| ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠪᠠᠶᠢᠵᠤ᠂ ᠵᠢᠩᠬᠢᠨᠢ ᠭᠠᠵᠠᠷ ᠤᠨ ᠳᠡᠰ ᠤᠨ | ᠨᠢᠭᠡᠴᠢ ᠪᠣᠯᠣᠨ᠎ᠠ᠃ ᠤᠯᠠᠭᠠᠨᠴᠠᠪ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠪᠡ᠃ | ᠭᠤᠣᠯ ᠡᠭᠦᠷᠭᠡ ᠲᠤᠰᠢᠶᠠᠯ | 1. ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠢᠶᠠᠷ | ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ | ᠪᠠ ᠪᠠᠷᠢᠮᠵᠢᠶᠠᠵᠢᠭᠤᠯᠬᠤ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ | ᠪᠦᠬᠦᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠵᠤ᠂ ᠦᠨᠡᠨᠴᠢ ᠢᠲᠡᠭᠡᠮᠵᠢᠲᠡᠶ᠂ ᠭᠤᠤᠯᠴᠢ ᠪᠠᠷ | ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃ | 2. ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠨᠢᠭᠡᠳᠦᠯᠲᠡᠶ ᠪᠦᠷᠢᠳᠬᠡᠨ ᠳᠠᠩᠰᠠᠯᠠᠬᠤ ᠶᠢ ᠬᠠᠷᠢᠭᠤᠴᠠᠨ᠎ᠠ᠃ ᠪᠦᠬᠦ | ᠬᠤᠲᠠ ᠶᠢᠨ ᠡᠯ᠎ᠡ ᠲᠥᠷᠥᠯ ᠤᠨ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠪᠠ | ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠠᠶᠢᠭ᠎ᠠ ᠨᠢᠭᠡᠴᠢ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ | ᠵᠢᠴᠢ ᠡᠷᠬᠡ ᠣᠯᠭᠤᠭᠰᠠᠨ ᠬᠡᠪᠴᠢᠶᠡᠨ ᠳᠠᠬᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ | ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠦᠷᠢᠳᠬᠡᠨ ᠳᠠᠩᠰᠠᠯᠠᠬᠤ ᠠᠵᠢᠯ ᠢ ᠬᠠᠷᠢᠭᠤᠴᠠᠨ᠎ᠠ᠃ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠬᠠᠮᠲᠤ ᠪᠠᠷ ᠬᠦᠷᠲᠡᠬᠦ | ᠲᠣᠭᠲᠠᠴᠠ ᠶᠢ ᠪᠠᠶᠢᠭᠤᠯᠵᠤ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠨᠡᠶᠢᠲᠡᠯᠡᠬᠦ ᠪᠠ | ᠬᠠᠮᠲᠤ ᠪᠠᠷ ᠡᠳ᠋ᠯᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | 3. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ | ᠪᠠᠶᠢᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠨᠡᠶᠢᠳᠬᠡᠬᠦ ᠪᠠ ᠪᠠᠶᠢᠭᠤᠯᠬᠤ ᠶᠢ | ᠵᠢᠯᠣᠭᠤᠳᠴᠤ᠂ ᠵᠠᠬ᠎ᠠ ᠳᠡᠯᠭᠡᠭᠦᠷ ᠤᠨ ᠨᠢᠭᠡᠳᠦᠯᠲᠡᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ | ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠶᠳᠪᠦᠷᠢᠯᠡᠬᠦ ᠠᠵᠢᠯ ᠢ | ᠵᠣᠬᠢᠶᠠᠨ ᠪᠠᠶᠢᠭᠤᠯᠵᠤ᠂ ᠣᠷᠣᠨ ᠪᠦᠰᠡ ᠠᠯᠤᠰᠯᠠᠭᠰᠠᠨ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ | ᠰᠢᠢᠳᠪᠦᠷᠢᠯᠡᠬᠦ᠂ ᠰᠢᠮᠳᠠᠭᠤᠯᠤᠨ ᠰᠢᠢᠳᠪᠦᠷᠢᠯᠡᠬᠦ ᠶᠢ ᠵᠣᠬᠢᠴᠠᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ | 4. ᠳᠡᠭᠡᠳᠦ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ᠂ | ᠭᠠᠭᠴᠠᠭᠠᠷ ᠡᠵᠡᠮᠰᠢᠯ ᠢ ᠡᠰᠡᠷᠭᠦᠴᠡᠬᠦ ᠬᠤᠯᠪᠣᠭᠳᠠᠯ ᠪᠦᠬᠦᠢ ᠪᠠᠶᠢᠴᠠᠭᠠᠯᠲᠠ ᠶᠢ ᠥᠷᠨᠢᠭᠦᠯᠦᠨ᠎ᠡ᠃ | ᠥᠷᠢᠰᠥᠯᠳᠦᠭᠡᠨ ᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | 5. ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ | ᠡᠮᠬᠢ ᠵᠢᠷᠤᠮ ᠢ ᠵᠢᠷᠤᠮᠵᠢᠭᠤᠯᠤᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ ᠲᠠᠸᠠᠷ ᠤᠨ | ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠶᠯᠡᠴᠢᠯᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠵᠤ ᠬᠠᠮᠢᠶᠠᠷᠤᠨ᠎ᠠ᠃ | ᠦᠨ᠎ᠡ ᠬᠠᠩᠰᠢ ᠪᠠ ᠰᠦᠶᠳᠬᠡᠯ ᠬᠤᠷᠢᠶᠠᠬᠤ ᠳᠤ ᠪᠠᠨ ᠬᠠᠤᠯᠢ ᠲᠣᠭᠲᠠᠭᠠᠯ ᠠᠴᠠ ᠵᠥᠷᠢᠴᠡᠭᠰᠡᠨ᠂ ᠭᠤᠣᠯᠴᠢ ᠪᠤᠰᠤ | ᠥᠷᠢᠰᠦᠯᠳᠦᠭᠰᠡᠨ᠂ ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠤᠭᠰᠠᠨ᠂ ᠳᠠᠮᠵᠢᠭᠤᠯᠤᠨ ᠪᠣᠷᠣᠯᠠᠭᠤᠯᠤᠭᠰᠠᠨ᠂ | ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠥᠮᠴᠢᠯᠡᠬᠦ ᠡᠷᠬᠡ ᠳᠤ ᠬᠠᠯᠳᠠᠭᠰᠠᠨ ᠪᠠ ᠬᠠᠭᠤᠷᠮᠠᠭ ᠴᠢᠨᠠᠷ ᠮᠠᠭᠤ | ᠦᠢᠯᠡᠳᠬᠦᠨ ᠢ ᠦᠢᠯᠡᠳᠪᠦᠷᠢᠯᠡᠨ ᠪᠣᠷᠣᠯᠠᠭᠤᠯᠤᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠵᠠᠷ ᠤᠨ ᠦᠢᠯᠡᠰ ᠤᠨ | ᠬᠥᠭᠵᠢᠯᠲᠡ ᠶᠢ ᠵᠢᠯᠣᠭᠤᠳᠴᠤ᠂ ᠠᠵᠢᠯᠯᠠᠭ᠎ᠠ ᠳᠤ ᠨᠢ ᠬᠢᠨᠠᠯᠲᠠ ᠲᠠᠯᠪᠢᠨ᠎ᠠ᠃ ᠦᠨᠡᠮᠯᠡᠯ ᠦᠭᠡᠢ ᠪᠠᠷ | ᠦᠶᠯᠡᠳᠪᠦᠷᠢᠯᠡᠵᠦ ᠡᠵᠡᠩᠨᠡᠬᠦ ᠪᠠ ᠦᠨᠡᠮᠯᠡᠯ ᠦᠭᠡᠢ ᠪᠠᠷ ᠦᠶᠯᠡᠳᠪᠦᠷᠢᠯᠡᠵᠦ ᠡᠵᠡᠩᠨᠡᠬᠦ ᠬᠤᠯᠪᠣᠭᠳᠠᠯ ᠪᠦᠬᠦᠢ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠤᠯᠠᠭᠠᠨᠴᠠᠪ ᠬᠤᠲᠠ ᠶᠢᠨ ᠬᠡᠷᠡᠭᠯᠡᠭᠴᠢᠳ ᠤᠨ | ᠨᠡᠶᠢᠭᠡᠮᠯᠢᠭ ᠢ ᠵᠢᠯᠣᠭᠤᠳᠤᠨ ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ ᠠᠵᠢᠯ ᠢ ᠥᠷᠨᠢᠭᠦᠯᠦᠨ᠎ᠡ᠃ | 6.ᠶᠠᠰᠤ ᠴᠢᠨᠠᠷ ᠤᠨ ᠬᠤᠷᠸ᠎ᠠ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠤᠨ ᠬᠥᠭᠵᠢᠯᠲᠡ ᠶᠢᠨ | ᠳᠦᠷᠢᠮ ᠤᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠨᠡᠷᠡᠲᠦ ᠲᠥᠷᠥᠯ | ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠦᠯᠬᠢᠨ ᠠᠬᠢᠭᠤᠯᠤᠨ᠎ᠠ᠃ ᠶᠠᠰᠤ ᠴᠢᠨᠠᠷ ᠤᠨ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ ᠶᠠᠰᠤ | ᠴᠢᠨᠠᠷ ᠢ ᠬᠢᠨᠠᠨ ᠬᠠᠮᠢᠶᠠᠷᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠭᠲᠠᠭᠠᠭᠰᠠᠨ ᠡᠷᠬᠡ ᠮᠡᠳᠡᠯ ᠤᠨ | ᠬᠡᠪᠴᠢᠶ᠎ᠡ ᠶᠣᠰᠣᠭᠠᠷ ᠶᠠᠰᠤ ᠴᠢᠨᠠᠷ ᠤᠨ ᠬᠦᠨᠳᠦ ᠶᠡᠭᠡ ᠠᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠭᠡᠮ | ᠰᠣᠭᠤᠭ ᠲᠠᠢ ᠦᠶᠯᠡᠳᠬᠦᠨ ᠤ ᠪᠤᠴᠠᠭᠠᠨ ᠠᠪᠬᠤ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ᠂ ᠦᠶᠯᠡᠳᠬᠦᠨ ᠤ | ᠬᠠᠭᠤᠷᠮᠠᠭ ᠢ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃ | 7.ᠦᠶᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠦᠶᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ ᠠᠵᠢᠯ ᠢ ᠬᠠᠮᠢᠶᠠᠷᠤᠨ᠎ᠠ᠃ ᠤᠯᠠᠭᠠᠨᠴᠠᠪ ᠬᠤᠲᠠ ᠶᠢᠨ ᠦᠶᠯᠡᠳᠬᠦᠨ ᠤ ᠶᠠᠰᠤ ᠴᠢᠨᠠᠷ ᠲᠤ | ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠶᠠᠰᠤ ᠴᠢᠨᠠᠷ ᠤᠨ ᠳᠡᠰ ᠬᠤᠪᠢᠶᠠᠬᠤ ᠳᠦᠷᠢᠮ᠂ ᠶᠠᠰᠤ ᠴᠢᠨᠠᠷ ᠤᠨ ᠠᠮᠤᠷ ᠲᠦᠪᠰᠢᠨ ᠤ | ᠮᠥᠷᠳᠡᠨ ᠤᠬᠤᠴᠢᠯᠠᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠵᠤ | ᠦᠶᠯᠡᠳᠪᠦᠷᠢ ᠶᠢᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠵᠥᠪᠰᠢᠶᠡᠷᠡᠯ ᠤᠨ ᠬᠠᠮᠢᠶᠠᠷᠤᠯᠲᠠ ᠪᠠ ᠰᠢᠷᠬᠡᠭᠯᠢᠭ | ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | 8.ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯ ᠦᠭᠡᠢ ᠶᠢ ᠬᠢᠨᠠᠨ ᠪᠠᠶᠢᠴᠠᠭᠠᠬᠤ᠂ | ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠥᠨᠳᠥᠷ ᠡᠨᠧᠷᠭᠢ ᠵᠠᠷᠤᠴᠠᠭᠤᠯᠬᠤ ᠣᠨᠴᠠ ᠲᠥᠷᠥᠯ ᠤᠨ | ᠲᠣᠨᠤᠭ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠠ ᠠᠭᠤᠷ ᠤᠨ ᠲᠣᠭᠤᠭ᠎ᠠ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ | 9.ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ | ᠃ ᠢᠳᠡᠭᠡᠨ ᠤ ᠠᠮᠤᠷ ᠲᠦᠪᠰᠢᠨ ᠤ ᠳᠦᠷᠢᠮ ᠤᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ | ᠃ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ | ᠬᠠᠷᠢᠭᠤᠴᠠᠵᠤ᠂ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠬᠡᠷᠡᠭ ᠤᠨ ᠪᠠᠴᠢᠮ ᠪᠠᠶᠢᠳᠠᠯ ᠢ ᠠᠷᠭᠠᠴᠠᠨ | ᠰᠢᠶᠳᠪᠦᠷᠢᠯᠡᠬᠦ ᠪᠠ ᠪᠠᠶᠢᠴᠠᠭᠠᠨ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠢᠳᠡᠭᠡᠨ ᠤ | ᠠᠮᠤᠷ ᠲᠦᠪᠰᠢᠨ ᠤ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠤᠨ᠎ᠠ᠃ | ᠤᠯᠠᠭᠠᠨᠴᠠᠪ ᠬᠤᠲᠠ ᠶᠢᠨ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠵᠥᠪᠯᠡᠯ ᠤᠨ ᠡᠳᠦᠷ ᠲᠤᠲᠤᠮ ᠤᠨ | ᠠᠵᠢᠯ ᠢ ᠡᠭᠦᠷᠭᠡᠯᠡᠨ᠎ᠡ᠃ | 10. ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ ᠦᠶᠯᠡᠳᠪᠦᠷᠢᠯᠡᠯ | ᠂ ᠭᠦᠶᠯᠭᠡᠭᠡᠨ᠂ ᠬᠡᠷᠡᠭᠯᠡᠭᠡᠨ ᠤ ᠪᠦᠬᠦ ᠶᠠᠪᠤᠴᠠ ᠳᠤ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠤᠨ᠂ | ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ | ᠰᠡᠷᠭᠡᠶᠢᠯᠡᠨ᠎ᠡ᠃ ᠢᠳᠡᠭᠡᠨ ᠤ ᠵᠦᠶᠯ ᠤᠨ ᠦᠶᠯᠡᠳᠪᠦᠷᠢᠯᠡᠨ ᠡᠵᠡᠩᠨᠡᠭᠴᠢᠳ ᠤᠨ ᠭᠤᠤᠯ ᠴᠣᠭᠴᠠ ᠶᠢᠨ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠲᠣᠭᠲᠠᠴᠠ ᠪᠠᠶᠢᠭᠤᠯᠬᠤ ᠶᠢ ᠠᠬᠢᠭᠤᠯᠵᠤ᠂ ᠢᠳᠡᠭᠡᠨ ᠤ ᠵᠦᠶᠯ ᠤᠨ | ᠠᠮᠤᠷ ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠢᠳᠡᠭᠡᠨ ᠤ ᠠᠶᠤᠯ ᠦᠭᠡᠢ ᠳᠤ | ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠬᠡᠮᠵᠢᠬᠦ᠂ ᠬᠢᠨᠠᠨ ᠪᠠᠶᠢᠴᠠᠭᠠᠵᠤ | ᠰᠢᠶᠳᠪᠦᠷᠢᠯᠡᠬᠦ ᠪᠠ ᠲᠦᠭᠰᠢᠭᠦᠷᠢ ᠶᠢ ᠰᠡᠷᠡᠮᠵᠢᠯᠡᠭᠦᠯᠬᠦ᠂ ᠲᠦᠭᠰᠢᠭᠦᠷᠢ ᠶᠢ ᠰᠣᠯᠢᠯᠴᠠᠬᠤ ᠠᠵᠢᠯ ᠢ ᠵᠣᠬᠢᠶᠠᠨ | ᠪᠠᠶᠢᠭᠤᠯᠤᠨ ᠶᠠᠪᠤᠭᠳᠠᠭᠤᠯᠤᠨ᠎ᠠ᠃ ᠢᠳᠡᠭᠡᠨ ᠤ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠪᠠ ᠣᠨᠴᠠᠭᠠᠢ ᠢᠳᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ | ᠶᠠᠪᠤᠭᠳᠠᠭᠤᠯᠤᠨ᠎ᠠ᠃ | 11. ᠪᠥᠬᠦ ᠬᠤᠲᠠ ᠶᠢᠨ ᠬᠡᠮᠵᠢᠯᠲᠡ ᠶᠢᠨ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠤᠯᠤᠰ ᠤᠨ | ᠬᠡᠮᠵᠢᠯᠲᠡ ᠶᠢᠨ ᠳᠦᠷᠢᠮ ᠢ ᠨᠠᠶᠢᠳᠠᠪᠤᠷᠢᠵᠢᠭᠤᠯᠤᠨ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠶᠢ | ᠬᠡᠷᠡᠭᠵᠢᠭᠦᠯᠵᠦ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠭᠳᠡᠯ ᠳᠠᠮᠵᠢᠭᠤᠯᠬᠤ ᠪᠠ ᠬᠠᠷᠢᠴᠠᠭᠤᠯᠬᠤ ᠠᠵᠢᠯ ᠢ | ᠬᠠᠮᠢᠶᠠᠷᠤᠨ᠎ᠠ᠃ ᠲᠠᠸᠠᠷ ᠤᠨ ᠲᠤᠭ᠎ᠠ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ | ᠵᠢᠷᠤᠮᠵᠢᠭᠤᠯᠤᠨ ᠬᠢᠨᠠᠯᠲᠠ ᠲᠠᠯᠪᠢᠨ᠎ᠠ᠃ | 12. ᠪᠥᠬᠦ ᠬᠤᠲᠠ ᠶᠢᠨ ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠤᠯᠠᠭᠠᠨᠴᠠᠪ | ᠬᠤᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ᠂ ᠨᠡᠶᠢᠲᠡᠯᠡᠬᠦ ᠶᠢ ᠵᠣᠬᠢᠶᠠᠨ ᠪᠠᠶᠢᠭᠤᠯᠤᠨ᠎ᠠ᠃ | ᠪᠦᠯᠬᠦᠮ ᠨᠡᠶᠢᠲᠡ ᠶᠢᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ ᠵᠢᠴᠢ ᠨᠡᠶᠢᠭᠡᠮ ᠳᠤ ᠢᠯᠡ | ᠪᠣᠯᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠠᠷᠢᠮᠵᠢᠶᠠᠵᠢᠭᠤᠯᠬᠤ ᠲᠤᠷᠰᠢᠯᠲᠠ ᠶᠢᠨ ᠴᠢᠭ ᠤᠨ | ᠵᠢᠱᠢᠶ᠎ᠡ ᠦᠵᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠤᠰ ᠭᠠᠵᠠᠷ ᠣᠷᠣᠨ ᠤ ᠲᠠᠸᠠᠷ ᠤᠨ | ᠵᠢᠷᠤᠭᠠᠰᠤᠨ ᠺᠣᠳ᠋ᠴᠢᠯᠠᠯ ᠢ ᠳᠠᠩᠰᠠᠯᠠᠬᠤ᠂ ᠤᠷᠲᠤᠳᠬᠠᠬᠤ᠂ ᠹᠢᠯᠢᠮ ᠦᠶᠯᠡᠳᠬᠦ ᠠᠵᠢᠯ ᠢ ᠭᠥᠯᠢᠶᠡᠨ ᠠᠪᠴᠤ | ᠰᠢᠶᠳᠪᠦᠷᠢᠯᠡᠨ᠎ᠡ︔ ᠪᠠᠷᠢᠮᠵᠢᠶᠠᠵᠢᠭᠤᠯᠬᠤ ᠶᠢ ᠵᠣᠬᠢᠴᠠᠭᠤᠯᠬᠤ ᠲᠣᠭᠲᠠᠴᠠ ᠶᠢᠨ ᠡᠳᠦᠷ ᠲᠤᠲᠤᠮ ᠤᠨ ᠠᠵᠢᠯ ᠢ | ᠬᠠᠷᠢᠭᠤᠴᠠᠨ᠎ᠠ᠃ | 13. ᠪᠠᠶᠢᠴᠠᠭᠠᠨ ᠰᠢᠯᠭᠠᠵᠤ ᠬᠡᠮᠵᠢᠬᠦ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠪᠠᠶᠢᠴᠠᠭᠠᠨ | ᠰᠢᠯᠭᠠᠵᠤ ᠬᠡᠮᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠠᠶᠢᠴᠠᠭᠠᠨ ᠰᠢᠯᠭᠠᠵᠤ ᠬᠡᠮᠵᠢᠬᠦ | ᠵᠠᠬ᠎ᠠ ᠳᠡᠯᠭᠡᠭᠦᠷ ᠢ ᠵᠢᠷᠤᠮᠵᠢᠭᠤᠯᠤᠨ᠂ ᠪᠠᠶᠢᠴᠠᠭᠠᠨ ᠰᠢᠯᠭᠠᠵᠤ ᠬᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ | ᠪᠠᠶᠢᠴᠠᠭᠠᠨ ᠰᠢᠯᠭᠠᠵᠤ ᠬᠡᠮᠵᠢᠬᠦ ᠠᠵᠢᠯ ᠲᠥᠷᠥᠯ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃ | 14. ᠪᠥᠬᠦ ᠬᠤᠲᠠ ᠶᠢᠨ ᠭᠡᠷᠡᠴᠢᠯᠡᠯ ᠤᠨ ᠠᠵᠢᠯ ᠤᠨ ᠬᠢᠨᠠᠯᠲᠠ ᠪᠠ ᠶᠡᠷᠦᠩᠬᠡᠶᠢᠯᠡᠨ ᠵᠣᠬᠢᠴᠠᠭᠤᠯᠤᠯᠲᠠ ᠶᠢ | ᠬᠠᠷᠢᠭᠤᠴᠠᠨ᠎ᠠ᠃ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ᠂ ᠬᠠᠮᠢᠶ᠎ᠠ ᠪᠦᠬᠦᠢ ᠭᠡᠷᠡᠴᠢᠯᠡᠯ ᠤᠨ ᠬᠢᠨᠠᠯᠲᠠ | ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ | 15. ᠪᠥᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠯᠲᠡ᠂ | ᠬᠡᠷᠡᠭᠯᠡᠯᠲᠡ᠂ ᠬᠠᠮᠠᠭᠠᠯᠠᠯᠲᠠ᠂ ᠬᠠᠮᠢᠶᠠᠷᠤᠯᠲᠠ ᠪᠠ ᠦᠢᠯᠡᠴᠢᠯᠡᠭᠡ ᠶᠢᠨ ᠠᠵᠢᠯ ᠢ ᠬᠠᠷᠢᠭᠤᠴᠠᠨ᠎ᠠ᠃ ᠤᠯᠠᠭᠠᠨᠴᠠᠪ | ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠲᠤᠭᠤᠷᠪᠢᠬᠤ ᠪᠠ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠬᠠᠶ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢ ᠪᠦᠲᠦᠭᠡᠨ ᠪᠠᠶᠢᠭᠤᠯᠬᠤ ᠠᠵᠢᠯ ᠢ ᠲᠦᠯᠬᠢᠨ ᠠᠬᠢᠭᠤᠯᠤᠨ᠎ᠠ᠃ | 16. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢ ᠠᠬᠢᠭᠤᠯᠤᠨ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠮᠡᠳᠡᠭᠡ ᠵᠠᠩᠭᠢ ᠶᠢᠨ ᠣᠯᠠᠨ ᠨᠡᠶᠢᠲᠡ ᠶᠢᠨ | ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠶᠠᠪᠤᠭᠳᠠᠭᠤᠯᠤᠨ᠎ᠠ᠃ | ᠤᠯᠠᠭᠠᠨᠴᠠᠪ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠶ ᠵᠦᠶᠯ ᠤᠨ ᠪᠠᠯᠠ | ᠮᠥᠩᠭᠦ ᠶᠢ ᠬᠠᠮᠢᠶᠠᠷᠴᠤ᠂ ᠲᠤᠰᠬᠠᠶ ᠠᠰᠢᠭ ᠢ ᠤᠯᠠᠷᠢᠭᠤᠯᠬᠤ ᠲᠥᠷᠥᠯ ᠵᠦᠶᠯ ᠤᠨ ᠬᠡᠷᠡᠭᠵᠢᠭᠦᠯᠦᠯᠲᠡ ᠶᠢ ᠵᠣᠬᠢᠶᠠᠨ | ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠰᠢᠯᠵᠢᠭᠦᠯᠦᠨ ᠤᠯᠠᠷᠢᠭᠤᠯᠬᠤ ᠶᠢ | ᠠᠬᠢᠭᠤᠯᠤᠨ᠎ᠠ᠃ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠬᠠᠤᠯᠢ ᠬᠡᠷᠡᠭᠵᠢᠭᠦᠯᠬᠦ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠶᠳᠪᠦᠷᠢᠯᠡᠬᠦ᠂ ᠡᠷᠬᠡ ᠪᠠᠨ ᠬᠠᠮᠠᠭᠠᠯᠠᠬᠤ ᠳᠤ | ᠲᠤᠰᠠᠯᠠᠮᠵᠢ ᠦᠵᠡᠭᠦᠯᠬᠦ ᠪᠠ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠨ᠎ᠡ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠶᠳᠪᠦᠷᠢᠯᠡᠬᠦ ᠶᠢ ᠵᠢᠯᠣᠭᠤᠳᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠡᠷᠡᠮᠵᠢᠯᠡᠭᠦᠯᠬᠦ ᠪᠠ | ᠭᠠᠳᠠᠭᠠᠳᠤ ᠳᠤ ᠬᠤᠯᠪᠣᠭᠳᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | 17. ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠤᠨ ᠵᠢᠯᠣᠭᠤᠳᠴᠤ ᠪᠠᠶᠢᠭᠠᠳ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠶᠯᠡᠳᠪᠦᠷᠢ | ᠬᠤᠳᠠᠯᠳᠤᠭᠠᠨ ᠤ ᠡᠷᠦᠬᠡ᠂ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠢᠨ᠎ᠡ᠃ ᠡᠯ᠎ᠡ | ᠭᠠᠵᠠᠷ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠪᠯᠡᠯ ᠤᠨ | ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | 18. ᠵᠠᠬ᠎ᠠ ᠳᠡᠯᠭᠡᠭᠦᠷ ᠤᠨ ᠰᠢᠨᠵᠢᠯᠡᠭᠡ ᠮᠡᠷᠭᠡᠵᠢᠯ ᠪᠣᠯᠤᠨ ᠮᠡᠳᠡᠭᠡ ᠵᠠᠩᠭᠢᠵᠢᠭᠤᠯᠤᠯᠲᠠ ᠶᠢᠨ ᠪᠦᠲᠦᠭᠡᠨ | ᠪᠠᠶᠢᠭᠤᠯᠤᠯᠲᠠ᠂ ᠰᠣᠨᠢᠨ ᠮᠡᠳᠡᠭᠡ ᠤᠬᠠᠭᠤᠯᠭ᠎ᠠ ᠵᠡᠷᠭᠡ ᠠᠵᠢᠯ ᠢ ᠬᠢᠨᠠᠵᠤ ᠬᠠᠮᠢᠶᠠᠷᠬᠤ ᠶᠢ ᠬᠠᠷᠢᠭᠤᠴᠠᠨ᠎ᠠ᠃ | 19. ᠡᠮ ᠤᠨ ᠵᠦᠶᠯ ︵ᠬᠢᠲᠠᠳ ᠡᠮ᠂ ᠮᠣᠩᠭᠤᠯ ᠡᠮ ᠵᠡᠷᠭᠡ ᠦᠨᠳᠦᠰᠦᠲᠡᠨ ᠤ ᠡᠮ᠂ ᠳᠣᠷᠣᠭᠰᠢ ᠠᠳᠠᠯᠢ︶᠂ | ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠤᠨ ᠡᠳ᠋ ᠤᠨ ᠠᠶᠤᠯ ᠦᠭᠡᠢ ᠳᠤ ᠬᠢᠨᠠᠯᠲᠠ ᠲᠠᠯᠪᠢᠵᠤ | ᠬᠠᠮᠢᠶᠠᠷᠬᠤ ᠶᠢ ᠬᠠᠷᠢᠭᠤᠴᠠᠨ᠎ᠠ᠃ ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ | ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠬᠢᠨᠠᠯᠲᠠ | ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠰᠠᠯᠠᠭ᠎ᠠ | ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ | 20. ᠡᠮ ᠤᠨ ᠵᠦᠶᠯ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠡᠳ᠋ ᠤᠨ ᠶᠠᠰᠤ ᠴᠢᠨᠠᠷ ᠤᠨ | ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ ᠪᠠ ᠬᠡᠷᠡᠭᠯᠡᠬᠦ | ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠵᠢᠴᠢ ᠵᠠᠰᠠᠯ ᠴᠢᠮᠡᠭ ᠤᠨ ᠡᠳ᠋ ᠢ ᠡᠵᠡᠩᠨᠡᠬᠦ᠂ ᠬᠡᠷᠡᠭᠯᠡᠵᠦ | ᠬᠠᠮᠢᠶᠠᠷᠬᠤ ᠬᠠᠮᠢᠶ᠎ᠠ ᠪᠦᠬᠦᠢ ᠲᠣᠭᠲᠠᠭᠠᠯ ᠤᠨ ᠳᠦᠷᠢᠮ ᠢ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠲᠤᠷᠰᠢᠨ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ | ᠴᠢᠮᠡᠭ ᠤᠨ ᠡᠳ᠋ ᠤᠨ ᠲᠥᠷᠥᠯ ᠬᠤᠪᠢᠶᠠᠨ ᠬᠠᠮᠢᠶᠠᠷᠬᠤ ᠳᠦᠷᠢᠮ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠲᠣᠰ | ᠭᠠᠵᠠᠷ ᠣᠷᠣᠨ ᠤ ᠪᠠᠨ ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠤᠨ ᠡᠳ᠋ ᠲᠤ | ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃ | ᠠᠰᠠᠭᠤᠳᠠᠯ ᠲᠠᠢ ᠦᠶᠯᠡᠳᠬᠦᠨ ᠪᠠ ᠰᠢᠶᠳᠪᠦᠷᠢᠯᠡᠬᠦ ᠳᠦᠷᠢᠮ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠤᠯᠤᠰ ᠤᠨ ᠦᠨᠳᠦᠰᠦᠨ ᠡᠮ ᠤᠨ ᠳᠦᠷᠢᠮ ᠢ ᠬᠡᠷᠡᠭᠵᠢᠭᠦᠯᠦᠨ᠎ᠡ᠃ | 21. ᠬᠠᠤᠯᠢ ᠳᠤ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠡᠮ ᠤᠨ ᠵᠦᠶᠯ᠂ ᠡᠮᠴᠢᠯᠡᠭᠡᠨ ᠤ ᠪᠠᠭᠠᠵᠢ | ᠬᠡᠷᠡᠭᠰᠡᠯ ᠢ ᠵᠥᠪᠰᠢᠶᠡᠷᠡᠬᠦ᠂ ᠳᠠᠩᠰᠠᠯᠠᠬᠤ᠂ ᠳᠡᠭᠡᠭᠰᠢ ᠮᠡᠳᠡᠭᠦᠯᠬᠦ ᠵᠡᠷᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ | ᠬᠢᠨᠠᠨ ᠦᠨᠡᠯᠡᠬᠦ ᠬᠢᠨᠠᠨ ᠵᠥᠪᠰᠢᠶᠡᠷᠡᠬᠦ ᠦᠶᠯᠡᠴᠢᠯᠡᠭᠡᠨ ᠢ ᠳᠥᠭᠦᠮᠴᠢᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | 22. ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠤᠨ ᠡᠳ᠋ ᠢ ᠵᠠᠬ᠎ᠠ ᠳᠡᠯᠭᠡᠭᠦᠷ ᠲᠤ | ᠭᠠᠷᠭᠠᠭᠰᠠᠨ ᠤ ᠳᠠᠷᠠᠭᠠᠬᠢ ᠲᠦᠭᠰᠢᠭᠦᠷᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ ᠵᠦᠶᠯ ᠤᠨ ᠮᠠᠭᠤ | ᠲᠤᠰᠬᠠᠯ᠂ ᠡᠮᠴᠢᠯᠡᠭᠡᠨ ᠤ ᠮᠠᠰᠢᠨ ᠪᠠᠭᠠᠵᠢ ᠶᠢᠨ ᠮᠠᠭᠤ ᠬᠡᠷᠡᠭ ᠪᠣᠯᠤᠨ ᠵᠠᠰᠠᠯ ᠴᠢᠮᠡᠭ ᠤᠨ ᠡᠳ᠋ ᠤᠨ ᠮᠠᠭᠤ ᠤᠷᠪᠠᠯ ᠢ | ᠬᠢᠨᠠᠨ ᠬᠡᠮᠵᠢᠬᠦ᠂ ᠦᠨᠡᠯᠡᠬᠦ ᠪᠠ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠬᠢᠨ᠎ᠡ᠃ ᠡᠮ ᠤᠨ ᠵᠦᠶᠯ᠂ | ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠤᠨ ᠡᠳ᠋ ᠤᠨ ᠠᠶᠤᠯ ᠦᠭᠡᠢ ᠶᠢᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠡᠮ ᠤᠨ ᠵᠦᠶᠯ᠂ ᠡᠮᠴᠢᠯᠡᠭᠡᠨ ᠤ | ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠤᠨ ᠡᠳ᠋ ᠤᠨ ᠬᠢᠨᠠᠯᠲᠠ ᠪᠠᠶᠢᠴᠠᠭᠠᠯᠲᠠ ᠶᠢ ᠬᠠᠷᠢᠭᠤᠴᠠᠵᠤ᠂ ᠪᠠᠶᠢᠴᠠᠭᠠᠬᠤ᠂ | ᠬᠢᠨᠠᠨ ᠪᠠᠶᠢᠴᠠᠭᠠᠬᠤ᠂ ᠮᠥᠷᠳᠡᠨ ᠪᠠᠶᠢᠴᠠᠭᠠᠬᠤ ᠳᠦᠷᠢᠮ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠶᠣᠰᠣᠭᠠᠷ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠪᠠᠶᠢᠴᠠᠭᠠᠨ ᠰᠢᠶᠳᠪᠦᠷᠢᠯᠡᠨ᠎ᠡ᠃ ᠬᠦᠨᠳᠦ ᠶᠡᠭᠡ ᠬᠡᠷᠡᠭ ᠢ ᠪᠠᠶᠢᠴᠠᠭᠠᠨ ᠰᠢᠶᠳᠪᠦᠷᠢᠯᠡᠬᠦ ᠪᠠ ᠣᠷᠣᠨ ᠪᠦᠰᠡ | ᠠᠯᠤᠰᠯᠠᠭᠰᠠᠨ ᠬᠠᠤᠯᠢ ᠬᠡᠷᠡᠭᠵᠢᠭᠦᠯᠦᠯᠲᠡ ᠶᠢᠨ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ | ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠠᠵᠢᠯ ᠥᠷᠨᠢᠭᠦᠯᠬᠦ ᠶᠢ ᠬᠠᠷᠢᠭᠤᠴᠠᠨ ᠵᠢᠯᠣᠭᠤᠳᠤᠨ᠎ᠠ᠃ | 23. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠵᠢᠯᠣᠭᠤᠳᠴᠤ᠂ ᠭᠠᠳᠠᠭᠠᠳᠤ ᠯᠤᠭ᠎ᠠ ᠶᠢᠨ ᠴᠢᠳᠠᠪᠤᠷᠢᠲᠠᠨ᠂ ᠮᠡᠷᠭᠡᠵᠢᠯ ᠤᠨ ᠰᠣᠯᠢᠯᠴᠠᠭ᠎ᠠ ᠪᠠ | ᠬᠠᠮᠲᠤᠷᠠᠯᠴᠠᠭ᠎ᠠ ᠶᠢ ᠥᠷᠨᠢᠭᠦᠯᠦᠨ᠎ᠡ︔ ᠡᠭᠦᠷᠭᠡ ᠬᠠᠷᠢᠭᠤᠴᠠᠯᠭ᠎ᠠ ᠶᠣᠰᠣᠭᠠᠷ ᠠᠵᠢᠯ ᠡᠷᠬᠢᠯᠡᠬᠦ ᠡᠮ ᠨᠠᠶᠢᠷᠠᠭᠴᠢ ᠶᠢᠨ | ᠵᠣᠬᠢᠴᠠᠩᠭᠤᠶ ᠬᠠᠮᠢᠶᠠᠷᠤᠯᠲᠠ ᠵᠢᠴᠢ ᠳᠠᠩᠰᠠᠯᠠᠭᠤᠯᠬᠤ ᠠᠵᠢᠯ ᠢ ᠡᠭᠦᠷᠭᠡᠯᠡᠨ᠎ᠡ᠃ | 24. ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠦᠷᠢᠶᠡᠨ ᠳᠠᠬᠢ ᠵᠥᠷᠢᠴᠡᠯ ᠢ ᠨᠠᠮᠳᠠᠭᠤᠯᠬᠤ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ | ᠠᠵᠢᠯ ᠢ ᠰᠠᠶᠢᠲᠤᠷ ᠬᠢᠨ᠎ᠡ᠃ | 25.ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ ᠮᠥᠴᠢᠷ ᠤᠨ ᠢᠶᠠᠨ ᠨᠠᠮᠴᠢ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯ ᠦᠭᠡᠢ ᠦᠶᠯᠡᠳᠪᠦᠷᠢᠯᠡᠯ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠵᠡᠷᠭᠡ ᠠᠵᠢᠯ ᠢ ᠬᠠᠷᠢᠭᠤᠴᠠᠨ᠎ᠠ᠃ | 26. ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ | ᠪᠡᠶᠡᠯᠡᠭᠦᠯᠦᠨ᠎ᠡ᠃ | | | | ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠤᠨ ᠰᠢᠨ᠎ᠡ ᠲᠣᠭᠤᠷᠢᠭ ᠤᠨ ᠴᠠᠬᠠᠷ ᠪᠠᠷᠠᠭᠤᠨ ᠵᠡᠭᠡᠯᠢ ᠶᠢᠨ 25 ᠳ᠋ᠤᠭᠠᠷ | ᠨᠣᠮᠧᠷ | ᠬᠠᠷᠢᠯᠴᠠᠬᠤ ᠤᠲᠠᠰᠤ᠄ 0474 — 8328166 8322378 | ᠭᠤᠮᠣᠳᠠᠯ ᠲᠣᠭᠠᠴᠢᠬᠤ ᠢᠯᠡᠴᠢᠯᠡᠨ ᠮᠡᠳᠡᠭᠦᠯᠬᠦ ᠤᠲᠠᠰᠤ᠄ 12315 | | | | | ᠣᠷᠴᠢᠭᠤᠯᠤᠭᠴᠢ᠄ ᠭᠤᠸ᠎ᠠ | ᠬᠢᠨᠠᠭᠴᠢ᠄ ᠭᠡᠷᠡᠯᠲᠦ | |