ᠤᠯᠠᠭᠠᠨᠴᠠᠪ ᠬᠤᠲᠠ ᠶᠢᠨ ᠳᠠᠩᠰᠠ ᠡᠪᠬᠡᠮᠡᠯ ᠤᠨ ᠲᠣᠪᠴᠢᠶ᠎ᠠ
ᠨᠡᠶᠢᠲᠡᠯᠡᠭᠰᠡᠨ ᠴᠠᠭ᠄
2019/11/6
     ᠤᠯᠠᠭᠠᠨᠴᠠᠪ ᠬᠤᠲᠠ ᠶᠢᠨ ᠳᠠᠩᠰᠠ ᠡᠪᠬᠡᠮᠡᠯ ᠤᠨ ᠲᠣᠪᠴᠢᠶ᠎ᠠ ᠨᠢ ᠪᠥᠬᠦ ᠬᠤᠲᠠ ᠶᠢᠨ ᠳᠠᠩᠰᠠ ᠡᠪᠬᠡᠮᠡᠯ ᠤᠨ ᠠᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠪᠠ ᠬᠤᠲᠠ ᠶᠢᠨ ᠲᠡᠰ ᠤᠨ ᠳᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ᠂ ᠠᠰᠢᠭᠯᠠᠬᠤ ᠬᠤᠶᠠᠷ ᠵᠦᠶᠯ ᠤᠨ ᠡᠭᠦᠷᠭᠡ ᠲᠤᠰᠢᠶᠠᠯ ᠢ ᠭᠦᠢᠴᠡᠳᠬᠡᠬᠦ ᠵᠢᠩᠬᠢᠨᠢ ᠭᠠᠵᠠᠷ ᠤᠨ ᠳᠡᠰ ᠤᠨ ᠠᠵᠢᠯ ᠦᠢᠯᠡᠰ ᠤᠨ ᠨᠢᠭᠡᠴᠢ ᠪᠠᠶᠢᠵᠤ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠲᠢᠩᠬᠢᠮ ᠠᠴᠠ ᠠᠯᠪᠠᠲᠠᠨ ᠤ ᠬᠠᠮᠢᠶᠠᠷᠤᠯᠲᠠ ᠪᠠᠷ ᠯᠠᠪᠯᠠᠯᠲᠠ ᠪᠣᠯᠭᠠᠨ ᠬᠠᠮᠢᠶᠠᠷᠤᠨ᠎ᠠ᠃ ᠤᠯᠠᠭᠠᠨᠴᠠᠪ ᠬᠤᠲᠠ ᠶᠢᠨ ᠳᠠᠩᠰᠠ ᠡᠪᠬᠡᠮᠡᠯ ᠤᠨ ᠭᠠᠵᠠᠷ ᠪᠣᠯ ᠬᠤᠲᠠ ᠶᠢᠨ ᠳᠠᠩᠰᠠ ᠡᠪᠬᠡᠮᠡᠯ ᠤᠨ ᠲᠣᠪᠴᠢᠶ᠎ᠠ ᠶᠢᠨ ᠬᠠᠷᠢᠶ᠎ᠠ ᠰᠠᠯᠠᠭᠠᠨ ᠲᠡᠰ ᠤᠨ ᠠᠵᠢᠯ ᠦᠢᠯᠡᠰ ᠤᠨ ᠨᠢᠭᠡᠴᠢ ᠪᠠᠶᠢᠵᠤ᠂ ᠭᠤᠤᠯ ᠡᠭᠦᠷᠭᠡ ᠬᠠᠷᠢᠭᠤᠴᠠᠯᠭ᠎ᠠ ᠨᠢ ᠬᠤᠲᠠ ᠶᠢᠨ ᠰᠢᠭᠤᠳ ᠬᠠᠷᠢᠶ᠎ᠠ ᠨᠢᠭᠡᠴᠢ ᠶᠢᠨ ᠳᠠᠩᠰᠠ ᠡᠪᠬᠡᠮᠡᠯ ᠢ ᠭᠥᠯᠢᠶᠡᠨ ᠠᠪᠬᠤ᠂ ᠬᠠᠳᠠᠭᠠᠯᠠᠨ ᠬᠠᠮᠢᠶᠠᠷᠬᠤ ᠪᠠ ᠠᠰᠢᠭᠯᠠᠬᠤ ᠪᠣᠯᠤᠨ᠎ᠠ᠃ ᠤᠯᠠᠭᠠᠨᠴᠠᠪ ᠬᠤᠲᠠ ᠶᠢᠨ ᠳᠠᠩᠰᠠ ᠡᠪᠬᠡᠮᠡᠯ ᠤᠨ ᠲᠣᠪᠴᠢᠶ᠎ᠠ ᠨᠢ 3 ᠰᠠᠯᠠᠭ᠎ᠠ 1 ᠠᠯᠪᠠᠨ ᠭᠡᠷ᠂ 4 ᠰᠠᠯᠠᠭᠠᠨ ᠤ ᠲᠡᠰ ᠤᠨ ᠠᠯᠪᠠᠯᠠᠬᠤ ᠪᠠᠶᠢᠭᠤᠯᠤᠮᠵᠢ ᠭᠠᠷᠭᠠᠪᠠ᠂ ᠲᠤᠬᠠᠶᠢᠯᠠᠪᠠᠯ᠄ ᠬᠠᠤᠯᠢ ᠳᠦᠷᠢᠮ ᠰᠤᠷᠭᠠᠨ ᠬᠥᠮᠥᠵᠢᠯ ᠤᠨ ᠰᠠᠯᠠᠭ᠎ᠠ᠂ ᠳᠠᠩᠰᠠ ᠡᠪᠬᠡᠮᠡᠯ ᠤᠨ ᠭᠠᠵᠠᠷ ︵ᠭᠡᠷ︶ ᠤᠨ ᠲᠤᠬᠠᠶᠢᠯᠠᠭᠰᠠᠨ ᠠᠵᠢᠯ ᠢ ᠬᠢᠨᠠᠨ ᠵᠢᠯᠣᠭᠤᠳᠬᠤ ᠰᠠᠯᠠᠭ᠎ᠠ᠂ ᠠᠵᠤ ᠠᠬᠤᠢ ᠶᠢᠨ ᠳᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠢ ᠬᠢᠨᠠᠨ ᠵᠢᠯᠣᠭᠤᠳᠬᠤ ᠰᠠᠯᠠᠭ᠎ᠠ᠂ ᠠᠯᠪᠠᠨ ᠭᠡᠷ ᠪᠣᠯᠤᠨ᠎ᠠ᠃                                                               ᠣᠷᠴᠢᠭᠤᠯᠤᠭᠴᠢ᠄ ᠭᠤᠸ᠎ᠠ                                                               ᠬᠢᠨᠠᠭᠴᠢ᠄ ᠭᠡᠷᠡᠯᠲᠦ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2