ᠨᠠᠰᠤᠳᠠᠶᠢᠴᠤᠳ ᠲᠤ ︽ᠤᠶᠤᠨ ᠤ ᠬᠦᠨᠡᠰᠦ︾ ᠬᠥᠷᠬᠡᠬᠦ ᠨᠢ ᠡᠷᠡᠬᠦᠯ ᠮᠠᠨᠳᠦ ᠳᠤᠨᠢ ᠠᠰᠢᠬᠳᠠᠢ
ᠨᠡᠶᠢᠲᠡᠯᠡᠭᠰᠡᠨ ᠴᠠᠭ᠄
2018/4/10
     ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠪᠠ ᠬᠥᠮᠥᠰ ᠤᠨ ᠠᠮᠢᠳᠤᠷᠠᠯ ᠤᠨ ᠲᠥᠪᠰᠢᠨ ᠲᠡᠭᠡᠭᠰᠢᠯᠡᠬᠦ ᠶᠢ ᠲᠠᠭᠠᠯᠳᠤᠨ᠂ ᠰᠥᠯᠵᠢᠶᠠᠨ ᠲᠡᠭᠡᠷ᠎ᠠ ᠠᠴᠠ ᠪᠠᠷᠠᠭ᠎ᠠ ᠬᠤᠳᠠᠯᠳᠤᠨ ᠠᠪᠬᠤ ᠬᠦᠮᠦᠰ ᠶᠠᠪᠤᠬᠤ ᠲᠤᠳᠤᠮ ᠤᠯᠠᠰᠢᠷᠠᠵᠥ᠂ ᠥᠡᠭᠭᠡᠷᠡᠭᠰᠡᠨ ᠤ ᠬᠢ ᠰᠢᠭ ᠪᠠᠶᠠᠷ ᠲᠤᠷᠠᠰᠬᠠᠯ ᠤᠨ ᠡᠳᠤᠷ ᠤᠨ ᠪᠡᠯᠡᠳᠭᠡᠯ ᠲᠡᠶᠢᠮᠦ ᠶᠠᠭᠠᠷᠠᠤ ᠪᠢᠰᠢ ᠪᠤᠯᠪᠠ᠃ ᠡᠬᠦᠨ ᠳᠤ ᠰᠤᠶᠤᠯ ᠤᠨ ᠠᠮᠢᠳᠤᠷᠠᠯ ᠢ ᠠᠮᠳᠠᠷᠬᠠᠬᠤ ᠲᠠᠯ᠎ᠠ ᠪᠠᠷ᠂ ᠨᠠᠰᠤᠳᠠᠶᠢᠴᠤᠳ ᠲᠧᠯᠸᠢᠰ ᠥᠵᠡᠬᠦ᠂ ᠷᠠᠳᠢᠣ᠋ ᠰᠤᠨᠤᠰᠬᠤ ᠪᠠ ᠰᠤᠨᠢᠨ ᠥᠵᠡᠬᠦ ᠪᠠᠷ ᠬᠠᠨᠢ ᠪᠠᠨ ᠪᠤᠯᠭᠠᠬᠤ ᠪᠤᠯᠪᠠᠴᠤ᠂ ᠨᠢᠭᠤᠷᠳᠠᠨ ᠰᠤᠯᠢᠯᠴᠠᠬᠤ ᠵᠤᠭ᠎ᠠ ᠴᠠᠩᠭᠡᠯ ᠤᠨ ᠵᠦᠢᠯ ᠲᠤᠳᠠᠬᠳᠠᠵᠥ ᠪᠠᠶᠢᠳᠠᠬ᠃ ᠲᠤᠰᠬᠠᠢ ᠮᠡᠷᠭᠡᠵᠢᠯᠳᠠᠨ ᠤ ᠥᠵᠡᠬᠦ ᠪᠠᠷ᠂ ᠨᠠᠰᠤᠳᠠᠶᠢᠴᠤᠳ ᠲᠤ ᠰᠤᠶᠤᠯ ᠤᠷᠠᠯᠢᠭ ᠤᠨ ᠰᠣᠨᠢᠷᠬᠠᠮᠵᠢ ᠬᠥᠷᠳᠡᠬᠡᠬᠦ ᠨᠢ ᠪᠡᠶ᠎ᠠ ᠮᠠᠬᠠᠪᠤᠳ ᠤᠨ ᠡᠷᠡᠬᠦᠯ ᠮᠠᠨᠳᠦ ᠳᠤᠨᠢ ᠠᠰᠢᠬᠳᠠᠢ ᠶᠤᠮ᠃      ᠪᠠᠶᠠᠷ ᠲᠤᠷᠠᠰᠬᠠᠯ ᠤᠨ ᠡᠳᠤᠷ ᠲᠤ ᠥᠷ᠎ᠠ ᠠᠴᠢᠨᠠᠷ ᠪᠤᠯᠤᠬᠰᠠᠳ ᠨᠠᠰᠤᠳᠠᠶᠢᠴᠤᠳ ᠲᠠᠭᠠᠨ ᠢᠯᠡᠬᠦᠬᠡᠨ ᠤᠶᠤᠨ ᠤ ᠬᠥᠨᠡᠰᠥ ᠤᠯᠭᠤᠬᠤ ᠶᠢᠨ ᠬᠠᠮᠳᠤ᠂ ᠨᠠᠰᠤᠳᠠᠶᠢᠴᠤᠳ ᠢᠶᠠᠨ ᠢᠯᠡᠬᠦᠬᠡᠨ ᠬᠠᠯᠠᠮᠵᠢᠯᠠᠨ᠂ ᠬᠠᠵᠠᠭᠤ ᠳᠤᠨᠢ ᠰᠠᠭᠤᠵᠤ ᠶᠠᠷᠢᠯᠴᠠᠬᠤ ᠠᠴᠠ ᠭᠠᠳᠠᠨ᠎ᠠ᠂ ᠭᠡᠷ ᠪᠥᠯᠢ ᠶᠢᠨ ᠤᠷᠠᠨ ᠰᠠᠶᠢᠬᠠᠨ ᠤ ᠥᠳᠡᠰᠢᠯᠡᠭᠡ ᠵᠡᠷᠭᠡ ᠶᠢ ᠵᠤᠬᠢᠶᠠᠨ ᠪᠠᠶᠢᠭᠤᠯᠤᠨ ᠥᠷᠨᠢᠬᠦᠯᠵᠥ᠂ ᠨᠠᠰᠤᠳᠠᠶᠢᠴᠤᠳ ᠲᠠᠭᠠᠨ ᠪᠠᠶᠠᠷ ᠪᠠᠶᠠᠰᠤᠯ ᠤᠯᠭᠤᠬᠤ ᠨᠢ ᠨᠠᠰᠤᠳᠠᠶᠢᠴᠤᠳ ᠤᠨ ᠪᠡᠶ᠎ᠠ ᠰᠡᠳᠬᠢᠯ ᠤᠨ ᠡᠷᠡᠭᠦᠯ ᠮᠡᠨᠳᠦ ᠳᠤ ᠶᠡᠬᠡᠬᠡᠨ ᠳᠤᠰᠠ ᠳᠡᠮᠵᠢᠯᠭᠡ ᠪᠤᠯᠬᠤ ᠶᠤᠮ ᠭᠡᠵᠦ ᠳᠤᠰᠬᠠᠢ ᠮᠡᠷᠭᠡᠵᠢᠯᠲᠡᠨ ᠰᠠᠨᠠᠭᠤᠯᠵᠤ ᠪᠠᠶᠢᠨ᠎ᠠ᠃ ᠡᠬᠦᠨ ᠠᠴᠠ ᠭᠠᠳᠠᠨ᠎ᠠ᠂ ᠨᠠᠰᠤᠳᠠᠶᠢᠴᠤᠳ ᠤᠨ ᠬᠤᠪᠢ ᠬᠥᠮᠥᠨ ᠤ ᠲᠤᠷ᠎ᠠ ᠪᠠᠬ᠎ᠠ ᠶᠢ ᠥᠨᠳᠥᠰᠥᠯᠠᠨ᠂ ᠤᠶᠤᠨᠴᠢ ᠡᠯᠧᠺᠳ᠋ᠷᠤᠨ ᠡᠳ᠋ᠯᠡᠯ᠂ ᠲᠠᠭᠤᠤ ᠬᠥᠭᠵᠢᠮ ᠤᠨ ᠺᠠᠰᠧᠲ ᠵᠡᠷᠭᠡ ᠶᠢ ᠪᠡᠯᠡᠭ ᠪᠤᠯᠭᠠᠨ ᠬᠥᠷᠬᠡᠵᠥ ᠨᠠᠰᠤᠳᠠᠶᠢᠴᠤᠳ ᠢᠶᠠᠨ ᠪᠡᠶᠡᠰᠬᠠᠵᠤ ᠪᠤᠯᠬᠤ ᠶᠤᠮ᠃                                                          ᠵᠤᠬᠢᠶᠠᠭᠴᠢ᠄ ᠪᠤᠶᠠᠨ᠋ᠦ᠌ᠨᠳᠦᠰᠦ                                                          ᠨᠠᠶᠢᠷᠠᠭᠤᠯᠤᠭᠴᠢ᠄ ᠢᠷᠭᠤᠢ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2