ᠡᠯ᠎ᠡ ᠬᠤᠰᠢᠭᠤ ᠰᠢᠶᠠᠨ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠬᠤᠲᠠ ᠶᠢᠨ ᠰᠢᠭᠤᠳ | ᠬᠠᠷᠢᠶ᠎ᠠ ᠬᠤᠯᠪᠤᠭᠳᠠᠯ ᠪᠦᠬᠦᠢ ᠨᠢᠭᠡᠴᠡ᠄ | ᠤᠯᠤᠰ ᠪᠠ ᠦᠪᠡᠷᠲᠡᠭᠡᠨ ᠵᠠᠰᠠᠬᠤ ᠤᠷᠤᠨ ᠤ ᠠᠮᠢᠲᠠᠨ ᠤ ᠬᠦᠨᠳᠦ ᠬᠢᠵᠢᠭ ᠡᠪᠳᠴᠢᠨ ᠢ ᠰᠡᠷᠭᠡᠶᠢᠯᠡᠨ | ᠬᠤᠷᠢᠭᠯᠠᠬᠤ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠤᠰᠤᠭᠠᠷ᠂ ︽ᠭᠡᠨᠡᠨ ᠲᠦᠭᠰᠢᠬᠦᠷᠢ ᠶᠢ ᠰᠡᠷᠭᠡᠶᠢᠯᠡᠬᠦ | ᠂ ᠠᠮᠤᠷ ᠲᠦᠪᠰᠢᠨ ᠢ ᠪᠠᠲᠤᠯᠠᠬᠤ᠂ ᠬᠦᠭᠵᠢᠯᠲᠡ ᠶᠢ ᠠᠬᠢᠭᠤᠯᠬᠤ︾ ᠬᠠᠷᠠᠯᠲᠠ ᠡᠬᠦᠷᠭᠡ ᠶᠢᠨ ᠨᠢᠭᠲᠠ ᠲᠤᠭᠤᠷᠢᠨ | ᠳᠤ᠂ 2017 ᠤᠨ ᠤ ᠪᠦᠬᠦ ᠬᠤᠲᠠ ᠶᠢᠨ ᠬᠠᠪᠤᠷ ᠤᠨ ᠤᠯᠠᠷᠢᠯ ᠤᠨ ᠠᠮᠢᠲᠠᠨ ᠤ ᠬᠦᠨᠳᠦ ᠬᠢᠵᠢᠭ ᠡᠪᠡᠳᠴᠢᠨ ᠢ | ᠰᠡᠷᠭᠡᠶᠢᠯᠡᠨ ᠬᠤᠷᠢᠭᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠠᠮᠢᠲᠠᠨ ᠤ ᠬᠢᠵᠢᠭ ᠤᠨ ᠪᠠᠶᠢᠳᠠᠯ ᠤᠨ ᠳᠠᠯᠳᠠ ᠬᠡᠮ | ᠢ ᠴᠠᠭ ᠲᠤᠬᠠᠢ ᠳᠤ ᠨᠢ ᠠᠷᠢᠯᠭᠠᠵᠤ᠂ ᠠᠮᠢᠳᠠᠨ ᠤ ᠬᠦᠨᠳᠦ ᠬᠢᠵᠢᠭ ᠤᠨ ᠪᠠᠶᠢᠳᠠᠯ ᠪᠠ ᠠᠮᠢᠲᠠᠨ ᠤ ᠪᠦᠲᠦᠭᠡᠭᠳᠡᠬᠦᠨ | ᠤ ᠤᠯᠠᠨ ᠨᠡᠶᠢᠲᠡ ᠶᠢᠨ ᠡᠷᠡᠬᠦᠯ ᠬᠠᠮᠠᠭᠠᠯᠠᠯ ᠤᠨ ᠠᠮᠤᠷ ᠲᠦᠪᠰᠢᠨ ᠤ ᠬᠡᠷᠡᠭ ᠡᠬᠦᠰᠬᠦ ᠦᠭᠡᠢ ᠪᠠᠶᠢᠬᠤ ᠶᠢ ᠦᠨᠡᠨᠬᠦ | ᠪᠠᠲᠤᠯᠠᠬᠤ ᠶᠢᠨ ᠲᠤᠰᠠᠳᠠ᠂ ᠡᠯ᠎ᠡ ᠭᠠᠵᠠᠷ ᠤᠷᠤᠨ ᠠᠮᠢᠳᠠᠨ ᠤ ᠬᠦᠨᠳᠦ ᠬᠢᠵᠢᠭ ᠡᠪᠡᠳᠴᠢᠨ ᠤ ᠬᠠᠪᠤᠷ ᠤᠨ ᠤᠯᠠᠷᠢᠯ | ᠤᠨ ᠬᠢᠵᠢᠭ ᠰᠡᠷᠬᠡᠶᠢᠯᠡᠬᠦ ᠬᠠᠮᠲᠤᠷᠠᠭᠰᠠᠨ ᠶᠡᠭᠡ ᠳᠠᠶᠢᠯᠠᠯᠳᠤᠭᠠᠨ ᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ | ᠶᠠᠪᠤᠭᠳᠠᠭᠤᠯᠬᠤ ᠬᠡᠷᠡᠭᠲᠡᠢ᠃ ᠡᠳᠦᠭᠡ ᠬᠠᠮᠢᠶ᠎ᠠ ᠪᠦᠬᠦᠢ ᠬᠡᠷᠡᠭ ᠶᠠᠪᠤᠳᠠᠯ ᠢ ᠳᠤᠤᠷᠠᠬᠢ ᠮᠡᠲᠦ ᠮᠡᠳᠡᠭᠳᠡᠶ᠎ᠡ᠄ | ᠨᠢᠭᠡ᠂ ᠭᠤᠤᠯᠳᠠᠯᠭᠠᠲᠤ ᠡᠬᠦᠷᠭᠡ | ︵ᠨᠢᠭᠡ︶ ᠠᠮᠢᠲᠠᠨ ᠤ ᠬᠦᠨᠳᠦ ᠬᠢᠵᠢᠭ ᠡᠪᠡᠳᠴᠢᠨ ᠤ ᠲᠦᠪᠯᠡᠷᠡᠭᠰᠡᠨ ᠢᠮᠦ᠋ᠨ ᠤ ᠠᠵᠢᠯ ᠢ ᠯᠠᠪᠳᠠᠭᠤᠨ | ᠪᠠᠲᠤᠲᠠᠢ ᠪᠠᠷ ᠦᠷᠨᠢᠬᠦᠯᠬᠦ ᠬᠡᠷᠡᠭᠲᠡᠢ | ᠪᠦᠬᠦ ᠬᠤᠲᠠ ᠤᠨ ᠬᠠᠪᠤᠷ ᠤᠨ ᠤᠯᠠᠷᠢᠯ ᠤᠨ ᠠᠮᠢᠲᠠᠨ ᠤ ᠬᠦᠨᠳᠦ ᠬᠢᠵᠢᠭ ᠡᠪᠡᠳᠴᠢᠨ ᠤ ᠲᠦᠪᠯᠡᠷᠡᠭᠰᠡᠨ | ᠢᠮᠦ᠋ᠨ ᠤ ᠠᠵᠢᠯ ᠢ ᠭᠤᠷᠪᠠᠨ ᠰᠠᠷ᠎ᠠ ᠶᠢᠨ ᠳᠤᠮᠳᠠᠴᠢ ᠠᠴᠠ ᠳᠠᠪᠤᠨ ᠰᠠᠷ᠎ᠠ ᠶᠢᠨ ᠰᠡᠬᠦᠯᠴᠢ ᠪᠤᠯᠳᠠᠯ᠎ᠠ | ᠲᠦᠪᠯᠡᠷᠡᠬᠦᠯᠦᠨ ᠦᠷᠨᠢᠬᠦᠯᠬᠦ ᠬᠡᠷᠡᠭᠲᠡᠢ᠃ ᠨᠢᠭᠡ ᠳᠤ᠂ ᠡᠯ᠎ᠡ ᠭᠠᠵᠠᠷ ᠤᠷᠤᠨ ᠪᠤᠲᠠᠲᠠᠢ ᠪᠠᠶᠢᠳᠠᠯ ᠲᠠᠢ ᠪᠠᠨ | ᠤᠶᠠᠯᠳᠤᠭᠤᠯᠤᠨ ᠸᠠᠺᠼᠢᠨ ᠢ ᠵᠠᠬᠢᠶᠠᠯᠠᠨ ᠬᠤᠳᠠᠯᠳᠤᠨ ᠠᠪᠬᠤ ᠪᠠᠷ ᠱᠠᠭᠠᠷᠳᠠᠵᠤ᠂ ᠢᠮᠦ᠋ᠨ ᠤ ᠴᠠᠭ ᠬᠤᠭᠤᠴᠠᠭ᠎ᠠ᠂ | ᠢᠮᠦ᠋ᠨ ᠤ ᠠᠬᠢᠴᠠ ᠶᠢ ᠵᠦᠢ ᠵᠤᠬᠢᠰᠲᠠᠢ ᠲᠤᠭᠳᠠᠭᠠᠵᠤ᠂ ᠨᠢᠭᠡᠳᠦᠯᠲᠡᠢ ᠲᠦᠯᠦᠪᠯᠡᠵᠦ ᠨᠡᠶᠢᠳᠡ ᠳᠤ ᠨᠢ ᠬᠠᠷᠠᠭᠠᠯᠵᠠᠨ | ᠂ ᠪᠦᠬᠦᠯᠢ ᠴᠤᠭᠴᠠ ᠪᠠᠷ ᠲᠦᠯᠬᠢᠨ ᠠᠬᠢᠭᠤᠯᠤᠨ᠂ ᠬᠦᠮᠦᠨ ᠤ ᠬᠦᠴᠦ᠂ ᠪᠤᠳᠠᠰ ᠤᠨ ᠬᠦᠴᠦ ᠶᠢ ᠲᠦᠪᠯᠡᠷᠡᠭᠦᠯᠦᠨ | ᠳᠤᠭᠳᠠᠭᠰᠠᠨ ᠬᠤᠭᠤᠴᠠᠭᠠᠨ ᠳᠤ ᠪᠡᠶᠡᠯᠡᠬᠦᠯᠬᠦ ᠬᠡᠷᠡᠭᠲᠡᠢ᠃ ᠬᠤᠶᠠᠷ ᠲᠤ᠂ ᠠᠯᠪᠠᠳᠠᠯᠭ᠎ᠠ ᠶᠢᠨ ᠢᠮᠦ᠋ᠨ ᠤ ᠢᠮᠦ᠋ᠨ | ᠨᠦᠬᠦᠪᠦᠷᠢᠯᠡᠬᠦ ᠡᠳᠦᠷ ᠢ ᠲᠤᠭᠳᠠᠭᠠᠵᠤ᠂ ᠨᠦᠬᠦᠨ ᠰᠡᠷᠭᠡᠶᠢᠯᠡᠬᠦ ᠪᠠ ᠨᠦᠬᠦᠨ ᠢᠮᠦ᠋ᠨᠵᠢᠬᠦ ᠲᠦᠷᠢᠮ ᠢ ᠦᠨᠡᠨᠬᠦ | ᠨᠠᠶᠢᠳᠠᠪᠤᠷᠢᠵᠢᠭᠤᠯᠵᠤ᠂ ᠮᠠᠯ ᠵᠢᠬᠦᠷᠲᠡᠨ ᠤ ᠢᠮᠦ᠋ᠨ ᠨᠢᠭᠲᠠᠴᠠ ᠶᠢᠨ ᠢᠮᠦ᠋ᠨᠵᠢᠬᠦ ᠵᠤᠬᠢᠰᠲᠠᠢ ᠶᠢ ᠨᠢ ᠠᠯᠢ ᠪᠤᠯᠬᠤ | ᠪᠠᠷ ᠢᠮᠦ᠋ᠨᠵᠢᠵᠦ᠂ ᠰᠦᠷᠦᠭᠵᠢᠯ ᠤᠨ ᠢᠮᠦ᠋ᠨ ᠤ ᠨᠢᠭᠲᠠᠴᠠ ᠶᠢ ᠵᠢᠯ ᠲᠤᠷᠰᠢ 90% ᠠᠴᠠ ᠳᠡᠭᠡᠭᠰᠢ ᠪᠠᠶᠢᠯᠭᠠᠵᠤ | ᠂ ᠢᠮᠦ᠋ᠨ ᠤ ᠠᠨᠲ᠋ᠢᠪᠤᠳᠢ ᠶᠢᠨ ᠬᠢᠷᠢ ᠳᠤ ᠲᠡᠩᠴᠡᠬᠦ ᠨᠤᠷᠮ᠎ᠠ ᠶᠢ ᠵᠢᠯ ᠲᠤᠷᠰᠢ 70% ᠠᠴᠠ ᠳᠡᠭᠡᠭᠰᠢ ᠪᠠᠶᠢᠯᠭᠠᠬᠤ | ᠶᠢ ᠦᠨᠡᠨᠬᠦ ᠪᠠᠲᠤᠯᠬᠤ ᠬᠡᠷᠡᠭᠲᠡᠢ᠃ ᠭᠤᠷᠪᠠ ᠳᠤ᠂ ᠬᠢᠯᠢ ᠵᠠᠬ᠎ᠠ ᠵᠢᠴᠢ ᠬᠦᠷᠰᠢ ᠵᠡᠷᠭᠡᠯᠡᠳᠡᠭᠡ ᠭᠠᠳᠠᠷ ᠮᠤᠵᠢ ᠤᠷᠤᠨ᠂ | ᠨᠡᠬᠦᠳᠡᠯ ᠰᠢᠪᠠᠭᠤᠳ ᠤᠨ ᠪᠠᠭᠤᠳᠠᠯᠯᠠᠬᠤ ᠤᠷᠤᠨ ᠤ ᠮᠠᠯ ᠵᠢᠬᠦᠷᠲᠡᠨ ᠤ ᠢᠮᠦ᠋ᠨ ᠤ ᠠᠵᠢᠯ ᠢ ᠤᠷᠢᠳᠴᠢᠯᠠᠨ | ᠶᠠᠪᠤᠭᠳᠠᠭᠤᠯᠵᠤ᠂ ᠵᠠᠭᠠᠭ ᠵᠠᠬ᠎ᠠ ᠤᠷᠤᠨ ᠤ ᠢᠮᠦ᠋ᠨ ᠤ ᠲᠤᠭᠳᠠᠭᠤᠨ ᠪᠦᠰᠡ ᠶᠢ ᠪᠠᠶᠢᠭᠤᠯᠬᠤ ᠬᠡᠷᠡᠭᠲᠡᠢ᠃ ᠲᠦᠷᠪᠡ | ᠳᠤ᠂ ᠤᠬᠠᠭᠤᠯᠭ᠎ᠠ ᠪᠤᠯᠪᠠᠰᠤᠷᠠᠭᠤᠯᠤᠯ ᠤᠨ ᠠᠵᠢᠯ ᠢ ᠰᠠᠶᠢᠲᠤᠷ ᠬᠢᠵᠦ᠂ ᠢᠮᠦ᠋ᠨ ᠤ ᠠᠬᠢᠴᠠ ᠶᠢ ᠴᠠᠭ ᠲᠤᠬᠠᠢ ᠳᠤ | ᠨᠢ ᠳᠡᠭᠡᠭᠰᠢ ᠮᠡᠳᠡᠬᠦᠯᠦᠨ᠂ ᠲᠦᠪᠯᠡᠷᠡᠭᠰᠡᠨ ᠢᠮᠦ᠋ᠨ ᠤ ᠠᠵᠢᠯ ᠤᠨ ᠲᠤᠬᠢᠷᠠᠭᠤᠯᠤᠯᠲᠠ ᠶᠢ ᠨᠡᠶᠢᠭᠡᠮ ᠨᠡᠶᠢᠲᠡ ᠳᠤ | ᠵᠠᠷᠯᠠᠵᠤ᠂ ᠪᠦᠷᠢᠨ ᠲᠦᠬᠦᠷ ᠨᠠᠷᠢᠨ ᠪᠤᠲᠠᠲᠠᠢ ᠢᠮᠦ᠋ᠨ ᠤ ᠳᠠᠩᠰᠠ ᠡᠪᠬᠡᠮᠡᠯ ᠢ ᠪᠠᠶᠢᠭᠤᠯᠬᠤ ᠬᠡᠷᠡᠭᠲᠡᠢ᠃ | ᠬᠠᠪᠤᠷ ᠤᠨ ᠤᠯᠠᠷᠢᠯ ᠤᠨ ᠠᠯᠪᠠᠳᠠᠯᠭᠠᠲᠤ ᠲᠦᠪᠯᠡᠷᠡᠭᠰᠡᠨ ᠢᠮᠦ᠋ᠨ ᠡᠪᠡᠳᠴᠢᠨ ᠤ ᠲᠦᠷᠦᠯ ᠳᠤ ᠵᠢᠬᠦᠷᠲᠡᠨ | ᠤ ᠲᠠᠭᠰᠢᠭᠤᠷ᠂ ᠰᠢᠯᠦᠭᠡᠢ ᠡᠪᠡᠳᠴᠢᠨ᠂ ᠬᠦᠭᠡ ᠴᠢᠬᠢᠲᠦ ᠭᠠᠭ᠋ᠠᠢ ᠶᠢᠨ ᠡᠪᠡᠳᠴᠢᠨ᠂ ᠭᠠᠭ᠋ᠠᠢ ᠶᠢᠨ ᠬᠢᠵᠢᠭ᠂ | ᠬᠤᠨᠢᠨ ᠤ ᠴᠡᠴᠡᠭ ᠡᠪᠡᠳᠴᠢᠨ᠂ ᠪᠠᠭ᠎ᠠ ᠬᠡᠪᠢᠬᠦ ᠠᠮᠢᠲᠠᠨ ᠤ ᠬᠢᠵᠢᠭ ᠵᠡᠷᠭᠡ ᠵᠢᠷᠭᠤᠭᠠᠨ ᠲᠦᠷᠦᠯ ᠤᠨ ᠠᠮᠢᠲᠠᠨ ᠤ | ᠬᠢᠵᠢᠭ ᠡᠪᠡᠳᠴᠢᠨ ᠪᠠᠭᠳᠠᠨ᠎ᠠ︔ ᠳᠠᠬᠢᠶᠠᠨ ᠤ ᠬᠢᠵᠢᠭ᠂ ᠪᠤᠭᠤᠮ᠎ᠠ ᠡᠪᠡᠳᠴᠢᠨ᠂ ᠬᠤᠨᠢᠨ ᠤ ᠭᠤᠷᠪᠠᠯᠠᠭᠰᠠᠨ | ᠬᠢᠵᠢᠭ᠂ ᠭᠠᠯᠵᠠᠭᠤ ᠡᠪᠡᠳᠴᠢᠨ ᠵᠡᠷᠭᠡ ᠶᠢ ᠢᠮᠦ᠋ᠨᠵᠢᠬᠦ ᠪᠠᠷ ᠲᠦᠯᠦᠪᠯᠡᠨ᠎ᠡ᠃ ᠰᠠᠭᠠᠯᠢ ᠶᠢᠨ ᠦᠨᠢᠶ᠎ᠡ᠂ ᠰᠢᠷ᠎ᠠ | ᠦᠭᠡᠷ ᠵᠢᠴᠢ ᠬᠢᠯᠢ ᠵᠠᠬ᠎ᠠ ᠤᠷᠤᠨ ᠤ ᠬᠤᠨᠢᠨ ᠳᠤ ᠰᠢᠯᠦᠭᠡᠢ ᠡᠪᠡᠳᠴᠢᠨ ᠤ ᠭᠤᠷᠪᠠᠨ ᠬᠠᠩᠰᠢᠲᠤ ᠸᠠᠺᠼᠢᠨ ᠢᠶᠠᠷ | ᠢᠮᠦ᠋ᠨᠵᠢᠵᠦ᠂ ᠰᠠᠭᠠᠯᠢ ᠶᠢᠨ ᠦᠨᠢᠶᠡᠨ ᠳᠤ ᠡᠷᠬᠡᠪᠰᠢ ︽ᠨᠢᠭᠡ ᠵᠢᠯ ᠳᠤ ᠭᠤᠷᠪᠠᠨ ᠢᠮᠦ᠋ᠨ︾ ᠬᠢᠭᠰᠡᠨ ᠪᠠᠶᠢᠬᠤ | ᠬᠡᠷᠡᠭᠲᠡᠢ᠃ | ︵ᠬᠤᠶᠠᠷ︶ ᠠᠮᠢᠲᠠᠨ ᠤ ᠬᠢᠵᠢᠭ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠬᠦ ᠲᠤᠭᠳᠠᠯᠴᠠᠭ᠎ᠠ ᠶᠢ | ᠲᠠᠰᠤᠷᠠᠯᠲᠠ ᠦᠭᠡᠢ ᠲᠡᠬᠦᠯᠳᠡᠷᠵᠢᠬᠦᠯᠬᠦ ᠬᠡᠷᠡᠭᠲᠡᠢ ᠬᠢᠵᠢᠭ ᠤᠨ ᠪᠠᠶᠢᠳᠠᠯ ᠤᠨ ᠰᠤᠷᠠᠭ ᠵᠠᠩᠬᠢ ᠶᠢᠨ | ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠨ | ᠤᠷᠢᠳᠴᠢᠯᠠᠨ ᠮᠡᠳᠡᠬᠦᠯᠬᠦ ᠲᠦᠷᠢᠮ ᠢ ᠲᠠᠰᠤᠷᠠᠯᠲᠠ ᠦᠭᠡᠢ ᠲᠡᠬᠦᠯᠳᠡᠷᠵᠢᠬᠦᠯᠵᠦ᠂ ᠠᠮᠢᠲᠠᠨ ᠤ ᠬᠢᠵᠢᠭ ᠢ ᠳᠡᠭᠡᠭᠰᠢ | ᠮᠡᠳᠡᠬᠦᠯᠬᠦ ᠶᠠᠪᠤᠴᠠ ᠶᠢ ᠳᠦᠷᠢᠮᠵᠢᠬᠦᠯᠵᠦ᠂ ᠴᠠᠭ ᠲᠤᠬᠠᠢ ᠳᠤ ᠨᠢ ᠱᠠᠲᠤ ᠳᠠᠷᠠᠭᠠᠯᠠᠨ ᠪᠤᠲᠠᠲᠠᠢ ᠪᠠᠷ ᠳᠡᠭᠡᠭᠰᠢ | ᠮᠡᠳᠡᠬᠦᠯᠦᠨ᠂ ᠦᠯᠦ ᠮᠡᠳᠡᠬᠦᠯᠬᠦ᠂ ᠬᠤᠵᠢᠮᠳᠠᠵᠤ ᠮᠡᠳᠡᠬᠦᠯᠬᠦ᠂ ᠬᠤᠳᠠᠯ ᠢᠶᠠᠷ ᠮᠡᠳᠡᠬᠦᠯᠬᠦ ᠪᠤᠶᠤ ᠱᠠᠲᠤ ᠠᠯᠤᠰᠯᠠᠨ | ᠳᠡᠭᠡᠭᠰᠢ ᠮᠡᠳᠡᠬᠦᠯᠵᠦ ᠪᠤᠯᠬᠤ ᠦᠭᠡᠢ︔ ᠠᠮᠢᠲᠠᠨ ᠤ ᠬᠢᠵᠢᠭ ᠤᠨ ᠪᠠᠶᠢᠳᠠᠯ ᠤᠨ ᠰᠤᠷᠠᠭ ᠵᠠᠩᠬᠢ ᠶᠢ ᠲᠤᠭᠲᠠᠭᠰᠠᠨ | ᠬᠤᠭᠤᠴᠠᠭ᠎ᠠ ᠲᠠᠢ ᠪᠠᠷ ᠵᠠᠳᠠᠯᠤᠨ ᠰᠢᠨᠵᠢᠯᠡᠵᠦ᠂ ᠰᠤᠳᠤᠯᠤᠨ ᠮᠠᠭᠠᠳᠯᠠᠵᠤ᠂ ᠢᠮᠦ᠋ᠨ ᠤ ᠶᠠᠪᠤᠴᠠ ᠶᠢ ᠴᠠᠭ ᠲᠤᠬᠠᠢ | ᠳᠤ ᠨᠢ ᠲᠤᠬᠢᠷᠠᠭᠤᠯᠬᠤ ᠬᠡᠷᠡᠭᠲᠡᠢ᠃ ᠠᠮᠢᠲᠠᠨ ᠤ ᠬᠢᠵᠢᠭ ᠤᠨ ᠪᠠᠶᠢᠳᠠᠯ ᠢ ᠪᠠᠴᠢᠮ ᠠᠷᠭᠠᠴᠠᠬᠤ ᠪᠠᠶᠢᠭᠤᠯᠤᠮᠵᠢ᠂ | ᠡᠩᠨᠡᠭᠡᠨ ᠤ ᠪᠠᠶᠢᠭᠤᠯᠤᠯᠲᠠ ᠪᠠ ᠭᠡᠨᠡᠳᠲᠡ ᠶᠢᠨ ᠪᠠᠶᠢᠳᠠᠯ ᠢ ᠪᠠᠴᠢᠮ ᠠᠷᠭᠠᠴᠠᠬᠤ ᠰᠤᠷᠢᠯᠲᠠ ᠪᠤᠯᠪᠠᠰᠤᠷᠠᠯ ᠢ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠶᠢᠨ ᠠᠵᠢᠯᠯᠠᠬᠤ ᠲᠤᠭᠳᠠᠯᠴᠠᠭ᠎ᠠ ᠶᠢ ᠲᠡᠬᠦᠯᠳᠡᠷᠵᠢᠬᠦᠯᠵᠦ᠂ | ᠬᠢᠵᠢᠭ ᠤᠨ ᠪᠠᠶᠢᠳᠠᠯ ᠢ ᠪᠠᠴᠢᠮ ᠠᠷᠭᠠᠴᠠᠬᠤ ᠪᠤᠳᠠᠰ ᠤᠨ ᠨᠦᠭᠡᠴᠡ ᠶᠢ ᠴᠠᠭ ᠲᠤᠬᠠᠢ ᠳᠤ ᠨᠢ ᠨᠦᠬᠦᠪᠦᠷᠢᠯᠡᠨ | ᠪᠦᠷᠢᠨᠰᠢᠬᠦᠯᠬᠦ ᠬᠡᠷᠡᠭᠲᠡᠢ᠃ | ︵ᠭᠤᠷᠪᠠ︶ ᠠᠮᠢᠲᠠᠨ ᠤ ᠬᠦᠨᠳᠦ ᠬᠢᠵᠢᠭ ᠡᠪᠡᠳᠴᠢᠨ ᠤ ᠬᠢᠨᠠᠯᠲᠠ ᠬᠡᠮᠵᠢᠯᠲᠡ ᠪᠠᠨ ᠴᠢᠩᠭᠠᠳᠬᠠᠬᠤ | ᠬᠡᠷᠡᠭᠲᠡᠢ | ᠦᠪᠡᠷᠲᠡᠭᠡᠨ ᠵᠠᠰᠠᠬᠤ ᠤᠷᠤᠨ ᠤ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠱᠠᠭᠠᠷᠳᠠᠯᠭ᠎ᠠ ᠶᠤᠰᠤᠭᠠᠷ | ᠂ ᠲᠦᠪᠯᠡᠷᠡᠬᠦᠯᠦᠨ ᠬᠢᠨᠠᠨ ᠬᠡᠮᠵᠢᠬᠦ ᠪᠠ ᠪᠠᠶᠢᠩᠭᠤ ᠶᠢᠨ ᠬᠢᠨᠠᠨ ᠬᠡᠮᠵᠢᠬᠦ ᠶᠢ ᠤᠶᠠᠯᠳᠤᠭᠤᠯᠤᠭᠰᠠᠨ ᠠᠷᠭ᠎ᠠ ᠪᠠᠷᠢᠯ ᠢ | ᠶᠠᠪᠤᠭᠤᠯᠵᠤ᠂ ᠰᠢᠯᠦᠬᠡᠢ ᠡᠪᠡᠳᠴᠢᠨ ᠵᠡᠷᠭᠡ ᠠᠮᠢᠲᠠᠨ ᠤ ᠬᠦᠨᠳᠦ ᠬᠢᠵᠢᠭ ᠡᠪᠡᠳᠴᠢᠨ ᠤ ᠢᠮᠦ᠋ᠨ ᠤ ᠠᠨᠲ᠋ᠢᠪᠤᠳᠢ ᠪᠠ | ᠡᠪᠡᠳᠴᠢᠨ ᠤ ᠡᠭᠦᠰᠦᠯ ᠵᠦᠢ ᠶᠢᠨ ᠬᠢᠨᠠᠨ ᠬᠡᠮᠵᠢᠯᠲᠡ ᠶᠢ ᠪᠦᠬᠦ ᠳᠠᠯ᠎ᠠ ᠪᠠᠷ ᠶᠠᠪᠤᠭᠳᠠᠭᠤᠯᠵᠤ᠂ ᠬᠢᠨᠠᠨ ᠬᠡᠮᠵᠢᠭᠰᠡᠨ | ᠰᠤᠷᠠᠭ ᠵᠠᠩᠬᠢ ᠶᠢᠨ ᠵᠠᠳᠠᠯᠤᠯᠲᠠ ᠦᠨᠡᠯᠡᠯᠲᠡ ᠶᠢ ᠰᠠᠶᠢᠲᠤᠷ ᠬᠢᠬᠦ ᠬᠡᠷᠡᠭᠲᠡᠢ᠃ ᠰᠤᠭᠤᠯᠤᠨ ᠪᠠᠶᠢᠴᠠᠭᠠᠭᠠᠳ | ᠰᠦᠷᠦᠭᠵᠢᠭᠰᠡᠨ ᠢᠮᠦ᠋ᠨ ᠤ ᠠᠨᠲ᠋ᠢᠪᠤᠳᠢ ᠶᠢᠨ ᠬᠢᠷᠢ ᠳᠤ ᠲᠡᠩᠴᠡᠭᠰᠡᠨ ᠨᠤᠷᠮ᠎ᠠ ᠨᠢ ᠲᠤᠭᠳᠠᠭᠰᠠᠨ ᠱᠠᠭᠠᠷᠳᠠᠯᠭ᠎ᠠ ᠳᠤ | ᠬᠦᠷᠦᠭᠰᠡᠨ ᠶᠢ ᠨᠢ ᠴᠠᠭ ᠲᠤᠬᠠᠢ ᠳᠤ ᠨᠢ ᠢᠮᠦ᠋ᠨ ᠨᠦᠬᠦᠪᠦᠷᠢᠯᠡᠬᠦ ᠬᠡᠷᠡᠭᠲᠡᠢ᠃ ᠲᠡᠵᠢᠭᠡᠨ ᠦᠷᠡᠵᠢᠬᠦᠯᠬᠦ ᠲᠠᠯᠠᠪᠠᠢ᠂ | ᠨᠢᠳᠤᠯᠭᠠᠨ ᠤ ᠭᠠᠵᠠᠷ᠂ ᠮᠠᠯ ᠵᠢᠬᠦᠷᠲᠡᠨ ᠠᠷᠠᠯᠵᠢᠶᠠᠯᠠᠬᠤ ᠵᠠᠬ᠎ᠠ ᠳᠡᠯᠭᠡᠭᠦᠷ ᠵᠡᠷᠭᠡ ᠭᠤᠤᠯᠳᠠᠯᠭᠠᠲᠤ ᠭᠠᠵᠠᠷ ᠲᠠᠯᠠᠪᠠᠢ | ᠶᠢᠨ ᠡᠪᠡᠳᠴᠢᠨ ᠤ ᠡᠭᠦᠰᠦᠯ ᠵᠦᠢ ᠶᠢᠨ ᠬᠢᠨᠠᠨ ᠬᠡᠮᠵᠢᠯᠲᠡ ᠪᠠᠨ ᠴᠢᠩᠭᠠᠳᠬᠠᠵᠤ᠂ ᠡᠪᠡᠳᠴᠢᠨ ᠤ ᠡᠬᠦᠰᠪᠦᠷᠢ ᠶᠢᠨ | ᠲᠠᠷᠬᠠᠯᠲᠠ ᠶᠢᠨ ᠬᠦᠳᠡᠯᠦᠩᠬᠦᠢ ᠪᠠᠶᠢᠳᠠᠯ ᠢ ᠤᠨᠤᠪᠴᠢᠲᠠᠢ ᠡᠵᠡᠮᠰᠢᠵᠤ᠂ ᠬᠢᠵᠢᠭ ᠤᠨ ᠪᠠᠶᠢᠳᠠᠯ ᠤᠨ ᠳᠠᠯᠳᠠ ᠬᠡᠮ ᠢ | ᠠᠷᠢᠯᠭᠠᠬᠤ ᠬᠡᠷᠡᠭᠲᠡᠢ᠃ | ︵ᠲᠦᠷᠪᠡ︶ ᠪᠷᠦ᠋ᠽᠢᠯ ᠡᠪᠡᠳᠴᠢᠨ᠂ ᠪᠡᠳᠡᠬᠢ ᠬᠤᠷᠤᠬᠠᠶᠢᠲᠤ ᠡᠪᠡᠳᠴᠢᠨ ᠤ ᠰᠡᠷᠭᠡᠶᠢᠯᠡᠨ ᠬᠤᠷᠢᠭᠯᠠᠬᠤ | ᠠᠵᠢᠯ ᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠬᠤ ᠬᠡᠷᠡᠭᠲᠡᠢ | ᠪᠷᠦ᠋ᠽᠢᠯ ᠡᠪᠡᠳᠴᠢᠨ᠂ ᠪᠡᠳᠡᠬᠢ ᠬᠤᠷᠤᠬᠠᠶᠢᠲᠤ ᠡᠪᠡᠳᠴᠢᠨ ᠤ ᠰᠡᠷᠭᠡᠶᠢᠯᠡᠨ ᠬᠤᠷᠢᠭᠯᠠᠬᠤ ᠠᠵᠢᠯ ᠤᠨ | ᠤᠷᠲᠤ ᠬᠤᠭᠤᠴᠠᠭᠠᠲᠤ ᠴᠢᠨᠠᠷ᠂ ᠨᠠᠷᠢᠨ ᠪᠤᠳᠤᠯᠢᠶᠠᠨᠲᠤ ᠴᠢᠨᠠᠷ ᠪᠠ ᠬᠠᠳᠠᠭᠤ ᠪᠡᠷᠭᠡᠰᠢᠶᠡᠯᠲᠦ ᠴᠢᠨᠠᠷ ᠢ ᠬᠦᠢᠴᠡᠳ | ᠲᠠᠨᠢᠵᠤ᠂ ᠪᠷᠦ᠋ᠽᠢᠯ ᠡᠪᠡᠳᠴᠢᠨ᠂ ᠪᠡᠳᠡᠬᠢ ᠬᠤᠷᠤᠬᠠᠶᠢᠲᠤ ᠡᠪᠡᠳᠴᠢᠨ ᠢ ᠰᠡᠷᠭᠡᠶᠢᠯᠡᠨ ᠬᠤᠷᠢᠭᠯᠠᠬᠤ ᠬᠠᠷᠠᠯᠲᠠ ᠪᠠᠨ | ᠴᠢᠷᠮᠠᠶᠢᠨ ᠪᠡᠶᠡᠯᠡᠬᠦᠯᠬᠦ ᠬᠡᠷᠡᠭᠲᠡᠢ᠃ ᠪᠷᠦ᠋ᠽᠢᠯ ᠡᠪᠡᠳᠴᠢᠨ ᠢ ᠰᠡᠷᠭᠡᠶᠢᠯᠡᠨ ᠬᠤᠷᠢᠭᠯᠠᠬᠤ ᠳᠤ ᠤᠷᠢᠳᠴᠢᠯᠠᠨ | ᠰᠡᠷᠭᠡᠶᠢᠯᠡᠨ ᠢᠮᠦ᠋ᠨᠵᠢᠬᠦ᠂ ᠬᠢᠨᠠᠨ ᠬᠡᠮᠵᠢᠬᠦ᠂ ᠠᠷᠢᠭᠤᠳᠬᠠᠵᠤ ᠡᠬᠢ ᠡᠬᠦᠰᠪᠦᠷᠢ ᠶᠢ ᠨᠢ ᠤᠰᠠᠳᠬᠠᠬᠤ ᠪᠠ ᠠᠯᠠᠵᠤ | ᠴᠡᠪᠡᠷᠰᠢᠬᠦᠯᠬᠦ ᠲᠠᠢ ᠬᠠᠷᠢᠯᠴᠠᠨ ᠤᠶᠠᠯᠳᠤᠭᠤᠯᠤᠭᠰᠠᠨ ᠶᠡᠷᠦᠩᠭᠡᠶᠢᠯᠡᠨ ᠰᠡᠷᠭᠡᠶᠢᠯᠡᠨ ᠬᠤᠷᠢᠭᠯᠠᠬᠤ ᠠᠷᠭ᠎ᠠ ᠪᠠᠷᠢᠯ ᠢ | ᠪᠠᠷᠢᠮᠳᠠᠯᠠᠵᠤ᠂ ᠬᠢᠵᠢᠭ ᠤᠨ ᠴᠢᠭ᠋ ᠢ ᠠᠷᠢᠯᠭᠠᠭᠰᠠᠨ ᠢ ᠰᠤᠷᠪᠤᠯᠵᠢᠯᠠᠬᠤ ᠠᠵᠢᠯ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠬᠤ ᠶᠢᠨ ᠬᠠᠮᠲᠤ ᠰᠤᠷᠪᠤᠯᠵᠢᠯᠠᠭᠰᠠᠨ ᠳᠡᠮᠳᠡᠭᠯᠡᠯ ᠢ ᠪᠦᠷᠢᠨᠰᠢᠬᠦᠯᠵᠦ᠂ ᠪᠷᠦ᠋ᠽᠢᠯ ᠡᠪᠡᠳᠴᠢᠨ ᠤ | ᠬᠢᠵᠢᠭ ᠤᠨ ᠪᠠᠶᠢᠳᠠᠯ ᠤᠨ ᠬᠢᠨᠠᠨ ᠬᠡᠮᠵᠢᠯᠲᠡ ᠶᠢᠨ ᠬᠦᠷᠢᠶ᠎ᠡ ᠬᠡᠪᠴᠢᠶ᠎ᠡ ᠪᠠ ᠲᠤᠭ᠎ᠠ ᠨᠤᠷᠮ᠎ᠠ ᠶᠢ ᠦᠪᠡᠷᠲᠡᠭᠡᠨ | ᠵᠠᠰᠠᠬᠤ ᠤᠷᠤᠨ ᠤ ᠱᠠᠭᠠᠷᠳᠠᠭᠰᠠᠨ ︽ᠭᠤᠷᠪᠠᠨ 50%︾ ᠠᠴᠠ ᠳᠤᠤᠷ᠎ᠠ ᠪᠠᠶᠢᠯᠭᠠᠵᠤ ᠪᠤᠯᠬᠤ ᠦᠭᠡᠢ᠂ ᠤᠨ ᠤ | ᠪᠠ ᠪᠦᠬᠦᠯᠢ ᠴᠤᠭᠴᠠ ᠪᠠᠷ ᠰᠡᠷᠭᠡᠶᠢᠯᠡᠨ ᠬᠤᠷᠢᠭᠯᠠᠭᠰᠠᠨ ᠦᠷ᠎ᠡ ᠪᠦᠲᠦᠭᠡᠯ ᠤᠨ ᠦᠨᠡᠯᠡᠯᠲᠡ ᠪᠠ ᠬᠢᠵᠢᠭ ᠤᠨ | ᠪᠠᠶᠢᠳᠠᠯ ᠤᠨ ᠵᠠᠳᠠᠯᠤᠨ ᠰᠢᠨᠵᠢᠯᠡᠯᠲᠡ ᠰᠤᠳᠤᠯᠤᠨ ᠮᠠᠭᠠᠳᠯᠠᠯᠲᠠ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠮᠠᠯ ᠤᠨ | ᠬᠤᠭᠤᠷᠤᠨᠳᠤ ᠪᠤᠯᠤᠭᠰᠠᠨ ᠪᠷᠦ᠋ᠽᠢᠯ ᠡᠪᠡᠳᠴᠢᠨ ᠤ ᠰᠡᠷᠭᠡᠶᠢᠯᠡᠨ ᠬᠤᠷᠢᠭᠯᠠᠬᠤ ᠠᠵᠢᠯ ᠤᠨ ᠲᠤᠭᠳᠠᠭᠤᠨ ᠢᠶᠠᠷ | ᠲᠦᠯᠬᠢᠨ ᠠᠬᠢᠵᠢᠬᠤ ᠶᠢ ᠦᠨᠡᠨᠬᠦ ᠪᠠᠳᠤᠯᠠᠵᠤ᠂ ᠬᠢᠵᠢᠭ ᠤᠨ ᠪᠠᠶᠢᠳᠠᠯ ᠤᠨ ᠳᠠᠬᠢᠨᠳᠠ ᠢᠯᠡᠷᠡᠬᠦ ᠶᠢ ᠴᠢᠩᠭ᠎ᠠ | ᠰᠡᠷᠭᠡᠶᠢᠯᠡᠬᠦ ᠬᠡᠷᠡᠭᠲᠡᠢ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠠᠴᠠ | ᠦᠪᠡᠷᠲᠡᠭᠡᠨ ᠵᠠᠰᠠᠬᠤ ᠤᠷᠤᠨ ᠤ ᠪᠠᠭᠤᠯᠭᠠᠭᠰᠠᠨ ᠪᠡᠳᠡᠬᠢ ᠬᠤᠷᠤᠬᠠᠶᠢᠲᠤ ᠡᠪᠡᠳᠴᠢᠨ ᠢ ᠰᠡᠷᠭᠡᠶᠢᠯᠡᠨ ᠵᠠᠰᠠᠬᠤ | ᠮᠡᠷᠭᠡᠵᠢᠯ ᠤᠨ ᠲᠦᠰᠦᠪ ᠤᠨ ᠱᠠᠭᠠᠷᠳᠠᠯᠭ᠎ᠠ ᠶᠤᠰᠤᠭᠠᠷ᠂ ᠲᠤᠬᠠᠢ ᠶᠢᠨ ᠭᠠᠵᠠᠷ ᠤᠨ ᠪᠤᠳᠠᠳᠠᠢ ᠲᠠᠢ ᠪᠠᠨ | ᠤᠶᠠᠯᠳᠤᠭᠤᠯᠤᠨ ᠂ ᠦᠭᠡᠷ᠂ ᠬᠤᠨᠢ᠂ ᠨᠤᠬᠠᠢ ᠶᠢᠨ ᠪᠡᠳᠡᠬᠢ ᠬᠤᠷᠤᠬᠠᠶᠢᠲᠤ ᠡᠪᠡᠳᠴᠢᠨ ᠤ ᠬᠢᠨᠠᠨ ᠬᠡᠮᠵᠢᠯᠲᠡ ᠶᠢᠨ | ᠲᠦᠰᠦᠪ ᠢ ᠲᠤᠭᠳᠠᠭᠠᠨ ᠬᠡᠷᠡᠭᠵᠢᠬᠦᠯᠬᠦ ᠬᠡᠷᠡᠭᠲᠡᠢ︔ ᠡᠷᠡᠬᠦᠯ ᠬᠠᠮᠠᠭᠠᠯᠠᠯ ᠤᠨ ᠰᠠᠯᠠᠭ᠎ᠠ ᠮᠦᠴᠢᠷ ᠤᠨ ᠬᠠᠩᠭᠠᠭᠰᠠᠨ | ᠬᠦᠮᠦᠨ ᠤ ᠬᠤᠭᠤᠷᠤᠨᠳᠤ ᠪᠤᠯᠤᠭᠰᠠᠨ ᠪᠡᠳᠡᠬᠢ ᠬᠤᠷᠤᠬᠠᠶᠢᠲᠤ ᠡᠪᠡᠳᠴᠢᠨ ᠢᠯᠡᠷᠡᠬᠦ ᠪᠠᠶᠢᠳᠠᠯ ᠲᠠᠢ ᠤᠶᠠᠯᠳᠤᠭᠤᠯᠤᠨ᠂ | ᠡᠬᠢ ᠡᠬᠦᠰᠪᠦᠷᠢ ᠶᠢ ᠬᠠᠶᠢᠬᠤ ᠰᠤᠳᠤᠯᠤᠨ ᠪᠠᠶᠢᠴᠠᠭᠠᠬᠤ ᠶᠢ ᠰᠠᠨᠠᠭᠠᠴᠢᠯᠠᠭ᠎ᠠ ᠠᠴᠠ ᠪᠠᠨ ᠶᠠᠪᠤᠭᠳᠠᠭᠤᠯᠵᠤ᠂ ᠲᠤᠰ | ᠭᠠᠵᠠᠷ ᠤᠨ ᠮᠠᠯ ᠤᠨ ᠬᠤᠭᠤᠷᠤᠨᠳᠤ ᠪᠤᠯᠤᠭᠰᠠᠨ ᠪᠡᠳᠡᠬᠢ ᠬᠤᠷᠤᠬᠠᠶᠢᠲᠤ ᠡᠪᠡᠳᠴᠢᠨ ᠤ ᠬᠠᠯᠳᠠᠪᠤᠷᠢᠯᠠᠯᠲᠠ ᠪᠠ | ᠳᠡᠯᠭᠡᠷᠡᠯᠲᠡ ᠶᠢᠨ ᠪᠠᠶᠢᠳᠠᠯ ᠢ ᠪᠠᠶᠢᠴᠠᠭᠠᠨ ᠲᠤᠳᠤᠯᠠᠵᠤ᠂ ᠰᠡᠷᠬᠡᠶᠢᠯᠡᠨ ᠵᠠᠰᠠᠬᠤ ᠠᠵᠢᠯ ᠳᠤ ᠰᠢᠨᠵᠢᠯᠡᠬᠦ ᠤᠬᠠᠭᠠᠨᠴᠢ | ᠬᠡᠷᠡᠴᠢ ᠪᠠᠷᠢᠮᠲᠠ ᠬᠠᠩᠭᠠᠬᠤ ᠬᠡᠷᠡᠭᠲᠡᠢ᠃ | ︵ᠲᠠᠪᠤ︶ ᠭᠠᠳᠠᠨ᠎ᠠ ᠠᠴᠠ ᠢᠷᠡᠬᠦ ᠠᠮᠢᠲᠠᠨ ᠤ ᠬᠢᠵᠢᠭ ᠡᠪᠡᠳᠴᠢᠨ ᠢ ᠨᠢᠭᠲᠠ ᠠᠩᠬᠠᠷᠬᠤ ᠬᠡᠷᠡᠭᠲᠡᠢ | ᠠᠹᠷᠢᠺᠠ ᠶᠢᠨ ᠭᠠᠭ᠋ᠠᠢ ᠶᠢᠨ ᠬᠢᠵᠢᠭ ᠵᠡᠷᠭᠡ ᠬᠢᠯᠢ ᠶᠢᠨ ᠭᠠᠳᠠᠨ᠎ᠠ ᠳᠡᠯᠭᠡᠷᠡᠵᠦ ᠪᠠᠶᠢᠭ᠎ᠠ ᠠᠮᠢᠲᠠᠨ ᠤ ᠬᠢᠵᠢᠭ | ᠤᠨ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠵᠢᠭ ᠤᠨ ᠬᠦᠳᠡᠯᠦᠩᠬᠦᠢ ᠪᠠᠶᠢᠳᠠᠯ ᠢ ᠠᠩᠬᠠᠷᠴᠤ᠂ | ᠬᠢᠯᠢ ᠬᠢᠵᠠᠭᠠᠷ ᠵᠠᠭᠠᠭ ᠵᠠᠬ᠎ᠠ ᠵᠡᠷᠭᠡ ᠭᠤᠤᠯᠳᠠᠯᠭᠠᠲᠤ ᠭᠠᠵᠠᠷ ᠤᠷᠤᠨ ᠤ ᠬᠢᠵᠢᠭ ᠤᠨ ᠪᠠᠶᠢᠳᠠᠯ ᠤᠨ ᠪᠠᠶᠢᠴᠠᠭᠠᠯᠲᠠ | ᠪᠠᠨ ᠴᠢᠩᠭᠠᠳᠬᠠᠬᠤ ᠬᠡᠷᠡᠭᠲᠡᠢ᠃ ᠬᠦᠷᠰᠢ ᠵᠡᠷᠭᠡᠯᠡᠳᠡᠭᠡ ᠮᠤᠵᠢ᠂ ᠬᠤᠳᠠ ᠶᠢᠨ ᠬᠤᠭᠤᠷᠤᠨᠳᠤᠬᠢ ᠬᠠᠮᠳᠤᠷᠠᠭᠰᠠᠨ | ᠰᠡᠷᠭᠡᠶᠢᠯᠡᠯᠲᠡ ᠬᠤᠷᠢᠭᠯᠠᠯᠲᠠ ᠪᠠᠨ ᠴᠢᠩᠭᠠᠳᠬᠠᠵᠤ᠂ ᠬᠢᠯᠢ ᠵᠠᠬ᠎ᠠ ᠤᠷᠤᠨ ᠤ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠬᠠᠰᠢᠬᠤ ᠪᠠᠲᠤ ᠪᠠᠬᠢ ᠬᠠᠯᠬᠠᠪᠴᠢ ᠶᠢ ᠪᠠᠶᠢᠭᠤᠯᠬᠤ ᠬᠡᠷᠡᠭᠲᠡᠢ︔ ᠬᠢᠯᠢ ᠬᠢᠵᠠᠭᠠᠷ ᠤᠷᠤᠨ ᠤ ᠠᠮᠢᠲᠠᠨ ᠤ | ᠬᠢᠵᠢᠭ ᠤᠨ ᠪᠠᠶᠢᠳᠠᠯ ᠢ ᠬᠢᠨᠠᠨ ᠬᠡᠮᠵᠢᠯᠲᠡ ᠶᠢᠨ ᠦᠷᠲᠡᠭᠡᠨ ᠤ ᠬᠦᠮᠦᠨ ᠤ ᠲᠤᠬᠢᠷᠠᠭᠤᠯᠤᠯᠲᠠ᠂ ᠮᠡᠷᠭᠡᠵᠢᠯ ᠪᠠ | ᠪᠤᠳᠠᠰ ᠤᠨ ᠨᠦᠭᠡᠴᠡ ᠶᠢ ᠴᠢᠩᠭᠠᠳᠬᠠᠵᠤ᠂ ᠬᠢᠯᠢ ᠬᠢᠵᠠᠭᠠᠷ ᠤᠷᠤᠨ ᠤ ᠬᠢᠵᠢᠭ ᠤᠨ ᠪᠠᠶᠢᠳᠠᠯ ᠢ ᠬᠢᠨᠠᠨ ᠬᠡᠮᠵᠢᠬᠦ | ᠲᠦᠷᠢᠮ ᠪᠠ ᠭᠡᠨᠡᠳᠲᠡ ᠢᠯᠡᠷᠡᠬᠦ ᠬᠢᠵᠢᠭ ᠤᠨ ᠪᠠᠶᠢᠳᠠᠯ ᠢ ᠪᠠᠴᠢᠮ ᠠᠷᠭᠠᠴᠠᠬᠤ ᠲᠤᠭᠳᠠᠯᠴᠠᠭ᠎ᠠ ᠶᠢ ᠤᠯᠠᠮ | ᠴᠢᠨᠠᠭᠰᠢᠳᠠ ᠴᠢᠩᠭᠠᠷᠠᠭᠤᠯᠬᠤ ᠬᠡᠷᠡᠭᠲᠡᠢ᠃ | ᠤᠳᠤᠬᠠᠨ ᠳᠤ ᠪᠦᠬᠦ ᠤᠯᠤᠰ ᠤᠨ ᠬᠦᠮᠦᠨ ᠤ ᠬᠤᠭᠤᠷᠤᠨᠳᠤ ᠳᠡᠯᠭᠡᠷᠡᠵᠦ ᠪᠠᠶᠢᠭ᠎ᠠ H7N9 ᠲᠠᠭᠰᠢᠭᠤᠷ | ᠤᠨ ᠬᠦᠨᠳᠦ ᠨᠤᠴᠢᠲᠠᠢ ᠪᠠᠶᠢᠳᠠᠯ ᠢ ᠦᠨᠳᠦᠰᠦᠯᠡᠨ᠂ ᠡᠯ᠎ᠡ ᠭᠠᠵᠠᠷ ᠤᠨ ᠬᠢᠨ ᠬᠦᠷᠰᠢ ᠵᠡᠷᠭᠡᠯᠡᠳᠡᠭᠡ ᠭᠠᠵᠠᠷ ᠤᠷᠤᠨ | ᠤ ᠬᠢᠵᠢᠭ ᠤᠨ ᠪᠠᠶᠢᠳᠠᠯ ᠢ ᠨᠢᠭᠲᠠ ᠠᠩᠬᠠᠷᠤᠨ ᠂ ︽ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︾ ᠵᠢᠴᠢ | ᠬᠦᠷᠰᠢ ᠵᠡᠷᠭᠡᠯᠡᠳᠡᠭᠡ ᠭᠠᠵᠠᠷ ᠤᠷᠤᠨ ᠪᠠ ᠡᠷᠡᠬᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠢᠳᠡᠭᠡᠨ ᠪᠠ ᠡᠮ ᠤᠨ | ᠵᠦᠢᠯ᠂ ᠠᠵᠤ ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠦᠴᠢᠷ ᠤᠨ ᠠᠮᠢᠲᠠᠨ ᠤ ᠬᠢᠵᠢᠭ ᠤᠨ ᠬᠠᠮᠳᠣᠷᠠᠭᠰᠠᠨ | ᠰᠡᠷᠭᠡᠶᠢᠯᠡᠯᠲᠡ ᠬᠤᠷᠢᠭᠯᠠᠯᠲᠠ ᠶᠢᠨ ᠲᠤᠭᠳᠠᠯᠴᠠᠭ᠎ᠠ ᠶᠢ ᠴᠢᠩᠭᠠᠳᠬᠠᠵᠤ᠂ ᠮᠠᠯ ᠡᠮᠨᠡᠯᠭᠡ ᠶᠢᠨ ᠰᠠᠯᠠᠭ᠎ᠠ ᠮᠦᠴᠢᠷ ᠤᠨ | ᠬᠢᠨ ︽ᠭᠤᠷᠪᠠᠨ ᠵᠡᠷᠭᠡᠪᠡᠷ ᠶᠠᠪᠤᠭᠤᠯᠬᠤ︾ ᠵᠠᠷᠴᠢᠮ ᠶᠤᠰᠤᠭᠠᠷ᠂ ᠬᠡᠨᠡᠨ ᠲᠦᠭᠰᠢᠬᠦᠷᠢ ᠶᠢ ᠪᠦᠳᠦᠮᠵᠢᠲᠡᠢ | ᠰᠡᠷᠬᠡᠶᠢᠯᠡᠬᠦ ᠠᠷᠭ᠎ᠠ ᠠᠪᠴᠠᠯ ᠲᠤᠭᠳᠠᠭᠠᠵᠤ᠂ ᠵᠢᠬᠦᠷᠲᠡᠨ ᠤ ᠲᠦᠷᠦᠯ ᠤᠨ ᠲᠡᠵᠢᠭᠡᠨ ᠦᠷᠡᠵᠢᠬᠦᠯᠬᠦ ᠲᠠᠯᠠᠪᠠᠢ ᠶᠢᠨ | ᠬᠢᠨᠠᠨ ᠬᠠᠮᠢᠶᠠᠷᠤᠯᠲᠠ ᠬᠢᠨᠠᠨ ᠡᠵᠡᠮᠰᠢᠯ ᠢᠶᠠᠨ ᠴᠢᠩᠭᠠᠳᠬᠠᠵᠤ᠂ ᠬᠢᠨᠠᠨ ᠬᠡᠮᠵᠢᠵᠦ ᠦᠷᠦᠨ ᠪᠠᠶᠢᠴᠠᠭᠠᠬᠤ ᠪᠠ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠪᠦᠳᠦᠮᠵᠢᠲᠡᠢ ᠶᠠᠪᠤᠭᠳᠠᠭᠤᠯᠵᠤ᠂ ᠭᠡᠷ ᠤᠨ ᠵᠢᠬᠦᠷᠲᠡᠨ ᠤ ᠲᠠᠭᠰᠢᠭᠤᠷ ᠢ | ᠰᠡᠷᠭᠡᠶᠢᠯᠡᠨ ᠬᠤᠷᠢᠭᠯᠠᠬᠤ ᠠᠵᠢᠯ ᠢ ᠴᠢᠨᠠᠭᠰᠢᠳᠠ ᠰᠠᠶᠢᠲᠤᠷ ᠬᠢᠬᠦ ᠬᠡᠷᠡᠭᠲᠡᠢ᠃ | ︵ᠵᠢᠷᠭᠤᠭ᠎ᠠ︶ ᠮᠠᠯ ᠵᠢᠬᠦᠷᠲᠡᠨ ᠤ ᠨᠢᠳᠦᠯᠡᠯᠲᠡ ᠶᠢ ᠬᠢᠨᠠᠨ ᠬᠠᠮᠢᠶᠠᠷᠬᠤ ᠶᠡᠷᠦᠩᠭᠡᠢ ᠴᠢᠳᠠᠪᠤᠷᠢ ᠪᠠᠨ | ᠴᠢᠩᠭᠠᠳᠬᠠᠵᠤ᠂ ᠠᠮᠢᠲᠠᠨ ᠢ ᠢᠯᠭᠠᠨ ᠲᠠᠨᠢᠬᠤ ᠲᠦᠷᠢᠮ ᠢ ᠨᠠᠶᠢᠳᠠᠪᠤᠷᠢᠵᠢᠭᠤᠯᠬᠤ ᠭᠡᠷᠡᠭᠲᠡᠢ | ᠮᠠᠯ ᠵᠢᠬᠦᠷᠲᠡᠨ ᠤ ᠨᠢᠳᠦᠯᠡᠯᠲᠡ ᠶᠢ ᠬᠢᠨᠠᠨ ᠬᠠᠮᠢᠶᠠᠷᠬᠤ ᠲᠦᠷᠢᠮ ᠢ ᠴᠢᠨᠠᠭᠰᠢᠳᠠ ᠲᠡᠬᠦᠯᠳᠡᠷᠵᠢᠬᠦᠯᠵᠦ᠂ | ᠬᠦᠮᠦᠨ ᠤ᠂ ᠪᠠᠶᠢᠭᠤᠯᠤᠮᠵᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠢᠳᠤᠯᠠᠬᠦ ᠮᠡᠷᠭᠡᠵᠢᠯ ᠤᠨ | ᠪᠣᠯᠪᠠᠰᠤᠷᠠᠭᠤᠯᠤᠯ ᠤᠨ ᠠᠵᠢᠯ ᠢ ᠲᠤᠭᠳᠠᠭᠰᠠᠨ ᠬᠤᠭᠤᠴᠠᠭ᠎ᠠ ᠲᠠᠢ ᠪᠠᠷ ᠶᠠᠪᠤᠭᠳᠠᠭᠤᠯᠬᠤ ᠬᠡᠷᠡᠭᠲᠡᠢ᠃ ᠠᠮᠢᠲᠠᠨ ᠢ | ᠢᠯᠭᠠᠨ ᠲᠠᠨᠢᠬᠤ ᠲᠦᠷᠢᠮ ᠢ ᠦᠨᠡᠨᠬᠦ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢᠳᠠᠨ ᠳᠤ ᠢᠯᠭᠠᠬᠤ ᠳᠡᠮᠳᠡᠭ | ᠵᠡᠬᠦᠯᠬᠡᠬᠦ ᠠᠵᠢᠯ ᠢ ᠰᠠᠶᠢᠲᠤᠷ ᠬᠢᠵᠦ᠂ ᠠᠮᠢᠲᠠᠨ ᠤ ᠬᠢᠵᠢᠭ ᠡᠪᠡᠳᠴᠢᠨ ᠢ ᠮᠦᠷᠲᠡᠵᠦ ᠪᠤᠯᠬᠤᠶᠢᠴᠠ ᠰᠢᠰᠲ᠋ᠧᠮᠵᠢ ᠶᠢ | ᠲᠡᠬᠦᠯᠳᠡᠷᠵᠢᠬᠦᠯᠵᠦ᠂ ᠠᠮᠢᠲᠠᠨ ᠤ ᠬᠢᠵᠢᠭ ᠤᠨ ᠰᠡᠷᠭᠡᠶᠢᠯᠡᠯᠲᠡ ᠪᠠ ᠮᠠᠯ ᠤᠨ ᠠᠰᠢᠭ ᠰᠢᠮ᠎ᠡ ᠶᠢᠨ ᠠᠷᠢᠭᠤᠨ ᠴᠡᠪᠡᠷ | ᠠᠮᠤᠷ ᠲᠦᠪᠰᠢᠨ ᠪᠠᠶᠢᠬᠤ ᠶᠢ ᠪᠠᠳᠤᠯᠠᠬᠤ ᠬᠡᠷᠡᠭᠲᠡᠢ᠃ | ︵ᠲᠤᠯᠤᠭ᠎ᠠ︶ ᠠᠷᠢᠭᠤᠳᠬᠠᠵᠤ ᠡᠬᠢ ᠡᠭᠦᠰᠪᠦᠷᠢ ᠶᠢ ᠨᠢ ᠠᠷᠢᠯᠭᠠᠬᠤ ᠪᠠ ᠠᠮᠢᠲᠠᠨ ᠤ ᠬᠦᠨᠳᠦ ᠬᠢᠵᠢᠭ | ᠡᠪᠡᠳᠴᠢᠨ ᠳᠡᠯᠭᠡᠷᠡᠬᠦ ᠡᠪᠡᠳᠴᠢᠨ ᠤ ᠵᠦᠢ ᠶᠢᠨ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠢ | ᠬᠠᠪᠤᠷ ᠤᠨ ᠤᠯᠠᠷᠢᠯ ᠤᠨ ᠲᠦᠪᠯᠡᠷᠡᠩᠬᠦᠢ ᠢᠮᠦ᠋ᠨ ᠠᠵᠢᠯ ᠤᠨ ᠬᠤᠭᠤᠴᠠᠭᠠᠨ ᠳᠤ᠂ ᠮᠠᠯ ᠵᠢᠬᠦᠷᠲᠡᠨ ᠤ | ᠨᠢᠳᠤᠯᠭᠠᠨ ᠤ ᠭᠠᠵᠠᠷ᠂ ᠬᠡᠪᠴᠢᠶᠡᠵᠢᠭᠰᠡᠨ ᠲᠡᠵᠢᠭᠡᠨ ᠦᠷᠡᠵᠢᠬᠦᠯᠬᠦ ᠲᠠᠯᠠᠪᠠᠢ᠂ ᠪᠷᠦ᠋ᠽᠧᠯ ᠡᠪᠡᠳᠴᠢᠨ ᠤ ᠰᠢᠨ᠎ᠡ | ᠬᠠᠭᠤᠴᠢᠨ ᠬᠢᠵᠢᠭ ᠤᠨ ᠴᠢᠭ᠋ ᠵᠡᠷᠭᠡ ᠭᠤᠤᠯᠳᠠᠯᠭᠠᠲᠤ ᠭᠠᠵᠠᠷ ᠤᠷᠤᠨ ᠳᠤ ᠠᠷᠢᠭᠤᠳᠬᠠᠵᠤ ᠡᠬᠢ ᠡᠭᠦᠰᠪᠦᠷᠢ ᠶᠢ ᠨᠢ | ᠠᠷᠢᠯᠭᠠᠬᠤ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠵᠤ᠂ ᠠᠷᠢᠭᠤᠳᠬᠠᠵᠤ ᠡᠬᠢ ᠡᠭᠦᠰᠪᠦᠷᠢ ᠶᠢ ᠨᠢ ᠠᠷᠢᠯᠭᠠᠬᠤ | ᠠᠵᠢᠯ ᠤᠨ ᠲᠦᠰᠦᠪ ᠢ ᠲᠤᠭᠲᠠᠭᠠᠨ ᠪᠦᠷᠢᠨᠰᠢᠬᠦᠯᠵᠦ᠂ ᠠᠷᠢᠭᠤᠤᠬᠠᠬᠤ ᠲᠦᠷᠢᠮ ᠢ ᠴᠢᠩᠭ᠎ᠠ ᠵᠢᠷᠦᠮᠯᠠᠨ | ᠲᠦᠷᠢᠮᠵᠢᠬᠦᠯᠦᠨ ᠠᠵᠢᠯᠯᠠᠵᠤ᠂ ᠠᠷᠢᠭᠤᠳᠬᠠᠬᠤ ᠦᠷ᠎ᠡ ᠪᠦᠲᠦᠭᠡᠯ ᠢ ᠦᠨᠡᠨᠬᠦ ᠪᠠᠲᠤᠯᠠᠬᠤ ᠬᠡᠷᠡᠭᠲᠡᠢ᠃ ᠡᠬᠦᠨ ᠤ | ᠬᠠᠮᠲᠤ᠂ ᠬᠠᠷᠢᠶᠠᠯᠠᠭᠳᠠᠬᠤ ᠭᠠᠵᠠᠷ ᠤᠷᠤᠨ ᠤ ᠪᠠᠨ ᠠᠮᠢᠳᠠᠨ ᠤ ᠬᠦᠨᠳᠦ ᠬᠢᠵᠢᠭ ᠡᠪᠡᠳᠴᠢᠨ ᠳᠡᠯᠭᠡᠷᠡᠬᠦ ᠡᠪᠡᠳᠴᠢᠨ | ᠤ ᠵᠦᠢ ᠶᠢᠨ ᠪᠠᠶᠢᠴᠠᠭᠠᠯᠲᠠ ᠪᠠ ᠬᠡᠨᠡᠨ ᠲᠦᠭᠰᠢᠬᠦᠷᠢ ᠶᠢᠨ ᠦᠨᠡᠯᠡᠯᠲᠡ ᠪᠠᠨ ᠰᠠᠶᠢᠲᠤᠷ ᠬᠢᠬᠦ ᠮᠦᠷᠲᠡᠭᠡᠨ ᠳᠡᠮᠳᠡᠭᠯᠡᠯ | ᠪᠠ ᠪᠠᠶᠢᠴᠭᠠᠨ ᠵᠠᠳᠠᠯᠤᠯᠲᠠ ᠶᠢᠨ ᠮᠡᠳᠡᠬᠦᠯᠦᠯᠲᠡ ᠪᠠᠨ ᠰᠠᠶᠢᠲᠤᠷ ᠬᠢᠬᠦ ᠬᠡᠷᠡᠭᠲᠡᠢ᠃ | ᠬᠤᠶᠠᠷ᠂ ᠪᠠᠲᠤᠯᠠᠬᠤ ᠠᠷᠭ᠎ᠠ ᠪᠠᠷᠢᠯ | ︵ᠨᠢᠭᠡ︶ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ | ᠡᠯ᠎ᠡ ᠭᠠᠵᠠᠷ ᠤᠨ ᠬᠢᠨ ᠠᠮᠢᠲᠠᠨ ᠤ ᠬᠢᠵᠢᠭ ᠡᠪᠡᠳᠴᠢᠨ ᠤ ᠰᠡᠷᠭᠡᠶᠢᠯᠡᠨ ᠬᠤᠷᠢᠭᠯᠠᠯᠲᠠ ᠶᠢᠨ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠢᠲᠠᠨ ᠤ ᠬᠢᠵᠢᠭ ᠡᠪᠡᠳᠴᠢᠨ ᠤ ᠰᠡᠷᠭᠡᠶᠢᠯᠡᠨ ᠬᠤᠷᠢᠭᠯᠠᠯᠲᠠ ᠶᠢᠨ | ᠠᠵᠢᠯ ᠢ ᠵᠠᠰᠠᠭ ᠤᠨ ᠤᠷᠳᠤᠨ ᠤ ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠳᠤ ᠪᠠᠨ ᠤᠷᠤᠭᠤᠯᠵᠤ᠂ | ᠵᠤᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠱᠠᠲᠤ ᠬᠤᠪᠢᠶᠠᠨ ᠬᠠᠮᠢᠶᠠᠷᠬᠤ᠂ | ᠱᠠᠲᠤ ᠳᠠᠷᠠᠭᠠᠯᠠᠨ ᠬᠠᠷᠢᠭᠤᠴᠠᠬᠤ ᠬᠠᠮᠢᠶᠠᠷᠤᠯᠲᠠ ᠶᠢᠨ ᠲᠤᠭᠳᠠᠯᠴᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ︽ᠵᠠᠰᠠᠭ ᠤᠨ ᠤᠷᠳᠤᠨ ᠠᠴᠠ ᠢᠮᠦ᠋ᠨ ᠤ ᠨᠢᠭᠲᠠᠴᠠ ᠶᠢ ᠪᠠᠲᠤᠯᠠᠬᠤ᠂ ᠲᠤᠬᠠᠶᠢᠯᠠᠭᠰᠠᠨ ᠠᠵᠢᠯ ᠤᠨ ᠰᠠᠯᠠᠭ᠎ᠠ | ᠮᠦᠴᠢᠷ ᠠᠴᠠ ᠢᠮᠦ᠋ᠨ ᠤ ᠶᠠᠰᠤ ᠴᠢᠨᠠᠷ ᠢ ᠪᠠᠲᠤᠯᠠᠬᠤ︾ ᠱᠠᠭᠠᠷᠳᠠᠯᠭ᠎ᠠ ᠶᠤᠰᠤᠭᠠᠷ᠂ ᠲᠠᠷᠢᠶᠠᠯᠠᠩ ᠮᠠᠯ ᠠᠵᠤ ᠠᠬᠤᠢ | ᠂ ᠡᠳ᠋ ᠤᠨ ᠵᠠᠰᠠᠭ᠂ ᠵᠠᠮ ᠬᠠᠷᠢᠯᠴᠠᠭ᠎ᠠ᠂ ᠤᠢ ᠰᠢᠭᠤᠢ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠭᠠᠵᠠᠷ | ᠤᠷᠤᠨ ᠤ ᠬᠤᠭᠤᠷᠤᠨᠳᠤᠬᠢ ᠬᠠᠮᠲᠤᠷᠠᠭᠰᠠᠨ ᠰᠡᠷᠭᠡᠶᠢᠯᠡᠨ ᠬᠤᠷᠢᠭᠯᠠᠯᠲᠠ ᠪᠠᠨ ᠴᠢᠩᠭᠠᠳᠬᠠᠵᠤ᠂ ᠡᠯ᠎ᠡ ᠲᠦᠷᠦᠯ ᠤᠨ | ᠰᠡᠷᠭᠡᠶᠢᠯᠡᠨ ᠬᠤᠷᠢᠭᠯᠠᠯᠲᠠ ᠶᠢᠨ ᠠᠷᠭ᠎ᠠ ᠠᠪᠴᠠᠯ ᠤᠨ ᠨᠠᠶᠢᠳᠠᠪᠤᠷᠢᠵᠢᠭᠤᠯᠤᠭᠳᠠᠬᠤ ᠶᠢ ᠦᠨᠡᠨᠬᠦ ᠪᠠᠳᠤᠯᠠᠬᠤ ᠬᠡᠷᠡᠭᠲᠡᠢ᠃ | ︵ᠬᠤᠶᠠᠷ︶ ᠵᠠᠷᠤᠳᠠᠯ ᠤᠨ ᠪᠠᠲᠤᠯᠠᠭ᠎ᠠ | ᠡᠯ᠎ᠡ ᠱᠠᠲᠤᠨ ᠤ ᠵᠠᠰᠠᠭ ᠤᠨ ᠤᠷᠳᠤᠨ ᠠᠴᠠ ᠠᠮᠢᠲᠠᠨ ᠤ ᠬᠢᠵᠢᠭ ᠡᠪᠡᠳᠴᠢᠨ ᠤ ᠰᠡᠷᠭᠡᠶᠢᠯᠡᠨ ᠬᠤᠷᠢᠭᠯᠠᠯᠲᠠ | ᠳᠤ ᠵᠠᠷᠤᠳᠠᠯ ᠤᠷᠤᠭᠤᠯᠬᠤ ᠲᠤᠭᠳᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠠᠮᠢᠲᠠᠨ ᠤ ᠬᠢᠵᠢᠭ ᠡᠪᠡᠳᠴᠢᠨ ᠤ | ᠰᠡᠷᠭᠡᠶᠢᠯᠡᠨ ᠬᠤᠷᠢᠭᠯᠠᠯᠲᠠ ᠶᠢᠨ ᠡᠯ᠎ᠡ ᠲᠦᠷᠦᠯ ᠤᠨ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠤ ᠣᠷᠤᠭᠤᠯᠵᠤ᠂ | ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠠᠴᠠ ᠡᠭᠦᠷᠭᠡ ᠶᠢᠨ ᠬᠡᠮᠵᠢᠶ᠎ᠡ ᠶᠢ ᠦᠨᠳᠦᠰᠦᠯᠡᠨ ᠵᠠᠷᠤᠳᠠᠯ ᠤᠨ | ᠲᠦᠯᠦᠪᠯᠡᠭᠡ ᠪᠠᠨ ᠡᠷᠲᠡᠭᠡᠨ ᠲᠤᠰᠢᠶᠠᠵᠤ᠂ | ᠵᠠᠰᠠᠭ ᠤᠨ ᠤᠷᠳᠤᠨ ᠠᠴᠠ ᠰᠡᠷᠭᠡᠶᠢᠯᠡᠨ ᠬᠤᠷᠢᠭᠯᠠᠬᠤ ᠵᠠᠷᠤᠲᠠᠯ ᠤᠨ ᠤᠷᠤᠭᠤᠯᠤᠯᠲᠠ ᠪᠠ ᠨᠠᠶᠢᠳᠠᠪᠤᠷᠢᠵᠢᠭᠤᠯᠤᠯᠲᠠ | ᠶᠢ ᠱᠠᠯᠠᠪᠳᠠᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠵᠠᠷᠤᠳᠠᠯ ᠤᠨ ᠲᠦᠰᠦᠪ ᠶᠢ ᠲᠤᠭ᠎ᠠ ᠶᠤᠰᠤᠭᠠᠷ | ᠬᠦᠢᠴᠡᠳ ᠲᠤᠬᠢᠷᠠᠭᠤᠯᠬᠤ ᠬᠡᠷᠡᠭᠲᠡᠢ᠃ ᠨᠢᠭᠡ ᠳᠤ᠂ ᠭᠠᠴᠠᠭ᠎ᠠ ᠲᠤᠰᠬᠤᠨ ᠱᠠᠲᠤᠨ ᠤ ᠬᠢᠵᠢᠭ ᠰᠡᠷᠭᠡᠶᠢᠯᠡᠬᠦ | ᠠᠵᠢᠯᠲᠠᠨ ᠤ ᠨᠦᠬᠦᠪᠤᠷᠢ ᠪᠠ ᠸᠠᠺᠽᠢᠨ ᠤ ᠵᠠᠷᠤᠳᠠᠯ ᠢ ᠲᠤᠭ᠎ᠠ ᠶᠤᠰᠤᠭᠠᠷ ᠬᠦᠢᠴᠡᠳ ᠨᠠᠶᠢᠳᠠᠪᠤᠷᠢᠵᠢᠭᠤᠯᠬᠤ ᠶᠢ | ᠦᠨᠡᠨᠬᠦ ᠪᠠᠳᠤᠯᠠᠬᠤ ᠬᠡᠷᠡᠭᠲᠡᠢ᠃ ᠬᠤᠶᠠᠷ ᠲᠤ᠂ ᠮᠠᠯ ᠡᠮᠨᠡᠯᠭᠡ ᠶᠢᠨ ᠰᠠᠯᠠᠭ᠎ᠠ ᠮᠦᠴᠢᠷ ᠠᠴᠠ ᠢᠮᠦ᠋ᠨ᠂ ᠬᠢᠨᠠᠨ | ᠬᠡᠮᠵᠢᠯᠳᠠ᠂ ᠰᠢᠯᠵᠢᠬᠦᠯᠦᠯᠲᠡ᠂ ᠠᠷᠢᠭᠤᠳᠬᠠᠯ᠂ ᠤᠬᠠᠭᠤᠯᠭ᠎ᠠ ᠪᠤᠯᠪᠠᠰᠤᠷᠠᠭᠤᠯᠤᠯ᠂ ᠬᠤᠤᠷᠳᠠᠯ ᠰᠢᠢᠳᠪᠦᠷᠢᠯᠡᠯᠲᠡ᠂ | ᠮᠠᠯ ᠤᠨ ᠠᠰᠢᠭ ᠰᠢᠮ᠎ᠡ ᠶᠢᠨ ᠬᠢᠵᠢᠭ ᠪᠠᠶᠢᠴᠠᠭᠠᠨ ᠬᠢᠨᠠᠨ ᠬᠠᠮᠢᠶᠠᠷᠬᠤ ᠠᠵᠢᠯ ᠳᠤ ᠬᠡᠷᠡᠭᠰᠡᠬᠦ ᠵᠠᠷᠤᠳᠠᠯ ᠢ ᠦᠨᠡᠨᠬᠦ | ᠪᠠᠲᠤᠯᠠᠬᠤ ᠬᠡᠷᠡᠭᠲᠡᠢ᠃ ᠭᠤᠷᠪᠠ ᠳᠤ᠂ ᠲᠤᠬᠠᠶᠢᠯᠠᠭᠰᠠᠨ ᠠᠵᠢᠯ ᠤᠨ ᠲᠦᠯᠦᠪᠯᠡᠭᠡ ᠶᠤᠰᠤᠭᠠᠷ᠂ ᠠᠷᠭ᠎ᠠ ᠴᠢᠨᠠᠷ ᠤᠨ | ᠮᠠᠯ ᠵᠢᠬᠦᠷᠲᠡᠨ ᠢ ᠠᠯᠠᠭᠰᠠᠨ ᠨᠦᠬᠦᠪᠦᠷᠢ ᠵᠠᠷᠤᠳᠠᠯ ᠢ ᠲᠤᠭ᠎ᠠ ᠶᠤᠰᠤᠭᠠᠷ ᠬᠦᠢᠴᠡᠳ ᠪᠠᠭᠤᠯᠭᠠᠨ ᠦᠭᠴᠦ᠂ ᠬᠢᠵᠢᠭ | ᠡᠪᠡᠳᠴᠢᠨ ᠢ ᠬᠤᠷᠢᠭᠯᠠᠬᠤ᠂ ᠴᠡᠪᠡᠷᠰᠢᠬᠦᠯᠬᠦ᠂ ᠠᠷᠢᠯᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ | ᠪᠠᠲᠤᠯᠠᠬᠤ ᠬᠡᠷᠡᠭᠲᠡᠢ᠃ | ︵ᠭᠤᠷᠪᠠ︶ ᠮᠡᠷᠭᠡᠵᠢᠯ ᠤᠨ ᠪᠠᠲᠤᠯᠠᠭ᠎ᠠ | ᠡᠯ᠎ᠡ ᠭᠠᠵᠠᠷ ᠤᠨ ᠬᠢᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠪᠠᠶᠢᠭᠤᠯᠤᠯᠲᠠ ᠪᠠᠨ | ᠴᠢᠩᠭᠠᠳᠬᠠᠵᠤ᠂ ᠲᠤᠷᠰᠢᠯᠲᠡ ᠶᠢᠨ ᠲᠠᠰᠤᠭ ᠤᠨ ᠲᠦᠬᠦᠭᠡᠷᠦᠮᠵᠢ ᠬᠡᠷᠡᠭᠰᠡᠯ ᠤᠨ ᠲᠤᠬᠢᠷᠠᠭᠤᠯᠤᠯᠲᠠ᠂ | ᠰᠢᠨᠡᠴᠢᠯᠡᠯᠲᠡ ᠶᠢᠨ ᠪᠡᠯᠡ ᠤᠷᠤᠭᠤᠯᠬᠤ ᠡᠷᠴᠢᠮ ᠢᠶᠠᠨ ᠴᠢᠩᠭᠠᠳᠬᠠᠬᠤ ᠬᠡᠷᠡᠭᠲᠡᠢ︔ ᠲᠤᠷᠰᠢᠯᠲᠠ ᠶᠢᠨ ᠲᠠᠰᠤᠭ ᠤᠨ | ᠬᠦᠮᠦᠨ ᠤ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠡᠯ᠎ᠡ ᠱᠠᠲᠤᠨ ᠤ ᠮᠠᠯ ᠡᠮᠨᠡᠯᠭᠡ ᠶᠢᠨ ᠲᠤᠷᠰᠢᠯᠲᠠ | ᠶᠢᠨ ᠲᠠᠰᠤᠭ ᠤᠨ ᠰᠢᠨᠵᠢᠯᠡᠬᠦ ᠤᠬᠠᠭᠠᠨᠴᠢ᠂ ᠲᠦᠷᠢᠮᠵᠢᠭᠰᠡᠨ᠂ ᠤᠨᠤᠪᠴᠢᠲᠠᠢ ᠬᠢᠨᠠᠨ ᠬᠡᠮᠵᠢᠬᠦ ᠬᠢᠷᠢ ᠲᠦᠪᠰᠢᠨ ᠢ | ᠤᠯᠠᠮ ᠴᠢᠨᠠᠭᠰᠢᠳᠠ ᠳᠡᠭᠡᠭᠰᠢᠯᠡᠬᠦᠯᠵᠦ᠂ ᠲᠤᠷᠰᠢᠯᠲᠠ ᠶᠢᠨ ᠲᠠᠰᠤᠭ ᠤᠨ ᠠᠮᠢᠲᠤ ᠪᠤᠳᠠᠰ ᠤᠨ ᠠᠮᠤᠷ ᠲᠦᠪᠰᠢᠨ ᠢ | ᠦᠨᠡᠨᠬᠦ ᠪᠠᠲᠤᠯᠠᠬᠤ ᠬᠡᠷᠡᠭᠲᠡᠢ᠃ | ᠭᠤᠷᠪᠠ᠂ ᠰᠢᠯᠭᠠᠨ ᠬᠢᠨᠠᠯᠲᠠ ᠦᠨᠡᠯᠡᠯᠲᠡ | ᠬᠠᠪᠤᠷ ᠤᠨ ᠰᠡᠷᠭᠡᠶᠢᠯᠡᠯᠲᠡ ᠳᠠᠭᠤᠰᠤᠭᠰᠠᠨ ᠠᠴᠠ ᠰᠡᠬᠦᠯᠡᠷ᠂ ᠡᠯ᠎ᠡ ᠭᠠᠵᠠᠷ ᠤᠨ ᠬᠢᠨ ᠨᠠᠷᠢᠨ ᠬᠢᠨᠠᠮᠠᠭᠠᠢ | ᠳ᠋ᠦᠩᠨᠡᠵᠦ᠂ ᠲᠤᠰᠬᠠᠢ ᠰᠡᠳᠦᠪᠲᠦ ᠮᠡᠳᠡᠬᠦᠯᠦᠯᠲᠡ ᠪᠤᠯᠭᠠᠬᠤ ᠬᠡᠷᠡᠭᠲᠡᠢ᠃ ᠬᠤᠲᠠ ᠶᠢᠨ ᠵᠠᠰᠠᠭ ᠤᠨ ᠤᠷᠳᠤᠨ ᠠᠴᠠ | ᠬᠤᠯᠪᠤᠭᠳᠠᠯ ᠪᠦᠬᠦᠢ ᠨᠢᠭᠡᠴᠡ ᠶᠢ ᠵᠤᠬᠢᠶᠠᠨ ᠪᠠᠶᠢᠭᠤᠯᠤᠨ ᠪᠠᠶᠢᠴᠠᠭᠠᠯᠲᠠ ᠬᠢᠵᠦ ᠰᠢᠯᠭᠠᠨ ᠬᠤᠷᠢᠶᠠᠵᠤ᠂ ᠬᠠᠪᠤᠷ ᠤᠨ | ᠰᠡᠷᠭᠡᠶᠢᠯᠡᠯᠲᠡ ᠳᠤ ᠬᠦᠴᠦᠨ ᠦᠭᠡᠢ᠂ ᠲᠦᠰᠦᠪᠯᠡᠭᠰᠡᠨ ᠵᠠᠷᠤᠲᠠᠯ ᠢ ᠲᠤᠭ᠎ᠠ ᠶᠤᠰᠤᠭᠠᠷ ᠬᠦᠢᠴᠡᠳ | ᠨᠠᠶᠢᠳᠠᠪᠤᠷᠢᠵᠢᠭᠤᠯᠤᠭᠰᠠᠨ ᠦᠭᠡᠢ᠂ ᠡᠭᠦᠷᠭᠡ ᠪᠠᠨ ᠠᠨᠠᠢ ᠪᠡᠶᠡᠯᠡᠬᠦᠯᠦᠭᠰᠡᠨ ᠬᠤᠰᠢᠭᠤ ᠰᠢᠶᠠᠨ ᠬᠤᠲᠠ ᠲᠤᠭᠤᠷᠢᠭ ᠢ | ᠨᠡᠶᠢᠲᠡᠯᠡᠨ ᠮᠡᠳᠡᠬᠦᠯᠵᠦ ᠰᠢᠬᠦᠮᠵᠢᠯᠡᠬᠦ ᠪᠠ ᠪᠤᠯᠵᠤᠨ ᠶᠠᠷᠢᠯᠴᠠᠵᠤ᠂ ᠠᠮᠢᠳᠠᠨ ᠤ ᠬᠢᠵᠢᠭ ᠤᠨ ᠰᠡᠷᠭᠡᠶᠢᠯᠡᠯᠲᠡ ᠤᠨ | ᠠᠵᠢᠯ ᠳᠤᠮᠳᠠ ᠠᠰᠠᠭᠤᠳᠠᠯ ᠢᠯᠡᠷᠡᠭᠰᠡᠨ ᠭᠠᠵᠠᠷ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠰᠢᠯᠢᠳᠡᠭ᠂ | ᠲᠡᠷᠢᠬᠦᠨ ᠢᠶᠠᠷ ᠦᠨᠡᠯᠡᠭᠳᠡᠬᠦ ᠬᠢᠷᠢ ᠬᠡᠮ ᠢ ᠨᠢ ᠬᠠᠰᠤᠵᠤ᠂ ᠬᠦᠨᠳᠦ ᠨᠤᠴᠢᠲᠠᠢ ᠦᠷ᠎ᠡ ᠤᠷᠰᠢᠭ ᠭᠠᠷᠭᠠᠭᠰᠠᠨ ᠪᠠᠶᠢᠪᠠᠯ | ᠬᠠᠤᠯᠢ ᠶᠤᠰᠤᠭᠠᠷ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ᠃ | | | | 2017 ᠤᠨ ᠤ 3 ᠰᠠᠷ᠎ᠠ ᠶᠢᠨ 13 ᠤ ᠡᠳᠦᠷ | | | | |