︽ᠲᠤᠭᠴᠢ ᠬᠤᠨᠳᠠᠭᠠᠲᠤ︾ ᠬᠠᠨᠳᠢᠪ ᠤᠨ ᠤᠷᠤᠯᠳᠤᠭᠠᠨ ᠳᠦᠷᠪᠡᠳ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2018/4/26
     4 ᠰᠠᠷ ᠎ᠠ ᠶᠢᠨ 21 ᠤ ᠡᠳᠦᠷ᠂ ︽ᠲᠤᠭᠴᠢ ᠬᠤᠨᠳᠠᠭᠠᠲᠤ︾ ᠬᠠᠨᠳᠢᠪ ᠤᠨ ᠤᠷᠤᠯᠳᠤᠭᠠᠨ ᠳᠦᠷᠪᠡᠳ ᠬᠤᠰᠢᠭᠤᠨ ᠤ ᠮᠤᠩᠭᠤᠯ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠦᠪᠡᠷᠲᠡᠭᠡᠨ ᠵᠠᠰᠠᠬᠤ ᠤᠷᠤᠨ ᠤ ᠬᠦᠯ ᠪᠦᠮᠪᠦᠬᠡᠨ ᠤ ᠨᠡᠶᠢᠬᠡᠮᠯᠢᠭ ᠤᠨ ᠨᠢᠬᠡᠳᠦᠬᠡᠷ ᠬᠤᠭᠤᠴᠠᠭᠠᠨ ᠤ ᠲᠦᠯᠦᠬᠡᠯᠡᠭᠴᠢᠳ ᠤᠨ ᠬᠤᠷᠠᠯ ᠵᠢᠴᠢ ᠳᠦᠷᠪᠡᠳ ᠬᠤᠰᠢᠭᠤᠨ ᠤ ᠪᠡᠶ᠎ᠡ ᠲᠠᠮᠢᠷ ᠤᠨ ᠠᠵᠢᠯ ᠤᠨ ᠬᠤᠷᠠᠯ ᠤᠨ ᠵᠤᠷᠢᠭ ᠰᠠᠨᠠᠭᠠᠨ ᠤ ᠱᠠᠭᠠᠷᠳᠠᠯᠭ᠎ᠠ ᠪᠠᠷ᠂ ᠬᠦᠯ ᠪᠦᠮᠪᠦᠬᠡᠨ ᠤ ᠤᠢᠢᠯᠡᠰ ᠤᠨ ᠬᠦᠭᠵᠢᠯᠲᠡ ᠶᠢ ᠠᠬᠢᠭᠤᠯᠤᠨ᠂ ᠬᠦᠯ ᠪᠦᠮᠪᠦᠬᠡᠨ ᠤ ᠤᠢᠢᠯᠡᠰ ᠤᠨ ᠤᠷᠴᠢᠨ ᠲᠤᠭᠤᠷᠢᠨ ᠢ ᠢᠳᠡᠪᠬᠢᠲᠠᠢ ᠴᠤᠭᠴᠠᠯᠠᠵᠤ᠂ ᠴᠢᠳᠠᠪᠤᠷᠢᠲᠠᠨ ᠢ ᠴᠢᠷᠮᠠᠶᠢᠨ ᠬᠦᠮᠦᠵᠢᠬᠦᠯᠬᠦ ᠵᠤᠷᠢᠯᠭ᠎ᠠ ᠪᠠᠷ ᠶᠠᠪᠤᠭᠳᠠᠭᠤᠯᠤᠭᠰᠠᠨ ᠲᠤᠰ ᠤᠷᠤᠯᠳᠤᠭᠠᠨ ᠢ ᠳᠦᠷᠪᠡᠳ ᠬᠤᠰᠢᠭᠤᠨ ᠤ ᠬᠦᠯ ᠪᠦᠮᠪᠦᠬᠡᠨ ᠤ ᠨᠡᠶᠢᠬᠡᠮᠯᠢᠭ ᠠᠴᠠ ᠭᠤᠤᠯᠯᠠᠨ ᠡᠷᠬᠢᠯᠡᠵᠦ᠂ ᠲᠤᠭᠴᠢ ᠪᠡᠶ᠎ᠡ ᠲᠠᠮᠢᠷ ᠤᠨ ᠬᠡᠷᠡᠭᠰᠡᠯ ᠤᠨ ᠬᠢᠵᠠᠭᠠᠷᠲᠤ ᠺᠤᠮᠫᠠᠨᠢ᠂ ᠳᠦᠷᠪᠡᠳ ᠬᠤᠰᠢᠭᠤᠨ ᠤ ᠮᠤᠩᠭᠤᠯ ᠳᠤᠮᠳᠠᠳᠤ ᠰᠤᠷᠭᠠᠭᠤᠯᠢ ᠳᠠᠭᠠᠭᠠᠴᠢᠯᠠᠨ ᠡᠷᠬᠢᠯᠡᠪᠡ᠃      ᠤᠷᠤᠯᠳᠤᠭᠠᠨ ᠳᠤ ᠪᠠᠷᠠᠭᠤᠨ ᠦᠵᠤᠮᠤᠴᠢᠨ ᠬᠤᠰᠢᠭᠤ᠂ ᠰᠦᠨᠢᠳ ᠪᠠᠷᠠᠭᠤᠨ ᠬᠤᠰᠢᠭᠤ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤ᠂ ᠳᠦᠷᠪᠡᠳ ᠬᠤᠰᠢᠭᠤ ᠵᠡᠷᠭᠡ ᠤᠷᠤᠨ ᠨᠤᠲᠤᠭ ᠤᠨ ᠬᠦᠯ ᠪᠦᠮᠪᠦᠬᠡᠨ ᠤ ᠺᠯᠦ᠋ᠪ ᠤᠨ ᠬᠢᠨ ᠢᠳᠡᠪᠬᠢᠯᠡᠨ ᠤᠷᠤᠯᠴᠠᠵᠠᠢ᠃ ︽ᠬᠠᠨᠳᠢᠪ︾ ᠬᠡᠳᠡᠭ ᠤᠳᠬ᠎ᠠ ᠪᠠᠷ ᠢᠶᠠᠨ ᠤᠨᠴᠠᠯᠢᠭᠳᠠᠭᠰᠠᠨ ᠲᠤᠰ ᠤᠷᠤᠯᠳᠤᠭᠠᠨ ᠳᠤ 60 ᠢᠵᠢ ᠬᠦᠯ ᠪᠦᠮᠪᠦᠬᠡᠨ ᠤ ᠪᠤᠯᠪᠠᠰᠤᠷᠠᠯ ᠤᠨ ᠬᠤᠪᠴᠠᠰᠤ ᠪᠡᠯᠡᠭᠯᠡᠵᠦ᠂ ᠲᠡᠰ ᠲᠤ ᠲᠤᠳᠤᠷᠠᠭᠰᠠᠨ ᠺᠯᠦ᠋ᠪ ᠤᠨ ᠬᠢᠨ ᠱᠠᠩᠨᠠᠯ ᠤᠨ ᠮᠦᠡᠭᠭᠦ ᠪᠠᠨ ᠬᠠᠨᠳᠢᠪᠯᠠᠵᠤ᠂ ᠤᠷᠤᠯᠳᠤᠭᠠᠨ ᠤ ᠵᠤᠷᠢᠭ ᠰᠠᠨᠠᠭ᠎ᠠ ᠪᠠᠷ ᠪᠠᠭᠠᠴᠤᠳ ᠳᠡᠭᠦᠦᠨᠠᠷ ᠢᠶᠠᠨ ᠵᠤᠷᠢᠭᠵᠢᠭᠤᠯᠵᠤ᠂ ᠪᠡᠶ᠎ᠡ ᠲᠠᠮᠢᠷ ᠲᠤ ᠪᠠᠭ᠋ᠠᠲᠠᠢ ᠡᠷᠡᠭᠦᠯ ᠡᠩᠬᠡ ᠦᠰᠦᠨ ᠪᠤᠶᠢᠵᠢᠬᠤ ᠡᠷᠴᠢ ᠬᠦᠴᠦᠨ ᠢ ᠨᠢ ᠳᠠᠶᠢᠴᠢᠯᠠᠭᠰᠠᠨ ᠪᠠᠶᠢᠨ᠎ᠠ᠃                                                            ᠵᠣᠬᠢᠶᠠᠭᠴᠢ᠄  ᠠᠯᠳᠠᠨᠰᠦ᠋ᠬᠡ                                                          ᠪᠡᠯᠡᠳᠭᠡᠭᠰᠡᠨ ᠨᠢ᠄ ᠢᠷᠭᠤᠢ  
 
ᠢᠷᠡᠯᠲᠡ᠄ ᠤᠯᠠᠭᠠᠨᠴᠠᠪ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2