1 — 9 ᠳ᠋ᠤᠭᠡᠷ ᠰᠠᠷ᠎ᠠ ᠶᠢᠨ ᠪᠥᠬᠦ ᠬᠤᠲᠠ ᠶᠢᠨ ᠴᠠᠬᠢᠯᠭᠠᠨ ᠭᠠᠷᠭᠠᠵᠤ ᠴᠠᠬᠢᠯᠭᠠᠨ ᠬᠡᠷᠡᠭᠯᠡᠭᠰᠡᠨ  ᠬᠠᠮᠢᠶ᠎ᠠ ᠪᠦᠬᠦᠢ ᠪᠠᠶᠢᠳᠠᠯ
ᠨᠡᠶᠢᠲᠡᠯᠡᠭᠰᠡᠨ ᠴᠠᠭ᠄
2019/10/14
          ᠨᠢᠭᠡ᠂ ᠴᠠᠬᠢᠯᠭᠠᠨ ᠭᠠᠷᠭᠠᠭᠰᠠᠨ ᠪᠠᠶᠢᠳᠠᠯ           ᠪᠦᠬᠦ ᠬᠤᠲᠠ ᠶᠢᠨ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 403. 54 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.1 % ᠨᠡᠮᠡᠭᠳᠡᠪᠡ᠃ ᠡᠭᠦᠨ ᠳᠤ ᠭᠠᠯ ᠤᠨ ᠬᠦᠴᠦᠨ ᠤ ᠴᠠᠬᠢᠯᠭᠠᠨ ᠭᠠᠷᠭᠠᠯᠲᠠ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 308.31 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.7 % ᠪᠠᠷ  ᠨᠡᠮᠡᠭᠳᠡᠵᠡᠶ᠃ 6 ᠡᠷᠦᠬᠡ ᠨᠡᠶᠢᠲᠡ ᠶᠢᠨ ᠬᠡᠷᠡᠭᠯᠡᠭᠡᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠨᠢ ᠨᠡᠶᠢᠲᠡ 147.2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠨ᠂ ᠴᠠᠬᠢᠯᠭᠠᠨ ᠭᠠᠷᠭᠠᠭᠰᠠᠨ ᠳᠤᠮᠳᠠᠴᠢ ᠴᠠᠭ ᠨᠢ ᠨᠡᠶᠢᠲᠡ 4206 ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 294 ᠴᠠᠭ ᠨᠡᠮᠡᠭᠳᠡᠵᠡᠶ︔ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠳᠤ ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠡᠮᠵᠢᠶ᠎ᠡ 78.92 ᠳ᠋ᠦᠩᠰᠢᠭᠤᠷ  ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.9 % ᠪᠠᠭᠤᠷᠠᠪᠠ᠂ ︵ᠪᠠᠭᠤᠷᠠᠭᠰᠠᠨ  ᠰᠢᠯᠲᠠᠭᠠᠨ ᠨᠢ ᠰᠠᠯᠬᠢᠨ ᠤ ᠪᠠᠶᠢᠳᠠᠯ ᠲᠠᠢ ᠬᠤᠯᠪᠤᠭ᠎ᠠ ᠲᠠᠢ︶᠂ ᠭᠡᠷᠡᠯ ᠴᠠᠬᠢᠯᠭᠠᠨ ᠤ ᠴᠠᠬᠢᠯᠭᠠᠨ ᠭᠠᠷᠭᠠᠭᠰᠠᠨ ᠬᠡᠮᠵᠢᠶ᠎ᠡ 16.31 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.3 %  ᠨᠡᠮᠡᠭᠳᠡᠪᠡ᠃       ᠬᠤᠶᠠᠷ᠂ ᠴᠠᠬᠢᠯᠭᠠᠨ ᠬᠡᠷᠡᠭᠯᠡᠭᠰᠡᠨ ᠪᠠᠶᠢᠳᠠᠯ           ᠪᠦᠬᠦ ᠬᠤᠲᠠ ᠶᠢᠨ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 379.74 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.8 % ᠨᠡᠮᠡᠭᠳᠡᠪᠡ᠃ ᠪᠦᠬᠦ ᠬᠤᠲᠠ ᠶᠢᠨ ᠠᠵᠤ ᠦᠶᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 354.32 ᠳ᠋ᠦᠩᠰᠢᠭᠤᠷ ᠺᠢᠯᠣᠸᠠᠲ ᠴᠠᠭ ᠲᠤ ᠬᠦᠷᠴᠦ  ᠂ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 93.3 %  ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 22.4 % ᠨᠡᠮᠡᠭᠳᠡᠪᠡ᠃ ᠡᠭᠦᠨ ᠳᠤ ᠴᠠᠬᠢᠯᠠᠭᠤᠷ ᠴᠢᠯᠠᠭᠤᠨ ᠤ ᠠᠵᠢᠯ ᠲᠦᠷᠦᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 65.13 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9 % ᠨᠡᠮᠡᠭᠳᠡᠪᠡ︔ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 210.15 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43.2 % ᠢᠶᠠᠷ ᠨᠡᠮᠡᠭᠳᠡᠵᠡᠶ᠃       ᠭᠤᠷᠪᠠ᠂ ᠴᠠᠬᠢᠯᠭᠠᠨ ᠬᠡᠷᠡᠭᠯᠡᠬᠦ ᠳᠠᠭᠠᠭᠠᠴᠠ ᠶᠢᠨ ᠪᠠᠶᠢᠳᠠᠯ           ᠪᠦᠬᠦ ᠬᠤᠲᠠ ᠶᠢᠨ ᠴᠠᠬᠢᠯᠭᠠᠨ ᠬᠡᠷᠡᠭᠯᠡᠬᠦ ᠬᠠᠮᠤᠭ ᠶᠡᠭᠡ ᠳᠠᠭᠠᠭᠠᠴᠠ 602 ᠲᠦᠮᠡᠨ ᠺᠢᠯᠣᠸᠠᠲ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.1 % ᠨᠡᠮᠡᠭᠳᠡᠵᠦ᠂ ᠴᠠᠬᠢᠯᠭᠠᠨ ᠬᠡᠷᠡᠭᠯᠡᠬᠦ ᠳᠤᠮᠳᠠᠴᠢ ᠳᠠᠭᠠᠭᠠᠴᠠ 521 ᠲᠦᠮᠡᠨ ᠺᠢᠯᠣᠸᠠᠲ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.4 % ᠨᠡᠮᠡᠭᠳᠡᠪᠡ᠃                                                                                           ᠢᠷᠡᠯᠲᠠ᠄  ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ                     ᠤᠷᠴᠢᠭᠤᠯᠤᠭᠴᠢ᠄  ᠢᠷᠭᠤᠢ                                                   ᠬᠢᠨᠠᠭᠴᠢ᠄ ᠭᠡᠷᠡᠯᠲᠦ  
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2