ᠥᠪᠥᠷ ᠮᠣᠩᠭᠤᠯ ᠤᠨ ᠪᠠᠢ ᠶᠠᠨ ᠬᠤ᠋ ᠬᠢᠮᠢ ᠶᠢᠨ ᠠᠵᠤ ᠦᠶᠯᠡᠳᠪᠦᠷᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠵᠢᠯ ᠤᠨ ᠦᠢᠯᠡᠳᠬᠦᠨ ᠤ ᠦᠷᠳᠡᠭ 20.64 ᠳ᠋ᠦᠩᠰᠢᠭᠤᠷ ᠲᠥᠭᠦᠷᠢᠭ ᠢ ᠪᠡᠶᠡᠯᠡᠬᠦᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠭᠤᠨ ᠬᠦᠴᠦᠷᠬᠡᠭ ᠤᠨ ᠵᠢᠭᠰᠠᠭᠠᠯᠲᠠ ᠳᠤ ᠭᠠᠷᠪᠠ
ᠨᠡᠶᠢᠲᠡᠯᠡᠭᠰᠡᠨ ᠴᠠᠭ᠄
2019/10/9
    2019 ᠤᠨ ᠤ ᠥᠪᠥᠷ ᠮᠣᠩᠭᠤᠯ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 100 ᠬᠦᠴᠦᠷᠬᠡᠭ ᠤᠨ ᠨᠡᠷᠡᠰ ᠢ 9 ᠰᠠᠷ᠎ᠠ ᠶᠢᠨ 18 ᠤ ᠡᠳᠦᠷ ᠥᠪᠥᠷ ᠮᠣᠩᠭᠤᠯ ᠤᠨ ᠬᠤᠳᠠᠯᠳᠤᠭᠠᠴᠢᠳ ᠤᠨ ᠶᠡᠭᠡ ᠬᠤᠷᠠᠯ ᠳᠡᠭᠡᠷ᠎ᠡ ᠦᠪᠡᠳᠡᠭᠰᠢ ᠶᠡᠭᠡ ᠪᠠᠷ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠮᠤᠭ ᠤᠨ ᠥᠨᠳᠥᠷ ᠪᠠ ᠬᠠᠮᠤᠭ ᠤᠨ ᠰᠢᠨ᠎ᠡ ᠬᠥᠭᠵᠢᠯᠲᠡ ᠶᠢᠨ ᠠᠮᠵᠢᠯᠲᠠ ᠪᠦᠲᠦᠮᠵᠢ ᠶᠢ ᠳᠡᠯᠭᠡᠨ ᠦᠵᠡᠭᠦᠯᠵᠡᠶ᠃ ᠥᠪᠥᠷ ᠮᠣᠩᠭᠤᠯ ᠤᠨ ᠪᠠᠶ ᠶᠠᠨ ᠬᠤ᠋ ᠬᠢᠮᠢ ᠶᠢᠨ ᠠᠵᠤ ᠦᠶᠯᠡᠳᠪᠦᠷᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ 2018 ᠤᠨ ᠤ ᠡᠵᠡᠩᠨᠡᠯᠲᠡ ᠶᠢᠨ ᠣᠷᠣᠯᠭ᠎ᠠ ᠪᠠᠨ 20.64 ᠳ᠋ᠦᠩᠰᠢᠭᠤᠷ ᠲᠥᠭᠦᠷᠢᠭ ᠪᠡᠶᠡᠯᠡᠭᠦᠯᠦᠭᠰᠡᠨ ᠢᠶᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠭᠤᠨ ᠬᠦᠴᠦᠷᠬᠡᠭ ᠤᠨ ᠵᠢᠭᠰᠠᠭᠠᠯᠲᠠ ᠳᠤ ᠭᠠᠷᠪᠠ᠃     ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠤᠲᠤᠭ ᠳᠡᠪᠢᠰᠬᠡᠷ ᠲᠤ ᠪᠤᠰᠴᠣ ᠢᠷᠡᠭᠰᠡᠨ ᠠᠷᠠᠳ ᠠᠴᠠ ᠡᠵᠡᠩᠨᠡᠭᠰᠡᠨ ᠲᠣᠯᠣᠭᠠᠶᠢᠯᠠᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠣᠷᠣᠨ ᠨᠤᠲᠤᠭ ᠤᠨ ᠲᠤᠯᠭᠠᠭᠤᠷᠢᠯᠠᠬᠤ ᠴᠢᠨᠠᠷᠲᠠᠶ ᠠᠵᠤ ᠦᠢᠯᠡᠰ ᠤᠨ ᠭᠤᠤᠯᠯᠠᠭᠴᠢ ᠬᠦᠴᠦᠨ ᠠᠴᠠ ᠪᠥᠬᠦ ᠤᠯᠤᠰ ᠤᠨ ᠴᠠᠬᠢᠯᠠᠭᠤᠷ ᠴᠢᠯᠠᠭᠤ ᠶᠢᠨ ᠠᠵᠢᠯ ᠲᠥᠷᠥᠯ ᠤᠨ ᠳᠡᠷᠢᠬᠦᠨ ᠡᠩᠨᠡᠬᠡᠨ ᠳᠤ ᠵᠢᠭᠰᠠᠭᠠᠭᠳᠠᠭᠰᠠᠨ ᠬᠦᠷᠲᠡᠯ᠎ᠡ᠂ ᠲᠣᠰ ᠠᠵᠤ ᠠᠬᠤᠶᠢᠯᠠᠯ ᠤᠳᠤ 4.05 ᠲᠦᠮᠡᠨ K V A ᠶᠢᠨ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠬᠡᠯᠪᠡᠷᠢ ᠶᠢᠨ ᠨᠢᠭᠲᠠ ᠪᠢᠲᠡᠭᠦᠮᠵᠢᠯᠡᠭᠰᠡᠨ10 ᠠᠭᠤᠷᠬᠠᠢ ᠶᠢᠨ ᠢᠯᠴᠢ ᠶᠢᠨ ᠵᠤᠤᠬ᠎ᠠ ᠲᠠᠢ ᠪᠣᠯᠵᠤ᠂ ᠴᠠᠬᠢᠯᠠᠭᠤᠷ ᠴᠢᠯᠠᠭᠤ ᠶᠢᠨ ᠵᠢᠯ ᠤᠨ ᠦᠶᠯᠡᠳᠪᠦᠷᠢᠯᠡᠬᠦ ᠴᠢᠳᠠᠪᠤᠷᠢ 80 ᠲᠦᠮᠡᠨ ᠲᠣᠨ ᠳᠤ ᠬᠦᠷᠴᠦ᠂ ᠪᠥᠬᠦ ᠤᠯᠤᠰ ᠤᠨ ᠬᠠᠮᠤᠭ ᠤᠨ ᠲᠣᠮᠣ ᠲᠠᠸᠠᠷ ᠤᠨ ᠴᠠᠬᠢᠯᠠᠭᠤᠷ ᠴᠢᠯᠠᠭᠤ ᠦᠶᠯᠡᠳᠪᠦᠷᠢᠯᠡᠬᠦ ᠠᠵᠤ ᠠᠬᠤᠶᠢᠯᠠᠯ ᠤᠨ ᠨᠢᠭᠡ ᠪᠣᠯᠵᠠᠶ᠃ ᠲᠡᠷᠡᠴᠢᠯᠡᠨ 20 ᠭᠠᠷᠤᠶ ᠵᠢᠯ ᠤᠨ ᠬᠥᠭᠵᠢᠯᠲᠡ ᠶᠢᠨ ᠶᠠᠪᠤᠴᠠ ᠳᠤᠮᠳᠠ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠶᠴᠡᠳᠬᠡᠵᠦ᠂ ᠵᠢᠯ ᠳᠤ 6000 ᠭᠠᠷᠤᠶ ᠲᠦᠮᠡᠨ ᠲᠥᠭᠦᠷᠢᠭ ᠤᠨ ᠭᠠᠶᠢᠯᠢ ᠲᠤᠰᠢᠶᠠᠵᠤ᠂ 1300 ᠭᠠᠷᠤᠶ ᠬᠥᠮᠦᠨ ᠳᠤ ᠠᠵᠢᠯ ᠣᠯᠭᠤᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠪᠠ ᠠᠵᠢᠯ ᠣᠯᠭᠤᠯᠲᠠ ᠶᠢ ᠳᠠᠶᠢᠴᠢᠯᠠᠬᠤ ᠳᠤ ᠴᠢᠬᠤᠯᠠ ᠦᠶᠯᠡᠳᠦᠯ ᠦᠵᠡᠭᠦᠯᠵᠡᠶ᠃     2017 ᠤᠨ ᠤ 6 ᠰᠠᠷ᠎ᠠ ᠳᠤ᠂ ᠥᠪᠥᠷ ᠮᠣᠩᠭᠤᠯ ᠤᠨ ᠪᠠᠶ ᠶᠠᠨ ᠬᠤ᠋ ᠬᠢᠮᠢ ᠶᠢᠨ ᠠᠵᠤ ᠦᠶᠯᠡᠳᠪᠦᠷᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯᠤᠨ ᠴᠢᠭᠤᠯᠤᠯᠲᠤ ᠬᠠᠭᠠᠯᠭ᠎ᠠ ᠶᠢᠨ ᠰᠢᠨ᠎ᠡ  ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠡᠯᠡ ᠨᠡᠶᠢᠯᠡᠭᠦᠯᠦᠨ ᠤᠯᠠᠭᠠᠨᠴᠠᠪ ᠬᠤᠲᠠ ᠶᠢᠨ ᠺᠧ ᠮᠠ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢ ᠪᠠᠶᠢᠭᠤᠯᠵᠤ᠂ ᠵᠢᠯ ᠳᠤ 3000 ᠲᠣᠨ ᠡᠲ᠋ᠧᠨᠢᠯ ᠫᠢᠷᠢᠲ᠋ᠠᠨᠤᠨ ︵N V P︶ ᠵᠢᠴᠢ ᠰᠢᠷᠢᠰ ᠪᠦᠬᠡᠬᠡᠨᠡᠷᠡᠯ ᠨᠢᠭᠡᠳᠭᠡᠪᠤᠷᠢ ︵P V P︶ ᠶᠢᠨ ᠲᠥᠷᠥᠯ ᠵᠦᠶᠯ ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠠᠬᠢᠯᠠᠭᠤᠷ ᠴᠢᠯᠠᠭᠤᠨ ᠬᠢᠮᠢ ᠶᠢᠨ ᠠᠵᠤ ᠦᠶᠯᠡᠳᠪᠦᠷᠢ ᠶᠢᠨ ᠠᠵᠤ ᠦᠢᠯᠡᠰ ᠤᠨ ᠤᠷᠲᠤᠳᠬᠠᠯ ᠬᠡᠯᠬᠢᠶᠡᠰᠦ ᠶᠢᠨ ᠨᠥᠬᠦᠪᠥᠷᠢᠯᠡᠬᠦ ᠬᠡᠯᠬᠢᠶᠡᠰᠦ ᠶᠢᠨ ᠠᠩᠬᠠᠳᠠᠭᠴᠢ ᠠᠵᠤ ᠠᠬᠤᠶᠢᠯᠠᠯ ᠪᠣᠯᠪᠠ᠃ ᠴᠠᠬᠢᠯᠠᠭᠤᠷ ᠴᠢᠯᠠᠭᠤᠨ ᠬᠢᠮᠢ ᠶᠢᠨ ᠠᠵᠤ ᠦᠶᠯᠡᠳᠪᠦᠷᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠡᠶᠡᠯᠡᠭᠦᠯᠪᠡ᠃                                                                                ᠵᠤᠬᠢᠶᠠᠭᠴᠢ᠄ ᠶᠤᠸᠠᠨ ᠬᠤᠢ                                        ᠤᠷᠴᠢᠭᠤᠯᠤᠭᠴᠢ᠄ ᠬᠦᠰᠡᠯ                                        ᠬᠢᠨᠠᠭᠴᠢ᠄ ᠭᠡᠷᠡᠯᠳᠤ                                      
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2