ᠡᠳᠤᠷ ᠪᠦᠷᠢ ᠨᠢᠭᠡ ᠴᠠᠭ ᠬᠦᠨ ᠪᠤᠲᠤᠯᠭᠠᠰᠢᠷᠠᠪᠠᠯ ᠲᠠᠷᠢᠬᠢ ᠮᠤᠨᠤᠬᠤ ᠶᠢ  ᠪᠦᠲᠦᠮᠵᠢᠲᠠᠢ ᠨᠠᠮᠳᠠᠭᠠᠵᠤ ᠲᠡᠶᠢᠯᠦᠨ᠎ᠡ
ᠨᠡᠶᠢᠲᠡᠯᠡᠭᠰᠡᠨ ᠴᠠᠭ᠄
2018/4/20
     ᠠᠮᠧᠷᠢᠺᠠ ᠶᠢᠨ ᠤᠶᠢᠷ᠎ᠠ ᠳᠤ ᠬᠢᠭᠰᠡᠨ ᠨᠢᠭᠡᠨ ᠰᠢᠨ᠎ᠡ ᠰᠤᠳᠤᠯᠭᠠᠨ ᠠᠴᠠ ᠦᠵᠡᠪᠡᠯ᠂ ᠡᠳᠤᠷ ᠪᠦᠷᠢ ᠨᠢᠭᠡ ᠴᠠᠭ ᠬᠦᠨ ᠪᠤᠲᠤᠯᠭᠠᠰᠢᠷᠠᠪᠠᠯ ᠲᠠᠷᠢᠬᠢ ᠮᠤᠨᠤᠬᠤ ᠶᠢ ᠪᠦᠲᠦᠮᠵᠢᠲᠠᠢ ᠨᠠᠮᠳᠠᠭᠠᠵᠤ᠂ ᠨᠠᠰᠤ ᠠᠬᠢᠬᠤ ᠲᠤᠳᠤᠮ  ᠰᠡᠳᠬᠢᠬᠦᠢ  ᠤᠯᠠᠮ  ᠬᠤᠷᠴᠠ ᠰᠡᠷᠭᠡᠭ ᠪᠤᠯᠤᠨ᠎ᠠ᠃              ᠠᠮᠧᠷᠢᠺᠠ ᠶᠢᠨ ᠺᠠᠯᠢᠹᠤᠷᠨᠢᠶ᠎ᠠ ᠵᠸᠤ ᠶᠢᠨ ᠶᠡᠭᠡ ᠰᠤᠷᠭᠠᠭᠤᠯᠢ ᠶᠢᠨ ᠳ᠋ᠠᠸᠢᠰ ᠬᠤᠪᠢᠶᠠᠷᠢ ᠰᠤᠷᠭᠠᠭᠤᠯᠢ   ᠶᠢᠨ  ᠰᠢᠨᠵᠢᠯᠡᠬᠦ ᠤᠬᠠᠭᠠᠨ ᠤ ᠰᠤᠳᠤᠯᠭᠠᠨ ᠤ ᠲᠤᠭᠤᠶᠢᠯᠠᠩ 2011 ᠤᠨ ᠳᠤ ᠬᠦᠨ ᠪᠤᠲᠤᠯᠭᠠᠰᠢᠷᠠᠬᠤ ᠲᠤᠬᠠᠢ ᠨᠢᠭᠡᠨ ᠰᠤᠳᠤᠯᠭᠠᠨ ᠬᠢᠵᠠᠢ᠃ ᠠᠮᠧᠷᠢᠺᠠ ᠶᠢᠨ ᠬᠦᠨ ᠪᠤᠲᠤᠯᠭᠠᠰᠢᠷᠠᠬᠤ ᠲᠦᠪ ᠲᠤ᠂ ᠰᠤᠳᠤᠯᠭᠠᠳᠠᠳ ᠢᠳᠡᠷ ᠦᠳᠡᠯᠦᠭᠡ ᠨᠠᠰᠤᠨ ᠤ 60 ᠰᠠᠶᠢᠨ ᠲᠤᠷᠠᠴᠢᠨ ᠢ 3 ᠰᠠᠷ᠎ᠠ ᠶᠢᠨ ᠬᠤᠭᠤᠴᠠᠭ᠎ᠠ ᠲᠠᠢ ᠬᠦᠨ ᠪᠤᠲᠤᠯᠭᠠᠰᠢᠷᠠᠬᠤ ᠪᠤᠯᠪᠠᠰᠤᠷᠠᠯ ᠳᠤ ᠤᠷᠤᠯᠴᠠᠭᠤᠯᠵᠤ᠂ ᠲᠡᠳᠡᠨ ᠤ ᠲᠠᠨᠢᠨ  ᠮᠡᠳᠡᠬᠦᠢ ᠶᠢᠨ ᠴᠢᠳᠠᠪᠤᠷᠢ ᠶᠢᠨ ᠲᠡᠭᠡᠭᠰᠢᠯᠡᠯᠲᠡ ᠳᠤ ᠦᠨᠡᠯᠡᠯᠲᠡ ᠬᠢᠭᠰᠡᠨ ᠪᠠᠶᠢᠨ᠎ᠠ᠃ ᠲᠤᠰ ᠪᠤᠯᠪᠠᠰᠤᠷᠠᠯ   ᠳᠤ  ᠤᠷᠤᠯᠴᠠᠭᠰᠠᠳ ᠬᠡᠯᠡᠬᠦ ᠳᠡᠭᠡᠨ᠂ ᠬᠦᠨ ᠪᠤᠲᠤᠯᠭᠠᠰᠢᠷᠠᠬᠤ ᠪᠤᠯᠪᠠᠰᠤᠷᠠᠯ ᠳᠤ ᠤᠷᠤᠬᠤ ᠪᠠᠷ ᠲᠠᠮᠵᠢᠨ ᠲᠡᠳᠡ  ᠠᠰᠠᠭᠤᠳᠠᠯ   ᠳᠤ  ᠲᠠᠶᠢᠪᠤᠭᠤ  ᠬᠠᠨᠳᠤᠵᠤ ᠰᠤᠷᠤᠭᠰᠠᠨ ᠪᠦᠭᠡᠳ ᠦᠷᠦᠪᠴᠢ ᠰᠡᠳᠬᠢᠯ᠂ ᠪᠤᠰᠤᠳ ᠢ ᠬᠠᠶᠢᠷᠠᠯᠠᠬᠤ ᠰᠡᠳᠬᠢᠯ ᠪᠠ ᠠᠰᠪᠤᠷᠢ ᠴᠠᠭᠠᠪᠤᠷ ᠵᠠᠩ   ᠲᠠᠢ  ᠪᠤᠯᠵᠤ᠂ ᠪᠤᠯᠪᠠᠰᠤᠷᠠᠯ ᠲᠠᠭᠤᠰᠤᠭᠰᠠᠨ ᠴᠦ ᠬᠦᠨ ᠪᠤᠲᠤᠯᠭᠠᠰᠢᠷᠠᠬᠤ ᠲᠠᠳᠬᠠᠯ ᠢᠶᠠᠨ ᠪᠠᠷᠢᠮᠲᠠᠯᠠᠨ᠎ᠠ ᠭᠡᠵᠠᠢ᠃              7  ᠵᠢᠯ   ᠤᠨ  ᠲᠠᠷᠠᠭ᠎ᠠ᠂  ᠰᠤᠳᠤᠯᠭᠠᠲᠠᠳ  ᠲᠡᠳᠡᠨ   ᠤ  ᠲᠤᠳᠤᠷᠠᠬᠢ  40  ᠰᠠᠶᠢᠨ  ᠲᠤᠷᠠᠴᠢᠨ   ᠢ  ᠲᠠᠬᠢᠨᠲᠠ ᠰᠤᠷᠪᠤᠯᠵᠢᠯᠠᠭᠰᠠᠨ ᠪᠠᠶᠢᠨ᠎ᠠ᠃ ᠰᠤᠷᠪᠤᠯᠵᠢᠯᠠᠭ᠎ᠠ ᠶᠢᠨ ᠳ᠋ᠦᠩ ᠳᠤ᠂ 85% ᠶᠢᠨ ᠤᠷᠤᠯᠴᠠᠭᠴᠢ ᠡᠨᠡ  ᠬᠦ  ᠰᠠᠶᠢᠨ  ᠲᠠᠳᠬᠠᠯ ᠢᠶᠠᠨ ᠪᠠᠷᠢᠮᠲᠠᠯᠠᠵᠤ᠂ ᠡᠳᠤᠷ ᠪᠦᠷᠢ 1 ᠴᠠᠭ ᠠᠴᠠ ᠢᠯᠡᠬᠦᠦ ᠬᠦᠨ ᠪᠤᠲᠤᠯᠭᠠᠰᠢᠷᠠᠲᠠᠭ ᠪᠦᠭᠡᠳ ᠠᠳᠠᠭ ᠲᠠᠭᠠᠨ ᠨᠢᠭᠡ ᠤᠳᠠᠭ᠎ᠠ ᠬᠦᠨ ᠪᠤᠲᠤᠯᠭᠠᠰᠢᠷᠠᠵᠤ ᠪᠢᠰᠢᠯᠭᠠᠯ ᠬᠢᠬᠦ ᠠᠵᠢᠯᠯᠠᠭ᠎ᠠ ᠳᠤ ᠤᠷᠤᠯᠴᠠᠵᠤ ᠦᠩᠭᠡᠷᠡᠵᠠᠢ᠃ ᠰᠤᠳᠤᠯᠭᠠᠲᠠᠳ ᠲᠡᠳᠡᠨ   ᠤ  ᠲᠤᠰᠬᠠᠯ ᠤᠨ ᠬᠤᠷᠳᠤᠴᠠ ᠪᠠ ᠠᠩᠬᠠᠷᠤᠯ ᠤᠨ ᠴᠢᠳᠠᠪᠤᠷᠢ   ᠶᠢ  ᠲᠠᠬᠢᠨᠲᠠ  ᠦᠨᠡᠯᠡᠬᠦ   ᠪᠠᠷ  ᠲᠠᠮᠵᠢᠨ᠂  ᠬᠦᠨ  ᠪᠤᠲᠤᠯᠭᠠᠰᠢᠷᠠᠬᠤ   ᠶᠢ ᠪᠠᠷᠢᠮᠲᠠᠯᠠᠭᠰᠠᠳ ᠤᠨ ᠠᠩᠬᠠᠷᠤᠯ ᠲᠦᠪᠯᠡᠷᠡᠬᠦᠯᠬᠦ ᠲᠠᠭᠠᠭᠠᠮᠠᠭᠠᠢ ᠴᠢᠳᠠᠪᠤᠷᠢ ᠨᠢ ᠨᠠᠰᠤ ᠠᠬᠢᠬᠤ ᠶᠢ ᠲᠠᠭᠠᠨ ᠪᠠᠭᠤᠷᠠᠭᠰᠠᠨ  ᠦᠭᠡᠢ ᠭᠡᠳᠡᠭ ᠢ ᠤᠯᠵᠤ ᠮᠡᠳᠡᠭᠰᠡᠨ ᠪᠠᠶᠢᠨ᠎ᠠ᠃              ᠰᠤᠳᠤᠯᠭᠠᠲᠠᠳ ᠤᠨ ᠬᠡᠯᠡᠬᠦ ᠪᠠᠷ᠂ ᠬᠦᠨ ᠪᠤᠲᠤᠯᠭᠠᠰᠢᠷᠠᠬᠤ ᠨᠢ ᠲᠠᠷᠢᠬᠢᠨ ᠤ  ᠴᠠᠬᠢᠯᠭᠠᠨ  ᠲᠤᠯᠬᠢᠶᠠᠨ   ᠢ  ᠲᠦᠷᠭᠡᠨ ᠵᠤᠬᠢᠴᠠᠭᠤᠯᠵᠤ᠂ ᠰᠡᠳᠬᠢᠬᠦᠢ ᠶᠢ ᠨᠦᠯᠦᠭᠡᠯᠡᠳᠡᠭ ᠬᠦᠴᠦᠨ ᠵᠦᠢᠯ ᠢ ᠠᠷᠢᠯᠭᠠᠨ᠂  ᠠᠩᠬᠠᠷᠤᠯ  ᠲᠦᠪᠯᠡᠷᠡᠬᠦᠯᠬᠦ  ᠦᠷᠭᠡᠴᠡ   ᠶᠢ ᠲᠡᠭᠡᠭᠰᠢᠯᠡᠬᠦᠯᠳᠡᠭ ᠮᠦᠷᠲᠡᠭᠡᠨ ᠦᠷᠬᠦᠯᠵᠢ ᠬᠦᠨ ᠪᠤᠲᠤᠯᠭᠠᠰᠢᠷᠠᠲᠠᠭ ᠬᠦᠮᠦᠨ ᠤ ᠲᠠᠷᠢᠬᠢᠨ ᠤ ᠪᠦᠷᠬᠦᠪᠴᠢ ᠶᠢᠨ ᠠᠳᠤᠷᠢᠶ᠎ᠠ   ᠨᠢ ᠨᠡᠩ ᠪᠤᠳᠤᠯᠢᠶᠠᠨᠲᠠᠢ᠂ ᠮᠡᠳᠡᠭᠡ ᠵᠠᠩᠬᠢ ᠰᠢᠢᠳᠪᠤᠷᠢᠯᠡᠬᠦ ᠬᠤᠷᠳᠤᠴᠠ  ᠨᠢ ᠨᠡᠩ  ᠲᠦᠷᠭᠡᠨ  ᠪᠤᠯᠵᠤ᠂  ᠴᠡᠭᠡᠵᠢᠯᠡᠬᠦ  ᠴᠢᠳᠠᠪᠤᠷᠢ᠂ ᠠᠩᠬᠠᠷᠤᠯ ᠲᠦᠪᠯᠡᠷᠡᠬᠦᠯᠬᠦ ᠴᠢᠳᠠᠪᠤᠷᠢ ᠪᠠ ᠰᠡᠳᠬᠢᠬᠦᠢ  ᠶᠢᠨ ᠴᠢᠳᠠᠪᠤᠷᠢ ᠨᠢ ᠰᠠᠶᠢᠵᠢᠷᠠᠳᠠᠭ ᠭᠡᠰᠡᠨ ᠢ ᠢ ᠤᠷᠢᠳᠤᠬᠢ  ᠰᠤᠳᠤᠯᠭᠠᠨ ᠨᠢᠭᠡᠨᠲᠡ ᠲᠤᠳᠤᠷᠬᠠᠶᠢᠯᠠᠪᠠ᠃ ᠲᠤᠰ ᠤᠳᠠᠭᠠᠨ ᠤ ᠰᠢᠨ᠎ᠡ ᠢᠯᠡᠷᠡᠬᠦᠯᠦᠯᠲᠡ ᠨᠢ ᠲᠡᠭᠡᠷᠡᠬᠢ ᠰᠤᠳᠤᠯᠭᠠᠨ ᠤ ᠰᠠᠭᠤᠷᠢᠨ  ᠲᠡᠭᠡᠷ᠎ᠡ᠂ ᠬᠦᠨ ᠪᠤᠲᠤᠯᠭᠠᠰᠢᠷᠠᠬᠤ  ᠶᠢ ᠪᠠᠷᠢᠮᠲᠠᠯᠠᠬᠤ ᠨᠢ ᠢᠳᠡᠷ ᠦᠳᠡᠯᠦᠭᠡ ᠨᠠᠰᠤᠨ ᠤ ᠬᠦᠮᠦᠰ ᠤᠨ  ᠰᠡᠳᠬᠢᠬᠦᠢ   ᠶᠢᠨ  ᠴᠢᠳᠠᠪᠤᠷᠢ   ᠶᠢ ᠲᠠᠰᠤᠷᠠᠯᠲᠠ ᠦᠭᠡᠢ ᠰᠠᠶᠢᠵᠢᠷᠠᠭᠤᠯᠵᠤ᠂ ᠦᠳᠡᠯᠬᠦ ᠶᠢ ᠪᠦᠲᠦᠮᠵᠢᠲᠠᠢ  ᠬᠤᠷᠢᠭᠯᠠᠵᠤ  ᠲᠡᠶᠢᠯᠦᠨ᠎ᠡ  ᠭᠡᠳᠡᠭ   ᠢ  ᠭᠡᠷᠡᠴᠢᠯᠡᠵᠠᠢ᠃ ᠰᠤᠳᠤᠯᠭᠠᠲᠠᠳ ᠬᠠᠮᠢᠶ᠎ᠠ ᠪᠦᠬᠦᠢ ᠰᠤᠳᠤᠯᠭᠠᠨ ᠢᠶᠠᠨ ᠦᠷᠬᠦᠯᠵᠢᠯᠡᠨ ᠬᠢᠨ᠎ᠡ ᠭᠡᠵᠠᠢ᠃                                                                ᠪᠡᠯᠡᠳᠭᠡᠭᠰᠡᠨ ᠨᠢ᠄ ᠢᠷᠭᠤᠢ                    
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2