2018 ᠤᠨ ᠤ 1 ᠰᠠᠷ᠎ᠠ 1 ᠤ ᠡᠳᠦᠷ ᠠᠴᠠ ᠡᠬᠢᠯᠡᠨ᠂ ᠬᠦᠬᠡᠬᠤᠲᠠ ᠶᠢᠨ ᠨᠡᠶᠢᠭᠡᠮ ᠤᠨ ᠲᠠᠭᠠᠳᠬᠠᠯ ᠳᠤ | ᠤᠷᠤᠯᠴᠠᠭᠰᠠᠳ ᠲᠤᠭᠲᠠᠭᠰᠠᠨ ᠴᠢᠭ᠋ ᠤᠨ ᠡᠮᠴᠢᠯᠡᠭᠡᠨ ᠤ ᠪᠠᠶᠢᠭᠤᠯᠤᠮᠵᠢ᠂ ᠲᠤᠭᠲᠠᠭᠰᠠᠨ ᠴᠠᠭ ᠤᠨ ᠰᠤᠯᠠ ᠪᠠᠷ | ᠪᠤᠷᠤᠯᠠᠭᠤᠯᠬᠤ ᠡᠮ ᠤᠨ ᠲᠡᠯᠭᠡᠬᠦᠷ ᠲᠤ ᠤᠨᠤᠰᠢᠯᠠᠭᠤᠯᠤᠨ ᠡᠮ ᠬᠤᠳᠠᠯᠳᠤᠨ ᠠᠪᠬᠤ ᠦᠶ᠎ᠡ ᠳᠤ᠂ ᠬᠤᠶᠠᠳᠤᠭᠠᠷ | ᠦᠶ᠎ᠡ ᠶᠢᠨ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠪᠦᠬᠦ ᠲᠠᠯ᠎ᠠ ᠪᠠᠷ ᠬᠡᠷᠡᠭᠯᠡᠵᠤ᠂ ᠡᠮ ᠡᠮᠨᠡᠯᠭᠡ ᠶᠢᠨ | ᠵᠠᠷᠤᠳᠠᠯ ᠢᠶᠠᠨ ᠰᠢᠭᠤᠳ ᠳ᠋ᠦᠡᠭᠨᠡᠨ ᠪᠤᠳᠤᠵᠤ ᠪᠤᠯᠬᠤ ᠭᠠᠷ ᠬᠦᠢᠴᠡᠳᠭᠡᠯ ᠤᠨ ᠠᠵᠢᠯ ᠢᠶᠠᠨ ᠡᠬᠢᠯᠡᠬᠦᠯᠬᠦ ᠪᠠᠷ ᠪᠤᠯᠪᠠ᠃ | ᠤᠶᠢᠷ᠎ᠠ ᠳᠤ ᠬᠦᠬᠡᠬᠤᠲᠠ ᠶᠢᠨ ᠴᠦᠬᠡᠨ ᠪᠤᠰᠤ ᠰᠠᠭᠤᠭᠠᠯᠢ ᠠᠷᠠᠳ ᠰᠢᠨ᠎ᠡ ᠬᠠᠭᠤᠴᠢᠨ ᠨᠡᠶᠢᠭᠡᠮ ᠤᠨ | ᠪᠠᠲᠤᠯᠠᠪᠤᠷᠢ ᠶᠢᠨ ᠺᠠᠷᠲ ᠢ ᠰᠤᠯᠢᠬᠤ ᠡᠰᠡᠬᠦ ᠲᠤᠬᠠᠢ ᠠᠩᠬᠠᠷᠴᠤ ᠪᠠᠶᠢᠨ᠎ᠠ᠃ ᠺᠠᠷᠲ ᠶᠢᠨ ᠰᠤᠯᠢᠪᠠᠯ ᠤᠤᠯ ᠤᠨ | ᠺᠠᠷᠲ ᠲᠠᠬᠢ ᠵᠤᠭᠤᠰ ᠢᠶᠠᠨ ᠶᠠᠭᠠᠬᠢᠳᠠᠭ ᠪᠢᠯᠡ︖ ᠪᠤᠰᠤᠳ ᠬᠦᠮᠦᠨ ᠳᠤ ᠨᠠᠶᠢᠳᠠᠨ ᠭᠠᠷ ᠬᠦᠢᠴᠡᠳᠭᠡᠯ ᠢ ᠤᠷᠤᠯᠠᠨ | ᠬᠢᠯᠬᠡᠵᠤ ᠪᠤᠯᠬᠤ ᠪᠤᠯ ᠤᠤ︖ ᠨᠡᠶᠢᠭᠡᠮ ᠤᠨ ᠪᠠᠲᠤᠯᠠᠪᠤᠷᠢ ᠶᠢᠨ ᠺᠡᠷᠲ ᠢᠶᠠᠨ ᠬᠡᠬᠡᠭᠰᠡᠨ ᠪᠤᠯ ᠶᠠᠭᠠᠬᠢᠳᠠᠭ ᠪᠢᠯᠠ︖ | ᠭᠡᠬᠦ ᠵᠡᠷᠭᠡ ᠠᠰᠠᠭᠤᠳᠠᠯ ᠳᠤ ᠴᠢᠭᠯᠡᠬᠦᠯᠦᠨ᠂ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ | ᠪᠠ ᠨᠠᠶᠢᠭᠡᠮ ᠤᠨ ᠪᠠᠲᠤᠯᠠᠪᠤᠷᠢ ᠶᠢᠨ ᠲᠢᠩᠬᠢᠮ ᠤᠨ ᠮᠡᠳᠡᠭᠡ ᠵᠠᠩᠬᠢ ᠶᠢᠨ ᠲᠦᠪ ᠵᠢᠴᠢ ᠬᠦᠬᠡᠬᠤᠲᠠ ᠶᠢᠨ ᠬᠦᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠬᠠᠮᠢᠶᠠᠷᠤᠯᠲᠠ ᠢ ᠲᠤᠪᠴᠢᠶ᠎ᠠ ᠵᠡᠷᠭᠡ ᠬᠤᠯᠪᠤᠭᠳᠠᠯ | ᠪᠦᠬᠦᠢ ᠪᠠᠶᠢᠭᠤᠯᠤᠯᠭ᠎ᠠ ᠠᠴᠠ ᠪᠤᠲᠠᠲᠠᠢ ᠬᠠᠷᠢᠭᠤᠯᠲᠠ ᠬᠦᠰᠡᠮᠵᠢᠯᠡᠵᠤ ᠪᠠᠶᠢᠯ᠎ᠠ᠃ | ᠨᠡᠶᠢᠭᠡᠮ ᠤᠨ ᠪᠠᠳᠤᠯᠠᠪᠤᠷᠢ ᠶᠢᠨ ᠺᠠᠷᠲ ᠢ ᠰᠤᠯᠢᠬᠤ ᠠᠵᠢᠯ ᠥᠨᠳᠥᠰᠤᠨ ᠳᠡᠭᠡᠨ ᠲᠠᠭᠤᠰᠪᠠ | 2000 ᠤᠨ ᠠᠴᠠ ᠡᠬᠢᠯᠡᠨ᠂ ᠬᠥᠬᠡᠬᠤᠳᠠ ᠤᠷᠢᠳ ᠬᠤᠵᠢᠳ ᠮᠥᠡᠭᠭᠦᠨ ᠬᠥᠢᠯᠭᠡᠭᠡ ᠶᠢᠨ ᠡᠬᠦᠷᠭᠡ | ᠴᠢᠳᠠᠪᠬᠢ ᠦᠭᠡᠢ ᠬᠤᠶᠠᠷ ᠵᠦᠢᠯ ᠤᠨ ᠨᠡᠶᠢᠭᠡᠮ ᠤᠨ ᠪᠠᠳᠤᠯᠠᠪᠤᠷᠢ ᠶᠢᠨ ᠺᠠᠷᠲ ︵ᠨᠢᠬᠡᠳᠤᠭᠡᠷ ᠥᠶ᠎ᠠ ᠶᠢᠨ ᠨᠡᠶᠢᠭᠡᠮ ᠤᠨ | ᠪᠠᠳᠤᠯᠠᠪᠤᠷᠢ ᠶᠢᠨ ᠺᠠᠷᠲ ᠬᠡᠵᠥ ᠨᠢᠬᠡᠳᠭᠡᠨ ᠨᠡᠷᠡᠯᠡᠪᠡ︶ ᠢ ᠲᠠᠷᠬᠠᠭᠠᠪᠠ᠃ 2013 ᠤᠨ ᠤ 10 ᠰᠠᠷ᠎ᠠ ᠳᠤ᠂ | ᠥᠪᠡᠷᠳᠡᠭᠡᠨ ᠵᠠᠰᠠᠬᠤ ᠤᠷᠤᠨ ᠤ ᠱᠠᠭᠠᠷᠳᠠᠯᠭ᠎ᠠ ᠶᠤᠰᠤᠭᠠᠷ᠂ ᠬᠤᠶᠠᠳᠤᠭᠠᠷ ᠥᠶ᠎ᠠ ᠶᠢᠨ ᠨᠡᠶᠢᠭᠡᠮ ᠤᠨ | ᠪᠠᠳᠤᠯᠠᠪᠤᠷᠢ ᠶᠢᠨ ᠺᠠᠷᠲ ᠢ ᠲᠠᠷᠬᠠᠭᠠᠪᠠ᠃ ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ | ᠥᠡᠭᠭᠡᠨ ᠲᠠᠯ᠎ᠠ ᠳᠤ ᠴᠡᠬᠢᠮ ᠪᠤᠯᠤᠨ ᠰᠤᠷᠢᠨᠵᠢᠨ ᠭᠤᠤᠯ ᠵᠢᠴᠢ ︽ᠲᠤᠮᠳᠠᠳᠤ ᠤᠯᠤᠰ ᠤᠨ ᠪᠠᠩᠭᠢ︾ ᠬᠡᠬᠦ | ᠥᠰᠥᠭ ᠲᠠᠢ᠂ ᠨᠢᠬᠡᠨ ᠴᠡᠬᠢᠮ ᠤᠨ ᠲᠡᠭᠡᠷ᠎ᠠ ᠲᠠᠯᠳᠠ ᠬᠡᠯᠪᠡᠷᠢ ᠶᠢᠨ ᠰᠤᠷᠢᠨᠵᠢᠨ ᠭᠤᠤᠯ ᠢ ᠬᠠᠪᠰᠤᠷᠭᠠᠬᠰᠠᠨ ᠺᠠᠷᠲ | ᠪᠠᠶᠢᠵᠥ᠂ ᠨᠢᠬᠡᠳᠤᠭᠡᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠲᠠᠢ ᠬᠠᠮᠤᠬ ᠤᠨ ᠶᠡᠭᠡ ᠢᠯᠭᠠᠭ᠎ᠠ ᠲᠠᠢ | ᠵᠦᠢᠯ ᠪᠤᠯ ᠪᠠᠩᠭᠢ ᠶᠢᠨ ᠮᠥᠡᠭᠭᠦᠨ ᠬᠥᠢᠯᠭᠡᠭᠡ ᠶᠢᠨ ᠡᠬᠦᠷᠭᠡ ᠴᠢᠳᠠᠪᠬᠢ ᠲᠠᠢ ᠪᠤᠯᠤᠭᠰᠠᠨ ᠶᠤᠮ᠃ | ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠢ ᠬᠥᠮᠥᠨ ᠤ ᠬᠥᠴᠥᠨ ᠤ ᠡᠬᠢ ᠪᠡᠶᠡᠯᠢᠬ | ᠪᠡ ᠨᠡᠶᠢᠭᠡᠮ ᠤᠨ ᠪᠠᠳᠤᠯᠠᠪᠤᠷᠢ ᠶᠢᠨ ᠶᠠᠮᠤᠨ ᠬᠢᠬᠡᠳ ᠲᠤᠮᠳᠠᠳᠤ ᠤᠯᠤᠰ ᠤᠨ ᠠᠷᠠᠳ ᠤᠨ ᠪᠠᠩᠭᠢ ᠶᠢᠨ ᠨᠡᠶᠢᠭᠡᠮ ᠤᠨ | ᠪᠠᠳᠤᠯᠠᠪᠤᠷᠢ ᠶᠢᠨ ᠺᠠᠷᠲ ᠲᠤ ᠮᠥᠡᠭᠭᠦᠨ ᠬᠥᠢᠯᠭᠡᠭᠡ ᠶᠢᠨ ᠡᠬᠦᠷᠭᠡ ᠴᠢᠳᠠᠪᠬᠢ ᠶᠢ ᠠᠴᠢᠶᠠᠯᠠᠭᠤᠯᠬᠤ ᠠᠵᠢᠯ ᠤᠨ | ᠱᠠᠭᠠᠷᠳᠠᠯᠭ᠎ᠠ ᠶᠤᠰᠤᠭᠠᠷ ᠨᠢᠬᠡᠳᠤᠯᠳᠠᠢ ᠲᠥᠰᠥᠪᠯᠡᠨ ᠵᠤᠬᠢᠶᠠᠪᠠ᠃ ᠲᠤᠰ ᠺᠠᠷᠲ ᠢᠶᠠᠷ ᠨᠡᠶᠢᠭᠡᠮ ᠤᠨ ᠪᠠᠳᠤᠯᠠᠪᠤᠷᠢ᠂ | ᠤᠯᠠᠨ ᠨᠡᠶᠢᠳᠠ ᠶᠢᠨ ᠠᠵᠢᠯ ᠤᠯᠭᠤᠯᠳᠠ ᠶᠢᠨ ᠥᠢᠯᠡᠴᠢᠯᠡᠭᠡ ᠶᠢᠨ ᠡᠷᠭᠡ ᠠᠰᠢᠬᠳᠤ ᠡᠯᠧᠺᠳ᠋ᠷᠥᠨ ᠭᠡᠷᠡᠴᠢ ᠪᠠᠷᠢᠮᠳᠠ | ᠪᠤᠯᠭᠠᠵᠥ᠂ ᠨᠡᠶᠢᠭᠡᠮ ᠤᠨ ᠪᠠᠳᠤᠯᠠᠪᠤᠷᠢ ᠶᠢᠨ ᠮᠡᠳᠡᠭᠡ ᠵᠠᠩᠭᠢ ᠶᠢ ᠠᠰᠠᠭᠤᠨ ᠯᠠᠪᠯᠠᠬᠤ᠂ ᠨᠡᠶᠢᠭᠡᠮ ᠤᠨ | ᠪᠠᠳᠤᠯᠠᠪᠤᠷᠢ ᠶᠢᠨ ᠬᠠᠷᠠᠮᠵᠢ ᠤᠯᠭᠤᠮᠵᠢ ᠶᠢ ᠲᠠᠷᠬᠠᠭᠠᠬᠤ᠂ ᠨᠡᠶᠢᠭᠡᠮ ᠤᠨ ᠪᠠᠳᠤᠯᠠᠪᠤᠷᠢ ᠶᠢᠨ ᠰᠦᠢᠳᠭᠡᠯ ᠲᠤᠰᠢᠶᠠᠬᠤ᠂ | ᠡᠮ ᠡᠮᠨᠡᠯᠭᠡ ᠶᠢᠨ ᠪᠠᠳᠤᠯᠠᠪᠤᠷᠢ ᠶᠢ ᠪᠠᠷᠢᠨ ᠳ᠋ᠥᠡᠭᠨᠡᠨ ᠪᠤᠳᠤᠬᠤ᠂ ᠬᠥᠳᠡᠯᠮᠥᠷᠢ ᠬᠥᠴᠥᠨ ᠤ ᠠᠵᠢᠯ ᠤᠯᠭᠤᠯᠳᠠ᠂ | ᠠᠵᠢᠯᠳᠠᠨ ᠤ ᠶᠠᠪᠤᠳᠠᠯ ᠴᠢᠳᠠᠪᠤᠷᠢᠳᠠᠨ ᠤ ᠥᠢᠯᠡᠴᠢᠯᠡᠭᠡ ᠵᠡᠷᠭᠡ ᠡᠬᠦᠷᠭᠡ ᠴᠢᠳᠠᠪᠬᠢ ᠲᠠᠢ ᠪᠠᠶᠢᠵᠥ᠂ ᠪᠤᠰᠤᠳ ᠤᠯᠠᠨ | ᠨᠠᠶᠢᠳᠠ ᠶᠢᠨ ᠥᠢᠯᠡᠴᠢᠯᠡᠭᠡᠨ ᠤ ᠬᠥᠷᠢᠶ᠎ᠠ ᠬᠡᠪᠴᠢᠶᠠᠨ ᠳᠤ ᠥᠷᠭᠡᠨ ᠢᠶᠠᠷ ᠭᠡᠷᠡᠭᠯᠡᠵᠥ ᠪᠤᠯᠤᠨ᠎ᠠ᠃ | ᠥᠢᠯᠠᠭᠠᠬᠰᠨᠨ ᠢᠶᠠᠷ᠂ ᠤᠳᠤᠬᠠᠨ ᠪᠤᠯᠳᠠᠯ᠎ᠠ ᠬᠥᠬᠡᠬᠤᠳᠠ ᠶᠢᠨ ᠰᠠᠭᠤᠭᠠᠯᠢ ᠠᠷᠠᠳ ᠲᠤ ᠲᠠᠷᠬᠠᠭᠠᠬᠰᠠᠨ | ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠨᠡᠶᠢᠳᠠ 199.98 ᠲᠥᠮᠡ ᠭᠠᠷᠤᠢ ᠳᠤ ᠬᠥᠷᠴᠤ | ᠂ ᠨᠢᠬᠡᠳᠤᠭᠡᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠢ ᠰᠤᠯᠢᠬᠤ ᠠᠵᠢᠯ ᠥᠨᠳᠥᠰᠤᠨ ᠳᠡᠭᠡᠨ | ᠲᠠᠭᠤᠰᠤᠬᠰᠠᠨ ᠪᠠᠶᠢᠨ᠎ᠠ᠃ ᠤᠯᠤᠰ ᠪᠠ ᠥᠪᠡᠷᠳᠡᠭᠡᠨ ᠵᠠᠰᠠᠬᠤ ᠤᠷᠤᠨ ᠤ ᠪᠤᠰᠤᠳ ᠭᠠᠵᠠᠷ ᠤᠷᠤᠨ ᠳᠤ ᠡᠮᠴᠢᠯᠡᠭᠡ | ᠬᠢᠭᠰᠡᠳ ᠤᠨ ᠰᠢᠭᠤᠳ ᠳ᠋ᠥᠡᠭᠨᠡᠨ ᠪᠤᠳᠤᠬᠤ ᠠᠵᠢᠯ ᠤᠨ ᠱᠠᠭᠠᠷᠳᠠᠯᠭ᠎ᠠ ᠶᠢ ᠥᠨᠳᠥᠰᠥᠯᠡᠪᠠᠯ᠂ ᠬᠤᠶᠠᠳᠤᠭᠠᠷ | ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠪᠤᠯ ᠪᠤᠰᠤᠳ ᠭᠠᠵᠠᠷ ᠲᠤ ᠡᠮᠴᠢᠯᠡᠭᠡ ᠬᠢᠭᠰᠡᠳ ᠤᠨ ᠴᠤᠷ ᠤᠨ | ᠭᠠᠭᠴᠠ ᠰᠢᠭᠤᠳ ᠳ᠋ᠥᠡᠭᠨᠡᠨ ᠪᠤᠳᠤᠬᠤ ᠭᠡᠷᠡᠴᠢ ᠪᠠᠷᠢᠮᠳᠠ ᠪᠤᠯᠬᠤ ᠶᠤᠮ᠃ | 2018 ᠤᠨ ᠤ 1 ᠰᠠᠷ᠎ᠠ ᠶᠢᠨ 1 ᠤ ᠡᠳᠤᠷ ᠠᠴᠠ ᠡᠬᠢᠯᠡᠨ᠂ ᠬᠥᠬᠡᠬᠤᠳᠠ ᠶᠢᠨ ᠨᠡᠶᠢᠭᠡᠮ ᠤᠨ | ᠲᠠᠭᠠᠳᠬᠠᠯ ᠳᠤ ᠤᠷᠤᠯᠴᠠᠬᠰᠠᠳ ᠲᠤᠬᠳᠠᠬᠰᠠᠨ ᠴᠢᠬ ᠤᠨ ᠡᠮᠴᠢᠯᠡᠭᠡᠨ ᠤ ᠪᠠᠶᠢᠭᠤᠯᠤᠮᠵᠢ᠂ ᠲᠤᠬᠳᠠᠬᠰᠠᠨ ᠴᠢᠬ ᠤᠨ | ᠰᠤᠯᠠ ᠪᠠᠷ ᠪᠤᠷᠤᠯᠠᠭᠤᠯᠬᠤ ᠡᠮ ᠤᠨ ᠲᠡᠯᠬᠡᠬᠦᠷ ᠲᠤ ᠤᠨᠤᠰᠢᠯᠠᠭᠤᠯᠤᠨ ᠡᠮ ᠬᠤᠳᠠᠯᠳᠤᠨ ᠠᠪᠬᠤ ᠥᠶ᠎ᠡ ᠳᠤ᠂ | ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠢ ᠭᠡᠷᠡᠭᠯᠡᠨ ᠡᠮ ᠡᠮᠨᠡᠯᠭᠡ ᠶᠢᠨ ᠵᠠᠷᠤᠳᠠᠯ ᠢᠶᠠᠨ | ᠰᠢᠭᠤᠳ ᠳ᠋ᠥᠡᠭᠨᠡᠨ ᠪᠤᠳᠤᠵᠥ ᠪᠤᠯᠬᠤ ᠭᠠᠷ ᠬᠥᠢᠴᠡᠳᠭᠡᠯ ᠬᠢᠬᠦ ᠠᠵᠢᠯ ᠪᠥᠬᠦ ᠲᠠᠯ᠎ᠠ ᠪᠠᠷ ᠡᠬᠢᠯᠡᠬᠦ ᠪᠤᠯᠤᠨ᠎ᠠ᠃ | ᠡᠶᠢᠮᠥ ᠠᠴᠠ ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠭᠠᠷ ᠬᠥᠢᠴᠡᠳᠭᠡᠯ ᠬᠢᠬᠡ ᠥᠭᠡᠢ | ᠨᠡᠶᠢᠭᠡᠮ ᠤᠨ ᠲᠠᠭᠠᠳᠬᠠᠯ ᠳᠤ ᠤᠷᠤᠯᠴᠠᠬᠰᠠᠳ ᠴᠠᠬ ᠢ ᠠᠮᠵᠢᠨ ᠡᠷᠡᠮᠡᠯᠵᠡᠯ ᠬᠢᠭᠡᠷᠡᠢ ᠬᠡᠵᠥ ᠬᠤᠯᠪᠤᠬᠳᠠᠯ ᠪᠥᠬᠦᠢ | ᠪᠠᠶᠢᠭᠤᠯᠤᠯᠭ᠎ᠠ ᠶᠢᠨ ᠬᠠᠷᠢᠭᠤᠴᠠᠯᠭᠠᠳᠠᠳ ᠰᠠᠨᠠᠭᠤᠯᠵᠥ ᠪᠤᠢ᠃ | ᠤᠤᠯ ᠤᠨ ᠺᠠᠷᠲ ᠲᠠᠬᠢ ᠵᠤᠭᠤᠰ ᠢᠶᠠᠨ ᠶᠠᠭᠠᠬᠢᠳᠠᠬ ᠪᠢᠯᠠ︖ | ᠨᠢᠬᠡᠳᠤᠭᠡᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠢᠶᠠᠨ ᠰᠤᠯᠢᠬᠰᠠᠨ ᠤ ᠲᠠᠷᠠᠭ᠎ᠠ᠂ ᠡᠮ | ᠡᠮᠨᠡᠯᠭᠡ ᠶᠢᠨ ᠲᠠᠭᠠᠳᠬᠠᠯ ᠤᠨ ᠬᠤᠪᠢ ᠬᠥᠮᠥᠨ ᠤ ᠲᠠᠩᠰᠠᠨ ᠳᠠᠬᠢ ᠥᠯᠡᠳᠡᠪᠤᠷᠢ ᠵᠤᠭᠤᠰ ᠬᠤᠭᠤᠰᠤᠨ ᠪᠤᠯᠴᠢᠬᠠᠨ᠎ᠠ | ᠤᠤ︖ ᠨᠢᠬᠡᠳᠤᠭᠡᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠲᠠᠬᠢ ᠵᠤᠭᠤᠰ ᠢᠶᠠᠨ ᠵᠠᠷᠤᠵᠥ | ᠲᠠᠭᠤᠰᠬᠠᠬᠰᠠᠨ ᠤ ᠲᠠᠷᠠᠭ᠎ᠠ ᠰᠠᠶ᠋ᠢ ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠢ ᠰᠤᠯᠢᠵᠥ | ᠪᠤᠯᠬᠤ ᠤᠤ︖ ᠺᠠᠷᠲ ᠢᠶᠠᠨ ᠰᠤᠯᠢᠬᠤ ᠳᠤ ᠶᠠᠮᠠᠷ ᠭᠡᠷᠡᠴᠢ ᠭᠡᠷᠡᠭᠰᠡᠬᠦ ᠪᠤᠢ︖ ᠵᠡᠷᠭᠡ ᠡᠷᠡᠭᠡᠯᠵᠡᠭᠡ ᠨᠢ | ᠬᠥᠬᠡᠬᠤᠳᠠ ᠶᠢᠨ ᠰᠠᠭᠤᠭᠠᠯᠢ ᠠᠷᠠᠳ ᠤᠨ ᠬᠠᠯᠠᠮᠰᠢᠯ ᠠᠰᠠᠭᠤᠳᠠᠯ ᠪᠤᠯᠵᠥ ᠪᠤᠢ᠃ | ᠥᠢᠯᠠᠭᠠᠬᠰᠠᠨ ᠢᠶᠠᠷ᠂ ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠭᠠᠷ | ᠬᠥᠢᠴᠡᠳᠭᠡᠯ ᠬᠢᠬᠡ ᠥᠬᠡᠢ ᠬᠥᠬᠡᠬᠤᠳᠠ ᠶᠢᠨ ᠨᠡᠶᠢᠭᠡᠮ ᠤᠨ ᠪᠠᠳᠤᠯᠠᠪᠤᠷᠢ ᠳᠤ ᠤᠷᠤᠯᠴᠠᠬᠰᠠᠳ ᠵᠥᠪᠬᠡᠨ ᠬᠤᠪᠢ | ᠬᠥᠮᠥᠨ ᠤ ᠪᠡᠶ᠎ᠠ ᠶᠢᠨ ᠥᠨᠡᠮᠯᠡᠯ ᠢᠶᠠᠨ ᠠᠪᠴᠤ᠂ ᠨᠡᠶᠢᠭᠡᠮ ᠤᠨ ᠪᠠᠳᠤᠯᠠᠪᠤᠷᠢ ᠶᠢᠨ ᠺᠠᠷᠲ ᠢ ᠰᠤᠯᠢᠬᠤ ᠭᠠᠷ | ᠬᠥᠢᠴᠡᠳᠭᠡᠯ ᠬᠢᠬᠦ ᠲᠤᠬᠳᠠᠬᠰᠠᠨ ᠪᠠᠶᠢᠭᠤᠯᠤᠮᠵᠢ ᠳᠤ ᠬᠥᠷᠴᠤ ᠺᠠᠷᠲ ᠵᠤᠬᠢᠶᠠᠬᠤ ᠮᠡᠳᠡᠭᠡ ᠵᠠᠩᠭᠢ ᠪᠠᠨ | ᠬᠠᠨᠭ᠍ᠭᠠᠬᠤ ᠶᠢᠨ ᠬᠠᠮᠳᠤ᠂ ᠲᠤᠬᠳᠠᠬᠰᠠᠨ ᠰᠡᠬᠦᠳᠡᠷ ᠲᠠᠳᠠᠬᠤ ᠭᠠᠵᠠᠷ ᠡᠰᠡᠬᠦᠯ᠎ᠠ ᠥᠪᠡᠰᠤᠪᠠᠨ ᠰᠡᠬᠦᠳᠡᠷᠯᠡᠭᠰᠡᠨ | ᠰᠡᠬᠦᠳᠡᠷ ᠢᠶᠠᠨ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠰᠠᠬᠦᠳᠠᠷ ᠤᠨ ᠲᠠᠪᠴᠠᠩ ᠳᠤ ᠲᠠᠮᠵᠢᠭᠤᠯᠵᠥ᠂ ᠮᠡᠳᠡᠭᠡ | ᠵᠠᠩᠭᠢ ᠬᠠᠨᠭ᠍ᠭᠠᠬᠤ ᠠᠵᠢᠯ ᠢᠶᠠᠨ ᠲᠠᠭᠤᠰᠬᠠᠨ᠎ᠠ︔ ᠺᠠᠷᠲ ᠢᠶᠠᠨ ᠠᠪᠬᠤ ᠦᠶ᠎ᠡ ᠳᠤ ᠬᠥᠴᠥᠨ ᠲᠠᠢ ᠪᠠᠶᠢᠭ᠎ᠠ ᠪᠡᠶ᠎ᠠ ᠶᠢᠨ | ᠥᠨᠡᠮᠯᠡᠯ ᠢᠶᠠᠷ ᠢᠶᠠᠨ ᠺᠠᠷᠲ ᠲᠠᠷᠬᠠᠭᠠᠬᠤ ᠲᠤᠬᠳᠠᠬᠰᠠᠨ ᠪᠠᠩᠭᠢ ᠳᠤ ᠬᠥᠷᠴᠤ ᠨᠡᠶᠢᠭᠡᠮ ᠤᠨ ᠪᠠᠳᠤᠯᠠᠪᠤᠷᠢ ᠶᠢᠨ | ᠺᠠᠷᠲ ᠢᠶᠠᠨ ᠠᠪᠤᠨ᠎ᠠ᠃ | ᠥᠪᠡᠷᠳᠡᠭᠡᠨ ᠵᠠᠰᠠᠬᠤ ᠤᠷᠤᠨ ᠤ ᠬᠥᠮᠥᠨ ᠤ ᠬᠥᠴᠥᠨ ᠤ ᠡᠬᠢ ᠪᠡᠶᠡᠯᠢᠬ ᠪᠠ ᠨᠡᠶᠢᠭᠡᠮ ᠤᠨ ᠪᠠᠳᠤᠯᠠᠪᠤᠷᠢ ᠶᠢᠨ | ᠮᠡᠳᠡᠭᠡ ᠵᠠᠩᠭᠢ ᠶᠢᠨ ᠲᠥᠪ ᠤᠨ ᠬᠠᠷᠢᠭᠤᠴᠠᠯᠭᠠᠳᠠᠳ ᠤᠨ ᠢᠯᠡᠳᠭᠡᠭᠰᠡᠨ ᠢᠶᠠᠷ᠂ ᠬᠠᠭᠤᠴᠢᠨ ᠺᠠᠷᠲ ᠢᠶᠠᠨ | ᠰᠤᠯᠢᠬᠰᠠᠨ ᠤ ᠲᠠᠷᠠᠭ᠎ᠠ ᠺᠠᠷᠲ ᠲᠠᠬᠢ ᠤᠤᠯ ᠤᠨ ᠵᠤᠭᠤᠰ ᠬᠡᠭᠡᠭᠳᠡᠬᠦ ᠥᠬᠡᠢ᠃ ᠰᠢᠨ᠎ᠠ ᠺᠠᠷᠲ ᠤᠨ ᠡᠬᠦᠷᠭᠡ | ᠴᠢᠳᠠᠪᠬᠢ ᠠᠰᠢᠬᠯᠠᠯᠲᠠ ᠳᠤ ᠤᠷᠤᠬᠰᠠᠨ ᠤ ᠲᠠᠷᠠᠭ᠎ᠠ ᠤᠤᠯ ᠤᠨ ᠥᠯᠡᠳᠡᠪᠤᠷᠢ ᠵᠤᠭᠤᠰ ᠠᠶᠠᠨᠳᠠᠭᠠᠨ ᠰᠢᠨ᠎ᠠ | ᠨᠡᠶᠢᠭᠡᠮ ᠤᠨ ᠪᠠᠳᠤᠯᠠᠪᠤᠷᠢ ᠶᠢᠨ ᠺᠠᠷᠲ ᠲᠤ ᠰᠢᠯᠵᠢᠨ ᠤᠷᠤᠨ᠎ᠠ᠃ | ᠪᠤᠰᠤᠳ ᠬᠥᠮᠥᠨ ᠳᠤ ᠨᠡᠶᠢᠳᠠᠨ ᠭᠠᠷ ᠬᠥᠢᠴᠡᠳᠭᠡᠯ ᠤᠷᠤᠯᠠᠨ ᠬᠢᠯᠭᠡᠵᠥ ᠪᠤᠯᠤᠨ᠎ᠠ ᠤᠤ︖ | ᠲᠥᠷᠥᠬᠦᠬᠡᠨ ᠬᠥᠬᠡᠬᠤᠳᠠ ᠶᠢᠨ ᠰᠠᠶᠢᠬᠠᠨ ᠲᠤᠭᠤᠷᠢᠬ ᠤᠨ ᠤᠯᠠᠭᠠᠨᠴᠠᠪ ᠵᠡᠬᠦᠨ ᠵᠠᠮ ᠤᠨ ᠰᠢᠶᠠᠨ ᠹᠸᠡᠭ | ᠰᠠᠭᠤᠭᠠᠯᠢ ᠠᠷᠠᠳ ᠤᠨ ᠲᠤᠭᠤᠷᠢᠬ ᠲᠤ ᠰᠠᠭᠤᠭ᠎ᠠ ᠬᠢᠯᠪᠠᠭ᠎ᠠ᠂ ᠠᠪᠤ ᠨᠢ 80 ᠭᠠᠷᠴᠢᠬᠠᠬᠰᠠᠨ ᠪᠤᠯᠬᠤᠷ ᠶᠠᠪᠤᠵᠥ | ᠰᠠᠭᠤᠬᠤ ᠳᠤ ᠲᠥᠬᠦᠮ ᠥᠬᠡᠢ᠂ ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠢ ᠨᠢ ᠤᠷᠤᠯᠠᠨ | ᠭᠠᠷ ᠬᠥᠢᠴᠡᠳᠭᠡᠯ ᠬᠢᠯᠭᠡᠵᠥ ᠪᠤᠯᠬᠤ ᠶᠤᠮ ᠤᠤ︖ ᠬᠡᠵᠥ ᠠᠰᠠᠭᠤᠨ ᠰᠤᠷᠠᠬᠯᠠᠵᠥ ᠪᠠᠶᠢᠯ᠎ᠠ᠃ | ᠥᠪᠡᠷᠳᠡᠭᠡᠨ ᠵᠠᠰᠠᠬᠤ ᠤᠷᠤᠨ ᠤ ᠬᠥᠮᠥᠨ ᠤ ᠬᠥᠴᠥᠨ ᠤ ᠡᠬᠢ ᠪᠡᠶᠡᠯᠢᠬ ᠪᠠ ᠨᠡᠶᠢᠭᠡᠮ ᠤᠨ ᠪᠠᠳᠤᠯᠠᠪᠤᠷᠢ ᠶᠢᠨ | ᠲᠢᠩᠭᠢᠮ ᠤᠨ ᠮᠡᠳᠡᠭᠡ ᠵᠠᠩᠭᠢ ᠶᠢᠨ ᠲᠥᠪ ᠤᠨ ᠬᠠᠷᠢᠭᠤᠴᠠᠯᠭᠠᠳᠠᠳ ᠤᠨ ᠲᠠᠨᠢᠯᠴᠠᠭᠤᠯᠤᠬᠰᠠᠨ ᠢ ᠥᠨᠳᠥᠰᠤᠯᠠᠪᠠᠯ᠂ | ᠬᠥᠬᠡᠬᠤᠳᠠ ᠶᠢᠨ ᠨᠠᠰᠤᠨ ᠳᠤ ᠥᠯᠥ ᠬᠥᠷᠥᠭᠰᠡᠳ ᠵᠢᠴᠢ ᠪᠤᠰᠤᠳ ᠢᠷᠭᠡᠨ ᠤ ᠶᠠᠪᠤᠳᠠᠯ ᠤᠨ ᠠᠵᠢᠯᠯᠠᠭ᠎ᠠ ᠳᠤ | ᠤᠷᠤᠯᠴᠠᠬᠤ ᠴᠢᠳᠠᠪᠤᠷᠢ ᠥᠬᠡᠢ ᠬᠤᠪᠢ ᠬᠥᠮᠥᠨ᠂ ᠨᠠᠰᠤᠳᠠᠶᠢᠴᠤᠳ᠂ ᠵᠡᠮᠳᠡᠭᠴᠤᠳ ᠬᠤᠪᠢ ᠬᠥᠮᠥᠨ ᠤ | ᠰᠢᠯᠳᠠᠭᠠᠨ ᠠᠴᠠ ᠪᠤᠯᠵᠥ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠭᠠᠷ ᠬᠥᠢᠴᠡᠳᠭᠡᠯ ᠢᠶᠠᠨ ᠬᠢᠵᠥ ᠲᠡᠶᠢᠯᠬᠦ | ᠥᠬᠡᠢ ᠪᠠᠶᠢᠳᠠᠯ ᠲᠤᠤᠷ᠎ᠠ᠂ ᠪᠤᠰᠤᠳ ᠬᠥᠮᠥᠨ ᠳᠤ ᠨᠠᠶᠢᠳᠠᠨ ᠭᠠᠷ ᠬᠥᠢᠴᠡᠳᠭᠡᠯ ᠢᠶᠠᠨ ᠤᠷᠤᠯᠠᠨ ᠬᠢᠯᠬᠡᠵᠥ ᠪᠤᠯᠤᠨ᠎ᠠ᠃ | ᠤᠷᠤᠯᠠᠨ ᠬᠥᠢᠴᠡᠳᠭᠡᠭᠴᠢ ᠪᠠᠩᠭᠢ ᠳᠤ ᠬᠥᠷᠴᠤ ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ | ᠺᠠᠷᠲ ᠤᠨ ᠥᠢᠯᠡᠴᠢᠯᠡᠭᠡ ︵ᠺᠠᠷᠲ ᠠᠪᠬᠤ᠂ ᠺᠠᠷᠲ ᠢ ᠮᠥᠡᠭᠭᠦᠨ ᠬᠥᠢᠯᠭᠡᠭᠡ ᠶᠢᠨ ᠠᠰᠢᠬᠯᠠᠯᠳᠠ ᠳᠤ ᠤᠷᠤᠭᠤᠯᠬᠤ | ᠵᠡᠷᠭᠡ︶ ᠶᠢᠨ ᠭᠠᠷ ᠬᠥᠢᠴᠡᠳᠭᠡᠯ ᠬᠢᠬᠦ ᠥᠶᠡᠰ᠂ ᠤᠷᠤᠯᠠᠨ ᠬᠥᠢᠴᠡᠳᠭᠡᠭᠴᠢ ᠬᠤᠪᠢ ᠬᠥᠮᠥᠨ ᠤ ᠪᠡᠶ᠎ᠠ ᠶᠢᠨ | ᠥᠨᠡᠮᠯᠡᠯ ᠪᠠ ᠨᠠᠶᠢᠳᠠᠬᠴᠢ ᠶᠢᠨ ᠪᠡᠶ᠎ᠠ ᠶᠢᠨ ᠥᠨᠡᠮᠯᠡᠯ ᠢ ᠠᠪᠬᠤ ᠶᠢᠨ ᠬᠠᠮᠳᠤ᠂ ᠭᠡᠷᠡᠴᠢ ᠬᠢᠬᠦ ᠪᠠᠶᠢᠭᠤᠯᠤᠮᠵᠢ ᠶᠢᠨ | ᠭᠡᠷᠡᠴᠢᠯᠡᠭᠰᠡᠨ ᠬᠤᠯᠪᠤᠬᠳᠠᠯ ᠪᠥᠬᠦᠢ ᠵᠥᠪᠯᠡᠯᠴᠡᠭᠡᠷ ᠤᠨ ᠪᠢᠴᠢᠭ ᠮᠠᠲ᠋ᠧᠷᠢᠶᠠᠯ ᠢ ᠪᠥᠷᠢᠯᠳᠥᠬᠦᠯᠥᠨ ᠭᠠᠷ ᠬᠥᠢᠴᠡᠳᠭᠡᠯ | ᠬᠢᠬᠦ ᠭᠡᠷᠡᠭᠳᠠᠢ ᠬᠡᠵᠥ ᠡᠯ᠎ᠠ ᠬᠤᠯᠪᠤᠬᠳᠠᠯ ᠪᠥᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠰᠠᠨᠠᠭᠤᠯᠵᠥ ᠪᠤᠢ᠃ | ᠨᠡᠶᠢᠭᠡᠮ ᠤᠨ ᠪᠠᠳᠤᠯᠠᠪᠤᠷᠢ ᠶᠢᠨ ᠺᠠᠷᠲ ᠢᠶᠠᠨ ᠬᠡᠬᠡᠭᠰᠡᠨ ᠪᠤᠯ ᠶᠠᠭᠠᠬᠢᠬᠤ ᠪᠤᠢ︖ | ᠲᠥᠷᠥᠬᠦᠬᠡᠨ ᠥᠪᠥᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠤᠯᠠᠬ ᠪᠠᠭᠰᠢ ᠬᠤᠶᠠᠳᠤᠭᠠᠷ | ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠢᠶᠠᠨ ᠵᠢᠯ ᠤᠨ ᠡᠬᠢᠨ ᠳᠤ ᠠᠪᠤᠬᠰᠠᠨ ᠪᠤᠯᠪᠠᠴᠤ ᠲᠤᠬᠠᠢ ᠶᠢᠨ | ᠥᠶ᠎ᠠ ᠳᠤ ᠬᠠᠮᠢᠭ᠎ᠠ ᠬᠠᠳᠠᠭᠠᠯᠠᠬᠰᠠᠨ ᠢᠶᠠᠨ ᠪᠤᠳᠤᠵᠥ ᠤᠯᠬᠤ ᠥᠬᠡᠢ ᠪᠤᠯᠵᠥ᠂ ᠰᠢᠨ᠎ᠠ ᠺᠠᠷᠲ ᠢ ᠬᠡᠬᠡᠭᠰᠡᠨ ᠪᠤᠯ | ᠶᠠᠭᠠᠬᠢᠵᠥ ᠨᠥᠬᠦᠪᠤᠷᠢᠯᠡᠬᠦ ᠲᠤᠬᠠᠢ ᠠᠰᠠᠭᠤᠵᠥ ᠪᠠᠶᠢᠯ᠎ᠠ᠃ | ᠬᠤᠯᠪᠤᠬᠳᠠᠯ ᠪᠥᠬᠦᠢ ᠰᠠᠯᠠᠭ᠎ᠠ ᠮᠥᠴᠢᠷ ᠤᠨ ᠠᠵᠢᠯᠳᠠᠨ ᠤ ᠲᠠᠨᠢᠯᠴᠠᠭᠤᠯᠤᠬᠰᠠᠨ ᠢᠶᠠᠷ᠂ 2018 ᠤᠨ ᠤ 1 | ᠰᠠᠷ᠎ᠠ ᠶᠢᠨ 1 ᠤ ᠡᠳᠤᠷ ᠠᠴᠠ ᠡᠮᠥᠨ᠎ᠠ ᠨᠢᠬᠡᠳᠤᠭᠡᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠢᠶᠠᠨ | ᠬᠡᠬᠡᠭᠰᠡᠨ ᠪᠤᠯ᠂ 5181372 ᠨᠤᠮᠧᠷ ᠲᠤ ᠤᠳᠠᠰᠤᠳᠠᠵᠥ᠂ ᠺᠠᠷᠲ ᠭᠡᠭᠡᠭᠰᠡᠨ ᠢᠯᠡᠷᠭᠡᠶᠢᠯᠠᠯᠳᠠ ᠶᠢᠨ ᠭᠠᠷ | ᠬᠥᠢᠴᠡᠳᠭᠡᠯ ᠬᠢᠵᠥ ᠪᠤᠯᠤᠨ᠎ᠠ᠃ ᠡᠰᠡᠬᠦᠯ᠎ᠠ ᠬᠥᠬᠡᠬᠤᠳᠠ ᠶᠢᠨ ᠬᠥᠮᠥᠨ ᠤ ᠬᠥᠴᠥᠨ ᠤ ᠡᠬᠢ ᠪᠡᠶᠡᠯᠢᠬ ᠪᠠ | ᠨᠡᠶᠢᠭᠡᠮ ᠤᠨ ᠪᠠᠳᠤᠯᠠᠪᠤᠷᠢ ᠶᠢᠨ ᠬᠠᠮᠢᠶᠠᠷᠤᠯᠳᠠ ᠶᠢᠨ ᠲᠤᠪᠴᠢᠶ᠎ᠠ ᠳᠤ ᠬᠥᠷᠴᠤ᠂ ᠺᠠᠷᠲ ᠭᠡᠭᠡᠭᠰᠡᠨ ᠢᠯᠡᠷᠭᠡᠶᠢᠯᠡᠯᠳᠠ ᠶᠢ | ᠬᠥᠢᠴᠡᠳᠭᠡᠵᠥ ᠪᠤᠯᠤᠨ᠎ᠠ᠃ ᠨᠢᠬᠡᠳᠤᠭᠡᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠲᠤ ᠲᠠᠬᠢᠵᠥ ᠨᠥᠬᠦᠬᠦ | ᠭᠠᠷ ᠬᠥᠢᠴᠡᠳᠭᠡᠯ ᠤᠨ ᠥᠢᠯᠡᠴᠢᠯᠡᠭᠡ ᠬᠢᠬᠦ ᠥᠬᠡᠢ᠃ ᠬᠤᠳᠠ ᠶᠢᠨ ᠰᠠᠭᠤᠭᠠᠯᠢ ᠠᠷᠠᠳ 12333 ᠨᠤᠮᠧᠷᠳᠤ | ᠤᠳᠠᠰᠤ ᠪᠠᠷ ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠲᠤᠬᠠᠢ ᠥᠢᠯᠡᠴᠢᠯᠡᠭᠡᠨ ᠤ | ᠪᠠᠶᠢᠳᠠᠯ ᠢ ᠠᠰᠠᠭᠤᠨ ᠯᠠᠪᠯᠠᠵᠥ ᠪᠤᠯᠤᠨ᠎ᠠ᠃ ᠮᠥᠨ ᠴᠤ 12333 ᠨᠤᠮᠧᠷᠳᠤ ᠥᠢᠯᠡᠴᠢᠯᠡᠭᠡᠨ ᠤ ᠤᠳᠠᠰᠤ ᠪᠠᠷ | ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠢᠶᠠᠨ ᠬᠡᠭᠡᠭᠰᠡᠨ ᠢᠯᠡᠷᠭᠡᠶᠢᠯᠡᠯᠳᠠ ᠶᠢ ᠬᠢᠵᠥ | ᠪᠤᠯᠤᠨ᠎ᠠ᠂ ᠬᠡᠭᠡᠭᠰᠡᠨ ᠢᠯᠡᠷᠭᠡᠶᠢᠯᠡᠯᠳᠠ ᠬᠢᠭᠰᠡᠨ ᠤ ᠲᠠᠷᠠᠭ᠎ᠠ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠡᠬᠦᠷᠭᠡ | ᠴᠢᠳᠠᠪᠬᠢ ᠶᠢ ᠨᠢ ᠪᠠᠷᠢᠨ ᠵᠤᠬᠰᠤᠭᠠᠨ᠎ᠠ᠃ ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠢ | ᠨᠥᠬᠦᠬᠦ ᠳᠤ᠂ ᠰᠢᠭᠤᠳ ᠲᠤᠮᠳᠠᠳᠤ ᠤᠯᠤᠰ ᠤᠨ ᠪᠠᠩᠭᠢ ᠶᠢᠨ ᠺᠠᠷᠲ ᠲᠠᠷᠬᠠᠭᠠᠬᠤ ᠲᠥᠪ ᠲᠤ ᠬᠥᠷᠴᠤ ᠪᠥᠬᠦ ᠭᠠᠷ | ᠬᠥᠢᠴᠡᠳᠭᠡᠯ ᠢ ᠬᠢᠵᠥ ᠪᠤᠯᠤᠨ᠎ᠠ᠃ | ᠬᠤᠪᠢ ᠬᠥᠮᠥᠨ ᠤ ᠮᠡᠳᠡᠭᠡ ᠵᠠᠩᠭᠢ ᠲᠠᠢ ᠥᠯᠥ ᠲᠤᠬᠢᠷᠠᠯᠴᠠᠬᠤ ᠵᠦᠢᠯ ᠪᠠᠶᠢᠪᠠᠯ ᠶᠠᠭᠠᠬᠢᠬᠤ ᠪᠤᠢ︖ | ᠬᠥᠬᠡᠬᠤᠳᠠ ᠶᠢᠨ ᠰᠠᠭᠤᠭᠠᠯᠢ ᠠᠷᠠᠳ ᠵᠠᠩ ᠤᠪᠤᠬᠳᠤ ᠶᠢᠨ ᠲᠤᠰᠬᠠᠬᠰᠠᠨ ᠢᠶᠠᠷ᠂ ᠨᠡᠶᠢᠭᠡᠮ ᠤᠨ | ᠪᠠᠳᠤᠯᠠᠪᠤᠷᠢ ᠶᠢᠨ ᠺᠠᠷᠲ ᠤᠨ ᠥᠢᠯᠡᠴᠢᠯᠡᠭᠡᠨ ᠤ ᠮᠠᠰᠢᠨ ᠲᠤᠨᠤᠬᠯᠠᠯ ᠤᠳ ᠳᠡᠭᠡᠷ᠎ᠡ ᠠᠴᠠ ᠲᠡᠬᠦᠨ ᠤ ᠠᠪᠤ ᠶᠢᠨ | ᠬᠤᠶᠠᠳᠤᠭᠠᠷ ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠲᠠᠬᠢ ᠮᠡᠳᠡᠭᠡ ᠵᠠᠩᠭᠢ ᠶᠢ ᠨᠢ ᠠᠰᠠᠭᠤᠨ ᠯᠠᠪᠯᠠᠵᠥ | ᠲᠠᠶᠢᠯᠬᠦ ᠥᠬᠡᠢ᠂ ᠤᠯᠠᠨ ᠰᠠᠯᠠᠭ᠎ᠠ ᠮᠥᠴᠢᠷ ᠠᠴᠠ ᠠᠰᠠᠭᠤᠬᠰᠠᠨ ᠳᠤ ᠨᠡᠶᠢᠭᠡᠮ ᠤᠨ ᠪᠠᠳᠤᠯᠠᠪᠤᠷᠢ ᠶᠢᠨ ᠺᠠᠷᠲ ᠲᠠᠬᠢ | ᠮᠡᠳᠡᠭᠡ ᠵᠠᠩᠭᠢ ᠪᠤᠯᠤᠨ ᠬᠤᠪᠢ ᠬᠥᠮᠥᠨ ᠤ ᠮᠡᠳᠡᠭᠡ ᠵᠠᠩᠭᠢ ᠨᠢ ᠲᠤᠬᠢᠷᠡᠯᠴᠠᠬᠰᠠᠨ ᠥᠬᠡᠢ ᠠᠴᠠ ᠪᠤᠯᠤᠬᠰᠠᠨ ᠭᠡᠵᠡᠢ᠃ | ᠡᠶᠢᠮᠥᠷᠬᠦ ᠪᠠᠶᠢᠳᠠᠯ ᠲᠤᠯᠭᠠᠷᠠᠪᠠᠯ ᠶᠠᠭᠠᠬᠢᠬᠤ ᠪᠤᠢ︖ ᠬᠡᠵᠤ ᠵᠠᠩ ᠤᠪᠤᠬᠳᠤ ᠰᠠᠨᠳᠤᠷᠴᠤ ᠪᠠᠶᠢᠯ᠎ᠠ᠃ | ᠥᠢᠯᠠᠭᠠᠬᠰᠠᠨ ᠢᠶᠠᠷ᠂ ᠡᠶᠢᠮᠦᠷᠬᠦ ᠨᠡᠶᠢᠭᠡᠮ ᠤᠨ ᠪᠠᠳᠤᠯᠠᠪᠤᠷᠢ ᠶᠢᠨ ᠰᠢᠨ᠎ᠡ ᠺᠠᠷᠲ ᠢᠶᠠᠨ ᠭᠡᠷᠡᠭᠯᠡᠵᠥ ᠲᠠᠶᠢᠯᠬᠦ | ᠥᠬᠡᠢ ᠥᠵᠡᠭᠳᠡᠯ ᠬᠡᠷᠡᠭᠯᠡᠭᠴᠢᠳ ᠤᠨ ᠳᠤᠮᠳᠠ ᠴᠥᠬᠡᠨ ᠪᠤᠰᠤ ᠭᠠᠷᠴᠤ ᠪᠤᠢ᠃ ᠡᠨᠡ ᠨᠢ ᠨᠡᠶᠢᠭᠡᠮ ᠤᠨ | ᠪᠠᠳᠤᠯᠠᠪᠤᠷᠢ ᠶᠢᠨ ᠺᠠᠷᠲ ᠲᠠᠬᠢ ᠮᠡᠳᠡᠭᠡ ᠵᠠᠩᠭᠢ ᠪᠠ ᠬᠤᠪᠢ ᠬᠥᠮᠥᠨ ᠤ ᠮᠡᠳᠡᠭᠡ ᠵᠠᠩᠭᠢ ᠨᠢ ᠥᠯᠥ | ᠲᠤᠬᠢᠷᠠᠯᠴᠠᠬᠤ ᠠᠴᠠ ᠪᠤᠯᠤᠬᠰᠠᠨ ᠪᠠᠶᠢᠳᠠᠬ᠃ ᠡᠶᠢᠮᠥᠷᠬᠦ ᠪᠠᠶᠢᠳᠠᠯ ᠳᠤᠬᠢᠶᠠᠯᠳᠤᠪᠠᠯ ᠪᠡᠶ᠎ᠠ ᠶᠢᠨ ᠥᠨᠡᠮᠯᠠᠯ ᠢᠶᠠᠨ | ᠠᠪᠴᠤ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠭᠠᠷ ᠬᠥᠢᠴᠡᠳᠭᠡᠯ ᠬᠢᠬᠦ ᠪᠠᠶᠢᠭᠤᠯᠤᠮᠵᠢ ᠳᠤ ᠬᠥᠷᠴᠤ᠂ | ᠤᠤᠯ ᠤᠨ ᠨᠡᠶᠢᠭᠡᠮ ᠤᠨ ᠪᠠᠳᠤᠯᠠᠪᠤᠷᠢ ᠶᠢᠨ ᠺᠠᠷᠲ ᠢᠶᠠᠨ ᠬᠥᠴᠥᠨ ᠥᠬᠡᠢ ᠪᠤᠯᠭᠠᠬᠤ ᠭᠡᠷᠡᠭᠳᠠᠢ᠃ ᠤᠪᠤᠬ ᠨᠡᠷ᠎ᠠ᠂ | ᠪᠡᠶ᠎ᠠ ᠶᠢᠨ ᠥᠨᠡᠮᠯᠡᠯ ᠤᠨ ᠨᠤᠮᠧᠷ ᠨᠢ ᠵᠥᠷᠢᠭᠰᠡᠨ ᠪᠠᠶᠢᠪᠠᠯ᠂ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠭᠠᠷ | ᠬᠥᠢᠴᠡᠳᠭᠡᠯ ᠬᠢᠬᠦ ᠪᠠᠶᠢᠭᠤᠯᠤᠮᠵᠢ ᠠᠴᠠ ᠮᠡᠳᠡᠭᠡ ᠵᠠᠩᠭᠢ ᠶᠢ ᠬᠠᠯᠠᠨ ᠥᠬᠡᠷᠡᠴᠢᠯᠡᠬᠦ ᠥᠢᠯᠡᠴᠢᠯᠡᠭᠡ ᠬᠠᠨᠭ᠍ᠭᠠᠬᠤ | ᠪᠤᠯᠤᠨ᠎ᠠ᠃ | ᠨᠡᠶᠢᠭᠡᠮ ᠤᠨ ᠪᠠᠳᠤᠯᠠᠪᠤᠷᠢ ᠶᠢᠨ ᠺᠠᠷᠲ ᠢᠶᠠᠨ ᠵᠥᠪ ᠢᠶᠠᠷ ᠭᠡᠷᠡᠭᠯᠡᠬᠦ ᠶᠢᠨ ᠤᠴᠢᠷ ᠲᠤ | ᠨᠡᠶᠢᠭᠡᠮ ᠤᠨ ᠲᠠᠭᠠᠳᠬᠠᠯ ᠪᠤᠯ ᠨᠡᠶᠢᠭᠡᠮ ᠤᠨ ᠪᠠᠳᠤᠯᠠᠪᠤᠷᠢ ᠶᠢᠨ ᠲᠥᠷᠢᠮ ᠤᠨ ᠨᠢᠭᠡᠨ ᠬᠠᠮᠤᠭ ᠤᠨ ᠴᠢᠬᠤᠯᠠ | ᠪᠦᠷᠢᠯᠲᠦᠭᠦᠨ ᠬᠡᠰᠡᠭ ᠪᠤᠯᠬᠤ ᠶᠤᠮ᠃ ᠡᠬᠦᠨ ᠳᠤ ᠨᠠᠰᠤᠵᠢᠯ ᠤᠨ ᠲᠠᠭᠠᠳᠬᠠᠯ᠂ ᠡᠮ ᠡᠮᠨᠡᠯᠭᠡ ᠶᠢᠨ ᠲᠠᠭᠠᠳᠬᠠᠯ᠂ | ᠠᠵᠢᠯ ᠠᠯᠳᠠᠭᠰᠠᠳ ᠤᠨ ᠲᠠᠭᠠᠳᠬᠠᠯ᠂ ᠠᠵᠢᠯ ᠢᠶᠠᠷ ᠰᠢᠷᠬᠠᠳᠤᠬᠰᠠᠳ ᠤᠨ ᠲᠠᠭᠠᠳᠬᠠᠯ ᠪᠠ ᠥᠷᠡᠵᠢᠯ ᠤᠨ | ᠲᠠᠭᠠᠳᠬᠠᠯ ᠵᠡᠷᠭᠡ ᠲᠠᠪᠤᠨ ᠲᠠᠭᠠᠳᠬᠠᠯ ᠢ ᠪᠠᠭᠳᠠᠭᠠᠵᠥ ᠪᠤᠢ᠃ | ᠲᠠᠭᠠᠳᠬᠠᠯ ᠳᠤ ᠤᠷᠤᠯᠴᠠᠬᠰᠠᠳ ᠲᠤ ᠨᠡᠩ ᠰᠠᠶᠢᠨ ᠨᠡᠩ ᠲᠥᠬᠦᠮ ᠲᠥᠷᠭᠡᠨ ᠥᠢᠯᠡᠴᠢᠯᠡᠭᠡ ᠬᠠᠨᠭ᠍ᠭᠠᠬᠤ ᠶᠢᠨ | ᠲᠥᠯᠥᠭᠡ᠂ ᠬᠥᠬᠡᠬᠤᠳᠠ ᠶᠢᠨ ᠬᠤᠯᠪᠤᠬᠳᠠᠯ ᠪᠥᠬᠦᠢ ᠰᠠᠯᠠᠭ᠎ᠠ ᠮᠥᠴᠢᠷ ᠠᠴᠠ ᠬᠤᠶᠠᠳᠤᠭᠠᠷ ᠥᠶ᠎ᠠ ᠶᠢᠨ ᠨᠡᠶᠢᠭᠡᠮ ᠤᠨ | ᠪᠠᠳᠤᠯᠠᠪᠤᠷᠢ ᠶᠢᠨ ᠺᠠᠷᠲ ᠢ ᠡᠬᠢᠯᠡᠨ ᠲᠠᠷᠬᠠᠭᠠᠵᠥ᠂ ᠡᠮ ᠡᠮᠨᠡᠯᠭᠡ ᠶᠢᠨ ᠵᠠᠷᠤᠳᠠᠯ ᠢ ᠰᠢᠭᠤᠳ ᠳ᠋ᠥᠡᠭᠨᠠᠨ ᠪᠤᠳᠤᠬᠤ ᠪᠠ | ᠨᠠᠰᠤᠵᠢᠯ ᠤᠨ ᠲᠠᠭᠠᠳᠬᠠᠯ ᠤᠨ ᠬᠠᠷᠠᠮᠵᠢ ᠤᠯᠭᠤᠮᠵᠢ ᠶᠢ ᠲᠠᠷᠬᠠᠭᠠᠬᠤ ᠥᠢᠯᠡᠴᠢᠯᠡᠭᠡᠨ ᠤ ᠠᠵᠢᠯ ᠢ ᠥᠷᠨᠢᠬᠦᠯᠵᠥ | ᠡᠬᠢᠯᠡᠪᠠ᠃ ᠡᠨᠡ ᠨᠢ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠥᠢᠯᠡᠴᠢᠯᠡᠭᠡ ᠶᠢᠨ ᠬᠥᠷᠢᠶ᠎ᠠ ᠬᠡᠪᠴᠢᠶ᠎ᠠ ᠨᠡᠩ | ᠥᠷᠭᠡᠵᠢᠭᠰᠡᠨ ᠢ ᠬᠠᠷᠠᠭᠤᠯᠵᠥ ᠪᠤᠢ᠃ | ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠡᠬᠦᠷᠭᠡ ᠴᠢᠳᠠᠪᠬᠢ ᠬᠦᠢᠴᠡᠳ ᠪᠤᠯᠵᠦ᠂ ᠮᠠᠨ ᠤ ᠡᠳᠤᠷ | ᠲᠤᠳᠤᠮ ᠤᠨ ᠠᠮᠢᠳᠤᠷᠠᠯ ᠤᠨ ᠲᠤᠮᠳᠠ ᠥᠷᠭᠡᠨ ᠢᠶᠠᠷ ᠭᠡᠷᠡᠭᠯᠡᠭᠳᠡᠵᠥ᠂ ᠪᠤᠰᠤᠳ ᠭᠠᠵᠠᠷ ᠲᠤ ᠡᠪᠡᠳᠴᠢᠨ ᠥᠵᠡᠬᠦᠯᠬᠦ᠂ | ᠡᠮ ᠬᠤᠳᠠᠯᠳᠤᠨ ᠠᠪᠴᠤ ᠪᠤᠯᠬᠤ ᠠᠴᠠ ᠭᠠᠳᠠᠨ᠎ᠠ ᠤᠰᠤ ᠴᠠᠬᠢᠯᠭᠠᠨ ᠤ ᠰᠦᠢᠳᠭᠡᠯ ᠲᠤᠰᠢᠶᠠᠬᠤ᠂ ᠨᠤᠮ ᠵᠢᠬᠡᠯᠡᠬᠦ᠂ | ᠰᠥᠯᠵᠢᠶ᠎ᠠ ᠪᠠᠷ ᠳ᠋ᠤᠭᠠᠷᠯᠠᠬᠤ᠂ ᠨᠠᠶᠢᠳᠠ ᠶᠢᠨ ᠮᠠᠰᠢᠨ ᠳᠤ ᠰᠠᠭᠤᠬᠤ ᠵᠡᠷᠭᠡ ᠤᠯᠠᠨ ᠲᠠᠯ᠎ᠠ ᠶᠢᠨ ᠡᠬᠦᠷᠭᠡ ᠴᠢᠳᠠᠪᠬᠢ ᠶᠢ | ᠬᠥᠢᠴᠡᠳᠭᠡᠬᠦ ᠪᠤᠯᠵᠥ ᠪᠤᠢ᠃ ᠬᠥᠮᠥᠨ ᠤ ᠬᠥᠴᠥᠨ ᠤ ᠡᠬᠢ ᠪᠠᠶᠠᠯᠢᠬ ᠪᠠ ᠨᠠᠶᠢᠭᠡᠮ ᠤᠨ ᠪᠠᠳᠤᠯᠠᠪᠤᠷᠢ ᠶᠢᠨ ᠶᠠᠮᠤᠨ ᠤ | ᠪᠥᠷᠢᠳᠭᠡᠯ ᠢ ᠥᠨᠳᠥᠰᠥᠯᠡᠪᠡᠯ᠂ ᠪᠥᠬᠦ ᠤᠯᠤᠰ ᠤᠨ ᠨᠡᠶᠢᠭᠡᠮ ᠤᠨ ᠪᠠᠳᠤᠯᠠᠪᠤᠷᠢ ᠶᠢᠨ ᠺᠠᠷᠲ ᠠᠪᠤᠬᠰᠠᠨ ᠬᠦ᠋ᠮᠥᠨ ᠤ | ᠲᠤᠭ᠎ᠠ 9.75 ᠳ᠋ᠥᠡᠭᠰᠢᠭᠤᠷ ᠲᠤ ᠬᠥᠷᠥᠭᠰᠡᠨ ᠪᠠᠶᠢᠨ᠎ᠠ᠃ ᠤᠳᠤᠬᠠᠨ ᠳᠤ ᠨᠡᠶᠢᠭᠡᠮ ᠤᠨ ᠪᠠᠳᠤᠯᠠᠪᠤᠷᠢ ᠶᠢᠨ | ᠬᠤᠯᠪᠤᠬᠳᠠᠯ ᠪᠥᠬᠦᠢ ᠰᠠᠯᠠᠭ᠎ᠠ ᠮᠥᠴᠢᠷ ᠠᠴᠠ ︽ᠲᠠᠪᠤᠨ ᠲᠠᠭᠠᠳᠬᠠᠯ ᠤᠨ ᠭᠡᠷᠡᠴᠢ ᠶᠢ ᠨᠡᠶᠢᠳᠭᠡᠨ ᠲᠠᠩᠰᠠᠯᠠᠬᠤ︾ | ᠲᠥᠷᠢᠮ ᠤᠨ ᠥᠬᠡᠷᠡᠴᠢᠯᠠᠯᠳᠠ ᠶᠢ ᠬᠥᠨᠵᠡᠬᠡᠢ ᠠᠬᠢᠭᠤᠯᠵᠥ᠂ ᠨᠡᠶᠢᠭᠡᠮ ᠤᠨ ᠪᠠᠳᠤᠯᠠᠪᠤᠷᠢ ᠶᠢᠨ ᠥᠢᠯᠡᠴᠢᠯᠡᠭᠡᠨ ᠤ | ᠪᠠᠷᠢᠮᠵᠢᠶᠠᠵᠢᠯᠳᠠ ᠶᠢᠨ ᠰᠢᠰᠲ᠋ᠧᠮ ᠢ ᠪᠥᠷᠢᠨᠰᠢᠬᠦᠯᠵᠥ᠂ ᠨᠡᠶᠢᠭᠡᠮ ᠤᠨ ᠪᠠᠳᠤᠯᠠᠪᠤᠷᠢ ᠶᠢᠨ ᠭᠠᠷ ᠬᠥᠢᠴᠡᠳᠭᠡᠯ ᠬᠢᠬᠦ | ᠲᠥᠷᠢᠮᠵᠢᠯᠳᠠ᠂ ᠮᠡᠳᠡᠭᠡ ᠵᠠᠩᠬᠢᠵᠢᠯᠳᠠ᠂ ᠲᠤᠰᠬᠠᠶᠢᠢᠵᠢᠯᠳᠠ ᠶᠢᠨ ᠲᠥᠪᠰᠢᠨ ᠢ ᠲᠡᠭᠡᠭᠰᠢᠯᠡᠬᠦᠯᠵᠥ᠂ ᠠᠷᠠᠳ | ᠢᠷᠭᠡᠳ ᠲᠤ ᠨᠠᠩ ᠲᠥᠬᠦᠮ ᠥᠢᠯᠡᠴᠢᠯᠡᠭᠡ ᠬᠠᠨᠭ᠍ᠭᠠᠬᠤ ᠪᠠᠷ ᠴᠢᠷᠮᠠᠶᠢᠵᠥ ᠪᠤᠢ᠃ | ᠵᠡᠷᠢᠮ ᠬᠥᠮᠥᠰ ᠤᠨ ᠲᠤᠰᠬᠠᠬᠰᠠᠨ ᠢᠶᠠᠷ᠂ ᠬᠥᠬᠡᠬᠤᠳᠠ ᠶᠢᠨ ᠰᠠᠭᠤᠭᠠᠯᠢ ᠠᠷᠠᠳ ᠤᠨ ᠲᠤᠮᠳᠠ ᠬᠤᠶᠠᠳᠤᠭᠠᠷ | ᠥᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠭᠠᠷ ᠬᠥᠢᠴᠡᠳᠭᠡᠯ ᠬᠢᠬᠦ ᠳᠤ ᠬᠠᠭᠤᠷᠮᠠᠬ ᠬᠡᠷᠡᠴᠢ ᠬᠠᠨᠭ᠍ᠭᠠᠬᠤ | ᠪᠠ ᠠᠰᠢᠬᠯᠠᠬᠤ ᠶᠠᠪᠤᠴᠠ ᠳᠤ ᠬᠤᠳᠠᠯ ᠬᠠᠭᠤᠷᠮᠠᠬ ᠵᠦᠢᠯ ᠵᠤᠬᠢᠶᠠᠬᠤ ᠵᠢᠴᠢ ᠨᠡᠶᠢᠭᠡᠮ ᠤᠨ ᠪᠠᠳᠤᠯᠠᠪᠤᠷᠢ ᠶᠢᠨ ᠺᠠᠷᠲ | ᠪᠠ ᠡᠮ ᠡᠮᠨᠡᠯᠭᠡ ᠶᠢᠨ ᠲᠠᠭᠠᠳᠬᠠᠯ ᠤᠨ ᠺᠠᠷᠲ ᠢ ᠬᠤᠳᠬᠤᠯᠳᠤᠭᠤᠯᠤᠨ ᠵᠠᠷᠤᠬᠤ ᠵᠡᠷᠭᠡ ᠲᠥᠪ ᠪᠤᠰᠤ ᠥᠵᠡᠭᠳᠡᠯ | ᠢᠯᠡᠷᠡᠵᠥ᠂ ᠥᠢᠯᠡᠳᠪᠤᠷᠢᠯᠡᠯ ᠠᠮᠢᠳᠤᠷᠠᠯ ᠤᠨ ᠲᠤᠮᠳᠠ ᠴᠥᠬᠡᠨ ᠪᠤᠰᠤ ᠠᠰᠠᠭᠤᠳᠠᠯ ᠭᠠᠷᠭᠠᠪᠠ᠃ ᠡᠷᠡᠬᠦᠥ ᠶᠢᠨ | ᠬᠠᠤᠯᠢ ᠳᠤ ᠵᠠᠰᠠᠪᠤᠷᠢ ᠤᠷᠤᠭᠤᠯᠬᠤ ᠲᠥᠰᠥᠯ ︵ᠶᠢᠰᠥ︶ ᠳᠤ᠂ ᠨᠡᠶᠢᠭᠡᠮ ᠤᠨ ᠪᠠᠳᠤᠯᠠᠪᠤᠷᠢ ᠶᠢᠨ ᠺᠠᠷᠲ ᠢᠶᠠᠷ ᠬᠠᠤᠯᠢ | ᠶᠤᠰᠤᠭᠠᠷ ᠪᠡᠶ᠎ᠠ ᠶᠢᠨ ᠥᠨᠡᠮᠯᠡᠯ ᠤᠨ ᠡᠬᠦᠷᠬᠡ ᠴᠢᠳᠠᠪᠬᠢ ᠶᠢ ᠬᠥᠢᠴᠡᠳᠭᠡᠵᠥ ᠪᠤᠯᠤᠨ᠎ᠠ᠃ ᠲᠡᠬᠦᠨ ᠢ ᠬᠠᠭᠤᠷᠮᠠᠬᠯᠠᠨ | ᠵᠤᠬᠢᠶᠠᠬᠤ᠂ ᠥᠬᠡᠷᠡᠴᠢᠯᠡᠨ ᠵᠠᠷᠤᠬᠤ᠂ ︽ᠺᠠᠷᠲ ᠢᠶᠠᠷ ᠠᠷᠠᠯᠵᠢᠶ᠎ᠠ ᠬᠢᠬᠦ︾ ᠵᠡᠷᠭᠡ ᠬᠠᠤᠯᠢ ᠪᠤᠰᠤ ᠠᠵᠢᠯᠯᠠᠭ᠎ᠠ ᠠᠴᠠ | ᠬᠠᠤᠯᠢ ᠶᠤᠰᠤᠭᠠᠷ ᠡᠷᠡᠬᠦᠥ ᠶᠢᠨ ᠬᠠᠷᠢᠭᠤᠴᠠᠯᠭ᠎ᠠ ᠨᠡᠭᠡᠮᠵᠢᠯᠡᠨ᠎ᠠ ᠬᠡᠵᠥ ᠲᠤᠬᠳᠠᠭᠠᠪᠠ᠃ ᠡᠶᠢᠮᠥ ᠠᠴᠠ ᠭᠡᠷᠡᠭᠯᠡᠭᠴᠢᠳ | ᠮᠠᠨᠢ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠡᠬᠦᠷᠭᠡ ᠴᠢᠳᠠᠪᠬᠢ ᠶᠢ ᠰᠠᠶᠢᠳᠤᠷ ᠠᠰᠢᠬᠯᠠᠵᠥ᠂ ᠥᠢᠯᠡᠳᠪᠤᠷᠢᠯᠡᠯ | ᠠᠮᠢᠳᠤᠷᠠᠯ ᠳᠠᠭᠠᠨ ᠨᠠᠩ ᠤᠨᠤᠪᠴᠢᠳᠠᠢ ᠭᠡᠷᠡᠭᠯᠡᠬᠦ ᠶᠢ ᠴᠢᠬᠤᠯᠠᠴᠢᠯᠠᠪᠠᠯ ᠵᠤᠬᠢᠨ᠎ᠠ᠃ | ᠬᠤᠯᠪᠤᠭᠠᠰᠤ ᠠᠰᠠᠭᠤᠨ ᠯᠠᠪᠯᠠᠭ᠎ᠠ ᠶᠢᠨ ᠥᠢᠯᠡᠴᠢᠯᠡᠭᠡ ᠶᠢᠨ ᠲᠠᠪᠴᠠᠩ | ● ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠥᠢᠯᠡᠴᠢᠯᠡᠭᠡ ᠶᠢᠨ ᠠᠰᠠᠭᠤᠨ ᠯᠠᠪᠯᠠᠭ᠎ᠠ ᠶᠢᠨ ᠤᠳᠠᠰᠤ | 12333 ᠳᠤ ᠤᠳᠠᠰᠤᠳᠠᠵᠥ ᠠᠰᠠᠭᠤᠨ ᠯᠠᠪᠯᠠᠵᠥ ᠪᠤᠯᠤᠨ᠎ᠠ᠃ | ● ᠨᠡᠶᠢᠭᠡᠮ ᠤᠨ ᠪᠠᠳᠤᠯᠠᠪᠤᠷᠢ ᠶᠢᠨ ᠺᠠᠷᠲ ᠲᠠᠷᠬᠠᠭᠠᠬᠰᠠᠨ ᠪᠠᠩᠭᠢ ᠶᠢᠨ ᠲᠤᠷ᠎ᠠ ᠶᠢᠨ ᠨᠢᠬᠡᠨ | ᠡᠵᠡᠩᠨᠡᠯᠳᠠ ᠶᠢᠨ ᠲᠤᠤᠷ ᠴᠢᠬ ᠤᠨ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠲᠤᠰᠬᠠᠢ ᠥᠢᠯᠡᠴᠢᠯᠡᠭᠡᠨ ᠤ | ᠴᠤᠩᠬᠤᠪᠴᠢ ᠠᠴᠠ ᠠᠰᠠᠭᠤᠨ ᠯᠠᠪᠯᠠᠵᠥ ᠪᠤᠯᠤᠨ᠎ᠠ᠃ | ● ᠬᠥᠬᠡᠬᠤᠳᠠ ᠶᠢᠨ ᠬᠥᠮᠥᠨ ᠤ ᠬᠥᠴᠥᠨ ᠤ ᠡᠬᠢ ᠪᠡᠶᠡᠯᠢᠬ ᠪᠠ ᠨᠡᠶᠢᠭᠡᠮ ᠤᠨ ᠪᠠᠳᠤᠯᠠᠪᠤᠷᠢ ᠶᠢᠨ | ᠬᠠᠮᠢᠶᠠᠷᠤᠯᠳᠠ ᠶᠢᠨ ᠲᠤᠪᠴᠢᠶ᠎ᠠ ᠶᠢᠨ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠥᠢᠯᠡᠴᠢᠯᠡᠭᠡᠨ ᠤ | ᠴᠤᠩᠬᠤᠪᠴᠢ ᠠᠴᠠ ᠠᠰᠠᠭᠤᠨ ᠯᠠᠪᠯᠠᠵᠥ ᠪᠤᠯᠤᠨ᠎ᠠ᠃ | ● ᠬᠤᠷᠰᠢᠨ ᠠᠵᠢᠯᠯᠠᠬᠤ ᠪᠠᠩᠭᠢ ᠶᠢᠨ ᠲᠤᠰᠬᠠᠢ ᠥᠢᠯᠡᠴᠢᠯᠡᠭᠡᠨ ᠤ ᠬᠠᠯᠠᠮᠰᠢᠯ ᠤᠳᠠᠰᠤ ᠪᠠᠷ ᠲᠠᠮᠵᠢᠨ | ᠠᠰᠠᠭᠤᠨ ᠯᠠᠪᠯᠠᠵᠥ ᠪᠤᠯᠤᠨ᠎ᠠ᠃ | ᠨ᠊ᠡᠶᠢᠭᠡᠮ ᠤᠨ ᠪᠠᠳᠤᠯᠠᠪᠤᠷᠢ ᠶᠢᠨ ᠺᠠᠷᠲ ᠪᠠ ᠡᠮ ᠡᠮᠨᠡᠯᠭᠡ ᠶᠢᠨ ᠲᠠᠭᠠᠳᠬᠠᠯ ᠤᠨ ᠺᠠᠷᠲ ᠤᠨ ᠢᠯᠭᠠᠭ᠎ᠠ | ● ᠡᠮ ᠡᠮᠨᠡᠯᠭᠡ ᠶᠢᠨ ᠲᠠᠭᠠᠳᠬᠠᠯ ᠤᠨ ᠺᠠᠷᠲ ᠪᠤᠯ ᠬᠥᠮᠤᠰ ᠤᠨ ᠡᠳᠤᠷ ᠲᠤᠳᠤᠮ ᠤᠨ ᠡᠪᠡᠳᠴᠢᠨ | ᠥᠵᠡᠬᠦᠯᠬᠦ ᠳᠤ ᠬᠤᠳᠠᠯᠳᠤᠨ ᠠᠪᠤᠬᠰᠠᠨ ᠴᠢᠬᠤᠯᠠ ᠭᠡᠷᠡᠴᠢ ᠪᠠᠷᠢᠮᠳᠠ ᠪᠤᠯᠬᠤ ᠶᠤᠮ᠃ ᠡᠮ ᠡᠮᠨᠡᠯᠭᠡ ᠶᠢᠨ | ᠲᠠᠭᠠᠳᠬᠠᠯ ᠤᠨ ᠬᠤᠪᠢ ᠬᠥᠮᠥᠨ ᠤ ᠲᠠᠩᠰᠠᠨ ᠤ ᠠᠴᠢᠶᠠᠯᠠᠪᠤᠷᠢ᠂ ᠲᠠᠭᠠᠳᠬᠠᠯ ᠳᠤ ᠤᠷᠤᠯᠴᠠᠬᠰᠠᠨ ᠬᠥᠮᠥᠨ ᠤ | ᠥᠨᠳᠥᠰᠤᠨ ᠮᠡᠳᠡᠭᠡ ᠵᠠᠩᠭᠢ ᠶᠢ ᠲᠡᠮᠳᠡᠭᠯᠡᠳᠡᠭ᠃ ᠡᠬᠦᠨ ᠳᠤ ᠬᠤᠪᠢ ᠬᠥᠮᠥᠨ ᠤ ᠲᠤᠰᠢᠶᠠᠬᠰᠠᠨ ᠥᠨᠳᠥᠰᠥᠨ ᠡᠮ | ᠡᠮᠨᠡᠯᠭᠡ ᠶᠢᠨ ᠲᠠᠭᠠᠳᠬᠠᠯ ᠤᠨ ᠵᠠᠷᠤᠳᠠᠯ᠂ ᠪᠠᠶᠢᠭᠤᠯᠤᠯᠭ᠎ᠠ ᠨᠢᠬᠡᠴᠡ ᠠᠴᠠ ᠨᠢ ᠲᠤᠰᠢᠶᠠᠬᠰᠠᠨ ᠥᠨᠳᠥᠰᠥᠨ ᠡᠮ | ᠡᠮᠨᠡᠯᠭᠡ ᠶᠢᠨ ᠲᠠᠭᠠᠳᠬᠠᠯ ᠤᠨ ᠵᠤᠭᠤᠰ᠂ ᠪᠤᠰᠤᠳ ᠪᠡᠯᠡ ᠮᠥᠡᠭᠭᠦ᠂ ᠠᠰᠢᠬ ᠭᠠᠶᠢᠯᠢ ᠵᠡᠷᠭᠡ ᠶᠢ ᠪᠠᠭᠳᠠᠭᠠᠳᠠᠬ᠃ | ᠲᠡᠷᠡ ᠪᠤᠯ ᠲᠠᠭᠠᠳᠬᠠᠯ ᠳᠤ ᠤᠷᠤᠯᠴᠠᠬᠰᠠᠨ ᠬᠥᠮᠥᠰ ᠲᠤ ᠬᠢᠭᠰᠡᠨ ᠥᠨᠳᠥᠰᠤᠨ ᠡᠮ ᠡᠮᠨᠡᠯᠭᠡ ᠶᠢᠨ ᠭᠡᠷᠡᠭᠯᠡᠭᠡ ᠳᠤ | ᠵᠤᠷᠢᠭᠤᠯᠤᠬᠰᠠᠨ ᠮᠥᠡᠭᠭᠦᠨ ᠬᠥᠢᠯᠭᠡᠭᠡ ᠶᠢᠨ ᠪᠤᠰᠤ ᠲᠤᠰᠬᠠᠢ ᠭᠡᠷᠡᠭᠯᠡᠭᠡᠨ ᠤ ᠺᠠᠷᠲ ᠪᠤᠯᠬᠤ ᠶᠤᠮ᠃ | ● ᠨᠡᠶᠢᠭᠡᠮ ᠤᠨ ᠪᠠᠳᠤᠯᠠᠪᠤᠷᠢ ᠶᠢᠨ ᠺᠠᠷᠲ ᠪᠤᠯ ᠬᠥᠳᠡᠯᠮᠥᠷᠢ ᠪᠤᠯᠤᠨ ᠨᠡᠶᠢᠭᠡᠮ ᠤᠨ ᠪᠠᠳᠤᠯᠠᠪᠤᠷᠢ ᠶᠢᠨ | ᠶᠠᠮᠤᠨ ᠠᠴᠠ ᠨᠢᠭᠡᠳᠤᠯᠳᠠᠢ ᠲᠥᠯᠥᠪᠵᠢᠬᠦᠯᠵᠥ᠂ ᠡᠯ᠎ᠠ ᠭᠠᠵᠠᠷ ᠤᠷᠤᠨ ᠤ ᠬᠥᠳᠡᠯᠮᠥᠷᠢ ᠶᠢᠨ ᠪᠠᠳᠤᠯᠠᠪᠤᠷᠢ ᠶᠢᠨ | ᠰᠠᠯᠠᠭ᠎ᠠ ᠮᠥᠴᠢᠷ ᠨᠡᠶᠢᠭᠡᠮ ᠳᠤ ᠬᠠᠨᠳᠤᠭᠤᠯᠤᠨ ᠲᠠᠷᠬᠠᠭᠠᠬᠰᠠᠨ ᠬᠥᠳᠡᠯᠮᠥᠷᠢ ᠪᠠ ᠨᠡᠶᠢᠭᠡᠮ ᠤᠨ ᠪᠠᠳᠤᠯᠠᠪᠤᠷᠢ ᠶᠢᠨ | ᠡᠯ᠎ᠠ ᠵᠦᠢᠯ ᠤᠨ ᠥᠢᠯᠡᠴᠢᠯᠡᠭᠡᠨ ᠤ ᠬᠥᠷᠢᠶ᠎ᠠ ᠳᠤ ᠭᠡᠷᠡᠭᠯᠡᠬᠦ ᠤᠯᠠᠨ ᠡᠬᠦᠷᠭᠡ ᠴᠢᠳᠠᠪᠬᠢᠳᠤ ᠺᠠᠷᠲ ︵IC ᠺᠠᠷᠲ︶ | ᠪᠤᠯᠤᠨ᠎ᠠ᠃ ᠡᠬᠦᠨ ᠳᠤ ᠬᠤᠳᠠ ᠪᠠᠯᠭᠠᠰᠤᠨ ᠤ ᠠᠵᠢᠯ ᠠᠯᠪᠠ ᠬᠠᠭᠠᠬᠰᠠᠳ᠂ ᠠᠵᠢᠯ ᠠᠯᠳᠠᠬᠰᠠᠳ ᠪᠠ | ᠠᠵᠢᠯ ᠠᠴᠠ ᠪᠠᠨ ᠲᠠᠷᠬᠠᠯᠠᠬᠳᠠᠬᠰᠠᠨ ᠠᠵᠢᠯ ᠠᠴᠠ ᠪᠠᠨ ᠠᠮᠠᠷᠠᠬᠰᠠᠳ ᠲᠤ ᠲᠠᠷᠬᠠᠭᠠᠬᠰᠠᠨ ᠨᠠᠶᠢᠭᠡᠮ ᠤᠨ ᠪᠠᠳᠤᠯᠠᠪᠤᠷᠢ | ︵ᠬᠤᠪᠢ ᠬᠥᠮᠥᠨ︶ ᠶᠢᠨ ᠺᠠᠷᠲ᠂ ᠠᠵᠢᠯᠳᠠᠨ ᠭᠡᠷᠡᠭᠯᠡᠬᠦ ᠪᠠᠶᠢᠭᠤᠯᠤᠯᠭ᠎ᠠ ᠠᠴᠠ ᠲᠠᠷᠬᠠᠭᠠᠬᠰᠠᠨ ᠨᠡᠶᠢᠭᠡᠮ ᠤᠨ | ᠪᠠᠳᠤᠯᠠᠪᠤᠷᠢ ︵ᠠᠵᠢᠯᠳᠠᠨ ᠭᠡᠷᠡᠭᠯᠡᠬᠦ ᠪᠠᠶᠢᠭᠤᠯᠤᠯᠭ᠎ᠠ︶ ᠶᠢᠨ ᠺᠠᠷᠲ ᠢ ᠪᠠᠭᠳᠠᠭᠠᠵᠥ ᠪᠤᠢ᠃ | ● ᠡᠮ ᠡᠮᠨᠡᠯᠭᠡ ᠶᠢᠨ ᠲᠠᠭᠠᠳᠬᠠᠯ ᠤᠨ ᠺᠠᠷᠲ ᠢ ᠠᠯᠭᠤᠷ ᠢᠶᠠᠷ ᠬᠥᠴᠥᠨ ᠥᠬᠡᠢ ᠪᠤᠯᠭᠠᠵᠥ ᠪᠤᠢ᠂ | ᠤᠳᠤᠬᠠᠨ ᠳᠤ ᠴᠥᠭᠡᠨ ᠪᠤᠰᠤ ᠭᠠᠵᠠᠷ ᠤᠷᠤᠨ ᠨᠢᠬᠡᠨᠳᠠ ᠬᠥᠴᠥᠨ ᠥᠬᠡᠢ ᠪᠤᠯᠭᠠᠵᠥ᠂ ᠨᠡᠶᠢᠭᠡᠮ ᠤᠨ | ᠪᠠᠳᠤᠯᠠᠪᠤᠷᠢ ᠶᠢᠨ ᠺᠠᠷᠲ ᠢᠶᠠᠷ ᠰᠤᠯᠢᠵᠥ ᠪᠤᠢ᠃ ᠲᠠᠷᠤᠢ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠲᠤᠩ ᠤᠯᠠᠨ | ᠡᠬᠦᠷᠭᠡ ᠴᠢᠳᠠᠪᠬᠢ ᠲᠠᠢ ᠪᠠᠶᠢᠵᠥ᠂ ᠡᠮ ᠡᠮᠨᠡᠯᠭᠡ ᠶᠢᠨ ᠲᠠᠭᠠᠳᠬᠠᠯ ᠤᠨ ᠺᠠᠷᠲ ᠤᠨ ᠡᠬᠦᠷᠭᠡ ᠴᠢᠳᠠᠪᠬᠢ ᠶᠢ | ᠪᠠᠭᠳᠠᠭᠠᠬᠰᠠᠨ ᠪᠠᠶᠢᠳᠠᠬ᠃ | ᠵᠣᠬᠢᠶᠠᠭᠴᠢ᠄ ᠦᠷᠭᠡᠨ | ᠨᠠᠶᠢᠷᠠᠭᠤᠯᠤᠭᠴᠢ᠄ ᠢᠷᠭᠤᠢ | | |