| ᠰᠢᠨᠬᠤᠸᠠ ᠰᠦᠯᠵᠢᠶᠡᠨ ᠤ ᠬᠦᠬᠡᠬᠤᠳᠠ ᠶᠢᠨ 7 ᠰᠠᠷ᠎ᠠ ᠶᠢᠨ 25 ᠤ ᠡᠳᠦᠷ ᠤᠨ ᠮᠡᠳᠡᠭᠡ ︵ᠬᠤᠤ ᠹᠠᠩ ᠹᠠᠩ | ︶ 24 ᠤ ᠡᠳᠦᠷ᠂ 2019 ᠣᠨ ᠤ ︽ᠲᠠᠯ᠎ᠠ ᠨᠤᠲᠤᠭ ᠤᠨ ᠡᠬᠦᠯᠡᠨ ᠬᠦᠨᠳᠡᠢ︾ ᠲᠣᠮᠣ ᠳ᠋ᠠᠶᠢᠲ᠋ᠠ ᠶᠢᠨ ᠠᠮᠤᠷ | ᠲᠦᠪᠰᠢᠨ ᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠤᠨ ᠪᠡᠭᠡᠵᠢᠩ ᠤᠨ ᠲᠠᠨᠢᠯᠴᠠᠭᠤᠯᠭ᠎ᠠ ᠶᠢᠨ ᠬᠤᠷᠠᠯ | ᠤᠯᠤᠰ ᠤᠨ ᠮᠡᠳᠡᠭᠡ ᠵᠠᠩᠭᠢ ᠶᠢᠨ ᠲᠥᠪ ᠲᠤ ᠶᠠᠪᠤᠭᠳᠠᠪᠠ᠃ | ᠲᠠᠨᠢᠯᠴᠠᠭᠤᠯᠬᠤ ᠬᠤᠷᠠᠯ ᠳᠡᠭᠡᠷ᠎ᠡ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ | ᠮᠡᠳᠡᠭᠡ ᠵᠠᠩᠭᠢ ᠶᠢᠨ ᠠᠯᠪᠠᠨ ᠭᠡᠷ ᠤᠨ ᠳᠡᠳ᠋ ᠡᠷᠬᠢᠯᠡᠭᠴᠢ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ | ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠯᠢᠦᠶ ᠽᠦᠸᠧ ᠫᠧᠩ ᠤᠯᠠᠭᠠᠨᠴᠠᠪ ᠬᠤᠲᠠ ᠶᠢᠨ ᠲᠣᠮᠣ | ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ᠂ ᠢᠵᠢ ᠪᠦᠷᠢᠳᠦᠭᠦᠯᠬᠦ ᠲᠥᠬᠦᠭᠡᠷᠦᠮᠵᠢ᠂ ᠲᠡᠳᠬᠦᠨ | ᠳᠡᠮᠵᠢᠬᠦ ᠲᠥᠷᠦ ᠶᠢᠨ ᠪᠣᠳᠣᠯᠭ᠎ᠠ ᠵᠡᠷᠭᠡ ᠶᠢ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠲᠣᠰ | ᠪᠡᠶ᠎ᠡ ᠶᠢᠨ ᠡᠬᠢ ᠪᠠᠶᠠᠯᠢᠭ ᠪᠣᠯᠤᠨ ᠳᠠᠪᠠᠭᠤᠯᠢᠭ ᠲᠠᠢ ᠪᠠᠨ ᠤᠶᠠᠯᠳᠤᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠯᠢᠳᠡᠭ ᠦᠷ᠎ᠡ ᠪᠦᠲᠦᠭᠡᠯ ᠢ ᠲᠠᠨᠢᠯᠴᠠᠭᠤᠯᠪᠠ᠃ ᠡᠭᠦᠨ ᠤ ᠬᠠᠮᠲᠤ ᠤᠯᠠᠭᠠᠨᠴᠠᠪ ᠬᠤᠲᠠ ᠶᠢᠨ ᠠᠵᠤ ᠦᠢᠯᠡᠰ ᠤᠨ | ᠬᠠᠮᠲᠤᠷᠠᠯᠴᠠᠭᠠᠨ ᠤ ᠴᠢᠭᠯᠡᠯ᠂ ᠠᠵᠤ ᠦᠢᠯᠡᠰ ᠤᠨ ᠠᠵᠠ ᠲᠣᠬᠢᠶᠠᠯ ᠬᠢᠭᠡᠳ ᠪᠠᠶᠢᠷᠢᠰᠢᠭᠤᠯᠤᠯ᠂ ᠠᠵᠤ ᠦᠢᠯᠡᠰ ᠤᠨ | ᠲᠥᠷᠥ ᠶᠢᠨ ᠪᠣᠳᠣᠯᠭ᠎ᠠ ᠶᠢᠨ ᠪᠠᠲᠤᠯᠠᠭ᠎ᠠ᠂ ᠴᠢᠳᠠᠪᠤᠷᠢᠲᠠᠨ ᠤ ᠬᠦᠮᠦᠵᠢᠬᠦᠯᠦᠯᠳᠡ ᠵᠡᠷᠭᠡ ᠲᠠᠯ᠎ᠠ ᠪᠠᠷ ᠰᠠᠨᠠᠯ ᠢᠶᠠᠨ | ᠭᠦᠨᠵᠡᠭᠡᠶ ᠰᠣᠯᠢᠯᠴᠠᠪᠠ᠃ | 2019 ᠣᠨ ᠤ ︽ᠲᠠᠯ᠎ᠠ ᠨᠤᠲᠤᠭ ᠤᠨ ᠡᠭᠦᠯᠡᠨ ᠬᠥᠨᠳᠡᠶ︾ ᠲᠣᠮᠣ ᠳ᠋ᠠᠶᠢᠲ᠋ᠠ ᠶᠢᠨ ᠠᠮᠤᠷ ᠲᠦᠪᠰᠢᠨ ᠤ | ᠲᠦᠷᠦᠭᠦᠴᠦᠳ ᠤᠨ ᠶᠠᠷᠢᠶᠠᠨ ᠤ ᠲᠠᠪᠴᠠᠩ 8 ᠰᠠᠷ᠎ᠠ ᠶᠢᠨ 14 — 16 ᠤ ᠡᠳᠦᠷ ᠤᠯᠠᠭᠠᠨᠴᠠᠪ ᠬᠤᠲᠠ ᠳᠤ | ᠶᠠᠪᠤᠭᠳᠠᠨ᠎ᠠ᠃ ᠶᠠᠷᠢᠶᠠᠨ ᠤ ᠲᠠᠪᠴᠠᠩ ᠨᠢ ︽ᠲᠠᠯ᠎ᠠ ᠨᠤᠲᠤᠭ ᠤᠨ ᠡᠭᠦᠯᠡᠨ ᠬᠦᠨᠳᠡᠢ · ᠪᠣᠬᠢᠷᠲᠤᠯ ᠥᠬᠡᠶ ᠳ᠋ᠠᠶᠢᠲ᠋ᠠ · | ᠠᠮᠤᠷ ᠲᠦᠪᠰᠢᠨ ᠢᠶᠠᠷ ᠴᠢᠳᠠᠮᠵᠢ ᠣᠯᠭᠤᠬᠤ︾ ᠪᠠᠷ ᠭᠤᠤᠯ ᠰᠡᠳᠦᠪ ᠪᠣᠯᠭᠠᠵᠤ᠂ ᠠᠺᠠᠳᠧᠮᠢᠴᠢ᠂ ᠰᠦᠯᠵᠢᠶᠡᠨ ᠤ | ᠠᠮᠤᠷ ᠲᠦᠪᠰᠢᠨ ᠤ ᠲᠤᠰᠬᠠᠶ ᠮᠡᠷᠭᠡᠵᠢᠯᠲᠡᠨ ᠢ ᠤᠷᠢᠵᠤ ᠲᠣᠮᠣ ᠳ᠋ᠠᠶᠢᠲ᠋ᠠ ᠶᠢᠨ ᠠᠮᠤᠷ ᠲᠦᠪᠰᠢᠨ ᠢ ᠶᠠᠷᠢᠭᠤᠯᠵᠤ᠂ | ᠰᠦᠯᠵᠢᠶᠡᠨ ᠤ ᠠᠮᠤᠷ ᠲᠦᠪᠰᠢᠨ ᠤ ᠬᠤᠰᠢᠭᠤᠷᠠᠯ ᠭᠤᠤᠯ ᠵᠥᠪᠯᠡᠬᠦ ᠰᠡᠳᠦᠪ ᠢ ᠬᠠᠮᠲᠤ ᠪᠠᠷ ᠶᠠᠷᠢᠯᠴᠠᠵᠤ᠂ ᠲᠣᠮᠣ | ᠳ᠋ᠠᠶᠢᠲ᠋ᠠ ᠶᠢ ᠪᠣᠳᠠᠲᠤ ᠴᠣᠭᠴᠠ ᠶᠢᠨ ᠠᠵᠤ ᠠᠬᠤᠢ ᠲᠠᠢ ᠭᠦᠨᠵᠡᠭᠡᠶ ᠠᠭᠤᠰᠤᠯᠴᠠᠭᠤᠯᠬᠤ᠂ ᠠᠷᠠᠳ ᠤᠨ | ᠠᠮᠢᠳᠤᠷᠠᠯ ᠳᠤ ᠦᠶᠯᠡᠴᠢᠯᠡᠬᠦ ᠲᠠᠢ ᠭᠦᠨᠵᠡᠭᠡᠶ ᠠᠭᠤᠰᠤᠯᠴᠠᠭᠤᠯᠬᠤ᠂ ᠨᠡᠶᠢᠭᠡᠮ ᠤᠨ ᠵᠠᠰᠠᠯᠲᠠ ᠯᠤᠭ᠎ᠠ ᠭᠦᠨᠵᠡᠭᠡᠶ | ᠠᠭᠤᠰᠤᠯᠴᠠᠭᠤᠯᠬᠤ ᠶᠢ ᠬᠠᠮᠲᠤ ᠪᠠᠷ ᠠᠬᠢᠭᠤᠯᠤᠨ᠎ᠠ᠃ |