ᠤᠯᠠᠭᠠᠨᠴᠠᠪ ᠬᠤᠲᠠ ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ | | 3 ᠳ᠋ᠤᠭᠠᠷ ᠲᠤᠭᠠᠳᠤ | | 2017 ᠤᠨ ᠤ 1 ᠰᠠᠷ᠎ᠠ ᠶᠢᠨ 22 ᠤ ᠡᠳᠦᠷ ᠤᠯᠠᠭᠠᠨᠴᠠᠪ ᠬᠤᠲᠠ ᠶᠢᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯᠳᠤᠭᠠᠨ ᠢᠶᠠᠷ | ᠪᠠᠲᠤᠯᠠᠭᠤᠯᠤᠭᠰᠠᠨ ︽ᠤᠯᠠᠭᠠᠨᠴᠠᠪ ᠬᠤᠲᠠ ᠶᠢᠨ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠠᠮᠢᠶᠠᠷᠤᠯᠲᠠ | ᠶᠢᠨ ᠳᠦᠷᠢᠮ︾ ᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠭᠤᠷᠪᠠᠳᠤᠭᠠᠷ | ᠤᠳᠠᠭᠠᠨ ᠤ ᠬᠤᠷᠠᠯᠳᠤᠭᠠᠨ ᠠᠴᠠ ᠨᠢᠭᠡᠨᠳᠡ ᠵᠦᠪᠰᠢᠶᠡᠷᠡᠵᠦ᠂ ᠡᠳᠦᠭᠡ ᠨᠡᠶᠢᠲᠡᠯᠡᠶ᠎ᠡ᠂ 2017 ᠤᠨ ᠤ 8 ᠰᠠᠷ᠎ᠠ | ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠦᠨ᠎ᠡ᠃ | | ᠳᠠᠭᠠᠯᠳᠤᠭᠤᠯᠤᠯ 1. ︽ᠤᠯᠠᠭᠠᠨᠴᠠᠪ ᠬᠤᠲᠠ ᠶᠢᠨ ᠬᠤᠲᠠ ᠬᠦᠳᠡᠭᠡ ᠶᠢᠨ ᠲᠦᠯᠦᠪᠵᠢᠬᠦᠯᠭᠡ ᠶᠢᠨ | ᠬᠠᠮᠢᠶᠠᠷᠤᠯᠲᠠ ᠶᠢᠨ ᠳᠦᠷᠢᠮ︾ | ᠳᠠᠭᠠᠯᠳᠤᠭᠤᠯᠤᠯ 2. ︽ᠤᠯᠠᠭᠠᠨᠴᠠᠪ ᠬᠤᠲᠠ ᠶᠢᠨ ᠬᠤᠲᠠ ᠬᠦᠳᠡᠭᠡ ᠶᠢᠨ ᠲᠦᠯᠦᠪᠵᠢᠬᠦᠯᠭᠡ ᠶᠢᠨ | ᠬᠠᠮᠢᠶᠠᠷᠤᠯᠲᠠ ᠶᠢᠨ ᠳᠦᠷᠢᠮ︾ ᠤᠨ ᠳᠤᠳᠤᠷᠬᠠᠶᠢᠯᠠᠯᠲᠠ | | ᠤᠯᠠᠭᠠᠨᠴᠠᠪ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | | 2017 ᠤᠨ ᠤ 6 ᠰᠠᠷ᠎ᠠ ᠶᠢᠨ 22 ᠤ ᠡᠳᠦᠷ | | | | ︽ᠤᠯᠠᠭᠠᠨᠴᠠᠪ ᠬᠤᠲᠠ ᠶᠢᠨ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠠᠮᠢᠶᠠᠷᠤᠯᠳᠠ ᠶᠢᠨ | ᠲᠦᠷᠢᠮ︾ ᠢ ᠵᠦᠪᠰᠢᠶᠡᠷᠡᠬᠦ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ | | ︵2017 ᠤᠨ ᠤ 5 ᠰᠠᠷ᠎ᠠ ᠶᠢᠨ 26 ᠤ ᠡᠳᠦᠷ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠭᠤᠴᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠢᠶᠠᠷ ᠪᠠᠲᠤᠯᠠᠪᠠ︶ | | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠭᠤᠷᠪᠠᠳᠤᠭᠠᠷ ᠤᠳᠠᠭᠠᠨ ᠤ | ᠬᠤᠷᠠᠯᠳᠤᠭᠠᠨ ᠠᠴᠠ ᠲᠤᠭᠳᠠᠭᠠᠭᠰᠠᠨ ᠨᠢ᠂ ᠤᠯᠠᠭᠠᠨᠴᠠᠪ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠵᠦᠪᠰᠢᠶᠡᠷᠡᠬᠦᠯᠬᠦ ᠪᠠᠷ ᠳᠡᠪᠰᠢᠬᠦᠯᠦᠨ ᠮᠡᠳᠡᠬᠦᠯᠦᠭᠰᠡᠨ ︽ ᠤᠯᠠᠭᠠᠨᠴᠠᠪ | ᠬᠤᠲᠠ ᠶᠢᠨ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠠᠮᠢᠶᠠᠷᠤᠯᠲᠠ ᠶᠢᠨ ᠲᠦᠷᠢᠮ︾ ᠢ ᠵᠦᠪᠰᠢᠶᠡᠷᠡᠵᠦ᠂ | ᠤᠯᠠᠭᠠᠨᠴᠠᠪ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ | ᠬᠡᠷᠡᠭᠵᠢᠬᠦᠯᠬᠦ ᠶᠢ ᠨᠡᠶᠢᠲᠡᠯᠡᠨ᠎ᠡ᠃ | | ᠤᠯᠠᠭᠠᠨᠴᠠᠪ ᠬᠤᠲᠠ ᠶᠢᠨ ᠬᠤᠲᠠ ᠬᠦᠳᠡᠭᠡ ᠶᠢᠨ ᠲᠦᠯᠦᠪᠵᠢᠬᠦᠯᠬᠡ ᠶᠢᠨ ᠬᠠᠮᠢᠶᠠᠷᠤᠯᠲᠠ ᠶᠢᠨ ᠲᠦᠷᠢᠮ | | ︵2017 ᠤᠨ ᠤ 1 ᠰᠠᠷ᠎ᠠ ᠶᠢᠨ 22 ᠤ ᠡᠳᠦᠷ ᠤᠯᠠᠭᠠᠨᠴᠠᠪ ᠬᠤᠲᠠ | ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯᠳᠤᠭᠠᠨ ᠢᠶᠠᠷ ᠪᠠᠲᠤᠯᠠᠪᠠ | 2017 ᠤᠨ ᠤ 5 ᠰᠠᠷ᠎ᠠ ᠶᠢᠨ 26 ᠤ ᠡᠳᠦᠷ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ | ᠠᠷᠠᠳᠤᠨᠲ᠋ᠦ᠋ᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠬᠤᠷᠢᠶᠠᠨ ᠤ | ᠭᠤᠴᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠢᠶᠠᠷ ᠵᠦᠪᠰᠢᠶᠡᠷᠡᠬᠦᠯᠪᠡ︶ | | ᠨᠢᠭᠡᠳᠦᠭᠡᠷ ᠪᠦᠯᠦᠭ ᠶᠡᠷᠦᠩᠬᠡᠢ ᠲᠦᠷᠢᠮ | | | ᠨᠢᠭᠡᠳᠦᠭᠡᠷ ᠵᠦᠢᠯ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠲᠦᠷᠢᠮᠵᠢᠬᠦᠯᠵᠦ᠂ ᠬᠤᠲᠠ ᠬᠦᠳᠡᠭᠡ ᠶᠢᠨ ᠤᠷᠤᠨ | ᠵᠠᠢ ᠶᠢᠨ ᠪᠠᠶᠢᠷᠢᠯᠠᠭᠤᠯᠤᠯᠲᠠ ᠶᠢ ᠵᠤᠬᠢᠴᠠᠭᠤᠯᠵᠤ᠂ ᠤᠷᠤᠨ ᠰᠠᠭᠤᠴᠠ ᠶᠢᠨ ᠤᠷᠴᠢᠨ ᠲᠤᠭᠤᠷᠢᠨ ᠢ ᠰᠠᠶᠢᠵᠢᠷᠠᠭᠤᠯᠵᠤ | ᠂ ᠪᠦᠬᠦ ᠬᠤᠲᠠ ᠶᠢᠨ ᠬᠤᠲᠠ ᠬᠦᠳᠡᠭᠡ ᠶᠢᠨ ᠠᠵᠤ ᠠᠬᠤᠢ ᠨᠡᠶᠢᠭᠡᠮ ᠤᠨ ᠪᠦᠬᠦ ᠲᠠᠯ᠎ᠠ ᠪᠠᠷ ᠵᠤᠬᠢᠴᠠᠵᠤ | ᠦᠷᠬᠦᠯᠵᠢᠯᠡᠬᠦᠶᠢᠴᠡ ᠬᠦᠭᠵᠢᠬᠦ ᠶᠢ ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠤᠲᠠ ᠬᠦᠳᠡᠭᠡ ᠶᠢᠨ ᠲᠦᠯᠦᠪᠵᠢᠬᠦᠯᠬᠡ ᠶᠢᠨ ᠬᠠᠤᠯᠢ︾᠂ ︽ᠦᠪᠦᠷ ᠮᠤᠩᠭᠤᠯ ᠤᠨ ᠦᠪᠡᠷᠲᠡᠭᠡᠨ | ᠵᠠᠰᠠᠬᠤ ᠤᠷᠤᠨ ᠤ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠲᠦᠷᠢᠮ︾ ᠵᠡᠷᠭᠡ ᠬᠠᠮᠢᠶ᠎ᠠ ᠪᠦᠬᠦᠢ ᠬᠠᠤᠯᠢ | ᠴᠠᠭᠠᠵᠠ᠂ ᠬᠠᠤᠯᠢ ᠲᠤᠭᠳᠠᠭᠠᠯ ᠢ ᠦᠨᠳᠦᠰᠦᠯᠡᠨ᠂ ᠲᠤᠰ ᠬᠤᠲᠠ ᠶᠢᠨ ᠢᠶᠠᠨ ᠪᠤᠳᠠᠳᠤ ᠪᠠᠶᠢᠳᠠᠯ ᠲᠠᠢ | ᠤᠶᠠᠯᠳᠤᠭᠤᠯᠤᠨ᠂ ᠲᠤᠰ ᠲᠦᠷᠢᠮ ᠢ ᠲᠤᠭᠳᠠᠭᠠᠪᠠ᠃ | ᠬᠤᠶᠠᠳᠤᠭᠠᠷ ᠵᠦᠢᠯ ᠲᠤᠰ ᠬᠤᠲᠠ ᠶᠢᠨ ᠵᠠᠰᠠᠭ ᠵᠠᠬᠢᠷᠭᠠᠨ ᠤ ᠤᠷᠤᠨ ᠳᠤᠳᠤᠷ᠎ᠠ ᠬᠤᠲᠠ ᠬᠦᠳᠡᠭᠡ ᠶᠢᠨ | ᠲᠦᠯᠦᠪᠵᠢᠬᠦᠯᠭᠡ ᠶᠢ ᠲᠤᠭᠳᠠᠭᠠᠬᠤ᠂ ᠬᠡᠷᠡᠭᠵᠢᠬᠦᠯᠬᠦ᠂ ᠵᠠᠰᠠᠬᠤ᠂ ᠲᠦᠯᠦᠪᠵᠢᠬᠦᠯᠬᠦ ᠤᠷᠤᠨ ᠤ ᠳᠤᠳᠤᠷ᠎ᠠ ᠡᠯ᠎ᠡ | ᠲᠦᠷᠦᠯ ᠤᠨ ᠪᠦᠲᠦᠭᠡᠨ ᠪᠠᠶᠢᠭᠤᠯᠤᠯᠲᠠ ᠬᠢᠬᠦ ᠳᠡᠭᠡᠨ᠂ ᠲᠤᠰ ᠲᠦᠷᠢᠮ ᠢ ᠵᠢᠷᠤᠮᠯᠠᠬᠤ ᠬᠡᠷᠡᠭᠲᠡᠢ᠃ | ᠭᠤᠷᠪᠠᠳᠤᠭᠠᠷ ᠵᠦᠢᠯ ᠬᠤᠲᠠ ᠶᠢᠨ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠡᠬᠦᠨ ᠤ ᠲᠦᠪ ᠬᠤᠲᠠ ᠶᠢᠨ ᠲᠤᠭᠤᠷᠢᠭ ᠤᠨ ᠲᠦᠯᠦᠪᠵᠢᠬᠦᠯᠭᠡ ᠶᠢᠨ | ᠤᠷᠤᠨ ᠤ ᠬᠡᠪᠴᠢᠶᠡᠨ ᠳᠠᠬᠢ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠬᠤ ᠮᠦᠷᠲᠡᠭᠡᠨ ᠪᠦᠬᠦ ᠬᠤᠲᠠ ᠶᠢᠨ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠠᠮᠢᠶᠠᠷᠤᠯᠲᠠ ᠶᠢᠨ | ᠲᠤᠬᠠᠶᠢᠯᠠᠭᠰᠠᠨ ᠠᠵᠢᠯ ᠤᠨ ᠵᠢᠭᠠᠨ ᠵᠢᠯᠤᠭᠤᠳᠤᠯᠭ᠎ᠠ ᠶᠢᠨ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠳᠠᠬᠢ ᠲᠦᠯᠦᠪᠵᠢᠬᠦᠯᠭᠡ ᠶᠢᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ᠲᠦᠷᠪᠡᠳᠦᠭᠡᠷ ᠵᠦᠢᠯ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠵᠠᠰᠠᠭ ᠤᠨ | ᠤᠷᠳᠤᠨ ᠵᠢᠴᠢ ᠲᠡᠬᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠲᠤᠰᠬᠠᠢ | ᠮᠡᠷᠭᠡᠵᠢᠯᠲᠡᠨ ᠡᠷᠳᠡᠮᠳᠡᠨ ᠪᠠ ᠤᠯᠠᠨ ᠨᠡᠶᠢᠲᠡ ᠶᠢᠨ ᠲᠦᠯᠦᠭᠡᠯᠡᠭᠴᠢ ᠪᠠᠷ ᠪᠦᠷᠢᠯᠳᠦᠭᠰᠡᠨ ᠬᠤᠲᠠ ᠬᠦᠳᠡᠭᠡ ᠶᠢᠨ | ᠲᠦᠯᠦᠪᠵᠢᠬᠦᠯᠭᠡ ᠶᠢᠨ ᠬᠠᠮᠢᠶᠠᠷᠤᠯᠲᠠ ᠶᠢᠨ ᠵᠦᠪᠯᠡᠯ ᠪᠠᠶᠢᠭᠤᠯᠵᠤ᠂ ᠬᠤᠲᠠ ᠬᠦᠳᠡᠭᠡ ᠶᠢᠨ ᠲᠦᠯᠦᠪᠵᠢᠬᠦᠯᠭᠡ ᠶᠢ | ᠨᠠᠶᠢᠷᠠᠭᠤᠯᠤᠨ ᠵᠤᠬᠢᠶᠠᠬᠤ᠂ ᠵᠠᠰᠠᠬᠤ ᠪᠠ ᠬᠡᠷᠡᠭᠵᠢᠬᠦᠯᠬᠦ ᠲᠤᠮᠤ ᠴᠢᠬᠤᠯᠠ ᠬᠡᠷᠡᠭ ᠶᠠᠪᠤᠳᠠᠯ ᠢ ᠬᠢᠨᠠᠨ ᠵᠦᠪᠯᠡᠬᠦ | ᠬᠡᠷᠡᠭᠲᠡᠢ᠃ | ᠬᠤᠲᠠ᠂ ᠬᠤᠰᠢᠭᠤ ᠰᠢᠶᠠᠨ ᠤ ᠬᠢᠨᠠᠨ ᠪᠠᠶᠢᠴᠠᠭᠠᠯᠲᠠ ᠬᠢᠨᠠᠨ ᠲᠤᠭᠳᠠᠭᠠᠯᠲᠠ ᠶᠢᠨ ᠠᠵᠢᠯ ᠤᠨ ᠪᠠᠶᠢᠭᠤᠯᠤᠮᠵᠢ ᠶᠢ | ᠪᠠᠶᠢᠭᠤᠯᠵᠤ᠂ ᠴᠢᠬᠤᠯᠠ ᠪᠤᠯᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠪᠠᠶᠢᠴᠠᠭᠠᠵᠤ ᠬᠢᠨᠠᠨ | ᠲᠤᠭᠳᠠᠭᠠᠨ᠎ᠠ᠃ | ᠲᠠᠪᠤᠳᠤᠭᠠᠷ ᠵᠦᠢᠯ ᠬᠤᠲᠠ ᠶᠢᠨ ᠶᠡᠷᠦᠩᠭᠡᠢ ᠲᠦᠯᠦᠪᠵᠢᠬᠦᠯᠭᠡ᠂ ᠪᠠᠯᠭᠠᠰᠤᠨ ᠤ ᠶᠡᠷᠦᠩᠭᠡᠢ ᠲᠦᠯᠦᠪᠵᠢᠬᠦᠯᠭᠡ᠂ | ᠰᠤᠮᠤ ᠰᠢᠶᠠᠩ ᠤᠨ ᠲᠦᠯᠦᠪᠵᠢᠬᠦᠯᠭᠡ ᠪᠠ ᠭᠠᠴᠠᠭ᠎ᠠ ᠲᠤᠰᠬᠤᠨ ᠤ ᠲᠦᠯᠦᠪᠵᠢᠬᠦᠯᠭᠡ ᠶᠢ ᠤᠯᠤᠰ ᠠᠷᠠᠳ ᠤᠨ | ᠠᠵᠤ ᠠᠬᠤᠢ ᠪᠠ ᠨᠡᠶᠢᠭᠡᠮ ᠤᠨ ᠬᠦᠭᠵᠢᠬᠦᠯᠦᠯᠲᠡ ᠶᠢᠨ ᠲᠦᠯᠦᠪᠵᠢᠬᠦᠯᠭᠡ ᠶᠤᠰᠤᠭᠠᠷ ᠨᠠᠶᠢᠷᠠᠭᠤᠯᠤᠨ ᠵᠤᠬᠢᠶᠠᠬᠤ | ᠮᠦᠷᠲᠡᠭᠡᠨ ᠭᠠᠵᠠᠷ ᠰᠢᠷᠤᠢ ᠶᠢᠨ ᠠᠰᠢᠭᠯᠠᠯᠲᠠ ᠶᠢᠨ ᠶᠡᠷᠦᠩᠭᠡᠢ ᠲᠦᠯᠦᠪᠵᠢᠬᠦᠯᠭᠡ ᠲᠠᠢ ᠬᠠᠷᠢᠯᠴᠠᠨ | ᠵᠤᠯᠭᠤᠯᠳᠤᠭᠤᠯᠬᠤ ᠬᠡᠷᠡᠭᠲᠡᠢ᠃ | ᠲᠦᠯᠦᠪᠵᠢᠬᠦᠯᠭᠡ ᠶᠢᠨ ᠤᠷᠤᠨ ᠤ ᠪᠤᠳᠠᠳᠠᠢ ᠬᠦᠷᠢᠶ᠎ᠡ ᠬᠡᠪᠴᠢᠶ᠎ᠡ ᠶᠢ ᠪᠠᠶᠢᠭ᠎ᠠ ᠭᠠᠵᠠᠷ ᠤᠨ ᠵᠠᠰᠠᠭ ᠤᠨ ᠤᠷᠳᠤᠨ ᠨᠢ | ᠵᠤᠬᠢᠶᠠᠨ ᠪᠠᠶᠢᠭᠤᠯᠤᠨ ᠨᠠᠶᠢᠷᠠᠭᠤᠯᠤᠨ ᠵᠤᠬᠢᠶᠠᠭᠰᠠᠨ ᠬᠤᠲᠠ ᠶᠢᠨ ᠶᠡᠷᠦᠩᠭᠡᠢ ᠲᠦᠯᠦᠪᠵᠢᠬᠦᠯᠭᠡ᠂ ᠪᠠᠯᠭᠠᠰᠤᠨ ᠤ | ᠶᠡᠷᠦᠩᠭᠡᠢ ᠲᠦᠯᠦᠪᠵᠢᠬᠦᠯᠭᠡ᠂ ᠰᠤᠮᠤ ᠰᠢᠶᠠᠩ ᠤᠨ ᠲᠦᠯᠦᠪᠵᠢᠬᠦᠯᠭᠡ ᠪᠠ ᠭᠠᠴᠠᠭ᠎ᠠ ᠲᠤᠰᠬᠤᠨ ᠤ | ᠲᠦᠯᠦᠪᠵᠢᠬᠦᠯᠭᠡ ᠶᠢᠨ ᠳᠤᠮᠳᠠ ᠠᠴᠠ ᠬᠤᠪᠢᠶᠠᠷᠢᠯᠠᠨ ᠲᠤᠭᠳᠠᠭᠠᠨ᠎ᠠ᠃ ᠬᠤᠲᠠ ᠶᠢᠨ ᠲᠦᠯᠦᠪᠵᠢᠬᠦᠯᠭᠡ ᠶᠢᠨ | ᠤᠷᠤᠨ ᠳᠠᠬᠢ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠵᠢᠴᠢ ᠰᠤᠮᠤ ᠰᠢᠶᠠᠩ ᠪᠠᠯᠭᠠᠰᠤᠨ ᠤ | ᠲᠦᠯᠦᠪᠵᠢᠬᠦᠯᠭᠡ ᠶᠢᠨ ᠤᠷᠤᠨ ᠳᠠᠬᠢ ᠭᠠᠴᠠᠭ᠎ᠠ ᠲᠤᠰᠬᠤᠨ ᠳᠤ ᠳᠠᠬᠢᠵᠤ ᠠᠰ ᠲᠤ ᠨᠢ ᠲᠦᠯᠦᠪᠵᠢᠬᠦᠯᠭᠡ ᠶᠢᠨ | ᠤᠷᠤᠨ ᠬᠤᠪᠢᠶᠠᠷᠢᠯᠠᠨ ᠲᠤᠭᠳᠠᠭᠠᠬᠤ ᠦᠭᠡᠢ᠃ | ᠵᠢᠷᠭᠤᠳᠤᠭᠠᠷ ᠵᠦᠢᠯ ᠤᠨᠴᠠ ᠲᠤᠭᠳᠠᠭᠠᠭᠰᠠᠨ ᠭᠠᠵᠠᠷ ᠤᠷᠤᠨ ᠤ ᠲᠦᠯᠦᠪᠵᠢᠬᠦᠯᠭᠡ ᠶᠢ ᠬᠠᠤᠯᠢ ᠪᠠᠷ | ᠲᠤᠭᠳᠠᠭᠠᠭᠰᠠᠨ ᠶᠠᠪᠤᠴᠠ ᠪᠠᠷ ᠬᠢᠨᠠᠨ ᠵᠦᠪᠰᠢᠶᠡᠷᠡᠬᠦᠯᠦᠭᠰᠡᠨ ᠤ ᠳᠠᠷᠠᠭ᠎ᠠ᠂ ᠬᠤᠲᠠ ᠶᠢᠨ ᠶᠡᠷᠦᠩᠭᠡᠢ | ᠲᠦᠯᠦᠪᠵᠢᠬᠦᠯᠭᠡ᠂ ᠪᠠᠯᠭᠠᠰᠤᠨ ᠤ ᠶᠡᠷᠦᠩᠭᠡᠢ ᠲᠦᠯᠦᠪᠵᠢᠬᠦᠯᠭᠡ ᠳᠤ ᠤᠷᠤᠭᠤᠯᠤᠨ᠎ᠠ᠃ | ᠳᠤᠯᠤᠳᠤᠭᠠᠷ ᠵᠦᠢᠯ ᠳᠠᠩ ᠭᠠᠭᠴᠠ ᠨᠠᠶᠢᠷᠠᠭᠤᠯᠤᠨ ᠵᠤᠬᠢᠶᠠᠬᠤ ᠡᠯ᠎ᠡ ᠲᠦᠷᠦᠯ ᠤᠨ ᠲᠤᠰᠬᠠᠢ ᠲᠦᠷᠦᠯ ᠤᠨ | ᠲᠦᠯᠦᠪᠵᠢᠬᠦᠯᠭᠡ ᠶᠢ ᠬᠠᠤᠯᠢ ᠪᠠᠷ ᠲᠤᠭᠳᠠᠭᠠᠭᠰᠠᠨ ᠶᠠᠪᠤᠴᠠ ᠪᠠᠷ ᠬᠢᠨᠠᠨ ᠵᠦᠪᠰᠢᠶᠡᠷᠡᠬᠦᠯᠦᠭᠰᠡᠨ ᠤ ᠳᠠᠷᠠᠭ᠎ᠠ᠂ | ᠬᠤᠲᠠ ᠶᠢᠨ ᠶᠡᠷᠦᠩᠭᠡᠢ ᠲᠦᠯᠦᠪᠵᠢᠬᠦᠯᠭᠡ᠂ ᠪᠠᠯᠭᠠᠰᠤᠨ ᠤ ᠶᠡᠷᠦᠩᠭᠡᠢ ᠲᠦᠯᠦᠪᠵᠢᠬᠦᠯᠭᠡ ᠳᠤ ᠤᠷᠤᠭᠤᠯᠤᠨ᠎ᠠ᠃ | ᠨᠠᠢᠮᠠᠳᠤᠭᠠᠷ ᠵᠦᠢᠯ ᠬᠠᠤᠯᠢ ᠶᠤᠰᠤᠭᠠᠷ ᠵᠦᠪᠰᠢᠶᠡᠷᠡᠬᠦᠯᠦᠭᠰᠡᠨ ᠬᠤᠲᠠ ᠬᠦᠳᠡᠭᠡ ᠶᠢᠨ ᠲᠦᠯᠦᠪᠵᠢᠬᠦᠯᠭᠡ ᠨᠢ | ᠬᠤᠲᠠ ᠪᠠᠯᠭᠠᠰᠤᠨ ᠤ ᠲᠦᠯᠦᠪᠵᠢᠬᠦᠯᠭᠡ ᠪᠠ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠦᠨᠳᠦᠰᠦᠯᠡᠯ | ᠮᠦᠨ ᠪᠠᠶᠢᠳᠠᠯ᠎ᠠ ᠪᠠᠨ ᠬᠠᠤᠯᠢ ᠪᠠᠷ ᠲᠤᠭᠳᠠᠭᠠᠭᠰᠠᠨ ᠶᠠᠪᠤᠴᠠ ᠶᠢ ᠦᠩᠭᠡᠷᠡᠬᠦᠯᠬᠦ ᠦᠭᠡᠢ ᠪᠣᠯ ᠵᠠᠰᠠᠪᠤᠷᠢ ᠤᠷᠤᠭᠤᠯᠵᠤ | ᠪᠤᠯᠬᠤ ᠦᠭᠡᠢ᠃ | ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠬᠤᠲᠠ ᠬᠦᠳᠡᠭᠡ ᠶᠢᠨ | ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ ᠪᠠ ᠬᠠᠮᠢᠶᠠᠷᠬᠤ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ | ᠲᠦᠰᠦᠪ ᠲᠤ ᠤᠷᠤᠭᠤᠯᠬᠤ ᠬᠡᠷᠡᠭᠲᠡᠢ᠃ | ᠠᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠭᠠᠵᠠᠷ ᠰᠢᠨᠵᠢᠯᠡᠭᠡᠨ ᠤ ᠰᠤᠷᠠᠭ | ᠵᠠᠩᠬᠢ ᠶᠢᠨ ᠰᠠᠭᠤᠷᠢ ᠳ᠋ᠠᠶᠢᠲ᠋ᠠ ᠬᠦᠮᠦᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠬᠤᠯᠪᠤᠭᠳᠠᠯ ᠪᠦᠬᠦᠢ | ᠰᠠᠯᠠᠭ᠎ᠠ ᠮᠦᠴᠢᠷ ᠤᠨ ᠬᠤᠭᠤᠷᠤᠨᠳᠤᠬᠢ ᠭᠠᠵᠠᠷ ᠰᠢᠨᠵᠢᠯᠡᠭᠡᠨ ᠤ ᠰᠤᠷᠠᠭ ᠵᠠᠩᠬᠢ ᠶᠢᠨ ᠰᠠᠭᠤᠷᠢ ᠳ᠋ᠠᠶᠢᠲ᠋ᠠ ᠶᠢ | ᠬᠠᠮᠳᠤᠪᠠᠷ ᠡᠳ᠋ᠯᠡᠵᠦ᠂ ᠬᠤᠲᠠ ᠬᠦᠳᠡᠭᠡ ᠶᠢᠨ ᠲᠦᠯᠦᠪᠵᠢᠬᠦᠯᠬᠡ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠬᠤ ᠪᠠ | ᠪᠦᠲᠦᠮᠵᠢᠲᠡᠢ ᠪᠠᠷ ᠬᠡᠷᠡᠭᠵᠢᠬᠦᠯᠬᠦ ᠶᠢ ᠪᠠᠲᠤᠯᠠᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠬᠤᠲᠠ ᠬᠦᠳᠡᠭᠡ ᠶᠢᠨ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ᠂ | ᠬᠡᠷᠡᠭᠵᠢᠬᠦᠯᠬᠦ᠂ ᠵᠠᠰᠠᠬᠤ ᠪᠠ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠵᠡᠷᠭᠡ ᠶᠢ ᠬᠤᠯᠪᠤᠭᠳᠠᠯ ᠪᠦᠬᠦᠢ ᠲᠤᠭᠳᠠᠭᠠᠯ | ᠶᠤᠰᠤᠭᠠᠷ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠢ᠃ | | ᠬᠤᠶᠠᠳᠤᠭᠠᠷ ᠪᠦᠯᠦᠭ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠲᠤᠭᠳᠠᠭᠠᠯᠲᠠ | | | ᠠᠷᠪᠠᠨ ᠬᠤᠶᠠᠳᠤᠭᠠᠷ ᠵᠦᠢᠯ ᠬᠤᠲᠠ ᠶᠢᠨ ᠬᠤᠲᠠ ᠶᠢᠨ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ | ᠵᠤᠬᠢᠶᠠᠬᠤ ᠶᠢ ᠬᠤᠲᠠ ᠶᠢᠨ ᠠᠷᠠᠳ ᠤᠨ ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠵᠦ᠂ ᠲᠤᠰ ᠱᠠᠲᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠢᠨᠠᠨ ᠵᠦᠪᠰᠢᠶᠡᠷᠡᠭᠰᠡᠨ ᠤ ᠳᠠᠷᠠᠭ᠎ᠠ | ᠂ ᠬᠠᠮᠢᠶ᠎ᠠ ᠪᠦᠬᠦᠢ ᠶᠠᠪᠤᠴᠠ ᠪᠠᠷ ᠮᠡᠳᠡᠬᠦᠯᠦᠨ ᠵᠦᠪᠰᠢᠶᠡᠷᠡᠬᠦᠯᠦᠨ᠎ᠡ᠃ | ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠪᠠᠶᠢᠭ᠎ᠠ ᠭᠠᠵᠠᠷ ᠤᠨ ᠪᠠᠯᠭᠠᠰᠤᠨ ᠤ ᠶᠡᠷᠦᠩᠭᠡᠢ | ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ ᠶᠢ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠠᠴᠠ | ᠵᠤᠬᠢᠶᠠᠨ ᠪᠠᠶᠢᠭᠤᠯᠵᠦ᠂ ᠲᠤᠰ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠪᠠᠷ ᠵᠦᠪᠰᠢᠶᠡᠷᠡᠬᠦᠯᠦᠭᠰᠡᠨ ᠤ ᠳᠠᠷᠠᠭ᠎ᠠ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠳᠤ | ᠮᠡᠳᠡᠬᠦᠯᠦᠨ ᠬᠢᠨᠠᠨ ᠵᠦᠪᠰᠢᠶᠡᠷᠡᠬᠦᠯᠦᠨ᠎ᠡ᠃ | ᠪᠤᠰᠤᠳ ᠰᠤᠮᠤ ᠰᠢᠶᠠᠩ ᠪᠠᠯᠭᠠᠰᠤᠨ ᠤ ᠶᠡᠷᠦᠩᠭᠡᠢ ᠲᠦᠯᠦᠪᠵᠢᠬᠦᠯᠭᠡ ᠪᠠ ᠭᠠᠴᠠᠭ᠎ᠠ ᠲᠤᠰᠬᠤᠨ ᠤ ᠲᠦᠯᠦᠪᠵᠢᠬᠦᠯᠭᠡ | ᠶᠢ ᠨᠠᠶᠢᠷᠠᠭᠤᠯᠤᠨ ᠵᠤᠬᠢᠶᠠᠬᠤ ᠶᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠵᠤᠬᠢᠶᠠᠨ | ᠪᠠᠶᠢᠭᠤᠯᠵᠦ᠂ ᠲᠤᠰ ᠱᠠᠲᠤᠨ ᠤ ᠠᠷᠠᠳ ᠤᠨ ᠲᠦᠯᠦᠭᠡᠯᠡᠭᠴᠢᠳ ᠤᠨ ᠬᠤᠷᠠᠯ ᠢᠶᠠᠷ ᠬᠢᠨᠠᠨ ᠵᠦᠪᠰᠢᠶᠡᠷᠡᠬᠦᠯᠦᠭᠰᠡᠨ ᠤ | ᠳᠠᠷᠠᠭ᠎ᠠ᠂ ᠳᠡᠭᠡᠳᠦ ᠨᠢᠭᠡ ᠱᠠᠲᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠦᠨ ᠬᠢᠨᠠᠨ | ᠵᠦᠪᠰᠢᠶᠡᠷᠡᠬᠦᠯᠦᠨ᠎ᠡ᠃ | ᠭᠠᠴᠠᠭ᠎ᠠ ᠲᠤᠰᠬᠤᠨ ᠤ ᠠᠷᠠᠳ ᠤᠨ ᠵᠦᠪᠯᠡᠯ ᠤᠨ ᠬᠤᠷᠠᠯ ᠪᠤᠶᠤ ᠭᠠᠴᠠᠭ᠎ᠠ ᠲᠤᠰᠬᠤᠨ ᠤ ᠠᠷᠠᠳ ᠤᠯᠠᠨ ᠤ | ᠲᠦᠯᠦᠭᠡᠯᠡᠭᠴᠢ ᠶᠢᠨ ᠬᠤᠷᠠᠯ ᠢᠶᠠᠷ ᠶᠠᠷᠢᠯᠴᠠᠭᠤᠯᠤᠨ ᠰᠠᠨᠠᠯ ᠨᠢᠭᠡᠳᠭᠡᠯᠭᠡᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠬᠤᠲᠠ ᠶᠢᠨ ᠶᠡᠷᠦᠩᠭᠡᠢ ᠲᠦᠯᠦᠪᠵᠢᠬᠦᠯᠭᠡ᠂ ᠪᠠᠯᠭᠠᠰᠤᠨ ᠤ ᠶᠡᠷᠦᠩᠭᠡᠢ | ᠲᠦᠯᠦᠪᠵᠢᠬᠦᠯᠭᠡ ᠶᠢᠨ ᠠᠭᠤᠯᠭ᠎ᠠ ᠳᠤ᠄ ᠬᠤᠲᠠ ᠪᠠᠯᠭᠠᠰᠤᠨ ᠤ ᠤᠷᠤᠨ ᠵᠠᠢ ᠶᠢᠨ ᠪᠦᠲᠦᠴᠡ᠂ ᠬᠦᠭᠵᠢᠯᠲᠡ ᠶᠢᠨ | ᠪᠠᠶᠢᠷᠢᠯᠠᠭᠤᠯᠤᠯᠲᠠ᠂ ᠠᠮᠢ ᠠᠬᠤᠢ ᠶᠢᠨ ᠤᠷᠤᠨ ᠵᠠᠢ᠂ ᠴᠢᠳᠠᠮᠵᠢ ᠶᠢᠨ ᠤᠷᠤᠨ ᠲᠤᠭᠤᠷᠢᠭ ᠤᠨ ᠬᠤᠪᠢᠶᠠᠷᠢᠯᠠᠯᠲᠠ᠂ | ᠬᠡᠷᠡᠭᠯᠡᠭᠡᠨ ᠤ ᠭᠠᠵᠠᠷ ᠤᠨ ᠪᠠᠶᠢᠷᠢᠯᠠᠭᠤᠯᠤᠯᠲᠠ᠂ ᠵᠠᠮ ᠬᠠᠷᠢᠯᠴᠠᠭᠠᠨ ᠤ ᠶᠡᠷᠦᠩᠭᠡᠢ ᠰᠢᠰᠲ᠋ᠧᠮᠵᠢ᠂ ᠬᠤᠷᠢᠭᠯᠠᠯᠲᠠ᠂ | ᠬᠢᠵᠠᠭᠠᠷᠯᠠᠯᠲᠠ ᠪᠠ ᠪᠦᠲᠦᠭᠡᠨ ᠪᠠᠶᠢᠭᠤᠯᠤᠯᠲᠠ ᠳᠤ ᠨᠡᠶᠢᠴᠡᠭᠰᠡᠨ ᠭᠠᠵᠠᠷ ᠤᠷᠤᠨ ᠤ ᠬᠦᠷᠢᠶ᠎ᠡ ᠬᠡᠪᠴᠢᠶ᠎ᠡ᠂ ᠡᠯ᠎ᠡ | ᠲᠦᠷᠦᠯ ᠤᠨ ᠲᠤᠰᠬᠠᠢ ᠲᠦᠯᠦᠪᠵᠢᠬᠦᠯᠭᠡ ᠵᠡᠷᠭᠡ ᠶᠢ ᠪᠠᠭᠳᠠᠭᠠᠬᠤ ᠬᠡᠷᠡᠭᠲᠡᠢ᠃ | ᠲᠦᠯᠦᠪᠵᠢᠬᠦᠯᠬᠦ ᠤᠷᠤᠨ ᠤ ᠬᠦᠷᠢᠶ᠎ᠡ ᠬᠡᠪᠴᠢᠶ᠎ᠡ᠂ ᠲᠦᠯᠦᠪᠵᠢᠬᠦᠯᠦᠭᠰᠡᠨ ᠤᠷᠤᠨ ᠳᠤᠳᠤᠷᠠᠬᠢ ᠪᠦᠲᠦᠭᠡᠨ | ᠪᠠᠶᠢᠭᠤᠯᠤᠯᠲᠠ ᠶᠢᠨ ᠬᠡᠷᠡᠭᠯᠡᠭᠡᠨ ᠤ ᠭᠠᠵᠠᠷ ᠤᠨ ᠬᠦᠷᠢᠶ᠎ᠡ ᠬᠡᠪᠴᠢᠶ᠎ᠡ᠂ ᠰᠠᠭᠤᠷᠢ ᠲᠦᠬᠦᠭᠡᠷᠦᠮᠵᠢ ᠪᠠ ᠤᠯᠠᠨ ᠨᠡᠶᠢᠲᠡ | ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠬᠡᠷᠡᠭᠯᠡᠭᠡᠨ ᠤ ᠭᠠᠵᠠᠷ᠂ ᠤᠰᠤᠨ ᠤ ᠰᠤᠷᠪᠤᠯᠵᠢ ᠶᠢᠨ ᠭᠠᠵᠠᠷ ᠪᠠ | ᠤᠰᠤᠨ ᠰᠢᠰᠲ᠋ᠧᠮ᠂ ᠰᠠᠭᠤᠷᠢ ᠲᠠᠷᠢᠶᠠᠨ ᠭᠠᠵᠠᠷ ᠪᠠ ᠨᠤᠭᠤᠭᠠᠷᠠᠭᠤᠯᠤᠯᠲᠠ ᠶᠢᠨ ᠬᠡᠷᠡᠭᠯᠡᠭᠡᠨ ᠤ ᠭᠠᠵᠠᠷ᠂ ᠠᠮᠢ | ᠠᠬᠤᠢ ᠪᠠ ᠤᠷᠴᠢᠨ ᠲᠤᠭᠤᠷᠢᠨ ᠤ ᠬᠠᠮᠠᠭᠠᠯᠠᠯᠲᠠ᠂ ᠪᠠᠶᠢᠭᠠᠯᠢ ᠪᠠ ᠲᠡᠦᠭᠡ ᠰᠤᠶᠤᠯ ᠤᠨ ᠦᠪ ᠬᠦᠷᠦᠩᠭᠡ ᠶᠢᠨ | ᠬᠠᠮᠠᠭᠠᠯᠠᠯᠲᠠ ᠵᠢᠴᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠠᠭᠤᠯᠭ᠎ᠠ ᠶᠢ ᠬᠤᠲᠠ ᠶᠢᠨ ᠶᠡᠷᠦᠩᠭᠡᠢ | ᠲᠦᠯᠦᠪᠵᠢᠬᠦᠯᠭᠡ᠂ ᠪᠠᠯᠭᠠᠰᠤᠨ ᠤ ᠶᠡᠷᠦᠩᠭᠡᠢ ᠲᠦᠯᠦᠪᠵᠢᠬᠦᠯᠭᠡ ᠶᠢᠨ ᠠᠯᠪᠠᠳᠠᠯᠭ᠎ᠠ ᠶᠢᠨ ᠴᠢᠨᠠᠷ ᠪᠦᠬᠦᠢ ᠠᠭᠤᠯᠭ᠎ᠠ | ᠪᠤᠯᠭᠠᠬᠤ ᠬᠡᠷᠡᠭᠲᠡᠢ᠃ | ᠠᠷᠪᠠᠨ ᠲᠦᠷᠪᠡᠳᠦᠭᠡᠷ ᠵᠦᠢᠯ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ᠂ ᠲᠤᠰ | ᠭᠠᠵᠠᠷ ᠤᠨ ᠢᠶᠠᠨ ᠬᠦᠳᠡᠭᠡ ᠲᠤᠰᠬᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠬᠢᠷᠢ ᠲᠦᠪᠰᠢᠨ ᠢ | ᠦᠨᠳᠦᠰᠦᠯᠡᠵᠦ᠂ ᠲᠤᠬᠠᠢ ᠶᠢᠨ ᠭᠠᠵᠠᠷ ᠤᠨ ᠪᠠᠶᠢᠳᠠᠯ ᠳᠤ ᠨᠢ ᠵᠤᠬᠢᠴᠠᠭᠤᠯᠬᠤ᠂ ᠦᠨᠡᠨᠬᠦ ᠶᠠᠪᠤᠭᠤᠰᠢᠲᠠᠢ ᠪᠠᠶᠢᠬᠤ | ᠵᠠᠷᠴᠢᠮ ᠢᠶᠠᠷ᠂ ᠰᠤᠮᠤ ᠰᠢᠶᠠᠩ ᠪᠠᠯᠭᠠᠰᠤ ᠶᠢᠨ ᠲᠤᠭᠳᠠᠭᠠᠬᠤ ᠶᠤᠰᠤᠲᠠᠢ ᠲᠦᠯᠦᠪᠵᠢᠬᠦᠯᠭᠡ᠂ ᠭᠠᠴᠠᠭ᠎ᠠ ᠲᠤᠰᠬᠤᠨ | ᠤ ᠲᠦᠯᠦᠪᠵᠢᠬᠦᠯᠭᠡ ᠶᠢᠨ ᠭᠠᠵᠠᠷ ᠤᠷᠤᠨ ᠢ ᠳᠤᠳᠤᠷᠬᠠᠶᠢᠯᠠᠨ ᠲᠤᠭᠳᠠᠭᠠᠨ᠎ᠠ᠃ | ᠰᠤᠮᠤ ᠰᠢᠶᠠᠩ ᠪᠠᠯᠭᠠᠰᠤ ᠶᠢᠨ ᠲᠦᠯᠦᠪᠵᠢᠬᠦᠯᠭᠡ᠂ ᠭᠠᠴᠠᠭ᠎ᠠ ᠲᠤᠰᠬᠤᠨ ᠤ ᠲᠦᠯᠦᠪᠵᠢᠬᠦᠯᠭᠡ ᠨᠢ ᠲᠠᠷᠢᠶᠠᠯᠠᠬᠤ | ᠮᠠᠯᠵᠢᠬᠤ ᠤᠷᠤᠨ ᠤ ᠪᠤᠳᠠᠳᠠᠢ ᠪᠠᠶᠢᠳᠠᠯ ᠠᠴᠠ ᠡᠬᠦᠰᠴᠦ᠂ ᠲᠠᠷᠢᠶᠠᠴᠢᠨ ᠮᠠᠯᠴᠢᠨ ᠤ ᠬᠦᠰᠡᠯ ᠰᠠᠨᠠᠭ᠎ᠠ ᠶᠢ ᠨᠢ | ᠬᠦᠨᠳᠦᠳᠭᠡᠵᠦ᠂ ᠤᠷᠤᠨ ᠨᠤᠲᠤᠭ ᠪᠠ ᠦᠨᠳᠦᠰᠦᠲᠡᠨ ᠤ ᠤᠨᠴᠠᠯᠢᠭ ᠢ ᠢᠯᠡᠷᠡᠬᠦᠯᠦᠭᠰᠡᠨ ᠪᠠᠶᠢᠬᠤ ᠬᠡᠷᠡᠭᠲᠡᠢ᠃ | ᠠᠷᠪᠠᠨ ᠳᠠᠪᠤᠳᠤᠭᠠᠷ ᠵᠦᠢᠯ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠲᠠ | ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠬᠤᠲᠠ | ᠶᠢᠨ ᠶᠡᠷᠦᠩᠭᠡᠢ ᠲᠦᠯᠦᠪᠵᠢᠬᠦᠯᠭᠡ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠬᠤᠲᠠ ᠶᠢᠨ ᠡᠵᠡᠮᠰᠢᠯ ᠤᠨ ᠴᠢᠨᠠᠷ | ᠪᠦᠬᠦᠢ ᠨᠠᠷᠢᠨ ᠨᠢᠭᠲᠠ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠶᠢ ᠵᠤᠬᠢᠶᠠᠨ ᠪᠠᠶᠢᠭᠤᠯᠵᠤ᠂ ᠲᠤᠰ ᠱᠠᠲᠤᠨ | ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠦᠭᠰᠡᠨ ᠤ ᠳᠠᠷᠠᠭ᠎ᠠ᠂ ᠲᠤᠰ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠳᠡᠭᠡᠳᠦ ᠨᠢᠭᠡ ᠱᠠᠲᠤᠨ ᠤ ᠠᠷᠠᠳ ᠤᠨ | ᠵᠠᠰᠠᠭ ᠤᠨ ᠤᠷᠳᠤᠨ ᠳᠤ ᠮᠡᠳᠡᠬᠦᠯᠦᠨ ᠳᠠᠩᠰᠠᠯᠠᠭᠤᠯᠬᠤ ᠬᠡᠷᠡᠭᠲᠡᠢ᠃ | ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠨᠢ ᠪᠠᠯᠭᠠᠰᠤᠨ ᠤ ᠪᠠᠨ ᠶᠡᠷᠦᠩᠭᠡᠢ ᠲᠦᠯᠦᠪᠵᠢᠬᠦᠯᠭᠡ ᠶᠢᠨ | ᠱᠠᠭᠠᠷᠳᠠᠯᠭ᠎ᠠ ᠶᠢ ᠦᠨᠳᠦᠰᠦᠯᠡᠵᠦ᠂ ᠪᠠᠯᠭᠠᠰᠤᠨ ᠤ ᠡᠵᠡᠮᠰᠢᠯ ᠤᠨ ᠴᠢᠨᠠᠷ ᠪᠦᠬᠦᠢ ᠨᠠᠷᠢᠨ ᠨᠢᠭᠲᠠ ᠲᠦᠯᠦᠪᠵᠢᠬᠦᠯᠭᠡ | ᠶᠢ ᠨᠠᠶᠢᠷᠠᠭᠤᠯᠤᠨ ᠵᠤᠬᠢᠶᠠᠬᠤ ᠶᠢ ᠵᠤᠬᠢᠶᠠᠨ ᠪᠠᠶᠢᠭᠤᠯᠵᠤ᠂ ᠲᠤᠰ ᠱᠠᠲᠤᠨ ᠤ ᠠᠷᠠᠳ ᠤᠨ ᠵᠠᠰᠠᠭ ᠤᠨ ᠤᠷᠳᠤᠨ ᠢᠶᠠᠷ | ᠵᠦᠪᠰᠢᠶᠡᠷᠡᠬᠦᠯᠦᠭᠰᠡᠨ ᠤ ᠳᠠᠷᠠᠭ᠎ᠠ᠂ ᠲᠤᠰ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠪᠠ ᠳᠡᠭᠡᠳᠦ ᠨᠢᠭᠡ ᠱᠠᠲᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠦᠨ | ᠳᠠᠩᠰᠠᠯᠠᠭᠤᠯᠬᠤ ᠬᠡᠷᠡᠭᠲᠡᠢ᠃ | ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠠᠯᠭᠠᠰᠤᠨ ᠤ ᠪᠠᠨ ᠶᠡᠷᠦᠩᠭᠡᠢ ᠲᠦᠯᠦᠪᠵᠢᠬᠦᠯᠭᠡ ᠶᠢᠨ | ᠱᠠᠭᠠᠷᠳᠠᠯᠭ᠎ᠠ ᠶᠢ ᠦᠨᠳᠦᠰᠦᠯᠡᠵᠦ᠂ ᠪᠠᠯᠭᠠᠰᠤᠨ ᠤ ᠡᠵᠡᠮᠰᠢᠯ ᠤᠨ ᠴᠢᠨᠠᠷ ᠪᠦᠬᠦᠢ ᠨᠠᠷᠢᠨ ᠨᠢᠭᠲᠠ ᠲᠦᠯᠦᠪᠵᠢᠬᠦᠯᠭᠡ | ᠶᠢ ᠨᠠᠶᠢᠷᠠᠭᠤᠯᠤᠨ ᠵᠤᠬᠢᠶᠠᠬᠤ ᠶᠢ ᠵᠤᠬᠢᠶᠠᠨ ᠪᠠᠶᠢᠭᠤᠯᠵᠤ᠂ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ | ᠤᠷᠳᠤᠨ ᠳᠤ ᠮᠡᠳᠡᠬᠦᠯᠦᠨ ᠬᠢᠨᠠᠨ ᠵᠦᠪᠰᠢᠶᠡᠷᠡᠬᠦᠯᠦᠨ᠎ᠡ᠃ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ | ᠰᠠᠭᠤᠭ᠎ᠠ ᠭᠠᠵᠠᠷ ᠤᠨ ᠪᠠᠯᠭᠠᠰᠤᠨ ᠤ ᠡᠵᠡᠮᠰᠢᠯ ᠤᠨ ᠴᠢᠨᠠᠷ ᠪᠦᠬᠦᠢ ᠨᠠᠷᠢᠨ ᠨᠢᠭᠲᠠ ᠲᠦᠯᠦᠪᠵᠢᠬᠦᠯᠭᠡ ᠶᠢᠨ | ᠪᠠᠯᠭᠠᠰᠤᠨ ᠤ ᠶᠡᠷᠦᠩᠭᠡᠢ ᠲᠦᠯᠦᠪᠵᠢᠬᠦᠯᠭᠡ ᠶᠢᠨ ᠱᠠᠭᠠᠷᠳᠠᠯᠭ᠎ᠠ ᠶᠤᠰᠤᠭᠠᠷ ᠨᠠᠶᠢᠷᠠᠭᠤᠯᠤᠨ ᠵᠤᠬᠢᠶᠠᠬᠤ ᠶᠢ ᠬᠤᠰᠢᠭᠤ | ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠤᠬᠢᠶᠠᠨ ᠪᠠᠶᠢᠭᠤᠯᠵᠤ᠂ ᠬᠤᠰᠢᠭᠤ ᠰᠢᠶᠠᠨ ᠤ ᠠᠷᠠᠳ ᠤᠨ | ᠵᠠᠰᠠᠭ ᠤᠨ ᠤᠷᠳᠤᠨ ᠢᠶᠠᠷ ᠵᠦᠪᠰᠢᠶᠡᠷᠡᠬᠦᠯᠦᠭᠰᠡᠨ ᠤ ᠳᠠᠷᠠᠭ᠎ᠠ᠂ ᠲᠤᠰ ᠱᠠᠲᠤᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠳᠡᠭᠡᠳᠦ ᠨᠢᠭᠡ ᠱᠠᠲᠤᠨ ᠤ ᠠᠷᠠᠳ ᠤᠨ ᠵᠠᠰᠠᠭ ᠤᠨ ᠤᠷᠳᠤᠨ | ᠳᠤ ᠮᠡᠳᠡᠬᠦᠯᠦᠨ ᠳᠠᠩᠰᠠᠯᠠᠭᠤᠯᠤᠨ᠎ᠠ᠃ | ᠠᠷᠪᠠᠨ ᠵᠢᠷᠭᠤᠳᠤᠭᠠᠷ ᠵᠦᠢᠯ ᠡᠵᠡᠮᠰᠢᠯ ᠤᠨ ᠴᠢᠨᠠᠷ ᠪᠦᠬᠦᠢ ᠨᠠᠷᠢᠨ ᠨᠢᠭᠲᠠ ᠲᠦᠯᠦᠪᠵᠢᠬᠦᠯᠭᠡ ᠶᠢ | ᠨᠠᠶᠢᠷᠠᠭᠤᠯᠤᠨ ᠵᠤᠬᠢᠶᠠᠬᠤ ᠳᠠᠭᠠᠨ᠂ ᠬᠤᠲᠠ ᠶᠢᠨ ᠵᠢᠷᠤᠭ ᠲᠦᠯᠦᠪᠯᠡᠭᠡ ᠶᠢᠨ ᠠᠵᠢᠯ ᠲᠠᠢ ᠵᠢᠭᠳᠡ ᠪᠠᠷ | ᠶᠠᠪᠤᠭᠳᠠᠭᠤᠯᠬᠤ ᠬᠡᠷᠡᠭᠲᠡᠢ᠃ | ᠠᠷᠪᠠᠨ ᠳᠤᠯᠤᠳᠤᠭᠠᠷ ᠵᠦᠢᠯ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠲᠠ | ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠠ | ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠨᠢ ᠴᠢᠬᠤᠯᠠ ᠭᠠᠵᠠᠷ ᠤᠨ ᠪᠠᠶᠢᠭᠤᠯᠬᠤ ᠴᠢᠨᠠᠷ ᠪᠦᠬᠦᠢ ᠨᠠᠷᠢᠨ | ᠨᠢᠭᠲᠠ ᠲᠦᠯᠦᠪᠵᠢᠬᠦᠯᠭᠡ᠂ ᠬᠤᠲᠠ ᠶᠢᠨ ᠵᠢᠷᠤᠭ ᠲᠦᠯᠦᠪᠯᠡᠭᠡ ᠶᠢ ᠨᠠᠶᠢᠷᠠᠭᠤᠯᠤᠨ ᠵᠤᠬᠢᠶᠠᠬᠤ ᠶᠢ ᠵᠤᠬᠢᠶᠠᠨ | ᠪᠠᠶᠢᠭᠤᠯᠵᠤ ᠪᠤᠯᠤᠨ᠎ᠠ᠃ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠲᠠ ᠬᠦᠳᠡᠭᠡ | ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠪᠤᠰᠤᠳ | ᠪᠠᠶᠢᠭᠤᠯᠬᠤ ᠴᠢᠨᠠᠷ ᠪᠦᠬᠦᠢ ᠨᠠᠷᠢᠨ ᠨᠢᠭᠲᠠ ᠲᠦᠯᠦᠪᠵᠢᠬᠦᠯᠭᠡ᠂ ᠬᠤᠲᠠ ᠶᠢᠨ ᠵᠢᠷᠤᠭ ᠲᠦᠯᠦᠪᠯᠡᠭᠡ ᠶᠢ ᠮᠡᠳᠡᠬᠦᠯᠦᠨ | ᠬᠢᠨᠠᠨ ᠲᠤᠭᠳᠠᠭᠠᠯᠭᠠᠵᠤ ᠪᠤᠯᠤᠨ᠎ᠠ᠃ ᠪᠠᠶᠢᠭᠤᠯᠬᠤ ᠴᠢᠨᠠᠷ ᠪᠦᠬᠦᠢ ᠨᠠᠷᠢᠨ ᠨᠢᠭᠲᠠ ᠲᠦᠯᠦᠪᠵᠢᠬᠦᠯᠭᠡ᠂ ᠬᠤᠲᠠ ᠶᠢᠨ | ᠵᠢᠷᠤᠭ ᠲᠦᠯᠦᠪᠯᠡᠭᠡ ᠨᠢ ᠡᠵᠡᠮᠰᠢᠯ ᠤᠨ ᠴᠢᠨᠠᠷ ᠪᠦᠬᠦᠢ ᠨᠠᠷᠢᠨ ᠨᠢᠭᠲᠠ ᠲᠦᠯᠦᠪᠵᠢᠬᠦᠯᠭᠡ ᠳᠤ ᠨᠡᠶᠢᠴᠡᠭᠰᠡᠨ ᠪᠠᠶᠢᠬᠤ | ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠬᠤᠲᠠ ᠬᠦᠳᠡᠭᠡ ᠶᠢᠨ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ ᠶᠢ | ᠵᠤᠬᠢᠶᠠᠨ ᠪᠠᠶᠢᠭᠤᠯᠬᠤ ᠪᠠᠶᠢᠭᠤᠯᠭ᠎ᠠ ᠨᠢ ᠵᠤᠬᠢᠴᠠᠩᠭᠤᠢ ᠬᠢᠷᠢ ᠬᠡᠮ ᠵᠡᠷᠭᠡ ᠳᠡᠰ ᠲᠠᠢ ᠨᠢᠭᠡᠴᠢ ᠳᠤ ᠨᠠᠶᠢᠳᠠᠨ ᠬᠤᠲᠠ | ᠬᠦᠳᠡᠭᠡ ᠶᠢᠨ ᠲᠦᠯᠦᠪᠵᠢᠬᠦᠯᠭᠡ ᠶᠢᠨ ᠪᠤᠳᠠᠳᠠᠢ ᠨᠠᠶᠢᠷᠠᠭᠤᠯᠤᠨ ᠵᠤᠬᠢᠶᠠᠬᠤ ᠠᠵᠢᠯ ᠢ ᠡᠬᠦᠷᠭᠡᠯᠡᠬᠦᠯᠬᠦ ᠬᠡᠷᠡᠭᠲᠡᠢ᠃ | | ᠭᠤᠷᠪᠠᠳᠤᠭᠠᠷ ᠪᠦᠯᠦᠭ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠡᠷᠡᠭᠵᠢᠬᠦᠯᠦᠯᠲᠡ | | | ᠠᠷᠪᠠ ᠶᠢᠰᠦᠳᠦᠭᠡᠷ ᠵᠦᠢᠯ ᠬᠤᠲᠠ᠂ ᠬᠤᠰᠢᠭᠤ ᠰᠢᠶᠠᠨ᠂ ᠪᠠᠯᠭᠠᠰᠤᠨ ᠤ ᠠᠷᠠᠳ ᠤᠨ ᠵᠠᠰᠠᠭ ᠤᠨ | ᠤᠷᠳᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠦᠯᠦᠪᠵᠢᠬᠦᠯᠭᠡ᠂ ᠬᠤᠲᠠ ᠶᠢᠨ | ᠶᠡᠷᠦᠩᠭᠡᠢ ᠲᠦᠯᠦᠪᠵᠢᠬᠦᠯᠭᠡ᠂ ᠪᠠᠯᠭᠠᠰᠤᠨ ᠤ ᠶᠡᠷᠦᠩᠭᠡᠢ ᠲᠦᠯᠦᠪᠵᠢᠬᠦᠯᠭᠡ᠂ ᠭᠠᠵᠠᠷ ᠰᠢᠷᠦᠢ ᠶᠢᠨ ᠬᠡᠷᠡᠭᠯᠡᠭᠡᠨ ᠤ | ᠶᠡᠷᠦᠩᠭᠡᠢ ᠲᠦᠯᠦᠪᠵᠢᠬᠦᠯᠭᠡ ᠤᠳ ᠢ ᠦᠨᠳᠦᠰᠦᠯᠡᠵᠦ᠂ ᠲᠠᠪᠤᠨ ᠵᠢᠯ ᠤᠨ ᠲᠤᠭᠳᠠᠭᠰᠠᠨ ᠬᠤᠭᠤᠴᠠᠭ᠎ᠠ ᠲᠠᠢ ᠤᠶᠢᠷ᠎ᠠ | ᠶᠢᠨ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠤᠬᠢᠷᠠᠮᠵᠢᠲᠠᠢ ᠲᠦᠯᠦᠪᠵᠢᠬᠦᠯᠭᠡ ᠶᠢ ᠲᠤᠭᠳᠠᠭᠠᠬᠤ ᠬᠡᠷᠡᠭᠲᠡᠢ | ᠃ | ᠤᠶᠢᠷ᠎ᠠ ᠶᠢᠨ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠦᠯᠦᠪᠵᠢᠬᠦᠯᠭᠡ ᠳᠡᠭᠡᠨ ᠴᠢᠬᠤᠯᠠ ᠰᠠᠭᠤᠷᠢ | ᠲᠦᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠪᠠ ᠳᠤᠮᠳᠠ ᠳᠤᠤᠷ᠎ᠠ ᠤᠷᠤᠯᠭ᠎ᠠ ᠲᠠᠢ | ᠰᠠᠭᠤᠭᠠᠯᠢ ᠠᠷᠠᠳ ᠤᠨ ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠵᠢᠴᠢ ᠠᠮᠢ ᠠᠬᠤᠢ ᠶᠢᠨ ᠤᠷᠴᠢᠨ | ᠲᠤᠭᠤᠷᠢᠨ ᠤ ᠬᠠᠮᠠᠭᠠᠯᠠᠯᠲᠠ ᠪᠠᠷ ᠭᠤᠤᠯᠳᠠᠯᠭ᠎ᠠ ᠲᠠᠢ ᠠᠭᠤᠯᠭ᠎ᠠ ᠪᠤᠯᠭᠠᠵᠤ᠂ ᠤᠶᠢᠷ᠎ᠠ ᠶᠢᠨ ᠬᠤᠭᠤᠴᠠᠭᠠᠨ ᠤ | ᠪᠦᠲᠦᠭᠡᠨ ᠪᠠᠶᠢᠭᠤᠯᠤᠯᠲᠠ ᠶᠢᠨ ᠴᠠᠭ ᠤᠨ ᠳᠠᠷᠠᠭᠠᠯᠠᠯ᠂ ᠬᠦᠭᠵᠢᠭᠦᠯᠦᠯᠲᠡ ᠶᠢᠨ ᠴᠢᠭᠯᠡᠯ ᠪᠠ ᠤᠷᠤᠨ ᠵᠠᠢ ᠶᠢᠨ | ᠪᠠᠶᠢᠷᠢᠯᠠᠭᠤᠯᠤᠯᠲᠠ ᠶᠢ ᠳᠤᠳᠤᠷᠬᠠᠶᠢᠯᠠᠬᠤ ᠬᠡᠷᠡᠭᠲᠡᠢ᠃ | ᠬᠤᠷᠢᠳᠤᠭᠠᠷ ᠵᠦᠢᠯ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠬᠤᠲᠠ ᠬᠦᠳᠡᠭᠡ | ᠶᠢᠨ ᠲᠦᠯᠦᠪᠵᠢᠬᠦᠯᠭᠡ ᠶᠢ ᠬᠡᠷᠡᠭᠵᠢᠬᠦᠯᠬᠦ ᠶᠠᠪᠤᠴᠠ ᠳᠤ ᠪᠠᠨ ᠬᠤᠲᠠ ᠶᠢᠨ ᠬᠦᠭᠵᠢᠯᠲᠡ ᠶᠢᠨ ᠬᠡᠷᠡᠭᠴᠡᠭᠡ ᠶᠢ | ᠦᠨᠳᠦᠰᠦᠯᠡᠵᠦ᠂ ᠬᠤᠲᠠ ᠶᠢᠨ ᠤᠰᠤᠨ ᠤ ᠬᠠᠩᠭᠠᠯᠳᠠ᠂ ᠤᠰᠤᠨ ᠤ ᠳᠠᠳᠠᠷᠠᠭᠤᠯᠤᠯᠲᠠ᠂ ᠢᠯᠴᠢ ᠶᠢᠨ ᠬᠠᠩᠭᠠᠯᠳᠠ | ᠂ ᠬᠡᠢ ᠶᠢᠨ ᠬᠠᠩᠭᠠᠯᠳᠠ᠂ ᠴᠠᠬᠢᠯᠭᠠᠨ ᠬᠦᠴᠦᠨ᠂ ᠴᠢᠮᠡᠭᠡ ᠬᠤᠯᠪᠤᠭ᠎ᠠ᠂ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ᠂ ᠭᠠᠵᠠᠷ ᠳᠤᠤᠷᠠᠬᠢ ᠶᠡᠷᠦᠩᠭᠡᠢ ᠬᠤᠭᠤᠯᠠᠢ ᠶᠢᠨ ᠬᠤᠩᠬᠢᠯ᠂ ᠬᠤᠷ᠎ᠠ ᠤᠰᠤ ᠶᠢ ᠪᠦᠲᠦᠮᠵᠢᠲᠡᠢ | ᠠᠰᠢᠭᠯᠠᠬᠤ ᠬᠤᠲᠠ ᠵᠡᠷᠭᠡ ᠪᠤᠰᠤᠳ ᠲᠤᠰᠬᠠᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ ᠶᠢ ᠵᠤᠬᠢᠶᠠᠨ | ᠪᠠᠶᠢᠭᠤᠯᠤᠨ᠂ ᠲᠤᠰ ᠱᠠᠲᠤᠨ ᠤ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ ᠵᠦᠪᠰᠢᠶᠡᠷᠡᠬᠦᠯᠬᠦ ᠮᠦᠷᠲᠡᠭᠡᠨ | ᠶᠡᠷᠦᠩᠭᠡᠢ ᠲᠦᠯᠦᠪᠵᠢᠬᠦᠯᠭᠡ ᠶᠢ ᠬᠢᠨᠠᠨ ᠵᠦᠪᠰᠢᠶᠡᠷᠡᠬᠦ ᠪᠠᠶᠢᠭᠤᠯᠭ᠎ᠠ ᠳᠤ ᠮᠡᠳᠡᠬᠦᠯᠦᠨ ᠳᠠᠩᠰᠠᠯᠠᠭᠤᠯᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠤᠯᠤᠰ ᠤᠨ ᠲᠤᠭᠳᠠᠭᠠᠯ ᠢ ᠦᠨᠳᠦᠰᠦᠯᠡᠨ ᠵᠦᠪᠰᠢᠶᠡᠷᠡᠬᠦ ᠪᠤᠶᠤ ᠬᠢᠨᠠᠨ | ᠵᠦᠪᠰᠢᠶᠡᠷᠡᠬᠦ ᠴᠢᠬᠤᠯᠠ ᠲᠠᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ᠂ ᠬᠤᠪᠢᠶᠠᠷᠢᠯᠠᠨ ᠰᠠᠯᠭᠠᠬᠤ | ᠮᠠᠶ᠋ᠢᠭ ᠢᠶᠠᠷ ᠤᠯᠤᠰ ᠤᠨ ᠦᠮᠴᠢᠯᠡᠯᠲᠦ ᠭᠠᠵᠠᠷ ᠰᠢᠷᠤᠢ ᠶᠢᠨ ᠬᠡᠷᠡᠭᠯᠡᠭᠡᠨ ᠤ ᠡᠷᠭᠡ ᠤᠯᠭᠤᠭᠰᠠᠨ ᠪᠣᠯ ᠪᠦᠲᠦᠭᠡᠨ | ᠪᠠᠶᠢᠭᠤᠯᠬᠤ ᠨᠢᠭᠡᠴᠢ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠬᠦᠷᠭᠡᠨ ᠮᠡᠳᠡᠬᠦᠯᠦᠨ ᠵᠦᠪᠰᠢᠶᠡᠷᠡᠬᠦᠯᠬᠦ ᠪᠤᠶᠤ | ᠬᠢᠨᠠᠨ ᠵᠦᠪᠰᠢᠶᠡᠷᠡᠬᠦᠯᠬᠦ ᠠᠴᠠ ᠡᠮᠦᠨ᠎ᠡ᠂ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠤᠯᠪᠤᠭᠳᠠᠯ ᠪᠦᠬᠦᠢ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠳᠤᠤᠷᠠᠬᠢ ᠳᠤᠭᠳᠠᠭᠠᠯ ᠶᠤᠰᠤᠭᠠᠷ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠭᠠᠵᠠᠷ ᠰᠤᠩᠭᠤᠬᠤ ᠰᠠᠨᠠᠯ ᠤᠨ ᠪᠢᠴᠢᠭ ︵ᠵᠢᠷᠤᠭ ᠲᠦᠯᠦᠪᠯᠡᠭᠡ ᠶᠢᠨ | ᠭᠤᠤᠯ ᠠᠭᠤᠯᠭ᠎ᠠ ᠪᠠᠭᠳᠠᠨ᠎ᠠ︶ ᠬᠢᠨᠠᠨ ᠲᠠᠷᠬᠠᠭᠠᠬᠤ ᠶᠢ ᠭᠤᠶᠤᠴᠢᠯᠠᠬᠤ ᠬᠡᠷᠡᠭᠲᠡᠢ᠃ | ︵ᠨᠢᠭᠡ︶ ᠤᠯᠤᠰ ᠪᠠ ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠵᠦᠪᠰᠢᠶᠡᠷᠡᠭᠰᠡᠨ | ᠪᠤᠶᠤ ᠬᠢᠨᠠᠨ ᠵᠦᠪᠰᠢᠶᠡᠷᠡᠭᠰᠡᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠪᠣᠯ ᠪᠦᠲᠦᠭᠡᠨ ᠪᠠᠶᠢᠭᠤᠯᠤᠯᠲᠠ | ᠶᠢᠨ ᠲᠦᠷᠦᠯ ᠵᠦᠢᠯ ᠤᠨ ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ ᠤᠷᠳᠤᠨ ᠤ ᠬᠤᠲᠠ ᠬᠦᠳᠡᠭᠡ ᠶᠢᠨ | ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠡᠬᠢᠨ ᠤ ᠬᠢᠨᠠᠯᠲᠠ | ᠶᠢᠨ ᠰᠠᠨᠠᠯ ᠢᠶᠠᠨ ᠲᠤᠷᠠᠳᠴᠤ᠂ ᠱᠠᠲᠤ ᠳᠠᠷᠠᠭᠠᠯᠠᠨ ᠳᠡᠭᠡᠭᠰᠢ ᠮᠡᠳᠡᠬᠦᠯᠵᠦ᠂ ᠦᠪᠡᠷᠲᠡᠭᠡᠨ ᠵᠠᠰᠠᠬᠤ ᠤᠷᠤᠨ ᠤ ᠠᠷᠠᠳ | ᠤᠨ ᠵᠠᠰᠠᠭ ᠤᠨ ᠤᠷᠳᠤᠨ ᠤ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠠᠵᠠᠷ ᠰᠤᠩᠭᠤᠬᠤ | ᠰᠠᠨᠠᠯ ᠤᠨ ᠪᠢᠴᠢᠭ ᠢ ᠬᠢᠨᠠᠨ ᠲᠠᠷᠬᠠᠭᠠᠨ᠎ᠠ︔ | ︵ᠬᠤᠶᠠᠷ︶ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ | ᠮᠦᠴᠢᠷ ᠵᠦᠪᠰᠢᠶᠡᠷᠡᠭᠰᠡᠨ ᠪᠤᠶᠤ ᠬᠢᠨᠠᠨ ᠵᠦᠪᠰᠢᠶᠡᠷᠡᠭᠰᠡᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠪᠣᠯ | ᠠᠳᠠᠯᠢ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ | ᠤᠨ ᠭᠠᠵᠠᠷ ᠰᠤᠩᠭᠤᠬᠤ ᠰᠠᠨᠠᠯ ᠤᠨ ᠪᠢᠴᠢᠭ ᠢ ᠬᠢᠨᠠᠨ ᠲᠠᠷᠬᠠᠭᠠᠨ᠎ᠠ᠃ | ᠬᠤᠷᠢᠨ ᠬᠤᠶᠠᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠠᠵᠠᠷ ᠰᠤᠩᠭᠤᠬᠤ | ᠰᠠᠨᠠᠯ ᠤᠨ ᠪᠢᠴᠢᠭ ᠢ ᠬᠠᠤᠯᠢ ᠶᠤᠰᠤᠭᠠᠷ ᠤᠯᠤᠭᠰᠠᠨ ᠦᠭᠡᠢ ᠪᠤᠶᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ | ᠤᠨ ᠭᠠᠵᠠᠷ ᠰᠤᠩᠭᠤᠬᠤ ᠰᠠᠨᠠᠯ ᠤᠨ ᠪᠢᠴᠢᠭ ᠨᠢ ᠬᠤᠭᠤᠴᠠᠭ᠎ᠠ ᠠᠴᠠ ᠬᠡᠲᠦᠷᠡᠭᠰᠡᠨ ᠪᠣᠯ ᠬᠤᠯᠪᠤᠭᠳᠠᠯ ᠪᠦᠬᠦᠢ | ᠰᠠᠯᠠᠭ᠎ᠠ ᠮᠦᠴᠢᠷ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠦᠪᠰᠢᠶᠡᠷᠡᠬᠦ ᠪᠤᠶᠤ ᠬᠢᠨᠠᠨ ᠵᠦᠪᠰᠢᠶᠡᠷᠡᠵᠦ | ᠪᠤᠯᠬᠤ ᠦᠭᠡᠢ᠃ | ᠬᠤᠷᠢᠨ ᠭᠤᠷᠪᠠᠳᠤᠭᠠᠷ ᠵᠦᠢᠯ ᠬᠤᠲᠠ᠂ ᠪᠠᠯᠭᠠᠰᠤᠨ ᠤ ᠲᠦᠯᠦᠪᠵᠢᠬᠦᠯᠭᠡ ᠶᠢᠨ ᠤᠷᠤᠨ ᠤ ᠳᠤᠳᠤᠷ᠎ᠠ | ᠬᠤᠪᠢᠶᠠᠷᠢᠯᠠᠨ ᠰᠠᠯᠭᠠᠬᠤ ᠮᠠᠶ᠋ᠢᠭ ᠢᠶᠠᠷ ᠤᠯᠤᠰ ᠤᠨ ᠦᠮᠴᠢᠯᠡᠯᠲᠦ ᠭᠠᠵᠠᠷ ᠰᠢᠷᠦᠢ ᠶᠢᠨ ᠬᠡᠷᠡᠭᠯᠡᠭᠡᠨ ᠤ ᠡᠷᠭᠡ | ᠤᠯᠭᠤᠭᠰᠠᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠪᠣᠯ ᠬᠤᠯᠪᠤᠭᠳᠠᠯ ᠪᠦᠬᠦᠢ ᠰᠠᠯᠠᠭ᠎ᠠ ᠮᠦᠴᠢᠷ ᠢᠶᠠᠷ | ᠵᠦᠪᠰᠢᠶᠡᠷᠡᠬᠦᠯᠵᠦ᠂ ᠬᠢᠨᠠᠨ ᠵᠦᠪᠰᠢᠶᠡᠷᠡᠬᠦᠯᠵᠦ ᠳᠠᠩᠰᠠᠯᠠᠭᠤᠯᠤᠭᠰᠠᠨ ᠤ ᠳᠠᠷᠠᠭ᠎ᠠ᠂ ᠪᠦᠲᠦᠭᠡᠨ ᠪᠠᠶᠢᠭᠤᠯᠤᠯᠲᠠ ᠶᠢᠨ | ᠨᠢᠭᠡᠴᠢ ᠨᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠶᠢᠭ᠎ᠠ ᠭᠠᠵᠠᠷ ᠤᠨ ᠬᠤᠲᠠ᠂ ᠬᠤᠰᠢᠭᠤ ᠰᠢᠶᠠᠨ | ᠤ ᠠᠷᠠᠳ ᠤᠨ ᠵᠠᠰᠠᠭ ᠤᠨ ᠤᠷᠳᠤᠨ ᠤ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠭᠠᠵᠠᠷ ᠤᠨ | ᠵᠦᠪᠰᠢᠶᠡᠷᠡᠯ ᠤᠨ ᠭᠤᠶᠤᠴᠢᠯᠠᠯ ᠳᠤᠷᠠᠳᠴᠤ᠂ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ | ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ | ᠡᠵᠡᠮᠰᠢᠯ ᠤᠨ ᠴᠢᠨᠠᠷ ᠪᠦᠬᠦᠢ ᠨᠠᠷᠢᠨ ᠨᠢᠭᠳᠠ ᠲᠦᠯᠦᠪᠵᠢᠬᠦᠯᠭᠡ ᠪᠠᠷ ᠦᠨᠳᠦᠰᠦᠯᠡᠯ ᠪᠤᠯᠭᠠᠵᠤ᠂ ᠪᠦᠲᠦᠭᠡᠨ | ᠪᠠᠶᠢᠭᠤᠯᠤᠯᠲᠠ ᠶᠢᠨ ᠬᠡᠷᠡᠭᠯᠡᠭᠡᠨ ᠤ ᠭᠠᠵᠠᠷ ᠤᠨ ᠪᠠᠶᠢᠷᠢᠰᠢᠯ᠂ ᠳᠠᠯᠠᠪᠠᠢ᠂ ᠪᠦᠲᠦᠭᠡᠨ ᠪᠠᠶᠢᠭᠤᠯᠤᠯᠲᠠ ᠶᠢᠨ | ᠵᠦᠪᠰᠢᠶᠡᠷᠡᠭᠰᠡᠨ ᠬᠡᠪᠴᠢᠶ᠎ᠡ ᠶᠢ ᠬᠢᠨᠠᠨ ᠲᠤᠭᠳᠠᠭᠠᠵᠤ᠂ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠭᠠᠵᠠᠷ ᠤᠨ | ᠲᠦᠯᠦᠪᠵᠢᠬᠦᠯᠭᠡ ᠶᠢᠨ ᠵᠦᠪᠰᠢᠶᠡᠷᠡᠯ ᠤᠨ ᠦᠨᠡᠮᠯᠡᠯ ᠢ ᠬᠢᠨᠠᠨ ᠲᠠᠷᠬᠠᠭᠠᠨ᠎ᠠ᠃ ᠪᠦᠲᠦᠭᠡᠨ ᠪᠠᠶᠢᠭᠤᠯᠤᠯᠲᠠ ᠶᠢᠨ | ᠨᠢᠭᠡᠴᠢ ᠨᠢ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠭᠠᠵᠠᠷ ᠤᠨ ᠲᠦᠯᠦᠪᠵᠢᠬᠦᠯᠭᠡ ᠶᠢᠨ ᠵᠦᠪᠰᠢᠶᠡᠷᠡᠯ ᠤᠨ | ᠦᠨᠡᠮᠯᠡᠯ ᠢᠶᠠᠨ ᠤᠯᠤᠭᠰᠠᠨ ᠤ ᠳᠠᠷᠠᠭ᠎ᠠ᠂ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ | ᠭᠠᠵᠠᠷ ᠰᠢᠷᠤᠢ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠬᠡᠷᠡᠭᠯᠡᠭᠡᠨ ᠤ ᠭᠠᠵᠠᠷ | ᠭᠤᠶᠤᠴᠢᠯᠠᠵᠤ ᠪᠤᠯᠤᠨ᠎ᠠ᠃ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ | ᠵᠦᠪᠰᠢᠶᠡᠷᠡᠬᠦᠯᠦᠭᠰᠡᠨ ᠤ ᠳᠠᠷᠠᠭ᠎ᠠ᠂ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠦᠴᠢᠷ ᠠᠴᠠ ᠭᠠᠵᠠᠷ ᠰᠢᠷᠦᠢ ᠶᠢ ᠬᠤᠪᠢᠶᠠᠷᠢᠯᠠᠨ ᠰᠠᠯᠭᠠᠵᠤ ᠦᠭᠴᠦ ᠪᠤᠯᠤᠨ᠎ᠠ᠃ | ᠬᠤᠷᠢᠨ ᠲᠦᠷᠪᠡᠳᠦᠭᠡᠷ ᠵᠦᠢᠯ ᠬᠤᠲᠠ᠂ ᠪᠠᠯᠭᠠᠰᠤᠨ ᠤ ᠲᠦᠯᠦᠪᠵᠢᠬᠦᠯᠭᠡ ᠶᠢᠨ ᠤᠷᠤᠨ ᠤ ᠳᠤᠳᠤᠷ᠎ᠠ | ᠰᠢᠯᠵᠢᠭᠦᠯᠦᠨ ᠦᠭᠬᠦ ᠮᠠᠶ᠋ᠢᠭ ᠢᠶᠠᠷ ᠤᠯᠤᠰ ᠤᠨ ᠦᠮᠴᠢᠯᠡᠯᠲᠦ ᠭᠠᠵᠠᠷ ᠰᠢᠷᠦᠢ ᠶᠢᠨ ᠬᠡᠷᠡᠭᠯᠡᠭᠡᠨ ᠤ ᠡᠷᠭᠡ | ᠤᠯᠭᠤᠭᠰᠠᠨ ᠢ ᠪᠣᠯ ᠤᠯᠤᠰ ᠤᠨ ᠦᠮᠴᠢᠯᠡᠯᠲᠦ ᠭᠠᠵᠠᠷ ᠰᠢᠷᠦᠢ ᠶᠢᠨ ᠬᠡᠷᠡᠭᠯᠡᠭᠡᠨ ᠤ ᠡᠷᠭᠡ ᠶᠢ ᠰᠢᠯᠵᠢᠭᠦᠯᠦᠨ ᠦᠭᠬᠦ | ᠠᠴᠠ ᠨᠢ ᠡᠮᠦᠨ᠎ᠡ᠂ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠲᠠ ᠬᠦᠳᠡᠭᠡ ᠶᠢᠨ | ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠡᠵᠡᠮᠰᠢᠯ ᠤᠨ ᠴᠢᠨᠠᠷ | ᠪᠦᠬᠦᠢ ᠨᠠᠷᠢᠨ ᠨᠢᠭᠲᠠ ᠲᠦᠯᠦᠪᠵᠢᠬᠦᠯᠭᠡ ᠪᠠᠷ ᠦᠨᠳᠦᠰᠦᠯᠡᠯ ᠪᠤᠯᠭᠠᠵᠤ᠂ ᠰᠢᠯᠵᠢᠬᠦᠯᠦᠨ ᠦᠭᠭᠦ ᠭᠠᠵᠠᠷ ᠬᠡᠰᠡᠭ ᠤᠨ | ᠪᠠᠶᠢᠷᠢᠰᠢᠯ᠂ ᠬᠡᠷᠡᠭᠯᠡᠭᠡᠨ ᠤ ᠰᠢᠨᠵᠢ ᠴᠢᠨᠠᠷ᠂ ᠨᠡᠭᠡᠭᠡᠨ ᠬᠦᠭᠵᠢᠬᠦᠯᠬᠦ ᠡᠷᠴᠢᠮ ᠵᠡᠷᠭᠡ ᠲᠦᠯᠦᠪᠵᠢᠬᠦᠯᠭᠡ ᠶᠢᠨ | ᠨᠦᠬᠦᠴᠡᠯ ᠤᠳ ᠢ ᠬᠠᠩᠭᠠᠬᠤ ᠮᠦᠷᠲᠡᠭᠡᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠭᠠᠵᠠᠷ ᠤᠨ | ᠲᠦᠯᠦᠪᠵᠢᠬᠦᠯᠭᠡ ᠶᠢᠨ ᠨᠦᠬᠦᠴᠡᠯ ᠤᠨ ᠪᠢᠴᠢᠭ ᠨᠠᠶᠢᠷᠠᠭᠤᠯᠤᠨ ᠲᠠᠷᠬᠠᠭᠠᠬᠤ ᠶᠠᠪᠤᠳᠠᠯ ᠢᠶᠠᠷ ᠤᠯᠤᠰ ᠤᠨ | ᠦᠮᠴᠢᠯᠡᠯᠲᠦ ᠭᠠᠵᠠᠷ ᠰᠢᠷᠦᠢ ᠶᠢᠨ ᠬᠡᠷᠡᠭᠯᠡᠭᠡᠨ ᠤ ᠡᠷᠭᠡ ᠶᠢ ᠰᠢᠯᠵᠢᠬᠦᠯᠦᠨ ᠦᠭᠭᠦ ᠭᠡᠷ᠎ᠡ ᠶᠢᠨ ᠪᠦᠷᠢᠯᠳᠦᠬᠦᠨ ᠬᠡᠰᠡᠭ | ᠪᠤᠯᠭᠠᠬᠤ ᠬᠡᠷᠡᠭᠲᠡᠢ᠃ ᠲᠦᠯᠦᠪᠵᠢᠬᠦᠯᠭᠡ ᠶᠢᠨ ᠨᠦᠬᠦᠴᠡᠯ ᠢ ᠳᠤᠳᠤᠷᠬᠠᠶᠢᠯᠠᠭᠰᠠᠨ ᠦᠭᠡᠢ ᠭᠠᠵᠠᠷ ᠢ ᠪᠣᠯ ᠤᠯᠤᠰ | ᠤᠨ ᠦᠮᠴᠢᠯᠡᠯᠲᠦ ᠭᠠᠵᠠᠷ ᠰᠢᠷᠦᠢ ᠶᠢᠨ ᠬᠡᠷᠡᠭᠯᠡᠭᠡᠨ ᠤ ᠡᠷᠭᠡ ᠶᠢ ᠰᠢᠯᠵᠢᠬᠦᠯᠦᠨ ᠦᠭᠴᠦ ᠪᠤᠯᠬᠤ ᠦᠭᠡᠢ᠃ | ᠬᠤᠷᠢᠨ ᠲᠠᠪᠤᠳᠤᠭᠠᠷ ᠵᠦᠢᠯ ᠰᠢᠯᠵᠢᠬᠦᠯᠦᠨ ᠦᠭᠭᠦ ᠮᠠᠶ᠋ᠢᠭ ᠢᠶᠠᠷ ᠤᠯᠤᠰ ᠤᠨ ᠦᠮᠴᠢᠯᠡᠯᠲᠦ ᠭᠠᠵᠠᠷ ᠰᠢᠷᠥᠢ | ᠶᠢᠨ ᠬᠡᠷᠡᠭᠯᠡᠭᠡᠨ ᠤ ᠡᠷᠭᠡ ᠶᠢ ᠤᠯᠤᠭᠰᠠᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯ ᠤᠯᠤᠰ ᠤᠨ | ᠦᠮᠴᠢᠯᠡᠯᠲᠦ ᠭᠠᠵᠠᠷ ᠰᠢᠷᠥᠢ ᠶᠢᠨ ᠬᠡᠷᠡᠭᠯᠡᠭᠡᠨ ᠤ ᠡᠷᠭᠡ ᠶᠢ ᠰᠢᠯᠵᠢᠬᠦᠯᠦᠨ ᠦᠭᠭᠦ ᠭᠡᠷ᠎ᠡ ᠪᠠᠶᠢᠭᠤᠯᠤᠭᠰᠠᠨ ᠤ ᠳᠠᠷᠠᠭ᠎ᠠ | ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠵᠦᠪᠰᠢᠶᠡᠷᠡᠯ᠂ | ᠬᠢᠨᠠᠨ ᠵᠦᠪᠰᠢᠶᠡᠷᠡᠯ᠂ ᠳᠠᠩᠰᠠᠯᠠᠯᠲᠠ ᠶᠢᠨ ᠪᠢᠴᠢᠭ ᠮᠠᠲ᠋ᠧᠷᠢᠶᠠᠯ ᠪᠠ ᠤᠯᠤᠰ ᠤᠨ ᠦᠮᠴᠢᠯᠡᠯᠲᠦ ᠭᠠᠵᠠᠷ ᠰᠢᠷᠦᠢ ᠶᠢᠨ | ᠰᠢᠯᠵᠢᠬᠦᠯᠦᠨ ᠦᠭᠭᠦ ᠭᠡᠷ᠎ᠡ ᠵᠡᠷᠭᠡ ᠮᠠᠲ᠋ᠧᠷᠢᠶᠠᠯ ᠤᠳ ᠢᠶᠠᠨ ᠠᠪᠴᠤ᠂ ᠬᠤᠲᠠ᠂ ᠬᠤᠰᠢᠭᠤ ᠰᠢᠶᠠᠨ ᠤ ᠠᠷᠠᠳ ᠤᠨ | ᠵᠠᠰᠠᠭ ᠤᠨ ᠤᠷᠳᠤᠨ ᠤ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠦᠴᠢᠷ ᠲᠤ ᠪᠦᠲᠦᠭᠡᠨ ᠪᠠᠶᠢᠭᠤᠯᠤᠯᠲᠠ ᠶᠢᠨ ᠲᠦᠯᠦᠪᠵᠢᠬᠦᠯᠭᠡ ᠶᠢᠨ ᠵᠦᠪᠰᠢᠶᠡᠷᠡᠯ ᠤᠨ | ᠦᠨᠡᠮᠯᠡᠯ ᠭᠤᠶᠤᠴᠢᠯᠠᠨ ᠠᠪᠤᠨ᠎ᠠ᠃ | ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠲᠠ ᠬᠦᠳᠡᠭᠡ ᠶᠢᠨ ᠲᠦᠯᠦᠪᠵᠢᠬᠦᠯᠭᠡ ᠶᠢᠨ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ | ᠭᠠᠵᠠᠷ ᠤᠨ ᠲᠦᠯᠦᠪᠵᠢᠬᠦᠯᠭᠡ ᠶᠢᠨ ᠵᠦᠪᠰᠢᠶᠡᠷᠡᠯ ᠤᠨ ᠦᠨᠡᠮᠯᠡᠯ ᠳᠡᠭᠡᠨ ᠤᠯᠤᠰ ᠤᠨ ᠦᠮᠴᠢᠯᠡᠯᠲᠦ ᠭᠠᠵᠠᠷ ᠰᠢᠷᠤᠢ | ᠶᠢᠨ ᠬᠡᠷᠡᠭᠯᠡᠭᠡᠨ ᠤ ᠡᠷᠭᠡ ᠶᠢ ᠰᠢᠯᠵᠢᠬᠦᠯᠦᠨ ᠦᠭᠭᠦ ᠭᠡᠷ᠎ᠡ ᠶᠢᠨ ᠪᠦᠷᠢᠯᠳᠦᠬᠦᠨ ᠬᠡᠰᠡᠭ ᠪᠤᠯᠭᠠᠭᠰᠠᠨ ᠲᠦᠯᠦᠪᠵᠢᠬᠦᠯᠭᠡ | ᠶᠢᠨ ᠨᠦᠬᠦᠴᠡᠯ ᠢ ᠳᠤᠷ᠎ᠠ ᠪᠠᠷ ᠢᠶᠠᠨ ᠬᠤᠪᠢᠷᠠᠭᠤᠯᠵᠤ ᠪᠤᠯᠬᠤ ᠦᠭᠡᠢ᠃ | ᠬᠤᠷᠢᠨ ᠵᠢᠷᠭᠤᠳᠤᠭᠠᠷ ᠵᠦᠢᠯ ᠲᠦᠯᠦᠪᠵᠢᠬᠦᠯᠭᠡ ᠶᠢᠨ ᠨᠦᠬᠦᠴᠡᠯ ᠳᠤ᠂ ᠭᠠᠵᠠᠷ ᠬᠡᠰᠡᠭ ᠤᠨ ᠪᠠᠶᠢᠷᠢᠰᠢᠯ᠂ | ᠵᠠᠭᠠᠭ᠂ ᠲᠠᠯᠠᠪᠠᠢ᠂ ᠬᠡᠷᠡᠭᠯᠡᠭᠡᠨ ᠤ ᠰᠢᠨᠵᠢ ᠴᠢᠨᠠᠷ᠂ ᠪᠠᠭᠳᠠᠭᠠᠮᠵᠢ ᠶᠢᠨ ᠨᠤᠷᠮ᠎ᠠ᠂ ᠪᠠᠷᠢᠯᠭ᠎ᠠ ᠶᠢᠨ ᠨᠢᠭᠳᠠᠴᠠ᠂ | ᠪᠠᠷᠢᠯᠭ᠎ᠠ ᠶᠢᠨ ᠦᠨᠳᠦᠷᠴᠡ᠂ ᠪᠠᠷᠢᠯᠭ᠎ᠠ ᠶᠢᠨ ᠦᠩᠭᠡ᠂ ᠨᠠᠷᠠᠨ ᠤ ᠲᠤᠰᠤᠯᠲᠠ ᠶᠢᠨ ᠱᠠᠭᠠᠷᠳᠠᠯᠭ᠎ᠠ᠂ | ᠨᠤᠭᠤᠭᠠᠷᠠᠭᠤᠯᠤᠯᠲᠠ ᠶᠢᠨ ᠭᠠᠵᠠᠷ ᠤᠨ ᠨᠤᠷᠮ᠎ᠠ᠂ ᠲᠡᠷᠭᠡᠨ ᠵᠤᠭᠰᠤᠭᠠᠯ ᠤᠨ ᠪᠠᠶᠢᠷᠢ ᠶᠢᠨ ᠳᠡᠮᠳᠡᠭ᠂ ᠭᠤᠤᠯ | ᠤᠷᠤᠴᠠ ᠭᠠᠷᠤᠴᠠ ᠶᠢᠨ ᠪᠠᠶᠢᠷᠢᠰᠢᠯ᠂ ᠵᠠᠮ ᠤᠨ ᠡᠵᠡᠮᠰᠢᠯ ᠴᠢᠭ᠋ ᠤᠨ ᠦᠨᠳᠦᠷ ᠤᠨ ᠳᠡᠮᠳᠡᠭ᠂ ᠲᠦᠯᠦᠪᠵᠢᠬᠦᠯᠭᠡ | ᠶᠢᠨ ᠡᠵᠡᠮᠰᠢᠯ ᠤᠨ ᠱᠤᠭᠤᠮ᠂ ᠡᠷᠬᠡᠪᠰᠢ ᠲᠤᠬᠢᠷᠠᠭᠤᠯᠬᠤ ᠰᠠᠭᠤᠷᠢ ᠲᠦᠬᠦᠭᠡᠷᠦᠮᠵᠢ᠂ ᠤᠯᠠᠨ ᠨᠡᠶᠢᠲᠡ ᠶᠢᠨ | ᠦᠢᠯᠡᠴᠢᠯᠡᠭᠡᠨ ᠤ ᠲᠦᠬᠦᠭᠡᠷᠦᠮᠵᠢ ᠵᠡᠷᠭᠡ ᠠᠭᠤᠯᠭ᠎ᠠ ᠶᠢ ᠪᠠᠭᠳᠠᠭᠠᠭᠰᠠᠨ ᠪᠠᠶᠢᠬᠤ ᠬᠡᠷᠡᠭᠲᠡᠢ᠃ | ᠠᠵᠤ ᠦᠢᠯᠡᠳᠪᠦᠷᠢ᠂ ᠰᠠᠩ ᠬᠦᠮᠦᠷᠭᠡ᠂ ᠰᠠᠭᠤᠷᠢ ᠲᠦᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡᠨ ᠤ | ᠲᠦᠬᠦᠭᠡᠷᠦᠮᠵᠢ ᠵᠡᠷᠭᠡ ᠳᠤ ᠭᠠᠵᠠᠷ ᠬᠡᠷᠡᠭᠯᠡᠬᠦ ᠶᠢᠨ ᠲᠦᠯᠦᠪᠵᠢᠬᠦᠯᠭᠡ ᠶᠢᠨ ᠨᠦᠬᠦᠴᠡᠯ ᠢ ᠪᠤᠳᠠᠳᠤ ᠪᠠᠶᠢᠳᠠᠯ ᠢᠶᠠᠨ | ᠦᠨᠳᠦᠰᠦᠯᠡᠨ ᠲᠤᠭᠳᠠᠭᠠᠬᠤ ᠪᠤᠯᠤᠨ᠎ᠠ᠃ | ᠲᠦᠯᠦᠪᠵᠢᠬᠦᠯᠭᠡ ᠶᠢᠨ ᠨᠦᠬᠦᠴᠡᠯ ᠨᠢ ᠡᠨᠧᠷᠬᠢ ᠠᠷᠪᠢᠯᠠᠬᠤ ᠱᠠᠭᠠᠷᠳᠠᠯᠭ᠎ᠠ ᠳᠤ ᠬᠦᠷᠦᠭᠰᠡᠨ ᠪᠠᠶᠢᠬᠤ ᠬᠡᠷᠡᠭᠲᠡᠢ᠃ | ᠬᠤᠷᠢᠨ ᠳᠤᠯᠤᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠬᠤᠲᠠ᠂ ᠬᠤᠰᠢᠭᠤ ᠰᠢᠶᠠᠨ ᠤ | ᠠᠷᠠᠳ ᠤᠨ ᠵᠠᠰᠠᠭ ᠤᠨ ᠤᠷᠳᠤᠨ ᠤ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠲᠦᠯᠦᠪᠵᠢᠬᠦᠯᠭᠡ ᠶᠢᠨ ᠨᠦᠬᠦᠴᠡᠯ ᠢᠶᠠᠷ ᠨᠡᠭᠡᠭᠡᠨ | ᠬᠦᠭᠵᠢᠬᠦᠯᠵᠦ ᠪᠦᠲᠦᠭᠡᠨ ᠪᠠᠶᠢᠭᠤᠯᠬᠤ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠦᠮᠦᠨ ᠬᠤᠲᠠ ᠬᠦᠳᠡᠭᠡ ᠶᠢᠨ | ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ | ᠲᠦᠯᠦᠪᠵᠢᠬᠦᠯᠭᠡ ᠶᠢᠨ ᠨᠦᠬᠦᠴᠡᠯ ᠢ ᠳᠤᠷ᠎ᠠ ᠪᠠᠷ ᠢᠶᠠᠨ ᠬᠤᠪᠢᠷᠠᠭᠤᠯᠵᠤ ᠪᠤᠯᠬᠤ ᠦᠭᠡᠢ᠃ ᠦᠨᠡᠨᠬᠦ ᠬᠤᠪᠢᠷᠠᠭᠤᠯᠬᠤ | ᠴᠢᠬᠤᠯᠠ ᠲᠠᠢ ᠪᠣᠯ᠂ ᠪᠠᠶᠢᠭ᠎ᠠ ᠭᠠᠵᠠᠷ ᠶᠢᠨ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠳᠤᠷᠠᠳᠴᠤ᠂ ᠬᠤᠲᠠ ᠬᠦᠳᠡᠭᠡ ᠶᠢᠨ | ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠠᠤᠯᠢ ᠶᠤᠰᠤᠭᠠᠷ | ᠬᠤᠪᠢᠷᠠᠭᠤᠯᠤᠭᠰᠠᠨ ᠤ ᠳᠠᠷᠠᠭᠠᠬᠢ ᠲᠦᠯᠦᠪᠵᠢᠬᠦᠯᠭᠡ ᠶᠢᠨ ᠨᠦᠬᠦᠴᠡᠯ ᠢᠶᠠᠨ ᠴᠠᠭ ᠲᠤᠬᠠᠢ ᠳᠤ ᠨᠢ ᠠᠳᠠᠯᠢ ᠱᠠᠲᠤᠨ | ᠤ ᠭᠠᠵᠠᠷ ᠰᠢᠷᠤᠢ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠳᠡᠬᠦ ᠮᠦᠷᠲᠡᠭᠡᠨ | ᠨᠡᠶᠢᠲᠡᠯᠡᠬᠦ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠤᠯᠤᠰ ᠤᠨ ᠦᠮᠴᠢᠯᠡᠯᠲᠦ ᠭᠠᠵᠠᠷ ᠰᠢᠷᠤᠢ ᠶᠢᠨ ᠬᠡᠷᠡᠭᠯᠡᠭᠡᠨ ᠤ ᠡᠷᠭᠡ ᠶᠢ ᠬᠠᠤᠯᠢ | ᠶᠤᠰᠤᠭᠠᠷ ᠰᠢᠯᠵᠢᠬᠦᠯᠦᠨ ᠦᠭᠭᠦᠭᠰᠡᠨ ᠤ ᠳᠠᠷᠠᠭ᠎ᠠ᠂ ᠰᠢᠯᠵᠢᠬᠦᠯᠦᠯᠲᠡ ᠶᠢ ᠠᠪᠤᠭᠰᠠᠨ ᠳᠠᠯ᠎ᠠ ᠨᠢ ᠰᠢᠯᠵᠢᠬᠦᠯᠦᠨ | ᠦᠭᠭᠦᠭᠰᠡᠨ ᠭᠡᠷ᠎ᠡ᠂ ᠰᠢᠯᠵᠢᠬᠦᠯᠦᠨ ᠦᠭᠭᠦᠭᠰᠡᠨ ᠤᠤᠯ ᠤᠨ ᠭᠡᠷ᠎ᠡ ᠳᠠᠬᠢ ᠲᠦᠯᠦᠪᠵᠢᠬᠦᠯᠭᠡ ᠶᠢᠨ ᠨᠦᠬᠦᠴᠡᠯ ᠵᠢᠴᠢ | ᠳᠠᠭᠠᠯᠳᠤᠭᠤᠯᠤᠭᠰᠠᠨ ᠵᠢᠷᠤᠭ ᠵᠡᠷᠭᠡ ᠮᠠᠲ᠋ᠧᠷᠢᠶᠠᠯ ᠢᠶᠠᠨ ᠠᠪᠴᠤ᠂ ᠬᠤᠲᠠ᠂ ᠬᠤᠰᠢᠭᠤ ᠰᠢᠶᠠᠨ ᠤ ᠠᠷᠠᠳ ᠤᠨ | ᠵᠠᠰᠠᠭ ᠤᠨ ᠤᠷᠳᠤᠨ ᠤ ᠤᠤᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠭᠠᠵᠠᠷ ᠤᠨ ᠲᠦᠯᠦᠪᠵᠢᠬᠦᠯᠭᠡ | ᠶᠢᠨ ᠵᠦᠪᠰᠢᠶᠡᠷᠡᠯ ᠤᠨ ᠦᠨᠡᠮᠯᠡᠯ ᠬᠢᠨᠠᠨ ᠲᠠᠷᠬᠠᠭᠠᠭᠰᠠᠨ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠬᠤᠪᠢᠷᠠᠭᠤᠯᠤᠨ ᠳᠠᠩᠰᠠᠯᠠᠭᠤᠯᠬᠤ ᠶᠢ ᠭᠤᠶᠤᠴᠢᠯᠠᠨ | ᠬᠦᠢᠴᠡᠳᠬᠡᠬᠦ ᠬᠡᠷᠡᠭᠲᠡᠢ᠃ | ᠤᠯᠤᠰ ᠤᠨ ᠦᠮᠴᠢᠯᠡᠯᠲᠦ ᠭᠠᠵᠠᠷ ᠰᠢᠷᠤᠢ ᠶᠢᠨ ᠬᠡᠷᠡᠭᠯᠡᠭᠡᠨ ᠤ ᠡᠷᠭᠡ ᠶᠢ ᠰᠢᠯᠵᠢᠬᠦᠯᠦᠨ ᠦᠭᠭᠦ ᠳᠡᠭᠡᠨ᠂ | ᠰᠢᠯᠵᠢᠬᠦᠯᠦᠨ ᠦᠭᠭᠦᠭᠰᠡᠨ ᠤᠤᠯ ᠤᠨ ᠭᠡᠷ᠎ᠡ ᠶᠢᠨ ᠲᠦᠯᠦᠪᠵᠢᠬᠦᠯᠭᠡ ᠶᠢᠨ ᠨᠦᠬᠦᠴᠡᠯ ᠢ ᠳᠤᠷ᠎ᠠ ᠪᠠᠷ ᠢᠶᠠᠨ | ᠬᠤᠪᠢᠷᠠᠭᠤᠯᠵᠤ ᠪᠤᠯᠬᠤ ᠦᠭᠡᠢ᠃ | ᠬᠤᠷᠢ ᠶᠢᠰᠦᠳᠦᠭᠡᠷ ᠵᠦᠢᠯ ᠬᠤᠲᠠ᠂ ᠪᠠᠯᠭᠠᠰᠤᠨ ᠤ ᠲᠦᠯᠦᠪᠵᠢᠬᠦᠯᠭᠡ ᠶᠢᠨ ᠤᠷᠤᠨ ᠳᠤᠳᠤᠷ᠎ᠠ ᠭᠡᠷ ᠪᠠᠷᠢᠯᠭ᠎ᠠ | ᠶᠢᠨ ᠵᠦᠢᠯ᠂ ᠪᠦᠲᠦᠴᠡ ᠪᠠᠷᠢᠯᠭ᠎ᠠ ᠶᠢᠨ ᠵᠦᠢᠯ᠂ ᠵᠠᠮ᠂ ᠬᠤᠭᠤᠯᠠᠢ ᠱᠤᠭᠤᠮ ᠪᠠ ᠪᠤᠰᠤᠳ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠬᠢᠬᠦ ᠳᠡᠭᠡᠨ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠦᠯᠦᠪᠵᠢᠬᠦᠯᠭᠡ ᠶᠢᠨ | ᠵᠦᠪᠰᠢᠶᠡᠷᠡᠯ ᠤᠨ ᠦᠨᠡᠮᠯᠡᠯ ᠢ ᠬᠠᠤᠯᠢ ᠶᠤᠰᠤᠭᠠᠷ ᠬᠦᠢᠴᠡᠳᠬᠡᠬᠦ ᠬᠡᠷᠡᠭᠲᠡᠢ᠃ | ᠰᠤᠮᠤ ᠰᠢᠶᠠᠩ᠂ ᠭᠠᠴᠠᠭ᠎ᠠ ᠲᠤᠰᠬᠤᠨ ᠤ ᠲᠦᠯᠦᠪᠵᠢᠬᠦᠯᠭᠡ ᠶᠢᠨ ᠤᠷᠤᠨ ᠤ ᠳᠤᠳᠤᠷ᠎ᠠ᠂ ᠰᠢᠶᠠᠩ ᠪᠠᠯᠭᠠᠰᠤᠨ ᠤ | ᠠᠵᠤ ᠠᠬᠤᠶᠢᠯᠠᠯ᠂ ᠰᠢᠶᠠᠩ ᠲᠤᠰᠬᠤᠨ ᠤ ᠤᠯᠠᠨ ᠨᠡᠶᠢᠲᠡ ᠶᠢᠨ ᠲᠦᠬᠦᠭᠡᠷᠦᠮᠵᠢ ᠪᠠ ᠨᠡᠶᠢᠲᠡ ᠶᠢᠨ ᠠᠰᠠᠷᠠᠮᠵᠢ ᠶᠢᠨ | ᠦᠢᠯᠡᠰ ᠤᠨ ᠪᠦᠲᠦᠭᠡᠨ ᠪᠠᠶᠢᠭᠤᠯᠤᠯᠲᠠ ᠬᠢᠬᠦ ᠳᠤ ᠪᠠᠨ᠂ ᠰᠢᠶᠠᠩ ᠲᠤᠰᠬᠤᠨ ᠤ ᠪᠦᠲᠦᠭᠡᠨ ᠪᠠᠶᠢᠭᠤᠯᠤᠯᠲᠠ ᠶᠢᠨ | ᠲᠦᠯᠦᠪᠵᠢᠬᠦᠯᠭᠡ ᠶᠢᠨ ᠵᠦᠪᠰᠢᠶᠡᠷᠡᠯ ᠤᠨ ᠦᠨᠡᠮᠯᠡᠯ ᠢ ᠬᠠᠤᠯᠢ ᠶᠤᠰᠤᠭᠠᠷ ᠬᠦᠢᠴᠡᠳᠭᠡᠬᠦ ᠬᠡᠷᠡᠭᠲᠡᠢ᠃ | ᠬᠤᠭᠤᠴᠠᠭ᠎ᠠ ᠬᠤᠪᠢᠶᠠᠨ ᠲᠦᠷᠦᠯ ᠵᠦᠢᠯ ᠢ ᠪᠦᠲᠦᠭᠡᠨ ᠪᠠᠶᠢᠭᠤᠯᠬᠤ ᠴᠢᠬᠤᠯᠠ ᠪᠦᠬᠦᠢ ᠪᠦᠲᠦᠭᠡᠨ ᠪᠠᠶᠢᠭᠤᠯᠤᠯᠲᠠ | ᠶᠢᠨ ᠨᠢᠭᠡᠴᠢ ᠪᠤᠶᠤ ᠬᠤᠪᠢ ᠬᠦᠮᠦᠨ ᠬᠤᠭᠤᠴᠠᠭ᠎ᠠ ᠬᠤᠪᠢᠶᠠᠵᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠲᠦᠯᠦᠪᠵᠢᠬᠦᠯᠭᠡ ᠶᠢᠨ ᠵᠦᠪᠰᠢᠶᠡᠷᠡᠯ ᠤᠨ ᠦᠨᠡᠮᠯᠡᠯ ᠪᠤᠶᠤ ᠰᠢᠶᠠᠩ ᠲᠤᠰᠬᠤᠨ ᠤ ᠪᠦᠲᠦᠭᠡᠨ ᠪᠠᠶᠢᠭᠤᠯᠤᠯᠲᠠ ᠶᠢᠨ | ᠲᠦᠯᠦᠪᠵᠢᠬᠦᠯᠭᠡ ᠶᠢᠨ ᠵᠦᠪᠰᠢᠶᠡᠷᠡᠯ ᠤᠨ ᠦᠨᠡᠮᠯᠡᠯ ᠢ ᠬᠠᠤᠯᠢ ᠶᠤᠰᠤᠭᠠᠷ ᠭᠤᠶᠤᠴᠢᠯᠠᠨ ᠬᠦᠢᠴᠡᠳᠬᠡᠬᠦ ᠬᠡᠷᠡᠭᠲᠡᠢ᠃ | ᠭᠤᠴᠢᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠢ ᠡᠬᠢᠯᠡᠬᠦᠯᠬᠦ ᠠᠴᠠ ᠡᠮᠦᠨ᠎ᠡ | ᠵᠢᠴᠢ ᠰᠠᠭᠤᠷᠢ ᠪᠠᠷᠢᠯᠭ᠎ᠠ ᠪᠤᠶᠤ ᠳᠠᠯᠳᠠ ᠪᠠᠷᠢᠯᠭ᠎ᠠ ᠶᠢᠨ ᠠᠵᠢᠯ ᠢ ᠡᠬᠢᠯᠡᠬᠦᠯᠬᠦ ᠠᠴᠠ ᠡᠮᠦᠨ᠎ᠡ᠂ ᠬᠠᠤᠯᠢ ᠶᠤᠰᠤᠭᠠᠷ | ᠪᠤᠷᠤ ᠲᠦᠯᠦᠪ ᠲᠡᠩᠭᠡᠯᠢᠭ ᠱᠤᠭᠤᠮ ᠢ ᠰᠢᠯᠭᠠᠨ ᠬᠤᠷᠢᠶᠠᠬᠤ ᠬᠡᠷᠡᠭᠲᠡᠢ᠃ | ᠭᠤᠴᠢᠨ ᠨᠢᠭᠡᠳᠦᠭᠡᠷ ᠵᠦᠢᠯ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠲᠠ | ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠨᠢ ᠲᠦᠯᠦᠪᠵᠢᠬᠦᠯᠭᠡ ᠶᠢᠨ ᠨᠦᠬᠦᠴᠡᠯ ᠳᠤ ᠬᠦᠷᠬᠦ ᠡᠰᠡᠬᠦ ᠶᠢ ᠬᠠᠤᠯᠢ ᠶᠤᠰᠤᠭᠠᠷ | ᠬᠠᠷᠭᠤᠭᠤᠯᠬᠤ ᠬᠡᠷᠡᠭᠲᠡᠢ᠃ ᠲᠦᠯᠦᠪᠵᠢᠬᠦᠯᠭᠡ ᠶᠢᠨ ᠨᠦᠬᠦᠴᠡᠯ ᠳᠤ ᠬᠦᠷᠦᠭᠰᠡᠨ ᠪᠣᠯ᠂ ᠪᠦᠲᠦᠭᠡᠨ ᠪᠠᠶᠢᠭᠤᠯᠤᠯᠲᠠ | ᠶᠢᠨ ᠪᠠᠷᠢᠯᠭ᠎ᠠ ᠶᠢᠨ ᠠᠵᠢᠯ ᠪᠠᠷᠠᠭᠠᠭᠰᠠᠨ ᠲᠦᠯᠦᠪᠵᠢᠬᠦᠯᠭᠡ ᠶᠢᠨ ᠬᠠᠷᠭᠤᠭᠤᠯᠤᠯᠲᠠ ᠳᠤ ᠬᠢᠷᠢ ᠲᠡᠩᠴᠡᠭᠰᠡᠨ | ᠦᠨᠡᠮᠯᠡᠯ ᠬᠢᠨᠠᠨ ᠤᠯᠭᠤᠨ᠎ᠠ︔ ᠬᠠᠷᠭᠤᠭᠤᠯᠤᠭᠰᠠᠨ ᠦᠭᠡᠢ ᠪᠤᠶᠤ ᠬᠠᠷᠭᠤᠭᠤᠯᠤᠭᠠᠳ ᠲᠦᠯᠦᠪᠵᠢᠬᠦᠯᠭᠡ ᠶᠢᠨ | ᠨᠦᠬᠦᠴᠡᠯ ᠳᠤ ᠦᠯᠦ ᠬᠦᠷᠦᠭᠰᠡᠨ ᠪᠣᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠪᠠᠷᠢᠯᠭ᠎ᠠ ᠶᠢᠨ ᠠᠵᠢᠯ | ᠪᠠᠷᠠᠭᠠᠭᠰᠠᠨ ᠰᠢᠯᠭᠠᠨ ᠬᠤᠷᠢᠶᠠᠯᠳᠠ ᠶᠢ ᠵᠤᠬᠢᠶᠠᠨ ᠪᠠᠶᠢᠭᠤᠯᠵᠤ ᠪᠤᠯᠬᠤ ᠦᠭᠡᠢ᠂ ᠦᠮᠴᠢᠯᠡᠯ ᠤᠨ ᠡᠷᠭᠡ ᠶᠢ | ᠳᠠᠩᠰᠠᠯᠠᠬᠤ ᠪᠠᠶᠢᠭᠤᠯᠭ᠎ᠠ ᠨᠢ ᠦᠮᠴᠢᠯᠡᠯ ᠤᠨ ᠡᠷᠭᠡ ᠶᠢ ᠳᠠᠩᠰᠠᠯᠠᠬᠤ ᠭᠠᠷᠳᠠᠮ ᠬᠦᠢᠴᠡᠳᠭᠡᠵᠦ ᠦᠭᠭᠦ ᠦᠭᠡᠢ᠃ | ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠲᠦᠯᠦᠪᠵᠢᠬᠦᠯᠭᠡ ᠶᠢᠨ ᠨᠦᠬᠦᠴᠡᠯ ᠶᠤᠰᠤᠭᠠᠷ ᠪᠦᠲᠦᠭᠡᠨ | ᠪᠠᠶᠢᠭᠤᠯᠤᠭᠰᠠᠨ ᠦᠭᠡᠢ ᠪᠤᠶᠤ ᠴᠠᠭ ᠤᠨ ᠳᠠᠷᠠᠭᠠᠯᠠᠯ ᠶᠤᠰᠤᠭᠠᠷ ᠢᠵᠢ ᠪᠦᠷᠢᠳᠦᠭᠰᠡᠨ ᠲᠦᠬᠦᠭᠡᠷᠦᠮᠵᠢ ᠪᠠ ᠤᠯᠠᠨ | ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢ ᠪᠦᠲᠦᠭᠡᠨ ᠪᠠᠶᠢᠭᠤᠯᠤᠭᠰᠠᠨ ᠦᠭᠡᠢ ᠪᠣᠯ᠂ ᠬᠤᠲᠠ ᠬᠦᠳᠡᠭᠡ | ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠳᠤ ᠲᠦᠯᠦᠪᠵᠢᠬᠦᠯᠭᠡ ᠶᠢᠨ ᠬᠠᠷᠭᠤᠭᠤᠯᠤᠯᠲᠠ ᠬᠢᠵᠦ ᠦᠭᠭᠦ ᠦᠭᠡᠢ᠃ | ᠭᠤᠴᠢᠨ ᠬᠤᠶᠠᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠪᠠ ᠬᠤᠪᠢ ᠬᠦᠮᠦᠨ ᠬᠤᠲᠠ | ᠪᠠᠯᠭᠠᠰᠤᠨ ᠤ ᠲᠦᠯᠦᠪᠵᠢᠬᠦᠯᠭᠡ ᠶᠢᠨ ᠤᠷᠤᠨ ᠳᠤᠳᠤᠷ᠎ᠠ ᠲᠦᠷ ᠴᠠᠭ ᠤᠨ ᠪᠦᠲᠦᠭᠡᠨ ᠪᠠᠶᠢᠭᠤᠯᠤᠯᠲᠠ ᠬᠢᠬᠦ ᠳᠡᠭᠡᠨ᠂ | ᠲᠦᠷ ᠴᠠᠭ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠭᠠᠵᠠᠷ ᠤᠨ ᠲᠦᠯᠦᠪᠵᠢᠬᠦᠯᠭᠡ ᠶᠢᠨ ᠵᠦᠪᠰᠢᠶᠡᠷᠡᠯ | ᠤᠨ ᠦᠨᠡᠮᠯᠡᠯ ᠪᠠ ᠲᠦᠷ ᠴᠠᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠦᠯᠦᠪᠵᠢᠬᠦᠯᠭᠡ ᠶᠢᠨ | ᠵᠦᠪᠰᠢᠶᠡᠷᠡᠯ ᠤᠨ ᠦᠨᠡᠮᠯᠡᠯ ᠢ ᠬᠠᠤᠯᠢ ᠶᠤᠰᠤᠭᠠᠷ ᠬᠦᠢᠴᠡᠳᠬᠡᠬᠦ ᠬᠡᠷᠡᠭᠲᠡᠢ᠃ | ᠲᠦᠷ ᠴᠠᠭ ᠤᠨ ᠪᠦᠲᠦᠭᠡᠨ ᠪᠠᠶᠢᠭᠤᠯᠤᠯᠲᠠ ᠨᠢ ᠤᠶᠢᠷ᠎ᠠ ᠶᠢᠨ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠪᠤᠶᠤ | ᠡᠵᠡᠮᠰᠢᠯ ᠴᠢᠨᠠᠷ ᠪᠦᠬᠦᠢ ᠨᠠᠷᠢᠨ ᠨᠢᠭᠲᠠ ᠲᠦᠯᠦᠪᠵᠢᠬᠦᠯᠭᠡ ᠶᠢᠨ ᠬᠡᠷᠡᠭᠵᠢᠬᠦᠯᠦᠯᠲᠡ ᠵᠢᠴᠢ ᠵᠠᠮ ᠬᠠᠷᠢᠯᠴᠠᠭ᠎ᠠ᠂ | ᠬᠤᠲᠠ ᠶᠢᠨ ᠲᠦᠷᠢ ᠲᠦᠷᠰᠦ᠂ ᠠᠮᠦᠷ ᠲᠦᠪᠰᠢᠨ ᠵᠡᠷᠭᠡ ᠶᠢ ᠨᠦᠯᠦᠭᠡᠯᠡᠬᠦ ᠪᠠᠷ ᠪᠣᠯ ᠵᠦᠪᠰᠢᠶᠡᠷᠡᠵᠦ ᠪᠤᠯᠬᠤ ᠦᠭᠡᠢ | ᠃ | ᠬᠤᠲᠠ ᠶᠢᠨ ᠴᠢᠬᠤᠯᠠ ᠵᠠᠮ ᠤᠨ ᠬᠤᠶᠠᠷ ᠬᠠᠵᠠᠭᠤ ᠵᠢᠴᠢ ᠬᠤᠲᠠ ᠶᠢᠨ ᠲᠦᠷᠢ ᠲᠦᠷᠰᠦ ᠶᠢᠨ ᠨᠦᠯᠦᠭᠡ ᠪᠠᠷ ᠮᠠᠰᠢ | ᠲᠤᠮᠤ ᠭᠠᠵᠠᠷ ᠤᠷᠤᠨ ᠳᠤ ᠶᠡᠷᠦ ᠠᠴᠠ ᠲᠦᠷ ᠴᠠᠭ ᠤᠨ ᠴᠢᠨᠠᠷ ᠪᠦᠬᠦᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ | ᠶᠢ ᠬᠢᠨᠠᠨ ᠵᠦᠪᠰᠢᠶᠡᠷᠡᠵᠦ ᠪᠤᠯᠬᠤ ᠦᠭᠡᠢ᠃ | ᠲᠦᠷ ᠴᠠᠭ ᠤᠨ ᠪᠦᠲᠦᠭᠡᠨ ᠪᠠᠶᠢᠭᠤᠯᠤᠯᠲᠠ ᠬᠢᠬᠦ ᠳᠤ ᠬᠡᠷᠡᠭᠯᠡᠭᠡᠨ ᠤ ᠰᠢᠨᠵᠢ ᠴᠢᠨᠠᠷ ᠢ ᠲᠤᠷ᠎ᠠ ᠪᠠᠷ ᠢᠶᠠᠨ | ᠬᠤᠪᠢᠷᠠᠭᠤᠯᠵᠤ ᠪᠤᠯᠬᠤ ᠦᠭᠡᠢ᠂ ᠭᠡᠷ ᠪᠠᠶᠢᠰᠢᠩ ᠤᠨ ᠦᠮᠴᠢᠯᠡᠯ ᠤᠨ ᠡᠷᠭᠡ ᠶᠢᠨ ᠳᠠᠩᠰᠠᠯᠠᠯᠲᠠ ᠶᠢ ᠬᠦᠢᠴᠡᠳᠭᠡᠵᠦ | ᠦᠭᠴᠦ ᠪᠤᠯᠬᠤ ᠦᠭᠡᠢ᠃ | ᠭᠤᠴᠢᠨ ᠭᠤᠷᠪᠠᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠪᠤᠶᠤ ᠬᠤᠪᠢ ᠬᠦᠮᠦᠨ ᠲᠦᠷ ᠴᠠᠭ | ᠤᠨ ᠪᠦᠲᠦᠭᠡᠨ ᠪᠠᠶᠢᠭᠤᠯᠤᠯᠲᠠ᠂ ᠲᠦᠷ ᠴᠠᠭ ᠤᠨ ᠭᠠᠵᠠᠷ ᠬᠡᠷᠡᠭᠯᠡᠯᠲᠡ ᠶᠢᠨ ᠵᠦᠪᠰᠢᠶᠡᠷᠡᠯ ᠤᠨ ᠬᠤᠭᠤᠴᠠᠭ᠎ᠠ | ᠲᠦᠬᠦᠷᠡᠬᠦ ᠠᠴᠠ ᠡᠮᠦᠨ᠎ᠡ᠂ ᠭᠡᠷ ᠪᠠᠷᠢᠯᠭ᠎ᠠ ᠶᠢᠨ ᠵᠦᠢᠯ᠂ ᠪᠦᠲᠦᠴᠡ ᠪᠠᠷᠢᠯᠭ᠎ᠠ ᠶᠢᠨ ᠵᠦᠢᠯ ᠢ ᠦᠪᠡᠷᠰᠡᠳ ᠢᠶᠠᠨ | ᠨᠤᠷᠠᠭᠠᠵᠤ᠂ ᠭᠠᠵᠠᠷ ᠲᠠᠯᠠᠪᠠᠢ ᠢᠶᠠᠨ ᠴᠡᠪᠡᠷᠯᠡᠬᠦ ᠬᠡᠷᠡᠭᠲᠡᠢ᠃ | | ᠳᠦᠷᠪᠡᠳᠦᠭᠡᠷ ᠪᠦᠯᠦᠭ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠦᠨᠡᠯᠡᠯᠲᠡ ᠪᠠ ᠵᠠᠰᠠᠯᠲᠠ | | | ᠭᠤᠴᠢᠨ ᠲᠦᠷᠪᠡᠳᠦᠭᠡᠷ ᠵᠦᠢᠯ ᠬᠤᠲᠠ ᠶᠢᠨ ᠶᠡᠷᠦᠩᠭᠡᠢ ᠲᠦᠯᠦᠪᠵᠢᠬᠦᠯᠭᠡ᠂ ᠪᠠᠯᠭᠠᠰᠤᠨ ᠤ ᠶᠡᠷᠦᠩᠭᠡᠢ | ᠲᠦᠯᠦᠪᠵᠢᠬᠦᠯᠭᠡ ᠶᠢᠨ ᠨᠠᠶᠢᠷᠠᠭᠤᠯᠤᠨ ᠵᠤᠬᠢᠶᠠᠬᠤ ᠶᠢ ᠵᠤᠬᠢᠶᠠᠨ ᠪᠠᠶᠢᠭᠤᠯᠬᠤ ᠪᠠᠶᠢᠭᠤᠯᠭ᠎ᠠ ᠨᠢ ᠬᠤᠯᠪᠤᠭᠳᠠᠯ ᠪᠦᠬᠦᠢ | ᠰᠠᠯᠠᠭ᠎ᠠ ᠮᠦᠴᠢᠷ ᠪᠠ ᠲᠤᠰᠬᠠᠢ ᠮᠡᠷᠭᠡᠵᠢᠯᠲᠡᠨ ᠨᠠᠷ ᠢ ᠵᠤᠬᠢᠶᠠᠨ ᠪᠠᠶᠢᠭᠤᠯᠤᠨ ᠬᠤᠶᠠᠷ ᠵᠢᠯ ᠪᠤᠯᠭᠠᠨ ᠳᠤ | ᠲᠦᠯᠦᠪᠵᠢᠬᠦᠯᠭᠡ ᠶᠢ ᠬᠡᠷᠡᠭᠵᠢᠬᠦᠯᠦᠭᠰᠡᠨ ᠪᠠᠶᠢᠳᠠᠯ ᠳᠤ ᠦᠨᠡᠯᠡᠯᠲᠡ ᠬᠢᠬᠦ ᠮᠦᠷᠲᠡᠭᠡᠨ ᠨᠤᠲᠠᠯᠠᠯᠲᠠ ᠶᠢᠨ ᠬᠤᠷᠠᠯ᠂ | ᠬᠡᠷᠡᠴᠢᠯᠡᠯᠲᠡ ᠰᠤᠨᠤᠰᠬᠤ ᠬᠤᠷᠠᠯ ᠡᠰᠡᠬᠦᠯ᠎ᠡ ᠪᠤᠰᠤᠳ ᠠᠷᠭ᠎ᠠ ᠮᠠᠶ᠋ᠢᠭ ᠠᠪᠴᠤ ᠤᠯᠠᠨ ᠨᠡᠶᠢᠲᠡ ᠶᠢᠨ ᠰᠠᠨᠠᠯ ᠢ | ᠬᠤᠷᠢᠶᠠᠬᠤ ᠬᠡᠷᠡᠭᠲᠡᠢ᠃ ᠨᠠᠶᠢᠷᠠᠭᠤᠯᠤᠨ ᠵᠤᠬᠢᠶᠠᠬᠤ ᠶᠢ ᠵᠤᠬᠢᠶᠠᠨ ᠪᠠᠶᠢᠭᠤᠯᠬᠤ ᠪᠠᠶᠢᠭᠤᠯᠭ᠎ᠠ ᠨᠢ ᠲᠤᠰ ᠱᠠᠲᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠪᠠᠯᠭᠠᠰᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠤᠤᠯ ᠬᠢᠨᠠᠨ ᠵᠦᠪᠰᠢᠶᠡᠷᠡᠭᠰᠡᠨ ᠪᠠᠶᠢᠭᠤᠯᠭ᠎ᠠ | ᠳᠤ ᠦᠨᠡᠯᠡᠯᠲᠡ ᠶᠢᠨ ᠮᠡᠳᠡᠬᠦᠯᠦᠯᠲᠡ ᠳᠤᠷᠠᠳᠬᠤ ᠮᠦᠷᠲᠡᠭᠡᠨ ᠬᠤᠷᠢᠶᠠᠭᠰᠠᠨ ᠰᠠᠨᠠᠯ ᠤᠨ ᠪᠠᠶᠢᠳᠠᠯ ᠢ ᠳᠠᠭᠠᠯᠳᠤᠭᠤᠯᠬᠤ | ᠬᠡᠷᠡᠭᠲᠡᠢ᠃ | ᠭᠤᠴᠢᠨ ᠳᠠᠪᠤᠳᠤᠭᠠᠷ ᠵᠦᠢᠯ ᠳᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠨᠠᠶᠢᠷᠠᠭᠤᠯᠤᠨ | ᠵᠤᠬᠢᠶᠠᠬᠤ ᠶᠢ ᠵᠤᠬᠢᠶᠠᠨ ᠪᠠᠶᠢᠭᠤᠯᠬᠤ ᠪᠠᠶᠢᠭᠤᠯᠭ᠎ᠠ ᠨᠢ ᠬᠤᠲᠠ ᠶᠢᠨ ᠶᠡᠷᠦᠩᠭᠡᠢ ᠲᠦᠯᠦᠪᠵᠢᠬᠦᠯᠭᠡ᠂ ᠪᠠᠯᠭᠠᠰᠤᠨ ᠤ | ᠶᠡᠷᠦᠩᠭᠡᠢ ᠲᠦᠯᠦᠪᠵᠢᠬᠦᠯᠭᠡ ᠶᠢ ᠲᠤᠭᠳᠠᠭᠰᠠᠨ ᠡᠷᠭᠡ ᠶᠢᠨ ᠬᠢᠵᠠᠭᠠᠷᠯᠠᠯ ᠪᠠ ᠶᠠᠪᠤᠴᠠ ᠪᠠᠷ ᠵᠠᠰᠠᠵᠤ ᠪᠤᠯᠤᠨ᠎ᠠ᠄ | ︵ᠨᠢᠭᠡ︶ ᠳᠡᠭᠡᠳᠦ ᠱᠠᠲᠤᠨ ᠤ ᠠᠷᠠᠳ ᠤᠨ ᠵᠠᠰᠠᠭ ᠤᠨ ᠤᠷᠳᠤᠨ ᠤ ᠲᠤᠭᠳᠠᠭᠠᠭᠰᠠᠨ ᠬᠤᠲᠠ ᠬᠦᠳᠡᠭᠡ ᠶᠢᠨ | ᠲᠦᠯᠦᠪᠵᠢᠬᠦᠯᠭᠡ ᠳᠤ ᠬᠤᠪᠢᠷᠠᠯᠲᠠ ᠭᠠᠷᠴᠤ᠂ ᠲᠦᠯᠦᠪᠵᠢᠬᠦᠯᠭᠡ ᠳᠤ ᠵᠠᠰᠠᠪᠤᠷᠢ ᠤᠷᠤᠭᠤᠯᠬᠤ ᠪᠠᠷ ᠱᠠᠭᠠᠷᠳᠠᠯᠭ᠎ᠠ | ᠳᠤᠷᠠᠳᠤᠭᠰᠠᠨ︔ | ︵ᠬᠤᠶᠠᠷ︶ ᠵᠠᠰᠠᠭ ᠵᠠᠬᠢᠷᠭᠠᠨ ᠤ ᠬᠤᠪᠢᠶᠠᠷᠢᠯᠠᠯ ᠤᠨ ᠲᠤᠬᠢᠷᠠᠭᠤᠯᠤᠯᠲᠠ ᠠᠴᠠ ᠪᠤᠯᠵᠤ ᠲᠦᠯᠦᠪᠵᠢᠬᠦᠯᠭᠡ ᠳᠤ | ᠦᠨᠡᠨᠬᠦ ᠵᠠᠰᠠᠪᠤᠷᠢ ᠤᠷᠤᠭᠤᠯᠬᠤ ᠴᠢᠬᠤᠯᠠ ᠲᠠᠢ ᠪᠤᠯᠤᠭᠰᠠᠨ︔ | ︵ᠲᠦᠷᠪᠡ︶ ᠦᠨᠡᠯᠡᠯᠲᠡ ᠪᠠᠷ ᠲᠦᠯᠦᠪᠵᠢᠬᠦᠯᠭᠡ ᠳᠤ ᠦᠨᠡᠨᠬᠦ ᠵᠠᠰᠠᠪᠤᠷᠢ ᠤᠷᠤᠭᠤᠯᠬᠤ ᠴᠢᠬᠤᠯᠠ ᠲᠠᠢ ᠪᠤᠯᠤᠭᠰᠠᠨ︔ | | ︵ᠲᠠᠪᠤ︶ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠢᠨᠠᠨ ᠵᠦᠪᠰᠢᠶᠡᠷᠡᠬᠦ ᠪᠠᠶᠢᠭᠤᠯᠭ᠎ᠠ ᠠᠴᠠ | ᠲᠦᠯᠦᠪᠵᠢᠭᠦᠯᠭᠡ ᠳᠤ ᠵᠠᠰᠠᠪᠤᠷᠢ ᠤᠷᠤᠭᠤᠯᠬᠤ ᠪᠠᠷ ᠦᠵᠡᠭᠰᠡᠨ ᠪᠤᠰᠤᠳ ᠪᠠᠶᠢᠳᠠᠯ᠃ | ᠬᠤᠲᠠ ᠶᠢᠨ ᠶᠡᠷᠦᠩᠭᠡᠢ ᠲᠦᠯᠦᠪᠵᠢᠬᠦᠯᠭᠡ᠂ ᠪᠠᠯᠭᠠᠰᠤᠨ ᠤ ᠶᠡᠷᠦᠩᠭᠡᠢ ᠲᠦᠯᠦᠪᠵᠢᠬᠦᠯᠭᠡ ᠳᠤ ᠵᠠᠰᠠᠪᠤᠷᠢ | ᠤᠷᠤᠭᠤᠯᠬᠤ ᠠᠴᠠ ᠡᠮᠦᠨ᠎ᠡ᠂ ᠨᠠᠶᠢᠷᠠᠭᠤᠯᠤᠨ ᠵᠤᠬᠢᠶᠠᠬᠤ ᠶᠢ ᠵᠤᠬᠢᠶᠠᠨ ᠪᠠᠶᠢᠭᠤᠯᠬᠤ ᠪᠠᠶᠢᠭᠤᠯᠭ᠎ᠠ ᠤᠤᠯ | ᠲᠦᠯᠦᠪᠵᠢᠬᠦᠯᠭᠡ ᠶᠢᠨ ᠬᠡᠷᠡᠭᠵᠢᠬᠦᠯᠦᠯᠲᠡ ᠶᠢᠨ ᠪᠠᠶᠢᠳᠠᠯ ᠳᠤ ᠦᠨᠡᠯᠡᠯᠲᠡ ᠬᠢᠬᠦ ᠮᠦᠷᠲᠡᠭᠡᠨ ᠤᠤᠯ ᠬᠢᠨᠠᠨ | ᠵᠦᠪᠰᠢᠶᠡᠷᠡᠭᠰᠡᠨ ᠪᠠᠶᠢᠭᠤᠯᠭ᠎ᠠ ᠳᠤ ᠮᠡᠳᠡᠬᠦᠯᠬᠦ ᠬᠡᠷᠡᠭᠲᠡᠢ᠃ ᠵᠠᠰᠠᠪᠤᠷᠢ ᠤᠷᠤᠭᠤᠯᠤᠯᠲᠠ ᠨᠢ ᠬᠤᠲᠠ ᠶᠢᠨ ᠶᠡᠷᠦᠩᠭᠡᠢ | ᠲᠦᠯᠦᠪᠵᠢᠬᠦᠯᠭᠡ᠂ ᠪᠠᠯᠭᠠᠰᠤᠨ ᠤ ᠶᠡᠷᠦᠩᠭᠡᠢ ᠲᠦᠯᠦᠪᠵᠢᠭᠦᠯᠭᠡ ᠶᠢᠨ ᠠᠯᠪᠠᠳᠠᠯᠭ᠎ᠠ ᠶᠢᠨ ᠴᠢᠨᠠᠷ ᠪᠦᠬᠦᠢ ᠠᠭᠤᠯᠭ᠎ᠠ | ᠲᠠᠢ ᠬᠤᠯᠪᠤᠭᠳᠠᠭᠰᠠᠨ ᠪᠣᠯ ᠤᠤᠯ ᠬᠢᠨᠠᠨ ᠵᠦᠪᠰᠢᠶᠡᠷᠡᠭᠰᠡᠨ ᠪᠠᠶᠢᠭᠤᠯᠭ᠎ᠠ ᠳᠤ ᠮᠡᠳᠡᠬᠦᠯᠦᠯᠲᠡ ᠳᠤᠷᠠᠳᠴᠤ᠂ | ᠵᠦᠪᠰᠢᠶᠡᠷᠡᠬᠦᠯᠦᠭᠰᠡᠨ ᠤ ᠳᠠᠷᠠᠭ᠎ᠠ᠂ ᠵᠠᠰᠠᠪᠤᠷᠢ ᠤᠷᠤᠭᠤᠯᠬᠤ ᠲᠦᠰᠦᠯ ᠢ ᠨᠠᠶᠢᠷᠠᠭᠤᠯᠤᠨ ᠵᠤᠬᠢᠶᠠᠵᠤ ᠪᠤᠯᠤᠨ᠎ᠠ᠃ | ᠵᠠᠰᠠᠪᠤᠷᠢ ᠤᠷᠤᠭᠤᠯᠤᠭᠰᠠᠨ ᠤ ᠳᠠᠷᠠᠭᠠᠬᠢ ᠬᠤᠲᠠ ᠶᠢᠨ ᠶᠡᠷᠦᠩᠭᠡᠢ ᠲᠦᠯᠦᠪᠵᠢᠬᠦᠯᠭᠡ᠂ ᠪᠠᠯᠭᠠᠰᠤᠨ ᠤ ᠶᠡᠷᠦᠩᠭᠡᠢ | ᠲᠦᠯᠦᠪᠵᠢᠬᠦᠯᠭᠡ ᠶᠢ ᠲᠤᠰ ᠲᠦᠷᠢᠮ ᠤᠨ ᠠᠷᠪᠠᠨ ᠬᠤᠶᠠᠳᠤᠭᠠᠷ ᠵᠦᠢᠯ ᠳᠤ ᠳᠤᠭᠳᠠᠭᠠᠭᠰᠠᠨ ᠬᠢᠨᠠᠨ ᠵᠦᠪᠰᠢᠶᠡᠷᠡᠬᠦ | ᠶᠠᠪᠤᠴᠠ ᠪᠠᠷ ᠮᠡᠳᠡᠬᠦᠯᠦᠨ ᠵᠦᠪᠰᠢᠶᠡᠷᠡᠬᠦᠯᠬᠦ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠳᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠨᠠᠶᠢᠷᠠᠭᠤᠯᠤᠨ | ᠵᠤᠬᠢᠶᠠᠬᠤ ᠶᠢ ᠵᠤᠬᠢᠶᠠᠨ ᠪᠠᠶᠢᠭᠤᠯᠬᠤ ᠪᠠᠶᠢᠭᠤᠯᠭ᠎ᠠ ᠨᠢ ᠲᠤᠭᠳᠠᠭᠰᠠᠨ ᠡᠷᠭᠡ ᠶᠢᠨ ᠬᠢᠵᠠᠭᠠᠷᠯᠠᠯ ᠪᠠ ᠶᠠᠪᠤᠴᠠ ᠪᠠᠷ | ᠡᠵᠡᠮᠰᠢᠯ ᠤᠨ ᠴᠢᠨᠠᠷ ᠪᠦᠬᠦᠢ ᠨᠠᠷᠢᠨ ᠨᠢᠭᠳᠠ ᠲᠦᠯᠦᠪᠵᠢᠬᠦᠯᠭᠡ ᠳᠤ ᠵᠠᠰᠠᠪᠤᠷᠢ ᠤᠷᠤᠭᠤᠯᠵᠤ ᠪᠤᠯᠤᠨ᠎ᠠ᠄ | ︵ᠨᠢᠭᠡ︶ ᠶᠡᠷᠦᠩᠭᠡᠢ ᠲᠦᠯᠦᠪᠵᠢᠬᠦᠯᠭᠡ ᠶᠢᠨ ᠵᠠᠰᠠᠪᠤᠷᠢ ᠤᠷᠤᠭᠤᠯᠤᠯᠲᠠ ᠠᠴᠠ ᠪᠤᠯᠵᠤ ᠬᠤᠲᠠ ᠬᠦᠳᠡᠭᠡ ᠶᠢᠨ | ᠪᠠᠶᠢᠷᠢᠯᠠᠭᠤᠯᠤᠯᠲᠠ ᠪᠠ ᠴᠢᠳᠠᠮᠵᠢ ᠳᠤ ᠲᠤᠮᠤ ᠴᠢᠬᠤᠯᠠ ᠨᠦᠯᠦᠭᠡ ᠭᠠᠷᠭᠠᠭᠰᠠᠨ︔ | ︵ᠬᠤᠶᠠᠷ︶ ᠲᠦᠯᠦᠪᠵᠢᠬᠦᠯᠭᠡ ᠶᠢᠨ ᠬᠡᠷᠡᠭᠵᠢᠬᠦᠯᠦᠯᠲᠡ ᠳᠤᠮᠳᠠ ᠨᠤᠳᠠᠯᠠᠯᠲᠠ ᠪᠠᠷ ᠳᠠᠮᠵᠢᠨ ᠦᠨᠡᠨᠬᠦ ᠵᠠᠰᠠᠪᠤᠷᠢ | ᠤᠷᠤᠭᠤᠯᠬᠤ ᠴᠢᠬᠤᠯᠠ ᠲᠠᠢ ᠭᠡᠵᠦ ᠦᠵᠡᠭᠰᠡᠨ ᠮᠦᠷᠲᠡᠭᠡᠨ ᠤᠤᠯ ᠬᠢᠨᠠᠨ ᠵᠦᠪᠰᠢᠶᠡᠷᠡᠬᠦ ᠪᠠᠶᠢᠭᠤᠯᠭ᠎ᠠ ᠠᠴᠠ ᠬᠢᠨᠠᠨ | ᠪᠠᠶᠢᠴᠠᠭᠠᠵᠤ ᠵᠦᠪᠰᠢᠶᠡᠷᠡᠭᠰᠡᠨ︔ | ︵ᠭᠤᠷᠪᠠ︶ ᠤᠯᠤᠰ᠂ ᠦᠪᠡᠷᠲᠡᠭᠡᠨ ᠵᠠᠰᠠᠬᠤ ᠤᠷᠤᠨ᠂ ᠤᠯᠠᠭᠠᠨᠴᠠᠪ ᠬᠤᠲᠠ ᠶᠢᠨ ᠭᠤᠤᠯᠳᠠᠯᠭ᠎ᠠ ᠲᠠᠢ ᠲᠦᠷᠦᠯ | ᠵᠦᠢᠯ ᠨᠢ ᠤᠯᠠᠨ ᠨᠡᠶᠢᠲᠡ ᠶᠢᠨ ᠠᠰᠢᠭ ᠲᠤᠰᠠ ᠲᠠᠢ ᠬᠤᠯᠪᠤᠭᠳᠠᠭᠰᠠᠨ ᠠᠴᠠ ᠪᠤᠯᠵᠤ ᠵᠠᠰᠠᠪᠤᠷᠢ ᠤᠷᠤᠭᠤᠯᠬᠤ | ᠴᠢᠬᠤᠯᠠ ᠲᠠᠢ ᠪᠤᠯᠤᠭᠰᠠᠨ︔ | ︵ᠲᠦᠷᠪᠡ︶ ᠬᠠᠤᠯᠢ ᠴᠠᠭᠠᠵᠠ᠂ ᠬᠠᠤᠯᠢ ᠳᠤᠭᠳᠠᠭᠠᠯ ᠳᠤ ᠳᠤᠭᠳᠠᠭᠠᠭᠰᠠᠨ ᠪᠤᠰᠤᠳ ᠪᠠᠶᠢᠳᠠᠯ ᠤᠳ᠃ | ᠭᠤᠴᠢᠨ ᠳᠤᠯᠤᠳᠤᠭᠠᠷ ᠵᠦᠢᠯ ᠡᠵᠡᠮᠰᠢᠯ ᠤᠨ ᠴᠢᠨᠠᠷ ᠪᠦᠬᠦᠢ ᠨᠠᠷᠢᠨ ᠨᠢᠭᠲᠠ ᠲᠦᠯᠦᠪᠵᠢᠬᠦᠯᠭᠡ ᠳᠤ | ᠵᠠᠰᠠᠪᠤᠷᠢ ᠤᠷᠤᠭᠤᠯᠬᠤ ᠪᠣᠯ ᠨᠠᠶᠢᠷᠠᠭᠤᠯᠤᠨ ᠵᠤᠬᠢᠶᠠᠬᠤ ᠶᠢ ᠵᠤᠬᠢᠶᠠᠨ ᠪᠠᠶᠢᠭᠤᠯᠬᠤ ᠪᠠᠶᠢᠭᠤᠯᠭ᠎ᠠ ᠵᠠᠰᠠᠪᠤᠷᠢ | ᠤᠷᠤᠭᠤᠯᠬᠤ ᠵᠠᠶᠢᠯᠠᠰᠢ ᠦᠭᠡᠢ ᠴᠢᠨᠠᠷ ᠲᠤ ᠨᠤᠲᠠᠯᠠᠯᠲᠠ ᠬᠢᠵᠦ᠂ ᠲᠦᠯᠦᠪᠵᠢᠬᠦᠯᠭᠡ ᠶᠢᠨ ᠭᠠᠵᠠᠷ ᠬᠡᠰᠡᠭ ᠳᠤᠳᠤᠷᠠᠬᠢ | ᠠᠰᠢᠭ ᠬᠤᠤᠷ ᠤᠨ ᠬᠤᠯᠪᠤᠭᠳᠠᠯ ᠲᠠᠢ ᠬᠦᠮᠦᠨ ᠤ ᠰᠠᠨᠠᠯ ᠢ ᠬᠤᠷᠢᠶᠠᠬᠤ ᠮᠦᠷᠲᠡᠭᠡᠨ ᠤᠤᠯ ᠬᠢᠨᠠᠨ ᠵᠦᠪᠰᠢᠶᠡᠷᠡᠭᠰᠡᠨ | ᠪᠠᠶᠢᠭᠤᠯᠭ᠎ᠠ ᠳᠤ ᠲᠤᠰᠬᠠᠢ ᠰᠡᠳᠦᠪ ᠤᠨ ᠮᠡᠳᠡᠬᠦᠯᠦᠯᠲᠡ ᠳᠤᠷᠠᠳᠴᠤ᠂ ᠤᠤᠯ ᠵᠦᠪᠰᠢᠶᠡᠷᠡᠭᠰᠡᠨ ᠪᠠᠶᠢᠭᠤᠯᠭ᠎ᠠ ᠪᠠᠷ | ᠵᠦᠪᠰᠢᠶᠡᠷᠡᠬᠦᠯᠦᠭᠰᠡᠨ ᠤ ᠳᠠᠷᠠᠭ᠎ᠠ᠂ ᠵᠠᠰᠠᠪᠤᠷᠢ ᠤᠷᠤᠭᠤᠯᠬᠤ ᠲᠦᠰᠦᠯ ᠢ ᠨᠠᠶᠢᠷᠠᠭᠤᠯᠤᠨ ᠵᠤᠬᠢᠶᠠᠵᠤ ᠪᠤᠯᠤᠨ᠎ᠠ᠃ | ᠵᠠᠰᠠᠪᠤᠷᠢ ᠤᠷᠤᠭᠤᠯᠤᠭᠰᠠᠨ ᠤ ᠳᠠᠷᠠᠭᠠᠬᠢ ᠡᠵᠡᠮᠰᠢᠯ ᠤᠨ ᠴᠢᠨᠠᠷ ᠪᠦᠬᠦᠢ ᠨᠠᠷᠢᠨ ᠨᠢᠭᠳᠠ ᠲᠦᠯᠦᠪᠵᠢᠬᠦᠯᠭᠡ ᠶᠢ ᠲᠤᠰ | ᠲᠦᠷᠢᠮ ᠤᠨ ᠠᠷᠪᠠᠨ ᠳᠠᠪᠤᠳᠤᠭᠠᠷ ᠵᠦᠢᠯ ᠳᠤ ᠲᠤᠭᠳᠠᠭᠠᠭᠰᠠᠨ ᠬᠢᠨᠠᠨ ᠵᠦᠪᠰᠢᠶᠡᠷᠡᠬᠦ ᠶᠠᠪᠤᠴᠠ ᠪᠠᠷ ᠮᠡᠳᠡᠬᠦᠯᠦᠨ | ᠵᠦᠪᠰᠢᠶᠡᠷᠡᠬᠦᠯᠬᠦ ᠬᠡᠷᠡᠭᠲᠡᠢ᠃ ᠡᠵᠡᠮᠰᠢᠯ ᠤᠨ ᠴᠢᠨᠠᠷ ᠪᠦᠬᠦᠢ ᠨᠠᠷᠢᠨ ᠨᠢᠭᠳᠠ ᠲᠦᠯᠦᠪᠵᠢᠬᠦᠯᠭᠡ ᠨᠢ ᠬᠤᠲᠠ ᠶᠢᠨ | ᠶᠡᠷᠦᠩᠭᠡᠢ ᠲᠦᠯᠦᠪᠵᠢᠬᠦᠯᠭᠡ᠂ ᠪᠠᠯᠭᠠᠰᠤᠨ ᠤ ᠶᠡᠷᠦᠩᠭᠡᠢ ᠲᠦᠯᠦᠪᠵᠢᠬᠦᠯᠭᠡ ᠶᠢᠨ ᠠᠯᠪᠠᠳᠠᠯᠭ᠎ᠠ ᠶᠢᠨ ᠴᠢᠨᠠᠷ ᠪᠦᠬᠦᠢ | ᠠᠭᠤᠯᠭ᠎ᠠ ᠲᠠᠢ ᠬᠤᠯᠪᠤᠭᠳᠠᠭᠰᠠᠨ ᠪᠣᠯ ᠶᠡᠷᠦᠩᠭᠡᠢ ᠲᠦᠯᠦᠪᠵᠢᠬᠦᠯᠭᠡ ᠳᠤ ᠤᠷᠢᠳᠠᠪᠠᠷ ᠵᠠᠰᠠᠪᠤᠷᠢ ᠤᠷᠤᠭᠤᠯᠬᠤ | ᠬᠡᠷᠡᠭᠲᠡᠢ᠃ | ᠰᠤᠮᠤ ᠰᠢᠶᠠᠩ᠂ ᠭᠠᠴᠠᠭ᠎ᠠ ᠲᠤᠰᠬᠤᠨ ᠤ ᠲᠦᠯᠦᠪᠵᠢᠬᠦᠯᠭᠡ ᠳᠤ ᠵᠠᠰᠠᠪᠤᠷᠢ ᠤᠷᠤᠭᠤᠯᠬᠤ ᠪᠠᠷ ᠪᠣᠯ ᠲᠤᠰ ᠲᠦᠷᠢᠮ | ᠤᠨ ᠠᠷᠪᠠᠨ ᠬᠤᠶᠠᠳᠤᠭᠠᠷ ᠵᠦᠢᠯ ᠳᠤ ᠲᠤᠭᠳᠠᠭᠠᠭᠰᠠᠨ ᠬᠢᠨᠠᠨ ᠵᠦᠪᠰᠢᠶᠡᠷᠡᠬᠦ ᠶᠠᠪᠤᠴᠠ ᠪᠠᠷ ᠮᠡᠳᠡᠬᠦᠯᠦᠨ | ᠵᠦᠪᠰᠢᠶᠡᠷᠡᠬᠦᠯᠦᠨ᠎ᠡ᠃ | | ᠳᠠᠪᠤᠳᠤᠭᠠᠷ ᠪᠦᠯᠦᠭ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠡᠷᠡᠭᠵᠢᠬᠦᠯᠦᠯᠲᠡ ᠶᠢᠨ ᠬᠢᠨᠠᠨ | ᠪᠠᠶᠢᠴᠠᠭᠠᠯᠲᠠ | | | ᠭᠤᠴᠢᠨ ᠨᠠᠢᠮᠠᠳᠤᠭᠠᠷ ᠵᠦᠢᠯ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠵᠢᠴᠢ | ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠂ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠬᠤᠲᠠ ᠬᠦᠳᠡᠭᠡ ᠶᠢᠨ ᠲᠦᠯᠦᠪᠵᠢᠬᠦᠯᠭᠡ ᠶᠢᠨ | ᠬᠡᠷᠡᠭᠵᠢᠬᠦᠯᠦᠯᠲᠡ ᠶᠢᠨ ᠬᠢᠨᠠᠯᠲᠠ ᠪᠠᠶᠢᠴᠠᠭᠠᠯᠳᠠ ᠪᠠᠨ ᠴᠢᠩᠭᠠᠳᠬᠠᠬᠤ ᠬᠡᠷᠡᠭᠲᠡᠢ᠃ | ᠭᠤᠴᠢ ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠬᠤᠲᠠ ᠬᠦᠳᠡᠭᠡ ᠶᠢᠨ | ᠲᠦᠯᠦᠪᠵᠢᠬᠦᠯᠭᠡ ᠶᠢᠨ ᠬᠡᠷᠡᠭᠵᠢᠬᠦᠯᠦᠯᠲᠡ ᠶᠢᠨ ᠪᠠᠶᠢᠳᠠᠯ ᠢᠶᠠᠨ ᠬᠤᠶᠠᠷ ᠵᠢᠯ ᠪᠤᠯᠭᠠᠨ ᠳᠤ ᠲᠤᠰ ᠱᠠᠲᠤᠨ ᠤ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠤᠶᠤ ᠰᠤᠮᠤ ᠰᠢᠶᠠᠩ ᠪᠠᠯᠭᠠᠰᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠮᠡᠳᠡᠬᠦᠯᠬᠦ ᠮᠦᠷᠲᠡᠭᠡᠨ ᠬᠢᠨᠠᠯᠲᠠ ᠶᠢ ᠬᠦᠯᠢᠶᠡᠨ ᠠᠪᠬᠤ | ᠬᠡᠷᠡᠭᠲᠡᠢ︔ ᠲᠦᠯᠦᠪᠵᠢᠬᠦᠯᠭᠡ ᠶᠢᠨ ᠲᠤᠮᠤ ᠴᠢᠬᠤᠯᠠ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ | ᠬᠤᠯᠪᠤᠭᠳᠠᠭᠰᠠᠨ ᠪᠣᠯ ᠴᠠᠭ ᠲᠤᠬᠠᠢ ᠳᠤ ᠨᠢ ᠮᠡᠳᠡᠬᠦᠯᠬᠦ ᠬᠡᠷᠡᠭᠲᠡᠢ᠃ | ᠲᠦᠴᠢᠳᠦᠭᠡᠷ ᠵᠦᠢᠯ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠲᠠ | ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠦᠲᠦᠭᠡᠨ | ᠪᠠᠶᠢᠭᠤᠯᠤᠯᠲᠠ ᠶᠢᠨ ᠲᠦᠯᠦᠪᠵᠢᠬᠦᠯᠭᠡ ᠶᠢᠨ ᠵᠦᠪᠰᠢᠶᠡᠷᠡᠯ ᠤᠨ ᠦᠨᠡᠮᠯᠡᠯ ᠢ ᠬᠢᠨᠠᠨ ᠤᠯᠭᠤᠭᠰᠠᠨ ᠪᠠᠶᠢᠳᠠᠯ ᠢ ᠬᠠᠤᠯᠢ | ᠶᠤᠰᠤᠭᠠᠷ ᠨᠡᠶᠢᠲᠡᠯᠡᠵᠦ᠂ ᠠᠰᠢᠭ ᠬᠤᠤᠷ ᠲᠤ ᠬᠤᠯᠪᠤᠭᠳᠠᠭᠰᠠᠨ ᠬᠦᠮᠦᠨ ᠤ ᠪᠠᠶᠢᠴᠠᠭᠠᠨ ᠦᠵᠡᠵᠦ ᠬᠢᠨᠠᠯᠲᠠ | ᠲᠠᠯᠪᠢᠬᠤ ᠳᠤ ᠨᠢ ᠲᠦᠬᠦᠮ ᠦᠵᠡᠬᠦᠯᠬᠦ ᠬᠡᠷᠡᠭᠲᠡᠢ᠃ | ᠲᠦᠴᠢᠨ ᠨᠢᠭᠡᠳᠦᠭᠡᠷ ᠵᠦᠢᠯ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ | ᠬᠤᠯᠪᠤᠭᠳᠠᠯ ᠪᠦᠬᠦᠢ ᠰᠠᠯᠠᠭ᠎ᠠ ᠮᠦᠴᠢᠷ ᠡᠳᠦᠷ ᠳᠤᠳᠤᠮ ᠤᠨ ᠳᠤᠭᠤᠷᠢᠨ ᠪᠠᠶᠢᠴᠠᠭᠠᠬᠤ ᠲᠦᠷᠢᠮ ᠳᠤᠭᠳᠠᠭᠠᠯ | ᠪᠠᠶᠢᠭᠤᠯᠵᠤ᠂ ᠲᠤᠰ ᠵᠠᠰᠠᠭ ᠵᠠᠬᠢᠷᠭᠠᠨ ᠤ ᠤᠷᠤᠨ ᠤ ᠳᠤᠳᠤᠷᠠᠬᠢ ᠡᠯ᠎ᠡ ᠲᠦᠷᠦᠯ ᠤᠨ ᠪᠦᠲᠦᠭᠡᠨ ᠪᠠᠶᠢᠭᠤᠯᠤᠯᠲᠠ | ᠶᠢᠨ ᠠᠵᠢᠯᠯᠠᠭ᠎ᠠ ᠳᠤ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠠᠤᠯᠢ ᠬᠡᠷᠡᠭᠵᠢᠬᠦᠯᠦᠯᠲᠡ ᠶᠢᠨ ᠪᠠᠶᠢᠴᠠᠭᠠᠯᠳᠠ | ᠬᠢᠵᠦ᠂ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠠᠮᠢᠶᠠᠷᠤᠯᠲᠠ ᠶᠢ ᠵᠦᠷᠢᠴᠡᠭᠰᠡᠨ ᠪᠦᠲᠦᠭᠡᠨ ᠪᠠᠶᠢᠭᠤᠯᠤᠯᠲᠠ | ᠶᠢᠨ ᠠᠵᠢᠯᠯᠠᠭ᠎ᠠ ᠶᠢ ᠴᠠᠭ ᠲᠤᠬᠠᠢ ᠳᠤ ᠨᠢ ᠬᠤᠷᠢᠭᠯᠠᠬᠤ ᠬᠡᠷᠡᠭᠲᠡᠢ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠨᠢ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ | ᠤᠨ ᠲᠤᠰ ᠬᠠᠷᠢᠶᠠᠨ ᠤ ᠤᠷᠤᠨ ᠳᠤᠳᠤᠷ᠎ᠠ ᠬᠠᠤᠯᠢ ᠠᠴᠠ ᠵᠦᠷᠢᠴᠡᠭᠰᠡᠨ ᠪᠦᠲᠦᠭᠡᠨ ᠪᠠᠶᠢᠭᠤᠯᠤᠯᠳᠠ ᠶᠢᠨ ᠠᠵᠢᠯᠯᠠᠭ᠎ᠠ | ᠶᠢ ᠪᠠᠶᠢᠴᠠᠭᠠᠨ ᠰᠢᠢᠳᠬᠡᠬᠦ ᠳᠤ ᠨᠢ ᠬᠠᠮᠵᠢᠯᠴᠠᠭ᠎ᠠ ᠦᠵᠡᠬᠦᠯᠬᠦ ᠬᠡᠷᠡᠭᠲᠡᠢ᠃ | ᠲᠦᠴᠢᠨ ᠬᠤᠶᠠᠳᠤᠭᠠᠷ ᠵᠦᠢᠯ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠲᠠ | ᠬᠦᠳᠡᠭᠡ ᠶᠢᠨ ᠲᠦᠯᠦᠪᠵᠢᠬᠦᠯᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠬᠤᠲᠠ ᠬᠦᠳᠡᠭᠡ ᠶᠢᠨ | ᠲᠦᠯᠦᠪᠵᠢᠬᠦᠯᠭᠡ ᠶᠢᠨ ᠬᠡᠷᠡᠭᠵᠢᠭᠦᠯᠦᠯᠲᠡ ᠶᠢᠨ ᠪᠠᠶᠢᠳᠠᠯ ᠳᠤ ᠬᠢᠨᠠᠯᠳᠠ ᠲᠠᠯᠪᠢᠵᠤ ᠪᠠᠶᠢᠴᠠᠭᠠᠯᠳᠠ ᠬᠢᠬᠦ ᠳᠤ ᠪᠠᠨ | ᠳᠤᠤᠷᠠᠬᠢ ᠠᠷᠭ᠎ᠠ ᠪᠠᠷᠢᠯ ᠤᠳ ᠢ ᠶᠠᠪᠤᠭᠳᠠᠭᠤᠯᠬᠤ ᠡᠷᠭᠡ ᠲᠠᠢ᠄ | ︵ᠨᠢᠭᠡ︶ ᠬᠤᠯᠪᠤᠭᠳᠠᠯ ᠪᠦᠬᠦᠢ ᠨᠢᠭᠡᠴᠢ ᠪᠠ ᠬᠦᠮᠦᠨ ᠢ ᠬᠢᠨᠠᠯᠲᠠ ᠶᠢᠨ ᠤᠴᠢᠷ ᠶᠠᠪᠤᠳᠠᠯ ᠤᠨ ᠬᠠᠮᠢᠶ᠎ᠠ ᠪᠦᠬᠦᠢ | ᠠᠯᠪᠠᠨ ᠪᠢᠴᠢᠭ ᠮᠠᠲ᠋ᠧᠷᠢᠶᠠᠯ ᠬᠠᠩᠭᠠᠬᠤ ᠮᠦᠷᠲᠡᠭᠡᠨ ᠬᠠᠭᠤᠯᠬᠤ ᠶᠢ ᠱᠠᠭᠠᠷᠳᠠᠨ᠎ᠠ︔ | ︵ᠬᠤᠶᠠᠷ︶ ᠬᠤᠯᠪᠤᠭᠳᠠᠯ ᠪᠦᠬᠦᠢ ᠨᠢᠭᠡᠴᠢ ᠪᠠ ᠬᠦᠮᠦᠨ ᠢ ᠬᠢᠨᠠᠯᠳᠠ ᠶᠢᠨ ᠤᠴᠢᠷ ᠶᠠᠪᠤᠳᠠᠯ ᠳᠤ ᠬᠤᠯᠪᠤᠭᠳᠠᠭᠰᠠᠨ | ᠠᠰᠠᠭᠤᠳᠠᠯ ᠳᠤ ᠳᠠᠶᠢᠯᠪᠤᠷᠢ ᠪᠠ ᠳᠤᠳᠤᠷᠬᠠᠶᠢᠯᠠᠯᠲᠠ ᠬᠢᠬᠦ ᠮᠦᠷᠲᠡᠭᠡᠨ ᠬᠡᠷᠡᠭᠴᠡᠭᠡ ᠪᠠᠨ ᠦᠨᠳᠦᠰᠦᠯᠡᠨ ᠠᠬᠤᠢ | ᠳᠠᠯᠠᠪᠠᠢ ᠳᠤ ᠤᠷᠤᠵᠤ ᠬᠠᠶᠢᠨ ᠬᠡᠮᠵᠢᠯᠲᠡ ᠬᠢᠬᠦ ᠶᠢ ᠱᠠᠭᠠᠷᠳᠠᠨ᠎ᠠ︔ | ︵ᠭᠤᠷᠪᠠ︶ ᠬᠤᠯᠪᠤᠭᠳᠠᠯ ᠪᠦᠬᠦᠢ ᠨᠢᠭᠡᠴᠢ ᠪᠠ ᠬᠦᠮᠦᠨ ᠢ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠠᠤᠯᠢ | ᠴᠠᠭᠠᠵᠠ ᠬᠠᠤᠯᠢ ᠲᠤᠭᠳᠠᠭᠠᠯ ᠢ ᠵᠦᠷᠢᠴᠡᠭᠰᠡᠨ ᠠᠵᠢᠯᠯᠠᠭ᠎ᠠ ᠪᠠᠨ ᠵᠤᠭᠰᠤᠭᠠᠬᠤ ᠶᠢ ᠵᠠᠷᠯᠢᠭᠳᠠᠨ᠎ᠠ᠃ | ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠲᠠ ᠬᠦᠳᠡᠭᠡ ᠶᠢᠨ ᠲᠦᠯᠦᠪᠵᠢᠬᠦᠯᠭᠡ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠠᠵᠢᠯᠳᠠᠨ ᠡᠮᠦᠨᠡᠬᠢ ᠵᠦᠢᠯ ᠳᠤ ᠲᠤᠭᠳᠠᠭᠠᠰᠠᠨ ᠬᠢᠨᠠᠯᠳᠠ ᠲᠠᠯᠪᠢᠨ | ᠪᠠᠶᠢᠴᠠᠭᠠᠯᠳᠠ ᠬᠢᠬᠦ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠳᠡᠭᠡᠨ ᠬᠠᠤᠯᠢ ᠬᠡᠷᠡᠭᠵᠢᠬᠦᠯᠦᠯᠲᠡ ᠶᠢᠨ ᠦᠨᠡᠮᠯᠡᠯ | ᠢᠶᠠᠨ ᠭᠠᠷᠭᠠᠨ ᠦᠵᠡᠬᠦᠯᠬᠦ ᠬᠡᠷᠡᠭᠲᠡᠢ᠃ ᠬᠢᠨᠠᠭᠳᠠᠨ ᠪᠠᠶᠢᠴᠠᠭᠠᠭᠳᠠᠬᠤ ᠨᠢᠭᠡᠴᠢ ᠪᠠ ᠬᠤᠪᠢ ᠬᠦᠮᠦᠨ ᠨᠢ ᠬᠠᠮᠵᠢᠯᠴᠠᠬᠤ | ᠠᠴᠠ ᠪᠢᠰᠢ᠂ ᠬᠠᠤᠯᠢ ᠶᠤᠰᠤᠨ ᠤ ᠬᠢᠨᠠᠯᠲᠠ ᠪᠠᠶᠢᠴᠠᠭᠠᠯᠳᠠ ᠶᠢᠨ ᠠᠵᠢᠯᠯᠠᠭ᠎ᠠ ᠶᠢ ᠬᠠᠷᠰᠢᠯᠠᠬᠤ ᠪᠠ ᠬᠤᠷᠢᠭᠯᠠᠵᠤ | ᠪᠤᠯᠬᠤ ᠦᠭᠡᠢ᠃ ᠬᠢᠨᠠᠯᠳᠠ ᠲᠠᠯᠪᠢᠵᠦ ᠪᠠᠶᠢᠴᠠᠭᠠᠭᠰᠠᠨ ᠪᠠᠶᠢᠳᠠᠯ ᠪᠠ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠠᠤᠯᠢ | ᠶᠤᠰᠤᠭᠠᠷ ᠨᠡᠶᠢᠲᠡᠯᠡᠬᠦ ᠬᠡᠷᠡᠭᠲᠡᠢ᠃ | ᠲᠦᠴᠢᠨ ᠭᠤᠷᠪᠠᠳᠤᠭᠠᠷ ᠵᠦᠢᠯ ᠲᠤᠰ ᠲᠦᠷᠢᠮ ᠤᠨ ᠲᠤᠭᠳᠠᠭᠠᠯ ᠢ ᠵᠦᠷᠢᠴᠡᠭᠰᠡᠨ ᠠᠵᠢᠯᠯᠠᠭ᠎ᠠ ᠶᠢ ᠬᠤᠲᠠ᠂ | ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠲᠠ ᠬᠦᠳᠡᠭᠡ ᠶᠢᠨ ᠲᠦᠯᠦᠪᠵᠢᠬᠦᠯᠭᠡ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠠᠶᠢᠴᠠᠭᠠᠨ ᠰᠢᠢᠳᠪᠦᠷᠢᠯᠡᠬᠦ ᠳᠡᠭᠡᠨ᠂ ᠤᠯᠤᠰ ᠤᠨ ᠪᠠᠶᠢᠭᠤᠯᠭ᠎ᠠ ᠶᠢᠨ | ᠠᠵᠢᠯᠳᠠᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠦᠭᠭᠦ ᠶᠤᠰᠤᠲᠠᠢ ᠪᠣᠯ ᠲᠡᠬᠦᠨ ᠤ ᠲᠤᠮᠢᠯᠠᠵᠤ | ᠪᠠᠭᠤᠯᠭᠠᠬᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠢᠳᠬᠡᠬᠦ ᠰᠠᠨᠠᠭᠤᠯᠭ᠎ᠠ ᠳᠤᠷᠠᠳᠬᠤ ᠬᠡᠷᠡᠭᠲᠡᠢ | ᠃ | ᠲᠦᠴᠢᠨ ᠲᠦᠷᠪᠡᠳᠦᠭᠡᠷ ᠵᠦᠢᠯ ᠬᠤᠲᠠ ᠪᠠᠯᠭᠠᠰᠤᠨ ᠤ ᠲᠦᠯᠦᠪᠵᠢᠬᠦᠯᠭᠡ ᠶᠢᠨ ᠬᠠᠮᠢᠶ᠎ᠠ ᠪᠦᠬᠦᠢ ᠲᠤᠭᠳᠠᠭᠠᠯ | ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠦᠭᠭᠦ ᠶᠤᠰᠤᠲᠠᠢ ᠪᠠᠶᠢᠭᠠᠳ ᠬᠠᠷᠢᠨ ᠬᠤᠲᠠ ᠬᠦᠳᠡᠭᠡ ᠶᠢᠨ | ᠲᠦᠯᠦᠪᠵᠢᠬᠦᠯᠭᠡ ᠶᠢᠨ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ | ᠵᠠᠰᠠᠭ ᠵᠠᠬᠢᠷᠭᠠᠨ ᠤ ᠰᠢᠢᠳᠬᠡᠯ ᠦᠭᠭᠦ ᠪᠣᠯ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠤᠲᠠ | ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ | ᠲᠡᠬᠦᠨ ᠳᠤ ᠵᠠᠰᠠᠭ ᠵᠠᠬᠢᠷᠭᠠᠨ ᠤ ᠰᠢᠢᠳᠬᠡᠯ ᠦᠭᠭᠦ ᠰᠢᠢᠳᠪᠦᠷᠢ ᠭᠠᠷᠭᠠᠬᠤ ᠶᠢ ᠵᠠᠷᠯᠢᠭᠳᠠᠬᠤ ᠪᠤᠶᠤ ᠬᠤᠯᠪᠤᠭᠳᠠᠯ | ᠪᠦᠬᠦᠢ ᠠᠷᠠᠳ ᠤᠨ ᠵᠠᠰᠠᠭ ᠤᠨ ᠤᠷᠳᠤᠨ ᠢᠶᠠᠷ ᠵᠠᠷᠯᠢᠭᠳᠠᠭᠤᠯᠤᠨ ᠲᠡᠬᠦᠨ ᠳᠤ ᠵᠠᠰᠠᠭ ᠵᠠᠬᠢᠷᠭᠠᠨ ᠤ ᠰᠢᠢᠳᠬᠡᠯ | ᠦᠭᠭᠦ ᠶᠢ ᠰᠠᠨᠠᠭᠤᠯᠬᠤ ᠡᠷᠭᠡ ᠲᠠᠢ᠃ | ᠲᠦᠴᠢᠨ ᠳᠠᠪᠤᠳᠤᠭᠠᠷ ᠵᠦᠢᠯ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠲᠠ | ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤᠰ | ᠲᠦᠷᠢᠮ ᠤᠨ ᠲᠤᠭᠳᠠᠭᠠᠯ ᠢ ᠵᠦᠷᠢᠴᠡᠨ ᠵᠠᠰᠠᠭ ᠵᠠᠬᠢᠷᠭᠠᠨ ᠤ ᠵᠦᠪᠰᠢᠶᠡᠷᠡᠯ ᠦᠭᠭᠦᠭᠰᠡᠨ ᠪᠣᠯ᠂ ᠳᠡᠭᠡᠳᠦ ᠱᠠᠲᠤᠨ ᠤ | ᠠᠷᠠᠳ ᠤᠨ ᠵᠠᠰᠠᠭ ᠤᠨ ᠤᠷᠳᠤᠨ ᠤ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠲᠡᠬᠦᠨ ᠢ ᠵᠠᠷᠯᠢᠭᠳᠠᠨ ᠬᠦᠴᠦᠨ ᠦᠭᠡᠢ ᠪᠤᠯᠭᠠᠬᠤ ᠪᠤᠶᠤ ᠲᠤᠰ | ᠵᠠᠰᠠᠭ ᠵᠠᠬᠢᠷᠭᠠᠨ ᠤ ᠵᠦᠪᠰᠢᠶᠡᠷᠡᠯ ᠢ ᠨᠢ ᠰᠢᠭᠤᠳ ᠬᠦᠴᠦᠨ ᠦᠭᠡᠢ ᠪᠤᠯᠭᠠᠬᠤ ᠡᠷᠭᠡ ᠲᠠᠢ᠃ ᠵᠠᠰᠠᠭ ᠵᠠᠬᠢᠷᠭᠠᠨ ᠤ | ᠵᠦᠪᠰᠢᠶᠡᠷᠡᠯ ᠢ ᠬᠦᠴᠦᠨ ᠦᠭᠡᠢ ᠪᠤᠯᠭᠠᠭᠰᠠᠨ ᠠᠴᠠ ᠪᠤᠯᠵᠤ ᠲᠤᠬᠠᠢ ᠶᠢᠨ ᠬᠦᠮᠦᠨ ᠤ ᠬᠠᠤᠯᠢ ᠶᠤᠰᠤᠨ ᠤ ᠡᠷᠭᠡ | ᠠᠰᠢᠭ ᠲᠤ ᠬᠤᠬᠢᠷᠠᠯ ᠤᠴᠠᠷᠠᠭᠤᠯᠤᠭᠰᠠᠨ ᠪᠣᠯ᠂ ᠬᠠᠤᠯᠢ ᠶᠤᠰᠤᠭᠠᠷ ᠲᠦᠯᠦᠪᠦᠷᠢ ᠦᠭᠭᠦ ᠬᠡᠷᠡᠭᠲᠡᠢ᠃ | ᠲᠦᠴᠢᠨ ᠵᠢᠷᠭᠤᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠦᠮᠦᠨ ᠴᠦᠮ ᠬᠤᠲᠠ ᠬᠦᠳᠡᠭᠡ ᠶᠢᠨ | ᠲᠦᠯᠦᠪᠵᠢᠬᠦᠯᠭᠡ ᠶᠢ ᠵᠢᠷᠤᠮᠯᠠᠬᠤ ᠮᠦᠷᠲᠡᠭᠡᠨ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠠᠵᠢᠯ ᠳᠤ | ᠰᠠᠨᠠᠭᠤᠯᠭ᠎ᠠ ᠳᠤᠷᠠᠳᠬᠤ᠂ ᠬᠤᠲᠠ ᠬᠦᠳᠡᠭᠡ ᠶᠢᠨ ᠲᠦᠯᠦᠪᠵᠢᠭᠦᠯᠭᠡ ᠶᠢᠨ ᠬᠡᠷᠡᠭᠵᠢᠬᠦᠯᠦᠯᠲᠡ ᠳᠤ ᠬᠢᠨᠠᠯᠲᠠ | ᠳᠠᠯᠪᠢᠬᠤ᠂ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠠᠵᠢᠯᠯᠠᠭ᠎ᠠ ᠶᠢ ᠢᠯᠡᠴᠢᠯᠡᠬᠦ ᠪᠠ ᠵᠠᠭᠠᠯᠳᠤᠬᠤ ᠡᠷᠭᠡ ᠲᠠᠢ | ᠃ | ᠲᠦᠴᠢᠨ ᠳᠤᠯᠤᠳᠤᠭᠠᠷ ᠵᠦᠢᠯ ᠬᠤᠲᠠ᠂ ᠬᠤᠰᠢᠭᠤ ᠰᠢᠶᠠᠨ ᠤ ᠠᠷᠠᠳ ᠤᠨ ᠲᠦᠯᠦᠭᠡᠯᠡᠭᠴᠢᠳ ᠶᠢᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠲᠤᠰ ᠲᠦᠷᠢᠮ ᠤᠨ ᠬᠠᠮᠢᠶ᠎ᠠ ᠪᠦᠬᠦᠢ ᠲᠤᠭᠳᠠᠭᠠᠯ ᠢ ᠵᠦᠷᠢᠴᠡᠭᠰᠡᠨ ᠠᠷᠠᠳ | ᠤᠨ ᠵᠠᠰᠠᠭ ᠤᠨ ᠤᠷᠳᠤᠨ ᠵᠢᠴᠢ ᠲᠡᠬᠦᠨ ᠤ ᠪᠦᠷᠢᠯᠳᠦᠬᠦᠨ ᠰᠠᠯᠠᠭ᠎ᠠ ᠮᠦᠴᠢᠷ᠂ ᠪᠦᠷᠢᠯᠳᠦᠬᠦᠨ ᠬᠦᠮᠦᠰ ᠢ ᠬᠠᠤᠯᠢ | ᠶᠤᠰᠤᠭᠠᠷ ᠯᠠᠪᠯᠠᠨ ᠠᠰᠠᠭᠤᠬᠤ᠂ ᠤᠨᠴᠠ ᠲᠤᠭᠳᠠᠭᠠᠭᠰᠠᠨ ᠠᠰᠠᠭᠤᠳᠠᠯ ᠢᠶᠠᠷ ᠪᠠᠶᠢᠴᠠᠭᠠᠬᠤ ᠪᠤᠶᠤ ᠲᠤᠯᠭᠠᠨ ᠯᠠᠪᠯᠠᠬᠤ | ᠂ ᠲᠤᠰᠢᠶᠠᠯ ᠠᠴᠠ ᠨᠢ ᠤᠭᠴᠠᠷᠠᠭᠤᠯᠬᠤ ᠵᠡᠷᠭᠡ ᠬᠢᠨᠠᠯᠲᠠ ᠶᠢᠨ ᠶᠠᠪᠤᠴᠠ ᠶᠢ ᠬᠦᠳᠡᠯᠭᠡᠵᠦ ᠪᠤᠯᠤᠨ᠎ᠠ᠃ | | ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | | | ᠲᠦᠴᠢᠨ ᠨᠠᠢᠮᠠᠳᠤᠭᠠᠷ ᠵᠦᠢᠯ ᠲᠤᠰ ᠲᠦᠷᠢᠮ ᠢ ᠵᠦᠷᠢᠴᠡᠭᠰᠡᠨ ᠬᠠᠮᠢᠶ᠎ᠠ ᠪᠦᠬᠦᠢ ᠠᠵᠢᠯᠯᠠᠭ᠎ᠠ ᠶᠢᠨ ᠳᠠᠯ᠎ᠠ ᠪᠠᠷ | ᠬᠠᠤᠯᠢ ᠴᠠᠭᠠᠵᠠ ᠬᠠᠤᠯᠢ ᠲᠤᠭᠳᠠᠭᠠᠯ ᠳᠤ ᠰᠢᠢᠳᠭᠡᠨ ᠲᠤᠷᠭᠠᠬᠤ ᠲᠤᠭᠳᠠᠭᠠᠯ ᠲᠠᠢ ᠪᠣᠯ ᠡᠨᠡᠬᠦ ᠲᠤᠭᠳᠠᠭᠠᠯ ᠢ | ᠳᠠᠭᠠᠨ᠎ᠠ᠃ | ᠲᠦᠴᠢ ᠶᠢᠰᠦᠳᠦᠭᠡᠷ ᠵᠦᠢᠯ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠲᠠ | ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠶᠤ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠳᠤᠤᠷ᠎ᠠ ᠵᠢᠭᠰᠠᠭᠠᠭᠰᠠᠨ ᠠᠵᠢᠯᠯᠠᠭ᠎ᠠ ᠶᠢᠨ ᠨᠢᠭᠡ ᠨᠢ ᠪᠠᠶᠢᠪᠠᠯ᠂ ᠲᠤᠰ | ᠱᠠᠲᠤᠨ ᠤ ᠬᠢᠨᠢ ᠠᠷᠠᠳ ᠤᠨ ᠵᠠᠰᠠᠭ ᠤᠨ ᠣᠷᠳᠤᠨ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠤᠷᠳᠤᠨ ᠤ | ᠬᠤᠲᠠ ᠬᠦᠳᠡᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠬᠤᠯᠪᠤᠭᠳᠠᠯ ᠪᠦᠬᠦᠢ | ᠰᠠᠯᠠᠭ᠎ᠠ ᠮᠦᠴᠢᠷ᠂ ᠬᠢᠨᠠᠨ ᠪᠠᠶᠢᠴᠠᠭᠠᠬᠤ ᠪᠠᠶᠢᠭᠤᠯᠭ᠎ᠠ ᠡᠷᠭᠡ ᠲᠤᠰᠢᠶᠠᠯ ᠢᠶᠠᠨ ᠦᠨᠳᠦᠰᠦᠯᠡᠵᠦ ᠵᠠᠯᠠᠷᠠᠭᠤᠯᠬᠤ ᠶᠢ | ᠵᠠᠷᠯᠢᠭᠳᠠᠵᠤ᠂ ᠨᠡᠶᠢᠲᠡᠯᠡᠨ ᠰᠢᠬᠦᠮᠵᠢᠯᠡᠨ᠎ᠡ︔ ᠰᠢᠭᠤᠳ ᠬᠠᠷᠢᠭᠤᠴᠠᠭᠰᠠᠨ ᠭᠤᠤᠯ ᠬᠠᠮᠢᠶᠠᠷᠤᠭᠴᠢ ᠪᠠ ᠪᠤᠰᠤᠳ | ᠬᠠᠷᠢᠭᠤᠴᠠᠭᠴᠢ ᠳᠤ ᠬᠠᠤᠯᠢ ᠶᠤᠰᠤᠭᠠᠷ ᠰᠢᠢᠳᠭᠡᠯ ᠦᠭᠭᠦᠨ᠎ᠡ︔ ᠶᠠᠯ᠎ᠠ ᠳᠤ ᠬᠦᠷᠦᠭᠰᠡᠨ ᠪᠣᠯ᠂ ᠬᠠᠤᠯᠢ ᠶᠤᠰᠤᠭᠠᠷ | ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠤᠲᠠ ᠬᠦᠳᠡᠭᠡ ᠶᠢᠨ ᠲᠦᠯᠦᠪᠵᠢᠬᠦᠯᠭᠡ ᠪᠤᠶᠤ ᠲᠤᠰᠬᠠᠢ ᠲᠦᠯᠦᠪᠵᠢᠬᠦᠯᠭᠡ ᠵᠢᠴᠢ ᠬᠤᠲᠠ ᠶᠢᠨ | ᠡᠵᠡᠮᠰᠢᠯ ᠤᠨ ᠴᠢᠨᠠᠷ ᠪᠦᠬᠦᠢ ᠨᠠᠷᠢᠨ ᠨᠢᠭᠳᠠ ᠲᠦᠯᠦᠪᠵᠢᠬᠦᠯᠭᠡ᠂ ᠬᠤᠰᠢᠭᠤ ᠰᠢᠶᠠᠨ ᠤ ᠠᠷᠠᠳ ᠤᠨ ᠵᠠᠰᠠᠭ ᠤᠨ | ᠤᠷᠳᠤᠨ ᠪᠠᠶᠢᠭ᠎ᠠ ᠪᠠᠯᠭᠠᠰᠤᠨ ᠤ ᠡᠵᠡᠮᠰᠢᠯ ᠤᠨ ᠴᠢᠨᠠᠷ ᠪᠦᠬᠦᠢ ᠨᠠᠷᠢᠨ ᠨᠢᠭᠲᠠ ᠲᠦᠯᠦᠪᠵᠢᠬᠦᠯᠭᠡ ᠶᠢ ᠨᠠᠶᠢᠷᠠᠭᠤᠯᠤᠨ | ᠵᠤᠬᠢᠶᠠᠬᠤ᠂ ᠵᠠᠰᠠᠬᠤ ᠶᠢ ᠬᠠᠤᠯᠢ ᠶᠤᠰᠤᠭᠠᠷ ᠵᠤᠬᠢᠶᠠᠨ ᠪᠠᠶᠢᠭᠤᠯᠤᠭᠰᠠᠨ ᠦᠭᠡᠢ︔ | ︵ᠬᠤᠶᠠᠷ︶ ᠡᠷᠭᠡ ᠲᠤᠰᠢᠶᠠᠯ ᠠᠴᠠ ᠪᠠᠨ ᠬᠡᠲᠦᠷᠡᠬᠦᠯᠬᠦ ᠪᠤᠶᠤ ᠬᠠᠤᠯᠢ ᠪᠠᠷ ᠲᠤᠭᠳᠠᠭᠠᠭᠰᠠᠨ ᠨᠦᠬᠦᠴᠡᠯ ᠳᠤ ᠦᠯᠦ | ᠨᠡᠶᠢᠴᠡᠬᠦ ᠭᠤᠶᠤᠴᠢᠯᠠᠭᠴᠢ ᠳᠤ ᠭᠠᠵᠠᠷ ᠰᠤᠩᠭᠤᠬᠤ ᠰᠠᠨᠠᠯ ᠤᠨ ᠪᠢᠴᠢᠭ᠂ ᠲᠦᠯᠦᠪᠵᠢᠬᠦᠯᠭᠡ ᠶᠢᠨ ᠨᠦᠬᠦᠴᠡᠯ ᠤᠨ | ᠪᠢᠴᠢᠭ᠂ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠭᠠᠵᠠᠷ ᠤᠨ ᠲᠦᠯᠦᠪᠵᠢᠬᠦᠯᠭᠡ ᠶᠢᠨ ᠵᠦᠪᠰᠢᠶᠡᠷᠡᠯ ᠤᠨ | ᠦᠨᠡᠮᠯᠡᠯ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠵᠦᠪᠰᠢᠶᠡᠷᠡᠯ ᠤᠨ ᠦᠨᠡᠮᠯᠡᠯ᠂ ᠰᠢᠶᠠᠩ ᠲᠤᠰᠬᠤᠨ ᠤ | ᠪᠦᠲᠦᠭᠡᠨ ᠪᠠᠶᠢᠭᠤᠯᠤᠯᠲᠠ ᠶᠢᠨ ᠵᠦᠪᠰᠢᠶᠡᠷᠡᠯ ᠤᠨ ᠦᠨᠡᠮᠯᠡᠯ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠠᠵᠢᠯ ᠳᠠᠭᠤᠰᠬᠠᠯᠲᠠ ᠶᠢᠨ ᠲᠦᠯᠦᠪᠵᠢᠬᠦᠯᠭᠡ ᠶᠢᠨ ᠬᠠᠷᠭᠤᠭᠤᠯᠤᠯᠲᠠ ᠳᠤ ᠬᠢᠷᠢ ᠲᠡᠩᠴᠡᠭᠰᠡᠨ ᠦᠨᠡᠮᠯᠡᠯ ᠢ ᠬᠢᠨᠠᠨ | ᠤᠯᠭᠤᠭᠰᠠᠨ︔ | ︵ᠭᠤᠷᠪᠠ︶ ᠬᠠᠤᠯᠢ ᠪᠠᠷ ᠲᠤᠭᠳᠠᠭᠠᠭᠰᠠᠨ ᠨᠦᠬᠦᠴᠡᠯ ᠳᠤ ᠨᠡᠶᠢᠴᠡᠭᠰᠡᠨ ᠭᠤᠶᠤᠴᠢᠯᠠᠭᠴᠢ ᠳᠤ ᠬᠠᠤᠯᠢ ᠪᠠᠷ | ᠲᠤᠭᠳᠠᠭᠠᠭᠰᠠᠨ ᠬᠢᠵᠠᠭᠠᠷ ᠲᠠᠢ ᠬᠤᠭᠤᠴᠠᠭᠠᠨ ᠳᠤᠳᠤᠷ᠎ᠠ ᠲᠤᠰ ᠲᠦᠷᠢᠮ ᠤᠨ ︵ᠬᠤᠶᠠᠷ︶ ᠲᠤ ᠵᠢᠭᠰᠠᠭᠠᠭᠰᠠᠨ | ᠦᠨᠡᠮᠯᠡᠯ᠂ ᠪᠢᠴᠢᠭ ᠢ ᠬᠢᠨᠠᠨ ᠤᠯᠭᠤᠭᠰᠠᠨ ᠦᠭᠡᠢ︔ | ︵ᠲᠦᠷᠪᠡ︶ ᠬᠢᠨᠠᠨ ᠲᠤᠭᠳᠠᠭᠠᠯᠭᠠᠭᠰᠠᠨ ᠪᠠᠶᠢᠭᠤᠯᠬᠤ ᠴᠢᠨᠠᠷ ᠪᠦᠬᠦᠢ ᠨᠠᠷᠢᠨ ᠨᠢᠭᠲᠠ ᠲᠦᠯᠦᠪᠵᠢᠬᠦᠯᠭᠡ᠂ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠵᠢᠷᠤᠭ ᠲᠦᠯᠦᠪᠯᠡᠭᠡ ᠶᠢᠨ ᠲᠦᠰᠦᠯ ᠤᠨ ᠶᠡᠷᠦᠩᠭᠡᠶᠢᠯᠡᠭᠰᠡᠨ | ᠬᠠᠪᠳᠠᠭᠠᠢ ᠵᠢᠷᠤᠭ ᠢ ᠬᠠᠤᠯᠢ ᠶᠤᠰᠤᠭᠠᠷ ᠨᠡᠶᠢᠲᠡᠯᠡᠭᠰᠡᠨ ᠦᠭᠡᠢ︔ | ︵ᠲᠠᠪᠤ︶ ᠪᠠᠶᠢᠭᠤᠯᠬᠤ ᠴᠢᠨᠠᠷ ᠪᠦᠬᠦᠢ ᠨᠠᠷᠢᠨ ᠨᠢᠭᠲᠠ ᠲᠦᠯᠦᠪᠵᠢᠬᠦᠯᠭᠡ᠂ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠵᠢᠷᠤᠭ ᠲᠦᠯᠦᠪᠯᠡᠭᠡ ᠶᠢᠨ ᠲᠦᠰᠦᠯ ᠤᠨ ᠶᠡᠷᠦᠩᠭᠡᠶᠢᠯᠡᠭᠰᠡᠨ ᠬᠠᠪᠳᠠᠭᠠᠢ ᠵᠢᠷᠤᠭ ᠲᠤ ᠵᠠᠰᠠᠪᠤᠷᠢ | ᠤᠷᠤᠭᠤᠯᠬᠤ ᠶᠢ ᠵᠦᠪᠰᠢᠶᠡᠷᠡᠬᠦ ᠳᠡᠭᠡᠨ ᠬᠡᠷᠡᠴᠢᠯᠡᠯᠲᠡ ᠰᠤᠨᠤᠰᠬᠤ ᠬᠤᠷᠠᠯ ᠵᠡᠷᠭᠡ ᠠᠷᠭ᠎ᠠ ᠮᠠᠶ᠋ᠢᠭ ᠠᠪᠴᠤ ᠠᠰᠢᠭ | ᠬᠤᠤᠷ ᠲᠤ ᠬᠤᠯᠪᠤᠭᠳᠠᠭᠰᠠᠨ ᠬᠦᠮᠦᠨ ᠤ ᠰᠠᠨᠠᠯ ᠢ ᠠᠪᠤᠭᠰᠠᠨ ᠦᠭᠡᠢ︔ | ︵ᠵᠢᠷᠭᠤᠭ᠎ᠠ︶ ᠬᠠᠤᠯᠢ ᠶᠤᠰᠤᠭᠠᠷ ᠲᠦᠯᠦᠪᠵᠢᠬᠦᠯᠭᠡ ᠶᠢᠨ ᠵᠦᠪᠰᠢᠶᠡᠷᠡᠯ ᠠᠪᠤᠭᠰᠠᠨ ᠦᠭᠡᠢ ᠪᠤᠶᠤ | ᠲᠦᠯᠦᠪᠵᠢᠬᠦᠯᠭᠡ ᠶᠢᠨ ᠵᠦᠪᠰᠢᠶᠡᠷᠡᠯ ᠤᠨ ᠲᠤᠭᠳᠠᠭᠠᠯ ᠢ ᠵᠦᠷᠢᠴᠡᠨ ᠲᠦᠯᠦᠪᠵᠢᠬᠦᠯᠭᠡ ᠶᠢᠨ ᠤᠷᠤᠨ ᠳᠤᠳᠤᠷ᠎ᠠ | ᠪᠦᠲᠦᠭᠡᠨ ᠪᠠᠶᠢᠭᠤᠯᠤᠯᠲᠠ ᠶᠢᠨ ᠠᠵᠢᠯ ᠬᠢᠭᠰᠡᠨ ᠪᠠᠶᠢᠳᠠᠯ᠎ᠠ ᠬᠠᠷᠢᠨ ᠪᠠᠶᠢᠴᠠᠭᠠᠨ ᠰᠢᠢᠳᠭᠡᠭᠰᠡᠨ ᠦᠭᠡᠢ ᠪᠤᠶᠤ | ᠢᠯᠡᠴᠢᠯᠡᠯ ᠢ ᠤᠯᠵᠤ ᠠᠪᠤᠭᠰᠠᠨ ᠤ ᠳᠠᠷᠠᠭ᠎ᠠ ᠬᠠᠤᠯᠢ ᠶᠤᠰᠤᠭᠠᠷ ᠰᠢᠢᠳᠪᠦᠷᠢᠯᠡᠭᠰᠡᠨ ᠦᠭᠡᠢ︔ | ︵ᠳᠤᠯᠤᠭ᠎ᠠ︶ ᠠᠯᠪᠠᠨ ᠲᠤᠰᠢᠶᠠᠯ ᠳᠤ ᠠᠯᠮᠠᠶᠢᠷᠠᠨ ᠤᠰᠤᠯᠳᠠᠭᠰᠠᠨ᠂ ᠡᠷᠭᠡ ᠲᠤᠰᠢᠶᠠᠯ ᠢᠶᠠᠨ ᠳᠤᠷ᠎ᠠ ᠪᠠᠷ ᠢᠶᠠᠨ | ᠬᠡᠷᠡᠭᠯᠡᠭᠰᠡᠨ᠂ ᠭᠤᠶᠤᠴᠢᠯᠠᠨ ᠬᠠᠤᠯᠢ ᠶᠤᠰᠤ ᠶᠢ ᠵᠦᠷᠢᠴᠡᠭᠰᠡᠨ ᠪᠤᠰᠤᠳ ᠠᠵᠢᠯᠯᠠᠭ᠎ᠠ᠃ | ᠳᠠᠪᠢᠳᠤᠭᠠᠷ ᠵᠦᠢᠯ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ | ᠪᠦᠬᠦᠢ ᠰᠠᠯᠠᠭ᠎ᠠ ᠮᠦᠴᠢᠷ ᠳᠤᠤᠷ᠎ᠠ ᠵᠢᠭᠰᠠᠭᠠᠭᠰᠠᠨ ᠠᠵᠢᠯᠯᠠᠭ᠎ᠠ ᠶᠢᠨ ᠨᠢᠭᠡ ᠨᠢ ᠪᠠᠶᠢᠪᠠᠯ᠂ ᠲᠤᠰ ᠱᠠᠲᠤᠨ ᠤ ᠠᠷᠠᠳ | ᠤᠨ ᠵᠠᠰᠠᠭ ᠤᠨ ᠤᠷᠳᠤᠨ ᠪᠤᠶᠤ ᠳᠡᠭᠡᠳᠦ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ | ᠰᠠᠯᠠᠭ᠎ᠠ ᠮᠦᠴᠢᠷ ᠠᠴᠠ ᠵᠠᠯᠠᠷᠠᠭᠤᠯᠬᠤ ᠶᠢ ᠨᠢ ᠵᠠᠷᠯᠢᠭᠳᠠᠵᠤ᠂ ᠨᠡᠶᠢᠲᠡᠯᠡᠨ ᠰᠢᠬᠦᠮᠵᠢᠯᠡᠨ᠎ᠡ︔ ᠰᠢᠭᠤᠳ | ᠬᠠᠷᠢᠭᠤᠴᠠᠭᠰᠠᠨ ᠭᠤᠤᠯ ᠬᠠᠮᠢᠶᠠᠷᠤᠭᠴᠢ ᠪᠤᠶᠤ ᠪᠤᠰᠤᠳ ᠰᠢᠭᠤᠳ ᠬᠠᠷᠢᠭᠤᠴᠠᠭᠴᠢ ᠳᠤ ᠬᠠᠤᠯᠢ ᠶᠤᠰᠤᠭᠠᠷ | ᠰᠢᠢᠳᠭᠡᠯ ᠦᠭᠭᠦᠨ᠎ᠡ︔ ᠶᠠᠯ᠎ᠠ ᠳᠤ ᠬᠦᠷᠦᠭᠰᠡᠨ ᠪᠣᠯ᠂ ᠬᠠᠤᠯᠢ ᠶᠤᠰᠤᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ | ᠨᠡᠬᠡᠮᠵᠢᠯᠡᠨ᠎ᠡ᠄ | ︵ᠨᠢᠭᠡ︶ ᠬᠠᠤᠯᠢ ᠶᠤᠰᠤᠭᠠᠷ ᠭᠠᠵᠠᠷ ᠰᠤᠩᠭᠤᠬᠤ ᠰᠠᠨᠠᠯ ᠤᠨ ᠪᠢᠴᠢᠭ ᠤᠯᠤᠭᠰᠠᠨ ᠦᠭᠡᠢ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠳᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠵᠦᠪᠰᠢᠶᠡᠷᠡᠭᠰᠡᠨ | ᠪᠢᠴᠢᠭ ᠮᠠᠲ᠋ᠧᠷᠢᠶᠠᠯ ᠬᠢᠨᠠᠨ ᠲᠠᠷᠬᠠᠭᠠᠭᠰᠠᠨ︔ | ︵ᠬᠤᠶᠠᠷ︶ ᠬᠠᠤᠯᠢ ᠶᠤᠰᠤᠭᠠᠷ ᠤᠯᠤᠰ ᠤᠨ ᠦᠮᠴᠢᠯᠡᠯᠲᠦ ᠭᠠᠵᠠᠷ ᠰᠢᠷᠤᠢ ᠶᠢᠨ ᠬᠡᠷᠡᠭᠯᠡᠭᠡᠨ ᠤ ᠡᠷᠭᠡ ᠶᠢ | ᠰᠢᠯᠵᠢᠬᠦᠯᠵᠦ ᠦᠭᠭᠦᠭᠰᠡᠨ ᠦᠭᠡᠢ ᠭᠡᠷ᠎ᠡ ᠳᠤ ᠲᠦᠯᠦᠪᠵᠢᠬᠦᠯᠭᠡ ᠶᠢᠨ ᠨᠦᠬᠦᠴᠡᠯ ᠲᠤᠭᠳᠠᠭᠠᠭᠰᠠᠨ ᠪᠤᠶᠤ ᠤᠯᠤᠰ ᠤᠨ | ᠦᠮᠴᠢᠯᠡᠯᠲᠦ ᠭᠠᠵᠠᠷ ᠰᠢᠷᠤᠢ ᠶᠢᠨ ᠬᠡᠷᠡᠭᠯᠡᠭᠡᠨ ᠤ ᠡᠷᠭᠡ ᠶᠢ ᠰᠢᠯᠵᠢᠬᠦᠯᠦᠨ ᠦᠭᠭᠦᠭᠰᠡᠨ ᠬᠡᠷ᠎ᠡ ᠳᠤ ᠬᠠᠤᠯᠢ ᠶᠤᠰᠤᠭᠠᠷ | ᠲᠤᠭᠳᠠᠭᠠᠭᠰᠠᠨ ᠲᠦᠯᠦᠪᠵᠢᠬᠦᠯᠭᠡ ᠶᠢᠨ ᠨᠦᠬᠦᠴᠡᠯ ᠢ ᠬᠤᠪᠢᠷᠠᠭᠤᠯᠤᠭᠰᠠᠨ︔ | ︵ᠭᠤᠷᠪᠠ︶ ᠬᠠᠤᠯᠢ ᠶᠤᠰᠤᠭᠠᠷ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠭᠠᠵᠠᠷ ᠤᠨ ᠲᠦᠯᠦᠪᠵᠢᠬᠦᠯᠭᠡ ᠶᠢᠨ | ᠵᠦᠪᠰᠢᠶᠡᠷᠡᠯ ᠤᠨ ᠦᠨᠡᠮᠯᠡᠯ ᠤᠯᠤᠭᠰᠠᠨ ᠦᠭᠡᠢ ᠪᠦᠲᠦᠭᠡᠨ ᠪᠠᠶᠢᠭᠤᠯᠤᠯᠲᠠ ᠶᠢᠨ ᠨᠢᠭᠡᠴᠢ ᠳᠤ ᠤᠯᠤᠰ ᠤᠨ | ᠦᠮᠴᠢᠯᠡᠯᠲᠦ ᠭᠠᠵᠠᠷ ᠰᠢᠷᠤᠢ ᠶᠢᠨ ᠬᠡᠷᠡᠭᠯᠡᠭᠡᠨ ᠤ ᠡᠷᠭᠡ ᠶᠢ ᠰᠢᠯᠵᠢᠬᠦᠯᠦᠨ ᠦᠭᠭᠦᠭᠰᠡᠨ︔ | ︵ᠲᠦᠷᠪᠡ︶ ᠠᠯᠪᠠᠨ ᠲᠤᠰᠢᠶᠠᠯ ᠳᠤ ᠠᠯᠮᠠᠶᠢᠷᠠᠨ ᠤᠰᠤᠯᠳᠠᠭᠰᠠᠨ᠂ ᠡᠷᠭᠡ ᠲᠤᠰᠢᠶᠠᠯ ᠢᠶᠠᠨ ᠳᠤᠷ᠎ᠠ ᠪᠠᠷ ᠢᠶᠠᠨ | ᠬᠡᠷᠡᠭᠯᠡᠭᠰᠡᠨ᠂ ᠭᠤᠶᠤᠴᠢᠯᠠᠨ ᠬᠠᠤᠯᠢ ᠶᠤᠰᠤ ᠶᠢ ᠵᠦᠷᠢᠴᠡᠭᠰᠡᠨ ᠪᠤᠰᠤᠳ ᠠᠵᠢᠯᠯᠠᠭ᠎ᠠ ᠤᠳ︔ | ᠳᠤᠯᠤᠳᠤᠭᠠᠷ ᠪᠦᠯᠦᠭ ᠳᠠᠭᠠᠯᠳᠤᠭᠤᠯᠤᠯ ᠲᠦᠷᠢᠮ | ᠳᠠᠪᠢᠨ ᠨᠢᠭᠡᠳᠦᠭᠡᠷ ᠵᠦᠢᠯ ᠲᠤᠰ ᠳᠦᠷᠢᠮ ᠤᠨ ᠬᠤᠲᠠ ᠬᠦᠳᠡᠭᠡ ᠶᠢᠨ ᠲᠦᠯᠦᠪᠵᠢᠬᠦᠯᠭᠡ᠂ ᠪᠠᠯᠭᠠᠰᠤᠨ ᠤ | ᠲᠦᠯᠦᠪᠵᠢᠬᠦᠯᠭᠡ᠂ ᠰᠤᠮᠤ ᠰᠢᠶᠠᠩ ᠤᠨ ᠲᠦᠯᠦᠪᠵᠢᠬᠦᠯᠭᠡ ᠪᠠ ᠭᠠᠴᠠᠭ᠎ᠠ ᠲᠤᠰᠬᠤᠨ ᠤ ᠲᠦᠯᠦᠪᠵᠢᠬᠦᠯᠭᠡ | ᠪᠠᠭᠳᠠᠨ᠎ᠠ᠃ ᠬᠤᠲᠠ ᠶᠢᠨ ᠲᠦᠯᠦᠪᠵᠢᠬᠦᠯᠭᠡ᠂ ᠪᠠᠯᠭᠠᠰᠤᠨ ᠤ ᠲᠦᠯᠦᠪᠵᠢᠬᠦᠯᠭᠡ ᠶᠢ ᠶᠡᠷᠦᠩᠭᠡᠢ ᠲᠦᠯᠦᠪᠵᠢᠬᠦᠯᠭᠡ | ᠪᠠ ᠨᠠᠷᠢᠨ ᠨᠢᠭᠲᠠ ᠲᠦᠯᠦᠪᠵᠢᠬᠦᠯᠭᠡ ᠬᠡᠵᠦ ᠬᠤᠪᠢᠶᠠᠨ᠎ᠠ᠃ ᠨᠠᠷᠢᠨ ᠨᠢᠭᠲᠠ ᠲᠦᠯᠦᠪᠵᠢᠬᠦᠯᠭᠡ ᠶᠢ ᠡᠵᠡᠮᠰᠢᠯ ᠤᠨ | ᠴᠢᠨᠠᠷ ᠪᠦᠬᠦᠢ ᠨᠠᠷᠢᠨ ᠨᠢᠭᠳᠠ ᠲᠦᠯᠦᠪᠵᠢᠬᠦᠯᠭᠡ ᠪᠠ ᠪᠠᠶᠢᠭᠤᠯᠬᠤ ᠴᠢᠨᠠᠷ ᠪᠦᠬᠦᠢ ᠲᠦᠯᠦᠪᠵᠢᠬᠦᠯᠭᠡ ᠭᠡᠵᠦ | ᠬᠤᠪᠢᠶᠠᠨ᠎ᠠ᠃ | ᠳᠠᠪᠢᠨ ᠬᠤᠶᠠᠳᠤᠭᠠᠷ ᠵᠦᠢᠯ ᠲᠤᠰ ᠲᠦᠷᠢᠮ ᠤᠨ ᠲᠦᠯᠦᠪᠵᠢᠬᠦᠯᠭᠡ ᠶᠢᠨ ᠤᠷᠤᠨ ᠬᠡᠳᠡᠭ ᠪᠣᠯ ᠬᠤᠲᠠ᠂ | ᠪᠠᠯᠭᠠᠰᠤ᠂ ᠰᠤᠮᠤ ᠰᠢᠶᠠᠩ᠂ ᠭᠠᠴᠠᠭ᠎ᠠ ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠤᠷᠤᠨ ᠵᠢᠴᠢ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠪᠠ ᠬᠦᠭᠵᠢᠯᠲᠡ ᠶᠢᠨ ᠬᠡᠷᠡᠭᠴᠡᠭᠡ ᠠᠴᠠ ᠪᠤᠯᠵᠤ᠂ ᠡᠷᠭᠡᠪᠰᠢ | ᠲᠦᠯᠦᠪᠵᠢᠬᠦᠯᠭᠡ ᠶᠢ ᠬᠡᠷᠡᠭᠵᠢᠬᠦᠯᠦᠨ ᠡᠵᠡᠮᠰᠢᠬᠦ ᠤᠷᠤᠨ ᠪᠦᠰᠡ ᠶᠢ ᠵᠢᠭᠠᠵᠤ ᠪᠤᠢ᠃ | ᠲᠤᠰ ᠲᠦᠷᠢᠮ ᠤᠨ ᠬᠤᠲᠠ ᠬᠡᠳᠡᠭ ᠪᠣᠯ ᠵᠠᠰᠠᠭ ᠵᠠᠬᠢᠷᠭᠠᠨ ᠤ ᠪᠠᠶᠢᠭᠤᠯᠤᠮᠵᠢᠲᠤ ᠲᠦᠷᠢᠮ ᠶᠤᠰᠤᠭᠠᠷ | ᠪᠠᠶᠢᠭᠤᠯᠤᠭᠰᠠᠨ ᠤᠯᠠᠭᠠᠨᠴᠠᠪ ᠬᠤᠲᠠ ᠪᠠ ᠹᠧᠩᠵᠧᠨ ᠬᠤᠲᠠ ᠶᠢ ᠵᠢᠭᠠᠵᠤ ᠪᠤᠢ᠃ | ᠳᠠᠪᠢᠨ ᠭᠤᠷᠪᠠᠳᠤᠭᠠᠷ ᠵᠦᠢᠯ ᠤᠯᠤᠰ ᠪᠤᠶᠤ ᠦᠪᠡᠷᠲᠡᠭᠡᠨ ᠵᠠᠰᠠᠬᠤ ᠤᠷᠤᠨ ᠤ ᠲᠤᠭᠳᠠᠭᠠᠭᠰᠠᠨ | ᠭᠤᠤᠯᠳᠠᠯᠭ᠎ᠠ ᠲᠠᠢ ᠬᠦᠭᠵᠢᠬᠦᠯᠦᠯᠲᠡ ᠶᠢᠨ ᠤᠷᠤᠨ ᠪᠦᠰᠡ ᠨᠢ ᠤᠨᠴᠠᠭᠠᠢ ᠲᠤᠭᠳᠠᠭᠠᠭᠰᠠᠨ ᠭᠠᠵᠠᠷ ᠤᠷᠤᠨ ᠮᠥᠨ᠃ | ᠤᠨᠴᠠᠭᠠᠢ ᠲᠤᠭᠳᠠᠭᠠᠭᠰᠠᠨ ᠭᠠᠵᠠᠷ ᠤᠷᠤᠨ ᠳᠤ ᠨᠡᠭᠡᠭᠡᠨ ᠬᠦᠭᠵᠢᠬᠦᠯᠦᠯᠲᠡ ᠶᠢᠨ ᠲᠤᠭᠤᠷᠢᠭ᠂ ᠬᠢᠯᠢ ᠶᠢᠨ ᠪᠤᠭᠤᠮᠳᠠ | ᠂ ᠲᠤᠰᠠᠭᠠᠷ ᠦᠢᠯᠡᠳᠪᠦᠷᠢ᠂ ᠠᠭᠤᠷᠬᠠᠢ ᠶᠢᠨ ᠲᠤᠭᠤᠷᠢᠭ᠂ ᠲᠠᠷᠢᠶᠠᠯᠠᠩ ᠤᠢ ᠮᠠᠯᠵᠢᠯ ᠤᠨ ᠳᠠᠯᠠᠪᠠᠢ ᠲᠤᠭᠤᠷᠢᠭ | ᠵᠡᠷᠭᠡ ᠪᠠᠭᠳᠠᠨ᠎ᠠ᠃ ᠨᠡᠭᠡᠭᠡᠨ ᠬᠦᠭᠵᠢᠬᠦᠯᠦᠯᠲᠡ ᠶᠢᠨ ᠲᠤᠭᠤᠷᠢᠭ ᠲᠤ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ | ᠬᠦᠭᠵᠢᠬᠦᠯᠦᠯᠲᠡ ᠶᠢᠨ ᠲᠤᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠨ ᠬᠦᠭᠵᠢᠬᠦᠯᠦᠯᠲᠡ ᠶᠢᠨ ᠲᠤᠭᠤᠷᠢᠭ᠂ | ᠭᠠᠶᠢᠯᠢ ᠬᠠᠮᠠᠭᠠᠯᠠᠯᠲᠠ ᠶᠢᠨ ᠲᠤᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ᠂ ᠡᠳ᠋ ᠪᠤᠳᠠᠰ ᠤᠨ | ᠬᠦᠢᠯᠭᠡᠭᠡᠨ ᠤ ᠬᠦᠷᠢᠶᠡᠯᠠᠩ ᠲᠤᠭᠤᠷᠢᠭ ᠵᠡᠷᠭᠡ ᠪᠠᠭᠳᠠᠨ᠎ᠠ᠃ | ᠳᠠᠪᠢᠨ ᠲᠦᠷᠪᠡᠳᠦᠭᠡᠷ ᠵᠦᠢᠯ ᠲᠤᠰ ᠲᠦᠷᠢᠮ ᠢ 2017 ᠤᠨ ᠤ 8 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠬᠦᠯᠦᠨ᠎ᠡ᠃ | | | | ᠳᠠᠭᠠᠯᠳᠤᠭᠤᠯᠤᠯ 2 | ︽ᠤᠯᠠᠭᠠᠨᠴᠠᠪ ᠬᠤᠲᠠ ᠶᠢᠨ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠠᠮᠢᠶᠠᠷᠤᠯᠲᠠ ᠶᠢᠨ ᠲᠦᠷᠢᠮ︾ | ᠤᠨ ᠳᠤᠳᠤᠷᠬᠠᠶᠢᠯᠠᠯᠲᠠ | ——2017 ᠤᠨ ᠤ 5 ᠰᠠᠷ᠎ᠠ ᠶᠢᠨ 23 ᠤ ᠡᠳᠦᠷ ᠦᠪᠦᠷ ᠮᠤᠩᠭᠤᠯ ᠤᠨᠦᠪᠡᠷᠲᠡᠭᠡᠨ | ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠭᠤᠴᠢᠨᠭᠤᠷᠪᠠᠳᠤᠭᠠᠷ ᠬᠤᠷᠠᠯᠳᠤᠭᠠᠨ ᠳᠡᠭᠡᠷ᠎ᠡ ᠤᠯᠠᠭᠠᠨᠴᠠᠪ ᠬᠤᠲᠠ ᠶᠢᠨ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠵᠠᠩ ᡁᠢ ᠴᠢᠶᠠᠩ | | ᠡᠷᠬᠢᠯᠡᠭᠴᠢ᠂ ᠳᠡᠳ᠋ ᠡᠷᠬᠢᠯᠡᠭᠴᠢ ᠨᠠᠷ᠂ ᠨᠠᠷᠢᠨ ᠪᠢᠴᠢᠭ ᠤᠨ ᠳᠠᠷᠤᠭ᠎ᠠ᠂ ᠬᠡᠰᠢᠬᠦᠳ ᠡ᠄ | ᠤᠯᠠᠭᠠᠨᠴᠠᠪ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ | ᠤ ᠨᠠᠶᠢᠳᠠᠯᠭ᠎ᠠ ᠪᠠᠷ᠂ ᠪᠢ ︽ᠤᠯᠠᠭᠠᠨᠴᠠᠪ ᠬᠤᠲᠠ ᠶᠢᠨ ᠬᠤᠲᠠ ᠬᠦᠳᠡᠭᠡ ᠶᠢᠨ ᠲᠦᠯᠦᠪᠵᠢᠬᠦᠯᠭᠡ ᠶᠢᠨ | ᠬᠠᠮᠢᠶᠠᠷᠤᠯᠲᠠ ᠶᠢᠨ ᠲᠦᠷᠢᠮ︾ ︵ᠳᠤᠤᠷ᠎ᠠ ᠲᠦᠷᠢᠮ ᠭᠡᠵᠦ ᠲᠦᠬᠦᠮᠴᠢᠯᠡᠪᠡ︶ ᠲᠤ ᠳᠤᠳᠤᠷᠬᠠᠶᠢᠯᠠᠯᠲᠠ ᠬᠢᠶ᠎ᠡ᠄ | ᠨᠢᠭᠡ᠂ ᠲᠦᠷᠢᠮ ᠳᠤᠭᠳᠠᠭᠠᠬᠤ ᠶᠢᠨ ᠵᠠᠶᠢᠯᠠᠰᠢ ᠦᠭᠡᠢ ᠴᠢᠨᠠᠷ | ᠤᠷᠴᠢᠮ ᠤᠨ ᠵᠢᠯ ᠤᠳ ᠠᠴᠠ ᠨᠠᠰᠢ᠂ ᠤᠯᠠᠭᠠᠨᠴᠠᠪ ᠬᠤᠲᠠ ᠶᠢᠨ ᠬᠤᠳᠠ ᠪᠠᠯᠭᠠᠰᠤᠵᠢᠯᠳᠠ ᠶᠢᠨ ᠦᠳᠳᠦᠷ | ᠲᠦᠷᠭᠡᠨ ᠬᠦᠭᠵᠢᠯᠲᠡ ᠶᠢ ᠳᠠᠭᠠᠯᠳᠤᠨ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶ᠎ᠡ | ᠲᠠᠰᠤᠷᠠᠯᠲᠠ ᠦᠭᠡᠢ ᠦᠷᠭᠡᠵᠢᠵᠦ᠂ ᠬᠤᠲᠠᠴᠢᠯᠠᠯᠲᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ | ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠠᠮᠢᠶᠠᠷᠤᠯᠲᠠ ᠶᠢᠨ ᠤᠶᠢᠯᠠᠭᠠᠭᠳᠠᠬᠤᠨ᠂ ᠬᠠᠮᠢᠶᠠᠷᠤᠯᠲᠠ ᠶᠢᠨ | ᠪᠠᠶᠢᠭᠤᠯᠤᠮᠵᠢ ᠪᠠ ᠡᠷᠬᠢᠯᠲᠡ ᠶᠢᠨ ᠲᠤᠭᠳᠠᠯᠴᠠᠭ᠎ᠠ ᠵᠡᠷᠭᠡ ᠲᠠᠯ᠎ᠠ ᠪᠠᠷ ᠴᠦᠮ ᠮᠠᠰᠢ ᠲᠤᠮᠤ ᠬᠤᠪᠢᠷᠠᠯᠲᠠ ᠲᠠᠢ ᠪᠤᠯᠵᠤ | ᠂ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠠᠮᠢᠶᠠᠷᠤᠯᠲᠠ ᠶᠢᠨ ᠴᠢᠬᠤᠯᠠ ᠴᠢᠨᠠᠷ ᠨᠢ ᠡᠳᠦᠷ ᠠᠴᠠ ᠡᠳᠦᠷ | ᠳᠤᠪᠤᠶᠢᠮ᠎ᠠ ᠪᠤᠯᠵᠤ ᠪᠠᠶᠢᠨ᠎ᠠ᠃ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠦᠳᠡᠭᠡ ᠶᠢᠨ | ᠲᠦᠯᠦᠪᠵᠢᠬᠦᠯᠭᠡ ᠶᠢᠨ ᠬᠠᠤᠯᠢ︾ ᠪᠠ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠲᠠ ᠬᠦᠳᠡᠭᠡ | ᠶᠢᠨ ᠲᠦᠯᠦᠪᠵᠢᠬᠦᠯᠭᠡ ᠶᠢᠨ ᠲᠦᠷᠢᠮ︾ ᠢ ᠨᠠᠷᠢᠨ ᠨᠢᠮᠪᠠᠢ ᠲᠤᠤᠱᠯᠠᠭᠤᠯᠤᠨ ᠬᠡᠷᠡᠭᠵᠢᠬᠦᠯᠵᠦ᠂ ᠮᠠᠨ ᠤ ᠬᠤᠲᠠ ᠶᠢᠨ | ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠠᠮᠢᠶᠠᠷᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠲᠦᠷᠢᠮᠵᠢᠬᠦᠯᠵᠦ᠂ ︽ᠲᠠᠪᠤᠨ ᠬᠤᠲᠠ ᠶᠢ ᠬᠠᠮᠳᠤ | ᠳᠤ ᠨᠢ ᠪᠠᠶᠢᠭᠤᠯᠬᠤ︾ ᠳᠤ ᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠬᠦᠯᠬᠦ ᠶᠢᠨ ᠲᠤᠰᠠᠳᠠ᠂ ᠮᠠᠨ ᠤ ᠬᠤᠲᠠ | ᠶᠢᠨ ᠪᠤᠳᠠᠳᠤ ᠪᠠᠶᠢᠳᠠᠯ ᠳᠤ ᠲᠤᠬᠢᠷᠠᠭᠰᠠᠨ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠠᠮᠢᠶᠠᠷᠤᠯᠲᠠ ᠶᠢᠨ | ᠨᠢᠭᠡᠨ ᠲᠦᠷᠢᠮ ᠢ ᠲᠦᠷᠭᠡᠨ ᠲᠤᠭᠳᠠᠭᠠᠬᠤ ᠶᠢ ᠱᠠᠭᠠᠷᠳᠠᠵᠤ ᠪᠠᠶᠢᠨ᠎ᠠ᠃ | ᠬᠤᠶᠠᠷ᠂ ᠲᠦᠷᠢᠮ ᠳᠤᠭᠳᠠᠭᠠᠭᠰᠠᠨ ᠶᠠᠪᠤᠴᠠ | 2016 ᠤᠨ ᠤ ᠬᠠᠤᠯᠢ ᠲᠤᠭᠳᠠᠭᠠᠯᠲᠠ ᠶᠢᠨ ᠠᠵᠢᠯ ᠤᠨ ᠲᠤᠬᠢᠷᠠᠭᠤᠯᠤᠯᠲᠠ ᠶᠤᠰᠤᠭᠠᠷ᠂ ᠬᠤᠲᠠ ᠶᠢᠨ | ᠠᠷᠠᠳ ᠤᠨ ᠵᠠᠰᠠᠭ ᠤᠨ ᠤᠷᠳᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠢ ᠢᠳᠡᠪᠬᠢᠲᠡᠢ ᠵᠤᠬᠢᠶᠠᠨ | ᠪᠠᠶᠢᠭᠤᠯᠵᠤ᠂ 2016 ᠤᠨ ᠤ 8 ᠰᠠᠷ᠎ᠠ ᠳᠤ ᠲᠦᠷᠢᠮ ᠤᠨ ᠲᠦᠰᠦᠯ ᠢ ᠨᠤᠤᠷᠠᠭᠯᠠᠬᠤ ᠠᠵᠢᠯ ᠢ ᠪᠠᠷᠠᠭᠠᠭᠰᠠᠨ ᠤ | ᠳᠠᠷᠠᠭ᠎ᠠ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ | ᠬᠢᠨᠠᠨ ᠵᠦᠪᠯᠡᠬᠦᠯᠬᠦ ᠪᠠᠷ ᠳᠡᠪᠰᠢᠬᠦᠯᠪᠡ᠃ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠤᠷᠢᠨ ᠳᠠᠪᠤᠳᠤᠭᠠᠷ ᠤᠳᠠᠭ᠎ᠠ᠂ ᠬᠤᠷᠢᠨ ᠳᠤᠯᠤᠳᠤᠭᠠᠷ ᠤᠳᠠᠭᠠᠨ ᠤ ᠬᠤᠶᠠᠷ | ᠤᠳᠠᠭᠠᠨ ᠤ ᠬᠤᠷᠠᠯ ᠢᠶᠠᠷ ᠬᠢᠨᠠᠨ ᠵᠦᠪᠰᠢᠶᠡᠷᠡᠬᠦᠯᠵᠦ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠦᠷᠢᠮ ᠤᠨ ᠠᠵᠢᠯ ᠤᠨ ᠵᠦᠪᠯᠡᠯ ᠬᠤᠯᠪᠤᠭᠳᠠᠯ ᠪᠦᠬᠦᠢ ᠰᠠᠯᠠᠭ᠎ᠠ | ᠮᠦᠴᠢᠷ ᠤᠳ ᠢ ᠵᠤᠬᠢᠶᠠᠨ ᠪᠠᠶᠢᠭᠤᠯᠤᠨ ᠲᠦᠷᠢᠮ ᠤᠨ ᠲᠦᠰᠦᠯ ᠢ ᠬᠡᠲᠦ ᠤᠳᠠᠭ᠎ᠠ ᠵᠠᠰᠠᠵᠤ᠂ ᠪᠦᠷᠢᠨᠰᠢᠬᠦᠯᠵᠦ᠂ | ᠲᠦᠰᠦᠯ ᠤᠨ ᠰᠠᠨᠠᠯ ᠬᠤᠷᠢᠶᠠᠬᠤ ᠨᠤᠤᠷᠠᠭ ᠢ ᠪᠦᠷᠢᠳᠦᠬᠦᠯᠪᠡ᠃ ᠳᠠᠷᠠᠭ᠎ᠠ ᠪᠠᠷ᠂ ᠵᠠᠭᠤᠴᠢᠯᠠᠭᠤᠷ ᠢᠶᠠᠷ ᠳᠠᠮᠵᠢᠭᠤᠯᠤᠨ | ᠨᠡᠶᠢᠭᠡᠮ ᠤᠨ ᠡᠯ᠎ᠡ ᠡᠳᠡᠭᠡᠳ ᠤᠨ ᠬᠢᠨ ᠤ ᠰᠠᠨᠠᠯ ᠪᠠ ᠰᠠᠨᠠᠭᠤᠯᠭ᠎ᠠ ᠶᠢ ᠦᠷᠭᠡᠨ ᠳᠡᠯᠭᠡᠷ ᠬᠤᠷᠢᠶᠠᠭᠰᠠᠨ ᠮᠦᠷᠲᠡᠭᠡᠨ | ᠬᠤᠰᠢᠭᠤ ᠰᠢᠶᠠᠨ ᠬᠤᠲᠠ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠬᠠᠤᠯᠢ ᠲᠤᠭᠳᠠᠭᠠᠯᠳᠠ ᠶᠢᠨ ᠯᠠᠪᠯᠠᠯᠭ᠎ᠠ ᠶᠢᠨ ᠵᠦᠪᠯᠡᠭᠴᠢ᠂ ᠦᠨᠳᠦᠰᠦᠨ ᠱᠠᠲᠤᠨ ᠤ ᠬᠠᠤᠯᠢ | ᠲᠤᠭᠳᠠᠭᠠᠯᠲᠠ ᠶᠢᠨ ᠬᠠᠷᠢᠯᠴᠠᠬᠤ ᠴᠢᠭ᠋ ᠵᠢᠴᠢ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠤᠭᠳᠠᠯ ᠪᠦᠬᠦᠢ ᠠᠵᠢᠯ ᠤᠨ ᠵᠦᠪᠯᠡᠯ ᠠᠴᠠ ᠪᠢᠴᠢᠭ ᠢᠶᠠᠷ | ᠰᠠᠨᠠᠯ ᠬᠤᠷᠢᠶᠠᠭᠰᠠᠨ ᠪᠠᠶᠢᠨ᠎ᠠ᠃ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ | ᠲᠦᠷᠢᠮ ᠤᠨ ᠵᠦᠪᠯᠡᠯ ᠢᠶᠠᠷ ᠨᠢᠭᠡᠳᠦᠯᠲᠡᠢ ᠬᠢᠨᠠᠨ ᠵᠦᠪᠯᠡᠬᠦᠯᠦᠭᠰᠡᠨ ᠤ ᠳᠠᠷᠠᠭ᠎ᠠ᠂ ᠲᠦᠷᠢᠮ ᠤᠨ ᠲᠦᠰᠦᠯ ᠤᠨ | ᠵᠠᠰᠠᠪᠤᠷᠢ ᠤᠷᠤᠭᠤᠯᠬᠤ ᠨᠤᠤᠷᠠᠭ ᠢ ᠪᠦᠷᠢᠳᠦᠬᠦᠯᠪᠡ᠃ | ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ | ᠨᠠᠢᠮᠠᠳᠤᠭᠠᠷ ᠤᠳᠠᠭᠠᠨ ᠤ ᠬᠤᠷᠠᠯᠳᠤᠭᠠᠨ ᠠᠴᠠ ᠲᠦᠷᠢᠮ ᠤᠨ ᠲᠦᠰᠦᠯ ᠤᠨ ᠵᠦᠪᠯᠡᠯᠭᠡ ᠶᠢ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠳᠤ ᠳᠡᠪᠰᠢᠬᠦᠯᠦᠨ ᠬᠢᠨᠠᠨ ᠵᠦᠪᠯᠡᠬᠦᠯᠬᠦ ᠪᠠᠷ ᠲᠤᠭᠳᠠᠭᠠᠪᠠ᠃ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠳ ᠤᠨ ᠬᠤᠷᠠᠯ ᠳᠤ ᠮᠡᠳᠡᠬᠦᠯᠦᠨ ᠬᠢᠨᠠᠨ ᠵᠦᠪᠯᠡᠬᠦᠯᠵᠦ | ᠵᠦᠪᠰᠢᠶᠡᠷᠡᠬᠦᠯᠦᠭᠰᠡᠨ ᠤ ᠳᠠᠷᠠᠭ᠎ᠠ᠂ 2017 ᠤᠨ ᠤ 1 ᠰᠠᠷ᠎ᠠ ᠶᠢᠨ 22 ᠤ ᠡᠳᠦᠷ ᠬᠤᠷᠠᠯᠳᠤᠭᠤᠯᠤᠭᠰᠠᠨ | ᠤᠯᠠᠭᠠᠨᠴᠠᠪ ᠬᠤᠲᠠ ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠵᠢᠷᠭᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ ︽ᠤᠯᠠᠭᠠᠨᠴᠠᠪ ᠬᠤᠲᠠ ᠶᠢᠨ ᠬᠤᠲᠠ ᠬᠦᠳᠡᠭᠡ ᠶᠢᠨ | ᠲᠦᠯᠦᠪᠵᠢᠬᠦᠯᠭᠡ ᠶᠢᠨ ᠬᠠᠮᠢᠶᠠᠷᠤᠯᠲᠠ ᠶᠢᠨ ᠲᠦᠷᠢᠮ︾ ᠢ ᠬᠢᠨᠠᠨ ᠵᠦᠪᠯᠡᠭᠰᠡᠨ ᠮᠦᠷᠲᠡᠭᠡᠨ ᠭᠠᠷ ᠡᠷᠬᠦᠨ ᠪᠠᠲᠤᠯᠠᠪᠠ᠃ | | ᠭᠤᠷᠪᠠ᠂ ᠭᠤᠤᠯ ᠠᠭᠤᠯᠭ᠎ᠠ | ᠲᠦᠷᠢᠮ ᠢ ᠨᠡᠶᠢᠲᠡ ᠳᠤᠯᠤᠭᠠᠨ ᠪᠦᠯᠦᠭ ᠳᠠᠪᠢᠨ ᠲᠦᠷᠪᠡᠨ ᠵᠦᠢᠯ ᠬᠤᠪᠢᠶᠠᠪᠠ᠃ ᠶᠡᠷᠦᠩᠭᠡᠢ ᠲᠦᠷᠢᠮ᠂ | ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠲᠤᠭᠳᠠᠭᠠᠯᠳᠠ᠂ ᠬᠤᠲᠠ ᠬᠦᠳᠡᠭᠡ ᠶᠢᠨ ᠲᠦᠯᠦᠪᠵᠢᠬᠦᠯᠭᠡ ᠶᠢᠨ | ᠬᠡᠷᠡᠭᠵᠢᠬᠦᠯᠦᠯᠲᠡ᠂ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠦᠨᠡᠯᠡᠯᠲᠡ ᠪᠠ ᠵᠠᠰᠠᠯᠲᠠ᠂ ᠬᠤᠲᠠ ᠬᠦᠳᠡᠭᠡ | ᠶᠢᠨ ᠲᠦᠯᠦᠪᠵᠢᠬᠦᠯᠭᠡ ᠶᠢᠨ ᠬᠡᠷᠡᠭᠵᠢᠬᠦᠯᠦᠯᠲᠡ ᠶᠢᠨ ᠬᠢᠨᠠᠯᠲᠠ ᠪᠠᠶᠢᠴᠠᠭᠠᠯᠳᠠ᠂ ᠬᠠᠤᠯᠢ ᠴᠠᠭᠠᠵᠠ ᠶᠢᠨ | ᠬᠠᠷᠢᠭᠤᠴᠠᠯᠭ᠎ᠠ ᠪᠠ ᠳᠠᠭᠠᠯᠳᠤᠭᠤᠯᠤᠯ ᠲᠦᠷᠢᠮ ᠲᠤᠰᠪᠤᠷᠢ ᠳᠤᠯᠤᠭᠠᠨ ᠳᠠᠯ᠎ᠠ ᠶᠢᠨ ᠠᠭᠤᠯᠭ᠎ᠠ ᠬᠠᠮᠤᠷᠪᠠ᠃ ᠭᠤᠤᠯ | ᠪᠤᠯᠬᠤ ᠠᠭᠤᠯᠭ᠎ᠠ ᠳᠤᠤᠷᠠᠬᠢ ᠮᠡᠲᠦ᠄ | ︽ᠶᠡᠷᠦᠩᠭᠡᠢ ᠲᠦᠷᠢᠮ︾ ᠳᠤ ᠭᠤᠤᠯᠳᠠᠭᠤ ᠲᠦᠷᠢᠮ ᠢ ᠲᠤᠭᠳᠠᠭᠠᠬᠤ ᠶᠢᠨ ᠬᠠᠷᠠᠯᠳᠠ ᠪᠠ ᠡᠰᠢ ᠪᠠᠷᠢᠮᠳᠠ | ᠵᠢᠴᠢ ᠬᠡᠷᠡᠭᠯᠡᠬᠦ ᠬᠦᠷᠢᠶ᠎ᠡ ᠬᠡᠪᠴᠢᠶ᠎ᠡ ᠶᠢ ᠲᠤᠭᠳᠠᠭᠠᠪᠠ᠃ ᠡᠬᠦᠨ ᠠᠴᠠ ᠭᠠᠳᠠᠨ᠎ᠠ᠂ ᠬᠤᠲᠠ ᠬᠦᠳᠡᠭᠡ ᠶᠢᠨ | ᠲᠦᠯᠦᠪᠵᠢᠬᠦᠯᠭᠡ ᠶᠢᠨ ᠲᠤᠭᠳᠠᠭᠠᠯᠳᠠ᠂ ᠬᠡᠷᠡᠭᠵᠢᠬᠦᠯᠦᠯᠲᠡ ᠪᠠ ᠵᠠᠰᠠᠯᠲᠠ ᠶᠢᠨ ᠵᠠᠷᠴᠢᠮ᠂ ᠦᠨᠳᠦᠰᠦᠨ | ᠱᠠᠭᠠᠷᠳᠠᠯᠭ᠎ᠠ᠂ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ | ᠦᠨᠳᠦᠰᠦᠨ ᠠᠭᠤᠯᠭ᠎ᠠ ᠳᠤ ᠴᠦ ᠳᠤᠳᠤᠷᠬᠠᠢ ᠳᠤᠭᠳᠠᠭᠠᠯ ᠭᠠᠷᠭᠠᠪᠠ᠃ | ︽ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠲᠤᠭᠳᠠᠭᠠᠯᠳᠠ︾ ᠳᠤ ᠬᠤᠲᠠ ᠬᠦᠳᠡᠭᠡ ᠶᠢᠨ ᠡᠯ᠎ᠡ | ᠲᠦᠷᠦᠯ ᠤᠨ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ᠂ ᠬᠢᠨᠠᠨ ᠵᠦᠪᠰᠢᠶᠡᠷᠡᠬᠦ ᠵᠢᠴᠢ ᠵᠠᠰᠠᠪᠤᠷᠢ ᠤᠷᠤᠭᠤᠯᠬᠤ | ᠶᠠᠪᠤᠴᠠ ᠪᠠᠭᠳᠠᠵᠤ᠂ ᠠᠳᠠᠯᠢ ᠪᠤᠰᠤ ᠲᠦᠷᠦᠯ ᠵᠦᠢᠯ᠂ ᠠᠳᠠᠯᠢ ᠪᠤᠰᠤ ᠳᠡᠰ ᠳᠠᠪᠬᠤᠷᠭ᠎ᠠ ᠶᠢᠨ ᠲᠦᠯᠦᠪᠵᠢᠬᠦᠯᠭᠡ | ᠶᠢᠨ ᠪᠤᠳᠠᠳᠠᠢ ᠪᠠᠶᠢᠳᠠᠯ ᠳᠤ ᠬᠠᠨᠳᠤᠭᠤᠯᠤᠨ᠂ ᠡᠯ᠎ᠡ ᠲᠦᠷᠦᠯ ᠤᠨ ᠲᠦᠯᠦᠪᠵᠢᠬᠦᠯᠭᠡ ᠨᠠᠶᠢᠷᠠᠭᠤᠯᠤᠨ ᠵᠤᠬᠢᠶᠠᠬᠤ ᠶᠢᠨ | ᠭᠤᠤᠯ ᠴᠤᠭᠴᠠ ᠪᠠ ᠬᠢᠨᠠᠨ ᠵᠦᠪᠰᠢᠶᠡᠷᠡᠬᠦ ᠶᠠᠪᠤᠴᠠ ᠶᠢ ᠳᠤᠳᠤᠷᠬᠠᠶᠢᠯᠠᠵᠤ᠂ ᠬᠤᠲᠠ ᠬᠦᠳᠡᠭᠡ ᠶᠢᠨ | ᠲᠦᠯᠦᠪᠵᠢᠬᠦᠯᠭᠡ ᠶᠢ ᠲᠤᠭᠳᠠᠭᠠᠬᠤ ᠪᠦᠷᠢᠨ ᠲᠦᠬᠦᠷ ᠰᠢᠰᠲ᠋ᠧᠮᠵᠢ ᠶᠢ ᠪᠦᠷᠢᠯᠳᠦᠬᠦᠯᠪᠡ᠃ | ︽ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠡᠷᠡᠭᠵᠢᠬᠦᠯᠦᠯᠲᠡ︾ ᠳᠤ ᠭᠤᠤᠯᠳᠠᠭᠤ ᠬᠤᠲᠠ ᠬᠦᠳᠡᠭᠡ | ᠶᠢᠨ ᠲᠦᠯᠦᠪᠵᠢᠬᠦᠯᠭᠡ ᠶᠢᠨ ᠵᠦᠪᠰᠢᠶᠡᠷᠡᠯ ᠪᠠ ᠬᠢᠨᠠᠨ ᠵᠦᠪᠰᠢᠶᠡᠷᠡᠬᠦ ᠶᠠᠪᠤᠴᠠ ᠵᠢᠴᠢ ᠲᠦᠯᠦᠪᠵᠢᠬᠦᠯᠭᠡ ᠶᠢ | ᠬᠡᠷᠡᠭᠵᠢᠬᠦᠯᠭᠦ ᠳᠡᠭᠡᠨ ᠡᠷᠬᠡᠪᠰᠢ ᠵᠢᠷᠤᠮᠯᠠᠬᠤ ᠬᠠᠮᠢᠶ᠎ᠠ ᠪᠦᠬᠦᠢ ᠲᠤᠭᠳᠠᠭᠠᠯ ᠤᠳ ᠢ ᠲᠤᠭᠳᠠᠭᠠᠪᠠ᠃ ᠡᠬᠦᠨ ᠠᠴᠠ | ᠭᠠᠳᠠᠨ᠎ᠠ᠂ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤᠶᠢᠷ᠎ᠠ ᠶᠢᠨ ᠬᠤᠭᠤᠴᠠᠭᠠᠨ ᠤ ᠪᠦᠲᠦᠭᠡᠨ | ᠪᠠᠶᠢᠭᠤᠯᠤᠯᠲᠠ ᠶᠢᠨ ᠲᠦᠯᠦᠪᠵᠢᠬᠦᠯᠭᠡ ᠶᠢ ᠲᠤᠭᠳᠠᠭᠠᠬᠤ ᠬᠡᠷᠡᠭᠲᠡᠢ ᠪᠠ ᠪᠠᠭᠳᠠᠭᠠᠭᠬᠤ ᠶᠤᠰᠤᠲᠠᠢ ᠠᠭᠤᠯᠭ᠎ᠠ ᠵᠢᠴᠢ | ᠲᠦᠷ ᠴᠠᠭ ᠤᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠬᠦᠯᠭᠡ ᠶᠢᠨ ᠵᠦᠪᠰᠢᠶᠡᠷᠡᠯ ᠳᠡᠭᠡᠨ ᠵᠢᠷᠤᠮᠯᠠᠬᠤ | ᠶᠤᠰᠤᠲᠠᠢ ᠦᠨᠳᠦᠰᠦᠨ ᠵᠠᠷᠴᠢᠮ ᠤᠳ ᠢ ᠳᠤᠳᠤᠷᠬᠠᠶᠢᠯᠠᠪᠠ᠃ ᠡᠳᠡᠭᠡᠷ ᠲᠤᠭᠳᠠᠭᠠᠯ ᠨᠢ᠂ ᠬᠤᠲᠠ ᠬᠦᠳᠡᠭᠡ ᠶᠢᠨ | ᠲᠦᠯᠦᠪᠵᠢᠬᠦᠯᠭᠡ ᠶᠢ ᠴᠢᠩᠭ᠎ᠠ ᠬᠡᠷᠡᠭᠵᠢᠬᠦᠯᠬᠦ ᠳᠤ ᠬᠦᠴᠦᠨ ᠪᠦᠬᠦᠢ ᠪᠠᠲᠤᠯᠠᠭ᠎ᠠ ᠬᠠᠩᠭᠠᠪᠠ᠃ | ︽ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠦᠨᠡᠯᠡᠯᠲᠡ ᠪᠠ ᠵᠠᠰᠠᠯᠲᠠ︾ ᠪᠣᠯ ᠬᠠᠤᠯᠢ ᠶᠤᠰᠤᠭᠠᠷ | ᠵᠦᠪᠰᠢᠶᠡᠷᠡᠭᠰᠡᠨ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠪᠦᠲᠦᠮᠵᠢᠲᠡᠢ ᠬᠡᠷᠡᠭᠵᠢᠬᠦᠯᠦᠭᠳᠡᠬᠦ ᠶᠢ ᠦᠨᠡᠨᠬᠦ | ᠪᠠᠲᠤᠯᠠᠵᠤ᠂ ᠬᠤᠲᠠ ᠬᠦᠳᠡᠭᠡ ᠶᠢᠨ ᠲᠦᠯᠦᠪᠵᠢᠬᠦᠯᠭᠡ ᠶᠢ ᠳᠤᠷ᠎ᠠ ᠪᠠᠷ ᠵᠠᠰᠠᠬᠤ᠂ ᠬᠤᠪᠢᠷᠠᠭᠤᠯᠬᠤ ᠪᠠᠶᠢᠳᠠᠯ ᠢᠯᠡᠷᠡᠬᠦ | ᠶᠢ ᠬᠤᠷᠢᠭᠯᠠᠵᠤ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠡᠮᠬᠢ ᠲᠢᠭᠯᠢᠮ᠂ ᠵᠤᠬᠢᠴᠠᠯᠳᠤᠯ ᠪᠠ | ᠦᠷᠬᠦᠯᠵᠢᠯᠡᠬᠦᠶᠢᠴᠡ ᠬᠦᠭᠵᠢᠯᠲᠡ ᠶᠢ ᠪᠠᠲᠤᠯᠠᠬᠤ ᠶᠢᠨ ᠲᠦᠯᠦᠭᠡ ᠶᠤᠮ᠃ ᠶᠡᠷᠦᠩᠭᠡᠢ ᠲᠦᠯᠦᠪᠵᠢᠬᠦᠯᠭᠡ᠂ ᠡᠵᠡᠮᠰᠢᠯ | ᠤᠨ ᠴᠢᠨᠠᠷ ᠪᠦᠬᠦᠢ ᠲᠦᠯᠦᠪᠵᠢᠬᠦᠯᠭᠡ᠂ ᠪᠠᠶᠢᠭᠤᠯᠬᠤ ᠴᠢᠨᠠᠷ ᠪᠦᠬᠦᠢ ᠨᠠᠷᠢᠨ ᠨᠢᠭᠳᠠ ᠲᠦᠯᠦᠪᠵᠢᠬᠦᠯᠭᠡ᠂ | ᠲᠦᠯᠦᠪᠵᠢᠬᠦᠯᠭᠡ ᠶᠢᠨ ᠨᠦᠬᠦᠴᠡᠯ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠵᠢᠷᠤᠭ ᠲᠦᠯᠦᠪᠯᠡᠭᠡ ᠶᠢᠨ | ᠵᠠᠰᠠᠯᠲᠠ ᠪᠠ ᠲᠤᠬᠢᠷᠠᠭᠤᠯᠤᠯᠲᠠ ᠳᠤ ᠵᠠᠰᠠᠯᠳᠠ ᠤᠷᠤᠭᠤᠯᠬᠤ ᠶᠠᠪᠤᠴᠠ ᠠᠴᠠ ᠵᠠᠰᠠᠯᠳᠠ ᠤᠷᠤᠭᠤᠯᠬᠤ ᠨᠦᠬᠦᠴᠡᠯ | ᠵᠡᠷᠭᠡ ᠳᠤ ᠬᠦᠷᠲᠡᠯ᠎ᠡ ᠴᠦᠮ ᠳᠤᠳᠤᠷᠬᠠᠢ ᠳᠤᠭᠳᠠᠭᠠᠯ ᠭᠠᠷᠭᠠᠪᠠ᠃ | ︽ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠡᠷᠡᠭᠵᠢᠬᠦᠯᠦᠯᠲᠡ ᠶᠢᠨ ᠬᠢᠨᠠᠯᠳᠠ ᠪᠠᠶᠢᠴᠠᠭᠠᠯᠳᠠ︾ ᠪᠣᠯ | ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠶᠢᠨ ᠲᠦᠯᠦᠭᠡ ᠶᠤᠮ᠂ | ᠭᠤᠤᠯᠳᠠᠭᠤ᠄ ᠨᠢᠭᠡ ᠳᠤ ᠤᠯᠠᠨ ᠨᠡᠶᠢᠲᠡ ᠶᠢᠨ ᠬᠢᠨᠠᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠲᠠ ᠬᠦᠳᠡᠭᠡ | ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠦᠲᠦᠭᠡᠨ | ᠪᠠᠶᠢᠭᠤᠯᠤᠯᠲᠠ ᠶᠢᠨ ᠲᠦᠯᠦᠪᠵᠢᠬᠦᠯᠭᠡ ᠶᠢᠨ ᠵᠦᠪᠰᠢᠶᠡᠷᠡᠯ ᠢ ᠬᠢᠨᠠᠨ ᠲᠠᠷᠬᠠᠭᠠᠭᠰᠠᠨ ᠪᠠᠶᠢᠳᠠᠯ ᠢᠶᠠᠨ ᠬᠠᠤᠯᠢ | ᠶᠤᠰᠤᠭᠠᠷ ᠨᠡᠶᠢᠭᠡᠮ ᠳᠤ ᠨᠡᠶᠢᠲᠡᠯᠡᠬᠦ ᠶᠢ ᠳᠤᠳᠤᠷᠬᠠᠢ ᠲᠤᠭᠳᠠᠭᠠᠪᠠ᠃ ᠶᠠᠮᠠᠷᠪᠠ ᠨᠢᠭᠡᠴᠢ ᠪᠤᠶᠤ ᠬᠤᠪᠢ ᠬᠦᠮᠦᠨ | ᠴᠦᠮ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠠᠵᠢᠯ ᠳᠤ ᠰᠠᠨᠠᠭᠤᠯᠭ᠎ᠠ ᠳᠤᠷᠠᠳᠬᠤ᠂ ᠬᠤᠲᠠ ᠬᠦᠳᠡᠭᠡ ᠶᠢᠨ | ᠲᠦᠯᠦᠪᠵᠢᠬᠦᠯᠭᠡ ᠶᠢ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠭᠦ ᠪᠠ ᠵᠠᠭᠠᠯᠳᠤᠬᠤ ᠡᠷᠭᠡ ᠲᠠᠢ᠃ ᠬᠤᠶᠠᠷ ᠲᠤ | ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ | ᠲᠤ ᠲᠦᠯᠦᠪᠵᠢᠬᠦᠯᠭᠡ ᠶᠢᠨ ᠬᠢᠨᠠᠯᠳᠠ ᠪᠠᠶᠢᠴᠠᠭᠠᠯᠳᠠ ᠳᠠᠬᠢ ᠡᠷᠬᠡ ᠶᠢ ᠤᠯᠭᠤᠪᠠ᠃ ᠭᠤᠷᠪᠠ ᠳᠤ ᠬᠤᠲᠠ ᠬᠤᠰᠢᠭᠤ | ᠰᠢᠶᠠᠨ ᠤ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶ᠎ᠠ᠂ ᠲᠤᠰ ᠲᠦᠷᠢᠮ ᠤᠨ ᠬᠠᠮᠢᠶ᠎ᠠ ᠪᠦᠬᠦᠢ | ᠲᠤᠭᠳᠠᠭᠠᠯ ᠢ ᠵᠦᠷᠢᠴᠡᠭᠰᠡᠨ ᠠᠷᠠᠳ ᠤᠨ ᠵᠠᠰᠠᠭ ᠤᠨ ᠤᠷᠳᠤᠨ ᠪᠠ ᠲᠡᠬᠦᠨ ᠤ ᠪᠦᠷᠢᠯᠳᠦᠬᠦᠨ ᠰᠠᠯᠠᠭ᠎ᠠ ᠮᠦᠴᠢᠷ᠂ | ᠪᠦᠷᠢᠯᠳᠦᠬᠦᠨ ᠬᠦᠮᠦᠰ ᠲᠤ ᠯᠠᠪᠯᠠᠨ ᠠᠰᠠᠭᠤᠯᠳᠠ᠂ ᠤᠨᠴᠠᠭᠠᠢ ᠲᠤᠭᠳᠠᠭᠠᠭᠰᠠᠨ ᠠᠰᠠᠭᠤᠳᠠᠯ ᠤᠨ ᠪᠠᠶᠢᠴᠠᠭᠠᠯᠳᠠ | ᠪᠤᠶᠤ ᠲᠤᠯᠭᠠᠨ ᠯᠠᠪᠯᠠᠯᠲᠠ᠂ ᠲᠤᠰᠢᠶᠠᠯ ᠤᠨ ᠤᠭᠴᠠᠷᠠᠭᠤᠯᠤᠯᠲᠠ ᠵᠡᠷᠭᠡ ᠬᠢᠨᠠᠯᠳᠠ ᠶᠢᠨ ᠶᠠᠪᠤᠴᠠ ᠶᠢ ᠬᠠᠤᠯᠢ | ᠶᠤᠰᠤᠭᠠᠷ ᠬᠦᠳᠡᠯᠬᠡᠬᠦ ᠬᠡᠷᠡᠭᠲᠡᠢ ᠭᠡᠵᠦ ᠲᠤᠭᠳᠠᠭᠠᠪᠠ᠃ | ︽ ᠬᠠᠤᠯᠢ ᠴᠠᠭᠠᠵᠠ ᠶᠢᠨ ᠬᠠᠷᠢᠭᠤᠴᠠᠯᠭ᠎ᠠ︾ ᠳᠤ ᠨᠢᠭᠡ ᠵᠦᠢᠯ ᠭᠠᠷᠭᠠᠪᠠ᠂ ᠳᠠᠷᠤᠢ ︽ᠲᠤᠰ ᠲᠦᠷᠢᠮ ᠢ | ᠵᠦᠷᠢᠴᠡᠭᠰᠡᠨ ᠬᠠᠮᠢᠶ᠎ᠠ ᠪᠦᠬᠦᠢ ᠠᠵᠢᠯᠯᠠᠭ᠎ᠠ ᠶᠢ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠪᠤᠳᠠᠳᠠᠢ ᠰᠢᠢᠳᠭᠡᠨ | ᠲᠤᠷᠭᠠᠬᠤ ᠪᠠᠷ ᠲᠤᠭᠳᠠᠭᠠᠭᠰᠠᠨ ᠪᠣᠯ᠂ ᠲᠤᠰ ᠲᠤᠭᠳᠠᠭᠠᠯ ᠢ ᠨᠢ ᠳᠠᠭᠠᠨ᠎ᠠ︾᠃ ᠳᠡᠭᠡᠳᠦ ᠪᠠᠶᠢᠷᠢ ᠶᠢᠨ ᠬᠠᠤᠯᠢ ᠳᠤ | ᠨᠢᠭᠡᠨᠳᠡ ᠵᠤᠬᠢᠴᠠᠩᠭᠤᠢ ᠲᠤᠭᠳᠠᠭᠠᠯ ᠲᠠᠢ ᠪᠠᠶᠢᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠤᠷᠰᠢᠨ ᠦᠬᠦᠯᠡᠬᠦ | ᠠᠰᠠᠭᠤᠳᠠᠯ ᠢ ᠰᠢᠢᠳᠪᠦᠷᠢᠯᠡᠪᠡ᠃ | ᠳᠡᠭᠡᠷᠡᠬᠢ ᠳᠤᠳᠤᠷᠬᠠᠶᠢᠯᠠᠯᠲᠠ ᠶᠢ ᠲᠦᠷᠢᠮ ᠲᠠᠢ ᠬᠠᠮᠳᠤ ᠳᠤ ᠨᠢ ᠬᠢᠨᠠᠨ ᠵᠦᠪᠯᠡᠬᠦ ᠪᠤᠯᠪᠠᠤ᠃ | | | ︽ᠤᠯᠠᠭᠠᠨᠴᠠᠪ ᠬᠤᠲᠠ ᠶᠢᠨ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠠᠮᠢᠶᠠᠷᠤᠯᠳᠠ ᠶᠢᠨ ᠲᠦᠷᠢᠮ | ︵ᠲᠦᠰᠦᠯ︶︾ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠤᠯᠠᠭᠠᠨᠴᠠᠪ ᠬᠤᠲᠠ ᠶᠢᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠦᠪᠯᠡᠯ ᠤᠨ ᠮᠡᠳᠡᠬᠦᠯᠦᠯᠲᠡ | | —— 2017 ᠤᠨ ᠤ 1 ᠰᠠᠷ᠎ᠠ ᠶᠢᠨ 22 ᠤ ᠡᠳᠦᠷ ᠤᠯᠠᠭᠠᠨᠴᠠᠪ ᠬᠤᠲᠠ ᠶᠢᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠵᠢᠷᠭᠤᠳᠤᠭᠠᠷ ᠤᠳᠠᠭᠠᠨ ᠤ ᠬᠤᠷᠠᠯᠳᠤᠭᠠᠨ ᠤ ᠲᠡᠷᠢᠬᠦᠯᠡᠭᠴᠢᠳ ᠤᠨ ᠪᠦᠯᠬᠦᠮ ᠤᠨ ᠬᠤᠶᠠᠳᠤᠭᠠᠷ ᠤᠳᠠᠭᠠᠨ ᠤ | ᠬᠤᠷᠠᠯᠳᠤᠭᠠᠨ ᠳᠡᠭᠡᠷ᠎ᠡ ᠬᠤᠲᠠ ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨᠲ᠋ᠦ᠋ᠯᠦᠭᠡᠯᠡᠭᠴᠢᠳ ᠤᠨ ᠶᠡᠭᠡ | ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯᠳᠤᠭᠠᠨ ᠤ ᠲᠡᠷᠢᠬᠦᠯᠡᠭᠴᠢᠳᠤᠨ ᠪᠦᠯᠬᠦᠮ ᠤᠨ ᠪᠠᠶᠢᠩᠭᠤ ᠶᠢᠨ | ᠲᠡᠷᠢᠬᠦᠯᠡᠭᠴᠢ᠂ ᠬᠠᠤᠯᠢ ᠲᠦᠷᠢᠮ ᠤᠨᠵᠦ᠋ᠪᠯᠡᠯ ᠤᠨ ᠡᠷᠬᠢᠯᠡᠭᠴᠢ ᠸᠠᠩ ᠽᠧᠩ ᠴᠢᠶᠠᠩ | | | ᠲᠡᠷᠢᠬᠦᠯᠡᠭᠴᠢᠳ ᠤᠨ ᠪᠦᠯᠬᠦᠮ ᠤᠨ ᠪᠦᠷᠢᠯᠳᠦᠬᠦᠨ ᠨᠠᠷ ᠡ᠄ | ᠪᠢ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠦᠪᠯᠡᠯ ᠤᠨ | ᠨᠠᠶᠢᠳᠠᠯᠭ᠎ᠠ ᠪᠠᠷ᠂ ᠡᠳᠦᠭᠡ ︽ᠤᠯᠠᠭᠠᠨᠴᠠᠪ ᠬᠤᠲᠠ ᠶᠢᠨ ᠬᠤᠲᠠ ᠬᠦᠳᠡᠭᠡ ᠶᠢᠨ ᠲᠦᠯᠦᠪᠵᠢᠬᠦᠯᠭᠡ ᠶᠢᠨ | ᠬᠠᠮᠢᠶᠠᠷᠤᠯᠳᠠ ᠶᠢᠨ ᠲᠦᠷᠢᠮ ︵ᠲᠦᠰᠦᠯ︶︾ ︵ᠳᠤᠤᠷ᠎ᠠ ᠲᠦᠷᠢᠮ ᠤᠨ ᠲᠦᠰᠦᠯ ᠭᠡᠵᠦ ᠲᠦᠬᠦᠮᠴᠢᠯᠡᠪᠡ︶ ᠤᠨ | ᠵᠠᠰᠠᠪᠤᠷᠢ ᠤᠷᠤᠭᠤᠯᠤᠭᠰᠠᠨ ᠨᠤᠤᠷᠠᠭ ᠢ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠳᠤᠤᠷᠠᠬᠢ ᠮᠡᠲᠦ ᠮᠡᠳᠡᠬᠦᠯᠦᠶ᠎ᠡ᠄ | ᠬᠤᠲᠠ ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠵᠢᠷᠭᠤᠳᠤᠭᠠᠷ ᠤᠳᠠᠭᠠᠨ ᠤ ᠬᠤᠷᠠᠯᠳᠤᠭᠠᠨ 2017 ᠤᠨ ᠤ 1 ᠰᠠᠷ᠎ᠠ ᠶᠢᠨ 21 ᠤ ᠡᠳᠦᠷ ᠲᠤᠭᠤᠶᠢᠯᠠᠩ | ᠬᠤᠪᠢᠶᠠᠵᠤ ᠲᠦᠷᠢᠮ ᠤᠨ ᠲᠦᠰᠦᠯ ᠢ ᠬᠢᠨᠠᠨ ᠵᠦᠪᠯᠡᠪᠡ᠃ ᠳᠤᠭᠤᠶᠢᠯᠠᠩ ᠬᠤᠪᠢᠶᠠᠵᠤ ᠶᠠᠷᠢᠯᠴᠠᠭᠤᠯᠤᠭᠰᠠᠨ ᠤ | ᠳᠠᠷᠠᠭ᠎ᠠ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠬᠠᠤᠯᠢ ᠲᠦᠷᠢᠮ ᠤᠨ ᠵᠦᠪᠯᠡᠯ ᠬᠤᠷᠠᠯᠳᠤᠭᠠᠨ | ᠬᠤᠷᠠᠯᠳᠤᠵᠤ᠂ ᠡᠯ᠎ᠡ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠰᠡᠨ ᠪᠠᠶᠢᠳᠠᠯ ᠢ ᠬᠤᠷᠢᠶᠠᠩᠭᠤᠶᠢᠯᠠᠵᠤ᠂ | ᠡᠮᠬᠢᠳᠭᠡᠭᠰᠡᠨ ᠲᠦᠯᠦᠭᠡᠯᠡᠭᠴᠢ ᠶᠢᠨ ᠳᠤᠷᠠᠳᠤᠭᠰᠠᠨ ᠰᠠᠨᠠᠯ ᠳᠤᠤᠷᠠᠬᠢ ᠮᠡᠲᠦ᠄ | 1. ᠲᠦᠷᠢᠮ ᠤᠨ ᠲᠦᠰᠦᠯ ᠳᠠᠬᠢ ︽ᠬᠤᠲᠠ᠂ ᠬᠤᠰᠢᠭᠤ ᠰᠢᠶᠠᠨ︾ ᠭᠡᠳᠡᠭ ᠤᠨ ᠠᠷᠤ ᠳᠤ ᠨᠢ ︽ᠱᠠᠲᠤ︾ ᠶᠢ | ᠨᠡᠮᠡᠵᠦ᠂ ︽ᠬᠤᠰᠢᠭᠤ ᠰᠢᠶᠠᠨ ᠱᠠᠲᠤ︾ ᠭᠡᠵᠦ ᠵᠠᠰᠠᠪᠤᠷᠢ ᠤᠷᠤᠭᠤᠯᠬᠤ ᠶᠢ ᠰᠠᠨᠠᠭᠤᠯᠪᠠ︔ | 2.ᠲᠦᠷᠢᠮ ᠤᠨ ᠲᠦᠰᠦᠯ ᠤᠨ ᠵᠠᠰᠠᠪᠤᠷᠢ ᠤᠷᠤᠭᠤᠯᠬᠤ ᠨᠤᠤᠷᠠᠭ ᠲᠠᠬᠢ ᠳᠠᠪᠢᠨ ᠬᠤᠶᠠᠳᠤᠭᠠᠷ ᠵᠦᠢᠯ ᠤᠨ | ᠬᠤᠶᠠᠳᠤᠭᠠᠷ ᠵᠤᠷᠪᠤᠰ ᠤᠨ ︽ᠬᠤᠲᠠ︾ ᠶᠢᠨ ᠲᠤᠬᠠᠢ ᠲᠠᠶᠢᠯᠪᠤᠷᠢ ᠶᠢ ᠰᠠᠨᠠᠭᠤᠯᠪᠠ︔ | 3.ᠲᠦᠷᠢᠮ ᠤᠨ ᠲᠦᠰᠦᠯ ᠤᠨ ᠵᠠᠰᠠᠪᠤᠷᠢ ᠤᠷᠤᠭᠤᠯᠬᠤ ᠨᠤᠤᠷᠠᠭ ᠲᠠᠬᠢ ᠤᠯᠠᠭᠠᠨᠴᠠᠪ ᠬᠤᠲᠠ ᠪᠠ ᠹᠧᠩᠵᠧᠨ | ᠬᠤᠲᠠ ᠶᠢᠨ ︽ᠬᠤᠲᠠ︾ ᠶᠢᠨ ᠤᠬᠠᠭᠳᠠᠬᠤᠨ ᠳᠤ ᠵᠠᠰᠠᠪᠤᠷᠢ ᠤᠷᠤᠭᠤᠯᠵᠤ᠂ ᠤᠶᠢᠯᠠᠭᠠᠯᠳᠠ ᠬᠤᠳᠬᠤᠯᠳᠤᠭᠤᠯᠬᠤ | ᠠᠴᠠ ᠵᠠᠶᠢᠯᠠᠰᠬᠢᠬᠤ ᠶᠢ ᠰᠠᠨᠠᠭᠤᠯᠪᠠ︔ | 4.ᠲᠦᠷᠢᠮ ᠤᠨ ᠲᠦᠰᠦᠯ ᠤᠨ ᠵᠠᠰᠠᠪᠤᠷᠢ ᠤᠷᠤᠭᠤᠯᠬᠤ ᠨᠤᠤᠷᠠᠭ ᠲᠠᠬᠢ ᠬᠤᠶᠠᠳᠤᠭᠠᠷ ᠵᠦᠢᠯ ᠤᠨ ︽ᠬᠤᠲᠠ᠂ | ᠪᠠᠯᠭᠠᠰᠤ᠂ ᠪᠤᠰᠤᠳ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ︾ ᠪᠠ ᠠᠷᠪᠠᠨ ᠲᠦᠷᠪᠡᠳᠦᠭᠡᠷ ᠵᠤᠷᠪᠤᠰ ᠤᠨ | ︽ᠬᠤᠲᠠ᠂ ᠪᠠᠯᠭᠠᠰᠤ᠂ ᠰᠤᠮᠤ ᠰᠢᠶᠠᠩ᠂ ᠭᠠᠴᠠᠭ᠎ᠠ ᠲᠤᠰᠬᠤᠨ︾ ᠤ ᠡᠮᠦᠨᠡᠭᠢ ᠬᠤᠶᠢᠨᠠᠬᠢ ᠳᠠᠭᠤᠳᠠᠯᠭ᠎ᠠ ᠳᠤ | ᠵᠠᠰᠠᠪᠤᠷᠢ ᠤᠷᠤᠭᠤᠯᠬᠤ ᠶᠢ ᠰᠠᠨᠠᠭᠤᠯᠪᠠ︔ | 5.ᠲᠦᠷᠢᠮ ᠤᠨ ᠲᠦᠰᠦᠯ ᠤᠨ ᠵᠠᠰᠠᠪᠤᠷᠢ ᠤᠷᠤᠭᠤᠯᠬᠤ ᠨᠤᠤᠷᠠᠭ ᠲᠠᠬᠢ ᠲᠦᠷᠪᠡᠳᠦᠭᠡᠷ ᠵᠦᠢᠯ ᠤᠨ ︽ᠬᠤᠲᠠ᠂ | ᠬᠤᠰᠢᠭᠤ ᠰᠢᠶᠠᠨ ᠤ ᠳᠠᠷᠤᠭ᠎ᠠ ᠶᠢᠨ ᠬᠢᠨᠠᠨ ᠪᠠᠶᠢᠴᠠᠭᠠᠵᠤ ᠬᠢᠨᠠᠨ ᠲᠤᠭᠳᠠᠭᠠᠬᠤ ᠵᠦᠪᠯᠡᠯ ᠢ ᠬᠠᠮᠳᠤ ᠳᠤ ᠨᠢ | ᠪᠠᠶᠢᠭᠤᠯᠬᠤ︾ ᠶᠢ ︽ᠬᠤᠲᠠ᠂ ᠬᠤᠰᠢᠭᠤ ᠰᠢᠶᠠᠨ ᠤ ᠳᠠᠷᠤᠭ᠎ᠠ ᠲᠤᠯᠤᠭᠠᠶᠢᠯᠠᠭᠰᠠᠨ᠂ ᠬᠠᠷᠢᠭᠤᠴᠠᠭᠰᠠᠨ ᠬᠢᠨᠠᠨ | ᠪᠠᠶᠢᠴᠠᠭᠠᠵᠤ ᠬᠢᠨᠠᠨ ᠲᠤᠭᠳᠠᠭᠠᠬᠤ ᠪᠠᠶᠢᠭᠤᠯᠤᠮᠵᠢ︾ ᠭᠡᠵᠦ ᠵᠠᠰᠠᠪᠤᠷᠢ ᠤᠷᠤᠭᠤᠯᠬᠤ ᠶᠢ ᠰᠠᠨᠠᠭᠤᠯᠪᠠ︔ | 6.ᠲᠦᠷᠢᠮ ᠤᠨ ᠲᠦᠰᠦᠯ ᠤᠨ ᠵᠠᠰᠠᠪᠤᠷᠢ ᠤᠷᠤᠭᠤᠯᠬᠤ ᠨᠤᠤᠷᠠᠭ ᠤᠨ ᠲᠦᠴᠢᠨ ᠭᠤᠷᠪᠠᠳᠤᠭᠠᠷ ᠵᠦᠢᠯ ᠤᠨ ︽ | ᠤᠯᠤᠰ ᠤᠨ ᠠᠯᠪᠠᠨ ᠪᠠᠶᠢᠭᠤᠯᠭ᠎ᠠ ᠶᠢᠨ ᠠᠵᠢᠯᠳᠠᠨ ᠢ ᠢᠯᠡᠷᠡᠬᠦᠯᠦᠭᠰᠡᠨ ᠪᠠᠶᠢᠪᠠᠯ ᠬᠠᠤᠯᠢ ᠶᠤᠰᠤᠭᠠᠷ ᠵᠠᠰᠠᠭ ᠵᠠᠬᠢᠷᠭᠠᠨ | ᠤ ᠰᠢᠢᠳᠬᠡᠯ ᠦᠭᠭᠦ ᠬᠡᠷᠡᠭᠲᠡᠢ︾ ᠶᠢ ︽ᠤᠯᠤᠰ ᠤᠨ ᠠᠯᠪᠠᠨ ᠪᠠᠶᠢᠭᠤᠯᠭ᠎ᠠ ᠶᠢᠨ ᠠᠵᠢᠯᠳᠠᠨ ᠤ ᠤᠷᠤᠯᠴᠠᠭᠰᠠᠨ ᠢ | ᠢᠯᠡᠷᠡᠬᠦᠯᠪᠡᠯ᠂ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠬᠡᠯ ᠦᠭᠭᠦ ᠬᠡᠷᠡᠭᠲᠡᠢ︾ ᠬᠡᠮᠡᠨ ᠵᠠᠰᠠᠪᠤᠷᠢ | ᠤᠷᠤᠭᠤᠯᠬᠤ ᠶᠢ ᠰᠠᠨᠠᠭᠤᠯᠪᠠ︔ | 7.ᠲᠦᠷᠢᠮ ᠤᠨ ᠲᠦᠰᠦᠯ ᠳᠤ ᠬᠤᠪᠢ ᠬᠦᠮᠦᠨ ᠪᠤᠶᠤ ᠠᠵᠤ ᠠᠬᠤᠶᠢᠯᠠᠯ ᠨᠢ ᠬᠤᠲᠠ ᠬᠦᠳᠡᠭᠡ ᠶᠢᠨ | ᠲᠦᠯᠦᠪᠵᠢᠬᠦᠯᠭᠡ ᠶᠢ ᠵᠦᠷᠢᠴᠡᠭᠰᠡᠨ ᠠᠵᠢᠯᠯᠠᠭ᠎ᠠ ᠳᠤ ᠬᠡᠷᠬᠢᠨ ᠰᠢᠢᠳᠪᠦᠷᠢᠯᠡᠬᠦ ᠠᠭᠤᠯᠭ᠎ᠠ ᠦᠭᠡᠢ᠃ | ᠳᠡᠭᠡᠷᠡᠬᠢ ᠵᠠᠰᠠᠪᠤᠷᠢ ᠤᠷᠤᠭᠤᠯᠤᠭᠰᠠᠨ ᠰᠠᠨᠠᠯ ᠢ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠠᠤᠯᠢ ᠲᠦᠷᠢᠮ ᠤᠨ ᠵᠦᠪᠯᠡᠯ ᠢᠶᠠᠷ ᠨᠠᠷᠢᠨ ᠨᠢᠮᠪᠠᠢ ᠰᠤᠳᠤᠯᠤᠭᠤᠯᠵᠤ᠂ ᠴᠢᠩᠭ᠎ᠠ ᠬᠢᠨᠠᠮᠠᠭᠠᠢ | ᠪᠤᠳᠤᠯᠬᠢᠯᠠᠭᠤᠯᠤᠭᠠᠳ᠂ ᠠᠪᠴᠠᠯᠳᠤᠭᠰᠠᠨ ᠵᠦᠢᠯ ᠵᠤᠷᠪᠤᠰ ᠤᠨ ᠠᠭᠤᠯᠭ᠎ᠠ ᠶᠢᠨ ᠢᠯᠡᠳᠬᠡᠯᠲᠡ ᠨᠢ ᠳᠤᠪ ᠳᠤᠳᠤᠷᠬᠠᠢ | ᠂ ᠲᠦᠯᠦᠪᠵᠢᠬᠦᠯᠭᠡ ᠶᠢᠨ ᠬᠠᠮᠢᠶᠠᠷᠤᠯᠲᠠ ᠶᠢᠨ ᠮᠡᠷᠭᠡᠵᠢᠯ ᠤᠨ ᠲᠦᠷᠢᠮᠵᠢᠯ ᠤᠨ ᠱᠠᠭᠠᠷᠳᠠᠯᠭ᠎ᠠ ᠳᠤ ᠨᠡᠶᠢᠴᠡᠭᠰᠡᠨ | ᠮᠦᠷᠲᠡᠭᠡᠨ ᠵᠠᠰᠠᠭ ᠵᠠᠬᠢᠷᠭᠠᠨ ᠤ ᠬᠠᠷᠢᠴᠠᠩᠭᠤᠢ ᠬᠦᠮᠦᠨ ᠳᠤ ᠬᠠᠨᠳᠤᠭᠤᠯᠤᠭᠰᠠᠨ ᠰᠢᠢᠳᠭᠡᠨ ᠲᠤᠷᠭᠠᠬᠤ ᠲᠤᠭᠳᠠᠭᠠᠯ | ᠢ ᠲᠦᠷᠢᠮ ᠤᠨ ᠲᠦᠰᠦᠯ ᠤᠨ ᠲᠦᠴᠢᠨ ᠨᠠᠢᠮᠠᠳᠤᠭᠠᠷ ᠵᠦᠢᠯ ᠳᠤ ᠨᠢᠭᠡᠨᠳᠡ ᠬᠠᠮᠤᠷᠤᠨ ᠴᠢᠳᠠᠵᠤ ᠪᠤᠳᠠᠳᠠᠢ | ᠲᠤᠭᠳᠠᠭᠠᠯ ᠢ ᠬᠤᠲᠠ ᠶᠢᠨ ᠠᠷᠠᠳ ᠤᠨ ᠵᠠᠰᠠᠭ ᠤᠨ ᠤᠷᠳᠤᠨ ᠢᠶᠠᠷ ᠠᠰᠳᠠᠭᠠᠨ ᠲᠤᠭᠳᠠᠭᠠᠯᠭᠠᠬᠤ ᠪᠠᠷ ᠪᠤᠯᠤᠭᠰᠠᠨ | ᠪᠤᠯᠬᠤᠷ ᠵᠠᠰᠠᠪᠤᠷᠢ ᠤᠷᠤᠭᠤᠯᠬᠤ ᠦᠭᠡᠢ ᠪᠠᠷ ᠪᠤᠯᠪᠠ᠃ ᠡᠬᠦᠨ ᠤ ᠳᠠᠭᠠᠤ᠂ ᠬᠠᠤᠯᠢ ᠲᠦᠷᠢᠮ ᠤᠨ ᠵᠦᠪᠯᠡᠯ ᠠᠴᠠ | ᠮᠠᠨ ᠤ ᠬᠤᠲᠠ ᠶᠢᠨ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠠᠮᠢᠶᠠᠷᠤᠯᠲᠠ ᠶᠢᠨ ᠲᠦᠷᠢᠮ ᠢ ᠭᠠᠷᠭᠠᠬᠤ | ᠲᠤᠬᠢᠶᠠᠯᠳᠤᠯ ᠪᠠ ᠨᠦᠬᠦᠴᠡᠯ ᠨᠢᠭᠡᠨᠳᠡ ᠪᠦᠷᠢᠯᠳᠦᠭᠰᠡᠨ ᠪᠤᠯᠬᠤᠷ ᠲᠡᠷᠢᠬᠦᠯᠡᠭᠴᠢᠳ ᠤᠨ ᠪᠦᠯᠬᠦᠮ ᠪᠠᠲᠤᠯᠠᠭᠰᠠᠨ ᠤ | ᠳᠠᠷᠠᠭ᠎ᠠ᠂ ᠲᠦᠷᠢᠮ ᠤᠨ ᠲᠦᠰᠦᠯ ᠢ ᠬᠤᠲᠠ ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯᠳᠤᠭᠠᠨ ᠳᠤ ᠲᠡᠪᠰᠢᠭᠦᠯᠦᠨ ᠪᠠᠲᠤᠯᠠᠭᠤᠯᠬᠤ ᠶᠢ | ᠰᠠᠨᠠᠭᠤᠯᠵᠤ ᠪᠠᠶᠢᠨ᠎ᠠ᠃ | ᠳᠡᠭᠡᠷᠡᠬᠢ ᠬᠢᠨᠠᠨ ᠪᠠᠶᠢᠴᠠᠭᠠᠭᠰᠠᠨ ᠪᠠᠶᠢᠳᠠᠯ ᠤᠨ ᠮᠡᠳᠡᠬᠦᠯᠦᠯᠲᠡ ᠶᠢ ᠲᠦᠷᠢᠮ ᠤᠨ ᠲᠦᠰᠦᠯ ᠤᠨ | ᠪᠠᠲᠤᠯᠠᠭᠤᠯᠬᠤ ᠨᠤᠤᠷᠠᠭ ᠲᠠᠢ ᠬᠠᠮᠲᠤ ᠳᠤ ᠨᠢ ᠬᠢᠨᠠᠨ ᠵᠦᠪᠯᠡᠬᠦ ᠪᠤᠯᠪᠠᠤ᠃ | | | | |