ᠤᠯᠠᠭᠠᠨᠴᠠᠪ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019/10/29
     ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠨᠢ 1998 ᠣᠨ ᠳᠤ ᠪᠠᠶᠢᠭᠤᠯᠤᠭᠳᠠᠭᠰᠠᠨ ᠵᠢᠩᠬᠢᠨᠢ ᠭᠠᠵᠠᠷ ᠤᠨ ᠳᠡᠰ ᠤᠨ ᠵᠠᠰᠠᠭ ᠵᠠᠬᠢᠷᠭᠠᠨ ᠤ ᠨᠢᠭᠡᠴᠢ ᠪᠠᠶᠢᠵᠤ᠂ ᠵᠠᠰᠠᠭ ᠤᠨ ᠣᠷᠳᠣᠨ ᠤ ᠡᠭᠦᠷᠭᠡ ᠲᠤᠰᠢᠶᠠᠯᠲᠤ ᠰᠠᠯᠠᠭ᠎ᠠ ᠮᠥᠴᠢᠷ ᠪᠣᠯᠣᠨ᠎ᠠ᠃ ᠳᠣᠲᠣᠭᠠᠳᠤ ᠳᠤ ᠪᠠᠨ 5 ᠡᠭᠦᠷᠭᠡ ᠲᠤᠰᠢᠶᠠᠯᠲᠤ ᠰᠠᠯᠠᠭ᠎ᠠ ᠲᠠᠰᠤᠭ ᠲᠠᠢ ᠂ ᠳᠠᠷᠤᠢ ᠠᠯᠪᠠᠨ ᠭᠡᠷ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠰᠢᠢᠳᠪᠦᠷᠢᠯᠡᠬᠦ ᠰᠠᠯᠠᠭ᠎ᠠ ︵ᠣᠯᠠᠨ ᠲᠦᠮᠡᠨ ᠤ ᠰᠠᠨᠠᠭᠤᠯᠭ᠎ᠠ ᠶᠢ ᠡᠯᠰᠡᠨ ᠴᠤᠭᠯᠠᠭᠤᠯᠬᠤ ᠠᠯᠪᠠᠨ ᠭᠡᠷ︶᠂ ᠰᠤᠷᠪᠤᠯᠵᠢᠯᠠᠬᠤ ᠪᠠᠷ ᠢᠷᠡᠭᠰᠡᠳ ᠢ ᠬᠦᠯᠢᠶᠡᠨ ᠠᠪᠬᠤ ᠰᠠᠯᠠᠭ᠎ᠠ᠂ ᠬᠢᠨᠠᠨ ᠪᠠᠶᠢᠴᠠᠭᠠᠬᠤ ᠰᠠᠯᠠᠭ᠎ᠠ᠂ ᠮᠡᠳᠡᠭᠡ ᠵᠠᠩᠭᠢ ᠶᠢᠨ ᠰᠠᠯᠠᠭ᠎ᠠ ᠵᠡᠷᠭᠡ ᠪᠣᠯᠣᠨ᠎ᠠ᠃ ᠭᠤᠤᠯᠳᠠᠭᠤ ᠲᠥᠪ ᠪᠠ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ ᠴᠢᠭᠯᠡᠯᠲᠡ᠂ ᠲᠥᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠬᠤᠲᠠ ᠶᠢᠨ ᠬᠠᠮᠲᠤᠷᠠᠭᠰᠠᠨ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠣᠬᠤᠯᠠᠪᠤᠷᠢᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠲᠤᠰᠢᠶᠠᠨ ᠰᠢᠶᠳᠪᠦᠷᠢᠯᠡᠭᠦᠯᠬᠦ᠂ ᠰᠢᠪᠠᠳᠠᠨ ᠰᠢᠶᠳᠪᠦᠷᠢᠯᠡᠭᠦᠯᠬᠦ᠂ ᠬᠡᠷᠡᠭ ᠢ ᠳᠠᠭᠤᠰᠬᠠᠬᠤ ᠵᠡᠷᠭᠡ ᠠᠵᠢᠯ ᠢ ᠳᠠᠭᠠᠭᠠᠨ ᠰᠢᠶᠳᠪᠦᠷᠢᠯᠡᠨ᠎ᠡ︔ ᠪᠦᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ︔ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠬᠤ᠂ ᠱᠠᠯᠠᠪᠳᠠᠭᠤᠯᠤᠨ ᠵᠢᠯᠣᠭᠤᠳᠬᠤ᠂ ᠲᠦᠯᠬᠢᠨ ᠠᠬᠢᠭᠤᠯᠬᠤ᠂ ᠰᠢᠶᠳᠪᠦᠷᠢᠯᠡᠬᠦ ᠶᠢ ᠬᠠᠷᠢᠭᠤᠴᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ︔ ᠸᠢᠳᠢᠤ᠋ ᠰᠤᠷᠪᠤᠯᠵᠢᠯᠠᠭ᠎ᠠ᠂ ᠤᠲᠠᠰᠤ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠵᠡᠷᠭᠡ ᠶᠢ ᠬᠦᠯᠢᠶᠡᠨ ᠠᠪᠬᠤ᠂ ᠰᠢᠶᠳᠪᠦᠷᠢᠯᠡᠬᠦ᠂ ᠬᠠᠷᠢᠭᠤ ᠥᠭᠬᠦ ᠵᠡᠷᠭᠡ ᠠᠵᠢᠯ ᠢ ᠬᠠᠷᠢᠭᠤᠴᠠᠨ᠎ᠠ︔ ᠤᠯᠠᠭᠠᠨᠴᠠᠪ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠠᠵᠢᠯ ᠢ ᠬᠠᠷᠢᠭᠤᠴᠠᠨ᠎ᠠ᠃ ᠬᠠᠷᠢᠯᠴᠠᠬᠤ ᠤᠲᠠᠰᠤ᠄ 8326507 ᠬᠠᠶ᠋ᠢᠭ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠰᠢᠨ᠎ᠡ ᠲᠣᠭᠤᠷᠢᠭ ᠤᠨ ᠶᠦᠩ ᠠᠨ ᠵᠠᠮ ᠨᠢᠭᠡᠴᠢ ᠶᠢᠨ ᠢᠮᠧᠯ᠄ wlcbsxfj @ 163. com                                                                                                                         ᠣᠷᠴᠢᠭᠤᠯᠤᠭᠴᠢ᠄ ᠭᠤᠸ᠎ᠠ                                                               ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2