ᠰᠤᠷᠭᠠᠨ ᠬᠥᠮᠦᠵᠢᠯ ᠤᠨ ᠶᠠᠮᠤᠨ᠄ 41.7 ᠲᠦᠮᠡᠨ ᠲᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ  ᠲᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠮᠲᠤ ᠬᠤᠭᠤᠯᠠᠯᠠᠬᠤ ᠳᠦᠷᠢᠮ ᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2019/11/27
       ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 25 ᠤ ᠡᠳᠦᠷ ᠤᠨ ᠮᠡᠳᠡᠭᠡ ︵ᠰᠤᠷᠪᠤᠯᠵᠢᠯᠠᠭᠴᠢ ᠱᠢ ᠢᠦᠢ ᠼᠧᠨ︶ ᠰᠤᠷᠭᠠᠭᠤᠯᠢ ᠶᠢᠨ ᠬᠦᠷᠢᠶᠡᠨ ᠤ ᠢᠳᠡᠭᠡᠨ ᠤ  ᠠᠮᠤᠷ  ᠲᠦᠪᠰᠢᠨ ᠤ  ᠠᠰᠠᠭᠤᠳᠠᠯ ᠨᠢ  ᠨᠡᠶᠢᠭᠡᠮ  ᠨᠡᠶᠢᠲᠡ ᠶᠢᠨ ᠬᠢᠨ ᠳᠤ ᠲᠡᠭᠡᠲᠦ ᠬᠡᠮᠵᠢᠶ᠎ᠠ ᠪᠠᠷ ᠠᠩᠬᠠᠷᠤᠬᠳᠠᠬᠰᠠᠭᠠᠷ ᠢᠷᠡᠵᠡᠢ᠃ ᠰᠤᠷᠪᠤᠯᠵᠢᠯᠠᠭᠴᠢ ᠰᠤᠷᠭᠠᠨ ᠬᠥᠮᠦᠵᠢᠯ ᠤᠨ ᠶᠠᠮᠤᠨ ᠤ  25 ᠤ  ᠡᠳᠦᠷ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠤᠢᠢᠯᠠᠭᠠᠬᠰᠠᠨ ᠢᠶᠠᠷ᠂ ᠮᠠᠨ ᠤ  ᠤᠯᠤᠰ ᠲᠤ ᠤᠳᠤᠬᠠᠨ ᠳᠤ 51.5 ᠲᠦᠮᠡᠨ ᠲᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠲᠠᠢ ᠪᠠᠶᠢᠵᠤ᠂  41.7  ᠲᠦᠮᠡᠨ  ᠲᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠲᠤ ᠬᠤᠯᠪᠣᠭᠳᠠᠯ  ᠪᠦᠬᠦᠢ ᠬᠠᠷᠢᠭᠤᠴᠠᠯᠭᠠᠲᠠᠨ ᠤ ᠬᠠᠮᠲᠤ ᠬᠤᠭᠤᠯᠠᠯᠠᠬᠤ ᠳᠦᠷᠢᠮ ᠢ ᠨᠠᠶᠢᠳᠠᠪᠤᠷᠢᠵᠢᠭᠤᠯᠵᠠᠢ᠃         ᠰᠤᠷᠭᠠᠨ ᠬᠥᠮᠦᠵᠢᠯ ᠤᠨ ᠶᠠᠮᠤᠨ ᠤ ᠵᠠᠷᠯᠠᠯ ᠳᠤ᠂ ᠭᠡᠷ ᠤᠨ ᠠᠬᠠᠮᠠᠳ ᠤᠨ  ᠵᠥᠪᠯᠡᠯ ᠢ  ᠬᠤᠭᠤᠯᠠᠨ ᠭᠡᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤ ᠤᠷᠤᠯᠴᠠᠭᠤᠯᠬᠤ ᠲᠣᠭᠲᠠᠴᠠ ᠠᠴᠠ ᠦᠵᠡᠪᠡᠯ᠂ 39.8 ᠲᠦᠮᠡᠨ ᠲᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠲᠤ ᠭᠡᠷ ᠤᠨ ᠠᠬᠠᠮᠠᠳ ᠤᠨ ᠵᠥᠪᠯᠡᠯ ᠢ ᠬᠤᠭᠤᠯᠠᠨ ᠭᠡᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤ ᠤᠷᠤᠯᠴᠠᠭᠤᠯᠬᠤ ᠲᠤᠬᠳᠠᠴᠠ ᠶᠢ ᠪᠠᠶᠢᠭᠤᠯᠵᠠᠢ᠃ ᠰᠤᠷᠭᠠᠭᠤᠯᠢ ᠶᠢᠨ ᠬᠤᠭᠤᠯᠠᠨ ᠭᠡᠷ ᠤᠨ︽ᠲᠤᠭᠤᠭᠠᠯᠠᠵᠤ ᠪᠠᠶᠢᠬᠤ ᠪᠠᠶᠢᠳᠠᠯ ᠢ ᠢᠯᠡ ᠦᠵᠡᠭᠦᠯᠭᠦ︾ ᠶᠢᠨ ᠪᠦᠷᠬᠦᠴᠡ ᠠᠴᠠ ᠦᠵᠡᠪᠡᠯ᠂ ᠪᠥᠬᠦ ᠤᠯᠤᠰ ᠤᠨ ᠰᠤᠷᠭᠠᠭᠤᠯᠢ ᠶᠢᠨ ᠬᠤᠭᠤᠯᠠᠨ ᠭᠡᠷ ᠤᠨ ︽ᠲᠤᠭᠤᠭᠠᠯᠠᠵᠤ ᠪᠠᠶᠢᠬᠤ ᠪᠠᠶᠢᠳᠠᠯ ᠢ ᠢᠯᠡ ᠦᠵᠡᠭᠦᠯᠭᠦ︾ ᠶᠢ  ᠪᠡᠶᠡᠯᠡᠭᠦᠯᠦᠭᠰᠡᠨ ᠰᠤᠷᠭᠠᠭᠤᠯᠢ ᠨᠢ 6.7 ᠲᠦᠮᠡ ᠨᠡᠮᠡᠭᠳᠡᠵᠦ᠂ 34 ᠲᠦᠮᠡ ᠪᠣᠯᠪᠠ ᠭᠡᠵᠡᠢ᠃         ᠰᠤᠷᠭᠠᠨ ᠬᠥᠮᠦᠵᠢᠯ ᠤᠨ ᠶᠠᠮᠤᠨ ᠤ ᠬᠢᠨ ᠢᠯᠡᠷᠬᠡᠶᠢᠯᠡᠬᠦ ᠳᠡᠭᠡᠨ᠂ ᠥᠷᠭᠡᠨ ᠣᠯᠠᠨ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨᠬᠦ ᠪᠠᠲᠤᠯᠠᠬᠤ ᠶᠢᠨ ᠲᠥᠯᠥᠭᠡ᠂  ᠲᠠᠷᠠᠭᠠᠴᠢ ᠶᠢᠨ ᠠᠯᠬᠤᠮ ᠳᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠤᠷᠲᠤ ᠬᠤᠭᠤᠴᠠᠭᠠᠨ ᠤ ᠪᠦᠲᠦᠮᠵᠢᠲᠤ ᠲᠣᠭᠲᠠᠴᠠ ᠶᠢ ᠪᠠᠶᠢᠭᠤᠯᠬᠤ ᠠᠴᠠ ᠭᠠᠳᠠᠨ᠎ᠠ ᠪᠠᠰᠠ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠬᠢᠭᠡᠳ ᠰᠢᠮ᠎ᠡ ᠲᠡᠵᠢᠭᠡᠯ ᠡᠷᠡᠭᠦᠯ ᠮᠡᠨᠳᠦ ᠶᠢᠨ ᠮᠡᠳᠡᠯᠭᠡ ᠶᠢ ᠡᠷᠡᠭᠦᠯ ᠮᠡᠨᠳᠦ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠭᠤᠯᠭ᠎ᠠ ᠳᠤ ᠣᠷᠣᠭᠤᠯᠵᠤ᠂ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠲᠤᠷᠰᠢᠯᠲᠠ ᠶᠢᠨ ᠭᠠᠵᠠᠷ ᠣᠷᠣᠨ ᠤ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠭᠦ᠂ ᠬᠢᠨᠠᠯᠲᠠ ᠬᠠᠮᠢᠶᠠᠷᠤᠯᠲᠠ ᠬᠢᠭᠦ ᠪᠠ ᠡᠷᠡᠭᠦᠯ ᠮᠡᠨᠳᠦ ᠶᠢᠨ ᠬᠥᠮᠦᠵᠢᠯ ᠬᠢᠭᠦ ᠴᠢᠳᠠᠪᠤᠷᠢ ᠶᠢ ᠳᠡᠭᠡᠭᠰᠢᠯᠡᠭᠦᠯᠦᠨ᠎ᠡ ᠬᠡᠪᠡ᠃                                                                                                                            ᠪᠠᠭᠤᠯᠭᠠᠭᠰᠠᠨ ᠨᠢ᠄ ᠢᠷᠭᠤᠢ                                                              ᠬᠢᠨᠠᠭᠴᠢ᠄ ᠬᠡᠷᠡᠯᠳᠦ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2