ᠲᠠᠯ᠎ᠠ ᠨᠤᠲᠤᠭ ᠤᠨ ᠠᠷᠠᠰᠤᠨ ᠡᠳ᠋ᠯᠡᠯ ᠤᠨ ᠲᠦᠪ
ᠨᠡᠶᠢᠲᠡᠯᠡᠭᠰᠡᠨ ᠴᠠᠭ᠄
2017/7/31
     4A ᠳᠡᠰ ᠤᠨ ᠦᠵᠡᠮᠵᠢ ᠶᠢᠨ ᠤᠷᠤᠨ ᠤᠯᠠᠭᠠᠨᠴᠠᠪ ᠤᠨ ᠵᠢᠨᠢᠩ ᠤᠨ ᠤᠯᠠᠨ ᠤᠯᠤᠰ ᠤᠨ ᠠᠷᠠᠰᠤᠨ ᠡᠳ᠋ᠯᠡᠯ  ᠤᠨ ᠬᠤᠲᠠ ᠪᠣᠯ ᠳᠤᠮᠳᠠᠳᠤ ᠤᠯᠤᠰ ᠤᠨ ᠤᠮᠠᠷᠠᠲᠤ ᠤᠷᠤᠨ ᠤ ᠬᠠᠮᠤᠭ ᠤᠨ ᠲᠤᠮᠤ᠂ ᠬᠠᠮᠤᠭ ᠤᠨ ᠲᠤᠰᠬᠠᠶᠢᠵᠢᠭᠰᠠᠨ ᠠᠷᠠᠰᠤ ᠰᠢᠷᠢ ᠶᠢᠨ ᠪᠤᠷᠤᠯᠠᠭᠤᠯᠤᠯᠲᠠ ᠶᠢᠨ ᠲᠦᠪᠯᠡᠷᠡᠵᠦ ᠲᠠᠷᠬᠠᠭᠠᠬᠤ ᠭᠠᠵᠠᠷ ᠮᠥᠨ᠂ ᠤᠮᠠᠷᠠᠲᠤ  ᠶᠢᠨ ᠭᠠᠵᠠᠷ ᠤᠨ ᠳ᠋ᠠᠩ ᠪᠡᠶᠡᠲᠦ ᠬᠡᠮᠵᠢᠶ᠎ᠡ ᠪᠠᠷ᠂ ᠬᠠᠮᠤᠭ ᠤᠨ ᠲᠤᠮᠤ ᠠᠷᠠᠰᠤ ᠰᠢᠷᠢ ᠬᠤᠳᠠᠯᠳᠤᠨ ᠠᠪᠬᠤ ᠲᠦᠪ ᠮᠥᠨ᠂ ᠵᠢᠯ ᠤᠨ ᠠᠶᠠᠨᠴᠢᠨ ᠤ ᠴᠤᠪᠤᠷᠠᠯᠳᠠ ᠶᠢᠨ ᠬᠡᠮᠵᠢᠶ᠎ᠡ 200 ᠲᠦᠮᠡᠨ ᠬᠦᠮᠦᠨ ᠤᠳᠠᠭ᠎ᠠ ᠳᠤ ᠬᠦᠷᠴᠦ᠂ ᠪᠤᠷᠤᠯᠠᠭᠤᠯᠤᠯᠲᠠ ᠶᠢᠨ ᠲᠤᠭ᠎ᠠ 20 ᠭᠠᠷᠤᠢ ᠳ᠋ᠦᠩᠰᠢᠭᠤᠷ ᠲᠦᠬᠦᠷᠢᠭ ᠲᠤ ᠬᠦᠷᠴᠦ ᠪᠤᠢ᠃ 2016 ᠤᠨ ᠳᠤ᠂ ︽ᠰᠢᠨ᠎ᠡ ᠶᠠ ᠪᠤᠤ ᠯᠦ︾ ᠬᠤᠳᠠᠯᠳᠤᠭᠠᠨ ᠤ ᠬᠤᠲᠠ ᠪᠡᠯᠡ ᠤᠷᠤᠭᠤᠯᠵᠤ ᠡᠷᠬᠢᠯᠳᠦᠨ ᠠᠵᠢᠯᠯᠠᠵᠤ᠂ ︽ᠲᠠᠯ᠎ᠠ ᠨᠤᠲᠤᠭ ᠤᠨ ᠠᠷᠠᠰᠤᠨ ᠡᠳ᠋ᠯᠡᠯ ᠤᠨ ᠬᠤᠲᠠ︾ ᠤᠯᠠᠭᠠᠨᠴᠠᠪ ᠭᠠᠳᠠᠭᠠᠳᠤ ᠠᠷᠠᠯᠵᠢᠶᠠᠨ ᠤ ᠰᠢᠨ᠎ᠡ ᠴᠠᠭ ᠦᠶ᠎ᠡ ᠪᠠᠨ ᠡᠬᠢᠯᠡᠬᠦᠯᠪᠡ᠃      ᠤᠯᠠᠭᠠᠨᠴᠠᠪ ᠤᠨ ᠠᠷᠠᠰᠤ ᠰᠢᠷᠢ ᠶᠢᠨ ᠠᠵᠤ ᠦᠢᠯᠡᠰ ᠦᠨᠢ ᠤᠳᠠᠭᠠᠨ ᠮᠦᠷᠲᠡᠭᠡᠨ ᠭᠡᠷᠡᠯ ᠰᠠᠴᠤᠷᠠᠩᠭᠤᠢ ᠲᠡᠦᠭᠡ ᠲᠠᠢ᠂ ᠮᠢᠩ ᠴᠠᠩ ᠤᠨ ᠭᠤᠷᠪᠠᠨ ᠤᠨ ᠳᠤ ᠪᠠᠶᠢᠭᠤᠯᠤᠭᠰᠠᠨ ᠤᠷᠳᠤ ᠬᠠᠷᠰᠢ ᠶᠢᠨ ᠳᠠᠯᠠᠪᠠᠢ᠂ ᠶᠤᠸᠠᠨ ᠤᠯᠤᠰ ᠤᠨ ᠰᠡᠬᠦᠯᠴᠢ ᠳᠤ ᠪᠠᠶᠢᠭᠤᠯᠤᠭᠰᠠᠨ ᠵᠢᠨᠢᠩ ᠴᠦᠷᠭᠡ ᠠᠴᠠ ᠡᠬᠢᠯᠡᠵᠦ᠂ ᠠᠳᠡ ᠪᠣᠯ ᠳᠤᠮᠳᠠ ᠤᠷᠤᠨ ᠤ ᠲᠠᠷᠢᠶᠠᠯᠠᠩ ᠤᠨ ᠭᠠᠷᠤᠯᠳᠠ᠂ ᠵᠤᠭᠠᠴᠠᠯ ᠤᠨ ᠲᠦᠷᠦᠯ ᠤᠨ ᠦᠨᠳᠦᠰᠦᠲᠡᠨ ᠤ ᠠᠷᠠᠰᠤ ᠰᠢᠷᠢ ᠨᠤᠤᠰᠤ ᠨᠤᠯᠤᠤᠷ ᠤᠨ ᠠᠷᠠᠯᠵᠢᠶᠠᠨ ᠤ ᠲᠦᠪᠯᠡᠷᠡᠬᠦᠯᠵᠦ ᠲᠠᠷᠬᠠᠭᠠᠬᠤ ᠭᠠᠵᠠᠷ ᠳᠠᠯᠠᠪᠠᠢ ᠪᠠᠶᠢᠵᠤ᠂ ᠱᠠᠨ ᠰᠢ ᠶᠢᠨ ᠬᠤᠳᠠᠯᠳᠤᠭ᠎ᠠ᠂ ᠾᠧᠪᠸᠢ  ᠶᠢᠨ ᠬᠤᠳᠠᠯᠳᠤᠭ᠎ᠠ ᠵᠡᠷᠭᠡ ᠨᠢ ᠤᠯᠠᠭᠠᠨᠪᠠᠭᠠᠲᠤᠷ ᠲᠤ ᠨᠡᠪᠲᠡᠷᠡᠬᠦ ᠶᠢᠨ ᠴᠤᠷ ᠤᠨ ᠭᠠᠭᠴᠠ ᠨᠡᠪᠲᠡᠷᠡᠯᠭᠡ ᠮᠥᠨ᠂ ᠤᠶᠢᠷ᠎ᠡ ᠦᠶ᠎ᠡ ᠶᠢᠨ ᠲᠡᠦᠭᠡᠨ ᠳᠡᠭᠡᠷᠡᠬᠢ ᠬᠠᠮᠤᠭ ᠡᠷᠲᠡ ᠶᠢᠨ ᠦᠨᠳᠦᠰᠦᠲᠡᠨ ᠤ ᠠᠷᠠᠯᠵᠢᠶᠠᠨ ᠤ ᠵᠠᠪᠠᠯ ᠦᠩᠭᠡᠷᠡᠬᠦ ᠵᠠᠮ ᠮᠥᠨ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭᠠᠬᠢ ᠵᠢᠷᠠᠭᠠᠳ ᠤᠨ ᠤ ᠦᠶ᠎ᠡ ᠪᠠᠷ᠂ ᠱᠠᠩᠬᠠᠢ ᠶᠢᠨ ᠠᠷᠠᠰᠤᠨ ᠡᠳ᠋ᠯᠡᠯ ᠤᠨ ᠦᠢᠯᠡᠳᠪᠦᠷᠢ ᠵᠢᠨᠢᠩ ᠳᠤ ᠰᠢᠯᠵᠢᠨ ᠢᠷᠡᠵᠦ᠂ ᠮᠠᠰᠢᠨᠴᠢᠯᠠᠭᠰᠠᠨ᠂ ᠰᠢᠷᠢᠰᠵᠢᠬᠦᠯᠦᠭᠰᠡᠨ ᠠᠷᠠᠰᠤ ᠰᠢᠷᠢ ᠶᠢᠨ ᠪᠦᠲᠦᠭᠡᠭᠳᠡᠬᠦᠨ ᠤ ᠡᠳ᠋ᠰᠢᠬᠦᠯᠦᠯᠳᠡ ᠨᠢ ᠤᠯᠠᠭᠠᠨᠴᠠᠪ ᠤᠨ ᠳᠠᠯ᠎ᠠ ᠨᠤᠲᠤᠭ ᠢ ᠲᠦᠭᠡᠭᠰᠡᠨ ᠪᠠᠶᠢᠨ᠎ᠠ᠃ ᠳᠡᠭᠡᠷ᠎ᠡ ᠵᠠᠭᠤᠨ ᠤ ᠨᠠᠶᠠ ᠶᠡᠷᠡᠭᠡᠳ ᠤᠨ ᠤ ᠦᠶ᠎ᠡ ᠪᠠᠷ᠂ ᠵᠢᠨᠢᠩ ᠤᠨ ᠠᠷᠠᠰᠤᠨ ᠡᠳ᠋ᠯᠡᠯ  ᠤᠨ ᠦᠢᠯᠡᠳᠪᠦᠷᠢᠯᠡᠭᠰᠡᠨ ︽ᠪᠠᠭᠠᠪᠠᠭᠠᠢ︾ ᠱᠤᠰᠢᠭ᠎ᠠ ᠶᠢᠨ ᠠᠷᠠᠰᠤᠨ ᠬᠤᠪᠴᠠᠰᠤ ᠴᠦ ᠡᠸᠤᠷᠦ᠋ᠫᠡ ᠠᠮᠧᠷᠢᠺᠠ ᠲᠢᠪ  ᠢᠶᠠᠷ ᠪᠤᠷᠤᠯᠠᠭᠤᠯᠤᠭᠳᠠᠵᠤ ᠭᠠᠳᠠᠭᠠᠳᠤ ᠳᠤ ᠠᠯᠳᠠᠷᠰᠢᠭᠰᠠᠨ ᠪᠠᠶᠢᠨ᠎ᠠ᠃
           ᠤᠯᠠᠭᠠᠨᠴᠠᠪ ᠤᠨ ᠪᠠᠶᠢᠭ᠎ᠠ ᠭᠠᠵᠠᠷ ᠦᠪᠦᠷ ᠮᠤᠩᠭᠤᠯ ᠤᠨ ᠰᠠᠷᠠᠭᠤᠯ ᠠᠭᠤᠳᠠᠮ ᠲᠠᠯ᠎ᠠ ᠨᠤᠲᠤᠭ ᠪᠣᠯ ᠪᠦᠬᠦ ᠤᠯᠤᠰ ᠤᠨ ᠦᠭᠡᠷ ᠬᠤᠨᠢᠨ ᠤ ᠠᠷᠠᠰᠤ ᠰᠢᠷᠢ ᠶᠢᠨ ᠬᠠᠮᠤᠭ ᠤᠨ ᠲᠤᠮᠤ ᠭᠠᠷᠤᠯᠳᠠ ᠶᠢᠨ ᠭᠠᠵᠠᠷ᠂ ᠬᠤᠶᠢᠨ᠎ᠠ ᠪᠠᠨ ᠮᠤᠩᠭᠤᠯ ᠤᠯᠤᠰ ᠤᠨ ᠰᠢᠯᠢᠳᠡᠭ ᠰᠠᠶᠢᠨ ᠶᠠᠰᠤ ᠴᠢᠨᠠᠷ ᠤᠨ ᠠᠷᠠᠰᠤ ᠰᠢᠷᠢ ᠨᠤᠤᠰᠤ ᠨᠤᠯᠤᠤᠷ ᠤᠨ ᠲᠦᠬᠦᠭᠡᠢ ᠮᠠᠲ᠋ᠧᠷᠢᠶᠠᠯ ᠤᠨ ᠭᠠᠷᠤᠯᠳᠠ ᠶᠢᠨ ᠤᠷᠤᠨ ᠲᠠᠢ ᠵᠠᠬᠠᠳᠤᠵᠤ᠂ ᠭᠠᠵᠠᠷ ᠳᠡᠭᠡᠷ᠎ᠡ ᠪᠠᠨ ᠭᠡᠭᠡᠨᠳᠠᠯ᠎ᠠ᠂ ᠬᠦᠢᠳᠡᠨ ᠰᠢᠯᠢ ᠵᠡᠷᠭᠡ ᠨᠡᠷᠡᠲᠦ ᠲᠠᠯ᠎ᠠ ᠨᠤᠲᠤᠭ ᠲᠠᠢ᠂ ᠵᠢᠯ ᠤᠨ ᠮᠠᠯ ᠤᠨ ᠪᠤᠰᠤᠭ᠎ᠠ ᠲᠤᠭ᠎ᠠ 910 ᠲᠦᠮᠡ ᠳᠤ ᠬᠦᠷᠴᠦ᠂ ᠮᠠᠯ ᠠᠵᠤ ᠠᠬᠤᠢ ᠪᠠ ᠠᠷᠠᠰᠤ ᠰᠢᠷᠢ ᠨᠤᠤᠰᠤ ᠨᠤᠯᠤᠤᠷ ᠤᠨ ᠬᠦᠭᠵᠢᠯᠳᠡ ᠶᠢᠨ ᠳᠠᠪᠠᠭᠤᠯᠢᠭ ᠲᠠᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠮᠦᠷᠲᠡᠢ ᠨᠢᠭᠡ ᠦᠶᠡᠰ ᠪᠦᠬᠦ ᠤᠷᠤᠨ ᠤ ᠠᠷᠠᠰᠤ ᠰᠢᠷᠢ ᠨᠤᠤᠰᠤ ᠨᠤᠯᠤᠤᠷ ᠤᠨ ᠠᠷᠠᠯᠵᠢᠶᠠᠨ ᠤ ᠬᠠᠮᠤᠭ ᠤᠨ ᠲᠤᠮᠤ ᠵᠠᠬ᠎ᠠ ᠳᠡᠯᠭᠡᠭᠦᠷ ᠪᠤᠯᠵᠤ᠂ ᠬᠤᠳᠠᠯᠳᠤᠭ᠎ᠠ ᠮᠠᠶᠢᠮᠠᠢ ᠪᠠᠷ ᠲᠦᠢᠯ ᠤᠨ ᠦᠷᠨᠢᠬᠦᠨ ᠪᠠᠶᠢᠪᠠ᠃      ᠤᠯᠠᠭᠠᠨᠴᠠᠪ ᠦᠪᠦᠷ ᠮᠤᠩᠭᠤᠯ ᠱᠠᠨ ᠰᠢ ᠾᠧᠪᠸᠢ ᠭᠤᠷᠪᠠᠨ ᠮᠤᠵᠢ ᠤᠷᠤᠨ ᠤ ᠠᠭᠤᠯᠵᠠᠷ ᠲᠤ ᠤᠷᠤᠰᠢᠵᠤ᠂ ᠦᠪᠡᠷᠲᠡᠭᠡᠨ ᠵᠠᠰᠠᠬᠤ ᠤᠷᠤᠨ ᠤ ᠵᠡᠬᠦᠨ ᠠᠴᠠ ᠤᠷᠤᠵᠤ ᠪᠠᠷᠠᠭᠤᠨᠰᠢ ᠭᠠᠷᠬᠤ ᠶᠢᠨ ︽ᠪᠠᠭᠠᠯᠵᠤᠤᠷ︾᠂ ᠤᠮᠠᠷᠠᠰᠢ ᠨᠡᠭᠡᠭᠡᠵᠦ ᠡᠮᠦᠨᠡᠰᠢ ᠬᠤᠯᠪᠤᠭᠠᠯᠠᠬᠤ ᠶᠢᠨ ︽ᠠᠭᠤᠯᠵᠠᠷ︾ ᠮᠥᠨ᠂ ᠤᠮᠠᠷᠠᠲᠤ ᠤᠷᠤᠨ᠂ ᠵᠡᠬᠦᠨ ᠬᠤᠶᠢᠲᠤ ᠤᠷᠤᠨ᠂ ᠪᠠᠷᠠᠭᠤᠨ ᠬᠤᠶᠢᠲᠤ ᠤᠷᠤᠨ ᠭᠤᠷᠪᠠᠨ ᠲᠤᠮᠤ ᠠᠵᠤ ᠠᠬᠤᠢ ᠶᠢᠨ ᠤᠷᠤᠨ ᠤ ᠵᠠᠮ ᠬᠠᠷᠢᠯᠴᠠᠭᠠᠨ ᠤ ᠬᠦᠢᠰᠦ᠂ ᠮᠥᠨ ᠴᠦ ᠮᠠᠨ ᠤ ᠤᠯᠤᠰ ᠤᠨ ᠮᠤᠩᠭᠤᠯ᠂ ᠤᠷᠤᠰ ᠪᠠ ᠵᠡᠬᠦᠨ ᠡᠸᠦᠷᠦ᠋ᠫᠡ ᠤᠨ ᠤᠯᠤᠰ ᠤᠳ ᠲᠤ ᠨᠡᠪᠲᠡᠷᠡᠬᠦ ᠶᠢᠨ ᠴᠢᠬᠤᠯᠠ ᠵᠠᠮ ᠨᠡᠪᠲᠡᠷᠡᠯᠭᠡ ᠮᠥᠨ᠃ ᠭᠠᠵᠠᠷ ᠳᠡᠭᠡᠷᠡᠬᠢ ᠦᠨᠳᠦᠷ ᠬᠤᠷᠳᠤᠴᠠᠲᠤ ᠵᠠᠰᠠᠮᠠᠯ ᠵᠠᠮ ᠤᠨ ᠠᠶᠠᠯᠠᠯ ᠨᠢ ᠪᠦᠬᠦ ᠤᠷᠤᠨ ᠤ ᠡᠮᠦᠨ᠎ᠡ ᠡᠩᠨᠡᠭᠡᠨ ᠳᠤ ᠤᠷᠤᠵᠤ᠂ ᠵᠠᠮ ᠤᠨ ᠲᠤᠤᠷ ᠰᠦᠯᠵᠢᠶᠡᠨ ᠤ ᠨᠢᠭᠳᠠᠴᠠ ᠪᠦᠬᠦ ᠤᠷᠤᠨ ᠤ ᠲᠡᠷᠢᠬᠦᠨ ᠳᠤ ᠤᠷᠤᠪᠠ᠃ ᠪᠡᠭᠡᠵᠢᠩ ᠬᠦᠭᠡᠬᠤᠲᠠ ᠶᠢᠨ ᠦᠨᠳᠦᠷ ᠬᠤᠷᠳᠤᠴᠠᠲᠤ ᠲᠡᠮᠦᠷ ᠵᠠᠮ 2019 ᠤᠨ ᠳᠤ ᠨᠡᠪᠲᠡᠷᠡᠬᠦ ᠪᠠᠷ ᠪᠠᠶᠢᠵᠤ᠂ ᠵᠢᠨᠢᠩ ᠳ᠋ᠠᠲ᠋ᠦ᠋ᠩ ᠤᠨ ᠦᠨᠳᠦᠷ ᠬᠤᠷᠳᠤᠴᠠᠲᠤ ᠲᠡᠮᠦᠷ ᠵᠠᠮ ᠤᠯᠤᠰ ᠤᠨ ᠳᠤᠮᠳᠠ ᠬᠤᠭᠤᠴᠠᠭᠠᠨ ᠤ ᠲᠡᠮᠦᠷ ᠵᠠᠮ ᠤᠨ ᠲᠤᠤᠷ ᠰᠦᠯᠵᠢᠶᠡᠨ ᠤ ᠲᠦᠯᠦᠪᠵᠢᠬᠦᠯᠭᠡ ᠳᠤ ᠤᠷᠤᠵᠤ᠂ ᠳᠤᠮᠳᠠᠳᠤ ᠡᠸᠦᠷᠦ᠋ᠫᠡ  ᠶᠢᠨ ᠵᠢᠰᠢᠶᠠᠨ ᠤ ᠭᠠᠯᠳᠤ ᠲᠡᠷᠭᠡ ᠶᠢᠨ ᠬᠦᠢᠰᠦ ᠵᠠᠩᠬᠢᠯᠠᠭ᠎ᠠ ᠶᠢᠨ ᠬᠤᠲᠠ ᠪᠠᠷ ᠠᠮᠵᠢᠯᠳᠠ ᠲᠠᠢ ᠵᠦᠪᠰᠢᠶᠡᠷᠡᠭᠳᠡᠵᠦ᠂ ᠵᠢᠨᠢᠩ ᠨᠢᠰᠭᠡᠯ ᠤᠨ ᠪᠠᠭᠤᠳᠠᠯ ᠢ ᠨᠡᠶᠢᠰᠯᠡᠯ ᠤᠨ ᠤᠯᠠᠨ ᠤᠯᠤᠰ ᠤᠨ ᠨᠢᠰᠭᠡᠯ ᠤᠨ ᠪᠠᠭᠤᠳᠠᠯ ᠤᠨ ᠪᠡᠯᠡᠳᠭᠡᠯ ᠪᠠᠭᠤᠬᠤ ᠪᠠ ᠠᠶᠠᠨᠴᠢᠳ ᠪᠠᠷᠠᠭᠠᠨ ᠤ ᠵᠦᠭᠡᠭᠡᠪᠦᠷᠢ ᠶᠢᠨ ᠬᠠᠮᠵᠢᠯᠴᠠᠭᠠᠨ ᠤ ᠨᠢᠰᠭᠡᠯ ᠤᠨ ᠳᠠᠯᠠᠪᠠᠢ ᠪᠤᠯᠭᠠᠬᠤ ᠪᠠᠷ ᠪᠠᠶᠢᠵᠤ᠂ ᠵᠢᠨᠢᠩ ᠪᠤᠭᠤᠮᠳᠠ ᠵᠦᠪᠰᠢᠶᠡᠷᠡᠭᠳᠡᠨ ᠰᠡᠷᠬᠦᠵᠦ᠂ ︽ᠬᠢᠯᠢ ᠨᠡᠪᠲᠡᠷᠡᠨ ᠭᠠᠳᠠᠭᠠᠳᠤ ᠳᠤ ᠬᠦᠷᠬᠦ︾ ᠪᠤᠱᠤᠭ᠎ᠠ ᠂ ᠶᠡᠷᠦᠩᠭᠡᠶᠢᠯᠡᠭᠰᠡᠨ ᠵᠠᠮ ᠬᠠᠷᠢᠯᠴᠠᠭᠠᠨ ᠤ ᠵᠦᠭᠡᠭᠡᠪᠦᠷᠢ ᠶᠢᠨ ᠰᠢᠰᠲ᠋ᠧᠮᠵᠢ ᠤᠯᠠᠮ ᠪᠦᠷᠢᠨᠰᠢᠵᠦ᠂ ᠤᠯᠠᠭᠠᠨᠴᠠᠪ ᠤᠨ ᠠᠷᠠᠰᠤ ᠰᠢᠷᠢ ᠶᠢᠨ ᠠᠷᠠᠯᠵᠢᠶᠠᠨ ᠳᠤ ᠠᠰᠢᠭᠳᠠᠢ ᠨᠦᠬᠦᠴᠡᠯ ᠪᠦᠷᠢᠯᠳᠦᠬᠦᠯᠪᠡ᠃      ᠤᠷᠴᠢᠮ ᠤᠨ ᠵᠢᠯ ᠤᠳ ᠠᠴᠠ ᠨᠠᠰᠢ᠂ ᠤᠯᠠᠭᠠᠨᠴᠠᠪ ᠠᠴᠠ ᠪᠡᠭᠡᠵᠢᠩ ᠲᠢᠶᠠᠨᠵᠢᠨ ᠾᠧᠪᠸᠢ ᠶᠢ ᠨᠢᠭᠡ ᠴᠤᠭᠴᠠᠵᠢᠭᠤᠯᠤᠭᠰᠠᠨ ᠬᠦᠭᠵᠢᠬᠦᠯᠦᠯᠳᠡ ᠪᠠ ᠠᠷᠠᠰᠤ ᠰᠢᠷᠢ ᠶᠢᠨ ᠠᠵᠤ ᠦᠢᠯᠡᠰ ᠢ ᠤᠮᠠᠷᠠᠰᠢ ᠰᠢᠯᠵᠢᠬᠦᠯᠬᠦ ᠠᠵᠠ ᠲᠤᠬᠢᠶᠠᠯ ᠢ ᠵᠠᠪᠳᠤᠵᠤ᠂ ︽ᠠᠷᠠᠰᠤ ᠰᠢᠷᠢ ᠶᠢᠨ ᠠᠷᠠᠯᠵᠢᠶᠠᠨ ᠤ ᠲᠦᠪ ᠪᠠᠶᠢᠭᠤᠯᠵᠤ᠂ ︿ᠤᠮᠠᠷᠠᠲᠤ ᠶᠢᠨ ᠬᠠᠢ ᠨᠢᠩ ﹀ ᠢ ᠴᠤᠭᠴᠠᠯᠠᠬᠤ︾ ᠠᠵᠤ ᠠᠬᠤᠢ ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠲᠤᠭᠳᠠᠭᠠᠵᠤ᠂ ᠤᠤᠯ ᠤᠨ ᠠᠵᠤ ᠦᠢᠯᠡᠰ ᠤᠨ ᠰᠠᠭᠤᠷᠢᠨ ᠳᠤ ᠰᠠᠭᠤᠷᠢᠯᠠᠵᠤ᠂ ᠤᠷᠤᠨ ᠪᠠᠶᠢᠷᠢ ᠵᠠᠮ ᠬᠠᠷᠢᠯᠴᠠᠭᠠᠨ ᠤ ᠳᠠᠪᠠᠭᠤᠯᠢᠭ ᠢᠶᠠᠨ ᠪᠠᠳᠠᠷᠠᠭᠤᠯᠵᠤ᠂ ᠠᠷᠠᠰᠤ ᠰᠢᠷᠢ ᠶᠢᠨ ᠠᠵᠤ ᠦᠢᠯᠡᠰ ᠢ ᠭᠤᠤᠯᠳᠠᠯᠭ᠎ᠠ ᠲᠠᠢ ᠳᠡᠳᠬᠦᠬᠦ ᠤᠯᠠᠮᠵᠢᠯᠠᠯᠲᠤ ᠤᠨᠴᠠᠯᠢᠭᠲᠤ ᠠᠵᠤ ᠦᠢᠯᠡᠰ ᠪᠠ ᠠᠷᠠᠳ ᠲᠤ ᠠᠰᠢᠭ ᠬᠦᠷᠲᠡᠭᠡᠵᠦ ᠠᠷᠠᠳ ᠢ ᠪᠠᠶᠠᠵᠢᠭᠤᠯᠬᠤ ᠢᠨᠵᠧᠨᠧᠷᠢᠩ ᠪᠤᠯᠭᠠᠵᠤ᠂ ᠴᠦᠬᠦᠷᠡᠯ ᠦᠭᠡᠢ ᠪᠤᠶᠢᠵᠢᠭᠤᠯᠤᠯᠲᠠ ᠪᠠ ᠴᠤᠭᠴᠠᠯᠠᠯᠲᠠ ᠬᠢᠵᠦ᠂ ᠠᠵᠤ ᠦᠢᠯᠡᠰ ᠤᠨ ᠠᠵᠢᠯᠴᠢᠨ ᠤ ᠪᠤᠯᠪᠠᠰᠤᠷᠠᠭᠤᠯᠤᠯ ᠠᠴᠠ ᠮᠦᠩᠬᠦᠨ ᠬᠦᠢᠯᠭᠡᠭᠡᠨ ᠤ ᠦᠢᠯᠡᠴᠢᠯᠡᠭᠡᠨ ᠤ ᠢᠵᠢ ᠪᠦᠷᠢᠳᠦᠭᠦᠯᠦᠯᠳᠡ ᠵᠡᠷᠭᠡ ᠬᠦᠷᠲᠡᠯ᠎ᠡ ᠲᠦᠷᠦ ᠶᠢᠨ ᠪᠤᠳᠤᠯᠭ᠎ᠠ ᠤᠳ ᠭᠠᠷᠭᠠᠵᠤ᠂ ᠨᠢᠭᠡ ᠦᠶ᠎ᠡ ᠭᠡᠷᠡᠯ ᠬᠢᠯᠪᠠᠭ᠎ᠠ ᠰᠠᠴᠤᠷᠠᠭᠰᠠᠨ ᠠᠷᠠᠰᠤ ᠰᠢᠷᠢ ᠶᠢᠨ ᠠᠵᠤ ᠦᠢᠯᠡᠰ ᠪᠠᠰᠠ ᠰᠢᠨ᠎ᠡ ᠠᠮᠢᠵᠢᠷᠠᠯ ᠲᠠᠢ ᠪᠤᠯᠵᠤ᠂ ᠦᠷᠨᠢᠨ ᠬᠦᠭᠵᠢᠯᠳᠡ ᠶᠢᠨ ᠬᠤᠶᠠᠳᠤᠭᠠᠷ ᠬᠠᠪᠤᠷ ᠢᠶᠠᠨ ᠤᠭᠳᠤᠨ ᠠᠪᠴᠢᠷᠠᠭᠰᠠᠨ ᠪᠠᠶᠢᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2