ᠨᠢᠭᠡ᠂ ᠦᠨᠳᠦᠰᠦᠨ ᠪᠠᠶᠢᠳᠠᠯ | ᠤᠯᠠᠭᠠᠨᠴᠠᠪ ᠬᠤᠳᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ ᠲᠤ | ᠪᠠᠶᠢᠷᠢᠯᠠᠵᠤ᠂ 11 ᠬᠤᠰᠢᠭᠤ ᠰᠢᠶᠠᠨ ᠬᠤᠲᠠ ᠲᠣᠭᠤᠷᠢᠭ ᠢ ᠬᠠᠷᠢᠶᠠᠯᠠᠵᠤ᠂ ᠶᠡᠷᠦᠩᠬᠡᠶ ᠲᠠᠯᠠᠪᠠᠢ ᠨᠢ 5 . 45 | ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠪᠥᠬᠦ ᠬᠥᠮᠥᠨ ᠠᠮᠠ 287 ᠲᠦᠮᠡ᠂ ᠮᠣᠩᠭᠤᠯ ᠦᠨᠳᠦᠰᠦᠲᠡᠨ᠂ | ᠬᠤᠲᠣᠩ ᠦᠨᠳᠦᠰᠦᠲᠡᠨ᠂ ᠮᠠᠨᠵᠤ ᠦᠨᠳᠦᠰᠦᠲᠡᠨ ᠵᠡᠷᠭᠡ 43 ᠴᠥᠭᠡᠨ ᠲᠣᠭᠠᠲᠤ ᠦᠨᠳᠦᠰᠦᠲᠡᠨ ᠪᠠᠶᠢᠨ᠎ᠠ᠃ | ᠲᠡᠤᠬᠡ ᠰᠣᠶᠣᠯ ᠭᠡᠷᠡᠯ ᠰᠠᠴᠤᠷᠠᠩᠭᠤᠢ᠃ ᠣᠳᠣ ᠠᠴᠠ ᠨᠢᠭᠡᠨᠲᠡ 6000 ᠭᠠᠷᠤᠶ ᠵᠢᠯ ᠤᠨ ᠪᠣᠯᠪᠠᠰᠤᠨ | ᠲᠡᠦᠬᠡ ᠲᠠᠢ ᠪᠣᠯᠵᠤ᠂ ᠬᠠᠭᠤᠴᠢ ᠰᠤᠳᠤᠯᠤᠭᠴᠢ ᠳᠤ ︽ᠨᠡᠷᠡᠨ ᠮᠠᠨᠳᠤᠭᠰᠠᠨ ᠭᠠᠵᠠᠷ︾ ᠬᠡᠮᠡᠨ ᠨᠡᠷᠡᠯᠡᠭᠳᠡᠵᠦ᠂ | ᠦᠩᠭᠡᠳᠦ ᠳ᠋ᠣᠭᠠᠷ ᠤᠨ ᠦᠶ᠎ᠡ ᠶᠢᠨ ᠠᠯᠳᠠᠷᠲᠤ ᠰᠦᠮ᠎ᠡ ᠭᠡᠶᠢᠳ ᠤᠨ ᠰᠣᠶᠣᠯ ᠪᠠ ᠯᠤᠤ ᠬᠡᠤ ᠱᠠᠨ ᠰᠣᠶᠣᠯ ᠢ | ᠪᠤᠶᠢᠵᠢᠭᠤᠯᠤᠭᠰᠠᠨ ᠪᠠᠶᠢᠨ᠎ᠠ᠂ ᠲᠡᠷᠡ ᠪᠣᠯ ᠴᠠᠬᠠᠷ ᠤᠨ ᠰᠣᠶᠣᠯ ᠤᠨ ᠭᠤᠣᠯ ᠣᠷᠣᠨ ᠪᠣᠯᠬᠤ ᠪᠥᠭᠡᠳ ᠮᠠᠨ ᠤ | ᠤᠯᠤᠰ ᠤᠨ ᠤᠮᠠᠷᠠᠲᠤ ᠶᠢᠨ ᠡᠷᠲᠡᠨ ᠤ ᠪᠣᠯᠪᠠᠰᠤᠨ ᠤ ᠴᠢᠬᠤᠯᠠ ᠡᠭᠦᠰᠦᠯ ᠤᠨ ᠭᠠᠵᠠᠷ ᠪᠣᠯᠤᠨ᠎ᠠ᠃ ᠤᠮᠠᠷᠠᠲᠤ ᠸᠧᠶ | ᠤᠯᠤᠰ ᠢ ᠪᠠᠶᠢᠭᠤᠯᠤᠭᠴᠢ ᠲᠦᠸᠧ ᠪᠠ ᠭᠦᠢ ᠬᠠᠭᠠᠨ ᠮᠡᠨᠳᠦᠯᠡᠭᠰᠡᠨ᠂ ᠴᠢᠩᠭᠢᠰ ᠬᠠᠭᠠᠨ ᠠᠩᠬ᠎ᠠ ᠤᠳᠠᠭ᠎ᠠ | ᠪᠠᠷᠠᠭᠤᠨᠰᠢ ᠳᠠᠶᠢᠯᠠᠭᠰᠠᠨ᠂ ᠲᠠᠪᠤᠳᠤᠭᠠᠷ ᠳᠦᠷᠢ ᠶᠢᠨ ᠳᠠᠯᠠᠢ ᠯᠠᠮᠠ ᠡᠷᠭᠦᠮᠵᠢᠯᠡᠭᠰᠡᠨ᠂ ᠵᠢᠷᠭᠤᠳᠤᠭᠠᠷ ᠳᠦᠷᠢ ᠶᠢᠨ | ᠪᠠᠨᠴᠢᠨ ᠡᠷᠳᠡᠨᠢ ᠬᠤᠩ ᠹᠡ ᠵᠡᠷᠭᠡ ᠲᠡᠤᠬᠡᠨ ᠬᠡᠷᠡᠭ ᠶᠠᠪᠤᠳᠠᠯ ᠪᠦᠷ ᠠᠳᠡ ᠡᠭᠦᠰᠦᠭᠰᠡᠨ ᠪᠠᠶᠢᠨ᠎ᠠ᠃ ᠲᠡᠤᠬᠡᠨ | ᠳᠡᠭᠡᠷ᠎ᠡ ᠲᠠᠯ᠎ᠠ ᠨᠤᠲᠤᠭ ᠤᠨ ᠲᠣᠷᠭᠠᠨ ᠵᠠᠮ᠂ ᠧᠦ᠋ᠷᠣᠫᠠ ᠠᠽᠢᠶ᠎ᠠ ᠶᠢᠨ ᠴᠠᠢ ᠶᠢᠨ ᠲᠡᠮᠡᠭᠡᠨ ᠵᠢᠩ ᠤᠨ ᠵᠠᠮ ᠤᠨ | ᠴᠢᠬᠤᠯᠠ ᠵᠠᠩᠭᠢᠯᠠᠭ᠎ᠠ ᠶᠢᠨ ᠴᠡᠭ ᠪᠣᠯᠵᠤ᠂ ᠪᠠᠰᠠ ᠴᠤ ᠤᠮᠠᠷᠠᠲᠤ ᠣᠷᠣᠨ ᠤ ᠴᠢᠬᠤᠯᠠ ᠲᠠᠸᠠᠷ ᠢ ᠲᠥᠪᠯᠡᠷᠡᠭᠦᠯᠦᠨ | ᠲᠠᠷᠬᠠᠭᠠᠬᠤ ᠭᠠᠵᠠᠷ ᠪᠣᠯᠵᠤ ᠪᠠᠶᠢᠪᠠ᠃ | ᠣᠷᠣᠨ ᠪᠠᠶᠢᠷᠢ ᠵᠠᠮ ᠬᠠᠷᠢᠯᠴᠠᠭ᠎ᠠ ᠪᠠᠷ ᠳᠠᠪᠠᠭᠤᠯᠢᠭ᠃ ︽ᠪᠡᠭᠡᠵᠢᠩ ᠠᠴᠠ ᠪᠠᠷᠠᠭᠤᠨᠰᠢ ᠨᠢᠭᠡ ᠠᠯᠬᠤᠮ | ᠶᠠᠪᠤᠪᠠᠯ ᠤᠯᠠᠭᠠᠨᠴᠠᠪ ᠮᠥᠨ︾ ᠪᠠᠶᠢᠵᠤ᠂ ᠵᠡᠭᠦᠨᠰᠢ ᠤᠷᠤᠵᠤ ᠪᠠᠷᠠᠭᠤᠨᠰᠢ ᠭᠠᠷᠬᠤ᠂ ᠡᠮᠦᠨᠡᠰᠢ ᠬᠤᠯᠪᠣᠭᠠᠯᠠᠵᠤ | ᠤᠮᠠᠷᠠᠰᠢ ᠨᠡᠪᠲᠡᠷᠡᠬᠦ᠂ ᠭᠠᠵᠠᠷ ᠨᠢ ᠨᠡᠶᠢᠰᠯᠡᠯ ᠪᠡᠭᠡᠵᠢᠩ ᠤᠨ ᠳᠡᠬᠦᠷᠭᠡ ᠠᠴᠠ ᠤᠶᠢᠷᠡᠳᠤᠭᠰᠠᠨ ᠤᠷᠤᠨ ᠪᠠᠶᠢᠷᠢ ᠶᠢᠨ | ᠳᠠᠪᠠᠭᠤᠯᠢᠭ ᠲᠠᠢ᠂ ᠵᠡᠬᠦᠨᠰᠢ 240 ᠺᠢᠯᠣᠮᠧᠲᠷ ᠵᠠᠶᠢᠲᠠᠶ᠂ ᠨᠡᠶᠢᠰᠯᠡᠯ ᠠᠴᠠ ᠬᠠᠮᠤᠭ ᠣᠶᠢᠷ᠎ᠠ ᠦᠪᠦᠷ ᠮᠤᠩᠭᠤᠯ ᠤᠨ | ᠬᠤᠲᠠ ᠪᠣᠯᠤᠨ᠎ᠠ︔ ᠪᠠᠷᠠᠭᠤᠨ ᠲᠠᠯ᠎ᠠ ᠪᠠᠷ ᠢᠶᠠᠨ ᠬᠦᠬᠡᠬᠤᠳᠠ ᠲᠠᠢ ᠬᠥᠷᠰᠢᠯᠡᠵᠦ᠂ ᠡᠮᠦᠨ᠎ᠡ ᠲᠠᠯ᠎ᠠ ᠪᠠᠷ ᠢᠶᠠᠨ | ᠳ᠋ᠠᠲ᠋ᠦ᠋ᠩ ᠲᠠᠢ ᠬᠥᠷᠰᠢᠯᠡᠵᠦ᠂ ᠬᠤᠶᠢᠲᠤ ᠲᠠᠯ᠎ᠠ ᠪᠠᠷ ᠢᠶᠠᠨ ᠮᠣᠩᠭᠤᠯ ᠤᠯᠤᠰ ᠲᠠᠢ ᠵᠠᠬ᠎ᠠ ᠨᠡᠶᠢᠯᠡᠵᠦ᠂ ᠡᠷᠢᠶᠡᠨ | ᠬᠤᠲᠠ ᠶᠢᠨ ᠪᠣᠭᠤᠮᠲᠠ ᠠᠴᠠ 300 ᠺᠢᠯᠣᠮᠧᠲᠷ ᠵᠠᠶᠢᠲᠠᠶ ᠪᠠᠶᠢᠵᠤ᠂ ᠲᠢᠶᠠᠨᠵᠢᠨ᠂ ᠼᠤᠤ ᠹᠧᠢ ᠳ᠋ᠢᠶᠠᠨ᠂ ᠴᠢᠨ | ᠬᠤᠸᠠᠩ ᠳ᠋ᠤᠤ ᠵᠡᠷᠭᠡ ᠭᠤᠷᠪᠠᠨ ᠶᠡᠭᠡ ᠭᠠᠷᠠᠮ ᠠᠴᠠ ᠴᠥᠮ 500 ᠺᠢᠯᠣᠮᠧᠲᠷ ᠢ ᠳᠠᠪᠠᠭ᠋ᠤ ᠥᠬᠡᠶ ᠵᠠᠶᠢᠳᠠᠢ ᠪᠠᠶᠢᠵᠤ᠂ | ᠪᠠᠷᠠᠭᠤᠨ ᠬᠤᠶᠢᠲᠤ ᠣᠷᠣᠨ ᠵᠡᠭᠦᠨ ᠡᠮᠦᠨᠡᠰᠢ ᠳᠠᠯᠠᠢ ᠳᠤ ᠭᠠᠷᠬᠤ ᠳᠤ ᠵᠠᠪᠠᠯ ᠥᠩᠭᠡᠷᠡᠬᠦ ᠭᠠᠵᠠᠷ ᠪᠣᠯᠵᠤ᠂ | ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ ᠵᠡᠷᠭᠡ ᠭᠤᠷᠪᠠᠨ ᠶᠡᠭᠡ ᠠᠵᠤ | ᠠᠬᠤᠢ ᠶᠢᠨ ᠣᠷᠣᠨ ᠢ ᠬᠤᠯᠪᠣᠭᠰᠠᠨ ᠵᠠᠮ ᠬᠠᠷᠢᠯᠴᠠᠭᠠᠨ ᠤ ᠬᠦᠢᠰᠦ ᠪᠣᠯᠬᠤ ᠪᠥᠭᠡᠳ ᠮᠠᠨ ᠤ ᠤᠯᠤᠰ ᠠᠴᠠ | ᠮᠣᠩᠭᠤᠯ᠂ ᠣᠷᠣᠰ ᠪᠣᠯᠤᠨ ᠧᠦ᠋ᠷᠣᠫᠠ ᠲᠢᠪ ᠲᠤ ᠨᠡᠪᠲᠡᠷᠡᠬᠦ ᠴᠢᠬᠤᠯᠠ ᠵᠠᠮ ᠪᠣᠯᠬᠤ ᠶᠤᠮ᠃ ᠳᠤᠨᠤᠯᠵᠢᠨ ᠬᠦᠢᠰᠦ | ᠶᠢᠨ ᠬᠡᠯᠪᠡᠷᠢ᠂ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠰᠦᠯᠵᠢᠶ᠎ᠡ ᠡᠳᠦᠷ ᠢᠷᠡᠬᠦᠶ᠎ᠡ ᠲᠡᠭᠦᠯᠳᠡᠷᠵᠢᠵᠦ᠂ | ᠪᠡᠭᠡᠵᠢᠩ ᠠᠴᠠ ᠪᠤᠭᠤᠲᠤ ᠬᠦᠷᠬᠦ᠂ ᠵᠢᠨᠢᠩ ᠡᠷᠢᠶᠡᠨ᠂ ᠵᠢᠨᠢᠩ ᠳ᠋ᠠᠲ᠋ᠦ᠋ᠩ᠂ ᠵᠢᠨᠢᠩ ᠲᠦᠩᠯᠢᠶᠤᠤ ᠵᠡᠷᠭᠡ 6 ᠵᠤᠷᠪᠤᠰ | ᠲᠡᠮᠦᠷ ᠵᠠᠮ ᠬᠥᠨᠳᠡᠯᠡᠨ ᠭᠤᠯᠳᠤ ᠥᠬᠡᠶ ᠰᠦᠯᠵᠢᠯᠳᠦᠵᠦ᠂ ᠪᠡᠭᠡᠵᠢᠩ ᠠᠴᠠ ᠲᠥᠪᠡᠳ ᠬᠦᠷᠬᠦ᠂ ᠪᠡᠭᠡᠵᠢᠩ ᠠᠴᠠ | ᠰᠢᠨᠵᠢᠶᠠᠩ ᠬᠦᠷᠬᠦ᠂ ᠡᠷᠢᠶᠡᠨ ᠭᠤᠸᠠᠩᠵᠸᠤ 3 ᠵᠤᠷᠪᠤᠰ ᠲᠦᠷᠭᠡᠨ ᠳᠠᠪᠬᠢᠬᠤ ᠵᠠᠰᠠᠮᠠᠯ ᠵᠠᠮ ᠬᠢᠯᠢ ᠳᠣᠲᠣᠷ᠎ᠠ | ᠣᠭᠲᠣᠯᠣᠯᠴᠠᠨᠠ᠃ ᠪᠡᠭᠡᠵᠢᠩ ᠠᠴᠠ ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ ᠤᠨ ᠤᠯᠠᠭᠠᠨᠴᠠᠪ ᠠᠴᠠ | ᠬᠥᠬᠡᠬᠤᠲᠠ ᠬᠦᠷᠬᠦ ᠬᠡᠰᠡᠭ ᠢ ᠨᠢᠭᠡᠨᠲᠡ ᠨᠡᠪᠲᠡᠷᠡᠭᠦᠯᠵᠦ᠂ 2019 ᠣᠨ ᠳᠤ ᠪᠦᠬᠦ ᠱᠤᠭᠤᠮ ᠢᠶᠠᠷ ᠨᠡᠪᠲᠡᠷᠡᠭᠦᠯᠵᠦ᠂ | ᠲᠤᠬᠠᠢ ᠶᠢᠨ ᠦᠶ᠎ᠡ ᠳᠤ ᠤᠯᠠᠭᠠᠨᠴᠠᠪ ᠠᠴᠠ ᠮᠣᠷᠳᠠᠵᠤ᠂ 90 ᠮᠢᠨᠦ᠋ᠲ ᠤᠨ ᠳᠣᠲᠣᠷ᠎ᠠ ᠪᠡᠭᠡᠵᠢᠩ ᠳᠤ ᠬᠦᠷᠦᠨ᠎ᠡ᠃ | ᠤᠯᠠᠭᠠᠨᠴᠠᠪ ᠨᠢᠰᠬᠡᠯ ᠤᠨ ᠪᠠᠭᠤᠳᠠᠯ ᠨᠢᠭᠡᠨᠲᠡ ᠪᠥᠬᠦ ᠤᠯᠤᠰ ᠤᠨ 20 ᠭᠠᠷᠤᠶ ᠲᠣᠮᠣ ᠳᠤᠮᠳᠠ ᠬᠤᠲᠠ ᠳᠤ | ᠨᠡᠪᠲᠡᠷᠡᠵᠦ᠂ ᠣᠳᠣ ᠶᠠᠭ ᠣᠯᠠᠨ ᠤᠯᠤᠰ ᠤᠨ ᠨᠢᠰᠬᠡᠯ ᠤᠨ ᠪᠠᠭᠤᠳᠠᠯ ᠪᠣᠯᠤᠨ ᠳᠡᠰ ᠳᠠᠪᠰᠢᠵᠤ ᠪᠠᠶᠢᠨ᠎ᠠ᠃ | ᠪᠠᠶᠢᠭᠠᠯᠢ ᠶᠢᠨ ᠡᠬᠢ ᠪᠠᠶᠠᠯᠢᠭ ᠡᠯᠪᠡᠭ ᠪᠠᠶᠠᠯᠢᠭ ᠪᠠᠶᠢᠳᠠᠭ᠃ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠤᠨ ᠲᠠᠯ᠎ᠠ ᠪᠠᠷ᠂ ᠪᠥᠬᠦ ᠬᠤᠲᠠ ᠡᠮᠦᠨ᠎ᠡ ᠠᠴᠠ ᠤᠮᠠᠷᠠᠰᠢ 9 ᠴᠢᠬᠤᠯᠠ ᠭᠠᠵᠠᠷ ᠰᠢᠨᠵᠢᠯᠡᠭᠡᠨ ᠤ | ᠠᠭᠤᠷᠬᠠᠶ ᠶᠢᠨ ᠪᠦᠰᠡ ᠶᠢ ᠬᠥᠨᠳᠡᠯᠡᠨ ᠢᠶᠠᠷ ᠠᠯᠤᠰᠯᠠᠵᠤ᠂ 80 ᠭᠠᠷᠤᠶ ᠵᠦᠶᠯ ᠤᠨ ᠠᠭᠤᠷᠬᠠᠶ ᠶᠢᠨ ᠲᠥᠷᠥᠯ᠂ | ᠬᠠᠶᠢᠯᠤᠭᠤᠷ ᠵᠤᠩᠰᠢ ᠶᠢᠨ ᠳᠠᠩ ᠪᠡᠶ᠎ᠡ ᠶᠢᠨ ᠬᠠᠳᠠᠭᠠᠯᠠᠭᠳᠠᠴᠠ ᠠᠽᠢᠶ᠎ᠠ ᠲᠢᠪ ᠤᠨ ᠨᠢᠭᠡᠳᠦᠭᠡᠷ᠂ ᠪᠠᠯ ᠴᠢᠯᠠᠭᠤ ᠶᠢᠨ | ᠬᠠᠳᠠᠭᠠᠯᠠᠭᠳᠠᠴᠠ ᠪᠥᠬᠦ ᠤᠯᠤᠰ ᠲᠦᠷᠦᠬᠦᠦ ᠡᠮᠦᠨ᠎ᠡ ᠭᠤᠷᠪᠠ ᠳᠤ ᠪᠠᠶᠢᠬᠤ ᠶᠢ ᠢᠯᠡᠷᠡᠭᠦᠯᠪᠡ᠃ ᠵᠢᠭᠤᠯᠴᠢᠯᠠᠯ ᠤᠨ | ᠡᠬᠢ ᠪᠠᠶᠠᠯᠢᠭ ᠤᠨ ᠲᠠᠯ᠎ᠠ ᠪᠠᠷ᠂ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 4 . 3 ℃ ᠣᠷᠴᠢᠮ ᠪᠠᠶᠢᠵᠤ᠂ | ᠵᠣᠨ ᠤ ᠤᠯᠠᠷᠢᠯ ᠤᠨ ᠳᠤᠮᠳᠠᠴᠢ ᠠᠭᠠᠷ ᠤᠨ ᠳᠤᠯᠠᠭᠠᠨ ᠨᠢ ᠵᠥᠪᠬᠡᠨ 18 . 8 ℃ ᠪᠠᠶᠢᠵᠤ᠂ ᠴᠧᠩᠳᠧ ᠶᠢᠨ ︽ | ᠵᠤᠰᠠᠯᠠᠩ︾ ᠠᠴᠠ ᠪᠠᠰᠠ 4 ℃ ᠣᠷᠴᠢᠮ ᠳᠣᠤᠷ᠎ᠠ ᠪᠠᠶᠢᠵᠤ᠂ ᠵᠣᠨ ᠤ ᠳᠡᠯᠭᠡᠷ ᠤᠯᠠᠷᠢᠯ ᠳᠤ ᠴᠤ ᠠᠭᠠᠷ | ᠲᠣᠬᠢᠷᠠᠭᠤᠯᠤᠭᠴᠢ ᠬᠡᠷᠡᠭᠰᠡᠬᠦ ᠥᠬᠡᠶ᠂ ᠤᠯᠤᠰ ᠤᠨ ᠳᠡᠰ ᠤᠨ ᠵᠤᠰᠠᠯᠠᠩ ᠤᠨ ᠦᠵᠡᠮᠵᠢᠲᠦ ᠣᠷᠣᠨ ᠪᠣᠯᠤᠨ᠎ᠠ᠃ | ᠬᠢᠯᠢ ᠳᠣᠲᠣᠷ᠎ᠠ ᠪᠠᠯᠠᠷ ᠡᠷᠲᠡᠨ ᠤ ᠦᠯᠡᠳᠡᠭᠳᠡᠯ᠂ ᠣᠢ ᠰᠢᠭᠤᠶ ᠨᠠᠭᠤᠷ ᠴᠥᠭᠦᠷᠥᠮ᠂ ᠬᠠᠯᠠᠭᠤᠨ ᠷᠠᠰᠢᠶᠠᠨ ᠭᠠᠯᠲᠤ | ᠠᠭᠤᠯᠠ ᠨᠡᠶᠢᠳᠡᠮ ᠲᠠᠷᠬᠠᠵᠤ᠂ ᠳᠥᠷᠪᠡᠳ ᠤᠨ ᠲᠠᠯ᠎ᠠ ᠨᠤᠲᠤᠭ᠂ ᠬᠦᠢᠳᠡᠨ ᠰᠢᠯᠢ ᠶᠢᠨ ᠥᠨᠳᠦᠷᠯᠢᠭ ᠤᠨ ᠨᠤᠭᠤ | ᠭᠠᠵᠠᠷ ᠪᠠ ᠤᠯᠠᠭᠠᠨᠬᠠᠳᠠ ᠭᠠᠯᠲᠤ ᠠᠭᠤᠯᠠ ᠶᠢᠨ ᠲᠠᠯ᠎ᠠ ᠨᠤᠲᠤᠭ ᠲᠠᠢ ᠪᠠᠶᠢᠵᠤ᠂ ︽ᠲᠠᠯ᠎ᠠ ᠨᠤᠲᠤᠭ ᠤᠨ ᠮᠦᠽᠧᠶ︾ | ᠬᠡᠮᠡᠭᠳᠡᠵᠦ᠂ ᠶᠡᠭᠡ ᠬᠤᠲᠠ ᠳᠤ ᠤᠳᠠᠭᠠᠨ ᠰᠠᠭᠤᠭᠰᠠᠨ ᠬᠥᠮᠦᠰ ᠤᠨ ᠠᠭᠤᠰᠬᠢ ᠶᠢ ᠤᠬᠢᠶᠠᠵᠤ | ᠬᠦᠴᠢᠯᠲᠥ᠋ᠷᠥᠭᠴᠢ ᠶᠢ ᠰᠣᠷᠣᠭᠤᠯᠵᠤ᠂ ᠬᠠᠯᠠᠭᠤᠨ ᠠᠴᠠ ᠵᠠᠶᠢᠯᠠᠵᠤ ᠪᠡᠶ᠎ᠡ ᠪᠠᠨ ᠰᠤᠪᠢᠯᠠᠬᠤ ᠳᠤ ᠮᠠᠰᠢ ᠲᠣᠬᠢᠷᠠᠮᠵᠢᠲᠠᠶ | ᠪᠠᠶᠢᠳᠠᠭ᠃ ᠡᠨᠧᠷᠭᠢ ᠶᠢᠨ ᠰᠤᠷᠪᠤᠯᠵᠢ ᠶᠢᠨ ᠲᠠᠯ᠎ᠠ ᠪᠠᠷ᠂ ᠰᠠᠯᠬᠢᠨ ᠤ ᠬᠦᠴᠦᠨ ᠤ ᠳᠠᠯᠠᠪᠤᠷ ᠤᠨ ᠲᠠᠯᠠᠪᠠᠢ ᠨᠢ | 7000 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠥᠬᠦ ᠵᠢᠯ ᠤᠨ ᠨᠡᠷᠡᠨ ᠤ ᠲᠤᠰᠤᠯᠲᠠ ᠶᠢᠨ ᠴᠠᠭ ᠨᠢ 3200 | ᠴᠠᠭ ᠪᠠᠶᠢᠵᠤ᠂ ︽ᠠᠭᠠᠷ ᠤᠨ ᠭᠤᠷᠪᠠᠨ ᠬᠠᠪᠴᠢᠯ᠂ ᠰᠠᠯᠬᠢᠨ ᠬᠦᠴᠦᠨ ᠤ ᠴᠠᠬᠢᠯᠭᠠᠨ ᠤ ᠬᠤᠲᠠ︾ ᠬᠡᠮᠡᠭᠳᠡᠭᠰᠡᠨ | ᠪᠠᠶᠢᠨ᠎ᠠ᠃ | ᠬᠤᠶᠠᠷ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ | ᠣᠶᠢᠷ᠎ᠠ ᠶᠢᠨ ᠵᠢᠯ ᠠᠴᠠ ᠨᠠᠰᠢ᠂ ᠤᠯᠠᠭᠠᠨᠴᠠᠪ ᠬᠤᠲᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠠᠷᠢᠨ | ᠬᠢᠨᠠᠮᠠᠭᠠᠢ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠡᠯ᠎ᠡ | ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠨᠡᠶᠢᠭᠡᠮ ᠳᠤ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠬᠦ ᠰᠠᠶᠢᠨ ᠰᠠᠶᠢᠬᠠᠨ ᠪᠠᠶᠢᠳᠠᠯ ᠢᠯᠡᠷᠡᠪᠡ᠃ 2018 ᠣᠨ ᠳᠤ᠂ ᠪᠥᠬᠦ ᠵᠢᠯ ᠤᠨ ᠭᠠᠵᠠᠷ | ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 5 . 5 % ᠪᠠᠷ ᠨᠡᠮᠡᠭᠳᠡᠵᠦ᠂ ᠣᠯᠠᠨ ᠨᠡᠶᠢᠳᠡ ᠶᠢᠨ ᠡᠩ ᠤᠨ | ᠲᠥᠰᠦᠪ ᠤᠨ ᠣᠷᠣᠯᠭ᠎ᠠ 7 . 2 % ᠢᠶᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ 7 . 3 % ᠪᠠᠷ ᠨᠡᠮᠡᠭᠳᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 7 . 6 % ᠪᠠ 9 . 3 % ᠪᠠᠷ ᠨᠡᠮᠡᠭᠳᠡᠪᠡ᠃ | ᠭᠤᠤᠯ ᠪᠣᠯᠬᠤ ᠭᠦᠶᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠥᠪᠡᠷᠲᠡᠭᠡᠨ ᠵᠠᠰᠠᠬᠤ ᠣᠷᠣᠨ ᠤ | ᠳᠤᠮᠳᠠ ᠵᠡᠷᠭᠡ ᠶᠢᠨ ᠬᠢᠷᠢ ᠲᠦᠪᠰᠢᠨ ᠳᠤ ᠪᠤᠢ᠃ 2019 ᠣᠨ ᠤ ᠨᠢᠭᠡᠳᠦᠭᠡᠷ ᠤᠯᠠᠷᠢᠯ ᠳᠤ᠂ ᠠᠩᠬ᠎ᠠ | ᠠᠯᠬᠤᠮ ᠤᠨ ᠵᠢᠱᠢᠯᠲᠡ ᠪᠠᠷ᠂ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 130 ᠳ᠋ᠦᠩᠰᠢᠭᠤᠷ | ᠲᠥᠭᠦᠷᠢᠭ ᠬᠦᠷᠴᠦ᠂ ᠥᠯᠥ ᠬᠤᠪᠢᠰᠬᠤ ᠦᠨ᠎ᠡ ᠨᠢ ᠠᠳᠠᠯᠢ ᠬᠤᠭᠤᠴᠠᠭᠠᠨ ᠤ ᠬᠢ ᠠᠴᠠ 7 % ᠣᠷᠴᠢᠮ | ᠨᠡᠮᠡᠭᠳᠡᠨ᠎ᠡ︔ ᠬᠡᠪᠴᠢᠶ᠎ᠡ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 11.6 % ᠪᠠᠷ | ᠨᠡᠮᠡᠭᠳᠡᠭᠦᠯᠬᠦ ᠪᠠᠷ ᠵᠢᠱᠢᠵᠦ ᠪᠠᠶᠢᠨ᠎ᠠ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢ ᠵᠢᠱᠢᠯᠲᠡ ᠪᠠᠷ 8.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ 3 % ᠪᠠᠷ | ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 92.3 | ᠳ᠋ᠦᠩᠰᠢᠭᠤᠷ ᠲᠥᠭᠦᠷᠢᠭ ᠪᠡᠶᠡᠯᠡᠭᠦᠯᠵᠦ᠂ 6.5 % ᠪᠠᠷ ᠨᠡᠮᠡᠭᠳᠡᠭᠦᠯᠬᠦ ᠪᠠᠷ ᠵᠢᠱᠢᠵᠦ ᠪᠠᠶᠢᠨ᠎ᠠ︔ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠱᠢᠯᠲᠡ ᠪᠠᠷ | ᠲᠤᠰ ᠲᠤᠰ 8896 ᠲᠥᠭᠦᠷᠢᠭ ᠪᠠ 3054 ᠲᠥᠭᠦᠷᠢᠭ ᠪᠡᠶᠡᠯᠡᠭᠦᠯᠵᠦ᠂ ᠲᠤᠰ ᠲᠤᠰ 8 %᠂ 8 . 5 | % ᠪᠠᠷ ᠨᠡᠮᠡᠭᠳᠡᠭᠦᠯᠦᠨ᠎ᠡ᠃ | ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠭᠠᠷᠤᠯᠳᠠ ᠪᠦᠬᠦ ᠤᠯᠤᠰ ᠲᠤ ᠠᠯᠳᠠᠷᠰᠢᠪᠠ᠃ | ᠤᠯᠠᠭᠠᠨᠴᠠᠪ ᠬᠤᠲᠠ ︽ᠪᠦᠲᠦᠴᠡ ᠶᠢ ᠰᠢᠯᠢᠳᠡᠭᠵᠢᠭᠦᠯᠬᠦ᠂ ᠬᠡᠯᠪᠡᠷᠢ ᠶᠢ ᠬᠤᠪᠢᠷᠠᠭᠤᠯᠬᠤ᠂ ᠬᠥᠭᠵᠢᠯᠲᠡ ᠶᠢ | ᠠᠬᠢᠭᠤᠯᠬᠤ︾ ᠦᠨᠳᠦᠰᠦᠨ ᠰᠡᠳᠬᠢᠮᠵᠢ ᠶᠢ ᠪᠠᠷᠢᠮᠲᠠᠯᠠᠵᠤ᠂ ᠡᠷᠡᠰ ᠭᠤᠶᠢᠪᠢᠰᠢ ᠥᠬᠡᠶ ᠣᠨᠴᠠᠯᠢᠭᠲᠤ ᠵᠠᠮ ᠢᠶᠠᠷ | ᠵᠠᠮᠨᠠᠵᠤ᠂ ᠪᠣᠬᠢᠷᠲᠤᠯ ᠥᠬᠡᠶ ᠲᠦᠷᠦᠯ ᠳᠡᠮᠳᠡᠭ ᠢ ᠪᠤᠢ ᠪᠤᠯᠭᠠᠨ᠂ ᠲᠥᠮᠥᠰᠥ᠂ ᠬᠦᠢᠲᠡᠨ ᠰᠡᠷᠢᠭᠦᠨ ᠢᠳᠡᠰᠢᠨ | ᠨᠣᠭᠤᠭ᠎ᠠ᠂ ᠨᠣᠬᠠᠶ ᠶᠢᠨ ᠬᠤᠰᠢᠭᠤ ᠡᠯᠳᠡᠪ ᠠᠮᠤ ᠡᠯᠳᠡᠪ ᠪᠤᠷᠴᠠᠭ᠂ ᠠᠯᠠᠰᠢᠨ ᠬᠤᠨᠢ᠂ ᠭᠠᠭ᠋ᠠᠶ᠂ ᠠᠯᠠᠰᠢᠨ ᠦᠬᠡᠷ | ᠵᠡᠷᠭᠡ ᠪᠠᠷ ᠭᠤᠤᠯᠯᠠᠭᠤᠯᠤᠭᠰᠠᠨ ᠣᠨᠴᠠᠯᠢᠭᠲᠤ ᠠᠵᠤ ᠦᠶᠯᠡᠰ ᠢ ᠠᠯᠬᠤᠮ ᠠᠯᠬᠤᠮ ᠢᠶᠠᠷ ᠪᠦᠷᠢᠯᠳᠦᠭᠦᠯᠪᠡ᠃ ᠪᠥᠬᠦ | ᠬᠤᠲᠠ ᠪᠠᠷ ᠢᠶᠠᠨ ᠬᠦᠨᠦᠬᠡᠯ ᠦᠬᠡᠢ᠂ ᠪᠣᠬᠢᠷᠲᠤᠯ ᠥᠬᠡᠶ᠂ ᠣᠷᠭᠠᠨᠢᠭ ᠲᠠᠷᠢᠶᠠᠯᠠᠩ ᠤᠨ ᠭᠠᠷᠤᠯᠳᠠ ᠮᠠᠯ ᠤᠨ ᠠᠰᠢᠭ | ᠰᠢᠮ᠎ᠡ 231 ︵ᠬᠦᠨᠦᠬᠡᠯ ᠥᠬᠡᠶ ᠭᠠᠷᠤᠯᠳᠠ 83᠂ ᠪᠣᠬᠢᠷᠲᠤᠯ ᠥᠬᠡᠶ ᠢᠳᠡᠭᠡᠨ 80᠂ ᠣᠷᠭᠠᠨᠢᠭ ᠲᠠᠷᠢᠶᠠᠯᠠᠩ | ᠤᠨ ᠭᠠᠷᠤᠯᠳᠠ ᠮᠠᠯ ᠤᠨ ᠠᠰᠢᠭ ᠰᠢᠮ᠎ᠡ 68 ᠪᠤᠢ︶ ᠭᠡᠷᠡᠴᠢᠯᠡᠭᠡ ᠬᠢᠵᠤ᠂ ᠶᠡᠷᠦᠩᠬᠡᠶ ᠲᠠᠯᠠᠪᠠᠢ ᠨᠢ 303 ᠲᠦᠮᠡᠨ | ᠮᠤ᠋ ᠪᠠᠶᠢᠵᠤ᠂ ᠭᠡᠷᠡᠴᠢᠯᠡᠭᠡ ᠬᠢᠭᠰᠡᠨ ᠮᠠᠯ ᠤᠨ ᠲᠡᠵᠢᠭᠡᠨ ᠦᠷᠡᠵᠢᠭᠦᠯᠬᠦ ᠬᠡᠪᠴᠢᠶ᠎ᠡ 850 ᠲᠦᠮᠡᠨ ᠲᠣᠯᠣᠭᠠᠶ᠂ | ᠶᠡᠷᠦᠩᠬᠡᠶ ᠭᠠᠷᠤᠯᠲᠠ ᠨᠢ 352 ᠲᠦᠮᠡᠨ ᠲᠣᠨ ᠪᠠᠶᠢᠵᠤ᠂ 9 ᠲᠠᠷᠢᠶᠠᠯᠠᠩ ᠤᠨ ᠭᠠᠷᠤᠯᠳᠠ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠨᠢ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠪᠡᠯᠭᠡ | ᠲᠡᠮᠲᠡᠭ ᠢ ᠳᠠᠩᠰᠠᠯᠠᠬᠤ ᠪᠠᠷ ᠳᠠᠮᠵᠢᠨ ᠬᠠᠮᠠᠭᠠᠯᠠᠵᠤ᠂ 14 ᠲᠠᠸᠠᠷ ᠤᠨ ᠲᠡᠮᠳᠡᠭᠲᠦ ᠨᠢ ᠤᠯᠤᠰ ᠤᠨ ᠭᠠᠵᠠᠷ ᠵᠦᠶ ᠶᠢᠨ | ᠪᠡᠯᠭᠡ ᠲᠡᠮᠲᠡᠭ ᠤᠨ ᠭᠡᠷᠡᠴᠢ ᠪᠣᠯᠵᠠᠶ᠃ 2018 ᠣᠨ ᠳᠤ ᠲᠠᠷᠢᠮᠠᠯ ᠤᠨ ᠶᠡᠷᠦᠩᠬᠡᠶ ᠲᠠᠯᠠᠪᠠᠢ 1046 ᠲᠦᠮᠡᠨ ᠮᠤ᠋ | ᠬᠦᠷᠴᠦ᠂ ᠠᠮᠤ ᠪᠤᠳᠠᠭᠠᠨ ᠤ ᠶᠡᠷᠦᠩᠬᠡᠶ ᠤᠨᠠᠯᠲᠠ 112 ᠲᠦᠮᠡᠨ ᠲᠣᠨ ᠳᠤ ᠬᠦᠷᠴᠡᠶ᠃ ᠲᠥᠮᠥᠰᠤᠨ ᠤ ᠲᠠᠯᠠᠪᠠᠢ | ᠪᠠ ᠭᠠᠷᠤᠯᠲᠠ ᠨᠢ ᠵᠢᠯ ᠲᠤᠷᠰᠢ 400 ᠲᠦᠮᠡᠨ ᠮᠤ᠋᠂ 450 ᠲᠦᠮᠡᠨ ᠲᠣᠨ ᠳᠤ ᠲᠣᠭᠲᠠᠪᠤᠷᠢᠵᠢᠵᠤ᠂ ᠴᠥᠮ ᠪᠥᠬᠦ | ᠤᠯᠤᠰ ᠤᠨ ᠲᠤᠰᠬᠠᠶ ᠣᠷᠣᠨ ᠬᠤᠲᠠ ᠶᠢᠨ ᠳᠡᠰ ᠤᠨ ᠲᠡᠷᠢᠭᠦᠨ ᠪᠠᠶᠢᠷᠢᠨ ᠳᠤ ᠣᠷᠣᠵᠤ᠂ ᠪᠥᠬᠦ ᠤᠯᠤᠰ ᠤᠨ ᠴᠢᠨᠠᠷ | ᠰᠠᠶᠢᠲᠠᠶ ᠲᠥᠮᠥᠰᠥ ᠲᠠᠷᠢᠬᠤ ᠰᠢᠵᠢᠷ ᠠᠯᠲᠠᠨ ᠭᠠᠷᠤᠯᠲᠠ ᠶᠢᠨ ᠣᠷᠣᠨ ᠵᠢᠴᠢ ᠲᠠᠸᠠᠷ ᠤᠨ ᠲᠥᠮᠥᠰᠥ ᠪᠠ | ᠡᠳ᠋ᠰᠢᠭᠦᠯᠬᠦ ᠳᠤ ᠲᠤᠰᠬᠠᠶ ᠬᠡᠷᠡᠭᠯᠡᠬᠦ ᠲᠥᠮᠥᠰᠥ ᠦᠶᠯᠡᠳᠪᠦᠷᠢᠯᠡᠬᠦ ᠰᠠᠭᠤᠷᠢᠨ ᠭᠠᠵᠠᠷ ᠪᠣᠯᠵᠤ᠂ ᠳᠤᠮᠳᠠᠳᠤ | ᠤᠯᠤᠰ ᠠᠴᠠ ᠢᠳᠡᠭᠡᠨ ᠤ ᠠᠵᠤ ᠦᠶᠯᠡᠳᠪᠦᠷᠢ ᠶᠢᠨ ᠨᠡᠶᠢᠭᠡᠮᠯᠢᠭ ᠠᠴᠠ ︽ᠳᠤᠮᠳᠠᠳᠤ ᠤᠯᠤᠰ ᠤᠨᠲ᠋ᠥ᠋ᠮᠥᠰᠤᠨ ᠤ | ᠬᠤᠲᠠ︾ ᠭᠡᠵᠦ ᠨᠡᠷᠡᠶᠢᠳᠦᠭᠳᠡᠵᠦ᠂ ᠨᠢᠳᠤᠨᠤᠨ ᠠᠩᠬᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ | ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠭᠤᠨ | ᠬᠦᠴᠦᠷᠬᠡᠭ ᠤᠨ ᠵᠢᠭᠰᠠᠭᠠᠯᠲᠠ ᠳᠤ ᠣᠷᠣᠵᠤ᠂ ︽ᠳᠤᠮᠳᠠᠳᠤ ᠤᠯᠤᠰ ᠤᠨ ᠣᠨᠴᠠᠯᠢᠭ ᠪᠦᠬᠦᠢ ᠲᠠᠷᠢᠶᠠᠯᠠᠩ ᠤᠨ | ᠪᠦᠲᠦᠭᠡᠭᠳᠡᠬᠦᠨ ᠤ ᠳᠠᠪᠠᠭᠤᠯᠢᠭ ᠣᠷᠣᠨ︾ ᠳᠤ ᠵᠢᠭᠰᠠᠭᠠᠭᠳᠠᠪᠠ᠃ ᠨᠣᠬᠠᠶ ᠶᠢᠨ ᠬᠤᠰᠢᠭᠤ ᠶᠢᠨ ᠲᠠᠷᠢᠮᠠᠯ ᠤᠨ | ᠲᠠᠯᠠᠪᠠᠢ 112 ᠲᠦᠮᠡᠨ ᠮᠤ᠋ ᠳᠤ ᠬᠦᠷᠴᠦ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠸᠠᠳᠧ ᠰᠢᠶᠠᠨ᠂ | ᠱᠠᠩᠳᠤ ᠰᠢᠶᠠᠨ᠂ ᠵᠦᠸᠧᠽᠢ ᠰᠢᠶᠠᠨ ᠢᠶᠠᠷ ᠭᠤᠣᠯ ᠪᠣᠯᠭᠠᠭᠰᠠᠨ ᠨᠣᠬᠠᠶ ᠶᠢᠨ ᠬᠤᠰᠢᠭᠤ ᠶᠢᠨ ᠠᠵᠤ ᠦᠢᠯᠡᠰ ᠤᠨ | ᠪᠦᠰᠡ ᠶᠢ ᠪᠦᠷᠢᠯᠳᠦᠭᠦᠯᠵᠦ᠂ ︽ᠳᠤᠮᠳᠠᠳᠤ ᠤᠯᠤᠰ ᠤᠨ ᠨᠣᠬᠠᠶ ᠶᠢᠨ ᠬᠤᠰᠢᠭᠤ ᠶᠢᠨ ᠬᠤᠲᠠ︾ ᠬᠡᠮᠡᠭᠳᠡᠪᠡ᠃ | ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠲᠠᠯᠠᠪᠠᠢ ᠶᠢ 100 ᠲᠦᠮᠡᠨ ᠮᠦ ᠬᠦᠷᠲᠡᠯ᠎ᠡ ᠥᠷᠭᠡᠳᠬᠡᠵᠦ᠂ | ᠪᠥᠭᠡᠷᠡᠩᠬᠡᠶ ᠨᠣᠭᠤᠭ᠎ᠠ᠂ ᠴᠠᠭᠠᠨ ᠨᠣᠭᠤᠭ᠎ᠠ᠂ ᠰᠢ ᠯᠠᠨ ᠬᠤᠸᠠ ᠵᠡᠷᠭᠡ ᠪᠦᠬᠦ ᠤᠯᠤᠰ ᠤᠨ 20 ᠭᠠᠷᠤᠶ ᠮᠣᠵᠢ ᠶᠢᠨ | ᠶᠡᠭᠡ ᠳᠤᠮᠳᠠ ᠬᠤᠲᠠ ᠳᠤ ᠬᠤᠯᠠ ᠪᠣᠷᠣᠯᠠᠭᠤᠯᠵᠤ᠂ ᠣᠷᠣᠰ᠂ ᠮᠣᠩᠭᠤᠯ ᠤᠯᠤᠰ᠂ ᠶᠠᠫᠣᠨ ᠵᠡᠷᠭᠡ ᠤᠯᠤᠰ ᠲᠤ | ᠭᠠᠷᠭᠠᠵᠤ᠂ ᠪᠦᠬᠦ ᠤᠯᠤᠰ ᠤᠨ ᠭᠤᠷᠪᠠᠨ ᠶᠡᠭᠡ ᠬᠦᠢᠲᠡᠨ ᠰᠡᠷᠢᠭᠦᠨ ᠢᠳᠡᠰᠢᠨ ᠨᠣᠭᠤᠭᠠᠨ ᠤ ᠰᠠᠭᠤᠷᠢᠨ ᠭᠠᠵᠠᠷ ᠤᠨ | ᠨᠢᠭᠡ ᠨᠢ ᠪᠣᠯᠤᠨ᠎ᠠ᠃ ᠪᠥᠬᠦ ᠬᠤᠲᠠ ᠶᠢᠨ ᠮᠠᠯ ᠤᠨ ᠭᠠᠷᠭᠠᠯᠲᠠ 800 ᠲᠦᠮᠡᠨ ᠲᠣᠯᠣᠭᠠᠶ ᠪᠣᠯᠵᠤ᠂ ᠮᠢᠬᠠᠨ ᠤ | ᠵᠦᠶᠯ ᠤᠨ ᠶᠡᠷᠦᠩᠬᠡᠶ ᠭᠠᠷᠤᠯᠲᠠ 28 ᠲᠦᠮᠡᠨ ᠲᠣᠨ ᠬᠦᠷᠴᠦ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ | ᠲᠠᠯᠠᠪᠠᠢ 4874 ᠡᠷᠦᠬᠡ ᠪᠣᠯᠤᠨ ᠬᠥᠭᠵᠢᠵᠦ᠂ ᠥᠪᠥᠷ ᠮᠣᠩᠭᠤᠯ ᠤᠨ ᠦᠬᠡᠷ ᠬᠤᠨᠢᠨ ᠤ ᠮᠢᠬᠠᠨ ᠤ ᠴᠢᠬᠤᠯᠠ | ᠦᠶᠯᠡᠳᠪᠦᠷᠢᠯᠡᠯ ᠤᠨ ᠰᠠᠭᠤᠷᠢᠨ ᠭᠠᠵᠠᠷ ᠪᠣᠯᠵᠤ᠂ ︽ᠳᠦᠷᠪᠡᠳ ᠭᠤᠪᠢ ᠶᠢᠨ ᠬᠤᠨᠢ︾ ᠳᠤᠮᠳᠠᠳᠤ ᠤᠯᠤᠰ ᠤᠨ | ᠨᠠᠷᠠᠲᠤ ᠲᠥᠷᠥᠯ ᠲᠡᠮᠳᠡᠭ ᠤᠨ ᠦᠨᠡᠯᠡᠯᠲᠡ ᠶᠢᠨ ᠵᠢᠭᠰᠠᠭᠠᠯᠲᠠ ᠳᠤ ᠣᠷᠣᠵᠠᠶ᠃ ᠲᠠᠷᠠᠭᠠᠴᠢ ᠶᠢᠨ ᠠᠯᠬᠤᠮ ᠳᠤ | ᠤᠯᠠᠭᠠᠨᠴᠠᠪ ᠬᠤᠲᠠ ᠶᠡᠷᠦᠩᠬᠡᠶ ᠰᠠᠶᠢᠳ ᠯᠢ ᠺᠧ ᠴᠢᠶᠠᠩ ᠤᠨ ᠤᠯᠠᠭᠠᠨᠴᠠᠪ ᠬᠤᠲᠠ ᠳᠤ ᠠᠵᠢᠯ ᠪᠠᠶᠢᠴᠠᠭᠠᠬᠤ | ᠦᠶᠡᠰ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠤᠯᠤᠰ ᠤᠨ ᠳᠡᠰ ᠤᠨ ᠲᠥᠮᠥᠰᠤᠨ ᠤ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ | ᠡᠭᠦᠳᠦᠨ ᠪᠠᠶᠢᠭᠤᠯᠬᠤ ᠠᠵᠢᠯ ᠢ ᠶᠠᠪᠤᠭᠳᠠᠭᠤᠯᠤᠨ᠎ᠠ᠃ ᠡᠨᠡ ᠵᠢᠯ ᠤᠨ ᠪᠥᠬᠦ ᠤᠯᠤᠰ ᠤᠨ ︽ᠬᠤᠶᠠᠷ ᠬᠤᠷᠠᠯ︾ | ᠳᠡᠭᠡᠷ᠎ᠡ ᠤᠯᠠᠭᠠᠨᠴᠠᠪ ᠬᠤᠲᠠ ᠴᠤ ᠡᠨᠡ ᠬᠦ ᠰᠠᠨᠠᠭᠤᠯᠭ᠎ᠠ ᠶᠢ ᠳᠡᠪᠰᠢᠭᠦᠯᠦᠭᠰᠡᠨ ᠪᠠᠶᠢᠨ᠎ᠠ᠃ ᠲᠥᠮᠥᠰᠤᠨ ᠤ ᠣᠳᠣ | ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ 50 ᠲᠦᠮᠡᠨ ᠮᠤ᠋ ᠭᠠᠵᠠᠷ ᠢ ᠡᠵᠡᠯᠡᠨ᠂ ᠦᠷ᠎ᠡ ᠶᠢᠨ | ᠲᠥᠮᠥᠰᠤᠨ ᠤ ᠳᠠᠭᠠᠭᠤᠯᠤᠭᠴᠢ ᠠᠵᠤ ᠠᠬᠤᠶᠢᠯᠠᠯ ᠢ ᠬᠦᠴᠦ ᠪᠠᠨ ᠲᠥᠪᠯᠡᠷᠡᠭᠦᠯᠦᠨ 3 — 5 ᠶᠢ ᠪᠤᠶᠢᠵᠢᠭᠤᠯᠤᠨ | ᠂ ᠲᠥᠮᠥᠰᠤᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠨᠢᠭᠡ ᠪᠦᠯᠦᠭ ᠰᠠᠭᠤᠷᠢᠨ ᠭᠠᠵᠠᠷ᠂ ᠲᠥᠮᠥᠰᠥ | ᠪᠣᠯᠪᠠᠰᠤᠷᠠᠭᠤᠯᠬᠤ ᠠᠵᠤ ᠦᠢᠯᠡᠰ ᠤᠨ 3 ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠵᠤ᠂ ︽ | ᠰᠢᠨᠵᠢᠯᠡᠬᠦ ᠤᠬᠠᠭᠠᠨ ᠮᠡᠷᠭᠡᠵᠢᠯ + ᠦᠢᠯᠡᠳᠪᠦᠷᠢᠯᠡᠬᠦ + ᠪᠣᠯᠪᠠᠰᠤᠷᠠᠭᠤᠯᠬᠤ︾ ᠣᠳᠣ ᠦᠶ᠎ᠡ ᠶᠢᠨ ᠲᠠᠷᠢᠶᠠᠯᠠᠩ ᠤᠨ | ᠠᠵᠤ ᠦᠢᠯᠡᠰ ᠤᠨ ᠪᠦᠯᠦᠭᠯᠡᠯ ᠢ ᠪᠣᠶ ᠪᠣᠯᠭᠠᠵᠤ᠂ ᠥᠨᠳᠥᠷ ᠭᠠᠷᠤᠭ᠎ᠠ ᠲᠠᠢ᠂ ᠥᠨᠳᠥᠷ ᠪᠠᠷᠢᠮᠵᠢᠶ᠎ᠠ ᠪᠦᠬᠦᠢ ᠣᠳᠣ | ᠦᠶ᠎ᠡ ᠶᠢᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠦᠯᠢᠭᠡᠷ ᠵᠢᠱᠢᠶ᠎ᠡ ᠶᠢᠨ ᠣᠷᠣᠨ ᠪᠣᠯᠤᠨ ᠬᠥᠳᠡᠭᠡ | ᠲᠣᠰᠬᠤᠨ ᠤ ᠠᠵᠤ ᠦᠢᠯᠡᠰ ᠤᠨ ᠮᠠᠨᠳᠤᠨ ᠬᠦᠭᠵᠢᠭᠰᠡᠨ ᠳᠠᠭᠠᠭᠤᠯᠤᠭᠴᠢ ᠤᠷᠤᠨ ᠢ ᠪᠠᠶᠢᠭᠤᠯᠤᠨ᠎ᠡ᠃ | ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠲᠦᠷᠭᠡᠨ ᠬᠥᠭᠵᠢᠪᠡ᠃ ᠰᠠᠯᠬᠢᠨ ᠬᠦᠴᠦᠨ ᠤ | ᠴᠠᠬᠢᠯᠭᠠᠨ᠂ ᠨᠠᠷᠠᠨ ᠤ ᠬᠡᠷᠡᠯ ᠤᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠰᠢᠨ᠎ᠡ ᠪᠠᠷ 52 ᠲᠦᠮᠡᠨ ᠺᠢᠯᠣᠸᠠᠲ | ᠨᠡᠮᠡᠭᠳᠡᠵᠤ᠂ 652 ᠲᠦᠮᠡᠨ ᠺᠢᠯᠣᠸᠠᠲ ᠲᠤ ᠬᠦᠷᠴᠦ᠂ ᠪᠥᠬᠦ ᠬᠤᠲᠠ ᠶᠢᠨ ᠴᠠᠬᠢᠯᠭᠠᠨ ᠬᠦᠴᠦᠨ ᠤ ᠮᠠᠰᠢᠨ | ᠴᠣᠭᠴᠠᠯᠠᠪᠤᠷᠢ ᠶᠢᠨ 50 % ᠰᠢᠬᠠᠮ ᠢ ᠡᠵᠡᠯᠡᠵᠦ᠂ ᠥᠪᠡᠷᠲᠡᠭᠡᠨ ᠵᠠᠰᠠᠬᠤ ᠣᠷᠣᠨ ᠤ ᠴᠡᠪᠡᠷ ᠡᠨᠧᠷᠭᠢ ᠶᠢᠨ | ᠶᠡᠷᠦᠩᠬᠡᠶ ᠮᠠᠰᠢᠨ ᠴᠣᠭᠴᠠᠯᠠᠪᠤᠷᠢ ᠶᠢᠨ 20 % ᠰᠢᠬᠠᠮ ᠢ ᠡᠵᠡᠯᠡᠪᠡ᠃ |