ᠰᠤᠷᠪᠤᠯᠵᠢᠯᠠᠭᠴᠢ ᠬᠦᠮᠦᠨ ᠤ ᠨᠦᠬᠡᠴᠡ ᠪᠠ ᠨᠡᠶᠢᠬᠡᠮ ᠤᠨ ᠪᠠᠲᠤᠯᠠᠭᠠᠨ ᠤ ᠶᠠᠮᠤᠨ ᠠᠴᠠ ᠤᠶᠢᠯᠠᠭᠠᠭᠰᠠᠨ ᠢᠶᠠᠷ | ᠂ 2017 ᠤᠨ ᠳᠤ ᠮᠠᠨ ᠤ ᠤᠯᠤᠰ ᠤᠨ ᠡᠯ᠎ᠡ ᠲᠦᠷᠦᠯ ᠤᠨ ᠭᠠᠲᠠᠭᠠᠲᠤ ᠳᠤ ᠰᠤᠷᠤᠯᠴᠠᠭᠰᠠᠳ 60.84 | ᠲᠦᠮᠡ ᠳᠤ ᠬᠦᠷᠴᠦ᠂ ᠡᠬᠡ ᠤᠯᠤᠰ ᠲᠠᠭᠠᠨ ᠪᠤᠴᠠᠨ ᠢᠷᠡᠭᠰᠡᠳ 48.09 ᠲᠦᠮᠡ ᠳᠤ ᠬᠦᠷᠦᠨ ᠲᠡᠦᠬᠡ ᠶᠢᠨ | ᠲᠡᠮᠲᠡᠭᠯᠡᠯ ᠢ ᠡᠭᠦᠳᠪᠡ᠃ ᠬᠦᠮᠦᠨ ᠤ ᠨᠦᠬᠡᠴᠡ ᠪᠠ ᠨᠡᠶᠢᠬᠡᠮ ᠤᠨ ᠪᠠᠲᠤᠯᠠᠭᠠᠨ ᠤ ᠶᠠᠮᠤᠨ ᠤ ᠬᠠᠮᠢᠶᠠᠲᠠᠢ | ᠬᠠᠷᠢᠭᠤᠴᠠᠯᠭᠠᠲᠠᠨ ᠤ ᠢᠯᠡᠷᠬᠡᠶᠢᠯᠡᠭᠰᠡᠨ ᠢᠶᠠᠷ᠂ ᠡᠬᠡ ᠤᠯᠤᠰ ᠲᠠᠭᠠᠨ ᠪᠤᠴᠠᠭᠰᠠᠳ ᠤᠨ ᠠᠲᠠᠯ ᠦᠢᠯᠡᠰ ᠪᠤᠰᠬᠠᠬᠤ | ᠤᠷᠴᠢᠨ ᠢ ᠲᠠᠰᠤᠷᠠᠯᠲᠠ ᠦᠭᠡᠢ ᠰᠢᠯᠢᠲᠡᠭᠵᠢᠬᠦᠯᠵᠦ᠂ ᠲᠠᠪᠴᠠᠩ ᠤᠨ ᠪᠠᠶᠢᠭᠤᠯᠤᠯᠲᠠ᠂ ᠬᠦᠲᠡᠯᠭᠡᠭᠡᠨ ᠦᠷᠨᠢᠬᠦᠯᠬᠦ᠂ | ᠲᠡᠮᠵᠢᠯᠭᠡ ᠦᠭᠬᠦ ᠵᠡᠷᠭᠡ ᠠᠷᠭ᠎ᠠ ᠪᠠᠷ ᠲᠦᠬᠦᠮ ᠦᠢᠯᠡᠴᠢᠯᠡᠭᠡ ᠬᠠᠩᠭᠠᠵᠤ ᠪᠠᠶᠢᠨ᠎ᠠ ᠭᠡᠵᠡᠢ᠃ 2017 ᠤᠨ ᠤ | ᠡᠴᠦᠰ ᠪᠤᠯᠲᠠᠯ᠎ᠠ ᠤᠯᠤᠰ ᠲᠠᠶᠠᠭᠠᠷ ᠲᠤ ᠤᠯᠤᠰ ᠲᠠᠭᠠᠨ ᠪᠤᠴᠠᠭᠰᠠᠳ ᠤᠨ ᠠᠲᠠᠯ ᠦᠢᠯᠡᠰ ᠪᠤᠰᠬᠠᠬᠤ ᠬᠦᠷᠢᠶᠡᠯᠡᠩ | 351 ᠪᠤᠯᠵᠤ᠂ ᠡᠨᠡ ᠨᠢ 2016 ᠤᠨ ᠤ ᠬᠢ ᠠᠴᠠ 4 ᠨᠡᠮᠡᠭᠲᠡᠪᠡ᠂ ᠡᠭᠦᠨ ᠳᠤ ᠮᠤᠵᠢ ᠶᠠᠮᠤᠨ ᠬᠠᠮᠲᠤᠷᠠᠨ | ᠪᠠᠶᠢᠭᠤᠯᠤᠭᠰᠠᠨ ᠠᠲᠠᠯ ᠦᠢᠯᠡᠰ ᠪᠤᠰᠬᠠᠬᠤ ᠬᠦᠷᠢᠶᠡᠯᠡᠩ 49 ᠪᠠᠶᠢᠨ᠎ᠠ᠃ ᠬᠦᠷᠢᠶᠡᠯᠡᠩ ᠳᠤ ᠪᠠᠶᠢᠭ᠎ᠠ ᠠᠵᠤ | ᠠᠬᠤᠶᠢᠯᠠᠯ 2.3 ᠲᠦᠮᠡ ᠭᠠᠷᠤᠢ ᠪᠠᠶᠢᠵᠤ᠂ 8.6 ᠲᠦᠮᠡᠨ ᠤᠯᠤᠰ ᠲᠠᠭᠠᠨ ᠪᠤᠴᠠᠭᠰᠠᠳ ᠠᠲᠠᠯ ᠦᠢᠯᠡᠰ ᠪᠤᠰᠬᠠᠪᠠ | ᠂ ᠡᠨᠡ ᠨᠢ ᠨᠢᠲᠤᠨᠤᠨ ᠤ ᠬᠢ ᠠᠴᠠ 0.7 ᠲᠦᠮᠡᠨ ᠬᠦᠮᠦᠨ ᠨᠡᠮᠡᠭᠲᠡᠪᠡ᠃ 2017 ᠤᠨ ᠤ ᠮᠡᠷᠭᠡᠵᠢᠯ ᠦᠢᠯᠡᠳᠪᠦᠷᠢ | ᠠᠷᠠᠯᠵᠢᠶ᠎ᠠ ᠶᠢᠨ ᠶᠡᠷᠦᠩᠬᠡᠢ ᠤᠷᠤᠯᠭ᠎ᠠ 3227 ᠳ᠋ᠦᠩᠰᠢᠭᠤᠷ ᠲᠦᠭᠦᠷᠢᠭ ᠲᠤ ᠬᠦᠷᠴᠦ᠂ 2016 | ᠤᠨ ᠤ ᠬᠢ ᠠᠴᠠ 736 ᠳ᠋ᠦᠩᠰᠢᠭᠤᠷ ᠲᠦᠭᠦᠷᠢᠭ ᠢᠶᠠᠷ ᠨᠡᠮᠡᠭᠲᠡᠪᠡ᠃ | 2017 ᠤᠨ ᠳᠤ ᠬᠦᠮᠦᠨ ᠤ ᠨᠦᠬᠡᠴᠡ ᠪᠠ ᠨᠡᠶᠢᠬᠡᠮ ᠤᠨ ᠪᠠᠲᠤᠯᠠᠭᠠᠨ ᠤ ᠶᠠᠮᠤᠨ ᠠᠴᠠ ᠠᠲᠠᠯ ᠦᠢᠯᠡᠰ | ᠪᠤᠰᠬᠠᠵᠤ ᠰᠢᠨ᠎ᠡ ᠶᠢ ᠡᠭᠦᠳᠬᠦ ᠶᠢ ᠲᠡᠮᠵᠢᠬᠦ ᠲᠦᠰᠦᠯ ᠢ ᠬᠡᠷᠡᠭᠵᠢᠬᠦᠯᠵᠦ᠂ 172 ᠲᠦᠰᠦᠯ ᠂ ᠪᠠᠭ ᠪᠤᠶᠤ ᠬᠤᠪᠢ | ᠬᠦᠮᠦᠨ ᠢ ᠰᠤᠩᠭᠤᠵᠤ 2847 ᠲᠦᠮᠡᠨ ᠲᠦᠭᠦᠷᠢᠭ ᠤᠨ ᠲᠡᠮᠵᠢᠯᠭᠡ ᠦᠵᠡᠬᠦᠯᠪᠡ᠃ ᠤᠯᠤᠰ ᠲᠠᠶᠠᠭᠠᠷ ᠤᠨ | ᠬᠦᠮᠦᠨ ᠤ ᠨᠦᠬᠡᠴᠡ ᠪᠠ ᠨᠡᠶᠢᠬᠡᠮ ᠤᠨ ᠪᠠᠲᠤᠯᠠᠭᠠᠨ ᠤ ᠰᠢᠰᠲ᠋ᠧᠮ ᠤᠨ ᠬᠢᠨ ᠭᠠᠲᠠᠭᠠᠲᠤ ᠳᠤ ᠰᠤᠷᠤᠯᠴᠠᠵᠤ | ᠤᠯᠤᠰ ᠲᠠᠭᠠᠨ ᠪᠤᠴᠠᠭᠰᠠᠨ ᠡᠯ᠎ᠡ ᠮᠡᠷᠬᠡᠵᠢᠯ ᠤᠨ ᠬᠦᠮᠦᠰ ︵ᠮᠠᠨ ᠤ ᠤᠯᠤᠰ ᠲᠤ ᠢᠷᠡᠭᠰᠡᠨ︶ ᠲᠤ ᠲᠠᠪᠬᠤᠷᠲᠠᠭᠰᠠᠨ | ᠲᠤᠭ᠎ᠠ ᠪᠠᠷ 4.3 ᠲᠦᠮᠡ ᠤᠲᠠᠭ᠎ᠠ ᠦᠢᠯᠡᠴᠢᠯᠡᠵᠦ᠂ 3.3 ᠲᠦᠮᠡᠨ ᠲᠦᠰᠦᠯ ᠢ ᠴᠢᠲᠠᠪᠤᠷᠢᠲᠠᠨ᠂ ᠪᠡᠯᠡ | ᠮᠦᠩᠬᠦ ᠲᠠᠢ ᠵᠤᠯᠭᠠᠭᠤᠯᠪᠠ᠃ ᠤᠯᠤᠰ ᠤᠨ ︽ᠮᠢᠩᠭᠠᠨ ᠬᠦᠮᠦᠨ ᠤ ᠲᠦᠯᠦᠪᠯᠡᠭᠡ︾ ᠪᠠᠷ ᠲᠠᠪᠬᠤᠷᠲᠠᠭᠰᠠᠨ | ᠲᠤᠭ᠎ᠠ ᠪᠠᠷ 900 ᠭᠠᠷᠤᠢ ᠬᠦᠮᠦᠨ ᠳᠤ ᠸᠢᠰᠠ᠂ ᠤᠷᠤᠰᠢᠨ ᠰᠠᠭᠤᠬᠤ ᠦᠢᠯᠡᠴᠢᠯᠡᠭᠡ ᠬᠠᠩᠭᠠᠵᠤ᠂ ᠠᠰᠠᠭᠤᠨ | ᠯᠠᠪᠯᠠᠬᠤ ᠦᠢᠯᠡᠴᠢᠯᠡᠭᠡ ᠲᠠᠪᠬᠤᠷᠲᠠᠭᠰᠠᠨ ᠲᠤᠭ᠎ᠠ ᠪᠠᠷ 2500 ᠤᠲᠠᠭ᠎ᠠ ᠳᠤ ᠬᠦᠷᠪᠡ᠃ ᠲᠤᠮᠲᠠᠲᠤ ᠤᠯᠤᠰ ᠤᠨ | ᠭᠠᠲᠠᠭᠠᠲᠤ ᠳᠤ ᠰᠤᠷᠤᠯᠴᠠᠵᠤ ᠤᠯᠤᠰ ᠲᠠᠭᠠᠨ ᠪᠤᠴᠠᠭᠰᠠᠳ ᠤᠨ ᠦᠢᠯᠡᠴᠢᠯᠡᠭᠡᠨ ᠤ ᠬᠤᠯᠪᠤᠭ᠎ᠠ ᠶᠢᠨ ᠭᠡᠰᠢᠬᠦᠨ | ᠨᠢᠭᠡᠴᠡ 117 ᠪᠤᠯᠪᠠ᠃ | ᠪᠡᠯᠡᠳᠭᠡᠭᠰᠡᠨ ᠨᠢ᠄ ᠢᠷᠭᠤᠢ |