ᠳᠤᠮᠳᠠᠳᠤ ᠣᠯᠣᠰ ᠤᠨ ᠲᠠᠯ᠎ᠠ ᠨᠤᠲᠤᠭ ᠤᠨ ᠵᠤᠰᠠᠯᠠᠩ ᠤᠨ ᠲᠦᠪ
ᠨᠡᠶᠢᠲᠡᠯᠡᠭᠰᠡᠨ ᠴᠠᠭ᠄
2017/8/1
     ᠤᠯᠠᠭᠠᠨᠴᠠᠪ ᠤᠨ ᠵᠢᠯ ᠤᠨ ᠳᠤᠮᠳᠠᠴᠢ ᠲᠤᠯᠠᠭᠠᠨ ᠬᠡᠮᠵᠢᠶ᠎ᠡ 4.3℃᠂ ᠵᠤᠨ ᠤ ᠳᠤᠮᠳᠠᠴᠢ ᠲᠤᠯᠠᠭᠠᠨ ᠤ ᠬᠡᠮᠵᠢᠶ᠎ᠡ ᠵᠦᠪᠭᠡᠨ 18.8℃᠂ ᠪᠡᠭᠡᠵᠢᠩ᠂ ᠲᠢᠶᠠᠨᠵᠢᠨ ᠠᠴᠠ 10℃ ᠤᠨ ᠤᠷᠴᠢᠮ ᠳᠤᠤᠷ᠎ᠠ᠂ ᠬᠠᠯᠠᠭᠤᠨ ᠵᠤᠨ  ᠨᠢ ᠨᠠᠮᠤᠷ ᠲᠠᠢ ᠠᠳᠠᠯᠢ᠂ ᠲᠤᠩᠭᠠᠯᠠᠭ ᠰᠡᠷᠢᠬᠦᠨ᠂ ᠤᠯᠤᠰ ᠤᠨ ᠳᠡᠰ ᠤᠨ ᠵᠤᠰᠠᠬᠤ ᠳᠤ ᠳᠠᠭᠠᠯᠠᠮᠵᠢᠳᠠᠢ ᠠᠭᠤᠷ ᠠᠮᠢᠰᠬᠤᠯ ᠤᠨ ᠤᠷᠤᠨ ᠪᠠᠶᠢᠵᠤ᠂ ᠪᠦᠬᠦ ᠬᠤᠲᠠ ᠶᠢᠨ ᠨᠤᠭᠤᠭᠠᠷᠠᠭᠤᠯᠤᠯᠲᠠ ᠶᠢᠨ ᠬᠤᠴᠢᠯᠳᠠ ᠶᠢᠨ ᠨᠤᠷᠮ᠎ᠠ 40%  ᠠᠴᠠ ᠳᠡᠭᠡᠭᠰᠢ᠂ ᠠᠭᠠᠷ ᠤᠨ ᠵᠢᠭᠠᠯᠳᠠ ᠲᠤᠭᠠᠨ ᠤ ᠰᠠᠶᠢᠬᠠᠨ ᠡᠳᠦᠷ 350 ᠡᠳᠦᠷ ᠠᠴᠠ ᠳᠡᠭᠡᠭᠰᠢ᠂ 2016 ᠤᠨ ᠳᠤ ᠤᠯᠤᠰ ᠤᠨ ᠳᠡᠰ ᠤᠨ ᠴᠡᠴᠡᠷᠯᠢᠭᠲᠦ ᠬᠤᠲᠠ ᠶᠢ ᠠᠮᠵᠢᠯᠳᠠ ᠲᠠᠢ ᠴᠤᠭᠴᠠᠯᠠᠵᠤ᠂ ᠪᠡᠭᠡᠵᠢᠩ ᠲᠢᠶᠠᠨᠵᠢᠨ ᠤ ᠬᠦᠷᠰᠢ ᠵᠡᠷᠭᠡᠯᠡᠳᠡᠭᠡ ᠰᠡᠷᠢᠬᠦᠴᠡᠨ ᠵᠤᠰᠠᠵᠤ ᠪᠤᠬᠢᠷ ᠮᠠᠨᠠᠨ ᠠᠴᠠ ᠬᠤᠯᠠᠳᠠᠬᠤ ᠶᠢᠨ ᠰᠠᠶᠢᠬᠠᠨ ᠭᠠᠵᠠᠷ ᠮᠥᠨ᠃ 2014 ᠤᠨ ᠤ 10 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠴᠠᠭ ᠠᠭᠤᠷ ᠤᠨ ᠨᠡᠶᠢᠭᠡᠮᠯᠢᠭ ᠨᠢ ᠪᠡᠭᠡᠵᠢᠩ ᠳᠤ ᠲᠤᠰᠬᠠᠢ ᠰᠡᠳᠦᠪ ᠤᠨ ᠬᠢᠨᠠᠨ ᠲᠤᠭᠳᠠᠭᠠᠬᠤ ᠬᠤᠷᠠᠯ ᠬᠤᠷᠠᠯᠳᠤᠵᠤ᠂ ᠮᠠᠨ ᠤ ᠬᠤᠲᠠ ᠶᠢ ︽ᠤᠯᠠᠭᠠᠨᠴᠠᠪ᠂ ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠲᠦᠪ︾ ᠭᠡᠮᠡᠨ ᠬᠢᠨᠠᠨ ᠲᠤᠭᠳᠠᠭᠠᠵᠤ ᠵᠢᠩᠬᠢᠨᠢ ᠪᠠᠷ ᠨᠡᠷᠡᠶᠢᠳᠴᠦ᠂ ᠳᠤᠮᠳᠠᠳᠤ ᠤᠯᠤᠰ ᠤᠨ ᠤᠮᠠᠷᠠᠲᠤ ᠤᠷᠤᠨ ᠤ ᠴᠤᠷ ᠤᠨ ᠭᠠᠭᠴᠠ ᠲᠤᠰ ᠢᠷᠠᠭᠤ ᠠᠯᠳᠠᠷ ᠢ ᠤᠯᠤᠭᠰᠠᠨ ᠬᠤᠲᠠ ᠪᠤᠯᠪᠠ᠃      ᠪᠡᠭᠡᠵᠢᠩ ᠪᠠᠷᠠᠭᠤᠨᠰᠢ ᠨᠢᠭᠡ ᠠᠯᠬᠤᠪᠠᠯ ᠳᠠᠷᠤᠢ ᠤᠯᠠᠭᠠᠨᠴᠠᠪ ᠲᠤ ᠤᠷᠤᠨ᠎ᠠ᠂ ᠲᠡᠦᠭᠡᠨ ᠳᠡᠭᠡᠷ᠎ᠡ ᠤᠯᠠᠭᠠᠨᠴᠠᠪ ᠪᠣᠯ ᠲᠦᠮᠡᠨ ᠭᠠᠵᠠᠷ ᠤᠨ ᠴᠠᠢ ᠶᠢᠨ ᠵᠠᠮ᠂ ᠲᠠᠯ᠎ᠠ ᠨᠤᠲᠤᠭ ᠤᠨ ᠲᠤᠷᠭᠠᠨ ᠵᠠᠮ ᠤᠨ ᠬᠤᠳᠠᠯᠳᠤᠭ᠎ᠠ ᠠᠷᠠᠯᠵᠢᠶᠠᠨ ᠤ ᠴᠢᠬᠤᠯᠠ ᠴᠢᠭ᠋ ᠪᠠᠶᠢᠭᠰᠠᠨ᠂ ᠦᠨᠦ ᠨᠠᠩ ᠴᠦ ᠳᠤᠮᠳᠠᠳᠤ ᠤᠷᠤᠰ ᠮᠤᠩᠭᠤᠯ ᠤᠨ ᠠᠵᠤ ᠠᠬᠤᠢ ᠶᠢᠨ ᠬᠤᠩᠬᠢᠯ ᠪᠠ ᠳᠤᠮᠳᠠᠳᠤ ᠡᠸᠦᠷᠦ᠋ᠫᠡ ᠶᠢᠨ ᠵᠢᠰᠢᠶᠠᠨ ᠤ ᠭᠠᠯᠳᠤ ᠲᠡᠷᠭᠡᠨ ᠤ ᠴᠤᠷ ᠤᠨ ᠭᠠᠭᠴᠠ ᠮᠤᠵᠢ ᠶᠢᠨ ᠲᠦᠪ ᠤᠨ ᠪᠤᠰᠤ ᠵᠠᠩᠬᠢᠯᠠᠭ᠎ᠠ ᠶᠢᠨ ᠴᠢᠭ ᠪᠤᠯᠪᠠ᠃ ᠠᠳᠡ ᠠᠴᠠ ᠪᠡᠭᠡᠵᠢᠩ ᠬᠦᠷᠬᠦ ᠳᠤ ᠵᠦᠪᠭᠡᠨ 240 ᠺᠢᠯᠤᠮᠧᠲᠷ᠂ ᠦᠪᠦᠷ ᠮᠤᠩᠭᠤᠯ ᠤᠨ ᠪᠡᠭᠡᠵᠢᠩ ᠠᠴᠠ ᠬᠠᠮᠤᠭ ᠤᠨ ᠤᠶᠢᠷ᠎ᠠ ᠬᠤᠲᠠ᠂ ᠮᠠᠰᠢᠨ ᠲᠡᠷᠭᠡ ᠪᠠᠷ ᠭᠤᠷᠪᠠᠨ ᠴᠠᠭ᠂ ᠦᠨᠳᠦᠷ ᠬᠤᠷᠳᠤᠴᠠᠲᠤ ᠭᠠᠯᠲᠤ ᠲᠡᠷᠭᠡ ᠪᠠᠷ ᠨᠢᠭᠡ ᠴᠠᠭ᠂ ᠨᠢᠰᠭᠡᠯ ᠢᠶᠠᠷ ᠬᠠᠭᠠᠰ ᠴᠠᠭ ᠠᠶᠠᠯᠠᠪᠠᠯ ᠳᠠᠷᠤᠢ ᠨᠡᠶᠢᠰᠯᠡᠯ ᠤᠨ ᠬᠦᠷᠰᠢ ᠵᠡᠷᠭᠡᠯᠡᠳᠡᠭᠡ ᠪᠠᠶᠢᠬᠤ ᠬᠠᠮᠤᠭ ᠤᠨ ᠭᠤᠶᠤ ᠪᠠᠶᠢᠭᠠᠯᠢ ᠶᠢᠨ ᠲᠠᠯ᠎ᠠ ᠨᠤᠲᠤᠭ ᠲᠤ ᠬᠦᠷᠴᠦ ᠤᠴᠢᠨ᠎ᠠ᠃

 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2