠪᠠᠶᠢᠭᠤᠯᠵᠤ ᠲᠦᠰᠦᠪᠯᠡᠭᠰᠡᠨ ᠰᠦᠢᠳᠭᠡᠯ ᠨᠢ | 3 ᠲᠦᠮᠡᠨ ᠲᠦᠭᠦᠷᠢᠭ ᠠᠴᠠ ᠳᠡᠭᠡᠭᠰᠢ 5 ᠲᠦᠮᠡᠨ ᠲᠦᠭᠦᠷᠢᠭ ᠠᠴᠠ ᠳᠤᠷᠤᠭᠰᠢ ᠪᠤᠯᠤᠭᠰᠠᠨ ᠪᠣᠯ᠂ 3 ᠲᠦᠮᠡᠨ | ᠲᠦᠭᠦᠷᠢᠭ ᠠᠴᠠ ᠳᠡᠭᠡᠭᠰᠢ 5 ᠲᠦᠮᠡᠨ ᠲᠦᠭᠦᠷᠢᠭ ᠠᠴᠠ ᠳᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ ᠃ | ᠲᠠᠪᠢᠨ ᠬᠤᠶᠠᠳᠤᠭᠠᠷ ᠵᠦᠢᠯ ᠲᠤᠰ ᠲᠦᠷᠢᠮ ᠤᠨ ᠳᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠶᠢ | ᠨᠢ ᠵᠦᠷᠢᠴᠡᠭᠰᠡᠨ ᠪᠣᠯ᠂ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠭᠳᠠᠭᠰᠠᠨ | ᠬᠤᠭᠤᠴᠠᠭᠠᠨ ᠳᠤ ᠴᠡᠭᠴᠡᠯᠡᠨ ᠵᠠᠰᠠᠬᠤ ᠶᠢ ᠵᠠᠷᠯᠢᠭᠳᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠵᠠᠰᠠᠭᠰᠠᠨ | ᠦᠭᠡᠢ ᠪᠣᠯ᠂ 1 ᠲᠦᠮᠡᠨ ᠲᠦᠭᠦᠷᠢᠭ ᠠᠴᠠ ᠳᠡᠭᠡᠭᠰᠢ 3 ᠲᠦᠮᠡᠨ ᠲᠦᠭᠦᠷᠢᠭ ᠠᠴᠠ ᠳᠤᠷᠤᠭᠰᠢ ᠵᠤᠭᠤᠰ ᠢᠶᠠᠷ | ᠲᠤᠷᠭᠠᠵᠤ ᠰᠢᠢᠳᠭᠡᠨ᠎ᠡ ᠄ | ︵ᠨᠢᠭᠡ︶ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ | ᠵᠦᠪᠰᠢᠶᠡᠷᠡᠬᠦᠯᠦᠭᠰᠡᠨ ᠦᠭᠡᠢ ᠪᠠᠷ ᠤᠰᠤᠨ ᠤ ᠶᠠᠰᠤ ᠴᠢᠨᠠᠷ ᠲᠤ ᠤᠨᠴᠠᠭᠠᠢ ᠱᠠᠭᠠᠷᠳᠠᠯᠭ᠎ᠠ ᠲᠠᠢ ᠠᠵᠤ ᠠᠬᠤᠶᠢᠯᠠᠯ | ᠦᠪᠡᠷ ᠢᠶᠠᠨ ᠪᠡᠯᠡᠳᠭᠡᠭᠰᠡᠨ ᠬᠤᠳᠳᠤᠭ ᠢᠶᠠᠨ ᠲᠤᠷ᠎ᠠ ᠪᠠᠷ ᠢᠶᠠᠨ ᠬᠡᠷᠡᠭᠯᠡᠭᠰᠡᠨ︔ | ︵ᠬᠤᠶᠠᠷ︶ ᠭᠠᠵᠠᠷ ᠳᠤᠤᠷᠠᠬᠢ ᠤᠰᠤᠨ ᠤ ᠬᠢᠨᠠᠨ ᠬᠡᠮᠵᠢᠯᠲᠡ ᠶᠢᠨ ᠲᠦᠬᠦᠭᠡᠷᠦᠮᠵᠢ ᠶᠢ ᠱᠠᠭᠠᠷᠳᠠᠯᠭ᠎ᠠ | ᠶᠤᠰᠤᠭᠠᠷ ᠤᠭᠰᠠᠷᠠᠭᠰᠠᠨ ᠦᠭᠡᠢ︔ | ︵ᠭᠤᠷᠪᠠ︶ ᠬᠤᠳᠳᠤᠭ ᠤᠬᠤᠬᠤ ᠶᠢ ᠬᠢᠨᠠᠨ ᠵᠦᠪᠰᠢᠶᠡᠷᠡᠭᠰᠡᠨ ᠭᠠᠷ ᠬᠦᠢᠴᠡᠳᠭᠡᠯ ᠢ ᠬᠦᠢᠴᠡᠳᠭᠡᠭᠰᠡᠨ | ᠦᠭᠡᠢ ᠪᠠᠷ ᠬᠤᠳᠳᠤᠭ ᠤᠬᠤᠬᠤ ᠪᠠᠷᠢᠯᠭ᠎ᠠ ᠶᠢᠨ ᠠᠵᠢᠯ ᠬᠢᠭᠰᠡᠨ︔ | ︵ᠲᠦᠷᠪᠡ︶ ᠬᠤᠳᠳᠤᠭ ᠤᠬᠤᠬᠤ ᠳᠤ ᠲᠤᠬᠢᠷᠠᠭᠰᠠᠨ ᠬᠢᠷᠢ ᠬᠡᠮ ᠪᠦᠷᠢᠯᠳᠦᠬᠦᠯᠦᠭᠰᠡᠨ ᠦᠭᠡᠢ ᠨᠢᠭᠡᠴᠢ | ᠳᠤ ᠨᠠᠶᠢᠳᠠᠵᠤ ᠬᠤᠳᠳᠤᠭ ᠤᠬᠤᠭᠤᠯᠤᠭᠰᠠᠨ ᠪᠤᠶᠤ ᠬᠤᠳᠳᠤᠭ ᠤᠬᠤᠬᠤ ᠳᠤ ᠲᠤᠬᠢᠷᠠᠭᠰᠠᠨ ᠬᠢᠷᠢ ᠬᠡᠮ ᠢ | ᠪᠦᠷᠢᠯᠳᠦᠬᠦᠯᠦᠭᠰᠡᠨ ᠨᠢᠭᠡᠴᠢ ᠪᠠᠷ ᠬᠤᠳᠳᠤᠭ ᠤᠬᠤᠬᠤ ᠪᠠᠷᠢᠯᠭ᠎ᠠ ᠶᠢ ᠳᠠᠭᠠᠭᠠᠯᠭᠠᠨ ᠪᠠᠶᠢᠭᠤᠯᠤᠭᠤᠯᠤᠭᠰᠠᠨ︔ | ︵ᠲᠠᠪᠤ︶ ᠬᠤᠳᠳᠤᠭ ᠤᠬᠤᠬᠤ ᠵᠦᠪᠰᠢᠶᠡᠷᠡᠭᠳᠡᠭᠰᠡᠨ ᠲᠦᠰᠦᠪ ᠢᠶᠠᠷ ᠬᠤᠳᠳᠤᠭ ᠤᠬᠤᠬᠤ ᠪᠠᠷᠢᠯᠭ᠎ᠠ ᠶᠢᠨ | ᠠᠵᠢᠯ ᠬᠢᠭᠰᠡᠨ ᠦᠭᠡᠢ ᠃ | ᠲᠠᠪᠢᠨ ᠭᠤᠷᠪᠠᠳᠤᠭᠠᠷ ᠵᠦᠢᠯ ᠲᠤᠰ ᠲᠦᠷᠢᠮ ᠤᠨ ᠬᠤᠷᠢᠨ ᠳᠤᠯᠤᠳᠤᠭᠠᠷ ᠵᠦᠢᠯ᠂ ᠭᠤᠴᠢᠨ | ᠳᠤᠯᠤᠳᠤᠭᠠᠷ ᠵᠦᠢᠯ ᠤᠨ ᠲᠤᠭᠳᠠᠭᠠᠯ ᠢ ᠵᠦᠷᠢᠴᠡᠵᠦ᠂ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠢᠶᠠᠷ ᠵᠦᠪᠰᠢᠶᠡᠷᠡᠬᠦᠯᠦᠭᠰᠡᠨ ᠦᠭᠡᠢ ᠪᠠᠷ ᠤᠰᠤ ᠠᠪᠴᠤ ᠬᠡᠷᠡᠭᠯᠡᠭᠰᠡᠨ᠂ ᠤᠰᠤ ᠠᠷᠪᠢᠯᠠᠬᠤ | ᠲᠦᠬᠦᠭᠡᠷᠦᠮᠵᠢ ᠶᠢ ᠬᠡᠷᠡᠭᠯᠡᠭᠰᠡᠨ ᠦᠭᠡᠢ ᠪᠠᠷ ᠶᠡᠭᠡ ᠤᠰᠤ ᠪᠠᠷ ᠪᠢᠯᠬᠠᠳᠠᠯ᠎ᠠ ᠤᠰᠤᠯᠠᠭᠰᠠᠨ ᠪᠣᠯ ᠤᠰᠤᠨ ᠤ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠭᠳᠠᠭᠰᠠᠨ ᠬᠤᠭᠤᠴᠠᠭᠠᠨ ᠳᠤ ᠴᠡᠭᠴᠡᠯᠡᠨ ᠵᠠᠰᠠᠬᠤ ᠶᠢ | ᠵᠠᠷᠯᠢᠭᠳᠠᠬᠤ ᠮᠦᠷᠲᠡᠭᠡᠨ 2 ᠲᠦᠮᠡᠨ ᠲᠦᠭᠦᠷᠢᠭ ᠠᠴᠠ ᠳᠡᠭᠡᠭᠰᠢ 5 ᠲᠦᠮᠡᠨ ᠲᠦᠭᠦᠷᠢᠭ ᠠᠴᠠ ᠳᠤᠷᠤᠭᠰᠢ | ᠵᠤᠭᠤᠰ ᠢᠶᠠᠷ ᠲᠤᠷᠭᠠᠵᠤ ᠰᠢᠢᠳᠭᠡᠨ᠎ᠡ ᠃ | ᠲᠠᠪᠢᠨ ᠲᠦᠷᠪᠡᠳᠦᠭᠡᠷ ᠵᠦᠢᠯ ᠲᠤᠰ ᠲᠦᠷᠢᠮ ᠢ ᠵᠦᠷᠢᠴᠡᠵᠦ ᠬᠤᠲᠠ ᠶᠢᠨ ᠤᠯᠠᠨ ᠨᠡᠶᠢᠲᠡ ᠶᠢᠨ | ᠤᠰᠤᠨ ᠤ ᠬᠠᠩᠭᠠᠯᠲᠠ ᠶᠢᠨ ᠬᠤᠭᠤᠯᠠᠢ ᠶᠢᠨ ᠲᠤᠤᠷ ᠤᠨ ᠪᠦᠷᠬᠦᠬᠦᠯᠲᠡ ᠶᠢᠨ ᠬᠡᠪᠴᠢᠶᠡᠨ ᠳᠤᠳᠤᠷ᠎ᠠ᠂ ᠳᠤᠷ᠎ᠠ ᠪᠠᠷ | ᠢᠶᠠᠨ ᠬᠤᠳᠳᠤᠭ ᠤᠬᠤᠵᠤ ᠡᠵᠡᠩᠨᠡᠯᠲᠡ ᠶᠢᠨ ᠴᠢᠨᠠᠷ ᠪᠦᠬᠦᠢ ᠠᠵᠢᠯᠯᠠᠭᠠᠨ ᠳᠠᠭᠠᠨ ᠬᠡᠷᠡᠭᠯᠡᠭᠰᠡᠨ ᠪᠠᠶᠢᠪᠠᠯ᠄ ᠤᠰᠤᠨ | ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠤᠳᠳᠤᠭ ᠢ ᠪᠢᠳᠡᠬᠦᠮᠵᠢᠯᠡᠵᠦ᠂ ᠬᠠᠤᠯᠢ | ᠠᠴᠠ ᠵᠦᠷᠢᠴᠡᠭᠰᠡᠨ ᠤᠯᠵᠠᠪᠤᠷᠢ ᠶᠢ ᠨᠢ ᠬᠤᠷᠢᠶᠠᠮᠵᠢᠯᠠᠬᠤ ᠮᠦᠷᠲᠡᠭᠡᠨ 1 ᠲᠦᠮᠡᠨ ᠲᠦᠭᠦᠷᠢᠭ ᠠᠴᠠ ᠳᠡᠭᠡᠭᠰᠢ 3 | ᠲᠦᠮᠡᠨ ᠲᠦᠭᠦᠷᠢᠭ ᠠᠴᠠ ᠳᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ︔ ᠡᠵᠩᠨᠡᠯᠲᠡ ᠶᠢᠨ ᠪᠤᠰᠤ ᠴᠢᠨᠠᠷᠲᠠᠢ | ᠠᠵᠢᠯᠯᠠᠭ᠎ᠠ ᠳᠤ ᠬᠡᠷᠡᠭᠯᠡᠭᠰᠡᠨ ᠪᠣᠯ᠂ ᠤᠰᠤ ᠠᠪᠬᠤ ᠬᠤᠳᠳᠤᠭ ᠢ ᠨᠢ ᠪᠢᠳᠡᠭᠦᠮᠵᠢᠯᠡᠵᠦ᠂ 1ᠲᠦᠮᠡᠨ ᠲᠦᠭᠦᠷᠢᠭ | ᠠᠴᠠ ᠳᠡᠭᠡᠭᠰᠢ 2 ᠲᠦᠮᠡᠨ ᠲᠦᠭᠦᠷᠢᠭ ᠠᠴᠠ ᠳᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ ᠃ | ᠲᠠᠪᠢᠨ ᠲᠠᠪᠤᠳᠤᠭᠠᠷ ᠵᠦᠢᠯ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠪᠠ ᠪᠤᠰᠤᠳ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠦᠴᠢᠷ ᠵᠢᠴᠢ ᠠᠵᠢᠯᠲᠠᠨ ᠨᠢ ᠲᠤᠰ | ᠲᠦᠷᠢᠮ ᠢ ᠵᠦᠷᠢᠴᠡᠵᠦ᠂ ᠳᠤᠤᠷ᠎ᠠ ᠵᠢᠭᠰᠠᠭᠠᠭᠰᠠᠨ ᠠᠵᠢᠯᠯᠠᠭ᠎ᠠ ᠶᠢᠨ ᠨᠢᠭᠡ ᠨᠢ ᠪᠠᠶᠢᠪᠠᠯ᠂ ᠲᠡᠬᠦᠨ ᠤ ᠳᠡᠭᠡᠳᠦ | ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠨ᠎ᠠ ︔ ᠪᠠᠶᠢᠳᠠᠯ ᠢᠶᠠᠷ ᠬᠦᠨᠳᠦ | ᠨᠤᠴᠢᠲᠠᠢ ᠪᠤᠯᠤᠭᠰᠠᠨ ᠪᠣᠯ᠂ ᠰᠢᠭᠤᠳ ᠬᠠᠷᠢᠭᠤᠴᠠᠵᠤ ᠪᠦᠬᠦᠢ ᠭᠤᠤᠯᠴᠢᠯᠠᠨ ᠬᠠᠮᠢᠶᠠᠷᠬᠤ ᠬᠦᠮᠦᠨ ᠪᠠ ᠪᠤᠰᠤᠳ | ᠰᠢᠭᠤᠳ ᠬᠠᠷᠢᠭᠤᠴᠠᠯᠭ᠎ᠠ ᠡᠬᠦᠷᠭᠡᠯᠡᠭᠴᠢ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠤᠯᠭᠤᠨ᠎ᠠ︔ | ᠶᠠᠯ᠎ᠠ ᠳᠤ ᠬᠦᠷᠦᠭᠰᠡᠨ ᠪᠣᠯ᠂ ᠬᠠᠤᠯᠢ ᠶᠤᠰᠤᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ ᠄ | ︵ᠨᠢᠭᠡ︶ ᠬᠠᠤᠯᠢ ᠶᠢ ᠵᠦᠷᠢᠴᠡᠨ ᠬᠠᠮᠢᠶ᠎ᠠ ᠪᠦᠭᠦᠢ ᠵᠠᠰᠠᠭ ᠵᠠᠬᠢᠷᠭᠠᠨ ᠤ ᠵᠦᠪᠰᠢᠶᠡᠷᠡᠯ ᠤᠨ ᠤᠴᠢᠷ ᠶᠠᠪᠤᠳᠠᠯ | ᠢ ᠬᠦᠢᠴᠡᠳᠭᠡᠭᠰᠡᠨ︔ | ︵ᠬᠤᠶᠠᠷ︶ ᠲᠤᠭᠳᠠᠭᠠᠯ ᠢ ᠵᠦᠷᠢᠴᠡᠨ ᠤᠰᠤ ᠠᠪᠬᠤ ᠲᠦᠯᠦᠪᠯᠡᠭᠡ ᠪᠠᠭᠤᠯᠭᠠᠭᠰᠠᠨ᠂ ᠤᠰᠤᠨ ᠤ ᠡᠬᠢ | ᠪᠠᠶᠠᠯᠢᠭ ᠤᠨ ᠰᠦᠢᠳᠭᠡᠯ ᠢ ᠲᠤᠷ᠎ᠠ ᠪᠠᠷ ᠢᠶᠠᠨ ᠬᠠᠰᠤᠭᠰᠠᠨ ᠬᠡᠲᠦᠷᠡᠬᠦᠯᠦᠭᠰᠡᠨ︔ | ︵ᠭᠤᠷᠪᠠ︶ ᠲᠤᠭᠳᠠᠭᠠᠯ ᠶᠤᠰᠤᠭᠠᠷ ᠤᠰᠤᠨ ᠤ ᠴᠢᠨᠠᠷ᠂ ᠤᠰᠤᠨ ᠤ ᠬᠡᠮᠵᠢᠶ᠎ᠡ᠂ ᠤᠰᠤᠨ ᠤ ᠲᠦᠪᠰᠢᠨ ᠳᠤ | ᠬᠢᠨᠠᠯᠲᠠ ᠬᠢᠭᠰᠡᠨ ᠦᠭᠡᠢ ᠪᠤᠶᠤ ᠬᠢᠨᠠᠯᠲᠠ ᠶᠢᠨ ᠴᠢᠨᠠᠷ ᠪᠦᠬᠦᠢ ᠬᠢᠨᠠᠨ ᠬᠡᠮᠵᠢᠯᠲᠡ ᠳᠤ ᠰᠦᠢᠳᠭᠡᠯ ᠬᠤᠷᠢᠶᠠᠵᠤ | ᠠᠪᠤᠭᠰᠠᠨ︔ | ︵ᠲᠦᠷᠪᠡ︶ ᠬᠠᠤᠯᠢ ᠶᠢ ᠵᠦᠷᠢᠴᠡᠵᠦ ᠤᠰᠤᠨ ᠤ ᠡᠬᠢ ᠪᠠᠶᠠᠯᠢᠭ ᠢ ᠡᠪᠳᠡᠯᠡᠭᠰᠡᠨ ᠪᠤᠶᠤ | ᠪᠤᠬᠢᠷᠳᠤᠭᠤᠯᠤᠭᠰᠠᠨ ᠠᠵᠢᠯᠯᠠᠭ᠎ᠠ ᠶᠢ ᠢᠯᠡᠷᠡᠬᠦᠯᠦᠭᠰᠡᠨ ᠪᠤᠶᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢᠨ | ᠢᠯᠡᠴᠢᠯᠡᠯ ᠢ ᠲᠤᠰᠴᠤ ᠠᠪᠤᠭᠰᠠᠨ ᠤ ᠳᠠᠷᠠᠭ᠎ᠠ ᠪᠠᠶᠢᠴᠠᠭᠠᠨ ᠰᠢᠢᠳᠭᠡᠭᠰᠡᠨ ᠦᠭᠡᠢ︔ | ︵ᠲᠠᠪᠤ︶ ᠬᠢᠨᠠᠯᠲᠠ ᠪᠠᠶᠢᠴᠠᠭᠠᠯᠲᠠ ᠳᠠᠭᠠᠨ᠂ ᠤᠰᠤᠨ ᠤ ᠪᠤᠬᠢᠷᠳᠤᠯ ᠤᠨ ᠬᠦᠨᠳᠦ ᠴᠢᠬᠤᠯᠠ ᠠᠳᠡᠯ ᠪᠤᠶᠤ | ᠳᠠᠯᠳᠠ ᠬᠡᠮ ᠢ ᠢᠯᠡᠷᠡᠬᠦᠯᠦᠭᠡᠳ ᠬᠠᠷᠢᠭᠤ ᠮᠡᠳᠡᠬᠦᠯᠬᠦ᠂ ᠨᠡᠶᠢᠲᠡᠯᠡᠬᠦ ᠪᠤᠶᠤ ᠮᠡᠳᠡᠭᠳᠡᠬᠦ ᠡᠭᠦᠷᠭᠡ ᠬᠠᠷᠢᠭᠤᠴᠠᠯᠭ᠎ᠠ ᠪᠠᠨ | ᠬᠠᠤᠯᠢ ᠶᠤᠰᠤᠭᠠᠷ ᠬᠦᠢᠴᠡᠳᠭᠡᠭᠰᠡᠡ ᠦᠭᠡᠢ ᠮᠦᠷᠲᠡᠭᠡᠨ ᠬᠦᠨᠳᠦ ᠨᠤᠴᠢᠲᠠᠢ ᠦᠷ᠎ᠡ ᠤᠷᠰᠢᠭ ᠭᠠᠷᠭᠠᠭᠰᠠᠨ︔ | ︵ᠵᠢᠷᠭᠤᠭ᠎ᠠ︶ ᠡᠷᠭᠡ ᠲᠤᠰᠢᠶᠠᠯ ᠢᠶᠠᠨ ᠲᠤᠷ᠎ᠠ ᠪᠠᠷ ᠢᠶᠠᠨ ᠬᠡᠷᠡᠭᠯᠡᠭᠰᠡᠨ᠂ ᠠᠯᠪᠠᠨ ᠲᠤᠰᠢᠶᠠᠯ ᠳᠤ | ᠠᠯᠮᠠᠶᠢᠷᠠᠨ ᠤᠰᠤᠯᠳᠠᠭᠰᠠᠨ᠂ ᠭᠤᠶᠤᠴᠢᠯᠠᠨ ᠬᠠᠤᠯᠢ ᠶᠤᠰᠤ ᠶᠢ ᠵᠦᠷᠢᠴᠡᠭᠰᠡᠨ ᠪᠤᠰᠤᠳ ᠠᠵᠢᠯᠯᠠᠭ᠎ᠠ ᠃ | | ᠨᠠᠢᠮᠠᠳᠤᠭᠠᠷ ᠪᠦᠯᠦᠭ ᠳᠠᠭᠠᠯᠳᠤᠭᠤᠯᠤᠯ ᠲᠦᠷᠢᠮ | | ᠲᠠᠪᠢᠨ ᠵᠢᠷᠭᠤᠳᠤᠭᠠᠷ ᠵᠦᠢᠯ ᠲᠤᠰ ᠲᠦᠷᠢᠮ ᠳᠠᠬᠢ ᠳᠤᠤᠷ᠎ᠠ ᠵᠢᠭᠰᠠᠭᠠᠭᠰᠠᠨ ᠬᠡᠯᠡᠯᠭᠡ ᠶᠢᠨ | ᠠᠭᠤᠯᠭ᠎ᠠ ᠄ | ᠤᠰᠤᠨ ᠤ ᠡᠬᠢ ᠪᠠᠶᠠᠯᠢᠭ ᠭᠡᠳᠡᠭ ᠪᠣᠯ ᠭᠠᠵᠠᠷ ᠳᠡᠭᠡᠷᠡᠬᠢ ᠤᠰᠤ᠂ ᠭᠠᠵᠠᠷ ᠳᠤᠤᠷᠠᠬᠢ ᠤᠰᠤ᠂ ᠳᠠᠬᠢᠯᠲᠠ | ᠤᠰᠤ᠂ ᠰᠢᠷᠬᠢᠬᠦᠯᠵᠦ ᠵᠠᠯᠠᠭᠰᠠᠨ ᠣᠰᠤ᠂ ᠳᠤᠮᠳᠠᠬᠢ ᠤᠰᠤ ᠵᠡᠷᠭᠡ ᠶᠢ ᠵᠢᠭᠠᠵᠤ ᠪᠤᠢ ᠃ | ᠭᠤᠤᠯ ᠳᠤ ᠤᠷᠤᠭᠤᠯᠤᠨ ᠪᠤᠬᠢᠷᠳᠤᠯ ᠭᠠᠳᠠᠭᠰᠢᠯᠠᠭᠤᠯᠬᠤ ᠠᠮᠠᠰᠠᠷ ᠭᠡᠳᠡᠭ ᠪᠣᠯ ᠰᠢᠭᠤᠳ ᠪᠤᠶᠤ ᠭᠤᠤ᠂ ᠰᠤᠪᠠᠭ᠂ | ᠬᠤᠭᠤᠯᠠᠢ ᠵᠡᠷᠭᠡ ᠲᠦᠬᠦᠭᠡᠷᠦᠮᠵᠢ ᠪᠠᠷ ᠭᠤᠤᠯ ᠤᠨ ᠤᠷᠤᠰᠬᠠᠯ᠂ ᠨᠠᠭᠤᠷ ᠴᠦᠬᠦᠷᠦᠮ᠂ ᠤᠰᠤᠨ ᠤ ᠰᠤᠪᠠᠭ᠂ | ᠤᠰᠤᠨ ᠴᠦᠬᠦᠷᠦᠮ ᠵᠡᠷᠭᠡ ᠤᠰᠤᠨ ᠤ ᠴᠠᠷᠠᠭ᠎ᠠ ᠳᠤ ᠪᠤᠵᠠᠷ ᠤᠰᠤ ᠭᠠᠳᠠᠭᠰᠢᠯᠠᠭᠤᠯᠬᠤ ᠠᠮᠠᠰᠠᠷ ᠢ ᠵᠢᠭᠠᠵᠤ ᠪᠤᠢ ᠃ | ᠤᠰᠤ ᠠᠷᠪᠢᠯᠠᠬᠤ ᠲᠦᠬᠦᠭᠡᠷᠦᠮᠵᠢ ᠳᠤ᠂ ᠤᠰᠤ ᠠᠷᠪᠢᠯᠠᠬᠤ ᠪᠠᠭᠠᠵᠢ ᠬᠡᠷᠡᠭᠰᠡᠯ᠂ ᠤᠷᠠᠨ ᠳᠠᠷᠬ᠎ᠠ᠂ | ᠲᠦᠬᠦᠬᠡᠷᠦᠮᠵᠢ᠂ ᠬᠡᠮᠵᠢᠬᠦ ᠲᠦᠬᠦᠬᠡᠷᠦᠮᠵᠢ᠂ ᠳᠠᠬᠢᠯᠳᠠ ᠤᠰᠤ ᠶᠢ ᠡᠭᠡᠭᠦᠯᠦᠨ ᠬᠡᠷᠡᠭᠯᠡᠬᠦ ᠰᠢᠰᠲ᠋ᠧᠮ ᠪᠠ ᠪᠤᠷᠤᠭᠠᠨ ᠤ | ᠤᠰᠤ ᠶᠢ ᠬᠤᠷᠠᠮᠳᠤᠭᠤᠯᠵᠤ ᠠᠰᠢᠭᠯᠠᠬᠤ ᠰᠢᠰᠲ᠋ᠧᠮ ᠤᠳ ᠪᠠᠭᠳᠠᠨ᠎ᠠ ᠃ | ᠲᠠᠪᠢᠨ ᠳᠤᠯᠤᠳᠤᠭᠠᠷ ᠵᠦᠢᠯ ᠲᠤᠰ ᠲᠦᠷᠢᠮ ᠢ 2017 ᠤᠨ ᠤ 6 ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠬᠦᠯᠦᠨ᠎ᠡ ᠃ | | | | | | ︽ᠤᠯᠠᠭᠠᠨᠴᠠᠪ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠦᠷᠢᠮ︾ ᠤᠨ | ᠳᠤᠳᠤᠷᠬᠠᠶᠢᠯᠠᠯᠲᠠ | | ——2017 ᠤᠨ ᠤ 3 ᠰᠠᠷ᠎ᠠ ᠶᠢᠨ 29 ᠤ ᠡᠳᠦᠷ ᠦᠪᠦᠷ ᠮᠤᠩᠭᠤᠯ ᠤᠨ ᠦᠪᠡᠷᠲᠡᠭᠡᠨ | ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠳᠡᠭᠡᠷ᠎ᠡ ᠤᠯᠠᠭᠠᠨᠴᠠᠪ ᠬᠤᠲᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ | ᠤ ᠡᠷᠬᠢᠯᠡᠭᠴᠢ ᠵᠠᠩ ᡁᠢ ᠴᠢᠶᠠᠩ | ᠡᠷᠬᠢᠯᠡᠭᠴᠢ᠂ ᠳᠡᠳ᠋ ᠡᠷᠬᠢᠯᠡᠭᠴᠢᠳ᠂ ᠨᠠᠷᠢᠨ ᠪᠢᠴᠢᠭ ᠤᠨ ᠳᠠᠷᠤᠭ᠎ᠠ᠂ ᠭᠡᠰᠢᠬᠦᠳ ᠡ ᠄ | ᠪᠢ ᠤᠯᠠᠭᠠᠨᠴᠠᠪ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠨᠠᠶᠢᠳᠠᠯᠭ᠎ᠠ ᠪᠠᠷ᠂ ︽ᠤᠯᠠᠭᠠᠨᠴᠠᠪ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ | ᠲᠦᠷᠢᠮ︾ ︵ᠳᠤᠤᠷ᠎ᠠ ᠲᠦᠷᠢᠮ ᠬᠡᠵᠦ ᠲᠦᠬᠦᠮᠴᠢᠯᠡᠪᠡ︶ ᠳᠤ ᠳᠤᠤᠷᠠᠬᠢ ᠮᠡᠲᠦ ᠳᠤᠳᠤᠷᠬᠠᠶᠢᠯᠠᠯᠲᠠ ᠬᠢᠶ᠎ᠡ᠄ | ᠨᠢᠭᠡ᠂ ᠲᠦᠷᠢᠮ ᠲᠤᠭᠳᠠᠭᠠᠬᠤ ᠶᠢᠨ ᠵᠠᠶᠢᠯᠠᠰᠢ ᠦᠭᠡᠢ ᠴᠢᠨᠠᠷ | ᠤᠯᠠᠭᠠᠨᠴᠠᠪ ᠬᠤᠲᠠ ᠭᠠᠩ ᠬᠠᠭᠤᠷᠠᠢ᠂ ᠬᠠᠭᠠᠰ ᠭᠠᠩ ᠬᠠᠭᠤᠷᠠᠢ ᠶᠢᠨ ᠶᠡᠭᠡ ᠬᠠᠭᠤᠷᠠᠢ ᠶᠢᠨ ᠴᠢᠨᠠᠷ ᠪᠦᠬᠦᠢ | ᠠᠭᠤᠷ ᠠᠮᠢᠰᠬᠤᠯ ᠤᠨ ᠤᠷᠤᠨ ᠳᠤ ᠤᠷᠤᠰᠢᠵᠤ᠂ ᠬᠤᠷ᠎ᠠ ᠳᠤᠨᠤᠳᠠᠰᠤ ᠪᠠᠷ ᠪᠠᠭ᠎ᠠ᠂ ᠬᠦᠷᠦᠰᠦ ᠰᠢᠷᠤᠢ ᠶᠢᠨ | ᠤᠰᠤᠨ ᠤ ᠠᠭᠤᠯᠠᠭᠳᠠᠴᠠ ᠶᠢᠨ ᠴᠢᠳᠠᠪᠤᠷᠢ ᠪᠠᠷ ᠪᠠᠷᠤᠭᠲᠠᠢ᠂ ᠠᠭᠤᠷᠰᠢᠬᠤ ᠬᠡᠮᠵᠢᠶ᠎ᠡ ᠪᠠᠷ ᠶᠡᠭᠡ ᠶᠤᠮ᠃ ᠪᠦᠬᠦ | ᠬᠤᠲᠠ ᠶᠢᠨ ᠤᠰᠤᠨ ᠤ ᠡᠬᠢ ᠪᠠᠶᠠᠯᠢᠭ ᠤᠨ ᠵᠢᠯ ᠤᠨ ᠶᠡᠷᠦᠩᠭᠡᠢ ᠬᠡᠮᠵᠢᠶ᠎ᠡ 12.91 ᠳ᠋ᠦᠩᠰᠢᠭᠤᠷ ᠪᠤᠰᠤᠭ᠎ᠠ | ᠲᠦᠷᠪᠡᠯᠵᠢᠨ ᠮᠧᠲᠷ᠂ ᠬᠦᠮᠦᠨ ᠳᠤᠮᠳᠠᠴᠢ ᠶᠢᠨ ᠡᠵᠡᠯᠡᠬᠦ ᠬᠡᠮᠵᠢᠶ᠎ᠡ 460 ᠪᠤᠰᠤᠭ᠎ᠠ ᠲᠦᠷᠪᠡᠯᠵᠢᠨ ᠮᠧᠲᠷ ᠪᠠᠶᠢᠵᠤ᠂ | ᠪᠦᠬᠦ ᠤᠯᠤᠰ ᠪᠦᠬᠦ ᠤᠷᠤᠨ ᠤ ᠬᠦᠮᠦᠨ ᠳᠤᠮᠳᠠᠴᠢ ᠶᠢᠨ ᠡᠵᠡᠯᠡᠬᠦ ᠬᠡᠮᠵᠢᠶᠡᠨ ᠤ ᠲᠦᠷᠪᠡᠨ ᠤ ᠨᠢᠭᠡ ᠬᠤᠪᠢ ᠳᠤ | ᠬᠦᠷᠬᠦ ᠦᠭᠡᠢ᠂ ᠤᠰᠤᠨ ᠤ ᠡᠬᠢ ᠪᠠᠶᠠᠯᠢᠭ ᠪᠠᠷ ᠲᠦᠢᠯ ᠤᠨ ᠲᠤᠳᠠᠮᠠᠭ᠂ ᠬᠦᠨᠳᠦ ᠨᠤᠴᠢᠲᠠᠢ ᠤᠰᠤ ᠳᠤᠳᠠᠭᠳᠠᠵᠤ | ᠪᠠᠶᠢᠭ᠎ᠠ ᠤᠷᠤᠨ ᠤ ᠨᠢᠭᠡ ᠳᠤ ᠪᠠᠭᠳᠠᠨ᠎ᠠ᠃ ᠤᠰᠤᠨ ᠤ ᠡᠬᠢ ᠪᠠᠶᠠᠯᠢᠭ ᠪᠠᠷ ᠳᠤᠳᠠᠮᠠᠭ ᠨᠢ ᠤᠯᠠᠭᠠᠨᠴᠠᠪ ᠬᠤᠲᠠ | ᠶᠢᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢ ᠡᠳᠦᠷ ᠠᠴᠠ ᠡᠳᠦᠷ ᠲᠤ ᠨᠦᠯᠦᠭᠡᠯᠡᠬᠦ ᠴᠢᠬᠤᠯᠠ | ᠬᠢᠵᠠᠭᠠᠷᠯᠠᠬᠤ ᠡᠯᠧᠮᠧᠨ᠋ᠲ ᠤᠨ ᠨᠢᠭᠡ ᠨᠢ ᠪᠤᠯᠪᠠ᠃ | ᠤᠯᠠᠨ ᠵᠢᠯ ᠤᠨ ᠲᠤᠷᠰᠢ᠂ ᠤᠯᠠᠭᠠᠨᠴᠠᠪ ᠬᠤᠲᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠰᠤᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠤᠭᠳᠠᠭᠠᠯ ᠢ ᠨᠠᠷᠢᠨ ᠨᠢᠮᠪᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ | ᠤᠰᠤᠨ ᠤ ᠡᠬᠢ ᠪᠠᠶᠠᠯᠢᠭ ᠤᠨ ᠨᠡᠭᠡᠭᠡᠨ ᠬᠦᠭᠵᠢᠬᠦᠯᠦᠯᠲᠡ᠂ ᠠᠰᠢᠭᠯᠠᠯᠲᠠ᠂ ᠠᠷᠪᠢᠯᠠᠯᠲᠠ ᠪᠠ ᠬᠠᠮᠠᠭᠠᠯᠠᠯᠲᠠ ᠶᠢ | ᠶᠡᠭᠡᠪᠡᠷ ᠶᠠᠪᠤᠭᠳᠠᠭᠤᠯᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠡᠷᠡᠬᠦᠯ ᠢᠶᠠᠷ ᠬᠦᠭᠵᠢᠬᠦ ᠶᠢ | ᠪᠦᠲᠦᠮᠵᠢᠲᠡᠢ ᠠᠬᠢᠭᠤᠯᠤᠭᠰᠠᠨ ᠪᠠᠶᠢᠨ᠎ᠠ᠃ ᠭᠡᠪᠡᠴᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ | ᠤᠨ ᠳᠤᠮᠳᠠ ᠴᠦᠭᠡᠨ ᠪᠤᠰᠤ ᠠᠰᠠᠭᠤᠳᠠᠯ ᠪᠠ ᠬᠦᠴᠢᠷᠳᠡᠯ ᠤᠷᠤᠰᠢᠭᠰᠠᠭᠠᠷ ᠪᠤᠢ᠄ ᠨᠢᠭᠡ ᠳᠤ ᠨᠡᠭᠡᠭᠡᠨ ᠠᠰᠢᠭᠯᠠᠬᠤ | ᠳᠤ ᠬᠦᠴᠢᠷ ᠲᠠᠢ᠂ ᠬᠠᠩᠭᠠᠯᠭ᠎ᠠ ᠬᠡᠷᠡᠭᠴᠡᠭᠡᠨ ᠤ ᠵᠦᠷᠢᠴᠡᠯ ᠤᠨ ᠠᠰᠠᠭᠤᠳᠠᠯ ᠳᠤᠪᠤᠶᠢᠮ᠎ᠠ︔ ᠬᠤᠶᠠᠷ ᠲᠤ ᠤᠷᠤᠨ | ᠪᠦᠰᠡ ᠶᠢᠨ ᠳᠤᠳᠤᠷᠠᠬᠢ ᠭᠤᠤᠯ ᠤᠨ ᠤᠰᠤᠨ ᠤ ᠤᠷᠤᠰᠬᠠᠯ ᠤᠨ ᠬᠡᠮᠵᠢᠶ᠎ᠡ ᠡᠳᠦᠷ ᠠᠴᠠ ᠡᠳᠦᠷ ᠲᠤ ᠪᠠᠭᠠᠰᠴᠤ | ᠪᠠᠶᠢᠨ᠎ᠠ︔ ᠭᠤᠷᠪᠠ ᠳᠤ ᠤᠰᠤᠨ ᠤ ᠶᠠᠰᠤ ᠴᠢᠨᠠᠷ ᠤᠨ ᠪᠤᠬᠢᠷᠳᠤᠯ᠂ ᠤᠰᠤᠨ ᠤ ᠤᠷᠴᠢᠨ ᠲᠤᠭᠤᠷᠢᠨ ᠤ ᠮᠠᠭᠤᠲᠠᠯ᠂ | ᠭᠤᠤᠯ ᠤᠨ ᠵᠠᠮ ᠤᠨ ᠲᠠᠰᠤᠯᠳᠠᠯ ᠤᠷᠤᠰᠬᠠᠯ ᠨᠢ ᠨᠢᠭᠡᠨᠲᠡ ᠤᠤᠭᠤᠬᠤ ᠤᠰᠤᠨ ᠤ ᠠᠮᠤᠷ ᠲᠦᠪᠰᠢᠨ ᠢ ᠬᠦᠨᠳᠦ | ᠨᠤᠴᠢᠲᠠᠢ ᠨᠦᠯᠦᠭᠡᠯᠡᠪᠡ︔ ᠲᠦᠷᠪᠡ ᠳᠤ ᠤᠰᠤ ᠰᠦᠢᠳᠭᠡᠨ ᠬᠡᠷᠡᠭᠯᠡᠬᠦ ᠪᠠᠷ ᠬᠦᠨᠳᠦ ᠨᠤᠴᠢᠲᠠᠢ ᠪᠠᠶᠢᠵᠤ᠂ ᠤᠰᠤᠨ | ᠤ ᠠᠰᠢᠭᠯᠠᠯᠲᠠ ᠶᠢᠨ ᠨᠤᠷᠮ᠎ᠠ ᠦᠨᠳᠦᠷ ᠪᠤᠰᠤ ᠪᠤᠢ᠃ ᠡᠶᠢᠮᠦ ᠠᠴᠠ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ | ᠶᠢᠨ ᠬᠠᠤᠯᠢ ᠶᠢ ᠳᠤᠭᠳᠠᠭᠠᠬᠤ ᠨᠢ᠂ ᠤᠯᠠᠭᠠᠨᠴᠠᠪ ᠬᠤᠲᠠ ᠶᠢᠨ ᠤᠰᠤᠨ ᠤ ᠡᠬᠢ ᠪᠠᠶᠠᠯᠢᠭ ᠢ ᠬᠠᠮᠠᠭᠠᠯᠠᠵᠤ᠂ | ᠤᠰᠤᠨ ᠤ ᠶᠠᠰᠤ ᠴᠢᠨᠠᠷ ᠤᠨ ᠤᠷᠴᠢᠨ ᠲᠤᠭᠤᠷᠢᠨ ᠢ ᠬᠠᠯᠠᠨ ᠰᠠᠶᠢᠵᠢᠷᠠᠭᠤᠯᠵᠤ᠂ ᠠᠮᠢ ᠠᠬᠤᠢ ᠪᠠᠷ ᠤᠰᠤ ᠬᠡᠷᠡᠭᠯᠡᠬᠦ | ᠶᠠᠪᠤᠳᠠᠯ ᠢ ᠦᠨᠡᠨᠬᠦ ᠪᠠᠲᠤᠯᠠᠵᠤ᠂ ᠤᠰᠤᠨ ᠤ ᠡᠬᠢ ᠪᠠᠶᠠᠯᠢᠭ ᠤᠨ ᠦᠷᠬᠦᠯᠵᠢᠯᠡᠬᠦᠶᠢᠴᠡ ᠠᠰᠢᠭᠯᠠᠯᠲᠠ ᠶᠢ | ᠪᠡᠶᠡᠯᠡᠬᠦᠯᠵᠦ᠂ ᠠᠵᠤ ᠠᠬᠤᠢ ᠨᠡᠶᠢᠭᠡᠮ ᠤᠨ ᠦᠷᠬᠦᠯᠵᠢᠯᠡᠬᠦᠶᠢᠴᠡ ᠬᠦᠭᠵᠢᠯᠲᠡ ᠶᠢ ᠲᠦᠯᠬᠢᠨ ᠠᠬᠢᠭᠤᠯᠬᠤ ᠳᠤ ᠮᠠᠰᠢ | ᠴᠢᠬᠤᠯᠠ ᠠᠴᠢ ᠬᠤᠯᠪᠤᠭᠳᠠᠯ ᠲᠠᠢ ᠶᠤᠮ᠃ | ᠬᠤᠶᠠᠷ᠂ ᠲᠦᠷᠢᠮ ᠢ ᠲᠤᠭᠳᠠᠭᠠᠭᠰᠠᠨ ᠶᠠᠪᠤᠴᠠ | ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠦᠷᠢᠮ ᠪᠤᠯ ᠤᠯᠠᠭᠠᠨᠴᠠᠪ ᠬᠤᠲᠠ ᠤᠷᠤᠨ ᠨᠤᠲᠤᠭ | ᠤᠨ ᠬᠠᠤᠯᠢ ᠲᠤᠭᠳᠠᠭᠠᠯᠲᠠ ᠶᠢᠨ ᠡᠷᠬᠡ ᠶᠢ ᠡᠳ᠋ᠯᠡᠭᠰᠡᠨ ᠤ ᠳᠠᠷᠠᠭᠠᠬᠢ ᠲᠤᠭᠳᠠᠭᠠᠭᠰᠠᠨ ᠠᠩᠬᠠᠳᠠᠭᠴᠢ ᠪᠤᠳᠠᠳᠤ | ᠴᠤᠭᠴᠠᠰ ᠤᠨ ᠬᠠᠤᠯᠢ ᠲᠤᠭᠳᠠᠭᠠᠯ ᠮᠥᠨ ᠪᠤᠯᠬᠤᠷ ᠬᠤᠲᠠ ᠶᠢᠨ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ | ᠬᠦᠨᠳᠦᠳᠬᠡᠵᠦ᠂ ᠬᠤᠲᠠ ᠶᠢᠨ ᠵᠠᠰᠠᠭ ᠤᠨ ᠤᠷᠳᠤᠨ ᠴᠦ ᠢᠳᠡᠪᠬᠢᠲᠡᠢ ᠪᠠᠷ ᠬᠠᠮᠵᠢᠯᠴᠠᠵᠠᠢ᠃ ᠬᠤᠲᠠ ᠶᠢᠨ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠯ ᠤᠨ ᠬᠠᠤᠯᠢ ᠲᠤᠭᠳᠠᠭᠠᠯᠲᠠ ᠶᠢᠨ | ᠲᠦᠯᠦᠪᠯᠡᠭᠡ ᠶᠤᠰᠤᠭᠠᠷ᠂ ᠲᠦᠷᠢᠮ ᠤᠨ ᠲᠦᠰᠦᠪ ᠢ ᠨᠤᠤᠷᠠᠭᠯᠠᠬᠤ ᠠᠵᠢᠯ ᠢ ᠵᠤᠬᠢᠶᠠᠨ ᠪᠠᠶᠢᠭᠤᠯᠤᠨ ᠵᠢᠭᠠᠨ | ᠵᠢᠯᠤᠭᠤᠳᠪᠠ᠃ ᠡᠬᠡ ᠪᠢᠴᠢᠭ ᠢ ᠤᠯᠠᠨ ᠤᠳᠠᠭ᠎ᠠ ᠵᠠᠰᠠᠨ ᠬᠤᠪᠢᠷᠠᠭᠤᠯᠵᠤ᠂ 2016 ᠤᠨ ᠤ 7 ᠰᠠᠷ᠎ᠠ ᠶᠢᠨ ᠡᠬᠢ | ᠪᠠᠷ᠂ ᠲᠦᠷᠢᠮ ᠤᠨ ᠲᠦᠰᠦᠯ ᠢ ᠨᠤᠤᠷᠠᠭᠯᠠᠬᠤ ᠠᠵᠢᠯ ᠢ ᠪᠠᠷᠠᠭᠠᠪᠠ᠃ ᠳᠠᠷᠠᠭ᠎ᠠ ᠪᠠᠷ᠂ ᠬᠠᠤᠯᠢ ᠲᠤᠭᠳᠠᠭᠠᠯᠲᠠ ᠶᠢᠨ | ᠲᠦᠷᠢᠮ ᠤᠨ ᠲᠤᠭᠳᠠᠭᠠᠯ ᠢ ᠦᠨᠳᠦᠰᠦᠯᠡᠨ᠂ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶᠠᠨ ᠤ | ᠬᠠᠤᠯᠢ ᠲᠤᠭᠳᠠᠭᠠᠯᠲᠠ ᠶᠢᠨ ᠯᠠᠪᠯᠠᠯᠭ᠎ᠠ ᠶᠢᠨ ᠵᠦᠪᠯᠡᠭᠴᠢ᠂ ᠦᠨᠳᠦᠰᠦᠨ ᠱᠠᠲᠤᠨ ᠤ ᠬᠠᠤᠯᠢ ᠲᠤᠭᠳᠠᠭᠠᠯᠲᠠ ᠶᠢᠨ | ᠬᠠᠷᠢᠯᠴᠠᠬᠤ ᠴᠢᠭ᠋ ᠵᠡᠷᠭᠡ ᠠᠴᠠ ᠦᠷᠭᠡᠨ ᠳᠡᠯᠭᠡᠷ ᠰᠠᠨᠠᠯ ᠪᠠ ᠰᠠᠨᠠᠭᠤᠯᠭ᠎ᠠ ᠬᠤᠷᠢᠶᠠᠪᠠ᠃ ᠬᠤᠲᠠ ᠶᠢᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠦᠪᠯᠡᠯ ᠪᠠᠰᠠ ᠦᠪᠡᠷᠲᠡᠭᠡᠨ ᠵᠠᠰᠠᠬᠤ ᠤᠷᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠤᠭᠳᠠᠯ ᠪᠦᠬᠦᠢ ᠵᠦᠪᠯᠡᠯ | ᠤᠨ ᠰᠠᠨᠠᠯ ᠢ ᠲᠤᠰᠬᠠᠢ ᠬᠤᠷᠢᠶᠠᠪᠠ᠃ ᠡᠯ᠎ᠡ ᠲᠠᠯ᠎ᠠ ᠶᠢᠨ ᠪᠤᠴᠠᠭᠠᠯᠲᠠ ᠰᠠᠨᠠᠯ᠂ ᠰᠠᠨᠠᠭᠤᠯᠭ᠎ᠠ ᠶᠢ ᠦᠨᠳᠦᠰᠦᠯᠡᠵᠦ᠂ | ᠡᠮᠬᠢᠳᠬᠡᠨ ᠬᠤᠷᠢᠶᠠᠩᠭᠤᠶᠢᠯᠠᠵᠦ᠂ ᠵᠤᠬᠢᠴᠠᠭᠤᠯᠤᠨ ᠲᠢᠭᠯᠢᠭᠰᠡᠨ ᠤ ᠳᠠᠷᠠᠭ᠎ᠠ ᠲᠦᠷᠢᠮ ᠤᠨ ᠲᠦᠰᠦᠯ ᠤᠨ ᠵᠠᠰᠠᠪᠤᠷᠢ | ᠶᠢᠨ ᠨᠤᠤᠷᠠᠭ ᠢ ᠪᠦᠷᠢᠯᠳᠦᠬᠦᠯᠦᠭᠰᠡᠨ ᠮᠦᠷᠲᠡᠭᠡᠨ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠬᠠᠤᠯᠢ ᠲᠦᠷᠢᠮ ᠤᠨ ᠵᠦᠪᠯᠡᠯ ᠢᠶᠠᠷ ᠨᠢᠭᠡᠲᠦᠯᠲᠡᠢ ᠬᠢᠨᠠᠨ ᠵᠦᠪᠯᠡᠬᠦᠯᠪᠡ᠃ 2016 ᠤᠨ ᠤ 12 ᠰᠠᠷ᠎ᠠ ᠶᠢᠨ | 28 ᠤ ᠡᠳᠦᠷ ᠬᠤᠷᠠᠯᠳᠤᠭᠤᠯᠤᠭᠰᠠᠨ ᠬᠤᠲᠠ ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠢᠮᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ᠂ ᠲᠤᠰ | ᠲᠦᠷᠢᠮ ᠢ ᠬᠢᠨᠠᠨ ᠵᠦᠪᠯᠡᠬᠦᠯᠦᠭᠰᠡᠨ ᠮᠦᠷᠲᠡᠭᠡᠨ ᠪᠠᠲᠤᠯᠠᠭᠤᠯᠪᠠ᠃ | ᠭᠤᠷᠪᠠ᠂ ᠭᠤᠤᠯ ᠠᠭᠤᠯᠭ᠎ᠠ | ᠲᠦᠷᠢᠮ ᠢ ᠨᠡᠶᠢᠲᠡ ᠨᠠᠢᠮᠠᠨ ᠪᠦᠯᠦᠭ ᠲᠠᠪᠢᠨ ᠳᠤᠯᠤᠭᠠᠨ ᠵᠦᠢᠯ ᠬᠤᠪᠢᠶᠠᠪᠠ᠂ ᠳᠠᠷᠤᠢ ᠶᠡᠷᠦᠩᠭᠡᠢ ᠲᠦᠷᠢᠮ᠂ | ᠤᠰᠤᠨ ᠤ ᠡᠬᠢ ᠪᠠᠶᠠᠯᠢᠭ ᠤᠨ ᠲᠦᠯᠦᠪᠵᠢᠬᠦᠯᠭᠡ ᠪᠠ ᠨᠡᠭᠡᠭᠡᠨ ᠠᠰᠢᠭᠯᠠᠯᠲᠠ᠂ ᠤᠰᠤᠨ ᠤ ᠡᠬᠢ ᠪᠠᠶᠠᠯᠢᠭ ᠤᠨ | ᠬᠠᠮᠠᠭᠠᠯᠠᠯᠲᠠ ᠪᠠ ᠬᠢᠨᠠᠨ ᠬᠡᠮᠵᠢᠯᠲᠡ᠂ ᠤᠰᠤᠨ ᠤ ᠡᠬᠢ ᠪᠠᠶᠠᠯᠢᠭ ᠤᠨ ᠲᠤᠬᠢᠷᠠᠭᠤᠯᠤᠯᠲᠠ ᠪᠠ ᠤᠰᠤ ᠠᠪᠴᠤ | ᠬᠡᠷᠡᠭᠯᠡᠬᠦ ᠶᠢᠨ ᠬᠠᠮᠢᠶᠠᠷᠤᠯᠲᠠ᠂ ᠤᠰᠤ ᠠᠷᠪᠢᠯᠠᠵᠤ ᠬᠡᠷᠡᠭᠯᠡᠬᠦ᠂ ᠬᠢᠨᠠᠯᠲᠠ ᠪᠠ ᠪᠠᠶᠢᠴᠠᠭᠠᠯᠲᠠ᠂ ᠬᠠᠤᠯᠢ ᠴᠠᠭᠠᠴᠠ ᠶᠢᠨ | ᠬᠠᠷᠢᠭᠤᠴᠠᠯᠭ᠎ᠠ ᠪᠤᠯᠤᠨ ᠳᠠᠭᠠᠯᠳᠤᠭᠤᠯᠤᠯ ᠲᠦᠷᠢᠮ᠃ | ︵ᠨᠢᠭᠡ︶ ᠶᠡᠷᠦᠩᠭᠡᠢ ᠲᠦᠷᠢᠮ ᠤᠨ ᠲᠤᠬᠠᠢ | ᠭᠤᠤᠯᠳᠠᠭᠤ ᠬᠠᠤᠯᠢ ᠲᠤᠭᠳᠠᠭᠠᠯᠲᠠ ᠶᠢᠨ ᠵᠤᠷᠢᠯᠭ᠎ᠠ᠂ ᠬᠠᠤᠯᠢ ᠳᠤᠭᠳᠠᠭᠠᠯᠲᠠ ᠶᠢᠨ ᠡᠰᠢ ᠪᠠᠷᠢᠮᠳᠠ᠂ | ᠬᠡᠷᠡᠭᠯᠡᠭᠡᠨ ᠤ ᠬᠡᠪᠴᠢᠶ᠎ᠡ ᠪᠠ ᠵᠠᠷᠴᠢᠮ ᠵᠡᠷᠭᠡ ᠠᠭᠤᠯᠭ᠎ᠠ ᠤᠳ ᠢ ᠲᠤᠭᠳᠠᠭᠠᠪᠠ᠃ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠂ ᠤᠰᠤᠨ ᠤ ᠡᠬᠢ ᠪᠠᠶᠠᠯᠢᠭ | ᠤᠨ ᠬᠠᠮᠠᠭᠠᠯᠠᠯᠲᠠ ᠶᠢᠨ ᠲᠦᠰᠦᠪ ᠤᠨ ᠪᠡᠯᠡ ᠮᠦᠩᠬᠦᠨ ᠤ ᠤᠷᠤᠭᠤᠯᠤᠯᠲᠠ ᠶᠢ ᠨᠡᠮᠡᠭᠳᠡᠬᠦᠯᠬᠦ ᠬᠡᠷᠡᠭᠲᠡᠢ ᠭᠡᠳᠡᠭ ᠢ | ᠬᠤᠲᠠ᠂ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠳᠤ ᠱᠠᠭᠠᠷᠳᠠᠭᠰᠠᠨ ᠪᠠᠶᠢᠨ᠎ᠠ᠃ ᠬᠤᠲᠠ | ᠬᠤᠰᠢᠭᠤ ᠰᠢᠶᠠᠨ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠬᠤᠯᠪᠤᠭᠳᠠᠯ ᠪᠦᠬᠦᠢ ᠪᠤᠰᠤᠳ ᠰᠠᠯᠠᠭ᠎ᠠ ᠮᠦᠴᠢᠷ ᠤᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠡᠬᠦᠷᠭᠡ | ᠬᠠᠷᠢᠭᠤᠴᠠᠯᠭ᠎ᠠ ᠶᠢ ᠳᠤᠳᠤᠷᠬᠠᠶᠢᠯᠠᠪᠠ᠃ | ︵ᠬᠤᠶᠠᠷ︶ ᠤᠰᠤᠨ ᠤ ᠡᠬᠢ ᠪᠠᠶᠠᠯᠢᠭ ᠤᠨ ᠲᠦᠯᠦᠪᠵᠢᠬᠦᠯᠭᠡ ᠪᠠ ᠨᠡᠭᠡᠭᠡᠨ ᠠᠰᠢᠭᠯᠠᠯᠲᠠ ᠶᠢᠨ ᠲᠤᠬᠠᠢ | ᠭᠤᠤᠯᠳᠠᠭᠤ ᠤᠰᠤᠨ ᠤ ᠡᠬᠢ ᠪᠠᠶᠠᠯᠢᠭ ᠤᠨ ᠶᠡᠷᠦᠩᠭᠡᠢ ᠲᠦᠯᠦᠪᠵᠢᠬᠦᠯᠬᠡ ᠶᠢᠨ ᠭᠤᠤᠯ ᠴᠤᠭᠴᠠ᠂ ᠤᠰᠤᠨ | ᠤ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠶᠢᠨ ᠵᠠᠷᠴᠢᠮ ᠪᠠ ᠤᠰᠤ ᠬᠡᠷᠡᠭᠯᠡᠬᠦ ᠭᠤᠤᠯᠳᠠᠯᠭ᠎ᠠ ᠲᠠᠢ ᠲᠦᠷᠦᠯ ᠵᠦᠢᠯ | ᠤᠨ ᠮᠡᠳᠡᠬᠦᠯᠦᠨ ᠵᠦᠪᠰᠢᠶᠡᠷᠡᠬᠦᠯᠬᠦ ᠲᠦᠷᠢᠮ ᠵᠡᠷᠭᠡ ᠠᠭᠤᠯᠭ᠎ᠠ ᠤᠳ ᠢ ᠳᠤᠭᠳᠠᠭᠠᠪᠠ᠃ ᠤᠰᠤᠨ ᠤ ᠡᠬᠢ ᠪᠠᠶᠠᠯᠢᠭ ᠢ | ᠶᠡᠷᠦᠩᠭᠡᠶᠢᠯᠡᠨ ᠠᠰᠢᠭᠯᠠᠬᠤ ᠦᠷ᠎ᠡ ᠠᠰᠢᠭ ᠢ ᠳᠡᠭᠡᠭᠰᠢᠯᠡᠬᠦᠯᠵᠦ᠂ ᠤᠰᠤᠨ ᠤ ᠡᠬᠢ ᠪᠠᠶᠠᠯᠢᠭ ᠢ ᠵᠤᠬᠢᠰᠲᠠᠢ ᠨᠡᠭᠡᠭᠡᠨ | ᠠᠰᠢᠭᠯᠠᠬᠤ ᠶᠢᠨ ᠲᠤᠰᠠᠳᠠ᠂ ᠳᠤᠯᠤᠳᠤᠭᠠᠷ ᠵᠦᠢᠯ ᠳᠤ᠂ ᠠᠵᠤ ᠦᠢᠯᠡᠰ ᠤᠨ ᠲᠦᠷᠦ ᠶᠢᠨ ᠪᠤᠳᠤᠯᠭ᠎ᠠ᠂ ᠪᠡᠯᠡ | ᠤᠷᠤᠭᠤᠯᠤᠯᠲᠠ ᠶᠢᠨ ᠲᠦᠷᠦᠯ ᠵᠦᠢᠯ ᠤᠨ ᠲᠦᠯᠦᠪᠯᠡᠭᠡ ᠪᠠ ᠲᠦᠯᠦᠪᠵᠢᠬᠦᠯᠭᠡ ᠶᠢ ᠲᠤᠭᠳᠠᠭᠠᠬᠤ ᠳᠠᠭᠠᠨ᠂ ᠤᠰᠤᠨ | ᠤ ᠡᠬᠢ ᠪᠠᠶᠠᠯᠢᠭ ᠤᠨ ᠨᠦᠬᠦᠴᠡᠯ ᠪᠠ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠱᠠᠭᠠᠷᠳᠠᠯᠭ᠎ᠠ ᠶᠢ ᠶᠡᠷᠦᠩᠭᠡᠢ | ᠳᠤ ᠨᠢ ᠪᠤᠳᠤᠯᠬᠢᠯᠠᠵᠤ᠂ ᠤᠰᠤᠨ ᠤ ᠶᠡᠭᠡ ᠬᠤᠷᠤᠭᠳᠠᠯᠳᠤ ᠲᠦᠷᠦᠯ ᠵᠦᠢᠯ ᠢ ᠬᠢᠵᠠᠭᠠᠷᠯᠠᠵᠤ᠂ ᠤᠰᠤᠨ ᠴᠤᠭᠴᠠ ᠶᠢ | ᠪᠤᠬᠢᠷᠳᠤᠭᠤᠯᠬᠤ ᠲᠦᠷᠦᠯ ᠵᠦᠢᠯ ᠢ ᠴᠠᠭᠠᠵᠠᠯᠠᠬᠤ ᠬᠡᠷᠡᠭᠲᠡᠢ ᠬᠡᠵᠦ ᠲᠤᠭᠳᠠᠭᠠᠪᠠ᠃ | ︵ᠭᠤᠷᠪᠠ︶ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠠ ᠬᠢᠨᠠᠨ ᠬᠡᠮᠵᠢᠯᠲᠡ ᠶᠢᠨ ᠲᠤᠬᠠᠢ | ᠤᠯᠠᠭᠠᠨᠴᠠᠪ ᠬᠤᠲᠠ ᠵᠢᠨᠤᠰᠤᠨ ᠤ ᠡᠬᠢ ᠪᠠᠶᠠᠯᠢᠭ ᠳᠤ ᠦᠨᠦ ᠤᠷᠤᠰᠢᠵᠤ ᠪᠠᠶᠢᠭ᠎ᠠ ᠭᠤᠤᠯ ᠤᠷᠤᠰᠬᠠᠯ | ᠪᠤᠬᠢᠷᠳᠤᠭᠰᠠᠨ᠂ ᠭᠠᠵᠠᠷ ᠳᠤᠤᠷᠠᠬᠢ ᠤᠰᠤᠨ ᠤ ᠲᠦᠪᠰᠢᠨ ᠳᠤᠷᠤᠭᠰᠢᠯᠠᠭᠰᠠᠨ ᠵᠡᠷᠭᠡ ᠠᠰᠠᠭᠤᠳᠠᠯ ᠤᠳ ᠲᠤ | ᠴᠢᠭᠯᠡᠬᠦᠯᠦᠨ᠂ ᠤᠤᠭᠤᠬᠤ ᠤᠰᠤᠨ ᠤ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠦᠷᠢᠮ᠂ ᠪᠤᠵᠠᠷ | ᠤᠰᠤᠨ ᠤ ᠰᠢᠢᠳᠪᠦᠷᠢᠯᠡᠯᠲᠡ᠂ ᠤᠰᠤᠨ ᠤ ᠴᠢᠳᠠᠮᠵᠢ ᠶᠢᠨ ᠤᠷᠤᠨ ᠤ ᠬᠢᠨᠠᠨ ᠬᠡᠮᠵᠢᠯᠲᠡ᠂ ᠪᠤᠬᠢᠷᠳᠤᠯ | ᠭᠠᠳᠠᠭᠰᠢᠯᠠᠭᠤᠯᠬᠤ ᠠᠮᠠᠰᠠᠷ ᠤᠨ ᠪᠠᠶᠢᠭᠤᠯᠤᠯᠲᠠ ᠵᠢᠴᠢ ᠤᠰᠤᠨ ᠤ ᠶᠠᠰᠤ ᠴᠢᠨᠠᠷ ᠤᠨ ᠬᠢᠨᠠᠨ ᠬᠡᠮᠵᠢᠯᠲᠡ ᠪᠠ | ᠨᠡᠶᠢᠲᠡᠯᠡᠯ ᠵᠡᠷᠭᠡ ᠠᠭᠤᠯᠭ᠎ᠠ ᠤᠳ ᠢ ᠲᠤᠭᠳᠠᠭᠠᠪᠠ᠃ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠶᠢᠨ | ᠲᠤᠰᠠᠲᠠ᠂ ᠠᠷᠪᠠᠳᠤᠭᠠᠷ ᠵᠦᠢᠯ᠂ ᠠᠷᠪᠠᠨ ᠨᠢᠭᠡᠳᠦᠭᠡᠷ ᠵᠦᠢᠯ ᠳᠤ ᠤᠤᠭᠤᠬᠤ ᠤᠰᠤᠨ ᠤ ᠤᠰᠤᠨ ᠤ ᠡᠬᠢ | ᠪᠠᠶᠠᠯᠢᠭ ᠤᠨ ᠬᠠᠮᠠᠭᠠᠯᠠᠯᠲᠠ ᠶᠢᠨ ᠤᠷᠤᠨ ᠲᠤᠳᠤᠷ᠎ᠠ ᠦᠢᠯᠡ ᠠᠵᠢᠯᠯᠠᠭ᠎ᠠ ᠬᠢᠬᠦ ᠶᠢ ᠴᠠᠭᠠᠵᠠᠯᠠᠬᠤ ᠶᠢ ᠳᠤᠳᠤᠷᠬᠠᠢ | ᠳᠤᠭᠳᠠᠭᠠᠪᠠ᠃ ᠡᠬᠦᠨ ᠤ ᠳᠠᠭᠠᠤ᠂ ᠠᠷᠪᠠᠨ ᠬᠤᠶᠠᠳᠤᠭᠠᠷ ᠵᠦᠢᠯ ᠳᠤ ᠤᠰᠤᠨ ᠠᠰᠢᠭᠯᠠᠯᠲᠠ᠂ ᠤᠷᠴᠢᠨ ᠲᠤᠭᠤᠷᠢᠨ | ᠤ ᠬᠠᠮᠠᠭᠠᠯᠠᠯᠲᠠ ᠵᠡᠷᠭᠡ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠯᠤᠰ | ᠤᠨ ᠮᠡᠷᠭᠡᠵᠢᠯ ᠤᠨ ᠲᠦᠷᠢᠮᠵᠢᠯ ᠪᠠ ᠪᠠᠷᠢᠮᠵᠢᠶ᠎ᠠ ᠶᠢ ᠴᠢᠩᠭ᠎ᠠ ᠵᠢᠷᠤᠮᠯᠠᠵᠤ᠂ ᠲᠤᠰ ᠵᠠᠰᠠᠭ ᠵᠠᠬᠢᠷᠭᠠᠨ ᠤ ᠤᠷᠤᠨ | ᠳᠤᠳᠤᠷᠠᠬᠢ ᠭᠠᠵᠠᠷ ᠳᠤᠤᠷᠠᠬᠢ ᠤᠰᠤ᠂ ᠭᠠᠵᠠᠷ ᠳᠡᠭᠡᠷᠡᠬᠢ ᠤᠰᠤᠨ ᠤ ᠶᠠᠰᠤ ᠴᠢᠨᠠᠷ ᠲᠤ ᠬᠢᠨᠠᠨ ᠬᠡᠮᠵᠢᠯᠲᠡ ᠬᠢᠬᠦ | ᠮᠦᠷᠲᠡᠭᠡᠨ ᠲᠤᠭᠳᠠᠮᠠᠯ ᠬᠤᠭᠤᠴᠠᠭ᠎ᠠ ᠲᠠᠢ ᠨᠡᠶᠢᠭᠡᠮ ᠳᠤ ᠨᠢᠭᠡᠲᠦᠯᠲᠡᠢ ᠨᠡᠶᠢᠲᠡᠯᠡᠵᠦ᠂ ᠢᠯᠠᠩᠭᠤᠶ᠎ᠠ ᠰᠠᠭᠤᠭᠠᠯᠢ | ᠠᠷᠠᠳ ᠤᠨ ᠠᠮᠢᠳᠤᠷᠠᠯ ᠤᠨ ᠤᠤᠭᠤᠬᠤ ᠤᠰᠤᠨ ᠤ ᠶᠠᠰᠤ ᠴᠢᠨᠠᠷ ᠤᠨ ᠭᠤᠤᠯ ᠬᠦᠢᠴᠡᠳᠭᠡᠯ ᠲᠤᠭ᠎ᠠ ᠶᠢᠨ ᠬᠢᠨᠠᠨ | ᠬᠡᠮᠵᠢᠯᠲᠡ ᠶᠢᠨ ᠲᠤᠭ᠎ᠠ ᠪᠠᠷᠢᠮᠲᠠ ᠶᠢ ᠰᠠᠷ᠎ᠠ ᠪᠤᠯᠭᠠᠨ ᠨᠢᠭᠡ ᠤᠳᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠢ ᠭᠡᠳᠡᠭ ᠢ | ᠲᠤᠭᠳᠠᠭᠠᠪᠠ᠃ | ︵ᠲᠦᠷᠪᠡ︶ ᠤᠰᠤᠨ ᠤ ᠡᠬᠢ ᠪᠠᠶᠠᠯᠢᠭ ᠤᠨ ᠲᠤᠬᠢᠷᠠᠭᠤᠯᠤᠯᠲᠠ ᠪᠠ ᠤᠰᠤ ᠠᠪᠴᠤ ᠬᠡᠷᠡᠭᠯᠡᠬᠦ ᠶᠢᠨ | ᠬᠠᠮᠢᠶᠠᠷᠤᠯᠲᠠ ᠶᠢᠨ ᠲᠤᠬᠠᠢ | ᠭᠤᠤᠯᠳᠠᠭᠤ ᠭᠤᠷᠪᠠᠨ ᠱᠠᠲᠤᠨ ᠤ ᠤᠰᠤ ᠬᠡᠷᠡᠭᠯᠡᠬᠦ ᠶᠡᠷᠦᠩᠭᠡᠢ ᠬᠡᠮᠵᠢᠶᠡᠨ ᠤ ᠬᠤᠷᠢᠭᠯᠠᠯᠲᠠ ᠶᠢᠨ ᠰᠢᠰᠲ᠋ᠧᠮᠵᠢ | ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠤᠰᠤᠨ ᠤ ᠡᠬᠢ ᠪᠠᠶᠠᠯᠢᠭ ᠢ ᠠᠪᠴᠤ ᠬᠡᠷᠡᠭᠯᠡᠬᠦ ᠤᠰᠤᠨ ᠤ | ᠡᠬᠢ ᠪᠠᠶᠠᠯᠢᠭ ᠤᠨ ᠨᠤᠲᠠᠯᠠᠯᠲᠠ ᠶᠢᠨ ᠱᠠᠲᠤ ᠬᠤᠪᠢᠶᠠᠨ ᠬᠢᠨᠠᠨ ᠵᠦᠪᠰᠢᠶᠡᠷᠡᠬᠦ ᠲᠦᠷᠢᠮ ᠢ ᠬᠡᠷᠡᠭᠵᠢᠬᠦᠯᠬᠦ᠂ ᠤᠰᠤ | ᠠᠪᠬᠤ ᠵᠦᠪᠰᠢᠶᠡᠷᠡᠯ ᠢ ᠬᠢᠨᠠᠨ ᠵᠦᠪᠰᠢᠶᠡᠷᠡᠬᠦ ᠳᠤ ᠱᠠᠲᠤ ᠬᠤᠪᠢᠶᠠᠨ ᠬᠠᠮᠢᠶᠠᠷᠬᠤ ᠲᠦᠷᠢᠮ ᠢ ᠬᠡᠷᠡᠭᠵᠢᠬᠦᠯᠬᠦ ᠵᠢᠴᠢ | ᠭᠠᠵᠠᠷ ᠳᠤᠤᠷᠠᠬᠢ ᠤᠰᠤ ᠶᠢ ᠰᠢᠭᠤᠳ ᠠᠪᠴᠤ ᠬᠡᠷᠡᠭᠯᠡᠬᠦ ᠶᠢᠨ ᠬᠢᠨᠠᠨ ᠵᠦᠪᠰᠢᠶᠡᠷᠡᠯ ᠤᠨ ᠶᠠᠪᠤᠴᠠ ᠵᠡᠷᠭᠡ ᠠᠭᠤᠯᠭ᠎ᠠ | ᠤᠳ ᠢ ᠲᠤᠭᠳᠠᠭᠠᠪᠠ᠃ ᠬᠤᠳᠳᠤᠭ ᠤᠬᠤᠬᠤ ᠵᠠᠬ᠎ᠠ ᠳᠡᠯᠭᠡᠬᠦᠷ ᠶᠢᠨ ᠲᠦᠷᠢᠮᠵᠢᠯ ᠪᠤᠰᠤ᠂ ᠬᠠᠮᠢᠶᠠᠷᠤᠯᠲᠠ ᠰᠠᠮᠠᠭᠤᠨ | ᠪᠠᠶᠢᠬᠤ ᠠᠰᠠᠭᠤᠳᠠᠯ ᠳᠤ ᠴᠢᠭᠯᠡᠬᠦᠯᠦᠨ᠂ ᠬᠤᠳᠳᠤᠭ ᠤᠬᠤᠬᠤ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠶᠢᠨ | ᠲᠠᠯ᠎ᠠ ᠶᠢᠨ ᠠᠭᠤᠯᠭ᠎ᠠ ᠶᠢ ᠨᠡᠮᠡᠵᠦ᠂ ᠬᠤᠳᠳᠤᠭ ᠤᠬᠤᠬᠤ ᠪᠠᠷᠢᠯᠭ᠎ᠠ ᠶᠢᠨ ᠠᠵᠢᠯ ᠤᠨ ᠬᠢᠷᠢ ᠬᠡᠮ ᠵᠢᠴᠢ ᠬᠤᠳᠳᠤᠭ | ᠤᠬᠤᠬᠤ ᠪᠠᠷᠢᠯᠭ᠎ᠠ ᠶᠢᠨ ᠠᠵᠢᠯ ᠢᠶᠠᠨ ᠡᠬᠢᠯᠡᠬᠦᠯᠬᠦ ᠠᠴᠠ ᠡᠮᠦᠨ᠎ᠡ ᠳᠠᠩᠰᠠᠨ ᠳᠤ ᠳᠡᠮᠳᠡᠭᠯᠡᠨ ᠳᠠᠩᠰᠠᠯᠠᠭᠤᠯᠬᠤ ᠭᠠᠷ | ᠭᠦᠢᠴᠡᠳᠭᠡᠯ ᠬᠢᠬᠦ ᠬᠡᠷᠡᠭᠲᠡᠢ ᠭᠡᠳᠡᠭ ᠢ ᠳᠤᠳᠤᠷᠬᠠᠢ ᠲᠤᠭᠳᠠᠭᠠᠪᠠ᠃ | ︵ᠲᠠᠪᠤ︶ ᠤᠰᠤ ᠠᠷᠪᠢᠯᠠᠵᠤ ᠬᠡᠷᠡᠭᠯᠡᠬᠦ ᠲᠤᠬᠠᠢ | ᠭᠤᠤᠯᠳᠠᠭᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠤᠰᠤ ᠠᠷᠪᠢᠯᠠᠬᠤ ᠲᠦᠬᠦᠭᠡᠷᠦᠮᠵᠢ ᠶᠢᠨ | ︽ᠭᠤᠷᠪᠠ ᠶᠢ ᠬᠠᠮᠲᠤ ᠳᠤ ᠨᠢ ᠶᠠᠪᠤᠭᠳᠠᠭᠤᠯᠬᠤ︾ ᠲᠦᠷᠢᠮ ᠢ ᠲᠤᠭᠳᠠᠭᠠᠭᠰᠠᠨ ᠮᠦᠷᠲᠡᠭᠡᠨ ᠲᠠᠷᠢᠶᠠᠯᠠᠩ ᠮᠠᠯ ᠠᠵᠤ | ᠠᠬᠤᠢ᠂ ᠠᠵᠤ ᠦᠢᠯᠡᠳᠪᠦᠷᠢ ᠵᠢᠴᠢ ᠠᠮᠢᠳᠤᠷᠠᠯ ᠳᠤ ᠤᠰᠤ ᠠᠷᠪᠢᠯᠠᠵᠤ ᠬᠡᠷᠡᠭᠯᠡᠬᠦ ᠳᠤ ᠲᠤᠭᠳᠠᠭᠠᠯ ᠭᠠᠷᠭᠠᠪᠠ᠃ | ᠤᠰᠤ ᠠᠷᠪᠢᠯᠠᠵᠤ ᠬᠡᠷᠡᠭᠯᠡᠬᠦ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠶᠢᠨ ᠲᠤᠰᠠᠳᠠ᠂ ᠭᠤᠴᠢᠨ ᠲᠦᠷᠪᠡᠳᠦᠭᠡᠷ | ᠵᠦᠢᠯ ᠳᠤ ᠲᠤᠭᠳᠠᠭᠠᠭᠰᠠᠨ ᠨᠢ᠂ ᠤᠰᠤ ᠠᠷᠪᠢᠯᠠᠬᠤ ᠮᠡᠷᠭᠡᠵᠢᠯ ᠤᠨ ᠦᠬᠡᠷᠡᠴᠢᠯᠡᠯᠲᠡ ᠪᠤᠯᠤᠨ ᠤᠰᠤ ᠠᠷᠪᠢᠯᠠᠯᠲᠠ | ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠰᠤ ᠠᠷᠪᠢᠯᠠᠬᠤ ᠪᠠᠷᠢᠮᠵᠢᠶᠠᠨ ᠳᠤ ᠦᠯᠦ ᠨᠡᠶᠢᠴᠡᠬᠦ ᠤᠰᠤ ᠠᠷᠪᠢᠯᠠᠬᠤ | ᠶᠢᠨ ᠤᠷᠠᠨ ᠳᠠᠷᠬ᠎ᠠ᠂ ᠲᠦᠬᠦᠬᠡᠷᠦᠮᠵᠢ ᠪᠠ ᠪᠦᠲᠦᠭᠡᠭᠳᠡᠬᠦᠨ ᠢ ᠰᠢᠭᠰᠢᠭᠳᠡᠬᠦᠯᠬᠦ ᠬᠡᠷᠡᠭᠲᠡᠢ᠃ ᠤᠯᠠᠭᠠᠨᠴᠠᠪ ᠬᠤᠲᠠ | ᠶᠢᠨ ᠤᠰᠤᠨ ᠤ ᠡᠬᠢ ᠪᠠᠶᠠᠯᠢᠭ ᠬᠦᠨᠳᠦ ᠨᠤᠴᠢᠲᠠᠢ ᠲᠤᠳᠠᠭᠳᠠᠵᠤ ᠪᠠᠶᠢᠬᠤ ᠪᠠᠶᠢᠳᠠᠯ ᠳᠤ ᠴᠢᠭᠯᠡᠬᠦᠯᠦᠨ᠂ ᠭᠤᠴᠢᠨ | ᠳᠤᠯᠤᠳᠤᠭᠠᠷ ᠵᠦᠢᠯ ᠳᠤ ᠲᠠᠷᠢᠶᠠᠯᠠᠩ ᠮᠠᠯ ᠠᠵᠤ ᠠᠬᠤᠢ ᠶᠢᠨ ᠲᠦᠷᠦᠯ ᠵᠦᠢᠯ ᠳᠤ ᠤᠰᠤ ᠠᠷᠪᠢᠯᠠᠨ ᠤᠰᠤᠯᠠᠬᠤ ᠶᠢ | ᠳᠡᠯᠭᠡᠷᠡᠬᠦᠯᠵᠦ᠂ ᠤᠳᠠᠭᠠᠨ ᠤᠰᠤᠯᠠᠬᠤ ᠵᠡᠷᠭᠡ ᠤᠰᠤ ᠬᠤᠷᠤᠭᠳᠠᠭᠤᠯᠵᠤ ᠤᠰᠤᠯᠠᠬᠤ ᠠᠷᠭ᠎ᠠ ᠮᠠᠶ᠋ᠢᠭ ᠠᠪᠬᠤ ᠶᠢ | ᠴᠠᠭᠠᠵᠠᠯᠠᠬᠤ ᠶᠢ ᠲᠤᠳᠤᠷᠬᠠᠢ ᠲᠤᠭᠳᠠᠭᠠᠪᠠ᠃ ᠤᠰᠤ ᠠᠷᠪᠢᠯᠠᠨ ᠬᠡᠷᠡᠭᠯᠡᠵᠦ᠂ ᠤᠰᠤ ᠠᠷᠪᠢᠯᠠᠨ ᠬᠡᠷᠡᠭᠯᠡᠬᠦ ᠤᠬᠠᠮᠰᠠᠷ | ᠢ ᠳᠡᠭᠡᠭᠰᠢᠯᠡᠬᠦᠯᠬᠦ ᠶᠢᠨ ᠲᠤᠰᠠᠲᠠ᠂ ᠲᠦᠴᠢᠨ ᠭᠤᠷᠪᠠᠳᠤᠭᠠᠷ ᠵᠦᠢᠯ ᠳᠤ ᠬᠠᠤᠯᠢ ᠶᠤᠰᠤᠭᠠᠷ ᠤᠰᠤ ᠠᠪᠬᠤ ᠡᠷᠭᠡ | ᠶᠢ ᠤᠯᠤᠭᠰᠠᠨ ᠨᠢᠭᠡᠴᠢ ᠪᠤᠶᠤ ᠬᠤᠪᠢ ᠬᠦᠮᠦᠨ ᠠᠵᠤ ᠦᠢᠯᠡᠰ᠂ ᠪᠦᠲᠦᠭᠡᠭᠳᠡᠬᠦᠨ ᠤ ᠪᠦᠲᠦᠴᠡ ᠶᠢ ᠲᠤᠬᠢᠷᠠᠭᠤᠯᠬᠤ | ᠪᠠ ᠤᠷᠠᠨ ᠲᠠᠷᠬ᠎ᠠ ᠶᠢ ᠦᠬᠡᠷᠡᠴᠢᠯᠡᠬᠦ ᠵᠡᠷᠭᠡ ᠤᠰᠤ ᠠᠷᠪᠢᠯᠠᠬᠤ ᠠᠷᠭ᠎ᠠ ᠪᠠᠷᠢᠯ ᠢᠶᠠᠷ ᠤᠰᠤᠨ ᠤ ᠡᠬᠢ ᠪᠠᠶᠠᠯᠢᠭ ᠢ | ᠠᠷᠪᠢᠯᠠᠬᠤ ᠮᠦᠷᠲᠡᠭᠡᠨ ᠬᠠᠤᠯᠢ ᠶᠤᠰᠤᠭᠠᠷ ᠤᠰᠤᠨ ᠤ ᠬᠡᠷᠡᠭᠯᠡᠭᠡᠨ ᠤ ᠡᠷᠬᠡ ᠶᠢ ᠦᠨ᠎ᠡ ᠲᠦᠯᠦᠪᠦᠷᠢ ᠦᠭᠡᠢ ᠪᠠᠷ | ᠰᠢᠯᠵᠢᠬᠦᠯᠬᠦ ᠶᠢ ᠵᠠᠰᠠᠭ ᠤᠨ ᠤᠷᠳᠤᠨ ᠠᠴᠠ ᠵᠤᠷᠢᠭᠵᠢᠭᠤᠯᠬᠤ ᠶᠢ ᠲᠤᠭᠳᠠᠭᠠᠪᠠ᠃ | ︵ᠵᠢᠷᠭᠤᠭ᠎ᠠ︶ ᠬᠢᠨᠠᠯᠲᠠ ᠪᠠ ᠪᠠᠶᠢᠴᠠᠭᠠᠯᠲᠠ ᠶᠢᠨ ᠲᠤᠬᠠᠢ | ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠵᠢᠴᠢ ᠬᠤᠯᠪᠤᠭᠳᠠᠯ ᠪᠦᠬᠦᠢ | ᠰᠠᠯᠠᠭ᠎ᠠ ᠮᠦᠴᠢᠷ ᠤᠨ ᠡᠬᠦᠷᠭᠡ ᠬᠠᠷᠢᠭᠤᠴᠠᠯᠭ᠎ᠠ ᠶᠢ ᠲᠤᠭᠳᠠᠭᠠᠪᠠ᠃ ᠲᠦᠴᠢᠨ ᠲᠠᠪᠤᠳᠤᠭᠠᠷ ᠵᠦᠢᠯ ᠳᠤ ᠪᠠᠰᠠ | ᠬᠤᠲᠠ᠂ ᠬᠤᠰᠢᠭᠤ ᠰᠢᠶᠠᠨ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠨᠢ ᠲᠦᠷᠢᠮ ᠤᠨ ᠬᠠᠮᠢᠶ᠎ᠠ ᠪᠦᠬᠦᠢ ᠲᠤᠭᠳᠠᠭᠠᠯ ᠢ ᠵᠦᠷᠢᠴᠡᠭᠰᠡᠨ ᠠᠷᠠᠳ ᠤᠨ ᠵᠠᠰᠠᠭ ᠤᠨ ᠤᠷᠳᠤᠨ ᠵᠢᠴᠢ | ᠲᠡᠬᠦᠨ ᠤ ᠪᠦᠷᠢᠯᠳᠦᠬᠦᠨ ᠰᠠᠯᠠᠭ᠎ᠠ ᠮᠦᠴᠢᠷ᠂ ᠪᠦᠷᠢᠯᠳᠦᠬᠦᠨ ᠬᠦᠮᠦᠰ ᠲᠤ ᠯᠠᠪᠯᠠᠨ ᠠᠰᠠᠭᠤᠯᠲᠠ᠂ ᠤᠨᠴᠠ ᠨᠢᠭᠡᠨ | ᠠᠰᠠᠭᠤᠳᠠᠯ ᠤᠨ ᠪᠠᠶᠢᠴᠠᠭᠠᠯᠲᠠ ᠪᠤᠶᠤ ᠲᠤᠯᠭᠠᠨ ᠠᠰᠠᠭᠤᠯᠲᠠ᠂ ᠲᠤᠰᠢᠶᠠᠯ ᠤᠨ ᠤᠭᠴᠠᠷᠠᠭᠤᠯᠤᠯᠲᠠ ᠵᠡᠷᠭᠡ ᠬᠢᠨᠠᠯᠲᠠ | ᠶᠢᠨ ᠶᠠᠪᠤᠴᠠ ᠶᠢ ᠬᠠᠤᠯᠢ ᠶᠤᠰᠤᠭᠠᠷ ᠬᠦᠳᠡᠯᠭᠡᠵᠦ ᠪᠤᠯᠤᠨ᠎ᠠ ᠬᠡᠵᠦ ᠤᠨᠴᠠᠭᠠᠶᠢᠯᠠᠨ ᠲᠤᠭᠳᠠᠭᠠᠪᠠ᠃ | ︵ᠳᠤᠯᠤᠭ᠎ᠠ︶ ᠬᠠᠤᠯᠢ ᠴᠠᠭᠠᠴᠠ ᠶᠢᠨ ᠬᠠᠷᠢᠭᠤᠴᠠᠯᠭ᠎ᠠ ᠶᠢᠨ ᠲᠤᠬᠠᠢ | ᠬᠠᠤᠯᠢ ᠴᠠᠭᠠᠵᠠ ᠶᠢᠨ ᠬᠠᠷᠢᠭᠤᠴᠠᠯᠭ᠎ᠠ ᠳᠤ᠂ ︽ᠲᠤᠰ ᠲᠦᠷᠢᠮ ᠢ ᠵᠦᠷᠢᠴᠡᠭᠰᠡᠨ ᠬᠠᠮᠢᠶ᠎ᠠ ᠪᠦᠬᠦᠢ | ᠠᠵᠢᠯᠯᠠᠭ᠎ᠠ ᠶᠢ ᠬᠠᠤᠯᠢ ᠴᠠᠭᠠᠵᠠ ᠬᠠᠤᠯᠢ ᠲᠤᠭᠳᠠᠭᠠᠯ ᠳᠤ ᠪᠤᠳᠠᠳᠠᠢ ᠰᠢᠳᠭᠡᠨ ᠲᠤᠷᠭᠠᠬᠤ ᠪᠠᠷ ᠲᠤᠭᠳᠠᠭᠠᠰᠠᠨ | ᠪᠠᠶᠢᠪᠠᠯ᠂ ᠲᠡᠷᠡ ᠲᠤᠭᠳᠠᠭᠠᠯ ᠢ ᠳᠠᠭᠠᠨ᠎ᠠ︾ ᠭᠡᠰᠡᠨ ᠨᠢᠭᠡ ᠵᠦᠢᠯ ᠢ ᠭᠠᠷᠭᠠᠵᠤ᠂ ᠳᠡᠭᠡᠳᠦ ᠪᠠᠶᠢᠷᠢ ᠶᠢᠨ ᠬᠠᠤᠯᠢ ᠳᠤ | ᠨᠢᠭᠡᠨᠳᠡ ᠲᠤᠬᠢᠷᠠᠮᠵᠢᠲᠠᠢ ᠲᠤᠭᠳᠠᠭᠠᠯ ᠲᠠᠢ ᠪᠤᠯᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠤᠷᠰᠢᠨ ᠦᠬᠦᠯᠡᠬᠦ | ᠠᠰᠠᠭᠤᠳᠠᠯ ᠢ ᠰᠢᠢᠳᠪᠦᠷᠢᠯᠡᠪᠡ᠃ ᠡᠬᠦᠨ ᠤ ᠳᠠᠭᠠᠤ᠂ ᠤᠯᠠᠭᠠᠨᠴᠠᠪ ᠬᠤᠲᠠ ᠶᠢᠨ ᠪᠤᠳᠠᠳᠤ ᠠᠰᠠᠭᠤᠳᠠᠯ ᠢ | ᠦᠨᠳᠦᠰᠦᠯᠡᠵᠦ᠂ ᠳᠡᠭᠡᠳᠦ ᠪᠠᠶᠢᠷᠢ ᠶᠢᠨ ᠬᠠᠤᠯᠢ ᠶᠢᠨ ᠲᠤᠭᠳᠠᠭᠠᠭᠰᠠᠨ ᠰᠢᠢᠳᠭᠡᠨ ᠲᠤᠷᠭᠠᠬᠤ ᠬᠡᠮᠵᠢᠶᠡᠨ ᠳᠤᠳᠤᠷ᠎ᠠ᠂ | ᠬᠡᠰᠡᠭ ᠠᠵᠢᠯᠯᠠᠭ᠎ᠠ ᠶᠢ ᠰᠢᠢᠳᠭᠡᠨ ᠲᠤᠷᠭᠠᠬᠤ ᠡᠷᠴᠢᠮ ᠢ ᠴᠢᠩᠭᠠᠷᠠᠭᠤᠯᠪᠠ᠃ | ᠳᠡᠭᠡᠷᠡᠬᠢ ᠳᠤᠳᠤᠷᠬᠠᠶᠢᠯᠠᠯᠲᠠ ᠶᠢ ᠲᠦᠷᠢᠮ ᠲᠠᠢ ᠬᠠᠮᠲᠤ ᠳᠤ ᠨᠢ ᠬᠢᠨᠠᠨ ᠪᠠᠶᠢᠴᠠᠭᠠᠬᠤ ᠪᠤᠯᠪᠠᠤ︕ | | | ︽ᠤᠯᠠᠭᠠᠨᠴᠠᠪ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ | ᠲᠦᠷᠢᠮ ︵ᠲᠦᠰᠦᠯ︶︾ ᠢ ᠬᠢᠨᠠᠨ ᠵᠦᠪᠯᠡᠭᠰᠡᠨ ᠪᠠᠶᠢᠳᠠᠯ ᠤᠨ ᠲᠤᠬᠠᠢ ᠮᠡᠳᠡᠬᠦᠯᠦᠯᠲᠡ | 2016 ᠤᠨ ᠤ 12 ᠰᠠᠷ᠎ᠠ ᠶᠢᠨ 28 ᠤ ᠡᠳᠦᠷ ᠤᠯᠠᠭᠠᠨᠴᠠᠪ ᠬᠤᠲᠠ ᠶᠢᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ | ᠤ ᠬᠤᠷᠢᠨ ᠨᠠᠢᠮᠠᠳᠤᠭᠠᠷ ᠤᠳᠠᠭᠠᠨ ᠤ ᠬᠤᠷᠠᠯ ᠤᠨ ᠡᠷᠬᠢᠯᠡᠭᠴᠢᠳ ᠤᠨ ᠬᠤᠷᠠᠯᠳᠤᠭᠠᠨ ᠳᠡᠭᠡᠷ᠎ᠡ ᠤᠯᠠᠭᠠᠨᠴᠠᠪ ᠬᠤᠲᠠ | ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨᠬᠠᠤᠯᠢ ᠲᠦᠷᠢᠮ ᠤᠨ ᠵᠦᠪᠯᠡᠯ ᠤᠨ ᠡᠷᠬᠢᠯᠡᠭᠴᠢ | ᠬᠡᠰᠢᠬᠦᠨ ᠸᠠᠩ ᠽᠧᠩ ᠴᠢᠶᠠᠩ | ᠡᠷᠬᠢᠯᠡᠭᠴᠢᠳ ᠶᠢᠨ ᠬᠤᠷᠠᠯ᠄ | ᠬᠤᠲᠠ ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠤᠷᠢᠨ ᠨᠠᠢᠮᠠᠳᠤᠭᠠᠷ ᠤᠳᠠᠭᠠᠨ ᠤ ᠬᠤᠷᠠᠯ 2016 ᠤᠨ ᠤ 12 ᠰᠠᠷ᠎ᠠ ᠶᠢᠨ 27 ᠤ | ᠡᠳᠦᠷ ᠤᠨ ᠦᠳᠡ ᠶᠢᠨ ᠬᠤᠶᠢᠨ᠎ᠠ ᠪᠠ 28 ᠤ ᠡᠳᠦᠷ ᠤᠨ ᠦᠳᠡ ᠶᠢᠨ ᠡᠮᠦᠨ᠎ᠡ ᠶᠠᠪᠤᠭᠳᠠᠵᠤ᠂ ︽ᠤᠯᠠᠭᠠᠨᠴᠠᠪ | ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠦᠷᠢᠮ ︵ᠲᠦᠰᠦᠯ︶︾ ᠤᠨ ᠵᠠᠰᠠᠪᠤᠷᠢ | ᠤᠷᠤᠭᠤᠯᠤᠭᠰᠠᠨ ᠨᠤᠤᠷᠠᠭ ᠢ ᠳᠤᠭᠤᠶᠢᠯᠠᠩ ᠬᠤᠪᠢᠶᠠᠨ ᠬᠢᠨᠠᠨ ᠵᠦᠪᠯᠡᠪᠡ᠂ ᠪᠠᠶᠢᠩᠭᠤ ᠶᠢᠨ ᠬᠤᠷᠢᠶᠠᠨ ᠤ | ᠪᠦᠷᠢᠯᠳᠦᠬᠦᠨ ᠭᠡᠰᠢᠬᠦᠳ ᠤᠨ ᠦᠵᠡᠬᠦ ᠪᠠᠷ᠂ ᠮᠠᠨ ᠤ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠤ ᠶᠠᠰᠤ ᠴᠢᠨᠠᠷ ᠤᠨ ᠤᠷᠴᠢᠨ ᠠᠬᠤᠢ ᠶᠢ ᠰᠠᠶᠢᠵᠢᠷᠠᠭᠤᠯᠵᠤ᠂ ᠠᠮᠢ | ᠠᠬᠤᠢ ᠪᠠᠷ ᠤᠰᠤ ᠬᠡᠷᠡᠭᠯᠡᠬᠦ ᠶᠢ ᠦᠨᠡᠨᠬᠦ ᠪᠠᠲᠤᠯᠠᠵᠤ᠂ ᠬᠤᠲᠠ ᠶᠢᠨ ᠲᠦᠷᠢ ᠲᠦᠷᠬᠦ ᠪᠠᠨ ᠰᠠᠶᠢᠵᠢᠷᠠᠭᠤᠯᠤᠨ᠂ | ᠤᠰᠤᠨ ᠤ ᠡᠬᠢ ᠪᠠᠶᠠᠯᠢᠭ ᠤᠨ ᠦᠷᠬᠦᠯᠵᠢᠯᠡᠬᠦᠶᠢᠴᠡ ᠠᠰᠢᠭᠯᠠᠯᠲᠠ ᠶᠢ ᠪᠡᠶᠡᠯᠡᠬᠦᠯᠬᠦ ᠶᠢᠨ ᠲᠤᠰᠠᠳᠠ᠂ ᠲᠦᠷᠢᠮ | ᠲᠤᠭᠳᠠᠭᠠᠯᠲᠠ ᠨᠢ ᠲᠤᠩ ᠴᠢᠬᠤᠯᠠ ᠲᠠᠢ ᠶᠤᠮ ᠭᠡᠵᠡᠢ᠃ ᠡᠬᠦᠨ ᠤ ᠬᠠᠮᠲᠤ᠂ ᠪᠦᠷᠢᠯᠳᠦᠬᠦᠨ ᠭᠡᠰᠢᠬᠦᠳ ᠵᠠᠰᠠᠪᠤᠷᠢ | ᠤᠷᠤᠭᠤᠯᠬᠤ ᠵᠠᠷᠢᠮ ᠰᠠᠨᠠᠯ ᠳᠤᠷᠠᠳᠤᠪᠠ᠃ ᠳᠤᠭᠤᠶᠢᠯᠠᠩ ᠬᠤᠪᠢᠶᠠᠵᠤ ᠶᠠᠷᠢᠯᠴᠠᠭᠰᠠᠨ ᠤ ᠳᠠᠷᠠᠭ᠎ᠠ᠂ ᠬᠤᠲᠠ ᠶᠢᠨ | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠦᠪᠯᠡᠯ ᠪᠦᠬᠦᠳᠡ ᠬᠤᠷᠠᠯ | ᠬᠤᠷᠠᠯᠳᠤᠭᠤᠯᠵᠤ᠂ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠠᠤᠯᠢ ᠲᠦᠷᠢᠮ ᠤᠨ ᠠᠵᠢᠯ ᠤᠨ ᠵᠦᠪᠯᠡᠯ ᠤᠨ | ᠬᠢᠨᠠᠨ ᠪᠠᠶᠢᠴᠠᠭᠠᠭᠰᠠᠨ ᠰᠠᠨᠠᠯ ᠢ ᠦᠨᠳᠦᠰᠦᠯᠡᠨ᠂ ︽ᠲᠦᠷᠢᠮ ︵ᠲᠦᠰᠦᠯ︶︾ ᠢ ᠨᠢᠭᠡᠳᠦᠯᠲᠡᠢ ᠬᠢᠨᠠᠨ ᠵᠦᠪᠯᠡᠪᠡ᠃ | ᠪᠠᠶᠢᠩᠭᠤ ᠶᠢᠨ ᠬᠤᠷᠢᠶᠠᠨ ᠤ ᠬᠠᠤᠯᠢ ᠲᠦᠷᠢᠮ ᠤᠨ ᠠᠵᠢᠯ ᠤᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠶᠢᠨ | ᠠᠵᠢᠯ ᠤᠨ ᠵᠦᠪᠯᠡᠯ ᠪᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠠᠤᠯᠢ ᠲᠦᠷᠢᠮ ᠤᠨ ᠠᠯᠪᠠᠨ ᠭᠡᠷ᠂ | ᠬᠤᠲᠠ ᠶᠢᠨ ᠤᠰᠤᠨ ᠠᠰᠢᠭᠯᠠᠯᠲᠠ ᠶᠢᠨ ᠲᠤᠪᠴᠢᠶᠠᠨ ᠤ ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ | ᠤᠷᠤᠯᠴᠠᠪᠠ᠃ ᠪᠢ ᠬᠠᠤᠯᠢ ᠲᠦᠷᠢᠮ ᠤᠨ ᠵᠦᠪᠯᠡᠯ ᠤᠨ ᠨᠠᠶᠢᠳᠠᠯᠭ᠎ᠠ ᠪᠠᠷ᠂ ᠡᠳᠦᠭᠡ ᠬᠢᠨᠠᠨ ᠵᠦᠪᠯᠡᠵᠦ ᠵᠠᠰᠠᠪᠤᠷᠢ | ᠤᠷᠤᠭᠤᠯᠤᠭᠰᠠᠨ ᠪᠠᠶᠢᠳᠠᠯ ᠢ ᠳᠤᠤᠷᠠᠬᠢ ᠮᠡᠲᠦ ᠮᠡᠳᠡᠬᠦᠯᠦᠶ᠎ᠡ᠄ | ᠨᠢᠭᠡ᠂ ︽ᠲᠦᠷᠢᠮ ︵ᠲᠦᠰᠦᠯ︶︾ ᠤᠨ ᠲᠦᠷᠪᠡᠳᠦᠭᠡᠷ ᠵᠦᠢᠯ ᠤᠨ ᠬᠤᠶᠠᠳᠤᠭᠠᠷ ᠵᠤᠷᠪᠤᠰ ᠪᠠ ᠬᠤᠷᠢᠨ | ᠬᠤᠶᠠᠳᠤᠭᠠᠷ ᠵᠦᠢᠯ ᠤᠨ ︽ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ︾ ᠶᠢ ︽ | ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ︾ ᠭᠡᠵᠦ ᠵᠠᠰᠠᠪᠤᠷᠢ ᠤᠷᠤᠭᠤᠯᠪᠠ᠃ | ᠬᠤᠶᠠᠷ᠂ ︽ᠲᠦᠷᠢᠮ ︵ᠲᠦᠰᠦᠯ︶︾ ᠳᠠᠬᠢ ︽ᠬᠤᠲᠠ᠂ ᠬᠤᠰᠢᠭᠤ ᠰᠢᠶᠠᠨ ᠤ ᠱᠠᠲᠤᠨ ᠤ ᠤᠰᠤᠨ ᠤ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ︾ ᠲᠠᠢ ᠬᠤᠯᠪᠤᠭᠳᠠᠭᠰᠠᠨ ᠢ᠂ ᠡᠷᠭᠡ ᠶᠢᠨ ᠬᠢᠵᠠᠭᠠᠷ | ᠤᠨ ᠬᠤᠪᠢᠶᠠᠷᠢᠯᠠᠯᠲᠠ ᠶᠢ ᠦᠨᠳᠦᠰᠦᠯᠡᠨ᠂ ︽ᠬᠤᠲᠠ︾ ᠪᠤᠶᠤ ︽ᠬᠤᠰᠢᠭᠤ ᠰᠢᠶᠠᠨ ᠤ ᠱᠠᠲᠤ︾ ᠭᠡᠵᠦ | ᠵᠠᠰᠠᠪᠤᠷᠢ ᠤᠷᠤᠭᠤᠯᠤᠨ ᠲᠤᠰᠪᠤᠷᠢ ᠲᠤᠭᠠᠴᠢᠪᠠ᠂ ᠵᠢᠱᠢᠶᠡᠯᠡᠪᠡᠯ ᠬᠤᠲᠠ ᠪᠠ ᠬᠤᠰᠢᠭᠤ ᠰᠢᠶᠠᠨ ᠴᠦᠮ ᠵᠠᠬᠢᠷᠤᠨ | ᠬᠠᠮᠢᠶᠠᠷᠬᠤ ᠡᠷᠭᠡ ᠲᠠᠢ ᠪᠣᠯ᠂ ︽ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ︾ ᠭᠡᠬᠦ | ᠲᠤᠭᠠᠴᠢᠯᠲᠠ ᠪᠤᠯᠭᠠᠨ ᠵᠠᠰᠠᠪᠤᠷᠢ ᠤᠷᠤᠭᠤᠯᠪᠠ᠃ | ᠭᠤᠷᠪᠠ᠂ ᠠᠷᠪᠠ ᠶᠢᠰᠦᠳᠦᠭᠡᠷ ᠵᠦᠢᠯ ᠪᠠ ᠬᠤᠷᠢᠳᠤᠭᠠᠷ ᠵᠦᠢᠯ ᠤᠨ ︽ᠤᠰᠤᠨ ᠤ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ︾ ᠢ ︽ᠬᠤᠲᠠ ᠶᠢᠨ ᠤᠰᠤᠨ ᠤ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ︾ ᠭᠡᠵᠦ ᠨᠢᠭᠡᠲᠦᠯᠲᠡᠢ ᠵᠠᠰᠠᠪᠤᠷᠢ ᠤᠷᠤᠭᠤᠯᠪᠠ᠃ | ᠲᠦᠷᠪᠡ᠂ ᠬᠤᠷᠢᠨ ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ︽ᠬᠤᠯᠪᠤᠭᠳᠠᠯ ᠪᠦᠬᠦᠢ ᠪᠠᠷᠢᠮᠵᠢᠶ᠎ᠠ | ᠶᠢ ᠦᠨᠳᠦᠰᠦᠯᠡᠨ ᠪᠤᠬᠢᠷᠳᠤᠯ ᠭᠠᠳᠠᠭᠰᠢᠯᠠᠭᠤᠯᠬᠤ ᠠᠮᠠᠰᠠᠷ ᠭᠠᠷᠭᠠᠬᠤ ᠨᠤᠲᠠᠯᠠᠯᠲᠠ ᠬᠢᠬᠦ ᠵᠤᠬᠢᠰᠲᠠᠢ︾ ᠭᠡᠰᠡᠨ ᠢ ︽ | ᠬᠤᠯᠪᠤᠭᠳᠠᠯ ᠪᠦᠬᠦᠢ ᠪᠠᠷᠢᠮᠵᠢᠶ᠎ᠠ ᠶᠢ ᠦᠨᠳᠦᠰᠦᠯᠡᠨ ᠨᠤᠲᠠᠯᠠᠯᠲᠠ ᠬᠢᠬᠦ ᠵᠤᠬᠢᠰᠲᠠᠢ︾ ᠭᠡᠵᠦ ᠵᠠᠰᠠᠪᠤᠷᠢ ᠤᠷᠤᠭᠤᠯᠪᠠ᠃ | | ᠬᠤᠷᠢᠨ ᠨᠢᠭᠡᠳᠦᠭᠡᠷ ᠵᠦᠢᠯ ᠤᠨ ᠬᠤᠶᠠᠳᠤᠭᠠᠷ ᠵᠤᠷᠪᠤᠰ ᠤᠨ ︽ᠤᠰᠤᠨ ᠤ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠲᠤᠰ ᠬᠤᠲᠠ ᠶᠢᠨ ᠭᠤᠤᠯ ᠳᠤ ᠤᠷᠤᠭᠤᠯᠤᠨ ᠪᠤᠬᠢᠷᠳᠤᠯ ᠭᠠᠳᠠᠭᠰᠢᠯᠠᠭᠤᠯᠬᠤ | ᠠᠮᠠᠰᠠᠷ ᠤᠨ ᠪᠠᠶᠢᠭᠤᠯᠤᠯᠲᠠ ᠪᠠ ᠡᠳᠦᠷ ᠳᠤᠳᠤᠮ ᠤᠨ ᠬᠢᠨᠠᠨ ᠪᠠᠶᠢᠴᠠᠭᠠᠯᠲᠠ ᠶᠢ ᠬᠠᠷᠢᠭᠤᠴᠠᠨ᠎ᠠ︾ ᠭᠡᠰᠡᠨ ᠢ ︽ | ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠰ ᠵᠠᠰᠠᠭ ᠵᠠᠬᠢᠷᠭᠠᠨ ᠤ ᠤᠷᠤᠨ | ᠤ ᠭᠤᠤᠯ ᠳᠤ ᠤᠷᠤᠭᠤᠯᠤᠨ ᠪᠤᠬᠢᠷᠳᠤᠯ ᠭᠠᠳᠠᠭᠰᠢᠯᠠᠭᠤᠯᠬᠤ ᠠᠮᠠᠰᠠᠷ ᠤᠨ ᠪᠠᠶᠢᠭᠤᠯᠤᠯᠲᠠ ᠪᠠ ᠡᠳᠦᠷ ᠳᠤᠳᠤᠮ ᠤᠨ | ᠬᠢᠨᠠᠨ ᠪᠠᠶᠢᠴᠠᠭᠠᠯᠲᠠ ᠶᠢ ᠬᠠᠷᠢᠭᠤᠴᠠᠨ᠎ᠠ︾ ᠭᠡᠵᠦ ᠵᠠᠰᠠᠪᠤᠷᠢ ᠤᠷᠤᠭᠤᠯᠤᠭᠰᠠᠨ ᠮᠦᠷᠲᠡᠭᠡᠨ ᠲᠤᠰ ᠠᠭᠤᠯᠭ᠎ᠠ ᠶᠢ | ᠲᠦᠴᠢᠨ ᠲᠦᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ︵ᠲᠦᠷᠪᠡᠳᠦᠭᠡᠷ︶ ᠪᠠᠳᠠᠭ ᠪᠤᠯᠭᠠᠪᠠ᠃ | ᠲᠠᠪᠤ᠂ ᠬᠤᠷᠢᠨ ᠬᠤᠶᠠᠳᠤᠭᠠᠷ ᠵᠦᠢᠯ ᠤᠨ ︽ᠤᠤᠭᠤᠬᠤ ᠤᠰᠤᠨ ᠤ ᠤᠰᠤᠨ ᠤ ᠰᠤᠷᠪᠤᠯᠵᠢ ᠶᠢᠨ ᠭᠠᠵᠠᠷ | ᠤᠨ ᠤᠰᠤᠨ ᠤ ᠶᠠᠰᠤ ᠴᠢᠨᠠᠷ ᠲᠤ ᠬᠢᠨᠠᠨ ᠬᠡᠮᠵᠢᠯᠲᠡ ᠬᠢᠨ᠎ᠡ︾ ᠭᠡᠰᠡᠨ ᠢ ︽ᠲᠤᠰ ᠵᠠᠰᠠᠭ ᠵᠠᠬᠢᠷᠭᠠᠨ ᠤ ᠤᠷᠤᠨ ᠤ | ᠭᠠᠵᠠᠷ ᠳᠡᠭᠡᠷᠡᠬᠢ ᠤᠰᠤ ᠪᠠ ᠭᠠᠵᠠᠷ ᠳᠤᠤᠷᠠᠬᠢ ᠤᠰᠤᠨ ᠳᠤ ᠬᠢᠨᠠᠨ ᠬᠡᠮᠵᠢᠯᠲᠡ ᠬᠢᠨ᠎ᠡ︾ ᠭᠡᠵᠦ ᠵᠠᠰᠠᠪᠤᠷᠢ | ᠤᠷᠤᠭᠤᠯᠤᠨ᠂ ︽ᠲᠦᠭᠡᠭᠡᠯ ᠤᠰᠤ ᠪᠠᠷ ᠰᠢᠭᠤᠳ ᠬᠠᠩᠭᠠᠨ᠎ᠠ︾ ᠭᠡᠰᠡᠨ ᠢ ᠬᠠᠰᠤᠵᠤ ᠭᠠᠷᠭᠠᠪᠠ᠃ | ᠵᠢᠷᠭᠤᠭ᠎ᠠ᠂ ᠬᠤᠷᠢᠨ ᠲᠠᠪᠤᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ︽ᠡᠷᠬᠡᠪᠰᠢ︾ ᠭᠡᠰᠡᠨ ᠢ ︽ | ᠬᠡᠷᠡᠭᠲᠡᠢ︾ ᠭᠡᠵᠦ ᠵᠠᠰᠠᠪᠤᠷᠢ ᠤᠷᠤᠭᠤᠯᠪᠠ᠃ | ᠲᠤᠯᠤᠭ᠎ᠠ᠂ ᠭᠤᠴᠢᠨ ᠭᠤᠷᠪᠠᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ︽ᠦᠪᠡᠷᠲᠡᠭᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ ᠦᠨ᠎ᠡ ᠬᠠᠩᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ | ︾ ᠭᠡᠰᠡᠨ ᠠᠭᠤᠯᠭ᠎ᠠ ᠶᠢ ᠬᠠᠰᠤᠵᠤ ᠭᠠᠷᠭᠠᠪᠠ᠃ | ᠨᠠᠢᠮᠠ᠂ ᠲᠦᠴᠢᠨ ᠲᠠᠪᠤᠳᠤᠭᠠᠷ ᠵᠦᠢᠯ ᠤᠨ ᠲᠠᠪᠤᠳᠤᠭᠠᠷ ᠵᠤᠷᠪᠤᠰ ᠤᠨ ︽ᠲᠤᠰ ᠲᠦᠷᠢᠮ ᠤᠨ ᠲᠤᠭᠳᠠᠭᠠᠯ | ᠢ ᠵᠦᠷᠢᠴᠡᠭᠰᠡᠨ︾ ᠢ ᠬᠠᠰᠤᠵᠤ ᠭᠠᠷᠭᠠᠪᠠ᠃ | ᠬᠠᠤᠯᠢ ᠲᠦᠷᠢᠮ ᠤᠨ ᠵᠦᠪᠯᠡᠯ ᠨᠢᠭᠡᠨᠲᠡ ᠳᠡᠭᠡᠷᠡᠬᠢ ᠰᠠᠨᠠᠯ ᠶᠤᠰᠤᠭᠠᠷ᠂ ︽ᠲᠦᠷᠢᠮ ︵ᠲᠦᠰᠦᠯ︶︾ ᠳᠤ ᠵᠠᠰᠠᠪᠤᠷᠢ | ᠤᠷᠤᠭᠤᠯᠤᠨ ᠪᠦᠷᠢᠨᠰᠢᠬᠦᠯᠦᠭᠰᠡᠨ ᠮᠦᠷᠲᠡᠭᠡᠨ ᠪᠠᠲᠤᠯᠠᠬᠤ ᠨᠤᠤᠷᠠᠭ ᠪᠤᠯᠭᠠᠵᠤ᠂ ᠲᠤᠰ ᠤᠳᠠᠭᠠᠨ ᠤ ᠪᠠᠶᠢᠩᠭᠤ ᠶᠢᠨ | ᠬᠤᠷᠢᠶᠠᠨ ᠤ ᠪᠦᠭᠦᠳᠡ ᠬᠤᠷᠠᠯ ᠳᠤ ᠳᠤᠷᠠᠳᠤᠨ ᠳᠡᠪᠰᠢᠬᠦᠯᠵᠦ ᠪᠠᠲᠤᠯᠠᠭᠤᠯᠬᠤ ᠶᠢ ᠡᠷᠬᠢᠯᠡᠭᠴᠢᠳ ᠤᠨ ᠬᠤᠷᠠᠯ ᠳᠤ | ᠰᠠᠨᠠᠭᠤᠯᠪᠠ᠃ | ᠳᠡᠭᠡᠷᠡᠬᠢ ᠬᠢᠨᠠᠨ ᠵᠦᠪᠯᠡᠭᠰᠡᠨ ᠪᠠᠶᠢᠳᠠᠯ ᠤᠨ ᠮᠡᠳᠡᠬᠦᠯᠦᠯᠲᠡ ᠪᠠ ︽ᠲᠦᠷᠢᠮ ︵ᠲᠦᠰᠦᠯ︶︾ ᠤᠨ | ᠪᠠᠲᠤᠯᠠᠬᠤ ᠨᠤᠤᠷᠠᠭ ᠢ ᠬᠠᠮᠲᠤ ᠳᠤ ᠨᠢ ᠬᠢᠨᠠᠨ ᠵᠦᠪᠯᠡᠬᠦ ᠪᠤᠯᠪᠠᠤ᠃ |