ᠨᠢᠭᠡᠳᠦᠭᠡᠷ ᠤᠯᠠᠷᠢᠯ ᠤᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠴᠦᠮ  5 ᠲᠦᠮᠡᠨ ᠳ᠋ᠦᠩᠰᠢᠭᠤᠷ ᠳᠦᠬᠦᠷᠢᠭ ᠢ ᠲᠠᠪᠠᠪᠠ
ᠨᠡᠶᠢᠲᠡᠯᠡᠭᠰᠡᠨ ᠴᠠᠭ᠄
2018/4/20
     ᠠᠷᠠᠳ ᠤᠨ ᠡᠳᠤᠷ ᠤᠨ ᠰᠤᠨᠢᠨ ᠤ ᠪᠡᠭᠡᠵᠢᠩ ᠤᠨ 4 ᠰᠠᠷ᠎ᠠ ᠶᠢᠨ 18 ᠤ ᠡᠳᠤᠷ ᠤᠨ ᠮᠡᠳᠡᠭᠡ  ︵ᠰᠤᠷᠪᠤᠯᠵᠢᠯᠠᠭᠴᠢ ᠯᠢ ᠯᠢ ᠬᠤᠢ︶ 4 ᠰᠠᠷ᠎ᠠ ᠶᠢᠨ 18 ᠤ ᠡᠳᠤᠷ᠂  ᠡᠳ᠋   ᠤᠨ  ᠵᠠᠰᠠᠭ   ᠤᠨ  ᠶᠠᠮᠤᠨ  ᠰᠤᠨᠢᠨ  ᠮᠡᠳᠡᠭᠡ  ᠨᠡᠶᠢᠲᠡᠯᠡᠬᠦ  ᠬᠤᠷᠠᠯ ᠬᠤᠷᠠᠯᠳᠤᠭᠤᠯᠵᠤ᠂ ᠨᠢᠭᠡᠳᠦᠭᠡᠷ ᠤᠯᠠᠷᠢᠯ ᠤᠨ ᠪᠦᠬᠦ ᠤᠯᠤᠰ ᠤᠨ ᠡᠳ᠋ ᠤᠨ ᠵᠠᠰᠠᠭ ᠤᠨ  ᠤᠷᠤᠯᠭ᠎ᠠ  ᠵᠠᠷᠤᠯᠭ᠎ᠠ   ᠶᠢᠨ  ᠲᠤᠭ᠎ᠠ ᠪᠠᠷᠢᠮᠲᠠ ᠶᠢ ᠨᠡᠶᠢᠲᠡᠯᠡᠪᠡ᠃ 1—3 ᠰᠠᠷ᠎ᠠ ᠳᠤ᠂ ᠪᠦᠬᠦ ᠤᠯᠤᠰ ᠤᠨ ᠡᠩ  ᠤᠨ ᠴᠢᠨᠠᠷᠲᠠᠢ ᠤᠯᠠᠨ  ᠨᠡᠶᠢᠲᠡ   ᠶᠢᠨ  ᠲᠦᠰᠦᠪ ᠤᠨ ᠤᠷᠤᠯᠭ᠎ᠠ 50546 ᠳ᠋ᠦᠩᠰᠢᠭᠤᠷ ᠲᠦᠬᠦᠷᠢᠭ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ  6037 ᠳ᠋ᠦᠩᠰᠢᠭᠤᠷ ᠲᠦᠬᠦᠷᠢᠭ ᠨᠡᠮᠡᠭᠳᠡᠨ᠂ 13.6% ᠪᠠᠷ ᠨᠡᠮᠡᠭᠳᠡᠵᠠᠢ︔ 1—3 ᠰᠠᠷ᠎ᠠ ᠳᠤ᠂ ᠪᠦᠬᠦ  ᠤᠯᠤᠰ   ᠤᠨ  ᠡᠩ   ᠤᠨ ᠴᠢᠨᠠᠷᠲᠠᠢ ᠤᠯᠠᠨ ᠨᠡᠶᠢᠲᠡ ᠶᠢᠨ ᠲᠦᠰᠦᠪ ᠤᠨ ᠵᠠᠷᠤᠯᠭ᠎ᠠ 5 ᠲᠦᠮᠡᠨ ᠳ᠋ᠦᠩᠰᠢᠭᠤᠷ ᠲᠦᠬᠦᠷᠢᠭ   ᠢ  ᠲᠠᠪᠠᠵᠤ᠂  ᠨᠢᠳᠤᠨᠤᠨ   ᠤ ᠠᠳᠠᠯᠢ ᠬᠤᠭᠤᠴᠠᠭᠠᠨ ᠤ ᠬᠢ ᠠᠴᠠ 10.9% ᠪᠠᠷ ᠨᠡᠮᠡᠭᠳᠡᠵᠠᠢ᠃              ᠡᠳ᠋ ᠤᠨ ᠵᠠᠰᠠᠭ ᠤᠨ ᠤᠷᠤᠯᠭ᠎ᠠ ᠶᠢᠨ ᠲᠠᠯ᠎ᠠ ᠪᠠᠷ᠂ ᠭᠠᠶᠢᠯᠢ ᠶᠢᠨ ᠤᠷᠤᠯᠭ᠎ᠠ 44332 ᠳ᠋ᠦᠩᠰᠢᠭᠤᠷ  ᠲᠦᠬᠦᠷᠢᠭ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 17.3% ᠪᠠᠷ ᠨᠡᠮᠡᠭᠳᠡᠪᠡ︔ ᠭᠠᠶᠢᠯᠢ ᠶᠢᠨ  ᠪᠤᠰᠤ  ᠤᠷᠤᠯᠭ᠎ᠠ 6214 ᠳ᠋ᠦᠩᠰᠢᠭᠤᠷ ᠲᠦᠬᠦᠷᠢᠭ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.5% ᠪᠠᠷ  ᠪᠠᠭᠤᠷᠠᠭᠰᠠᠨ ᠪᠠᠶᠢᠨ᠎ᠠ᠃ ᠭᠠᠶᠢᠯᠢ ᠶᠢᠨ ᠤᠷᠤᠯᠭ᠎ᠠ ᠨᠡᠯᠢᠶᠡᠳ ᠲᠦᠷᠭᠡᠨ ᠨᠡᠮᠡᠭᠳᠡᠵᠤ᠂ ᠰᠠᠶᠢᠨ ᠡᠬᠢᠯᠡᠯᠲᠡ ᠲᠠᠢ ᠪᠤᠯᠪᠠ᠃              ᠡᠳ᠋ ᠤᠨ ᠵᠠᠰᠠᠭ ᠤᠨ ᠵᠠᠷᠤᠯᠭ᠎ᠠ ᠶᠢᠨ ᠲᠠᠯ᠎ᠠ ᠪᠠᠷ᠂ ᠦᠷᠬᠦᠯᠵᠢᠯᠡᠨ ᠨᠡᠯᠢᠶᠡᠳ ᠲᠦᠷᠭᠡᠨ ᠨᠡᠮᠡᠭᠳᠡᠵᠤ᠂ ᠵᠠᠷᠤᠯᠭ᠎ᠠ   ᠶᠢᠨ ᠠᠬᠢᠴᠠ ᠶᠡᠷᠦᠩᠭᠡᠢ ᠳᠡᠭᠡᠨ ᠲᠦᠷᠭᠡᠳᠤᠨ᠂ ᠭᠤᠤᠯᠳᠠᠯᠭ᠎ᠠ ᠲᠠᠢ ᠬᠦᠷᠢᠶᠡᠨ ᠳᠠᠬᠢ ᠲᠡᠮᠵᠢᠯᠭᠡ ᠶᠢᠨ ᠡᠷᠴᠢᠮ ᠤᠯᠠᠮ ᠨᠢᠭᠡ ᠠᠯᠬᠤᠮ ᠴᠢᠩᠭᠠᠷᠠᠵᠤ᠂ ᠠᠵᠤ ᠠᠬᠤᠢ ᠨᠡᠶᠢᠭᠡᠮ ᠤᠨ ᠲᠤᠭᠲᠠᠭᠤᠨ ᠪᠦᠭᠡᠳ ᠡᠷᠡᠬᠦᠯ ᠬᠦᠭᠵᠢᠯᠲᠡ ᠶᠢ ᠬᠦᠴᠦᠲᠠᠢ ᠠᠬᠢᠭᠤᠯᠪᠠ᠃                                                                ᠪᠡᠯᠡᠳᠭᠡᠭᠰᠡᠨ ᠨᠢ᠄ ᠢᠷᠭᠤᠢ  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2