ᠤᠯᠠᠭᠠᠨᠴᠠᠪ ᠬᠤᠲᠠ ᠶᠢᠨ ᠭᠠᠵᠠᠷ ᠬᠥᠳᠡᠯᠦᠯᠲᠡ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019/10/23
    ᠤᠯᠠᠭᠠᠨᠴᠠᠪ ᠬᠤᠲᠠ ᠶᠢᠨ ᠭᠠᠵᠠᠷ ᠬᠥᠳᠡᠯᠦᠯᠲᠡ ᠶᠢᠨ ᠲᠣᠪᠴᠢᠶ᠎ᠠ ᠪᠣᠯ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠭᠦᠷᠭᠡ ᠲᠤᠰᠢᠶᠠᠯᠲᠤ ᠰᠠᠯᠠᠭ᠎ᠠ ᠮᠥᠴᠢᠷ ᠪᠠᠶᠢᠵᠤ ᠪᠥᠬᠦ ᠬᠤᠲᠠ ᠶᠢᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ  ᠢ ᠬᠠᠷᠢᠭᠤᠴᠠᠨ  ᠬᠠᠮᠢᠶᠠᠷᠴᠤ᠂ ᠬᠤᠲᠠ ᠶᠢᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠪᠠᠶᠢᠵᠤ᠂ ᠠᠯᠪᠠᠲᠠᠨ ᠤ ᠬᠠᠮᠢᠶᠠᠷᠤᠯᠲᠠ ᠪᠠᠷ ᠯᠠᠪᠯᠠᠯᠲᠠ ᠪᠣᠯᠭᠠᠨ᠎ᠠ᠃ ᠡᠷᠬᠡ ᠣᠯᠭᠤᠯᠲᠠ ᠶᠢ ᠦᠨᠳᠦᠰᠦᠯᠡᠨ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠡᠭᠦᠷᠭᠡᠯᠡᠵᠦ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠡᠯ᠎ᠡ ᠵᠦᠶᠯ ᠤᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠶᠴᠡᠳᠬᠡᠨ᠎ᠡ᠂ ᠡᠭᠦᠨ ᠳᠤ ᠭᠠᠵᠠᠷ ᠬᠥᠳᠡᠯᠦᠯᠲᠡ ᠶᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠂ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠬᠦ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ᠂ ᠭᠠᠵᠠᠷ ᠬᠥᠳᠡᠯᠦᠯᠲᠡ ᠤᠨ ᠭᠠᠮᠰᠢᠭ ᠠᠴᠠ ᠠᠪᠤᠷᠠᠬᠤ ᠬᠢᠭᠡᠳ ᠳᠠᠬᠢᠨ ᠪᠠᠶᠢᠭᠤᠯᠬᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠪᠠᠭᠲᠠᠨ᠎ᠠ᠃ ᠳᠣᠲᠣᠭᠠᠳᠤ ᠳᠠᠭᠠᠨ ᠠᠯᠪᠠᠨ ᠭᠡᠷ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠰᠠᠯᠠᠭ᠎ᠠ᠂ ᠭᠠᠵᠠᠷ ᠬᠥᠳᠡᠯᠦᠯᠲᠡ ᠶᠢᠨ ᠬᠥᠨᠥᠭᠡᠯ ᠢ ᠰᠡᠷᠭᠡᠶᠢᠯᠡᠬᠦ ᠰᠠᠯᠠᠭ᠎ᠠ ᠪᠣᠯᠤᠨ ᠪᠠᠷᠢᠯᠭ᠎ᠠ ᠶᠢᠨ ᠭᠠᠵᠠᠷ ᠬᠥᠳᠡᠯᠦᠯᠲᠡ ᠶᠢᠨ ᠰᠠᠯᠠᠭ᠎ᠠ ᠵᠡᠷᠭᠡ ᠶᠢ ᠲᠣᠬᠢᠷᠠᠭᠤᠯᠵᠤ᠂ ᠵᠠᠷᠤᠳᠠᠯ ᠳᠤ ᠡᠳ᠋ ᠤᠨ ᠵᠠᠰᠠᠭ ᠠᠴᠠ ᠪᠦᠬᠦ ᠲᠤᠭ᠎ᠠ ᠪᠠᠷ ᠨᠢ ᠵᠣᠭᠤᠰ ᠰᠠᠯᠭᠠᠨ ᠥᠭᠬᠦ ᠶᠢ ᠬᠡᠷᠡᠭᠵᠢᠭᠦᠯᠦᠨ᠎ᠡ᠃      ᠤᠯᠠᠭᠠᠨᠴᠠᠪ ᠬᠤᠲᠠ ᠨᠢ ᠨᠡᠶᠢᠰᠯᠡᠯ ᠤᠨ ᠲᠣᠭᠤᠷᠢᠭ ᠤᠨ ᠭᠠᠵᠠᠷ ᠬᠥᠳᠡᠯᠦᠯᠲᠡ ᠶᠢᠨ ᠭᠤᠤᠯᠳᠠᠯᠭ᠎ᠠ ᠲᠠᠢ ᠰᠡᠷᠭᠡᠶᠢᠯᠡᠯᠲᠡ ᠶᠢᠨ ᠣᠷᠣᠨ ᠤ ᠳᠣᠲᠣᠷᠠᠬᠢ ᠥᠪᠥᠷ ᠮᠣᠩᠭᠤᠯ ᠱᠠᠨ ᠰᠢ ᠾᠧᠪᠧᠢ ᠭᠤᠷᠪᠠᠨ ᠮᠤᠵᠢ ᠶᠢᠨ ᠠᠭᠤᠯᠵᠠᠷ ᠣᠷᠣᠨ ᠳᠤ ᠪᠠᠶᠢᠷᠢᠯᠠᠵᠤ᠂ ᠤᠯᠤᠰ ᠤᠨ ᠭᠠᠵᠠᠷ ᠬᠥᠳᠡᠯᠦᠯᠲᠡ ᠶᠢᠨ ᠭᠤᠤᠯᠳᠠᠯᠭ᠎ᠠ ᠲᠠᠢ ᠬᠢᠨᠠᠨ ᠠᠵᠢᠭᠯᠠᠬᠤ ᠣᠷᠣᠨ ᠪᠠ ᠳᠤᠮᠳᠠ ᠴᠢᠩᠭ᠎ᠠ ᠠᠴᠠ ᠳᠡᠭᠡᠭᠰᠢᠬᠢ ᠭᠠᠵᠠᠷ ᠬᠥᠳᠡᠯᠦᠯᠲᠡ ᠶᠢᠨ ᠠᠶᠤᠯᠲᠠᠶ ᠣᠷᠣᠨ ᠳᠤ ᠬᠠᠷᠢᠶᠠᠯᠠᠭᠳᠠᠨ᠎ᠠ᠃ ᠣᠯᠠᠨ ᠵᠢᠯ ᠤᠨ ᠲᠤᠷᠰᠢ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠤᠤᠯᠳᠠᠯᠭ᠎ᠠ ᠲᠠᠢ ᠭᠠᠵᠠᠷ ᠬᠥᠳᠡᠯᠦᠯᠲᠡ ᠶᠢᠨ ᠠᠶᠤᠯᠲᠤ ᠣᠷᠣᠨ ᠳᠤ ᠵᠢᠭᠰᠠᠭᠠᠭᠳᠠᠭᠰᠠᠭᠠᠷ ᠢᠷᠡᠵᠡᠢ᠃ ᠲᠤᠰ ᠣᠷᠣᠨ ᠨᠢ ᠵᠡᠭᠦᠨᠰᠢ ᠶᠠᠨ ᠬᠤᠸᠠᠢ ᠶᠢᠨ ᠵᠥᠷᠢᠭᠳᠡᠯ ᠬᠤᠲᠣᠭᠤᠷ ᠲᠠᠢ ᠵᠠᠯᠭᠠᠯᠳᠤᠵᠤ᠂ ᠪᠠᠷᠠᠭᠤᠨᠰᠢ ᠣᠷᠳᠣᠰ ᠤᠨ ᠵᠡᠭᠦᠨ ᠵᠢᠭᠦᠷ ᠤᠨ ᠣᠶᠢᠯᠲᠠ ᠶᠢᠨ ᠨᠤᠮᠤ ᠲᠠᠢ ᠨᠢᠭᠤᠷᠯᠠᠵᠤ᠂ ᠡᠮᠦᠨᠡᠰᠢ ᠱᠠᠨ ᠰᠢ ᠶᠢᠨ ᠭᠠᠵᠠᠷ ᠬᠥᠳᠡᠯᠦᠯᠲᠡ ᠶᠢᠨ ᠪᠦᠰᠡ ᠶᠢᠨ ᠬᠤᠶᠢᠲᠤ ᠬᠡᠰᠡᠭ ᠤᠨ ᠳ᠋ᠠᠲ᠋ᠦ᠋ᠩ ᠤᠨ ᠲᠠᠰᠤᠷᠬᠠᠢ ᠬᠤᠲᠣᠭᠤᠷ ᠲᠠᠢ ᠵᠠᠯᠭᠠᠯᠳᠤᠵᠤ᠂ ᠤᠮᠠᠷᠠᠰᠢ ᠳᠠᠯᠠᠨ ᠬᠠᠷ᠎ᠠ ᠠᠭᠤᠯᠠ ᠶᠢᠨ ᠠᠭᠤᠯᠠᠨ ᠡᠩᠭᠡᠷ ᠤᠨ ᠵᠥᠷᠢᠭᠳᠡᠯ ᠳᠤ ᠪᠠᠶᠢᠷᠢᠯᠠᠵᠤ ᠪᠠᠶᠢᠨ᠎ᠠ᠃ ᠣᠷᠣᠨ ᠳᠣᠲᠣᠷᠠᠬᠢ ᠭᠠᠵᠠᠷ ᠤᠨ ᠪᠦᠲᠦᠴᠡ ᠨᠢ ᠪᠤᠳᠤᠯᠢᠶᠠᠨᠲᠠᠶ᠂ ᠶᠡᠭᠡ ᠪᠠᠭ᠎ᠠ ᠲᠠᠰᠤᠷᠬᠠᠢ ᠬᠥᠨᠳᠡᠯᠡᠨ ᠭᠤᠯᠳᠤ ᠦᠭᠡᠢ ᠰᠦᠯᠵᠢᠯᠳᠦᠵᠦ᠂ ᠶᠡᠷᠦᠩᠬᠡᠶ ᠳᠡᠭᠡᠨ ᠮᠤᠨᠢ ᠠᠭᠤᠯᠠ — — ᠶᠠᠨᠱᠠᠨ ᠠᠭᠤᠯᠠᠨ ᠤ ᠭᠠᠵᠠᠷ ᠬᠥᠳᠡᠯᠦᠯᠲᠡ ᠶᠢᠨ ᠪᠦᠰᠡ ᠪᠠ ᠱᠠᠨ ᠰᠢ ᠶᠢᠨ ᠭᠠᠵᠠᠷ ᠬᠥᠳᠡᠯᠦᠯᠲᠡ ᠶᠢᠨ ᠪᠦᠰᠡ ᠶᠢᠨ ᠬᠠᠮᠲᠤ ᠶᠢᠨ ᠦᠶᠯᠡᠳᠦᠯ ᠪᠠ ᠡᠵᠡᠮᠳᠡᠯ ᠢ ᠬᠦᠯᠢᠶᠡᠨ᠎ᠡ᠃ ᠠᠯᠪᠠᠨ ᠤ ᠬᠠᠶ᠋ᠢᠭ᠄ ᠵᠢᠨᠢᠩ ᠤᠨ ᠰᠢᠨ᠎ᠡ ᠲᠣᠭᠤᠷᠢᠭ ᠤᠨ ᠭᠡᠭᠡᠨ ᠪᠠᠷᠠᠭᠤᠨ ᠵᠡᠭᠡᠯᠢ ᠶᠢᠨ 20 ᠳ᠋ᠤᠭᠠᠷ ᠨᠣᠮᠧᠷ ᠰᠢᠤᠳᠠᠨ ᠳ᠋ᠤᠭᠠᠷ᠄ 012000 ᠠᠯᠪᠠᠨ ᠤᠲᠠᠰᠤ᠄ 0474 — 8321382 ᠭᠠᠵᠠᠷ ᠬᠥᠳᠡᠯᠦᠯᠲᠡ ᠶᠢᠨ ᠪᠠᠶᠢᠳᠠᠯ ᠤᠨ ᠵᠢᠵᠢᠭᠦᠷ ᠤᠨ ᠤᠲᠠᠰᠤ᠄ 0474 — 8321926 ᠹᠠᠺᠰ᠄ 0474 —8325270ᠢᠮᠧᠯ᠄ wlcbsdizj@163.com                                                            ᠣᠷᠴᠢᠭᠤᠯᠤᠭᠴᠢ᠄ ᠭᠤᠸ᠎ᠠ                                                            ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2