ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ
ᠨᠡᠶᠢᠲᠡᠯᠡᠭᠰᠡᠨ ᠴᠠᠭ᠄
2019/11/26
      ᠤᠯᠠᠭᠠᠨᠴᠠᠪ ᠬᠤᠲᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠪᠣᠯ ᠤᠯᠠᠭᠠᠨᠴᠠᠪ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠰᠢᠨ᠎ᠡ ᠪᠠᠷ ᠪᠠᠶᠢᠭᠤᠯᠤᠭᠰᠠᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠪᠠᠶᠢᠵᠤ᠂ ᠵᠢᠩᠬᠢᠨᠢ ᠭᠠᠵᠠᠷ ᠤᠨ ᠳᠡᠰ ᠤᠨ ᠨᠢᠭᠡᠴᠢ ᠪᠣᠯᠣᠨ᠎ᠠ᠃ ᠭᠤᠤᠯᠳᠠᠭᠤ ᠵᠠᠰᠠᠭ ᠵᠠᠬᠢᠷᠭ᠎ᠠ᠂ ᠠᠵᠢᠯ ᠦᠢᠯᠡᠰ ᠤᠨ ᠨᠢᠭᠡᠴᠢ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠠᠮᠢᠶᠠᠷᠬᠤ᠂ ᠵᠠᠰᠠᠭ ᠤᠨ ᠣᠷᠳᠣᠨ ᠤ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠶᠢ ᠭᠦᠶᠴᠡᠳᠬᠡᠬᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢ ᠴᠢᠩᠭᠠᠳᠬᠠᠬᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠥᠷᠲᠡᠭ ᠨᠡᠮᠡᠭᠳᠡᠬᠦ ᠳᠤ ᠬᠢᠨᠠᠯᠲᠠ ᠲᠠᠯᠪᠢᠬᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠨᠠᠶᠢᠷᠠᠭᠤᠯᠤᠨ ᠵᠣᠬᠢᠶᠠᠬᠤ ᠵᠡᠷᠭᠡ ᠡᠭᠦᠷᠭᠡ ᠲᠤᠰᠢᠶᠠᠯ ᠢ ᠡᠭᠦᠷᠭᠡᠯᠡᠨ᠎ᠡ᠃ ᠳᠣᠲᠣᠭᠠᠳᠤ ᠳᠤ ᠪᠠᠨ ᠡᠭᠦᠷᠭᠡ ᠴᠢᠳᠠᠪᠤᠷᠢᠲᠤ ᠰᠠᠯᠠᠭ᠎ᠠ ᠲᠠᠰᠤᠭ ᠲᠠᠪᠤ ᠪᠠᠶᠢᠵᠤ᠂ ᠲᠣᠰ ᠲᠣᠰ ᠶᠡᠷᠦᠩᠬᠡᠶᠢᠯᠡᠭᠰᠡᠨ ᠰᠠᠯᠠᠭ᠎ᠠ ︵ᠬᠢᠨᠠᠯᠲᠠ ᠲᠠᠯᠪᠢᠬᠤ ᠠᠵᠢᠯ ᠤᠨ ᠠᠯᠪᠠᠨ ᠭᠡᠷ︶᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠰᠠᠯᠠᠭ᠎ᠠ᠂ ᠬᠥᠷᠥᠩᠭᠡ ᠶᠢᠨ ᠡᠵᠡᠩᠨᠡᠯᠲᠡ ᠬᠢᠭᠡᠳ ᠠᠰᠢᠭ ᠣᠷᠣᠯᠭ᠎ᠠ ᠶᠢᠨ ᠬᠠᠮᠢᠶᠠᠷᠤᠯᠲᠠ ᠶᠢᠨ ᠰᠠᠯᠠᠭ᠎ᠠ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠵᠤ ᠬᠢᠨᠠᠨ ᠰᠢᠯᠭᠠᠵᠤ ᠦᠨᠡᠯᠡᠬᠦ ᠰᠠᠯᠠᠭ᠎ᠠ ᠲᠠᠢ ᠪᠠᠶᠢᠵᠤ᠂ ᠳᠣᠣᠷ᠎ᠠ ᠨᠢ ᠨᠢᠭᠡ ᠰᠠᠯᠠᠭᠠᠨ ᠤ ᠲᠡᠰ ᠤᠨ ᠠᠵᠢᠯ ᠦᠢᠯᠡᠰ ᠤᠨ ᠨᠢᠭᠡᠴᠢ ᠬᠠᠷᠢᠶᠠᠯᠠᠭᠳᠠᠨ᠎ᠠ᠄ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠲᠥᠪ ᠪᠣᠯᠣᠨ᠎ᠠ᠃ ᠬᠠᠷᠢᠯᠴᠠᠬᠤ ᠤᠲᠠᠰᠤ᠄ 0474 — 8388158 ᠬᠠᠶ᠋ᠢᠭ᠄ ᠵᠢᠨᠢᠩ ᠤᠨ ᠰᠢᠨ᠎ᠡ ᠲᠣᠭᠤᠷᠢᠭ ᠤᠨ ᠴᠠᠬᠠᠷ ᠪᠠᠷᠠᠭᠤᠨ ᠵᠡᠭᠡᠯᠢ ᠶᠢᠨ ᠤᠤᠯ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠶᠡᠷᠦᠩᠬᠡᠶᠢᠯᠡᠭᠰᠡᠨ ᠠᠰᠠᠷ ᠤᠨ ᠳᠣᠯᠣᠳᠤᠭᠠᠷ ᠳᠠᠪᠬᠤᠷᠨᠢᠭᠡᠴᠢ ᠶᠢᠨ ᠢᠮᠧᠯ᠄ wlcbgzw@ 163.com                                                                  ᠣᠷᠴᠢᠭᠤᠯᠤᠭᠴᠢ᠄ ᠭᠤᠸ᠎ᠠ                                                                  ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2