| ᠴᠠᠭ᠄ 2019 ᠤᠨ ᠤ 3 ᠰᠠᠷ᠎ᠠ ᠶᠢᠨ 8 ᠤ ᠡᠳᠦᠷ ᠤᠨ 8 ᠴᠠᠭ | ᠰᠤᠷᠪᠤᠯᠵᠢᠯᠠᠭ᠎ᠠ ᠬᠦᠯᠢᠶᠡᠭᠴᠢ᠄ ᠹᠧᠩᠵᠧᠨ ᠬᠤᠳᠠ ᠶᠢᠨ ᠵᠠᠰᠠᠭ ᠤᠨ ᠤᠷᠳᠤᠨ ᠤ ᠬᠤᠳᠠ ᠶᠢᠨ ᠳᠡᠳ᠋ ᠳᠠᠷᠤᠭ᠎ᠠ | ᠵᠠᠩ ᠵᠢᠶᠦ᠋ᠨ | | | ᠰᠤᠷᠪᠤᠯᠵᠢᠯᠠᠭᠴᠢ᠄ ᠰᠦᠯᠵᠢᠶᠡᠨ ᠨᠠᠶᠢᠵᠠ ᠨᠠᠷ ᠮᠠᠨᠢ ᠰᠠᠶᠢᠨ ᠪᠠᠶᠢᠵᠠᠭᠠᠨ᠎ᠠ ᠦᠦ᠂ ᠤᠯᠠᠭᠠᠨᠴᠠᠪ ᠬᠤᠳᠠ ᠶᠢᠨ | ᠵᠠᠰᠠᠭ ᠤᠨ ᠤᠷᠳᠤᠨ ᠤ ᠰᠦᠯᠵᠢᠶᠡᠨ ᠦᠷᠳᠡᠭᠡᠨ ᠤ ᠰᠤᠷᠪᠤᠯᠵᠢᠯᠠᠭ᠎ᠠ ᠶᠠᠷᠢᠯᠴᠠᠭ᠎ᠠ ᠳᠤ ᠠᠩᠬᠠᠷᠤᠯ ᠢᠶᠠᠨ ᠳᠠᠯᠪᠢᠭᠰᠠᠨ | ᠳᠤ ᠴᠢᠨᠢ ᠪᠠᠶᠠᠷᠯᠠᠵᠤ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠶᠠᠷᠢᠯᠴᠠᠭ᠎ᠠ ᠳᠤ ᠹᠧᠩᠵᠧᠨ ᠬᠤᠳᠠ | ᠶᠢᠨ ᠵᠠᠰᠠᠭ ᠤᠨ ᠤᠷᠳᠤᠨ ᠤ ᠳᠡᠳ᠋ ᠬᠤᠳᠠ ᠶᠢᠨ ᠳᠠᠷᠤᠭ᠎ᠠ ᠵᠠᠩ ᠵᠢᠶᠦ᠋ᠨ ᠢ ᠤᠷᠢᠭᠰᠠᠨ ᠪᠠᠶᠢᠨ᠎ᠠ᠃ | ᠵᠠᠩ ᠵᠢᠶᠦ᠋ᠨ᠄ ᠬᠦᠳᠦᠯᠦᠭᠴᠢ ᠰᠠᠶᠢᠨ ᠪᠠᠶᠢᠨ᠎ᠠ ᠦᠦ᠂ ᠰᠦᠯᠵᠢᠶᠠᠨ ᠨᠠᠶᠢᠵᠠ ᠨᠠᠷ ᠮᠠᠨᠢ ᠰᠠᠶᠢᠨ ᠪᠠᠶᠢᠨ᠎ᠠ | ᠦᠦ︕ | ᠰᠤᠷᠪᠤᠯᠵᠢᠯᠠᠭᠴᠢ᠄ ᠵᠠᠩ ᠬᠤᠳᠠ ᠶᠢᠨ ᠳᠠᠷᠤᠭ᠎ᠠ ᠡ᠂ ᠹᠧᠩᠵᠧᠨ ᠬᠤᠳᠠ ᠳᠤ ᠠᠪᠴᠤ ᠬᠡᠯᠡᠪᠡᠯ᠂ 2018 | ᠤᠨ ᠪᠣᠯ ᠪᠡᠯᠭᠡ ᠳᠡᠮᠳᠡᠭᠳᠦ ᠠᠴᠢ ᠬᠤᠯᠪᠤᠭᠳᠠᠯ ᠲᠠᠢ ᠨᠢᠭᠡ ᠵᠢᠯ ᠮᠥᠨ᠂ ᠦᠪᠡᠷᠳᠡᠭᠡᠨ ᠵᠠᠰᠠᠬᠤ ᠤᠷᠤᠨ ᠤ | ᠠᠩᠬᠠᠳᠠᠭᠴᠢ ᠪᠦᠯᠦᠭ ᠪᠤᠯᠬᠤ᠂ ᠤᠯᠠᠭᠠᠨᠴᠠᠪ ᠤᠨ ᠠᠩᠬᠠᠳᠠᠭᠴᠢ ᠶᠠᠳᠠᠭᠤ ᠠᠴᠠ ᠠᠩᠬᠢᠵᠢᠷᠠᠨ ᠮᠠᠯᠠᠭᠠᠢ ᠪᠠᠨ ᠠᠪᠴᠤ | ᠬᠠᠶᠠᠭᠰᠠᠨ ᠬᠤᠰᠢᠭᠤ ᠰᠢᠶᠠᠨ ᠪᠤᠯᠤᠭᠰᠠᠨ ᠤ ᠬᠤᠪᠢ ᠳᠤ᠂ ᠳᠠᠨ ᠳᠤ ᠬᠠᠳᠠᠭᠤ ᠳᠠᠶᠢᠯᠠᠯᠳᠤᠭᠠᠨ ᠳᠤ ᠢᠯᠠᠯᠳᠠ | ᠣᠯᠤᠭᠰᠠᠨ ᠲᠦᠷᠦᠭᠳᠡᠯ ᠲᠠᠢ ᠪᠤᠯᠤᠭᠰᠠᠨ ᠪᠠᠶᠢᠬ᠎ᠠ︖ | ᠵᠠᠩ ᠵᠢᠶᠦ᠋ᠨ᠄ 2018 ᠤᠨ ᠨᠢ ᠹᠧᠩᠵᠧᠨ ᠬᠤᠳᠠ ᠳᠤ ᠠᠪᠴᠤ ᠬᠡᠯᠡᠪᠡᠯ᠂ ᠦᠨᠡᠭᠡᠷ ᠲᠦᠢᠯ ᠤᠨ ᠶᠡᠷᠦ | ᠪᠤᠰᠤ ᠶᠢᠨ ᠨᠢᠭᠡ ᠵᠢᠯ ᠮᠥᠨ᠂ ᠪᠢᠳᠡ ᠵᠢᠯ ᠤᠨ ᠡᠬᠢ ᠪᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠬᠠᠷᠢᠭᠤᠴᠠᠯᠭ᠎ᠠ ᠪᠠᠨ ᠤᠯᠠᠮ ᠪᠠᠳᠤᠳᠬᠠᠪᠠ᠃ ᠪᠦᠬᠦ ᠬᠤᠳᠠ ᠳᠠᠶᠠᠭᠠᠷ ᠨᠠᠮ ᠤᠨ ᠤᠳᠤᠷᠢᠳᠤᠯᠭ᠎ᠠ ᠶᠢ | ᠴᠢᠩᠭᠠᠳᠬᠠᠵᠤ᠂ ᠪᠠᠳᠤ ᠴᠢᠩᠭ᠎ᠠ ᠬᠦᠴᠦᠨ ᠪᠦᠬᠦᠢ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢᠨ ᠳᠤᠭᠳᠠᠴᠠ | ᠂ ᠤᠨᠤᠪᠴᠢᠳᠠᠢ ᠪᠦᠲᠦᠮᠵᠢᠳᠠᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠲᠦᠯᠬᠢᠨ ᠠᠬᠢᠭᠤᠯᠬᠤ | ᠳᠤᠭᠳᠠᠴᠠ᠂ ᠠᠮᠢᠳᠤᠯᠢᠭ ᠶᠠᠪᠤᠭᠤᠰᠢᠳᠠᠢ ᠱᠠᠳᠤ ᠬᠤᠪᠢᠶᠠᠭᠰᠠᠨ ᠪᠤᠯᠪᠠᠰᠤᠷᠠᠭᠤᠯᠤᠯ ᠤᠨ ᠳᠤᠭᠳᠠᠴᠠ ᠶᠢ | ᠪᠦᠷᠢᠨᠰᠢᠬᠦᠯᠦᠨ ᠳᠡᠬᠦᠯᠳᠡᠷᠵᠢᠬᠦᠯᠵᠦ᠂ ᠡᠯ᠎ᠡ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠪᠤᠯᠤᠨ ᠰᠠᠯᠠᠭ᠎ᠠ | ᠮᠦᠴᠢᠷ ᠦᠪᠡᠷᠰᠡᠳ ᠤᠨ ᠢᠶᠠᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ᠂ ᠨᠡᠶᠢᠯᠡᠮᠡᠯ ᠬᠦᠴᠦᠨ ᠢᠶᠠᠷ | ᠰᠢᠪᠳᠤᠯᠤᠭᠰᠠᠨ ᠬᠦᠭᠵᠢᠶᠡᠨᠳᠦ ᠪᠠᠶᠢᠳᠠᠯ ᠢ ᠪᠦᠷᠢᠯᠳᠦᠬᠦᠯᠪᠡ᠃ ᠨᠠᠮ ᠵᠠᠰᠠᠭ ᠤᠨ ᠭᠤᠤᠯ ᠤᠳᠤᠷᠢᠳᠤᠯᠭ᠎ᠠ ᠶᠠᠳᠠᠭᠤ | ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠦᠨᠳᠦᠷ ᠳᠠᠪᠳᠠᠮᠵᠢ ᠳᠠᠷᠠᠭᠠᠯᠠᠯ᠂ ᠦᠨᠳᠦᠷ ᠬᠡᠮᠵᠢᠶ᠎ᠡ | ᠨᠤᠷᠮ᠎ᠠ ᠪᠠᠷ ᠰᠤᠳᠤᠯᠤᠨ ᠪᠠᠶᠢᠷᠢᠯᠠᠭᠤᠯᠵᠤ᠂ ᠡᠯ᠎ᠡ ᠲᠦᠷᠦᠯ ᠤᠨ ᠬᠤᠷᠠᠯ ᠢ 60 ᠭᠠᠷᠤᠢ ᠤᠳᠠᠭ᠎ᠠ ᠬᠤᠷᠠᠯᠳᠤᠭᠤᠯᠵᠠᠢ | ᠃ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠶᠢᠨ ᠬᠡᠷᠡᠭᠵᠢᠬᠦᠯᠬᠦ ᠲᠦᠰᠦᠯ᠂ ᠠᠷᠭ᠎ᠠ ᠵᠡᠷᠭᠡ 22 ᠪᠢᠴᠢᠭ | ᠮᠠᠲ᠋ᠧᠷᠢᠶᠠᠯ ᠭᠠᠷᠭᠠᠪᠠ᠃ ᠡᠯ᠎ᠡ ᠱᠠᠳᠤᠨ ᠤ ᠺᠠᠳ᠋ᠷ ᠨᠠᠷ ᠲᠤ ᠲᠦᠷᠦ ᠶᠢᠨ ᠪᠤᠳᠤᠯᠭ᠎ᠠ ᠶᠢ ᠤᠨᠤᠪᠴᠢᠳᠠᠢ ᠡᠵᠡᠮᠰᠢᠬᠦᠯᠬᠦ | ᠶᠢᠨ ᠲᠤᠰᠠᠳᠠ᠂ ᠬᠤᠳᠠ ᠶᠢᠨ ᠱᠠᠳᠤ ᠨᠡᠶᠢᠳᠡ 8 ᠬᠤᠭᠤᠴᠠᠭᠠᠨ ᠤ ᠺᠠᠳ᠋ᠷ ᠤᠨ ᠪᠤᠯᠪᠠᠰᠤᠷᠠᠯ᠂ 2312 ᠬᠦᠮᠦᠨ ︵ | ᠤᠳᠠᠭ᠎ᠠ︶ ᠡᠷᠬᠢᠯᠡᠵᠡᠢ︔ ᠰᠠᠯᠠᠭ᠎ᠠ ᠮᠦᠴᠢᠷ ᠪᠠ ᠰᠢᠶᠠᠩ ᠪᠠᠯᠭᠠᠰᠤ ᠨᠡᠶᠢᠳᠡ 65 ᠬᠤᠭᠤᠴᠠᠭᠠᠨ ᠤ | ᠪᠤᠯᠪᠠᠰᠤᠷᠠᠭᠤᠯᠤᠯ ᠤᠨ ᠠᠩᠭᠢ ᠳᠤ 3351 ᠬᠦᠮᠦᠨ ︵ᠤᠳᠠᠭ᠎ᠠ︶ ᠡᠷᠬᠢᠯᠡᠵᠠᠢ᠃ ᠭᠤᠷᠪᠠᠨ ᠱᠠᠲᠤᠨ ᠤ ᠱᠦᠵᠢ | ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ | ᠬᠤᠲᠠ ᠶᠢᠨ ᠨᠠᠮ ᠵᠠᠰᠠᠭ ᠤᠨ ᠭᠤᠤᠯ ᠤᠳᠤᠷᠢᠳᠤᠯᠭ᠎ᠠ 9 ᠰᠢᠶᠠᠩ ᠪᠠᠯᠭᠠᠰᠤ ︵ᠬᠡᠷᠡᠭ ᠡᠷᠬᠢᠯᠡᠬᠦ ᠭᠠᠵᠠᠷ︶ ᠶᠢᠨ | 67 ᠶᠠᠳᠠᠭᠤ ᠬᠦᠴᠢᠷᠳᠡᠯᠲᠠᠢ ᠲᠤᠰᠬᠤᠨ ᠢᠶᠠᠷ ᠲᠤᠭᠤᠷᠢᠨ ᠰᠤᠷᠪᠤᠯᠵᠢᠯᠠᠵᠦ᠂ ᠰᠢᠶᠠᠩ ᠪᠠᠯᠭᠠᠰᠤ ︵ᠬᠡᠷᠡᠭ ᠡᠷᠬᠢᠯᠡᠬᠦ | ᠭᠠᠵᠠᠷ︶ ᠲᠤᠰᠬᠤᠨ ᠤ ᠱᠦᠵᠢ 5903 ᠶᠠᠳᠠᠭᠤ ᠬᠦᠴᠢᠷᠳᠡᠯᠲᠠᠢ ᠡᠷᠦᠬᠡ ᠶᠢ ᠨᠡᠶᠢᠳᠡᠮ ᠰᠤᠷᠪᠤᠯᠵᠢᠯᠠᠵᠦ᠂ ᠶᠠᠳᠠᠭᠤ | ᠬᠦᠴᠢᠷᠳᠡᠯᠲᠠᠢ ᠡᠷᠦᠬᠡ ᠶᠢ ᠨᠡᠶᠢᠳᠡᠮ ᠰᠤᠷᠪᠤᠯᠵᠢᠯᠠᠬᠤ ᠶᠢ ᠦᠪᠴᠢ ᠪᠦᠷᠭᠦᠭᠦᠯᠦᠭᠰᠡᠨ ᠪᠠᠶᠢᠨ᠎ᠠ᠃ ᠪᠦᠬᠦ ᠬᠤᠲᠠ | ᠳᠠᠶᠠᠭᠠᠷ ᠲᠡᠮᠦᠷ ᠢ ᠪᠠᠷᠢᠪᠠᠯ ᠤᠷᠤᠮ ᠲᠠᠢ᠂ ᠴᠢᠯᠠᠭᠤ ᠶᠢ ᠭᠢᠰᠭᠢᠪᠡᠯ ᠮᠦᠷ ᠦᠯᠡᠳᠡᠭᠡᠬᠦ ᠵᠤᠷᠢᠭ ᠰᠠᠨᠨᠠᠭᠠ ᠪᠠᠷ | ᠪᠦᠯᠬᠦᠮᠳᠡᠨ ᠡᠷᠡᠮᠡᠬᠡᠶᠢᠯᠡᠨ ᠲᠡᠮᠡᠴᠡᠵᠦ᠂ ᠦᠷᠬᠦᠯᠵᠢᠯᠡᠨ ᠪᠠᠶᠢᠯᠳᠤᠵᠦ᠂ ᠡᠴᠦᠰ ᠲᠡᠭᠡᠨ ᠪᠦᠬᠦ ᠤᠷᠤᠨ ᠤ | ᠠᠩᠬᠠᠳᠠᠭᠴᠢ ᠪᠦᠯᠦᠭ ᠤᠨ ᠶᠠᠳᠠᠭᠤ ᠠᠴᠠ ᠠᠩᠭᠢᠵᠢᠷᠠᠨ ᠮᠠᠯᠠᠭᠠᠢ ᠪᠠᠨ ᠠᠪᠴᠦ ᠬᠠᠶᠠᠬᠤ ᠱᠠᠲᠤᠴᠢ ᠴᠢᠨᠠᠷ ᠲᠠᠢ | ᠦᠷ᠎ᠡ ᠪᠦᠲᠦᠭᠡᠯ ᠤᠯᠵᠠᠢ᠃ ᠡᠨᠡ ᠪᠤᠯ ᠹᠧᠩᠵᠧᠨ ᠬᠤᠲᠠ ᠶᠢᠨ ᠪᠦᠬᠦ ᠺᠠᠳ᠋ᠷ ᠤᠯᠠᠨ ᠲᠦᠮᠡᠨ ᠤ ᠴᠢᠷᠮᠠᠶᠢᠭᠰᠠᠨ ᠤ | ᠦᠷ᠎ᠡ ᠳ᠋ᠦᠩ ᠮᠦᠨ᠃ ᠭᠡᠪᠡᠴᠦ ᠪᠢᠳᠡᠨ ᠳᠤ ᠦᠴᠦᠬᠡᠨ ᠴᠦ ᠬᠦᠩᠭᠡᠷᠡᠭᠰᠡᠨ ᠲᠦᠷᠦᠭᠳᠡᠯ ᠤᠷᠤᠭᠰᠠᠨ ᠦᠭᠡᠢ᠂ | ᠨᠢᠭᠡᠨᠳᠡ ᠶᠠᠳᠠᠭᠤ ᠠᠴᠠ ᠠᠩᠬᠢᠵᠢᠷᠠᠭᠰᠠᠨ ᠢ ᠨᠢ ᠪᠠᠰᠠ ᠤᠳᠠᠭᠠᠨ ᠳᠠᠭᠠᠭᠠᠮᠠᠭᠠᠢ ᠪᠠᠬᠢᠵᠢᠬᠦᠯᠵᠦ᠂ ᠦᠯᠡᠳᠡᠭᠰᠡᠨ | 1239 ᠬᠦᠮᠦᠨ ᠤ ᠮᠠᠯᠠᠭᠠᠢ ᠶᠢ ᠠᠪᠴᠤ ᠬᠠᠶᠠᠬᠤ ᠬᠡᠷᠡᠭᠳᠡᠢ᠂ ᠠᠵᠢᠯ ᠤᠨ ᠳᠤᠮᠳᠠ ᠪᠠᠰᠠ ᠮᠠᠰᠢ ᠤᠯᠠᠨ | ᠳᠤᠳᠠᠭᠤᠳᠠᠯ᠂ ᠪᠠᠭᠤᠷᠠᠢ ᠭᠤᠭᠴᠤᠭ᠎ᠠ᠂ ᠠᠰᠠᠭᠤᠳᠠᠯ ᠪᠠ ᠬᠦᠷᠦᠯᠴᠡᠬᠦ ᠦᠭᠡᠢ ᠵᠦᠢᠯ ᠲᠠᠢ ᠪᠠᠶᠢᠵᠤ᠂ ᠪᠢᠳᠡ | ᠦᠷᠬᠦᠯᠵᠢᠯᠡᠨ ᠰᠢᠷᠭᠠᠭᠤ ᠬᠠᠳᠠᠭᠤᠵᠢᠯᠳᠠᠢ ᠪᠠᠷ ᠴᠢᠷᠮᠠᠶᠢᠬᠤ ᠴᠢᠬᠤᠯᠠ ᠲᠠᠢ ᠪᠠᠶᠢᠨ᠎ᠠ᠃ | ᠰᠤᠷᠪᠤᠯᠵᠢᠯᠠᠭᠴᠢ᠄ ᠡᠳᠡᠭᠡᠷ ᠰᠠᠶᠢᠨ ᠠᠮᠵᠢᠯᠳᠠ ᠶᠢ ᠤᠯᠬᠤ ᠳᠤ᠂ ᠹᠧᠩᠵᠧᠨ ᠬᠤᠳᠠ ᠶᠠᠮᠠᠷ ᠪᠤᠳᠠᠳᠠᠢ | ᠠᠷᠭ᠎ᠠ ᠪᠠᠷᠢᠯ ᠠᠪᠤᠭᠰᠠᠨ ᠪᠤᠢ︖ | ᠵᠠᠩ ᠵᠢᠶᠦ᠋ᠨ᠄ 2018 ᠤᠨ ᠳᠤ᠂ ᠮᠠᠨ ᠤ ᠬᠤᠳᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠦᠷ᠎ᠡ ᠪᠦᠲᠦᠭᠡᠯ ᠢ ᠪᠠᠬᠢᠵᠢᠬᠦᠯᠵᠦ ᠳᠡᠭᠡᠭᠰᠢᠯᠡᠬᠦᠯᠬᠦ ᠬᠠᠷᠠᠯᠳᠠ ᠶᠢᠨ ᠲᠤᠭᠤᠷᠢᠨ ᠳᠤ᠂ ︽ᠶᠠᠳᠠᠭᠤ ᠠᠴᠠ | ᠠᠩᠬᠢᠵᠢᠷᠠᠭᠤᠯᠬᠤ ᠠᠷᠪᠠᠨ ᠵᠦᠢᠯ ᠤᠨ ᠢᠨᠵᠧᠨᠧᠷᠢᠩ︾ ᠢ ᠶᠠᠪᠤᠭᠳᠠᠭᠤᠯᠵᠠᠢ᠃ ᠠᠵᠤ ᠦᠢᠯᠡᠰ ᠢᠶᠠᠷ ᠶᠠᠳᠠᠭᠤ ᠶᠢ | ᠳᠡᠳᠬᠦᠬᠦ ᠦᠪᠴᠢ ᠪᠦᠷᠬᠦᠬᠦᠯᠳᠡ ᠶᠢ ᠪᠡᠶᠡᠯᠡᠬᠦᠯᠵᠦ᠂ ᠬᠦᠳᠡᠭᠡ ᠲᠤᠰᠬᠤᠨ ᠤ ᠠᠶᠤᠯᠳᠠᠢ ᠬᠡᠷ ᠪᠠᠶᠢᠰᠢᠩ ᠳᠤ ︽ | ᠳᠡᠭ ᠴᠡᠪᠡᠷᠯᠡᠯᠳᠡ︾ ᠶᠢ ᠪᠡᠶᠡᠯᠡᠬᠦᠯᠵᠡᠢ᠃ ᠡᠮ ᠡᠮᠨᠡᠯᠭᠡ ᠪᠠᠷ ᠶᠠᠳᠠᠭᠤ ᠶᠢ ᠳᠡᠳᠬᠦᠬᠦ᠂ ᠰᠤᠷᠭᠠᠨ ᠬᠦᠮᠦᠵᠢᠯ ᠢᠶᠠᠷ | ᠶᠠᠳᠠᠭᠤ ᠶᠢ ᠳᠡᠳᠬᠦᠬᠦ᠂ ᠪᠡᠯᠡ ᠮᠦᠩᠬᠦ ᠪᠠᠷ ᠶᠠᠳᠠᠭᠤ ᠶᠢ ᠳᠡᠳᠬᠦᠬᠦ᠂ ᠠᠮᠢ ᠠᠬᠤᠢ ᠪᠠᠷ ᠶᠠᠳᠠᠭᠤ ᠶᠢ ᠳᠡᠳᠬᠦᠬᠦ᠂ | ᠤᠨᠳᠤᠤ ᠭᠠᠵᠠᠷ ᠲᠤ ᠶᠠᠳᠠᠭᠤ ᠶᠢ ᠳᠡᠳᠬᠦᠬᠦ ᠪᠠᠷ ᠨᠡᠬᠦᠯᠭᠡᠨ ᠰᠢᠯᠵᠢᠬᠦᠯᠬᠦ᠂ ᠨᠡᠶᠢᠭᠡᠮ ᠤᠨ ᠪᠠᠳᠤᠯᠠᠭᠠᠨ ᠤ ᠤᠭᠤᠳᠠ | ᠪᠠᠨ ᠠᠭᠤᠳᠠᠯᠯᠠᠵᠤ ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ ᠪᠦᠬᠦᠨ ᠢ ᠨᠠᠶᠢᠳᠠᠪᠤᠷᠢᠵᠢᠭᠤᠯᠵᠤ᠂ ᠨᠡᠶᠢᠭᠡᠮ | ᠠᠴᠠ ᠶᠠᠳᠠᠭᠤ ᠶᠢ ᠳᠡᠳᠬᠦᠬᠦ ᠳᠡᠭᠡᠨ ᠮᠠᠰᠢ ᠰᠠᠶᠢᠨ ᠦᠷ᠎ᠡ ᠪᠦᠲᠦᠭᠡᠯ ᠤᠯᠵᠤ᠂ ᠬᠦᠴᠢᠷᠳᠡᠯᠳᠡᠢ ᠲᠤᠰᠬᠤᠨ ᠤ | ᠰᠠᠭᠤᠷᠢ ᠳᠦᠬᠦᠭᠡᠷᠦᠮᠵᠢ ᠪᠠ ᠤᠯᠠᠨ ᠨᠡᠶᠢᠳᠡ ᠶᠢᠨ ᠦᠢᠯᠡᠴᠢᠯᠡᠭᠡᠨ ᠤ ᠲᠦᠬᠦᠬᠡᠷᠦᠮᠵᠢ ᠶᠢᠨ ᠪᠦᠲᠦᠭᠡᠨ | ᠪᠠᠶᠢᠭᠤᠯᠤᠯᠳᠠ ᠶᠢᠨ ᠬᠢᠷᠢ ᠲᠦᠪᠰᠢᠨ ᠳᠠᠰᠤᠷᠠᠯᠳᠠ ᠦᠭᠡᠢ ᠳᠡᠭᠡᠭᠰᠢᠯᠡᠪᠡ᠃ ᠪᠦᠬᠦ ᠵᠢᠯ ᠳᠤ᠂ ᠳᠡᠭᠡᠳᠦ ᠱᠠᠳᠤᠨ ᠤ | ᠶᠠᠳᠠᠭᠤ ᠶᠢ ᠳᠡᠳᠬᠦᠬᠦ ᠲᠤᠰᠬᠠᠢ ᠲᠦᠷᠦᠯ ᠤᠨ ᠪᠡᠯᠡ ᠮᠦᠩᠬᠦ ᠨᠡᠶᠢᠳᠡ 4781.8 ᠲᠦᠮᠡᠨ ᠲᠦᠬᠦᠷᠢᠭ | ᠲᠤᠬᠢᠷᠠᠭᠤᠯᠵᠤ᠂ ᠬᠤᠳᠠ ᠶᠢᠨ ᠲᠤᠰ ᠱᠠᠳᠤᠨ ᠤ ᠲᠦᠰᠦᠪ ᠲᠡᠭᠡᠨ ᠶᠠᠳᠠᠭᠤ ᠶᠢ ᠳᠡᠳᠬᠦᠬᠦ ᠢᠵᠢ ᠪᠦᠷᠢᠳᠦᠭᠰᠡᠨ | ᠪᠡᠯᠡ ᠮᠦᠩᠬᠦ 3370 ᠲᠦᠮᠡᠨ ᠲᠦᠬᠦᠷᠢᠭ ᠲᠤᠬᠢᠷᠠᠭᠤᠯᠵᠤ᠂ ᠠᠳᠠᠯᠢ ᠬᠤᠭᠤᠴᠠᠭᠠᠨ ᠤ ᠬᠢ ᠠᠴᠠ 108% ᠪᠠᠷ | ᠨᠡᠮᠡᠭᠳᠡᠪᠡ᠃ ᠳᠠᠷᠢᠶᠠᠯᠠᠩ ᠳᠤ ᠬᠤᠯᠪᠤᠭᠳᠠᠭᠰᠠᠨ ᠪᠡᠯᠡ ᠮᠦᠩᠬᠦ ᠶᠢ ᠨᠡᠶᠢᠳᠭᠡᠵᠦ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠳᠤ 3483 ᠲᠦᠮᠡᠨ ᠲᠦᠬᠦᠷᠢᠭ ᠬᠡᠷᠡᠭᠯᠡᠪᠡ᠃ 2018 ᠤᠨ ᠤ ᠡᠴᠦᠰ ᠪᠤᠯᠬᠤ ᠳᠤ᠂ | ᠪᠡᠯᠡ ᠮᠦᠩᠬᠦ ᠶᠢ ᠪᠠᠭᠤᠯᠭᠠᠨ ᠦᠭᠴᠦ ᠪᠠᠶᠢᠷᠢᠰᠢᠭᠤᠯᠤᠭᠰᠠᠨ ᠨᠤᠷᠮ᠎ᠠ 100% ᠳᠤ ᠬᠦᠷᠴᠦ᠂ ᠶᠠᠳᠠᠭᠤ ᠶᠢ | ᠳᠡᠳᠬᠦᠬᠦ ᠪᠡᠯᠡ ᠮᠦᠩᠬᠦᠨ ᠤ ᠬᠡᠷᠡᠭᠯᠡᠯᠳᠡ ᠶᠢᠨ ᠦᠷ᠎ᠡ ᠠᠰᠢᠭ ᠢ ᠦᠨᠡᠨᠬᠦ ᠳᠡᠭᠡᠭᠰᠢᠯᠡᠬᠦᠯᠪᠡ᠃ ᠪᠦᠬᠦ ᠵᠢᠯ ᠳᠤ | 1055 ᠡᠷᠦᠭᠡ ᠶᠢᠨ 2262 ᠬᠦᠮᠦᠨ ᠢ ᠶᠠᠳᠠᠭᠤ ᠠᠴᠠ ᠨᠢ ᠬᠦᠩᠭᠡᠷᠡᠬᠦᠯᠪᠡ᠃ ᠦᠨᠦ᠂ ᠪᠦᠬᠦ ᠬᠤᠳᠠ ᠶᠢᠨ | ᠳᠠᠩᠰᠠ ᠡᠪᠭᠡᠮᠡᠯ ᠪᠠᠶᠢᠭᠤᠯᠤᠨ ᠺᠠᠷᠲᠴᠢᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ 557 ᠡᠷᠦᠭᠡ ᠶᠢᠨ | 1239 ᠬᠦᠮᠦᠨ ᠪᠤᠯᠳᠠᠯ᠎ᠠ ᠬᠠᠰᠤᠵᠤ᠂ ᠶᠠᠳᠠᠭᠤ ᠬᠦᠴᠢᠷᠳᠡᠯ ᠡᠬᠦᠰᠬᠦ ᠶᠡᠷᠦᠩᠭᠡᠢ ᠨᠤᠷᠮ᠎ᠠ ᠶᠢ 0.54% ᠳᠤ | ᠪᠤᠯᠳᠠᠯ᠎ᠠ ᠳᠤᠷᠤᠭᠰᠢᠯᠠᠭᠤᠯᠪᠠ᠃ | ᠰᠤᠷᠪᠤᠯᠵᠢᠯᠠᠭᠴᠢ᠄ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠪᠣᠯ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠶᠢᠨ ᠴᠢᠩᠭ᠎ᠠ ᠬᠦᠴᠦᠨ ᠪᠦᠬᠦᠢ ᠲᠦᠯᠬᠢᠭᠴᠢ ᠮᠥᠨ᠂ ᠹᠧᠩᠵᠧᠨ ᠬᠤᠳᠠ ᠠᠵᠤ ᠦᠢᠯᠡᠰ | ᠢᠶᠠᠷ ᠶᠠᠳᠠᠭᠤ ᠶᠢ ᠳᠡᠳᠬᠦᠬᠦ ᠳᠠᠯ᠎ᠠ ᠪᠠᠷ ᠶᠠᠮᠠᠷ ᠪᠤᠳᠠᠳᠠᠢ ᠠᠷᠭ᠎ᠠ ᠪᠠᠷᠢᠯ ᠠᠪᠤᠭᠰᠠᠨ ᠪᠤᠢ︖ | ᠵᠠᠩ ᠵᠢᠶᠦ᠋ᠨ᠄ 2018 ᠤᠨ ᠳᠤ᠂ ᠪᠢᠳᠡ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠶᠢ ᠳᠤᠪᠤᠶᠢᠯᠭᠠᠨ | ᠰᠠᠶᠢᠳᠤᠷ ᠠᠳᠬᠤᠪᠠ᠃ ︽ᠳᠤᠪᠶᠤᠭ ᠮᠠᠶ᠋ᠢᠭ︾ ︽ᠡᠳ᠋ ᠬᠦᠷᠦᠩᠭᠡ ᠶᠢᠨ ᠠᠰᠢᠭ ᠤᠯᠵᠠᠪᠤᠷᠢ ᠶᠢᠨ ᠮᠠᠶ᠋ᠢᠭ︾ ︽ | ᠨᠠᠶᠢᠳᠠᠨ ᠬᠠᠮᠢᠶᠠᠷᠤᠭᠤᠯᠬᠤ ᠮᠠᠶ᠋ᠢᠭ︾ ︽ᠳᠤᠯᠤᠭᠠᠶᠢᠯᠠᠭᠴᠢ ᠳᠠᠶᠢᠴᠢᠯᠠᠭᠴᠢ ᠮᠠᠶ᠋ᠢᠭ︾ ᠵᠡᠷᠭᠡ ᠶᠠᠳᠠᠭᠤ ᠶᠢ | ᠳᠡᠳᠬᠦᠬᠦ ᠵᠠᠭᠪᠤᠷ ᠢᠶᠠᠷ ᠳᠠᠮᠵᠢᠭᠤᠯᠤᠨ᠂ ᠠᠵᠤ ᠦᠢᠯᠡᠰ ᠤᠨ ᠲᠦᠷᠦᠯ ᠵᠦᠢᠯ ᠤᠨ ᠪᠡᠯᠡ ᠮᠦᠩᠬᠦ 6105᠂ | 5451 ᠲᠦᠮᠡᠨ ᠲᠦᠬᠦᠷᠢᠭ ᠤᠷᠤᠭᠤᠯᠵᠤ᠂ 10461 ᠶᠠᠳᠠᠭᠤ ᠬᠦᠴᠢᠷᠳᠡᠯᠳᠡᠢ ᠤᠯᠠᠨ ᠲᠦᠮᠡᠨ ᠡᠬᠦᠨ ᠤ | ᠳᠤᠮᠳᠠ ᠠᠴᠠ ᠠᠰᠢᠭ ᠬᠦᠷᠳᠡᠵᠡᠢ᠃ ᠵᠢᠱᠢᠶ᠎ᠡ ᠦᠵᠡᠬᠦᠯᠵᠦ ᠳᠠᠶᠢᠴᠢᠯᠠᠬᠤ ᠦᠢᠯᠡᠳᠦᠯ ᠢᠶᠠᠷ ᠮᠠᠰᠢ ᠴᠢᠩᠭ᠎ᠠ ᠶᠠᠳᠠᠭᠤ | ᠶᠢ ᠳᠡᠳᠬᠦᠬᠦ 9 ᠳᠤᠯᠤᠭᠠᠶᠢᠯᠠᠭᠴᠢ ᠠᠵᠤ ᠦᠢᠯᠡᠰ ᠪᠠ ᠲᠤᠰᠬᠠᠢ ᠬᠤᠷᠰᠢᠶᠠᠵᠢᠯ ᠢ ᠪᠤᠶᠢᠵᠢᠭᠤᠯᠵᠤ᠂ ᠶᠠᠳᠠᠭᠤ | ᠬᠦᠴᠢᠷᠳᠡᠯᠳᠡᠢ 653 ᠡᠷᠦᠭᠡ ᠶᠢᠨ 1394 ᠬᠦᠮᠦᠨ ᠢ ᠳᠠᠶᠢᠴᠢᠯᠠᠪᠠ᠃ ᠡᠬᠦᠨ ᠤ ᠳᠠᠭᠠᠤ ᠲᠤᠰᠬᠤᠨ ᠤ ᠬᠠᠮᠳᠤ | ᠶᠢᠨ ᠠᠵᠤ ᠠᠬᠤᠢ ᠶᠢ ᠶᠡᠬᠡᠪᠡᠷ ᠬᠦᠭᠵᠢᠬᠦᠯᠵᠦ᠂ 91 ᠲᠤᠰᠬᠤᠨ ᠴᠦᠮ ᠬᠠᠮᠳᠤ ᠶᠢᠨ ᠠᠵᠤ ᠠᠬᠤᠢ ᠲᠠᠢ ᠪᠤᠯᠵᠤ᠂ | 60% ᠶᠢᠨ ᠬᠠᠮᠳᠤ ᠶᠢᠨ ᠠᠵᠤ ᠠᠬᠤᠢ ᠶᠢᠨ ᠤᠷᠤᠯᠭ᠎ᠠ 5 ᠲᠦᠮᠡᠨ ᠲᠦᠬᠦᠷᠢᠭ ᠠᠴᠠ ᠳᠡᠭᠡᠭᠰᠢ ᠳᠤ ᠬᠦᠷᠪᠡ︔ | ᠵᠠᠷᠢᠮ ᠨᠢᠭᠡᠨ ᠲᠤᠰᠬᠤᠨ ᠤ ᠬᠠᠮᠳᠤ ᠶᠢᠨ ᠠᠵᠤ ᠠᠬᠤᠢ ᠶᠢᠨ ᠤᠷᠤᠯᠭ᠎ᠠ 10 ᠲᠦᠬᠦᠷᠢᠭ ᠠᠴᠠ ᠳᠡᠭᠡᠭᠰᠢ ᠳᠤ | ᠬᠦᠷᠴᠦ᠂ ᠲᠤᠰᠬᠤᠨ ᠤ ᠬᠠᠮᠳᠤ ᠶᠢᠨ ᠠᠵᠤ ᠠᠬᠤᠢ ᠶᠢᠨ ᠦᠪᠴᠢ ᠪᠦᠷᠬᠦᠬᠦᠯᠳᠡ ᠶᠢ ᠪᠡᠶᠡᠯᠡᠬᠦᠯᠵᠡᠢ᠃ | ᠰᠤᠷᠪᠤᠯᠵᠢᠯᠠᠭᠴᠢ᠄ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠢᠯᠠᠬᠤ | ᠳᠤ᠂ ᠬᠠᠪᠰᠤᠷᠤᠨ ᠳᠡᠳᠬᠦᠬᠦ ᠺᠠᠳ᠋ᠷ ᠵᠠᠩᠬᠢᠯᠠᠭ᠎ᠠ ᠶᠠᠳᠠᠭᠤ ᠬᠦᠴᠢᠷᠳᠡᠯᠳᠡᠢ ᠤᠯᠠᠨ ᠲᠦᠮᠡᠨ ᠤ ᠶᠠᠳᠠᠭᠤ ᠠᠴᠠ | ᠠᠩᠬᠢᠵᠢᠷᠠᠬᠤ ᠢᠳᠡᠪᠬᠢᠵᠢᠯ ᠢ ᠨᠢ ᠳᠠᠶᠢᠴᠢᠯᠠᠬᠤ ᠬᠡᠷᠡᠭᠳᠡᠢ᠂ ᠹᠧᠩᠵᠧᠨ ᠬᠤᠳᠠ ᠡᠨᠡ ᠳᠠᠯ᠎ᠠ ᠪᠠᠷ ᠶᠠᠮᠠᠷ ᠰᠠᠶᠢᠨ | ᠲᠤᠷᠰᠢᠯᠭ᠎ᠠ ᠲᠠᠢ ᠪᠤᠢ︖ | ᠵᠠᠩ ᠵᠢᠶᠦ᠋ᠨ᠄ 2018 ᠤᠨ ᠳᠤ᠂ ᠪᠢᠳᠠ ᠨᠡᠶᠢᠳᠡ 90 ᠰᠠᠯᠪᠤᠷᠢ᠂ 394 ᠨᠡᠷᠡᠰ ᠲᠤᠰᠬᠤᠨ ᠳᠤ | ᠰᠠᠭᠤᠬᠤ ᠠᠵᠢᠯᠯᠠᠬᠤ ᠠᠩᠬᠢ ᠵᠢᠴᠢ ᠬᠡᠰᠢᠬᠦᠨ ︵ᠦᠨᠦ 252 ᠨᠡᠷᠡᠰ ᠪᠤᠯᠵᠤ ᠬᠠᠰᠤᠭᠳᠠᠪᠠ︶ ᠲᠤᠮᠢᠯᠠᠵᠤ᠂ | ᠲᠤᠰᠬᠤᠨ ᠳᠤ ᠰᠠᠭᠤᠬᠤ ᠺᠠᠳ᠋ᠷ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠭᠤᠤᠯ ᠬᠦᠴᠦᠨ | ᠴᠡᠷᠢᠭ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠲᠤᠰᠬᠤᠨ ᠡᠷᠦᠭᠡ ᠪᠠᠷ ᠬᠦᠨᠵᠡᠭᠡᠶᠢᠷᠡᠵᠦ᠂ ᠶᠠᠳᠠᠭᠤ ᠶᠢ | ᠳᠡᠳᠬᠦᠬᠦ ᠲᠦᠷᠦ ᠶᠢᠨ ᠪᠤᠳᠤᠯᠭ᠎ᠠ ᠶᠢ ᠳᠠᠶᠢᠯᠪᠤᠷᠢᠯᠠᠨ ᠶᠠᠷᠢᠵᠤ᠂ ᠲᠦᠷᠦ ᠶᠢᠨ ᠪᠤᠳᠤᠯᠭ᠎ᠠ ᠶᠢᠨ | ᠨᠠᠶᠢᠳᠠᠪᠤᠷᠢᠵᠢᠭᠤᠯᠤᠯᠳᠠ ᠶᠢ ᠰᠢᠮᠳᠠᠭᠤᠯᠤᠨ ᠵᠢᠭᠠᠨ ᠵᠢᠯᠤᠭᠤᠳᠪᠠ᠃ ᠡᠬᠦᠨ ᠤ ᠳᠠᠭᠠᠤ᠂ ᠪᠦᠬᠦ ᠬᠤᠳᠠ ᠶᠢᠨ | ᠶᠠᠳᠠᠭᠤ ᠶᠢ ᠳᠡᠳᠬᠦᠬᠦ 3375 ᠺᠠᠳ᠋ᠷ ᠶᠠᠳᠠᠭᠤ ᠬᠦᠴᠢᠷᠳᠡᠯᠳᠡᠢ ᠡᠷᠦᠭᠡ ᠲᠠᠢ ︽ᠲᠦᠷᠦᠯ ᠰᠠᠳᠤᠨ ᠪᠤᠯᠵᠤ︾᠂ | ᠬᠠᠪᠰᠤᠷᠤᠨ ᠳᠡᠳᠬᠦᠬᠦ ᠠᠵᠢᠯᠯᠠᠭ᠎ᠠ ᠬᠢᠵᠦ᠂ ᠦᠨᠡᠨ ᠰᠡᠳᠬᠢᠯ ᠠᠴᠠ ᠪᠠᠨ ᠤᠯᠠᠨ ᠲᠦᠮᠡᠨ ᠢ ᠬᠠᠪᠰᠤᠷᠤᠨ ᠪᠤᠳᠠᠳᠠᠢ | ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠪᠡ᠃ ᠳᠡᠳᠡᠨ ᠤ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ ᠪᠠ | ᠬᠠᠷᠠᠮ ᠦᠭᠡᠢ ᠬᠤᠪᠢ ᠨᠡᠮᠡᠷᠢ ᠪᠠᠷ ᠰᠠᠶ᠋ᠢ ᠪᠦᠬᠦ ᠬᠤᠳᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠳᠤ ᠦᠨᠦᠳᠦᠷ ᠤᠨ ᠪᠠᠶᠠᠷᠯᠠᠭᠤᠰᠢᠳᠠᠢ ᠠᠮᠵᠢᠯᠳᠠ ᠶᠢ ᠤᠯᠤᠭᠰᠠᠨ ᠶᠤᠮ᠃ ᠡᠬᠦᠨ ᠤ ᠳᠠᠭᠠᠤ᠂ ᠪᠢᠳᠡ | ᠶᠠᠳᠠᠭᠤ ᠬᠦᠴᠢᠷᠳᠡᠯᠳᠡᠢ ᠤᠯᠠᠨ ᠲᠦᠮᠡᠨ ᠤ ᠢᠳᠡᠪᠬᠢᠵᠢᠯ ᠰᠠᠨᠠᠭᠠᠴᠢᠯᠠᠭᠠᠳᠤ ᠴᠢᠨᠠᠷ ᠪᠠ ᠳᠤᠳᠤᠭᠠᠳᠤ ᠬᠦᠳᠡᠯᠭᠡᠬᠦ | ᠬᠦᠴᠦᠨ ᠢ ᠨᠢ ᠬᠦᠭᠵᠢᠭᠡᠬᠦ ᠶᠢ ᠴᠢᠬᠤᠯᠠᠴᠢᠯᠠᠪᠠ᠃ ᠹᠧᠩᠵᠧᠨ ᠬᠤᠳᠠ ᠶᠢᠨ ︽ᠶᠠᠳᠠᠭᠤ ᠠᠴᠠ ᠠᠩᠬᠢᠵᠢᠷᠠᠯ ᠤᠨ | ᠰᠤᠳᠤᠨ︾ ᠢ ᠰᠠᠶᠢᠰᠢᠶᠠᠨ ᠬᠦᠬᠢᠬᠦᠯᠬᠦ ᠵᠢᠴᠢ ᠨᠡᠶᠢᠭᠡᠮ ᠠᠴᠠ ᠶᠠᠳᠠᠭᠤ ᠶᠢ ᠳᠡᠳᠬᠦᠬᠦ ᠬᠠᠶᠢᠷ᠎ᠠ ᠬᠠᠯᠠᠮᠵᠢ ᠶᠢᠨ | ᠬᠠᠨᠳᠢᠪ ᠡᠷᠬᠦᠬᠦ ᠶᠡᠭᠡ ᠬᠤᠷᠠᠯ ᠢ ᠬᠤᠷᠠᠯᠳᠤᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠳᠤᠮᠳᠠ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠪᠠ ᠲᠤᠰ ᠪᠡᠶ᠎ᠡ ᠶᠢᠨ ᠴᠢᠷᠮᠠᠶᠢᠯᠭ᠎ᠠ ᠪᠠᠷ ᠤᠷᠢᠳᠠᠪᠠᠷ ᠶᠠᠳᠠᠭᠤ | ᠠᠴᠠ ᠠᠩᠬᠢᠵᠢᠷᠠᠨ ᠪᠠᠶᠠᠵᠢᠨ ᠴᠢᠨᠡᠭᠡᠯᠢᠭᠵᠢᠭᠰᠡᠨ 90 ᠳᠡᠷᠢᠬᠦᠨ ᠤ ᠨᠡᠶᠢᠳᠡᠯᠢᠭ ᠵᠢᠱᠢᠶ᠎ᠡ ᠶᠢ ᠦᠪᠡᠳᠡᠭᠰᠢ ᠶᠡᠬᠡᠪᠡᠷ | ᠰᠠᠶᠢᠰᠢᠶᠠᠨ ᠬᠦᠬᠢᠬᠦᠯᠪᠡ᠃ ᠪᠦᠬᠦ ᠬᠤᠳᠠ ᠳᠤ ᠨᠡᠶᠢᠳᠡᠯᠢᠭ ᠵᠢᠱᠢᠶ᠎ᠡ ᠠᠴᠠ ᠲᠠᠭᠠᠨ ᠰᠤᠷᠤᠯᠴᠠᠬᠤ᠂ ᠳᠡᠷᠢᠬᠦᠨ ᠤ ᠬᠢ | ᠶᠢ ᠬᠦᠢᠴᠡᠬᠦ ᠬᠠᠯᠠᠭᠤᠨ ᠦᠷᠨᠢᠯᠳᠡ ᠭᠠᠷᠴᠤ᠂ ︽ᠶᠠᠳᠠᠭᠤ ᠶᠢ ᠳᠡᠳᠬᠦᠬᠦ ᠠᠴᠠ ᠪᠢᠰᠢ ᠵᠠᠯᠬᠠᠭᠤ ᠬᠤᠶᠢᠷᠭᠤ ᠶᠢ | ᠦᠯᠦ ᠳᠡᠳᠬᠦᠬᠦ︾ ᠲᠤᠬᠢᠶ᠎ᠠ ᠦᠭᠴᠦ᠂ ᠵᠦᠪ ᠴᠢᠭᠯᠡᠯ ᠢᠶᠠᠷ ᠤᠷᠮᠠᠰᠢᠭᠤᠯᠬᠤ ᠤᠳᠠᠭᠠᠨ ᠳᠠᠭᠠᠭᠠᠮᠠᠭᠠᠢ ᠳᠤᠭᠳᠠᠴᠠ | ᠶᠢ ᠪᠦᠷᠢᠯᠳᠦᠬᠦᠯᠪᠡ᠃ | ᠰᠤᠷᠪᠤᠯᠵᠢᠯᠠᠭᠴᠢ᠄ ᠶᠠᠳᠠᠭᠤ ᠶᠢ ᠠᠩᠬᠢᠵᠢᠷᠠᠭᠤᠯᠬᠤ ᠠᠴᠠ ᠪᠢᠰᠢ ᠲᠦᠷᠦ ᠶᠢᠨ ᠪᠤᠳᠤᠯᠭ᠎ᠠ ᠠᠴᠠ ᠦᠯᠦ | ᠠᠩᠬᠢᠵᠢᠷᠠᠭᠤᠯᠬᠤ᠂ ᠶᠠᠳᠠᠭᠤ ᠠᠴᠠ ᠠᠩᠬᠢᠵᠢᠷᠠᠭᠤᠯᠬᠤ ᠶᠠᠰᠤ ᠴᠢᠨᠠᠷ ᠪᠤᠯᠤᠨ ᠦᠷ᠎ᠡ ᠪᠦᠲᠦᠭᠡᠯ ᠢ ᠪᠠᠬᠢᠵᠢᠬᠦᠯᠬᠦ | ᠵᠤᠷᠢᠭ ᠰᠠᠨᠠᠭ᠎ᠠ ᠶᠤᠰᠤᠭᠠᠷ᠂ 2019 ᠤᠨ ᠳᠤ᠂ ᠹᠧᠩᠵᠧᠨ ᠬᠤᠳᠠ ᠶᠢᠨ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠠᠵᠢᠯ ᠳᠤ ᠪᠠᠰᠠ ᠶᠠᠮᠠᠷ ᠪᠤᠳᠤᠯ ᠲᠠᠢ ᠪᠤᠢ︖ | ᠵᠠᠩ ᠵᠢᠶᠦ᠋ᠨ᠄ 2019 ᠤᠨ ᠳᠤ᠂ ᠹᠧᠩᠵᠧᠨ ᠬᠤᠳᠠ ᠶᠢᠨ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠠᠵᠢᠯ ᠳᠠᠭᠠᠨ ᠭᠤᠤᠯᠳᠠᠭᠤ ᠶᠠᠳᠠᠭᠤ ᠶᠢ ᠬᠠᠰᠤᠬᠤ ᠡᠬᠦᠷᠭᠡ ᠪᠠᠨ ᠪᠡᠶᠡᠯᠡᠬᠦᠯᠬᠦ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢᠶᠠᠨ | ᠨᠠᠶᠢᠳᠠᠪᠤᠷᠢᠵᠢᠭᠤᠯᠬᠤ᠂ ᠤᠨᠢᠨ ᠳᠡᠭᠡᠷ᠎ᠡ ᠨᠢ ᠬᠠᠪᠰᠤᠷᠤᠨ ᠳᠡᠳᠬᠦᠬᠦ᠂ ᠶᠠᠳᠠᠭᠤ ᠶᠢ ᠳᠡᠳᠬᠦᠬᠦ ᠪᠡᠯᠡ ᠮᠦᠩᠬᠦ ᠶᠢ | ᠬᠡᠷᠡᠭᠯᠡᠬᠦ ᠬᠠᠮᠢᠶᠠᠷᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ ᠶᠠᠳᠠᠭᠤ ᠶᠢ ᠳᠡᠳᠬᠦᠬᠦ ᠬᠦᠷᠢᠶ᠎ᠡ ᠴᠠᠷᠠᠭ᠎ᠠ | ᠶᠢᠨ ᠬᠡᠪ ᠰᠤᠷᠳᠠᠯ ᠤᠨ ᠪᠠᠶᠢᠭᠤᠯᠤᠯᠳᠠ 8 ᠲᠠᠯ᠎ᠠ ᠶᠢᠨ ᠠᠵᠢᠯ ᠢ ᠰᠠᠶᠢᠳᠤᠷ ᠠᠳᠬᠤᠨ᠎ᠠ᠃ ᠶᠠᠳᠠᠭᠤ ᠶᠢ ᠬᠠᠰᠤᠬᠤ | ᠬᠠᠷᠠᠯᠳᠠ ᠳᠡᠭᠡᠷ᠎ᠡ᠂ 2019 ᠤᠨ ᠳᠤ ᠹᠧᠩᠵᠧᠨ ᠬᠤᠳᠠ ᠦᠯᠡᠳᠡᠭᠰᠡᠨ ᠳᠠᠩᠰᠠ ᠡᠪᠭᠡᠮᠡᠯ ᠪᠠᠶᠢᠭᠤᠯᠵᠤ | ᠺᠠᠷᠲᠴᠢᠯᠠᠭᠰᠠᠨ ᠶᠠᠳᠠᠭᠤ ᠬᠦᠴᠢᠷᠳᠡᠯᠳᠡᠢ 557 ᠡᠷᠦᠭᠡ ᠶᠢᠨ 1239 ᠬᠦᠮᠦᠨ ᠢ ᠶᠠᠳᠠᠭᠤ ᠠᠴᠠ | ᠠᠩᠬᠢᠵᠢᠷᠠᠭᠤᠯᠬᠤ ᠶᠢ ᠪᠦᠬᠦᠨ ᠢ ᠪᠡᠶᠡᠯᠡᠬᠦᠯᠦᠨ᠎ᠡ᠃ ᠭᠠᠮᠰᠢᠭ ᠪᠠ ᠡᠪᠡᠳᠴᠢᠨ ᠢᠶᠠᠷ ᠡᠭᠡᠵᠦ ᠶᠠᠳᠠᠭᠤᠷᠠᠬᠤ ᠲᠦᠢᠯ | ᠤᠨ ᠴᠦᠭᠡᠨ ᠳᠤᠭᠠᠨ ᠤ ᠬᠦᠮᠦᠨ ᠠᠴᠠ ᠪᠤᠰᠤᠳ᠂ ᠪᠤᠢ ᠪᠦᠬᠦᠢ ᠳᠠᠩᠰᠠ ᠡᠪᠭᠡᠮᠡᠯ ᠪᠠᠶᠢᠭᠤᠯᠵᠤ ᠺᠠᠷᠲᠴᠢᠯᠠᠭᠰᠠᠨ | ᠶᠠᠳᠠᠭᠤ ᠬᠦᠴᠢᠷᠳᠡᠯᠳᠡᠢ ᠡᠷᠦᠭᠡ ᠶᠢ ᠪᠦᠬᠦᠶᠢᠯᠡ ᠴᠤᠭᠴᠠ ᠪᠠᠷ ᠨᠢ ᠶᠠᠳᠠᠭᠤ ᠠᠴᠠ ᠠᠩᠬᠢᠵᠢᠷᠠᠭᠤᠯᠬᠤ ᠬᠠᠷᠠᠯᠳᠠ ᠶᠢ | ᠪᠡᠶᠡᠯᠡᠬᠦᠯᠦᠨ᠎ᠡ᠃ ᠪᠦᠬᠦ ᠬᠤᠳᠠ ᠶᠢᠨ ᠮᠠᠯᠠᠭᠠᠢ ᠪᠠᠨ ᠠᠪᠴᠤ ᠬᠠᠶᠠᠵᠤ ᠤᠬᠤᠷᠢᠵᠤ ᠭᠠᠷᠤᠭᠰᠠᠨ ᠦᠷ᠎ᠡ ᠪᠦᠲᠦᠭᠡᠯ | ᠢᠶᠠᠨ ᠴᠢᠨᠠᠭᠰᠢᠳᠠ ᠪᠠᠬᠢᠵᠢᠬᠦᠯᠵᠦ᠂ ᠪᠦᠬᠦ ᠬᠤᠳᠠ ᠶᠢᠨ ᠬᠦᠳᠡᠭᠡ ᠲᠤᠰᠬᠤᠨ ᠤ ᠰᠠᠭᠤᠭᠠᠯᠢ ᠠᠷᠠᠳ ᠤᠨ ᠡᠵᠡᠮᠳᠡᠵᠦ | ᠪᠤᠯᠬᠤ ᠤᠷᠤᠯᠭ᠎ᠠ ᠶᠢᠨ ᠨᠡᠮᠡᠭᠳᠡᠯ ᠤᠨ ᠨᠤᠷᠮ᠎ᠠ ᠶᠢ 8.5% ᠬᠦᠷᠭᠡᠬᠦ ᠪᠠᠷ ᠬᠦᠴᠦᠯᠡᠵᠦ᠂ ᠪᠦᠬᠦ ᠤᠷᠤᠨ ᠢ | ᠳᠤᠮᠳᠠᠴᠢ ᠲᠦᠪᠰᠢᠨ ᠠᠴᠠ ᠳᠡᠭᠡᠭᠦᠷ ᠪᠠᠶᠢᠯᠭᠠᠨ᠎ᠠ᠃ ᠡᠨᠡᠬᠦ ᠡᠬᠦᠷᠭᠡ ᠬᠠᠷᠠᠯᠳᠠ ᠳᠤ ᠬᠦᠷᠦᠬᠦᠯᠬᠦ ᠶᠢᠨ ᠲᠤᠰᠠᠳᠠ᠂ | ᠡᠷᠭᠡᠪᠰᠢ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠬᠤ ᠬᠡᠷᠡᠭᠳᠡᠢ᠃ ᠨᠢᠭᠡ ᠳᠤ ᠬᠤᠳᠠ | ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠭᠤᠤᠯ ᠬᠠᠷᠢᠭᠤᠴᠠᠭᠰᠠᠨ᠂ ᠠᠵᠢᠯ ᠲᠦᠷᠦᠯ ᠰᠠᠯᠠᠭ᠎ᠠ ᠮᠦᠴᠢᠷ | ᠭᠤᠤᠯ ᠲᠦᠯᠬᠢᠨ ᠠᠬᠢᠭᠤᠯᠤᠭᠰᠠᠨ᠂ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠭᠤᠤᠯ | ᠴᠤᠭᠴᠠ ᠪᠤᠯᠤᠭᠰᠠᠨ᠂ ᠵᠠᠰᠠᠭ ᠵᠠᠬᠢᠷᠭᠠᠨ ᠤ ᠲᠤᠰᠬᠤᠨ ᠤ ᠡᠬᠦᠷ ᠵᠦᠪᠯᠡᠯ ᠭᠤᠤᠯ ᠠᠳᠬᠤᠭᠰᠠᠨ᠂ ᠪᠦᠬᠦ ᠨᠡᠶᠢᠭᠡᠮ | ᠬᠠᠮᠳᠤᠪᠠᠷ ᠤᠷᠤᠯᠴᠠᠭᠰᠠᠨ ᠶᠠᠳᠠᠭᠤ ᠶᠢ ᠳᠡᠳᠬᠦᠬᠦ ᠳᠤᠮᠤ ᠪᠠᠶᠢᠳᠠᠯ ᠢ ᠴᠢᠨᠠᠭᠰᠢᠳᠠ ᠪᠦᠷᠢᠨᠰᠢᠬᠦᠯᠦᠨ | ᠳᠡᠬᠦᠯᠳᠡᠷᠵᠢᠬᠦᠯᠬᠦ ᠬᠡᠷᠡᠭᠳᠡᠢ᠃ | ᠬᠤᠶᠠᠷ ᠲᠤ ᠠᠵᠢᠯ ᠲᠦᠷᠦᠯ ᠰᠠᠯᠠᠭ᠎ᠠ ᠮᠦᠴᠢᠷ᠂ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ | ᠤᠷᠳᠤᠨ᠂ ᠵᠠᠰᠠᠭ ᠵᠠᠬᠢᠷᠭᠠᠨ ᠤ ᠲᠤᠰᠬᠤᠨ ᠤ ᠡᠭᠦᠷ ᠵᠦᠪᠯᠡᠯ᠂ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠪᠠ | ᠬᠠᠪᠰᠤᠷᠤᠨ ᠲᠡᠳᠬᠦᠬᠦ ᠬᠠᠷᠢᠭᠤᠴᠠᠭᠴᠢ ᠶᠢᠨ ᠬᠠᠷᠢᠭᠤᠴᠠᠯᠭ᠎ᠠ ᠶᠢ ᠭᠤᠤᠯᠳᠠᠯᠭ᠎ᠠ ᠲᠠᠢ ᠪᠠᠲᠤᠳᠬᠠᠵᠦ᠂ ᠶᠠᠳᠠᠭᠤ | ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ︽ᠳᠡᠭᠡᠷᠡᠭᠢ ᠨᠢ ᠢᠳᠡᠪᠬᠢᠲᠠᠢ᠂ ᠲᠤᠤᠷᠠᠬᠢ ᠨᠢ ᠨᠠᠵᠠᠭᠠᠢ︾ | ᠠᠰᠠᠭᠤᠳᠠᠯ ᠢ ᠦᠨᠡᠨᠬᠦ ᠰᠢᠢᠳᠪᠦᠷᠢᠯᠡᠨ᠎ᠠ᠃ ᠭᠤᠷᠪᠠ ᠳᠤ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ᠂ | ᠡᠯ᠎ᠡ ᠠᠵᠢᠯ ᠲᠦᠷᠦᠯ ᠰᠠᠯᠠᠭ᠎ᠠ ᠮᠦᠴᠢᠷ᠂ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ᠂ | ᠵᠠᠰᠠᠭ ᠵᠠᠬᠢᠷᠭᠠᠨ ᠤ ᠲᠤᠰᠬᠤᠨ ᠤ ᠡᠭᠦᠷ ᠵᠦᠪᠯᠡᠯ ᠱᠠᠲᠦ ᠳᠠᠷᠠᠭᠠᠯᠠᠨ ᠬᠠᠷᠢᠭᠤᠴᠠᠯᠭ᠎ᠠ ᠶᠢᠨ ᠪᠠᠲᠤᠯᠠᠪᠤᠷᠢ ᠲᠤᠭᠳᠠᠵᠤ᠂ | ᠱᠠᠲᠦ ᠱᠠᠲᠦ ᠪᠠᠷ ᠳᠠᠷᠤᠯᠳᠠᠳᠤ ᠬᠦᠴᠦ ᠳᠠᠮᠵᠢᠭᠤᠯᠵᠤ᠂ ᠱᠠᠲᠤ ᠱᠠᠲᠤ ᠪᠠᠷ ᠬᠠᠷᠢᠭᠤᠴᠠᠯᠭ᠎ᠠ ᠶᠢ ᠪᠠᠲᠤᠳᠬᠠᠨ᠎ᠠ᠃ | ᠡᠭᠦᠨ ᠤ ᠳᠠᠭᠠᠤ᠂ ᠲᠦᠷᠦ ᠶᠢᠨ ᠪᠤᠳᠤᠯᠭ᠎ᠠ ᠶᠢᠨ ᠨᠠᠶᠢᠳᠠᠪᠦᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠨᠢᠭᠡ ᠳᠤ | ︽ᠲᠠᠪᠤᠨ ᠨᠢᠭᠡ ᠪᠦᠯᠦᠭ︾ ᠤᠨ ᠠᠷᠭ᠎ᠠ ᠪᠠᠷᠢᠯ ᠤᠨ ᠲᠤᠭᠤᠷᠢᠨ ᠳᠤ᠂ ᠵᠢᠯ ᠤᠨ ᠶᠠᠳᠠᠭᠤ ᠶᠢ ᠬᠠᠰᠤᠬᠤ ᠡᠭᠦᠷᠭᠡ | ᠪᠠ ᠪᠠᠬᠢᠵᠢᠭᠦᠯᠦᠨ ᠳᠡᠭᠡᠭᠰᠢᠯᠡᠭᠦᠯᠬᠦ ᠲᠦᠯᠦᠪᠵᠢᠭᠦᠯᠭᠡ ᠲᠠᠢ ᠪᠠᠨ ᠤᠶᠠᠯᠳᠤᠭᠤᠯᠤᠨ᠂ ᠵᠢᠯ ᠤᠨ ᠰᠢᠨ᠎ᠠ ᠬᠡᠷᠡᠭᠵᠢᠬᠦᠯᠬᠦ | ᠲᠦᠰᠦᠯ ᠪᠠ ᠬᠠᠮᠢᠶ᠎ᠠ ᠪᠦᠬᠦᠢ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠲᠤᠭᠲᠠᠭᠠᠵᠦ᠂ | ᠠᠳᠠᠯᠢ ᠪᠤᠰᠤ ᠳᠡᠰ ᠳᠠᠪᠬᠤᠷᠭ᠎ᠠ ᠬᠤᠷᠠᠯ ᠳᠠᠭᠡᠷ᠎ᠡ ᠰᠤᠳᠤᠯᠤᠭᠤᠯᠤᠭᠰᠠᠨ ᠤ ᠳᠠᠷᠠᠭ᠎ᠠ ᠲᠤᠰᠪᠦᠷᠢ ᠭᠠᠷᠭᠠᠨ᠎ᠠ᠃ | ᠬᠤᠶᠠᠷ ᠲᠤ᠂ ᠳᠡᠭᠡᠲᠦ ᠱᠠᠲᠤᠨ ᠤ ᠱᠠᠭᠠᠷᠳᠠᠯᠭ᠎ᠠ ᠪᠠ ᠲᠦᠷᠦ ᠶᠢᠨ ᠪᠤᠳᠤᠯᠭ᠎ᠠ ᠶᠢᠨ ᠶᠠᠪᠤᠴᠠ ᠶᠤᠰᠤᠭᠠᠷ | ᠬᠦᠳᠡᠯᠦᠩᠭᠦᠢ ᠪᠠᠶᠢᠳᠠᠯ ᠢᠶᠠᠷ ᠬᠠᠮᠢᠶᠠᠷᠬᠤ ᠠᠵᠢᠯ ᠢ ᠪᠡᠶᠡᠯᠡᠬᠦᠯᠵᠦ᠂ ᠡᠬᠡᠵᠦ ᠶᠠᠳᠠᠭᠤᠷᠠᠬᠤ ᠶᠢ ᠢᠯᠭᠠᠨ ᠲᠠᠨᠢᠬᠤ | ᠤᠨᠤᠪᠴᠢ ᠶᠢᠨ ᠬᠡᠮᠵᠢᠶ᠎ᠡ ᠶᠢ 100 ᠳᠤ ᠬᠦᠷᠭᠡᠵᠦ᠂ ᠶᠠᠳᠠᠭᠤ ᠶᠢ ᠬᠠᠰᠤᠵᠦ ᠤᠬᠤᠷᠢᠨ ᠭᠠᠷᠬᠤ ᠤᠨᠤᠪᠴᠢ ᠶᠢᠨ | ᠬᠡᠮᠵᠢᠶ᠎ᠠ ᠶᠢ 100% ᠳᠤ ᠬᠦᠷᠭᠡᠨ᠎ᠡ᠃ | ᠰᠤᠷᠪᠤᠯᠵᠢᠯᠠᠭᠴᠢ᠄ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠲᠠᠯ᠎ᠠ ᠪᠠᠷ ᠪᠠᠰᠠ ᠶᠠᠮᠠᠷ ᠪᠤᠳᠠᠲᠠᠢ ᠠᠷᠭ᠎ᠠ | ᠪᠠᠷᠢᠯ ᠪᠠᠶᠢᠬᠤ ᠪᠤᠢ︖ | ᠵᠠᠩ ᠵᠢᠶᠦ᠋ᠨ᠄ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠤᠯ ᠮᠦᠨ ᠯᠡ 2019 ᠤᠨ ᠤ ᠴᠢᠬᠤᠯᠠ | ᠠᠴᠠ ᠴᠢᠬᠤᠯᠠ ᠡᠭᠦᠷᠭᠡ ᠮᠦᠨ᠃ ︽ᠲᠤᠪᠶᠤᠭ ᠮᠠᠶ᠋ᠢᠭ︾ ᠢᠶᠠᠷ ᠶᠠᠳᠠᠭᠤ ᠶᠢ ᠲᠡᠳᠬᠦᠬᠦ ᠪᠤᠳᠠᠲᠠᠢ ᠠᠷᠭ᠎ᠠ ᠠᠪᠴᠠᠯ | ᠢᠶᠠᠨ ᠲᠤᠬᠢᠷᠠᠭᠤᠯᠵᠤ᠂ ᠠᠳᠠᠯᠢ ᠪᠤᠰᠤ ᠶᠠᠳᠠᠭᠤ ᠬᠦᠴᠢᠷᠳᠡᠯᠲᠠᠢ ᠡᠷᠦᠬᠡ ᠶᠢᠨ ᠲᠦᠷᠦᠯ ᠪᠠ ᠳᠡᠮᠵᠢᠬᠦ ᠡᠷᠴᠢᠮ ᠢ | ᠢᠯᠭᠠᠵᠦ᠂ ᠬᠠᠨᠳᠤᠯᠭᠠᠲᠦ ᠴᠢᠨᠠᠷ ᠪᠦᠬᠦᠢ ᠳᠡᠮᠵᠢᠬᠦ ᠠᠷᠭ᠎ᠠ ᠪᠠᠷᠢᠯ ᠢ ᠠᠪᠴᠦ᠂ ᠡᠭᠦᠨ ᠤ ᠳᠠᠭᠠᠤ ᠲᠤᠯᠤᠭᠠᠶᠢᠯᠠᠭᠴᠢ | ᠠᠵᠤ ᠠᠬᠤᠶᠢᠯᠠᠯ᠂ ᠬᠤᠷᠰᠢᠶᠠᠵᠢᠯ ᠪᠠ ᠬᠠᠮᠲᠤ ᠶᠢᠨ ᠠᠵᠤ ᠠᠬᠤᠢ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ | ᠲᠦᠷᠦ ᠶᠢᠨ ᠪᠤᠳᠤᠯᠭ᠎ᠠ ᠶᠢᠨ ᠲᠡᠭᠦᠯᠳᠡᠷᠵᠢᠭᠦᠯᠦᠯᠲᠡ ᠪᠠ ᠶᠠᠳᠠᠭᠤ ᠬᠦᠴᠢᠷᠳᠡᠯᠲᠠᠢ ᠡᠷᠦᠬᠡ ᠶᠢᠨ ᠠᠰᠢᠭ ᠲᠤᠰᠠ | ᠶᠢᠨ ᠬᠤᠯᠪᠤᠯᠳᠤᠯᠭᠠ ᠶᠢᠨ ᠲᠤᠭᠲᠠᠴᠠ ᠶᠢ ᠦᠨᠳᠦᠰᠦᠯᠡᠵᠦ᠂ ᠡᠳ᠋ ᠬᠦᠷᠦᠩᠭᠡ ᠪᠠᠷ ᠠᠰᠢᠭ ᠤᠷᠤᠯᠭ᠎ᠠ ᠤᠯᠬᠤ ᠶᠢ | ᠳᠡᠭᠡᠭᠰᠢᠯᠡᠭᠦᠯᠦᠨ᠎ᠠ᠃ 2019 ᠤᠨ ᠳᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠡᠭᠡᠷ᠎ᠡ 1843 ᠲᠦᠮᠡᠨ | ᠲᠦᠭᠦᠷᠢᠭ ᠤᠷᠤᠭᠤᠯᠬᠤ ᠪᠠᠷ ᠲᠦᠯᠦᠪᠯᠡᠵᠦ᠂ ︽ᠲᠤᠪᠶᠤᠭ ᠮᠠᠶ᠋ᠢᠭ︾ ᠢᠶᠠᠷ ᠶᠠᠳᠠᠭᠤ ᠶᠢ ᠲᠡᠳᠬᠦᠬᠦ ᠪᠠ | ᠲᠤᠯᠤᠭᠠᠶᠢᠯᠠᠭᠴᠢ ᠪᠠᠷ ᠳᠠᠶᠢᠴᠢᠯᠠᠬᠤ ᠵᠢᠴᠢ ᠡᠳ᠋ ᠬᠦᠷᠦᠩᠭᠡ ᠪᠠᠷ ᠠᠰᠢᠭ ᠬᠤᠨᠵᠢᠪᠦᠷᠢ ᠤᠯᠬᠤ ᠪᠠᠭᠲᠠᠵᠦ᠂ ᠬᠦᠮᠦᠨ | ᠳᠤᠮᠳᠠᠴᠢ ᠳᠤ ᠤᠷᠤᠭᠤᠯᠤᠯᠲᠠ 5073 ᠲᠦᠭᠦᠷᠢᠭ᠃ ᠤᠨᠳᠤᠤ ᠭᠠᠵᠠᠷ ᠲᠤ ᠨᠡᠭᠦᠯᠭᠡᠨ ᠰᠢᠯᠵᠢᠭᠦᠯᠵᠦ ᠶᠠᠳᠠᠭᠤ ᠶᠢ | ᠲᠡᠳᠬᠦᠬᠦ ᠠᠵᠢᠯ ᠤᠨ ᠭᠤᠤᠯᠳᠠᠯᠭ᠎ᠠ ᠪᠤᠯ ᠬᠤᠶᠢᠨᠠᠬᠢ ᠠᠵᠤ ᠦᠢᠯᠡᠰ ᠤᠨ ᠬᠦᠭᠵᠢᠯᠲᠠ ᠪᠠ ᠰᠢᠨ᠎ᠡ ᠳᠤ ᠨᠡᠭᠦᠵᠦ | ᠬᠠᠭᠤᠴᠢᠨ ᠢ ᠨᠤᠷᠠᠭᠠᠬᠤ ᠠᠵᠢᠯ ᠪᠤᠯᠤᠨ᠎ᠠ᠃ ᠬᠦᠳᠡᠭᠡ ᠲᠤᠰᠬᠤᠨ ᠤ ᠳᠡᠭᠡᠭᠰᠢᠯᠡᠯᠲᠡ ᠶᠢᠨ ᠪᠠᠷᠢᠯᠭ᠎ᠠ ᠶᠢᠨ ᠳᠠᠯ᠎ᠠ | ᠪᠠᠷ 22 ᠲᠤᠰᠬᠤᠨ ᠤ ᠲᠤᠰᠬᠤᠨ ᠳᠤ ᠨᠡᠪᠲᠡᠷᠡᠬᠦ 21.9 ᠺᠢᠯᠤᠮᠧᠲᠷ ᠵᠠᠰᠠᠮᠠᠯ ᠵᠠᠮ ᠪᠠᠶᠢᠭᠤᠯᠵᠤ᠂ ᠶᠠᠳᠠᠭᠤ | ᠬᠦᠴᠢᠷᠳᠡᠯᠲᠡᠢ 1040 ᠬᠦᠮᠦᠨ ᠳᠤ ᠲᠦᠬᠦᠮ ᠦᠵᠡᠭᠦᠯᠦᠨ᠎ᠡ︔ 39 ᠲᠤᠰᠬᠤᠨ ᠳᠤ ᠬᠤᠭ ᠨᠤᠪᠰᠢ ᠬᠤᠷᠢᠶᠠᠨ | ᠴᠤᠭᠯᠠᠭᠤᠯᠬᠤ ᠴᠡᠭ 148 ᠪᠠᠶᠢᠭᠤᠯᠵᠤ᠂ ᠶᠠᠳᠠᠭᠤ ᠬᠦᠴᠢᠷᠳᠡᠯᠲᠡᠢ 3585 ᠬᠦᠮᠦᠨ ᠠᠮᠠ ᠳᠤ ᠳᠦᠭᠦᠮ | ᠦᠵᠡᠭᠦᠯᠦᠨ᠎ᠡ︔ 48 ᠲᠤᠰᠬᠤᠨ ᠳᠤ ᠨᠠᠶᠢᠲᠠ ᠶᠢᠨ 85 ᠵᠤᠷᠯᠤᠩ ᠪᠠᠶᠢᠭᠤᠯᠵᠤ᠂ ᠶᠠᠳᠠᠭᠤ ᠬᠦᠴᠢᠷᠳᠡᠯᠲᠠᠢ | 3452 ᠬᠦᠮᠦᠨ ᠠᠮᠠ ᠳᠤ ᠳᠦᠭᠦᠮ ᠦᠵᠡᠭᠦᠯᠦᠨ᠎ᠠ︔ 34 ᠲᠤᠰᠬᠤᠨ ᠳᠤ ᠬᠦᠮᠦᠨ ᠮᠠᠯ ᠤᠨ ᠤᠤᠭᠤᠬᠤ | ᠤᠰᠤᠨ ᠤ 41 ᠪᠠᠷᠢᠯᠭ᠎ᠠ ᠶᠢ ᠰᠡᠯᠪᠢᠨ ᠰᠡᠷᠭᠦᠭᠡᠵᠦ᠂ ᠶᠠᠳᠠᠭᠤ ᠬᠦᠴᠢᠷᠳᠡᠯᠲᠠᠢ 957 ᠬᠦᠮᠦᠨ ᠠᠮᠠ ᠳᠤ ᠳᠦᠭᠦᠮ | ᠦᠵᠡᠭᠦᠯᠦᠨ᠎ᠠ᠃ 5 ᠭᠤᠤᠯᠳᠠᠯᠭ᠎ᠠ ᠲᠠᠢ ᠲᠤᠰᠬᠤᠨ ᠳᠤ ᠲᠤᠰᠬᠤᠨ ᠢ ᠬᠠᠮᠠᠭᠠᠯᠠᠬᠤ᠂ ᠲᠠᠷᠢᠶ᠎ᠠ ᠶᠢ ᠬᠠᠮᠠᠭᠠᠯᠠᠬᠤ | ᠳᠠᠯᠠᠩ 9 ᠶᠢ ᠪᠠᠶᠢᠭᠤᠯᠵᠤ᠂ ᠶᠠᠳᠠᠭᠤ ᠬᠦᠴᠢᠷᠳᠡᠯᠳᠡᠢ 125 ᠬᠦᠮᠦᠨ ᠳᠤ ᠪᠦᠷᠬᠦᠬᠦᠯᠦᠨ᠎ᠡ᠃ 8 ᠭᠤᠤᠯᠳᠠᠯᠭ᠎ᠠ | ᠲᠠᠢ ᠲᠤᠰᠬᠤᠨ ᠳᠤ 10 ᠤᠰᠤᠯᠠᠯᠳᠠ ᠶᠢᠨ ᠪᠠᠷᠢᠯᠭ᠎ᠠ ᠶᠢᠨ ᠲᠦᠷᠦᠯ ᠵᠦᠢᠯ ᠢ ᠪᠠᠶᠢᠭᠤᠯᠵᠤ᠂ ᠶᠠᠳᠠᠭᠤ | ᠬᠦᠴᠢᠷᠳᠡᠯᠲᠠᠢ 304 ᠬᠦᠮᠦᠨ ᠠᠮᠠ ᠳᠤ ᠪᠦᠷᠬᠦᠭᠦᠯᠦᠨᠠ᠃ 2019 ᠤᠨ ᠳᠤ ᠬᠦᠳᠡᠭᠡ ᠲᠤᠰᠬᠤᠨ ᠢ | ᠳᠡᠭᠡᠭᠰᠢᠯᠡᠭᠦᠯᠬᠦ ᠢᠨᠵᠧᠨᠧᠷᠢᠩ ᠳᠤ 4528.8 ᠲᠦᠮᠡᠨ ᠲᠦᠭᠦᠷᠢᠭ ᠶᠢᠨ ᠪᠡᠯᠡ ᠮᠦᠩᠭᠦ ᠤᠷᠤᠭᠤᠯᠬᠤ ᠪᠠᠷ | ᠲᠦᠯᠦᠪᠯᠡᠵᠦ ᠪᠠᠶᠢᠨ᠎ᠠ᠃ ᠠᠮᠢ ᠠᠬᠤᠢ ᠪᠠᠷ ᠶᠠᠳᠠᠭᠤ ᠶᠢ ᠲᠡᠳᠬᠦᠬᠦ ᠲᠠᠯ᠎ᠠ ᠪᠠᠷ ᠨᠢᠭᠡ ᠳᠤ ᠶᠠᠳᠠᠭᠤ ᠬᠦᠴᠢᠷᠳᠡᠯᠲᠠᠢ | ᠡᠷᠦᠬᠡ ᠳᠤ ᠢᠯᠠᠩᠭᠤᠶ᠎ᠠ ᠤᠨᠳᠤᠤ ᠭᠠᠵᠠᠷ ᠲᠤ ᠨᠡᠭᠦᠯᠭᠡᠨ ᠰᠢᠯᠵᠢᠭᠦᠯᠦᠭᠰᠠᠨ 30 ᠶᠠᠳᠠᠭᠤ ᠬᠦᠴᠢᠷᠳᠡᠯᠲᠠᠢ ᠡᠷᠦᠬᠡ | ᠳᠤ ᠠᠵᠤ ᠠᠬᠤᠢ ᠶᠢᠨ ᠤᠢ ᠶᠢ ᠬᠦᠭᠵᠢᠬᠦᠯᠵᠦ᠂ ᠤᠷᠤᠯᠭ᠎ᠠ ᠶᠢ ᠨᠢ ᠨᠡᠮᠡᠭᠳᠡᠭᠦᠯᠦᠨ᠎ᠠ᠃ ᠬᠤᠶᠠᠷ ᠲᠤ ᠲᠠᠷᠢᠶᠠᠯᠠᠬᠤ | ᠪᠠᠨ ᠵᠤᠭᠰᠤᠵᠦ ᠮᠤᠳᠤ ᠤᠶᠢᠵᠢᠭᠤᠯᠬᠤ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠪᠠ | ᠨᠤᠭᠤᠭᠠᠷᠠᠭᠤᠯᠬᠤ ᠪᠦᠲᠦᠭᠡᠨ ᠪᠠᠶᠢᠭᠤᠯᠤᠯᠲᠠ ᠪᠠᠷ ᠳᠠᠮᠵᠢᠵᠦ᠂ 235 ᠡᠷᠦᠬᠡ ᠶᠢᠨ582 ᠬᠦᠮᠦᠨ ᠢ ᠰᠢᠭᠤᠳ ᠪᠠ | ᠳᠠᠮ ᠢᠶᠠᠷ ᠳᠠᠶᠢᠴᠢᠯᠠᠨ᠎ᠠ᠃ ᠭᠤᠷᠪᠠ ᠳᠤ ᠬᠤᠶᠠᠷ ᠲᠦᠮᠡᠨ ᠮᠦ ᠶᠢᠨ ᠮᠠ ᠢ ᠰᠧᠨ ᠯᠢᠨ ᠤ ᠨᠤᠭᠤᠭᠠᠷᠠᠭᠤᠯᠤᠯᠲᠠ | ᠶᠢᠨ ᠲᠦᠷᠦᠯ ᠵᠦᠢᠯ ᠢ ᠨᠡᠶᠢᠲᠡ ᠬᠤᠶᠠᠷ ᠢ ᠰᠢᠨ᠎ᠠ ᠪᠠᠷ ᠪᠠᠶᠢᠭᠤᠯᠵᠤ᠂158 ᠡᠷᠦᠬᠡ ᠶᠢᠨ 312 ᠬᠦᠮᠦᠨ ᠠᠮᠠ ᠶᠢ | ᠰᠢᠭᠤᠳ ᠪᠠ ᠳᠠᠮ ᠢᠶᠠᠷ ᠳᠠᠶᠢᠴᠢᠯᠠᠨ᠎ᠠ᠃ ᠳᠦᠷᠪᠡ ᠳᠤ᠂ ᠦᠷᠭᠦᠯᠵᠢᠯᠡᠨ ᠤᠳᠤ ᠪᠠᠶᠢᠭ᠎ᠠ ᠤᠢ ᠬᠠᠮᠠᠭᠠᠯᠠᠭᠴᠢ ᠳᠤ | ᠴᠠᠯᠢᠩ ᠢ ᠨᠢ ᠭᠠᠷᠳᠠᠭᠤᠯᠵᠤ᠂ ᠬᠦᠮᠦᠨ ᠳᠤᠮᠳᠠᠴᠢ ᠪᠠᠷ ᠵᠢᠯ ᠳᠤ 6000 ᠲᠦᠭᠦᠷᠢᠭ᠃ ᠰᠤᠷᠭᠠᠨ ᠬᠦᠮᠦᠵᠢᠯ ᠢᠶᠠᠷ | ᠶᠠᠳᠠᠭᠤ ᠶᠢ ᠲᠡᠳᠬᠦᠬᠦ ᠲᠡᠯ᠎ᠠ ᠪᠠᠷ᠂ ᠳᠠᠩᠰᠠ ᠡᠪᠬᠡᠮᠡᠯ ᠪᠠᠶᠢᠭᠤᠯᠵᠤ ᠺᠠᠷᠲᠴᠢᠯᠠᠭᠰᠠᠨ ᠶᠠᠳᠠᠭᠤ ᠬᠦᠴᠢᠷᠳᠡᠯᠲᠠᠢ ᠭᠡᠷ | ᠪᠦᠯᠢ ᠶᠢᠨ ᠰᠤᠷᠭᠠᠭᠤᠯᠢ ᠳᠤ ᠪᠠᠶᠢᠭ᠎ᠠ 945 ᠰᠤᠷᠤᠭᠴᠢ ᠶᠢ ᠤᠨᠢᠨ ᠳᠡᠭᠡᠷ᠎ᠡ ᠨᠢ ᠲᠡᠳᠬᠦᠬᠦ ᠪᠠᠷ ᠲᠦᠯᠦᠪᠯᠡᠪᠡ᠃ | ᠡᠭᠦᠨ ᠳᠤ᠂ ᠨᠢᠭᠡᠨᠲᠠ ᠶᠠᠳᠠᠭᠤ ᠠᠴᠠ ᠠᠩᠭᠢᠵᠢᠷᠠᠭᠰᠠᠨ ᠬᠡᠷ ᠪᠦᠯᠢ ᠶᠢᠨ ᠰᠤᠷᠤᠭᠴᠢ 635᠂ ᠶᠠᠳᠠᠭᠤ ᠠᠴᠠ | ᠠᠩᠬᠢᠵᠢᠷᠠᠭᠠᠳᠦᠢ ᠰᠤᠷᠤᠭᠴᠢ 310 ᠬᠦᠮᠦᠨ ᠪᠠᠶᠢᠵᠦ᠂ ᠶᠠᠳᠠᠭᠤ ᠬᠦᠴᠢᠷᠳᠡᠯᠲᠠᠢ ᠰᠤᠷᠤᠭᠴᠢ ᠶᠢᠨ ᠰᠤᠷᠤᠯᠭ᠎ᠠ ᠪᠠᠨ | ᠲᠡᠭᠦᠰ ᠲᠡᠭᠦᠰᠭᠡᠬᠦ ᠶᠢ ᠨᠢ ᠬᠠᠪᠰᠤᠷᠤᠨ᠎ᠠ᠃ ᠡᠮ ᠡᠮᠨᠡᠯᠬᠡ ᠪᠠᠷ ᠶᠠᠳᠠᠭᠤ ᠶᠢ ᠲᠡᠳᠬᠦᠬᠦ ᠲᠠᠯ᠎ᠠ ᠪᠠᠷ᠂ ᠵᠢᠯ ᠤᠨ | ᠳᠤᠲᠤᠷ᠎ᠠ ᠳᠠᠩᠰᠠ ᠡᠪᠬᠡᠮᠡᠯ ᠪᠠᠶᠢᠭᠤᠯᠵᠤ ᠺᠠᠷᠲᠴᠢᠯᠠᠭᠰᠠᠨ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠳᠤᠮᠳᠠ | ᠡᠪᠡᠳᠴᠢᠨ ᠤ ᠦᠩᠭᠡᠷᠡᠭᠰᠡᠨ ᠲᠡᠥᠬᠡ᠂ ᠤᠳᠤᠮᠰᠢᠯ ᠤᠨ ᠲᠡᠥᠬᠡ ᠵᠡᠷᠭᠡ ᠲᠠᠢ ᠭᠤᠤᠯᠳᠠᠯᠭ᠎ᠠ ᠲᠠᠢ ᠬᠦᠮᠦᠰ ᠲᠤ | ᠬᠠᠮᠤᠭ ᠴᠦᠬᠡᠨ ᠢᠶᠠᠷ ᠰᠦᠢᠳᠬᠡᠯ ᠠᠴᠠ ᠬᠡᠯᠲᠦᠷᠢᠭᠦᠯᠦᠨ ᠪᠡᠶ᠎ᠡ ᠮᠠᠬᠠᠪᠤᠳ ᠤᠨ ᠪᠠᠶᠢᠴᠠᠭᠠᠯᠲᠠ ᠬᠢᠵᠦ᠂ ᠪᠠᠶᠢᠩᠭᠤ | ᠰᠠᠭᠤᠭ᠎ᠠ ᠶᠠᠳᠠᠭᠤ ᠬᠦᠴᠢᠷᠳᠡᠯᠲᠠᠢ ᠬᠦᠮᠦᠨ ᠠᠮᠠ ᠳᠤ ᠭᠡᠷ ᠪᠦᠯᠢ ᠶᠢᠨ ᠭᠡᠷᠢᠶᠡᠲᠦ ᠦᠢᠯᠡᠴᠢᠯᠡᠭᠡ ᠶᠢ ᠦᠪᠴᠢ | ᠪᠦᠷᠬᠦᠭᠦᠯᠦᠨᠠ︔ ᠶᠠᠳᠠᠭᠤ ᠬᠦᠴᠢᠷᠳᠡᠯᠲᠠᠢ ᠡᠷᠦᠬᠡ ᠶᠢᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠨᠡᠯᠭᠡ | ᠶᠢᠨ ᠳᠠᠭᠠᠳᠬᠠᠯ ᠳᠤ ᠤᠷᠤᠯᠴᠠᠬᠤ ᠳᠤᠨᠢ ᠵᠢᠯ ᠪᠦᠷᠢ 110 ᠲᠦᠭᠦᠷᠢᠭ ᠨᠦᠬᠦᠪᠦᠷᠢᠯᠡᠨ᠎ᠠ︔ ᠳᠠᠩᠰᠠ ᠡᠪᠬᠡᠮᠡᠯ | ᠪᠠᠶᠢᠭᠤᠯᠵᠤ ᠺᠠᠷᠲᠴᠢᠯᠠᠭᠰᠠᠨ ᠶᠠᠳᠠᠭᠤ ᠬᠦᠴᠢᠷᠳᠡᠯᠲᠠᠢ ᠬᠦᠮᠦᠨ ᠠᠮᠠ ᠳᠤ ︽ᠭᠤᠷᠪᠠᠨ ᠨᠢᠭᠡ ᠪᠦᠯᠦᠭ︾ ᠤᠨ | ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠠ᠃ ᠤᠵᠢᠭ ᠡᠪᠡᠳᠴᠢᠨ ᠲᠠᠢ ᠶᠠᠳᠠᠭᠤ ᠬᠦᠴᠢᠷᠳᠡᠯᠲᠠᠢ ᠡᠪᠡᠳᠴᠢᠲᠡᠨ | ᠳᠤ ︽ᠡᠮᠨᠡᠯᠬᠡ ᠡᠮ ᠬᠦᠷᠭᠡᠬᠦ︾ ᠦᠢᠯᠡᠴᠢᠯᠡᠭᠡ ᠬᠠᠩᠭᠠᠵᠦ᠂ ᠰᠠᠷ᠎ᠠ ᠪᠦᠷᠢ ᠬᠠᠮᠤᠭ ᠴᠦᠬᠡᠨ ᠳᠡᠭᠡᠨ 1 ᠤᠳᠠᠭ᠎ᠠ | ᠡᠮᠨᠡᠯᠭᠡ ᠡᠮ ᠬᠦᠷᠭᠡᠬᠦ ᠶᠢ ᠦᠨᠡᠨᠬᠦ ᠪᠠᠲᠤᠯᠠᠨ᠎ᠠ᠃ ᠨᠡᠶᠢᠭᠡᠮ ᠤᠨ ᠪᠠᠲᠤᠯᠠᠪᠤᠷᠢ ᠶᠢᠨ ᠤᠭᠤᠲᠠ ᠪᠠᠨ ᠠᠭᠤᠳᠠᠯᠯᠠᠵᠦ | ᠶᠠᠳᠠᠭᠤ ᠶᠢ ᠲᠡᠳᠬᠦᠬᠦ ᠲᠠᠯ᠎ᠠ ᠪᠠᠷ᠂ ᠬᠦᠳᠡᠭᠡ ᠲᠤᠰᠬᠤᠨ ᠤ ᠬᠠᠮᠤᠭ ᠤᠨ ᠨᠠᠭᠠᠲᠦ ᠵᠠᠬ᠎ᠠ ᠶᠢᠨ ᠠᠮᠢᠳᠤᠷᠠᠯ ᠤᠨ | ᠪᠠᠲᠤᠯᠠᠭᠠᠨ ᠤ ᠲᠦᠷᠢᠮ ᠢ ᠶᠠᠳᠠᠭᠤ ᠶᠢ ᠲᠡᠳᠬᠦᠨ ᠨᠡᠭᠡᠬᠡᠨ ᠭᠦᠭᠵᠢᠭᠦᠯᠬᠦ ᠲᠠᠢ ᠪᠦᠲᠦᠮᠵᠢᠲᠠᠢ ᠵᠤᠯᠭᠠᠯᠳᠤᠭᠤᠯᠵᠤ᠂ | ᠨᠦᠭᠦᠴᠡᠯ ᠳᠤ ᠨᠡᠶᠢᠴᠡᠭᠰᠡᠨ ᠶᠠᠳᠠᠭᠤ ᠬᠦᠴᠢᠷᠳᠡᠯᠲᠠᠢ 7471 ᠬᠦᠮᠦᠨ ᠠᠮᠠ ᠳᠤ ᠤᠭᠤᠲᠠ ᠪᠠᠨ ᠠᠭᠤᠳᠠᠯᠯᠠᠵᠦ | ᠪᠠᠲᠤᠯᠠᠬᠤ ᠶᠢ ᠶᠠᠪᠤᠭᠤᠯᠤᠨ᠎ᠠ᠃ ᠲᠤᠰᠬᠤᠨ ᠱᠠᠲᠤᠨ ᠤ ᠬᠠᠮᠲᠤ ᠶᠢᠨ ᠠᠵᠤ ᠠᠬᠤᠢ ᠶᠢ ᠬᠦᠭᠵᠢᠭᠦᠯᠦᠨ᠎ᠠ᠃ | 2019 ᠤᠨ ᠳᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠠᠮᠲᠤ ᠶᠢᠨ ᠠᠵᠤ ᠠᠬᠤᠢ ᠶᠢᠨ 31 ᠲᠦᠷᠦᠯ | ᠵᠦᠢᠯ ᠢ ᠳᠡᠮᠵᠢᠵᠦ᠂ ᠬᠠᠮᠲᠤ ᠶᠢᠨ ᠠᠵᠤ ᠠᠬᠤᠢ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠶᠢ | ᠳᠠᠶᠢᠴᠢᠯᠠᠬᠤ ᠴᠢᠳᠠᠪᠤᠷᠢ ᠶᠢ ᠨᠢ ᠴᠢᠨᠠᠭᠰᠢᠲᠠ ᠨᠡᠮᠡᠭᠳᠡᠭᠦᠯᠦᠨ᠎ᠠ᠃ | ᠰᠤᠷᠪᠤᠯᠵᠢᠯᠠᠭᠴᠢ᠄ ᠶᠠᠳᠠᠭᠤ ᠶᠢ ᠲᠡᠳᠬᠦᠬᠦ ᠪᠡᠯᠡ ᠮᠦᠩᠭᠦ ᠶᠢ ᠰᠠᠶᠢᠲᠤᠷ ᠬᠠᠮᠢᠶᠠᠷᠴᠦ ᠰᠠᠶᠢᠲᠤᠷ ᠬᠡᠷᠡᠭᠯᠡᠬᠦ | ᠪᠤᠯ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠢ ᠰᠠᠶᠢᠲᠤᠷ ᠬᠢᠬᠦ ᠶᠢᠨ ᠬᠦᠴᠦᠨ ᠪᠦᠬᠦᠢ | ᠪᠠᠷᠢᠴᠠ ᠮᠦᠨ᠂ ᠹᠧᠩᠵᠧᠨ ᠬᠤᠲᠠ ᠶᠠᠳᠠᠭᠤ ᠶᠢ ᠲᠡᠳᠬᠦᠬᠦ ᠪᠡᠯᠡ ᠮᠦᠩᠭᠦᠨ ᠤ ᠬᠡᠷᠡᠭᠯᠡᠯᠲᠡ ᠪᠠ ᠬᠠᠮᠢᠶᠠᠷᠤᠯᠲᠠ ᠶᠢ | ᠬᠡᠷᠬᠢᠨ ᠰᠠᠶᠢᠲᠤᠷ ᠬᠢᠬᠦ ᠪᠤᠢ︖ | ᠵᠠᠩ ᠵᠢᠶᠦ᠋ᠨ᠄ ᠨᠢᠭᠡ ᠳᠤ ᠪᠡᠯᠡ ᠮᠦᠩᠭᠦᠨ ᠤ ᠬᠡᠷᠡᠭᠴᠡᠭᠡᠨ ᠤ ᠬᠡᠮᠵᠢᠨ ᠪᠤᠳᠤᠯᠲᠠ ᠶᠢ ᠰᠠᠶᠢᠲᠤᠷ ᠬᠢᠨ᠎ᠠ᠃ | 2019 ᠤᠨ ᠳᠤ᠂ ᠪᠦᠬᠦ ᠬᠤᠲᠠ ᠶᠢᠨ ᠶᠠᠳᠠᠭᠤ ᠶᠢ ᠲᠡᠳᠬᠦᠬᠦ ᠬᠦᠭᠵᠢᠭᠦᠯᠦᠯᠲᠠ ᠶᠢᠨ ᠪᠡᠯᠡ ᠮᠦᠩᠭᠦ ᠨᠢ ᠰᠤᠷᠭᠠᠨ | ᠬᠦᠮᠦᠵᠢᠯ ᠢᠶᠠᠷ ᠶᠠᠳᠠᠭᠤ ᠶᠢ ᠲᠡᠳᠬᠦᠬᠦ᠂ ᠡᠮ ᠡᠮᠨᠡᠯᠭᠡ ᠪᠠᠷ ᠶᠠᠳᠠᠭᠤ ᠶᠢ ᠲᠡᠳᠬᠦᠬᠦ ᠪᠠ ᠠᠮᠢ ᠠᠬᠤᠢ ᠪᠠᠷ ᠶᠠᠳᠠᠭᠤ | ᠶᠢ ᠲᠡᠳᠬᠦᠬᠦ ᠪᠡᠯᠡ ᠮᠦᠩᠭᠦ ᠶᠢ ᠭᠠᠷᠭᠠᠪᠠᠯ ᠬᠡᠷᠡᠭᠴᠡᠭᠡ ᠪᠠᠷ ᠶᠡᠭᠡ ᠲᠦᠯᠦᠪ 7172.14 ᠲᠦᠮᠡᠨ ᠲᠦᠭᠦᠷᠢᠭ | ᠪᠤᠯᠤᠨ᠎ᠠ᠃ ᠲᠡᠭᠦᠨ ᠤ ᠭᠤᠤᠯ ᠢᠷᠡᠯᠲᠠ ᠨᠢ᠄ ᠦᠪᠡᠷᠲᠡᠭᠡᠨ ᠵᠠᠰᠠᠬᠤ ᠤᠷᠤᠨ 3443 ᠲᠦᠮᠡᠨ ᠲᠦᠭᠦᠷᠢᠭ ᠤᠨ | ᠪᠡᠯᠡ ᠮᠦᠩᠭᠦ ᠶᠢ ᠳᠤᠷᠤᠭᠰᠢ ᠪᠠᠭᠤᠯᠭᠠᠵᠦ᠂ ᠤᠯᠭᠠᠨᠴᠠᠪ ᠬᠤᠲᠠ 733 ᠲᠦᠮᠡᠨ ᠲᠦᠭᠦᠷᠢᠭ ᠢ ᠳᠤᠷᠤᠭᠰᠢ | ᠪᠠᠭᠤᠯᠭᠠᠵᠤ᠂ ᠮᠠᠨ ᠤ ᠬᠤᠲᠠ ᠦᠪᠡᠷᠲᠡᠭᠡᠨ 1426.1 ᠲᠦᠮᠡᠨ ᠲᠦᠭᠦᠷᠢᠭ ᠤᠨ ᠪᠡᠯᠡ ᠮᠦᠩᠭᠦ ᠬᠤᠷᠠᠮᠳᠤᠭᠤᠯᠵᠤ | ᠂ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠭᠰᠠᠨ ᠡᠯ᠎ᠡ ᠲᠦᠷᠦᠯ ᠤᠨ ᠪᠡᠯᠡ ᠮᠦᠩᠭᠦ1570.04 ᠲᠦᠭᠦᠷᠢᠭ | ᠨᠡᠶᠢᠳᠭᠡᠨᠡ᠃ ᠬᠤᠶᠠᠷ ᠲᠤ ᠲᠦᠷᠦᠯ ᠵᠦᠢᠯ ᠤᠨ ᠨᠦᠬᠡᠴᠡ ᠶᠢᠨ ᠠᠵᠢᠯ ᠢ ᠰᠠᠶᠢᠲᠤᠷ ᠬᠢᠨ᠎ᠡ᠃ ᠶᠠᠳᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠵᠢᠭᠠᠨ ᠵᠢᠯᠤᠭᠤᠳᠬᠤ ᠰᠠᠨᠠᠯ ᠳᠤ | ᠲᠦᠰᠢᠭᠯᠡᠵᠦ᠂ ᠬᠤᠲᠠ ᠶᠢᠨ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠦᠷᠦᠯ ᠵᠦᠢᠯ | ᠤᠨ ᠨᠦᠬᠡᠴᠡ ᠶᠢ ᠦᠷᠭᠦᠯᠵᠢᠯᠡᠨ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠠ᠂ ᠬᠦᠳᠡᠭᠡ | ᠲᠤᠰᠬᠤᠨ ᠤ ᠰᠠᠭᠤᠷᠢ ᠲᠦᠭᠦᠭᠡᠷᠤᠮᠵᠢ᠂ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠵᠡᠷᠭᠡ ᠶᠠᠳᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠬᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠴᠢᠩᠭ᠎ᠠ ᠪᠠᠭᠤᠷᠠᠢ ᠵᠦᠢᠯ᠂ | ᠳᠤᠲᠠᠭᠤᠳᠠᠯ ᠢ ᠨᠦᠬᠦᠪᠦᠷᠢᠯᠡᠬᠦ ᠠᠷᠠᠳ ᠤᠨ ᠠᠮᠢᠳᠤᠷᠠᠯ ᠤᠨ ᠨᠢᠭᠡ ᠪᠦᠯᠦᠭ ᠲᠦᠷᠦᠯ ᠵᠦᠢᠯ ᠢ ᠨᠦᠬᠡᠴᠡᠯᠡᠨᠠ᠃ | ᠭᠤᠷᠪᠠ ᠳᠤ ᠪᠡᠯᠡ ᠮᠦᠩᠭᠦᠨ ᠤ ᠬᠡᠷᠡᠭᠯᠡᠯᠲᠡ᠂ ᠬᠠᠮᠢᠶᠠᠷᠤᠯᠲᠠ ᠪᠠ ᠬᠢᠨᠠᠨ ᠬᠠᠮᠢᠶᠠᠷᠤᠯᠲᠠ ᠶᠢᠨ ᠲᠦᠷᠢᠮ ᠢ | ᠴᠢᠨᠠᠭᠰᠢᠲᠠ ᠴᠢᠩᠭᠠᠳᠬᠠᠨ᠎ᠠ᠃ | ᠰᠤᠷᠪᠤᠯᠵᠢᠯᠠᠭᠴᠢ᠄ ᠵᠠᠩ ᠬᠤᠲᠠ ᠶᠢᠨ ᠳᠠᠷᠤᠭ᠎ᠠ ᠮᠠᠨ ᠤ ᠰᠤᠷᠪᠤᠯᠵᠢᠯᠠᠭ᠎ᠠ ᠶᠢ ᠬᠦᠯᠢᠶᠠᠨ ᠠᠪᠤᠭᠰᠠᠨ ᠳᠤ | ᠴᠢᠨᠢ ᠲᠠᠯᠠᠷᠬᠠᠵᠦ ᠪᠠᠶᠢᠨ᠎ᠠ᠃ ᠦᠨᠦᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠰᠦᠯᠵᠢᠶᠠᠨ ᠤ | ᠨᠠᠶᠢᠵᠠ ᠨᠠᠷ ᠡ᠂ ᠳᠠᠷᠠᠭᠠᠴᠢ ᠪᠠᠷ ᠵᠤᠯᠭᠠᠶ᠎ᠠ︕ | | | | | ᠤᠷᠴᠢᠭᠤᠯᠤᠭᠴᠢ᠄ ᠬᠡᠷᠡᠯᠳᠦ | ᠨᠠᠶᠢᠷᠠᠭᠤᠯᠤᠭᠴᠢ᠄ ᠢᠷᠭᠤᠢ | | | | | | | | |