ᠪᠠᠶᠠᠨᠨᠠᠭᠤᠷ ᠬᠤᠳᠠ ᠶᠢᠨ ᠳ᠋ᠧᠩᠺᠸᠤ ᠰᠢᠶᠡᠨ ᠤ ᠨᠠᠷᠠᠨ ᠨᠠᠭᠤᠷ ᠲᠤ ᠴᠠᠬᠤᠯᠠᠢ  ᠰᠢᠪᠠᠭᠤ ᠢᠷᠡᠪᠡ
ᠨᠡᠶᠢᠲᠡᠯᠡᠭᠰᠡᠨ ᠴᠠᠭ᠄
2018/4/20
           ᠤᠶᠢᠷ᠎ᠠ ᠳᠤ᠂ ᠦᠪᠦᠷ ᠮᠤᠩᠭᠤᠯ ᠤᠨ  ᠪᠠᠶᠠᠨᠨᠠᠭᠤᠷ  ᠬᠤᠳᠠ   ᠶᠢᠨ  ᠳ᠋ᠧᠩᠺᠸᠤ  ᠰᠢᠶᠡᠨ   ᠤ  ᠭᠢᠵᠠᠭᠠᠷ   ᠲᠤ   ᠬᠢ ᠤᠯᠠᠭᠠᠨᠪᠤᠬ᠎ᠠ ᠶᠢᠨ ᠡᠯᠡᠰᠤᠨ ᠴᠦᠯ ᠤᠨ ᠬᠠᠪᠢ ᠳᠤ ᠬᠢ ᠨᠠᠷᠠᠨ  ᠨᠠᠭᠤᠷ   ᠤᠨ  ᠨᠤᠭᠤ  ᠭᠠᠵᠠᠷ   ᠲᠤ  ᠳᠡᠯᠡᠬᠡᠢ  ᠳ᠋ᠠᠬᠢᠨ   ᠳᠤ ᠬᠤᠪᠤᠷᠬᠠᠨ ᠬᠠᠷᠠᠭᠳᠠᠳᠠᠭ ᠴᠠᠬᠤᠯᠠᠢ ᠰᠢᠪᠠᠭᠤ ᠢᠯᠡᠷᠡᠵᠤ᠂ ᠤᠯᠠᠨ ᠤ ᠠᠩᠬᠠᠷᠤᠯ ᠢ ᠳᠠᠳᠠᠭᠰᠠᠨ ᠪᠠᠶᠢᠨ᠎ᠠ᠃                ᠤᠶᠢᠷ᠎ᠠ ᠶᠢᠨ ᠡᠳᠦᠷ᠂ ᠠᠭᠤᠷ ᠠᠮᠢᠰᠬᠤᠯ ᠳᠤᠯᠠᠭᠠᠷᠠᠵᠤ᠂ ᠡᠪᠡᠰᠤ ᠮᠤᠳᠤ ᠨᠤᠭᠤᠭᠠᠷᠠᠬᠤ ᠶᠢ ᠲᠠᠭᠠᠯᠳᠤᠨ᠂ ᠪᠠᠶᠠᠨᠨᠠᠭᠤᠷ ᠬᠤᠳᠠ ᠶᠢᠨ ᠳ᠋ᠧᠩᠺᠸᠤ ᠰᠢᠶᠡᠨ ᠤ ᠨᠠᠷᠠᠨ ᠨᠠᠭᠤᠷ ᠤᠨ ᠨᠤᠭᠤ ᠭᠠᠵᠠᠷ ᠢᠶᠠᠷ ᠬᠤᠨ ᠭᠠᠯᠠᠭᠤ᠂ ᠬᠠᠷᠭᠢᠷ᠎ᠠ᠂ ᠭᠦᠭᠡ ᠲᠡᠭᠡᠯᠢ᠂ ᠵᠡᠷᠯᠢᠭ ᠨᠤᠭᠤᠰᠤ᠂ ᠴᠠᠬᠤᠯᠠᠢ ᠵᠡᠷᠭᠡ ᠨᠡᠭᠦᠳᠡᠯ ᠤᠨ ᠰᠢᠪᠠᠭᠤᠳ ᠪᠦᠯᠦᠭ ᠪᠦᠯᠦᠭ ᠪᠠᠭᠤᠳᠠᠯᠯᠠᠵᠤ  ᠡᠬᠢᠯᠡᠵᠡᠢ᠃  ᠡᠳᠡᠭᠡᠷ  ᠨᠡᠭᠦᠳᠡᠯ   ᠤᠨ ᠰᠢᠪᠠᠭᠤᠳ ᠤᠨ ᠲᠤᠳᠤᠷ᠎ᠠ ᠳᠡᠯᠡᠬᠡᠢ ᠳᠤ ᠬᠤᠪᠤᠷᠬᠠᠨ ᠬᠠᠷᠠᠭᠳᠠᠳᠠᠭ ᠴᠠᠬᠤᠯᠠᠢ ᠰᠢᠪᠠᠭᠤ 200 ᠪᠠᠭᠤᠭᠰᠠᠨ ᠨᠢ ᠪᠠᠶᠠᠨᠨᠠᠭᠤᠷ ᠤᠨ ᠬᠡᠪᠴᠢᠶᠠᠨ ᠳᠤ ᠪᠤᠯ ᠠᠩᠬ᠎ᠠ ᠤᠳᠠᠭ᠎ᠠ ᠳᠤᠬᠢᠶᠠᠯᠳᠤᠵᠦ ᠪᠠᠶᠢᠭ᠎ᠠ ᠬᠡᠷᠡᠭ ᠶᠤᠮ᠃                ᠪᠠᠶᠠᠨᠨᠠᠭᠤᠷ ᠬᠤᠳᠠ ᠶᠢᠨ ᠳ᠋ᠧᠩᠺᠸᠤ ᠰᠢᠶᠡᠨ ᠳᠤ ᠶᠡᠭᠡ ᠪᠠᠭ᠎ᠠ ᠨᠠᠭᠤᠷ ᠪᠦᠷᠢᠳᠤ100 ᠭᠠᠷᠤᠢ ᠪᠠᠶᠢᠳᠠᠭ   ᠢᠶᠠᠷ   ᠢᠶᠠᠨ ︽ᠨᠠᠭᠤᠷ ᠪᠦᠷᠢᠳᠤ ᠶᠢᠨ ᠨᠤᠳᠤᠭ︾ ᠭᠡᠮᠡᠨ ᠠᠯᠳᠠᠷᠰᠢᠵᠤ᠂ ᠨᠡᠶᠢᠳᠡ 162 ᠭᠡᠰᠡᠭ ᠨᠤᠭᠤ ᠭᠠᠵᠠᠷ ᠨᠢ ᠪᠦᠭᠦ ᠰᠢᠶᠡᠨ ᠤ ᠬᠠᠳᠤᠨ ᠭᠤᠤᠯ ᠳᠠᠭᠠᠤ ᠰᠠᠪᠠ ᠭᠠᠵᠠᠷ ᠢᠶᠠᠷ ᠨᠠᠶᠢᠳᠠᠮ ᠳᠠᠷᠬᠠᠨ᠂ ᠶᠡᠷᠦᠩᠭᠡᠢ ᠲᠠᠯᠠᠪᠠᠢ ᠨᠢ 40 ᠭᠠᠷᠤᠢ ᠲᠦᠮᠡᠨ ᠮᠤ᠋ ᠳᠤ ᠭᠦᠷᠴᠤ᠂ ᠨᠤᠭᠤ ᠭᠠᠵᠠᠷ ᠤᠨ ᠨᠤᠶᠢᠳᠠᠨ ᠴᠢᠬᠢᠭᠯᠢᠭ᠂ ᠴᠡᠪᠡᠷ ᠰᠠᠶᠢᠬᠠᠨ ᠳᠠᠪᠠᠭᠤᠯᠢᠭ ᠤᠷᠴᠢᠨ ᠳᠤᠭᠤᠷᠢᠨ ᠨᠢ  ᠨᠡᠭᠦᠳᠡᠯ   ᠤᠨ  ᠰᠢᠪᠠᠭᠤᠳ   ᠤᠨ ᠤᠷᠤᠰᠢᠨ ᠠᠮᠢᠳᠤᠷᠠᠬᠤ ᠳᠤ ᠤᠬᠢ ᠰᠠᠶᠢᠨ ᠨᠦᠬᠦᠴᠡᠯ  ᠢ  ᠪᠦᠷᠢᠯᠳᠦᠭᠦᠯᠵᠤ  ᠦᠭᠭᠦᠭᠰᠠᠨ  ᠪᠠᠶᠢᠳᠠᠭ᠃  ᠤᠶᠢᠷ᠎ᠠ   ᠶᠢᠨ  ᠵᠢᠯ᠂ ᠪᠠᠶᠠᠨᠨᠠᠭᠤᠷ ᠬᠤᠳᠠ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠨ᠂ ᠤᠯᠠᠭᠠᠨᠪᠤᠬ᠎ᠠ ᠶᠢᠨ ᠡᠯᠡᠰᠤᠨ ᠴᠦᠯ ᠤᠨ ᠤᠷᠤᠨ ᠳᠤ ᠮᠤᠳᠤ ᠳᠠᠷᠢᠵᠤ ᠨᠤᠭᠤᠭᠠᠷᠠᠭᠤᠯᠬᠤ ᠪᠠ ᠨᠤᠭᠤ ᠭᠠᠵᠠᠷ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠬᠦᠴᠦᠯᠡᠴᠡ ᠪᠠᠨ ᠳᠠᠰᠤᠷᠠᠯᠳᠠ ᠦᠬᠡᠢ ᠨᠡᠮᠡᠭᠳᠡᠭᠦᠯᠦᠭᠰᠠᠨ ᠠᠴᠠ ᠠᠳᠡ ᠪᠠᠭᠤᠳᠠᠯᠯᠠᠬᠤ ᠨᠡᠭᠦᠳᠡᠯ ᠤᠨ ᠰᠢᠪᠠᠭᠤᠳ ᠤᠨ ᠲᠦᠷᠦᠯ ᠨᠢ ᠤᠤᠯ ᠤᠨ 40 ᠭᠠᠷᠤᠢ ᠪᠠᠶᠢᠭᠰᠠᠨ ᠠᠴᠠ ᠪᠠᠨ ᠨᠡᠮᠡᠭᠳᠡᠭᠡᠳ ᠤᠳᠤ 80 ᠭᠠᠷᠤᠢ ᠳᠤ ᠬᠦᠷᠴᠠᠢ᠃  ᠬᠠᠪᠤᠷ   ᠠᠴᠠ  ᠨᠠᠭᠠᠰᠢ᠂  ᠳ᠋ᠧᠩᠺᠸᠤ ᠰᠢᠶᠡᠨ ᠤ ᠬᠠᠳᠤᠨ ᠭᠤᠤᠯ ᠳᠠᠭᠠᠤ ᠳᠤ ᠬᠢ ᠨᠤᠭᠤ ᠭᠠᠵᠠᠷ ᠢᠶᠠᠷ ᠪᠠᠭᠤᠳᠠᠯᠯᠠᠭᠰᠠᠨ ᠨᠡᠭᠦᠳᠡᠯ  ᠤᠨ ᠰᠢᠪᠠᠭᠤᠳ ᠨᠢ ᠦᠩᠭᠡᠷᠡᠭᠰᠡᠨ ᠵᠢᠯ ᠤᠨ ᠬᠢ ᠠᠴᠠ 7 ᠡᠳᠤᠷ ᠤᠷᠢᠳᠴᠢᠯᠠᠭᠰᠠᠨ ᠪᠦᠭᠡᠳ  ᠬᠤᠪᠤᠷ  ᠴᠤᠬᠠᠭ  ᠰᠢᠪᠠᠭᠤᠨ   ᠤ  ᠳᠦᠷᠦᠯ  ᠶᠠᠪᠤᠬᠤ  ᠳᠤᠳᠤᠮ ᠤᠯᠠᠰᠢᠷᠠᠵᠤ ᠢᠷᠡᠭᠰᠠᠨ ᠪᠠᠶᠢᠨ᠎ᠠ᠃              ᠤᠶᠢᠯᠠᠭᠠᠭᠰᠠᠨ ᠢᠶᠠᠷ᠂ ᠴᠠᠬᠤᠯᠠᠢ ᠪᠤᠯ ᠤᠯᠤᠰ ᠤᠨ ᠨᠢᠭᠡᠳᠦᠭᠡᠷ ᠳᠡᠰ   ᠤᠨ  ᠬᠠᠮᠠᠭᠠᠯᠠᠯᠳᠠ   ᠶᠢᠨ  ᠰᠢᠪᠠᠭᠤ  ᠪᠤᠯᠬᠤ ᠪᠦᠭᠡᠳ ᠳᠡᠭᠡᠷ᠎ᠡ ᠵᠠᠭᠤᠨ ᠤ ᠳᠠᠯᠠᠭᠠᠳ ᠤᠨ ᠤ ᠦᠶ᠎ᠡ ᠶᠢᠨ ᠪᠦᠷᠢᠳᠭᠡᠯ ᠳᠤ  ᠳᠦᠩᠭᠡᠵᠢ  ᠳᠦᠮᠡ  ᠰᠢᠬᠠᠮ   ᠳᠤ  ᠬᠦᠷᠴᠤ᠂ ᠲᠡᠯᠡᠭᠡᠢ ᠲᠡᠭᠡᠷ᠎ᠡ ᠤᠰᠠᠳᠤᠮᠠᠷ ᠪᠠᠶᠢᠭ᠎ᠠ ᠰᠢᠪᠠᠭᠤᠨ   ᠤ  ᠳᠦᠷᠦᠯ   ᠳᠤ  ᠵᠢᠭᠰᠠᠭᠠᠭᠳᠠᠭᠰᠠᠨ  ᠪᠠᠶᠢᠨ᠎ᠠ᠃  ᠳᠡᠭᠡᠷ᠎ᠡ  ᠵᠠᠭᠤᠨ   ᠤ ᠨᠠᠶᠠᠭᠠᠳ‌ᠤᠨ ᠤ ᠰᠡᠭᠦᠯᠴᠢ ᠪᠠᠷ ᠤᠷᠳᠤᠰ ᠤᠨ ᠦᠨᠳᠦᠷᠯᠢᠭ ᠲᠤ ᠨᠡᠯᠢᠶᠡᠳ ᠤᠯᠠᠨ  ᠴᠠᠬᠤᠯᠠᠢ   ᠶᠢᠨ  ᠰᠦᠷᠦᠭ   ᠢ  ᠤᠯᠵᠤ ᠢᠯᠡᠷᠡᠭᠦᠯᠦᠭᠰᠠᠨ ᠠᠴᠠ ᠬᠤᠶᠢᠰᠢ ᠰᠠᠶ᠋ᠢ ᠤᠰᠠᠳᠬᠤ ᠠᠶᠤᠯ ᠲᠠᠢ  ᠰᠢᠪᠠᠭᠤᠨ   ᠤ  ᠳᠦᠷᠦᠯ   ᠠᠴᠠ   ᠪᠠᠨ  ᠬᠢᠯᠪᠡᠷ  ᠤᠰᠠᠳᠬᠤ ᠰᠢᠪᠠᠭᠤᠨ ᠤ ᠳᠦᠷᠦᠯ ᠳᠤ ᠵᠢᠭᠰᠠᠭᠠᠭᠳᠠᠵᠤ᠂ ᠤᠯᠠᠨ ᠤᠯᠤᠰ ᠤᠨ ᠠᠮᠢᠳᠠᠨ ᠢ ᠬᠠᠮᠠᠭᠠᠯᠠᠬᠤ ᠵᠤᠬᠢᠶᠠᠨ  ᠪᠠᠶᠢᠭᠤᠯᠤᠯᠳᠠ  ᠪᠤᠯᠤᠨ ᠤᠯᠤᠰ ᠤᠨ ᠳᠤᠳᠤᠭᠠᠳᠤ ᠶᠢᠨ ᠰᠢᠪᠠᠭᠤᠨ ᠤ ᠳᠦᠷᠦᠯ ᠤᠨ ᠰᠤᠳᠤᠯᠭᠠᠳᠠᠳ ᠤᠨ ᠭᠦᠨ ᠠᠩᠬᠠᠷᠤᠯ ᠢ  ᠳᠠᠳᠠᠭᠰᠠᠭᠠᠷ  ᠢᠷᠡᠭᠰᠠᠨ ᠪᠠᠶᠢᠨ᠎ᠠ᠃                        ᠤᠳᠤ᠂ ᠡᠳᠡᠭᠡᠷ ᠬᠤᠪᠤᠷ ᠴᠤᠬᠠᠭ ᠰᠢᠪᠠᠭᠤᠳ ᠢ ᠪᠦᠳᠦᠮᠵᠢᠳᠡᠢ ᠰᠠᠶᠢᠨ ᠬᠠᠮᠠᠭᠠᠯᠠᠬᠤ ᠶᠢᠨ  ᠳᠦᠯᠦᠭᠡ᠂  ᠪᠠᠶᠠᠨᠨᠠᠭᠤᠷ ᠬᠤᠳᠠ ᠶᠢᠨ ᠳ᠋ᠧᠩᠺᠸᠤ ᠰᠢᠶᠡᠨ ᠤ ᠤᠢ ᠰᠢᠭᠤᠢ ᠶᠢᠨ ᠲᠤᠳᠤᠭᠠᠳᠤ ᠶᠢ  ᠬᠠᠮᠠᠭᠠᠯᠠᠬᠤ  ᠲᠤᠪᠴᠢᠶ᠎ᠠ   ᠨᠢ  ᠲᠤᠰᠬᠠᠢ  ᠴᠠᠭᠳᠠᠭ᠎ᠠ ᠲᠤᠮᠢᠯᠠᠨ᠂ ᠬᠠᠳᠤᠨ ᠭᠤᠤᠯ ᠤᠨ ᠨᠤᠭᠤ ᠭᠠᠵᠠᠷ ᠳᠠᠭᠠᠤ ᠲᠤᠭᠳᠠᠮᠠᠯ ᠪᠤᠰᠤ ᠬᠤᠭᠤᠴᠠᠭ᠎ᠠ   ᠲᠠᠢ   ᠪᠠᠷ  ᠴᠠᠭᠳᠠᠨ  ᠪᠠᠶᠢᠴᠠᠭᠠᠵᠤ᠂ ᠬᠠᠤᠯᠢ ᠪᠤᠰᠤ ᠡᠳᠡᠭᠡᠳ ᠤᠨ ᠲᠤᠷ᠎ᠠ ᠪᠠᠷ ᠢᠶᠠᠨ ᠨᠡᠭᠦᠳᠡᠯ ᠤᠨ ᠰᠢᠪᠠᠭᠤ ᠶᠢ ᠠᠯᠠᠵᠤ ᠠᠩᠨᠠᠬᠤ ᠠᠴᠠ ᠰᠡᠷᠭᠡᠶᠢᠯᠡᠨ᠂ ᠳᠤᠭᠳᠠᠭᠰᠠᠨ ᠬᠤᠭᠤᠴᠠᠭ᠎ᠠ ᠲᠠᠢ ᠪᠠᠷ ᠨᠠᠭᠤᠷ ᠤᠨ ᠡᠷᠬᠢ ᠳᠠᠭᠠᠤ ᠢᠳᠡᠰᠢ ᠬᠠᠶᠠᠵᠤ ᠦᠭᠭᠦᠨ᠂ ᠰᠢᠪᠠᠭᠤᠳ ᠢ ᠪᠦᠬᠦ ᠳᠠᠯ᠎ᠠ ᠪᠠᠷ  ᠬᠠᠮᠠᠭᠠᠯᠠᠵᠤ ᠪᠠᠶᠢᠨ᠎ᠠ᠃  
                        ᠵᠤᠬᠢᠶᠠᠭᠴᠢ᠄ ᠡᠷᠳᠡᠨᠢᠴᠢᠮᠡᠭ                     ᠪᠡᠯᠡᠳᠭᠡᠭᠰᠡᠨ ᠨᠢ᠄ ᠢᠷᠭᠤᠢ                                              
 
ᠢᠷᠡᠯᠲᠡ᠄ ᠲᠥᠪ ᠲᠧᠯᠸᠢᠰ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2