2018 ᠤᠨ ᠤ ᠵᠠᠰᠠᠭ  ᠤᠨ ᠤᠷᠳᠤᠨ  ᠤ ᠠᠵᠢᠯ  ᠤᠨ ᠢᠯᠡᠳᠬᠡᠯ
ᠨᠡᠶᠢᠲᠡᠯᠡᠭᠰᠡᠨ ᠴᠠᠭ᠄
2018/1/22
                            —  2018 ᠤᠨ ᠤ 1 ᠰᠠᠷ᠎ᠠ ᠶᠢᠨ 6  ᠤ ᠡᠳᠤᠷ ᠤᠯᠠᠭᠠᠠᠴᠪ                                          ᠬᠤᠳᠡ ᠶᠢᠨ ᠲᠦᠷᠪᠠᠳᠤᠭᠡᠷ  ᠬᠤᠭᠤᠴᠠᠭᠠᠨ  ᠤ                                   ᠠᠷᠠᠳ  ᠤᠨ ᠲᠦᠯᠥᠬᠡᠯᠡᠭᠴᠢᠳ  ᠤᠨ ᠶᠡᠭᠡ ᠬᠤᠷᠠᠯ  ᠤᠨ                                   ᠨᠢᠭᠡᠳᠤᠭᠡᠷ ᠤᠳᠠᠭᠠᠨ ᠤ ᠬᠤᠷᠡᠯᠳᠤᠭᠠᠨ  ᠲᠡᠬᠡᠷ᠎ᠡ                                             ᠬᠤᠳᠠ ᠶᠢᠨ ᠳᠠᠷᠤᠭ᠎ᠠ  ᠹᠸᠢ ᠳ᠋ᠦᠩ ᠪᠢᠨᠲᠦᠯᠥᠬᠡᠯᠡᠭᠴᠢᠳ ᠡ᠄      ᠳᠤᠰ ᠬᠤᠭᠤᠴᠠᠭᠠᠨ  ᠤ ᠵᠠᠰᠠᠭ  ᠤᠨ ᠤᠷᠳᠤᠨ 2013 ᠤᠨ  ᠤ 1 ᠰᠠᠷ᠎ᠠ  ᠠᠴᠠ ᠳᠤᠰᠢᠶᠠᠯ ᠬᠦᠢᠴᠡᠳᠬᠡᠵᠦ᠂ ᠳᠤᠰᠢᠶᠠᠯ  ᠤᠨ ᠬᠤᠭᠤᠴᠠᠭ᠎ᠠ ᠤᠳᠠᠯ ᠦᠬᠡᠢ ᠲᠦᠬᠦᠷᠬᠦ ᠪᠤᠯᠤᠯ᠎ᠠ᠃ ᠡᠳᠦᠬᠡ ᠪᠢ ᠬᠤᠳᠠ ᠶᠢᠨ ᠠᠷᠠᠳ  ᠤᠨ ᠵᠠᠰᠠᠭ  ᠤᠨ ᠤᠷᠳᠤᠨ  ᠤ ᠡᠮᠦᠨ᠎ᠡ  ᠠᠴᠠ ᠶᠡᠭᠡ ᠬᠤᠷᠠᠯ  ᠳᠤ ᠠᠵᠢᠯ ᠢᠶᠠᠨ ᠮᠡᠳᠡᠬᠦᠯᠥᠶ᠎ᠡ᠂ ᠬᠢᠨᠠᠨ ᠵᠦᠪᠯᠡᠬᠦ ᠪᠤᠯᠪᠠᠤ᠂ ᠬᠤᠳᠠ ᠶᠢᠨ ᠤᠯᠤᠰ ᠲᠦᠷᠦ ᠶᠢᠨ ᠵᠦᠪᠯᠡᠯᠬᠡᠨ  ᠤ ᠬᠡᠰᠢᠬᠦᠳ ᠰᠠᠨᠠᠯ ᠢᠶᠠᠨ ᠳᠤᠷᠠᠳᠬᠤ ᠪᠤᠯᠪᠠᠤ᠃ᠨᠢᠬᠡ ᠦᠩᠬᠡᠷᠡᠭᠰᠡᠨ ᠳᠠᠪᠤᠨ ᠵᠢᠯ  ᠤᠨ ᠡᠷᠬᠢᠴᠡᠬᠦᠯᠥᠯ ᠪᠠ 2017 ᠤᠨ  ᠤ ᠭᠤᠤᠯ ᠠᠵᠢᠯ            ᠦᠩᠬᠡᠷᠡᠭᠰᠡᠨ ᠳᠠᠪᠤᠨ ᠵᠢᠯ ᠪᠤᠯ ᠮᠠᠨ  ᠤ ᠬᠤᠳᠠ ᠶᠢᠨ ᠬᠦᠭᠵᠢᠯᠳᠡ ᠶᠢᠨ ᠲᠡᠦᠬᠡᠨ ᠲᠡᠬᠡᠷᠡᠬᠢ ᠳᠤᠶᠢᠯ ᠤᠨ ᠶᠡᠷᠦ ᠪᠤᠰᠤ ᠶᠢᠨ ᠳᠠᠪᠤᠨ ᠵᠢᠯ ᠮᠥᠨ᠃ ᠳᠠᠪᠤᠨ ᠵᠢᠯ ᠤᠨ ᠳᠤᠷᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ  ᠤᠨ ᠲᠦᠪ ᠬᠤᠷᠢᠶ᠎ᠠ ᠪᠠ ᠦᠪᠡᠷᠳᠡᠬᠡᠨ ᠵᠠᠰᠠᠬᠤ ᠤᠷᠤᠨ  ᠤ ᠨᠠᠮ  ᠤᠨ ᠬᠤᠷᠢᠶ᠎ᠠ ᠵᠠᠰᠠᠭ  ᠤᠨ ᠤᠷᠳᠤᠨ᠂ ᠬᠤᠳᠠ ᠶᠢᠨ ᠨᠠᠮ  ᠤᠨ ᠬᠤᠷᠢᠶᠠᠨ  ᠤ ᠪᠠᠳᠤ ᠴᠢᠩᠭ᠎ᠠ ᠤᠳᠤᠷᠢᠳᠤᠯᠭ᠎ᠠ ᠶᠢᠨ ᠳᠤᠤᠷ᠎ᠠ᠂ ᠪᠦᠬᠦ ᠬᠤᠳᠠ  ᠶᠢᠨ ᠦᠨᠳᠦᠰᠦᠳᠡᠨ  ᠨᠦᠭᠦᠳ  ᠤᠨ ᠠᠷᠠᠳ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠴᠢᠨᠡᠬᠡᠯᠢᠭ ᠨᠡᠶᠢᠬᠡᠮ  ᠢ ᠪᠦᠬᠦ ᠳᠠᠯ᠎ᠠ ᠪᠠᠷ ᠪᠠᠶᠢᠭᠤᠯᠬᠤ ᠠᠭᠤᠤ ᠶᠡᠭᠡ ᠠᠶᠠᠨ ᠵᠠᠮ ᠳᠠᠭᠠᠨ ᠰᠡᠳᠬᠢᠯ ᠨᠢᠬᠡᠳᠦᠨ ᠬᠦᠴᠦ ᠬᠠᠮᠳᠤᠷᠠᠵᠤ᠂ ᠪᠤᠭᠤᠮᠳᠠ ᠰᠢᠪᠳᠤᠯᠤᠨ ᠪᠡᠷᠬᠡ  ᠶᠢ ᠢᠯᠠᠵᠤ᠂ ︽ᠠᠷᠪᠠᠨ ᠬᠤᠶᠠᠳᠤᠭᠠᠷ ᠳᠠᠪᠤᠨ ᠵᠢᠯ︾  ᠤᠨ ᠲᠦᠯᠥᠪᠵᠢᠬᠦᠯᠬᠡ ᠶᠢᠨ ᠬᠠᠷᠠᠯᠳᠠ  ᠶᠢ ᠲᠡᠬᠦᠰ ᠪᠡᠶᠡᠯᠡᠬᠦᠯᠵᠦ᠂ ︽ᠠᠷᠪᠠᠨ ᠭᠤᠷᠪᠠᠳᠤᠭᠠᠷ ᠳᠠᠪᠤᠨ ᠵᠢᠯ︾  ᠤᠨ ᠬᠦᠭᠵᠢᠯᠳᠡ ᠶᠢᠨ ᠲᠦᠯᠥᠪᠵᠢᠬᠦᠯᠬᠡ  ᠶᠢ ᠤᠷᠤᠭᠰᠢᠳᠠᠢ ᠶᠠᠪᠤᠭᠳᠠᠭᠤᠯᠵᠤ᠂ ᠠᠯᠤᠰ ᠬᠡᠳᠦ ᠶᠢᠨ ᠬᠦᠭᠵᠢᠯᠳᠡ  ᠲᠠᠢ ᠬᠤᠯᠪᠤᠭᠳᠠᠬᠤ ᠨᠢᠬᠡ ᠪᠦᠯᠥᠭ ᠳᠤᠮᠤ ᠶᠠᠪᠤᠳᠠᠯ ᠴᠢᠬᠤᠯᠠ ᠶᠠᠪᠤᠳᠠᠯ ᠬᠢᠵᠦ᠂ ᠪᠡᠯᠬᠡ ᠲᠡᠮᠳᠡᠭ  ᠤᠨ ᠴᠢᠨᠠᠷ ᠪᠦᠬᠦᠢ ᠠᠴᠢ ᠬᠤᠯᠪᠤᠭᠳᠠᠯ ᠲᠠᠢ ᠳᠤᠮᠤ ᠴᠢᠬᠤᠯᠠ ᠰᠢᠪᠳᠤᠯᠤᠯᠳᠠ  ᠤᠳ  ᠢ ᠪᠡᠶᠡᠯᠡᠬᠦᠯᠵᠦ᠂ ᠠᠵᠤ ᠠᠬᠤᠢ ᠨᠡᠶᠢᠬᠡᠮ  ᠤᠨ ᠬᠦᠭᠵᠢᠯᠳᠡ ᠳᠤ ᠪᠠᠨ ᠬᠦᠮᠦᠰ ᠢ ᠵᠤᠷᠢᠭᠵᠢᠭᠤᠯᠤᠮ᠎ᠠ ᠳᠤᠮᠤ ᠴᠢᠬᠤᠯᠠ ᠠᠮᠵᠢᠯᠳᠠ ᠪᠦᠲᠦᠬᠡᠯ ᠤᠯᠪᠠ᠃ ᠪᠢᠳᠡ ᠤᠯᠤᠰ  ᠤᠨ ᠴᠡᠴᠡᠷᠯᠢᠭᠲᠦ ᠬᠤᠳᠠ᠂ ᠤᠯᠤᠰ  ᠤᠨ ᠡᠷᠡᠬᠦᠯ ᠬᠠᠮᠠᠭᠠᠯᠠᠯ  ᠤᠨ ᠬᠤᠳᠠ  ᠶᠢ ᠠᠮᠵᠢᠯᠳᠠ ᠲᠠᠢ ᠡᠬᠦᠳᠦᠨ ᠴᠤᠭᠴᠠᠯᠠᠵᠤ᠂ ᠪᠢᠳᠡ ᠬᠢᠵᠠᠭᠠᠷᠯᠠᠰᠢ ᠦᠬᠡᠢ ᠤᠮᠤᠭ ᠪᠠᠭ᠋ᠠᠳᠤᠯ ᠲᠠᠢ ︽ᠠᠭᠠᠷ ᠠᠶᠠᠯᠠᠯ  ᠤᠨ ᠴᠠᠭ ᠦᠶ᠎ᠡ᠂ ᠰᠤᠮᠤᠨ ᠭᠠᠯᠳᠤ ᠲᠡᠷᠬᠡ ᠶᠢᠨ ᠴᠠᠭ ᠦᠶ᠎ᠡ᠂ ᠳᠤᠮᠤ ᠳ᠋ᠠᠶᠢᠲ᠋ᠠ ᠶᠢᠨ ᠴᠠᠭ ᠦᠶ᠎ᠡ ᠪᠠ ᠳᠤᠮᠤ ᠡᠳ᠋ ᠪᠠᠷᠠᠭᠠᠨ  ᠤ ᠬᠦᠢᠯᠬᠡᠬᠡ᠂ ᠳᠤᠮᠤ ᠵᠤᠭᠠᠴᠠᠯ᠂ ᠳᠤᠮᠤ ᠨᠡᠬᠡᠬᠡᠯᠳᠡ ᠶᠢᠨ ᠴᠠᠭ ᠦᠶ᠎ᠡ︾  ᠳᠤ ᠠᠯᠬᠤᠨ ᠤᠷᠤᠵᠤ᠂ ᠤᠯᠠᠭᠠᠨᠴᠠᠪ  ᠤᠨ ᠤᠳᠤᠬᠢᠴᠢᠯᠠᠭᠰᠠᠨ ᠪᠦᠲᠦᠬᠡᠨ ᠪᠠᠶᠢᠭᠤᠯᠤᠯᠳᠠ ᠶᠢᠨ ᠰᠢᠨ᠎ᠡ ᠠᠶᠠᠨ ᠵᠠᠮ ᠢᠶᠠᠨ ᠡᠬᠢᠯᠡᠬᠦᠯᠪᠡ᠃       ᠡᠨᠡ ᠪᠤᠯ ᠶᠡᠷᠦᠩᠬᠡᠶᠢᠯᠡᠭᠰᠡᠨ ᠪᠤᠳᠠᠳᠤ ᠬᠦᠴᠦᠨ ᠶᠡᠬᠡᠪᠡᠷ ᠲᠡᠬᠡᠭᠰᠢᠯᠡᠭᠰᠡᠨ ᠳᠠᠪᠤᠨ ᠵᠢᠯ᠃ ᠳᠠᠪᠤᠨ ᠵᠢᠯ  ᠤᠨ ᠳᠤᠷᠰᠢ᠂ ᠪᠢᠳᠡ ᠠᠵᠤ ᠠᠬᠤᠢ ᠶᠢᠨ ᠤᠷᠤᠭᠤᠳᠠᠯ  ᠤᠨ ᠳᠠᠷᠤᠯᠳᠠ  ᠶᠢ ᠢᠳᠡᠪᠬᠢᠳᠠᠢ ᠪᠠᠷ ᠠᠷᠭᠠᠴᠠᠵᠤ᠂ ᠪᠦᠬᠦ ᠬᠦᠴᠦ ᠪᠠᠷ ᠬᠦᠭᠵᠢᠯᠳᠡ  ᠶᠢ ᠠᠳᠬᠤᠵᠤ᠂ ᠨᠡᠮᠡᠭᠳᠡᠯ  ᠢ ᠳᠤᠭᠳᠠᠪᠦᠷᠢᠵᠢᠭᠤᠯᠵᠤ᠂ ᠰᠢᠨ᠎ᠡ ᠬᠡᠪ ᠪᠠᠶᠢᠳᠠᠯ ᠳᠤᠤᠷᠠᠬᠢ ᠰᠢᠨ᠎ᠡ ᠬᠦᠭᠵᠢᠯᠳᠡ  ᠶᠢ ᠪᠡᠶᠡᠯᠡᠬᠦᠯᠪᠡ᠃ ᠲᠦᠰᠦᠪᠯᠡᠭᠰᠡᠨ ᠢᠶᠠᠷ ᠪᠦᠬᠦ ᠬᠤᠳᠠ ᠶᠢᠨ ᠭᠠᠵᠠᠷ ᠤᠷᠤᠨ  ᠤ ᠦᠢᠯᠡᠳᠪᠦᠷᠢᠯᠡᠯ  ᠤᠨ ᠶᠡᠷᠦᠩᠬᠡᠢ ᠦᠷᠳᠡᠭ 835 ᠳ᠋ᠦᠩᠰᠢᠭᠤᠷ ᠲᠦᠬᠦᠷᠢᠭ  ᠲᠤ ᠬᠦᠷᠴᠦ᠂ ᠵᠢᠯ ᠳᠤᠮᠳᠠᠴᠢ 7.3% ᠪᠠᠷ ᠨᠡᠮᠡᠭᠳᠡᠪᠡ︔ ᠤᠯᠠᠨ ᠨᠡᠶᠢᠳᠡ ᠶᠢᠨ ᠡᠩ  ᠤᠨ ᠲᠦᠰᠦᠪ  ᠤᠨ ᠤᠷᠤᠯᠭ᠎ᠠ 43 ᠳ᠋ᠦᠩᠰᠢᠭᠤᠷ ᠲᠦᠬᠦᠷᠢᠭ  ᠲᠤ ᠬᠦᠷᠴᠦ᠂ ᠵᠢᠯ ᠳᠤᠮᠳᠠᠴᠢ 4.4% ᠪᠠᠷ ᠨᠡᠮᠡᠭᠳᠡᠪᠡ︔ ᠨᠡᠶᠢᠬᠡᠮ  ᠤᠨ ᠬᠡᠷᠡᠭᠯᠡᠬᠡᠨ  ᠤ ᠲᠠᠸᠠᠷ  ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠦᠷᠳᠡᠭ 344 ᠳ᠋ᠦᠩᠰᠢᠭᠤᠷ ᠲᠦᠬᠦᠷᠢᠭ  ᠲᠤ ᠬᠦᠷᠴᠦ᠂ ᠵᠢᠯ ᠳᠤᠮᠳᠠᠴᠢ 9.9%  ᠪᠠᠷ ᠨᠡᠮᠡᠭᠳᠡᠪᠡ︔ ᠳᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ 542 ᠳ᠋ᠦᠩᠰᠢᠭᠤᠷ ᠲᠦᠬᠦᠷᠢᠭ ᠲᠤ ᠬᠦᠷᠴᠦ ᠂ ᠵᠢᠯ ᠳᠤᠮᠳᠠᠴᠢ 6.5% ᠪᠠᠷ ᠨᠡᠮᠡᠭᠳᠡᠪᠡ᠃ ᠳᠠᠪᠤᠨ ᠵᠢᠯ ᠨᠡᠶᠢᠳᠡ ᠳ᠋ᠦᠩᠰᠢᠭᠤᠷ ᠲᠦᠬᠦᠷᠢᠭ  ᠠᠴᠠ ᠲᠡᠬᠡᠭᠰᠢᠬᠢ ᠳᠤᠮᠤ ᠴᠢᠬᠤᠯᠠ ᠲᠦᠷᠦᠯ ᠵᠦᠢᠯ 1001 ᠶᠠᠪᠤᠭᠳᠠᠭᠤᠯᠵᠤ᠂ ᠪᠡᠶᠡᠯᠡᠬᠦᠯᠥᠭᠰᠡᠨ ᠪᠡᠯᠡ ᠤᠷᠤᠭᠤᠯᠤᠯᠳᠠ 2082 ᠳ᠋ᠦᠩᠰᠢᠭᠤᠷ ᠲᠦᠬᠦᠷᠢᠭ  ᠠᠴᠠ ᠳᠠᠪᠠᠵᠤ᠂ ᠲᠡᠬᠡᠷ᠎ᠡ ᠨᠢᠬᠡᠨ ᠳᠠᠪᠤᠨ ᠵᠢᠯ  ᠤᠨ ᠬᠢ ᠪᠠᠨ 1.3 ᠳᠠᠬᠢᠨ ᠪᠤᠯᠪᠠ᠃ ᠠᠷᠭ᠎ᠠ ᠪᠠᠷᠢᠯ ᠢᠶᠠᠨ ᠬᠤᠪᠢᠷᠠᠭᠤᠯᠤᠨ ᠪᠦᠲᠦᠴᠡ  ᠶᠢ ᠳᠤᠬᠢᠷᠠᠭᠤᠯᠬᠤ  ᠳᠠᠭᠠᠨ ᠰᠢᠨ᠎ᠡ ᠠᠬᠢᠴᠠ ᠲᠠᠢ ᠪᠤᠯᠵᠤ᠂ ᠳᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠶᠢᠨ ᠬᠢᠷᠢ ᠲᠦᠪᠰᠢᠨ ᠳᠠᠰᠤᠷᠠᠯᠳᠠ ᠦᠬᠡᠢ ᠲᠡᠬᠡᠭᠰᠢᠯᠡᠵᠦ᠂ ᠳᠤᠮᠤ ᠳ᠋ᠠᠶᠢᠲ᠋ᠠ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ ᠵᠡᠷᠬᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠮᠠᠨᠳᠤᠵᠤ ᠪᠠᠶᠢᠭ᠎ᠠ ᠠᠵᠤ ᠦᠢᠯᠡᠰ ᠦᠳᠳᠡᠷ ᠲᠦᠷᠬᠡᠨ ᠪᠤᠶᠢᠵᠢᠵᠤ᠂ ᠤᠳᠤ ᠦᠶ᠎ᠡ ᠶᠢᠨ ᠦᠢᠯᠡᠴᠢᠯᠡᠬᠡᠨ  ᠤ ᠦᠢᠯᠡᠰ  ᠤᠨ ᠬᠦᠷᠢᠶ᠎ᠡ ᠬᠡᠪᠴᠢᠶ᠎ᠡ ᠪᠠ ᠦᠷ᠎ᠡ ᠠᠰᠢᠭ ᠵᠢᠭᠳᠡ ᠪᠠᠷ ᠨᠡᠮᠡᠭᠳᠡᠵᠦ᠂ ᠭᠤᠷᠪᠠᠨ ᠠᠵᠤ ᠦᠢᠯᠡᠰ  ᠤᠨ ᠪᠦᠲᠦᠴᠡ 15.6᠄ 53.8᠄ 30.6  ᠠᠴᠠ 12.5᠄ 49᠄ 38.5  ᠪᠤᠯᠤᠨ ᠰᠢᠯᠢᠳᠡᠭᠵᠢᠵᠦ᠂ ᠠᠵᠤ ᠠᠬᠤᠢ ᠶᠢᠨ ᠬᠦᠭᠵᠢᠯᠳᠡ ᠨᠡᠩ ᠦᠨᠳᠦᠷ ᠶᠠᠰᠤ ᠴᠢᠨᠠᠷ᠂ ᠨᠡᠩ ᠦᠨᠳᠦᠷ ᠦᠷ᠎ᠡ ᠠᠰᠢᠭ᠂ ᠨᠡᠩ ᠦᠷᠬᠦᠯᠵᠢᠯᠡᠬᠦᠶᠢᠴᠡ ᠴᠢᠭᠯᠡᠯ ᠦᠬᠡᠳᠡ ᠠᠬᠢᠴᠠᠪᠠ᠃      ᠡᠨᠡ ᠪᠤᠯ ᠬᠤᠳᠠ ᠬᠦᠳᠡᠭᠡ ᠶᠢᠨ ᠲᠦᠷᠰᠦ ᠪᠠᠶᠢᠳᠠᠯ ᠬᠦᠨᠵᠡᠬᠡᠢ ᠬᠤᠪᠢᠷᠠᠭᠰᠠᠨ ᠳᠠᠪᠤᠨ ᠵᠢᠯ᠃ ᠳᠠᠪᠤᠨ ᠵᠢᠯ  ᠤᠨ ᠳᠤᠷᠰᠢ᠂ ᠪᠢᠳᠡ ︽ᠬᠦᠮᠦᠨ ᠢᠶᠠᠷ ᠦᠨᠳᠦᠰᠦ ᠪᠤᠯᠭᠠᠬᠤ᠂ ᠡᠬᠡ ᠪᠠᠶᠢᠭᠠᠯᠢ ᠪᠠᠨ ᠬᠦᠨᠳᠦᠳᠬᠡᠬᠦ︾ ᠤᠶᠢᠯᠠᠭᠠᠭᠳᠠᠬᠤᠨ  ᠢ ᠡᠵᠡᠮᠰᠢᠵᠤ᠂ ᠨᠢᠬᠡᠳᠦᠯᠳᠠᠢ ᠲᠦᠯᠥᠪᠯᠡᠵᠦ ᠨᠡᠶᠢᠳᠡᠮ ᠳᠤᠨᠢ ᠬᠠᠷᠠᠭᠠᠯᠵᠠᠵᠤ᠂ ᠰᠠᠭᠤᠷᠢ ᠶᠢ ᠠᠳᠬᠤᠵᠤ᠂ ᠪᠦᠲᠦᠬᠡᠨ ᠪᠠᠶᠢᠭᠤᠯᠤᠯᠳᠠ ᠬᠢᠵᠦ᠂ ᠪᠦᠬᠦ ᠠᠷᠠᠳ ᠢᠶᠠᠷ ᠢᠶᠠᠨ ᠬᠦᠳᠡᠯᠥᠯᠴᠡᠨ ︽ᠳᠠᠪᠤᠨ ᠬᠤᠳᠠ  ᠶᠢ ᠬᠠᠮᠳᠤ ᠳᠤᠨᠢ ᠴᠤᠭᠴᠠᠯᠠᠬᠤ︾  ᠶᠢ ᠲᠦᠯᠬᠢᠨ ᠠᠬᠢᠭᠤᠯᠵᠤ᠂ ᠭᠤᠶᠤ ᠰᠠᠶᠢᠬᠠᠨ ᠨᠤᠳᠤᠭ ᠤᠷᠤᠨ ᠢᠶᠠᠨ ᠬᠠᠮᠳᠤ ᠪᠠᠷ ᠪᠦᠲᠦᠬᠡᠨ ᠪᠠᠶᠢᠭᠤᠯᠪᠠ᠃ ᠬᠤᠳᠠ ᠶᠢᠨ ᠲᠦᠷᠰᠦ ᠪᠠᠶᠢᠳᠠᠯ ᠡᠳᠦᠷ ᠪᠦᠷᠢ ᠰᠢᠨᠡᠳᠴᠦ ᠰᠠᠷ᠎ᠠ ᠪᠦᠷᠢ ᠰᠠᠶᠢᠵᠢᠷᠠᠵᠤ᠂ ᠤᠯᠠᠨ ᠨᠡᠶᠢᠳᠡ ᠶᠢᠨ ᠬᠡᠷᠡᠭᠯᠡᠬᠡᠨ  ᠤ ᠨᠤᠭᠤᠭᠠᠷᠠᠭᠤᠯᠤᠯᠳᠠ ᠶᠢᠨ ᠭᠠᠵᠠᠷ ᠤᠨ ᠳᠠᠯᠠᠪᠠᠢ᠂ ᠬᠦᠮᠦᠨ ᠳᠤᠮᠳᠠᠴᠢ ᠶᠢᠨ ᠵᠠᠮ  ᠤᠨ ᠳᠠᠯᠠᠪᠠᠢ᠂ ᠪᠠᠶᠢᠭᠤᠯᠤᠭᠳᠠᠭᠰᠠᠨ ᠳᠤᠭᠤᠷᠢᠭ  ᠤᠨ ᠨᠤᠭᠤᠭᠠᠷᠠᠭᠤᠯᠤᠯᠳᠠ ᠶᠢᠨ ᠨᠤᠷᠮ᠎ᠠ ᠴᠦᠮ ᠦᠪᠡᠷᠳᠡᠬᠡᠨ ᠵᠠᠰᠠᠬᠤ ᠤᠷᠤᠨ  ᠤ ᠲᠡᠷᠢᠬᠦᠨ  ᠳᠤ ᠤᠷᠤᠵᠤ᠂ ᠦᠪᠡᠷᠳᠡᠬᠡᠨ ᠵᠠᠰᠠᠬᠤ ᠤᠷᠤᠨ  ᠤ ᠴᠡᠴᠡᠷᠯᠢᠭᠲᠦ ᠰᠢᠶᠠᠨ  ᠤ ᠬᠤᠳᠠ 8᠂ ᠦᠪᠡᠷᠳᠡᠬᠡᠨ ᠵᠠᠰᠠᠬᠤ ᠤᠷᠤᠨ  ᠤ ᠡᠷᠡᠬᠦᠯ ᠬᠠᠮᠠᠭᠠᠯᠠᠯ  ᠤᠨ ᠰᠢᠶᠠᠨ 3᠂ ᠪᠦᠬᠦ ᠤᠯᠤᠰ  ᠤᠨ ᠡᠶ᠎ᠡ ᠵᠤᠬᠢᠴᠠᠯᠳᠤ ᠨᠡᠶᠢᠬᠡᠮ ᠳᠤᠭᠤᠷᠢᠭ 3  ᠶᠢ ᠡᠬᠦᠳᠦᠨ ᠴᠤᠭᠴᠠᠯᠠᠪᠠ᠃ ᠬᠤᠳᠠ ᠪᠠᠯᠭᠠᠰᠤᠵᠢᠯᠳᠠ ᠶᠢᠨ ᠨᠤᠷᠮ᠎ᠠ 43.6% ᠪᠠᠶᠢᠭᠰᠠᠨ  ᠠᠴᠠ ᠪᠠᠨ 47.9% ᠪᠤᠯᠵᠤ ᠨᠡᠮᠡᠭᠳᠡᠪᠡ᠃ ᠦᠵᠡᠰᠬᠦᠯᠡᠩᠲᠦ ᠭᠤᠶᠤ ᠬᠦᠳᠡᠭᠡ ᠳᠤᠰᠬᠤᠨ ᠰᠢᠨ᠎ᠡ ᠲᠦᠷᠬᠦ ᠪᠠᠷ ᠢᠯᠡᠷᠡᠵᠦ᠂ 1321 ᠭᠠᠴᠠᠭ᠎ᠠ ᠳᠤᠰᠬᠤᠨ  ᠤ ᠰᠠᠭᠤᠷᠢ ᠲᠦᠬᠦᠬᠡᠷᠦᠮᠵᠢ ᠶᠢᠨ ᠨᠦᠬᠦᠴᠡᠯ ᠰᠠᠶᠢᠵᠢᠷᠠᠵᠤ᠂ 27 ᠳᠤᠰᠬᠤᠨ ᠪᠠᠯᠭᠠᠰᠤ ᠳᠤᠰᠪᠤᠷᠢ ︽ᠪᠦᠬᠦ ᠤᠯᠤᠰ  ᠤᠨ ᠪᠤᠯᠪᠠᠰᠤᠨ ᠳᠤᠰᠬᠤᠨ ᠪᠠᠯᠭᠠᠰᠤ︾᠂ ︽ᠤᠯᠤᠰ  ᠤᠨ ᠦᠵᠡᠰᠬᠦᠯᠡᠩᠲᠦ ᠭᠤᠶᠤ ᠳᠤᠰᠬᠤᠨ ᠪᠠᠯᠭᠠᠰᠤ︾ ᠵᠡᠷᠬᠡ ᠶᠢᠨ ᠴᠤᠯᠠ ᠤᠯᠪᠠ᠃ ᠪᠤᠰᠤᠭ᠎ᠠ ᠪᠡᠶᠡᠲᠦ ᠵᠠᠮ ᠬᠠᠷᠢᠯᠴᠠᠭᠠᠨ  ᠤ ᠰᠢᠰᠲ᠋ᠧᠮᠵᠢ ᠨᠡᠩ ᠪᠦᠷᠢᠨᠰᠢᠵᠦ᠂ ᠲᠡᠬᠡᠲᠦ ᠲᠡᠰ  ᠤᠨ ᠵᠠᠰᠠᠮᠠᠯ ᠵᠠᠮ  ᠤᠨ ᠠᠶᠠᠯᠠᠯ ᠪᠦᠬᠦ ᠤᠷᠤᠨ ᠤ ᠬᠤᠶᠠᠳᠤᠭᠠᠷ  ᠲᠤ ᠤᠷᠤᠵᠤ᠂ ᠭᠠᠴᠠᠭ᠎ᠠ ᠳᠤᠰᠬᠤᠨ  ᠤ ᠴᠠᠷᠳᠠᠮᠠᠯ ᠱᠦᠢᠨᠢ ᠵᠠᠮ  ᠤᠨ ᠦᠪᠴᠢ ᠪᠦᠷᠬᠦᠬᠦᠯᠳᠡ  ᠶᠢ ᠪᠡᠶᠡᠯᠡᠬᠦᠯᠵᠦ᠂ ᠤᠯᠠᠭᠠᠨᠴᠠᠪ  ᠤᠨ ᠨᠢᠰᠬᠡᠯ  ᠤᠨ ᠪᠠᠭᠤᠳᠠᠯ ᠪᠠᠶᠢᠭᠤᠯᠤᠭᠳᠠᠨ ᠠᠶᠠᠯᠠᠯ ᠨᠡᠪᠳᠡᠷᠡᠵᠦ᠂ ᠤᠯᠠᠭᠠᠨᠴᠠᠪ  ᠠᠴᠠ ᠬᠦᠬᠡᠬᠤᠳᠠ ᠬᠦᠷᠬᠦ ᠰᠤᠮᠤᠨ ᠭᠠᠯᠳᠤ ᠲᠡᠷᠬᠡ ᠨᠡᠪᠳᠡᠷᠡᠵᠦ ᠲᠡᠬᠡᠬᠡᠪᠦᠷᠢᠯᠡᠨ ᠡᠵᠡᠩᠨᠡᠪᠡ᠃ ᠳᠤᠮᠤ ᠪᠠᠭᠳᠠᠭᠠᠮᠵᠢ  ᠲᠠᠢ ᠳᠤᠰᠬᠠᠢ ᠬᠡᠷᠡᠭᠯᠡᠬᠡᠨ  ᠤ ᠬᠡᠷᠡᠯ ᠳᠠᠳᠠᠯᠭ᠎ᠠ ᠪᠡᠬᠡᠵᠢᠩ  ᠳᠤ ᠰᠢᠭᠤᠳ ᠨᠡᠪᠳᠡᠷᠡᠵᠦ᠂ ᠴᠠᠬᠢᠯᠭᠠᠨ ᠳᠤᠤᠷ᠂ ᠤᠰᠤᠨ ᠠᠰᠢᠭᠯᠠᠯᠳᠠ ᠵᠡᠷᠬᠡ ᠲᠦᠬᠦᠬᠡᠷᠦᠮᠵᠢ ᠴᠢᠩᠭᠠᠳᠬᠠᠭᠳᠠᠭᠰᠠᠨ ᠪᠠᠶᠢᠨ᠎ᠠ᠃ ᠠᠮᠢ ᠠᠬᠤᠢ ᠶᠢᠨ ᠪᠦᠲᠦᠬᠡᠨ ᠪᠠᠶᠢᠭᠤᠯᠤᠯᠳᠠ ᠪᠠ ᠤᠷᠴᠢᠨ ᠳᠤᠭᠤᠷᠢᠨ  ᠤ ᠬᠠᠮᠠᠭᠠᠯᠠᠯᠳᠠ ᠤᠷᠢᠳᠤ ᠭᠠᠷᠤᠭ᠎ᠠ ᠦᠬᠡᠢ ᠴᠢᠩᠭᠠᠷᠠᠵᠤ᠂ ᠨᠡᠶᠢᠳᠡ 160 ᠳ᠋ᠦᠩᠰᠢᠭᠤᠷ ᠲᠦᠬᠦᠷᠢᠭ ᠤᠷᠤᠭᠤᠯᠵᠤ᠂ ᠤᠢ ᠰᠢᠭᠤᠢ ᠶᠢᠨ ᠠᠮᠢ ᠠᠬᠤᠢ ᠶᠢᠨ ᠪᠦᠲᠦᠬᠡᠨ ᠪᠠᠶᠢᠭᠤᠯᠤᠯᠳᠠ ᠶᠢ 419 ᠲᠦᠮᠡᠨ ᠮᠤ᠋ ᠪᠡᠶᠡᠯᠡᠬᠦᠯᠵᠦ᠂ ᠤᠢ ᠰᠢᠭᠤᠢ ᠶᠢᠨ ᠬᠤᠴᠢᠯᠳᠠ ᠶᠢᠨ ᠨᠤᠷᠮ᠎ᠠ 23.38%  ᠳᠤ ᠬᠦᠷᠴᠦ᠂ ᠦᠪᠡᠷᠳᠡᠬᠡᠨ ᠵᠠᠰᠠᠬᠤ ᠤᠷᠤᠨ  ᠤ ᠳᠤᠮᠳᠠᠴᠢ ᠬᠢᠷᠢ ᠲᠦᠪᠰᠢᠨ  ᠠᠴᠠ ᠳᠠᠪᠠᠭᠰᠠᠨ ᠪᠠᠶᠢᠨ᠎ᠠ᠃ ᠪᠤᠬᠢᠷ ᠪᠤᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ᠂ ᠡᠨᠧᠷᠬᠢ ᠶᠢᠨ ᠬᠤᠷᠤᠭᠳᠠᠯ  ᠤᠨ ᠬᠦᠴᠦᠯᠡᠴᠡ ᠮᠡᠳᠡᠭᠳᠡᠬᠦᠶᠢᠴᠡ ᠪᠠᠭᠤᠷᠠᠵᠤ᠂ ᠤᠷᠴᠢᠨ ᠳᠤᠭᠤᠷᠢᠨ  ᠤ ᠨᠢᠬᠡ ᠪᠦᠯᠥᠭ ᠳᠤᠪᠤᠶᠢᠮ᠎ᠠ ᠠᠰᠠᠭᠤᠳᠠᠯ ᠪᠦᠲᠦᠮᠵᠢᠳᠠᠢ ᠴᠡᠭᠴᠡᠯᠡᠨ ᠵᠠᠰᠠᠭᠳᠠᠪᠠ᠃ ᠰᠠᠶᠢᠨ ᠰᠠᠶᠢᠬᠠᠨ ᠠᠮᠢ ᠠᠬᠤᠢ᠂ ᠴᠡᠪᠡᠷ ᠳᠤᠩᠭᠠᠯᠠᠭ ᠠᠭᠤᠷ ᠠᠮᠢᠰᠬᠤᠯ ᠤᠯᠠᠭᠠᠨᠴᠠᠪ  ᠤᠨ ᠭᠤᠶᠤ ᠰᠠᠶᠢᠬᠠᠨ ᠨᠡᠷ᠎ᠡ ᠶᠢᠨ ᠬᠠᠭᠤᠳᠠᠰᠤ ᠪᠤᠯᠤᠭᠰᠠᠨ ᠪᠠᠶᠢᠨ᠎ᠠ᠃     ᠡᠨᠡ ᠪᠤᠯ ᠦᠬᠡᠷᠡᠴᠢᠯᠡᠯᠳᠡ ᠬᠢᠵᠦ ᠴᠢᠯᠦᠬᠡᠳᠠᠢ ᠶᠠᠪᠤᠯᠴᠠᠬᠤ ᠪᠦᠬᠦ ᠳᠠᠯ᠎ᠠ ᠪᠠᠷ ᠭᠦᠨᠵᠡᠭᠡᠶᠢᠷᠡᠭᠰᠡᠨ ᠳᠠᠪᠤᠨ ᠵᠢᠯ᠃ ᠳᠠᠪᠤᠨ ᠵᠢᠯ  ᠤᠨ ᠳᠤᠷᠰᠢ᠂ ᠪᠢᠳᠡ ᠵᠤᠷᠢᠭᠳᠠᠢ ᠪᠠᠷ ᠰᠢᠨ᠎ᠡ  ᠶᠢ ᠡᠬᠦᠳᠦᠨ᠂ ᠵᠤᠷᠢᠭᠳᠠᠢ ᠪᠠᠷ ᠡᠬᠦᠷᠬᠡᠯᠡᠬᠦ ᠵᠤᠷᠢᠭ ᠰᠠᠨᠠᠭ᠎ᠠ ᠪᠠᠷ ᠤᠯᠠᠨ ᠤ ᠤᠬᠠᠭᠠᠨ ᠬᠠᠮᠳᠤ ᠶᠢᠨ ᠬᠦᠴᠦᠨ ᠢᠶᠠᠷ ᠦᠬᠡᠷᠡᠴᠢᠯᠡᠯᠳᠡ ᠶᠢ ᠠᠬᠢᠭᠤᠯᠤᠨ᠂ ᠴᠢᠭ᠋ ᠢ ᠠᠳᠬᠤᠵᠤ ᠠᠵᠠ ᠳᠤᠬᠢᠶᠠᠯ  ᠢ ᠵᠠᠪᠳᠤᠨ᠂ ᠬᠦᠴᠦᠨ ᠪᠦᠬᠦᠨ  ᠢ ᠠᠰᠢᠭᠯᠠᠵᠤ ᠪᠠᠶᠢᠭᠠᠳ ᠨᠢᠬᠡ ᠪᠦᠯᠥᠭ ᠬᠦᠴᠦᠯᠡᠴᠡ ᠲᠠᠢ᠂ ᠤᠨᠴᠠᠯᠢᠭ ᠲᠠᠢ᠂ ᠨᠦᠯᠥᠬᠡ ᠪᠦᠬᠦᠢ ᠦᠬᠡᠷᠡᠴᠢᠯᠡᠯᠳᠡ  ᠶᠢᠨ ᠠᠷᠭ᠎ᠠ ᠪᠠᠷᠢᠯ  ᠢ ᠪᠤᠢ ᠪᠤᠯᠭᠠᠵᠠᠢ᠃ ᠪᠦᠬᠦ ᠤᠷᠤᠨ ᠤ ᠠᠩᠬᠠᠳᠠᠭᠴᠢ ᠢᠳᠡᠬᠡᠯ ᠲᠠᠢ ᠵᠠᠬ᠎ᠠ ᠲᠡᠯᠬᠡᠬᠦᠷ  ᠤᠨ ᠳᠠᠪᠴᠠᠩ ᠪᠤᠯᠤᠨ ᠠᠩᠬᠠᠳᠠᠭᠴᠢ ᠡᠷᠬᠡ ᠶᠢᠨ ᠬᠢᠨᠠᠨ ᠬᠠᠮᠢᠶᠠᠷᠤᠯᠳᠠ ᠶᠢᠨ ᠠᠯᠪᠠᠨ ᠬᠡᠷ ᠢ ᠪᠠᠶᠢᠭᠤᠯᠵᠤ᠂ ᠠᠵᠤ ᠠᠬᠤᠶᠢᠯᠠᠯ ᠪᠤᠯᠤᠨ ᠤᠯᠠᠨ ᠲᠦᠮᠡᠨ  ᠤ ᠤᠴᠢᠷ ᠶᠠᠪᠤᠳᠠᠯ ᠬᠦᠢᠴᠡᠳᠬᠡᠬᠦ ᠴᠠᠭ  ᠢ ᠬᠠᠭᠠᠰ ᠢᠶᠠᠷ ᠪᠤᠭᠤᠨᠢᠰᠬᠠᠪᠠ᠃ ᠬᠤᠳᠠ ᠶᠢᠨ ᠵᠠᠰᠠᠭ  ᠤᠨ ᠤᠷᠳᠤᠨ  ᠤ ᠰᠦᠯᠵᠢᠶ᠎ᠡ ᠭᠤᠷᠪᠠᠨ ᠵᠢᠯ ᠳᠠᠷᠠᠭᠠᠯᠠᠨ ᠪᠦᠬᠦ ᠤᠯᠤᠰ  ᠤᠨ ᠵᠠᠰᠠᠭ  ᠤᠨ ᠶᠠᠪᠤᠳᠠᠯ ᠤᠨ ᠰᠦᠯᠵᠢᠶᠡᠨ  ᠤ ᠰᠢᠯᠢᠳᠡᠭ ᠱᠠᠩᠨᠠᠯ  ᠢ ᠬᠦᠷᠳᠡᠭᠰᠡᠨ ᠪᠠᠶᠢᠨ᠎ᠠ᠃ ᠲᠦᠷᠪᠡᠳ ᠬᠤᠰᠢᠭᠤ ᠪᠦᠬᠦ ᠤᠷᠤᠨ  ᠤ ᠴᠤᠷ  ᠤᠨ ᠭᠠᠭᠴᠠ ᠬᠤᠰᠢᠭᠤᠨ ︵ᠰᠢᠶᠠᠨ︶ ᠤ ᠲᠡᠰ  ᠤᠨ ᠤᠯᠤᠰ  ᠤᠨ ᠭᠤᠤᠯ ᠴᠤᠭᠴᠠᠳᠤ ᠴᠢᠳᠠᠪᠬᠢ ᠶᠢᠨ ᠳᠤᠭᠤᠷᠢᠭ  ᠤᠨ ᠳᠤᠷᠰᠢᠯᠳᠠ ᠶᠢᠨ ᠴᠢᠭ᠋ ᠢᠶᠠᠷ ᠳᠤᠭᠳᠠᠭᠠᠭᠳᠠᠵᠤ᠂ ᠲᠦᠷᠪᠡᠨ ᠬᠤᠰᠢᠭᠤ ᠰᠢᠶᠠᠨ ᠤᠯᠤᠰ  ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠬᠢ ᠶᠢᠨ ᠳᠤᠭᠤᠷᠢᠭ  ᠲᠤ ᠤᠷᠤᠪᠠ᠃ ᠲᠦᠪ ᠬᠤᠳᠠ ᠳᠤᠭᠤᠷᠢᠭ  ᠤᠨ ︽ᠤᠯᠠᠨ ᠲᠦᠯᠥᠪᠵᠢᠬᠦᠯᠬᠡ  ᠶᠢ ᠨᠢᠬᠡ ᠪᠤᠯᠭᠠᠬᠤ︾ ᠶᠢ ᠪᠦᠬᠦ ᠳᠠᠯ᠎ᠠ ᠪᠠᠷ ᠡᠬᠢᠯᠡᠬᠦᠯᠵᠦ᠂ ᠬᠤᠳᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠥᠯᠳᠡ  ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠢᠯᠭᠤᠮ ᠢᠶᠠᠷ ᠠᠬᠢᠭᠤᠯᠵᠠᠢ᠃ ᠬᠦᠳᠡᠭᠡ ᠳᠤᠰᠬᠤᠨ  ᠤ ᠨᠠᠰᠤᠵᠢᠯ  ᠤᠨ ᠠᠰᠠᠷᠠᠮᠵᠢ᠂ ᠶᠠᠳᠠᠭᠤ  ᠶᠢ ᠲᠡᠳᠬᠦᠬᠦ ᠦᠢᠯᠡᠳᠪᠦᠷᠢ  ᠶᠢᠨ ᠳᠠᠰᠤᠯᠭ᠎ᠠ᠂ ᠡᠷᠡᠬᠦᠯ ᠴᠢᠬᠢᠷᠠᠭ ᠢᠶᠠᠷ ᠶᠠᠳᠠᠭᠤ  ᠶᠢ ᠲᠡᠳᠬᠦᠬᠦ᠂ ᠠᠳᠠᠯ ᠦᠢᠯᠡᠰ ᠢᠶᠠᠷ ᠰᠢᠨ᠎ᠡ ᠶᠢ ᠡᠬᠦᠳᠬᠦ᠂ ᠭᠠᠳᠠᠭᠰᠢ ᠭᠠᠷᠴᠤ ᠬᠦᠯᠥᠰᠦᠨ ᠠᠵᠢᠯ ᠬᠢᠬᠦ ᠦᠢᠯᠡᠴᠢᠯᠡᠬᠡᠨ ᠤ ᠰᠢᠰᠲ᠋ᠧᠮ ᠵᠡᠷᠬᠡ ᠨᠢᠬᠡ ᠪᠦᠯᠥᠭ ᠦᠪᠡᠷᠮᠢᠴᠡ ᠤᠨᠴᠠᠯᠢᠭ ᠪᠦᠬᠦᠢ ᠦᠬᠡᠷᠡᠴᠢᠯᠡᠯᠳᠡ ᠶᠢᠨ ᠠᠷᠭ᠎ᠠ ᠪᠠᠷᠢᠯ ᠪᠦᠬᠦ ᠤᠷᠤᠨ ᠤ ᠬᠢᠯᠠᠰ ᠴᠡᠭ ᠪᠤᠯᠪᠠ᠃ ᠰᠤᠷᠭᠠᠨ ᠬᠦᠮᠦᠵᠢᠯ  ᠤᠨ ᠭᠤᠷᠪᠠᠨ ᠵᠦᠢᠯ ᠤᠨ ᠦᠬᠡᠷᠡᠴᠢᠯᠡᠯᠳᠡ ᠨᠢ ᠦᠷ᠎ᠡ ᠪᠦᠲᠦᠮᠵᠢ ᠪᠠᠷ ᠳᠤᠪᠤᠶᠢᠮ᠎ᠠ ᠪᠤᠯᠤᠭᠰᠠᠨ ᠮᠥᠷᠳᠡᠬᠡᠨ ᠬᠠᠮᠢᠶᠠᠷᠬᠤ᠂ ᠡᠷᠬᠢᠯᠡᠬᠦ᠂ ᠦᠨᠡᠯᠡᠬᠦ ᠶᠢ ᠰᠠᠯᠭᠠᠭᠰᠠᠨ ᠦᠬᠡᠷᠡᠴᠢᠯᠡᠯᠳᠡ ᠪᠦᠬᠦ ᠤᠯᠤᠰ ᠤᠨ ᠳᠤᠷᠰᠢᠯᠳᠠ ᠶᠢᠨ ᠴᠢᠭ᠋ ᠪᠤᠯᠵᠠᠢ᠃ ᠪᠦᠬᠦ ᠤᠷᠤᠨ ᠪᠠᠶᠢᠷᠢ ᠪᠠᠷ ᠨᠡᠬᠡᠬᠡᠭᠰᠡᠨ ᠬᠡᠪ ᠪᠠᠶᠢᠳᠠᠯ ᠢ ᠲᠦᠷᠭᠡᠳᠭᠡᠨ ᠪᠦᠷᠢᠯᠳᠦᠬᠦᠯᠦᠭᠰᠡᠨ ᠢᠶᠠᠷ ᠤᠯᠠᠭᠠᠨᠴᠠᠪ᠂ ᠳ᠋ᠠᠲ᠋ᠦ᠋ᠩ᠂ ᠴᠢᠭᠤᠯᠤᠯᠳᠤ ᠬᠠᠭᠠᠯᠭ᠎ᠠ ᠶᠢᠨ ᠬᠠᠮᠳᠤᠷᠠᠯᠴᠠᠭᠠᠨ ᠤ ᠤᠷᠤᠨ ᠤ ᠴᠤᠭᠴᠠᠯᠠᠨ ᠪᠠᠶᠢᠭᠤᠯᠤᠯᠳᠠ ᠠᠬᠢᠨ ᠲᠡᠪᠰᠢᠭᠠᠳ ᠤᠯᠤᠰ  ᠤᠨ ᠪᠠᠶᠢᠯᠳᠤᠬᠤ ᠪᠤᠳᠤᠯᠭ᠎ᠠ  ᠳᠤ ᠤᠷᠤᠵᠤ᠂ ᠪᠡᠬᠡᠵᠢᠩ  ᠤᠨ ᠠᠵᠤ ᠦᠢᠯᠡᠰ  ᠤᠨ ᠰᠢᠯᠵᠢᠯᠳᠡ  ᠶᠢ ᠵᠠᠯᠭᠠᠬᠤ  ᠳᠠᠭᠠᠨ ᠰᠢᠨ᠎ᠡ ᠦᠷ᠎ᠡ ᠪᠦᠲᠦᠬᠡᠯ ᠲᠠᠢ ᠪᠤᠯᠪᠠ᠃ ᠳᠤᠮᠳᠠᠳᠤ ᠡᠸᠦ᠋ᠷᠦᠫᠠ ᠶᠢᠨ ᠵᠢᠰᠢᠶᠡᠨ  ᠤ ᠭᠠᠯᠳᠤ ᠲᠡᠷᠬᠡᠨ  ᠤ ᠲᠡᠮᠦᠷ ᠵᠠᠮ  ᠤᠨ ᠬᠦᠢᠰᠦ ᠬᠤᠳᠠ ᠪᠠᠷ ᠠᠮᠵᠢᠯᠳᠠ ᠲᠠᠢ ᠵᠦᠪᠰᠢᠶᠡᠷᠡᠭᠳᠡᠭᠰᠡᠨ ᠢᠶᠠᠷ ︽ᠨᠢᠬᠡ ᠪᠦᠰᠡ ᠨᠢᠬᠡ ᠵᠠᠮ︾  ᠤᠨ ᠪᠦᠲᠦᠬᠡᠨ ᠪᠠᠶᠢᠭᠤᠯᠤᠯᠳᠠ ᠳᠠᠬᠢ ᠪᠠᠶᠢᠷᠢ ᠰᠠᠭᠤᠷᠢ ᠤᠯᠠᠮ ᠳᠤᠪᠤᠶᠢᠮ᠎ᠠ ᠪᠤᠯᠵᠠᠢ᠃ ᠶᠡᠭᠡ ᠨᠡᠬᠡᠬᠡᠯᠳᠡ᠂ ᠶᠡᠭᠡ ᠬᠠᠮᠳᠤᠷᠠᠯᠴᠠᠭ᠎ᠠ ᠨᠢ ᠤᠯᠠᠭᠠᠨᠴᠠᠪ  ᠤᠨ ᠬᠦᠭᠵᠢᠯᠳᠡ ᠶᠢᠨ ᠭᠤᠤᠯ ᠬᠦᠭ ᠠᠶᠠᠰ᠂ ᠰᠢᠨ᠎ᠡ ᠬᠦᠳᠡᠯᠭᠡᠬᠦ ᠬᠦᠴᠦᠨ ᠪᠤᠯᠤᠭᠰᠠᠨ ᠪᠠᠶᠢᠨ᠎ᠠ᠃     ᠡᠨᠡ ᠨᠢ ᠠᠷᠠᠳ ᠲᠦᠮᠡᠨ ᠤ ᠠᠮᠢᠳᠤᠷᠠᠯ ᠠᠬᠤᠢ ᠮᠡᠳᠡᠭᠳᠡᠮ᠎ᠡ ᠰᠠᠶᠢᠵᠢᠷᠠᠭᠰᠠᠨ ᠳᠠᠪᠤᠨ ᠵᠢᠯ᠃ ᠳᠠᠪᠤᠨ ᠵᠢᠯ  ᠤᠨ ᠳᠤᠷᠰᠢ᠂ ᠪᠢᠳᠡ ᠦᠷᠬᠦᠯᠵᠢ ᠠᠰᠠᠭᠤᠳᠠᠯ ᠢᠶᠠᠷ ᠵᠢᠯᠤᠭᠤᠳᠤᠮᠵᠢ ᠪᠤᠯᠭᠠᠭᠰᠠᠨ᠂ ᠠᠷᠠᠳ ᠢᠷᠬᠡᠳ  ᠤᠨ ᠠᠮᠢᠳᠤᠷᠠᠯ ᠢᠶᠠᠷ ᠵᠢᠯᠤᠭᠤᠳᠤᠮᠵᠢ ᠪᠤᠯᠭᠠᠭᠰᠠᠨ᠂ ᠤᠷᠤᠭᠤᠯᠤᠯᠳᠠ  ᠶᠢ ᠴᠢᠬᠤᠯᠠᠴᠢᠯᠠᠨ ᠡᠶ᠎ᠡ ᠵᠤᠬᠢᠴᠠᠯ ᠢ ᠠᠬᠢᠭᠤᠯᠬᠤ ᠶᠠᠪᠤᠳᠠᠯ  ᠢ ᠴᠢᠩᠳᠠᠯᠠᠨ ᠪᠠᠷᠢᠮᠳᠠᠯᠠᠭᠰᠠᠨ ᠢᠶᠠᠷ ᠡᠳ᠋  ᠤᠨ ᠵᠠᠰᠠᠭ  ᠠᠴᠠ ᠠᠷᠠᠳ  ᠤᠨ ᠠᠮᠢᠳᠤᠷᠠᠯ  ᠳᠤ ᠬᠡᠷᠡᠭᠯᠡᠭᠰᠡᠨ ᠵᠠᠷᠤᠯᠭ᠎ᠠ ᠤᠯᠠᠨ ᠨᠡᠶᠢᠳᠡ ᠶᠢᠨ ᠲᠦᠰᠦᠪ  ᠤᠨ ᠵᠠᠷᠤᠯᠭ᠎ᠠ ᠶᠢᠨ 83%  ᠠᠴᠠ ᠲᠡᠬᠡᠭᠰᠢᠬᠢ  ᠶᠢ ᠡᠵᠡᠯᠡᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ  ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢᠨ ᠤᠨ  ᠤ ᠲᠡᠭᠰᠢᠳᠬᠡᠭᠰᠡᠨ ᠨᠡᠮᠡᠭᠳᠡᠯ 8.7% ᠪᠤᠯᠤᠨ 10%  ᠳᠤ ᠬᠦᠷᠴᠦ᠂ ᠠᠵᠤ ᠠᠬᠤᠢ ᠶᠢᠨ ᠨᠡᠮᠡᠭᠳᠡᠯ  ᠤᠨ ᠬᠤᠷᠳᠤᠴᠠ  ᠠᠴᠠ ᠳᠠᠪᠠᠵᠠᠢ᠃ ᠶᠠᠳᠠᠭᠤ ᠬᠦᠴᠢᠷᠳᠡᠯ ᠲᠠᠢ ᠬᠦᠮᠦᠨ ᠠᠮᠠ 3.8 ᠲᠦᠮᠡᠨ ᠡᠷᠦᠬᠡ᠂ 8.4 ᠲᠦᠮᠡᠨ ᠬᠦᠮᠦᠨ ᠪᠤᠯᠳᠠᠯ᠎ᠠ ᠬᠠᠰᠤᠭᠳᠠᠭᠠᠳ ᠶᠠᠳᠠᠭᠤᠷᠠᠯ  ᠤᠨ ᠨᠤᠷᠮ᠎ᠠ ᠪᠠᠭᠤᠷᠠᠭᠠᠳ 4.2% ᠪᠤᠯᠵᠠᠢ᠃ ᠬᠤᠳᠠ ᠪᠠᠯᠭᠠᠰᠤᠨ  ᠤ 8.5 ᠲᠦᠮᠡᠨ ᠬᠦᠮᠦᠨ ᠰᠢᠨ᠎ᠡ ᠪᠠᠷ ᠠᠵᠢᠯ ᠤᠯᠵᠤ᠂ ᠮᠠᠯᠵᠢᠬᠤ ᠳᠠᠷᠢᠶᠠᠯᠠᠬᠤ ᠤᠷᠤᠨ  ᠤ ᠬᠦᠳᠡᠯᠮᠦᠷᠢ ᠬᠦᠴᠦᠨ  ᠤ ᠰᠢᠯᠵᠢᠯᠳᠡ᠂ ᠠᠵᠢᠯ ᠤᠯᠭᠤᠯᠳᠠ 70 ᠲᠦᠮᠡᠨ ᠬᠦᠮᠦᠨ  ᠳᠤ ᠳᠤᠭᠳᠠᠪᠦᠷᠢᠵᠢᠵᠠᠢ᠃ ᠬᠤᠳᠠ ᠬᠦᠳᠡᠭᠡ  ᠶᠢ ᠪᠦᠷᠬᠦᠭᠰᠡᠨ ᠨᠡᠶᠢᠬᠡᠮ  ᠤᠨ ᠪᠠᠳᠤᠯᠠᠪᠤᠷᠢ ᠶᠢᠨ ᠰᠢᠰᠲ᠋ᠧᠮ ᠦᠨᠳᠦᠰᠦᠨ  ᠳᠡᠭᠡᠨ ᠪᠤᠢ ᠪᠤᠯᠵᠤ᠂ ᠬᠤᠳᠠ ᠬᠦᠳᠡᠭᠡ ᠶᠢᠨ ᠡᠮ ᠡᠮᠨᠡᠯᠬᠡ ᠶᠢᠨ ᠨᠦᠬᠦᠴᠡᠯ ᠢᠯᠡᠳᠳᠡ ᠰᠠᠶᠢᠵᠢᠷᠠᠯᠳᠠ ᠲᠠᠢ ᠪᠤᠯᠵᠤ᠂ ᠬᠤᠳᠠ ᠶᠢᠨ ᠲᠦᠪ ᠡᠮᠨᠡᠯᠬᠡ ᠶᠢᠨ ᠬᠤᠷᠢᠶ᠎ᠠ ᠲᠡᠰ ᠲᠡᠪᠰᠢᠬᠡᠳ ᠭᠤᠷᠪᠠᠨ ᠬᠦᠬᠡ ᠲᠡᠰ  ᠤᠨ ᠡᠮᠨᠡᠯᠬᠡ ᠶᠢᠨ ᠬᠤᠷᠢᠶ᠎ᠠ ᠪᠤᠯᠪᠠ᠃ ᠰᠤᠶᠤᠯ  ᠤᠨ ᠦᠢᠯᠡᠰ ᠴᠡᠴᠡᠭᠯᠡᠨ ᠬᠦᠭᠵᠢᠪᠡ᠂ ᠨᠢᠬᠡ ᠪᠦᠯᠥᠭ ᠳᠤᠮᠤ ᠶᠡᠭᠡ ᠰᠤᠶᠤᠯ  ᠤᠨ ᠤᠷᠳᠤᠨ ᠳᠠᠯᠠᠪᠤᠷ ᠤᠳ ᠠᠰᠢᠭᠯᠠᠯᠳᠠ ᠳᠤ ᠤᠷᠤᠪᠠ᠃ ᠮᠥᠷᠦᠶᠢᠴᠡᠬᠡᠨ ᠤ ᠪᠡᠶ᠎ᠡ ᠳᠠᠮᠢᠷ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠤᠯ ᠵᠤᠬᠢᠴᠠᠩᠭᠤᠢ ᠠᠬᠢᠯᠳᠠ ᠲᠠᠢ ᠪᠤᠯᠵᠤ᠂ ᠬᠤᠳᠠ ᠶᠢᠨ ᠵᠠᠰᠠᠭ ᠤᠨ ᠤᠷᠳᠤᠨ ᠤ ᠠᠯᠪᠠᠨ ᠬᠡᠷ ᠵᠡᠷᠬᠡ ᠲᠦᠷᠪᠡᠨ ᠪᠠᠶᠢᠭᠤᠯᠭ᠎ᠠ ᠪᠦᠬᠦ ᠤᠯᠤᠰ ᠤᠨ ᠤᠯᠠᠨ ᠲᠦᠮᠡᠨᠴᠢ ᠪᠡᠶ᠎ᠡ ᠳᠠᠮᠢᠷ ᠤᠨ ᠬᠦᠳᠡᠯᠬᠡᠬᠡᠨ ᠢ ᠦᠷᠨᠢᠬᠦᠯᠥᠭᠰᠡᠨ ᠲᠡᠷᠢᠬᠦᠨ ᠤ ᠪᠠᠶᠢᠭᠤᠯᠭ᠎ᠠ ᠪᠠᠷ ᠬᠦᠬᠢᠬᠦᠯᠥᠭᠳᠡᠵᠠᠢ᠃ ᠪᠠᠳᠤᠯᠠᠪᠤᠷᠢ ᠶᠢᠨ ᠪᠠᠷᠢᠮᠵᠢᠶ᠎ᠠ ᠢᠷᠡᠬᠦ ᠳᠤᠰᠤᠮ ᠲᠡᠬᠡᠭᠰᠢᠯᠡᠪᠡ᠃  ︽ᠠᠮᠤᠷ ᠠᠮᠤᠭᠤᠯᠠᠩ ᠤᠯᠠᠭᠠᠨᠴᠠᠪ ︾ ᠤᠨ ᠪᠠᠶᠢᠭᠤᠯᠤᠯᠳᠠ ᠬᠦᠨᠵᠡᠬᠡᠢ ᠦᠷᠨᠢᠬᠡᠳ ᠠᠶᠦᠯᠬᠦᠢ ᠦᠢᠯᠡᠳᠪᠦᠷᠢᠯᠡᠯ  ᠤᠨ ᠪᠠᠶᠢᠳᠠᠯ ᠶᠡᠷᠦᠩᠬᠡᠢ  ᠳᠡᠭᠡᠨ ᠳᠤᠭᠳᠠᠭᠤᠨ ᠪᠠᠶᠢᠵᠤ᠂ ᠢᠳᠡᠬᠡᠨ ᠤᠮᠳᠠᠭᠠᠨ ᠡᠮ  ᠤᠨ ᠵᠦᠢᠯ  ᠤᠨ ᠠᠮᠤᠷ ᠲᠦᠪᠰᠢᠨ᠂ ᠶᠠᠰᠤ ᠴᠢᠨᠠᠷ  ᠤᠨ ᠠᠮᠤᠷ ᠲᠦᠪᠰᠢᠨ  ᠤ ᠬᠢᠨᠠᠨ ᠬᠠᠮᠢᠶᠠᠷᠬᠤ ᠡᠷᠴᠢᠮ ᠴᠢᠩᠭᠠᠳᠬᠠᠭᠳᠠᠪᠠ᠃ ᠤᠯᠤᠰ  ᠤᠨ ᠪᠠᠳᠤᠯᠠᠨ ᠬᠠᠮᠠᠭᠠᠯᠠᠯᠳᠠ ᠶᠢᠨ ᠪᠠᠶᠢᠭᠤᠯᠤᠯᠳᠠ ᠳᠤ ᠰᠢᠨ᠎ᠡ ᠲᠦᠷᠰᠦ ᠪᠠᠶᠢᠳᠠᠯ ᠲᠠᠢ ᠪᠤᠯᠵᠤ᠂ ᠭᠤᠷᠪᠠ ᠤᠳᠠᠭ᠎ᠠ ᠳᠠᠷᠠᠭᠠᠯᠠᠨ ︽ᠪᠦᠬᠦ ᠤᠯᠤᠰ  ᠤᠨ ᠬᠤᠶᠠᠷ  ᠢ ᠬᠦᠷᠢᠶᠡᠯᠡᠬᠦ ᠵᠢᠱᠢᠶᠡᠴᠢ ᠬᠤᠳᠠ︾ ᠶᠢᠨ ᠲᠡᠷᠢᠬᠦᠨ  ᠢ ᠤᠯᠵᠠᠢ᠃ ᠠᠷᠠᠳ  ᠤᠨ ᠠᠭᠠᠷ  ᠤᠨ ᠰᠡᠷᠬᠡᠶᠢᠯᠡᠯᠳᠡ᠂ ᠭᠠᠵᠠᠷ ᠬᠦᠳᠡᠯᠥᠯᠳᠡ᠂ ᠴᠠᠭ ᠠᠭᠤᠷ᠂ ᠳᠠᠩᠰᠠ ᠡᠪᠬᠡᠮᠡᠯ᠂ ᠲᠡᠦᠬᠡ ᠤᠶᠢᠯᠠᠯᠭ᠎ᠠ᠂ ᠭᠠᠳᠠᠭᠠᠳᠤ ᠶᠠᠪᠤᠳᠠᠯ᠂ ᠬᠠᠷᠢᠶᠠᠳᠤ ᠶᠢᠨ ᠶᠠᠪᠤᠳᠠᠯ ᠵᠡᠷᠬᠡ ᠠᠵᠢᠯ ᠪᠠᠬᠢᠵᠢᠨ ᠴᠢᠩᠭᠠᠷᠠᠵᠤ᠂ ᠤᠯᠠᠭᠠᠨ ᠵᠠᠭᠠᠯᠮᠠᠶᠢᠳᠠᠨ  ᠤ ᠨᠡᠶᠢᠬᠡᠮᠯᠢᠭ᠂ ᠡᠮᠡᠭᠳᠠᠶᠢᠴᠤᠳ ᠬᠡᠦᠬᠡᠳ ᠂ ᠨᠠᠰᠤᠳᠠᠶᠢᠴᠤᠳ ᠪᠤᠯᠤᠨ ᠵᠡᠮᠳᠡᠭᠴᠤᠳ ᠤᠨ ᠦᠢᠯᠡᠰ ᠰᠢᠨ᠎ᠡ ᠠᠬᠢᠯᠳᠠ ᠲᠠᠢ ᠪᠤᠯᠪᠠ᠃ ᠡᠯ᠎ᠡ ᠦᠨᠳᠦᠰᠦᠳᠡᠨ ᠬᠠᠮᠳᠤᠪᠡᠷ ᠪᠦᠯᠬᠦᠮᠳᠡᠨ ᠲᠡᠮᠡᠴᠡᠵᠦ᠂ ᠬᠠᠮᠳᠤᠪᠠᠷ ᠴᠡᠴᠡᠭᠯᠡᠨ ᠭᠦᠭᠵᠢᠭᠰᠡᠨ ᠲᠦᠷᠰᠦ ᠪᠠᠶᠢᠳᠠᠯ ᠤᠯᠠᠮ ᠨᠢᠬᠡ ᠠᠯᠬᠤᠮ ᠪᠠᠬᠢᠵᠢᠵᠦ ᠤᠯᠠᠨ ᠲᠦᠮᠡᠨ ᠤ ᠬᠦᠷᠳᠡᠬᠡᠯ ᠤᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠮᠡᠳᠡᠭᠳᠡᠮ᠎ᠡ ᠲᠡᠬᠡᠭᠰᠢᠯᠡᠭᠰᠡᠨ ᠪᠠᠶᠢᠨ᠎ᠠ᠃      ᠲᠦᠯᠥᠬᠡᠯᠡᠭᠴᠢᠳ ᠡ︕ 2017 ᠤᠨ ᠪᠤᠯ ︽ᠠᠷᠪᠠᠨ ᠭᠤᠷᠪᠠᠳᠤᠭᠠᠷ ᠳᠠᠪᠤᠨ ᠵᠢᠯ︾  ᠤᠨ ᠲᠦᠯᠥᠪᠵᠢᠬᠦᠯᠬᠡ  ᠶᠢ ᠬᠡᠷᠡᠭᠵᠢᠬᠦᠯᠥᠭᠰᠡᠨ ᠴᠢᠬᠤᠯᠠ ᠨᠢᠬᠡ ᠵᠢᠯ ᠪᠤᠯᠬᠤ ᠶᠤᠮ᠃ ᠪᠢᠳᠡ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ  ᠶᠢ ᠬᠦᠨᠵᠡᠬᠡᠢ ᠰᠤᠷᠤᠯᠴᠠᠨ ᠤᠬᠠᠭᠤᠯᠤᠨ ᠳᠤᠤᠱᠯᠠᠭᠤᠯᠵᠤ᠂ ᠬᠦᠭᠵᠢᠯᠳᠡ ᠶᠢᠨ ᠢᠳᠡᠬᠡᠯ ᠬᠤᠪᠢᠷᠠᠬᠤ ᠦᠬᠡᠢ᠂ ᠦᠬᠡᠷᠡᠴᠢᠯᠡᠯᠳᠡ ᠶᠢᠨ ᠡᠷᠴᠢ ᠪᠠᠭᠤᠷᠠᠬᠤ ᠦᠬᠡᠢ᠂ ᠪᠤᠭᠤᠮᠳᠠ ᠰᠢᠪᠳᠤᠯᠬᠤ ᠠᠯᠬᠤᠮ ᠵᠤᠭᠰᠤᠰᠢ ᠦᠬᠡᠢ ᠪᠠᠶᠢᠬᠤ  ᠶᠢ ᠢᠮᠠᠭᠳᠠ ᠪᠠᠷᠢᠮᠳᠠᠯᠠᠵᠤ᠂ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ᠂ ᠰᠢᠨ᠎ᠡ  ᠶᠢ ᠡᠬᠦᠳᠦᠨ ᠬᠦᠭᠵᠢᠬᠦᠯᠬᠦ ᠬᠤᠷᠳᠤᠴᠠ ᠪᠠᠨ ᠲᠦᠷᠬᠡᠳᠬᠡᠵᠠᠢ᠃ ᠪᠢᠳᠡ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ  ᠤᠨ ᠤᠢ ᠶᠢ ᠪᠠᠶᠠᠷᠯᠠᠨ ᠪᠡᠯᠭᠡᠯᠡᠵᠦ᠂ ︽ᠦᠵᠡᠰᠬᠦᠯᠡᠩᠲᠦ ᠰᠠᠶᠢᠬᠠᠨ ᠦᠪᠦᠷ ᠮᠤᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠬᠦᠳᠦ ᠪᠠᠨ ᠬᠠᠮᠳᠤᠪᠠᠷ ᠲᠡᠷᠬᠡᠯᠰᠢᠬᠦᠯᠬᠦ︾ ᠠᠤᠭ᠎ᠠ ᠶᠡᠭᠡ ᠬᠦᠴᠦᠨ  ᠢ ᠳᠠᠶᠢᠴᠢᠯᠠᠨ ᠨᠢᠬᠳᠠᠷᠠᠭᠤᠯᠪᠠ᠃ ᠪᠢᠳᠡ ᠠᠩᠬᠠᠳᠤᠭᠠᠷ ᠬᠤᠭᠤᠴᠠᠭᠠᠨ  ᠤ ᠤᠯᠠᠭᠠᠨᠴᠠᠪ  ᠤᠨ ᠬᠦᠭᠵᠢᠯᠳᠡ ᠶᠢᠨ ᠶᠡᠭᠡ ᠬᠤᠷᠠᠯᠳᠤᠭᠠᠨ ᠪᠤᠯᠤᠨ ︽ᠨᠢᠬᠡ ᠪᠦᠰᠡ ᠨᠢᠬᠡ ᠵᠠᠮ︾  ᠤᠨ ᠡᠳ᠋ ᠪᠠᠷᠠᠭᠠᠨ  ᠤ ᠬᠦᠢᠯᠬᠡᠬᠡᠨ  ᠤ ᠦᠬᠦᠯᠡᠯ ᠤᠨ ᠳᠠᠪᠴᠠᠩ  ᠢ ᠠᠮᠵᠢᠯᠳᠠ ᠲᠠᠢ ᠡᠷᠬᠢᠯᠡᠵᠦ᠂ ᠬᠠᠮᠳᠤᠷᠠᠯᠴᠠᠭ᠎ᠠ ᠪᠠᠨ ᠬᠠᠮᠳᠤᠪᠠᠷ ᠡᠳ᠋ᠯᠡᠬᠦ᠂ ᠬᠦᠭᠵᠢᠯᠳᠡ ᠪᠠᠨ ᠴᠤᠭᠭᠠᠷ ᠵᠦᠪᠯᠡᠬᠦ ᠠᠨᠳᠠ ᠨᠠᠶᠢᠵᠠ ᠶᠢᠨ ᠬᠠᠷᠢᠴᠠᠭ᠎ᠠ ᠬᠤᠯᠪᠤᠭ᠎ᠠ ᠶᠠᠪᠤᠬᠤ ᠳᠤᠰᠤᠮ ᠪᠤᠵᠠᠭᠠᠶᠢᠷᠠᠵᠤ ᠪᠤᠢ᠃ ᠪᠢᠳᠡ ᠲᠡᠬᠡᠲᠦ ᠬᠡᠮᠵᠢᠶᠡᠨ  ᠤ ᠤᠯᠤᠰ ᠲᠦᠷᠦ ᠶᠢᠨ ᠤᠬᠠᠮᠰᠠᠷ ᠢᠶᠠᠷ᠂ ᠲᠦᠪ ᠪᠤᠯᠤᠨ ᠦᠪᠡᠷᠳᠡᠬᠡᠨ ᠵᠠᠰᠠᠬᠤ ᠤᠷᠤᠨ  ᠤ ᠳᠤᠭᠤᠷᠢᠨ ᠪᠠᠶᠢᠴᠠᠭᠠᠭᠰᠠᠨ᠂ ᠤᠷᠴᠢᠨ ᠠᠬᠤᠢ  ᠶᠢ ᠰᠢᠮᠳᠠᠭᠤᠯᠤᠨ ᠪᠠᠶᠢᠴᠠᠭᠠᠭᠰᠠᠨ ᠬᠠᠷᠢᠭᠤ ᠳᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠵᠤ᠂ ᠡᠳ᠋  ᠤᠨ ᠵᠠᠰᠠᠭ ᠤᠨ ᠮᠥᠩᠬᠦᠨ ᠬᠦᠢᠯᠬᠡᠬᠡᠨ  ᠤ ᠬᠡᠨᠡᠨ ᠲᠦᠭᠰᠢᠬᠦᠷᠢ  ᠶᠢ ᠢᠳᠡᠪᠬᠢᠳᠠᠢ ᠪᠠᠷ ᠰᠡᠷᠬᠡᠶᠢᠯᠡᠵᠦ ᠬᠦᠭᠵᠢᠯᠳᠡ  ᠶᠢᠨ ᠠᠯᠬᠤᠴᠠ ᠤᠯᠠᠮ ᠯᠠᠪᠳᠠᠭᠤᠨ ᠪᠠᠳᠤᠳᠠᠢ ᠪᠤᠯᠤᠭᠰᠠᠨ ᠪᠠᠶᠢᠨ᠎ᠠ᠃      ᠪᠢᠳᠡ ᠦᠨᠡᠨ  ᠠᠴᠠ ᠵᠦᠪ  ᠢ ᠡᠷᠢᠬᠦ᠂ ᠬᠦᠭᠵᠢᠯᠳᠡ ᠶᠢᠨ ᠶᠠᠰᠤ ᠴᠢᠨᠠᠷ  ᠢ ᠴᠢᠬᠤᠯᠠᠴᠢᠯᠠᠨ ᠬᠦᠨᠳᠦᠳᠬᠡᠬᠦ ᠵᠠᠷᠴᠢᠮ  ᠢ ᠪᠠᠷᠢᠮᠳᠠᠯᠠᠵᠤ᠂ ᠲᠦᠪ᠂ ᠦᠪᠡᠷᠳᠡᠬᠡᠨ ᠵᠠᠰᠠᠬᠤ ᠤᠷᠤᠨ  ᠤ ᠨᠢᠬᠡᠳᠦᠯᠳᠠᠢ ᠱᠠᠭᠠᠷᠳᠠᠯᠭ᠎ᠠ ᠶᠤᠰᠤᠭᠠᠷ᠂ ᠤᠯᠠᠨ ᠵᠢᠯ  ᠤᠨ ᠳᠤᠷᠰᠢ ᠬᠤᠷᠠᠮᠳᠤᠭᠤᠯᠤᠭᠰᠠᠨ ᠬᠡᠰᠡᠭ ᠠᠵᠤ ᠠᠬᠤᠢ ᠶᠢᠨ ᠳᠤᠭ᠎ᠠ ᠪᠠᠷᠢᠮᠳᠠ ᠶᠢᠨ ᠬᠡᠢ ᠨᠡᠮᠡᠭᠳᠡᠯ  ᠤᠨ ᠠᠰᠠᠭᠤᠳᠠᠯ  ᠢ ᠡᠷᠡᠰ ᠵᠠᠯᠠᠷᠠᠭᠤᠯᠵᠤ᠂ ᠵᠤᠷᠢᠭᠳᠠᠢ ᠪᠠᠷ ᠰᠠᠭᠤᠷᠢ ᠳᠤᠭ᠎ᠠ  ᠶᠢ ᠦᠨᠡᠨ ᠪᠤᠳᠠᠳᠠᠢ ᠪᠦᠷᠢᠳᠬᠡᠨ᠂ ᠬᠡᠢ ᠬᠤᠭᠤᠰᠤᠨ ᠵᠦᠢᠯ  ᠤᠳ  ᠢ ᠰᠢᠬᠠᠨ ᠭᠠᠷᠭᠠᠵᠠᠢ᠃ ᠲᠦᠰᠦᠪᠯᠡᠭᠰᠡᠨ ᠢᠶᠠᠷ 2017 ᠤᠨ  ᠤ ᠪᠦᠬᠦ ᠬᠤᠳᠠ  ᠶᠢᠨ ᠭᠠᠵᠠᠷ ᠤᠷᠤᠨ  ᠤ ᠦᠢᠯᠡᠳᠪᠦᠷᠢᠯᠡᠯ  ᠤᠨ ᠶᠡᠷᠦᠩᠬᠡᠢ ᠦᠷᠳᠡᠭ 5% ᠪᠠᠷ ᠨᠡᠮᠡᠭᠳᠡᠨ᠂ ᠳᠤᠭᠳᠠᠮᠠᠯ ᠬᠦᠷᠦᠩᠬᠡ  ᠶᠢᠨ ᠪᠡᠯᠡ ᠤᠷᠤᠭᠤᠯᠤᠯᠳᠠ 18% ᠪᠠᠷ ᠪᠠᠭᠤᠷᠠᠪᠠ᠃ ᠡᠬᠦᠨ  ᠤ ᠵᠡᠷᠬᠡᠪᠡᠷ ︽ᠡᠵᠡᠩᠨᠡᠯᠳᠡ  ᠶᠢᠨ ᠭᠠᠶᠢᠯᠢ  ᠶᠢ ᠨᠡᠮᠡᠭᠳᠡᠯ ᠦᠷᠳᠡᠭ  ᠤᠨ ᠭᠠᠶᠢᠯᠢ ᠪᠤᠯᠭᠠᠬᠤ︾ ᠪᠤᠯᠤᠨ ᠳᠤᠮᠳᠠ ᠪᠠᠭ᠎ᠠ ᠠᠵᠤ ᠠᠬᠤᠶᠢᠯᠠᠯ  ᠤᠨ ᠳᠠᠷᠤᠭᠠᠰᠤ  ᠶᠢ ᠬᠦᠩᠬᠡᠯᠡᠬᠦ ᠲᠦᠷᠦ ᠶᠢᠨ ᠪᠤᠳᠤᠯᠭ᠎ᠠ ᠵᠡᠷᠬᠡ ᠬᠦᠴᠦᠨ ᠵᠦᠢᠯ  ᠤᠨ ᠨᠦᠯᠥᠬᠡ ᠪᠠᠷ᠂ ᠬᠠᠮᠳᠤ ᠨᠡᠶᠢᠳᠡ ᠶᠢᠨ ᠡᠩ  ᠤᠨ ᠲᠦᠰᠦᠪ  ᠤᠨ ᠤᠷᠤᠯᠭ᠎ᠠ ᠠᠳᠠᠯᠢᠳᠬᠠᠵᠤ ᠪᠤᠯᠬᠤ ᠪᠠᠶᠢᠳᠠᠯ ᠳᠤᠤᠷ᠎ᠠ 19.7% ᠪᠠᠷ ᠪᠠᠭᠤᠷᠠᠵᠠᠢ᠃ ᠳᠤᠭ᠎ᠠ ᠪᠠᠷᠢᠮᠳᠠ  ᠶᠢ ᠦᠨᠡᠨ ᠪᠤᠳᠠᠳᠠᠢ ᠪᠦᠷᠢᠳᠬᠡᠨ ᠬᠢᠭᠰᠡᠨ  ᠠᠴᠠ ᠬᠤᠶᠢᠰᠢ᠂ ᠪᠢᠳᠡᠨ  ᠤ ᠲᠡᠬᠡᠬᠡᠷ᠎ᠡ ᠳᠠᠷᠤᠭᠠᠰᠤ ᠪᠠᠨ ᠳᠠᠶᠠᠭᠳᠠᠨ᠂ ᠰᠠᠭᠤᠷᠢ ᠪᠠᠨ ᠪᠠᠬᠢᠵᠢᠬᠦᠯᠥᠨ᠂ ᠬᠦᠩᠬᠡᠨ ᠱᠠᠯᠠᠮᠠᠭᠠᠢ ᠮᠤᠷᠳᠠᠬᠤ  ᠳᠤ ᠤᠯᠠᠮ ᠠᠰᠢᠭᠳᠠᠢ ᠪᠤᠯᠵᠠᠢ᠃ ᠠᠵᠤ ᠠᠬᠤᠢ ᠶᠢᠨ ᠡᠷᠬᠢᠯᠳᠡ ᠶᠢᠨ ᠪᠦᠬᠦᠶᠢᠯᠡ ᠪᠠᠶᠢᠳᠠᠯ ᠠᠴᠠ ᠦᠵᠡᠪᠡᠯ᠂ 2017 ᠤᠨ ᠤ ᠠᠵᠤ ᠦᠢᠯᠡᠳᠪᠦᠷᠢ  ᠶᠢᠨ ᠬᠡᠷᠡᠭᠯᠡᠭᠰᠡᠨ ᠴᠠᠬᠢᠯᠭᠠᠨ ᠤ ᠬᠡᠮᠵᠢᠶ᠎ᠡ᠂ ᠪᠠᠷᠠᠭᠠᠨ  ᠤ ᠵᠦᠬᠡᠬᠡᠪᠦᠷᠢ ᠶᠢᠨ ᠬᠡᠮᠵᠢᠶ᠎ᠡ ᠳᠤᠰᠪᠤᠷᠢ 26% ᠪᠤᠯᠤᠨ 12% ᠪᠠᠷ ᠨᠡᠮᠡᠭᠳᠡᠬᠡᠳ ᠴᠦᠮ ᠬᠤᠶᠠᠷ ᠤᠷᠤᠨᠳᠤ ᠳᠤᠭ᠎ᠠ ᠪᠠᠷ ᠨᠡᠮᠡᠭᠳᠡᠬᠦ  ᠶᠢ ᠪᠠᠳᠤᠯᠠᠵᠤ᠂ ᠬᠠᠮᠳᠤ ᠶᠢᠨ ᠴᠠᠬᠢᠯᠭᠠᠨ ᠳᠤᠤᠷ  ᠠᠴᠠ ᠬᠡᠷᠡᠭᠯᠡᠭᠰᠡᠨ ᠴᠠᠬᠢᠯᠭᠠᠨ ᠤ ᠬᠡᠮᠵᠢᠶ᠎ᠡ ᠨᠢ ᠪᠦᠬᠦ ᠤᠷᠤᠨ  ᠳᠤ ᠲᠡᠷᠢᠬᠦᠯᠡᠵᠦ᠂ ᠬᠡᠪᠴᠢᠶᠠᠵᠢᠯ  ᠠᠴᠠ ᠲᠡᠬᠡᠭᠰᠢᠬᠢ ᠠᠵᠤ ᠦᠢᠯᠡᠳᠪᠦᠷᠢ ᠶᠢᠨ ᠦᠢᠯᠡᠳᠬᠡᠬᠦᠨ  ᠤ ᠪᠤᠷᠤᠯᠠᠭᠤᠯᠤᠯᠳᠠ ᠶᠢᠨ ᠨᠤᠷᠮ᠎ᠠ 95%  ᠠᠴᠠ ᠲᠡᠬᠡᠭᠰᠢ  ᠳᠤ ᠬᠦᠷᠴᠦ᠂ ᠠᠵᠢᠯ ᠤᠯᠭᠤᠯᠳᠠ ᠶᠢᠨ ᠪᠠᠶᠢᠳᠠᠯ ᠨᠡᠯᠢᠶᠡᠳ ᠰᠠᠶᠢᠨ᠂ ᠬᠤᠳᠠ ᠬᠦᠳᠡᠭᠡ ᠶᠢᠨ ᠰᠠᠭᠤᠭᠠᠯᠢ ᠠᠷᠠᠳ  ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠳᠤᠰᠪᠤᠷᠢ 8% ᠪᠤᠯᠤᠨ 8.5% ᠪᠠᠷ ᠨᠡᠮᠡᠭᠳᠡᠬᠡᠳ᠂ ᠠᠵᠤ ᠠᠬᠤᠢ ᠳᠤᠭᠳᠠᠭᠤᠨ ᠪᠠᠶᠢᠳᠠᠯ  ᠤᠨ ᠳᠤᠮᠳᠠ ᠰᠢᠨ᠎ᠡ ᠬᠠᠨᠳᠤᠰᠢ ᠲᠠᠢ᠂ ᠠᠷᠠᠳ  ᠤᠨ ᠠᠮᠢᠳᠤᠷᠠᠯ  ᠤᠨ ᠲᠦᠪᠰᠢᠨ ᠦᠷᠬᠦᠯᠵᠢᠯᠡᠨ ᠲᠡᠬᠡᠭᠰᠢᠯᠡᠨ ᠰᠠᠶᠢᠬᠠᠨ ᠪᠠᠶᠢᠳᠠᠯ ᠢᠯᠡᠷᠡᠭᠰᠡᠨ ᠢᠶᠠᠷ ᠢᠳᠡᠪᠬᠢ ᠬᠦᠴᠦᠨ ᠵᠦᠢᠯ ᠪᠤᠯᠤᠨ ᠰᠢᠨ᠎ᠡ ᠴᠢᠳᠠᠪᠬᠢ ᠶᠠᠭ ᠰᠠᠶᠢᠬᠠᠨ ᠠᠯᠢ ᠬᠤᠷᠳᠤᠨ ᠢᠶᠠᠷ ᠬᠤᠷᠠᠮᠳᠤᠨ ᠴᠤᠭᠯᠠᠷᠠᠵᠤ ᠪᠠᠶᠢᠨ᠎ᠠ᠃      ᠨᠢᠬᠡ ᠵᠢᠯ  ᠤᠨ ᠳᠤᠷᠰᠢ᠂ ᠪᠢᠳᠡ ᠭᠤᠤᠯᠳᠠᠭᠤ ᠳᠤᠤᠷᠠᠬᠢ ᠠᠵᠢᠯ ᠤᠳ ᠢ ᠬᠢᠪᠡ᠃     ᠨᠢᠬᠡ  ᠳᠤ ᠲᠦᠷᠦᠯ ᠵᠦᠢᠯ ᠢᠶᠠᠷ ᠳᠠᠶᠢᠴᠢᠯᠠᠨ ᠬᠦᠳᠡᠯᠬᠡᠬᠦ  ᠶᠢ ᠳᠤᠪᠤᠶᠢᠯᠭᠠᠵᠤ᠂ ᠠᠵᠤ ᠦᠢᠯᠡᠰ  ᠤᠨ ᠬᠡᠯᠪᠡᠷᠢ ᠪᠠᠨ ᠬᠤᠪᠢᠷᠠᠭᠤᠯᠬᠤ  ᠶᠢ ᠲᠦᠷᠬᠡᠳᠬᠡᠨ ᠠᠬᠢᠭᠤᠯᠪᠠ᠃ ᠳᠤᠮᠤ ᠴᠢᠬᠤᠯᠠ ᠲᠦᠷᠦᠯ ᠵᠦᠢᠯ  ᠤᠨ ᠪᠦᠲᠦᠬᠡᠨ ᠪᠠᠶᠢᠭᠤᠯᠤᠯᠳᠠ  ᠶᠢᠨ ᠪᠤᠭᠤᠮᠳᠠ ᠰᠢᠪᠳᠤᠯᠬᠤ ᠳᠠᠶᠢᠯᠠᠯᠳᠤᠭᠠᠨ  ᠢ ᠪᠦᠬᠦ ᠳᠠᠯ᠎ᠠ ᠪᠠᠷ ᠡᠬᠢᠯᠡᠬᠦᠯᠵᠦ᠂ ᠳ᠋ᠦᠩᠰᠢᠭᠤᠷ ᠲᠦᠬᠦᠷᠢᠭ  ᠠᠴᠠ ᠲᠡᠬᠡᠭᠰᠢᠬᠢ ᠲᠦᠷᠦᠯ ᠵᠦᠢᠯ 286  ᠶᠢ ᠶᠠᠪᠤᠭᠳᠠᠭᠤᠯᠵᠤ᠂ ᠪᠡᠯᠡ ᠤᠷᠤᠭᠤᠯᠤᠯᠳᠠ 398 ᠳ᠋ᠦᠩᠰᠢᠭᠤᠷ ᠲᠦᠬᠦᠷᠢᠭ ᠪᠡᠶᠡᠯᠡᠬᠦᠯᠪᠡ᠃ IPO᠂ ᠵᠤᠭᠠᠴᠠᠯ᠂ ᠮᠥᠩᠬᠦᠨ ᠬᠦᠢᠯᠬᠡᠬᠡ᠂ ᠳᠤᠮᠤ ᠳ᠋ᠠᠶᠢᠲ᠋ᠠ ᠵᠡᠷᠬᠡ  ᠳᠤ ᠬᠠᠷᠠᠭᠠᠯᠵᠠᠯ  ᠤᠨ ᠲᠦᠷᠦ ᠶᠢᠨ ᠪᠤᠳᠤᠯᠭ᠎ᠠ  ᠤᠳ  ᠢ ᠭᠠᠷᠭᠠᠵᠤ᠂ ᠪᠡᠬᠡᠵᠢᠩ᠂ ᠱᠠᠩᠬᠠᠢ᠂ ᠱᠧᠨ᠋ᠵᠧᠨ ᠵᠡᠷᠬᠡ ᠭᠠᠵᠠᠷ  ᠲᠤ ᠬᠤᠳᠠᠯᠳᠤᠭᠠᠴᠢᠨ ᠤᠷᠢᠵᠤ ᠳᠠᠨᠢᠯᠴᠠᠭᠤᠯᠬᠤ ᠬᠤᠷᠠᠯ ᠡᠷᠬᠢᠯᠡᠵᠦ᠂ 181 ᠲᠦᠷᠦᠯ ᠵᠦᠢᠯ ᠳᠠᠳᠠᠨ ᠤᠷᠤᠭᠤᠯᠵᠤ᠂ ᠪᠡᠯᠡ ᠮᠥᠩᠬᠦ 230 ᠳ᠋ᠦᠩᠰᠢᠬᠤᠷ ᠲᠦᠬᠦᠷᠢᠭ ᠨᠠᠶᠢᠳᠠᠪᠦᠷᠢᠵᠢᠭᠤᠯᠵᠤ᠂ ᠢᠷᠡᠬᠡᠳᠦᠢ ᠶᠢᠨ ᠬᠦᠭᠵᠢᠯᠳᠡ ᠲᠠᠢ ᠬᠤᠯᠪᠤᠭᠳᠠᠬᠤ ᠨᠢᠬᠡ ᠪᠦᠯᠥᠭ ᠳᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠵᠠᠯᠭᠠᠪᠠᠷ ᠨᠤᠳᠤᠭᠰᠢᠵᠤ᠂ ᠪᠡᠯᠡ ᠤᠷᠤᠭᠤᠯᠵᠤ ᠠᠵᠤ ᠦᠢᠯᠡᠰ  ᠢ ᠬᠦᠭᠵᠢᠬᠦᠯᠵᠦ ᠮᠠᠨᠳᠤᠭᠤᠯᠬᠤ ᠳᠠᠪᠠᠭᠤᠯᠢᠭ ᠤᠯᠠᠮ ᠳᠤᠪᠤᠶᠢᠮ᠎ᠠ ᠪᠤᠯᠪᠠ᠃ ᠬᠦᠭᠵᠢᠯᠳᠡ ᠶᠢᠨ ᠤᠷᠢᠳᠠᠯ ᠠᠵᠠ ᠳᠤᠬᠢᠶᠠᠯ  ᠢ ᠵᠠᠪᠳᠤᠨ ᠡᠵᠡᠯᠡᠵᠦ᠂ ᠳᠤᠮᠤ ᠳ᠋ᠠᠶᠢᠲ᠋ᠠ ᠶᠢᠨ ᠠᠵᠤ ᠦᠢᠯᠡᠰ ᠦᠬᠡᠢ ᠠᠴᠠ ᠪᠠᠶᠢᠬᠤ ᠪᠤᠯᠵᠤ ᠳᠠᠬᠢᠵᠤ ᠰᠢᠯᠢᠳᠡᠭᠵᠢᠪᠡ᠃ ᠫᠢᠩ ᠬᠦᠸᠧ᠂ ᠠ ᠯᠢ ᠵᠡᠷᠭᠡ ᠳ᠋ᠠᠶᠢᠲ᠋ᠠ ᠶᠢᠨ ᠲᠦᠪ  ᠤᠨ ᠲᠦᠷᠦᠯ ᠵᠦᠢᠯ  ᠢ ᠠᠮᠵᠢᠯᠳᠠ ᠲᠠᠢ ᠨᠤᠳᠤᠭᠰᠢᠭᠤᠯᠵᠤ᠂ ᠬᠤᠸᠠ ᠸᠧᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ  ᠶᠢ ᠨᠢ ᠡᠬᠢᠯᠡᠬᠦᠯᠵᠦ ᠪᠦᠲᠦᠬᠡᠨ ᠪᠠᠶᠢᠭᠤᠯᠵᠤ᠂ ᠬᠤᠸᠠ ᠳᠠᠨ᠂ ᠪᠦᠸᠧ ᠶᠤᠸᠠᠢ᠂ ᠬᠤᠩ ᠯᠢᠶᠠᠨ  ᠤ ᠵᠢᠤ ᠡᠤ᠂ ᠷᠤᠸᠠᠨ ᠲᠦᠩ ᠬᠦᠳᠡᠯᠬᠡᠬᠦᠷ ᠬᠦᠴᠦᠨ ᠵᠡᠷᠬᠡ ᠠᠵᠤ ᠠᠬᠤᠶᠢᠯᠠᠯ ᠨᠢ ᠲᠦᠪᠯᠡᠷᠡᠯ ᠢᠶᠠᠨ ᠲᠦᠷᠬᠡᠳᠬᠡᠵᠦ᠂ ᠳᠠᠭᠤᠳᠠᠬᠤ ᠲᠦᠪ  ᠤᠨ ᠰᠠᠭᠤᠳᠠᠯ 5000  ᠶᠢ ᠪᠤᠢ ᠪᠤᠯᠭᠠᠵᠤ᠂ 1 ᠲᠦᠮᠡᠨ ᠬᠦᠮᠦᠨ  ᠤ ᠠᠵᠢᠯ ᠤᠯᠭᠤᠯᠳᠠ  ᠶᠢ ᠰᠢᠭᠤᠳ ᠳᠠᠶᠢᠴᠢᠯᠠᠨ ᠬᠦᠳᠡᠯᠬᠡᠬᠦ ᠪᠤᠯᠵᠤ᠂ ︽ᠡᠮᠦᠨ᠎ᠡ ᠬᠦᠢᠵᠸᠤ ᠤᠮᠠᠷ᠎ᠠ ᠤᠯᠠᠭᠠᠨᠴᠠᠪ︾  ᠤᠨ ᠳᠤᠮᠤ ᠳ᠋ᠠᠶᠢᠲ᠋ᠠ ᠶᠢᠨ ᠲᠦᠪ  ᠤᠨ ᠪᠠᠶᠢᠷᠢ ᠰᠠᠭᠤᠷᠢ  ᠶᠢ ᠳᠠᠯᠪᠢᠪᠠ᠃ ᠤᠷᠤᠨ ᠪᠠᠶᠢᠷᠢᠰᠢᠯ ᠵᠠᠮ ᠬᠠᠷᠢᠯᠴᠠᠭᠠᠨ  ᠤ ᠳᠠᠪᠠᠭᠤᠯᠢᠭ ᠢᠶᠠᠨ ᠪᠠᠳᠠᠷᠠᠭᠤᠯᠵᠤ᠂ ᠳᠤᠮᠤ ᠡᠳ᠋ ᠪᠠᠷᠠᠭᠠᠨ  ᠤ ᠬᠦᠢᠯᠬᠡᠬᠡᠨ  ᠤ ᠰᠢᠨ᠎ᠡ ᠪᠠᠷ ᠪᠤᠢ ᠪᠤᠯᠬᠤ ᠬᠦᠴᠦᠨ ᠬᠡᠨᠡᠳᠳᠡ ᠢᠯᠡᠷᠡᠪᠠ᠃ ᠲᠢᠶᠠᠨᠵᠢᠨ ᠭᠠᠷᠠᠮ  ᠤᠨ ᠡᠳ᠋ ᠪᠠᠷᠠᠭᠠᠨ  ᠤ ᠬᠦᠢᠯᠬᠡᠬᠡᠨ  ᠤ ᠰᠠᠭᠤᠷᠢᠨ᠂ ᠼᠤᠤ ᠹᠸᠢ ᠳ᠋ᠢᠶᠠᠨ  ᠤ ᠳᠤᠳᠤᠭᠠᠳᠤ ᠬᠠᠭᠤᠷᠠᠢ ᠶᠢᠨ ᠭᠠᠷᠠᠮ ᠫᠠᠶᠢᠰᠠ ᠡᠯᠬᠦᠨ ᠪᠠᠶᠢᠭᠤᠯᠤᠭᠳᠠᠵᠤ᠂ ᠮᠢᠶᠤᠤ ᠯᠢᠶᠠᠨ ᠡᠳ᠋ ᠪᠠᠷᠠᠭᠠᠨ  ᠤ ᠬᠦᠢᠯᠬᠡᠬᠡᠨ  ᠤ ᠬᠦᠷᠢᠶᠡᠯᠡᠩ ᠳᠤᠭᠤᠷᠢᠭ  ᠤᠨ ︽ᠭᠤᠷᠪᠠᠨ ᠱᠤᠭᠤᠮ ᠨᠢᠬᠡ ᠦᠷᠳᠡᠭᠡ︾ ᠨᠡᠪᠳᠡᠷᠡᠵᠦ ᠵᠦᠬᠡᠬᠡᠪᠦᠷᠢᠯᠡᠨ ᠡᠵᠡᠩᠨᠡᠵᠦ᠂ ᠪᠦᠸᠧ ᠶᠤᠸᠠᠨ ᠳᠤᠭᠠᠴᠢᠯᠠᠭᠰᠠᠨ ᠨᠡᠬᠦᠷᠡᠰᠦ ᠳᠤᠬᠢᠷᠠᠭᠤᠯᠬᠤ ᠲᠦᠷᠦᠯ ᠵᠦᠢᠯ ᠪᠠᠶᠢᠭᠤᠯᠤᠭᠳᠠᠨ ᠠᠰᠢᠭᠯᠠᠯᠳᠠ  ᠳᠤ ᠤᠷᠤᠵᠤ᠂ ᠤᠯᠤᠰ  ᠤᠨ ᠨᠡᠬᠦᠷᠡᠰᠦᠨ  ᠤ ᠪᠠᠶᠢᠴᠠᠭᠠᠯᠳᠠ ᠶᠢᠨ ᠲᠦᠪ  ᠤᠨ ᠡᠷᠬᠡ ᠶᠢᠨ ᠤᠯᠭᠤᠯᠳᠠ ᠵᠦᠪᠰᠢᠶᠡᠷᠡᠭᠳᠡᠪᠡ᠃ ᠵᠢᠨᠢᠩ  ᠤᠨ ᠤᠳᠤ ᠦᠶ᠎ᠡ  ᠶᠢᠨ ᠡᠳ᠋ ᠪᠠᠷᠠᠭᠠᠨ  ᠤ ᠬᠦᠢᠯᠬᠡᠬᠡᠨ  ᠤ ᠬᠦᠷᠢᠶᠡᠯᠡᠩ ᠳᠤᠭᠤᠷᠢᠭ ︽ᠪᠦᠬᠦ ᠤᠯᠤᠰ  ᠤᠨ ᠵᠢᠱᠢᠶ᠎ᠡ ᠦᠵᠡᠬᠦᠯᠬᠦ ᠡᠳ᠋  ᠪᠠᠷᠠᠭᠠᠨ  ᠤ ᠬᠦᠷᠢᠶᠡᠯᠡᠩ ᠳᠤᠭᠤᠷᠢᠭ︾  ᠤᠨ ᠠᠯᠳᠠᠷ ᠴᠤᠯᠠ  ᠶᠢ ᠤᠯᠪᠠ᠃ ᠳᠤᠮᠳᠠᠳᠤ ᠡᠸᠦ᠋ᠷᠦᠫᠠ ᠶᠢᠨ ᠵᠢᠰᠢᠶᠠᠨ ᠤ ᠭᠠᠯᠳᠤ ᠲᠡᠷᠬᠡ ᠡᠬᠢᠯᠡᠭᠰᠡᠨ 70 ᠴᠤᠪᠤᠭ᠎ᠠ ᠠᠶᠠᠯᠠᠵᠤ᠂ ᠪᠤᠴᠠᠬᠤ ᠵᠠᠮ ᠤᠨ 14 ᠴᠤᠪᠤᠭ᠎ᠠ ᠠᠶᠠᠯᠠᠵᠤ᠂ ᠮᠤᠳᠤᠨ ᠮᠠᠲ᠋ᠧᠷᠢᠶᠠᠯ᠂ ᠠᠷᠠᠰᠤ ᠰᠢᠷᠢ ᠵᠡᠷᠬᠡ ᠠᠵᠤ ᠦᠢᠯᠡᠰ  ᠤᠨ ᠦᠳᠳᠡᠷ ᠲᠦᠷᠬᠡᠨ ᠬᠦᠭᠵᠢᠯᠳᠡ  ᠶᠢ ᠳᠠᠶᠢᠴᠢᠯᠠᠨ ᠬᠦᠳᠡᠯᠬᠡᠪᠡ᠃ ᠤᠮᠠᠷᠠᠳᠤ ᠶᠢᠨ ᠬᠡᠷ  ᠤᠨ ᠬᠡᠷᠡᠭᠰᠡᠯ  ᠤᠨ ᠠᠵᠤ ᠦᠢᠯᠡᠰ  ᠤᠨ ᠬᠦᠷᠢᠶᠡᠯᠡᠩ  ᠤᠨ 19 ᠠᠵᠤ ᠠᠬᠤᠶᠢᠯᠠᠯ ᠪᠠᠷᠢᠯᠭ᠎ᠠ ᠡᠬᠢᠯᠡᠬᠦᠯᠥᠨ ᠪᠦᠲᠦᠬᠡᠨ ᠪᠠᠶᠢᠭᠤᠯᠵᠤ᠂ ᠳᠤᠮᠳᠠᠳᠤ ᠤᠯᠤᠰ  ᠤᠨ ᠰᠢᠨ ᠶᠠ ᠪᠤᠤ ᠯᠤ᠋ ᠬᠤᠳᠠᠯᠳᠤᠭᠠᠨ  ᠤ ᠬᠤᠳᠠ ᠶᠢᠨ ᠵᠠᠬᠢᠶᠠᠯᠠᠭ᠎ᠠ ᠶᠢᠨ ᠶᠡᠷᠦᠩᠬᠡᠢ ᠦᠷᠳᠡᠭ 2.5 ᠳ᠋ᠦᠩᠰᠢᠭᠤᠷ ᠲᠦᠬᠦᠷᠢᠭ  ᠲᠤ ᠬᠦᠷᠪᠡ᠃ ᠱᠠᠨᠳᠦ᠋ᠩ ᠤᠨ ᠱᠦᠨ ᠾᠧ ᠵᠡᠷᠬᠡ ᠤᠯᠤᠰ  ᠤᠨ ᠳᠤᠳᠤᠭᠠᠳᠤ ᠶᠢᠨ ᠨᠢᠬᠡ ᠪᠦᠯᠥᠭ ᠲᠡᠷᠢᠬᠦᠨ  ᠤ ᠡᠳ᠋ ᠪᠠᠷᠠᠭᠠᠨ  ᠤ ᠠᠵᠤ ᠠᠬᠤᠶᠢᠯᠠᠯ ᠮᠠᠨ  ᠤ ᠬᠤᠳᠠ  ᠳᠤ ᠪᠡᠯᠡ ᠤᠷᠤᠭᠤᠯᠤᠯᠳᠠ ᠶᠢᠨ ᠬᠡᠷ᠎ᠡ ᠳᠤᠭᠳᠠᠪᠠ᠃ ᠡᠪᠦᠯ ᠤᠨ ᠤᠯᠢᠮᠫᠢᠺ ᠪᠠ ᠰᠤᠮᠤᠨ ᠭᠠᠯᠳᠤ ᠲᠡᠷᠬᠡ ᠨᠡᠪᠳᠡᠷᠡᠭᠰᠡᠨ ᠠᠵᠠ ᠳᠤᠬᠢᠶᠠᠯ  ᠢ ᠵᠠᠪᠳᠤᠵᠤ᠂ ᠶᠠᠭ ᠰᠠᠶᠢᠬᠠᠨ ᠦᠷᠨᠢᠨ ᠬᠦᠭᠵᠢᠵᠦ ᠪᠤᠢ᠃ ᠳᠠᠭ᠎ᠠ ᠶᠢᠨ ᠨᠠᠭᠤᠷ  ᠤᠨ ᠴᠠᠰᠤᠨ  ᠳᠤ ᠭᠤᠯᠭᠤᠬᠤ ᠳᠠᠯᠠᠪᠠᠢ᠂ ᠬᠤᠩ ᠵᠤᠤ ᠶᠢᠨ ᠵᠢᠤ ᠯᠥᠩ ᠸᠠᠨ ᠠᠮᠢ ᠠᠬᠤᠢ ᠶᠢᠨ ᠵᠤᠭᠠᠴᠠᠯ  ᠤᠨ ᠤᠷᠤᠨ ᠪᠠᠶᠢᠭᠤᠯᠤᠭᠳᠠᠨ ᠡᠷᠬᠢᠯᠳᠦᠵᠦ᠂ ᠬᠡᠬᠡᠨᠳᠠᠯ᠎ᠠ ᠰᠢᠨᠡᠴᠢᠯᠡᠨ ᠲᠡᠬᠡᠭᠰᠢᠯᠡᠬᠦᠯᠬᠦ ᠪᠠᠷᠢᠯᠭ᠎ᠠ ᠶᠢᠨ ᠠᠵᠢᠯ ᠢᠶᠠᠨ ᠪᠠᠷᠠᠭᠠᠵᠤ᠂ ᠵᠢᠨᠢᠩ  ᠤᠨ ᠳᠠᠶᠢᠯᠠᠯᠳᠤᠭᠠᠨ  ᠤ ᠳᠤᠷᠠᠰᠬᠠᠯ  ᠤᠨ ᠭᠠᠵᠠᠷ ᠪᠦᠬᠦ ᠤᠯᠤᠰ  ᠤᠨ ᠬᠤᠪᠢᠰᠬᠠᠯ  ᠤᠨ ᠰᠤᠩᠭᠤᠳᠠᠭ ᠦᠵᠡᠮᠵᠢ ᠶᠢᠨ ᠤᠷᠤᠨ  ᠳᠤ ᠰᠤᠩᠭᠤᠭᠳᠠᠨ ᠤᠷᠤᠪᠠ᠃ ᠳᠤᠮᠳᠠᠳᠤ ᠤᠷᠤᠰ ᠮᠤᠩᠭᠤᠯ  ᠤᠨ ᠠᠮᠳᠠᠳᠤ ᠢᠳᠡᠬᠡᠨ  ᠤ ᠰᠤᠶᠤᠯ  ᠤᠨ ᠨᠠᠶᠢᠷ᠂ ᠳᠠᠯ᠎ᠠ ᠨᠤᠳᠤᠭ  ᠤᠨ ᠰᠤᠶᠤᠯ  ᠤᠨ ᠳᠠᠭᠤᠤ ᠬᠦᠭᠵᠢᠮ  ᠤᠨ ᠨᠠᠶᠢᠷ᠂ ᠳᠠᠯ᠎ᠠ ᠨᠤᠳᠤᠭ  ᠤᠨ ᠪᠠᠵᠠ ︵BSC︶ ᠳᠤᠮᠤ ᠤᠷᠤᠯᠳᠤᠭᠠᠨ᠂ ᠤᠯᠠᠨ ᠤᠯᠤᠰ  ᠤᠨ ᠮᠥᠰᠦ ᠴᠠᠰᠤᠨ  ᠤ ᠤᠷᠠᠯᠢᠭ  ᠤᠨ ᠨᠠᠶᠢᠷ ᠵᠡᠷᠬᠡ ᠳᠤᠮᠤ ᠴᠢᠬᠤᠯᠠ ᠠᠵᠢᠯᠯᠠᠭ᠎ᠠ  ᠶᠢ ᠠᠮᠵᠢᠯᠳᠠᠳᠠᠢ ᠡᠷᠬᠢᠯᠡᠪᠡ᠃ ᠪᠦᠬᠦ ᠬᠤᠳᠠ ᠶᠢᠨ 4A ᠲᠡᠰ  ᠤᠨ ᠦᠵᠡᠮᠵᠢ ᠶᠢᠨ ᠤᠷᠤᠨ 10 ᠪᠤᠯᠤᠨ ᠨᠡᠮᠡᠭᠳᠡᠵᠦ᠂ ᠵᠤᠭᠠᠴᠠᠭᠰᠠᠳ  ᠢ ᠬᠦᠯᠢᠶᠡᠨ ᠠᠪᠤᠭᠰᠠᠨ ᠳᠤᠭ᠎ᠠ ᠪᠠ ᠵᠤᠭᠠᠴᠠᠯ  ᠤᠨ ᠤᠷᠤᠯᠭ᠎ᠠ ᠳᠤᠰᠪᠤᠷᠢ 16%᠂ 25% ᠪᠠᠷ ᠨᠡᠮᠡᠭᠳᠡᠵᠦ᠂ ᠪᠦᠬᠦ ᠴᠠᠷᠠᠭ᠎ᠠ ᠶᠢᠨ ᠵᠤᠭᠠᠴᠠᠯ ᠨᠢ ᠤᠯᠠᠭᠠᠨᠴᠠᠪ  ᠤᠨ ᠲᠦᠷᠪᠡᠨ ᠤᠯᠠᠷᠢᠯ  ᠢ ᠴᠦᠮ ᠦᠩᠬᠡ ᠦᠵᠡᠮᠵᠢ ᠪᠦᠷᠢᠳᠦᠭᠰᠡᠨ ᠤᠯᠠᠷᠢᠯ ᠪᠤᠯᠭᠠᠵᠤ᠂ ︽ᠪᠡᠬᠡᠵᠢᠩ  ᠤᠨ ᠲᠡᠬᠦᠷᠬᠡ ᠶᠢᠨ ᠳᠠᠯ᠎ᠠ ᠨᠤᠳᠤᠭ᠂ ᠵᠤᠰᠠᠯᠠᠩ  ᠤᠨ ᠲᠦᠪ︾  ᠤᠨ ᠨᠡᠷᠡᠲᠦ ᠲᠡᠮᠳᠡᠭ ᠤᠯᠠᠮ ᠳᠤᠳᠤᠷᠠᠭᠤᠨ ᠪᠤᠯᠪᠠ᠃ ᠡᠬᠢ ᠪᠠᠶᠠᠯᠢᠭ ᠡᠨᠧᠷᠬᠢ ᠶᠢᠨ ᠰᠤᠷᠪᠤᠯᠵᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠰᠢᠨ᠎ᠡ ᠡᠨᠧᠷᠬᠢ ᠰᠢᠨ᠎ᠡ ᠮᠠᠲ᠋ᠧᠷᠢᠶᠠᠯ  ᠤᠨ ᠬᠦᠭᠵᠢᠯᠳᠡ ᠶᠢ ᠲᠦᠷᠬᠡᠳᠬᠡᠪᠡ᠃ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠠᠬᠢᠯᠭᠠᠨ  ᠢ ᠳᠤᠤᠷ  ᠲᠤ ᠨᠡᠶᠢᠯᠡᠬᠦᠯᠥᠭᠰᠡᠨ ᠮᠠᠰᠢᠨ ᠴᠤᠭᠴᠠᠯᠠᠪᠤᠷᠢ 595 ᠲᠦᠮᠡᠨ ᠺᠢᠯᠤᠸᠠᠲ  ᠳᠤ ᠬᠦᠷᠴᠦ᠂ ᠪᠦᠬᠦ ᠤᠷᠤᠨ  ᠤ ᠳᠠᠪᠤᠨ  ᠤ ᠨᠢᠬᠡ ᠬᠤᠪᠢ  ᠶᠢ ᠡᠵᠡᠯᠡᠪᠡ᠃ ᠵᠦᠩ ᠵᠢᠤᠢ ᠯᠢᠲ᠋ᠢ ᠴᠠᠬᠢᠯᠭᠠᠨ ᠴᠡᠨᠡᠭ ᠵᠡᠷᠬᠡ ᠲᠦᠷᠦᠯ ᠵᠦᠢᠯ  ᠤᠨ ᠪᠠᠷᠢᠯᠭ᠎ᠠ  ᠶᠢ  ᠨᠢ ᠡᠬᠢᠯᠡᠬᠦᠯᠥᠨ ᠪᠦᠲᠦᠬᠡᠨ ᠪᠠᠶᠢᠭᠤᠯᠵᠤ᠂ ᠰᠢᠨ᠎ᠡ ᠡᠨᠧᠷᠬᠢ ᠶᠢᠨ ᠴᠠᠬᠢᠯᠭᠠᠨ ᠴᠡᠨᠡᠭ  ᠤᠨ ᠦᠢᠯᠡᠳᠪᠦᠷᠢᠯᠡᠬᠦ ᠴᠢᠳᠠᠪᠦᠷᠢ ᠳᠠᠰᠤᠷᠠᠯᠳᠠ ᠦᠬᠡᠢ ᠦᠷᠬᠡᠳᠪᠡ᠃ ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠬᠡ ᠡᠳ᠋ ᠪᠠᠶᠠᠯᠢᠭ  ᠤᠨ ᠴᠢᠨᠠᠷᠳᠠᠢ ᠠᠵᠤ ᠦᠢᠯᠡᠰ ᠦᠷᠭᠡᠳᠦᠨ ᠲᠡᠰ ᠲᠡᠪᠰᠢᠵᠤ᠂ ᠪᠦᠬᠦ ᠤᠯᠤᠰ  ᠤᠨ ᠳᠠᠩ ᠴᠤᠭᠴᠠ  ᠪᠠᠷ ᠬᠠᠮᠤᠭ  ᠤᠨ ᠳᠤᠮᠤ᠂ ᠮᠡᠷᠬᠡᠵᠢᠯ ᠢᠶᠠᠷ ᠬᠠᠮᠤᠭ ᠤᠨ ᠲᠡᠷᠢᠬᠦᠨ  ᠤ PVA ᠶᠢᠨ ᠦᠢᠯᠡᠳᠪᠦᠷᠢᠯᠡᠯ  ᠤᠨ ᠰᠠᠭᠤᠷᠢᠨ  ᠢ ᠪᠠᠶᠢᠭᠤᠯᠪᠠ᠃ ᠬᠢᠷᠢᠨ  ᠤ ᠲᠡᠮᠦᠷ  ᠤᠨ ᠬᠠᠶᠢᠯᠤᠰᠢ  ᠶᠢ ᠪᠦᠬᠦᠯᠢ ᠴᠤᠭᠴᠠ ᠪᠠᠷ ᠨᠢ ᠰᠢᠯᠵᠢᠬᠦᠯᠥᠨ ᠤᠷᠤᠭᠤᠯᠵᠤ᠂ ᠮᠠᠨ  ᠤ ᠬᠤᠳᠠ ᠪᠦᠬᠦ ᠤᠯᠤᠰ  ᠤᠨ ᠬᠠᠮᠤᠭ  ᠤᠨ ᠳᠤᠮᠤ ᠲᠡᠮᠦᠷ  ᠤᠨ ᠬᠠᠶᠢᠯᠤᠰᠢ ᠶᠢᠨ ᠦᠢᠯᠡᠳᠪᠦᠷᠢᠯᠡᠯ  ᠤᠨ ᠰᠠᠭᠤᠷᠢᠨ ᠪᠤᠯᠤᠭᠰᠠᠨ ᠪᠠᠶᠢᠨ᠎ᠠ᠃ ᠪᠤᠬᠢᠷᠳᠤᠯ ᠦᠬᠡᠢ ᠠᠮᠢ ᠠᠬᠤᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠤᠳᠤ ᠦᠶ᠎ᠡ ᠶᠢᠨ ᠳᠠᠷᠢᠶᠠᠯᠠᠩ ᠮᠠᠯ ᠠᠵᠤ ᠠᠬᠤᠢ ᠳᠤᠭᠳᠠᠭᠤᠨ ᠢᠶᠠᠷ ᠠᠬᠢᠵᠢᠪᠠ᠃ ᠲᠦᠮᠦᠰᠦ ᠨᠤᠭᠤᠭ᠎ᠠ ᠰᠦ ᠮᠢᠬ᠎ᠠ ᠵᠡᠷᠬᠡ ᠳᠠᠪᠠᠭᠤᠯᠢᠭ ᠭᠤᠤᠯᠯᠠᠭᠴᠢ ᠠᠵᠤ ᠦᠢᠯᠡᠰ ᠳᠠᠰᠤᠷᠠᠯᠳᠠ ᠦᠬᠡᠢ ᠪᠤᠵᠠᠭᠠᠶᠢᠷᠠᠵᠤ᠂ ︽ᠤᠯᠠᠭᠠᠨᠴᠠᠪ  ᠤᠨ ᠨᠤᠬᠠᠢ ᠶᠢᠨ ᠬᠤᠰᠢᠭᠤ︾ ᠵᠡᠷᠬᠡ 18 ᠲᠦᠷᠦᠯ  ᠤᠨ ᠪᠦᠲᠦᠬᠡᠭᠳᠡᠬᠦᠨ ᠭᠠᠵᠠᠷ ᠵᠦᠢ ᠶᠢᠨ ᠪᠡᠯᠬᠡ ᠲᠡᠮᠳᠡᠭ  ᠤᠨ ᠬᠠᠮᠠᠭᠠᠯᠠᠯᠳᠠ ᠶᠢᠨ ᠬᠡᠷᠡᠴᠢᠯᠡᠯᠳᠡ ᠪᠤᠶᠤ ᠬᠡᠷᠡᠴᠢᠯᠡᠯᠳᠡ ᠶᠢᠨ ᠱᠤᠰᠢᠭ᠎ᠠ  ᠶᠢ ᠤᠯᠵᠤ᠂ ᠮᠠᠨ ᠤ ᠬᠤᠳᠠ ᠪᠦᠬᠦ ᠤᠯᠤᠰ  ᠤᠨ ᠦᠷ᠎ᠡ ᠶᠢᠨ ᠲᠦᠮᠦᠰᠦᠨ  ᠤ ᠰᠢᠵᠢᠷ ᠠᠯᠳᠠᠨ ᠭᠠᠷᠤᠯᠳᠠ ᠶᠢᠨ ᠤᠷᠤᠨ᠂ ᠳᠤᠮᠳᠠᠳᠤ ᠤᠯᠤᠰ  ᠤᠨ ᠨᠤᠬᠠᠢ ᠶᠢᠨ ᠬᠤᠰᠢᠭᠤ ᠶᠢᠨ ᠭᠤᠤᠯ ᠭᠠᠷᠤᠯᠳᠠ ᠶᠢᠨ ᠤᠷᠤᠨ᠂ ᠪᠦᠬᠦ ᠤᠯᠤᠰ  ᠤᠨ ᠬᠦᠢᠳᠡᠨ ᠰᠡᠷᠢᠬᠦᠨ ᠢᠳᠡᠰᠢᠨ ᠨᠤᠭᠤᠭᠠᠨ  ᠤ ᠭᠤᠷᠪᠠᠨ ᠳᠤᠮᠤ ᠰᠠᠭᠤᠷᠢᠨ  ᠤ ᠨᠢᠬᠡ᠂ ᠦᠪᠦᠷ ᠮᠤᠩᠭᠤᠯ  ᠤᠨ ᠦᠬᠡᠷ ᠬᠤᠨᠢᠨ ᠮᠢᠬᠠᠨ  ᠤ ᠦᠢᠯᠡᠳᠪᠦᠷᠢᠯᠡᠯ  ᠤᠨ ᠴᠢᠬᠤᠯᠠ ᠰᠠᠭᠤᠷᠢᠨ ᠪᠤᠯᠤᠭᠰᠠᠨ ᠪᠠᠶᠢᠨ᠎ᠠ᠃ ᠳᠠᠷᠢᠶᠠᠯᠠᠩ  ᠤᠨ ᠭᠠᠷᠤᠯᠳᠠ ᠪᠠ ᠮᠠᠯ  ᠤᠨ ᠠᠰᠢᠭ ᠰᠢᠮ᠎ᠡ ᠶᠢᠨ ᠡᠳ᠋ᠰᠢᠬᠦᠯᠥᠯᠳᠡ ᠶᠢᠨ ᠨᠤᠷᠮ᠎ᠠ 59%  ᠳᠤ ᠬᠦᠷᠪᠡ᠃ ︽ᠳᠤᠮᠳᠠᠳᠤ ᠤᠯᠤᠰ  ᠤᠨ ᠨᠤᠬᠠᠢ  ᠶᠢᠨ ᠬᠤᠰᠢᠭᠤ ᠶᠢᠨ ᠲᠦᠪ︾  ᠢ ᠶᠠᠭ ᠭᠤᠶᠤᠴᠢᠯᠠᠨ ᠮᠡᠳᠡᠬᠦᠯᠵᠦ᠂ ︽ᠤᠯᠠᠭᠠᠨᠴᠠᠪ  ᠤᠨ ᠲᠦᠮᠦᠰᠦ︾ ᠳᠤᠮᠳᠠᠳᠤ ᠤᠯᠤᠰ  ᠤᠨ ᠵᠠᠭᠤᠨ ᠬᠦᠴᠦᠷᠬᠡᠭ ᠳᠠᠷᠢᠶᠠᠯᠠᠩ  ᠤᠨ ᠭᠠᠷᠤᠯᠳᠠ ᠶᠢᠨ ᠤᠷᠤᠨ ᠪᠦᠰᠡ ᠶᠢᠨ ᠠᠯᠪᠠᠨ ᠬᠡᠷᠡᠭᠯᠡᠬᠡᠨ  ᠤ ᠨᠡᠷᠡᠲᠦ ᠲᠡᠮᠳᠡᠭ ᠢᠶᠠᠷ ᠦᠨᠡᠯᠡᠭᠳᠡᠵᠦ᠂ ᠬᠤᠩ ᠮᠤᠤ ᠡᠮᠲᠦ ᠠᠷᠢᠬᠢ ᠲᠦᠪ ᠲᠧᠯᠸᠢᠰ  ᠤᠨ ᠤᠯᠤᠰ  ᠤᠨ ᠨᠡᠷᠡᠲᠦ ᠲᠡᠮᠳᠡᠭ  ᠤᠨ ᠲᠦᠯᠥᠪᠯᠡᠭᠡ  ᠳᠤ ᠰᠤᠩᠭᠤᠭᠳᠠᠨ ᠤᠷᠤᠪᠠ᠃     ᠬᠤᠶᠠᠷ  ᠲᠤ ᠬᠤᠳᠠ ᠬᠦᠳᠡᠭᠡ  ᠶᠢ ᠠᠭᠤᠰᠤᠯᠴᠠᠭᠤᠯᠬᠤ  ᠶᠢ ᠳᠤᠪᠤᠶᠢᠯᠭᠠᠵᠤ᠂ ᠤᠷᠴᠢᠨ ᠳᠤᠭᠤᠷᠢᠨ  ᠤ  ᠲᠡᠰ ᠴᠢᠨᠠᠷ  ᠢ  ᠦᠷᠬᠦᠯᠵᠢᠯᠡᠨ ᠰᠠᠶᠢᠵᠢᠷᠠᠭᠤᠯᠪᠠ᠃ ︽ᠳᠠᠪᠤᠨ ᠬᠤᠳᠠ  ᠶᠢ ᠬᠠᠮᠳᠤ ᠳᠤᠨᠢ ᠴᠤᠭᠴᠠᠯᠠᠬᠤ︾ ᠪᠠ ︽ᠦᠵᠡᠰᠬᠦᠯᠡᠩᠲᠦ ᠭᠤᠶᠤ ᠬᠦᠳᠡᠭᠡ ᠳᠤᠰᠬᠤᠨ︾  ᠢ ᠪᠦᠲᠦᠬᠡᠨ ᠪᠠᠶᠢᠭᠤᠯᠬᠤ ᠪᠠᠷ ᠪᠠᠷᠢᠴᠠ ᠪᠤᠯᠭᠠᠵᠤ᠂ ᠬᠦᠮᠦᠨ ᠰᠠᠭᠤᠷᠢᠰᠢᠯ  ᠤᠨ ᠤᠷᠴᠢᠨ ᠳᠤᠭᠤᠷᠢᠨ ᠮᠡᠳᠡᠭᠳᠡᠬᠦᠶᠢᠴᠡ ᠰᠠᠶᠢᠵᠢᠷᠠᠪᠠ᠃ 94 ᠳ᠋ᠦᠩᠰᠢᠭᠤᠷ ᠲᠦᠬᠦᠷᠢᠭ  ᠤᠨ ᠪᠡᠯᠡ ᠤᠷᠤᠭᠤᠯᠵᠤ᠂ ᠡᠮᠦᠨ᠎ᠡ ᠱᠠ ᠾᠧ ᠭᠤᠤᠯ  ᠤᠨ ᠶᠡᠷᠦᠩᠬᠡᠶᠢᠯᠡᠨ ᠵᠠᠰᠠᠯᠳᠠ ᠵᠡᠷᠬᠡ ᠬᠤᠳᠠ ᠶᠢᠨ ᠶᠠᠪᠤᠳᠠᠯ ᠤᠨ ᠪᠦᠲᠦᠬᠡᠨ ᠪᠠᠶᠢᠭᠤᠯᠤᠯᠳᠠ ᠶᠢᠨ ᠲᠦᠷᠦᠯ ᠵᠦᠢᠯ ᠢ 22 ᠶᠠᠪᠤᠭᠳᠠᠭᠤᠯᠪᠠ᠃ ᠤᠯᠠᠨ ᠲᠦᠮᠡᠨ  ᠤ ᠬᠦᠰᠡᠯ ᠱᠠᠭᠠᠷᠳᠠᠯᠭ᠎ᠠ ᠪᠠ ᠬᠠᠯᠠᠮᠵᠢᠯᠠᠯ ᠬᠠᠷᠠᠭᠠᠯᠵᠠᠯ  ᠳᠤ ᠢᠳᠡᠪᠬᠢᠳᠠᠢ ᠪᠠᠷ ᠬᠠᠷᠢᠭᠤᠯᠳᠠ ᠦᠭᠴᠦ᠂ ᠲᠦᠪ ᠬᠤᠳᠠ ᠳᠤᠭᠤᠷᠢᠭ  ᠤᠨ ᠡᠬᠡᠬᠦᠯᠥᠨ ᠨᠡᠬᠦᠯᠬᠡᠵᠦ ᠲᠦᠪᠬᠢᠨᠡᠬᠦᠯᠬᠦ ᠶᠢᠨ ᠲᠡᠦᠬᠡᠨ ᠦᠯᠡᠳᠡᠭᠳᠡᠯ ᠠᠰᠠᠭᠤᠳᠠᠯ  ᠤᠳ  ᠢ ᠵᠤᠷᠢᠭ ᠰᠢᠭᠤᠳᠤᠨ ᠰᠢᠢᠳᠪᠦᠷᠢᠯᠡᠵᠦ᠂ ᠪᠦᠷᠬᠡ ᠬᠡᠷ  ᠤᠨ ᠳᠤᠭᠤᠷᠢᠭ  ᠤᠨ ᠰᠢᠨᠡᠴᠢᠯᠡᠯᠳᠡ ᠶᠢᠨ 2.7 ᠲᠦᠮᠡᠨ ᠢᠵᠢ ᠪᠠᠷᠢᠯᠭ᠎ᠠ ᠶᠢᠨ ᠠᠵᠢᠯ  ᠢ ᠨᠢ ᠡᠬᠢᠯᠡᠬᠦᠯᠵᠦ᠂ ᠬᠤᠭᠤᠴᠠᠭᠠᠨ ᠠᠴᠠ ᠬᠡᠳᠦᠷᠡᠭᠰᠡᠨ ᠤᠯᠠᠨ ᠵᠢᠯ  ᠤᠨ ᠡᠬᠡᠬᠦᠯᠥᠨ ᠨᠡᠬᠦᠯᠬᠡᠬᠦ ᠡᠷᠦᠬᠡ  ᠶᠢ ᠲᠦᠪᠬᠢᠨᠡᠬᠦᠯᠵᠦ᠂ ᠦᠪᠡᠷᠳᠡᠬᠡᠨ ᠵᠠᠰᠠᠬᠤ ᠤᠷᠤᠨ  ᠤ ᠨᠤᠳᠠᠯᠠᠯᠳᠠ  ᠶᠢ ᠤᠯᠵᠤ᠂ ᠪᠦᠬᠦ ᠤᠷᠤᠨ  ᠤ ᠪᠦᠷᠬᠡ ᠬᠡᠷ  ᠤᠨ ᠳᠤᠭᠤᠷᠢᠭ  ᠤᠨ ᠰᠢᠨᠡᠴᠢᠯᠡᠯᠳᠡ ᠶᠢᠨ ᠳᠤᠬᠠᠢ ᠶᠢᠨ ᠭᠠᠵᠠᠷ  ᠤᠨ ᠲᠦᠯᠬᠢᠨ ᠠᠬᠢᠭᠤᠯᠬᠤ ᠬᠤᠷᠠᠯ ᠮᠠᠨ  ᠤ ᠬᠤᠳᠠ  ᠳᠤ ᠬᠤᠷᠠᠯᠳᠤᠪᠠ᠃ ᠳᠠᠷᠢᠶᠠᠴᠢᠨ  ᠤ ᠠᠶᠤᠯᠳᠠᠢ ᠬᠡᠷ ᠪᠠᠶᠢᠰᠢᠩ  ᠤᠨ ᠰᠢᠨᠡᠴᠢᠯᠡᠯᠳᠡ ᠶᠢᠨ ᠤᠨ  ᠤ ᠡᠬᠦᠷᠬᠡ ᠪᠦᠬᠦᠨ  ᠢ ᠪᠡᠶᠡᠯᠡᠬᠦᠯᠵᠦ᠂ 3 ᠲᠦᠮᠡᠨ ᠳᠠᠷᠢᠶᠠᠴᠢᠨ ᠮᠠᠯᠴᠢᠨ  ᠤ ᠤᠷᠤᠨ ᠰᠠᠭᠤᠴᠠ ᠶᠢᠨ ᠨᠦᠬᠦᠴᠡᠯ  ᠢ ᠰᠠᠶᠢᠵᠢᠷᠠᠭᠤᠯᠪᠠ᠃ ᠲᠡᠮᠦᠷᠳᠠᠢ ᠪᠠᠯᠭᠠᠰᠤ᠂ ᠳᠠᠭ᠎ᠠ ᠶᠢᠨ ᠨᠠᠭᠤᠷ ᠪᠠᠯᠭᠠᠰᠤ ᠪᠦᠬᠦ ᠤᠯᠤᠰ  ᠤᠨ ᠤᠨᠴᠠᠯᠢᠭᠳᠤ ᠵᠢᠵᠢᠭ ᠪᠠᠯᠭᠠᠰᠤᠨ  ᠳᠤ ᠰᠤᠩᠭᠤᠭᠳᠠᠨ ᠤᠷᠤᠵᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ  ᠤ ᠨᠠᠨ ᠼᠦᠨ ᠳᠤᠰᠬᠤᠨ ᠪᠦᠬᠦ ᠤᠯᠤᠰ  ᠤᠨ ᠬᠦᠳᠡᠭᠡ ᠳᠤᠰᠬᠤᠨ  ᠤ ᠬᠦᠮᠦᠨ ᠰᠠᠭᠤᠷᠢᠰᠢᠯ  ᠤᠨ ᠤᠷᠴᠢᠨ ᠳᠤᠭᠤᠷᠢᠨ  ᠤ ᠪᠠᠳᠤᠯᠠᠭᠠᠨ  ᠤ ᠵᠢᠱᠢᠶ᠎ᠡ ᠦᠵᠡᠬᠦᠯᠬᠦ ᠳᠤᠰᠬᠤᠨ ᠪᠤᠯᠪᠠ᠃ ᠤᠷᠴᠢᠨ ᠳᠤᠭᠤᠷᠢᠨ  ᠤ ᠰᠢᠮᠳᠠᠭᠤᠯᠤᠨ ᠪᠠᠶᠢᠴᠠᠭᠠᠯᠳᠠ ᠴᠡᠭᠴᠡᠯᠡᠨ ᠰᠠᠶᠢᠵᠢᠷᠠᠭᠤᠯᠤᠯᠳᠠ ᠪᠠᠷ ᠳᠤᠬᠢᠶᠠᠯᠳᠤᠯ ᠪᠤᠯᠭᠠᠵᠤ᠂ ᠠᠮᠢ ᠠᠬᠤᠢ ᠶᠢᠨ ᠤᠷᠴᠢᠨ ᠳᠤᠭᠤᠷᠢᠨ  ᠤ ᠬᠠᠮᠠᠭᠠᠯᠠᠯᠳᠠ  ᠶᠢ ᠬᠦᠴᠦᠳᠠᠢ ᠠᠬᠢᠭᠤᠯᠪᠠ᠃ ᠲᠦᠪ᠂ ᠦᠪᠡᠷᠳᠡᠬᠡᠨ ᠵᠠᠰᠠᠬᠤ ᠤᠷᠤᠨ  ᠤ ᠤᠷᠴᠢᠨ ᠳᠤᠭᠤᠷᠢᠨ  ᠤ ᠬᠠᠮᠠᠭᠠᠯᠠᠯᠳᠠ ᠶᠢᠨ ᠲᠦᠯᠥᠪᠵᠢᠬᠦᠯᠬᠡ  ᠳᠡᠭᠡᠨ ᠦᠪᠡᠷᠳᠡᠬᠡᠨ ᠵᠠᠰᠠᠬᠤ ᠤᠷᠤᠨ  ᠤ ᠵᠠᠰᠠᠭ  ᠤᠨ ᠤᠷᠳᠤᠨ  ᠤ ᠴᠤᠬᠤᠯᠠᠪᠤᠷᠢ  ᠶᠢ ᠤᠯᠵᠤ᠂ ᠳᠠᠭ᠎ᠠ ᠶᠢᠨ ᠨᠠᠭᠤᠷ  ᠢ ᠳᠤᠭᠤᠷᠢᠭᠰᠠᠨ 16 ᠲᠦᠮᠡᠨ ᠮᠤ᠋ ᠳᠠᠷᠢᠶᠠᠨ ᠭᠠᠵᠠᠷ  ᠲᠤ ᠤᠰᠤᠯᠠᠯᠳᠠ  ᠶᠢ ᠬᠠᠭᠤᠷᠠᠢ ᠪᠤᠯᠭᠠᠬᠤ  ᠶᠢ ᠪᠡᠶᠡᠯᠡᠬᠦᠯᠵᠦ᠂ ᠳᠠᠭ᠎ᠠ ᠶᠢᠨ ᠨᠠᠭᠤᠷ  ᠤᠨ ᠴᠠᠬᠢᠯᠭᠠᠨ  ᠤ ᠦᠢᠯᠡᠳᠪᠦᠷᠢ ᠶᠢᠨ ᠤᠰᠤ ᠪᠠᠷ ᠬᠦᠷᠦᠬᠡᠬᠦ  ᠶᠢ ᠠᠭᠠᠷ ᠢᠶᠠᠷ ᠬᠦᠷᠦᠬᠡᠬᠦ ᠪᠤᠯᠭᠠᠬᠤ ᠮᠡᠷᠬᠡᠵᠢᠯ  ᠤᠨ ᠰᠢᠨᠡᠴᠢᠯᠡᠯᠳᠡ ᠶᠢᠨ ᠪᠠᠷᠢᠯᠭ᠎ᠠ ᠶᠢᠨ ᠠᠵᠢᠯ  ᠢ ᠨᠢ ᠡᠬᠢᠯᠡᠬᠦᠯᠥᠨ ᠪᠦᠲᠦᠬᠡᠨ ᠪᠠᠶᠢᠭᠤᠯᠪᠠ᠃ ᠾᠸᠢ ᠾᠧ ᠭᠤᠤᠯ  ᠤᠨ ᠵᠠᠰᠠᠯᠳᠠ ᠶᠢᠨ ᠪᠠᠷᠢᠯᠭ᠎ᠠ  ᠳᠠᠭᠠᠨ ᠱᠠᠳᠤᠴᠢ ᠴᠢᠨᠠᠷ ᠲᠠᠢ ᠦᠷ᠎ᠡ ᠪᠦᠲᠦᠮᠵᠢ ᠤᠯᠪᠠ᠃ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ  ᠤ ᠠᠭᠤᠷᠬᠠᠢ ᠶᠢᠨ ᠠᠵᠤ ᠦᠢᠯᠡᠰ  ᠢ ᠴᠡᠪᠡᠷᠯᠡᠨ ᠴᠡᠭᠴᠡᠯᠡᠨ ᠰᠠᠶᠢᠵᠢᠷᠠᠭᠤᠯᠬᠤ ᠳᠤᠰᠬᠠᠢ ᠠᠵᠢᠯᠯᠠᠭ᠎ᠠ  ᠶᠢ ᠪᠦᠬᠦ ᠳᠠᠯ᠎ᠠ ᠪᠠᠷ ᠶᠠᠪᠤᠭᠳᠠᠭᠤᠯᠪᠠ᠃ ᠬᠤᠳᠠ ᠪᠠᠯᠭᠠᠰᠤᠨ  ᠤ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠪᠦᠬᠦᠨ  ᠤ ᠶᠠᠰᠤ ᠴᠢᠨᠠᠷ ᠢ ᠨᠢ ᠳᠡᠭᠡᠭᠰᠢᠯᠡᠬᠦᠯᠦᠨ ᠬᠡᠯᠪᠡᠷᠢ ᠶᠢ ᠨᠢ ᠬᠤᠪᠢᠷᠠᠭᠤᠯᠵᠤ᠂ ᠪᠤᠵᠠᠷ ᠤᠰᠤ ᠶᠢ ᠲᠦᠪᠯᠡᠷᠡᠬᠦᠯᠦᠨ ᠰᠢᠢᠳᠪᠦᠷᠢᠯᠡᠬᠦ ᠨᠤᠷᠮ᠎ᠡ 95% ᠳᠤ ᠬᠦᠷᠴᠦ᠂ ᠲᠦᠪ ᠬᠤᠳᠠ ᠳᠤᠭᠤᠷᠢᠭ ᠪᠦᠬᠦᠨ ᠢᠶᠠᠷ ᠢᠶᠠᠨ 10 ᠠᠭᠤᠷ ᠤᠨ ᠳᠤᠨ ᠠᠴᠠ ᠳᠤᠷᠤᠭᠰᠢ ᠵᠢᠵᠢᠭ ᠠᠭᠤᠷ ᠤᠨ ᠳᠤᠭᠤᠭ᠎ᠠ ᠶᠢ ᠴᠠᠭᠠᠵᠠᠯᠠᠪᠠ᠃ ᠤᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠳᠠ 64 ᠲᠦᠮᠡᠨ ᠮᠤ᠋ ᠪᠡᠶᠡᠯᠡᠬᠦᠯᠵᠤ᠂ ᠪᠠᠢ ᠴᠢᠤᠸᠠᠨ ᠱᠠᠨ ᠠᠭᠤᠯᠠ ᠶᠢᠨ ᠠᠭᠤᠯᠠᠨ ᠴᠤᠭᠴᠠ  ᠶᠢ ᠰᠡᠯᠪᠢᠨ ᠵᠠᠰᠠᠬᠤ ᠪᠤᠯᠤᠨ ᠴᠡᠴᠡᠷᠯᠢᠭ ᠤᠨ ᠪᠦᠲᠦᠭᠡᠨ ᠪᠠᠶᠢᠭᠤᠯᠤᠯᠳᠠ ᠶᠢᠨ ᠲᠦᠷᠦᠯ ᠵᠦᠢᠯ ᠳᠤᠮᠳᠠᠳᠤ ᠤᠯᠤᠰ  ᠤᠨ ᠬᠦᠮᠦᠨ ᠰᠠᠭᠤᠷᠢᠰᠢᠯ ᠤᠨ ᠤᠷᠴᠢᠨ ᠳᠤᠭᠤᠷᠢᠨ ᠤ ᠦᠯᠢᠬᠡᠷ ᠳᠠᠭᠤᠷᠢᠶᠠᠯ ᠤᠨ ᠱᠠᠩᠨᠠᠯ ᠤᠯᠪᠠ᠃ ᠵᠠᠮ ᠬᠠᠷᠢᠯᠴᠠᠭᠠᠨ ᠤ ᠪᠦᠲᠦᠴᠡ ᠮᠠᠶ᠋ᠢᠭ ᠢ ᠪᠤᠢ ᠪᠤᠯᠭᠠᠬᠤ ᠪᠠᠷ ᠭᠤᠤᠯᠳᠠᠯᠭ᠎ᠠ ᠪᠤᠯᠭᠠᠵᠤ᠂ ᠰᠠᠭᠤᠷᠢ ᠳᠦᠬᠦᠬᠡᠷᠦᠮᠵᠢ ᠶᠢ ᠬᠠᠷᠢᠯᠴᠠᠨ ᠬᠤᠯᠪᠤᠯᠳᠤᠭᠤᠯᠵᠤ ᠬᠠᠷᠢᠯᠴᠠᠨ ᠨᠡᠪᠳᠡᠷᠡᠬᠦᠯᠪᠡ᠃ ᠵᠠᠮ ᠬᠠᠷᠢᠯᠴᠠᠭᠠᠨ ᠤ ᠳᠤᠮᠤ ᠴᠢᠬᠤᠯᠠ ᠲᠦᠷᠦᠯ ᠵᠦᠢᠯ 42 ᠶᠢ ᠶᠠᠪᠤᠭᠳᠠᠭᠤᠯᠵᠤ᠂ 65.5 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠳᠠ ᠶᠢ ᠪᠡᠶᠡᠯᠡᠬᠦᠯᠪᠡ᠃ ᠵᠢᠨᠢᠩ  ᠠᠴᠠ ᠬᠦᠬᠡᠪᠦᠷ ᠬᠦᠷᠬᠦ ᠵᠡᠷᠬᠡ 9 ᠵᠤᠷᠪᠤᠰ ᠵᠠᠰᠠᠮᠡᠯ ᠵᠠᠮ ᠤᠨ ᠪᠦᠬᠦ ᠱᠣᠭᠤᠮ ᠳᠡᠷᠬᠡ ᠨᠡᠪᠳᠡᠷᠡᠵᠤ᠂ 6 ᠵᠤᠷᠪᠤᠰ ᠵᠤᠭᠠᠴᠠᠯ ᠤᠨ ᠵᠠᠰᠠᠮᠡᠯ ᠵᠠᠮ ᠢ ᠳᠤᠰᠢᠶᠠᠵᠤ ᠠᠰᠢᠭᠯᠠᠯᠳᠠ ᠳᠤ ᠤᠷᠤᠭᠤᠯᠪᠠ᠃ ᠤᠯᠠᠭᠠᠨᠴᠠᠪ ᠤᠨ ᠰᠤᠮᠤᠨ ᠭᠠᠯᠳᠤ ᠳᠡᠷᠬᠡᠨ ᠦᠷᠳᠡᠭᠡ ᠪᠠᠶᠢᠭᠤᠯᠤᠭᠳᠠᠨ ᠠᠰᠢᠭᠯᠠᠯᠳᠠ ᠳᠤ ᠤᠷᠤᠵᠤ᠂ ᠬᠦᠬᠡᠬᠤᠳᠠ ᠳᠤ ᠬᠦᠷᠬᠦ ᠴᠠᠭ ᠢ 39 ᠮᠢᠨᠦ᠋ᠲ ᠪᠤᠯᠳᠠᠯ᠎ᠠ ᠪᠤᠭᠤᠨᠢᠰᠬᠠᠪᠠ᠃ ᠤᠯᠠᠭᠠᠨᠴᠠᠪ ᠤᠨ ᠨᠢᠰᠬᠡᠯ ᠤᠨ ᠪᠠᠭᠤᠳᠠᠯ ᠠᠭᠠᠷ ᠠᠶᠠᠯᠠᠯ ᠤᠨ ᠱᠣᠭᠤᠮ ᠢ 10 ᠵᠤᠷᠪᠤᠰ ᠪᠤᠯᠳᠠᠯ᠎ᠠ ᠨᠡᠮᠡᠭᠳᠡᠬᠦᠯᠵᠤ᠂ ᠤᠯᠤᠰ ᠤᠨ ᠳᠤᠳᠤᠭᠠᠳᠤ ᠶᠢᠨ 20 ᠭᠤᠤᠯ ᠪᠤᠯᠬᠤ ᠬᠤᠳᠠ ᠳᠤ ᠨᠡᠪᠳᠡᠷᠡᠵᠤ᠂ ᠵᠢᠯ ᠤᠨ ᠠᠶᠠᠨᠴᠢᠳ ᠢ ᠤᠷᠤᠭᠤᠯᠵᠤ ᠭᠠᠷᠭᠠᠬᠤ  ᠬᠡᠮᠵᠢᠶ᠎ᠡ 30 ᠲᠦᠮᠡᠨ ᠬᠦᠮᠦᠨ ᠤᠳᠠᠭ᠎ᠠ ᠶᠢ ᠳᠠᠪᠠᠪᠠ᠃      ᠭᠤᠷᠪᠠ ᠳᠤ ᠦᠬᠡᠷᠡᠴᠢᠯᠡᠯᠳᠡ ᠬᠢᠵᠤ ᠰᠢᠨ᠎ᠡ ᠶᠢ ᠡᠬᠦᠳᠬᠦ ᠶᠢ ᠳᠤᠪᠤᠶᠢᠯᠭᠠᠵᠤ ᠬᠦᠭᠵᠢᠯᠳᠡ ᠶᠢᠨ ᠠᠮᠢᠵᠢᠷᠡᠯ  ᠤᠨ ᠬᠦᠴᠦᠨ ᠢ ᠪᠦᠬᠦ ᠳᠠᠯ᠎ᠠ ᠪᠠᠷ ᠢᠯᠡᠷᠡᠬᠦᠯᠪᠡ᠃ ᠬᠠᠩᠭᠠᠯᠭ᠎ᠠ ᠶᠢᠨ ᠳᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠬᠡᠢ ᠲᠦᠯᠬᠢᠨ ᠠᠬᠢᠭᠤᠯᠪᠠ᠃ ᠪᠤᠯᠤᠳ ᠳᠡᠮᠤᠷ ᠤᠨ ᠢᠯᠡᠬᠦᠳᠡᠯ ᠦᠢᠯᠡᠳᠪᠦᠷᠢ ᠶᠢᠨ ᠴᠢᠳᠠᠪᠤᠷᠢ 170 ᠲᠦᠮᠡᠨ ᠳᠤᠨ ᠰᠢᠭᠰᠢᠳᠡᠬᠦᠯᠪᠡ᠃ ᠳᠠᠸᠠᠷ ᠤᠨ ᠬᠡᠷ ᠬᠠᠳᠠᠭᠠᠯᠠᠯᠳᠠ ᠠᠴᠠ 2.5 ᠲᠦᠮᠡᠨ ᠢᠵᠢ ᠬᠠᠰᠤᠵᠤ᠂ ᠬᠠᠰᠤᠯᠳᠠ ᠶᠢᠨ ᠦᠶᠡᠯᠡᠬᠦ ᠬᠤᠭᠤᠴᠠᠭ᠎ᠠ ᠶᠢ 24 ᠰᠠᠷ᠎ᠡ ᠪᠠᠶᠢᠭᠰᠡᠨ ᠠᠴᠠ 14 ᠰᠠᠷ᠎ᠡ ᠪᠤᠯᠳᠠᠯ᠎ᠠ ᠪᠤᠭᠤᠨᠢᠰᠬᠠᠵᠤ᠂ ᠬᠠᠳᠠᠭᠠᠯᠠᠯᠳᠠ ᠶᠢᠨ ᠬᠡᠮᠵᠢᠶ᠎ᠡ ᠶᠢ ᠵᠤᠬᠢᠰᠳᠡᠢ ᠤᠷᠤᠨ ᠵᠠᠢ ᠳᠤ ᠪᠠᠶᠢᠯᠭᠠᠪᠠ᠃ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠳᠠᠢ 49 ᠲᠦᠷᠦᠯ ᠤᠨ ᠰᠦᠢᠳᠬᠡᠯ  ᠢ ᠬᠦᠴᠦᠨ ᠦᠭᠡᠢ ᠪᠤᠯᠭᠠᠵᠤ᠂  ᠴᠠᠬᠢᠯᠭᠠᠨ ᠬᠦᠴᠦᠨ ᠤ ᠤᠯᠠᠨ ᠡᠳᠡᠬᠡᠳ ᠤᠨ ᠠᠷᠠᠯᠵᠢᠶ᠎ᠡ᠂ ︽ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠦᠷᠳᠡᠭ ᠤᠨ ᠭᠠᠶᠢᠯᠢ ᠪᠤᠯᠭᠠᠨ ᠦᠬᠡᠷᠡᠴᠢᠯᠡᠬᠦ︾ ᠵᠡᠷᠬᠡ ᠲᠦᠷᠦ ᠶᠢᠨ ᠪᠤᠳᠤᠯᠭ᠎ᠠ ᠤᠳ ᠢ ᠬᠡᠷᠡᠭᠵᠢᠬᠦᠯᠵᠤ᠂ ᠠᠵᠤ ᠠᠬᠤᠶᠢᠯᠠᠯ ᠤᠨ ᠬᠡᠷᠡᠭᠯᠡᠬᠡᠨ ᠤ ᠴᠠᠬᠢᠯᠭᠠᠨ ᠤ ᠦᠪᠡᠷ ᠤᠨ ᠦᠷᠳᠡᠭ ᠪᠠ ᠭᠠᠶᠢᠯᠢ ᠶᠢᠨ ᠰᠦᠢᠳᠬᠡᠯ ᠤᠨ ᠳᠠᠷᠤᠭᠠᠰᠤ 27.7 ᠳ᠋ᠦᠩᠰᠢᠭᠤᠷ ᠳᠦᠬᠦᠷᠢᠭ ᠪᠠᠭᠤᠷᠠᠪᠠ᠃ ᠵᠠᠰᠠᠭ ᠤᠨ ᠤᠷᠳᠤᠨ ᠤ ᠦᠷᠢ ᠰᠢᠷᠢ ᠶᠢᠨ ᠬᠠᠮᠢᠶᠠᠷᠤᠯᠳᠠ ᠶᠢ ᠪᠦᠬᠦ ᠳᠠᠯ᠎ᠠ  ᠪᠠᠷ ᠲᠦᠷᠢᠮᠵᠢᠬᠦᠯᠵᠤ᠂ ᠡᠳ᠋ ᠤᠨ ᠵᠠᠰᠠᠭ ᠮᠦᠩᠭᠦᠨ ᠬᠦᠢᠯᠬᠡᠬᠡᠨ ᠤ ᠬᠡᠨᠡᠨ ᠲᠦᠭᠰᠢᠬᠦᠷᠢ ᠶᠢ ᠰᠡᠷᠬᠡᠶᠢᠯᠡᠵᠤ᠂ ᠦᠷᠢ ᠰᠢᠷᠢ ᠶᠢ ᠰᠢᠨ᠎ᠡ ᠪᠠᠷ ᠨᠡᠮᠡᠭᠳᠡᠬᠦᠯᠬᠦ ᠪᠤᠯᠤᠮᠵᠢ ᠲᠠᠢ ᠨᠢᠬᠡ ᠪᠦᠯᠦᠭ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ  ᠶᠢ ᠵᠤᠭᠰᠤᠭᠠᠵᠤ᠂ ᠪᠦᠲᠦᠭᠡᠨ ᠪᠠᠶᠢᠭᠤᠯᠬᠤ ᠶᠢ ᠨᠢ ᠤᠳᠠᠭᠠᠰᠢᠷᠠᠭᠤᠯᠪᠠ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ  ᠶᠢᠨ ᠦᠬᠡᠷᠡᠴᠢᠯᠡᠯᠳᠡ ᠳᠡᠭᠡᠨ ᠰᠢᠪᠳᠤᠯᠤᠯᠳᠠ ᠲᠠᠢ ᠪᠤᠯᠪᠠ᠃ ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠤᠩᠭᠤᠯ  ᠳᠤ ᠤᠷᠢᠳᠡᠪᠡᠷ ᠬᠡᠷᠡᠭᠵᠢᠬᠦᠯᠵᠤ ᠤᠷᠢᠳᠡᠪᠡᠷ ᠳᠤᠷᠰᠢᠬᠤ ᠪᠠᠷ ᠱᠠᠭᠠᠷᠳᠠᠭᠰᠠᠨ ᠭᠤᠷᠪᠠᠨ ᠵᠦᠢᠯ ᠤᠨ ᠦᠬᠡᠷᠡᠴᠢᠯᠡᠯᠳᠡ ᠬᠦᠨᠵᠡᠬᠡᠢ ᠠᠬᠢᠵᠢᠪᠠ᠃ 81% ᠶᠢᠨ ᠳᠤᠯᠤᠭᠠᠶᠢᠯᠠᠭᠴᠢ ᠠᠵᠤ ᠠᠬᠤᠶᠢᠯᠠᠯ ᠮᠠᠯᠴᠢᠨ ᠳᠠᠷᠢᠶᠠᠴᠢᠨ  ᠲᠠᠢ ᠠᠰᠢᠭ ᠳᠤᠰᠠ ᠪᠠᠷ ᠬᠤᠯᠪᠤᠯᠳᠤᠭᠰᠠᠨ ᠳᠤᠭᠳᠠᠴᠠ ᠶᠢ ᠪᠠᠶᠢᠭᠤᠯᠵᠤ᠂ 40 ᠲᠦᠮᠡᠨ ᠳᠠᠷᠢᠶᠠᠴᠢᠨ ᠮᠠᠯᠴᠢᠨ ᠡᠷᠦᠬᠡ ᠠᠵᠤ ᠦᠢᠯᠡᠰᠵᠢᠯᠳᠡ ᠶᠢᠨ ᠡᠵᠡᠩᠨᠡᠯᠳᠡ ᠶᠢᠨ ᠬᠡᠯᠬᠢᠶ᠎ᠡ ᠳᠤ ᠤᠷᠤᠭᠰᠠᠨ ᠪᠠᠶᠢᠨ᠎ᠠ᠃ ᠠᠮᠢ ᠠᠬᠤᠢ ᠶᠢᠨ ᠰᠤᠶᠤᠯ ᠤᠨ ᠪᠠᠶᠢᠭᠤᠯᠤᠯ ᠤᠨ ᠦᠬᠡᠷᠡᠴᠢᠯᠡᠯᠳᠡ ᠳᠡᠭᠡᠨ ᠢᠳᠡᠪᠬᠢ ᠦᠷ᠎ᠡ ᠪᠦᠲᠦᠮᠵᠢ ᠲᠠᠢ ᠪᠤᠯᠵᠤ᠂ ︽ᠤᠰᠤᠨ ᠤ ᠡᠬᠢ ᠪᠠᠶᠠᠯᠢᠭ ᠤᠨ ᠬᠠᠮᠠᠭᠠᠯᠠᠯᠳᠠ ᠶᠢᠨ ᠲᠦᠷᠢᠮ︾ ᠨᠡᠶᠢᠳᠡᠯᠡᠨ ᠬᠡᠷᠡᠭᠵᠢᠬᠦᠯᠦᠭᠳᠡᠵᠤ᠂ ︽ᠭᠤᠤᠯ  ᠤᠨ ᠳᠠᠷᠤᠭ᠎ᠠ  ᠶᠢᠨ ᠲᠦᠷᠢᠮ︾ ᠪᠦᠬᠦ ᠳᠠᠯ᠎ᠠ ᠪᠠᠷ ᠪᠠᠶᠢᠭᠤᠯᠤᠭᠳᠠᠵᠤ᠂ ᠨᠤᠳᠤᠭ ᠪᠡᠯᠴᠢᠬᠡᠷ ᠤᠨ ᠡᠷᠬᠡ ᠶᠢᠨ ᠳᠤᠭᠳᠠᠭᠠᠯᠳᠠ ᠶᠢ ᠦᠨᠳᠦᠰᠦᠨ ᠳᠡᠭᠡᠨ ᠪᠡᠶᠡᠯᠡᠬᠦᠯᠪᠡ᠃ ᠤᠷᠤᠰ ᠮᠤᠩᠭᠤᠯ ᠯᠤᠭ᠎ᠠ ᠶᠢᠨ ᠬᠠᠮᠳᠤᠷᠠᠯᠴᠠᠭᠠᠨ ᠤ ᠳᠤᠭᠳᠠᠴᠠ ᠳᠠᠰᠤᠷᠠᠯᠳᠠ ᠦᠭᠡᠢ ᠬᠦᠨᠵᠡᠬᠡᠶᠢᠷᠡᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠳᠤ ᠳᠡᠷᠬᠡᠨ ᠤ ᠠᠴᠢᠶ᠎ᠠ ᠦᠩᠭᠡᠷᠡᠬᠡᠬᠦ ᠨᠤᠷᠮ᠎ᠡ 5.3 ᠲᠦᠮᠡᠨ ᠳᠤᠨ ᠳᠤ ᠬᠦᠷᠴᠦ᠂ ᠭᠠᠷᠴᠦ ᠶᠠᠪᠤᠬᠤ ᠳᠡᠷᠬᠡ᠂ ᠡᠳᠦᠷ ᠳᠤᠳᠤᠮ ᠤᠨ ᠬᠡᠷᠡᠭᠰᠡᠯ ᠪᠠ ᠪᠤᠴᠠᠵᠤ ᠢᠷᠡᠬᠦ ᠮᠤᠳᠤᠨ ᠮᠠᠲ᠋ᠧᠷᠢᠶᠠᠯ ᠵᠡᠷᠬᠡ ᠳᠠᠸᠠᠷ ᠤᠨ ᠬᠤᠤᠰ ᠴᠢᠭᠯᠡᠯ ᠤᠨ ᠬᠦᠢᠯᠬᠡᠬᠡ ᠶᠢ ᠪᠡᠶᠡᠯᠡᠬᠦᠯᠪᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢᠨ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠵᠤ᠂ ᠬᠤᠳᠠ  ᠶᠢᠨ ᠳᠤᠰ ᠱᠠᠲᠤᠨ ᠤ ︽ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ︾ ᠪᠦᠬᠦᠨ ᠢ ᠢᠯᠡ ᠪᠤᠯᠭᠠᠵᠤ᠂ ᠬᠢᠨᠠᠨ ᠵᠦᠪᠰᠢᠶᠡᠷᠡᠯ ᠤᠨ ᠭᠤᠭᠴᠤᠭ᠎ᠠ ᠶᠢ 27% ᠪᠠᠷ ᠪᠠᠭᠠᠰᠬᠠᠪᠠ᠃ ᠤᠷᠤᠨ ᠳᠤᠭᠤᠷᠢᠭ ᠤᠨ ᠶᠡᠷᠦᠩᠭᠡᠶᠢᠯᠡᠭᠰᠡᠨ ᠦᠨᠡᠯᠡᠯᠳᠡ ᠦᠨᠡᠯᠡᠨ ᠵᠢᠱᠢᠯᠳᠠ ᠪᠠ ᠬᠠᠮᠳᠤᠷᠠᠵᠤ ᠵᠢᠷᠤᠭ ᠬᠢᠨᠠᠬᠤ᠂ ᠬᠠᠮᠳᠤᠷᠠᠵᠤ ᠰᠢᠯᠭᠠᠨ ᠬᠤᠷᠢᠶᠠᠬᠤ ᠶᠢ ᠬᠡᠷᠡᠭᠵᠢᠬᠦᠯᠵᠤ᠂ ᠳᠤᠮᠤ ᠴᠢᠬᠤᠯᠠ ᠲᠦᠷᠦᠯ ᠵᠦᠢᠯ ᠢ ᠨᠤᠳᠤᠭᠰᠢᠯᠠᠭᠤᠯᠬᠤ ᠳᠤ ︽ᠰᠢᠭᠤᠳ ᠨᠡᠪᠳᠡᠷᠡᠯᠬᠡ︾ ᠭᠠᠷᠭᠠᠭᠰᠠᠨ ᠪᠠᠶᠢᠨ᠎ᠠ᠃ ︽ᠤᠯᠠᠨ ᠦᠨᠡᠮᠯᠡᠯ ᠢ ᠨᠢᠬᠡ ᠪᠤᠯᠭᠠᠬᠤ︾ ᠳᠠᠩᠰᠠᠯᠠᠯᠳᠠ ᠶᠢᠨ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠢ ᠶᠠᠪᠤᠭᠳᠠᠭᠤᠯᠵᠤ᠂ ᠡᠯ᠎ᠡ ᠲᠦᠷᠦᠯ ᠤᠨ ᠵᠠᠬ᠎ᠠ ᠳᠡᠯᠬᠡᠬᠦᠷ ᠤᠨ ᠭᠤᠤᠯ ᠴᠤᠭᠴᠠ ᠳᠤ 2.3 ᠲᠦᠮᠡᠨ ᠡᠷᠦᠬᠡ ᠰᠢᠨ᠎ᠡ ᠪᠠᠷ ᠨᠡᠮᠡᠭᠳᠡᠬᠦᠯᠵᠤ᠂ ᠳᠤᠮᠳᠠᠴᠢ ᠪᠠᠷ ᠠᠵᠢᠯᠯᠠᠬᠤ ᠡᠳᠦᠷ ᠪᠦᠷᠢ ᠳᠤ 90 ᠭᠠᠷᠤᠢ ᠡᠷᠦᠬᠡ ᠳᠠᠩᠰᠠᠯᠠᠭᠤᠯᠪᠠ᠃ ᠪᠡᠯᠡ ᠤᠷᠤᠭᠤᠯᠤᠯᠳᠠ ᠶᠢᠨ ᠪᠠᠶᠢᠭᠤᠯᠤᠮᠵᠢ ᠳᠤᠭᠳᠠᠴᠠ ᠶᠢᠨ ᠰᠢᠨ᠎ᠡ ᠶᠢ ᠡᠬᠦᠳᠴᠦ᠂ ᠳᠤᠯᠤᠳᠤᠭᠠᠷ ᠰᠤᠮᠤ ᠶᠢᠨ ᠡᠳ᠋ ᠪᠠᠷᠠᠭᠠᠨ ᠤ ᠬᠦᠢᠯᠬᠡᠬᠡᠨ ᠤ ᠰᠠᠭᠤᠷᠢᠨ ᠵᠡᠷᠬᠡ ᠨᠢᠬᠡ ᠪᠦᠯᠦᠭ PPP ᠶᠢᠨ ᠲᠦᠷᠦᠯ ᠵᠦᠢᠯ ᠢ ᠡᠬᠢᠯᠡᠨ ᠶᠠᠪᠤᠭᠳᠠᠭᠤᠯᠪᠠ᠃ ᠨᠡᠬᠡᠬᠡᠯᠳᠡ ᠬᠠᠮᠳᠤᠷᠠᠯᠴᠠᠭᠠᠨ ᠤ ᠬᠢᠷᠢ ᠲᠦᠪᠰᠢᠨ ᠮᠡᠳᠡᠭᠳᠡᠬᠦᠶᠢᠴᠡ ᠳᠡᠭᠡᠭᠰᠢᠯᠡᠪᠡ᠃ ᠳᠦᠷᠪᠡᠳᠦᠬᠡᠷ ᠬᠤᠭᠤᠴᠠᠭᠠᠨ ᠤ ᠤᠯᠠᠭᠠᠨᠴᠠᠪ ᠳ᠋ᠠᠲ᠋ᠦ᠋ᠩ ᠴᠢᠭᠤᠯᠤᠯᠳᠤ ᠬᠠᠭᠠᠯᠭ᠎ᠠ ᠶᠢᠨ ᠬᠠᠮᠳᠤᠷᠠᠯᠴᠠᠭᠠᠨ ᠤ ᠬᠤᠯᠪᠤᠭᠠᠳᠤ ᠬᠤᠷᠠᠯ ᠢ ᠠᠮᠵᠢᠯᠳᠡ ᠲᠠᠢ ᠡᠷᠬᠢᠯᠡᠵᠤ᠂ ᠡᠯ᠎ᠡ ᠬᠦᠷᠢᠶ᠎ᠡ ᠴᠠᠷᠠᠭ᠎ᠠ ᠳᠠᠬᠢ ᠬᠠᠮᠳᠤᠷᠠᠯᠴᠠᠭ᠎ᠠ ᠳᠠᠰᠤᠷᠠᠯᠳᠠ ᠦᠭᠡᠢ ᠬᠦᠨᠵᠡᠬᠡᠶᠢᠷᠡᠪᠡ᠃ ᠪᠡᠬᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠬᠠᠪᠰᠤᠷᠤᠨ ᠳᠡᠮᠵᠢᠬᠦ ᠲᠦᠷᠦᠯ ᠵᠦᠢᠯ 109 ᠶᠢ ᠶᠠᠪᠤᠭᠳᠠᠭᠤᠯᠵᠤ᠂ 43 ᠡᠷᠦᠬᠡ IPO ᠳᠤ ᠮᠦᠷᠦᠯᠡᠵᠤ ᠰᠲ᠋ᠤᠺ  ᠢᠶᠠᠨ ᠵᠠᠬ᠎ᠠ ᠳᠡᠯᠬᠡᠬᠦᠷ ᠲᠤ ᠭᠠᠷᠭᠠᠬᠤ ᠠᠵᠤ ᠠᠬᠤᠶᠢᠯᠠᠯ ᠮᠠᠨ ᠤ ᠬᠤᠳᠠ ᠳᠤ ᠳᠠᠩᠰᠠᠯᠠᠭᠤᠯᠪᠠ᠃ ᠭᠠᠳᠠᠭᠠᠳᠤ ᠠᠷᠠᠯᠵᠢᠶᠠᠨ ᠤ ᠭᠠᠷᠭᠠᠯᠳᠠ ᠤᠷᠤᠭᠤᠯᠤᠯᠳᠠ ᠶᠢᠨ ᠳᠠᠩᠰᠠᠯᠠᠭᠤᠯᠤᠭᠰᠠᠨ ᠠᠵᠤ ᠠᠬᠤᠶᠢᠯᠠᠯ 64 ᠰᠢᠨ᠎ᠡ ᠪᠠᠷ ᠨᠡᠮᠡᠭᠳᠡᠵᠤ᠂ 375 ᠳᠤ ᠬᠦᠷᠪᠡ᠃ ᠭᠠᠳᠠᠭᠠᠳᠤ ᠠᠷᠠᠯᠵᠢᠶᠠᠨ ᠤ ᠤᠷᠤᠭᠤᠯᠤᠯᠳᠠ ᠭᠠᠷᠭᠠᠯᠳᠠ ᠶᠢᠨ ᠶᠡᠷᠦᠩᠭᠡᠢ ᠳᠤᠭ᠎ᠠ 2.5 ᠳ᠋ᠦᠩᠰᠢᠭᠤᠷ ᠳ᠋ᠤᠯᠯᠠᠷ ᠲᠤ ᠬᠦᠷᠴᠦ᠂ ᠨᠡᠮᠡᠭᠳᠡᠯ ᠤᠨ ᠬᠤᠷᠳᠤᠴᠠ ᠪᠦᠬᠦ ᠤᠷᠤᠨ ᠤ ᠨᠢᠬᠡᠳᠦᠬᠡᠷ ᠲᠤ ᠤᠷᠤᠪᠠ᠃      ᠳᠦᠷᠪᠡ ᠳᠤ᠂ ᠬᠠᠮᠳᠤᠪᠡᠷ ᠪᠠᠶᠢᠭᠤᠯᠵᠤ ᠬᠠᠮᠳᠤᠪᠡᠷ ᠡᠳ᠋ᠯᠡᠬᠦ ᠶᠢ ᠳᠤᠪᠤᠶᠢᠯᠭᠠᠵᠤ᠂ ᠠᠷᠠᠳ ᠤᠨ ᠠᠮᠢᠳᠤᠷᠠᠯ  ᠤᠨ ᠬᠢᠷᠢ ᠲᠦᠪᠰᠢᠨ ᠢ ᠦᠨᠡᠨᠬᠦ ᠰᠠᠶᠢᠵᠢᠷᠠᠭᠤᠯᠪᠡ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ  ᠳᠠᠭᠠᠨ ᠱᠠᠲᠤᠴᠢ ᠴᠢᠨᠠᠷᠳᠠᠢ ᠦᠷ᠎ᠡ ᠪᠦᠲᠦᠮᠵᠢ ᠤᠯᠪᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠡᠷᠴᠢᠮ ᠢᠶᠠᠨ ᠴᠢᠩᠭᠠᠷᠠᠭᠤᠯᠬᠤ 10 ᠵᠦᠢᠯ ᠤᠨ ᠠᠷᠭ᠎ᠠ ᠠᠪᠴᠠᠯ ᠭᠠᠷᠭᠠᠵᠤ᠂ 4.7 ᠲᠦᠮᠡᠨ ᠶᠠᠳᠠᠭᠤ ᠬᠦᠴᠢᠷᠳᠡᠯ  ᠲᠠᠢ ᠡᠷᠦᠬᠡ ᠶᠢᠨ ᠶᠠᠳᠠᠭᠤ ᠠᠴᠠ ᠠᠩᠭᠢᠵᠢᠷᠠᠭᠤᠯᠬᠤ ᠶᠢ ᠨᠢ ᠪᠡᠶᠡᠯᠡᠬᠦᠯᠪᠡ᠃ ᠪᠦᠬᠦ ᠤᠷᠤᠨ ᠳᠤ ︽ᠤᠳᠠᠭᠠᠨ ᠴᠢᠨᠠᠷᠳᠠᠢ ᠡᠪᠡᠳᠴᠢᠨ ᠳᠤ ᠡᠮ ᠬᠦᠷᠬᠡᠬᠦ᠂ ᠬᠦᠨᠳᠦ ᠡᠪᠡᠳᠴᠢᠨ  ᠢ ᠪᠠᠶᠢᠳᠠᠭ ᠢᠶᠠᠷ ᠢᠶᠠᠨ ᠳᠡᠳᠬᠦᠬᠦ᠂ ᠦᠷᠳᠡᠭᠡᠴᠢᠯᠡᠭᠰᠡᠨ ᠮᠠᠶ᠋ᠢᠭ ᠤᠨ ᠴᠢᠨᠠᠷᠳᠠᠢ ᠦᠢᠯᠡᠴᠢᠯᠡᠭᠡ︾ ᠶᠢᠨ ᠡᠷᠡᠬᠦᠯ ᠴᠢᠬᠢᠷᠠᠭ ᠢᠶᠠᠷ ᠶᠠᠳᠠᠭᠤ ᠶᠢ ᠳᠡᠳᠬᠦᠬᠦ ᠵᠠᠭᠪᠤᠷ ᠢ ᠤᠷᠢᠳᠡᠪᠡᠷ ᠬᠡᠷᠡᠭᠵᠢᠬᠦᠯᠵᠤ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠨᠳᠦ ᠡᠪᠡᠳᠴᠢᠨ ᠢᠶᠠᠷ ᠡᠮᠨᠡᠯᠬᠡ ᠳᠤ ᠰᠠᠭᠤᠬᠤ ᠪᠠ ᠤᠳᠠᠭᠠᠨ ᠴᠢᠨᠠᠷᠳᠠᠢ ᠡᠪᠡᠳᠴᠢᠳᠠᠨ ᠳᠤ ᠡᠮ ᠬᠦᠷᠬᠡᠬᠦ ᠶᠢᠨ ᠳᠠᠩᠰᠠ ᠴᠠᠶᠢᠷᠠᠭᠤᠯᠬᠤ ᠬᠠᠷᠢᠴᠠᠯ ᠢ 92% ᠪᠠᠷ ᠬᠡᠳᠦᠷᠡᠬᠦᠯᠪᠡ᠃ 30 ᠡᠷᠦᠬᠡ ᠠᠴᠠ ᠳᠤᠷᠤᠭᠰᠢ ᠪᠠᠭ᠎ᠠ ᠳᠤᠰᠬᠤᠨ ᠢ ᠨᠡᠶᠢᠳᠡ 1162  ᠶᠢ ᠬᠠᠰᠤᠵᠤ ᠨᠡᠶᠢᠯᠡᠬᠦᠯᠦᠨ᠂ ᠨᠡᠬᠦᠳᠡᠯ ᠠᠷᠠᠳ ᠤᠨ ᠲᠦᠪᠬᠢᠨᠡᠬᠦᠯᠬᠡ ᠶᠢᠨ ᠤᠷᠤᠨ ᠰᠠᠭᠤᠴᠠ 3.3 ᠲᠦᠮᠡ ᠢᠵᠢ ᠪᠠᠷᠢᠯᠭ᠎ᠠ ᠶᠢ ᠨᠢ ᠡᠬᠢᠯᠡᠬᠦᠯᠦᠨ ᠪᠦᠲᠦᠭᠡᠨ ᠪᠠᠶᠢᠭᠤᠯᠪᠠ᠃ ᠵᠠᠰᠠᠭ ᠤᠨ ᠤᠷᠳᠤᠨ ᠮᠦᠩᠭᠦᠨ ᠬᠦᠢᠯᠬᠡᠬᠡ ᠳᠠᠭᠠᠳᠬᠠᠯ᠂ ᠳᠤᠪᠶᠤᠭ ᠤᠨ ᠮᠠᠶ᠋ᠢᠭ ᠢᠶᠠᠷ ᠶᠠᠳᠠᠭᠤ ᠶᠢ ᠳᠡᠳᠬᠦᠬᠦ᠂ ᠬᠤᠪᠢ ᠤᠷᠤᠭᠤᠯᠪᠠᠯ ᠠᠰᠢᠭ ᠬᠤᠪᠢᠶᠠᠬᠤ᠂ ᠨᠡᠶᠢᠳᠡ ᠶᠢᠨ ᠠᠰᠠᠷᠠᠮᠵᠢᠳᠤ ᠤᠯᠠᠭᠠᠨᠴᠠᠪ ᠪᠠ ᠶᠠᠳᠠᠭᠤ ᠠᠴᠠ ᠠᠩᠭᠢᠵᠢᠷᠠᠭᠤᠯᠬᠤ ᠦᠢᠯᠡᠳᠪᠦᠷᠢ ᠶᠢᠨ ᠳᠠᠰᠤᠯᠭ᠎ᠠ ᠵᠡᠷᠬᠡ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠵᠠᠭᠪᠤᠷ ᠢ ᠳᠡᠯᠬᠡᠷᠡᠬᠦᠯᠵᠤ᠂ ᠶᠠᠳᠠᠭᠤ ᠬᠦᠴᠢᠷᠳᠡᠯᠳᠡᠢ ᠡᠷᠦᠬᠡ ᠶᠢ ᠳᠠᠶᠢᠴᠢᠯᠠᠵᠤ᠂ ᠤᠷᠤᠯᠭ᠎ᠠ ᠶᠢ ᠨᠢ ᠳᠤᠭᠳᠠᠭᠤᠨ ᠢᠶᠠᠷ ᠨᠡᠮᠡᠭᠳᠡᠬᠦᠯᠪᠡ᠃ ︽ᠬᠤᠶᠠᠷ ᠢ ᠴᠤᠭᠴᠠᠯᠠᠬᠤ︾ ᠰᠢᠨ᠎ᠡ ᠬᠦᠳᠡᠯᠬᠡᠬᠦᠷ ᠤᠨ ᠦᠢᠯᠡᠳᠦᠯ ᠳᠤᠪᠤᠶᠢᠪᠠ᠃ ᠰᠢᠨᠬᠤᠸᠠ ᠰᠦᠯᠵᠢᠶ᠎ᠡ ᠲᠠᠢ ᠬᠠᠮᠳᠤᠷᠠᠨ ᠴᠤᠭᠴᠠᠯᠠᠭᠰᠠᠨ ᠳᠤᠮᠳᠠᠳᠤ ᠤᠯᠤᠰ ᠤᠨ ᠠᠳᠠᠯ ᠪᠤᠰᠬᠠᠯᠳᠠ ᠰᠢᠨ᠎ᠡ ᠡᠬᠦᠳᠦᠯᠳᠡ ᠶᠢᠨ ᠦᠵᠡᠰᠬᠦᠯᠡᠩ ᠮᠠᠨ ᠤ ᠬᠤᠳᠠ ᠳᠤ ᠦᠨᠢ ᠡᠬᠦᠷᠢᠳᠡ ᠨᠤᠳᠤᠭᠰᠢᠪᠡ᠃ ᠤᠯᠤᠰ  ᠤᠨ ᠳᠡᠰ ᠤᠨ ᠤᠯᠠᠨ ᠢᠶᠠᠷ ᠢᠶᠠᠨ ᠡᠬᠦᠳᠬᠦ ᠤᠷᠤᠨ ᠵᠠᠢ 3 ᠶᠢ ᠪᠠᠶᠢᠭᠤᠯᠵᠤ᠂ ᠵᠢᠨᠢᠩ ᠳᠤᠭᠤᠷᠢᠭ ᠨᠢ ᠤᠯᠤᠰ ᠤᠨ ᠳᠡᠰ ᠤᠨ ᠨᠤᠳᠤᠭ ᠲᠤ ᠪᠠᠨ ᠪᠤᠴᠠᠵᠤ ᠦᠢᠯᠡᠰ ᠪᠤᠰᠬᠠᠬᠤ ᠳᠤᠷᠰᠢᠯᠳᠡ ᠶᠢᠨ ᠴᠡᠭ ᠤᠨ ᠭᠠᠵᠠᠷ ᠤᠷᠤᠨ ᠢᠶᠠᠷ ᠰᠤᠩᠭᠤᠭᠳᠠᠪᠠ᠃ ᠰᠢᠨᠵᠢᠯᠡᠭᠡ ᠮᠡᠷᠭᠡᠵᠢᠯ ᠢᠶᠠᠷ ᠰᠢᠨ᠎ᠡ ᠶᠢ ᠡᠬᠦᠳᠬᠦ ᠴᠢᠳᠠᠪᠤᠷᠢ ᠢᠯᠡᠳᠳᠡ ᠨᠡᠮᠡᠭᠳᠡᠵᠤ᠂ ︽ᠨᠢᠬᠡ ᠬᠦᠷᠢᠶᠡᠯᠡᠩ ᠬᠤᠶᠠᠷ ᠳᠡᠭᠡᠳᠦ ᠰᠤᠷᠭᠠᠭᠤᠯᠢ ᠳᠠᠪᠤᠨ ᠦᠷᠳᠡᠭᠡ ᠠᠷᠪᠠᠨ ᠲᠦᠷᠪᠡᠨ ᠲᠦᠪ︾ ᠢ ᠪᠠᠶᠢᠭᠤᠯᠵᠤ᠂ ᠢᠳᠡᠰᠢᠨ ᠨᠤᠭᠤᠭᠠᠨ ᠤ ᠲᠦᠷᠦᠯ ᠤᠨ ᠡᠵᠡᠨ ᠮᠡᠳᠡᠬᠦ ᠮᠡᠳᠡᠯᠬᠡ ᠶᠢᠨ ᠦᠮᠴᠢᠯᠡᠬᠦ ᠡᠷᠬᠡ ᠶᠢᠨ ᠰᠢᠨ᠎ᠡ ᠡᠬᠦᠳᠦᠯᠳᠡ ᠲᠡᠭ ᠢ ᠰᠢᠪᠳᠤᠯᠪᠠ᠃ ᠤᠮᠠᠷᠠᠳᠤ ᠤᠷᠤᠨ ᠤ ᠳᠤᠮᠤ ᠳ᠋ᠠᠶᠢᠲ᠋ᠠ ᠶᠢᠨ ᠳᠡᠭᠡᠳᠦ ᠰᠤᠷᠭᠠᠭᠤᠯᠢ ᠶᠢ ᠴᠤᠭᠴᠠᠯᠠᠨ ᠪᠠᠶᠢᠭᠤᠯᠵᠤ᠂ ᠠᠵᠢᠯ ᠤᠯᠭᠤᠯᠳᠠ ᠶᠢᠨ ᠪᠠᠲᠤᠯᠠᠪᠤᠷᠢ ᠪᠠ ᠠᠵᠤ ᠦᠢᠯᠡᠰ ᠤᠨ ᠳᠡᠮᠵᠢᠯᠬᠡ ᠶᠢᠨ ᠬᠠᠷᠢᠯᠴᠠᠨ ᠠᠬᠢᠭᠤᠯᠤᠯᠳᠠ ᠬᠠᠷᠢᠯᠴᠠᠨ ᠬᠦᠳᠡᠯᠦᠯᠴᠡᠭᠡ ᠶᠢ ᠪᠡᠶᠡᠯᠡᠬᠦᠯᠪᠡ᠃ ᠨᠡᠶᠢᠬᠡᠮ ᠤᠨ ᠪᠠᠲᠤᠯᠠᠭ᠎ᠠ ᠶᠢᠨ ᠳᠤᠭᠳᠠᠯᠴᠠᠭ᠎ᠠ ᠶᠢ ᠶᠠᠪᠤᠬᠤ ᠳᠤᠳᠤᠮ ᠳᠡᠬᠦᠯᠳᠡᠷᠵᠢᠬᠦᠯᠪᠡ᠂ ᠨᠡᠶᠢᠬᠡᠮ ᠤᠨ ᠨᠠᠰᠤᠵᠢᠯ ᠤᠨ ᠳᠠᠭᠠᠳᠬᠠᠯ ᠤᠨ ᠲᠦᠷᠢᠮ ᠤᠨ ᠦᠪᠴᠢ ᠪᠦᠷᠬᠦᠬᠦᠯᠳᠡ ᠶᠢ ᠪᠡᠶᠡᠯᠡᠬᠦᠯᠵᠤ᠂ ᠠᠵᠢᠯᠳᠠᠨ ᠪᠠ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠷᠳᠡᠬᠡᠮᠵᠢ ᠶᠢ ᠰᠠᠷ᠎ᠡ ᠪᠦᠷᠢ ᠳᠤᠰᠪᠤᠷᠢ 127 ᠳᠦᠬᠦᠷᠢᠭ ᠪᠠ 20 ᠳᠦᠬᠦᠷᠢᠭ ᠳᠡᠭᠡᠭᠰᠢᠯᠡᠬᠦᠯᠪᠡ᠃ ᠬᠤᠳᠠ ᠪᠠᠯᠭᠠᠰᠤᠨ ᠤ ᠠᠵᠢᠯᠳᠠᠨ ᠪᠠ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮᠨᠡᠯᠬᠡ ᠶᠢᠨ ᠳᠠᠭᠠᠳᠬᠠᠯ ᠤᠨ ᠲᠦᠷᠦ ᠶᠢᠨ ᠪᠤᠳᠤᠯᠭ᠎ᠠ ᠶᠢᠨ ᠬᠡᠪᠴᠢᠶᠡᠨ ᠳᠠᠬᠢ ᠳᠠᠩᠰᠠ ᠴᠠᠶᠢᠷᠠᠭᠤᠯᠬᠤ ᠬᠠᠷᠢᠴᠠᠯ ᠢ ᠵᠠᠭᠤᠨ ᠤ 10 ᠪᠠᠷ ᠳᠡᠭᠡᠭᠰᠢᠯᠡᠬᠦᠯᠵᠤ᠂ ᠳᠤᠰᠪᠤᠷᠢ 90% ᠪᠠ 80% ᠳᠤ ᠬᠦᠷᠪᠡ᠃ ᠬᠤᠳᠠ ᠬᠦᠳᠡᠭᠡ ᠶᠢᠨ ᠳᠤᠤᠷ᠎ᠡ ᠪᠠᠲᠤᠯᠠᠭᠠᠳᠤ ᠡᠷᠦᠬᠡ᠂ ᠤᠨᠴᠠ ᠬᠦᠴᠢᠷᠳᠡᠯᠳᠡᠢ ᠬᠦᠮᠦᠰ ᠤᠨ ᠠᠰᠠᠷᠠᠯᠳᠠ᠂ ᠬᠦᠴᠢᠷᠳᠡᠯᠳᠡᠢ ᠬᠡᠤᠬᠡᠳ ᠢ ᠠᠪᠤᠷᠠᠨ ᠳᠤᠰᠠᠯᠠᠬᠤ ᠪᠠᠷᠢᠮᠵᠢᠶ᠎ᠠ ᠶᠢ ᠤᠯᠠᠮ ᠴᠢᠨᠠᠭᠰᠢᠳᠡ ᠳᠡᠭᠡᠭᠰᠢᠯᠡᠬᠦᠯᠪᠡ᠃ ᠨᠡᠶᠢᠬᠡᠮ ᠤᠨ ᠠᠵᠢᠯ ᠦᠢᠯᠡᠰ ᠦᠷᠬᠦᠯᠵᠢᠯᠡᠨ ᠮᠠᠰᠢ ᠲᠦᠷᠬᠡᠨ ᠢᠶᠠᠷ ᠬᠦᠭᠵᠢᠪᠡ᠃ ᠰᠤᠷᠬᠤ ᠨᠠᠰᠤᠨ ᠠᠴᠠ ᠡᠮᠦᠨᠡᠬᠢ 3 ᠵᠢᠯ ᠤᠨ ᠰᠤᠷᠭᠠᠨ ᠬᠦᠮᠦᠵᠢᠯ ᠤᠨ ᠴᠡᠴᠡᠷᠯᠢᠭ ᠲᠤ ᠤᠷᠤᠬᠤ ᠪᠤᠷᠤ ᠨᠤᠷᠮ᠎ᠡ 95% ᠠᠴᠠ ᠳᠡᠭᠡᠭᠰᠢ ᠳᠤ ᠬᠦᠷᠪᠡ᠃ 11 ᠬᠤᠰᠢᠭᠤ ᠰᠢᠶᠠᠨ ᠬᠤᠳᠠ ᠳᠤᠭᠤᠷᠢᠭ ᠪᠦᠬᠦᠨ ᠢᠶᠠᠷ ᠢᠶᠠᠨ ᠤᠯᠤᠰ  ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠳᠡᠩᠴᠡᠬᠦᠷᠢᠳᠡᠢ ᠬᠦᠭᠵᠢᠯᠳᠡ ᠶᠢᠨ ᠬᠢᠨᠠᠨ ᠰᠢᠯᠭᠠᠯᠳᠠ ᠶᠢ ᠳᠡᠮᠵᠢᠵᠤ᠂ ᠪᠠᠲᠤᠳᠬᠠᠭᠰᠠᠨ ᠨᠤᠷᠮ᠎ᠡ 98% ᠠᠴᠠ ᠳᠡᠭᠡᠭᠰᠢ ᠳᠤ ᠬᠦᠷᠪᠡ᠃ ᠰᠤᠶᠤᠯ ᠤᠨ ᠦᠢᠯᠡᠰ ᠦᠷᠨᠢᠬᠦᠨ  ᠢᠶᠠᠷ ᠬᠦᠭᠵᠢᠵᠤ᠂ ︽ᠤᠯᠠᠭᠠᠨᠬᠦᠤ︾ ᠰᠢᠷᠢᠰ ᠵᠦᠴᠦᠬᠡ — ︽ᠤᠨᠠᠭᠰᠠᠨ ᠰᠢᠷᠤᠢ — ᠵᠢᠷᠤᠭ ᠰᠡᠬᠦᠳᠡᠷ ᠳᠠᠬᠢ ᠨᠠᠨᠳᠢᠨ ᠰᠠᠭᠤᠭᠳᠠᠯ︾ ᠤᠨ ᠠᠩᠬᠠᠨ ᠤ ᠦᠵᠡᠬᠦᠯᠦᠯᠬᠡ ᠪᠡᠬᠡᠵᠢᠩ ᠳᠤ ᠶᠠᠪᠤᠭᠳᠠᠵᠤ᠂ ︽ᠵᠢᠷᠦᠮᠳᠦ ᠳᠠᠶᠢᠴᠢᠨ ᠴᠠᠬᠠᠷ ︾ ︽ᠮᠠᠨᠳᠤᠬᠠᠢ ᠰᠠᠴᠡᠨ︾ ᠵᠡᠷᠬᠡ ᠤᠯᠠᠨ ᠰᠤᠩᠭᠤᠳᠠᠭ ᠪᠦᠲᠦᠬᠡᠯ ᠤᠳ ᠦᠷᠭᠡᠨ ᠢᠶᠠᠷ ᠮᠠᠭᠳᠠᠨ ᠰᠠᠶᠢᠰᠢᠶᠠᠭᠳᠠᠪᠠ᠃ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠤᠯᠠᠭᠠᠨᠮᠦ᠋ᠴᠢᠷ ᠦᠪᠡᠷᠳᠡᠬᠡᠨ ᠵᠠᠰᠠᠬᠤ ᠤᠷᠤᠨ ᠤ ᠠᠯᠳᠠᠨ ᠱᠠᠩᠨᠠᠯ ᠤᠯᠪᠠ᠃ ︽ᠡᠷᠡᠬᠦᠯ ᠮᠠᠨᠳᠤ ᠤᠯᠠᠭᠠᠨᠴᠠᠪ︾ ᠢᠶᠠᠨ ᠯᠠᠪᠳᠠᠭᠤᠨ ᠪᠠᠲᠤᠳᠠᠢ ᠠᠬᠢᠭᠤᠯᠵᠤ᠂ ᠬᠤᠳᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠬᠡ ᠶᠢᠨ ᠬᠤᠷᠢᠶ᠎ᠠ ᠶᠢᠨ ᠦᠬᠡᠷᠡᠴᠢᠯᠡᠯᠳᠡ ᠶᠢᠨ ᠴᠡᠭ ᠤᠨ ᠠᠵᠢᠯ ᠳᠠᠭᠠᠨ ᠪᠤᠳᠠᠳᠠᠢ ᠦᠷ᠎ᠡ ᠠᠰᠢᠭ ᠤᠯᠵᠤ᠂ ᠤᠯᠤᠰ ᠤᠨ ᠢᠳᠡᠬᠡᠨ ᠤ ᠵᠦᠢᠯ ᠤᠨ ᠠᠮᠤᠷ ᠲᠦᠪᠰᠢᠨ ᠤ ᠵᠢᠱᠢᠶ᠎ᠡ ᠦᠵᠡᠬᠦᠯᠬᠦ ᠬᠤᠳᠠ ᠶᠢ ᠴᠤᠭᠴᠠᠯᠠᠬᠤ ᠠᠵᠢᠯ ᠪᠦᠬᠦ ᠤᠯᠤᠰ ᠤᠨ ᠳᠡᠷᠢᠬᠦᠨ ᠳᠤ ᠤᠷᠤᠪᠠ᠃ ᠤᠮᠪᠠᠯᠳᠠ ᠶᠢᠨ ᠤᠷᠤᠨ᠂ ᠲᠤᠤᠷ ᠪᠦᠮᠪᠦᠭᠡ ᠶᠢᠨ ᠤᠷᠳᠤᠨ ᠵᠡᠷᠬᠡ ᠤᠷᠳᠤᠨ ᠳᠠᠯᠠᠪᠤᠷ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠪᠦᠬᠦ ᠤᠷᠤᠨ ᠤ ᠠᠷᠪᠠᠨ ᠳᠦᠷᠪᠡᠳᠦᠬᠡᠷ ᠤᠳᠠᠭᠠᠨ ᠤ ᠳᠠᠮᠢᠷ ᠤᠨ ᠴᠤᠭᠯᠠᠭᠠᠨ ᠤ ᠪᠡᠯᠡᠳᠬᠡᠯ ᠠᠵᠢᠯ ᠡᠮᠬᠢ ᠵᠠᠮᠪᠠᠷᠠᠭ᠎ᠠ  ᠲᠠᠢ ᠪᠠᠷ ᠶᠠᠪᠤᠭᠳᠠᠪᠡ᠃ ᠪᠠᠷᠢᠮᠵᠢᠶᠠᠵᠢᠭᠰᠠᠨ ᠬᠦᠯ ᠪᠦᠮᠪᠦᠬᠡᠨ ᠤ ᠤᠷᠳᠤᠨ 2᠂ ᠰᠢᠩᠭᠡᠯᠢᠭ ᠬᠡᠯᠪᠡᠷᠢᠳᠦ ᠬᠦᠯ ᠪᠦᠮᠪᠦᠬᠡᠨ ᠤ ᠳᠠᠯᠠᠪᠤᠷ 25᠂ ᠰᠦᠨᠢ ᠶᠢᠨ ᠰᠠᠭᠰᠤᠨ ᠪᠦᠮᠪᠦᠭᠡ ᠶᠢᠨ ᠳᠠᠯᠠᠪᠤᠷ 14 ᠶᠢ ᠰᠢᠨ᠎ᠡ ᠪᠠᠷ ᠪᠠᠶᠢᠭᠤᠯᠵᠤ᠂ ᠪᠦᠬᠦᠨ ᠢ ᠬᠤᠳᠠ ᠶᠢᠨ ᠠᠷᠠᠳ ᠲᠤ ᠦᠨ᠎ᠡ ᠲᠦᠯᠦᠪᠤᠷᠢ ᠦᠭᠡᠢ ᠪᠠᠷ ᠨᠡᠬᠡᠬᠡᠪᠡ᠃ ᠨᠡᠶᠢᠬᠡᠮ ᠤᠨ ᠵᠠᠰᠠᠯᠳᠠ ᠶᠢᠨ ᠬᠢᠷᠢ ᠲᠦᠪᠰᠢᠨ ᠪᠦᠲᠦᠮᠵᠢᠳᠡᠢ ᠳᠡᠬᠡᠭᠰᠢᠯᠡᠪᠡ ᠃ ᠠᠶᠦᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠷᠡᠭ ᠡᠬᠦᠰᠬᠦ ᠳᠤᠭ᠎ᠠ᠂ ᠬᠦᠮᠦᠨ ᠤ ᠦᠬᠦᠯᠳᠡ ᠶᠢᠨ ᠳᠤᠭ᠎ᠠ ᠶᠢᠨ ︽ᠬᠤᠤᠰ ᠪᠠᠭᠤᠷᠠᠯᠳᠠ︾ ᠶᠢ ᠪᠡᠶᠡᠯᠡᠬᠦᠯᠪᠡ᠃ ᠱᠤᠤᠴᠢᠯᠠᠭᠰᠠᠨ ᠠᠮᠤᠷ ᠢ ᠬᠠᠮᠠᠭᠠᠯᠠᠯᠳᠠ ᠶᠢᠨ ᠰᠡᠷᠬᠡᠶᠢᠯᠡᠨ ᠬᠤᠷᠢᠭᠯᠠᠬᠤ ᠶᠡᠷᠦᠩᠭᠡᠶᠢᠯᠡᠭᠰᠡᠨ ᠰᠢᠰᠲ᠋ᠧᠮᠵᠢ ᠳᠠᠰᠤᠷᠠᠯᠳᠠ ᠦᠭᠡᠢ ᠳᠡᠬᠦᠯᠳᠡᠷᠵᠢᠵᠤ᠂ ᠵᠠᠬᠢᠳᠡᠯ ᠰᠤᠷᠪᠤᠯᠵᠢᠯᠠᠭ᠎ᠠ ᠳᠤᠭᠳᠠᠭᠤᠨ ᠢ ᠬᠠᠮᠠᠭᠠᠯᠠᠬᠤ ᠠᠵᠢᠯ ᠴᠢᠩᠭᠠᠳᠬᠠᠭᠳᠠᠵᠤ᠂ ᠳᠤᠮᠤ ᠴᠢᠬᠤᠯᠠ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠡᠬᠦᠷᠬᠡ ᠶᠢ ᠳᠡᠬᠦᠰ ᠪᠡᠶᠡᠯᠡᠬᠦᠯᠪᠡ᠃      ᠳᠠᠪᠤ ᠳᠤ᠂ ᠳᠤᠰ ᠪᠡᠶ᠎ᠡ ᠶᠢᠨ ᠪᠠᠶᠢᠭᠤᠯᠤᠯᠳᠠ ᠪᠠᠨ ᠳᠤᠪᠤᠶᠢᠯᠭᠠᠵᠤ᠂ ᠵᠠᠰᠠᠭ ᠶᠠᠪᠤᠭᠤᠯᠤᠨ ᠦᠢᠯᠡᠴᠢᠯᠡᠬᠦ ᠬᠢᠷᠢ ᠲᠦᠪᠰᠢᠨ ᠢᠶᠠᠨ ᠳᠡᠭᠡᠭᠰᠢᠯᠡᠬᠦᠯᠪᠡ᠃ ᠳᠡᠮᠦᠷ ᠳᠡᠪᠳᠡᠬᠤ ᠳᠤ ᠦᠪᠡᠷ ᠢᠶᠠᠨ ᠡᠷᠬᠡᠪᠰᠢ ᠬᠠᠳᠠᠭᠤ ᠪᠠᠶᠢᠬᠤ ᠬᠡᠷᠡᠭᠳᠡᠢ᠃ ᠪᠢᠳᠡ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠤᠨ ᠤᠷᠳᠤᠨ ᠤ ᠠᠵᠢᠯ ᠤᠨ ᠪᠦᠬᠦ ᠳᠠᠯ᠎ᠠ ᠳᠤ ᠲᠤᠤᠱᠯᠠᠭᠤᠯᠬᠤ ᠶᠢ ᠪᠠᠷᠢᠮᠳᠠᠯᠠᠨ᠂ ︽ᠬᠤᠶᠠᠷ  ᠢ ᠰᠤᠷᠴᠦ ᠨᠢᠬᠡ ᠳᠤ ᠳᠡᠩᠴᠡᠬᠦᠯᠬᠦ︾ ᠰᠤᠷᠤᠯᠴᠠᠯᠭ᠎ᠠ ᠬᠦᠮᠦᠵᠢᠯ ᠢ ᠦᠷᠬᠦᠯᠵᠢᠯᠡᠨ ᠦᠷᠨᠢᠬᠦᠯᠵᠤ᠂ ᠳᠤᠭᠤᠷᠢᠨ ᠪᠠᠶᠢᠴᠠᠭᠠᠵᠤ ᠬᠠᠷᠢᠭᠤ ᠳᠤᠰᠬᠠᠭᠰᠠᠨ ᠠᠰᠠᠭᠤᠳᠠᠯ ᠢ ᠴᠡᠭᠴᠡᠯᠡᠨ ᠦᠬᠡᠷᠡᠴᠢᠯᠡᠬᠦ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ︽ᠭᠤᠷᠪᠠᠨ ᠴᠢᠬᠤᠯᠠ ᠨᠢᠬᠡ ᠲᠤᠮᠤ︾  ᠶᠢ ᠬᠠᠮᠳᠤᠪᠡᠷ ᠵᠦᠪᠯᠡᠨ ᠰᠢᠢᠳᠪᠦᠷᠢ ᠭᠠᠷᠭᠠᠬᠤ ᠵᠡᠷᠬᠡ ᠲᠦᠷᠢᠮ ᠢ ᠳᠤᠭᠳᠠᠭᠠᠨ ᠬᠡᠷᠡᠭᠵᠢᠬᠦᠯᠵᠤ᠂ ᠵᠠᠰᠠᠭ ᠤᠨ ᠤᠷᠳᠤᠨ ᠤ ᠰᠢᠰᠲ᠋ᠧᠮ ᠤᠨ ᠠᠷᠢᠭᠤᠨ ᠴᠢᠬᠡᠴᠢ ᠪᠠᠶᠢᠭᠤᠯᠤᠯᠳᠠ ᠶᠢ ᠪᠦᠬᠦ ᠳᠠᠯ᠎ᠠ ᠪᠠᠷ ᠴᠢᠩᠭᠠᠳᠬᠠᠪᠠ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠤᠯᠤᠨ ᠬᠢᠨᠠᠨ ᠪᠤᠳᠤᠵᠤ ᠬᠢᠨᠠᠯᠳᠠ ᠳᠠᠯᠪᠢᠬᠤ ᠡᠷᠴᠢᠮ ᠢ ᠴᠢᠩᠭᠠᠳᠬᠠᠨ᠂ ᠰᠠᠬᠢᠯᠭ᠎ᠠ ᠪᠠᠲᠤ ᠶᠢ ᠰᠠᠮᠠᠭᠤᠷᠠᠭᠤᠯᠤᠨ᠂ ᠡᠯ᠎ᠡ ᠵᠦᠢᠯ  ᠤᠨ ᠬᠠᠤᠯᠢ ᠵᠦᠷᠢᠴᠡᠭᠰᠡᠨ ᠬᠡᠷᠡᠭ  ᠢ ᠴᠢᠩᠭ᠎ᠠ ᠪᠠᠶᠢᠴᠠᠭᠠᠨ ᠰᠢᠢᠳᠬᠡᠵᠠᠢ᠃ ᠵᠠᠰᠠᠭ ᠤᠨ ᠤᠷᠳᠤᠨ ᠤ ᠲᠦᠰᠦᠪ᠂ ᠰᠠᠯᠠᠭ᠎ᠠ ᠮᠦᠴᠢᠷ ᠤᠨ ᠲᠦᠰᠦᠪ᠂ ᠭᠤᠷᠪᠠᠨ ᠠᠯᠪᠠᠨ ᠵᠠᠷᠤᠳᠠᠯ ᠢ ᠪᠦᠬᠦᠨ ᠢ ᠨᠡᠶᠢᠬᠡᠮ ᠨᠡᠶᠢᠳᠡ ᠳᠤ ᠢᠯᠡ ᠨᠡᠶᠢᠳᠡᠯᠡᠪᠡ᠃ ᠳᠤᠰᠬᠠᠢ ᠲᠦᠷᠦᠯ ᠤᠨ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠳᠬᠠᠨ ᠳᠤᠮᠤ ᠶᠡᠭᠡ ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠦᠨ ᠨᠠᠶᠢᠳᠠᠪᠤᠷᠢᠵᠢᠭᠤᠯᠬᠤ ᠶᠢ ᠬᠦᠴᠦᠳᠡᠢ ᠠᠳᠬᠤᠵᠠᠢ᠃ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠰᠢᠢᠳᠪᠦᠷᠢ ᠳᠤᠭᠳᠠᠭᠠᠯ ᠢ ᠨᠠᠷᠢᠨ ᠬᠢᠨᠠᠮᠠᠭᠠᠢ ᠬᠡᠷᠡᠭᠵᠢᠬᠦᠯᠦᠨ᠂ ᠤᠬᠠᠮᠰᠡᠷ ᠠᠴᠠ ᠪᠠᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠪᠤᠯᠤᠨ ᠨᠡᠶᠢᠬᠡᠮ ᠨᠡᠶᠢᠳᠡ ᠶᠢᠨ ᠬᠢᠨᠠᠯᠳᠠ ᠶᠢ ᠬᠦᠯᠢᠶᠡᠪᠡ᠃ ᠠᠷᠠᠳ ᠤᠨ ᠲᠦᠯᠦᠬᠡᠯᠡᠭᠴᠢᠳ ᠤᠨ ᠰᠠᠨᠠᠯ ᠵᠦᠪᠯᠡᠯᠬᠡ᠂ ᠰᠠᠨᠠᠭᠤᠯᠭ᠎ᠠ ᠪᠤᠯᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠳᠤᠷᠠᠳᠤᠭᠰᠠᠨ ᠳᠤᠷᠠᠳᠤᠯᠭ᠎ᠠ ᠶᠢ ᠬᠦᠢᠴᠡᠳᠬᠡᠬᠡᠳ ᠬᠠᠷᠢᠭᠤ ᠦᠭᠬᠦᠭᠰᠡᠨ ᠨᠤᠷᠮ᠎ᠡ ᠨᠢ 100% ᠳᠤ ᠬᠦᠷᠴᠦ᠂ ᠤᠷᠤᠨ ᠨᠤᠳᠤᠭ ᠤᠨ ᠴᠢᠨᠠᠷᠳᠠᠢ ᠬᠠᠤᠯᠢ ᠳᠤᠭᠳᠠᠭᠠᠯ ᠤᠨ ᠭᠤᠷᠪᠠᠨ ᠰᠠᠨᠠᠯ ᠵᠦᠪᠯᠡᠯᠬᠡ ᠶᠢ ᠬᠤᠳᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶ᠎ᠠ ᠪᠠᠷ ᠬᠢᠨᠠᠨ ᠵᠦᠪᠯᠡᠬᠦᠯᠪᠡ᠃      ᠲᠦᠯᠦᠬᠡᠯᠡᠭᠴᠢᠳ ᠡ︕ ᠦᠩᠭᠡᠷᠡᠭᠰᠡᠨ ᠳᠠᠪᠤᠨ ᠵᠢᠯ ᠢᠶᠠᠨ ᠡᠷᠬᠢᠴᠡᠬᠦᠯᠦᠪᠡᠯ᠂ ᠪᠢᠳᠡ ᠰᠢᠷᠭᠠᠭᠤ ᠬᠦᠳᠡᠯᠮᠦᠷᠢ ᠪᠠᠨ ᠭᠠᠷᠭᠠᠵᠤ᠂ ᠳᠠᠪᠠᠯᠳᠠ ᠶᠢ ᠪᠡᠶᠡᠯᠡᠬᠦᠯᠦᠭᠰᠡᠨ ᠢᠶᠠᠷ ᠤᠯᠠᠭᠠᠨᠴᠠᠪ ᠤᠨ ᠬᠦᠮᠦᠨ ᠠᠷᠠᠳ ᠪᠦᠬᠦᠨ ᠤ ᠬᠦᠰᠡᠯ ᠵᠤᠷᠢᠭ ᠢ ᠬᠦᠪᠴᠢᠯᠡᠨᠡᠮ︕ ᠡᠨᠡ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠳᠤᠳᠤᠨᠤ ᠬᠠᠯᠠᠮᠵᠢᠯᠠᠯ ᠤᠨ ᠦᠷ᠎ᠡ ᠳ᠋ᠦᠩ ᠮᠥᠨ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠮᠥᠨ ᠴᠤ ᠬᠤᠳᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠦᠪᠯᠡᠯᠬᠡᠨ ᠤ ᠬᠦᠴᠦᠳᠡᠢ ᠳᠡᠮᠵᠢᠯᠬᠡ ᠶᠢᠨ ᠦᠷ᠎ᠡ ᠳ᠋ᠦᠩ᠂ ᠪᠠᠰᠠ ᠴᠦ ᠪᠦᠬᠦ ᠬᠤᠳᠠ ᠶᠢᠨ ᠡᠯ᠎ᠡ ᠦᠨᠳᠦᠰᠦᠳᠡᠨ ᠤ ᠠᠷᠠᠳ ᠲᠦᠮᠡᠨ ᠤ ᠪᠦᠯᠬᠦᠮᠳᠡᠨ ᠳᠡᠮᠡᠴᠡᠵᠤ᠂ ᠬᠠᠳᠠᠭᠤᠵᠢᠯᠳᠡᠢ ᠠᠵᠢᠯᠯᠠᠭᠰᠠᠨ ᠤ ᠦᠷ᠎ᠡ ᠳ᠋ᠦᠩ ᠮᠥᠨ᠃ ᠡᠬᠦᠨ ᠳᠤ᠂ ᠪᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠨ᠂ ᠡᠯ᠎ᠡ ᠠᠵᠢᠯ ᠲᠦᠷᠦᠯ ᠤᠨ ᠹᠷᠤᠨᠲ ᠳᠡᠬᠡᠷ᠎ᠡ ᠪᠠᠨ ᠰᠢᠷᠭᠠᠭᠤ ᠠᠵᠢᠯᠯᠠᠨ᠂ ᠰᠢᠨᠳᠡᠷᠡᠰᠢ ᠦᠭᠡᠢ ᠬᠦᠳᠡᠯᠮᠦᠷᠢᠯᠡᠵᠤ ᠪᠠᠶᠢᠭ᠎ᠠ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ᠂ ᠠᠷᠠᠳ ᠤᠨ ᠲᠦᠯᠦᠬᠡᠯᠡᠭᠴᠢ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠨᠠᠷ ᠲᠤ᠂ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ  ᠤᠨ ᠪᠤᠰᠤ ᠬᠦᠮᠦᠰ ᠪᠤᠯᠤᠨ ᠡᠯ᠎ᠡ ᠤᠯᠠᠨ ᠲᠦᠮᠡᠨ ᠤ ᠪᠦᠯᠬᠦᠮ ᠳᠤ᠂ ᠴᠢᠯᠦᠬᠡᠯᠡᠬᠦ ᠴᠡᠷᠢᠭ᠂ ᠵᠡᠪᠰᠡᠭᠳᠤ ᠴᠠᠭᠳᠠᠭᠠᠨ ᠤ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠲᠤ᠂ ᠤᠯᠠᠭᠠᠨᠴᠠᠪ ᠤᠨ ᠬᠦᠭᠵᠢᠯᠳᠡ ᠪᠦᠲᠦᠭᠡᠨ ᠪᠠᠶᠢᠭᠤᠯᠤᠯᠳᠠ ᠳᠤ ᠪᠡᠶᠡᠴᠢᠯᠡᠨ ᠤᠷᠤᠯᠴᠠᠵᠤ ᠬᠠᠯᠠᠮᠵᠢ ᠪᠠᠨ ᠬᠠᠨᠳᠢᠪᠯᠡᠨ᠂ ᠵᠢᠳᠬᠦᠯ ᠢᠶᠠᠨ ᠵᠤᠷᠢᠭᠤᠯᠤᠭᠰᠠᠨ ᠪᠦᠬᠦᠶᠢᠯᠡ ᠬᠦᠮᠦᠰ᠂ ᠡᠷᠬᠢᠮ ᠨᠠᠶᠢᠵᠠ ᠨᠠᠷ ᠲᠠᠭᠠᠨ ᠬᠠᠮᠤᠭ ᠤᠨ ᠡᠷᠬᠢᠮ ᠳᠡᠬᠡᠳᠦ ᠬᠦᠨᠳᠦᠳᠬᠡᠯ ᠪᠠ ᠦᠨᠡᠨ ᠰᠡᠳᠬᠢᠯ ᠤᠨ ᠪᠠᠶᠠᠷ ᠳᠠᠯᠠᠷᠬᠠᠯ ᠢᠶᠠᠨ ᠳᠡᠪᠰᠢᠬᠦᠯᠵᠤ ᠪᠠᠶᠢᠨᠠᠮ᠃      ᠳᠠᠪᠤᠨ ᠵᠢᠯ ᠤᠨ ᠬᠠᠳᠠᠭᠤᠵᠢᠯᠳᠠᠢ ᠳᠡᠮᠡᠴᠡᠯ ᠨᠢ ᠵᠦᠪᠬᠡᠨ ᠢᠷᠡᠬᠡᠳᠦᠢ ᠶᠢᠨ ᠬᠦᠭᠵᠢᠯᠳᠡ ᠳᠤ ᠤᠯᠠᠮ ᠰᠠᠶᠢᠨ ᠪᠠᠲᠤ ᠪᠠᠬᠢ ᠰᠠᠭᠤᠷᠢ ᠶᠢ ᠳᠠᠯᠪᠢᠭᠰᠠᠨ ᠳᠡᠳᠦᠢ ᠦᠭᠡᠢ ᠳᠡᠷᠡᠴᠢᠯᠡᠨ ᠲᠦᠢᠯ ᠤᠨ ᠡᠷᠬᠢᠮ ᠨᠠᠨᠳᠢᠨ ᠳᠤᠷᠰᠢᠯᠭ᠎ᠠ ᠶᠢ ᠬᠤᠷᠠᠮᠳᠤᠭᠤᠯᠵᠤ ᠦᠭᠬᠦᠭᠰᠡᠨ ᠶᠤᠮ᠃ ᠬᠠᠮᠤᠭ ᠤᠨ ᠦᠨᠳᠦᠰᠦᠨ ᠨᠢᠬᠡᠨ ᠵᠤᠷᠪᠤᠰ ᠨᠢ ᠳᠠᠷᠤᠢ ︽ᠳᠦᠷᠪᠡᠨ ᠤᠬᠠᠮᠰᠡᠷ︾ ᠢ ᠪᠠᠲᠤ ᠪᠤᠢ ᠪᠤᠯᠭᠠᠨ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ  ᠲᠠᠢ ᠡᠷᠡᠰ ᠳᠠᠰᠤᠷᠬᠠᠢ ᠳᠡᠬᠡᠳᠦ ᠬᠡᠮᠵᠢᠶ᠎ᠡ ᠪᠠᠷ ᠨᠢᠬᠡᠳᠦᠯᠳᠡᠢ ᠪᠠᠶᠢᠵᠤ᠂ ᠨᠠᠮ ᠤᠨ ᠲᠦᠪ ᠬᠤᠷᠢᠶᠠᠨ ᠤ ᠳᠤᠮᠤ ᠶᠡᠭᠡ ᠴᠢᠭᠯᠡᠯᠳᠠ ᠪᠤᠯᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠳᠡᠷᠡ ᠬᠡᠪ ᠢᠶᠠᠷ ᠨᠢ ᠲᠤᠤᠱᠯᠠᠭᠤᠯᠤᠨ ᠬᠡᠷᠡᠭᠵᠢᠬᠦᠯᠬᠦ ᠬᠡᠷᠡᠭᠳᠡᠢ᠃ ᠦᠢᠯᠡᠳᠦᠯᠬᠡ ᠬᠦᠢᠴᠡᠳ ᠬᠡᠷᠡᠴᠢᠯᠡᠭᠰᠡᠨ ᠢᠶᠠᠷ᠂ ᠰᠢᠯᠢᠳᠡᠭ ᠪᠦᠲᠦᠭᠡᠯ ᠪᠤᠯ ᠰᠢᠷᠭᠠᠭᠤ ᠠᠵᠢᠯᠯᠠᠭᠰᠠᠨ ᠤ ᠦᠷ᠎ᠡ ᠳ᠋ᠦᠩ ᠪᠤᠯᠤᠨ᠎ᠠ᠂ ᠡᠷᠬᠡᠪᠰᠢ ᠬᠦᠭᠵᠢᠯᠳᠡ ᠪᠤᠯ ᠳᠡᠷᠢᠬᠦᠨ ᠴᠢᠬᠤᠯᠠ ᠶᠠᠪᠤᠳᠠᠯ ᠪᠤᠯᠬᠤ ᠶᠢ ᠢᠮᠭᠳᠠ ᠪᠠᠷᠢᠮᠳᠠᠯᠠᠨ᠂ ᠡᠷᠬᠡᠪᠰᠢ ᠠᠷᠠᠳ ᠲᠦᠮᠡᠨ ᠢ ᠬᠡᠵᠢᠶᠡᠳᠡ ᠰᠡᠳᠬᠢᠯ ᠤᠨ ᠬᠠᠮᠤᠭ ᠤᠨ ᠳᠡᠬᠡᠳᠦ ᠪᠠᠶᠢᠷᠢᠨ ᠳᠤ ᠳᠠᠯᠪᠢᠵᠤ᠂ ᠡᠷᠬᠡᠪᠰᠢ ᠦᠵᠡᠯ ᠰᠠᠨᠠᠭ᠎ᠠ ᠪᠠᠨ ᠴᠢᠯᠦᠬᠡᠯᠡᠨ᠂ ᠰᠢᠳᠤᠷᠭᠤ ᠪᠠᠷ ᠵᠢᠳᠬᠦᠨ ᠰᠢᠷᠭᠠᠭᠤ ᠠᠵᠢᠯᠯᠠᠪᠠᠯ ᠰᠠᠶ᠋ᠢ ᠤᠯᠠᠭᠠᠨᠴᠠᠪ ᠤᠨ ᠬᠦᠭᠵᠢᠯᠳᠡ ᠶᠢᠨ ᠰᠢᠨ᠎ᠡ ᠠᠬᠤᠢ ᠪᠠᠶᠢᠳᠠᠯ ᠢ ᠪᠤᠢ ᠪᠤᠯᠭᠠᠨ᠂ ᠠᠷᠠᠳ ᠤᠯᠠᠨ ᠤ ᠬᠠᠨᠤᠮᠵᠢᠳᠡᠢ ᠦᠷ᠎ᠡ ᠪᠦᠲᠦᠮᠵᠢ ᠶᠢ ᠡᠬᠦᠳᠴᠦ ᠴᠢᠳᠠᠬᠤ ᠶᠤᠮ᠃      ᠦᠷ᠎ᠡ ᠪᠦᠲᠦᠭᠡᠯ ᠢ ᠨᠤᠳᠠᠯᠠᠭᠤᠰᠢᠳᠠᠢ ᠪᠤᠯᠪᠠᠴᠤ ᠠᠰᠠᠭᠤᠳᠠᠯ ᠠᠴᠠ ᠪᠠᠰᠠ ᠵᠠᠶᠢᠯᠠᠰᠬᠢᠵᠤ ᠪᠤᠯᠬᠤ ᠦᠭᠡᠢ ᠶᠤᠮ ᠃ ᠮᠠᠨ ᠤ ᠬᠠᠮᠤᠭ ᠤᠨ ᠳᠤᠪᠤᠶᠢᠮ᠎ᠡ ᠠᠰᠠᠭᠤᠳᠠᠯ ᠪᠤᠯ ᠳᠠᠷᠤᠢ ᠬᠦᠭᠵᠢᠯᠳᠡ ᠳᠡᠩᠴᠡᠬᠦᠷᠢ ᠦᠭᠡᠢ᠂ ᠬᠦᠢᠴᠡᠳ ᠪᠤᠰᠤ ᠠᠰᠠᠭᠤᠳᠠᠯ ᠪᠤᠯᠤᠨ᠎ᠠ᠃ ᠡᠨᠡ ᠪᠤᠯ ᠨᠢᠬᠡᠨᠳᠡ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠠᠪᠤᠳᠠᠯ ᠢ ᠬᠢᠵᠠᠭᠠᠷᠯᠠᠵᠤ ᠪᠠᠶᠢᠭ᠎ᠠ ᠭᠤᠤᠯ ᠡᠯᠧᠮᠧᠨ᠋ᠲ ᠪᠤᠯᠵᠤ ᠪᠤᠢ᠃ ᠬᠦᠢᠴᠡᠳ ᠪᠤᠰᠤ ᠪᠠᠶᠢᠬᠤ ᠶᠢᠨ ᠭᠤᠤᠯ ᠢᠯᠡᠷᠡᠯ ᠨᠢ᠂ ᠠᠵᠤ ᠠᠬᠤᠢ ᠶᠢᠨ ᠶᠡᠷᠦᠩᠭᠡᠢ ᠬᠡᠮᠵᠢᠶ᠎ᠡ ᠪᠠᠭ᠎ᠠ᠂ ᠠᠵᠢᠯ ᠦᠢᠯᠡᠰ ᠤᠨ ᠪᠦᠲᠦᠴᠡ ᠳᠤᠬᠢᠷᠠᠮᠵᠢ ᠦᠭᠡᠢ᠂ ᠨᠢᠬᠡ᠂ ᠬᠤᠶᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠬᠦᠢᠴᠡᠳ ᠪᠤᠰᠤ ᠪᠠᠶᠢᠭ᠎ᠠ ᠶᠠᠪᠤᠳᠠᠯ ᠪᠤᠯᠤᠨ᠎ᠠ᠃ ᠤᠳᠤᠬᠢᠴᠢᠯᠠᠭᠰᠠᠨ ᠳᠠᠷᠢᠶᠠᠯᠠᠩ ᠮᠠᠯᠵᠢᠬᠤ ᠠᠵᠤ ᠠᠬᠤᠢ ᠶᠢᠨ ᠡᠵᠡᠩᠨᠡᠯᠳᠡ ᠶᠢᠨ ᠰᠢᠰᠲ᠋ᠧᠮ ᠳᠡᠬᠦᠯᠳᠡᠷ ᠪᠤᠰᠤ᠂ ᠳᠤᠯᠤᠭᠠᠶᠢᠯᠠᠭᠴᠢ ᠠᠵᠤ ᠠᠬᠤᠶᠢᠯᠠᠯ ᠤᠯᠠᠨ ᠪᠢᠰᠢ᠂ ᠨᠡᠷᠡᠳᠤ ᠳᠡᠮᠳᠡᠭ ᠡᠬᠦᠳᠦᠨ ᠪᠦᠲᠦᠭᠡᠬᠦ ᠤᠬᠠᠮᠰᠡᠷ ᠴᠢᠩᠭ᠎ᠠ ᠪᠢᠰᠢ ᠠᠰᠠᠭᠤᠳᠠᠯ ᠤᠷᠤᠰᠢᠵᠤ ᠪᠤᠢ᠃ ᠤᠯᠠᠮᠵᠢᠯᠠᠯᠳᠤ ᠠᠵᠤ ᠦᠢᠯᠡᠰ ᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠪᠦᠲᠦᠬᠦᠯᠢᠭ᠂ ᠦᠢᠯᠡᠳᠪᠦᠷᠢᠯᠡᠯ ᠤᠨ ᠴᠢᠨᠠᠷᠳᠠᠢ ᠪᠠᠷᠠᠭᠠᠨ  ᠤ ᠬᠦᠢᠯᠬᠡᠬᠡ᠂ ᠬᠦᠮᠦᠷᠬᠡᠯᠡᠨ ᠬᠠᠳᠠᠭᠠᠯᠠᠯᠳᠠ᠂ ᠡᠯᠧᠺᠲᠷᠤᠨ ᠬᠤᠳᠠᠯᠳᠤᠭ᠎ᠠ ᠵᠡᠷᠬᠡ ᠳᠦᠬᠦᠷᠵᠢᠭᠰᠡᠨ ᠰᠢᠰᠲ᠋ᠧᠮ ᠳᠡᠬᠦᠯᠳᠡᠷ ᠪᠤᠰᠤ᠂ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢᠨ ᠲᠦᠪᠰᠢᠨ ᠦᠨᠳᠦᠷ ᠪᠢᠰᠢ ᠠᠰᠠᠭᠤᠳᠠᠯ ᠤᠷᠤᠰᠢᠵᠤ ᠪᠤᠢ᠃ ᠬᠤᠳᠠᠯᠳᠤᠭᠠᠴᠢᠨ ᠤᠷᠢᠵᠤ ᠪᠡᠯᠡ ᠳᠠᠳᠠᠬᠤ ᠶᠢᠨ ᠤᠨᠤᠪᠴᠢᠳᠠᠢ ᠴᠢᠨᠠᠷ ᠢᠶᠠᠷ ᠬᠦᠷᠦᠯᠴᠡᠬᠦ ᠦᠭᠡᠢ ᠂ ᠠᠵᠤ ᠠᠬᠤᠢ ᠶᠢᠨ ᠨᠡᠮᠡᠭᠳᠡᠯ ᠳᠤ ᠪᠠᠰᠠ ᠳᠤᠮᠤ ᠲᠦᠷᠦᠯ ᠵᠦᠢᠯ ᠤᠨ ᠳᠤᠯᠭᠠᠭᠤᠷᠢ ᠪᠠ ᠴᠢᠩᠭ᠎ᠠ ᠬᠦᠴᠦᠳᠡᠢ ᠴᠢᠳᠠᠪᠤᠷᠢᠳᠠᠨ ᠤ ᠳᠤᠯᠭᠠᠭᠤᠷᠢ ᠪᠠᠷ ᠳᠤᠳᠠᠮᠠᠭ ᠪᠠᠶᠢᠨ᠎ᠠ᠃ ᠵᠠᠰᠠᠭ ᠤᠨ ᠤᠷᠳᠤᠨ ᠤ ᠦᠷᠢ ᠰᠢᠷᠢ ᠠᠷᠢᠯᠭᠠᠬᠤ ᠳᠠᠷᠤᠯᠳᠠ ᠪᠠᠷ ᠶᠡᠭᠡ᠂ ᠤᠷᠤᠯᠭ᠎ᠠ ᠵᠠᠷᠤᠯᠭ᠎ᠠ ᠶᠢᠨ ᠵᠦᠷᠢᠴᠡᠯ ᠳᠤᠪᠤᠶᠢᠮ᠎ᠡ ᠪᠠᠶᠢᠨ᠎ᠠ᠃ ᠪᠤᠳᠠᠳᠤ ᠴᠤᠭᠴᠠ ᠶᠢᠨ ᠠᠵᠤ ᠠᠬᠤᠢ ᠶᠢᠨ ᠬᠦᠢᠯᠬᠡᠬᠡᠨ ᠤ ᠪᠡᠯᠡ ᠮᠦᠩᠭᠦᠨ ᠤ ᠮᠠᠳᠠᠭ ᠲᠠᠢ ᠠᠰᠠᠭᠤᠳᠠᠯ ᠮᠥᠨ ᠯᠡ ᠤᠷᠤᠰᠢᠵᠤ ᠪᠤᠢ᠃ ᠳᠡᠩᠴᠡᠬᠦᠷᠢ ᠦᠭᠡᠢ ᠶᠢᠨ ᠭᠤᠤᠯ ᠢᠯᠡᠷᠡᠯ ᠬᠡᠪᠡᠯ᠄ ᠳᠠᠷᠢᠶᠠᠯᠠᠬᠤ ᠮᠠᠯᠵᠢᠬᠤ ᠤᠷᠤᠨ ᠤ ᠬᠦᠭᠵᠢᠯᠳᠡ ᠶᠢᠨ ᠦᠷᠢᠳᠦᠯ ᠠᠷᠪᠢᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠡᠬᠦᠷᠬᠡ ᠬᠠᠳᠠᠭᠤᠵᠢᠯᠳᠡᠢ ᠪᠠᠶᠢᠨ᠎ᠠ᠃ ᠤᠯᠠᠨ ᠨᠡᠶᠢᠳᠡ ᠶᠢᠨ ᠦᠢᠯᠡᠴᠢᠯᠡᠬᠡᠨ ᠤ ᠬᠢᠷᠢ ᠲᠦᠪᠰᠢᠨ ᠳᠤᠤᠷ᠎ᠡ᠂ ᠠᠷᠠᠳ ᠤᠯᠠᠨ ᠤ ᠬᠠᠯᠠᠮᠵᠢᠯᠠᠵᠤ ᠪᠠᠶᠢᠭ᠎ᠠ ᠠᠵᠢᠯ ᠤᠯᠬᠤ᠂ ᠰᠤᠷᠭᠠᠭᠤᠯᠢ ᠳᠤ ᠰᠠᠭᠤᠬᠤ᠂ ᠡᠪᠡᠳᠴᠢᠨ ᠦᠵᠡᠬᠦᠯᠬᠦ᠂ ᠠᠳᠠᠯ ᠠᠬᠤᠢ ᠶᠢᠨ ᠬᠠᠮᠢᠶᠠᠷᠤᠯᠳᠠ ᠵᠡᠷᠬᠡ ᠳᠠᠯ᠎ᠠ  ᠪᠠᠷ ᠪᠠᠰᠠ ᠴᠦᠬᠡᠨ ᠪᠤᠰᠤ ᠠᠰᠠᠭᠤᠳᠠᠯ ᠤᠷᠤᠰᠢᠵᠤ᠂  ᠬᠤᠶᠢᠰᠢᠳᠡ ᠬᠤᠳᠠ ᠶᠢᠨ ᠬᠠᠮᠢᠶᠠᠷᠤᠯᠳᠠ ᠶᠢᠨ ᠬᠢᠷᠢ ᠲᠦᠪᠰᠢᠨ ᠢ ᠳᠡᠭᠡᠭᠰᠢᠯᠡᠬᠦᠯᠬᠦ ᠴᠢᠬᠤᠯᠠᠳᠠᠢ ᠪᠠᠶᠢᠨ᠎ᠠ᠃ ᠠᠮᠢ ᠠᠬᠤᠢ ᠶᠢᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠡᠬᠦᠷᠬᠡ ᠬᠦᠨᠳᠦ ᠵᠠᠮ ᠬᠤᠯᠠ᠂ ᠡᠬᠢ ᠪᠠᠶᠠᠯᠢᠭ ᠤᠨ ᠤᠷᠴᠢᠨ ᠳᠤᠭᠤᠷᠢᠨ ᠤ ᠬᠢᠵᠠᠭᠠᠷᠯᠠᠯ ᠡᠳᠦᠷ ᠢᠷᠡᠬᠦᠶ᠎ᠡ ᠳᠤᠪᠤᠶᠢᠮ᠎ᠡ ᠪᠤᠯᠵᠤ᠂ ᠪᠦᠬᠦ ᠠᠷᠠᠳ ᠤᠨ ᠤᠰᠤ ᠠᠷᠪᠢᠯᠠᠬᠤ ᠤᠬᠠᠮᠰᠡᠷ ᠪᠠ ᠳᠤᠭᠳᠠᠴᠠ ᠵᠢᠩᠭᠢᠨᠢ ᠪᠦᠷᠢᠯᠳᠦᠵᠤ ᠴᠢᠳᠠᠭᠠᠳᠤᠢ᠂ ᠠᠶᠦᠯᠬᠦᠢ ᠦᠢᠯᠡᠳᠪᠦᠷᠢᠯᠡᠯ ᠪᠠᠰᠠ ᠴᠦᠬᠡᠨ ᠪᠤᠰᠤ ᠳᠠᠯᠳᠠ ᠬᠡᠮ ᠲᠠᠢ ᠪᠠᠶᠢᠨ᠎ᠠ᠃ ᠡᠬᠦᠨ ᠤ ᠳᠠᠭᠠᠤ᠂ ᠵᠠᠰᠠᠭ ᠤᠨ ᠤᠷᠳᠤᠨ ᠤ ᠠᠵᠢᠯ ᠳᠤ ᠮᠠᠰᠢ ᠤᠯᠠᠨ ᠬᠦᠷᠦᠯᠴᠡᠬᠦ ᠦᠭᠡᠢ ᠳᠠᠯ᠎ᠠ ᠲᠠᠢ᠂ ᠵᠠᠷᠢᠮ ᠺᠠᠳ᠋ᠷ ᠤᠨ ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠦᠢᠯᠡᠴᠢᠯᠡᠬᠦ ᠤᠬᠠᠮᠰᠡᠷ ᠴᠢᠩᠭ᠎ᠠ ᠪᠤᠰᠤ᠂ ᠨᠠᠶᠢᠳᠠᠪᠤᠷᠢᠵᠢᠭᠤᠯᠤᠯᠳᠠ ᠬᠦᠴᠦᠨ ᠦᠭᠡᠢ᠂ ᠤᠯᠠᠨ ᠲᠦᠮᠡᠨ ᠳᠤ ᠠᠰᠠᠭᠤᠳᠠᠯ ᠢ ᠰᠢᠢᠳᠪᠦᠷᠢᠯᠡᠬᠦ ᠦᠷ᠎ᠡ ᠠᠰᠢᠭ ᠢᠶᠠᠷ ᠦᠨᠳᠦᠷ ᠪᠤᠰᠤ᠂ ᠬᠡᠪ ᠰᠤᠷᠳᠠᠯ ᠪᠤᠳᠠᠳᠠᠢ ᠪᠤᠰᠤ᠂ ︽ᠶᠠᠪᠤᠳᠠᠯ ᠬᠢᠬᠦ ᠳᠤ ᠬᠦᠴᠢᠷ ᠲᠠᠢ︾ ᠦᠵᠡᠭᠳᠡᠯ ᠪᠠᠰᠠ ᠯᠡ ᠵᠤᠬᠢᠬᠤ ᠬᠡᠮᠵᠢᠶ᠎ᠡ ᠪᠠᠷ ᠤᠷᠤᠰᠢᠵᠤ ᠪᠤᠢ᠂ ᠢᠯᠠᠩᠭᠤᠶ᠎ᠠ ᠵᠤᠭᠠᠴᠠᠯ ᠤᠨ ᠬᠤᠳᠠ ᠶᠢ ᠴᠤᠭᠴᠠᠯᠠᠬᠤ ᠶᠠᠪᠤᠴᠠ ᠳᠤᠮᠳᠠ᠂ ᠬᠦᠮᠦᠨᠴᠢᠯᠡᠭᠰᠡᠨ ᠦᠢᠯᠡᠴᠢᠯᠡᠬᠡᠨ ᠤ ᠬᠠᠮᠢᠶᠠᠷᠤᠯᠳᠠ ᠶᠢᠨ ᠬᠢᠷᠢ ᠲᠦᠪᠰᠢᠨ ᠦᠨᠳᠦᠷ ᠪᠤᠰᠤ᠂ ᠬᠠᠯᠠᠭᠤᠮᠰᠤᠭ ᠵᠤᠴᠢᠨᠰᠠᠭ ᠨᠡᠬᠡᠬᠡᠯᠳᠡ ᠲᠠᠢ ᠠᠭᠤᠵᠢᠭᠤ ᠳᠠᠯᠪᠢᠭᠤ ᠬᠤᠳᠠ ᠶᠢᠨ ᠲᠦᠷᠢ ᠲᠦᠷᠬᠦ ᠶᠢ ᠪᠠᠰᠠ ᠦᠨᠡᠨᠬᠦ ᠱᠣᠭᠤᠵᠤ ᠳᠡᠶᠢᠯᠤᠬᠡᠳᠦᠢ ᠪᠠᠶᠢᠭᠰᠠᠭᠠᠷ᠃ ᠡᠶᠢᠮᠦ ᠠᠴᠠ᠂ ᠪᠢᠳᠡ ᠳᠡᠬᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠰᠠᠭᠤᠳᠠᠯ ᠢᠶᠠᠷ ᠵᠢᠯᠤᠭᠤᠳᠤᠮᠵᠢ ᠪᠤᠯᠭᠠᠬᠤ ᠶᠢ ᠢᠮᠠᠭᠳᠠ ᠪᠠᠷᠢᠮᠳᠠᠯᠠᠵᠤ᠂ ᠠᠰᠢᠭ ᠦᠭᠡᠢ ᠳᠠᠯ᠎ᠠ ᠪᠠᠨ ᠡᠷᠡᠰ ᠬᠠᠯᠠᠵᠤ᠂ ᠳᠤᠳᠠᠭᠤᠳᠠᠯ ᠢᠶᠠᠨ ᠲᠦᠷᠬᠡᠨ ᠨᠦᠬᠦᠪᠦᠷᠢᠯᠡᠵᠤ᠂ ᠪᠦᠬᠦ ᠰᠡᠳᠬᠢᠯ ᠪᠦᠬᠦ ᠴᠢᠳᠠᠯ ᠢᠶᠠᠷ ᠢᠶᠠᠨ ᠵᠠᠰᠠᠭ ᠤᠨ ᠤᠷᠳᠤᠨ ᠤ ᠠᠵᠢᠯ ᠢ ᠰᠠᠶᠢᠲᠤᠷ ᠬᠢᠵᠤ᠂ ᠠᠷᠠᠳ ᠲᠦᠮᠡᠨ  ᠤ ᠢᠳᠡᠬᠡᠯ ᠪᠠ ᠬᠦᠰᠡᠯ ᠢ ᠶᠠᠭᠠᠬᠢᠭᠰᠡᠨ ᠴᠤ ᠬᠦᠰᠡᠷᠳᠡᠬᠦᠯᠬᠦ ᠦᠭᠡᠢ᠃ᠬᠤᠶᠠᠷ᠂ ᠬᠤᠶᠢᠰᠢᠳᠡ ᠶᠢᠨ ᠳᠠᠪᠤᠨ ᠵᠢᠯ ᠤᠨ ᠶᠡᠷᠦᠩᠭᠡᠢ ᠰᠡᠳᠬᠢᠴᠡ ᠪᠠ ᠬᠠᠷᠠᠯᠳᠠ ᠡᠬᠦᠷᠬᠡ      ᠬᠤᠶᠢᠰᠢᠳᠡ ᠶᠢᠨ ᠳᠠᠪᠤᠨ ᠵᠢᠯ ᠪᠤᠯ ︽ᠬᠤᠤᠰ ᠵᠠᠭᠤᠨ ᠵᠢᠯ︾ ᠤᠨ ᠳᠡᠮᠡᠴᠡᠬᠦ ᠬᠠᠷᠠᠯᠳᠠ ᠪᠠᠨ ᠪᠡᠶᠡᠯᠡᠬᠦᠯᠬᠦ ᠳᠡᠤᠬᠡᠨ ᠠᠭᠤᠯᠵᠠᠷ ᠤᠨ ᠬᠤᠭᠤᠴᠠᠭ᠎ᠠ ᠪᠤᠯᠤᠨ᠎ᠠ᠃ ᠪᠢᠳᠡ ᠦᠬᠡᠷᠡᠴᠢᠯᠡᠯᠳᠡ ᠨᠡᠬᠡᠬᠡᠯᠳᠡ ᠶᠢᠨ 40 ᠵᠢᠯ ᠤᠨ ᠤᠢ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠪᠠ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠵᠡᠷᠬᠡ ᠴᠢᠬᠤᠯᠠ ᠴᠠᠭ ᠤᠨ ᠵᠠᠩᠭᠢᠯᠠᠭ᠎ᠠ ᠶᠢ ᠤᠭᠳᠤᠬᠤ ᠪᠤᠯᠤᠨ᠎ᠠ᠃ ᠬᠤᠶᠢᠰᠢᠳᠡ ᠶᠢᠨ ᠳᠠᠪᠤᠨ ᠵᠢᠯ ᠤᠨ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠠᠴᠢ ᠬᠤᠯᠪᠤᠭᠳᠠᠯ ᠬᠦᠨ ᠶᠤᠮ᠃      ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠦᠮ ᠤᠨ ᠦᠵᠡᠯ ᠰᠠᠨᠠᠭ᠎ᠠ ᠶᠢᠨ ᠵᠢᠯᠤᠭᠤᠳᠬᠤ ᠪᠠᠶᠢᠷᠢ ᠰᠠᠭᠤᠷᠢ ᠶᠢ ᠳᠤᠭᠳᠠᠭᠠᠵᠤ᠂ ᠨᠡᠶᠢᠬᠡᠮ ᠵᠢᠷᠦᠮᠳᠦ ᠤᠳᠤᠬᠢᠴᠢᠯᠠᠭᠰᠠᠨ ᠬᠦᠴᠦᠷᠬᠡᠭ ᠤᠯᠤᠰ ᠢ ᠪᠦᠬᠦ ᠳᠠᠯ᠎ᠠ ᠪᠠᠷ ᠪᠠᠶᠢᠭᠤᠯᠬᠤ ᠠᠭᠤᠤ ᠶᠡᠭᠡ ᠵᠢᠷᠤᠭ ᠲᠦᠯᠦᠪᠯᠡᠭᠡ ᠶᠢ ᠪᠢᠴᠢᠭᠯᠡᠪᠡ᠂ ᠡᠨᠡ ᠪᠤᠯ ᠪᠢᠳᠡᠨ ᠤ ᠰᠢᠨ᠎ᠡ ᠠᠶᠠᠨ ᠵᠠᠮ ᠢᠶᠠᠨ ᠡᠬᠢᠯᠡᠬᠦᠯᠵᠤ᠂ ᠵᠠᠯᠭᠠᠭᠠᠳ ᠰᠢᠨ᠎ᠡ ᠬᠠᠭᠤᠳᠠᠰᠤ ᠶᠢ ᠪᠢᠴᠢᠭᠯᠡᠬᠦ ᠦᠢᠯᠡ ᠠᠵᠢᠯᠯᠠᠭᠠᠨ ᠤ ᠬᠦᠲᠦᠯᠪᠤᠷᠢ ᠪᠤᠯᠤᠨ᠎ᠠ︔ ᠰᠢᠨ᠎ᠡ ᠨᠢᠬᠡ ᠡᠬᠡᠯᠵᠢ ᠶᠢᠨ ᠰᠢᠨᠵᠢᠯᠡᠭᠡ ᠮᠡᠷᠬᠡᠵᠢᠯ ᠤᠨ ᠬᠤᠪᠢᠰᠬᠠᠯ᠂ ᠠᠵᠤ ᠦᠢᠯᠡᠰ ᠤᠨ ᠬᠤᠪᠢᠰᠤᠯᠳᠠ ᠦᠷᠨᠢᠬᠦᠨ ᠢᠶᠠᠷ ᠬᠦᠭᠵᠢᠵᠤ᠂ ᠤᠯᠤᠰ ᠤᠨ ︽ᠨᠢᠬᠡ ᠪᠦᠰᠡ ᠨᠢᠬᠡ ᠵᠠᠮ︾᠂ ᠪᠡᠬᠡᠵᠢᠩ ᠲᠢᠶᠠᠨᠵᠢᠨ ᠡᠾᠧᠪᠸᠢ ᠶᠢᠨ ᠬᠠᠮᠳᠤᠷᠠᠭᠰᠠᠨ ᠬᠦᠭᠵᠢᠯᠳᠡ ᠪᠠ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠵᠡᠷᠬᠡ ᠳᠤᠮᠤ ᠴᠢᠬᠤᠯᠠ ᠲᠦᠷᠦ ᠶᠢᠨ ᠪᠤᠳᠤᠯᠭ᠎ᠠ ᠤᠳ ᠬᠦᠨᠵᠡᠬᠡᠢ ᠬᠡᠷᠡᠭᠵᠢᠬᠦᠯᠦᠭᠳᠡᠪᠡ᠂ ᠡᠨᠡ ᠪᠤᠯ ᠪᠢᠳᠡᠨ ᠳᠤ ᠬᠤᠪᠤᠷ ᠳᠤᠬᠢᠶᠠᠯᠳᠤᠬᠤ ᠨᠠᠨᠳᠢᠨ ᠠᠵᠠ ᠳᠤᠬᠢᠶᠠᠯ ᠮᠥᠨ︔ ᠬᠠᠮᠤᠭ ᠤᠨ ᠴᠢᠬᠤᠯᠠ ᠨᠢ᠂ ᠤᠶᠢᠷ᠎ᠡ ᠶᠢᠨ ᠵᠢᠯ ᠤᠨ ᠰᠢᠷᠭᠠᠭᠤ ᠳᠡᠮᠡᠴᠡᠯ ᠢᠶᠠᠷ ᠳᠡᠮᠵᠢᠨ᠂ ᠮᠠᠨ ᠤ ᠬᠤᠳᠠ ᠶᠢᠨ ᠤᠷᠤᠨ ᠪᠠᠶᠢᠷᠢᠰᠢᠯ ᠵᠠᠮ ᠬᠠᠷᠢᠯᠴᠠᠭ᠎ᠠ᠂ ᠡᠨᠧᠷᠬᠢ  ᠶᠢᠨ ᠰᠤᠷᠪᠤᠯᠵᠢ ᠡᠬᠢ ᠪᠠᠶᠠᠯᠢᠭ᠂ ᠪᠤᠬᠢᠷᠳᠤᠯ ᠦᠭᠡᠢ ᠠᠮᠢ ᠠᠬᠤᠢ᠂ ᠠᠵᠤ ᠦᠢᠯᠡᠰ ᠤᠨ ᠰᠠᠭᠤᠷᠢ᠂ ᠬᠤᠳᠠ ᠶᠢᠨ ᠢᠵᠢ ᠪᠦᠷᠢᠳᠦᠭᠰᠡᠨ ᠳᠦᠬᠦᠬᠡᠷᠦᠮᠵᠢ ᠵᠡᠷᠬᠡ ᠳᠠᠯ᠎ᠠ ᠶᠢᠨ ᠬᠠᠷᠢᠴᠠᠩᠭᠤᠢ ᠳᠠᠪᠠᠭᠤᠯᠢᠭ ᠨᠡᠩ ᠳᠤᠪᠤᠶᠢᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠳᠠᠰᠤᠷᠠᠯᠳᠠ ᠦᠭᠡᠢ ᠪᠦᠷᠢᠯᠳᠦᠵᠤ᠂ ᠬᠦᠭᠵᠢᠯᠳᠡ ᠶᠢᠨ ᠨᠦᠬᠡᠴᠡ ᠬᠦᠴᠦᠨ ᠢᠯᠡᠷᠬᠡᠢ ᠨᠡᠮᠡᠭᠳᠡᠵᠤ᠂ ᠬᠦᠭᠵᠢᠯᠳᠡ ᠶᠢᠨ ᠢᠷᠡᠬᠡᠳᠦᠢ ᠰᠠᠷᠠᠭᠤᠯ ᠳᠡᠷᠳᠡᠩ ᠪᠠᠶᠢᠨ᠎ᠠ᠂ ᠡᠨᠡ ᠪᠤᠯ ᠪᠢᠳᠡᠨ ᠤ ᠡᠷᠡᠮᠡᠬᠡᠶᠢᠯᠡᠨ ᠤᠷᠤᠭᠰᠢᠯᠡᠨ ᠳᠠᠪᠰᠢᠬᠤ ᠶᠢᠨ ᠴᠢᠬᠤᠯᠠ ᠰᠠᠭᠤᠷᠢ ᠶᠤᠮ᠃ ᠪᠢᠳᠡ ᠡᠷᠬᠡᠪᠰᠢ ᠳᠡᠤᠬᠡᠨ ᠰᠢᠨ᠎ᠡ ᠤᠷᠤᠨ ᠪᠠᠶᠢᠷᠢ ᠶᠢ ᠤᠨᠤᠪᠴᠢᠳᠠᠢ ᠡᠵᠡᠮᠰᠢᠵᠤ᠂ ᠴᠠᠭ ᠡᠷᠡᠨ ᠤ ᠠᠵᠠ ᠳᠤᠬᠢᠶᠠᠯ ᠢ ᠠᠮᠵᠢᠨ᠂ ᠳᠠᠪᠠᠭᠤᠯᠢᠭ ᠢᠶᠠᠨ ᠪᠠᠳᠠᠷᠠᠭᠤᠯᠵᠤ᠂ ᠠᠰᠢᠭᠳᠠᠢ ᠳᠤᠬᠢᠶᠠᠯ ᠢ ᠠᠰᠢᠭᠯᠠᠨ ᠭᠠᠷᠴᠤ᠂ ᠨᠢᠬᠡ ᠤᠴᠢᠷ ᠢ ᠨᠢᠬᠡ ᠤᠴᠢᠷ ᠲᠠᠢ ᠨᠢ ᠵᠠᠯᠭᠠᠯᠳᠤᠭᠤᠯᠤᠨ ᠬᠢᠵᠤ᠂ ᠨᠢᠬᠡ ᠵᠢᠯ ᠢ ᠨᠢᠬᠡ ᠵᠢᠯ ᠲᠠᠢ ᠨᠢ ᠵᠠᠯᠭᠠᠯᠳᠤᠭᠤᠯᠤᠨ ᠬᠢᠵᠤ᠂ ᠴᠤᠴᠠᠯᠳᠠ ᠦᠭᠡᠢ ᠤᠷᠤᠭᠰᠢᠯᠠᠵᠤ ᠰᠢᠨ᠎ᠡ ᠨᠢᠬᠡᠨ ᠡᠬᠡᠯᠵᠢ ᠶᠢᠨ ᠤᠷᠤᠨ ᠬᠡᠪᠴᠢᠶᠡᠨ ᠤ ᠦᠷᠢᠰᠦᠯᠳᠦᠬᠡᠨ ᠳᠤᠮᠳᠠ ᠬᠤᠶᠢᠨ᠎ᠡ ᠨᠢ ᠬᠦᠭᠵᠢᠵᠤ ᠨᠡᠬᠡᠨ ᠬᠦᠢᠴᠡᠵᠤ᠂ ᠳᠠᠪᠠᠯᠳᠠ ᠲᠠᠢ ᠬᠦᠭᠵᠢᠯᠳᠡ ᠶᠢ ᠪᠡᠶᠡᠯᠡᠬᠦᠯᠦᠨ᠎ᠡ᠃      ᠳᠤᠮᠳᠠᠳᠤ ᠤᠯᠤᠰ ᠤᠨ ᠡᠪ ᠬᠠᠮᠳᠤ ᠨᠠᠮ ᠤᠨ ᠤᠯᠠᠭᠠᠨᠴᠠᠪ ᠬᠤᠳᠠ ᠶᠢᠨ ᠳᠦᠷᠪᠡᠳᠦᠬᠡᠷ ᠤᠳᠠᠭᠠᠨ ᠤ ᠨᠠᠮ  ᠤᠨ ᠲᠦᠯᠦᠬᠡᠯᠡᠭᠴᠢᠳ ᠤᠨ ᠬᠤᠷᠠᠯ ᠪᠠ ᠨᠠᠮ ᠤᠨ ᠬᠤᠷᠢᠶᠠᠨ ᠤ ᠳᠦᠷᠪᠡᠳᠦᠬᠡᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠦᠬᠦᠳᠡ ᠬᠤᠷᠠᠯ ᠤᠨ ᠳᠤᠬᠢᠷᠠᠭᠤᠯᠤᠯᠳᠠ ᠪᠠᠶᠢᠷᠢᠰᠢᠭᠤᠯᠤᠯᠳᠠ ᠶᠢᠨ ᠶᠤᠰᠤᠭᠠᠷ᠂ ᠰᠢᠨ᠎ᠡ ᠨᠢᠬᠡ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠤᠨ ᠶᠡᠷᠦᠩᠭᠡᠢ ᠰᠡᠳᠬᠢᠴᠡ ᠪᠤᠯ᠄ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ  ᠪᠦᠬᠦᠢ ᠨᠡᠶᠢᠬᠡᠮ ᠵᠢᠷᠦᠮ ᠤᠨ ᠦᠵᠡᠯ ᠰᠠᠨᠠᠭ᠎ᠠ  ᠪᠠᠷ ᠵᠢᠯᠤᠭᠤᠳᠤᠯᠭ᠎ᠠ ᠪᠤᠯᠭᠠᠵᠤ᠂ ︽ᠳᠠᠪᠤ ᠶᠢ ᠨᠢᠬᠡ ᠴᠤᠭᠴᠠᠵᠢᠭᠤᠯᠬᠤ︾ ᠶᠡᠷᠦᠩᠭᠡᠢ ᠪᠠᠶᠢᠷᠢᠯᠠᠭᠤᠯᠤᠯᠳᠠ ᠶᠢ ᠨᠢᠬᠡᠳᠦᠯᠳᠡᠢ ᠲᠦᠯᠦᠪᠯᠡᠨ ᠠᠬᠢᠭᠤᠯᠬᠤ ᠪᠠ ︽ᠳᠦᠷᠪᠡᠨ ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠨᠠᠷᠢᠨ ᠬᠢᠨᠠᠮᠠᠭᠠᠢ  ᠳᠤᠤᠱᠯᠠᠭᠤᠯᠵᠤ᠂ ᠯᠠᠪᠳᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠵᠤ᠂ ᠦᠨᠳᠦᠷ ᠶᠠᠰᠤ ᠴᠢᠨᠠᠷ ᠲᠠᠢ ᠬᠦᠭᠵᠢᠬᠦᠯᠬᠦ ᠱᠠᠭᠠᠷᠳᠠᠯᠭ᠎ᠠ ᠶᠤᠰᠤᠭᠠᠷ᠂ ᠬᠠᠩᠭᠠᠯᠭ᠎ᠠ ᠶᠢᠨ ᠳᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠭᠤᠤᠯ ᠰᠢᠵᠢᠮ ᠪᠤᠯᠭᠠᠵᠤ᠂ ᠳᠤᠭᠳᠠᠭᠤᠨ ᠨᠡᠮᠡᠭᠳᠡᠯ ᠢ ᠲᠦᠯᠬᠢᠨ ᠠᠬᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠲᠦᠴᠡ ᠶᠢ ᠳᠤᠬᠢᠷᠠᠭᠤᠯᠬᠤ᠂ ᠠᠷᠠᠳ ᠲᠤ ᠠᠰᠢᠭ ᠬᠦᠷᠳᠡᠬᠡᠬᠦ᠂ ᠬᠡᠨᠡᠨ ᠲᠦᠭᠰᠢᠬᠦᠷᠢ ᠶᠢ ᠰᠡᠷᠬᠡᠶᠢᠯᠡᠬᠦ ᠡᠯ᠎ᠡ ᠲᠦᠷᠦᠯ ᠤᠨ ᠠᠵᠢᠯ ᠢ ᠨᠢᠬᠡᠳᠦᠯᠳᠡᠢ ᠲᠦᠯᠦᠪᠯᠡᠵᠤ᠂ ᠳᠤᠮᠤ ᠴᠢᠬᠤᠯᠠ ᠬᠡᠨᠡᠨ ᠳᠦᠭᠰᠢᠬᠦᠷᠢ ᠶᠢ ᠰᠡᠷᠬᠡᠶᠢᠯᠡᠨ ᠠᠷᠢᠯᠭᠠᠬᠤ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠪᠤᠬᠢᠷᠳᠤᠯ ᠢ ᠰᠡᠷᠬᠡᠶᠢᠯᠡᠨ ᠵᠠᠰᠠᠬᠤ ︽ᠭᠤᠷᠪᠠᠨ ᠰᠢᠪᠳᠤᠯᠤᠯᠳᠠ ᠶᠢᠨ ᠳᠠᠶᠢᠯᠠᠯᠳᠤᠭᠠᠨ︾ ᠢ ᠡᠷᠡᠰ ᠰᠢᠭᠤᠷᠬᠠᠢ ᠰᠠᠶᠢᠲᠤᠷ ᠬᠢᠵᠤ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠠᠶᠢᠭᠤᠯᠬᠤ ᠠᠭᠤᠤ ᠶᠡᠭᠡ ᠰᠢᠢᠳᠪᠦᠷᠢᠳᠦ ᠢᠯᠠᠯᠳᠠ ᠶᠢ ᠮᠠᠷᠠᠶᠢᠨ ᠳᠡᠮᠡᠴᠡᠵᠤ ᠤᠯᠤᠨ᠎ᠠ᠃      ᠡᠯ᠎ᠡ ᠲᠦᠯᠦᠬᠡᠯᠡᠭᠴᠢᠳ ᠡ︕ ᠬᠦᠰᠡᠯ ᠮᠦᠷᠦᠬᠡᠳᠦᠯ ᠢᠶᠠᠨ ᠪᠡᠶᠡᠯᠡᠬᠦᠯᠬᠦ ᠳᠤ᠂ ᠪᠢᠳᠡ ᠴᠠᠭ ᠢᠮᠠᠭᠳᠠ ᠴᠢᠷᠮᠠᠶᠢᠬᠤ ᠬᠡᠷᠡᠭᠳᠡᠢ᠃ ᠦᠨᠦ ᠠᠴᠠ 2020 ᠤᠨ ᠪᠤᠯᠳᠠᠯ᠎ᠠ ᠪᠤᠯ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠵᠠᠩᠭᠢᠯᠠᠭ᠎ᠠ ᠶᠢᠨ ᠬᠤᠭᠤᠴᠠᠭ᠎ᠠ ᠮᠥᠨ᠂ ᠤᠬᠤᠷᠬᠠᠨ 3 ᠵᠢᠯ ᠤᠨ ᠬᠤᠭᠤᠴᠠᠭ᠎ᠠ ᠪᠠᠶᠢᠬᠤ ᠤᠴᠢᠷ ᠠᠴᠠ ᠡᠬᠦᠷᠬᠡ ᠲᠤᠩ ᠨᠦᠰᠡᠷ ᠬᠦᠨᠳᠦ ᠪᠠᠶᠢᠨ᠎ᠠ᠃ ᠪᠦᠬᠦ ᠬᠤᠳᠠ ᠶᠢᠨ 8.4 ᠲᠦᠮᠡᠨ ᠬᠦᠮᠦᠨ ᠠᠮᠠ ᠪᠠᠰᠠ ᠶᠠᠳᠠᠭᠤ ᠠᠴᠠ ᠠᠩᠭᠢᠵᠢᠷᠠᠭ᠎ᠠ ᠦᠭᠡᠢ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ 40 ᠲᠦᠷᠦᠯ ᠤᠨ ᠵᠢᠭᠠᠯᠳᠠ ᠳᠤᠭᠠᠨ  ᠤ 26 ᠲᠦᠷᠦᠯ ᠨᠢ ᠪᠠᠰᠠ ᠪᠠᠷᠢᠮᠵᠢᠶ᠎ᠠ ᠳᠤ ᠬᠦᠷᠦᠬᠡᠳᠦᠢ ᠪᠠᠶᠢᠭᠰᠠᠭᠠᠷ ᠪᠠᠶᠢᠨ᠎ᠠ᠃ ᠶᠠᠳᠠᠭᠤ ᠬᠦᠴᠢᠷᠳᠡᠯ ᠢ ᠠᠷᠢᠯᠭᠠᠬᠤ ᠦᠭᠡᠢ ᠪᠤᠯ ᠳᠡᠤᠬᠡᠨ ᠳᠤ ᠤᠰᠤᠯᠳᠤᠨ᠎ᠠ᠂ ᠠᠷᠠᠳ ᠤᠯᠠᠨ ᠪᠠᠶᠠᠵᠢᠬᠤ ᠦᠭᠡᠢ ᠪᠤᠯ ᠰᠡᠳᠬᠢᠯ ᠰᠠᠨᠠᠭ᠎ᠠ ᠳᠤᠭᠳᠠᠭᠤᠨ ᠦᠭᠡᠢ᠂ ᠴᠢᠨᠡᠬᠡᠯᠢᠭ ᠠᠮᠢᠳᠤᠷᠠᠯ ᠳᠤ ᠬᠦᠷᠬᠦ ᠦᠭᠡᠢ ᠪᠤᠯ ᠶᠠᠭᠠᠬᠢᠭᠰᠠᠨ ᠴᠦ ᠵᠤᠷᠢᠭ ᠮᠤᠬᠤᠬᠤ ᠦᠭᠡᠢ᠃ ᠪᠢᠳᠡ ᠵᠠᠪᠠᠯ ᠬᠦᠴᠦᠯᠡᠨ ᠴᠢᠷᠮᠠᠶᠢᠵᠤ᠂ ᠳᠤᠭᠳᠠᠭᠰᠠᠨ ᠬᠠᠷᠠᠯᠳᠠ ᠪᠠᠨ ᠴᠢᠩᠭ᠎ᠠ ᠤᠨᠢᠯᠠᠵᠤ᠂ ᠤᠨᠢᠨ ᠳᠡᠬᠡᠷ᠎ᠡ ᠨᠢ ᠬᠦᠴᠦᠯᠡᠵᠤ᠂ ᠬᠠᠮᠤᠭ ᠡᠴᠤᠰ ᠤᠨ ᠰᠢᠪᠳᠤᠯᠤᠯᠳᠠ ᠶᠢᠨ ᠡᠷᠴᠢ ᠵᠤᠷᠢᠭ ᠪᠤᠯᠤᠨ ᠵᠤᠷᠢᠭᠳᠠᠢ ᠪᠠᠷ ᠬᠠᠷᠢᠭᠤᠴᠠᠯᠭ᠎ᠠ ᠡᠬᠦᠷᠬᠡᠯᠡᠬᠦ ᠵᠤᠷᠢᠭ ᠰᠠᠨᠠᠭ᠎ᠠ ᠪᠠᠷ ᠭᠤᠤᠯᠳᠠᠯᠭ᠎ᠠ ᠶᠢ ᠠᠳᠬᠤᠬᠤ᠂ ᠳᠤᠳᠠᠭᠤᠳᠠᠯ ᠢᠶᠠᠨ ᠨᠦᠬᠦᠪᠦᠷᠢᠯᠡᠬᠦ᠂ ᠬᠡᠪᠡᠷᠡᠭ ᠵᠦᠢᠯ ᠢᠶᠠᠨ ᠴᠢᠩᠭᠠᠷᠠᠭᠤᠯᠬᠤ ᠶᠢ ᠳᠤᠪᠤᠶᠢᠯᠭᠠᠵᠤ᠂ 2020 ᠤᠨ ᠪᠤᠯᠬᠤ ᠳᠤ ᠪᠦᠬᠦ ᠤᠷᠤᠨ᠂ ᠪᠦᠬᠦ ᠤᠯᠤᠰ ᠲᠠᠢ ᠵᠢᠭᠳᠡ ᠪᠠᠷ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠪᠠᠨ ᠦᠨᠡᠨᠬᠦ ᠪᠠᠲᠤᠯᠠᠵᠤ᠂ 2022 ᠤᠨ ᠪᠤᠯᠬᠤ  ᠳᠤ ᠠᠵᠤ ᠠᠬᠤᠢ ᠨᠡᠶᠢᠬᠡᠮ ᠤᠨ ᠨᠡᠩ ᠦᠨᠳᠦᠷ ᠬᠢᠷᠢ ᠲᠦᠪᠰᠢᠨ᠂ ᠨᠡᠩ ᠦᠨᠳᠦᠷ ᠶᠠᠰᠤ ᠴᠢᠨᠠᠷ ᠲᠠᠢ ᠬᠦᠭᠵᠢᠯᠳᠡ  ᠶᠢ ᠪᠡᠶᠡᠯᠡᠬᠦᠯᠦᠨ᠎ᠡ᠃     —— ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠪᠠᠷᠢᠮᠳᠠᠯᠠᠵᠤ᠂ ᠦᠨᠳᠦᠷ ᠶᠠᠰᠤ ᠴᠢᠨᠠᠷ ᠲᠠᠢ ᠬᠦᠭᠵᠢᠯᠳᠡ ᠶᠢ ᠠᠬᠢᠭᠤᠯᠬᠤ ᠳᠤᠮᠳᠠ ᠰᠢᠨ᠎ᠡ ᠰᠢᠪᠳᠤᠯᠤᠯᠳᠠ ᠶᠢ ᠪᠡᠶᠡᠯᠡᠬᠦᠯᠦᠨ᠎ᠡ᠃ ᠦᠨᠳᠦᠷ ᠶᠠᠰᠤ ᠴᠢᠨᠠᠷ ᠲᠠᠢ ᠬᠦᠭᠵᠢᠯᠳᠡ ᠶᠢ ᠠᠬᠢᠭᠤᠯᠬᠤ ᠪᠤᠯ ᠤᠳᠤᠬᠠᠨ ᠪᠠ ᠬᠤᠶᠢᠰᠢᠳᠡ ᠶᠢᠨ ᠬᠡᠰᠡᠭ ᠬᠤᠭᠤᠴᠠᠭᠠᠨ ᠤ ᠬᠦᠭᠵᠢᠯᠳᠡ ᠶᠢᠨ ᠰᠡᠳᠬᠢᠴᠡ ᠶᠢ ᠪᠤᠢ ᠪᠤᠯᠭᠠᠬᠤ᠂ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢ ᠳᠤᠭᠳᠠᠭᠠᠬᠤ ᠦᠨᠳᠦᠰᠦᠨ ᠱᠠᠭᠠᠷᠳᠠᠯᠭ᠎ᠠ ᠮᠥᠨ᠃ ᠬᠠᠩᠭᠠᠯᠭ᠎ᠠ ᠶᠢᠨ ᠳᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠪᠠᠷ ᠭᠤᠤᠯ ᠰᠢᠵᠢᠮ ᠢᠶᠠᠨ ᠪᠤᠯᠭᠠᠵᠤ᠂ ᠶᠠᠰᠤ ᠴᠢᠨᠠᠷ ᠢ ᠨᠢᠬᠡᠳᠦᠬᠡᠷ ᠲᠤ ᠪᠠᠶᠢᠯᠭᠠᠬᠤ᠂ ᠦᠷ᠎ᠡ ᠠᠰᠢᠭ ᠢ ᠤᠷᠢᠳᠡᠪᠡᠷ ᠪᠠᠶᠢᠯᠭᠠᠬᠤ ᠶᠢ ᠪᠠᠷᠢᠮᠳᠠᠯᠠᠵᠤ᠂ ᠤᠳᠤᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ ᠲᠦᠷᠬᠡᠳᠬᠡᠨ ᠪᠠᠶᠢᠭᠤᠯᠤᠨ᠎ᠠ᠃ ᠦᠨᠳᠦᠷ ᠰᠢᠨ᠎ᠡ ᠮᠡᠷᠬᠡᠵᠢᠯ ᠪᠤᠯᠤᠨ ᠳᠡᠷᠢᠬᠦᠨ ᠤ ᠬᠡᠷᠡᠭᠯᠡᠬᠡᠨ ᠤ ᠮᠡᠷᠬᠡᠵᠢᠯ ᠤᠨ ᠠᠰᠢᠭᠯᠠᠯᠳᠠ ᠶᠢ ᠴᠢᠬᠤᠯᠠᠴᠢᠯᠠᠵᠤ᠂ ᠬᠢᠮᠢ ᠶᠢᠨ ᠠᠵᠤ ᠦᠢᠯᠡᠳᠪᠦᠷᠢ᠂ ᠳᠡᠮᠦᠷ ᠤᠨ ᠬᠠᠶᠢᠯᠤᠰᠢ᠂ ᠪᠠᠷᠢᠯᠭ᠎ᠠ ᠶᠢᠨ ᠮᠠᠲ᠋ᠧᠷᠢᠶᠠᠯ᠂ ᠳᠠᠷᠢᠶᠠᠯᠠᠩ ᠤᠨ ᠭᠠᠷᠤᠯᠳᠠ᠂ ᠮᠠᠯ ᠤᠨ ᠠᠰᠢᠭ ᠰᠢᠮ᠎ᠡ ᠶᠢᠨ ᠡᠳ᠋ᠰᠢᠬᠦᠯᠦᠯᠳᠡ ᠪᠤᠯᠪᠠᠰᠤᠷᠠᠭᠤᠯᠤᠯᠳᠠ ᠵᠡᠷᠬᠡ ᠠᠵᠤ ᠦᠢᠯᠡᠰ ᠢ ᠰᠢᠨᠡᠴᠢᠯᠡᠨ ᠳᠡᠬᠡᠭᠰᠢᠯᠡᠬᠦᠯᠵᠤ᠂ ᠤᠯᠠᠮᠵᠢᠯᠠᠯᠳᠤ ᠠᠵᠤ ᠦᠢᠯᠡᠰ ᠲᠤ ᠠᠮᠢᠵᠢᠷᠠᠯ ᠤᠨ ᠬᠦᠴᠦᠨ ᠪᠠ ᠦᠷᠢᠰᠦᠯᠳᠦᠬᠦ ᠬᠦᠴᠦᠨ ᠤᠯᠭᠤᠨ᠎ᠠ᠃ ᠳᠤᠮᠤ ᠳ᠋ᠠᠶᠢᠲ᠋ᠠ᠂ ᠳᠡᠭᠡᠳᠦ ᠳᠡᠰ ᠤᠨ ᠳᠤᠨᠤᠭᠯᠠᠯ ᠲᠦᠬᠦᠬᠡᠷᠦᠮᠵᠢ ᠦᠢᠯᠡᠳᠬᠦ᠂ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠵᠡᠷᠬᠡ ᠳᠠᠪᠠᠭᠤᠯᠢᠭ ᠠᠵᠤ ᠦᠢᠯᠡᠰ ᠤᠨ ᠰᠦᠷᠦᠭᠵᠢᠯ ᠢ ᠲᠦᠷᠭᠡᠳᠭᠡᠨ ᠪᠤᠶᠢᠵᠢᠭᠤᠯᠵᠤ᠂ 2019 ᠤᠨ ᠪᠤᠯᠬᠤ ᠳᠤ 1200 ᠲᠦᠮᠡᠨ ᠺᠢᠯᠤᠸᠠᠲ ᠤᠨ ᠰᠢᠨ᠎ᠡ ᠡᠨᠧᠷᠬᠢ ᠶᠢᠨ ᠰᠠᠭᠤᠷᠢᠨ ᠢ ᠪᠠᠶᠢᠭᠤᠯᠵᠤ᠂ 2020 ᠤᠨ ᠪᠤᠯᠬᠤ ᠳᠤ ᠳ᠋ᠠᠶᠢᠲ᠋ᠠ ᠶᠢᠨ ᠲᠦᠪ ᠤᠨ ᠦᠢᠯᠡᠴᠢᠯᠡᠬᠦᠷ ᠢ 100 ᠲᠦᠮᠡ ᠪᠤᠯᠭᠠᠵᠤ᠂ ᠡᠵᠡᠩᠨᠡᠯᠳᠡ ᠶᠢᠨ ᠭᠤᠤᠯ ᠤᠷᠤᠯᠭ᠎ᠠ ᠶᠢ ᠵᠠᠭᠤᠨ ᠳ᠋ᠦᠩᠰᠢᠭᠤᠷ ᠳᠦᠬᠦᠷᠢᠭ ᠲᠤ ᠬᠦᠷᠬᠡᠨ᠎ᠡ᠃ 2022 ᠤᠨ ᠪᠤᠯᠬᠤ ᠳᠤ᠂ ᠳᠠᠪᠤᠨ ᠵᠢᠯ ᠤᠨ ᠰᠢᠷᠭᠠᠭᠤ ᠴᠢᠷᠮᠠᠶᠢᠯᠭ᠎ᠠ ᠪᠠᠷ ᠳᠡᠮᠵᠢᠭᠤᠯᠤᠨ᠂ ᠤᠯᠤᠰ  ᠤᠨ ᠳᠡᠰ ᠤᠨ ᠶᠡᠭᠡ ᠳ᠋ᠠᠶᠢᠲ᠋ᠠ ᠶᠢᠨ ᠠᠵᠤ ᠦᠢᠯᠡᠰ ᠤᠨ ᠰᠠᠭᠤᠷᠢᠨ ᠪᠠ ︽ᠳᠠᠯ᠎ᠠ ᠨᠤᠳᠤᠭ ᠤᠨ ᠡᠬᠦᠯᠡᠨ ᠪᠤᠳᠤᠯᠳᠠ  ᠶᠢᠨ ᠬᠠᠪᠴᠢᠯ︾ ᠢ ᠴᠤᠭᠴᠠᠯᠠᠨ ᠪᠠᠶᠢᠭᠤᠯᠵᠤ᠂ ᠰᠢᠨ᠎ᠡ ᠮᠠᠲ᠋ᠧᠷᠢᠶᠠᠯ᠂ ᠳᠡᠬᠡᠳᠦ ᠳᠡᠰ ᠤᠨ ᠳᠤᠨᠤᠭ ᠳᠦᠬᠦᠬᠡᠷᠦᠮᠵᠢ ᠦᠢᠯᠡᠳᠬᠦ ᠠᠵᠤ ᠦᠢᠯᠡᠰ ᠢ ᠬᠡᠪᠴᠢᠶᠡᠵᠢᠬᠦᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠬᠤ ᠠᠵᠤ ᠦᠢᠯᠡᠰ ᠤᠨ ᠨᠡᠮᠡᠭᠳᠡᠯ ᠦᠷᠳᠡᠭ ᠤᠨ GDP ᠳᠠᠬᠢ ᠡᠵᠡᠯᠡᠬᠦ ᠬᠠᠷᠢᠴᠠᠯ ᠢ 10% ᠠᠴᠠ ᠳᠡᠬᠡᠭᠰᠢ ᠪᠤᠯᠭᠠᠨ᠎ᠠ ᠃ ᠡᠳ᠋ ᠪᠠᠷᠠᠭᠠᠨ ᠤ ᠬᠦᠢᠯᠬᠡᠬᠡ᠂ ᠵᠤᠭᠠᠴᠠᠯ᠂ ᠨᠠᠰᠤᠵᠢᠯ ᠤᠨ ᠠᠰᠠᠷᠠᠮᠵᠢ᠂ ᠴᠤᠭᠯᠠᠭᠠᠨ ᠦᠵᠡᠰᠬᠦᠯᠡᠩ᠂ ᠮᠦᠩᠭᠦᠨ ᠬᠦᠢᠯᠬᠡᠬᠡ ᠵᠡᠷᠬᠡ ᠤᠳᠤᠬᠢᠴᠢᠯᠠᠭᠰᠠᠨ ᠦᠢᠯᠡᠴᠢᠯᠡᠬᠡᠨ ᠤ ᠵᠦᠢᠯᠡᠰ ᠢ ᠬᠦᠴᠦ ᠳᠠᠯᠪᠢᠨ ᠰᠠᠶᠢᠲᠤᠷ ᠠᠳᠬᠤᠵᠤ᠂ ᠰᠤᠮᠤᠨ ᠭᠠᠯᠳᠤ ᠳᠡᠷᠬᠡᠨ ᠤ ᠬᠤᠳᠠᠯᠳᠤᠭᠠᠨ ᠤ ᠴᠠᠭᠠᠷᠢᠭ᠂ ᠠᠭᠠᠷ ᠤᠨ ᠠᠵᠤ ᠦᠢᠯᠡᠰ ᠤᠨ ᠬᠦᠷᠢᠶᠡᠯᠡᠩ᠂ ᠭᠠᠶᠢᠯᠢ ᠪᠠᠲᠤᠯᠠᠬᠤ ᠶᠡᠷᠦᠩᠭᠡᠢ ᠳᠤᠭᠤᠷᠢᠭ ᠢ ᠪᠠᠶᠢᠭᠤᠯᠵᠤ᠂ ᠤᠮᠠᠷᠠᠳᠤ ᠤᠷᠤᠨ ᠤ ᠡᠳ᠋ ᠪᠠᠷᠠᠭᠠᠨ ᠤ ᠬᠦᠢᠯᠬᠡᠬᠡᠨ ᠤ ᠲᠦᠪᠯᠡᠷᠡᠬᠦᠯᠦᠨ ᠳᠠᠷᠬᠠᠭᠠᠬᠤ ᠴᠢᠬᠤᠯᠠ ᠰᠠᠭᠤᠷᠢᠨ ᠪᠤᠯᠭᠠᠨ ᠴᠤᠭᠴᠠᠯᠠᠵᠤ᠂ ᠪᠡᠬᠡᠵᠢᠩ ᠲᠢᠶᠠᠨᠵᠢᠨ ᠡᠾᠧᠪᠸᠢ ᠶᠢᠨ ᠭᠠᠷᠠᠮ ᠪᠠ ᠤᠷᠤᠰ ᠮᠤᠩᠭᠤᠯ ᠡᠸᠦ᠋ᠷᠦᠫᠡ ᠶᠢ ᠬᠤᠯᠪᠤᠨ ᠨᠡᠪᠳᠡᠷᠡᠭᠰᠡᠨ ᠤᠯᠠᠨ ᠤᠯᠤᠰ ᠤᠨ ᠡᠳ᠋ ᠪᠠᠷᠠᠭᠠᠨ ᠤ ᠬᠦᠢᠯᠬᠡᠬᠡᠨ ᠤ ᠨᠡᠪᠳᠡᠷᠡᠯᠬᠡ ᠶᠢ ᠪᠦᠷᠢᠯᠳᠦᠬᠦᠯᠵᠤ᠂ ᠪᠦᠬᠦ ᠳᠠᠯ᠎ᠠ ᠪᠠᠷ ᠨᠡᠬᠡᠬᠡᠯᠳᠡ ᠲᠠᠢ ᠰᠢᠨ᠎ᠡ ᠪᠠᠶᠢᠳᠠᠯ ᠢ ᠪᠤᠢ ᠪᠤᠯᠭᠠᠨ᠎ᠠ᠃ ᠤᠯᠤᠰ ᠤᠨ ᠳᠤᠳᠤᠭᠠᠳᠤ ᠭᠠᠳᠠᠭᠠᠳᠤ ᠳᠤ ᠨᠡᠷ᠎ᠡ ᠠᠯᠳᠠᠷᠳᠠᠢ ᠪᠦᠬᠦ ᠴᠠᠷᠠᠭ᠎ᠠ ᠶᠢᠨ ᠵᠤᠭᠠᠴᠠᠯ ᠤᠨ ᠵᠤᠷᠢᠭᠰᠠᠨ ᠭᠠᠵᠠᠷ ᠢ ᠪᠠᠶᠢᠭᠤᠯᠵᠤ᠂ ᠵᠤᠭᠠᠴᠠᠭᠰᠠᠳ ᠤᠨ ᠳᠤᠭ᠎ᠠ ᠪᠠ ᠤᠷᠤᠯᠭ᠎ᠠ ᠶᠢ ᠴᠦᠮ ᠳᠤᠮᠳᠠᠴᠢ ᠪᠠᠷ 20% ᠤᠷᠴᠢᠮ ᠨᠡᠮᠡᠭᠳᠡᠬᠦᠯᠦᠨ᠎ᠡ᠃ ᠦᠢᠯᠡᠴᠢᠯᠡᠬᠡᠨ ᠤ ᠦᠢᠯᠡᠰ ᠤᠨ ᠤᠯᠤᠰ ᠠᠷᠠᠳ ᠤᠨ ᠠᠵᠤ ᠠᠬᠤᠶᠢᠯᠠᠯ ᠳᠠᠬᠢ ᠡᠵᠡᠯᠡᠬᠦ ᠬᠠᠷᠢᠴᠡᠯ ᠢ 45% ᠠᠴᠠ ᠳᠡᠬᠡᠭᠰᠢ ᠳᠤ ᠬᠦᠷᠬᠡᠵᠤ ᠠᠵᠤ ᠠᠬᠤᠢ ᠶᠢᠨ ᠪᠦᠲᠦᠴᠡ  ᠶᠢ ᠨᠡᠩ ᠵᠦᠢ ᠵᠤᠬᠢᠰᠳᠡᠢ ᠪᠤᠯᠭᠠᠨ᠎ᠠ᠃ ᠳᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠳᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ ᠠᠬᠢᠭᠤᠯᠵᠤ᠂ ᠡᠳ᠋ᠰᠢᠬᠦᠯᠦᠯᠳᠡ᠂ ᠪᠤᠷᠤᠯᠠᠭᠤᠯᠤᠯᠳᠠ ᠵᠡᠷᠬᠡ ᠶᠢᠨ ᠳᠤᠳᠠᠭᠤᠳᠠᠯ ᠢᠶᠠᠨ ᠨᠦᠬᠦᠪᠦᠷᠢᠯᠡᠨ᠎ᠡ᠃ ᠬᠠᠭᠤᠷᠠᠢ ᠳᠠᠷᠢᠮᠡᠯ ᠤᠨ ᠳᠠᠷᠢᠶᠠᠯᠠᠩ᠂ ᠤᠰᠤ ᠠᠷᠪᠢᠯᠠᠬᠤ ᠳᠠᠷᠢᠶᠠᠯᠠᠩ᠂ ᠳᠦᠬᠦᠬᠡᠷᠦᠮᠵᠢᠳᠦ ᠳᠠᠷᠢᠶᠠᠯᠠᠩ ᠢ ᠢᠳᠡᠪᠬᠢᠯᠡᠨ ᠬᠦᠭᠵᠢᠬᠦᠯᠵᠤ᠂ ᠳᠠᠷᠢᠮᠡᠯ ᠤᠨ ᠦᠢᠯᠡᠰ ᠤᠨ ᠳᠠᠯ᠎ᠠ ᠪᠠᠷ ᠲᠦᠮᠦᠰᠦ᠂ ᠬᠦᠢᠳᠡᠨ ᠰᠡᠷᠢᠬᠦᠨ ᠢᠳᠡᠰᠢᠨ ᠨᠤᠭᠤᠭ᠎ᠠ᠂ ᠨᠤᠬᠠᠢ ᠶᠢᠨ ᠬᠤᠰᠢᠭᠤ ᠬᠤᠯᠢᠮᠠᠭ ᠠᠮᠤ ᠬᠤᠯᠢᠮᠠᠭ ᠪᠤᠷᠴᠠᠭ ᠵᠡᠷᠬᠡ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠳᠡᠵᠢᠬᠡᠨ ᠦᠷᠡᠵᠢᠬᠦᠯᠬᠦ ᠦᠢᠯᠡᠰ ᠤᠨ ᠳᠠᠯ᠎ᠠ ᠪᠠᠷ ᠬᠤᠨᠢ ᠶᠢ ᠳᠤᠭᠳᠠᠪᠤᠷᠢᠵᠢᠭᠤᠯᠵᠤ᠂ ᠦᠬᠡᠷ ᠢ ᠨᠡᠮᠡᠭᠳᠡᠬᠦᠯᠵᠤ᠂ ᠭᠠᠭ᠋ᠠᠢ ᠵᠢᠬᠦᠷᠳᠡᠨ ᠢ ᠳᠡᠵᠢᠬᠡᠨ ᠦᠷᠡᠵᠢᠬᠦᠯᠬᠦ ᠪᠠᠨ ᠦᠷᠭᠡᠳᠭᠡᠵᠤ ᠂ ᠠᠮᠤ ᠪᠤᠳᠠᠭ᠎ᠠ ᠠᠵᠤ ᠠᠬᠤᠢ ᠶᠢᠨ ᠳᠠᠷᠢᠮᠡᠯ ᠳᠡᠵᠢᠬᠡᠯ ᠪᠤᠷᠳᠤᠭ᠎ᠠ ᠶᠢ ᠨᠢᠬᠡᠳᠦᠯᠳᠡᠢ ᠲᠦᠯᠦᠪᠯᠡᠭᠰᠡᠨ᠂ ᠳᠠᠷᠢᠶᠠᠯᠠᠩ ᠤᠢ ᠰᠢᠭᠤᠢ ᠮᠠᠯ ᠠᠵᠤ ᠠᠬᠤᠢ ᠶᠢ ᠤᠶᠠᠯᠳᠤᠭᠤᠯᠤᠭᠰᠠᠨ ᠳᠠᠷᠢᠮᠡᠯ ᠳᠡᠵᠢᠬᠡᠪᠤᠷᠢ ᠶᠢ ᠨᠢᠬᠡ ᠴᠤᠭᠴᠠᠵᠢᠭᠤᠯᠤᠭᠰᠠᠨ᠂ ᠨᠢᠬᠡ᠂ ᠬᠤᠶᠠᠷ᠂ ᠭᠤᠷᠪᠠᠳᠤᠭᠠᠷ ᠠᠵᠤ ᠦᠢᠯᠡᠰ ᠠᠭᠤᠰᠤᠯᠳᠤᠭᠰᠠᠨ ᠬᠦᠭᠵᠢᠯᠳᠡ ᠶᠢᠨ ᠳᠤᠭᠳᠠᠯᠴᠠᠭ᠎ᠠ ᠶᠢ ᠪᠦᠷᠢᠯᠳᠦᠬᠦᠯᠦᠨ᠎ᠡ᠃ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠤᠯᠤᠨ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠪᠦᠬᠦ ᠬᠦᠴᠦᠨ ᠢᠶᠠᠷ ᠬᠡᠷᠡᠭᠵᠢᠬᠦᠯᠵᠤ᠂ ᠬᠤᠳᠠ ᠬᠦᠳᠡᠭᠡ ᠶᠢᠨ ᠴᠢᠬᠤᠯᠠ ᠡᠯᠧᠮᠧᠨ᠋ᠲ ᠢ ᠴᠢᠯᠦᠬᠡᠳᠡᠢ ᠬᠦᠢᠯᠬᠡᠬᠡᠵᠦ᠂ ᠡᠷᠬᠡ ᠳᠡᠭᠰᠢ ᠰᠤᠯᠢᠯᠴᠠᠬᠤ᠂ ᠵᠦᠢ ᠵᠤᠬᠢᠰᠳᠠᠢ ᠳᠤᠬᠢᠷᠠᠭᠤᠯᠬᠤ ᠶᠢ ᠠᠬᠢᠭᠤᠯᠵᠤ᠂ ᠠᠵᠤ ᠦᠢᠯᠡᠳᠪᠦᠷᠢ ᠳᠠᠷᠢᠶᠠᠯᠠᠩ ᠬᠠᠷᠢᠯᠴᠠᠨ ᠠᠬᠢᠭᠤᠯᠤᠭᠳᠠᠭᠰᠠᠨ᠂ ᠬᠤᠳᠠ ᠬᠦᠳᠡᠭᠡ ᠬᠠᠷᠢᠯᠴᠠᠨ ᠨᠦᠬᠦᠪᠦᠷᠢᠯᠡᠭᠳᠡᠭᠰᠡᠨ᠂ ᠪᠦᠬᠦ ᠳᠠᠯ᠎ᠠ ᠪᠠᠷ ᠠᠭᠤᠰᠤᠯᠴᠠᠯᠳᠤᠭᠰᠠᠨ᠂ ᠬᠠᠮᠳᠤᠪᠡᠷ ᠴᠡᠴᠡᠭᠯᠡᠨ ᠮᠠᠨᠳᠤᠭᠰᠠᠨ ᠰᠢᠨ᠎ᠡ ᠬᠡᠯᠪᠡᠷᠢ ᠶᠢᠨ ᠬᠤᠳᠠ ᠬᠦᠳᠡᠭᠡ ᠶᠢᠨ ᠬᠠᠷᠢᠴᠠᠭ᠎ᠠ ᠶᠢ ᠲᠦᠷᠭᠡᠳᠭᠡᠵᠤ᠂ ᠬᠤᠰᠢᠭᠤ ᠰᠢᠶᠠᠨ ᠤ ᠠᠵᠤ ᠠᠬᠤᠢ ᠶᠢᠨ ᠪᠤᠳᠠᠳᠤ ᠬᠦᠴᠦᠨ  ᠢ ᠮᠡᠳᠡᠭᠳᠡᠮ᠎ᠡ ᠳᠡᠭᠡᠭᠰᠢᠯᠡᠬᠦᠯᠵᠤ᠂ ᠦᠵᠡᠰᠬᠦᠯᠡᠩᠳᠤ ᠰᠠᠶᠢᠬᠠᠨ ᠬᠦᠳᠡᠭᠡ ᠳᠤᠰᠬᠤᠨ ᠤ ᠪᠦᠲᠦᠭᠡᠨ ᠪᠠᠶᠢᠭᠤᠯᠤᠯᠳᠠ ᠪᠠᠷ ᠮᠠᠯᠴᠢᠨ ᠳᠠᠷᠢᠶᠠᠴᠢᠨ  ᠢ ᠨᠡᠩ ᠰᠠᠶᠢᠬᠠᠨ ᠠᠮᠢᠳᠤᠷᠠᠯ ᠤᠨ ᠳᠡᠮᠡᠤᠯᠡᠯ  ᠲᠠᠢ ᠪᠤᠯᠭᠠᠨ᠎ᠠ᠃ ᠬᠤᠳᠠ ᠪᠠᠯᠭᠠᠰᠤᠵᠢᠯᠳᠡ ᠶᠢᠨ ᠨᠤᠷᠮ᠎ᠡ ᠶᠢ 55% ᠠᠴᠠ ᠳᠡᠬᠡᠭᠰᠢ  ᠳᠤ ᠬᠦᠷᠬᠡᠨ᠎ᠡ᠂ ᠳᠡᠮᠦᠷ ᠵᠠᠮ ᠂ ᠵᠠᠰᠠᠮᠡᠯ ᠵᠠᠮ᠂ ᠠᠭᠠᠷ ᠠᠶᠠᠯᠠᠯ᠂ ᠬᠤᠳᠠ ᠶᠢᠨ ᠶᠠᠪᠤᠳᠠᠯ᠂ ᠤᠰᠤᠨ ᠠᠰᠢᠭᠯᠠᠯᠳᠠ᠂ ᠴᠠᠬᠢᠯᠭᠠᠨ ᠬᠦᠴᠦᠨ᠂ ᠰᠤᠷᠠᠭ ᠵᠠᠩᠭᠢ ᠵᠡᠷᠬᠡ ᠰᠠᠭᠤᠷᠢ ᠪᠦᠲᠦᠭᠡᠨ ᠪᠠᠶᠢᠭᠤᠯᠤᠯᠳᠠ ᠶᠢ ᠪᠦᠬᠦ ᠳᠠᠯ᠎ᠠ ᠪᠠᠷ ᠴᠢᠩᠭᠠᠳᠬᠠᠵᠤ᠂ ᠤᠰᠤ᠂ ᠴᠠᠬᠢᠯᠭᠠᠨ᠂ ᠬᠡᠢ  ᠶᠢᠨ ᠳᠤᠳᠠᠭᠳᠠᠵᠤ ᠪᠠᠶᠢᠭ᠎ᠠ ᠠᠰᠠᠭᠤᠳᠠᠯ ᠢ ᠬᠦᠴᠦ ᠳᠠᠯᠪᠢᠨ ᠰᠢᠢᠳᠪᠦᠷᠢᠯᠡᠵᠤ᠂ ᠬᠤᠳᠠ ᠬᠦᠳᠡᠭᠡ ᠶᠢᠨ ᠶᠡᠷᠦᠩᠭᠡᠢ ᠳᠠᠭᠠᠭᠠᠴᠠ ᠴᠢᠳᠠᠪᠬᠢ ᠶᠢ ᠳᠡᠭᠡᠭᠰᠢᠯᠡᠬᠦᠯᠵᠤ᠂ ᠠᠵᠤ ᠠᠬᠤᠢ ᠨᠡᠶᠢᠬᠡᠮ ᠤᠨ ᠠᠯᠤᠰ ᠬᠡᠳᠦ ᠶᠢᠨ ᠬᠦᠭᠵᠢᠯᠳᠡ ᠳᠤ ᠪᠠᠲᠤ ᠪᠠᠬᠢ ᠰᠠᠭᠤᠷᠢ ᠶᠢ ᠳᠠᠯᠪᠢᠨ᠎ᠠ᠃     —— ᠠᠵᠢᠯ ᠤᠨ ᠭᠤᠤᠯᠳᠠᠯᠭ᠎ᠠ ᠶᠢ ᠳᠤᠪᠤᠶᠢᠯᠭᠠᠬᠤ ᠶᠢ ᠪᠠᠷᠢᠮᠳᠠᠯᠠᠨ᠂ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠰᠢᠨ᠎ᠡ ᠦᠷ᠎ᠡ ᠪᠦᠲᠦᠭᠡᠯ ᠢ ᠤᠯᠤᠨ᠎ᠠ᠃ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠠᠮᠵᠢᠯᠳᠠ ᠲᠠᠢ ᠬᠢᠬᠦ ᠨᠢ ᠲᠦᠪ ᠬᠤᠷᠢᠶᠠᠨ ᠤ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯᠬᠤ ᠮᠦᠷᠳᠡᠬᠡᠨ ᠪᠠᠰᠠ ᠴᠦ ᠮᠠᠨ ᠤ ᠬᠤᠳᠠ ᠶᠢᠨ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠴᠤᠭᠴᠠᠯᠠᠨ ᠪᠠᠶᠢᠭᠤᠯᠬᠤ ᠳᠤ ᠡᠷᠬᠡᠪᠰᠢ ᠳᠡᠪᠡᠨ ᠳᠤᠭᠤᠯᠬᠤ ᠪᠤᠭᠤᠮᠳᠠ ᠪᠤᠯᠬᠤ ᠶᠤᠮ᠃ ᠳᠤᠮᠤ ᠶᠡᠭᠡ ᠬᠡᠨᠡᠨ ᠳᠦᠭᠰᠢᠬᠦᠷᠢ ᠶᠢ ᠰᠡᠷᠬᠡᠶᠢᠯᠡᠨ ᠠᠷᠢᠯᠭᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠵᠠᠪᠠᠯ ᠠᠮᠵᠢᠯᠳᠠ ᠲᠠᠢ ᠬᠢᠬᠦ ᠬᠡᠷᠡᠭᠳᠡᠢ᠃ ᠵᠠᠰᠠᠭ ᠤᠨ ᠤᠷᠳᠤᠨ ᠤ ᠦᠷᠢ ᠲᠦᠯᠦᠪᠤᠷᠢ ᠶᠢ ᠴᠡᠪᠡᠷᠯᠡᠨ ᠠᠷᠢᠯᠭᠠᠬᠤ ᠶᠠᠪᠤᠳᠠᠯ ᠢ ᠪᠤᠳᠠᠳᠠᠢ ᠬᠢᠷᠢ ᠪᠦᠲᠦᠮᠵᠢ ᠶᠢᠨ ᠬᠢᠨᠠᠨ ᠰᠢᠯᠭᠠᠬᠤ ᠰᠢᠰᠲ᠋ᠧᠮ ᠳᠤ ᠤᠷᠤᠭᠤᠯᠵᠤ᠂ ᠬᠤᠷᠠᠮᠳᠤᠯ ᠤᠨ ᠬᠡᠮᠵᠢᠶ᠎ᠡ ᠶᠢ ᠢᠳᠡᠪᠬᠢᠳᠡᠢ ᠠᠷᠢᠯᠭᠠᠨ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠬᠤ᠂ ᠲᠦᠰᠦᠪ ᠤᠨ ᠬᠢᠵᠠᠭᠠᠷᠯᠠᠯ ᠢ ᠴᠢᠩᠭᠠᠳᠬᠠᠨ᠂ ᠵᠠᠰᠠᠭ ᠤᠨ ᠤᠷᠳᠤᠨ ᠤ ᠵᠢᠭᠡᠯᠡᠵᠦ ᠮᠦᠩᠬᠦ ᠤᠷᠤᠭᠤᠯᠬᠤ ᠦᠢᠯᠡ ᠠᠵᠢᠯᠯᠠᠭ᠎ᠠ ᠶᠢ ᠡᠷᠡᠰ ᠰᠢᠭᠤᠷᠬᠠᠢ ᠴᠢᠩᠭ᠎ᠠ ᠨᠢᠮᠪᠠᠢ ᠲᠦᠷᠢᠮᠵᠢᠬᠦᠯᠦᠨ᠂ 2021 ᠤᠨ ᠪᠤᠯᠬᠤ ᠳᠤ ᠵᠠᠰᠠᠭ ᠤᠨ ᠤᠷᠳᠤᠨ ᠤ ᠦᠷᠢ ᠰᠢᠷᠢ ᠶᠢᠨ ᠨᠤᠷᠮ᠎ᠡ ᠶᠢ ᠵᠤᠬᠢᠰᠳᠠᠢ ᠬᠡᠪᠴᠢᠶᠡᠨ ᠳᠤ ᠬᠢᠵᠠᠭᠠᠷᠯᠠᠨ᠂ ᠳᠠᠤᠯᠠᠢ ᠵᠢᠯ ᠤᠨ ᠬᠦᠨᠡᠰᠦ ᠪᠠᠨ ᠪᠠᠷᠰ ᠵᠢᠯ ᠢᠳᠡᠵᠤ᠂ ᠢᠷᠡᠭᠡᠳᠦᠢ ᠪᠠᠨ ᠬᠤᠭᠤᠰᠤᠯᠠᠬᠤ ᠶᠢ ᠲᠠᠰᠤ ᠬᠤᠷᠢᠭᠯᠠᠨ᠎ᠠ᠃ ᠮᠦᠩᠭᠦᠨ ᠬᠦᠢᠯᠬᠡᠬᠡᠨ ᠤ ᠲᠦᠭᠰᠢᠬᠦᠷᠢ ᠶᠢ ᠰᠢᠢᠳᠪᠦᠷᠢᠯᠡᠬᠦ ᠠᠵᠢᠯ ᠤᠨ ᠡᠷᠴᠢᠮ ᠢᠶᠠᠨ ᠴᠢᠩᠭᠠᠳᠬᠠᠨ᠂  ᠮᠦᠩᠭᠦᠨ ᠬᠦᠢᠯᠬᠡᠬᠡᠨ ᠤ ᠦᠢᠯᠡᠴᠢᠯᠡᠬᠡᠨ ᠤ ᠪᠤᠳᠠᠳᠤ ᠴᠤᠭᠴᠠ ᠶᠢᠨ ᠠᠵᠤ ᠠᠬᠤᠢ  ᠶᠢᠨ ᠴᠢᠳᠠᠪᠤᠷᠢ ᠶᠢ ᠳᠡᠭᠡᠭᠰᠢᠯᠡᠬᠦᠯᠦᠨ᠂ ᠳᠠᠪᠤᠨ ᠵᠢᠯ ᠤᠨ ᠳᠤᠳᠤᠷ᠎ᠡ ᠵᠤᠬᠢᠰ ᠦᠭᠡᠢ ᠵᠢᠬᠡᠯᠡᠯᠬᠡ ᠶᠢᠨ ᠨᠤᠷᠮ᠎ᠡ ᠶᠢ ᠪᠦᠬᠦ ᠤᠷᠤᠨ ᠤ ᠳᠡᠭᠰᠢᠳᠬᠡᠭᠰᠡᠨ ᠬᠡᠮᠵᠢᠶᠡᠨ ᠠᠴᠠ ᠳᠤᠤᠭᠤᠷ ᠪᠠᠶᠢᠯᠭᠠᠬᠤ ᠪᠠᠷ ᠳᠡᠮᠡᠴᠡᠨ᠂ ᠰᠢᠰᠲ᠋ᠧᠮ ᠤᠨ ᠴᠢᠨᠠᠷᠳᠠᠢ ᠪᠤᠶᠤ ᠭᠠᠵᠠᠷ ᠤᠷᠤᠨ ᠤ ᠴᠢᠨᠠᠷᠳᠠᠢ ᠠᠶᠤᠯ ᠲᠦᠭᠰᠢᠬᠦᠷᠢ ᠡᠬᠦᠰᠬᠦ ᠬᠤᠷᠢᠭ᠎ᠠ ᠱᠣᠭᠤᠮ ᠢ ᠪᠠᠲᠤ ᠰᠠᠬᠢᠨ᠎ᠠ᠃ ᠶᠠᠳᠠᠭᠤ  ᠶᠢ ᠳᠡᠳᠬᠦᠨ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠵᠠᠪᠠᠯ ᠠᠮᠵᠢᠯᠳᠠ ᠲᠠᠢ ᠬᠢᠬᠦ ᠬᠡᠷᠡᠭᠳᠡᠢ᠃ ᠮᠠᠨ ᠤ ᠬᠤᠳᠠ ᠪᠤᠯ ᠦᠪᠡᠷᠳᠡᠬᠡᠨ ᠵᠠᠰᠠᠬᠤ ᠤᠷᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠭᠤᠤᠯ ᠳᠠᠯᠠᠪᠤᠷ ᠪᠤᠯᠤᠨ᠎ᠠ᠃ ᠡᠶᠢᠮᠦ ᠠᠴᠠ ᠡᠷᠬᠡᠪᠰᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠳᠡᠷᠢᠬᠦᠨ ᠴᠢᠬᠤᠯᠠ ᠶᠠᠪᠤᠳᠠᠯ ᠪᠠ ᠠᠷᠠᠳ  ᠤᠨ ᠠᠮᠢᠳᠤᠷᠠᠯ ᠤᠨ ᠨᠢᠬᠡᠳᠦᠬᠡᠷ ᠢᠨᠵᠧᠨᠧᠷᠢᠩ ᠢᠶᠠᠷ ᠦᠵᠡᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠠᠷ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠪᠦᠬᠦ ᠳᠠᠯ᠎ᠠ ᠶᠢ ᠡᠵᠡᠮᠳᠡᠨ᠂ ᠪᠦᠬᠦᠶᠢᠯᠡ ᠠᠵᠢᠯ ᠶᠠᠪᠤᠳᠠᠯ ᠢ ᠴᠦᠮ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠡᠰᠢ ᠬᠡᠯᠪᠡᠶᠢᠯᠬᠡᠵᠤ᠂ ᠪᠦᠬᠦ ᠬᠤᠳᠠ ᠶᠢᠨ ᠬᠦᠴᠦᠨ ᠢᠶᠠᠷ ᠡᠨᠡᠬᠦ ᠳᠠᠶᠢᠯᠠᠯᠳᠤᠭᠠᠨ ᠢ ᠠᠮᠵᠢᠯᠳᠠ ᠲᠠᠢ ᠬᠢᠨ᠎ᠠ᠃ 2018 ᠤᠨ ᠳᠤ᠂ ᠯᠢᠶᠠᠩᠴᠧᠩ ᠰᠢᠶᠠᠨ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤ᠂ ᠬᠤᠸᠠᠳᠧ ᠰᠢᠶᠠᠨ  ᠤ ᠶᠠᠳᠠᠭᠤ ᠠᠴᠠ ᠠᠩᠭᠢᠵᠢᠷᠠᠬᠤ ᠶᠢ ᠪᠠᠲᠤᠯᠠᠵᠤ᠂ 2019 ᠤᠨ ᠳᠤ ᠪᠤᠰᠤᠳ ᠬᠤᠰᠢᠭᠤ ᠰᠢᠶᠠᠨ ᠢ ᠪᠦᠬᠦᠨ ᠢᠶᠠᠷ ᠢᠶᠠᠨ ᠶᠠᠳᠠᠭᠤ ᠮᠠᠯᠠᠭᠠᠢ ᠪᠠᠨ ᠠᠪᠴᠤ ᠬᠠᠶᠠᠬᠤ ᠶᠢ ᠪᠠᠲᠤᠯᠠᠨ᠎ᠠ᠃ ᠪᠤᠬᠢᠷᠳᠤᠯ ᠢ ᠵᠠᠰᠠᠨ ᠰᠡᠷᠬᠡᠶᠢᠯᠡᠬᠦ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠵᠠᠪᠠᠯ ᠠᠮᠵᠢᠯᠳᠠ ᠲᠠᠢ ᠬᠢᠨ᠎ᠠ᠃ ︽ᠴᠡᠩᠭᠡᠭ ᠤᠰᠤ ᠬᠦᠭᠡᠮᠳᠦᠭ ᠠᠭᠤᠯᠠ ᠪᠤᠯ ᠳᠠᠷᠤᠢ ᠠᠯᠳ᠋ᠨ ᠮᠦᠩᠭᠦᠨ ᠠᠭᠤᠯᠠ︾ ᠬᠡᠬᠦ ᠤᠶᠢᠯᠠᠭᠠᠭᠳᠠᠬᠤᠨ ᠢ ᠪᠠᠲᠤ ᠪᠤᠢ ᠪᠤᠯᠭᠠᠵᠤ᠂ ᠠᠮᠢ ᠠᠬᠤᠢ ᠶᠢᠨ ᠬᠤᠷᠢᠭ᠎ᠠ ᠱᠣᠭᠤᠮ ᠢ ᠪᠠᠲᠤ ᠰᠠᠬᠢᠨ᠂ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠣᠭᠤᠮ ᠳᠤ ᠬᠠᠯᠳᠠᠵᠤ ᠪᠤᠯᠤᠰᠢ ᠦᠭᠡᠢ ᠪᠠᠷ ᠠᠮᠢ ᠨᠠᠰᠤ ᠪᠠᠨ ᠬᠠᠶᠢᠷᠠᠯᠠᠬᠤ ᠲᠠᠢ ᠠᠳᠠᠯᠢ ᠪᠠᠷ ᠠᠮᠢ ᠠᠬᠤᠢ ᠶᠢ ᠬᠠᠶᠢᠷᠠᠯᠠᠨ ᠬᠠᠮᠠᠭᠠᠯᠠᠵᠤ᠂ ᠮᠠᠨ ᠤ ᠬᠠᠮᠤᠭ ᠤᠨ ᠶᠡᠭᠡ ᠳᠠᠪᠠᠭᠤᠯᠢᠭ᠂ ᠬᠠᠮᠤᠭ ᠤᠨ ᠨᠠᠨᠳᠢᠨ ᠦᠪ ᠬᠦᠷᠦᠩᠭᠡ ᠪᠠᠨ ᠰᠠᠶᠢᠲᠤᠷ ᠬᠠᠮᠠᠭᠠᠯᠠᠨ᠎ᠠ᠃ ᠤᠰᠤ ᠪᠠᠷ ᠬᠤᠳᠠ ᠶᠢ ᠳᠤᠭᠳᠠᠭᠠᠨ᠂ ᠤᠰᠤ ᠪᠠᠷ ᠬᠦᠮᠦᠨ ᠢ ᠳᠤᠭᠳᠠᠭᠠᠵᠤ᠂ ᠤᠰᠤ ᠪᠠᠷ ᠦᠢᠯᠡᠳᠪᠦᠷᠢᠯᠡᠯ ᠢᠶᠠᠨ ᠳᠤᠭᠳᠠᠭᠠᠨ ᠤᠰᠤ ᠶᠢ ᠭᠠᠮᠨᠠᠨ ᠠᠷᠪᠢᠯᠠᠬᠤ ᠶᠠᠪᠤᠳᠠᠯ ᠢ ᠴᠢᠩᠭᠠᠳᠬᠠᠨ ᠳᠡᠬᠦᠯᠳᠡᠷᠵᠢᠬᠦᠯᠦᠨ᠎ᠡ᠃ ᠠᠭᠤᠯᠠ ᠤᠰᠤ ᠤᠢ ᠰᠢᠭᠤᠢ ᠳᠠᠷᠢᠶᠠᠨ ᠭᠠᠵᠠᠷ ᠨᠠᠭᠤᠷ ᠴᠦᠬᠦᠷᠦᠮ ᠡᠪᠡᠰᠦ ᠪᠡᠯᠴᠢᠬᠡᠷ ᠤᠨ ᠰᠢᠰᠲ᠋ᠧᠮ ᠢ ᠵᠠᠰᠠᠨ ᠰᠠᠶᠢᠵᠢᠷᠠᠭᠤᠯᠬᠤ ᠶᠢ ᠨᠢᠬᠡᠳᠦᠯᠳᠡᠢ ᠲᠦᠯᠦᠪᠯᠡᠵᠤ᠂ ᠠᠭᠠᠷ ᠮᠠᠨᠳᠤᠯ᠂ ᠤᠰᠤ᠂ ᠬᠦᠷᠦᠰᠦ ᠰᠢᠷᠤᠢ ᠵᠡᠷᠬᠡ ᠤᠷᠴᠢᠨ ᠠᠬᠤᠢ ᠶᠢᠨ ᠳᠤᠪᠤᠶᠢᠮ᠎ᠡ ᠠᠰᠠᠭᠤᠳᠠᠯ ᠢ ᠬᠦᠴᠦ ᠳᠠᠯᠪᠢᠨ ᠰᠠᠶᠢᠲᠤᠷ ᠰᠢᠢᠳᠪᠦᠷᠢᠯᠡᠨ᠂ ᠶᠠᠭᠠᠬᠢᠭᠰᠠᠨ ᠴᠦ ᠤᠷᠴᠢᠨ ᠠᠬᠤᠢ ᠪᠠᠷ ᠦᠷᠡᠭᠳᠡᠯ ᠪᠤᠯᠭᠠᠨ᠂ ᠡᠬᠢ ᠪᠠᠶᠠᠯᠢᠭ ᠢ ᠪᠦᠷᠢᠯᠬᠡᠨ ᠳᠠᠯᠬᠢᠭᠳᠠᠬᠤ ᠪᠠᠷ ᠨᠢᠬᠡᠨ ᠴᠠᠭ ᠤᠨ ᠠᠵᠤ ᠠᠬᠤᠢ ᠶᠢᠨ ᠨᠡᠮᠡᠭᠳᠡᠯ ᠢ ᠰᠤᠯᠢᠬᠤ ᠦᠭᠡᠢ᠃ ᠤᠢ ᠰᠢᠭᠤᠢ ᠶᠢᠨ ᠬᠤᠴᠢᠯᠳᠠ ᠶᠢᠨ ᠨᠤᠷᠮ᠎ᠡ ᠶᠢ 25.1% ᠳᠤ ᠬᠦᠷᠬᠡᠨ᠎ᠡ᠃ ᠨᠢᠬᠡᠴᠢ ᠶᠢᠨ GDP  ᠶᠢᠨ ᠡᠨᠧᠷᠬᠢ ᠶᠢᠨ ᠬᠤᠷᠤᠭᠳᠠᠯ᠂ ᠭᠤᠤᠯ ᠪᠤᠯᠬᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠢ ᠤᠯᠤᠰ ᠠᠴᠠ ᠳᠤᠭᠳᠠᠭᠠᠭᠰᠠᠨ ᠵᠢᠭᠠᠯᠳᠠ ᠳᠤᠭ᠎ᠠ ᠶᠢᠨ ᠳᠤᠳᠤᠷ᠎ᠡ ᠬᠢᠵᠠᠭᠠᠷᠯᠠᠨ᠂ ᠬᠦᠮᠦᠨ ᠬᠢᠬᠡᠳ ᠪᠠᠶᠢᠭᠠᠯᠢ ᠶᠢᠨ ᠡᠶ᠎ᠡ ᠵᠤᠬᠢᠴᠠᠩᠭᠤᠢ ᠬᠦᠭᠵᠢᠭᠰᠡᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠳᠠ ᠶᠢᠨ ᠰᠢᠨ᠎ᠡ ᠲᠦᠷᠰᠦ ᠪᠠᠶᠢᠳᠠᠯ ᠤᠨ ᠪᠤᠢ ᠪᠤᠯᠬᠤ ᠶᠢ ᠲᠦᠯᠬᠢᠨ ᠠᠬᠢᠭᠤᠯᠵᠤ᠂ ᠤᠯᠠᠭᠠᠨᠴᠠᠪ ᠤᠨ ᠢᠶᠠᠨ ᠠᠭᠤᠯᠠ ᠤᠰᠤ ᠤᠯᠠᠮ ᠭᠤᠶᠤ ᠦᠵᠡᠰᠬᠦᠯᠡᠩ᠂ ᠡᠬᠡ ᠭᠠᠵᠠᠷ ᠨᠡᠩ ᠵᠢᠪᠬᠤᠭ᠎ᠠ ᠳᠡᠬᠦᠯᠳᠡᠷ ᠪᠤᠯᠬᠤ ᠶᠢ ᠪᠡᠯᠬᠡᠳᠡᠨᠡᠮ︕     — ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠨ᠂ ᠠᠷᠠᠳ ᠤᠨ ᠠᠮᠢᠳᠤᠷᠠᠯ ᠢ ᠪᠠᠲᠤᠯᠠᠭᠵᠢᠭᠤᠯᠤᠨ ᠰᠠᠶᠢᠵᠢᠷᠠᠭᠤᠯᠬᠤ ᠰᠢᠨ᠎ᠡ ᠬᠠᠭᠤᠳᠠᠰᠤ ᠶᠢ ᠪᠢᠴᠢᠭᠯᠡᠨᠡᠮ ᠃ ᠬᠦᠭᠵᠢᠯᠳᠡ ᠶᠢᠨ ᠵᠤᠷᠢᠯᠭ᠎ᠠ ᠪᠤᠯ ᠳᠠᠷᠤᠢ ᠪᠦᠬᠦ ᠬᠤᠳᠠ ᠶᠢᠨ ᠠᠷᠠᠳ ᠲᠦᠮᠡᠨ ᠳᠤ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦᠯᠬᠦ ᠶᠢᠨ ᠲᠦᠯᠦᠬᠡ ᠶᠤᠮ᠃ ᠰᠢᠨ᠎ᠡ ᠨᠢᠬᠡᠨ ᠬᠤᠭᠤᠴᠠᠭᠠᠨ ᠤ ᠵᠠᠰᠠᠭ ᠤᠨ ᠤᠷᠳᠤᠨ ᠨᠢ ᠠᠷᠠᠳ ᠲᠦᠮᠡᠨ ᠳᠤ ᠪᠤᠶᠠᠨ ᠦᠢᠯᠡᠳᠬᠦ ᠪᠠᠷ ᠵᠠᠰᠠᠭ ᠪᠠᠷᠢᠬᠤ ᠶᠢᠨ ᠬᠠᠮᠤᠭ ᠤᠨ ᠶᠡᠭᠡ ᠬᠢᠷᠢ ᠪᠦᠲᠦᠮᠵᠢ ᠪᠠᠨ ᠪᠤᠯᠭᠠᠵᠤ᠂ ᠬᠡᠵᠢᠶᠡᠳᠡ ᠠᠷᠠᠳ ᠲᠦᠮᠡᠨ ᠲᠠᠢ ᠴᠤᠭᠭᠠᠷ ᠰᠡᠳᠬᠢᠨ ᠬᠠᠮᠳᠤᠪᠡᠷ ᠠᠵᠢᠯᠯᠠᠵᠤ᠂ ᠠᠷᠠᠳ ᠤᠨ ᠠᠮᠢᠳᠤᠷᠠᠯ ᠤᠨ ᠠᠰᠢᠭ ᠳᠤᠰᠠ ᠠᠴᠠ ᠡᠬᠦᠰᠦᠨ ᠢᠯᠡᠬᠦᠦ ᠪᠤᠳᠤᠯᠬᠢᠯᠠᠨ᠂ ᠠᠷᠠᠳ ᠤᠨ ᠠᠮᠢᠳᠤᠷᠠᠯ ᠤᠨ ᠬᠦᠴᠢᠷ ᠵᠤᠪᠠᠭᠤᠷᠢ ᠠᠴᠠ ᠡᠬᠦᠰᠦᠨ ᠢᠯᠡᠬᠦᠦ ᠰᠢᠢᠳᠪᠦᠷᠢᠯᠡᠵᠤ᠂ ᠠᠷᠠᠳ ᠤᠯᠠᠨ ᠳᠤ ᠦᠯᠵᠠᠢ ᠬᠡᠰᠢᠭ ᠢ ᠦᠯᠡᠮᠵᠢᠬᠡᠨ ᠬᠦᠷᠳᠡᠬᠡᠬᠦ ᠪᠠᠷ ᠴᠢᠷᠮᠠᠶᠢᠨ᠂ ᠬᠦᠮᠦᠨ ᠤ ᠪᠦᠬᠦ ᠳᠠᠯ᠎ᠠ ᠶᠢᠨ ᠬᠦᠭᠵᠢᠯᠳᠡ ᠶᠢ ᠠᠬᠢᠭᠤᠯᠬᠤ ᠳᠤ ᠤᠯᠠᠮ ᠰᠠᠶᠢᠨ ᠪᠦᠲᠦᠮᠵᠢᠳᠡᠢ ᠲᠦᠷᠢᠮ ᠭᠠᠷᠭᠠᠵᠤ᠂ ᠤᠯᠠᠮ ᠰᠠᠶᠢᠨ ᠬᠦᠭᠵᠢᠯᠳᠡ  ᠶᠢᠨ ᠪᠦᠲᠦᠭᠡᠯ ᠢᠶᠠᠷ ᠨᠡᠩ ᠰᠠᠶᠢᠬᠠᠨ ᠠᠮᠢᠳᠤᠷᠠᠯ ᠠᠬᠤᠢ ᠶᠢᠨ ᠵᠤᠯ ᠵᠢᠷᠭᠠᠯ ᠢ ᠪᠤᠢ ᠪᠤᠯᠭᠠᠨ᠎ᠠ᠃ ᠠᠷᠠᠳ ᠤᠨ ᠠᠮᠢᠳᠤᠷᠠᠯ ᠳᠠᠬᠢ ᠵᠠᠷᠤᠴᠠᠭᠤᠯᠤᠯᠳᠠ ᠶᠢᠨ ᠬᠢᠷᠢ ᠳᠦᠪᠰᠢᠨ ᠢ ᠠᠵᠤ ᠠᠬᠤᠢ ᠶᠢᠨ ᠨᠡᠮᠡᠭᠳᠡᠯ ᠲᠠᠢ ᠵᠡᠷᠬᠡᠪᠡᠷ ᠳᠡᠭᠡᠭᠰᠢᠯᠡᠬᠦᠯᠵᠤ᠂ ᠤᠯᠠᠨ ᠨᠡᠶᠢᠳᠡ ᠶᠢᠨ ᠦᠢᠯᠡᠴᠢᠯᠡᠬᠡᠨ ᠤ ᠬᠠᠩᠭᠠᠯᠭ᠎ᠠ ᠶᠢ ᠦᠷᠬᠦᠯᠵᠢᠯᠡᠨ ᠨᠡᠮᠡᠭᠳᠡᠬᠦᠯᠦᠨ᠂ ᠬᠦᠭᠵᠢᠯᠳᠡ ᠶᠢᠨ ᠳᠤᠮᠳᠠᠬᠢ ᠠᠷᠠᠳ ᠤᠨ ᠠᠮᠢᠳᠤᠷᠠᠯ ᠤᠨ ᠳᠤᠳᠠᠭᠤᠳᠠᠯ ᠢ ᠨᠦᠬᠦᠪᠦᠷᠢᠯᠡᠵᠤ᠂ ᠨᠡᠶᠢᠬᠡᠮ ᠨᠡᠶᠢᠳᠡ ᠶᠢᠨ ᠡᠷᠬᠡ ᠳᠡᠭᠰᠢ ᠲᠦᠪ ᠭᠤᠤᠯᠴᠢ ᠪᠠᠶᠢᠬᠤ ᠶᠢ ᠠᠬᠢᠭᠤᠯᠤᠨ᠎ᠠ᠃ ᠤᠯᠠᠨ ᠢᠶᠠᠷ ᠢᠶᠠᠨ ᠦᠢᠯᠡᠰ ᠪᠤᠰᠬᠠᠵᠤ᠂ ᠲᠦᠮᠡᠨ ᠢᠶᠠᠷ  ᠢᠶᠠᠨ ᠰᠢᠨ᠎ᠡ ᠶᠢ ᠡᠬᠦᠳᠬᠦ ᠶᠢ ᠢᠳᠡᠪᠬᠢᠳᠡᠢ ᠠᠬᠢᠭᠤᠯᠤᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ  ᠶᠢᠨ ᠨᠡᠮᠡᠭᠳᠡᠯ ᠤᠨ ᠬᠤᠷᠳᠤᠴᠡ ᠶᠢ ᠠᠵᠤ ᠠᠬᠤᠢ ᠶᠢᠨ ᠨᠡᠮᠡᠭᠳᠡᠯ ᠠᠴᠠ ᠬᠤᠷᠳᠤᠨ ᠪᠠᠶᠢᠯᠭᠠᠨ᠎ᠠ᠃ ᠬᠤᠳᠠ ᠶᠢᠨ ᠪᠦᠷᠬᠡ ᠬᠡᠷ ᠤᠨ ᠳᠤᠭᠤᠷᠢᠭ ᠪᠤᠯᠤᠨ ᠮᠠᠯᠵᠢᠬᠤ ᠳᠠᠷᠢᠶᠠᠯᠠᠬᠤ ᠤᠷᠤᠨ ᠤ ᠠᠶᠤᠯ ᠲᠠᠢ ᠬᠡᠷ ᠪᠠᠶᠢᠰᠢᠩ ᠢ ᠦᠬᠡᠷᠡᠴᠢᠯᠡᠨ ᠂ ᠬᠤᠳᠠ ᠬᠦᠳᠡᠭᠡ ᠶᠢᠨ ᠬᠦᠮᠦᠨ ᠰᠠᠭᠤᠷᠢᠰᠢᠯ ᠤᠨ ᠤᠷᠴᠢᠨ ᠳᠤᠭᠤᠷᠢᠨ ᠢ ᠢᠯᠡᠳᠳᠡ ᠰᠠᠶᠢᠵᠢᠷᠠᠯᠳᠠ ᠲᠠᠢ ᠪᠤᠯᠭᠠᠨ᠎ᠠ ᠃ ᠡᠯ᠎ᠡ ᠲᠦᠷᠦᠯ ᠤᠨ ᠰᠤᠷᠭᠠᠨ ᠬᠦᠮᠦᠵᠢᠯ ᠤᠨ ᠵᠤᠬᠢᠴᠠᠩᠭᠤᠢ ᠬᠦᠭᠵᠢᠯᠳᠡ ᠶᠢ ᠨᠢᠬᠡᠳᠦᠯᠳᠡᠢ ᠲᠦᠯᠦᠪᠯᠡᠨ᠂ ᠰᠤᠷᠭᠠᠨ ᠬᠦᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠮᠡᠳᠡᠭᠳᠡᠮ᠎ᠡ ᠳᠡᠭᠡᠭᠰᠢᠯᠡᠬᠦᠯᠦᠨ᠎ᠡ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠵᠤ᠂ ᠦᠪᠡᠷᠳᠡᠬᠡᠨ ᠵᠠᠰᠠᠬᠤ ᠤᠷᠤᠨ ᠤ 1 — 2 ᠳᠡᠷᠢᠬᠦᠨ ᠤ ᠰᠢᠨᠵᠢᠯᠡᠬᠡᠨ ᠤ ᠲᠦᠷᠦᠯ ᠢ ᠴᠤᠭᠴᠠᠯᠠᠵᠤ᠂ ᠠᠶᠢᠯ ᠡᠷᠦᠬᠡ ᠪᠤᠯᠭᠠᠨ ᠨᠢᠭᠡ ᠨᠡᠷ᠎ᠡ ᠪᠤᠯᠵᠤᠭᠰᠠᠨ ᠡᠮᠴᠢ ᠲᠠᠢ᠂ ᠰᠠᠭᠤᠭᠠᠯᠢ ᠠᠷᠠᠳ ᠪᠦᠷᠢ ᠨᠢᠭᠡ ᠬᠤᠪᠢ ᠡᠷᠡᠬᠦᠯ ᠮᠡᠨᠳᠤ ᠶᠢᠨ ᠡᠯᠧᠺᠲᠷᠤᠨ ᠡᠪᠬᠡᠮᠡᠯ ᠲᠠᠢ ᠪᠤᠯᠭᠠᠨ᠎ᠠ᠃ ᠦᠨ᠎ᠡ ᠲᠦᠯᠦᠪᠤᠷᠢ ᠦᠭᠡᠢ ᠪᠠᠷ ᠴᠢᠯᠦᠬᠡᠳᠡᠢ ᠨᠡᠬᠡᠬᠡᠭᠰᠡᠨ ᠰᠤᠶᠤᠯ ᠳᠠᠮᠢᠷ ᠤᠨ ᠤᠯᠠᠨ ᠨᠡᠶᠢᠳᠡ ᠶᠢᠨ ᠦᠢᠯᠡᠴᠢᠯᠡᠬᠡᠨ ᠤ ᠳᠦᠬᠦᠬᠡᠷᠦᠮᠵᠢ  ᠶᠢ ᠵᠢᠯ ᠳᠠᠷᠠᠭᠠᠯᠠᠨ ᠨᠡᠮᠡᠭᠳᠡᠬᠦᠯᠦᠨ᠎ᠡ᠃ ᠬᠤᠳᠠ ᠬᠦᠳᠡᠭᠡ ᠶᠢ ᠪᠦᠷᠬᠦᠭᠰᠡᠨ ᠨᠡᠶᠢᠬᠡᠮ ᠤᠨ ᠪᠠᠲᠤᠯᠠᠪᠤᠷᠢ ᠶᠢᠨ ᠲᠦᠷᠢᠮ ᠢ ᠴᠢᠨᠠᠭᠰᠢᠳᠡ ᠤᠯᠠᠮ ᠳᠡᠬᠦᠯᠳᠡᠷᠵᠢᠬᠦᠯᠦᠨ᠎ᠡ᠃ ᠦᠨᠳᠦᠰᠦᠳᠡᠨ ᠪᠦᠯᠬᠦᠮᠳᠡᠭᠰᠡᠨ᠂ ᠨᠡᠶᠢᠬᠡᠮ ᠨᠡᠶᠢᠳᠡ ᠪᠠᠷ ᠳᠠᠶᠢᠪᠤᠩ ᠳᠤᠭᠳᠠᠭᠤᠨ᠂ ᠬᠢᠯᠢ ᠬᠢᠵᠠᠭᠠᠷ ᠠᠮᠤᠷ ᠠᠮᠤᠭᠤᠯᠠᠩ ᠤᠯᠤᠰ ᠲᠦᠷᠦ ᠶᠢᠨ ᠲᠦᠷᠰᠦ ᠪᠠᠶᠢᠳᠠᠯ ᠢ ᠪᠦᠬᠦ ᠳᠠᠯ᠎ᠠ ᠪᠠᠷ ᠪᠠᠬᠢᠵᠢᠬᠦᠯᠦᠨ ᠬᠦᠭᠵᠢᠬᠦᠯᠵᠦ᠂ ᠤᠯᠠᠭᠠᠨᠴᠠᠪ ᠢᠶᠠᠨ ᠡᠯ᠎ᠡ ᠦᠨᠳᠦᠰᠦᠳᠡᠨ ᠤ ᠠᠷᠠᠳ ᠲᠦᠮᠡᠨ ᠤ ᠠᠵᠤ ᠲᠦᠷᠦᠨ ᠤᠷᠤᠰᠢᠨ ᠠᠮᠢᠳᠤᠷᠠᠬᠤ ᠵᠢᠷᠭᠠᠯ ᠤᠨ ᠤᠷᠤᠨ ᠪᠤᠯᠭᠠᠨ ᠪᠠᠶᠢᠭᠤᠯᠤᠨᠠᠮ︕      ᠲᠦᠯᠦᠬᠡᠯᠡᠭᠴᠢᠳ ᠡ︕ ᠰᠢᠷᠭᠠᠭᠤ ᠠᠵᠢᠯᠯᠠᠬᠤ ᠪᠠᠷ ᠬᠦᠭᠵᠢᠯᠳᠡ ᠪᠠᠨ ᠦᠷᠬᠦᠯᠵᠢᠯᠡᠬᠦᠯᠤᠨ᠂ ᠰᠢᠨᠳᠡᠷᠡᠰᠢ ᠦᠭᠡᠢ ᠳᠡᠮᠡᠴᠡᠬᠦ ᠪᠠᠷ ᠵᠡᠬᠦᠳᠦ ᠪᠠᠨ ᠳᠡᠷᠬᠡᠯᠰᠢᠯᠡᠬᠦᠯᠦᠨ᠎ᠡ᠃ ᠪᠦᠬᠦ ᠬᠤᠳᠠ ᠶᠢᠨ ᠡᠯ᠎ᠡ ᠦᠨᠳᠦᠰᠦᠳᠡᠨ ᠤ ᠠᠷᠠᠳ ᠲᠦᠮᠡᠨ ᠢᠳᠡᠬᠡᠯ ᠳᠡᠬᠦᠯᠳᠡᠷ ᠴᠦᠬᠦᠷᠡᠰᠢ ᠦᠭᠡᠢ ᠠᠵᠢᠯᠯᠠᠨ᠂ ᠴᠤᠴᠠᠯᠳᠠ ᠦᠭᠡᠢ ᠳᠡᠮᠡᠴᠡᠳᠡᠭ ᠶᠤᠮ ᠪᠤᠯ ᠪᠢᠳᠡᠨ ᠤ ᠤᠶᠤᠨ ᠤᠬᠠᠭᠠᠨ᠂ ᠠᠷᠢᠭᠤᠨ ᠬᠦᠳᠡᠯᠮᠤᠷᠢ ᠪᠠᠷ ᠢᠶᠠᠨ ᠳᠡᠤᠬᠡ ᠪᠤᠯᠤᠨ ᠴᠠᠭ ᠦᠶ᠎ᠡ ᠳᠤ ᠤᠰᠤᠯᠳᠤᠯ ᠦᠭᠡᠢ ᠬᠡᠷᠡᠯ ᠰᠠᠴᠤᠷᠠᠩᠭᠤᠢ ᠦᠢᠯᠡᠰ ᠢ ᠴᠤᠭᠴᠠᠯᠠᠨ ᠪᠦᠲᠦᠭᠡᠵᠤ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠠᠶᠢᠭᠤᠯᠬᠤ ᠡᠴᠤᠰ  ᠤᠨ ᠢᠯᠠᠯᠳᠠ ᠶᠢ ᠳᠡᠮᠡᠴᠡᠨ ᠤᠯᠵᠤ ᠴᠢᠳᠠᠨ᠎ᠠ᠃ᠭᠤᠷᠪᠠ᠂ 2018 ᠤᠨ ᠤ ᠭᠤᠤᠯᠳᠠᠯᠭ᠎ᠠ ᠲᠠᠢ ᠠᠵᠢᠯ      ᠳᠠᠪᠤᠨ ᠵᠢᠯ ᠠᠴᠠ ᠳᠡᠷᠢᠬᠦᠨ ᠤᠨ ᠢ ᠬᠠᠷᠠᠬᠤ ᠳᠤ᠂ ᠡᠬᠢᠯᠡᠯᠳᠡ ᠨᠢ ᠳᠠᠷᠤᠢ ᠬᠠᠮᠤᠭ ᠵᠠᠩᠭᠢᠯᠠᠭ᠎ᠠ ᠪᠠᠶᠢᠳᠠᠭ᠃ 2018 ᠤᠨ ᠪᠤᠯ ᠰᠢᠨ᠎ᠡ ᠨᠢᠬᠡᠨ ᠬᠤᠭᠤᠴᠠᠭᠠᠨ ᠤ ᠵᠠᠰᠠᠭ ᠤᠨ ᠤᠷᠳᠤᠨ ᠤ ᠡᠬᠢᠯᠡᠯᠳᠡ ᠶᠢᠨ ᠤᠨ ᠮᠥᠨ᠂ ᠮᠥᠨ ᠴᠦ ᠨᠠᠮ ᠤᠨ ᠠᠷᠪᠠ ᠶᠢᠰᠦᠳᠦᠬᠡᠷ ᠤᠳᠠᠭᠠᠨ ᠤ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠬᠤ ᠡᠬᠢᠯᠡᠯᠳᠡ  ᠶᠢᠨ ᠵᠢᠯ ᠪᠤᠯᠤᠨ᠎ᠠ᠃ ᠪᠠᠰᠠ ᠴᠦ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠴᠤᠭᠴᠠᠯᠠᠨ ᠪᠠᠶᠢᠭᠤᠯᠬᠤ ᠰᠢᠢᠳᠪᠦᠷᠢᠳᠦ ᠢᠯᠠᠯᠳᠠ ᠶᠢ ᠤᠯᠬᠤ᠂ ︽ᠠᠷᠪᠠᠨ ᠭᠤᠷᠪᠠᠳᠤᠭᠠᠷ ᠳᠠᠪᠤᠨ ᠵᠢᠯ︾ ᠤᠨ ᠲᠦᠯᠦᠪᠵᠢᠬᠦᠯᠬᠡ ᠶᠢ ᠬᠡᠷᠡᠭᠵᠢᠬᠦᠯᠬᠦ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠤᠨ ᠪᠤᠯᠤᠨ᠎ᠠ᠃ ᠪᠢᠳᠡ ᠡᠨᠡᠬᠦ ᠳᠠᠪᠤᠨ ᠵᠢᠯ ᠳᠤ ᠬᠠᠷᠠᠭᠠᠰᠤ ᠪᠠᠨ ᠳᠠᠯᠪᠢᠵᠤ᠂ ᠳᠤᠰ ᠤᠨ ᠳᠠᠭᠠᠨ  ᠰᠠᠭᠤᠷᠢᠯᠠᠵᠤ ᠪᠠᠶᠢᠭᠠᠳ ᠭᠤᠤᠯᠳᠠᠯᠭ᠎ᠠ ᠪᠠᠨ ᠳᠤᠪᠤᠶᠢᠯᠭᠠᠨ᠂ ᠵᠠᠩᠭᠢᠯᠠᠭ᠎ᠠ ᠪᠠᠨ ᠠᠳᠬᠤᠵᠤ᠂ ᠤᠯᠠᠭᠠᠨᠴᠠᠪ ᠤᠨ ᠦᠬᠡᠷᠡᠴᠢᠯᠡᠯᠳᠡ  ᠬᠦᠭᠵᠢᠬᠦᠯᠦᠯᠳᠡ ᠶᠢᠨ ᠰᠢᠨ᠎ᠡ ᠳᠦᠷᠰᠦ ᠪᠠᠶᠢᠳᠠᠯ ᠢ ᠴᠢᠷᠮᠠᠶᠢᠨ ᠨᠡᠬᠡᠬᠡᠰᠦᠬᠡᠢ᠃      ᠦᠨᠦ ᠵᠢᠯ ᠤᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠭᠤᠤᠯ ᠪᠤᠯᠬᠤ ᠲᠦᠰᠦᠪᠯᠡᠭᠰᠡᠨ ᠬᠠᠷᠠᠯᠳᠠ ᠪᠤᠯ᠄ ᠳᠠᠷᠤᠢ ᠪᠦᠬᠦ ᠬᠤᠳᠠ ᠶᠢᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ ᠤᠨ ᠨᠡᠮᠡᠭᠳᠡᠯ ᠢ 7% ᠤᠷᠴᠢᠮ ᠬᠦᠷᠬᠡᠨ᠂ ᠳᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢᠨ ᠨᠡᠮᠡᠭᠳᠡᠯ ᠢ 10% ᠤᠷᠴᠢᠮ ᠬᠦᠷᠬᠡᠨ᠂ ᠬᠠᠮᠳᠤ ᠨᠡᠶᠢᠳᠡ ᠶᠢᠨ ᠡᠩ ᠤᠨ ᠲᠦᠰᠦᠪ ᠤᠨ ᠤᠷᠤᠯᠭ᠎ᠠ ᠶᠢᠨ ᠨᠡᠮᠡᠭᠳᠡᠯ ᠢ 5% ᠤᠷᠴᠢᠮ ᠬᠦᠷᠬᠡᠵᠤ᠂ ᠨᠡᠶᠢᠬᠡᠮ ᠤᠨ ᠬᠡᠷᠡᠭᠯᠡᠬᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠭᠡᠢ ᠬᠡᠮᠵᠢᠶᠡᠨ ᠤ ᠨᠡᠮᠡᠭᠳᠡᠯ ᠢ 8.5% ᠤᠷᠴᠢᠮ ᠬᠦᠷᠬᠡᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠤ ᠪᠤᠯᠬᠤ ᠤᠷᠤᠯᠭ᠎ᠠ ᠶᠢ ᠳᠤᠰᠪᠤᠷᠢ 8% ᠪᠤᠯᠤᠨ 8.5% ᠤᠷᠴᠢᠮ ᠨᠡᠮᠡᠭᠳᠡᠬᠦᠯᠦᠨ᠂ ᠬᠤᠳᠠ ᠪᠠᠯᠭᠠᠰᠤᠨ ᠤ ᠠᠵᠢᠯ ᠤᠯᠭᠤᠯᠳᠠ 1.65 ᠲᠦᠮᠡᠨ ᠬᠦᠮᠦᠨ ᠤᠷᠴᠢᠮ ᠰᠢᠨ᠎ᠡ ᠪᠠᠷ ᠨᠡᠮᠡᠭᠳᠡᠬᠦᠯᠵᠦ᠂ ᠬᠤᠳᠠ ᠪᠠᠯᠭᠠᠰᠤᠨ  ᠤ ᠪᠠᠶᠢᠴᠠᠭᠠᠭᠰᠠᠨ ᠠᠵᠢᠯ ᠠᠯᠳᠠᠬᠤ ᠨᠤᠷᠮ᠎ᠠ ᠪᠠ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ  ᠶᠢ ᠳᠤᠰ ᠳᠤᠰ 5% ᠤᠷᠴᠢᠮ ᠪᠠ 4% ᠳᠤᠳᠤᠷ᠎ᠠ ᠬᠢᠵᠠᠭᠠᠷᠯᠠᠵᠤ᠂ ᠭᠠᠵᠠᠷ ᠤᠷᠤᠨ  ᠤ ᠦᠢᠯᠡᠳᠪᠦᠷᠢᠯᠡᠯ  ᠤᠨ ᠶᠡᠷᠦᠩᠬᠡᠢ ᠦᠷᠳᠡᠭ ᠤᠨ ᠨᠢᠬᠡᠴᠢ  ᠶᠢᠨ ᠡᠨᠧᠷᠬᠢ  ᠶᠢᠨ ᠬᠤᠷᠤᠭᠳᠠᠯ  ᠳᠤ ᠤᠯᠤᠰ  ᠠᠴᠠ ᠪᠠᠭᠤᠯᠭᠠᠭᠰᠠᠨ ᠬᠠᠷᠠᠯᠳᠠ  ᠶᠢ ᠪᠡᠶᠡᠯᠡᠬᠦᠯᠵᠦ᠂ ᠬᠠᠩᠭᠠᠯᠭ᠎ᠠ  ᠶᠢᠨ ᠳᠠᠯ᠎ᠠ  ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ  ᠳᠡᠭᠡᠨ ᠮᠥᠨ ᠴᠢᠨᠠᠷ ᠤᠨ ᠠᠬᠢᠴᠠ ᠲᠠᠢ ᠪᠤᠯᠵᠤ᠂ ᠵᠠᠰᠠᠭ  ᠤᠨ ᠤᠷᠳᠤᠨ  ᠤ ᠦᠷᠢ ᠰᠢᠷᠢ  ᠶᠢ ᠠᠷᠢᠯᠭᠠᠬᠤ  ᠳᠠᠭᠠᠨ ᠵᠢᠯ  ᠤᠨ ᠡᠬᠦᠷᠬᠡ ᠪᠠᠨ ᠪᠡᠶᠡᠯᠡᠬᠦᠯᠵᠦ᠂ ᠡᠳ᠋  ᠤᠨ ᠵᠠᠰᠠᠭ ᠤᠨ ᠮᠥᠩᠬᠦᠨ ᠬᠦᠢᠯᠬᠡᠬᠡᠨ  ᠤ ᠬᠡᠨᠡᠨ ᠲᠦᠭᠰᠢᠬᠦᠷᠢ  ᠶᠢ ᠪᠦᠲᠦᠮᠵᠢᠳᠠᠢ ᠬᠤᠷᠢᠭᠯᠠᠨ ᠰᠡᠷᠬᠡᠶᠢᠯᠡᠨ᠎ᠡ᠃ ᠳᠡᠭᠡᠷ᠎ᠡ ᠳᠤᠷᠠᠳᠤᠭᠰᠠᠨ ᠬᠦᠭᠵᠢᠯᠳᠡ ᠶᠢᠨ ᠬᠠᠷᠠᠯᠳᠠ ᠶᠢ ᠳᠤᠭᠳᠠᠭᠠᠭᠰᠠᠨ ᠶᠠᠪᠤᠳᠠᠯ ᠨᠢ ᠲᠤᠭᠳᠠᠭᠤᠨ ᠤ ᠳᠤᠮᠳᠠ ᠠᠬᠢᠯᠳᠠ ᠶᠢ ᠪᠠᠷᠢᠮᠳᠠᠯᠠᠬᠤ ᠶᠡᠷᠦᠩᠭᠡᠢ ᠬᠦᠭ ᠠᠶᠠᠰ  ᠢ ᠢᠯᠡᠷᠡᠬᠦᠯᠵᠦ᠂ ᠬᠦᠭᠵᠢᠯᠳᠡ  ᠶᠢᠨ ᠶᠠᠰᠤ ᠴᠢᠨᠠᠷ ᠪᠠ ᠦᠷ᠎ᠡ ᠠᠰᠢᠭ  ᠢ ᠨᠡᠩ ᠢᠯᠡᠬᠦᠦ ᠴᠢᠬᠤᠯᠠᠴᠢᠯᠠᠨ ᠲᠡᠬᠡᠭᠰᠢᠯᠡᠬᠦᠯᠬᠦ  ᠶᠢᠨ ᠬᠦᠲᠦᠯᠦᠮᠵᠢ᠂ ᠴᠢᠨᠡᠬᠡᠯᠢᠭ ᠨᠡᠶᠢᠬᠡᠮ  ᠢ ᠪᠦᠬᠦ ᠳᠠᠯ᠎ᠠ ᠪᠠᠷ ᠪᠡᠶᠡᠯᠡᠬᠦᠯᠬᠦ ᠬᠠᠷᠠᠯᠳᠠ ᠲᠠᠢ ᠤᠷᠭᠠᠨᠢᠭ ᠢᠶᠠᠷ ᠵᠤᠯᠭᠠᠯᠳᠤᠭᠤᠯᠬᠤ  ᠶᠢ ᠴᠢᠬᠤᠯᠠᠴᠢᠯᠠᠬᠤ ᠶᠢ ᠢᠯᠡᠷᠡᠬᠦᠯᠪᠡ᠃ ᠲᠦᠪ᠂ ᠦᠪᠡᠷᠳᠡᠬᠡᠨ ᠵᠠᠰᠠᠬᠤ ᠤᠷᠤᠨ  ᠤ ᠱᠠᠭᠠᠷᠳᠠᠯᠭ᠎ᠠ ᠶᠤᠰᠤᠭᠠᠷ᠂ ᠬᠤᠳᠠ ᠪᠠᠯᠭᠠᠰᠤᠨ  ᠤ ᠪᠠᠶᠢᠴᠠᠭᠠᠭᠰᠠᠨ ᠠᠵᠢᠯ ᠠᠯᠳᠠᠬᠤ ᠨᠤᠷᠮ᠎ᠠ  ᠶᠢ ᠲᠦᠰᠦᠪᠯᠡᠭᠰᠡᠨ ᠬᠤᠭᠤᠴᠠᠭᠠᠨ  ᠤ ᠬᠠᠷᠠᠯᠳᠠ  ᠳᠤ ᠤᠷᠤᠭᠤᠯᠵᠤ᠂ ᠭᠤᠤᠯᠳᠠᠭᠤ ᠡᠨᠡᠬᠦ ᠬᠦᠢᠴᠡᠳᠬᠡᠬᠦ ᠲᠤᠭ᠎ᠠ ᠨᠢ ᠳᠠᠷᠢᠶᠠᠴᠢᠨ ᠬᠦᠯᠥᠰᠦᠨ ᠠᠵᠢᠯᠴᠢᠨ ᠵᠡᠷᠬᠡ ᠬᠤᠳᠠ ᠪᠠᠯᠭᠠᠰᠤᠨ  ᠤ ᠡᠷᠦᠬᠡ ᠪᠤᠰᠤ ᠬᠦᠮᠦᠨ ᠠᠮᠠ ᠠᠭᠤᠯᠠᠭᠳᠠᠬᠤ ᠶᠢ ᠪᠤᠳᠤᠯᠬᠢᠯᠠᠵᠤ᠂ ᠠᠵᠢᠯ ᠤᠯᠭᠤᠯᠳᠠ  ᠶᠢᠨ ᠪᠠᠶᠢᠳᠠᠯ ᠢ ᠪᠦᠬᠦ ᠳᠠᠯ᠎ᠠ ᠪᠠᠷ ᠨᠡᠩ ᠤᠨᠤᠪᠴᠢᠳᠠᠢ ᠳᠤᠰᠬᠠᠵᠤ ᠴᠢᠳᠠᠭᠰᠠᠨ ᠪᠠᠶᠢᠬᠤ ᠬᠡᠷᠡᠭᠳᠠᠢ᠃      ᠦᠨᠦ ᠵᠢᠯ ᠳᠤᠤᠷᠠᠬᠢ ᠬᠡᠳᠦᠨ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠨ᠎ᠡ᠄      ︵ᠨᠢᠬᠡ︶ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠢᠳᠡᠪᠬᠢᠳᠡᠢ ᠬᠡᠷᠡᠭᠵᠢᠬᠦᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠬᠦᠴᠦᠨ ᠢᠶᠠᠨ ᠲᠦᠪᠯᠡᠷᠡᠬᠦᠯᠦᠨ ᠬᠢᠨ᠎ᠠ᠃       ︽ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ︾ ᠤ ᠬᠠᠨᠳᠤᠰᠢ ᠶᠢ ᠰᠠᠶᠢᠨ ᠪᠠᠶᠢᠯᠭᠠᠬᠤ ᠮᠦᠷᠳᠡᠬᠡᠨ ᠪᠦᠬᠦ ᠳᠠᠯ᠎ᠠ ᠶᠢᠨ ᠪᠠᠶᠢᠳᠠᠯ ᠢ ᠰᠠᠨᠠᠭᠠᠴᠢᠯᠠᠭᠠᠳᠤ ᠪᠠᠶᠢᠷᠢᠨ ᠳᠤ ᠪᠠᠶᠢᠯᠭᠠᠨ᠎ᠠ᠃ ᠳᠠᠷᠢᠶᠠᠯᠠᠩ ᠳᠠᠷᠢᠶᠠᠯᠠᠬᠤ ᠤᠷᠤᠨ ᠢ ᠤᠷᠢᠳᠡᠪᠡᠷ ᠬᠦᠭᠵᠢᠬᠦᠯᠬᠦ ᠶᠢ ᠪᠠᠷᠢᠮᠳᠠᠯᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠤᠯᠤᠨ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠲᠠᠢ ᠬᠠᠷᠢᠯᠴᠠᠨ ᠨᠢᠭᠳᠠ ᠤᠶᠠᠯᠳᠤᠭᠤᠯᠵᠤ ᠪᠠᠶᠢᠭᠠᠳ ︽ᠠᠵᠤ ᠦᠢᠯᠡᠰ ᠦᠷᠨᠢᠩᠬᠦᠢ᠂ ᠠᠮᠢ ᠠᠬᠤᠢ ᠳᠠᠭᠠᠯᠠᠮᠵᠢᠳᠡᠢ᠂ ᠨᠤᠳᠤᠭ ᠤᠨ ᠵᠠᠩᠰᠢᠯ ᠪᠤᠯᠪᠠᠰᠤᠨ᠂ ᠵᠠᠰᠠᠨ ᠴᠡᠭᠴᠡᠯᠡᠯᠳᠡ ᠪᠦᠲᠦᠮᠵᠢᠳᠡᠢ᠂ ᠠᠮᠢᠳᠤᠷᠠᠯ ᠪᠠᠶᠠᠨ ᠴᠢᠨᠡᠬᠡᠯᠢᠭ︾ ᠪᠠᠶᠢᠬᠤ ᠶᠡᠷᠦᠩᠭᠡᠢ ᠱᠠᠭᠠᠷᠳᠠᠯᠭ᠎ᠠ ᠶᠤᠰᠤᠭᠠᠷ᠂ ᠳᠠᠷᠢᠶᠠᠯᠠᠩ ᠳᠠᠷᠢᠶᠠᠯᠠᠬᠤ ᠤᠷᠤᠨ ᠤ ᠤᠳᠤᠬᠢᠴᠢᠯᠠᠯᠳᠠ ᠶᠢᠨ ᠠᠬᠢᠯᠳᠠ ᠶᠢ ᠳᠦᠷᠭᠡᠳᠬᠡᠨ᠎ᠠ      ︽ᠬᠤᠸᠠᠷ ᠬᠠᠳᠬᠤᠬᠤ ᠡᠷᠳᠡᠮ︾ ᠢᠶᠠᠷ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠶᠢ ᠰᠠᠶᠢᠲᠤᠷ ᠠᠳᠬᠤᠨ᠎ᠠ᠃ ᠶᠠᠳᠠᠭᠤ ᠶᠢ ᠳᠡᠳᠬᠦᠬᠦ ᠴᠢᠨᠠᠷ ᠴᠢᠨᠰᠠᠭ᠎ᠠ ᠶᠢ ᠳᠡᠷᠢᠬᠦᠨ ᠪᠠᠶᠢᠷᠢᠨ ᠳᠤ ᠳᠠᠯᠪᠢᠬᠤ ᠶᠢ ᠪᠠᠷᠢᠮᠳᠠᠯᠠᠨ᠂ ︽ᠵᠢᠷᠭᠤᠭᠠᠨ ᠤᠨᠤᠪᠴᠢᠳᠠᠢ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯ ᠲᠠᠢ ᠡᠷᠦᠬᠡ ᠬᠢᠬᠡᠳ ᠶᠠᠳᠠᠭᠤ ᠬᠦᠴᠢᠷᠳᠡᠯ ᠤᠨ ᠪᠤᠰᠤ ᠡᠷᠦᠬᠡ᠂ ᠴᠢᠰᠦ ᠨᠦᠬᠦᠪᠦᠷᠢᠯᠡᠬᠦ ᠬᠢᠬᠡᠳ ᠴᠢᠰᠦ ᠲᠦᠯᠵᠢᠬᠦ᠂ ᠶᠠᠳᠠᠭᠤ ᠶᠢ ᠳᠡᠳᠬᠦᠬᠦ ᠬᠢᠬᠡᠳ ᠵᠤᠷᠢᠭ᠂ ᠤᠬᠠᠭᠠᠨ ᠢ ᠨᠢ ᠳᠡᠳᠬᠦᠬᠦ᠂ ᠦᠷᠬᠦᠯᠵᠢᠯᠡᠨ ᠪᠤᠭᠤᠮᠳᠠ ᠰᠢᠪᠳᠤᠯᠬᠤ ᠬᠢᠬᠡᠳ ᠪᠤᠴᠠᠭᠠᠳ ᠶᠠᠳᠠᠭᠤᠷᠠᠬᠤ ᠶᠢ ᠰᠡᠷᠬᠡᠶᠢᠯᠡᠬᠦ ᠬᠠᠷᠢᠴᠠᠭ᠎ᠠ ᠶᠢ ᠨᠢᠬᠡᠳᠦᠯᠳᠡᠢ ᠲᠦᠯᠦᠪᠯᠡᠨ ᠰᠢᠢᠳᠪᠦᠷᠢᠯᠡᠵᠤ᠂ ᠪᠦᠬᠦ ᠬᠤᠳᠠ ᠶᠢᠨ ᠬᠦᠴᠦᠨ ᠢᠶᠠᠷ ᠬᠦᠨᠴᠡ ᠶᠠᠳᠠᠭᠤ ᠬᠦᠴᠢᠷᠳᠡᠯ ᠤᠨ ᠪᠤᠭᠤᠮᠳᠠ ᠶᠢ ᠳᠠᠭᠠᠷᠢᠨ ᠰᠢᠪᠳᠤᠯᠤᠨ᠎ᠠ᠃ ᠳᠤᠰ ᠤᠨ ᠤ ᠳᠤᠳᠤᠷ᠎ᠡ᠂ 4.5 ᠲᠦᠮᠡᠨ ᠶᠠᠳᠠᠭᠤ ᠬᠦᠴᠢᠷᠳᠡᠯ ᠲᠠᠢ ᠬᠦᠮᠦᠨ ᠠᠮᠠ ᠶᠢ ᠳᠤᠭᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠤᠨ᠎ᠠ᠃ ︽ᠬᠤᠶᠠᠷ ᠵᠦᠢᠯ ᠳᠤ ᠡᠰᠡ ᠵᠤᠪᠠᠭ᠋ᠤ︾ ᠳᠤᠭᠤᠷᠢᠨ ᠳᠤ ᠨᠡᠶᠢᠯᠡᠮᠡᠯ ᠬᠦᠴᠦᠨ ᠢᠶᠠᠷ ᠪᠤᠭᠤᠮᠳᠠ ᠰᠢᠪᠳᠤᠯᠤᠨ᠎ᠠ᠃ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠶᠢ ᠳᠤᠪᠤᠶᠢᠯᠭᠠᠨ᠎ᠠ᠃ ᠵᠠᠬᠢᠶᠠᠯᠠᠭ᠎ᠠ ᠪᠠᠷ ᠳᠠᠶᠢᠴᠢᠯᠠᠨ ᠬᠦᠳᠡᠯᠭᠡᠬᠦ᠂ ᠬᠤᠪᠢ ᠤᠷᠤᠭᠰᠠᠨ ᠠᠰᠢᠭ ᠤᠷᠤᠯᠭ᠎ᠠ ᠪᠠᠨ ᠬᠤᠪᠢᠶᠠᠷᠢᠯᠠᠬᠤ ᠵᠡᠷᠬᠡ ᠳᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠲᠠᠢ ᠬᠤᠯᠪᠤᠭᠳᠠᠭᠤᠯᠤᠭᠰᠠᠨ ᠳᠤᠭᠳᠠᠴᠠ ᠶᠢ ᠴᠢᠨᠠᠭᠰᠢᠳᠠ ᠳᠡᠬᠦᠯᠳᠡᠷᠵᠢᠬᠦᠯᠵᠤ᠂ ᠶᠠᠳᠠᠭᠤ ᠶᠢ ᠳᠡᠳᠬᠦᠬᠦ ᠦᠢᠯᠡᠳᠪᠦᠷᠢ ᠶᠢᠨ ᠳᠠᠰᠤᠯᠭ᠎ᠠ ᠶᠢᠨ ᠵᠠᠭᠪᠤᠷ ᠢ ᠦᠷᠬᠦᠯᠵᠢᠯᠡᠨ ᠳᠡᠯᠭᠡᠷᠡᠬᠦᠯᠵᠤ᠂ ᠭᠤᠤᠯ ᠰᠢᠪᠳᠤᠯᠤᠯᠳᠠ ᠶᠢᠨ ᠠᠵᠤ ᠦᠢᠯᠡᠰ ᠪᠤᠯᠤᠨ ᠭᠤᠤᠯ ᠰᠢᠪᠳᠤᠯᠤᠯᠳᠠ ᠶᠢᠨ ᠴᠢᠭᠯᠡᠯ ᠢ ᠤᠨᠤᠪᠴᠢᠳᠠᠢ ᠰᠤᠩᠭᠤᠵᠤ᠂ ᠲᠤᠬᠠᠢ ᠶᠢᠨ ᠭᠠᠵᠠᠷ ᠤᠨ ᠪᠤᠳᠠᠳᠠᠢ ᠪᠠᠶᠢᠳᠠᠯ ᠳᠤ ᠨᠢ ᠲᠤᠬᠢᠷᠠᠭᠤᠯᠤᠨ ᠤᠨᠴᠠᠯᠢᠭᠳᠤ ᠮᠠᠯᠵᠢᠬᠤ ᠳᠠᠷᠢᠶᠠᠯᠠᠬᠤ᠂ ᠵᠤᠭᠠᠴᠠᠯ᠂ ᠡᠯᠧᠺᠲᠷᠤᠨ ᠬᠤᠳᠠᠯᠳᠤᠭ᠎ᠠ ᠵᠡᠷᠬᠡ ᠠᠵᠤ ᠦᠢᠯᠡᠰ ᠢ ᠬᠦᠭᠵᠢᠬᠦᠯᠦᠨ᠂ ᠡᠷᠦᠬᠡ ᠪᠤᠯᠭᠠᠨ ᠤᠷᠤᠯᠭ᠎ᠠ ᠪᠠᠨ ᠨᠡᠮᠡᠭᠳᠡᠬᠦᠯᠬᠦ ᠲᠦᠷᠦᠯ ᠵᠦᠢᠯ ᠲᠠᠢ᠂ ᠬᠦᠮᠦᠨ ᠪᠦᠷᠢ ᠶᠠᠳᠠᠭᠤ ᠠᠴᠠ ᠠᠩᠭᠢᠵᠢᠷᠠᠬᠤ ᠠᠷᠭ᠎ᠠ ᠵᠠᠮ ᠲᠠᠢ ᠪᠤᠯᠭᠠᠨ᠎ᠠ᠃ ︽ᠢᠨᠲ᠋ᠧᠷ ᠰᠦᠯᠵᠢᠶ᠎ᠡ + ᠬᠦᠳᠡᠭᠡ ᠳᠤᠰᠬᠤᠨ︾ ᠰᠤᠷᠠᠭ ᠵᠠᠩᠭᠢ ᠶᠢᠨ ᠳᠡᠪᠴᠡᠩ ᠪᠤᠯᠤᠨ ᠨᠡᠶᠢᠳᠡ ᠶᠢᠨ ᠠᠰᠠᠷᠠᠮᠵᠢ  ᠶᠢᠨ ᠤᠯᠠᠭᠠᠨᠴᠠᠪ ᠤᠨ ᠲᠦᠷᠦᠯ ᠵᠦᠢᠯ  ᠢ ᠰᠠᠶᠢᠲᠤᠷ ᠬᠡᠷᠡᠭᠵᠢᠬᠦᠯᠦᠨ᠂ ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠵᠠᠬ᠎ᠠ ᠳᠡᠯᠬᠡᠬᠦᠷ ᠢ ᠶᠡᠬᠡᠪᠡᠷ ᠨᠡᠬᠡᠬᠡᠵᠤ᠂ ᠳᠤᠭᠳᠠᠪᠤᠷᠢ ᠲᠠᠢ ᠪᠤᠷᠤᠯᠠᠭᠤᠯᠤᠯᠳᠠ ᠶᠢᠨ ᠵᠠᠮ ᠮᠦᠷ ᠢ ᠴᠤᠭᠴᠠᠯᠠᠭᠠᠳ᠂ ᠶᠠᠳᠠᠭᠤ ᠬᠦᠴᠢᠷᠳᠡᠯ ᠲᠠᠢ ᠠᠶᠢᠯ ᠡᠷᠦᠬᠡ ᠶᠢᠨ ᠤᠷᠤᠯᠭ᠎ᠠ ᠶᠢ ᠨᠡᠮᠡᠭᠳᠡᠬᠦᠯᠦᠨ᠎ᠡ᠃ ᠭᠡᠷᠡᠯ ᠴᠠᠬᠢᠯᠭᠠᠨ  ᠢᠶᠠᠷ ᠶᠠᠳᠠᠭᠤ ᠶᠢ ᠳᠡᠳᠬᠦᠬᠦ ᠴᠠᠬᠢᠯᠭᠠᠨ ᠦᠷᠳᠡᠭᠡ ᠶᠢ ᠲᠦᠷᠭᠡᠳᠭᠡᠨ ᠪᠠᠶᠢᠭᠤᠯᠵᠤ᠂ ᠬᠠᠮᠳᠤ ᠶᠢᠨ ᠠᠵᠤ ᠠᠬᠤᠢ ᠶᠢ ᠳᠠᠰᠤᠷᠠᠯᠳᠠ ᠦᠭᠡᠢ ᠪᠤᠵᠠᠭᠠᠶᠢᠷᠠᠭᠤᠯᠤᠨ᠎ᠠ᠃ ᠳᠠᠭᠠᠳᠬᠠᠯ ᠤᠨ ᠬᠢᠨᠠᠨ ᠬᠠᠮᠢᠶᠠᠷᠤᠯᠳᠠ ᠶᠢᠨ ᠵᠦᠪᠯᠡᠯ ᠤᠨ ᠠᠵᠢᠯ ᠲᠦᠷᠦᠯ ᠢᠶᠠᠷ ᠳᠡᠳᠬᠦᠨ ᠳᠡᠮᠵᠢᠬᠦ ᠠᠵᠠ ᠳᠤᠬᠢᠶᠠᠯ ᠢ ᠠᠳᠬᠤᠵᠤ ᠪᠠᠶᠢᠭᠠᠳ ᠳᠠᠭᠠᠳᠬᠠᠯ ᠤᠨ ᠪᠡᠯᠡ ᠮᠦᠩᠭᠦ ᠶᠢ ᠤᠷᠤᠭᠤᠯᠤᠨ᠂ ᠮᠦᠩᠭᠦᠨ ᠬᠦᠢᠯᠬᠡᠬᠡ ᠪᠠᠷ ᠶᠠᠳᠠᠭᠤ ᠶᠢ ᠳᠡᠳᠬᠦᠬᠦ ᠡᠷᠴᠢᠮ ᠢᠶᠠᠨ ᠴᠢᠩᠭᠠᠳᠬᠠᠨ᠎ᠠ᠃ ᠤᠭᠤᠳᠠ ᠪᠠᠨ ᠠᠭᠤᠳᠠᠯᠯᠠᠵᠤ ᠪᠠᠲᠤᠯᠠᠬᠤ ᠶᠢ ᠴᠢᠩᠭᠠᠳᠬᠠᠵᠤ᠂ ᠮᠠᠯᠵᠢᠬᠤ ᠳᠠᠷᠢᠶᠠᠯᠠᠬᠤ ᠤᠷᠤᠨ ᠤ ᠳᠤᠤᠷ᠎ᠠ ᠪᠠᠲᠤᠯᠠᠪᠤᠷᠢ ᠬᠢᠬᠡᠳ ᠶᠠᠳᠠᠭᠤ ᠶᠢ ᠳᠡᠳᠬᠦᠵᠤ ᠨᠡᠬᠡᠬᠡᠨ ᠬᠦᠭᠵᠢᠬᠦᠯᠬᠦ ᠬᠤᠤᠰ ᠴᠢᠭᠯᠡᠯ ᠢᠶᠠᠷ ᠵᠠᠯᠭᠠᠨ ᠵᠤᠯᠭᠠᠭᠤᠯᠬᠤ ᠶᠢ ᠲᠦᠯᠬᠢᠨ ᠠᠬᠢᠭᠤᠯᠵᠤ᠂ ︽ᠳᠡᠳᠬᠦᠪᠡᠰᠦ ᠵᠤᠬᠢᠰᠳᠠᠢ ᠶᠢ ᠪᠦᠬᠦᠨ ᠢ ᠳᠡᠳᠬᠦᠨ᠂ ᠪᠠᠲᠤᠯᠠᠬᠤ ᠵᠤᠬᠢᠰᠳᠠᠢ ᠶᠢ ᠪᠦᠬᠦᠨ ᠢ ᠪᠠᠲᠤᠯᠠᠨ᠎ᠠ︾᠃ ︽ᠭᠤᠷᠪᠠᠨ ᠪᠠᠲᠤᠯᠠᠪᠤᠷᠢ︾ ᠶᠢᠨ ᠳᠤᠭᠤᠷᠢᠨ ᠳᠤ ᠨᠡᠶᠢᠯᠡᠮᠡᠯ ᠬᠦᠴᠦᠨ ᠢᠶᠠᠷ ᠪᠤᠭᠤᠮᠳᠠ ᠰᠢᠪᠳᠤᠯᠤᠨ᠎ᠠ᠃ ᠨᠡᠬᠦᠯᠬᠡᠨ ᠰᠢᠯᠵᠢᠬᠦᠯᠬᠦ ᠡᠳᠡᠭᠡᠳ ᠢᠶᠠᠨ ᠳᠤᠭᠳᠠᠭᠠᠬᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠳᠠ ᠪᠤᠯᠤᠨ ᠪᠡᠯᠡ ᠮᠦᠩᠭᠦᠨ ᠤ ᠬᠡᠷᠡᠭᠯᠡᠯᠳᠡ ᠬᠠᠮᠢᠶᠠᠷᠤᠯᠳᠠ ᠵᠡᠷᠬᠡ ᠠᠵᠢᠯ ᠢ ᠰᠠᠶᠢᠲᠤᠷ ᠬᠢᠵᠤ᠂ ᠪᠠᠭ᠎ᠠ ᠳᠤᠰᠬᠤᠨ ᠢ ᠨᠡᠶᠢᠳᠬᠡᠬᠦ ᠪᠠ ᠤᠨᠳᠤᠤ ᠭᠠᠵᠠᠷ ᠲᠤ ᠨᠡᠬᠦᠯᠬᠡᠬᠦ ᠡᠬᠦᠷᠬᠡ ᠶᠢ ᠦᠨᠳᠦᠰᠦᠨ ᠳᠡᠭᠡᠨ ᠪᠡᠶᠡᠯᠡᠬᠦᠯᠦᠨ᠂ ᠮᠠᠯᠵᠢᠬᠤ ᠳᠠᠷᠢᠶᠠᠯᠠᠬᠤ ᠤᠷᠤᠨ ᠤ ᠠᠶᠦᠯ ᠲᠠᠢ ᠭᠡᠷ ᠪᠠᠶᠢᠰᠢᠩ ᠢ ᠦᠬᠡᠷᠡᠴᠢᠯᠡᠬᠦ ᠡᠬᠦᠷᠬᠡ ᠶᠢ ᠪᠦᠬᠦᠨ ᠢ ᠪᠡᠶᠡᠯᠡᠬᠦᠯᠦᠨ᠎ᠡ᠃ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠶᠢ ᠠᠬᠢᠭᠤᠯᠤᠨ᠂ ᠶᠠᠳᠠᠭᠤ ᠬᠦᠴᠢᠷᠳᠡᠯ ᠲᠠᠢ ᠰᠤᠷᠤᠭᠴᠢᠳ ᠢ ᠳᠡᠳᠬᠦᠨ ᠳᠡᠮᠵᠢᠬᠦ ᠰᠢᠰᠲ᠋ᠧᠮᠵᠢ ᠶᠢ ᠪᠦᠷᠢᠨᠰᠢᠬᠦᠯᠦᠨ ᠳᠡᠬᠦᠯᠳᠡᠷᠵᠢᠬᠦᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠠᠴᠠ ᠳᠡᠬᠡᠳᠦ ᠵᠡᠷᠬᠡ ᠶᠢᠨ ᠰᠤᠷᠭᠠᠨ ᠬᠦᠮᠦᠵᠢᠯ ᠬᠦᠷᠳᠡᠯᠡᠬᠢ ᠰᠤᠷᠤᠯᠭ᠎ᠠ ᠶᠢᠨ ᠳᠡᠳᠬᠦᠮᠵᠢ ᠶᠢᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠡᠷᠡᠬᠦᠯ ᠴᠢᠬᠢᠷᠠᠭ ᠢᠶᠠᠷ ᠶᠠᠳᠠᠭᠤ ᠶᠢ ᠳᠡᠳᠬᠦᠬᠦ ᠶᠢ ᠰᠠᠶᠢᠲᠤᠷ ᠠᠳᠬᠤᠨ᠂ ᠶᠠᠳᠠᠭᠤ ᠬᠦᠴᠢᠷᠳᠡᠯ ᠲᠠᠢ ᠬᠦᠮᠦᠨ ᠠᠮᠠ ᠳᠤ ᠡᠮ ᠡᠮᠨᠡᠯᠬᠡ ᠬᠦᠷᠬᠡᠬᠦ ᠪᠤᠯᠵᠤᠭᠰᠠᠨ ᠦᠢᠯᠡᠴᠢᠯᠡᠭᠡ ᠬᠦᠷᠳᠡᠬᠡᠬᠦ ᠪᠤᠯᠤᠨ ᠰᠦᠢᠳᠭᠡᠯ ᠠᠴᠠ ᠬᠡᠯᠳᠦᠷᠢᠬᠦᠯᠦᠭᠰᠡᠨ ᠡᠷᠡᠬᠦᠯ ᠮᠡᠨᠳᠤ ᠶᠢᠨ ᠪᠠᠶᠢᠴᠠᠭᠠᠯᠳᠠ ᠪᠦᠬᠦᠨ  ᠢ ᠪᠦᠷᠬᠦᠬᠦᠯᠬᠦ ᠶᠢ ᠪᠡᠶᠡᠯᠡᠬᠦᠯᠤᠨ᠎ᠠ᠃ ᠮᠠᠨ ᠤ ᠬᠤᠳᠠ ᠶᠢᠨ ᠦᠷᠬᠦᠯᠵᠢ ᠳᠤᠬᠢᠶᠠᠯᠳᠤᠳᠠᠭ ᠤᠵᠢᠭ ᠴᠢᠨᠠᠷᠳᠠᠢ ᠡᠪᠡᠳᠴᠢᠨ ᠤ ᠲᠦᠷᠦᠯ ᠢ ᠦᠨᠳᠦᠰᠦᠯᠡᠨ ᠤᠵᠢᠭ ᠴᠢᠨᠠᠷᠳᠠᠢ ᠡᠪᠡᠳᠴᠢᠨ ᠳᠤ ᠬᠡᠷᠡᠭᠯᠡᠬᠦ ᠡᠮ ᠤᠨ ᠵᠦᠢᠯᠡᠰ ᠤᠨ ᠵᠢᠯᠤᠭᠤᠳᠬᠤ ᠭᠠᠷᠴᠠᠭ ᠨᠤᠭᠤᠳ ᠢ ᠵᠠᠰᠠᠨ ᠦᠬᠡᠷᠡᠴᠢᠯᠡᠬᠡᠳ ᠳᠡᠬᠦᠯᠳᠡᠷᠵᠢᠬᠦᠯᠵᠤ᠂ ᠳᠠᠩᠰᠠᠨ ᠠᠴᠠ ᠴᠠᠶᠢᠷᠠᠭᠤᠯᠬᠤ ᠵᠦᠢᠯ ᠶᠢ ᠨᠡᠮᠡᠨ᠂ ᠳᠠᠩᠰᠠᠨ ᠠᠴᠠ ᠴᠠᠶᠢᠷᠠᠭᠤᠯᠬᠤ ᠬᠡᠪᠴᠢᠶ᠎ᠡ ᠶᠢ ᠦᠷᠭᠡᠳᠭᠡᠵᠤ᠂ ᠶᠠᠳᠠᠭᠤ ᠬᠦᠴᠢᠷᠳᠡᠯ ᠲᠠᠢ ᠡᠷᠦᠬᠡ  ᠶᠢᠨ ᠡᠪᠡᠳᠴᠢᠨ ᠢᠶᠠᠨ ᠡᠮᠨᠡᠬᠦᠯᠦᠭᠰᠡᠨ ᠵᠠᠷᠤᠯᠭ᠎ᠠ ᠶᠢ ᠬᠦᠩᠭᠡᠯᠡᠨ᠎ᠡ᠃ ᠶᠠᠳᠠᠭᠤ ᠬᠦᠴᠢᠷᠳᠡᠯ ᠲᠠᠢ ᠬᠦᠮᠦᠨ ᠠᠮᠠ ᠶᠢᠨ ᠬᠦᠨᠳᠦ ᠡᠪᠡᠳᠴᠢᠨ ᠢᠶᠠᠷ ᠡᠮᠨᠡᠯᠬᠡ ᠳᠤ ᠰᠠᠭᠤᠬᠤ ᠪᠤᠯᠤᠨ ᠤᠵᠢᠭ ᠴᠢᠨᠠᠷᠳᠠᠢ ᠡᠪᠡᠳᠴᠢᠨ ᠳᠤ ᠬᠡᠷᠡᠭᠯᠡᠭᠰᠡᠨ ᠡᠮ ᠤᠨ ᠵᠠᠷᠤᠳᠠᠯ ᠢ ᠳᠠᠩᠰᠠᠨ ᠠᠴᠠ ᠴᠠᠶᠢᠷᠠᠭᠤᠯᠬᠤ ᠬᠠᠷᠢᠴᠠᠯ ᠢ 95% ᠳᠤ ᠬᠦᠷᠬᠡᠨ᠎ᠡ᠃ ︽ᠤᠳᠠᠭᠠᠨ ᠳᠠᠭᠠᠭᠠᠮᠠᠭᠠᠢ ᠳᠤᠭᠳᠠᠴᠠ︾ ᠶᠢᠨ ᠳᠤᠭᠤᠷᠢᠨ ᠳᠤ ᠨᠡᠶᠢᠯᠡᠮᠡᠯ ᠬᠦᠴᠦᠨ ᠢᠶᠠᠷ ᠪᠤᠭᠤᠮᠳᠠ ᠰᠢᠪᠳᠤᠯᠤᠨ᠎ᠠ᠃ ᠬᠤᠳᠠ ᠬᠤᠰᠢᠭᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠤᠯ ᠴᠤᠭᠴᠠᠳᠤ ᠬᠠᠷᠢᠭᠤᠴᠠᠯᠭ᠎ᠠ ᠶᠢ ᠴᠢᠩᠭᠠᠳᠬᠠᠨ᠂ ᠠᠶᠢᠯ ᠳᠤᠰᠬᠤᠨ ᠢ ᠳᠠᠭᠠᠭᠠᠴᠢᠯᠠᠭᠰᠠᠨ ᠺᠠᠳ᠋ᠷ᠂ ᠠᠶᠢᠯ ᠳᠤᠰᠬᠤᠨ ᠳᠤ ᠰᠠᠭᠤᠭ᠎ᠠ ᠠᠵᠢᠯᠯᠠᠬᠤ ᠠᠩᠭᠢ᠂ ᠨᠢᠬᠡᠳᠦᠬᠡᠷ ᠱᠦᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠶᠠᠳᠠᠭᠤ ᠬᠦᠴᠢᠷᠳᠡᠯ ᠲᠠᠢ ᠤᠯᠠᠨ ᠲᠦᠮᠡ᠊ ᠢ ᠬᠠᠪᠰᠤᠷᠴᠤ ᠶᠠᠭᠤ ᠳᠠᠷᠢᠬᠤ᠂ ᠶᠠᠭᠤ ᠳᠡᠵᠢᠬᠡᠵᠤ ᠠᠷᠠᠴᠢᠯᠠᠬᠤ᠂ ᠤᠷᠤᠯᠭ᠎ᠠ ᠪᠠᠨ ᠬᠠᠮᠢᠭ᠎ᠠ ᠠᠴᠠ ᠨᠡᠮᠡᠭᠳᠡᠬᠦᠯᠬᠦ᠂ ᠶᠠᠳᠠᠭᠤ ᠠᠴᠠ ᠶᠠᠭᠠᠬᠢᠵᠤ ᠠᠩᠭᠢᠵᠢᠷᠠᠭᠤᠯᠬᠤ ᠶᠢ ᠬᠦᠢᠴᠡᠳ ᠪᠤᠳᠤᠯᠬᠢᠯᠠᠭᠤᠯᠤᠨ᠎ᠠ᠃ ᠪᠡᠬᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠳᠡᠳᠬᠦᠨ ᠳᠡᠮᠵᠢᠬᠦ ᠶᠢ ᠬᠦᠨᠵᠡᠬᠡᠶᠢᠷᠡᠬᠦᠯᠵᠤ᠂ ᠲᠦᠪ ᠪᠤᠯᠤᠨ ᠤᠷᠤᠨ ᠤ ᠰᠢᠭᠤᠳ ᠬᠠᠷᠢᠶ᠎ᠠ ᠨᠢᠬᠡᠴᠡ  ᠶᠢᠨ ᠴᠢᠭ᠋ ᠳᠤᠭᠳᠠᠭᠠᠨ ᠶᠠᠳᠠᠭᠤ ᠶᠢ ᠳᠡᠳᠬᠦᠬᠦ ᠶᠢ ᠰᠠᠶᠢᠲᠤᠷ ᠳᠡᠮᠵᠢᠵᠤ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠶᠢ ᠢᠳᠡᠪᠬᠢᠳᠡᠢ ᠪᠠᠷ ᠵᠤᠷᠢᠭᠵᠢᠭᠤᠯᠤᠨ᠎ᠠ᠃ ᠮᠠᠯ ᠠᠵᠤ ᠠᠬᠤᠢ ᠳᠤ ᠬᠤᠯᠪᠤᠭᠳᠠᠭᠰᠠᠨ᠂ ᠳᠠᠷᠢᠶᠠᠯᠠᠩ ᠳᠤ ᠬᠤᠯᠪᠤᠭᠳᠠᠭᠰᠠᠨ ᠪᠤᠯᠤᠨ ᠶᠠᠳᠠᠭᠤ ᠶᠢ ᠳᠡᠳᠬᠦᠬᠦ ᠪᠡᠯᠡ ᠮᠦᠩᠭᠦ ᠶᠢ ᠨᠡᠶᠢᠳᠬᠡᠬᠦ ᠡᠷᠴᠢᠮ ᠢᠶᠠᠨ ᠨᠢᠬᠡᠳᠦᠯᠳᠡᠢ ᠲᠦᠯᠦᠪᠯᠡᠵᠤ ᠴᠢᠩᠭᠠᠳᠬᠠᠨ᠎ᠠ᠃ ᠶᠠᠳᠠᠭᠤ ᠶᠢ ᠳᠡᠳᠬᠦᠬᠦ ᠬᠦᠷᠢᠶ᠎ᠡ ᠴᠠᠷᠠᠭ᠎ᠠ  ᠳᠠᠬᠢ ᠰᠤᠷᠳᠠᠯ ᠤᠨ ᠠᠰᠠᠭᠤᠳᠠᠯ ᠢ ᠲᠤᠰᠬᠠᠶᠢᠯᠠᠨ ᠵᠠᠰᠠᠬᠤ ᠶᠢ ᠴᠢᠩᠭᠠᠳᠬᠠᠨ᠂ ᠬᠡᠯᠪᠡᠷᠢ ᠶᠢᠨ ᠦᠵᠡᠯ ᠢ ᠴᠡᠬᠡᠷᠯᠡᠨ᠂ ᠬᠤᠳᠠᠯ ᠬᠡᠯᠡᠵᠦ ᠬᠤᠯᠤ ᠳᠠᠷᠢᠬᠤ ᠶᠢ ᠡᠷᠡᠰ ᠳᠡᠪᠴᠢᠵᠤ᠂ ᠳᠤᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠶᠢ ᠡᠷᠡᠰ ᠬᠤᠷᠢᠭᠯᠠᠨ᠂ ᠦᠨᠡᠨ ᠬᠦ ᠶᠠᠳᠠᠭᠤ ᠠᠴᠠ ᠠᠩᠭᠢᠵᠢᠷᠠᠭᠤᠯᠤᠨ ᠠᠩᠬᠢᠵᠢᠷᠠᠭᠤᠯᠤᠭᠰᠠᠨ ᠨᠢ ᠵᠢᠩᠬᠢᠨᠢ ᠶᠠᠳᠠᠭᠤ ᠡᠷᠦᠭᠡ ᠪᠠᠶᠢᠬᠤ ᠬᠡᠷᠡᠭᠳᠡᠢ᠃      ᠤᠳᠤ ᠦᠶ᠎ᠡ ᠶᠢᠨ ᠳᠠᠷᠢᠶᠠᠯᠠᠩ ᠮᠠᠯ ᠠᠵᠤ ᠠᠬᠤᠢ ᠶᠢᠨ ᠭᠤᠷᠪᠠᠨ ᠳᠤᠮᠤ ᠰᠢᠰᠲ᠋ᠧᠮᠵᠢ ᠶᠢ ᠪᠦᠷᠢᠯᠳᠦᠬᠦᠯᠦᠨ ᠪᠠᠶᠢᠭᠤᠯᠤᠨ᠎ᠠ᠃ ᠵᠠᠬ᠎ᠠ ᠳᠡᠯᠬᠡᠬᠦᠷ ᠤᠨ ᠬᠡᠷᠡᠭᠴᠡᠭᠡ ᠱᠠᠭᠠᠷᠳᠠᠯᠭ᠎ᠠ ᠪᠠᠷ ᠵᠢᠯᠤᠭᠤᠳᠤᠮᠵᠢ ᠪᠤᠯᠭᠠᠵᠤ᠂ ᠤᠨᠴᠠᠯᠢᠭᠳᠤ ᠵᠠᠮ  ᠢᠶᠠᠷ ᠵᠠᠮᠨᠠᠬᠤ᠂ ᠪᠤᠬᠢᠷᠳᠤᠯ ᠦᠭᠡᠢ ᠪᠠᠶᠢᠬᠤ ᠶᠢ ᠴᠢᠬᠤᠯᠠᠴᠢᠯᠠᠬᠤ ᠶᠢ ᠪᠠᠷᠢᠮᠳᠠᠯᠠᠵᠤ᠂ ᠳᠠᠷᠢᠶᠠᠯᠠᠩ ᠮᠠᠯ ᠠᠵᠤ ᠠᠬᠤᠢ  ᠶᠢᠨ ᠬᠠᠩᠭᠠᠯᠭ᠎ᠠ ᠶᠢᠨ ᠳᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠵᠤ᠂ ᠬᠡᠷᠡᠭᠯᠡᠭᠴᠢᠳ ᠲᠤ ᠨᠡᠩ ᠡᠯᠪᠡᠭ ᠪᠠᠶᠠᠯᠢᠭ᠂ ᠨᠡᠩ ᠪᠤᠷᠤᠯᠠᠭᠤᠯᠤᠯᠳᠠ ᠳᠤ ᠳᠤᠬᠢᠷᠠᠮᠵᠢᠳᠡᠢ ᠵᠤᠬᠢᠴᠠᠭᠰᠠᠨ ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠤᠨ ᠪᠦᠲᠦᠭᠡᠭᠳᠡᠬᠦᠨ ᠢ ᠬᠠᠩᠭᠠᠵᠤ᠂ ᠡᠬᠡ ᠪᠠᠶᠢᠭᠠᠯᠢ ᠲᠠᠢ ᠤᠶᠢᠷᠠᠳᠤᠬᠤ ᠬᠦᠳᠡᠭᠡ ᠨᠤᠳᠤᠭ ᠲᠤ ᠤᠴᠢᠬᠤ ᠬᠡᠷᠡᠭᠯᠡᠬᠡᠨ ᠤ ᠦᠩᠭᠡᠷᠡᠯᠳᠡ ᠪᠠ ᠦᠢᠯᠡᠴᠢᠯᠡᠭᠡ ᠬᠠᠩᠭᠠᠨ᠎ᠠ᠃ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮᠵᠢ ᠶᠢ ︽ᠳᠤᠬᠢᠷᠠᠭᠤᠯᠤᠨ ᠰᠢᠯᠢᠳᠡᠭᠵᠢᠬᠦᠯᠦᠨ᠎ᠡ︾᠃ ᠡᠬᠡ ᠤᠯᠤᠰ ᠤᠨ ᠠᠰ ᠤᠮᠠᠷᠠᠳᠤ ᠶᠢᠨ ᠬᠦᠢᠳᠡᠨ ᠰᠡᠷᠢᠬᠦᠨ ᠠᠵᠤ ᠠᠬᠤᠢ ᠶᠢᠨ ᠪᠦᠰᠡ  ᠶᠢ ᠪᠠᠶᠢᠭᠤᠯᠵᠤ᠂ ᠨᠡᠶᠢᠰᠯᠡᠯ ᠳᠤ ᠬᠠᠨᠳᠤᠭᠰᠠᠨ ᠪᠤᠬᠢᠷᠳᠤᠯ ᠦᠭᠡᠢ ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠬᠠᠩᠭᠠᠯᠭ᠎ᠠ ᠶᠢᠨ ᠰᠠᠭᠤᠷᠢᠨ ᠢ ᠪᠠᠶᠢᠭᠤᠯᠤᠨ᠎ᠠ᠃ ᠲᠦᠮᠦᠰᠦᠨ ᠤ ᠭᠤᠤᠯ ᠠᠮᠤ ᠪᠤᠳᠠᠭᠠᠴᠢᠯᠠᠭᠰᠠᠨ ᠠᠵᠠ ᠳᠤᠬᠢᠶᠠᠯ ᠢ ᠵᠠᠪᠳᠤᠵᠤ᠂ ᠦᠷ᠎ᠡ ᠶᠢᠨ ᠲᠦᠮᠦᠰᠦᠨ ᠤ ᠠᠵᠤ ᠦᠢᠯᠡᠰ ᠢᠶᠠᠷ ᠴᠢᠭᠯᠡᠯ ᠪᠤᠯᠭᠠᠵᠤ᠂ ᠡᠳ᠋ᠰᠢᠬᠦᠯᠦᠯᠳᠡ ᠶᠢᠨ ᠠᠵᠤ ᠠᠬᠤᠢ ᠶᠢ ᠪᠤᠶᠢᠵᠢᠭᠤᠯᠤᠨ ᠳᠠᠳᠠᠨ ᠤᠷᠤᠭᠤᠯᠬᠤ ᠪᠠᠷ ᠭᠤᠤᠯᠳᠠᠯᠭ᠎ᠠ ᠪᠤᠯᠭᠠᠵᠤ᠂ ᠲᠦᠮᠦᠰᠦᠨ  ᠤ ᠪᠦᠬᠦ ᠠᠵᠤ ᠦᠢᠯᠡᠰ  ᠤᠨ  ᠬᠡᠯᠬᠢᠶᠡᠵᠢᠯ ᠤᠨ ᠬᠦᠭᠵᠢᠯᠳᠡ ᠶᠢ ᠲᠦᠯᠬᠢᠨ ᠠᠬᠢᠭᠤᠯᠵᠤ᠂ ᠬᠡᠮᠵᠢᠶᠡᠨ  ᠤ ᠦᠷᠬᠡᠳᠬᠡᠯᠳᠡ  ᠠᠴᠠ ᠴᠢᠨᠠᠷ  ᠤᠨ ᠲᠡᠬᠡᠭᠰᠢᠯᠡᠯᠳᠡ ᠲᠡᠰᠢ ᠬᠤᠪᠢᠷᠠᠭᠤᠯᠬᠤ  ᠶᠢ ᠲᠦᠯᠬᠢᠨ ᠠᠬᠢᠭᠤᠯᠵᠤ ᠂ ︽ᠳᠤᠮᠳᠠᠳᠤ ᠤᠯᠤᠰ  ᠤᠨ ᠲᠦᠮᠦᠰᠦᠨ  ᠤ ᠲᠦᠪ︾  ᠤᠨ ᠨᠡᠷᠡᠲᠦ ᠲᠡᠮᠳᠡᠭ  ᠢ ᠪᠦᠬᠦ ᠤᠯᠤᠰ  ᠲᠤ ᠴᠤᠤᠷᠢᠶᠠᠳᠤᠭᠤᠯᠤᠨ᠎ᠠ᠃ ᠰᠢᠯᠢᠳᠡᠭ ᠴᠢᠨᠠᠷ  ᠤᠨ ᠳᠤᠰᠬᠠᠢ ᠬᠡᠷᠡᠭᠯᠡᠬᠡᠨ  ᠤ ᠲᠦᠮᠦᠰᠦ  ᠶᠢ 30 ᠲᠦᠮᠡᠨ ᠮᠤ᠋ ᠰᠢᠨ᠎ᠡ  ᠪᠠᠷ ᠨᠡᠮᠡᠭᠳᠡᠬᠦᠯᠵᠦ᠂ 180 ᠲᠦᠮᠡᠨ ᠮᠤ᠋  ᠳᠤ ᠬᠦᠷᠬᠡᠵᠦ᠂ 150 ᠳᠤᠨ  ᠤ ᠦᠷ᠎ᠡ ᠶᠢᠨ ᠲᠦᠮᠦᠰᠦᠨ ᠤ ᠦᠢᠯᠡᠳᠪᠦᠷᠢᠯᠡᠯ  ᠤᠨ ᠴᠢᠳᠠᠪᠤᠷᠢ  ᠶᠢ ᠪᠦᠷᠢᠯᠳᠦᠬᠦᠯᠥᠨ᠎ᠡ᠃ ᠲᠦᠬᠦᠬᠡᠷᠦᠮᠵᠢᠲᠦ ᠳᠠᠷᠢᠶᠠᠯᠠᠩ  ᠢ ᠶᠡᠬᠡᠪᠡᠷ ᠬᠦᠭᠵᠢᠬᠦᠯᠵᠦ᠂ ᠬᠦᠢᠳᠡᠨ ᠰᠡᠷᠢᠬᠦᠨ ᠢᠳᠡᠰᠢᠨ ᠨᠤᠭᠤᠭᠠᠨ  ᠤ ᠳᠠᠷᠢᠮᠠᠯ  ᠤᠨ ᠳᠠᠯᠠᠪᠠᠢ  ᠶᠢ 100 ᠲᠦᠮᠡᠨ ᠮᠤ᠋ ᠪᠤᠯᠳᠠᠯ᠎ᠠ ᠬᠦᠭᠵᠢᠬᠦᠯᠵᠦ᠂ ᠡᠬᠦᠨ  ᠳᠤ ᠲᠦᠬᠦᠬᠡᠷᠦᠮᠵᠢᠲᠦ ᠢᠳᠡᠰᠢᠨ ᠨᠤᠭᠤᠭ᠎ᠠ 23 ᠲᠦᠮᠡᠨ ᠮᠤ᠋ ᠪᠤᠢ᠃ ᠡᠯᠳᠡᠪ ᠠᠮᠤ ᠡᠯᠳᠡᠪ ᠪᠤᠷᠴᠠᠭ  ᠤᠨ ᠠᠵᠤ ᠦᠢᠯᠡᠰ  ᠢ ᠪᠤᠵᠠᠭᠠᠶᠢᠷᠠᠭᠤᠯᠵᠤ᠂ ᠨᠤᠬᠠᠢ ᠶᠢᠨ ᠬᠤᠰᠢᠭᠤ ᠶᠢᠨ ᠰᠢᠷᠢᠰ ᠪᠦᠲᠦᠬᠡᠭᠳᠡᠬᠦᠨ  ᠢ ᠨᠡᠬᠡᠬᠡᠨ ᠬᠦᠭᠵᠢᠬᠦᠯᠵᠦ᠂ ︽ᠳᠤᠮᠳᠠᠳᠤ ᠤᠯᠤᠰ ᠤᠨ ᠨᠤᠬᠠᠢ ᠶᠢᠨ ᠬᠤᠰᠢᠭᠤ ᠶᠢᠨ ᠲᠦᠪ︾  ᠢ ᠴᠤᠭᠴᠠᠯᠠᠨ᠎ᠠ᠃ ᠬᠠᠭᠤᠷᠠᠢ ᠳᠠᠷᠢᠮᠠᠯ  ᠤᠨ ᠤᠨᠴᠠᠯᠢᠭᠳᠤ ᠳᠠᠷᠢᠶᠠᠯᠠᠩ  ᠢ ᠬᠦᠭᠵᠢᠬᠦᠯᠬᠦ  ᠶᠢ ᠵᠤᠷᠢᠭᠵᠢᠭᠤᠯᠵᠤ᠂ ᠠᠭᠰᠢᠷᠭ᠎ᠠ᠂ ᠬᠢᠳᠠᠳ ᠡᠪᠡᠰᠦᠨ ᠡᠮ ᠵᠡᠷᠬᠡ ᠠᠵᠤ ᠠᠬᠤᠢ ᠶᠢᠨ ᠳᠠᠷᠢᠮᠠᠯ  ᠢ ᠰᠠᠶᠢᠳᠤᠷ ᠠᠳᠬᠤᠨ᠎ᠠ᠃ ᠳᠤᠬᠠᠢ ᠶᠢᠨ ᠭᠠᠵᠠᠷ  ᠤᠨ ᠪᠠᠶᠢᠳᠠᠯ ᠳᠤᠨᠢ ᠳᠤᠬᠢᠷᠠᠭᠤᠯᠵᠤ ᠠᠵᠤ ᠠᠬᠤᠢ ᠶᠢᠨ ᠤᠢ ᠶᠢᠨ ᠪᠦᠲᠦᠬᠡᠨ ᠪᠠᠶᠢᠭᠤᠯᠤᠯᠳᠠ  ᠶᠢ ᠠᠬᠢᠭᠤᠯᠵᠤ᠂ ᠰᠢᠨ᠎ᠡ ᠪᠠᠷ ᠨᠡᠮᠡᠭᠳᠡᠬᠦᠯᠬᠦ ᠳᠠᠯᠠᠪᠠᠢ  ᠶᠢ 10 ᠲᠦᠮᠡᠨ ᠮᠤ᠋  ᠠᠴᠠ ᠳᠤᠷᠤᠭᠰᠢ ᠪᠠᠶᠢᠯᠭᠠᠬᠤ ᠦᠬᠡᠢ᠃ ᠠᠮᠢᠳᠤ ᠭᠠᠭ᠋ᠠᠢ ᠶᠢᠨ ᠠᠵᠤ ᠦᠢᠯᠡᠰ ᠢ ᠵᠤᠬᠢᠰᠳᠠᠢ ᠬᠡᠪᠴᠢᠶᠡᠵᠢᠬᠦᠯᠵᠦ᠂ ᠴᠦ᠋ ᠶᠢᠩ᠂ ᠹᠧᠩ ᠴᠧᠩ᠂ ᠳ᠋ᠠ ᠪᠸᠢ ᠨᠦᠩ ᠵᠡᠷᠬᠡ ᠠᠵᠤ ᠠᠬᠤᠶᠢᠯᠠᠯ  ᠤᠨ ᠳᠠᠶᠢᠴᠢᠯᠠᠬᠤ ᠦᠢᠯᠡᠳᠦᠯ  ᠢ ᠪᠠᠳᠠᠷᠠᠭᠤᠯᠵᠤ᠂ ᠵᠠᠭᠤᠨ ᠲᠦᠮᠡᠨ ᠭᠠᠭ᠋ᠠᠢ ᠲᠠᠢ 6 ᠳᠤᠮᠤ ᠰᠢᠶᠠᠨ  ᠢ ᠴᠤᠭᠴᠠᠯᠠᠨ᠎ᠠ᠃ ᠮᠢᠬᠠᠨ ᠬᠤᠨᠢᠨ  ᠤ ᠪᠠᠷᠢᠮᠵᠢᠶᠠᠵᠢᠭᠤᠯᠤᠭᠰᠠᠨ ᠲᠡᠵᠢᠬᠡᠨ ᠦᠷᠡᠵᠢᠬᠦᠯᠬᠦ ᠳᠠᠯᠠᠪᠠᠢ  ᠶᠢᠨ ᠪᠦᠲᠦᠬᠡᠨ ᠪᠠᠶᠢᠭᠤᠯᠤᠯᠳᠠ  ᠶᠢ ᠴᠢᠩᠭᠠᠳᠬᠠᠵᠤ᠂ ᠳ᠋ᠦ᠋ ᠮᠧᠩ ᠮᠢᠬᠠᠨ ᠬᠤᠨᠢᠨ  ᠤ ᠦᠯᠡᠳᠪᠦᠷᠢᠯᠡᠯ  ᠤᠨ ᠰᠠᠭᠤᠷᠢᠨ  ᠢ ᠪᠠᠶᠢᠭᠤᠯᠵᠤ᠂ ᠲᠡᠵᠢᠬᠡᠨ ᠦᠷᠡᠵᠢᠬᠦᠯᠥᠯᠳᠡ ᠶᠢᠨ ᠴᠢᠨᠠᠷ ᠲᠡᠰ ᠪᠠ ᠦᠷ᠎ᠡ ᠠᠰᠢᠭ  ᠢ ᠲᠡᠬᠡᠭᠰᠢᠯᠡᠬᠦᠯᠵᠦ᠂ ᠠᠵᠤ ᠠᠬᠤᠶᠢᠯᠠᠯ  ᠤᠨ ᠳᠤᠬᠠᠢ ᠶᠢᠨ ᠭᠠᠵᠠᠷ ᠲᠠᠭᠠᠨ ᠡᠳ᠋ᠰᠢᠬᠦᠯᠥᠨ ᠤᠯᠠᠷᠢᠭᠤᠯᠬᠤ ᠴᠢᠳᠠᠪᠤᠷᠢ ᠪᠠᠨ ᠳᠡᠭᠡᠭᠰᠢᠯᠡᠬᠦᠯᠬᠦ  ᠶᠢ ᠨᠢ ᠲᠡᠮᠵᠢᠨ᠎ᠡ᠃ ᠢᠳᠡᠰᠢᠨ ᠳᠠᠬᠢᠶ᠎ᠠ᠂ ᠮᠢᠬᠠᠨ ᠦᠬᠡᠷ ᠪᠠ ᠡᠯᠵᠢᠬᠡᠨ  ᠤ ᠠᠵᠤ ᠦᠢᠯᠡᠰ  ᠤᠨ ᠬᠦᠭᠵᠢᠯᠳᠡ  ᠶᠢ ᠲᠦᠯᠬᠢᠨ ᠠᠬᠢᠭᠤᠯᠵᠤ᠂ ᠤᠯᠠᠨ ᠠᠷᠭ᠎ᠠ ᠵᠠᠮ ᠢᠶᠠᠷ ᠳᠠᠷᠢᠶᠠᠴᠢᠨ ᠮᠠᠯᠴᠢᠨ  ᠤ ᠤᠷᠤᠯᠭ᠎ᠠ ᠪᠠᠨ ᠨᠡᠮᠡᠭᠳᠡᠬᠦᠯᠥᠨ ᠪᠠᠶᠠᠵᠢᠬᠤ  ᠶᠢ ᠨᠢ ᠳᠠᠶᠢᠴᠢᠯᠠᠨ᠎ᠠ᠃ ᠡᠪᠡᠰᠦᠨ  ᠤ ᠠᠵᠤ ᠦᠢᠯᠡᠰ  ᠢ ᠶᠡᠬᠡᠪᠡᠷ ᠬᠦᠭᠵᠢᠬᠦᠯᠵᠦ᠂ ᠦᠨᠳᠦᠷ ᠭᠠᠷᠤᠯᠳᠠ  ᠲᠠᠢ ᠰᠠᠶᠢᠨ ᠴᠢᠨᠠᠷ  ᠤᠨ ᠲᠡᠵᠢᠬᠡᠯ ᠪᠤᠷᠳᠤᠭᠠᠨ  ᠤ ᠰᠠᠭᠤᠷᠢᠨ  ᠢ 150 ᠲᠦᠮᠡᠨ ᠮᠤ᠋ ᠪᠠᠶᠢᠭᠤᠯᠥᠨ᠎ᠡ᠃ ᠳᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ  ᠤᠨ ᠰᠢᠰᠲ᠋ᠧᠮᠵᠢ ᠶᠢ ︽ᠪᠤᠬᠢᠷᠳᠤᠯ ᠦᠬᠡᠢ ᠪᠤᠯᠭᠠᠨ ᠳᠤᠬᠢᠷᠠᠭᠤᠯᠤᠨ᠎ᠠ︾᠃ ᠭᠠᠵᠠᠷ ᠰᠢᠷᠤᠢ᠂ ᠤᠰᠤ᠂ ᠤᠷᠴᠢᠨ ᠳᠤᠭᠤᠷᠢᠨ ᠵᠡᠷᠬᠡ ᠡᠬᠢ ᠪᠠᠶᠠᠯᠢᠭ  ᠤᠨ ᠬᠦᠯᠢᠶᠡᠰᠦᠯᠡᠯ  ᠢ ᠬᠦᠢᠴᠡᠳ ᠪᠤᠳᠤᠯᠬᠢᠯᠠᠵᠤ᠂ ᠳᠠᠷᠢᠮᠠᠯ ᠲᠡᠵᠢᠬᠡᠪᠦᠷᠢ ᠶᠢᠨ ᠬᠡᠪᠴᠢᠶ᠎ᠡ᠂ ᠲᠦᠷᠦᠯ ᠪᠠ ᠤᠷᠤᠨ ᠳᠤᠭᠤᠷᠢᠭ  ᠢ ᠵᠤᠬᠢᠰᠳᠠᠢ ᠳᠤᠭᠳᠠᠭᠠᠵᠤ᠂ ᠳᠠᠷᠢᠶᠠᠯᠠᠩ ᠮᠠᠯ ᠠᠵᠤ ᠠᠬᠤᠢ ᠶᠢᠨ ᠪᠤᠬᠢᠷᠳᠤᠯ ᠦᠬᠡᠢ ᠬᠦᠭᠵᠢᠯᠳᠡ  ᠶᠢ ᠲᠦᠯᠬᠢᠨ ᠠᠬᠢᠭᠤᠯᠤᠨ᠎ᠠ᠃ ᠪᠤᠷᠳᠤᠭᠤᠷ  ᠤᠨ ᠡᠵᠡᠮᠰᠢᠯ᠂ ᠡᠮ  ᠤᠨ ᠡᠵᠡᠮᠰᠢᠯ᠂ ᠪᠦᠷᠬᠦᠪᠴᠢ ᠶᠢᠨ ᠡᠵᠡᠮᠰᠢᠯ᠂ ᠤᠰᠤᠨ  ᠤ ᠡᠵᠡᠮᠰᠢᠯ ︽ᠲᠦᠷᠪᠡᠨ ᠡᠵᠡᠮᠰᠢᠯ  ᠤᠨ ᠠᠵᠢᠯᠯᠠᠭ᠎ᠠ︾  ᠶᠢ ᠬᠦᠨᠵᠡᠬᠡᠢ ᠦᠷᠨᠢᠬᠦᠯᠥᠨ᠎ᠡ᠃ ᠮᠠᠯ  ᠤᠨ ᠪᠠᠭᠠᠰᠤ ᠰᠢᠬᠡᠰᠦ  ᠶᠢ ᠬᠤᠤᠷᠳᠠᠯ ᠦᠬᠡᠢ ᠰᠢᠢᠳᠪᠦᠷᠢᠯᠡᠬᠦ ᠶᠢ ᠰᠠᠶᠢᠳᠤᠷ ᠠᠳᠬᠤᠵᠤ᠂ ᠶᠡᠷᠦᠩᠬᠡᠶᠢᠯᠡᠨ ᠠᠰᠢᠭᠯᠠᠬᠤ ᠨᠤᠷᠮ᠎ᠠ  ᠶᠢ 70%  ᠠᠴᠠ ᠲᠡᠬᠡᠭᠰᠢ  ᠳᠤ ᠬᠦᠷᠬᠡᠨ᠎ᠡ᠃ ᠳᠠᠷᠢᠶᠠᠯᠠᠩ  ᠤᠨ ᠤᠰᠤᠨ  ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ  ᠶᠢ ᠲᠦᠯᠬᠢᠨ ᠠᠬᠢᠭᠤᠯᠵᠤ᠂ ᠤᠰᠤᠨ  ᠤ ᠦᠨ᠎ᠡ ᠬᠠᠩᠰᠢ ᠪᠦᠷᠢᠯᠳᠦᠭᠰᠡᠨ᠂ ᠤᠨᠢᠨ ᠲᠡᠬᠡᠷ᠎ᠡ ᠨᠢ ᠨᠦᠬᠦᠪᠦᠷᠢᠯᠡᠭᠰᠡᠨ ᠪᠠ ᠤᠰᠤ ᠠᠷᠪᠢᠯᠠᠭᠰᠠᠨ  ᠢ ᠱᠠᠩᠨᠠᠨ ᠬᠦᠭᠵᠢᠬᠦᠯᠬᠦ ᠳᠤᠭᠳᠠᠴᠠ  ᠶᠢ ᠠᠭᠠᠵᠢᠮ ᠢᠶᠠᠷ ᠪᠠᠶᠢᠭᠤᠯᠤᠨ᠎ᠠ ᠃ ᠤᠰᠤ ᠠᠷᠪᠢᠯᠠᠬᠤ ᠳᠠᠷᠢᠶᠠᠯᠠᠩ  ᠢ ᠶᠡᠬᠡᠪᠡᠷ ᠬᠦᠭᠵᠢᠬᠦᠯᠵᠦ᠂ ᠤᠰᠤ ᠦᠨᠳᠦᠷ ᠬᠤᠷᠤᠭᠳᠠᠭᠤᠯᠬᠤ ᠳᠠᠷᠢᠮᠠᠯ  ᠤᠨ ᠵᠦᠢᠯ  ᠢ ᠪᠠᠭᠠᠰᠬᠠᠵᠤ᠂ ᠤᠰᠤ ᠠᠷᠪᠢᠯᠠᠬᠤ ᠤᠰᠤᠯᠠᠯᠳᠠ ᠶᠢᠨ ᠳᠠᠯᠠᠪᠠᠢ  ᠶᠢ 255 ᠲᠦᠮᠡᠨ ᠮᠤ᠋  ᠳᠤ ᠬᠦᠷᠬᠡᠨ᠎ᠡ᠃ ᠳᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠰᠢᠰᠲ᠋ᠧᠮᠵᠢ ᠶᠢ ︽ᠬᠦᠴᠦᠷᠬᠡᠭ ᠪᠤᠯᠭᠠᠨ ᠳᠤᠬᠢᠷᠠᠭᠤᠯᠤᠨ᠎ᠠ︾ ᠵᠠᠬ᠎ᠠ ᠲᠡᠯᠬᠡᠬᠦᠷ ᠢᠶᠠᠷ ᠦᠢᠯᠡᠳᠪᠦᠷᠢᠯᠡᠯ  ᠢ ᠬᠦᠳᠦᠯᠥᠬᠦᠯᠵᠦ᠂ ᠡᠵᠡᠩᠨᠡᠯᠳᠡ ᠪᠤᠷᠤᠯᠠᠭᠤᠯᠤᠯᠳᠠ ᠶᠢᠨ ᠲᠡᠯᠡᠬᠦ ᠬᠦᠴᠦᠨ  ᠢ ᠴᠢᠩᠭᠠᠯᠠᠵᠤ᠂ ᠰᠠᠩ ᠬᠦᠮᠦᠷᠬᠡ  ᠳᠤ ᠬᠠᠳᠠᠭᠠᠯᠠᠬᠤ ᠲᠦᠬᠦᠬᠡᠷᠦᠮᠵᠢ ᠪᠠ ᠡᠳ᠋ ᠪᠠᠷᠠᠭᠠᠨ  ᠤ ᠳᠤᠬᠢᠷᠠᠭᠤᠯᠤᠨ ᠬᠦᠷᠬᠡᠬᠦ ᠰᠢᠰᠲ᠋ᠧᠮᠵᠢ  ᠶᠢ ᠪᠦᠷᠢᠨᠰᠢᠬᠦᠯᠵᠦ᠂ ᠵᠠᠬᠢᠶᠠᠯᠠᠭ᠎ᠠ ᠶᠢᠨ ᠮᠠᠶ᠋ᠢᠭ  ᠤᠨ ᠦᠢᠯᠡᠳᠪᠦᠷᠢᠯᠡᠯ  ᠢ ᠦᠷᠬᠡᠳᠬᠡᠨ᠎ᠡ᠃ ᠶᠠᠳᠠᠭᠤ  ᠶᠢ ᠲᠡᠳᠬᠦᠬᠦ ᠪᠡᠯᠡ ᠮᠥᠩᠬᠦ ᠶᠢ ᠨᠡᠶᠢᠳᠬᠡᠵᠦ᠂ ᠲᠦᠮᠦᠰᠦ ᠵᠡᠷᠬᠡ ᠳᠠᠷᠢᠶᠠᠯᠠᠩ  ᠤᠨ ᠭᠠᠷᠤᠯᠳᠠ ᠶᠢᠨ ᠰᠠᠩ ᠬᠦᠮᠦᠷᠬᠡ  ᠳᠤ ᠬᠠᠳᠠᠭᠠᠯᠠᠬᠤ ᠲᠦᠬᠦᠬᠡᠷᠦᠮᠵᠢ  ᠶᠢ ᠦᠨᠳᠦᠷ ᠪᠠᠷᠢᠮᠵᠢᠶ᠎ᠠ ᠪᠠᠷ ᠪᠦᠲᠦᠬᠡᠨ ᠪᠠᠶᠢᠭᠤᠯᠵᠤ᠂ ᠰᠠᠩ ᠬᠦᠮᠦᠷᠬᠡ ᠶᠢᠨ ᠬᠠᠳᠠᠭᠠᠯᠠᠯᠳᠠ  ᠶᠢ 30 ᠲᠦᠮᠡᠨ ᠳᠤᠨ ᠰᠢᠨ᠎ᠡ ᠪᠠᠷ ᠨᠡᠮᠡᠭᠳᠡᠬᠦᠯᠵᠦ᠂ ᠬᠦᠷᠦᠩᠬᠡ ᠪᠠᠷ ᠨᠢ ᠬᠡᠮᠵᠢᠶᠡᠯᠡᠨ ᠬᠤᠪᠢ ᠤᠷᠤᠭᠤᠯᠵᠤ᠂ ᠠᠵᠤ ᠠᠬᠤᠶᠢᠯᠠᠯ ᠨᠢ ᠵᠦᠬᠡᠬᠡᠪᠦᠷᠢᠯᠡᠨ ᠡᠵᠡᠩᠨᠡᠬᠦ  ᠶᠢ ᠳᠠᠭᠠᠭᠠᠨ ᠲᠦᠷᠢᠶᠡᠰᠦᠯᠡᠵᠦ᠂ ᠶᠠᠳᠠᠭᠤ ᠬᠦᠴᠢᠷᠳᠡᠯ ᠲᠠᠢ ᠡᠷᠦᠬᠡ ᠨᠢ ᠠᠰᠢᠭ ᠤᠷᠤᠯᠭ᠎ᠠ  ᠶᠢ ᠬᠤᠪᠢᠳᠠᠨ᠎ᠠ᠃ ᠢᠳᠡᠰᠢᠨ ᠨᠤᠭᠤᠭᠠᠨ  ᠤ ᠨᠢᠬᠡ ᠪᠦᠯᠥᠭ ᠳᠤᠭᠳᠠᠩᠭᠤᠢ ᠳᠤᠯᠠᠭᠠᠨ ᠬᠦᠮᠦᠷᠬᠡ  ᠶᠢ ᠪᠠᠶᠢᠭᠤᠯᠵᠤ᠂ ᠬᠦᠢᠳᠡᠨ ᠪᠦᠬᠦ ᠬᠡᠯᠬᠢᠶᠡᠲᠦ ᠡᠳ᠋ ᠪᠠᠷᠠᠭᠠᠨ  ᠤ ᠵᠦᠬᠡᠬᠡᠪᠦᠷᠢ ᠶᠢᠨ ᠰᠢᠰᠲ᠋ᠧᠮᠵᠢ  ᠶᠢ ᠪᠦᠷᠢᠨᠰᠢᠬᠦᠯᠵᠦ᠂ ᠬᠦᠢᠳᠡᠨ ᠰᠡᠷᠢᠬᠦᠨ ᠢᠳᠡᠰᠢᠨ ᠨᠤᠭᠤᠭᠠᠨ  ᠤ ᠵᠠᠬ᠎ᠠ ᠲᠡᠯᠬᠡᠬᠦᠷ  ᠤᠨ ᠡᠵᠡᠯᠡᠬᠦ ᠨᠤᠷᠮ᠎ᠠ  ᠶᠢ ᠦᠷᠬᠡᠳᠬᠡᠨ᠎ᠡ᠃ ᠠᠵᠤ ᠦᠢᠯᠡᠳᠪᠦᠷᠢᠵᠢᠬᠦᠯᠬᠦ ᠤᠶᠢᠯᠠᠭᠠᠭᠳᠠᠬᠤᠨ ᠢᠶᠠᠷ ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ  ᠶᠢ ᠰᠦᠪᠡᠭᠴᠢᠯᠡᠵᠦ᠂ ᠠᠵᠤ ᠦᠢᠯᠡᠰᠵᠢᠭᠰᠡᠨ ᠨᠢᠬᠡ ᠪᠦᠯᠥᠭ ᠳᠤᠯᠤᠭᠠᠶᠢᠯᠠᠭᠴᠢ ᠠᠵᠤ ᠠᠬᠤᠶᠢᠯᠠᠯ  ᠢ ᠳᠠᠳᠠᠨ ᠤᠷᠤᠭᠤᠯᠵᠤ ᠪᠤᠶᠢᠵᠢᠭᠤᠯᠵᠤ᠂ ︽ᠤᠤᠯ ᠮᠠᠲ᠋ᠧᠷᠢᠶᠠᠯ︾  ᠢ ᠰᠢᠪᠳᠤᠯᠵᠤ᠂ ︽ᠠᠩᠬ᠎ᠠ ᠡᠳ᠋ᠰᠢᠬᠦᠯᠥᠯᠳᠡ︾  ᠶᠢ ᠬᠤᠪᠢᠷᠠᠭᠤᠯᠵᠤ᠂ ᠴᠢᠨᠠᠭᠰᠢᠳᠠ ᠠᠵᠤ ᠦᠢᠯᠡᠰ  ᠤᠨ ᠬᠡᠯᠬᠢᠶ᠎ᠡ  ᠶᠢ ᠰᠤᠩᠭᠠᠵᠤ᠂ ᠦᠷᠳᠡᠭ  ᠤᠨ ᠬᠡᠯᠬᠢᠶ᠎ᠡ  ᠶᠢ ᠲᠡᠬᠡᠭᠰᠢᠯᠡᠬᠦᠯᠵᠦ᠂ ᠤᠷᠤᠯᠭ᠎ᠠ ᠨᠡᠮᠡᠭᠳᠡᠯ  ᠤᠨ ᠬᠡᠯᠬᠢᠶ᠎ᠡ  ᠶᠢ ᠦᠷᠬᠡᠳᠬᠡᠨ᠎ᠡ᠃ ᠡᠳ᠋ᠰᠢᠬᠦᠯᠥᠯᠳᠡ ᠤᠯᠠᠷᠢᠭᠤᠯᠤᠯᠳᠠ ᠶᠢᠨ ᠴᠢᠳᠠᠪᠤᠷᠢ  ᠶᠢ 62%  ᠳᠤ ᠬᠦᠷᠬᠡᠨ᠎ᠡ᠃ ᠤᠯᠤᠰ  ᠤᠨ 5 ᠶᠠᠳᠠᠭᠤ ᠰᠢᠶᠠᠨ ᠢ ᠤᠯᠤᠰ ᠤᠨ ᠡᠯᠧᠺᠲᠷᠤᠨ ᠬᠤᠳᠠᠯᠳᠤᠭᠠᠠ ᠬᠦᠳᠡᠭᠡ ᠳᠤᠰᠬᠤᠨ  ᠳᠤ ᠤᠷᠤᠭᠰᠠᠨ ᠵᠢᠱᠢᠶ᠎ᠡ ᠦᠵᠡᠬᠦᠯᠬᠦ ᠰᠢᠶᠠᠨ  ᠳᠤ ᠤᠷᠤᠭᠤᠯᠵᠤ᠂ ᠡᠯᠧᠺᠲᠷᠤᠨ ᠬᠤᠳᠠᠯᠳᠤᠭ᠎ᠠ ᠶᠢᠨ ᠲᠦᠷᠬᠡᠨ ᠬᠦᠷᠬᠡᠯᠳᠡ ᠶᠢᠨ ᠶᠡᠷᠦᠩᠬᠡᠢ ᠦᠢᠯᠡᠴᠢᠯᠡᠬᠡᠨ ᠤ ᠳᠤᠤᠷ ᠴᠡᠭ ᠤᠨ ᠵᠠᠰᠠᠭ ᠵᠠᠬᠢᠷᠭᠠᠨ ᠤ ᠳᠤᠰᠬᠤᠨ ᠤ ᠦᠪᠴᠢ ᠪᠦᠷᠬᠦᠬᠦᠯᠳᠡ  ᠶᠢ ᠪᠡᠶᠡᠯᠡᠬᠦᠯᠥᠨ᠎ᠡ᠃ ᠨᠡᠷᠡᠲᠦ ᠲᠡᠮᠳᠡᠭ ᠢᠶᠠᠷ ᠬᠦᠭᠵᠢᠬᠦᠯᠬᠦ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠪᠦᠬᠦ ᠤᠯᠤᠰ  ᠲᠤ ᠬᠦᠯ ᠳᠤᠭᠳᠠᠬᠤ᠂ ᠳᠠᠭᠤ ᠴᠤᠤᠳᠠᠢ᠂ ᠠᠷᠠᠯᠵᠢᠶ᠎ᠠ ᠰᠠᠶᠢᠨ ᠳᠠᠷᠢᠶᠠᠯᠠᠩ  ᠤᠨ ᠭᠠᠷᠤᠯᠳᠠ ᠮᠠᠯ  ᠤᠨ ᠠᠰᠢᠭ ᠰᠢᠮ᠎ᠡ  ᠤᠨ ᠨᠢᠬᠡ ᠪᠦᠯᠥᠭ ᠨᠡᠷᠡᠲᠦ ᠲᠡᠮᠳᠡᠭ  ᠢ ᠪᠤᠶᠢᠵᠢᠭᠤᠯᠤᠨ᠎ᠠ᠃     ᠳᠠᠷᠢᠶᠠᠯᠠᠬᠤ ᠮᠠᠯᠵᠢᠬᠤ ᠤᠷᠤᠨ  ᠤ ᠦᠬᠡᠷᠡᠴᠢᠯᠡᠯᠳᠡ  ᠶᠢ ᠬᠦᠨᠵᠡᠬᠡᠶᠢᠷᠡᠬᠦᠯᠥᠨ᠎ᠡ᠃ ᠭᠠᠵᠠᠷ ᠰᠢᠷᠤᠢ ᠶᠢᠨ ᠡᠯ᠎ᠡ ᠵᠦᠢᠯ  ᠤᠨ ᠡᠬᠢ ᠪᠠᠶᠠᠯᠢᠭ  ᠢ ᠬᠦᠴᠦᠯᠡᠨ ᠨᠡᠶᠢᠳᠬᠡᠵᠦ᠂ ᠭᠠᠵᠠᠷ ᠰᠢᠷᠤᠢ ᠶᠢᠨ ᠳᠠᠭᠠᠭᠠᠴᠢᠯᠠᠯᠳᠠ ᠶᠢᠨ ᠵᠦᠷᠢᠴᠡᠯ ᠵᠢᠭᠤᠷᠠᠯᠳᠤᠭᠠᠨ  ᠢ ᠢᠳᠡᠪᠬᠢᠳᠠᠢ ᠪᠠᠷ ᠨᠠᠮᠳᠠᠭᠤᠯᠵᠤ᠂ ᠳᠠᠭᠠᠭᠠᠴᠢᠯᠠᠯᠳᠠ ᠶᠢᠨ ᠬᠠᠷᠢᠴᠠᠭ᠎ᠠ  ᠶᠢ ᠰᠢᠯᠤᠭᠤᠳᠬᠠᠵᠤ᠂ ᠭᠠᠵᠠᠷ ᠰᠢᠷᠦᠢ ᠶᠢᠨ ᠡᠷᠬᠡ ᠶᠢᠨ ᠳᠤᠭᠳᠠᠭᠠᠯᠳᠠ ᠶᠢᠨ ᠳᠠᠩᠰᠠᠯᠠᠯᠳᠠ ᠦᠨᠡᠮᠯᠡᠯ ᠤᠯᠭᠤᠯᠳᠠ ᠶᠢᠨ ᠠᠵᠢᠯ  ᠢ ᠪᠡᠶᠡᠯᠡᠬᠦᠯᠥᠨ᠎ᠡ᠃ ︽ᠭᠤᠷᠪᠠᠨ ᠡᠷᠬᠡ︾ ᠶᠢ ᠰᠠᠯᠭᠠᠨ ᠳᠠᠯᠪᠢᠬᠤ ᠲᠦᠷᠢᠮ  ᠤᠨ ᠦᠬᠡᠷᠡᠴᠢᠯᠡᠯᠳᠡ  ᠶᠢ ᠲᠦᠯᠬᠢᠨ ᠠᠬᠢᠭᠤᠯᠵᠤ᠂ ᠳᠠᠷᠢᠶᠠᠴᠢᠨ ᠡᠷᠦᠬᠡ ᠶᠢᠨ ᠳᠠᠭᠠᠭᠠᠴᠢᠯᠠᠯᠳᠠ ᠶᠢᠨ ᠡᠷᠬᠡ  ᠶᠢ ᠦᠨᠡᠨᠬᠦ ᠳᠤᠭᠳᠠᠪᠦᠷᠢᠵᠢᠭᠤᠯᠵᠤ᠂ ᠡᠵᠡᠩᠨᠡᠯᠳᠡ ᠶᠢᠨ ᠡᠷᠬᠡ  ᠶᠢ ᠠᠮᠢᠳᠤᠯᠢᠭ ᠪᠤᠯᠭᠠᠨ᠎ᠠ᠃ ᠬᠠᠩᠭᠠᠨ ᠪᠤᠷᠤᠯᠠᠭᠤᠯᠬᠤ ᠬᠤᠷᠰᠢᠶᠠᠨ  ᠤ ᠦᠬᠡᠷᠡᠴᠢᠯᠡᠯᠳᠡ  ᠶᠢ ᠬᠦᠨᠵᠡᠬᠡᠶᠢᠷᠡᠬᠦᠯᠵᠦ᠂ ᠦᠪᠡᠷᠳᠡᠬᠡᠨ ᠵᠠᠰᠠᠬᠤ ᠤᠷᠤᠨ  ᠤ ᠲᠡᠰ  ᠤᠨ ᠵᠢᠱᠢᠶ᠎ᠡ ᠦᠵᠡᠬᠦᠯᠬᠦ ᠬᠤᠷᠰᠢᠶ᠎ᠠ 20᠂ ᠤᠯᠤᠰ  ᠤᠨ ᠲᠡᠰ  ᠤᠨ ᠵᠢᠱᠢᠶ᠎ᠡ ᠦᠵᠡᠬᠦᠯᠬᠦ ᠬᠤᠷᠰᠢᠶ᠎ᠠ 5  ᠶᠢ ᠡᠬᠦᠳᠦᠨ ᠴᠤᠭᠴᠠᠯᠠᠨ᠎ᠠ᠃ ᠵᠤᠬᠢᠰᠳᠠᠢ ᠬᠡᠪᠴᠢᠶᠡᠵᠢᠭᠰᠡᠨ ᠡᠵᠡᠩᠨᠡᠯᠳᠡ  ᠶᠢ ᠬᠦᠭᠵᠢᠬᠦᠯᠵᠦ᠂ ᠭᠠᠵᠠᠷ ᠰᠢᠷᠦᠢ ᠶᠢᠨ ᠰᠢᠯᠵᠢᠬᠦᠯᠥᠯᠳᠡ ᠶᠢᠨ ᠳᠠᠯᠠᠪᠠᠢ  ᠶᠢ 30 ᠲᠦᠮᠡᠨ ᠮᠤ᠋ ᠰᠢᠨ᠎ᠡ ᠪᠠᠷ ᠨᠡᠮᠡᠭᠳᠡᠬᠦᠯᠵᠦ᠂ 515 ᠲᠦᠮᠡᠨ ᠮᠤ᠋  ᠳᠤ ᠬᠦᠷᠬᠡᠨ᠎ᠡ᠃ ᠤᠯᠤᠰ  ᠤᠨ ᠥᠮᠴᠢᠯᠡᠯᠳᠦ ᠤᠢ ᠰᠢᠭᠤᠢ ᠶᠢᠨ ᠳᠠᠯᠠᠪᠠᠢ ᠶᠢᠨ ᠦᠬᠡᠷᠡᠴᠢᠯᠡᠯᠳᠡ  ᠶᠢ ᠪᠡᠶᠡᠯᠡᠬᠦᠯᠥᠨ᠎ᠡ᠃ ︽ᠬᠤᠶᠠᠷ ᠡᠷᠬᠡ︾ ᠶᠢᠨ ᠪᠠᠷᠢᠴᠠᠭᠠᠨ  ᠤ ᠵᠤᠭᠤᠰ ᠵᠢᠬᠡᠯᠡᠯᠬᠡ ᠶᠢᠨ ᠳᠤᠷᠰᠢᠯᠳᠠ ᠶᠢᠨ ᠴᠡᠭ ᠶᠠᠪᠤᠭᠳᠠᠭᠤᠯᠬᠤ  ᠶᠢ ᠰᠦᠪᠡᠭᠴᠢᠯᠡᠵᠦ᠂ ᠳᠠᠷᠢᠶᠠᠯᠠᠬᠤ ᠮᠠᠯᠵᠢᠬᠤ ᠤᠷᠤᠨ  ᠤ ᠦᠮᠴᠢᠯᠡᠬᠦ ᠡᠷᠬᠡ ᠶᠢᠨ ᠠᠷᠠᠯᠵᠢᠶ᠎ᠠ ᠰᠢᠯᠵᠢᠬᠦᠯᠥᠯᠳᠡ ᠶᠢᠨ ᠳᠠᠪᠴᠠᠩ  ᠢ ᠲᠦᠷᠬᠡᠳᠬᠡᠨ ᠪᠠᠶᠢᠭᠤᠯᠤᠨ᠎ᠠ᠃ ᠮᠥᠩᠬᠦᠨ ᠬᠦᠢᠯᠬᠡᠬᠡᠨ  ᠤ ᠪᠠᠶᠢᠭᠤᠯᠤᠮᠵᠢ ᠠᠴᠠ ᠰᠢᠶᠠᠩ ᠪᠠᠯᠭᠠᠰᠤᠨ ᠳᠤ ᠮᠥᠩᠬᠦᠨ ᠬᠦᠢᠯᠬᠡᠬᠡᠨ ᠤ ᠦᠢᠯᠡᠴᠢᠯᠡᠬᠡᠨ  ᠤ ᠦᠷᠳᠡᠭᠡ ᠪᠠᠶᠢᠭᠤᠯᠬᠤ  ᠶᠢ ᠨᠢ ᠵᠤᠷᠢᠭᠵᠢᠭᠤᠯᠵᠤ᠂ ᠳᠠᠷᠢᠶᠠᠴᠢᠨ ᠮᠠᠯᠴᠢᠨ  ᠤ ᠮᠥᠩᠬᠦᠨ ᠬᠦᠢᠯᠬᠡᠬᠡᠨ  ᠤ ᠬᠡᠷᠡᠭᠴᠡᠭᠡ ᠱᠠᠭᠠᠷᠳᠠᠯᠭ᠎ᠠ ᠳᠠᠬᠢ ᠲᠡᠮᠵᠢᠯᠬᠡ ᠪᠠᠨ ᠴᠢᠩᠭᠠᠳᠬᠠᠨ᠎ᠠ᠃      ᠦᠵᠡᠰᠬᠦᠯᠡᠩᠲᠦ ᠭᠤᠶᠤ ᠬᠦᠳᠡᠭᠡ ᠳᠤᠰᠬᠤᠨ  ᠤ ᠪᠦᠲᠦᠬᠡᠨ ᠪᠠᠶᠢᠭᠤᠯᠤᠯᠳᠠ  ᠶᠢ ᠲᠦᠯᠬᠢᠨ ᠠᠬᠢᠭᠤᠯᠤᠨ᠎ᠠ᠃ ᠳᠠᠷᠢᠶᠠᠯᠠᠬᠤ ᠮᠠᠯᠵᠢᠬᠤ ᠤᠷᠤᠨ  ᠤ ᠪᠦᠲᠦᠬᠡᠨ ᠪᠠᠶᠢᠭᠤᠯᠤᠯᠳᠠ ᠶᠢᠨ ᠦᠷ᠎ᠡ ᠪᠦᠲᠦᠬᠡᠯ  ᠢ ᠪᠠᠬᠢᠵᠢᠭᠦᠯᠥᠨ ᠲᠡᠬᠡᠭᠰᠢᠯᠡᠬᠦᠯᠥᠨ᠎ᠡ᠃ ᠤᠰᠤ ᠴᠠᠬᠢᠯᠭᠠᠨ ᠵᠠᠮ ᠴᠢᠮᠡᠭᠡ ᠬᠡᠷ ᠵᠡᠷᠬᠡ ᠦᠨᠳᠦᠰᠦᠨ ᠲᠦᠬᠦᠬᠡᠷᠦᠮᠵᠢ  ᠶᠢ ᠶᠡᠬᠡᠪᠡᠷ ᠰᠠᠶᠢᠵᠢᠷᠠᠭᠤᠯᠵᠤ᠂ ᠬᠦᠳᠡᠭᠡ ᠳᠤᠰᠬᠤᠨ  ᠤ ᠵᠠᠰᠠᠮᠠᠯ ᠵᠠᠮ  ᠢ ᠰᠠᠶᠢᠳᠤᠷ ᠪᠦᠲᠦᠬᠡᠨ ᠪᠠᠶᠢᠭᠤᠯᠵᠤ ᠰᠠᠶᠢᠳᠤᠷ ᠠᠷᠠᠴᠢᠯᠠᠨ ᠬᠠᠮᠢᠶᠠᠷᠴᠤ ᠰᠠᠶᠢᠳᠤᠷ ᠡᠷᠬᠢᠯᠳᠦᠬᠦᠯᠥᠨ ᠡᠵᠡᠩᠨᠡᠨ᠎ᠡ᠃ ᠬᠦᠳᠡᠭᠡ ᠳᠤᠰᠬᠤᠨ  ᠤ ᠤᠷᠴᠢᠨ ᠳᠤᠭᠤᠷᠢᠨ  ᠤ ᠶᠡᠷᠦᠩᠬᠡᠶᠢᠯᠡᠭᠰᠡᠨ ᠴᠡᠭᠴᠡᠯᠡᠨ ᠰᠠᠶᠢᠵᠢᠷᠠᠭᠤᠯᠤᠯᠳᠠ  ᠶᠢ ᠶᠠᠪᠤᠭᠳᠠᠭᠤᠯᠵᠤ᠂ ᠳᠠᠷᠢᠶᠠᠯᠠᠬᠤ ᠮᠠᠯᠵᠢᠬᠤ ᠤᠷᠤᠨ ᠤ ᠬᠤᠭ ᠨᠤᠪᠰᠢ ᠰᠢᠢᠳᠪᠦᠷᠢᠯᠡᠬᠦ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠳᠠ ᠶᠢᠨ ᠢᠨᠵᠧᠨᠧᠷᠢᠩ  ᠢ ᠶᠠᠪᠤᠭᠳᠠᠭᠤᠯᠵᠤ᠂ ︽ᠵᠤᠷᠯᠤᠩ  ᠤᠨ ᠬᠤᠪᠢᠰᠬᠠᠯ︾  ᠢ ᠲᠦᠯᠬᠢᠨ ᠠᠬᠢᠭᠤᠯᠤᠨ᠎ᠠ᠃ ᠤᠤᠭᠤᠬᠤ ᠤᠰᠤᠨ  ᠤ ᠠᠶᠤᠯᠬᠦᠢ ᠶᠢᠨ ᠢᠨᠵᠧᠨᠧᠷᠢᠩ  ᠤᠨ ᠪᠦᠲᠦᠬᠡᠨ ᠪᠠᠶᠢᠭᠤᠯᠤᠯᠳᠠ ᠶᠢᠨ ᠡᠬᠦᠷᠬᠡ  ᠶᠢ ᠪᠡᠶᠡᠯᠡᠬᠦᠯᠥᠨ᠎ᠡ᠃ ᠰᠡᠯᠡᠬᠦᠴᠡᠯ  ᠤᠨ ᠳᠠᠷᠢᠶᠠᠯᠠᠩ᠂ ᠪᠡᠶ᠎ᠡ ᠪᠠᠷ ᠢᠶᠠᠨ ᠤᠶᠢᠯᠠᠭᠠᠬᠤ ᠳᠠᠷᠢᠶᠠᠯᠠᠩ᠂ ᠨᠤᠭᠤᠭ᠎ᠠ ᠶᠢᠨ ᠬᠠᠰᠢᠶ᠎ᠠ ᠶᠢᠨ ᠶᠡᠷᠦᠩᠬᠡᠢ ᠴᠤᠭᠴᠠ ᠵᠡᠷᠬᠡ ᠰᠢᠨ᠎ᠡ ᠦᠢᠯᠡᠰ  ᠢ ᠶᠡᠬᠡᠪᠡᠷ ᠬᠦᠭᠵᠢᠬᠦᠯᠥᠨ᠎ᠡ᠃ ᠲᠡᠦᠬᠡᠲᠦ ᠨᠡᠷᠡᠲᠦ ᠪᠠᠯᠭᠠᠰᠤ ᠨᠡᠷᠡᠲᠦ ᠳᠤᠰᠬᠤᠨ᠂ ᠤᠳᠤᠮᠰᠢᠯᠳᠤ ᠳᠤᠰᠬᠤᠨ  ᠢ ᠬᠠᠮᠠᠭᠠᠯᠠᠨ ᠨᠡᠬᠡᠬᠡᠨ ᠬᠦᠭᠵᠢᠬᠦᠯᠬᠦ  ᠶᠢ ᠴᠢᠩᠭᠠᠳᠬᠠᠵᠤ᠂ ᠳᠤᠬᠠᠢ  ᠶᠢᠨ ᠭᠠᠵᠠᠷ  ᠤᠨ ᠪᠠᠶᠢᠳᠠᠯ  ᠳᠤ ᠨᠢ ᠳᠤᠬᠢᠷᠠᠭᠤᠯᠤᠨ ᠤᠨᠴᠠᠯᠢᠭᠳᠤ ᠵᠢᠵᠢᠭ ᠪᠠᠯᠭᠠᠰᠤ  ᠶᠢ ᠴᠢᠷᠮᠠᠶᠢᠨ ᠴᠤᠭᠴᠠᠯᠠᠨ᠎ᠠ᠃ ᠴᠡᠩᠬᠡᠭ ᠤᠰᠤ ᠬᠦᠬᠡᠮᠳᠦᠭ ᠠᠭᠤᠯᠠ ᠪᠠ ᠴᠡᠪᠡᠷ ᠠᠷᠢᠭᠤᠨ ᠨᠤᠭᠤᠭ᠎ᠠ ᠶᠢᠨ ᠬᠠᠰᠢᠶ᠎ᠠ ᠶᠢᠨ ᠦᠩᠬᠡ ᠦᠵᠡᠮᠵᠢ  ᠶᠢ ᠰᠠᠶᠢᠳᠤᠷ ᠬᠠᠮᠠᠭᠠᠯᠠᠵᠤ᠂ ᠬᠦᠳᠡᠭᠡ ᠳᠤᠰᠬᠤᠨ ᠢᠶᠠᠷ ᠭᠤᠶᠤ ᠦᠵᠡᠰᠬᠦᠯᠡᠩ  ᠢ ᠰᠠᠭᠤᠭᠳᠠᠭᠤᠯᠵᠤ᠂ ᠨᠤᠳᠤᠭ ᠤᠰᠤ  ᠶᠢ ᠨᠢ ᠪᠤᠳᠤᠭᠳᠠᠭᠤᠯᠤᠨ᠎ᠠ ᠃ ᠳᠠᠷᠢᠶᠠᠯᠠᠬᠤ ᠮᠠᠯᠵᠢᠬᠤ ᠤᠷᠤᠨ  ᠤ ᠰᠤᠶᠤᠯ ᠰᠤᠷᠭᠠᠨ ᠬᠦᠮᠦᠵᠢᠯ᠂ ᠡᠮᠨᠡᠯᠬᠡ ᠡᠷᠡᠬᠦᠯ ᠬᠠᠮᠠᠭᠠᠯᠠᠯ ᠵᠡᠷᠬᠡ ᠠᠵᠢᠯ ᠦᠢᠯᠡᠰ  ᠤᠨ ᠬᠦᠭᠵᠢᠯᠳᠡ  ᠶᠢ ᠠᠬᠢᠭᠤᠯᠵᠤ᠂ ᠳᠠᠷᠢᠶᠠᠯᠠᠬᠤ ᠮᠠᠯᠵᠢᠬᠤ ᠤᠷᠤᠨ  ᠤ ᠦᠨᠳᠦᠰᠦᠨ ᠱᠠᠳᠤᠨ  ᠤ ᠰᠠᠭᠤᠷᠢ ᠠᠵᠢᠯ  ᠢ ᠴᠢᠩᠭᠠᠳᠬᠠᠵᠤ᠂ ᠦᠪᠡᠷ ᠢᠶᠠᠨ ᠵᠠᠰᠠᠬᠤ᠂ ᠬᠠᠤᠯᠢ ᠪᠠᠷ ᠵᠠᠰᠠᠬᠤ᠂ ᠮᠤᠷᠠᠯ ᠢᠶᠠᠷ ᠵᠠᠰᠠᠬᠤ  ᠶᠢ ᠬᠠᠷᠢᠯᠴᠠᠨ ᠤᠶᠠᠯᠳᠤᠭᠤᠯᠤᠭᠰᠠᠨ ᠬᠦᠳᠡᠭᠡ ᠳᠤᠰᠬᠤᠨ  ᠤ ᠵᠠᠰᠠᠯᠳᠠ ᠶᠢᠨ ᠰᠢᠰᠲ᠋ᠧᠮᠵᠢ  ᠶᠢ ᠲᠡᠬᠦᠯᠳᠡᠷᠵᠢᠬᠦᠯᠥᠨ᠎ᠡ᠃ ᠳᠠᠷᠢᠶᠠᠯᠠᠩ  ᠢ ᠮᠡᠳᠡᠳᠡᠭ ᠬᠦᠳᠡᠭᠡ ᠳᠤᠰᠬᠤᠨ  ᠢ ᠬᠠᠶᠢᠷᠠᠯᠠᠳᠠᠭ᠂ ᠳᠠᠷᠢᠶᠠᠴᠢᠨ  ᠢ ᠬᠠᠶᠢᠷᠠᠯᠠᠳᠠᠭ ︽ ᠮᠠᠯ ᠠᠵᠤ ᠠᠬᠤᠢ ᠳᠠᠷᠢᠶᠠᠯᠠᠩ ᠮᠠᠯᠵᠢᠬᠤ ᠳᠠᠷᠢᠶᠠᠯᠠᠬᠤ ᠤᠷᠤᠨ ᠮᠠᠯᠴᠢᠨ ᠳᠠᠷᠢᠶᠠᠴᠢᠨ︾  ᠤ ᠠᠵᠢᠯ  ᠤᠨ ᠡᠩᠨᠡᠭᠡ  ᠶᠢ ᠪᠤᠶᠢᠵᠢᠭᠤᠯᠤᠨ ᠪᠤᠢ ᠪᠤᠯᠭᠠᠨ᠎ᠠ᠃      ︵ᠬᠤᠶᠠᠷ︶ ᠰᠢᠨ᠎ᠡ  ᠶᠢ ᠡᠬᠦᠳᠴᠦ ᠬᠦᠭᠵᠢᠯᠳᠡ  ᠶᠢ ᠳᠠᠶᠢᠴᠢᠯᠠᠬᠤ ᠪᠠᠶᠢᠯᠳᠤᠬᠤ ᠪᠤᠳᠤᠯᠭ᠎ᠠ  ᠶᠢ ᠶᠡᠬᠡᠪᠡᠷ ᠬᠡᠷᠡᠭᠵᠢᠬᠦᠯᠵᠦ᠂ ᠪᠤᠳᠠᠳᠤ ᠴᠤᠭᠴᠠ ᠶᠢᠨ ᠠᠵᠤ ᠠᠬᠤᠢ ᠶᠢᠨ ᠶᠠᠰᠤ ᠴᠢᠨᠠᠷ ᠪᠠ ᠦᠷ᠎ᠡ ᠠᠰᠢᠭ  ᠢ ᠲᠡᠬᠡᠭᠰᠢᠯᠡᠬᠦᠯᠥᠨ᠎ᠡ       ᠰᠢᠨ᠎ᠡ  ᠶᠢ ᠡᠬᠦᠳᠬᠦ ᠴᠢᠳᠠᠪᠤᠷᠢ ᠶᠢᠨ ᠪᠠᠶᠢᠭᠤᠯᠤᠯᠳᠠ  ᠶᠢ ᠴᠢᠩᠭᠠᠳᠬᠠᠨ᠎ᠠ᠃ ᠰᠢᠨᠵᠢᠯᠡᠭᠡ ᠮᠡᠷᠬᠡᠵᠢᠯ  ᠤᠨ ︽ᠨᠢᠬᠡᠳᠦᠬᠡᠷ ᠬᠦᠳᠡᠯᠬᠡᠬᠦ ᠬᠦᠴᠦᠨ︾  ᠢ ᠬᠦᠭᠵᠢᠬᠡᠨ᠎ᠡ᠃ ᠠᠵᠤ ᠠᠬᠤᠶᠢᠯᠠᠯ  ᠤᠨ ᠰᠢᠨᠵᠢᠯᠡᠭᠡ ᠮᠡᠷᠬᠡᠵᠢᠯ  ᠤᠨ ᠰᠢᠨ᠎ᠡ  ᠶᠢ ᠡᠬᠦᠳᠬᠦ ᠭᠤᠤᠯ ᠴᠤᠭᠴᠠ ᠶᠢᠨ ᠦᠢᠯᠡᠳᠦᠯ  ᠢ ᠪᠠᠳᠠᠷᠠᠭᠤᠯᠵᠤ᠂ ᠠᠵᠤ ᠠᠬᠤᠶᠢᠯᠠᠯ ᠪᠠ ᠲᠡᠬᠡᠲᠦ ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ  ᠤᠨ ᠬᠦᠷᠢᠶᠡᠯᠡᠩ ᠲᠠᠢ ᠬᠠᠮᠵᠢᠯᠴᠠᠵᠤ᠂ ᠮᠠᠨ  ᠤ ᠬᠤᠳᠠ ᠶᠢᠨ ᠭᠤᠤᠯᠯᠠᠭᠴᠢ ᠤᠨᠴᠠᠯᠢᠭᠳᠤ ᠠᠵᠤ ᠦᠢᠯᠡᠰ  ᠤᠨ ᠳᠤᠭᠤᠷᠢᠨ  ᠳᠤ ᠰᠢᠨ᠎ᠡ ᠲᠦᠷᠦᠯ᠂ ᠰᠢᠨ᠎ᠡ ᠮᠠᠲ᠋ᠧᠷᠢᠶᠠᠯ᠂ ᠰᠢᠨ᠎ᠡ ᠮᠡᠷᠬᠡᠵᠢᠯ  ᠤᠨ ᠰᠢᠨᠵᠢᠯᠡᠬᠡᠨ ᠮᠡᠷᠬᠡᠵᠢᠯ  ᠤᠨ ᠳᠤᠷᠰᠢᠯᠳᠠ ᠶᠢᠨ ᠵᠢᠱᠢᠶ᠎ᠡ ᠦᠵᠡᠬᠦᠯᠬᠦ ᠪᠠ ᠮᠡᠷᠬᠡᠵᠢᠯ  ᠤᠨ ᠪᠤᠭᠤᠮᠳᠠ ᠰᠢᠪᠳᠤᠯᠬᠤ  ᠶᠢ ᠶᠠᠪᠤᠭᠳᠠᠭᠤᠯᠬᠤ  ᠶᠢ ᠨᠢ ᠵᠤᠷᠢᠭᠵᠢᠭᠤᠯᠤᠨ᠎ᠠ᠃ ᠲᠡᠮᠦᠷ  ᠤᠨ ᠬᠠᠶᠢᠯᠤᠰᠢ ᠪᠠ ᠪᠠᠯ ᠴᠢᠯᠠᠭᠤᠨ ᠰᠢᠨ᠎ᠡ ᠮᠠᠲ᠋ᠧᠷᠢᠶᠠᠯ  ᠤᠨ ᠰᠤᠳᠤᠯᠭᠠᠨ  ᠤ ᠬᠦᠷᠢᠶᠡᠯᠡᠩ  ᠢ ᠪᠠᠶᠢᠭᠤᠯᠵᠤ᠂ ᠲᠡᠬᠡᠲᠦ ᠲᠡᠰ  ᠤᠨ ᠪᠦᠲᠦᠬᠡᠭᠳᠡᠬᠦᠨ ᠪᠠ ᠲᠡᠷᠢᠬᠦᠨ  ᠤ ᠤᠷ᠎ᠠ ᠳᠠᠷᠬ᠎ᠠ  ᠶᠢ ᠰᠤᠳᠤᠯᠤᠨ ᠬᠦᠭᠵᠢᠬᠦᠯᠵᠦ᠂ ᠰᠢᠨ᠎ᠡ  ᠶᠢ ᠡᠬᠦᠳᠦᠭᠰᠡᠨ ᠦᠷ᠎ᠡ ᠪᠦᠲᠦᠬᠡᠯ  ᠢ ᠵᠠᠬ᠎ᠠ ᠲᠡᠯᠬᠡᠬᠦᠷ ᠲᠠᠢ ᠵᠤᠯᠭᠠᠯᠳᠤᠭᠤᠯᠬᠤ  ᠶᠢ ᠠᠬᠢᠭᠤᠯᠵᠤ᠂ ᠪᠤᠳᠠᠳᠤ ᠦᠢᠯᠡᠳᠪᠦᠷᠢᠯᠡᠯ  ᠤᠨ ᠬᠦᠴᠦᠨ ᠲᠡᠰᠢ ᠤᠯᠠᠷᠢᠭᠤᠯᠬᠤ ᠨᠡᠪᠳᠡᠷᠡᠯᠬᠡ ᠶᠢ ᠨᠡᠪᠳᠡᠷᠡᠬᠦᠯᠥᠨ᠎ᠡ᠃ ᠴᠢᠳᠠᠪᠤᠷᠢᠳᠠᠨ  ᠤ ︽ᠨᠢᠬᠡᠳᠦᠬᠡᠷ ᠡᠬᠢ ᠪᠠᠶᠠᠯᠢᠭ︾  ᠢ ᠰᠠᠶᠢᠳᠤᠷ ᠬᠡᠷᠡᠭᠯᠡᠨ᠎ᠡ᠃ ᠳᠤᠮᠤ ᠳ᠋ᠠᠶᠢᠲ᠋ᠠ᠂ ᠡᠳ᠋ ᠪᠠᠷᠠᠭᠠᠨ  ᠤ ᠬᠦᠢᠯᠬᠡᠬᠡ᠂ ᠵᠤᠭᠠᠴᠠᠯ ᠵᠡᠷᠬᠡ ᠳᠠᠪᠠᠭᠤᠯᠢᠭ ᠠᠵᠤ ᠦᠢᠯᠡᠰ  ᠤᠨ ᠳᠤᠭᠤᠷᠢᠨ  ᠳᠤ᠂ ᠮᠠᠨ  ᠤ ᠬᠤᠳᠠ ᠶᠢᠨ ᠴᠢᠳᠠᠪᠤᠷᠢᠳᠠᠨ  ᠤ ᠬᠦᠭᠵᠢᠯᠳᠡ ᠶᠢᠨ ᠲᠦᠯᠥᠪᠵᠢᠬᠦᠯᠬᠡ᠂ ᠭᠤᠤᠯᠳᠠᠯᠭ᠎ᠠ ᠲᠠᠢ ᠠᠵᠤ ᠦᠢᠯᠡᠰ  ᠤᠨ ᠴᠢᠳᠠᠪᠤᠷᠢᠳᠠᠨ  ᠤ ᠲᠦᠷᠦᠯ ᠵᠦᠢᠯ  ᠤᠨ ᠲᠡᠮᠵᠢᠯᠬᠡ ᠶᠢᠨ ᠲᠦᠯᠥᠪᠵᠢᠬᠦᠯᠬᠡ ᠪᠠ ᠲᠡᠬᠡᠲᠦ ᠳᠠᠪᠬᠤᠷᠭ᠎ᠠ ᠶᠢᠨ ᠴᠢᠳᠠᠪᠤᠷᠢᠳᠠᠨ ᠤ ᠳᠠᠳᠠᠨ ᠤᠷᠤᠭᠤᠯᠤᠯᠳᠠ ᠶᠢᠨ ᠬᠡᠷᠡᠭᠵᠢᠬᠦᠯᠬᠦ ᠠᠷᠭ᠎ᠠ  ᠶᠢ ᠰᠠᠶᠢᠳᠤᠷ ᠨᠠᠶᠢᠳᠠᠪᠦᠷᠢᠵᠢᠭᠤᠯᠵᠤ᠂ ᠦᠨᠳᠦᠷ ᠲᠡᠰ ᠳᠠᠪᠬᠤᠷᠭ᠎ᠠ᠂ ᠦᠨᠳᠦᠷ ᠤᠷ᠎ᠠ ᠴᠢᠳᠠᠪᠤᠷᠢ᠂ ᠴᠢᠩᠭ᠎ᠠ ᠳᠤᠳᠠᠮᠠᠭ ᠪᠠᠴᠢᠮ ᠬᠡᠷᠡᠭᠯᠡᠬᠦ ᠴᠢᠳᠠᠪᠤᠷᠢᠳᠠᠨ  ᠤ ᠡᠩᠨᠡᠬᠡᠨ  ᠤ ᠪᠠᠶᠢᠭᠤᠯᠤᠯᠳᠠ  ᠶᠢ ᠴᠢᠩᠭᠠᠳᠬᠠᠨ᠎ᠠ᠃ ᠠᠵᠤ ᠠᠬᠤᠶᠢᠯᠠᠯᠳᠠᠳ  ᠤᠨ ᠡᠩᠨᠡᠬᠡᠨ  ᠤ ᠪᠠᠶᠢᠭᠤᠯᠤᠯᠳᠠ  ᠶᠢ ᠲᠡᠬᠡᠲᠦ ᠬᠡᠮᠵᠢᠶ᠎ᠡ ᠪᠠᠷ ᠴᠢᠬᠤᠯᠠᠴᠢᠯᠠᠵᠤ᠂ ᠰᠢᠯᠢᠳᠡᠭ ᠠᠵᠤ ᠠᠬᠤᠶᠢᠯᠠᠯᠳᠠᠨ  ᠤ ᠵᠤᠷᠢᠭ ᠰᠠᠨᠠᠭ᠎ᠠ  ᠶᠢ ᠶᠡᠭᠡ ᠪᠠᠷ ᠪᠠᠳᠠᠷᠠᠭᠤᠯᠵᠤ᠂ ᠠᠵᠤ ᠠᠬᠤᠶᠢᠯᠠᠯᠳᠠᠨ  ᠤ ᠡᠷᠡᠬᠦᠯ ᠢᠶᠠᠷ ᠦᠰᠦᠨ ᠪᠤᠶᠢᠵᠢᠬᠤ ᠤᠷᠴᠢᠨ ᠠᠬᠤᠢ  ᠶᠢ ᠪᠤᠢ ᠪᠤᠯᠭᠠᠵᠤ᠂ ᠨᠡᠩ ᠤᠯᠠᠨ ᠬᠤᠯᠠ  ᠶᠢᠨ ᠬᠠᠷᠠᠯᠳᠠ ᠲᠠᠢ᠂ ᠨᠡᠬᠡᠬᠡᠯᠳᠡᠲᠦ ᠵᠤᠷᠢᠭ ᠰᠠᠨᠠᠭ᠎ᠠ ᠪᠠ ᠨᠡᠶᠢᠬᠡᠮ  ᠤᠨ ᠬᠠᠷᠢᠭᠤᠴᠠᠯᠭᠠᠳᠤ ᠰᠡᠳᠬᠢᠯᠬᠡ ᠲᠠᠢ ᠰᠢᠯᠢᠳᠡᠭ ᠠᠵᠤ ᠠᠬᠤᠶᠢᠯᠠᠯᠳᠠᠳ  ᠢ ᠬᠦᠮᠦᠵᠢᠬᠦᠯᠥᠨ᠎ᠡ᠃ ᠶᠠᠰᠤ ᠴᠢᠨᠠᠷ  ᠤᠨ ︽ᠨᠢᠬᠡᠳᠦᠬᠡᠷ ᠪᠠᠷᠢᠮᠵᠢᠶ᠎ᠠ︾ ᠶᠢ ᠳᠤᠪᠤᠶᠢᠯᠭᠠᠨ᠎ᠠ  ᠃ ᠶᠠᠰᠤ ᠴᠢᠨᠠᠷ ᠢᠶᠠᠷ ᠬᠤᠳᠠ  ᠪᠠᠨ ᠬᠦᠴᠦᠷᠬᠡᠭᠵᠢᠬᠦᠯᠬᠦ ᠪᠠᠶᠢᠯᠳᠤᠬᠤ ᠪᠤᠳᠤᠯᠭ᠎ᠠ  ᠶᠢ ᠬᠡᠷᠡᠭᠵᠢᠬᠦᠯᠵᠦ᠂ ᠶᠠᠰᠤ ᠴᠢᠨᠠᠷ  ᠤᠨ ᠲᠡᠬᠡᠭᠰᠢᠯᠡᠬᠦᠯᠥᠯᠳᠡ ᠶᠢᠨ ᠠᠵᠢᠯᠯᠠᠭ᠎ᠠ  ᠶᠢ ᠶᠠᠪᠤᠭᠳᠠᠭᠤᠯᠵᠤ᠂ ᠡᠯ᠎ᠡ ᠬᠦᠷᠢᠶ᠎ᠡ ᠴᠠᠷᠠᠭ᠎ᠠ ᠶᠢᠨ ᠶᠠᠰᠤ ᠴᠢᠨᠠᠷ  ᠤᠨ ᠪᠠᠷᠢᠮᠵᠢᠶ᠎ᠠ  ᠶᠢ ᠳᠤᠭᠳᠠᠭᠠᠨ ᠲᠡᠬᠦᠯᠳᠡᠷᠵᠢᠬᠦᠯᠵᠦ᠂ ᠶᠠᠰᠤ ᠴᠢᠨᠠᠷ  ᠤᠨ ᠰᠦᠷᠬᠡᠤ ᠰᠤᠷᠪᠤᠯᠵᠢ ᠶᠢᠨ ᠰᠢᠰᠲ᠋ᠧᠮᠵᠢ  ᠶᠢ ᠳᠠᠳᠠᠨ ᠤᠷᠤᠭᠤᠯᠵᠤ᠂ ᠬᠤᠳᠠ ᠶᠢᠨ ᠳᠠᠷᠤᠭ᠎ᠠ ᠶᠢᠨ ᠶᠠᠰᠤ ᠴᠢᠨᠠᠷ  ᠤᠨ ᠱᠠᠩᠨᠠᠯ  ᠤᠨ ᠬᠦᠳᠦᠯᠬᠦ ᠦᠢᠯᠡᠳᠦᠯ  ᠢ ᠪᠠᠳᠠᠷᠠᠭᠤᠯᠵᠤ᠂ ᠮᠠᠨ  ᠤ ᠬᠤᠳᠠ ᠶᠢᠨ ᠠᠵᠤ ᠠᠬᠤᠶᠢᠯᠠᠯ  ᠤᠨ ᠤᠯᠤᠰ ᠪᠠ ᠦᠪᠡᠷᠳᠡᠬᠡᠨ ᠵᠠᠰᠠᠬᠤ ᠤᠷᠤᠨ  ᠤ ᠨᠡᠷᠡᠲᠦ ᠲᠡᠮᠳᠡᠭ  ᠢ ᠴᠢᠷᠮᠠᠶᠢᠨ ᠡᠬᠦᠳᠬᠦ  ᠶᠢ ᠨᠢ ᠲᠡᠮᠵᠢᠨ᠎ᠡ᠃ ᠳᠠᠷᠢᠶᠠᠯᠠᠩ  ᠤᠨ ᠭᠠᠷᠤᠯᠳᠠ ᠮᠠᠯ  ᠤᠨ ᠠᠰᠢᠭ ᠰᠢᠮ᠎ᠡ ᠶᠢᠨ ︽ᠭᠤᠷᠪᠠᠨ ᠲᠠᠸᠠᠷ ᠨᠢᠬᠡ ᠲᠡᠮᠳᠡᠭ︾  ᠤᠨ ᠬᠡᠷᠡᠴᠢᠯᠡᠯᠳᠡ ᠲᠠᠢ ᠪᠦᠲᠦᠬᠡᠭᠳᠡᠬᠦᠨ 40  ᠶᠢ ᠰᠢᠨ᠎ᠡ ᠪᠠᠷ ᠨᠡᠮᠡᠭᠳᠡᠬᠦᠯᠥᠨ᠎ᠡ᠃     ᠤᠳᠤᠮᠰᠢᠯᠳᠤ ᠠᠵᠤ ᠦᠢᠯᠡᠰ  ᠢ ᠰᠢᠯᠢᠳᠡᠭᠵᠢᠬᠦᠯᠥᠨ ᠲᠡᠰ ᠲᠡᠪᠰᠢᠬᠦᠯᠬᠦ  ᠶᠢ ᠲᠦᠯᠬᠢᠨ ᠠᠬᠢᠭᠤᠯᠤᠨ᠎ᠠ᠃ ᠦᠨᠳᠦᠷ ᠲᠡᠰ  ᠤᠨ ᠬᠢᠮᠢ  ᠶᠢᠨ ᠠᠵᠤ ᠦᠢᠯᠡᠳᠪᠦᠷᠢ ᠶᠢᠨ ᠠᠵᠤ ᠦᠢᠯᠡᠰ᠃ ᠤᠯᠠᠨ ᠡᠰᠢᠵᠢᠭᠰᠡᠨ᠂ ᠦᠷᠭᠡᠳᠭᠡᠯ  ᠲᠠᠢ᠂ ᠲᠡᠰ ᠳᠠᠪᠰᠢᠯᠳᠠ ᠲᠠᠢ ᠬᠦᠭᠵᠢᠯᠳᠡ ᠶᠢᠨ ᠴᠢᠭᠯᠡᠯ  ᠢ ᠪᠠᠷᠢᠮᠳᠠᠯᠠᠵᠤ᠂ 4 ᠲᠦᠮᠡᠨ ᠳᠤᠨ  ᠤ ᠡᠲ᠋ᠧᠨ ᠠᠯᠺᠤᠤᠯ  ᠤᠨ ᠳᠠᠯᠬ᠎ᠠ᠂ 2 ᠲᠦᠮᠡᠨ ᠳᠤᠨ  ᠤ ᠬᠤᠶᠠᠷ ᠹᠯᠤᠷᠲᠦ ᠨᠢᠬᠡ ᠾᠯᠤᠷᠳᠤ ᠡᠲ᠋ᠠ ᠵᠡᠷᠬᠡ ᠲᠦᠷᠦᠯ ᠵᠦᠢᠯ  ᠢ ᠶᠠᠪᠤᠭᠳᠠᠭᠤᠯᠵᠤ᠂ PVA᠂PVC᠂ ᠹᠯᠤᠷᠲᠦ ᠭᠤᠮ ᠵᠡᠷᠬᠡ ᠳᠤᠮᠳᠠ ᠲᠡᠬᠡᠲᠦ ᠲᠡᠰ  ᠤᠨ ᠦᠢᠯᠡᠳᠪᠦᠷᠢᠯᠡᠯ  ᠤᠨ ᠴᠢᠳᠠᠪᠤᠷᠢ  ᠶᠢ ᠳᠠᠰᠤᠷᠠᠯᠳᠠ ᠦᠬᠡᠢ ᠦᠷᠬᠡᠳᠬᠡᠨ᠎ᠡ᠃ ᠾᠯᠤᠷᠳᠤ ᠱᠦᠯᠲᠦ ᠶᠢᠨ ᠬᠢᠮᠢ ᠶᠢᠨ ᠠᠵᠤ ᠦᠢᠯᠡᠳᠪᠦᠷᠢ᠂ ᠹᠯᠤᠷ ᠤᠨ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ  ᠤᠨ ᠴᠢᠳᠠᠪᠤᠷᠢ  ᠶᠢ ᠳᠤᠰᠪᠤᠷᠢ 470 ᠲᠦᠮᠡᠨ ᠳᠤᠨ᠂ 50 ᠲᠦᠮᠡᠨ ᠲᠤᠨ  ᠳᠤ ᠬᠦᠷᠬᠡᠨ᠎ᠡ᠃ ᠲᠡᠮᠦᠷᠯᠢᠭ ᠬᠠᠶᠢᠯᠤᠭᠤᠯᠬᠤ ᠠᠵᠤ ᠦᠢᠯᠡᠰ᠃ ᠪᠤᠬᠢᠷᠳᠤᠯ ᠦᠬᠡᠢ ᠪᠤᠯᠭᠠᠬᠤ ᠬᠦᠭᠵᠢᠯᠳᠡ ᠶᠢᠨ ᠴᠢᠭᠯᠡᠯ  ᠢ ᠪᠠᠷᠢᠮᠳᠠᠯᠠᠵᠤ᠂ ᠦᠨᠦ ᠪᠠᠶᠢᠭ᠎ᠠ ᠠᠭᠤᠷᠬᠠᠢ ᠶᠢᠨ ᠬᠠᠯᠠᠭᠤᠨ ᠵᠤᠤᠬ᠎ᠠ  ᠶᠢ ᠦᠬᠡᠷᠡᠴᠢᠯᠡᠨ ᠲᠡᠰ ᠲᠡᠪᠰᠢᠬᠦᠯᠬᠦ  ᠶᠢ ᠨᠢ ᠵᠤᠷᠢᠭᠵᠢᠭᠤᠯᠵᠤ᠂ ᠡᠮᠦᠨᠡᠲᠦ ᠬᠤᠰᠢᠭᠤ᠂ ᠬᠤᠸᠠᠳᠧ ᠶᠢᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ  ᠲᠤ ᠪᠦᠬᠦ ᠪᠢᠳᠡᠬᠦᠮᠵᠢᠯᠡᠭᠰᠡᠨ ᠳᠤᠮᠤ ᠬᠡᠯᠪᠡᠷᠢᠵᠢᠯᠳᠡ ᠶᠢᠨ ᠰᠢᠨᠡᠴᠢᠯᠡᠯᠳᠡ  ᠶᠢ ᠪᠡᠶᠡᠯᠡᠬᠦᠯᠵᠦ᠂ ᠪᠦᠲᠦᠬᠡᠭᠳᠡᠬᠦᠨ  ᠢ ᠨᠠᠷᠢᠯᠢᠭ ᠳᠠᠪᠳᠠᠬᠤ ᠬᠠᠷᠢᠴᠠᠯ  ᠢ ᠲᠡᠬᠡᠭᠰᠢᠯᠡᠬᠦᠯᠥᠨ᠎ᠡ᠃ ᠵᠢᠢ ᠲᠢᠶᠧ᠂ ᠰᠢᠶᠦ᠋ᠩ ᠸᠧᠢ ᠭᠤᠸᠠᠩ ᠳ᠋ᠠ᠂ ᠵᠦᠩ ᠲᠠᠢ ᠶᠢᠨ ᠨᠢᠺᠧᠯᠲᠦ ᠲᠡᠮᠦᠷ  ᠤᠨ ᠲᠦᠷᠦᠯ ᠵᠦᠢᠯ  ᠢ ᠠᠰᠢᠭᠯᠠᠯᠳᠠ  ᠳᠤ ᠤᠷᠤᠭᠤᠯᠵᠤ ᠡᠷᠬᠢᠯᠳᠦᠬᠦᠯᠵᠦ᠂ ᠲᠡᠮᠦᠷ  ᠤᠨ ᠬᠠᠶᠢᠯᠤᠰᠢ ᠶᠢᠨ ᠶᠡᠷᠦᠩᠬᠡᠢ ᠦᠢᠯᠡᠳᠪᠦᠷᠢᠯᠡᠯ  ᠤᠨ ᠴᠢᠳᠠᠪᠤᠷᠢ  ᠶᠢ 70 ᠲᠦᠮᠡᠨ ᠳᠤᠨ  ᠳᠤ ᠬᠦᠷᠬᠡᠨ᠎ᠡ᠃ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ᠃ ᠪᠤᠬᠢᠷᠳᠤᠯ ᠦᠬᠡᠢ ᠤᠷᠴᠢᠨ ᠠᠬᠤᠢ  ᠶᠢ ᠬᠠᠮᠠᠭᠠᠯᠠᠭᠰᠠᠨ ᠪᠠᠷᠢᠯᠭ᠎ᠠ ᠶᠢᠨ ᠮᠠᠲ᠋ᠧᠷᠢᠶᠠᠯ  ᠢ ᠬᠦᠭᠵᠢᠬᠦᠯᠬᠦ  ᠶᠢ ᠨᠢ ᠲᠡᠮᠵᠢᠵᠦ᠂ ᠪᠤᠬᠢᠷᠳᠤᠯ ᠦᠬᠡᠢ ᠪᠠᠷᠢᠯᠭ᠎ᠠ ᠪᠠ ᠳᠤᠨᠤᠭᠯᠠᠯ ᠮᠠᠶ᠋ᠢᠭ  ᠤᠨ ᠪᠠᠷᠢᠯᠭ᠎ᠠ  ᠶᠢ ᠲᠡᠯᠬᠡᠷᠡᠬᠦᠯᠥᠨ᠎ᠡ᠃ ᠬᠠᠳᠠᠭᠤ ᠪᠡᠶᠡᠲᠦ ᠬᠠᠶᠠᠭᠳᠠᠮᠠᠯ ᠪᠤᠳᠠᠰ  ᠤᠨ ᠠᠰᠢᠭᠯᠠᠯᠳᠠ  ᠶᠢ ᠲᠦᠷᠬᠡᠳᠬᠡᠵᠦ᠂ ᠤᠯᠠᠷᠢᠭᠤᠯᠤᠯᠳᠠ ᠶᠢᠨ ᠨᠤᠷᠮ᠎ᠠ  ᠶᠢ 45%  ᠳᠤ ᠬᠦᠷᠬᠡᠨ᠎ᠡ᠃      ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠵᠤ ᠪᠠᠶᠢᠭ᠎ᠠ ᠠᠵᠤ ᠦᠢᠯᠡᠰ  ᠢ ᠬᠦᠭᠵᠢᠬᠦᠯᠥᠨ ᠪᠤᠵᠠᠭᠠᠶᠢᠷᠠᠭᠤᠯᠤᠨ᠎ᠠ᠃ ᠰᠢᠨ᠎ᠡ ᠡᠨᠧᠷᠬᠢ ᠶᠢᠨ ᠠᠵᠤ ᠦᠢᠯᠡᠰ᠃ ᠰᠠᠯᠬᠢᠨ ᠬᠦᠴᠦᠨ  ᠤ ᠴᠠᠬᠢᠯᠭᠠᠨ᠂ ᠬᠡᠷᠡᠯ ᠴᠠᠬᠢᠯᠭᠠᠨ ᠵᠡᠷᠬᠡ 16 ᠰᠢᠨ᠎ᠡ ᠡᠨᠧᠷᠬᠢ ᠶᠢᠨ ᠲᠦᠷᠦᠯ ᠵᠦᠢᠯ  ᠢ ᠭᠤᠤᠯᠳᠠᠯᠭ᠎ᠠ ᠲᠠᠢ ᠶᠠᠪᠤᠭᠳᠠᠭᠤᠯᠵᠤ᠂ 600 ᠲᠦᠮᠡᠨ ᠺᠢᠯᠤᠸᠠᠲ ᠶᠢᠨ ᠰᠠᠯᠬᠢᠨ ᠬᠦᠴᠦᠨ  ᠤ ᠴᠠᠬᠢᠯᠭᠠᠨ  ᠤ ᠰᠠᠭᠤᠷᠢᠨ ᠪᠠ ᠭᠠᠳᠠᠭᠰᠢ ᠬᠦᠷᠬᠡᠬᠦ ᠨᠡᠪᠳᠡᠷᠡᠯᠬᠡ ᠶᠢᠨ ᠪᠠᠷᠢᠯᠭ᠎ᠠ  ᠶᠢ ᠡᠬᠢᠯᠡᠬᠦᠯᠥᠨ ᠪᠦᠲᠦᠬᠡᠨ ᠪᠠᠶᠢᠭᠤᠯᠵᠤ᠂ ︽ᠬᠡᠷᠡᠯ ᠴᠠᠬᠢᠯᠭᠠᠨ  ᠤ ᠳᠠᠭᠠᠭᠤᠯᠤᠨ ᠬᠦᠶᠦᠭᠴᠢ︾ ᠲᠦᠯᠥᠪᠯᠡᠭᠡ ᠶᠢᠨ ᠲᠦᠷᠦᠯ ᠵᠦᠢᠯ  ᠢ ᠴᠢᠷᠮᠠᠶᠢᠨ ᠤᠯᠤᠨ᠎ᠠ᠃ ᠰᠢᠨ᠎ᠡ ᠮᠠᠲ᠋ᠧᠷᠢᠶᠠᠯ  ᠤᠨ ᠠᠵᠤ ᠦᠢᠯᠡᠰ᠃ ᠪᠠᠶᠢᠭᠠᠯᠢ  ᠶᠢᠨ ᠪᠠᠯ ᠴᠢᠯᠠᠭᠤ  ᠶᠢ ᠨᠠᠷᠢᠯᠢᠭ ᠡᠳ᠋ᠰᠢᠬᠦᠯᠬᠦ ᠪᠠᠷ ᠭᠤᠤᠯᠳᠠᠯᠭ᠎ᠠ ᠪᠤᠯᠭᠠᠵᠤ᠂ ᠪᠠᠯ ᠴᠢᠯᠠᠭᠤᠨ ᠡᠯᠺᠧᠨ ᠵᠡᠷᠬᠡ ᠦᠨᠳᠦᠷ ᠨᠡᠮᠡᠯᠳᠡ ᠦᠷᠳᠡᠭ  ᠤᠨ ᠪᠦᠲᠦᠭᠳᠡᠬᠦᠨ ᠲᠡᠰᠢ ᠰᠤᠩᠭᠠᠵᠤ᠂ ᠠᠵᠢᠯ ᠲᠦᠷᠦᠯ  ᠤᠨ ᠠᠰᠢᠭᠳᠠᠢ ᠪᠠᠶᠢᠷᠢ  ᠶᠢ ᠡᠵᠡᠯᠡᠨ᠎ᠡ ᠃ ᠲᠢᠶᠠᠨᠵᠢᠨ  ᠤ ᠵᠦᠩ ᠵᠢᠤᠢ ᠵᠡᠷᠬᠡ ᠶᠢᠨ ᠲᠦᠷᠦᠯ ᠵᠦᠢᠯ  ᠤᠨ ᠪᠦᠲᠦᠬᠡᠨ ᠪᠠᠶᠢᠭᠤᠯᠤᠯᠳᠠ  ᠶᠢ ᠲᠦᠯᠬᠢᠨ ᠠᠬᠢᠭᠤᠯᠵᠤ᠂ ᠯᠢᠲ᠋ᠢ ᠴᠠᠬᠢᠯᠭᠠᠨ ᠴᠡᠨᠡᠭ  ᠤᠨ ᠪᠢᠯᠢᠭ ᠳᠤᠶᠢᠯ  ᠤᠨ ᠮᠠᠲ᠋ᠧᠷᠢᠶᠠᠯ ᠪᠠ ᠪᠠᠯ ᠴᠢᠯᠠᠭᠤᠨ ᠴᠠᠬᠢᠯᠭᠠᠨ ᠳᠤᠶᠢᠯ  ᠤᠨ ᠦᠢᠯᠡᠳᠪᠦᠷᠢᠯᠡᠯ  ᠤᠨ ᠴᠢᠳᠠᠪᠤᠷᠢ ᠶᠢ ᠳᠠᠰᠤᠷᠠᠯᠳᠠ ᠦᠬᠡᠢ ᠦᠷᠬᠡᠳᠬᠡᠵᠦ᠂ ᠪᠠᠯ ᠴᠢᠯᠠᠭᠤ ᠶᠢᠨ ᠬᠢᠮᠢ  ᠶᠢᠨ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠪᠦᠷᠢᠯᠡᠯ  ᠤᠨ ᠴᠢᠳᠠᠪᠤᠷᠢ  ᠶᠢ 45 ᠲᠦᠮᠡᠨ ᠳᠤᠨ  ᠳᠤ ᠬᠦᠷᠬᠡᠵᠦ᠂ ᠡᠬᠦᠨ  ᠳᠤ ᠯᠢᠲ᠋ᠢ ᠴᠠᠬᠢᠯᠭᠠᠨ ᠴᠡᠨᠡᠭ  ᠤᠨ ᠪᠢᠯᠢᠭ ᠳᠤᠶᠢᠯ ᠤᠨ ᠮᠠᠲ᠋ᠧᠷᠢᠶᠠᠯ 6 ᠲᠦᠮᠡᠨ ᠳᠤᠨ ᠪᠤᠢ᠃ ᠰᠢᠨ᠎ᠡ ᠮᠠᠶ᠋ᠢᠭ  ᠤᠨ ᠳᠤᠨᠤᠭ ᠲᠦᠬᠦᠬᠡᠷᠦᠮᠵᠢ  ᠶᠢ ᠦᠢᠯᠡᠳᠬᠦ ᠠᠵᠤ ᠦᠢᠯᠡᠰ᠃ ᠰᠠᠯᠬᠢᠨ ᠬᠦᠴᠦᠨ  ᠤ ᠴᠠᠬᠢᠯᠭᠠᠨ  ᠤ ᠮᠠᠰᠢᠨ ᠦᠢᠯᠡᠳᠬᠦ ᠶᠢᠨ ᠠᠵᠤ ᠦᠢᠯᠡᠰ  ᠤᠨ ᠪᠦᠬᠦ ᠬᠡᠯᠬᠢᠶ᠎ᠡ ᠶᠢᠨ ᠬᠦᠭᠵᠢᠯᠳᠡ  ᠶᠢ ᠲᠦᠯᠬᠢᠨ ᠠᠬᠢᠭᠤᠯᠵᠤ᠂ ᠮᠠᠨ  ᠤ ᠬᠤᠳᠠ ᠶᠢᠨ ᠰᠠᠯᠬᠢᠨ ᠬᠦᠴᠦᠨ  ᠤ ᠴᠠᠬᠢᠯᠭᠠᠨ ᠤ ᠰᠠᠭᠤᠷᠢᠨ  ᠤ ᠢᠵᠢ ᠪᠦᠷᠢᠯᠳᠦᠬᠦ ᠱᠠᠭᠠᠷᠳᠠᠯᠭ᠎ᠠ  ᠶᠢ ᠬᠠᠩᠭᠠᠨ᠎ᠠ᠃ ᠰᠢᠨ᠎ᠡ ᠡᠨᠧᠷᠬᠢ ᠶᠢᠨ ᠴᠠᠬᠢᠯᠭᠠᠨ ᠴᠡᠨᠡᠭ ᠢ ᠦᠢᠯᠡᠳᠪᠦᠷᠢᠯᠡᠬᠦ ᠰᠠᠭᠤᠷᠢᠨ ᠭᠠᠵᠠᠷ  ᠢ ᠪᠠᠶᠢᠭᠤᠯᠵᠤ᠂ ᠰᠢᠨ᠎ᠡ ᠡᠨᠧᠷᠬᠢ  ᠶᠢᠨ ᠮᠠᠰᠢᠨ ᠲᠡᠷᠬᠡ  ᠶᠢ ᠪᠦᠬᠦᠯᠢ ᠲᠡᠷᠬᠡ ᠪᠠᠷ ᠤᠭᠰᠠᠷᠠᠬᠤ ᠶᠢ ᠬᠦᠭᠵᠢᠬᠦᠯᠦᠨ᠎ᠡ᠃ ᠢᠯᠳᠠᠰᠤ ᠪᠤᠯᠭᠠᠬᠤ ᠶᠢᠨ ᠦᠢᠯᠡᠳᠪᠦᠷᠢᠯᠡᠯ  ᠢ ᠦᠷᠬᠡᠳᠬᠡᠬᠦ ᠲᠦᠷᠦᠯ ᠵᠦᠢᠯ  ᠤᠨ ᠪᠦᠲᠦᠬᠡᠨ ᠪᠠᠶᠢᠭᠤᠯᠤᠯᠳᠠ  ᠶᠢ ᠲᠦᠷᠬᠡᠳᠬᠡᠵᠦ᠂ ᠦᠢᠯᠡᠳᠪᠦᠷᠢᠯᠡᠯ  ᠤᠨ ᠴᠢᠳᠠᠪᠤᠷᠢ  ᠶᠢ 4000 ᠲᠦᠮᠡᠨ ᠲᠡᠭᠰᠢ ᠲᠦᠷᠪᠡᠯᠵᠢᠨ ᠮᠧᠲᠷ ᠬᠦᠷᠬᠡᠵᠦ᠂ ᠬᠡᠳᠦ ᠴᠠᠬᠢᠯᠭᠠᠨ  ᠪᠠᠭᠳᠠᠭᠠᠭᠴᠢ ᠵᠡᠷᠬᠡ ᠠᠳᠠᠭ ᠦᠢᠯᠡᠳᠬᠦᠨ ᠢ ᠶᠡᠬᠡᠪᠡᠷ ᠬᠦᠭᠵᠢᠬᠦᠯᠥᠨ᠎ᠡ᠃ ᡁᠢ ᠵᠤᠤ ᠭᠸᠤ ᠠᠵᠤ ᠦᠢᠯᠡᠰ  ᠤᠨ ᠬᠦᠷᠢᠶᠡᠯᠡᠩ᠂ ᠪᠠᠢ ᠳ᠋ᠦ᠋ ᠬᠦᠮᠦᠨ ᠵᠢᠯᠤᠭᠤᠳᠤᠭᠰᠠᠨ ᠦᠬᠡᠢ ᠮᠠᠰᠢᠨ ᠲᠡᠷᠬᠡᠨ  ᠤ ᠲᠦᠷᠦᠯ ᠵᠦᠢᠯ  ᠤᠨ ᠪᠦᠲᠦᠬᠡᠨ ᠪᠠᠶᠢᠭᠤᠯᠤᠯᠳᠠ  ᠶᠢ ᠲᠦᠯᠬᠢᠨ ᠠᠬᠢᠭᠤᠯᠵᠤ᠂ ᠲᠡᠬᠡᠲᠦ ᠲᠡᠰ ᠢᠶᠠᠷ ᠦᠢᠯᠡᠳᠬᠦ ᠵᠢᠱᠢᠶ᠎ᠡ ᠦᠵᠡᠬᠦᠯᠵᠦ ᠬᠡᠷᠡᠭᠯᠡᠬᠦ ᠰᠠᠭᠤᠷᠢᠨ ᠢ ᠪᠠᠶᠢᠭᠤᠯᠤᠨ᠎ᠠ᠃     ︽ᠳᠤᠮᠤ ᠳ᠋ᠠᠶᠢᠲ᠋ᠠ ᠪᠠᠷ ᠬᠦᠳᠦᠯᠬᠦ︾ ᠪᠠᠶᠢᠯᠳᠤᠬᠤ ᠪᠤᠳᠤᠯᠭ᠎ᠠ  ᠶᠢ ᠬᠡᠷᠡᠭᠵᠢᠬᠦᠯᠥᠨ᠎ᠡ᠃ ᠤᠯᠤᠰ  ᠠᠴᠠ ᠳᠤᠮᠤ ᠳ᠋ᠠᠶᠢᠲ᠋ᠠ ᠶᠢᠨ ᠠᠵᠤ ᠦᠢᠯᠡᠰ  ᠢ ᠰᠢᠨ᠎ᠡ ᠡᠬᠦᠳᠦᠯᠳᠡ ᠲᠠᠢ ᠬᠦᠭᠵᠢᠬᠦᠯᠬᠦ  ᠶᠢ ᠲᠦᠯᠬᠢᠨ ᠠᠬᠢᠭᠤᠯᠵᠤ ᠪᠠᠶᠢᠭ᠎ᠠ ᠠᠰᠢᠭᠳᠠᠢ ᠠᠵᠠ ᠳᠤᠬᠢᠶᠠᠯ  ᠢ ᠵᠠᠪᠳᠤᠵᠤ᠂ ︽ᠳᠤᠭᠠᠴᠢᠯᠠᠭᠰᠠᠨ ᠤᠯᠠᠭᠠᠨᠴᠠᠪ︾  ᠢ ᠲᠦᠷᠬᠡᠳᠬᠡᠨ ᠪᠦᠲᠦᠬᠡᠨ ᠪᠠᠶᠢᠭᠤᠯᠵᠤ᠂ ᠳᠤᠮᠳᠠᠳᠤ ᠤᠯᠤᠰ  ᠤᠨ ᠤᠮᠠᠷᠠᠳᠤ  ᠶᠢᠨ ᠳᠤᠮᠤ ᠳ᠋ᠠᠶᠢᠲ᠋ᠠ ᠶᠢᠨ ᠲᠦᠪ  ᠢ ᠪᠠᠶᠢᠭᠤᠯᠤᠨ᠎ᠠ᠃ ᠭᠤᠤᠯᠯᠠᠬᠤ ᠡᠵᠡᠩᠨᠡᠯᠳᠡ ᠶᠢᠨ ᠪᠠᠶᠢᠳᠠᠯ ᠲᠦᠯᠥᠪ ᠢ ᠬᠦᠴᠦᠷᠬᠡᠭᠵᠢᠬᠦᠯᠥᠨ᠎ᠡ᠃ ᠫᠢᠩ ᠬᠦᠸᠧ᠂  ᠠ ᠯᠢ᠂ ᠶᠢᠤ ᠺᠧ ᠳ᠋ᠧ ᠵᠡᠷᠬᠡ ᠳ᠋ᠠᠶᠢᠲ᠋ᠠ ᠶᠢᠨ ᠲᠦᠪ  ᠤᠨ ᠪᠦᠲᠦᠬᠡᠨ ᠪᠠᠶᠢᠭᠤᠯᠤᠯᠳᠠ  ᠶᠢ ᠲᠦᠷᠬᠡᠳᠬᠡᠵᠦ᠂ ᠬᠤᠸᠠ ᠸᠧᠢ ᠶᠢᠨ ᠬᠤᠶᠠᠳᠤᠭᠠᠷ ᠬᠤᠭᠤᠴᠭᠠᠠᠨ  ᠤ ᠲᠦᠷᠦᠯ ᠵᠦᠢᠯ  ᠤᠨ ᠪᠠᠶᠢᠭᠤᠯᠤᠯᠳᠠ  ᠶᠢ ᠠᠰᠢᠭᠯᠠᠯᠳᠠ  ᠳᠤ ᠤᠷᠤᠭᠤᠯᠵᠤ᠂ ᠤᠯᠤᠰ᠂ ᠠᠵᠢᠯ ᠲᠦᠷᠦᠯ᠂ ᠤᠷᠤᠨ ᠪᠦᠰᠡ ᠶᠢᠨ ᠳ᠋ᠠᠶᠢᠲ᠋ᠠ ᠶᠢᠨ ᠡᠬᠢ ᠪᠠᠶᠠᠯᠢᠭ  ᠢ ᠢᠳᠡᠪᠬᠢᠳᠠᠢ ᠪᠠᠷ ᠳᠠᠳᠠᠨ ᠤᠷᠤᠭᠤᠯᠵᠤ᠂ ᠳᠤᠮᠤ ᠳ᠋ᠠᠶᠢᠲ᠋ᠠ  ᠶᠢᠨ ᠠᠵᠤ ᠦᠢᠯᠡᠰ  ᠤᠨ ᠴᠤᠭᠯᠠᠷᠠᠵᠢᠯᠳᠠ ᠶᠢᠨ ᠬᠢᠷᠢ ᠲᠦᠪᠰᠢᠨ  ᠢ ᠲᠡᠬᠡᠭᠰᠢᠯᠡᠬᠦᠯᠵᠦ᠂ ᠤᠯᠤᠰ  ᠤᠨ ᠳᠤᠮᠤ ᠳ᠋ᠠᠶᠢᠲ᠋ᠠ ᠶᠢᠨ ᠭᠠᠴᠢᠭ  ᠲᠤ ᠪᠡᠯᠡᠳᠬᠡᠬᠦ ᠲᠦᠪ  ᠢ ᠪᠦᠲᠦᠬᠡᠨ ᠪᠠᠶᠢᠭᠤᠯᠤᠨ᠎ᠠ ᠃ ᠦᠢᠯᠡᠴᠢᠯᠡᠬᠦᠷ  ᠢ 10 ᠲᠦᠮᠡ  ᠠᠴᠠ ᠳᠠᠪᠠᠭᠤᠯᠬᠤ ᠪᠠᠷ ᠴᠢᠷᠮᠠᠶᠢᠨ᠎ᠠ᠃ ᠴᠢᠮᠡᠭᠡ ᠬᠤᠯᠪᠤᠭ᠎ᠠ  ᠳᠤ ᠬᠤᠯᠪᠤᠭᠳᠠᠭᠰᠠᠨ ᠡᠵᠡᠩᠨᠡᠯᠳᠡ  ᠶᠢᠨ ᠪᠠᠶᠢᠳᠠᠯ ᠲᠦᠯᠥᠪ  ᠢ ᠦᠷᠬᠡᠳᠬᠡᠨ᠎ᠡ᠃ ᠳᠠᠭᠤᠳᠠᠯᠳᠠ ᠶᠢᠨ ᠭᠠᠳᠠᠭᠰᠢ ᠳᠠᠭᠠᠭᠠᠴᠢᠯᠠᠯᠳᠠ᠂ ᠬᠠᠷᠠᠭᠠᠨ  ᠤ ᠠᠵᠤ ᠦᠢᠯᠡᠳᠪᠦᠷᠢ ᠵᠡᠷᠬᠡ ᠠᠵᠤ ᠦᠢᠯᠡᠰ  ᠢ ᠭᠤᠤᠯᠳᠠᠯᠭ᠎ᠠ ᠲᠠᠢ ᠬᠦᠭᠵᠢᠬᠦᠯᠥᠨ᠎ᠡ ᠃ ᠬᠤᠸᠠ ᠳᠠᠩ᠂ ᠪᠦᠸᠧ ᠶᠤᠸᠠᠢ᠂ ᠬᠤᠩ ᠯᠢᠶᠠᠨ ᠤ ᠵᠢᠤ ᠡᠤ ᠵᠡᠷᠬᠡ ᠠᠵᠤ ᠠᠬᠤᠶᠢᠯᠠᠯ ᠢᠶᠠᠷ ᠲᠦᠰᠢᠭ ᠪᠤᠯᠭᠠᠵᠤ᠂ ᠴᠢᠮᠡᠭᠡ ᠬᠤᠯᠪᠤᠭ᠎ᠠ ᠳᠤ ᠬᠤᠯᠪᠤᠭᠳᠠᠭᠰᠠᠨ ᠠᠵᠤ ᠠᠬᠤᠶᠢᠯᠠᠯ  ᠢ ᠳᠠᠳᠠᠨ ᠤᠷᠤᠭᠤᠯᠬᠤ ᠡᠷᠴᠢᠮ ᠢᠶᠠᠨ ᠦᠷᠬᠦᠯᠵᠢᠯᠡᠨ ᠴᠢᠩᠭᠠᠳᠬᠠᠵᠤ᠂ 1 ᠲᠦᠮᠡᠨ ᠳᠠᠭᠤᠳᠠᠯᠳᠠ ᠶᠢ ᠭᠠᠳᠠᠭᠰᠢ ᠳᠠᠭᠠᠭᠠᠴᠢᠯᠠᠭᠰᠠᠨ ᠰᠠᠭᠤᠳᠠᠯ  ᠤᠨ ᠬᠡᠪᠴᠢᠶ᠎ᠡ  ᠶᠢ ᠪᠦᠷᠢᠯᠳᠦᠬᠦᠯᠵᠦ᠂ ᠤᠯᠠᠭᠠᠴᠠᠪ  ᠤᠨ ᠤᠯᠠᠨ ᠤᠯᠤᠰ  ᠤᠨ ᠦᠢᠯᠡᠴᠢᠯᠡᠬᠡᠨ  ᠤ ᠭᠠᠳᠠᠭᠰᠢ ᠳᠠᠭᠠᠭᠠᠴᠢᠯᠠᠯᠳᠠ ᠶᠢᠨ ᠰᠠᠭᠤᠷᠢᠨ ᠢ ᠪᠠᠶᠢᠭᠤᠯᠤᠨ᠎ᠠ᠃ ᠬᠤᠯᠪᠤᠭᠳᠠᠬᠤ ᠠᠵᠤ ᠦᠢᠯᠡᠰ ᠤᠨ ᠪᠠᠶᠢᠳᠠᠯ ᠲᠦᠯᠥᠪ  ᠢ ᠦᠷᠬᠡᠳᠬᠡᠨ᠎ᠡ᠃ ᠪᠠᠢ ᠳ᠋ᠦ᠋  ᠶᠢᠨ ᠬᠤᠤᠰ ᠡᠬᠦᠳᠦᠯᠳᠡ ᠶᠢᠨ ᠲᠦᠪ᠂ ᠷᠤᠸᠠᠨ ᠲᠦᠩ ᠳ᠋ᠦᠩ ᠯᠢ ᠪᠦᠯᠥᠭᠯᠡᠯ ᠤᠨ ᠴᠡᠩᠬᠡᠯ  ᠤᠨ ᠦᠢᠯᠡᠰ  ᠤᠨ ᠤᠷᠤᠨ ᠵᠠᠢ  ᠶᠢᠨ ᠨᠡᠪᠴᠢᠬᠦᠯᠥᠯᠳᠡ ᠶᠢᠨ ᠦᠢᠯᠡᠳᠦᠯ ᠢ ᠪᠠᠳᠠᠷᠠᠭᠤᠯᠵᠤ᠂ ᠨᠢᠬᠡ ᠪᠦᠯᠥᠭ ᠳᠤᠮᠤ ᠳ᠋ᠠᠶᠢᠲ᠋ᠠ ᠶᠢᠨ ᠬᠡᠷᠡᠭᠯᠡᠬᠡᠨ  ᠤ ᠠᠵᠤ ᠠᠬᠤᠶᠢᠯᠠᠯ  ᠢ ᠬᠤᠷᠠᠵᠤ᠂ ᠳ᠋ᠠᠶᠢᠲ᠋ᠠ ᠶᠢ ᠨᠡᠬᠡᠬᠡᠵᠦ ᠴᠤᠭᠭᠠᠷ ᠡᠳ᠋ᠯᠡᠬᠦ  ᠶᠢ ᠲᠦᠷᠬᠡᠳᠬᠡᠵᠦ᠂ ᠳᠤᠮᠤ ᠳ᠋ᠠᠶᠢᠲ᠋ᠠ  ᠶᠢ ᠵᠠᠰᠠᠭ  ᠤᠨ ᠬᠡᠷᠡᠭᠯᠡᠬᠡᠨ᠂ ᠬᠤᠳᠠᠯᠳᠤᠭᠠᠨ  ᠤ ᠬᠡᠷᠡᠭᠯᠡᠬᠡᠨ᠂ ᠠᠷᠠᠳ  ᠤᠨ ᠬᠡᠷᠡᠭᠯᠡᠬᠡᠨ ᠵᠡᠷᠬᠡ ᠡᠯ᠎ᠡ ᠬᠦᠷᠢᠶ᠎ᠡ ᠴᠠᠷᠠᠭ᠎ᠠ ᠳᠤ ᠨᠡᠶᠢᠳᠡᠮ ᠴᠡᠴᠡᠭᠯᠡᠬᠦᠯᠬᠦ ᠶᠢ ᠨᠢ ᠲᠦᠯᠬᠢᠨ ᠠᠬᠢᠭᠤᠯᠤᠨ᠎ᠠ᠃     ᠳᠤᠮᠤ ᠡᠳ᠋ ᠪᠠᠷᠠᠭᠠᠨ ᠤ ᠬᠦᠢᠯᠬᠡᠬᠡ ᠶᠢᠨ ᠠᠵᠤ ᠦᠢᠯᠡᠰ  ᠢ ᠲᠦᠷᠬᠡᠳᠬᠡᠨ ᠬᠦᠭᠵᠢᠬᠦᠯᠥᠨ᠎ᠡ᠃ ︽ᠨᠢᠬᠡ ᠪᠦᠰᠡ ᠨᠢᠬᠡ ᠵᠠᠮ︾ ᠪᠠ ᠳᠤᠮᠳᠠᠳᠤ ᠤᠷᠤᠰ ᠮᠤᠩᠭᠤᠯ ᠤᠨ ᠠᠵᠤ ᠠᠬᠤᠢ ᠶᠢᠨ ᠬᠤᠩᠬᠢᠯ  ᠤᠨ ᠵᠠᠮᠴᠢᠯᠠᠬᠤ ᠳᠤᠷᠰᠢᠯᠳᠠ ᠶᠢᠨ ᠤᠷᠤᠨ  ᠢ ᠪᠠᠶᠢᠭᠤᠯᠵᠤ᠂ ᠳᠤᠮᠳᠠᠳᠤ ᠡᠸᠦ᠋ᠷᠦᠫᠠ ᠶᠢᠨ ᠵᠢᠰᠢᠶᠠᠨ ᠤ ᠭᠠᠯᠳᠤ ᠲᠡᠷᠬᠡᠨ ᠤ ᠬᠦᠢᠰᠦ ᠵᠠᠩᠬᠢᠯᠠᠭ᠎ᠠ ᠶᠢᠨ ᠬᠤᠳᠠ ᠶᠢᠨ ᠳᠠᠪᠠᠭᠤᠯᠢᠭ  ᠢ ᠪᠠᠳᠠᠷᠠᠭᠤᠯᠵᠤ᠂ ᠳᠤᠯᠤᠳᠤᠭᠠᠷ ᠰᠤᠮᠤ ᠶᠢᠨ ᠳᠤᠮᠳᠠᠳᠤ ᠡᠸᠦ᠋ᠷᠦᠫᠠ  ᠶᠢᠨ ᠵᠢᠰᠢᠶᠠᠨ  ᠤ ᠭᠠᠯᠳᠤ ᠲᠡᠷᠬᠡ ᠶᠢᠨ ᠡᠳ᠋ ᠪᠠᠷᠠᠭᠠᠨ  ᠤ ᠰᠠᠭᠤᠷᠢᠨ  ᠤ ᠪᠦᠲᠦᠬᠡᠨ ᠪᠠᠶᠢᠭᠤᠯᠤᠯᠳᠠ  ᠶᠢ ᠲᠦᠷᠬᠡᠳᠬᠡᠵᠦ᠂ ᠲᠡᠮᠦᠷ ᠵᠠᠮ  ᠤᠨ ᠪᠤᠭᠤᠮᠳᠠ᠂ ᠨᠢᠰᠬᠡᠯ  ᠤᠨ ᠳᠠᠯᠠᠪᠠᠢ ᠶᠢᠨ ᠲᠦᠷ ᠴᠠᠭ  ᠤᠨ ᠪᠤᠭᠤᠮᠳᠠ  ᠶᠢ ᠨᠡᠬᠡᠬᠡᠬᠦ ᠪᠠᠷ ᠬᠦᠴᠦᠯᠡᠵᠦ᠂ ᠳᠤᠮᠳᠠᠳᠤ ᠡᠸᠦ᠋ᠷᠦᠫᠠ ᠶᠢᠨ ᠵᠢᠰᠢᠶᠡᠨ  ᠤ ᠭᠠᠯᠳᠤ ᠲᠡᠷᠬᠡ 120 ᠴᠤᠪᠤᠭ᠎ᠠ  ᠶᠢ ᠬᠦᠳᠡᠯᠬᠡᠨ᠎ᠡ᠃ ︽ᠳᠠᠪᠴᠠᠩ+ ᠵᠠᠮ ᠭᠠᠷᠠᠮ︾  ᠤᠨ ᠵᠦᠬᠡᠬᠡᠪᠦᠷᠢᠯᠡᠨ ᠡᠵᠡᠩᠨᠡᠬᠦ ᠵᠠᠭᠪᠤᠷ  ᠢ ᠢᠳᠡᠪᠬᠢᠳᠠᠢ ᠪᠠᠷ ᠳᠠᠳᠠᠨ ᠤᠷᠤᠭᠤᠯᠵᠤ᠂ ᠮᠢᠶᠤᠤ ᠯᠢᠶᠠᠩ ᠡᠳ᠋ ᠪᠠᠷᠠᠭᠠᠨ  ᠤ ᠬᠦᠢᠯᠬᠡᠬᠡ ᠶᠢᠨ ᠬᠦᠷᠢᠶᠡᠯᠡᠩ ᠳᠤᠭᠤᠷᠢᠭ  ᠲᠤ ᠤᠯᠠᠨ ᠮᠠᠶ᠋ᠢᠭ  ᠤᠨ ᠬᠤᠯᠪᠤᠭᠠᠯᠠᠨ ᠲᠡᠬᠡᠬᠡᠪᠦᠷᠢᠯᠡᠬᠦ ᠶᠢᠨ ᠵᠢᠱᠢᠶ᠎ᠡ ᠦᠵᠡᠬᠦᠯᠬᠦ ᠳᠤᠭᠤᠷᠢᠭ ᠡᠬᠦᠳᠦᠨ ᠪᠠᠶᠢᠭᠤᠯᠬᠤ  ᠶᠢ ᠲᠦᠯᠬᠢᠨ ᠠᠬᠢᠭᠤᠯᠵᠤ᠂ ᠬᠦᠷᠢᠶᠡᠯᠡᠩ ᠳᠤᠭᠤᠷᠢᠭ ᠪᠠ ᠭᠠᠷᠠᠮ ᠤᠨ ︽ᠬᠦᠨᠳᠦ ᠠᠴᠢᠶ᠎ᠠ ᠲᠠᠢ ᠤᠴᠢᠬᠤ ᠪᠤᠴᠠᠬᠤ︾  ᠶᠢ ᠪᠡᠶᠡᠯᠡᠬᠦᠯᠥᠨ᠎ᠡ᠃ ᠤᠯᠤᠰ  ᠤᠨ ᠳᠤᠳᠤᠭᠠᠳᠤ ᠶᠢᠨ ᠳᠤᠮᠤ ᠮᠠᠶ᠋ᠢᠭ  ᠤᠨ ᠡᠳ᠋ ᠪᠠᠷᠠᠭᠠᠨ  ᠤ ᠬᠦᠢᠯᠬᠡᠬᠡᠨ  ᠤ ᠠᠵᠤ ᠠᠬᠤᠶᠢᠯᠠᠯ  ᠢ ᠳᠠᠳᠠᠨ ᠤᠷᠤᠭᠤᠯᠵᠤ᠂ ᠰᠠᠩ ᠬᠦᠮᠦᠷᠬᠡ  ᠳᠤ ᠲᠦᠪᠯᠡᠷᠡᠬᠦᠯᠥᠨ ᠡᠳ᠋ᠰᠢᠬᠦᠯᠬᠦ᠂ ᠡᠳ᠋ ᠪᠠᠷᠠᠭᠠᠨ  ᠤ ᠬᠦᠢᠯᠬᠡᠬᠡ ᠪᠠᠷ ᠳᠤᠬᠢᠷᠠᠭᠤᠯᠤᠨ ᠬᠦᠷᠬᠡᠬᠦ᠂ ᠮᠡᠳᠡᠭᠡ ᠵᠠᠩᠬᠢ ᠪᠠᠷ ᠦᠢᠯᠡᠴᠢᠯᠡᠬᠦ᠂ ᠶᠡᠷᠦᠩᠬᠡᠶᠢᠯᠡᠨ ᠢᠵᠢ ᠪᠦᠷᠢᠯᠳᠦᠬᠦᠯᠬᠦ ᠪᠠᠷ ᠨᠢᠬᠡ ᠴᠤᠭᠴᠠᠵᠢᠭᠤᠯᠤᠭᠰᠠᠨ ᠲᠦᠪᠯᠡᠷᠡᠬᠦᠯᠵᠦ ᠳᠠᠷᠬᠠᠭᠠᠬᠤ ᠲᠦᠪ  ᠢ ᠪᠦᠲᠦᠬᠡᠨ ᠪᠠᠶᠢᠭᠤᠯᠤᠨ᠎ᠠ᠃ ᠳᠤᠰᠬᠠᠢ ᠵᠠᠬ᠎ᠠ ᠲᠡᠯᠬᠡᠬᠦᠷ  ᠢ ᠬᠦᠭᠵᠢᠬᠦᠯᠥᠨ ᠪᠤᠵᠠᠭᠠᠶᠢᠷᠠᠭᠤᠯᠤᠨ᠎ᠠ᠃ ᠡᠳ᠋ ᠪᠠᠷᠠᠭᠠᠨ  ᠤ ᠬᠦᠢᠯᠬᠡᠬᠡᠨ  ᠤ ᠡᠳ᠋ᠰᠢᠬᠦᠯᠥᠯᠳᠡ ᠶᠢᠨ ᠦᠢᠯᠡᠰ  ᠢ ᠶᠡᠬᠡᠪᠡᠷ ᠬᠦᠭᠵᠢᠬᠦᠯᠵᠦ᠂ ᠲᠡᠮᠦᠷ  ᠤᠨ ᠬᠠᠶᠢᠯᠤᠰᠢ ᠶᠢᠨ ᠡᠳ᠋ ᠪᠠᠷᠠᠭᠠᠨ  ᠤ ᠬᠦᠢᠯᠬᠡᠬᠡ ᠶᠢᠨ ᠬᠦᠷᠢᠶᠡᠯᠡᠩ ᠳᠤᠭᠤᠷᠢᠭ᠂ ᠤᠮᠠᠷᠠᠳᠤ ᠶᠢᠨ ᠬᠡᠷ  ᠤᠨ ᠬᠡᠷᠡᠭᠰᠡᠯ  ᠤᠨ ᠠᠵᠤ ᠦᠢᠯᠡᠰ  ᠤᠨ ᠬᠦᠷᠢᠶᠡᠯᠡᠩ ᠵᠡᠷᠬᠡ ᠡᠳ᠋ ᠪᠠᠷᠠᠭᠠᠨ  ᠤ ᠡᠳ᠋ᠰᠢᠬᠦᠯᠥᠯᠳᠡ ᠶᠢᠨ ᠰᠠᠭᠤᠷᠢᠨ  ᠤ ᠪᠦᠲᠦᠬᠡᠨ ᠪᠠᠶᠢᠭᠤᠯᠤᠯᠳᠠ  ᠶᠢ ᠲᠦᠷᠬᠡᠳᠬᠡᠵᠦ᠂ ᠨᠡᠬᠦᠷᠡᠰᠦ᠂ ᠬᠦᠳᠡᠷ᠂ ᠮᠤᠳᠤᠨ ᠮᠠᠲ᠋ᠧᠷᠢᠶᠠᠯ ᠵᠡᠷᠬᠡ ᠪᠡᠯᠡᠨ ᠲᠠᠸᠠᠷ  ᠤᠨ ᠡᠳ᠋ᠰᠢᠬᠦᠯᠥᠯᠳᠡ  ᠶᠢᠨ ᠴᠢᠳᠠᠪᠤᠷᠢ  ᠶᠢ ᠲᠡᠬᠡᠭᠰᠢᠯᠡᠬᠦᠯᠵᠦ᠂ ᠡᠳ᠋ ᠪᠠᠷᠠᠭᠠᠨ  ᠤ ᠨᠡᠮᠡᠯᠳᠡ ᠦᠷᠳᠡᠭ  ᠢ ᠲᠡᠬᠡᠭᠰᠢᠯᠡᠬᠦᠯᠥᠨ᠎ᠡ᠃     ᠵᠤᠭᠠᠴᠠᠯ  ᠤᠨ ᠳᠤᠮᠤ ᠦᠢᠯᠡᠰ  ᠤᠨ ᠬᠦᠭᠵᠢᠯᠳᠡ  ᠶᠢ ᠪᠦᠬᠦ ᠳᠠᠯ᠎ᠠ ᠪᠠᠷ ᠬᠦᠭᠵᠢᠬᠦᠯᠥᠨ᠎ᠡ᠃ ︽ᠪᠡᠬᠡᠵᠢᠩ  ᠤᠨ ᠲᠡᠬᠦᠷᠬᠡ ᠶᠢᠨ ᠳᠠᠯ᠎ᠠ ᠨᠤᠳᠤᠭ᠂ ᠵᠤᠰᠠᠯᠠᠩ  ᠤᠨ ᠲᠦᠪ︾  ᠤᠨ ᠵᠤᠭᠠᠴᠠᠯ  ᠤᠨ ᠨᠡᠷᠡᠲᠦ ᠲᠡᠮᠳᠡᠭ  ᠤᠨ ᠳᠤᠭᠤᠷᠢᠨ  ᠳᠤ ᠮᠠᠨ  ᠤ ᠬᠤᠳᠠ ᠶᠢᠨ ᠲᠡᠭᠷᠢ ᠨᠢ ᠬᠦᠬᠡᠮᠳᠦᠭ᠂ ᠤᠰᠤ ᠨᠢ ᠴᠡᠩᠬᠡᠭ᠂ ᠠᠭᠠᠷ ᠨᠢ ᠴᠡᠯᠮᠡᠭ ᠳᠤᠩᠭᠠᠯᠠᠭ ᠦᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠪᠦᠬᠦ ᠴᠠᠷᠠᠭ᠎ᠠ ᠶᠢᠨ ᠵᠤᠭᠠᠴᠠᠯ᠂ ᠲᠦᠷᠪᠡᠨ ᠤᠯᠠᠷᠢᠯ  ᠤᠨ ᠵᠤᠭᠠᠴᠠᠯ  ᠢ ᠶᠡᠬᠡᠪᠡᠷ ᠬᠦᠭᠵᠢᠬᠦᠯᠥᠨ᠎ᠡ᠃ ᠵᠤᠭᠠᠴᠠᠯ  ᠤᠨ ᠬᠠᠩᠭᠠᠯᠭ᠎ᠠ ᠶᠢᠨ ᠴᠢᠨᠠᠷᠵᠢᠯᠳᠠ  ᠶᠢ ᠲᠦᠯᠬᠢᠨ ᠠᠬᠢᠭᠤᠯᠤᠨ᠎ᠠ᠃ ᠵᠤᠭᠠᠴᠠᠯ  ᠤᠨ ᠦᠢᠯᠡᠰ  ᠤᠨ ᠬᠦᠭᠵᠢᠬᠦᠯᠥᠯᠳᠡ  ᠶᠢᠨ ᠲᠦᠯᠥᠪᠵᠢᠬᠦᠯᠬᠡ  ᠶᠢ ᠲᠡᠬᠦᠯᠳᠡᠷᠵᠢᠬᠦᠯᠵᠦ᠂ ᠳᠤᠮᠤ ᠬᠡᠯᠪᠡᠷᠢ ᠶᠢᠨ ᠠᠵᠤ ᠠᠬᠤᠶᠢᠯᠠᠯ᠂ ᠨᠡᠷᠡᠲᠦ ᠲᠡᠮᠳᠡᠭ  ᠤᠨ ᠵᠢᠭᠤᠯᠴᠢᠨ ᠳᠤ ᠦᠢᠯᠡᠴᠢᠯᠡᠬᠦ ᠭᠠᠵᠠᠷ ᠪᠠ ᠦᠵᠡᠮᠵᠢ ᠶᠢᠨ ᠤᠷᠤᠨ  ᠤ ᠵᠦᠬᠡᠬᠡᠪᠦᠷᠢᠯᠡᠨ ᠡᠵᠡᠩᠨᠡᠬᠦ  ᠶᠢ ᠨᠠᠶᠢᠳᠠᠨ ᠬᠠᠮᠢᠶᠠᠷᠤᠭᠤᠯᠤᠭᠰᠠᠨ ᠬᠤᠳᠠᠯᠳᠤᠭᠠᠴᠢᠨ  ᠢ ᠳᠠᠳᠠᠨ ᠤᠷᠤᠭᠤᠯᠵᠤ᠂ ᠳᠠᠭ᠎ᠠ ᠶᠢᠨ ᠨᠠᠭᠤᠷ᠂ ᠬᠡᠬᠡᠨᠳᠠᠯ᠎ᠠ᠂ ᠬᠦᠢᠳᠡᠨ ᠰᠢᠯᠢ᠂ ᠭᠠᠯᠳᠤ ᠠᠭᠤᠯᠠ ᠶᠢᠨ ᠳᠠᠯ᠎ᠠ ᠨᠤᠳᠤᠭ ᠵᠡᠷᠬᠡ ᠭᠤᠤᠯᠳᠠᠯᠭ᠎ᠠ ᠲᠠᠢ ᠦᠵᠡᠮᠵᠢ ᠶᠢᠨ ᠤᠷᠤᠨ  ᠢ ᠬᠦᠨᠴᠡ ᠪᠠᠷ ᠨᠡᠶᠢᠳᠬᠡᠨ ᠨᠡᠬᠡᠬᠡᠨ ᠬᠦᠭᠵᠢᠬᠦᠯᠬᠦ  ᠶᠢ ᠲᠦᠯᠬᠢᠨ ᠠᠬᠢᠭᠤᠯᠤᠨ᠎ᠠ᠃ 5A ᠲᠡᠰ  ᠤᠨ ᠦᠵᠡᠮᠵᠢ ᠶᠢᠨ ᠤᠷᠤᠨ ᠪᠠ ᠤᠯᠤᠰ  ᠤᠨ ᠲᠡᠰ  ᠤᠨ ᠵᠤᠭᠠᠴᠠᠯ  ᠤᠨ ᠵᠤᠰᠠᠯᠠᠩ  ᠤᠨ ᠤᠷᠤᠨ  ᠤ ᠡᠬᠦᠳᠦᠨ ᠴᠤᠭᠴᠠᠯᠠᠬᠤ ᠠᠵᠢᠯ  ᠢ ᠪᠦᠬᠦ ᠳᠠᠯ᠎ᠠ ᠪᠠᠷ ᠡᠬᠢᠯᠡᠬᠦᠯᠥᠨ᠎ᠡ᠃ ᠬᠤᠳᠠ ᠬᠦᠳᠡᠭᠡ ᠪᠠ ᠦᠵᠡᠮᠵᠢ  ᠶᠢᠨ ᠤᠷᠤᠨ  ᠤ ᠨᠡᠶᠢᠳᠡ ᠶᠢᠨ ᠵᠤᠷᠯᠤᠩ᠂ ᠦᠪᠡᠷ ᠢᠶᠠᠨ ᠲᠡᠷᠬᠡ ᠵᠢᠯᠤᠭᠤᠳᠤᠭᠰᠠᠨ ᠬᠡᠬᠡᠷᠡᠯᠡᠭᠡ ᠵᠡᠷᠬᠡ ᠰᠠᠭᠤᠷᠢ ᠲᠦᠬᠦᠬᠡᠷᠦᠮᠵᠢ  ᠶᠢ ᠪᠦᠷᠢᠨᠰᠢᠬᠦᠯᠵᠦ᠂ ᠵᠤᠭᠠᠴᠠᠯ  ᠤᠨ ᠪᠡᠯᠬᠡ ᠲᠡᠮᠳᠡᠭ ᠫᠠᠶᠢᠰᠠ ᠢᠯᠡᠷᠬᠡᠶᠢᠯᠡᠯ ᠪᠠ ᠵᠤᠭᠠᠴᠠᠯ  ᠳᠤ ᠬᠤᠯᠪᠤᠭᠳᠠᠬᠤ ᠭᠠᠵᠠᠷ ᠳᠠᠯᠠᠪᠠᠢ ᠶᠢᠨ WIFI  ᠢ ᠰᠦᠢᠳᠬᠡᠯ ᠬᠡᠯᠳᠦᠷᠢᠬᠦᠯᠬᠦ ᠶᠢᠨ ᠦᠪᠴᠢ ᠪᠦᠷᠬᠦᠬᠦᠯᠳᠡ ᠶᠢᠨ ᠢᠨᠵᠧᠨᠧᠷᠢᠩ  ᠢ ᠶᠠᠪᠤᠭᠳᠠᠭᠤᠯᠤᠨ᠎ᠠ᠃ ᠵᠤᠭᠠᠴᠠᠯ  ᠤᠨ ᠵᠠᠰᠠᠮᠠᠯ ᠵᠠᠮ  ᠤᠨ ᠪᠦᠲᠦᠬᠡᠨ ᠪᠠᠶᠢᠭᠤᠯᠤᠯᠳᠠ  ᠶᠢ ᠲᠦᠷᠬᠡᠳᠬᠡᠵᠦ᠂ ᠦᠵᠡᠮᠵᠢ ᠶᠢᠨ ᠤᠷᠤᠨ  ᠳᠤ ᠨᠡᠪᠳᠡᠷᠡᠬᠦ ᠬᠠᠮᠤᠭ ᠰᠡᠬᠦᠯ  ᠤᠨ ᠨᠢᠬᠡ ᠺᠢᠯᠤᠮᠧᠲᠷ  ᠢ ᠰᠢᠢᠳᠪᠦᠷᠢᠯᠡᠨ᠎ᠡ᠃ ᠵᠤᠭᠠᠴᠠᠯ  ᠤᠨ ᠡᠵᠡᠩᠨᠡᠯᠳᠡ ᠶᠢᠨ ᠪᠠᠶᠢᠳᠠᠯ ᠲᠦᠯᠥᠪ  ᠤᠨ ᠤᠯᠠᠨ ᠡᠰᠢᠵᠢᠯᠳᠡ  ᠶᠢ ᠲᠦᠯᠬᠢᠨ ᠠᠬᠢᠭᠤᠯᠤᠨ᠎ᠠ᠃ ᠬᠦᠳᠡᠭᠡ ᠳᠤᠰᠬᠤᠨ  ᠤ ᠵᠤᠭᠠᠴᠠᠯ  ᠢ ᠶᠡᠬᠡᠪᠡᠷ ᠬᠦᠭᠵᠢᠬᠦᠯᠵᠦ᠂ ᠵᠤᠭᠠᠴᠠᠯ ᠢᠶᠠᠷ ᠶᠠᠳᠠᠭᠤ  ᠶᠢ ᠲᠡᠳᠬᠦᠬᠦ 86 ᠳᠤᠰᠬᠤᠨ ᠪᠠ ᠤᠯᠤᠰ  ᠤᠨ ᠤᠳᠤᠮᠰᠢᠯᠳᠤ 14 ᠳᠤᠰᠬᠤᠨ  ᠢ ᠭᠤᠤᠯᠳᠠᠯᠭ᠎ᠠ ᠲᠠᠢ ᠪᠤᠢ ᠪᠤᠯᠭᠠᠵᠤ᠂ ᠨᠢᠬᠡ ᠪᠦᠯᠥᠭ ᠤᠬᠢ ᠵᠢᠮᠢᠰ ᠢ ᠳᠡᠬᠦᠬᠦ ᠬᠦᠷᠢᠶᠡᠯᠡᠩ᠂ ᠤᠨᠴᠠᠯᠢᠭᠳᠤ ᠢᠷᠬᠡᠳ  ᠤᠨ ᠪᠠᠭᠤᠳᠠᠯ ᠪᠠ ᠤᠳᠤᠨ ᠲᠡᠰ  ᠤᠨ ᠳᠠᠷᠢᠶᠠᠴᠢᠨ ᠵᠤᠭᠠᠴᠠᠯ  ᠤᠨ ᠠᠶᠢᠯ  ᠢ ᠪᠠᠶᠢᠭᠤᠯᠵᠤ᠂ ᠳᠠᠷᠢᠶᠠᠴᠢᠳ ᠮᠠᠯᠴᠢᠳ ᠢᠶᠠᠷ ᠠᠭᠤᠯᠠ ᠤᠰᠤᠨ  ᠤ ᠳᠤᠮᠳᠠ ᠪᠠᠨ ᠦᠩᠬᠡ ᠦᠵᠡᠮᠵᠢ ᠳᠠᠷᠢᠵᠤ ᠭᠠᠷᠭᠠᠵᠤ᠂ ᠠᠵᠤ ᠦᠢᠯᠡᠰ  ᠢ ᠳᠠᠷᠢᠵᠤ ᠭᠠᠷᠭᠠᠵᠤ᠂ ᠡᠳ᠋ ᠪᠠᠶᠠᠯᠢᠭ  ᠢ ᠳᠠᠷᠢᠵᠤ ᠭᠠᠷᠭᠠᠭᠤᠯᠤᠨ᠎ᠠ᠃ ᠬᠤᠪᠢᠰᠬᠠᠯ  ᠤᠨ ᠳᠤᠷᠠᠰᠬᠠᠯᠳᠤ ᠵᠤᠭᠠᠴᠠᠯ  ᠢ ᠶᠡᠬᠡᠪᠡᠷ ᠬᠦᠭᠵᠢᠬᠦᠯᠵᠦ᠂ ᠵᠢᠨᠢᠩ  ᠤᠨ ᠳᠠᠶᠢᠯᠠᠯᠳᠤᠭᠠᠨ᠂ ᠱᠦᠢ ᠮᠧᠩ  ᠤᠨ ᠬᠤᠪᠢᠰᠬᠠᠯ᠂ ᠬᠤᠩᠬᠢᠯᠳᠤ ᠶᠢᠨ ᠳᠠᠶᠢᠯᠠᠯᠳᠤᠭᠠᠨ ᠵᠡᠷᠬᠡ ᠬᠤᠪᠢᠰᠬᠠᠯᠳᠤ ᠰᠤᠶᠤᠯ  ᠤᠨ ᠡᠬᠢ ᠪᠠᠶᠠᠯᠢᠭ  ᠢ ᠠᠰᠢᠭᠯᠠᠵᠤ᠂ ᠤᠷᠤᠯᠴᠠᠬᠤ ᠴᠢᠨᠠᠷ ᠲᠠᠢ᠂ ᠪᠡᠶ᠎ᠡ ᠪᠠᠷ ᠢᠶᠠᠨ ᠤᠶᠢᠯᠠᠭᠠᠬᠤ ᠴᠢᠨᠠᠷᠳᠠᠢ ᠬᠤᠪᠢᠰᠬᠠᠯ ᠤᠨ ᠬᠦᠮᠦᠵᠢᠯ  ᠤᠨ ᠲᠦᠬᠦᠬᠡᠷᠦᠮᠵᠢ  ᠶᠢ ᠨᠡᠮᠡᠵᠦ᠂ ᠨᠠᠮ  ᠤᠨ ᠬᠡᠰᠢᠬᠦᠨ ᠺᠠᠳ᠋ᠷ ᠤᠨ ᠬᠦᠮᠦᠵᠢᠯ  ᠤᠨ ᠪᠤᠯᠪᠠᠰᠤᠷᠠᠭᠤᠯᠤᠯ  ᠤᠨ ᠰᠠᠭᠤᠷᠢᠨ  ᠢ ᠪᠦᠲᠦᠬᠡᠨ ᠪᠠᠶᠢᠭᠤᠯᠤᠨ᠎ᠠ᠃ ᠡᠪᠦᠯ  ᠤᠨ ᠵᠤᠭᠠᠴᠠᠯ  ᠢ ᠶᠡᠭᠡ ᠪᠠᠷ ᠬᠦᠭᠵᠢᠬᠦᠯᠵᠦ᠂ ᠴᠠᠰᠤᠨ  ᠳᠤ ᠭᠤᠯᠭᠤᠬᠤ᠂ ᠠᠷᠠᠰᠤᠨ ᠡᠳ᠋ᠯᠡᠯ ᠬᠤᠳᠠᠯᠳᠤᠨ ᠠᠪᠬᠤ᠂ ᠬᠠᠯᠠᠭᠤᠨ ᠷᠠᠰᠢᠶᠠᠨ  ᠳᠤ ᠰᠠᠭᠤᠬᠤ ᠵᠡᠷᠬᠡ ᠶᠢᠨ ᠪᠦᠲᠦᠭᠡᠭᠳᠡᠬᠦᠨ ᠢ ᠶᠡᠬᠡᠪᠡᠷ ᠨᠡᠬᠡᠬᠡᠨ ᠬᠦᠭᠵᠢᠬᠦᠯᠵᠦ᠂ ᠨᠠᠮ ᠵᠢᠮ ᠡᠬᠢ ᠪᠠᠶᠠᠯᠢᠭ  ᠢ ᠬᠦᠭᠵᠢᠶᠡᠨ  ᠲᠠᠢ ᠠᠵᠤ ᠦᠢᠯᠡᠰ ᠪᠤᠯᠭᠠᠨ ᠬᠤᠪᠢᠷᠠᠭᠤᠯᠤᠨ᠎ᠠ᠃ ᠰᠤᠶᠤᠯ ᠺᠢᠨᠤ᠋ ᠲᠧᠯᠸᠢᠰ ᠤᠨ ᠵᠤᠭᠠᠴᠠᠯ  ᠢ ᠶᠡᠬᠡᠪᠡᠷ ᠬᠦᠭᠵᠢᠬᠦᠯᠵᠦ᠂ ᠴᠤᠭᠯᠠᠭᠠᠨ ᠦᠵᠡᠰᠬᠦᠯᠡᠩ  ᠤᠨ ᠠᠵᠤ ᠠᠬᠤᠢ  ᠶᠢ ᠵᠤᠭᠠᠴᠠᠯ  ᠤᠨ ᠦᠢᠯᠡᠰ ᠲᠠᠢ ᠠᠭᠤᠰᠤᠯᠴᠠᠭᠤᠯᠤᠨ ᠬᠦᠭᠵᠢᠬᠦᠯᠬᠦ  ᠶᠢ ᠠᠬᠢᠭᠤᠯᠵᠤ᠂ ᠴᠤᠭᠯᠠᠭᠠᠨ ᠦᠵᠡᠰᠬᠦᠯᠡᠩ  ᠤᠨ ᠲᠦᠪ  ᠤᠨ ᠲᠦᠷᠦᠯ ᠵᠦᠢᠯ  ᠤᠨ ᠪᠦᠲᠦᠬᠡᠨ ᠪᠠᠶᠢᠭᠤᠯᠤᠯᠳᠠ  ᠶᠢ ᠲᠦᠷᠬᠡᠳᠬᠡᠨ ᠲᠦᠯᠬᠢᠨ ᠠᠬᠢᠭᠤᠯᠵᠤ᠂ ᠬᠠᠭᠤᠴᠢ  ᠶᠢᠨ ᠴᠤᠭᠯᠠᠭᠠᠨ᠂ ᠰᠤᠶᠤᠯ  ᠤᠨ ᠦᠵᠡᠰᠬᠦᠯᠡᠩ᠂ ᠳᠤᠮᠳᠠᠳᠤ ᠤᠯᠤᠰ  ᠤᠨ ᠠᠳᠠᠯ ᠪᠤᠰᠬᠠᠯᠳᠠ ᠰᠢᠨ᠎ᠡ ᠡᠬᠦᠳᠦᠯᠳᠡ ᠶᠢᠨ ᠦᠵᠡᠰᠬᠦᠯᠡᠩ᠂ ᠳᠤᠮᠳᠠᠳᠤ ᠤᠷᠤᠰ ᠮᠤᠩᠭᠤᠯ  ᠤᠨ ᠠᠮᠳᠠᠳᠤ ᠢᠳᠡᠬᠡᠨ  ᠤ ᠰᠤᠶᠤᠯ  ᠤᠨ ᠨᠠᠶᠢᠷ ᠵᠡᠷᠬᠡ ᠴᠤᠭᠯᠠᠭᠠᠨ ᠦᠵᠡᠰᠬᠦᠯᠡᠩ  ᠤᠨ ᠠᠵᠢᠯᠯᠠᠭ᠎ᠠ  ᠶᠢ ᠦᠷᠬᠦᠯᠵᠢᠯᠡᠨ ᠰᠠᠶᠢᠳᠤᠷ ᠡᠷᠬᠢᠯᠡᠵᠦ᠂ ᠭᠤᠤᠯᠳᠠᠯᠭ᠎ᠠ ᠲᠠᠢ ᠨᠢᠬᠡ ᠪᠦᠯᠥᠭ ᠨᠡᠷᠡᠲᠦ ᠲᠡᠮᠳᠡᠭ  ᠤᠨ ᠦᠵᠡᠰᠬᠦᠯᠡᠩ  ᠢ ᠭᠠᠷᠭᠠᠨ᠎ᠠ᠃ ᠵᠤᠭᠠᠴᠠᠯ ᠤᠨ ᠵᠠᠬ᠎ᠠ ᠲᠡᠯᠬᠡᠬᠦᠷ  ᠤᠨ ᠲᠦᠷᠢᠮᠵᠢᠯᠳᠡ  ᠶᠢ ᠲᠦᠯᠬᠢᠨ ᠠᠬᠢᠭᠤᠯᠤᠨ᠎ᠠ᠃ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠥᠯᠳᠡ  ᠶᠢᠨ ᠳᠤᠭᠳᠠᠴᠠ  ᠶᠢ ᠪᠠᠶᠢᠭᠤᠯᠵᠤ᠂ ᠵᠢᠭᠤᠯᠴᠢᠯᠠᠯ  ᠤᠨ ᠬᠦᠳᠦᠴᠢ ᠶᠢᠨ ᠡᠩᠨᠡᠬᠡᠨ  ᠤ ᠪᠠᠶᠢᠭᠤᠯᠤᠯᠳᠠ  ᠶᠢ ᠴᠢᠩᠭᠠᠳᠬᠠᠵᠤ᠂ ᠳᠠᠭᠠᠯᠠᠮᠵᠢᠳᠠᠢ᠂ ᠰᠠᠨᠠᠭ᠎ᠠ ᠠᠮᠤᠷ ᠵᠤᠭᠠᠴᠠᠯ  ᠤᠨ ᠳᠤᠮᠤ ᠤᠷᠴᠢᠨ ᠠᠬᠤᠢ  ᠶᠢ ᠪᠤᠢ ᠪᠤᠯᠭᠠᠨ᠎ᠠ᠃ ᠤᠷᠤᠨ ᠪᠦᠰᠡ ᠶᠢᠨ ᠵᠤᠭᠠᠴᠠᠯ  ᠤᠨ ᠬᠠᠮᠳᠤᠷᠠᠯᠴᠠᠭ᠎ᠠ  ᠶᠢ ᠬᠦᠨᠵᠡᠬᠡᠶᠢᠷᠡᠬᠦᠯᠵᠦ᠂ ᠪᠡᠬᠡᠵᠢᠩ ᠲᠢᠶᠠᠨᠵᠢᠨ ᠾᠧᠪᠸᠢ ᠶᠢᠨ ︽ᠨᠢᠬᠡ ᠺᠠᠷᠲ  ᠤᠨ ᠨᠡᠪᠳᠡᠷᠡᠯᠬᠡ︾  ᠶᠢ ᠲᠡᠯᠬᠡᠷᠡᠬᠦᠯᠬᠦ ᠰᠢᠰᠲ᠋ᠧᠮᠵᠢ ᠲᠠᠢ ᠪᠦᠬᠦ ᠳᠠᠯ᠎ᠠ ᠪᠠᠷ ᠠᠭᠤᠰᠤᠯᠴᠠᠵᠤ᠂ ᠠᠩᠬᠠᠳᠠᠭᠴᠢ ᠬᠤᠭᠤᠴᠠᠭᠠᠨ  ᠤ ᠪᠡᠬᠡᠵᠢᠩ  ᠤᠨ ᠵᠤᠭᠠᠴᠠᠯ  ᠤᠨ ᠬᠠᠮᠳᠤᠷᠠᠯᠴᠠᠭᠠᠨ  ᠤ ᠳᠠᠪᠴᠠᠩ  ᠤᠨ ᠶᠡᠭᠡ ᠬᠤᠷᠠᠯ  ᠢ ᠰᠠᠶᠢᠳᠤᠷ ᠡᠷᠬᠢᠯᠡᠨ᠎ᠡ᠃ ᠪᠦᠬᠦ ᠵᠢᠯ  ᠳᠤ ᠵᠤᠭᠠᠴᠠᠭᠰᠠᠳ  ᠢ 1900 ᠭᠠᠷᠤᠢ ᠲᠦᠮᠡᠨ ᠬᠦᠮᠦᠨ ᠤᠳᠠᠭ᠎ᠠ ᠬᠦᠯᠢᠶᠡᠨ ᠠᠪᠴᠤ᠂ ᠵᠤᠭᠠᠴᠠᠯ  ᠤᠨ ᠤᠷᠤᠯᠭ᠎ᠠ  ᠶᠢ 200 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠳᠤᠰᠪᠤᠷᠢ 20% ᠪᠠ 25% ᠪᠠᠷ ᠨᠡᠮᠡᠭᠳᠡᠬᠦᠯᠥᠨ᠎ᠡ᠃     ᠡᠷᠡᠬᠦᠯ ᠮᠡᠨᠳᠦ ᠶᠢᠨ ᠠᠵᠤ ᠦᠢᠯᠡᠰ  ᠢ ᠢᠳᠡᠪᠬᠢᠳᠠᠢ ᠪᠠᠷ ᠬᠦᠭᠵᠢᠬᠦᠯᠥᠨ᠎ᠡ᠃ ᠨᠠᠰᠤᠳᠠᠨ  ᠤ ᠠᠰᠠᠷᠠᠯᠳᠠ ᠪᠡᠶ᠎ᠡ ᠰᠤᠪᠢᠯᠠᠯᠳᠠ ᠶᠢᠨ ᠠᠵᠤ ᠦᠢᠯᠡᠰ  ᠢ  ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠪᠠᠢ ᠸᠠᠩ᠂ ᠹᠦ᠋ ᠷᠦᠢ᠂ ᠯᠢᠶᠠᠨ ᠳ᠋ᠧ ᠡᠮᠨᠡᠯᠬᠡ ᠨᠠᠰᠤᠵᠢᠯ  ᠢ ᠨᠢᠬᠡ ᠴᠤᠭᠴᠠᠵᠢᠭᠤᠯᠤᠭᠰᠠᠨ ᠲᠦᠷᠦᠯ ᠵᠦᠢᠯ  ᠢ ᠲᠦᠷᠬᠡᠳᠬᠡᠨ  ᠲᠦᠯᠬᠢᠨ ᠠᠬᠢᠭᠤᠯᠵᠤ᠂ ᠬᠠᠳᠤᠨ ᠭᠤᠤᠯ  ᠤᠨ ᠡᠬᠢ ᠳᠤᠮᠳᠠᠳᠤ ᠤᠯᠤᠰ  ᠤᠨ ᠤᠯᠠᠨ ᠤᠯᠤᠰ  ᠤᠨ ᠨᠠᠰᠤᠵᠢᠯ  ᠤᠨ ᠠᠵᠤ ᠦᠢᠯᠡᠰ  ᠤᠨ ᠵᠢᠱᠢᠶ᠎ᠡ ᠦᠵᠡᠬᠦᠯᠬᠦ ᠰᠠᠭᠤᠷᠢᠨ ᠢ ᠪᠠᠶᠢᠭᠤᠯᠵᠤ᠂ ᠮᠤᠩᠭᠤᠯ ᠬᠢᠳᠠᠳ ᠡᠮ ᠡᠮᠨᠡᠯᠬᠡ᠂ ᠠᠮᠢᠳᠤ ᠪᠤᠳᠠᠰ  ᠤᠨ ᠰᠢᠨᠵᠢᠯᠡᠬᠡᠨ ᠮᠡᠷᠬᠡᠵᠢᠯ᠂ ᠡᠷᠡᠬᠦᠯ ᠮᠡᠨᠲᠦ ᠶᠢᠨ ᠰᠤᠪᠢᠯᠠᠯᠳᠠ ᠵᠡᠷᠬᠡ ᠰᠢᠨ᠎ᠡ ᠮᠠᠨᠳᠤᠵᠤ ᠪᠠᠶᠢᠭ᠎ᠠ ᠠᠵᠤ ᠦᠢᠯᠡᠰ  ᠢ ᠶᠡᠬᠡᠪᠡᠷ ᠬᠦᠭᠵᠢᠬᠦᠯᠵᠦ᠂ ᠪᠡᠬᠡᠵᠢᠩ ᠲᠢᠶᠠᠨᠵᠢᠨ ᠦᠬᠡᠳᠡ ᠨᠠᠰᠤᠳᠠᠨ  ᠤ ᠠᠰᠠᠷᠠᠯᠳᠠ ᠪᠡᠶ᠎ᠡ ᠰᠤᠪᠢᠯᠠᠯᠳᠠ ᠶᠢᠨ ᠨᠡᠷᠡᠲᠦ ᠲᠡᠮᠳᠡᠭ  ᠢ ᠭᠠᠯ ᠵᠤᠯᠭᠠᠭᠤᠯᠤᠨ᠎ᠠ᠃ 65 ᠨᠠᠰᠤᠨ  ᠠᠴᠠ ᠲᠡᠬᠡᠭᠰᠢᠬᠢ ᠨᠠᠰᠤᠳᠠᠶᠢᠴᠤᠳ  ᠤᠨ ᠬᠡᠷ ᠪᠦᠯᠢ  ᠶᠢᠨ ᠡᠮᠴᠢ ᠶᠢᠨ ᠬᠡᠷ᠎ᠡ ᠳᠤᠭᠳᠠᠭᠰᠠᠨ ᠦᠢᠯᠡᠴᠢᠯᠡᠭᠡ  ᠶᠢ ᠤᠷᠢᠳᠠᠪᠠᠷ ᠶᠠᠪᠤᠭᠳᠠᠭᠤᠯᠵᠤ᠂ ᠪᠦᠬᠦ ᠬᠤᠳᠠ ᠶᠢᠨ ᠬᠤᠶᠠᠳᠤᠭᠠᠷ ᠲᠡᠰ  ᠠᠴᠠ ᠲᠡᠬᠡᠭᠰᠢᠬᠢ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶᠠᠨ  ᠳᠤ ᠨᠠᠰᠤᠳᠠᠶᠢᠴᠤᠳ  ᠤᠨ ︽ᠰᠢᠭᠤᠳ ᠨᠡᠪᠳᠡᠷᠡᠯᠬᠡ︾ ᠭᠠᠷᠭᠠᠨ᠎ᠠ᠃ ᠪᠡᠶ᠎ᠡ ᠶᠢᠨ ᠳᠠᠮᠢᠷ  ᠤᠨ ᠪᠡᠶ᠎ᠡ ᠪᠤᠯᠪᠠᠰᠤᠷᠠᠯ  ᠤᠨ ᠠᠵᠤ ᠦᠢᠯᠡᠰ  ᠢ ᠶᠡᠬᠡᠪᠡᠷ ᠬᠦᠭᠵᠢᠬᠦᠯᠥᠨ᠎ᠡ᠃ ᠤᠯᠤᠰ  ᠠᠴᠠ ︽3 ᠳ᠋ᠦᠩᠰᠢᠭᠤᠷ ᠬᠦᠮᠦᠨ ᠮᠥᠰᠦ ᠴᠠᠰᠤᠨ  ᠳᠤ ᠳᠤᠭᠯᠠᠬᠤ︾ ᠲᠦᠷᠦ ᠶᠢᠨ ᠪᠤᠳᠤᠯᠭ᠎ᠠ ᠬᠡᠷᠡᠭᠵᠢᠬᠦᠯᠵᠦ ᠪᠠᠶᠢᠭ᠎ᠠ ᠠᠵᠠ ᠳᠤᠬᠢᠶᠠᠯ  ᠢ ᠵᠠᠪᠳᠤᠵᠤ᠂ ᠪᠡᠬᠡᠵᠢᠩ ᠴᠢᠭᠤᠯᠤᠯᠳᠤ ᠬᠠᠭᠠᠯᠭ᠎ᠠ ᠶᠢᠨ ᠡᠪᠦᠯ  ᠤᠨ ᠤᠯᠢᠮᠫᠢᠺ  ᠤᠨ ᠴᠤᠭᠯᠠᠭᠠᠨ᠂ ᠪᠦᠬᠦ ᠤᠯᠤᠰ ᠪᠦᠬᠦ ᠤᠷᠤᠨ  ᠤ ᠡᠪᠦᠯ  ᠤᠨ ᠪᠡᠶ᠎ᠡ ᠶᠢᠨ ᠳᠠᠮᠢᠷ  ᠤᠨ ᠴᠤᠭᠯᠠᠭᠠᠨ ᠢᠶᠠᠷ ᠮᠥᠰᠦ ᠴᠠᠰᠤᠨ  ᠤ ᠠᠵᠤ ᠦᠢᠯᠡᠰ  ᠢ ᠢᠳᠡᠪᠬᠢᠳᠠᠢ ᠬᠦᠭᠵᠢᠬᠦᠯᠥᠨ᠎ᠡ᠃ ᠳᠠᠭ᠎ᠠ ᠶᠢᠨ ᠨᠠᠭᠤᠷ  ᠤᠨ ᠤᠯᠠᠨ ᠤᠯᠤᠰ ᠤᠨ ᠴᠠᠰᠤᠨ ᠳᠤ ᠭᠤᠯᠭᠤᠬᠤ ᠴᠡᠩᠬᠡᠯ  ᠤᠨ ᠲᠦᠷᠦᠯ ᠵᠦᠢᠯ  ᠤᠨ ᠪᠦᠲᠦᠬᠡᠨ ᠪᠠᠶᠢᠭᠤᠯᠤᠯᠳᠠ  ᠶᠢ ᠲᠦᠷᠬᠡᠳᠬᠡᠵᠦ᠂ ᠬᠤᠶᠠᠳᠤᠭᠠᠷ ᠬᠤᠭᠤᠴᠠᠭᠠᠨ ᠤ ᠮᠦᠩᠬᠦᠨ ᠡᠪᠦᠯ ᠤᠨ ᠨᠠᠶᠢᠷ ᠪᠠ ︽ᠨᠢᠬᠡ ᠪᠦᠰᠡ ᠨᠢᠬᠡ ᠵᠠᠮ︾  ᠤᠨ ᠮᠦᠩᠬᠦᠨ ᠡᠪᠦᠯ ᠤᠨ ᠤᠯᠠᠷᠢᠯ᠂ ︽ᠮᠦᠩᠬᠦᠨ ᠴᠠᠰᠤᠨ ᠤ ᠲᠤᠶᠢᠯᠳᠠᠭᠤ︾ ᠬᠤᠳᠠ ᠶᠢᠨ ᠮᠦᠷᠦᠶᠢᠴᠡᠭᠡᠨ ᠤ ᠤᠷᠤᠯᠳᠤᠭᠠᠨ ᠵᠡᠷᠬᠡ ᠠᠵᠢᠯᠯᠠᠭ᠎ᠠ  ᠤᠳ  ᠢ ᠰᠠᠶᠢᠳᠤᠷ ᠡᠷᠬᠢᠯᠡᠵᠦ᠂ ᠮᠥᠰᠦ ᠴᠠᠰᠤᠨ  ᠤ ᠬᠦᠳᠡᠯᠬᠡᠬᠡᠨ  ᠢ ᠰᠤᠷᠭᠠᠭᠤᠯᠢ ᠶᠢᠨ ᠬᠦᠷᠢᠶᠡᠨ  ᠳᠤ ᠲᠦᠯᠬᠢᠨ ᠤᠷᠤᠭᠤᠯᠤᠨ᠎ᠠ᠃ ᠬᠤᠩ ᠬᠠᠢ ᠽᠢ ᠶᠢᠨ ᠪᠡᠶ᠎ᠡ ᠶᠢᠨ ᠳᠠᠮᠢᠷ  ᠤᠨ ᠠᠵᠤ ᠦᠢᠯᠡᠰ  ᠤᠨ ᠬᠦᠷᠢᠶᠡᠯᠡᠩ᠂ ᠬᠦᠯ ᠪᠦᠮᠪᠦᠭᠡ ᠶᠢᠨ ᠵᠤᠰᠠᠯᠠᠩ  ᠤᠨ ᠪᠤᠯᠪᠠᠰᠤᠷᠠᠯ  ᠤᠨ ᠰᠠᠭᠤᠷᠢᠨ  ᠢ ᠲᠦᠷᠬᠡᠳᠬᠡᠨ ᠪᠠᠶᠢᠭᠤᠯᠤᠨ᠎ᠠ᠃ ᠬᠤᠰᠢᠭᠤ ᠰᠢᠶᠠᠨ ᠪᠤᠯᠭᠠᠨ 1 ᠪᠠᠷᠢᠮᠵᠢᠶᠠᠵᠢᠭᠤᠯᠤᠭᠰᠠᠨ ᠬᠦᠯ ᠪᠦᠮᠪᠦᠭᠡ ᠶᠢᠨ ᠳᠠᠯᠠᠪᠤᠷ ᠪᠠᠶᠢᠭᠤᠯᠵᠤ ᠂ ᠰᠤᠷᠭᠠᠭᠤᠯᠢ ᠶᠢᠨ ᠬᠦᠯ ᠪᠦᠮᠪᠦᠭᠡ  ᠶᠢ ᠶᠡᠬᠡᠪᠡᠷ ᠬᠦᠭᠵᠢᠬᠦᠯᠥᠨ᠎ᠡ᠃ ᠳᠤᠤᠷ ᠪᠦᠮᠪᠦᠭᠡ᠂ ᠪᠤᠤᠺᠠᠰ᠂ ᠮᠠᠷᠠᠽᠤᠨ᠂ ᠨᠠᠭᠤᠷ ᠳᠤᠭᠤᠶᠢᠯᠠᠭᠰᠠᠨ ᠳᠤᠭᠤᠢ ᠲᠡᠷᠬᠡ ᠵᠡᠷᠬᠡ ᠨᠡᠷᠡᠲᠦ ᠲᠡᠮᠳᠡᠭ  ᠤᠨ ᠤᠷᠤᠯᠳᠤᠭᠠᠨ  ᠤ ᠶᠠᠪᠤᠳᠠᠯ  ᠢ ᠪᠤᠢ ᠪᠤᠯᠭᠠᠵᠤ᠂ ᠮᠤᠷᠢᠨ ᠠᠵᠤ ᠦᠢᠯᠡᠰ  ᠤᠨ ᠰᠠᠭᠤᠷᠢᠨ  ᠢ ᠪᠦᠲᠦᠬᠡᠨ ᠪᠠᠶᠢᠭᠤᠯᠤᠨ᠎ᠠ᠃ ᠰᠠᠶᠢᠨ ᠡᠵᠡᠨ ᠳᠠᠯ᠎ᠠ ᠪᠤᠯᠵᠤ᠂ ᠪᠦᠬᠦ ᠤᠷᠤᠨ  ᠤ ᠠᠷᠪᠠᠨ ᠲᠦᠷᠪᠡᠳᠦᠬᠡᠷ ᠬᠤᠭᠤᠴᠠᠭᠠᠨ  ᠤ ᠪᠡᠶ᠎ᠡ ᠶᠢᠨ ᠳᠠᠮᠢᠷ  ᠤᠨ ᠴᠤᠭᠯᠠᠭᠠᠨ  ᠢ ᠰᠠᠶᠢᠳᠤᠷ ᠡᠷᠬᠢᠯᠡᠨ᠎ᠡ᠃       ︵ᠭᠤᠷᠪᠠ︶ ᠲᠦᠷᠦᠯ ᠵᠦᠢᠯ  ᠤᠨ ᠪᠦᠲᠦᠬᠡᠨ ᠪᠠᠶᠢᠭᠤᠯᠤᠯᠳᠠ  ᠶᠢ ᠬᠦᠴᠦᠳᠠᠢ ᠠᠳᠬᠤᠵᠤ᠂ ᠠᠵᠤ ᠠᠬᠤᠢ  ᠶᠢᠨ ᠦᠷᠬᠦᠯᠵᠢᠯᠡᠨ ᠬᠦᠭᠵᠢᠬᠦ ᠨᠦᠬᠡᠴᠡ ᠬᠦᠴᠦᠨ  ᠢ ᠴᠢᠩᠭᠠᠳᠬᠠᠨ᠎ᠠ᠃       ᠶᠡᠬᠡᠪᠡᠷ ᠬᠤᠳᠠᠯᠳᠤᠭᠠᠴᠢᠨ ᠤᠷᠢᠬᠤ ᠪᠠᠶᠢᠳᠠᠯ  ᠢ ᠬᠦᠴᠦ ᠳᠠᠯᠪᠢᠨ ᠪᠤᠢ ᠪᠤᠯᠭᠠᠨ᠎ᠠ᠃ ᠡᠵᠡᠩᠨᠡᠯᠳᠡ  ᠶᠢᠨ ᠤᠷᠴᠢᠨ ᠳᠤᠭᠤᠷᠢᠨ  ᠢ ᠰᠢᠯᠢᠳᠡᠭᠵᠢᠬᠦᠯᠬᠦ ᠶᠠᠪᠤᠳᠠᠯ  ᠢ ᠬᠤᠳᠠᠯᠳᠤᠭᠠᠴᠢᠨ ᠤᠷᠢᠵᠤ ᠪᠡᠯᠡ ᠳᠠᠳᠠᠬᠤ  ᠶᠢᠨ ᠲᠡᠷᠢᠬᠦᠨ ᠪᠠᠶᠢᠷᠢᠨ  ᠳᠤ ᠳᠠᠯᠪᠢᠬᠤ  ᠶᠢ ᠪᠠᠷᠢᠮᠳᠠᠯᠠᠨ᠂ ︽ᠡᠵᠡᠩᠨᠡᠯᠳᠡ  ᠶᠢᠨ ᠤᠷᠴᠢᠨ ᠳᠤᠭᠤᠷᠢᠨ ᠪᠤᠯ ᠦᠷᠢᠰᠦᠯᠳᠦᠬᠦ ᠬᠦᠴᠦᠨ᠂ ᠳᠠᠷᠤᠢ ᠦᠢᠯᠡᠳᠪᠦᠷᠢᠯᠡᠯ  ᠤᠨ ᠬᠦᠴᠦᠨ︾ ᠬᠡᠰᠡᠨ ᠤᠶᠢᠯᠠᠭᠠᠭᠳᠠᠬᠤᠨ  ᠢ ᠪᠠᠳᠤ ᠪᠤᠢ ᠪᠤᠯᠭᠠᠵᠤ᠂ ︽ᠬᠦᠭᠵᠢᠯᠳᠡ  ᠶᠢᠨ ᠤᠷᠴᠢᠨ ᠳᠤᠭᠤᠷᠢᠨ  ᠢ ᠰᠢᠯᠢᠳᠡᠭᠵᠢᠬᠦᠯᠬᠦ ᠤᠨ︾  ᠤ ᠠᠵᠢᠯᠯᠠᠭ᠎ᠠ  ᠶᠢ ᠬᠦᠨᠵᠡᠬᠡᠢ ᠦᠷᠨᠢᠬᠦᠯᠥᠨ ᠂ ᠤᠯᠠᠮ ᠦᠨᠳᠦᠷ ᠦᠷ᠎ᠡ ᠠᠰᠢᠭ ᠲᠠᠢ ᠲᠦᠬᠦᠮ ᠲᠦᠳᠡ ᠬᠠᠳᠠᠭᠤ ᠤᠷᠴᠢᠨ ᠳᠤᠭᠤᠷᠢᠨ ᠪᠤᠯᠤᠨ ᠵᠦᠬᠡᠯᠡᠨ ᠤᠷᠴᠢᠨ ᠳᠤᠭᠤᠷᠢᠨ  ᠢ ᠬᠦᠴᠦ ᠳᠠᠯᠪᠢᠨ ᠪᠤᠢ ᠪᠤᠯᠭᠠᠨ᠎ᠠ᠃ ᠬᠤᠳᠠᠯᠳᠤᠭᠠᠴᠢᠨ ᠤᠷᠢᠬᠤ ᠳᠤᠭᠳᠠᠴᠠ  ᠶᠢ ᠪᠦᠷᠢᠨᠰᠢᠬᠦᠯᠥᠨ᠂ ᠬᠤᠳᠠᠯᠳᠤᠭᠠᠴᠢᠨ ᠤᠷᠢᠬᠤ ᠲᠦᠷᠦ ᠶᠢᠨ ᠪᠤᠳᠤᠯᠭ᠎ᠠ  ᠶᠢ ᠲᠡᠬᠦᠯᠳᠡᠷᠵᠢᠬᠦᠯᠵᠦ᠂ ᠬᠤᠳᠠᠯᠳᠤᠭᠠᠴᠢᠨ ᠤᠷᠢᠬᠤ ᠡᠬᠢ ᠪᠠᠶᠠᠯᠢᠭ  ᠢ ᠨᠡᠶᠢᠳᠬᠡᠨ᠂ ᠤᠯᠠᠨ ᠲᠡᠰ ᠳᠠᠪᠬᠤᠷᠭ᠎ᠠ᠂ ᠤᠯᠠᠨ ᠠᠷᠭ᠎ᠠ ᠵᠠᠮ᠂ ᠤᠯᠠᠨ ᠡᠰᠢᠵᠢᠭᠰᠡᠨ ᠬᠤᠳᠠᠯᠳᠤᠭᠠᠴᠢᠨ ᠤᠷᠢᠬᠤ ᠳᠤᠤᠷ ᠰᠦᠯᠵᠢᠶ᠎ᠡ  ᠶᠢ ᠪᠦᠷᠢᠯᠳᠦᠬᠦᠯᠥᠨ᠎ᠡ᠃ ᠪᠡᠬᠡᠵᠢᠩ᠂ ᠲᠢᠶᠠᠨᠵᠢᠨ᠂ ᠾᠧᠪᠸᠢ᠂ ᠬᠦᠬᠡᠮᠦ᠋ᠷᠡᠨ  ᠤ ᠭᠤᠷᠪᠠᠯᠵᠢᠨ ᠬᠤᠶᠢᠭ ᠵᠡᠷᠬᠡ ᠬᠦᠭᠵᠢᠭᠰᠡᠨ ᠭᠠᠵᠠᠷ ᠤᠷᠤᠨ ᠲᠠᠢ ᠢᠳᠡᠪᠬᠢᠳᠠᠢ ᠵᠤᠯᠭᠠᠯᠳᠤᠨ᠂ ᠠᠵᠤ ᠦᠢᠯᠡᠰ  ᠤᠨ ᠰᠢᠯᠵᠢᠯᠳᠡ  ᠶᠢᠨ ᠳᠤᠬᠢᠶᠠᠯ  ᠢ ᠠᠳᠬᠤᠵᠤ᠂ ᠳᠤᠮᠤ᠂ ᠰᠠᠶᠢᠨ᠂ ᠰᠢᠨ᠎ᠡ ᠲᠡᠬᠡᠲᠦ ᠤᠯᠠᠨ ᠲᠦᠷᠦᠯ ᠵᠦᠢᠯ  ᠢ ᠬᠦᠴᠦ ᠳᠠᠯᠪᠢᠨ ᠤᠷᠤᠭᠤᠯᠤᠭᠠᠳ ᠳᠤᠰ ᠵᠢᠯ  ᠳᠡᠭᠡᠨ ︽ᠭᠤᠷᠪᠠᠨ ᠨᠢᠬᠡ ᠵᠠᠭᠤ︾  ᠶᠢ ᠪᠡᠶᠡᠯᠡᠬᠦᠯᠥᠨ᠎ᠡ᠃ ᠡᠨᠡ ᠨᠢ ᠳᠠᠷᠤᠢ ᠵᠠᠭᠤᠨ ᠨᠢᠬᠡ ᠶᠢᠨ ᠪᠠᠷᠢᠯᠭ᠎ᠠ ᠶᠢ ᠡᠬᠢᠯᠡᠬᠦᠯᠵᠦ᠂ ᠵᠠᠭᠤᠨ ᠨᠢᠬᠡ  ᠶᠢ ᠠᠰᠢᠭᠯᠠᠯᠳᠠ  ᠳᠤ ᠤᠷᠤᠭᠤᠯᠵᠤ᠂ ᠵᠠᠭᠤᠨ ᠨᠢᠬᠡ  ᠶᠢ ᠨᠦᠬᠡᠴᠡᠯᠡᠬᠦ ᠠᠵᠤ ᠦᠢᠯᠡᠰ  ᠤᠨ ᠲᠦᠷᠦᠯ ᠵᠦᠢᠯ ᠪᠤᠯᠤᠨ᠎ᠠ᠃     ᠲᠦᠷᠦᠯ ᠵᠦᠢᠯ ᠤᠨ ᠪᠦᠲᠦᠬᠡᠨ ᠪᠠᠶᠢᠭᠤᠯᠤᠯᠳᠠ  ᠶᠢ ᠡᠷᠴᠢᠮ ᠲᠠᠢ ᠲᠦᠯᠬᠢᠨ ᠠᠬᠢᠭᠤᠯᠤᠨ᠎ᠠ᠃ ᠳᠤᠮᠤ ᠴᠢᠬᠤᠯᠠ ᠲᠦᠷᠦᠯ ᠵᠦᠢᠯ ᠳᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ  ᠢ ᠨᠠᠶᠢᠳᠠᠪᠦᠷᠢᠵᠢᠭᠤᠯᠵᠤ᠂ ᠲᠦᠷᠦᠯ ᠵᠦᠢᠯ ᠤᠨ ᠬᠢᠨᠠᠨ ᠵᠦᠪᠰᠢᠶᠡᠷᠡᠯ  ᠤᠨ ︽ᠰᠢᠭᠤᠳ ᠨᠡᠪᠳᠡᠷᠡᠯᠬᠡ︾  ᠶᠢ ᠲᠡᠬᠦᠯᠳᠡᠷᠵᠢᠬᠦᠯᠵᠦ᠂ ᠠᠵᠤ ᠠᠬᠤᠶᠢᠯᠠᠯ  ᠤᠨ ᠪᠡᠯᠡ ᠤᠷᠤᠭᠤᠯᠤᠯᠳᠠ  ᠶᠢᠨ ᠰᠦᠬᠡᠷᠬᠦ ᠨᠠᠷᠢᠨ ᠳᠠᠩᠰᠠ  ᠶᠢ ᠪᠠᠶᠢᠭᠤᠯᠵᠤ᠂ ᠠᠮᠠᠯᠠᠯᠳᠠ  ᠶᠢᠨ ᠲᠦᠷᠢᠮ  ᠤᠨ ᠬᠢᠨᠠᠨ ᠵᠦᠪᠰᠢᠶᠡᠷᠡᠯ  ᠤᠨ ᠬᠠᠮᠢᠶᠠᠷᠤᠯᠳᠠ ᠶᠢ ᠳᠤᠷᠰᠢᠨ ᠬᠡᠷᠡᠭᠯᠡᠨ᠎ᠡ᠃ ᠲᠦᠷᠦᠯ ᠵᠦᠢᠯ  ᠤᠨ ᠤᠷᠢᠳᠤᠬᠢ ᠬᠤᠭᠤᠴᠠᠭᠠᠨ  ᠤ ᠠᠵᠢᠯ  ᠢ ᠪᠠᠳᠤᠳᠠᠢ ᠬᠢᠵᠦ᠂ ᠲᠦᠷᠦᠯ ᠵᠦᠢᠯ  ᠤᠨ ᠨᠤᠳᠤᠭᠰᠢᠬᠤ ᠡᠷᠬᠢᠯᠳᠡ ᠶᠢᠨ ᠬᠤᠭᠤᠴᠠᠭ᠎ᠠ ᠶᠢ ᠪᠤᠭᠤᠨᠢᠰᠬᠠᠨ᠎ᠠ᠃ ᠰᠠᠭᠤᠷᠢ ᠲᠦᠬᠦᠬᠡᠷᠦᠮᠵᠢ ᠶᠢᠨ ᠲᠦᠷᠦᠯ ᠵᠦᠢᠯ  ᠤᠨ ᠪᠦᠲᠦᠬᠡᠨ ᠪᠠᠶᠢᠭᠤᠯᠤᠯᠳᠠ  ᠶᠢ ᠲᠦᠷᠬᠡᠳᠬᠡᠵᠦ᠂ ᠵᠢᠨᠢᠩ ᠴᠢᠭᠤᠯᠤᠯᠳᠤ ᠬᠠᠭᠠᠯᠭ᠎ᠠ ᠶᠢᠨ ᠰᠤᠮᠤᠨ ᠭᠠᠯᠳᠤ ᠲᠡᠷᠬᠡᠨ  ᠤ ᠪᠦᠲᠦᠬᠡᠨ ᠪᠠᠶᠢᠭᠤᠯᠤᠯᠳᠠ  ᠶᠢᠨ ᠪᠠᠳᠤᠯᠠᠬᠤ ᠠᠵᠢᠯ  ᠢ ᠰᠠᠶᠢᠳᠤᠷ ᠬᠢᠵᠦ᠂ ᠵᠢᠨᠢᠩ ᠲᠦᠩᠯᠢᠶᠤᠤ ᠶᠢᠨ ᠲᠡᠮᠦᠷ ᠵᠠᠮ᠂ ᠵᠢᠨᠢᠩ ᠡᠷᠢᠶᠡᠨ ᠤ ᠲᠡᠮᠦᠷ ᠵᠠᠮ ᠤᠨ ᠴᠠᠬᠢᠯᠭᠠᠨᠵᠢᠯᠳᠠ ᠶᠢᠨ ᠦᠢᠯᠡᠳᠪᠦᠷᠢᠯᠡᠯ ᠤᠨ ᠴᠢᠳᠠᠪᠤᠷᠢ ᠪᠠᠨ ᠦᠷᠬᠡᠳᠬᠡᠨ ᠶᠡᠬᠡᠰᠬᠡᠵᠦ ᠰᠢᠨᠡᠴᠢᠯᠡᠬᠦ ᠶᠢ ᠲᠦᠯᠬᠢᠨ ᠠᠬᠢᠭᠤᠯᠵᠤ᠂ ᠵᠢᠨᠢᠩ ᠳ᠋ᠠᠲ᠋ᠦ᠋ᠩ ᠤᠨ ᠰᠤᠮᠤᠨ ᠭᠠᠯᠳᠤ ᠲᠡᠷᠬᠡᠨ  ᠤ ᠤᠷᠢᠳᠤᠬᠢ ᠬᠤᠭᠤᠴᠠᠭᠠᠨ  ᠤ ᠠᠵᠢᠯ  ᠢ ᠢᠳᠡᠪᠬᠢᠳᠠᠢ ᠲᠦᠯᠬᠢᠨ ᠠᠬᠢᠭᠤᠯᠤᠨ᠎ᠠ᠃ ᠬᠤᠸᠠᠳᠧ  ᠠᠴᠠ ᠰᠦᠨᠢᠳ ᠪᠠᠷᠠᠭᠤᠨ ᠬᠤᠰᠢᠭᠤᠨ  ᠳᠤ ᠬᠦᠷᠬᠦ ᠬᠤᠷᠳᠤᠨ  ᠤ ᠵᠠᠮ᠂ ᠪᠠᠶᠠᠨᠴᠠᠭᠠᠨ  ᠠᠴᠠ ᠶᠦᠩ ᠲᠠᠢ ᠬᠦᠩ ᠬᠦᠷᠬᠦ ᠬᠤᠷᠳᠤᠨ  ᠤ ᠵᠠᠮ᠂ ᠵᠢᠨᠢᠩ  ᠠᠴᠠ ᠯᠢᠶᠠᠩᠴᠧᠩ ᠬᠦᠷᠬᠦ ᠬᠤᠷᠳᠤᠨ  ᠤ ᠵᠠᠮ ᠵᠡᠷᠬᠡ ᠨᠢᠬᠡ ᠪᠦᠯᠥᠭ ᠴᠢᠬᠤᠯᠠ ᠵᠠᠰᠠᠮᠠᠯ ᠵᠠᠮ  ᠤᠨ ᠲᠦᠷᠦᠯ ᠵᠦᠢᠯ  ᠢ ᠶᠠᠪᠤᠭᠳᠠᠭᠤᠯᠬᠤ  ᠶᠢ ᠲᠦᠷᠬᠡᠳᠬᠡᠵᠦ᠂ ᠵᠠᠰᠠᠮᠠᠯ ᠵᠠᠮ  ᠤᠨ ᠵᠡᠷᠬᠡ ᠲᠡᠰ  ᠢ ᠲᠡᠬᠡᠭᠰᠢᠯᠡᠬᠦᠯᠵᠦ᠂ ᠵᠠᠰᠠᠮᠠᠯ ᠵᠠᠮ  ᠢ ᠬᠠᠮᠢᠶᠠᠷᠬᠤ ᠠᠷᠠᠴᠢᠯᠠᠬᠤ  ᠶᠢ ᠴᠢᠩᠭᠠᠳᠬᠠᠵᠤ᠂ ᠵᠠᠰᠠᠮᠠᠯ ᠵᠠᠮ  ᠤᠨ ᠳᠤᠤᠷᠴᠢᠯᠠᠯ  ᠢ ᠰᠠᠶᠢᠵᠢᠷᠠᠭᠤᠯᠤᠨ᠎ᠠ᠃     ᠡᠯᠧᠮᠧᠨ᠋ᠲ ᠤᠨ ᠪᠠᠳᠤᠯᠠᠪᠤᠷᠢ ᠶᠢ ᠪᠦᠬᠦ ᠬᠦᠴᠦᠨ ᠢᠶᠠᠷ ᠰᠠᠶᠢᠳᠤᠷ ᠠᠳᠬᠤᠨ᠎ᠠ᠃ ᠡᠬᠢ ᠪᠠᠶᠠᠯᠢᠭ  ᠤᠨ ᠪᠠᠳᠤᠯᠠᠪᠤᠷᠢ  ᠶᠢ ᠴᠢᠩᠭᠠᠳᠬᠠᠨ᠎ᠠ᠃ ᠴᠠᠬᠢᠯᠭᠠᠨ ᠳᠤᠤᠷ ᠤᠨ ᠪᠦᠲᠦᠴᠡ  ᠶᠢ ᠰᠢᠯᠢᠳᠡᠭᠵᠢᠬᠦᠯᠵᠦ᠂ ᠶᠡᠭᠡ ᠦᠶᠡᠷ  ᠤᠨ ᠤᠷᠬᠢᠯ ᠢᠶᠠᠷ ᠴᠠᠬᠢᠯᠭᠠᠨ ᠬᠠᠩᠭᠠᠬᠤ ᠴᠢᠳᠠᠪᠤᠷᠢ  ᠶᠢ ᠲᠡᠬᠡᠭᠰᠢᠯᠡᠬᠦᠯᠵᠦ᠂ ᠨᠢᠬᠡ ᠪᠦᠯᠥᠭ ᠴᠠᠬᠢᠯᠭᠠᠨ ᠬᠤᠪᠢᠰᠬᠠᠭᠤᠷ ᠤᠨ ᠦᠷᠳᠡᠭᠡ  ᠶᠢ ᠰᠢᠨ᠎ᠡ ᠪᠠᠷ ᠪᠠᠶᠢᠭᠤᠯᠬᠤ ᠵᠢᠴᠢ ᠪᠠᠭᠳᠠᠭᠠᠭᠴᠢ ᠶᠢ ᠦᠷᠬᠡᠳᠬᠡᠬᠦ  ᠶᠢ ᠬᠡᠷᠡᠭᠵᠢᠬᠦᠯᠥᠨ᠎ᠠ᠃ ᠰᠢᠨ᠎ᠡ ᠨᠢᠬᠡᠨ ᠡᠬᠡᠯᠵᠢ ᠶᠢᠨ ᠳᠠᠷᠢᠶᠠᠯᠠᠬᠤ ᠮᠠᠯᠵᠢᠬᠤ ᠤᠷᠤᠨ ᠤ ᠴᠠᠬᠢᠯᠭᠠᠨ ᠳᠤᠤᠷ  ᠢ ᠦᠬᠡᠷᠡᠴᠢᠯᠡᠬᠦ ᠲᠡᠰ ᠲᠡᠪᠰᠢᠬᠦᠯᠬᠦ ᠢᠨᠵᠧᠨᠧᠷᠢᠩ  ᠢ ᠶᠠᠪᠤᠭᠤᠯᠤᠨ᠎ᠠ᠃ ᠱᠠᠨᠰᠢ ᠪᠡᠭᠡᠵᠢᠩ ᠤᠨ ᠲᠦᠷᠪᠡᠨ ᠱᠤᠭᠤᠮ  ᠤᠨ ᠰᠠᠯᠪᠤᠷᠢ ᠱᠤᠭᠤᠮ ᠤᠨ ᠬᠤᠭᠤᠯᠠᠢ ᠶᠢᠨ ᠪᠦᠲᠦᠬᠡᠨ ᠪᠠᠶᠢᠭᠤᠯᠤᠯᠳᠠ  ᠶᠢ ᠲᠦᠷᠬᠡᠳᠬᠡᠵᠦ᠂ ᠪᠠᠶᠢᠭᠠᠯᠢ ᠶᠢᠨ ᠰᠢᠳᠠᠮᠠᠬᠠᠢ ᠬᠡᠢ  ᠶᠢ ᠬᠤᠳᠠ  ᠳᠤ ᠤᠷᠤᠭᠤᠯᠵᠤ᠂ ᠡᠷᠦᠬᠡ  ᠳᠤ ᠬᠦᠷᠬᠦ  ᠶᠢ ᠲᠦᠯᠬᠢᠨ ᠠᠬᠢᠭᠤᠯᠤᠨ᠎ᠠ᠃ ᠪᠠᠶᠢᠭᠠᠯᠢ ᠶᠢᠨ ᠰᠢᠳᠠᠮᠠᠬᠠᠢ ᠬᠡᠢ ᠪᠤᠯᠪᠠᠰᠤᠷᠠᠭᠤᠯᠬᠤ ᠴᠢᠳᠠᠪᠬᠢ  ᠶᠢ 15 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠲᠤ ᠬᠦᠷᠬᠡᠨ᠎ᠡ ᠤᠰᠤᠨ  ᠤ ᠬᠡᠷᠡᠭᠯᠡᠬᠡᠨ  ᠤ ᠪᠠᠳᠤᠯᠠᠪᠤᠷᠢ  ᠶᠢ ᠴᠢᠩᠭᠠᠳᠬᠠᠨ᠎ᠠ᠃ ᠡᠬᠢ ᠰᠤᠷᠪᠤᠯᠵᠢ  ᠶᠢ ᠨᠡᠬᠡᠬᠡᠬᠦ ᠬᠢᠬᠡᠳ ᠤᠷᠤᠰᠬᠠᠯ ᠨᠠᠷᠢᠰᠬᠠᠬᠤ ᠶᠢ ᠬᠤᠤᠰᠯᠠᠭᠤᠯᠬᠤ ᠶᠢ ᠪᠠᠷᠢᠮᠳᠠᠯᠠᠵᠤ᠂ ᠤᠰᠤ ᠠᠷᠪᠢᠯᠠᠬᠤ᠂ ᠤᠰᠤ ᠤᠮᠳᠠᠯᠠᠬᠤ᠂ ᠤᠰᠤ ᠬᠠᠩᠭᠠᠬᠤ ︽ᠭᠤᠷᠪᠠ  ᠶᠢ ᠨᠢᠬᠡ ᠴᠤᠭᠴᠠᠴᠢᠯᠠᠬᠤ︾ ᠤᠰᠤᠨ ᠠᠰᠢᠭᠯᠠᠯᠳᠠ ᠶᠢᠨ ᠰᠠᠭᠤᠷᠢ ᠲᠦᠬᠦᠬᠡᠷᠦᠮᠵᠢ ᠶᠢᠨ ᠰᠢᠰᠲ᠋ᠧᠮᠵᠢ  ᠶᠢ ᠪᠦᠷᠢᠯᠳᠦᠬᠦᠯᠥᠨ  ᠪᠠᠶᠢᠭᠤᠯᠤᠨ᠎ᠠ᠃ ᠬᠠᠳᠤᠨ ᠭᠤᠤᠯ  ᠤᠨ ᠤᠰᠤ  ᠶᠢ ᠬᠡᠷᠡᠭᠯᠡᠬᠦ ᠵᠢᠭᠠᠯᠳᠠ ᠳᠤᠭ᠎ᠠ  ᠶᠢ ᠤᠯᠬᠤ ᠪᠠᠷ ᠢᠳᠡᠪᠬᠢᠳᠠᠢ ᠴᠢᠷᠮᠠᠶᠢᠵᠤ᠂ ᠳᠠᠭ᠎ᠠ ᠶᠢᠨ ᠨᠠᠭᠤᠷ  ᠤᠨ ᠤᠷᠤᠰᠬᠠᠯ  ᠤᠨ ᠤᠷᠤᠨ ᠰᠤᠨᠳᠠᠯᠠᠵᠤ ᠤᠰᠤ ᠳᠠᠳᠠᠬᠤ ᠢᠨᠵᠧᠨᠧᠷᠢᠩ  ᠢ ᠡᠬᠢᠯᠡᠬᠦᠯᠥᠨ᠎ᠡ᠃ ᠲᠦᠪ ᠬᠤᠳᠠ ᠳᠤᠭᠤᠷᠢᠭ  ᠲᠤ ᠪᠠᠴᠢᠮ ᠪᠠᠶᠢᠳᠠᠯ  ᠢ ᠠᠷᠭᠠᠴᠠᠬᠤ ᠨᠦᠬᠡᠴᠡ ᠤᠰᠤᠨ  ᠤ ᠡᠬᠢ ᠪᠠᠶᠠᠯᠢᠭ  ᠤᠨ ᠢᠨᠵᠧᠨᠧᠷᠢᠩ  ᠢ ᠲᠦᠷᠭᠡᠳᠬᠡᠨ ᠲᠦᠯᠬᠢᠨ ᠠᠬᠢᠭᠤᠯᠤᠨ᠎ᠡ᠃ ᠬᠤᠩᠭᠤᠷ  ᠤᠨ ᠤᠰᠤᠨ ᠴᠦᠬᠦᠷᠦᠮ ᠤᠨ ᠠᠵᠢᠯ  ᠢ ᠳᠠᠭᠤᠰᠬᠠᠵᠤ ᠤᠰᠤ ᠬᠠᠳᠠᠭᠠᠯᠠᠨ᠂ ᠲᠸᠤ ᠳ᠋ᠤᠤ ᠭᠸᠤ᠂ ᠵᠢᠢ ᠴᠢᠩ ᠬᠠᠪᠴᠢᠯ ᠤᠨ ᠤᠰᠤᠨ ᠴᠦᠬᠦᠷᠦᠮ  ᠤᠨ ᠪᠠᠷᠢᠯᠭ᠎ᠠ ᠶᠢᠨ ᠠᠵᠢᠯ  ᠢ ᠡᠬᠢᠯᠡᠬᠦᠯᠵᠦ ᠪᠦᠲᠦᠬᠡᠨ ᠪᠠᠶᠢᠭᠤᠯᠤᠨ᠎ᠠ᠃ ᠰᠤᠷᠠᠭ ᠵᠠᠩᠬᠢ ᠶᠢᠨ ᠪᠠᠳᠤᠯᠠᠪᠤᠷᠢ  ᠶᠢ ᠴᠢᠩᠭᠠᠳᠬᠠᠨ᠎ᠠ᠃ ᠵᠢᠨᠢᠩ — ᠪᠡᠬᠡᠵᠢᠩ  ᠤᠨ ᠶᠡᠭᠡ ᠪᠠᠭᠳᠠᠭᠠᠮᠵᠢᠳᠤ ᠰᠢᠭᠤᠳ ᠨᠡᠪᠳᠡᠷᠡᠬᠦ ᠬᠡᠷᠡᠯᠯᠢᠭ  ᠤᠨ ᠠᠷᠠᠯᠵᠢᠶᠠᠵᠢᠭᠤᠯᠤᠨ ᠡᠵᠡᠩᠨᠡᠨ ᠡᠷᠬᠢᠯᠳᠦᠬᠦᠯᠬᠦ  ᠶᠢ ᠪᠡᠶᠡᠯᠡᠬᠦᠯᠵᠦ᠂ ᠬᠤᠶᠠᠳᠤᠭᠠᠷ ᠬᠤᠭᠤᠴᠠᠭᠠᠨ  ᠤ ᠬᠡᠷᠡᠯᠯᠢᠭ  ᠤᠨ ᠲᠦᠷᠦᠯ ᠵᠦᠢᠯ  ᠢ ᠶᠠᠪᠤᠭᠳᠠᠭᠤᠯᠤᠨ᠎ᠠ᠃ ︽ᠤᠳᠠᠰᠤ ᠦᠬᠡᠢ ᠬᠤᠳᠠ︾ ᠶᠢᠨ ᠲᠦᠷᠦᠯ ᠵᠦᠢᠯ ᠢ ᠪᠡᠶᠡᠯᠡᠬᠦᠯᠥᠨ᠎ᠡ᠃ ᠭᠠᠵᠠᠷ ᠰᠢᠷᠤᠢ  ᠶᠢᠨ ᠪᠠᠳᠤᠯᠠᠪᠤᠷᠢ  ᠶᠢ ᠴᠢᠩᠭᠠᠳᠬᠠᠨ᠎ᠠ᠃ ᠭᠠᠵᠠᠷ ᠰᠢᠷᠦᠢ ᠶᠢᠨ ᠡᠬᠢ ᠪᠠᠶᠠᠯᠢᠭ  ᠤᠨ ᠬᠠᠩᠭᠠᠯᠭ᠎ᠠ  ᠶᠢ ᠰᠢᠯᠢᠳᠡᠭᠵᠢᠬᠦᠯᠵᠦ᠂ ᠭᠠᠵᠠᠷ ᠰᠢᠷᠤᠢ ᠶᠢᠨ ᠨᠦᠬᠡᠴᠡ ᠶᠢ ᠠᠮᠢᠳᠤᠯᠢᠭ ᠪᠤᠯᠭᠠᠨ ᠠᠰᠢᠭᠯᠠᠵᠤ᠂  ᠬᠡᠮᠵᠢᠶ᠎ᠡ ᠶᠢ ᠶᠡᠬᠡᠰᠬᠡᠬᠦ ᠬᠡᠷᠡᠭᠴᠡᠭᠡ ᠱᠠᠭᠠᠷᠳᠠᠯᠭ᠎ᠠ  ᠶᠢ ᠲᠦᠷᠦᠯ ᠵᠦᠢᠯ ᠢᠶᠠᠷ ᠭᠠᠵᠠᠷ ᠰᠢᠷᠤᠢ  ᠶᠢ ᠳᠠᠶᠢᠴᠢᠯᠠᠬᠤ ᠵᠠᠷᠴᠢᠮ ᠢᠶᠠᠷ ᠭᠠᠵᠠᠷ ᠬᠠᠩᠭᠠᠨ᠎ᠠ᠃ ᠪᠡᠯᠡ ᠤᠷᠤᠭᠤᠯᠤᠯᠳᠠ ᠶᠢᠨ ᠬᠦᠴᠦᠯᠡᠴᠡ  ᠶᠢᠨ ᠬᠡᠮᠵᠢᠶ᠎ᠡ ᠪᠠ ᠭᠠᠶᠢᠯᠢ ᠳᠠᠳᠠᠪᠤᠷᠢ ᠶᠢᠨ ᠦᠷ᠎ᠡ ᠠᠰᠢᠭ ᠢ ᠦᠨᠳᠦᠰᠦᠯᠡᠨ᠂ ᠭᠠᠵᠠᠷ ᠰᠢᠷᠦᠢ ᠶᠢᠨ ᠠᠰᠢᠭᠯᠠᠯᠳᠠ  ᠶᠢᠨ ᠰᠢᠯᠭᠠᠨ ᠬᠢᠨᠠᠯᠳᠠ ᠦᠨᠡᠯᠡᠯᠳᠡ ᠶᠢᠨ ᠡᠷᠴᠢᠮ ᠢ ᠴᠢᠩᠭᠠᠷᠠᠭᠤᠯᠤᠨ᠎ᠠ᠂ ᠭᠠᠵᠠᠷ ᠰᠢᠷᠤᠢ  ᠶᠢ ᠬᠡᠷᠡᠭᠯᠡᠬᠦ ᠬᠢᠨᠠᠯᠳᠠ ᠬᠠᠮᠢᠶᠠᠷᠤᠯᠳᠠ  ᠶᠢ ᠴᠢᠩᠭᠠᠳᠬᠠᠵᠤ᠂ ᠬᠠᠤᠯᠢ ᠶᠤᠰᠤ ᠪᠠᠷ ᠰᠤᠯᠠ ᠪᠠᠶᠢᠭ᠎ᠠ ᠦᠷ᠎ᠡ ᠠᠰᠢᠭ ᠢᠶᠠᠷ ᠳᠤᠤᠷ᠎ᠠ ᠭᠠᠵᠠᠷ ᠰᠢᠷᠤᠢ  ᠶᠢ ᠲᠤᠬᠢᠷᠠᠭᠤᠯᠤᠨ᠎ᠠ᠃ ᠪᠡᠯᠡ ᠮᠥᠩᠬᠦᠨ  ᠤ ᠪᠠᠳᠤᠯᠠᠪᠤᠷᠢ  ᠶᠢ ᠴᠢᠩᠭᠠᠳᠬᠠᠨ᠎ᠠ᠃ ︽ᠰᠢᠶᠠᠨ  ᠤ ᠮᠥᠩᠬᠦᠨ ᠬᠦᠢᠯᠬᠡᠬᠡᠨ  ᠤ ᠢᠨᠵᠧᠨᠧᠷᠢᠩ︾  ᠤᠨ ᠳᠤᠷᠰᠢᠯᠳᠠ ᠶᠢᠨ ᠴᠢᠭ᠋  ᠤᠨ ᠠᠵᠢᠯ  ᠢ ᠠᠬᠢᠭᠤᠯᠵᠤ᠂ ᠵᠠᠰᠠᠭ  ᠤᠨ ᠤᠷᠳᠤᠨ  ᠤ ᠰᠢᠨᠵᠢ ᠲᠠᠢ ᠮᠥᠩᠬᠦᠨ ᠬᠦᠢᠯᠬᠡᠬᠡ ᠪᠡᠯᠡ ᠤᠷᠤᠭᠤᠯᠤᠯᠳᠠ  ᠶᠢᠨ ᠪᠠᠳᠤᠯᠠᠭᠠᠨ  ᠤ ᠰᠢᠰᠲ᠋ᠧᠮ  ᠢ ᠲᠡᠬᠦᠯᠳᠡᠷᠵᠢᠬᠦᠯᠵᠦ᠂ ᠠᠵᠤ ᠠᠬᠤᠶᠢᠯᠠᠯ  ᠤᠨ ᠪᠡᠯᠡ ᠤᠷᠤᠭᠤᠯᠤᠯᠳᠠ ᠶᠢᠨ ᠪᠠᠳᠤᠯᠠᠭ᠎ᠠ ᠶᠢᠨ ᠪᠦᠷᠬᠦᠬᠦᠯᠳᠡ  ᠶᠢ ᠦᠷᠬᠡᠳᠬᠡᠨ᠎ᠡ᠃ ᠲᠡᠮᠳᠡᠭᠲᠦ ᠶᠢᠨ ᠬᠢᠨᠠᠨ ᠬᠠᠮᠢᠶᠠᠷᠬᠤ ᠵᠦᠪᠯᠡᠯ  ᠤᠨ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ  ᠶᠢ ᠰᠠᠶᠢᠳᠤᠷ ᠠᠰᠢᠭᠯᠠᠨ ᠬᠡᠷᠡᠭᠯᠡᠵᠦ᠂ ᠠᠵᠤ ᠠᠬᠤᠶᠢᠯᠠᠯ ᠤᠨ ᠬᠦᠷᠦᠩᠬᠡ ᠶᠢᠨ ᠵᠠᠬ᠎ᠠ ᠲᠡᠯᠬᠡᠬᠦᠷ  ᠢ ᠠᠰᠢᠭᠯᠠᠵᠤ ᠰᠢᠭᠤᠳ ᠪᠡᠯᠡ ᠤᠷᠤᠭᠤᠯᠬᠤ  ᠶᠢ ᠨᠢ ᠲᠡᠮᠵᠢᠵᠦ᠂ ᠬᠤᠩ ᠮᠤᠤ᠂ ᠰᠢᠤᠸᠠᠢ ᠶᠤᠸᠠᠨ᠂ ᠮᠢᠨ ᠹᠧᠩ᠂ ᠲᠢᠶᠠᠨ ᠮᠤ᠋ ᠵᠡᠷᠬᠡ ᠨᠦᠬᠡᠴᠡ ᠠᠵᠤ ᠠᠬᠤᠶᠢᠯᠠᠯ ᠤᠨ ᠰᠲ᠋ᠤᠺ ᠢᠶᠠᠨ ᠵᠠᠬ᠎ᠠ ᠲᠡᠯᠬᠡᠬᠦᠷ  ᠲᠤ ᠭᠠᠷᠭᠠᠬᠤ  ᠶᠢ ᠨᠢ ᠲᠡᠳᠬᠦᠨ ᠲᠡᠮᠵᠢᠨ᠎ᠡ ᠃ PPP ᠲᠦᠷᠦᠯ ᠵᠦᠢᠯ 43  ᠶᠢ ᠵᠤᠬᠢᠶᠠᠨ ᠪᠠᠶᠢᠭᠤᠯᠤᠨ ᠰᠠᠶᠢᠳᠤᠷ ᠶᠠᠪᠤᠭᠳᠠᠭᠤᠯᠵᠤ᠂ ᠠᠷᠠᠳ  ᠤᠨ ᠳᠤᠮᠳᠠᠬᠢ ᠬᠦᠷᠦᠩᠬᠡ  ᠤᠷᠤᠭᠤᠯᠬᠤ ᠵᠠᠮ  ᠢ ᠦᠷᠬᠡᠳᠬᠡᠨ᠎ᠡ᠃      ᠬᠦᠷᠢᠶᠡᠯᠡᠩ ᠳᠤᠭᠤᠷᠢᠭ  ᠤᠨ ᠪᠦᠲᠦᠬᠡᠨ ᠪᠠᠶᠢᠭᠤᠯᠤᠯᠳᠠ ᠶᠢᠨ ᠬᠢᠷᠢ ᠲᠦᠪᠰᠢᠨ  ᠢ ᠲᠡᠬᠡᠭᠰᠢᠯᠡᠬᠦᠯᠥᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ᠂ ᠰᠤᠮᠤᠨ ᠭᠠᠯᠳᠤ ᠲᠡᠷᠬᠡᠨ  ᠤ ᠬᠤᠳᠠᠯᠳᠤᠭᠠᠨ  ᠤ ᠴᠠᠭᠠᠷᠢᠭ ᠪᠠ ᠡᠯ᠎ᠡ ᠲᠦᠷᠦᠯ  ᠤᠨ ᠪᠤᠳᠠᠰ  ᠤᠨ ᠬᠦᠢᠯᠬᠡᠬᠡᠨ  ᠤ ᠬᠦᠷᠢᠶᠡᠯᠡᠩ ᠳᠤᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ ᠵᠡᠷᠬᠡ ᠳᠤᠮᠤ ᠴᠢᠬᠤᠯᠠ ᠳᠠᠪᠴᠠᠩ  ᠤᠨ ᠳᠠᠶᠢᠴᠢᠯᠠᠬᠤ ᠦᠢᠯᠡᠳᠦᠯ  ᠢ ᠨᠢᠬᠡᠳᠦᠯᠳᠠᠢ ᠪᠠᠳᠠᠷᠠᠭᠤᠯᠵᠤ᠂ ᠬᠢᠨᠠᠨ ᠬᠠᠮᠢᠶᠠᠷᠴᠤ᠂ ᠪᠡᠬᠡᠵᠢᠩ  ᠤᠨ ᠠᠵᠤ  ᠦᠢᠯᠡᠰ  ᠤᠨ ᠰᠢᠯᠵᠢᠯᠳᠡ ᠪᠠ ᠨᠡᠶᠢᠰᠯᠡᠯ  ᠤᠨ ᠪᠤᠰᠤ ᠴᠢᠳᠠᠪᠬᠢ  ᠶᠢᠨ ᠵᠤᠬᠢᠴᠠᠭᠤᠯᠤᠯᠳᠠ  ᠶᠢ ᠢᠳᠡᠪᠬᠢᠳᠠᠢ ᠵᠠᠯᠭᠠᠨ ᠠᠪᠤᠨ᠎ᠠ᠃ ᠤᠷᠤᠨ ᠪᠠᠶᠢᠷᠢ  ᠶᠢ ᠰᠤᠯᠢᠪᠴᠢᠭᠤᠯᠤᠨ  ᠬᠦᠭᠵᠢᠬᠦᠯᠬᠦ᠂ ᠴᠤᠭᠯᠠᠷᠠᠭᠤᠯᠤᠨ ᠬᠦᠭᠵᠢᠬᠦᠯᠬᠦ᠂ ᠡᠷᠬᠢᠯᠳᠦᠬᠦᠯᠥᠨ ᠬᠦᠭᠵᠢᠬᠦᠯᠬᠦ  ᠶᠢ ᠪᠠᠷᠢᠮᠳᠠᠯᠠᠵᠤ᠂ ᠬᠦᠷᠢᠶᠡᠯᠡᠩ ᠳᠤᠭᠤᠷᠢᠭ  ᠢ ᠮᠠᠨᠳᠤᠭᠤᠯᠬᠤ ᠲᠦᠯᠥᠪᠯᠡᠭᠡ  ᠶᠢ ᠳᠤᠭᠳᠠᠭᠠᠨ ᠬᠡᠷᠡᠭᠵᠢᠬᠦᠯᠵᠦ᠂ ᠴᠢᠳᠠᠪᠬᠢ ᠶᠢᠨ ᠪᠠᠶᠢᠷᠢ ᠰᠠᠭᠤᠷᠢ᠂ ᠠᠵᠤ ᠦᠢᠯᠡᠳᠪᠦᠷᠢ ᠶᠢᠨ ᠪᠠᠶᠢᠷᠢ ᠰᠠᠭᠤᠷᠢ  ᠶᠢ ᠤᠯᠠᠮ ᠨᠢᠬᠡ ᠠᠯᠬᠤᠮ ᠳᠤᠳᠤᠷᠬᠠᠶᠢᠯᠠᠵᠤ᠂ ᠰᠢᠨ᠎ᠡ   ᠪᠠᠷ ᠤᠷᠤᠵᠤ ᠢᠷᠡᠬᠦ ᠠᠵᠤ ᠦᠢᠯᠡᠰ  ᠤᠨ  ᠬᠦᠷᠢᠶᠡᠯᠡᠩ ᠳᠤᠭᠤᠷᠢᠭ  ᠲᠤ ᠤᠷᠤᠵᠤ ᠰᠠᠭᠤᠷᠢᠰᠢᠬᠤ  ᠶᠢ ᠨᠢ ᠬᠦᠳᠦᠯᠥᠨ ᠵᠢᠯᠤᠭᠤᠳᠤᠨ᠎ᠠ᠃  ︽ᠬᠠᠮᠢᠶᠠᠷᠤᠯᠳᠠ ᠶᠢᠨ ᠵᠦᠪᠯᠡᠯ+ ᠺᠤᠮᠫᠠᠨᠢ︾ ᠵᠠᠭᠪᠤᠷ  ᠢ ᠶᠠᠪᠤᠭᠤᠯᠵᠤ᠂ ᠬᠦᠷᠢᠶᠡᠯᠡᠩ ᠳᠤᠭᠤᠷᠢᠭ  ᠤᠨ ᠬᠠᠮᠢᠶᠠᠷᠤᠯᠳᠠ ᠶᠢᠨ ᠪᠠᠶᠢᠭᠤᠯᠤᠮᠵᠢ ᠪᠤᠯᠤᠨ ᠠᠵᠢᠯ  ᠤᠨ ᠳᠤᠭᠳᠠᠯᠴᠠᠭ᠎ᠠ  ᠶᠢ ᠰᠢᠯᠤᠭᠤᠳᠬᠠᠨ᠎ᠠ᠃ ︽ᠬᠠᠮᠢᠶᠠᠷᠤᠯᠳᠠ  ᠶᠢᠨ ᠵᠦᠪᠯᠡᠯ+ ᠺᠤᠮᠫᠠᠨᠢ︾  ᠶᠢᠨ ᠵᠠᠭᠪᠤᠷ  ᠢ ᠲᠡᠯᠬᠡᠷᠡᠬᠦᠯᠥᠨ᠂ ᠬᠦᠷᠢᠶᠡᠯᠡᠩ ᠳᠤᠭᠤᠷᠢᠭ  ᠤᠨ ᠬᠠᠮᠢᠶᠠᠷᠤᠯᠳᠠ  ᠶᠢᠨ ᠪᠠᠶᠢᠭᠤᠯᠤᠮᠵᠢ ᠪᠤᠯᠤᠨ ᠠᠵᠢᠯ ᠤᠨ ᠳᠤᠭᠳᠠᠯᠴᠠᠭ᠎ᠠ  ᠶᠢ ᠰᠢᠯᠤᠭᠤᠳᠬᠠᠵᠤ᠂ ︽ᠵᠤᠭᠰᠤᠩᠭᠤᠶᠢᠷᠠᠭᠰᠠᠨ ᠠᠵᠤ ᠠᠬᠤᠶᠢᠯᠠᠯ︾  ᠢ ᠨᠠᠷᠢᠨ ᠳᠠᠩᠰᠠᠨ  ᠠᠴᠠ ᠴᠡᠪᠡᠷᠯᠡᠨ ᠭᠠᠷᠭᠠᠭᠠᠳ᠂ ︽ᠵᠤᠭᠰᠤᠩᠭᠤᠶᠢᠷᠠᠭᠰᠠᠨ ᠠᠵᠤ ᠠᠬᠤᠶᠢᠯᠠᠯ︾  ᠢ ᠰᠢᠢᠳᠪᠦᠷᠢᠯᠡᠬᠦ ᠡᠷᠴᠢᠮ ᠢᠶᠠᠨ ᠴᠢᠩᠭᠠᠳᠬᠠᠨ᠎ᠠ᠃ ᠬᠦᠷᠢᠶᠡᠯᠡᠩ ᠳᠤᠭᠤᠷᠢᠭ  ᠤᠨ ᠰᠠᠭᠤᠷᠢ ᠲᠦᠬᠦᠬᠡᠷᠦᠮᠵᠢ  ᠶᠢᠨ ᠪᠡᠯᠡ ᠤᠷᠤᠭᠤᠯᠬᠤ ᠡᠷᠴᠢᠮ  ᠢ ᠲᠡᠬᠡᠭᠰᠢᠯᠡᠬᠦᠯᠵᠦ᠂ ᠤᠰᠤ ᠴᠠᠬᠢᠯᠭᠠᠨ ᠢᠯᠴᠢ᠂ ᠬᠤᠭ ᠨᠤᠪᠰᠢ  ᠶᠢ ᠰᠢᠢᠳᠪᠦᠷᠢᠯᠡᠬᠦ᠂ ᠰᠢᠭᠠᠷᠤ ᠰᠢᠪᠬᠠᠳᠠᠰᠤ  ᠶᠢᠨ ᠳᠠᠯᠠᠪᠠᠢ ᠵᠡᠷᠬᠡ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠳᠠ  ᠶᠢ ᠲᠡᠬᠦᠯᠳᠡᠷᠵᠢᠬᠦᠯᠬᠦ  ᠶᠢ ᠲᠦᠷᠬᠡᠳᠬᠡᠵᠦ᠂ ᠠᠵᠤ ᠠᠬᠤᠢ ᠶᠢᠨ ᠬᠦᠷᠢᠶᠡᠯᠡᠩ ᠳᠤᠭᠤᠷᠢᠭ ᠪᠦᠬᠦᠨ  ᠳᠤ ᠪᠤᠵᠠᠷ ᠤᠰᠤ  ᠶᠢ ᠰᠢᠢᠳᠪᠦᠷᠢᠯᠡᠬᠦ ᠲᠦᠬᠦᠬᠡᠷᠦᠮᠵᠢ ᠶᠢ ᠪᠦᠲᠦᠬᠡᠨ ᠪᠠᠶᠢᠭᠤᠯᠤᠨ᠎ᠠ᠃      ︵ᠲᠦᠷᠪᠡ︶ ᠳᠠᠪᠤᠨ ᠬᠤᠳᠠ  ᠶᠢ ᠬᠠᠮᠳᠤ ᠳᠤᠨᠢ ᠴᠤᠭᠴᠠᠯᠠᠬᠤ ᠪᠠᠷ ᠠᠴᠢᠶᠠᠯᠠᠪᠤᠷᠢ ᠪᠤᠯᠭᠠᠨ᠂ ᠬᠤᠳᠠ ᠶᠢᠨ ᠬᠦᠭᠵᠢᠯᠳᠡ ᠶᠢᠨ ᠬᠢᠷᠢ ᠲᠦᠪᠰᠢᠨ  ᠢ ᠲᠡᠬᠡᠭᠰᠢᠯᠡᠬᠦᠯᠦᠨ᠎ᠡ       ᠲᠦᠯᠦᠪᠵᠢᠬᠦᠯᠭᠡ ᠶᠢᠨ ᠤᠨᠴᠠᠯᠢᠭ ᠢᠶᠠᠨ ᠳᠤᠪᠤᠶᠢᠮ᠎ᠠ ᠪᠤᠯᠭᠠᠨ᠎ᠠ᠃ ᠬᠦᠮᠦᠨ ᠢᠶᠠᠷ ᠦᠨᠳᠦᠰᠦ ᠪᠤᠯᠭᠠᠨ᠂ ᠠᠵᠤ ᠦᠢᠯᠡᠰ ᠬᠤᠳᠠ ᠬᠠᠷᠢᠯᠴᠠᠨ ᠬᠦᠳᠡᠯᠦᠯᠴᠡᠬᠦ᠂ ᠬᠤᠳᠠ ᠬᠦᠳᠡᠭᠡ ᠠᠭᠤᠰᠤᠯᠴᠠᠬᠤ ᠶᠢ ᠪᠠᠷᠢᠮᠳᠠᠯᠠᠵᠤ ᠲᠦᠯᠥᠪᠵᠢᠬᠦᠯᠬᠡ ᠶᠢᠨ ᠳᠤᠯᠤᠭᠠᠶᠢᠯᠠᠬᠤ ᠦᠢᠯᠡᠳᠦᠯ ᠪᠤᠯᠤᠨ ᠵᠠᠮᠴᠢᠯᠠᠬᠤ ᠦᠢᠯᠡᠳᠦᠯ  ᠢ ᠬᠦᠢᠴᠡᠳ ᠪᠠᠳᠠᠷᠠᠭᠤᠯᠤᠨ᠂ ᠲᠦᠪ ᠬᠤᠳᠠ ᠳᠤᠭᠤᠷᠢᠭ᠂ ᠬᠤᠰᠢᠭᠤ ᠰᠢᠶᠠᠨ  ᠤ ᠲᠡᠰ  ᠤᠨ ᠬᠤᠳᠠ᠂ ᠤᠨᠴᠠᠯᠢᠭᠳᠤ ᠪᠠᠯᠭᠠᠰᠤ ᠪᠠᠷ ᠬᠡᠪ ᠲᠦᠯᠥᠪ ᠪᠤᠯᠭᠠᠭᠰᠠᠨ ᠤᠳᠤᠬᠢᠴᠢᠯᠠᠭᠰᠠᠨ ᠬᠤᠳᠠ ᠪᠠᠯᠭᠠᠰᠤᠨ  ᠤ ᠪᠠᠶᠢᠭᠤᠯᠤᠯᠳᠠ  ᠶᠢ ᠲᠦᠷᠬᠡᠳᠬᠡᠨ᠎ᠡ᠃ ᠲᠦᠪ ᠬᠤᠳᠠ ᠳᠤᠭᠤᠷᠢᠭ   ᠲᠤ ︽ᠤᠯᠠᠨ ᠲᠦᠯᠥᠪᠵᠢᠬᠦᠯᠬᠡ  ᠶᠢ ᠨᠢᠬᠡ ᠪᠤᠯᠭᠠᠬᠤ︾ ᠶᠢᠨ ᠬᠠᠮᠳᠤ ᠡᠯ᠎ᠡ ᠬᠤᠰᠢᠭᠤ ᠰᠢᠶᠠᠨ ᠬᠤᠳᠠ ᠳᠤ ᠪᠦᠬᠦ ᠳᠠᠯ᠎ᠠ ᠪᠠᠷ ᠬᠡᠷᠡᠭᠵᠢᠬᠦᠯᠵᠤ᠂ ᠨᠢᠬᠡᠳᠦᠯᠳᠠᠢ ᠲᠦᠯᠥᠪᠵᠢᠬᠦᠯᠬᠡ ᠶᠢᠨ ᠲᠦᠰᠦᠪ ᠪᠤᠯᠤᠨ ᠰᠤᠷᠠᠭ ᠵᠠᠩᠬᠢ ᠶᠢᠨ ᠬᠠᠮᠢᠶᠠᠷᠤᠯᠳᠠ ᠶᠢᠨ ᠳᠠᠪᠴᠠᠩ  ᠢ ᠪᠦᠷᠢᠯᠳᠦᠬᠦᠯᠥᠨ᠎ᠡ᠃ ᠬᠤᠰᠢᠭᠤ ᠰᠢᠶᠠᠨ ᠬᠤᠳᠠ ᠶᠢᠨ ᠰᠢᠨ᠎ᠡ ᠨᠢᠬᠡᠨ ᠡᠬᠡᠯᠵᠢ ᠶᠢᠨ ᠶᠡᠷᠦᠩᠬᠡᠢ ᠲᠦᠯᠥᠪᠵᠢᠬᠦᠯᠬᠡ ᠶᠢᠨ ᠬᠡᠷᠡᠭᠵᠢᠬᠦᠯᠥᠯᠳᠡ  ᠶᠢ ᠦᠨᠡᠯᠡᠬᠦ ᠪᠤᠯᠤᠨ ᠤᠨᠴᠠᠯᠢᠭᠳᠤ ᠪᠠᠯᠭᠠᠰᠤᠨ  ᠤ ᠲᠦᠯᠥᠪᠵᠢᠬᠦᠯᠬᠡ ᠶᠢᠨ ᠠᠵᠢᠯ  ᠢ ᠰᠠᠶᠢᠳᠤᠷ ᠠᠳᠬᠤᠨ᠎ᠠ᠃ ᠲᠦᠪ ᠬᠤᠳᠠ ᠳᠤᠭᠤᠷᠢᠭ ᠬᠢᠵᠠᠭᠠᠷᠯᠠᠬᠤ ᠴᠢᠨᠠᠷ  ᠲᠠᠢ ᠨᠠᠷᠢᠨ ᠲᠦᠯᠥᠪᠵᠢᠬᠦᠯᠬᠡ ᠶᠢᠨ ᠪᠦᠬᠦ ᠪᠦᠷᠬᠦᠯᠳᠡ  ᠶᠢ ᠪᠡᠶᠡᠯᠡᠬᠦᠯᠥᠨ᠎ᠡ᠃ ᠤᠯᠤᠰ  ᠤᠨ ᠬᠤᠶᠠᠳᠤᠭᠠᠷ ᠪᠦᠯᠥᠭ  ᠤᠨ ᠬᠤᠳᠠ ᠪᠠᠯᠭᠠᠰᠤᠨ  ᠤ ᠵᠢᠷᠤᠭ ᠲᠦᠯᠥᠪᠯᠡᠭᠡ ᠶᠢᠨ ᠳᠤᠷᠰᠢᠯᠳᠠ ᠶᠢᠨ ᠴᠢᠭ᠋  ᠤᠨ ᠠᠵᠢᠯ  ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠤᠨ᠂ ᠪᠠᠷᠢᠯᠭ᠎ᠠ ᠶᠢᠨ ᠵᠢᠷᠤᠵᠤ ᠲᠦᠯᠥᠪᠯᠡᠬᠦ ᠬᠢᠷᠢ ᠲᠦᠪᠰᠢᠨ ᠪᠤᠯᠤᠨ ᠴᠢᠨᠠᠷ ᠴᠢᠨᠰᠠᠭ᠎ᠠ  ᠶᠢ ᠲᠡᠬᠡᠭᠰᠢᠯᠡᠬᠦᠯᠵᠦ᠂ ᠰᠠᠶᠢᠬᠠᠨ ᠠᠭᠤᠯᠠ ᠤᠰᠤ᠂ ᠭᠤᠶᠤ ᠦᠵᠡᠮᠵᠢ  ᠶᠢ ᠬᠤᠳᠠ ᠶᠢᠨ ᠪᠠᠶᠢᠭᠤᠯᠤᠯᠳᠠ  ᠳᠤ ᠠᠭᠤᠰᠬᠠᠨ᠂ ᠲᠡᠦᠬᠡ ᠰᠤᠶᠤᠯ᠂ ᠨᠤᠳᠤᠭ ᠤᠰᠤᠨ  ᠤ ᠤᠨᠴᠠᠯᠢᠭ  ᠢ ᠪᠠᠷᠢᠯᠭ᠎ᠠ ᠶᠢᠨ ᠪᠠᠶᠢᠭᠤᠯᠤᠯᠳᠠ ᠲᠠᠢ ᠤᠶᠠᠯᠳᠤᠭᠤᠯᠤᠨ᠎ᠠ᠃ ᠲᠦᠯᠥᠪᠵᠢᠬᠦᠯᠬᠡ ᠶᠢᠨ ᠬᠠᠳᠠᠨ ᠴᠢᠨᠠᠷ ᠲᠠᠢ ᠬᠢᠵᠠᠭᠠᠷᠯᠠᠯ ᠢ ᠴᠢᠩᠭᠠᠳᠬᠠᠵᠤ᠂ ᠢᠷᠠᠭᠤ ᠰᠠᠶᠢᠬᠠᠨ ᠵᠢᠷᠤᠭ ᠲᠦᠰᠦᠪ  ᠤᠨ ᠪᠡᠶᠡᠯᠡᠭᠳᠡᠬᠦ  ᠶᠢ ᠦᠨᠡᠨᠬᠦ ᠪᠠᠳᠤᠯᠠᠨ᠎ᠠ᠃     ᠬᠤᠳᠠ ᠶᠢᠨ ᠴᠢᠳᠠᠪᠬᠢ  ᠶᠢ ᠲᠡᠬᠦᠯᠳᠡᠷᠵᠢᠬᠦᠯᠥᠨ᠎ᠡ᠃ ᠬᠠᠭᠤᠴᠢᠨ ᠬᠤᠳᠠ ᠶᠢᠨ ᠦᠬᠡᠷᠡᠴᠢᠯᠡᠯᠳᠡ ᠬᠢᠬᠡᠳ ᠰᠢᠨ᠎ᠡ ᠬᠤᠳᠠ ᠶᠢᠨ ᠪᠠᠶᠢᠭᠤᠯᠤᠯᠳᠠ᠂ ᠰᠠᠭᠤᠷᠢ ᠲᠦᠬᠦᠬᠡᠷᠦᠮᠵᠢ ᠬᠢᠬᠡᠳ ᠤᠯᠠᠨ ᠨᠡᠶᠢᠳᠡ ᠶᠢᠨ ᠦᠢᠯᠡᠴᠢᠯᠡᠭᠡ᠂ ᠭᠠᠵᠠᠷ ᠳᠤᠤᠷᠠᠬᠢ ᠪᠠᠶᠢᠭᠤᠯᠤᠯᠳᠠ ᠬᠢᠬᠡᠳ ᠭᠠᠵᠠᠷ ᠲᠡᠬᠡᠷᠡᠬᠢ ᠪᠠᠶᠢᠭᠤᠯᠤᠯᠳᠠ  ᠶᠢ ᠨᠢᠬᠡᠳᠦᠯᠳᠠᠢ ᠲᠦᠯᠥᠪᠯᠡᠨ ᠰᠠᠶᠢᠳᠤᠷ ᠠᠳᠬᠤᠨ᠎ᠠ᠃ ᠭᠠᠵᠠᠷ ᠳᠤᠤᠷᠠᠬᠢ ᠬᠤᠭᠤᠯᠠᠢ ᠭᠤᠤᠷᠰᠤᠨ  ᠤ ᠬᠤᠩᠬᠢᠯ  ᠤᠨ ᠪᠠᠶᠢᠭᠤᠯᠤᠯᠳᠠ  ᠶᠢ ᠲᠦᠯᠬᠢᠨ ᠠᠬᠢᠭᠤᠯᠵᠤ᠂ ᠳᠤᠯᠠᠭᠠᠯᠭ᠎ᠠ᠂ ᠤᠰᠤ ᠬᠠᠩᠭᠠᠬᠤ ᠬᠤᠭᠤᠯᠠᠢ 80 ᠺᠢᠯᠤᠮᠧᠲᠷ ᠪᠤᠯᠤᠨ 75 ᠺᠢᠯᠤᠮᠧᠲᠷ  ᠢ ᠰᠢᠨ᠎ᠡ ᠪᠠᠷ ᠪᠤᠶᠤ ᠦᠬᠡᠷᠡᠴᠢᠯᠡᠨ ᠪᠠᠶᠢᠭᠤᠯᠵᠤ᠂ ᠲᠦᠪᠯᠡᠷᠡᠩᠬᠦᠢ ᠳᠤᠯᠠᠭᠠᠯᠭ᠎ᠠ ᠪᠤᠯᠤᠨ ᠤᠰᠤ ᠬᠠᠩᠭᠠᠬᠤ ᠲᠦᠬᠡᠮᠡᠯᠵᠢᠯᠡᠯᠳᠡ ᠶᠢᠨ ᠨᠤᠷᠮ᠎ᠠ  ᠶᠢ 92% ᠪᠤᠯᠤᠨ 97%  ᠳᠤ ᠬᠦᠷᠬᠡᠨ᠎ᠡ᠃ ᠤᠯᠠᠨ ᠠᠷᠭ᠎ᠠ ᠵᠠᠮ ᠢᠶᠠᠷ ᠪᠦᠷᠬᠡ ᠭᠡᠷ ᠤᠨ ᠳᠤᠭᠤᠷᠢᠭ ᠢ ᠦᠬᠡᠷᠡᠴᠢᠯᠡᠬᠦ ᠪᠡᠯᠡ ᠮᠥᠩᠬᠦ ᠶᠢ ᠰᠢᠢᠳᠪᠦᠷᠢᠯᠡᠨ᠂ 3.9 ᠲᠦᠮᠡᠨ ᠢᠵᠢ ᠬᠡᠷ ᠪᠠᠶᠢᠰᠢᠩ ᠲᠠᠢ ᠪᠦᠷᠬᠡ ᠭᠡᠷ ᠤᠨ ᠳᠤᠭᠤᠷᠢᠭ  ᠢ ᠦᠬᠡᠷᠡᠴᠢᠯᠡᠬᠦ ᠡᠬᠦᠷᠬᠡ  ᠶᠢ ᠪᠡᠶᠡᠯᠡᠬᠦᠯᠬᠦ ᠶᠢᠨ ᠵᠡᠷᠬᠡᠪᠡᠷ ᠳᠤᠳᠠᠭᠤ ᠲᠤᠷᠭᠤᠨ ᠪᠠᠷᠢᠯᠭ᠎ᠠ ᠶᠢᠨ ᠠᠰᠠᠭᠤᠳᠠᠯ  ᠢ ᠰᠠᠶᠢᠳᠤᠷ ᠰᠢᠢᠳᠪᠦᠷᠢᠯᠡᠨ᠎ᠡ᠃ ᠬᠤᠳᠠ ᠶᠢᠨ ᠳᠤᠭᠤᠷᠢᠭ ᠤᠨ ᠳᠤᠳᠠᠭᠤ ᠳᠤᠷᠭᠤᠨ ᠵᠠᠮ᠂ ᠬᠠᠶᠠᠭᠳᠠᠭᠰᠠᠨ ᠵᠠᠮ  ᠢ ᠠᠯᠬᠤᠮ ᠠᠯᠬᠤᠮ ᠢᠶᠠᠷ ᠵᠠᠰᠠᠨ ᠨᠡᠪᠳᠡᠷᠡᠬᠦᠯᠵᠦ᠂ ᠵᠠᠮ ᠨᠡᠪᠳᠡᠷᠡᠯᠬᠡ ᠶᠢᠨ ᠬᠠᠷᠢᠯᠴᠠᠨ ᠬᠤᠯᠪᠤᠯᠳᠤᠨ ᠬᠠᠷᠢᠯᠴᠠᠨ ᠨᠡᠪᠳᠡᠷᠡᠬᠦ ᠬᠢᠷᠢ ᠲᠦᠪᠰᠢᠨ ᠢ ᠲᠡᠬᠡᠭᠰᠢᠯᠡᠬᠦᠯᠥᠨ᠎ᠡ᠃ ᠬᠤᠳᠠ ᠶᠢᠨ ᠳᠤᠭᠤᠷᠢᠭ  ᠤᠨ ᠲᠡᠷᠬᠡᠨ ᠵᠤᠭᠰᠤᠭᠠᠯ ᠪᠤᠯᠤᠨ ᠨᠡᠶᠢᠳᠡ ᠶᠢᠨ ᠮᠠᠰᠢᠨ  ᠤ ᠲᠡᠷᠢᠬᠦᠨ ᠰᠡᠬᠦᠯ ᠦᠷᠳᠡᠬᠡᠨ ᠤ ᠪᠠᠶᠢᠭᠤᠯᠤᠯᠳᠠ ᠶᠢᠨ ᠡᠷᠴᠢᠮ  ᠢᠶᠠᠨ ᠴᠢᠩᠭᠠᠳᠬᠠᠵᠤ᠂ ᠬᠤᠳᠠ ᠶᠢᠨ ᠠᠷᠠᠳ ᠢᠷᠬᠡᠳ  ᠤᠨ ᠶᠠᠪᠤᠵᠤ ᠰᠠᠭᠤᠬᠤ  ᠳᠤ ᠨᠡᠩ ᠲᠦᠬᠦᠮ ᠲᠦᠳᠡ ᠨᠦᠬᠦᠴᠡᠯ ᠪᠦᠷᠢᠯᠳᠦᠬᠦᠯᠥᠨ ᠦᠭᠴᠦ᠂ ᠰᠠᠭᠠᠳ ᠦᠬᠡᠢ ᠨᠡᠪᠳᠡᠷᠡᠬᠦ  ᠶᠢ ᠪᠠᠳᠤᠯᠠᠨ᠎ᠠ᠃     ᠬᠠᠮᠢᠶᠠᠷᠤᠯᠳᠠ  ᠶᠢᠨ ᠵᠡᠷᠬᠡ ᠲᠡᠰ  ᠢ ᠲᠡᠬᠡᠭᠰᠢᠯᠡᠬᠦᠯᠥᠨ᠎ᠡ᠃ ᠰᠢᠨ᠎ᠡ ᠨᠢᠬᠡᠨ ᠡᠬᠡᠯᠵᠢ  ᠶᠢᠨ ᠪᠦᠬᠦ ᠤᠯᠤᠰ  ᠤᠨ ᠪᠤᠯᠪᠠᠰᠤᠨ ᠬᠤᠳᠠ  ᠶᠢ ᠴᠤᠭᠴᠠᠯᠠᠨ ᠪᠠᠶᠢᠭᠤᠯᠬᠤ ᠠᠵᠢᠯ  ᠢ ᠦᠷᠨᠢᠬᠦᠯᠥᠨ᠎ᠡ᠃ ᠬᠤᠳᠠ ᠶᠢᠨ ᠬᠠᠮᠢᠶᠠᠷᠤᠯᠳᠠ  ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠥᠯᠳᠡ  ᠶᠢᠨ ᠪᠠᠶᠢᠭᠤᠯᠤᠮᠵᠢ ᠶᠢᠨ ᠦᠬᠡᠷᠡᠴᠢᠯᠡᠯᠳᠡ  ᠶᠢ ᠬᠦᠨᠵᠡᠬᠡᠶᠢᠷᠡᠬᠦᠯᠥᠨ᠂ ᠬᠤᠳᠠ ᠶᠢᠨ ᠦᠩᠬᠡ ᠲᠦᠷᠰᠦ ᠶᠢᠨ ᠶᠡᠷᠦᠩᠬᠡᠶᠢᠯᠡᠨ ᠵᠠᠰᠠᠨ ᠴᠡᠭᠴᠡᠯᠡᠯᠳᠡ  ᠶᠢ ᠦᠷᠬᠦᠯᠵᠢᠯᠡᠨ ᠠᠬᠢᠭᠤᠯᠤᠨ᠎ᠠ᠃ ︽ᠠᠳᠠᠯ ᠠᠬᠤᠢ ᠶᠢᠨ  ᠬᠠᠮᠢᠶᠠᠷᠤᠯᠳᠠ ᠶᠢᠨ ᠲᠦᠷᠢᠮ︾ ᠭᠠᠷᠭᠠᠵᠤ᠂ ᠠᠳᠠᠯ ᠠᠬᠤᠢ ᠶᠢᠨ ᠦᠢᠯᠡᠴᠢᠯᠡᠬᠡᠨ  ᠤ ᠵᠠᠬ᠎ᠠ ᠲᠡᠯᠬᠡᠬᠦᠷᠴᠢᠯᠡᠬᠦ ᠳᠤᠭᠳᠠᠴᠠ  ᠶᠢ ᠰᠠᠶᠢᠵᠢᠷᠠᠭᠤᠯᠤᠨ᠂ ᠦᠢᠯᠡᠴᠢᠯᠡᠬᠡᠨ ᠤ ᠴᠢᠨᠠᠷ ᠴᠢᠨᠰᠠᠭ᠎ᠠ ᠪᠤᠯᠤᠨ ᠬᠢᠷᠢ ᠲᠦᠪᠰᠢᠨ ᠢᠶᠠᠨ ᠲᠡᠬᠡᠭᠰᠢᠯᠡᠬᠦᠯᠥᠨ᠎ᠡ᠃ ᠬᠤᠳᠠ  ᠶᠢᠨ ︽ᠬᠤᠤᠰ ᠰᠡᠯᠪᠢᠨ ᠵᠠᠰᠠᠯᠳᠠ︾  ᠶᠢ ᠲᠦᠯᠬᠢᠨ ᠠᠬᠢᠭᠤᠯᠵᠤ᠂ ᠨᠤᠭᠤᠭᠠᠷᠠᠭᠤᠯᠤᠯᠳᠠ ᠶᠢ ᠨᠡᠮᠡᠭᠳᠡᠬᠦᠯᠬᠦ᠂ ᠬᠡᠬᠡᠷᠡᠬᠦᠯᠥᠯᠳᠡ  ᠶᠢ ᠰᠢᠨᠡᠴᠢᠯᠡᠬᠦ ᠪᠤᠯᠤᠨ ᠠᠭᠤᠯᠠᠨ ᠴᠤᠭᠴᠠ ᠂ ᠤᠰᠤᠨ ᠰᠢᠰᠲ᠋ᠧᠮ᠂ ᠨᠤᠭᠤᠭᠠᠷᠠᠭᠤᠯᠤᠯᠳᠠ  ᠶᠢ ᠰᠡᠯᠪᠢᠨ ᠵᠠᠰᠠᠨ᠎ᠡ᠃ ᠬᠤᠷ᠎ᠠ ᠳᠤᠨᠤᠳᠠᠰᠤ  ᠶᠢ ᠪᠦᠲᠦᠮᠵᠢᠳᠠᠢ ᠠᠰᠢᠭᠯᠠᠬᠤ ᠬᠤᠳᠠ᠂ ᠤᠯᠤᠰ  ᠤᠨ ᠠᠮᠢ ᠠᠬᠤᠢ ᠶᠢᠨ ᠴᠡᠴᠡᠷᠯᠢᠭᠲᠦ ᠬᠤᠳᠠ᠂ ᠤᠯᠤᠰ  ᠤᠨ ᠤᠰᠤ ᠠᠷᠪᠢᠯᠠᠬᠤ ᠬᠤᠳᠠ  ᠶᠢ ᠪᠦᠲᠦᠬᠡᠨ ᠪᠠᠶᠢᠭᠤᠯᠬᠤ ᠶᠢᠨ ᠬᠠᠮᠳᠤ ᠨᠢᠬᠡ ᠪᠦᠯᠥᠭ ᠪᠤᠯᠪᠠᠰᠤᠨ ᠰᠢᠶᠠᠨ  ᠤ ᠬᠤᠳᠠ᠂ ᠴᠡᠴᠡᠷᠯᠢᠭᠲᠦ ᠰᠢᠶᠠᠨ  ᠤ ᠬᠤᠳᠠ᠂ ᠡᠷᠡᠬᠦᠯ ᠬᠠᠮᠠᠭᠠᠯᠠᠯ  ᠤᠨ ᠰᠢᠶᠠᠨ ᠤ ᠬᠤᠳᠠ  ᠶᠢ ᠴᠤᠭᠴᠠᠯᠠᠨ ᠪᠠᠶᠢᠭᠤᠯᠤᠨ᠎ᠠ᠃ ᠤᠯᠤᠰ  ᠤᠨ ᠢᠳᠡᠬᠡᠨ ᠤᠮᠳᠠᠭᠠᠨ  ᠤ ᠠᠮᠤᠷ ᠲᠦᠪᠰᠢᠨ  ᠤ ᠬᠤᠳᠠ ᠶᠢᠨ ᠰᠢᠯᠭᠠᠨ ᠳᠤᠭᠳᠠᠭᠠᠬᠤ ᠠᠵᠢᠯ  ᠢ ᠰᠠᠶᠢᠳᠤᠷ ᠬᠢᠵᠦ᠂ ᠡᠯ᠎ᠡ ᠬᠤᠰᠢᠭᠤ ᠰᠢᠶᠠᠨ ᠬᠤᠳᠠ ᠳᠤᠭᠤᠷᠢᠭ ᠨᠢ ᠴᠦᠮ ᠢᠳᠡᠬᠡᠨ  ᠢ ᠦᠢᠯᠡᠳᠪᠦᠷᠢᠯᠡᠨ ᠡᠳ᠋ᠰᠢᠬᠦᠯᠬᠦ ᠳᠤᠭᠤᠷᠢᠭ ᠪᠤᠯᠤᠨ ᠪᠢᠳᠡᠬᠦᠮᠵᠢᠯᠡᠭᠰᠡᠨ ᠬᠡᠯᠪᠡᠷᠢ ᠶᠢᠨ ᠳᠠᠷᠢᠶᠠᠯᠠᠩ ᠠᠷᠠᠯᠵᠢᠶᠠᠨ  ᠤ ᠵᠠᠬ᠎ᠠ ᠲᠡᠯᠬᠡᠬᠦᠷ ᠪᠠᠶᠢᠭᠤᠯᠵᠤ᠂ ᠢᠳᠡᠬᠡᠨ  ᠤ ᠵᠢᠵᠢᠭ ᠦᠢᠯᠡᠳᠬᠡᠯ  ᠤᠨ ᠭᠠᠵᠠᠷ  ᠤᠨ ᠦᠢᠯᠡᠳᠪᠦᠷᠢ ᠶᠢᠨ ᠳᠤᠭᠤᠷᠢᠭ  ᠲᠤ ᠤᠷᠤᠬᠤ ᠨᠤᠷᠮ᠎ᠠ ᠪᠤᠯᠤᠨ ᠶᠠᠪᠤᠭᠤᠯ ᠮᠠᠶᠢᠮᠠᠶᠢᠴᠢᠨ  ᠤ ᠳᠠᠷᠢᠶᠠᠯᠠᠩ  ᠤᠨ ᠵᠠᠬ᠎ᠠ ᠲᠡᠯᠬᠡᠬᠦᠷ  ᠲᠤ ᠤᠷᠤᠬᠤ ᠨᠤᠷᠮ᠎ᠠ  ᠶᠢ 8%  ᠠᠴᠠ ᠲᠡᠬᠡᠭᠰᠢ ᠬᠦᠷᠬᠡᠨ᠎ᠡ᠃ ᠪᠦᠬᠦ ᠠᠷᠠᠳ  ᠤᠨ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠲᠦᠬᠦᠬᠡᠷᠦᠮᠵᠢ  ᠶᠢᠨ ᠪᠠᠶᠢᠭᠤᠯᠤᠯᠳᠠ  ᠶᠢ ᠲᠦᠷᠬᠡᠳᠬᠡᠨ᠂ 10 ᠮᠢᠨᠦ᠋ᠲ  ᠲᠤ ᠪᠡᠶ᠎ᠡ ᠪᠠᠨ ᠪᠤᠯᠪᠠᠰᠤᠷᠠᠭᠤᠯᠬᠤ ᠬᠦᠷᠢᠶ᠎ᠡ ᠶᠢ ᠪᠠᠶᠢᠭᠤᠯᠤᠨ᠎ᠠ᠃ ᠤᠯᠠᠭᠠᠨᠴᠠᠪ ᠢᠶᠠᠨ ᠨᠤᠳᠤᠭᠰᠢᠨ ᠰᠠᠭᠤᠭᠴᠢᠳ ᠤᠨ ᠰᠡᠳᠬᠢᠯ ᠲᠡᠨᠢᠬᠦᠨ᠂ ᠵᠤᠷᠴᠢᠨ ᠢᠷᠡᠭᠰᠡᠳ ᠰᠨᠠᠠᠭ᠎ᠠ ᠪᠠᠶᠠᠰᠤᠩᠭᠤᠢ᠂ ᠤᠷᠤᠰᠢᠨ ᠠᠮᠢᠳᠤᠷᠠᠬᠤ ᠳᠤ ᠳᠠᠭᠠᠯᠠᠮᠵᠢᠳᠠᠢ᠂ ᠦᠢᠯᠡᠰ ᠴᠤᠭᠴᠠᠯᠠᠬᠤ  ᠳᠤ ᠲᠤᠬᠢᠷᠠᠮᠵᠢᠳᠠᠢ ᠵᠢᠭᠤᠯᠴᠢᠯᠠᠨ ᠵᠤᠭᠠᠴᠠᠬᠤ  ᠳᠤ ᠰᠤᠨᠢᠷᠬᠠᠯ ᠲᠠᠢ ᠤᠳᠤᠬᠢᠴᠢᠯᠠᠭᠰᠠᠨ ᠬᠤᠳᠠ ᠪᠤᠯᠭᠠᠨ ᠪᠦᠲᠦᠬᠡᠨ ᠪᠠᠶᠢᠭᠤᠯᠤᠨ᠎ᠠ᠃     ︵ᠳᠠᠪᠤ︶ ᠦᠬᠡᠷᠡᠴᠢᠯᠡᠯᠳᠡ  ᠶᠢ ᠬᠦᠨᠵᠡᠬᠡᠶᠢᠷᠡᠬᠦᠯᠵᠦ ᠨᠡᠬᠡᠬᠡᠯᠳᠡ ᠪᠠᠨ ᠦᠷᠬᠡᠳᠬᠡᠵᠦ᠂ ᠵᠠᠬ᠎ᠠ ᠲᠡᠯᠬᠡᠬᠦᠷ  ᠤᠨ ᠭᠤᠤᠯ ᠴᠤᠭᠴᠠ ᠶᠢᠨ ᠠᠮᠢᠵᠢᠷᠠᠯ  ᠤᠨ ᠬᠦᠴᠦᠨ ᠢ ᠬᠦᠭᠵᠢᠬᠡᠨ᠎ᠡ      ᠬᠠᠩᠭᠠᠯᠭ᠎ᠠ ᠶᠢᠨ ᠳᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ  ᠶᠢ ᠬᠦᠨᠵᠡᠬᠡᠢ ᠲᠦᠯᠬᠢᠨ ᠠᠬᠢᠭᠤᠯᠤᠨ᠎ᠠ᠃ ᠦᠢᠯᠡᠳᠪᠦᠷᠢᠯᠡᠬᠦ ᠴᠢᠳᠠᠪᠤᠷᠢ  ᠶᠢ ᠬᠠᠰᠤᠬᠤ ᠦᠷ᠎ᠡ ᠪᠦᠲᠦᠮᠵᠢ  ᠶᠢ ᠦᠷᠬᠡᠳᠬᠡᠨ ᠪᠠᠳᠤᠳᠬᠠᠵᠤ᠂ ᠦᠢᠯᠡᠳᠪᠦᠷᠢᠯᠡᠬᠦ ᠴᠢᠳᠠᠪᠤᠷᠢ ᠦᠯᠡᠬᠦᠳᠡᠵᠦ ᠪᠠᠶᠢᠭ᠎ᠠ ᠠᠵᠢᠯ ᠲᠦᠷᠦᠯ ᠤᠨ ᠲᠦᠷᠢᠮ  ᠢ ᠵᠦᠷᠢᠴᠡᠵᠦ ᠰᠢᠨ᠎ᠡ ᠲᠦᠷᠦᠯ ᠵᠦᠢᠯ ᠭᠠᠷᠭᠠᠬᠤ  ᠶᠢ ᠨᠢ ᠡᠷᠡᠰ ᠴᠠᠭᠠᠵᠠᠯᠠᠨ᠎ᠠ᠃ ︽ᠬᠡᠷ  ᠢ ᠰᠠᠭᠤᠬᠤ  ᠳᠤ ᠬᠡᠷᠡᠭᠯᠡᠬᠦ  ᠠᠴᠠ ᠪᠢᠰᠢ᠂ ᠫᠠᠨᠽᠠᠯᠠᠬᠤ  ᠳᠤ ᠬᠡᠷᠡᠭᠯᠡᠬᠦ ᠪᠢᠰᠢ︾ ᠪᠠᠶᠢᠬᠤ  ᠶᠢ ᠪᠠᠷᠢᠮᠳᠠᠯᠠᠵᠤ᠂ ᠬᠡᠷ ᠭᠠᠵᠠᠷ ᠬᠦᠷᠦᠩᠬᠡ  ᠶᠢ ᠬᠦᠮᠦᠷᠬᠡᠯᠡᠯᠳᠡ  ᠠᠴᠠ ᠬᠠᠰᠤᠬᠤ ᠪᠠ ᠪᠦᠷᠬᠡ ᠬᠡᠷ  ᠤᠨ ᠳᠤᠭᠤᠷᠢᠭ  ᠤᠨ ᠦᠬᠡᠷᠡᠴᠢᠯᠡᠯᠳᠡ ᠶᠢᠨ ᠠᠵᠢᠯ  ᠢ ᠨᠢᠬᠡᠳᠦᠯᠳᠠᠢ ᠲᠦᠯᠥᠪᠯᠡᠵᠦ᠂ ᠤᠷᠤᠨ ᠰᠠᠭᠤᠴᠠ ᠶᠢᠨ ᠲᠦᠷᠢᠮ  ᠤᠨ ᠦᠬᠡᠷᠡᠴᠢᠯᠡᠯᠳᠡ ᠪᠠ ᠤᠳᠠᠭᠠᠨ ᠳᠠᠭᠠᠭᠠᠮᠠᠭᠠᠢ ᠳᠤᠭᠳᠠᠯᠴᠠᠭ᠎ᠠ ᠶᠢᠨ ᠪᠠᠶᠢᠭᠤᠯᠤᠯᠳᠠ  ᠶᠢ ᠲᠦᠷᠬᠡᠳᠬᠡᠵᠦ᠂ ᠬᠡᠷ ᠭᠠᠵᠠᠷ ᠬᠦᠷᠦᠩᠬᠡ ᠶᠢᠨ ᠦᠢᠯᠡᠰ  ᠤᠨ ᠡᠷᠡᠬᠦᠯ ᠬᠦᠭᠵᠢᠯᠳᠡ  ᠶᠢ ᠬᠦᠳᠦᠯᠥᠨ᠎ᠡ᠃ ᠰᠢᠭᠤᠳ ᠮᠥᠩᠬᠦᠨ ᠬᠦᠢᠯᠬᠡᠬᠡ  ᠶᠢ ᠶᠡᠬᠡᠪᠡᠷ ᠬᠦᠭᠵᠢᠬᠦᠯᠵᠦ᠂ ᠠᠵᠤ ᠠᠬᠤᠶᠢᠯᠠᠯ  ᠤᠨ ᠦᠷᠢᠳᠦᠬᠦ ᠨᠤᠷᠮ᠎ᠠ  ᠶᠢ ᠳᠤᠷᠤᠭᠰᠢᠯᠠᠭᠤᠯᠤᠨ᠎ᠠ᠃ ᠰᠤᠶᠢᠳᠬᠡᠯ ᠬᠤᠷᠢᠶᠠᠬᠤ ᠭᠠᠷᠴᠠᠭ  ᠤᠨ ᠨᠠᠷᠢᠨ ᠳᠠᠩᠰᠠ  ᠶᠢ ᠴᠢᠩᠭ᠎ᠠ ᠬᠡᠷᠡᠭᠵᠢᠬᠦᠯᠵᠦ᠂ ᠠᠵᠤ ᠠᠬᠤᠶᠢᠯᠠᠯ  ᠳᠤ ᠬᠤᠯᠪᠤᠭᠳᠠᠭᠰᠠᠨ ᠰᠦᠢᠳᠬᠡᠯ ᠬᠤᠷᠢᠶᠠᠯᠳᠠ  ᠶᠢ ᠦᠷᠬᠦᠯᠵᠢᠯᠡᠨ ᠴᠡᠪᠡᠷᠯᠡᠨ ᠲᠦᠷᠢᠮᠵᠢᠬᠦᠯᠵᠦ᠂ ᠪᠤᠳᠠᠳᠤ ᠴᠤᠭᠴᠠ ᠶᠢᠨ ᠠᠵᠤ ᠠᠬᠤᠢ ᠶᠢᠨ ᠳᠠᠷᠤᠭᠠᠰᠤ  ᠶᠢ ᠨᠢ ᠦᠷᠬᠦᠯᠵᠢᠯᠡᠨ ᠬᠦᠩᠬᠡᠯᠡᠵᠦ ᠦᠭᠬᠦᠨ᠎ᠡ᠃ ᠴᠠᠬᠢᠯᠭᠠᠨ ᠬᠦᠴᠦᠨ  ᠤ ᠲᠦᠷᠢᠮ  ᠤᠨ ᠦᠬᠡᠷᠡᠴᠢᠯᠡᠯᠳᠡ  ᠶᠢ ᠬᠦᠨᠵᠡᠬᠡᠶᠢᠷᠡᠬᠦᠯᠵᠦ᠂ ᠴᠠᠬᠢᠯᠭᠠᠨ ᠬᠦᠴᠦᠨ  ᠤ ᠤᠯᠠᠨ ᠳᠠᠯᠠᠳᠤ ᠠᠷᠠᠯᠵᠢᠶᠠᠨ  ᠤ ᠬᠡᠪᠴᠢᠶ᠎ᠡ  ᠶᠢ ᠦᠷᠬᠡᠳᠬᠡᠵᠦ᠂ ᠹᠧᠩᠵᠧᠨ  ᠤ ᠹᠯᠤᠷ  ᠤᠨ ᠬᠢᠮᠢ  ᠶᠢᠨ ᠠᠵᠤ ᠦᠢᠯᠡᠳᠪᠦᠷᠢ  ᠶᠢᠨ ᠳᠤᠭᠤᠷᠢᠭ  ᠤᠨ ᠬᠡᠮᠵᠢᠶ᠎ᠡ  ᠶᠢ ᠨᠢ ᠨᠡᠮᠡᠭᠳᠡᠬᠦᠯᠥᠨ᠂ ᠴᠠᠬᠢᠯᠭᠠᠨ ᠳᠤᠬᠢᠷᠠᠭᠤᠯᠬᠤ ᠳᠤᠤᠷ  ᠤᠨ ᠳᠤᠷᠰᠢᠯᠳᠠ ᠶᠢᠨ ᠴᠡᠭ  ᠤᠨ ᠲᠦᠷᠦᠯ ᠵᠦᠢᠯ  ᠢ ᠪᠠᠶᠢᠭᠤᠯᠤᠨ᠎ᠠ᠃ ᠤᠯᠠᠨ ᠨᠡᠶᠢᠳᠡ ᠶᠢᠨ ᠦᠢᠯᠡᠴᠢᠯᠡᠭᠡ᠂ ᠰᠠᠭᠤᠷᠢ ᠲᠦᠬᠦᠬᠡᠷᠦᠮᠵᠢ᠂ ᠠᠮᠢ ᠠᠬᠤᠢ ᠶᠢᠨ ᠤᠷᠴᠢᠨ ᠳᠤᠭᠤᠷᠢᠨ  ᠤ ᠬᠠᠮᠠᠭᠠᠯᠠᠯᠳᠠ᠂ ᠭᠠᠮᠰᠢᠭ  ᠢ ᠰᠡᠷᠬᠡᠶᠢᠯᠡᠵᠦ ᠭᠠᠮᠰᠢᠭ  ᠢ ᠪᠠᠭᠠᠰᠬᠠᠬᠤ ᠵᠡᠷᠬᠡ ᠬᠦᠷᠢᠶ᠎ᠡ ᠴᠠᠷᠠᠭ᠎ᠠ ᠳᠠᠬᠢ ᠳᠤᠳᠠᠭᠤᠳᠠᠯ ᠢᠶᠠᠨ ᠨᠦᠬᠦᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ      ᠭᠤᠤᠯᠳᠠᠯᠭᠠᠳᠤ ᠬᠦᠷᠢᠶ᠎ᠡ ᠴᠠᠷᠠᠭ᠎ᠠ ᠳᠠᠬᠢ ᠦᠬᠡᠷᠡᠴᠢᠯᠡᠯᠳᠡ ᠪᠠᠨ ᠲᠦᠷᠬᠡᠳᠬᠡᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ  ᠶᠢ ᠦᠷᠬᠦᠯᠵᠢᠯᠡᠨ ᠬᠦᠨᠵᠡᠬᠡᠶᠢᠷᠡᠬᠦᠯᠵᠦ᠂ ︽ᠳᠠᠷᠤᠶᠢᠬᠠᠨ ᠬᠦᠢᠴᠡᠳᠬᠡᠬᠦ︾ ︽ᠢᠯᠡᠬᠦᠦ ᠨᠢᠬᠡ ᠤᠳᠠᠭ᠎ᠠ ᠬᠦᠶᠦᠬᠦ︾ ᠵᠢᠴᠢ ᠦᠨᠡᠮᠯᠡᠯ ᠬᠡᠷᠡᠴᠢ ᠶᠢ ᠰᠠᠯᠭᠠᠵᠤ᠂ ᠶᠠᠪᠤᠳᠠᠯ ᠤᠨ ᠳᠤᠮᠳᠠᠬᠢ ᠶᠠᠪᠤᠳᠠᠯ  ᠤᠨ ᠳᠠᠷᠠᠭᠠᠬᠢ ᠶᠡᠷᠦᠩᠬᠡᠢ ᠬᠢᠨᠠᠨ ᠬᠠᠮᠢᠶᠠᠷᠤᠯᠳᠠ ᠵᠡᠷᠬᠡ ᠠᠷᠭ᠎ᠠ ᠪᠠᠷᠢᠯ  ᠢ ᠲᠡᠯᠬᠡᠷᠡᠬᠦᠯᠵᠦ᠂ ᠵᠠᠰᠠᠭ  ᠤᠨ ᠤᠷᠳᠤᠨ  ᠤ ᠴᠢᠳᠠᠪᠬᠢ  ᠶᠢᠨ ᠬᠤᠪᠢᠷᠠᠯᠳᠠ ᠪᠠᠷ ᠵᠠᠬ᠎ᠠ ᠲᠡᠯᠬᠡᠬᠦᠷ ᠤᠨ ᠠᠮᠢᠵᠢᠷᠠᠯ  ᠤᠨ ᠬᠦᠴᠦᠨ  ᠢ ᠬᠦᠭᠵᠢᠬᠡᠨ᠎ᠡ᠃ ︽ᠢᠨᠲ᠋ᠧᠷ ᠰᠦᠯᠵᠢᠶ᠎ᠡ+ ᠵᠠᠰᠠᠭ  ᠤᠨ ᠤᠷᠳᠤᠨ  ᠤ ᠦᠢᠯᠡᠴᠢᠯᠡᠭᠡ︾  ᠶᠢᠨ ᠵᠠᠭᠪᠤᠷ  ᠢ ᠪᠦᠬᠦ ᠳᠠᠯ᠎ᠠ ᠪᠠᠷ ᠬᠡᠷᠡᠭᠵᠢᠬᠦᠯᠵᠦ᠂ ᠵᠠᠰᠠᠭ  ᠤᠨ ᠶᠠᠪᠤᠳᠠᠯ  ᠤᠨ ᠰᠤᠷᠠᠭ ᠵᠠᠩᠬᠢ ᠶᠢᠨ ᠰᠢᠰᠲ᠋ᠧᠮ  ᠢ ᠨᠡᠶᠢᠳᠬᠡᠨ ᠴᠤᠭᠭᠠᠷ ᠡᠳ᠋ᠯᠡᠬᠦ  ᠶᠢ ᠲᠦᠷᠬᠡᠳᠬᠡᠨ ᠠᠬᠢᠭᠤᠯᠵᠤ᠂ ᠪᠦᠬᠦ ᠬᠤᠳᠠ ᠶᠢᠨ ︽ᠨᠢᠬᠡ ᠵᠦᠭ ᠲᠡᠭᠡᠨ ᠤᠷᠤᠭᠤᠯᠵᠤ᠂ ᠤᠯᠠᠨ ᠰᠠᠯᠠᠭ᠎ᠠ ᠮᠥᠴᠢᠷ ᠬᠠᠮᠳᠤᠪᠠᠷ ᠡᠳ᠋ᠯᠡᠬᠦ︾᠂ ︽ᠨᠢᠬᠡ ᠤᠳᠠᠭ᠎ᠠ ᠪᠦᠷᠢᠳᠬᠡᠬᠦᠯᠥᠬᠡᠳ ᠨᠢᠬᠡ ᠰᠦᠯᠵᠢᠶᠡᠨ ᠲᠡᠬᠡᠷ᠎ᠡ ᠬᠦᠢᠴᠡᠳᠬᠡᠬᠦ︾ ᠤᠯᠠᠨ ᠨᠡᠶᠢᠳᠡ ᠶᠢᠨ ᠦᠢᠯᠡᠴᠢᠯᠡᠬᠡᠨ  ᠤ ᠶᠡᠷᠦᠩᠬᠡᠶᠢᠯᠡᠭᠰᠡᠨ ᠳᠠᠪᠴᠠᠩ  ᠢ ᠪᠠᠶᠢᠭᠤᠯᠵᠤ᠂ ᠵᠠᠰᠠᠭ  ᠤᠨ ᠶᠠᠪᠤᠳᠠᠯ  ᠤᠨ ᠳᠤᠮᠤ ᠳᠠᠩᠬᠢᠮ  ᠤᠨ ᠪᠤᠳᠠᠳᠤ ᠪᠡᠶ᠎ᠡ ᠶᠢᠨ ᠰᠢᠰᠲ᠋ᠧᠮᠵᠢ ᠲᠠᠢ ᠤᠷᠭᠠᠨᠢᠭ ᠢᠶᠠᠷ ᠵᠤᠯᠭᠠᠯᠳᠤᠭᠤᠯᠬᠤ  ᠶᠢ ᠪᠡᠶᠡᠯᠡᠬᠦᠯᠥᠨ᠎ᠡ᠃ ᠤᠯᠠᠨ ᠨᠡᠶᠢᠳᠡ ᠶᠢᠨ ᠡᠬᠢ ᠪᠠᠶᠠᠯᠢᠭ  ᠤᠨ ᠠᠷᠠᠯᠵᠢᠶᠠᠨ  ᠤ ᠳᠠᠪᠴᠠᠩ  ᠤᠨ ᠪᠠᠶᠢᠭᠤᠯᠤᠯᠳᠠ  ᠶᠢ ᠲᠦᠷᠢᠮᠵᠢᠬᠦᠯᠵᠦ᠂ ᠤᠯᠠᠨ ᠨᠡᠶᠢᠳᠡ ᠶᠢᠨ ᠡᠬᠢ ᠪᠠᠶᠠᠯᠢᠭ  ᠢ ᠳᠤᠬᠢᠷᠠᠭᠤᠯᠬᠤ ᠦᠷ᠎ᠡ ᠠᠰᠢᠭ  ᠢ ᠲᠡᠬᠡᠭᠰᠢᠯᠡᠬᠦᠯᠥᠨ᠎ᠡ᠃ ᠵᠠᠬ᠎ᠠ ᠲᠡᠯᠬᠡᠬᠦᠷ  ᠲᠤ ᠤᠷᠤᠭᠤᠯᠬᠤ  ᠶᠢ ᠵᠦᠪᠰᠢᠶᠡᠷᠡᠬᠦ ᠰᠦᠬᠡᠷᠬᠦ ᠳᠠᠯ᠎ᠠ ᠶᠢᠨ ᠨᠠᠷᠢᠨ ᠳᠠᠩᠰᠠ  ᠶᠢᠨ ᠲᠦᠷᠢᠮ  ᠢ ᠪᠦᠬᠦ ᠳᠠᠯ᠎ᠠ ᠪᠠᠷ ᠬᠡᠷᠡᠭᠵᠢᠬᠦᠯᠵᠦ᠂ ᠲᠦᠪ ᠭᠤᠤᠯᠴᠢ ᠦᠷᠢᠰᠦᠯᠳᠦᠬᠡᠨ  ᠢ ᠬᠠᠷᠰᠢᠯᠠᠭᠰᠠᠨ ᠡᠯ᠎ᠡ ᠵᠦᠢᠯ  ᠤᠨ ᠲᠦᠷᠢᠮ ᠳᠤᠭᠳᠠᠭᠠᠯ ᠪᠠ ᠠᠷᠭ᠎ᠠ ᠪᠠᠷᠢᠯ  ᠢ ᠴᠡᠪᠡᠷᠯᠡᠨ ᠬᠦᠴᠦᠨ ᠦᠬᠡᠢ ᠪᠤᠯᠭᠠᠵᠤ᠂ ᠠᠷᠠᠳ  ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠳᠡ  ᠶᠢ ᠲᠡᠮᠵᠢᠨ᠎ᠡ᠃ ᠠᠳᠠᠯᠢᠬᠠᠨ ᠨᠦᠬᠦᠴᠡᠯ  ᠤᠨ ᠳᠤᠤᠷ᠎ᠠ ᠳᠤᠰ ᠭᠠᠵᠠᠷ  ᠤᠨ ᠠᠵᠤ ᠠᠬᠤᠶᠢᠯᠠᠯ  ᠤᠨ ᠪᠦᠲᠦᠬᠡᠭᠳᠡᠬᠦᠨ ᠢᠶᠠᠨ ᠤᠷᠢᠳᠠᠪᠠᠷ ᠬᠡᠷᠡᠭᠯᠡᠬᠦ  ᠶᠢ ᠵᠤᠷᠢᠭᠵᠢᠭᠤᠯᠤᠨ᠎ᠠ᠃ ᠡᠳ᠋  ᠤᠨ ᠵᠠᠰᠠᠭ ᠭᠠᠶᠢᠯᠢ ᠶᠢᠨ ᠪᠠᠶᠢᠭᠤᠯᠤᠮᠵᠢ  ᠶᠢᠨ ᠦᠬᠡᠷᠡᠴᠢᠯᠡᠯᠳᠡ  ᠶᠢᠨ ᠠᠵᠢᠯ  ᠢ ᠰᠠᠶᠢᠳᠤᠷ ᠬᠢᠨ᠎ᠡ᠃ ᠤᠯᠤᠰ  ᠤᠨ ᠦᠮᠴᠢᠯᠡᠯᠲᠦ ᠺᠤᠮᠫᠠᠨᠢ ᠶᠢᠨ ᠪᠠᠶᠢᠭᠤᠯᠤᠮᠵᠢ  ᠶᠢᠨ ᠦᠬᠡᠷᠡᠴᠢᠯᠡᠯᠳᠡ  ᠶᠢ ᠬᠦᠨᠵᠡᠬᠡᠶᠢᠷᠡᠬᠦᠯᠵᠦ᠂ ᠤᠷᠴᠢᠨ ᠳᠤᠭᠤᠷᠢᠨ  ᠤ ᠬᠠᠮᠠᠭᠠᠯᠠᠯᠳᠠ  ᠶᠢᠨ ᠭᠠᠶᠢᠯᠢ ᠵᠡᠷᠬᠡ ᠭᠠᠶᠢᠯᠢ ᠲᠦᠷᠢᠮ  ᠤᠨ ᠦᠬᠡᠷᠡᠴᠢᠯᠡᠯᠳᠡ  ᠶᠢᠨ ᠠᠵᠢᠯ  ᠢ ᠰᠠᠶᠢᠳᠤᠷ ᠬᠢᠨ᠎ᠡ᠃ ᠠᠭᠤᠷᠬᠠᠢ  ᠶᠢᠨ ᠡᠷᠬᠡ  ᠶᠢᠨ ᠨᠦᠬᠡᠴᠡ  ᠶᠢ ᠠᠷᠠᠯᠵᠢᠶᠠᠯᠠᠬᠤ ᠳᠠᠪᠴᠠᠩ  ᠢ ᠲᠦᠷᠬᠡᠳᠬᠡᠨ ᠪᠠᠶᠢᠭᠤᠯᠵᠤ᠂ ᠠᠭᠤᠷᠬᠠᠢ  ᠶᠢᠨ ᠦᠢᠯᠡᠰ  ᠤᠨ ᠠᠵᠤ ᠠᠬᠤᠢ ᠶᠢᠨ ᠬᠦᠭᠵᠢᠯᠳᠡ  ᠶᠢ ᠠᠬᠢᠭᠤᠯᠤᠨ᠎ᠠ᠃      ᠨᠡᠩ ᠦᠨᠳᠦᠷ ᠬᠢᠷᠢ ᠲᠦᠪᠰᠢᠨ ᠲᠠᠢ ᠨᠡᠬᠡᠬᠡᠯᠳᠡ ᠲᠠᠢ ᠬᠠᠮᠳᠤᠷᠠᠯᠴᠠᠭ᠎ᠠ  ᠶᠢ ᠠᠬᠢᠭᠤᠯᠤᠨ᠎ᠠ᠃ ᠪᠢᠳᠡᠬᠦᠮᠵᠢᠯᠡᠪᠡᠯ ᠵᠦᠪᠬᠡᠨ ᠵᠤᠭᠰᠤᠩᠭᠤᠶᠢᠷᠠᠨ ᠤᠬᠤᠷᠢᠵᠤ᠂ ᠨᠡᠬᠡᠬᠡᠯᠳᠡ ᠲᠠᠢ ᠪᠤᠯ ᠰᠠᠶ᠋ᠢ ᠠᠮᠢᠵᠢᠷᠠᠯ  ᠤᠨ ᠬᠦᠴᠦᠨ  ᠲᠠᠢ ᠪᠠᠶᠢᠵᠤ ᠤᠷᠤᠭᠰᠢᠯᠠᠨ ᠳᠠᠪᠰᠢᠨ᠎ᠠ᠃ ᠡᠷᠬᠡᠪᠰᠢ ᠨᠡᠬᠡᠬᠡᠯᠳᠡ ᠶᠢᠨ ᠤᠬᠠᠮᠰᠠᠷ ᠢᠶᠠᠨ ᠴᠢᠩᠭᠠᠳᠬᠠᠵᠤ᠂ ᠨᠡᠬᠡᠬᠡᠯᠳᠡ  ᠪᠠᠷ ᠳᠠᠮᠵᠢᠭᠤᠯᠵᠤ ᠬᠦᠭᠵᠢᠯᠳᠡ  ᠶᠢ ᠠᠬᠢᠭᠤᠯᠵᠤ᠂ ᠭᠠᠳᠠᠭᠠᠳᠤ ᠤᠷᠴᠢᠨ  ᠢ ᠤᠶᠢᠯᠠᠭᠠᠬᠤ ᠮᠥᠷᠳᠡᠬᠡᠨ ᠭᠠᠳᠠᠭᠠᠳᠤ ᠤᠷᠴᠢᠨ  ᠠᠴᠠ ᠪᠠᠰᠠ ᠤᠯᠠᠭᠠᠨᠴᠠᠪ  ᠢ ᠤᠶᠢᠯᠠᠭᠠᠵᠤ ᠴᠢᠳᠠᠨ᠎ᠠ᠃ ᠤᠯᠠᠭᠠᠨᠴᠠᠪ ᠳ᠋ᠠᠲ᠋ᠦ᠋ᠩ ᠴᠢᠭᠤᠯᠤᠯᠳᠣ ᠬᠠᠭᠠᠯᠭ᠎ᠠ  ᠶᠢᠨ ᠬᠠᠮᠳᠤᠷᠠᠯᠴᠠᠭᠠᠨ  ᠤ ᠤᠷᠤᠨ  ᠢ ᠲᠦᠷᠬᠡᠳᠬᠡᠨ ᠪᠠᠶᠢᠭᠤᠯᠵᠤ᠂ ᠬᠠᠮᠳᠤᠷᠠᠯᠴᠠᠭᠠᠨ  ᠤ ᠤᠷᠤᠨ  ᠤ ᠲᠦᠯᠥᠪᠵᠢᠬᠦᠯᠬᠡ  ᠶᠢ ᠵᠠᠰᠠᠨ ᠨᠠᠶᠢᠷᠠᠭᠤᠯᠬᠤ ᠠᠵᠢᠯ  ᠢ ᠠᠬᠢᠭᠤᠯᠤᠨ᠎ᠠ᠃ ᠪᠡᠬᠡᠵᠢᠩ ᠲᠢᠶᠠᠨᠵᠢᠨ ᠾᠧᠪᠸᠢ  ᠶᠢᠨ ᠬᠠᠮᠳᠤ ᠶᠢᠨ ᠬᠦᠭᠵᠢᠯᠳᠡ ᠲᠠᠢ ᠰᠠᠨᠠᠭᠠᠴᠢᠯᠠᠭ᠎ᠠ  ᠠᠴᠠ ᠪᠠᠨ ᠠᠭᠤᠰᠤᠯᠴᠠᠭᠤᠯᠵᠤ᠂ ᠪᠡᠬᠡᠵᠢᠩ  ᠤᠨ ᠠᠵᠢᠯ ᠲᠦᠷᠦᠯ  ᠢᠶᠠᠷ ᠳᠠᠮᠵᠢᠨ ᠲᠡᠳᠬᠦᠬᠦ ᠬᠠᠮᠳᠤᠷᠠᠯᠴᠠᠭ᠎ᠠ ᠯᠤᠭ᠎ᠠ ᠶᠢᠨ ᠬᠠᠷᠢᠴᠠᠭ᠎ᠠ ᠪᠠᠨ ᠨᠢᠬᠳᠠᠷᠠᠭᠤᠯᠵᠤ᠂ ᠪᠡᠬᠡᠵᠢᠩ ᠦᠪᠦᠷ ᠮᠤᠩᠭᠤᠯ  ᠤᠨ ᠬᠠᠮᠳᠤᠷᠠᠯᠴᠠᠭᠠᠨ  ᠤ ᠪᠡᠬᠡᠵᠢᠩ  ᠤᠨ ᠬᠦᠷᠢᠶᠡᠯᠡᠩ  ᠤᠨ ᠪᠦᠲᠦᠬᠡᠨ ᠪᠠᠶᠢᠭᠤᠯᠤᠯᠳᠠ  ᠶᠢ ᠠᠬᠢᠭᠤᠯᠵᠤ ᠂ ᠪᠡᠬᠡᠵᠢᠩ  ᠤᠨ 8 ᠳᠤᠭᠤᠷᠢᠭ  ᠤᠨ ᠠᠵᠤ ᠦᠢᠯᠡᠰ  ᠤᠨ ᠰᠢᠯᠵᠢᠯᠳᠡ  ᠶᠢ ᠵᠠᠯᠭᠠᠬᠤ ᠲᠦᠯᠥᠪᠵᠢᠬᠦᠯᠬᠡ  ᠶᠢ ᠠᠮᠵᠢᠨ ᠳᠤᠭᠳᠠᠭᠠᠨ᠎ᠠ᠃ ︽ᠨᠢᠬᠡ ᠪᠦᠰᠡ ᠨᠢᠬᠡ ᠵᠠᠮ︾  ᠤᠨ ᠪᠦᠲᠦᠬᠡᠨ ᠪᠠᠶᠢᠭᠤᠯᠤᠯᠳᠠ  ᠶᠢᠨ ᠨᠡᠬᠡᠬᠡᠯᠳᠡ ᠪᠠᠷ ᠬᠦᠳᠦᠯᠬᠦ ᠦᠢᠯᠡᠳᠦᠯ  ᠢ ᠪᠠᠳᠠᠷᠠᠭᠤᠯᠵᠤ᠂ ᠳᠤᠯᠤᠳᠤᠭᠠᠷ ᠰᠤᠮᠤ  ᠶᠢᠨ ᠳᠤᠮᠳᠠᠳᠤ ᠡᠸᠦ᠋ᠷᠦᠫᠠ  ᠶᠢᠨ ᠵᠢᠰᠢᠶᠠᠨ  ᠤ ᠭᠠᠯᠳᠤ ᠲᠡᠷᠬᠡ  ᠶᠢᠨ ᠡᠳ᠋ ᠪᠠᠷᠠᠭᠠᠨ ᠤ ᠬᠦᠢᠯᠬᠡᠬᠡ  ᠶᠢᠨ ᠬᠦᠷᠢᠶᠡᠯᠡᠩ ᠳᠤᠭᠤᠷᠢᠭ᠂ ᠸᠠᠨ ᠢ ᠡᠳ᠋ ᠪᠠᠷᠠᠭᠠᠨ  ᠤ ᠬᠦᠢᠯᠬᠡᠬᠡ  ᠶᠢᠨ ᠬᠦᠷᠢᠶᠡᠯᠡᠩ ᠳᠤᠭᠤᠷᠢᠭ ᠪᠠ ᠤᠮᠠᠷᠠᠳᠤ  ᠶᠢᠨ ᠬᠠᠭᠤᠷᠠᠢ ᠭᠠᠷᠠᠮ ᠤᠨ ᠬᠦᠷᠢᠶᠡᠯᠡᠩ ᠳᠤᠭᠤᠷᠢᠭ  ᠤᠨ ᠭᠠᠶᠢᠯᠢ ᠪᠠᠳᠤᠯᠠᠬᠤ ᠬᠦᠮᠦᠷᠬᠡ ᠵᠡᠷᠬᠡ  ᠶᠢ ᠰᠠᠶᠢᠳᠤᠷ ᠪᠠᠶᠢᠭᠤᠯᠤᠨ᠎ᠠ᠃ ᠠᠷᠠᠯᠵᠢᠶᠠᠯᠠᠬᠤ ᠤᠷᠴᠢᠨ ᠢᠶᠠᠨ ᠰᠠᠶᠢᠵᠢᠷᠠᠭᠤᠯᠵᠤ᠂ ᠨᠡᠩ ᠤᠯᠠᠨ ᠬᠤᠳᠠᠯᠳᠤᠭᠠᠴᠢᠳ ᠤᠨ ᠰᠢᠨ᠎ᠡ ᠶᠠ ᠪᠤᠤ ᠯᠤ᠋ ᠬᠤᠳᠠᠯᠳᠤᠭᠠᠨ  ᠤ ᠬᠤᠲᠠ ᠳᠤ ᠤᠷᠤᠬᠤ ᠶᠢ ᠨᠢ ᠳᠠᠳᠠᠨ᠎ᠠ᠃ ᠭᠠᠳᠠᠭᠠᠳᠤ ᠯᠤᠭ᠎ᠠ ᠠᠷᠠᠯᠵᠢᠶᠠᠯᠠᠬᠤ ᠬᠡᠪᠴᠢᠶ᠎ᠡ ᠪᠠᠨ ᠦᠷᠬᠡᠳᠬᠡᠵᠦ᠂ ᠭᠠᠳᠠᠭᠠᠳᠤ  ᠠᠴᠠ ᠤᠷᠤᠭᠤᠯᠵᠤ ᠭᠠᠳᠠᠭᠠᠳᠤ  ᠳᠤ ᠭᠠᠷᠭᠠᠬᠤ ᠶᠡᠷᠦᠩᠬᠡᠢ ᠳᠤᠭ᠎ᠠ  ᠶᠢ 10 ᠳ᠋ᠦᠩᠰᠢᠭᠤᠷ ᠳ᠋ᠤᠯᠯᠠᠷ  ᠲᠤ ᠬᠦᠷᠬᠡᠨ᠎ᠡ᠃      ᠦᠨᠦ ᠵᠢᠯ ᠪᠤᠯ ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ  ᠤᠨ ᠤᠢ ᠪᠤᠯᠬᠤ ᠤᠴᠢᠷ  ᠠᠴᠠ ᠪᠢᠳᠡ ᠬᠤᠶᠢᠰᠢᠳᠠ ᠨᠡᠩ ᠶᠡᠭᠡ ᠵᠤᠷᠢᠭ ᠭᠠᠷᠭᠠᠵᠤ ᠠᠵᠤ ᠠᠬᠤᠢ  ᠶᠢᠨ ᠬᠦᠭᠵᠢᠯᠳᠡ ᠶᠢᠨ ᠬᠦᠳᠡᠯᠬᠡᠭᠴᠢ ᠬᠦᠴᠦᠨ ᠨᠡᠮᠡᠷᠢᠯᠡᠬᠦ  ᠳᠤ ᠠᠰᠢᠭᠳᠠᠢ ᠦᠬᠡᠷᠡᠴᠢᠯᠡᠯᠳᠡ  ᠶᠢ ᠢᠯᠡᠬᠦᠬᠡᠨ ᠠᠬᠢᠭᠤᠯᠵᠤ᠂ ᠨᠡᠶᠢᠬᠡᠮ  ᠤᠨ ᠲᠦᠪ ᠭᠤᠤᠯᠴᠢ ᠰᠢᠳᠤᠷᠭᠤ ᠶᠤᠰᠤᠨ  ᠳᠤ ᠠᠰᠢᠭᠳᠠᠢ ᠦᠬᠡᠷᠡᠴᠢᠯᠡᠯᠳᠡ  ᠶᠢ ᠢᠯᠡᠬᠦᠬᠡᠨ ᠠᠬᠢᠭᠤᠯᠵᠤ᠂ ᠦᠷᠬᠡᠨ ᠤᠯᠠᠨ ᠠᠷᠠᠳ ᠲᠦᠮᠡᠨ  ᠤ ᠬᠦᠷᠳᠡᠬᠡᠯ  ᠤᠨ ᠲᠦᠷᠦᠭᠳᠡᠯ  ᠢ ᠨᠡᠮᠡᠭᠳᠡᠬᠦᠯᠬᠦ  ᠳᠤ ᠠᠰᠢᠭᠳᠠᠢ ᠦᠬᠡᠷᠡᠴᠢᠯᠡᠯᠳᠡ  ᠶᠢ ᠢᠯᠡᠬᠦᠬᠡᠨ ᠠᠬᠢᠭᠤᠯᠵᠤ᠂ ᠦᠬᠡᠷᠡᠴᠢᠯᠡᠯᠳᠡ ᠪᠠᠷ ᠠᠰᠢᠭ ᠬᠦᠷᠳᠡᠬᠦ ᠬᠡᠪᠴᠢᠶ᠎ᠡ  ᠶᠢ ᠴᠢᠷᠮᠠᠶᠢᠨ ᠦᠷᠬᠡᠳᠬᠡᠵᠦ᠂ ᠠᠷᠠᠳ ᠲᠦᠮᠡᠨ ᠶᠠᠭᠤᠨ  ᠳᠤ ᠰᠠᠨᠠᠭᠠᠰᠢᠷᠠᠵᠤ᠂ ᠶᠠᠭᠤ  ᠶᠢ ᠬᠦᠰᠡᠮᠵᠢᠯᠡᠵᠦ ᠪᠠᠶᠢᠪᠠᠯ᠂ ᠦᠬᠡᠷᠡᠴᠢᠯᠡᠯᠳᠡ ᠪᠠᠷ ᠳᠠᠷᠤᠢ ᠶᠠᠭᠤ  ᠶᠢ ᠨᠢ ᠠᠳᠬᠤᠵᠤ᠂ ᠶᠠᠭᠤ  ᠶᠢ ᠨᠢ ᠦᠨᠡᠨᠬᠦ ᠲᠦᠯᠬᠢᠨ ᠠᠬᠢᠭᠤᠯᠤᠨ᠎ᠠ᠃      ︵ᠵᠢᠷᠭᠤᠭ᠎ᠠ︶ ᠪᠤᠬᠢᠷᠳᠤᠯ  ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ  ᠢ ᠰᠠᠶᠢᠳᠤᠷ ᠬᠢᠵᠦ᠂ ᠪᠤᠬᠢᠷᠳᠤᠯ ᠦᠬᠡᠢ ᠠᠮᠢ ᠠᠬᠤᠢ  ᠶᠢᠨ ᠠᠮᠤᠷ ᠲᠦᠪᠰᠢᠨ  ᠤ ᠬᠠᠯᠬᠠᠪᠴᠢ  ᠶᠢ ᠪᠦᠷᠢᠯᠳᠦᠬᠦᠯᠥᠨ ᠪᠠᠶᠢᠭᠤᠯᠤᠨ᠎ᠠ      ᠠᠮᠢ ᠠᠬᠤᠢ  ᠶᠢᠨ ᠪᠦᠲᠦᠬᠡᠨ ᠪᠠᠶᠢᠭᠤᠯᠤᠯᠳᠠ ᠬᠠᠮᠠᠭᠠᠯᠠᠯᠳᠠ  ᠶᠢ ᠲᠦᠯᠬᠢᠨ ᠠᠬᠢᠭᠤᠯᠤᠨ᠎ᠠ᠃ ᠤᠯᠤᠰ  ᠤᠨ ᠭᠤᠤᠯᠳᠠᠯᠭ᠎ᠠ ᠲᠠᠢ ᠠᠮᠢ ᠠᠬᠤᠢ  ᠶᠢᠨ ᠪᠦᠲᠦᠬᠡᠨ ᠪᠠᠶᠢᠭᠤᠯᠤᠯᠳᠠ  ᠶᠢᠨ ᠢᠨᠵᠧᠨᠧᠷᠢᠩ 21 ᠲᠦᠮᠡᠨ ᠮᠤ᠋ ᠪᠡᠶᠡᠯᠡᠬᠦᠯᠥᠨ᠎ᠡ᠃ ᠵᠠᠮ᠂ ᠳᠤᠰᠬᠤᠨ᠂ ᠦᠢᠯᠡᠳᠪᠦᠷᠢ ᠠᠭᠤᠷᠬᠠᠢ᠂ ᠤᠷᠤᠨ ᠳᠤᠭᠤᠷᠢᠭ᠂ ᠰᠤᠷᠭᠠᠭᠤᠯᠢ᠂ ᠪᠠᠶᠢᠭᠤᠯᠭ᠎ᠠ᠂ ᠠᠵᠤ ᠠᠬᠤᠶᠢᠯᠠᠯ  ᠤᠨ ᠨᠤᠭᠤᠭᠠᠷᠠᠭᠤᠯᠤᠯᠳᠠ  ᠶᠢᠨ ᠢᠨᠵᠧᠨᠧᠷᠢᠩ  ᠢ ᠰᠠᠶᠢᠳᠤᠷ ᠵᠤᠬᠢᠶᠠᠨ ᠪᠠᠶᠢᠭᠤᠯᠵᠤ᠂ ᠴᠡᠴᠡᠷᠯᠢᠭ  ᠤᠨ ᠨᠤᠭᠤᠭᠠᠨ ᠭᠠᠵᠠᠷ᠂ ᠨᠤᠭᠤᠭᠠᠨ ᠵᠠᠮ᠂ ᠨᠤᠭᠤᠭᠠᠨ ᠬᠤᠩᠬᠢᠯ ᠪᠠ ᠬᠤᠳᠠ ᠳᠤᠭᠤᠷᠢᠭᠰᠠᠨ ᠨᠤᠭᠤᠭᠠᠷᠠᠭᠤᠯᠤᠯᠳᠠ  ᠶᠢᠨ ᠪᠦᠰᠡ  ᠶᠢᠨ ᠪᠦᠲᠦᠬᠡᠨ ᠪᠠᠶᠢᠭᠤᠯᠤᠯᠳᠠ  ᠶᠢ ᠵᠤᠬᠢᠰᠳᠠᠢ ᠪᠠᠶᠢᠷᠢᠰᠢᠭᠤᠯᠵᠤ᠂ ᠨᠤᠭᠤᠭᠠᠷᠠᠭᠤᠯᠤᠯᠳᠠ  ᠶᠢᠨ ᠶᠡᠷᠦᠩᠬᠡᠢ ᠬᠡᠮᠵᠢᠶ᠎ᠡ  ᠶᠢ ᠨᠡᠮᠡᠭᠳᠡᠬᠦᠯᠵᠦ᠂ ᠨᠤᠭᠤᠭᠠᠷᠠᠭᠤᠯᠤᠯᠳᠠ  ᠶᠢᠨ ᠶᠠᠰᠤ ᠴᠢᠨᠠᠷ  ᠢ ᠲᠡᠬᠡᠭᠰᠢᠯᠡᠬᠦᠯᠥᠨ᠎ᠡ᠃ ᠳᠠᠷᠢᠶᠠᠯᠠᠬᠤ ᠪᠠᠨ ᠵᠤᠭᠰᠤᠵᠤ ᠮᠤᠳᠤ ᠡᠪᠡᠰᠦ ᠳᠠᠷᠢᠬᠤ ᠪᠠ ᠰᠡᠯᠬᠦᠵᠦ ᠳᠠᠷᠢᠬᠤ᠂ ᠦᠨᠵᠢᠬᠦᠯᠵᠦ ᠳᠠᠷᠢᠬᠤ  ᠶᠢ ᠦᠷᠬᠡᠳᠬᠡᠵᠦ᠂ ᠪᠡᠯᠴᠢᠬᠡᠷᠯᠡᠬᠦᠯᠬᠦ  ᠶᠢ ᠴᠠᠭᠠᠵᠠᠯᠠᠨ ᠰᠡᠯᠬᠦᠵᠦ ᠮᠠᠯᠵᠢᠬᠤ ᠦᠨᠵᠢᠬᠦᠯᠵᠦ ᠮᠠᠯᠵᠢᠬᠤ ᠡᠷᠴᠢᠮ  ᠢ ᠴᠢᠩᠭᠠᠷᠠᠭᠤᠯᠬᠤ᠂ ᠬᠤᠳᠠ ᠶᠢᠨ ᠨᠤᠭᠤᠭᠠᠨ ᠭᠠᠵᠠᠷ ᠪᠠ ᠤᠢ ᠰᠢᠭᠤᠢ ᠨᠤᠳᠤᠭ ᠪᠡᠯᠴᠢᠬᠡᠷ  ᠢ ᠡᠪᠳᠡᠭᠰᠡᠨ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠳᠠ ᠦᠭᠴᠦ᠂ ᠬᠢᠯᠪᠠᠷ ᠪᠤᠰᠤ ᠤᠯᠤᠭᠰᠠᠨ ᠠᠮᠢ ᠠᠬᠤᠢ  ᠶᠢᠨ ᠪᠦᠲᠦᠬᠡᠨ ᠪᠠᠶᠢᠭᠤᠯᠤᠯᠳᠠ  ᠶᠢᠨ ᠦᠷ᠎ᠡ ᠪᠦᠲᠦᠬᠡᠯ ᠢᠶᠠᠨ ᠰᠠᠶᠢᠳᠤᠷ ᠬᠠᠮᠠᠭᠠᠯᠠᠵᠤ᠂ ᠦᠷ᠎ᠡ ᠬᠤᠶᠢᠴᠢᠰ ᠲᠠᠭᠠᠨ ᠦᠷᠬᠦᠯᠵᠢᠯᠡᠬᠦᠶᠢᠴᠡ ᠬᠦᠭᠵᠢᠯᠳᠡ  ᠶᠢᠨ ︽ᠪᠤᠬᠢᠷᠳᠤᠯ ᠦᠬᠡᠢ ᠪᠠᠩᠬᠢ︾  ᠶᠢ ᠦᠯᠡᠳᠡᠬᠡᠵᠦ ᠦᠭᠬᠦᠨ᠎ᠡ᠃      ᠪᠤᠬᠢᠷᠳᠤᠯ  ᠢ ᠡᠷᠡᠰ ᠬᠦᠴᠦᠳᠠᠢ ᠵᠠᠰᠠᠨ᠎ᠠ᠃ ᠲᠦᠪ᠂ ᠦᠪᠡᠷᠳᠡᠬᠡᠨ ᠵᠠᠰᠠᠬᠤ ᠤᠷᠤᠨ  ᠤ ᠤᠷᠴᠢᠨ ᠳᠤᠭᠤᠷᠢᠨ  ᠤ ᠱᠠᠯᠠᠪᠳᠠᠭᠤᠯᠤᠨ ᠪᠠᠶᠢᠴᠠᠭᠠᠵᠤ ᠴᠡᠴᠡᠭᠯᠡᠨ ᠰᠠᠶᠢᠵᠢᠷᠠᠭᠤᠯᠬᠤ ᠠᠵᠢᠯ  ᠢ ᠦᠷᠬᠦᠯᠵᠢᠯᠡᠨ ᠰᠠᠶᠢᠳᠤᠷ ᠠᠳᠬᠤᠵᠤ᠂ ᠤᠰᠤ᠂ ᠠᠭᠠᠷ ᠮᠠᠨᠳᠠᠯ᠂ ᠬᠦᠷᠦᠰᠦ ᠰᠢᠷᠦᠢ  ᠶᠢᠨ ᠪᠤᠬᠢᠷᠳᠤᠯ  ᠢ ᠰᠡᠷᠬᠡᠶᠢᠯᠡᠨ ᠵᠠᠰᠠᠬᠤ ᠲᠦᠯᠥᠪᠯᠡᠭᠡ  ᠶᠢ ᠪᠦᠬᠦ ᠳᠠᠯ᠎ᠠ ᠪᠠᠷ ᠨᠠᠶᠢᠳᠠᠪᠦᠷᠢᠵᠢᠭᠤᠯᠤᠨ᠎ᠠ᠃ ᠪᠦᠬᠦ ᠤᠯᠤᠰ  ᠤᠨ ᠬᠤᠶᠠᠳᠤᠭᠠᠷ ᠤᠳᠠᠭᠠᠨ  ᠤ ᠪᠤᠬᠢᠷᠳᠤᠯ  ᠤᠨ ᠡᠬᠢ  ᠶᠢᠨ ᠨᠡᠶᠢᠳᠡᠮ ᠪᠠᠶᠢᠴᠠᠭᠠᠯᠳᠠ  ᠶᠢᠨ ᠠᠵᠢᠯ  ᠢ ᠰᠠᠶᠢᠳᠤᠷ ᠬᠢᠨ᠎ᠡ᠃ ᠰᠢᠳᠠᠭᠠᠯᠭ᠎ᠠ ᠨᠡᠬᠦᠷᠡᠰᠦ  ᠶᠢ ᠵᠠᠳᠠᠭᠠᠢ ᠰᠢᠳᠠᠭᠠᠬᠤ  ᠶᠢ ᠲᠦᠪᠯᠡᠷᠡᠬᠦᠯᠥᠨ ᠵᠠᠰᠠᠬᠤ ᠠᠵᠢᠯ  ᠢ ᠪᠦᠬᠦ ᠳᠠᠯ᠎ᠠ ᠪᠠᠷ ᠶᠠᠪᠤᠭᠳᠠᠭᠤᠯᠵᠤ᠂ 10 ᠠᠭᠤᠷ  ᠤᠨ ᠳᠤᠷᠤᠭᠰᠢᠬᠢ ᠨᠡᠬᠦᠷᠡᠰᠦ ᠰᠢᠳᠠᠭᠠᠯᠭ᠎ᠠ  ᠶᠢᠨ ᠵᠢᠵᠢᠭ ᠵᠤᠤᠬ᠎ᠠ  ᠶᠢ ᠰᠢᠭᠰᠢᠭᠳᠡᠬᠦᠯᠬᠦ ᠡᠷᠴᠢᠮ  ᠢ ᠦᠷᠬᠦᠯᠵᠢᠯᠡᠨ ᠴᠢᠩᠭᠠᠷᠠᠭᠤᠯᠵᠤ᠂ ᠵᠢᠨᠢᠩ ᠳᠤᠭᠤᠷᠢᠭ  ᠤᠨ ᠨᠡᠬᠦᠷᠡᠰᠦᠨ ᠰᠢᠳᠠᠭᠠᠯᠭ᠎ᠠ  ᠶᠢ ᠬᠡᠢ᠂ ᠴᠠᠬᠢᠯᠭᠠᠨ ᠪᠤᠯᠭᠠᠨ ᠦᠬᠡᠷᠡᠴᠢᠯᠡᠵᠦ᠂ ᠢᠯᠴᠢ ᠬᠠᠩᠭᠠᠬᠤ ᠢᠨᠵᠧᠨᠧᠷᠢᠩ  ᠢ ᠶᠠᠪᠤᠭᠳᠠᠭᠤᠯᠤᠨ᠎ᠠ᠃ 4 ᠢᠯᠴᠢ ᠴᠠᠬᠢᠯᠭᠠᠨ  ᠤ ᠠᠵᠤ ᠠᠬᠤᠶᠢᠯᠠᠯ  ᠤᠨ ᠬᠡᠳᠦ ᠳᠤᠤᠷ᠎ᠠ ᠭᠠᠳᠠᠭᠰᠢᠯᠠᠭᠤᠯᠤᠯᠳᠠ  ᠶᠢᠨ ᠰᠢᠨᠡᠴᠢᠯᠡᠯᠳᠡ  ᠶᠢ ᠪᠡᠶᠡᠯᠡᠬᠦᠯᠥᠨ᠎ᠡ᠃ ᠭᠤᠤᠯ  ᠤᠨ ᠳᠠᠷᠤᠭ᠎ᠠ  ᠶᠢᠨ ᠲᠦᠷᠢᠮ᠂ ᠮᠥᠷᠡᠨ  ᠤ ᠳᠠᠷᠤᠭ᠎ᠠ  ᠶᠢᠨ ᠲᠦᠷᠢᠮ  ᠢ ᠪᠦᠬᠦ ᠳᠠᠯ᠎ᠠ ᠪᠠᠷ ᠲᠦᠯᠬᠢᠨ ᠠᠬᠢᠭᠤᠯᠵᠤ᠂ ᠭᠤᠤᠯᠳᠠᠯᠭ᠎ᠠ ᠲᠠᠢ ᠭᠤᠤᠯ ᠨᠠᠭᠤᠷ  ᠢ ᠬᠠᠤᠯᠢ ᠶᠤᠰᠤᠭᠠᠷ ᠬᠠᠮᠢᠶᠠᠷᠬᠤ ᠬᠠᠮᠠᠭᠠᠯᠠᠬᠤ ᠶᠢᠨ ᠦᠪᠴᠢ ᠪᠦᠷᠬᠦᠬᠦᠯᠳᠡ  ᠶᠢ ᠪᠡᠶᠡᠯᠡᠬᠦᠯᠥᠨ᠎ᠡ᠃ ᠳᠠᠭ᠎ᠠ  ᠶᠢᠨ ᠨᠠᠭᠤᠷ  ᠤᠨ ᠤᠰᠤᠨ  ᠤ ᠴᠢᠨᠠᠷ  ᠢ ᠲᠡᠬᠡᠭᠰᠢᠯᠡᠬᠦᠯᠬᠦ ᠢᠨᠵᠧᠨᠧᠷᠢᠩ ᠪᠠ ᠨᠠᠮᠤᠭᠤᠳᠬᠠᠬᠤ ᠪᠦᠰᠡ  ᠶᠢ ᠰᠡᠯᠪᠢᠨ ᠵᠠᠰᠠᠬᠤ᠂ ᠳᠠᠬᠢᠵᠤ ᠪᠠᠶᠢᠭᠤᠯᠬᠤ ᠵᠡᠷᠬᠡ ᠰᠢᠰᠲ᠋ᠧᠮ ᠤᠨ ᠴᠡᠭᠴᠡᠯᠡᠨ ᠰᠠᠶᠢᠵᠢᠷᠠᠭᠤᠯᠬᠤ ᠢᠨᠵᠧᠨᠧᠷᠢᠩ ᠢ ᠶᠠᠪᠤᠭᠳᠠᠭᠤᠯᠤᠨ᠎ᠠ᠃ ᠾᠸᠢ ᠾᠧ ᠭᠤᠤᠯ  ᠤᠨ ᠪᠤᠬᠢᠷᠳᠤᠯ ᠤᠨ ᠵᠠᠰᠠᠯᠳᠠ ᠪᠠ ᠬᠢᠯᠢ ᠠᠴᠠ ᠭᠠᠷᠬᠤ ᠤᠭᠳᠤᠯᠤᠭᠠᠰᠤ  ᠶᠢᠨ ᠤᠰᠤᠨ  ᠤ ᠴᠢᠨᠠᠷ  ᠤᠨ ᠪᠠᠷᠢᠮᠵᠢᠶ᠎ᠠ  ᠳᠤ ᠬᠦᠷᠦᠬᠦᠯᠬᠦ ᠰᠢᠯᠭᠠᠨ ᠬᠢᠨᠠᠯᠳᠠ  ᠶᠢ ᠴᠢᠩᠭᠠᠳᠬᠠᠨ᠎ᠠ᠃ ᠬᠤᠳᠠ ᠪᠠ ᠠᠵᠤ ᠦᠢᠯᠡᠳᠪᠦᠷᠢ ᠶᠢᠨ ᠪᠤᠬᠢᠷᠳᠤᠯ  ᠤᠨ ᠰᠢᠢᠳᠪᠦᠷᠢᠯᠡᠯᠳᠡ ᠪᠠ ᠳᠤᠮᠳᠠ ᠤᠰᠤ  ᠶᠢ ᠡᠬᠡᠬᠦᠯᠥᠨ ᠬᠡᠷᠡᠭᠯᠡᠬᠦ ᠬᠢᠷᠢ ᠲᠦᠪᠰᠢᠨ  ᠢ ᠲᠡᠬᠡᠭᠰᠢᠯᠡᠬᠦᠯᠵᠦ᠂ ᠬᠤᠳᠠ  ᠶᠢᠨ ᠤᠤᠭᠤᠬᠤ ᠤᠰᠤᠨ  ᠤ ᠡᠬᠢ ᠰᠤᠷᠪᠤᠯᠵᠢ  ᠶᠢᠨ ᠭᠠᠵᠠᠷ  ᠤᠨ ᠬᠠᠮᠠᠭᠠᠯᠠᠯᠳᠠ  ᠶᠢᠨ ᠡᠷᠴᠢᠮ ᠢᠶᠠᠨ ᠴᠢᠩᠭᠠᠷᠠᠭᠤᠯᠵᠤ᠂ ᠬᠤᠳᠠ  ᠶᠢᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠪᠦᠬᠦᠨ  ᠢ ᠨᠢᠬᠡᠳᠦᠬᠡᠷ ᠲᠡᠰ  ᠤᠨ A ᠭᠠᠳᠠᠭᠰᠢᠯᠠᠭᠤᠯᠬᠤ ᠪᠠᠷᠢᠮᠵᠢᠶᠠᠨ  ᠳᠤ ᠬᠦᠷᠬᠡᠵᠦ᠂ ᠲᠦᠪ ᠬᠤᠳᠠ ᠪᠠᠯᠭᠠᠰᠤ ᠪᠠ ᠬᠦᠷᠢᠶᠡᠯᠡᠩ ᠳᠤᠭᠤᠷᠢᠭ  ᠤᠨ ᠪᠤᠬᠢᠷ ᠤᠰᠤᠨ ᠤ ᠡᠬᠢ ᠪᠠᠶᠠᠯᠢᠭᠵᠢᠭᠤᠯᠵᠤ ᠠᠰᠢᠭᠯᠠᠬᠤ ᠨᠤᠷᠮ᠎ᠠ ᠶᠢ 5%  ᠳᠤ ᠬᠦᠷᠬᠡᠨ᠎ᠡ᠃ ᠬᠦᠷᠦᠰᠦ ᠰᠢᠷᠦᠢ  ᠶᠢᠨ ᠪᠤᠬᠢᠷᠳᠤᠯ  ᠤᠨ ᠪᠠᠶᠢᠴᠠᠭᠠᠯᠳᠠ  ᠶᠢ ᠪᠦᠬᠦ ᠳᠠᠯ᠎ᠠ ᠪᠠᠷ ᠬᠢᠵᠦ᠂ ᠵᠠᠰᠠᠯᠳᠠ  ᠶᠢᠨ ᠠᠷᠭ᠎ᠠ ᠪᠠᠷᠢᠯ  ᠢ ᠲᠦᠷᠦᠯ ᠬᠤᠪᠢᠶᠠᠨ ᠳᠤᠭᠳᠠᠭᠠᠵᠤ ᠬᠡᠷᠡᠭᠵᠢᠬᠦᠯᠥᠨ᠎ᠡ᠃      ᠪᠤᠬᠢᠷᠳᠤᠯ ᠦᠬᠡᠢ ᠬᠦᠭᠵᠢᠯᠳᠡ ᠶᠢᠨ ᠠᠷᠭ᠎ᠠ ᠮᠠᠶ᠋ᠢᠭ  ᠢ ᠪᠦᠷᠢᠯᠳᠦᠬᠦᠯᠥᠨ᠎ᠡ᠃ ᠤᠷᠤᠨ ᠵᠠᠢ ᠶᠢᠨ ᠬᠢᠨᠠᠨ ᠡᠵᠡᠮᠰᠢᠯ  ᠤᠨ ᠵᠢᠷᠤᠭ ᠲᠦᠯᠥᠪᠯᠡᠭᠡ  ᠶᠢ ᠪᠠᠷᠢᠮᠳᠠᠯᠠᠵᠤ᠂ ᠠᠮᠢ ᠠᠬᠤᠢ ᠶᠢᠨ ᠬᠠᠮᠠᠭᠠᠯᠠᠯᠳᠠ  ᠶᠢᠨ ᠤᠯᠠᠭᠠᠨ ᠱᠤᠭᠤᠮ  ᠢ ᠵᠠᠭᠠᠭᠯᠠᠨ ᠳᠤᠭᠳᠠᠭᠠᠵᠤ᠂ ᠤᠯᠤᠰ  ᠤᠨ ᠭᠠᠵᠠᠷ ᠰᠢᠷᠤᠢ ᠶᠢᠨ ᠭᠤᠤᠯ ᠴᠤᠭᠴᠠ  ᠶᠢᠨ ᠴᠢᠳᠠᠪᠬᠢ  ᠶᠢᠨ ᠤᠷᠤᠨ  ᠤ ᠲᠦᠯᠥᠪᠵᠢᠬᠦᠯᠬᠡ  ᠶᠢ ᠨᠠᠶᠢᠳᠠᠪᠦᠷᠢᠵᠢᠭᠤᠯᠵᠤ᠂ ᠡᠯ᠎ᠡ ᠲᠦᠷᠦᠯ  ᠤᠨ ᠬᠠᠮᠠᠭᠠᠯᠠᠯᠳᠠ  ᠶᠢᠨ ᠤᠷᠤᠨ  ᠤ ᠵᠠᠬ᠎ᠠ ᠵᠠᠭᠠᠭ  ᠢ ᠳᠤᠳᠤᠷᠬᠠᠶᠢᠯᠠᠵᠤ᠂ ᠴᠢᠩᠭ᠎ᠠ ᠬᠢᠨᠠᠨ ᠬᠠᠮᠢᠶᠠᠷᠤᠯᠳᠠ ᠪᠠᠨ ᠪᠠᠶᠢᠩᠭᠤᠵᠢᠭᠤᠯᠬᠤ  ᠶᠢ ᠲᠦᠯᠬᠢᠨ ᠠᠬᠢᠭᠤᠯᠤᠨ᠎ᠠ ᠃ ᠨᠡᠬᠡᠬᠡᠨ ᠠᠰᠢᠭᠯᠠᠬᠤ ᠬᠦᠴᠦᠯᠡᠴᠡ  ᠶᠢ ᠴᠢᠩᠭ᠎ᠠ ᠬᠤᠷᠢᠭᠯᠠᠵᠤ᠂ ᠨᠡᠬᠦᠷᠡᠰᠦᠳᠦ᠋ᠷᠦᠭᠴᠢ  ᠶᠢ ᠭᠠᠳᠠᠭᠰᠢᠯᠠᠭᠤᠯᠬᠤ᠂ ᠡᠨᠧᠷᠬᠢ  ᠶᠢ ᠬᠤᠷᠤᠭᠳᠠᠭᠤᠯᠬᠤ᠂ ᠤᠰᠤᠨ  ᠤ ᠡᠬᠢ ᠪᠠᠶᠠᠯᠢᠭ  ᠢ ᠬᠤᠷᠤᠭᠳᠠᠭᠤᠯᠬᠤ᠂ ᠪᠦᠲᠦᠬᠡᠨ ᠪᠠᠶᠢᠭᠤᠯᠤᠯᠳᠠ  ᠳᠤ ᠭᠠᠵᠠᠷ ᠬᠡᠷᠡᠭᠯᠡᠬᠦ ᠵᠡᠷᠬᠡ ᠶᠡᠷᠦᠩᠬᠡᠢ ᠬᠡᠮᠵᠢᠶ᠎ᠡ ᠪᠠ ᠬᠦᠴᠦᠯᠡᠴᠡ  ᠶᠢᠨ ︽ᠬᠤᠤᠰ ᠡᠵᠡᠮᠰᠢᠯ︾  ᠢ ᠬᠡᠷᠡᠭᠵᠢᠬᠦᠯᠵᠦ ᠂ ᠠᠮᠢ ᠠᠬᠤᠢ  ᠳᠤ ︽ᠬᠤᠭᠤᠰᠤᠨ ᠵᠠᠢ︾ ᠦᠯᠡᠳᠡᠬᠡᠵᠦ᠂ ᠡᠬᠡ ᠪᠠᠶᠢᠭᠠᠯᠢ ᠳᠤ ᠠᠷᠪᠢᠨ ︽ᠨᠤᠭᠤᠭᠠᠨ ᠢ ᠳᠠᠷᠢᠨ᠎ᠠ︾᠃ ᠤᠷᠴᠢᠨ ᠳᠤᠭᠤᠷᠢᠨ  ᠤ ᠬᠠᠤᠯᠢ ᠬᠡᠷᠡᠭᠵᠢᠬᠦᠯᠥᠯᠳᠡ  ᠶᠢ ᠴᠢᠩᠭᠠᠳᠬᠠᠵᠤ᠂ ᠰᠠᠯᠠᠭ᠎ᠠ ᠮᠥᠴᠢᠷ ᠬᠠᠮᠳᠤᠷᠠᠨ ᠰᠡᠷᠬᠡᠶᠢᠯᠡᠵᠦ ᠬᠠᠮᠳᠤᠷᠠᠨ ᠬᠤᠷᠢᠭᠯᠠᠬᠤ  ᠶᠢ ᠲᠦᠯᠬᠢᠨ ᠠᠬᠢᠭᠤᠯᠤᠨ᠎ᠠ᠃ ᠪᠦᠬᠦ ᠠᠷᠠᠳ ᠢᠶᠠᠷ ᠡᠨᠧᠷᠬᠢ ᠠᠷᠪᠢᠯᠠᠬᠤ ᠠᠵᠢᠯᠯᠠᠭ᠎ᠠ  ᠶᠢᠨ ᠲᠦᠯᠥᠪᠯᠡᠭᠡ  ᠶᠢ ᠬᠡᠷᠡᠭᠵᠢᠬᠦᠯᠥᠨ᠎ᠡ᠃ ᠠᠮᠢ ᠠᠬᠤᠢ ᠶᠢᠨ ᠪᠤᠯᠪᠠᠰᠤᠨ  ᠤ ᠬᠦᠮᠦᠵᠢᠯ  ᠢ ᠴᠢᠩᠭᠠᠳᠬᠠᠵᠤ᠂ ᠪᠤᠬᠢᠷᠳᠤᠯ ᠦᠬᠡᠢ ᠬᠡᠷᠡᠭᠯᠡᠬᠡᠨ᠂ ᠪᠤᠬᠢᠷᠳᠤᠯ ᠦᠬᠡᠢ ᠠᠮᠢᠳᠤᠷᠠᠯ  ᠢ ᠴᠠᠭ  ᠤᠨ ᠤᠷᠤᠰᠬᠠᠯ ᠪᠤᠯᠭᠠᠵᠤ ᠂ ᠡᠬᠡ ᠪᠠᠶᠢᠭᠠᠯᠢ  ᠶᠢ ᠬᠦᠨᠳᠦᠳᠬᠡᠬᠦ᠂ ᠡᠬᠡ ᠪᠠᠶᠢᠭᠠᠯᠢ ᠪᠠᠨ ᠬᠠᠮᠠᠭᠠᠯᠠᠬᠤ  ᠶᠢ ᠳᠠᠳᠬᠠᠯ ᠪᠤᠯᠭᠠᠨ᠎ᠠ᠃     ︵ᠳᠤᠯᠤᠭ᠎ᠠ︶ ᠠᠷᠡᠳ ᠲᠦᠮᠡᠨ ᠢᠶᠠᠷ ᠲᠦᠪ ᠪᠤᠯᠭᠠᠬᠤ ᠬᠦᠭᠵᠢᠯᠳᠡ  ᠤᠨ ᠦᠵᠡᠯ ᠰᠠᠨᠠᠭ᠎ᠠ  ᠶᠢ ᠦᠢᠯᠡᠳᠦᠯᠬᠡᠵᠢᠬᠦᠯᠥᠨ᠂ ᠠᠷᠠᠳ  ᠤᠨ ᠠᠮᠢᠳᠤᠷᠠᠯ  ᠤᠨ ᠪᠤᠶᠠᠨ ᠬᠡᠰᠢᠭ  ᠢ ᠦᠷᠬᠦᠯᠵᠢᠯᠡᠨ ᠨᠡᠮᠡᠭᠳᠡᠬᠦᠯᠥᠨ᠎ᠡ      ᠬᠦᠢᠴᠡᠳ ᠠᠵᠢᠯ ᠤᠯᠭᠤᠯᠳᠠ  ᠶᠢ ᠴᠢᠷᠮᠠᠶᠢᠨ ᠪᠡᠶᠡᠯᠡᠬᠦᠯᠥᠨ᠎ᠡ᠃ ᠠᠵᠢᠯ ᠤᠯᠭᠤᠯᠳᠠ  ᠶᠢ ᠡᠩ ᠲᠡᠷᠢᠬᠦᠨ  ᠳᠤ ᠳᠠᠯᠪᠢᠬᠤ ᠪᠠᠶᠢᠯᠳᠤᠬᠤ ᠪᠤᠳᠤᠯᠭ᠎ᠠ ᠪᠠ ᠢᠳᠡᠪᠬᠢᠳᠠᠢ ᠠᠵᠢᠯ ᠤᠯᠭᠤᠯᠳᠠ  ᠶᠢᠨ ᠲᠦᠷᠦ  ᠶᠢᠨ ᠪᠤᠳᠤᠯᠭ᠎ᠠ  ᠶᠢ ᠪᠠᠷᠢᠮᠳᠠᠯᠠᠵᠤ᠂ ᠠᠵᠢᠯ ᠤᠯᠭᠤᠯᠳᠠ  ᠶᠢᠨ ᠤᠯᠠᠨ ᠨᠡᠶᠢᠳᠡ  ᠶᠢᠨ ᠦᠢᠯᠡᠴᠢᠯᠡᠭᠡ  ᠶᠢ ᠴᠢᠩᠭᠠᠳᠬᠠᠵᠤ᠂ ᠶᠡᠭᠡ ᠲᠡᠬᠡᠲᠦ ᠰᠤᠷᠭᠠᠭᠤᠯᠢ  ᠶᠢᠨ ᠰᠤᠷᠤᠭᠴᠢᠳ᠂ ᠠᠵᠢᠯ ᠤᠯᠭᠤᠯᠳᠠ ᠦᠬᠡᠢ ᠬᠡᠷ ᠪᠦᠯᠢ᠂ ᠳᠠᠷᠢᠶᠠᠯᠠᠩ ᠮᠠᠯᠵᠢᠬᠤ ᠤᠷᠤᠨ  ᠤ ᠰᠢᠯᠵᠢᠭᠰᠡᠡ ᠬᠦᠮᠦᠨ ᠠᠮᠠ᠂ ᠴᠡᠷᠢᠭ ᠠᠴᠠ ᠬᠠᠯᠠᠭᠳᠠᠭᠰᠠᠨ ᠬᠦᠮᠦᠰ ᠵᠡᠷᠬᠡ ᠴᠢᠬᠤᠯᠠ ᠪᠦᠯᠥᠭ ᠴᠤᠭᠴᠠᠰ  ᠤᠨ ᠠᠵᠢᠯ ᠤᠯᠭᠤᠯᠳᠠ ᠦᠢᠯᠡᠰ ᠴᠤᠭᠴᠠᠯᠠᠯᠳᠠ  ᠶᠢ ᠨᠢᠬᠡᠳᠦᠯᠳᠠᠢ ᠲᠦᠯᠬᠢᠨ ᠠᠬᠢᠭᠤᠯᠤᠨ᠎ᠠ᠃ ᠬᠤᠳᠠ  ᠶᠢᠨ ᠳᠤᠳᠤᠷᠠᠬᠢ ᠲᠡᠬᠡᠲᠦ ᠰᠤᠷᠭᠠᠭᠤᠯᠢ᠂ ᠠᠵᠢᠯ ᠮᠡᠷᠬᠡᠵᠢᠯ  ᠤᠨ ᠲᠡᠬᠡᠲᠦ ᠰᠤᠷᠭᠠᠭᠤᠯᠢ  ᠶᠢᠨ ᠬᠤᠤᠰ ᠴᠤᠭᠴᠠᠯᠠᠯᠳᠠ  ᠶᠢᠨ ᠰᠠᠭᠤᠷᠢᠨ ᠂ ᠪᠤᠳᠠᠳᠤ ᠪᠤᠯᠪᠠᠰᠤᠷᠠᠯ  ᠤᠨ ᠰᠠᠭᠤᠷᠢᠨ ᠢ ᠪᠦᠲᠦᠬᠡᠨ ᠪᠠᠶᠢᠭᠤᠯᠵᠤ᠂ ︽ᠤᠶᠤᠳᠠᠨ ᠨᠠᠷ  ᠤᠨ ᠤᠯᠠᠭᠠᠨᠴᠠᠪ  ᠲᠤ ᠦᠢᠯᠡᠰ ᠴᠤᠭᠴᠠᠯᠠᠵᠤ ᠠᠵᠢᠯ ᠤᠯᠬᠤ ᠵᠡᠬᠦᠳᠦ ᠪᠠᠨ ᠳᠡᠷᠭᠡᠯᠰᠢᠬᠦᠯᠬᠦ ᠠᠵᠢᠯᠯᠠᠭ᠎ᠠ︾  ᠶᠢ ᠶᠠᠪᠤᠭᠳᠠᠭᠤᠯᠤᠨ᠎ᠠ᠃ ᠳᠤᠮᠤ ᠳ᠋ᠠᠶᠢᠲ᠋ᠠ ᠶᠢᠨ ᠦᠢᠯᠡᠴᠢᠯᠡᠭᠡ  ᠶᠢᠨ ᠭᠠᠳᠠᠭᠰᠢ ᠳᠠᠭᠠᠭᠠᠴᠢᠯᠠᠭᠰᠠᠨ ᠠᠵᠤ ᠦᠢᠯᠡᠰ ᠲᠠᠬᠢ ᠰᠢᠭᠤᠳ ᠠᠵᠢᠯ ᠤᠯᠤᠭᠰᠠᠨ ᠬᠦᠮᠦᠨ  ᠤ ᠳᠤᠭ᠎ᠠ  ᠶᠢ 2 ᠲᠦᠮᠡ  ᠳᠤ ᠬᠦᠷᠬᠦ  ᠶᠢ ᠪᠡᠶᠡᠯᠡᠬᠦᠯᠥᠨ᠎ᠡ᠃ ᠬᠤᠳᠠ ᠶᠢᠨ ᠤᠯᠠᠨ   ᠢᠶᠠᠷ  ᠢᠶᠠᠨ ᠦᠢᠯᠡᠰ ᠪᠤᠰᠬᠠᠬᠤ ᠳᠤᠮᠤ ᠠᠰᠠᠷ ᠵᠡᠷᠬᠡ ᠦᠢᠯᠡᠰ ᠪᠤᠰᠬᠠᠬᠤ ᠳᠠᠪᠴᠠᠩ ᠢ ᠪᠦᠲᠦᠬᠡᠨ ᠪᠠᠶᠢᠭᠤᠯᠬᠤ  ᠶᠢ ᠲᠦᠷᠬᠡᠳᠬᠡᠵᠦ᠂ ᠨᠡᠶᠢᠳᠡ ᠤᠯᠠᠨ ᠢᠶᠠᠷ ᠢᠶᠠᠨ ᠡᠬᠦᠳᠬᠦ᠂ ᠨᠡᠶᠢᠳᠡ ᠤᠯᠠᠨ ᠢᠶᠠᠷ ᠢᠶᠠᠨ ᠳᠠᠭᠠᠭᠠᠴᠢᠯᠠᠬᠤ᠂ ᠨᠡᠶᠢᠳᠡ ᠤᠯᠠᠨ ᠢᠶᠠᠷ ᠢᠶᠠᠨ ᠲᠡᠮᠵᠢᠬᠦ᠂ ᠨᠡᠶᠢᠳᠡ ᠤᠯᠠᠨ ᠢᠶᠠᠷ ᠬᠤᠷᠠᠮᠳᠤᠭᠤᠯᠬᠤ ᠰᠢᠨ᠎ᠡ ᠲᠦᠷᠰᠦ ᠪᠠᠶᠢᠳᠠᠯ  ᠤᠨ ᠵᠠᠭᠪᠤᠷ  ᠢ ᠪᠤᠶᠢᠵᠢᠭᠤᠯᠤᠨ ᠬᠦᠭᠵᠢᠬᠦᠯᠵᠦ᠂ ᠦᠢᠯᠡᠰ ᠴᠤᠭᠴᠠᠯᠠᠬᠤ ᠪᠠᠷ ᠠᠵᠢᠯ ᠤᠯᠭᠤᠯᠳᠠ  ᠢ ᠳᠠᠶᠢᠴᠢᠯᠠᠨ ᠳᠠᠭᠠᠭᠤᠯᠤᠨ᠎ᠠ᠃ ᠬᠦᠳᠡᠯᠮᠦᠷᠢ ᠬᠦᠴᠦᠨ  ᠤ ᠠᠵᠤ ᠠᠬᠤᠢ  ᠶᠢ ᠶᠡᠭᠡ ᠪᠠᠷ ᠬᠦᠭᠵᠢᠬᠦᠯᠵᠦ᠂ ︽ᠤᠯᠠᠭᠠᠨ ᠭᠤᠸ᠎ᠠ︾ ᠵᠡᠷᠬᠡ ᠬᠦᠳᠡᠯᠮᠦᠷᠢ ᠬᠦᠴᠦᠨ  ᠤ ᠨᠡᠷᠡᠲᠦ ᠲᠡᠮᠳᠡᠭᠲᠦ  ᠶᠢ ᠪᠤᠵᠠᠭᠠᠶᠢᠷᠠᠭᠤᠯᠤᠨ ᠬᠦᠴᠦᠷᠬᠡᠭᠵᠢᠬᠦᠯᠥᠨ᠎ᠡ᠃ ᠪᠠᠷᠢᠯᠭ᠎ᠠ ᠶᠢᠨ ᠮᠥᠩᠬᠦ ᠵᠤᠭᠤᠰ ᠪᠤᠯᠤᠨ ᠳᠠᠷᠢᠶᠠᠴᠢᠨ ᠬᠦᠯᠦᠰᠦᠨ ᠠᠵᠢᠯᠴᠢᠨ  ᠤ ᠴᠠᠯᠢᠩ ᠬᠦᠯᠥᠰᠦ  ᠶᠢ ᠳᠤᠳᠠᠭᠳᠠᠭᠤᠯᠬᠤ ᠦᠢᠯᠡ ᠠᠵᠢᠯᠯᠠᠭ᠎ᠠ  ᠶᠢ ᠵᠠᠰᠠᠨ ᠵᠦᠭᠰᠢᠷᠡᠬᠦᠯᠬᠦ ᠡᠷᠴᠢᠮ ᠢᠶᠠᠨ ᠴᠢᠩᠭᠠᠷᠠᠭᠤᠯᠵᠤ᠂ ᠡᠶ᠎ᠡ ᠵᠤᠬᠢᠴᠠᠯᠳᠤ ᠬᠦᠳᠡᠯᠮᠦᠷᠢ ᠶᠢᠨ ᠬᠠᠷᠢᠴᠠᠭ᠎ᠠ  ᠶᠢ ᠪᠠᠶᠢᠭᠤᠯᠤᠨ᠎ᠠ᠃ ᠳᠠᠷᠢᠶᠠᠯᠠᠬᠤ ᠮᠠᠯᠵᠢᠬᠤ ᠤᠷᠤᠨ  ᠤ ᠬᠦᠳᠡᠯᠮᠦᠷᠢ ᠬᠦᠴᠦᠨ  ᠢ ᠰᠢᠯᠵᠢᠬᠦᠯᠵᠦ 37.5 ᠲᠦᠮᠡᠨ ᠬᠦᠮᠦᠨ  ᠳᠤ ᠠᠵᠢᠯ ᠤᠯᠭᠤᠨ᠎ᠠ᠃     ᠨᠡᠶᠢᠬᠡᠮ  ᠤᠨ ᠪᠠᠳᠤᠯᠠᠪᠤᠷᠢ  ᠶᠢᠨ ᠰᠢᠰᠲ᠋ᠧᠮ  ᠢ ᠲᠡᠬᠦᠯᠳᠡᠷᠵᠢᠬᠦᠯᠥᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ  ᠳᠤ ᠤᠷᠤᠯᠴᠠᠬᠤ ᠲᠦᠯᠥᠪᠵᠢᠬᠦᠯᠬᠡ  ᠶᠢ ᠪᠦᠬᠦ ᠳᠠᠯ᠎ᠠ ᠪᠠᠷ ᠬᠡᠷᠡᠭᠵᠢᠬᠦᠯᠥᠨ᠎ᠡ᠃ ᠬᠤᠳᠠ ᠤᠷᠤᠵᠤ ᠠᠵᠢᠯ ᠬᠢᠭᠰᠡᠳ᠂ ᠭᠠᠵᠠᠷ ᠢᠶᠠᠨ ᠳᠠᠳᠠᠪᠤᠷᠢᠯᠠᠭᠤᠯᠤᠭᠰᠠᠨ ᠳᠠᠷᠢᠶᠠᠴᠢᠨ ᠮᠠᠯᠴᠢᠨ  ᠤ ᠨᠠᠰᠤᠵᠢᠯ  ᠤᠨ ᠳᠠᠭᠠᠳᠬᠠᠯ  ᠳᠤ ᠤᠷᠤᠯᠴᠠᠬᠤ  ᠶᠢ ᠨᠢ ᠬᠦᠳᠦᠯᠥᠨ ᠤᠷᠮᠠᠰᠢᠭᠤᠯᠤᠨ᠎ᠠ᠃ ᠠᠵᠢᠯᠳᠠᠨ᠂ ᠰᠠᠭᠤᠭᠠᠯᠢ ᠠᠷᠠᠳ  ᠤᠨ ᠡᠮᠨᠡᠯᠬᠡ  ᠶᠢᠨ ᠳᠠᠭᠠᠳᠬᠠᠯ ᠪᠤᠯᠤᠨ ᠬᠦᠨᠳᠦ ᠡᠪᠡᠳᠴᠢᠨ  ᠤ ᠳᠠᠭᠠᠳᠬᠠᠯ  ᠶᠢᠨ ᠲᠦᠷᠢᠮ  ᠢ ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ ᠪᠦᠷᠬᠦᠴᠡ  ᠶᠢᠨ ᠬᠡᠪᠴᠢᠶ᠎ᠡ  ᠶᠢ ᠦᠷᠬᠡᠳᠬᠡᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ  ᠤᠨ ᠤᠶᠢᠷ᠎ᠠ ᠬᠠᠪᠢ  ᠳᠠᠭᠠᠨ ᠳᠠᠭᠠᠳᠬᠠᠯ  ᠳᠤ ᠤᠷᠤᠯᠴᠠᠬᠤ ᠪᠠ ᠰᠢᠨ᠎ᠡ ᠪᠠᠷ ᠲᠦᠷᠦᠭᠰᠡᠨ ᠨᠢᠯᠬᠠᠰ  ᠤᠨ ᠲᠦᠯᠥᠪᠦᠷᠢ ᠦᠬᠡᠢ ᠪᠠᠷ ᠳᠠᠭᠠᠳᠬᠠᠯ  ᠳᠤ ᠤᠷᠤᠯᠴᠠᠬᠤ ᠲᠦᠷᠦ ᠶᠢᠨ ᠪᠤᠳᠤᠯᠭ᠎ᠠ  ᠶᠢ ᠨᠠᠶᠢᠳᠠᠪᠦᠷᠢᠵᠢᠭᠤᠯᠤᠨ᠎ᠠ᠃ ᠬᠤᠳᠠ ᠬᠦᠳᠡᠭᠡ  ᠶᠢᠨ ᠡᠮᠨᠡᠯᠬᠡ  ᠶᠢᠨ ᠳᠠᠭᠠᠳᠬᠠᠯ  ᠢ ᠭᠠᠷ ᠤᠳᠠᠰᠤ ᠪᠠᠷ ᠦᠪᠡᠷᠰᠡᠳ ᠢᠶᠠᠨ ᠳᠤᠰᠢᠶᠠᠬᠤ ᠰᠢᠰᠲ᠋ᠧᠮ  ᠢ ᠨᠡᠬᠡᠬᠡᠵᠦ ᠨᠡᠪᠳᠡᠷᠡᠬᠦᠯᠥᠨ᠎ᠡ᠃ ᠳᠠᠩ ᠡᠪᠡᠳᠴᠢᠨ  ᠤ ᠲᠦᠷᠦᠯ ᠢᠶᠠᠷ ᠵᠤᠭᠤᠰ ᠳᠤᠰᠢᠶᠠᠬᠤ ᠪᠠᠷ ᠭᠤᠤᠯᠳᠠᠭᠰᠠᠨ ᠨᠡᠶᠢᠯᠡᠮᠡᠯ ᠬᠡᠯᠪᠡᠷᠢ  ᠶᠢᠨ ᠵᠤᠭᠤᠰ ᠳᠤᠰᠢᠶᠠᠬᠤ ᠠᠷᠭ᠎ᠠ ᠬᠡᠯᠪᠡᠷᠢ  ᠶᠢ ᠦᠬᠡᠷᠡᠴᠢᠯᠡᠬᠦ  ᠶᠢ ᠦᠷᠨᠢᠬᠦᠯᠵᠦ᠂ ᠤᠯᠠᠨ ᠲᠦᠮᠡᠨ  ᠤ ᠡᠮᠨᠡᠯᠬᠡ  ᠶᠢᠨ ᠳᠠᠷᠤᠭᠠᠰᠤ  ᠶᠢ ᠬᠦᠩᠬᠡᠯᠡᠨ᠎ᠡ᠃ ᠤᠨᠳᠤᠤ ᠭᠠᠵᠠᠷ ᠲᠤ ᠡᠪᠡᠳᠴᠢᠨ ᠦᠵᠡᠬᠦᠯᠬᠦ ᠲᠤᠭᠳᠠᠭᠰᠠᠨ ᠴᠡᠭ ᠤᠨ ᠡᠮᠨᠡᠯᠭᠡ ᠶᠢᠨ ᠬᠤᠷᠢᠶᠠᠨ ᠤ ᠬᠡᠪᠴᠢᠶ᠎ᠠ ᠶᠢ ᠦᠷᠬᠡᠳᠬᠡᠨ᠎ᠡ᠃ ᠨᠡᠶᠢᠬᠡᠮ  ᠤᠨ ᠲᠤᠰᠠᠯᠠᠯᠳᠠ ᠪᠠ ᠨᠡᠶᠢᠬᠡᠮ  ᠤᠨ ᠠᠰᠠᠷᠠᠮᠵᠢ ᠶᠢᠨ ᠰᠢᠰᠲ᠋ᠧᠮ ᠢ ᠲᠡᠬᠦᠯᠳᠡᠷᠵᠢᠬᠦᠯᠥᠨ᠎ᠡ᠃ ᠨᠡᠶᠢᠬᠡᠮ  ᠤᠨ ᠠᠪᠤᠷᠠᠨ ᠲᠤᠰᠠᠯᠠᠯᠳᠠ ᠬᠦᠷᠳᠡᠭᠰᠡᠳ ᠢ ᠮᠠᠭᠠᠳᠯᠠᠨ ᠳᠤᠭᠳᠠᠭᠠᠬᠤ ᠤᠨᠤᠪᠴᠢ  ᠶᠢᠨ ᠬᠡᠮᠵᠢᠶ᠎ᠡ ᠪᠤᠯᠤᠨ ᠠᠪᠤᠷᠠᠨ ᠳᠤᠰᠠᠯᠠᠬᠤ ᠪᠠᠷᠢᠮᠵᠢᠶ᠎ᠠ  ᠶᠢ ᠲᠡᠬᠡᠭᠰᠢᠯᠡᠬᠦᠯᠵᠦ᠂ ᠪᠦᠬᠦ ᠬᠤᠳᠠ  ᠶᠢᠨ ᠡᠷᠦᠬᠡ ᠪᠠᠷ ᠨᠢᠬᠡᠴᠢᠯᠡᠭᠰᠡᠨ ᠳᠠᠭᠠᠳᠬᠠᠯ  ᠢ ᠬᠡᠷᠡᠭᠵᠢᠬᠦᠯᠬᠦ ᠬᠠᠷᠢᠴᠠᠯ  ᠢ ᠦᠪᠡᠷᠳᠡᠬᠡᠨ ᠵᠠᠰᠠᠬᠤ ᠤᠷᠤᠨ  ᠤ ᠳᠤᠮᠳᠠᠴᠢ ᠬᠢᠷᠢ ᠲᠦᠪᠰᠢᠨ  ᠳᠤ ᠬᠦᠷᠬᠡᠨ᠎ᠡ᠃ ᠦᠨᠦᠴᠢᠨ ᠬᠡᠦᠬᠡᠳ᠂ ᠬᠦᠴᠢᠷ ᠤᠷᠴᠢᠨ  ᠤ ᠪᠠᠭᠠᠴᠤᠤᠯ᠂ ᠤᠨᠴᠠ ᠬᠦᠴᠢᠷᠳᠡᠯ  ᠤᠨ ᠠᠰᠠᠷᠠᠮᠵᠢ ᠲᠠᠢ ᠬᠦᠮᠦᠰ᠂ ᠵᠡᠮᠳᠡᠭ ᠬᠦᠮᠦᠨ ᠵᠡᠷᠬᠡ ᠬᠦᠴᠢᠷᠳᠡᠯ  ᠲᠠᠢ ᠰᠦᠷᠦᠭᠵᠢᠯ ᠪᠤᠯᠤᠨ ᠦᠨᠳᠦᠷ ᠨᠠᠰᠤᠳᠠᠳ᠂ ᠲᠡᠳᠬᠦᠪᠦᠷᠢ ᠬᠠᠷᠠᠭᠠᠯᠵᠠᠯ ᠬᠦᠷᠳᠡᠬᠦ ᠡᠳᠡᠬᠡᠳ  ᠤᠨ ᠨᠦᠬᠦᠪᠦᠷᠢ  ᠶᠢᠨ ᠪᠠᠷᠢᠮᠵᠢᠶ᠎ᠠ  ᠶᠢ ᠲᠡᠬᠡᠭᠰᠢᠯᠡᠬᠦᠯᠵᠦ᠂ ᠤᠭᠤᠳᠠ ᠪᠠᠨ ᠠᠭᠤᠳᠠᠯᠯᠠᠬᠤ ᠪᠠᠳᠤᠯᠠᠪᠤᠷᠢ  ᠶᠢᠨ ᠳᠤᠤᠷ  ᠢ ᠪᠠᠳᠤ ᠪᠠᠬᠢ ᠴᠤᠭᠴᠠᠯᠠᠨ᠎ᠠ᠃ ᠨᠡᠶᠢᠬᠡᠮ ᠤᠨ ᠨᠢᠬᠦᠯᠡᠰᠦᠩᠬᠦᠢ ᠬᠠᠨᠳᠢᠪ ᠳᠤᠰᠠᠯᠠᠮᠵᠢ ᠶᠢ ᠳᠡᠮᠵᠢᠨ ᠲᠦᠷᠢᠮᠵᠢᠬᠦᠯᠥᠨ᠎ᠡ᠃ ᠤᠷᠤᠰᠢᠭᠤᠯᠭ᠎ᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠤᠷᠤᠰᠢᠭᠤᠯᠭ᠎ᠠ  ᠶᠢᠨ ᠰᠠᠭᠤᠷᠢ ᠲᠦᠬᠦᠬᠡᠷᠦᠮᠵᠢ  ᠶᠢᠨ ᠪᠦᠲᠦᠬᠡᠨ ᠪᠠᠶᠢᠭᠤᠯᠤᠯᠳᠠ  ᠶᠢ ᠲᠦᠷᠬᠡᠳᠬᠡᠨ᠎ᠡ᠃      ᠰᠤᠷᠭᠠᠨ ᠬᠦᠮᠦᠵᠢᠯ  ᠤᠨ ᠦᠢᠯᠡᠰ  ᠢ ᠤᠷᠢᠳᠠᠪᠠᠷ ᠬᠦᠭᠵᠢᠬᠦᠯᠥᠨ᠎ᠡ᠃ ᠰᠤᠷᠭᠠᠨ ᠬᠦᠮᠦᠵᠢᠯ ᠤᠨ ᠦᠭᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠤᠯᠠᠨ ᠲᠦᠮᠡᠨ  ᠤ ᠠᠩᠬᠠᠷᠴᠤ ᠪᠠᠶᠢᠭ᠎ᠠ ᠬᠠᠯᠠᠮᠰᠢᠯ ᠮᠠᠳᠠᠭ  ᠲᠠᠢ ᠠᠰᠠᠭᠤᠳᠠᠯ  ᠢ ᠬᠦᠴᠦᠯᠡᠨ ᠰᠢᠢᠳᠪᠦᠷᠢᠯᠡᠵᠦ᠂ ᠠᠷᠠᠳ ᠲᠦᠮᠡᠨ  ᠳᠤ ᠰᠡᠳᠬᠢᠯ ᠬᠠᠨᠤᠮᠵᠢᠳᠠᠢ ᠰᠤᠷᠭᠠᠨ ᠬᠦᠮᠦᠵᠢᠯ  ᠢ ᠴᠢᠷᠮᠠᠶᠢᠨ ᠰᠠᠶᠢᠳᠤᠷ ᠡᠷᠬᠢᠯᠡᠨ᠎ᠡ᠃ ᠠᠯᠪᠠᠨ ᠵᠢᠷᠤᠮ  ᠤᠨ ᠰᠤᠷᠭᠠᠨ ᠬᠦᠮᠦᠵᠢᠯ  ᠢ ᠰᠢᠯᠢᠳᠡᠭᠵᠢᠬᠦᠯᠥᠨ ᠲᠡᠩᠴᠡᠬᠦᠷᠢᠰᠢᠬᠦᠯᠵᠤ ᠬᠦᠭᠵᠢᠬᠦᠯᠬᠦ  ᠶᠢ ᠢᠳᠡᠪᠬᠢᠳᠠᠢ ᠬᠡᠷᠡᠭᠵᠢᠬᠦᠯᠵᠦ᠂ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ  ᠶᠢ ᠪᠦᠬᠦ ᠳᠠᠯ᠎ᠠ ᠪᠠᠷ ᠲᠡᠬᠡᠭᠰᠢᠯᠡᠬᠦᠯᠥᠨ᠎ᠡ᠃ ᠤᠯᠠᠨ ᠠᠷᠭ᠎ᠠ ᠪᠠᠷᠢᠯ  ᠢ ᠬᠠᠮᠳᠤ  ᠳᠤᠨᠢ ᠠᠰᠢᠭᠯᠠᠵᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ  ᠢ ᠬᠦᠭᠵᠢᠬᠦᠯᠵᠦ᠂ ᠴᠡᠴᠡᠷᠯᠢᠭ  ᠲᠤ ᠪᠤᠷᠤ ᠡᠯᠰᠡᠭᠳᠡᠬᠦ ᠨᠤᠷᠮ᠎ᠠ  ᠶᠢ 96%  ᠳᠤ ᠬᠦᠷᠬᠡᠨ᠎ᠡ᠃ ᠬᠡᠦᠬᠡᠳ  ᠤᠨ ᠴᠡᠴᠡᠷᠯᠢᠭ  ᠤᠨ ᠰᠤᠷᠭᠠᠭᠤᠯᠢ ᠡᠷᠬᠢᠯᠡᠬᠦ ᠠᠵᠢᠯᠯᠠᠭ᠎ᠠ  ᠶᠢ ᠲᠦᠷᠢᠮᠵᠢᠬᠦᠯᠵᠦ᠂ ᠬᠡᠦᠬᠡᠳ ᠪᠤᠯᠭᠠᠨ  ᠢ ᠡᠷᠡᠬᠦᠯ ᠡᠩᠬᠡ ᠪᠠᠶᠠᠷ ᠬᠦᠷ ᠲᠠᠢ ᠦᠰᠦᠨ ᠪᠤᠶᠢᠵᠢᠭᠤᠯᠤᠨ᠎ᠠ᠃ ᠡᠩ  ᠤᠨ ᠦᠨᠳᠦᠷ ᠳᠤᠮᠳᠠᠳᠤ  ᠶᠢᠨ ᠰᠢᠯᠢᠳᠡᠭ ᠤᠨᠴᠠᠯᠢᠭᠳᠤ ᠤᠯᠠᠨ ᠶᠠᠩᠵᠤᠵᠢᠭᠰᠠᠨ ᠬᠦᠭᠵᠢᠯᠳᠡ  ᠶᠢ ᠲᠦᠷᠬᠡᠳᠬᠡᠨ᠎ᠡ᠃ ᠠᠵᠤ ᠦᠢᠯᠡᠰ ᠰᠤᠷᠭᠠᠨ ᠬᠦᠮᠦᠵᠢᠯ ᠤᠨ ᠠᠭᠤᠰᠤᠯᠴᠠᠯ᠂ ᠰᠤᠷᠭᠠᠭᠤᠯᠢ ᠠᠵᠤ ᠠᠬᠤᠶᠢᠯᠠᠯ ᠤᠨ ᠬᠠᠮᠳᠤᠷᠠᠯᠴᠠᠭ᠎ᠠ ᠶᠢ ᠪᠠᠷᠢᠮᠳᠠᠯᠠᠵᠤ᠂ ᠠᠵᠢᠯ ᠮᠡᠷᠬᠡᠵᠢᠯ  ᠤᠨ ᠰᠤᠷᠭᠠᠨ ᠬᠦᠮᠦᠵᠢᠯ ᠪᠤᠯᠤᠨ ᠪᠤᠯᠪᠠᠰᠤᠷᠠᠭᠤᠯᠤᠯ ᠤᠨ ᠰᠢᠰᠲ᠋ᠧᠮᠵᠢ ᠶᠢ ᠲᠡᠬᠦᠯᠳᠡᠷᠵᠢᠬᠦᠯᠵᠦ᠂ ᠳᠤᠮᠤ ᠳ᠋ᠠᠶᠢᠲ᠋ᠠ ᠵᠡᠷᠬᠡ  ᠬᠦᠭᠵᠢᠯᠳᠡ ᠶᠢᠨ ᠪᠠᠴᠢᠮ ᠱᠠᠭᠠᠷᠳᠠᠯᠭ᠎ᠠ ᠲᠠᠢ ᠨᠡᠷᠡᠲᠦ ᠲᠡᠮᠳᠡᠭ  ᠤᠨ ᠳᠤᠰᠬᠠᠢ ᠮᠡᠷᠬᠡᠵᠢᠯ  ᠢ ᠪᠤᠢ ᠪᠤᠯᠭᠠᠨ᠎ᠠ᠃ ᠦᠨᠳᠦᠰᠦᠳᠡᠨ  ᠤ ᠰᠤᠷᠭᠠᠨ ᠬᠦᠮᠦᠵᠢᠯ  ᠢ ᠤᠷᠢᠳᠠᠪᠠᠷ ᠬᠦᠭᠵᠢᠬᠦᠯᠵᠦ᠂ ᠤᠨᠴᠠᠭᠠᠢ ᠰᠤᠷᠭᠠᠨ ᠬᠦᠮᠦᠵᠢᠯ ᠢ ᠬᠦᠨᠳᠦᠳᠬᠡᠵᠦ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ ᠲᠡᠮᠵᠢᠵᠦ ᠲᠦᠷᠢᠮᠵᠢᠬᠦᠯᠥᠨ᠂ ᠦᠷᠬᠦᠯᠵᠢᠯᠡᠭᠰᠡᠨ ᠰᠤᠷᠭᠠᠨ ᠬᠦᠮᠦᠵᠢᠯ  ᠢ ᠰᠠᠶᠢᠳᠤᠷ ᠡᠷᠬᠢᠯᠡᠵᠦ᠂ ᠲᠡᠬᠡᠲᠦ ᠵᠡᠷᠬᠡ  ᠶᠢᠨ ᠰᠤᠷᠭᠠᠨ ᠬᠦᠮᠦᠵᠢᠯ  ᠤᠨ ᠠᠭᠤᠯᠤᠭᠳᠠᠬᠤᠨ ᠲᠠᠢ ᠬᠦᠭᠵᠢᠬᠦ  ᠶᠢ ᠲᠦᠷᠬᠡᠳᠬᠡᠨ᠎ᠡ᠃ ᠪᠠᠭᠰᠢ  ᠶᠢᠨ ᠮᠤᠷᠠᠯ ᠪᠠᠭᠰᠢ  ᠶᠢᠨ ᠰᠤᠷᠳᠠᠯ  ᠤᠨ ᠪᠠᠶᠢᠭᠤᠯᠤᠯᠳᠠ  ᠶᠢ ᠴᠢᠩᠭᠠᠳᠬᠠᠵᠤ᠂ ᠪᠠᠭᠰᠢ  ᠶᠢᠨ ᠬᠡᠪ ᠴᠢᠨᠠᠷ  ᠢ ᠲᠡᠬᠡᠭᠰᠢᠯᠡᠬᠦᠯᠥᠨ᠎ᠡ᠃      ᠡᠮᠨᠡᠯᠬᠡ  ᠶᠢᠨ ᠦᠢᠯᠡᠴᠢᠯᠡᠬᠡᠨ ᠤ ᠬᠢᠷᠢ ᠲᠦᠪᠰᠢᠨ  ᠢ ᠲᠡᠬᠡᠭᠰᠢᠯᠡᠬᠦᠯᠥᠨ᠎ᠡ᠃ ᠡᠮ ᠡᠮᠨᠡᠯᠬᠡ ᠡᠷᠡᠬᠦᠯ ᠬᠠᠮᠠᠭᠠᠯᠠᠯ  ᠤᠨ  ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠡᠮ ᠳᠠᠩ ᠢᠶᠠᠷ ᠡᠮᠨᠡᠯᠬᠡ ᠡᠷᠬᠢᠯᠡᠬᠦ  ᠶᠢ ᠲᠡᠪᠴᠢᠵᠦ ᠦᠬᠡᠶᠢᠰᠬᠡᠨ᠎ᠡ᠃ ᠪᠡᠬᠡᠵᠢᠩ ᠦᠪᠦᠷ ᠮᠤᠩᠭᠤᠯ  ᠤᠨ ᠠᠵᠢᠯ ᠲᠦᠷᠦᠯ ᠢᠶᠠᠷ ᠲᠡᠮᠵᠢᠨ ᠲᠡᠳᠬᠦᠬᠦ   ᠳᠤ ᠲᠦᠰᠢᠭᠯᠡᠵᠦ᠂ ᠳᠤᠰᠬᠠᠢ ᠰᠠᠯᠠᠭ᠎ᠠ ᠶᠢ ᠬᠠᠮᠳᠤ ᠪᠠᠷ ᠴᠤᠭᠴᠠᠯᠠᠬᠤ᠂ ᠳᠤᠰᠬᠠᠢ ᠮᠡᠷᠬᠡᠵᠢᠯᠳᠡᠨ ᠳᠤᠭᠤᠷᠢᠨ ᠡᠮᠴᠢᠯᠡᠬᠦ᠂ ᠡᠮᠨᠡᠯᠬᠡ  ᠶᠢᠨ ᠬᠤᠯᠪᠤᠭᠠᠳᠤ ᠴᠤᠭᠴᠠ᠂ ᠪᠦᠬᠦᠶᠢᠯᠡ ᠴᠤᠭᠴᠠ ᠪᠠᠷ ᠨᠠᠶᠢᠳᠠᠨ ᠬᠠᠮᠢᠶᠠᠷᠬᠤ ᠵᠡᠷᠬᠡ ᠬᠡᠯᠪᠡᠷᠢ  ᠶᠢ ᠠᠪᠴᠤ᠂ ᠪᠡᠬᠡᠵᠢᠩ  ᠤᠨ ᠨᠡᠷᠡᠲᠦ ᠡᠮᠨᠡᠯᠬᠡ ᠯᠦᠭᠡ ᠶᠢᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠠᠷᠠᠳ ᠢᠷᠬᠡᠳ  ᠲᠤ ᠬᠡᠷ  ᠤᠨ ᠡᠬᠦᠳᠡᠨ  ᠳᠡᠭᠡᠨ ᠰᠢᠯᠢᠳᠡᠭ ᠡᠮᠨᠡᠯᠬᠡ ᠶᠢᠨ ᠦᠢᠯᠡᠴᠢᠯᠡᠭᠡ  ᠶᠢ ᠡᠳ᠋ᠯᠡᠬᠦᠯᠥᠨ᠎ᠡ᠃ ᠡᠯ᠎ᠡ ᠬᠤᠰᠢᠭᠤ ᠰᠢᠶᠠᠨ ᠬᠤᠳᠠ ᠳᠤᠭᠤᠷᠢᠭ  ᠤᠨ ᠶᠡᠷᠦᠩᠬᠡᠶᠢᠯᠡᠭᠰᠡᠨ ᠡᠮᠨᠡᠯᠬᠡ  ᠪᠦᠬᠦᠨ  ᠢ ᠬᠤᠶᠠᠷ ᠬᠦᠬᠡ ᠲᠡᠰ  ᠤᠨ ᠡᠮᠨᠡᠯᠬᠡ ᠪᠤᠯᠭᠠᠨ ᠪᠠᠶᠢᠭᠤᠯᠤᠨ᠎ᠠ᠃ ᠨᠡᠷᠡᠲᠦ ᠡᠮᠴᠢ  ᠶᠢᠨ ᠠᠵᠢᠯᠯᠠᠬᠤ ᠳᠠᠰᠤᠭ  ᠤᠨ ᠨᠡᠶᠢᠬᠡᠮ ᠳᠤᠭᠤᠷᠢᠭ  ᠲᠤ ᠤᠷᠤᠬᠤ  ᠶᠢ ᠲᠦᠯᠬᠢᠨ ᠠᠬᠢᠭᠤᠯᠵᠤ᠂ ︽ᠪᠠᠭ᠎ᠠ ᠡᠪᠡᠳᠴᠢᠨ  ᠢ ᠨᠡᠶᠢᠬᠡᠮ ᠳᠤᠭᠤᠷᠢᠭ  ᠲᠤ ᠦᠵᠡᠬᠦᠯᠵᠦ᠂ ᠬᠦᠨᠳᠦ ᠡᠪᠡᠳᠴᠢᠨ ᠢ ᠡᠮᠨᠡᠯᠬᠡ ᠰᠢᠯᠵᠢᠬᠦᠯᠥᠨ ᠦᠵᠡᠬᠦᠯᠵᠦ᠂ ᠡᠷᠡᠬᠦᠯᠵᠢᠯ  ᠢ ᠨᠡᠶᠢᠬᠡᠮ ᠳᠤᠭᠤᠷᠢᠭ  ᠲᠤ ᠪᠤᠴᠠᠭᠠᠬᠤ︾ ᠡᠪᠡᠳᠴᠢᠨ ᠡᠮᠨᠡᠬᠦ ᠲᠦᠯᠥᠪ ᠪᠠᠶᠢᠳᠠᠯ  ᠢ ᠪᠦᠷᠢᠯᠳᠦᠬᠦᠯᠥᠨ᠎ᠡ᠃ ᠳᠤᠰᠬᠤᠨ  ᠤ ᠡᠮᠴᠢ ᠦᠬᠡᠢ ᠬᠢᠯᠢ ᠬᠢᠵᠠᠭᠠᠷ  ᠤᠨ ᠭᠠᠴᠠᠭ᠎ᠠ ᠳᠤᠰᠬᠤᠨ  ᠳᠤ ᠪᠦᠬᠦ ᠳᠠᠯ᠎ᠠ ᠪᠠᠷ ︽ᠵᠢᠵᠢᠭ ᠡᠮ  ᠤᠨ ᠬᠠᠶᠢᠷᠴᠠᠭ︾  ᠤᠨ ᠢᠨᠵᠧᠨᠧᠷᠢᠩ  ᠢ ᠶᠠᠪᠤᠭᠤᠯᠤᠨ᠎ᠠ᠃ ᠬᠢᠳᠠᠳ ᠡᠸᠦ᠋ᠷᠦᠫᠠ ᠡᠮᠨᠡᠯᠬᠡ  ᠶᠢ ᠬᠠᠮᠳᠤ ᠳᠤᠨᠢ ᠴᠢᠬᠤᠯᠠᠴᠢᠯᠠᠵᠤ᠂ ᠮᠤᠩᠭᠤᠯ ᠬᠢᠳᠠᠳ ᠡᠮ ᠡᠮᠨᠡᠯᠬᠡ  ᠶᠢᠨ ᠦᠢᠯᠡᠰ ᠢ ᠵᠠᠯᠭᠠᠮᠵᠢᠯᠠᠨ ᠬᠦᠭᠵᠢᠬᠦᠯᠬᠦ  ᠶᠢ ᠲᠦᠯᠬᠢᠨ ᠠᠬᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ  ᠤᠨ ᠬᠦᠳᠡᠯᠬᠡᠬᠡᠨ  ᠢ ᠬᠦᠨᠵᠡᠬᠡᠢ ᠦᠷᠨᠢᠬᠦᠯᠵᠦ᠂ ᠤᠯᠠᠨ ᠨᠡᠶᠢᠳᠡ  ᠶᠢᠨ ᠡᠷᠡᠬᠦᠯ ᠬᠠᠮᠠᠭᠠᠯᠠᠯ ᠪᠤᠯᠤᠨ ᠬᠦᠨᠳᠦ ᠡᠪᠡᠳᠴᠢᠨ ᠳᠠᠬᠤᠯ ᠢ ᠰᠡᠷᠬᠡᠶᠢᠯᠡᠨ ᠡᠵᠡᠮᠳᠡᠬᠦ  ᠶᠢ ᠰᠠᠶᠢᠳᠤᠷ ᠬᠢᠨ᠎ᠡ᠃ ᠲᠦᠯᠥᠪᠯᠡᠬᠡᠲᠦ ᠦᠷᠡᠵᠢᠯ  ᠤᠨ ᠦᠢᠯᠡᠴᠢᠯᠡᠭᠡ ᠬᠠᠮᠢᠶᠠᠷᠤᠯᠳᠠ ᠳᠤ ᠦᠭᠡᠷᠡᠴᠢᠯᠡᠯᠳᠡ ᠬᠢᠵᠦ ᠳᠡᠭᠦᠯᠳᠡᠷᠵᠢᠬᠦᠯᠦᠨ᠂ ᠦᠷᠡᠵᠢᠯ ᠤᠨ ᠲᠦᠷᠦ  ᠶᠢᠨ ᠪᠤᠳᠤᠯᠭ᠎ᠠ  ᠶᠢ ᠠᠵᠤ ᠠᠬᠤᠢ ᠨᠡᠶᠢᠬᠡᠮ  ᠤᠨ ᠬᠠᠮᠢᠶ᠎ᠠ ᠪᠦᠬᠦᠢ ᠲᠦᠷᠦ  ᠶᠢᠨ ᠪᠤᠳᠤᠯᠭ᠎ᠠ ᠲᠠᠢ ᠵᠤᠯᠭᠠᠯᠳᠤᠭᠤᠯᠤᠨ᠎ᠠ᠃     ᠰᠤᠶᠤᠯ  ᠤᠨ ᠦᠢᠯᠡᠰ ᠤᠨ ᠬᠦᠭᠵᠢᠯᠳᠡ  ᠶᠢ ᠲᠦᠷᠬᠡᠳᠬᠡᠨ᠎ᠡ᠃ ᠨᠡᠶᠢᠬᠡᠮ ᠵᠢᠷᠤᠮ  ᠤᠨ ᠭᠤᠤᠯᠯᠠᠭᠴᠢ ᠦᠷᠳᠡᠭ  ᠤᠨ ᠦᠵᠡᠯ  ᠢ ᠨᠠᠷᠢᠨ ᠬᠢᠨᠠᠮᠠᠭᠠᠢ ᠦᠢᠯᠡᠳᠦᠯᠬᠡᠵᠢᠬᠦᠯᠵᠦ᠂ ᠡᠷᠬᠡᠲᠦ ᠠᠷᠠᠳ  ᠤᠨ ᠦᠵᠡᠯ ᠰᠠᠨᠠᠭ᠎ᠠ ᠶᠤᠰᠤ ᠮᠤᠷᠠᠯ  ᠤᠨ ᠪᠠᠶᠢᠭᠤᠯᠤᠯᠳᠠ  ᠶᠢ ᠴᠢᠩᠭᠠᠳᠬᠠᠨ᠎ᠠ᠃ ᠬᠤᠳᠠ ᠰᠢᠶᠠᠨ ᠬᠤᠶᠠᠷ ᠱᠠᠳᠤᠨ  ᠤ ᠨᠤᠮ ᠤᠨ ᠰᠠᠩ᠂ ᠰᠤᠶᠤᠯ  ᠤᠨ ᠤᠷᠳᠤᠨ᠂ ᠤᠷᠠᠨ ᠵᠢᠷᠤᠭ  ᠤᠨ ᠤᠷᠳᠤᠨ᠂ ᠤᠯᠠᠨ ᠲᠦᠮᠡᠨ  ᠤ ᠤᠷᠠᠯᠢᠭ  ᠤᠨ ᠤᠷᠳᠤᠨ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ  ᠤᠨ ᠤᠷᠳᠤᠨ  ᠤ ᠪᠦᠲᠦᠬᠡᠨ ᠪᠠᠶᠢᠭᠤᠯᠤᠯᠳᠠ  ᠶᠢ ᠲᠦᠷᠬᠡᠳᠬᠡᠨ᠎ᠡ᠃ ᠤᠯᠠᠭᠠᠨᠮᠦ᠋ᠴᠢᠷ  ᠤᠨ ᠦᠢᠯᠡᠰ  ᠤᠨ ᠬᠦᠭᠵᠢᠯᠳᠡ  ᠶᠢ ᠲᠦᠯᠬᠢᠨ ᠠᠬᠢᠭᠤᠯᠵᠤ᠂ ᠤᠷᠠᠯᠢᠭ  ᠤᠨ ᠰᠤᠳᠤᠨ ᠪᠦᠲᠦᠬᠡᠯ  ᠤᠨ ᠵᠤᠬᠢᠶᠠᠨ ᠪᠦᠲᠦᠬᠡᠯᠬᠡ  ᠶᠢ ᠴᠢᠩᠭᠠᠳᠬᠠᠵᠤ᠂ ᠤᠯᠠᠨ ᠲᠦᠮᠡᠨᠴᠢ ᠴᠢᠨᠠᠷ ᠲᠠᠢ ᠰᠤᠶᠤᠯ  ᠤᠨ ᠠᠵᠢᠯᠯᠠᠭ᠎ᠠ  ᠶᠢ ᠦᠷᠬᠡᠨ ᠲᠡᠯᠬᠡᠷ ᠦᠷᠨᠢᠬᠦᠯᠥᠨ᠎ᠡ᠃ ᠲᠡᠦᠬᠡᠨ ᠳᠤᠷᠠᠰᠬᠠᠯᠳᠤ ᠵᠦᠢᠯ᠂ ᠰᠤᠶᠤᠯ  ᠤᠨ ᠦᠪ᠂ ᠰᠤᠶᠤᠯ  ᠤᠨ ᠪᠤᠰᠤ ᠦᠪ  ᠢ ᠬᠠᠮᠠᠭᠠᠯᠠᠬᠤ ᠬᠦᠴᠦᠯᠡᠴᠡ ᠪᠠᠨ ᠨᠡᠮᠡᠭᠳᠡᠬᠦᠯᠥᠨ᠎ᠡ᠃ ᠰᠤᠨᠢᠨ ᠰᠡᠳᠬᠦᠯ ᠤᠩᠰᠢᠬᠤ ᠳᠤᠤᠷ ᠰᠦᠯᠵᠢᠶᠡᠨ  ᠤ ᠴᠢᠭ ᠪᠤᠯᠤᠨ ︽ᠬᠤᠳᠠ ᠶᠢᠨ ᠨᠤᠮ  ᠤᠨ ᠦᠷᠦᠬᠡ︾ ᠭᠠᠷᠭᠠᠵᠤ᠂ ᠪᠦᠬᠦ ᠠᠷᠠᠳ  ᠤᠨ ᠤᠩᠰᠢᠯᠭ᠎ᠠ  ᠶᠢ ᠲᠦᠯᠬᠢᠨ ᠠᠬᠢᠭᠤᠯᠤᠨ᠎ᠠ᠃      ᠲᠦᠯᠥᠬᠡᠯᠡᠭᠴᠢᠳ ᠨᠦᠬᠦᠳ ᠡ︕ ᠰᠢ ᠶᠢᠨ ᠫᠢᠩ ᠶᠡᠷᠦᠩᠬᠡᠢ ᠱᠦᠵᠢ ᠰᠢᠨ᠎ᠡ ᠵᠢᠯ  ᠤᠨ ᠪᠠᠶᠠᠷ  ᠤᠨ ᠦᠬᠡ  ᠳᠡᠭᠡᠨ ᠵᠢᠭᠠᠵᠤ ᠭᠠᠷᠭᠠᠭᠰᠠᠨ ᠨᠢ᠂ ᠵᠤᠯ ᠵᠢᠷᠭᠠᠯ ᠢ ᠪᠤᠯ ᠴᠦᠮ ᠲᠡᠮᠡᠴᠡᠨ ᠤᠯᠤᠭᠰᠠᠨ ᠶᠤᠮ ᠬᠡᠵᠠᠢ᠃ ᠪᠢᠳᠡ ᠵᠠᠪᠠᠯ ᠰᠢᠨ᠎ᠡ ᠡᠷᠡᠨ  ᠤ ᠠᠷᠠᠳ  ᠤᠨ ᠠᠮᠢᠳᠤᠷᠠᠯ  ᠤᠨ ᠬᠡᠷᠡᠭᠴᠡᠭᠡ ᠱᠠᠭᠠᠷᠳᠠᠯᠭ᠎ᠠ  ᠶᠢᠨ ᠰᠢᠨ᠎ᠡ ᠬᠤᠪᠢᠷᠠᠯᠳᠠ ᠲᠡᠬᠡᠷ᠎ᠡ ᠵᠤᠭᠰᠤᠵᠤ᠂ ᠴᠠᠭ ᠮᠥᠴᠡ ᠪᠦᠷᠢ  ᠳᠤ ᠠᠷᠠᠳ ᠢᠷᠬᠡᠳ  ᠤᠨ ᠠᠮᠤᠷ ᠲᠦᠪᠰᠢᠨ ᠬᠠᠯᠠᠭᠤᠨ ᠳᠤᠯᠠᠭᠠᠨ  ᠢ ᠵᠢᠷᠦᠬᠡᠨ  ᠳᠡᠭᠡᠨ ᠪᠤᠳᠤᠵᠤ᠂ ᠴᠠᠭ ᠮᠥᠴᠡ ᠪᠦᠷᠢ ᠳᠤ ᠠᠷᠠᠳ ᠲᠦᠮᠡᠨ  ᠤ ᠰᠠᠶᠢᠨ ᠰᠠᠶᠢᠬᠠᠨ ᠠᠮᠢᠳᠤᠷᠠᠯ  ᠤᠨ ᠬᠦᠰᠡᠯᠡᠩ  ᠢ ᠲᠡᠮᠡᠴᠡᠯ  ᠤᠨ ᠬᠠᠷᠠᠯᠳᠠ ᠪᠠᠨ ᠪᠤᠯᠭᠠᠵᠤ᠂ ᠤᠯᠠᠨ ᠲᠦᠮᠡᠨ  ᠤ ᠪᠤᠳᠤᠵᠤ ᠰᠠᠨᠠᠵᠤ ᠪᠦᠬᠦᠢ  ᠶᠢ ᠪᠤᠳᠤᠵᠤ ᠰᠠᠨᠠᠵᠤ᠂ ᠤᠯᠠᠨ ᠲᠦᠮᠡᠨ  ᠤ ᠪᠠᠴᠢᠮᠳᠠᠵᠤ ᠪᠦᠬᠦᠢ  ᠳᠤ ᠪᠠᠴᠢᠮᠳᠠᠵᠤ᠂ ᠴᠢᠳᠠᠯ  ᠤᠨ ᠬᠢᠷᠢ ᠪᠠᠷ ᠠᠵᠢᠯᠯᠠᠬᠤ ᠮᠦᠷᠳᠡᠬᠡᠨ ᠪᠦᠬᠦ ᠬᠦᠴᠦᠨ ᠴᠢᠳᠠᠯ ᠢᠶᠠᠷ ᠢᠶᠠᠨ ᠠᠵᠢᠯᠯᠠᠵᠤ᠂ ᠠᠷᠠᠳ  ᠤᠨ ᠠᠮᠢᠳᠤᠷᠠᠯ  ᠤᠨ ᠤᠴᠢᠷ ᠶᠠᠪᠤᠳᠠᠯ ᠪᠤᠯᠭᠠᠨ  ᠢ ᠰᠠᠶᠢᠳᠤᠷ ᠬᠢᠬᠦ ᠬᠡᠷᠡᠭᠳᠠᠢ᠃ ᠪᠤᠳᠠᠳᠠᠢ ᠪᠠᠷ ᠪᠤᠳᠠᠳᠠᠢ  ᠶᠢ ᠦᠢᠯᠡᠳᠴᠦ ᠵᠢᠷᠦᠬᠡ ᠰᠡᠳᠬᠢᠯ ᠢᠶᠠᠨ ᠬᠤᠯᠪᠤᠬᠤ ᠠᠷᠭ᠎ᠠ ᠪᠠᠷᠢᠯ ᠢᠶᠠᠷ ᠠᠷᠠᠳ ᠲᠦᠮᠡᠨ  ᠳᠡᠭᠡᠨ ᠵᠤᠯ ᠵᠢᠷᠭᠠᠯ  ᠢ ᠴᠤᠭᠴᠠᠯᠠᠨ ᠦᠭᠬᠦᠨ᠎ᠡ᠃     ︵ᠨᠠᠢᠮᠠ︶ ᠳᠤᠮᠤ ᠴᠢᠬᠤᠯᠠ ᠠᠶᠤᠯ ᠲᠦᠭᠰᠢᠬᠦᠷᠢ  ᠶᠢ ᠰᠡᠷᠬᠡᠶᠢᠯᠡᠵᠦ ᠠᠷᠢᠯᠭᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ  ᠢ ᠰᠠᠶᠢᠳᠤᠷ ᠬᠢᠵᠦ᠂ ᠠᠮᠤᠷ ᠠᠮᠤᠭᠤᠯᠠᠩ ᠤᠯᠠᠭᠠᠨᠴᠠᠪ  ᠢ ᠪᠦᠲᠦᠬᠡᠨ ᠪᠠᠶᠢᠭᠤᠯᠤᠨ᠎ᠠ      ᠡᠳ᠋ ᠤᠨ ᠵᠠᠰᠠᠭ ᠤᠨ ᠮᠥᠩᠬᠦᠨ ᠬᠦᠢᠯᠬᠡᠬᠡᠨ  ᠤ ᠲᠦᠭᠰᠢᠬᠦᠷᠢ ᠶᠢ ᠰᠡᠷᠬᠡᠶᠢᠯᠡᠨ ᠡᠵᠡᠮᠳᠡᠨ᠎ᠡ᠃ ᠵᠠᠰᠠᠭ ᠤᠨ ᠤᠷᠳᠤᠨ  ᠤ ᠦᠷᠢ ᠰᠢᠷᠢ ᠶᠢᠨ ᠬᠠᠮᠢᠶᠠᠷᠤᠯᠳᠠ ᠪᠠᠨ ᠴᠢᠩᠭᠠᠳᠬᠠᠨ᠎ᠠ᠃ ᠲᠦᠰᠦᠪ  ᠤᠨ ᠳᠤᠬᠢᠷᠠᠭᠤᠯᠤᠯᠭ᠎ᠠ᠂ ᠠᠪᠴᠠᠭᠠᠨ  ᠤ ᠡᠷᠬᠡ ᠪᠠᠨ ᠬᠠᠯᠠᠬᠤ᠂ ᠬᠦᠷᠦᠩᠬᠡ  ᠶᠢᠨ ᠳᠠᠪᠳᠠᠨ ᠪᠦᠯᠦᠭᠯᠡᠬᠦ᠂ ᠪᠡᠯᠡ ᠮᠦᠩᠬᠦᠨ ᠤ ᠢᠷᠡᠯᠳᠡ ᠶᠢ ᠴᠢᠯᠥᠬᠡᠳᠠᠢ ᠪᠤᠯᠭᠠᠬᠤ ᠬᠤᠷᠰᠢᠯ ᠢ ᠰᠠᠶᠢᠳᠤᠷ ᠬᠢᠵᠦ᠂ ᠳᠤᠭᠳᠠᠭᠤᠨ ᠡᠮᠬᠢ ᠲᠢᠭᠯᠢᠮ ᠲᠠᠢ ᠪᠠᠷ  ᠪᠠᠶᠢᠭ᠎ᠠ ᠦᠷᠢ ᠰᠢᠷᠢ  ᠪᠠᠨ ᠠᠷᠢᠯᠭᠠᠨ᠎ᠠ᠃ ᠲᠦᠰᠦᠪ  ᠤᠨ ᠬᠢᠵᠠᠭᠠᠷᠯᠠᠯ  ᠢ ᠴᠢᠩᠭᠠᠳᠬᠠᠵᠤ᠂ ᠴᠢᠳᠠᠯ  ᠤᠨ ᠬᠢᠷᠢ ᠪᠠᠷ ᠢᠶᠠᠨ ᠬᠢᠵᠦ᠂ ᠤᠷᠤᠯᠭ᠎ᠠ ᠪᠠᠨ ᠦᠨᠳᠦᠰᠦᠯᠡᠵᠦ ᠵᠠᠷᠤᠯᠭ᠎ᠠ ᠪᠠᠨ ᠲᠤᠬᠢᠷᠠᠭᠤᠯᠵᠤ᠂ ᠤᠷᠤᠨ ᠨᠤᠳᠤᠭ  ᠤᠨ ᠵᠠᠰᠠᠭ ᠤᠨ ᠤᠷᠳᠤᠨ ᠤ ᠪᠡᠯᠡ ᠤᠷᠤᠭᠤᠯᠬᠤ ᠲᠦᠷᠦᠯ ᠵᠦᠢᠯ᠂ ᠦᠷᠢ ᠳᠠᠯᠪᠢᠵᠤ ᠪᠡᠯᠡ  ᠮᠦᠩᠬᠦ ᠤᠷᠤᠭᠤᠯᠬᠤ᠂ ᠰᠠᠭᠤᠷᠢ ᠮᠥᠩᠬᠦᠨ  ᠤ ᠡᠵᠡᠩᠨᠡᠯᠳᠡ ᠡᠷᠬᠢᠯᠳᠡ ᠪᠤᠯᠤᠨ ᠤᠯᠠᠨ ᠨᠡᠶᠢᠳᠡ  ᠶᠢᠨ ᠦᠢᠯᠡᠴᠢᠯᠡᠭᠡ ᠶᠢ ᠬᠤᠳᠠᠯᠳᠤᠨ ᠠᠪᠬᠤ ᠦᠢᠯᠡ ᠠᠵᠢᠯᠯᠠᠭ᠎ᠠ  ᠶᠢ ᠴᠢᠩᠭ᠎ᠠ ᠲᠦᠷᠢᠮᠵᠢᠬᠦᠯᠵᠦ᠂ ᠵᠠᠰᠠᠭ  ᠤᠨ ᠤᠷᠳᠤᠨ  ᠤ ᠦᠷᠢ ᠰᠢᠷᠢ  ᠶᠢᠨ  ᠨᠡᠮᠡᠭᠳᠡᠯ ᠢ ᠴᠢᠩᠭ᠎ᠠ  ᠬᠤᠷᠢᠭᠯᠠᠨ᠎ᠠ᠂ ᠠᠷᠠᠳ  ᠤᠨ ᠲᠦᠯᠥᠬᠡᠯᠡᠭᠴᠢᠳ ᠤᠨ ᠶᠡᠭᠡ ᠬᠤᠷᠠᠯ  ᠠᠴᠠ ᠦᠯᠥ ᠵᠦᠪᠰᠢᠶᠡᠷᠡᠭᠰᠡᠨ᠂ ᠲᠦᠰᠦᠪ  ᠲᠤ ᠦᠯᠥ ᠳᠤᠬᠢᠷᠠᠭᠤᠯᠤᠭᠰᠠᠨ᠂  ᠪᠡᠯᠡ ᠮᠥᠩᠬᠦᠨ  ᠤ ᠢᠷᠡᠯᠳᠡ ᠦᠬᠡᠢ ᠰᠢᠨ᠎ᠡ ᠪᠠᠷ ᠭᠠᠷᠬᠤ ᠲᠦᠷᠦᠯ ᠵᠦᠢᠯ  ᠢ ᠤᠭᠳᠤ ᠬᠢᠨᠠᠨ ᠵᠦᠪᠰᠢᠶᠡᠷᠡᠵᠦ ᠪᠤᠯᠬᠤ ᠦᠬᠡᠢ᠃ ᠪᠡᠯᠡ ᠤᠷᠤᠭᠤᠯᠬᠤ ᠳᠠᠪᠴᠠᠩ  ᠤᠨ ᠺᠤᠮᠫᠠᠨᠢ ᠶᠢᠨ ᠢᠯᠡ ᠳᠤᠳᠤ᠂ ᠬᠠᠤᠯᠢ ᠲᠦᠷᠢᠮ ᠳᠤ ᠨᠡᠶᠢᠴᠡᠭᠰᠡᠨ ᠠᠵᠢᠯᠯᠠᠭᠠᠨ ᠡᠵᠡᠩᠨᠡᠬᠦ ᠶᠢ ᠠᠬᠢᠭᠤᠯᠤᠨ᠎ᠠ᠃ ᠨᠠᠰᠤᠨ ᠳᠤᠷᠰᠢ ᠬᠠᠷᠢᠭᠤᠴᠠᠯᠭ᠎ᠠ ᠠᠰᠠᠭᠤᠬᠤ ᠂  ᠬᠠᠷᠢᠭᠤᠴᠠᠯᠭ᠎ᠠ ᠶᠢ ᠨᠢ ᠪᠤᠴᠠᠭᠠᠵᠤ ᠪᠠᠶᠢᠴᠠᠭᠠᠬᠤ᠂  ᠭᠤᠤᠯᠳᠠᠯᠭ᠎ᠠ ᠲᠠᠢ ᠱᠠᠯᠠᠪᠳᠠᠭᠤᠯᠤᠨ ᠪᠠᠶᠢᠴᠠᠭᠠᠬᠤ ᠪᠠ ᠬᠢᠨᠠᠨ ᠪᠤᠳᠤᠬᠤ  ᠶᠢ ᠴᠢᠩᠭᠠᠳᠬᠠᠵᠤ᠂ ᠬᠠᠤᠯᠢ ᠲᠦᠷᠢᠮ ᠢ ᠵᠦᠷᠢᠴᠡᠵᠦ᠂ ᠦᠷᠢ ᠳᠠᠯᠪᠢᠭᠰᠠᠨ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠮᠥᠩᠬᠦᠨ ᠬᠦᠢᠯᠬᠡᠬᠡᠨ  ᠤ ᠬᠡᠨᠡᠨ ᠲᠦᠭᠰᠢᠬᠦᠷᠢ  ᠶᠢ ᠰᠡᠷᠬᠡᠶᠢᠯᠡᠬᠦ  ᠶᠢ ᠴᠢᠩᠭᠠᠳᠬᠠᠵᠤ᠂ ᠳᠠᠷᠢᠶᠠᠯᠠᠩ ᠤᠨ ᠢᠳᠡᠬᠡᠮᠵᠢ  ᠶᠢᠨ ᠬᠤᠷᠰᠢᠶ᠎ᠠ ᠵᠡᠷᠬᠡ ᠮᠥᠩᠬᠦᠨ ᠬᠦᠢᠯᠬᠡᠬᠡᠨ  ᠤ ᠪᠠᠶᠢᠭᠤᠯᠤᠮᠵᠢ  ᠶᠢᠨ ᠵᠤᠬᠢᠰ ᠦᠬᠡᠢ ᠵᠢᠬᠡᠯᠡᠯᠬᠡ  ᠶᠢᠨ ᠨᠤᠷᠮ᠎ᠠ  ᠶᠢ ᠳᠤᠷᠤᠭᠰᠢᠯᠠᠭᠤᠯᠵᠤ᠂ ᠳᠤᠤᠷ ᠰᠦᠯᠵᠢᠶ᠎ᠡ ᠪᠠᠷ ᠮᠥᠩᠬᠦᠨ ᠬᠦᠢᠯᠬᠡᠬᠡᠨ  ᠤ ᠬᠢᠨᠠᠯᠳᠠ ᠬᠠᠮᠢᠶᠠᠷᠤᠯᠳᠠ  ᠶᠢ ᠴᠢᠩᠭᠠᠳᠬᠠᠵᠤ᠂ ᠳᠠᠷᠢᠶᠠᠯᠠᠬᠤ ᠤᠷᠤᠨ ᠮᠠᠯᠵᠢᠬᠤ ᠤᠷᠤᠨ  ᠤ ᠦᠨᠳᠦᠷ ᠬᠦᠦ ᠲᠠᠢ ᠵᠢᠬᠡᠯᠡᠯᠬᠡ ᠶᠢ ᠶᠡᠷᠦᠩᠬᠡᠶᠢᠯᠡᠨ ᠵᠠᠰᠠᠵᠤ᠂ ᠰᠢᠰᠲ᠋ᠧᠮ  ᠤᠨ ᠴᠢᠨᠠᠷ ᠲᠠᠢ ᠭᠠᠵᠠᠷ ᠤᠷᠤᠨ  ᠤ ᠴᠢᠨᠠᠷ ᠲᠠᠢ ᠬᠡᠨᠡᠨ ᠲᠦᠭᠰᠢᠬᠦᠷᠢ  ᠶᠢᠨ ᠡᠬᠦᠰᠬᠦ ᠦᠬᠡᠢ ᠪᠠᠶᠢᠬᠤ  ᠶᠢ ᠪᠠᠳᠤᠯᠠᠨ᠎ᠠ᠃      ᠠᠶᠤᠯᠬᠦᠢ ᠦᠢᠯᠡᠳᠪᠦᠷᠢᠯᠡᠯ  ᠤᠨ ᠰᠡᠷᠬᠡᠶᠢᠯᠡᠯᠳᠡ  ᠶᠢᠨ ᠱᠤᠭᠤᠮ  ᠢ ᠪᠠᠬᠢᠯᠡᠨ᠎ᠡ᠃ ︽ᠠᠮᠢ ᠨᠠᠰᠤ ᠠᠯᠢᠪᠠ  ᠠᠴᠠ ᠡᠷᠬᠢᠮ᠂ ᠠᠮᠤᠷ ᠲᠦᠪᠰᠢᠨ ᠳᠠᠶᠢᠱᠠᠨ ᠠᠭᠤᠯᠠᠨ  ᠠᠴᠠ ᠬᠦᠨᠳᠦ︾᠃ ᠠᠶᠤᠯᠬᠦᠢ  ᠶᠢᠨ ᠦᠢᠯᠡᠳᠪᠦᠷᠢᠯᠡᠯ ᠡᠨᠡᠬᠦ ᠬᠦᠪᠴᠢ  ᠶᠢ ᠢᠮᠠᠭᠳᠠ ᠴᠢᠩᠭᠠᠯᠠᠵᠤ᠂ ᠤᠯᠠᠭᠠᠨ ᠱᠤᠭᠤᠮ  ᠤᠨ ᠤᠬᠠᠮᠰᠠᠷ  ᠢ ᠪᠠᠳᠤ ᠪᠤᠢ ᠪᠤᠯᠭᠠᠵᠤ᠂ ᠨᠠᠮ ᠵᠠᠰᠠᠭ ᠬᠠᠮᠳᠤ  ᠳᠠᠭᠠᠨ ᠬᠠᠷᠢᠭᠤᠴᠠᠬᠤ᠂ ᠨᠢᠬᠡ ᠪᠠᠶᠢᠷᠢ  ᠶᠢᠨ ᠬᠤᠤᠰ ᠬᠠᠷᠢᠭᠤᠴᠠᠯᠭ᠎ᠠ  ᠳᠤ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠳᠠᠯᠠᠵᠤ᠂ ᠰᠦᠬᠡᠷᠬᠦ ᠨᠠᠷᠢᠨ ᠳᠠᠩᠰᠠ ᠪᠠᠷ ᠬᠠᠷᠢᠭᠤᠴᠠᠯᠭ᠎ᠠ  ᠶᠢᠨ ᠭᠤᠤᠯ ᠴᠤᠭᠴᠠ  ᠶᠢ ᠡᠷᠬᠢᠬᠦᠯᠥᠨ ᠳᠤᠯᠭᠠᠵᠤ ᠠᠶᠤᠯᠬᠦᠢ  ᠶᠢᠨ ᠤᠬᠠᠮᠰᠠᠷ  ᠢ ᠴᠢᠩᠭᠠᠳᠬᠠᠨ᠎ᠠ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠭᠤᠤᠯᠳᠠᠯᠭ᠎ᠠ ᠲᠠᠢ ᠠᠵᠢᠯ ᠲᠦᠷᠦᠯ  ᠤᠨ ᠪᠠᠶᠢᠩᠭᠤᠴᠢᠯᠠᠭᠰᠠᠨ ᠵᠢᠬᠰᠠᠭᠠᠨ ᠪᠠᠶᠢᠴᠠᠭᠠᠯᠳᠠ ᠶᠡᠭᠡ ᠴᠡᠭᠴᠡᠯᠡᠨ ᠵᠠᠰᠠᠯᠳᠠ  ᠶᠢ ᠬᠦᠨᠵᠡᠬᠡᠢ ᠶᠠᠪᠤᠭᠳᠠᠭᠤᠯᠵᠤ᠂ ᠴᠢᠬᠤᠯᠠ ᠳᠤᠮᠤ ᠠᠶᠤᠯᠬᠦᠢ  ᠶᠢᠨ ᠬᠡᠨᠡᠳᠡᠯ ᠭᠠᠷᠬᠤ  ᠶᠢ ᠳᠠᠰᠤ ᠬᠤᠷᠢᠭᠯᠠᠨ᠎ᠠ᠃ ᠬᠡᠨᠡᠳᠳᠡ ᠢᠯᠡᠷᠡᠬᠦ ᠬᠡᠷᠡᠭ  ᠤᠨ ᠪᠠᠴᠢᠮ ᠪᠠᠶᠢᠳᠠᠯ  ᠢ ᠠᠷᠭᠠᠴᠠᠨ ᠰᠢᠢᠳᠪᠦᠷᠢᠯᠡᠬᠦ ᠳᠤᠭᠳᠠᠴᠠ  ᠶᠢ ᠲᠡᠬᠦᠯᠳᠡᠷᠵᠢᠬᠦᠯᠵᠦ᠂ ᠪᠠᠴᠢᠮ ᠪᠠᠶᠢᠳᠠᠯ  ᠢ ᠠᠷᠭᠠᠴᠠᠬᠤ  ᠶᠢᠨ ᠵᠢᠯᠤᠭᠤᠳᠬᠤ ᠰᠢᠰᠲ᠋ᠧᠮᠵᠢ  ᠶᠢᠨ ᠪᠠᠶᠢᠭᠤᠯᠤᠯᠳᠠ  ᠶᠢ ᠴᠢᠩᠭᠠᠳᠬᠠᠵᠤ᠂ ᠤᠷᠢᠳᠴᠢᠯᠠᠨ ᠬᠡᠮᠵᠢᠬᠦ ᠤᠷᠢᠳᠴᠢᠯᠠᠨ ᠰᠡᠷᠡᠮᠵᠢᠯᠡᠬᠦᠯᠬᠦ ᠪᠠ ᠭᠠᠮᠰᠢᠭ  ᠢ ᠰᠡᠷᠬᠡᠶᠢᠯᠡᠨ ᠭᠠᠮᠰᠢᠭ  ᠢ ᠪᠠᠭᠠᠰᠬᠠᠬᠤ ᠴᠢᠳᠠᠪᠤᠷᠢ ᠪᠠᠨ ᠲᠡᠬᠡᠭᠰᠢᠯᠡᠬᠦᠯᠥᠨ᠎ᠡ᠃      ᠨᠡᠶᠢᠬᠡᠮ  ᠤᠨ ᠶᠡᠷᠦᠩᠬᠡᠢ ᠵᠠᠰᠠᠯᠳᠠ ᠶᠢ ᠴᠢᠩᠭᠠᠳᠬᠠᠨ᠎ᠠ᠃ ᠱᠤᠴᠢᠯᠠᠭᠰᠠᠨ᠂ ᠰᠤᠷᠠᠭ ᠵᠠᠩᠬᠢᠴᠢᠯᠠᠭᠰᠠᠨ ᠨᠡᠶᠢᠬᠡᠮ  ᠤᠨ ᠠᠮᠤᠷ  ᠢ ᠬᠠᠮᠠᠭᠠᠯᠠᠬᠤ ᠰᠡᠷᠬᠡᠶᠢᠯᠡᠯᠳᠡ ᠡᠵᠡᠮᠳᠡᠯ  ᠤᠨ ᠰᠢᠰᠲ᠋ᠧᠮᠵᠢ  ᠶᠢ ᠪᠦᠷᠢᠯᠳᠦᠬᠦᠯᠥᠨ ᠪᠠᠶᠢᠭᠤᠯᠵᠤ ᠂ ᠡᠯ᠎ᠡ ᠲᠦᠷᠦᠯ  ᠤᠨ ᠶᠠᠯᠠᠳᠤ ᠦᠢᠯᠡ ᠠᠵᠢᠯᠯᠠᠭ᠎ᠠ  ᠶᠢ ᠨᠢᠬᠳᠠ ᠴᠢᠩᠭ᠎ᠠ ᠰᠡᠷᠬᠡᠶᠢᠯᠡᠵᠦ᠂ ᠬᠠᠤᠯᠢ ᠶᠤᠰᠤᠭᠠᠷ ᠴᠤᠬᠢᠯᠳᠠ ᠦᠭᠴᠦ᠂ ᠠᠷᠠᠳ ᠤᠯᠠᠨ  ᠤ ᠠᠮᠤᠷ ᠲᠦᠪᠰᠢᠨ  ᠤ ᠲᠦᠷᠦᠭᠳᠡᠯ  ᠢ ᠨᠡᠮᠡᠭᠳᠡᠬᠦᠯᠥᠨ᠎ᠡ᠃ ᠶᠡᠷᠦᠩᠬᠡᠢ ᠵᠠᠰᠠᠯᠳᠠ  ᠶᠢᠨ ᠦᠨᠳᠦᠰᠦᠨ ᠱᠠᠳᠤᠨ  ᠤ ᠰᠦᠯᠵᠢᠶ᠎ᠡ ᠪᠠ ᠰᠦᠯᠵᠢᠶᠡᠨ  ᠤ ᠠᠵᠢᠯᠳᠠᠨ  ᠤ ᠦᠢᠯᠡᠳᠦᠯ  ᠢ ᠪᠠᠳᠠᠷᠠᠭᠤᠯᠵᠤ᠂ ᠨᠡᠶᠢᠬᠡᠮ  ᠤᠨ ᠵᠦᠷᠢᠴᠡᠯ ᠵᠠᠭᠤᠷᠠᠯᠳᠤᠭᠠᠨ  ᠢ ᠵᠢᠬᠰᠠᠭᠠᠨ ᠪᠠᠶᠢᠴᠠᠭᠠᠬᠤ ᠪᠠ ᠵᠤᠬᠢᠴᠠᠭᠤᠯᠤᠨ ᠰᠢᠢᠳᠪᠦᠷᠢᠯᠡᠬᠦ ᠳᠤᠭᠳᠠᠴᠠ  ᠶᠢ ᠪᠦᠷᠢᠨᠰᠢᠬᠦᠯᠵᠦ᠂ ᠵᠠᠬᠢᠳᠠᠯ ᠰᠤᠷᠪᠤᠯᠵᠢᠯᠠᠭ᠎ᠠ  ᠶᠢᠨ ᠠᠵᠢᠯ  ᠢ ᠴᠢᠩᠭᠠᠳᠬᠠᠬᠤ ᠪᠠ ᠰᠠᠶᠢᠵᠢᠷᠠᠭᠤᠯᠵᠤ᠂ ᠵᠠᠬᠢᠳᠠᠯ ᠰᠤᠷᠪᠤᠯᠵᠢᠯᠠᠭ᠎ᠠ  ᠶᠢᠨ ᠳᠤᠪᠤᠶᠢᠮ᠎ᠠ ᠠᠰᠠᠭᠤᠳᠠᠯ  ᠢ ᠵᠤᠬᠢᠰᠳᠠᠢ ᠰᠢᠢᠳᠪᠦᠷᠢᠯᠡᠨ᠎ᠡ᠃ ᠬᠤᠳᠠ ᠬᠦᠳᠡᠭᠡ  ᠶᠢᠨ ᠨᠡᠶᠢᠬᠡᠮ ᠳᠤᠭᠤᠷᠢᠭ  ᠤᠨ ᠵᠠᠰᠠᠯᠳᠠ  ᠶᠢ ᠲᠡᠬᠦᠯᠳᠡᠷᠵᠢᠬᠦᠯᠵᠦ᠂ ︽ᠭᠤᠷᠪᠠᠨ ᠨᠡᠶᠢᠬᠡᠮ ᠳᠤᠭᠤᠷᠢᠭ  ᠢ ᠬᠤᠯᠪᠤᠭᠠᠯᠠᠨ ᠬᠦᠳᠡᠯᠬᠡᠬᠦ︾ ᠳᠤᠭᠳᠠᠴᠠ  ᠶᠢ ᠪᠠᠶᠢᠭᠤᠯᠵᠤ᠂ ᠨᠡᠶᠢᠬᠡᠮ  ᠤᠨ ᠵᠠᠰᠠᠯᠳᠠ ᠶᠢᠨ ᠭᠤᠤᠯᠳᠠᠯᠭ᠎ᠠ  ᠶᠢ ᠳᠤᠷᠤᠭᠰᠢ ᠰᠢᠯᠵᠢᠬᠦᠯᠵᠦ᠂ ᠨᠡᠶᠢᠬᠡᠮ ᠳᠤᠭᠤᠷᠢᠭ  ᠤᠨ ᠰᠠᠭᠤᠭᠠᠯᠢ ᠠᠷᠠᠳ  ᠤᠨ ᠤᠯᠠᠨ ᠶᠠᠩᠵᠤᠵᠢᠭᠰᠠᠨ ᠪᠤᠳᠠᠭᠠᠯᠢᠵᠢᠭᠰᠠᠨ ᠦᠢᠯᠡᠴᠢᠯᠡᠬᠡᠨ  ᠤ ᠬᠡᠷᠡᠭᠴᠡᠭᠡ ᠱᠠᠭᠠᠷᠳᠠᠯᠭ᠎ᠠ  ᠶᠢ ᠨᠡᠩ ᠰᠠᠶᠢᠨ ᠬᠠᠩᠭᠠᠨ᠎ᠠ᠃     ᠨᠡᠶᠢᠬᠡᠮ  ᠤᠨ ᠡᠶ᠎ᠡ ᠵᠤᠬᠢᠴᠠᠯ ᠲᠠᠢ ᠬᠠᠮᠳᠤᠪᠡᠷ ᠬᠦᠭᠵᠢᠬᠦ  ᠶᠢ ᠠᠬᠢᠭᠤᠯᠤᠨ᠎ᠠ ᠃ ᠤᠯᠤᠰ  ᠤᠨ ᠪᠠᠳᠤᠯᠠᠨ ᠬᠠᠮᠠᠭᠠᠯᠠᠯᠳᠠ  ᠶᠢᠨ ᠳᠠᠶᠢᠴᠢᠯᠠᠯᠳᠠ ᠪᠤᠯᠤᠨ ᠬᠤᠶᠠᠷ  ᠢ ᠬᠦᠷᠢᠶᠡᠯᠡᠬᠦ ᠶᠢᠨ ᠬᠠᠮᠳᠤᠪᠠᠷ ᠪᠠᠶᠢᠭᠤᠯᠬᠤ  ᠶᠢ ᠬᠦᠨᠵᠡᠬᠡᠶᠢᠷᠡᠬᠦᠯᠥᠨ᠂ ᠴᠡᠷᠢᠭ ᠠᠷᠠᠳ  ᠤᠨ ᠠᠭᠤᠰᠤᠯᠴᠠᠨ ᠬᠦᠭᠵᠢᠬᠦ  ᠶᠢ ᠠᠬᠢᠭᠤᠯᠤᠨ᠎ᠠ᠃ ᠨᠠᠮ  ᠤᠨ ᠦᠨᠳᠦᠰᠦᠳᠡᠨ ᠱᠠᠰᠢᠨ ᠰᠤᠷᠳᠠᠬᠤᠨ  ᠤ ᠲᠦᠷᠦ  ᠶᠢᠨ ᠪᠤᠳᠤᠯᠭ᠎ᠠ  ᠶᠢ ᠪᠦᠬᠦ ᠳᠠᠯ᠎ᠠ ᠪᠠᠷ ᠳᠤᠤᠱᠯᠠᠭᠤᠯᠤᠨ᠂ ᠦᠨᠳᠦᠰᠦᠳᠡᠨ  ᠤ ᠪᠦᠯᠬᠦᠮᠳᠡᠯ ᠳᠠᠪᠰᠢᠯᠳᠠ  ᠶᠢᠨ ᠬᠦᠮᠦᠵᠢᠯ ᠪᠤᠯᠤᠨ ᠡᠬᠦᠳᠦᠨ ᠴᠤᠭᠴᠠᠯᠠᠬᠤ ᠠᠵᠢᠯᠯᠠᠭ᠎ᠠ  ᠶᠢ ᠬᠦᠨᠵᠡᠬᠡᠢ ᠦᠷᠨᠢᠬᠦᠯᠥᠨ᠎ᠡ᠃ ᠠᠬᠠᠮᠠᠳ ᠺᠠᠳ᠋ᠷ᠂ ᠠᠵᠤ ᠦᠢᠯᠡᠳᠪᠦᠷᠢ ᠬᠤᠳᠠᠯᠳᠤᠭᠠᠨ  ᠤ ᠬᠤᠯᠪᠤᠭ᠎ᠠ᠂ ᠠᠵᠢᠯᠴᠢᠨ  ᠤ ᠡᠪᠯᠡᠯ᠂ ᠡᠪ ᠬᠠᠮᠳᠤ ᠵᠠᠯᠠᠭᠤᠴᠤᠳ  ᠤᠨ ᠡᠪᠯᠡᠯ᠂ ᠡᠮᠡᠭᠳᠠᠶᠢᠴᠤᠳ  ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ  ᠤ ᠨᠡᠶᠢᠬᠡᠮᠯᠢᠭ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ  ᠤᠨ ᠨᠡᠶᠢᠬᠡᠮᠯᠢᠭ᠂ ᠤᠳᠬ᠎ᠠ ᠤᠷᠠᠯᠢᠭ  ᠤᠨ ᠬᠢᠨ  ᠤ ᠬᠤᠯᠪᠤᠭ᠎ᠠ ᠵᠡᠷᠬᠡ ᠵᠤᠬᠢᠶᠠᠨ ᠪᠠᠶᠢᠭᠤᠯᠤᠯᠳᠠ  ᠶᠢᠨ ᠬᠦᠬᠦᠷᠬᠡ ᠬᠤᠯᠪᠤᠭᠠᠰᠤ  ᠶᠢᠨ ᠦᠢᠯᠡᠳᠦᠯ ᠢ ᠪᠠᠳᠠᠷᠠᠭᠤᠯᠬᠤ  ᠶᠢ  ᠴᠢᠬᠤᠯᠠᠴᠢᠯᠠᠵᠤ᠂ ᠳᠤᠭ᠎ᠠ ᠪᠦᠷᠢᠳᠬᠡᠯ᠂ ᠭᠠᠵᠷ ᠬᠦᠳᠡᠯᠥᠯᠳᠡ᠂ ᠴᠠᠭ ᠠᠭᠤᠷ᠂ ᠳᠠᠩᠰᠠ ᠡᠪᠬᠡᠮᠡᠯ ᠵᠡᠷᠬᠡ ᠠᠵᠢᠯ  ᠢ ᠨᠠᠷᠢᠨ ᠬᠢᠨᠠᠮᠠᠭᠠᠢ ᠬᠢᠵᠦ᠂ ᠨᠡᠶᠢᠬᠡᠮ  ᠤᠨ ᠡᠯ᠎ᠡ ᠵᠦᠢᠯ  ᠤᠨ ᠦᠢᠯᠡᠰ  ᠤᠨ ᠳᠠᠬᠢᠨ ᠨᠢᠬᠡᠨ ᠲᠡᠭᠳᠡᠷ  ᠲᠤ ᠭᠠᠷᠬᠤ  ᠶᠢ ᠲᠦᠯᠬᠢᠨ ᠠᠬᠢᠭᠤᠯᠤᠨ᠎ᠠ᠃ᠲᠦᠷᠪᠡ᠂ ᠠᠷᠠᠳ ᠲᠦᠮᠡᠨ  ᠤ ᠬᠠᠨᠤᠮᠵᠢᠳᠠᠢ ᠦᠢᠯᠡᠴᠢᠯᠡᠬᠡᠨ  ᠤ ᠮᠠᠶ᠋ᠢᠭ  ᠤᠨ ᠵᠠᠰᠠᠭ  ᠤᠨ ᠤᠷᠳᠤᠨ  ᠢ ᠴᠢᠷᠮᠠᠶᠢᠨ ᠪᠠᠶᠢᠭᠤᠯᠤᠨ᠎ᠠ      ᠰᠢᠨ᠎ᠡ ᠴᠠᠭ ᠦᠶ᠎ᠡ  ᠳᠤ ᠰᠢᠨ᠎ᠡ ᠠᠭᠤᠷ ᠠᠮᠢᠰᠬᠤᠯ ᠲᠠᠢ ᠪᠠᠶᠢᠬᠤ ᠮᠥᠷᠳᠡᠬᠡᠨ ᠨᠡᠩ ᠴᠤ ᠰᠢᠨ᠎ᠡ ᠬᠢᠷᠢ ᠪᠦᠲᠦᠮᠵᠢ ᠲᠠᠢ ᠪᠠᠶᠢᠬᠤ ᠬᠡᠷᠡᠭᠳᠠᠢ᠃ ᠰᠢᠨ᠎ᠡ ᠨᠢᠬᠡᠨ ᠬᠤᠭᠤᠴᠠᠭᠠᠨ  ᠤ ᠵᠠᠰᠠᠭ  ᠤᠨ ᠤᠷᠳᠤᠨ ᠨᠠᠮ  ᠤᠨ ᠠᠷᠪᠠ ᠶᠢᠰᠦᠳᠦᠬᠡᠷ ᠶᠡᠭᠡ ᠬᠤᠷᠠᠯ  ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠴᠤᠭ ᠵᠤᠯᠢ ᠪᠠᠳᠠᠷᠠᠩᠭᠤᠢ ᠡᠬᠦᠷᠢᠳᠡ ᠠᠷᠠᠳ ᠲᠦᠮᠡᠨ  ᠤ ᠰᠢᠳᠤᠷᠭᠤ ᠵᠠᠷᠤᠴᠠ ᠪᠤᠯᠵᠤ᠂ ᠦᠨᠡᠨ ᠪᠤᠳᠠᠳᠠᠢ ᠦᠷ᠎ᠡ ᠪᠦᠲᠦᠮᠵᠢ ᠪᠠᠷ ᠢᠶᠠᠨ ᠦᠷᠬᠡᠨ ᠤᠯᠠᠨ ᠲᠦᠮᠡᠨ  ᠳᠤ ᠬᠠᠨᠤᠮᠵᠢᠳᠠᠢ ᠬᠠᠷᠢᠭᠤᠯᠳᠠ ᠶᠢ ᠦᠭᠬᠦ ᠬᠡᠷᠡᠭᠳᠠᠢ᠃      ᠨᠢᠬᠡ  ᠳᠤ ᠦᠨᠡᠨᠴᠢ ᠰᠢᠳᠤᠷᠭᠤ ᠡᠷᠡᠰ ᠪᠠᠳᠤ ᠲᠦᠪ ᠴᠢᠩᠭ᠎ᠠ ᠪᠠᠷ ᠵᠠᠰᠠᠭ ᠶᠠᠪᠤᠭᠤᠯᠤᠨ᠎ᠠ᠃ ᠳᠤᠭ ᠲᠡᠮᠳᠡᠭ ᠳᠤᠳᠤᠷᠬᠠᠢ ᠪᠠᠷ ᠤᠯᠤᠰ ᠲᠦᠷᠦ  ᠶᠢ ᠡᠷᠬᠢᠮᠯᠡᠨ ︽ᠲᠦᠷᠪᠡᠨ ᠤᠬᠠᠮᠰᠠᠷ︾  ᠢ ᠪᠠᠳᠤ ᠪᠤᠢ ᠪᠤᠯᠭᠠᠵᠤ᠂ ᠤᠯᠤᠰ ᠲᠦᠷᠦ  ᠶᠢᠨ ᠰᠠᠬᠢᠯᠭ᠎ᠠ ᠪᠠᠳᠤ ᠪᠤᠯᠤᠨ ᠤᠯᠤᠰ ᠲᠦᠷᠦ  ᠶᠢᠨ ᠶᠤᠰᠤ ᠵᠦᠢ  ᠶᠢ ᠴᠢᠩᠭ᠎ᠠ ᠵᠢᠷᠤᠮᠯᠠᠨ᠂ ᠦᠵᠡᠯ ᠰᠠᠨᠠᠭᠠᠨ  ᠤ ᠳᠠᠯ᠎ᠠ ᠪᠠᠷ ᠤᠯᠤᠰ ᠲᠦᠷᠦ  ᠶᠢᠨ ᠳᠠᠯ᠎ᠠ ᠪᠠᠷ ᠠᠵᠢᠯᠯᠠᠭᠠᠨ  ᠤ ᠳᠠᠯ᠎ᠠ ᠪᠠᠷ ᠤᠬᠠᠮᠰᠠᠷ  ᠠᠴᠠ ᠪᠠᠨ ᠰᠢ  ᠶᠢᠨ ᠫᠢᠩ ᠨᠦᠬᠦᠷ  ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠲᠡᠬᠡᠲᠦ ᠬᠡᠮᠵᠢᠶ᠎ᠡ ᠪᠠᠷ ᠨᠢᠬᠡᠳᠦᠯᠳᠠᠢ ᠪᠠᠶᠢᠬᠤ ᠬᠡᠷᠡᠭᠳᠠᠢ᠃ ᠨᠠᠮ  ᠤᠨ ᠤᠳᠤᠷᠢᠳᠤᠯᠭ᠎ᠠ  ᠶᠢ ᠪᠠᠷᠢᠮᠳᠠᠯᠠᠨ᠂ ᠨᠠᠮ  ᠤᠨ ᠤᠳᠤᠷᠢᠳᠬᠤ ᠳᠤᠭᠤᠶᠢᠯᠠᠩ  ᠤᠨ ᠬᠡᠷᠡᠭᠵᠢᠬᠦᠯᠬᠦ ᠴᠢᠳᠠᠪᠬᠢ  ᠶᠢ ᠲᠡᠬᠦᠯᠳᠡᠷᠵᠢᠬᠦᠯᠵᠦ᠂ ᠨᠠᠮ  ᠤᠨ ᠪᠠᠶᠢᠭᠤᠯᠤᠯᠳᠠ  ᠶᠢᠨ ᠭᠤᠤᠯ ᠴᠤᠭᠴᠠᠳᠤ ᠬᠠᠷᠢᠭᠤᠴᠠᠯᠭ᠎ᠠ  ᠶᠢ ᠪᠤᠳᠠᠳᠠᠶᠢᠵᠢᠭᠤᠯᠤᠨ᠂ ᠨᠠᠮ  ᠤᠨ ᠤᠳᠤᠷᠢᠳᠬᠤ ᠳᠤᠭᠤᠶᠢᠯᠠᠩ  ᠤᠨ ᠳᠤᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠵᠤ᠂ ᠨᠠᠮ  ᠤᠨ ᠤᠳᠤᠷᠢᠳᠬᠤ ᠳᠤᠭᠤᠶᠢᠯᠠᠩ  ᠤᠨ ᠠᠵᠢᠯᠯᠠᠬᠤ ᠠᠷᠭ᠎ᠠ ᠪᠠᠷᠢᠯ ᠢᠶᠠᠨ ᠵᠠᠰᠠᠬᠤ ᠡᠯ᠎ᠡ ᠵᠦᠢᠯ  ᠤᠨ ᠳᠤᠭᠳᠠᠭᠠᠯ  ᠢ ᠵᠠᠰᠠᠭ  ᠤᠨ ᠤᠷᠳᠤᠨ  ᠤ ᠠᠵᠢᠯ  ᠤᠨ ᠡᠯ᠎ᠡ ᠬᠦᠷᠢᠶ᠎ᠡ ᠬᠡᠪᠴᠢᠶ᠎ᠡ ᠪᠤᠯᠤᠨ ᠪᠦᠬᠦ ᠶᠠᠪᠤᠴᠠ  ᠳᠤ ᠨᠠᠶᠢᠳᠠᠪᠦᠷᠢᠵᠢᠭᠤᠯᠤᠨ᠎ᠠ᠃      ᠬᠤᠶᠠᠷ  ᠲᠤ ᠬᠠᠤᠯᠢᠵᠢᠯ  ᠢ ᠴᠢᠩᠭ᠎ᠠ ᠶᠠᠪᠤᠭᠤᠯᠵᠤ᠂ ᠬᠠᠤᠯᠢ ᠶᠤᠰᠤᠭᠠᠷ ᠵᠠᠰᠠᠭ ᠶᠠᠪᠤᠭᠤᠯᠤᠨ᠎ᠠ᠃ ᠬᠠᠤᠯᠢᠵᠢᠯ  ᠤᠨ ᠰᠡᠳᠬᠢᠴᠡ  ᠶᠢ ᠪᠠᠳᠤ ᠪᠤᠢ ᠪᠤᠯᠭᠠᠵᠤ᠂ ᠵᠠᠰᠠᠭ ᠤᠨ ᠤᠷᠳᠤᠨ  ᠤ ᠠᠵᠢᠯ ᠢᠶᠠᠨ ᠬᠠᠤᠯᠢᠵᠢᠯ  ᠤᠨ ᠵᠠᠮ  ᠳᠤ ᠤᠷᠤᠭᠤᠯᠵᠤ᠂ ᠵᠠᠰᠠᠭ ᠵᠠᠬᠢᠷᠭᠠᠨ  ᠤ ᠡᠷᠬᠡ  ᠶᠢᠨ ᠨᠠᠷᠢᠨ ᠳᠠᠩᠰᠠᠴᠢᠯᠠᠭᠰᠠᠨ ᠬᠠᠮᠢᠶᠠᠷᠤᠯᠳᠠ  ᠶᠢ ᠪᠦᠬᠦ ᠳᠠᠯ᠎ᠠ ᠪᠠᠷ ᠲᠡᠯᠬᠡᠷᠡᠬᠦᠯᠵᠦ᠂ ᠶᠠᠪᠤᠴᠠ ᠶᠤᠰᠤᠭᠠᠷ ᠰᠢᠢᠳᠪᠦᠷᠢᠲᠦ ᠪᠤᠳᠤᠯᠭ᠎ᠠ ᠭᠠᠷᠭᠠᠵᠤ᠂ ᠶᠤᠰᠤ ᠵᠦᠢ ᠶᠢ ᠴᠢᠩᠭ᠎ᠠ ᠵᠢᠷᠤᠮᠯᠠᠵᠤ ᠤᠴᠢᠷ ᠶᠠᠪᠤᠳᠠᠯ ᠬᠢᠨ᠎ᠡ᠃ ᠠᠷᠠᠳ  ᠤᠨ ᠲᠦᠯᠥᠬᠡᠯᠡᠭᠴᠢᠳ  ᠤᠨ ᠶᠡᠭᠡ ᠬᠤᠷᠠᠯ᠂ ᠤᠯᠤᠰ ᠲᠦᠷᠦ  ᠶᠢᠨ ᠵᠦᠪᠯᠡᠯᠬᠡᠨ  ᠤ ᠬᠢᠨᠠᠯᠳᠠ  ᠶᠢ ᠤᠬᠠᠮᠰᠠᠷ  ᠠᠴᠠ ᠪᠠᠨ ᠬᠦᠯᠢᠶᠡᠵᠦ᠂ ᠠᠷᠠᠳ  ᠤᠨ ᠲᠦᠯᠥᠬᠡᠯᠡᠭᠴᠢᠳ ᠤᠨ ᠶᠡᠭᠡ ᠬᠤᠷᠠᠯ  ᠤᠨ ᠲᠦᠯᠥᠬᠡᠯᠡᠭᠴᠢ ᠶᠢᠨ ᠰᠠᠨᠠᠯ ᠵᠦᠪᠯᠡᠯᠬᠡ᠂ ᠰᠠᠨᠠᠭᠤᠯᠭ᠎ᠠ ᠪᠠ ᠤᠯᠤᠰ ᠲᠦᠷᠦ  ᠶᠢᠨ ᠵᠦᠪᠯᠡᠯᠬᠡᠨ  ᠤ ᠬᠡᠰᠢᠬᠦᠨ  ᠤ ᠳᠤᠷᠠᠳᠤᠯᠭ᠎ᠠ  ᠶᠢ ᠤᠬᠠᠮᠰᠠᠷ  ᠠᠴᠠ ᠪᠠᠨ ᠨᠠᠷᠢᠨ ᠨᠢᠮᠪᠠᠢ ᠬᠦᠢᠴᠡᠳᠬᠡᠵᠦ᠂ ᠨᠡᠶᠢᠬᠡᠮ ᠪᠠ ᠶᠠᠷᠢᠶ᠎ᠠ ᠬᠡᠯᠡᠯᠴᠡᠬᠡᠨ  ᠤ ᠬᠢᠨᠠᠯᠳᠠ  ᠶᠢ ᠰᠠᠨᠠᠭᠠᠴᠢᠯᠠᠭ᠎ᠠ  ᠠᠴᠠ ᠪᠠᠨ ᠬᠦᠯᠢᠶᠡᠨ᠎ᠡ᠃ ᠵᠠᠰᠠᠭ  ᠤᠨ ᠤᠷᠳᠤᠨ  ᠤ ᠬᠠᠤᠯᠢ ᠴᠠᠭᠠᠵᠠ  ᠶᠢᠨ ᠵᠦᠪᠯᠡᠭᠴᠢ᠂ ᠠᠯᠪᠠᠨ ᠳᠤᠰᠢᠶᠠᠯ ᠲᠠᠢ ᠬᠠᠤᠯᠢᠴᠢ ᠶᠢᠨ ᠲᠦᠷᠢᠮ  ᠢ ᠢᠳᠡᠪᠬᠢᠳᠠᠢ ᠲᠡᠯᠬᠡᠷᠡᠬᠦᠯᠵᠦ᠂ ᠳᠤᠮᠤ ᠴᠢᠬᠤᠯᠠ ᠤᠴᠢᠷ ᠶᠠᠪᠤᠳᠠᠯ  ᠤᠨ ᠬᠠᠤᠯᠢ ᠶᠤᠰᠤᠨ ᠤ ᠴᠢᠨᠠᠷ ᠪᠦᠬᠦᠢ ᠬᠢᠨᠠᠨ ᠪᠠᠶᠢᠴᠠᠭᠠᠯᠳᠠ  ᠶᠢᠨ ᠦᠪᠴᠢ ᠪᠦᠷᠬᠦᠬᠦᠯᠳᠡ  ᠶᠢ ᠪᠡᠶᠡᠯᠡᠬᠦᠯᠥᠨ᠎ᠡ᠃ ᠵᠠᠰᠠᠭ  ᠤᠨ ᠶᠠᠪᠤᠳᠠᠯ  ᠢ ᠢᠯᠡ ᠪᠤᠯᠭᠠᠬᠤ ᠡᠷᠴᠢᠮ ᠢᠶᠠᠨ ᠴᠢᠩᠭᠠᠷᠠᠭᠤᠯᠵᠤ᠂ ᠡᠷᠬᠡ  ᠶᠢ ᠢᠯᠡ ᠳᠤᠳᠤ ᠡᠷᠬᠢᠯᠳᠦᠬᠦᠯᠥᠨ᠎ᠡ᠃      ᠭᠤᠷᠪᠠ  ᠳᠤ ᠨᠠᠶᠢᠳᠠᠪᠦᠷᠢᠵᠢᠭᠤᠯᠤᠯᠳᠠ  ᠶᠢ ᠴᠢᠩᠭ᠎ᠠ ᠠᠳᠬᠤᠵᠤ᠂ ᠦᠨᠳᠦᠷ ᠦᠷ᠎ᠡ ᠠᠰᠢᠭ ᠲᠠᠢ ᠪᠠᠷ ᠵᠠᠰᠠᠭ ᠶᠠᠪᠤᠭᠤᠯᠤᠨ᠎ᠠ᠃ ᠦᠨᠡᠨᠴᠢ ᠢᠳᠡᠬᠡᠯ ᠲᠠᠢ ᠪᠠᠶᠢᠬᠤ ᠤᠬᠠᠮᠰᠠᠷ ᠢᠶᠠᠨ ᠴᠢᠩᠭᠠᠳᠬᠠᠵᠤ᠂ ᠰᠢᠨ᠎ᠡ ᠳᠠᠷᠤᠭ᠎ᠠ ᠡᠷᠬᠡᠪᠰᠢ ᠬᠠᠭᠤᠴᠢᠨ ᠳᠠᠩᠰᠠ  ᠶᠢ ᠲᠢᠭᠯᠡᠬᠦ ᠬᠡᠷᠡᠭᠳᠠᠢ᠂ ᠵᠠᠰᠠᠭ  ᠤᠨ ᠶᠠᠪᠤᠳᠠᠯ  ᠤᠨ ᠦᠨᠡᠨᠴᠢ ᠢᠳᠡᠬᠡᠯ  ᠤᠨ ᠪᠠᠶᠢᠭᠤᠯᠤᠯᠳᠠ  ᠪᠠᠷ ᠪᠦᠬᠦ ᠨᠡᠶᠢᠬᠡᠮ  ᠤᠨ ᠦᠨᠡᠨᠴᠢ ᠢᠳᠡᠬᠡᠮᠵᠢᠳᠠᠢ ᠪᠠᠶᠢᠬᠤ  ᠶᠢ ᠳᠠᠶᠢᠴᠢᠯᠠᠵᠤ᠂ ᠠᠷᠠᠳ ᠢᠷᠬᠡᠳ ᠪᠠ ᠪᠡᠯᠡ ᠤᠷᠤᠭᠤᠯᠤᠭᠴᠢ  ᠳᠤ ᠠᠮᠤᠷ ᠲᠦᠪᠰᠢᠨ  ᠤ ᠲᠦᠷᠦᠭᠳᠡᠯ ᠲᠠᠢ᠂ ᠢᠳᠡᠬᠡᠬᠦ ᠰᠡᠳᠬᠢᠯᠬᠡ ᠲᠠᠢ ᠪᠤᠯᠭᠠᠨ᠎ᠠ᠃ ᠵᠤᠷᠢᠭᠳᠠᠢ ᠡᠬᠦᠷᠬᠡᠯᠡᠬᠦ ᠤᠬᠠᠮᠰᠠᠷ  ᠢ ᠴᠢᠩᠭᠠᠳᠬᠠᠵᠤ᠂ ᠨᠠᠶᠢᠳᠠᠪᠦᠷᠢᠵᠢᠭᠤᠯᠤᠯᠳᠠ ᠶᠢ ᠠᠳᠬᠤᠬᠤ ᠪᠠᠨ ᠠᠵᠢᠯ  ᠤᠨ ᠠᠮᠢᠨ ᠰᠤᠳᠠᠰᠤ ᠪᠤᠯᠭᠠᠵᠤ᠂ ᠦᠨᠡᠨ  ᠢ ᠲᠡᠷᠢᠬᠦᠨ  ᠳᠤ ᠳᠠᠯᠪᠢᠵᠤ᠂ ᠠᠵᠢᠯ  ᠢ ᠴᠢᠬᠤᠯᠠᠴᠢᠯᠠᠵᠤ᠂ ᠬᠡᠢ ᠬᠤᠭᠤᠰᠤᠨ ᠪᠤᠳᠤᠬᠤ ᠦᠬᠡᠢ᠂ ᠬᠤᠳᠠᠯ ᠬᠠᠭᠤᠷᠮᠠᠭ ᠢ ᠢᠳᠡᠬᠡᠬᠦ ᠦᠬᠡᠢ᠂ ᠴᠢᠮᠪᠠᠢ ᠠᠯᠬᠤᠵᠤ᠂ ᠠᠵᠢᠯ ᠢᠶᠠᠨ ᠯᠠᠪᠳᠠᠭᠤᠨ ᠪᠠᠳᠤᠳᠠᠢ ᠰᠠᠶᠢᠳᠤᠷ ᠬᠢᠨ᠎ᠡ᠃ ᠬᠠᠷᠢᠭᠤᠴᠠᠯᠭ᠎ᠠ  ᠶᠢᠨ ᠤᠬᠠᠮᠰᠠᠷ ᠢᠶᠠᠨ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠬᠤ ᠬᠢᠨᠠᠨ ᠰᠢᠯᠭᠠᠬᠤ ᠬᠠᠷᠢᠭᠤᠴᠠᠯᠭ᠎ᠠ ᠨᠡᠬᠡᠮᠵᠢᠯᠡᠬᠦ ᠠᠵᠢᠯ  ᠢ ᠴᠢᠩᠭᠠᠳᠬᠠᠬᠤ ᠪᠠ ᠰᠠᠶᠢᠵᠢᠷᠠᠭᠤᠯᠵᠤ᠂ ᠵᠦᠪ ᠴᠢᠭᠯᠡᠯ ᠢᠶᠠᠷ ᠤᠷᠮᠠᠰᠢᠭᠤᠯᠬᠤ ᠪᠠ ᠠᠯᠳᠠᠭ᠎ᠠ  ᠶᠢ ᠠᠭᠤᠴᠢᠯᠠᠬᠤ ᠵᠠᠯᠠᠷᠠᠭᠤᠯᠬᠤ ᠳᠤᠭᠳᠠᠴᠠ  ᠶᠢ ᠴᠢᠨᠠᠭᠰᠢᠳᠠ ᠲᠡᠬᠦᠯᠳᠡᠷᠵᠢᠬᠦᠯᠵᠦ᠂ ᠦᠬᠡᠷᠡᠴᠢᠯᠡᠭᠴᠢ  ᠶᠢ ᠪᠡᠶ᠎ᠡ ᠬᠦᠩᠬᠡᠨ  ᠢᠶᠠᠷ ᠪᠠᠶᠢᠯᠳᠤᠭᠠᠨ  ᠳᠤ ᠤᠷᠤᠯᠴᠠᠭᠤᠯᠵᠤ᠂ ᠵᠤᠷᠢᠭᠳᠠᠢ ᠡᠬᠦᠷᠬᠡᠯᠡᠭᠴᠢ  ᠶᠢ ᠴᠤᠯᠭᠤᠷᠠᠨ ᠭᠠᠷᠭᠠᠵᠤ᠂ ᠪᠤᠳᠠᠳᠠᠢ ᠠᠵᠢᠯᠯᠠᠭᠴᠢ  ᠶᠢᠨ ᠭᠠᠷᠮᠠᠭᠠᠢ ᠴᠢᠳᠠᠪᠤᠷᠢ  ᠶᠢ ᠨᠢ ᠭᠠᠷᠭᠠᠨ᠎ᠠ᠃      ᠲᠦᠷᠪᠡ  ᠳᠤ ᠴᠡᠪᠡᠷ ᠠᠷᠢᠭᠤᠨ ᠢᠶᠠᠷ ᠪᠡᠶ᠎ᠡ ᠪᠠᠨ ᠪᠠᠷᠢᠵᠤ᠂ ᠠᠷᠢᠭᠤᠨ ᠴᠢᠬᠡᠴᠢ ᠪᠠᠷ ᠵᠠᠰᠠᠭ  ᠤᠨ ᠠᠵᠢᠯ ᠬᠢᠨ᠎ᠡ᠃ ᠢᠮᠠᠭᠳᠠ ᠠᠷᠢᠭᠤᠨ ᠴᠢᠬᠡᠴᠢ ᠪᠠᠷ ᠵᠠᠰᠠᠭ  ᠤᠨ ᠠᠵᠢᠯ ᠬᠢᠬᠦ  ᠶᠢ ᠵᠠᠰᠠᠭ  ᠤᠨ ᠤᠷᠳᠤᠨ  ᠤ ᠬᠤᠷᠢᠭ᠎ᠠ ᠱᠤᠭᠤᠮ ᠪᠤᠯᠭᠠᠵᠤ᠂ ᠢᠯᠵᠠᠷᠠᠯ  ᠢ ᠡᠰᠡᠷᠬᠦᠴᠡᠨ ᠠᠷᠢᠭᠤᠨ ᠴᠢᠬᠡᠴᠢ  ᠶᠢ ᠴᠢᠬᠤᠯᠠᠴᠢᠯᠠᠬᠤ  ᠶᠢ ᠭᠤᠶᠢᠪᠠᠰᠢ ᠦᠬᠡᠢ ᠬᠦᠨ ᠲᠡᠰᠢ ᠠᠬᠢᠭᠤᠯᠤᠨ᠎ᠠ᠃ ᠲᠦᠪ  ᠤᠨ ᠨᠠᠢᠮᠠᠨ ᠵᠤᠷᠪᠤᠰ ᠳᠤᠭᠳᠠᠭᠠᠯ  ᠤᠨ ᠬᠡᠷᠡᠭᠵᠢᠬᠦᠯᠬᠦ ᠨᠠᠷᠢᠨ ᠲᠦᠷᠢᠮ  ᠢ ᠴᠢᠩᠭ᠎ᠠ ᠬᠡᠷᠡᠭᠵᠢᠬᠦᠯᠵᠦ᠂ ︽ᠬᠤᠶᠠᠷ  ᠢ ᠰᠤᠷᠴᠤ ᠨᠢᠬᠡ ᠳᠤ ᠲᠡᠩᠴᠡᠬᠦᠯᠬᠦ︾ ᠰᠤᠷᠤᠯᠴᠠᠯᠭ᠎ᠠ ᠬᠦᠮᠦᠵᠢᠯ  ᠤᠨ ᠪᠠᠶᠢᠩᠭᠤᠵᠢᠯᠳᠠ ᠲᠦᠷᠢᠮᠵᠢᠯᠳᠡ  ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ︽ᠤᠭ ᠰᠠᠨᠠᠭ᠎ᠠ ᠪᠠᠨ ᠦᠯᠥ ᠮᠠᠷᠳᠠᠬᠤ᠂ ᠡᠬᠦᠷᠬᠡ ᠬᠠᠷᠢᠭᠤᠴᠠᠯᠭ᠎ᠠ ᠪᠠᠨ ᠪᠠᠳᠤᠳᠬᠠᠬᠤ︾ ᠭᠤᠤᠯ ᠰᠡᠳᠦᠪᠲᠦ ᠬᠦᠮᠦᠵᠢᠯ  ᠢ ᠬᠦᠨᠵᠡᠬᠡᠢ ᠦᠷᠨᠢᠬᠦᠯᠵᠦ᠂ ᠴᠤᠴᠠᠯᠳᠠ ᠦᠬᠡᠢ ︽ᠲᠦᠷᠪᠡᠨ ᠰᠤᠷᠳᠠᠯ︾  ᠢ ᠵᠠᠯᠠᠷᠠᠭᠤᠯᠵᠤ᠂ ᠴᠦᠬᠦᠷᠡᠯ ᠦᠬᠡᠢ ᠬᠡᠪ ᠰᠤᠷᠳᠠᠯ  ᠢᠶᠠᠨ ᠵᠠᠯᠠᠷᠠᠭᠤᠯᠤᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ  ᠶᠢ ᠪᠠᠳᠤ ᠪᠤᠢ ᠪᠤᠯᠭᠠᠵᠤ᠂ ᠠᠵᠢᠯᠴᠢ ᠠᠷᠪᠢᠴᠢ ᠪᠠᠷ ᠠᠯᠢᠪᠠ ᠠᠵᠢᠯ ᠦᠢᠯᠡᠰ ᠡᠷᠬᠢᠯᠡᠬᠦ  ᠶᠢ ᠪᠠᠷᠢᠮᠳᠠᠯᠠᠵᠤ᠂ ᠡᠩ  ᠤᠨ ᠴᠢᠨᠠᠷᠳᠠᠢ ᠵᠠᠷᠤᠯᠭ᠎ᠠ  ᠶᠢ ᠴᠢᠩᠭ᠎ᠠ ᠳᠤᠬᠢᠷᠠᠭᠤᠯᠵᠤ᠂ ᠵᠠᠰᠠᠭ ᠵᠠᠬᠢᠷᠭᠠᠨ  ᠤ ᠵᠠᠷᠤᠳᠠᠯ  ᠤᠨ ᠵᠠᠷᠤᠯᠭ᠎ᠠ  ᠶᠢ ᠦᠨᠡᠨᠬᠦ ᠬᠠᠰᠤᠨ᠎ᠠ᠃ ᠡᠯ᠎ᠡ ᠵᠦᠢᠯ  ᠤᠨ ᠲᠦᠪ ᠪᠤᠰᠤ ᠰᠤᠷᠳᠠᠯ  ᠢ ᠡᠷᠡᠰ ᠰᠢᠭᠤᠷᠬᠠᠢ ᠵᠠᠯᠠᠷᠠᠭᠤᠯᠵᠤ᠂ ᠠᠷᠢᠭᠤᠨ ᠴᠢᠭᠡᠴᠢ ᠬᠡᠪ ᠰᠤᠷᠳᠠᠯ ᠲᠠᠢ ᠵᠠᠰᠠᠭ  ᠤᠨ ᠶᠠᠪᠤᠳᠠᠯ  ᠤᠨ ᠤᠷᠴᠢᠨ ᠳᠤᠭᠤᠷᠢᠨ  ᠢ ᠴᠢᠷᠮᠠᠶᠢᠨ ᠪᠤᠢ ᠪᠤᠯᠭᠠᠨ᠎ᠠ᠃      ᠲᠦᠯᠥᠬᠡᠯᠡᠭᠴᠢᠳ ᠡ︕ ᠦᠢᠯᠦᠨ ᠪᠤᠰᠤᠭᠰᠠᠨ ᠬᠦᠴᠦᠲᠦ ᠳᠠᠪᠠᠯᠭᠠᠨ  ᠢ ᠳᠠᠷᠪᠠᠭᠤᠯ ᠢᠶᠠᠨ ᠲᠡᠯᠬᠡᠨ ᠤᠭᠳᠤᠨ ᠵᠦᠰᠦᠨᠡᠮ︔ ᠡᠬᠦᠷᠬᠡ ᠬᠦᠨᠳᠦ ᠵᠠᠮ ᠬᠤᠯᠠ᠂  ᠨᠡᠩ ᠴᠤ ᠬᠤᠷᠳᠤᠨ ᠮᠤᠷᠢᠨ  ᠳᠠᠭᠠᠨ ᠳᠠᠰᠢᠭᠤᠷ ᠨᠡᠮᠡᠨᠡᠮ ᠃ ᠪᠢᠳᠡ ᠰᠢ ᠶᠢᠨ ᠫᠢᠩ ᠢᠶᠠᠷ ᠭᠤᠤᠯ ᠪᠤᠯᠭᠠᠭᠰᠠᠨ ᠨᠠᠮ  ᠤᠨ ᠲᠦᠪ ᠬᠤᠷᠢᠶᠠᠨ  ᠤ ᠳᠤᠭᠤᠷᠢᠨ  ᠳᠤ ᠨᠢᠬᠳᠠᠷᠠᠨ ᠪᠦᠯᠬᠦᠮᠳᠡᠵᠦ᠂ ᠦᠪᠡᠷᠳᠡᠬᠡᠨ ᠵᠠᠰᠠᠬᠤ ᠤᠷᠤᠨ  ᠤ ᠨᠠᠮ  ᠤᠨ ᠬᠤᠷᠢᠶ᠎ᠠ᠂ ᠵᠠᠰᠠᠭ  ᠤᠨ ᠤᠷᠳᠤᠨ ᠪᠤᠯᠤᠨ ᠬᠤᠳᠠ  ᠶᠢᠨ ᠨᠠᠮ  ᠤᠨ ᠬᠤᠷᠢᠶᠠᠨ  ᠤ ᠡᠷᠡᠰ ᠪᠠᠳᠤ ᠤᠳᠤᠷᠢᠳᠤᠯᠭ᠎ᠠ ᠳᠤᠤᠷ᠎ᠠ᠂ ᠪᠦᠬᠦ ᠬᠤᠳᠠ ᠶᠢᠨ ᠡᠯ᠎ᠡ ᠦᠨᠳᠦᠰᠦᠳᠡᠨ  ᠤ ᠠᠷᠠᠳ ᠲᠦᠮᠡᠨ  ᠢ ᠪᠦᠯᠬᠦᠮᠳᠡᠨ ᠲᠦᠰᠢᠭᠯᠡᠵᠦ᠂ ᠤᠭ ᠰᠠᠨᠠᠭ᠎ᠠ ᠪᠠᠨ ᠦᠯᠥ ᠮᠠᠷᠳᠠᠨ᠂ ᠡᠬᠦᠷᠬᠡ ᠬᠠᠷᠢᠭᠤᠴᠠᠯᠭ᠎ᠠ  ᠪᠠᠨ ᠪᠠᠳᠤ ᠴᠡᠬᠡᠵᠢᠯᠡᠵᠦ᠂ ᠠᠵᠠ ᠳᠤᠬᠢᠶᠠᠯ  ᠢ ᠵᠠᠪᠳᠤᠨ ᠡᠵᠡᠮᠳᠡᠵᠦ᠂ ᠮᠠᠩᠯᠠᠢ ᠳᠤᠨᠢ ᠭᠠᠷᠬᠤ ᠪᠠᠷ ᠮᠡᠷᠡᠶᠢᠨ ᠴᠢᠷᠮᠠᠶᠢᠵᠤ᠂ ᠲᠡᠦᠬᠡ  ᠶᠢᠨ ᠰᠢᠨ᠎ᠡ ᠡᠬᠢᠯᠡᠯᠳᠡ  ᠶᠢᠨ ᠴᠡᠭ ᠠᠴᠠ ᠰᠢᠨ᠎ᠡ ᠴᠠᠭ ᠦᠶ᠎ᠡ  ᠶᠢ ᠤᠭᠳᠤᠨ ᠠᠪᠴᠤ᠂ ᠰᠢᠨ᠎ᠡ ᠠᠶᠠᠨ ᠢᠶᠠᠨ ᠡᠯᠬᠦᠨ᠂ ᠰᠢᠵᠢᠷ ᠬᠠᠭᠤᠳᠠᠰᠤ ᠪᠠᠨ ᠪᠢᠴᠢᠭᠯᠡᠨᠡᠮ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠴᠤᠭᠴᠠᠯᠠᠨ ᠪᠠᠶᠢᠭᠤᠯᠬᠤ ᠰᠢᠢᠳᠪᠦᠷᠢᠲᠦ ᠢᠯᠠᠯᠳᠠ  ᠶᠢ ᠤᠯᠬᠤ  ᠶᠢᠨ ᠲᠦᠯᠥᠬᠡ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠠᠭᠤᠤ ᠶᠡᠭᠡ ᠢᠯᠠᠯᠳᠠ  ᠶᠢ ᠤᠯᠬᠤ  ᠶᠢᠨ ᠲᠦᠯᠥᠬᠡ ᠴᠢᠷᠮᠠᠶᠢᠨ ᠲᠡᠮᠡᠴᠡᠰᠦᠬᠡᠢ︕
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2