ᠤᠯᠠᠭᠠᠨᠴᠠᠪ ᠬᠤᠳᠠ 2019 ᠤᠨ ᠤ ︽ᠵᠤᠰᠠᠯᠠᠩ ᠤᠨ ᠵᠢᠭᠤᠯᠴᠢᠯᠠᠯ ᠤᠨ ᠠᠷᠪᠠᠨ ᠰᠢᠯᠢᠳᠡᠭ ᠬᠤᠳᠠ︾ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2019/6/28
     6 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠲᠥᠪ᠂ ᠳᠤᠮᠳᠠᠳᠤ ᠤᠯᠤᠰ ᠶᠢᠨ ᠵᠢᠭᠤᠯᠴᠢᠯᠠᠯ ᠤᠨ ᠰᠤᠳᠤᠯᠭᠠᠨ ᠤ ᠬᠦᠷᠢᠶᠡᠯᠡᠩ ᠪᠠ ᠴᠠᠩᠴᠦ᠋ᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠬᠢᠯᠡᠵᠦ᠂ ᠴᠠᠩᠴᠦ᠋ᠨ ᠬᠤᠲᠠ ᠶᠢᠨ ᠴᠠᠭ ᠠᠭᠤᠷ ᠤᠨ ᠲᠣᠪᠴᠢᠶ᠎ᠠ᠂ ᠴᠠᠩᠴᠦ᠋ᠨ ᠬᠤᠲᠠ ᠶᠢᠨ ᠰᠣᠶᠣᠯ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ ᠠᠴᠠ ᠳᠠᠭᠠᠭᠠᠨ ᠡᠷᠭᠢᠯᠡᠭᠰᠡᠨ ︽2019 ᠣᠨ ᠤ ᠳᠤᠮᠳᠠᠳᠤ ᠤᠯᠤᠰ ︵ᠴᠠᠩᠴᠦ᠋ᠨ︶ ᠤᠨ ᠵᠤᠰᠠᠯᠠᠩ ᠤᠨ ᠵᠢᠭᠤᠯᠴᠢᠯᠠᠯ ᠤᠨ ᠠᠵᠤ ᠦᠢᠯᠡᠰ ᠤᠨ ᠲᠦᠷᠦᠭᠦᠴᠦᠳ ᠤᠨ ᠬᠤᠷᠠᠯ︾ ᠭᠢᠷᠢᠨ ᠮᠤᠵᠢ ᠶᠢᠨ ᠴᠠᠩᠴᠦ᠋ᠨ ᠬᠤᠲᠠ ᠳᠤ ᠶᠠᠪᠤᠭᠳᠠᠪᠠ᠃
           ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠣᠯᠠᠨ ᠨᠡᠶᠢᠲᠡ ᠶᠢᠨ ᠴᠠᠭ ᠠᠭᠤᠷ ᠤᠨ  ᠦᠢᠯᠡᠴᠢᠯᠡᠭᠡᠨ ᠤ ᠲᠥᠪ ᠪᠠ ᠳᠤᠮᠳᠠᠳᠤ ᠤᠯᠤᠰ ᠠᠴᠠ ᠵᠢᠭᠤᠯᠴᠢᠯᠠᠯ ᠤᠨ ᠰᠤᠳᠤᠯᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠶᠡᠷᠦᠩᠬᠡᠶᠢᠯᠡᠭᠰᠡᠨ ᠦᠨᠡᠯᠡᠨ ᠲᠣᠭᠲᠠᠭᠠᠯᠲᠠ ᠪᠠᠷ᠂ ᠡᠨᠡ ᠵᠢᠯ ᠴᠠᠩᠴᠦ᠋ᠨ ᠬᠤᠲᠠ ᠂ ᠭᠦᠢᠶᠠᠩ ᠬᠤᠲᠠ᠂ ᠯᠢᠦ ᠫᠠᠨ ᠱᠦᠶ ᠬᠤᠲᠠ᠂ ᠯᠢᠵᠢᠶᠠᠩ ᠬᠤᠲᠠ᠂ ᠰᠢᠨᠢᠩ ᠬᠤᠲᠠ᠂ ᠷᠠᠰᠢᠶᠠᠨ ᠬᠤᠲᠠ᠂ ᠹᠦᠰᠦ᠋ᠩ ᠰᠢᠶᠠᠨ᠂ ᠳ᠋ᠦ᠋ᠨᠬᠤᠸᠠ ᠬᠤᠲᠠ᠂ ᠰᠢ ᠰᠢᠤ ᠲᠣᠭᠤᠷᠢᠭ᠂ ᠫᠦ ᠠᠨ ᠰᠢᠶᠠᠨ  ᠵᠡᠷᠭᠡ ᠰᠤᠩᠭᠤᠭᠳᠠᠪᠠ  ᠃      ᠡᠭᠦᠨ ᠤ ᠬᠠᠮᠲᠤ᠂ ᠴᠢᠭᠤᠯᠤᠯᠲᠤ ᠬᠠᠭᠠᠯᠭ᠎ᠠ ᠬᠤᠲᠠ᠂ ᠤᠯᠠᠭᠠᠨᠴᠠᠪ ᠬᠤᠲᠠ᠂ ᠳ᠋ᠠᠯᠢᠶᠠᠨ ᠬᠤᠲᠠ᠂ ᠫᠢᠩ ᠯᠢᠶᠠᠩ ᠬᠤᠲᠠ᠂ ᠳ᠋ᠢᠩ ᠰᠢ ᠬᠤᠲᠠ᠂ ᠯᠦ ᠳ᠋ᠢᠩ ᠰᠢᠶᠠᠨ᠂ ᠰᠢᠩ ᠢ ᠬᠤᠲᠠ᠂  ᠴᠢᠩ ᠯᠦᠩ ᠰᠢᠶᠠᠨ᠂ ᠠᠨ ᠯᠦᠩ ᠰᠢᠶᠠᠨ᠂ ᠲᠧᠺᠰ ᠰᠢᠶᠠᠨ ᠨᠢ ︽ᠵᠤᠰᠠᠯᠠᠩ ᠤᠨ ᠠᠷᠪᠠᠨ ᠬᠦᠴᠦᠷᠬᠡᠭ ᠬᠤᠲᠠ︾ ᠪᠣᠯᠪᠠ︔ ᠴᠠᠩ ᡁᠢ ᠬᠤᠲᠠ᠂ ᠬᠥᠬᠡᠬᠤᠲᠠ᠂ ᠬᠥᠯᠥᠨ ᠪᠤᠶᠢᠷ ᠬᠤᠲᠠ᠂ ᠣᠷᠳᠣᠰ ᠬᠤᠲᠠ᠂ ᠭᠢᠷᠢᠨ ᠬᠤᠲᠠ᠂  ᠶᠠᠨ ᠲᠠᠢ ᠬᠤᠲᠠ᠂ ᠸᠧᠢᠬᠠᠢ ᠬᠤᠲᠠ᠂ ᠱᠧᠨ ᠨᠦᠡᠭ ᠵᠢᠶᠤᠤ ᠰᠢᠭᠤᠶᠢᠲᠤ ᠣᠷᠣᠨ᠂ ᠯᠢᠨ ᡁᠢ ᠬᠤᠲᠠ᠂ ᠵᠢᠶᠠ ᠢᠦᠶ ᠶᠢᠨ ᠭᠤᠸᠠᠨ ᠬᠤᠲᠠ᠂ ᠶᠠᠭᠰᠢ ᠬᠤᠲᠠ᠂ ᠵᠢᠩ ᠢᠦᠶ ᠰᠢᠶᠠᠨ᠂ ᠶᠠᠨᠵᠢ ᠬᠤᠲᠠ᠂ ᠾᠦᠢ ᠴᠦᠨ‌ᠬᠤᠲᠠ᠂ ᠠᠨ ᠲᠤ ᠰᠢᠶᠠᠨ᠂ ᠮᠧᠶ ᠬᠥ᠋ ᠰᠢᠶᠠᠨ᠂ ᠰᠢᠩ ᠷᠧᠨ ᠬᠤᠲᠠ᠂ ᠲᠠᠢ ᠪᠠᠶ ᠰᠢᠶᠠᠨ᠂ ᠴᠢᠶᠠᠨ ᠢ ᠰᠢᠶᠠᠨ᠂ ᠸᠧᠶ ᠶᠤᠸᠠᠨ ᠰᠢᠶᠠᠨ ᠵᠡᠷᠭᠡ ᠬᠤᠷᠢᠨ ᠬᠤᠲᠠ ᠨᠢ ︽ᠵᠤᠰᠠᠯᠠᠩ ᠤᠨ ᠵᠢᠭᠤᠯᠴᠢᠯᠠᠯ ᠤᠨ ᠥᠯᠢᠭᠡᠷ ᠬᠡᠪ ᠤᠨ ᠬᠤᠲᠠ︾ ᠪᠣᠯᠤᠭᠰᠠᠨ ᠪᠠᠶᠢᠨ᠎ᠠ᠃
          ︽2019 ᠣᠨ ᠵᠤᠰᠠᠯᠠᠩ ᠤᠨ ᠠᠷᠪᠠᠨ ᠬᠦᠴᠦᠷᠬᠡᠭ ᠬᠤᠲᠠ︾ ᠫᠠᠶᠢᠰᠠ ᠣᠯᠭᠤᠪᠠ      ᠵᠤᠰᠠᠯᠠᠩ ᠤᠨ ᠵᠢᠭᠤᠯᠴᠢᠯᠡᠯ ᠪᠣᠯ ᠵᠤᠨ ᠤ ᠤᠯᠠᠷᠢᠯ ᠵᠢᠭᠤᠯᠴᠢᠯᠠᠬᠤ ᠶᠢᠨ ᠴᠢᠬᠤᠯᠠ ᠵᠣᠷᠢᠯᠭ᠎ᠠ᠂ ᠵᠤᠰᠠᠯᠠᠩ  ᠤᠨ ᠵᠢᠭᠤᠯᠴᠢᠯᠠᠯ ᠤᠨ ᠠᠵᠤ ᠦᠢᠯᠡᠰ ᠪᠣᠯ ᠵᠤᠨ ᠤ ᠤᠯᠠᠷᠢᠯ ᠤᠨ ᠠᠵᠤ ᠠᠬᠤᠢ ᠶᠢᠨ ᠰᠢᠨ᠎ᠡ ᠬᠡᠯᠪᠡᠷᠢ ᠪᠣᠯᠤᠨ᠎ᠠ᠃  ᠵᠤᠰᠠᠯᠠᠩ ᠤᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ᠂ 2012 ᠣᠨ ᠠᠴᠠ ᠨᠠᠰᠢ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠲᠥᠪ ᠪᠠ ᠳᠤᠮᠳᠠᠳᠤ ᠤᠯᠤᠰ ᠠᠴᠠ ᠵᠢᠭᠤᠯᠴᠢᠯᠠᠯ ᠤᠨ ᠰᠤᠳᠤᠯᠭᠠᠨ ᠤ ᠬᠦᠷᠢᠶᠡᠯᠡᠩ ᠬᠤᠲᠠ ᠶᠢᠨ ᠬᠠᠯᠠᠭᠤᠨ ᠠᠴᠠ ᠵᠠᠶᠢᠯᠠᠬᠤ ᠵᠢᠭᠤᠯᠴᠢᠯᠠᠯ ᠤᠨ ᠰᠤᠳᠤᠯᠭᠠᠨ ᠢ ᠦᠷᠭᠦᠯᠵᠢᠯᠡᠨ ᠥᠷᠨᠢᠭᠦᠯᠵᠦ᠂ ︽ᠳᠤᠮᠳᠠᠳᠤ ᠤᠯᠤᠰ  ᠤᠨ ᠵᠤᠰᠠᠯᠠᠩ ᠤᠨ ᠵᠢᠭᠤᠯᠴᠢᠯᠠᠯ ᠤᠨ ᠠᠵᠤ ᠦᠢᠯᠡᠰ ᠤᠨ ᠲᠦᠷᠦᠭᠦᠴᠦᠳ ᠤᠨ ᠬᠤᠷᠠᠯ︾ ᠢ ᠡᠷᠭᠢᠯᠡᠪᠡ᠂ ᠡᠨᠡ ᠵᠢᠯ ᠨᠢᠭᠡᠨᠲᠡ ᠲᠠᠪᠤᠳᠤᠭᠠᠷ ᠬᠤᠭᠤᠴᠠᠭ᠎ᠠ ᠪᠣᠯᠵᠠᠶ᠃ ᠺᠦᠨᠮᠢᠩ᠂ ᠠᠨᠱᠦ᠋ᠨ᠂ ᠶᠠᠨᠵᠢ ᠠᠴᠠ ᠴᠠᠩᠴᠦ᠋ᠨ ᠬᠦᠷᠲᠡᠯ᠎ᠡ᠂ ᠡᠨᠡ ᠬᠤᠭᠤᠴᠠᠭᠠᠨ ᠳᠤ ᠨᠢᠭᠡ ᠪᠦᠯᠦᠭ ᠵᠤᠰᠠᠯᠠᠩ ᠤᠨ ᠬᠤᠲᠠ ᠶᠢᠨ ᠨᠠᠷᠠᠲᠤ ᠲᠡᠮᠳᠡᠭ   ᠢ ᠭᠠᠷᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠷᠭᠡᠨ ᠳᠡᠯᠭᠡᠷ ᠠᠩᠬᠠᠷᠤᠯ ᠪᠠ ᠵᠥᠪᠰᠢᠶᠡᠷᠡᠯ ᠢ ᠣᠯᠤᠭᠰᠠᠨ  ᠪᠠᠶᠢᠨ᠎ᠠ᠃  
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2