| | —— 2019 ᠤᠨ ᠤ 2 ᠰᠠᠷ᠎ᠡ ᠶᠢᠨ 25 ᠤ ᠡᠳᠦᠷ ᠤᠯᠠᠭᠠᠨᠴᠠᠪ ᠬᠤᠳᠠ ᠶᠢᠨ ᠳᠦᠷᠪᠡᠳᠦᠬᠡᠷ | ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ | ᠳᠡᠬᠡᠷ᠎ᠡ | ᠬᠤᠳᠠ ᠶᠢᠨ ᠳᠠᠷᠤᠭ᠎ᠠ ᠹᠸᠢ ᠳ᠋ᠦᠩ ᠪᠢᠨ | | ᠲᠦᠯᠦᠬᠡᠯᠡᠭᠴᠢᠳ ᠡ᠄ | ᠤᠳᠤ᠂ ᠪᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠮᠦᠨ᠎ᠡ ᠠᠴᠠ ᠶᠡᠭᠡ ᠬᠤᠷᠠᠯ ᠳᠤ ᠠᠵᠢᠯ | ᠢᠶᠠᠨ ᠮᠡᠳᠡᠬᠦᠯᠦᠶ᠎ᠡ᠂ ᠬᠢᠨᠠᠨ ᠵᠦᠪᠯᠡᠬᠦ ᠪᠤᠯᠪᠠᠤ᠂ ᠳᠡᠷᠡᠴᠢᠯᠡᠨ ᠬᠤᠳᠠ ᠶᠢᠨ ᠤᠯᠤᠰ ᠲᠦᠷᠦ ᠶᠢᠨ ᠵᠦᠪᠯᠡᠯᠬᠡᠨ ᠤ | ᠬᠡᠰᠢᠬᠦᠳ ᠪᠠ ᠬᠤᠷᠠᠯ ᠳᠤ ᠰᠤᠯᠠ ᠤᠷᠤᠯᠴᠠᠭᠰᠠᠨ ᠨᠦᠬᠦᠳ ᠰᠠᠨᠠᠯ ᠢᠶᠠᠨ ᠳᠤᠷᠠᠳᠬᠤ ᠪᠤᠯᠪᠠᠤ᠃ | ᠨᠢᠬᠡ᠂ 2018 ᠤᠨ ᠤ ᠠᠵᠢᠯ ᠤᠨ ᠡᠷᠬᠢᠴᠡᠬᠦᠯᠦᠯ | 2018 ᠤᠨ ᠪᠤᠯ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠠᠩᠬᠠᠨ ᠤ ᠤᠨ ᠪᠤᠯᠬᠤ ᠪᠦᠬᠡᠳ ᠪᠠᠰᠠ ᠴᠦ ᠳᠤᠰ ᠬᠤᠭᠤᠴᠠᠭᠠᠨ ᠤ ᠵᠠᠰᠠᠭ ᠤᠨ | ᠤᠷᠳᠤᠨ ᠤ ᠡᠬᠦᠷᠬᠡ ᠳᠤᠰᠢᠶᠠᠯ ᠢᠶᠠᠨ ᠬᠦᠢᠴᠡᠳᠭᠡᠭᠰᠡᠨ ᠨᠢᠬᠡᠳᠦᠬᠡᠷ ᠵᠢᠯ ᠮᠥᠨ᠃ ᠨᠢᠬᠡ ᠵᠢᠯ ᠤᠨ ᠳᠤᠷᠰᠢ᠂ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠳᠤ ᠴᠢᠩᠭ᠎ᠠ ᠤᠳᠤᠷᠢᠳᠤᠯᠭ᠎ᠠ | ᠳᠤᠤᠷ᠎ᠡ᠂ ᠪᠦᠬᠦ ᠬᠤᠳᠠ ᠳᠠᠶᠠᠭᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ | ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠲᠦᠪ ᠬᠤᠷᠢᠶ᠎ᠠ᠂ ᠲᠦᠷᠦ | ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠳᠠᠯ᠎ᠠ ᠪᠠᠷ | ᠳᠤᠭᠤᠰᠢᠯᠠᠭᠤᠯᠵᠤ᠂ ᠳᠤᠭᠳᠠᠭᠤᠨ ᠤ ᠳᠤᠮᠳᠠ ᠳᠠᠪᠰᠢᠬᠤ ᠶᠢ ᠡᠷᠬᠢᠮᠯᠡᠬᠦ ᠠᠵᠢᠯ ᠤᠨ ᠶᠡᠷᠦᠩᠬᠡᠢ ᠬᠦᠭ ᠠᠶᠠᠰ ᠢ ᠪᠠᠳᠤ | ᠡᠵᠡᠮᠰᠢᠵᠤ᠂ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠤᠰᠤᠭᠠᠷ᠂ ᠳᠤᠭᠳᠠᠭᠤᠨ ᠢᠶᠠᠷ ᠨᠡᠮᠡᠭᠳᠡᠬᠦᠯᠬᠦ᠂ | ᠦᠬᠡᠷᠡᠴᠢᠯᠡᠯᠳᠡ ᠶᠢ ᠠᠬᠢᠭᠤᠯᠬᠤ᠂ ᠪᠦᠲᠦᠴᠡ ᠶᠢ ᠳᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠳᠡᠬᠡᠬᠦ | ᠂ ᠬᠡᠨᠡᠨ ᠲᠦᠭᠰᠢᠬᠦᠷᠢ ᠶᠢ ᠰᠡᠷᠬᠡᠶᠢᠯᠡᠬᠦ ᠂ ᠠᠵᠤ ᠠᠬᠤᠢ ᠨᠡᠶᠢᠭᠡᠮ ᠢ ᠦᠷᠭᠦᠯᠵᠢᠯᠡᠨ ᠲᠤᠭᠲᠠᠭᠤᠨ ᠢᠶᠠᠷ ᠬᠦᠭᠵᠢᠭᠦᠯᠬᠦ | ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠴᠢᠨᠡᠬᠡᠯᠢᠭ ᠨᠡᠶᠢᠬᠡᠮ ᠢ ᠪᠦᠬᠦ ᠳᠠᠯ᠎ᠠ | ᠪᠠᠷ ᠪᠠᠶᠢᠭᠤᠯᠬᠤ ᠬᠠᠷᠠᠯᠳᠠ ᠦᠬᠡᠳᠡ ᠯᠠᠪᠳᠠᠭᠤᠨ ᠴᠢᠩᠭ᠎ᠠ ᠠᠯᠬᠤᠮ ᠢ ᠠᠯᠬᠤᠭᠰᠠᠨ ᠪᠠᠶᠢᠨ᠎ᠠ᠃ ᠪᠦᠬᠦ ᠵᠢᠯ ᠤᠨ | ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 5.5% ᠪᠠᠷ ᠨᠡᠮᠡᠭᠳᠡᠵᠦ᠂ ᠡᠩ ᠤᠨ ᠤᠯᠠᠨ ᠨᠡᠶᠢᠳᠡ | ᠶᠢᠨ ᠲᠦᠰᠦᠪ ᠤᠨ ᠤᠷᠤᠯᠭ᠎ᠠ 7.2% ᠢᠶᠠᠷ ᠨᠡᠮᠡᠭᠳᠡᠵᠦ᠂ ᠨᠡᠶᠢᠬᠡᠮ ᠤᠨ ᠬᠡᠷᠡᠭᠯᠡᠬᠡᠨ ᠤ ᠵᠢᠵᠢᠭᠯᠡᠨ | ᠪᠤᠷᠤᠯᠠᠭᠤᠯᠤᠭᠰᠠᠨ ᠶᠡᠷᠦᠩᠬᠡᠢ ᠳᠤᠭ᠎ᠠ 7.3% ᠪᠠᠷ ᠨᠡᠮᠡᠭᠳᠡᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠬᠦᠮᠦᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠳᠤᠰᠪᠤᠷᠢ 7.6% ᠪᠠ 9.3% ᠪᠠᠷ ᠨᠡᠮᠡᠭᠳᠡᠪᠡ᠃ ᠭᠤᠤᠯ | ᠬᠦᠢᠴᠡᠳᠬᠡᠬᠦ ᠳᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠤᠷᠤᠨ ᠤ ᠳᠤᠮᠳᠠ ᠵᠡᠷᠬᠡ ᠶᠢᠨ ᠬᠢᠷᠢ ᠲᠦᠪᠰᠢᠨ ᠳᠤ | ᠪᠠᠶᠢᠷᠢᠯᠠᠪᠠ᠃ | ᠰᠢᠨ᠎ᠡ ᠬᠠᠭᠤᠴᠢᠨ ᠬᠦᠳᠡᠯᠬᠡᠬᠦᠷ ᠢ ᠰᠤᠯᠢᠬᠤ ᠳᠠᠭᠠᠨ ᠰᠢᠨ᠎ᠡ ᠰᠢᠪᠳᠤᠯᠤᠯᠳᠠ ᠲᠠᠢ ᠪᠤᠯᠪᠠ᠃ ᠬᠡᠪᠴᠢᠶᠡᠵᠢᠯ | ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 6% ᠪᠠᠷ ᠨᠡᠮᠡᠭᠳᠡᠵᠤ᠂ ᠠᠵᠤ ᠦᠢᠯᠡᠳᠪᠦᠷᠢ ᠶᠢᠨ | ᠳᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢᠨ ᠨᠡᠮᠡᠭᠳᠡᠯ ᠤᠨ ᠬᠤᠷᠳᠤᠴᠠ ᠪᠦᠬᠦ ᠤᠷᠤᠨ ᠤ ᠨᠢᠬᠡᠳᠦᠬᠡᠷ ᠲᠤ | ᠤᠷᠤᠵᠤ᠂ ᠪᠦᠬᠦ ᠳᠤᠭᠳᠠᠮᠠᠯ ᠬᠦᠷᠦᠩᠭᠡ ᠶᠢᠨ 45% ᠳᠤ ᠬᠦᠷᠴᠦ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ | ᠰᠢᠨ᠎ᠡ ᠪᠠᠷ ᠮᠠᠨᠳᠤᠭᠰᠠᠨ ᠠᠵᠤ ᠦᠢᠯᠡᠰ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠤᠨ | ᠡᠵᠡᠯᠡᠭᠰᠡᠨ ᠡᠵᠡᠯᠡᠬᠦᠨ 10% ᠳᠤ ᠬᠦᠷᠪᠡ᠃ᠳᠤᠮᠤ ᠳ᠋ᠠᠶᠢᠲ᠋ᠠ ᠶᠢᠨ ᠠᠵᠤ ᠦᠢᠯᠡᠰ ᠤᠨ ᠤᠯᠤᠰ ᠤᠨ | ᠳᠤᠳᠤᠭᠠᠳᠤᠬᠢ ᠳᠡᠷᠢᠬᠦᠯᠡᠬᠦ ᠪᠠᠶᠢᠷᠢ ᠰᠠᠭᠤᠷᠢ ᠦᠨᠳᠦᠰᠦᠨ ᠳᠡᠭᠡᠨ ᠳᠤᠭᠳᠠᠭᠠᠭᠳᠠᠪᠠ᠃ ᠫᠢᠩᠭᠦᠸᠧ᠂ ᠬᠤᠸᠠ ᠸᠧᠢ | ᠶᠢᠨ ᠬᠤᠶᠠᠳᠤᠭᠠᠷ ᠬᠤᠭᠤᠴᠠᠭ᠎ᠠ᠂ ᠠ ᠯᠢ ᠪᠠ ᠪᠠ ᠵᠡᠷᠬᠡ ᠳ᠋ᠠᠶᠢᠲ᠋ᠠ ᠶᠢᠨ ᠲᠦᠪ ᠤᠨ ᠲᠦᠷᠦᠯ ᠵᠦᠢᠯ ᠭᠠᠵᠠᠷᠳᠠᠵᠤ | ᠪᠠᠷᠢᠯᠭ᠎ᠠ ᠶᠢᠨ ᠠᠵᠢᠯ ᠢ ᠡᠬᠢᠯᠡᠬᠦᠯᠵᠤ᠂ ᠶᠡᠷᠦᠩᠬᠡᠢ ᠪᠡᠯᠡ ᠤᠷᠤᠭᠤᠯᠤᠯᠳᠠ 243 ᠳ᠋ᠦᠩᠰᠢᠭᠤᠷ ᠳᠦᠬᠦᠷᠢᠭ᠂ | ᠦᠢᠯᠡᠴᠢᠯᠡᠬᠦᠷ ᠤᠨ ᠬᠡᠪᠴᠢᠶ᠎ᠡ 100 ᠲᠦᠮᠡ ᠪᠠᠶᠢᠵᠤ᠂ ︽ᠳᠤᠮᠳᠠᠳᠤ ᠤᠯᠤᠰ ᠤᠨ ᠪᠡᠯᠡ ᠤᠷᠤᠭᠤᠯᠬᠤ ᠳᠤ ᠬᠠᠮᠤᠭ | ᠤᠨ ᠳᠤᠬᠢᠷᠠᠮᠵᠢᠳᠡᠢ ᠳ᠋ᠠᠶᠢᠲ᠋ᠠ ᠶᠢᠨ ᠲᠦᠪ ᠤᠨ ᠬᠤᠳᠠ︾ ᠪᠠᠷ ᠦᠨᠡᠯᠡᠭᠳᠡᠪᠡ᠃ ᠬᠤᠩ ᠯᠢᠶᠠᠨ ᠵᠢᠤ ᠡᠤ᠂ ᠪᠦᠸᠧ | ᠶᠤᠸᠠᠢ ᠵᠡᠷᠬᠡ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠠᠵᠤ ᠠᠬᠤᠶᠢᠯᠠᠯ ᠤᠨ ᠠᠵᠢᠯᠯᠠᠭᠤᠯᠬᠤ ᠰᠠᠭᠤᠳᠠᠯ | 1500᠂ ᠷᠤᠸᠠᠨ ᠲᠦᠩ ᠳ᠋ᠦᠩ ᠯᠢ ᠴᠡᠩᠭᠡᠯ ᠤᠨ ᠦᠢᠯᠡᠰ ᠤᠨ ᠤᠷᠤᠨ ᠵᠠᠢ ᠶᠢᠨ ᠨᠡᠪᠴᠢᠬᠦᠯᠬᠦ ᠠᠵᠤ ᠠᠬᠤᠶᠢᠯᠠᠯ | 40 ᠪᠤᠯᠵᠤ᠂ ᠪᠠᠢ ᠳ᠋ᠦ᠋ ᠰᠢᠨ᠎ᠡ ᠶᠢ ᠡᠬᠦᠳᠬᠦ ᠲᠦᠪ ᠵᠡᠷᠬᠡ ᠳ᠋ᠠᠶᠢᠲ᠋ᠠ ᠶᠢᠨ ᠬᠡᠷᠡᠭᠯᠡᠯᠳᠡ ᠶᠢᠨ ᠲᠦᠷᠦᠯ ᠵᠦᠢᠯ | ᠲᠦᠷᠭᠡᠳᠴᠦ ᠠᠬᠢᠵᠢᠪᠠ᠃ ︽ᠡᠮᠦᠨ᠎ᠡ ᠬᠦᠢᠶᠠᠩ ᠤᠮᠠᠷ᠎ᠠ ᠤᠯᠠᠭᠠᠨᠴᠠᠪ᠂ ᠳᠠᠯ᠎ᠠ ᠨᠤᠳᠤᠭ ᠤᠨ ᠡᠬᠦᠯᠡᠨ ᠵᠢᠯᠠᠭ᠎ᠠ︾ | ᠨᠢ ᠤᠯᠠᠭᠠᠨᠴᠠᠪ ᠤᠨ ᠰᠢᠨ᠎ᠡ ᠨᠡᠷ᠎ᠡ ᠶᠢᠨ ᠬᠠᠭᠤᠳᠠᠰᠤ ᠪᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠰᠠᠶᠢᠰᠢᠶᠠᠯ | ᠢ ᠬᠦᠷᠳᠡᠵᠡᠢ᠃ ᠳᠤᠮᠤ ᠪᠠᠷᠠᠭ᠎ᠠ ᠬᠦᠢᠯᠬᠡᠬᠡ ᠶᠢᠨ ᠠᠵᠤ ᠦᠢᠯᠡᠰ ᠤᠨ ᠪᠠᠶᠢᠳᠠᠯ ᠦᠨᠳᠦᠰᠦᠨ ᠳᠡᠭᠡᠨ ᠪᠦᠷᠢᠯᠳᠦᠪᠡ᠃ | ᠲᠢᠶᠠᠨᠵᠢᠨ ᠭᠠᠷᠠᠮ᠂ ᠼᠣᠣ ᠹᠸᠢ ᠳ᠋ᠢᠶᠠᠨ ᠭᠠᠷᠠᠮ ᠤᠨ ᠳᠤᠳᠤᠭᠠᠳᠤ ᠬᠠᠭᠤᠷᠠᠢ ᠶᠢᠨ ᠭᠠᠷᠠᠮ ᠤᠨ ᠡᠷᠬᠢᠯᠳᠡ | ᠳᠤᠭᠳᠠᠪᠤᠷᠢᠵᠢᠵᠤ᠂ ᠲᠢᠶᠠᠨᠵᠢᠨ ᠭᠠᠷᠠᠮ ᠳᠤ ᠰᠢᠭᠤᠳ ᠬᠦᠷᠬᠦ ᠬᠤᠤᠰ ᠴᠢᠭᠯᠡᠯ ᠤᠨ ᠳᠡᠮᠦᠷ ᠵᠠᠮ ᠤᠨ ᠵᠢᠰᠢᠶᠠᠨ ᠤ | ᠭᠠᠯᠳᠤ ᠳᠡᠷᠬᠡ ᠶᠢᠨ ᠠᠶᠠᠯᠠᠯ ᠡᠬᠢᠯᠡᠵᠤ᠂ ᠮᠢᠶᠤᠤ ᠯᠢᠶᠠᠩ ᠪᠠᠷᠠᠭ᠎ᠠ ᠬᠦᠢᠯᠬᠡᠬᠡ ᠶᠢᠨ ᠬᠦᠷᠢᠶᠡᠯᠡᠩ ᠳᠤᠭᠤᠷᠢᠭ 1330 | ᠲᠦᠮᠡᠨ ᠳᠤᠨ ᠨᠡᠬᠦᠷᠡᠰᠦ ᠶᠢ ᠵᠦᠬᠡᠬᠡᠪᠤᠷᠢᠯᠡᠨ ᠪᠤᠷᠤᠯᠠᠭᠤᠯᠪᠠ᠃ ᠤᠮᠠᠷᠠᠳᠤ ᠤᠷᠤᠨ ᠤ ᠬᠠᠭᠤᠷᠠᠢ ᠶᠢᠨ ᠭᠠᠷᠠᠮ | ᠤᠷᠤᠰ ᠮᠤᠩᠭᠤᠯ ᠤᠨ ᠤᠯᠠᠨ ᠤᠯᠤᠰ ᠤᠨ ᠵᠠᠰᠠᠮᠠᠯ ᠵᠠᠮ ᠤᠨ ᠵᠦᠬᠡᠬᠡᠪᠤᠷᠢ ᠶᠢᠨ ᠬᠢᠷᠢ ᠬᠡᠮ ᠢ ᠤᠯᠪᠠ᠃ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠳᠤ ᠳᠡᠷᠬᠡ ᠶᠢ 80᠂ ᠤᠯᠠᠨ ᠤᠯᠤᠰ ᠤᠨ ᠵᠠᠮ ᠱᠣᠭᠤᠮ ᠢ 5ᠨᠡᠪᠳᠡᠷᠡᠭᠦᠯᠪᠡ᠃ | ᠳᠤᠯᠤᠳᠤᠭᠠᠷ ᠰᠤᠮᠤ ᠶᠢᠨ ᠪᠠᠷᠠᠭ᠎ᠠ ᠬᠦᠢᠯᠬᠡᠬᠡ ᠶᠢᠨ ᠰᠠᠭᠤᠷᠢᠨ ᠤ ᠨᠢᠬᠡᠳᠦᠬᠡᠷ ᠬᠤᠭᠤᠴᠠᠭ᠎ᠠ ᠪᠠᠶᠢᠭᠤᠯᠤᠭᠳᠠᠨ | ᠠᠰᠢᠭᠯᠠᠯᠳᠠ ᠳᠤ ᠤᠷᠤᠵᠤ᠂ ᠢᠵᠢ ᠪᠦᠷᠢᠳᠦᠬᠦᠯᠦᠨ ᠪᠦᠲᠦᠭᠡᠨ ᠪᠠᠶᠢᠭᠤᠯᠤᠭᠰᠠᠨ ᠮᠤᠰᠺᠧᠨ ᠪᠠ ᠤᠯᠠᠭᠠᠨᠪᠠᠭᠠᠳᠤᠷ | ᠤᠨ ᠪᠠᠷᠠᠭ᠎ᠠ ᠬᠦᠢᠯᠬᠡᠬᠡ ᠶᠢᠨ ᠬᠦᠷᠢᠶᠡᠯᠡᠩ ᠳᠤᠭᠤᠷᠢᠭ ᠤᠨ ᠵᠦᠬᠡᠬᠡᠪᠤᠷᠢᠯᠡᠨ ᠡᠵᠡᠩᠨᠡᠬᠦ ᠨᠦᠬᠦᠴᠡᠯ ᠪᠦᠷᠢᠯᠳᠦᠵᠤ᠂ | ᠪᠦᠬᠦ ᠤᠯᠤᠰ ᠤᠨ ᠪᠠᠷᠠᠭ᠎ᠠ ᠬᠦᠢᠯᠬᠡᠬᠡ ᠶᠢᠨ ᠬᠦᠷᠢᠶᠡᠯᠡᠩ ᠳᠤᠭᠤᠷᠢᠭ ᠤᠨ ᠠᠵᠢᠯ ᠤᠨ ᠤᠨ ᠤ ᠬᠤᠷᠠᠯ ᠢ ᠠᠮᠵᠢᠯᠳᠡ | ᠲᠠᠢ ᠶᠠᠪᠤᠭᠳᠠᠭᠤᠯᠵᠤ᠂ ᠮᠠᠨ ᠤ ᠬᠤᠳᠠ ︽ᠤᠯᠤᠰ ᠤᠨ ᠪᠠᠷᠠᠭ᠎ᠠ ᠬᠦᠢᠯᠬᠡᠬᠡ ᠶᠢᠨ ᠪᠠᠶᠢᠷᠢᠰᠢᠯᠠᠭᠤᠯᠤᠯᠳᠠ ᠶᠢᠨ | ᠠᠴᠢᠶᠠᠯᠠᠪᠤᠷᠢ ᠶᠢᠨ ᠬᠦᠢᠰᠦ ᠬᠤᠳᠠ︾ ᠪᠠᠷ ᠵᠢᠭᠰᠠᠭᠠᠭᠳᠠᠪᠠ᠃ ᠳᠤᠮᠤ ᠵᠢᠭᠤᠯᠴᠢᠯᠠᠯ ᠤᠨ ᠠᠵᠤ ᠦᠢᠯᠡᠰ ᠠᠩᠬ᠎ᠠ | ᠬᠡᠪᠴᠢᠶᠡᠵᠢᠪᠡ᠃ ᠳᠠᠭ᠎ᠠ ᠶᠢᠨ ᠨᠠᠭᠤᠷ ᠤᠨ ᠤᠯᠠᠨ ᠤᠯᠤᠰ ᠤᠨ ᠴᠠᠰᠤᠨ ᠳᠤ ᠭᠤᠯᠭᠤᠬᠤ ᠳᠠᠯᠠᠪᠤᠷ ᠤᠯᠤᠰ ᠤᠨ | 4A ᠳᠡᠰ ᠤᠨ ᠦᠵᠡᠮᠵᠢ ᠶᠢᠨ ᠤᠷᠤᠨ ᠪᠤᠯᠵᠤ᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯᠳᠤ ᠳᠤᠷᠠᠰᠬᠠᠯ ᠤᠨ | ᠬᠦᠷᠢᠶᠡᠯᠡᠩ ᠳᠤᠮᠳᠠᠳᠤ ᠤᠯᠤᠰ ᠤᠨ ᠵᠢᠭᠤᠯᠴᠢᠯᠠᠯ ᠤᠨ ᠠᠵᠤ ᠦᠢᠯᠡᠰ ᠤᠨ ᠨᠦᠯᠦᠬᠡᠯᠡᠯ ᠤᠨ ᠬᠦᠴᠦᠨ ᠪᠦᠬᠦᠢ | ᠦᠵᠡᠮᠵᠢ ᠶᠢᠨ ᠤᠷᠤᠨ ᠢᠶᠠᠷ ᠦᠨᠡᠯᠡᠭᠳᠡᠪᠡ᠃ ᠳᠤᠮᠳᠠᠳᠤ ᠤᠷᠤᠰ ᠮᠤᠩᠭᠤᠯ ᠤᠨ ᠠᠮᠳᠠᠳᠤ ᠢᠳᠡᠬᠡᠨ ᠤ ᠰᠤᠶᠤᠯ ᠤᠨ | ᠨᠠᠶᠢᠷ᠂ ᠳᠠᠯ᠎ᠠ ᠨᠤᠳᠤᠭ ᠶᠢᠨ ᠳᠠᠭᠤᠤ ᠬᠦᠭᠵᠢᠮ ᠤᠨ ᠨᠠᠶᠢᠷ᠂ ᠵᠢᠭᠤᠯᠴᠢᠯᠠᠯ ᠤᠨ ᠨᠠᠭᠠᠳᠤᠮ ᠵᠡᠷᠬᠡ ᠨᠢᠬᠡ ᠪᠦᠯᠦᠭ | ᠰᠤᠶᠤᠯ ᠵᠤᠭᠠᠴᠠᠯ ᠤᠨ ᠠᠵᠢᠯᠯᠠᠭ᠎ᠠ ᠶᠢ ᠠᠮᠵᠢᠯᠳᠡ ᠲᠠᠢ ᠡᠷᠬᠢᠯᠡᠪᠡ᠃ ᠪᠦᠬᠦ ᠵᠢᠯ ᠳᠤ ᠬᠦᠯᠢᠶᠡᠨ ᠠᠪᠤᠭᠰᠠᠨ | ᠵᠤᠭᠠᠴᠠᠭᠰᠡᠳ ᠤᠨ ᠬᠦᠮᠦᠨ ᠤ ᠳᠤᠭ᠎ᠠ ᠪᠠ ᠤᠷᠣᠯᠭ᠎ᠠ ᠳᠤᠰᠪᠤᠷᠢ 10% ᠪᠠ 15% ᠪᠠᠷ ᠨᠡᠮᠡᠭᠳᠡᠵᠦ᠂ ︽ | ᠳᠤᠮᠳᠠᠳᠤ ᠤᠯᠤᠰ ᠤᠨ ᠪᠡᠶ᠎ᠡ ᠰᠤᠪᠢᠯᠡᠯ ᠰᠡᠯᠡᠬᠦᠴᠡᠯ ᠵᠤᠭᠠᠴᠠᠯ ᠤᠨ ᠬᠠᠮᠤᠭ ᠤᠨ ᠭᠤᠶᠤ ᠰᠠᠶᠢᠬᠠᠨ ᠬᠤᠳᠠ︾ ᠪᠠᠷ | ᠦᠨᠡᠯᠡᠭᠳᠡᠪᠡ᠃ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠲᠦᠷᠭᠡᠳᠴᠦ ᠬᠦᠭᠵᠢᠪᠡ᠃ ᠰᠠᠯᠬᠢᠨ | ᠬᠦᠴᠦᠨ ᠤ ᠴᠠᠬᠢᠯᠭᠠᠨ᠂ ᠨᠠᠷᠠᠨ ᠤ ᠡᠨᠧᠷᠬᠢ ᠶᠢᠨ ᠴᠤᠭᠴᠠᠯᠠᠪᠤᠷᠢ ᠶᠢᠨ ᠪᠠᠭᠳᠠᠭᠠᠮᠵᠢ 52 ᠲᠦᠮᠡᠨ ᠺᠢᠯᠤᠸᠠᠲ ᠰᠢᠨ᠎ᠡ | ᠪᠠᠷ ᠨᠡᠮᠡᠭᠳᠡᠵᠤ᠂ 652 ᠲᠦᠮᠡᠨ ᠺᠢᠯᠤᠸᠠᠲ ᠲᠤ ᠬᠦᠷᠴᠦ᠂ 600 ᠲᠦᠮᠡᠨ ᠺᠢᠯᠤᠸᠠᠲ ᠰᠠᠯᠬᠢᠨ ᠬᠦᠴᠦᠨ ᠤ | ᠴᠠᠬᠢᠯᠭᠠᠨ ᠤ ᠰᠭᠤᠷᠢᠨ ᠭᠠᠵᠠᠷ ᠤᠨ ᠲᠦᠷᠦᠯ ᠵᠦᠢᠯ ᠵᠦᠪᠰᠢᠶᠡᠷᠡᠭᠳᠡᠭᠰᠡᠨ ᠪᠠᠶᠢᠨ᠎ᠠ᠃ ᠷᠦᠢ ᠱᠧᠩ ᠨᠢᠬᠡᠳᠦᠬᠡᠷ | ᠵᠡᠷᠬᠡ ᠶᠢᠨ ᠳ᠋ᠢᠶᠠᠨ ᡂᠢ ᠳᠤ ᠴᠠᠬᠢᠯᠭᠠᠨ ᠳᠠᠮᠵᠢᠭᠤᠯᠬᠤ ᠡᠳ᠋ ᠨᠢ ᠳᠡᠯᠡᠬᠡᠢ ᠶᠢᠨ ᠳᠡᠷᠢᠬᠦᠨ ᠤ ᠲᠦᠪᠰᠢᠨ ᠳᠤ ᠬᠦᠷᠴᠦ | ᠂ ᠦᠨᠳᠦᠷ ᠢᠯᠴᠢ ᠳᠠᠮᠵᠢᠭᠤᠯᠬᠤ ᠪᠠᠯ ᠴᠢᠯᠠᠭᠤᠨ ᠮᠠᠲ᠋ᠧᠷᠢᠶᠠᠯ ᠤᠯᠤᠰ ᠤᠨ ᠳᠤᠳᠤᠭᠠᠳᠤ ᠶᠢᠨ ᠬᠤᠭᠤᠰᠤᠨ ᠢ | ᠪᠦᠭᠯᠡᠵᠤ᠂ ᠯᠢᠲ᠋ᠢ ᠢᠶᠤᠨᠳᠤ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠬᠡᠪᠴᠢᠶᠡᠵᠢᠵᠤ᠂ ᠴᠤᠭᠯᠠᠷᠠᠵᠢᠨ | ᠬᠦᠭᠵᠢᠵᠤ᠂ ᠪᠠᠯ ᠴᠢᠯᠠᠭᠤᠨ ᠠᠯᠺᠧᠨ ᠢ ᠵᠢᠵᠢᠭ ᠪᠦᠯᠦᠭ ᠬᠡᠮᠵᠢᠶ᠎ᠡ ᠪᠠᠷ ᠦᠢᠯᠡᠳᠪᠦᠷᠢᠯᠡᠪᠡ᠃ ᠬᠠᠢ ᠯᠢ᠂ ᠳ᠋ᠦᠩ | ᠶᠠᠩ ᠭᠤᠸᠠᠩ ᠦᠨᠳᠦᠷ ᠳᠠᠷᠤᠯᠳᠠ ᠪᠠᠷ ᠢᠯᠳᠡᠰᠤᠵᠢᠭᠤᠯᠬᠤ ᠲᠦᠷᠦᠯ ᠵᠦᠢᠯ ᠤᠷᠢᠳ ᠬᠤᠵᠢᠳ ᠪᠠᠶᠢᠭᠤᠯᠤᠭᠳᠠᠨ | ᠠᠰᠢᠭᠯᠠᠯᠳᠠ ᠳᠤ ᠤᠷᠤᠪᠠ᠃ ᠬᠢᠷᠢᠨ ᠤ ᠳᠡᠮᠦᠷ ᠤᠨ ᠬᠠᠶᠢᠯᠤᠰᠢ ᠶᠢᠨ ᠵᠠᠭᠤᠨ ᠲᠦᠮᠡᠨ ᠳᠤᠨ ᠤ ᠳᠡᠮᠦᠷ ᠤᠨ | ᠬᠠᠶᠢᠯᠤᠰᠢ᠂ ᠰᠢᠶᠦ᠋ᠩ ᠸᠧᠢ ᠭᠤᠸᠠᠩ ᠳ᠋ᠠ ᠶᠢᠨ 70 ᠲᠦᠮᠡᠨ ᠳᠤᠨ ᠤ ᠪᠢᠴᠢᠯ ᠨᠡᠬᠦᠷᠡᠰᠦᠳᠦ᠋ᠷᠦᠭᠴᠢᠳᠤ ᠳᠡᠮᠦᠷ | ᠤᠨ ᠬᠠᠶᠢᠯᠤᠰᠢ ᠶᠢᠨ ᠲᠦᠷᠦᠯ ᠵᠦᠢᠯ ᠠᠰᠢᠭᠯᠠᠯᠳᠠ ᠳᠤ ᠤᠷᠤᠵᠤ ᠡᠷᠬᠢᠯᠳᠦᠵᠤ᠂ ᠪᠦᠬᠦ ᠤᠯᠤᠰ ᠤᠨ ᠪᠤᠬᠢᠷᠳᠤᠯ | ᠦᠬᠡᠢ ᠳᠡᠮᠦᠷ ᠤᠨ ᠬᠠᠶᠢᠯᠤᠰᠢ ᠶᠢᠨ ᠬᠠᠮᠤᠭ ᠤᠨ ᠳᠤᠮᠤ ᠦᠢᠯᠡᠳᠪᠦᠷᠢᠯᠡᠯ ᠤᠨ ᠰᠠᠭᠤᠷᠢᠨ ᠪᠤᠯᠪᠠ᠃ ᠹᠯᠤᠷ ᠤᠨ ᠬᠢᠮᠢ | ᠶᠢᠨ ᠠᠵᠤ ᠦᠢᠯᠡᠳᠪᠦᠷᠢ ᠶᠢᠨ ᠤᠷᠴᠢᠯᠳᠤ ᠠᠵᠤ ᠠᠬᠤᠢ ᠶᠢᠨ ᠠᠵᠤ ᠦᠢᠯᠡᠰ ᠤᠨ ᠰᠦᠷᠦᠭᠵᠢᠯ ᠳᠠᠰᠤᠷᠠᠯᠳᠡ ᠦᠬᠡᠢ | ᠪᠤᠵᠠᠭᠠᠶᠢᠷᠠᠵᠤ᠂ PVA ᠦᠢᠯᠡᠳᠪᠦᠷᠢᠯᠡᠬᠦ ᠴᠢᠳᠠᠪᠤᠷᠢ ᠪᠦᠬᠦ ᠤᠷᠤᠨ ᠤ ᠨᠢᠬᠡᠳᠦᠬᠡᠷ ᠲᠤ ᠤᠷᠤᠪᠠ᠃ ᠳᠠᠷᠢᠶᠠᠯᠠᠩ | ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠳᠠᠰᠤᠷᠠᠯᠳᠡ ᠦᠬᠡᠢ ᠰᠢᠯᠢᠳᠡᠭᠵᠢᠪᠡ᠃ ᠠᠮᠤ ᠪᠤᠳᠠᠭᠠᠨ ᠤ | ᠶᠡᠷᠦᠩᠬᠡᠢ ᠤᠨᠠᠯᠳᠠ 22.4 ᠳ᠋ᠦᠩᠰᠢᠭᠤᠷ ᠵᠢᠩ᠃ ᠬᠦᠢᠳᠡᠨ ᠰᠡᠷᠢᠬᠦᠨ ᠢᠳᠡᠰᠢᠨ ᠨᠤᠭᠤᠭ᠎ᠠ ᠶᠢᠨ ᠭᠠᠷᠤᠯᠳᠠ 39 | ᠳ᠋ᠦᠩᠰᠢᠭᠤᠷ ᠵᠢᠩ᠃ ᠰᠢᠯᠢᠳᠡᠭ ᠳᠤᠰᠬᠠᠢ ᠬᠡᠷᠡᠭᠯᠡᠬᠡᠨ ᠤ ᠲᠦᠮᠦᠰᠦ ᠶᠢ 30 ᠲᠦᠮᠡᠨ ᠮᠤ᠋ ᠰᠢᠨ᠎ᠡ ᠪᠠᠷ ᠨᠡᠮᠡᠭᠳᠡᠬᠦᠯᠵᠤ | ᠂ 180 ᠲᠦᠮᠡᠨ ᠮᠤ᠋ ᠳᠤ ᠬᠦᠷᠴᠦ᠂ ᠤᠯᠠᠭᠠᠨᠴᠠᠪ ᠤᠨ ᠲᠦᠮᠦᠰᠦ ᠠᠩᠬᠠᠳᠤᠭᠠᠷ ᠬᠤᠭᠤᠴᠠᠭᠠᠨ ᠤ ᠳᠤᠮᠳᠠᠳᠤ | ᠤᠯᠤᠰ ᠤᠨ ᠳᠠᠷᠢᠶᠠᠴᠢᠨ ᠤ ᠡᠯᠪᠡᠭ ᠬᠤᠷᠢᠶᠠᠯᠳᠠ ᠶᠢᠨ ᠪᠠᠶᠠᠷ ᠤᠨ ᠪᠦᠲᠦᠭᠡᠭᠳᠡᠭᠦᠨ ᠤ ᠵᠠᠭᠤᠨ ᠬᠦᠴᠦᠷᠭᠡ ᠤᠨ | ᠨᠡᠷᠡᠰ ᠲᠤ ᠤᠷᠤᠵᠤ᠂ ︽ᠳᠤᠮᠳᠠᠳᠤ ᠤᠯᠤᠰ ᠤᠨ ᠤᠨᠴᠠᠯᠢᠭᠳᠤ ᠳᠠᠷᠢᠶᠠᠯᠠᠩ ᠤᠨ ᠭᠠᠷᠤᠯᠳᠠ ᠶᠢᠨ ᠳᠠᠪᠠᠭᠤᠯᠢᠭ | ᠤᠷᠤᠨ︾ ᠳᠤ ᠰᠤᠩᠭᠤᠭᠳᠠᠪᠠ᠃ ᠨᠤᠬᠠᠢ ᠶᠢᠨ ᠬᠤᠰᠢᠭᠤ ᠶᠢᠨ ᠳᠠᠷᠢᠮᠡᠯ ᠤᠨ ᠳᠠᠯᠠᠪᠠᠢ 100 ᠲᠦᠮᠡᠨ ᠮᠤ᠋ ᠪᠤᠯᠵᠤ | ᠨᠡᠮᠡᠭᠳᠡᠵᠤ᠂ ︽ᠳᠤᠮᠳᠠᠳᠤ ᠤᠯᠤᠰ ᠤᠨ ᠨᠤᠬᠠᠢ ᠶᠢᠨ ᠬᠤᠰᠢᠭᠤ ᠶᠢᠨ ᠲᠦᠪ︾ ᠢᠶᠠᠷ ᠨᠡᠷᠡᠶᠢᠳᠦᠭᠳᠡᠪᠡ᠃ ᠤᠰᠤ | ᠠᠷᠪᠢᠯᠠᠬᠤ ᠳᠠᠷᠢᠶᠠᠯᠠᠩ ᠢ ᠶᠡᠬᠡᠪᠡᠷ ᠬᠦᠭᠵᠢᠬᠦᠯᠵᠤ᠂ ᠰᠦᠷᠴᠢᠨ ᠤᠰᠤᠯᠠᠬᠤ ᠴᠠᠭᠠᠷᠢᠭ ᠶᠢ 16 ᠲᠦᠮᠡᠨ ᠮᠤ᠋ | ᠰᠢᠨᠡᠳᠬᠡᠨ ᠦᠬᠡᠷᠡᠴᠢᠯᠡᠪᠡ᠃ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠬᠦᠯᠬᠦ ᠮᠠᠯᠵᠢᠯ ᠤᠨ ᠳᠠᠯᠠᠪᠠᠢ ᠶᠢ 39 | ᠪᠠᠶᠢᠭᠤᠯᠵᠤ᠂ ᠮᠢᠬᠠᠨ ᠤ ᠲᠦᠷᠦᠯ ᠤᠨ ᠭᠠᠷᠤᠯᠳᠠ 28 ᠲᠦᠮᠡᠨ ᠲᠤᠨ ᠳᠤ ᠬᠦᠷᠪᠡ᠃ ᠳᠠᠷᠢᠶᠠᠯᠠᠩ ᠤᠨ ᠭᠠᠷᠤᠯᠳᠠ | ᠮᠠᠯ ᠤᠨ ᠠᠰᠢᠭ ᠰᠢᠮ᠎ᠡ ᠶᠢ ᠡᠳ᠋ᠰᠢᠬᠦᠯᠦᠨ ᠤᠯᠠᠷᠢᠭᠤᠯᠬᠤ ᠨᠤᠷᠮ᠎ᠡ 59% ᠪᠠᠶᠢᠭᠰᠠᠨ ᠠᠴᠠ ᠪᠠᠨ 62% ᠪᠤᠯᠵᠤ | ᠳᠡᠭᠡᠭᠰᠢᠯᠡᠪᠡ᠃ ︽ᠭᠤᠷᠪᠠᠨ ᠳᠠᠸᠠᠷ ᠨᠢᠬᠡ ᠳᠡᠮᠳᠡᠭ︾ ᠪᠠᠷ ᠮᠡᠳᠡᠷᠡᠨ ᠬᠡᠷᠡᠴᠢᠯᠡᠭᠳᠡᠭᠰᠡᠨ ᠪᠦᠲᠦᠭᠡᠭᠳᠡᠬᠦᠨ 243 ᠳᠤ | ᠬᠦᠷᠴᠦ᠂ ᠤᠯᠤᠰ ᠤᠨ ᠭᠠᠵᠠᠷ ᠤᠨ ᠢᠯᠡᠷᠭᠡᠶᠢᠯᠡᠯ ᠢᠶᠠᠷ ᠮᠡᠳᠡᠷᠡᠨ ᠬᠡᠷᠡᠴᠢᠯᠡᠭᠳᠡᠭᠰᠡᠨ ᠪᠦᠲᠦᠭᠡᠭᠳᠡᠬᠦᠨ ᠪᠤᠯᠤᠨ | ᠬᠡᠷᠡᠴᠢᠯᠡᠭᠳᠡᠭᠰᠡᠨ ᠳᠠᠸᠠᠷ ᠤᠨ ᠱᠣᠰᠢᠭ᠎ᠠ ᠳᠤᠰᠪᠤᠷᠢ 9 ᠪᠠ 14 ᠳᠤ ᠬᠦᠷᠪᠡ᠃ | ᠭᠤᠷᠪᠠᠨ ᠳᠤᠮᠤ ᠪᠤᠭᠤᠮᠳᠠ ᠰᠢᠪᠳᠤᠯᠬᠤ ᠳᠠᠶᠢᠯᠠᠯᠳᠤᠭᠠᠨ ᠳᠤ ᠰᠢᠨ᠎ᠡ ᠬᠢᠷᠢ ᠪᠦᠲᠦᠮᠵᠢ ᠤᠯᠪᠠ᠃ ᠬᠦᠨᠳᠦ | ᠶᠡᠭᠡ ᠬᠡᠨᠡᠨ ᠲᠦᠭᠰᠢᠬᠦᠷᠢ ᠶᠢ ᠰᠡᠷᠬᠡᠶᠢᠯᠡᠨ ᠨᠠᠮᠳᠠᠭᠠᠬᠤ ᠡᠬᠢᠨ ᠤ ᠳᠠᠶᠢᠯᠠᠯᠳᠤᠭᠠᠨ ᠳᠠᠭᠠᠨ ᠢᠯᠠᠯᠳᠠ ᠤᠯᠵᠡᠢ᠃ ᠡᠳ᠋ | ᠤᠨ ᠵᠠᠰᠠᠭ ᠤᠨ ᠲᠦᠰᠦᠪ ᠢ ᠳᠤᠬᠢᠷᠠᠭᠤᠯᠬᠤ᠂ ᠡᠩ ᠤᠨ ᠴᠢᠨᠠᠷᠳᠠᠢ ᠵᠠᠷᠤᠯᠭ᠎ᠠ ᠶᠢ ᠪᠠᠭᠠᠰᠬᠠᠬᠤ᠂ ᠨᠦᠬᠡᠴᠡ ᠡᠳ᠋ | ᠬᠦᠷᠦᠩᠭᠡ ᠶᠢ ᠡᠷᠬᠢᠯᠳᠡ ᠳᠤ ᠤᠷᠤᠭᠤᠯᠬᠤ ᠵᠡᠷᠬᠡ ᠤᠯᠠᠨ ᠵᠦᠢᠯ ᠤᠨ ᠠᠷᠭ᠎ᠠ ᠪᠠᠷᠢᠯ ᠠᠪᠴᠦ ᠵᠠᠰᠠᠭ ᠤᠨ ᠤᠷᠳᠤᠨ | ᠤ ᠡᠯ᠎ᠡ ᠵᠦᠢᠯ ᠤᠨ ᠦᠷᠢ ᠦᠭᠴᠡᠭᠡ ᠶᠢ ᠲᠦᠷᠦᠯ ᠬᠤᠪᠢᠶᠠᠨ ᠰᠢᠢᠳᠪᠦᠷᠢᠯᠡᠵᠤ᠂ ᠵᠢᠯ ᠤᠨ ᠦᠷᠢ ᠦᠭᠴᠡᠭᠡ ᠶᠢ | ᠠᠷᠢᠯᠭᠠᠬᠤ ᠡᠬᠦᠷᠬᠡ ᠶᠢᠨ 101.9% ᠶᠢ ᠪᠡᠶᠡᠯᠡᠬᠦᠯᠵᠤ᠂ ︽ᠠᠷᠪᠠ ᠶᠢ ᠦᠪᠴᠢ ᠪᠦᠷᠬᠦᠬᠦᠯᠬᠦ︾ ᠲᠦᠷᠦᠯ ᠵᠦᠢᠯ | ᠤᠨ ᠦᠷᠢᠳᠦᠭᠰᠡᠨ ᠪᠠᠷᠢᠯᠭ᠎ᠠ ᠶᠢᠨ ᠵᠤᠭᠤᠰ ᠢ ᠨᠢᠬᠡᠨᠳᠡ ᠪᠦᠬᠦᠨ ᠢ ᠲᠦᠯᠦᠵᠤ ᠳᠠᠭᠤᠰᠬᠠᠵᠤ᠂ ᠴᠠᠯᠢᠩ ᠦᠷᠢᠳᠦᠬᠦ | ᠠᠰᠠᠭᠤᠳᠠᠯ ᠪᠦᠲᠦᠮᠵᠢᠳᠡᠢ ᠰᠢᠢᠳᠪᠦᠷᠢᠯᠡᠭᠳᠡᠪᠡ᠃ ᠵᠠᠰᠠᠭ ᠤᠨ ᠤᠷᠳᠤᠨ ᠤ ᠨᠢᠬᠡ ᠪᠦᠯᠦᠭ ᠪᠡᠯᠡ ᠤᠷᠤᠭᠤᠯᠤᠯᠳᠠ | ᠶᠢᠨ ᠲᠦᠷᠦᠯ ᠵᠦᠢᠯ ᠢ ᠵᠤᠭᠰᠤᠭᠠᠵᠤ᠂ ᠬᠤᠶᠢᠰᠢᠯᠠᠭᠤᠯᠤᠭᠰᠠᠨ ᠪᠠ ᠪᠠᠭᠠᠰᠬᠠᠵᠤ᠂ ᠪᠦᠬᠦ ᠵᠢᠯ ᠳᠤ ᠳᠠᠯᠳᠠ ᠴᠢᠨᠠᠷ | ᠪᠦᠬᠦᠢ ᠦᠷᠢ ᠰᠢᠷᠢ ᠶᠢᠨ ᠰᠢᠨ᠎ᠡ ᠨᠡᠮᠡᠭᠳᠡᠯ ᠢᠯᠡᠷᠡᠭᠰᠡᠨ ᠦᠬᠡᠢ᠃ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ | ᠤᠷᠳᠤᠨ ᠳᠤᠯᠤᠭᠠᠶᠢᠯᠠᠨ ︽ᠨᠠᠷᠢᠯᠠᠵᠤ ᠠᠮᠢᠳᠤᠷᠠᠬᠤ︾ ᠦᠵᠡᠯ ᠰᠠᠨᠠᠭ᠎ᠠ ᠶᠢ ᠪᠤᠢ ᠪᠤᠯᠭᠠᠵᠤ᠂ ᠬᠤᠳᠠ ᠶᠢᠨ ᠳᠤᠰ | ᠱᠠᠲᠤᠨ ᠤ ︽ᠭᠤᠷᠪᠠᠨ ᠠᠯᠪᠠᠨ︾ ᠵᠠᠷᠤᠳᠠᠯ ᠢ 367 ᠲᠦᠮᠡᠨ ᠳᠦᠬᠦᠷᠢᠭ ᠪᠠᠭᠠᠰᠬᠠᠪᠠ᠃ ᠬᠠᠤᠯᠢ ᠪᠤᠰᠤ ᠪᠠᠷ | ᠪᠡᠯᠡ ᠴᠤᠭᠯᠠᠭᠤᠯᠬᠤ᠂ ᠮᠦᠩᠬᠦᠨ ᠬᠦᠢᠯᠬᠡᠬᠡ ᠪᠠᠷ ᠮᠡᠬᠡᠯᠡᠬᠦ ᠵᠡᠷᠬᠡ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠳᠤ | ᠬᠦᠨᠳᠦ ᠴᠤᠬᠢᠯᠳᠡ ᠦᠭᠴᠦ᠂ ᠡᠷᠡᠬᠦᠯ ᠪᠤᠰᠤ ᠵᠢᠬᠡᠯᠡᠯᠬᠡ ᠶᠢᠨ ᠮᠦᠩᠬᠦ ᠨᠡᠶᠢᠳᠡ18.28 ᠳ᠋ᠦᠩᠰᠢᠭᠤᠷ ᠳᠦᠬᠦᠷᠢᠭ | ᠴᠡᠪᠡᠷᠯᠡᠨ ᠬᠤᠷᠢᠶᠠᠮᠵᠢᠯᠠᠵᠤ ᠰᠢᠢᠳᠪᠦᠷᠢᠯᠡᠪᠡ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤ | ᠰᠢᠢᠳᠪᠦᠷᠢᠳᠦ ᠴᠢᠨᠠᠷ ᠪᠦᠬᠦᠢ ᠠᠬᠢᠴᠠ ᠲᠠᠢ ᠪᠤᠯᠪᠠ᠃ ᠡᠯ᠎ᠡ ᠱᠠᠲᠤᠨ ᠤ ᠡᠳ᠋ ᠤᠨ ᠵᠠᠰᠠᠭ ᠶᠠᠳᠠᠭᠤ ᠶᠢ ᠳᠡᠳᠬᠦᠬᠦ | ᠳᠤᠰᠬᠠᠢ ᠪᠡᠯᠡ ᠮᠦᠩᠬᠦ ᠨᠡᠶᠢᠳᠡ 44.4 ᠳ᠋ᠦᠩᠰᠢᠭᠤᠷ ᠳᠦᠬᠦᠷᠢᠭ ᠤᠷᠤᠭᠤᠯᠵᠤ᠂ 70.6% ᠪᠠᠷ ᠨᠡᠮᠡᠭᠳᠡᠵᠡᠢ᠃ | 5.9 ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ ᠳᠤᠭᠳᠠᠭᠤᠨ ᠢᠶᠠᠷ ᠶᠠᠳᠠᠭᠤ ᠠᠴᠠ ᠠᠩᠬᠢᠵᠢᠷᠠᠵᠤ᠂ ᠶᠠᠳᠠᠭᠤ | ᠬᠦᠴᠢᠷᠳᠡᠯ ᠡᠬᠦᠰᠬᠦ ᠨᠤᠷᠮ᠎ᠡ 1.79% ᠪᠤᠯᠳᠠᠯ᠎ᠠ ᠳᠤᠷᠤᠭᠰᠢᠯᠠᠵᠤ᠂ ᠹᠧᠩᠵᠧᠨ ᠬᠤᠳᠠ ᠶᠠᠳᠠᠭᠤ ᠠᠴᠠ | ᠠᠩᠬᠢᠵᠢᠷᠠᠨ ︽ᠮᠠᠯᠠᠭᠠᠢ ᠪᠠᠨ ᠬᠠᠶᠠᠵᠤ︾᠂ ᠯᠢᠶᠠᠩᠴᠧᠩ ᠰᠢᠶᠠᠨ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤ | ᠤᠬᠤᠷᠢᠨ ᠭᠠᠷᠬᠤ ᠪᠠᠷᠢᠮᠵᠢᠶᠠᠨ ᠳᠤ ᠬᠦᠷᠪᠡ᠃ ᠶᠠᠳᠠᠭᠤ ᠠᠴᠠ ᠠᠩᠬᠢᠵᠢᠷᠠᠭᠤᠯᠬᠤ ᠦᠢᠯᠡᠳᠪᠦᠷᠢ ᠶᠢᠨ ᠳᠠᠰᠤᠭ 70 | ᠶᠢ ᠪᠠᠶᠢᠭᠤᠯᠵᠤ᠂ 16.6 ᠲᠦᠮᠡᠨ ᠺᠢᠯᠤᠸᠠᠲ ᠶᠢᠨ ᠲᠦᠪᠯᠡᠷᠡᠩᠬᠦᠢ ᠮᠠᠶ᠋ᠢᠭ ᠤᠨ ᠨᠠᠷᠠᠨ ᠤ ᠡᠨᠧᠷᠬᠢ ᠪᠠᠷ ᠶᠠᠳᠠᠭᠤ ᠶᠢ | ᠳᠡᠳᠬᠦᠬᠦ ᠴᠠᠬᠢᠯᠭᠠᠨ ᠦᠷᠳᠡᠭᠡ ᠳᠤᠤᠷ ᠲᠤ ᠨᠡᠶᠢᠯᠡᠵᠤ ᠴᠠᠬᠢᠯᠭᠠᠨ ᠭᠠᠷᠭᠠᠵᠤ᠂ 1321 ᠭᠠᠴᠠᠭ᠎ᠠ ᠳᠤᠰᠬᠤᠨ ᠳᠤ | ᠬᠠᠮᠳᠤ ᠶᠢᠨ ᠠᠵᠤ ᠠᠬᠤᠢ ᠶᠢᠨ ᠤᠷᠤᠯᠭ᠎ᠠ ᠲᠠᠢ ᠪᠤᠯᠵᠤ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠪᠠᠷ 11.2 | ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ ᠳᠤ ᠠᠰᠢᠭ ᠬᠦᠷᠳᠡᠬᠡᠪᠡ᠃ ᠤᠨᠳᠤᠤ ᠭᠠᠵᠠᠷ ᠲᠤ ᠨᠡᠬᠦᠯᠬᠡᠨ | ᠰᠢᠯᠵᠢᠬᠦᠯᠵᠤ ᠲᠦᠪᠬᠢᠨᠡᠬᠦᠯᠬᠦ ᠬᠡᠷ 1.63 ᠲᠦᠮᠡᠨ ᠢᠵᠢ ᠪᠦᠲᠦᠭᠡᠨ ᠪᠠᠶᠢᠭᠤᠯᠵᠤ᠂ 5.82 ᠲᠦᠮᠡᠨ ᠡᠷᠦᠬᠡ ᠶᠢᠨ | ᠠᠶᠦᠯᠳᠡᠢ ᠬᠡᠷ ᠪᠠᠶᠢᠰᠢᠩ ᠢ ᠰᠢᠨᠡᠳᠬᠡᠨ ᠦᠬᠡᠷᠡᠴᠢᠯᠡᠪᠡ᠃ ᠪᠡᠬᠡᠵᠢᠩ ᠦᠪᠦᠷ ᠮᠤᠩᠭᠤᠯ ᠤᠨ ᠬᠤᠭᠤᠷᠤᠨᠳᠤᠬᠢ | ᠶᠠᠳᠠᠭᠤ ᠶᠢ ᠳᠡᠳᠬᠦᠬᠦ ᠬᠠᠮᠵᠢᠯᠴᠠᠭ᠎ᠠ ᠬᠦᠨᠵᠡᠬᠡᠶᠢᠷᠡᠵᠤ᠂ 56 ᠺᠠᠳ᠋ᠷ ᠢ ᠬᠠᠷᠢᠯᠴᠠᠨ ᠳᠤᠮᠢᠯᠠᠵᠤ ᠳᠤᠰᠢᠶᠠᠯ ᠲᠦᠷ | ᠡᠬᠦᠷᠬᠡᠯᠡᠬᠦᠯᠵᠤ᠂ ᠳᠤᠰᠠᠯᠠᠮᠵᠢ ᠶᠢᠨ ᠮᠦᠩᠬᠦ 3.2 ᠳ᠋ᠦᠩᠰᠢᠭᠤᠷ ᠳᠦᠬᠦᠷᠢᠭ ᠨᠠᠶᠢᠳᠠᠪᠤᠷᠢᠵᠢᠭᠤᠯᠵᠤ᠂ ᠳ᠋ᠠ ᠪᠸᠢ | ᠨᠦᠩ ᠵᠡᠷᠬᠡ ᠠᠵᠤ ᠦᠢᠯᠡᠰ ᠤᠨ ᠲᠦᠷᠦᠯ ᠵᠦᠢᠯ 32 ᠤᠷᠤᠭᠤᠯᠵᠤ᠂ ᠪᠡᠯᠡ ᠤᠷᠤᠭᠤᠯᠤᠯᠳᠠ 20 ᠳ᠋ᠦᠩᠰᠢᠭᠤᠷ | ᠳᠦᠬᠦᠷᠢᠭ ᠪᠡᠶᠡᠯᠡᠬᠦᠯᠪᠡ᠃ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠨ ᠬᠠᠮᠢᠶᠠᠷᠤᠯᠳᠠ ᠶᠢᠨ ᠵᠦᠪᠯᠡᠯ | ᠵᠡᠷᠬᠡ ᠲᠦᠪ ᠤᠨ 7 ᠰᠢᠭᠤᠳ ᠬᠠᠷᠢᠶ᠎ᠠ ᠨᠢᠬᠡᠴᠢ᠂ ᠦᠪᠡᠷᠳᠡᠭᠡᠨ ᠵᠠᠰᠠᠬᠤ ᠤᠷᠤᠨ ᠤ ᠮᠦᠩᠬᠦᠨ ᠬᠦᠢᠯᠭᠡᠭᠡᠨ ᠤ | ᠠᠯᠪᠠᠨ ᠭᠡᠷ ᠵᠡᠷᠭᠡ 64 ᠤᠷᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠴᠡᠭ ᠳᠤᠭᠳᠠᠭᠠᠨ ᠬᠠᠪᠰᠤᠷᠤᠨ | ᠳᠡᠳᠬᠦᠭᠰᠡᠨ ᠦᠷ᠎ᠡ ᠪᠦᠲᠦᠭᠡᠮᠵᠢ ᠢᠯᠡᠷᠬᠡᠢ ᠪᠤᠯᠪᠠ᠃ ᠡᠮ ᠡᠮᠨᠡᠯᠬᠡ ᠪᠠᠷ ᠶᠠᠳᠠᠭᠤ ᠶᠢ ᠳᠡᠳᠬᠦᠬᠦ ᠲᠦᠷᠦ ᠶᠢᠨ | ᠪᠤᠳᠤᠯᠭ᠎ᠠ ᠶᠢ ᠴᠢᠨᠠᠭᠰᠢᠳᠡ ᠪᠦᠷᠢᠨᠰᠢᠬᠦᠯᠵᠤ᠂ ᠶᠠᠳᠠᠭᠤ ᠬᠦᠴᠢᠷᠳᠡᠯᠳᠡᠢ ᠡᠷᠦᠬᠡ ᠶᠢᠨ ᠬᠦᠨᠳᠦ ᠡᠪᠡᠳᠴᠢᠨ ᠪᠠ | ᠤᠵᠢᠭ ᠡᠪᠡᠳᠴᠢᠨ ᠡᠮᠨᠡᠬᠦᠯᠦᠭᠰᠡᠨ ᠳᠠᠩᠰᠠ ᠠᠴᠠ ᠳᠠᠶᠢᠯᠬᠤ ᠬᠠᠷᠢᠴᠠᠯ 90% ᠳᠤ ᠬᠦᠷᠴᠠᠢ᠃ ᠶᠠᠳᠠᠭᠤ | ᠬᠦᠴᠢᠷᠳᠡᠯᠳᠡᠢ ᠡᠷᠦᠬᠡ ᠶᠢᠨ 1.5 ᠲᠦᠮᠡᠨ ᠰᠤᠷᠤᠭᠴᠢ ᠳᠡᠳᠬᠦᠭᠳᠡᠵᠤ᠂ 9.43 ᠲᠦᠮᠡᠨ ᠶᠠᠳᠠᠭᠤ ᠬᠦᠴᠢᠷᠳᠡᠯᠳᠡᠢ | ᠬᠦᠮᠦᠨ ᠠᠮᠠ ᠶᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠳᠤ ᠤᠷᠤᠭᠤᠯᠵᠡᠢ᠃ ᠪᠤᠬᠢᠷᠳᠤᠯ ᠢ ᠰᠡᠷᠬᠡᠶᠢᠯᠡᠨ | ᠵᠠᠰᠠᠭᠰᠠᠨ ᠦᠷ᠎ᠡ ᠪᠦᠲᠦᠭᠡᠯ ᠢᠯᠡᠷᠬᠡᠢ ᠪᠤᠯᠪᠠ᠃ ᠤᠷᠴᠢᠨ ᠳᠤᠭᠤᠷᠢᠨ ᠤ ᠰᠢᠮᠳᠠᠭᠤᠯᠤᠨ ᠪᠠᠶᠢᠴᠠᠭᠠᠯᠳᠠ ᠪᠠᠷ | ᠢᠯᠡᠷᠡᠬᠦᠯᠦᠭᠰᠡᠨ ᠳᠤᠪᠤᠶᠢᠮ᠎ᠡ ᠠᠰᠠᠭᠤᠳᠠᠯ ᠤᠨ ᠳᠤᠰᠬᠠᠢ ᠴᠡᠭᠴᠡᠯᠡᠨ ᠰᠠᠶᠢᠵᠢᠷᠠᠭᠤᠯᠤᠯᠳᠠ ᠶᠢ ᠬᠦᠨᠵᠡᠬᠡᠢ ᠲᠦᠯᠬᠢᠨ | ᠠᠬᠢᠭᠤᠯᠵᠤ᠂ ᠠᠮᠢ ᠠᠬᠤᠢ ᠶᠢᠨ ᠤᠷᠴᠢᠨ ᠳᠤᠭᠤᠷᠢᠨ ᠤ ᠶᠠᠰᠤ ᠴᠢᠨᠠᠷ ᠦᠷᠬᠦᠯᠵᠢᠯᠡᠨ ᠰᠠᠶᠢᠵᠢᠷᠠᠪᠠ᠃ ︽ᠳᠠᠭ᠎ᠠ | ᠶᠢᠨ ᠨᠠᠭᠤᠷ ᠬᠢᠬᠢᠷᠢ ᠶᠢᠨ ᠨᠠᠭᠤᠷ ᠤᠨ ᠬᠠᠮᠠᠭᠠᠯᠠᠯᠳᠠ ᠶᠢᠨ ᠲᠦᠷᠢᠮ︾ ᠢ ᠨᠡᠶᠢᠳᠡᠯᠡᠨ ᠬᠡᠷᠡᠭᠵᠢᠬᠦᠯᠵᠤ᠂ ︽ᠳᠠᠭ᠎ᠠ | ᠶᠢᠨ ᠨᠠᠭᠤᠷ ᠤᠨ ᠤᠰᠤᠨ ᠤ ᠠᠮᠢ ᠠᠬᠤᠢ ᠶᠢᠨ ᠬᠠᠮᠠᠭᠠᠯᠠᠯᠳᠠ ᠶᠢᠨ ᠲᠦᠯᠦᠪᠵᠢᠬᠦᠯᠬᠡ︾ ᠶᠢ ᠵᠠᠰᠠᠨ ᠨᠠᠶᠢᠷᠠᠭᠤᠯᠤᠨ | ᠪᠠᠷᠠᠭᠠᠪᠠ᠃ ︽ᠬᠤᠶᠠᠷ ᠢ ᠠᠷᠪᠢᠯᠠᠬᠤ ᠬᠤᠶᠠᠷ ᠢ ᠨᠦᠬᠦᠪᠦᠷᠢᠯᠡᠬᠦ ᠬᠤᠶᠠᠷ ᠢ ᠰᠡᠷᠬᠦᠬᠡᠬᠦ︾ ᠶᠡᠷᠦᠩᠭᠡᠶᠢᠯᠠᠨ ᠵᠠᠰᠠᠬᠤ | ᠠᠷᠭ᠎ᠠ ᠪᠠᠷᠢᠯ ᠢ ᠯᠠᠪᠳᠠᠭᠤᠨ ᠪᠠᠳᠤᠳᠠᠢ ᠶᠠᠪᠤᠭᠳᠠᠭᠤᠯᠵᠤ᠂ ᠳᠠᠭ᠎ᠠ ᠶᠢᠨ ᠨᠠᠭᠤᠷ ᠤᠨ ᠴᠠᠬᠢᠯᠭᠠᠨ ᠤ ᠦᠢᠯᠡᠳᠪᠦᠷᠢ ᠶᠢᠨ | ᠨᠠᠭᠤᠷ ᠤᠨ ᠤᠰᠤ ᠶᠢ ᠠᠪᠬᠤ ᠨᠠᠭᠤᠷ ᠤᠨ ᠤᠰᠤᠨ ᠳᠤ ᠳᠠᠳᠠᠷᠠᠭᠤᠯᠬᠤ ᠶᠢ ᠨᠢ ᠦᠨᠢ ᠡᠬᠦᠷᠢᠳᠡ ᠵᠤᠭᠰᠤᠭᠠᠵᠤ᠂ | ᠨᠠᠭᠤᠷ ᠤᠨ ᠭᠠᠳᠠᠷᠭᠤ ᠶᠢᠨ ᠳᠠᠯᠠᠪᠠᠢ ᠶᠢᠨ ᠬᠤᠷᠤᠭᠳᠠᠯ ᠪᠠ ᠤᠰᠤᠨ ᠤ ᠴᠢᠨᠠᠷ ᠤᠨ ᠮᠠᠭᠤᠳᠠᠯ ᠤᠨ ᠬᠠᠨᠳᠤᠰᠢ ᠶᠢ | ᠬᠤᠷᠢᠭᠯᠠᠵᠠᠢ᠃ ᠭᠠᠵᠠᠷ ᠤᠨ ᠭᠠᠳᠠᠷᠭᠤ ᠶᠢᠨ ᠤᠰᠤᠨ ᠤ ᠤᠯᠤᠰ ᠤᠨ ᠡᠵᠡᠮᠰᠢᠯᠳᠦ ᠤᠭᠳᠤᠯᠤᠭᠠᠰᠤ ᠤᠯᠤᠰ ᠤᠨ | ᠬᠢᠨᠠᠨ ᠰᠢᠯᠭᠠᠯᠳᠠ ᠶᠢᠨ ᠱᠠᠭᠠᠷᠳᠠᠯᠭ᠎ᠠ ᠳᠤ ᠬᠦᠷᠴᠦ᠂ ᠶᠡᠭᠡ ᠲᠦᠷᠭᠡᠨ ᠭᠤᠤᠯ ᠤᠨ ᠰᠠᠪᠠ ᠭᠠᠵᠠᠷ ᠲᠤ ᠪᠤᠵᠠᠷ ᠤᠰᠤ | ᠶᠢ ᠳᠡᠭ ᠭᠠᠳᠠᠭᠰᠢᠯᠠᠭᠤᠯᠬᠤ ᠶᠢ ᠪᠡᠶᠡᠯᠡᠬᠦᠯᠵᠤ᠂ ᠪᠠᠶᠢᠭᠤᠯᠤᠨ ᠪᠦᠲᠦᠭᠡᠬᠦ ᠤᠷᠤᠨ ᠤ ᠬᠠᠷ᠎ᠠ ᠪᠤᠵᠠᠷ ᠤᠰᠤ ᠶᠢ | ᠦᠨᠳᠦᠰᠦᠨ ᠳᠡᠭᠡᠨ ᠠᠷᠢᠯᠭᠠᠭᠰᠠᠨ ᠪᠠᠶᠢᠨ᠎ᠠ᠃ ᠠᠭᠤᠷᠬᠠᠢ ᠨᠡᠬᠡᠬᠡᠵᠤ ᠮᠠᠯᠳᠠᠭᠰᠠᠨ ᠠᠭᠤᠯᠠ ᠶᠢ 56.28 ᠳᠡᠭᠰᠢ | ᠳᠦᠷᠪᠡᠯᠵᠢᠨ ᠺᠢᠯᠤᠮᠧᠲᠷ ᠰᠡᠷᠬᠦᠬᠡᠵᠤ ᠵᠠᠰᠠᠵᠤ᠂ ᠪᠤᠶᠢᠨ ᠰᠦᠮ᠎ᠡ ᠶᠢᠨ ᠨᠡᠬᠦᠷᠡᠰᠦᠨ ᠠᠭᠤᠷᠬᠠᠢ ᠶᠢᠨ ᠭᠠᠯ | ᠤᠨᠳᠠᠷᠠᠭᠠᠬᠤ ᠢᠨᠵᠧᠨᠧᠷᠢᠩ ᠠᠮᠵᠢᠯᠳᠠ ᠲᠠᠢ ᠪᠡᠶᠡᠯᠡᠭᠳᠡᠪᠡ᠃ ᠠᠵᠤ ᠦᠢᠯᠡᠳᠪᠦᠷᠢ ᠶᠢᠨ ᠬᠠᠳᠠᠭᠤ ᠪᠡᠶᠡᠳᠦ ᠬᠠᠶᠠᠭᠳᠠᠯ | ᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠠᠭᠠᠵᠢᠮ ᠢᠶᠠᠷ ᠳᠡᠭᠡᠭᠰᠢᠯᠡᠬᠦᠯᠪᠡ᠃ ᠠᠭᠠᠷ ᠤᠨ ᠴᠡᠪᠡᠷᠴᠡ ᠶᠢᠨ | ᠶᠡᠷᠦᠩᠬᠡᠢ ᠦᠨᠡᠯᠡᠯᠳᠡ ᠪᠦᠬᠦᠨ ᠢᠶᠠᠷ ᠢᠶᠠᠨ ᠪᠠᠷᠢᠮᠵᠢᠶ᠎ᠠ ᠳᠤ ᠬᠦᠷᠴᠦ᠂ ᠲᠦᠪ ᠬᠤᠲᠠ ᠶᠢᠨ ᠲᠤᠭᠤᠷᠢᠭ ᠤᠨ | ᠰᠠᠶᠢᠬᠠᠨ ᠡᠳᠦᠷ ᠤᠨ ᠲᠤᠭ᠎ᠠ 310 ᠳᠤ ᠬᠦᠷᠴᠠᠢ᠃ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ | ᠤᠨ ᠳᠤᠭᠳᠠᠭᠠᠯᠳᠠ ᠶᠢ ᠦᠨᠳᠦᠰᠦᠨ ᠳᠡᠭᠡᠨ ᠪᠡᠶᠡᠯᠡᠬᠦᠯᠪᠡ᠃ ᠳᠡᠭᠷᠢ ᠨᠢ ᠬᠦᠬᠡ᠂ ᠭᠠᠵᠠᠷ ᠨᠢ ᠨᠤᠭᠤᠭᠠᠨ᠂ ᠤᠰᠤ | ᠨᠢ ᠳᠤᠩᠭᠠᠯᠠᠭ ᠰᠠᠶᠢᠨ ᠰᠠᠶᠢᠬᠠᠨ ᠠᠮᠢ ᠠᠬᠤᠢ ᠶᠢᠨ ᠤᠷᠴᠢᠨ ᠳᠤᠭᠤᠷᠢᠨ ᠨᠢ ᠤᠯᠠᠭᠠᠨᠴᠠᠪ ᠤᠨ ᠦᠵᠡᠰᠬᠦᠯᠡᠩᠳᠦ | ᠰᠠᠶᠢᠬᠠᠨ ᠳᠡᠪᠢᠰᠬᠡᠷ ᠦᠩᠭᠡ ᠪᠤᠳᠤᠭ ᠪᠤᠯᠪᠠ᠃ | ᠦᠬᠡᠷᠡᠴᠢᠯᠡᠯᠳᠡ ᠨᠡᠬᠡᠬᠡᠯᠳᠡ ᠳᠡᠭᠡᠨ ᠰᠢᠨ᠎ᠡ ᠬᠢᠷᠢ ᠪᠦᠲᠦᠮᠵᠢ ᠤᠯᠪᠠ᠃ ︽ᠭᠤᠷᠪᠠ ᠶᠢ ᠬᠠᠰᠤᠵᠤ ᠨᠢᠬᠡ ᠶᠢ | ᠪᠠᠭᠤᠷᠠᠭᠤᠯᠦᠨ ᠨᠢᠬᠡ ᠶᠢ ᠨᠦᠬᠦᠪᠦᠷᠢᠯᠡᠬᠦ︾ ᠶᠢ ᠬᠦᠨᠵᠡᠬᠡᠢ ᠲᠦᠯᠬᠢᠨ ᠠᠬᠢᠭᠤᠯᠪᠠ᠃ ᠤᠯᠤᠰ ᠤᠨ ᠪᠠᠳᠤᠯᠠᠭᠠᠨ ᠤ | ᠰᠢᠰᠲ᠋ᠧᠮᠵᠢ ᠶᠢᠨ ᠬᠤᠰᠢᠭᠤ ᠰᠢᠶᠠᠨ ᠬᠤᠳᠠ ᠲᠤᠭᠤᠷᠢᠭ ᠳᠠᠬᠢ ᠦᠪᠴᠢ ᠪᠦᠷᠬᠦᠬᠦᠯᠳᠡ ᠶᠢ ᠪᠡᠶᠡᠯᠡᠬᠦᠯᠵᠤ᠂ | ᠭᠤᠤᠯᠳᠠᠯᠭ᠎ᠠ ᠲᠠᠢ ᠲᠦᠷᠦᠯ ᠵᠦᠢᠯ ᠪᠠ ᠠᠵᠤ ᠠᠬᠤᠶᠢᠯᠠᠯ ᠤᠳ ᠢ 67.5 ᠳ᠋ᠦᠩᠰᠢᠭᠤᠷ ᠳᠦᠬᠦᠷᠢᠭ ᠤᠨ ᠵᠢᠬᠡᠯᠡᠯᠬᠡ | ᠪᠠᠷ ᠳᠡᠮᠵᠢᠪᠡ᠃ 60 ᠲᠦᠮᠡᠨ ᠲᠤᠨ ᠪᠤᠯᠤᠳ ᠳᠡᠮᠦᠷ ᠤᠨ ᠦᠢᠯᠡᠳᠪᠦᠷᠢᠯᠡᠬᠦ ᠴᠢᠳᠠᠪᠤᠷᠢ ᠶᠢ ᠬᠠᠯᠠᠨ | ᠰᠠᠶᠢᠵᠢᠷᠠᠭᠤᠯᠪᠠ᠃ ᠳᠠᠸᠠᠷ ᠤᠨ ᠬᠡᠷ ᠪᠠᠶᠢᠰᠢᠩ ᠤᠨ ᠨᠦᠬᠡᠴᠡ ᠶᠢ 28.4% ᠪᠠᠷ ᠪᠠᠭᠤᠷᠠᠭᠤᠯᠪᠠ᠃ ᠰᠤᠯᠠ | ᠪᠠᠶᠢᠬᠤ ᠳᠤᠤᠷ᠎ᠡ ᠠᠰᠢᠭᠯᠠᠮᠵᠢᠳᠤ 5829 ᠮᠤ᠋ ᠠᠵᠤ ᠦᠢᠯᠡᠳᠪᠦᠷᠢ ᠶᠢᠨ ᠬᠡᠷᠡᠭᠯᠡᠬᠡᠨ ᠤ ᠭᠠᠵᠠᠷ ᠢ ᠡᠷᠬᠢᠯᠳᠡ ᠳᠤ | ᠤᠷᠤᠭᠤᠯᠵᠡᠢ᠃ ᠠᠵᠤ ᠠᠬᠤᠶᠢᠯᠠᠯ ᠤᠨ 16.7 ᠳ᠋ᠦᠩᠰᠢᠭᠤᠷ ᠲᠦᠬᠦᠷᠢᠭ ᠤᠨ ᠭᠠᠶᠢᠯᠢ ᠶᠢᠨ ᠵᠠᠷᠤᠳᠠᠯ ᠤᠨ | ᠳᠠᠷᠤᠭᠠᠰᠤ ᠶᠢ ᠨᠢ ᠬᠦᠩᠭᠡᠯᠡᠵᠦ᠂ ᠴᠠᠬᠢᠯᠭᠠᠨ ᠬᠡᠷᠡᠭᠯᠡᠯᠳᠡ ᠶᠢᠨ ᠦᠪᠡᠷ ᠤᠨ ᠦᠷᠳᠡᠭ ᠢ ᠨᠢ 12 ᠳ᠋ᠦᠩᠰᠢᠭᠤᠷ | ᠳᠦᠬᠦᠷᠢᠭ ᠪᠠᠭᠤᠷᠠᠭᠤᠯᠵᠡᠢ᠃ ︽ᠳᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠦᠷᠬᠦᠯᠵᠢᠯᠡᠨ | ᠬᠦᠨᠵᠡᠬᠡᠶᠢᠷᠡᠬᠦᠯᠪᠡ᠃ ︽ᠤᠯᠠᠨ ᠦᠨᠡᠮᠯᠡᠯ ᠢ ᠨᠢᠭᠡᠳᠭᠡᠬᠦ︾ ︽ᠬᠡᠷᠡᠴᠢ ᠪᠠ ᠦᠨᠡᠮᠯᠡᠯ ᠢ ᠰᠠᠯᠭᠠᠬᠤ︾ | ᠦᠬᠡᠷᠡᠴᠢᠯᠡᠯᠳᠡ ᠶᠢ ᠪᠦᠬᠦ ᠳᠠᠯ᠎ᠠ ᠪᠠᠷ ᠳᠡᠯᠬᠡᠷᠡᠬᠦᠯᠵᠤ᠂ ᠡᠯ᠎ᠡ ᠵᠦᠢᠯ ᠤᠨ ᠬᠡᠷᠡᠴᠢᠯᠡᠯᠳᠡ ᠶᠢᠨ ᠵᠦᠢᠯ 157 ᠶᠢ | ᠪᠠᠭᠠᠰᠬᠠᠪᠠ᠃ ︽ᠨᠢᠬᠡ ᠴᠤᠩᠬᠤ ᠪᠠᠷ ᠭᠠᠳᠠᠭᠰᠢ ᠬᠠᠨᠳᠤᠬᠤ᠂ ᠨᠢᠬᠡ ᠦᠷᠳᠡᠭᠡ ᠮᠠᠶ᠋ᠢᠭ ᠢᠶᠠᠷ ᠬᠢᠨᠠᠨ ᠵᠦᠪᠰᠢᠶᠡᠷᠡᠬᠦ︾ | ᠪᠤᠯᠤᠨ ︽ᠬᠠᠮᠤᠭ ᠠᠷᠪᠢᠨ ᠳᠠᠭᠠᠨ ᠨᠢᠬᠡ ᠤᠳᠠᠭ᠎ᠠ ᠬᠦᠶᠦᠬᠦ︾ ᠶᠢ ᠳᠡᠯᠬᠡᠷᠡᠬᠦᠯᠵᠤ᠂ ᠠᠵᠤ ᠠᠬᠤᠶᠢᠯᠠᠯ ᠢ ᠨᠡᠬᠡᠬᠡᠨ | ᠡᠷᠬᠢᠯᠡᠬᠦ ᠴᠠᠭ ᠢ 5 ᠠᠵᠢᠯᠯᠠᠬᠤ ᠡᠳᠦᠷ ᠤᠨ ᠳᠤᠳᠤᠷ᠎ᠡ ᠪᠤᠭᠤᠨᠢᠰᠬᠠᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠢ | ᠴᠠᠭ ᠲᠠᠭᠠᠨ ᠬᠦᠢᠴᠡᠳᠬᠡᠵᠤ ᠳᠠᠭᠤᠰᠬᠠᠬᠤ ᠨᠤᠷᠮ᠎ᠡ 100% ᠳᠤ ᠬᠦᠷᠴᠠᠢ᠃ ︽ᠢᠨᠲ᠋ᠧᠷ ᠰᠦᠯᠵᠢᠶ᠎ᠡ + ᠵᠠᠰᠠᠭ | ᠤᠨ ᠶᠠᠪᠤᠳᠠᠯ ᠤᠨ ᠦᠢᠯᠡᠴᠢᠯᠡᠭᠡ︾ ᠶᠢᠨ ᠳᠡᠪᠴᠡᠩ ᠢ ᠳᠤᠷᠰᠢᠨ ᠬᠡᠷᠡᠭᠯᠡᠵᠦ᠂ ︽ᠦ᠋ ᠯᠢ ᠵᠢᠢ︾ ᠵᠠᠰᠠᠭ ᠤᠨ | ᠶᠠᠪᠤᠳᠠᠯ ᠤᠨ ᠬᠤᠷᠤᠭᠤᠨ ᠦᠵᠦᠬᠦᠷ ᠤᠨ ᠵᠢᠵᠢᠭ ᠫᠷᠤᠭ᠍ᠷᠠᠮ ᠢ ᠨᠡᠬᠡᠬᠡᠨ ᠬᠦᠭᠵᠢᠬᠦᠯᠵᠦ᠂ ︽ᠳᠠᠪᠤᠨ ᠨᠢᠬᠡ︾ | ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢᠨ ᠬᠢᠨᠠᠨ ᠵᠦᠪᠰᠢᠶᠡᠷᠡᠯ ᠤᠨ ᠰᠢᠰᠲ᠋ᠧᠮᠵᠢ ᠠᠭᠠᠵᠢᠮ ᠢᠶᠠᠷ | ᠪᠦᠷᠢᠨᠰᠢᠵᠦ᠂ ︽ᠨᠢᠬᠡ ᠰᠦᠯᠵᠢᠶ᠎ᠡ ᠪᠠᠷ ᠨᠡᠪᠳᠡᠷᠡᠬᠦᠯᠦᠨ ᠬᠦᠢᠴᠡᠳᠬᠡᠬᠦ︾ ᠳᠤ ᠰᠢᠨ᠎ᠡ ᠠᠬᠢᠴᠠ ᠲᠠᠢ ᠪᠤᠯᠵᠠᠢ᠃ ︽ | ᠠᠯᠪᠠ ᠪᠠᠷᠢᠬᠤ ᠵᠠᠭᠤᠴᠢ︾ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠬᠦᠨᠵᠡᠬᠡᠢ ᠬᠢᠵᠤ᠂ ︽ᠬᠤᠤᠰ ᠳᠠᠰᠢᠷᠠᠮ ᠨᠢᠬᠡ | ᠶᠢ ᠢᠯᠡ ᠪᠤᠯᠭᠠᠬᠤ︾ ᠬᠢᠨᠠᠨ ᠬᠠᠮᠢᠶᠠᠷᠤᠯᠳᠠ ᠶᠢ ᠴᠢᠩᠭᠠᠳᠬᠠᠪᠠ᠃ ᠵᠠᠬ᠎ᠠ ᠳᠡᠯᠬᠡᠬᠦᠷ ᠤᠨ ᠭᠤᠤᠯ ᠴᠤᠭᠴᠠ | ᠠᠵᠢᠯᠯᠠᠬᠤ ᠡᠳᠦᠷ ᠪᠦᠷᠢ 93 ᠡᠷᠦᠭᠡ ᠰᠢᠨ᠎ᠡ ᠪᠠᠷ ᠨᠡᠮᠡᠭᠳᠡᠵᠤ᠂ ᠪᠦᠬᠦ ᠵᠢᠯ ᠳᠤ ᠨᠡᠶᠢᠳᠡ 12 ᠲᠦᠮᠡᠨ ᠡᠷᠦᠭᠡ ᠶᠢ | ᠰᠢᠪᠳᠤᠯᠵᠡᠢ᠃ ᠡᠵᠡᠩᠨᠡᠯᠳᠡ ᠬᠤᠳᠠᠯᠳᠤᠭᠠᠨ ᠤ ᠤᠷᠴᠢᠨ ᠳᠤᠭᠤᠷᠢᠨ ᠤ ᠶᠡᠷᠦᠩᠬᠡᠢ ᠦᠨᠡᠯᠡᠯᠳᠡ ᠪᠦᠬᠦ ᠤᠷᠤᠨ ᠤ | ᠭᠤᠷᠪᠠᠳᠤᠭᠠᠷ ᠲᠤ ᠤᠷᠤᠵᠤ᠂ ︽2018 ᠤᠨ ᠤ ᠳᠤᠮᠳᠠᠳᠤ ᠤᠯᠤᠰ ᠤᠨ ᠬᠠᠮᠤᠭ ᠤᠨ ᠰᠠᠶᠢᠨ ᠢᠯᠡᠷᠡᠯ ᠤᠨ | ᠬᠤᠳᠠ︾ ᠪᠠᠷ ᠦᠨᠡᠯᠡᠭᠳᠡᠪᠡ᠃ ᠳᠠᠷᠢᠶᠠᠯᠠᠬᠤ ᠮᠠᠯᠵᠢᠬᠤ ᠤᠷᠤᠨ ᠤ ᠦᠬᠡᠷᠡᠴᠢᠯᠡᠯᠳᠡ ᠳᠤᠭᠳᠠᠭᠤᠨ ᠢᠶᠠᠷ ᠶᠠᠪᠤᠭᠳᠠᠪᠠ | ᠃ ᠭᠠᠵᠠᠷ ᠰᠢᠷᠤᠢ ᠶᠢᠨ ᠡᠷᠬᠡ ᠶᠢᠨ ᠳᠤᠳᠤᠯᠠᠯᠳᠠ᠂ ︽ᠬᠤᠶᠠᠷ ᠤᠷᠤᠨ︾ ᠤ ᠢᠯᠭᠠᠨ ᠳᠤᠭᠳᠠᠭᠠᠯᠳᠠ᠂ ᠠᠳᠠᠷ | ᠬᠠᠭᠠᠯᠪᠤᠷᠢᠯᠠᠬᠤ ᠦᠬᠡᠷᠡᠴᠢᠯᠡᠯᠳᠡ ᠶᠢ ᠦᠨᠳᠦᠰᠦᠨ ᠳᠡᠭᠡᠨ ᠪᠠᠷᠠᠭᠠᠵᠤ᠂ 1352 ᠭᠠᠴᠠᠭ᠎ᠠ ᠳᠤᠰᠬᠤᠨ ᠡᠳ᠋ | ᠬᠦᠷᠦᠩᠭᠡ ᠶᠢᠨ ᠴᠡᠪᠡᠷᠯᠡᠯᠳᠡ ᠪᠡᠯᠡ ᠮᠦᠩᠬᠦᠨ ᠤ ᠬᠠᠷᠭᠤᠭᠤᠯᠳᠠ ᠪᠦᠬᠦᠨ ᠢ ᠪᠡᠶᠡᠯᠡᠬᠦᠯᠪᠡ᠃ ᠨᠡᠬᠡᠬᠡᠯᠳᠡ ᠬᠢᠵᠤ | ᠬᠠᠮᠳᠤᠷᠠᠯᠴᠠᠭᠰᠠᠨ ᠦᠷ᠎ᠡ ᠪᠦᠲᠦᠭᠡᠯ ᠮᠡᠳᠡᠭᠳᠡᠮ᠎ᠡ ᠪᠤᠯᠪᠠ᠃ ᠪᠡᠬᠡᠵᠢᠩ ᠲᠢᠶᠠᠨᠵᠢᠨ ᠡᠾᠧᠪᠸᠢ ᠶᠢᠨ ᠠᠵᠤ ᠦᠢᠯᠡᠰ | ᠤᠨ ᠰᠢᠯᠵᠢᠬᠦᠯᠦᠯᠳᠡ ᠶᠢ ᠢᠳᠡᠪᠬᠢᠳᠡᠢ ᠳᠤᠰᠴᠦ ᠵᠠᠯᠭᠠᠵᠤ᠂ ᠤᠯᠠᠭᠠᠨᠴᠠᠪ ᠳ᠋ᠠᠲ᠋ᠦ᠋ᠩ ᠴᠢᠭᠤᠯᠤᠯᠳᠤ ᠬᠠᠭᠠᠯᠭ᠎ᠠ ᠶᠢᠨ | ᠤᠷᠤᠨ ᠪᠦᠰᠡ ᠶᠢᠨ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠵᠤ᠂ ᠬᠦᠭᠡ ᠮᠦᠷᠡᠨ ᠤ ᠭᠤᠷᠪᠠᠯᠵᠢᠨ ᠬᠤᠶᠢᠭ᠂ | ᠵᠦᠵᠢᠶᠠᠩ ᠮᠦᠷᠡᠨ ᠤ ᠭᠤᠷᠪᠠᠯᠵᠢᠨ ᠬᠤᠶᠢᠭ ᠵᠡᠷᠬᠡ ᠭᠠᠵᠠᠷ ᠤᠷᠤᠨ ᠲᠠᠢ ᠬᠦᠨᠵᠡᠬᠡᠢ ᠵᠤᠯᠭᠠᠯᠳᠤᠭᠤᠯᠵᠤ᠂ ᠪᠦᠬᠦ ᠵᠢᠯ | ᠳᠤ ᠬᠤᠳᠠᠯᠳᠤᠭᠠᠴᠢᠨ ᠤᠷᠢᠵᠤ ᠪᠡᠯᠡ ᠳᠠᠳᠠᠭᠰᠠᠨ ᠲᠦᠷᠦᠯ ᠵᠦᠢᠯ 190 ᠶᠢ ᠶᠠᠪᠤᠭᠳᠠᠭᠤᠯᠵᠤ᠂ ᠪᠡᠯᠡ | ᠤᠷᠤᠭᠤᠯᠤᠯᠳᠠ 178 ᠳ᠋ᠦᠩᠰᠢᠭᠤᠷ ᠳᠦᠬᠦᠷᠢᠭ ᠪᠡᠶᠡᠯᠡᠬᠦᠯᠵᠡᠢ᠃ ᠭᠠᠳᠠᠭᠠᠳᠤ ᠠᠵᠤ ᠠᠬᠤᠢ ᠠᠷᠠᠯᠵᠢᠶᠠᠨ ᠤ | ᠲᠦᠷᠭᠡᠨ ᠬᠦᠭᠵᠢᠯᠳᠡ ᠶᠢ ᠠᠬᠢᠭᠤᠯᠬᠤ ᠳᠡᠮᠵᠢᠯᠬᠡ ᠶᠢᠨ ᠲᠦᠷᠦ ᠶᠢᠨ ᠪᠤᠳᠤᠯᠭ᠎ᠠ ᠭᠠᠷᠭᠠᠵᠤ᠂ ᠤᠯᠠᠭᠠᠨᠬᠦᠳᠡ᠂ | ᠤᠯᠠᠭᠠᠨᠪᠠᠭᠠᠳᠤᠷ ᠲᠠᠢ ᠬᠠᠮᠳᠤᠷᠠᠯᠴᠠᠭᠠᠨ ᠤ ᠵᠦᠪᠯᠡᠯᠴᠡᠬᠡᠷ ᠳᠤᠭᠳᠠᠵᠤ᠂ ᠳᠤᠮᠳᠠᠳᠤ ᠮᠤᠩᠭᠤᠯ ᠤᠷᠤᠰ ᠤᠨ | ᠤᠨᠴᠠᠯᠢᠭᠳᠤ ᠳᠠᠸᠠᠷ ᠤᠨ ᠦᠵᠡᠰᠬᠦᠯᠡᠩ ᠢ ᠠᠮᠵᠢᠯᠳᠡ ᠲᠠᠢ ᠡᠷᠬᠢᠯᠡᠪᠡ᠃ ᠪᠦᠬᠦ ᠬᠤᠳᠠ ᠶᠢᠨ ᠭᠠᠳᠠᠭᠠᠳᠤ | ᠠᠷᠠᠯᠵᠢᠶᠠᠨ ᠤ ᠤᠷᠤᠭᠤᠯᠤᠯᠳᠠ ᠭᠠᠷᠭᠠᠯᠳᠠ ᠶᠢᠨ ᠪᠦᠬᠦ ᠳᠤᠭ᠎ᠠ 11.8 ᠳ᠋ᠦᠩᠰᠢᠭᠤᠷ ᠳᠦᠬᠦᠷᠢᠭ ᠪᠠᠶᠢᠵᠤ᠂ ︽ | ᠳᠤᠮᠳᠠᠳᠤ ᠤᠯᠤᠰ ᠤᠨ ᠭᠠᠳᠠᠭᠠᠳᠤ ᠠᠷᠠᠯᠵᠢᠶᠠᠨ ᠤ ᠵᠠᠭᠤᠨ ᠬᠦᠴᠦᠷᠬᠡᠭ ᠬᠤᠳᠠ︾ ᠪᠠᠷ ᠦᠨᠡᠯᠡᠭᠳᠡᠪᠡ᠃ | ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠰᠢᠨ᠎ᠡ ᠪᠠᠶᠢᠳᠠᠯ ᠲᠠᠢ ᠪᠤᠯᠪᠠ᠃ ︽ᠬᠤᠳᠠ ᠶᠢ | ᠴᠤᠭᠴᠠᠯᠠᠬᠤ︾ ᠶᠢ ᠬᠦᠨᠵᠡᠬᠡᠶᠢᠷᠡᠬᠦᠯᠦᠨ ᠶᠠᠪᠤᠭᠳᠠᠭᠤᠯᠵᠤ᠂ ᠤᠯᠤᠰ ᠤᠨ ᠢᠳᠡᠬᠡᠨ ᠤ ᠠᠮᠤᠷ ᠲᠦᠪᠰᠢᠨ ᠤ ᠵᠢᠱᠢᠶ᠎ᠡ | ᠦᠵᠡᠬᠦᠯᠬᠦ ᠬᠤᠳᠠ ᠶᠢᠨ ᠡᠬᠦᠳᠦᠨ ᠴᠤᠭᠴᠠᠯᠠᠯᠳᠠ ᠪᠦᠬᠦ ᠳᠠᠯ᠎ᠠ ᠪᠠᠷ ᠰᠢᠯᠭᠠᠨ ᠬᠤᠷᠢᠶᠠᠬᠤ ᠱᠠᠲᠤᠨ ᠳᠤ ᠤᠷᠤᠵᠤ᠂ | ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤ ᠦᠪᠡᠷᠳᠡᠬᠡᠨ ᠵᠠᠰᠠᠬᠤ ᠤᠷᠤᠨ ᠤ ᠴᠡᠴᠡᠷᠯᠢᠭᠳᠦ ᠰᠢᠶᠠᠨ ᠤ ᠬᠤᠳᠠ | ᠪᠠᠷ ᠦᠨᠡᠯᠡᠭᠳᠡᠪᠡ᠃ ᠤᠨᠴᠠᠯᠢᠭᠳᠤ ᠵᠢᠵᠢᠭ ᠪᠠᠯᠭᠠᠰᠤ᠂ ᠬᠦᠷᠢᠶᠡᠯᠡᠩ ᠳᠤᠭᠤᠷᠢᠭ ᠤᠨ ᠪᠦᠲᠦᠭᠡᠨ ᠪᠠᠶᠢᠭᠤᠯᠤᠯᠳᠠ | ᠵᠡᠷᠬᠡ ᠳᠤᠰᠬᠠᠢ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠵᠤ᠂ ᠬᠤᠳᠠ ᠶᠢᠨ ᠵᠢᠷᠤᠭ ᠲᠦᠯᠦᠪᠯᠡᠭᠡ ᠪᠤᠯᠤᠨ | ᠲᠦᠯᠦᠪᠵᠢᠬᠦᠯᠬᠡ ᠶᠢᠨ ᠡᠵᠡᠮᠰᠢᠯ ᠤᠨ ᠪᠦᠷᠬᠦᠯᠳᠡ ᠶᠢᠨ ᠨᠤᠷᠮ᠎ᠡ 80% ᠠᠴᠠ ᠳᠡᠭᠡᠭᠰᠢ ᠳᠤ ᠬᠦᠷᠴᠦ᠂ ᠬᠦᠮᠦᠨ | ᠳᠤᠮᠳᠠᠴᠢ ᠶᠢᠨ ᠵᠠᠮ ᠤᠨ ᠳᠠᠯᠠᠪᠠᠢ᠂ ᠪᠤᠵᠠᠷ ᠤᠰᠤᠨ ᠤ ᠰᠢᠢᠳᠪᠦᠷᠢᠯᠡᠯᠳᠡ ᠶᠢᠨ ᠨᠤᠷᠮ᠎ᠠ ᠵᠡᠷᠬᠡ ᠬᠦᠢᠴᠡᠳᠬᠡᠯ ᠳᠤᠭ᠎ᠠ | ᠦᠪᠡᠷᠳᠡᠬᠡᠨ ᠵᠠᠰᠠᠬᠤ ᠤᠷᠤᠨ ᠤ ᠳᠡᠷᠢᠬᠦᠨ ᠳᠤ ᠤᠷᠤᠪᠠ᠃ ᠪᠦᠷᠬᠡ ᠬᠡᠷ ᠤᠨ ᠳᠤᠭᠤᠷᠢᠭ ᠤᠨ 2.9 ᠲᠦᠮᠡᠨ ᠢᠵᠢ | ᠬᠡᠷ ᠢ ᠰᠢᠨᠡᠳᠬᠡᠨ ᠦᠬᠡᠷᠡᠴᠢᠯᠡᠬᠦ ᠪᠠᠷᠢᠯᠭ᠎ᠠ ᠶᠢᠨ ᠠᠵᠢᠯ ᠢ ᠡᠬᠢᠯᠡᠬᠦᠯᠵᠤ᠂ ᠡᠾᠧᠩ ᠳ᠋ᠠ᠂ ᠹᠦ᠋ ᠯᠢ ᠵᠡᠷᠬᠡ ᠨᠢᠬᠡ | ᠪᠦᠯᠦᠭ ᠦᠨᠳᠦᠷ ᠳᠡᠰ ᠵᠡᠷᠬᠡ ᠶᠢᠨ ᠳᠠᠸᠠᠷ ᠤᠨ ᠤᠷᠤᠨ ᠰᠠᠭᠤᠴᠠ ᠶᠢᠨ ᠲᠦᠷᠦᠯ ᠵᠦᠢᠯ ᠢ ᠭᠠᠵᠠᠷᠳᠠᠭᠤᠯᠵᠤ | ᠪᠦᠲᠦᠭᠡᠨ ᠪᠠᠶᠢᠭᠤᠯᠪᠠ᠃ ᠲᠦᠪ ᠬᠤᠳᠠ ᠳᠤᠭᠤᠷᠢᠭ ᠤᠨ ᠨᠠᠨ ᠱᠠ ᠾᠧ ᠭᠤᠤᠯ ᠤᠨ ᠶᠡᠷᠦᠩᠬᠡᠢ ᠵᠠᠰᠠᠯᠳᠠ ᠶᠢᠨ | ᠦᠷ᠎ᠡ ᠪᠦᠲᠦᠮᠵᠢ ᠢᠯᠡᠷᠬᠡᠢ ᠪᠤᠯᠵᠤ᠂ ᠡᠯᠧᠺᠲᠷᠤᠨ ᠰᠦᠢᠳᠬᠡᠯ ᠪᠤᠳᠤᠬᠤ ᠰᠢᠰᠲ᠋ᠧᠮ ᠦᠬᠡᠢ ᠳᠡᠷᠬᠡᠨ ᠵᠤᠭᠰᠤᠭᠠᠯ | ᠠᠴᠠ ᠰᠦᠢᠳᠬᠡᠯ ᠬᠤᠷᠢᠶᠠᠬᠤ ᠶᠢ ᠬᠦᠴᠦᠨ ᠦᠬᠡᠢ ᠪᠤᠯᠭᠠᠵᠤ᠂ ᠨᠡᠶᠢᠳᠡ ᠶᠢᠨ ᠮᠠᠰᠢᠨ ᠳᠤ ᠰᠠᠭᠤᠬᠤ ᠺᠠᠷᠲ ᠨᠢ | ᠬᠦᠬᠡᠬᠤᠳᠠ ᠯᠤᠭ᠎ᠠ ︽ᠬᠤᠶᠠᠷ ᠬᠤᠳᠠ ᠳᠤ ᠨᠢᠬᠡ ᠺᠠᠷᠲ ᠪᠠᠷ ᠨᠡᠪᠳᠡᠷᠡᠬᠦ︾ ᠶᠢ ᠪᠡᠶᠡᠯᠡᠬᠦᠯᠪᠡ᠃ ᠦᠵᠡᠰᠬᠦᠯᠡᠩᠳᠦ | ᠰᠠᠶᠢᠬᠠᠨ ᠬᠦᠳᠡᠭᠡ ᠳᠤᠰᠬᠤᠨ ᠤ ᠪᠦᠲᠦᠭᠡᠨ ᠪᠠᠶᠢᠭᠤᠯᠤᠯᠳᠠ ᠳᠠᠰᠤᠷᠠᠯᠳᠡ ᠦᠬᠡᠢ ᠳᠡᠰ ᠳᠡᠪᠰᠢᠵᠦ᠂ ᠬᠦᠳᠡᠭᠡ | ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠰᠠᠨᠠᠯ ᠪᠠ ᠳᠦᠯᠦᠪᠵᠢᠬᠦᠯᠬᠡ ᠶᠢ | ᠳᠤᠭᠳᠠᠭᠠᠨ ᠭᠠᠷᠭᠠᠵᠤ᠂ ᠮᠠᠯᠵᠢᠬᠤ ᠳᠠᠷᠢᠶᠠᠯᠠᠬᠤ ᠤᠷᠤᠨ ᠤ ᠤᠷᠤᠨ ᠰᠠᠭᠤᠴᠠ ᠶᠢᠨ ᠤᠷᠴᠢᠨ ᠳᠤᠭᠤᠷᠢᠨ ᠤ | ᠴᠡᠭᠴᠡᠯᠡᠨ ᠵᠠᠰᠠᠯᠳᠠ ᠪᠠ ᠨᠤᠳᠤᠭ ᠤᠨ ᠬᠡᠪ ᠪᠤᠯᠪᠠᠰᠤᠷᠠᠯ ᠢ ᠳᠡᠭᠡᠭᠰᠢᠯᠡᠬᠦᠯᠬᠦ ᠠᠵᠢᠯᠯᠠᠭ᠎ᠠ ᠶᠢ ᠪᠦᠬᠦ ᠳᠠᠯ᠎ᠠ ᠪᠠᠷ | ᠶᠠᠪᠤᠭᠳᠠᠭᠤᠯᠵᠤ᠂ ᠬᠤᠭ ᠨᠤᠪᠰᠢ ᠶᠢᠨ ᠳᠠᠳᠠᠭᠠᠯ 8000 ᠭᠠᠷᠤᠢ᠂ ᠨᠡᠶᠢᠳᠡ ᠶᠢᠨ ᠵᠤᠷᠯᠤᠩ 2000 ᠭᠠᠷᠤᠢ | ᠪᠠᠶᠢᠭᠤᠯᠵᠦ᠂ ᠪᠦᠬᠦ ᠤᠯᠤᠰ ᠤᠨ ᠪᠤᠯᠪᠠᠰᠤᠨ ᠳᠤᠰᠬᠤᠨ ᠪᠠᠯᠭᠠᠰᠤ 8 ᠶᠢ ᠡᠬᠦᠳᠦᠨ ᠪᠠᠶᠢᠭᠤᠯᠪᠠ᠃ ᠯᠦᠩ ᠱᠧᠩ᠂ | ᠴᠢ ᠵᠢᠶᠠ ᠶᠢᠩ ᠵᠡᠷᠬᠡ ᠤᠰᠤᠨ ᠴᠦᠬᠦᠷᠦᠮ ᠦᠨᠳᠦᠰᠦᠨ ᠳᠡᠭᠡᠨ ᠪᠠᠶᠢᠭᠤᠯᠤᠭᠳᠠᠵᠤ᠂ ᠠᠮᠤᠷ ᠲᠦᠪᠰᠢᠨ ᠤᠤᠭᠤᠬᠤ | ᠤᠰᠤᠨ ᠤ ᠢᠨᠵᠧᠨᠧᠷᠢᠩ ᠨᠢ 3.7 ᠲᠦᠮᠡᠨ ᠳᠠᠷᠢᠶᠠᠴᠢᠨ ᠮᠠᠯᠴᠢᠨ ᠳᠤ ᠠᠰᠢᠭ ᠬᠦᠷᠳᠡᠬᠡᠵᠡᠢ᠃ ︽ᠳᠦᠷᠪᠡᠨ | ᠰᠠᠶᠢᠳᠠᠢ ᠬᠦᠳᠡᠭᠡ ᠳᠤᠰᠬᠤᠨ ᠤ ᠵᠠᠮ︾ ᠢ 255 ᠺᠢᠯᠤᠮᠧᠲᠷ ᠪᠠᠶᠢᠭᠤᠯᠵᠤ᠂ 99% ᠶᠢᠨ ᠭᠠᠴᠠᠭ᠎ᠠ ᠳᠤᠰᠬᠤᠨ | ᠳᠤ ᠠᠶᠠᠨᠴᠢᠳ ᠤᠨ ᠮᠠᠰᠢᠨ ᠳᠡᠷᠬᠡ ᠨᠡᠪᠳᠡᠷᠡᠵᠡᠢ᠃ ᠠᠮᠢ ᠠᠬᠤᠢ ᠪᠤᠯᠤᠨ ᠰᠠᠭᠤᠷᠢ ᠳᠦᠬᠦᠬᠡᠷᠦᠮᠵᠢ ᠶᠢᠨ ᠪᠦᠲᠦᠭᠡᠨ | ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠵᠤ᠂ ᠵᠢᠨᠢᠩ ᠠᠴᠠ ᠬᠦᠬᠡᠪᠤᠷ ᠬᠦᠷᠬᠦ ᠨᠢᠬᠡᠳᠦᠬᠡᠷ ᠳᠡᠰ ᠤᠨ ᠵᠠᠰᠠᠮᠠᠯ | ᠵᠠᠮ ᠪᠠᠶᠢᠭᠤᠯᠤᠭᠳᠠᠨ ᠳᠡᠷᠬᠡ ᠨᠡᠪᠳᠡᠷᠡᠵᠤ᠂ ᠵᠢᠨᠢᠩ ᠳ᠋ᠠᠲ᠋ᠦ᠋ᠩ ᠤᠨ ᠬᠤᠷᠳᠤᠨ ᠤ ᠭᠠᠯᠳᠤ ᠳᠡᠷᠬᠡ ᠶᠢᠨ ᠲᠦᠷᠤᠯ ᠵᠦᠢᠯ | ᠤᠷᠤᠭᠰᠢᠳᠡᠢ ᠠᠬᠢᠵᠢᠵᠤ᠂ ᠬᠦᠬᠡᠬᠤᠳᠠ ᠴᠢᠭᠤᠯᠤᠯᠳᠤ ᠬᠠᠭᠠᠯᠭ᠎ᠠ ᠶᠢᠨ ᠠᠶᠠᠨᠴᠢᠳ ᠤᠨ ᠳᠡᠬᠡᠬᠡᠪᠤᠷᠢ ᠶᠢᠨ ᠳᠤᠰᠬᠠᠢ | ᠱᠣᠭᠤᠮ ᠤᠨ ᠵᠢᠨᠢᠩ ᠠᠴᠠ ᠴᠢᠭᠤᠯᠤᠯᠳᠤ ᠬᠠᠭᠠᠯᠭ᠎ᠠ ᠬᠦᠷᠬᠦ ᠬᠡᠰᠡᠭ ᠤᠨ ᠲᠡᠮᠦᠷ ᠵᠠᠮ ᠤᠨ ᠳᠡᠪᠢᠰᠦᠯᠳᠡ ᠶᠢ | ᠪᠡᠶᠡᠯᠡᠬᠦᠯᠪᠡ᠃ ᠴᠠᠬᠢᠯᠭᠠᠨ ᠳᠤᠤᠷ ᠤᠨ ᠪᠠᠷᠢᠯᠭ᠎ᠠ 32 ᠶᠠᠪᠤᠭᠳᠠᠭᠤᠯᠵᠤ᠂ ᠴᠠᠬᠢᠯᠭᠠᠨ ᠬᠤᠪᠢᠰᠬᠠᠭᠤᠷ ᠤᠨ | ᠪᠠᠭᠳᠠᠭᠠᠮᠵᠢ ᠶᠢ 25.6 ᠲᠦᠮᠡᠨ ᠺᠢᠯᠤᠸᠠᠲ ᠰᠢᠨ᠎ᠡ ᠪᠠᠷ ᠨᠡᠮᠡᠪᠡ᠃ ᠪᠦᠬᠦ ᠰᠢᠶᠠᠩ ᠪᠠᠯᠭᠠᠰᠤ ᠪᠠ ᠬᠡᠰᠡᠭ ᠭᠠᠴᠠᠭ᠎ᠠ | ᠳᠤᠰᠬᠤᠨ ᠬᠡᠷᠡᠯ ᠰᠢᠷᠬᠡᠭᠯᠢᠭ ᠢ ᠡᠷᠦᠬᠡ ᠳᠤ ᠤᠷᠤᠭᠤᠯᠵᠤ᠂ ᠪᠡᠬᠡᠵᠢᠩ ᠳᠤ ᠰᠢᠭᠤᠳ ᠨᠡᠪᠳᠡᠷᠡᠬᠦ ᠬᠤᠶᠠᠳᠤᠭᠠᠷ | ᠵᠤᠷᠪᠤᠰ ᠳᠤᠰᠬᠠᠢ ᠬᠡᠷᠡᠯ ᠳᠠᠳᠠᠯᠭ᠎ᠠ ᠶᠢ ᠤᠳᠠᠯ ᠦᠭᠡᠢ ᠬᠡᠷᠡᠭᠯᠡᠯᠳᠡ ᠳᠤ ᠤᠷᠤᠭᠤᠯᠬᠤ ᠪᠠᠷ ᠪᠠᠶᠢᠨ᠎ᠠ᠃ ᠪᠡᠬᠡᠵᠢᠩ | ᠲᠢᠶᠠᠨᠵᠢᠨ ᠤ ᠡᠯᠡᠰᠦ ᠰᠠᠯᠬᠢᠨ ᠤ ᠡᠬᠢ ᠶᠢ 54.8 ᠳᠡᠭᠰᠢ ᠳᠦᠷᠪᠡᠯᠵᠢᠨ ᠺᠢᠯᠤᠮᠧᠲᠷ ᠵᠠᠰᠠᠵᠤ᠂ ᠬᠦᠮᠦᠨ ᠤ ᠬᠦᠴᠦ | ᠪᠠᠷ ᠤᠶᠢᠵᠢᠭᠤᠯᠤᠭᠰᠠᠨ ᠲᠠᠯᠠᠪᠠᠢ 43 ᠲᠦᠮᠡᠨ ᠮᠤ᠋ ᠳᠤ ᠬᠦᠷᠴᠦ᠂ ᠡᠭᠦᠨ ᠳᠤ ᠠᠵᠤ ᠠᠬᠤᠢ ᠶᠢᠨ ᠤᠢ ᠰᠢᠭᠤᠢ | 10.9 ᠲᠦᠮᠡᠨ ᠮᠦ ᠬᠦᠷᠪᠡ᠃ | ᠠᠷᠠᠳ ᠤᠨ ᠠᠮᠢᠳᠤᠷᠠᠯ ᠰᠢᠨ᠎ᠡ ᠪᠠᠷ ᠰᠠᠶᠢᠵᠢᠷᠠᠪᠠ᠃ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠨᠡᠶᠢᠬᠡᠮ | ᠤᠨ ᠠᠵᠢᠯ ᠦᠢᠯᠡᠰ ᠲᠤ ᠬᠡᠷᠡᠭᠯᠡᠭᠰᠡᠨ ᠵᠠᠷᠤᠯᠭ᠎ᠠ 83.5% ᠲᠤ ᠬᠦᠷᠪᠡ᠃ ᠬᠤᠳᠠ ᠪᠠᠯᠭᠠᠰᠤᠨ ᠤ ᠠᠵᠢᠯ | ᠤᠯᠤᠭᠰᠠᠳ ᠲᠤ 1.7 ᠲᠦᠮᠡᠨ ᠬᠦᠮᠦᠨ ᠰᠢᠨ᠎ᠡ ᠪᠠᠷ ᠨᠡᠮᠡᠭᠳᠡᠵᠤ᠂ 37.8 ᠲᠦᠮᠡᠨ ᠳᠠᠷᠢᠶᠠᠴᠢᠨ ᠮᠠᠯᠴᠢᠨ ᠢ | ᠰᠢᠯᠵᠢᠬᠦᠯᠦᠨ ᠠᠵᠢᠯ ᠤᠯᠭᠤᠪᠠ᠃ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠦᠢᠯᠡᠰ ᠪᠤᠰᠬᠠᠯᠳᠠ | ᠰᠢᠨ᠎ᠡ ᠡᠬᠦᠳᠦᠯᠳᠡ ᠶᠢᠨ ᠦᠵᠡᠰᠬᠦᠯᠡᠩ ᠪᠠ ᠦᠪᠡᠷᠳᠡᠬᠡᠨ ᠵᠠᠰᠠᠬᠤ ᠤᠷᠤᠨ ᠤ ︽ᠦᠢᠯᠡᠰ ᠪᠤᠰᠬᠠᠯᠳᠠ ᠰᠢᠨ᠎ᠡ | ᠡᠬᠦᠳᠦᠯᠳᠡ︾ ᠶᠢᠨ ᠠᠵᠢᠯᠯᠠᠭ᠎ᠠ ᠶᠢᠨ ᠭᠠᠷᠠᠭ ᠢ ᠠᠮᠵᠢᠯᠳᠡ ᠲᠠᠢ ᠡᠷᠬᠢᠯᠡᠵᠤ᠂ ᠦᠪᠡᠷᠳᠡᠬᠡᠨ ᠵᠠᠰᠠᠬᠤ ᠤᠷᠤᠨ ᠤ ᠳᠡᠰ | ᠤᠨ ᠤᠯᠠᠨ ᠢᠶᠠᠷ ᠢᠶᠠᠨ ᠦᠢᠯᠡᠰ ᠪᠤᠰᠬᠠᠬᠤ ᠤᠷᠤᠨ ᠵᠠᠢ ᠪᠠ ᠨᠡᠶᠢᠳᠡ ᠪᠠᠷ ᠢᠶᠠᠨ ᠦᠢᠯᠡᠰ ᠪᠤᠰᠬᠠᠬᠤ ᠬᠦᠷᠢᠶ᠎ᠡ | ᠴᠠᠷᠠᠭ᠎ᠠ ᠨᠡᠶᠢᠳᠡ 5᠂ ᠤᠯᠤᠰ ᠤᠨ ᠦᠨᠳᠦᠷ ᠰᠢᠨ᠎ᠡ ᠮᠡᠷᠬᠡᠵᠢᠯ ᠤᠨ ᠠᠵᠤ ᠠᠬᠤᠶᠢᠯᠠᠯ 16 ᠶᠢ ᠰᠢᠨ᠎ᠡ ᠪᠠᠷ | ᠨᠡᠮᠡᠭᠳᠡᠬᠦᠯᠵᠤ᠂ ᠳᠤᠰᠬᠠᠢ ᠠᠰᠢᠭ ᠤᠨ ᠭᠤᠶᠤᠴᠢᠯᠠᠯ ᠪᠠ ᠡᠷᠬᠡ ᠤᠯᠭᠤᠬᠤ ᠬᠡᠮᠵᠢᠶ᠎ᠡ ᠲᠤᠰᠪᠤᠷᠢ 63.5% ᠪᠠ | 102.8% ᠪᠠᠷ ᠨᠡᠮᠡᠭᠳᠡᠪᠡ᠃ ᠰᠤᠷᠭᠠᠨ ᠬᠦᠮᠦᠵᠢᠯ ᠤᠨ ︽ᠭᠤᠷᠪᠠᠨ ᠲᠦᠷᠦᠯ ᠤᠨ ᠦᠬᠡᠷᠡᠴᠢᠯᠡᠯᠳᠡ︾ ᠶᠢ | ᠬᠦᠨᠵᠡᠭᠡᠶᠢᠷᠡᠬᠦᠯᠵᠦ᠂ ᠰᠤᠷᠭᠠᠭᠤᠯᠢ ᠶᠢᠨ ᠪᠠᠶᠢᠷᠢ ᠶᠢᠨ ᠬᠡᠷ ᠤᠨ ᠪᠦᠲᠦᠭᠡᠨ ᠪᠠᠶᠢᠭᠤᠯᠤᠯᠳᠠ 38 ᠲᠦᠮᠡᠨ ᠳᠡᠭᠰᠢ | ᠳᠦᠷᠪᠡᠯᠵᠢᠨ ᠮᠧᠲᠷ ᠢ ᠪᠡᠶᠡᠯᠡᠬᠦᠯᠵᠤ᠂ ᠨᠡᠶᠢᠳᠡᠮ ᠠᠰᠢᠭ ᠬᠦᠷᠳᠡᠬᠡᠬᠦ ᠴᠢᠨᠠᠷᠳᠠᠢ ᠬᠡᠤᠬᠡᠳ ᠤᠨ ᠴᠡᠴᠡᠷᠯᠢᠭ ᠤᠨ | ᠪᠦᠷᠬᠦᠬᠦᠯᠳᠡ ᠶᠢᠨ ᠨᠤᠷᠮ᠎ᠡ 85% ᠳᠤ ᠬᠦᠷᠴᠦ᠂ ᠦᠨᠳᠦᠷ ᠳᠤᠮᠳᠠ ᠶᠢᠨ ᠱᠠᠲᠤᠨ ᠤ ᠰᠤᠷᠭᠠᠭᠤᠯᠢ ᠡᠷᠬᠢᠯᠡᠬᠦ | ᠬᠢᠷᠢ ᠲᠦᠪᠰᠢᠨ ᠮᠡᠳᠡᠭᠳᠡᠬᠦᠶᠢᠴᠡ ᠳᠡᠭᠡᠭᠰᠢᠯᠡᠵᠤ᠂ ᠰᠤᠷᠭᠠᠨ ᠬᠦᠮᠦᠵᠢᠯ ᠤᠨ ᠦᠢᠯᠡᠰ ᠦᠷᠨᠢᠬᠦᠨ ᠬᠦᠭᠵᠢᠪᠡ᠃ | ᠨᠡᠶᠢᠳᠡ ᠶᠢᠨ ᠰᠤᠶᠤᠯ ᠳᠠᠮᠢᠷ ᠤᠨ ᠳᠠᠯᠠᠪᠤᠷ ᠤᠷᠳᠤᠨ ᠤ ᠳᠦᠬᠦᠬᠡᠷᠦᠮᠵᠢ ᠶᠢ ᠨᠡᠶᠢᠬᠡᠮ ᠳᠤ ᠨᠡᠬᠡᠬᠡᠵᠤ᠂ ᠭᠠᠴᠠᠭ᠎ᠠ | ᠳᠤᠰᠬᠤᠨ ᠤ ᠶᠡᠷᠦᠩᠬᠡᠶᠢᠯᠡᠭᠰᠡᠨ ᠰᠤᠶᠤᠯ ᠤᠨ ᠦᠢᠯᠡᠴᠢᠯᠡᠭᠡ ᠶᠢᠨ ᠲᠦᠪ ᠤᠨ ᠦᠪᠴᠢ ᠪᠦᠷᠬᠦᠬᠦᠯᠳᠡ ᠶᠢ | ᠪᠡᠶᠡᠯᠡᠬᠦᠯᠵᠤ᠂ ︽ᠠᠷᠪᠠᠨ ᠳᠦᠷᠪᠡᠳᠦᠬᠡᠷ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠤᠭᠯᠠᠭᠠᠨ︾᠂ ᠳᠠᠪᠤᠳᠤᠭᠠᠷ | ᠬᠤᠭᠤᠴᠠᠭᠠᠨ ᠤ ᠵᠡᠮᠳᠡᠭᠴᠤᠳ ᠤᠨ ᠳᠠᠮᠢᠷ ᠤᠨ ᠴᠤᠭᠯᠠᠭᠠᠨ᠂ ᠠᠩᠬᠠᠳᠠᠭᠴᠢ ᠬᠤᠭᠤᠴᠠᠭᠠᠨ ᠤ ᠤᠶᠤᠨ ᠤ ᠳᠠᠮᠢᠷ | ᠤᠨ ᠴᠤᠭᠯᠠᠭᠠᠨ ᠵᠡᠷᠬᠡ ᠦᠪᠡᠷᠳᠡᠬᠡᠨ ᠵᠠᠰᠠᠬᠤ ᠤᠷᠤᠨ ᠤ ᠳᠡᠰ ᠤᠨ ᠤᠷᠤᠯᠳᠤᠭᠠᠨ ᠢ ᠠᠮᠵᠢᠯᠳᠡ ᠲᠠᠢ ᠳᠠᠭᠠᠭᠠᠴᠢᠯᠠᠨ | ᠡᠷᠬᠢᠯᠡᠵᠡᠢ᠃ ᠤᠯᠠᠭᠠᠨᠮᠦ᠋ᠴᠢᠷ ᠤᠨ ᠦᠢᠯᠡᠰ ᠤᠨ ᠬᠦᠭᠵᠢᠯᠳᠡ ᠶᠢᠨ ᠬᠡᠷᠡᠭᠵᠢᠬᠦᠯᠬᠦ ᠠᠷᠭ᠎ᠠ ᠶᠢ ᠪᠦᠬᠦ ᠤᠷᠤᠨ ᠤ | ᠳᠤᠳᠤᠷ᠎ᠠ ᠬᠠᠮᠤᠭ ᠳᠡᠷᠢᠬᠦᠨ ᠳᠤ ᠭᠠᠷᠭᠠᠪᠠ᠃ ᠰᠤᠷᠪᠤᠯᠵᠢ ᠪᠢᠴᠢᠭ ᠤᠨ ᠪᠠᠷᠢᠮᠳᠠᠳᠤ ᠺᠢᠨᠤ᠋ ︽ᠵᠢᠨᠢᠩ ᠤᠨ | ᠳᠠᠶᠢᠯᠠᠯᠳᠤᠭᠠᠨ︾ ᠢ ᠰᠡᠬᠦᠳᠡᠷᠯᠡᠨ ᠡᠬᠢᠯᠡᠵᠤ᠂ ᠳᠠᠯ᠎ᠠ ᠨᠤᠳᠤᠭ ᠤᠨ ᠠᠷᠠᠳ ᠲᠦᠮᠡᠨ ᠱᠠᠩᠬᠠᠢ ᠶᠢᠨ ᠭᠤᠷᠪᠠᠨ | ᠮᠢᠩᠭᠠᠨ ᠦᠨᠦᠴᠢᠨ ᠬᠡᠤᠬᠡᠳ ᠢ ᠡᠷᠬᠦᠨ ᠳᠡᠵᠢᠬᠡᠭᠰᠡᠨ ᠶᠠᠪᠤᠳᠠᠯ ᠢ ᠳᠤᠰᠬᠠᠭᠰᠠᠨ ᠦᠷᠬᠦᠯᠵᠢᠯᠡᠭᠰᠡᠨ ᠲᠧᠯᠸᠢᠰ | ᠵᠦᠴᠦᠬᠡ ︽ᠤᠯᠤᠰ ᠤᠨ ᠬᠡᠤᠬᠡᠳ︾ ᠨᠢ ᠰᠡᠬᠦᠯᠴᠢ ᠶᠢᠨ ᠦᠢᠯᠡᠳᠬᠡᠯ ᠳᠤ ᠪᠠᠨ ᠤᠷᠤᠪᠠ᠃ ᠬᠤᠶᠠᠳᠤᠭᠠᠷ ᠳᠡᠰ | ᠠᠴᠠ ᠳᠡᠭᠡᠭᠰᠢᠬᠢ ᠡᠮᠨᠡᠯᠬᠡ ᠶᠢᠨ ᠬᠤᠷᠢᠶ᠎ᠠ 150 ᠳᠠᠩ ᠡᠪᠡᠳᠴᠢᠨ ᠤ ᠲᠦᠷᠦᠯ ᠤᠨ ᠰᠦᠢᠳᠬᠡᠯ ᠤᠨ | ᠦᠬᠡᠷᠡᠴᠢᠯᠡᠯᠳᠡ ᠶᠢ ᠪᠡᠶᠡᠯᠡᠬᠦᠯᠵᠤ᠂ ᠬᠤᠰᠢᠭᠤ ᠰᠢᠶᠠᠨ ᠤ ᠡᠮᠨᠡᠯᠬᠡ ᠶᠢᠨ ᠬᠠᠮᠳᠤ ᠶᠢᠨ ᠴᠤᠭᠴᠠ ᠶᠢ 10 ᠪᠤᠯᠳᠠᠯ᠎ᠠ | ᠦᠷᠭᠡᠳᠭᠡᠵᠤ᠂ ᠭᠤᠤᠯᠳᠠᠯᠭ᠎ᠠ ᠲᠠᠢ ᠬᠦᠮᠦᠰ ᠲᠤ ᠦᠢᠯᠡᠴᠢᠯᠡᠬᠦ ᠬᠡᠷ ᠤᠨ ᠡᠮᠴᠢ ᠲᠠᠢ ᠬᠡᠷ᠎ᠡ ᠳᠤᠭᠳᠠᠬᠤ ᠨᠤᠷᠮ᠎ᠡ ᠶᠢ | 70% ᠳᠤ ᠬᠦᠷᠬᠡᠪᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠡᠷᠭᠡᠶᠢᠯᠡᠯᠲᠠ ᠶᠢ ᠴᠢᠩᠭᠠᠳᠬᠠᠵᠤ᠂ | ᠠᠹᠷᠢᠺᠠ ᠲᠢᠪ ᠤᠨ ᠭᠠᠭ᠋ᠠᠢ ᠶᠢᠨ ᠬᠢᠵᠢᠭ ᠤᠨ ᠪᠠᠶᠢᠳᠠᠯ ᠢ ᠪᠦᠲᠦᠮᠵᠢᠳᠡᠢ ᠰᠢᠢᠳᠪᠦᠷᠢᠯᠡᠪᠡ᠃ ᠨᠠᠰᠤᠵᠢᠯ ᠤᠨ | ᠳᠠᠭᠠᠳᠬᠠᠯ ᠳᠠᠭᠠᠨ ᠲᠦᠷᠢᠮ ᠤᠨ ᠦᠪᠴᠢ ᠪᠦᠷᠬᠦᠬᠦᠯᠳᠡ ᠶᠢ ᠪᠡᠶᠡᠯᠡᠬᠦᠯᠵᠤ᠂ ᠬᠤᠳᠠ ᠬᠦᠳᠡᠭᠡ ᠶᠢᠨ ᠡᠮᠨᠡᠯᠬᠡ ᠶᠢᠨ | ᠪᠠᠳᠤᠯᠠᠭᠠᠨ ᠤ ᠰᠢᠰᠲ᠋ᠧᠮᠵᠢ ᠳᠠᠰᠤᠷᠠᠯᠳᠡ ᠦᠬᠡᠢ ᠪᠦᠷᠢᠨᠰᠢᠪᠡ᠃ ᠬᠤᠳᠠ ᠬᠦᠳᠡᠭᠡ ᠶᠢᠨ 43 ᠲᠦᠮᠡᠨ ᠬᠠᠮᠤᠭ ᠤᠨ | ᠨᠠᠭᠠᠳᠤ ᠵᠠᠬ᠎ᠠ ᠶᠢᠨ ᠠᠮᠢᠳᠤᠷᠠᠯ ᠢᠶᠠᠷ ᠪᠠᠳᠤᠯᠠᠭᠳᠠᠭᠰᠡᠳ᠂ 10 ᠲᠦᠮᠡ ᠭᠠᠷᠤᠢ ᠦᠨᠦᠴᠢᠨ ᠦᠳᠡᠬᠦᠰ ᠵᠡᠮᠳᠡᠭ | ᠨᠢᠯᠬ᠎ᠠ ᠵᠡᠷᠬᠡ ᠤᠨᠴᠠ ᠬᠦᠴᠢᠷᠳᠡᠯᠳᠡᠢ ᠤᠯᠠᠨ ᠲᠦᠮᠡᠨ ᠢ ᠨᠡᠶᠢᠬᠡᠮ ᠤᠨ ᠪᠠᠳᠤᠯᠠᠭᠠᠨ ᠳᠤ ᠤᠷᠤᠭᠤᠯᠤᠭᠰᠠᠨ ᠪᠠᠶᠢᠨ᠎ᠠ᠃ | ᠨᠡᠶᠢᠬᠡᠮ ᠤᠨ ᠠᠮᠤᠷ ᠤᠨ ᠬᠠᠮᠠᠭᠠᠯᠠᠯᠳᠠ ᠶᠢᠨ ᠶᠡᠷᠦᠩᠬᠡᠢ ᠵᠠᠰᠠᠯᠳᠠ ᠶᠢᠨ ᠰᠢᠰᠲ᠋ᠧᠮᠵᠢ ᠤᠯᠠᠮ ᠪᠦᠷᠢᠨᠰᠢᠵᠤ᠂ ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠬᠦᠨᠵᠡᠬᠡᠶᠢᠷᠡᠨ ᠠᠬᠢᠵᠢᠵᠤ᠂ ᠨᠢᠬᠡ ᠪᠦᠯᠦᠭ ᠵᠠᠬᠢᠳᠡᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠰᠢᠢᠳᠪᠦᠷᠢᠯᠡᠭᠳᠡᠵᠤ᠂ ᠭᠤᠷᠪᠠᠨ ᠵᠢᠯ ᠳᠠᠷᠠᠭᠠᠯᠠᠨ ᠠᠶᠦᠯᠬᠦᠢ | ᠦᠢᠯᠡᠳᠪᠦᠷᠢᠯᠡᠯ ᠤᠨ ᠬᠡᠨᠡᠳᠡᠯ ᠡᠬᠦᠰᠬᠦ ᠳᠤᠭ᠎ᠠ ᠪᠤᠯᠤᠨ ᠬᠡᠨᠡᠳᠡᠯ ᠠᠴᠠ ᠪᠤᠯᠵᠦ ᠦᠬᠦᠬᠦ ᠬᠦᠮᠦᠨ ᠤ ᠳᠤᠭ᠎ᠠ ᠴᠦᠮ | ᠳᠤᠷᠤᠭᠰᠢᠯᠠᠵᠤ᠂ ᠠᠮᠤᠷ ᠠᠮᠤᠭᠤᠯᠠᠩ ᠤᠯᠠᠭᠠᠨᠴᠠᠪ ᠤᠨ ᠪᠠᠶᠢᠭᠤᠯᠤᠯᠳᠠ ᠳᠠᠭᠠᠨ ᠪᠤᠳᠠᠳᠤ ᠦᠷ᠎ᠡ ᠠᠰᠢᠭ ᠤᠯᠪᠠ᠃ | ᠦᠨᠳᠦᠰᠦᠳᠡᠨ ᠱᠠᠰᠢᠨ ᠰᠤᠷᠳᠠᠬᠤᠨ ᠤ ᠠᠵᠢᠯ ᠤᠨ ᠳᠤᠬᠠᠢ ᠨᠠᠮ ᠤᠨ ᠦᠨᠳᠦᠰᠦᠨ ᠴᠢᠭᠯᠡᠯᠳᠡ ᠶᠢ ᠪᠦᠬᠦ | ᠳᠠᠯ᠎ᠠ ᠪᠠᠷ ᠳᠤᠭᠤᠰᠢᠯᠠᠭᠤᠯᠵᠤ᠂ ᠦᠨᠳᠦᠰᠦᠳᠡᠨ ᠤ ᠪᠦᠯᠬᠦᠮᠳᠡᠯ ᠳᠠᠪᠰᠢᠯᠳᠡ ᠬᠦᠮᠦᠵᠢᠯ ᠪᠠ ᠡᠬᠦᠳᠦᠨ ᠴᠤᠭᠴᠠᠯᠠᠬᠤ | ᠠᠵᠢᠯᠯᠠᠭ᠎ᠠ ᠬᠦᠨᠵᠡᠬᠡᠶᠢᠷᠡᠨ ᠶᠠᠪᠤᠭᠳᠠᠪᠠ᠃ ᠡᠮᠡᠭᠳᠡᠶᠢᠴᠤᠳ᠂ ᠬᠡᠤᠬᠡᠳ᠂ ᠵᠡᠮᠳᠡᠭ ᠬᠦᠮᠦᠨ ᠤ ᠦᠢᠯᠡᠰ ᠳᠤᠭᠳᠠᠭᠤᠨ | ᠢᠶᠠᠷ ᠬᠦᠭᠵᠢᠪᠡ᠃ ᠬᠢᠨᠠᠨ ᠪᠤᠳᠤᠯᠳᠠ᠂ ᠳᠤᠭ᠎ᠠ ᠪᠦᠷᠢᠳᠬᠡᠯ᠂ ᠭᠠᠵᠠᠷ ᠬᠦᠳᠡᠯᠦᠯᠳᠡ᠂ ᠴᠠᠭ ᠠᠭᠤᠷ᠂ ᠠᠷᠠᠳ ᠤᠨ | ᠠᠭᠠᠷ ᠤᠨ ᠰᠡᠷᠬᠡᠶᠢᠯᠡᠯᠳᠡ ᠵᠡᠷᠬᠡ ᠠᠵᠢᠯ ᠢ ᠲᠠᠰᠤᠷᠠᠯᠲᠠ ᠦᠭᠡᠢ ᠴᠢᠩᠭᠠᠳᠬᠠᠪᠠ᠃ ᠬᠤᠶᠠᠷ ᠢ ᠬᠦᠷᠢᠶᠡᠯᠡᠵᠤ ᠬᠠᠮᠳᠤ | ᠪᠠᠷ ᠪᠠᠶᠢᠭᠤᠯᠬᠤ ᠪᠠ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠠᠶᠢᠭᠤᠯᠤᠯᠳᠠ ᠳᠠᠭᠠᠨ ᠰᠢᠨ᠎ᠡ ᠠᠯᠬᠤᠮ ᠢ | ᠠᠯᠬᠤᠭᠰᠠᠨ ᠪᠠᠶᠢᠨ᠎ᠠ᠃ | ᠵᠠᠰᠠᠭ ᠤᠨ ᠤᠷᠳᠤᠨ ᠤ ᠳᠤᠰ ᠪᠡᠶ᠎ᠡ ᠶᠢᠨ ᠪᠠᠶᠢᠭᠤᠯᠤᠯᠳᠠ ᠳᠠᠭᠠᠨ ᠰᠢᠨ᠎ᠡ ᠠᠬᠢᠴᠠ ᠲᠠᠢ ᠪᠤᠯᠪᠠ᠃ ᠨᠠᠮ ᠤᠨ | ᠤᠳᠤᠷᠢᠳᠤᠯᠭ᠎ᠠ ᠶᠢ ᠵᠠᠰᠠᠭ ᠤᠨ ᠤᠷᠳᠤᠨ ᠤ ᠠᠵᠢᠯ ᠤᠨ ᠡᠬᠢ ᠠᠳᠠᠭ ᠲᠤ ᠳᠤᠭᠤᠰᠢᠯᠠᠭᠤᠯᠬᠤ ᠶᠢ ᠪᠠᠷᠢᠮᠳᠠᠯᠠᠵᠤ᠂ ︽ | ᠬᠤᠶᠠᠷ ᠢ ᠰᠤᠷᠴᠦ ᠨᠢᠬᠡ ᠳᠤ ᠳᠡᠩᠴᠡᠬᠦᠯᠬᠦ︾ ᠰᠤᠷᠤᠯᠴᠠᠯᠭ᠎ᠠ ᠶᠢᠨ ᠬᠦᠮᠦᠵᠢᠯ ᠤᠨ ᠪᠠᠶᠢᠩᠭᠤᠵᠢᠯᠳᠡ ᠶᠢ | ᠦᠷᠬᠦᠯᠵᠢᠯᠡᠨ ᠲᠦᠯᠬᠢᠨ ᠠᠬᠢᠭᠤᠯᠵᠤ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠬᠦᠷᠬᠡᠯᠡᠨ | ᠬᠢᠵᠤ ᠬᠦᠭᠵᠢᠯᠳᠡ ᠶᠢ ᠰᠦᠪᠡᠭᠴᠢᠯᠡᠵᠤ᠂ ᠳᠤᠰᠢᠶᠠᠯ ᠢᠶᠠᠨ ᠬᠦᠢᠴᠡᠳᠬᠡᠨ ᠪᠤᠳᠠᠳᠠᠢ ᠠᠵᠢᠯᠯᠠᠨ ᠳᠠᠪᠠᠯᠳᠠ ᠶᠢ | ᠠᠬᠢᠭᠤᠯᠬᠤ︾ ᠳᠤᠮᠤ ᠰᠤᠷᠤᠯᠴᠠᠯᠭ᠎ᠠ ᠳᠤᠮᠤ ᠶᠠᠷᠢᠯᠴᠠᠭᠠᠨ ᠤ ᠠᠵᠢᠯᠯᠠᠭ᠎ᠠ ᠶᠢ ᠬᠦᠨᠵᠡᠬᠡᠢ ᠶᠠᠪᠤᠭᠤᠯᠵᠤ᠂ ᠦᠨᠡᠨ ᠢ | ᠡᠷᠬᠢᠮᠯᠡᠨ ᠪᠤᠳᠠᠳᠠᠢ ᠶᠢ ᠡᠷᠢᠬᠦ᠂ ᠦᠨᠡᠨᠬᠦ ᠠᠳᠬᠤᠵᠤ ᠪᠤᠳᠠᠳᠠᠢ ᠠᠵᠢᠯᠯᠠᠬᠤ᠂ ᠵᠤᠷᠢᠭᠳᠠᠢ ᠡᠬᠦᠷᠬᠡᠯᠡᠬᠦ ᠰᠢᠯᠢᠳᠡᠭ | ᠤᠪᠤᠷ ᠰᠤᠷᠳᠠᠯ ᠢ ᠶᠡᠬᠡᠪᠡᠷ ᠪᠠᠳᠠᠷᠠᠭᠤᠯᠪᠠ᠃ ᠵᠠᠰᠠᠭ ᠤᠨ ᠤᠷᠳᠤᠨ ᠤ ᠰᠢᠰᠲ᠋ᠧᠮ ᠤᠨ ᠨᠠᠮᠴᠢ ᠰᠤᠷᠳᠠᠯ ᠴᠢᠬᠡᠴᠢ | ᠵᠠᠰᠠᠭ ᠤᠨ ᠪᠠᠶᠢᠭᠤᠯᠤᠯᠳᠠ ᠪᠠᠨ ᠴᠢᠩᠭᠠᠳᠬᠠᠵᠤ᠂ ︽ᠭᠤᠷᠪᠠᠨ ᠴᠢᠬᠤᠯᠠ ᠨᠢᠬᠡ ᠳᠤᠮᠤ︾ ᠲᠦᠷᠢᠮ ᠢ ᠴᠢᠩᠭ᠎ᠠ | ᠬᠡᠷᠡᠭᠵᠢᠬᠦᠯᠵᠤ᠂ ᠬᠢᠨᠠᠨ ᠪᠤᠳᠤᠬᠤ ᠬᠢᠨᠠᠯᠳᠠ ᠶᠢ ᠴᠢᠩᠭᠠᠳᠬᠠᠵᠤ᠂ ᠵᠠᠰᠠᠭ ᠤᠨ ᠤᠷᠳᠤᠨ ᠤ ᠲᠦᠰᠦᠪ᠂ ᠰᠠᠯᠠᠭ᠎ᠠ | ᠮᠦᠴᠢᠷ ᠤᠨ ᠲᠦᠰᠦᠪ᠂ ︽ᠭᠤᠷᠪᠠᠨ ᠠᠯᠪᠠᠨ︾ ᠵᠠᠷᠤᠳᠠᠯ ᠢ ᠨᠡᠶᠢᠬᠡᠮ ᠳᠤ ᠢᠯᠡ ᠪᠤᠯᠭᠠᠵᠤ᠂ ᠺᠠᠳ᠋ᠷ ᠲᠦᠪ ᠴᠢᠬᠡᠴᠢ | ᠂ ᠵᠠᠰᠠᠭ ᠤᠨ ᠤᠷᠳᠤᠨ ᠠᠷᠢᠭᠤᠨ ᠴᠢᠬᠡᠴᠢ᠂ ᠤᠯᠤᠰ ᠲᠦᠷᠦ ᠶᠢᠨ ᠰᠠᠶᠢᠨ ᠰᠠᠶᠢᠬᠠᠨ ᠠᠮᠢ ᠠᠬᠤᠢ ᠶᠢ ᠪᠤᠢ ᠪᠤᠯᠭᠠᠪᠠ | ᠃ ᠳᠤᠰᠬᠠᠢ ᠰᠢᠮᠳᠠᠭᠤᠯᠤᠨ ᠪᠠᠶᠢᠴᠠᠭᠠᠯᠳᠠ ᠶᠢ ᠴᠢᠩᠭᠠᠳᠬᠠᠵᠤ᠂ ᠳᠤᠮᠤ ᠲᠦᠷᠦ ᠶᠢᠨ ᠪᠤᠳᠤᠯᠭ᠎ᠠ ᠶᠢᠨ ᠭᠠᠵᠠᠷᠳᠠᠬᠤ | ᠶᠢ ᠴᠢᠩᠭ᠎ᠠ ᠠᠳᠬᠤᠵᠤ᠂ ᠲᠤᠭᠤᠷᠢᠨ ᠪᠠᠶᠢᠴᠠᠭᠠᠯᠳᠠ ᠪᠠᠷ ᠬᠠᠷᠢᠭᠤ ᠳᠤᠰᠬᠠᠭᠰᠠᠨ ᠰᠠᠨᠠᠯ ᠤᠨ ᠴᠡᠭᠴᠡᠯᠡᠨ | ᠰᠠᠶᠢᠵᠢᠷᠠᠭᠤᠯᠤᠯᠳᠠ ᠶᠢᠨ ᠨᠠᠶᠢᠳᠠᠪᠤᠷᠢᠵᠢᠭᠤᠯᠤᠯᠳᠠ ᠶᠢ ᠬᠦᠨᠵᠡᠭᠡᠶᠢᠷᠡᠬᠦᠯᠦᠨ ᠲᠦᠯᠬᠢᠨ ᠠᠬᠢᠭᠤᠯᠤᠨ᠎ᠠ᠃ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠪᠤᠯᠤᠨ ᠪᠠᠶᠢᠩᠭᠤ ᠶᠢᠨ ᠬᠤᠷᠢᠶᠠᠨ ᠤ ᠬᠢᠨᠢ ᠰᠢᠢᠳᠪᠦᠷᠢ ᠳᠤᠭᠳᠠᠭᠠᠯ ᠢ ᠴᠢᠩᠭ᠎ᠠ | ᠬᠡᠷᠡᠭᠵᠢᠬᠦᠯᠵᠤ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠪᠤᠯᠤᠨ | ᠨᠡᠶᠢᠬᠡᠮ ᠤᠨ ᠬᠢᠨᠠᠯᠳᠠ ᠶᠢ ᠤᠬᠠᠮᠰᠡᠷ ᠠᠴᠠ ᠪᠠᠨ ᠬᠦᠯᠢᠶᠡᠨ ᠠᠪᠴᠦ᠂ ᠠᠷᠠᠳ ᠤᠨ ᠲᠦᠯᠦᠬᠡᠯᠡᠭᠴᠢᠳ ᠤᠨ ᠶᠡᠭᠡ | ᠬᠤᠷᠠᠯ ᠤᠨ ᠲᠦᠯᠦᠬᠡᠯᠡᠭᠴᠢ ᠶᠢᠨ ᠰᠠᠨᠠᠯ ᠵᠦᠪᠯᠡᠯᠬᠡ᠂ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠬᠡᠨ ᠤ | ᠬᠡᠰᠢᠬᠦᠨ ᠤ ᠰᠠᠨᠠᠯ ᠳᠤᠷᠠᠳᠤᠯᠭ᠎ᠠ ᠶᠢ ᠬᠦᠢᠴᠡᠳᠬᠡᠵᠤ ᠳᠠᠭᠤᠰᠬᠠᠭᠰᠠᠨ ᠨᠤᠷᠮ᠎ᠡ 100% ᠳᠤ ᠬᠦᠷᠴᠠᠢ᠃ | ᠲᠦᠯᠦᠬᠡᠯᠡᠭᠴᠢᠳ ᠡ︕ | ᠦᠩᠭᠡᠷᠡᠭᠰᠡᠨ ᠨᠢᠬᠡ ᠵᠢᠯ ᠳᠤ᠂ ᠨᠠᠷᠢᠨ ᠪᠤᠳᠤᠯᠢᠶᠠᠨ ᠤᠯᠠᠨ ᠬᠤᠪᠢᠷᠠᠯᠳᠡ ᠲᠠᠢ ᠬᠤᠷᠸ᠎ᠠ ᠪᠠᠶᠢᠳᠠᠯ ᠪᠠ | ᠬᠦᠭᠵᠢᠯᠳᠡ ᠶᠢᠨ ᠬᠦᠴᠢᠷ ᠲᠦᠪᠡᠭ ᠬᠦᠨᠳᠦ ᠨᠦᠰᠡᠷ ᠡᠬᠦᠷᠬᠡ ᠳᠤ ᠬᠠᠨᠳᠤᠵᠤ᠂ ᠪᠢᠳᠡ ᠬᠦᠴᠢᠷ ᠢ ᠮᠡᠳᠡᠵᠤ | ᠪᠠᠶᠢᠭᠠᠳ ᠬᠦᠴᠦᠯᠡᠨ ᠰᠢᠪᠳᠤᠯᠵᠤ᠂ ᠨᠠᠶᠢᠳᠠᠪᠤᠷᠢᠵᠢᠭᠤᠯᠤᠯᠳᠠ ᠶᠢ ᠰᠢᠨᠳᠠᠷᠠᠰᠢ ᠦᠬᠡᠢ ᠴᠢᠷᠮᠠᠶᠢᠨ ᠠᠳᠬᠤᠵᠤ᠂ ᠡᠯ᠎ᠡ | ᠵᠦᠢᠯ ᠤᠨ ᠬᠦᠴᠢᠷ ᠪᠠ ᠦᠷᠢᠰᠦᠯᠳᠦᠬᠡᠨ ᠢ ᠢᠯᠠᠵᠤ᠂ ᠬᠢᠯᠪᠠᠷ ᠪᠤᠰᠤ ᠠᠮᠵᠢᠯᠳᠡ ᠶᠢ ᠤᠯᠵᠡᠢ᠃ ᠨᠢᠬᠡ ᠵᠢᠯ ᠤᠨ | ᠦᠢᠯᠡᠳᠦᠯᠬᠡ ᠪᠢᠳᠡᠨ ᠢ ᠰᠡᠩᠭᠡᠷᠡᠬᠦᠯᠦᠭᠰᠡᠨ ᠨᠢ᠄ ᠰᠢᠨ᠎ᠡ ᠴᠠᠭ ᠦᠶ᠎ᠡ ᠳᠤ ᠰᠢᠨ᠎ᠡ ᠳᠠᠪᠠᠯᠳᠠ ᠶᠢ ᠠᠬᠢᠭᠤᠯᠵᠤ᠂ | ᠰᠢᠨ᠎ᠡ ᠢᠷᠡᠬᠡᠳᠦᠢ ᠶᠢ ᠴᠤᠭᠴᠠᠯᠠᠬᠤ ᠶᠢᠨ ᠬᠠᠮᠤᠭ ᠤᠨ ᠦᠨᠳᠦᠰᠦᠨ ᠶᠠᠪᠤᠳᠠᠯ ᠪᠤᠯ ᠯᠠᠪᠳᠠᠢ ᠦᠨᠡᠨᠴᠢ ᠰᠢᠳᠤᠷᠭᠤ | ᠪᠠᠶᠢᠬᠤ ᠮᠥᠨ᠂ ᠡᠷᠬᠡᠪᠰᠢ ︽ᠳᠦᠷᠪᠡᠨ ᠤᠬᠠᠮᠰᠡᠷ︾ ᠢ ᠪᠠᠳᠤ ᠪᠤᠢ ᠪᠤᠯᠭᠠᠵᠤ᠂ ︽ᠳᠦᠷᠪᠡᠨ ᠢᠳᠡᠭᠡᠯ︾ ᠢᠶᠠᠨ | ᠪᠠᠳᠤᠳᠬᠠᠵᠤ᠂ ︽ᠬᠤᠶᠠᠷ ᠢ ᠡᠷᠡᠰ ᠬᠠᠮᠠᠭᠠᠯᠠᠭᠰᠠᠨ︾ ᠪᠠᠶᠢᠵᠤ᠂ ᠤᠭ ᠰᠠᠨᠠᠭ᠎ᠠ ᠪᠠᠨ ᠦᠯᠦ ᠮᠠᠷᠳᠠᠵᠤ᠂ ᠬᠦᠰᠡᠯ | ᠨᠠᠶᠢᠳᠠᠯᠭ᠎ᠠ ᠶᠢ ᠪᠠᠳᠤ ᠴᠡᠬᠡᠵᠢᠯᠡᠵᠤ᠂ ᠦᠨᠡᠨᠴᠢ ᠰᠢᠳᠤᠷᠭᠤ ᠶᠢ ᠵᠢᠷᠦᠬᠡᠨ ᠳᠡᠭᠡᠨ ᠰᠢᠩᠭᠡᠭᠡᠨ᠂ ᠠᠵᠢᠯ ᠤᠨ ᠪᠠᠶᠢᠷᠢ | ᠳᠡᠬᠡᠷ᠎ᠡ ᠪᠠᠨ ᠪᠢᠴᠢᠵᠤ᠂ ᠠᠵᠢᠯ ᠦᠢᠯᠡᠰ ᠲᠡᠭᠡᠨ ᠠᠭᠤᠰᠤᠯᠴᠠᠭᠤᠯᠬᠤ ᠬᠡᠷᠡᠭᠳᠡᠢ︔ ᠬᠠᠮᠤᠭ ᠤᠨ ᠵᠠᠩᠭᠢᠯᠠᠭ᠎ᠠ ᠶᠢᠨ | ᠶᠠᠪᠤᠳᠠᠯ ᠪᠤᠯ ᠬᠦᠭᠵᠢᠯᠳᠡ ᠶᠢ ᠰᠠᠶᠢᠲᠤᠷ ᠠᠳᠬᠤᠬᠤ ᠮᠥᠨ᠂ ᠡᠷᠬᠡᠪᠰᠢ ᠬᠦᠭᠵᠢᠯᠳᠡ ᠭᠡᠬᠦ ᠨᠢᠬᠡᠳᠦᠬᠡᠷ ᠴᠢᠬᠤᠯᠠ | ᠡᠬᠦᠷᠬᠡ ᠶᠢ ᠴᠢᠩᠭ᠎ᠠ ᠪᠠᠷᠢᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠳᠠ ᠪᠠᠷ ᠭᠤᠤᠯ ᠪᠤᠯᠭᠠᠬᠤ ᠶᠢ | ᠪᠠᠷᠢᠮᠳᠠᠯᠠᠵᠤ᠂ ᠰᠢᠨ᠎ᠡ ᠬᠠᠭᠤᠴᠢᠨ ᠬᠦᠳᠡᠯᠬᠡᠬᠦᠷ ᠤᠨ ᠰᠤᠯᠢᠭᠳᠠᠯ ᠢ ᠦᠷᠬᠦᠯᠵᠢᠯᠡᠨ ᠲᠦᠷᠭᠡᠳᠭᠡᠵᠤ᠂ ᠴᠢᠨᠠᠷ ᠰᠠᠶᠢᠳᠠᠢ | ᠬᠦᠭᠵᠢᠯᠳᠡ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠬᠤ ᠬᠡᠷᠡᠭᠳᠡᠢ︔ ᠬᠠᠮᠤᠭ ᠤᠨ ᠭᠤᠤᠯ ᠨᠢ ᠠᠷᠠᠳ ᠲᠦᠮᠡᠨ | ᠪᠣᠯ ᠬᠠᠮᠤᠭ ᠤᠨ ᠡᠷᠬᠢᠮ ᠳᠡᠬᠡᠳᠦ ᠮᠥᠨ᠂ ᠡᠷᠬᠡᠪᠰᠢ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠳᠡ ᠶᠢᠨ | ᠦᠵᠡᠯ ᠰᠠᠨᠠᠭ᠎ᠠ ᠶᠢ ᠢᠮᠠᠭᠳᠠ ᠵᠠᠰᠠᠭ ᠤᠨ ᠤᠷᠳᠤᠨ ᠤ ᠪᠦᠬᠦ ᠠᠵᠢᠯ ᠳᠤ ᠳᠤᠭᠤᠰᠢᠯᠠᠭᠤᠯᠵᠤ᠂ ᠠᠷᠠᠳ ᠤᠨ | ᠲᠦᠯᠦᠬᠡ ᠤᠴᠢᠷ ᠶᠠᠪᠤᠳᠠᠯ ᠬᠢᠵᠤ᠂ ᠠᠷᠠᠳ ᠤᠯᠠᠨ ᠤ ᠡᠷᠡᠬᠡᠯᠵᠡᠭᠡ ᠶᠢ ᠨᠢ ᠳᠠᠶᠢᠯᠵᠤ᠂ ᠠᠷᠠᠳ ᠤᠨ ᠠᠮᠢᠳᠤᠷᠠᠯ ᠤᠨ | ᠪᠤᠶᠠᠨ ᠬᠡᠰᠢᠭ ᠢ ᠳᠠᠰᠤᠷᠠᠯᠳᠡ ᠦᠬᠡᠢ ᠨᠡᠮᠡᠭᠳᠡᠬᠦᠯᠵᠤ᠂ ᠠᠷᠠᠳ ᠤᠯᠠᠨ ᠳᠤ ᠬᠠᠮᠤᠭ ᠤᠨ ᠶᠡᠭᠡ ᠬᠡᠮᠵᠢᠶ᠎ᠡ ᠪᠠᠷ | ᠦᠬᠡᠷᠡᠴᠢᠯᠡᠯᠳᠡ ᠬᠦᠭᠵᠢᠬᠦᠯᠦᠯᠳᠡ ᠶᠢᠨ ᠦᠷ᠎ᠡ ᠪᠦᠲᠦᠭᠡᠯ ᠢ ᠬᠠᠮᠳᠤ ᠪᠠᠷ ᠡᠳ᠋ᠯᠡᠬᠦᠯᠬᠦ ᠬᠡᠷᠡᠭᠳᠡᠢ︔ ᠬᠠᠮᠤᠭ ᠤᠨ | ᠡᠷᠬᠢᠮ ᠨᠠᠨᠳᠢᠨ ᠶᠠᠪᠤᠳᠠᠯ ᠪᠤᠯ ᠡᠬᠦᠷᠬᠡᠯᠡᠵᠤ ᠬᠢᠬᠦ ᠶᠠᠪᠤᠳᠠᠯ ᠮᠥᠨ᠂ ᠡᠷᠬᠡᠪᠰᠢ ᠵᠤᠷᠢᠭᠳᠠᠢ ᠪᠠᠷ ᠤᠴᠢᠷ ᠶᠠᠪᠤᠳᠠᠯ | ᠬᠢᠵᠤ᠂ ᠵᠤᠷᠢᠭᠳᠡᠢ ᠪᠠᠷ ᠤᠴᠢᠷ ᠶᠠᠪᠤᠳᠠᠯ ᠢ ᠡᠬᠦᠷᠬᠡᠯᠡᠵᠤ᠂ ᠵᠦᠷᠢᠴᠡᠯ ᠳᠤ ᠬᠠᠨᠳᠤᠨ ᠳᠠᠯᠳᠢᠷᠠᠬᠤ ᠦᠬᠡᠢ᠂ | ᠬᠦᠴᠢᠷᠳᠡᠯ ᠲᠤᠯᠭᠠᠷᠠᠪᠠᠯ ᠬᠤᠶᠢᠰᠢ ᠤᠬᠤᠷᠢᠬᠤ ᠦᠬᠡᠢ᠂ ᠳᠠᠷᠤᠯᠳᠠᠳᠤ ᠬᠦᠴᠦᠨ ᠳᠤ ᠬᠠᠨᠳᠤᠨ ᠴᠠᠯᠠᠭᠠᠶᠢᠷᠠᠬᠤ ᠦᠬᠡᠢ | ᠪᠠᠷ᠂ ᠰᠡᠳᠬᠢᠯ ᠢᠶᠠᠨ ᠬᠠᠮᠳᠤᠳᠬᠠᠨ ᠴᠢᠭᠯᠡᠯ ᠢᠶᠠᠨ ᠨᠢᠬᠡᠳᠬᠡᠵᠤ᠂ ᠤᠯᠠᠭᠠᠨᠴᠠᠪ ᠤᠨ ᠡᠯ᠎ᠡ ᠲᠦᠷᠦᠯ ᠤᠨ ᠠᠵᠢᠯ | ᠦᠢᠯᠡᠰ ᠢ ᠯᠠᠪᠳᠠᠭᠤᠨ ᠳᠤᠭᠳᠠᠭᠤᠨ ᠤᠷᠤᠭᠰᠢ ᠲᠦᠯᠬᠢᠨ ᠠᠬᠢᠭᠤᠯᠬᠤ ᠬᠡᠷᠡᠭᠳᠡᠢ᠃ | 2018 ᠤᠨ ᠪᠤᠯ ᠦᠬᠡᠷᠡᠴᠢᠯᠡᠯᠳᠡ ᠨᠡᠬᠡᠬᠡᠯᠳᠡ ᠶᠢᠨ 40 ᠵᠢᠯ ᠤᠨ ᠤᠢ ᠮᠥᠨ᠃ 40 ᠵᠢᠯ ᠤᠨ ᠳᠤᠷᠰᠢ᠂ | ᠪᠦᠬᠦ ᠬᠤᠳᠠ ᠶᠢᠨ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠰᠢᠷᠭᠠᠭᠤ ᠳᠡᠮᠡᠴᠡᠵᠤ᠂ ᠡᠷᠢᠯᠬᠢᠯᠠᠨ ᠰᠢᠨ᠎ᠡ | ᠶᠢ ᠡᠬᠦᠳᠴᠦ᠂ ᠠᠵᠤ ᠠᠬᠤᠢ ᠨᠡᠶᠢᠬᠡᠮ ᠤᠨ ᠬᠦᠭᠵᠢᠯᠳᠡ ᠪᠠ ᠠᠷᠠᠳ ᠲᠦᠮᠡᠨ ᠤ ᠠᠮᠢᠳᠤᠷᠠᠯ ᠳᠤ ᠳᠡᠭᠷᠢ ᠭᠠᠵᠠᠷ ᠢ | ᠳᠤᠩᠰᠤᠯᠭᠠᠭᠰᠠᠨ ᠯᠤᠳᠤ ᠶᠡᠭᠡ ᠬᠤᠪᠢᠷᠠᠯᠳᠡ ᠭᠠᠷᠴᠠᠢ᠃ ᠡᠨᠡ ᠪᠤᠯ ᠰᠢ ᠶᠢᠨ ᠫᠢᠩ ᠨᠦᠬᠦᠷ ᠢᠶᠠᠷ ᠭᠤᠤᠯ | ᠪᠤᠯᠭᠠᠭᠰᠠᠨ ᠨᠠᠮ ᠤᠨ ᠲᠦᠪ ᠬᠤᠷᠢᠶᠠᠨ ᠤ ᠬᠠᠶᠢᠷᠠᠯᠠᠨ ᠬᠠᠯᠠᠮᠵᠢᠯᠠᠭᠰᠠᠨ ᠤ ᠦᠷ᠎ᠡ ᠳ᠋ᠦᠩ ᠮᠥᠨ᠂ ᠦᠪᠡᠷᠳᠡᠬᠡᠨ | ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠳᠠ ᠶᠢᠨ ᠨᠠᠮ ᠤᠨ ᠬᠤᠷᠢᠶᠠᠨ ᠤ ᠪᠠᠳᠤ | ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠤᠯᠤᠰ | ᠲᠦᠷᠦ ᠶᠢᠨ ᠵᠦᠪᠯᠡᠯᠬᠡᠨ ᠤ ᠬᠢᠨᠠᠯᠳᠠ ᠳᠠᠯᠪᠢᠵᠤ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠬᠤᠳᠠ ᠶᠢᠨ | ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠪᠦᠯᠬᠦᠮᠳᠡᠨ ᠳᠡᠮᠡᠴᠡᠭᠰᠡᠨ ᠤ ᠦᠷ᠎ᠡ ᠳ᠋ᠦᠩ ᠮᠥᠨ᠃ ᠠᠳᠡ | ᠪᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠮᠦᠨ᠎ᠡ ᠠᠴᠠ ᠪᠦᠬᠦ ᠬᠤᠳᠠ ᠶᠢᠨ ᠦᠨᠳᠦᠰᠦᠳᠡᠨ ᠨᠦᠭᠦᠳ | ᠤᠨ ᠠᠷᠠᠳ ᠲᠦᠮᠡᠨ᠂ ᠤᠯᠠᠭᠠᠨᠴᠠᠪ ᠤᠨ ᠪᠦᠲᠦᠭᠡᠨ ᠪᠠᠶᠢᠭᠤᠯᠤᠯᠳᠠ ᠬᠦᠭᠵᠢᠯᠳᠡ ᠶᠢ ᠬᠠᠯᠠᠮᠵᠢᠯᠠᠵᠤ᠂ ᠳᠡᠮᠵᠢᠭᠰᠡᠨ | ᠡᠯ᠎ᠡ ᠡᠳᠡᠬᠡᠳ ᠤᠨ ᠬᠦᠮᠦᠰ ᠲᠤ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠬᠦᠯᠦᠶ᠎ᠡ︕ | ᠠᠮᠵᠢᠯᠳᠡ ᠪᠦᠲᠦᠭᠡᠯ ᠤᠨ ᠠᠷᠤ ᠳᠤ᠂ ᠪᠢᠳᠡ ᠪᠠᠰᠠ ᠮᠠᠰᠢ ᠤᠯᠠᠨ ︽ᠬᠤᠶᠠᠷ ᠪᠡᠷᠬᠡ︾ ᠶᠢᠨ ᠰᠤᠩᠭᠤᠯᠳᠠ | ᠳᠤ ᠳᠤᠯᠭᠠᠷᠠᠯᠠ᠂ ᠦᠢᠯᠡᠳᠪᠦᠷᠢᠯᠡᠯ ᠤᠨ ᠴᠢᠳᠠᠪᠤᠷᠢ ᠶᠢ ᠬᠠᠰᠤᠵᠤ᠂ ᠬᠦᠰᠢᠬᠦᠷᠬᠡ ᠶᠢ ᠬᠠᠰᠤᠬᠤ ᠪᠠᠷ ᠦᠯᠦ ᠪᠠᠷᠠᠮ᠂ | ᠪᠠᠰᠠ ᠬᠤᠷᠢᠭ᠎ᠠ ᠱᠣᠭᠤᠮ ᠢ ᠰᠠᠬᠢᠵᠤ᠂ ᠠᠵᠢᠯ ᠤᠯᠭᠤᠯᠳᠠ ᠶᠢ ᠳᠤᠭᠳᠠᠪᠤᠷᠢᠵᠢᠭᠤᠯᠵᠤ᠂ ᠠᠮᠢ ᠠᠬᠤᠢ ᠶᠢ | ᠬᠠᠮᠠᠭᠠᠯᠠᠬᠤ ᠬᠡᠷᠡᠭᠳᠡᠢ᠂ ᠬᠦᠭᠵᠢᠯᠳᠡ ᠶᠢᠨ ᠬᠤᠷᠳᠤᠴᠠ ᠶᠢ ᠳᠡᠭᠡᠭᠰᠢᠯᠡᠬᠦᠯᠬᠦ ᠬᠡᠷᠡᠭᠳᠡᠢ᠂ ᠦᠷᠢ ᠦᠭᠴᠡᠭᠡ ᠶᠢ | ᠨᠠᠮᠳᠠᠭᠠᠬᠤ ᠬᠡᠷᠡᠭᠳᠡᠢ᠂ ᠠᠷᠠᠳ ᠤᠨ ᠠᠮᠢᠳᠤᠷᠠᠯ ᠢ ᠪᠠᠳᠤᠯᠠᠬᠤ ᠬᠡᠷᠡᠭᠳᠡᠢ᠂ ᠤᠯᠠᠨ ᠵᠦᠢᠯ ᠤᠨ ᠵᠦᠷᠢᠴᠡᠯ ᠪᠠ | ᠠᠰᠠᠭᠤᠳᠠᠯ ᠵᠢᠭᠤᠷᠠᠯᠳᠤᠨ ᠳᠠᠪᠬᠤᠴᠠᠵᠤ᠂ ᠦᠷᠢᠰᠦᠯᠳᠦᠬᠡᠨ ᠪᠠ ᠲᠦᠭᠰᠢᠬᠦᠷᠢ ᠮᠡᠳᠡᠭᠳᠡᠬᠦᠶᠢᠴᠡ ᠤᠯᠠᠰᠢᠷᠠᠪᠠ᠃ | ᠡᠬᠦᠨ ᠳᠤ ᠬᠤᠷᠸ᠎ᠠ ᠤᠷᠴᠢᠨ ᠳᠤᠭᠤᠷᠢᠨ ᠤ ᠨᠦᠯᠦᠬᠡᠯᠡᠯ ᠪᠠᠶᠢᠬᠤ ᠪᠠᠷ ᠪᠠᠷᠠᠬᠤ ᠦᠬᠡᠢ᠂ ᠪᠠᠰᠠ ᠪᠢᠳᠡᠨ ᠤ ᠳᠤᠰ | ᠪᠡᠶ᠎ᠡ ᠳᠤ ᠠᠰᠠᠭᠤᠳᠠᠯ ᠤᠷᠤᠰᠢᠵᠤ ᠪᠤᠢ᠂ ᠵᠠᠷᠢᠮ ᠨᠢ ᠤᠷᠳᠤ ᠬᠤᠭᠤᠴᠠᠭ᠎ᠠ ᠶᠢᠨ ᠬᠤᠷᠠᠮᠳᠤᠭᠤᠯᠭ᠎ᠠ ᠠᠴᠠ | ᠪᠦᠷᠢᠯᠳᠦᠵᠦ᠂ ᠵᠠᠷᠢᠮ ᠨᠢ ᠰᠢᠨ᠎ᠡ ᠪᠠᠷ ᠢᠯᠡᠷᠡᠵᠦ ᠪᠤᠢ᠃ ᠭᠤᠤᠯ ᠢᠯᠡᠷᠡᠯ ᠨᠢ᠂ ᠠᠵᠤ ᠠᠬᠤᠢ ᠤᠷᠤᠭᠤᠳᠠᠭᠰᠠᠨ | ᠳᠠᠷᠤᠯᠳᠠᠳᠤ ᠬᠦᠴᠦᠨ ᠨᠡᠯᠢᠶᠡᠳ ᠶᠡᠭᠡ᠂ ᠲᠦᠷᠦᠯ ᠵᠦᠢᠯ ᠤᠨ ᠨᠦᠬᠡᠴᠡ ᠬᠦᠢᠴᠡᠳ ᠪᠤᠰᠤ᠂ ᠳᠤᠭᠳᠠᠮᠠᠯ ᠬᠦᠷᠦᠩᠭᠡ | ᠶᠢᠨ ᠪᠡᠯᠡ ᠤᠷᠤᠭᠤᠯᠤᠯᠳᠠ ᠢᠯᠡᠳᠳᠡ ᠳᠤᠷᠤᠭᠰᠢᠯᠠᠭᠰᠠᠨ︔ ᠠᠵᠤ ᠦᠢᠯᠡᠰ ᠤᠨ ᠪᠦᠲᠦᠴᠡ ᠶᠢᠨ ᠰᠢᠯᠢᠳᠡᠭ ᠪᠤᠰᠤ | ᠵᠦᠷᠢᠴᠡᠯ ᠮᠥᠨ ᠯᠠ ᠳᠤᠪᠤᠶᠢᠮ᠎ᠡ᠂ ᠪᠤᠳᠠᠳᠤ ᠴᠤᠭᠴᠠ ᠶᠢᠨ ᠠᠵᠤ ᠠᠬᠤᠢ ᠶᠢᠨ ᠬᠦᠴᠢᠷᠳᠡᠯ ᠪᠠ ᠮᠦᠩᠬᠦᠨ | ᠬᠦᠢᠯᠬᠡᠬᠡᠨ ᠤ ᠬᠡᠨᠡᠨ ᠲᠦᠭᠰᠢᠬᠦᠷᠢ ᠵᠡᠷᠬᠡᠪᠡᠷ ᠤᠷᠤᠰᠢᠭᠰᠠᠨ︔ ᠤᠯᠠᠨ ᠲᠦᠮᠡᠨ ᠤ ᠰᠤᠷᠭᠠᠭᠤᠯᠢ ᠳᠤ ᠤᠷᠤᠬᠤ᠂ | ᠡᠪᠡᠳᠴᠢᠨ ᠦᠵᠡᠬᠦᠯᠬᠦ᠂ ᠢᠯᠴᠢ ᠬᠠᠩᠭᠠᠬᠤ᠂ ᠠᠳᠠᠯ ᠠᠬᠤᠢ ᠶᠢᠨ ᠦᠢᠯᠡᠴᠢᠯᠡᠭᠡ ᠶᠢ ᠬᠦᠷᠳᠡᠬᠦ ᠵᠡᠷᠬᠡ ᠳᠠᠯ᠎ᠠ ᠪᠠᠷ | ᠪᠠᠰᠠ ᠲᠦᠭᠵᠢᠮᠡᠯ᠂ ᠲᠦᠪᠡᠭᠳᠡᠢ ᠠᠰᠠᠭᠤᠳᠠᠯ ᠤᠷᠤᠰᠢᠭᠰᠠᠨ︔ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ | ᠳᠤ ︽ᠳᠤᠮᠳᠠ ᠳᠤ ᠨᠢ ᠪᠦᠭᠯᠡᠷᠡᠬᠦ︾ ︽ᠬᠠᠮᠤᠭ ᠡᠴᠦᠰ ᠤᠨ ᠨᠢᠭᠡ ᠺᠢᠯᠤᠮᠧᠲᠷ︾ ︽ᠨᠢᠬᠡ ᠯᠠ ᠠᠳᠠᠯᠢ ᠪᠠᠷ | ᠱᠠᠭᠠᠷᠳᠠᠬᠤ︾ ᠵᠡᠷᠬᠡ ᠠᠰᠠᠭᠤᠳᠠᠯ ᠤᠷᠤᠰᠢᠵᠤ᠂ ᠵᠠᠰᠠᠭ ᠤᠨ ᠤᠷᠳᠤᠨ ᠤ ᠠᠵᠢᠯ ᠳᠤ ᠪᠠᠰᠠ ᠮᠠᠰᠢ ᠤᠯᠠᠨ | ᠪᠠᠶᠢᠷᠢᠰᠢᠯᠠᠭᠤᠯᠤᠭᠰᠠᠨ ᠦᠬᠡᠢ᠂ ᠴᠠᠭ ᠲᠠᠭᠠᠨ ᠪᠤᠰᠤ᠂ ᠬᠦᠮᠦᠨ ᠤ ᠰᠠᠨᠠᠭᠠᠨ ᠳᠤ ᠬᠦᠷᠬᠦ ᠦᠬᠡᠢ ᠭᠠᠵᠠᠷ ᠲᠠᠢ | ᠪᠠᠶᠢᠵᠤ᠂ ᠵᠠᠷᠢᠮ ᠨᠢᠬᠡᠴᠢ ᠶᠢᠨ ᠤᠪᠤᠷ ᠰᠤᠷᠳᠠᠯ ᠬᠠᠰᠢ ᠶᠠᠰᠢ᠂ ᠪᠤᠳᠠᠳᠠᠢ ᠪᠠᠷ ᠠᠵᠢᠯᠯᠠᠬᠤ ᠦᠬᠡᠢ᠂ ᠬᠡᠰᠡᠭ ᠪᠦᠯᠦᠭ | ᠺᠠᠳ᠋ᠷᠴᠤᠳ ᠬᠠᠭᠤᠴᠢᠨ ᠢᠶᠠᠨ ᠦᠬᠦᠨ ᠪᠠᠷᠢᠮᠳᠠᠯᠠᠵᠤ᠂ ᠵᠤᠷᠢᠭᠳᠠᠢ ᠡᠬᠦᠷᠬᠡᠯᠡᠬᠦ ᠦᠬᠡᠢ᠂ ᠰᠢᠨ᠎ᠡ ᠴᠠᠭ ᠦᠶ᠎ᠡ ᠶᠢᠨ | ᠰᠢᠨ᠎ᠡ ᠡᠬᠦᠷᠬᠡ ᠰᠢᠨ᠎ᠡ ᠱᠠᠭᠠᠷᠳᠠᠯᠭ᠎ᠠ ᠲᠠᠢ ᠬᠠᠷᠢᠯᠴᠠᠨ ᠵᠤᠬᠢᠴᠠᠬᠤ ᠦᠬᠡᠢ ᠳᠤ ᠪᠤᠢ᠃ ᠡᠶᠢᠮᠦ ᠠᠴᠠ᠂ ᠪᠢᠳᠡ | ᠡᠷᠬᠡᠪᠰᠢ ᠳᠠᠷᠢᠬᠢ ᠳᠤᠯᠤᠭᠠᠢ ᠪᠠᠨ ᠰᠡᠷᠬᠡᠭ ᠪᠠᠶᠢᠯᠭᠠᠵᠤ᠂ ᠬᠦᠭᠵᠢᠯᠳᠡ ᠶᠢᠨ ᠰᠠᠮᠠᠳᠢ ᠶᠢᠨ ᠬᠦᠴᠦ ᠶᠢ ᠨᠡᠮᠡᠭᠳᠡᠬᠦᠯᠵᠤ᠂ | ᠭᠤᠤᠯ ᠵᠦᠷᠢᠴᠡᠯ ᠢ ᠠᠳᠬᠤᠵᠤ᠂ ᠡᠯ᠎ᠡ ᠲᠦᠷᠦᠯ ᠤᠨ ᠠᠵᠢᠯ ᠢᠶᠠᠨ ᠬᠦᠴᠦᠯᠡᠨ ᠬᠢᠵᠦ᠂ ᠪᠦᠬᠦ ᠬᠤᠳᠠ ᠶᠢᠨ | ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠦ ᠬᠦᠰᠡᠷᠳᠡᠬᠦᠯᠬᠦ ᠦᠬᠡᠢ︕ | ᠬᠤᠶᠠᠷ᠂ 2019 ᠤᠨ ᠤ ᠶᠡᠷᠦᠩᠬᠡᠢ ᠰᠡᠳᠬᠢᠮᠵᠢ ᠬᠢᠭᠡᠳ ᠭᠤᠤᠯᠳᠠᠯᠭᠠᠳᠤ ᠡᠭᠦᠷᠭᠡ | 2019 ᠤᠨ ᠪᠤᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠦᠭᠡᠳ ᠮᠥᠨ ᠴᠦ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠨ᠂ ᠨᠢᠭᠡᠳᠦᠭᠡᠷ ᠵᠠᠭᠤᠨ ᠵᠢᠯ ᠤᠨ ᠲᠠᠮᠡᠴᠡᠯ ᠤᠨ | ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠤᠯᠤᠨ᠎ᠠ᠃ ᠬᠤᠳᠠ ᠶᠢᠨ ᠨᠠᠮ ᠤᠨ ᠬᠤᠷᠢᠶᠠᠨ ᠤ ᠲᠦᠷᠪᠡᠳᠦᠭᠡᠷ | ᠬᠤᠭᠤᠴᠠᠭᠠᠨ ᠤ ᠳᠤᠯᠤᠳᠤᠭᠠᠷ ᠤᠳᠠᠭᠠᠨ ᠤ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠵᠢᠷᠤᠮᠯᠠᠭᠰᠠᠨ ᠦᠨᠦ ᠵᠢᠯ | ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠰᠡᠳᠬᠢᠮᠵᠢ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ | ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ︽ᠳᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠲᠤᠯᠲᠠᠢ ᠲᠦᠯᠦᠪᠯᠡᠨ ᠠᠬᠢᠭᠤᠯᠵᠤ᠂ ︽ᠳᠦᠷᠪᠡᠨ ᠪᠦᠬᠦ | ᠲᠠᠯ᠎ᠠ︾ ᠶᠢᠨ ᠪᠠᠶᠢᠯᠳᠣᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠭᠤᠯᠤᠨ ᠠᠬᠢᠭᠤᠯᠵᠤ᠂ ᠰᠢᠨ᠎ᠡ | ᠬᠦᠭᠵᠢᠯᠲᠠ ᠶᠢᠨ ᠤᠨᠤᠯᠵᠢᠬᠤᠨ ᠢ ᠪᠠᠷᠢᠮᠲᠠᠯᠠᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠦᠭᠡᠷᠡᠴᠢᠯᠡᠯᠲᠠ ᠪᠠᠷ ᠭᠤᠤᠯ ᠰᠢᠵᠢᠮ ᠪᠤᠯᠭᠠᠵᠤ᠂ ᠴᠢᠨᠠᠷ ᠰᠠᠶᠢᠲᠠᠢ ᠬᠦᠭᠵᠢᠯᠲᠠ ᠶᠢ ᠲᠦᠷᠭᠡᠳᠭᠡᠨ ᠠᠬᠢᠭᠤᠯᠵᠤ᠂ | ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠬᠢᠵᠦ᠂ ᠲᠤᠮᠤ ᠪᠠᠷᠠᠭ᠎ᠠ ᠭᠦᠢᠯᠭᠡᠭᠡ᠂ ᠲᠤᠮᠦ | ᠵᠢᠭᠤᠯᠴᠢᠯᠠᠯ᠂ ᠲᠤᠮᠤ ᠳ᠋ᠠᠶᠢᠲ᠋ᠠ ᠶᠢᠨ ︽ᠭᠤᠷᠪᠠᠨ ᠭᠤᠤᠯᠯᠠᠭᠴᠢ ᠠᠵᠤ ᠦᠢᠯᠡᠰ︾ ᠢ ᠶᠡᠬᠡᠪᠡᠷ ᠬᠦᠭᠵᠢᠭᠦᠯᠦᠨ᠂ | ᠴᠢᠨᠠᠷ ᠰᠠᠶᠢᠳᠠᠢ ᠦᠨᠳᠦᠷ ᠠᠰᠢᠭᠯᠠᠮᠵᠢᠳᠤ ᠡᠵᠡᠩᠨᠡᠯᠳᠡ ᠬᠤᠳᠠᠯᠳᠤᠭᠠᠨ ᠤ ᠤᠷᠴᠢᠨ ᠲᠤᠭᠤᠷᠢᠨ ᠪᠠ ᠠᠮᠤᠷ ᠲᠦᠪᠰᠢᠨ | ᠳᠤᠭᠳᠠᠭᠤᠨ ᠨᠡᠶᠢᠭᠡᠮ ᠤᠨ ᠤᠷᠴᠢᠨ ᠲᠤᠭᠤᠷᠢᠨ ᠢ ᠬᠦᠴᠦᠯᠡᠨ ᠪᠠᠶᠢᠭᠤᠯᠵᠤ᠂ ᠬᠤᠳᠠᠯᠳᠤᠭᠠᠴᠢᠨ ᠤᠷᠢᠬᠤ᠂ | ᠲᠦᠷᠦᠯ ᠵᠦᠢᠯ᠂ ᠠᠷᠠᠳ ᠤᠨ ᠠᠮᠢᠳᠤᠷᠠᠯ᠂ ᠬᠡᠪ ᠰᠤᠷᠳᠠᠯ ᠤᠨ ᠬᠤᠪᠢᠷᠠᠯᠳᠠ ᠶᠢ ᠠᠳᠬᠤᠵᠤ᠂ ᠨᠡᠮᠡᠭᠳᠡᠯ ᠢ | ᠲᠤᠭᠲᠠᠪᠤᠷᠢᠵᠢᠭᠤᠯᠬᠤ᠂ ᠦᠭᠡᠷᠡᠴᠢᠯᠡᠯᠲᠠ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠠᠵᠢᠯ ᠢ ᠨᠢᠭᠡᠲᠦᠯᠲᠠᠢ ᠲᠦᠯᠦᠪᠯᠡᠨ ᠲᠦᠯᠬᠢᠨ | ᠠᠬᠢᠭᠤᠯᠵᠤ᠂ ᠪᠦᠬᠦ ᠤᠷᠤᠨ ᠤ ᠨᠡᠬᠡᠭᠡᠨ ᠬᠦᠭᠵᠢᠭᠦᠯᠵᠦ ᠨᠠᠬᠡᠭᠡᠯᠲᠠ ᠬᠢᠬᠦ ᠰᠢᠨ᠎ᠡ ᠦᠨᠳᠦᠷᠯᠢᠭ ᠢ ᠴᠢᠷᠮᠠᠶᠢᠨ | ᠪᠠᠶᠢᠭᠤᠯᠵᠦ᠂ ᠠᠵᠤ ᠠᠬᠤᠢ ᠶᠢᠨ ᠦᠷᠬᠦᠯᠵᠢᠯᠡᠨ ᠡᠷᠡᠬᠦᠯ ᠬᠦᠭᠵᠢᠯᠳᠡ ᠪᠤᠯᠤᠨ ᠨᠡᠶᠢᠭᠡᠮ ᠤᠨ ᠶᠡᠭᠡ ᠪᠠᠶᠢᠳᠠᠯ ᠤᠨ | ᠳᠤᠭᠳᠠᠭᠤᠨ ᠢ ᠪᠠᠳᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ ᠳᠠᠭᠤᠰᠬᠠᠬᠤ ᠳᠤ | ᠰᠢᠢᠳᠪᠦᠷᠢᠲᠦ ᠴᠢᠨᠠᠷᠲᠠᠢ ᠰᠠᠭᠤᠷᠢ ᠲᠠᠯᠪᠢᠵᠦ᠂ ᠰᠢᠯᠢᠳᠡᠭ ᠠᠮᠵᠢᠯᠲᠠ ᠪᠠᠷ ᠪᠦᠭᠦᠳᠡ ᠨᠠᠶᠢᠷᠠᠮᠳᠠᠬᠤ ᠲᠤᠮᠳᠠᠳᠤ ᠠᠷᠠᠳ | ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠨ᠎ᠠ᠃ | ᠭᠤᠤᠯ ᠵᠢᠱᠢᠭᠰᠡᠨ ᠬᠠᠷᠠᠯᠲᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 6% | ᠪᠠᠷ ᠨᠡᠮᠡᠭᠳᠡᠭᠦᠯᠵᠦ᠂ ᠲᠤᠭᠲᠠᠮᠠᠯ ᠬᠦᠷᠦᠩᠭᠡ ᠤᠨ ᠪᠡᠯᠡ ᠤᠷᠤᠭᠤᠯᠤᠯᠲᠠ ᠶᠢ 8% ᠤᠷᠴᠢᠮ ᠢᠶᠠᠷ ᠨᠡᠮᠡᠭᠳᠡᠭᠦᠯᠵᠦ᠂ | ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠬᠡᠮᠵᠢᠶ᠎ᠡ ᠶᠢ 6.5% ᠪᠠᠷ | ᠨᠡᠮᠡᠭᠳᠡᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠤᠯᠬᠤ ᠤᠷᠤᠯᠭ᠎ᠠ ᠶᠢ ᠲᠤᠰ ᠲᠤᠰ 7. | 5% ᠪᠠ 8% ᠤᠷᠴᠢᠮ ᠢᠶᠠᠷ ᠨᠡᠮᠡᠭᠳᠡᠭᠦᠯᠦᠨ᠎ᠠ᠃᠂ ᠬᠤᠲᠠ ᠪᠠᠯᠭᠠᠰᠤᠨ ᠤ ᠰᠢᠨ᠎ᠠ ᠪᠠᠷ ᠨᠡᠮᠡᠭᠳᠡᠬᠦᠯᠦᠭᠰᠡᠨ ᠠᠵᠢᠯ | ᠤᠯᠤᠭᠰᠠᠳ ᠢ 1.4 ᠲᠦᠮᠡ ᠠᠴᠠ ᠳᠡᠭᠡᠭᠰᠢ ᠪᠠᠶᠢᠯᠭᠠᠵᠤ᠂ ᠬᠤᠲᠠ ᠪᠠᠯᠭᠠᠰᠤᠨ ᠤ ᠳᠠᠩᠰᠠᠯᠠᠭᠰᠠᠨ ᠠᠵᠢᠯ | ᠠᠯᠳᠠᠭᠰᠠᠳ ᠤᠨ ᠨᠤᠷᠮ᠎ᠠ ᠶᠢ 4.5% ᠲᠤᠲᠤᠷ᠎ᠠ ᠬᠢᠵᠠᠭᠠᠷᠯᠠᠨ᠎ᠠ᠃ ᠤᠯᠤᠰ ᠠᠴᠠ ᠪᠠᠭᠤᠯᠭᠠᠭᠰᠠᠨ ᠤᠨ ᠤ ᠡᠨᠧᠷᠭᠢ | ᠠᠷᠪᠢᠯᠠᠵᠤ ᠪᠣᠬᠢᠷᠲᠤᠯ ᠪᠠᠭᠠᠰᠬᠠᠬᠤ ᠬᠠᠷᠠᠯᠳᠠᠳᠤ ᠡᠭᠦᠷᠭᠡ ᠶᠢ ᠪᠡᠶᠡᠯᠡᠭᠦᠯᠦᠨ᠎ᠠ᠃ | ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠪᠢᠳᠡ ᠰᠢ ᠶᠢᠨ ᠫᠢᠩ ᠶᠠᠷᠦᠩᠬᠡᠢ ᠱᠦᠵᠢ ᠶᠢᠨ ᠦᠪᠦᠷ | ᠮᠤᠩᠭᠤᠯ ᠳᠤ ᠳᠤᠷᠠᠳᠤᠭᠰᠠᠨ ︽ᠲᠦᠷᠪᠡᠨ ᠬᠦᠴᠦᠯᠡᠴᠡ︾᠂ ︽ᠭᠤᠷᠪᠠᠨ ᠯᠠᠪᠳᠠᠭᠤᠨ ᠪᠠᠲᠤᠲᠠᠢ ᠪᠠᠶᠢᠬᠤ︾ | ᠴᠢᠬᠤᠯᠠ ᠱᠠᠭᠠᠷᠳᠠᠯᠭ᠎ᠠ ᠶᠢ ᠲᠤᠭᠤᠰᠢᠯᠠᠭᠤᠯᠤᠨ᠂ ᠯᠢ ᠺᠧ ᠴᠢᠶᠠᠩ ᠶᠡᠷᠦᠩᠬᠡᠢ ᠰᠠᠶᠢᠳ ᠤᠨ ᠮᠠᠨ ᠤ ᠬᠤᠲᠠ ᠳᠤ | ᠪᠠᠶᠢᠴᠠᠭᠠᠨ ᠲᠤᠬᠤᠨᠢᠭᠤᠯᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ | ᠲᠦᠪ ᠤᠨ ᠠᠵᠤ ᠠᠬᠤᠢ ᠶᠢᠨ ᠠᠵᠢᠯ ᠤᠨ ᠬᠤᠷᠠᠯ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠠᠷᠪᠠᠳᠤᠭᠠᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠦᠭᠦᠳᠡ ᠬᠤᠷᠠᠯ ᠵᠢᠴᠢ ᠪᠦᠬᠦ ᠤᠷᠤᠨ ᠤ ᠠᠵᠤ ᠠᠬᠤᠢ | ᠶᠢᠨ ᠠᠵᠢᠯ ᠤᠨ ᠬᠤᠷᠠᠯ᠂ ᠦᠪᠡᠷᠲᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠬᠤᠶᠠᠳᠤᠭᠠᠷ ᠤᠳᠠᠭᠠᠨ ᠤ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠳᠦᠷᠪᠡᠳᠦᠭᠡᠷ | ᠬᠤᠭᠤᠴᠠᠭᠠᠨ ᠤ ᠲᠤᠯᠤᠳᠤᠭᠠᠷ ᠤᠳᠠᠭᠠᠨ ᠤ ᠪᠦᠭᠦᠳᠡ ᠬᠤᠷᠠᠯ ᠤᠨ ᠵᠤᠷᠢᠭ ᠰᠠᠨᠠᠭ᠎ᠠ ᠶᠤᠰᠤᠭᠠᠷ᠂ ︽ᠪᠠᠬᠢᠵᠢᠭᠦᠯᠬᠦ᠂ | ᠴᠢᠩᠭᠠᠷᠠᠭᠤᠯᠬᠤ᠂ ᠳᠡᠭᠡᠭᠰᠢᠯᠡᠭᠦᠯᠬᠦ᠂ ᠰᠢᠯᠤᠭᠤᠳᠬᠠᠬᠤ︾ ᠴᠢᠭᠯᠡᠯᠲᠠ ᠶᠢ ᠪᠠᠷᠢᠮᠲᠠᠯᠠᠵᠦ᠂ ᠬᠠᠩᠭᠠᠯᠭ᠎ᠠ ᠶᠢᠨ ᠲᠠᠯ᠎ᠠ | ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠠ ᠶᠢ ᠭᠦᠨᠵᠡᠭᠡᠶᠢᠷᠡᠭᠦᠯᠦᠨ᠂ ᠠᠵᠠ ᠳᠤᠬᠢᠶᠠᠯ ᠢ ᠭᠤᠶᠢᠪᠢᠰᠢ ᠦᠭᠡᠢ | ᠠᠳᠬᠤᠵᠤ᠂ ᠠᠵᠠ ᠳᠤᠬᠢᠶᠠᠯ ᠢ ᠠᠰᠢᠭᠯᠠᠨ᠂ ᠳᠠᠪᠠᠭᠤᠯᠢᠭ ᠲᠠᠯ᠎ᠠ ᠳᠤ ᠪᠠᠨ ᠰᠠᠭᠤᠷᠢᠯᠠᠨ ᠪᠦᠲᠦᠭᠡᠯᠴᠢ ᠴᠢᠨᠠᠷᠲᠠᠢ | ᠠᠵᠢᠯᠯᠠᠨ᠂ ᠴᠢᠨᠠᠷ ᠰᠠᠶᠢᠲᠠᠢ ᠬᠦᠭᠵᠢᠯᠲᠠ ᠶᠢᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠨᠡᠭᠡᠭᠡᠨ᠎ᠡ᠃ | ︵ᠨᠢᠭᠡ︶ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠢᠭᠤᠷᠬᠠᠢ ᠬᠢᠵᠦ ᠴᠢᠨᠠᠷ ᠰᠠᠶᠢᠲᠠᠢ | ᠬᠦᠭᠵᠢᠯᠲᠠ ᠶᠢᠨ ᠰᠠᠭᠤᠷᠢ ᠶᠢ ᠪᠠᠬᠢᠯᠡᠨᠠ | ᠲᠤᠮᠤ ᠴᠢᠬᠤᠯᠠ ᠭᠡᠨᠡᠨ ᠲᠦᠭᠰᠢᠭᠦᠷᠢ ᠶᠢ ᠪᠦᠬᠦ ᠲᠠᠯ᠎ᠠ ᠪᠠᠷ ᠰᠡᠷᠭᠡᠶᠢᠯᠡᠨ ᠨᠠᠮᠳᠠᠭᠠᠨ᠎ᠠ᠃ ᠬᠤᠷᠢᠭ᠎ᠠ ᠱᠤᠭᠤᠮ | ᠤᠨ ᠰᠡᠳᠬᠢᠴᠡ ᠶᠢ ᠪᠠᠳᠤ ᠪᠠᠬᠢ ᠪᠤᠢ ᠪᠤᠯᠭᠠᠵᠤ᠂ ᠭᠠᠴᠢᠭᠳᠠᠯᠳᠤ ᠤᠬᠠᠮᠰᠠᠷ ᠢᠶᠠᠨ ᠴᠢᠩᠭᠠᠳᠬᠠᠵᠤ᠂ ᠬᠡᠨᠡᠨ | ᠲᠦᠭᠰᠢᠬᠦᠷᠢ ᠶᠢᠨ ᠢᠯᠡᠷᠡᠬᠦᠯᠬᠦ ᠴᠢᠳᠠᠪᠤᠷᠢ᠂ ᠰᠤᠳᠤᠯᠤᠨ ᠮᠠᠭᠠᠳᠯᠠᠬᠤ ᠴᠢᠳᠠᠪᠤᠷᠢ᠂ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠬᠦᠯᠵᠦ᠂ ᠤᠯᠤᠰ ᠲᠦᠷᠦ᠂ ᠦᠵᠡᠯ ᠰᠠᠨᠠᠭᠠᠨ ᠤ ᠬᠡᠯᠪᠡᠷᠢ᠂ ᠠᠵᠤ ᠠᠬᠤᠢ᠂ ᠨᠡᠶᠢᠭᠡᠮ ᠵᠡᠷᠭᠡ ᠬᠦᠷᠢᠶ᠎ᠡ | ᠬᠡᠪᠴᠢᠶᠡᠨ ᠤ ᠲᠦᠭᠰᠢᠬᠦᠷᠢ ᠶᠢᠨ ᠳᠠᠯᠳᠠ ᠬᠡᠮ ᠢ ᠨᠢᠭᠡᠳᠦᠯᠳᠡᠢ ᠰᠡᠷᠭᠡᠶᠢᠯᠡᠨ ᠨᠠᠮᠳᠠᠭᠠᠵᠤ᠂ ︽ᠡᠷᠡᠰ ᠲᠠᠰᠤ᠂ | ᠡᠵᠡᠮᠰᠢᠵᠦ ᠪᠤᠯᠠᠬᠤᠶᠢᠴᠠ᠂ ᠡᠮᠬᠢ ᠵᠢᠷᠤᠮ ᠲᠠᠢ᠂ ᠲᠤᠬᠢᠷᠠᠮᠵᠢᠳᠠᠢ ᠪᠠᠶᠢᠬᠤ︾ ᠱᠠᠭᠠᠷᠳᠠᠯᠭ᠎ᠠ ᠶᠤᠰᠤᠭᠠᠷ᠂ ᠵᠠᠰᠠᠭ ᠤᠨ | ᠤᠷᠳᠤᠨ ᠤ ᠦᠷᠢ ᠦᠭᠴᠡᠭᠡ ᠶᠢ ᠲᠦᠰᠦᠪ ᠤᠨ ᠬᠠᠮᠢᠶᠠᠷᠤᠯᠲᠠ ᠳᠤ ᠤᠷᠤᠭᠤᠯᠤᠨ᠂ ᠰᠢᠨ᠎ᠡ ᠪᠠᠷ ᠨᠡᠮᠡᠭᠳᠡᠭᠦᠯᠬᠦ | ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠲᠠᠢ ᠴᠠᠷᠮᠠᠶᠢᠨ ᠤᠯᠵᠤ᠂ ᠵᠠᠬ᠎ᠠ ᠳᠡᠯᠭᠡᠭᠦᠷᠵᠢᠭᠰᠡᠨ | ᠦᠷᠢ ᠰᠢᠷᠢ ᠶᠢᠨ ᠡᠷᠬᠡ ᠶᠢ ᠰᠲ᠋ᠤᠺ ᠤᠨ ᠡᠷᠬᠡ ᠪᠤᠯᠭᠠᠨ ᠬᠤᠪᠢᠷᠠᠭᠤᠯᠬᠤ ᠶᠢ ᠯᠠᠪᠳᠠᠭᠤᠨ ᠲᠦᠯᠬᠢᠨ ᠠᠬᠢᠭᠤᠯᠵᠤ᠂ | ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠨᠡᠶᠢᠳᠭᠡᠨ ᠳᠠᠬᠢᠨ ᠵᠤᠬᠢᠶᠠᠨ ᠪᠠᠶᠢᠭᠤᠯᠬᠤ ᠶᠢ ᠲᠦᠷᠭᠡᠳᠭᠡᠵᠦ᠂ | ᠤᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠤᠮᠵᠢ ᠶᠢᠨ ᠵᠠᠬ᠎ᠠ ᠳᠡᠯᠭᠡᠭᠦᠷᠵᠢᠭᠰᠡᠨ ᠡᠵᠡᠩᠨᠡᠯᠲᠠ ᠡᠷᠭᠢᠯᠲᠡ ᠶᠢ | ᠲᠦᠯᠬᠢᠨ ᠠᠬᠢᠭᠤᠯᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠤᠰᠤᠭᠠᠷ ᠵᠠᠰᠠᠭ ᠤᠨ ᠤᠷᠳᠤᠨ ᠤ ᠦᠷᠢ | ᠦᠭᠴᠡᠭᠡ ᠶᠢ ᠨᠠᠮᠳᠠᠭᠠᠵᠤ᠂ ᠵᠠᠰᠠᠭ ᠤᠨ ᠤᠷᠳᠤᠨ ᠤ ᠳᠠᠯᠳᠠ ᠴᠢᠨᠠᠷᠲᠠᠢ ᠦᠷᠢ ᠦᠭᠴᠡᠭᠡ ᠶᠢᠨ ᠨᠡᠮᠡᠭᠳᠡᠯ ᠢ ᠡᠷᠡᠰ | ᠬᠤᠷᠢᠭᠯᠠᠨ᠎ᠠ᠃ ᠬᠢᠷᠢ ᠳᠤᠲᠤᠷ᠎ᠠ ᠪᠠᠨ ᠠᠵᠢᠯᠯᠠᠬᠤ ᠶᠢ ᠪᠠᠷᠢᠮᠲᠠᠯᠠᠵᠤ᠂ ᠵᠠᠰᠠᠭ ᠤᠨ ᠤᠷᠳᠤᠨ ᠤ ᠦᠷᠢ ᠲᠠᠯᠪᠢᠬᠤ | ᠠᠵᠢᠯᠯᠠᠭ᠎ᠠ ᠶᠢ ᠳᠦᠷᠢᠮᠵᠢᠭᠦᠯᠵᠦ᠂ ᠵᠠᠰᠠᠭ ᠤᠨ ᠤᠷᠳᠤᠨ ᠤ ᠪᠡᠯᠡ ᠤᠷᠤᠭᠤᠯᠤᠭᠰᠠᠨ ᠲᠦᠷᠦᠯ ᠵᠦᠢᠯ ᠤᠨ ᠦᠷᠢ | ᠦᠭᠴᠡᠭᠡᠨ ᠤ ᠭᠡᠨᠡᠨ ᠲᠦᠭᠰᠢᠭᠦᠷᠢ ᠶᠢᠨ ᠦᠨᠡᠯᠡᠯᠲᠠ ᠪᠠ ᠬᠠᠤᠯᠢ ᠶᠤᠰᠤᠴᠢ ᠴᠢᠨᠠᠷ ᠤᠨ ᠬᠢᠨᠠᠨ ᠪᠠᠶᠢᠴᠠᠭᠠᠯᠲᠠ ᠶᠢ | ᠴᠢᠩᠭ᠎ᠠ ᠶᠠᠪᠤᠭᠤᠯᠵᠤ᠂ ᠪᠡᠯᠡ ᠨᠡᠶᠢᠯᠡᠭᠦᠯᠬᠦ ᠲᠠᠪᠴᠠᠩ ᠤᠨ ᠺᠤᠮᠫᠠᠨᠢ ᠶᠢᠨ ᠵᠠᠬ᠎ᠠ ᠳᠡᠯᠭᠡᠭᠦᠷᠵᠢᠯᠲᠠ ᠦᠭᠡᠲᠡ ᠬᠡᠯᠪᠡᠷᠢ | ᠪᠠᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠡᠷᠡᠭᠦᠯ ᠪᠤᠰᠤ ᠵᠢᠭᠡᠯᠡᠯᠭᠡ ᠶᠢᠨ ᠰᠢᠢᠳᠪᠦᠷᠢᠯᠡᠯᠲᠡ ᠪᠠᠨ | ᠴᠢᠩᠭᠠᠳᠬᠠᠵᠦ᠂ ᠰᠦᠯᠵᠢᠶᠡᠨ ᠤ ᠵᠢᠭᠡᠯᠡᠯᠭᠡ᠂ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢᠨ ᠲᠦᠷᠢᠮ | ᠠᠴᠠ ᠵᠦᠷᠢᠴᠡᠬᠦ ᠵᠡᠷᠭᠡ ᠭᠡᠨᠡᠨ ᠲᠦᠭᠰᠢᠭᠦᠷᠢ ᠶᠢᠨ ᠵᠠᠰᠠᠯᠲᠠ ᠶᠢ ᠦᠷᠨᠢᠭᠦᠯᠦᠨ᠎ᠡ᠃ ᠵᠦᠷᠢᠴᠡᠯ ᠵᠢᠭᠤᠷᠠᠯᠳᠤᠭᠠᠨ ᠤ | ᠪᠠᠶᠢᠴᠠᠭᠠᠯᠳᠠ᠂ ᠳᠠᠯᠳᠠ ᠬᠡᠮ ᠤᠨ ᠴᠡᠭᠴᠡᠯᠡᠨ ᠰᠠᠶᠢᠵᠢᠷᠠᠭᠤᠯᠤᠯᠳᠠ᠂ ᠠᠮᠤᠷ ᠬᠠᠮᠠᠭᠠᠯᠠᠯᠳᠠ ᠶᠢᠨ ᠴᠡᠭᠴᠡᠯᠡᠨ ᠵᠠᠰᠠᠯᠳᠠ | ᠶᠢ ᠯᠠᠪᠳᠠᠭᠤᠨ ᠪᠤᠳᠠᠳᠠᠢ ᠦᠷᠨᠢᠬᠦᠯᠵᠦ᠂ ᠨᠡᠶᠢᠭᠡᠮ ᠤᠨ ᠠᠮᠤᠷ ᠳᠤᠭᠳᠠᠭᠤᠨ᠂ ᠤᠯᠠᠨ ᠨᠡᠶᠢᠳᠡ ᠶᠢᠨ ᠠᠮᠤᠷ | ᠲᠦᠪᠰᠢᠨ᠂ ᠰᠦᠯᠵᠢᠶᠡᠨ ᠤ ᠠᠮᠤᠷ ᠲᠦᠪᠰᠢᠨ ᠵᠡᠷᠭᠡ ᠡᠯ᠎ᠡ ᠲᠦᠷᠦᠯ ᠤᠨ ᠬᠡᠨᠡᠨ ᠲᠦᠭᠰᠢᠬᠦᠷᠢ ᠶᠢ ᠰᠡᠷᠭᠡᠶᠢᠯᠡᠨ | ᠨᠠᠮᠳᠠᠭᠠᠵᠤ᠂ ᠤᠷᠤᠨ ᠪᠦᠰᠡ ᠶᠢᠨ ᠴᠢᠨᠠᠷᠳᠠᠢ᠂ ᠰᠢᠰᠲ᠋ᠧᠮ ᠤᠨ ᠴᠢᠨᠠᠷᠳᠠᠢ ᠬᠡᠨᠡᠨ ᠲᠦᠭᠰᠢᠬᠦᠷᠢ ᠡᠬᠦᠰᠬᠦ ᠦᠭᠡᠢ | ᠪᠠᠶᠢᠬᠤ ᠵᠢᠨᠬᠤᠷᠢᠭᠠ ᠱᠤᠭᠤᠮ ᠢ ᠡᠷᠡᠰ ᠰᠠᠬᠢᠨ ᠬᠠᠮᠠᠭᠠᠯᠠᠨ᠎ᠠ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ | ᠡᠷᠡᠰ ᠰᠢᠭᠤᠷᠬᠠᠢ ᠪᠠᠶᠢᠯᠳᠤᠨ ᠤᠯᠤᠨ᠎ᠠ᠃ ︽ᠬᠤᠶᠠᠷ ᠲᠤ ᠦᠯᠦ ᠵᠤᠪᠠᠨᠢᠬᠤ᠂ ᠭᠤᠷᠪᠠ ᠶᠢ ᠪᠠᠲᠤᠯᠠᠬᠤ︾ | ᠳᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠦᠨ᠂ ︽ᠤᠨᠤᠪᠴᠢᠳᠠᠢ᠂ ᠦᠷᠭᠦᠯᠵᠢᠯᠡᠬᠦᠶᠢᠴᠡ᠂ | ᠶᠠᠳᠠᠭᠤ ᠬᠦᠴᠢᠷᠳᠡᠯᠲᠠᠢ ᠤᠯᠠᠨ ᠲᠦᠮᠡᠨ ᠤ ᠳᠤᠲᠤᠭᠠᠳᠤ ᠬᠦᠳᠡᠯᠭᠡᠬᠦ ᠬᠦᠴᠦᠨ ᠪᠤᠯᠤᠨ ᠦᠪᠡᠷ ᠢ ᠪᠠᠨ ᠬᠦᠭᠵᠢᠭᠦᠯᠬᠦ | ᠴᠢᠳᠠᠪᠤᠷᠢ ᠶᠢ ᠬᠦᠭᠵᠢᠭᠡᠬᠦ︾ ᠭᠤᠷᠪᠠᠨ ᠵᠠᠩᠭᠢᠯᠠᠭ᠎ᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ᠂ ︽ᠲᠡᠭ ᠪᠤᠯᠭᠠᠨ | ᠪᠠᠷᠢᠮᠵᠢᠶ᠎ᠠ ᠳᠤ ᠬᠦᠷᠦᠭᠦᠯᠬᠦ︾ ᠲᠤᠰᠬᠠᠢ ᠠᠵᠢᠯᠯᠠᠭ᠎ᠠ ᠶᠢ ᠰᠠᠶᠢᠳᠤᠷ ᠶᠠᠪᠤᠭᠳᠠᠭᠤᠯᠵᠤ᠂ ᠤᠯᠤᠰ ᠤᠨ ᠳᠡᠰ ᠤᠨ 7 | ᠭᠤᠤᠯᠳᠠᠯᠭ᠎ᠠ ᠲᠠᠢ ᠶᠠᠳᠠᠭᠤ ᠬᠦᠴᠢᠷᠳᠡᠯᠲᠠᠢ ᠰᠢᠶᠠᠨ ᠤ ︽ᠮᠠᠯᠠᠭᠠᠢ ᠪᠠᠨ ᠠᠪᠴᠤ ᠬᠠᠶᠠᠬᠤ︾᠂ ᠦᠯᠡᠳᠡᠭᠰᠡᠨ | ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠪᠦᠬᠦᠨ ᠢᠶᠠᠷ ᠢᠶᠠᠨ ᠶᠠᠳᠠᠭᠤ ᠠᠴᠠ ᠠᠩᠬᠢᠵᠢᠷᠠᠬᠤ ᠶᠢ ᠪᠠᠳᠤᠯᠠᠨ᠎ᠠ᠃ | ᠠᠷᠭ᠎ᠠ ᠪᠠᠷᠢᠯ ᠪᠠᠨ ᠴᠢᠩᠭᠠᠳᠬᠠᠨ᠂ ᠲᠦᠪᠡᠭᠲᠠᠢ ᠠᠰᠠᠭᠤᠳᠠᠯ ᠢ ᠰᠢᠢᠳᠪᠦᠷᠢᠯᠡᠨ᠎ᠠ᠃ ᠲᠦᠪ ᠤᠨ ᠲᠤᠰᠬᠠᠢ ᠲᠤᠭᠤᠷᠢᠨ | ᠪᠠᠶᠢᠴᠠᠭᠠᠯᠲᠠ ᠪᠠᠷ ᠬᠠᠷᠢᠭᠤ ᠲᠤᠰᠬᠠᠭᠰᠠᠨ ᠰᠠᠨᠠᠯ ᠢ ᠴᠡᠭᠴᠡᠯᠠᠨ ᠰᠠᠶᠢᠵᠢᠷᠠᠭᠤᠯᠬᠤ ᠨᠠᠶᠢᠳᠠᠪᠤᠷᠢᠵᠢᠭᠤᠯᠤᠯᠲᠠ ᠶᠢ | ᠳᠣᠪᠤᠶᠢᠮ᠎ᠠ ᠰᠠᠶᠢᠲᠤᠷ ᠠᠳᠬᠤᠨ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠠᠰᠢᠭ ᠨᠢ ᠦᠢᠯᠡᠳᠦᠯᠭᠡ ᠪᠤᠯᠤᠨ | ᠲᠡᠥᠬᠡ ᠶᠢᠨ ᠰᠢᠯᠭᠠᠯᠲᠠ ᠶᠢ ᠦᠩᠭᠡᠷᠡᠭᠦᠯᠵᠦ ᠴᠢᠳᠠᠬᠤ ᠶᠢ ᠦᠨᠡᠨᠬᠦ ᠪᠠᠲᠤᠯᠠᠬᠤ ᠬᠡᠷᠡᠭᠲᠠᠢ᠃ ᠮᠠᠯᠵᠢᠬᠤ ᠲᠠᠷᠢᠶᠠᠯᠠᠬᠤ | ᠤᠷᠤᠨ ᠤ ᠠᠶᠤᠯ ᠲᠠᠢ ᠭᠡᠷ ᠪᠠᠶᠢᠰᠢᠩ ᠤᠨ ᠰᠢᠨᠡᠳᠭᠡᠨ ᠦᠭᠡᠷᠡᠴᠢᠯᠡᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ᠂ | ᠤᠨᠳᠤᠤ ᠭᠠᠵᠠᠷ ᠲᠤ ᠨᠡᠭᠦᠯᠭᠡᠨ ᠰᠢᠯᠵᠢᠬᠦᠯᠬᠦ ᠪᠤᠯᠤᠨ ᠪᠠᠭ᠎ᠠ ᠵᠢᠵᠢᠭ ᠲᠤᠰᠬᠤᠨ ᠢ ᠨᠡᠶᠢᠯᠡᠭᠦᠯᠬᠦ ᠶᠢ ᠯᠠᠪᠳᠠᠭᠤᠨ | ᠪᠠᠲᠤᠲᠠᠢ ᠲᠦᠯᠬᠢᠨ ᠠᠬᠢᠭᠤᠯᠵᠤ᠂ ᠨᠡᠭᠦᠯᠭᠡᠨ ᠰᠢᠯᠵᠢᠬᠦᠯᠦᠭᠰᠡᠨ ᠤ ᠳᠠᠷᠠᠭ᠎ᠠ ᠲᠤᠰᠬᠤᠨ ᠪᠦᠷᠢ ᠳᠤ ᠠᠵᠤ ᠦᠢᠯᠡᠰ | ᠲᠠᠢ᠂ ᠡᠷᠦᠬᠡ ᠪᠦᠷᠢ ᠶᠠᠳᠠᠭᠤ ᠠᠴᠠ ᠠᠩᠭᠢᠵᠢᠷᠠᠬᠤ ᠶᠢ ᠪᠡᠶᠡᠯᠡᠭᠦᠯᠦᠨ᠎ᠠ᠃ ᠠᠮᠤᠷ ᠲᠦᠪᠰᠢᠨ ᠤᠤᠭᠤᠬᠤ ᠤᠰᠤᠨ ᠤ | ᠪᠠᠷᠢᠯᠭ᠎ᠠ ᠶᠢ 574 ᠲᠦᠷᠦᠯ ᠶᠠᠪᠤᠭᠳᠠᠭᠤᠯᠵᠤ᠂ ᠳᠠᠩᠰᠠ ᠪᠠᠶᠢᠭᠤᠯᠵᠤ ᠺᠠᠷᠲᠴᠢᠯᠠᠭᠰᠠᠨ ᠶᠠᠳᠠᠭᠤ ᠬᠦᠴᠢᠷᠳᠡᠯᠲᠠᠢ | ᠡᠷᠦᠬᠡ ᠶᠢᠨ ᠪᠦᠬᠦᠨ ᠢᠶᠠᠷ ᠢᠶᠠᠨ ᠠᠮᠤᠷ ᠲᠦᠪᠰᠢᠨ ᠤᠰᠤ ᠤᠤᠭᠤᠬᠤ ᠪᠠᠷᠢᠮᠵᠢᠶ᠎ᠠ ᠳᠤ ᠬᠦᠷᠬᠦ ᠶᠢ ᠪᠠᠲᠤᠯᠠᠨ᠎ᠠ᠃ | ᠡᠷᠡᠭᠦᠯ ᠮᠡᠨᠳᠦ᠂ ᠰᠤᠷᠭᠠᠨ ᠬᠦᠮᠦᠵᠢᠯ᠂ ᠤᠷᠴᠢᠨ ᠲᠤᠭᠤᠷᠢᠨ᠂ ᠨᠡᠶᠢᠭᠡᠮ ᠤᠨ ᠪᠠᠲᠤᠯᠠᠭᠠᠨ ᠤ ᠤᠭᠤᠲᠠ | ᠠᠭᠤᠳᠠᠯᠯᠠᠨ ᠶᠠᠳᠠᠭᠤ ᠶᠢ ᠲᠡᠳᠬᠦᠬᠦ ᠶᠢ ᠨᠢᠭᠡᠲᠦᠯᠲᠠᠢ ᠲᠦᠯᠦᠪᠯᠡᠨ ᠰᠠᠶᠢᠲᠤᠷ ᠬᠢᠨ᠎ᠡ᠃ ᠠᠵᠤ ᠦᠢᠯᠡᠰ ᠢ | ᠬᠦᠴᠦᠷᠬᠡᠭᠵᠢᠭᠦᠯᠵᠦ ᠠᠯᠤᠰ ᠬᠡᠲᠦ ᠪᠠᠷ ᠲᠡᠳᠬᠦᠨ᠎ᠡ᠃ ᠶᠠᠳᠠᠭᠤ ᠠᠴᠠ ᠠᠩᠭᠢᠵᠢᠷᠠᠭᠤᠯᠬᠤ ᠲᠦᠷᠦᠯ ᠵᠦᠢᠯ ᠤᠨ | ᠬᠦᠮᠦᠷᠭᠡ ᠶᠢᠨ ᠪᠦᠲᠦᠭᠡᠨ ᠪᠠᠶᠢᠭᠤᠯᠤᠯᠳᠠ ᠶᠢ ᠰᠢᠯᠢᠳᠡᠭᠵᠢᠬᠦᠯᠦᠨ ᠲᠦᠷᠢᠮᠵᠢᠬᠦᠯᠵᠦ᠂ ᠶᠠᠳᠠᠭᠤ ᠠᠴᠠ | ᠠᠩᠭᠢᠵᠢᠷᠠᠭᠤᠯᠬᠤ ᠦᠢᠯᠡᠳᠪᠦᠷᠢ ᠶᠢᠨ ᠲᠠᠰᠤᠭ᠂ ᠲᠤᠰᠬᠤᠨ ᠤ ᠱᠠᠲᠤᠨ ᠤ ᠴᠠᠬᠢᠯᠭᠠᠨ ᠦᠷᠲᠡᠭᠡ ᠵᠡᠷᠭᠡ ᠶᠠᠳᠠᠭᠤ ᠶᠢ | ᠲᠡᠳᠬᠦᠬᠦ ᠠᠷᠭ᠎ᠠ ᠠᠪᠴᠠᠯ ᠢ ᠤᠨᠤᠪᠴᠢᠲᠠᠢ ᠬᠡᠷᠡᠭᠵᠢᠬᠦᠯᠵᠦ᠂ ᠶᠠᠳᠠᠭᠤ ᠬᠦᠴᠢᠷᠳᠡᠯᠲᠠᠢ ᠡᠷᠦᠬᠡ ᠪᠤᠯᠤᠨ | ᠲᠤᠯᠤᠭᠠᠶᠢᠯᠠᠭᠴᠢ ᠠᠵᠤ ᠦᠢᠯᠡᠰ ᠤᠨ ᠨᠢᠭᠲᠠ ᠮᠠᠶ᠋ᠢᠭ ᠤᠨ ᠠᠰᠢᠭ ᠲᠤᠰᠠ ᠶᠢᠨ ᠬᠤᠯᠪᠤᠯᠳᠤᠯᠭᠠ ᠶᠢᠨ ᠲᠤᠭᠲᠠᠴᠠ | ᠶᠢ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠠᠢ ᠬᠦᠮᠦᠨ ᠠᠮᠠ ᠳᠠᠬᠢ ᠠᠵᠤ ᠦᠢᠯᠡᠰ ᠤᠨ ᠪᠦᠷᠬᠦᠯᠲᠠ ᠶᠢ | ᠪᠡᠶᠠᠯᠠᠭᠦᠯᠦᠨ᠂ ᠬᠠᠮᠲᠤ ᠶᠢᠨ ᠠᠵᠤ ᠠᠬᠤᠢ ᠶᠢᠨ ᠤᠷᠤᠯᠭ᠎ᠠ 5 ᠲᠦᠮᠡᠨ ᠲᠦᠭᠦᠷᠢᠭ ᠠᠴᠠ ᠲᠤᠤᠷ᠎ᠠ ᠦᠵᠡᠭᠳᠡᠯ ᠢ | ᠠᠷᠢᠯᠭᠠᠨ᠎ᠠ᠃ ᠴᠠᠬᠢᠮ ᠬᠤᠳᠠᠯᠳᠤᠭᠠᠨ ᠤ ᠲᠠᠪᠴᠠᠩ ᠯᠤᠭ᠎ᠠ ᠶᠢᠨ ᠬᠠᠮᠲᠤᠷᠠᠯᠴᠠᠭᠠᠨ ᠤ ᠬᠦᠴᠦᠯᠡᠴᠡ ᠪᠠᠨ | ᠨᠡᠮᠡᠭᠳᠡᠭᠦᠯᠵᠦ᠂ ︽ᠢᠨᠲ᠋ᠧᠷ ᠰᠦᠯᠵᠢᠶ᠎ᠡ + ᠶᠠᠳᠠᠭᠤ ᠶᠢ ᠲᠡᠳᠬᠦᠬᠦ︾ ᠵᠠᠭᠪᠤᠷ ᠤᠨ ᠬᠡᠷᠡᠭᠯᠡᠭᠡ ᠪᠠᠷ ᠶᠠᠳᠠᠭᠤ ᠶᠢ | ᠳᠡᠳᠬᠦᠬᠦ ᠶᠢ ᠲᠦᠯᠬᠢᠨ ᠠᠬᠢᠭᠤᠯᠤᠨ᠎ᠠ᠃ ᠵᠤᠷᠢᠭ ᠤᠬᠠᠭᠠᠨ ᠤ ᠬᠤᠤᠰ ᠲᠡᠳᠬᠦᠯᠲᠡ ᠶᠢ ᠪᠠᠷᠢᠮᠲᠠᠯᠠᠵᠦ᠂ ᠤᠯᠠᠨ | ᠠᠷᠭ᠎ᠠ ᠵᠠᠮ ᠢᠶᠠᠷ ᠶᠠᠳᠠᠭᠤ ᠬᠦᠴᠢᠷᠳᠡᠯᠲᠠᠢ ᠬᠦᠮᠦᠨ ᠠᠮᠠ ᠶᠢ ᠰᠢᠯᠵᠢᠭᠦᠯᠦᠨ ᠠᠵᠢᠯ ᠤᠯᠭᠤᠬᠤ ᠶᠢ ᠲᠦᠯᠬᠢᠨ | ᠠᠬᠢᠭᠤᠯᠵᠤ᠂ ᠶᠠᠳᠠᠭᠤ ᠬᠦᠴᠢᠷᠳᠡᠯᠲᠠᠢ ᠡᠷᠦᠬᠡ ᠶᠢᠨ ᠲᠤᠰ ᠪᠡᠶ᠎ᠡ ᠶᠢᠨ ᠬᠦᠭᠵᠢᠯᠲᠠ ᠶᠢᠨ ᠤᠬᠠᠮᠰᠠᠷ ᠪᠤᠯᠤᠨ ᠴᠢᠳᠠᠯ | ᠢ ᠳᠡᠭᠡᠭᠰᠢᠯᠡᠭᠦᠯᠦᠨ᠎ᠠ᠃ ᠬᠠᠮᠵᠢᠯᠴᠠᠭ᠎ᠠ ᠪᠠᠨ ᠴᠢᠩᠭᠠᠳᠬᠠᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠠ᠃ ᠪᠡᠭᠡᠵᠢᠩ | ᠦᠪᠦᠷ ᠮᠤᠩᠭᠤᠯ ᠤᠨ ᠬᠤᠭᠤᠷᠤᠨᠲᠦ ᠶᠢᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠭᠤᠷᠪᠠᠨ ᠵᠢᠯ ᠤᠨ | ᠠᠵᠢᠯᠯᠠᠭᠠᠨ ᠤ ᠲᠦᠯᠦᠪᠰᠢᠷᠡᠯ ᠤᠨ ᠵᠦᠪᠯᠡᠯᠴᠡᠭᠡᠷ ᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠦᠮᠡᠨ ᠠᠵᠤ ᠠᠬᠤᠶᠢᠯᠠᠯ | ᠲᠦᠮᠡᠨ ᠲᠤᠰᠬᠤᠨ ᠢ ᠳᠡᠮᠵᠢᠬᠦ︾ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯᠯᠠᠭ᠎ᠠ ᠶᠢ ᠬᠦᠨᠵᠡᠭᠡᠢ | ᠠᠬᠢᠭᠤᠯᠵᠤ᠂ ᠪᠡᠭᠡᠵᠢᠩ ᠳᠤ ᠤᠨᠴᠠᠯᠢᠭᠲᠦ ᠲᠠᠷᠢᠶᠠᠯᠠᠩ ᠤᠨ ᠭᠠᠷᠤᠯᠲᠠ᠂ ᠮᠠᠯ ᠤᠨ ᠠᠰᠢᠭ ᠰᠢᠮ᠎ᠡ ᠶᠢᠨ ᠳᠡᠯᠭᠡᠭᠦᠷ | ᠭᠠᠷᠭᠠᠵᠦ᠂ ᠳᠡᠯᠭᠡᠨ ᠪᠤᠷᠤᠯᠠᠭᠤᠯᠬᠤ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠤᠨ᠎ᠠ᠃ ᠲᠦᠪ ᠪᠤᠯᠤᠨ ᠤᠷᠤᠨ ᠤ | ᠰᠢᠭᠤᠳ ᠬᠠᠷᠢᠶ᠎ᠠ ᠨᠢᠭᠡᠴᠢ ᠶᠢᠨ ᠴᠡᠭ ᠳᠤᠭᠳᠠᠭᠠᠨ ᠶᠠᠳᠠᠭᠤ ᠶᠢ ᠳᠡᠳᠬᠦᠬᠦ ᠳᠠᠪᠠᠭᠤᠯᠢᠭ ᠲᠠᠯ᠎ᠠ ᠶᠢ ᠪᠠᠳᠠᠷᠠᠭᠤᠯᠵᠤ᠂ | ᠮᠦᠩᠬᠦᠨ ᠬᠦᠢᠯᠭᠡᠭᠡᠨ ᠤ ᠳᠡᠮᠵᠢᠯᠭᠡ ᠪᠤᠯᠤᠨ ᠬᠡᠯᠪᠡᠶᠢᠭᠰᠡᠨ ᠤᠨᠴᠠ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠮᠦᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠲᠤᠭᠤᠷᠢᠭ ᠢ | ᠪᠠᠶᠢᠭᠤᠯᠤᠨ᠎ᠠ᠃ ᠭᠦᠨᠴᠡ ᠶᠠᠳᠠᠭᠤ ᠬᠦᠴᠢᠷᠳᠡᠯᠲᠠᠢ ᠬᠤᠰᠢᠭᠤ ᠰᠢᠶᠠᠨ ᠤ ᠬᠠᠭᠤᠴᠢᠨ ᠲᠤᠭᠤᠷᠢᠭ ᠤᠨ ᠭᠠᠵᠠᠷ ᠰᠢᠷᠤᠢ | ᠶᠢ ᠠᠷᠢᠯᠭᠠᠵᠦ ᠳᠠᠬᠢᠨ ᠬᠠᠭᠠᠯᠪᠦᠷᠢᠯᠠᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ | ᠠᠬᠢᠭᠤᠯᠵᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢᠨ ᠨᠡᠮᠡᠭᠳᠡᠯ | ᠬᠠᠰᠤᠭᠳᠠᠯ ᠤᠨ ᠬᠤᠯᠪᠤᠭᠠᠯᠠᠨ ᠰᠤᠯᠢᠯᠴᠠᠬᠤ ᠲᠠᠯᠠᠪᠠᠢ ᠶᠢ ᠢᠳᠡᠪᠬᠢᠲᠠᠢ ᠴᠢᠷᠮᠠᠶᠢᠨ ᠤᠯᠤᠨ᠎ᠠ᠃ ᠬᠢᠨᠠᠨ ᠬᠠᠮᠢᠶᠠᠷᠤᠯᠲᠠ | ᠪᠠᠨ ᠴᠢᠩᠭᠠᠳᠬᠠᠵᠦ ᠪᠤᠳᠠᠲᠠᠢ ᠦᠷ᠎ᠡ ᠠᠰᠢᠭ ᠢ ᠭᠦᠭᠡᠭᠡᠴᠡᠯᠳᠤᠨᠠ᠃ ︽ᠨᠠᠷᠢᠯᠢᠭ ᠤᠨᠤᠪᠴᠢᠲᠠᠢ᠂ ᠴᠢᠩᠭ᠎ᠠ᠂ | ᠦᠨᠡᠨ︾ ᠬᠡᠪ ᠰᠤᠷᠲᠠᠯ ᠢ ᠪᠠᠳᠠᠷᠠᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠᠨ | ᠪᠠᠶᠢᠷᠢᠰᠢᠭᠤᠯᠤᠭᠰᠠᠨ ᠦᠭᠡᠢ᠂ ᠠᠵᠢᠯ ᠤᠨ ᠠᠷᠭ᠎ᠠ ᠪᠠᠷᠢᠯ ᠤᠨᠤᠪᠴᠢᠲᠠᠢ ᠪᠢᠰᠢ ᠵᠡᠷᠭᠡ ᠠᠰᠠᠭᠤᠳᠠᠯ ᠢ ᠬᠦᠴᠦ ᠪᠠᠨ | ᠲᠦᠪᠯᠡᠷᠡᠭᠦᠯᠦᠨ ᠰᠢᠢᠳᠪᠦᠷᠢᠯᠡᠨ᠎ᠠ᠃ ᠶᠠᠳᠠᠭᠤ ᠶᠢ ᠲᠡᠳᠬᠦᠬᠦ ᠪᠡᠯᠡ ᠮᠦᠩᠭᠦ ᠶᠢᠨ ᠬᠡᠷᠡᠭᠯᠡᠯᠲᠡ ᠳᠠᠬᠢ ᠬᠢᠨᠠᠨ | ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠦ᠂ ᠭᠤᠷᠪᠠᠳᠤᠭᠠᠷ ᠡᠲᠡᠭᠡᠳ ᠤᠨ ᠬᠢᠨᠠᠯᠲᠠ ᠲᠠᠯᠪᠢᠯᠳᠠ ᠳᠤ | ᠳᠠᠳᠠᠨ ᠤᠷᠤᠭᠤᠯᠬᠤ ᠶᠢ ᠨᠢ ᠵᠤᠷᠢᠭᠵᠢᠭᠤᠯᠤᠨ᠂ ᠬᠠᠮᠲᠤᠷᠠᠨ ᠬᠠᠮᠢᠶᠠᠷᠬᠤ ᠬᠠᠮᠢᠶᠠᠷᠤᠯᠲᠠ ᠶᠢᠨ ᠪᠠᠶᠢᠭᠤᠯᠤᠮᠵᠢ ᠶᠢ | ᠬᠠᠶᠢᠨ ᠰᠦᠪᠡᠭᠴᠢᠯᠡᠨ ᠪᠠᠶᠢᠭᠤᠯᠵᠤ᠂ ᠶᠠᠳᠠᠭᠤ ᠪᠠᠷ ᠲᠡᠳᠬᠦᠭᠰᠡᠳ ᠤᠨ ᠬᠦᠳᠡᠯᠤᠩᠭᠦᠢ ᠪᠠᠶᠢᠳᠠᠯ ᠤᠨ ᠬᠠᠮᠢᠶᠠᠷᠤᠯᠲᠠ | ᠶᠢ ᠴᠢᠩᠭᠠᠳᠬᠠᠵᠦ᠂ ᠶᠠᠳᠠᠭᠤ ᠬᠦᠴᠢᠷᠳᠠᠯ ᠠᠴᠠ ᠤᠬᠤᠷᠢᠨ ᠭᠠᠷᠬᠤ ᠪᠤᠭᠤᠮᠲᠠ ᠶᠢ ᠴᠢᠩᠭ᠎ᠠ ᠰᠠᠬᠢᠵᠦ᠂ ᠶᠠᠳᠠᠭᠤ | ᠬᠦᠴᠢᠷᠳᠡᠯ ᠳᠤ ᠬᠠᠪᠢᠳᠠᠵᠤ ᠪᠠᠶᠢᠭ᠎ᠠ ᠡᠷᠦᠬᠡ ᠶᠢ ᠲᠡᠳᠬᠦᠨ ᠲᠤᠰᠠᠯᠠᠬᠤ ᠲᠦᠷᠦ ᠶᠢᠨ ᠪᠤᠳᠤᠯᠭ᠎ᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠶᠠᠳᠠᠭᠤᠷᠠᠯ ᠢ ᠪᠠᠭᠠᠰᠬᠠᠨ᠂ ᠡᠭᠡᠵᠦ ᠶᠠᠳᠠᠭᠤᠷᠠᠬᠤ ᠶᠢ ᠰᠡᠷᠭᠡᠶᠢᠯᠡᠨ᠎ᠡ᠃ | ᠪᠤᠬᠢᠷᠳᠤᠯ ᠤᠨ ᠰᠡᠷᠭᠡᠶᠢᠯᠡᠨ ᠵᠠᠰᠠᠯᠳᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠪᠤᠬᠢᠷᠳᠤᠯ ᠦᠭᠡᠢ | ᠬᠦᠭᠵᠢᠯᠲᠠ ᠶᠢᠨ ᠤᠨᠤᠯᠵᠢᠬᠤᠨ ᠢ ᠴᠢᠩᠭ᠎ᠠ ᠪᠤᠢ ᠪᠤᠯᠭᠠᠵᠤ᠂ ᠠᠭᠤᠯᠠ ᠤᠰᠤ ᠤᠢ ᠲᠠᠷᠢᠶ᠎ᠠ ᠨᠠᠭᠤᠷ ᠲᠠᠯ᠎ᠠ ᠨᠤᠲᠤᠭ | ᠤᠨ ᠤᠷᠴᠢᠨ ᠲᠤᠭᠤᠷᠢᠨ ᠤ ᠰᠡᠷᠭᠦᠭᠡᠨ ᠵᠠᠰᠠᠯᠲᠠ ᠶᠢ ᠨᠢᠭᠡᠲᠦᠯᠲᠠᠢ ᠲᠦᠯᠦᠪᠯᠡᠨ ᠠᠬᠢᠭᠤᠯᠵᠤ᠂ ᠤᠷᠴᠢᠨ ᠲᠤᠭᠤᠷᠢᠨ | ᠤ ︽ᠨᠤᠭᠤᠭᠠᠷᠠᠭᠤᠯᠤᠯᠳᠠ ᠶᠢᠨ ᠬᠡᠮᠵᠢᠶ᠎ᠡ︾ ᠶᠢ ᠨᠡᠮᠡᠭᠳᠡᠭᠦᠯᠵᠦ᠂ ᠬᠦᠭᠵᠢᠯᠲᠠ ᠶᠢᠨ ︽ᠠᠯᠲᠠᠨ ᠤ ᠠᠭᠤᠯᠤᠭᠳᠠᠴᠠ︾ | ᠶᠢ ᠳᠡᠭᠡᠭᠰᠢᠯᠡᠭᠦᠯᠦᠨ ᠬᠦᠭᠵᠢᠭᠦᠯᠦᠨ᠎ᠠ᠃ ᠲᠤᠪᠤᠶᠢᠮ᠎ᠠ ᠠᠰᠠᠭᠤᠳᠠᠯ ᠢ ᠡᠷᠡᠰ ᠰᠢᠢᠳᠪᠦᠷᠢᠯᠡᠨ᠎ᠠ᠃ ᠪᠠᠬᠢᠯᠡᠯᠲᠠ ᠪᠠᠨ | ᠪᠠᠲᠦ ᠰᠠᠬᠢᠵᠦ᠂ ᠦᠷ᠎ᠡ ᠪᠦᠲᠦᠮᠵᠢ ᠪᠠᠨ ᠪᠠᠬᠢᠵᠢᠭᠦᠯᠬᠦ ᠱᠠᠭᠠᠷᠳᠠᠯᠭ᠎ᠠ ᠶᠤᠰᠤᠭᠠᠷ᠂ ᠲᠦᠪ ᠤᠨ ᠤᠷᠴᠢᠨ ᠲᠤᠭᠤᠷᠢᠨ | ᠤ ᠬᠠᠮᠠᠭᠠᠯᠠᠯᠲᠠ ᠶᠢᠨ ᠪᠠᠶᠢᠴᠠᠭᠠᠨ ᠴᠡᠭᠴᠡᠯᠡᠭᠰᠡᠨ ᠠᠵᠢᠯ ᠢ ᠴᠢᠩᠭ᠎ᠠ ᠠᠳᠬᠤᠵᠦ᠂ ︽ᠲᠤᠭᠤᠰᠦ ᠲᠠᠢ GDP︾ | ᠶᠢ ᠡᠷᠡᠰ ᠬᠤᠷᠢᠭᠯᠠᠨ᠎ᠠ᠃ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢᠨ ᠬᠠᠮᠠᠭᠠᠯᠠᠯᠲᠠ ᠶᠢᠨ | ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ︽ᠬᠤᠶᠠᠷ ᠢ ᠠᠷᠪᠢᠯᠠᠬᠤ᠂ ᠬᠤᠶᠠᠷ ᠢ | ᠨᠦᠬᠦᠪᠦᠷᠢᠯᠡᠬᠦ᠂ ᠬᠤᠶᠠᠷ ᠢ ᠰᠡᠷᠭᠦᠭᠡᠬᠦ︾ ᠶᠢ ᠭᠦᠨᠵᠡᠭᠡᠢ ᠲᠤᠭᠤᠰᠢᠯᠠᠭᠤᠯᠤᠨ᠂ ᠳᠠᠭ᠎ᠠ ᠶᠢᠨ ᠨᠠᠭᠤᠷ ᠤᠨ ᠴᠠᠬᠢᠯᠭᠠᠨ | ᠦᠷᠲᠡᠭᠡᠨ ᠤ ᠠᠭᠠᠷ ᠬᠦᠷᠦᠭᠡᠯᠳᠡ ᠶᠢᠨ ᠦᠭᠡᠷᠡᠴᠢᠯᠡᠯᠲᠠ ᠶᠢ ᠪᠡᠶᠡᠯᠡᠭᠦᠯᠵᠦ᠂ ︽ᠬᠠᠲᠤᠨ ᠭᠤᠤᠯ ᠤᠨ ᠤᠰᠤ ᠶᠢ | ᠳᠠᠭ᠎ᠠ ᠶᠢᠨ ᠨᠠᠭᠤᠷ ᠲᠤ ᠲᠠᠳᠠᠬᠤ︾ ᠡᠮᠦᠨᠡᠬᠢ ᠬᠤᠭᠤᠴᠠᠭᠠᠨ ᠤ ᠪᠡᠯᠡᠳᠭᠡᠯ ᠠᠵᠢᠯ ᠢ ᠰᠠᠶᠢᠲᠤᠷ ᠬᠢᠵᠦ᠂ ᠳᠠᠭ᠎ᠠ | ᠶᠢᠨ ᠨᠠᠭᠤᠷ ᠤᠨ ᠤᠰᠤᠨ ᠤ ᠠᠮᠢ ᠠᠬᠤᠢ ᠶᠢᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠎ᠠ᠃ ᠭᠤᠤᠯ | ᠨᠠᠭᠤᠷ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠬᠢᠷᠢ ᠶᠢᠨ ᠨᠠᠭᠤᠷ ᠤᠨ ᠰᠠᠪᠠ ᠭᠠᠵᠠᠷ | ᠵᠡᠷᠭᠡ ᠶᠢᠨ ᠵᠠᠰᠠᠯᠲᠠ ᠶᠢ ᠲᠦᠷᠭᠡᠳᠭᠡᠵᠦ᠂ ᠬᠠᠷ᠎ᠠ ᠭᠤᠤᠯ᠂ ᠶᠡᠭᠡ ᠲᠦᠷᠭᠡᠨ ᠭᠤᠤᠯ ᠤᠨ ᠤᠯᠤᠰ ᠠᠴᠠ ᠡᠵᠡᠮᠰᠢᠬᠦ | ᠤᠰᠤ ᠭᠠᠷᠬᠤ ᠤᠭᠲᠤᠯᠤᠭᠠᠰᠤ ᠶᠢ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠬᠡᠬᠦ ᠶᠢ ᠪᠠᠲᠤᠯᠠᠨ᠎ᠠ᠃ ᠡᠯ᠎ᠡ ᠵᠦᠢᠯ | ᠤᠨ ᠬᠦᠷᠢᠶᠠᠯᠡᠩ ᠲᠤᠭᠤᠷᠢᠭ ᠤᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠦ ᠂ ᠵᠢᠨᠢᠩ ᠲᠤᠭᠤᠷᠢᠭ ᠵᠡᠷᠭᠡ ᠶᠢᠨ 6 ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ | ᠶᠢ ᠳᠡᠭᠡᠭᠰᠢᠯᠡᠭᠦᠯᠦᠨ ᠦᠭᠡᠷᠡᠴᠢᠯᠡᠨ ᠰᠠᠶᠢᠵᠢᠷᠠᠭᠤᠯᠤᠨ᠎ᠠ᠃ ᠠᠵᠤ ᠦᠢᠯᠡᠳᠪᠦᠷᠢ ᠶᠢᠨ ᠲᠤᠭᠤᠷᠢᠭ ᠤᠨ ᠬᠠᠶᠠᠭᠳᠠᠯ | ᠤᠨ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠠᠵᠤ ᠦᠢᠯᠡᠳᠪᠦᠷᠢ ᠶᠢᠨ ᠬᠠᠳᠠᠭᠤ ᠬᠠᠶᠠᠭᠳᠠᠮᠠᠯ | ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠪᠠᠶᠢᠭᠠᠯᠢ ᠶᠢᠨ ᠬᠠᠮᠠᠭᠠᠯᠠᠯᠲᠠ | ᠶᠢᠨ ᠤᠷᠤᠨ ᠳᠠᠬᠢ ᠠᠭᠤᠷᠬᠠᠢ ᠦᠢᠯᠡᠳᠪᠦᠷᠢ ᠶᠢᠨ ᠴᠡᠭᠴᠡᠯᠠᠨ ᠵᠠᠰᠠᠯᠲᠠ ᠶᠢ ᠴᠢᠩᠭᠠᠳᠬᠠᠵᠦ᠂ ᠬᠠᠥᠯᠢ ᠲᠦᠷᠢᠮ | ᠠᠴᠠ ᠵᠦᠷᠢᠴᠡᠨ ᠨᠤᠲᠤᠭ ᠪᠡᠯᠴᠢᠭᠡᠷ ᠢ ᠳᠠᠳᠠᠪᠤᠷᠢᠯᠠᠨ ᠡᠵᠡᠯᠡᠬᠦ᠂ ᠭᠤᠤᠯ ᠤᠨ ᠡᠯᠡᠰᠦ ᠬᠠᠶᠢᠷ ᠢ ᠠᠪᠬᠤ ᠵᠡᠷᠭᠡ | ᠠᠵᠢᠯᠯᠠᠭ᠎ᠠ ᠳᠤ ᠴᠢᠩᠭ᠎ᠠ ᠴᠤᠬᠢᠯᠲᠠ ᠦᠭᠭᠦᠨ᠎ᠠ᠃ ᠦᠳᠭᠡᠴᠡ ᠨᠢ ᠪᠠᠷᠢᠮᠵᠢᠶ᠎ᠠ ᠳᠤ ᠬᠦᠷᠦᠭᠰᠡᠨ ᠪᠤᠯᠤᠨ ᠶᠡᠷᠦᠩᠬᠡᠢ | ᠬᠡᠮᠵᠢᠶ᠎ᠠ ᠨᠢ ᠵᠦᠪᠰᠢᠶᠡᠷᠡᠭᠳᠡᠭᠰᠡᠨ ᠬᠤᠶᠠᠷ ᠳᠠᠪᠬᠤᠷ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠵᠦ᠂ ᠭᠠᠯ | ᠴᠠᠬᠢᠯᠭᠠᠨ ᠤ ᠠᠵᠤ ᠦᠢᠯᠡᠰ ᠤᠨ ᠬᠡᠲᠤ ᠲᠤᠤᠷ᠎ᠠ ᠭᠠᠳᠠᠭᠰᠢᠯᠠᠭᠤᠯᠤᠯᠲᠠ ᠶᠢᠨ ᠦᠭᠡᠷᠡᠴᠢᠯᠡᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠡᠨᠧᠷᠭᠢ ᠶᠢᠨ ᠬᠤᠷᠤᠭᠳᠠᠯ ᠦᠨᠳᠦᠷ ᠠᠵᠤ ᠠᠬᠤᠶᠢᠯᠠᠯ ᠤᠨ ᠠᠭᠠᠷ ᠮᠠᠨᠳᠤᠯ ᠢ ᠪᠤᠵᠠᠷᠲᠤᠭᠤᠯᠬᠤ | ᠪᠤᠳᠠᠰ ᠢ ᠭᠠᠳᠠᠭᠰᠢᠯᠡᠭᠤᠯᠬᠤ ᠶᠢ ᠴᠢᠩᠭ᠎ᠠ ᠡᠵᠡᠮᠳᠡᠨ᠎ᠡ᠃ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠰᠠᠶᠢᠲᠤᠷ ᠠᠳᠬᠤᠵᠤ᠂ ᠲᠠᠷᠢᠶᠠᠯᠠᠩ ᠤᠨ ᠡᠬᠢ ᠰᠤᠷᠪᠤᠯᠵᠢ ᠶᠢᠨ ᠪᠤᠵᠠᠷᠳᠤᠯ ᠢ ᠪᠦᠬᠦ ᠲᠠᠯ᠎ᠠ ᠪᠠᠷ | ᠵᠠᠰᠠᠵᠤ ᠴᠡᠭᠴᠡᠯᠠᠨᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠦᠷᠬᠦᠯᠵᠢᠯᠡᠨ ᠲᠦᠯᠬᠢᠨ ᠠᠬᠢᠭᠤᠯᠤᠨ᠎ᠠ᠃ | ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠪᠡᠯᠴᠢᠭᠡᠷᠡᠯᠭᠦᠯᠭᠦ ᠴᠠᠭᠠᠵᠠᠯᠠᠬᠤ᠂ ᠪᠡᠯᠴᠢᠭᠡᠷ ᠮᠠᠯ ᠢ ᠳᠡᠩᠴᠡᠬᠦᠷᠢᠰᠢᠬᠦᠯᠬᠦ | ᠲᠦᠷᠢᠮ ᠢ ᠴᠢᠩᠭ᠎ᠠ ᠬᠡᠷᠡᠭᠵᠢᠭᠦᠯᠵᠦ ᠂ ᠡᠯᠡᠰᠦᠷᠬᠡᠭᠵᠢᠭᠰᠡᠨ ᠲᠠᠯ᠎ᠠ ᠨᠤᠲᠤᠭ ᠤᠨ ᠵᠠᠰᠠᠯᠲᠠ ᠶᠢᠨ ᠡᠷᠴᠢᠮ ᠢᠶᠠᠨ | ᠴᠢᠩᠭᠠᠷᠠᠭᠤᠯᠤᠨ᠎ᠠ᠃ ᠤᠯᠤᠰ ᠤᠨ ᠭᠠᠵᠠᠷ ᠰᠢᠷᠤᠢ ᠶᠢᠨ ᠨᠤᠭᠤᠭᠠᠷᠠᠭᠤᠯᠤᠯᠲᠠ᠂ ᠪᠡᠭᠡᠵᠢᠩ ᠲᠢᠶᠠᠨᠵᠢᠨ ᠤ ᠡᠯᠡᠰᠤᠨ | ᠤ ᠡᠬᠢ ᠶᠢᠨ ᠵᠠᠰᠠᠯᠲᠠ ᠶᠢᠨ ᠢᠨᠵᠧᠨᠧᠷᠢᠭ ᠢ ᠲᠦᠯᠬᠢᠨ ᠠᠬᠢᠭᠤᠯᠵᠤ᠂ ᠬᠤᠲᠠ ᠪᠠᠯᠭᠠᠰᠤ᠂ ᠭᠠᠴᠠᠭ᠎ᠠ ᠲᠤᠰᠬᠤᠨ᠂ | ᠵᠠᠮ᠂ ᠬᠦᠷᠢᠶᠡᠯᠡᠩ ᠲᠤᠭᠤᠷᠢᠭ ᠵᠡᠷᠭᠡ ᠴᠢᠬᠤᠯᠠ ᠤᠷᠤᠨ ᠪᠦᠰᠡ ᠶᠢᠨ ᠨᠤᠭᠤᠭᠠᠷᠠᠭᠤᠯᠤᠯᠲᠠ ᠶᠢ ᠨᠢᠭᠡᠳᠦᠯᠲᠠᠢ | ᠲᠦᠯᠦᠪᠯᠡᠨ᠎ᠠ᠃ ᠪᠦᠬᠦ ᠠᠷᠠᠳ ᠢᠶᠠᠷ ᠠᠯᠪᠠᠨ ᠵᠢᠷᠤᠮ ᠤᠨ ᠮᠤᠲᠤ ᠵᠠᠶᠢᠯᠠᠬᠤ ᠠᠵᠢᠯᠯᠠᠭ᠎ᠠ ᠪᠤᠯᠤᠨ ᠲᠦᠮᠡᠨ ᠮᠦ ᠠᠮᠢ | ᠠᠬᠤᠢ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠠᠢ ᠶᠠᠪᠤᠭᠳᠠᠭᠤᠯᠵᠤ᠂ ᠤᠨᠴᠠᠯᠢᠭᠲᠦ ᠠᠵᠤ | ᠠᠬᠤᠢ ᠶᠢ ᠶᠡᠬᠡᠪᠡᠷ ᠬᠦᠭᠵᠢᠭᠦᠯᠦᠨ᠂ ᠪᠦᠬᠦ ᠵᠢᠯ ᠳᠤ 40 ᠲᠦᠮᠡᠨ ᠮᠦ ᠶᠢᠨ ᠤᠶᠢᠵᠢᠭᠤᠯᠤᠯᠲᠠ ᠶᠢ ᠪᠡᠶᠡᠯᠡᠭᠦᠯᠦᠨ᠎ᠠ᠃ | ᠪᠤᠬᠢᠷᠳᠤᠯ ᠦᠭᠡᠢ ᠬᠦᠭᠵᠢᠯᠳᠡ ᠶᠢᠨ ᠤᠳᠠᠭᠠᠨ ᠳᠠᠭᠠᠮᠠᠭᠠᠢ ᠳᠤᠭᠳᠠᠴᠠ ᠶᠢ ᠪᠦᠷᠢᠯᠳᠦᠬᠦᠯᠦᠨ᠎ᠡ᠃ ᠤᠳᠤᠷᠢᠳᠬᠤ | ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶᠡᠰ ᠤᠨ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠭᠡ ᠶᠢ ᠬᠢᠨᠡᠨ | ᠪᠤᠳᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠂ ᠠᠮᠢ ᠠᠬᠤᠢ ᠶᠢᠨ ᠬᠤᠷᠢᠭ᠎ᠠ ᠱᠤᠭᠤᠮ ᠢ ᠴᠢᠩᠭ᠎ᠠ | ᠰᠠᠬᠢᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠤᠨ ᠬᠠᠮᠢᠶᠠᠷᠤᠯᠲᠠ ᠶᠢᠨ ᠲᠠᠪᠴᠠᠩ ᠢ | ᠪᠠᠶᠢᠭᠤᠯᠵᠦ᠂ ᠨᠢᠭᠡ ᠬᠤᠷᠢᠭ᠎ᠠ ᠶᠢᠨ ᠱᠤᠭᠤᠮ ᠢᠶᠠᠷ ᠴᠢᠬᠤᠯᠠ ᠠᠮᠢ ᠠᠬᠤᠢ ᠶᠢᠨ ᠤᠷᠤᠨ ᠵᠠᠢ ᠶᠢ ᠡᠵᠡᠮᠳᠡᠨ | ᠬᠠᠮᠢᠶᠠᠷᠬᠤ ᠶᠢ ᠪᠡᠶᠡᠯᠡᠬᠦᠯᠦᠨ᠎ᠠ᠃ ᠤᠰᠤᠨ ᠤ ᠬᠡᠮᠵᠢᠶ᠎ᠠ ᠪᠠᠷ ᠬᠢᠬᠦ᠂ ᠤᠰᠤ ᠪᠠᠷ ᠬᠤᠲᠠ ᠶᠢ ᠲᠤᠭᠲᠠᠭᠠᠨ᠂ ᠤᠰᠤ | ᠪᠠᠷ ᠦᠢᠯᠡᠳᠪᠦᠷᠢᠯᠡᠯ ᠢ ᠲᠤᠭᠲᠠᠭᠠᠬᠤ ᠶᠢ ᠪᠠᠷᠢᠮᠲᠠᠯᠠᠵᠦ᠂ ᠬᠠᠮᠤᠭ ᠤᠨ ᠴᠢᠩᠭ᠎ᠠ ᠤᠰᠤᠨ ᠤ ᠡᠬᠢ ᠰᠤᠷᠪᠤᠯᠵᠢ ᠶᠢᠨ | ᠬᠢᠨᠠᠨ ᠬᠠᠮᠢᠶᠠᠷᠬᠤ ᠲᠤᠭᠲᠠᠴᠠ ᠶᠢ ᠪᠠᠶᠢᠭᠤᠯᠤᠨ᠎ᠠ᠃ ᠭᠠᠵᠠᠷ ᠲᠤᠤᠷᠠᠬᠢ ᠤᠰᠤ ᠶᠢ ᠬᠡᠲᠦᠷᠡᠲᠡᠯ᠎ᠡ ᠲᠠᠳᠠᠭᠰᠠᠨ ᠤᠷᠤᠨ | ᠤ ᠤᠰᠤᠨ ᠤ ᠬᠡᠷᠡᠭᠯᠡᠯᠳᠡ ᠶᠢ ᠬᠡᠮᠵᠢᠶ᠎ᠡ ᠲᠤᠭᠲᠠᠭᠠᠨ ᠬᠢᠵᠠᠭᠠᠷᠯᠠᠨ᠎ᠠ᠃ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ | ᠶᠢᠨ ᠶᠡᠷᠦᠩᠬᠡᠶᠢᠯᠡᠭᠰᠡᠨ ᠦᠭᠡᠷᠡᠴᠢᠯᠡᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠤᠰᠤ ᠠᠷᠪᠢᠯᠠᠭᠰᠠᠨ | ᠲᠠᠷᠢᠶᠠᠯᠠᠩ᠂ ᠭᠠᠩᠳᠠᠭᠤᠨᠲ᠋ᠠᠷᠢᠶᠠᠯᠠᠩ ᠶᠢ ᠦᠳᠲᠡᠷ ᠬᠦᠭᠵᠢᠭᠦᠯᠦᠨ᠂ ᠦᠨᠳᠦᠷ ᠠᠰᠢᠭᠯᠠᠮᠵᠢᠳᠤ ᠤᠰᠤᠨ ᠳᠤ | ᠠᠷᠪᠢᠳᠠᠢ ᠤᠰᠤᠨ ᠳᠠᠷᠢᠶ᠎ᠠ 30 ᠲᠦᠮᠡᠨ ᠮᠦ ᠪᠠᠶᠢᠭᠤᠯᠤᠨ᠎ᠠ᠃ ᠲᠦᠷᠦᠯ ᠵᠦᠢᠯ ᠤᠨ ᠤᠷᠴᠢᠨ ᠲᠤᠭᠤᠷᠢᠨ ᠤ | ᠬᠠᠮᠭᠠᠯᠠᠯᠳᠠ ᠶᠢᠨ ᠬᠢᠨᠠᠨ ᠵᠦᠪᠰᠢᠶᠡᠷᠡᠬᠦ ᠪᠤᠭᠤᠮᠲᠠ ᠶᠢ ᠴᠢᠩᠭ᠎ᠠ ᠰᠠᠬᠢᠵᠤ᠂ ᠠᠵᠤ ᠠᠬᠤᠶᠢᠯᠠᠯ ᠤᠨ ᠡᠨᠧᠷᠭᠢ | ᠠᠷᠪᠢᠯᠠᠬᠤ᠂ ᠭᠠᠳᠠᠭᠰᠢᠯᠠᠭᠤᠯᠤᠯᠲᠠ ᠶᠢ ᠪᠠᠭᠠᠰᠬᠠᠬᠤ᠂ ᠬᠤᠷᠤᠭᠳᠠᠯ ᠢ ᠪᠠᠭᠤᠷᠠᠭᠤᠯᠬᠤ ᠶᠢ ᠰᠠᠶᠢᠲᠤᠷ ᠬᠢᠵᠦ᠂ | ᠲᠤᠤᠷ᠎ᠠ ᠨᠡᠭᠦᠷᠡᠰᠦᠳᠦ᠋ᠷᠦᠭᠴᠢᠲᠦ ᠤᠷᠴᠢᠯᠳᠤ ᠬᠦᠭᠵᠢᠯᠲᠠ ᠶᠢ ᠲᠦᠯᠬᠢᠨ ᠠᠬᠢᠭᠤᠯᠤᠨ᠎ᠠ᠃ ᠳᠦᠷᠪᠡᠳ ᠬᠤᠰᠢᠭᠤ᠂ | ᠯᠢᠶᠠᠩᠴᠧᠩ ᠰᠢᠶᠠᠨ ᠵᠡᠷᠭᠡ ᠬᠤᠰᠢᠭᠤ ᠰᠢᠶᠠᠨ ᠳᠤ ᠲᠠᠷᠢᠶᠠᠨ ᠭᠠᠵᠠᠷ ᠢ ᠡᠭᠡᠯᠵᠢᠯᠡᠨ ᠲᠠᠷᠢᠬᠤ ᠲᠤᠷᠰᠢᠯᠲᠠ ᠶᠢᠨ ᠴᠡᠭ | ᠢ ᠬᠡᠷᠡᠭᠵᠢᠭᠦᠯᠦᠨ᠂ ᠲᠠᠯᠠᠪᠠᠢ ᠶᠢ ᠨᠢ ᠦᠷᠭᠡᠳᠬᠡᠨ 100 ᠲᠦᠮᠡᠨ ᠮᠦ ᠳᠤ ᠬᠦᠷᠭᠡᠨ᠎ᠡ᠃ ᠦᠪᠡᠷᠲᠡᠭᠡᠨ ᠵᠠᠰᠠᠬᠤ | ᠤᠷᠤᠨ ᠤ ᠳᠡᠰ ᠤᠨ 10 ᠪᠤᠬᠢᠷᠳᠤᠯ ᠦᠭᠡᠢ ᠠᠭᠤᠷᠬᠠᠢ ᠶᠢ ᠪᠠᠶᠢᠭᠤᠯᠤᠨ᠎ᠠ᠃ ᠠᠷᠪᠢᠴᠢ ᠮᠠᠶ᠋ᠢᠭ ᠤᠨ ᠪᠠᠶᠢᠭᠤᠯᠭ᠎ᠠ᠂ | ᠪᠤᠬᠢᠷᠳᠤᠯ ᠦᠭᠡᠢ ᠭᠡᠷ ᠪᠦᠯᠢ᠂ ᠪᠤᠬᠢᠷᠳᠤᠯ ᠦᠭᠡᠢ ᠠᠵᠤ ᠠᠬᠤᠶᠢᠯᠠᠯ ᠵᠡᠷᠭᠡ ᠶᠢᠨ ᠡᠭᠦᠳᠦᠨ ᠴᠤᠭᠴᠠᠯᠠᠯᠲᠠ ᠶᠢᠨ | ᠠᠵᠢᠯᠯᠠᠭᠠᠨ ᠢ ᠦᠷᠨᠢᠭᠦᠯᠵᠦ᠂ ᠦᠷᠭᠡᠨ ᠤᠯᠠᠨ ᠠᠷᠠᠳ ᠲᠦᠮᠡᠨ ᠳᠤ ᠪᠤᠬᠢᠷᠳᠤᠯ ᠦᠭᠡᠢ ᠬᠦᠭᠵᠢᠯᠲᠡ ᠶᠢᠨ ᠠᠰᠢᠭ ᠢ | ᠬᠦᠷᠲᠡᠭᠡᠨ᠎ᠠ᠃ | ︵ᠬᠤᠶᠠᠷ︶ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠬᠦᠯᠵᠦ᠂ ᠴᠢᠨᠠᠷ ᠰᠠᠶᠢᠳᠠᠢ | ᠬᠦᠭᠵᠢᠯᠳᠡ ᠶᠢᠨ ᠰᠢᠨ᠎ᠡ ᠬᠦᠳᠡᠯᠭᠡᠭᠦᠷ ᠢ ᠪᠤᠶᠢᠵᠢᠭᠤᠯᠤᠨ᠎ᠠ | ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠡᠯᠬᠢᠶᠡᠵᠢᠯ ᠢ ᠪᠠᠶᠢᠭᠤᠯᠤᠨ᠎ᠠ᠃ ᠲᠤᠮᠤ ᠳ᠋ᠠᠶᠢᠲ᠋ᠠ ᠶᠢᠨ ᠴᠢᠨᠠᠷ | ᠰᠠᠶᠢᠳᠠᠢ ᠬᠦᠭᠵᠢᠯᠳᠡ ᠶᠢ ᠲᠦᠯᠬᠢᠨ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠬᠦᠳᠡᠯᠬᠡᠬᠦᠷ ᠪᠤᠯᠭᠠᠵᠤ᠂ ᠳ᠋ᠠᠶᠢᠲ᠋ᠠ | ᠶᠢᠨ ᠲᠦᠪ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠠᠰᠢᠭᠯᠠᠯᠳᠠ ᠳᠤ ᠤᠷᠤᠭᠤᠯᠬᠤ ᠶᠢ | ᠲᠦᠷᠭᠡᠳᠭᠡᠵᠦ᠂ ᠦᠢᠯᠡᠴᠢᠯᠡᠬᠦᠷ ᠦᠢᠯᠡᠳᠬᠦ᠂ ᠮᠦᠩᠬᠦᠨ ᠬᠦᠢᠯᠭᠡᠭᠡᠨ ᠤ ᠳᠠᠭᠠᠳᠬᠠᠯ ᠤᠨ ᠠᠵᠢᠯ ᠲᠦᠷᠦᠯ ᠤᠨ | ᠳ᠋ᠠᠶᠢᠲ᠋ᠠ ᠶᠢᠨ ᠬᠡᠷᠡᠭᠯᠡᠭᠡ ᠵᠡᠷᠭᠡ ᠳᠡᠭᠡᠷ᠎ᠡ ᠳᠤᠤᠷ᠎ᠠ ᠤᠷᠤᠰᠬᠠᠯ ᠤᠨ ᠠᠵᠤ ᠦᠢᠯᠡᠰ ᠢ ᠶᠡᠬᠡᠪᠡᠷ ᠬᠦᠭᠵᠢᠬᠦᠯᠵᠦ᠂ ᠲᠤᠮᠤ | ᠳ᠋ᠠᠶᠢᠲ᠋ᠠ ᠶᠢᠨ ᠡᠯ᠎ᠡ ᠬᠦᠷᠢᠶ᠎ᠡ ᠴᠠᠷᠠᠭ᠎ᠠ ᠳᠤ ᠦᠷᠭᠡᠨ ᠢᠶᠠᠷ ᠨᠡᠪᠴᠢᠵᠦ᠂ ᠡᠯ᠎ᠡ ᠠᠵᠢᠯ ᠲᠦᠷᠦᠯ ᠲᠠᠢ ᠬᠦᠨᠵᠡᠭᠡᠢ | ᠠᠭᠤᠰᠤᠯᠴᠠᠬᠤ ᠶᠢ ᠲᠦᠯᠬᠢᠨ ᠠᠬᠢᠭᠤᠯᠵᠤ᠂ ᠤᠯᠤᠰ ᠤᠨ ᠳᠤᠮᠤ ᠳ᠋ᠠᠶᠢᠲ᠋ᠠ ᠶᠢᠨ ᠡᠬᠦᠯᠡᠨ ᠪᠤᠳᠤᠯᠳᠠ ᠶᠢᠨ ᠠᠵᠤ | ᠦᠢᠯᠡᠰ ᠤᠨ ᠰᠠᠭᠤᠷᠢᠨ ᠢ ᠪᠦᠲᠦᠭᠡᠨ ᠪᠠᠶᠢᠭᠤᠯᠤᠨ᠎ᠠ᠃ ᠳᠤᠮᠤ ᠳ᠋ᠠᠶᠢᠲ᠋ᠠ ᠪᠠ ᠪᠤᠳᠠᠳᠤ ᠴᠤᠭᠴᠠᠳᠤ ᠠᠵᠤ ᠠᠬᠤᠢ ᠶᠢᠨ | ᠬᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠤᠨ᠎ᠠ᠃ ︽ᠲᠦᠮᠡᠨ ᠠᠵᠤ ᠠᠬᠤᠶᠢᠯᠠᠯ ᠡᠬᠦᠯᠡᠨ ᠪᠤᠳᠤᠯᠳᠠ ᠳᠤ | ᠭᠠᠷᠬᠤ︾ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠬᠦᠯᠵᠦ᠂ ᠨᠢᠭᠡ ᠪᠦᠯᠦᠭ ᠠᠵᠤ ᠦᠢᠯᠡᠰ ᠤᠨ | ᠳᠤᠮᠤ ᠳ᠋ᠠᠶᠢᠲ᠋ᠠ ᠶᠢᠨ ᠡᠬᠦᠯᠡᠨ ᠳᠠᠪᠴᠠᠩ ᠢ ᠪᠠᠶᠢᠭᠤᠯᠵᠤ᠂ ᠳᠤᠮᠤ ᠳ᠋ᠠᠶᠢᠲ᠋ᠠ ᠶᠢᠨ ᠠᠷᠭ᠎ᠠ ᠪᠠᠷ ᠤᠯᠠᠮᠵᠢᠯᠠᠯᠳᠤ ᠠᠵᠤ | ᠦᠢᠯᠡᠰ ᠢ ᠳᠡᠰ ᠳᠡᠪᠰᠢᠬᠦᠯᠦᠨᠦᠭᠡᠷᠡᠴᠢᠯᠡᠨ ᠰᠢᠨᠡᠳᠭᠡᠨᠠ᠃ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ ᠠᠵᠤ | ᠦᠢᠯᠡᠰ ᠢ ᠶᠡᠬᠡᠪᠡᠷ ᠬᠦᠭᠵᠢᠬᠦᠯᠵᠦ᠂ ᠤᠯᠤᠰ ᠤᠨ ᠳᠤᠳᠤᠭᠠᠳᠤᠬᠢ ᠬᠦᠮᠦᠨ ᠬᠡᠷᠡᠭᠰᠡᠬᠦ ᠦᠭᠡᠢ ᠳᠡᠷᠢᠬᠦᠨ ᠤ ᠨᠢᠰᠭᠡᠯ᠂ | ᠬᠦᠮᠦᠨ ᠬᠡᠷᠡᠭᠰᠡᠬᠦ ᠨᠢᠰᠭᠡᠯ ᠦᠢᠯᠡᠳᠬᠦ ᠠᠵᠤ ᠠᠬᠤᠶᠢᠯᠠᠯ ᠪᠠ ᠡᠯ᠎ᠡ ᠲᠦᠷᠦᠯ ᠤᠨ ᠠᠭᠠᠷ ᠠᠶᠠᠯᠠᠯ ᠤᠨ ᠳᠡᠭᠡᠳᠦ | ᠰᠤᠷᠭᠠᠭᠤᠯᠢ᠂ ᠪᠤᠯᠪᠠᠰᠤᠷᠠᠭᠤᠯᠤᠯ ᠤᠨ ᠪᠠᠶᠢᠭᠤᠯᠤᠮᠵᠢ ᠶᠢ ᠳᠠᠳᠠᠨ ᠤᠷᠤᠭᠤᠯᠵᠤ᠂ ᠠᠭᠠᠷ ᠠᠶᠠᠯᠠᠯ ᠤᠨ ᠠᠵᠤ | ᠦᠢᠯᠡᠰ ᠤᠨ ᠬᠦᠷᠢᠶᠡᠯᠡᠩ ᠪᠠ ᠨᠢᠰᠦᠯᠳᠡ ᠶᠢ ᠬᠡᠮᠵᠢᠨ ᠲᠤᠷᠰᠢᠬᠤ ᠰᠠᠭᠤᠷᠢᠨ ᠵᠡᠷᠭᠡ ᠲᠦᠷᠦᠯ ᠵᠦᠢᠯ ᠤᠨ | ᠭᠠᠵᠠᠷᠳᠠᠬᠤ ᠶᠢ ᠲᠦᠷᠭᠡᠳᠭᠡᠨ ᠲᠦᠯᠬᠢᠨ ᠠᠬᠢᠭᠤᠯᠵᠤ᠂ ᠳᠠᠷᠢᠶᠠᠯᠠᠩ ᠤᠨ ᠤᠷᠭᠤᠮᠠᠯ ᠤᠨ ᠬᠤᠴᠢᠯᠭ᠎ᠠ ᠶᠢᠨ | ᠬᠠᠮᠠᠭᠠᠯᠠᠯᠳᠠ᠂ ᠭᠠᠯ ᠤᠨᠳᠠᠷᠠᠭᠠᠬᠤ ᠵᠡᠷᠭᠡ ᠬᠦᠮᠦᠨ ᠬᠡᠷᠡᠭᠰᠡᠬᠦ ᠦᠭᠡᠢ ᠨᠢᠰᠭᠡᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ | ᠢᠳᠡᠪᠬᠢᠳᠡᠢ ᠨᠡᠭᠡᠭᠡᠨ ᠬᠦᠭᠵᠢᠬᠦᠯᠵᠦ᠂ ᠪᠦᠬᠦᠯᠢ ᠴᠤᠭᠴᠠ ᠶᠢᠨ ᠦᠷᠢᠰᠦᠯᠳᠦᠭᠡᠨ ᠤ ᠳᠠᠪᠠᠭᠤᠯᠢᠭ ᠲᠠᠯ᠎ᠠ ᠲᠠᠢ | ᠤᠶᠤᠨᠴᠢ ᠦᠢᠯᠡᠳᠬᠦ ᠠᠵᠤ ᠦᠢᠯᠡᠰ ᠤᠨ ᠴᠤᠭᠯᠠᠷᠠᠯ ᠢ ᠪᠠᠶᠢᠭᠤᠯᠤᠨ᠎ᠠ᠃ ᠳᠤᠮᠤ ᠳ᠋ᠠᠶᠢᠲ᠋ᠠ ᠪᠠ ᠨᠡᠶᠢᠭᠡᠮ ᠤᠨ | ᠵᠠᠰᠠᠯᠳᠠ ᠶᠢᠨ ᠬᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠵᠠᠰᠠᠭ ᠤᠨ | ᠶᠠᠪᠤᠳᠠᠯ ᠤᠨ ᠦᠢᠯᠡᠴᠢᠯᠡᠭᠡ︾ ᠶᠢ ᠴᠢᠨᠠᠭᠰᠢᠳᠠ ᠬᠦᠨᠵᠡᠭᠡᠶᠢᠷᠡᠬᠦᠯᠵᠦ᠂ ᠬᠤᠳᠠ ᠰᠢᠶᠠᠨ ᠬᠤᠶᠠᠷ ᠱᠠᠲᠤᠨ ᠤ ᠵᠠᠰᠠᠭ | ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠨᠡᠶᠢᠳᠭᠡᠨ ᠬᠠᠮᠳᠤᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠪᠦᠬᠦ | ᠬᠤᠳᠠ ᠶᠢᠨ ᠳ᠋ᠠᠶᠢᠲ᠋ᠠ ᠶᠢᠨ ᠡᠬᠢ ᠪᠠᠶᠠᠯᠢᠭ ᠤᠨ ᠬᠦᠮᠦᠷᠭᠡ ᠶᠢ ᠲᠦᠷᠭᠡᠳᠭᠡᠨ ᠪᠠᠶᠢᠭᠤᠯᠤᠨ᠎ᠠ᠃ ᠵᠠᠰᠠᠭ ᠤᠨ ᠤᠷᠳᠤᠨ | ᠤ ᠰᠦᠯᠵᠢᠶᠡᠨ ᠦᠷᠳᠡᠭᠡ᠂ ᠪᠤᠳᠠᠳᠤ ᠴᠤᠭᠴᠠ ᠶᠢᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠰᠦᠯᠵᠢᠶᠡᠨ | ᠳᠡᠭᠡᠷ᠎ᠡ ᠰᠦᠯᠵᠢᠶᠡᠨ ᠳᠤᠤᠷ᠎ᠠ ᠬᠤᠯᠪᠤᠭᠠᠯᠠᠨ ᠨᠡᠪᠳᠡᠷᠡᠬᠦ᠂ ᠳ᠋ᠠᠶᠢᠲ᠋ᠠ ᠶᠢ ᠬᠠᠷᠢᠯᠴᠠᠨ ᠬᠤᠯᠪᠤᠭᠠᠯᠠᠨ ᠬᠠᠮᠳᠤᠪᠠᠷ ᠡᠳ᠋ᠯᠡᠬᠦ | ᠶᠢ ᠨᠢᠭᠡᠳᠦᠯᠳᠡᠢ ᠲᠦᠯᠦᠪᠯᠡᠨ ᠲᠦᠯᠬᠢᠨ ᠠᠬᠢᠭᠤᠯᠵᠤ᠂ ᠳ᠋ᠠᠶᠢᠲ᠋ᠠ ᠶᠢᠨ ᠢᠵᠢᠯ ᠡᠬᠦᠰᠦᠯ᠂ ᠦᠢᠯᠡᠴᠢᠯᠡᠭᠡᠨ ᠤ ᠢᠵᠢᠯ | ᠦᠨᠳᠦᠰᠦ ᠲᠠᠢ ᠪᠠᠶᠢᠬᠤ ᠶᠢ ᠨᠢᠭᠡᠳᠦᠯᠳᠡᠢ ᠲᠦᠯᠦᠪᠯᠡᠨ ᠲᠦᠯᠬᠢᠨ ᠠᠬᠢᠭᠤᠯᠤᠨ᠎ᠠ᠃ ᠡᠩ ᠳᠡᠷᠢᠬᠦᠨ ᠳᠤ ᠵᠠᠮ | ᠬᠠᠷᠢᠯᠴᠠᠭ᠎ᠠ᠂ ᠡᠮᠨᠡᠯᠭᠡ᠂ ᠨᠡᠶᠢᠭᠡᠮ ᠤᠨ ᠪᠠᠳᠤᠯᠠᠭ᠎ᠠ᠂ ᠰᠤᠷᠭᠠᠨ ᠬᠦᠮᠦᠵᠢᠯ ᠵᠡᠷᠭᠡ ᠬᠦᠷᠢᠶ᠎ᠡ ᠴᠠᠷᠠᠭ᠎ᠠ ᠶᠢᠨ ᠵᠠᠰᠠᠭ ᠤᠨ | ᠤᠷᠳᠤᠨ ᠤ ᠳ᠋ᠠᠶᠢᠲ᠋ᠠ ᠶᠢ ᠨᠡᠶᠢᠭᠡᠮ ᠳᠤ ᠨᠡᠭᠡᠭᠡᠬᠦ ᠶᠢ ᠲᠦᠯᠬᠢᠨ ᠠᠬᠢᠭᠤᠯᠵᠤ᠂ ᠨᠡᠶᠢᠭᠡᠮ ᠤᠨ ᠬᠦᠴᠦᠨ ᠤ ᠵᠠᠰᠠᠭ ᠤᠨ | ᠤᠷᠳᠤᠨ ᠤ ᠳ᠋ᠠᠶᠢᠲ᠋ᠠ ᠶᠢᠨ ᠡᠬᠢ ᠪᠠᠶᠠᠯᠢᠭ ᠤᠨ ᠨᠡᠭᠡᠭᠡᠯᠳᠡ ᠠᠰᠢᠭᠯᠠᠯᠳᠠ ᠳᠤ ᠤᠷᠤᠯᠴᠠᠬᠤ ᠶᠢ ᠨᠢ ᠵᠤᠷᠢᠭᠵᠢᠭᠤᠯᠬᠤ | ᠪᠠ ᠳᠡᠮᠵᠢᠵᠦ᠂ ︽ᠲᠤᠭᠠᠴᠢᠯᠠᠭᠰᠠᠨ ᠵᠠᠰᠠᠭ ᠤᠨ ᠤᠷᠳᠤᠨ︾ ᠢ ᠲᠦᠷᠭᠡᠳᠭᠡᠨ ᠪᠠᠶᠢᠭᠤᠯᠤᠨ᠎ᠠ᠃ ᠳᠤᠮᠤ ᠳ᠋ᠠᠶᠢᠲ᠋ᠠ ᠪᠠ | ᠠᠷᠠᠳ ᠤᠨ ᠠᠮᠢᠳᠤᠷᠠᠯ ᠤᠨ ᠦᠢᠯᠡᠴᠢᠯᠡᠭᠡ ᠶᠢᠨ ᠬᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠤᠨ᠎ᠠ᠃ ᠵᠠᠰᠠᠭ ᠤᠨ | ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠲᠧᠩ ᠰᠢᠶᠦ᠋ᠨ ᠤ ︽ | ᠸᠧᠢ ᠼᠦᠨ︾ ᠸᠢᠴᠠᠲ ᠤᠨ ᠤᠯᠠᠨ ᠨᠡᠶᠢᠳᠡ ᠶᠢᠨ ᠳᠠᠪᠴᠠᠩ ᠢ ᠳᠡᠯᠭᠡᠷᠡᠬᠦᠯᠵᠦ᠂ ︽ᠦ᠋ ᠯᠢ ᠵᠢᠢ︾ ᠵᠢᠵᠢᠭ | ᠫᠷᠦᠭᠷᠡᠮ ᠢ ᠪᠦᠷᠢᠨᠰᠢᠬᠦᠯᠵᠦ᠂ᠠᠷᠠᠳ ᠤᠨ ᠠᠮᠢᠳᠤᠷᠠᠯ ᠤᠨ ᠨᠡᠩ ᠤᠯᠠᠨ ᠵᠦᠢᠯ ᠤᠳ ᠤᠨ ︽ᠳ᠋ᠠᠶᠢᠲ᠋ᠠ ᠪᠠᠷ ᠤᠷᠤᠯᠠᠨ | ᠬᠦᠶᠦᠯᠭᠡᠬᠦ︾ ︽ᠠᠯᠠᠭᠠᠨ ᠳᠡᠭᠡᠷ᠎ᠡ ᠪᠠᠨ ᠳᠠᠷᠤᠶᠢᠬᠠᠨ ᠬᠦᠢᠴᠡᠳᠬᠡᠬᠦ︾ ᠤᠨ ᠪᠡᠶᠡᠯᠡᠭᠳᠡᠬᠦ ᠶᠢ ᠲᠦᠯᠬᠢᠨ ᠠᠬᠢᠭᠤᠯᠵᠤ᠂ | ︽ᠪᠠᠶᠢᠴᠠᠭᠠᠬᠤ︾ ᠴᠢᠳᠠᠮᠵᠢ ᠶᠢ ᠶᠠᠪᠤᠬᠤ ᠳᠤᠳᠤᠮ ᠪᠦᠷᠢᠨᠰᠢᠬᠦᠯᠵᠦ᠂ ︽ᠬᠢᠬᠦ︾ ᠲᠦᠷᠦᠯ ᠵᠦᠢᠯ ᠢ ᠤᠯᠠᠮ | ᠤᠯᠠᠰᠢᠷᠠᠭᠤᠯᠵᠤ᠂ ᠳᠤᠮᠤ ᠳ᠋ᠠᠶᠢᠲ᠋ᠠ ᠶᠢᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡᠨ ᠤ ᠬᠦᠷᠢᠶ᠎ᠡ | ᠬᠡᠪᠴᠢᠶ᠎ᠡ ᠶᠢ ᠦᠷᠭᠡᠳᠭᠡᠵᠦ᠂ ᠺᠤᠳ᠋ ᠰᠢᠷᠪᠢᠵᠤ ᠨᠡᠶᠢᠳᠡ ᠶᠢᠨ ᠮᠠᠰᠢᠨ ᠳᠤ ᠰᠠᠭᠤᠬᠤ᠂ ᠲᠦᠷᠭᠡᠨ ᠳᠠᠮᠵᠢᠭᠤᠯᠭ᠎ᠠ ᠶᠢ | ᠳᠤᠰᠬᠤ ᠤᠶᠤᠨᠴᠢ ᠦᠢᠯᠡᠴᠢᠯᠡᠭᠡ ᠶᠢ ᠲᠦᠭᠡᠮᠡᠯᠵᠢᠬᠦᠯᠵᠦ᠂ ᠳᠤᠮᠤ ᠳ᠋ᠠᠶᠢᠲ᠋ᠠ ᠶᠢ ᠠᠷᠠᠳ ᠤᠨ ᠠᠮᠢᠳᠤᠷᠠᠯ ᠤᠨ ᠲᠠᠯ᠎ᠠ | ᠪᠤᠯᠭᠠᠨ ᠳᠤ ᠠᠭᠤᠰᠤᠯᠴᠠᠭᠤᠯᠤᠨ᠎ᠠ᠃ | ᠲᠤᠮᠤ ᠪᠠᠷᠠᠭ᠎ᠠ ᠬᠦᠢᠯᠭᠡᠭᠡᠨ ᠤ ᠠᠵᠤ ᠦᠢᠯᠡᠰ ᠤᠨ ᠴᠤᠭᠯᠠᠷᠠᠯ ᠢ ᠪᠤᠶᠢᠵᠢᠭᠤᠯᠤᠨ᠎ᠠ᠃ ᠤᠷᠤᠨ ᠪᠠᠶᠢᠷᠢᠰᠢᠯ ᠵᠠᠮ | ᠬᠠᠷᠢᠯᠴᠠᠭᠠᠨ ᠤ ᠳᠠᠪᠠᠭᠤᠯᠢᠭ ᠳᠠᠯ᠎ᠠ ᠶᠢ ᠬᠦᠢᠴᠡᠳ ᠪᠠᠳᠠᠷᠠᠭᠤᠯᠵᠤ᠂ ᠬᠠᠭᠤᠷᠠᠢ ᠶᠢᠨ ᠭᠠᠷᠠᠮ ᠮᠠᠶ᠋ᠢᠭ ᠤᠨ ᠪᠠᠷᠠᠭ᠎ᠠ | ᠬᠦᠢᠯᠭᠡᠭᠡᠨ ᠤ ᠬᠦᠢᠰᠦ ᠠᠴᠢᠶᠠᠯᠠᠪᠤᠷᠢ ᠶᠢᠨ ᠬᠤᠳᠠ ᠶᠢᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠵᠦ᠂ ᠪᠠᠷᠠᠭ᠎ᠠ | ᠬᠦᠢᠯᠭᠡᠬᠡ ᠠᠷᠠᠯᠵᠢᠶ᠎ᠠ ᠡᠳ᠋ᠰᠢᠬᠦᠯᠦᠯᠳᠡ ᠶᠢ ᠶᠡᠬᠡᠪᠡᠷ ᠬᠦᠭᠵᠢᠬᠦᠯᠵᠦ᠂ ᠤᠯᠠᠭᠠᠨᠴᠠᠪ ᠤᠨ ︽ᠬᠦᠢᠰᠦ ᠠᠵᠤ ᠠᠬᠤᠢ︾ | ᠶᠢᠨ ᠰᠢᠨ᠎ᠡ ᠴᠠᠭ ᠦᠶ᠎ᠡ ᠶᠢ ᠨᠡᠭᠡᠭᠡᠨ᠎ᠡ᠃ ᠳᠤᠮᠳᠠᠳᠤ ᠡᠸᠦ᠋ᠷᠦᠫᠠ ᠶᠢᠨ ᠵᠢᠰᠢᠶᠠᠨ ᠤ ᠭᠠᠯᠳᠤ ᠳᠡᠷᠭᠡᠨ ᠳᠤ | ᠲᠦᠰᠢᠭᠯᠡᠵᠦ᠂ ︽ᠴᠠᠭᠠᠨ ᠪᠠᠷᠠᠭ᠎ᠠ︾ ᠶᠢᠨ ᠪᠠᠷᠠᠭ᠎ᠠ ᠬᠦᠢᠯᠭᠡᠭᠡᠨ ᠤ ᠡᠳ᠋ᠰᠢᠬᠦᠯᠦᠯᠳᠡ ᠶᠢᠨ ᠰᠠᠭᠤᠷᠢᠨ ᠢ | ᠪᠠᠶᠢᠭᠤᠯᠤᠨ᠎ᠠ᠃ ᠤᠮᠠᠷᠠᠳᠤ ᠶᠢᠨ ᠬᠠᠭᠤᠷᠠᠢ ᠶᠢᠨ ᠭᠠᠷᠠᠮ ᠤᠨ ᠤᠯᠠᠨ ᠤᠯᠤᠰ ᠤᠨ ᠪᠠᠷᠠᠭ᠎ᠠ ᠬᠦᠢᠯᠭᠡᠭᠡᠨ ᠤ ᠲᠦᠪ᠂ | ᠳᠤᠯᠤᠳᠤᠭᠠᠷ ᠰᠤᠮᠤ ᠶᠢᠨ ᠤᠯᠠᠨ ᠤᠯᠤᠰ ᠤᠨ ᠪᠠᠷᠠᠭ᠎ᠠ ᠬᠦᠢᠯᠭᠡᠭᠡᠨ ᠤ ᠬᠦᠷᠢᠶᠡᠯᠡᠩ ᠵᠡᠷᠭᠡ ᠪᠠᠷᠠᠭ᠎ᠠ ᠬᠦᠢᠯᠭᠡᠭᠡᠨ ᠤ | ᠬᠦᠷᠢᠶᠡᠯᠡᠩ ᠳᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠤᠯᠠᠨ ᠤᠯᠤᠰ ᠤᠨ ᠠᠷᠠᠯᠵᠢᠶ᠎ᠠ ᠶᠢ | ᠬᠤᠪᠢᠶᠠᠨ ᠦᠭᠭᠦ᠂ ᠲᠦᠪᠯᠡᠷᠡᠬᠦᠯᠬᠦ ᠳᠠᠷᠬᠠᠭᠠᠬᠤ᠂ ᠡᠳ᠋ᠰᠢᠬᠦᠯᠬᠦ᠂ ᠲᠠᠰᠤᠯᠤᠨ ᠪᠤᠳᠤᠬᠤ ᠵᠡᠷᠭᠡ ᠲᠤᠬᠠᠶᠢᠯᠠᠭᠰᠠᠨ ᠠᠵᠢᠯ | ᠢ ᠶᠠᠪᠤᠭᠳᠠᠭᠤᠯᠤᠨ᠎ᠠ᠃ ᠬᠢᠯᠢ ᠶᠢᠨ ᠭᠠᠳᠠᠨᠠᠬᠢ ᠪᠠᠷᠠᠭ᠎ᠠ ᠬᠦᠢᠯᠭᠡᠭᠡᠨ ᠤ ᠬᠦᠷᠢᠶᠡᠯᠡᠩ ᠳᠤᠭᠤᠷᠢᠭ ᠤᠨ ᠪᠠᠶᠢᠭᠤᠯᠤᠯᠳᠠ | ᠶᠢ ᠲᠦᠷᠭᠡᠳᠭᠡᠵᠦ᠂ ︽ᠭᠠᠳᠠᠭᠠᠳᠤ ᠶᠢᠨ ᠬᠦᠮᠦᠷᠭᠡ︾ ᠳᠤ ᠪᠠᠷᠠᠭ᠎ᠠ ᠴᠤᠭᠯᠠᠭᠤᠯᠤᠨ ᠪᠠᠷᠠᠭ᠎ᠠ ᠳᠠᠳᠠᠵᠤ᠂ ᠪᠤᠴᠠᠬᠤ | ᠵᠠᠮ ᠤᠨ ᠪᠠᠷᠠᠭ᠎ᠠ ᠳᠡᠭᠡᠭᠡᠪᠦᠷᠢᠯᠡᠯᠳᠡ ᠶᠢᠨ ᠬᠡᠮᠵᠢᠶ᠎ᠡ ᠶᠢ ᠳᠡᠭᠡᠭᠰᠢᠯᠡᠬᠦᠯᠦᠨ᠎ᠡ᠃ ᠳᠤᠮᠳᠠᠳᠤ ᠤᠯᠤᠰ ᠤᠨ ᠬᠦᠩᠭᠡᠨ | ᠠᠵᠤ ᠦᠢᠯᠡᠳᠪᠦᠷᠢ ᠶᠢᠨ ᠪᠦᠯᠦᠭᠯᠡᠯ᠂ ᠳᠢᠶᠠᠨᠵᠢᠨ ᠤ ᠪᠤᠳᠠᠰ ᠤᠨ ᠭᠠᠷᠤᠯᠳᠠ ᠵᠡᠷᠭᠡ ᠳᠤᠮᠤ ᠬᠡᠯᠪᠡᠷᠢ ᠶᠢᠨ ᠪᠠᠷᠠᠭ᠎ᠠ | ᠬᠦᠢᠯᠭᠡᠭᠡᠨ ᠤ ᠠᠵᠤ ᠠᠬᠤᠶᠢᠯᠠᠯ ᠤᠳ ᠤᠨ ᠬᠠᠮᠳᠤᠷᠠᠯᠴᠠᠭ᠎ᠠ ᠶᠢ ᠢᠳᠡᠪᠬᠢᠳᠡᠢ ᠲᠦᠯᠬᠢᠨ ᠠᠬᠢᠭᠤᠯᠵᠤ᠂ ᠤᠮᠠᠷᠠᠳᠤ | ᠶᠢᠨ ᠭᠡᠷ ᠤᠨ ᠡᠳ᠋ᠯᠡᠯ ᠤᠨ ᠠᠵᠤ ᠦᠢᠯᠡᠰ ᠤᠨ ᠬᠦᠷᠢᠶᠡᠯᠠᠩ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ | ᠪᠠᠶᠢᠭᠤᠯᠵᠤ᠂ ᠮᠤᠳᠤᠨ ᠮᠠᠲ᠋ᠧᠷᠢᠶᠠᠯ᠂ ᠴᠠᠭᠠᠰᠤᠨ ᠡᠭᠡᠳᠡᠩ ᠵᠡᠷᠭᠡ ᠪᠠᠷᠠᠭ᠎ᠠ ᠬᠦᠢᠯᠭᠡᠭᠡ ᠡᠳ᠋ᠰᠢᠬᠦᠯᠦᠯᠳᠡ ᠶᠢᠨ ᠦᠢᠯᠡᠰ | ᠢ ᠶᠡᠬᠡᠪᠡᠷ ᠬᠦᠭᠵᠢᠬᠦᠯᠵᠦ᠂ ᠪᠠᠷᠠᠭ᠎ᠠ ᠬᠦᠢᠯᠭᠡᠭᠡᠨ ᠤ ᠨᠡᠮᠡᠯᠳᠡ ᠦᠷᠳᠡᠭ ᠢ ᠳᠡᠭᠡᠭᠰᠢᠯᠡᠬᠦᠯᠦᠨ᠎ᠡ᠃ ᠢᠨᠲ᠋ᠧᠷ | ᠰᠦᠯᠵᠢᠶᠡᠨ ᠤ ᠬᠠᠷᠢᠯᠴᠠᠨ ᠬᠤᠯᠪᠤᠵᠤ ᠨᠡᠪᠳᠡᠷᠡᠬᠦ ᠲᠦᠪᠰᠢᠨ ᠢ ᠳᠡᠭᠡᠭᠰᠢᠯᠡᠬᠦᠯᠵᠦ᠂ ︽ᠬᠠᠷ᠎ᠠ ᠪᠠᠷᠠᠭᠠᠨ︾ ᠤ ᠪᠠᠷᠠᠭ᠎ᠠ | ᠬᠦᠢᠯᠭᠡᠭᠡᠨ ᠤ ᠡᠳ᠋ᠰᠢᠬᠦᠯᠦᠯᠳᠡ ᠶᠢᠨ ᠰᠠᠭᠤᠷᠢᠨ ᠢ ᠬᠦᠴᠦᠷᠭᠡᠭᠵᠢᠬᠦᠯᠦᠨ᠎ᠡ᠃ ᠮᠢᠶᠤᠤ ᠯᠢᠶᠠᠩ ᠤᠨ ᠪᠠᠷᠠᠭ᠎ᠠ | ᠬᠦᠢᠯᠭᠡᠭᠡᠨ ᠤ ᠬᠦᠷᠢᠶᠡᠯᠡᠩ ᠳᠤᠭᠤᠷᠢᠭ ᠲᠤ ᠲᠦᠰᠢᠭᠯᠡᠵᠦ᠂ ᠳ᠋ᠠᠲ᠋ᠦ᠋ᠩ᠂ ᠤᠷᠳᠤᠰ᠂ ᠰᠢᠯᠢ ᠶᠢᠨ ᠭᠤᠤᠯ ᠵᠢᠴᠢ | ᠮᠤᠩᠭᠤᠯ ᠤᠯᠤᠰ ᠵᠡᠷᠭᠡ ᠭᠠᠵᠠᠷ ᠤᠨ ᠨᠡᠭᠦᠷᠡᠰᠦᠨ ᠤ ᠡᠬᠢ ᠪᠠᠶᠠᠯᠢᠭ ᠢ ᠬᠤᠷᠠᠨ ᠴᠤᠭᠯᠠᠭᠤᠯᠵᠤ᠂ ᠨᠡᠬᠦᠷᠡᠰᠦ | ᠤᠬᠢᠶᠠᠵᠤ ᠰᠢᠯᠢᠬᠦ᠂ ᠬᠤᠯᠢᠵᠤ ᠲᠤᠬᠢᠷᠠᠭᠤᠯᠬᠤ᠂ ᠲᠦᠪᠯᠡᠷᠡᠬᠦᠯᠬᠦ ᠳᠠᠷᠬᠠᠭᠠᠬᠤ ᠪᠠ ᠨᠠᠷᠢᠯᠢᠭ ᠡᠳ᠋ᠰᠢᠬᠦᠯᠬᠦ ᠦᠢᠯᠡᠰ ᠢ | ᠪᠤᠵᠠᠭᠠᠶᠢᠷᠠᠭᠤᠯᠤᠨ᠎ᠠ᠃ ᠬᠦᠷᠢᠶᠡᠯᠠᠩ ᠲᠤᠭᠤᠷᠢᠭ — ᠮᠠᠨᠳᠤᠯ ᠬᠢᠯᠢ ᠶᠢᠨ ᠪᠤᠭᠤᠮᠳᠠ ᠶᠢᠨ ᠲᠡᠮᠦᠷ ᠵᠠᠮ ᠤᠨ ᠲᠦᠷᠦᠯ | ᠵᠦᠢᠯ ᠢ ᠲᠦᠷᠭᠡᠳᠭᠡᠨ ᠲᠦᠯᠬᠢᠨ ᠠᠬᠢᠭᠤᠯᠵᠤ᠂ ᠢ ᠳ᠋ᠠ ᠽᠦᠩ ᠵᠡᠷᠭᠡ ᠨᠡᠬᠦᠷᠡᠰᠦᠨ ᠤ ᠪᠠᠷᠠᠭ᠎ᠠ ᠬᠦᠢᠯᠭᠡᠭᠡᠨ ᠤ | ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠳᠡᠮᠵᠢᠵᠦ᠂ ᠤᠮᠠᠷᠠᠳᠤ ᠤᠷᠤᠨ ᠤ ᠨᠡᠬᠦᠷᠡᠰᠦ ᠪᠦᠭᠡᠭᠡᠨᠡᠷᠡᠯ ᠤᠨ | ᠬᠠᠮᠤᠭ ᠤᠨ ᠳᠤᠮᠤ ᠡᠳ᠋ᠰᠢᠬᠦᠯᠦᠯᠳᠡ ᠶᠢᠨ ᠰᠠᠭᠤᠷᠢᠨ᠂ ᠪᠦᠸᠧᠬᠠᠢ ᠳᠠᠩᠬᠢᠰ ᠢ ᠳᠤᠭᠤᠷᠢᠭᠰᠠᠨ ᠬᠦᠳᠡᠯᠭᠡᠬᠦ ᠬᠦᠴᠦᠨ | ᠤ ᠨᠡᠬᠦᠷᠡᠰᠦ ᠶᠢ ᠳᠤᠬᠢᠷᠠᠭᠤᠯᠤᠨ ᠬᠦᠷᠭᠡᠬᠦ ᠨᠦᠭᠡᠴᠡ ᠶᠢᠨ ᠰᠠᠭᠤᠷᠢᠨ ᠢ ᠪᠦᠲᠦᠭᠡᠨ ᠪᠠᠶᠢᠭᠤᠯᠤᠨ᠎ᠠ᠃ | ᠲᠤᠰᠬᠠᠶᠢᠵᠢᠭᠰᠠᠨ ᠵᠠᠬ᠎ᠠ ᠳᠡᠯᠭᠡᠭᠦᠷ ᠢ ᠪᠤᠵᠠᠭᠠᠶᠢᠷᠠᠭᠤᠯᠵᠤ᠂ ᠤᠮᠠᠷᠠᠳᠤ ᠤᠷᠤᠨ ᠤ ᠪᠠᠷᠠᠭ᠎ᠠ ᠬᠦᠢᠯᠭᠡᠭᠡᠨ ᠤ | ᠲᠦᠪᠯᠡᠷᠡᠬᠦᠯᠦᠨ ᠳᠠᠷᠬᠠᠭᠠᠬᠤ ᠲᠦᠪ ᠢ ᠪᠠᠶᠢᠭᠤᠯᠤᠨ᠎ᠠ᠃ ᠬᠤᠩ ᠰᠢᠩ ᠮᠸᠢ ᠺᠠᠢ ᠯᠦᠩ᠂ ᠵᠢᠨᠢᠩ ᠤᠨ ᠤᠯᠠᠨ | ᠤᠯᠤᠰ ᠤᠨ ᠠᠷᠠᠰᠤ ᠰᠢᠷᠢ ᠶᠢᠨ ᠬᠤᠳᠠ ᠵᠡᠷᠭᠡ ᠲᠤᠰᠬᠠᠶᠢᠵᠢᠭᠰᠠᠨ ᠵᠠᠬ᠎ᠠ ᠳᠡᠯᠭᠡᠭᠦᠷ ᠢᠶᠠᠷ ᠳᠤᠯᠤᠭᠠᠶᠢᠯᠠᠭᠤᠯᠵᠤ᠂ | ᠤᠨᠴᠠᠯᠢᠭ ᠲᠠᠢ᠂ ᠲᠦᠪᠯᠡᠷᠡᠨ ᠪᠦᠯᠦᠭᠵᠢᠭᠰᠡᠨ ᠮᠠᠰᠢᠨ ᠳᠡᠷᠭᠡᠨ ᠤ ᠲᠤᠨᠤᠭ ᠲᠦᠬᠦᠭᠡᠷᠦᠮᠵᠢ᠂ ᠪᠠᠷᠢᠯᠭ᠎ᠠ ᠶᠢᠨ | ᠮᠠᠲ᠋ᠧᠷᠢᠶᠠᠯ᠂ ᠡᠮ ᠤᠨ ᠮᠠᠲ᠋ᠧᠷᠢᠶᠠᠯ ᠵᠡᠷᠭᠡ ᠲᠤᠰᠬᠠᠶᠢᠵᠢᠭᠰᠠᠨ ᠠᠷᠠᠯᠵᠢᠶ᠎ᠠ ᠬᠤᠳᠠᠯᠳᠤᠭᠠᠨ ᠤ ᠵᠠᠬ᠎ᠠ ᠳᠡᠯᠭᠡᠭᠦᠷ ᠢ | ᠲᠦᠷᠭᠡᠳᠭᠡᠨ ᠪᠤᠶᠢᠵᠢᠭᠤᠯᠵᠤ᠂ ᠲᠦᠪᠯᠡᠷᠡᠬᠦᠯᠬᠦ ᠳᠠᠷᠬᠠᠭᠠᠬᠤ ᠴᠢᠳᠠᠮᠵᠢ ᠶᠢ ᠨᠡᠮᠡᠭᠳᠡᠬᠦᠯᠵᠦ᠂ ᠰᠠᠴᠤᠷᠠᠭᠤᠯᠬᠤ ᠷᠠᠳᠢᠦ᠋ᠰ | ᠢ ᠦᠷᠭᠡᠳᠭᠡᠵᠦ᠂ ᠤᠮᠠᠷᠠᠳᠤ ᠤᠷᠤᠨ ᠤ ᠳᠤᠮᠳᠠ ᠠᠴᠠ ᠨᠢ ᠳᠠᠮᠵᠢᠭᠤᠯᠬᠤ᠂ ᠬᠦᠮᠦᠷᠭᠡᠯᠡᠨ ᠬᠠᠳᠠᠭᠠᠯᠠᠬᠤ ᠪᠠᠷᠠᠭ᠎ᠠ | ᠬᠦᠢᠯᠭᠡᠭᠡ ᠶᠢ ᠲᠦᠪᠯᠡᠷᠡᠬᠦᠯᠬᠦ ᠳᠠᠷᠬᠠᠭᠠᠬᠤ ᠴᠢᠬᠤᠯᠠ ᠲᠦᠪ ᠢ ᠪᠠᠶᠢᠭᠤᠯᠤᠨ᠎ᠠ᠃ | ᠲᠤᠮᠤ ᠵᠢᠭᠤᠯᠴᠢᠯᠠᠯ ᠤᠨ ᠤᠯᠠᠨ ᠡᠰᠢᠵᠢᠭᠰᠡᠨ ᠬᠦᠭᠵᠢᠯᠳᠡ ᠶᠢ ᠲᠦᠯᠬᠢᠨ ᠠᠬᠢᠭᠤᠯᠤᠨ᠎ᠠ᠃ ︽ᠠᠮᠢ ᠠᠬᠤᠢ | ᠶᠢᠨ ᠳᠠᠯ᠎ᠠ ᠨᠤᠲᠤᠭ᠂ ᠵᠤᠰᠠᠯᠠᠩ ᠤᠨ ᠲᠦᠪ᠂ ᠴᠠᠰᠤ ᠮᠦᠰᠦᠨ ᠤ ᠴᠡᠩᠭᠡᠯ ᠤᠨ ᠤᠷᠳᠤᠨ︾ ᠪᠤᠯᠬᠤ ᠵᠢᠭᠤᠯᠴᠢᠯᠠᠯ | ᠤᠨ ᠲᠦᠷᠦᠯ ᠳᠡᠮᠳᠡᠭ ᠤᠨ ᠳᠤᠭᠤᠷᠢᠨ ᠳᠤ᠂ ᠬᠤᠷᠳᠤᠨ ᠤ ᠳᠡᠮᠦᠷ ᠵᠠᠮ ᠤᠨ ᠴᠠᠭ ᠦᠶ᠎ᠡ ᠶᠢᠨ ᠪᠡᠯᠡᠳᠭᠡᠯ ᠢ | ᠰᠠᠶᠢᠳᠤᠷ ᠬᠢᠵᠦ᠂ ᠪᠦᠬᠦ ᠪᠦᠰᠡ ᠶᠢᠨ ᠵᠢᠭᠤᠯᠴᠢᠯᠠᠯ᠂ ᠲᠦᠷᠪᠡᠨ ᠤᠯᠠᠷᠢᠯ ᠤᠨ ᠵᠢᠭᠤᠯᠴᠢᠯᠠᠯ ᠢ ᠶᠡᠬᠡᠪᠡᠷ | ᠬᠦᠭᠵᠢᠬᠦᠯᠵᠦ᠂ ᠵᠢᠭᠤᠯᠴᠢᠯᠠᠯ ᠪᠠ ᠰᠤᠶᠤᠯ᠂ ᠳᠠᠮᠢᠷ᠂ ᠨᠠᠰᠤᠵᠢᠯ ᠵᠡᠷᠭᠡ ᠠᠵᠤ ᠦᠢᠯᠡᠰ ᠤᠨ ᠠᠭᠤᠰᠤᠯᠴᠠᠯ | ᠬᠦᠭᠵᠢᠯᠳᠡ ᠶᠢ ᠠᠬᠢᠭᠤᠯᠵᠤ᠂ ᠬᠡᠷᠡᠭᠯᠡᠭᠡᠨ ᠤ ᠳᠡᠰ ᠳᠡᠪᠰᠢᠬᠦ ᠶᠢ ᠳᠠᠶᠢᠴᠢᠯᠠᠵᠤ᠂ ᠪᠡᠯᠡ ᠤᠷᠤᠭᠤᠯᠤᠯᠳᠠ ᠶᠢᠨ | ᠨᠡᠮᠡᠭᠳᠡᠯ ᠢ ᠳᠠᠳᠠᠨ᠎ᠠ᠃ ᠦᠵᠡᠮᠵᠢ ᠶᠢᠨ ᠤᠷᠤᠨ ᠤ ᠳᠡᠰ ᠳᠡᠪᠰᠢᠯᠳᠠ ᠶᠢ ᠪᠦᠬᠦ ᠳᠠᠯ᠎ᠠ ᠪᠠᠷ ᠲᠦᠯᠬᠢᠨ ᠠᠬᠢᠭᠤᠯᠤᠨ᠎ᠠ᠃ | ᠬᠡᠬᠡᠨᠳᠠᠯ᠎ᠠ᠂ ᠯᠢᠨ ᠬᠤ᠋ ᠡᠷᠳᠡᠨ ᠤ ᠴᠠᠶᠢᠵᠠ ᠶᠢᠨ ᠵᠢᠭᠤᠯᠴᠢᠯᠠᠯ ᠤᠨ ᠤᠷᠤᠨ ᠢ ᠦᠪᠡᠷᠳᠡᠭᠡᠨ ᠵᠠᠰᠠᠬᠤ ᠤᠷᠤᠨ ᠤ | ᠤᠯᠤᠰ ᠤᠨ 5A ᠳᠡᠰ ᠤᠨ ᠦᠵᠡᠮᠵᠢ ᠶᠢᠨ ᠤᠷᠤᠨ ᠢ ᠡᠬᠦᠳᠦᠨ ᠴᠤᠭᠴᠠᠯᠠᠬᠤ ᠨᠡᠷᠡᠰ ᠤᠨ ᠳᠡᠮᠳᠡᠭᠯᠡᠯ ᠳᠤ | ᠤᠷᠤᠭᠤᠯᠵᠤ᠂ ᠬᠦᠢᠳᠡᠨ ᠰᠢᠯᠢ ᠶᠢᠨ ᠵᠢᠭᠤᠯᠴᠢᠯᠠᠯ ᠤᠨ ᠤᠷᠤᠨ ᠤᠯᠤᠰ ᠤᠨ ᠰᠤᠶᠤᠯ ᠵᠢᠭᠤᠯᠴᠢᠯᠠᠯ ᠤᠨ ᠬᠡᠯᠳᠡᠰ | ᠤᠨ ᠵᠢᠭᠤᠯᠴᠢᠯᠠᠯ ᠤᠨ ᠡᠬᠢ ᠪᠠᠶᠠᠯᠢᠭ ᠤᠨ ᠦᠨᠡᠯᠡᠯᠳᠡ ᠪᠠᠷ ᠪᠠᠳᠤᠯᠠᠭᠤᠯᠵᠤ᠂ ᠭᠠᠯᠳᠤ ᠠᠭᠤᠯᠠᠨ ᠤ ᠳᠠᠯ᠎ᠠ ᠨᠤᠲᠤᠭ | ᠤᠨ ᠵᠢᠭᠤᠯᠴᠢᠯᠠᠯ ᠤᠨ ᠤᠷᠤᠨ ᠢ ᠤᠯᠤᠰ ᠤᠨ ᠰᠤᠳᠤᠯᠤᠯᠳᠠ ᠶᠢᠨ ᠵᠢᠭᠤᠯᠴᠢᠯᠠᠯ ᠤᠨ ᠵᠢᠱᠢᠶ᠎ᠡ ᠦᠵᠡᠬᠦᠯᠬᠦ ᠰᠠᠭᠤᠷᠢᠨ | ᠪᠤᠯᠭᠠᠨ ᠪᠠᠶᠢᠭᠤᠯᠤᠨ᠎ᠠ᠃ ᠬᠤᠩ ᠵᠤᠤ ᠶᠢᠨ ᠵᠢᠦ ᠯᠦᠩ ᠸᠠᠨ ᠲᠤᠬᠤᠢ᠂ ᠰᠤᠮᠤᠨ ᠠᠭᠤᠯᠠ ᠵᠡᠷᠭᠡ ᠦᠵᠡᠮᠵᠢ ᠶᠢᠨ | ᠤᠷᠤᠨ ᠤ ᠵᠢᠭᠤᠯᠴᠢᠯᠠᠯ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠵᠢᠭᠤᠯᠴᠢᠯᠠᠯ | ᠤᠨ ᠤᠷᠤᠨ ᠤ ᠵᠤᠷᠯᠤᠩ᠂ ᠵᠢᠭᠤᠯᠴᠢᠯᠠᠯ ᠤᠨ ᠢᠯᠡᠷᠭᠡᠶᠢᠯᠡᠯ ᠳᠡᠮᠳᠡᠭ᠂ ᠵᠢᠭᠤᠯᠴᠢᠯᠠᠭᠴᠢᠳ ᠢ ᠲᠦᠪᠯᠡᠷᠡᠬᠦᠯᠦᠨ | ᠳᠠᠷᠬᠠᠭᠠᠬᠤ ᠠᠰᠠᠭᠤᠨ ᠯᠠᠪᠯᠠᠯᠭ᠎ᠠ ᠶᠢᠨ ᠲᠦᠪ ᠵᠡᠷᠭᠡ ᠤᠯᠠᠨ ᠨᠡᠶᠢᠳᠡ ᠶᠢᠨ ᠢᠵᠢ ᠪᠦᠷᠢᠳᠦᠭᠰᠡᠨ ᠲᠦᠬᠦᠭᠡᠷᠦᠮᠵᠢ ᠶᠢᠨ | ᠪᠦᠲᠦᠭᠡᠨ ᠪᠠᠶᠢᠭᠤᠯᠤᠯᠳᠠ ᠶᠢ ᠲᠦᠷᠭᠡᠳᠭᠡᠵᠦ᠂ ᠲᠡᠷᠭᠡ ᠬᠦᠯᠦᠰᠦᠯᠡᠵᠦ ᠵᠢᠭᠤᠯᠴᠢᠯᠠᠬᠤ᠂ ᠭᠡᠷᠳᠦ ᠳᠡᠷᠭᠡ ᠶᠢᠨ | ᠪᠠᠭᠤᠴᠠ᠂ ᠬᠠᠮᠳᠤ ᠪᠠᠷ ᠡᠳ᠋ᠯᠡᠬᠦ ᠮᠠᠰᠢᠨ ᠳᠡᠷᠭᠡ ᠵᠡᠷᠭᠡ ᠶᠢᠨ ᠭᠠᠵᠠᠷᠳᠠᠵᠤ ᠦᠪᠡᠷᠳᠡᠭᠡᠨ ᠵᠢᠯᠤᠭᠤᠳᠬᠤ ᠪᠠᠳᠤᠯᠠᠭᠠᠨ ᠤ | ᠰᠢᠰᠲ᠋ᠧᠮᠵᠢ ᠶᠢ ᠪᠦᠷᠢᠨᠰᠢᠬᠦᠯᠦᠨ᠎ᠡ᠃ ᠵᠢᠭᠤᠯᠴᠢᠯᠠᠯ ᠤᠨ ᠤᠷᠤᠯᠴᠠᠯᠭ᠎ᠠ ᠪᠠ ᠪᠡᠶᠡᠴᠢᠯᠡᠨ ᠤᠶᠢᠯᠠᠭᠠᠬᠤ ᠲᠦᠷᠦᠭᠳᠡᠯ ᠢ | ᠨᠢ ᠳᠡᠭᠡᠭᠰᠢᠯᠡᠬᠦᠯᠵᠦ᠂ ᠲᠡᠦᠭᠡ ᠰᠤᠶᠤᠯ ᠤᠨ ᠡᠬᠢ ᠪᠠᠶᠠᠯᠢᠭ ᠢ ᠬᠦᠨᠵᠡᠭᠡᠢ ᠠᠭᠤᠳᠠᠯᠯᠠᠵᠤ᠂ ᠴᠠᠬᠠᠷ ᠰᠤᠶᠤᠯ᠂ | ᠴᠡᠯᠡᠭᠡᠷ ᠳᠠᠯ᠎ᠠ ᠶᠢᠨ ᠰᠤᠶᠤᠯ ᠵᠡᠷᠭᠡ ᠰᠤᠶᠤᠯ ᠤᠨ ᠨᠡᠷᠡᠳᠦ ᠳᠡᠮᠳᠡᠭᠳᠦ ᠶᠢ ᠭᠤᠤᠯᠳᠠᠯᠭ᠎ᠠ ᠲᠠᠢ ᠴᠤᠭᠴᠠᠯᠠᠵᠤ᠂ ᠰᠤᠶᠤᠯ | ᠢ ᠪᠡᠶᠡᠴᠢᠯᠡᠨ ᠤᠶᠢᠯᠠᠭᠠᠬᠤ ᠵᠢᠭᠤᠯᠴᠢᠯᠠᠯ ᠢ ᠬᠦᠭᠵᠢᠬᠦᠯᠦᠨ᠎ᠡ᠃ ᠨᠢᠰᠬᠦ ᠶᠢ ᠪᠡᠶᠡᠴᠢᠯᠡᠨ ᠤᠶᠢᠯᠠᠭᠠᠬᠤ᠂ ᠠᠭᠠᠷ ᠳᠡᠭᠡᠷ᠎ᠡ | ᠵᠤᠭᠠᠴᠠᠨ ᠦᠵᠡᠬᠦ ᠵᠡᠷᠭᠡ ᠠᠵᠢᠯᠯᠠᠭ᠎ᠠ ᠶᠢ ᠳᠠᠳᠠᠨ ᠤᠷᠤᠭᠤᠯᠵᠤ᠂ ᠳᠤᠤᠷ᠎ᠠ ᠠᠭᠠᠷ ᠤᠨ ᠵᠢᠭᠤᠯᠴᠢᠯᠠᠯ ᠤᠨ ᠬᠡᠷᠡᠭᠯᠡᠭᠡᠨ | ᠤ ᠵᠠᠬ᠎ᠠ ᠳᠡᠯᠭᠡᠭᠦᠷ ᠢ ᠲᠦᠷᠭᠡᠳᠭᠡᠨ ᠪᠤᠶᠢᠵᠢᠭᠤᠯᠤᠨ᠎ᠠ᠃ ᠠᠮᠠᠷᠠᠵᠤ ᠰᠡᠯᠡᠭᠦᠴᠡᠬᠦ ᠮᠠᠶ᠋ᠢᠭ᠂ ᠪᠡᠶᠡᠴᠢᠯᠠᠨ ᠲᠤᠭᠤᠯᠬᠤ | ᠮᠠᠶ᠋ᠢᠭ᠂ ᠰᠤᠪᠢᠯᠠᠯᠳᠠ ᠶᠢᠨ ᠮᠠᠶ᠋ᠢᠭ ᠤᠨ ᠬᠦᠳᠡᠭᠡ ᠲᠤᠰᠬᠤᠨ ᠤ ᠵᠢᠭᠤᠯᠴᠢᠯᠠᠯ ᠢ ᠬᠦᠭᠵᠢᠬᠦᠯᠦᠨ᠎ᠡ᠃ ᠵᠢᠨᠢᠩ ᠤᠨ | ᠳᠠᠶᠢᠯᠠᠯᠳᠤᠭᠠᠨ᠂ ᠰᠦᠢ ᠮᠧᠩ ᠤᠨ ᠬᠤᠪᠢᠰᠬᠠᠯ᠂ ᠬᠤᠩᠬᠢᠯᠳᠤ ᠶᠢᠨ ᠳᠠᠶᠢᠯᠠᠯᠳᠤᠭᠠᠨ ᠵᠡᠷᠭᠡ ᠡᠬᠢ ᠪᠠᠶᠠᠯᠢᠭ ᠢ | ᠬᠦᠨᠵᠡᠭᠡᠢ ᠮᠠᠯᠳᠠᠵᠤ᠂ ᠬᠤᠪᠢᠰᠬᠠᠯᠳᠤ ᠵᠢᠭᠤᠯᠴᠢᠯᠠᠯ ᠢ ᠶᠡᠬᠡᠪᠡᠷ ᠬᠦᠭᠵᠢᠬᠦᠯᠦᠨ᠎ᠡ᠃ ᠳᠠᠭ᠎ᠠ ᠶᠢᠨ ᠨᠠᠭᠤᠷ ᠤᠨ ᠤᠯᠠᠨ | ᠤᠯᠤᠰ ᠤᠨ ᠴᠠᠰᠤᠨ ᠳᠤ ᠭᠤᠯᠭᠤᠬᠤ ᠳᠠᠯᠠᠪᠤᠷ᠂ ᠳ᠋ᠠ ᠾᠧ ᠸᠠᠨ ᠵᠡᠷᠭᠡ ᠴᠠᠰᠤᠨ ᠳᠤ ᠭᠤᠯᠭᠤᠬᠤ ᠳᠠᠯᠠᠪᠤᠷ ᠲᠤ | ᠲᠦᠰᠢᠭᠯᠡᠵᠦ᠂ ᠡᠯ᠎ᠡ ᠲᠦᠷᠦᠯ ᠤᠨ ᠮᠦᠰᠦ ᠴᠠᠰᠤᠨ ᠤ ᠤᠷᠤᠯᠳᠤᠭᠠᠨ ᠤ ᠠᠵᠢᠯᠯᠠᠭ᠎ᠠ ᠶᠢ ᠰᠠᠶᠢᠲᠤᠷ ᠡᠷᠬᠢᠯᠡᠵᠦ᠂ | ᠤᠯᠤᠰ ᠤᠨ ᠳᠡᠰ ᠤᠨ ᠴᠠᠰᠤ ᠮᠦᠰᠦᠨ ᠤ ᠬᠦᠳᠡᠯᠭᠡᠭᠡᠨ ᠤ ᠰᠠᠭᠤᠷᠢᠨ᠂ ᠴᠠᠰᠤ ᠮᠦᠰᠦᠨ ᠤ ᠵᠢᠭᠤᠯᠴᠢᠯᠠᠯ ᠤᠨ | ᠴᠤᠭᠯᠠᠷᠠᠯ ᠤᠨ ᠤᠷᠤᠨ ᠢ ᠪᠠᠶᠢᠭᠤᠯᠤᠨ᠎ᠠ᠃ ᠤᠷᠤᠰ ᠮᠤᠩᠭᠤᠯ ᠤᠨ ᠵᠢᠭᠤᠯᠴᠢᠯᠠᠯ ᠤᠨ ᠬᠠᠮᠳᠤᠷᠠᠯᠴᠠᠭ᠎ᠠ ᠪᠠᠨ | ᠦᠷᠭᠡᠳᠭᠡᠵᠦ᠂ ︽ᠤᠯᠠᠭᠠᠨᠴᠠᠪ ᠤᠯᠠᠭᠠᠨᠬᠦᠳᠡ ᠤᠯᠠᠭᠠᠨᠪᠠᠭᠠᠳᠤᠷ︾ ᠬᠤᠳᠠ ᠶᠢᠨ ᠬᠡᠬᠡᠷᠡᠯᠡᠬᠦ ᠮᠠᠰᠢᠨ ᠳᠡᠷᠭᠡᠨ ᠤ | ᠳᠡᠰᠭᠡᠯ ᠤᠷᠤᠯᠳᠤᠭᠠᠨ ᠢ ᠡᠷᠬᠢᠯᠡᠵᠦ᠂ ᠬᠢᠯᠢ ᠶᠢᠨ ᠵᠠᠬ᠎ᠠ ᠶᠢᠨ ᠪᠡᠶᠡᠴᠢᠯᠡᠨ ᠤᠶᠢᠯᠠᠭᠠᠬᠤ ᠵᠢᠭᠤᠯᠴᠢᠯᠠᠯ ᠢ ᠢᠳᠡᠪᠬᠢᠳᠡᠢ | ᠪᠠᠷ ᠬᠦᠭᠵᠢᠬᠦᠯᠦᠨ᠎ᠡ᠃ ᠴᠢᠨᠠᠷ ᠰᠠᠶᠢᠳᠠᠢ᠂ ᠪᠤᠳᠠᠭᠠᠯᠢᠴᠢᠯᠠᠭᠰᠠᠨ ᠵᠢᠭᠤᠯᠴᠢᠯᠠᠯ ᠤᠨ ᠨᠠᠷᠢᠯᠢᠭ ᠪᠦᠲᠦᠭᠡᠭᠳᠡᠬᠦᠨ ᠤ | ᠬᠠᠩᠭᠠᠯᠭ᠎ᠠ ᠶᠢ ᠦᠷᠭᠡᠳᠭᠡᠵᠦ᠂ ᠢᠳᠡᠵᠦ ᠬᠤᠨᠤᠵᠤ ᠶᠠᠪᠤᠬᠤ ᠵᠢᠭᠤᠯᠴᠢᠯᠠᠵᠤ ᠬᠤᠳᠠᠯᠳᠤᠭᠠᠯᠠᠨ ᠴᠡᠩᠬᠡᠬᠦ ᠶᠢ | ᠬᠠᠩᠭᠠᠬᠤ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠬᠦᠯᠵᠦ᠂ ᠵᠢᠭᠤᠯᠴᠢᠯᠠᠭᠴᠢᠳ ᠢ ︽ᠰᠠᠶᠢᠨ ᠨᠠᠭᠠᠳᠤᠭᠤᠯᠵᠤ᠂ | ᠰᠠᠯᠵᠤ ᠶᠠᠳᠠᠭᠤᠯᠵᠤ᠂ ᠪᠠᠰᠠ ᠢᠷᠡᠬᠦᠯᠦᠨᠡ︾᠃ ᠵᠢᠭᠤᠯᠴᠢᠯᠠᠯ ᠤᠨ ᠮᠡᠳᠡᠴᠡ ᠪᠠ ᠠᠯᠳᠠᠷᠴᠠ ᠶᠢ ᠳᠡᠭᠡᠭᠰᠢᠯᠡᠬᠦᠯᠵᠦ᠂ | ᠬᠤᠳᠠ ᠶᠢᠨ ᠵᠢᠭᠤᠯᠴᠢᠯᠠᠯ ᠤᠨ ᠳᠦᠷᠢ ᠲᠦᠷᠬᠦ ᠶᠢ ᠤᠬᠠᠭᠤᠯᠬᠤ ᠡᠷᠴᠢᠮ ᠢᠶᠠᠨ ᠴᠢᠩᠭᠠᠳᠬᠠᠵᠤ᠂ ᠳᠠᠯ᠎ᠠ ᠨᠤᠲᠤᠭ | ᠤᠨ ᠵᠢᠭᠤᠯᠴᠢᠯᠠᠯ ᠤᠨ ᠨᠠᠭᠠᠳᠤᠮ᠂ ᠮᠤᠩᠭᠤᠯ ᠦᠨᠳᠦᠰᠦᠳᠡᠨ ᠤ ᠬᠤᠪᠴᠠᠰᠤ ᠵᠠᠰᠠᠯ ᠤᠨ ᠤᠷᠠᠯᠢᠭ ᠤᠨ ᠨᠠᠶᠢᠷ᠂ | ᠳᠠᠯ᠎ᠠ ᠨᠤᠲᠤᠭ ᠤᠨ ᠳᠠᠭᠤᠤ ᠬᠦᠭᠵᠢᠮ ᠤᠨ ᠨᠠᠶᠢᠷ ᠵᠡᠷᠭᠡ ᠲᠦᠷᠦᠯ ᠳᠡᠮᠳᠡᠭᠳᠦ ᠶᠢᠨ ᠠᠵᠢᠯᠯᠠᠭᠠᠨ ᠢ ᠰᠠᠶᠢᠳᠤᠷ ᠬᠢᠵᠦ᠂ | ᠤᠯᠤᠰ ᠤᠨ ᠳᠤᠳᠤᠭᠠᠳᠤ ᠶᠢᠨ ᠤᠨᠴᠠᠯᠢᠭᠳᠤ ᠵᠢᠭᠤᠯᠴᠢᠯᠠᠯ ᠤᠨ ᠵᠤᠷᠢᠭᠰᠠᠨ ᠭᠠᠵᠠᠷ᠂ ᠪᠦᠬᠦ ᠪᠦᠰᠠ ᠶᠢᠨ | ᠵᠢᠭᠤᠯᠴᠢᠯᠠᠯ ᠤᠨ ᠵᠢᠱᠢᠶ᠎ᠡ ᠦᠵᠡᠬᠦᠯᠬᠦ ᠳᠤᠭᠤᠷᠢᠭ ᠢ ᠪᠠᠶᠢᠭᠤᠯᠤᠨ᠎ᠠ᠃ ᠪᠦᠬᠦ ᠵᠢᠯ ᠤᠨ ᠬᠦᠯᠢᠶᠡᠨ ᠠᠪᠬᠤ | ᠵᠢᠭᠤᠯᠴᠢᠯᠠᠭᠴᠢᠳ ᠤᠨ ᠳᠤᠭ᠎ᠠ ᠶᠢ 1930 ᠲᠦᠮᠡᠨ ᠬᠦᠮᠦᠨ ᠤᠳᠠᠭ᠎ᠠ ᠶᠢ ᠳᠠᠪᠠᠭᠤᠯᠵᠤ᠂ ᠵᠢᠭᠤᠯᠴᠢᠯᠠᠯ ᠤᠨ | ᠤᠷᠤᠯᠭ᠎ᠠ ᠶᠢ 200 ᠳ᠋ᠦᠩᠰᠢᠭᠤᠷ ᠲᠦᠭᠦᠷᠢᠭ ᠲᠤ ᠬᠦᠷᠭᠡᠨ᠎ᠡ᠃ | ᠰᠢᠨ᠎ᠡ ᠡᠨᠧᠷᠬᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠢ ᠪᠦᠲᠦᠭᠡᠨ ᠪᠠᠶᠢᠭᠤᠯᠤᠨ᠎ᠠ᠃ | ᠵᠢᠨᠢᠩ ᠲᠤᠭᠤᠷᠢᠭ ᠪᠤᠯᠤᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠢᠯᠴᠢ ᠶᠢᠨ ᠴᠠᠬᠢᠯᠭᠠᠨ ᠤ | ᠬᠤᠯᠪᠤᠭᠠᠯᠠᠭᠰᠠᠨ ᠦᠢᠯᠡᠳᠪᠦᠷᠢᠯᠡᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠨ | ᠪᠠᠶᠢᠭᠤᠯᠵᠤ᠂ ᠱᠠᠩᠳᠦ ᠰᠢᠶᠠᠨ ᠤ 200 ᠲᠦᠮᠡᠨ ᠺᠢᠯᠤᠸᠠᠲ ᠶᠢᠨ ᠰᠠᠯᠬᠢᠨ ᠬᠦᠴᠦᠨ ᠤ ᠴᠠᠬᠢᠯᠭᠠᠨ ᠤ ᠲᠦᠷᠦᠯ | ᠵᠦᠢᠯ ᠢ ᠰᠠᠶᠢᠳᠤᠷ ᠬᠡᠷᠡᠭᠵᠢᠬᠦᠯᠵᠦ᠂ ᠤᠯᠠᠭᠠᠨᠴᠠᠪ ᠤᠨ 600 ᠲᠦᠮᠡᠨ ᠺᠢᠯᠤᠸᠠᠲ ᠤᠨ ᠰᠠᠯᠬᠢᠨ ᠬᠦᠴᠦᠨ ᠤ | ᠴᠠᠬᠢᠯᠭᠠᠨ ᠤ ᠰᠠᠭᠤᠷᠢᠨ ᠭᠠᠵᠠᠷ ᠤᠨ ᠵᠢᠱᠢᠶ᠎ᠡ ᠦᠵᠡᠬᠦᠯᠬᠦ ᠲᠦᠷᠦᠯ ᠵᠦᠢᠯ ᠢ ᠰᠠᠶᠢᠳᠤᠷ ᠪᠦᠲᠦᠭᠡᠨ ᠪᠠᠶᠢᠭᠤᠯᠵᠤ᠂ | ᠨᠡᠶᠢᠰᠯᠡᠯ ᠢ ᠪᠠᠳᠤᠯᠠᠭᠰᠠᠨ᠂ ᠤᠮᠠᠷᠠᠳᠤ ᠤᠷᠤᠨ ᠳᠤ ᠦᠢᠯᠡᠴᠢᠯᠡᠭᠰᠡᠨ᠂ ᠤᠯᠤᠰ ᠳᠠᠶᠠᠭᠠᠷ ᠲᠤ ᠬᠠᠨᠳᠤᠭᠰᠠᠨ | ᠠᠷᠢᠭᠤᠨ ᠴᠡᠪᠡᠷ ᠡᠨᠧᠷᠬᠢ ᠶᠢᠨ ᠭᠠᠷᠭᠠᠯᠳᠠ ᠶᠢᠨ ᠰᠠᠭᠤᠷᠢᠨ ᠢ ᠪᠠᠶᠢᠭᠤᠯᠤᠨ᠎ᠠ᠃ ᠪᠢᠯᠢᠭ ᠲᠦᠢᠯ ᠤᠨ ᠮᠠᠲ᠋ᠧᠷᠢᠶᠠᠯ ᠪᠠ | ᠪᠠᠯ ᠴᠢᠯᠠᠭᠤᠨ ᠤ ᠴᠠᠬᠢᠯᠭᠠᠨ ᠲᠦᠢᠯ ᠤᠨ ᠠᠵᠤ ᠦᠢᠯᠡᠰ ᠤᠨ ᠬᠡᠪᠴᠢᠶᠡᠵᠢᠯ ᠢ ᠦᠷᠭᠡᠳᠭᠡᠵᠦ᠂ ᠪᠦᠲᠦᠭᠡᠭᠳᠡᠬᠦᠨ ᠤ | ᠰᠢᠨ᠎ᠡ ᠶᠢ ᠡᠬᠦᠳᠬᠦ ᠪᠤᠯᠤᠨ ᠰᠤᠳᠤᠯᠤᠨ ᠪᠦᠲᠦᠭᠡᠵᠦ ᠬᠡᠷᠡᠭᠯᠡᠭᠡᠨ ᠳᠤ ᠤᠷᠤᠭᠤᠯᠬᠤ ᠶᠢ ᠲᠦᠷᠭᠡᠳᠭᠡᠵᠦ᠂ ᠤᠮᠠᠷᠠᠳᠤ | ᠤᠷᠤᠨ ᠤ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠴᠢᠬᠤᠯᠠ ᠰᠠᠭᠤᠷᠢᠨ ᠢ ᠪᠠᠶᠢᠭᠤᠯᠤᠨ᠎ᠠ᠃ | ᠬᠢᠷᠢᠨ ᠤ ᠲᠡᠮᠦᠷ ᠤᠨ ᠬᠠᠶᠢᠯᠤᠰᠢ ᠶᠢᠨ 300 ᠲᠦᠮᠡᠨ ᠲᠤᠨ᠂ ᠰᠢᠶᠦ᠋ᠩ ᠸᠧᠢ ᠭᠤᠸᠠᠩ ᠳ᠋ᠠ ᠶᠢᠨ 100 ᠲᠦᠮᠡᠨ | ᠲᠤᠨ ᠲᠡᠮᠦᠷ ᠤᠨ ᠬᠠᠶᠢᠯᠤᠰᠢ ᠶᠢᠨ ᠲᠦᠷᠦᠯ ᠵᠦᠢᠯ ᠤᠨ ᠬᠡᠷᠡᠭᠯᠡᠯᠳᠡ ᠳᠤ ᠤᠷᠤᠵᠤ ᠠᠰᠢᠭ ᠡᠬᠦᠳᠬᠦ ᠶᠢ | ᠲᠦᠷᠭᠡᠳᠭᠡᠨ ᠠᠬᠢᠭᠤᠯᠵᠤ᠂ ᠪᠤᠬᠢᠷᠳᠤᠯ ᠦᠭᠡᠢ ᠬᠠᠶᠢᠯᠤᠰᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠴᠤᠭᠯᠠᠷᠠᠯ ᠢ ᠪᠠᠶᠢᠭᠤᠯᠤᠨ᠎ᠠ᠃ | ᠤᠯᠠᠮᠵᠢᠯᠠᠯᠳᠤ ᠠᠵᠤ ᠦᠢᠯᠡᠰ ᠢ ᠦᠷᠭᠡᠳᠭᠡᠨ ᠳᠡᠰ ᠳᠡᠪᠰᠢᠬᠦ ᠶᠢ ᠠᠬᠢᠭᠤᠯᠤᠨ᠎ᠠ᠃ ︽ᠲᠦᠷᠪᠡᠨ ᠢᠯᠡᠬᠦᠦ | ᠲᠦᠷᠪᠡᠨ ᠳᠤᠳᠠᠭᠤ︾ ᠠᠰᠠᠭᠤᠳᠠᠯ ᠢ ᠰᠢᠢᠳᠪᠦᠷᠢᠯᠡᠬᠦ ᠳᠤᠭᠤᠷᠢᠨ ᠳᠤ᠂ ᠪᠦᠲᠦᠴᠡ ᠶᠢ ᠳᠤᠬᠢᠷᠠᠭᠤᠯᠵᠤ᠂ | ᠪᠠᠶᠢᠷᠢᠯᠠᠭᠤᠯᠤᠯᠳᠠ ᠶᠢ ᠰᠢᠯᠢᠳᠡᠭᠵᠢᠬᠦᠯᠵᠦ᠂ ᠠᠵᠤ ᠦᠢᠯᠡᠰ ᠢ ᠬᠦᠴᠦᠷᠭᠡᠭᠵᠢᠬᠦᠯᠵᠦ᠂ ᠬᠡᠯᠬᠢᠶᠡᠵᠢᠯ ᠢ ᠰᠤᠩᠭᠠᠵᠤ᠂ | ᠤᠯᠠᠮᠵᠢᠯᠠᠯᠳᠤ ᠳᠠᠪᠠᠭᠤᠯᠢᠭ ᠠᠵᠤ ᠦᠢᠯᠡᠰ ᠤᠨ ᠭᠤᠤᠯᠯᠠᠭᠴᠢ ᠦᠷᠢᠰᠦᠯᠳᠦᠬᠦ ᠬᠦᠴᠦᠨ ᠢ ᠳᠡᠰ ᠳᠠᠪᠰᠢᠭᠤᠯᠤᠨ | ᠬᠦᠭᠵᠢᠭᠦᠯᠦᠨ᠎ᠠ᠃ ᠰᠠᠨ ᠠᠢ ᠹᠦ᠋ ᠸᠠᠨ ᠬᠤᠤ᠂ ᠶᠦᠩ ᠾᠧ ᠹᠯᠤᠷ ᠤᠨ ᠬᠢᠮᠢ ᠶᠢᠨ ᠠᠵᠤ ᠦᠢᠯᠡᠳᠪᠦᠷᠢ ᠶᠢᠨ | ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠵᠡᠷᠭᠡ ᠶᠢ ᠲᠦᠷᠭᠡᠳᠭᠡᠨ ᠪᠠᠶᠢᠭᠤᠯᠵᠤ᠂ ᠦᠪᠡᠷᠳᠡᠭᠡᠨ ᠵᠠᠰᠠᠬᠤ | ᠤᠷᠤᠨ ᠤ ᠴᠢᠬᠤᠯᠠ ᠨᠠᠷᠢᠯᠢᠭᠵᠢᠭᠤᠯᠤᠭᠰᠠᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠴᠤᠭᠯᠠᠷᠠᠯ ᠢ | ᠪᠤᠶᠢᠵᠢᠭᠤᠯᠤᠨ᠎ᠠ᠃ ᠾᠯᠤᠷᠳᠤ ᠱᠦᠯᠳᠦ ᠶᠢᠨ ᠬᠢᠮᠢ ᠶᠢᠨ ᠠᠵᠤ ᠦᠢᠯᠡᠳᠪᠦᠷᠢ ᠶᠢᠨ ᠳᠤᠮᠳᠠ ᠦᠨᠳᠦᠷ ᠳᠡᠰ ᠤᠨ | ᠦᠢᠯᠡᠳᠪᠦᠷᠢᠯᠡᠯ ᠤᠨ ᠴᠢᠳᠠᠪᠬᠢ ᠶᠢ ᠦᠷᠭᠡᠳᠭᠡᠵᠦ᠂ ᠤᠨᠴᠠ ᠲᠦᠷᠦᠯ ᠤᠨ ᠰᠢᠷᠭᠡᠭᠯᠢᠭ ᠡᠳ᠋ ᠵᠡᠷᠭᠡ ᠦᠨᠳᠦᠷ | ᠨᠡᠮᠡᠯᠳᠡ ᠦᠷᠳᠡᠭ ᠲᠠᠢ ᠪᠦᠲᠦᠭᠡᠭᠳᠡᠬᠦᠨ ᠢ ᠬᠦᠭᠵᠢᠬᠦᠯᠦᠨ᠎ᠡ᠃ ᠰᠢᠨ᠎ᠡ ᠮᠠᠶ᠋ᠢᠭ ᠤᠨ ᠬᠡᠷᠡᠮ ᠤᠨ ᠮᠠᠲ᠋ᠧᠷᠢᠶᠠᠯ ᠵᠡᠷᠭᠡ | ᠪᠤᠬᠢᠷᠳᠤᠯ ᠦᠭᠡᠢ ᠤᠷᠴᠢᠨ ᠲᠤᠭᠤᠷᠢᠨ ᠢ ᠬᠠᠮᠠᠭᠠᠯᠠᠬᠤ ᠪᠠᠷᠢᠯᠭ᠎ᠠ ᠶᠢᠨ ᠮᠠᠲ᠋ᠧᠷᠢᠶᠠᠯ ᠢ ᠬᠦᠭᠵᠢᠬᠦᠯᠬᠦ ᠶᠢ ᠨᠢ | ᠵᠤᠷᠢᠭᠵᠢᠭᠤᠯᠵᠤ᠂ ᠪᠤᠬᠢᠷᠳᠤᠯ ᠦᠭᠡᠢ ᠪᠠᠷᠢᠯᠭ᠎ᠠ ᠪᠠ ᠲᠦᠬᠦᠭᠡᠷᠦᠮᠵᠢᠳᠦ ᠮᠠᠶ᠋ᠢᠭ ᠤᠨ ᠪᠠᠷᠢᠯᠭ᠎ᠠ ᠶᠢ ᠳᠡᠯᠭᠡᠷᠡᠬᠦᠯᠦᠨ᠎ᠡ᠃ | ︵ᠭᠤᠷᠪᠠ︶ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠤ | ᠂ ᠳᠠᠷᠢᠶᠠᠯᠠᠩ ᠬᠦᠳᠡᠭᠡ ᠳᠤᠰᠬᠤᠨ ᠤ ᠴᠢᠨᠠᠷ ᠰᠠᠶᠢᠳᠠᠢ ᠬᠦᠭᠵᠢᠯᠳᠡ ᠶᠢ ᠲᠦᠯᠬᠢᠨ ᠠᠬᠢᠭᠤᠯᠤᠨ᠎ᠠ | ᠳᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢ ᠳᠤᠬᠢᠷᠠᠭᠤᠯᠤᠨ ᠰᠢᠯᠢᠳᠡᠭᠵᠢᠬᠦᠯᠦᠨ᠎ᠡ᠃ ᠶᠠᠰᠤ ᠴᠢᠨᠠᠷ ᠢᠶᠠᠷ | ᠳᠠᠷᠢᠶᠠᠯᠠᠩ ᠢ ᠮᠠᠨᠳᠤᠭᠤᠯᠬᠤ᠂ ᠪᠤᠬᠢᠷᠳᠤᠯ ᠦᠬᠡᠢ ᠢᠶᠠᠷ ᠳᠠᠷᠢᠶᠠᠯᠠᠩ ᠢ ᠮᠠᠨᠳᠤᠭᠤᠯᠬᠤ᠂ ᠲᠦᠷᠦᠯ ᠳᠡᠮᠳᠡᠭ ᠢᠶᠠᠷ | ᠳᠠᠷᠢᠶᠠᠯᠠᠩ ᠢ ᠬᠦᠴᠦᠷᠬᠡᠭᠵᠢᠬᠦᠯᠬᠦ ᠶᠢ ᠪᠠᠷᠢᠮᠳᠠᠯᠠᠵᠤ᠂ ᠳᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠳᠠᠯ᠎ᠠ | ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠬᠡᠶᠢᠷᠡᠬᠦᠯᠵᠤ᠂ ᠳᠠᠷᠢᠶᠠᠯᠠᠩ ᠮᠠᠯ ᠠᠵᠤ ᠠᠬᠤᠢ ᠶᠢᠨ ︽ | ᠭᠠᠷᠤᠯᠳᠠ ᠠᠰᠢᠭ ᠰᠢᠮ᠎ᠡ ᠶᠢ ᠨᠡᠮᠡᠭᠳᠡᠬᠦᠯᠬᠦ ᠪᠠᠷ ᠬᠦᠲᠦᠯᠦᠮᠵᠢ ᠪᠤᠯᠭᠠᠵᠤ ᠪᠠᠶᠢᠭᠰᠠᠨ︾ ᠠᠴᠠ ︽ᠶᠠᠰᠤ ᠴᠢᠨᠠᠷ ᠢ | ᠳᠡᠭᠡᠭᠰᠢᠯᠡᠬᠦᠯᠬᠦ ᠪᠠᠷ ᠬᠦᠲᠦᠯᠦᠮᠵᠢ ᠪᠤᠯᠭᠠᠬᠤ︾ ᠪᠤᠯᠭᠠᠨ ᠬᠤᠪᠢᠷᠠᠭᠤᠯᠵᠤ᠂ ᠪᠦᠬᠦ ᠭᠤᠤᠯ ᠡᠯᠧᠮᠧᠨ᠋ᠲ ᠤᠨ | ᠦᠢᠯᠡᠳᠪᠦᠷᠢᠯᠡᠬᠦ ᠨᠤᠷᠮ᠎ᠡ ᠶᠢ ᠦᠨᠡᠨᠬᠦ ᠳᠡᠭᠡᠭᠰᠢᠯᠡᠬᠦᠯᠦᠨ᠎ᠡ᠃ ᠡᠬᠦᠯᠳᠡᠷ ᠤᠨ ᠲᠦᠮᠦᠰᠦᠨ ᠤ ᠬᠦᠴᠦᠷᠬᠡᠭ ᠬᠤᠳᠠ ᠶᠢ | ᠪᠠᠶᠢᠭᠤᠯᠬᠤ ᠪᠠᠷ ᠬᠠᠷᠠᠯᠳᠠ ᠪᠤᠯᠭᠠᠵᠤ᠂ ᠲᠦᠮᠦᠰᠦᠨ ᠤ ᠠᠵᠤ ᠦᠢᠯᠡᠰ ᠤᠨ ᠬᠦᠭᠵᠢᠯᠳᠡ ᠶᠢᠨ ᠪᠠᠶᠢᠯᠳᠤᠬᠤ | ᠪᠤᠳᠤᠯᠭ᠎ᠠ ᠶᠢᠨ ᠰᠦᠪᠡᠭᠴᠢᠯᠡᠯ ᠢ ᠴᠢᠩᠭᠠᠳᠬᠠᠵᠤ᠂ ᠠᠵᠤ ᠦᠢᠯᠡᠰ ᠤᠨ ᠪᠠᠶᠢᠷᠢᠰᠢᠯᠠᠭᠤᠯᠤᠯᠳᠠ᠂ ᠪᠦᠲᠦᠴᠡ ᠶᠢᠨ | ᠳᠤᠬᠢᠷᠠᠭᠤᠯᠤᠯᠳᠠ᠂ ᠡᠬᠦᠯᠳᠡᠷ ᠰᠠᠶᠢᠵᠢᠷᠠᠭᠤᠯᠤᠯᠳᠠ᠂ ᠦᠢᠯᠡᠳᠪᠦᠷᠢᠯᠡᠯ ᠡᠳ᠋ᠰᠢᠬᠦᠯᠦᠯᠳᠡ᠂ ᠵᠠᠬ᠎ᠠ ᠳᠡᠯᠬᠡᠬᠦᠷ ᠤᠨ | ᠪᠤᠷᠤᠯᠠᠭᠤᠯᠤᠯᠳᠠ᠂ ᠳᠤᠯᠤᠭᠠᠶᠢᠯᠠᠭᠴᠢ ᠶᠢᠨ ᠳᠠᠶᠢᠴᠢᠯᠠᠯ᠂ ᠲᠦᠷᠦᠯ ᠳᠡᠮᠳᠡᠭ ᠤᠨ ᠪᠦᠲᠦᠭᠡᠯᠳᠡ ᠵᠡᠷᠬᠡ ᠳᠠᠯ᠎ᠠ ᠪᠠᠷ | ᠰᠢᠰᠲ᠋ᠧᠮ ᠲᠠᠢ ᠰᠤᠳᠤᠯᠵᠤ᠂ ᠲᠦᠮᠦᠰᠦᠨ ᠤ ᠠᠵᠤ ᠦᠢᠯᠡᠰ ᠡᠨᠡᠬᠦ ᠳᠤᠮᠤ ᠶᠠᠪᠤᠳᠠᠯ ᠢ ᠰᠠᠶᠢᠲᠤᠷ ᠬᠢᠨ᠎ᠡ᠃ ᠤᠯᠤᠰ | ᠤᠨ ᠲᠦᠮᠦᠰᠦ ᠪᠠᠷ ᠭᠤᠤᠯ ᠠᠮᠤ ᠪᠤᠳᠠᠭ᠎ᠠ ᠪᠤᠯᠭᠠᠬᠤ ᠳᠤᠷᠰᠢᠯᠳᠡ ᠶᠢᠨ ᠴᠡᠭ ᠤᠨ ᠠᠵᠢᠯ ᠢ ᠰᠠᠶᠢᠲᠤᠷ | ᠶᠠᠪᠤᠭᠳᠠᠭᠤᠯᠵᠤ᠂ ᠡᠯ᠎ᠡ ᠵᠦᠢᠯ ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ | ᠃ ᠤᠤᠯ ᠡᠬᠦᠯᠳᠡᠷ ᠤᠨ ᠳᠠᠷᠢᠶᠠᠨ ᠭᠠᠵᠠᠷ ᠢ 10 ᠲᠦᠮᠡᠨ ᠮᠤ᠋᠂ ᠡᠬᠦᠯᠳᠡᠷ ᠤᠨ ᠲᠦᠮᠦᠰᠦᠨ ᠤ ᠳᠠᠷᠢᠶᠠᠨ ᠭᠠᠵᠠᠷ ᠢ | 80 ᠲᠦᠮᠡᠨ ᠮᠤ᠋᠂ ᠳᠤᠰᠬᠠᠢ ᠬᠡᠷᠡᠭᠯᠡᠬᠡᠨ ᠤ ᠲᠦᠮᠦᠰᠦ ᠡᠳ᠋ᠰᠢᠬᠦᠯᠬᠦ ᠰᠠᠭᠤᠷᠢᠨ ᠢ 200 ᠲᠦᠮᠡᠨ ᠮᠤ᠋ ᠪᠠᠶᠢᠭᠤᠯᠵᠤ᠂ | ᠪᠢᠴᠢᠯ ᠮᠠᠶ᠋ᠢᠭ ᠤᠨ ᠲᠦᠮᠦᠰᠦ ᠶᠢᠨ ᠦᠢᠯᠡᠳᠪᠦᠷᠢᠯᠡᠬᠦ ᠴᠢᠳᠠᠪᠤᠷᠢ ᠶᠢ 40 ᠳ᠋ᠦᠩᠰᠢᠭᠤᠷ ᠮᠦᠬᠦᠯᠢᠭ ᠲᠤ ᠬᠦᠷᠬᠡᠨ᠎ᠡ ᠃ | ᠺᠠᠢ ᠳ᠋ᠠ᠂ ᠵᠦᠩ ᠵᠢᠶᠠ᠂ ᠲᠦ᠋ ᠳ᠋ᠸᠤ ᠵᠢᠢ ᠵᠡᠷᠬᠡ ᠳᠤᠯᠤᠭᠠᠶᠢᠯᠠᠭᠴᠢ ᠠᠵᠤ ᠠᠬᠤᠶᠢᠯᠠᠯ ᠤᠳ ᠢ ᠳᠠᠮᠵᠢᠨ | ᠬᠦᠭᠵᠢᠭᠦᠯᠵᠤ᠂ ᠲᠦᠮᠦᠰᠦ ᠡᠳ᠋ᠰᠢᠬᠦᠯᠬᠦ ᠠᠵᠤ ᠦᠢᠯᠡᠰ ᠤᠨ ᠬᠦᠷᠢᠶᠡᠯᠡᠩ ᠢ ᠲᠦᠷᠭᠡᠳᠭᠡᠨ ᠪᠠᠶᠢᠭᠤᠯᠵᠤ᠂ ᠤᠮᠠᠷᠠᠲᠦ | ᠤᠷᠤᠨ ᠤ ᠬᠠᠮᠤᠭ ᠤᠨ ᠲᠤᠮᠤ ᠲᠦᠮᠦᠰᠦ ᠠᠷᠠᠯᠵᠢᠶᠠᠯᠬᠤ ᠲᠠᠪᠴᠠᠩ ᠢ ᠪᠠᠶᠢᠭᠤᠯᠤᠨ᠎ᠠ᠃ ︽ᠤᠯᠠᠭᠠᠨᠴᠠᠪ ᠤᠨ | ᠲᠦᠮᠦᠰᠦᠨ︾ ᠤ ᠲᠦᠷᠦᠯ ᠳᠡᠮᠳᠡᠭ ᠢ ᠬᠦᠴᠦᠷᠬᠡᠭᠵᠢᠬᠦᠯᠵᠤ᠂ ᠲᠦᠮᠦᠰᠦᠨ ᠤ ᠪᠦᠬᠦ ᠬᠡᠯᠬᠢᠶᠡᠵᠢᠯ ᠤᠨ ᠬᠦᠭᠵᠢᠯᠳᠡ | ᠶᠢ ᠲᠦᠯᠬᠢᠨ ᠠᠬᠢᠭᠤᠯᠤᠨ᠎ᠠ᠃ ᠳᠦᠬᠦᠬᠡᠷᠦᠮᠵᠢᠳᠦ ᠢᠳᠡᠰᠢᠨ ᠨᠤᠭᠤᠭ᠎ᠠ ᠪᠠᠷ ᠭᠤᠤᠯ ᠪᠤᠯᠭᠠᠵᠤ᠂ ᠳᠤᠮᠳᠠᠳᠤ | ᠬᠤᠰᠢᠭᠤᠨ ᠤ ᠤᠯᠠᠭᠠᠨ ᠬᠤᠯᠤᠤᠪᠠᠩ᠂ ᠱᠠᠩᠳᠤ ᠶᠢᠨ ᠰᠢ ᠴᠢᠨ ᠨᠤᠭᠤᠭ᠎ᠠ ᠵᠡᠷᠬᠡ ᠶᠢᠰᠦᠨ ᠳᠤᠮᠤ ᠤᠨᠴᠠᠯᠢᠭᠳᠤ | ᠢᠳᠡᠰᠢᠨ ᠨᠤᠭᠤᠭᠠᠨ ᠤ ᠳᠠᠷᠢᠮᠡᠯ ᠤᠨ ᠰᠠᠭᠤᠷᠢᠨ ᠢ ᠪᠠᠬᠢᠵᠢᠬᠦᠯᠦᠨ ᠪᠠᠶᠢᠭᠤᠯᠵᠤ᠂ ︽ᠬᠤᠶᠠᠷ ᠪᠦᠰᠡ ᠨᠢᠬᠡ | ᠬᠦᠷᠢᠶᠡᠯᠡᠩ︾ ᠶᠢᠨ ᠳᠦᠬᠦᠬᠡᠷᠦᠮᠵᠢᠳᠦ ᠵᠢᠮᠢᠰ ᠢᠳᠡᠰᠢᠨ ᠨᠤᠭᠤᠭᠠᠨ ᠤ ᠰᠠᠭᠤᠷᠢᠨ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤ᠂ ᠰᠢᠩ ᠾᠧ ᠳᠤ ᠲᠦᠮᠡᠨ ᠮᠤ᠋ ᠶᠢᠨ | ᠲᠦᠬᠦᠬᠡᠷᠦᠮᠵᠢᠳᠦ ᠢᠳᠡᠰᠢᠨ ᠨᠤᠭᠤᠭᠠᠨ ᠤ ᠬᠦᠷᠢᠶᠡᠯᠡᠩ ᠳᠤᠭᠤᠷᠢᠭ ᠢ ᠲᠦᠪᠯᠡᠷᠡᠬᠦᠯᠦᠨ ᠪᠠᠶᠢᠭᠤᠯᠵᠤ᠂ ᠬᠦᠢᠳᠡᠨ | ᠰᠡᠷᠢᠬᠦᠨ ᠢᠳᠡᠰᠢᠨ ᠨᠤᠭᠤᠭᠠᠨ ᠤ ᠳᠠᠯᠠᠪᠠᠢ ᠶᠢ 75 ᠲᠦᠮᠡᠨ ᠮᠤ᠋ ᠳᠤ ᠬᠦᠷᠬᠡᠨ᠎ᠡ᠃ᠤᠨᠴᠠᠯᠢᠭᠳᠤ ᠤᠷᠭᠠᠨᠢᠭ | ᠪᠠᠶᠢᠯᠭᠠᠬᠤ ᠢᠶᠠᠷ ᠪᠠᠷᠢᠴᠠ ᠪᠤᠯᠭᠠᠵᠤ᠂ ᠳᠤᠯᠤᠭᠠᠶᠢᠯᠠᠭᠴᠢ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ | ᠰᠢᠷ᠎ᠡ ᠳᠤᠳᠤᠷᠭ᠎ᠠ᠂ ᠬᠢᠳᠡᠳ ᠡᠮ ᠤᠨ ᠮᠠᠲ᠋ᠧᠷᠢᠶᠠᠯ ᠵᠡᠷᠬᠡ ᠤᠨᠴᠠᠯᠢᠭᠳᠤ ᠳᠠᠷᠢᠮᠡᠯ ᠢ ᠶᠡᠬᠡᠪᠡᠷ ᠬᠦᠭᠵᠢᠬᠦᠯᠵᠤ᠂ | ᠨᠤᠬᠠᠢ ᠶᠢᠨ ᠬᠤᠰᠢᠭᠤ ᠬᠤᠯᠢᠮᠠᠭ ᠠᠮᠤ ᠬᠤᠯᠢᠮᠠᠭ ᠪᠤᠷᠴᠠᠭ ᠤᠨ ᠳᠠᠷᠢᠮᠡᠯ ᠢ 200 ᠲᠦᠮᠡᠨ ᠮᠤ᠋ ᠳᠤ ᠬᠦᠷᠬᠡᠨ᠎ᠡ᠃ | ︽ᠬᠤᠨᠢ ᠶᠢ ᠳᠤᠭᠳᠠᠪᠤᠷᠢᠵᠢᠭᠤᠯᠵᠤ ᠦᠬᠡᠷ ᠢ ᠨᠡᠮᠡᠭᠳᠡᠬᠦᠯᠵᠤ ᠭᠠᠭ᠋ᠠᠢ ᠵᠢᠬᠦᠷᠳᠡᠨ ᠢ ᠦᠷᠭᠡᠳᠭᠡᠬᠦ︾ ᠶᠢ ᠪᠠᠷᠢᠮᠳᠠᠯᠠᠵᠤ᠂ | ᠮᠢᠬᠠᠨ ᠤ ᠬᠤᠨᠢ ᠶᠢ ᠪᠠᠷᠢᠮᠵᠢᠶᠠᠵᠢᠭᠤᠯᠤᠨ ᠳᠡᠵᠢᠬᠡᠨ ᠦᠷᠡᠵᠢᠬᠦᠯᠬᠦ ᠳᠠᠯᠠᠪᠠᠢ ᠶᠢ ᠲᠦᠷᠭᠡᠳᠭᠡᠨ ᠪᠠᠶᠢᠭᠤᠯᠵᠤ᠂ | ᠪᠤᠬᠢᠷᠳᠤᠯ ᠦᠬᠡᠢ ᠦᠨᠳᠦᠷ ᠦᠷ᠎ᠡ ᠠᠰᠢᠭᠳᠤ ᠳᠠᠯ᠎ᠠ ᠨᠤᠳᠤᠭ ᠤᠨ ᠮᠢᠬᠠᠨ ᠤ ᠬᠤᠨᠢᠨ ᠤ ᠵᠢᠱᠢᠶ᠎ᠡ ᠦᠵᠡᠬᠦᠯᠬᠦ | ᠳᠤᠭᠤᠷᠢᠭ ᠪᠤᠯᠭᠠᠨ ᠪᠠᠶᠢᠭᠤᠯᠤᠨ᠎ᠠ᠃ ᠮᠢᠬᠠᠨ ᠤ ᠦᠬᠡᠷ ᠪᠠ ᠭᠠᠭ᠋ᠠᠢ ᠳᠡᠵᠢᠬᠡᠨ ᠦᠷᠡᠵᠢᠬᠦᠯᠬᠦ ᠬᠡᠪᠴᠢᠶ᠎ᠡ ᠶᠢ | ᠦᠷᠭᠡᠳᠭᠡᠵᠤ᠂ ᠮᠤᠷᠢ ᠡᠯᠵᠢᠭᠡ ᠳᠡᠮᠡᠭᠡ ᠵᠡᠷᠬᠡ ᠤᠨᠴᠠᠯᠢᠭᠳᠤ ᠳᠡᠵᠢᠬᠡᠪᠦᠷᠢ ᠶᠢ ᠬᠦᠭᠵᠢᠬᠦᠯᠵᠤ᠂ ᠮᠠᠯ ᠤᠨ ᠪᠤᠰᠤᠭ᠎ᠠ | ᠲᠤᠭ᠎ᠠ ᠶᠢ 800 ᠲᠦᠮᠡ ᠳᠤ ᠳᠤᠭᠳᠠᠪᠤᠷᠢᠵᠢᠭᠤᠯᠤᠨᠡ᠃ ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ | ᠶᠢᠨ ᠨᠡᠮᠡᠯᠳᠡ ᠦᠷᠳᠡᠭ ᠢ ᠳᠡᠭᠡᠭᠰᠢᠯᠡᠬᠦᠯᠦᠨ᠎ᠡ᠃ ︽ᠭᠤᠤᠯ ᠳᠤᠭᠤᠭᠠᠨ ᠭᠡᠷ︾ ᠪᠤᠯᠤᠨ ᠳᠦᠬᠦᠬᠡᠷᠦᠮᠵᠢᠳᠦ | ᠳᠠᠷᠢᠶᠠᠯᠠᠩ ᠢᠶᠠᠷ ᠭᠤᠤᠯᠳᠠᠯᠭ᠎ᠠ ᠪᠤᠯᠭᠠᠵᠤ᠂ ᠨᠢᠬᠡ ᠪᠦᠯᠦᠭ ᠠᠵᠤ ᠦᠢᠯᠡᠰᠵᠢᠯᠳᠡ ᠶᠢᠨ ᠳᠤᠯᠤᠭᠠᠶᠢᠯᠠᠭᠴᠢ ᠠᠵᠤ | ᠠᠬᠤᠶᠢᠯᠠᠯ ᠢ ᠳᠠᠳᠠᠨ ᠤᠷᠤᠭᠤᠯᠤᠨ ᠪᠤᠶᠢᠵᠢᠭᠤᠯᠵᠤ᠂ ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢ | ᠳᠤᠬᠠᠢ ᠶᠢᠨ ᠭᠠᠵᠠᠷ ᠲᠤᠨᠢ ᠡᠳ᠋ᠰᠢᠬᠦᠯᠦᠨ ᠤᠯᠠᠷᠢᠭᠤᠯᠬᠤ ᠴᠢᠳᠠᠪᠤᠷᠢ ᠪᠠᠨ ᠳᠡᠭᠡᠭᠰᠢᠯᠡᠬᠦᠯᠬᠦ ᠶᠢ ᠨᠢ ᠳᠡᠮᠵᠢᠨ᠎ᠡ᠃ | ᠬᠦᠢᠳᠡᠨ ᠬᠡᠯᠬᠢᠶ᠎ᠡ ᠶᠢᠨ ᠪᠠᠷᠠᠭ᠎ᠠ ᠬᠦᠢᠯᠬᠡᠬᠡ ᠶᠢᠨ ᠰᠢᠰᠲ᠋ᠧᠮᠵᠢ ᠶᠢ ᠳᠡᠬᠦᠯᠳᠡᠷᠵᠢᠬᠦᠯᠵᠤ᠂ ᠬᠠᠳᠠᠭᠠᠯᠠᠬᠤ ᠵᠤᠭᠤᠷᠢ᠂ | ᠳᠤᠭᠳᠠᠩᠭᠤᠢ ᠳᠤᠯᠠᠭᠠᠨ ᠬᠦᠮᠦᠷᠬᠡ ᠪᠠ ᠪᠦᠬᠡᠮ ᠢᠶᠠᠷ ᠪᠤᠷᠤᠯᠠᠭᠤᠯᠬᠤ ᠵᠠᠬ᠎ᠠ ᠳᠡᠯᠬᠡᠬᠦᠷ ᠢ ᠪᠠᠶᠢᠭᠤᠯᠬᠤ ᠡᠷᠴᠢᠮ ᠢᠶᠠᠨ | ᠴᠢᠩᠭᠠᠷᠠᠭᠤᠯᠤᠨ᠎ᠡ᠃ ᠳᠤᠮᠤ ᠬᠡᠯᠪᠡᠷᠢ ᠶᠢᠨ ᠴᠠᠬᠢᠮ ᠬᠤᠳᠠᠯᠳᠤᠭᠠᠨ ᠤ ᠠᠵᠤ ᠠᠬᠤᠶᠢᠯᠠᠯ ᠯᠤᠭ᠎ᠠ ᠶᠢᠨ | ᠬᠠᠮᠳᠤᠷᠠᠯᠴᠠᠭ᠎ᠠ ᠪᠠᠨ ᠴᠢᠩᠭᠠᠳᠬᠠᠵᠤ᠂ ︽ᠨᠡᠶᠢᠳᠡ ᠶᠢᠨ ᠠᠰᠠᠷᠠᠮᠵᠢᠳᠦ ᠤᠯᠠᠭᠠᠨᠴᠠᠪ︾ ᠵᠡᠷᠬᠡ ᠴᠠᠬᠢᠮ ᠳᠡᠪᠴᠡᠩ ᠢ | ᠰᠠᠶᠢᠲᠤᠷ ᠠᠰᠢᠭᠯᠠᠵᠤ᠂ ᠴᠠᠬᠢᠮ ᠬᠤᠳᠠᠯᠳᠤᠭᠠᠨ ᠤ ᠶᠠᠪᠤᠳᠠᠯ ᠢ ᠬᠦᠳᠡᠭᠡ ᠳᠤᠰᠬᠤᠨ ᠳᠤ ᠤᠷᠤᠭᠤᠯᠬᠤ ᠶᠢ | ᠲᠦᠷᠭᠡᠳᠭᠡᠨ ᠲᠦᠯᠬᠢᠨ ᠠᠬᠢᠭᠤᠯᠵᠤ᠂ ᠴᠢᠨᠠᠷ ᠰᠠᠶᠢᠳᠠᠢ ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢ ︽ | ᠰᠠᠶᠢᠨ ᠦᠨ᠎ᠡ︾ ᠪᠠᠷ ᠬᠤᠳᠠᠯᠳᠤᠨ ᠭᠠᠷᠭᠠᠵᠤ᠂ ᠪᠦᠬᠦ ᠤᠯᠤᠰ ᠲᠤ ᠪᠤᠷᠤᠯᠠᠭᠤᠯᠭ᠎ᠠ ᠰᠠᠶᠢᠳᠠᠢ ᠨᠢᠬᠡ ᠪᠦᠯᠦᠭ ︽ | ᠠᠯᠳᠠᠨ ᠦᠰᠦᠭᠳᠦ ᠫᠠᠶᠢᠰᠠ︾ ᠶᠢ ᠪᠤᠶᠢᠵᠢᠭᠤᠯᠤᠨ ᠪᠤᠢ ᠪᠤᠯᠭᠠᠨ᠎ᠠ᠃ | ᠦᠵᠡᠰᠬᠦᠯᠡᠩᠳᠤ ᠭᠤᠶᠤ ᠬᠦᠳᠡᠭᠡ ᠳᠤᠰᠬᠤᠨ ᠢ ᠲᠦᠷᠭᠡᠳᠭᠡᠨ ᠪᠦᠲᠦᠭᠡᠨ ᠪᠠᠶᠢᠭᠤᠯᠤᠨ᠎ᠡ᠃ ᠳᠠᠷᠢᠶᠠᠯᠠᠬᠤ | ᠮᠠᠯᠵᠢᠬᠤ ᠤᠷᠤᠨ ᠤ ᠬᠦᠮᠦᠨ ᠰᠠᠭᠤᠴᠠ ᠶᠢᠨ ᠤᠷᠴᠢᠨ ᠳᠤᠭᠤᠷᠢᠨ ᠤ ᠴᠡᠭᠴᠡᠯᠡᠨ ᠰᠠᠶᠢᠵᠢᠷᠠᠭᠤᠯᠤᠯᠳᠠ ᠶᠢ ᠪᠦᠬᠦ | ᠲᠠᠯ᠎ᠠ ᠪᠠᠷ ᠲᠦᠯᠬᠢᠨ ᠠᠬᠢᠭᠤᠯᠵᠦ᠂ ᠬᠤᠭ ᠨᠤᠪᠰᠢ ᠪᠤᠵᠠᠷ ᠤᠰᠤ ᠶᠢᠨ ᠰᠢᠢᠳᠪᠦᠷᠢᠯᠡᠯᠳᠡ᠂ ᠵᠤᠷᠯᠤᠩ ᠤᠨ | ᠬᠤᠪᠢᠰᠬᠠᠯ ᠪᠠ ᠳᠤᠰᠬᠤᠨ ᠤ ᠲᠦᠷᠰᠦ ᠪᠠᠶᠢᠳᠠᠯ ᠤᠨ ᠰᠠᠶᠢᠵᠢᠷᠠᠭᠤᠯᠤᠯᠳᠠ ᠪᠠᠷ ᠭᠤᠤᠯᠳᠠᠯᠭ᠎ᠠ ᠪᠤᠯᠭᠠᠵᠤ᠂ ︽ | ᠭᠤᠷᠪᠠ ᠶᠢ ᠴᠡᠪᠡᠷᠯᠡᠬᠦ ᠨᠢᠬᠡ ᠶᠢ ᠰᠠᠶᠢᠵᠢᠷᠠᠭᠤᠯᠬᠤ︾ ᠳᠤᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢ | ᠦᠷᠨᠢᠭᠦᠯᠵᠦ᠂ ᠦᠵᠡᠰᠬᠦᠯᠡᠩᠳᠦ ᠰᠠᠶᠢᠬᠠᠨ ᠰᠠᠭᠤᠷᠢᠰᠢᠬᠤ ᠳᠤ ᠳᠠᠪᠠᠳᠠᠢ ᠲᠤᠰᠬᠤᠨ ᠪᠤᠯᠤᠨ ᠬᠠᠮᠤᠭ ᠤᠨ ᠭᠤᠶᠤ | ᠬᠠᠰᠢᠶ᠎ᠠ ᠬᠤᠷᠤᠭ᠎ᠠ ᠶᠢ ᠴᠤᠭᠴᠠᠯᠠᠨ ᠪᠠᠶᠢᠭᠤᠯᠤᠨ᠎ᠠ᠃ ᠬᠦᠳᠡᠭᠡ ᠨᠤᠳᠤᠭ ᠤᠨ ᠶᠡᠷᠦᠩᠬᠡᠢ ᠴᠤᠭᠴᠠ ᠵᠡᠷᠬᠡ ᠶᠢᠨ ᠤᠳᠤ | ᠦᠶ᠎ᠡ ᠶᠢᠨ ᠳᠠᠷᠢᠶᠠᠯᠠᠩ ᠮᠠᠯ ᠠᠵᠤ ᠠᠬᠤᠢ ᠶᠢᠨ ᠰᠢᠨ᠎ᠡ ᠵᠠᠭᠪᠤᠷ ᠢ ᠶᠡᠬᠡᠪᠡᠷ ᠪᠤᠶᠢᠵᠢᠭᠤᠯᠵᠤ᠂ ᠨᠢᠬᠡ ᠪᠦᠯᠦᠭ | ᠤᠨᠴᠠᠯᠢᠭᠳᠤ ᠵᠢᠵᠢᠭ ᠪᠠᠯᠭᠠᠰᠤ᠂ ᠬᠦᠳᠡᠭᠡ ᠳᠤᠰᠬᠤᠨ ᠤ ᠢᠷᠭᠡᠳ ᠠᠴᠠ ᠡᠷᠬᠢᠯᠡᠭᠰᠡᠨ ᠪᠠᠭᠤᠳᠠᠯᠯᠠᠬᠤ ᠭᠠᠵᠠᠷ᠂ | ᠮᠠᠯᠴᠢᠨ ᠠᠶᠢᠯ ᠢ ᠪᠦᠲᠦᠭᠡᠨ ᠪᠠᠶᠢᠭᠤᠯᠵᠦ᠂ ᠬᠤᠰᠢᠭᠤ ᠰᠢᠶᠠᠨ ᠬᠤᠳᠠ ᠲᠤᠭᠤᠷᠢᠭ ᠪᠦᠷᠢ ᠬᠦᠳᠡᠭᠡ ᠲᠤᠰᠬᠤᠨ ᠤ | ᠤᠨᠴᠠᠯᠢᠭᠳᠤ ᠵᠢᠭᠤᠯᠴᠢᠯᠠᠯ ᠤᠨ ᠵᠢᠱᠢᠶ᠎ᠡ ᠦᠵᠡᠬᠦᠯᠬᠦ ᠲᠤᠭᠤᠷᠢᠭ ᠢ ᠬᠠᠮᠤᠭ ᠪᠠᠭ᠎ᠠ ᠳᠠᠭᠠᠨ ᠨᠢᠭᠡ ᠪᠠᠶᠢᠭᠤᠯᠤᠨ᠎ᠠ᠃ | ᠬᠦᠳᠡᠭᠡ ᠳᠤᠰᠬᠤᠨ ᠤ ᠰᠠᠭᠤᠷᠢ ᠲᠤᠨᠤᠭ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ | ᠤᠳᠠᠭᠠᠨ ᠳᠠᠭᠠᠭᠠᠮᠠᠭᠠᠢ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠠ᠃ ᠬᠦᠳᠡᠭᠡ ᠲᠤᠰᠬᠤᠨ ᠤ ᠵᠠᠰᠠᠯᠳᠠ | ᠶᠢᠨ ᠰᠢᠰᠲ᠋ᠧᠮᠵᠢ ᠶᠢ ᠰᠢᠨᠡᠴᠢᠯᠡᠵᠤ᠂ ᠦᠪᠡᠷᠳᠡᠬᠡᠨ ᠵᠠᠰᠠᠬᠤ ᠪᠠᠷ ᠰᠠᠭᠤᠷᠢ ᠪᠤᠯᠭᠠᠭᠰᠠᠨ᠂ ᠬᠠᠤᠯᠢᠵᠢᠯ ᠢᠶᠠᠷ ᠦᠨᠳᠦᠰᠦ | ᠪᠤᠯᠭᠠᠭᠰᠠᠨ᠂ ᠶᠤᠰᠤ ᠮᠤᠷᠠᠯ ᠢ ᠡᠷᠬᠢᠮᠯᠡᠭᠰᠡᠨ ᠵᠠᠰᠠᠯᠳᠠ ᠶᠢᠨ ᠬᠡᠪ ᠪᠠᠶᠢᠳᠠᠯ ᠢ ᠪᠦᠷᠢᠯᠳᠦᠬᠦᠯᠦᠨ᠎ᠡ᠃ ᠠᠮᠤᠷ | ᠠᠮᠤᠭᠤᠯᠠᠩ ᠬᠦᠳᠡᠭᠡ ᠳᠤᠰᠬᠤᠨ ᠢ ᠡᠬᠦᠳᠦᠨ ᠴᠤᠭᠴᠠᠯᠠᠬᠤ ᠠᠵᠢᠯᠯᠠᠭ᠎ᠠ ᠶᠢ ᠶᠠᠪᠤᠭᠳᠠᠭᠤᠯᠵᠤ᠂ ︽ᠳᠤᠰᠬᠤᠨ ᠤ | ᠡᠵᠡᠷᠬᠡᠭᠴᠢ︾ ᠤᠪᠤᠭ ᠲᠦᠷᠦᠯ ᠤᠨ ᠬᠠᠷᠬᠢᠰ ᠬᠦᠴᠦᠨ ᠳᠤ ᠬᠦᠴᠦᠳᠡᠢ ᠴᠤᠬᠢᠯᠳᠡ ᠦᠭᠬᠦᠨ᠎ᠡ᠃ | ᠳᠠᠷᠢᠶᠠᠯᠠᠬᠤ ᠮᠠᠯᠵᠢᠬᠤ ᠤᠷᠤᠨ ᠤ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠎ᠡ᠂ ᠰᠢᠨᠵᠢᠯᠡᠭᠡ ᠮᠡᠷᠬᠡᠵᠢᠯ ᠤᠨ | ᠤᠨᠴᠠ ᠳᠤᠮᠢᠯᠠᠭᠴᠢ ᠶᠢᠨ ᠡᠩᠨᠡᠬᠡᠨ ᠤ ᠪᠦᠲᠦᠴᠡ ᠶᠢ ᠰᠢᠯᠢᠳᠡᠭᠵᠢᠬᠦᠯᠵᠤ᠂ ᠭᠤᠤᠯ ᠪᠤᠯᠬᠤ ᠳᠠᠷᠢᠶᠠᠯᠠᠩ ᠤᠨ ᠳᠠᠷᠢᠮᠡᠯ | ᠤᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠠᠰᠢᠨᠵᠢᠯᠳᠠ ᠶᠢ ᠲᠦᠯᠬᠢᠨ ᠠᠬᠢᠭᠤᠯᠵᠤ᠂ ᠳᠠᠷᠢᠶᠠᠴᠢᠨ ᠡᠷᠦᠬᠡ ᠳᠤ | ᠬᠠᠨᠳᠤᠭᠤᠯᠤᠭᠰᠠᠨ ᠨᠡᠶᠢᠬᠡᠮᠴᠢᠯᠡᠭᠰᠡᠨ ᠦᠢᠯᠡᠴᠢᠯᠡᠭᠡ ᠶᠢ ᠴᠢᠩᠭᠠᠳᠬᠠᠵᠤ᠂ ᠳᠠᠷᠢᠶᠠᠴᠢᠨ ᠮᠠᠯᠴᠢᠨ ᠤ ᠬᠤᠷᠰᠢᠶᠠᠵᠢᠯ ᠪᠠ | ᠬᠡᠷ ᠪᠦᠯᠢ ᠶᠢᠨ ᠳᠠᠷᠢᠶᠠᠯᠠᠩ ᠮᠠᠯᠵᠢᠯ ᠤᠨ ᠳᠠᠯᠠᠪᠠᠢ ᠶᠢᠨ ᠬᠦᠭᠵᠢᠯᠳᠡ ᠶᠢ ᠨᠢ ᠳᠡᠮᠵᠢᠨ᠎ᠡ᠃ ᠬᠦᠳᠡᠭᠡ ᠳᠤᠰᠬᠤᠨ ᠤ | ᠭᠠᠵᠠᠷ ᠰᠢᠷᠤᠢ ᠶᠢᠨ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠤ᠂ ᠭᠠᠵᠠᠷ ᠰᠢᠷᠤᠢ ᠶᠢᠨ ᠡᠷᠬᠡ ᠶᠢᠨ | ᠳᠤᠭᠳᠠᠭᠠᠯᠳᠠ ᠶᠢᠨ ᠬᠡᠷ᠎ᠡ ᠳᠤᠭᠳᠠᠬᠤ᠂ ᠦᠨᠡᠮᠯᠡᠯ ᠤᠯᠭᠤᠬᠤ ᠠᠵᠢᠯ ᠢ ᠪᠦᠬᠦ ᠳᠠᠯ᠎ᠠ ᠪᠠᠷ ᠪᠡᠶᠡᠯᠡᠬᠦᠯᠵᠤ᠂ | ᠳᠠᠭᠠᠭᠠᠴᠢᠯᠠᠯᠳᠠ ᠶᠢᠨ ᠭᠠᠵᠠᠷ ᠤᠨ ︽ᠭᠤᠷᠪᠠᠨ ᠡᠷᠬᠡ︾ ᠶᠢ ᠰᠠᠯᠭᠠᠨ ᠳᠠᠯᠪᠢᠬᠤ ᠲᠦᠷᠢᠮ ᠢ ᠴᠢᠨᠠᠭᠰᠢᠳᠡ | ᠳᠡᠬᠦᠯᠳᠡᠷᠵᠢᠬᠦᠯᠦᠨ᠎ᠡ᠃ ᠳᠠᠷᠢᠶᠠᠯᠠᠬᠤ ᠮᠠᠯᠵᠢᠬᠤ ᠤᠷᠤᠨ ᠤ ᠬᠠᠮᠳᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ | ᠦᠬᠡᠷᠡᠴᠢᠯᠡᠯᠳᠡ ᠶᠢ ᠪᠡᠶᠡᠯᠡᠬᠦᠯᠵᠦ᠂ ︽ᠳᠤᠮᠤ ᠪᠦᠷᠭᠡ ᠬᠡᠷ︾ ᠤᠨ ᠠᠰᠠᠭᠤᠳᠠᠯ ᠤᠨ ᠴᠡᠪᠡᠷᠯᠡᠯᠳᠡ ᠴᠡᠭᠴᠡᠯᠡᠨ | ᠵᠠᠰᠠᠯᠳᠠ ᠶᠢ ᠬᠦᠨᠵᠡᠬᠡᠢ ᠲᠦᠯᠬᠢᠨ ᠠᠬᠢᠭᠤᠯᠵᠤ᠂ ᠳᠠᠷᠢᠶᠠᠯᠠᠩ ᠳᠤ ᠬᠡᠷᠡᠭᠯᠡᠬᠦ ᠭᠠᠵᠠᠷ ᠰᠢᠷᠤᠢ ᠶᠢ ᠬᠤᠪᠢᠷᠠᠭᠤᠯᠤᠨ | ᠳᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠳᠠ ᠳᠤ ᠬᠡᠷᠡᠭᠯᠡᠬᠦ ᠦᠵᠡᠭᠳᠡᠯ ᠢ ᠳᠠᠰᠤ ᠬᠤᠷᠢᠭᠯᠠᠨ᠎ᠠ᠃ ᠳᠠᠷᠢᠶᠠᠯᠠᠬᠤ | ᠮᠠᠯᠵᠢᠬᠤ ᠤᠷᠤᠨ ᠤ ᠦᠮᠴᠢᠯᠡᠯ ᠤᠨ ᠡᠷᠬᠡ ᠶᠢᠨ ᠠᠷᠠᠯᠵᠢᠶᠠᠨ ᠤ ᠲᠦᠪ ᠤᠨ ᠪᠦᠲᠦᠭᠡᠨ ᠪᠠᠶᠢᠭᠤᠯᠤᠯᠳᠠ ᠶᠢ | ᠲᠦᠷᠭᠡᠳᠭᠡᠵᠤ᠂ ᠳᠠᠷᠢᠶᠠᠯᠠᠩ ᠮᠠᠯ ᠠᠵᠤ ᠠᠬᠤᠢ ᠶᠢ ᠳᠡᠮᠵᠢᠨ ᠬᠠᠮᠠᠭᠠᠯᠠᠬᠤ ᠲᠦᠷᠦ ᠶᠢᠨ ᠪᠤᠳᠤᠯᠭ᠎ᠠ ᠶᠢ | ᠳᠡᠬᠦᠯᠳᠡᠷᠵᠢᠬᠦᠯᠵᠤ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠲᠦᠷᠢᠮ ᠤᠨ ᠤᠷᠴᠢᠨ ᠳᠤᠭᠤᠷᠢᠨ ᠢ | ᠰᠢᠯᠢᠳᠡᠭᠵᠢᠬᠦᠯᠦᠨ᠎ᠡ᠃ | ︵ᠳᠦᠷᠪᠡ︶ ᠦᠬᠡᠷᠡᠴᠢᠯᠡᠯᠳᠡ ᠨᠡᠬᠡᠬᠡᠯᠳᠡ ᠶᠢ ᠪᠦᠬᠦ ᠳᠠᠯ᠎ᠠ ᠪᠠᠷ ᠲᠦᠯᠬᠢᠨ ᠠᠬᠢᠭᠤᠯᠵᠤ᠂ ᠴᠢᠨᠠᠷ ᠰᠠᠶᠢᠳᠠᠢ | ᠬᠦᠭᠵᠢᠯᠳᠡ ᠶᠢᠨ ᠬᠦᠳᠡᠯᠬᠡᠬᠦ ᠬᠦᠴᠦᠨ ᠢ ᠬᠦᠭᠵᠢᠬᠡᠨ᠎ᠡ | ᠡᠵᠡᠩᠨᠡᠯᠳᠡ ᠬᠤᠳᠠᠯᠳᠤᠭᠠᠨ ᠤ ᠤᠷᠴᠢᠨ ᠳᠤᠭᠤᠷᠢᠨ ᠢ ᠰᠢᠯᠢᠳᠡᠭᠵᠢᠬᠦᠯᠬᠦ᠂ ᠠᠷᠠᠳ ᠠᠴᠠ ᠡᠵᠡᠩᠨᠡᠭᠰᠡᠨ ᠠᠵᠤ | ᠠᠬᠤᠢ ᠪᠠᠷ ᠬᠦᠲᠦᠯᠦᠮᠵᠢ ᠪᠤᠯᠭᠠᠵᠤ᠂ ᠦᠬᠡᠷᠡᠴᠢᠯᠡᠯᠳᠡ ᠶᠢ ᠴᠢᠨᠠᠭᠰᠢᠳᠡ ᠬᠦᠨᠵᠡᠬᠡᠶᠢᠷᠡᠬᠦᠯᠵᠤ᠂ ᠨᠡᠬᠡᠬᠡᠯᠳᠡ ᠶᠢ | ᠦᠷᠭᠡᠳᠭᠡᠵᠤ᠂ ᠬᠤᠳᠠᠯᠳᠤᠭᠠᠴᠢᠨ ᠤᠷᠢᠵᠤ ᠪᠡᠯᠡ ᠳᠠᠳᠠᠬᠤ ᠪᠠ ᠲᠦᠷᠦᠯ ᠵᠦᠢᠯ ᠢ ᠪᠦᠲᠦᠭᠡᠨ ᠪᠠᠶᠢᠭᠤᠯᠬᠤ ᠡᠷᠴᠢᠮ | ᠢᠶᠠᠨ ᠴᠢᠩᠭᠠᠷᠠᠭᠤᠯᠵᠤ᠂ ᠵᠠᠬ᠎ᠠ ᠳᠡᠯᠬᠡᠬᠦᠷ ᠤᠨ ᠠᠮᠢᠵᠢᠷᠠᠯ ᠤᠨ ᠬᠦᠴᠦ ᠶᠢ ᠬᠦᠭᠵᠢᠬᠡᠵᠤ᠂ ᠬᠦᠭᠵᠢᠯᠳᠡ ᠶᠢᠨ | ᠨᠦᠬᠡᠴᠡ ᠬᠦᠴᠦ ᠶᠢ ᠨᠡᠮᠡᠭᠳᠡᠬᠦᠯᠦᠨ᠎ᠡ᠃ | ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠳᠡ ᠶᠢ ᠭᠤᠶᠢᠪᠢᠰᠢ ᠦᠬᠡᠢ ᠳᠡᠮᠵᠢᠨ᠎ᠡ᠃ ︽ᠠᠷᠠᠳ | ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠳᠡ ᠶᠢᠨ ᠤᠷᠴᠢᠨ ᠳᠤᠭᠤᠷᠢᠨ ᠢ ᠰᠢᠯᠢᠳᠡᠭᠵᠢᠬᠦᠯᠬᠦ ᠤᠨ︾ ᠤ | ᠠᠵᠢᠯᠯᠠᠭ᠎ᠠ ᠶᠢ ᠶᠠᠪᠤᠭᠳᠠᠭᠤᠯᠵᠤ᠂ ᠵᠠᠬ᠎ᠠ ᠳᠡᠯᠬᠡᠬᠦᠷ ᠤᠨ ᠭᠤᠤᠯ ᠴᠤᠭᠴᠠ ᠶᠢᠨ ᠬᠦᠰᠡᠯ ᠱᠠᠭᠠᠷᠳᠠᠯᠭ᠎ᠠ ᠪᠠ | ᠬᠡᠷᠡᠭᠴᠡᠭᠡ ᠶᠢ ᠨᠠᠷᠢᠨ ᠤᠨᠢᠯᠠᠵᠤ᠂ ᠵᠠᠬ᠎ᠠ ᠳᠡᠯᠬᠡᠬᠦᠷᠵᠢᠭᠰᠡᠨ᠂ ᠬᠠᠤᠯᠢᠵᠢᠭᠰᠡᠨ᠂ ᠳᠡᠯᠡᠬᠡᠶᠢᠴᠢᠯᠡᠭᠰᠡᠨ ᠡᠵᠡᠩᠨᠡᠯᠳᠡ | ᠬᠤᠳᠠᠯᠳᠤᠭᠠᠨ ᠤ ᠤᠷᠴᠢᠨ ᠳᠤᠭᠤᠷᠢᠨ ᠢ ᠲᠦᠷᠭᠡᠳᠭᠡᠨ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠬᠦᠭᠵᠢᠯᠳᠡ ᠶᠢᠨ ᠢᠳᠡᠬᠡᠯ ᠵᠤᠷᠢᠭ ᠪᠠ ᠦᠷᠢᠰᠦᠯᠳᠦᠬᠡᠨ ᠤ ᠬᠦᠴᠦᠨ ᠢ ᠨᠡᠮᠡᠭᠳᠡᠬᠦᠯᠦᠨ᠎ᠡ᠃ ︽ᠨᠡᠩ | ᠳᠤᠮᠤ ᠬᠡᠪᠴᠢᠶ᠎ᠡ ᠪᠠᠷ ᠭᠠᠶᠢᠯᠢ ᠬᠠᠰᠤᠵᠤ᠂ ᠰᠦᠢᠳᠬᠡᠯ ᠢ ᠨᠡᠩ ᠢᠯᠡᠷᠬᠡᠢ ᠪᠠᠭᠤᠷᠠᠭᠤᠯᠬᠤ︾ ᠲᠦᠷᠦ ᠶᠢᠨ ᠪᠤᠳᠤᠯᠭ᠎ᠠ | ᠶᠢ ᠨᠠᠶᠢᠳᠠᠪᠤᠷᠢᠵᠢᠭᠤᠯᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠪᠠᠶᠢᠴᠠᠭᠠᠨ ᠰᠢᠢᠳᠬᠡᠵᠦ ᠴᠡᠭᠴᠡᠯᠡᠨ | ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠨᠧᠷᠬᠢ ᠬᠡᠷᠡᠭᠯᠡᠬᠦ᠂ | ᠭᠠᠵᠠᠷ ᠬᠡᠷᠡᠭᠯᠡᠬᠦ᠂ ᠪᠠᠷᠠᠭ᠎ᠠ ᠬᠦᠢᠯᠬᠡᠬᠡ ᠵᠡᠷᠬᠡ ᠭᠤᠤᠯ ᠡᠯᠧᠮᠧᠨ᠋ᠲ ᠤᠨ ᠦᠪᠡᠷ ᠤᠨ ᠦᠷᠳᠡᠭ ᠢ ᠦᠨᠡᠨᠬᠦ | ᠪᠠᠭᠤᠷᠠᠭᠤᠯᠤᠨ᠎ᠡ᠃ ᠠᠵᠤ ᠠᠬᠤᠶᠢᠯᠠᠯ ᠤᠨ ᠰᠢᠨ᠎ᠡ ᠶᠢ ᠡᠬᠦᠳᠴᠦ ᠬᠦᠭᠵᠢᠬᠦᠯᠬᠦ ᠶᠢ ᠨᠢ ᠳᠡᠮᠵᠢᠵᠤ᠂ ᠲᠦᠷᠦᠯ | ᠳᠡᠮᠳᠡᠭ ᠢ ᠡᠬᠦᠳᠦᠨ ᠪᠠᠶᠢᠭᠤᠯᠬᠤ ᠪᠠ ᠶᠠᠰᠤ ᠴᠢᠨᠠᠷ ᠢᠶᠠᠨ ᠳᠡᠭᠡᠭᠰᠢᠯᠡᠬᠦᠯᠬᠦ ᠶᠢ ᠨᠢ ᠵᠤᠷᠢᠭᠵᠢᠭᠤᠯᠤᠨ᠎ᠡ᠃ ᠬᠦᠢᠯᠬᠡᠬᠡᠨ | ᠤ ᠮᠦᠩᠬᠦ ᠶᠢᠨ ᠬᠦᠴᠢᠷᠳᠡᠯ ᠲᠠᠢ ᠦᠨ᠎ᠡ ᠲᠠᠢ ᠠᠰᠠᠭᠤᠳᠠᠯ ᠢ ᠪᠦᠲᠦᠮᠵᠢᠳᠡᠢ ᠨᠠᠮᠳᠠᠭᠠᠨ᠎ᠠ᠃ ᠵᠠᠬ᠎ᠠ | ᠳᠡᠯᠬᠡᠬᠦᠷᠵᠢᠬᠦᠯᠦᠨ ᠡᠷᠬᠢᠯᠳᠦᠬᠦᠯᠦᠭᠰᠡᠨ ᠮᠦᠩᠬᠦᠨ ᠬᠦᠢᠯᠬᠡᠬᠡᠨ ᠤ ᠪᠠᠳᠤᠯᠠᠭᠠᠨ ᠤ ᠰᠢᠰᠲ᠋ᠧᠮᠵᠢ ᠶᠢ ᠪᠦᠷᠢᠨᠰᠢᠬᠦᠯᠵᠤ᠂ | ᠪᠡᠯᠡ ᠮᠦᠩᠬᠦ ᠤᠷᠤᠭᠤᠯᠬᠤ ᠰᠢᠭᠤᠳ ᠠᠷᠭ᠎ᠠ ᠵᠠᠮ ᠢ ᠦᠷᠭᠡᠳᠭᠡᠨ᠎ᠡ᠃ ᠮᠦᠩᠬᠦᠨ ᠬᠦᠢᠯᠬᠡᠬᠡᠨ ᠤ ᠪᠠᠶᠢᠭᠤᠯᠤᠮᠵᠢ | ᠳᠠᠬᠢ ᠬᠢᠨᠠᠯᠳᠠ ᠬᠠᠮᠢᠶᠠᠷᠤᠯᠳᠠ ᠦᠨᠡᠯᠡᠯᠳᠡ ᠶᠢ ᠪᠦᠷᠢᠨᠰᠢᠬᠦᠯᠵᠤ᠂ ᠤᠯᠠᠨ ᠠᠷᠭ᠎ᠠ ᠪᠠᠷᠢᠯ ᠤᠳ ᠢ ᠵᠡᠷᠬᠡᠪᠡᠷ ᠠᠪᠴᠦ | ᠪᠠᠶᠢᠭᠠᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠬᠡᠯᠡᠯᠬᠡ ᠶᠢᠨ ᠡᠵᠡᠯᠡᠬᠦ ᠬᠠᠷᠢᠴᠠᠯ ᠪᠠ ᠪᠦᠷᠬᠦᠬᠦᠯᠳᠡ | ᠶᠢᠨ ᠬᠡᠪᠴᠢᠶ᠎ᠡ ᠶᠢ ᠳᠡᠭᠡᠭᠰᠢᠯᠡᠬᠦᠯᠵᠤ᠂ ᠠᠵᠤ ᠠᠬᠤᠶᠢᠯᠠᠯ ᠤᠨ ᠰᠢᠯᠵᠢᠩᠬᠦᠢ ᠴᠢᠨᠠᠷ ᠪᠦᠬᠦᠢ ᠬᠦᠴᠢᠷ ᠪᠠᠶᠢᠳᠠᠯ ᠤᠨ | ᠵᠠᠩᠬᠢᠷᠠᠭ᠎ᠠ ᠶᠢ ᠳᠠᠶᠢᠯᠦᠨ᠎ᠡ᠃ ᠰᠢᠶᠠᠨ ᠤ ᠪᠦᠰᠡ ᠶᠢᠨ ᠮᠦᠩᠬᠦᠨ ᠬᠦᠢᠯᠬᠡᠬᠡᠨ ᠤ ᠢᠨᠵᠧᠨᠧᠷᠢᠩ ᠤᠨ ᠳᠤᠷᠰᠢᠯᠳᠡ | ᠶᠢᠨ ᠴᠡᠭ ᠢ ᠲᠦᠯᠬᠢᠨ ᠠᠬᠢᠭᠤᠯᠵᠤ᠂ ᠬᠦᠳᠡᠭᠡ ᠳᠤᠰᠬᠤᠨ ᠤ ᠢᠳᠡᠬᠡᠮᠵᠢ ᠶᠢᠨ ᠬᠤᠷᠰᠢᠶᠠᠨ ᠤ ᠦᠬᠡᠷᠡᠴᠢᠯᠡᠯᠳᠡ ᠶᠢ | ᠬᠢᠨ᠎ᠡ᠂ ᠪᠡᠬᠡᠵᠢᠩ ᠦᠪᠦᠷ ᠮᠤᠩᠭᠤᠯ ᠤᠨ ᠬᠤᠭᠤᠷᠤᠨᠳᠤᠬᠢ ᠶᠠᠳᠠᠭᠤ ᠶᠢ ᠳᠡᠳᠬᠦᠬᠦ ᠬᠠᠮᠵᠢᠯᠴᠠᠭ᠎ᠠ ᠶᠢ ᠠᠰᠢᠭᠯᠠᠵᠤ᠂ | ᠮᠦᠩᠬᠦᠨ ᠬᠦᠢᠯᠬᠡᠬᠡᠨ ᠤ ᠪᠠᠶᠢᠭᠤᠯᠤᠮᠵᠢ᠂ ᠪᠡᠯᠡ ᠤᠷᠤᠭᠤᠯᠤᠯᠳᠠ ᠶᠢᠨ ᠪᠠᠶᠢᠭᠤᠯᠤᠮᠵᠢ ᠶᠢ ᠢᠳᠡᠪᠬᠢᠳᠡᠢ ᠳᠠᠳᠠᠨ | ᠤᠷᠤᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠤᠯᠤᠨ ᠵᠢᠵᠢᠭ ᠪᠢᠴᠢᠯ ᠠᠵᠤ ᠠᠬᠤᠶᠢᠯᠠᠯ ᠤᠨ | ᠮᠦᠩᠬᠦᠨ ᠬᠦᠢᠯᠬᠡᠬᠡᠨ ᠤ ᠬᠡᠷᠡᠭᠴᠡᠭᠡ ᠶᠢ ᠨᠢ ᠤᠨᠤᠪᠴᠢᠳᠠᠢ ᠵᠤᠯᠭᠠᠯᠳᠤᠭᠤᠯᠤᠨᠡ᠃ ᠡᠷᠬᠡ ᠳᠡᠭᠰᠢ ᠦᠷᠢᠰᠦᠯᠳᠦᠬᠡᠨ | ᠤ ᠤᠷᠴᠢᠨ ᠳᠤᠭᠤᠷᠢᠨ ᠢ ᠪᠤᠢ ᠪᠤᠯᠭᠠᠨ᠎ᠠ᠃ ᠵᠠᠰᠠᠭ ᠤᠨ ᠤᠷᠳᠤᠨ ᠤ ᠡᠷᠬᠡ ᠳᠤᠰᠢᠶᠠᠯ ᠢ ᠦᠨᠡᠨᠬᠦ ᠬᠤᠪᠢᠷᠠᠭᠤᠯᠵᠤ᠂ | ︽ᠳᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠵᠤ᠂ ᠡᠬᠢ ᠪᠠᠶᠠᠯᠢᠭ | ᠲᠠᠬᠢ ᠵᠠᠰᠠᠭ ᠤᠨ ᠤᠷᠳᠤᠨ ᠤ ᠰᠢᠭᠤᠳ ᠳᠤᠬᠢᠷᠠᠭᠤᠯᠤᠯᠳᠠ ᠶᠢ ᠶᠡᠬᠡᠪᠡᠷ ᠪᠠᠭᠠᠰᠬᠠᠨ᠎ᠠ᠃ ᠳᠦᠷᠪᠡᠳᠦᠬᠡᠷ ᠤᠳᠠᠭᠠᠨ | ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠳᠠ ᠶᠢ ᠯᠠᠪᠳᠠᠭᠤᠨ ᠪᠠᠳᠤᠳᠠᠢ ᠶᠠᠪᠤᠭᠳᠠᠭᠤᠯᠤᠨᠡ᠃ | ᠡᠯᠧᠺᠲᠷᠤᠨ ᠦᠨᠡᠮᠯᠡᠯ ᠤᠨ ᠬᠦᠮᠦᠷᠬᠡ ᠶᠢ ᠪᠠᠶᠢᠭᠤᠯᠵᠤ᠂ ᠭᠠᠶᠢᠯᠢ ᠶᠢᠨ ᠪᠤᠰᠤ ᠤᠷᠤᠯᠭ᠎ᠠ ᠶᠢ ᠬᠤᠷᠢᠶᠠᠨ ᠲᠤᠰᠢᠶᠠᠬᠤ | ᠡᠯᠧᠺᠲᠷᠤᠨᠵᠢᠯᠲᠠ ᠶᠢ ᠲᠦᠯᠬᠢᠨ ᠠᠬᠢᠭᠤᠯᠵᠤ᠂ ᠦᠨᠡᠮᠯᠡᠯ ᠢ ᠴᠦᠬᠡᠳᠬᠡᠨ ᠠᠷᠠᠳ ᠲᠤ ᠳᠦᠬᠦᠮ ᠦᠵᠡᠬᠦᠯᠬᠦ | ᠠᠵᠢᠯᠯᠠᠭ᠎ᠠ ᠶᠢ ᠦᠷᠬᠦᠯᠵᠢᠯᠡᠨ ᠬᠢᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠳᠤᠮᠤ ᠲᠢᠩᠬᠢᠮ ᠤᠨ ᠴᠢᠳᠠᠮᠵᠢ | ᠶᠢ ᠳᠡᠬᠦᠯᠳᠡᠷᠵᠢᠬᠦᠯᠵᠤ᠂ ᠵᠠᠰᠠᠭ ᠤᠨ ᠶᠠᠪᠤᠳᠠᠯ ᠤᠨ 70% ᠶᠢᠨ ᠵᠦᠢᠯ ᠤᠳ ᠲᠤ ᠨᠢᠬᠡ ᠯᠠ ᠡᠬᠦᠳᠡ ᠪᠠᠷ ᠤᠷᠤᠬᠤ | ᠂ ᠨᠢᠬᠡ ᠯᠠ ᠤᠳᠠᠭ᠎ᠠ ᠳᠤ ᠦᠨᠡᠮᠯᠡᠯ ᠨᠤᠳᠠᠯᠠᠬᠤ ᠶᠢ ᠪᠡᠶᠡᠯᠡᠬᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠳᠠ ᠶᠢᠨ | ᠲᠦᠷᠦᠯ ᠵᠦᠢᠯ ᠤᠨ ᠬᠢᠨᠠᠨ ᠵᠦᠪᠰᠢᠶᠡᠷᠡᠯ ᠤᠨ ᠴᠠᠭ ᠢ ᠬᠠᠭᠠᠰ ᠠᠴᠠ ᠳᠡᠭᠡᠭᠰᠢ ᠪᠤᠭᠤᠨᠢᠰᠬᠠᠨ᠎ᠠ᠃ ᠦᠨᠡᠨᠴᠢ ᠢᠳᠡᠬᠡᠯ | ᠲᠠᠢ ᠵᠠᠰᠠᠭ ᠤᠨ ᠤᠷᠳᠤᠨ ᠤ ᠪᠠᠶᠢᠭᠤᠯᠤᠯᠳᠠ ᠶᠢ ᠰᠠᠶᠢᠲᠤᠷ ᠠᠳᠬᠤᠵᠤ᠂ ᠠᠮᠠᠯᠠᠭᠰᠠᠨ ᠬᠠᠷᠠᠭᠠᠯᠵᠠᠯ ᠤᠨ ᠲᠦᠷᠦ ᠶᠢᠨ | ᠪᠤᠳᠤᠯᠭ᠎ᠠ ᠶᠢ ᠪᠡᠶᠡᠯᠡᠬᠦᠯᠵᠤ᠂ ᠬᠡᠯᠡᠭᠰᠡᠨ ᠪᠤᠯ ᠳᠠᠷᠤᠢ ᠯᠠᠪᠳᠠᠢ ᠬᠢᠵᠤ ᠴᠢᠳᠠᠭᠰᠠᠨ ᠪᠠᠶᠢᠨ᠎ᠠ᠃ ᠠᠵᠤ ᠠᠬᠤᠶᠢᠯᠠᠯᠳᠠᠨ | ᠤ ᠬᠠᠤᠯᠢ ᠶᠤᠰᠤᠨ ᠤ ᠡᠷᠬᠡ ᠠᠰᠢᠭ ᠢ ᠪᠠᠳᠤᠯᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ | ᠪᠠᠶᠢᠭᠤᠯᠭ᠎ᠠ ᠠᠴᠠ ᠠᠵᠤ ᠠᠬᠤᠢ ᠶᠢᠨ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠰᠢᠯᠳᠠᠭᠠᠨ ᠢᠶᠠᠷ᠂ ᠠᠵᠤ | ᠠᠬᠤᠶᠢᠯᠠᠯ ᠤᠨ ᠬᠡᠪ ᠤᠨ ᠡᠵᠡᠩᠨᠡᠯᠳᠡ ᠶᠢᠨ ᠠᠵᠢᠯᠯᠠᠭ᠎ᠠ ᠳᠤ ᠭᠠᠷ ᠲᠦᠷᠦᠬᠦ ᠶᠢ ᠴᠢᠩᠭ᠎ᠠ ᠴᠠᠭᠠᠵᠠᠯᠠᠨ᠎ᠠ᠃ ᠪᠦᠬᠦᠨ ᠢ | ᠠᠳᠠᠯᠢ ᠪᠠᠷ ᠱᠠᠭᠠᠷᠳᠠᠬᠤ ᠬᠠᠤᠯᠢ ᠬᠡᠷᠡᠭᠵᠢᠬᠦᠯᠦᠯᠳᠡ ᠶᠢ ᠳᠠᠰᠤ ᠵᠠᠯᠠᠷᠠᠭᠤᠯᠵᠤ᠂ ᠴᠢᠯᠦᠬᠡᠳᠡᠢ ᠳᠠᠰᠤᠯᠬᠤ ᠡᠷᠬᠡ ᠶᠢ | ᠲᠦᠷᠢᠮᠵᠢᠭᠦᠯᠵᠦ᠂ ᠲᠤᠷ᠎ᠠ ᠪᠠᠷ ᠪᠠᠶᠢᠴᠠᠭᠠᠬᠤ᠂ ᠬᠠᠥᠯᠢ ᠬᠡᠷᠡᠭᠵᠢᠭᠦᠯᠬᠦ ᠨᠡᠷ᠎ᠡ ᠪᠠᠷ ᠠᠷᠠᠳ ᠶᠢ ᠦᠢᠮᠡᠭᠦᠯᠬᠦ ᠶᠢ | ᠰᠡᠷᠭᠡᠶᠢᠯᠡᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠳᠠᠨ ᠤ ᠬᠤᠪᠢ ᠪᠡᠶ᠎ᠡ ᠪᠠ ᠡᠳ᠋ ᠬᠦᠷᠦᠩᠭᠡ ᠶᠢᠨ ᠠᠮᠤᠷ | ᠲᠦᠪᠰᠢᠨ ᠢ ᠬᠠᠤᠯᠢ ᠶᠤᠰᠤᠭᠠᠷ ᠬᠠᠮᠠᠭᠠᠯᠠᠨ᠎ᠠ᠃ ᠠᠵᠤ ᠠᠬᠤᠶᠢᠯᠠᠯ ᠤᠨ ᠠᠵᠢᠯᠴᠢᠨ ᠡᠯᠰᠡᠬᠦ᠂ ᠤᠷᠤᠨ ᠰᠠᠭᠤᠴᠠ᠂ | ᠦᠷ᠎ᠡ ᠬᠡᠤᠬᠡᠳ ᠤᠨ ᠰᠤᠷᠭᠠᠭᠤᠯᠢ ᠳᠤ ᠤᠷᠤᠬᠤ ᠪᠠ ᠡᠷᠦᠬᠡ ᠠᠮᠠ ᠤᠷᠤᠬᠤ ᠵᠡᠷᠬᠡ ᠳᠠᠯ᠎ᠠ ᠶᠢᠨ ᠪᠤᠳᠠᠳᠠᠢ | ᠬᠦᠴᠢᠷᠳᠡᠯ ᠢ ᠨᠢ ᠢᠳᠡᠪᠬᠢᠳᠡᠢ ᠰᠢᠢᠳᠪᠦᠷᠢᠯᠡᠵᠤ᠂ ︽ᠬᠦᠰᠡᠭᠰᠡᠨ ᠪᠦᠬᠦᠨ ᠢ ᠬᠦᠰᠡᠷᠳᠡᠬᠦᠯᠬᠦ ᠦᠬᠡᠢ᠂ ᠤᠴᠢᠷ | ᠦᠬᠡᠢ ᠪᠤᠯ ᠰᠠᠨᠠᠭ᠎ᠠ ᠵᠤᠪᠠᠭ᠋ᠤ ᠦᠬᠡᠢ︾ ᠪᠠᠶᠢᠯᠭᠠᠨ᠎ᠠ᠃ | ᠳᠤᠳᠤᠭᠠᠳᠤ ᠭᠠᠳᠠᠭᠠᠳᠤ ᠨᠡᠬᠡᠬᠡᠯᠳᠡ ᠶᠢ ᠭᠤᠶᠢᠪᠢᠰᠢ ᠦᠬᠡᠢ ᠦᠷᠭᠡᠳᠭᠡᠨ᠎ᠡ᠃ ᠯᠢ ᠵᠢᠢ ᠾᠧᠩ ᠱᠦᠵᠢ ᠶᠢᠨ | ︽ᠪᠦᠬᠦ ᠤᠷᠤᠨ ᠤ ᠨᠡᠬᠡᠬᠡᠨ ᠬᠦᠭᠵᠢᠬᠦᠯᠦᠯᠳᠠ ᠨᠡᠬᠡᠬᠡᠯᠳᠡ ᠬᠢᠬᠦ ᠰᠢᠨ᠎ᠡ ᠦᠨᠳᠦᠷᠯᠢᠭ ᠢ ᠪᠠᠶᠢᠭᠤᠯᠬᠤ︾ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠨᠳᠦᠷ ᠬᠢᠷᠢ ᠲᠦᠪᠰᠢᠨ ᠲᠠᠢ ᠨᠡᠬᠡᠬᠡᠯᠳᠡ ᠪᠠᠷ ᠴᠢᠨᠠᠷ ᠰᠠᠶᠢᠳᠠᠢ | ᠬᠦᠭᠵᠢᠯᠳᠡ ᠶᠢ ᠲᠦᠯᠬᠢᠨ ᠠᠬᠢᠭᠤᠯᠤᠨ᠎ᠡ᠃ ︽ᠨᠢᠬᠡ ᠪᠦᠰᠡ ᠨᠢᠬᠡ ᠵᠠᠮ︾ ᠤᠨ ᠳᠤᠮᠳᠠᠳᠤ ᠮᠤᠩᠭᠤᠯ ᠤᠷᠤᠰ ᠤᠨ | ᠠᠵᠤ ᠠᠬᠤᠢ ᠶᠢᠨ ᠬᠤᠩᠬᠢᠯ ᠤᠨ ᠪᠦᠲᠦᠭᠡᠨ ᠪᠠᠶᠢᠭᠤᠯᠤᠯᠳᠠ ᠳᠤ ᠬᠦᠨᠴᠡ ᠪᠠᠷ ᠤᠷᠤᠯᠴᠠᠨ᠎ᠠ᠃ ᠬᠢᠯᠢ ᠶᠢᠨ | ᠪᠤᠭᠤᠮᠳᠠ ᠶᠢᠨ ᠳᠤᠳᠤᠷ᠎ᠡ ᠭᠠᠵᠠᠷ ᠤᠨ ᠬᠠᠷᠢᠴᠠᠭᠤᠯᠤᠭᠰᠠᠨ ᠳᠠᠪᠠᠭᠤᠯᠢᠭ ᠳᠠᠯ᠎ᠠ ᠶᠢ ᠪᠠᠳᠠᠷᠠᠭᠤᠯᠵᠤ᠂ ᠡᠷᠢᠶᠡᠨ ᠬᠤᠳᠠ | ᠶᠢᠨ ᠤᠯᠤᠰ ᠤᠨ ᠨᠡᠬᠡᠬᠡᠨ ᠬᠦᠭᠵᠢᠬᠦᠯᠦᠯᠳᠡ ᠨᠡᠬᠡᠬᠡᠯᠳᠡ ᠬᠢᠬᠦ ᠳᠤᠷᠰᠢᠯᠳᠡ ᠶᠢᠨ ᠤᠷᠤᠨ ᠳᠤ ᠲᠦᠰᠢᠵᠤ᠂ | ᠦᠪᠡᠷᠳᠡᠬᠡᠨ ᠵᠠᠰᠠᠬᠤ ᠤᠷᠤᠨ ᠤ ᠳᠤᠮᠳᠠ ᠬᠡᠰᠡᠭ ᠤᠨ ᠭᠠᠵᠠᠷ ᠤᠷᠤᠨ ᠳᠤ ᠰᠠᠴᠤᠷᠠᠭᠰᠠᠨ ᠵᠢᠨᠢᠩ ᠤᠨ ᠪᠠᠷᠠᠭ᠎ᠠ | ᠬᠦᠢᠯᠬᠡᠬᠡ ᠶᠢᠨ ᠲᠦᠪ ᠢ ᠲᠦᠷᠭᠡᠳᠭᠡᠨ ᠪᠦᠲᠦᠭᠡᠨ ᠪᠠᠶᠢᠭᠤᠯᠤᠨ᠎ᠡ᠃ ᠬᠢᠯᠢ ᠶᠢᠨ ᠪᠤᠭᠤᠮᠳᠠ ᠶᠢᠨ ᠠᠵᠤ ᠠᠬᠤᠢ ᠶᠢ | ᠶᠠᠬᠡᠪᠡᠷ ᠬᠦᠭᠵᠢᠭᠦᠯᠵᠦ᠂ B ᠮᠠᠶ᠋ᠢᠭ ᠤᠨ ᠭᠠᠶᠢᠯᠢ ᠪᠠᠳᠤᠯᠠᠬᠤ ᠪᠠᠷᠠᠭ᠎ᠠ ᠬᠦᠢᠯᠭᠡᠭᠡᠨ ᠤ ᠲᠦᠪ᠂ ᠠᠭᠠᠷ ᠠᠶᠠᠯᠠᠯ ᠤᠨ | ᠬᠢᠯᠢ ᠶᠢᠨ ᠪᠤᠭᠤᠮᠳᠠ ᠶᠢ ᠲᠦᠷᠭᠡᠳᠭᠡᠨ ᠪᠠᠶᠢᠭᠤᠯᠵᠤ᠂ ᠤᠯᠠᠨ ᠤᠯᠤᠰ ᠤᠨ ᠲᠦᠷᠭᠡᠨ ᠳᠠᠮᠵᠢᠭᠤᠯᠭ᠎ᠠ ᠶᠢᠨ | ᠬᠦᠮᠦᠷᠭᠡ᠂ ᠳᠤᠮᠳᠠᠳᠤ ᠮᠤᠩᠭᠤᠯ ᠤᠷᠤᠰ ᠤᠨ ᠠᠵᠤ ᠦᠢᠯᠡᠰ ᠤᠨ ᠬᠦᠷᠢᠶᠡᠯᠡᠩ ᠵᠡᠷᠬᠡ ᠲᠦᠷᠦᠯ ᠵᠦᠢᠯ ᠤᠳ ᠢ | ᠪᠦᠲᠦᠭᠡᠨ ᠪᠠᠶᠢᠭᠤᠯᠵᠤ᠂ ᠰᠤᠪᠠᠭ ᠱᠣᠭᠤᠮ ᠤᠨ ᠠᠵᠤ ᠠᠬᠤᠢ ᠠᠴᠠ ᠭᠠᠵᠠᠷᠳᠠᠯ ᠤᠨ ᠠᠵᠤ ᠠᠬᠤᠢ ᠳᠡᠰᠢ ᠬᠡᠯᠪᠡᠷᠢ | ᠪᠠᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠤᠷᠤᠰ ᠮᠤᠩᠭᠤᠯ ᠯᠤᠭ᠎ᠠ ᠶᠢᠨ ᠰᠠᠭᠤᠷᠢ ᠳᠦᠬᠦᠬᠡᠷᠦᠮᠵᠢ ᠶᠢᠨ | ᠬᠠᠷᠢᠯᠴᠠᠨ ᠬᠤᠯᠪᠤᠭᠠᠯᠠᠭᠰᠠᠨ ᠬᠠᠷᠢᠯᠴᠠᠨ ᠨᠡᠪᠳᠡᠷᠡᠯᠴᠡᠭᠰᠡᠨ ᠬᠠᠮᠳᠤᠷᠠᠯᠴᠠᠭ᠎ᠠ ᠶᠢ ᠴᠢᠩᠭᠠᠳᠬᠠᠵᠤ᠂ ᠤᠯᠠᠭᠠᠨᠴᠠᠪ | — ᠤᠯᠠᠭᠠᠨᠪᠠᠭᠠᠳᠤᠷ — ᠤᠯᠠᠭᠠᠨᠬᠦᠳᠡ ᠶᠢᠨ ︽ᠭᠤᠷᠪᠠᠨ ᠤᠯᠠᠭᠠᠨ︾ ᠵᠠᠮ ᠨᠡᠪᠳᠡᠷᠡᠯᠭᠡ ᠶᠢᠨ ᠪᠦᠲᠦᠭᠡᠨ | ᠪᠠᠶᠢᠭᠤᠯᠤᠯᠳᠠ ᠶᠢᠨ ᠡᠷᠴᠢᠮ ᠢ ᠴᠢᠩᠭᠠᠳᠬᠠᠵᠤ᠂ ᠬᠢᠯᠢ ᠦᠩᠭᠡᠷᠡᠬᠦ ᠭᠠᠯᠲᠤ ᠲᠡᠷᠭᠡᠨ ᠤ ᠬᠦᠷᠳᠦ ᠰᠤᠯᠢᠬᠤ ᠲᠦᠷᠦᠯ | ᠵᠦᠢᠯ ᠢ ᠲᠦᠯᠬᠢᠨ ᠠᠬᠢᠭᠤᠯᠵᠤ᠂ ᠮᠤᠩᠭᠤᠯ᠂ ᠤᠷᠤᠰ ᠵᠡᠷᠬᠡ ᠶᠢᠨ ᠠᠭᠠᠷ ᠠᠶᠠᠯᠠᠯ ᠤᠨ ᠱᠣᠭᠤᠮ ᠢ ᠴᠢᠷᠮᠠᠶᠢᠨ | ᠨᠡᠪᠳᠡᠷᠡᠬᠦᠯᠦᠨ᠎ᠡ᠃ ᠮᠤᠩᠭᠤᠯ ᠤᠯᠤᠰ ᠤᠨ ᠳᠤᠷᠤᠨᠠᠭᠤᠪᠢ ᠠᠶᠢᠮᠠᠭ᠂ ᠤᠷᠤᠰ ᠤᠨ ᠪᠦᠷᠢᠶᠡᠳ ᠤᠨ | ᠬᠤᠳᠠᠯᠳᠤᠭᠠᠴᠢᠳ ᠤᠨ ᠡᠪᠯᠡᠯ ᠤᠨ ᠬᠠᠮᠳᠤᠷᠠᠯᠴᠠᠭᠠᠨ ᠤ ᠵᠦᠪᠯᠡᠯᠴᠡᠬᠡᠷ ᠢ ᠨᠠᠶᠢᠳᠠᠪᠤᠷᠢᠵᠢᠭᠤᠯᠵᠤ᠂ ᠤᠷᠤᠰ ᠮᠤᠩᠭᠤᠯ | ᠡᠸᠦ᠋ᠷᠦᠫᠡ ᠶᠢᠨ ᠠᠵᠤ ᠠᠬᠤᠶᠢᠯᠠᠯ ᠢ ᠢᠳᠡᠪᠬᠢᠳᠡᠢ ᠤᠷᠤᠭᠤᠯᠵᠤ᠂ ᠭᠠᠳᠠᠭᠠᠳᠤ ᠠᠷᠠᠯᠵᠢᠶᠠᠨ ᠤ ᠬᠦᠭᠵᠢᠯᠳᠡ ᠶᠢᠨ | ᠬᠢᠷᠢ ᠲᠦᠪᠰᠢᠨ ᠢ ᠳᠡᠭᠡᠭᠰᠢᠯᠡᠬᠦᠯᠵᠤ᠂ ᠭᠠᠳᠠᠭᠠᠳᠤ ᠤᠷᠤᠭᠤᠯᠤᠯᠳᠠ ᠭᠠᠷᠭᠠᠯᠳᠠ ᠶᠢᠨ ᠶᠡᠷᠦᠩᠬᠡᠢ ᠳᠤᠭ᠎ᠠ ᠶᠢ ᠳᠠᠬᠢᠨ | ᠢᠶᠠᠷ ᠨᠡᠮᠡᠭᠳᠡᠬᠦᠯᠬᠦ ᠪᠠᠷ ᠬᠦᠴᠦᠯᠡᠨ ᠴᠢᠷᠮᠠᠶᠢᠨ᠎ᠠ᠃ ᠳᠦᠷᠪᠡᠳᠦᠬᠡᠷ ᠬᠤᠭᠤᠴᠠᠭᠠᠨ ᠤ ᠳᠤᠮᠳᠠᠳᠤ ᠤᠷᠤᠰ ᠮᠤᠩᠭᠤᠯ | ᠭᠤᠷᠪᠠᠨ ᠤᠯᠤᠰ ᠤᠨ ᠵᠢᠭᠤᠯᠴᠢᠯᠠᠯ ᠤᠨ ᠰᠠᠶᠢᠳ ᠨᠠᠷ ᠤᠨ ᠵᠦᠪᠯᠡᠯ ᠤᠨ ᠬᠤᠷᠠᠯ᠂ ᠭᠤᠷᠪᠠᠳᠤᠭᠠᠷ ᠬᠤᠭᠤᠴᠠᠭᠠᠨ ᠤ | ᠲᠤᠮᠳᠠᠳᠤ ᠮᠤᠩᠭᠤᠯ ᠤᠷᠤᠰ ᠤᠨ ᠦᠵᠡᠰᠭᠦᠯᠡᠩ ᠤᠨ ᠬᠤᠳᠠᠯᠳᠤᠭ᠎ᠠ᠂ ᠳᠤᠮᠳᠠᠳᠤ ᠤᠷᠤᠰ ᠮᠤᠩᠭᠤᠯ ᠤᠨ ᠠᠮᠳᠠᠳᠤ | ᠢᠳᠡᠬᠡᠨ ᠤ ᠰᠤᠶᠤᠯ ᠤᠨ ᠨᠠᠶᠢᠷ ᠵᠡᠷᠬᠡ ᠦᠵᠡᠰᠬᠦᠯᠡᠩ ᠤᠨ ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃ ᠪᠡᠬᠡᠵᠢᠩ | ᠲᠢᠶᠠᠨᠵᠢᠨ ᠡᠾᠧᠪᠸᠢ ᠶᠢᠨ ᠬᠠᠮᠳᠤᠷᠠᠭᠰᠠᠨ ᠬᠦᠭᠵᠢᠯᠳᠡ ᠳᠤ ᠬᠦᠨᠴᠡ ᠪᠠᠷ ᠠᠭᠤᠰᠤᠯᠴᠠᠨ᠎ᠠ᠃ ᠪᠡᠭᠡᠵᠢᠩ | ᠬᠦᠬᠡᠬᠤᠲᠠ ᠶᠢᠨ ᠬᠤᠷᠳᠤᠨ ᠤ ᠳᠡᠮᠦᠷ ᠵᠠᠮ ᠨᠡᠪᠳᠡᠷᠡᠭᠰᠡᠨ ᠢᠶᠠᠷ ᠳᠤᠬᠢᠶᠠᠯᠳᠤᠯ ᠪᠤᠯᠭᠠᠵᠤ᠂ ᠵᠠᠰᠠᠭ ᠤᠨ ᠤᠷᠳᠤᠨ᠂ | ᠵᠠᠬ᠎ᠠ ᠳᠡᠯᠬᠡᠬᠦᠷ᠂ ᠨᠡᠶᠢᠬᠡᠮ ᠤᠨ ᠬᠦᠴᠦᠨ ᠢ ᠬᠦᠢᠴᠡᠳ ᠳᠠᠶᠢᠴᠢᠯᠠᠵᠤ᠂ ᠬᠤᠳᠠ ᠶᠢᠨ ᠤᠯᠠᠨ ᠨᠡᠶᠢᠳᠡ ᠶᠢᠨ | ᠳᠦᠬᠦᠬᠡᠷᠦᠮᠵᠢ᠂ ᠪᠠᠭᠤᠳᠠᠯ ᠤᠨ ᠦᠢᠯᠡᠴᠢᠯᠡᠭᠡ᠂ ᠴᠢᠳᠠᠪᠤᠷᠢᠳᠡᠨ ᠤ ᠤᠷᠤᠭᠤᠯᠤᠯᠳᠠ᠂ ᠬᠡᠷᠡᠭᠯᠡᠬᠡᠨ ᠤ ᠤᠷᠴᠢᠨ | ᠳᠤᠭᠤᠷᠢᠨ ᠤ ᠳᠤᠮᠤ ᠨᠡᠶᠢᠳᠬᠡᠯ ᠳᠤᠮᠤ ᠳᠡᠭᠡᠭᠰᠢᠯᠡᠯᠳᠡ ᠶᠢ ᠲᠦᠷᠭᠡᠳᠭᠡᠨ ᠲᠦᠯᠬᠢᠨ ᠠᠬᠢᠭᠤᠯᠤᠨ᠎ᠡ᠃ ᠪᠡᠬᠡᠵᠢᠩ | ᠦᠪᠦᠷ ᠮᠤᠩᠭᠤᠯ ᠤᠨ ᠬᠠᠮᠳᠤᠷᠠᠯᠴᠠᠭᠠᠨ ᠤ ᠠᠵᠤ ᠦᠢᠯᠡᠰ ᠤᠨ ᠬᠦᠷᠢᠶᠡᠯᠡᠩ ᠢ ᠦᠨᠳᠦᠷ ᠪᠠᠷᠢᠮᠵᠢᠶ᠎ᠠ ᠪᠠᠷ ᠪᠦᠲᠦᠭᠡᠨ | ᠪᠠᠶᠢᠭᠤᠯᠵᠤ᠂ ᠪᠡᠬᠡᠵᠢᠩ ᠤᠨ ᠲᠦᠷᠦᠯ ᠵᠦᠢᠯ᠂ ᠠᠵᠤ ᠦᠢᠯᠡᠰ᠂ ᠲᠦᠷᠦ ᠶᠢᠨ ᠪᠤᠳᠤᠯᠭ᠎ᠠ ᠤᠨ ᠵᠤᠯᠭᠠᠯᠳᠤᠭᠠ ᠶᠢ | ᠴᠢᠷᠮᠠᠶᠢᠨ ᠤᠯᠬᠤ ᠶᠢ ᠰᠠᠶᠢᠲᠤᠷ ᠬᠢᠵᠤ᠂ ︽ᠤᠭᠤᠷᠴᠤᠭ ᠬᠠᠷᠢᠶ᠎ᠠ ᠭᠠᠵᠠᠷ ᠤᠨ ᠠᠵᠤ ᠠᠬᠤᠢ︾ ᠶᠢ ᠶᠡᠬᠡᠪᠡᠷ | ᠬᠦᠭᠵᠢᠭᠦᠯᠦᠨ᠎ᠠ᠃ ᠵᠢᠨᠢᠩ ᠳ᠋ᠠᠲ᠋ᠦ᠋ᠩ ᠤᠨ ᠬᠤᠷᠳᠤᠨ ᠤ ᠳᠡᠮᠦᠷ ᠵᠠᠮ ᠳᠤ ᠭᠠᠵᠠᠷ ᠳᠠᠳᠠᠪᠤᠷᠢᠯᠠᠬᠤ᠂ ᠨᠤᠷᠠᠭᠠᠨ | ᠨᠡᠬᠦᠯᠬᠡᠬᠦ᠂ ᠪᠡᠯᠡ ᠮᠦᠩᠬᠦ ᠵᠡᠷᠬᠡ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠲᠦᠷᠭᠡᠳᠭᠡᠵᠦ᠂ ᠲᠦᠷᠦᠯ ᠵᠦᠢᠯ | ᠤᠨ ᠪᠠᠷᠢᠯᠭ᠎ᠠ ᠶᠢᠨ ᠠᠵᠢᠯ ᠢ ᠡᠷᠳᠡ ᠨᠢᠬᠡᠨ ᠡᠳᠦᠷ ᠡᠬᠢᠯᠡᠬᠦᠯᠵᠤ ᠪᠦᠲᠦᠭᠡᠨ ᠪᠠᠶᠢᠭᠤᠯᠤᠨ᠎ᠡ᠃ ᠬᠤᠷᠳᠤᠨ ᠤ ᠳᠡᠮᠦᠷ | ᠵᠠᠮ ᠤᠨ ᠳᠡᠷᠬᠡᠨ ᠦᠷᠳᠡᠭᠡ ᠵᠢᠴᠢ ᠡᠷᠬᠢᠨ ᠳᠤᠭᠤᠷᠢᠨ ᠤ ᠤᠷᠤᠨ ᠳᠤᠭᠤᠷᠢᠭ ᠢ ᠰᠠᠶᠢᠲᠤᠷ ᠲᠦᠯᠦᠪᠵᠢᠬᠦᠯᠦᠨ | ᠪᠦᠲᠦᠭᠡᠨ ᠪᠠᠶᠢᠭᠤᠯᠵᠤ ᠂ ᠵᠢᠨᠢᠩ ᠴᠢᠭᠤᠯᠤᠯᠲᠦ ᠬᠠᠭᠠᠯᠭ᠎ᠠ᠂ ᠵᠢᠨᠢᠩ ᠳ᠋ᠠᠲ᠋ᠦ᠋ᠩ ᠤᠨ ︽ᠬᠤᠷᠳᠤᠨ ᠤ ᠭᠠᠯᠳᠤ ᠳᠡᠷᠬᠡ | ᠶᠢᠨ ᠠᠵᠤ ᠠᠬᠤᠢ ᠶᠢᠨ ᠬᠤᠩᠬᠢᠯ︾ ᠢ ᠪᠦᠬᠦ ᠬᠤᠳᠠ ᠶᠢᠨ ᠠᠵᠤ ᠠᠬᠤᠢ ᠶᠢᠨ ᠰᠢᠨ᠎ᠡ ᠨᠡᠮᠡᠭᠳᠡᠯ ᠤᠨ ᠲᠦᠢᠯ | ᠪᠤᠯᠭᠠᠨ ᠪᠤᠶᠢᠵᠢᠭᠤᠯᠤᠨ᠎ᠡ᠃ ᠤᠯᠠᠭᠠᠨᠴᠠᠪ ᠳ᠋ᠠᠲ᠋ᠦ᠋ᠩ ᠴᠢᠭᠤᠯᠤᠯᠳᠤ ᠬᠠᠭᠠᠯᠭ᠎ᠠ ᠶᠢᠨ ᠬᠠᠮᠳᠤᠷᠠᠯᠴᠠᠭᠠᠨ ᠤ ᠬᠦᠭᠵᠢᠯᠳᠡ | ᠶᠢᠨ ᠵᠢᠱᠢᠶ᠎ᠡ ᠦᠵᠡᠬᠦᠯᠬᠦ ᠲᠤᠭᠤᠷᠢᠭ ᠢ ᠢᠳᠡᠪᠬᠢᠲᠠᠢ ᠪᠠᠶᠢᠭᠤᠯᠤᠨ᠎ᠡ᠃ ᠬᠦᠬᠡᠬᠤᠳᠠ ᠪᠤᠭᠤᠳᠤ ᠤᠷᠳᠤᠰ ᠪᠤᠯᠤᠨ | ᠤᠯᠠᠭᠠᠨᠴᠠᠪ ᠤᠨ ᠵᠤᠬᠢᠴᠠᠯᠳᠤᠭ᠎ᠠ ᠬᠦᠭᠵᠢᠯᠳᠡ ᠶᠢ ᠬᠦᠨᠴᠡ ᠪᠠᠷ ᠲᠦᠯᠬᠢᠨ ᠠᠬᠢᠭᠤᠯᠤᠨ᠎ᠠ᠂ ᠲᠦᠯᠦᠪᠵᠢᠬᠦᠯᠬᠡ ᠶᠢ | ᠵᠠᠯᠭᠠᠯᠳᠤᠭᠤᠯᠬᠤ ᠪᠠ ᠲᠦᠷᠦ ᠶᠢᠨ ᠪᠤᠳᠤᠯᠭ᠎ᠠ ᠶᠢ ᠵᠤᠯᠭᠠᠯᠳᠤᠭᠤᠯᠬᠤ ᠶᠢ ᠰᠠᠶᠢᠲᠤᠷ ᠬᠢᠵᠤ᠂ ᠰᠠᠭᠤᠷᠢ ᠳᠤᠨᠤᠭ | ᠲᠦᠬᠦᠭᠡᠷᠦᠮᠵᠢ ᠲᠠᠢ ᠬᠠᠷᠢᠯᠴᠠᠨ ᠬᠤᠯᠪᠤᠭᠳᠠᠭᠤᠯᠵᠤ ᠬᠠᠷᠢᠯᠴᠠᠨ ᠨᠡᠪᠳᠡᠷᠡᠬᠦᠯᠬᠦ ᠶᠢ ᠲᠦᠯᠬᠢᠨ ᠠᠬᠢᠭᠤᠯᠵᠤ᠂ | ᠴᠢᠳᠠᠪᠤᠷᠢᠳᠡᠨ᠂ ᠬᠦᠷᠦᠩᠭᠡ᠂ ᠮᠡᠷᠬᠡᠵᠢᠯ ᠵᠡᠷᠬᠡ ᠴᠢᠬᠤᠯᠠ ᠡᠯᠧᠮᠧᠨ᠋ᠲ ᠤᠨ ᠴᠤᠭᠯᠠᠷᠠᠯ ᠤᠨ ᠦᠨᠳᠦᠷᠯᠢᠭ ᠢ ᠬᠠᠮᠳᠤ | ᠪᠠᠷ ᠪᠠᠶᠢᠭᠤᠯᠵᠤ᠂ ᠦᠪᠡᠷᠳᠡᠬᠡᠨ ᠵᠠᠰᠠᠬᠤ ᠤᠷᠤᠨ ᠤ ᠤᠳᠤᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢᠨ | ᠠᠴᠢᠶᠠᠯᠠᠬᠤ ᠤᠷᠤᠨ ᠪᠠ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠬᠦᠳᠡᠯᠬᠡᠬᠦᠷ ᠢ ᠪᠠᠶᠢᠭᠤᠯᠤᠨ᠎ᠡ᠃ | ᠬᠤᠳᠠᠯᠳᠤᠭᠠᠴᠢᠨ ᠤᠷᠢᠵᠤ ᠪᠡᠯᠡ ᠳᠠᠳᠠᠬᠤ ᠪᠠ ᠲᠦᠷᠦᠯ ᠵᠦᠢᠯ ᠢ ᠪᠦᠲᠦᠭᠡᠨ ᠪᠠᠶᠢᠭᠤᠯᠬᠤ ᠡᠷᠴᠢᠮ ᠢᠶᠠᠨ | ᠴᠢᠩᠭᠠᠷᠠᠭᠤᠯᠤᠨ᠎ᠡ᠃ ᠪᠡᠯᠡ ᠤᠷᠤᠭᠤᠯᠤᠯᠳᠠ ᠶᠢᠨ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠵᠢᠯ ᠤᠨ | ᠳᠤᠳᠤᠷ᠎ᠡ ᠪᠠᠷᠢᠯᠭ᠎ᠠ ᠶᠢᠨ ᠠᠵᠢᠯ ᠢ 100 ᠡᠬᠢᠯᠡᠬᠦᠯᠵᠤ᠂ 100 ᠶᠢ ᠠᠰᠢᠭᠯᠠᠯᠳᠠ ᠳᠤ ᠤᠷᠤᠭᠤᠯᠵᠤ᠂ ᠠᠵᠤ | ᠦᠢᠯᠡᠰ ᠤᠨ 100 ᠲᠦᠷᠦᠯ ᠵᠦᠢᠯ ᠢ ᠨᠦᠬᠡᠴᠡᠯᠡᠨ᠎ᠡ᠃ ᠤᠨᠢᠨ ᠳᠡᠬᠡᠷ᠎ᠡ ᠨᠢ ᠬᠤᠳᠠᠯᠳᠤᠭᠠᠴᠢᠨ ᠤᠷᠢᠬᠤ ᠶᠢ | ᠶᠠᠪᠤᠭᠳᠠᠭᠤᠯᠤᠨᠡ᠃ ︽ᠬᠤᠳᠠᠯᠳᠤᠭᠠᠴᠢᠨ ᠤᠷᠢᠵᠤ ᠪᠡᠯᠡ ᠳᠠᠳᠠᠬᠤ ᠰᠢᠪᠲᠤᠯᠤᠯᠲᠠ ᠶᠢᠨ ᠤᠨ︾ ᠢᠶᠠᠷ ᠭᠤᠤᠯ | ᠰᠡᠳᠤᠪ ᠪᠤᠯᠭᠠᠨ ᠪᠡᠬᠡᠵᠢᠩ ᠲᠢᠶᠠᠨᠵᠢᠨ ᠡᠾᠧᠪᠸᠢ᠂ ᠬᠦᠬᠡ ᠮᠦᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ | ᠤ ᠭᠤᠷᠪᠠᠯᠵᠢᠨ ᠬᠤᠶᠢᠭ ᠵᠡᠷᠬᠡ ᠬᠦᠭᠵᠢᠭᠰᠡᠨ ᠭᠠᠵᠠᠷ ᠤᠷᠤᠨ ᠢ ᠤᠨᠢᠯᠠᠵᠤ᠂ ᠬᠠᠷᠭᠠᠯᠵᠠᠯ ᠤᠨ ᠲᠦᠷᠦ ᠶᠢᠨ | ᠪᠤᠳᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠬᠦᠯᠵᠦ᠂ ᠳᠤᠨᠤᠭ ᠳᠦᠬᠦᠬᠡᠷᠦᠮᠵᠢ ᠦᠢᠯᠡᠳᠬᠦ᠂ ᠳ᠋ᠠᠶᠢᠲ᠋ᠠ ᠶᠢᠨ | ᠬᠡᠷᠡᠭᠯᠡᠯᠳᠡ᠂ ᠰᠢᠨ᠎ᠡ ᠡᠨᠧᠷᠬᠢ ᠰᠰᠢᠨᠡ ᠮᠠᠲ᠋ᠧᠷᠢᠶᠠᠯ ᠵᠡᠷᠭᠡ ᠳᠡᠭᠡᠳᠦ ᠠᠳᠠᠭ ᠲᠤ ᠬᠤᠯᠪᠤᠭᠳᠠᠬᠤ ᠠᠵᠤ ᠦᠢᠯᠡᠰ ᠢ | ᠭᠤᠤᠯᠳᠠᠯᠭ᠎ᠠ ᠲᠠᠢ ᠳᠠᠳᠠᠨ ᠤᠷᠤᠭᠤᠯᠤᠨ᠎ᠡ᠃ ᠭᠤᠷᠪᠠᠳᠤᠭᠠᠷ ᠬᠤᠭᠤᠴᠠᠭᠠᠨ ᠤ ᠦᠪᠦᠷ ᠮᠤᠩᠭᠤᠯ ᠤᠨ | ᠬᠤᠳᠠᠯᠳᠤᠭᠠᠴᠢᠳ ᠤᠨ ᠶᠡᠭᠡ ᠬᠤᠷᠠᠯ᠂ ᠪᠦᠬᠦ ᠤᠯᠤᠰ ᠤᠨ ᠬᠦᠮᠦᠨ ᠬᠡᠷᠡᠭᠰᠡᠬᠦ ᠦᠬᠡᠢ ᠨᠢᠰᠭᠡᠯ ᠤᠨ ᠰᠢᠰᠲ᠋ᠧᠮ ᠤᠨ | ᠶᠡᠭᠡ ᠬᠤᠷᠠᠯ ᠵᠡᠷᠬᠡ ᠦᠵᠡᠰᠬᠦᠯᠡᠩ ᠤᠨ ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃ ᠴᠢᠬᠤᠯᠠ ᠡᠯᠧᠮᠧᠨ᠋ᠲ ᠤᠨ | ᠪᠠᠳᠤᠯᠠᠭ᠎ᠠ ᠶᠢ ᠴᠢᠩᠭᠠᠳᠬᠠᠨ᠎ᠠ᠃ ︽ᠳᠠᠪᠠᠭᠤᠯᠢᠭ ᠳᠠᠯ᠎ᠠ ᠢᠶᠠᠨ ᠬᠠᠷᠢᠯᠴᠠᠨ ᠨᠦᠬᠦᠪᠦᠷᠢᠯᠡᠬᠦ᠂ ᠤᠭ ᠤᠷᠤᠨ ᠠᠴᠠ ᠨᠢ | ᠰᠢᠯᠵᠢᠬᠦᠯᠦᠨ ᠬᠦᠭᠵᠢᠬᠦᠯᠬᠦ︾ ᠶᠢ ᠪᠠᠷᠢᠮᠳᠠᠯᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ ᠤᠨ | ᠪᠦᠲᠦᠭᠡᠨ ᠪᠠᠶᠢᠭᠤᠯᠤᠯᠳᠠ ᠶᠢ ᠨᠢᠬᠡᠳᠦᠯᠳᠡᠢ ᠲᠦᠯᠦᠪᠯᠡᠨ ᠲᠦᠯᠬᠢᠨ ᠠᠬᠢᠭᠤᠯᠵᠤ᠂ ᠰᠠᠭᠤᠷᠢ ᠳᠦᠬᠦᠬᠡᠷᠦᠮᠵᠢ ᠶᠢᠨ | ᠢᠵᠢ ᠪᠦᠷᠢᠳᠦᠭᠰᠡᠨ ᠳᠦᠬᠦᠬᠡᠷᠦᠮᠵᠢ ᠶᠢᠨ ᠳᠤᠳᠠᠭᠤᠳᠠᠯ ᠢ ᠬᠦᠢᠴᠡᠳ ᠨᠦᠬᠦᠪᠦᠷᠢᠯᠡᠵᠤ᠂ ᠠᠵᠤ ᠦᠢᠯᠡᠰ ᠤᠨ | ᠬᠦᠷᠢᠶᠡᠯᠡᠩ ᠳᠤᠭᠤᠷᠢᠭ ᠤᠷᠤᠭᠤ ᠲᠦᠪᠯᠡᠷᠡᠬᠦ᠂ ᠴᠢᠬᠤᠯᠠ ᠡᠯᠧᠮᠧᠨ᠋ᠲ ᠤᠨ ᠬᠦᠷᠢᠶᠡᠯᠡᠩ ᠳᠤᠭᠤᠷᠢᠭ ᠤᠷᠤᠭᠤ | ᠴᠤᠭᠯᠠᠷᠠᠬᠤ ᠶᠢ ᠲᠦᠯᠬᠢᠨ ᠠᠬᠢᠭᠤᠯᠤᠨ᠎ᠡ᠃ ᠳᠤᠮᠳᠠᠳᠤ ᠤᠯᠤᠰ ᠤᠨ ᠨᠢᠭᠡᠳᠦᠭᠰᠡᠨ ᠬᠤᠯᠪᠤᠭᠠᠨ ᠤ ᠳᠤᠤᠷ | ᠰᠦᠯᠵᠢᠶ᠎ᠡ ᠪᠡᠭᠡᠵᠢᠩ ᠤᠨ ᠵᠠᠩᠬᠢᠯᠠᠭ᠎ᠠ ᠶᠢᠨ ᠴᠡᠭ ᠲᠤ ᠰᠢᠭᠤᠳ ᠨᠡᠪᠳᠡᠷᠡᠬᠦ ᠪᠦᠲᠦᠭᠡᠨ ᠪᠠᠶᠢᠭᠤᠯᠤᠯᠳᠠ ᠶᠢ | ᠲᠦᠷᠭᠡᠳᠭᠡᠨ᠎ᠡ᠃ ᠴᠠᠬᠢᠯᠭᠠᠨ ᠬᠦᠴᠦᠨ ᠤ ᠰᠠᠭᠤᠷᠢ ᠳᠤᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ | ᠴᠢᠨᠠᠭᠰᠢᠳᠠ ᠳᠡᠬᠦᠯᠳᠡᠷᠵᠢᠬᠦᠯᠵᠦ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ 500ᠺᠢᠯᠤᠸᠠᠲ᠂ ᠵᠢᠥᠢ | ᠪᠤᠤ ᠵᠤᠸᠠᠩ ᠤᠨ 500 ᠺᠢᠯᠤᠸᠠᠲ ᠤᠨ ᠴᠠᠬᠢᠯᠭᠠᠨ ᠬᠤᠪᠢᠰᠬᠠᠭᠤᠷ ᠤᠨ ᠦᠷᠳᠡᠭᠡ ᠵᠡᠷᠬᠡ ᠲᠦᠷᠦᠯ ᠵᠦᠢᠯ ᠤᠨ | ᠪᠠᠷᠢᠯᠭ᠎ᠠ ᠶᠢᠨ ᠠᠵᠢᠯ ᠢ ᠡᠬᠢᠯᠡᠬᠦᠯᠦᠨ ᠪᠦᠲᠦᠭᠡᠨ ᠪᠠᠶᠢᠭᠤᠯᠤᠨ᠎ᠡ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ | ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠳᠠ ᠶᠢ ᠬᠦᠨᠵᠡᠬᠡᠢ ᠬᠢᠵᠤ᠂ ᠤᠯᠤᠰ ᠤᠨ ᠭᠠᠵᠠᠷ ᠰᠢᠷᠤᠢ ᠶᠢᠨ ᠤᠷᠤᠨ | ᠵᠠᠢ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠵᠤ᠂ ᠬᠤᠳᠠ ᠬᠦᠳᠡᠭᠡ ᠶᠢᠨ ᠡᠯ᠎ᠡ ᠲᠦᠷᠦᠯ ᠤᠨ ᠬᠡᠷᠡᠭᠯᠡᠬᠡᠨ ᠤ | ᠭᠠᠵᠠᠷ ᠤᠨ ᠬᠡᠷᠡᠭᠯᠡᠯᠳᠡ ᠪᠠ ᠡᠷᠬᠡ ᠶᠢᠨ ᠬᠠᠷᠢᠶᠠᠯᠠᠯ ᠤᠨ ᠪᠠᠶᠢᠳᠠᠯ ᠢ ᠵᠤᠬᠢᠰᠳᠠᠢ ᠵᠠᠭᠠᠭᠯᠠᠨ ᠳᠤᠭᠳᠠᠭᠠᠨ᠎ᠠ᠃ ᠰᠤᠯᠠ | ᠬᠡᠷᠡᠭᠯᠡᠬᠡᠨ ᠤ ᠭᠠᠵᠠᠷ ᠤᠨ ᠴᠡᠪᠡᠷᠯᠡᠯᠳᠡ ᠶᠢ ᠶᠠᠪᠤᠭᠤᠯᠵᠤ᠂ ᠠᠵᠤ ᠦᠢᠯᠡᠳᠪᠦᠷᠢ ᠶᠢᠨ ᠬᠡᠷᠡᠭᠯᠡᠬᠡᠨ ᠤ ᠭᠠᠵᠠᠷ ᠤᠨ | ᠡᠬᠢ ᠪᠠᠶᠠᠯᠢᠭ ᠢ ᠡᠷᠬᠢᠯᠳᠡ ᠳᠤ ᠤᠷᠤᠭᠤᠯᠵᠤ᠂ ᠤᠷᠳᠤ ᠬᠤᠭᠤᠴᠠᠭ᠎ᠠ ᠪᠠᠷ ᠦᠢᠯᠡᠳᠪᠦᠷᠢᠯᠡᠯ ᠢᠶᠠᠨ ᠵᠤᠭᠰᠤᠭᠠᠭᠰᠠᠨ | ᠠᠵᠤ ᠠᠬᠤᠶᠢᠯᠠᠯ ᠤᠨ ᠭᠠᠵᠠᠷ ᠰᠢᠷᠤᠢ ᠶᠢ ᠬᠤᠷᠢᠶᠠᠮᠵᠢᠯᠠᠨ ᠨᠦᠬᠡᠴᠡᠯᠡᠬᠦ ᠠᠵᠢᠯ ᠢ ᠰᠠᠶᠢᠲᠤᠷ ᠬᠢᠨ᠎ᠡ᠃ ᠪᠦᠲᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠨᠡᠮᠡᠭᠳᠡᠬᠦᠯᠬᠦ ᠬᠦᠢᠴᠡᠳᠬᠡᠬᠦ ᠳᠤᠭ᠎ᠠ ᠶᠢ ᠴᠢᠩᠭ᠎ᠠ ᠳᠤᠬᠢᠷᠠᠭᠤᠯᠤᠨ ᠡᠵᠡᠮᠰᠢᠵᠤ | ᠂ ᠭᠤᠤᠯᠳᠠᠯᠭ᠎ᠠ ᠲᠠᠢ ᠳᠤᠮᠤ ᠲᠦᠷᠦᠯ ᠵᠦᠢᠯ᠂ ᠠᠷᠠᠳ ᠤᠨ ᠠᠮᠢᠳᠤᠷᠠᠯ ᠤᠨ ᠢᠨᠵᠧᠨᠧᠷᠢᠩ ᠵᠡᠷᠬᠡ ᠭᠠᠵᠠᠷ ᠬᠡᠷᠡᠭᠯᠡᠬᠦ | ᠬᠡᠷᠡᠭᠴᠡᠭᠡ ᠶᠢ ᠪᠠᠳᠤᠯᠠᠨ᠎ᠠ᠃ ᠲᠦᠷᠦᠯ ᠵᠦᠢᠯ ᠤᠨ ᠳᠤᠬᠢᠷᠠᠭᠤᠯᠤᠯᠳᠠ ᠶᠢ ᠴᠢᠩᠭᠠᠳᠬᠠᠨ᠎ᠠ᠃ ᠪᠠᠶᠠᠨᠴᠠᠭᠠᠨ ᠠᠴᠠ | ᠠᠨ ᠶᠧ ᠬᠦᠷᠬᠦ ᠦᠨᠳᠦᠷ ᠬᠤᠷᠳᠤᠴᠠᠳᠤ ᠵᠠᠰᠠᠮᠠᠯ ᠵᠠᠮ ᠵᠡᠷᠬᠡ ᠭᠤᠤᠯᠳᠠᠯᠭ᠎ᠠ ᠲᠠᠢ ᠲᠦᠷᠦᠯ ᠵᠦᠢᠯ ᠢ ᠶᠠᠪᠤᠭᠳᠠᠭᠤᠯᠵᠤ | ᠂ ᠨᠢᠬᠡ ᠪᠦᠯᠦᠭ ᠡᠬᠢ ᠪᠠᠶᠠᠯᠢᠭ ᠤᠨ ᠵᠠᠮ᠂ ᠠᠵᠤ ᠦᠢᠯᠡᠰ ᠤᠨ ᠵᠠᠮ᠂ ᠵᠢᠭᠤᠯᠴᠢᠯᠠᠯ ᠤᠨ ᠵᠠᠮ ᠢ ᠲᠦᠯᠦᠪᠵᠢᠬᠦᠯᠦᠨ | ᠪᠦᠲᠦᠭᠡᠨ ᠪᠠᠶᠢᠭᠤᠯᠤᠨ᠎ᠡ᠃ ᠤᠯᠠᠭᠠᠨᠴᠠᠪ ᠤᠨ ᠨᠢᠰᠬᠡᠯ ᠤᠨ ᠪᠠᠭᠤᠳᠠᠯ ᠤᠨ ᠳᠡᠰ ᠳᠡᠪᠰᠢᠨ ᠤᠯᠠᠨ ᠤᠯᠤᠰ ᠤᠨ | ᠪᠠᠷᠠᠭ᠎ᠠ ᠳᠡᠬᠡᠬᠡᠪᠤᠷᠢ ᠶᠢᠨ ᠨᠢᠰᠬᠡᠯ ᠤᠨ ᠪᠠᠭᠤᠳᠠᠯ ᠪᠤᠯᠬᠤ ᠶᠢ ᠲᠦᠷᠭᠡᠳᠭᠡᠵᠤ᠂ ᠯᠢᠶᠠᠩᠴᠧᠩ᠂ ᠬᠤᠸᠠᠳᠧ᠂ | ᠳᠦᠷᠪᠡᠳ ᠤᠨ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠳᠠ ᠶᠢ ᠡᠬᠢᠯᠡᠬᠦᠯᠦᠨ᠎ᠡ᠃ | ᠲᠦᠪ ᠬᠤᠳᠠ ᠳᠤᠭᠤᠷᠢᠭ ᠤᠨ ᠭᠠᠩ ᠬᠠᠭᠰᠠᠷᠠᠭᠠᠨ ᠲᠠᠢ ᠳᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠯᠡᠬᠦ | ᠪᠡᠯᠡᠳᠬᠡᠯ ᠤᠰᠤᠨ ᠤ ᠡᠬᠢ ᠰᠤᠷᠪᠤᠯᠵᠢ ᠶᠢᠨ ᠪᠠᠷᠢᠯᠭ᠎ᠠ ᠶᠢ ᠶᠠᠪᠤᠭᠳᠠᠭᠤᠯᠵᠤ᠂ ᠹᠧᠩᠵᠧᠨ ᠬᠤᠳᠠ ᠶᠢᠨ ᠲᠸᠦ ᠳ᠋ᠤᠤ | ᠭᠸᠤ ᠵᠡᠷᠬᠡ ᠭᠠᠩ ᠬᠠᠭᠰᠡᠷᠭᠠᠨ ᠲᠠᠢ ᠳᠡᠮᠡᠴᠡᠬᠦ ᠤᠰᠤᠨ ᠤ ᠡᠬᠢ ᠰᠤᠷᠪᠤᠯᠵᠢ ᠶᠢᠨ ᠪᠠᠷᠢᠯᠭ᠎ᠠ ᠶᠢᠨ ᠲᠦᠷᠦᠯ ᠵᠦᠢᠯ | ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠨ᠎ᠡ᠃ ᠵᠠᠰᠠᠭ ᠤᠨ ᠤᠷᠳᠤᠨ ᠪᠤᠯᠤᠨ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠨᠡᠪᠳᠡᠷᠡᠯᠴᠡᠭᠡ ᠵᠤᠬᠢᠴᠠᠯᠳᠤᠭ᠎ᠠ ᠶᠢᠨ ᠳᠤᠭᠳᠠᠴᠠ ᠶᠢ ᠪᠠᠶᠢᠭᠤᠯᠵᠤ᠂ | ᠤᠳᠤᠷᠢᠳᠬᠤ ᠺᠠᠳ᠋ᠷ ᠭᠤᠤᠯᠳᠠᠯᠭ᠎ᠠ ᠲᠠᠢ ᠠᠵᠤ ᠠᠬᠤᠶᠢᠯᠠᠯ ᠢ ᠳᠠᠭᠠᠭᠠᠴᠢᠯᠠᠵᠤ ᠬᠠᠷᠢᠯᠴᠠᠬᠤ ᠪᠤᠯᠤᠨ ᠳᠤᠮᠤ ᠲᠦᠷᠦᠯ | ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠬᠦᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠯᠤᠭ᠎ᠠ ᠶᠢᠨ | ᠰᠠᠭᠤᠳᠠᠯ ᠤᠨ ᠬᠤᠷᠠᠯ ᠢ ᠬᠤᠭᠤᠴᠠᠭ᠎ᠠ ᠳᠤᠭᠳᠠᠨ ᠬᠤᠷᠠᠯᠳᠤᠭᠤᠯᠵᠤ᠂ ᠰᠠᠷ᠎ᠠ ᠪᠦᠷᠢ ᠠᠵᠤ ᠠᠬᠤᠢ ᠶᠢᠨ | ᠳᠤᠬᠢᠷᠠᠭᠤᠯᠤᠯᠳᠠ ᠶᠢᠨ ᠬᠤᠷᠠᠯ ᠢ ᠬᠤᠷᠠᠯᠳᠤᠭᠤᠯᠵᠤ᠂ ᠨᠢᠬᠡ ᠠᠵᠤ ᠠᠬᠤᠶᠢᠯᠠᠯ ᠳᠤ ᠨᠢᠬᠡ ᠪᠤᠳᠤᠯᠭ᠎ᠠ᠂ ᠨᠢᠬᠡ | ᠲᠦᠷᠦᠯ ᠵᠦᠢᠯ ᠳᠤ ᠨᠢᠬᠡ ᠪᠤᠳᠤᠯᠭ᠎ᠠ ᠶᠠᠪᠤᠭᠤᠯᠵᠤ᠂ ᠠᠵᠤ ᠠᠬᠤᠶᠢᠯᠠᠯ ᠤᠨ ᠡᠷᠬᠢᠯᠳᠡ᠂ ᠲᠦᠷᠦᠯ ᠵᠦᠢᠯ ᠤᠨ | ᠨᠠᠶᠢᠳᠠᠪᠤᠷᠢᠵᠢᠭᠤᠯᠤᠯᠳᠠ ᠳᠤᠮᠳᠠ ᠳᠤᠬᠢᠶᠠᠯᠳᠤᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤ ᠰᠤᠳᠤᠯᠤᠨ | ᠰᠢᠢᠳᠪᠦᠷᠢᠯᠡᠨ᠎ᠡ᠃ ᠤᠯᠤᠰ᠂ ᠦᠪᠡᠷᠳᠡᠬᠡᠨ ᠵᠠᠰᠠᠬᠤ ᠤᠷᠤᠨ ᠤ ᠭᠤᠤᠯᠳᠠᠯᠭ᠎ᠠ ᠲᠠᠢ ᠬᠠᠨᠳᠤᠰᠢ ᠪᠠ ᠪᠦᠬᠦ ᠬᠤᠳᠠ | ᠶᠢᠨ ᠠᠵᠤ ᠦᠢᠯᠡᠰ ᠤᠨ ᠲᠦᠯᠦᠪᠵᠢᠬᠦᠯᠬᠡ ᠶᠢᠨ ᠳᠤᠭᠤᠷᠢᠨ ᠳᠤ᠂ ᠨᠢᠬᠡ ᠪᠦᠯᠦᠭ ᠭᠤᠤᠯᠳᠠᠯᠭ᠎ᠠ ᠲᠠᠢ ᠲᠦᠷᠦᠯ | ᠵᠦᠢᠯ ᠢ ᠰᠦᠪᠡᠭᠴᠢᠯᠡᠨ ᠨᠦᠬᠡᠴᠡᠯᠡᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢᠨ ᠨᠦᠬᠡᠴᠡ ᠬᠦᠴᠦᠨ ᠢ | ᠨᠡᠮᠡᠭᠳᠡᠬᠦᠯᠦᠨ᠎ᠡ᠃ | ︵ᠳᠠᠪᠤ︶ ᠬᠤᠳᠠ ᠶᠢᠨ ᠴᠤᠭᠴᠠᠯᠠᠯᠳᠠ ᠶᠢᠨ ᠠᠵᠢᠯ ᠢ ᠬᠦᠨᠵᠡᠬᠡᠢ ᠲᠦᠯᠬᠢᠨ ᠠᠬᠢᠭᠤᠯᠵᠤ᠂ ᠴᠢᠨᠠᠷ ᠰᠠᠶᠢᠲᠠᠢ | ᠬᠦᠭᠵᠢᠯᠲᠠ ᠶᠢᠨ ᠠᠴᠢᠶᠠᠯᠠᠪᠤᠷᠢ ᠶᠢ ᠳᠡᠭᠡᠭᠰᠢᠯᠡᠭᠦᠯᠦᠨ᠎ᠠ | ᠲᠦᠯᠦᠪᠵᠢᠬᠦᠯᠬᠡ ᠪᠠᠷ ᠬᠦᠲᠦᠯᠬᠦ ᠶᠢ ᠪᠠᠷᠢᠮᠳᠠᠯᠠᠵᠤ᠂ ᠦᠩᠭᠡ ᠳᠦᠷᠰᠦ ᠶᠢ ᠦᠷᠭᠡᠳᠭᠡᠵᠤ ᠶᠠᠰᠤ ᠴᠢᠨᠠᠷ ᠢ | ᠳᠡᠭᠡᠭᠰᠢᠯᠡᠬᠦᠯᠦᠨ᠎ᠡ᠃ ᠬᠤᠳᠠ ᠶᠢᠨ ᠪᠠᠶᠢᠷᠢ ᠳᠤᠭᠳᠠᠭᠠᠯᠳᠠ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠬᠦᠭᠵᠢᠯᠳᠡ ᠶᠢᠨ ᠬᠡᠷᠡᠭᠴᠡᠭᠡ ᠶᠢᠨ ᠳᠤᠭᠤᠷᠢᠨ ᠳᠤ᠂ ᠬᠤᠳᠠ ᠬᠦᠳᠡᠭᠡ ᠶᠢᠨ ᠲᠦᠯᠦᠪᠵᠢᠬᠦᠯᠬᠡ ᠶᠢᠨ ᠰᠢᠰᠲ᠋ᠧᠮᠵᠢ ᠶᠢ | ᠴᠢᠨᠠᠭᠰᠢᠳᠡ ᠳᠡᠬᠦᠯᠳᠡᠷᠵᠢᠬᠦᠯᠵᠤ᠂ ᠬᠤᠷᠳᠤᠨ ᠤ ᠳᠡᠮᠦᠷ ᠵᠠᠮ ᠤᠨ ᠦᠷᠳᠡᠭᠡ ᠳᠤᠭᠤᠷᠢᠭ ᠤᠨ ᠡᠷᠬᠢᠨ ᠳᠤᠭᠤᠷᠢᠨ᠂ | ᠨᠠᠷᠠᠰᠤᠨ ᠭᠤᠤᠯ ᠠᠴᠠ ᠵᠡᠬᠦᠨᠰᠢᠬᠢ ᠬᠡᠰᠡᠭ ᠳᠤᠭᠤᠷᠢᠭ ᠤᠨ ᠬᠤᠳᠠ ᠶᠢᠨ ᠵᠢᠷᠤᠭ ᠲᠦᠯᠦᠪᠯᠡᠭᠡ ᠶᠢ ᠨᠠᠶᠢᠷᠠᠭᠤᠯᠤᠨ | ᠵᠤᠬᠢᠶᠠᠵᠤ᠂ ᠲᠦᠪ ᠬᠤᠳᠠ ᠶᠢᠨ ᠳᠤᠭᠤᠷᠢᠭ ᠤᠨ ︽ᠠᠵᠤ ᠦᠢᠯᠡᠰ ᠪᠠ ᠬᠤᠳᠠ ᠶᠢᠨ ᠠᠭᠤᠰᠤᠯᠴᠠᠯ︾ ᠪᠤᠯᠤᠨ ︽ | ᠬᠤᠳᠠ ᠶᠢᠨ ᠬᠤᠤᠰ ᠵᠠᠰᠠᠯᠳᠠ︾ ᠶᠢᠨ ᠳᠤᠰᠬᠠᠢ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠠᠵᠢᠯ ᠢ | ᠶᠠᠪᠤᠭᠤᠭᠳᠠᠭᠤᠯᠵᠤ᠂ ᠬᠦᠮᠦᠨ ᠢᠶᠠᠷ ᠭᠤᠤᠯ ᠪᠤᠯᠭᠠᠭᠰᠠᠨ ᠬᠤᠳᠠ ᠶᠢᠨ ᠪᠦᠲᠦᠭᠡᠨ ᠪᠠᠶᠢᠭᠤᠯᠤᠯᠳᠠ ᠶᠢ ᠲᠦᠯᠬᠢᠨ | ᠠᠬᠢᠭᠤᠯᠤᠨ᠎ᠡ᠃ ᠬᠤᠳᠠ ᠶᠢᠨ ᠶᠠᠪᠤᠳᠠᠯ ᠤᠨ ᠰᠠᠭᠤᠷᠢ ᠳᠦᠬᠦᠬᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ | ᠴᠢᠩᠭᠠᠳᠬᠠᠨ᠎ᠠ᠃ ᠲᠦᠪ ᠬᠤᠳᠠ ᠳᠤᠭᠤᠷᠢᠭ ᠤᠨ ᠳᠠᠰᠤᠷᠬᠠᠢ ᠵᠠᠮ ᠢ ᠨᠡᠪᠳᠡᠷᠡᠬᠦᠯᠦᠨ᠎ᠡ᠃ ᠬᠤᠳᠠ ᠪᠠᠯᠭᠠᠰᠤᠨ ᠤ | ᠪᠤᠵᠠᠷ ᠤᠰᠤ᠂ ᠪᠠᠶᠢᠭᠠᠯᠢ ᠶᠢᠨ ᠰᠢᠳᠠᠮᠠᠬᠠᠢ ᠬᠡᠢ ᠪᠠ ᠤᠰᠤ ᠬᠠᠩᠭᠠᠯᠳᠠ ᠢᠯᠴᠢ ᠬᠠᠩᠭᠠᠯᠳᠠ ᠶᠢᠨ ᠬᠤᠭᠤᠯᠠᠢ ᠶᠢᠨ | ᠲᠤᠤᠷ ᠤᠨ ᠪᠦᠲᠦᠭᠡᠨ ᠪᠠᠶᠢᠭᠤᠯᠤᠯᠳᠠ ᠶᠢᠨ ᠰᠢᠨᠡᠳᠬᠡᠨ ᠦᠬᠡᠷᠡᠴᠢᠯᠡᠯᠳᠡ ᠶᠢ ᠲᠦᠯᠬᠢᠨ ᠠᠬᠢᠭᠤᠯᠵᠤ᠂ ᠪᠠᠷᠢᠯᠭ᠎ᠠ ᠶᠢᠨ | ᠬᠤᠭ ᠨᠤᠪᠰᠢ ᠶᠢ ᠬᠤᠷᠤᠭᠠᠬᠤ ᠦᠢᠯᠡᠳᠪᠦᠷᠢ ᠪᠠ ᠠᠮᠢᠳᠤᠷᠠᠯ ᠤᠨ ᠬᠤᠭ ᠨᠤᠪᠰᠢ ᠶᠢ ᠬᠠᠮᠳᠤᠷᠠᠨ ᠰᠢᠢᠳᠪᠦᠷᠢᠯᠡᠬᠦ ᠳᠤ | ᠠᠰᠢᠭᠯᠠᠬᠤ ᠰᠠᠭᠤᠷᠢᠨ ᠢ ᠪᠦᠲᠦᠭᠡᠨ ᠪᠠᠶᠢᠭᠤᠯᠤᠨ᠎ᠡ᠃ ︽ᠦᠷᠭᠡᠨ ᠪᠦᠰᠡᠳᠦ ᠤᠯᠠᠭᠠᠨᠴᠠᠪ︾ ᠤᠨ ᠪᠦᠲᠦᠭᠡᠨ | ᠪᠠᠶᠢᠭᠤᠯᠤᠯᠳᠠ ᠶᠢ ᠲᠦᠷᠭᠡᠳᠭᠡᠨ ᠲᠦᠯᠬᠢᠨ ᠠᠬᠢᠭᠤᠯᠵᠤ᠂ ᠭᠠᠴᠠᠭ᠎ᠠ ᠳᠤᠰᠬᠤᠨ ᠤ 4G ᠰᠦᠯᠵᠢᠶᠡᠨ ᠤ ᠦᠪᠴᠢ | ᠪᠦᠷᠬᠦᠬᠦᠯᠳᠡ ᠶᠢ ᠪᠡᠶᠡᠯᠡᠬᠦᠯᠦᠨ᠎ᠡ᠃ ᠤᠯᠠᠨ ᠲᠦᠮᠡᠨ ᠤ ᠤᠷᠤᠨ ᠰᠠᠭᠤᠴᠠ ᠶᠢᠨ ᠨᠦᠬᠦᠴᠡᠯ ᠢ ᠰᠠᠶᠢᠵᠢᠷᠠᠭᠤᠯᠤᠨ᠎ᠡ᠃ | ᠪᠦᠷᠬᠡ ᠬᠡᠷ ᠤᠨ ᠳᠤᠭᠤᠷᠢᠭ ᠤᠨ ᠰᠢᠨᠡᠳᠬᠡᠨ ᠦᠬᠡᠷᠡᠴᠢᠯᠡᠯᠳᠡ ᠶᠢ ᠠᠷᠠᠳ ᠤᠨ ᠠᠮᠢᠳᠤᠷᠠᠯ ᠤᠨ ᠬᠠᠮᠤᠭ ᠤᠨ ᠲᠤᠮᠤ | ᠢᠨᠵᠧᠨᠧᠷᠢᠩ ᠪᠤᠯᠭᠠᠵᠤ᠂ ᠵᠢᠨᠢᠩ ᠳᠤᠭᠤᠷᠢᠭ ᠤᠨ ᠪᠦᠷᠬᠡ ᠬᠡᠷ ᠤᠨ ᠳᠤᠭᠤᠷᠢᠭ ᠢ ᠰᠢᠨᠡᠳᠬᠡᠨ ᠦᠬᠡᠷᠡᠴᠢᠯᠡᠬᠦ | ᠲᠦᠷᠦᠯ ᠵᠦᠢᠯ ᠢ ᠬᠦᠴᠦ ᠪᠠᠨ ᠲᠦᠪᠯᠡᠷᠡᠭᠦᠯᠦᠨ ᠲᠦᠯᠬᠢᠨ ᠠᠬᠢᠭᠤᠯᠵᠤ᠂ ᠡᠯ᠎ᠡ ᠬᠤᠰᠢᠭᠤ ᠰᠢᠶᠠᠨ ᠤ ᠪᠦᠷᠭᠡ ᠭᠡᠷ | ᠤᠨ ᠲᠤᠭᠤᠷᠢᠭ ᠤᠨ ᠦᠭᠡᠷᠡᠴᠢᠯᠡᠯᠲᠠ ᠶᠢ ᠨᠢᠭᠡᠲᠤᠯᠲᠠᠢ ᠲᠦᠯᠦᠪᠯᠠᠨ ᠠᠬᠢᠭᠤᠯᠵᠤ᠂ ᠪᠦᠬᠦ ᠬᠤᠲᠠ 1.2 ᠲᠦᠮᠡᠨ | ᠪᠦᠷᠭᠡ ᠬᠡᠷ ᠤᠨ ᠰᠢᠨᠡᠳᠭᠡᠨ ᠦᠭᠡᠷᠡᠴᠢᠯᠡᠯᠳᠡ ᠶᠢᠨ ᠡᠬᠦᠷᠬᠡ ᠶᠢ ᠪᠡᠶᠡᠯᠡᠬᠦᠯᠵᠤ᠂ ᠪᠦᠷᠬᠡ ᠬᠡᠷ ᠤᠨ ᠳᠤᠭᠤᠷᠢᠭ ᠤᠨ | ᠰᠠᠭᠤᠭᠠᠯᠢ ᠠᠷᠠᠳ ᠢ ᠡᠷᠳᠡ ᠨᠢᠬᠡᠨ ᠡᠳᠦᠷ ᠰᠢᠨ᠎ᠡ ᠬᠡᠷ᠂ ᠳᠤᠯᠠᠭᠠᠨ ᠬᠡᠷ᠂ ᠰᠡᠳᠬᠢᠯ ᠠᠮᠤᠷ ᠬᠡᠷ ᠲᠤ ᠰᠠᠭᠤᠯᠭᠠᠨ᠎ᠠ᠃ | ︽ᠳᠤᠳᠠᠭᠤ ᠳᠤᠷᠭᠤᠨ︾ ᠪᠠᠷᠢᠯᠭ᠎ᠠ ᠶᠢ ᠪᠦᠬᠦ ᠳᠠᠯ᠎ᠠ ᠪᠠᠷ ᠰᠡᠷᠭᠦᠭᠡᠨ ᠡᠬᠢᠯᠡᠬᠦᠯᠵᠤ᠂ ᠤᠷᠤᠨ ᠰᠠᠭᠤᠴᠠ ᠶᠢᠨ ᠨᠢᠬᠡ | ᠪᠦᠯᠦᠭ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠡᠬᠦᠯᠦᠨ ᠪᠦᠲᠦᠭᠡᠨ ᠪᠠᠶᠢᠭᠤᠯᠤᠨ᠎ᠡ᠃ ᠬᠤᠳᠠ ᠶᠢᠨ ᠠᠮᠢ | ᠠᠬᠤᠢ ᠶᠢᠨ ᠰᠢᠰᠲ᠋ᠧᠮᠵᠢ ᠶᠢ ᠪᠠᠶᠢᠭᠤᠯᠤᠨ᠎ᠡ᠃ ᠬᠤᠳᠠ ᠶᠢᠨ ᠴᠡᠴᠡᠷᠯᠢᠭ ᠤᠨ ᠨᠤᠭᠤᠭᠠᠷᠠᠭᠤᠯᠤᠯᠳᠠ ᠶᠢ | ᠴᠢᠩᠭᠠᠳᠬᠠᠵᠤ᠂ ᠭᠤᠤᠯᠳᠠᠯᠭ᠎ᠠ ᠲᠠᠢ ᠤᠷᠤᠨ ᠪᠦᠰᠡ ᠶᠢᠨ ᠨᠡᠶᠢᠳᠡ ᠶᠢᠨ ᠵᠤᠷᠯᠤᠩ ᠳᠤ ᠰᠢᠨᠡᠳᠭᠡᠨ ᠦᠬᠡᠷᠡᠴᠢᠯᠡᠯᠳᠡ | ᠬᠢᠵᠤ᠂ ᠨᠠᠨ ᠱᠠ ᠾᠧ ᠭᠤᠤᠯ ᠤᠨ ᠵᠠᠮ ᠤᠨ ᠶᠡᠷᠦᠩᠬᠡᠢ ᠵᠠᠰᠠᠯᠳᠠ᠂ ᠴᠡᠴᠡᠷᠯᠢᠭ ᠤᠨ ᠦᠵᠡᠮᠦᠷᠢ ᠶᠢᠨ | ᠨᠤᠭᠤᠭᠠᠷᠠᠭᠤᠯᠤᠯᠳᠠ᠂ ᠭᠠᠵᠠᠷ ᠳᠤᠤᠷᠡᠬᠢ ᠶᠡᠷᠦᠩᠬᠡᠢ ᠬᠤᠭᠤᠯᠠᠢ ᠶᠢᠨ ᠳᠤᠤᠷ ᠵᠡᠷᠬᠡ ᠪᠠᠷᠢᠯᠭ᠎ᠠ ᠶᠢ ᠪᠦᠬᠦ ᠳᠠᠯ᠎ᠠ ᠪᠠᠷ | ᠪᠡᠶᠡᠯᠡᠬᠦᠯᠵᠦ᠂ ᠬᠦᠮᠦᠨ ᠪᠠᠶᠢᠭᠠᠯᠢ ᠡᠶ᠎ᠡ ᠵᠤᠬᠢᠴᠠᠩᠭᠤᠢ ᠤᠷᠤᠰᠢᠭᠰᠠᠨ ᠦᠵᠡᠰᠭᠦᠯᠡᠩᠲᠦ ᠰᠠᠶᠢᠬᠠᠨ ᠭᠡᠷ ᠤᠷᠤᠨ ᠢ | ᠪᠦᠲᠦᠭᠡᠨ ᠪᠠᠶᠢᠭᠤᠯᠤᠨ᠎ᠠ᠃ | ᠨᠠᠷᠢᠨ ᠨᠢᠮᠪᠠᠢ ᠬᠠᠮᠢᠶᠠᠷᠤᠯᠳᠠ ᠶᠢ ᠶᠠᠪᠤᠭᠤᠯᠵᠦ᠂ ᠡᠬᠦᠳᠦᠨ ᠴᠤᠭᠴᠠᠯᠠᠬᠤ ᠲᠦᠪᠰᠢᠨ ᠢ ᠳᠡᠭᠡᠭᠰᠢᠯᠡᠬᠦᠯᠦᠨ᠎ᠡ᠃ | ᠬᠠᠭᠤᠴᠢᠨ ᠤᠷᠤᠨ ᠰᠠᠭᠤᠴᠠ ᠶᠢᠨ ᠳᠤᠭᠤᠷᠢᠭ ᠤᠨ ᠶᠡᠷᠦᠩᠬᠡᠢ ᠵᠠᠰᠠᠯᠳᠠ ᠪᠤᠯᠤᠨ ᠡᠨᠧᠷᠬᠢ ᠠᠷᠪᠢᠯᠠᠯᠳᠠ ᠶᠢᠨ | ᠰᠢᠨᠡᠳᠬᠡᠨ ᠦᠬᠡᠷᠡᠴᠢᠯᠡᠯᠳᠡ ᠶᠢ ᠨᠢᠬᠡᠳᠦᠯᠳᠡᠢ ᠲᠦᠯᠦᠪᠯᠡᠨ ᠲᠦᠯᠬᠢᠨ ᠠᠬᠢᠭᠤᠯᠵᠤ᠂ ᠬᠤᠳᠠ ᠬᠦᠳᠡᠭᠡ ᠶᠢᠨ | ᠤᠶᠠᠯᠳᠤᠯ ᠤᠨ ᠬᠡᠰᠡᠭ ᠤᠨ ᠤᠷᠴᠢᠨ ᠳᠤᠭᠤᠷᠢᠨ ᠤ ᠵᠠᠰᠠᠯᠳᠠ ᠶᠢᠨ ᠡᠷᠴᠢᠮ ᠢᠶᠠᠨ ᠴᠢᠩᠭᠠᠷᠠᠭᠤᠯᠤᠨ᠎ᠡ᠃ ︽ᠠᠳᠠᠯ | ᠠᠬᠤᠢ ᠶᠢᠨ ᠦᠢᠯᠡᠴᠢᠯᠡᠬᠡᠨ ᠤ ᠶᠠᠰᠤ ᠴᠢᠨᠠᠷ ᠤᠨ ᠳᠡᠭᠡᠭᠰᠢᠯᠡᠬᠦᠯᠦᠯᠳᠡ ᠶᠢᠨ ᠤᠨ︾ ᠤ ᠠᠵᠢᠯᠯᠠᠭ᠎ᠠ ᠶᠢ | ᠶᠠᠪᠤᠭᠳᠠᠭᠤᠯᠵᠤ᠂ ᠠᠳᠠᠯ ᠠᠬᠤᠢ ᠶᠢᠨ ᠦᠢᠯᠡᠴᠢᠯᠡᠬᠡᠨ ᠤ ᠢᠳᠡᠬᠡᠮᠵᠢ ᠶᠢᠨ ᠵᠡᠷᠬᠡ ᠳᠡᠰ ᠤᠨ ᠦᠨᠡᠯᠡᠯᠳᠡ ᠶᠢᠨ ᠠᠷᠭ᠎ᠠ | ᠶᠢ ᠭᠠᠷᠭᠠᠵᠤ᠂ ᠪᠦᠬᠦ ᠬᠤᠳᠠ ᠶᠢᠨ ᠤᠷᠤᠨ ᠰᠠᠭᠤᠴᠠ ᠶᠢᠨ ᠳᠤᠰᠬᠠᠢ ᠰᠠᠯᠪᠢᠨ ᠵᠠᠰᠠᠯᠳᠠ ᠶᠢᠨ ᠪᠡᠯᠡ ᠮᠦᠩᠬᠦᠨ ᠤ | ᠨᠢᠬᠡᠳᠦᠯᠳᠡᠢ ᠬᠠᠮᠢᠶᠠᠷᠤᠯᠳᠠ ᠶᠢᠨ ᠳᠡᠪᠴᠡᠩ ᠢ ᠪᠠᠶᠢᠭᠤᠯᠵᠤ᠂ ᠤᠯᠠᠨ ᠲᠦᠮᠡᠨ ᠤ ᠳᠤᠰᠬᠠᠯ ᠢᠶᠠᠷ ᠴᠢᠩᠭ᠎ᠠ ᠤᠰᠤ | ᠴᠠᠬᠢᠯᠭᠠᠨ ᠬᠡᠢ ᠢᠯᠴᠢ ᠬᠠᠩᠭᠠᠯᠳᠠ ᠶᠢᠨ ᠪᠠᠳᠤᠯᠠᠭ᠎ᠠ ᠪᠠ ᠠᠳᠠᠯ ᠠᠬᠤᠢ ᠶᠢᠨ ᠦᠢᠯᠡᠴᠢᠯᠡᠭᠡ ᠵᠡᠷᠬᠡ ᠠᠰᠠᠭᠤᠳᠠᠯ ᠢ | ᠬᠦᠴᠦᠯᠡᠨ ᠰᠢᠢᠳᠪᠦᠷᠢᠯᠡᠨ᠎ᠡ᠃ ᠶᠡᠷᠦᠩᠬᠡᠶᠢᠯᠡᠭᠰᠡᠨ ᠴᠢᠨᠠᠷᠲᠠᠢ ᠲᠤᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ | ᠲᠠᠪᠴᠠᠩ ᠢ ᠪᠠᠶᠢᠭᠤᠯᠵᠤ᠂ ᠬᠤᠳᠠ ᠶᠢᠨ ᠤᠶᠤᠨᠴᠢᠯᠠᠭᠰᠠᠨ ᠬᠠᠮᠢᠶᠠᠷᠤᠯᠳᠠ ᠶᠢᠨ ᠬᠢᠷᠢ ᠲᠦᠪᠰᠢᠨ ᠢ | ᠳᠡᠭᠡᠭᠰᠢᠯᠡᠬᠦᠯᠦᠨ᠎ᠡ᠃ ᠪᠦᠬᠦ ᠤᠯᠤᠰ ᠤᠨ ᠪᠤᠯᠪᠠᠰᠤᠨ ᠬᠤᠲᠠ ᠶᠢ ᠭᠦᠨᠵᠡᠭᠡᠢ ᠲᠦᠯᠬᠢᠨ ᠠᠬᠢᠭᠤᠯᠵᠤ᠂ ᠤᠯᠤᠰ ᠤᠨ | ᠢᠳᠡᠬᠡᠨ ᠤ ᠠᠮᠤᠷ ᠲᠦᠪᠰᠢᠨ ᠤ ᠵᠢᠱᠢᠶ᠎ᠡ ᠦᠵᠡᠬᠦᠯᠬᠦ ᠬᠤᠳᠠ ᠶᠢ ᠡᠬᠦᠳᠦᠨ ᠴᠤᠭᠴᠠᠯᠠᠵᠤ᠂ ᠪᠦᠬᠦ ᠤᠯᠤᠰ ᠤᠨ | ᠪᠤᠯᠪᠠᠰᠤᠨ ᠬᠤᠳᠠ ᠂ ᠤᠯᠤᠰ ᠤᠨ ᠤᠰᠤ ᠠᠷᠪᠢᠯᠠᠬᠤ ᠮᠠᠶ᠋ᠢᠭ ᠤᠨ ᠬᠤᠲᠠ᠂ ᠤᠯᠤᠰ ᠤᠨ ᠤᠢ ᠰᠢᠭᠤᠶᠢᠲᠦ | ᠬᠤᠲᠠ ᠪᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠬᠤᠲᠠ᠂ ᠤᠯᠤᠰ ᠤᠨ ᠠᠮᠢ ᠠᠬᠤᠢ | ᠶᠢᠨ ᠴᠡᠴᠡᠷᠯᠢᠭᠳᠦ ᠬᠤᠳᠠ ᠶᠢ ᠡᠬᠦᠳᠦᠨ ᠴᠤᠭᠴᠠᠯᠠᠬᠤ ᠠᠵᠢᠯ ᠢ ᠲᠦᠯᠬᠢᠨ ᠠᠬᠢᠭᠤᠯᠵᠤ᠂ ᠤᠯᠤᠰ ᠤᠨ ᠳᠡᠰ ᠤᠨ | ᠡᠷᠡᠬᠦᠯ ᠬᠠᠮᠠᠭᠠᠯᠠᠯ ᠤᠨ ᠬᠤᠰᠢᠭᠤ ᠰᠢᠶᠠᠨ ᠢ 30% ᠳᠤ ᠬᠦᠷᠬᠡᠵᠤ᠂ ᠦᠪᠡᠷᠳᠡᠬᠡᠨ ᠵᠠᠰᠠᠬᠤ ᠤᠷᠤᠨ ᠤ ᠳᠡᠰ ᠤᠨ | ᠡᠷᠡᠬᠦᠯ ᠬᠠᠮᠠᠭᠠᠯᠠᠯ ᠤᠨ ᠬᠤᠰᠢᠭᠤ ᠰᠢᠶᠠᠨ ᠤ ᠦᠪᠴᠢ ᠪᠦᠷᠬᠦᠬᠦᠯᠳᠡ ᠶᠢ ᠪᠡᠶᠡᠯᠡᠬᠦᠯᠵᠤ᠂ ᠤᠷᠤᠨ ᠰᠠᠭᠤᠴᠠ᠂ | ᠠᠵᠢᠯᠯᠠᠬᠤ ᠭᠠᠵᠠᠷ ᠤᠨ ᠲᠠᠭᠠᠯᠠᠮᠵᠢᠲᠠᠢ ᠪᠠᠶᠢᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠶᠢ ᠴᠢᠩᠭᠠᠳᠬᠠᠵᠤ᠂ ᠤᠯᠠᠨ ᠲᠦᠮᠡᠨ | ᠳᠤ ᠴᠢᠨᠠᠷ ᠰᠠᠶᠢᠳᠠᠢ ᠬᠦᠭᠵᠢᠯᠳᠡ ᠶᠢᠨ ᠦᠷ᠎ᠡ ᠪᠦᠲᠦᠭᠡᠯ ᠢ ᠬᠠᠮᠳᠤ ᠡᠳ᠋ᠯᠡᠬᠦᠯᠦᠨ᠎ᠡ᠃ ᠠᠷᠠᠳ ᠲᠦᠮᠡᠨ ᠢᠶᠠᠷ ᠭᠤᠤᠯ | ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠳᠦᠷᠢᠮ ᠳᠤᠭᠳᠠᠭᠠᠯ ᠢ ᠪᠦᠷᠢᠨᠰᠢᠬᠦᠯᠵᠤ᠂ | ᠬᠤᠷᠢᠭ᠎ᠠ ᠱᠣᠭᠤᠮ ᠢ ᠰᠠᠬᠢᠵᠤ᠂ ᠬᠠᠮᠢᠶᠠᠷᠤᠯᠳᠠ ᠶᠢ ᠦᠢᠯᠡᠴᠢᠯᠡᠬᠡᠨ ᠤ ᠳᠤᠮᠳᠠ ᠠᠭᠤᠰᠤᠯᠴᠠᠭᠤᠯᠵᠤ᠂ ᠠᠷᠠᠳ ᠤᠨ | ᠠᠮᠢᠳᠤᠷᠠᠯ ᠤᠨ ᠡᠯ᠎ᠡ ᠲᠦᠷᠦᠯ ᠤᠨ ᠠᠵᠢᠯ ᠢᠶᠠᠨ ᠨᠠᠷᠢᠯᠢᠭ ᠰᠠᠶᠢᠲᠤᠷ ᠬᠢᠨ᠎ᠡ᠃ ᠠᠵᠢᠯ ᠤᠯᠭᠤᠯᠳᠠ ᠶᠢ ᠲᠦᠷᠦᠬᠦᠨ | ᠳᠤ ᠨᠢ ᠪᠠᠶᠢᠯᠭᠠᠬᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠨ᠎ᠡ᠃ ᠠᠵᠤ ᠠᠬᠤᠶᠢᠯᠠᠯ ᠳᠤᠰᠠᠯᠠᠬᠤ ᠠᠵᠢᠯ ᠤᠨ | ᠪᠠᠶᠢᠷᠢ ᠶᠢ ᠳᠤᠭᠳᠠᠪᠤᠷᠢᠵᠢᠭᠤᠯᠬᠤ ᠨᠦᠬᠦᠪᠦᠷᠢ ᠵᠡᠷᠬᠡ ᠲᠦᠷᠦ ᠶᠢᠨ ᠪᠤᠳᠤᠯᠭ᠎ᠠ ᠠᠷᠭ᠎ᠠ ᠪᠠᠷᠢᠯ ᠢ ᠨᠠᠶᠢᠳᠠᠪᠤᠷᠢᠵᠢᠭᠤᠯᠵᠤ | ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ᠂ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠤᠯᠭᠤᠯᠳᠠ ᠶᠢᠨ | ᠠᠷᠭ᠎ᠠ ᠵᠠᠮ ᠤᠨ ᠦᠢᠯᠡᠳᠦᠯ ᠢᠶᠠᠨ ᠪᠠᠳᠠᠷᠠᠭᠤᠯᠬᠤ ᠶᠢ ᠨᠢ ᠳᠡᠮᠵᠢᠨ᠎ᠡ᠃ ᠤᠯᠠᠨ ᠶᠠᠩᠵᠤ ᠶᠢᠨ ᠵᠠᠭᠪᠤᠷ ᠤᠨ ᠠᠵᠢᠯ | ᠤᠯᠭᠤᠯᠳᠠ ᠶᠢᠨ ᠤᠷ᠎ᠡ ᠮᠡᠷᠬᠡᠵᠢᠯ ᠤᠨ ᠪᠤᠯᠪᠠᠰᠤᠷᠠᠭᠤᠯᠤᠯ ᠬᠢᠵᠤ᠂ ᠳᠡᠭᠡᠳᠦ ᠰᠤᠷᠭᠠᠭᠤᠯᠢ ᠠᠴᠠ ᠳᠡᠬᠦᠰᠦᠭᠰᠡᠨ | ᠰᠤᠷᠤᠭᠴᠢ᠂ ᠳᠠᠷᠢᠶᠠᠴᠢᠨ ᠬᠦᠯᠦᠰᠦᠨ ᠠᠵᠢᠯᠴᠢᠨ᠂ ᠴᠡᠷᠢᠭ ᠤᠨ ᠠᠯᠪᠠ ᠠᠴᠠ ᠬᠠᠯᠠᠭᠳᠠᠭᠰᠡᠳ ᠵᠡᠷᠬᠡ ᠭᠤᠤᠯᠳᠠᠯᠭ᠎ᠠ | ᠲᠠᠢ ᠰᠦᠷᠦᠭᠵᠢᠯ ᠳᠤ ᠠᠵᠢᠯ ᠤᠯᠭᠤᠬᠤ ᠶᠢ ᠨᠢᠬᠡᠳᠦᠯᠳᠡᠢ ᠲᠦᠯᠦᠪᠯᠡᠨ ᠰᠠᠶᠢᠲᠤᠷ ᠠᠳᠬᠤᠨ᠎ᠡ᠃ ᠦᠢᠯᠡᠰ | ᠪᠤᠰᠬᠠᠯᠳᠠ ᠪᠠᠷ ᠠᠵᠢᠯ ᠤᠯᠭᠤᠯᠳᠠ ᠶᠢ ᠳᠠᠶᠢᠴᠢᠯᠠᠬᠤ ᠶᠢ ᠪᠠᠷᠢᠮᠳᠠᠯᠠᠵᠤ᠂ ᠪᠠᠢ ᠳ᠋ᠦ᠋᠂ ᠷᠤᠸᠠᠨ ᠲᠦᠩ ᠳ᠋ᠦᠩ ᠯᠢ | ᠵᠡᠷᠬᠡ ᠨᠡᠪᠴᠢᠬᠦᠯᠦᠯᠳᠡ ᠶᠢᠨ ᠳᠡᠪᠴᠡᠩ ᠢ ᠳᠡᠬᠦᠯᠳᠡᠷᠵᠢᠬᠦᠯᠵᠤ᠂ ︽ᠦᠢᠯᠡᠰ ᠪᠤᠰᠬᠠᠯᠳᠠ ᠰᠢᠨ᠎ᠡ ᠡᠬᠦᠳᠦᠯᠳᠡ︾ ᠶᠢᠨ | ᠦᠵᠡᠰᠬᠦᠯᠡᠩ ᠢ ᠯᠠᠪᠳᠠᠭᠤᠨ ᠪᠠᠳᠤᠳᠠᠢ ᠰᠠᠶᠢᠳᠤᠷ ᠡᠷᠬᠢᠯᠡᠵᠤ᠂ ︽ᠦᠢᠯᠡᠰ ᠪᠤᠰᠬᠠᠯᠳᠠ ᠰᠢᠨ᠎ᠡ ᠡᠬᠦᠳᠦᠯᠳᠡ︾ ᠶᠢᠨ | ᠵᠢᠱᠢᠶ᠎ᠡ ᠦᠵᠡᠬᠦᠯᠬᠦ ᠰᠠᠭᠤᠷᠢᠨ᠂ ᠤᠯᠤᠰ ᠤᠨ ᠳᠡᠰ ᠤᠨ ᠤᠯᠠᠨ ᠢᠶᠠᠷ ᠢᠶᠠᠨ ᠦᠢᠯᠡᠰ ᠪᠤᠰᠬᠠᠬᠤ ᠤᠷᠤᠨ ᠵᠠᠢ ᠪᠠ | ᠨᠡᠶᠢᠳᠡ ᠪᠠᠷ ᠢᠶᠠᠨ ᠦᠢᠯᠡᠰ ᠪᠤᠰᠬᠠᠬᠤ ᠬᠦᠷᠢᠶ᠎ᠡ ᠴᠠᠷᠠᠭ᠎ᠠ ᠶᠢ ᠦᠨᠳᠦᠷ ᠶᠠᠰᠤ ᠴᠢᠨᠠᠷᠳᠠᠢ ᠪᠦᠲᠦᠭᠡᠨ ᠪᠠᠶᠢᠭᠤᠯᠤᠨ᠎ᠡ᠃ | ᠴᠠᠯᠢᠩ ᠦᠷᠢᠳᠦᠯ ᠢ ᠵᠠᠰᠠᠬᠤ ᠴᠠᠯᠢᠩ ᠦᠭᠬᠦ ᠶᠢ ᠪᠠᠳᠤᠯᠠᠬᠤ ᠠᠵᠢᠯ ᠢ ᠴᠢᠩᠭᠠᠳᠬᠠᠵᠤ᠂ ᠳᠠᠷᠢᠶᠠᠴᠢᠨ ᠬᠦᠯᠦᠰᠦᠨ | ᠠᠵᠢᠯᠴᠢᠨ ᠤ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ | ᠠᠷᠠᠳ ᠲᠦᠮᠡᠨ ᠤ ᠰᠡᠳᠬᠢᠯ ᠬᠠᠨᠤᠮᠵᠢᠳᠡᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠡ᠃ ᠰᠤᠷᠭᠠᠨ | ᠬᠦᠮᠦᠵᠢᠯ ᠤᠨ ᠬᠦᠷᠢᠶ᠎ᠡ ᠴᠠᠷᠠᠭᠠᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠤ᠂ ᠰᠤᠷᠭᠠᠭᠤᠯᠢ | ᠶᠢᠨ ᠵᠠᠬᠢᠷᠤᠯ ᠪᠠ ᠪᠠᠭᠰᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠳᠤᠮᠳᠠᠳᠤ ᠪᠠᠭ᠎ᠠ ᠰᠤᠷᠭᠠᠭᠤᠯᠢ | ᠶᠢᠨ ᠬᠢᠷᠢ ᠪᠦᠲᠦᠮᠵᠢ ᠶᠢᠨ ᠴᠠᠯᠢᠩ ᠤᠨ ᠲᠦᠷᠢᠮ ᠢ ᠪᠦᠬᠦ ᠳᠠᠯ᠎ᠠ ᠪᠠᠷ ᠳᠡᠯᠬᠡᠷᠡᠬᠦᠯᠦᠨ᠎ᠡ᠃ ᠨᠡᠶᠢᠳᠡᠮ ᠠᠰᠢᠭ | ᠬᠦᠷᠳᠡᠬᠡᠬᠦ ᠴᠢᠨᠠᠷ ᠪᠦᠬᠦᠢ ᠬᠡᠤᠬᠡᠳ ᠤᠨ ᠴᠡᠴᠡᠷᠯᠢᠭ ᠤᠨ ᠪᠠᠶᠢᠭᠤᠯᠤᠯᠳᠠ ᠶᠢ ᠴᠢᠩᠭᠠᠳᠬᠠᠵᠤ᠂ ᠴᠡᠴᠡᠷᠯᠢᠭ ᠤᠨ | ᠪᠠᠭᠰᠢ ᠶᠢᠨ ᠬᠦᠮᠦᠵᠢᠯ ᠢ ᠭᠦᠨᠳᠦᠳᠭᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠬᠠᠩᠭᠠᠯᠭ᠎ᠠ | ᠶᠢ ᠤᠯᠠᠨ ᠠᠷᠭ᠎ᠠ ᠵᠠᠮ ᠢᠶᠠᠷ ᠨᠡᠮᠡᠭᠳᠡᠬᠦᠯᠦᠨ᠎ᠡ᠃ ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠤᠳᠠ ᠬᠦᠳᠡᠭᠡ ᠳᠤ | ᠨᠢᠬᠡ ᠴᠤᠭᠴᠠᠵᠢᠭᠤᠯᠤᠨ ᠬᠦᠭᠵᠢᠬᠦᠯᠬᠦ ᠶᠢ ᠲᠦᠯᠬᠢᠨ ᠠᠬᠢᠭᠤᠯᠵᠤ᠂ ᠡᠩ ᠤᠨ ᠦᠨᠳᠦᠷ ᠳᠤᠮᠳᠠᠳᠤ ᠰᠤᠷᠭᠠᠭᠤᠯᠢ ᠶᠢᠨ | ᠴᠢᠨᠠᠷ ᠰᠠᠶᠢᠨ ᠤᠨᠴᠠᠯᠢᠭᠳᠤ ᠤᠯᠠᠨ ᠶᠠᠩᠵᠤᠵᠢᠭᠤᠯᠤᠭᠰᠠᠨ ᠬᠦᠭᠵᠢᠯᠳᠡ ᠶᠢ ᠲᠦᠯᠬᠢᠨ ᠠᠬᠢᠭᠤᠯᠤᠨ᠎ᠡ᠃ ᠬᠤᠳᠠ | ᠪᠠᠯᠭᠠᠰᠤᠨ ᠤ ᠰᠤᠷᠭᠠᠭᠤᠯᠢ ᠶᠢᠨ ︽ᠳᠤᠮᠤ ᠠᠩᠬᠢ ᠶᠢᠨ ᠳᠤᠭ᠎ᠠ︾ ᠶᠢ ᠢᠳᠡᠪᠬᠢᠳᠡᠢ ᠠᠷᠢᠯᠭᠠᠵᠤ᠂ ᠳᠠᠷᠢᠶᠠᠴᠢᠨ | ᠬᠦᠯᠦᠰᠦᠨ ᠠᠵᠢᠯᠴᠢᠨ ᠤ ᠳᠠᠭᠠᠵᠤ ᠰᠢᠯᠵᠢᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠤᠷᠤᠬᠤ ᠶᠢ ᠪᠠᠳᠤᠯᠠᠨ᠎ᠠ᠃ | ᠠᠵᠤ ᠦᠢᠯᠡᠰ ᠪᠠ ᠰᠤᠷᠭᠠᠨ ᠬᠦᠮᠦᠵᠢᠯ ᠤᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ | ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠵᠤ᠂ ᠨᠠᠰᠤᠨ ᠳᠤᠷᠰᠢᠳᠡ ᠶᠢᠨ ᠠᠵᠢᠯ ᠮᠡᠷᠬᠡᠵᠢᠯ ᠤᠨ ᠤᠷ᠎ᠡ ᠴᠢᠳᠠᠪᠤᠷᠢ ᠶᠢᠨ | ᠪᠤᠯᠪᠠᠰᠤᠷᠠᠭᠤᠯᠤᠯ ᠤᠨ ᠲᠦᠷᠢᠮ ᠢ ᠳᠡᠯᠬᠡᠷᠡᠬᠦᠯᠵᠤ᠂ ᠤᠳᠤ ᠦᠶ᠎ᠡ ᠶᠢᠨ ᠠᠵᠢᠯ ᠲᠦᠷᠦᠯ ᠤᠨ ᠰᠤᠷᠭᠠᠨ ᠬᠦᠮᠦᠵᠢᠯ | ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠠ᠃ ᠦᠨᠳᠦᠰᠦᠳᠡᠨ ᠤ ᠰᠤᠷᠭᠠᠨ ᠬᠦᠮᠦᠵᠢᠯ ᠢ ᠲᠦᠷᠦᠬᠦᠨ ᠳᠤ ᠨᠢ | ᠭᠤᠤᠯᠳᠠᠯᠭ᠎ᠠ ᠲᠠᠢ ᠬᠦᠭᠵᠢᠬᠦᠯᠵᠤ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ᠂ ᠤᠨᠴᠠᠭᠠᠢ ᠰᠤᠷᠭᠠᠨ | ᠬᠦᠮᠦᠵᠢᠯ᠂ ᠳᠡᠬᠡᠳᠦ ᠵᠡᠷᠬᠡ ᠶᠢᠨ ᠰᠤᠷᠭᠠᠨ ᠬᠦᠮᠦᠵᠢᠯ ᠢ ᠨᠢᠬᠡᠳᠦᠯᠳᠡᠢ ᠲᠦᠯᠦᠪᠯᠡᠨ ᠬᠦᠭᠵᠢᠬᠦᠯᠵᠤ᠂ ᠪᠦᠬᠦ ᠠᠷᠠᠳ | ᠤᠨ ᠦᠷᠬᠦᠯᠵᠢᠯᠡᠭᠰᠡᠨ ᠰᠤᠷᠭᠠᠨ ᠬᠦᠮᠦᠵᠢᠯ ᠢ ᠲᠦᠯᠬᠢᠨ ᠠᠬᠢᠭᠤᠯᠵᠤ᠂ ᠰᠤᠷᠤᠯᠴᠠᠯᠭ᠎ᠠ ᠶᠢᠨ ᠮᠠᠶ᠋ᠢᠭ ᠤᠨ ᠨᠡᠶᠢᠬᠡᠮ ᠢ | ᠪᠦᠲᠦᠭᠡᠨ ᠪᠠᠶᠢᠭᠤᠯᠤᠨ᠎ᠡ᠃ ᠪᠡᠬᠡᠵᠢᠩ ᠤᠨ ᠰᠤᠷᠭᠠᠭᠤᠯᠢ ᠯᠤᠭ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠪᠠᠨ | ᠦᠷᠬᠦᠯᠵᠢᠯᠡᠨ ᠴᠢᠩᠭᠠᠳᠬᠠᠵᠤ᠂ ᠰᠤᠷᠭᠠᠨ ᠬᠦᠮᠦᠵᠢᠯ ᠤᠨ ᠴᠢᠨᠠᠷ ᠰᠠᠶᠢᠳᠠᠢ ᠡᠬᠢ ᠪᠠᠶᠠᠯᠢᠭ ᠢ ᠬᠠᠮᠳᠤᠪᠠᠷ ᠡᠳ᠋ᠯᠡᠬᠦ ᠶᠢ | ᠠᠬᠢᠭᠤᠯᠤᠨ᠎ᠠ᠃ | ᠰᠤᠶᠤᠯ ᠰᠢᠨᠵᠢᠯᠡᠬᠡᠨ ᠮᠡᠷᠬᠡᠵᠢᠯ ᠰᠢᠨ᠎ᠡ ᠡᠬᠦᠳᠦᠯᠳᠡ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠲᠦᠯᠬᠢᠨ | ᠠᠬᠢᠭᠤᠯᠤᠨ᠎ᠡ᠃ ᠡᠷᠬᠡᠳᠦ ᠠᠷᠠᠳ ᠤᠨ ᠶᠤᠰᠤ ᠰᠤᠷᠳᠠᠬᠤᠨ ᠤ ᠪᠠᠶᠢᠭᠤᠯᠤᠯᠳᠠ ᠶᠢᠨ ᠢᠨᠵᠧᠨᠧᠷᠢᠩ ᠢ ᠬᠦᠨᠵᠡᠬᠡᠢ | ᠶᠠᠪᠤᠭᠳᠠᠭᠤᠯᠵᠤ᠂ ᠨᠡᠶᠢᠬᠡᠮ ᠵᠢᠷᠦᠮ ᠤᠨ ᠭᠤᠤᠯᠯᠠᠬᠤ ᠦᠷᠳᠡᠭ ᠤᠨ ᠦᠵᠡᠯᠳᠡ ᠶᠢ ᠶᠡᠬᠡᠪᠡᠷ ᠪᠠᠳᠠᠷᠠᠭᠤᠯᠤᠨ᠎ᠡ᠃ | ᠤᠯᠤᠰ ᠤᠨ ᠤᠷᠠᠯᠢᠭ ᠤᠨ ᠬᠦᠷᠢᠶᠡᠯᠡᠩ ᠪᠦᠯᠬᠦᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠤ᠂ ᠤᠯᠠᠭᠠᠨᠮᠦ᠋ᠴᠢᠷ | ᠤᠨ ᠪᠠᠶᠢᠷᠢᠯᠠᠭᠤᠯᠤᠯᠳᠠ ᠶᠢ ᠴᠢᠩᠭᠠᠳᠬᠠᠵᠤ᠂ ᠰᠤᠶᠤᠯ ᠢᠶᠠᠷ ᠠᠷᠠᠳ ᠲᠤ ᠠᠰᠢᠭ ᠬᠦᠷᠳᠡᠬᠡᠬᠦ ᠳᠤᠭᠯᠠᠯᠳᠠ ᠶᠢ | ᠶᠠᠪᠤᠭᠳᠠᠭᠤᠯᠤᠨᠡ᠃ ᠳᠤᠮᠤ ᠴᠢᠬᠤᠯᠠ ᠳᠡᠤᠬᠡ ᠶᠢᠨ ᠳᠤᠷᠠᠰᠬᠠᠯᠳᠤ ᠵᠦᠢᠯᠡᠰ ᠤᠨ ᠬᠠᠮᠠᠭᠠᠯᠠᠯᠳᠠ ᠶᠢᠨ ᠢᠨᠵᠧᠨᠧᠷᠢᠩ ᠢ | ᠶᠠᠪᠤᠭᠤᠯᠵᠤ᠂ ᠰᠢᠯᠢᠳᠡᠭ ᠤᠯᠠᠮᠵᠢᠯᠠᠯᠳᠤ ᠰᠤᠶᠤᠯ ᠢ ᠤᠯᠠᠮᠵᠢᠯᠠᠨ ᠬᠠᠮᠠᠭᠠᠯᠠᠬᠤ ᠶᠢ ᠲᠦᠯᠬᠢᠨ ᠠᠬᠢᠭᠤᠯᠤᠨ᠎ᠡ᠃ ᠪᠦᠬᠦ | ᠨᠡᠶᠢᠬᠡᠮ ᠤᠨ ᠰᠢᠨᠵᠢᠯᠡᠬᠡᠨ ᠮᠡᠷᠬᠡᠵᠢᠯ ᠤᠨ ᠪᠡᠯᠡ ᠤᠷᠤᠭᠤᠯᠤᠯᠳᠠ ᠶᠢ ᠨᠡᠮᠡᠭᠳᠡᠬᠦᠯᠵᠤ᠂ ᠮᠡᠷᠬᠡᠵᠢᠯ ᠤᠨ ᠠᠷᠠᠯᠵᠢᠶᠠᠨ ᠤ | ᠨᠦᠬᠦᠪᠦᠷᠢ ᠪᠠ ᠭᠠᠶᠢᠯᠢ ᠳᠠᠳᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ | ᠳᠡᠬᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠮᠡᠷᠬᠡᠵᠢᠯ ᠤᠨ ᠰᠤᠳᠤᠯᠤᠯ ᠤᠨ ᠬᠦᠷᠢᠶᠡᠯᠡᠩ ᠭᠠᠵᠠᠷ ᠤᠨ ᠮᠠᠨ ᠤ | ᠬᠤᠳᠠ ᠶᠢᠨ ᠳᠠᠪᠠᠭᠤᠯᠢᠭ ᠠᠵᠤ ᠦᠢᠯᠡᠰ ᠲᠠᠢ ᠬᠦᠨᠴᠡ ᠪᠠᠷ ᠵᠤᠯᠭᠠᠯᠳᠤᠬᠤ ᠶᠢ ᠨᠢ ᠬᠦᠲᠦᠯᠵᠤ᠂ ᠬᠡᠷᠡᠭᠴᠡᠭᠡ | ᠱᠠᠭᠠᠷᠳᠠᠯᠭ᠎ᠠ ᠪᠠᠷ ᠵᠢᠯᠤᠭᠤᠳᠤᠮᠵᠢ ᠪᠤᠯᠭᠠᠭᠰᠠᠨ᠂ ᠠᠵᠤ ᠠᠬᠤᠶᠢᠯᠠᠯ ᠢᠶᠠᠷ ᠭᠤᠤᠯ ᠴᠤᠭᠴᠠ ᠪᠤᠯᠭᠠᠭᠰᠠᠨ | ᠦᠢᠯᠡᠳᠪᠦᠷᠢᠯᠡᠵᠦ ᠰᠤᠷᠴᠤ ᠰᠤᠳᠤᠯᠬᠤ ᠶᠢ ᠨᠢᠬᠡ ᠴᠤᠭᠴᠠᠵᠢᠭᠤᠯᠤᠭᠰᠠᠨ ᠰᠢᠨ᠎ᠡ ᠶᠢ ᠡᠬᠦᠳᠬᠦ ᠳᠤᠭᠳᠠᠴᠠ ᠶᠢ | ᠪᠦᠷᠢᠨᠰᠢᠬᠦᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠶᠢ ᠡᠬᠦᠳᠬᠦ ᠶᠢ ᠨᠢ ᠳᠡᠮᠵᠢᠵᠤ᠂ ᠰᠢᠨᠵᠢᠯᠡᠬᠡᠨ | ᠮᠡᠷᠬᠡᠵᠢᠯ ᠤᠨ ᠦᠷ᠎ᠡ ᠪᠦᠲᠦᠭᠡᠯ ᠤᠨ ᠤᠯᠠᠷᠢᠯᠠᠭᠤᠯᠤᠯᠳᠠ ᠶᠢ ᠠᠬᠢᠭᠤᠯᠤᠨ᠎ᠡ᠃ | ᠡᠷᠡᠬᠦᠯ ᠴᠢᠬᠢᠷᠠᠭ ᠤᠯᠠᠭᠠᠨᠴᠠᠪ ᠢ ᠲᠦᠷᠭᠡᠳᠭᠡᠨ ᠪᠠᠶᠢᠭᠤᠯᠤᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ | ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠡᠮᠨᠡᠯᠭᠡ ᠶᠢᠨ ᠬᠤᠯᠪᠤᠭᠠᠳᠤ ᠴᠤᠭᠴᠠ᠂ ᠡᠮᠨᠡᠯᠭᠡ ᠶᠢᠨ | ᠬᠠᠮᠳᠤᠷᠠᠭᠰᠠᠨ ᠴᠤᠭᠴᠠ ᠪᠠ ᠠᠯᠤᠰ ᠡᠵᠡᠮᠰᠢᠯᠳᠦ ᠡᠮᠴᠢᠯᠡᠭᠡ ᠶᠢᠨ ᠪᠦᠲᠦᠭᠡᠨ ᠪᠠᠶᠢᠭᠤᠯᠤᠯᠳᠠ ᠶᠢ ᠪᠦᠬᠦ ᠳᠠᠯ᠎ᠠ ᠪᠠᠷ | ᠲᠦᠯᠬᠢᠨ ᠨᠡᠭᠡᠭᠡᠵᠦ᠂ ᠱᠠᠳᠤ ᠬᠤᠪᠢᠶᠠᠨ ᠤᠨᠤᠰᠢᠯᠠᠨ ᠡᠮᠴᠢᠯᠡᠬᠦ᠂ ᠳᠠᠩ ᠡᠪᠡᠳᠴᠢᠨ ᠤ ᠲᠦᠷᠦᠯ ᠳᠤ ᠰᠦᠢᠳᠭᠡᠯ | ᠳᠤᠰᠢᠶᠠᠬᠤ ᠪᠠ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠳᠠ ᠶᠢ ᠲᠦᠯᠬᠢᠨ ᠠᠬᠢᠭᠤᠯᠵᠤ᠂ ᠤᠨᠳᠤᠤ ᠭᠠᠵᠠᠷ ᠲᠤ | ᠡᠪᠡᠳᠴᠢᠨ ᠢᠶᠠᠨ ᠦᠵᠡᠬᠦᠯᠬᠦ ᠳᠤᠭᠳᠠᠭᠰᠠᠨ ᠴᠡᠭ ᠤᠨ ᠡᠮᠴᠢᠯᠡᠭᠡᠨ ᠤ ᠪᠦᠷᠬᠦᠯᠳᠠ ᠶᠢᠨ ᠬᠡᠪᠴᠢᠶ᠎ᠡ ᠶᠢ ᠦᠷᠭᠡᠳᠭᠡᠨ᠎ᠡ | ᠃ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠳᠤ ᠴᠦᠮ ᠦᠷ᠎ᠡ ᠪᠦᠲᠦᠮᠵᠢ ᠶᠢᠨ ᠬᠢᠨᠠᠨ | ᠰᠢᠯᠭᠠᠯᠳᠠ ᠶᠢ ᠬᠡᠷᠡᠭᠵᠢᠬᠦᠯᠵᠦ᠂ 40% ᠦᠨᠳᠦᠰᠦᠨ ᠱᠠᠳᠤᠨ ᠤ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ | ᠶᠢ ᠤᠯᠤᠰ ᠤᠨ ᠪᠠᠷᠢᠮᠵᠢᠶᠠᠨ ᠳᠤ ᠬᠦᠷᠭᠡᠬᠦ ᠪᠠᠷ ᠴᠢᠷᠮᠠᠶᠢᠨ᠎ᠠ᠃ ᠮᠤᠩᠭᠤᠯ ᠬᠢᠳᠠᠳ ᠡᠮ ᠡᠮᠨᠡᠯᠭᠡ ᠶᠢᠨ ᠠᠵᠢᠯ | ᠦᠢᠯᠡᠰ ᠢ ᠶᠡᠬᠡᠪᠡᠷ ᠬᠦᠭᠵᠢᠬᠦᠯᠦᠨ᠎ᠡ᠃ ᠪᠦᠬᠦ ᠠᠷᠠᠳ ᠤᠨ ᠡᠷᠡᠬᠦᠯ ᠴᠢᠬᠢᠷᠠᠭ ᠤᠨ ᠰᠤᠷᠠᠭ ᠵᠠᠩᠬᠢ ᠶᠢᠨ ᠳᠠᠪᠴᠠᠩ ᠢ | ᠪᠠᠶᠢᠭᠤᠯᠤᠨ ᠪᠦᠷᠢᠨᠰᠢᠬᠦᠯᠵᠦ᠂ ᠰᠠᠭᠤᠭᠠᠯᠢ ᠠᠷᠠᠳ ᠤᠨ ᠴᠠᠬᠢᠮ ᠡᠷᠡᠬᠦᠯ ᠴᠢᠬᠢᠷᠠᠭ ᠤᠨ ᠺᠠᠷᠲ ᠢ ᠲᠦᠭᠡᠮᠡᠯᠵᠢᠬᠦᠯᠦᠨ | ᠬᠡᠷᠡᠭᠯᠡᠨ᠎ᠡ᠃ ᠡᠮᠴᠢᠯᠡᠵᠦ ᠰᠤᠪᠢᠯᠠᠬᠤ ᠨᠢᠭᠡ ᠴᠤᠭᠴᠠᠵᠢᠯᠠᠭᠰᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠭᠡᠵᠦ᠂ ᠪᠡᠭᠡᠵᠢᠩ ᠤᠨ ᠭᠤᠷᠪᠠᠨ ᠬᠦᠭᠡ ᠳᠡᠰ ᠤᠨ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠳᠤᠷᠠᠯᠴᠠᠭ᠎ᠠ | ᠪᠠᠨ ᠴᠢᠩᠭᠠᠳᠬᠠᠵᠤ᠂ ᠡᠮᠨᠡᠯᠭᠡ ᠰᠤᠪᠢᠯᠠᠯᠳᠠ ᠶᠢ ᠤᠶᠠᠯᠳᠤᠭᠤᠯᠤᠭᠰᠠᠨ ᠰᠢᠨ᠎ᠡ ᠵᠠᠭᠪᠤᠷ ᠢ ᠰᠦᠪᠡᠭᠴᠢᠯᠡᠨ᠎ᠡ᠃ | ᠡᠮᠨᠡᠯᠭᠡ ᠰᠤᠪᠢᠯᠠᠯᠳᠠ ᠶᠢᠨ ᠤᠶᠠᠯᠳᠤᠯ᠂ ᠭᠡᠷ ᠲᠤ ᠪᠠᠨ ᠰᠠᠭᠤᠵᠤ ᠪᠡᠶ᠎ᠡ ᠪᠠᠨ ᠰᠤᠪᠢᠯᠠᠬᠤ᠂ ᠡᠷᠡᠬᠦᠯ ᠴᠢᠬᠢᠷᠠᠭ ᠤᠨ | ᠰᠤᠪᠢᠯᠠᠯ ᠪᠠ ᠬᠠᠷᠢ ᠭᠠᠵᠠᠷ ᠰᠠᠭᠤᠬᠤ ᠨᠡᠬᠦᠳᠡᠯ ᠤᠨ ᠰᠢᠪᠠᠭᠤᠨ ᠤ ᠮᠠᠶ᠋ᠢᠭ ᠢᠶᠠᠷ ᠨᠠᠰᠤᠵᠢᠬᠤ ᠵᠠᠭᠪᠤᠷ ᠢ | ᠳᠡᠯᠭᠡᠷᠡᠬᠦᠯᠵᠦ᠂ ᠨᠠᠰᠤᠵᠢᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷᠵᠢᠬᠦ ᠶᠢ ᠲᠦᠯᠬᠢᠨ ᠠᠬᠢᠭᠤᠯᠤᠨ᠎ᠠ᠃ᠤᠯᠠᠨ | ᠨᠡᠶᠢᠳᠡ ᠶᠢᠨ ᠡᠷᠡᠬᠦᠯ ᠬᠠᠮᠠᠭᠠᠯᠠᠯ ᠪᠠ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠠᠵᠢᠯ ᠢ | ᠴᠢᠩᠭᠠᠳᠬᠠᠨ᠎ᠠ᠃ ᠤᠷᠤᠯᠳᠤᠭᠠᠨ ᠤ ᠠᠵᠢᠯᠯᠠᠭᠠᠨ ᠢ ᠪᠠᠶᠠᠯᠢᠭᠵᠢᠭᠤᠯᠵᠤ᠂ ᠪᠡᠶ᠎ᠡ ᠳᠠᠮᠢᠷ ᠤᠨ ᠦᠷᠢᠰᠦᠯᠳᠦᠭᠡᠨᠳᠦ | ᠳᠤᠭᠯᠠᠯᠳᠠ ᠶᠢᠨ ᠠᠵᠤ ᠦᠢᠯᠡᠰ ᠢ ᠬᠦᠭᠵᠢᠬᠦᠯᠦᠨ᠎ᠡ᠃ ᠪᠡᠶ᠎ᠡ ᠪᠤᠯᠪᠠᠰᠤᠷᠠᠭᠤᠯᠬᠤ ᠵᠢᠵᠢᠭ ᠮᠠᠶ᠋ᠢᠭ ᠤᠨ ᠴᠡᠭ ᠤᠨ | ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠤᠯᠠᠨ ᠨᠡᠶᠢᠳᠡ ᠶᠢᠨ ᠪᠡᠶ᠎ᠡ ᠳᠠᠮᠢᠷ ᠤᠨ ᠳᠠᠯᠠᠪᠤᠷ ᠤᠷᠳᠤᠨ ᠪᠠ ᠳᠤᠨᠤᠭ | ᠲᠦᠬᠦᠭᠡᠷᠦᠮᠵᠢ ᠶᠢᠨ ᠤᠯᠠᠨ ᠲᠦᠮᠡᠨ ᠳᠤ ᠰᠦᠢᠳᠭᠡᠯ ᠬᠤᠷᠢᠶᠠᠬᠤ ᠦᠭᠡᠢ ᠪᠤᠶᠤ ᠬᠠᠷᠠᠭᠠᠯᠵᠠᠯ ᠲᠠᠢ ᠨᠡᠭᠡᠭᠡᠬᠦ ᠡᠷᠴᠢᠮ | ᠢ ᠴᠢᠩᠭᠠᠷᠠᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠳᠤ ᠬᠦᠯ ᠪᠦᠮᠪᠦᠭᠡ᠂ ᠳᠤᠤᠷ ᠪᠦᠮᠪᠦᠭᠡ᠂ ᠴᠠᠰᠤ ᠮᠦᠰᠦᠨ | ᠤ ᠬᠦᠳᠡᠯᠭᠡᠭᠡᠨ ᠢ ᠳᠡᠯᠭᠡᠷᠡᠬᠦᠯᠦᠨ᠎ᠡ᠃ | ᠨᠡᠶᠢᠭᠡᠮ ᠤᠨ ᠪᠠᠳᠤᠯᠠᠪᠤᠷᠢ ᠶᠢᠨ ᠤᠭᠤᠳᠠ ᠪᠠᠨ ᠠᠭᠤᠳᠠᠯᠯᠠᠬᠤ ᠴᠢᠳᠠᠮᠵᠢ ᠶᠢ ᠴᠢᠩᠭᠠᠳᠬᠠᠨ᠎ᠠ᠃ ᠪᠦᠬᠦ ᠠᠷᠠᠳ | ᠤᠨ ᠳᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠬᠦᠨᠵᠡᠭᠡᠢ ᠬᠡᠷᠡᠭᠵᠢᠬᠦᠯᠵᠦ᠂ ᠬᠦᠴᠢᠷᠳᠡᠯ ᠲᠠᠢ ᠤᠯᠠᠨ ᠲᠦᠮᠡᠨ | ᠤ ᠳᠠᠭᠠᠳᠬᠠᠯ ᠳᠤ ᠤᠷᠤᠬᠤ ᠨᠤᠷᠮ᠎ᠠ ᠶᠢ ᠳᠡᠭᠡᠭᠰᠢᠯᠡᠬᠦᠯᠦᠨ᠎ᠡ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ | ᠨᠠᠰᠤᠵᠢᠯ ᠤᠨ ᠳᠠᠭᠠᠳᠬᠠᠯ ᠤᠨ ᠲᠦᠷᠢᠮ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠵᠤ᠂ ᠠᠵᠢᠯ ᠠᠴᠠ ᠪᠠᠨ | ᠠᠮᠠᠷᠠᠭᠰᠠᠳ ᠤᠨ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠢ ᠳᠡᠭᠡᠭᠰᠢᠯᠡᠬᠦᠯᠦᠨ᠎ᠡ᠃ ᠨᠡᠶᠢᠭᠡᠮ ᠤᠨ ᠳᠠᠭᠠᠳᠬᠠᠯ | ᠤᠨ ᠰᠠᠭᠤᠷᠢ ᠮᠦᠩᠬᠦᠨ ᠤ ᠠᠮᠤᠷ ᠲᠦᠪᠰᠢᠨ ᠤ ᠬᠠᠮᠢᠶᠠᠷᠤᠯᠳᠠ ᠶᠢ ᠴᠢᠩᠭᠠᠳᠬᠠᠨ᠎ᠠ᠃ ᠠᠵᠢᠯᠳᠠᠨ ᠪᠠ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠲᠦᠷᠢᠮ ᠢ ᠪᠦᠷᠢᠨᠰᠢᠬᠦᠯᠵᠦ᠂ ᠡᠮᠨᠡᠯᠭᠡ ᠶᠢᠨ | ᠪᠠᠳᠤᠯᠠᠭᠠᠨ ᠤ ᠲᠦᠪᠰᠢᠨ ᠢ ᠳᠡᠭᠡᠭᠰᠢᠯᠡᠬᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠯᠳᠠ ᠶᠢᠨ ᠨᠢᠭᠡᠳᠦᠯᠳᠡᠢ | ᠲᠦᠯᠦᠪᠯᠡᠭᠡ ᠶᠢ ᠴᠢᠩᠭᠠᠳᠬᠠᠵᠤ᠂ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠲᠦᠷ | ᠴᠠᠭ ᠤᠨ ᠠᠪᠤᠷᠠᠨ ᠲᠤᠰᠠᠯᠠᠯᠳᠠ ᠶᠢ ᠳᠡᠬᠦᠯᠳᠡᠷᠵᠢᠬᠦᠯᠵᠦ᠂ ᠨᠡᠶᠢᠭᠡᠮ ᠤᠨ ᠠᠰᠠᠷᠠᠮᠵᠢ ᠪᠠ ᠨᠢᠭᠦᠯᠡᠰᠦᠩᠬᠦᠢ ᠶᠢᠨ | ᠦᠢᠯᠡᠰ ᠢ ᠶᠡᠬᠡᠪᠡᠷ ᠬᠦᠭᠵᠢᠭᠦᠯᠦᠨ᠎ᠠ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠮᠨᠡᠯᠭᠡ ᠶᠢᠨ ᠲᠠᠭᠠᠳᠬᠠᠯ | ᠳᠤ ᠤᠷᠤᠯᠴᠠᠭᠰᠠᠨ ᠪᠠᠶᠢᠳᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠶᠢ ᠬᠦᠷᠳᠡᠵᠦ ᠪᠠᠶᠢᠭ᠎ᠠ ᠪᠠᠶᠢᠳᠠᠯ ᠢ | ᠪᠦᠬᠦ ᠲᠠᠯ᠎ᠠ ᠪᠠᠷ ᠪᠠᠶᠢᠴᠠᠭᠠᠨ ᠰᠢᠢᠳᠪᠦᠷᠢᠯᠡᠬᠦ ᠠᠷᠭ᠎ᠠ ᠠᠪᠴᠠᠯ ᠢ ᠲᠦᠷᠦᠯ ᠬᠤᠪᠢᠶᠠᠨ ᠭᠠᠷᠭᠠᠵᠤ᠂ ᠲᠤᠳᠠᠵᠤ | ᠤᠷᠬᠢᠭᠳᠠᠭᠤᠯᠬᠤ ᠦᠭᠡᠢ ᠶᠢ ᠪᠠᠲᠤᠯᠠᠨ᠂ ᠪᠠᠲᠤᠯᠠᠬᠤ ᠶᠤᠰᠤᠲᠠᠢ ᠶᠢ ᠨᠢ ᠵᠠᠪᠠᠯ ᠪᠠᠲᠤᠯᠠᠨ᠎ᠠ᠃ | ᠨᠡᠶᠢᠭᠡᠮ ᠤᠨ ᠵᠠᠰᠠᠯᠳᠠ ᠶᠢᠨ ᠲᠦᠪᠰᠢᠨ ᠢ ᠳᠡᠭᠡᠭᠰᠢᠯᠡᠬᠦᠯᠦᠨ᠎ᠡ᠃ ᠠᠶᠤᠯᠬᠦᠢ ᠦᠢᠯᠡᠳᠪᠦᠷᠢᠯᠡᠯ ᠤᠨ ᠳᠠᠯᠳᠠ | ᠬᠡᠮ ᠢ ᠪᠠᠶᠢᠴᠠᠭᠠᠨ ᠵᠠᠰᠠᠬᠤ ᠪᠠ ᠭᠤᠤᠯᠳᠠᠯᠭᠠᠳᠤ ᠠᠵᠢᠯ ᠲᠦᠷᠦᠯ ᠤᠨ ᠬᠦᠷᠢᠶ᠎ᠡ ᠴᠠᠷᠠᠭ᠎ᠠ ᠶᠢᠨ ᠲᠤᠰᠬᠠᠢ ᠴᠡᠭᠴᠡᠯᠡᠨ | ᠵᠠᠰᠠᠯᠳᠠ ᠶᠢ ᠯᠠᠪᠳᠠᠭᠤᠨ ᠪᠠᠳᠤᠳᠠᠢ ᠶᠠᠪᠤᠭᠳᠠᠭᠤᠯᠵᠤ᠂ ᠠᠶᠤᠯᠬᠦᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ | ᠤᠨ ᠠᠮᠤᠷ ᠲᠦᠪᠰᠢᠨ ᠪᠠ ᠵᠠᠮ ᠬᠠᠷᠢᠯᠴᠠᠭᠠᠨ ᠤ ᠠᠮᠤᠷ ᠲᠦᠪᠰᠢᠨ ᠢ ᠬᠦᠴᠦ ᠭᠠᠷᠭᠠᠵᠤ ᠰᠠᠶᠢᠳᠤᠷ ᠠᠳᠬᠤᠵᠤ᠂ | ᠦᠢᠯᠡᠳᠪᠦᠷᠢᠯᠡᠯ ᠤᠨ ᠠᠮᠤᠷ ᠲᠦᠪᠰᠢᠨ ᠤ ᠤᠨᠴᠠ ᠬᠦᠨᠳᠦ ᠶᠡᠭᠡ ᠬᠡᠨᠡᠳᠡᠯ ᠭᠠᠷᠬᠤ ᠶᠢ ᠡᠷᠡᠰ ᠬᠤᠷᠢᠭᠯᠠᠨ᠎ᠠ᠃ | ᠬᠤᠳᠠ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠳᠠᠪᠴᠠᠩ ᠤᠨ ᠪᠠᠶᠢᠭᠤᠯᠤᠯᠳᠠ ᠶᠢ | ᠪᠦᠷᠢᠨᠰᠢᠬᠦᠯᠵᠦ᠂ ᠴᠠᠭ ᠠᠭᠤᠷ ᠤᠨ ᠦᠢᠯᠡᠴᠢᠯᠡᠭᠡ᠂ ᠦᠶᠡᠷ ᠢ ᠰᠡᠷᠭᠡᠶᠢᠯᠡᠨ ᠭᠠᠩ ᠭᠠᠮᠰᠢᠭ ᠢ ᠡᠰᠡᠷᠬᠦᠴᠡᠬᠦ᠂ | ᠭᠠᠮᠰᠢᠭ ᠠᠴᠠ ᠰᠡᠷᠭᠡᠶᠢᠯᠠᠵᠤ ᠭᠠᠮᠰᠢᠭ ᠢ ᠪᠠᠭᠠᠰᠬᠠᠬᠤ ᠵᠡᠷᠭᠡ ᠠᠵᠢᠯ ᠢ ᠰᠠᠶᠢᠳᠤᠷ ᠠᠳᠬᠤᠨ᠎ᠠ᠃ ᠤᠳᠤᠷᠢᠳᠤᠯᠭ᠎ᠠ | ᠰᠤᠷᠪᠤᠯᠵᠢᠯᠠᠭ᠎ᠠ ᠬᠦᠯᠢᠶᠡᠬᠦ ᠪᠠ ᠬᠡᠷᠡᠭ ᠳᠠᠭᠠᠭᠠᠴᠢᠯᠠᠬᠤ ᠠᠵᠢᠯ ᠤᠨ ᠲᠦᠷᠢᠮ ᠢ ᠪᠦᠷᠢᠨᠰᠢᠬᠦᠯᠵᠦ᠂ ᠰᠦᠯᠵᠢᠶᠡᠨ | ᠳᠡᠭᠡᠷ᠎ᠡ ᠵᠠᠬᠢᠳᠠᠯ ᠰᠤᠷᠪᠤᠯᠵᠢᠯᠠᠭ᠎ᠠ ᠶᠢ ᠰᠢᠢᠳᠪᠦᠷᠢᠯᠡᠬᠦ ᠲᠦᠪᠰᠢᠨ ᠢ ᠳᠡᠭᠡᠭᠰᠢᠯᠡᠬᠦᠯᠵᠦ᠂ ᠵᠦᠷᠢᠴᠡᠯ ᠵᠢᠭᠤᠷᠠᠯᠳᠤᠭᠠᠨ ᠢ | ᠪᠠᠶᠢᠴᠠᠭᠠᠨ ᠰᠢᠢᠳᠪᠦᠷᠢᠯᠡᠬᠦ ᠪᠠᠨ ᠴᠢᠩᠭᠠᠳᠬᠠᠵᠤ᠂ ᠤᠯᠠᠨ ᠲᠦᠮᠡᠨ ᠤ ᠵᠦᠢ ᠵᠤᠬᠢᠰᠳᠠᠢ ᠭᠤᠮᠤᠳᠠᠯ ᠱᠠᠭᠠᠷᠳᠠᠯᠭ᠎ᠠ ᠶᠢ | ᠦᠨᠡᠨᠬᠦ ᠰᠢᠢᠳᠪᠦᠷᠢᠯᠡᠨ᠎ᠡ᠃ ᠮᠡᠳᠡᠭᠡ ᠵᠠᠩᠬᠢᠴᠢᠯᠠᠭᠰᠠᠨ᠂ ᠤᠶᠤᠨᠵᠢᠭᠰᠠᠨ᠂ ᠱᠤᠴᠢᠯᠠᠭᠰᠠᠨ ᠨᠡᠶᠢᠭᠡᠮ ᠤᠨ ᠰᠡᠷᠭᠡᠶᠢᠯᠡᠨ | ᠵᠠᠰᠠᠯᠳᠠ ᠶᠢᠨ ᠡᠵᠡᠮᠰᠢᠯ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠠᠷ᠎ᠠ ᠪᠦᠯᠦᠭᠳᠡᠨ | ᠬᠠᠷᠬᠢᠰ ᠬᠦᠴᠦᠨ ᠢ ᠠᠷᠢᠯᠭᠠᠬᠤ ᠲᠤᠰᠬᠠᠢ ᠳᠡᠮᠡᠴᠡᠯ ᠢ ᠬᠦᠨᠵᠡᠭᠡᠢ ᠶᠠᠪᠤᠭᠳᠠᠭᠤᠯᠵᠤ᠂ ᠠᠮᠤᠷ ᠠᠮᠤᠭᠤᠯᠠᠩ | ᠤᠯᠠᠭᠠᠨᠴᠠᠪ ᠤᠨ ︽ᠳᠡᠰ ᠳᠠᠪᠰᠢᠭᠰᠠᠨ ᠬᠡᠪ︾ ᠢ ᠪᠠᠶᠢᠭᠤᠯᠤᠨ᠎ᠠ᠃ ᠪᠦᠬᠦ ᠠᠷᠠᠳ ᠢᠶᠠᠷ ᠢᠶᠠᠨ ᠬᠠᠤᠯᠢ | ᠲᠦᠭᠡᠮᠡᠯᠵᠢᠬᠦᠯᠬᠦ ᠬᠦᠮᠦᠵᠢᠯ ᠢ ᠴᠢᠩᠭᠠᠳᠬᠠᠵᠤ᠂ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠢᠰᠲ᠋ᠧᠮᠵᠢ ᠶᠢ ᠳᠡᠬᠦᠯᠳᠡᠷᠵᠢᠬᠦᠯᠵᠦ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢ ᠪᠦᠷᠢᠨᠰᠢᠬᠦᠯᠦᠨ᠎ᠡ᠃ ᠨᠡᠶᠢᠭᠡᠮ | ᠤᠨ ᠠᠵᠢᠯ ᠪᠠ ᠰᠠᠶᠢᠨ ᠳᠤᠷᠠᠴᠤᠳ ᠵᠡᠷᠭᠡ ᠶᠢᠨ ᠨᠡᠶᠢᠭᠡᠮ ᠤᠨ ᠬᠦᠴᠦᠨ ᠤ ᠦᠢᠯᠡᠳᠦᠯ ᠢ ᠪᠠᠳᠠᠷᠠᠭᠤᠯᠤᠨ᠎ᠠ᠃ | ᠡᠮᠡᠭᠳᠡᠶᠢᠴᠦᠳ᠂ ᠬᠡᠦᠬᠡᠳ᠂ ᠨᠠᠰᠤᠳᠠᠶᠢᠴᠤᠳ᠂ ᠵᠡᠮᠳᠡᠭᠴᠤᠳ ᠤᠨ ᠬᠠᠤᠯᠢ ᠶᠤᠰᠤᠨ ᠤ ᠡᠷᠭᠡ ᠠᠰᠢᠭ ᠢ | ᠬᠠᠮᠠᠭᠠᠯᠠᠨ᠎ᠠ᠃ | ᠦᠨᠳᠦᠰᠦᠳᠡᠨ ᠤ ᠪᠦᠯᠬᠦᠮᠳᠡᠯ᠂ ᠬᠢᠯᠢ ᠬᠢᠵᠠᠭᠠᠷ ᠤᠨ ᠯᠠᠪᠳᠠᠭᠤᠨ ᠳᠤᠭᠳᠠᠭᠤᠨ ᠢ ᠬᠦᠨᠵᠡᠭᠡᠢ ᠳᠦᠯᠬᠢᠨ | ᠠᠬᠢᠭᠤᠯᠤᠨ᠎ᠠ᠃ ︽ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶᠡᠴᠢ ᠬᠤᠳᠠ︾ ᠶᠢᠨ | ᠴᠤᠭᠴᠠᠯᠠᠯᠳᠠ ᠶᠢᠨ ᠠᠵᠢᠯ ᠢ ᠦᠷᠨᠢᠬᠦᠯᠵᠦ᠂ ᠴᠦᠭᠡᠨ ᠲᠤᠭᠠᠳᠤ ᠦᠨᠳᠦᠰᠦᠳᠡᠨ ᠲᠦᠪᠯᠡᠷᠡᠨ ᠰᠠᠭᠤᠷᠢᠰᠢᠭᠰᠠᠨ | ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠯᠬᠤᠴᠠ ᠶᠢ ᠲᠦᠷᠭᠡᠳᠭᠡᠵᠦ᠂ ᠬᠤᠳᠠ ᠶᠢᠨ | ᠦᠨᠳᠦᠰᠦᠳᠡᠨ ᠤ ᠠᠵᠢᠯ ᠤᠨ ᠲᠦᠪᠰᠢᠨ ᠢ ᠦᠨᠡᠨᠬᠦ ᠳᠡᠭᠡᠭᠰᠢᠯᠡᠬᠦᠯᠵᠦ᠂ ᠮᠤᠩᠭᠤᠯ ᠬᠡᠯᠡ ᠪᠢᠴᠢᠭ ᠤᠨ ᠲᠦᠷᠢᠮᠵᠢᠯᠳᠡ | ᠪᠠᠷᠢᠮᠵᠢᠶᠠᠵᠢᠯᠳᠡ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠡᠯ᠎ᠡ ᠦᠨᠳᠦᠰᠦᠳᠡᠨ ᠤ | ᠬᠠᠮᠳᠤ ᠶᠢᠨ ᠪᠦᠯᠬᠦᠮᠳᠡᠯ ᠳᠡᠮᠡᠴᠡᠯ᠂ ᠬᠠᠮᠳᠤ ᠶᠢᠨ ᠦᠷᠨᠢᠬᠦᠨ ᠬᠦᠭᠵᠢᠯᠳᠡ ᠶᠢ ᠠᠬᠢᠭᠤᠯᠤᠨ᠎ᠠ᠃ | ᠴᠡᠷᠢᠭ ᠠᠩᠬᠢ ᠪᠠ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠦᠲᠦᠭᠡᠨ ᠪᠠᠶᠢᠭᠤᠯᠤᠯᠳᠠ ᠶᠢ ᠳᠡᠮᠵᠢᠵᠦ᠂ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠳᠠ ᠶᠢᠨ ᠠᠵᠢᠯ ᠢ ᠴᠢᠩᠭᠠᠳᠬᠠᠵᠤ᠂ | ᠴᠡᠷᠢᠭ ᠤᠨ ᠬᠠᠷᠠᠭᠠᠯᠵᠠᠯ ᠤᠨ ᠦᠢᠯᠡᠴᠢᠯᠡᠭᠡ ᠪᠠᠳᠤᠯᠠᠭᠠᠨ ᠤ ᠲᠦᠪᠰᠢᠨ ᠢ ᠳᠡᠭᠡᠭᠰᠢᠯᠡᠬᠦᠯᠦᠨ᠎ᠡ᠃ | ᠭᠤᠷᠪᠠ᠂ ᠠᠷᠠᠳ ᠤᠨ ᠬᠠᠨᠤᠮᠵᠢᠳᠠᠢ ᠵᠠᠰᠠᠭ ᠤᠨ ᠤᠷᠳᠤᠨ ᠢ ᠪᠠᠶᠢᠭᠤᠯᠬᠤ ᠪᠠᠷ ᠴᠢᠷᠮᠠᠶᠢᠨ᠎ᠠ | ᠰᠢᠨ᠎ᠡ ᠦᠵᠡᠯ ᠰᠠᠨᠠᠭ᠎ᠠ ᠶᠢ ᠳᠤᠭᠤᠰᠢᠯᠠᠭᠤᠯᠵᠤ ᠰᠢᠨ᠎ᠡ ᠴᠠᠭ ᠦᠶ᠎ᠡ ᠳᠤ ᠡᠷᠡᠮᠡᠭᠡᠶᠢᠯᠡᠨ ᠤᠷᠤᠭᠰᠢᠯᠠᠵᠤ᠂ | ᠵᠠᠰᠠᠭ ᠤᠨ ᠤᠷᠳᠤᠨ ᠤ ᠠᠵᠢᠯ ᠳᠤ ᠨᠡᠩ ᠦᠨᠳᠦᠷ ᠰᠢᠨ᠎ᠡ ᠱᠠᠭᠠᠷᠳᠠᠯᠭ᠎ᠠ ᠳᠤᠷᠠᠳᠤᠨ᠎ᠠ᠃ ᠪᠢᠳᠡ ᠤᠭ ᠰᠠᠨᠠᠭ᠎ᠠ ᠪᠠᠨ | ᠦᠯᠦ ᠤᠮᠠᠷᠳᠠᠵᠤ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ︽ᠲᠦᠷᠪᠡᠨ ᠤᠬᠠᠮᠰᠠᠷ︾ ᠢ ᠪᠠᠳᠤ ᠪᠤᠢ | ᠪᠤᠯᠭᠠᠵᠤ᠂ ︽ᠲᠦᠷᠪᠡᠨ ᠢᠳᠡᠭᠡᠯ︾ ᠢ ᠪᠠᠳᠤᠳᠬᠠᠵᠤ᠂ ︽ᠬᠤᠶᠠᠷ ᠢ ᠡᠷᠡᠰ ᠬᠠᠮᠠᠭᠠᠯᠬᠤ︾ ᠶᠢ ᠭᠤᠶᠢᠪᠢᠰᠢ ᠦᠭᠡᠢ | ᠬᠦᠢᠴᠡᠳᠭᠡᠵᠦ᠂ ᠨᠠᠮ ᠤᠨ ᠰᠠᠨᠠᠭ᠎ᠠ ᠶᠢ ᠠᠮᠤᠷᠵᠢᠭᠤᠯᠤᠭᠰᠠᠨ᠂ ᠠᠷᠠᠳ ᠳᠦᠮᠡᠨ ᠳᠤ ᠬᠠᠨᠤᠮᠵᠢᠳᠠᠢ ᠵᠠᠰᠠᠭ ᠤᠨ | ᠤᠷᠳᠤᠨ ᠢ ᠪᠠᠶᠢᠭᠤᠯᠤᠨ᠎ᠠ᠃ | ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠠ ᠶᠢ ᠴᠢᠩᠭᠠᠳᠬᠠᠨ᠎ᠠ᠃ ︽ᠬᠠᠤᠯᠢ ᠠᠴᠠ | ᠳᠤᠭᠳᠠᠭᠠᠭᠰᠠᠨ ᠡᠬᠦᠷᠭᠡ ᠲᠤᠰᠢᠶᠠᠯ ᠢ ᠡᠷᠬᠡᠪᠰᠢ ᠬᠦᠢᠴᠡᠳᠭᠡᠵᠦ᠂ ᠬᠠᠤᠯᠢ ᠠᠴᠠ ᠡᠷᠭᠡ ᠤᠯᠭᠤᠭᠰᠠᠨ ᠦᠭᠡᠢ ᠵᠦᠢᠯ | ᠢ ᠬᠢᠵᠦ ᠪᠤᠯᠬᠤ ᠦᠭᠡᠢ︾ ᠪᠠᠶᠢᠬᠤ ᠶᠢ ᠪᠠᠷᠢᠮᠳᠠᠯᠠᠵᠤ᠂ ᠬᠠᠤᠯᠢᠵᠢᠯ ᠤᠨ ᠰᠡᠳᠬᠢᠴᠡ ᠶᠢ ᠪᠠᠳᠤ ᠪᠠᠬᠢ ᠪᠤᠢ ᠪᠤᠯᠭᠠᠵᠤ᠂ | ᠵᠠᠰᠠᠭ ᠤᠨ ᠤᠷᠳᠤᠨ ᠤ ᠠᠵᠢᠯ ᠢ ᠬᠠᠤᠯᠢᠵᠢᠯ ᠤᠨ ᠵᠠᠮ ᠳᠤ ᠦᠨᠡᠨᠬᠦ ᠤᠷᠤᠭᠤᠯᠤᠨ᠎ᠠ᠃ ᠬᠠᠤᠯᠢ ᠶᠤᠰᠤᠭᠠᠷ ᠠᠷᠠᠳ | ᠤᠨ ᠲᠦᠯᠦᠭᠡᠯᠡᠭᠴᠢ ᠶᠢᠨ ᠶᠡᠭᠡ ᠬᠤᠷᠠᠯ ᠵᠢᠴᠢ ᠳᠡᠬᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ | ᠬᠢᠨᠠᠯᠳᠠ ᠪᠠ ᠠᠵᠢᠯ ᠤᠨ ᠬᠢᠨᠠᠯᠳᠠ ᠶᠢ ᠬᠦᠯᠢᠶᠡᠨ ᠠᠪᠴᠤ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ | ᠬᠢᠨᠠᠯᠳᠠ ᠳᠠᠯᠪᠢᠬᠤ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠳᠠ | ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠤᠨ᠎ᠠ᠃ ᠡᠷᠭᠡ ᠶᠢᠨ ᠨᠠᠷᠢᠨ ᠳᠠᠩᠰᠠ ᠶᠢᠨ ᠲᠦᠷᠢᠮ ᠢ ᠪᠦᠬᠦ ᠳᠠᠯ᠎ᠠ ᠪᠠᠷ | ᠬᠡᠷᠡᠭᠵᠢᠬᠦᠯᠵᠦ᠂ ᠳᠡᠰ ᠳᠠᠷᠠᠭᠠᠯᠠᠯ ᠶᠤᠰᠤᠭᠠᠷ ᠰᠢᠢᠳᠪᠦᠷᠢᠳᠦ ᠪᠤᠳᠤᠯᠭ᠎ᠠ ᠭᠠᠷᠭᠠᠵᠤ᠂ ᠲᠦᠷᠢᠮ ᠲᠤᠭᠲᠠᠭᠠᠯ ᠢᠶᠠᠷ | ᠠᠵᠢᠯᠯᠠᠭ᠎ᠠ ᠶᠠᠪᠤᠭᠤᠯᠤᠨ᠎ᠠ᠃ᠡᠯ᠎ᠡ ᠳᠠᠯ᠎ᠠ ᠶᠢᠨ ᠰᠠᠨᠠᠯ ᠰᠠᠨᠠᠭᠤᠯᠤᠮᠵᠢ ᠢ ᠬᠦᠢᠴᠡᠳ ᠰᠤᠨᠤᠰᠤᠨ᠎ᠠ᠃ ᠵᠠᠰᠠᠭ | ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠬᠠᠷᠢᠭᠤᠴᠠᠯᠭ᠎ᠠ ᠶᠢᠨ ᠲᠦᠷᠢᠮ ᠢ ᠬᠦᠨᠵᠡᠭᠡᠢ ᠨᠠᠶᠢᠳᠠᠪᠤᠷᠢᠵᠢᠭᠤᠯᠵᠤ᠂ | ᠳᠦᠷᠢᠮᠵᠢᠬᠦᠨ ᠲᠦᠪ ᠭᠤᠤᠯᠴᠢ ᠪᠤᠯᠪᠠᠰᠤᠨ ᠬᠠᠤᠯᠢ ᠬᠡᠷᠡᠭᠵᠢᠬᠦᠯᠦᠯᠳᠡ ᠶᠢ ᠠᠬᠢᠭᠤᠯᠤᠨ᠎ᠠ ᠃ ᠵᠠᠰᠠᠭ ᠤᠨ ᠶᠠᠪᠤᠳᠠᠯ | ᠢ ᠢᠯᠡ ᠪᠤᠯᠭᠠᠬᠤ ᠡᠷᠴᠢᠮ ᠢ ᠴᠢᠩᠭᠠᠳᠬᠠᠵᠤ᠂ ᠵᠠᠰᠠᠭ ᠤᠨ ᠤᠷᠳᠤᠨ ᠤ ᠠᠵᠢᠯ ᠤᠨ ᠢᠯᠡᠴᠡ ᠶᠢ ᠨᠡᠮᠡᠭᠳᠡᠬᠦᠯᠵᠦ᠂ | ᠡᠷᠭᠡ ᠶᠢ ᠳᠤᠳᠤ ᠳᠤᠳᠤᠷᠠᠭᠤᠨ ᠶᠠᠪᠤᠭᠳᠠᠭᠤᠯᠤᠨ᠎ᠠ᠃ ᠰᠤᠨᠢᠨ ᠮᠡᠳᠡᠭᠡ ᠨᠡᠶᠢᠳᠡᠯᠡᠬᠦ ᠲᠦᠷᠢᠮ ᠢ ᠪᠠᠶᠢᠭᠤᠯᠵᠤ᠂ | ᠨᠡᠶᠢᠭᠡᠮ ᠤᠨ ᠬᠠᠯᠠᠮᠵᠢᠯᠠᠯ ᠳᠤ ᠴᠠᠭ ᠲᠤᠬᠠᠢ ᠳᠤ ᠨᠢ ᠬᠠᠷᠢᠭᠤ ᠦᠭᠭᠦᠨ᠎ᠡ᠃ | ᠠᠰᠢᠭᠯᠠᠮᠵᠢᠳᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠲᠤᠰᠢᠶᠠᠯ ᠬᠠᠷᠢᠭᠤᠴᠠᠯᠭ᠎ᠠ | ᠪᠠᠨ ᠬᠢᠨᠠᠮᠠᠭᠠᠢ ᠬᠦᠢᠴᠡᠳᠭᠡᠵᠦ᠂ ᠵᠤᠷᠢᠭᠳᠠᠢ ᠪᠠᠷ ᠡᠬᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠬᠢᠵᠦ᠂ ᠨᠡᠩ ᠴᠢᠩᠭ᠎ᠠ | ᠱᠠᠭᠠᠷᠳᠠᠯᠭ᠎ᠠ᠂ ᠨᠡᠩ ᠦᠨᠳᠦᠷ ᠪᠠᠷᠢᠮᠵᠢᠶ᠎ᠡ ᠪᠠᠷ ᠵᠠᠰᠠᠭ ᠤᠨ ᠤᠷᠳᠤᠨ ᠤ ᠬᠦᠢᠴᠡᠳᠬᠡᠬᠦ ᠴᠢᠳᠠᠪᠤᠷᠢ ᠶᠢ | ᠳᠡᠭᠡᠭᠰᠢᠯᠡᠬᠦᠯᠦᠨ᠎ᠡ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠴᠠᠭ ᠲᠤᠬᠠᠢ ᠳᠤ ᠨᠢ | ᠪᠡᠶᠡᠯᠡᠬᠦᠯᠵᠦ᠂ ᠡᠬᠦᠷᠭᠡ ᠳᠤᠰᠢᠶᠠᠯ ᠤᠨ ᠲᠤᠬᠢᠷᠠᠭᠤᠯᠤᠯᠳᠠ ᠶᠢ ᠰᠢᠯᠢᠳᠡᠭᠵᠢᠬᠦᠯᠵᠦ᠂ ᠵᠠᠰᠠᠭ ᠵᠠᠬᠢᠷᠭᠠᠨ ᠤ ᠦᠷ᠎ᠡ | ᠠᠰᠢᠭ ᠢ ᠳᠡᠭᠡᠭᠰᠢᠯᠡᠬᠦᠯᠦᠨ᠎ᠡ᠃ ᠲᠤᠰᠬᠠᠢ ᠲᠦᠷᠦᠯ ᠤᠨ ᠱᠠᠯᠠᠪᠳᠠᠭᠤᠯᠤᠨ ᠪᠠᠶᠢᠴᠠᠭᠠᠯᠳᠠ ᠪᠤᠯᠤᠨ ᠦᠷ᠎ᠡ ᠪᠦᠲᠦᠮᠵᠢ | ᠶᠢ ᠨᠡᠬᠡᠮᠵᠢᠯᠠᠨ ᠠᠰᠠᠭᠤᠬᠤ ᠶᠢ ᠴᠢᠩᠭᠠᠳᠬᠠᠵᠤ᠂ ᠵᠦᠪ ᠴᠢᠭᠯᠡᠯ ᠢᠶᠠᠷ ᠤᠷᠮᠠᠰᠢᠭᠤᠯᠬᠤ ᠪᠠ ᠠᠯᠳᠠᠭ᠎ᠠ ᠶᠢ | ᠠᠭᠤᠴᠢᠯᠠᠵᠤ ᠠᠯᠳᠠᠭ᠎ᠠ ᠶᠢ ᠵᠠᠯᠠᠷᠠᠭᠤᠯᠬᠤ ᠳᠤᠭᠳᠠᠴᠠ ᠶᠢ ᠴᠢᠨᠠᠭᠰᠢᠳᠠ ᠳᠡᠬᠦᠯᠳᠡᠷᠵᠢᠬᠦᠯᠵᠦ᠂ ᠦᠭᠡᠷᠡᠴᠢᠯᠡᠯᠳᠡ | ᠬᠢᠭᠰᠡᠳ ᠢ ᠬᠦᠩᠭᠡᠨ ᠬᠤᠶᠠᠭᠯᠠᠵᠤ ᠪᠠᠶᠢᠯᠳᠤᠭᠠᠨ ᠳᠤ ᠤᠷᠤᠯᠴᠠᠭᠤᠯᠵᠤ᠂ ᠡᠬᠦᠷᠭᠡᠯᠡᠭᠰᠡᠳ ᠢ ᠴᠤᠯᠭᠤᠷᠠᠨ ᠭᠠᠷᠭᠠᠵᠤ᠂ | ᠵᠢᠩᠬᠢᠨᠢ ᠠᠵᠢᠯᠯᠠᠭᠴᠢᠳ ᠤᠨ ᠡᠷᠳᠡᠮ ᠢ ᠨᠢ ᠦᠵᠡᠬᠦᠯᠵᠦ ᠴᠢᠳᠠᠯ ᠢ ᠨᠢ ᠭᠠᠷᠭᠠᠨ᠎ᠠ᠃ᠬᠤᠳᠠ ᠰᠢᠶᠠᠨ ᠬᠤᠶᠠᠷ | ᠱᠠᠳᠤᠨ ᠤ ᠪᠠᠴᠢᠮ ᠪᠤᠰᠤ ᠶᠠᠭᠠᠷᠠᠯᠳᠠᠢ ᠳ᠋ᠢᠶᠠᠩᠬᠤᠸᠠ ᠶᠢ ᠨᠡᠶᠢᠳᠭᠡᠵᠦ᠂ 12345 ᠶᠠᠭᠠᠷᠠᠯᠳᠠᠢ ᠳ᠋ᠢᠶᠠᠩᠬᠤᠸᠠ ᠶᠢ | ᠨᠢᠭᠡ ᠯᠠ ᠨᠤᠮᠧᠷ ᠢᠶᠠᠷ ᠬᠦᠯᠢᠶᠡᠨ ᠠᠪᠴᠤ ᠰᠢᠢᠳᠪᠦᠷᠢᠯᠡᠵᠦ᠂ ᠨᠢᠭᠡ ᠯᠠ ᠳᠡᠭᠡᠷ᠎ᠡ ᠳᠠᠭᠤᠰᠬᠠᠵᠤ᠂ ᠠᠵᠤ ᠠᠬᠤᠶᠢᠯᠠᠯ | ᠪᠠ ᠬᠤᠳᠠ ᠶᠢᠨ ᠠᠷᠠᠳ ᠲᠤ ᠦᠢᠯᠡᠴᠢᠯᠡᠬᠦ ᠨᠢᠭᠡᠳᠦᠯᠳᠡᠢ ᠲᠦᠬᠦᠮ ᠳᠦᠳᠡ ᠦᠨᠳᠦᠷ ᠠᠰᠢᠭᠳᠤ ᠳᠠᠪᠴᠠᠩ ᠢ | ᠪᠠᠶᠢᠭᠤᠯᠵᠤ᠂ ᠵᠠᠰᠠᠭ ᠤᠨ ᠤᠷᠳᠤᠨ ᠤ ᠤᠯᠠᠨ ᠨᠡᠶᠢᠳᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠬᠦᠯᠦᠨ᠎ᠡ᠃ | ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ | ᠬᠦᠮᠦᠰ ᠤᠨ ᠰᠠᠨᠠᠯ ᠢ ᠦᠷᠭᠡᠨ ᠳᠡᠯᠭᠡᠷ ᠰᠤᠨᠤᠰᠴᠤ᠂ ᠠᠵᠢᠯᠳᠠᠨ ᠤ ᠡᠪᠯᠡᠯ᠂ ᠵᠠᠯᠠᠭᠤᠴᠤᠳ ᠤᠨ ᠡᠪᠯᠡᠯ᠂ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠵᠡᠷᠭᠡ ᠤᠯᠠᠨ ᠲᠦᠮᠡᠨᠴᠢ ᠪᠦᠯᠬᠦᠮ ᠤᠨ ᠠᠵᠢᠯ ᠢᠶᠠᠨ ᠦᠷᠨᠢᠬᠦᠯᠬᠦ ᠶᠢ ᠨᠢ ᠢᠳᠡᠪᠬᠢᠳᠡᠢ | ᠪᠠᠷ ᠳᠡᠮᠵᠢᠨ᠎ᠡ᠃ | ᠠᠷᠢᠭᠤᠨ ᠴᠢᠭᠡᠴᠢ ᠵᠠᠰᠠᠭ ᠤᠨ ᠤᠷᠳᠤᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠠᠷᠢᠭᠤᠨ ᠴᠢᠭᠡᠴᠢ ᠪᠠᠷ | ᠵᠠᠰᠠᠭ ᠪᠠᠷᠢᠬᠤ ᠶᠢ ᠢᠮᠠᠭᠳᠠ ᠵᠠᠰᠠᠭ ᠤᠨ ᠤᠷᠳᠤᠨ ᠤ ᠠᠵᠢᠯ ᠤᠨ ᠬᠤᠷᠢᠭ᠎ᠠ ᠱᠤᠭᠤᠮ ᠪᠤᠯᠭᠠᠬᠤ ᠶᠢ ᠪᠠᠷᠢᠮᠳᠠᠯᠠᠵᠤ᠂ | ᠢᠯᠵᠢᠷᠠᠮᠠᠯ ᠢ ᠡᠰᠡᠷᠬᠦᠴᠡᠵᠦ ᠴᠢᠭᠡᠴᠢ ᠪᠠᠶᠢᠬᠤ ᠶᠢ ᠭᠤᠶᠢᠪᠢᠰᠢ ᠦᠭᠡᠢ ᠬᠦᠨᠵᠡᠭᠡᠶᠢᠷᠡᠬᠦᠯᠦᠨ᠎ᠡ᠃ ᠰᠠᠬᠢᠯᠭ᠎ᠠ ᠪᠠᠲᠤ | ᠪᠠᠶᠢᠴᠠᠭᠠᠬᠤ ᠶᠢᠨ ᠬᠢᠨᠠᠨ ᠰᠢᠯᠭᠠᠬᠤ᠂ ᠬᠢᠨᠠᠯᠲᠠ ᠲᠠᠯᠪᠢᠬᠤ ᠶᠢ ᠰᠠᠨᠠᠭᠠᠴᠢᠯᠭ᠎ᠠ ᠠᠴᠠ ᠪᠠᠨ ᠬᠦᠯᠢᠶᠠᠨ ᠠᠪᠴᠤ᠂ | ᠬᠢᠬᠡᠨ ᠪᠤᠳᠤᠯᠲᠠ ᠶᠢᠨ ᠬᠢᠨᠠᠯᠲᠠ ᠶᠢ ᠴᠢᠩᠭᠠᠳᠬᠠᠨ᠎ᠠ᠃ ︽ᠬᠤᠶᠠᠷ ᠢ ᠰᠤᠷᠤᠯᠴᠠᠵᠤ ᠨᠢᠭᠡ ᠳᠤ ᠳᠡᠩᠴᠡᠬᠦᠯᠬᠦ︾ | ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠯᠳᠠ ᠲᠦᠷᠢᠮᠵᠢᠯᠳᠡ ᠶᠢ ᠲᠦᠯᠬᠢᠨ ᠠᠬᠢᠭᠤᠯᠵᠤ᠂ ︽ᠤᠭ ᠰᠠᠨᠠᠭ᠎ᠠ ᠪᠠᠨ | ᠦᠯᠦ ᠤᠮᠠᠷᠳᠠᠵᠤ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠢ | ᠶᠠᠪᠤᠭᠤᠯᠤᠨ᠎ᠠ᠃ ᠲᠦᠪ ᠤᠨ ᠨᠠᠢᠮᠠᠨ ᠵᠤᠷᠪᠤᠰ ᠳᠤᠭᠳᠠᠭᠠᠯ ᠵᠢᠴᠢ ᠲᠡᠬᠦᠨ ᠢ ᠬᠡᠷᠡᠭᠵᠢᠬᠦᠯᠬᠦ ᠨᠠᠷᠢᠨ ᠳᠦᠷᠢᠮ ᠪᠠ | ᠦᠪᠡᠷᠳᠡᠭᠡᠨ ᠵᠠᠰᠠᠬᠤ ᠤᠷᠤᠨ ᠤ ᠢᠵᠢ ᠪᠦᠷᠢᠳᠦᠭᠰᠡᠨ ᠠᠷᠭ᠎ᠠ ᠶᠢ ᠴᠢᠩᠭ᠎ᠠ ᠬᠡᠷᠡᠭᠵᠢᠬᠦᠯᠵᠦ᠂ ︽ᠲᠦᠷᠪᠡᠨ ᠬᠡᠪ | ᠰᠤᠷᠳᠠᠯ︾ ᠢ ᠦᠷᠬᠦᠯᠵᠢᠯᠡᠨ ᠴᠡᠭᠴᠡᠯᠡᠨ ᠵᠠᠰᠠᠨ᠎ᠠ᠃ ᠨᠠᠷᠢᠯᠠᠵᠤ ᠠᠮᠢᠳᠤᠷᠠᠬᠤ ᠦᠵᠡᠯ ᠰᠠᠨᠠᠭ᠎ᠠ ᠶᠢ ᠪᠤᠢ ᠪᠤᠯᠭᠠᠵᠤ᠂ | ᠨᠠᠷᠢᠯᠠᠵᠤ ᠠᠯᠢᠪᠠ ᠦᠢᠯᠡᠰ ᠢ ᠠᠵᠢᠯᠴᠢ ᠠᠷᠪᠢᠴᠢ ᠪᠠᠷ ᠡᠷᠬᠢᠯᠡᠵᠦ᠂ ︽ᠭᠤᠷᠪᠠᠨ ᠠᠯᠪᠠᠨ︾ ᠵᠠᠷᠤᠳᠠᠯ ᠤᠨ ᠲᠦᠰᠦᠪ | ᠢ ᠴᠢᠩᠭ᠎ᠠ ᠡᠵᠡᠮᠳᠡᠵᠦ᠂ ᠴᠠᠯᠢᠩ᠂ ᠡᠷᠬᠢᠯᠳᠡ᠂ ᠦᠨᠳᠦᠰᠦᠨ ᠠᠷᠠᠳ ᠤᠨ ᠠᠮᠢᠳᠤᠷᠠᠯ ᠢ ᠶᠠᠭᠤᠨ ᠤ ᠡᠮᠦᠨ᠎ᠡ | ᠪᠠᠳᠤᠯᠠᠵᠤ᠂ ᠵᠠᠰᠠᠭ ᠤᠨ ᠤᠷᠳᠤᠨ ᠤ ︽ᠭᠤᠷᠪᠠᠨ ᠪᠠᠳᠤᠯᠠᠭᠠᠨ︾ ᠤ ᠲᠦᠰᠦᠪ ᠢ ᠬᠢᠨᠠᠨ ᠪᠠᠶᠢᠴᠠᠭᠠᠬᠤ ᠳᠤᠭᠳᠠᠴᠠ | ᠶᠢ ᠪᠠᠶᠢᠭᠤᠯᠤᠨ᠎ᠠ᠃ ᠵᠠᠰᠠᠭ ᠤᠨ ᠤᠷᠳᠤᠨ ᠤ ᠠᠵᠢᠯᠳᠠᠳ ᠠᠷᠢᠭᠤᠨ ᠴᠢᠭᠡᠴᠢ ᠪᠠᠷ ᠪᠡᠶ᠎ᠡ ᠪᠠᠨ ᠵᠠᠰᠠᠵᠤ᠂ ᠰᠢᠷᠭᠠᠭᠤ | ᠬᠠᠳᠠᠭᠤᠵᠢᠯᠳᠠᠢ ᠪᠠᠷ ᠬᠠᠷᠢᠭᠤᠴᠠᠯᠭ᠎ᠠ ᠪᠠᠨ ᠬᠦᠢᠴᠡᠳᠭᠡᠵᠦ᠂ ᠠᠷᠢᠭᠤᠨ ᠴᠢᠭᠡᠴᠢ ᠪᠠᠷ ᠤᠯᠠᠨ ᠲᠦᠮᠡᠨ ᠳᠤ ᠤᠴᠢᠷ | ᠬᠢᠭᠦ ᠬᠡᠷᠡᠭᠳᠡᠢ᠃ | ᠲᠦᠯᠦᠭᠡᠯᠡᠭᠴᠢᠳ ᠡ︕ | ᠭᠤᠶᠢᠳᠠ ᠰᠠᠶᠢᠬᠠᠨ ᠵᠦᠢᠯᠡᠰ ᠢ ᠬᠢᠵᠦ ᠪᠦᠲᠦᠭᠡᠬᠦ ᠠᠴᠠ ᠪᠢᠰᠢ᠂ ᠬᠦᠯᠢᠶᠡᠵᠦ ᠪᠠᠶᠢᠭᠤᠯᠤᠭᠰᠠᠨ ᠴᠢᠨᠡᠭᠡᠯᠢᠭ | ᠨᠡᠶᠢᠭᠡᠮ ᠭᠡᠵᠦ ᠦᠭᠡᠢ ᠭᠡᠳᠡᠭᠴᠢᠯᠡᠨ ᠵᠤᠯ ᠵᠢᠷᠭᠠᠯ ᠶᠡᠷᠦ ᠨᠢ ᠳᠡᠮᠡᠴᠡᠯ ᠤᠨ ᠵᠠᠮ ᠳᠤ ᠪᠠᠶᠢᠳᠠᠭ᠃ ᠰᠡᠳᠬᠢᠯ ᠨᠢᠭᠡᠳᠦᠨ | ᠬᠦᠰᠡᠯ ᠵᠡᠬᠦᠳᠦ ᠪᠠᠨ ᠳᠡᠷᠭᠡᠯᠰᠢᠬᠦᠯᠬᠦ ᠵᠤᠷᠢᠭ ᠰᠠᠨᠠᠭᠠᠨ ᠤ ᠬᠦᠴᠦ ᠪᠠᠨ ᠲᠦᠪᠯᠡᠷᠡᠬᠦᠯᠪᠡᠯ᠂ ᠡᠷᠡᠮᠡᠭᠡᠶᠢᠯᠡᠨ ᠳᠡᠮᠡᠴᠡᠬᠦ | ᠬᠠᠷᠢᠭᠤᠴᠠᠯᠭ᠎ᠠ ᠡᠬᠦᠷᠭᠡᠯᠡᠯ ᠤᠨ ᠰᠡᠳᠬᠢᠯᠭᠡ ᠶᠢ ᠪᠠᠳᠠᠷᠠᠭᠠᠵᠤ᠂ ᠤᠷᠤᠭᠰᠢᠯᠠᠯᠳᠠ ᠶᠢᠨ ᠳᠤᠮᠳᠠ ᠯᠠᠪᠳᠠᠢ ᠬᠦᠰᠡᠯ | ᠵᠡᠬᠦᠳᠦ ᠪᠠᠨ ᠪᠡᠶᠡᠯᠡᠬᠦᠯᠵᠦ᠂ ᠬᠡᠷᠡᠯ ᠬᠢᠯᠪᠠᠭ᠎ᠠ ᠶᠢ ᠴᠤᠭᠴᠠᠯᠠᠵᠦ ᠳᠡᠶᠢᠯᠬᠦ ᠶᠢ ᠪᠢᠳᠡ ᠪᠠᠳᠤ ᠢᠳᠡᠭᠡᠨ᠎ᠡ᠃ ᠪᠢᠳᠡ | ᠪᠦᠬᠦᠳᠡᠭᠡᠷ ᠢᠶᠠᠨ ᠰᠢ ᠶᠢᠨ ᠫᠢᠩ ᠶᠡᠷᠦᠩᠭᠡᠢ ᠱᠦᠵᠢ ᠪᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ | ᠲᠤᠭᠤᠷᠢᠨ ᠳᠤ ᠨᠢᠭᠳᠠ ᠪᠦᠯᠬᠦᠮᠳᠡᠵᠦ᠂ ᠮᠤᠩᠭᠤᠯ ᠮᠤᠷᠢᠨ ᠤ ᠪᠤᠴᠠᠯᠳᠠ ᠦᠭᠡᠢ ᠤᠷᠤᠭᠰᠢᠯᠠᠬᠤ ᠵᠤᠷᠢᠭ ᠰᠠᠨᠠᠭ᠎ᠠ ᠶᠢ | ᠶᠡᠬᠡᠪᠡᠷ ᠪᠠᠳᠠᠷᠠᠭᠤᠯᠵᠤ᠂ ᠰᠦᠷ ᠵᠢᠪᠬᠤᠯᠠᠩᠳᠠᠢ ᠬᠡᠪ ᠲᠦᠷᠬᠦ ᠪᠠᠷ᠂ ᠠᠰᠢᠭᠳᠠᠢ ᠪᠠᠶᠢᠳᠠᠯ ᠳᠤ ᠠᠮᠵᠢᠨ ᠬᠢᠵᠦ᠂ | ᠬᠦᠴᠢᠷᠳᠡᠯ ᠢ ᠳᠠᠪᠠᠨ ᠤᠷᠤᠭᠰᠢᠯᠠᠵᠤ᠂ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ | ᠨᠡᠩ ᠰᠠᠶᠢᠨ ᠰᠠᠶᠢᠬᠠᠨ ᠰᠢᠨ᠎ᠡ ᠢᠷᠡᠭᠡᠳᠦᠢ ᠪᠠᠨ ᠡᠬᠦᠳᠦᠨ ᠴᠤᠭᠴᠠᠯᠠᠶ᠎ᠠ︕ | |