| 7 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠴᠠᠪ ᠬᠤᠲᠠ ᠠᠴᠠ ᠮᠣᠰᠺᠸᠠ | ᠳᠤ ᠬᠦᠷᠬᠦ ᠠᠩᠬᠠᠨ ᠤ ᠴᠤᠪᠤᠭ᠎ᠠ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠳᠣᠯᠣᠳᠤᠭᠠᠷ | ᠰᠤᠮᠤ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠬᠦᠢᠰᠦ ᠰᠠᠭᠤᠷᠢᠨ ᠠᠴᠠ ᠮᠣᠷᠳᠠᠪᠠ᠃ | | | 7 ᠰᠠᠷ᠎ᠠ ᠶᠢᠨ 26 ᠤ ᠦᠳᠡ ᠶᠢᠨ ᠡᠮᠦᠨ᠎ᠡ᠂ ᠳᠣᠯᠣᠳᠤᠭᠠᠷ ᠰᠤᠮᠤ ᠶᠢᠨ ᠳᠤᠮᠳᠠᠳᠤ ᠧᠦ᠋ᠷᠣᠫᠠ ᠶᠢᠨ | ᠵᠢᠰᠢᠶᠠᠨ ᠤ ᠭᠠᠯᠲᠤ ᠲᠡᠷᠭᠡ ᠶᠢᠨ ᠬᠦᠢᠰᠦ ᠰᠠᠭᠤᠷᠢᠨ ᠳᠤ᠂ ᠨᠢᠭᠡᠨ ︽ᠤᠯᠠᠭᠠᠨ ᠬᠤᠸᠠᠷ︾ ᠡᠯᠭᠦᠭᠰᠡᠨ ᠭᠠᠯᠲᠤ | ᠲᠡᠷᠭᠡ ᠬᠥᠮᠦᠰ ᠤᠨ ᠬᠦᠰᠡᠯ ᠮᠦᠷᠦᠭᠡᠳᠦᠯ ᠤᠨ ᠬᠠᠷᠠᠴᠠ ᠳᠤᠮᠳᠠ ᠮᠤᠷᠳᠠᠬᠤ ᠪᠠᠷ ᠪᠡᠯᠡᠭᠡᠨ ᠪᠠᠶᠢᠭ᠎ᠠ ᠁ | 10 ᠴᠠᠭ 5 ᠮᠢᠨᠦ᠋ᠲ ᠲᠤ᠂ ᠭᠠᠯᠲᠤ ᠲᠡᠷᠭᠡᠨ ᠤ ᠦᠢᠯᠡᠴᠢᠯᠡᠭᠴᠢ ᠭᠠᠷ ᠲᠠᠬᠢ ᠨᠣᠭᠤᠭᠠᠨ ᠲᠤᠭ ᠢᠶᠠᠨ | ᠬᠤᠷᠦ᠋ᠢᠯᠠᠵᠤ᠂ ᠭᠠᠯᠲᠤ ᠲᠡᠷᠭᠡᠨ ᠤ ᠠᠭᠤᠷ ᠤᠨ ᠱᠤᠤᠭᠢᠯ ᠤᠨ ᠨᠢᠭᠡᠨ ᠤᠷᠳᠤ ᠳᠠᠭᠤᠨ ᠢ ᠳᠠᠭᠠᠯᠳᠤᠨ᠂ ᠳᠤᠮᠳᠠᠳᠤ | ᠤᠯᠤᠰ ᠤᠨ ᠭᠠᠳᠠᠭᠠᠳᠤ ᠳᠡᠭᠡᠭᠡᠪᠦᠷᠢ ︵ᠤᠯᠠᠭᠠᠨᠴᠠᠪ — ᠮᠣᠰᠺᠸᠠ︶ ᠪᠤᠯᠬᠤ ᠳᠤᠮᠳᠠᠳᠤ ᠧᠦ᠋ᠷᠣᠫᠠ ᠶᠢᠨ | ᠵᠢᠰᠢᠶᠠᠨ ᠤ ᠭᠠᠯᠲᠤ ᠲᠡᠷᠭᠡ ᠠᠮᠵᠢᠯᠲᠠ ᠲᠠᠢ ᠪᠠᠷ ᠠᠩᠬ᠎ᠠ ᠤᠳᠠᠭ᠎ᠠ ᠬᠥᠳᠡᠯᠪᠡ᠃ ᠡᠨᠡ ᠨᠢ ᠮᠠᠨ ᠤ ᠬᠤᠲᠠ | ᠳᠤᠮᠳᠠᠳᠤ ᠤᠯᠤᠰ ᠤᠨ ᠭᠠᠳᠠᠭᠠᠳᠤ ᠲᠡᠭᠡᠭᠡᠪᠦᠷᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠭᠡᠬᠦ ᠡᠨᠡ ᠬᠦ | ᠳᠡᠯᠡᠬᠡᠶ ᠶᠢᠨ ᠲᠡᠰ ᠤᠨ ᠶᠡᠷᠦᠩᠬᠡᠶᠢᠯᠡᠭᠰᠡᠨ ᠪᠠᠷᠠᠭ᠎ᠠ ᠬᠦᠢᠯᠭᠡᠭᠡᠨ ᠤ ᠠᠵᠤ ᠠᠬᠤᠶᠢᠯᠠᠯ ᠲᠠᠢ ᠵᠢᠩᠬᠢᠨᠢ ᠪᠠᠷ | ᠬᠠᠮᠲᠤᠷᠠᠯᠴᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠵᠠᠮ ᠨᠡᠪᠳᠡᠷᠡᠯᠴᠡᠭᠡᠨ ᠤ ᠲᠥᠷᠥᠯ | ᠲᠡᠮᠳᠡᠭ ᠢ ᠬᠠᠮᠲᠤ ᠪᠠᠷ ᠡᠭᠦᠳᠴᠦ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ | ᠨᠠᠩ ᠰᠠᠶᠢᠲᠤᠷ ᠣᠷᠣᠯᠴᠠᠬᠤ ᠳᠤ ᠰᠢᠨ᠎ᠡ ᠬᠠᠭᠤᠳᠠᠰᠤ ᠶᠢ ᠨᠡᠭᠡᠭᠡᠭᠰᠡᠨ ᠢ ᠬᠠᠷᠠᠭᠤᠯᠵᠤ ᠪᠠᠶᠢᠨ᠎ᠠ᠃ | ︽ᠮᠠᠨ ᠤ ᠬᠤᠲᠠ ᠨᠢᠭᠡᠨᠲᠡ 195 ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ | ᠨᠡᠪᠳᠡᠷᠡᠬᠦᠯᠪᠡ᠂ ᠡᠨᠡ ᠤᠳᠠᠭ᠎ᠠ ᠨᠡᠶᠢᠲᠡ 49 ᠴᠢᠩᠭᠡᠯᠢᠭ ᠴᠠᠩ ᠴᠧᠩ ᠮᠠᠰᠢᠨ ᠲᠡᠷᠭᠡᠨ ᠤ ᠰᠡᠯᠪᠢᠭ ᠳᠤᠨᠤᠭ ᠢ | ᠵᠥᠭᠡᠭᠡᠪᠦᠷᠢᠯᠡᠨ᠎ᠡ︾ ᠭᠡᠵᠦ ᠠᠵᠢᠯᠲᠠᠨ ᠵᠠᠩ ᠶᠠᠨ ᠴᠢᠶᠦ᠋ᠩ ᠰᠡᠳᠬᠢᠯ ᠳᠣᠭᠳᠣᠯᠤᠨ ᠳᠠᠨᠢᠯᠴᠠᠭᠤᠯᠪᠠ᠃ | ︽ᠡᠮᠦᠨᠡᠬᠢ ᠬᠤᠭᠤᠴᠠᠭᠠᠨ ᠤ ᠪᠠᠴᠢᠮ ᠪᠡᠯᠡᠳᠬᠡᠯ ᠢᠶᠠᠷ ᠳᠠᠮᠵᠢᠨ᠂ ᠳᠤᠮᠳᠠᠳᠤ ᠤᠯᠤᠰ ᠤᠨ ᠭᠠᠳᠠᠭᠠᠳᠤ | ᠲᠡᠭᠡᠭᠡᠪᠦᠷᠢ ︵ᠤᠯᠠᠭᠠᠨᠴᠠᠪ — ᠮᠣᠰᠺᠸᠠ︶ ᠪᠤᠯᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ | ᠥᠨᠥᠳᠥᠷ ᠵᠢᠩᠬᠢᠨᠢ ᠪᠠᠷ ᠬᠦᠳᠡᠯᠦᠭᠰᠡᠨ ᠨᠢ ᠤᠯᠠᠭᠠᠨᠴᠠᠪ ᠤᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ | ᠲᠡᠷᠭᠡ ᠨᠡᠪᠲᠡᠷᠡᠭᠰᠡᠨ ᠠᠴᠠ ᠨᠠᠰᠢᠬᠢ ᠪᠠᠰᠠ ᠨᠢᠭᠡ ᠤᠳᠠᠭᠠᠨ ᠤ ᠲᠤᠷᠠᠰᠬᠠᠯ ᠤᠨ ᠬᠦᠰᠢᠭᠡ ᠪᠣᠯᠤᠨ᠎ᠠ︾ ︽ᠡᠨᠡ | ᠤᠳᠠᠭ᠎ᠠ ᠳᠤᠮᠳᠠᠳᠤ ᠭᠠᠳᠠᠭᠠᠳᠤ ᠶᠢᠨ ᠲᠡᠭᠡᠭᠡᠪᠦᠷᠢ ᠶᠢᠨ ᠬᠠᠮᠲᠤᠷᠠᠯᠴᠠᠭ᠎ᠠ ᠶᠢ ᠥᠷᠨᠢᠭᠦᠯᠬᠦ ᠨᠢ ᠮᠠᠨ ᠤ ᠬᠤᠲᠠ ᠶᠢᠨ | ᠲᠡᠮᠦᠷ ᠵᠠᠮ᠂ ᠵᠠᠰᠠᠮᠠᠯ ᠵᠠᠮ᠂ ᠠᠭᠠᠷ ᠤᠨ ᠲᠡᠭᠡᠭᠡᠪᠦᠷᠢ ᠪᠠᠷ ᠨᠢᠭᠡ ᠴᠣᠭᠴᠠ ᠪᠣᠯᠭᠠᠭᠰᠠᠨ ᠣᠯᠠᠨ ᠤᠯᠤᠰ ᠤᠨ | ᠶᠡᠷᠦᠩᠬᠡᠶᠢᠯᠡᠭᠰᠡᠨ ᠣᠳᠣ ᠦᠶ᠎ᠡ ᠶᠢᠨ ᠪᠠᠷᠠᠭ᠎ᠠ ᠬᠦᠢᠯᠭᠡᠭᠡᠨ ᠤ ᠰᠦᠯᠵᠢᠶ᠎ᠡ ᠶᠢ ᠪᠠᠶᠢᠭᠤᠯᠬᠤ ᠳᠤ ᠢᠳᠡᠪᠬᠢᠲᠡᠢ | ᠠᠬᠢᠭᠤᠯᠬᠤ ᠦᠢᠯᠡᠳᠦᠯ ᠦᠵᠡᠭᠦᠯᠵᠦ᠂ ᠮᠠᠨ ᠤ ᠬᠤᠲᠠ ᠶᠢᠨ ᠠᠽᠢᠶ᠎ᠠ ᠧᠦ᠋ᠷᠣᠫᠠ ᠯᠦᠭᠡ ᠶᠢᠨ ᠠᠵᠤ ᠠᠬᠤᠶ | ᠠᠷᠠᠯᠵᠢᠶᠠᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ︿ᠨᠢᠭᠡ ᠪᠦᠰᠡ ᠨᠢᠭᠡ ᠵᠠᠮ﹀ ᠤᠨ ᠣᠯᠠᠨ ᠤᠯᠤᠰ ᠤᠨ | ᠪᠠᠷᠠᠭ᠎ᠠ ᠬᠦᠢᠯᠭᠡᠭᠡᠨ ᠤ ᠴᠢᠬᠤᠯᠠ ᠬᠦᠢᠰᠦ ᠪᠣᠯᠭᠠᠨ ᠴᠣᠭᠴᠠᠯᠠᠬᠤ ᠳᠤ ᠠᠰᠢᠭᠲᠠᠢ ᠶᠤᠮ︾ ᠭᠡᠵᠦ ᠬᠤᠲᠠ ᠶᠢᠨ ᠳᠡᠳ᠋ | ᠳᠠᠷᠤᠭ᠎ᠠ ᠸᠠᠩ ᠰᠢᠨ ᠢᠦᠶ ᠬᠡᠯᠡᠪᠡ᠃ | ᠳᠤᠮᠳᠠᠳᠤ ᠤᠯᠤᠰ ᠤᠨ ᠭᠠᠳᠠᠭᠠᠳᠤ ᠲᠡᠭᠡᠭᠡᠪᠦᠷᠢ ᠶᠢᠨ ᠤᠮᠠᠷᠠᠲᠤ ᠣᠷᠣᠨ ᠤ ᠬᠢᠵᠠᠭᠠᠷᠲᠤ ᠺᠣᠮᠫᠠᠨᠢ ᠶᠢᠨ ᠳᠡᠳ᠋ | ᠶᠡᠷᠦᠩᠬᠡᠶ ᠳᠠᠭᠠᠭᠠᠮᠠᠯ ᠶᠠᠩ ᠲᠦᠩ ᠱᠠᠨ ᠸᠠᠩ ᠰᠢᠨ ᠢᠦᠶ ᠶᠢᠨ ᠭᠠᠷ ᠢ ᠠᠳᠬᠤᠨ᠄ ︽ᠬᠤᠶᠠᠷ ᠲᠠᠯ᠎ᠠ ᠪᠠᠷ ᠢᠶᠠᠨ | ᠲᠣᠰ ᠤᠳᠠᠭ᠎ᠠ ᠶᠢᠨ ᠬᠠᠮᠲᠤᠷᠠᠯᠴᠠᠭ᠎ᠠ ᠪᠠᠷ ᠡᠬᠢᠯᠡᠯᠳᠡ ᠪᠣᠯᠭᠠᠵᠤ᠂ ᠠᠵᠢᠯ ᠢ ᠵᠣᠬᠢᠴᠠᠩᠭᠤᠶ ᠠᠬᠢᠭᠤᠯᠬᠤ | ᠲᠣᠭᠲᠠᠴᠠ ᠶᠢ ᠪᠠᠶᠢᠭᠤᠯᠵᠤ᠂ ᠨᠡᠪᠳᠡᠷᠡᠯᠴᠡᠭᠡ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠳᠤᠮᠳᠠᠳᠤ ᠧᠦ᠋ᠷᠣᠫᠠ | ᠶᠢᠨ ᠵᠢᠰᠢᠶᠠᠨ ᠤ ᠭᠠᠯᠲᠤ ᠲᠡᠷᠭᠡᠨ ᠤ ᠪᠠᠷᠠᠭ᠎ᠠ ᠲᠡᠭᠡᠭᠡᠪᠦᠷᠢ᠂ ᠣᠯᠠᠨ ᠬᠡᠯᠪᠡᠷᠢ ᠶᠢᠨ ᠬᠤᠯᠪᠤᠯᠴᠠᠭ᠎ᠠ ᠳᠡᠭᠡᠭᠡᠪᠦᠷᠢ᠂ | ᠪᠠᠷᠠᠭ᠎ᠠ ᠬᠦᠢᠯᠭᠡᠭᠡᠨ ᠤ ᠦᠢᠯᠡᠴᠢᠯᠡᠭᠡ ᠵᠡᠷᠭᠡ ᠣᠯᠠᠨ ᠬᠦᠷᠢᠶ᠎ᠡ ᠴᠠᠷᠠᠭ᠎ᠠ ᠶᠢᠨ ᠬᠠᠮᠲᠤᠷᠠᠯᠴᠠᠭ᠎ᠠ ᠶᠢ ᠲᠠᠰᠤᠷᠠᠯᠲᠠ | ᠥᠬᠡᠶ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠷ ᠢᠶᠠᠨ ᠬᠠᠷᠢᠯᠴᠠᠨ ᠨᠦᠬᠦᠪᠦᠷᠢᠯᠡᠵᠦ᠂ ᠬᠠᠮᠲᠤᠷᠠᠯᠴᠠᠭ᠎ᠠ ᠬᠢᠵᠦ | ᠬᠠᠮᠲᠤᠪᠠᠷ ᠠᠰᠢᠭ ᠬᠦᠷᠲᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ︾ ᠭᠡᠵᠦ ᠬᠡᠯᠡᠪᠡ᠃ | ᠦᠭᠡ ᠶᠠᠷᠢᠬᠤ ᠵᠠᠭᠤᠷ᠎ᠠ᠂ ᠭᠠᠯᠲᠤ ᠲᠡᠷᠭᠡ ᠠᠯᠭᠤᠷᠬᠠᠨ ᠬᠦᠳᠡᠯᠵᠦ᠂ ᠬᠥᠮᠦᠰ ᠤᠨ ᠬᠠᠷᠠᠭᠠᠨ | ᠠᠴᠠ ᠠᠭᠠᠵᠢᠮ ᠢᠶᠠᠷ ᠠᠷᠢᠯᠤᠭᠰᠠᠨ ᠴᠦ᠂ ᠣᠯᠠᠨ ᠤ ᠳᠣᠭᠳᠣᠯᠤᠭᠰᠠᠨ ᠰᠡᠳᠬᠢᠯᠭᠡ ᠬᠠᠷᠢᠨ ᠤᠳᠠᠲᠠᠯ᠎ᠠ | ᠲᠠᠶᠢᠪᠤᠰᠢᠷᠠᠵᠤ ᠳᠡᠶᠢᠯᠬᠦ ᠦᠭᠡᠢ ᠪᠠᠶᠢᠵᠠᠢ᠃ ︽ᠮᠣᠰᠺᠸᠠ ᠶᠢᠨ ᠮᠣᠳᠣᠨ ᠮᠠᠲ᠋ᠧᠷᠢᠶᠠᠯ ᠢ ᠳᠦᠭᠦᠷᠲᠡᠯ᠎ᠡ ᠠᠴᠢᠭᠰᠠᠨ | ᠭᠠᠯᠲᠤ ᠲᠡᠷᠭᠡ ᠡᠷᠲᠡᠬᠡᠨ ᠪᠤᠴᠠᠵᠤ ᠢᠷᠡᠬᠦ ᠶᠢ ᠬᠦᠰᠡᠵᠦ ᠪᠠᠶᠢᠨ᠎ᠠ︾ ᠭᠡᠵᠦ ᠲᠤᠬᠠᠶ ᠶᠢᠨ ᠲᠠᠯᠠᠪᠠᠢ ᠶᠢᠨ ᠬᠥᠮᠦᠰ | ᠶᠠᠷᠢᠵᠦ ᠪᠠᠶᠢᠯ᠎ᠠ᠃ | | | ᠵᠢᠷᠤᠭ᠄ ᠳᠠᠩ ᠶᠤᠸᠠᠨ ᠪᠥᠸᠧ | ᠵᠣᠬᠢᠶᠠᠭᠴᠢ᠄ ᠭᠦᠸᠧ ᠴᠢ ᠨᠠᠨ | ᠤᠷᠴᠢᠭᠤᠯᠤᠭᠴᠢ᠄ ᠢᠷᠭᠤᠢ | ᠬᠢᠨᠠᠭᠴᠢ᠄ ᠬᠡᠷᠡᠯᠳᠦ | | |