ᠮᠠᠯᠴᠢᠨ ᠡᠷᠳᠡᠨᠢ ᠮᠤᠩᠭᠤᠯ ᠤᠯᠤᠰ ᠤᠨ ︽ᠤᠯᠢᠮᠫᠢᠺ ᠤᠨ ᠠᠯᠳᠠᠷ︾ ᠤᠳᠤᠨ ᠮᠧᠳᠠᠯ ᠢ ᠬᠥᠷᠲᠡᠪᠡ
ᠨᠡᠶᠢᠲᠡᠯᠡᠭᠰᠡᠨ ᠴᠠᠭ᠄
2018/4/24
     2018 ᠤᠨ ᠤ 4 ᠰᠠᠷ᠎ᠠ ᠶᠢᠨ 19 ᠤ ᠡᠳᠥᠷ᠂ ᠳᠥᠷᠪᠡᠳ ᠬᠤᠰᠢᠭᠤᠨ ᠤ ᠮᠠᠯᠴᠢᠨ ᠡᠷᠳᠡᠨᠢ ᠳᠤ  ᠮᠤᠩᠭᠤᠯ ᠤᠯᠤᠰ ᠤᠨ ᠤᠯᠢᠮᠫᠢᠺ ᠤᠨ ᠵᠥᠪᠯᠡᠯ ᠠᠴᠠ ︽ᠤᠯᠢᠮᠫᠢᠺ ᠤᠨ ᠠᠯᠳᠠᠷ︾ ᠭᠡᠬᠦ ᠤᠳᠤᠨ ᠮᠧᠳᠠᠯ ᠢ  ᠭᠠᠷᠳᠠᠭᠤᠯᠪᠠ᠃  
     
           ᠮᠠᠯᠴᠢᠨ ᠵᠠᠯᠠᠭᠤ ᠡᠷᠳᠡᠨᠢ 2008 ᠤᠨ ᠠᠴᠠ ᠡᠬᠢᠯᠡᠨ ᠮᠤᠩᠭᠤᠯ ᠤᠯᠤᠰ ᠤᠨ ᠪᠡᠶ᠎ᠡ ᠶᠢᠨ ᠲᠠᠮᠢᠷ ᠤᠨ ᠡᠲᠡᠭᠡᠳ ᠲᠠᠢ ᠨᠥᠬᠦᠷᠰᠡᠭ ᠬᠠᠷᠢᠴᠠᠭ᠎ᠠ ᠪᠠᠶᠢᠭᠤᠯᠵᠤ᠂ ᠳᠤᠮᠳᠠᠲᠥ ᠮᠤᠩᠭᠤᠯ ᠬᠤᠶᠠᠷ ᠤᠯᠤᠰ ᠤᠨ ᠬᠤᠭᠤᠷᠤᠨᠳᠥ ᠤᠯᠠᠨ ᠤᠳᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠤᠬᠢᠶᠠᠨ ᠪᠠᠶᠢᠭᠤᠯᠬᠤ ᠠᠵᠢᠯ ᠳᠤ ᠢᠳᠡᠪᠬᠢᠯᠡᠨ ᠵᠢᠳᠬᠦᠵᠤ ᠶᠠᠪᠤᠵᠠᠢ᠃ ᠡᠨᠡ ᠤᠳᠠᠭ᠎ᠠ ᠮᠤᠩᠭᠤᠯ ᠤᠯᠤᠰ ᠤᠨ ᠤᠯᠢᠮᠫᠢᠺ ᠤᠨ ᠵᠥᠪᠯᠡᠯ ᠠᠴᠠ ᠡᠷᠳᠡᠨᠢ ᠶᠢᠨ ᠠᠷᠪᠠᠭᠠᠳ ᠵᠢᠯ ᠤᠨ ᠨᠥᠷᠢ ᠬᠥᠳᠡᠯᠮᠥᠷᠢ ᠶᠢᠨ ᠬᠠᠷᠢᠭᠤ᠂ ᠬᠤᠶᠠᠷ ᠤᠷᠤᠨ ᠤ ᠨᠥᠬᠦᠷᠰᠡᠭ ᠬᠠᠷᠢᠯᠴᠠᠭ᠎ᠠ᠂ ᠤᠯᠢᠮᠫᠢᠺ ᠤᠨ ᠬᠥᠳᠡᠯᠭᠡᠭᠡᠨ ᠢ ᠰᠤᠷᠲᠠᠯᠴᠢᠯᠠᠨ ᠳᠡᠯᠭᠡᠷᠡᠭᠦᠯᠬᠦ ᠲᠠᠯ᠎ᠠ ᠪᠠᠷ ᠢᠳᠡᠪᠬᠢᠲᠡᠢ ᠠᠵᠢᠯᠯᠠᠵᠤ᠂ ᠤᠯᠢᠮᠫᠢᠺ ᠤᠨ ᠪᠡᠶ᠎ᠡ ᠶᠢᠨ ᠲᠠᠮᠢᠷ ᠤᠨ ᠥᠢᠯᠡᠰ ᠲᠤ ᠤᠷᠤᠭᠤᠯᠤᠭᠰᠠᠨ ᠬᠤᠪᠢ ᠨᠡᠮᠡᠷᠢ ᠶᠢ ᠥᠨᠳᠥᠷ ᠥᠨᠡᠯᠡᠭᠰᠡᠨ ᠪᠠᠶᠢᠨ᠎ᠠ᠃
         ᠮᠤᠩᠭᠤᠯ ᠤᠯᠤᠰ ᠤᠨ ᠤᠯᠢᠮᠫᠢᠺ ᠤᠨ ᠵᠥᠪᠯᠡᠯ ᠠᠴᠠ ᠪᠡᠶ᠎ᠡ ᠶᠢᠨ ᠲᠠᠮᠢᠷ ᠤᠷᠠᠯᠢᠭ ᠤᠨ ᠥᠢᠯᠡᠰ ᠲᠤ ᠬᠥᠴᠥᠨ ᠵᠢᠳᠬᠦᠵᠤ᠂ ᠠᠵᠢᠯ ᠠᠮᠢᠳᠤᠷᠠᠯ ᠢᠶᠠᠨ ᠵᠤᠷᠢᠭᠤᠯᠤᠭᠰᠠᠨ ᠮᠤᠩᠭᠤᠯ ᠤᠯᠤᠰ ᠤᠨ ᠢᠷᠭᠡᠨ ᠪᠠ ᠨᠥᠬᠦᠷᠰᠡᠭ ᠬᠤᠯᠪᠤᠭ᠎ᠠ ᠲᠠᠢ ᠤᠯᠤᠰ ᠭᠥᠷᠥᠨ ᠤ ᠢᠷᠭᠡᠨ ᠢ ᠲᠤᠰ ᠤᠳᠤᠨ ᠮᠧᠳᠠᠯ ᠢᠶᠠᠷ ᠱᠠᠩᠨᠠᠵᠤ ᠵᠤᠷᠢᠭᠵᠢᠭᠤᠯᠳᠠᠭ ᠪᠠᠶᠢᠨ᠎ᠠ᠃ ᠮᠤᠩᠭᠤᠯ ᠤᠯᠤᠰ ᠤᠨ ᠲᠥᠪᠰᠢᠨᠪᠠᠶᠠᠷ᠂ ᠬᠥᠨᠳᠡᠭᠮ᠎ᠡ ᠵᠡᠷᠭᠡ ᠨᠡᠷᠡᠲᠥ ᠲᠠᠮᠢᠷᠴᠢᠨ ᠲᠤᠰ ᠢᠷᠠᠭᠤ ᠠᠯᠳᠠᠷ ᠢ ᠬᠥᠷᠲᠡᠵᠤ ᠥᠩᠭᠡᠷᠡᠪᠡ᠃ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠴᠠᠭᠠᠨᠪᠤᠯᠠᠭ ᠰᠤᠮᠤᠨ ᠤ ᠤᠪᠤᠭᠠᠲᠦ ᠭᠠᠴᠭᠠᠠᠨ ᠤ ᠳᠡᠳ᠋ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠭ᠎ᠠ ᠮᠠᠯᠴᠢᠨ ᠵᠠᠯᠠᠭᠤ ᠡᠷᠳᠡᠨᠢ ᠪᠤᠯ ᠮᠠᠨ ᠤ ᠤᠷᠤᠨ ᠤ ᠲᠤᠰ ᠢᠷᠠᠭᠤ ᠠᠯᠳᠠᠷ ᠢ ᠭᠦᠷᠳᠡᠭᠰᠡᠨ ᠬᠤᠶᠠᠳᠠᠬᠢ ᠬᠥᠮᠥᠨ ᠪᠤᠯᠤᠨ᠎ᠠ᠃
                                                             ᠵᠣᠬᠢᠶᠠᠭᠴᠢ᠄  ᠠᠯᠲᠠᠨᠰᠦ᠋ᠭᠡ                                                              ᠪᠡᠯᠡᠳᠭᠡᠭᠰᠡᠨ ᠨᠢ᠄ ᠢᠷᠭᠤᠢ    
 
ᠢᠷᠡᠯᠲᠡ᠄ ᠤᠯᠠᠭᠠᠨᠴᠠᠪ ᠮᠤᠩᠭᠤᠯ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2