2019 ᠤᠯᠠᠭᠠᠨᠴᠠᠪ · ᠤᠯᠠᠭᠠᠠᠦ᠋ᠳᠡ · ᠤᠯᠠᠭᠠᠨᠪᠠᠭᠠᠲᠤᠷ ᠤᠨ ᠲᠠᠸᠠᠷ ᠤᠨ ᠦᠵᠡᠰᠬᠦᠯᠡᠩ ᠤᠨ ᠴᠤᠭᠯᠠᠭᠠᠨ ᠤᠳᠠᠯ ᠦᠭᠡᠢ ᠡᠬᠢᠯᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2019/10/15
    11 ᠰᠠᠷ᠎ᠠ ᠶᠢᠨ 7 ᠤ ᠡᠳᠦᠷ᠂ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠤᠯᠠᠭᠠᠨᠴᠠᠪ · ᠤᠯᠠᠭᠠᠠᠦ᠋ᠳᠡ · ᠤᠯᠠᠭᠠᠨᠪᠠᠭᠠᠲᠤᠷ ᠤᠨ ᠲᠠᠸᠠᠷ ᠤᠨ ᠦᠵᠡᠰᠬᠦᠯᠡᠩ ᠤᠨ ᠴᠤᠭᠯᠠᠭᠠᠨ ᠣᠷᠣᠰ ‍ᠤᠨ‌ᠤᠯᠠᠭᠠᠠᠦ᠋ᠳᠡ ᠬᠤᠲᠠ ᠳᠤ ᠦᠪᠡᠳᠡᠭᠰᠢ ᠶᠡᠭᠡ ᠪᠠᠷ ᠡᠬᠢᠯᠡᠬᠦ ᠪᠣᠯᠤᠨ᠎ᠠ᠃ ᠦᠵᠡᠰᠭᠦᠯᠡᠩ ᠤᠨ ᠦᠶ᠎ᠡ ᠳᠤ᠂ ᠮᠠᠨ ᠤ ᠬᠤᠲᠠ ᠶᠢᠨ 72 ᠠᠵᠤ ᠠᠬᠤᠶᠢᠯᠠᠯ ᠤᠷᠤᠯᠴᠠᠨ᠂ 57 ᠠᠵᠤ ᠠᠬᠤᠶᠢᠯᠠᠯ ᠨᠢ  ᠦᠪᠡᠷᠰᠡᠳ ᠤᠨ ᠰᠢᠯᠢᠳᠡᠭ ᠲᠠᠸᠠᠷ ᠢᠶᠠᠨ ᠳᠡᠯᠭᠡᠨ ᠦᠵᠡᠭᠦᠯᠬᠦ ᠪᠣᠯᠤᠨ᠎ᠠ᠃ ᠦᠵᠡᠰᠬᠦᠯᠡᠩ ᠳᠤ ᠣᠷᠣᠯᠴᠠᠭᠰᠠᠨ ᠲᠠᠸᠠᠷ ᠨᠢ ᠠᠮᠤ ᠪᠤᠳᠠᠭ᠎ᠠ᠂ ᠲᠠᠷᠢᠶᠠᠯᠠᠩ ᠤᠨ ᠪᠦᠲᠦᠭᠡᠭᠳᠡᠬᠦᠨ᠂ ᠮᠢᠬᠠᠨ ᠤ ᠪᠦᠲᠦᠭᠡᠭᠳᠡᠬᠦᠨ᠂ ᠴᠠᠭᠠᠨ ᠢᠳᠡᠭᠡᠨ᠂ ᠢᠳᠡᠭᠡᠨ ᠤ ᠵᠦᠢᠯ᠂ ᠠᠷᠢᠬᠢᠨ ᠤ ᠵᠦᠶᠯ᠂ ᠬᠤᠪᠴᠠᠰᠤ ᠬᠤᠨᠠᠷ᠂ ᠴᠢᠯᠠᠭᠤᠨ ᠮᠠᠲ᠋ᠧᠷᠢᠶᠠᠯ ᠵᠡᠷᠭᠡ 8 ᠲᠤᠮᠤ ᠲᠦᠷᠦᠯ ᠤᠨ 230 ᠭᠠᠷᠤᠶ ᠲᠥᠷᠥᠯ ᠵᠦᠶᠯ ᠢ ᠬᠠᠮᠤᠷᠴᠠᠢ᠃      ᠮᠣᠩᠭᠤᠯ ᠤᠯᠤᠰ ᠲᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠤᠨ ᠭᠠᠵᠠᠷ ᠪᠤᠯᠤᠨ ᠢᠷᠺᠦ᠋ᠰᠺ ᠲᠤ ᠰᠠᠭᠤᠭ᠎ᠠ ᠳᠤᠮᠳᠠᠳᠤ ᠤᠯᠤᠰ ᠤᠨ ᠶᠡᠷᠦᠩᠬᠡᠶ ᠺᠤᠨᠰᠦ᠋ᠯ ᠤᠨ ᠭᠠᠵᠠᠷ ᠲᠤ ᠨᠤᠲᠠᠯᠠᠭᠳᠠᠭᠰᠠᠨ᠂ ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠵᠢᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠩᠬᠢᠨᠢ ᠪᠠᠷ ᠵᠥᠪᠰᠢᠶᠡᠷᠡᠭᠰᠡᠨ ᠲᠣᠰ ᠤᠳᠠᠭᠠᠨ ᠤ ᠦᠵᠡᠰᠬᠦᠯᠡᠩ  ᠨᠢ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ ᠠᠬᠢᠭᠤᠯᠬᠤ ᠵᠥᠪᠯᠡᠯ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ᠂ ᠤᠯᠠᠭᠠᠨ᠋ᠦ᠌ᠳᠡ ᠬᠤᠲᠠ ᠶᠢᠨ ᠵᠠᠰᠠᠭ ᠤᠨ ᠣᠷᠳᠣᠨ᠂ ᠤᠯᠠᠭᠠᠨᠪᠠᠭᠠᠲᠤᠷ ᠬᠤᠲᠠ ᠶᠢᠨ ᠵᠠᠰᠠᠭ ᠤᠨ ᠣᠷᠳᠣᠨ ᠠᠴᠠ ᠭᠤᠤᠯᠯᠠᠨ ᠡᠷᠬᠢᠯᠡᠵᠦ᠂ ᠤᠯᠠᠭᠠᠨᠴᠠᠪ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠤᠯᠠᠭᠠᠠᠦ᠋ᠳᠡ ᠬᠤᠲᠠ ᠶᠢᠨ ᠠᠵᠤ ᠦᠶᠯᠡᠳᠪᠦᠷᠢ ᠬᠤᠳᠠᠯᠳᠤᠭᠠᠨ ᠤ ᠨᠡᠶᠢᠭᠡᠮᠯᠢᠭ᠂ ᠮᠣᠩᠭᠤᠯ ᠤᠯᠤᠰ ᠤᠨ ᠤᠯᠠᠭᠠᠨᠴᠠᠪ ᠳᠠᠬᠢ ᠬᠤᠳᠠᠯᠳᠤᠭᠠᠴᠢᠳ ᠤᠨ ᠡᠪᠯᠡᠯ᠂ ᠮᠣᠩᠭᠤᠯ ᠤᠯᠤᠰ ᠤᠨ ᠮᠢᠴᠧᠯ ᠦᠵᠡᠭᠦᠯᠦᠯᠭᠡ ᠶᠢᠨ ᠺᠣᠮᠫᠠᠨᠢ ᠳᠠᠭᠠᠭᠠᠴᠢᠯᠠᠨ ᠡᠷᠬᠢᠯᠡᠵᠦ᠂ ︽ᠤᠯᠠᠭᠠᠨᠴᠠᠪ᠂ ᠤᠯᠠᠭᠠᠠᠦ᠋ᠳᠡ᠂ ᠤᠯᠠᠭᠠᠨᠪᠠᠭᠠᠲᠤᠷ︾ ᠤᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ︽ᠤᠯᠠᠭᠠᠨᠴᠠᠪ᠂ ᠤᠯᠠᠭᠠᠠᠦ᠋ᠳᠡ᠂ ᠤᠯᠠᠭᠠᠨᠪᠠᠭᠠᠲᠤᠷ︾ ᠤᠨ ᠨᠡᠷᠡᠲᠦ ᠲᠥᠷᠥᠯ ᠲᠡᠮᠳᠡᠭ ᠢ ᠪᠥᠬᠦ ᠬᠦᠴᠦᠨ ᠢᠶᠠᠷ ᠢᠶᠠᠨ ᠴᠣᠭᠴᠠᠯᠠᠬᠤ ᠶᠢᠨ ᠲᠥᠯᠥᠭᠡ ᠶᠤᠮ      ᠣᠶᠢᠯᠠᠭᠠᠭᠰᠠᠨ ᠢᠶᠠᠷ᠂ 2018 ᠤᠨ ᠤ 6 ᠰᠠᠷ᠎ᠠ ᠳᠤ᠂ ᠤᠯᠠᠭᠠᠨᠴᠠᠪ · ᠮᠣᠩᠭᠤᠯ · ᠣᠷᠣᠰ ᠤᠨ ᠣᠯᠠᠨ ᠤᠯᠤᠰ ᠤᠨ ᠦᠵᠡᠰᠬᠦᠯᠡᠩ ᠤᠨ ᠴᠤᠭᠯᠠᠭᠠᠨ ᠢ ᠮᠠᠨ ᠤ ᠬᠤᠲᠠ ᠳᠤ ᠠᠮᠵᠢᠯᠲᠠ ᠲᠠᠢ ᠡᠷᠬᠢᠯᠡᠵᠦ᠂ ᠲᠣᠰ ᠵᠢᠯ ᠤᠨ 11 ᠰᠠᠷ᠎ᠠ ᠳᠤ᠂ ︽ᠤᠯᠠᠭᠠᠨᠴᠠᠪ᠂ ᠤᠯᠠᠭᠠᠠᠦ᠋ᠳᠡ᠂ ᠤᠯᠠᠭᠠᠨᠪᠠᠭᠠᠲᠤᠷ︾ ᠤᠨ ᠣᠨᠴᠠᠯᠢᠭᠲᠤ ᠲᠠᠸᠠᠷ ᠤᠨ ᠳᠡᠯᠭᠡᠨ ᠪᠣᠷᠣᠯᠠᠭᠤᠯᠬᠤ ᠴᠤᠭᠯᠠᠭᠠᠨ ᠢ ᠪᠠᠰᠠ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠳᠤ ᠠᠮᠵᠢᠯᠲᠠ ᠲᠠᠢ ᠡᠷᠬᠢᠯᠡᠪᠡ᠂ ᠬᠢᠯᠢ ᠶᠢᠨ ᠳᠣᠲᠣᠷ᠎ᠠ ᠭᠠᠳᠠᠨᠠᠬᠢ ᠬᠤᠶᠠᠷ ᠤᠳᠠᠭᠠᠨ ᠤ ᠳᠡᠯᠭᠡᠨ ᠦᠵᠡᠭᠦᠯᠦᠯᠭᠡ ᠶᠢᠨ ᠠᠵᠢᠯᠯᠠᠭ᠎ᠠ  ᠨᠢ ᠲᠤᠩ ᠶᠡᠭᠡ ᠠᠮᠵᠢᠯᠲᠠ ᠣᠯᠵᠤ᠂ ᠨᠡᠶᠢᠲᠡ 14 ᠵᠦᠶᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠠᠵᠢᠯᠯᠠᠭ᠎ᠠ ᠶᠢᠨ ᠳᠠᠷᠠᠭᠠᠬᠢ ᠨᠢᠭᠡ ᠵᠢᠯ ᠤᠨ ᠲᠤᠷᠰᠢ᠂ ᠤᠯᠠᠭᠠᠠᠦ᠋ᠳᠡ ᠬᠤᠲᠠ᠂ ᠢᠷᠺᠦ᠋ᠰᠺ ᠬᠤᠲᠠ᠂ ᠤᠯᠠᠭᠠᠨᠪᠠᠭᠠᠲᠤᠷ ᠬᠤᠲᠠ ᠪᠣᠯᠤᠨ ᠮᠣᠩᠭᠤᠯ ᠤᠯᠤᠰ  ᠤᠨ ᠲᠤᠷᠤᠨᠠᠭᠤᠪᠢ ᠠᠶᠢᠮᠠᠭ ᠵᠡᠷᠭᠡ ᠭᠠᠵᠠᠷ ᠤᠨ ᠵᠠᠰᠠᠭ ᠤᠨ ᠣᠷᠳᠣᠨ ᠤ ᠲᠥᠯᠥᠭᠡᠯᠡᠭᠴᠢᠳ ᠤᠨ ᠪᠦᠯᠬᠦᠮ ᠪᠣᠯᠤᠨ ᠠᠵᠤ ᠠᠬᠤᠶᠢᠯᠠᠯ ᠤᠨ ᠡᠲᠡᠭᠡᠳ ᠤᠨ ᠬᠥᠮᠦᠰ ᠮᠠᠨ ᠤ ᠬᠤᠲᠠ ᠳᠤ ᠣᠯᠠᠨᠲᠠ ᠢᠷᠡᠵᠦ ᠪᠠᠶᠢᠴᠠᠭᠠᠨ ᠰᠤᠷᠪᠤᠯᠵᠢᠯᠠᠪᠠ᠃ ᠲᠣᠰ ᠤᠳᠠᠭᠠᠨ ᠤ ᠤᠯᠠᠭᠠᠨᠴᠠᠪ · ᠤᠯᠠᠭᠠᠠᠦ᠋ᠳᠡ · ᠤᠯᠠᠭᠠᠨᠪᠠᠭᠠᠲᠤᠷ ᠤᠨ ᠲᠠᠸᠠᠷ ᠤᠨ ᠦᠵᠡᠰᠬᠦᠯᠡᠩ ᠪᠣᠯ ᠦᠩᠭᠡᠷᠡᠭᠰᠡᠨ ᠬᠤᠶᠠᠷ ᠤᠳᠠᠭᠠᠨ ᠤ ᠠᠮᠵᠢᠯᠲᠠ ᠲᠠᠢ ᠦᠵᠡᠰᠬᠦᠯᠡᠩ ᠤᠨ ᠳᠠᠷᠠᠭᠠᠬᠢ ᠪᠠᠰᠠ ᠨᠢᠭᠡ ᠤᠳᠠᠭᠠᠨ ᠤ ᠦᠵᠡᠰᠬᠦᠯᠡᠩ ᠪᠣᠯᠤᠨ᠎ᠠ᠃ ᠤᠯᠠᠭᠠᠨᠴᠠᠪ ᠬᠤᠲᠠ ᠨᠢ ᠲᠣᠰ ᠤᠳᠠᠭᠠᠨ ᠤ ᠦᠵᠡᠰᠭᠦᠯᠡᠩ ᠤᠨ ᠴᠤᠭᠯᠠᠭᠠᠨ ᠢᠶᠠᠷ ᠳᠠᠮᠵᠢᠨ᠂ ᠤᠯᠠᠭᠠᠨᠴᠠᠪ ᠬᠢᠭᠡᠳ ᠣᠷᠣᠰ᠂ ᠮᠣᠩᠭᠤᠯ᠂ ᠧᠦ᠋ᠷᠣᠫᠠ ᠪᠥᠬᠦ ᠲᠠᠯ᠎ᠠ ᠶᠢᠨ ᠬᠠᠮᠲᠤᠷᠠᠯᠴᠠᠭ᠎ᠠ ᠶᠢ ᠪᠣᠳᠠᠲᠠᠶ ᠠᠬᠢᠭᠤᠯᠵᠤ᠂ ᠮᠠᠨ ᠤ ᠬᠤᠲᠠ ᠶᠢᠨ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤᠮᠳᠠᠬᠢ ᠤᠷᠤᠨ ᠪᠠᠶᠢᠷᠢ᠂ ᠵᠠᠮ ᠬᠠᠷᠢᠯᠴᠠᠭᠠᠨ ᠤ ᠳᠠᠪᠠᠭᠤᠯᠢᠭ ᠢ ᠦᠳᠲᠡᠷ ᠲᠦᠷᠭᠡᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠳᠤ ᠬᠦᠴᠦᠨ ᠨᠡᠮᠡᠷᠢᠯᠡᠬᠦ ᠪᠤᠯᠤᠨ᠎ᠠ᠃     ᠤᠳᠠᠯ ᠥᠬᠡᠶ ᠡᠬᠢᠯᠡᠬᠦ ᠭᠡᠵᠦ ᠪᠠᠶᠢᠭ᠎ᠠ ᠲᠣᠰ ᠤᠳᠠᠭᠠᠨ ᠤ ᠦᠵᠡᠰᠬᠦᠯᠡᠩ ᠤᠨ ᠠᠵᠢᠯᠯᠠᠭ᠎ᠠ ᠶᠢᠨ ᠠᠭᠤᠯᠭ᠎ᠠ ᠨᠢ ᠳᠥᠷᠪᠡᠨ ᠶᠡᠭᠡ  ᠲᠦᠷᠦᠯ ᠪᠠᠶᠢᠵᠦ᠂ ᠲᠤᠬᠠᠶᠢᠯᠠᠪᠠᠯ ᠲᠠᠸᠠᠷ ᠤᠨ ᠦᠵᠡᠭᠦᠯᠦᠯᠭᠡ᠂ ᠲᠠᠨᠢᠯᠴᠠᠭᠤᠯᠬᠤ ᠠᠵᠢᠯᠯᠠᠭ᠎ᠠ᠂ ᠠᠵᠤ ᠠᠬᠤᠶᠢᠯᠠᠯ ᠤᠨ ᠬᠡᠯᠡᠯᠴᠡᠭᠡ᠂  ᠳᠡᠭᠡᠲᠦ ᠳᠠᠪᠬᠤᠷᠭ᠎ᠠ ᠶᠢᠨ ᠠᠭᠤᠯᠵᠠᠯᠲᠠ ᠪᠣᠯᠤᠨ᠎ᠠ᠂ ᠡᠭᠦᠨ ᠳᠤ ᠲᠠᠸᠠᠷ ᠤᠨ ᠦᠵᠡᠭᠦᠯᠦᠯᠭᠡ ᠶᠢᠨ ᠠᠵᠢᠯᠯᠠᠭ᠎ᠠ ᠪᠣᠯ ᠲᠣᠰ ᠤᠳᠠᠭᠠᠨ ᠤ ᠦᠵᠡᠰᠬᠦᠯᠡᠩ ᠤᠨ ︽ᠴᠢᠬᠤᠯᠠ ᠠᠵᠢᠯ︾ ᠪᠣᠯᠤᠨ᠎ᠠ᠃ ᠣᠶᠢᠯᠠᠭᠠᠭᠰᠠᠨ ᠢᠶᠠᠷ᠂ ᠦᠵᠡᠭᠦᠯᠦᠯᠭᠡ ᠶᠢᠨ ᠲᠠᠰᠤᠭ ᠤᠨ ᠲᠠᠯᠠᠪᠠᠢ ᠨᠢ 2000 ᠲᠡᠭᠰᠢ ᠳᠥᠷᠪᠡᠯᠵᠢᠨ ᠮᠧᠲᠷ ᠪᠠᠶᠢᠵᠤ᠂ ᠨᠡᠶᠢᠲᠡ 100 ᠦᠵᠡᠭᠦᠯᠦᠯᠭᠡ ᠶᠢᠨ  ᠪᠠᠶᠢᠷᠢ ᠭᠠᠷᠭᠠᠵᠠᠶ᠂ ᠡᠭᠦᠨ ᠳᠤ ᠮᠠᠨ ᠤ ᠬᠤᠲᠠ 50 ᠶᠢ ᠡᠵᠡᠯᠡᠵᠦ ᠂ ᠪᠡᠭᠡᠵᠢᠩ ᠲᠢᠶᠠᠨᠵᠢᠨ ᠾᠧᠪᠧᠢ 10 ᠶᠢ ᠡᠵᠡᠯᠡᠵᠦ᠂ ᠣᠷᠣᠰ ᠪᠣᠯᠤᠨ ᠮᠣᠩᠭᠤᠯ ᠤᠯᠤᠰ ᠲᠣᠰ ᠲᠣᠰ 20 ᠶᠢ ᠡᠵᠡᠯᠡᠵᠦ ᠪᠠᠶᠢᠨ᠎ᠠ᠃     ᠮᠠᠨ ᠤ ᠬᠤᠲᠠ ᠵᠠᠰᠠᠭ ᠤᠨ ᠣᠷᠳᠣᠨ ᠲᠥᠯᠥᠭᠡᠯᠡᠭᠴᠢᠳ ᠤᠨ ᠪᠦᠯᠬᠦᠮ ᠲᠣᠮᠢᠯᠠᠨ ᠲᠣᠰ ᠤᠳᠠᠭᠠᠨ ᠤ ᠦᠵᠡᠰᠬᠦᠯᠡᠩ ᠳᠤ ᠣᠷᠣᠯᠴᠠᠭᠤᠯᠬᠤ ᠶᠢᠨ ᠳᠠᠭᠠᠤ ᠳᠤ ᠮᠠᠨ ᠤ ᠬᠤᠲᠠ ᠶᠢᠨ ᠠᠵᠤ ᠠᠬᠤᠶ ᠠᠷᠠᠯᠵᠢᠶᠠᠨ ᠤ ᠲᠥᠯᠥᠭᠡᠯᠡᠭᠴᠢᠳ ᠤᠨ ᠪᠦᠯᠬᠦᠮ ᠪᠠᠰᠠ ᠤᠷᠤᠯᠴᠠᠨ᠎ᠠ᠃ ᠮᠠᠨ ᠤ ᠬᠤᠲᠠ ᠶᠢᠨ ᠠᠵᠤ ᠠᠬᠤᠶ ᠠᠷᠠᠯᠵᠢᠶᠠᠨ ᠤ ᠲᠥᠯᠥᠭᠡᠯᠡᠭᠴᠢᠳ ᠤᠨ ᠪᠦᠯᠬᠦᠮ ᠤᠨ ᠪᠦᠷᠢᠯᠳᠡᠭᠦᠨ ᠳᠤ ᠪᠦᠲᠦᠭᠡᠭᠳᠡᠬᠦᠨ ᠤ ᠦᠵᠡᠭᠦᠯᠦᠯᠭᠡ ᠳᠤ ᠣᠷᠣᠯᠴᠠᠬᠤ ᠠᠵᠤ ᠠᠬᠤᠶᠢᠯᠠᠯ᠂ ᠵᠢᠷᠤᠭ ᠲᠦᠰᠦᠪ ᠤᠨ ᠤᠬᠠᠭᠤᠯᠭ᠎ᠠ ᠶᠢᠨ ᠠᠵᠤ ᠠᠬᠤᠶᠢᠯᠠᠯ ᠪᠣᠯᠤᠨ ᠬᠤᠷᠠᠯ ᠳᠤ ᠣᠷᠣᠯᠴᠠᠬᠤ ᠠᠵᠤ ᠠᠬᠤᠶᠢᠯᠠᠯ ᠪᠠᠶᠢᠨ᠎ᠠ᠃                                                       ᠵᠤᠬᠢᠶᠠᠭᠴᠢ᠄ ᠯᠢ ᠰᠢᠦ ᠵᠧᠨ                                                       ᠤᠷᠴᠢᠭᠤᠯᠤᠭᠴᠢ᠄ ᠢᠷᠭᠤᠢ                                                       ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠬᠤᠲᠠ ᠶᠢᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2