ᠡᠯ᠎ᠡ ᠬᠤᠰᠢᠭᠤ ᠰᠢᠶᠠᠨ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠬᠤᠲᠠ ᠶᠢᠨ ᠰᠢᠭᠤᠳ | ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ᠄ | ᠬᠤᠲᠠ ᠶᠢᠨ ᠠᠷᠠᠳ ᠤᠨ ᠵᠠᠰᠠᠭ ᠤᠨ ᠤᠷᠳᠤᠨ ᠢᠶᠠᠷ ᠰᠤᠳᠤᠯᠤᠨ ᠵᠦᠪᠰᠢᠶᠡᠷᠡᠬᠦᠯᠵᠦ᠂ ᠡᠳᠦᠭᠡ | ︽ᠤᠯᠠᠭᠠᠨᠴᠠᠪ ᠬᠤᠲᠠ ᠤᠢ ᠰᠢᠭᠤᠢ ᠶᠢ ᠰᠦᠢᠳᠭᠡᠵᠦ ᠠᠲᠠᠷ ᠬᠠᠭᠠᠯᠪᠤᠷᠢᠯᠠᠨ ᠤᠶᠢᠲᠤ ᠭᠠᠵᠠᠷ ᠢ ᠡᠪᠳᠡᠬᠦ ᠳᠤ | ᠴᠤᠬᠢᠯᠲᠠ ᠦᠭᠭᠦ ᠲᠤᠰᠬᠠᠢ ᠠᠵᠢᠯᠯᠠᠭᠠᠨ ᠤ ᠬᠡᠷᠡᠭᠵᠢᠬᠦᠯᠬᠦ ᠲᠦᠰᠦᠪ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠬᠦᠯᠬᠦ ᠪᠤᠯᠪᠠᠤ᠃ | | | 2017 ᠤᠨ ᠤ 3 ᠰᠠᠷ᠎ᠠ ᠶᠢᠨ 9 ᠤ ᠡᠳᠦᠷ | | ᠤᠯᠠᠭᠠᠨᠴᠠᠪ ᠬᠤᠲᠠ ᠤᠢ ᠰᠢᠭᠤᠢ ᠶᠢ ᠰᠦᠢᠳᠭᠡᠵᠦ ᠠᠲᠠᠷ ᠬᠠᠭᠠᠯᠪᠤᠷᠢᠯᠠᠨ ᠤᠶᠢᠲᠤ ᠭᠠᠵᠠᠷ ᠢ ᠡᠪᠳᠡᠬᠦ | ᠳᠤ ᠴᠤᠬᠢᠯᠲᠠ ᠦᠭᠭᠦ ᠲᠤᠰᠬᠠᠢ ᠠᠵᠢᠯᠯᠠᠭᠠᠨ ᠤ ᠬᠡᠷᠡᠭᠵᠢᠬᠦᠯᠬᠦ ᠲᠦᠰᠦᠪ | ᠤᠢ ᠰᠢᠭᠤᠢ ᠶᠢ ᠰᠦᠢᠳᠭᠡᠵᠦ ᠠᠲᠠᠷ ᠬᠠᠭᠠᠯᠪᠤᠷᠢᠯᠠᠨ ᠤᠶᠢᠲᠤ ᠭᠠᠵᠠᠷ ᠢ ᠡᠪᠳᠡᠬᠦ ᠳᠤ ᠴᠤᠬᠢᠯᠲᠠ ᠦᠭᠭᠦ | ᠲᠤᠰᠬᠠᠢ ᠠᠵᠢᠯᠯᠠᠭᠠᠨ ᠢ ᠦᠨᠡᠨᠬᠦ ᠰᠠᠶᠢᠲᠤᠷ ᠶᠠᠪᠤᠭᠳᠠᠭᠤᠯᠵᠤ᠂ ᠪᠦᠬᠦ ᠬᠤᠲᠠ ᠶᠢᠨ ᠭᠠᠵᠠᠷ ᠰᠢᠷᠤᠢ ᠶᠢᠨ | ᠡᠶᠡᠳᠡᠬᠦᠯᠭᠡ ᠲᠠᠢ ᠢᠳᠡᠪᠬᠢᠯᠡᠨ ᠬᠠᠮᠵᠢᠯᠴᠠᠵᠤ᠂ ᠭᠠᠵᠠᠷ ᠰᠢᠷᠦᠢ᠂ ᠤᠶᠢᠲᠤ ᠪᠡᠯᠴᠢᠭᠡᠷ ᠤᠨ ᠭᠠᠵᠠᠷ ᠤᠨ ᠡᠷᠭᠡ ᠶᠢ | ᠳᠤᠳᠤᠯᠠᠬᠤ ᠠᠵᠢᠯ ᠢ ᠤᠷᠤᠭᠰᠢᠲᠠᠢ ᠲᠦᠯᠬᠢᠨ ᠠᠬᠢᠭᠤᠯᠬᠤ ᠶᠢᠨ ᠲᠤᠰᠠᠲᠠ᠂ ᠤᠨᠴᠠᠭᠠᠶᠢᠯᠠᠨ ᠲᠤᠰ ᠬᠡᠷᠡᠭᠵᠢᠬᠦᠯᠬᠦ | ᠲᠦᠰᠦᠪ ᠢ ᠲᠤᠭᠳᠠᠭᠠᠪᠠ᠃ | ᠨᠢᠭᠡ᠂ ᠲᠤᠰᠬᠠᠢ ᠠᠵᠢᠯᠯᠠᠭᠠᠨ ᠤ ᠵᠤᠷᠢᠯᠭ᠎ᠠ | ᠤᠶᠢᠲᠤ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ | ᠤᠶᠢᠲᠤ ᠭᠠᠵᠠᠷ ᠤᠨ ᠬᠡᠷᠡᠭᠯᠡᠯᠲᠡ ᠶᠢᠨ ᠬᠠᠮᠢᠶᠠᠷᠤᠯᠲᠠ ᠬᠤᠷᠢᠭᠯᠠᠯᠲᠠ ᠪᠠᠨ ᠴᠢᠩᠭᠠᠳᠬᠠᠵᠤ᠂ ᠤᠶᠢᠲᠤ ᠭᠠᠵᠠᠷ᠂ | ᠨᠤᠭᠤ ᠭᠠᠵᠠᠷ ᠪᠠ ᠤᠢ ᠰᠢᠭᠤᠢ ᠶᠢᠨ ᠤᠯᠠᠭᠠᠨ ᠱᠣᠭᠤᠮ ᠢ ᠪᠠᠲᠤ ᠰᠠᠬᠢᠵᠤ᠂ ᠤᠶᠢᠲᠤ ᠭᠠᠵᠠᠷ ᠤᠨ ᠡᠷᠬᠢᠯᠲᠡ ᠶᠢ | ᠲᠦᠷᠢᠮᠵᠢᠬᠦᠯᠵᠦ᠂ ᠤᠢ ᠰᠢᠭᠤᠢ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠪᠠᠳᠤᠳᠬᠠᠵᠤ᠂ ᠤᠢ ᠰᠢᠭᠤᠢ ᠶᠢ ᠰᠦᠢᠳᠭᠡᠵᠦ ᠠᠲᠠᠷ ᠬᠠᠭᠠᠯᠪᠤᠷᠢᠯᠠᠨ ᠤᠶᠢᠲᠤ ᠭᠠᠵᠠᠷ ᠢ ᠡᠪᠳᠡᠬᠦ ᠠᠵᠢᠯᠯᠠᠭᠠᠨ ᠳᠤ | ᠬᠦᠨᠳᠦ ᠴᠤᠬᠢᠯᠲᠠ ᠦᠭᠴᠦ᠂ ᠤᠶᠢᠲᠤ ᠭᠠᠵᠠᠷ ᠤᠨᠴᠠᠭᠠᠶᠢᠯᠠᠨ ᠤᠯᠤᠰ ᠤᠨ ᠳᠡᠰ ᠤᠨ ᠨᠡᠶᠢᠲᠡ ᠶᠢᠨ ᠠᠰᠠᠷᠠᠮᠵᠢ | ᠶᠢᠨ ᠤᠢ᠂ ᠲᠠᠷᠢᠶᠠᠯᠠᠬᠤ ᠪᠠᠨ ᠵᠤᠭᠰᠤᠵᠤ ᠤᠶᠢᠵᠢᠭᠤᠯᠬᠤ ᠵᠢᠴᠢ ᠪᠡᠭᠡᠵᠢᠩ ᠲᠢᠶᠠᠨᠵᠢᠨ ᠤ ᠡᠯᠡᠰᠦ ᠰᠠᠯᠬᠢᠨ ᠤ ᠡᠬᠢ | ᠪᠤᠯᠬᠤ ᠤᠯᠤᠰ ᠤᠨ ᠭᠤᠤᠯᠳᠠᠯᠭᠠᠲᠤ ᠢᠨᠵᠧᠨᠧᠷᠢᠩ ᠤᠨ ᠤᠷᠤᠨ ᠳᠤᠳᠤᠷᠠᠬᠢ ᠤᠶᠢᠲᠤ ᠭᠠᠵᠠᠷ ᠤᠨ ᠢᠳᠡᠭᠳᠡᠯ ᠢ | ᠬᠤᠷᠢᠭᠯᠠᠵᠤ᠂ ᠣᠶᠢᠲᠤ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠴᠢᠬᠤᠯᠠ ᠴᠢᠨᠠᠷ ᠪᠠ ᠲᠦᠪ ᠴᠢᠩᠭ᠎ᠠ ᠴᠢᠨᠠᠷ | ᠤᠨ ᠲᠤᠬᠠᠢ ᠪᠦᠬᠦ ᠨᠡᠶᠢᠭᠡᠮ ᠤᠨ ᠳᠠᠨᠢᠯᠲᠠ ᠶᠢ ᠳᠡᠭᠡᠭᠰᠢᠯᠡᠬᠦᠯᠦᠨ᠂ ᠤᠢ ᠰᠢᠭᠤᠢ ᠶᠢᠨ ᠡᠷᠭᠡ ᠶᠢᠨ ᠡᠷᠭᠡ ᠠᠰᠢᠭᠲᠤ | ᠬᠦᠮᠦᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ | ᠬᠤᠶᠠᠷ᠂ ᠲᠤᠰᠬᠠᠢ ᠠᠵᠢᠯᠯᠠᠭᠠᠨ ᠤ ᠡᠬᠦᠷᠭᠡ | 1. ᠤᠢ ᠰᠢᠭᠤᠢ ᠶᠢ ᠰᠦᠢᠳᠭᠡᠵᠦ ᠠᠲᠠᠷ ᠬᠠᠭᠠᠯᠪᠤᠷᠢᠯᠠᠨ ᠤᠶᠢᠲᠤ ᠭᠠᠵᠠᠷ ᠢ ᠡᠪᠳᠡᠵᠦ ᠬᠠᠤᠯᠢ ᠠᠴᠠ | ᠵᠦᠷᠢᠴᠡᠭᠰᠡᠨ ᠠᠵᠢᠯᠯᠠᠭ᠎ᠠ ᠳᠤ ᠴᠤᠬᠢᠯᠲᠠ ᠦᠭᠭᠦ ᠬᠡᠷᠡᠭᠲᠡᠢ᠃ ᠤᠨᠴᠠᠭᠠᠶᠢᠯᠠᠨ ᠲᠠᠷᠢᠶᠠᠯᠠᠬᠤ ᠪᠠᠨ ᠵᠤᠭᠰᠤᠵᠤ | ᠤᠶᠢᠵᠢᠭᠤᠯᠬᠤ ᠢᠨᠵᠧᠨᠧᠷᠢᠩ᠂ ᠪᠡᠭᠡᠵᠢᠩ ᠲᠢᠶᠠᠨᠵᠢᠨ ᠤ ᠡᠯᠡᠰᠦ ᠰᠠᠯᠬᠢᠨ ᠤ ᠡᠬᠢ ᠶᠢᠨ ᠵᠠᠰᠠᠯᠲᠠ ᠶᠢᠨ | ᠢᠨᠵᠧᠨᠧᠷᠢᠩ᠂ ᠤᠯᠤᠰ ᠤᠨ ᠭᠤᠤᠯᠳᠠᠯᠭᠠᠲᠤ ᠨᠡᠶᠢᠲᠡ ᠶᠢᠨ ᠠᠰᠠᠷᠠᠮᠵᠢ ᠶᠢᠨ ᠤᠢ ᠵᠡᠷᠭᠡ ᠤᠯᠤᠰ ᠤᠨ | ᠭᠤᠤᠯᠳᠠᠯᠭᠠᠲᠤ ᠢᠨᠵᠧᠨᠧᠷᠢᠩ ᠤᠨ ᠳᠤᠮᠳᠠ ᠤᠷᠤᠰᠢᠵᠤ ᠪᠠᠶᠢᠭ᠎ᠠ ᠣᠢ ᠶᠢ ᠰᠦᠢᠳᠭᠡᠵᠦ ᠪᠠᠶᠢᠭ᠎ᠠ ᠦᠵᠡᠭᠳᠡᠯ᠃ | 2. ᠬᠠᠤᠯᠢ ᠲᠦᠷᠢᠮ ᠢ ᠵᠦᠷᠢᠴᠡᠵᠦ ᠠᠭᠤᠷᠬᠠᠢ ᠶᠢ ᠨᠡᠭᠡᠭᠡᠨ ᠮᠠᠯᠳᠠᠨ ᠤᠢ ᠰᠢᠭᠤᠢ ᠶᠢ ᠰᠦᠢᠳᠭᠡᠵᠦ | ᠤᠶᠢᠲᠤ ᠭᠠᠵᠠᠷ ᠢ ᠡᠪᠳᠡᠭᠰᠡᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠴᠡᠪᠡᠷᠯᠡᠨ ᠴᠡᠭᠴᠡᠯᠡᠨ᠎ᠡ᠃ | 3. ᠰᠢᠷᠤᠢ ᠠᠪᠬᠤ᠂ ᠰᠢᠷᠤᠢ ᠬᠠᠶᠠᠬᠤ᠂ ᠡᠯᠡᠰᠦ ᠮᠠᠯᠲᠠᠬᠤ᠂ ᠴᠢᠯᠠᠭᠤ ᠭᠠᠷᠭᠠᠬᠤ ᠳᠠᠭᠠᠨ ᠣᠢ ᠰᠢᠭᠤᠢ ᠶᠢ | ᠰᠦᠢᠳᠭᠡᠵᠦ ᠬᠠᠤᠯᠢ ᠵᠦᠷᠢᠴᠡᠭᠰᠡᠨ ᠠᠵᠢᠯᠯᠠᠭ᠎ᠠ ᠳᠤ ᠴᠤᠬᠢᠯᠲᠠ ᠦᠭᠭᠦᠨ᠎ᠡ᠃ | 4. ᠤᠯᠤᠰ ᠤᠨ ᠤᠢ ᠰᠢᠭᠤᠢ ᠶᠢᠨ ᠲᠤᠪᠴᠢᠶᠠᠨ ᠤ ᠦᠪᠦᠷ ᠮᠤᠩᠭᠤᠯ ᠳᠤ ᠰᠠᠭᠤᠭ᠎ᠠ ᠲᠤᠰᠬᠠᠢ | ᠲᠤᠰᠢᠶᠠᠯᠲᠠᠨ ᠤ ᠠᠯᠪᠠᠨ ᠬᠡᠷ᠂ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠶᠢᠨ ᠲᠢᠩᠬᠢᠮ᠂ ᠤᠢ ᠰᠢᠭᠤᠢ ᠶᠢᠨ | ᠲᠢᠩᠬᠢᠮ ᠤᠨ ᠲᠤᠰᠬᠠᠢ ᠲᠤᠰᠢᠶᠠᠯᠲᠠᠨ ᠤ ᠠᠯᠪᠠᠨ ᠭᠡᠷ ᠤᠨ ᠱᠠᠯᠠᠪᠳᠠᠨ ᠰᠢᠢᠳᠪᠦᠷᠢᠯᠡᠬᠦᠯᠬᠦ ᠬᠡᠷᠡᠭ ᠢ ᠰᠢᠢᠳᠪᠦᠷᠢᠯᠡᠨ᠎ᠡ | ᠃ | 5. ᠬᠠᠤᠯᠢ ᠶᠢ ᠵᠦᠷᠢᠴᠡᠨ ᠨᠤᠭᠤ ᠭᠠᠵᠠᠷ ᠢ ᠡᠵᠡᠯᠡᠭᠰᠡᠨ ᠠᠵᠢᠯᠯᠠᠭ᠎ᠠ ᠳᠤ ᠴᠤᠬᠢᠯᠲᠠ ᠦᠭᠭᠦᠨ᠎ᠡ᠃ | ᠭᠤᠷᠪᠠ᠂ ᠲᠤᠰᠬᠠᠢ ᠠᠵᠢᠯᠯᠠᠭᠠᠨ ᠤ ᠤᠳᠤᠷᠢᠳᠬᠤ ᠳᠤᠭᠤᠶᠢᠯᠠᠩ | ᠬᠤᠲᠠ ᠶᠢᠨ ᠳᠡᠳ᠋ ᠳᠠᠷᠤᠭ᠎ᠠ ᠵᠠᠩ ᠵᠢᠶᠦ᠋ᠨ ᠢᠶᠠᠷ ᠳᠤᠭᠤᠶᠢᠯᠠᠩ ᠤᠨ ᠳᠠᠷᠤᠭ᠎ᠠ ᠪᠤᠯᠭᠠᠭᠰᠠᠨ᠂ ᠬᠤᠲᠠ ᠶᠢᠨ | ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠠᠮᠤᠷ ᠢ ᠬᠠᠮᠠᠭᠠᠯᠠᠬᠤ ᠲᠤᠪᠴᠢᠶ᠎ᠠ᠂ ᠬᠢᠨᠠᠨ ᠪᠠᠶᠢᠴᠠᠭᠠᠬᠤ ᠲᠤᠪᠴᠢᠶ᠎ᠠ᠂ | ᠬᠦᠭᠵᠢᠬᠦᠯᠦᠯᠲᠡ ᠦᠭᠡᠷᠡᠴᠢᠯᠡᠯᠲᠡ ᠶᠢᠨ ᠵᠦᠪᠯᠡᠯ᠂ ᠲᠦᠯᠦᠪᠵᠢᠬᠦᠯᠭᠡ ᠶᠢᠨ ᠲᠤᠪᠴᠢᠶ᠎ᠠ᠂ ᠤᠷᠤᠨ ᠰᠠᠭᠤᠴᠠ | ᠪᠦᠲᠦᠭᠡᠨ ᠪᠠᠶᠢᠭᠤᠯᠤᠯᠲᠠ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠤᠢ ᠰᠢᠭᠤᠢ ᠶᠢᠨ | ᠲᠤᠪᠴᠢᠶ᠎ᠠ ᠵᠡᠷᠭᠡ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠳ ᠢᠶᠠᠷ ᠪᠦᠷᠢᠯᠳᠦᠭᠰᠡᠨ ᠲᠤᠰᠬᠠᠢ | ᠠᠵᠢᠯᠯᠠᠭᠠᠨ ᠤ ᠤᠳᠤᠷᠢᠳᠬᠤ ᠳᠤᠭᠤᠶᠢᠯᠠᠩ ᠪᠠᠶᠢᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ | ᠬᠤᠲᠠ ᠶᠢᠨ ᠤᠢ ᠰᠢᠭᠤᠢ ᠶᠢᠨ ᠲᠤᠪᠴᠢᠶᠠᠨ ᠳᠤ ᠭᠠᠷᠭᠠᠵᠤ᠂ ᠬᠤᠲᠠ ᠶᠢᠨ ᠤᠢ ᠰᠢᠭᠤᠢ ᠶᠢᠨ ᠲᠤᠪᠴᠢᠶᠠᠨ ᠤ | ᠲᠤᠪᠴᠢᠶᠠᠨ ᠳᠠᠷᠤᠭ᠎ᠠ ᠯᠢᠦ ᡁᠢ ᠮᠢᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ᠃ ᠠᠯᠪᠠᠨ ᠭᠡᠷ | ᠨᠢ ᠭᠤᠤᠯᠳᠠᠭᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠲᠤᠰᠬᠠᠢ ᠠᠵᠢᠯᠯᠠᠭᠠᠨ ᠶᠠᠪᠤᠭᠳᠠᠭᠤᠯᠬᠤ ᠶᠢ ᠨᠢ | ᠵᠤᠬᠢᠶᠠᠨ ᠪᠠᠶᠢᠭᠤᠯᠦᠨ ᠵᠤᠬᠢᠴᠠᠭᠤᠯᠵᠤ᠂ ᠡᠯ᠎ᠡ ᠭᠠᠵᠠᠷ ᠤᠨ ᠬᠢᠨ ᠤ ᠴᠡᠭᠴᠡᠯᠡᠨ ᠵᠠᠰᠠᠯᠲᠠ ᠬᠢᠬᠦ ᠶᠢ ᠨᠢ | ᠱᠠᠯᠠᠪᠳᠠᠭᠤᠯᠵᠤ᠂ ᠬᠠᠮᠢᠶ᠎ᠠ ᠪᠦᠬᠦᠢ ᠰᠤᠷᠠᠭ ᠵᠠᠩᠬᠢ ᠶᠢ ᠬᠤᠷᠢᠶᠠᠩᠭᠤᠶᠢᠯᠠᠨ ᠡᠮᠬᠢᠳᠬᠡᠬᠦ ᠮᠦᠷᠲᠡᠭᠡᠨ ᠳᠡᠭᠡᠳᠦ ᠱᠠᠲᠤᠨ | ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠢᠳᠡᠪᠬᠢᠲᠡᠢ ᠨᠡᠪᠲᠡᠷᠡᠯᠴᠡᠵᠦ᠂ ᠪᠦᠬᠦ ᠬᠤᠲᠠ ᠶᠢᠨ ᠲᠤᠰᠬᠠᠢ | ᠠᠵᠢᠯᠯᠠᠭᠠᠨ ᠤ ᠠᠬᠢᠴᠠ ᠶᠢᠨ ᠪᠠᠶᠢᠳᠠᠯ ᠢ ᠴᠠᠭ ᠲᠤᠬᠠᠢ ᠳᠤ ᠨᠢ ᠳᠡᠭᠡᠭᠰᠢ ᠤᠳᠤᠷᠢᠳᠬᠤ ᠳᠤᠭᠤᠶᠢᠯᠠᠩ ᠳᠤ | ᠮᠡᠳᠡᠬᠦᠯᠬᠦ ᠶᠢ ᠬᠠᠷᠢᠭᠤᠴᠠᠨ᠎ᠠ᠃ | ᠲᠦᠷᠪᠡ᠂ ᠲᠤᠰᠬᠠᠢ ᠠᠵᠢᠯᠯᠠᠭᠠᠨ ᠤ ᠠᠷᠭ᠎ᠠ ᠪᠠᠷᠢᠯ ᠠᠯᠬᠤᠮ ᠳᠠᠷᠠᠭ᠎ᠠ | ᠲᠤᠰᠬᠠᠢ ᠠᠵᠢᠯᠯᠠᠭᠠᠨ ᠳᠤ ︽ᠵᠠᠭᠤᠨ ᠡᠳᠦᠷ ᠪᠤᠭᠤᠮᠲᠠ ᠰᠢᠪᠳᠤᠯᠬᠤ︾ ᠶᠢ ᠲᠦᠪᠯᠡᠷᠡᠬᠦᠯᠦᠨ | ᠶᠠᠪᠤᠭᠳᠠᠭᠤᠯᠵᠤ᠂ 2017 ᠤᠨ ᠤ 3 ᠰᠠᠷ᠎ᠠ ᠶᠢᠨ 10 ᠤ ᠡᠳᠦᠷ ᠠᠴᠠ ᠡᠬᠢᠯᠡᠨ 6 ᠰᠠᠷ᠎ᠠ ᠶᠢᠨ 12 ᠤ ᠡᠳᠦᠷ | ᠲᠡᠭᠦᠰᠴᠦ᠂ ᠭᠤᠷᠪᠠᠨ ᠱᠠᠲᠤ ᠦᠶ᠎ᠡ ᠬᠤᠪᠢᠶᠠᠨ ᠶᠠᠪᠤᠭᠳᠠᠭᠤᠯᠤᠨ᠎ᠠ᠃ | ︵ᠨᠢᠭᠡ︶ ᠪᠠᠶᠢᠴᠠᠭᠠᠯᠲᠠ ᠬᠢᠵᠦ ᠪᠠᠶᠢᠳᠠᠯ ᠢ ᠨᠢ ᠤᠶᠢᠯᠠᠭᠠᠬᠤ ᠱᠠᠲᠤ ᠦᠶ᠎ᠡ ︵3 ᠰᠠᠷ᠎ᠠ ᠶᠢᠨ 10 ᠤ | ᠡᠳᠦᠷ ᠠᠴᠠ 4 ᠰᠠᠷ᠎ᠠ ᠶᠢᠨ 4 ᠪᠤᠯᠲᠠᠯ᠎ᠠ︶᠃ ᠡᠯ᠎ᠡ ᠬᠤᠰᠢᠭᠤ ᠰᠢᠶᠠᠨ ᠬᠤᠲᠠ ᠲᠤᠭᠤᠷᠢᠭ ᠦᠩᠭᠡᠷᠡᠭᠰᠡᠨ ᠵᠢᠯ | ᠤᠳ ᠤᠨ ᠲᠤᠰᠬᠠᠢ ᠠᠵᠢᠯᠯᠠᠭᠠᠨ ᠤ ᠦᠷ᠎ᠡ ᠪᠦᠲᠦᠭᠡᠯ ᠢᠶᠠᠨ ᠬᠦᠢᠴᠡᠳ ᠠᠰᠢᠭᠯᠠᠵᠤ᠂ ᠵᠠᠬ᠎ᠠ ᠵᠠᠭᠠᠭ ᠳᠤᠳᠤᠷᠠᠬᠢ | ᠪᠦᠬᠦ ᠲᠦᠬᠦᠬᠡᠷᠦᠮᠵᠢᠲᠦ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢ ᠨᠢᠭᠡᠳ ᠨᠢᠭᠡ ᠪᠠᠷ ᠳᠠᠷᠠᠭᠠᠯᠠᠨ | ᠪᠠᠶᠢᠴᠠᠭᠠᠵᠤ᠂ ᠳᠠᠩᠰᠠᠯᠠᠬᠤ ᠮᠦᠷᠲᠡᠭᠡᠨ ᠲᠤᠭ᠎ᠠ ᠪᠠᠷᠢᠮᠲᠠ ᠶᠢ ᠲᠤᠬᠠᠢ ᠶᠢᠨ ᠭᠠᠵᠠᠷ ᠤᠨ ᠤᠢ ᠰᠢᠭᠤᠢ ᠶᠢᠨ | ᠲᠤᠪᠴᠢᠶᠠᠨ ᠤ ᠤᠶᠢᠲᠤ ᠭᠠᠵᠠᠷ ᠤᠨ ︽ᠨᠢᠭᠡ ᠬᠠᠭᠤᠳᠠᠰᠤ ᠵᠢᠷᠤᠭ︾ ᠲᠠᠢ ᠬᠢᠨᠠᠨ ᠬᠠᠷᠭᠤᠭᠤᠯᠵᠤ᠂ ᠬᠠᠤᠯᠢ | ᠵᠦᠷᠢᠴᠡᠨ ᠭᠠᠵᠠᠷ ᠡᠵᠡᠯᠡᠵᠦ ᠪᠠᠶᠢᠭ᠎ᠠ ᠪᠠᠶᠢᠳᠠᠯ ᠤᠷᠤᠰᠢᠵᠤ ᠪᠠᠶᠢᠬᠤ ᠡᠰᠡᠬᠦ᠂ ᠬᠡᠲᠦᠢ ᠡᠵᠡᠯᠡᠵᠦ ᠪᠠᠶᠢᠬᠤ ᠶᠢ | ᠪᠠᠶᠢᠴᠠᠭᠠᠵᠤ ᠦᠵᠡᠬᠦ ᠬᠡᠷᠡᠭᠲᠡᠢ︔ ᠠᠭᠤᠷᠬᠠᠢ ᠵᠢᠴᠢ ᠠᠵᠤ ᠠᠬᠤᠶᠢᠯᠠᠯ ᠤᠨ ᠪᠠᠶᠢᠳᠠᠯ ᠢ ᠤᠶᠢᠯᠠᠭᠠᠨ ᠳᠠᠷᠠᠭᠠᠯᠠᠨ | ᠪᠠᠶᠢᠴᠠᠭᠠᠵᠤ᠂ ᠠᠵᠤ ᠠᠬᠤᠶᠢᠯᠠᠯ ᠨᠢ ᠠᠭᠤᠷᠬᠠᠢ ᠬᠠᠶᠢᠬᠤ ᠦᠨᠡᠮᠯᠡᠯ᠂ ᠠᠭᠤᠷᠬᠠᠢ ᠮᠠᠯᠲᠠᠬᠤ ᠦᠨᠡᠮᠯᠡᠯ ᠵᠡᠷᠭᠡ ᠬᠠᠤᠯᠢ | ᠳᠤ ᠨᠡᠶᠢᠴᠡᠭᠰᠡᠨ ᠭᠠᠷ ᠭᠦᠢᠴᠡᠳᠭᠡᠯ ᠪᠠᠶᠢᠬᠤ ᠡᠰᠡᠬᠦ᠂ ᠠᠯᠢ ᠤᠨ ᠠᠴᠠ ᠪᠠᠶᠢᠭᠤᠯᠵᠤ ᠡᠬᠢᠯᠡᠭᠰᠡᠨ᠂ ᠨᠢᠭᠡ ᠭᠠᠵᠠᠷ | ᠲᠤ ᠬᠤᠶᠠᠷ ᠦᠨᠡᠮᠯᠡᠯ ᠤᠨ ᠪᠠᠶᠢᠳᠠᠯ ᠤᠷᠤᠰᠢᠵᠤ ᠪᠠᠶᠢᠬᠤ ᠡᠰᠡᠬᠦ ᠂ ᠡᠳᠦᠭᠡ ᠡᠵᠡᠩᠨᠡᠵᠦ ᠪᠠᠶᠢᠬᠤ ᠡᠰᠡᠬᠦ᠂ | ᠡᠷᠬᠢᠯᠳᠦᠬᠦᠯᠵᠦ ᠪᠠᠶᠢᠬᠤ ᠡᠰᠡᠬᠦ ᠵᠡᠷᠭᠡ ᠶᠢ ᠨᠠᠷᠢᠯᠢᠭ ᠤᠶᠢᠯᠠᠭᠠᠬᠤ ᠬᠡᠷᠡᠭᠲᠡᠢ︔ ᠡᠯᠡᠰᠦ ᠮᠠᠯᠲᠠᠬᠤ᠂ ᠰᠢᠷᠤᠢ ᠠᠪᠬᠤ | ᠵᠡᠷᠭᠡ ᠤᠶᠢᠲᠤ ᠭᠠᠵᠠᠷ ᠢ ᠡᠪᠳᠡᠭᠰᠡᠨ ᠲᠤᠭᠳᠠᠪᠤᠷᠢ ᠦᠭᠡᠢ ᠠᠵᠢᠯᠯᠠᠭᠠᠨ ᠢ ᠬᠦᠨᠵᠡᠭᠡᠢ ᠤᠶᠢᠯᠠᠭᠠᠬᠤ ᠬᠡᠷᠡᠭᠲᠡᠢ︔ | ᠲᠤᠰᠬᠠᠢ ᠠᠵᠢᠯᠯᠠᠭᠠᠨ ᠢ ᠠᠰᠢᠭᠯᠠᠨ᠂ ᠤᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠬᠠᠮᠢᠶ᠎ᠠ ᠪᠦᠬᠦᠢ | ᠬᠠᠤᠯᠢ ᠴᠠᠭᠠᠵᠠ ᠬᠠᠤᠯᠢ ᠲᠤᠭᠳᠠᠭᠠᠯ ᠢ ᠦᠷᠭᠡᠨ ᠢᠶᠠᠷ ᠤᠬᠠᠭᠤᠯᠬᠤ ᠬᠡᠷᠡᠭᠲᠡᠢ᠃ | ︵ᠬᠤᠶᠠᠷ︶ ᠴᠡᠪᠡᠷᠯᠡᠨ ᠪᠠᠶᠢᠴᠠᠭᠠᠨ ᠰᠢᠢᠳᠪᠦᠷᠢᠯᠡᠬᠦ ᠱᠠᠲᠤ ᠦᠶ᠎ᠡ ︵4 ᠰᠠᠷ᠎ᠠ ᠶᠢᠨ 5 ᠤ ᠡᠳᠦᠷ ᠠᠴᠠ 5 | ᠰᠠᠷ᠎ᠠ ᠶᠢᠨ 13 ᠤ ᠡᠳᠦᠷ ᠪᠤᠯᠳᠠᠯ᠎ᠠ︶᠃ | ᠡᠮᠦᠨ᠎ᠡ ᠨᠢᠭᠡ ᠱᠠᠲᠤ ᠦᠶ᠎ᠡ ᠶᠢᠨ ᠪᠠᠶᠢᠳᠠᠯ ᠢ ᠤᠶᠢᠯᠠᠭᠠᠨ ᠳᠠᠷᠠᠭᠠᠯᠠᠨ ᠪᠠᠶᠢᠴᠠᠭᠠᠵᠤ ᠬᠤᠷᠢᠶᠠᠩᠭᠤᠶᠢᠯᠠᠭᠰᠠᠨ | ᠰᠠᠭᠤᠷᠢᠨ ᠳᠡᠭᠡᠷ᠎ᠡ᠂ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠳᠤ ᠬᠦᠨᠳᠦ ᠴᠤᠬᠢᠯᠲᠠ ᠦᠭᠴᠦ᠂ ᠬᠡᠷᠡᠭ | ᠪᠠᠶᠢᠴᠠᠭᠠᠨ ᠰᠢᠢᠳᠪᠦᠷᠢᠯᠡᠬᠦ ᠳᠡᠭᠡᠨ ᠬᠤᠰᠢᠭᠤ ᠰᠢᠶᠠᠨ ᠢᠶᠠᠷ ᠭᠤᠤᠯᠳᠠᠭᠤᠯᠵᠤ᠂ ᠲᠤᠰᠬᠠᠢ ᠬᠡᠷᠡᠭ ᠢ ᠲᠤᠰᠬᠠᠢ | ᠬᠦᠮᠦᠨ ᠬᠠᠷᠢᠭᠤᠴᠠᠵᠤ᠂ ᠴᠢᠩᠭ᠎ᠠ ᠬᠠᠷᠠᠨ ᠬᠢᠨᠠᠮᠠᠭᠠᠢ ᠰᠠᠬᠢᠵᠤ᠂ ᠡᠷᠡᠬᠦᠦ ᠶᠢᠨ ᠬᠡᠷᠡᠭ ᠪᠤᠯᠭᠠᠨ ᠳᠠᠩᠰᠠᠯᠠᠬᠤ | ᠶᠤᠰᠤᠲᠠᠢ ᠶᠢ ᠨᠢ ᠡᠷᠡᠬᠦᠦ ᠶᠢᠨ ᠬᠡᠷᠡᠭ ᠪᠤᠯᠭᠠᠨ ᠳᠠᠩᠰᠠᠯᠠᠵᠤ᠂ ᠵᠠᠰᠠᠭ ᠵᠠᠬᠢᠷᠭᠠᠨ ᠤ ᠰᠢᠢᠳᠬᠡᠯ ᠲᠤᠷᠭᠠᠭᠤᠯᠢ ᠦᠭᠭᠦ | ᠶᠤᠰᠤᠲᠠᠢ ᠶᠢ ᠨᠢ ᠰᠢᠢᠳᠭᠡᠯ ᠲᠤᠷᠭᠠᠭᠤᠯᠢ ᠦᠭᠴᠦ᠂ ᠤᠶᠢᠲᠤ ᠭᠠᠵᠠᠷ ᠢ ᠬᠡᠷᠡᠭᠯᠡᠬᠦ ᠭᠠᠷ ᠬᠦᠢᠴᠡᠳᠭᠡᠯ | ᠨᠦᠬᠦᠪᠦᠷᠢᠯᠡᠬᠦ ᠶᠤᠰᠤᠲᠠᠢ ᠶᠢ ᠨᠢ ᠭᠠᠷ ᠬᠦᠢᠴᠡᠳᠭᠡᠯ ᠨᠦᠬᠦᠪᠦᠷᠢᠯᠡᠬᠦ ᠶᠢᠨ ᠳᠠᠭᠠᠤ ᠤᠢ ᠶᠢᠨ ᠭᠠᠵᠠᠷ ᠢ | ᠬᠠᠭᠠᠯᠪᠤᠷᠢᠯᠠᠨ ᠲᠠᠷᠢᠶ᠎ᠠ ᠲᠠᠷᠢᠭᠰᠠᠨ ᠪᠣᠯ ᠲᠤᠬᠠᠢ ᠶᠢᠨ ᠭᠠᠵᠠᠷ ᠲᠤ ᠨᠢ ᠤᠷᠭᠤᠮᠠᠯ ᠤᠨ ᠬᠤᠴᠢᠯᠭ᠎ᠠ ᠶᠢ ᠰᠡᠷᠬᠦᠬᠡᠬᠦ | ᠬᠡᠷᠡᠭᠲᠡᠢ᠃ ᠬᠤᠲᠠ ᠶᠢᠨ ᠤᠳᠤᠷᠢᠳᠬᠤ ᠳᠤᠭᠤᠶᠢᠯᠠᠩ ᠪᠠᠶᠢᠴᠠᠭᠠᠨ ᠱᠠᠯᠠᠪᠳᠠᠭᠤᠯᠵᠤ᠂ ᠪᠠᠶᠢᠴᠠᠭᠠᠨ | ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠢ ᠳᠤ ᠨᠢ ᠨᠡᠶᠢᠲᠡᠯᠡᠬᠦ ᠬᠡᠷᠡᠭᠲᠡᠢ᠃ ᠬᠤᠰᠢᠭᠤ ᠰᠢᠶᠠᠨ ᠤ ᠪᠠᠶᠢᠴᠠᠭᠠᠨ | ᠰᠢᠢᠳᠪᠦᠷᠢᠯᠡᠬᠦ ᠳᠤ ᠦᠨᠡᠨᠬᠦ ᠲᠦᠪᠡᠭ ᠲᠠᠢ ᠪᠤᠯᠤᠭᠰᠠᠨ᠂ ᠡᠰᠡᠬᠦᠯ᠎ᠡ ᠬᠠᠮᠢᠶ᠎ᠠ ᠪᠦᠬᠦᠢ ᠲᠦᠷᠢᠮ ᠳᠤᠭᠳᠠᠭᠠᠯ | ᠶᠤᠰᠤᠭᠠᠷ ᠬᠤᠲᠠ ᠶᠢᠨ ᠱᠠᠲᠤ ᠪᠠᠶᠢᠴᠠᠭᠠᠨ ᠰᠢᠢᠳᠪᠦᠷᠢᠯᠡᠬᠦ ᠵᠤᠬᠢᠰᠲᠠᠢ ᠪᠤᠯᠤᠭᠰᠠᠨ ᠪᠣᠯ ᠬᠤᠲᠠ ᠶᠢᠨ ᠱᠠᠲᠤᠨ ᠠᠴᠠ | ᠬᠡᠷᠡᠭ ᠪᠤᠯᠭᠠᠨ ᠳᠠᠩᠰᠠᠯᠠᠨ ᠪᠠᠶᠢᠴᠠᠭᠠᠵᠤ᠂ ᠬᠦᠨᠳᠦ ᠤᠨᠴᠠ ᠶᠡᠭᠡ ᠬᠡᠷᠡᠭ ᠢ ᠦᠪᠡᠷᠲᠡᠭᠡᠨ ᠵᠠᠰᠠᠬᠤ ᠤᠷᠤᠨ ᠳᠤ | ᠮᠡᠳᠡᠬᠦᠯᠦᠨ ᠰᠢᠢᠳᠪᠦᠷᠢᠯᠡᠨ᠎ᠡ᠃ | ︵ᠭᠤᠷᠪᠠ︶ ᠰᠤᠭᠤᠯᠤᠨ ᠪᠠᠶᠢᠴᠠᠭᠠᠵᠤ ᠰᠢᠯᠭᠠᠨ ᠬᠤᠷᠢᠶᠠᠬᠤ ᠱᠠᠲᠤ ᠦᠶ᠎ᠡ ︵5 ᠰᠠᠷ᠎ᠠ ᠶᠢᠨ 14 ᠤ | ᠡᠳᠦᠷ ᠠᠴᠠ 6 ᠰᠠᠷ᠎ᠠ ᠶᠢᠨ 4 ᠤ ᠡᠳᠦᠷ ᠪᠤᠯᠳᠠᠯ᠎ᠠ︶᠃ | ᠬᠤᠲᠠ ᠶᠢᠨ ᠵᠠᠰᠠᠭ ᠤᠨ ᠤᠷᠳᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ | ᠬᠤᠰᠢᠭᠤ ᠰᠢᠶᠠᠨ ᠳᠤ ᠬᠦᠨᠵᠡᠭᠡᠶᠢᠷᠡᠨ᠂ ᠰᠤᠭᠤᠯᠤᠨ ᠪᠠᠶᠢᠴᠠᠭᠠᠭᠰᠠᠨ ᠬᠡᠷᠡᠭ ᠤᠨ ᠰᠢᠢᠳᠪᠦᠷᠢᠯᠡᠯᠲᠡ ᠂ ᠴᠡᠭᠴᠡᠯᠡᠨ | ᠵᠠᠰᠠᠭᠰᠠᠨ ᠪᠠᠶᠢᠳᠠᠯ ᠢ ᠰᠢᠯᠭᠠᠨ ᠬᠤᠷᠢᠶᠠᠵᠤ᠂ ᠱᠠᠭᠠᠷᠳᠠᠯᠭ᠎ᠠ ᠶᠤᠰᠤᠭᠠᠷ ᠪᠠᠶᠢᠴᠠᠭᠠᠨ ᠰᠢᠢᠳᠪᠦᠷᠢᠯᠡᠭᠰᠡᠨ ᠦᠭᠡᠢ ᠶᠢ | ᠨᠢ ᠡᠷᠬᠢᠵᠦ ᠬᠠᠷᠠᠨ᠂ ᠬᠢᠷᠢ ᠬᠡᠮᠵᠢᠶᠡᠨ ᠳᠤ ᠬᠦᠷᠲᠡᠯ᠎ᠡ ᠪᠠᠶᠢᠴᠠᠭᠠᠨ ᠰᠢᠢᠳᠪᠦᠷᠢᠯᠡᠵᠦ᠂ ᠬᠢᠷᠢ ᠬᠡᠮᠵᠢᠶᠡᠨ ᠳᠤ | ᠬᠦᠷᠲᠡᠯ᠎ᠡ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ︵ᠲᠦᠷᠪᠡ︶ ᠳ᠋ᠦᠩᠨᠡᠯᠲᠡ ᠶᠢᠨ ᠱᠠᠲᠤ ᠦᠶ᠎ᠡ ︵6 ᠰᠠᠷ᠎ᠠ ᠶᠢᠨ 5 ᠤ ᠡᠳᠦᠷ ᠠᠴᠠ 6 ᠰᠠᠷ᠎ᠠ ᠶᠢᠨ 19 ᠤ | ᠡᠳᠦᠷ ᠬᠦᠷᠲᠡᠯ᠎ᠡ︶᠃ | ᠡᠯ᠎ᠡ ᠭᠠᠵᠠᠷ ᠤᠨ ᠬᠢᠨ ᠲᠤᠰᠬᠠᠢ ᠠᠵᠢᠯᠯᠠᠭ᠎ᠠ ᠶᠠᠪᠤᠭᠳᠠᠭᠤᠯᠵᠤ ᠪᠠᠶᠢᠭ᠎ᠠ ᠪᠠᠶᠢᠳᠠᠯ ᠪᠠ ᠲᠤᠬᠠᠢ ᠶᠢᠨ ᠭᠠᠵᠠᠷ | ᠤᠨ ᠪᠤᠳᠠᠳᠠᠢ ᠲᠠᠢ ᠪᠠᠨ ᠤᠶᠠᠯᠳᠤᠭᠤᠯᠤᠨ᠂ ᠲᠤᠰᠬᠠᠢ ᠠᠵᠢᠯᠯᠠᠭᠠᠨ ᠤ ᠦᠷ᠎ᠡ ᠪᠦᠲᠦᠭᠡᠯ ᠪᠠ ᠠᠵᠢᠯ ᠤᠨ | ᠳ᠋ᠦᠩᠨᠡᠯᠲᠡ ᠪᠠᠨ ᠲᠤᠰᠢᠶᠠᠬᠤ ᠮᠦᠷᠲᠡᠭᠡᠨ ᠲᠤᠰᠬᠠᠢ ᠠᠵᠢᠯᠯᠠᠭᠠᠨ ᠤ ᠤᠳᠤᠷᠢᠳᠬᠤ ᠲᠤᠭᠤᠶᠢᠯᠠᠩ ᠳᠤ ᠮᠡᠳᠡᠬᠦᠯᠬᠦ | ᠬᠡᠷᠡᠭᠲᠡᠢ᠃ | ᠲᠠᠪᠤ ᠂ ᠲᠤᠰᠬᠠᠢ ᠠᠵᠢᠯᠯᠠᠭᠠᠨ ᠤ ᠠᠵᠢᠯ ᠤᠨ ᠱᠠᠭᠠᠷᠳᠠᠯᠭ᠎ᠠ | ︵ᠨᠢᠭᠡ︶ ᠲᠦᠰᠦᠪ ᠲᠤᠭᠳᠠᠭᠠᠨ᠎ᠠ᠃ ᠡᠯ᠎ᠡ ᠬᠤᠰᠢᠭᠤ ᠰᠢᠶᠠᠨ ᠬᠤᠲᠠ ᠲᠤᠭᠤᠷᠢᠭ ᠤᠨ ᠬᠢᠨ | ᠬᠡᠷᠡᠭᠵᠢᠬᠦᠯᠬᠦ ᠲᠦᠰᠦᠪ ᠤᠨ ᠱᠠᠭᠠᠷᠳᠠᠯᠭ᠎ᠠ ᠶᠤᠰᠤᠭᠠᠷ᠂ ᠲᠤᠬᠠᠢ ᠶᠢᠨ ᠭᠠᠵᠠᠷ ᠤᠨ ᠪᠤᠳᠠᠳᠠᠢ ᠲᠠᠢ ᠪᠠᠨ | ᠤᠶᠠᠯᠳᠤᠭᠤᠯᠤᠨ᠂ ᠦᠨᠡᠨᠬᠦ ᠬᠡᠷᠡᠭᠵᠢᠬᠦᠯᠦᠰᠢᠲᠡᠢ ᠲᠦᠰᠦᠪ ᠲᠤᠭᠳᠠᠭᠠᠬᠤ ᠬᠡᠷᠡᠭᠲᠡᠢ᠃ ᠬᠡᠷᠡᠭᠵᠢᠬᠦᠯᠬᠦ ᠲᠦᠰᠦᠪ ᠤᠨ | ᠬᠠᠷᠠᠯᠲᠠ ᠶᠢ ᠳᠤᠳᠤᠷᠬᠠᠶᠢᠯᠠᠵᠤ᠂ ᠭᠤᠤᠯᠳᠠᠯᠭ᠎ᠠ ᠶᠢ ᠳᠤᠪᠤᠶᠢᠯᠭᠠᠵᠤ᠂ ᠠᠷᠭ᠎ᠠ ᠠᠪᠴᠠᠯ ᠢ ᠨᠠᠶᠢᠳᠠᠪᠤᠷᠢᠵᠢᠭᠤᠯᠵᠤ᠂ | ᠠᠵᠢᠯᠯᠠᠬᠤ ᠴᠢᠨᠠᠷ ᠢᠶᠠᠷ ᠴᠢᠩᠭ᠎ᠠ ᠪᠠᠶᠢᠯᠭᠠᠬᠤ ᠬᠡᠷᠡᠭᠲᠡᠢ᠃ ᠵᠤᠬᠢᠶᠠᠨ ᠪᠠᠶᠢᠭᠤᠯᠤᠯᠲᠠ ᠪᠠᠶᠢᠭᠤᠯᠤᠮᠵᠢ ᠶᠢ ᠪᠠᠶᠢᠭᠤᠯᠵᠤ᠂ | ᠲᠤᠰᠬᠠᠢ ᠠᠵᠢᠯᠯᠠᠭᠠᠨ ᠤ ᠰᠠᠯᠠᠭ᠎ᠠ ᠮᠦᠴᠢᠷ᠂ ᠬᠦᠮᠦᠨ ᠢᠶᠠᠨ ᠨᠠᠶᠢᠳᠠᠪᠤᠷᠢᠵᠢᠭᠤᠯᠵᠤ᠂ ᠠᠵᠢᠯ ᠤᠨ ᠡᠬᠦᠷᠭᠡ ᠪᠠ | ᠠᠵᠢᠯ ᠤᠨ ᠠᠷᠭ᠎ᠠ ᠮᠠᠶ᠋ᠢᠭ ᠢᠶᠠᠨ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠᠨ ᠱᠠᠲᠤ ᠦᠶ᠎ᠡ ᠶᠢᠨ ᠠᠵᠢᠯ ᠤᠨ | ᠡᠬᠦᠷᠭᠡ ᠪᠠᠨ ᠨᠠᠷᠢᠯᠢᠭᠵᠢᠭᠤᠯᠵᠤ᠂ ᠱᠠᠲᠤ ᠦᠶ᠎ᠡ ᠪᠤᠯᠭᠠᠨ ᠤ ᠠᠵᠢᠯᠯᠠᠭᠠᠨ ᠤ ᠠᠷᠭ᠎ᠠ ᠮᠠᠶ᠋ᠢᠭ᠂ ᠠᠯᠬᠤᠮ ᠳᠠᠷᠠᠭ᠎ᠠ᠂ | ᠠᠷᠭ᠎ᠠ ᠬᠡᠮᠵᠢᠶ᠎ᠡ ᠪᠠ ᠠᠵᠢᠯ ᠤᠨ ᠱᠠᠭᠠᠷᠳᠠᠯᠭ᠎ᠠ ᠶᠢ ᠳᠤᠳᠤᠷᠬᠠᠶᠢᠯᠠᠨ᠂ ᠠᠵᠢᠯ ᠪᠤᠯᠭᠠᠨ ᠢ ᠪᠤᠳᠠᠳᠠᠢ ᠬᠦᠮᠦᠨ ᠳᠤ | ᠬᠦᠷᠲᠡᠯ᠎ᠡ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠳᠤᠳᠤᠷᠬᠠᠶᠢᠯᠠᠬᠤ ᠬᠡᠷᠡᠭᠲᠡᠢ᠃ ᠪᠠᠶᠢᠳᠠᠯ ᠢ ᠤᠶᠢᠯᠠᠭᠠᠬᠤ | ᠪᠠᠶᠢᠴᠠᠭᠠᠯᠲᠠ ᠪᠣᠯ ᠲᠤᠰᠬᠠᠢ ᠠᠵᠢᠯᠯᠠᠭᠠᠨ ᠤ ᠵᠠᠩᠬᠢᠯᠠᠭ᠎ᠠ ᠪᠤᠯᠬᠤᠷ᠂ ᠡᠯ᠎ᠡ ᠰᠠᠯᠠᠭ᠎ᠠ ᠮᠦᠴᠢᠷ ᠲᠠᠢ ᠨᠢᠭᠲᠠ | ᠬᠠᠮᠵᠢᠯᠴᠠᠨ᠂ ᠪᠠᠶᠢᠳᠠᠯ ᠢ ᠤᠶᠢᠯᠠᠭᠠᠬᠤ ᠪᠠᠶᠢᠴᠠᠭᠠᠯᠲᠠ ᠶᠢ ᠬᠦᠨ ᠬᠦᠨᠵᠡᠭᠡᠢ ᠨᠠᠷᠢᠨ ᠨᠢᠮᠪᠠᠢ ᠬᠢᠵᠦ᠂ ᠤᠶᠢᠲᠤ | ᠭᠠᠵᠠᠷ ᠤᠨ ᠡᠪᠳᠡᠯᠭᠡ ᠳᠤ ᠤᠴᠠᠷᠠᠵᠤ ᠪᠠᠶᠢᠭ᠎ᠠ ᠪᠠ ᠬᠠᠤᠯᠢ ᠪᠤᠰᠤ ᠪᠠᠷ ᠡᠵᠡᠯᠡᠨ ᠬᠡᠷᠡᠭᠯᠡᠭᠳᠡᠵᠦ ᠪᠠᠶᠢᠭ᠎ᠠ ᠪᠠᠶᠢᠳᠠᠯ ᠢ | ᠪᠦᠬᠦ ᠳᠠᠯ᠎ᠠ ᠪᠠᠷ ᠤᠶᠢᠯᠠᠭᠠᠬᠤ ᠬᠡᠷᠡᠭᠲᠡᠢ᠃ ᠬᠡᠷᠡᠭ ᠨᠢᠭᠡᠪᠦᠷᠢ ᠶᠢ ᠨᠠᠷᠢᠨ ᠬᠢᠨᠠᠮᠠᠭᠠᠢ ᠡᠮᠬᠢᠯᠡᠨ ᠵᠠᠳᠠᠯᠵᠤ᠂ ᠠᠷᠭ᠎ᠠ | ᠮᠠᠶ᠋ᠢᠭ ᠢ ᠨᠠᠷᠢᠯᠢᠭᠵᠢᠭᠤᠯᠵᠤ᠂ ᠬᠦᠴᠢᠷ ᠬᠢᠯᠪᠠᠷ ᠤᠨ ᠬᠡᠮᠵᠢᠶ᠎ᠡ ᠪᠠᠷ ᠢᠯᠭᠠᠵᠤ᠂ ᠡᠯ᠎ᠡ ᠲᠦᠷᠦᠯ ᠤᠨ ᠠᠰᠠᠭᠤᠳᠠᠯ ᠤᠨ | ᠪᠠᠶᠢᠴᠠᠭᠠᠨ ᠰᠢᠢᠳᠪᠦᠷᠢᠯᠡᠯᠲᠡ ᠪᠠ ᠰᠢᠢᠳᠪᠦᠷᠢᠯᠡᠬᠦ ᠰᠠᠨᠠᠯ ᠢ ᠳᠤᠳᠤᠷᠬᠠᠶᠢᠯᠠᠵᠤ᠂ ᠴᠡᠪᠡᠷᠯᠡᠨ ᠴᠡᠭᠴᠡᠯᠡᠬᠦ ᠶᠢᠨ | ᠭᠤᠤᠯᠳᠠᠯᠭ᠎ᠠ ᠪᠠᠨ ᠳᠤᠳᠤᠷᠬᠠᠶᠢᠯᠠᠵᠤ᠂ ᠲᠤᠰᠬᠠᠢ ᠠᠵᠢᠯᠯᠠᠭ᠎ᠠ ᠶᠢ ᠲᠦᠯᠦᠪᠯᠡᠭᠡ ᠲᠠᠢ᠂ ᠠᠯᠬᠤᠮ ᠳᠠᠷᠠᠭ᠎ᠠ ᠲᠠᠢ | ᠶᠠᠪᠤᠭᠳᠠᠭᠤᠯᠬᠤ ᠬᠡᠷᠡᠭᠲᠡᠢ᠃ | ︵ᠬᠤᠶᠠᠷ︶ ᠭᠤᠤᠯᠳᠠᠯᠭ᠎ᠠ ᠶᠢ ᠲᠤᠪᠤᠶᠢᠯᠭᠠᠵᠤ᠂ ᠡᠬᠦᠷᠭᠡ ᠪᠠᠨ ᠳᠤᠳᠤᠷᠬᠠᠶᠢᠯᠠᠬᠤ ᠬᠡᠷᠡᠭᠲᠡᠢ᠃ ᠲᠤᠰ | ᠤᠳᠠᠭᠠᠨ ᠤ ᠲᠤᠰᠬᠠᠢ ᠠᠵᠢᠯᠯᠠᠭ᠎ᠠ ᠶᠢᠨ ᠭᠤᠤᠯᠳᠠᠯᠭ᠎ᠠ ᠪᠣᠯ ᠤᠢ ᠰᠢᠭᠤᠢ ᠶᠢ ᠰᠦᠢᠳᠬᠡᠨ ᠠᠳᠠᠷ ᠬᠠᠭᠠᠯᠪᠤᠷᠢᠯᠠᠵᠤ | ᠤᠶᠢᠲᠤ ᠭᠠᠵᠠᠷ ᠢ ᠡᠪᠳᠡᠭᠰᠡᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠤᠬᠢᠯᠲᠠ ᠦᠭᠴᠦ᠂ ᠤᠨᠴᠠᠭᠠᠶᠢᠯᠠᠨ | ᠤᠯᠤᠰ ᠤᠨ ᠤᠢ ᠰᠢᠭᠤᠢ ᠶᠢᠨ ᠲᠤᠪᠴᠢᠶᠠᠨ ᠤ ᠦᠪᠡᠷᠲᠡᠭᠡᠨ ᠵᠠᠰᠠᠬᠤ ᠤᠷᠤᠨ ᠳᠤ ᠰᠠᠭᠤᠭ᠎ᠠ ᠲᠤᠰᠬᠠᠢ | ᠲᠤᠰᠢᠶᠠᠯᠲᠠᠨ ᠤ ᠠᠯᠪᠠᠨ ᠬᠡᠷ᠂ ᠤᠢ ᠰᠢᠭᠤᠢ ᠶᠢᠨ ᠲᠢᠩᠬᠢᠮ᠂ ᠤᠢ ᠰᠢᠭᠤᠢ ᠶᠢᠨ ᠲᠢᠩᠬᠢᠮ ᠤᠨ ᠲᠤᠰᠬᠠᠢ | ᠲᠤᠰᠢᠶᠠᠯᠲᠠᠨ ᠤ ᠠᠯᠪᠠᠨ ᠭᠡᠷ ᠤᠨ ᠱᠠᠯᠠᠪᠳᠠᠨ ᠰᠢᠢᠳᠪᠦᠷᠢᠯᠡᠬᠦ ᠬᠡᠷᠡᠭ ᠲᠤ ᠴᠤᠬᠢᠯᠲᠠ ᠦᠭᠭᠦᠨ᠎ᠡ᠃ | ︵ᠭᠤᠷᠪᠠ︶ ᠡᠭᠦᠷᠭᠡ ᠶᠢ ᠨᠠᠶᠢᠳᠠᠪᠤᠷᠢᠵᠢᠭᠤᠯᠵᠤ᠂ ᠵᠤᠬᠢᠴᠠᠭᠤᠯᠤᠯᠲᠠ ᠶᠢ ᠴᠢᠩᠭᠠᠳᠬᠠᠨ᠎ᠠ᠃ ᠡᠯ᠎ᠡ ᠭᠠᠵᠠᠷ | ᠤᠨ ᠪᠦᠷᠢᠯᠳᠦᠬᠦᠨ ᠨᠢᠭᠡᠴᠡ ᠤᠳ ᠨᠢᠭᠲᠠ ᠬᠠᠮᠵᠢᠯᠴᠠᠨ᠂ ᠲᠤᠰᠬᠠᠢ ᠠᠵᠢᠯᠯᠠᠭᠠᠨ ᠤ ᠭᠤᠷᠪᠠᠨ ᠱᠠᠲᠤ ᠦᠶ᠎ᠡ ᠶᠢ | ᠤᠷᠭᠠᠨᠢᠭ ᠢᠶᠠᠷ ᠵᠠᠯᠭᠠᠯᠳᠤᠭᠤᠯᠵᠤ᠂ ᠭᠡᠷᠡᠭ ᠲᠤ ᠴᠤᠬᠢᠯᠲᠠ ᠦᠭᠭᠦ ᠪᠠ ᠬᠡᠷᠡᠭ ᠢ ᠪᠠᠶᠢᠴᠠᠭᠠᠨ ᠰᠢᠢᠳᠬᠡᠬᠦ ᠶᠢ ᠡᠬᠢᠨ | ᠠᠴᠠ ᠨᠢ ᠠᠳᠠᠭ ᠲᠤ ᠬᠦᠷᠲᠡᠯ᠎ᠡ ᠲᠤᠤᠱᠯᠠᠭᠤᠯᠬᠤ ᠬᠡᠷᠡᠭᠲᠡᠢ︔ ᠬᠤᠲᠠ ᠪᠠ ᠬᠤᠰᠢᠭᠤ ᠰᠢᠶᠠᠨ ᠤ ᠤᠢ ᠰᠢᠭᠤᠢ ᠶᠢᠨ | ᠲᠤᠪᠴᠢᠶ᠎ᠠ ᠶᠡᠷᠥᠩᠭᠡᠶᠢᠯᠡᠨ ᠵᠤᠬᠢᠴᠠᠭᠤᠯᠬᠤ ᠠᠵᠢᠯ ᠢ ᠬᠠᠷᠢᠭᠤᠴᠠᠨ᠎ᠠ᠃ | ︵ᠲᠦᠷᠪᠡ︶ ᠬᠠᠤᠯᠢ ᠴᠠᠭᠠᠵᠠ ᠬᠠᠤᠯᠢ ᠲᠤᠭᠳᠠᠭᠠᠯ ᠪᠠ ᠲᠦᠷᠦ ᠶᠢᠨ ᠪᠤᠳᠤᠯᠭ᠎ᠠ ᠶᠢᠨ ᠵᠠᠭᠠᠭ ᠱᠤᠭᠤᠮ ᠢ | ᠡᠵᠡᠮᠰᠢᠵᠦ᠂ ᠬᠠᠤᠯᠢ ᠲᠤᠭᠳᠠᠭᠠᠯ ᠶᠤᠰᠤᠭᠠᠷ ᠬᠡᠷᠡᠭ ᠰᠢᠢᠳᠪᠦᠷᠢᠯᠡᠨ᠎ᠡ᠃ ᠬᠠᠤᠯᠢ ᠲᠤᠭᠳᠠᠭᠠᠯ ᠶᠤᠰᠤᠭᠠᠷ ᠬᠡᠷᠡᠭ | ᠰᠢᠢᠳᠪᠦᠷᠢᠯᠡᠬᠦ ᠶᠢ ᠪᠠᠷᠢᠮᠳᠠᠯᠠᠬᠤ ᠶᠢᠨ ᠳᠠᠭᠠᠤ ᠲᠤᠬᠠᠢ ᠶᠢᠨ ᠭᠠᠵᠠᠷ ᠤᠨ ᠪᠤᠳᠠᠳᠠᠢ ᠲᠠᠢ ᠪᠠᠨ ᠤᠶᠠᠯᠳᠤᠭᠤᠯᠤᠨ᠂ | ᠪᠤᠳᠠᠳᠠᠢ ᠠᠰᠠᠭᠤᠳᠠᠯ ᠢ ᠪᠤᠳᠠᠳᠠᠢ ᠪᠠᠷ ᠵᠠᠳᠠᠯᠤᠨ᠂ ᠪᠤᠳᠠᠳᠤ ᠶᠠᠪᠤᠳᠠᠯ ᠢ ᠬᠦᠨᠳᠦᠳᠭᠡᠨ ᠵᠤᠬᠢᠰᠲᠠᠢ ᠪᠠᠷ | ᠰᠢᠢᠳᠪᠦᠷᠢᠯᠡᠬᠦ ᠬᠡᠷᠡᠭᠲᠡᠢ᠃ | ︵ᠲᠠᠪᠤ︶ ᠰᠤᠷᠲᠠᠯ ᠤᠬᠠᠭᠤᠯᠭ᠎ᠠ ᠶᠢ ᠴᠢᠩᠭᠠᠳᠬᠠᠵᠤ᠂ ᠶᠡᠭᠡ ᠤᠷᠴᠢᠨ ᠢ ᠪᠦᠷᠢᠯᠳᠦᠬᠦᠯᠦᠨ᠎ᠡ᠃ ᠡᠯ᠎ᠡ | ᠭᠠᠵᠠᠷ ᠤᠨ ᠬᠢᠨ ᠰᠤᠨᠢᠨ ᠰᠡᠳᠬᠦᠯ᠂ ᠷᠠᠳᠢᠤ᠋᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠢ ᠬᠦᠢᠴᠡᠳ | ᠠᠰᠢᠭᠯᠠᠵᠤ ᠨᠡᠶᠢᠭᠡᠮ ᠤᠨ ᠡᠯ᠎ᠡ ᠡᠳᠡᠭᠡᠳ ᠢ ᠦᠷᠭᠡᠨ ᠢᠶᠠᠷ ᠤᠬᠠᠭᠤᠯᠵᠤ᠂ ᠠᠵᠢᠯᠯᠠᠭᠠᠨ ᠤ ᠦᠷ᠎ᠡ ᠨᠦᠯᠦᠭᠡ ᠶᠢ | ᠦᠷᠭᠡᠳᠭᠡᠬᠦ ᠬᠡᠷᠡᠭᠲᠡᠢ᠃ ᠠᠵᠢᠯᠯᠠᠭᠠᠨ ᠤ ᠳᠤᠮᠳᠠ ᠪᠠᠶᠢᠴᠠᠭᠠᠨ ᠢᠯᠡᠷᠡᠬᠦᠯᠦᠭᠰᠡᠨ ᠬᠡᠷᠡᠭ ᠪᠠ ᠤᠯᠤᠭᠰᠠᠨ ᠦᠷ᠎ᠡ | ᠪᠦᠲᠦᠭᠡᠯ ᠢᠶᠠᠨ ᠢᠳᠡᠪᠬᠢᠲᠡᠢ ᠤᠬᠠᠭᠤᠯᠤᠨ᠂ ᠨᠡᠶᠢᠬᠡᠮ ᠤᠨ ᠶᠡᠭᠡ ᠤᠷᠴᠢᠨ ᠢ ᠪᠦᠷᠢᠯᠳᠦᠬᠦᠯᠵᠦ᠂ ᠬᠠᠤᠯᠢ ᠪᠤᠰᠤ | ᠡᠳᠡᠭᠡᠳ ᠢ ᠠᠶᠤᠯᠭᠠᠨ ᠰᠦᠷᠳᠡᠬᠦᠯᠵᠦ᠂ ᠤᠶᠢᠲᠤ ᠭᠠᠵᠠᠷ ᠤᠨ ᠢᠳᠡᠭᠳᠡᠯ ᠢ ᠬᠤᠷᠢᠭᠯᠠᠬᠤ ᠬᠡᠷᠡᠭᠲᠡᠢ︔ ᠤᠢ ᠰᠢᠭᠤᠢ | ᠶᠢᠨ ᠬᠠᠤᠯᠢ ᠴᠠᠭᠠᠵᠠ ᠲᠦᠷᠦ ᠶᠢᠨ ᠪᠤᠳᠤᠯᠭ᠎ᠠ ᠶᠢ ᠢᠳᠡᠪᠬᠢᠲᠡᠢ ᠤᠬᠠᠭᠤᠯᠤᠨ᠂ ᠬᠠᠤᠯᠢ ᠪᠠᠷ ᠤᠢ ᠶᠢ ᠵᠠᠰᠠᠬᠤ | ᠤᠬᠠᠮᠰᠠᠷ ᠢ ᠳᠡᠭᠡᠭᠰᠢᠯᠡᠬᠦᠯᠬᠦ ᠬᠡᠷᠡᠭᠲᠡᠢ︔ ᠤᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠭᠡᠯ ᠪᠠ ᠤᠶᠢᠲᠤ ᠭᠠᠵᠠᠷ ᠤᠨ ᠬᠠᠮᠠᠭᠠᠯᠠᠯᠲᠠ ᠠᠮᠢ ᠠᠬᠤᠢ ᠶᠢᠨ ᠬᠠᠮᠠᠭᠠᠯᠠᠯᠲᠠ ᠶᠢᠨ ᠴᠢᠬᠤᠯᠠ ᠴᠢᠨᠠᠷ ᠢ | ᠢᠳᠡᠪᠬᠢᠲᠡᠢ ᠤᠬᠠᠭᠤᠯᠤᠨ᠂ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ | ᠲᠤᠰᠬᠠᠢ ᠠᠵᠢᠯᠯᠠᠭᠠᠨ ᠤ ᠡᠨᠡᠬᠦ ᠲᠤᠬᠢᠶᠠᠯ ᠢᠶᠠᠷ᠂ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠪᠠ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠤᠶᠢᠲᠤ ᠭᠠᠵᠠᠷ ᠤᠨ ᠡᠬᠢ ᠪᠠᠶᠠᠯᠢᠭ ᠢ ᠡᠪᠳᠡᠬᠦ ᠶᠢᠨ ᠬᠤᠤᠷ ᠬᠦᠨᠦᠭᠡᠯ | ᠢ ᠬᠦᠢᠴᠡᠳ ᠲᠠᠨᠢᠭᠤᠯᠤᠨ᠎ᠠ᠃ | ︵ᠵᠢᠷᠭᠤᠭ᠎ᠠ︶ ᠰᠤᠷᠠᠭ ᠵᠠᠩᠬᠢ ᠶᠢ ᠮᠡᠳᠡᠬᠦᠯᠦᠨ ᠬᠦᠷᠭᠡᠵᠦ᠂ ᠪᠠᠶᠢᠳᠠᠯ ᠢᠶᠠᠨ ᠬᠠᠷᠢᠯᠴᠠᠨ ᠨᠡᠪᠲᠡᠷᠡᠯᠴᠡᠨ᠎ᠡ᠃ | ᠲᠤᠰᠬᠠᠢ ᠠᠵᠢᠯᠯᠠᠭᠠᠨ ᠤ ᠰᠤᠷᠠᠭ ᠵᠠᠩᠬᠢ ᠶᠢ ᠮᠡᠳᠡᠭᠦᠯᠦᠨ ᠬᠦᠷᠭᠡᠬᠦ ᠲᠦᠷᠢᠮ ᠢ ᠪᠠᠶᠢᠭᠤᠯᠵᠤ᠂ ᠡᠯ᠎ᠡ ᠭᠠᠵᠠᠷ ᠡᠯ᠎ᠡ | ᠨᠢᠭᠡᠴᠡ ᠶᠢᠨ ᠬᠢᠨ ᠲᠤᠰᠬᠠᠢ ᠬᠦᠮᠦᠨ ᠲᠤᠭᠳᠠᠭᠠᠵᠤ ᠠᠵᠢᠯᠯᠠᠭᠠᠨ ᠤ ᠮᠡᠳᠡᠬᠦᠯᠦᠯᠲᠡ ᠶᠢᠨ ᠬᠦᠰᠦᠨᠦᠭᠲᠦ ᠶᠢ | ᠪᠦᠷᠢᠳᠬᠡᠬᠦ ᠠᠵᠢᠯ ᠢ ᠬᠠᠷᠢᠭᠤᠴᠠᠭᠤᠯᠬᠤ ᠮᠦᠷᠲᠡᠭᠡᠨ ᠤᠢ ᠰᠢᠭᠤᠢ ᠶᠢᠨ ᠰᠠᠯᠠᠭ᠎ᠠ ᠮᠦᠴᠢᠷ ᠤᠨ ᠭᠤᠤᠯ | ᠬᠠᠷᠢᠭᠤᠴᠠᠯᠭᠠᠳᠠᠨ ᠢᠶᠠᠷ ᠬᠢᠨᠠᠨ ᠬᠠᠷᠭᠤᠭᠤᠯᠵᠤ᠂ ᠬᠤᠲᠠ ᠶᠢᠨ ᠲᠤᠰᠬᠠᠢ ᠠᠵᠢᠯᠯᠠᠭᠠᠨ ᠤ ᠤᠳᠤᠷᠢᠳᠬᠤ | ᠳᠤᠭᠤᠶᠢᠯᠠᠩ ᠳᠤ ᠮᠡᠳᠡᠬᠦᠯᠦᠨ᠎ᠡ᠃ 20 ᠡᠳᠦᠷ ᠪᠤᠯᠭᠠᠨ ᠠᠬᠢᠴᠠ ᠶᠢ ᠨᠢᠭᠡ ᠤᠳᠠᠭ᠎ᠠ ᠳᠡᠭᠡᠭᠰᠢ ᠮᠡᠳᠡᠬᠦᠯᠵᠦ᠂ | ᠲᠤᠮᠤ ᠴᠢᠬᠤᠯᠠ ᠪᠠᠴᠢᠮ ᠪᠠᠶᠢᠳᠠᠯ ᠢ ᠴᠠᠭ ᠲᠤᠬᠠᠢ ᠳᠤ ᠨᠢ ᠳᠡᠭᠡᠭᠰᠢ ᠮᠡᠳᠡᠬᠦᠯᠬᠦ ᠬᠡᠷᠡᠭᠲᠡᠢ᠃ | ︵ᠳᠤᠯᠤᠭ᠎ᠠ︶ ᠵᠤᠷᠢᠭᠲᠠᠢ ᠪᠠᠷ ᠡᠬᠦᠷᠭᠡᠯᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ | ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠨᠢᠭᠡᠨᠳᠡ ᠤᠯᠤᠰ ᠤᠨ ᠪᠠᠶᠢᠯᠳᠤᠬᠤ ᠪᠤᠳᠤᠯᠭ᠎ᠠ ᠶᠢᠨ | ᠦᠨᠳᠦᠷᠴᠡ ᠳᠤ ᠬᠦᠷᠴᠦ᠂ ᠨᠠᠮ ᠪᠠ ᠲᠦᠷᠦ ᠶᠢᠨ ᠤᠳᠤᠷᠢᠳᠤᠯᠭ᠎ᠠ ᠠᠴᠠ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠤᠯᠠᠨᠲᠠ ᠴᠢᠬᠤᠯᠠᠴᠢᠯᠠᠪᠠ᠃ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠤᠷᠳᠤᠨ ᠴᠦ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠨ᠎ᠠ᠃ ᠬᠦᠬᠡ ᠤᠰᠤ ᠬᠦᠬᠡᠮᠳᠦᠭ ᠠᠭᠤᠯᠠ ᠪᠣᠯ | ᠳᠠᠷᠤᠢ ᠠᠯᠳᠠᠨ ᠠᠭᠤᠯᠠ ᠮᠦᠩᠬᠦᠨ ᠠᠭᠤᠯᠠ ᠮᠥᠨ᠃ ᠡᠯ᠎ᠡ ᠰᠠᠯᠠᠭ᠎ᠠ ᠮᠦᠴᠢᠷ ᠵᠢᠴᠢ ᠲᠡᠬᠦᠨ ᠤ ᠠᠵᠢᠯᠳᠠᠳ | ᠨᠠᠷᠢᠨ ᠬᠢᠨᠠᠮᠠᠭᠠᠢ ᠪᠠᠷ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ᠂ ᠵᠤᠬᠢᠴᠠᠯᠳᠤᠯᠭᠠ ᠬᠠᠮᠵᠢᠯᠴᠠᠭ᠎ᠠ ᠪᠠᠨ | ᠴᠢᠩᠭᠠᠳᠬᠠᠵᠤ᠂ ᠢᠳᠡᠪᠬᠢᠲᠡᠢ ᠪᠠᠷ ᠠᠵᠢᠯ ᠢᠶᠠᠨ ᠶᠠᠪᠤᠭᠳᠠᠭᠤᠯᠬᠤ ᠬᠡᠷᠡᠭᠲᠡᠢ᠃ ᠠᠵᠢᠯᠯᠠᠭᠠᠨ ᠤ ᠳᠤᠮᠳᠠ | ᠨᠠᠵᠠᠭᠠᠶᠢᠷᠠᠨ ᠢᠳᠡᠪᠬᠢ ᠪᠤᠰᠤ᠂ ᠠᠯᠪᠠ ᠬᠠᠰᠢᠵᠤ ᠠᠮᠠ ᠪᠦᠭᠯᠡᠬᠦ᠂ ᠬᠤᠳᠠᠯ ᠢᠶᠠᠷ ᠮᠡᠳᠡᠬᠦᠯᠬᠦ ᠦᠯᠦ ᠮᠡᠳᠡᠬᠦᠯᠬᠦ᠂ | ᠤᠪ ᠮᠡᠭᠡ ᠭᠠᠷᠭᠠᠬᠤ ᠪᠠ ᠲᠤᠰᠢᠶᠠᠯ ᠢᠶᠠᠨ ᠭᠤᠲᠤᠭᠠᠵᠤ ᠠᠵᠢᠯ ᠬᠢᠬᠦ ᠦᠭᠡᠢ ᠪᠠ ᠬᠠᠤᠯᠢ ᠶᠤᠰᠤᠭᠠᠷ ᠵᠠᠰᠠᠭ | ᠶᠠᠪᠤᠭᠤᠯᠬᠤ᠂ ᠬᠡᠷᠡᠭ ᠰᠢᠢᠳᠪᠦᠷᠢᠯᠡᠬᠦ ᠶᠢ ᠬᠠᠷᠰᠢᠯᠠᠨ ᠭᠠᠷ ᠳᠦᠷᠦᠭᠰᠡᠨ ᠪᠠᠶᠢᠪᠠᠯ᠂ ᠬᠠᠷᠢᠭᠤᠴᠠᠯᠭ᠎ᠠ ᠶᠢ ᠨᠢ ᠴᠢᠩᠭ᠎ᠠ | ᠨᠡᠬᠡᠮᠵᠢᠯᠡᠵᠦ᠂ ᠬᠦᠨᠳᠦ ᠨᠤᠴᠢᠲᠠᠢ ᠦᠷ᠎ᠡ ᠤᠷᠰᠢᠭ ᠭᠠᠷᠭᠠᠭᠰᠠᠨ ᠪᠠᠶᠢᠪᠠᠯ ᠬᠠᠮᠢᠶ᠎ᠠ ᠪᠦᠬᠦᠢ ᠰᠠᠯᠠᠭ᠎ᠠ ᠮᠦᠴᠢᠷ ᠲᠤ | ᠰᠢᠯᠵᠢᠬᠦᠯᠦᠨ ᠲᠤᠰᠢᠶᠠᠵᠤ ᠰᠢᠢᠳᠪᠦᠷᠢᠯᠡᠬᠦᠯᠬᠦ ᠬᠡᠷᠡᠭᠲᠡᠢ᠃ |