ᠰᠦᠰᠦᠨ ᠤ ᠴᠢᠯᠠᠭᠤᠵᠢᠯ ᠢ ᠶᠠᠭᠠᠬᠢᠵᠤ ᠰᠡᠷᠭᠡᠶᠢᠯᠡᠬᠦ ᠪᠤᠢ︖
ᠨᠡᠶᠢᠲᠡᠯᠡᠭᠰᠡᠨ ᠴᠠᠭ᠄
2018/4/26
     1. ᠳᠤᠭᠳᠠᠭᠰᠠᠨ ᠬᠤᠭᠤᠴᠠᠭ᠎ᠠ ᠲᠠᠢ ᠡᠷᠡᠭᠦᠯ  ᠮᠡᠨᠳᠦ ᠶᠢᠨ  ᠪᠠᠶᠢᠴᠠᠭᠠᠯᠳᠠ  ᠬᠢᠵᠦ᠂  ᠰᠦᠰᠦᠨ ᠴᠢᠯᠠᠭᠤᠵᠢᠯ ᠲᠠᠢ ᠪᠤᠯᠤᠭᠰᠠᠨ ᠪᠠᠶᠢᠪᠠᠯ ᠳᠠᠷᠦ᠋ᠢᠬᠠᠨ ᠡᠮᠨᠡᠨ ᠵᠠᠰᠠᠨ᠎ᠠ᠃                2. ᠢᠳᠡᠭᠡᠨ  ᠤᠮᠳᠠᠭᠠᠨ ᠢᠶᠠᠨ  ᠠᠩᠬᠠᠷᠤᠨ᠎ᠠ᠃ ᠦᠭᠡᠬᠦ  ᠳᠤᠰᠤ  ᠶᠡᠬᠡᠳᠡᠢ᠂  ᠬᠠᠭᠠᠷᠢᠬᠰᠠᠨ  ᠪᠠ  ᠳᠤᠰᠤᠨ ᠳᠤ ᠪᠤᠴᠠᠯᠭᠠᠭᠰᠠᠨ᠂ ᠰᠢᠷᠠᠭᠰᠠᠨ ᠢᠳᠡᠭᠡᠨ ᠪᠠᠭ᠎ᠠ ᠢᠳᠡᠵᠦ᠂  ︽ᠭᠤᠷᠪᠠᠨ  ᠡᠯᠪᠡᠭ︾  ᠢᠳᠡᠭᠡᠨ  ᠪᠠᠭ᠎ᠠ  ᠢᠳᠡᠨ᠎ᠠ᠃  ᠢᠳᠡᠭᠡᠨ ᠤ ᠵᠤᠬᠢᠴᠠᠭᠤᠯᠭ᠎ᠠ ᠶᠢ ᠠᠩᠬᠠᠷᠴᠤ᠂ ᠢᠳᠡᠰᠢᠨ ᠨᠤᠭᠤᠭ᠎ᠠ ᠵᠢᠮᠢᠰ ᠢᠯᠡᠭᠦᠦ ᠢᠳᠡᠨ᠎ᠠ᠃            3. ᠰᠡᠳᠭᠢᠯ ᠰᠠᠨᠠᠭ᠎ᠠ ᠪᠠᠨ  ᠠᠭᠤᠵᠢᠭᠤ  ᠪᠠᠶᠢᠯᠭᠠᠵᠤ᠂  ᠠᠭᠤᠷ  ᠤᠴᠠᠭᠠᠷ ᠢᠶᠠᠨ  ᠳᠠᠷᠤᠨ᠎ᠠ᠃  ᠭᠡᠷ  ᠪᠦᠯᠢ  ᠡᠪ ᠨᠠᠶᠢᠷ ᠲᠠᠢ᠂ ᠰᠡᠳᠭᠢᠯ ᠰᠠᠨᠠᠭ᠎ᠠ ᠠᠭᠤᠵᠢᠭᠤ ᠳᠠᠯᠪᠢᠭᠤ ᠪᠠᠶᠢᠬᠤ ᠨᠢ ᠴᠢᠬᠤᠯᠠ᠃              4. ᠤᠳᠠᠭᠠᠨ ᠰᠠᠭᠤᠬᠤ ᠠᠴᠠ ᠵᠠᠶᠢᠯᠠᠰᠬᠢᠵᠤ᠂ ᠦᠷᠭᠦᠯᠵᠢ ᠵᠤᠬᠢᠰᠳᠠᠢ ᠬᠦᠳᠡᠯᠭᠡᠭᠡᠨ ᠬᠢᠨ᠎ᠠ᠃ ᠭᠡᠳᠦ  ᠳᠦᠷᠭᠡᠨ ᠢᠶᠠᠷ ᠮᠠᠷᠢᠶ᠎ᠡ ᠰᠢᠭᠤᠷᠠᠭᠤᠯᠬᠤ᠂ ᠡᠷᠳᠡ ᠶᠢᠨ ᠬᠤᠭᠤᠯᠠ ᠪᠠᠨ ᠬᠠᠰᠤᠵᠤ  ᠮᠠᠷᠢᠶ᠎ᠠ  ᠰᠢᠭᠤᠷᠠᠭᠤᠯᠬᠤ ᠨᠢ  ᠪᠦᠷ  ᠰᠦᠰᠦᠨ  ᠴᠢᠯᠠᠭᠤᠵᠢᠯ ᠡᠭᠦᠰᠭᠡᠬᠦ ᠠᠶᠤᠯ ᠲᠠᠢ᠃              5. ᠴᠠᠭ ᠲᠠᠢ ᠬᠡᠮᠵᠢᠶ᠎ᠠ ᠲᠠᠢ ᠬᠤᠭᠤᠯᠠᠯᠠᠵᠤ᠂ ᠠᠷᠢᠭᠤᠨ ᠴᠡᠪᠡᠷ ᠢ ᠡᠷᠭᠢᠮᠯᠡᠨ᠎ᠠ᠃ ᠬᠤᠭᠤᠯᠠ  ᠢᠳᠡᠬᠦ ᠠᠴᠠ  ᠡᠮᠦᠨ᠎ᠠ ᠬᠤᠶᠢᠨ᠎ᠠ ᠭᠠᠷ ᠢᠶᠠᠨ ᠤᠭᠢᠶᠠᠵᠤ᠂ ᠵᠢᠮᠢᠰ ᠢ  ᠤᠭᠢᠶᠠᠵᠤ  ᠴᠡᠪᠡᠷᠯᠡᠭᠡᠳ  ᠢᠳᠡᠬᠦ ᠨᠢ  ᠭᠡᠳᠡᠰᠦᠨ ᠤ  ᠰᠢᠮᠡᠭᠦᠷ  ᠬᠤᠷᠤᠬᠠᠢ  ᠪᠠ ᠦᠷᠪᠢᠰᠦᠯ ᠠᠴᠠ ᠪᠤᠯᠵᠤ ᠰᠦᠰᠦᠨ ᠤ ᠴᠢᠯᠠᠭᠤᠵᠢᠯ ᠡᠭᠦᠰᠬᠦ ᠶᠢ ᠰᠡᠷᠭᠡᠶᠢᠯᠡᠬᠦ ᠦᠢᠯᠡᠳᠦᠯ ᠲᠠᠢ᠃                                                              ᠨᠠᠶᠢᠷᠠᠭᠤᠯᠤᠭᠴᠢ᠄ ᠲᠤᠷᠤᠨ᠎ᠠ                                                          ᠪᠡᠯᠡᠳᠭᠡᠭᠰᠡᠨ ᠨᠢ᠄ ᠢᠷᠭᠤᠢ
 
ᠢᠷᠡᠯᠲᠡ᠄ ᠲᠤᠮᠳᠠᠳᠣ ᠣᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2