ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ | | | | | | ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ | | ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ 2010 ᠤᠨ ᠤ 10 ᠰᠠᠷ᠎ᠠ ᠶᠢᠨ 29 ᠤ ᠡᠳᠦᠷ | ᠨᠡᠭᠡᠭᠡᠵᠦ᠂ ᠳᠤᠷᠠᠰᠬᠠᠯ ᠤᠨ ᠣᠷᠳᠣᠨ ᠳᠡᠭᠡᠷ᠎ᠡ ᠳᠣᠤᠷ᠎ᠠ ᠬᠤᠶᠠᠷ ᠳᠠᠪᠬᠤᠷᠭ᠎ᠠ ᠬᠤᠪᠢᠶᠠᠵᠤ᠂ ᠦᠵᠡᠭᠦᠯᠦᠯᠭᠡ ᠶᠢᠨ | ᠱᠤᠭᠤᠮ ᠤᠨ ᠪᠦᠬᠦ ᠤᠷᠳᠤ ᠨᠢ 612 ᠮᠧᠲᠷ ᠪᠠᠶᠢᠵᠤ᠂ ᠡᠯ᠎ᠡ ᠲᠥᠷᠥᠯ ᠤᠨ ᠲᠡᠥᠬᠡᠨ ᠳᠤᠷᠠᠰᠬᠠᠯᠲᠦ ᠵᠦᠢᠯ᠂ ᠭᠡᠷᠡᠯ | ᠵᠢᠷᠤᠭ᠂ ᠬᠠᠭᠤᠯᠪᠤᠷᠢ ᠪᠦᠲᠦᠭᠡᠯ ᠪᠠ ᠤᠷᠠᠯᠢᠭ ᠤᠨ ᠪᠦᠲᠦᠭᠡᠯ ᠨᠡᠶᠢᠲᠡ 1200 ᠭᠠᠷᠤᠶ ᠵᠦᠶᠯ ᠢ ᠳᠡᠯᠭᠡᠨ | ᠦᠵᠡᠭᠦᠯᠵᠦ ᠪᠠᠶᠢᠨ᠎ᠠ᠃ ᠣᠷᠳᠣᠨ ᠤ ᠳᠣᠲᠣᠷ᠎ᠠ ᠪᠠᠰᠠ ᠳᠠᠭᠤ ᠭᠡᠷᠡᠯ ᠴᠠᠬᠢᠯᠭᠠᠨ ᠤ ᠬᠠᠭᠠᠰ ᠦᠵᠡᠮᠵᠢ ᠶᠢᠨ ᠵᠢᠷᠤᠭ᠂ | ᠵᠡᠷᠭᠡᠯᠭᠡᠨ ᠵᠢᠷᠤᠭ᠂ 5D ᠺᠢᠨᠣ᠋ ᠲᠧᠯᠸᠢᠰ ᠤᠨ ᠲᠢᠩᠬᠢᠮ ᠵᠡᠷᠭᠡ ᠣᠯᠠᠨ ᠵᠠᠭᠤᠴᠢᠳᠤ ᠲᠥᠬᠦᠭᠡᠷᠦᠮᠵᠢ ᠲᠣᠬᠢᠷᠠᠭᠤᠯᠵᠤ᠂ | ᠲᠡᠷᠢᠭᠦᠨ ᠤ ᠳᠡᠯᠭᠡᠨ ᠦᠵᠡᠭᠦᠯᠬᠦ ᠮᠡᠷᠭᠡᠵᠢᠯ ᠪᠠ ᠨᠥᠯᠥᠭᠡᠯᠡᠬᠦ ᠬᠦᠴᠦᠨ ᠲᠡᠭᠦᠯᠳᠡᠷ ᠤᠷᠠᠯᠢᠭ ᠤᠨ ᠠᠷᠭ᠎ᠠ | ᠪᠠᠷᠢᠯ ᠢᠶᠠᠷ ᠵᠢᠨᠢᠩ ᠤᠨ ᠳᠠᠶᠢᠯᠠᠯᠳᠤᠭᠠᠨ ᠤ ᠲᠡᠤᠬᠡᠨ ᠪᠦᠬᠦ ᠪᠠᠶᠢᠳᠠᠯ ᠢ ᠵᠢᠷᠤᠭᠯᠠᠵᠠᠶ᠃ | ᠥᠷᠨᠢᠭᠦᠯᠦᠭᠰᠡᠨ ᠴᠢᠬᠤᠯᠠ ᠶᠡᠭᠡ ︵ᠠᠴᠢ ᠬᠤᠯᠪᠣᠭᠳᠠᠯ ᠲᠠᠢ︶ ᠠᠵᠢᠯᠯᠠᠭ᠎ᠠ | ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠪᠠᠶᠢᠭᠤᠯᠤᠭᠳᠠᠵᠤ ᠨᠡᠭᠡᠭᠡᠯᠲᠡ | ᠬᠢᠭᠰᠡᠨ ᠠᠴᠠ ᠨᠠᠰᠢ᠂ ᠬᠤᠲᠠ ᠲᠣᠭᠤᠷᠢᠭ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠣᠯᠤᠨ | ᠬᠥᠭᠵᠢᠯᠲᠡ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠵᠠᠰᠠᠭ ᠤᠨ ᠭᠤᠤᠯ ᠤᠳᠤᠷᠢᠳᠤᠯᠭ᠎ᠠ ᠣᠯᠠᠨ | ᠤᠳᠠᠭ᠎ᠠ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠶ᠃ ᠲᠦᠷ ᠳᠡᠯᠭᠡᠨ ᠦᠵᠡᠭᠦᠯᠬᠦ᠂ ᠠᠵᠢᠯᠯᠠᠭ᠎ᠠ | ᠥᠷᠨᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠲᠤ ᠬᠠᠨᠳᠤᠭᠤᠯᠤᠨ ᠡᠬᠡ ᠣᠷᠣᠨᠴᠢ | ᠦᠵᠡᠯ ᠤᠨ ᠬᠥᠮᠦᠵᠢᠯ ᠢ ᠥᠷᠨᠢᠭᠦᠯᠪᠡ᠃ 2010 ᠣᠨ ᠠᠴᠠ ᠣᠳᠣ ᠪᠣᠯᠲᠠᠯ᠎ᠠ᠂ ᠤᠷᠢᠳ ᠬᠤᠵᠢᠳ ︽ᠶᠠᠨ | ᠠᠨ ᠤ ᠵᠣᠷᠢᠭ ᠰᠠᠨᠠᠭ᠎ᠠ · ᠡᠭᠦᠷᠢᠳᠡ ᠭᠡᠷᠡᠯ ᠭᠡᠭᠡ ᠰᠠᠴᠤᠷᠠᠨ᠎ᠠ︾᠂ ︽ᠰᠢᠨ᠎ᠡ ᠳᠤᠮᠳᠠᠳᠤ ᠤᠯᠤᠰ ᠠᠳᠡ ᠠᠴᠠ | ᠢᠷᠡᠪᠡ︾᠂ ︽ᠯᠧᠢ ᠹᠧᠩ ᠤᠨ ᠤᠯᠠ ᠮᠦᠷ ᠢ ᠡᠷᠢᠯᠬᠢᠯᠡᠭᠰᠡᠨ ᠨᠢ︾᠂ ︽ᠰᠢᠨᠵᠢᠯᠡᠬᠦ ᠤᠬᠠᠭᠠᠨ ᠢ ᠡᠷᠬᠢᠮᠨᠡᠨ᠂ | ᠭᠠᠵᠢᠭᠤ ᠨᠣᠮᠯᠠᠯ ᠢ ᠡᠰᠡᠷᠭᠦᠴᠡᠶ᠎ᠡ︾᠂ ︽ᠬᠥᠭᠵᠢᠯᠲᠡ ᠶᠢᠨ ᠲᠡᠤᠬᠡ ᠶᠢ ᠳᠠᠬᠢᠨ ᠰᠠᠨᠠᠭᠠᠯᠵᠠᠵᠤ᠂ ᠳᠤᠮᠳᠠᠳᠤ ᠶᠢᠨ | ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ︾᠂ ︽ᠶᠠᠫᠣᠨ ᠢ ᠡᠰᠡᠷᠭᠦᠴᠡᠭᠰᠡᠨ ᠪᠠᠭᠠᠲᠤᠷ ᠶᠠᠩ ᠵᠢᠩ ᠢᠦᠶ ᠶᠢᠨ | ᠦᠵᠡᠭᠦᠯᠦᠯᠭᠡ︾᠂ ︽ᠲᠠᠯ᠎ᠠ ᠨᠤᠲᠤᠭ ᠤᠨ ᠪᠠᠭᠠᠲᠤᠷ ᠡᠭᠡᠴᠢ ᠥᠬᠢᠨ ᠳᠡᠭᠦᠤ ᠶᠢᠨ ᠦᠢᠯᠡ ᠠᠵᠢᠯᠯᠠᠭ᠎ᠠ ᠶᠢᠨ | ᠦᠵᠡᠭᠦᠯᠦᠯᠭᠡ︾᠂ ︽ᠯᠢᠦ ᠳ᠋ᠧᠩ ᠨᠢᠭᠡᠳᠦᠭᠡᠷ ᠳ᠋ᠢᠸᠢᠽᠢ — ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ | ᠴᠡᠷᠢᠭ ᠤᠨ ᠤᠤᠯ ᠤᠨ ᠶᠠᠪᠠᠭᠠᠨ ᠴᠡᠷᠢᠭ ᠤᠨ 205 ᠳ᠋ᠤᠭᠠᠷ ᠳ᠋ᠢᠸᠢᠽᠢ ᠤᠨ ᠲᠡᠤᠬᠡ ᠶᠢᠨ ᠦᠵᠡᠭᠦᠯᠦᠯᠭᠡ︾ ᠵᠡᠷᠭᠡ | ᠲᠣᠮᠣ ᠬᠡᠯᠪᠡᠷᠢ ᠶᠢᠨ ᠭᠤᠤᠯ ᠰᠡᠳᠦᠪᠲᠦ ᠦᠵᠡᠭᠦᠯᠦᠯᠭᠡ ᠵᠢᠴᠢ ᠡᠯ᠎ᠡ ᠶᠡᠭᠡ ᠪᠠᠶᠠᠷ ᠳᠤᠷᠠᠰᠬᠠᠯ ᠤᠨ ᠡᠳᠦᠷ 180 | ᠭᠠᠷᠤᠶ ᠤᠳᠠᠭᠠᠨ ᠤ ᠲᠤᠮᠤ ᠳᠤᠮᠳᠠ ᠬᠡᠯᠪᠡᠷᠢ ᠶᠢᠨ ᠠᠵᠢᠯᠯᠠᠭ᠎ᠠ ᠥᠷᠨᠢᠭᠦᠯᠵᠡᠶ᠃ ᠡᠭᠦᠨ ᠠᠴᠠ ᠭᠠᠳᠠᠨ᠎ᠠ᠂ | ᠲᠠᠶᠢᠯᠪᠤᠷᠢᠯᠠᠭᠴᠢ ᠶᠢᠨ ᠪᠦᠯᠬᠦᠮ ᠢ ᠵᠣᠬᠢᠶᠠᠨ ᠪᠠᠶᠢᠭᠤᠯᠤᠨ ᠥᠪᠡᠷ ᠢᠶᠠᠨ ᠨᠠᠶᠢᠷᠠᠭᠤᠯᠵᠤ᠂ ᠥᠪᠡᠷ ᠢᠶᠠᠨ ᠲᠤᠭᠯᠠᠭᠰᠠᠨ᠂ | ᠦᠵᠡᠭᠳᠡᠯᠲᠦ ᠵᠦᠴᠦᠭᠡ᠂ ᠳᠠᠭᠤᠤ ᠪᠥᠵᠢᠭᠲᠦ ᠵᠦᠴᠦᠭᠡ᠂ ᠰᠢᠯᠦᠭ ᠤᠶᠠᠩᠭᠠᠯᠠᠬᠤ᠂ ᠴᠠᠷᠭᠢᠯ ᠬᠤᠯᠪᠣᠭ᠎ᠠ ᠵᠡᠷᠭᠡ | ᠬᠡᠯᠪᠡᠷᠢ ᠪᠠᠷ ︽ᠬᠤᠪᠢᠰᠬᠠᠯ ᠤᠨ ᠳᠤᠷᠠᠰᠤᠮᠵᠢ︾ ᠰᠢᠷᠢᠰ ᠤᠷᠠᠨ ᠰᠠᠶᠢᠬᠠᠨ ᠤ ᠲᠣᠭᠯᠠᠯᠲᠠ ᠶᠢᠨ ᠪᠦᠲᠦᠭᠡᠯ ᠢ | ᠵᠣᠬᠢᠶᠠᠨ ᠪᠠᠶᠢᠭᠤᠯᠵᠤ᠂ ᠥᠷᠭᠡᠨ ᠣᠯᠠᠨ ᠵᠤᠭᠠᠴᠠᠭᠰᠠᠳ ᠲᠤ ᠠᠳᠠᠯᠢ ᠪᠤᠰᠤ ᠬᠤᠪᠢᠰᠬᠠᠯ ᠤᠨ ᠰᠣᠶᠣᠯ ᠤᠨ ᠰᠤᠨᠤᠷ | ᠬᠠᠷᠠᠭᠠᠨ ᠤ ᠦᠪᠡᠳᠡᠭᠰᠢ ᠨᠠᠶᠢᠷ ᠢ ᠦᠵᠡᠭᠦᠯᠪᠠ᠃ | ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠲᠥᠪ ᠤᠨ ᠰᠦᠷᠯᠢᠭ ᠰᠠᠶᠢᠬᠠᠨ ᠵᠢᠨᠢᠩ ᠤᠨ | ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠨᠢ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ | ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠨᠢ ᠨᠡᠶᠢᠭᠡᠮ ᠤᠨ ᠡᠯ᠎ᠡ ᠡᠲᠡᠭᠡᠳ ᠲᠤ | ᠥᠪᠡᠷᠮᠢᠴᠡ ᠣᠨᠴᠠᠯᠢᠭ ᠲᠠᠢ ᠬᠤᠪᠢᠰᠬᠠᠯᠲᠤ ᠵᠤᠭᠠᠴᠠᠯ ᠤᠨ ᠪᠡᠶᠡᠴᠢᠯᠡᠨ ᠤᠶᠢᠯᠠᠭᠠᠬᠤ ᠨᠦᠭᠦᠴᠡᠯ ᠬᠠᠩᠭᠠᠵᠤ᠂ | ᠨᠡᠶᠢᠰᠯᠡᠯ ᠤᠨ ᠲᠣᠭᠤᠷᠢᠨ ᠳᠤ᠂ ᠪᠦᠬᠦ ᠤᠯᠤᠰ ᠲᠤ ᠬᠠᠨᠳᠤᠭᠤᠯᠤᠭᠰᠠᠨ᠂ ᠣᠷᠣᠰ ᠮᠣᠩᠭᠤᠯ ᠧᠦ᠋ᠷᠣᠫᠠ ᠶᠢ | ᠨᠥᠯᠥᠭᠡᠯᠡᠬᠦ ᠬᠤᠪᠢᠰᠬᠠᠯᠲᠤ ᠵᠤᠭᠠᠴᠠᠯ ᠭᠠᠵᠠᠷ ᠤᠨ ᠭᠠᠵᠠᠷ ᠪᠣᠯᠬᠤ ᠪᠠᠷ ᠴᠠᠷᠮᠠᠶᠢᠵᠦ ᠪᠠᠶᠢᠨ᠎ᠠ᠃ | | | | | 2016 ᠤᠨ ᠤ 8 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠵᠢᠨᠢᠩ ᠤᠨ ᠳᠠᠶᠢᠯᠠᠯᠳᠤᠭᠠᠨ ᠤ | ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠪᠠᠶᠢᠭᠤᠯᠤᠭᠳᠠᠭᠰᠠᠨ ᠢ ᠨᠡᠶᠢᠲᠡᠯᠡᠪᠡ | | | | | | 2017 ᠤᠨ ᠤ 8 ᠰᠠᠷ᠎ᠠ ᠶᠢᠨ 10 ᠤ ᠡᠳᠦᠷ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶᠠᠨ ᠤ ᠤᠯᠤᠰ ᠲᠥᠷᠦ ᠶᠢᠨ ᠲᠣᠪᠴᠢᠶᠠᠨ ᠤ ᠤᠤᠯ ᠤᠨ ᠭᠡᠰᠢᠭᠦᠨ᠂ ᠲᠥᠷᠦ ᠶᠢᠨ ᠶᠠᠪᠤᠳᠠᠯ ᠤᠨ ᠬᠤᠷᠢᠶᠠᠨ ᠤ | ᠤᠤᠯ ᠤᠨ ᠳᠡᠳ᠋ ᠶᠡᠷᠦᠩᠬᠡᠶ ᠰᠠᠶᠢᠳ ᠯᠢᠦ ᠶᠠᠨ ᠳ᠋ᠦᠩ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ | ᠳᠤᠷᠠᠰᠬᠠᠯ ᠤᠨ ᠬᠦᠷᠢᠶᠡᠯᠡᠩ ᠢ ᠲᠣᠭᠤᠷᠢᠨ ᠦᠵᠡᠪᠡ | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠦᠬᠡᠬᠤᠲᠠ ᠶᠢᠨ | ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ | ᠬᠦᠷᠢᠶᠡᠯᠡᠩ ᠢ ᠲᠣᠭᠤᠷᠢᠨ ᠦᠵᠡᠪᠡ | | | | | | ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠦ᠋ ᠰᠢᠤᠸᠠᠢ ᠵᠢᠶᠦ᠋ᠨ ᠵᠢᠨᠢᠩ ᠤᠨ | ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠢ ᠰᠢᠨᠵᠢᠯᠡᠨ ᠪᠠᠶᠢᠴᠠᠭᠠᠪᠠ | | | | | ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠹᠧᠶ ᠳ᠋ᠦᠩ ᠪᠢᠨ | ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠢ ᠰᠢᠨᠵᠢᠯᠡᠨ ᠪᠠᠶᠢᠴᠠᠭᠠᠪᠠ | | ᠨᠠᠶᠢᠷᠠᠭᠤᠯᠤᠭᠴᠢ᠄ ᠡᠷᠳᠡᠨᠢᠴᠤᠭᠲᠦ | ᠬᠢᠨᠠᠭᠴᠢ᠄ ᠭᠡᠷᠡᠯᠲᠦ | | |