ᠪᠠᠶᠢᠭᠠᠯᠢ ᠶᠢᠷᠳᠢᠨᠴᠦ ᠭᠠᠵᠠᠷ ᠵᠦᠢ
ᠨᠡᠶᠢᠲᠡᠯᠡᠭᠰᠡᠨ ᠴᠠᠭ᠄
2019/6/18
1. ᠭᠠᠵᠠᠷ ᠰᠢᠨᠵᠢᠯᠡᠭᠡᠨ ᠭᠠᠵᠠᠷ ᠤᠨ ᠭᠠᠳᠠᠷᠭᠤ      ᠤᠯᠠᠭᠠᠨᠴᠠᠪ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠤᠮᠳᠠ ᠭᠡᠰᠡᠭ ᠲᠤ ᠪᠠᠶᠢᠵᠤ᠂ ᠵᠡᠬᠦᠨᠰᠢ ᠪᠠᠷᠠᠭᠤᠨᠰᠢ 458 ᠺᠢᠯᠤᠮᠧᠳ᠋ᠷ ᠤᠷᠲᠤ᠂ ᠡᠮᠦᠨᠡᠰᠢ ᠤᠮᠠᠷᠠᠰᠢ 442 ᠺᠢᠯᠤᠮᠧᠳ᠋ᠷ ᠦᠷᠭᠡᠨ᠂ ᠶᠡᠷᠦᠩᠭᠡᠢ ᠳᠠᠯᠠᠪᠠᠢ 5.45 ᠲᠦᠮᠡᠨ ᠳᠡᠭᠰᠢ ᠲᠦᠷᠪᠡᠯᠵᠢᠨ ᠺᠢᠯᠤᠮᠧᠳ᠋ᠷ ᠪᠤᠢ᠃ ᠭᠠᠵᠠᠷ ᠤᠨ ᠭᠠᠳᠠᠷᠭᠤ ᠨᠢ ᠤᠯᠠᠨ ᠶᠠᠩᠵᠤ ᠶᠢᠨ ᠲᠦᠷᠦᠯ ᠬᠡᠯᠪᠡᠷᠢ ᠲᠠᠢ ᠪᠠᠶᠢᠵᠤ᠂ ᠬᠤᠶᠢᠨ᠎ᠠ ᠠᠴᠠ ᠡᠮᠦᠨᠡᠰᠢ ᠭᠤᠤᠯᠳᠠᠭᠤ ᠦᠪᠦᠷ ᠮᠤᠩᠭᠤᠯ ᠤᠨ ᠦᠨᠳᠦᠷᠯᠢᠭ᠂ ᠤᠯᠠᠭᠠᠨᠴᠠᠪ ᠤᠨ ᠲᠤᠪᠤᠴᠠᠭ᠂ ᠮᠤᠨᠢ ᠠᠭᠤᠯᠠ ᠶᠢᠨ ᠠᠭᠤᠯᠠᠷᠬᠠᠭ ᠭᠠᠵᠠᠷ ᠪᠠ ᠳᠤᠪᠤᠴᠠᠭ ᠤᠨ ᠳᠡᠨᠵᠢ ᠵᠡᠷᠭᠡ ᠲᠦᠷᠪᠡᠨ ᠬᠡᠰᠡᠭ ᠢᠶᠠᠷ ᠪᠦᠷᠢᠯᠳᠦᠪᠡ᠃ ᠮᠤᠨᠢ ᠠᠭᠤᠯᠠ ᠶᠢᠨ ᠨᠢᠷᠤᠭᠤᠳ ᠳᠠᠯᠠᠨ ᠬᠠᠷ᠎ᠠ ᠠᠭᠤᠯᠠᠨ ᠤ ᠵᠡᠬᠦᠨ ᠬᠡᠰᠡᠭ  ᠤᠨ ᠬᠦᠢᠲᠡᠨ ᠰᠢᠯᠢ ᠶᠢᠨ ᠵᠡᠬᠦᠨ ᠬᠡᠰᠡᠭ ᠲᠤ ᠪᠠᠭᠳᠠᠵᠤ᠂ ᠳᠠᠯᠠᠢ ᠶᠢᠨ ᠲᠦᠪᠰᠢᠨ ᠠᠴᠠ ᠳᠡᠭᠡᠭᠰᠢ 1595 — 2150 ᠮᠧᠳ᠋ᠷ ᠪᠠᠶᠢᠵᠤ᠂ ᠳᠠᠯᠠᠨ ᠬᠠᠷ᠎ᠠ ᠠᠭᠤᠯᠠ ᠶᠢᠨ ᠰᠠᠯᠪᠤᠷᠢ ᠨᠢᠷᠤᠭᠤ ᠪᠤᠯᠬᠤ ᠮᠠᠩᠬᠠᠨ ᠠᠭᠤᠯᠠ᠂ ᠮᠠ ᠲᠸᠦ ᠱᠠᠨ ᠠᠭᠤᠯᠠ᠂ ᠰᠤᠮᠤᠨ ᠠᠭᠤᠯᠠ ᠶᠢᠨ ᠬᠢᠵᠠᠭᠠᠷ ᠳᠤᠳᠤᠷᠠᠬᠢ ᠵᠡᠬᠦᠨ ᠡᠮᠦᠨᠡᠬᠢ ᠭᠡᠰᠡᠭ ᠢ ᠮᠤᠷᠤᠯᠵᠠᠨ ᠤᠷᠢᠶᠠᠨ᠎ᠠ᠃ ᠳᠠᠳᠬᠠᠯ ᠢᠶᠠᠷ ᠢᠶᠠᠨ ᠳᠠᠯᠠᠨ ᠬᠠᠷ᠎ᠠ ᠠᠭᠤᠯᠠ ᠠᠴᠠ ᠡᠮᠦᠨᠡᠬᠢ ᠬᠡᠰᠡᠭ ᠢ ᠠᠭᠤᠯᠠᠨ ᠡᠮᠦᠨᠡᠬᠢ ᠭᠠᠵᠠᠷ ᠤᠷᠤᠨ᠂ ᠬᠤᠶᠢᠨᠠᠬᠢ ᠬᠡᠰᠡᠭ ᠢ ᠠᠭᠤᠯᠠ ᠠᠷᠤ ᠶᠢᠨ ᠭᠠᠵᠠᠷ ᠤᠷᠤᠨ ᠭᠡᠳᠡᠭ᠃ ᠠᠭᠤᠯᠠᠨ ᠡᠮᠦᠨᠡᠬᠢ ᠭᠠᠵᠠᠷ ᠤᠷᠤᠨ ᠤ ᠭᠠᠵᠠᠷ ᠤᠨ ᠪᠠᠶᠢᠴᠠ ᠪᠤᠳᠤᠯᠢᠶᠠᠨᠲᠠᠢ᠂ ᠳᠤᠪᠤᠴᠠᠭ ᠦᠷᠬᠦᠯᠵᠢᠯᠡᠵᠦ᠂ ᠭᠤᠤ ᠭᠠᠩᠭ᠎ᠠ ᠤᠯᠠᠨ᠂ ᠬᠤᠭᠤᠷᠤᠨᠳᠤ ᠨᠢ ᠦᠨᠳᠦᠷ ᠠᠭᠤᠯᠠ ᠰᠦᠨᠳᠡᠷᠯᠡᠵᠦ᠂ ᠳᠤᠮᠳᠠᠴᠢ ᠳᠠᠯᠠᠢ ᠶᠢᠨ ᠲᠦᠪᠰᠢᠨ 1152 — 1321 ᠮᠧᠳ᠋ᠷ ᠪᠠᠶᠢᠵᠤ᠂ ᠡᠬᠦᠨ ᠳᠤ ᠤᠯᠠᠭᠠᠨᠴᠠᠪ ᠤᠨ ᠬᠠᠮᠤᠭ ᠤᠨ ᠦᠨᠳᠦᠷ ᠴᠢᠭ ᠰᠤᠮᠤᠨ ᠠᠭᠤᠯᠠ ᠶᠢᠨ ᠭᠤᠤᠯ ᠤᠷᠬᠢᠯ ᠤᠨ ᠳᠠᠯᠠᠢ ᠶᠢᠨ ᠲᠦᠪᠰᠢᠨ ᠨᠢ 2340 ᠮᠧᠳ᠋ᠷ ᠪᠤᠯᠤᠨ᠎ᠠ᠃2. ᠠᠭᠤᠷ ᠠᠮᠢᠰᠬᠤᠯ ᠴᠠᠭ ᠠᠭᠤᠷ      ᠤᠯᠠᠭᠠᠨᠴᠠᠪ ᠤᠮᠠᠷᠠᠲᠤ ᠦᠷᠭᠡᠷᠢᠭ ᠤᠨ 40 — 44 ᠭᠷᠠᠳᠦ᠋ᠰ ᠤᠨ ᠬᠤᠭᠤᠷᠤᠨᠳᠤ ᠤᠷᠤᠰᠢᠵᠤ᠂ ᠳᠤᠮᠳᠠ ᠬᠠᠯᠠᠭᠤᠨ ᠪᠦᠰᠡ ᠳᠤ ᠪᠠᠶᠢᠷᠢᠯᠠᠵᠤ᠂ ᠡᠬᠡ ᠬᠠᠭᠤᠷᠠᠢ ᠶᠢᠨ ᠴᠢᠨᠠᠷ ᠪᠦᠬᠦᠢ ᠤᠯᠠᠷᠢᠯ ᠤᠨ ᠰᠠᠯᠬᠢ ᠲᠠᠢ ᠠᠭᠤᠷ ᠠᠮᠢᠰᠬᠤᠯ ᠤᠨ ᠤᠷᠤᠨ ᠳᠤ ᠪᠠᠭᠳᠠᠨ᠎ᠠ᠃ ᠤᠨᠴᠠᠭᠠᠢ ᠭᠠᠵᠠᠷ ᠵᠦᠢ ᠶᠢᠨ ᠨᠦᠬᠦᠴᠡᠯ ᠢᠶᠠᠷ ᠢᠶᠠᠨ ᠤᠨᠴᠠᠭᠠᠢ ᠠᠭᠤᠷ ᠠᠮᠢᠰᠬᠤᠯ ᠤᠨ ᠤᠨᠴᠠᠯᠢᠭ ᠢ ᠪᠦᠷᠢᠯᠳᠦᠬᠦᠯᠪᠡ᠃ ᠵᠤᠨ ᠤ ᠤᠯᠠᠷᠢᠯ ᠤᠨ ᠳᠤᠮᠳᠠᠴᠢ ᠠᠭᠠᠷ ᠤᠨ ᠳᠤᠯᠠᠭᠠᠨ  ᠨᠢ ᠬᠦᠷᠰᠢ ᠵᠡᠷᠭᠡᠯᠡᠳᠡᠭᠡ ᠭᠠᠵᠠᠷ ᠤᠷᠤᠨ ︵ᠲᠡᠭᠦᠨ ᠤ ᠬᠤᠶᠢᠲᠤ ᠬᠡᠰᠡᠭ ᠤᠨ ᠭᠠᠵᠠᠷ ᠤᠷᠤᠨ ᠪᠠᠭᠳᠠᠨ᠎ᠠ︶ ᠠᠴᠠ ᠢᠯᠡᠳᠳᠡ ᠳᠤᠤᠷ᠎ᠠ ᠪᠠᠶᠢᠵᠤ᠂ ᠬᠠᠮᠤᠭ ᠤᠨ ᠬᠠᠯᠠᠭᠤᠨ ᠰᠠᠷ᠎ᠠ ᠶᠢᠨ ᠠᠭᠠᠷ ᠤᠨ ᠳᠤᠮᠳᠠᠴᠢ ᠬᠡᠮᠵᠢᠶ᠎ᠡ ᠴᠦ 20℃  ᠠᠴᠠ ᠳᠤᠤᠷ᠎ᠠ ᠪᠠᠶᠢᠵᠤ᠂ ᠵᠤᠨ ᠤ ᠴᠠᠭ ᠵᠤᠰᠠᠬᠤ ᠳᠤ ᠲᠦᠢᠯ ᠤᠨ ᠲᠤᠬᠢᠷᠠᠮᠵᠢᠲᠠᠢ ᠪᠠᠶᠢᠵᠤ᠂ ᠮᠠᠨ ᠤ ᠤᠯᠤᠰ ᠤᠨ ᠬᠠᠮᠤᠭ ᠰᠠᠶᠢᠨ ᠵᠤᠰᠠᠬᠤ ᠠᠭᠤᠷ ᠠᠮᠢᠰᠬᠤᠯ ᠤᠨ ᠬᠤᠶᠠᠷ ᠤᠷᠤᠨ ︵ᠨᠦᠬᠦᠬᠡ ᠨᠢᠭᠡ ᠤᠷᠤᠨ ᠨᠢ ᠶᠦᠨ ᠬᠦᠢ ᠶᠢᠨ ᠦᠨᠳᠦᠷᠯᠢᠭ᠂ ᠪᠢ ᠵᠢᠶᠧ᠂ ᠴᠢᠤᠢ ᠵᠢᠩ᠂ ᠺᠦᠨᠮᠢᠩ ᠵᠡᠷᠭᠡ ᠭᠠᠵᠠᠷ ᠪᠤᠢ︶ ᠤ ᠨᠢᠭᠡ ᠨᠢ ᠮᠥᠨ᠃ ᠪᠦᠬᠦ ᠬᠤᠲᠠ  ᠶᠢᠨ ᠵᠢᠯ ᠤᠨ ᠳᠤᠮᠳᠠᠴᠢ ᠬᠤᠷ᠎ᠠ ᠲᠤᠨᠤᠳᠠᠰᠤᠨ ᠤ ᠬᠡᠮᠵᠢᠶ᠎ᠡ 250 — 430 ᠮᠢᠯᠢᠮᠧᠳ᠋ᠷ᠂ 60% — 70% ᠶᠢᠨ ᠬᠤᠷ᠎ᠠ ᠳᠤᠨᠤᠳᠠᠰᠤ ᠨᠢ ᠵᠤᠨ ᠤ ᠤᠯᠠᠷᠢᠯ ᠳᠤ ᠪᠠᠶᠢᠳᠠᠭ ᠠᠴᠠ ᠤᠯᠠᠭᠠᠨᠴᠠᠪ ᠤᠨ ᠵᠤᠨ ᠰᠡᠷᠢᠬᠦᠨ ᠴᠢᠬᠢᠭᠯᠢᠭ ᠳᠡᠭᠡᠷ᠎ᠡ ᠪᠠᠨ ᠠᠭᠠᠷ ᠤᠨ ᠴᠡᠪᠡᠷᠴᠡ ᠪᠤᠬᠢᠷᠳᠤᠯ ᠦᠭᠡᠢ ᠪᠤᠯᠬᠤᠷ ᠳᠤᠮᠳᠠᠳᠤ ᠤᠯᠤᠰ ᠤᠨ ᠴᠠᠭ ᠠᠭᠤᠷ ᠤᠨ ᠨᠡᠶᠢᠭᠡᠮᠯᠢᠭ ᠠᠴᠠ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠲᠦᠪ︾ ᠭᠡᠮᠡᠨ ᠨᠡᠷᠡᠶᠢᠳᠪᠡ᠃
 
ᠢᠷᠡᠯᠲᠡ᠄ ᠤᠯᠠᠭᠠᠨᠴᠠᠪ ᠬᠤᠲᠠ ᠶᠢᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2