| | 1 — 9 ᠰᠠᠷ᠎ᠠ ᠳᠤ᠂ ᠪᠥᠬᠦ ᠬᠤᠲᠠ ᠶᠢᠨ ᠠᠵᠤ ᠦᠶᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ | 354.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.4 % ᠪᠠᠷ | ᠨᠡᠮᠡᠭᠳᠡᠨ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 93.3 % ᠶᠢ ᠡᠵᠡᠯᠡᠪᠡ᠃ 9 ᠰᠠᠷ᠎ᠠ ᠳᠤ | ᠠᠵᠤ ᠦᠶᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 40.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 10.2 % ᠢᠶᠠᠷ ᠨᠡᠮᠡᠭᠳᠡᠵᠡᠶ᠃ | ᠠᠵᠤ ᠦᠶᠯᠡᠳᠪᠦᠷᠢ ᠶᠢᠨ ᠠᠵᠢᠯ ᠲᠥᠷᠥᠯ ᠠᠴᠠ ᠦᠵᠡᠪᠡᠯ᠂ ᠦᠶᠯᠡᠳᠬᠦ ᠦᠢᠯᠡᠰ ᠤᠨ ᠴᠠᠬᠢᠯᠭᠠᠨ ᠬᠡᠷᠡᠭᠯᠡᠭᠰᠡᠨ | ᠬᠡᠮᠵᠢᠶ᠎ᠡ ᠨᠢ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠳᠤ ᠡᠵᠡᠯᠡᠬᠦ ᠬᠤᠪᠢ ᠶᠢᠨ ᠵᠢᠩ ᠨᠢ ᠨᠡᠯᠢᠶᠡᠳ | ᠶᠡᠭᠡ ᠪᠠᠶᠢᠵᠤ᠂ ᠮᠠᠨ ᠤ ᠬᠤᠲᠠ ᠶᠢᠨ ᠠᠵᠤ ᠦᠶᠯᠡᠳᠪᠦᠷᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠡ ᠶᠢᠨ ᠨᠡᠮᠡᠭᠳᠡᠯ ᠳᠤ | ᠨᠡᠯᠢᠶᠡᠳ ᠶᠡᠭᠡ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ 9 ᠰᠠᠷ᠎ᠠ ᠶᠢᠨ ᠰᠡᠭᠦᠯᠴᠢ ᠪᠣᠯᠲᠠᠯ᠎ᠠ᠂ ᠦᠶᠯᠡᠳᠬᠦ | ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠡᠶᠢᠲᠡ 319 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 24.1 % ᠪᠠᠷ ᠨᠡᠮᠡᠭᠳᠡᠵᠦ᠂ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ | ᠬᠡᠮᠵᠢᠶ᠎ᠡ ᠶᠢᠨ 84 % ᠶᠢ ᠡᠵᠡᠯᠡᠵᠦ᠂ ᠠᠵᠤ ᠦᠶᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ ᠨᠡᠮᠡᠭᠳᠡᠯ ᠢ | 21.4 ᠵᠠᠭᠤᠨ ᠤ ᠬᠤᠪᠢ ᠶᠢᠨ ᠴᠡᠭ ᠳᠠᠳᠠᠵᠤ᠂ ᠠᠵᠤ ᠦᠶᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ | ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 95.6 % ᠳᠤ ᠬᠥᠷᠪᠡ︔ ᠠᠭᠤᠷᠬᠠᠶ ᠮᠠᠯᠲᠠᠬᠤ | ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠢ ᠨᠡᠶᠢᠲᠡ 1.7 ᠳ᠋ᠦᠩᠰᠢᠭᠤᠷ ᠺᠢᠯᠣᠸᠠᠲ ᠴᠠᠭ ᠪᠠᠶᠢᠵᠤ᠂ ᠪᠥᠬᠦ | ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ ᠡᠵᠡᠯᠡᠬᠦ ᠬᠤᠪᠢ ᠶᠢᠨ ᠵᠢᠩ ᠨᠢ 0.5 % ᠪᠣᠯᠤᠨ᠎ᠠ︔ | ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ ᠦᠶᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ ᠤᠨ ᠴᠠᠬᠢᠯᠭᠠᠨ ᠬᠡᠷᠡᠭᠯᠡᠬᠦ ᠬᠡᠮᠵᠢᠶ᠎ᠡ 33.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 10 % ᠪᠠᠷ ᠨᠡᠮᠡᠭᠳᠡᠵᠦ᠂ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠬᠦ | ᠬᠡᠮᠵᠢᠶ᠎ᠡ ᠶᠢᠨ 8.9 % ᠶᠢ ᠡᠵᠡᠯᠡᠪᠡ᠃ | ᠡᠨᠧᠷᠬᠢ ᠠᠷᠪᠢᠨ ᠬᠤᠷᠤᠭᠳᠤᠭᠤᠯᠬᠤ ᠵᠢᠷᠭᠤᠭᠠᠨ ᠳᠤᠮᠤ ᠠᠵᠢᠯ ᠲᠥᠷᠥᠯ ᠤᠨ ᠳᠣᠲᠣᠷ᠎ᠠ᠂ ᠬᠠᠷ᠎ᠠ ᠲᠡᠮᠦᠷᠯᠢᠭ | ᠪᠣᠯᠪᠠᠰᠤᠷᠠᠭᠤᠯᠬᠤ ᠵᠢᠴᠢ ᠳᠠᠷᠤᠵᠤ ᠰᠤᠩᠭᠠᠵᠤ ᠪᠣᠯᠪᠠᠰᠤᠷᠠᠭᠤᠯᠬᠤ ᠦᠢᠯᠡᠰ ᠤᠨ ᠴᠠᠬᠢᠯᠭᠠᠨ ᠬᠡᠷᠡᠭᠯᠡᠬᠦ ᠬᠡᠮᠵᠢᠶᠡᠨ ᠤ | ᠬᠠᠷᠢᠴᠠᠯᠠᠰᠢ ᠦᠭᠡᠢ ᠬᠡᠮᠵᠢᠶ᠎ᠡ ᠨᠢ ᠡᠯ᠎ᠡ ᠠᠵᠢᠯ ᠲᠥᠷᠥᠯ ᠤᠨ ᠪᠦᠷ ᠯᠠ ᠲᠡᠷᠢᠭᠦᠨ ᠳᠤ ᠪᠠᠶᠢᠭᠰᠠᠭᠠᠷ᠃ 9 | ᠰᠠᠷ᠎ᠠ ᠶᠢᠨ ᠡᠴᠦᠰ ᠪᠣᠯᠲᠠᠯ᠎ᠠ᠂ ᠬᠠᠷ᠎ᠠ ᠲᠡᠮᠦᠷᠯᠢᠭ ᠪᠣᠯᠪᠠᠰᠤᠷᠠᠭᠤᠯᠬᠤ ᠵᠢᠴᠢ ᠳᠠᠷᠤᠵᠤ ᠰᠤᠩᠭᠠᠨ ᠪᠣᠯᠪᠠᠰᠤᠷᠠᠭᠤᠯᠬᠤ | ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠡᠶᠢᠲᠡ 210.2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 43.1 % ᠪᠠᠷ ᠨᠡᠮᠡᠭᠳᠡᠨ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ | ᠬᠡᠮᠵᠢᠶ᠎ᠡ ᠶᠢᠨ 55.3 % ᠶᠢ ᠡᠵᠡᠯᠡᠪᠡ︔ ᠬᠢᠮᠢ ᠶᠢᠨ ᠲᠦᠭᠦᠬᠡᠶ ᠮᠠᠲ᠋ᠧᠷᠢᠶᠠᠯ ᠵᠢᠴᠢ ᠬᠢᠮᠢ ᠶᠢᠨ ᠪᠦᠲᠦᠭᠡᠭᠳᠡᠬᠦᠨ | ᠦᠶᠯᠡᠳᠬᠦ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠡᠶᠢᠲᠡ 78.9 ᠳ᠋ᠦᠩᠰᠢᠭᠤᠷ ᠺᠢᠯᠣᠸᠠᠲ ᠴᠠᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 10.1 % ᠪᠠᠷ ᠪᠠᠭᠤᠷᠠᠵᠤ᠂ ᠪᠥᠬᠦ ᠨᠡᠶᠢᠭᠡᠮ ᠤᠨ ᠴᠠᠬᠢᠯᠭᠠᠨ | ᠬᠡᠷᠡᠭᠯᠡᠭᠰᠡᠨ ᠬᠡᠮᠵᠢᠶ᠎ᠡ ᠶᠢᠨ 20.7 % ᠶᠢ ᠡᠵᠡᠯᠡᠪᠡ︔ ᠲᠡᠮᠦᠷᠯᠢᠭ ᠪᠤᠰᠤ ᠡᠷᠦᠳᠡᠰᠦ ᠶᠢᠨ ᠪᠦᠲᠦᠭᠡᠭᠳᠡᠬᠦᠨ ᠤ | ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠡᠶᠢᠲᠡ 20.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 73.5 % ᠪᠠᠷ ᠨᠡᠮᠡᠭᠳᠡᠵᠦ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ | ᠬᠡᠮᠵᠢᠶ᠎ᠡ ᠶᠢᠨ ᠡᠵᠡᠯᠡᠬᠦ ᠬᠤᠪᠢ ᠶᠢᠨ ᠵᠢᠩ ᠨᠢ 5.5 % ᠪᠣᠯᠪᠠ︔ ᠴᠠᠬᠢᠯᠭᠠᠨ ᠬᠦᠴᠤᠨ᠂ ᠢᠯᠴᠢ ᠶᠢᠨ ᠬᠦᠴᠦᠨ ᠤ | ᠦᠶᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 32.6 ᠳ᠋ᠦᠩᠰᠢᠭᠤᠷ | ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9 % ᠪᠠᠷ ᠪᠠᠷ᠎ᠠ ᠨᠡᠮᠡᠭᠳᠡᠵᠦ᠂ ᠪᠦᠬᠦ | ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 8.6 % ᠶᠢ ᠡᠵᠡᠯᠡᠪᠡ︔ ᠥᠩᠭᠡᠲᠦ ᠲᠡᠮᠦᠷᠯᠢᠭ | ᠪᠣᠯᠪᠠᠰᠤᠷᠠᠭᠤᠯᠬᠤ ᠵᠢᠴᠢ ᠳᠠᠷᠤᠵᠤ ᠰᠤᠩᠭᠠᠨ ᠪᠣᠯᠪᠠᠰᠤᠷᠠᠭᠤᠯᠬᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ | 21 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43.2 % ᠢᠶᠠᠷ | ᠪᠠᠭᠤᠷᠠᠵᠤ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 0.9 % ᠶᠢ ᠡᠵᠡᠯᠡᠪᠡ᠃ | ᠵᠤᠬᠢᠶᠠᠭᠴᠢ᠄ ᠸᠠᠩ ᠴᠢᠨ | ᠤᠷᠴᠢᠭᠤᠯᠤᠭᠴᠢ᠄ ᠬᠦᠰᠡᠯ | ᠬᠢᠨᠠᠭᠴᠢ᠄ ᠭᠡᠷᠡᠯᠳᠤ |