ᠠᠷᠠᠳ ᠤᠨ ᠡᠳᠤᠷ ᠤᠨ ᠰᠤᠨᠢᠨ ᠤ ᠪᠡᠭᠡᠵᠢᠩ ᠤᠨ 4 ᠰᠠᠷ᠎ᠠ ᠶᠢᠨ 17 ᠤ ᠡᠳᠤᠷ ᠤᠨ ᠮᠡᠳᠡᠭᠡ | ︵ᠰᠤᠷᠪᠤᠯᠵᠢᠯᠠᠭᠴᠢ ᠴᠠᠩ ᠴᠢᠨ︶ 17 ᠤ ᠡᠳᠤᠷ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠲᠤᠮᠳᠠᠳᠤ ᠤᠯᠤᠰ | ᠤᠨ ᠭᠠᠵᠠᠷ ᠰᠢᠷᠤᠢ ᠶᠢᠨ ᠬᠠᠶᠢᠨ ᠬᠡᠮᠵᠢᠯᠳᠡ ᠶᠢᠨ ᠲᠦᠯᠤᠪᠵᠢᠬᠦᠯᠭᠡ ᠶᠢᠨ ᠬᠥᠷᠢᠶᠡᠯᠡᠩ ᠠᠴᠠ ᠪᠦᠬᠦ ᠤᠯᠤᠰ ᠤᠨ | ᠭᠤᠤᠯ ᠪᠤᠯᠬᠤ ᠬᠤᠳᠠ ᠶᠢᠨ ᠭᠠᠵᠠᠷ ᠤᠨ ᠦᠨ᠎ᠠ ᠶᠢᠨ ᠬᠢᠨᠠᠨ ᠬᠡᠮᠵᠢᠯᠳᠡ ᠶᠢᠨ ᠦᠷ᠎ᠡ ᠪᠦᠳᠤᠭᠡᠯ ᠢ ᠨᠡᠶᠢᠳᠡᠯᠡᠬᠦ | ᠬᠤᠷᠠᠯ ᠬᠢᠵᠠᠢ᠃ ᠰᠤᠷᠪᠤᠯᠵᠢᠯᠠᠭᠴᠢ 2018 ᠤᠨ ᠤ ᠨᠢᠭᠡᠳᠤᠭᠡᠷ ᠤᠯᠠᠷᠢᠯ ᠤᠨ ᠬᠢᠨᠠᠨ ᠭᠡᠮᠵᠢᠯᠳᠡ ᠶᠢᠨ | ᠮᠡᠳᠡᠬᠦᠯᠤᠯᠳᠡ ᠠᠴᠠ ᠤᠯᠵᠤ ᠮᠡᠳᠡᠭᠰᠡᠨ ᠨᠢ᠄ ᠨᠢᠭᠡᠳᠤᠭᠡᠷ ᠤᠯᠠᠷᠢᠯ ᠳᠤ᠂ ᠤᠷᠤᠨ ᠰᠠᠭᠤᠴᠠ ᠳᠤ ᠬᠡᠷᠡᠭᠯᠡᠬᠦ | ᠭᠠᠵᠠᠷ ᠤᠨ ᠬᠠᠩᠭᠠᠯᠭ᠎ᠠ ᠶᠢᠨ ᠬᠠᠷᠢᠴᠠᠯ ᠨᠡᠮᠡᠭᠳᠡᠵᠤ᠂ ᠭᠠᠵᠠᠷ ᠤᠨ ᠦᠨ᠎ᠠ ᠶᠢᠨ ᠬᠠᠷᠢᠴᠠᠭᠤᠯᠤᠭᠰᠠᠨ ᠬᠡᠮᠵᠢᠶ᠎ᠡ | ᠪᠠᠷ ᠢᠶᠠᠨ ᠨᠡᠮᠡᠭᠳᠡᠭᠰᠡᠨ ᠬᠡᠮᠵᠢᠶ᠎ᠠ ᠨᠢ ᠦᠷᠬᠦᠯᠵᠢᠯᠡᠨ ᠪᠠᠭᠤᠷᠠᠵᠤ ᠪᠠᠶᠢᠨ᠎ᠠ᠃ ᠭᠡᠷ ᠪᠠᠶᠢᠰᠢᠩ ᠭᠠᠵᠠᠷ ᠰᠢᠷᠤᠢ ᠶᠢᠨ | ᠬᠥᠷᠤᠩᠭᠡ ᠶᠢᠨ ᠰᠠᠶᠢᠵᠢᠷᠠᠯᠳᠠ ᠨᠢ ᠭᠠᠵᠠᠷ ᠰᠢᠷᠤᠢ ᠶᠢᠨ ᠵᠠᠬ᠎ᠠ ᠲᠡᠯᠭᠡᠬᠦᠷ ᠢ ᠲᠠᠶᠢᠴᠢᠯᠠᠵᠤ᠂ ᠭᠤᠷᠪᠠᠳᠤᠭᠠᠷ ᠵᠡᠷᠭᠡ | ᠶᠢᠨ ᠬᠤᠳᠠᠳ ᠤᠨ ᠤᠷᠤᠨ ᠰᠠᠭᠤᠴᠠ ᠶᠢᠨ ᠭᠠᠵᠠᠷ ᠤᠨ ᠦᠨ᠎ᠠ ᠶᠢᠨ ᠨᠡᠮᠡᠭᠳᠡᠯ ᠤᠨ ᠬᠡᠮᠵᠢᠶ᠎ᠠ ᠨᠢ | ᠨᠢᠭᠡᠳᠤᠭᠡᠷ ᠬᠤᠶᠠᠳᠤᠭᠠᠷ ᠵᠡᠷᠭᠡ ᠶᠢᠨ ᠬᠤᠳᠠᠳ ᠤᠨ ᠬᠢ ᠠᠴᠠ ᠦᠨᠳᠤᠷ ᠪᠠᠶᠢᠨ᠎ᠠ᠃ | ᠲᠤᠭ᠎ᠠ ᠪᠦᠷᠢᠳᠭᠡᠯ ᠠᠴᠠ ᠦᠵᠡᠪᠡᠯ᠂ ᠨᠢᠭᠡᠳᠤᠭᠡᠷ ᠤᠯᠠᠷᠢᠯ ᠳᠠᠬᠢ ᠪᠦᠬᠦ ᠤᠯᠤᠰ ᠤᠨ 106 ᠭᠤᠤᠯ ᠪᠤᠯᠬᠤ | ᠬᠢᠨᠠᠨ ᠭᠡᠮᠵᠢᠬᠦ ᠬᠤᠳᠠ ᠶᠢᠨ ᠭᠠᠵᠠᠷ ᠰᠢᠷᠤᠢ ᠶᠢᠨ ᠬᠠᠩᠭᠠᠯᠭ᠎ᠠ ᠶᠢᠨ ᠲᠠᠯᠠᠪᠠᠢ ᠨᠢ 4.28 ᠲᠦᠮᠡᠨ ᠾᠧᠺᠲ᠋ᠠᠷ | ᠪᠠᠶᠢᠵᠤ᠂ 2016 ᠤᠨ ᠠᠴᠠ ᠨᠠᠰᠢᠬᠢ ᠠᠳᠠᠯᠢ ᠬᠤᠭᠤᠴᠠᠭᠠᠨ ᠤ ᠬᠠᠩᠭᠠᠯᠭ᠎ᠠ ᠶᠢᠨ ᠦᠨᠳᠤᠷ ᠬᠡᠮᠵᠢᠭᠳᠡᠯ ᠳᠤ | ᠬᠥᠷᠴᠠᠢ᠃ ᠤᠷᠤᠨ ᠰᠠᠭᠤᠴᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠬᠡᠮᠵᠢᠶ᠎ᠠ ᠶᠢᠨ ᠪᠦᠳᠤᠭᠡᠨ | ᠪᠠᠶᠢᠭᠤᠯᠤᠯᠳᠡ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠪᠦᠬᠦ ᠬᠡᠮᠵᠢᠶ᠎ᠠ ᠳᠤ ᠡᠵᠡᠯᠡᠬᠦ ᠬᠠᠷᠢᠴᠠᠯ ᠨᠢ 24. | 12% ᠪᠤᠯᠵᠠᠢ᠃ ᠤᠷᠤᠨ ᠰᠠᠭᠤᠴᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠡᠵᠡᠯᠡᠬᠦ ᠬᠠᠷᠢᠴᠠᠯ ᠨᠢ 2014 | ᠤᠨ ᠤ ᠨᠢᠭᠡᠳᠤᠭᠡᠷ ᠤᠯᠠᠷᠢᠯ ᠠᠴᠠ ᠨᠠᠰᠢᠬᠢ ᠬᠠᠮᠤᠭ ᠤᠨ ᠦᠨᠳᠤᠷ ᠬᠡᠮᠵᠢᠭᠳᠡᠯ ᠳᠤ ᠬᠥᠷᠴᠠᠢ᠃ | ᠭᠤᠤᠯ ᠪᠤᠯᠬᠤ ᠬᠢᠨᠠᠨ ᠭᠡᠮᠵᠢᠬᠦ ᠬᠤᠳᠠ ᠶᠢᠨ ᠲᠤᠳᠤᠷ᠎ᠠ᠂ ᠨᠢᠭᠡᠳᠤᠭᠡᠷ ᠵᠡᠷᠭᠡ ᠶᠢᠨ ᠬᠤᠳᠠ ᠶᠢᠨ | ᠶᠡᠷᠤᠩᠭᠡᠶᠢᠯᠡᠭᠰᠡᠨ᠂ ᠬᠤᠳᠠᠯᠳᠤᠭ᠎ᠠ ᠦᠢᠯᠡᠴᠢᠯᠡᠭᠡ᠂ ᠤᠷᠤᠨ ᠰᠠᠭᠤᠴᠠ ᠶᠢᠨ ᠭᠠᠵᠠᠷ ᠤᠨ ᠦᠨ᠎ᠠ ᠶᠢᠨ | ᠬᠠᠷᠢᠴᠠᠭᠤᠯᠤᠭᠰᠠᠨ ᠬᠡᠮᠵᠢᠶ᠎ᠠ ᠶᠢᠨ ᠨᠡᠮᠡᠭᠳᠡᠯ ᠤᠨ ᠬᠤᠷᠳᠤᠴᠠ ᠪᠤᠯᠤᠨ ᠠᠳᠠᠯᠢ ᠬᠤᠭᠤᠴᠠᠭᠠᠨ ᠤ ᠬᠢ ᠲᠠᠢ | ᠠᠳᠠᠯᠢᠳᠬᠠᠭᠰᠠᠨ ᠨᠡᠮᠡᠭᠳᠡᠯ ᠤᠨ ᠬᠤᠷᠳᠤᠴᠠ ᠨᠢ ᠠᠯᠭᠤᠷᠰᠢᠵᠤ᠂ ᠠᠵᠤ ᠦᠢᠯᠡᠳᠪᠤᠷᠢ ᠶᠢᠨ ᠭᠠᠵᠠᠷ ᠤᠨ ᠦᠨ᠎ᠠ | ᠶᠢᠨ ᠬᠠᠷᠢᠴᠠᠭᠤᠯᠤᠭᠰᠠᠨ ᠬᠡᠮᠵᠢᠶ᠎ᠠ ᠶᠢᠨ ᠨᠡᠮᠡᠭᠳᠡᠯ ᠤᠨ ᠬᠤᠷᠳᠤᠴᠠ ᠪᠤᠯᠤᠨ ᠠᠳᠠᠯᠢ ᠬᠤᠭᠤᠴᠠᠭᠠᠨ ᠤ ᠬᠢ ᠲᠠᠢ | ᠠᠳᠠᠯᠢᠳᠬᠠᠭᠰᠠᠨ ᠨᠡᠮᠡᠭᠳᠡᠯ ᠤᠨ ᠬᠤᠷᠳᠤᠴᠠ ᠨᠢ ᠲᠡᠭᠡᠭᠰᠢᠯᠡᠵᠤ ᠪᠠᠶᠢᠨ᠎ᠠ︔ ᠬᠤᠶᠠᠳᠤᠭᠠᠷ ᠵᠡᠷᠭᠡ ᠶᠢᠨ ᠬᠤᠳᠠ ᠶᠢᠨ | ᠡᠯ᠎ᠠ ᠵᠦᠢᠯ ᠤᠨ ᠬᠡᠷᠡᠭᠴᠡᠭᠡ ᠶᠢᠨ ᠭᠠᠵᠠᠷ ᠤᠨ ᠦᠨ᠎ᠠ ᠶᠢᠨ ᠬᠠᠷᠢᠴᠠᠭᠤᠯᠤᠭᠰᠠᠨ ᠬᠡᠮᠵᠢᠶ᠎ᠠ ᠶᠢᠨ ᠨᠡᠮᠡᠭᠳᠡᠯ ᠤᠨ | ᠬᠤᠷᠳᠤᠴᠠ ᠨᠢ ᠴᠦᠮ ᠪᠠᠭ᠎ᠠ ᠰᠠᠭ᠎ᠠ ᠠᠯᠭᠤᠷᠰᠢᠵᠤ ᠪᠠᠶᠢᠨ᠎ᠠ᠂ ᠠᠵᠤ ᠦᠢᠯᠡᠳᠪᠤᠷᠢ ᠶᠢᠨ ᠭᠠᠵᠠᠷ ᠤᠨ ᠦᠨ᠎ᠠ ᠶᠢᠨ | ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠨᠡᠮᠡᠭᠳᠡᠯ ᠤᠨ ᠬᠤᠷᠳᠤᠴᠠ ᠨᠢ ᠲᠡᠭᠡᠭᠰᠢᠯᠡᠭᠰᠡᠨ ᠢ ᠭᠠᠷᠭᠠᠪᠠᠯ᠂ | ᠪᠤᠰᠤᠳ ᠬᠡᠷᠡᠭᠴᠡᠭᠡ ᠶᠢᠨ ᠭᠠᠵᠠᠷ ᠤᠨ ᠦᠨ᠎ᠠ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠨᠡᠮᠡᠭᠳᠡᠯ | ᠤᠨ ᠬᠤᠷᠳᠤᠴᠠ ᠨᠢ ᠪᠠᠭᠤᠷᠠᠵᠤ ᠪᠠᠶᠢᠨ᠎ᠠ︔ ᠭᠤᠷᠪᠠᠳᠤᠭᠠᠷ ᠵᠡᠷᠭᠡ ᠶᠢᠨ ᠬᠤᠳᠠ ᠶᠢᠨ ᠶᠡᠷᠤᠩᠭᠡᠶᠢᠯᠡᠭᠰᠡᠨ᠂ | ᠬᠤᠳᠠᠯᠳᠤᠭ᠎ᠠ ᠦᠢᠯᠡᠴᠢᠯᠡᠭᠡ᠂ ᠤᠷᠤᠨ ᠰᠠᠭᠤᠴᠠ ᠶᠢᠨ ᠭᠠᠵᠠᠷ ᠤᠨ ᠦᠨ᠎ᠠ ᠶᠢᠨ ᠬᠠᠷᠢᠴᠠᠭᠤᠯᠤᠭᠰᠠᠨ ᠬᠡᠮᠵᠢᠶ᠎ᠠ ᠶᠢᠨ | ᠨᠡᠮᠡᠭᠳᠡᠯ ᠤᠨ ᠬᠤᠷᠳᠤᠴᠠ ᠨᠢ ᠲᠡᠭᠡᠭᠰᠢᠯᠡᠵᠤ᠂ ᠠᠵᠤ ᠦᠢᠯᠡᠳᠪᠤᠷᠢ ᠶᠢᠨ ᠭᠠᠵᠠᠷ ᠤᠨ ᠦᠨ᠎ᠠ ᠶᠢᠨ | ᠬᠠᠷᠢᠴᠠᠭᠤᠯᠤᠭᠰᠠᠨ ᠬᠡᠮᠵᠢᠶ᠎ᠠ ᠶᠢᠨ ᠨᠡᠮᠡᠭᠳᠡᠯ ᠤᠨ ᠬᠤᠷᠳᠤᠴᠠ ᠨᠢ ᠠᠯᠭᠤᠷᠰᠢᠵᠤ᠂ ᠡᠯ᠎ᠠ ᠵᠦᠢᠯ ᠤᠨ ᠬᠡᠷᠡᠭᠴᠡᠭᠡ ᠶᠢᠨ | ᠭᠠᠵᠠᠷ ᠤᠨ ᠦᠨ᠎ᠠ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠨᠡᠮᠡᠭᠳᠡᠯ ᠤᠨ ᠬᠤᠷᠳᠤᠴᠠ ᠨᠢ | ᠴᠦᠮ ᠪᠠᠭ᠎ᠠ ᠰᠠᠭ᠎ᠠ ᠲᠡᠭᠡᠭᠰᠢᠯᠠᠵᠠᠢ᠃ | | ᠪᠡᠯᠡᠳᠭᠡᠭᠰᠡᠨ ᠨᠢ᠄ ᠢᠷᠭᠤᠢ | |