ᠰᠤᠷᠪᠤᠯᠵᠢᠯᠠᠭᠴᠢ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ | ᠵᠦᠪᠯᠡᠯ ᠠᠴᠠ ᠤᠶᠢᠢᠯᠠᠭᠠᠭᠰᠠᠨ ᠢᠶᠠᠷ᠂ ᠮᠠᠨ ᠤ ᠤᠷᠤᠨ ᠡᠨᠡ ᠵᠢᠯ 5 ᠲᠦᠷᠦᠯ ᠤᠨ ᠦᠨᠳᠦᠰᠦᠨ ᠡᠮ ᠡᠮᠨᠡᠯᠭᠡ | ᠡᠷᠡᠭᠦᠯ ᠬᠠᠮᠠᠭᠠᠯᠠᠯ ᠤᠨ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠳᠡᠰ ᠬᠤᠪᠢᠶᠠᠨ ᠤᠨᠤᠰᠢᠯᠠᠨ ᠡᠮᠨᠡᠬᠦ ᠳᠦᠷᠢᠮ ᠤᠨ ᠲᠠᠯ᠎ᠠ ᠪᠠᠷ᠄ ᠡᠮᠴᠢᠯᠡᠭᠡᠨ ᠤ ᠬᠤᠯᠪᠤᠭᠠᠲᠤ ᠴᠤᠭᠴᠠ ᠶᠢᠨ | ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠠᠶᠢᠮᠠᠭ ᠬᠤᠲᠠ ᠨᠢᠭᠡᠪᠦᠷᠢ ᠳᠤ ᠠᠳᠠᠭ ᠲᠠᠭᠠᠨ ᠨᠢᠬᠡ ᠬᠤᠪᠢ ᠢᠯᠡᠷᠬᠡᠢ | ᠠᠮᠵᠢᠯᠲᠠ ᠪᠦᠳᠦᠮᠵᠢ ᠲᠠᠢ ᠬᠤᠲᠠ ᠶᠢᠨ ᠡᠮᠴᠢᠯᠡᠭᠡᠨ ᠤ ᠪᠦᠯᠦᠭᠯᠡᠯ ᠪᠤᠶᠤ ᠰᠢᠶᠠᠨ ᠤ ᠬᠡᠪᠴᠢᠶᠡᠨ ᠤ ᠡᠮᠴᠢᠯᠡᠭᠡᠨ ᠤ | ᠬᠠᠮᠲᠤ ᠶᠢᠨ ᠴᠤᠭᠴᠠ ᠶᠢ ᠪᠠᠶᠢᠭᠤᠯᠤᠨ᠎ᠠ᠃ ᠤᠳᠤ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ | ᠳᠦᠷᠢᠮ ᠤᠨ ᠲᠠᠯ᠎ᠠ ᠪᠠᠷ᠄ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠲᠤᠬᠢᠷᠠᠭᠤᠯᠤᠯᠲᠠ ᠶᠢ ᠶᠡᠬᠡᠪᠡᠷ | ᠠᠬᠢᠭᠤᠯᠵᠤ᠂ ᠠᠶᠢᠮᠠᠭ ᠬᠤᠲᠠ ᠪᠦᠷᠢ ᠳᠤ ᠠᠳᠠᠭ ᠲᠠᠭᠠᠨ 20% ᠤᠨ ᠬᠤᠶᠠᠳᠤᠭᠠᠷ ᠳᠡᠰ ᠠᠴᠠ ᠳᠡᠭᠡᠭᠰᠢ | ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠪᠤᠯᠤᠨ 10% ᠤᠨ ᠨᠡᠶᠢᠭᠡᠮ ᠠᠴᠠ ᠡᠷᠬᠢᠯᠡᠭᠰᠡᠨ ᠠᠰᠢᠭ | ᠬᠤᠨᠵᠢᠪᠤᠷᠢ ᠶᠢᠨ ᠪᠤᠰᠤ ᠡᠮᠨᠡᠯᠭᠡ ᠶᠢᠨ ᠬᠤᠷᠢᠶ᠎ᠠ ᠨᠡᠭᠡᠭᠡᠬᠦ ᠲᠤᠷᠰᠢᠯᠲᠠ ᠶᠢᠨ ᠴᠢᠬ ᠲᠠᠢ ᠪᠤᠯᠭᠠᠨ᠎ᠠ᠃ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠤᠨ ᠲᠠᠯ᠎ᠠ ᠪᠠᠷ᠄ ᠲᠤᠰᠢᠶᠠᠬᠤ ᠬᠡᠯᠪᠡᠷᠢ ᠶᠢᠨ ᠦᠭᠡᠷᠡᠴᠢᠯᠡᠯᠲᠡ ᠶᠢ | ᠶᠡᠬᠡᠪᠡᠷ ᠠᠬᠢᠭᠤᠯᠤᠨ᠎ᠠ᠃ ᠪᠦᠬᠦ ᠤᠷᠤᠨ ᠤ ᠪᠦᠬᠦ᠋ᠢᠯᠡ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ | ᠬᠤᠷᠢᠶ᠎ᠠ ᠳᠤ ᠪᠦᠷ ᠡᠪᠡᠳᠴᠢᠨ ᠤ ᠲᠦᠷᠦᠯ ᠢᠶᠠᠷ ᠰᠦᠢᠳᠬᠡᠯ ᠬᠤᠷᠢᠶᠠᠬᠤ ᠦᠭᠡᠷᠡᠴᠢᠯᠡᠯᠲᠡ ᠶᠢ ᠶᠠᠪᠤᠭᠤᠯᠵᠤ᠂ | ᠡᠪᠡᠳᠴᠢᠨ ᠤ ᠲᠦᠷᠦᠯ ᠤᠨ ᠲᠤᠭ᠎ᠠ ᠶᠢ 150 ᠠᠴᠠ ᠳᠡᠬᠡᠭᠰᠢ ᠪᠠᠶᠢᠯᠭᠠᠨ᠎ᠠ᠃ ᠮᠡᠳᠡᠷᠡᠯ ᠤᠨ ᠡᠪᠡᠳᠴᠢᠨ᠂ | ᠨᠠᠰᠤᠲᠠᠶᠢᠴᠤᠳ ᠤᠨ ᠠᠷᠬᠠᠭ ᠡᠪᠡᠳᠴᠢᠨ᠂ ᠭᠡᠷ ᠪᠦᠯᠢ ᠶᠢᠨ ᠡᠪᠡᠳᠴᠢᠨ ᠤ ᠤᠷᠤ ᠵᠡᠷᠭᠡ ᠶᠢ ᠡᠳᠦᠷ ᠲᠤ | ᠡᠪᠡᠳᠴᠢᠨ ᠤ ᠤᠷᠤ ᠪᠠᠷ ᠰᠦᠢᠳᠬᠡᠯ ᠬᠤᠷᠢᠶᠠᠬᠤ ᠶᠢ ᠢᠳᠡᠪᠬᠢᠲᠡᠢ ᠠᠬᠢᠭᠤᠯᠤᠨ᠎ᠠ᠃ ᠡᠮ ᠤᠨ ᠵᠦᠢᠯ ᠤᠨ | ᠬᠠᠩᠭᠠᠯᠭ᠎ᠠ ᠶᠢᠨ ᠪᠠᠲᠤᠯᠠᠭ᠎ᠠ ᠶᠢᠨ ᠳᠦᠷᠢᠮ ᠤᠨ ᠲᠠᠯ᠎ᠠ ᠪᠠᠷ᠄ ᠠᠶᠢᠮᠠᠭ ᠬᠤᠲᠠ ᠪᠤᠯᠤᠨ ᠡᠮᠴᠢᠯᠡᠭᠡᠨ ᠤ ᠬᠤᠯᠪᠤᠭᠠᠲᠤ | ᠴᠤᠭᠴᠠ ᠦᠪᠡᠷ ᠢᠶᠠᠨ ᠬᠤᠳᠠᠯᠳᠤᠨ ᠠᠪᠬᠤ ᠶᠢ ᠠᠬᠢᠭᠤᠯᠵᠤ᠂ ᠡᠮ ᠤᠨ ᠵᠦᠢᠯ ᠤᠨ ᠪᠦᠬᠦ ᠲᠦᠷᠦᠯ ᠵᠦᠢᠯ ᠳᠤ | ᠰᠦᠯᠵᠢᠶᠡᠨ ᠳᠡᠭᠡᠷ᠎ᠡ ᠬᠢᠨᠠᠨ ᠰᠢᠯᠭᠠᠵᠤ ᠬᠠᠮᠢᠶᠠᠷᠬᠤ ᠶᠢ ᠠᠬᠢᠭᠤᠯᠵᠤ᠂ ᠬᠦᠷᠦᠯᠴᠡᠬᠦ ᠦᠬᠡᠢ ᠡᠮ ᠤᠨ ᠵᠦᠢᠯ ᠤᠨ | ᠬᠠᠩᠭᠠᠯᠭ᠎ᠠ ᠶᠢᠨ ᠪᠠᠲᠤᠯᠠᠪᠤᠷᠢ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ︽ᠬᠤᠶᠠᠷ ᠪᠢᠯᠧᠲ ᠤᠨ ᠳᠦᠷᠢᠮ︾ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠪᠠᠨ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠳᠤ ᠦᠨᠳᠦᠰᠦᠨ | ᠡᠮ ᠤᠨ ᠵᠦᠢᠯᠡᠰ ᠪᠤᠯᠤᠨ ᠡᠮᠨᠡᠯᠭᠡ ᠶᠢᠨ ᠳᠠᠭᠠᠳᠬᠠᠯ ᠤᠨ ᠬᠦᠬᠡ ᠲᠦᠷᠦᠯ ᠤᠨ ᠡᠮ ᠤᠨ ᠵᠦᠢᠯᠡᠰ ᠢ ᠤᠷᠢᠳᠠᠪᠡᠷ | ᠳᠤᠬᠢᠷᠠᠭᠤᠯᠬᠤ ᠶᠢ ᠠᠬᠢᠭᠤᠯᠤᠨ᠎ᠠ᠃ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠶᠢᠨ ᠳᠦᠷᠢᠮ ᠤᠨ ᠲᠠᠯ᠎ᠠ ᠪᠠᠷ᠄ | ᠰᠤᠭᠤᠴᠢᠨ ᠪᠠᠶᠢᠴᠠᠭᠠᠬᠤ ᠬᠡᠪᠴᠢᠶ᠎ᠡ ᠶᠢ ᠪᠦᠬᠦ ᠠᠶᠢᠮᠠᠭ ᠬᠤᠲᠠ ᠶᠢᠨ ᠪᠦᠬᠦ᠋ᠢᠯᠡ ᠡᠮᠴᠢᠯᠡᠭᠡᠨ ᠤ ᠦᠢᠯᠡᠴᠢᠯᠡᠭᠡᠨ ᠤ | ᠬᠢᠨᠠᠨ ᠬᠠᠮᠢᠶᠠᠷᠬᠤ ᠵᠦᠢᠯᠡᠰ ᠢ ᠪᠦᠷᠬᠦᠭᠦᠯᠦᠨ᠎ᠡ᠃ | ᠤᠶᠢᠢᠯᠠᠭᠠᠭᠰᠠᠨ ᠢᠶᠠᠷ᠂ ᠦᠩᠭᠡᠷᠡᠭᠰᠡᠨ 5 ᠵᠢᠯ ᠳᠤ᠂ ᠮᠠᠨ ᠤ ᠤᠷᠤᠨ ᠤ ᠡᠮ ᠡᠮᠨᠡᠯᠬᠡ ᠶᠢᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠴᠢᠬᠤᠯᠠ ᠱᠠᠲᠤᠴᠢ ᠴᠢᠨᠠᠷᠲᠠᠢ ᠠᠮᠵᠢᠯᠳᠠ ᠤᠯᠪᠠ᠄ ᠡᠮ | ᠡᠮᠨᠡᠯᠬᠡ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠦᠷᠦ ᠶᠢᠨ ᠪᠤᠳᠤᠯᠭ᠎ᠠ ᠶᠢ ᠤᠷᠢᠳ ᠬᠤᠵᠢᠳ 100 ᠭᠠᠷᠤᠢ | ᠨᠡᠶᠢᠳᠡᠯᠡᠵᠦ᠂ 60 ᠭᠠᠷᠤᠢ ᠵᠢᠯ ᠬᠡᠷᠡᠭᠵᠢᠭᠦᠯᠦᠭᠰᠡᠨ ︽ᠡᠮ ᠢᠶᠠᠷ ᠡᠮᠴᠢ ᠶᠢ ᠳᠡᠵᠢᠬᠡᠬᠦ︾ ᠲᠦᠷᠦ ᠶᠢᠨ ᠪᠤᠳᠤᠯᠭ᠎ᠠ ᠶᠢ | ᠪᠦᠬᠦ ᠲᠠᠯ᠎ᠠ ᠪᠠᠷ ᠦᠭᠡᠶᠢᠰᠬᠡᠵᠦ᠂ 6 ᠲᠦᠷᠦᠯ ᠤᠨ ᠡᠳ᠋ ᠤᠨ ᠵᠠᠰᠠᠭ ᠤᠨ ᠨᠦᠬᠦᠪᠦᠷᠢ ᠶᠢᠨ ᠲᠦᠷᠦ ᠶᠢᠨ | ᠪᠤᠳᠤᠯᠭ᠎ᠠ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠡᠪᠡᠳᠴᠢᠨ ᠤ ᠲᠦᠷᠦᠯ ᠢᠶᠠᠷ ᠰᠦᠢᠳᠬᠡᠯ ᠲᠤᠰᠢᠶᠠᠬᠤ ᠡᠪᠡᠳᠴᠢᠨ ᠤ ᠲᠦᠷᠦᠯ ᠤᠨ ᠲᠤᠭ᠎ᠠ 100 ᠬᠦᠷᠴᠦ᠂ ᠡᠯ᠎ᠡ | ᠱᠠᠲᠤᠨ ᠤ ᠠᠯᠪᠠᠨ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠡᠮ ᠢ ᠬᠡᠷᠡᠭᠯᠡᠬᠦ ᠬᠠᠷᠢᠴᠠᠯ | ᠵᠢᠯ ᠳᠠᠷᠠᠭᠠᠯᠠᠨ ᠳᠡᠭᠡᠭᠰᠢᠯᠡᠪᠡ᠃ ᠳᠡᠰ ᠬᠤᠪᠢᠶᠠᠨ ᠤᠨᠤᠰᠢᠯᠠᠨ ᠡᠮᠨᠡᠬᠦ ᠳᠦᠷᠢᠮ ᠤᠨ ᠪᠠᠶᠢᠭᠤᠯᠤᠯᠲᠠ ᠶᠢ ᠢᠳᠡᠪᠬᠢᠲᠡᠢ | ᠠᠬᠢᠭᠤᠯᠵᠤ᠂ 70 ᠡᠮᠴᠢᠯᠡᠭᠡᠨ ᠤ ᠬᠤᠯᠪᠤᠭᠠᠲᠤ ᠴᠤᠭᠴᠠ ᠶᠢ ᠪᠠᠶᠢᠭᠤᠯᠵᠤ᠂ ᠭᠡᠷ ᠪᠦᠯᠢ ᠶᠢᠨ ᠡᠮᠴᠢ ᠶᠢᠨ | ᠭᠤᠤᠯᠳᠠᠯᠭᠠᠲᠤ ᠬᠦᠮᠦᠰ ᠤᠨ ᠭᠡᠷ᠎ᠡ ᠲᠤᠭᠲᠠᠭᠰᠠᠨ ᠨᠤᠷᠮ᠎ᠠ 68% ᠲᠤ ᠬᠦᠷᠴᠦ᠂ ᠬᠤᠰᠢᠭᠤ ᠰᠢᠶᠠᠨ ᠤ | ᠬᠡᠪᠴᠢᠶᠡᠨ ᠳᠤ ᠡᠮᠨᠡᠭᠦᠯᠦᠭᠰᠡᠨ ᠨᠤᠷᠮ᠎ᠠ 82% ᠲᠤ ᠬᠦᠷᠦᠭᠰᠡᠨ ᠪᠠᠶᠢᠨ᠎ᠠ᠃ | | | ᠵᠣᠬᠢᠶᠠᠭᠴᠢ᠄ ᠨᠠᠪᠴᠢ ᠤᠯᠠᠭᠠᠨᠲᠤᠶᠠᠭ᠎ᠠ | |