ᠬᠥᠳᠡᠯᠭᠡᠭᠡᠨ ᠲᠤᠳᠠᠬᠳᠠᠬᠤ ᠨᠢ ᠲᠠᠮᠠᠬᠢ ᠠᠴᠠ ᠢᠯᠡᠬᠦᠦ ᠬᠤᠤᠷ ᠬᠦᠨᠦᠭᠡᠯ ᠲᠠᠢ
ᠨᠡᠶᠢᠲᠡᠯᠡᠭᠰᠡᠨ ᠴᠠᠭ᠄
2019/11/26
    ᠬᠥᠳᠡᠯᠭᠡᠭᠡᠨ ᠬᠢᠬᠦ ᠶᠢᠨ ᠰᠠᠶᠢᠨ ᠲᠠᠢ ᠲᠠᠯ᠎ᠠ ᠶᠢ ᠮᠠᠰᠢ ᠤᠯᠠᠨ ᠬᠥᠮᠥᠨ ᠪᠦᠷ ᠮᠡᠳᠡᠳᠡᠭ᠂ ᠭᠡᠪᠡᠴᠦ ᠬᠥᠳᠡᠯᠭᠡᠭᠡᠨ ᠲᠤᠳᠠᠬᠳᠠᠬᠤ ᠶᠢᠨ ᠠᠶᠤᠯ ᠲᠦᠭᠰᠢᠭᠦᠷᠢ ᠶᠢ ᠣᠯᠠᠨ ᠢᠶᠠᠷ ᠢᠶᠠᠨ ᠶᠡᠷᠦᠨᠢ ᠭᠦᠢᠴᠡᠳ ᠬᠦᠨᠳᠦᠳᠬᠡᠬᠦ ᠦᠭᠡᠢ ᠪᠠᠶᠢᠳᠠᠭ᠃ ᠤᠶᠢᠷ᠎ᠠ ᠳᠤ᠂ ᠠᠮᠧᠷᠢᠺᠠ ᠶᠢᠨ ᠺᠷᠢᠹᠯᠡᠨᠳ᠋ ᠡᠮᠨᠡᠯᠭᠡ ᠶᠢᠨ ᠭᠠᠵᠠᠷ ᠤᠨ ᠬᠢᠨ ᠰᠤᠳᠤᠯᠭᠠᠨ ᠳᠠᠭᠠᠨ᠂ ᠬᠥᠳᠡᠯᠭᠡᠭᠡᠨ ᠳᠤᠲᠠᠭᠳᠠᠬᠤ ᠨᠢ ᠲᠠᠮᠠᠬᠢ ᠲᠠᠲᠠᠬᠤ᠂ ᠰᠢᠬᠢᠷ ᠰᠢᠵᠢᠩ ᠡᠪᠡᠳᠴᠢᠨ᠂ ᠵᠢᠷᠦᠬᠡᠨ ᠡᠪᠡᠳᠴᠢᠨ ᠠᠴᠠ ᠨᠡᠩ ᠢᠯᠡᠬᠦᠦ ᠡᠷᠡᠭᠦᠯ ᠮᠡᠨᠳᠦ ᠳᠤ ᠬᠤᠤᠷ ᠬᠥᠨᠥᠭᠡᠯ ᠲᠠᠢ ᠪᠠᠶᠢᠳᠠᠭ ᠭᠡᠵᠦ ᠬᠡᠯᠡᠪᠡ᠃     ᠲᠤᠰ ᠡᠮᠨᠡᠯᠭᠡ ᠶᠢᠨ ᠭᠠᠵᠠᠷ 1991 ᠣᠨ ᠤ 1 ᠰᠠᠷ᠎ᠠ ᠠᠴᠠ 2014 ᠣᠨ ᠤ 12 ᠰᠠᠷ᠎ᠠ ᠪᠣᠯᠲᠠᠯ᠎ᠠ 12 ᠲᠦᠮᠡᠨ ᠡᠪᠡᠳᠴᠢᠲᠡᠨ ᠳᠤ ᠭᠦᠶᠦᠬᠦ ᠮᠠᠰᠢᠨ ᠢᠶᠠᠷ ᠬᠥᠳᠡᠯᠭᠡᠭᠡᠨ ᠤ ᠲᠤᠷᠰᠢᠯᠲᠠ ᠬᠢᠵᠦ᠂ ᠬᠥᠳᠡᠯᠭᠡᠭᠡᠨ ᠤ ᠪᠣᠳᠠᠲᠤ ᠬᠢᠷᠢ ᠪᠦᠲᠦᠮᠵᠢ ᠪᠠᠷ ᠰᠠᠭᠤᠷᠢ ᠪᠣᠯᠭᠠᠨ᠂ ᠪᠡᠶ᠎ᠡ ᠪᠠᠨ ᠪᠣᠯᠪᠠᠰᠤᠷᠠᠬᠤ ᠪᠠ ᠡᠯ᠎ᠡ ᠵᠦᠢᠯ ᠤᠨ ᠦᠬᠦᠯ ᠤᠨ ᠠᠶᠤᠯ ᠲᠦᠭᠰᠢᠭᠦᠷᠢ ᠶᠢᠨ ᠬᠠᠷᠢᠴᠠᠭ᠎ᠠ ᠶᠢ ᠰᠣᠳᠤᠯᠵᠠᠢ᠃ ᠰᠤᠳᠤᠯᠭᠠᠨ ᠤ ᠦᠷ᠎ᠡ ᠳ᠋ᠦᠩ ᠳᠤ᠂ ᠭᠦᠶᠦᠯᠳᠡ ᠶᠢᠨ ᠬᠢᠷᠢ ᠪᠦᠲᠦᠮᠵᠢ ᠪᠠᠷ ᠠᠨᠠᠶ ᠡᠪᠡᠳᠴᠢᠲᠡᠨ ᠨᠢ ᠪᠥᠭᠡᠷᠡᠨ ᠤ ᠠᠵᠢᠯᠯᠠᠭ᠎ᠠ ᠪᠦᠷᠢᠨ ᠪᠤᠰᠤ ᠡᠪᠡᠳᠴᠢᠳᠡᠨ ᠢ ᠪᠤᠳᠤᠪᠠᠯ ᠦᠬᠦᠬᠦ ᠠᠶᠤᠯ ᠢᠶᠠᠷ ᠪᠠᠷᠤᠭ 2 ᠳᠠᠬᠢᠨ ᠥᠨᠳᠥᠷ ᠪᠠᠶᠢᠳᠠᠭ︔ ᠬᠥᠳᠡᠯᠭᠡᠭᠡᠨ ᠪᠠᠭ᠎ᠠ ᠬᠢᠳᠡᠭ ᠬᠦᠮᠦᠨ ᠨᠢ ᠬᠥᠳᠡᠯᠭᠡᠭᠡᠨ ᠰᠠᠶᠢᠨ ᠬᠢᠳᠡᠭ ᠬᠦᠮᠦᠨ ᠢ ᠪᠤᠳᠤᠪᠠᠯ ᠦᠬᠦᠬᠦ ᠠᠶᠤᠯ ᠢᠶᠠᠷ 6 ᠳᠠᠬᠢᠨ ᠦᠨᠳᠦᠷ ᠪᠠᠶᠢᠳᠠᠭ ᠢ ᠢᠯᠡᠷᠡᠬᠦᠯᠵᠡᠢ᠃     ᠰᠤᠳᠤᠯᠭᠠᠨ ᠳᠤ ᠪᠠᠰᠠ ᠬᠥᠳᠡᠯᠭᠡᠭᠡᠨ ᠲᠤᠳᠠᠬᠳᠠᠬᠤ ᠨᠢ ᠲᠠᠮᠠᠬᠢ ᠲᠠᠲᠠᠬᠤ᠂ ᠰᠢᠬᠢᠷ ᠰᠢᠵᠢᠩ ᠡᠪᠡᠳᠴᠢᠨ᠂ ᠵᠢᠷᠦᠬᠡᠨ ᠡᠪᠡᠳᠴᠢᠨ ᠠᠴᠠ ᠬᠤᠯᠠ ᠠᠶᠤᠯ ᠲᠠᠢ ᠬᠡᠳᠡᠭ ᠢ ᠢᠯᠡᠷᠡᠬᠦᠯᠪᠡ᠃ ᠬᠥᠳᠡᠯᠭᠡᠭᠡᠨ ᠬᠢᠬᠦ ᠨᠢ ᠡᠷᠡᠭᠦᠯ ᠪᠤᠰᠤ ᠠᠮᠢᠳᠤᠷᠠᠯ ᠤᠨ ᠵᠠᠩ ᠲᠠᠳᠬᠠᠯ ᠠᠴᠠ ᠪᠣᠯᠤᠭᠰᠠᠨ ᠨᠥᠯᠥᠭᠡ ᠶᠢ ᠬᠦᠷᠲᠡᠯ᠎ᠡ ᠠᠷᠢᠯᠭᠠᠵᠤ ᠴᠢᠳᠠᠬᠤ ᠰᠠᠶᠢᠨ ᠲᠠᠯ᠎ᠠ ᠲᠠᠢ ᠪᠤᠯᠬᠤᠷ ᠵᠠᠪᠠᠯ ᠪᠡᠶ᠎ᠡ ᠪᠠᠨ ᠪᠣᠯᠪᠠᠰᠤᠷᠠᠬᠤ ᠬᠡᠷᠡᠭᠳᠡᠢ ᠬᠡᠵᠦ ᠰᠢᠨᠵᠢᠯᠡᠬᠦ ᠤᠬᠠᠭᠠᠠᠳᠠᠳ ᠤᠷᠢᠶᠠᠯᠠᠵᠤ ᠪᠠᠶᠢᠨ᠎ᠠ᠃ ᠡᠭᠦᠨ ᠠᠴᠠ ᠭᠠᠳᠠᠨ᠎ᠠ᠂ ᠰᠤᠳᠤᠯᠭᠠᠨ ᠳᠤ ᠪᠠᠰᠠ ᠬᠥᠳᠡᠯᠭᠡᠭᠡᠨ ᠬᠢᠬᠦ ᠨᠢ ᠡᠷᠡᠭᠲᠡᠶ ᠡᠮᠡᠭᠲᠡᠶ ᠭᠡᠵᠦ ᠢᠯᠭᠠᠯ ᠥᠬᠡᠶ᠂ ᠡᠯ᠎ᠡ ᠨᠠᠰᠤᠨ ᠤ ᠬᠦᠮᠦᠰ ᠲᠤ ᠲᠤᠬᠢᠷᠠᠬᠤ ᠰᠠᠶᠢᠨ ᠲᠠᠯ᠎ᠠ ᠲᠠᠢ ᠪᠤᠯᠬᠤᠷ ᠥᠨᠳᠥᠷ ᠨᠠᠰᠤᠨ ᠤ ᠬᠥᠮᠦᠰ ᠬᠥᠳᠡᠯᠭᠡᠭᠡᠨ ᠬᠢᠭᠰᠡᠨ ᠴᠦ ᠠᠳᠠᠯᠢᠬᠠᠨ ᠠᠰᠢᠭ ᠬᠦᠷᠲᠡᠨ᠎ᠡ ᠬᠡᠵᠦ ᠰᠠᠨᠠᠭᠤᠯᠵᠠᠢ᠃                       ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2