ᠦᠪᠦᠷ ᠮᠤᠩᠭᠤᠯ ᠤᠨ ᠠᠮᠤ ᠪᠤᠳᠠᠭᠠᠨ ᠤ ᠲᠤᠪᠴᠢᠶ᠎ᠠ ᠢᠯᠡᠭᠦᠳᠡᠯ ᠠᠮᠤ ᠪᠠᠨ ᠬᠤᠳᠠᠯᠳᠤᠬᠤ ᠶᠢ ᠲᠠᠷᠢᠶᠠᠴᠢᠳ ᠲᠤ ᠰᠠᠨᠠᠭᠤᠯᠵᠦ ᠪᠤᠢ
ᠨᠡᠶᠢᠲᠡᠯᠡᠭᠰᠡᠨ ᠴᠠᠭ᠄
2018/4/19
     ᠲᠦᠷᠦᠭᠦᠬᠡᠨ᠂ ᠦᠪᠦᠷ  ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠮᠤ ᠪᠤᠳᠠᠭᠠᠨ ᠤ ᠲᠤᠪᠴᠢᠶ᠎ᠠ ᠲᠠᠷᠢᠶᠠᠴᠢᠳ ᠢ ᠠᠰᠢᠬᠲᠠᠢ ᠨᠦᠬᠦᠴᠡᠯ ᠳᠤ ᠢᠯᠡᠭᠦᠳᠡᠯ ᠠᠮᠤ ᠪᠠᠨ ᠬᠤᠳᠠᠯᠳᠤᠵᠦ ᠬᠤᠬᠢᠷᠠᠯ ᠠᠴᠠ ᠵᠠᠶᠢᠯᠠᠰᠬᠢᠬᠦ ᠶᠢ ᠰᠠᠨᠠᠭᠤᠯᠵᠠᠢ᠃      ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠮᠤ ᠪᠤᠳᠠᠭᠠᠨ ᠤ ᠲᠤᠪᠴᠢᠶ᠎ᠠ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠬᠰᠠᠨ ᠢᠶᠠᠷ᠂ 2017 ᠤᠨ ᠳᠤ ᠨᠠᠮᠤᠷ ᠤᠨ ᠤᠯᠠᠷᠢᠯ ᠤᠨ ᠠᠮᠤ ᠪᠤᠳᠠᠭ᠎ᠠ ᠵᠠᠬ᠎ᠠ ᠳᠤ ᠭᠠᠷᠤᠬᠰᠠᠨ ᠠᠴᠠ ᠨᠠᠰᠢ ᠤᠷᠤᠨ ᠳᠠᠶᠠᠭᠠᠷ ᠤᠨ ᠡᠷᠳᠡᠨᠢ ᠰᠢᠰᠢ ᠶᠢᠨ ᠵᠠᠬ᠎ᠠ ᠬᠦᠭᠵᠢᠭᠡᠨ ᠲᠠᠢ ᠪᠠᠶᠢᠳᠠᠯ ᠳᠤ ᠤᠷᠤᠵᠦ᠂ ᠬᠡᠷᠡᠭᠴᠡᠭᠡ ᠬᠠᠨᠭ᠍ᠭᠠᠯᠭ᠎ᠠ ᠪᠦᠷ ᠰᠠᠶᠢᠨ᠂ ᠦᠨ᠎ᠡ ᠬᠠᠩᠰᠢ ᠨᠢ ᠴᠦ ᠦᠷᠭᠦᠯᠵᠢᠯᠡᠨ ᠦᠰᠴᠤ᠂ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠷᠤᠬᠰᠢᠲᠠᠢ ᠶᠠᠪᠤᠬᠳᠠᠵᠠᠢ᠃ ᠢᠯᠡᠭᠦᠳᠡᠯ ᠠᠮᠤ ᠦᠷᠬᠦᠯᠵᠢᠯᠡᠨ ᠪᠠᠭᠠᠰᠬᠤ ᠶᠢ ᠳᠠᠭᠠᠯᠳᠤᠨ ᠪᠤᠯᠪᠠᠰᠤᠷᠠᠭᠤᠯᠬᠤ ᠲᠦᠭᠦᠬᠡᠢ ᠮᠠᠲ᠋ᠧᠷᠢᠶᠠᠯ ᠬᠤᠮᠰᠠᠳᠠᠭᠰᠠᠨ ᠢᠶᠠᠷ ᠤᠯᠤᠰ ᠠᠴᠠ ᠳᠦᠷ ᠴᠠᠭ ᠶᠡᠭᠡ ᠬᠡᠮᠵᠢᠶᠡᠨ ᠤ ᠡᠷᠳᠡᠨᠢ ᠰᠢᠰᠢ ᠨᠦᠭᠡᠴᠡᠯᠡᠵᠤ᠂ ᠡᠬᠦᠨ ᠢ ᠰᠢᠢᠳᠪᠦᠷᠢᠯᠡᠵᠦ ᠠᠮᠵᠢᠭ᠎ᠠ ᠦᠭᠡᠢ ᠪᠠᠶᠢᠬᠰᠠᠭᠠᠷ᠃ ᠬᠡᠷᠪᠡ ᠤᠯᠤᠰ ᠠᠴᠠ ᠲᠦᠷ ᠴᠠᠬ ᠨᠦᠭᠡᠴᠡᠯᠡᠭᠰᠡᠨ ᠡᠷᠳᠡᠨᠢ ᠰᠢᠰᠢ ᠶᠢ ᠬᠤᠳᠠᠯᠳᠤᠵᠦ ᠡᠬᠢᠯᠡᠬᠦ ᠳᠤ ᠬᠦᠷᠪᠡᠯ᠂ ᠡᠷᠳᠡᠨᠢ ᠰᠢᠰᠢ ᠶᠢᠨ ᠵᠠᠬ᠎ᠠ ᠳᠤ ᠰᠦᠬᠡᠷᠭᠦ ᠨᠦᠯᠦᠭᠡ ᠦᠵᠡᠭᠦᠯᠵᠦ ᠮᠡᠳᠡᠨ᠎ᠡ᠃ ᠲᠡᠶᠢᠮᠦ ᠠᠴᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠮᠤ ᠪᠤᠳᠠᠭᠠᠨ ᠤ ᠲᠤᠪᠴᠢᠶ᠎ᠠ ᠨᠢ ᠲᠠᠷᠢᠶᠠᠴᠢᠳ ᠢ ᠠᠰᠢᠬᠲᠠᠢ ᠨᠦᠬᠦᠴᠡᠯ ᠳᠤ ᠢᠯᠡᠭᠦᠳᠡᠯ ᠠᠮᠦ ᠪᠠᠨ ᠬᠤᠳᠠᠯᠳᠤᠨ ᠭᠠᠷᠭᠠᠵᠦ ᠤᠷᠤᠯᠭ᠎ᠠ ᠪᠠᠨ ᠨᠡᠮᠡᠭᠳᠡᠬᠦᠯᠤᠨ ᠬᠤᠬᠢᠷᠠᠯ ᠠᠴᠠ ᠵᠠᠶᠢᠯᠠᠰᠬᠢᠬᠦ ᠶᠢ ᠰᠠᠨᠠᠭᠤᠯᠵᠠᠢ᠃                                                                ᠪᠡᠯᠡᠳᠭᠡᠭᠰᠡᠨ ᠨᠢ᠄ ᠢᠷᠭᠤᠢ              
 
ᠢᠷᠡᠯᠲᠡ᠄ ᠦᠪᠦᠷ ᠮᠤᠩᠬᠤᠯ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2