ᠵᠢᠨᠢᠩ ᠢ ᠴᠢᠯᠦᠭᠡᠯᠡᠬᠦ ᠳᠠᠶᠢᠯᠠᠯᠳᠤᠭᠠᠨ ︵1948.9︶ | 1948 ᠤᠨ ᠤ ᠨᠠᠮᠤᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠯᠳᠤᠬᠤ ᠪᠤᠳᠤᠯᠭ᠎ᠠ | ᠶᠢᠨ ᠭᠡᠳᠡᠷᠭᠦ ᠳᠠᠭᠠᠷᠢᠯᠲᠠ ᠠᠴᠠ ᠪᠠᠨ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠳᠠᠶᠢᠨ ᠤ ᠱᠠᠲᠤᠨ ᠳᠤ ᠰᠢᠯᠵᠢᠨ | ᠤᠷᠤᠪᠠ᠃ ᠨᠠᠮ ᠤᠨ ᠲᠦᠪ ᠬᠤᠷᠢᠶ᠎ᠠ ᠪᠤᠯᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠵᠡᠭᠦᠨ ᠬᠤᠶᠢᠲᠦ | ᠶᠢᠨ ᠳᠠᠶᠢᠨ ᠤ ᠲᠠᠯᠠᠪᠤᠷ ᠲᠤ ᠶᠠᠭᠤᠨ ᠤ ᠡᠮᠦᠨ᠎ᠡ ᠰᠢᠢᠳᠪᠦᠷᠢᠲᠦ ᠳᠠᠶᠢᠨ ᠬᠢᠬᠦ ᠪᠠᠷ ᠲᠤᠭᠲᠠᠪᠠ᠃ | ᠯᠢᠶᠣᠣ ᠱᠧᠨ ᠤ ᠳᠠᠶᠢᠯᠠᠯᠳᠤᠭᠠᠨ ᠳᠤ ᠬᠠᠮᠵᠢᠯᠴᠠᠬᠤ ᠶᠢᠨ ᠲᠦᠯᠦᠭᠡ ᠮᠠᠥ ᠽᠧ ᠳ᠋ᠦᠩ ᠶᠠᠩ ᠴᠧᠩ ᠡᠦ ᠤᠨ | ᠭᠤᠷᠪᠠᠳᠤᠭᠠᠷ ᠪᠢᠩᠲ᠋ᠤᠸᠠᠨ ᠢ ᠰᠦᠶᠶᠤᠸᠠᠨ ᠳᠤ ᠤᠷᠤᠵᠤ ᠵᠢᠨᠢᠩ ᠢ ᠡᠵᠡᠯᠡᠬᠦ ᠵᠠᠷᠯᠢᠭ ᠪᠠᠭᠤᠯᠭᠠᠪᠠ᠃ 1948 | ᠣᠨ ᠳᠤ᠂ ᠠᠷᠠᠳ ᠤᠨ ᠴᠢᠯᠥᠭᠡᠯᠡᠬᠦ ᠴᠡᠷᠢᠭ ᠵᠢᠨᠢᠩ ᠢ ᠴᠢᠯᠥᠭᠡᠯᠡᠬᠦ ᠳᠠᠶᠢᠯᠠᠯᠳᠤᠭᠠᠨ ᠢ ᠡᠬᠢᠯᠡᠭᠦᠯᠵᠡᠶ᠃ | ᠵᠢᠨᠢᠩ ᠢ ᠴᠢᠯᠥᠭᠡᠯᠡᠬᠦ ᠡᠨᠡ ᠤᠳᠠᠭᠠᠨ ᠤ ᠳᠠᠶᠢᠯᠠᠯᠳᠤᠭᠠᠨ ᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠨᠠᠷᠢᠨ ᠨᠢᠮᠪᠠᠶ ᠪᠠᠶᠢᠷᠢᠯᠠᠭᠤᠯᠵᠤ᠂ ᠵᠠᠪᠠᠯ ᠪᠡᠶᠡᠯᠡᠭᠦᠯᠬᠦ ᠬᠡᠷᠡᠭᠲᠡᠶ ᠭᠡᠵᠡᠶ᠃ 8 ᠰᠠᠷ᠎ᠠ ᠶᠢᠨ 3 ᠤ | ᠡᠳᠦᠷ᠂ ᠮᠠᠤ ᠽᠧ ᠳ᠋ᠦᠩ᠂ ᠵᠦ ᠳ᠋ᠧ᠂ ᠵᠧᠤ ᠧᠨ ᠯᠠᠶ᠂ ᠯᠢᠦ ᠱᠣᠣ ᠴᠢ᠂ ᠷᠧᠨ ᠪᠢ ᠱᠢ ᠨᠠᠷ ᠰᠢ ᠪᠠᠶ ᠫᠦᠸᠧ ᠳᠤ | ᠨᠢᠶᠧ ᠷᠦᠩ ᠵᠧᠨ᠂ ᠶᠠᠩ ᠴᠧᠩ ᠡᠦ ᠶᠢ ᠬᠦᠯᠢᠶᠡᠨ ᠠᠪᠴᠤ ᠠᠭᠤᠯᠵᠠᠬᠤ ᠦᠶ᠎ᠡ ᠳᠤ᠂ ᠮᠠᠤ ᠽᠧ ᠳ᠋ᠦᠩ᠄ ︽ | ᠠᠩᠬᠠᠨ ᠤ ᠪᠠᠶᠢᠯᠳᠤᠭᠠᠨ ᠢ ᠵᠠᠪᠠᠯ ᠢᠯᠠᠵᠦ᠂ ᠨᠢᠭᠡᠳᠦᠭᠡᠷ ᠪᠠᠶᠢᠯᠳᠤᠭᠠᠨ ᠢ ᠡᠷᠬᠡᠪᠰᠢ ᠰᠠᠶᠢᠲᠤᠷ ᠬᠢᠬᠦ ᠬᠡᠷᠡᠭᠲᠡᠶ ᠁ | ᠵᠢᠨᠢᠩ᠂ ᠪᠤᠭᠤᠲᠤ ᠶᠢᠨ ᠳᠠᠶᠢᠨ ᠢ ᠰᠠᠶᠢᠲᠤᠷ ᠬᠢᠬᠦ ᠪᠣᠯ ᠲᠤᠶᠢᠯ ᠤᠨ ᠴᠢᠬᠤᠯᠠ︾ ᠭᠡᠵᠦ ᠵᠠᠬᠢᠵᠠᠢ᠃ 9 ᠰᠠᠷ᠎ᠠ ᠳᠤ | ᠴᠢᠯᠥᠭᠡᠯᠡᠬᠦ ᠴᠡᠷᠢᠭ ᠤᠨ ᠤᠮᠠᠷᠠᠲᠦ ᠶᠢᠨ ᠴᠡᠷᠢᠭ ᠤᠨ ᠲᠣᠭᠤᠷᠢᠭ ᠤᠨ ᠭᠤᠷᠪᠠᠨ ᠪᠢᠩᠲ᠋ᠤᠸᠠᠨ ᠨᠠᠮ ᠤᠨ ᠲᠥᠪ | ᠬᠤᠷᠢᠶᠠᠨ ᠤ ᠵᠢᠭᠠᠪᠤᠷᠢ ᠪᠠᠷ ᠰᠧᠯᠢᠩ ᠶᠠᠩ ᠴᠧᠩ ᠦ᠋᠂ ᠤᠯᠤᠰ ᠲᠥᠷᠥ ᠶᠢᠨ ᠭᠡᠰᠢᠭᠦᠨ ᠯᠢ ᠵᠢᠩ ᠴᠢᠤᠸᠠᠨ ᠤ | ᠳᠠᠭᠠᠭᠤᠯᠭ᠎ᠠ ᠪᠠᠷ ᠰᠦᠶᠶᠤᠸᠠᠨ ᠳᠤ ᠴᠡᠷᠢᠭ ᠣᠷᠣᠪᠠ᠃ ᠨᠢᠭᠡᠳᠦᠭᠡᠷ ᠳᠤᠮᠳᠠ ᠠᠩᠭᠢ ᠪᠠ ᠱᠠᠨ ᠰᠢ ᠰᠦᠶᠶᠤᠸᠠᠨ ᠤ | ᠨᠠᠢᠮᠠᠳᠤᠭᠠᠷ ᠴᠤᠪᠤᠭ᠎ᠠ ᠠᠩᠭᠢ ᠵᠢᠨᠢᠩ ᠢ ᠪᠦᠰᠡᠯᠡᠵᠦ᠂ 9 ᠰᠠᠷ᠎ᠠ ᠶᠢᠨ 26 ᠤ ᠡᠳᠦᠷ ᠤᠨ 18 ᠴᠠᠭ 30 | ᠮᠢᠨᠦ᠋ᠲ ᠲᠤ ᠳᠠᠭᠠᠷᠢᠯᠲᠠ ᠬᠢᠵᠦ᠂ ᠨᠢᠭᠡ ᠰᠥᠨᠢ ᠶᠢᠨ ᠰᠢᠷᠦᠭᠦᠨ ᠪᠠᠶᠢᠯᠳᠤᠭᠠᠨ ᠪᠠᠷ ᠳᠠᠮᠵᠢᠨ 27 ᠤ ᠡᠳᠦᠷ ᠤᠨ | 10 ᠴᠠᠭ ᠲᠤ ᠵᠢᠨᠢᠩ ᠢ ᠡᠵᠠᠯᠠᠨ ᠳᠠᠶᠢᠰᠦᠨ ᠤ ᠴᠡᠷᠢᠭ ᠢ 3500 ᠤᠰᠠᠳᠬᠠᠪᠠ᠃ ᠴᠢᠯᠦᠭᠡᠯᠡᠬᠦ ᠴᠡᠷᠢᠭ | ᠤᠨᠰᠦ᠋ᠶᠶᠤᠸᠠᠨ ᠳᠠᠬᠢ ᠴᠡᠷᠢᠭ ᠳᠠᠶᠢᠨ ᠤ ᠠᠵᠢᠯᠯᠠᠭ᠎ᠠ ᠨᠢ ᠹᠦ᠋ ᠽᠦᠸᠧ ᠢ ᠶᠢ ᠰᠤᠴᠢᠭᠠᠨ᠂ ᠶᠠᠪᠠᠭᠠᠨ ᠮᠤᠷᠢᠲᠦ | ᠴᠡᠷᠢᠭ ᠪᠠᠷᠤᠭ 10 ᠪᠠᠷᠢᠭᠠᠳᠠ ᠴᠡᠷᠢᠭ ᠲᠠᠲᠠᠵᠦ ᠪᠠᠷᠠᠭᠤᠨᠰᠢ ᠰᠦᠶᠶᠤᠸᠠᠨ ᠢ ᠲᠤᠰᠠᠯᠠᠪᠠ᠃ 9 ᠰᠠᠷ᠎ᠠ ᠶᠢᠨ 29 ᠤ | ᠡᠳᠦᠷ ᠴᠢᠯᠦᠭᠡᠯᠡᠬᠦ ᠴᠡᠷᠢᠭ ᠤᠨ ᠵᠢᠨᠢᠩ ᠢ ᠰᠠᠬᠢᠨ ᠰᠠᠭᠤᠵᠦ ᠪᠠᠶᠢᠭᠰᠠᠨ ᠴᠡᠷᠢᠭ ᠠᠩᠭᠢ ᠬᠤᠲᠠ ᠠᠴᠠ ᠭᠠᠷᠴᠦ | ᠳᠠᠶᠢᠰᠦᠨ ᠤ ᠪᠠᠷᠠᠭᠤᠨᠰᠢᠯᠠᠬᠤ ᠶᠢ ᠬᠤᠷᠢᠭᠯᠠᠵᠦ ᠭᠤᠷᠪᠠᠳᠤᠭᠠᠷ ᠪᠢᠩᠲ᠋ᠤᠸᠠᠨ ᠤ ᠭᠤᠤᠯ ᠬᠦᠴᠦᠨ ᠤ ᠨᠡᠶᠢᠯᠡᠬᠦ ᠳᠤ | ᠬᠠᠮᠵᠢᠯᠴᠠᠪᠠ᠃ ᠭᠤᠮᠢᠨᠳᠠᠩ ᠤᠨ ᠴᠡᠷᠢᠭ ᠳᠠᠬᠢᠨ ᠵᠢᠨᠢᠩ ᠢ ᠡᠵᠡᠯᠡᠭᠰᠡᠨ ᠪᠠᠶᠢᠨ᠎ᠠ᠃ 10 ᠰᠠᠷ᠎ᠠ ᠶᠢᠨ 15 ᠤ | ᠡᠳᠦᠷ᠂ ᠤᠮᠠᠷᠠᠲᠦ ᠶᠢᠨ ᠴᠡᠷᠢᠭ ᠤᠨ ᠲᠤᠭᠤᠷᠢᠭ ᠤᠨ ᠬᠤᠶᠠᠳᠤᠭᠠᠷ ᠪᠢᠩᠲ᠋ᠤᠸᠠᠨ ᠫᠢᠩ ᠵᠠᠩ ᠱᠤᠭᠤᠮ ᠳᠠᠭᠠᠤ | ᠤᠷᠤᠭᠰᠢᠯᠠᠵᠦ᠂ ᠭᠤᠷᠪᠠᠳᠤᠭᠠᠷ ᠪᠢᠩᠲ᠋ᠤᠸᠠᠨ ᠤ ᠴᠡᠷᠢᠭ ᠳᠠᠶᠢᠨ ᠤ ᠠᠵᠢᠯᠯᠠᠭ᠎ᠠ ᠳᠤ ᠬᠠᠮᠵᠢᠯᠴᠠᠭᠰᠠᠨ ᠳᠤ ᠹᠦ᠋ | ᠽᠦᠸᠧ ᠢ ᠶᠢᠨ ᠪᠠᠷᠠᠭᠤᠨᠰᠢ ᠲᠤᠰᠠᠯᠠᠭᠰᠠᠨ ᠴᠡᠷᠢᠭ ᠳᠡᠬᠢᠨ ᠵᠡᠭᠦᠨᠰᠢ ᠪᠤᠴᠠᠵᠦ᠂ ᠵᠢᠨᠢᠩ ᠢ ᠡᠵᠡᠯᠡᠭᠰᠡᠨ ᠭᠤᠮᠢᠨᠳᠠᠩ | ᠤᠨ ᠴᠡᠷᠢᠭ ᠴᠦ ᠪᠠᠶᠢᠯᠳᠤᠭᠰᠠᠨ ᠦᠭᠡᠢ ᠪᠠᠷ ᠤᠬᠤᠷᠢᠨ ᠭᠠᠷᠴᠦ ᠴᠢᠯᠦᠭᠡᠯᠡᠬᠦ ᠴᠡᠷᠢᠭ ᠵᠢᠨᠢᠩ ᠢ ᠡᠵᠡᠯᠡᠵᠦ ᠵᠢᠨᠢᠩ | ᠴᠢᠯᠦᠭᠡᠯᠡᠭᠳᠡᠪᠡ᠃ | ᠪᠦᠬᠦᠶᠢᠯᠡ ᠵᠢᠨᠢᠩ ᠤᠨ ᠳᠠᠶᠢᠯᠠᠯᠳᠤᠭᠠᠨ ᠳᠤ᠂ ᠭᠤᠮᠢᠨᠳᠠᠩ ᠡᠪ ᠬᠠᠮᠲᠤ ᠨᠠᠮ ᠬᠤᠶᠠᠷ ᠲᠠᠯ᠎ᠠ ᠪᠠᠷ ᠢᠶᠠᠨ | ᠨᠡᠶᠢᠲᠡ 87400 ᠭᠠᠷᠤᠶ ᠴᠡᠷᠢᠭ ᠤᠨ ᠬᠦᠴᠦᠨ ᠢ ᠣᠷᠣᠭᠤᠯᠵᠤ᠂ ᠡᠭᠦᠨ ᠤ ᠳᠣᠲᠣᠷ᠎ᠠ ᠴᠢᠯᠥᠭᠡᠯᠡᠬᠦ ᠴᠡᠷᠢᠭ | 46000 ᠭᠠᠷᠤᠶ᠂ ᠭᠤᠮᠢᠨᠳᠠᠩ ᠤᠨ ᠴᠡᠷᠢᠭ 41400 ᠭᠠᠷᠤᠶ ᠪᠠᠶᠢᠪᠠ᠃ ᠴᠢᠯᠥᠭᠡᠯᠡᠬᠦ ᠴᠡᠷᠢᠭ 11950 | ᠭᠠᠷᠤᠶ ᠦᠬᠦᠵᠦ ᠰᠢᠷᠬᠠᠲᠤᠵᠤ᠂ ᠭᠤᠮᠢᠨᠳᠠᠩ ᠤᠨ ᠴᠡᠷᠢᠭ ᠢ 14000 ᠭᠠᠷᠤᠶ ᠤᠰᠠᠳᠬᠠᠵᠠᠢ᠃ | ᠵᠢᠨᠢᠩ ᠤᠨ ᠳᠠᠶᠢᠯᠠᠯᠳᠤᠭᠠᠨ ᠪᠣᠯ ᠥᠪᠥᠷ ᠮᠣᠩᠭᠤᠯ ᠤᠷᠤᠨ ᠤ ᠴᠢᠯᠥᠭᠡᠯᠡᠬᠦ ᠳᠠᠶᠢᠨ ᠤ ᠦᠶ᠎ᠡ ᠶᠢᠨ | ᠬᠠᠮᠤᠭ ᠤᠨ ᠣᠯᠠᠨ ᠬᠦᠮᠦᠨ ᠤᠷᠤᠯᠴᠠᠭᠰᠠᠨ᠂ ᠨᠥᠯᠥᠭᠡ ᠪᠠᠷ ᠬᠠᠮᠤᠭ ᠤᠨ ᠶᠡᠭᠡ ᠳᠠᠶᠢᠯᠠᠯᠳᠤᠭᠠᠨ ᠤ ᠨᠢᠭᠡ ᠪᠣᠯᠤᠨ᠎ᠠ᠃ | ᠵᠢᠨᠢᠩ ᠤᠨ ᠳᠠᠶᠢᠯᠠᠯᠳᠤᠭᠠᠨ ᠤ ᠢᠯᠠᠯᠲᠠ ᠨᠢ ᠭᠤᠮᠢᠨᠳᠠᠩ ᠤᠨ ᠴᠡᠷᠢᠭ ᠤᠨ ᠵᠡᠭᠦᠨ ᠬᠤᠶᠢᠲᠤ ᠣᠷᠣᠨ ᠢ ᠪᠤᠯᠢᠶᠠᠨ | ᠡᠵᠡᠯᠡᠬᠦ ᠶᠢ ᠬᠤᠷᠢᠭᠯᠠᠵᠤ᠂ ᠴᠢᠯᠥᠭᠡᠯᠡᠬᠦ ᠴᠡᠷᠢᠭ ᠤᠨ ᠶᠠᠫᠣᠨ ᠢ ᠡᠰᠡᠷᠭᠦᠴᠡᠬᠦ ᠳᠠᠶᠢᠨ ᠤ ᠢᠯᠠᠯᠲᠠ ᠶᠢᠨ ᠦᠷ᠎ᠡ | ᠪᠦᠲᠦᠭᠡᠯ ᠢ ᠬᠠᠮᠠᠭᠠᠯᠠᠭᠰᠠᠨ ᠪᠠᠶᠢᠨ᠎ᠠ᠃ ᠮᠦᠨᠴᠦ ᠴᠢᠯᠥᠭᠡᠯᠡᠬᠦ ᠴᠡᠷᠢᠭ ᠭᠤᠮᠢᠨᠳᠠᠩ ᠤᠨ ᠴᠡᠷᠢᠭ ᠲᠠᠢ ᠪᠠᠶᠢᠯᠳᠤᠬᠤ | ᠪᠣᠳᠣᠯᠭ᠎ᠠ ᠶᠢᠨ ᠰᠢᠶᠳᠪᠦᠷᠢᠲᠦ ᠪᠠᠶᠢᠯᠳᠤᠭᠠᠨ ᠬᠢᠬᠦ ᠳᠤ ᠡᠷᠬᠢᠮ ᠨᠠᠨᠳᠢᠨ ᠪᠠᠶᠢᠯᠳᠤᠭᠠᠨ ᠤ ᠲᠤᠷᠰᠢᠯᠭ᠎ᠠ ᠬᠠᠩᠭᠠᠵᠦ᠂ | ᠯᠢᠶᠣᠤ ᠱᠧᠨ ᠤ ᠳᠠᠶᠢᠯᠠᠯᠳᠤᠭᠠᠨ᠂ ᠫᠢᠩ ᠶᠢᠨ ᠤ ᠳᠠᠶᠢᠯᠠᠯᠳᠤᠭᠠᠨ ᠤ ᠰᠢᠶᠳᠪᠦᠷᠢᠲᠦ ᠪᠠᠶᠢᠯᠳᠤᠭᠠᠨ ᠤ ᠢᠯᠠᠯᠲᠠ ᠳᠤ | ᠬᠠᠮᠵᠢᠯᠴᠠᠨ᠂ ᠹᠦ᠋ ᠽᠦᠸᠧ ᠢ ᠶᠢᠨ ᠭᠤᠮᠢᠨᠳᠠᠩ ᠤᠨ ᠴᠡᠷᠢᠭ ᠤᠨ ᠪᠠᠷᠠᠭᠤᠨᠰᠢ ᠳᠤᠲᠠᠭᠠᠬᠤ ᠵᠠᠮ ᠢ ᠲᠠᠰᠤᠯᠵᠤ᠂ | ᠪᠧᠶᠢᠫᠢᠩ᠂ ᠰᠦᠶᠶᠤᠸᠠᠨ ᠢ ᠨᠠᠶᠢᠷᠠᠮᠳᠠᠯ ᠢᠶᠠᠷ ᠴᠢᠯᠦᠭᠡᠯᠡᠬᠦ ᠶᠢ ᠠᠬᠢᠭᠤᠯᠪᠠ᠃ | | | | | | 1948 ᠤᠨ ᠤ ᠤᠮᠠᠷᠠᠲᠤ ᠤᠷᠤᠨ ᠬᠢᠭᠡᠳ ᠵᠡᠭᠦᠨ ᠬᠤᠶᠢᠲᠦ ᠤᠷᠤᠨ ᠤ ᠪᠠᠶᠢᠯᠳᠤᠭᠠᠨ ᠤ ᠪᠠᠶᠢᠳᠠᠯ ᠤᠨ | ᠵᠢᠷᠤᠭ | | | | | | 1948 ᠤᠨ ᠤ 9 ᠰᠠᠷ᠎ᠠ ᠤᠮᠠᠷᠠᠲᠤ ᠶᠢᠨ ᠴᠡᠷᠢᠭ ᠤᠨ ᠲᠤᠭᠤᠷᠢᠭ ᠤᠨ ᠭᠤᠷᠪᠠᠳᠤᠭᠠᠷ ᠪᠢᠩᠲ᠋ᠤᠸᠠᠨ ᠤ | ᠺᠤᠮᠠᠨᠳᠠᠯᠠᠭᠴᠢ ᠶᠠᠩ ᠴᠧᠩ ᠡᠦ | | | | 1948 ᠤᠨ ᠭᠤᠷᠪᠠᠳᠤᠭᠠᠷ ᠪᠢᠩᠲ᠋ᠤᠸᠠᠨ ᠤ ᠤᠯᠤᠰ ᠲᠦᠷᠦ ᠶᠢᠨ ᠭᠡᠰᠢᠭᠦᠨ ᠯᠢ ᠵᠢᠩ ᠴᠢᠤᠸᠠᠨ | | | | | | ᠭᠤᠷᠪᠠᠳᠤᠭᠠᠷ ᠪᠢᠩᠲ᠋ᠤᠸᠠᠨ ᠤ ᠳᠠᠶᠢᠨ ᠤ ᠪᠠᠶᠢᠳᠠᠯ ᠤᠨ ᠵᠢᠷᠤᠭ | | | | | | ᠳᠠᠶᠢᠰᠤᠨ ᠤ ᠴᠡᠷᠢᠭ ᠲᠤ ᠳᠠᠭᠠᠷᠢᠯᠲᠠ ᠬᠢᠵᠦ ᠪᠠᠶᠢᠭ᠎ᠠ ᠨᠢ | | | | | | ᠹᠧᠩᠵᠧᠨ ᠶᠢ ᠡᠵᠡᠯᠡᠭᠰᠡᠨ ᠨᠢ | | | | | ᠵᠢᠨᠢᠩ ᠢ ᠴᠢᠯᠦᠭᠡᠯᠡᠬᠦ ᠳᠠᠶᠢᠨ ᠳᠤ ᠤᠯᠵᠠᠯᠠᠭᠳᠠᠭᠰᠠᠨ ᠳᠠᠶᠢᠰᠤᠨ ᠤ ᠴᠡᠷᠢᠭ | | | ᠨᠠᠶᠢᠷᠠᠭᠤᠯᠤᠭᠴᠢ᠄ ᠡᠷᠳᠡᠨᠢᠴᠤᠭᠲᠦ | ᠬᠢᠨᠠᠭᠴᠢ᠄ ᠭᠡᠷᠡᠯᠲᠦ | |