ᠪᠡᠭᠡᠵᠢᠩ · ᠤᠯᠠᠭᠠᠨᠴᠠᠪ ᠤᠨ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠤ ᠦᠢᠯᠡᠰ ᠤᠨ ᠬᠠᠮᠵᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/11/19
    11 ᠰᠠᠷ᠎ᠠ ᠶᠢᠨ 15 ᠤ ᠡᠳᠦᠷ᠂ ᠪᠡᠭᠡᠵᠢᠩ ᠬᠤᠲᠠ ᠶᠢᠨ ᠤᠯᠤᠰ ᠤᠨ ᠦᠮᠴᠢᠯᠡᠯᠳᠦ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ ᠪᠡᠭᠡᠵᠢᠩ ᠬᠤᠲᠠ ᠶᠢᠨ ᠡᠯ᠎ᠡ ᠲᠣᠮᠣ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠮᠠᠨ ᠤ ᠬᠤᠲᠠ ᠳᠤ ᠢᠷᠡᠵᠦ ᠪᠡᠭᠡᠵᠢᠩ · ᠤᠯᠠᠭᠠᠨᠴᠠᠪ ᠤᠨ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠤ ᠦᠢᠯᠡᠰ ᠤᠨ ᠬᠠᠮᠵᠢᠯᠴᠠᠨ ᠠᠵᠢᠯᠯᠠᠬᠤ ᠶᠢ ᠠᠬᠢᠭᠤᠯᠬᠤ ᠬᠤᠷᠠᠯ ᠬᠤᠷᠠᠯᠳᠤᠭᠤᠯᠵᠤ᠂ᠵᠡᠭᠦᠨ ᠪᠠᠷᠠᠭᠤᠨ ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭᠠᠨ ᠤ ᠳᠤᠬᠠᠢ ᠲᠥᠪ ᠤᠨ ᠱᠠᠭᠠᠷᠳᠠᠯᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠰᠢᠯᠵᠢᠯᠲᠡ᠂ ᠬᠥᠳᠡᠯᠮᠦᠷᠢ ᠦᠶᠯᠡᠴᠢᠯᠡᠭᠡᠨ ᠤ ᠬᠠᠮᠵᠢᠯᠴᠠᠭ᠎ᠠ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠲᠠᠯ᠎ᠠ ᠶᠢᠨ ᠬᠠᠮᠲᠤᠷᠠᠯᠴᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠪᠡ᠃     ᠪᠡᠭᠡᠵᠢᠩ ᠬᠤᠲᠠ ᠶᠢᠨ ᠤᠯᠤᠰ ᠤᠨ ᠦᠮᠴᠢᠯᠡᠯᠳᠦ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠡᠷᠬᠢᠯᠡᠭᠴᠢ ᠴᠢᠶᠠᠨ ᠺᠠᠶ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠳᠦ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ ᠤᠨ ᠨᠠᠮ ᠤᠨ ᠬᠤᠷᠢᠶᠠᠨ ᠤ ᠭᠡᠰᠢᠭᠦᠨ ᠸᠠᠩ ᠬᠦᠶ ᠴᠢᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠹᠧᠶ ᠳ᠋ᠦᠩ ᠪᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠲᠠ ᠶᠢᠨ ᠳᠡᠳ᠋ ᠳᠠᠷᠤᠭ᠎ᠠ ᠵᠧᠩ ᠰᠢᠶᠣᠤ ᠪᠥᠸᠧ ᠬᠤᠷᠠᠯ ᠡᠷᠭᠢᠯᠡᠪᠡ᠃ ᠬᠤᠷᠠᠯ ᠳᠡᠭᠡᠷ᠎ᠡ᠂ ᠱᠸᠤ ᠨᠥᠩ ᠢᠳᠡᠭᠡᠨ ᠤ ᠪᠦᠯᠦᠭᠯᠡᠯ᠂ ᠪᠠᠷᠢᠯᠭ᠎ᠠ ᠶᠢᠨ ᠠᠵᠤ ᠦᠶᠯᠡᠳᠪᠦᠷᠢ ᠶᠢᠨ ᠪᠦᠯᠦᠭᠯᠡᠯ᠂ ᠱᠸᠤ ᠯᠢᠦᠢ ᠪᠦᠯᠦᠭᠯᠡᠯ ᠵᠡᠷᠭᠡ 11 ᠠᠵᠤ ᠠᠬᠤᠶᠢᠯᠠᠯ ᠤᠨ ᠲᠥᠯᠥᠭᠡᠯᠡᠭᠴᠢ ᠲᠣᠰ ᠲᠣᠰ ᠦᠭᠡ ᠶᠠᠷᠢᠭᠰᠠᠨ ᠪᠥᠭᠡᠳ ᠮᠠᠨ ᠤ ᠬᠤᠲᠠ ᠶᠢᠨ ᠬᠤᠯᠪᠣᠭᠳᠠᠯ ᠪᠦᠬᠦᠢ ᠬᠤᠰᠢᠭᠤ ᠰᠢᠶᠠᠨ᠂ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠲᠠᠢ ᠵᠣᠯᠭᠠᠯᠳᠤᠭᠤᠯᠤᠨ ᠰᠣᠯᠢᠯᠴᠠᠪᠠ᠃ ᠪᠡᠭᠡᠵᠢᠩ ᠤᠨ ᠱᠢ ᠱᠠᠩ ᠰᠲ᠋ᠣᠺ ᠡᠵᠡᠮᠰᠢᠯᠳᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠰᠢᠩ ᠾᠧ ᠰᠢᠶᠠᠨ ᠤ ᠠᠵᠤ ᠦᠢᠯᠡᠰ ᠤᠨ ᠳᠤᠰᠠᠯᠠᠬᠤ ᠲᠦᠷᠦᠯ ᠵᠦᠢᠯ ᠳᠤ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠲᠤᠬᠠᠶ ᠮᠠᠨ ᠤ ᠬᠤᠲᠠ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠳᠤᠭᠳᠠᠪᠠ᠃     ᠴᠢᠶᠠᠨ ᠺᠠᠶ᠂ ᠤᠯᠠᠭᠠᠨᠴᠠᠪ ᠤᠨ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠳᠤ ᠬᠦᠴᠦᠨ ᠨᠡᠮᠡᠷᠢᠯᠡᠬᠦ ᠪᠣᠯ ᠪᠡᠭᠡᠵᠢᠩ ᠬᠤᠲᠠ ᠶᠢᠨ ᠵᠠᠶᠢᠯᠠᠭᠤᠯᠵᠤ ᠪᠣᠯᠤᠰᠢ ᠦᠭᠡᠢ ᠤᠯᠤᠰ ᠲᠥᠷᠦ ᠶᠢᠨ ᠬᠠᠷᠢᠭᠤᠴᠠᠯᠭ᠎ᠠ ᠪᠣᠯᠤᠨ᠎ᠠ᠃ ᠪᠡᠭᠡᠵᠢᠩ ᠬᠤᠲᠠ ᠶᠢᠨ ᠤᠯᠤᠰ ᠤᠨ ᠦᠮᠴᠢᠯᠡᠯᠳᠦ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠦᠷᠭᠦᠯᠵᠢᠯᠡᠨ ᠠᠵᠤ ᠦᠶᠯᠡᠰ ᠢᠶᠠᠷ ᠶᠠᠳᠠᠭᠤ ᠶᠢ ᠲᠡᠳᠬᠦᠬᠦ᠂ ᠲᠥᠷᠥᠯ ᠵᠦᠶᠯ ᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠤᠯᠠᠭᠠᠨᠴᠠᠪ ᠲᠤ ᠨᠠᠩ ᠣᠯᠠᠨ ᠳᠡᠮᠵᠢᠯᠭᠡ ᠦᠵᠡᠭᠦᠯᠵᠦ᠂ ᠤᠯᠠᠭᠠᠨᠴᠠᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠨ ᠨᠡᠮᠡᠷᠢᠯᠡᠨ᠎ᠡ᠃ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠳᠤ ᠪᠦᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠵᠦᠶᠯ ᠢ ᠨᠠᠷᠢᠯᠢᠭ ᠰᠣᠩᠭᠤᠬᠤ᠂ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ᠂ ᠲᠥᠷᠥᠯ ᠵᠦᠶᠯ ᠢ ᠥᠷᠭᠡᠳᠬᠡᠬᠦ ᠵᠡᠷᠭᠡ ᠭᠤᠭᠴᠤᠭ᠎ᠠ ᠳᠤ ᠦᠷᠭᠦᠯᠵᠢᠯᠡᠨ ᠬᠦᠴᠦ ᠣᠷᠣᠭᠤᠯᠵᠤ᠂ ᠤᠯᠠᠭᠠᠨᠴᠠᠪ ᠤᠨ ᠣᠷᠴᠢᠨ ᠲᠣᠭᠤᠷᠢᠨ ᠤ ᠡᠬᠢ ᠪᠠᠶᠠᠯᠢᠭ᠂ ᠪᠣᠬᠢᠷᠲᠤᠯ ᠦᠭᠡᠢ ᠦᠶᠯᠡᠳᠬᠦᠨ ᠤ ᠳᠠᠪᠠᠭᠤᠯᠢᠭ ᠢ ᠪᠡᠭᠡᠵᠢᠩ ᠤᠨ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ ᠪᠣᠯᠤᠨ ᠵᠠᠬ᠎ᠠ ᠳᠡᠯᠭᠡᠭᠦᠷ ᠤᠨ ᠳᠠᠪᠠᠭᠤᠯᠢᠭ ᠲᠠᠢ ᠣᠷᠭᠠᠨᠢᠭ ᠢᠶᠠᠷ ᠤᠶᠠᠯᠳᠤᠭᠤᠯᠵᠤ᠂ ᠥᠷᠢᠰᠦᠯᠳᠦᠬᠦ ᠬᠦᠴᠦᠨ ᠲᠠᠢ ᠨᠢᠭᠡ ᠪᠦᠯᠦᠭ ᠳᠠᠭᠠᠭᠤᠯᠤᠭᠴᠢ ᠭᠤᠤᠯ ᠠᠵᠤ ᠠᠬᠤᠶᠢᠯᠠᠯ ᠢ ᠪᠤᠶᠢᠵᠢᠭᠤᠯᠵᠤ᠂ ᠨᠠᠩ ᠣᠯᠠᠨ ᠶᠠᠳᠠᠭᠤ ᠬᠦᠴᠢᠷᠳᠡᠯᠲᠡᠶ ᠡᠷᠦᠬᠡ ᠶᠢ ᠣᠷᠣᠭᠤᠯᠤᠨ ᠣᠷᠣᠯᠴᠠᠭᠤᠯᠵᠤ᠂ ᠶᠠᠳᠠᠭᠤ ᠠᠴᠠ ᠠᠩᠭᠢᠵᠢᠷᠠᠭᠤᠯᠵᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠣᠭᠲᠠᠪᠤᠷᠢᠵᠢᠭᠤᠯᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠶᠠᠳᠠᠭᠤ ᠶᠢ ᠲᠡᠳᠬᠦᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠲᠣᠪᠣᠶᠢᠮ᠎ᠠ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠮ ᠡᠮᠨᠡᠯᠭᠡ᠂ ᠠᠵᠢᠯ ᠮᠡᠷᠭᠡᠵᠢᠯ ᠰᠤᠷᠭᠠᠨ ᠬᠥᠮᠦᠵᠢᠯ ᠵᠡᠷᠭᠡ ᠲᠠᠯ᠎ᠠ ᠶᠢᠨ ᠪᠣᠳᠠᠲᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠣᠨᠣᠪᠴᠢᠲᠠᠶ ᠪᠠᠷ ᠵᠣᠯᠭᠠᠭᠤᠯᠬᠤ ᠶᠢ ᠥᠷᠨᠢᠭᠦᠯᠵᠦ᠂ ᠶᠠᠳᠠᠭᠤ ᠬᠦᠴᠢᠷᠳᠡᠯᠲᠡᠶ ᠭᠡᠷ ᠪᠦᠯᠢ ᠶᠢ ᠦᠨᠳᠦᠰᠦᠨ ᠠᠴᠠ ᠨᠢ ᠲᠣᠭᠲᠠᠭᠤᠨ ᠢᠶᠠᠷ ᠠᠵᠢᠯ ᠣᠯᠭᠤᠬᠤ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠶ ᠭᠡᠵᠤ ᠵᠢᠭᠠᠵᠤ ᠭᠠᠷᠭᠠᠪᠠ᠃     ᠸᠠᠩ ᠬᠦᠶ ᠴᠢᠨ᠂ ᠤᠯᠠᠭᠠᠨᠴᠠᠪ ᠬᠤᠲᠠ ᠤᠯᠤᠰ ᠲᠥᠷᠥ ᠶᠢᠨ ᠵᠤᠭᠰᠤᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠠᠯᠲᠠ ᠪᠠᠨ ᠣᠨᠣᠪᠴᠢᠲᠠᠶ ᠠᠵᠢᠭᠯᠠᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠪᠡᠭᠡᠵᠢᠩ ᠥᠪᠥᠷ ᠮᠣᠩᠭᠤᠯ ᠤᠨ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠠᠴᠢᠶᠠᠯᠠᠪᠤᠷᠢ ᠶᠢ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠤᠨ ᠰᠢᠨ᠎ᠡ ᠠᠬᠢᠯᠲᠠ ᠲᠠᠢ ᠪᠣᠯᠭᠠᠬᠤ ᠬᠡᠷᠡᠭᠲᠡᠶ᠃ ᠭᠠᠵᠠᠷ ᠣᠷᠣᠨ ᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠪᠡᠭᠡᠵᠢᠩ ᠬᠤᠲᠠ ᠶᠢᠨ ᠠᠵᠤ ᠠᠬᠤᠶᠢᠯᠠᠯ ᠯᠤᠭ᠎ᠠ ᠶᠢᠨ ᠵᠣᠯᠭᠠᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠳᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ᠂ ᠬᠥᠳᠡᠭᠡ ᠲᠣᠰᠬᠤᠨ ᠤ ᠰᠣᠶᠣᠯ ᠵᠤᠭᠠᠴᠠᠯ ᠵᠡᠷᠭᠡ ᠣᠨᠴᠠᠯᠢᠭᠲᠤ ᠠᠵᠤ ᠦᠶᠯᠡᠰ ᠢ ᠲᠦᠷᠭᠡᠨ ᠬᠥᠭᠵᠢᠭᠦᠯᠵᠦ᠂ ᠨᠢᠭᠡ ᠪᠦᠯᠦᠭ ᠶᠠᠳᠠᠭᠤ ᠶᠢ ᠲᠡᠳᠬᠦᠬᠦ ᠦᠶᠯᠡᠳᠪᠦᠷᠢ ᠶᠢᠨ ᠲᠠᠰᠤᠭ᠂ ᠳᠠᠭᠠᠭᠤᠯᠤᠭᠴᠢ ᠠᠵᠤ ᠠᠬᠤᠶᠢᠯᠠᠯ ᠪᠠᠶᠢᠭᠤᠯᠬᠤ ᠶᠢ ᠠᠬᠢᠭᠤᠯᠵᠤ᠂ ᠭᠠᠵᠠᠷ ᠣᠷᠣᠨ ᠤ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠶᠢ ᠠᠬᠢᠭᠤᠯᠬᠤ ᠬᠡᠷᠡᠭᠲᠡᠶ᠃ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠴᠢᠩᠭᠠᠳᠬᠠᠵᠤ᠂ ᠦᠶᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠠᠴᠢᠶᠠᠯᠠᠪᠤᠷᠢ ᠶᠢᠨ ᠲᠥᠷᠥᠯ ᠵᠦᠶᠯ ᠢ ᠰᠠᠶᠢᠲᠤᠷ ᠲᠥᠯᠥᠪᠵᠢᠭᠦᠯᠵᠦ᠂ ᠠᠵᠤ ᠠᠬᠤᠶᠢᠯᠠᠯ ᠢ ᠢᠳᠡᠪᠬᠢᠲᠡᠢ ᠬᠠᠪᠰᠤᠷᠴᠤ ᠪᠠᠶᠢᠭᠠᠳ ᠲᠥᠷᠦ ᠶᠢᠨ ᠪᠣᠳᠣᠯᠭ᠎ᠠ ᠪᠠ ᠪᠡᠯᠡ ᠮᠥᠩᠭᠦ ᠵᠡᠷᠭᠡ ᠲᠠᠯ᠎ᠠ ᠶᠢᠨ ᠳᠡᠮᠵᠢᠯᠭᠡ ᠶᠢ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠤ ᠵᠢᠭᠠᠵᠤ ᠭᠠᠷᠭᠠᠪᠠ᠃     ᠹᠧᠶ ᠳ᠋ᠦᠩ ᠪᠢᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠪᠡᠭᠡᠵᠢᠩ ᠬᠤᠲᠠ ᠶᠢᠨ ᠤᠯᠤᠰ ᠤᠨ ᠦᠮᠴᠢᠯᠡᠯᠳᠦ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ᠂ ᠶᠠᠳᠠᠭᠤ ᠶᠢ ᠲᠡᠳᠬᠦᠬᠦ ᠳᠤᠰᠠᠯᠠᠬᠤ ᠠᠵᠢᠯ ᠤᠨ ᠠᠯᠪᠠᠨ ᠭᠡᠷ ᠪᠣᠯᠤᠨ ᠠᠵᠤ ᠠᠬᠤᠶᠢᠯᠠᠯᠲᠠᠨ ᠢ ᠪᠠᠶᠠᠷᠯᠠᠨ ᠤᠭᠲᠤᠵᠤ ᠪᠠᠶᠢᠬᠤ ᠪᠠ ᠳᠡᠳᠡᠨᠠᠷ ᠲᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠵᠢᠭᠠᠵᠤ ᠭᠠᠷᠭᠠᠭᠰᠠᠨ ᠨᠢ᠂ ᠠᠵᠤ ᠦᠶᠯᠡᠰ ᠢ ᠬᠥᠭᠵᠢᠭᠦᠯᠬᠦ ᠪᠣᠯ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠪᠣᠳᠣᠯᠭ᠎ᠠ ᠮᠥᠨ᠂ ᠪᠢᠳᠡ ᠪᠡᠭᠡᠵᠢᠩ ᠥᠪᠥᠷ ᠮᠣᠩᠭᠤᠯ ᠤᠨ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠᠷ ᠳᠠᠮᠵᠢᠨ ᠤᠯᠠᠭᠠᠨᠴᠠᠪ ᠤᠨ ᠡᠬᠢ ᠪᠠᠶᠠᠯᠢᠭ ᠣᠷᠴᠢᠨ ᠲᠣᠭᠤᠷᠢᠨ ᠤ ᠳᠠᠪᠠᠭᠤᠯᠢᠭ ᠪᠣᠯᠤᠨ ᠪᠣᠬᠢᠷᠲᠤᠯ ᠥᠬᠡᠶ ᠦᠶᠯᠡᠳᠬᠦᠨ ᠤ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠯᠴᠠᠬᠤ ᠬᠡᠮᠵᠢᠶ᠎ᠡ ᠪᠠᠷ ᠥᠨᠳᠥᠷ ᠨᠢᠭᠡ ᠪᠦᠯᠦᠭ ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠨᠢᠭᠡ ᠪᠦᠯᠦᠭ ᠠᠵᠤ ᠦᠢᠯᠡᠰᠵᠢᠭᠰᠡᠨ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠵᠤ᠂ ᠨᠢᠭᠡ ᠪᠦᠯᠦᠭ ᠬᠥᠳᠡᠯᠮᠦᠷᠢ ᠦᠶᠯᠡᠴᠢᠯᠡᠭᠡᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠬᠠᠮᠲᠤᠪᠠᠷ ᠪᠠᠶᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠪᠣᠯᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠨᠡᠮᠡᠭᠳᠡᠭᠦᠯᠤᠨ᠎ᠡ᠃ ᠪᠡᠭᠡᠵᠢᠩ ᠬᠤᠲᠠ ᠶᠢᠨ ᠥᠷᠭᠡᠨ ᠣᠯᠠᠨ ᠠᠵᠤ ᠠᠬᠤᠶᠢᠯᠠᠯᠲᠠᠨ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠠᠵᠠ ᠲᠣᠬᠢᠶᠠᠯ ᠢ ᠠᠮᠵᠢᠵᠤ᠂ ᠤᠯᠠᠭᠠᠨᠴᠠᠪ ᠤᠨ ᠡᠨᠡᠬᠦ ᠪᠡᠯᠡ ᠣᠷᠣᠭᠤᠯᠤᠯᠲᠠ ᠶᠢᠨ ᠦᠩ ᠰᠢᠮᠡᠯᠢᠭ ᠬᠥᠷᠥᠰᠥᠨ ᠳᠤ ᠨᠠᠩ ᠶᠡᠭᠡ ᠬᠥᠭᠵᠢᠯᠲᠡ ᠶᠢᠨ ᠣᠷᠣᠨ ᠵᠠᠶ ᠶᠢ ᠥᠷᠭᠡᠳᠬᠡᠵᠦ᠂ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ᠂ ᠮᠠᠯᠴᠢᠨ ᠲᠠᠷᠢᠶᠠᠴᠢᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠪᠠ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠬᠠᠷᠢᠯᠴᠠᠨ ᠠᠰᠢᠭᠲᠠᠢ ᠪᠠᠶᠢᠬᠤ ᠣᠯᠠᠨ ᠲᠠᠯ᠎ᠠ ᠶᠢᠨ ᠦᠷ᠎ᠡ ᠠᠰᠢᠭ ᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃                                ᠵᠤᠬᠢᠶᠠᠭᠴᠢ᠄ ᠯᠢᠤ ᠶᠠᠩ                                ᠤᠷᠴᠢᠭᠤᠯᠤᠭᠴᠢ᠄ ᠬᠦᠰᠡᠯ                                ᠬᠢᠨᠠᠭᠴᠢ᠄ ᠭᠡᠷᠡᠯᠳᠦ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2