ᠡᠳ᠋ ᠪᠠᠷᠠᠭᠠᠨ ᠤ ᠬᠦᠢᠯᠭᠡᠭᠡᠨ ᠤ ᠲᠦᠪ
ᠨᠡᠶᠢᠲᠡᠯᠡᠭᠰᠡᠨ ᠴᠠᠭ᠄
2017/8/1
     ᠤᠷᠴᠢᠮ ᠤᠨ ᠵᠢᠯ ᠤᠳ ᠠᠴᠠ ᠨᠠᠰᠢ᠂ ᠤᠯᠠᠭᠠᠨᠴᠠᠪ ᠬᠤᠲᠠ ᠤᠯᠤᠰ ᠤᠨ ᠰᠢᠨ᠎ᠡ ᠨᠢᠭᠡ ᠡᠭᠡᠯᠵᠢ ᠶᠢᠨ ᠪᠠᠷᠠᠭᠤᠨ ᠤᠷᠤᠨ ᠢ ᠶᠡᠬᠡᠪᠡᠷ ᠨᠡᠭᠡᠭᠡᠨ ᠬᠦᠭᠵᠢᠬᠦᠯᠬᠦ ᠡᠳ᠋ ᠪᠠᠷᠠᠭᠠᠨ ᠤ ᠬᠦᠢᠯᠭᠡᠭᠡᠨ ᠤ ᠦᠢᠯᠡᠰ ᠢᠶᠠᠷ ᠮᠠᠨᠳᠤᠭᠤᠯᠬᠤ ᠪᠠ ᠲᠤᠬᠢᠷᠠᠭᠤᠯᠬᠤ ᠠᠵᠠ ᠳᠤᠬᠢᠶᠠᠯ ᠢ ᠵᠠᠪᠳᠤᠵᠤ᠂ ᠤᠳᠤ ᠦᠶ᠎ᠡ ᠶᠢᠨ ᠡᠳ᠋ ᠪᠠᠷᠠᠭᠠᠨ ᠤ ᠬᠦᠢᠯᠭᠡᠭᠡ ᠶᠢ ᠦᠢᠯᠡᠴᠢᠯᠡᠭᠡᠨ ᠤ ᠦᠢᠯᠡᠰ ᠤᠨ ᠬᠤᠰᠢᠭᠤᠴᠢ ᠠᠵᠤ ᠦᠢᠯᠡᠰ ᠪᠤᠯᠭᠠᠵᠤ᠂ ᠦᠪᠡᠷᠳᠡᠬᠡᠨ ᠵᠠᠰᠠᠬᠤ ᠤᠷᠤᠨ ᠤ ᠤᠳᠤ ᠦᠶ᠎ᠡ ᠶᠢᠨ ᠡᠳ᠋ ᠪᠠᠷᠭᠠᠨ ᠤ ᠬᠦᠢᠯᠭᠡᠭᠡᠨ ᠤ ᠦᠢᠯᠡᠰ ᠤᠨ ᠦᠭᠡᠷᠡᠴᠢᠯᠡᠯᠲᠡ ᠶᠢᠨ ᠰᠢᠨ᠎ᠡ ᠡᠭᠦᠳᠬᠦ ᠲᠤᠷᠰᠢᠯᠳᠡ ᠶᠢᠨ ᠴᠡᠭ ᠤᠨ ᠭᠠᠵᠠᠷ ᠤᠷᠤᠨ᠂ ᠰᠢ ᠶᠢᠨ ᠫᠢᠩ ᠶᠡᠷᠦᠩᠭᠡᠢ ᠱᠦᠵᠢ ᠦᠪᠦᠷ ᠮᠤᠩᠭᠤᠯ ᠢ ᠰᠢᠯᠭᠠᠨ ᠪᠠᠶᠢᠴᠠᠭᠠᠭᠰᠠᠨ  ︽ᠦᠨᠳᠦᠷ ᠲᠤ ᠵᠤᠭᠰᠤᠨ ᠠᠯᠤᠰ ᠢ ᠪᠠᠷᠠᠭᠠᠯᠠᠬᠤ︾ ︽ᠭᠤᠷᠪᠠᠨ ᠤᠭᠰᠤᠷᠠᠵᠤ ᠭᠠᠷᠬᠤ︾ ᠵᠢᠭᠠᠪᠤᠷᠢ ᠶᠢ ᠡᠷᠡᠰ ᠲᠤᠤᠱᠯᠠᠭᠤᠯᠵᠤ᠂ ᠪᠡᠭᠡᠵᠢᠩ ᠲᠢᠶᠠᠨᠵᠢᠨ ᠾᠧᠪᠸᠢ ᠲᠠᠢ ᠰᠠᠨᠠᠭᠠᠴᠢᠯᠠᠭ᠎ᠠ ᠠᠴᠠ ᠪᠠᠨ ᠠᠭᠤᠰᠤᠯᠳᠤᠭᠤᠯᠵᠤ᠂ ᠦᠪᠦᠷ ᠮᠤᠩᠭᠤᠯ ᠱᠠᠨ ᠰᠢ ᠾᠧᠪᠸᠢ ︵ᠤᠯᠠᠭᠠᠨᠴᠠᠪ ᠴᠢᠭᠤᠯᠤᠯᠲᠤ ᠬᠠᠭᠠᠯᠭ᠎ᠠ︶ ᠶᠢᠨ ᠤᠷᠲᠤ ᠴᠠᠭᠠᠨ ᠬᠡᠷᠡᠮ ᠤᠨ ᠠᠯᠳᠠᠨ ᠭᠤᠷᠪᠠᠯᠵᠢᠨ ᠤ ᠬᠠᠮᠲᠤᠷᠠᠯᠴᠠᠭᠠᠨ ᠤ ᠤᠷᠤᠨ ᠢ ᠴᠤᠭᠴᠠᠯᠠᠵᠤ᠂ ᠡᠳ᠋ ᠪᠠᠷᠠᠭᠠᠨ ᠤ ᠲᠤᠮᠤ ᠭᠦᠢᠯᠭᠡᠭᠡ᠂ ︽ᠡᠳ᠋ ᠪᠠᠷᠠᠭᠠᠨ ᠤ ᠭᠦᠢᠯᠭᠡᠭᠡ +︾ ᠢ ᠬᠦᠴᠦ ᠲᠠᠯᠪᠢᠨ ᠳᠠᠯᠪᠢᠵᠤ᠂ ᠠᠯᠢ ᠤᠯᠠᠨ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠭᠠᠷᠭᠠᠵᠤ᠂ ᠬᠤᠳᠠᠯᠳᠤᠭᠠᠴᠢᠨ ᠤᠷᠢᠬᠤ ᠶᠢᠨ ᠬᠠᠷᠠᠭᠠᠯᠵᠠᠯ ᠤᠨ ᠨᠦᠬᠦᠴᠡᠯ ᠢ ᠳᠤᠳᠤᠷᠬᠠᠶᠢᠯᠠᠵᠤ᠂ ᠤᠷᠤᠨ ᠪᠦᠰᠡ ᠶᠢᠨ ᠴᠢᠨᠠᠷ ᠪᠦᠬᠦᠢ ᠡᠳ᠋ ᠪᠠᠷᠠᠭᠠᠨ ᠤ ᠭᠦᠢᠯᠭᠡᠭᠡᠨ ᠤ ᠲᠦᠪ ᠢ ᠴᠤᠭᠴᠠᠯᠠᠵᠤ᠂ ᠮᠡᠳᠡᠭᠳᠡᠬᠦᠶᠢᠴᠡ ᠦᠷ᠎ᠡ ᠪᠦᠲᠦᠭᠡᠯ ᠤᠯᠪᠠ᠃      ᠤᠯᠠᠭᠠᠨᠴᠠᠪ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠭᠠᠨ ᠤ ᠬᠦᠭᠵᠢᠯᠳᠡ ᠶᠢᠨ ᠠᠵᠠ ᠲᠤᠬᠢᠶᠠᠯ ᠢ ᠠᠳᠬᠤᠵᠤ᠂ ᠡᠮᠦᠨᠡᠬᠢ ᠪᠡᠭᠡᠵᠢᠩ ᠲᠢᠶᠠᠨᠵᠢᠨ ᠾᠧᠪᠸᠢ ᠱᠠᠨ ᠰᠢ ᠲᠠᠢ ᠵᠠᠯᠭᠠᠵᠤ᠂ ᠤᠮᠠᠷᠠᠰᠢ ᠤᠷᠤᠰ᠂ ᠮᠤᠩᠭᠤᠯ  ᠲᠠᠢ ᠬᠤᠯᠪᠤᠵᠤ᠂ ᠪᠠᠷᠠᠭᠤᠨᠰᠢ ᠬᠦᠬᠡᠬᠤᠲᠠ ᠪᠤᠭᠤᠲᠤ ᠤᠷᠳᠤᠰ᠂ ᠵᠡᠬᠦᠨᠰᠢ ᠦᠪᠦᠷ ᠮᠤᠩᠭᠤᠯ ᠤᠨ ᠵᠡᠬᠦᠨ ᠤᠷᠤᠨ  ᠲᠠᠢ ᠵᠠᠯᠭᠠᠬᠤ ᠳᠤ ᠲᠦᠰᠢᠭᠯᠡᠨ᠂ ᠤᠷᠳᠤᠰ ᠳ᠋ᠠᠲ᠋ᠦ᠋ᠩ᠂ ᠰᠢᠯᠢ ᠤᠨ ᠭᠤᠤᠯ᠂ ᠮᠤᠩᠭᠤᠯ ᠵᠡᠷᠭᠡ ᠭᠠᠵᠠᠷ ᠤᠷᠤᠨ ᠤ ᠨᠡᠬᠦᠷᠡᠰᠦᠨ ᠤ ᠡᠬᠢ ᠪᠠᠶᠠᠯᠢᠭ ᠤᠨ ᠤᠷᠤᠨ ᠪᠠᠶᠢᠷᠢ ᠶᠢᠨ ᠳᠠᠪᠠᠭᠤᠯᠢᠭ ᠢ ᠨᠡᠶᠢᠯᠡᠬᠦᠯᠵᠦ᠂ ᠭᠠᠵᠠᠷ ᠡᠵᠡᠯᠡᠭᠰᠡᠨ ᠳᠠᠯᠠᠪᠠᠢ 100 ᠳᠡᠭᠰᠢ ᠲᠦᠷᠪᠡᠯᠵᠢᠨ ᠺᠢᠯᠤᠮᠧᠲᠷ ᠤᠨ ᠮᠢᠶᠤᠤ ᠯᠢᠶᠠᠩ ᠤᠨ ᠡᠳ᠋ ᠪᠠᠷᠠᠭᠠᠨ ᠤ ᠬᠦᠷᠢᠶᠠᠯᠠᠩ ᠲᠤᠭᠤᠷᠢᠭ ᠢ ᠪᠠᠶᠢᠭᠤᠯᠪᠠ᠃ 2016 ᠤᠨ ᠳᠤ᠂ ᠲᠢᠶᠠᠨᠵᠢᠨ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ  ᠤ ᠬᠡᠯᠡᠯᠴᠡᠭᠡᠷ ᠲᠤ ᠭᠠᠷ ᠤᠨ ᠵᠢᠷᠤᠵᠤ᠂ ᠼᠣᠣ ᠹᠸᠢ ᠳ᠋ᠢᠶᠠᠨ᠂ ᠴᠢᠨ ᠬᠤᠸᠠᠩ ᠳ᠋ᠣᠣ ᠠᠷᠠᠯ ᠵᠡᠷᠭᠡ ᠭᠠᠷᠠᠮ ᠲᠠᠢ ᠬᠦᠨᠵᠡᠭᠡᠢ ᠵᠠᠯᠭᠠᠯᠳᠤᠵᠤ᠂ ᠵᠠᠰᠠᠮᠠᠯ ᠵᠠᠮ ᠲᠡᠮᠦᠷ ᠵᠠᠮ ᠤᠰᠤᠨ ᠵᠠᠮ ᠢᠶᠠᠷ ᠬᠤᠯᠪᠤᠭᠠᠯᠠᠨ ᠵᠦᠭᠡᠭᠡᠪᠦᠷᠢᠯᠡᠬᠦ ᠲᠦᠯᠦᠪ ᠪᠠᠶᠢᠳᠠᠯ ᠢ ᠠᠭᠠᠵᠢᠮ ᠢᠶᠠᠷ ᠪᠦᠷᠢᠯᠳᠦᠬᠦᠯᠪᠡ᠃ ᠦᠨᠦ ᠬᠦᠷᠢᠶᠠᠯᠠᠩ ᠲᠤᠭᠤᠷᠢᠭ ᠨᠢᠭᠡᠨᠳᠡ ᠪᠡᠯᠡ ᠤᠷᠤᠭᠤᠯᠤᠯᠲᠠ 300 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠳᠤᠳᠤᠭᠠᠳᠤ ᠲᠤᠤᠷᠴᠢᠯᠳᠠ ᠶᠢᠨ ᠵᠠᠰᠠᠮᠠᠯ ᠵᠠᠮ 126 ᠺᠢᠯᠤᠮᠧᠲᠷ᠂ ᠲᠡᠮᠦᠷ ᠵᠠᠮ 88 ᠺᠢᠯᠤᠮᠧᠲᠷ ᠪᠠᠶᠢᠭᠤᠯᠵᠤ᠂ ᠡᠷᠬᠢᠯᠳᠦᠬᠦᠯᠦᠨ ᠡᠵᠡᠩᠨᠡᠵᠦ ᠪᠠᠶᠢᠭ᠎ᠠ ᠠᠵᠤ ᠦᠢᠯᠡᠰ 92 ᠪᠤᠢ᠃ 2016 ᠤᠨ ᠤ ᠨᠡᠭᠦᠷᠡᠰᠦᠨ ᠤ ᠵᠦᠭᠡᠭᠡᠪᠦᠷᠢᠯᠡᠨ ᠪᠤᠷᠤᠯᠠᠭᠤᠯᠤᠯᠲᠠ 1532 ᠲᠦᠮᠡᠨ ᠲᠤᠨ ᠪᠠᠶᠢᠵᠤ᠂ 2017 ᠤᠨ ᠳᠤ 2000 ᠲᠦᠮᠡᠨ ᠲᠤᠨ ᠢ ᠰᠢᠪᠲᠤᠯᠬᠤ ᠪᠠᠷ ᠴᠢᠷᠮᠠᠶᠢᠵᠤ᠂ ᠲᠦᠰᠦᠪᠯᠡᠭᠰᠡᠨ ᠢᠶᠠᠷ ︽ᠠᠷᠪᠠᠨ ᠭᠤᠷᠪᠠᠳᠤᠭᠠᠷ ᠲᠠᠪᠤᠨ ᠵᠢᠯ︾ ᠤᠨ ᠰᠡᠭᠦᠯᠴᠢ ᠪᠤᠯᠬᠤ ᠳᠤ᠂ ᠵᠢᠯ ᠤᠨ ᠤᠷᠤᠭᠤᠯᠵᠤ ᠭᠠᠷᠭᠠᠬᠤ ᠴᠢᠳᠠᠪᠤᠷᠢ ᠶᠢ ᠳ᠋ᠦᠩᠰᠢᠭᠤᠷ ᠲᠤᠨ ᠳᠤ ᠬᠦᠷᠭᠡᠬᠦ ᠪᠠᠷ ᠪᠠᠶᠢᠨ᠎ᠠ᠃
     ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠠᠳᠬᠤᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠬᠦᠢᠰᠦ ᠵᠠᠩᠬᠢᠯᠠᠭ᠎ᠠ ᠶᠢᠨ ᠴᠢᠭ ᠤᠨ ᠬᠤᠲᠠ ᠪᠠᠷ ᠲᠤᠭᠳᠠᠭᠠᠭᠳᠠᠭᠰᠠᠨ ᠳᠠᠭᠠᠨ ᠲᠦᠰᠢᠭᠯᠡᠵᠦ᠂ ᠦᠨᠳᠦᠷ ᠬᠤᠷᠳᠤᠴᠠᠲᠤ ᠲᠡᠮᠦᠷ ᠵᠠᠮ᠂ ᠨᠢᠰᠭᠡᠯ᠂ ᠪᠤᠭᠤᠮᠳᠠ ᠪᠠᠷ ᠪᠦᠷᠢᠯᠳᠦᠭᠰᠡᠨ ᠰᠢᠨ᠎ᠡ ᠳᠠᠪᠠᠭᠤᠯᠢᠭ ᠲᠠᠢ ᠪᠠᠨ ᠤᠶᠠᠯᠳᠤᠭᠤᠯᠵᠤ᠂ ᠡᠵᠡᠯᠡᠭᠰᠡᠨ ᠭᠠᠵᠠᠷ 90 ᠳᠡᠭᠰᠢ ᠲᠦᠷᠪᠡᠯᠵᠢᠨ ᠺᠢᠯᠤᠮᠧᠲᠷ ᠤᠨ ᠵᠢᠨᠢᠩ ᠤᠨ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠤᠭᠤᠷᠢᠭ ᠢ ᠪᠠᠶᠢᠭᠤᠯᠵᠤ᠂ ᠶᠡᠷᠦᠩᠭᠡᠢ ᠲᠤᠭᠤᠷᠢᠭ ᠨᠢ ᠭᠤᠤᠯᠳᠠᠭᠤ ᠶᠡᠷᠦᠩᠭᠡᠢ ᠵᠠᠬᠢᠷᠭ᠎ᠠ ᠶᠢᠨ ᠠᠵᠤ ᠠᠬᠤᠢ᠂ ᠬᠤᠷᠠᠯ ᠦᠵᠡᠰᠭᠦᠯᠠᠩ ᠤᠨ ᠠᠵᠤ ᠠᠬᠤᠢ᠂ ᠰᠤᠷᠠᠭ ᠵᠠᠩᠬᠢ ᠶᠢᠨ ᠦᠢᠯᠡᠴᠢᠯᠡᠭᠡ᠂ ᠭᠠᠳᠠᠭᠠᠳᠤ ᠠᠷᠠᠯᠵᠢᠶᠠᠨ ᠤ ᠲᠠᠰᠤᠯᠤᠨ ᠪᠤᠳᠤᠯᠳᠠ ᠪᠠ ᠠᠷᠠᠰᠤᠨ ᠡᠳ᠋ᠯᠡᠯ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠲᠡᠷᠭᠡᠨ ᠤ ᠲᠤᠰᠬᠠᠢ ᠵᠠᠬ᠎ᠠ ᠳᠡᠯᠭᠡᠭᠦᠷ ᠢᠶᠠᠷ ᠭᠤᠤᠯ ᠴᠤᠭᠴᠠ ᠪᠤᠯᠭᠠᠭᠰᠠᠨ ᠡᠳ᠋ ᠪᠠᠷᠠᠭᠠᠨ ᠤ ᠭᠦᠢᠯᠭᠡᠭᠡᠨ ᠤ ᠲᠦᠪᠯᠡᠷᠡᠬᠦᠯᠵᠦ ᠲᠠᠷᠬᠠᠭᠠᠬᠤ ᠲᠦᠪ  ᠢ ᠬᠦᠭᠵᠢᠬᠦᠯᠦᠨ᠎ᠡ᠃ ᠬᠦᠷᠢᠶᠡᠯᠠᠩ ᠲᠤᠭᠤᠷᠢᠭ ᠲᠤ ᠪᠠᠶᠢᠷᠢᠯᠠᠵᠤ ᠪᠠᠶᠢᠭ᠎ᠠ ᠳᠤᠯᠤᠳᠤᠭᠠᠷ ᠰᠤᠮᠤ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠳᠤ ᠲᠡᠷᠭᠡ ᠶᠢᠨ ᠡᠳ᠋ ᠪᠠᠷᠠᠭᠠᠨ ᠤ ᠬᠦᠯᠭᠡᠭᠡᠨ ᠤ ᠲᠦᠯᠦᠪᠵᠢᠬᠦᠯᠦᠭᠰᠡᠨ ᠳᠠᠯᠠᠪᠠᠢ 2000 ᠮᠦ᠂ ᠭᠠᠶᠢᠯᠢ ᠲᠤᠰᠢᠶᠠᠬᠤ ᠦᠭᠡᠢ ᠡᠳ᠋ ᠪᠠᠷᠠᠭᠠᠨ ᠤ ᠭᠦᠢᠯᠭᠡᠭᠡ᠂ ᠬᠢᠨᠠᠨ ᠬᠠᠮᠢᠶᠠᠷᠤᠯᠳᠠ᠂ ᠶᠡᠷᠦᠩᠭᠡᠶᠢᠯᠡᠭᠰᠡᠨ ᠦᠢᠯᠡᠴᠢᠯᠡᠭᠡ ᠵᠡᠷᠭᠡ ᠴᠢᠳᠠᠮᠵᠢ ᠶᠢᠨ ᠤᠷᠤᠨ ᠢ ᠪᠠᠶᠢᠭᠤᠯᠵᠤ᠂ ᠭᠤᠤᠯ ᠬᠦᠭᠵᠢᠯᠳᠡ ᠪᠠᠨ ᠤᠷᠤᠰ᠂ ᠮᠤᠩᠭᠤᠯ᠂ ᠵᠡᠬᠦᠨ ᠡᠸᠦ᠋ᠷᠦᠫᠡ ᠶᠢᠨ ᠤᠯᠠᠨ ᠤᠯᠤᠰ ᠤᠨ ᠡᠳ᠋ ᠪᠠᠷᠠᠭᠠᠨ ᠤ ᠵᠦᠭᠡᠭᠡᠪᠦᠷᠢᠯᠡᠯᠲᠡ ᠶᠢᠨ ᠲᠤᠬᠠᠶᠢᠯᠠᠭᠰᠠᠨ ᠠᠵᠢᠯ ᠳᠤ ᠬᠠᠨᠳᠤᠭᠤᠯᠵᠤ᠂ ᠤᠯᠤᠰ ᠤᠨ ᠳᠡᠰ ᠤᠨ ᠡᠳ᠋ ᠪᠠᠷᠠᠭᠠᠨ ᠤ ᠭᠦᠢᠯᠭᠡᠭᠡᠨ ᠤ ᠵᠠᠩᠬᠢᠯᠠᠭ᠎ᠠ  ᠶᠢᠨ ᠴᠢᠭ ᠪᠠ ᠤᠯᠠᠨ ᠤᠯᠤᠰᠵᠢᠭᠤᠯᠤᠭᠰᠠᠨ ᠡᠳ᠋ ᠪᠠᠷᠠᠭᠠᠨ ᠤ ᠭᠦᠢᠯᠭᠡᠭᠡᠨ ᠤ ᠨᠡᠶᠢᠯᠡᠯ ᠤᠨ ᠤᠷᠤᠨ ᠢ ᠴᠤᠭᠴᠠᠯᠠᠨ᠎ᠠ ᠃ 5 ᠳᠡᠭᠰᠢ ᠲᠦᠷᠪᠡᠯᠵᠢᠨ ᠺᠢᠯᠤᠮᠧᠲᠷ ᠤᠨ ᠳᠤᠮᠳᠠᠳᠤ ᠤᠷᠤᠨ ᠤ ᠭᠡᠷ ᠤᠨ ᠬᠡᠷᠡᠭᠰᠡᠯ ᠤᠨ ᠠᠵᠤ ᠦᠢᠯᠡᠰ ᠤᠨ ᠬᠦᠷᠢᠶᠠᠯᠠᠩ ᠲᠤᠭᠤᠷᠢᠭ ᠢ ᠲᠦᠯᠦᠪᠵᠢᠬᠦᠯᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠤᠴᠠᠬᠤ ᠠᠶᠠᠯᠠᠯ ᠳᠠᠭᠠᠨ ᠠᠴᠢᠶᠠᠯᠠᠭᠰᠠᠨ ᠤᠷᠤᠰ ᠤᠨ ᠲᠦᠭᠦᠭᠡᠢ ᠮᠤᠳᠤᠨ ᠮᠠᠲ᠋ᠧᠷᠢᠶᠠᠯ ᠢ ᠠᠰᠢᠭᠯᠠᠵᠤ᠂ ᠠᠷᠠᠯᠵᠢᠶᠠᠨ ᠤ ᠵᠠᠬ᠎ᠠ ᠳᠡᠯᠭᠡᠭᠦᠷ ᠪᠠ ᠮᠤᠳᠤᠨ ᠮᠠᠲ᠋ᠧᠷᠢᠶᠠᠯ ᠤᠨ ᠡᠳ᠋ᠰᠢᠬᠦᠯᠦᠯᠲᠡ ᠶᠢᠨ ᠲᠤᠭᠤᠷᠢᠭ ᠢ ᠪᠦᠲᠦᠭᠡᠨ ᠪᠠᠶᠢᠭᠤᠯᠤᠨ᠎ᠠ᠂ ᠲᠦᠷᠦᠯ ᠵᠦᠢᠯ ᠪᠦᠬᠦᠨ ᠢ ᠪᠦᠲᠦᠭᠡᠨ ᠪᠠᠶᠢᠭᠤᠯᠤᠭᠰᠠᠨ ᠤ ᠳᠠᠷᠠᠭ᠎ᠠ᠂ ᠵᠢᠯ ᠤᠨ ᠦᠢᠯᠡᠳᠬᠦᠨ ᠤ ᠦᠷᠳᠡᠭ 300 ᠳ᠋ᠦᠩᠰᠢᠭᠤᠷ ᠲᠦᠭᠦᠷᠢᠭ ᠲᠤ ᠬᠦᠷᠴᠦ᠂ ᠪᠠᠷᠤᠭ 6 ᠲᠦᠮᠡᠨ ᠬᠦᠮᠦᠨ ᠳᠤ ᠠᠵᠢᠯ ᠤᠯᠭᠤᠬᠤ ᠪᠤᠯᠤᠨ᠎ᠠ᠃ ᠳᠠᠷᠠᠭ᠎ᠠ ᠪᠠᠷ᠂ ᠤᠯᠠᠭᠠᠨᠴᠠᠪ ᠬᠠᠭᠤᠷᠠᠢ ᠭᠠᠷᠠᠮ ᠤᠨ ᠬᠤᠯᠪᠤᠭᠠᠯᠠᠭᠰᠠᠨ ᠵᠦᠭᠡᠭᠡᠪᠦᠷᠢᠯᠡᠯᠳᠡ ᠶᠢ ᠬᠡᠷᠡᠭᠵᠢᠬᠦᠯᠵᠦ᠂ ᠡᠳ᠋ ᠪᠠᠷᠠᠭ᠎ᠠ ᠶᠢ ᠲᠤᠰ ᠭᠠᠵᠠᠷ ᠢᠶᠠᠷ ᠳᠤᠮᠳᠠ ᠠᠴᠠ ᠨᠢ ᠳᠠᠮᠵᠢᠭᠤᠯᠵᠤ᠂ ᠳᠤᠮᠳᠠᠳᠤ ᠡᠸᠦ᠋ᠷᠦᠫᠡ  ᠶᠢᠨ ᠵᠢᠰᠢᠶᠠᠨ ᠤ ᠭᠠᠯᠳᠤ ᠲᠡᠷᠭᠡ᠂ ᠵᠢᠨᠢᠩ ᠠᠭᠠᠷ ᠠᠶᠠᠯᠠᠯ ᠢᠶᠠᠷ ᠳᠠᠮᠵᠢᠭᠤᠯᠤᠨ᠂ ᠤᠷᠤᠰ ᠮᠤᠩᠭᠤᠯ ᠡᠸᠦ᠋ᠷᠦᠫᠡ  ᠳᠤ ᠬᠦᠷᠭᠡᠵᠦ᠂ ᠤᠯᠠᠭᠠᠨᠴᠠᠪ ᠤᠨ ᠤᠯᠠᠨ ᠤᠯᠤᠰ᠂ ᠤᠯᠤᠰ ᠤᠨ ᠳᠤᠳᠤᠭᠠᠳᠤ ᠳᠤ ᠴᠢᠭᠯᠡᠭᠦᠯᠦᠭᠰᠡᠨ ᠰᠢᠯᠢᠳᠡᠭ ᠰᠠᠶᠢᠨ ᠶᠠᠰᠤ ᠴᠢᠨᠠᠷ ᠤᠨ ᠦᠢᠯᠡᠳᠬᠦᠨ ᠪᠦᠳᠦᠭᠡᠭᠳᠡᠬᠦᠨ ᠢ ᠲᠦᠪᠯᠡᠷᠡᠬᠦᠯᠵᠦ ᠲᠠᠷᠬᠠᠭᠠᠬᠤ ᠲᠦᠪ ᠪᠤᠯᠭᠠᠬᠤ ᠪᠠᠷ ᠪᠠᠶᠢᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2