2016 ᠤᠨ ᠤ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ | ᠪᠠᠶᠢᠴᠠᠭᠠᠯᠳᠠ ᠶᠢᠨ ᠲᠤᠭ᠎ᠠ ᠪᠠᠷᠢᠮᠳᠠ ᠶᠢ ᠦᠨᠳᠦᠰᠦᠯᠡᠭᠰᠡᠨ ᠢᠶᠠᠷ᠂ ᠪᠦᠬᠦ ᠬᠤᠲᠠ ᠶᠢᠨ ᠶᠡᠷᠦᠩᠭᠡᠢ ᠬᠦᠮᠦᠨ ᠠᠮᠠ | 287 ᠲᠦᠮᠡ ᠪᠠᠶᠢᠵᠤ᠂ ᠪᠠᠶᠢᠩᠭᠤ ᠰᠠᠭᠤᠭ᠎ᠠ ᠬᠦᠮᠦᠨ ᠠᠮᠠ 214.36 ᠲᠦᠮᠡ ᠪᠠᠶᠢᠵᠤ᠂ ᠡᠬᠦᠨ ᠤ ᠳᠤᠳᠤᠷ᠎ᠠ | ᠮᠤᠩᠭᠤᠯ ᠦᠨᠳᠦᠰᠦᠲᠡᠨ 2.91% ᠶᠢ ᠡᠵᠡᠯᠡᠵᠦ᠂ ᠭᠤᠤᠯᠳᠠᠭᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ | ᠳᠤᠮᠳᠠᠳᠤ ᠬᠤᠰᠢᠭᠤ ᠪᠠ ᠲᠦᠷᠪᠡᠳ ᠬᠤᠰᠢᠭᠤᠨ ᠳᠤ ᠲᠠᠷᠬᠠᠵᠤ᠂ ᠬᠢᠳᠠᠳ ᠦᠨᠳᠦᠰᠦᠲᠡᠨ 96.27% ᠶᠢ | ᠡᠵᠡᠯᠡᠵᠦ᠂ ᠡᠯ᠎ᠡ ᠬᠤᠰᠢᠭᠤ ᠰᠢᠶᠠᠨ ᠬᠤᠲᠠ ᠲᠤᠭᠤᠷᠢᠭ ᠲᠤ ᠲᠠᠷᠬᠠᠵᠤ᠂ ᠡᠬᠦᠨ ᠠᠴᠠ ᠭᠠᠳᠠᠨ᠎ᠠ᠂ ᠬᠤᠳᠤᠩ᠂ | ᠮᠠᠨᠵᠤ᠂ ᠳᠠᠭᠤᠷ᠂ ᠡᠸᠡᠩᠬᠢ᠂ ᠰᠤᠯᠤᠩᠭᠤᠰ ᠵᠡᠷᠭᠡ 20 ᠭᠠᠷᠤᠢ ᠴᠦᠬᠡᠨ ᠲᠤᠭᠠᠲᠤ ᠦᠨᠳᠦᠰᠦᠲᠡᠨ ᠪᠦᠬᠦ | ᠬᠤᠲᠠ ᠳᠤ ᠲᠠᠷᠬᠠᠵᠤ ᠪᠤᠢ᠃ ᠬᠡᠲᠦ᠋ᠢᠪᠡᠷ ᠮᠤᠩᠭᠤᠯ ᠦᠨᠳᠦᠰᠦᠲᠡᠨ ᠤ ᠬᠦᠮᠦᠨ ᠠᠮᠠ ᠶᠢᠨ ᠬᠠᠷᠢᠴᠠᠯ ᠦᠨᠳᠦᠷ | ᠪᠢᠰᠢ ᠭᠡᠳᠡᠭ ᠪᠤᠯᠪᠠᠴᠤ᠂ ᠬᠤᠶᠢᠲᠤ ᠬᠡᠰᠡᠭ ᠤᠨ ᠮᠠᠯᠵᠢᠬᠤ ᠤᠷᠤᠨ᠂ ᠮᠤᠩᠭᠤᠯ ᠦᠨᠳᠦᠰᠦᠲᠡᠨ ᠤ ᠮᠠᠯ ᠠᠵᠤ | ᠠᠬᠤᠢ ᠶᠢᠨ ᠰᠢᠰᠲ᠋ᠧᠮᠵᠢ ᠶᠢ ᠬᠠᠳᠠᠭᠠᠯᠠᠵᠤ᠂ ᠲᠦᠷᠪᠡᠳ ᠬᠤᠰᠢᠭᠤ ᠮᠤᠩᠭᠤᠯ ᠦᠨᠳᠦᠰᠦᠲᠡᠨ ᠤ ᠦᠪᠡᠳᠡᠭᠰᠢ ᠶᠡᠭᠡ | ᠨᠠᠶᠢᠷ — ᠨᠠᠭᠠᠳᠤᠮ ᠤᠨ ᠬᠤᠷᠠᠯ ᠢ ᠡᠷᠬᠢᠯᠡᠳᠡᠭ ᠭᠠᠵᠠᠷ ᠤᠨ ᠨᠢᠭᠡ ᠮᠥᠨ᠂ ᠪᠦᠬᠦ ᠬᠤᠲᠠ ᠶᠢᠨ ᠬᠡᠪᠴᠢᠶᠡᠨ ᠳᠠᠬᠢ | ᠮᠤᠩᠭᠤᠯ ᠦᠨᠳᠦᠰᠦᠲᠡᠨ ᠤ ᠵᠠᠩ ᠳᠠᠳᠬᠠᠯ᠂ ᠵᠠᠩ ᠦᠢᠯᠡ ᠮᠥᠨ ᠯᠡ ᠬᠦᠨ ᠵᠤᠵᠠᠭᠠᠨ ᠪᠠᠶᠢᠵᠤ᠂ ᠤᠯᠠᠮᠵᠢᠯᠠᠨ | ᠬᠠᠳᠠᠭᠠᠯᠠᠭᠳᠠᠭᠰᠠᠭᠠᠷ ᠪᠤᠢ᠃ | | | ᠤᠷᠴᠢᠭᠤᠯᠤᠭᠴᠢ᠄ ᠢᠷᠭᠤᠢ | ᠬᠢᠨᠠᠭᠴᠢ᠄ ᠬᠡᠷᠡᠯᠳᠦ | | |