ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ
ᠨᠡᠶᠢᠲᠡᠯᠡᠭᠰᠡᠨ ᠴᠠᠭ᠄
2019/10/8
              ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠭᠤᠤᠯ ᠠᠵᠢᠯ ᠤᠨ ᠡᠭᠦᠷᠭᠡ ᠲᠤᠰᠢᠶᠠᠯ ᠪᠣᠯ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠪᠣᠯᠤᠨ ᠬᠤᠲᠠ ᠶᠢᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠳᠤ ᠬᠤᠯᠪᠣᠭᠳᠠᠯ ᠪᠦᠬᠦᠢ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠪᠣᠯᠤᠨ ᠤᠯᠤᠰ ᠠᠷᠠᠳ ᠤᠨ ᠠᠵᠤ ᠠᠬᠤᠢ ᠶᠢᠨ ᠬᠠᠷᠭᠤᠭᠤᠯᠤᠨ ᠪᠤᠳᠤᠬᠤ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠪᠠ ᠬᠢᠨᠠᠯᠲᠠ ᠲᠠᠯᠪᠢᠨ ᠪᠠᠶᠢᠴᠠᠭᠠᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠦᠷᠢᠳᠬᠡᠨ ᠪᠠᠶᠢᠴᠠᠭᠠᠬᠤ ᠳᠦᠷᠢᠮ ᠪᠠ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠪᠦᠷᠢᠳᠬᠡᠨ ᠪᠠᠶᠢᠴᠠᠭᠠᠬᠤ ᠳᠦᠷᠢᠮ ᠪᠠ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ︔ ᠪᠦᠬᠦ ᠬᠤᠲᠠ ᠶᠢᠨ ᠪᠦᠷᠢᠳᠬᠡᠨ ᠪᠠᠶᠢᠴᠠᠭᠠᠬᠤ ᠲᠥᠷᠥᠯ ᠵᠦᠶᠯ ᠢ ᠵᠣᠬᠢᠶᠠᠨ ᠪᠠᠶᠢᠭᠤᠯᠤᠨ ᠬᠠᠮᠢᠶᠠᠷᠴᠤ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠬᠢᠨᠠᠨ ᠲᠣᠭᠲᠠᠭᠠᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠲᠥᠯᠥᠪᠯᠡᠭᠡ᠂ ᠪᠠᠶᠢᠴᠠᠭᠠᠬᠤ ᠲᠥᠰᠦᠯ ᠢ ᠬᠢᠨᠠᠨ ᠵᠥᠪᠰᠢᠶᠡᠷᠡᠨ᠎ᠡ᠃ ᠤᠯᠤᠰ ᠤᠨ ᠨᠡᠶᠢᠳᠡᠮ ᠪᠠᠶᠢᠴᠠᠭᠠᠯᠲᠠ ᠶᠢᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠤᠯᠤᠰ ᠠᠴᠠ ᠪᠠᠶᠢᠷᠢᠯᠠᠭᠤᠯᠤᠭᠰᠠᠨ ᠡᠯ᠎ᠡ ᠵᠦᠶᠯ ᠤᠨ ᠲᠣᠮᠣ ᠬᠡᠯᠪᠡᠷᠢ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠵᠦ᠂ ᠪᠦᠬᠦ ᠬᠤᠲᠠ ᠶᠢᠨ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠴᠤᠭᠯᠠᠭᠤᠯᠵᠤ᠂ ᠡᠮᠬᠢᠯᠡᠵᠦ᠂  ᠬᠠᠩᠭᠠᠬᠤ ᠶᠢ ᠵᠣᠬᠢᠶᠠᠨ ᠪᠠᠶᠢᠭᠤᠯᠤᠨ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠳᠠᠯ ᠳᠤ ᠲᠤᠭ᠎ᠠ ᠪᠦᠷᠢᠳᠬᠡᠯ ᠤᠨ ᠵᠠᠳᠠᠯᠤᠯᠲᠠ᠂ ᠲᠥᠰᠦᠭᠡᠯᠡᠯᠲᠡ ᠂ ᠬᠢᠨᠠᠯᠲᠠ ᠬᠢᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠣᠯᠤᠨ ᠯᠠᠪᠯᠠᠯᠭ᠎ᠠ ᠰᠠᠨᠠᠭᠤᠯᠭ᠎ᠠ ᠬᠠᠩᠭᠠᠨ᠎ᠠ᠃ ᠪᠥᠬᠦ ᠬᠤᠲᠠ ᠶᠢᠨ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠢᠭᠡᠳᠦᠯᠲᠡᠶ ᠬᠠᠮᠢᠶᠠᠷᠤᠨ ᠨᠡᠶᠢᠲᠡᠯᠡᠵᠦ᠂ ᠪᠥᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠨᠡᠶᠢᠭᠡᠮ ᠨᠡᠶᠢᠲᠡ ᠳᠤ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠢᠯᠣᠭᠤᠳᠴᠤ ᠤᠯᠤᠰ ᠠᠷᠠᠳ ᠤᠨ ᠠᠵᠤ ᠠᠬᠤᠢ ᠶᠢᠨ ᠶᠡᠷᠦᠩᠬᠡᠶᠢᠯᠡᠭᠰᠡᠨ ᠲᠡᠩᠴᠡᠭᠦᠷᠢ ᠶᠢᠨ ᠲᠣᠭᠠᠴᠠᠭ᠎ᠠ ᠬᠢᠬᠦ ᠶᠢ ᠥᠷᠨᠢᠭᠦᠯᠵᠦ᠂ ᠤᠯᠤᠰ ᠠᠷᠠᠳ ᠤᠨ ᠠᠵᠤ ᠠᠬᠤᠢ ᠶᠢᠨ ᠰᠢᠨ᠎ᠡ ᠬᠠᠷᠭᠤᠭᠤᠯᠤᠨ ᠪᠤᠳᠤᠬᠤ ᠰᠢᠰᠲ᠋ᠧᠮᠵᠢ ᠶᠢᠨ ᠲᠥᠰᠦᠯ ᠢ ᠬᠡᠷᠡᠭᠵᠢᠭᠦᠯᠦᠨ᠎ᠡ᠃ ᠪᠦᠬᠦ ᠬᠤᠲᠠ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠠᠦ᠋ᠲ᠋ᠣᠴᠢᠯᠠᠯᠲᠠ ᠶᠢᠨ ᠰᠢᠰᠲ᠋ᠧᠮ ᠪᠠ ᠲᠤᠭ᠎ᠠ ᠪᠦᠷᠢᠳᠬᠡᠯ ᠤᠨ ᠳ᠋ᠠᠶᠢᠲ᠋ᠠ ᠬᠥᠮᠥᠷᠭᠡ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠳ᠋ᠠᠶᠢᠲ᠋ᠠ ᠬᠥᠮᠥᠷᠭᠡ ᠶᠢᠨ ᠰᠦᠯᠵᠢᠶᠡᠨ ᠤ ᠦᠨᠳᠦᠰᠦᠨ ᠪᠠᠷᠢᠮᠵᠢᠶ᠎ᠠ ᠪᠠ ᠠᠵᠢᠯᠯᠠᠭᠠᠨ ᠤ ᠳᠦᠷᠢᠮ ᠢ ᠲᠣᠭᠲᠠᠭᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢ ᠬᠠᠮᠵᠢᠨ ᠣᠷᠣᠨ ᠨᠤᠲᠤᠭ ᠤᠨ ᠡᠯ᠎ᠡ ᠱᠠᠲᠤᠨ ᠤ ᠪᠠᠶᠢᠴᠠᠭᠠᠬᠤ ᠠᠩᠭᠢ ᠢ ᠬᠠᠮᠢᠶᠠᠷᠤᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠲᠤᠭ᠎ᠠ ᠪᠦᠷᠢᠳᠬᠡᠯ ᠤᠨ ᠠᠵᠢᠯ ᠢ ᠪᠡᠶᠡᠯᠡᠭᠦᠯᠦᠨ᠎ᠡ᠃ ᠬᠠᠷᠢᠯᠴᠠᠬᠤ ᠤᠲᠠᠰᠤ᠄ 8320958 ᠬᠠᠶ᠋ᠢᠭ᠄ ᠵᠢᠨᠢᠩ ᠰᠢᠨ᠎ᠡ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠣᠮᠣ ᠠᠰᠠᠷ ︵ᠤᠯᠠᠭᠠᠨᠴᠠᠪ ᠬᠤᠲᠠ ᠶᠢᠨ ᠵᠢᠨᠢᠩ ᠤᠨ ᠰᠢᠨ᠎ᠡ ᠲᠣᠭᠤᠷᠢᠭ ᠤᠨ ᠴᠠᠬᠠᠷ ᠪᠠᠷᠠᠭᠤᠨ ᠵᠡᠭᠡᠯᠢ︶                                                                                                                 ᠣᠷᠴᠢᠭᠤᠯᠤᠭᠴᠢ᠄ ᠭᠤᠸ᠎ᠠ                                                         ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2