| | | ᠴᠠᠭ᠄ 2019 ᠤᠨ ᠤ 2 ᠰᠠᠷ᠎ᠠ ᠶᠢᠨ 6 ᠤ ᠡᠳᠦᠷ | ᠰᠤᠷᠪᠤᠯᠵᠢᠯᠠᠭ᠎ᠠ ᠬᠦᠯᠢᠶᠡᠭᠴᠢ᠄ ᠱᠠᠩᠳᠤ ᠰᠢᠶᠠᠨ ᠤ ᠵᠠᠰᠠᠭ ᠤᠨ ᠤᠷᠳᠤᠨ ᠤ ᠳᠡᠳ᠋ ᠰᠢᠶᠠᠨ ᠤ ᠳᠠᠷᠤᠭ᠎ᠠ᠂ | ᠳᠤᠳᠤᠭᠠᠳᠤ ᠶᠢ ᠬᠠᠮᠠᠭᠠᠯᠠᠬᠤ ᠳᠤᠪᠴᠢᠶᠠᠨ ᠤ ᠳᠤᠪᠴᠢᠶᠠᠨ ᠳᠠᠷᠤᠭ᠎ᠠ ᠸᠠᠩ ᠰᠢᠶᠤᠤ ᠳ᠋ᠦᠩ | | ᠰᠤᠷᠪᠤᠯᠵᠢᠯᠠᠭᠴᠢ᠄ ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ ᠦᠦ᠂ ᠱᠠᠩᠳᠤ ᠰᠢᠶᠠᠨ ᠤ ᠵᠠᠰᠠᠭ ᠤᠨ | ᠤᠷᠳᠤᠨ ᠤ ᠳᠡᠳ᠋ ᠰᠢᠶᠠᠨ ᠤ ᠳᠠᠷᠤᠭ᠎ᠠ᠂ ᠳᠤᠳᠤᠭᠠᠳᠤ ᠶᠢ ᠬᠠᠮᠠᠭᠠᠯᠠᠬᠤ ᠳᠤᠪᠴᠢᠶᠠᠨ ᠤ ᠳᠤᠪᠴᠢᠶᠠᠨ ᠳᠠᠷᠤᠭ᠎ᠠ | ᠸᠠᠩ ᠰᠢᠶᠤᠤ ᠳ᠋ᠦᠩ ᠢ ᠪᠠᠶᠠᠷᠯᠠᠨ ᠤᠭᠳᠤᠵᠤ ᠪᠠᠶᠢᠨ᠎ᠠ᠂ ᠸᠠᠩ ᠰᠢᠶᠠᠨ ᠤ ᠳᠠᠷᠤᠭ᠎ᠠ ᠲᠠ ᠰᠠᠶᠢᠨ ᠦᠦ᠂ ᠬᠠᠷ᠎ᠠ | ᠪᠦᠯᠦᠭᠳᠡᠨ ᠬᠠᠷᠬᠢᠰ ᠬᠦᠴᠦᠳᠡᠨ ᠢ ᠠᠷᠢᠯᠭᠠᠬᠤ ᠲᠤᠰ ᠤᠳᠠᠭᠠᠨ ᠤ ᠳᠤᠰᠬᠠᠢ ᠳᠡᠮᠡᠴᠡᠯ ᠳᠤ᠂ ᠳᠤᠳᠤᠭᠠᠳᠤ ᠶᠢ | ᠬᠠᠮᠠᠭᠠᠯᠠᠬᠤ ᠳᠤᠪᠴᠢᠶ᠎ᠠ ᠶᠢᠨ ᠭᠤᠤᠯ ᠪᠤᠯᠬᠤ ᠡᠬᠦᠷᠭᠡ ᠶᠠᠭᠤ ᠪᠤᠢ︖ | ᠸᠠᠩ ᠰᠢᠶᠤᠤ ᠳ᠋ᠦᠩ᠄ ᠬᠦᠳᠦᠯᠦᠭᠴᠢ ᠰᠠᠶᠢᠨ ᠦᠦ᠂ ᠰᠦᠯᠵᠢᠶᠡᠨ ᠨᠠᠶᠢᠵᠠ ᠨᠠᠷ ᠮᠢᠨᠢ ᠤᠯᠠᠨ ᠢᠶᠠᠷ ᠢᠶᠠᠨ | ᠰᠠᠶᠢᠨ ᠪᠠᠶᠢᠵᠠᠭᠠᠨ᠎ᠠ ᠦᠦ︕ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠦᠬᠦ ᠤᠯᠤᠰ ᠲᠤ | ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠳᠡᠮᠡᠴᠡᠯ ᠢ ᠭᠤᠷᠪᠠᠨ ᠵᠢᠯ ᠤᠨ ᠬᠤᠭᠤᠴᠠᠭ᠎ᠠ ᠲᠠᠢ | ᠦᠷᠨᠢᠬᠦᠯᠬᠦ ᠪᠠᠷ ᠳᠤᠭᠳᠠᠭᠰᠠᠨ ᠠᠴᠠ ᠨᠠᠰᠢ᠂ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠬᠠᠷ᠎ᠠ ᠪᠦᠯᠦᠭᠳᠡᠨ | ᠬᠠᠷᠬᠢᠰ ᠬᠦᠴᠦᠨ ᠢ ᠠᠷᠢᠯᠭᠠᠬᠤ ᠭᠤᠤᠯ ᠬᠦᠴᠦᠨ ᠴᠡᠷᠢᠭ ᠪᠤᠯᠤᠭᠰᠠᠨ ᠤ ᠬᠤᠪᠢ ᠳᠤ᠂ ᠰᠢ ᠶᠢᠨ ᠫᠢᠩ ᠶᠡᠷᠦᠩᠭᠡᠢ | ᠱᠦᠵᠢ ᠶᠢᠨ ᠴᠢᠬᠤᠯᠠ ᠵᠢᠭᠠᠪᠤᠷᠢ ᠪᠠ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ︽ | ᠮᠡᠳᠡᠭᠳᠡᠯ︾ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠨᠠᠮ | ᠤᠨ ᠬᠤᠷᠢᠶ᠎ᠠ ᠪᠤᠯᠤᠨ ᠳᠡᠭᠡᠳᠦ ᠱᠠᠳᠤᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠢᠭᠡᠳᠦᠯᠳᠡᠢ | ᠪᠠᠶᠢᠷᠢᠯᠠᠭᠤᠯᠤᠯᠳᠠ ᠶᠤᠰᠤᠭᠠᠷ᠂ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠭᠰᠠᠨ ᠠᠰᠠᠭᠤᠳᠠᠯ ᠢᠶᠠᠷ | ᠳᠤᠪᠤᠶᠢᠮ᠎ᠠ ᠭᠤᠤᠯᠳᠠᠯᠭ᠎ᠠ ᠲᠠᠢ ᠭᠠᠵᠠᠷ ᠤᠷᠤᠨ᠂ ᠭᠤᠤᠯᠳᠠᠯᠭ᠎ᠠ ᠲᠠᠢ ᠠᠵᠢᠯ ᠲᠦᠷᠦᠯ᠂ ᠭᠤᠤᠯᠳᠠᠯᠭ᠎ᠠ ᠲᠠᠢ | ᠬᠦᠷᠢᠶ᠎ᠡ ᠴᠠᠷᠠᠭ᠎ᠠ ᠪᠠ ᠤᠯᠠᠨ ᠲᠦᠮᠡᠨ ᠤ ᠲᠤᠰᠬᠠᠯ ᠢᠶᠠᠷ ᠴᠢᠩᠭ᠎ᠠ ᠰᠢᠷᠦᠬᠦᠨ᠂ ᠬᠠᠮᠤᠭ ᠤᠨ ᠵᠢᠭᠰᠢᠨ | ᠬᠤᠷᠤᠰᠤᠭᠰᠠᠨ ᠬᠠᠷ᠎ᠠ ᠪᠦᠯᠦᠭᠳᠡᠨ ᠬᠠᠷᠬᠢᠰ ᠬᠦᠴᠦᠨ ᠤ ᠶᠠᠯ᠎ᠠ ᠬᠢᠭᠰᠡᠨ ᠠᠰᠠᠭᠤᠳᠠᠯ ᠳᠤ ᠴᠢᠭᠯᠡᠬᠦᠯᠦᠨ᠂ ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠳᠡᠮᠡᠴᠡᠯ ᠢᠶᠠᠷ ᠤᠯᠤᠰ ᠲᠦᠷᠦ ᠶᠢᠨ ᠳᠤᠮᠤ ᠴᠢᠬᠤᠯᠠ | ᠡᠬᠦᠷᠭᠡ ᠪᠠᠨ ᠪᠤᠯᠭᠠᠵᠤ᠂ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ᠂ ᠬᠠᠷ᠎ᠠ ᠬᠠᠷᠬᠢᠰ ᠬᠦᠴᠦᠨ ᠢ | ᠠᠷᠢᠯᠭᠠᠬᠤ ᠡᠬᠦᠷᠭᠡ ᠪᠠᠨ ᠪᠦᠷᠢᠨ ᠪᠡᠶᠡᠯᠡᠬᠦᠯᠬᠦ︾ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠢᠯᠡ ᠳᠤᠳᠤ | ᠤᠪᠤᠷ ᠢᠶᠠᠨ ᠳᠤᠳᠤᠷᠠᠭᠤᠯᠵᠤ᠂ ︽ᠬᠦᠴᠦᠳᠡᠢ ᠨᠢᠳᠤᠷᠭᠠᠳᠤᠬᠤ᠂ ᠬᠠᠳᠠᠭᠤ ᠵᠠᠰᠠᠬᠤ︾ ᠬᠦᠴᠦᠨ ᠪᠦᠬᠦᠢ ᠠᠷᠭ᠎ᠠ | ᠪᠠᠷᠢᠯ ᠠᠪᠴᠤ᠂ ︽ᠦᠷᠭᠦᠯᠵᠢ ᠠᠳᠬᠤᠨ ᠰᠤᠯᠠᠷᠠᠭᠤᠯᠬᠤ ᠦᠭᠡᠢ᠂ ᠬᠡᠵᠢᠶᠡᠳᠡ ᠦᠨᠳᠦᠷ ᠳᠠᠷᠤᠯᠳᠠ ᠲᠠᠢ | ᠪᠠᠶᠢᠯᠭᠠᠬᠤ︾ ᠠᠵᠢᠯ ᠤᠨ ᠡᠷᠴᠢ ᠵᠤᠷᠢᠭ ᠢ ᠪᠠᠷᠢᠮᠳᠠᠯᠠᠵᠤ᠂ ᠪᠦᠬᠦ ᠰᠢᠶᠠᠨ ᠤ ᠬᠠᠷ᠎ᠠ ᠪᠦᠯᠦᠭᠳᠡᠨ ᠬᠠᠷᠬᠢᠰ ᠬᠦᠴᠦᠨ | ᠤ ᠶᠠᠯᠠᠳᠤ ᠠᠵᠢᠯᠯᠠᠭ᠎ᠠ ᠳᠤ ᠪᠦᠬᠦ ᠳᠠᠯ᠎ᠠ ᠪᠠᠷ ᠲᠤᠶᠢᠯᠪᠤᠷᠢᠳᠠᠢ ᠨᠢᠭᠡ ᠤᠳᠠᠭᠠᠨ ᠤ ︽ᠲᠤᠮᠤ ᠴᠡᠪᠡᠷᠯᠡᠵᠦ ᠠᠷᠢᠯᠭᠠᠬᠤ︾ | ᠶᠢ ᠶᠠᠪᠤᠭᠤᠯᠤᠭᠰᠠᠨ ᠪᠠᠶᠢᠨ᠎ᠠ᠃ | ᠰᠤᠷᠪᠤᠯᠵᠢᠯᠠᠭᠴᠢ᠄ ᠡᠨᠡ ᠤᠳᠠᠭᠠᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠡᠮᠡᠴᠡᠯ ᠢ | ᠶᠤᠰᠤᠨ ᠳᠡᠳᠦᠢ ᠦᠩᠭᠡᠷᠡᠬᠦᠯᠬᠦ᠂ ᠬᠡᠯᠪᠡᠷᠢ ᠳᠡᠳᠦᠢ ᠬᠦᠢᠴᠡᠳᠬᠡᠬᠦ ᠦᠭᠡᠢ ᠪᠠᠶᠢᠯᠭᠠᠬᠤ ᠶᠢ ᠬᠡᠷᠬᠢᠨ ᠪᠠᠳᠤᠯᠠᠬᠤ ᠪᠤᠢ︖ | ᠸᠠᠩ ᠰᠢᠶᠤᠤ ᠳ᠋ᠦᠩ᠄ ᠳᠤᠳᠤᠭᠠᠳᠤ ᠶᠢ ᠬᠠᠮᠠᠭᠠᠯᠠᠬᠤ ᠳᠤᠪᠴᠢᠶ᠎ᠠ ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ ᠲᠤᠰᠬᠠᠢ ᠳᠡᠮᠡᠴᠡᠯ ᠤᠨ ᠳᠤᠮᠳᠠ᠂ ᠨᠠᠷᠢᠨ ᠨᠢᠮᠪᠠᠢ ᠰᠤᠳᠤᠯᠤᠨ ᠪᠠᠶᠢᠷᠢᠯᠠᠭᠤᠯᠵᠤ᠂ ᠲᠤᠰᠬᠠᠢ ᠡᠩᠨᠡᠭᠡ | ᠪᠠᠶᠢᠭᠤᠯᠵᠤ᠂ ᠡᠯ᠎ᠡ ᠲᠦᠷᠦᠯ ᠤᠨ ᠠᠵᠢᠯ ᠤᠨ ᠳᠤᠭᠳᠠᠴᠠ ᠶᠢ ᠪᠦᠷᠢᠨᠰᠢᠬᠦᠯᠵᠦ᠂ ᠭᠤᠤᠯ ᠬᠦᠴᠦᠨ ᠢᠶᠠᠨ ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰ ᠤᠳᠠᠭᠠᠨ ᠤ ᠳᠡᠮᠡᠴᠡᠯ ᠳᠤ ᠲᠦᠪᠯᠡᠷᠡᠬᠦᠯᠪᠡ᠃ ᠬᠠᠷ᠎ᠠ | ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠭᠰᠠᠨ ᠰᠦᠪᠡᠭᠴᠢ ᠶᠢ ᠵᠦᠢᠯ ᠳᠠᠷᠠᠭᠠᠯᠠᠨ ᠵᠠᠳᠠᠯᠤᠨ ᠦᠨᠡᠯᠡᠵᠦ᠂ | ᠬᠠᠷ᠎ᠠ ᠪᠦᠯᠦᠭᠳᠡᠨ ᠬᠠᠷᠬᠢᠰ ᠬᠦᠴᠦᠨ ᠤ ᠰᠡᠵᠢᠭᠳᠡᠨ ᠢᠶᠠᠷ ᠳᠤᠭᠳᠠᠭᠠᠭᠳᠠᠭᠰᠠᠨ ᠳᠤ ᠨᠢ ᠡᠬᠡ ᠳᠠᠩᠰᠠ ᠪᠠᠶᠢᠭᠤᠯᠵᠤ᠂ | ᠨᠠᠷᠢᠨ ᠳᠠᠩᠰᠠ ᠳᠠᠳᠠᠨ ᠭᠠᠷᠭᠠᠵᠤ᠂ ᠮᠦᠷᠳᠡᠨ ᠰᠢᠮᠳᠠᠭᠤᠯᠤᠨ ᠬᠢᠯᠭᠡᠵᠦ᠂ ᠤᠴᠢᠷ ᠶᠠᠪᠤᠳᠠᠯ ᠬᠢᠬᠦ ᠦᠨᠡᠨ ᠪᠤᠳᠠᠳᠠᠢ | ᠳᠤᠪ ᠳᠤᠳᠤᠷᠬᠠᠢ᠂ ᠬᠡᠷᠡᠴᠢ ᠪᠠᠷᠢᠮᠳᠠ ᠪᠠᠷ ᠮᠠᠷᠭᠤᠰᠢ ᠦᠭᠡᠢ ᠪᠤᠯᠤᠭᠰᠠᠨ ᠳᠤ ᠨᠢ ᠡᠷᠡᠰ ᠳᠠᠰᠤᠷᠬᠠᠢ ᠳᠤᠤᠷ ᠢᠶᠠᠨ | ᠬᠤᠷᠢᠶᠠᠪᠠ᠃ ᠤᠬᠠᠭᠤᠯᠭ᠎ᠠ ᠶᠢᠨ ᠮᠠᠲ᠋ᠧᠷᠢᠶᠠᠯ᠂ ᠪᠠᠶᠢᠴᠠᠭᠠᠯᠳᠠ ᠶᠢᠨ ᠠᠰᠠᠭᠤᠯᠳᠠ ᠬᠠᠷᠢᠭᠤᠯᠳᠠ ᠶᠢᠨ ᠰᠡᠳᠦᠪ | ᠳᠠᠷᠬᠠᠭᠠᠬᠤ᠂ ᠵᠠᠷ ᠨᠠᠭᠠᠬᠤ ᠪᠠ ᠪᠢᠴᠢᠯ ᠪᠦᠷᠭᠡ᠂ ᠸᠢᠴᠠᠲ ᠵᠢᠴᠢ ᠡᠯ᠎ᠡ ᠲᠦᠷᠦᠯ ᠤᠨ ᠵᠠᠭᠤᠴᠢᠯᠠᠭᠤᠷ ᠵᠡᠷᠭᠡ ᠤᠯᠠᠨ | ᠶᠠᠩᠵᠤ ᠶᠢᠨ ᠠᠷᠭ᠎ᠠ ᠮᠠᠶ᠋ᠢᠭ ᠠᠪᠴᠤ ᠦᠷᠭᠡᠨ ᠳᠡᠯᠭᠡᠷ ᠤᠬᠠᠭᠤᠯᠤᠭᠰᠠᠨ ᠤ ᠳᠠᠭᠠᠤ ᠳᠤ᠂ ᠳ᠋ᠢᠶᠠᠩᠬᠤᠸᠠ᠂ ᠵᠠᠬᠢᠳᠠᠯ | ᠤᠨ ᠬᠠᠶᠢᠷᠴᠠᠭ᠂ ᠸᠢᠴᠠᠲ ᠵᠡᠷᠭᠡ ᠤᠯᠠᠨ ᠵᠦᠢᠯ ᠤᠨ ᠢᠯᠡᠴᠢᠯᠡᠬᠦ ᠠᠷᠭ᠎ᠠ ᠵᠠᠮ ᠢ ᠨᠡᠪᠳᠡᠷᠡᠬᠦᠯᠵᠦ᠂ ᠰᠦᠪᠡᠭᠴᠢ | ᠴᠤᠭᠯᠠᠭᠤᠯᠵᠤ᠂ ᠦᠷᠭᠡᠨ ᠤᠯᠠᠨ ᠠᠷᠠᠳ ᠲᠦᠮᠡᠨ ᠤ ᠢᠳᠡᠪᠬᠢᠳᠡᠢ ᠪᠠᠷ ᠤᠷᠤᠯᠴᠠᠬᠤ ᠶᠢ ᠨᠢ ᠬᠦᠰᠡᠭᠰᠡᠨ ᠪᠠᠶᠢᠨ᠎ᠠ᠃ | ᠰᠤᠷᠪᠤᠯᠵᠢᠯᠠᠭᠴᠢ᠄ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠳᠡᠮᠡᠴᠡᠯ ᠠᠴᠠ ᠨᠠᠰᠢ᠂ | ᠶᠠᠮᠠᠷ ᠦᠷ᠎ᠡ ᠪᠦᠲᠦᠭᠡᠯ ᠤᠯᠤᠭᠰᠠᠨ ᠪᠤᠢ︖ | ᠸᠠᠩ ᠰᠢᠶᠤᠤ ᠳ᠋ᠦᠩ᠄ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠳᠡᠮᠡᠴᠡᠯ ᠢ | ᠪᠠᠶᠢᠷᠢᠯᠠᠭᠤᠯᠵᠤ ᠶᠠᠪᠤᠭᠳᠠᠭᠤᠯᠤᠭᠰᠠᠨ ᠠᠴᠠ ᠨᠠᠰᠢ᠂ ᠵᠠᠰᠠᠭ ᠤᠨ ᠤᠷᠳᠤᠨ᠂ ᠳᠤᠳᠤᠭᠠᠳᠤ ᠶᠢ ᠬᠠᠮᠠᠭᠠᠯᠠᠬᠤ | ᠳᠤᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠴᠠᠭᠳᠠᠭ᠎ᠠ ᠶᠢ ᠬᠦᠳᠡᠯᠭᠡᠵᠦ᠂ ᠪᠦᠬᠦ ᠬᠦᠴᠦ ᠪᠠᠷ | ᠴᠢᠷᠮᠠᠶᠢᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠢ ᠯᠠᠪᠳᠠᠭᠤᠨ ᠪᠠᠳᠤᠳᠠᠢ | ᠪᠦᠲᠦᠮᠵᠢᠳᠡᠢ ᠶᠠᠪᠤᠭᠳᠠᠬᠤ ᠶᠢ ᠦᠨᠡᠨᠬᠦ ᠪᠠᠳᠤᠯᠠᠪᠠ᠃ ᠦᠨᠦ ᠪᠤᠯᠬᠤ ᠳᠤ᠂ ᠪᠦᠬᠦ ᠰᠢᠶᠠᠨ ᠢᠶᠠᠷ ᠢᠶᠠᠨ ᠬᠠᠷᠬᠢᠰ | ᠬᠦᠴᠦᠨ ᠳᠤ ᠬᠤᠯᠪᠤᠭᠳᠠᠭᠰᠠᠨ ᠡᠪᠰᠡᠯ ᠪᠦᠯᠦᠭᠯᠡᠯ 1᠂ ᠬᠠᠷᠬᠢᠰ ᠬᠦᠴᠦᠨ ᠳᠤ ᠬᠤᠯᠪᠤᠭᠳᠠᠭᠰᠠᠨ ᠬᠠᠮᠰᠠᠭ᠎ᠠ 4 ᠶᠢ | ᠴᠤᠬᠢᠵᠤ ᠤᠨᠠᠭᠠᠵᠤ᠂ ᠬᠠᠷᠬᠢᠰ ᠬᠦᠴᠦᠨ ᠳᠤ ᠬᠤᠯᠪᠤᠭᠳᠠᠭᠰᠠᠨ ᠲᠦᠷᠦᠯ ᠤᠨ ᠬᠡᠷᠡᠭ 6 ᠶᠢ ᠰᠢᠢᠳᠪᠦᠷᠢᠯᠡᠵᠦ᠂ | ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠭᠰᠠᠨ ᠬᠠᠤᠯᠢ ᠶᠢ ᠵᠦᠷᠢᠴᠡᠵᠦ ᠶᠠᠯ᠎ᠠ ᠬᠢᠭᠰᠡᠨ ᠰᠡᠵᠢᠭᠳᠡᠨ 31 | ᠬᠦᠮᠦᠨ ᠢ ᠪᠠᠷᠢᠪᠴᠢᠯᠠᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠭᠰᠠᠨ ᠶᠠᠯ᠎ᠠ ᠬᠢᠭᠰᠡᠨ ᠰᠦᠪᠡᠭᠴᠢ | ᠨᠡᠶᠢᠳᠡ 53 ᠶᠢ ᠬᠤᠷᠢᠶᠠᠨ ᠴᠤᠭᠯᠠᠭᠤᠯᠵᠤ᠂ ᠦᠨᠦ ᠨᠢᠭᠡᠨᠳᠡ 28 ᠶᠢ ᠨᠢ ᠰᠢᠢᠳᠪᠦᠷᠢᠯᠡᠵᠦ ᠳᠠᠭᠤᠰᠬᠠᠪᠠ᠃ | ᠰᠤᠷᠪᠤᠯᠵᠢᠯᠠᠭᠴᠢ᠄ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠤᠯᠠᠨ ᠲᠦᠮᠡᠨ ᠤ ᠠᠮᠤᠷ ᠲᠦᠪᠰᠢᠨ ᠢ | ᠳᠡᠭᠡᠭᠰᠢᠯᠡᠬᠦᠯᠬᠦ ᠳᠠᠯ᠎ᠠ ᠪᠠᠷ ᠪᠠᠰᠠ ᠶᠠᠮᠠᠷ ᠠᠷᠭ᠎ᠠ ᠪᠠᠷᠢᠯ ᠲᠠᠢ ᠪᠤᠢ︖ | ᠸᠠᠩ ᠰᠢᠶᠤᠤ ᠳ᠋ᠦᠩ᠄ ᠦᠷᠭᠡᠨ ᠤᠯᠠᠨ ᠲᠦᠮᠡᠨ ᠤ ᠠᠮᠤᠷ ᠲᠦᠪᠰᠢᠨᠴᠢ ᠪᠠ ᠬᠠᠨᠤᠮᠵᠢ ᠶᠢ ᠳᠡᠭᠡᠭᠰᠢᠯᠡᠬᠦᠯᠬᠦ | ᠶᠢᠨ ᠲᠤᠰᠠᠳᠠ᠂ ᠬᠠᠷ᠎ᠠ ᠪᠦᠯᠦᠭᠳᠡᠨ ᠬᠠᠷᠬᠢᠰ ᠬᠦᠴᠦᠨ ᠳᠤ ᠴᠢᠩᠭ᠎ᠠ ᠴᠤᠬᠢᠯᠳᠠ ᠦᠭᠭᠦᠭᠰᠡᠨ ᠤ ᠳᠠᠭᠠᠤ᠂ | ᠤᠳᠤᠬᠠᠨ ᠤ ᠠᠮᠤᠷ ᠢ ᠬᠠᠮᠠᠭᠠᠯᠠᠬᠤ ᠳᠤᠪᠤᠶᠢᠮ᠎ᠠ ᠠᠰᠠᠭᠤᠳᠠᠯ ᠳᠤ ᠴᠢᠭᠯᠡᠬᠦᠯᠦᠨ᠂ ᠪᠢᠳᠡ ᠶᠠᠭ ︽ᠵᠢᠵᠢᠭ ᠬᠡᠷᠡᠭ ᠢ | ᠢᠯᠡᠷᠡᠬᠦᠯᠬᠦ᠂ ᠠᠷᠠᠳ ᠤᠨ ᠡᠷᠡᠭᠡᠯᠵᠡᠭᠡ ᠶᠢ ᠳᠠᠶᠢᠯᠬᠤ︾ ᠪᠤᠯᠤᠨ ︽ᠱᠠᠯᠢᠭ ᠵᠠᠪᠬᠠᠢ ᠵᠤᠭᠤᠰ ᠮᠦᠷᠦᠶᠢᠴᠡᠬᠦ ᠬᠤᠤᠷ | ᠳᠠᠳᠠᠬᠤ ᠳᠤ ᠴᠤᠬᠢᠯᠳᠠ ᠦᠭᠭᠦ︾ ᠲᠤᠰᠬᠠᠢ ᠠᠵᠢᠯᠯᠠᠭ᠎ᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠤᠯᠠᠨ | ᠢᠯᠡᠷᠡᠬᠦ ᠴᠢᠨᠠᠷᠳᠠᠢ᠂ ᠬᠤᠯᠠᠭᠠᠶᠢᠯᠠᠬᠤ᠂ ᠪᠤᠯᠢᠶᠠᠬᠤ ᠵᠡᠷᠭᠡ ᠶᠠᠯᠠᠳᠤ ᠬᠡᠷᠡᠭ ᠵᠢᠴᠢ ᠱᠠᠯᠢᠭ ᠵᠠᠪᠬᠠᠢ᠂ ᠵᠤᠭᠤᠰ | ᠮᠦᠷᠦᠶᠢᠴᠡᠬᠦ᠂ ᠬᠤᠤᠷ ᠳᠠᠳᠠᠬᠤ ᠳᠤ ᠬᠤᠯᠪᠤᠭᠳᠠᠭᠰᠠᠨ ᠨᠡᠶᠢᠭᠡᠮ ᠤᠨ ᠪᠤᠯᠬᠢ ᠮᠠᠭᠤᠬᠠᠢ ᠵᠡᠷᠭᠡ ᠦᠵᠡᠭᠳᠡᠯ ᠳᠤ | ᠬᠠᠨᠳᠤᠭᠤᠯᠤᠨ ᠬᠦᠴᠦᠳᠡᠢ ᠴᠤᠬᠢᠯᠳᠠ ᠦᠭᠭᠦᠭᠰᠡᠨ ᠪᠠᠶᠢᠨ᠎ᠠ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ | ᠪᠣᠯ ᠨᠢᠭᠡ ᠲᠦᠷᠦᠯ ᠤᠨ ᠨᠡᠶᠢᠭᠡᠮ ᠤᠨ ᠢᠨᠵᠧᠨᠧᠷᠢᠩ᠂ ᠰᠢᠰᠲ᠋ᠧᠮᠳᠦ ᠢᠨᠵᠧᠨᠧᠷᠢᠩ ᠮᠥᠨ ᠪᠤᠯᠬᠤᠷ ᠨᠡᠶᠢᠭᠡᠮ ᠤᠨ | ᠡᠯ᠎ᠡ ᠡᠳᠡᠭᠡᠳ ᠤᠨ ᠬᠢᠨ ᠪᠠ ᠦᠷᠭᠡᠨ ᠤᠯᠠᠨ ᠠᠷᠠᠳ ᠲᠦᠮᠡᠨ ᠢᠳᠡᠪᠬᠢᠳᠡᠢ ᠬᠦᠳᠡᠯᠦᠯᠴᠡᠵᠦ᠂ ᠬᠠᠷ᠎ᠠ ᠪᠦᠯᠦᠭᠳᠡᠨ | ᠬᠠᠷᠬᠢᠰ ᠬᠦᠴᠦᠨ ᠲᠠᠢ ᠵᠤᠷᠢᠭᠳᠠᠢ ᠳᠡᠮᠡᠴᠡᠵᠦ᠂ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠠᠷ᠎ᠠ ᠪᠦᠯᠦᠭᠳᠡᠨ | ᠬᠠᠷᠬᠢᠰ ᠬᠦᠴᠦᠨ ᠳᠤ ᠬᠤᠯᠪᠤᠭᠳᠠᠭᠰᠠᠨ ᠶᠠᠯ᠎ᠠ ᠬᠢᠭᠰᠡᠨ ᠰᠦᠪᠡᠭᠴᠢ ᠶᠢ ᠢᠳᠡᠪᠬᠢᠳᠡᠢ ᠢᠯᠡᠴᠢᠯᠡᠨ ᠮᠡᠳᠡᠬᠦᠯᠵᠦ᠂ | ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠠᠩᠨᠠᠨ ᠪᠠᠶᠢᠴᠠᠭᠠᠵᠤ ᠬᠡᠷᠡᠭ ᠢᠯᠡᠷᠡᠬᠦᠯᠬᠦ ᠶᠢ ᠬᠠᠪᠰᠤᠷᠤᠨ | ᠬᠠᠮᠵᠢᠯᠴᠠᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠨᠢᠭᠡ ᠤᠳᠠᠭᠠᠨ ᠤ ᠠᠷᠠᠳ ᠤᠨ ᠳᠠᠶᠢᠨ ᠢ | ᠦᠨᠡᠨᠬᠦ ᠬᠢᠬᠦ ᠶᠢ ᠬᠦᠰᠡᠵᠦ ᠪᠠᠶᠢᠨ᠎ᠠ᠃ | ᠰᠤᠷᠪᠤᠯᠵᠢᠯᠠᠭᠴᠢ᠄ ᠸᠠᠩ ᠰᠢᠶᠠᠨ ᠤ ᠳᠠᠷᠤᠭ᠎ᠠ ᠪᠢᠳᠡᠨ ᠤ ᠰᠤᠷᠪᠤᠯᠵᠢᠯᠠᠭ᠎ᠠ ᠶᠠᠷᠢᠯᠴᠠᠭ᠎ᠠ ᠶᠢ ᠬᠦᠯᠢᠶᠡᠨ | ᠠᠪᠤᠭᠰᠠᠨ ᠳᠤ ᠴᠢᠨᠢ ᠳᠠᠯᠠᠷᠬᠠᠵᠤ ᠪᠠᠶᠢᠨ᠎ᠠ᠂ ᠦᠨᠦᠳᠦᠷ ᠤᠨ ᠰᠤᠷᠪᠤᠯᠵᠢᠯᠠᠭ᠎ᠠ ᠶᠠᠷᠢᠯᠴᠠᠭ᠎ᠠ ᠠᠳᠡ ᠬᠦᠷᠦᠭᠡᠳ | ᠦᠨᠳᠦᠷᠯᠡᠯ᠎ᠡ᠂ ᠰᠦᠯᠵᠢᠶᠡᠨ ᠨᠠᠶᠢᠵᠠ ᠨᠠᠷ ᠮᠢᠨᠢ ᠳᠠᠷᠠᠭᠠᠴᠢ ᠪᠠᠷ ᠳᠠᠬᠢᠨ ᠵᠤᠯᠭᠠᠶ᠎ᠠ︕ | | | ᠨᠠᠶᠢᠷᠠᠭᠤᠯᠤᠭᠴᠢ᠄ ᠢᠷᠭᠤᠢ | ᠬᠢᠨᠠᠭᠴᠢ᠄ ᠬᠡᠷᠡᠯᠳᠦ | | | | |