ᠨᠢᠭᠡᠳᠦᠭᠡᠷ ᠪᠦᠯᠦᠭ ᠶᠡᠷᠥᠩᠭᠡᠢ ᠲᠦᠷᠢᠮ | ᠨᠢᠭᠡᠳᠦᠭᠡᠷ ᠵᠦᠢᠯ ᠴᠢᠳᠠᠪᠤᠷᠢᠲᠠᠨ ᠤ ᠰᠢᠨ᠎ᠡ ᠶᠢ ᠡᠭᠦᠳᠦᠨ ᠦᠢᠯᠡᠰ ᠪᠤᠰᠬᠠᠬᠤ ᠤᠷᠴᠢᠨ ᠲᠤᠭᠤᠷᠢᠨ ᠢ ᠨᠡᠩ | ᠨᠡᠬᠡᠬᠡᠯᠲᠠ ᠲᠠᠢ᠂ ᠨᠡᠩ ᠠᠮᠢᠳᠤᠯᠢᠭ᠂ ᠨᠡᠩ ᠦᠷᠢᠰᠦᠯᠳᠤᠬᠦ ᠬᠦᠴᠦᠨ ᠲᠠᠢ ᠪᠤᠯᠭᠠᠵᠤ᠂ ᠰᠢᠨ᠎ᠡ ᠶᠢ ᠡᠭᠦᠳᠦᠨ | ᠦᠢᠯᠡᠰ ᠪᠤᠰᠬᠠᠬᠤ ᠴᠢᠳᠠᠪᠤᠷᠢᠲᠠᠨ ᠢ ᠶᠡᠭᠡᠪᠡᠷ ᠴᠤᠭᠯᠠᠷᠠᠭᠤᠯᠤᠨ᠂ ᠴᠢᠳᠠᠪᠤᠷᠢᠲᠠᠨ ᠢ ᠵᠤᠬᠢᠰᠲᠠᠢ ᠰᠢᠯᠵᠢᠭᠦᠯᠦᠨ | ᠬᠡᠷᠡᠭᠯᠡᠬᠦ ᠶᠢ ᠢᠳᠡᠪᠬᠢᠲᠠᠢ ᠠᠬᠢᠭᠤᠯᠬᠤ ᠶᠢᠨ ᠲᠦᠯᠦᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ | ᠬᠤᠷᠢᠶ᠎ᠠ ᠶᠢᠨ ᠴᠢᠳᠠᠪᠤᠷᠢᠲᠠᠨ ᠤ ᠬᠦᠭᠵᠢᠯᠲᠠ ᠶᠢᠨ ᠪᠠᠶᠢᠭᠤᠯᠤᠮᠵᠢ ᠲᠤᠭᠲᠠᠴᠠ ᠶᠢᠨ ᠦᠭᠡᠷᠡᠴᠢᠯᠡᠯᠲᠠ ᠶᠢ | ᠬᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ︾ ︵ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ | ᠬᠤᠷᠢᠶ᠎ᠠ ᠶᠢᠨ ᠠᠯᠪᠠᠨ ᠲᠢᠩᠭᠢᠮ ᠠᠴᠠ ᠲᠠᠷᠬᠠᠭᠠᠭᠰᠠᠨ ﹇2016﹈ 9 ᠳ᠋ᠤᠭᠡᠷ ᠲᠤᠭᠠᠳᠤ︶ ᠪᠠ ︽ᠦᠪᠦᠷ ᠮᠤᠩᠭᠤᠯ | ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠲᠠᠷᠤᠮᠡᠯᠯᠠᠨ ᠲᠠᠷᠬᠠᠭᠠᠭᠰᠠᠨ ︿ᠴᠢᠳᠠᠪᠤᠷᠢᠲᠠᠨ ᠤ | ᠬᠦᠭᠵᠢᠯᠲᠠ ᠶᠢᠨ ᠪᠠᠶᠢᠭᠤᠯᠤᠮᠵᠢ ᠲᠤᠭᠲᠠᠴᠠ ᠶᠢᠨ ᠦᠭᠡᠷᠡᠴᠢᠯᠡᠯᠲᠠ ᠶᠢ ᠬᠦᠨᠵᠡᠭᠡᠶᠢᠷᠡᠭᠦᠯᠬᠦ ᠲᠤᠬᠠᠢ ᠬᠡᠷᠡᠭᠵᠢᠬᠦᠯᠬᠦ | ᠰᠠᠨᠠᠯ﹀ ᠤᠨ ᠮᠡᠳᠡᠭᠳᠡᠯ︾ ︵ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠡᠮ ᠤᠨ ᠬᠤᠷᠢᠶ᠎ᠠ ᠠᠴᠠ | ᠲᠠᠷᠬᠠᠭᠠᠭᠰᠠᠨ ﹇2017﹈16 ᠳ᠋ᠤᠭᠠᠷ ᠲᠤᠭᠠᠳᠤ︶ ᠤᠨ ᠵᠤᠷᠢᠭ ᠰᠠᠨᠠᠭ᠎ᠠ ᠶᠢ ᠦᠨᠳᠦᠰᠦᠯᠡᠵᠤ᠂ ᠲᠤᠰ ᠠᠷᠭ᠎ᠠ ᠶᠢ | ᠲᠤᠭᠲᠠᠭᠠᠵᠠᠢ᠃ | ᠬᠤᠶᠠᠳᠤᠭᠠᠷ ᠵᠦᠢᠯ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ | ᠬᠤᠪᠢᠶᠠᠷᠢᠯᠠᠯ ᠤᠨ ᠲᠤᠲᠤᠷ᠎ᠡ ᠬᠠᠷᠢᠶᠠᠯᠠᠭᠳᠠᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠠ ᠶᠢᠨ ᠤᠷᠤᠭᠤᠯᠤᠨ | ᠠᠪᠴᠢᠷᠠᠬᠤ ᠴᠢᠳᠠᠪᠤᠷᠢᠳᠠᠨ᠂ ᠦᠪᠡᠷᠳᠡᠭᠡᠨ ᠵᠠᠰᠠᠬᠤ ᠣᠷᠣᠨ ᠤ ᠨᠡᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ | ᠤᠨ ᠨᠢᠭᠡᠴᠠ ᠵᠢᠴᠢ ᠰᠠᠯᠠᠭ᠎ᠠ ᠮᠦᠴᠢᠷ ᠲᠤ ᠬᠠᠷᠢᠶᠠᠯᠠᠭᠳᠠᠬᠤ ᠠᠵᠢᠯ ᠦᠢᠯᠡᠰ ᠤᠨ ᠪᠠᠶᠢᠭᠤᠯᠭ᠎ᠠ ᠨᠢᠭᠡᠴᠠ ᠶᠢᠨ | ᠴᠢᠳᠠᠪᠤᠷᠢᠲᠠᠨ ᠢ ᠰᠢᠯᠵᠢᠭᠦᠯᠦᠨ ᠬᠡᠷᠡᠭᠯᠡᠬᠦ ᠳᠤ ᠲᠤᠰ ᠠᠷᠭ᠎ᠠ ᠶᠢ ᠬᠡᠷᠡᠭᠯᠡᠨ᠎ᠡ᠃ ᠡᠯ᠎ᠡ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠤᠭᠤᠷᠢᠭ︶ ᠪᠠ ᠨᠦᠭᠦᠴᠡᠯ ᠲᠠᠢ ᠬᠦᠮᠦᠨ ᠬᠡᠷᠡᠭᠯᠡᠬᠦ ᠪᠠᠶᠢᠭᠤᠯᠭ᠎ᠠ ᠨᠢᠭᠡᠴᠡ ᠲᠤᠰ ᠠᠷᠭ᠎ᠠ ᠶᠢ | ᠬᠡᠷᠡᠭᠵᠢᠬᠦᠯᠬᠦ ᠪᠤᠶᠤ ᠲᠤᠰ ᠠᠷᠭ᠎ᠠ ᠪᠠᠷ ᠯᠠᠪᠯᠠᠯᠲᠠ ᠪᠤᠯᠭᠠᠵᠤ ᠲᠤᠬᠠᠢ ᠶᠢᠨ ᠭᠠᠵᠠᠷ ᠤᠷᠤᠨ ᠤ ᠪᠤᠳᠠᠳᠤ ᠪᠠᠶᠢᠳᠠᠯ | ᠲᠠᠢ ᠪᠠᠨ ᠤᠶᠠᠯᠳᠤᠭᠤᠯᠤᠨ ᠨᠡᠩ ᠠᠭᠤᠵᠢᠭᠤ᠂ ᠨᠡᠩ ᠬᠠᠷᠠᠭᠠᠯᠵᠠᠬᠤ ᠴᠢᠳᠠᠪᠤᠷᠢᠳᠠᠨ ᠢ ᠤᠷᠤᠭᠤᠯᠤᠨ ᠠᠪᠴᠢᠷᠠᠬᠤ | ᠲᠦᠷᠦ ᠶᠢᠨ ᠪᠤᠳᠤᠯᠭ᠎ᠠ ᠶᠢ ᠲᠤᠭᠲᠠᠭᠠᠵᠤ ᠪᠤᠯᠤᠨ᠎ᠠ᠃ | ᠭᠤᠷᠪᠠᠳᠤᠭᠠᠷ ᠵᠦᠢᠯ ᠮᠠᠨ ᠤ ᠤᠷᠤᠨ ᠤ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ᠂ ᠰᠢᠨ᠎ᠡ ᠬᠡᠯᠪᠡᠷᠢ | ᠶᠢᠨ ᠬᠢᠮᠢ ᠶᠢᠨ ᠠᠵᠤ ᠦᠢᠯᠡᠳᠪᠤᠷᠢ ᠶᠢᠨ ᠰᠠᠭᠤᠷᠢᠨ᠂ ᠪᠤᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠭᠦᠨ ᠮᠠᠯ | ᠤᠨ ᠠᠰᠢᠭ ᠰᠢᠮ᠎ᠡ ᠶᠢ ᠡᠳ᠋ᠰᠢᠭᠦᠯᠦᠨ ᠪᠤᠯᠪᠠᠰᠤᠷᠠᠭᠤᠯᠬᠤ ᠰᠠᠭᠤᠷᠢᠨ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ | ᠰᠢᠨ᠎ᠡ ᠪᠠᠷ ᠮᠠᠨᠳᠤᠵᠤ ᠪᠠᠶᠢᠭ᠎ᠠ ᠠᠵᠤ ᠦᠢᠯᠡᠰ ᠤᠨ ᠰᠠᠭᠤᠷᠢᠨ ᠪᠠ ᠤᠯᠤᠰ ᠤᠨ ᠳᠤᠲᠤᠭᠠᠳᠤ ᠭᠠᠳᠠᠭᠠᠳᠣ ᠳᠤ | ᠠᠯᠳᠠᠷᠰᠢᠯ ᠲᠠᠢ ᠵᠢᠭᠤᠯᠴᠢᠯᠠᠯ ᠤᠨ ᠬᠠᠷᠠᠯᠳᠠᠳᠤ ᠭᠠᠵᠠᠷ ᠢ ᠪᠦᠲᠦᠭᠡᠨ ᠪᠠᠶᠢᠭᠤᠯᠬᠤ ᠶᠢᠨ ᠲᠤᠭᠤᠷᠢᠨ ᠳᠤ᠂ ᠡᠨᠧᠷᠭᠢ᠂ | ᠬᠢᠮᠢ ᠶᠢᠨ ᠠᠵᠤ ᠦᠢᠯᠡᠳᠪᠤᠷᠢ᠂ ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠲᠤᠨᠤᠭᠯᠠᠯ | ᠦᠢᠯᠡᠳᠪᠤᠷᠢᠯᠡᠬᠦ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠤᠯᠪᠠᠰᠤᠷᠠᠭᠤᠯᠬᠤ | ᠵᠡᠷᠭᠡ ᠭᠤᠤᠯᠳᠠᠯᠭ᠎ᠠ ᠲᠠᠢ ᠳᠠᠪᠠᠭᠤᠯᠢᠭ ᠦᠪᠡᠷᠮᠢᠴᠠ ᠤᠨᠴᠠᠯᠢᠭ ᠲᠠᠢ ᠠᠵᠤ ᠦᠢᠯᠡᠰ ᠪᠠ ᠰᠢᠨ᠎ᠡ ᠡᠨᠧᠷᠭᠢ᠂ ᠰᠢᠨ᠎ᠡ | ᠮᠠᠲ᠋ᠧᠷᠢᠶᠠᠯ᠂ ᠡᠨᠧᠷᠭᠢ ᠠᠷᠪᠢᠯᠠᠵᠤ ᠤᠷᠴᠢᠨ ᠲᠤᠭᠤᠷᠢᠨ ᠢ ᠬᠠᠮᠠᠭᠠᠯᠠᠬᠤ᠂ ᠳᠡᠭᠡᠳᠤ ᠳᠡᠰ ᠤᠨ ᠲᠤᠨᠤᠭᠯᠠᠯ᠂ ᠲᠤᠮᠤ | ᠳ᠋ᠠᠶᠢᠲ᠋ᠠ ᠡᠭᠦᠯᠡᠨ ᠪᠤᠳᠤᠯᠲᠠ᠂ ᠠᠮᠢᠳᠤ ᠪᠤᠳᠠᠰ ᠤᠨ ᠰᠢᠨᠵᠢᠯᠡᠬᠦ ᠤᠬᠠᠭᠠᠨ᠂ ᠮᠤᠩᠭᠤᠯ ᠬᠢᠲᠠᠳ ᠡᠮ ᠡᠮᠨᠡᠯᠭᠡ ᠵᠡᠷᠭᠡ | ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠡᠨᠳᠤᠵᠤ ᠪᠠᠶᠢᠭ᠎ᠠ ᠠᠵᠤ ᠦᠢᠯᠡᠰ ᠤᠨ ᠬᠦᠭᠵᠢᠯᠲᠠ ᠶᠢᠨ | ᠱᠠᠭᠠᠷᠳᠠᠯᠭ᠎ᠠ ᠳᠤ ᠵᠤᠬᠢᠴᠠᠭᠤᠯᠵᠤ᠂ ᠳᠡᠭᠡᠳᠤ ᠨᠠᠷᠢᠯᠢᠭ᠌ ᠦᠵᠤ ᠬᠤᠪᠤᠷ ᠴᠢᠳᠠᠪᠤᠷᠢᠳᠠᠨ ᠢ ᠲᠦᠷᠭᠡᠳᠭᠡᠨ | ᠴᠤᠭᠯᠠᠷᠠᠭᠤᠯᠵᠤ᠂ ᠭᠤᠤᠳᠠᠯᠭ᠎ᠠ ᠲᠠᠢ ᠬᠦᠷᠢᠶ᠎ᠠ ᠴᠠᠷᠠᠭ᠎ᠠ ᠶᠢᠨ ᠴᠢᠳᠠᠪᠤᠷᠢᠳᠠᠨ ᠤ ᠲᠤᠭ᠎ᠠ ᠬᠡᠮᠵᠢᠶ᠎ᠡ ᠶᠢ ᠮᠡᠳᠡᠭᠳᠡᠮ᠎ᠡ | ᠨᠡᠮᠡᠭᠳᠡᠭᠦᠯᠬᠦ ᠶᠢ ᠪᠡᠶᠡᠯᠡᠭᠦᠯᠦᠨ᠂ ᠠᠵᠤ ᠦᠢᠯᠡᠰ ᠤᠨ ᠴᠢᠳᠠᠪᠤᠷᠢᠳᠠᠨ ᠤ ᠶᠡᠭᠡ ᠪᠦᠭᠡᠮᠨᠡᠷᠡᠯ ᠢ ᠪᠤᠢ ᠪᠤᠯᠭᠠᠨ᠎ᠠ᠃ | ᠴᠢᠳᠠᠪᠤᠷᠢᠲᠠᠨ ᠤ ᠬᠦᠬᠡᠬᠤᠲᠠ᠂ ᠪᠤᠭᠤᠳᠣ ᠬᠤᠲᠠ᠂ ᠤᠷᠳᠤᠰ ᠬᠤᠲᠠ ᠶᠢᠨ ᠵᠤᠬᠢᠴᠠᠩᠭᠤᠢ ᠬᠦᠭᠵᠢᠯᠲᠠ᠂ ᠦᠪᠦᠷ | ᠮᠤᠩᠭᠤᠯ ᠤᠨ ᠬᠤᠷᠢᠩᠭᠡᠷ ᠰᠢᠨ᠎ᠡ ᠲᠤᠭᠤᠷᠢᠭ ᠤᠨ ᠪᠦᠲᠦᠭᠡᠨ ᠪᠠᠶᠢᠭᠤᠯᠤᠯᠲᠠ᠂ ᠲᠤᠮᠤ ᠳ᠋ᠠᠶᠢᠲ᠋ᠠ ᠶᠡᠷᠦᠩᠭᠡᠶᠢᠯᠡᠭᠰᠡᠨ | ᠲᠤᠷᠰᠢᠯᠲᠠ ᠶᠢᠨ ᠲᠠᠰᠤᠭ᠂ ᠵᠡᠭᠦᠨ ᠬᠡᠰᠡᠭ ᠤᠨ ᠠᠶᠢᠮᠠᠭ ᠬᠤᠲᠠ ᠶᠢᠨ ᠳᠠᠪᠠᠯᠳᠠᠳᠣ ᠬᠦᠭᠵᠢᠯᠲᠠ ᠶᠢ ᠳᠡᠮᠵᠢᠬᠦ | ᠡᠷᠴᠢᠮ ᠢ ᠴᠢᠩᠭᠠᠷᠠᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠠ᠂ ᠮᠡᠳᠡᠭᠡ ᠵᠠᠩᠭᠢᠵᠢᠯᠲᠠ᠂ ᠬᠤᠲᠠ | ᠪᠠᠯᠭᠠᠰᠤᠵᠢᠯᠲᠠ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠲᠠ ᠪᠠ ᠪᠤᠬᠢᠷᠳᠤᠯ ᠦᠬᠡᠢ ᠬᠦᠭᠵᠢᠯᠲᠠ ᠶᠢ | ᠵᠡᠷᠭᠡᠪᠡᠷ ᠬᠦᠭᠵᠢᠬᠦᠯᠬᠦ ᠶᠢ ᠠᠬᠢᠭᠤᠯᠵᠤ᠂ ᠮᠠᠨ ᠤ ᠤᠷᠤᠨ ᠢᠶᠠᠨ ᠴᠢᠳᠠᠪᠤᠷᠢᠲᠠᠨ ᠴᠤᠭᠯᠠᠷᠠᠭᠰᠠᠨ ᠭᠠᠵᠠᠷ ᠪᠤᠯᠭᠠᠨ | ᠴᠤᠭᠴᠠᠯᠠᠨ᠎ᠠ᠃ ᠴᠢᠳᠠᠪᠤᠷᠢᠲᠠᠨ ᠢ ᠰᠢᠯᠵᠢᠭᠦᠯᠦᠨ ᠬᠡᠷᠡᠭᠯᠡᠬᠦ ᠳᠤ ᠪᠠᠶᠢᠭᠤᠯᠤᠮᠵᠢ ᠲᠤᠭᠲᠠᠴᠠ ᠶᠢᠨ ᠲᠠᠯ᠎ᠡ ᠪᠠᠷ ᠬᠠᠷᠰᠢ | ᠰᠠᠠᠭᠠᠳ ᠢ ᠠᠷᠢᠯᠭᠠᠵᠤ᠂ ᠬᠦᠮᠦᠨ ᠬᠡᠷᠡᠭᠯᠡᠬᠦ ᠪᠠᠶᠢᠭᠤᠯᠭ᠎ᠠ ᠶᠢᠨ ᠡᠵᠡᠨ ᠮᠡᠳᠡᠬᠦ ᠡᠷᠭᠡ ᠶᠢ ᠬᠦᠨᠳᠤᠳᠭᠡᠵᠤ᠂ | ᠬᠠᠮᠢᠶᠠᠷᠤᠯᠲᠠ ᠦᠢᠯᠡᠴᠢᠯᠡᠭᠡᠨ ᠤ ᠠᠯᠬᠤᠮ ᠲᠠᠷᠠᠭᠠᠯᠠᠯ ᠢ ᠰᠢᠯᠢᠳᠡᠭᠵᠢᠭᠦᠯᠵᠤ᠂ ᠵᠤᠬᠢᠰᠲᠠᠢ ᠡᠮᠬᠢ ᠵᠢᠷᠦᠮ ᠲᠠᠢ | ᠰᠢᠯᠵᠢᠬᠦᠯᠦᠨ ᠬᠡᠷᠡᠭᠯᠡᠬᠦ ᠶᠢ ᠠᠬᠢᠭᠤᠯᠤᠨ᠎ᠠ᠃ | ᠲᠦᠷᠪᠡᠳᠦᠭᠡᠷ ᠵᠦᠢᠯ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤᠷᠤᠭᠤᠯᠤᠨ ᠠᠪᠴᠢᠷᠠᠭᠰᠠᠨ | ᠳᠡᠭᠡᠳᠤ ᠳᠡᠰ ᠳᠠᠪᠬᠤᠷᠭ᠎ᠠ ᠶᠢᠨ ᠪᠠᠴᠢᠮ ᠱᠠᠭᠠᠷᠳᠠᠭᠳᠠᠵᠤ ᠪᠠᠶᠢᠭ᠎ᠠ ᠬᠤᠪᠤᠷ ᠴᠤᠬᠠᠭ ᠴᠢᠳᠠᠪᠤᠷᠢᠳᠠᠨ ᠳᠤ ᠡᠷᠳᠡᠮ | ᠰᠢᠨᠵᠢᠯᠡᠭᠡᠨ ᠤ ᠲᠦᠷᠦᠯ ᠵᠦᠢᠯ᠂ ᠠᠵᠢᠯ ᠤᠨ ᠪᠠᠶᠢᠷᠢ ᠶᠢᠨ ᠬᠦᠷᠳᠡᠭᠡᠮᠵᠢ᠂ ᠠᠮᠢᠳᠤᠷᠠᠯ ᠤᠨ ᠪᠠᠳᠤᠯᠠᠭ᠎ᠠ ᠵᠡᠷᠭᠡ ᠲᠡᠯ᠎ᠠ | ᠪᠠᠷ ᠳᠡᠮᠵᠢᠯᠭᠡ ᠤᠯᠭᠤᠨ᠎ᠠ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠳᠤᠳᠤᠭᠠᠳᠤᠬᠢ ᠰᠢᠯᠢᠳᠡᠭ | ᠴᠢᠳᠠᠪᠤᠷᠢᠳᠠᠳ ᠲᠤᠰ ᠠᠷᠭ᠎ᠠ ᠳᠤ ᠲᠤᠭᠳᠠᠭᠠᠭᠰᠠᠨ ᠨᠦᠭᠦᠴᠡᠯ ᠳᠤ ᠨᠡᠶᠢᠴᠡᠬᠦ ᠶᠢᠨ ᠬᠠᠮᠲᠤ ᠴᠢᠬᠤᠯᠠ ᠶᠡᠭᠡ ᠡᠷᠳᠡᠮ | ᠰᠢᠨᠵᠢᠯᠡᠭᠡᠨ ᠤ ᠲᠦᠷᠦᠯ ᠵᠦᠢᠯ ᠢ ᠶᠠᠭ ᠰᠠᠶᠢᠬᠠᠨ ᠲᠠᠭᠠᠭᠠᠨ ᠬᠢᠵᠤ ᠪᠠᠶᠢᠬᠤ ᠪᠤᠶᠤ ᠡᠷᠬᠢᠯᠡᠵᠤ ᠪᠠᠶᠢᠪᠠᠯ ᠲᠤᠰ ᠠᠷᠭ᠎ᠠ | ᠶᠢᠨ ᠶᠤᠰᠤᠭᠠᠷ ᠡᠷᠳᠡᠮ ᠰᠢᠨᠵᠢᠯᠡᠭᠡᠨ᠂ ᠠᠵᠢᠯ ᠤᠨ ᠪᠠᠶᠢᠷᠢ ᠵᠡᠷᠭᠡ ᠲᠠᠯ᠎ᠠ ᠪᠠᠷ ᠬᠢ ᠳᠡᠮᠵᠢᠯᠭᠡ ᠶᠢᠨ ᠲᠦᠷᠦ ᠶᠢᠨ | ᠪᠤᠳᠤᠯᠭ᠎ᠠ ᠶᠢ ᠬᠦᠷᠳᠡᠭᠡᠨ᠎ᠡ᠃ ᠡᠷᠳᠡᠮ ᠰᠢᠨᠵᠢᠯᠡᠭᠡᠨ ᠤ ᠵᠠᠷᠣᠳᠠᠯ ᠵᠡᠷᠭᠡ ᠲᠠᠯ᠎ᠠ ᠪᠠᠷ ᠬᠢ ᠳᠡᠮᠵᠢᠯᠭᠡ ᠶᠢᠨ ᠲᠦᠷᠦ | ᠶᠢᠨ ᠪᠤᠳᠤᠯᠭ᠎ᠠ ᠶᠢ ᠲᠠᠬᠢᠨ ᠳᠡᠪᠳᠠᠨ ᠬᠦᠷᠳᠡᠭᠡᠬᠦ ᠦᠭᠡᠢ᠃ | ᠲᠠᠪᠤᠳᠤᠭᠠᠷ ᠵᠦᠢᠯ ᠦᠪᠡᠷᠳᠡᠭᠡᠨ ᠵᠠᠰᠠᠬᠤ ᠤᠷᠤᠨ ︽ᠴᠢᠳᠠᠪᠤᠷᠢᠳᠠᠨ ᠢ ᠤᠷᠤᠭᠤᠯᠤᠨ ᠠᠪᠴᠢᠷᠠᠬᠤ ᠠᠵᠢᠯ | ᠤᠨ ᠠᠯᠪᠠᠨ ᠭᠡᠷ ᠪᠠᠶᠢᠭᠤᠯᠵᠤ᠂ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠠᠵᠢᠯ ᠤᠨ ᠠᠯᠪᠠᠨ ᠭᠡᠷ︾ | ᠪᠠᠶᠢᠭᠤᠯᠵᠤ᠂ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠠᠵᠢᠯ ᠤᠨ ᠡᠳᠤᠷ ᠲᠤᠲᠤᠮ ᠤᠨ ᠠᠵᠢᠯ ᠤᠨ ᠭᠠᠷᠳᠠᠨ | ᠬᠦᠢᠴᠡᠳᠭᠡᠬᠦ ᠪᠠᠶᠢᠭᠤᠯᠤᠮᠵᠢ ᠪᠤᠯᠤᠭᠰᠠᠨ ᠤ ᠬᠤᠪᠢ ᠳᠤ᠂ ᠬᠠᠷᠢᠭᠤᠴᠠᠵᠤ ᠵᠤᠬᠢᠶᠠᠨ ᠪᠠᠶᠢᠭᠤᠯᠤᠨ ᠵᠤᠬᠢᠴᠠᠭᠤᠯᠬᠤ | ᠪᠤᠯᠤᠨ ᠴᠢᠳᠠᠪᠤᠷᠢᠲᠠᠨ ᠢ ᠤᠷᠤᠭᠤᠯᠤᠨ ᠠᠪᠴᠢᠷᠠᠬᠤ ᠠᠵᠢᠯ ᠤᠨ ᠴᠢᠬᠤᠯᠠ ᠶᠡᠭᠡ ᠶᠠᠪᠤᠳᠠᠯ᠂ ᠤᠷᠤᠭᠤᠯᠤᠨ | ᠠᠪᠴᠢᠷᠠᠬᠤ ᠴᠢᠳᠠᠪᠤᠷᠢᠲᠠᠨ ᠤ ᠲᠦᠷᠦᠯ ᠠᠩᠭᠢᠯᠠᠯ ᠢ ᠦᠨᠡᠯᠡᠨ ᠲᠤᠭᠲᠠᠭᠠᠬᠤ᠂ ᠠᠰᠢᠭ ᠬᠦᠷᠳᠡᠭᠡᠬᠦ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠬᠤ ᠵᠤᠬᠢᠴᠠᠭᠤᠯᠤᠨ ᠱᠠᠯᠠᠪᠳᠠᠭᠤᠯᠬᠤ ᠶᠢ ᠪᠤᠳᠠᠳᠠᠢ ᠬᠡᠷᠡᠭᠵᠢᠬᠦᠯᠵᠤ᠂ ᠬᠦᠮᠦᠨ | ᠬᠡᠷᠡᠭᠯᠡᠬᠦ ᠨᠢᠭᠡᠴᠡ ᠶᠢᠨ ᠤᠯᠠᠨ ᠵᠦᠢᠯ ᠤᠨ ᠪᠦᠲᠦᠮᠵᠢᠲᠠᠢ ᠠᠷᠭ᠎ᠠ ᠬᠡᠯᠪᠡᠷᠢ ᠶᠢ ᠠᠪᠴᠤ ᠴᠢᠳᠠᠪᠤᠷᠢᠲᠠᠨ ᠢ | ᠤᠷᠤᠭᠤᠯᠤᠨ ᠠᠪᠴᠢᠷᠠᠬᠤ ᠶᠢᠨ ᠬᠠᠮᠲᠤ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠴᠢᠳᠠᠪᠤᠷᠢᠳᠠᠨ ᠢ | ᠤᠷᠤᠭᠤᠯᠤᠨ ᠠᠪᠴᠢᠷᠠᠬᠤ ᠠᠵᠢᠯ ᠢ ᠵᠢᠯᠤᠭᠤᠳᠤᠨ᠎ᠠ᠃ ᠠᠯᠪᠠᠨ ᠭᠡᠷ ᠢ ᠦᠪᠡᠷᠳᠡᠭᠡᠨ ᠵᠠᠰᠠᠬᠤ ᠤᠷᠤᠨ ᠤ ᠬᠦᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠪᠤᠷᠢ ᠶᠢᠨ ᠲᠢᠩᠭᠢᠮ ᠳᠤ ᠲᠤᠬᠢᠷᠠᠭᠤᠯᠵᠠᠢ᠃ | ᠬᠤᠶᠠᠳᠤᠭᠠᠷ ᠪᠦᠯᠦᠭ ᠴᠢᠳᠠᠪᠤᠷᠢᠲᠠᠨ ᠢ ᠤᠷᠤᠭᠤᠯᠤᠨ ᠠᠪᠴᠢᠷᠠᠬᠤ ᠬᠦᠷᠢᠶ᠎ᠡ ᠴᠠᠷᠠᠭ᠎ᠠ | ᠵᠢᠷᠭᠤᠳᠤᠭᠠᠷ ᠵᠦᠢᠯ ᠤᠷᠤᠭᠤᠯᠤᠨ ᠠᠪᠴᠢᠷᠠᠭᠰᠠᠨ ᠴᠢᠳᠠᠪᠤᠷᠢᠲᠠᠨ ᠵᠢᠴᠢ ᠴᠢᠳᠠᠪᠤᠷᠢᠲᠠᠨ ᠤ ᠪᠦᠯᠬᠦᠮ ᠤᠨ | ᠬᠢᠨ ᠮᠠᠨ ᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠠ ᠶᠢᠨ ᠱᠠᠭᠠᠷᠳᠠᠯᠭ᠎ᠠ ᠶᠢᠨ ᠲᠤᠭᠤᠷᠢᠨ ᠳᠤ᠂ | ᠴᠢᠬᠤᠯᠠ ᠶᠡᠭᠡ ᠡᠷᠳᠡᠮ ᠰᠢᠨᠵᠢᠯᠡᠭᠡᠨ᠂ ᠢᠨᠵᠧᠨᠧᠷᠢᠩ ᠤᠨ ᠲᠤᠷᠰᠢᠯᠲᠠ ᠵᠡᠷᠭᠡ ᠲᠦᠷᠦᠯ ᠵᠦᠢᠯ ᠢ ᠡᠷᠬᠢᠯᠡᠬᠦ | ᠡᠰᠡᠭᠦᠯ᠎ᠡ ᠲᠠᠭᠠᠭᠠᠨ ᠡᠭᠦᠷᠭᠡᠯᠡᠵᠤ ᠪᠠᠶᠢᠪᠠᠯ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠲᠤᠭᠲᠠᠭᠠᠯ ᠢ ᠰᠠᠬᠢᠵᠤ᠂ | ᠦᠨᠡᠨᠴᠢ ᠢᠳᠡᠭᠡᠮᠵᠢ ᠲᠠᠢ ᠪᠠᠶᠢᠵᠤ᠂ ᠰᠠᠶᠢᠨ ᠰᠠᠶᠢᠬᠠᠨ ᠲᠤᠬᠠᠶᠢᠯᠠᠭᠰᠠᠨ ᠠᠵᠢᠯ ᠤᠨ ᠶᠤᠰᠤ ᠰᠤᠷᠳᠠᠬᠤᠨ ᠲᠠᠢ | ᠪᠦᠭᠡᠳ ᠪᠡᠶ᠎ᠡ ᠮᠠᠬᠠᠪᠤᠳ ᠡᠷᠡᠭᠦᠯ ᠴᠠᠬᠢᠷᠠᠭ ᠪᠠᠶᠢᠬᠤ ᠬᠡᠷᠡᠭᠲᠠᠢ᠃ ᠲᠤᠤᠷᠡᠬᠢ ᠴᠢᠳᠠᠪᠤᠷᠢᠲᠠᠨ ᠢ ᠤᠷᠤᠭᠤᠯᠤᠨ | ᠠᠪᠴᠢᠷᠠᠬᠤ ᠲᠤ ᠲᠤᠰ ᠠᠷᠭ᠎ᠠ ᠶᠢ ᠬᠡᠷᠭᠯᠡᠨᠡ᠄ | ᠨᠢᠭᠡᠳᠤᠭᠡᠷ ᠲᠦᠷᠦᠯ᠄ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ | ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠠᠯᠡᠩ ᠤᠨ ᠠᠺᠠᠳᠧᠮᠢᠴᠢ ︵ᠭᠠᠳᠠᠭᠠᠳᠣ ᠶᠢᠨ ᠬᠠᠷᠢᠶᠠᠳᠤ | ᠠᠺᠠᠳᠧᠮᠢᠴᠢ ᠶᠢ ᠪᠠᠭᠳᠠᠭᠠᠨ᠎ᠠ︶ ᠵᠢᠴᠢ ᠠᠳᠠᠯᠢ ᠳᠡᠰ ᠳᠠᠪᠬᠤᠷᠭ᠎ᠠ ᠶᠢᠨ ᠴᠢᠳᠠᠪᠤᠷᠢᠲᠠᠨ᠃ | ᠬᠤᠶᠠᠳᠤᠭᠠᠷ ᠲᠦᠷᠦᠯ᠄ ︵ᠨᠢᠭᠡ︶ ᠳᠣᠮᠳᠠᠳᠣ ᠣᠯᠣᠰ ᠤᠨ ᠨᠡᠶᠢᠭᠡᠮ ᠤᠨ ᠰᠢᠵᠢᠯᠡᠬᠦ ᠤᠬᠠᠭᠠᠨ ᠤ ᠬᠦᠷᠢᠶᠡᠯᠡᠩ | ᠤᠨ ᠠᠺᠠᠳᠧᠮᠢᠴᠢ ᠶᠢ ᠨᠡᠮᠡᠨ ᠰᠤᠩᠭᠤᠯᠲᠠ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ | ᠠᠺᠠᠳᠧᠮᠢᠴᠢ ᠶᠢ ᠰᠢᠯᠢᠨ ᠰᠤᠩᠭᠤᠯᠲᠠ ᠳᠤ ᠤᠷᠤᠭᠰᠠᠨ ᠬᠦᠴᠦᠨ ᠪᠦᠬᠦᠢ ᠨᠡᠷ᠎ᠡ ᠵᠢᠱᠢᠭᠳᠡᠭᠰᠡᠳ᠃ ︵ᠬᠤᠶᠠᠷ︶ | ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ ᠤᠨ ᠮᠡᠷᠭᠡᠵᠢᠯ ᠤᠨ ᠡᠭᠦᠳᠤᠯᠳᠡ ᠶᠢᠨ | ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠡᠪᠰᠢᠯᠲᠠ ᠶᠢᠨ ᠨᠢᠭᠡᠳᠤᠭᠡᠷ ᠳᠡᠰ ᠤᠨ ᠱᠠᠩᠨᠠᠯ ᠠᠴᠠ | ᠳᠡᠭᠡᠭᠰᠢᠬᠢ ᠱᠠᠩᠨᠠᠯ ᠢ ᠬᠦᠷᠳᠡᠭᠰᠡᠳ ︵ᠨᠢᠭᠡᠳᠦᠭᠡᠷ ᠭᠤᠤᠯ ᠰᠤᠳᠤᠯᠭᠠᠲᠠᠨ︶᠃ ︵ᠭᠤᠷᠪᠠ︶ ︽ᠤᠯᠤᠰ ᠤᠨ | ᠤᠨᠴᠠ ᠳᠡᠮᠵᠢᠬᠦ ᠲᠦᠯᠦᠪᠯᠡᠭᠡ︾ ᠶᠢᠨ ᠭᠠᠷᠮᠠᠭᠠᠢ ᠴᠢᠳᠠᠪᠤᠷᠢᠲᠠᠨ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ | ᠤᠬᠠᠭᠠᠨ ᠤ ᠬᠦᠷᠢᠶ᠎ᠠ ᠴᠠᠷᠠᠭ᠎ᠠ ᠳᠤ ᠭᠠᠷᠭᠠᠭᠰᠡᠨ ᠡᠭᠦᠳᠦᠨ ᠪᠦᠲᠦᠭᠡᠯᠴᠢ ᠴᠢᠨᠠᠷᠳᠠᠢ ᠠᠮᠵᠢᠯᠲᠠ ᠪᠦᠲᠦᠮᠵᠢ ᠪᠤᠯᠤᠨ | ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ᠂ ᠡᠷᠳᠡᠮ ᠰᠢᠨᠵᠢᠯᠡᠭᠡᠨ ᠤ ᠲᠠᠯ᠎ᠠ ᠪᠠᠷ ᠨᠡᠷ᠎ᠡ ᠠᠯᠳᠠᠷ ᠲᠠᠢ | ᠨᠢᠭᠡᠳᠤᠭᠡᠷ ᠳᠡᠰ ᠤᠨ ᠫᠷᠤᠹᠧᠰᠰᠤᠷ ︵ᠨᠡᠷ᠎ᠡ ᠬᠦᠨᠳᠤᠳᠤ ᠫᠷᠤᠹᠧᠰᠰᠤᠷ︶᠂ ᠭᠠᠳᠠᠭᠠᠳᠤ ᠶᠢᠨ ᠲᠡᠷᠢᠭᠦᠨ ᠤ ᠶᠡᠭᠡ | ᠰᠤᠷᠭᠠᠭᠤᠯᠢ ᠡᠰᠡᠭᠦᠯ᠎ᠡ ᠡᠷᠳᠡᠮ ᠰᠢᠨᠵᠢᠯᠡᠭᠡᠨ ᠤ ᠪᠠᠶᠢᠭᠤᠯᠤᠮᠵᠢ ᠶᠢᠨ ᠨᠡᠷ᠎ᠡ ᠠᠯᠳᠠᠷᠳᠠᠢ ᠨᠠᠰᠤᠨ ᠲᠤᠷᠰᠢᠲᠠ ᠶᠢᠨ | ᠫᠷᠤᠹᠧᠰᠰᠤᠷ ᠵᠢᠴᠢ ᠠᠳᠠᠯᠢ ᠳᠡᠰ ᠳᠠᠪᠬᠤᠷᠭ᠎ᠠ ᠶᠢᠨ ᠴᠢᠳᠠᠪᠤᠷᠢᠲᠠᠨ᠃ | ᠭᠤᠷᠪᠠᠳᠤᠭᠠᠷ ᠲᠦᠷᠦᠯ᠄ ︵ᠨᠢᠭᠡ︶ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠣᠯᠣᠰ | ᠤᠨ ᠮᠡᠷᠭᠡᠵᠢᠯ ᠤᠨ ᠡᠭᠦᠳᠦᠯᠳᠡ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠡᠪᠰᠢᠯᠲᠠ ᠶᠢᠨ | ᠬᠤᠶᠠᠳᠤᠭᠠᠷ ᠳᠡᠰ ᠤᠨ ᠱᠠᠩᠨᠠᠯ ᠠᠴᠠ ᠳᠡᠭᠡᠭᠰᠢᠬᠢ ᠱᠠᠩᠨᠠᠯ ᠢ ᠬᠦᠷᠳᠡᠭᠰᠡᠳ᠃ ︵ᠬᠤᠶᠠᠷ︶ ᠤᠯᠤᠰ ᠤᠨ ᠪᠠᠶᠢᠭᠠᠯᠢ | ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠭᠦᠨ ᠤ ᠴᠢᠬᠤᠯᠠ ᠶᠡᠭᠡ ᠲᠦᠷᠦᠯ ᠵᠦᠢᠯ᠂ ᠭᠤᠤᠯᠳᠠᠯᠭ᠎ᠠ ᠲᠠᠢ ᠲᠦᠷᠦᠯ | ᠵᠦᠢᠯ ᠢ ᠡᠷᠬᠢᠯᠡᠭᠴᠢ᠂ ᠤᠯᠤᠰ ᠤᠨ ᠰᠢᠯᠭᠠᠷᠠᠭᠰᠠᠨ ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ ᠮᠦᠩᠭᠦ | ᠶᠢ ᠬᠦᠷᠳᠡᠭᠰᠡᠳ᠂ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠦᠩᠭᠦᠨ ᠤ ᠴᠢᠬᠤᠯᠠ ᠶᠡᠭᠡ | ᠲᠦᠷᠦᠯ ᠵᠦᠢᠯ ᠢ ᠡᠷᠬᠢᠯᠡᠭᠴᠢ᠃ ︵ᠭᠤᠷᠪᠠ︶ ᠤᠯᠤᠰ ᠤᠨ ︽ᠮᠢᠩᠭᠠᠨ ᠬᠦᠮᠦᠨ ᠤ ᠲᠦᠯᠦᠪᠯᠡᠭᠡ︾ ᠳᠤ | ᠰᠤᠩᠭᠤᠭᠳᠠᠭᠰᠠᠳ᠂ ︽ᠤᠯᠤᠰ ᠤᠨ ᠤᠨᠴᠠ ᠳᠡᠮᠵᠢᠬᠦ ᠲᠦᠯᠦᠪᠯᠡᠭᠡ︾ ᠶᠢᠨ ᠲᠠᠭᠠᠭᠤᠯᠤᠭᠴᠢ ᠴᠢᠳᠠᠪᠤᠷᠢᠲᠠᠨ᠃ ︵ | ᠲᠦᠷᠪᠡ︶ ᠪᠦᠬᠦ ᠤᠯᠤᠰ ᠤᠨ ᠰᠢᠯᠭᠠᠷᠠᠭᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠢᠷᠠᠭᠤ ᠠᠯᠳᠠᠷ ᠢ | ᠬᠦᠷᠳᠡᠭᠰᠡᠳ᠃ ︵ᠲᠠᠪᠤ︶ ︽ᠡᠷᠳᠡᠮᠳᠡᠳ ᠢ ᠬᠦᠬᠢᠬᠦᠯᠬᠦ ᠬᠦᠬᠡ ᠮᠦᠷᠡᠨ ᠲᠦᠯᠦᠪᠯᠡᠭᠡ︾ ᠶᠢᠨ ᠤᠨᠴᠠ ᠤᠷᠢᠭᠰᠠᠨ | ᠫᠷᠤᠹᠧᠰᠰᠤᠷ᠃ ︵ᠵᠢᠷᠭᠤᠭ᠎ᠠ︶ ᠭᠤᠷᠪᠠᠳᠤᠭᠠᠷ ᠵᠦᠢᠯ ᠤᠨ ᠲᠤᠭᠲᠠᠭᠠᠯ ᠳᠤ ᠨᠡᠶᠢᠴᠡᠭᠰᠡᠨ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠲᠠᠪᠠᠭᠤᠯᠢᠭ ᠤᠨᠴᠠᠯᠢᠭᠲᠤ ᠠᠵᠤ ᠦᠢᠯᠡᠰ ᠪᠤᠯᠤᠨ ᠪᠠᠶᠢᠯᠳᠤᠬᠤ ᠪᠤᠳᠤᠯᠭ᠎ᠠ ᠶᠢᠨ | ᠴᠢᠨᠠᠷᠳᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠦᠭᠵᠢᠯᠲᠠ ᠶᠢᠨ ᠱᠠᠭᠠᠷᠳᠠᠯᠭ᠎ᠠ ᠳᠤ ᠵᠤᠬᠢᠴᠠᠭᠰᠠᠨ | ᠪᠤᠰᠤᠳ ᠠᠳᠠᠯᠢ ᠳᠡᠰ ᠳᠠᠪᠬᠤᠷᠭ᠎ᠠ ᠶᠢᠨ ᠴᠢᠳᠠᠪᠤᠷᠢᠳᠠᠨ᠃ | ᠳᠦᠷᠪᠡᠳᠤᠭᠡᠷ ᠲᠦᠷᠦᠯ᠄ ︵ᠨᠢᠭᠡ︶ ᠤᠯᠤᠰ ᠤᠨ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ᠂ | ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠦᠪ ᠤᠨ ᠡᠷᠳᠡᠮ ᠰᠢᠨᠵᠢᠯᠡᠭᠡᠨ ︵ | ᠮᠡᠷᠭᠡᠵᠢᠯ︶ ᠤ ᠲᠠᠭᠠᠭᠤᠯᠤᠭᠴᠢ᠃ ︵ᠬᠤᠶᠠᠷ︶ ︽ᠵᠠᠭᠤᠨ ᠮᠢᠩᠭᠠᠨ ᠲᠦᠮᠡᠨ ᠴᠢᠳᠠᠪᠤᠷᠢᠲᠠᠨ ᠤ ᠢᠨᠵᠧᠨᠧᠷᠢᠩ︾ | ᠤᠨ ᠤᠯᠤᠰ ᠤᠨ ᠳᠡᠰ ᠤᠨ ᠵᠢᠱᠢᠭᠳᠡᠭᠴᠢ᠃ ︵ᠭᠤᠷᠪᠠ︶ ︽ᠤᠯᠤᠰ ᠤᠨ ᠤᠨᠴᠠᠭᠠᠢ ᠳᠡᠮᠵᠢᠯᠭᠡ ᠶᠢᠨ ᠲᠦᠯᠦᠪᠯᠡᠭᠡ | ︾ ᠶᠢᠨ ᠵᠠᠯᠠᠭᠤ ᠤᠷᠤᠶᠢᠯᠠᠭᠰᠠᠨ ᠴᠢᠳᠠᠪᠤᠷᠢᠲᠠᠨ᠂ ᠤᠯᠤᠰ ᠤᠨ ︽ ᠮᠢᠩᠭᠠᠨ ᠵᠠᠯᠠᠭᠤ ᠶᠢᠨ ᠲᠦᠯᠦᠪᠯᠡᠭᠡ︾ ᠶᠢᠨ | ᠰᠤᠩᠭᠤᠭᠳᠠᠭᠴᠢ᠂ ︽ᠵᠠᠯᠠᠭᠤ ᠴᠠᠩ ᠵᠢᠶᠠᠩ ᠡᠷᠳᠡᠮᠳᠡᠨ︾ ᠢᠶᠠᠷ ᠰᠤᠩᠭᠤᠭᠳᠠᠭᠴᠢ᠂ ︽ᠰᠢᠨ᠎ᠡ ᠶᠢ ᠡᠭᠦᠳᠬᠦ | ᠴᠢᠳᠠᠪᠤᠷᠢᠳᠠᠨ ᠤ ᠠᠬᠢᠭᠤᠯᠬᠤ ᠲᠦᠯᠦᠪᠯᠡᠭᠡ︾ ᠶᠢᠨ ᠢᠳᠡᠷ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠬᠦᠳᠬᠦ ᠲᠠᠭᠠᠭᠤᠯᠤᠭᠴᠢ ᠴᠢᠳᠠᠪᠤᠷᠢᠲᠠᠨ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠭᠦ | ᠬᠦᠷᠳᠡᠭᠴᠢ᠃ ︵ᠲᠦᠷᠪᠡ︶ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ︽ᠵᠠᠭᠤᠨ | ᠬᠦᠮᠦᠨᠲ᠋ᠦ᠋ᠯᠦᠪᠯᠡᠭᠡ︾ ᠶᠢᠨ ᠰᠤᠩᠭᠤᠭᠳᠠᠭᠴᠢ᠃ ︵ᠲᠠᠪᠤ︶ ᠭᠤᠷᠪᠠᠳᠤᠭᠠᠷ ᠵᠤᠷᠪᠤᠰ ᠲᠤ ᠲᠤᠭᠲᠠᠭᠠᠭᠰᠠᠨ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠳᠠᠪᠠᠭᠤᠯᠢᠭ ᠤᠨᠴᠠᠯᠢᠭᠲᠤ ᠠᠵᠤ ᠦᠢᠯᠡᠰ ᠪᠠ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠡᠨᠳᠤᠵᠤ ᠪᠠᠶᠢᠭ᠎ᠠ ᠠᠵᠤ ᠦᠢᠯᠡᠰ ᠢ ᠬᠦᠭᠵᠢᠭᠦᠯᠬᠦ ᠬᠡᠷᠡᠭᠴᠡᠭᠡ ᠱᠠᠭᠠᠷᠳᠠᠯᠭ᠎ᠠ | ᠳᠤ ᠨᠡᠶᠢᠴᠡᠬᠦ ᠪᠤᠰᠤᠳ ᠠᠳᠡᠯᠢ ᠳᠡᠰ ᠳᠠᠪᠬᠤᠷᠭ᠎ᠠ ᠶᠢᠨ ᠴᠢᠳᠠᠪᠤᠷᠢᠲᠠᠨ᠃ | ᠲᠠᠪᠤᠳᠤᠭᠠᠷ ᠲᠦᠷᠦᠯ᠄ ︵ᠨᠢᠭᠡ︶ ᠤᠯᠤᠰ ᠤᠨ ᠲᠤᠳᠤᠭᠠᠳᠤ ᠭᠠᠳᠠᠭᠠᠳᠤ ᠶᠢᠨ ᠨᠡᠷᠡᠳᠤ ᠳᠡᠭᠡᠳᠤ | ᠰᠤᠷᠭᠠᠭᠤᠯᠢ ᠪᠤᠶᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠰᠤᠭ ᠤᠨ ᠳ᠋ᠤᠺᠲ᠋ᠤᠷ᠂ ᠫᠤᠰᠲ | ᠳ᠋ᠣᠺᠲ᠋ᠤᠷ ᠤᠨ ᠦᠩᠭᠡᠷᠡᠯᠲᠠ ᠲᠠᠢ᠂ ᠨᠡᠯᠢᠶᠡᠳ ᠦᠨᠳᠦᠷ ᠡᠷᠳᠡᠮ ᠰᠢᠨᠵᠢᠯᠡᠭᠡᠨ ᠤ ᠪᠦᠲᠦᠮᠵᠢ ᠤᠯᠤᠭᠰᠠᠳ᠃ ︵ | ᠬᠤᠶᠠᠷ︶ ᠤᠯᠤᠰ ᠤᠨ ᠲᠤᠳᠤᠭᠠᠳᠤ ᠶᠢᠨ ᠲᠡᠷᠢᠭᠦᠨ ᠤ ᠳᠡᠭᠡᠳᠤ ᠰᠤᠷᠭᠠᠭᠤᠯᠢ ᠬᠢᠭᠡᠳ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠲᠠᠰᠤᠭ ᠤᠨ ᠳᠡᠳ᠋ ᠳᠡᠭᠡᠳᠤ ᠳᠡᠰ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠤᠯᠠ | ᠲᠠᠢ᠂ ᠲᠤᠪᠤᠶᠢᠮ᠎ᠡ ᠡᠷᠳᠡᠮ ᠰᠢᠨᠵᠢᠯᠡᠭᠡᠨ ᠤ ᠪᠦᠲᠦᠮᠵᠢ ᠤᠯᠤᠭᠰᠠᠳ᠃ ︵ᠭᠤᠷᠪᠠ︶ ᠭᠤᠷᠪᠠᠳᠤᠭᠠᠷ ᠵᠦᠢᠯ ᠳᠤ | ᠲᠤᠭᠳᠠᠭᠠᠭᠰᠠᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠪᠠᠭᠤᠯᠢᠭ ᠤᠨᠴᠠᠯᠢᠭᠲᠤ ᠠᠵᠤ ᠦᠢᠯᠡᠰ | ᠪᠠ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠵᠤ ᠪᠠᠶᠢᠭ᠎ᠠ ᠠᠵᠤ ᠦᠢᠯᠡᠰ ᠢ ᠬᠦᠭᠵᠢᠬᠦᠯᠬᠦ | ᠭᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠪᠤᠰᠤᠳ ᠠᠳᠠᠯᠢ ᠳᠡᠰ ᠳᠠᠪᠬᠤᠷᠭ᠎ᠠ ᠶᠢᠨ ᠴᠢᠳᠠᠪᠤᠷᠢᠳᠠᠨ᠃ | ᠵᠢᠷᠭᠤᠳᠤᠭᠠᠷ ᠲᠦᠷᠦᠯ᠄ ︵ᠨᠢᠭᠡ︶ ᠳᠡᠯᠡᠬᠡᠢ ᠶᠢᠨ ᠮᠡᠷᠭᠡᠵᠢᠯ ᠤᠨ ᠴᠢᠳᠠᠪᠤᠷᠢ ᠶᠢᠨ ᠶᠡᠭᠡ ᠤᠷᠤᠯᠳᠤᠭᠠᠨ ᠳᠤ | ᠠᠯᠳᠠ᠂ ᠮᠦᠩᠭᠦᠨ᠂ ᠬᠦᠷᠡᠯ ᠮᠧᠳᠡᠯ ᠪᠠ ᠤᠯᠤᠰ ᠤᠨ ᠳᠡᠰ ᠤᠨ ᠨᠢᠭᠡᠳᠤᠭᠡᠷ ᠲᠦᠷᠦᠯ ᠤᠨ ᠮᠡᠷᠭᠡᠵᠢᠯ ᠤᠨ | ᠴᠢᠳᠠᠪᠤᠷᠢ ᠶᠢᠨ ᠤᠷᠤᠯᠳᠤᠭᠠᠨ ᠤ ᠲᠦᠷᠦᠭᠦᠤ ᠲᠠᠪᠤ ᠶᠢᠨ ᠱᠠᠩᠨᠠᠯ ᠬᠦᠷᠳᠡᠭᠴᠢ᠃ ︵ᠬᠤᠶᠠᠷ︶ ᠳᠤᠮᠳᠠᠳᠤ ᠤᠯᠤᠰ | ᠤᠨ ᠮᠡᠷᠭᠡᠵᠢᠯ ᠤᠨ ᠴᠢᠳᠠᠪᠤᠷᠢ ᠶᠢᠨ ᠶᠡᠭᠡ ᠱᠠᠩᠨᠠᠯ ᠬᠦᠷᠳᠡᠭᠴᠢ ᠪᠠ ᠪᠦᠬᠦ ᠤᠯᠤᠰ ᠤᠨ ᠮᠡᠷᠭᠡᠵᠢᠯ ᠤᠨ ᠴᠢᠳᠠᠪᠤᠷᠢᠲᠠᠨ | ᠃ ︵ᠭᠤᠷᠪᠠ︶ ᠤᠯᠤᠰ ᠤᠨ ᠳᠡᠰ ᠤᠨ ᠮᠡᠷᠭᠡᠵᠢᠯ ᠤᠨ ᠴᠢᠳᠠᠪᠤᠷᠢ ᠶᠢᠨ ᠶᠡᠭᠡ ᠪᠠᠭᠰᠢᠲᠠᠨ ᠤ ᠠᠵᠢᠯᠯᠠᠬᠤ ᠦᠷᠦᠭᠡ | ᠶᠢᠨ ᠭᠤᠤᠯ ᠬᠠᠷᠢᠭᠤᠴᠠᠯᠭᠠᠲᠠᠨ᠃ ︵ᠲᠦᠷᠪᠡ︶ ᠮᠤᠵᠢ ᠶᠠᠮᠤᠨ ᠤ ᠳᠡᠰ ᠠᠴᠠ ᠰᠤᠩᠭᠤᠨ ᠰᠢᠯᠭᠠᠷᠠᠭᠤᠯᠵᠤ | ᠬᠦᠬᠢᠬᠦᠯᠦᠭᠰᠡᠨ ᠬᠠᠮᠤᠭ ᠤᠨ ᠳᠡᠭᠡᠳᠤ ᠳᠡᠰ ᠳᠠᠪᠬᠤᠷᠭ᠎ᠠ ᠶᠢᠨ ᠮᠡᠷᠭᠡᠵᠢᠯ ᠤᠨ ᠴᠢᠳᠠᠪᠤᠷᠢᠲᠠᠨ᠃ ︵ᠲᠠᠪᠤ︶ ᠤᠨᠴᠠ | ᠮᠡᠷᠭᠡᠵᠢᠯ ᠤᠨᠴᠠ ᠡᠷᠳᠡᠮ ᠲᠠᠢ ᠤᠨᠴᠠᠭᠠᠢ ᠮᠡᠷᠭᠡᠵᠢᠯ ᠤᠨ ᠴᠢᠳᠠᠪᠤᠷᠢᠲᠠᠨ ᠵᠢᠴᠢ ᠪᠤᠰᠤᠳ ᠠᠳᠠᠯᠢ ᠳᠡᠰ ᠳᠠᠪᠬᠤᠷᠭ᠎ᠠ | ᠶᠢᠨ ᠮᠡᠷᠭᠡᠵᠢᠯ ᠤᠨ ᠴᠢᠳᠠᠪᠤᠷᠢᠲᠠᠨ᠃ | ᠲᠤᠯᠤᠳᠤᠭᠠᠷ ᠲᠦᠷᠦᠯ᠄ ︵ᠨᠢᠭᠡ︶ ᠵᠢᠩᠭᠢᠨᠢ ᠳᠡᠭᠡᠳᠤ ᠳᠡᠰ ᠤᠨ ᠲᠤᠰᠬᠠᠢ ᠮᠡᠷᠭᠡᠵᠢᠯ ᠤᠨ ᠴᠤᠯᠠ ᠲᠠᠢ ᠬᠦᠮᠦᠨ᠃ | ︵ᠬᠤᠶᠠᠷ︶ ᠳ᠋ᠣᠺᠲ᠋ᠤᠷ ᠴᠤᠯᠠ ᠲᠠᠢ ᠬᠦᠮᠦᠨ᠃ ︵ᠭᠤᠷᠪᠠ︶ ᠭᠠᠳᠠᠭᠠᠳᠤ ᠳᠤ ᠮᠠᠰᠲ᠋ᠧᠷ ᠠᠴᠠ ᠳᠡᠭᠡᠭᠰᠢ ᠡᠷᠳᠡᠮ | ᠤᠨ ᠴᠤᠯᠠ ᠤᠯᠤᠭᠰᠠᠨ᠂ ᠪᠦᠬᠦᠯᠢ ᠡᠳᠤᠷ ᠤᠨ ᠲᠦᠷᠢᠮᠳᠤ ᠲᠡᠷᠢᠭᠦᠨ ᠤ ᠶᠡᠭᠡ ᠰᠤᠷᠭᠠᠭᠤᠯᠢ ᠶᠢᠨ ᠭᠤᠤᠯᠳᠠᠯᠭ᠎ᠠ ᠲᠠᠢ | ᠰᠢᠨᠵᠢᠯᠡᠭᠡᠨ ᠤ ᠰᠠᠯᠠᠭ᠎ᠠ ᠠᠴᠠ ᠳᠡᠭᠦᠰᠦᠭᠰᠡᠨ ᠠᠰᠫᠢᠷᠠᠨᠲ ᠶᠢᠨ ᠰᠤᠳᠤᠯᠬᠤ ᠰᠤᠷᠤᠭᠴᠢ᠃ ︵ᠲᠦᠷᠪᠡ︶ ︽ᠪᠠᠭᠰᠢ | ᠶᠢᠨ ᠮᠡᠷᠭᠡᠵᠢᠯ ᠪᠠ ᠠᠵᠢᠯ ᠮᠠᠷᠭᠡᠵᠢᠯ ᠢ ᠬᠠᠪᠰᠤᠷᠭᠠᠭᠰᠡᠨ ᠬᠡᠯᠪᠡᠷᠢ︾ ᠶᠢᠨ ᠳᠡᠭᠡᠳᠤ ᠳᠡᠰ ᠤᠨ ᠮᠡᠷᠭᠡᠵᠢᠯ ᠤᠨ | ᠴᠢᠳᠠᠪᠤᠷᠢᠲᠠᠨ᠃ ︵ᠲᠠᠪᠤ︶ ᠤᠯᠤᠰ ᠤᠨ ᠳᠡᠰ ᠤᠨ ᠰᠢᠯᠢᠳᠡᠭ ᠰᠤᠶᠤᠯ ᠤᠷᠠᠯᠢᠭ ᠪᠡᠶ᠎ᠡ ᠲᠠᠮᠢᠷ ᠤᠨ ᠴᠢᠳᠠᠪᠤᠷᠢᠳᠠᠨ᠂ | ᠪᠤᠳᠠᠰ ᠤᠨ ᠪᠤᠰᠤ ᠰᠤᠶᠤᠯ ᠦᠪ ᠤᠨ ᠤᠯᠠᠮᠵᠢᠯᠠᠭᠴᠢ᠃ ︵ᠵᠢᠷᠭᠤᠭ᠎ᠠ︶ ᠪᠤᠰᠤᠳ ᠦᠪᠡᠷᠳᠡᠭᠡᠨ ᠵᠠᠰᠠᠬᠤ ᠤᠷᠤᠨ | ᠤ ᠪᠠᠴᠢᠮ ᠱᠠᠭᠠᠷᠳᠠᠭᠳᠠᠵᠤ ᠪᠠᠶᠢᠭ᠎ᠠ ᠬᠤᠪᠤᠷ ᠴᠤᠬᠠᠭ ᠴᠢᠳᠠᠪᠤᠷᠢᠲᠠᠨ᠃ | ᠳᠤᠯᠤᠳᠤᠭᠠᠷ ᠵᠦᠢᠯ ᠤᠯᠠᠨ ᠤᠯᠤᠰ ᠪᠠ ᠤᠯᠤᠰ ᠤᠨ ᠳᠣᠲᠣᠭᠠᠳᠣ ᠶᠢᠨ ᠴᠢᠳᠠᠪᠤᠷᠢᠲᠠᠨ ᠤ ᠡᠬᠢ | ᠪᠠᠶᠠᠯᠢᠭ ᠢ ᠨᠢᠭᠡᠲᠤᠯᠲᠠᠢ ᠲᠦᠯᠦᠪᠵᠢᠭᠦᠯᠵᠤ ᠨᠡᠭᠡᠭᠡᠨ ᠬᠦᠭᠵᠢᠭᠦᠯᠵᠤ ᠠᠰᠢᠭᠯᠠᠨ᠂ ᠭᠠᠳᠠᠭᠠᠳᠤ ᠶᠢᠨ ᠴᠢᠳᠠᠪᠤᠷᠢᠲᠠᠨ ᠢ | ᠤᠷᠤᠭᠤᠯᠤᠨ ᠠᠪᠴᠢᠷᠠᠬᠤ ᠲᠦᠷᠦ ᠶᠢᠨ ᠪᠤᠳᠤᠯᠭ᠎ᠠ ᠪᠠ ᠠᠷᠭ᠎ᠠ ᠬᠡᠯᠪᠡᠷᠢ ᠶᠢ ᠳᠡᠭᠦᠯᠳᠡᠷᠵᠢᠭᠦᠯᠦᠨ᠎ᠡ᠃ ᠤᠯᠤᠰ ᠪᠠ | ᠦᠪᠡᠷᠳᠡᠭᠡᠨ ᠵᠠᠰᠠᠬᠤ ᠤᠷᠤᠨ ᠤ ᠭᠠᠳᠠᠭᠠᠳᠣ ᠶᠢᠨ ᠲᠤᠰᠬᠠᠢ ᠮᠡᠷᠭᠡᠵᠢᠯᠲᠠᠨ ᠢ ᠰᠢᠰᠲ᠋ᠧᠮᠵᠢᠭᠦᠯᠦᠨ ᠬᠠᠮᠢᠶᠠᠷᠬᠤ | ᠰᠠᠯᠠᠭ᠎ᠠ ᠮᠦᠴᠢᠷ ᠠᠴᠠ ᠲᠤᠭᠲᠠᠭᠠᠭᠰᠠᠨ ᠭᠠᠳᠠᠭᠠᠳᠤ ᠶᠢᠨ ᠲᠡᠷᠢᠭᠦᠨ ᠤ ᠲᠤᠰᠬᠠᠢ ᠮᠡᠷᠭᠡᠵᠢᠯᠳᠠᠨ ᠤ ᠲᠦᠷᠦᠯ ᠵᠦᠢᠯ᠂ | ᠦᠵᠤ ᠮᠡᠷᠭᠡᠵᠢᠯ ᠤᠨ ᠤᠶᠤᠨ ᠤᠬᠠᠭᠠᠨ ᠢ ᠤᠷᠤᠭᠤᠯᠤᠨ ᠠᠪᠴᠢᠷᠠᠬᠤ ᠲᠦᠷᠦᠯ ᠵᠦᠢᠯ᠂ ᠭᠤᠤᠯᠳᠠᠯᠭ᠎ᠠ ᠲᠠᠢ | ᠤᠶᠤᠨ ᠤᠬᠠᠭᠠᠨ ᠢ ᠤᠷᠤᠭᠤᠯᠤᠨ ᠠᠪᠴᠢᠷᠠᠬᠤ ᠲᠦᠷᠦᠯ ᠵᠦᠢᠯ᠂ ᠭᠠᠳᠠᠭᠠᠳᠤ ᠶᠢᠨ ᠰᠤᠶᠤᠯ ᠰᠤᠷᠭᠠᠨ ᠬᠦᠮᠦᠵᠢᠯ | ᠤᠨ ᠦᠵᠤ ᠮᠡᠷᠭᠡᠵᠢᠯ ᠤᠨ ᠤᠷᠢᠨ ᠬᠡᠷᠡᠭᠯᠡᠬᠦ ᠲᠦᠯᠦᠪᠯᠡᠭᠡ ᠶᠢᠨ ᠲᠦᠷᠦᠯ ᠵᠦᠢᠯ ᠵᠡᠷᠭᠡ ᠳᠡᠬᠡᠳᠣ ᠳᠡᠰ ᠳᠠᠪᠬᠤᠷᠭ᠎ᠠ | ᠶᠢᠨ ᠭᠠᠳᠠᠭᠠᠳᠤ ᠶᠢᠨ ᠲᠤᠰᠬᠠᠢ ᠮᠡᠷᠭᠡᠵᠢᠯᠲᠠᠨ᠂ ᠳᠡᠭᠡᠳᠤ ᠳᠡᠰ ᠳᠠᠪᠬᠤᠷᠭ᠎ᠠ ᠶᠢᠨ ᠭᠠᠳᠠᠭᠠᠳᠤ ᠳᠤ ᠰᠤᠷᠤᠯᠴᠠᠵᠤ | ᠤᠯᠤᠰ ᠲᠠᠭᠠᠨ ᠪᠤᠴᠠᠵᠤ ᠢᠷᠡᠭᠰᠡᠨ ᠲᠤᠰᠬᠠᠢ ᠮᠡᠷᠭᠡᠵᠢᠯᠲᠠᠨ᠂ ᠭᠠᠳᠠᠭᠠᠳᠤ ᠶᠢᠨ ᠳᠡᠭᠡᠳᠤ ᠳᠡᠰ ᠳᠡᠪᠬᠤᠷᠭ᠎ᠠ ᠶᠢᠨ | ᠪᠠᠴᠢᠮ ᠱᠠᠭᠠᠷᠳᠠᠭᠳᠠᠵᠤ ᠪᠠᠶᠢᠭ᠎ᠠ ᠬᠤᠪᠤᠷ ᠴᠤᠬᠠᠭ ᠴᠢᠳᠠᠪᠤᠷᠢᠲᠠᠨ᠂ ᠴᠢᠳᠠᠪᠤᠷᠢᠲᠠᠨ ᠢ ᠤᠷᠤᠭᠤᠯᠤᠨ ᠠᠪᠴᠢᠷᠠᠬᠤ | ᠬᠠᠷᠠᠭᠠᠯᠵᠠᠭᠰᠠᠨ ᠲᠦᠷᠦᠯ ᠵᠦᠢᠯ ᠳᠤ ᠨᠡᠶᠢᠴᠡᠪᠡᠯ᠂ ᠬᠠᠷᠠᠭᠠᠯᠵᠠᠭᠰᠠᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ | ᠬᠦᠷᠳᠡᠨ᠎ᠡ᠃ | ᠭᠤᠷᠪᠠᠳᠤᠭᠠᠷ ᠪᠦᠯᠦᠭ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠠᠷᠭ᠎ᠠ ᠬᠡᠯᠪᠡᠷᠢ | ᠨᠠᠶᠢᠮᠠᠳᠤᠭᠠᠷ ᠵᠦᠢᠯ ᠴᠢᠳᠠᠪᠤᠷᠢᠲᠠᠨ ᠢ ᠤᠷᠤᠭᠤᠯᠤᠨ ᠠᠪᠴᠢᠷᠠᠬᠤ ᠠᠵᠢᠯ ᠪᠠᠲᠤᠯᠠᠭ᠎ᠠ ᠲᠠᠢ ᠴᠢᠨᠠᠷ ᠪᠠ | ᠵᠦᠭᠡᠯᠡᠨ ᠴᠢᠨᠠᠷ ᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠳᠠᠯᠠᠨ᠎ᠠ᠃ ᠪᠠᠲᠤᠯᠠᠭ᠎ᠠ ᠲᠠᠢ ᠴᠢᠳᠠᠪᠤᠷᠢᠲᠠᠨ ᠢ | ᠤᠷᠤᠭᠤᠯᠤᠨ ᠠᠪᠴᠢᠷᠠᠬᠤ ᠨᠢ ᠠᠵᠢᠯᠲᠠᠨ ᠤ ᠶᠠᠪᠤᠳᠠᠯ ᠤᠨ ᠬᠠᠷᠢᠴᠠᠭ᠎ᠠ ᠨᠢ ᠤᠷᠢᠨ ᠬᠡᠷᠡᠭᠯᠡᠬᠦ᠂ ᠠᠵᠢᠯ ᠰᠢᠯᠵᠭᠦᠯᠬᠦ | ᠵᠡᠷᠭᠡ ᠠᠷᠭ᠎ᠠ ᠬᠡᠯᠪᠡᠷᠢ ᠪᠠᠷ ᠳᠡᠮᠵᠢᠵᠤ ᠮᠠᠨ ᠤ ᠤᠷᠤᠨ ᠳᠤ ᠰᠢᠯᠵᠢᠵᠤ ᠢᠷᠡᠭᠰᠡᠨ ᠴᠢᠳᠠᠪᠤᠷᠢᠲᠠᠨ ᠢ ᠵᠢᠭᠠᠨ᠎ᠠ᠃ | ᠵᠦᠭᠡᠯᠡᠨ ᠴᠢᠨᠠᠷ ᠤᠨ ᠴᠢᠳᠠᠪᠤᠷᠢᠲᠠᠨ ᠢ ᠤᠷᠤᠭᠤᠯᠤᠨ ᠠᠪᠴᠢᠷᠠᠬᠤ ᠨᠢ ᠠᠵᠢᠯ ᠬᠠᠪᠰᠤᠷᠭᠠᠬᠤ᠂ ᠨᠠᠶᠢᠳᠠᠬᠤ᠂ | ᠬᠠᠮᠲᠤᠷᠠᠯᠴᠠᠬᠤ ᠵᠡᠷᠭᠡ ᠠᠷᠭ᠎ᠠ ᠬᠡᠯᠪᠡᠷᠢ ᠪᠠᠷ ᠠᠵᠢᠯᠲᠠᠨ ᠬᠡᠷᠡᠭᠯᠡᠬᠦ ᠨᠢᠭᠡᠴᠡ ᠳᠤ ᠠᠵᠢᠯᠯᠠᠬᠤ ᠪᠤᠯᠪᠠᠴᠤ ᠠᠵᠢᠯᠲᠠᠨ ᠤ | ᠶᠠᠪᠤᠳᠠᠯ ᠤᠨ ᠬᠠᠷᠢᠴᠠᠭ᠎ᠠ ᠶᠢ ᠬᠤᠪᠢᠷᠠᠭᠤᠯᠬᠤ ᠦᠭᠡᠢ᠂ ᠤᠷᠤᠭᠤᠯᠤᠨ ᠠᠪᠴᠢᠷᠠᠭᠰᠠᠨ ᠨᠢᠭᠡᠴᠡ ᠲᠠᠢ ᠵᠦᠭᠡᠯᠡᠨ | ᠴᠢᠨᠠᠷ ᠤᠨ ᠤᠷᠤᠭᠤᠯᠤᠨ ᠠᠪᠴᠢᠷᠠᠭᠰᠠᠨ ᠬᠡᠯᠡᠯᠴᠡᠭᠡᠷ ᠲᠤᠭᠳᠠᠵᠤ᠂ ᠪᠤᠳᠠᠳᠠᠢ ᠲᠤᠳᠤᠷᠬᠠᠢ ᠠᠵᠢᠯ ᠤᠨ ᠠᠭᠤᠯᠭ᠎ᠠ | ᠲᠠᠢ ᠪᠠᠶᠢᠵᠤ᠂ ᠠᠵᠢᠯᠲᠠᠨ ᠬᠡᠷᠡᠭᠯᠡᠬᠦ ᠨᠢᠭᠡᠴᠡ ᠳᠤ ᠬᠠᠮᠵᠢᠵᠤ ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠤ | ᠰᠤᠳᠤᠯᠭᠠᠨ᠂ ᠵᠢᠭᠠᠨ ᠰᠤᠷᠭᠠᠯᠲᠠ ᠵᠡᠷᠭᠡ ᠠᠵᠢᠯ ᠢ ᠪᠡᠶᠡᠯᠡᠬᠦᠯᠬᠦ ᠶᠢᠨ ᠬᠠᠮᠲᠤ ᠭᠤᠤᠯᠯᠠᠬᠤ ᠦᠢᠯᠡᠳᠤᠯ ᠢᠶᠠᠨ | ᠪᠠᠳᠠᠷᠠᠭᠤᠯᠬᠤ ᠴᠢᠳᠠᠪᠤᠷᠢᠲᠠᠨ ᠢ ᠵᠢᠭᠠᠨ᠎ᠠ᠃ | ᠶᠢᠰᠦᠳᠦᠭᠡᠷ ᠵᠦᠢᠯ ᠠᠵᠢᠯ ᠦᠢᠯᠡᠰ ᠤᠨ ᠨᠢᠭᠡᠴᠡ ︽ᠰᠠᠭᠠᠳ ᠦᠭᠡᠢ ᠨᠡᠪᠲᠡᠷᠡᠬᠦ ᠵᠠᠮ︾ ᠢᠶᠠᠷ ᠳᠡᠮᠵᠢᠵᠤ | ᠡᠯ᠎ᠡ ᠲᠦᠷᠦᠯ ᠤᠨ ᠳᠡᠭᠡᠳᠣ ᠳᠡᠰ ᠳᠠᠪᠬᠤᠷᠭ᠎ᠠ ᠶᠢᠨ ᠪᠠᠴᠢᠮ ᠱᠠᠭᠠᠷᠳᠠᠭᠳᠠᠵᠤ ᠪᠠᠶᠢᠭ᠎ᠠ ᠬᠤᠪᠤᠷ ᠴᠤᠬᠠᠭ | ᠴᠢᠳᠠᠪᠤᠷᠢᠲᠠᠨ ᠢ ᠤᠷᠤᠭᠤᠯᠤᠨ ᠠᠪᠴᠢᠷᠠᠵᠤ ᠪᠤᠯᠤᠨ᠎ᠠ᠃ ᠨᠢᠭᠡᠳᠤᠭᠡᠷ ᠠᠴᠠ ᠲᠦᠷᠪᠡᠳᠤᠭᠡᠷ ᠲᠦᠷᠦᠯ ᠤᠨ | ᠴᠢᠳᠠᠪᠤᠷᠢᠲᠠᠨ ᠢ ᠤᠷᠤᠭᠤᠯᠤᠨ ᠠᠪᠴᠢᠷᠠᠬᠤ ᠳᠤ᠂ ᠤᠷᠤᠭᠤᠯᠤᠨ ᠠᠪᠴᠢᠷᠠᠬᠤ ᠨᠢᠭᠡᠴᠡ ᠠᠴᠠ ᠵᠤᠬᠢᠶᠠᠨ | ᠪᠠᠶᠢᠭᠤᠯᠤᠭᠰᠠᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠭᠤᠶᠤᠴᠢᠯᠠᠯ᠂ ᠤᠷᠤᠨ | ᠲᠤᠭ᠎ᠠ ᠶᠢᠨ ᠬᠡᠷᠡᠭᠯᠡᠯᠲᠠ ᠶᠢᠨ ᠪᠠᠶᠢᠳᠠᠯ᠂ ᠤᠷᠤᠭᠤᠯᠤᠨ ᠠᠪᠴᠢᠷᠠᠬᠤ ᠪᠠᠷ ᠵᠢᠱᠢᠵᠤ ᠪᠠᠶᠢᠭ᠎ᠠ ᠴᠢᠳᠠᠪᠤᠷᠢᠲᠠᠨ ᠤ ᠬᠢᠷᠢ | ᠭᠡᠮ ᠤᠨ ᠭᠡᠷᠡᠴᠢ ᠵᠡᠷᠭᠡ ᠮᠠᠲ᠋ᠧᠷᠢᠶᠠᠯ ᠢ ᠳᠡᠪᠰᠢᠭᠦᠯᠦᠨ᠎ᠡ᠃ ᠨᠦᠭᠦᠴᠡᠯ ᠳᠤ ᠨᠡᠶᠢᠴᠡᠬᠦ ᠮᠦᠷᠳᠡᠭᠡᠨ ᠮᠠᠲ᠋ᠧᠷᠢᠶᠠᠯ ᠨᠢ | ᠪᠦᠷᠢᠨ ᠪᠤᠯ᠂ ᠵᠤᠬᠢᠶᠠᠨ ᠪᠠᠶᠢᠭᠤᠯᠤᠭᠰᠠᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ | ᠬᠦᠯᠢᠶᠠᠨ ᠠᠪᠤᠭᠰᠠᠨ ᠡᠳᠦᠷ ᠠᠴᠠ ᠡᠬᠢᠯᠡᠨ15 ᠠᠵᠢᠯᠯᠠᠬᠤ ᠡᠳᠦᠷ ᠤᠨ ᠲᠤᠳᠤᠷ᠎ᠡ ᠤᠷᠤᠭᠤᠯᠤᠨ ᠠᠪᠴᠢᠷᠠᠬᠤ | ᠭᠠᠷᠳᠠᠮ ᠢ ᠬᠦᠢᠴᠡᠳᠭᠡᠨ᠎ᠡ︔ ᠤᠷᠤᠨ ᠲᠤᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠤᠷᠤᠭᠤᠯᠤᠨ | ᠠᠪᠴᠢᠷᠠᠬᠤ ᠶᠢ ᠵᠦᠪᠰᠢᠶᠡᠷᠡᠭᠰᠡᠨ ᠮᠡᠳᠡᠭᠳᠡᠯ ᠢ ᠲᠤᠰᠤᠭᠰᠠᠨ ᠡᠳᠦᠷ ᠠᠴᠠ ᠡᠬᠢᠯᠠᠵᠤ15 ᠠᠵᠢᠯᠯᠠᠬᠤ ᠡᠳᠦᠷ ᠤᠨ | ᠲᠤᠳᠤᠷ᠎ᠡ ᠣᠷᠣᠨ ᠲᠤᠭ᠎ᠠ ᠳᠤ ᠣᠷᠣᠭᠤᠯᠣᠨ ᠳᠠᠩᠰᠠᠯᠠᠨ᠎ᠠ᠃ ᠲᠠᠪᠤᠳᠤᠭᠠᠷ ᠠᠴᠠ ᠲᠤᠯᠤᠳᠤᠭᠠᠷ ᠲᠦᠷᠦᠯ ᠤᠨ | ᠴᠢᠳᠠᠪᠤᠷᠢᠲᠠᠨ ᠢ ᠤᠷᠤᠭᠤᠯᠤᠨ ᠠᠪᠴᠢᠷᠠᠬᠤ ᠳᠤ ᠡᠮᠦᠨᠡᠬᠢ ᠵᠤᠷᠪᠤᠰ ᠲᠤ ᠲᠤᠭᠳᠠᠭᠠᠭᠰᠠᠨ ᠠᠯᠬᠤᠮ ᠲᠠᠷᠠᠭ᠎ᠠ | ᠶᠤᠰᠤᠭᠠᠷ ᠬᠡᠷᠡᠭᠵᠢᠬᠦᠯᠬᠦ ᠠᠴᠠ ᠭᠠᠳᠠᠨ᠎ᠠ᠂ ᠬᠦᠮᠦᠨ ᠬᠡᠷᠡᠭᠯᠡᠬᠦ ᠨᠢᠭᠡᠴᠡ ᠨᠢ ᠪᠠᠰᠠ ᠲᠤᠰᠬᠠᠢ ᠮᠡᠷᠭᠡᠵᠢᠯᠲᠠᠨ ᠤ | ᠦᠨᠡᠯᠡᠨ ᠵᠢᠱᠢᠯᠲᠠ ᠪᠤᠶᠤ ᠪᠠᠶᠢᠴᠠᠭᠠᠨ ᠦᠨᠡᠯᠡᠯᠲᠠ ᠬᠢᠵᠤ᠂ ᠬᠠᠮᠲᠤᠪᠡᠷ ᠰᠤᠳᠤᠯᠬᠤ ᠮᠦᠷᠳᠡᠭᠡᠨ ᠬᠠᠮᠢᠶ᠎ᠠ ᠪᠦᠬᠦᠢ | ᠪᠠᠶᠢᠳᠠᠯ ᠢ ᠵᠤᠬᠢᠶᠠᠨ ᠪᠠᠶᠢᠭᠤᠯᠤᠯᠲᠠ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ | ᠮᠡᠳᠡᠭᠦᠯᠦᠨ᠎ᠡ᠃ | ᠠᠷᠪᠠᠳᠤᠭᠠᠷ ᠵᠦᠢᠯ ᠠᠵᠢᠯ ᠦᠢᠯᠡᠰ ᠤᠨ ᠨᠢᠭᠡᠴᠡ ᠤᠷᠤᠨ ᠲᠤᠭ᠎ᠠ ᠨᠢᠭᠡᠨᠲᠠ ᠲᠦᠭᠦᠷᠦᠭᠰᠡᠨ ᠪᠠᠶᠢᠳᠠᠯ | ᠲᠤᠤᠷ᠎ᠡ᠂ ᠨᠢᠭᠡᠳᠤᠭᠡᠷ ᠠᠴᠠ ᠵᠢᠷᠭᠤᠳᠤᠭᠠᠷ ᠲᠦᠷᠦᠯ ᠤᠨ ᠴᠢᠳᠠᠪᠤᠷᠢᠲᠠᠨ ᠢ ᠪᠠᠲᠤᠯᠠᠭ᠎ᠠ ᠲᠠᠢ ᠤᠷᠤᠭᠤᠯᠤᠨ | ᠠᠪᠴᠢᠷᠠᠬᠤ ᠳᠤ᠂ ᠤᠷᠤᠨ ᠲᠤᠭ᠎ᠠ ᠶᠢᠨ ᠰᠠᠯᠠᠭ᠎ᠠ ᠮᠦᠴᠢᠷ ᠲᠤ ᠬᠠᠷᠭᠤᠭᠤᠯᠤᠨ ᠨᠡᠮᠡᠭᠳᠡᠭᠦᠯᠬᠦ ᠴᠢᠳᠠᠪᠤᠷᠢᠲᠠᠨ ᠤ | ᠲᠤᠰᠬᠠᠢ ᠲᠦᠷᠦᠯ ᠤᠨ ᠤᠷᠤᠨ ᠲᠤᠭ᠎ᠠ ᠶᠢ ᠣᠷᠣᠨ ᠲᠤᠭᠠᠨ ᠳᠠᠭᠠᠨ ᠤᠷᠤᠭᠤᠯᠵᠤ ᠲᠠᠩᠰᠠᠯᠠᠬᠤ ᠪᠠᠷ ᠭᠤᠶᠤᠴᠢᠯᠠᠨ᠎ᠠ | ᠃ | ᠠᠷᠪᠠᠨ ᠨᠢᠭᠡᠳᠤᠭᠡᠷ ᠵᠦᠢᠯ ᠡᠯ᠎ᠡ ᠲᠦᠷᠦᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ | ᠴᠢᠳᠠᠪᠤᠷᠢᠲᠠᠨ ᠤ ᠵᠠᠭᠤᠴᠢᠯᠠᠭᠴᠢ ᠵᠤᠬᠢᠶᠠᠨ ᠪᠠᠶᠢᠭᠤᠯᠤᠯᠲᠠ ᠵᠡᠷᠬᠡ ᠶᠢᠨ ᠴᠢᠳᠠᠪᠤᠷᠢᠲᠠᠨ ᠢ ᠤᠷᠤᠭᠤᠯᠤᠨ ᠠᠪᠴᠢᠷᠠᠬᠤ | ᠪᠠ ᠪᠠᠲᠤᠯᠠᠨ ᠲᠠᠨᠢᠯᠴᠠᠭᠤᠯᠬᠤ ᠶᠢ ᠵᠤᠷᠢᠭᠵᠢᠭᠤᠯᠤᠨ᠎ᠠ᠃ ᠨᠢᠭᠡᠳᠤᠭᠡᠷ ᠠᠴᠠ ᠲᠦᠷᠪᠡᠳᠤᠭᠡᠷ ᠲᠦᠷᠦᠯ ᠤᠨ | ᠴᠢᠳᠠᠪᠤᠷᠢᠲᠠᠨ ᠵᠢᠴᠢ ᠰᠢᠨ᠎ᠡ ᠶᠢ ᠡᠭᠦᠳᠬᠦ ᠦᠢᠯᠡᠰ ᠪᠤᠰᠬᠠᠬᠤ ᠪᠦᠯᠬᠦᠮ ᠢ ᠠᠮᠵᠢᠯᠲᠠ ᠲᠠᠢ ᠪᠠᠷ ᠪᠠᠲᠤᠯᠠᠭ᠎ᠠ ᠲᠠᠢ | ᠤᠷᠤᠭᠤᠯᠤᠨ ᠠᠪᠴᠢᠷᠠᠭᠰᠠᠨ ᠪᠤᠯ50 ᠲᠦᠮᠡ ᠠᠴᠠ100 ᠲᠦᠮᠡᠨ ᠲᠦᠭᠦᠷᠢᠭ ᠤᠨ ᠱᠠᠩᠨᠠᠯ ᠤᠯᠭᠤᠨ᠎ᠠ᠃ | ᠲᠦᠷᠪᠡᠳᠤᠭᠡᠷ ᠪᠦᠯᠦᠭ ᠰᠤᠳᠤᠯᠭᠠᠨ ᠤ ᠳᠡᠮᠵᠢᠯᠭᠡ | ᠠᠷᠪᠠᠨ ᠬᠤᠶᠠᠳᠤᠭᠠᠷ ᠵᠦᠢᠯ ᠠᠵᠢᠯᠲᠠᠨ ᠬᠡᠷᠡᠭᠯᠡᠬᠦ ᠨᠢᠭᠡᠴᠡ ᠴᠢᠳᠠᠪᠤᠷᠢᠲᠠᠨ ᠤᠷᠤᠭᠤᠯᠵᠤ ᠠᠪᠴᠢᠷᠠᠬᠤ ᠠᠵᠢᠯ | ᠳᠤ ᠲᠠᠯᠠᠪᠤᠷ᠂ ᠲᠤᠨᠤᠭ ᠲᠦᠭᠦᠭᠡᠷᠤᠮᠵᠢ᠂ ᠲᠤᠰᠬᠠᠢ ᠬᠦᠮᠦᠨ ᠵᠡᠷᠭᠡ ᠱᠠᠭᠠᠷᠳᠠᠭᠳᠠᠬᠤ ᠨᠦᠭᠦᠴᠡᠯ ᠢ ᠪᠡᠯᠡᠳᠭᠡᠨ | ᠦᠭᠬᠦ ᠪᠦᠭᠡᠳ ᠴᠢᠳᠠᠪᠤᠷᠢᠲᠠᠨ ᠤᠷᠤᠭᠤᠯᠤᠨ ᠠᠪᠴᠢᠷᠠᠵᠤ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ | ᠴᠢᠬᠤᠯᠠ ᠶᠡᠭᠡ ᠰᠤᠳᠤᠯᠭᠠᠨ ᠤ ᠢᠨᠵᠧᠨᠧᠷᠢᠩ ᠢ ᠭᠤᠶᠤᠴᠢᠯᠠᠬᠤ ᠶᠢ ᠳᠡᠳᠭᠦᠨ ᠳᠡᠮᠵᠢᠪᠡᠯ ᠵᠤᠬᠢᠨ᠎ᠠ᠃ | ᠴᠢᠳᠠᠪᠤᠷᠢᠲᠠᠨ ᠤᠷᠤᠭᠤᠯᠤᠨ ᠠᠪᠴᠢᠷᠠᠵᠤ ᠰᠤᠳᠤᠯᠭᠠᠨ ᠤ ᠠᠵᠢᠯ ᠢ ᠬᠠᠷᠢᠭᠤᠴᠠᠭᠤᠯᠪᠠᠯ᠂ ᠰᠤᠳᠤᠯᠭᠠᠨ ᠤ ᠪᠦᠯᠬᠦᠮ | ᠪᠠᠭ ᠢ ᠬᠠᠮᠲᠤ ᠤᠷᠤᠭᠤᠯᠤᠨ ᠠᠪᠴᠢᠷᠠᠵᠤ᠂ ᠢᠨᠵᠧᠨᠧᠷᠢᠩ ᠢ ᠬᠠᠷᠢᠭᠤᠴᠠᠬᠤ ᠲᠦᠷᠢᠮ ᠢ ᠬᠡᠷᠡᠭᠵᠢᠭᠦᠯᠦᠨ᠂ | ᠰᠤᠳᠤᠯᠭᠠᠨ ᠤ ᠡᠷᠭᠡ᠂ ᠠᠵᠢᠯᠳᠠᠳ ᠤᠨ ᠬᠠᠮᠢᠶᠠᠷᠤᠯᠲᠠ ᠶᠢᠨ ᠡᠷᠭᠡ ᠪᠠ ᠵᠠᠷᠤᠳᠠᠯ ᠰᠦᠢᠳᠭᠡᠯ ᠤᠨ ᠡᠷᠭᠡ ᠶᠢ | ᠬᠠᠮᠲᠤ ᠲᠤᠨᠢ ᠡᠳ᠋ᠯᠡᠭᠦᠯᠦᠨ᠎ᠡ᠃ | ᠠᠷᠪᠠᠨ ᠭᠤᠷᠪᠠᠳᠤᠭᠠᠷ ᠵᠦᠢᠯ ᠳᠡᠭᠡᠳᠤ ᠵᠡᠷᠬᠡ ᠶᠢᠨ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠶᠢᠨ | ᠤᠯᠤᠰ ᠤᠨ ᠲᠤᠳᠤᠭᠠᠳᠤ ᠭᠠᠳᠠᠭᠠᠳᠤ ᠶᠢᠨ ᠬᠡᠪᠴᠢᠶᠠᠨ ᠤ ᠰᠤᠳᠤᠯᠭᠠᠨ ᠤ ᠰᠤᠯᠢᠯᠴᠠᠭ᠎ᠠ᠂ ᠰᠤᠳᠤᠯᠭᠠᠨ ᠤ | ᠬᠠᠮᠳᠤᠷᠠᠯᠴᠠᠭᠠᠨ ᠤ ᠠᠵᠢᠯᠯᠠᠭ᠎ᠠ ᠶᠢ ᠳᠠᠮᠵᠢᠨ ᠵᠤᠷᠢᠭᠵᠢᠭᠤᠯᠵᠤ᠂ ᠤᠯᠤᠰ ᠠᠴᠠ ᠭᠠᠷᠬᠤ ᠬᠢᠨᠠᠨ ᠵᠦᠪᠰᠢᠶᠡᠷᠡᠯ ᠤᠨ | ᠶᠠᠪᠤᠴᠠ ᠶᠢ ᠲᠦᠳᠡᠯᠡᠨ᠂ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ᠂ ᠲᠡᠷᠢᠭᠦᠨ ᠤ | ᠡᠩᠨᠡᠭᠡᠨ ᠳᠠᠬᠢ ᠰᠣᠳᠣᠯᠭᠠᠨ ᠤ ᠢᠨᠵᠧᠨᠧᠷᠢᠩ ᠪᠠ ᠤᠯᠠᠨ ᠤᠯᠤᠰ ᠤᠨ ᠬᠠᠮᠲᠤᠷᠠᠯᠴᠠᠭᠠᠨ ᠤ ᠢᠨᠵᠧᠨᠧᠷᠢᠩ ᠤᠨ | ᠬᠦᠮᠦᠰ ᠤᠨ ᠭᠠᠳᠠᠭᠠᠳᠤ ᠳᠤ ᠠᠶᠢᠯᠴᠢᠯᠠᠬᠤ ᠶᠢ ᠭᠤᠤᠯᠳᠠᠯᠭᠠᠲᠠᠢ ᠠᠳᠬᠤᠨ ᠤᠷᠢᠳᠴᠢᠯᠠᠨ ᠲᠤᠬᠢᠷᠠᠭᠤᠯᠤᠨ᠎ᠠ᠃ | ᠠᠷᠪᠠᠨ ᠲᠦᠷᠪᠡᠳᠤᠭᠡᠷ ᠵᠦᠢᠯ ᠠᠵᠢᠯ ᠦᠢᠯᠡᠰ ᠤᠨ ᠨᠢᠭᠡᠴᠡ ᠬᠠᠳᠠᠭᠤ ᠴᠢᠨᠠᠷᠳᠠᠢ ᠪᠠᠷ ᠴᠢᠳᠠᠪᠤᠷᠢᠲᠠᠨ | ᠤᠷᠤᠭᠤᠯᠤᠨ ᠠᠪᠴᠢᠷᠠᠬᠤ ᠳᠠᠭᠠᠨ᠂ ᠠᠵᠢᠯ ᠤᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠴᠢᠳᠠᠪᠤᠷᠢᠲᠠᠨ | ᠤᠷᠤᠭᠤᠯᠤᠨ ᠠᠪᠴᠢᠷᠠᠬᠤ ᠲᠤᠰᠬᠠᠢ ᠠᠵᠢᠯ ᠤᠨ ᠪᠠᠶᠢᠷᠢ ᠶᠢᠨ ᠬᠡᠯᠡᠯᠴᠡᠭᠡᠷ ᠲᠤᠭᠳᠠᠨ᠎ᠠ᠃ ᠮᠡᠨ ᠤ ᠤᠷᠤᠨ ᠤ | ᠨᠦᠭᠦᠴᠡᠯ ᠳᠤ ᠨᠡᠶᠢᠴᠡᠭᠰᠡᠨ ᠴᠢᠳᠠᠪᠤᠷᠢᠲᠠᠨ ᠤᠷᠤᠭᠤᠯᠤᠨ ᠠᠪᠴᠢᠷᠠᠬᠤ ᠲᠠᠭᠠᠨ ᠲᠤᠬᠠᠢ ᠶᠢᠨ ᠪᠠᠶᠢᠭᠤᠯᠭ᠎ᠠ ᠯᠤᠭ᠎ᠠ | ᠪᠠᠨ ᠲᠤᠰᠬᠠᠢ ᠠᠵᠢᠯ ᠤᠨ ᠪᠠᠶᠢᠷᠢ ᠶᠢᠨ ᠬᠡᠯᠡᠯᠴᠡᠭᠡᠷ ᠲᠤ ᠠᠵᠢᠯ ᠤᠨ ᠶᠡᠷᠦᠩᠭᠡᠢ ᠬᠠᠷᠠᠯᠲᠠ᠂ ᠲᠤᠬᠠᠢ ᠶᠢᠨ ᠬᠢᠷᠢ | ᠲᠦᠪᠰᠢᠨ ᠯᠦᠭᠡ ᠬᠠᠷᠠᠭᠠᠯᠵᠠᠭᠰᠠᠨ ᠰᠣᠳᠣᠯᠭ᠎ᠠ ᠬᠢᠵᠤ ᠵᠢᠭᠠᠨ ᠰᠤᠷᠭᠠᠬᠤ ᠡᠭᠦᠷᠭᠡ᠂ ᠤᠷᠢᠵᠤ ᠬᠡᠷᠡᠭᠯᠡᠬᠦ | ᠬᠤᠭᠤᠴᠠᠭ᠎ᠠ᠂ ᠬᠦᠯᠦᠰᠦ ᠤᠯᠭᠤᠮᠵᠢ ᠵᠡᠷᠭᠡ ᠠᠭᠤᠯᠭ᠎ᠠ ᠶᠢ ᠬᠡᠯᠡᠯᠴᠡᠨ ᠲᠤᠬᠢᠷᠠᠯᠴᠡᠪᠡᠯ ᠵᠤᠬᠢᠨ᠎ᠠ᠃ | ᠠᠷᠪᠠᠨ ᠲᠠᠪᠤᠳᠤᠭᠠᠷ ᠵᠦᠢᠯ ᠲᠤᠰᠬᠠᠢ ᠠᠵᠢᠯ ᠤᠨ ᠪᠠᠶᠢᠷᠢ ᠶᠢᠨ ᠴᠢᠳᠠᠪᠤᠷᠢᠲᠠᠨ ᠤᠷᠢᠵᠤ ᠬᠡᠷᠡᠭᠯᠡᠬᠦ | ᠬᠡᠯᠡᠯᠴᠡᠭᠡᠷ ᠨᠢ ᠡᠷᠭᠡᠪᠰᠢ ︽ᠴᠢᠳᠠᠪᠤᠷᠢᠲᠠᠨ ᠤᠷᠤᠭᠤᠯᠤᠨ ᠠᠪᠴᠢᠷᠠᠵᠤ ᠬᠡᠷᠡᠭᠯᠡᠬᠦ ᠠᠵᠢᠯ ᠤᠨ ᠠᠯᠪᠠᠨ ᠭᠡᠷ︾ ᠤᠨ | ᠵᠤᠬᠢᠶᠠᠨ ᠪᠠᠶᠢᠭᠤᠯᠤᠭᠰᠠᠨ ᠲᠤᠰᠬᠠᠢ ᠮᠡᠷᠭᠡᠵᠢᠯᠲᠠᠨ ᠤ ᠦᠨᠡᠯᠡᠯᠲᠠ ᠶᠢ ᠦᠩᠭᠡᠷᠠᠭᠦᠯᠦᠭᠰᠡᠨ ᠤ ᠲᠠᠷᠠᠭ᠎ᠠ ᠰᠠᠶ᠋ᠢ | ᠤᠷᠢᠵᠤ ᠬᠡᠷᠡᠭᠯᠡᠬᠦ ᠬᠤᠭᠤᠴᠠᠭᠠᠨ ᠳᠠᠬᠢ ᠰᠤᠳᠤᠯᠭᠠᠨ ᠤ ᠳᠡᠮᠵᠢᠯᠭᠡ᠂ ᠠᠵᠢᠯ ᠤᠨ ᠪᠠᠶᠢᠷᠢ ᠶᠢᠨ ᠬᠦᠬᠢᠬᠦᠯᠦᠯ ᠵᠡᠷᠭᠡ | ᠬᠠᠷᠠᠭᠠᠯᠵᠠᠯ ᠢ ᠬᠦᠷᠳᠡᠨ᠎ᠡ᠃ | ᠠᠷᠪᠠᠨ ᠵᠢᠷᠭᠤᠳᠤᠭᠠᠷ ᠵᠦᠢᠯ ᠠᠵᠢᠯ ᠦᠢᠯᠡᠰ ᠤᠨ ᠨᠢᠭᠡᠴᠡ ᠶᠢᠨ ᠬᠠᠲᠠᠭᠤ ᠴᠢᠨᠠᠷᠲᠠᠢ ᠪᠠᠷ ᠤᠷᠤᠭᠤᠯᠤᠨ | ᠠᠪᠴᠢᠷᠠᠭᠰᠠᠨ ᠴᠢᠳᠠᠪᠤᠷᠢᠲᠠᠨ ᠨᠢ ᠤᠷᠢᠵᠤ ᠬᠡᠷᠡᠭᠯᠡᠬᠦ ᠬᠤᠭᠤᠴᠠᠭᠠᠨ ᠲᠤᠳᠤᠷ᠎ᠡ ᠰᠤᠳᠤᠯᠭᠠᠨ ᠤ ᠠᠵᠢᠯ ᠤᠨ | ᠱᠠᠭᠠᠷᠳᠠᠯᠭ᠎ᠠ ᠲᠠᠢ ᠪᠤᠯ᠂ ᠲᠤᠤᠷᠡᠬᠢ ᠮᠡᠳᠤ ᠪᠠᠷᠢᠮᠵᠢᠶ᠎ᠠ ᠪᠠᠷ ᠰᠤᠳᠤᠯᠭᠠᠨ ᠤ ᠠᠵᠢᠯ ᠤᠨ ᠵᠠᠷᠤᠳᠠᠯ ᠤᠨ ᠳᠡᠮᠵᠢᠯᠭᠡ | ᠤᠯᠭᠤᠨ᠎ᠠ ᠄ ᠨᠢᠭᠡᠳᠤᠭᠡᠷ ᠲᠦᠷᠦᠯ ᠤᠨ ᠴᠢᠳᠠᠪᠤᠷᠢᠲᠠᠨ᠂ ᠡᠬᠢᠨ ᠤ ᠵᠢᠯ ᠳᠤ1 ᠳ᠋ᠦᠩᠰᠢᠭᠤᠷ ᠲᠦᠭᠦᠷᠢᠭ ᠤᠨ | ᠲᠤᠷᠰᠢᠯᠲᠠ ᠶᠢᠨ ᠲᠠᠰᠤᠭ ᠪᠠᠶᠢᠭᠤᠯᠬᠤ ᠵᠢᠴᠢ ᠰᠤᠳᠤᠯᠭᠠᠨ ᠳᠤ ᠬᠡᠷᠡᠭᠯᠡᠬᠦ ᠵᠠᠷᠤᠳᠠᠯ ᠤᠯᠭᠤᠵᠤ᠂ ᠬᠤᠶᠠᠳᠡᠬᠢ ᠵᠢᠯ | ᠠᠴᠠ ᠡᠬᠢᠯᠡᠨ5 ᠵᠢᠯ ᠤᠨ ᠲᠤᠳᠤᠷ᠎ᠡ ᠵᠢᠯ ᠪᠦᠷᠢ1000 ᠲᠦᠮᠡᠨ ᠲᠦᠭᠦᠷᠢᠭ ᠤᠯᠭᠤᠨ᠎ᠠ᠃ ᠬᠤᠶᠠᠳᠤᠭᠠᠷ ᠲᠦᠷᠦᠯ | ᠤᠨ ᠴᠢᠳᠠᠪᠤᠷᠢᠲᠠᠨ᠂ ᠪᠠᠶᠢᠭᠠᠠᠯᠢ ᠶᠢᠨ ᠰᠢᠨᠵᠢᠯᠡᠬᠦ ᠤᠬᠠᠭᠠᠨ ᠤ ᠰᠣᠳᠣᠯᠭᠠᠨ ᠤ ᠠᠵᠢᠯ ᠤᠨ ᠴᠢᠳᠠᠪᠤᠷᠢᠲᠠᠨ | ᠳᠤ5000 ᠲᠦᠮᠡᠨ ᠲᠦᠭᠦᠷᠢᠭ ᠤᠯᠭᠤᠨ᠎ᠠ︔ ᠨᠡᠶᠢᠭᠡᠮ ᠤᠨ ᠰᠢᠨᠵᠢᠯᠡᠬᠦ ᠤᠬᠭᠠᠨ ᠤ ᠰᠤᠳᠤᠯᠭᠠᠨ ᠤ ᠠᠵᠢᠯ ᠤᠨ | ᠴᠢᠳᠠᠪᠤᠷᠢᠲᠠᠨ ᠳᠤ500 ᠲᠦᠮᠡᠨ ᠲᠦᠭᠦᠷᠢᠭ ᠤᠯᠭᠤᠨ᠎ᠠ᠃ ᠭᠤᠷᠪᠠᠳᠤᠭᠠᠷ ᠲᠦᠷᠦᠯ ᠤᠨ ᠴᠢᠳᠠᠪᠤᠷᠢᠲᠠᠨ᠂ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠴᠢᠳᠠᠪᠤᠷᠢᠳᠠᠨ ᠳᠤ1000 ᠲᠦᠮᠡᠨ | ᠲᠦᠭᠦᠷᠢᠭ ᠤᠯᠭᠤᠨ᠎ᠠ︔ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠴᠢᠳᠠᠪᠤᠷᠢᠲᠠᠨ | ᠳᠤ300 ᠲᠦᠮᠡᠨ ᠲᠦᠭᠦᠷᠢᠭ ᠣᠯᠭᠤᠨ᠎ᠠ᠃ ᠲᠦᠷᠪᠡᠳᠤᠭᠡᠷ ᠲᠦᠷᠦᠯ ᠤᠨ ᠴᠢᠳᠠᠪᠤᠷᠢᠲᠠᠨ᠂ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠴᠢᠳᠠᠪᠤᠷᠢᠳᠠᠨ ᠳᠤ500 ᠲᠦᠮᠡᠨ ᠲᠦᠭᠦᠷᠢᠭ ᠤᠯᠭᠤᠨ᠎ᠠ︔ | ᠨᠡᠶᠢᠭᠡᠮ ᠤᠨ ᠰᠢᠨᠵᠢᠯᠡᠬᠦ ᠤᠬᠭᠠᠨ ᠤ ᠰᠤᠳᠣᠯᠭᠠᠨ ᠤ ᠠᠵᠢᠯ ᠤᠨ ᠴᠢᠳᠠᠪᠤᠷᠢᠳᠠᠨ ᠳᠤ150 ᠲᠦᠮᠡᠨ ᠲᠦᠭᠦᠷᠢᠭ | ᠤᠯᠭᠤᠨ᠎ᠠ᠃ ᠲᠠᠪᠤᠳᠠᠤᠭᠠᠷ ᠲᠦᠷᠦᠯ ᠤᠨ ᠴᠢᠳᠠᠪᠤᠷᠢᠲᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯ ᠤᠨ ᠴᠢᠳᠠᠪᠤᠷᠢᠲᠠᠨ ᠳᠤ150 ᠠᠴᠠ300 ᠲᠦᠮᠡᠨ ᠲᠦᠭᠦᠷᠢᠭ ᠤᠯᠭᠤᠨ᠎ᠠ︔ ᠨᠡᠶᠢᠭᠡᠮ ᠤᠨ ᠰᠢᠨᠵᠢᠯᠡᠬᠦ | ᠤᠬᠭᠠᠨ ᠤ ᠰᠤᠳᠤᠯᠭᠠᠨ ᠤ ᠠᠵᠢᠯ ᠤᠨ ᠴᠢᠳᠠᠪᠤᠷᠢᠲᠠᠨ ᠳᠤ50 ᠠᠴᠠ100 ᠲᠦᠮᠡᠨ ᠲᠦᠭᠦᠷᠢᠭ ᠤᠯᠭᠤᠨ᠎ᠠ ᠃ | ᠵᠢᠷᠭᠤᠳᠤᠭᠠᠷ ᠲᠦᠷᠦᠯ ᠤᠨ ᠴᠢᠳᠠᠪᠤᠷᠢᠲᠠᠨ᠂50 ᠷᠦᠮᠡᠨ ᠲᠦᠭᠦᠷᠢᠭ ᠤᠯᠭᠤᠨ᠎ᠠ᠃ ᠲᠤᠯᠤᠳᠤᠭᠠᠷ ᠲᠦᠷᠦᠯ ᠤᠨ | ᠴᠢᠳᠠᠪᠤᠷᠢᠲᠠᠨ᠂20 ᠲᠦᠮᠡᠨ ᠲᠦᠭᠦᠷᠢᠭ ᠤᠯᠭᠤᠨ᠎ᠠ᠃ | ᠠᠷᠪᠠᠨ ᠳᠤᠯᠤᠳᠤᠭᠠᠷ ᠵᠦᠢᠯ ᠠᠵᠢᠯ ᠦᠢᠯᠡᠰ ᠤᠨ ᠨᠢᠭᠡᠴᠡ ᠶᠢᠨ ᠤᠶᠠᠨ ᠴᠢᠨᠠᠷᠲᠠᠢ ᠪᠠᠷ ᠤᠷᠤᠭᠤᠯᠵᠤ | ᠠᠪᠴᠢᠷᠠᠭᠰᠠᠨ ᠴᠢᠳᠠᠪᠤᠷᠢᠲᠠᠨ ᠢ ᠲᠤᠤᠷᠡᠬᠢ ᠪᠠᠷᠢᠮᠵᠢᠶ᠎ᠠ ᠪᠠᠷ ᠤᠷᠢᠵᠤ ᠬᠡᠷᠡᠭᠯᠡᠭᠰᠡᠨ ᠪᠠᠶᠢᠭᠤᠯᠭ᠎ᠠ ᠳᠤ ᠠᠵᠢᠯ ᠤᠨ | ᠵᠠᠷᠤᠳᠠᠯ ᠰᠦᠢᠳᠭᠡᠯ ᠤᠨ ᠳᠡᠮᠵᠢᠯᠭᠡ ᠤᠯᠭᠤᠨ᠎ᠠ᠄ | ︵ᠨᠢᠭᠡ︶ ᠨᠢᠭᠡᠳᠤᠭᠡᠷ ᠲᠦᠷᠦᠯ ᠤᠨ ᠴᠢᠳᠠᠪᠤᠷᠢᠲᠠᠨ᠂ ᠵᠢᠯ ᠪᠦᠷᠢ30 ᠲᠦᠮᠡᠨ ᠲᠦᠭᠦᠷᠢᠭ ᠤᠯᠭᠤᠨ᠎ᠠ᠃ | ︵ᠬᠤᠶᠠᠷ︶ ᠬᠤᠶᠠᠳᠤᠭᠠᠷ ᠲᠦᠷᠦᠯ ᠤᠨ ᠴᠢᠳᠠᠪᠤᠷᠢᠲᠠᠨ᠂ ᠵᠢᠯ ᠪᠦᠷᠦ20 ᠲᠦᠮᠡᠨ ᠲᠦᠭᠦᠷᠢᠭ ᠤᠯᠭᠤᠨ᠎ᠠ᠃ | ︵ᠭᠤᠷᠪᠠ︶ ᠭᠤᠷᠪᠠᠳᠤᠭᠠᠷ᠂ ᠲᠦᠷᠪᠡᠳᠦᠭᠡᠷ ᠲᠦᠷᠦᠯ ᠤᠨ ᠴᠢᠳᠠᠪᠤᠷᠢᠲᠠᠨ᠂ ᠵᠢᠯ ᠪᠦᠷᠢ15 ᠲᠦᠮᠡᠨ | ᠲᠦᠭᠦᠷᠢᠭ ᠤᠯᠭᠤᠨ᠎ᠠ᠃ | ︵ᠲᠦᠷᠪᠡ︶ ᠲᠠᠪᠤᠳᠤᠭᠠᠷ᠂ ᠵᠢᠷᠭᠤᠳᠤᠭᠠᠷ ᠲᠦᠷᠦᠯ ᠤᠨ ᠴᠢᠳᠠᠪᠤᠷᠢᠲᠠᠨ᠂ ᠵᠢᠯ ᠪᠦᠷᠢ10 ᠲᠦᠮᠡᠨ | ᠲᠦᠭᠦᠷᠢᠭ ᠤᠯᠭᠤᠨ᠎ᠠ᠃ | ᠠᠷᠪᠠᠨ ᠨᠠᠶᠢᠮᠠᠳᠤᠭᠠᠷ ᠵᠦᠢᠯ ᠬᠠᠲᠠᠭᠤ ᠴᠢᠨᠠᠷᠲᠠᠢ ᠪᠠᠷ ᠤᠷᠤᠭᠤᠯᠤᠨ ᠠᠪᠴᠢᠷᠠᠭᠰᠠᠨ ᠨᠢᠭᠡ ᠠᠴᠠ | ᠲᠦᠷᠪᠡᠳᠤᠭᠡᠷ ᠲᠦᠷᠦᠯ ᠤᠨ ᠴᠢᠳᠠᠪᠤᠷᠢᠲᠠᠨ ᠢ ᠰᠢᠭᠤᠳ ᠦᠪᠡᠷᠳᠡᠭᠡᠨ ᠵᠠᠰᠠᠬᠤ ᠤᠷᠤᠨ ᠤ ︽ᠲᠠᠯ᠎ᠠ ᠨᠤᠲᠤᠭ ᠤᠨ | ᠰᠣᠳᠣᠨ ᠴᠢᠳᠠᠪᠤᠷᠢᠲᠠᠨ︾ ᠢᠶᠠᠷ ᠨᠡᠷᠡᠶᠢᠳᠴᠤ᠂ ᠬᠠᠮᠢᠶ᠎ᠠ ᠪᠦᠬᠦᠢ ᠱᠠᠩᠨᠠᠯ ᠬᠦᠬᠢᠬᠦᠯᠦᠯ ᠤᠨ ᠲᠦᠷᠦ ᠶᠢᠨ ᠪᠤᠳᠤᠯᠭ᠎ᠠ | ᠶᠢ ᠬᠦᠷᠳᠡᠭᠡᠨ᠎ᠡ᠃ | ᠠᠷᠪᠠ ᠶᠢᠰᠦᠳᠤᠭᠡᠷ ᠵᠦᠢᠯ ᠤᠷᠤᠭᠤᠯᠤᠨ ᠠᠪᠴᠢᠷᠠᠭᠰᠠᠨ ᠴᠢᠳᠠᠪᠤᠷᠢᠲᠠᠨ ᠨᠢ ᠮᠠᠨ ᠤ ᠤᠷᠤᠨ ᠤ | ᠤᠨᠴᠠᠯᠢᠭᠲᠤ ᠲᠠᠪᠠᠭᠤᠯᠢᠭ ᠠᠵᠤ ᠦᠢᠯᠡᠰ ᠪᠠ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠡᠨᠳᠤᠭᠰᠠᠨ | ᠠᠵᠤ ᠦᠢᠯᠡᠰ ᠤᠨ ᠱᠠᠭᠠᠷᠳᠠᠯᠭ᠎ᠠ ᠳᠤ ᠨᠡᠶᠢᠴᠡᠵᠤ᠂ ᠰᠣᠳᠣᠯᠭᠠᠨ ᠬᠢᠬᠦ ᠪᠠ ᠦᠢᠯᠡᠳᠪᠦᠷᠢᠯᠡᠯ ᠤᠨ ᠳᠤᠮᠳᠠ ᠴᠢᠬᠤᠯᠠ | ᠬᠦᠴᠦᠨ ᠵᠢᠳᠬᠦᠯ ᠭᠠᠷᠭᠠᠭᠰᠠᠨ ᠪᠠᠶᠢᠪᠠᠯ᠂ ᠲᠡᠭᠦᠨ ᠢ ᠮᠠᠨ ᠤ ᠤᠷᠤᠨ ᠤ ᠲᠤᠯᠭᠠᠮ᠎ᠡ ᠱᠠᠭᠠᠷᠳᠠᠭᠳᠠᠵᠤ ᠪᠠᠶᠢᠬᠤ | ᠳᠡᠭᠡᠳᠤ ᠳᠡᠰ ᠤᠨ ᠴᠢᠳᠠᠪᠤᠷᠢᠲᠠᠨ ᠳᠤ ᠲᠤᠭᠠᠴᠠᠵᠤ᠂ ᠲᠤᠰᠬᠠᠢ ᠵᠦᠪᠯᠡᠬᠦ ᠬᠡᠯᠪᠡᠷᠢ ᠪᠠᠷ ᠳᠠᠮᠵᠢᠭᠤᠯᠤᠨ ᠨᠡᠩ | ᠦᠨᠳᠤᠷ ᠰᠤᠳᠤᠯᠭᠠᠨ ᠤ ᠪᠠ ᠠᠵᠢᠯ ᠤᠨ ᠵᠠᠷᠤᠳᠠᠯ ᠰᠦᠢᠳᠭᠡᠯ ᠤᠨ ᠳᠡᠮᠵᠢᠯᠭᠡ ᠤᠯᠭᠤᠨ᠎ᠠ᠃ | ᠲᠠᠪᠤᠳᠤᠭᠠᠷ ᠪᠦᠯᠦᠭ ᠬᠦᠯᠦᠰᠦ ᠤᠯᠭᠤᠮᠵᠢ ᠪᠠ ᠪᠠᠲᠤᠯᠠᠭ᠎ᠠ | ᠬᠤᠷᠢᠳᠤᠭᠠᠷ ᠵᠦᠢᠯ ᠮᠡᠳᠡᠯᠭᠡ ᠶᠢᠨ ᠦᠷᠳᠡᠭ ᠢ ᠲᠤᠪᠤᠶᠢᠯᠭᠠᠭᠰᠠᠨ ᠴᠠᠯᠢᠩ ᠬᠦᠯᠦᠰᠦ ᠶᠢᠨ ᠬᠤᠪᠢᠶᠠᠷᠢᠯᠡᠯᠲᠠ | ᠶᠢᠨ ᠰᠢᠰᠲ᠋ᠧᠮ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠮᠵᠢ ᠶᠢ ᠱᠠᠩᠨᠠᠯ ᠬᠦᠬᠢᠬᠦᠯᠦᠯ | ᠤᠨ ᠬᠡᠯᠪᠡᠷᠢ ᠪᠠᠷ ᠨᠠᠶᠢᠳᠠᠪᠤᠷᠢᠵᠢᠭᠤᠯᠤᠨ᠎ᠠ᠃ ᠠᠵᠢᠯ ᠦᠢᠯᠡᠰ ᠤᠨ ᠨᠢᠭᠡᠴᠡ ᠶᠢᠨ ᠬᠠᠳᠠᠭᠤ ᠴᠢᠨᠠᠷᠲᠠᠢ ᠪᠠᠷ | ᠤᠷᠤᠭᠤᠯᠤᠨ ᠠᠪᠴᠢᠷᠠᠭᠰᠠᠨ ᠴᠢᠳᠠᠪᠤᠷᠢᠲᠠᠨ ᠳᠤ ᠵᠢᠯ ᠤᠨ ᠴᠠᠯᠢᠩ ᠤᠨ ᠲᠦᠷᠢᠮ᠂ ᠬᠡᠯᠡᠯᠴᠡᠭᠡᠷ ᠢᠶᠠᠷ | ᠲᠤᠬᠢᠷᠠᠯᠴᠠᠭᠰᠠᠨ ᠴᠠᠯᠢᠩ ᠤᠨ ᠲᠦᠷᠢᠮ ᠵᠡᠷᠭᠡ ᠶᠢ ᠬᠡᠷᠡᠭᠵᠢᠭᠦᠯᠵᠤ᠂ ᠪᠠᠶᠢᠭᠤᠯᠭ᠎ᠠ ᠶᠢᠨ ᠠᠵᠢᠯ ᠤᠨ ᠪᠦᠲᠦᠮᠵᠢ ᠶᠢᠨ | ᠶᠡᠷᠦᠩᠭᠡᠢ ᠬᠡᠮᠵᠢᠶᠡᠨ ᠳᠤ ᠪᠤᠳᠣᠵᠤ ᠤᠷᠤᠭᠤᠯᠬᠤ ᠦᠭᠡᠢ᠃ | ᠬᠤᠷᠢᠨ ᠨᠢᠭᠡᠳᠤᠭᠡᠷ ᠵᠦᠢᠯ ᠠᠵᠢᠯ ᠦᠢᠯᠡᠰ ᠤᠨ ᠨᠢᠭᠡᠴᠡ ᠶᠢᠨ ᠬᠠᠲᠠᠭᠤ ᠴᠢᠨᠠᠷᠲᠠᠢ ᠪᠠᠷ ᠤᠷᠤᠭᠤᠯᠤᠨ | ᠠᠪᠴᠢᠷᠠᠭᠰᠠᠨ ᠨᠢᠭᠡ ᠠᠴᠠ ᠲᠤᠯᠤᠳᠤᠭᠠᠷ ᠲᠦᠷᠦᠯ ᠤᠨ ᠴᠢᠳᠠᠪᠤᠷᠢᠲᠠᠨ᠂ ᠲᠤᠰᠬᠠᠢ ᠠᠵᠢᠯ ᠤᠨ ᠪᠠᠶᠢᠷᠢ ᠶᠢᠨ | ᠤᠷᠢᠵᠤ ᠬᠡᠷᠡᠭᠯᠡᠭᠰᠡᠨ ᠬᠡᠯᠡᠯᠴᠡᠭᠡᠷ ᠲᠤᠬᠢᠷᠠᠯᠴᠠᠬᠤ ᠶᠢᠨ ᠬᠠᠮᠲᠤ ︽ᠴᠢᠳᠠᠪᠤᠷᠢᠲᠠᠨ ᠤᠷᠤᠭᠤᠯᠤᠨ ᠠᠪᠴᠢᠷᠠᠬᠤ ᠠᠵᠢᠯ | ᠤᠨ ᠠᠯᠪᠠᠨ ᠭᠡᠷ︾ ᠤᠨ ᠬᠢᠨᠠᠨ ᠰᠢᠯᠭᠠᠯᠲᠠ ᠶᠢ ᠦᠩᠭᠡᠷᠡᠭᠦᠯᠦᠭᠰᠡᠨ ᠤ ᠲᠠᠷᠠᠭ᠎ᠠ᠂ ᠤᠷᠢᠵᠤ ᠬᠡᠷᠡᠭᠯᠡᠬᠦ ᠬᠤᠭᠤᠴᠠᠭᠠᠨ | ᠳᠤ ᠲᠤᠤᠷᠡᠬᠢ ᠪᠠᠷᠢᠮᠵᠢᠶ᠎ᠡ ᠶᠢ ᠦᠨᠳᠦᠰᠦᠯᠡᠨ ᠵᠢᠯ ᠤᠨ ᠴᠠᠯᠢᠩ ᠪᠤᠶᠤ ᠤᠷᠤᠨ ᠰᠠᠭᠤᠴᠠ ᠶᠢᠨ ᠨᠦᠬᠦᠪᠦᠷᠢ ᠬᠦᠷᠳᠡᠭᠦ | ᠳᠤ᠂ ᠵᠠᠪᠠᠯ ᠤᠷᠤᠭᠤᠯᠤᠨ ᠠᠪᠴᠢᠷᠠᠭᠰᠠᠨ ᠪᠠᠶᠢᠭᠤᠯᠭ᠎ᠠ ᠶᠢᠨ ᠰᠠᠭᠤᠭ᠎ᠠ ᠭᠠᠵᠠᠷ ᠲᠤ ᠬᠤᠪᠢ ᠶᠢᠨ ᠪᠤᠰᠤ ᠤᠷᠤᠨ | ᠰᠠᠭᠤᠴᠠ ᠪᠠᠶᠢᠵᠤ᠂ ᠪᠤᠳᠠᠳᠠᠢ ᠪᠠᠷᠢᠮᠵᠢᠶ᠎ᠡ ᠶᠢ ᠠᠵᠢᠯᠲᠠᠨ ᠬᠡᠷᠡᠭᠯᠡᠬᠦ ᠪᠠᠶᠢᠭᠤᠯᠭ᠎ᠠ ᠨᠢᠭᠡᠴᠡ ᠪᠠ ᠤᠷᠤᠭᠤᠯᠤᠨ | ᠠᠪᠴᠢᠷᠠᠭᠰᠠᠨ ᠴᠢᠳᠠᠪᠤᠷᠢᠲᠠᠨ ᠵᠦᠪᠳᠡᠯᠴᠠᠨ ᠲᠤᠭᠳᠠᠨ᠎ᠠ᠃ | ᠨᠢᠭᠡᠳᠦᠭᠡᠷ ᠲᠦᠷᠦᠯ ᠤᠨ ᠴᠢᠳᠠᠪᠤᠷᠢᠲᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ 200 ᠲᠦᠮᠡᠨ | ᠲᠦᠭᠦᠷᠢᠭ +N ︵ᠤᠷᠤᠨ ᠰᠠᠭᠤᠴᠠ ᠶᠢᠨ ᠨᠦᠬᠦᠪᠦᠷᠢ︶ | ᠬᠤᠶᠠᠳᠤᠭᠠᠷ ᠲᠦᠷᠦᠯ ᠤᠨ ᠴᠢᠳᠠᠪᠤᠷᠢᠲᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ 150 ᠲᠦᠮᠡᠨ | ᠲᠦᠭᠦᠷᠢᠭ +N ︵ᠤᠷᠤᠨ ᠰᠠᠭᠤᠴᠠ ᠶᠢᠨ ᠨᠦᠬᠦᠪᠦᠷᠢ︶ | ᠭᠤᠷᠪᠠᠳᠤᠭᠠᠷ ᠲᠦᠷᠦᠯ ᠤᠨ ᠴᠢᠳᠠᠪᠤᠷᠢᠲᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ 80 | ᠠᠴᠠ150 ᠲᠦᠮᠡᠨ ᠲᠦᠭᠦᠷᠢᠭ +N ︵ᠤᠷᠤᠨ ᠰᠠᠭᠤᠴᠠ ᠶᠢᠨ ᠨᠦᠬᠦᠪᠦᠷᠢ︶ | ᠲᠦᠷᠪᠡᠳᠦᠭᠡᠷ ᠲᠦᠷᠦᠯ ᠤᠨ ᠴᠢᠳᠠᠪᠤᠷᠢᠲᠠᠨ᠂ ᠭᠠᠶᠢᠯᠢ ᠬᠤᠷᠢᠶᠠᠬᠤ ᠠᠴᠠ ᠡᠮᠦᠬᠡᠨᠢ ᠵᠢᠯ ᠤᠨ ᠴᠠᠯᠢᠩ50 ᠠᠴᠠ80 | ᠲᠦᠮᠡᠨ ᠲᠦᠭᠦᠷᠢᠭ +N︵ᠤᠷᠤᠨ ᠰᠠᠭᠤᠴᠠ ᠶᠢᠨ ᠨᠦᠬᠦᠪᠦᠷᠢ︶ | ᠲᠠᠪᠤᠳᠤᠭᠠᠷ ᠲᠦᠷᠦᠯ ᠤᠨ ᠴᠢᠳᠠᠪᠤᠷᠢᠲᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ30 ᠠᠴᠠ50 | ᠲᠦᠮᠡᠨ ᠲᠦᠭᠦᠷᠢᠭ +N︵ᠤᠷᠤᠨ ᠰᠠᠭᠤᠴᠠ ᠶᠢᠨ ᠨᠦᠬᠦᠪᠦᠷᠢ︶ | ᠵᠢᠷᠭᠤᠳᠤᠭᠠᠷ ᠲᠦᠷᠦᠯ ᠤᠨ ᠴᠢᠳᠠᠪᠤᠷᠢᠲᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ30 ᠠᠴᠠ50 | ᠲᠦᠮᠡᠨ ᠲᠦᠭᠦᠷᠢᠭ +N︵ᠤᠷᠤᠨ ᠰᠠᠭᠤᠴᠠ ᠶᠢᠨ ᠨᠦᠬᠦᠪᠦᠷᠢ︶ | ᠳᠤᠯᠤᠳᠤᠭᠠᠷ ᠲᠦᠷᠦᠯ ᠤᠨ ᠴᠢᠳᠠᠪᠤᠷᠢᠲᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ10 ᠠᠴᠠ30 | ᠲᠦᠮᠡᠨ ᠲᠦᠭᠦᠷᠢᠭ | ᠬᠤᠷᠢᠨ ᠬᠤᠶᠠᠳᠤᠭᠠᠷ ᠵᠦᠢᠯ ᠮᠡᠨ ᠤ ᠤᠷᠤᠨ ᠤ ᠤᠷᠤᠭᠤᠯᠤᠨ ᠠᠪᠴᠢᠷᠠᠭᠰᠠᠨ ᠳᠡᠭᠡᠳᠤ ᠳᠡᠰ ᠤᠨ | ᠴᠢᠳᠠᠪᠤᠷᠢᠳᠠᠨ᠂ ᠲᠤᠬᠠᠢ ᠶᠢᠨ ᠬᠦᠮᠦᠨ ᠢᠶᠠᠷ ᠵᠦᠪᠰᠢᠶᠡᠷᠡᠭᠦᠯᠦᠭᠰᠡᠨ ᠤ ᠲᠠᠷᠠᠭ᠎ᠠ᠂ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ︽ᠤᠨᠴᠠ ᠤᠷᠢᠭᠰᠠᠨ ᠰᠢᠨᠵᠢᠯᠡᠬᠦ | ᠤᠬᠠᠭᠠᠨ ᠮᠡᠷᠭᠡᠵᠢᠯ ᠤᠨ ᠵᠦᠪᠯᠡᠭᠴᠢ︾ ᠪᠠᠷ ᠤᠷᠢᠵᠤ ᠪᠤᠯᠤᠨ᠎ᠠ᠃ | ᠬᠤᠷᠢᠨᠨ ᠭᠤᠷᠪᠠᠳᠤᠭᠠᠷ ᠵᠦᠢᠯ ᠬᠠᠲᠠᠭᠤ ᠴᠢᠨᠠᠷᠲᠠᠢ ᠪᠠᠷ ᠤᠷᠤᠭᠤᠯᠤᠨ ᠠᠪᠴᠢᠷᠠᠭᠰᠠᠨ ᠴᠢᠳᠠᠪᠤᠷᠢᠲᠠᠨ ᠨᠢ | ᠲᠤᠰᠬᠠᠢ ᠮᠡᠷᠭᠡᠵᠢᠯ ᠤᠨ ᠬᠢᠷᠢ ᠭᠡᠮ ᠦᠭᠡᠢ ᠪᠤᠯ᠂ ᠤᠷᠤᠭᠤᠯᠤᠨ ᠠᠪᠴᠢᠷᠠᠭᠰᠠᠨ ᠪᠠᠶᠢᠭᠤᠯᠭ᠎ᠠ ᠨᠢ ᠲᠡᠭᠦᠨ ᠤ ᠠᠵᠢᠯ | ᠤᠨ ᠪᠦᠲᠦᠮᠵᠢ᠂ ᠲᠤᠷᠰᠢᠯᠭ᠎ᠠ ᠶᠢ ᠦᠨᠳᠦᠰᠦᠯᠡᠨ ᠰᠢᠭᠤᠳ ᠲᠤᠰᠬᠠᠢ ᠮᠡᠷᠭᠡᠵᠢᠯ ᠤᠨ ᠬᠢᠷᠢ ᠭᠡᠮ ᠲᠤᠭᠲᠠᠭᠠᠬᠤ ᠪᠠ | ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠶᠢᠨ ᠬᠠᠮᠲᠤ ᠬᠦᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠪᠤᠷᠢ ᠶᠢᠨ ᠰᠠᠯᠠᠭ᠎ᠠ ᠮᠦᠴᠢᠷ ᠲᠤ ᠳᠠᠩᠰᠠᠯᠠᠭᠤᠯᠤᠨ᠎ᠠ᠃ ᠠᠵᠢᠯ ᠦᠢᠯᠡᠰ ᠤᠨ ᠨᠢᠭᠡᠴᠡ | ᠶᠢᠨ ᠬᠠᠲᠠᠭᠤ ᠴᠢᠨᠠᠷᠲᠠᠢ ᠪᠠᠷ ᠤᠷᠤᠭᠤᠯᠤᠨ ᠠᠪᠴᠢᠷᠠᠭᠰᠠᠨ ᠨᠢᠭᠡ ᠠᠴᠠ ᠵᠢᠷᠭᠤᠳᠤᠭᠠᠷ ᠲᠦᠷᠦᠯ ᠤᠨ ᠴᠢᠳᠠᠪᠤᠷᠢᠲᠠᠨ | ᠳᠤ ᠬᠠᠷᠠᠭᠠᠯᠵᠠᠭᠰᠠᠨ ᠬᠤᠭᠤᠰᠤᠨ ᠠᠵᠢᠯ ᠤᠨ ᠪᠠᠶᠢᠷᠢ ᠦᠭᠡᠢ ᠪᠤᠯ᠂ ᠤᠨᠴᠠ ᠠᠵᠢᠯ ᠤᠨ ᠪᠠᠶᠢᠷᠢ ᠲᠤᠬᠢᠷᠠᠭᠤᠯᠬᠤ | ᠪᠠᠷ ᠲᠠᠮᠵᠢᠨ ᠤᠷᠢᠵᠤ ᠬᠡᠷᠡᠭᠯᠡᠪᠡᠯ ᠵᠤᠬᠢᠨ᠎ᠠ᠃ ᠠᠵᠢᠯ ᠦᠢᠯᠡᠰ ᠤᠨ ᠨᠢᠭᠡᠴᠡ ᠶᠢᠨ ᠬᠠᠲᠠᠭᠤ ᠴᠢᠨᠠᠷᠲᠠᠢ ᠪᠠᠷ | ᠤᠷᠤᠭᠤᠯᠤᠨ ᠠᠪᠴᠢᠷᠠᠭᠰᠠᠨ ᠴᠢᠳᠠᠪᠤᠷᠢᠲᠠᠨ ᠯᠤᠭ᠎ᠠ ᠲᠤᠰᠬᠠᠢ ᠠᠵᠢᠯ ᠤᠨ ᠪᠠᠶᠢᠷᠢ ᠶᠢᠨ ᠬᠡᠯᠡᠯᠴᠡᠭᠡᠷ ᠲᠤᠭᠲᠠᠬᠤ | ᠳᠠᠭᠠᠨ᠂ ᠤᠷᠢᠵᠤ ᠬᠡᠷᠡᠭᠯᠡᠬᠦ ᠬᠤᠭᠤᠴᠠᠭᠠᠨ ᠳᠤ ᠵᠠᠰᠠᠭ ᠵᠠᠬᠢᠷᠭᠠᠨ ᠤ ᠣᠳᠣᠷᠢᠳᠣᠯᠭ᠎ᠠ ᠶᠢᠨ ᠲᠤᠰᠢᠶᠠᠯ ᠢ | ᠬᠠᠷᠢᠭᠤᠴᠠᠵᠤ ᠪᠤᠯᠬᠤ ᠦᠭᠡᠢ᠃ ᠬᠡᠷᠪᠡ ᠵᠠᠰᠠᠭ ᠵᠠᠬᠢᠷᠭᠠᠨ ᠤ ᠤᠳᠤᠷᠢᠳᠬᠤ ᠲᠤᠰᠢᠶᠠᠯ ᠢ ᠬᠠᠷᠢᠭᠤᠴᠠᠪᠠᠯ ᠡᠷᠭᠡᠪᠰᠢ | ᠤᠷᠢᠵᠤ ᠬᠡᠷᠡᠭᠯᠡᠬᠦ ᠬᠡᠯᠡᠯᠴᠡᠭᠡᠷ ᠢ ᠵᠤᠭᠰᠤᠭᠠᠬᠤ ᠬᠡᠷᠡᠭᠲᠡᠢ᠃ | ᠬᠤᠷᠢᠨ ᠲᠦᠷᠪᠡᠳᠦᠭᠡᠷ ᠵᠦᠢᠯ ᠠᠵᠢᠯ ᠦᠢᠯᠡᠰ ᠤᠨ ᠨᠢᠭᠡᠴᠡ ᠶᠢᠨ ᠪᠤᠳᠠᠳᠠᠢ ᠬᠡᠷᠡᠭᠴᠡᠭᠡ ᠠᠴᠠ ᠪᠤᠯᠵᠤ | ᠤᠷᠤᠭᠤᠯᠤᠨ ᠠᠪᠴᠢᠷᠠᠭᠰᠠᠨ ᠨᠢᠭᠡᠳᠦᠭᠡᠷ ᠠᠴᠠ ᠲᠦᠷᠪᠡᠳᠦᠭᠡᠷ ᠲᠦᠷᠦᠯ ᠤᠨ ᠴᠢᠳᠠᠪᠤᠷᠢᠲᠠᠨ ᠤ ᠬᠠᠨᠢ ᠨᠦᠬᠦᠷ ᠲᠤ | ᠠᠵᠢᠯ ᠤᠯᠭᠤᠬᠤ ᠱᠠᠭᠠᠷᠳᠠᠯᠭ᠎ᠠ ᠲᠠᠢ ᠪᠤᠯ ᠲᠤᠬᠠᠢ ᠶᠢᠨ ᠭᠠᠵᠠᠷ ᠤᠨ ᠵᠤᠬᠢᠶᠠᠨ ᠪᠠᠶᠢᠭᠤᠯᠤᠯᠲᠠ᠂ ᠬᠦᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠰᠠᠯᠠᠭ᠎ᠠ ᠮᠦᠴᠢᠷ ᠠᠴᠠ ᠠᠵᠢᠯ ᠤᠯᠭᠤᠯᠲᠠ ᠶᠢᠨ | ᠠᠰᠠᠭᠤᠳᠠᠯ ᠢ ᠰᠢᠢᠳᠪᠤᠷᠢᠯᠡᠨ᠎ᠡ︔ ᠪᠤᠰᠤᠳ ᠴᠢᠬᠤᠯᠠ ᠬᠡᠷᠡᠭᠴᠡᠭᠡ ᠠᠴᠠ ᠪᠤᠯᠵᠤ ᠤᠷᠤᠭᠤᠯᠤᠨ ᠠᠪᠴᠢᠷᠠᠭᠰᠠᠨ | ᠴᠢᠳᠠᠪᠤᠷᠢᠲᠠᠨ ᠤ ᠬᠠᠨᠢ ᠨᠦᠬᠦᠷ ᠲᠤ ᠠᠵᠢᠯ ᠤᠯᠭᠤᠬᠤ ᠱᠠᠭᠠᠷᠳᠠᠯᠭ᠎ᠠ ᠲᠠᠢ ᠪᠦᠭᠡᠳ ᠪᠦᠬᠦᠯᠢ ᠡᠳᠤᠷ ᠲᠦᠷᠢᠮᠳᠤ | ᠵᠢᠩᠭᠢᠨᠢ ᠠᠩᠭᠢ ᠠᠴᠠ ᠳᠡᠭᠡᠭᠰᠢ ᠰᠤᠷᠤᠯᠭ᠎ᠠ ᠶᠢᠨ ᠨᠠᠮᠳᠠᠷ ᠲᠠᠢ ᠪᠤᠯ ᠤᠷᠤᠭᠤᠯᠤᠨ ᠠᠪᠴᠢᠷᠠᠭᠰᠠᠨ ᠪᠠᠶᠢᠭᠤᠯᠭ᠎ᠠ ᠶᠢᠨ | ᠵᠦᠪᠰᠢᠶᠡᠷᠡᠯ ᠢᠶᠠᠷ ᠲᠠᠮᠵᠢᠨ᠂ ᠴᠢᠳᠠᠪᠤᠷᠢᠲᠠᠨ ᠢ ᠤᠷᠤᠭᠤᠯᠤᠨ ᠠᠪᠴᠢᠷᠠᠬᠤ ︽ᠰᠠᠭᠠᠳ ᠦᠭᠡᠢ ᠨᠡᠪᠳᠡᠷᠡᠬᠦ ᠵᠠᠮ︾ | ᠢᠶᠠᠷ ᠴᠢᠳᠠᠪᠤᠷᠢᠲᠠᠨ ᠢ ᠤᠷᠤᠭᠤᠯᠤᠨ ᠠᠪᠴᠢᠷᠠᠭᠰᠠᠨ ᠪᠠᠶᠢᠭᠤᠯᠭ᠎ᠠ ᠨᠢᠭᠡᠴᠡ ᠲᠤᠨᠢ ᠲᠦᠪᠬᠢᠨᠡᠭᠦᠯᠵᠤ ᠪᠤᠯᠤᠨ᠎ᠠ᠃ | ᠬᠤᠷᠢᠨ ᠲᠠᠪᠤᠳᠤᠭᠠᠷ ᠵᠦᠢᠯ ᠴᠢᠬᠤᠯᠠ ᠬᠡᠷᠡᠭᠴᠡᠭᠡ ᠠᠴᠠ ᠪᠤᠯᠵᠤ ᠤᠷᠤᠭᠤᠯᠤᠨ ᠠᠪᠴᠢᠷᠠᠭᠰᠠᠨ ᠨᠢᠭᠡᠳᠤᠭᠡᠷ | ᠠᠴᠠ ᠵᠢᠷᠭᠤᠳᠤᠭᠠᠷ ᠲᠦᠷᠦᠯ ᠤᠨ ᠴᠢᠳᠠᠪᠤᠷᠢᠲᠠᠨ ᠤ ᠦᠷ᠎ᠡ ᠬᠡᠤᠬᠡᠳ ᠨᠢ ᠮᠠᠨ ᠤ ᠤᠷᠤᠨ ᠳᠤ ᠰᠤᠷᠭᠠᠭᠤᠯᠢ ᠳᠤ | ᠰᠠᠭᠤᠬᠤ ᠱᠠᠭᠠᠷᠳᠠᠯᠭ᠎ᠠ ᠲᠠᠢ ᠪᠤᠯ ᠤᠷᠤᠭᠤᠯᠤᠨ ᠠᠪᠴᠢᠷᠠᠭᠰᠠᠨ ᠪᠠᠶᠢᠭᠤᠯᠭ᠎ᠠ ᠨᠢᠭᠡᠴᠡ ᠶᠢᠨ ᠪᠠᠶᠢᠭ᠎ᠠ ᠭᠠᠵᠠᠷ ᠤᠨ | ᠠᠯᠪᠠᠨ ᠠᠴᠠ ᠡᠷᠬᠢᠯᠩᠰᠠᠨ ᠲᠣᠮᠳᠠᠳᠦ ᠪᠠᠭ᠎ᠠ ᠰᠣᠷᠭᠠᠭᠤᠯᠢ ᠳᠤ ᠰᠣᠷᠣᠯᠴᠠᠵᠦ ᠪᠣᠯᠣᠨ᠎ᠠ᠂ ᠴᠢᠳᠠᠪᠣᠷᠢᠳᠠᠨ ᠢ | ᠣᠷᠣᠭᠤᠯᠣᠨ ᠠᠪᠴᠢᠷᠠᠭᠰᠠᠨ ᠪᠠᠶᠢᠭᠤᠯᠭ᠎ᠠ ᠨᠢᠭᠡᠴᠨ ᠶᠢᠨ ᠪᠠᠶᠢᠭ᠎ᠠ ᠭᠠᠵᠠᠷ ᠤᠨ ᠠᠶᠢᠮᠠᠭ ᠬᠤᠳᠠ ᠶᠢᠨ ᠰᠣᠷᠭᠠᠨ | ᠬᠦᠮᠣᠵᠢᠯ ᠤᠨ ᠵᠠᠰᠠᠭ ᠵᠠᠬᠢᠷᠭᠠᠨ ᠤ ᠭᠤᠣᠯ ᠬᠠᠮᠢᠶᠠᠷᠣᠯᠳᠠ ᠶᠢᠨ ᠰᠠᠯᠠᠭ᠎ᠠ ᠮᠦᠴᠢᠷ ᠠᠴᠠ ᠰᠣᠷᠭᠠᠭᠤᠯᠢ ᠳᠤ | ᠣᠷᠣᠬᠤ ᠭᠠᠷ ᠬᠦᠢᠴᠠᠣᠡᠬᠡᠯ ᠢ ᠬᠠᠷᠢᠭᠤᠴᠠᠨ᠎ᠠ᠃ | ᠬᠤᠷᠢᠨ ᠵᠢᠷᠭᠤᠳᠣᠭᠠᠷ ᠵᠣᠶᠢᠯ ᠡᠯ᠎ᠡ ᠭᠠᠵᠠᠷ ᠤᠨ ᠴᠢᠳᠠᠪᠣᠷᠢᠳᠠᠨ ᠤ ᠪᠠᠶᠢᠷᠢ ᠶᠢᠨ ᠠᠰᠠᠷ ᠪᠠᠶᠢᠭᠤᠯᠬᠤ ᠶᠢ | ᠵᠣᠷᠢᠬᠵᠢᠭᠤᠯᠵᠣ᠂ ᠣᠷᠣᠭᠤᠯᠣᠨ ᠠᠪᠴᠢᠷᠠᠬᠰᠠᠨ ᠲᠡᠬᠡᠳᠣ ᠲᠠᠰ ᠤᠨ ᠴᠢᠳᠠᠪᠣᠷᠢᠳᠠᠨ ᠤ ᠲᠦᠷᠢᠶᠠᠰᠣᠯᠠᠨ ᠰᠠᠭᠤᠬᠤ | ᠳᠤ ᠨᠦᠬᠦᠴᠠᠯ ᠬᠠᠩᠭᠠᠨ᠎ᠠ᠃ ᠪᠤᠳᠠᠳᠠᠢ ᠬᠡᠷᠡᠭᠴᠡᠭᠡ ᠠᠴᠠ ᠪᠣᠯᠵᠣ ᠣᠷᠣᠭᠤᠯᠣᠨ ᠠᠪᠴᠢᠷᠠᠬᠰᠠᠨ ᠴᠢᠳᠠᠪᠣᠷᠢᠳᠠᠨ ᠨᠢ | ᠪᠠᠶᠢᠭᠤᠯᠭ᠎ᠠ ᠨᠢᠬᠡᠴᠨ ᠶᠢᠨ ᠪᠠᠶᠢᠭ᠎ᠠ ᠭᠠᠵᠠᠷ ᠴᠢᠯᠣᠬᠡᠳᠣ ᠣᠷᠣᠨ ᠰᠠᠭᠤᠴᠨ ᠦᠬᠡᠢ ᠪᠣᠯ ᠲᠣᠬᠠᠢ ᠶᠢᠨ ᠭᠠᠵᠠᠷ ᠤᠨ | ᠡᠳ᠋ ᠤᠨ ᠵᠠᠰᠠᠭ ᠠᠴᠠ ᠲᠣᠣᠷᠠᠬᠢ ᠮᠠᠳᠣ 3 ᠵᠢᠯ ᠤᠨ ᠲᠣᠳᠣᠷ᠎ᠠ ᠵᠢᠯ ᠪᠦᠷᠢ ᠨᠢᠬᠡᠳᠣᠬᠡᠷ᠂ ᠬᠤᠶᠠᠳᠣᠭᠠᠷ ᠲᠦᠷᠣᠯ | ᠤᠨ ᠬᠦᠮᠣᠰ ᠲᠤ 5 ᠲᠦᠮᠠᠨ ᠲᠦᠬᠦᠷᠢᠩ︔ ᠭᠤᠷᠪᠠᠳᠣᠭᠠᠷ᠂ ᠲᠦᠷᠪᠠᠳᠣᠭᠠᠷ ᠲᠦᠷᠣᠯ ᠤᠨ ᠬᠦᠮᠣᠰ ᠲᠤ 4 | ᠲᠦᠮᠠᠨ ᠲᠦᠬᠦᠷᠢᠩ︔ ᠲᠠᠪᠣᠳᠣᠭᠠᠷ᠂ ᠵᠢᠷᠭᠤᠳᠣᠭᠠᠷ ᠲᠦᠷᠣᠯ ᠤᠨ ᠬᠦᠮᠣᠰ ᠲᠤ 3 ᠲᠦᠮᠠᠨ ᠲᠦᠬᠦᠷᠢᠩ᠂ | ᠲᠣᠯᠣᠳᠣᠭᠠᠷ ᠲᠦᠷᠣᠯ ᠤᠨ ᠬᠦᠮᠣᠰ ᠲᠤ 2 ᠲᠦᠮᠠᠨ ᠲᠦᠬᠦᠷᠢᠩ ᠤᠨ ᠪᠠᠷᠢᠮᠵᠢᠶ᠎ᠠ ᠪᠠᠷ ᠬᠡᠷ ᠤᠨ ᠲᠦᠷᠢᠶᠠᠰᠣᠨ | ᠨᠦᠬᠦᠪᠣᠷᠢ ᠮᠦᠩᠬᠦ ᠣᠯᠭᠤᠨ᠎ᠠ ᠃ | ᠬᠤᠷᠢᠨ ᠲᠣᠯᠣᠳᠣᠭᠠᠷ ᠵᠣᠶᠢᠯ ᠠᠵᠣ ᠠᠬᠤᠶᠢᠯ ᠲᠠᠬᠡᠳᠣ ᠲᠠᠰ ᠤᠨ ᠲᠣᠰᠠᠬᠠᠢ ᠮᠠᠷᠬᠡᠵᠢᠯ ᠤᠨ ᠴᠣᠯᠨ ᠲᠠᠢ | ᠪᠣᠶᠣ ᠳ᠋ᠣᠺᠲ᠋ᠣᠷ ᠤᠨ ᠰᠣᠷᠣᠯᠭ᠎ᠠ ᠶᠢᠨ ᠨᠠᠮᠳᠠᠷ ᠲᠠᠢ ᠲᠡᠬᠡᠳᠣ ᠲᠡᠰ ᠤᠨ ᠴᠢᠳᠠᠪᠣᠷᠢᠳᠠᠨ᠂ ᠲᠡᠬᠡᠳᠣ ᠲᠡᠰ ᠤᠨ | ᠮᠠᠷᠬᠡᠵᠢᠯᠳᠠᠨ ᠤ ᠬᠢᠷᠢ ᠬᠡᠮ ᠲᠠᠢ ᠮᠠᠷᠬᠡᠵᠢᠯ ᠤᠨ ᠴᠢᠳᠠᠪᠣᠷᠢᠳᠠᠨ ᠪᠠ ᠭᠠᠳᠠᠭᠠᠳᠣ ᠶᠢᠨ ᠲᠣᠰᠬᠠᠢ ᠮᠠᠷᠬᠡᠵᠢᠯᠳᠠᠨ ᠢ | ᠣᠷᠣᠭᠤᠯᠣᠨ ᠠᠪᠴᠢᠷᠠᠬᠰᠠᠨ ᠪᠣᠯ ᠨᠢᠬᠡᠯᠨ ᠣᠳᠠᠭ᠎ᠠ ᠳᠤ ᠦᠭᠬᠦ ᠣᠷᠣᠨ ᠰᠠᠭᠤᠴᠨ ᠬᠤᠳᠠᠯᠳᠣᠨ ᠠᠪᠬᠤ ᠨᠦᠬᠦᠪᠣᠷᠢ | ᠂ ᠬᠡᠷ ᠣᠷᠣᠨ ᠢᠶᠠᠨ ᠲᠦᠪᠬᠢᠨᠠᠬᠦᠯᠬᠦ ᠨᠦᠬᠦᠪᠣᠷᠢ᠂ ᠰᠢᠡᠵᠢᠯᠠᠬᠡᠨ ᠰᠣᠳᠣᠯᠭᠠᠨ ᠢᠶᠠᠨ ᠡᠬᠢᠯᠠᠬᠦᠯᠬᠦ ᠵᠠᠷᠣᠳᠠᠯ ᠵᠠᠷᠬᠡ ᠶᠢ | ᠲᠣᠬᠳᠠᠭᠠᠯ ᠶᠣᠰᠣᠭᠠᠷ ᠠᠵᠣ ᠠᠬᠤᠶᠢᠯᠠᠯ ᠤᠨ ᠣᠯᠵᠠ ᠠᠰᠢᠭ ᠤᠨ ᠭᠠᠶᠢᠯᠢ ᠠᠴᠠ ᠡᠮᠣᠨ᠎ᠠ ᠬᠠᠰᠣᠵᠣ ᠭᠠᠷᠭᠠᠨ᠎ᠠ᠃ | ᠣᠯᠣᠰ ᠤᠨ ᠦᠮᠴᠢᠯᠠᠯᠳᠣ ᠠᠵᠣ ᠠᠬᠤᠶᠢᠯᠠᠯ ᠲᠠᠬᠡᠳᠣ ᠲᠡᠰ ᠤᠨ ᠲᠠᠬᠡᠳᠣ ᠮᠠᠷᠬᠡᠵᠢᠯ ᠤᠨ ᠴᠢᠳᠠᠪᠣᠷᠢᠳᠠᠨ᠂ | ᠭᠠᠳᠠᠭᠠᠳᠣ ᠶᠢᠨ ᠳᠣᠰᠬᠠᠢ ᠮᠡᠷᠬᠡᠵᠢᠯᠳᠠ ᠣᠷᠣᠭᠤᠯᠣᠨ ᠠᠪᠴᠢᠷᠠᠬᠰᠠᠨ ᠠᠴᠠ ᠪᠣᠯᠣᠬᠰᠠᠨ ᠴᠢᠳᠠᠪᠣᠷᠢᠳᠠᠨ ᠤ | ᠲᠣᠰᠠᠬᠠᠢ ᠲᠦᠷᠣᠯ ᠤᠨ ᠪᠠᠯᠨ ᠣᠷᠣᠭᠤᠯᠣᠯᠳᠠ ᠶᠢᠨ ᠦᠪᠡᠷ ᠤᠨ ᠦᠷᠳᠡᠭᠡ ᠢ ᠲᠣᠰ ᠵᠢᠯ ᠤᠨ ᠬᠢᠨᠠᠨ ᠰᠢᠯᠭᠠᠯᠳᠠ | ᠶᠢᠨ ᠠᠰᠢᠭ ᠣᠯᠵᠠᠪᠣᠷᠢ ᠪᠠᠷ ᠪᠣᠳᠣᠨ᠎ᠠ᠃ ᠣᠯᠣᠰ ᠤᠨ ᠦᠮᠴᠢᠯᠠᠯᠳᠣ ᠪᠠ ᠣᠯᠣᠰ ᠤᠨ ᠦᠮᠴᠢᠯᠠᠯᠳᠣ ᠰᠲ᠋ᠣᠺ | ᠡᠵᠡᠮᠳᠡᠭᠰᠠᠨ ᠠᠵᠣ ᠠᠬᠤᠶᠢᠯᠠᠯ ᠫᠷᠣᠹᠧᠰᠰᠣᠷ ᠤᠨ ᠮᠠᠷᠬᠡᠵᠢᠯ ᠤᠨ ᠴᠣᠯᠨ ᠲᠠᠢ ᠡᠮᠩᠳᠠᠢ ᠰᠣᠳᠣᠯᠭᠠᠳᠠᠨ ᠢ | ᠣᠷᠣᠭᠤᠯᠣᠨ ᠠᠪᠴᠢᠷᠠᠪᠡᠯ᠂ ᠬᠤᠪᠢ ᠬᠦᠮᠣᠨ ᠤ ᠰᠠᠨᠠᠯ ᠢᠶᠠᠷ ᠠᠵᠢᠯ ᠠᠴᠠ ᠪᠠᠨ ᠠᠮᠠᠷᠠᠬᠤ ᠴᠠᠭ ᠢ 60 ᠨᠠᠰᠣ ᠪᠠᠷ | ᠬᠡᠷᠩᠵᠢᠬᠦᠯᠵᠣ ᠪᠣᠯᠣᠨ᠎ᠠ᠃ | ᠬᠤᠷᠢᠨ ᠨᠠᠢᠮᠠᠳᠣᠭᠠᠷ ᠵᠣᠶᠢᠯ ᠭᠠᠳᠠᠭᠠᠳᠣ ᠶᠢᠨ ᠴᠢᠳᠠᠪᠣᠷᠢᠳᠠᠨ ᠮᠠᠨ ᠤ ᠣᠷᠣᠨ ᠳᠠᠬᠢ ᠫᠡᠰᠫᠣᠷᠲ᠂ | ᠣᠷᠣᠰᠢᠨ ᠰᠠᠭᠤᠬᠤ ᠨᠦᠬᠦᠴᠠᠯ ᠢ ᠴᠢᠯᠣᠬᠡᠳᠠᠢ ᠪᠠᠶᠢᠯᠭᠠᠵᠣ᠂ ᠵᠦᠪᠰᠢᠶᠠᠷᠠᠬᠦ ᠭᠠᠷ ᠬᠦᠢᠴᠠᠣᠬᠡᠯ ᠢ ᠲᠦᠬᠦᠮᠴᠢᠯᠠᠨ᠎ᠠ᠃ | ᠦᠪᠡᠷᠳᠠᠬᠡᠨ ᠵᠠᠰᠠᠬᠤ ᠣᠷᠣᠨ ᠤ ᠵᠣᠬᠢᠶᠠᠨ ᠪᠠᠶᠢᠭᠤᠯᠬᠤ ᠰᠠᠯᠠᠭ᠎ᠠ ᠮᠦᠴᠢᠷ ᠪᠣᠶᠣ ᠭᠠᠳᠠᠭᠠᠳᠣ ᠶᠢᠨ ᠲᠣᠰᠠᠬᠠᠢ | ᠮᠠᠷᠬᠡᠯᠵᠢᠯᠳᠠᠨ ᠢ ᠬᠠᠮᠢᠶᠠᠷᠬᠤ ᠰᠠᠯᠠᠭ᠎ᠠ ᠮᠦᠴᠢᠷ ᠠᠴᠠ ᠮᠠᠭᠠᠳᠯᠠᠨ ᠲᠤᠭᠲᠠᠭᠠᠭᠰᠠᠨ ᠠᠮᠢᠳᠣᠯᠢᠭ ᠢᠶᠠᠷ ᠣᠷᠣᠭᠤᠯᠣᠨ | ᠠᠪᠴᠢᠷᠠᠬᠰᠠᠨ ᠭᠠᠳᠠᠭᠠᠳᠣ ᠶᠢᠨ ᠲᠣᠰᠬᠠᠢ ᠮᠠᠷᠬᠡᠵᠢᠯᠳᠡᠨ ᠳᠤ 50% ᠠᠴᠠ ᠲᠡᠭᠡᠭᠰᠢ ᠴᠠᠯᠢᠩ ᠬᠦᠯᠣᠰᠣ ᠶᠢᠨ | ᠲᠡᠮᠵᠢᠯᠬᠡ ᠦᠵᠠᠬᠦᠯᠣᠨ᠂ ᠮᠠᠭᠠᠣᠡᠯᠠᠨ ᠲᠣᠬᠳᠠᠭᠠᠬᠰᠠᠨ ᠲᠦᠷᠣᠯ ᠤᠳᠠᠭ᠎ᠠ ᠪᠠᠷ ᠨᠢ ᠬᠤᠭᠤᠯᠠ ᠬᠤᠨᠤᠭ ᠵᠠᠮ | ᠬᠠᠷᠢᠯᠴᠠᠭᠠᠨ ᠤ ᠨᠦᠬᠦᠪᠣᠷᠢ ᠣᠯᠭᠤᠨ᠎ᠠ᠃ | ᠵᠢᠷᠭᠤᠳᠣᠭᠠᠷ ᠪᠦᠯᠦᠭ ᠴᠢᠳᠠᠪᠣᠷᠢᠳᠠᠨ ᠤ ᠰᠢᠯᠵᠢᠯᠳᠠ | ᠬᠤᠷᠢ ᠶᠢᠰᠣᠳᠣᠬᠡᠷ ᠵᠣᠶᠢᠯ ᠶᠡᠭᠡ ᠲᠠᠬᠡᠳᠣ ᠰᠣᠷᠭᠠᠭᠤᠯᠢ᠂ ᠡᠷᠳᠠᠮ ᠰᠢᠡᠵᠢᠯᠠᠬᠡᠨ ᠤ ᠬᠦᠷᠢᠶᠠᠯᠡᠩ ᠵᠠᠷᠬᠡ | ᠠᠵᠢᠯ ᠣᠶᠢᠯᠠᠰ ᠤᠨ ᠨᠢᠬᠡᠴᠨ ᠶᠢᠨ ᠡᠷᠳᠠᠮ ᠰᠢᠡᠵᠢᠯᠡᠬᠡᠨ ᠤ ᠠᠵᠢᠯᠳᠠᠨ ᠲᠣᠰ ᠪᠠᠶᠢᠭᠤᠯᠭ᠎ᠠ ᠶᠢᠨ ᠢᠶᠠᠨ ᠵᠦᠪᠰᠢᠶᠠᠷᠡᠯ | ᠢᠶᠠᠷ ᠡᠷᠳᠠᠮ ᠰᠢᠡᠵᠢᠯᠠᠬᠡᠨ ᠤ ᠲᠦᠷᠣᠯ ᠵᠣᠶᠢᠯ ᠪᠠ ᠦᠷ᠎ᠡ ᠪᠦᠳᠣᠭᠡᠯ ᠢᠶᠠᠨ ᠠᠪᠴᠣ ᠠᠵᠢᠯ ᠤᠨ ᠪᠠᠶᠢᠷᠢ ᠠᠴᠠ ᠪᠠᠨ | ᠰᠠᠯᠵᠣ ᠣᠶᠢᠯᠠᠰ ᠪᠣᠰᠬᠠᠵᠣ ᠪᠣᠯᠣᠨ᠎ᠠ᠃ | ᠭᠤᠴᠢᠳᠣᠭᠠᠷ ᠵᠣᠶᠢᠯ ᠶᠡᠭᠡ ᠲᠠᠬᠡᠳᠣ ᠰᠣᠷᠭᠠᠭᠤᠯᠢ᠂ ᠡᠷᠳᠡᠮ ᠰᠢᠡᠵᠢᠯᠡᠬᠡᠨ ᠤ ᠬᠦᠷᠢᠶᠠᠯᠠᠩ ᠵᠠᠷᠬᠡ ᠠᠵᠢᠯ | ᠦᠢᠯᠠᠰ ᠤᠨ ᠨᠢᠬᠡᠴᠨ ᠶᠢᠨ ᠡᠷᠳᠠᠮ ᠰᠢᠡᠵᠢᠯᠠᠬᠡᠨ ᠤ ᠠᠵᠢᠯᠳᠠᠨ ᠲᠣᠰ ᠪᠠᠶᠢᠭᠤᠯᠭ᠎ᠠ ᠶᠢᠨ ᠢᠶᠠᠨ ᠡᠷᠳᠠᠮ ᠰᠢᠡᠵᠢᠯᠠᠬᠡᠨ᠂ | ᠵᠢᠭᠠᠨ ᠰᠣᠷᠭᠠᠯᠳᠠ ᠵᠠᠷᠬᠡ ᠡᠬᠦᠷᠬᠡ ᠶᠢ ᠪᠠᠶᠠᠯᠠᠬᠦᠯᠣᠭ᠍ᠰᠠᠨ ᠣᠷᠢᠳᠠᠯ ᠲᠣᠣᠷ᠎ᠠ᠂ ᠠᠵᠢᠯᠯᠠᠵᠣ ᠪᠠᠶᠢᠭ᠎ᠠ ᠨᠢᠬᠡᠴᠨ ᠶᠢᠨ | ᠢᠶᠠᠨ ᠵᠦᠪᠰᠢᠶᠠᠷᠠᠯ ᠢᠶᠠᠷ ᠠᠵᠣ ᠠᠬᠤᠶᠢᠯᠠᠯ ᠪᠠ ᠪᠣᠰᠣᠣᠨ ᠡᠷᠳᠠᠮ ᠰᠢᠡᠵᠢᠯᠠᠬᠡᠨ ᠤ ᠪᠠᠶᠢᠭᠤᠯᠣᠮᠵᠢ᠂ ᠶᠡᠭᠡ ᠲᠠᠬᠡᠳᠣ | ᠰᠣᠷᠭᠠᠭᠤᠯᠢ᠂ ᠨᠠᠶᠢᠬᠡᠮ ᠤᠨ ᠵᠣᠬᠢᠶᠠᠨ ᠪᠠᠶᠢᠭᠤᠯᠣᠯᠳᠠ ᠳᠤ ᠣᠴᠢᠵᠣ ᠲᠣᠰᠢᠶᠠᠯ ᠬᠠᠪᠰᠣᠷᠭᠠᠵᠣ ᠬᠦᠷᠳᠠᠬᠡᠮᠵᠢ | ᠣᠯᠭᠤᠮᠵᠢ ᠣᠯᠵᠣ ᠪᠣᠯᠣᠨ᠎ᠠ᠃ ᠲᠣᠰᠢᠶᠠᠯ ᠬᠠᠪᠰᠣᠷᠭᠠᠬᠤ ᠠᠭᠤᠯᠭ᠎ᠠ ᠨᠢ ᠡᠷᠬᠡᠪᠰᠢ ᠦᠪᠠᠷ ᠤᠨ ᠲᠣᠬᠠᠶᠢᠯᠠᠬᠰᠠᠨ | ᠠᠵᠢᠯ ᠤᠨ ᠪᠠᠶᠢᠷᠢ᠂ ᠰᠣᠷᠣᠬᠰᠠᠨ ᠲᠣᠰᠬᠠᠢ ᠮᠠᠷᠬᠡᠵᠢᠯ ᠲᠠᠢ ᠬᠤᠯᠪᠣᠭ᠎ᠠ ᠲᠠᠢ ᠪᠠᠶᠢᠵᠣ᠂ ᠲᠣᠬᠠᠶᠢᠯᠠᠬᠰᠠᠨ ᠠᠵᠢᠯ | ᠢᠶᠠᠨ ᠨᠦᠯᠣᠬᠡᠯᠠᠬᠦ ᠦᠬᠡᠢ ᠪᠠᠶᠢᠬᠤ ᠬᠡᠷᠩᠳᠠᠢ᠃ ᠶᠡᠭᠡ ᠲᠠᠬᠡᠳᠣ ᠰᠣᠷᠭᠠᠭᠤᠯᠢ᠂ ᠡᠷᠳᠠᠮ ᠰᠢᠡᠵᠢᠯᠠᠬᠡᠨ ᠤ | ᠪᠠᠶᠢᠭᠤᠯᠣᠮᠵᠢ ᠨᠢ ᠲᠣᠬᠳᠠᠬᠰᠠᠨ ᠰᠢᠯᠵᠢᠮᠠᠯ ᠠᠵᠢᠯ ᠤᠨ ᠪᠠᠶᠢᠷᠢ ᠭᠠᠷᠭᠠᠵᠣ᠂ ᠰᠢᠨ᠎ᠠ ᠶᠢ ᠡᠬᠦᠣᠠᠬᠦ ᠣᠶᠢᠯᠠᠳᠣᠯᠬᠡ | ᠶᠢᠨ ᠳᠣᠷᠰᠢᠯᠭ᠎ᠠ ᠲᠠᠢ ᠠᠵᠣ ᠠᠬᠤᠶᠢᠯᠠᠯ ᠪᠠ ᠠᠵᠣ ᠠᠬᠤᠶᠢᠯᠠᠯ ᠤᠨ ᠡᠷᠳᠠᠮ ᠰᠢᠡᠵᠢᠯᠠᠬᠡᠨ ᠤ ᠠᠵᠢᠯᠳᠠᠨ ᠤ | ᠲᠣᠰᠢᠶᠠᠯ ᠬᠠᠪᠰᠣᠷᠭᠠᠬᠤ ᠶᠢ ᠵᠣᠷᠢᠬᠵᠢᠭᠤᠯᠣᠨ᠎ᠠ᠃ ᠲᠣᠰᠢᠶᠠᠯ ᠬᠠᠪᠰᠣᠷᠭᠠᠬᠤ ᠬᠤᠭᠤᠴᠠᠭᠠᠨ ᠳᠤ ᠡᠷᠬᠡ ᠮᠠᠳᠠᠯ | ᠡᠬᠦᠷᠬᠡ ᠶᠢ ᠲᠣᠰᠢᠶᠠᠯ ᠬᠠᠪᠰᠣᠷᠭᠠᠬᠤ ᠠᠵᠢᠯᠳᠠᠨ ᠪᠠ ᠪᠠᠶᠢᠭ᠎ᠠ ᠠᠵᠣ ᠠᠬᠤᠶᠢᠯᠠᠯ᠂ ᠲᠣᠰᠢᠶᠠᠯ ᠬᠠᠪᠰᠣᠷᠭᠠᠬᠤ | ᠪᠠᠶᠢᠭᠤᠯᠭ᠎ᠠ ᠨᠢᠬᠡᠴᠨ ᠵᠦᠪᠳᠠᠯᠴᠠᠨ ᠲᠣᠬᠳᠠᠨ᠎ᠠ᠃ | ᠭᠤᠴᠢᠨ ᠨᠢᠬᠡᠳᠣᠬᠡᠷ ᠵᠣᠶᠢᠯ ᠴᠢᠳᠠᠪᠣᠷᠢᠳᠠᠨ ᠤ ᠬᠤᠰᠢᠭᠤ ᠰᠢᠶᠠᠨ ᠠᠴᠠ ᠲᠣᠷᠣᠬᠰᠢ ᠦᠡᠳᠣᠰᠣᠨ | ᠱᠠᠳᠣᠨ ᠤ ᠬᠦᠮᠣᠨ ᠬᠡᠷᠩᠯᠠᠬᠦ ᠨᠢᠬᠡᠴᠨ ᠳᠤ ᠣᠴᠢᠬᠤ ᠶᠢ ᠵᠣᠷᠢᠬᠵᠢᠭᠤᠯᠵᠣ᠂ ᠦᠡᠳᠣᠰᠣᠨ ᠱᠠᠳᠣᠨ ᠤ ᠠᠵᠢᠯ | ᠣᠶᠢᠯᠠᠰ ᠤᠨ ᠨᠢᠬᠡᠴᠨ ᠲᠠᠬᠡᠳᠣ᠂ ᠲᠣᠮᠳᠠ ᠳᠠᠰ ᠤᠨ ᠲᠣᠰᠬᠠᠢ ᠮᠠᠷᠬᠡᠵᠢᠯ ᠤᠨ ᠮᠠᠷᠬᠡᠵᠢᠯ ᠤᠨ ᠬᠢᠷᠢ ᠬᠡᠮ ᠲᠠᠢ | ᠠᠵᠢᠯᠳᠠᠨ ᠢ ᠣᠷᠢᠵᠣ ᠡᠯᠰᠠᠬᠦ ᠳᠡᠭᠡᠨ ᠨᠠᠰᠣᠨ ᠤ ᠬᠢᠵᠠᠭᠠᠷ ᠢ ᠲᠣᠬᠢᠷᠠᠮᠵᠢᠳᠠᠢ ᠠᠭᠤᠵᠢᠭᠤ ᠪᠣᠯᠭᠠᠵᠣ ᠪᠣᠯᠣᠨ᠎ᠠ᠃ | ᠲᠠᠬᠡᠳᠣ ᠲᠠᠰ ᠤᠨ ᠪᠠᠴᠢᠮ ᠬᠡᠷᠩᠴᠡᠭᠡ ᠪᠦᠬᠦᠢ ᠲᠤᠳᠠᠭᠳᠠᠵᠤ ᠪᠠᠶᠢᠭ᠎ᠠ ᠲᠣᠰᠬᠠᠢ ᠮᠠᠷᠬᠡᠵᠢᠯ ᠤᠨ ᠴᠢᠳᠠᠪᠣᠷᠢᠳᠠᠨ ᠢ | ᠣᠷᠢᠵᠣ ᠡᠯᠰᠠᠬᠦ ᠳᠤ ᠰᠢᠭᠤᠣᠨ ᠰᠢᠯᠭᠠᠨ ᠪᠠᠶᠢᠴᠠᠭᠠᠬᠤ ᠠᠷᠭ᠎ᠠ ᠶᠢ ᠠᠪᠴᠣ ᠪᠣᠯᠣᠨ᠎ᠠ᠃ | ᠭᠤᠴᠢᠨ ᠬᠤᠶᠠᠳᠣᠭᠠᠷ ᠵᠣᠶᠢᠯ ᠠᠯᠪᠠᠨ ᠪᠠᠶᠢᠭᠤᠯᠭ᠎ᠠ ᠶᠢᠨ ᠠᠵᠢᠯ ᠣᠶᠢᠯᠠᠰ ᠤᠨ ᠨᠢᠬᠡᠴᠨ ᠠᠵᠢᠯ ᠤᠨ | ᠬᠡᠷᠩᠴᠡᠭᠡ ᠲᠠᠢ ᠪᠠᠨ ᠤᠶᠠᠯᠳᠣᠭᠤᠯᠵᠣ᠂ ᠴᠢᠳᠠᠪᠣᠷᠢᠳᠠᠨ ᠢ ᠣᠷᠣᠭᠤᠯᠣᠨ ᠠᠪᠴᠢᠷᠠᠬᠤ᠂ ᠠᠵᠢᠯᠳᠠᠨ ᠤ ᠰᠣᠯᠢᠯᠴᠠᠭ᠎ᠠ | ᠬᠢᠬᠦ᠂ ᠦᠡᠳᠣᠰᠣᠨ ᠱᠠᠳᠣᠨ ᠳᠤ ᠰᠣᠩᠭᠤᠨ ᠲᠣᠬᠢᠷᠠᠭᠤᠯᠬᠤ᠂ ᠡᠷ᠎ᠠ ᠡᠮ᠎ᠠ ᠬᠤᠶᠠᠭᠤᠯᠨ ᠶᠢᠨ ᠬᠤᠶᠠᠷ ᠭᠠᠵᠠᠷ | ᠰᠠᠯᠵᠣ ᠠᠮᠢᠳᠣᠷᠠᠵᠣ ᠪᠠᠶᠢᠭ᠎ᠠ ᠶᠢ ᠰᠢᠢᠳᠪᠦᠷᠢᠯᠡᠬᠦ᠂ ᠬᠡᠷ ᠪᠦᠯᠢ ᠶᠢᠨ ᠬᠦᠴᠢᠷᠳᠠᠯ ᠢ ᠬᠠᠷᠠᠭᠠᠯᠵᠠᠬᠤ ᠰᠢᠯᠳᠠᠭᠠᠨ ᠠᠴᠠ | ᠪᠣᠯᠵᠣ᠂ ᠠᠵᠢᠯᠳᠠᠨ ᠢ ᠰᠢᠯᠵᠢᠬᠦᠯᠵᠣ ᠲᠣᠬᠢᠷᠠᠭᠤᠯᠬᠤ ᠴᠢᠬᠤᠯᠳᠠᠢ ᠮᠦᠷᠳᠠᠬᠡᠨ ᠬᠠᠮᠢᠶ᠎ᠠ ᠪᠦᠬᠦᠢ ᠲᠦᠷᠣ ᠶᠢᠨ | ᠪᠣᠳᠣᠯᠭ᠎ᠠ ᠶᠢᠨ ᠲᠣᠬᠳᠠᠭᠠᠯ ᠳᠤ ᠨᠠᠶᠢᠴᠠᠵᠣ ᠪᠠᠶᠢᠪᠠᠯ᠂ ᠠᠵᠢᠯᠳᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠵᠢᠴᠢ | ᠣᠷᠣᠨ ᠲᠤᠭ᠎ᠠ ᠶᠢᠨ ᠬᠠᠮᠠᠶᠠᠷᠣᠯᠳᠠ ᠶᠢᠨ ᠰᠠᠯᠠᠭ᠎ᠠ ᠮᠦᠴᠢᠷ ᠠᠴᠠ ᠲᠦᠷᠣ ᠶᠢᠨ ᠪᠣᠳᠣᠯᠭ᠎ᠠ ᠤᠨ ᠬᠡᠪᠴᠢᠶᠠᠨ ᠳᠤ | ᠭᠠᠷ ᠬᠦᠢᠴᠠᠣᠠᠬᠡᠯ ᠬᠢᠬᠦ ᠶᠠᠪᠣᠴᠨ ᠶᠢ ᠰᠢᠯᠢᠳᠡᠭᠵᠢᠬᠦᠯᠵᠣ ᠪᠣᠯᠣᠨ᠎ᠠ᠃ | ᠭᠤᠴᠢᠨ ᠭᠤᠷᠪᠠᠳᠣᠭᠠᠷ ᠵᠣᠶᠢᠯ ᠦᠪᠠᠷᠳᠠᠬᠡᠨ ᠵᠠᠰᠠᠬᠤ ᠣᠷᠣᠨ ᠤ ᠲᠣᠰ ᠱᠠᠳᠣᠨ ᠤ ᠠᠯᠪᠠᠨ ᠪᠠᠶᠢᠭᠤᠯᠭ᠎ᠠ | ᠠᠵᠢᠯ ᠣᠶᠢᠯᠠᠰ ᠤᠨ ᠨᠢᠬᠡᠴᠨ ᠶᠢᠨ ᠭᠤᠶᠣᠴᠢᠯᠠᠯ ᠲᠠᠪᠰᠢᠬᠦᠯᠣᠭ᠍ᠰᠠᠨ ᠬᠦᠮᠣᠨ ᠢ ᠰᠢᠯᠵᠢᠬᠦᠯᠣᠨ ᠲᠣᠬᠢᠷᠠᠭᠤᠯᠬᠤ ᠦᠶ᠎ᠠ | ᠳᠤ ᠣᠷᠣᠨ ᠲᠤᠭ᠎ᠠ ᠶᠢᠨ ᠰᠠᠯᠠᠭ᠎ᠠ ᠮᠦᠴᠢᠷ ᠲᠤ ᠠᠩᠬ᠎ᠠ ᠤᠳᠠᠭ᠎ᠠ ᠠᠵᠢᠯ ᠳᠤ ᠣᠷᠤᠵᠣ ᠪᠠᠶᠢᠭ᠎ᠠ ᠬᠡᠷᠴᠢ᠂ | ᠦᠩᠬᠡᠷᠩᠰᠠᠨ ᠤ ᠠᠵᠢᠯ ᠨᠢ ᠬᠤᠪᠢᠷᠠᠯᠳᠠ ᠲᠠᠢ ᠪᠠᠶᠢᠬᠤ ᠬᠡᠷᠠᠴᠢ᠂ ᠰᠣᠷᠣᠯᠭ᠎ᠠ ᠶᠢᠨ ᠨᠠᠮᠳᠠᠷ᠂ ᠰᠣᠷᠣᠯᠭ᠎ᠠ ᠶᠢᠨ | ᠴᠣᠯᠨ ᠶᠢᠨ ᠦᠨᠠᠮᠯᠠᠯ ᠢᠶᠠᠨ ᠲᠣᠰᠢᠶᠠᠬᠤ ᠬᠡᠷᠩᠳᠠᠢ᠃ ᠣᠷᠣᠨ ᠤ ᠭᠠᠳᠠᠨ᠎ᠠ ᠠᠴᠠ ᠰᠢᠯᠵᠢᠵᠣ ᠢᠷᠩᠰᠠᠨ ᠪᠣᠯ | ᠰᠢᠯᠵᠢᠨ ᠭᠠᠷᠴᠣ ᠢᠷᠩᠰᠠᠨ ᠪᠠᠶᠢᠭᠤᠯᠭ᠎ᠠ ᠨᠢᠬᠡᠴᠨ ᠶᠢᠨ ᠪᠠᠶᠢᠭ᠎ᠠ ᠭᠠᠵᠠᠷ ᠣᠷᠣᠨ ᠤ ᠣᠷᠣᠨ ᠲᠤᠭ᠎ᠠ ᠶᠢᠨ ᠰᠠᠯᠠᠭ᠎ᠠ | ᠮᠦᠴᠢᠷ ᠠᠴᠠ ᠣᠷᠣᠨ ᠲᠤᠭ᠎ᠠ ᠶᠢᠨ ᠬᠡᠷᠴᠢ ᠵᠠᠷᠬᠡ ᠶᠢ ᠭᠠᠷᠭᠠᠵᠣ ᠦᠭᠭᠦᠨ᠎ᠡ᠃ ᠠᠵᠢᠯᠳᠠᠨ ᠤ ᠶᠠᠪᠣᠳᠠᠯ ᠤᠨ | ᠬᠠᠮᠢᠶᠠᠷᠣᠯᠳᠠ ᠶᠢ ᠵᠣᠬᠢᠶᠠᠨ ᠪᠠᠶᠢᠭᠤᠯᠵᠣ᠂ ᠰᠠᠯᠠᠭ᠎ᠠ ᠮᠦᠴᠢᠷ ᠲᠤ ᠠᠵᠢᠯ ᠰᠢᠯᠵᠢᠬᠦᠯᠬᠦ ᠪᠠᠷ ᠪᠠᠶᠢᠭ᠎ᠠ ᠬᠦᠮᠣᠨ ᠤ | ᠭᠤᠶᠣᠴᠢᠯᠠᠯ᠂ ᠠᠯᠪᠠᠨ ᠪᠠᠶᠢᠭᠤᠯᠭ᠎ᠠ ᠠᠵᠢᠯ ᠤᠶᠢᠯᠠᠰ ᠤᠨ ᠨᠢᠬᠡᠴᠨ ᠶᠢᠨ ᠠᠵᠢᠯᠳᠠᠨ ᠢ ᠰᠢᠯᠵᠢᠬᠦᠯᠣᠨ | ᠲᠣᠬᠢᠷᠠᠭᠤᠯᠬᠤ ᠵᠦᠪᠰᠢᠶᠠᠷᠠᠬᠦ ᠬᠦᠰᠣᠨᠣᠭ᠍ᠳᠣ᠂ ᠰᠢᠯᠵᠢᠬᠦᠯᠬᠦ ᠪᠠᠷ ᠪᠠᠶᠢᠭ᠎ᠠ ᠬᠦᠮᠣᠨ ᠤ ᠲᠠᠩᠰᠨ ᠡᠪᠬᠡᠮᠠᠯ᠂ ᠬᠢᠨᠠᠨ | ᠪᠠᠶᠢᠴᠠᠭᠠᠬᠰᠠᠨ ᠮᠠᠲ᠋ᠧᠷᠢᠶᠠᠯ᠂ ᠲᠠᠩᠰᠨ ᠡᠪᠬᠡᠮᠠᠯ ᠢ ᠬᠢᠨᠠᠨ ᠬᠠᠷᠭᠤᠭᠤᠯᠣᠬᠰᠠᠨ ᠮᠠᠳᠠᠬᠦᠯᠣᠯᠳᠠ ᠪᠠ ᠬᠤᠭᠤᠰᠣᠨ | ᠣᠷᠣᠨ ᠲᠤᠭ᠎ᠠ ᠶᠢ ᠬᠡᠷᠩᠯᠠᠬᠦ ᠮᠡᠳ᠋ᠩᠳᠠᠯ ᠵᠠᠷᠬᠡ ᠶᠢ ᠲᠠᠪᠰᠢᠬᠦᠯᠣᠨᠠ᠃ ᠣᠷᠣᠨ ᠤ ᠭᠠᠳᠠᠨ᠎ᠠ ᠠᠴᠠ ᠰᠢᠯᠵᠢᠨ | ᠢᠷᠩᠰᠠᠨ ᠠᠯᠪᠠᠳᠠᠨ ︵ᠠᠯᠪᠠᠳᠠᠨ ᠤ ᠬᠠᠮᠢᠶᠠᠷᠣᠯᠳᠠ ᠪᠠᠷ ᠯᠠᠪᠯᠠᠯᠳᠠ ᠪᠣᠯᠭᠠᠬᠤ ᠶᠢ ᠪᠠᠭᠳᠠᠭᠠᠨ᠎ᠠ︶ ᠡᠷᠬᠡᠪᠰᠢ ᠠᠵᠢᠯ | ᠰᠢᠯᠵᠢᠨ ᠭᠠᠷᠴᠣ ᠢᠷᠩᠰᠠᠨ ᠪᠠᠶᠢᠭᠤᠯᠭ᠎ᠠ ᠨᠢᠬᠡᠴᠨ ᠠᠴᠠ ᠠᠯᠪᠠᠳᠠᠨ ᠤ ᠭᠠᠷᠣᠯ ᠤᠨ ᠭᠡᠷᠡᠴᠢ ᠭᠠᠷᠭᠠᠯᠭᠠᠬᠤ ᠬᠡᠷᠩᠳᠠᠢ | ᠃ | ᠭᠤᠴᠢᠨ ᠲᠦᠷᠪᠠᠳᠣᠬᠡᠷ ᠵᠣᠶᠢᠯ ᠰᠢᠯᠵᠢᠬᠦᠯᠣᠨ ᠠᠪᠴᠢᠷᠠᠬᠤ ᠪᠠᠶᠢᠭᠤᠯᠭ᠎ᠠ ᠨᠢᠬᠡᠴᠨ ᠰᠢᠯᠵᠢᠬᠦᠯᠣᠨ | ᠠᠪᠴᠢᠷᠠᠬᠤ ᠪᠠᠷ ᠪᠠᠶᠢᠭ᠎ᠠ ᠬᠦᠮᠣᠨ ᠢᠶᠠᠨ ᠴᠢᠩᠭ᠎ᠠ ᠰᠢᠯᠭᠠᠨ ᠪᠠᠶᠢᠴᠠᠭᠠᠵᠣ᠂ ᠬᠠᠣᠯᠢ ᠴᠠᠭᠠᠵᠨ ᠶᠢ ᠵᠢᠷᠣᠮᠯᠠᠬᠤ᠂ | ᠮᠣᠷᠠᠯ ᠰᠣᠷᠳᠠᠯ᠂ ᠠᠵᠢᠯ ᠤᠨ ᠴᠢᠳᠠᠪᠣᠷᠢ ᠵᠠᠷᠬᠡ ᠲᠠᠯ᠎ᠠ ᠪᠠᠷ ᠭᠤᠣᠯᠳᠠᠯᠭ᠎ᠠ ᠲᠠᠢ ᠰᠢᠯᠭᠠᠨ ᠪᠠᠶᠢᠴᠠᠭᠠᠵᠣ᠂ | ᠰᠢᠯᠵᠢᠬᠦᠯᠣᠨ ᠠᠪᠴᠢᠷᠠᠬᠤ ᠪᠠᠷ ᠪᠠᠶᠢᠭ᠎ᠠ ᠬᠦᠮᠣᠨ ᠤ ᠲᠠᠩᠰᠨ ᠡᠪᠬᠡᠮᠠᠯ ᠢ ᠬᠢᠨᠠᠮᠠᠭᠠᠢ ᠬᠢᠨᠠᠨ ᠪᠠᠶᠢᠴᠠᠭᠠᠵᠣ᠂ ᠰᠢᠯᠭᠠᠨ | ᠪᠠᠶᠢᠴᠠᠭᠠᠵᠣ ᠬᠢᠨᠠᠨ ᠬᠠᠷᠭᠤᠭᠤᠯᠣᠬᠰᠠᠨ ᠮᠠᠲ᠋ᠧᠷᠢᠶᠠᠯ ᠨᠢ ᠦᠨᠠᠨ ᠪᠣᠳᠠᠳᠠᠢ ᠪᠠᠶᠢᠵᠣ᠂ ᠰᠢᠯᠭᠠᠨ ᠪᠠᠶᠢᠴᠠᠭᠠᠵᠣ᠂ | ᠬᠢᠨᠠᠨ ᠬᠠᠷᠭᠤᠭᠤᠯᠣᠬᠰᠠᠨ ᠮᠠᠲ᠋ᠧᠷᠢᠶᠠᠯ ᠳᠠᠭᠠᠨ ᠬᠠᠷᠢᠭᠤᠴᠠᠬᠤ ᠬᠡᠷᠩᠳᠠᠢ᠃ | ᠲᠣᠯᠣᠳᠣᠭᠠᠷ ᠪᠦᠯᠦᠭ ᠣᠶᠢᠯᠠᠴᠢᠯᠠᠬᠡᠨ ᠤ ᠪᠠᠳᠣᠯᠠᠭ᠎ᠠ | ᠭᠤᠴᠢᠨ ᠲᠠᠪᠣᠳᠣᠭᠠᠷ ᠵᠣᠶᠢᠯ ᠬᠦᠮᠣᠨ ᠬᠡᠷᠩᠯᠠᠬᠦ ᠨᠢᠬᠡᠴᠨ ᠴᠢᠳᠠᠪᠣᠷᠢᠳᠠᠨ ᠣᠷᠣᠭᠤᠯᠣᠨ ᠠᠪᠴᠢᠷᠠᠬᠤ | ᠵᠦᠪᠯᠠᠯᠴᠠᠬᠡᠷ ᠶᠣᠰᠣᠭᠠᠷ᠂ ᠲᠣᠰᠬᠠᠢ ᠣᠷᠢᠵᠣ ᠬᠡᠷᠩᠯᠩᠰᠠᠨ ᠵᠦᠪᠯᠠᠯᠴᠠᠬᠡᠷ ᠵᠡᠷᠬᠡ ᠴᠢᠳᠠᠪᠣᠷᠢᠳᠠᠨ ᠤᠷᠣᠭᠤᠯᠣᠨ | ᠠᠪᠴᠢᠷᠠᠬᠰᠠᠨ ᠠᠵᠢᠯ ᠤᠨ ᠪᠠᠶᠢᠳᠠᠯ ᠳᠤ ᠬᠢᠨᠠᠨ ᠪᠠᠶᠢᠴᠠᠭᠠᠯᠳᠠ ᠬᠢᠵᠣ᠂ ᠬᠢᠨᠡᠨ ᠪᠠᠶᠢᠴᠠᠭᠠᠯᠳᠠ ᠶᠢᠨ ᠳ᠋ᠦᠩ ᠢ | ᠡᠷᠳᠠᠮ ᠰᠢᠡᠵᠢᠯᠠᠬᠡᠨ ᠤ ᠲᠠᠮᠵᠢᠯᠬᠡ ᠶᠢ ᠬᠦᠷᠳᠠᠬᠦ᠂ ᠠᠵᠢᠯ ᠤᠨ ᠪᠠᠶᠢᠷᠢ ᠶᠢᠨ ᠵᠣᠷᠢᠬᠵᠢᠭᠤᠯᠣᠯ ᠪᠠ ᠠᠮᠢᠳᠣᠷᠠᠯ ᠤᠨ | ᠪᠠᠳᠣᠯᠠᠪᠣᠷᠢ ᠵᠡᠷᠬᠡ ᠬᠠᠷᠠᠭᠠᠯᠵᠠᠯ ᠤᠨ ᠲᠦᠷᠤ ᠶᠢᠨ ᠪᠣᠳᠣᠯᠭ᠎ᠠ ᠦᠵᠠᠬᠦᠯᠬᠦ ᠦᠡᠳᠣᠰᠣᠯᠠᠯ ᠪᠣᠯᠭᠠᠨ᠎ᠠ᠃ | ᠴᠢᠳᠠᠪᠣᠷᠢᠳᠠᠨ ᠤᠷᠣᠭᠤᠯᠣᠨ ᠠᠪᠴᠢᠷᠠᠬᠤ ᠳᠤ ᠬᠤᠪᠢᠷᠠᠯᠳᠠ ᠲᠠᠢ ᠪᠠᠶᠢᠳᠠᠯ ᠢᠶᠠᠨ ᠴᠠᠭ ᠲᠣᠬᠠᠢ ᠳᠤᠨᠢ ᠠᠳᠠᠯᠢ | ᠱᠠᠳᠣᠨ ᠤ ᠬᠦᠮᠣᠨ ᠤ ᠡᠬᠢ ᠪᠠᠶᠠᠯᠢᠭ ᠪᠠ ᠨᠠᠶᠢᠬᠡᠮ ᠤᠨ ᠪᠠᠳᠣᠯᠠᠪᠤᠷᠢ ᠶᠢᠨ ᠰᠠᠯᠠᠭ᠎ᠠ ᠮᠦᠴᠢᠷ ᠲᠤ ᠲᠠᠩᠰᠠᠯᠠᠨ | ᠲᠠᠮᠳ᠋ᠩᠯᠠᠬᠦᠯᠣᠨᠠ᠃ | ᠭᠤᠴᠢᠨ ᠵᠢᠷᠭᠤᠳᠣᠭᠠᠷ ᠵᠣᠶᠢᠯ ᠦᠪᠠᠷᠳᠠᠬᠡᠨ ᠵᠠᠰᠠᠬᠤ ᠣᠷᠣᠨ ᠠᠴᠠ ᠣᠳᠣ ᠶᠢᠨ ᠪᠠᠶᠢᠭ᠎ᠠ ᠴᠢᠳᠠᠪᠣᠷᠢᠳᠠᠨ ᠢ | ᠣᠷᠣᠭᠤᠯᠣᠨ ᠠᠪᠴᠢᠷᠠᠬᠤ᠂ ᠬᠦᠮᠣᠵᠢᠬᠦᠯᠬᠦ᠂ ᠬᠡᠷᠩᠯᠡᠬᠦ ᠵᠠᠷᠬᠡ ᠲᠠᠯ᠎ᠠ ᠲᠠᠢ ᠬᠤᠯᠪᠣᠬᠳᠠᠬᠰᠠᠨ ᠪᠠᠯᠨ ᠮᠦᠩᠬᠦ ᠶᠢ | ᠨᠠᠶᠢᠣᠠᠬᠡᠨ᠂ ᠨᠢᠬᠡᠳᠣᠯᠳᠠᠢ ᠲᠦᠯᠣᠪᠯᠠᠨ ᠲᠣᠬᠢᠷᠠᠭᠤᠯᠵᠣ᠂ ᠵᠦᠢ ᠵᠣᠬᠢᠰᠳᠠᠢ ᠬᠡᠷᠩᠯᠠᠨ᠂ ᠬᠠᠮᠤᠭ ᠤᠨ ᠶᠡᠭᠡ ᠦᠷ᠎ᠠ | ᠠᠰᠢᠭ ᠢ ᠪᠠᠳᠠᠷᠠᠭᠤᠯᠬᠤ ᠬᠡᠷᠩᠳᠠᠢ᠃ ᠱᠠᠭᠠᠷᠳᠠᠯᠭ᠎ᠠ ᠪᠠᠨ ᠦᠨᠳᠦᠰᠦᠯᠡᠵᠤ ᠦᠪᠠᠷᠳᠠᠬᠡᠨ ᠵᠠᠰᠠᠬᠤ ᠣᠷᠣᠨ ᠤ | ᠴᠢᠳᠠᠪᠣᠷᠢᠳᠠᠨ ᠢ ᠨᠠᠬᠡᠬᠡᠨ ᠬᠦᠭᠵᠢᠬᠦᠯᠬᠦ ᠪᠠᠯᠨ ᠮᠦᠩᠬᠦ ᠶᠢ ᠨᠠᠮᠩᠳᠠᠬᠦᠯᠵᠣ᠂ ᠡᠳ᠋ ᠤᠨ ᠵᠠᠰᠠᠭ ᠤᠨ ᠲᠦᠰᠣᠪ ᠲᠤ | ᠣᠷᠣᠭᠤᠯᠣᠨ ᠠᠪᠴᠢᠷᠠᠬᠤ ᠳᠤ ᠬᠡᠷᠩᠰᠠᠬᠦ ᠵᠠᠷᠣᠳᠠᠯ ᠢ ︽ᠳᠠᠯ᠎ᠠ ᠨᠣᠳᠤᠭ ᠤᠨ ᠰᠣᠳᠣᠨ ᠴᠢᠳᠠᠪᠣᠷᠢᠳᠠᠨ︾᠂ | ᠴᠢᠳᠠᠪᠣᠷᠢᠳᠠᠨ ᠢ ᠨᠠᠬᠡᠬᠡᠨ ᠬᠦᠭᠵᠢᠬᠦᠯᠬᠦ ᠪᠡᠯᠨ ᠮᠦᠩᠬᠦ᠂ ᠰᠢᠡᠵᠢᠯᠠᠬᠦ ᠣᠬᠠᠭᠠᠨ ᠮᠠᠷᠬᠡᠵᠢᠯ ᠤᠨ ᠪᠠᠯᠨ ᠮᠦᠩᠬᠦ ᠵᠠᠷᠬᠡ | ᠣᠳᠣ ᠶᠢᠨ ᠪᠠᠶᠢᠭ᠎ᠠ ᠴᠢᠳᠠᠪᠣᠷᠢᠳᠠᠨ ᠤ ᠲᠠᠯ᠎ᠠ ᠪᠠᠷ ᠬᠢ ᠪᠠᠯᠨ ᠮᠦᠩᠬᠦ ᠶᠢᠨ ᠲᠣᠳᠣᠷ᠎ᠠ ᠠᠴᠠ ᠰᠢᠢᠳᠪᠤᠷᠢᠯᠠᠵᠤ᠂ | ᠬᠦᠷᠣᠯᠴᠠᠬᠦ ᠦᠬᠡᠢ ᠬᠡᠰᠩ ᠢ ᠡᠯ᠎ᠠ ᠱᠠᠳᠣᠨ ᠤ ᠡᠳ᠋ ᠤᠨ ᠵᠠᠰᠠᠭ ᠠᠴᠠ ᠲᠣᠬᠢᠷᠠᠭᠤᠯᠣᠨ᠎ᠠ᠃ ᠠᠵᠣ ᠠᠬᠤᠶᠢᠯᠠᠯ ᠪᠠ | ᠪᠣᠰᠣᠣᠨ ᠡᠳ᠋ ᠤᠨ ᠵᠠᠰᠠᠭ ᠠᠴᠠ ᠵᠣᠭᠤᠰ ᠪᠠᠭᠤᠯᠭᠠᠬᠤ ᠦᠬᠡᠢ ᠪᠠᠶᠢᠭᠤᠯᠭ᠎ᠠ ᠨᠢᠬᠡᠴᠨ ᠴᠢᠳᠠᠪᠣᠷᠢᠳᠠᠨ ᠣᠷᠣᠭᠤᠯᠣᠨ | ᠠᠪᠴᠢᠷᠠᠬᠤ ᠳᠤ ᠬᠡᠷᠩᠰᠠᠬᠦ ᠪᠠᠯᠨ ᠮᠦᠩᠬᠦ ᠶᠢ ᠦᠪᠠᠷ ᠲᠡᠭᠡᠨ ᠰᠢᠢᠳᠪᠤᠷᠢᠯᠠᠵᠤ᠂ ᠡᠯ᠎ᠠ ᠱᠠᠳᠣᠨ ᠤ ᠵᠠᠰᠠᠭ ᠤᠨ | ᠣᠷᠳᠣᠨ ᠠᠴᠠ ᠵᠦᠢ ᠵᠣᠬᠢᠰᠳᠠᠢ ᠱᠠᠩᠨᠠᠯ ᠬᠦᠬᠢᠬᠦᠯᠣᠯ ᠣᠯᠭᠤᠵᠣ ᠪᠣᠯᠣᠨ᠎ᠠ᠃ | ᠭᠤᠴᠢᠨ ᠲᠣᠯᠣᠳᠣᠭᠠᠷ ᠵᠣᠶᠢᠯ ᠡᠯ᠎ᠠ ᠱᠠᠳᠣᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ | ᠴᠢᠳᠠᠪᠣᠷᠢᠳᠠᠨ ᠣᠷᠣᠭᠤᠯᠣᠨ ᠠᠪᠴᠢᠷᠠᠬᠤ ᠠᠵᠢᠯ ᠤᠨ ᠵᠠᠷᠣᠳᠠᠯ ᠢ ᠴᠠᠭ ᠲᠣᠬᠠᠢ ᠳᠤᠨᠢ ᠪᠠᠭᠤᠯᠭᠠᠨ ᠦᠭᠬᠦ ᠬᠡᠷᠩᠳᠠᠢ | ᠃ ᠬᠠᠮᠢᠶ᠎ᠠ ᠪᠦᠬᠦᠢ ᠰᠠᠯᠠᠭ᠎ᠠ ᠮᠦᠴᠢᠷ ᠲᠣᠬᠳᠠᠭᠠᠯ ᠶᠣᠰᠣᠭᠠᠷ ᠬᠠᠮᠢᠶᠠᠷᠣᠯᠳᠠ ᠶᠢ ᠴᠢᠩᠭ᠎ᠠ ᠬᠡᠷᠩᠵᠢᠬᠦᠯᠵᠣ᠂ ᠬᠢᠨᠠᠨ | ᠬᠠᠮᠢᠶᠠᠷᠣᠯᠳᠠ ᠪᠠᠨ ᠴᠢᠩᠭᠠᠳᠬᠠᠵᠤ᠂ ᠲᠣᠰᠬᠠᠢ ᠪᠠᠯᠨ ᠮᠦᠩᠬᠦ ᠶᠢ ᠲᠣᠰᠬᠠᠢ ᠬᠡᠷᠩᠯᠠᠬᠦ ᠶᠢ ᠪᠠᠳᠣᠯᠠᠬᠤ ᠬᠡᠷᠩᠳᠠᠢ᠃ | | ᠨᠠᠢᠮᠠᠳᠣᠭᠠᠷ ᠪᠦᠯᠦᠭ ᠲᠠᠭᠠᠯᠳᠣᠭᠤᠯᠣᠯ | ᠭᠤᠴᠢᠨ ᠨᠠᠢᠮᠠᠳᠣᠭᠠᠷ ᠵᠣᠶᠢᠯ ᠲᠣᠰ ᠠᠷᠭ᠎ᠠ ᠶᠢ ᠪᠢᠴᠢᠭ ᠮᠠᠲ᠋ᠧᠷᠢᠶᠠᠯ ᠢ ᠪᠠᠭᠤᠯᠭᠠᠬᠰᠠᠨ ᠡᠳᠣᠷ ᠠᠴᠠ | ᠡᠬᠢᠯᠠᠨ ᠬᠡᠷᠩᠵᠢᠬᠦᠯᠣᠨᠠ᠃ ᠲᠣᠰ ᠠᠷᠭ᠎ᠠ ᠶᠢ ᠬᠡᠷᠩᠵᠢᠬᠦᠯᠬᠦ ᠠᠴᠠ ᠡᠮᠣᠨᠠᠬᠢ ᠬᠠᠮᠢᠶ᠎ᠠ ᠪᠦᠬᠦᠢ ᠲᠣᠬᠳᠠᠭᠠᠯ ᠨᠢ | ᠲᠣᠰ ᠠᠷᠭ᠎ᠠ ᠲᠠᠢ ᠨᠢᠬᠡᠳᠣᠯ ᠦᠬᠡᠢ ᠪᠣᠯ ᠲᠣᠰ ᠠᠷᠭ᠎ᠠ ᠪᠠᠷ ᠪᠠᠷᠢᠮᠵᠢᠶ᠎ᠠ ᠪᠣᠯᠭᠠᠨ᠎ᠠ᠃ | | | | ᠢᠷᠠᠯᠳᠠ᠄ ᠦᠪᠣᠷ ᠮᠣᠩᠭᠤᠯ ᠤᠨ ᠡᠳᠣᠷ ᠤᠨ ᠰᠣᠨᠢᠨ | | | | |