ᠣᠯᠣᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠣ ᠶᠢᠨ ᠵᠦᠪᠯᠡᠯ᠄ ᠡᠮᠴᠢᠯᠡᠭᠡᠨ ᠤ ᠪᠠᠶᠢᠭᠤᠯᠤᠮᠵᠢ ᠳᠤ ᠲᠥᠰᠢᠭᠯᠡᠵᠦ ᠢᠨᠲ᠋ᠧᠷ ᠰᠥᠯᠵᠢᠶ᠎ᠡ ᠪᠠᠷ ᠠᠵᠢᠯᠯᠠᠳᠠᠭ ᠡᠮᠨᠡᠯᠭᠡ ᠶᠢᠨ ᠬᠤᠷᠢᠶ᠎ᠠ ᠶᠢ ᠭᠦᠭᠵᠢᠬᠦᠯᠬᠦ ᠶᠢ ᠵᠥᠪᠰᠢᠶᠡᠷᠡᠨ᠎ᠡ
ᠨᠡᠶᠢᠲᠡᠯᠡᠭᠰᠡᠨ ᠴᠠᠭ᠄
2018/4/19
     ᠲᠥᠷᠥ ᠶᠢᠨ ᠶᠠᠪᠤᠳᠠᠯ ᠤᠨ ᠬᠤᠷᠢᠶᠠᠨ ᠤ ᠬᠡᠪᠯᠡᠯ ᠮᠡᠳᠡᠭᠡᠯᠡᠯ ᠤᠨ ᠠᠯᠪᠠᠨ 16 ᠤ ᠡᠳᠣᠷ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠤᠳᠤᠯᠭ᠎ᠠ ᠶᠢᠨ ᠲᠤᠬᠠᠢ ᠮᠡᠳᠡᠭᠳᠡᠬᠦ ᠬᠤᠷᠠᠯ ᠬᠢᠭᠰᠡᠨ ᠪᠠᠶᠢᠨ᠎ᠠ᠃      ᠣᠯᠣᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠣ ᠶᠢᠨ ᠵᠦᠪᠯᠡᠯ ᠤᠨ ᠲᠡᠳ᠋ ᠡᠷᠬᠢᠯᠡᠭᠴᠢ ᠽᠤᠩ ᠢ ᠰᠢᠨ ︽ᠡᠮ ᠡᠮᠨᠡᠯᠭᠡ ᠡᠷᠡᠭᠦᠯ ᠬᠠᠮᠠᠭᠠᠯᠠᠯ ᠤᠨ ᠥᠢᠯᠡᠰ ᠢ ᠢᠨᠲ᠋ᠧᠷ ᠰᠥᠯᠵᠢᠶ᠎ᠡ ᠲᠠᠢ ᠤᠶᠠᠯᠳᠤᠭᠤᠯᠵᠦ ᠭᠦᠭᠵᠢᠬᠦᠯᠬᠦ ᠲᠤᠬᠠᠢ ᠵᠢᠯᠤᠭᠤᠳᠬᠤ ᠰᠠᠨᠠᠯ︾ ᠤᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠬᠤ ᠳᠠᠭᠠᠨ᠂ ᠡᠮᠴᠢᠯᠡᠭᠡᠨ ᠤ ᠪᠠᠶᠢᠭᠤᠯᠤᠮᠵᠢ ᠳᠤ ᠲᠥᠰᠢᠭᠯᠡᠵᠦ ᠢᠨᠲ᠋ᠧᠷ ᠰᠥᠯᠵᠢᠶ᠎ᠡ ᠪᠠᠷ ᠠᠵᠢᠯᠯᠠᠳᠠᠭ ᠡᠮᠨᠡᠯᠭᠡ ᠶᠢᠨ ᠬᠤᠷᠢᠶ᠎ᠠ ᠶᠢ ᠭᠦᠭᠵᠢᠬᠦᠯᠬᠦ ᠶᠢ ᠵᠥᠪᠰᠢᠶᠡᠷᠡᠨ᠎ᠡ ᠭᠡᠵᠡᠢ᠃      ᠣᠯᠣᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠣ ᠶᠢᠨ ᠵᠦᠪᠯᠡᠯ ᠤᠨ ᠲᠥᠯᠥᠪᠵᠢᠬᠦᠯᠭᠡ ᠪᠠ ᠴᠢᠮᠡᠭᠡ ᠵᠠᠩᠬᠢ ᠶᠢᠨ ᠵᠤᠷᠭᠠᠨ ᠤ ᠳᠠᠷᠤᠭ᠎ᠠ ᠢᠥᠢ ᠰᠢᠣᠸᠠᠢ ᠵᠢᠶᠥ᠋ᠨ ᠢᠯᠡᠷᠬᠡᠶᠢᠯᠡᠬᠦ ᠳᠡᠭᠡᠨ᠂ ︽ᠡᠮ ᠡᠮᠨᠡᠯᠭᠡ ᠡᠷᠡᠭᠦᠯ ᠬᠠᠮᠠᠭᠠᠯᠠᠯ ᠤᠨ ᠥᠢᠯᠡᠰ ᠢ ᠢᠨᠲ᠋ᠧᠷ ᠰᠥᠯᠵᠢᠶ᠎ᠡ ᠲᠠᠢ ᠤᠶᠠᠯᠳᠣᠭᠤᠯᠬᠤ︾ ᠬᠡᠪ ᠵᠠᠬᠪᠤᠷ ᠨᠢ ᠡᠪᠡᠳᠴᠢᠳᠠᠳ ᠤᠨ ᠡᠮᠴᠢᠯᠡᠭᠦᠯᠬᠦ ᠳᠤ ᠲᠥᠭᠦᠮ ᠨᠥᠬᠦᠴᠡᠯ ᠬᠠᠩᠭᠠᠬᠤ ᠪᠠᠷ ᠪᠠᠷᠠᠬᠤ ᠦᠭᠡᠢ ᠲᠦᠯᠦᠪᠦᠷᠢ ᠶᠢ ᠴᠤ ᠬᠦᠡᠭᠭᠡᠯᠡᠬᠦ ᠪᠤᠯᠤᠨ᠎ᠠ᠂ ᠭᠡᠪᠡᠴᠣ ᠡᠮᠴᠢᠯᠡᠭᠡᠨ ᠤ ᠴᠢᠨᠠᠷ ᠴᠢᠨᠰᠠᠭ᠎ᠠ ᠪᠤᠯᠤᠨ ᠠᠮᠥᠷ ᠲᠥᠪᠰᠢᠨ ᠢ ᠶᠠᠭᠠᠬᠢᠬᠰᠠᠨ ᠴᠦ ᠪᠠᠭᠤᠷᠠᠭᠤᠯᠵᠦ ᠪᠤᠯᠬᠤ ᠦᠭᠡᠢ ᠶᠤᠮ ᠭᠡᠵᠡᠢ᠃                                                                 ᠪᠡᠯᠡᠳᠭᠡᠭᠰᠡᠨ ᠨᠢ᠄ ᠢᠷᠭᠤᠢ  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2