︽ᠨᠠᠢᠮᠠᠨ ᠳᠠᠪᠠᠭᠤᠯᠢᠭ︾ ᠢᠶᠠᠷ ᠳᠡᠷᠢᠬᠦᠨ ᠤ ᠠᠵᠠ ᠳᠤᠬᠢᠶᠠᠯ ᠢ ᠠᠳᠬᠤᠵᠤ ︽ᠲᠠᠯ᠎ᠠ ᠨᠤᠲᠤᠭ ᠤᠨ ᠡᠭᠦᠯᠡᠨ ᠬᠥᠨᠳᠡᠶ︾ ᠶᠢᠨ ᠨᠡᠷ᠎ᠡ ᠶᠢᠨ ᠬᠠᠭᠤᠳᠠᠰᠤ ᠪᠠᠨ ᠳᠡᠯᠬᠡᠪᠡ
ᠨᠡᠶᠢᠲᠡᠯᠡᠭᠰᠡᠨ ᠴᠠᠭ᠄
2019/7/9
    ᠤᠯᠠᠭᠠᠨᠴᠠᠪ ᠬᠤᠲᠠ ᠶᠢᠨ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠠᠰᠠᠭᠤᠯᠲᠠ᠄ ᠳᠠᠪᠠᠭᠤᠯᠢᠭ ᠨᠢ ᠶᠠᠭᠤ ᠪᠤᠢ      ᠣᠶᠢᠷ᠎ᠠ ᠶᠢᠨ ᠵᠢᠯ ᠤᠳ ᠲᠤ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ ᠪᠠᠷ ᠲᠥᠯᠥᠭᠡᠯᠡᠭᠦᠯᠦᠭᠰᠡᠨ ᠰᠦᠯᠵᠢᠶᠡᠨ ᠤ ᠮᠡᠳᠡᠭᠡ ᠵᠠᠩᠭᠢ ᠶᠢᠨ ᠮᠡᠷᠭᠡᠵᠢᠯ ᠡᠳᠦᠷ ᠠᠴᠠ ᠡᠳᠦᠷ ᠰᠢᠨᠡᠳᠴᠦ᠂ ᠡᠯ᠎ᠡ ᠵᠦᠶᠯ ᠤᠨ ᠰᠢᠨ᠎ᠡ ᠣᠶᠢᠯᠠᠭᠠᠭᠳᠠᠬᠤᠨ᠂ ᠰᠢᠨ᠎ᠡ ᠮᠡᠷᠭᠡᠵᠢᠯ᠂ ᠰᠢᠨ᠎ᠡ ᠦᠵᠡᠯ ᠰᠠᠨᠠᠭ᠎ᠠ ᠲᠠᠰᠤᠷᠠᠯᠲᠠ ᠥᠬᠡᠶ ᠢᠯᠡᠷᠡᠨ ᠭᠠᠷᠴᠤ᠂ ᠰᠢᠨ᠎ᠡ ᠶᠢ ᠡᠭᠦᠳᠬᠦ ᠨᠢ ᠬᠠᠮᠤᠭ ᠤᠨ ᠬᠥᠭᠵᠢᠶᠡᠨᠲᠡᠶ᠂ ᠬᠡᠷᠡᠭᠯᠡᠭᠡ ᠨᠢ ᠬᠠᠮᠤᠭ ᠤᠨ ᠥᠷᠭᠡᠨ ᠳᠡᠯᠭᠡᠷ᠂ ᠨᠥᠯᠥᠭᠡᠯᠡᠨ ᠳᠠᠶᠢᠴᠢᠯᠠᠬᠤ ᠨᠢ ᠬᠠᠮᠤᠭ ᠤᠨ ᠬᠦᠴᠦᠲᠡᠶ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶ᠎ᠡ ᠪᠣᠯᠵᠤ᠂ ᠲᠣᠮᠣ ᠳ᠋ᠠᠶᠢᠲ᠋ᠠ ᠶᠢᠨ ᠠᠵᠤ ᠦᠶᠯᠡᠰ ᠢ ᠬᠥᠭᠵᠢᠭᠦᠯᠬᠦ ᠨᠢ ᠨᠢᠭᠡᠨᠲᠡ ᠬᠤᠷᠢᠭᠯᠠᠭᠳᠠᠰᠢ ᠥᠬᠡᠶ ᠴᠠᠭ ᠦᠶ᠎ᠡ ᠶᠢᠨ ᠤᠷᠤᠰᠬᠠᠯ ᠪᠣᠯᠤᠭᠰᠠᠨ ᠪᠠᠶᠢᠨ᠎ᠠ᠃     ᠰᠢᠨ᠎ᠡ ᠴᠠᠭ ᠣᠶᠶ᠎ᠠ ᠳᠤ ᠰᠠᠭᠤᠷᠢᠯᠠᠵᠤ᠂ ᠰᠢᠨ᠎ᠡ ᠠᠵᠠ ᠲᠣᠬᠢᠶᠠᠯ ᠢ ᠠᠮᠵᠢᠨ ᠠᠳᠬᠤᠬᠤ ᠬᠡᠷᠡᠭᠲᠡᠢ᠃ ᠮᠠᠨ ᠤ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠨᠳᠤᠰᠢ᠂ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠥᠪᠥᠷ ᠮᠣᠩᠭᠤᠯ ᠤᠨ ᠤᠯᠤᠰ ᠤᠨ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ ᠰᠤᠳᠠᠰᠤ ᠶᠢ ᠪᠠᠲᠤ ᠡᠵᠡᠮᠳᠡᠵᠦ᠂ ᠡᠷᠡᠯᠬᠡᠭᠯᠡᠨ ᠤᠷᠤᠭᠰᠢᠯᠠᠵᠤ᠂ ︽ᠡᠮᠦᠨ᠎ᠡ ᠭᠦᠢᠶᠠᠩ ᠤᠮᠠᠷ᠎ᠠ ᠤᠯᠠᠭᠠᠨᠴᠠᠪ︾ ᠤᠨ ᠰᠠᠭᠤᠷᠢ ᠶᠢ ᠠᠩᠬ᠎ᠠ ᠠᠯᠬᠤᠮ ᠲᠠᠯᠪᠢᠵᠠᠢ᠃     ᠡᠭᠦᠨ ᠤ ᠲᠤᠬᠠᠢ ᠬᠥᠮᠦᠰ ᠦᠪᠡᠷ ᠤᠨ ᠡᠷᠬᠡ ᠦᠭᠡᠢ ᠠᠰᠠᠭᠤᠬᠤ ᠨᠢ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠨ ᠮᠠᠨᠳᠤᠭᠰᠠᠨ ᠴᠠᠭ ᠨᠢ ᠤᠷᠳᠤ ᠪᠢᠰᠢ᠂ ᠭᠡᠲᠡᠯ᠎ᠡ ᠳᠡᠮᠡᠢ ᠨᠡᠷ᠎ᠡ ᠦᠬᠡᠢ ᠪᠣᠭᠤᠮᠲᠠ ᠶᠢᠨ ᠭᠠᠳᠠᠨᠠᠬᠢ ᠬᠤᠲᠠ ᠤᠯᠠᠭᠠᠨᠴᠠᠪ ᠬᠠᠷᠢᠨ ᠭᠡᠨᠡᠳᠲᠡ ᠲᠣᠮᠣ ᠳ᠋ᠠᠶᠢᠲ᠋ᠠ ᠥᠷᠨᠢᠨ ᠬᠥᠭᠵᠢᠵᠦ᠂ ᠬᠤᠸᠠ ᠸᠧᠢ᠂ ᠠᠯᠮᠤᠷᠠᠳ ᠵᠡᠷᠭᠡ ᠲᠣᠮᠣ ᠠᠵᠤ ᠠᠬᠤᠶᠢᠯᠠᠯ ᠤᠨ ᠬᠦᠷᠢᠶᠡᠯᠡᠯ ᠢ ᠣᠯᠤᠭᠰᠠᠨ ᠪᠥᠭᠡᠳ ᠪᠦᠬᠦ ᠤᠯᠤᠰ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠳᠤᠮᠳᠠ ᠨᠢᠭᠡᠨ ᠪᠠᠶᠢᠷᠢ ᠰᠠᠭᠤᠷᠢ ᠶᠢ ᠡᠵᠡᠯᠡᠵᠡᠢ᠃ ᠤᠯᠠᠭᠠᠨᠴᠠᠪ ᠴᠤᠬᠤᠮ ᠶᠠᠮᠠᠷ ᠳᠠᠪᠠᠭᠤᠯᠢᠭ ᠲᠤ ᠲᠦᠰᠢᠭᠯᠡᠨ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠤᠷᠤᠰᠬᠠᠯ ᠤᠨ ᠡᠮᠦᠨ᠎ᠡ ᠰᠡᠬᠦ᠋ᠢᠨ ᠰᠦᠨᠳᠡᠷᠯᠡᠬᠦ ᠪᠤᠢ︖     ᠳᠠᠪᠠᠭᠤᠯᠢᠭ ᠨᠢᠭᠡ᠄ ᠥᠪᠡᠷᠮᠢᠴᠡ ᠣᠨᠴᠠᠯᠢᠭ ᠪᠦᠬᠦᠢ ᠭᠠᠵᠠᠷ ᠵᠦᠶ ᠶᠢᠨ ᠣᠷᠣᠨ ᠪᠠᠶᠢᠷᠢ ᠶᠢᠨ ᠳᠠᠪᠠᠭᠤᠯᠢᠭ     ᠣᠷᠣᠨ ᠪᠠᠶᠢᠷᠢ ᠶᠢᠨ ᠳᠠᠪᠠᠭᠤᠯᠢᠭ ᠪᠣᠯ ᠨᠢᠭᠡ ᠭᠠᠵᠠᠷ ᠣᠷᠣᠨ ᠤ ᠠᠵᠤ ᠠᠬᠤᠶ ᠶᠢ ᠬᠥᠭᠵᠢᠭᠦᠯᠬᠦ ᠲᠠᠯ᠎ᠠ ᠪᠠᠷ ᠪᠤᠰᠤᠳᠴᠢ ᠣᠷᠣᠰᠢᠵᠤ ᠪᠠᠶᠢᠭ᠎ᠠ ᠠᠰᠢᠭᠲᠠᠶ ᠨᠥᠬᠦᠴᠡᠯ ᠪᠤᠶᠤ ᠳᠠᠪᠠᠭᠤᠯᠢᠭ ᠪᠠᠶᠢᠷᠢ ᠰᠠᠭᠤᠷᠢ ᠮᠥᠨ᠃ ᠲᠣᠮᠣ ᠳ᠋ᠠᠶᠢᠲ᠋ᠠ ᠶᠢᠨ ᠠᠵᠤ ᠦᠶᠯᠡᠰ ᠢ ᠬᠥᠭᠵᠢᠭᠦᠯᠬᠦ ᠲᠠᠯ᠎ᠠ ᠪᠠᠷ᠂ ᠤᠯᠠᠭᠠᠨᠴᠠᠪ ᠬᠤᠲᠠ ᠶᠢᠨ ᠭᠠᠵᠠᠷ ᠵᠦᠶ ᠶᠢᠨ ᠣᠷᠣᠨ ᠪᠠᠶᠢᠷᠢ ᠶᠢᠨ ᠳᠠᠪᠠᠭᠤᠯᠢᠭ ᠨᠢ ᠥᠪᠡᠷᠮᠢᠴᠡ ᠣᠨᠴᠠᠯᠢᠭ ᠲᠠᠢ᠂ ᠢᠯᠡᠷᠬᠡᠶ ᠪᠠᠶᠢᠨ᠎ᠠ᠃     ︽ᠪᠡᠭᠡᠵᠢᠩ ᠠᠴᠠ ᠪᠠᠷᠠᠭᠤᠨᠰᠢ ᠨᠢᠭᠡ ᠠᠯᠬᠤᠮ ᠶᠠᠪᠤᠪᠠᠯ ᠤᠯᠠᠭᠠᠨᠴᠠᠪ ᠪᠣᠯᠤᠨ᠎ᠠ︾᠃ ᠤᠯᠠᠭᠠᠨᠴᠠᠪ ᠪᠣᠯ ᠪᠡᠭᠡᠵᠢᠩ ᠲᠢᠶᠠᠨᠵᠢᠨ ᠾᠧᠪᠧᠢ᠂ ᠪᠦᠸᠧᠬᠠᠶ ᠲᠠᠩᠭᠢᠰ᠂ ︽ᠤᠯᠠᠭᠠᠨᠴᠠᠪ ᠳ᠋ᠠᠲ᠋ᠦ᠋ᠩ ᠴᠢᠭᠤᠯᠤᠯᠳᠤ ᠬᠠᠭᠠᠯᠭ᠎ᠠ︾ ᠣᠷᠳᠣ ᠴᠠᠭᠠᠨ ᠬᠡᠷᠡᠮ ᠤᠨ ᠠᠯᠲᠠᠨ ᠭᠤᠷᠪᠠᠯᠵᠢᠨ ᠬᠠᠮᠲᠤᠷᠠᠯᠴᠠᠭᠠᠨ ᠤ ᠣᠷᠣᠨ ᠤ ᠠᠭᠤᠯᠵᠠᠷ ᠭᠠᠵᠠᠷ ᠲᠤ ᠪᠠᠶᠢᠷᠢᠯᠠᠵᠤ᠂ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ ᠢ ᠬᠤᠯᠪᠣᠭᠰᠠᠨ ᠵᠠᠮ ᠬᠠᠷᠢᠯᠴᠠᠭᠠᠨ ᠤ ᠬᠦᠶᠰᠦ ᠪᠣᠯᠤᠨ᠎ᠠ᠂ ᠵᠡᠭᠦᠨ ᠲᠠᠯ᠎ᠠ ᠪᠠᠷ ᠢᠶᠠᠨ ᠪᠡᠭᠡᠵᠢᠩ ᠲᠢᠶᠠᠨᠵᠢᠨ ᠾᠧᠪᠧᠢ ᠲᠠᠢ ᠬᠥᠷᠰᠢᠯᠡᠵᠦ᠂ ᠪᠦᠸᠧᠬᠠᠶ ᠲᠠᠩᠭᠢᠰ ᠢ ᠲᠣᠭᠤᠷᠢᠭᠰᠠᠨ ᠠᠵᠤ ᠠᠬᠤᠢ ᠶᠢᠨ ᠬᠦᠷᠢᠶ᠎ᠡ᠂ ᠪᠠᠷᠠᠭᠤᠨ ᠲᠠᠯ᠎ᠠ ᠪᠠᠷ ᠢᠶᠠᠨ ᠬᠥᠬᠡᠬᠤᠲᠠ ᠪᠤᠭᠤᠲᠤ  ᠶᠢᠨᠴᠤᠸᠠᠨ ᠢᠦᠢ ᠯᠢᠨ ᠤ ᠠᠵᠤ ᠠᠬᠤᠢ ᠶᠢᠨ ᠬᠦᠷᠢᠶ᠎ᠡ ᠲᠠᠢ ᠵᠠᠯᠭᠠᠯᠳᠤᠵᠤ᠂ ᠡᠮᠦᠨ᠎ᠡ ᠲᠠᠯ᠎ᠠ ᠪᠠᠷ ᠢᠶᠠᠨ ᠳᠤᠮᠳᠠᠳᠤ ᠣᠷᠣᠨ ᠤ ᠬᠤᠲᠠ ᠶᠢᠨ ᠰᠦᠷᠦᠭ ᠲᠠᠢ ᠵᠠᠯᠭᠠᠯᠳᠤᠵᠤ ᠪᠠᠶᠢᠨ᠎ᠠ᠃ ᠤᠮᠠᠷᠠᠰᠢ ᠣᠷᠣᠰ ᠮᠣᠩᠭᠤᠯ ᠧᠦᠷᠣᠫᠠ ᠳᠤ ᠨᠡᠪᠲᠡᠷᠡᠬᠦ ᠪᠣᠯ ᠥᠪᠡᠷᠲᠡᠭᠡᠨ ᠵᠠᠰᠠᠬᠤ ᠣᠷᠣᠨ ᠵᠡᠭᠦᠨᠰᠢ ᠣᠷᠣᠵᠤ ᠪᠠᠷᠠᠭᠤᠨᠰᠢ ᠭᠠᠷᠤᠭᠰᠠᠨ ︽ᠬᠥᠭᠦᠷᠭᠡᠨ ᠪᠠᠬᠢᠯᠡᠯᠲᠡ︾᠂ ᠤᠮᠠᠷᠠᠰᠢ ᠡᠮᠦᠨᠡᠰᠢ ᠬᠤᠯᠪᠣᠭᠠᠯᠠᠬᠤ ︽ᠠᠭᠤᠯᠵᠠᠷ︾ ᠪᠣᠯᠤᠨ᠎ᠠ᠂ ᠮᠠᠨ ᠤ ᠤᠯᠤᠰ ᠠᠴᠠ ᠮᠣᠩᠭᠤᠯ᠂ ᠣᠷᠣᠰ ᠪᠣᠯᠤᠨ ᠵᠡᠭᠦᠨ ᠧᠦ᠋ᠷᠣᠫᠠ ᠤᠯᠤᠰ ᠤᠳ ᠲᠤ ᠨᠡᠪᠲᠡᠷᠡᠬᠦ ᠴᠢᠬᠤᠯᠠ ᠵᠠᠮ ᠪᠣᠯᠤᠨ᠎ᠠ᠂ ᠡᠭᠦᠨ ᠤ ᠬᠠᠮᠲᠤ ᠪᠠᠰᠠ ᠤᠯᠤᠰ ᠤᠨ ︽ᠨᠢᠭᠡ ᠪᠦᠰᠡ ᠨᠢᠭᠡ ᠵᠠᠮ︾ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠴᠢᠬᠤᠯᠠ ᠬᠤᠲᠠ ᠪᠣᠯᠤᠨ᠎ᠠ᠃     ᠤᠯᠠᠭᠠᠨᠴᠠᠪ ᠬᠤᠲᠠ ᠶᠢᠨ ᠲᠥᠪ ᠨᠢ ᠪᠡᠭᠡᠵᠢᠩ ᠠᠴᠠ 320 ᠺᠢᠯᠣᠮᠧᠲᠷ ᠵᠠᠶᠢᠲᠠᠶ᠂ ᠬᠦᠬᠡᠬᠤᠳᠠ ᠠᠴᠠ 120 ᠺᠢᠯᠣᠮᠧᠲᠷ ᠵᠠᠶᠢᠲᠠᠶ᠂ ᠱᠠᠨ ᠰᠢ ᠶᠢᠨ ᠳ᠋ᠠᠲ᠋ᠦ᠋ᠩ ᠠᠴᠠ 100 ᠺᠢᠯᠣᠮᠧᠲᠷ ᠵᠠᠶᠢᠲᠠᠶ᠂ ᠡᠷᠢᠶᠡᠨ ᠤ ᠪᠣᠭᠤᠮᠲᠠ ᠠᠴᠠ 340 ᠺᠢᠯᠣᠮᠧᠲᠷ ᠵᠠᠶᠢᠲᠠᠶ᠃ ᠤᠯᠠᠭᠠᠨᠴᠠᠪ ᠪᠣᠯ ᠥᠪᠥᠷ ᠮᠣᠩᠭᠤᠯ ᠣᠷᠣᠨ ᠤ ᠪᠡᠭᠡᠵᠢᠩ ᠲᠢᠶᠠᠨᠵᠢᠨ ᠾᠧᠪᠧᠢ ᠵᠡᠷᠭᠡ ᠬᠠᠷᠠᠯᠲᠠᠲᠤ ᠵᠠᠬ᠎ᠠ ᠳᠡᠯᠭᠡᠭᠦᠷ ᠠᠴᠠ ᠬᠠᠮᠤᠭ ᠤᠨ ᠣᠶᠢᠷ᠎ᠠ ᠭᠠᠵᠠᠷ ᠣᠷᠣᠨ ᠪᠠᠶᠢᠵᠤ᠂ ᠨᠢᠭᠡᠨᠲᠡ ᠠᠵᠤ ᠠᠬᠤᠶᠢᠯᠠᠯ ᠤᠨ ᠣᠷᠣᠰ ᠮᠣᠩᠭᠤᠯ ᠧᠦ᠋ᠷᠣᠫᠠ ᠵᠠᠬ᠎ᠠ ᠳᠡᠯᠭᠡᠭᠦᠷ ᠲᠤ ᠠᠭᠤᠰᠤᠯᠴᠠᠬᠤ ᠴᠢᠬᠤᠯᠠ ᠰᠠᠭᠤᠷᠢᠨ ᠭᠠᠵᠠᠷ ᠪᠠ ᠲᠠᠪᠴᠠᠩ ᠪᠣᠯᠤᠭᠰᠠᠨ ᠪᠠᠶᠢᠨ᠎ᠠ᠃     ᠳᠠᠪᠠᠭᠤᠯᠢᠭ ᠬᠤᠶᠠᠷ᠄ ᠣᠯᠠᠨ ᠡᠰᠢᠲᠦ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠳᠠᠪᠠᠭᠤᠯᠢᠭ     ᠵᠠᠰᠠᠮᠠᠯ ᠵᠠᠮ ᠨᠡᠪᠲᠡᠷᠡᠪᠡᠯ᠂ ᠠᠯᠢᠪᠠ ᠦᠢᠯᠡᠰ ᠬᠥᠭᠵᠢᠨ᠎ᠡ᠃ ᠵᠠᠮ ᠬᠠᠷᠢᠯᠴᠠᠭᠠᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠮᠢᠨ ᠰᠤᠳᠠᠰᠤ ᠮᠥᠨ᠃ ᠣᠷᠳᠣ ᠬᠤᠭᠤᠴᠠᠭᠠᠨ ᠤ ᠲᠤᠷᠰᠢ᠂ ᠤᠯᠠᠭᠠᠨᠴᠠᠪ ᠬᠤᠲᠠ ᠵᠠᠮ ᠬᠠᠷᠢᠯᠴᠠᠭᠠᠨ ᠤ ᠬᠤᠰᠢᠭᠤᠴᠢ ᠪᠠᠶᠢᠷᠢ ᠰᠠᠭᠤᠷᠢ ᠶᠢ ᠳᠣᠪᠤᠶᠢᠯᠭᠠᠵᠤ᠂ ᠵᠠᠰᠠᠮᠠᠯ ᠵᠠᠮ᠂ ᠲᠡᠮᠦᠷ ᠵᠠᠮ᠂ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠲᠠ ᠬᠥᠳᠡᠭᠡ ᠶᠢ ᠬᠠᠮᠤᠷᠤᠭᠰᠠᠨ᠂ ᠴᠢᠳᠠᠮᠵᠢ ᠪᠠᠷ ᠢᠵᠢ ᠪᠦᠷᠢᠳᠦᠭᠦᠯᠦᠭᠰᠡᠨ᠂ ᠲᠤᠯᠭᠠᠭᠤᠷᠢᠯᠠᠯ ᠬᠦᠴᠦᠲᠡᠶ ᠰᠠᠭᠤᠷᠢ ᠪᠡᠯᠡᠳᠬᠡᠮᠵᠢ ᠶᠢᠨ ᠲᠣᠤᠷ ᠰᠦᠯᠵᠢᠶ᠎ᠡ ᠶᠢ ᠲᠦᠷᠭᠡᠳᠬᠡᠨ ᠪᠤᠢ ᠪᠣᠯᠭᠠᠵᠤ᠂ ᠣᠯᠠᠨ ᠡᠰᠢᠲᠦ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠪᠠᠶᠢᠭᠤᠯᠤᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠠᠮᠢᠨ ᠰᠤᠳᠠᠰᠤ︾ ᠶᠢᠨ ᠲᠡᠮᠡᠴᠡᠯ ᠢ ᠬᠦᠴᠦᠲᠡᠶ ᠪᠣᠯᠭᠠᠪᠠ᠃     ᠵᠠᠰᠠᠮᠠᠯ ᠵᠠᠮ ᠤᠨ ᠲᠠᠯ᠎ᠠ ᠪᠠᠷ᠂ ᠪᠡᠬᠡᠵᠢᠩ ᠠᠴᠠ ᠲᠦᠪᠡᠳ ᠬᠦᠷᠬᠦ ︵G 6︶᠂ ᠪᠡᠬᠡᠵᠢᠩ ᠠᠴᠠ ᠰᠢᠨᠵᠢᠶᠠᠩ ᠬᠦᠷᠬᠦ ︵G 7︶᠂  ᠡᠷᠢᠶᠡᠨ ᠭᠤᠸᠠᠩᠵᠸᠤ ︵G 55︶ ᠵᠡᠷᠭᠡ 3 ᠵᠤᠷᠪᠤᠰ ᠲᠦᠷᠭᠡᠨ ᠳᠠᠪᠬᠢᠬᠤ ᠵᠠᠰᠠᠮᠠᠯ ᠵᠠᠮ ᠪᠣᠯᠤᠨ 110᠂ 208 ᠬᠤᠶᠠᠷ ᠵᠤᠷᠪᠤᠰ ᠤᠯᠤᠰ ᠤᠨ ᠵᠠᠮ ᠬᠤᠲᠠ ᠶᠢᠨ ᠳᠣᠲᠣᠷ᠎ᠠ ᠣᠭᠲᠣᠯᠣᠯᠴᠠᠵᠤ᠂ ᠮᠤᠵᠢ ᠶᠢᠨ ᠬᠤᠭᠤᠷᠣᠨᠳᠣᠬᠢ ᠶᠡᠭᠡ ᠵᠠᠮ ᠤᠯᠠᠭᠠᠨᠴᠠᠪ ᠬᠤᠲᠠ ᠶᠢ ᠬᠥᠨᠳᠡᠯᠡᠨ ᠨᠡᠪᠲᠡᠷᠡᠭᠦᠯᠪᠡ᠃     ᠲᠡᠮᠦᠷ ᠵᠠᠮ ᠤᠨ ᠲᠠᠯ᠎ᠠ ᠪᠠᠷ᠂ ᠬᠢᠯᠢ ᠶᠢᠨ ᠳᠣᠲᠣᠷᠠᠬᠢ ᠪᠡᠬᠡᠵᠢᠩ ᠠᠴᠠ ᠪᠤᠭᠤᠳᠤ ᠬᠦᠷᠬᠦ᠂ ᠵᠢᠨᠢᠩ ᠠᠴᠠ ᠡᠷᠢᠶᠡᠨ ᠬᠦᠷᠬᠦ᠂ ᠵᠢᠨᠢᠩ ᠠᠴᠠ ᠴᠢᠭᠤᠯᠤᠯᠳᠤ ᠬᠠᠭᠠᠯᠭ᠎ᠠ ᠬᠦᠷᠬᠦ᠂ ᠵᠢᠨᠢᠩ ᠠᠴᠠ ᠲᠦᠩᠯᠢᠶᠤᠤ ᠬᠦᠷᠬᠦ᠂ ᠹᠧᠩᠵᠧᠨ  ᠠᠴᠠ ᠵᠡᠬᠦᠨᠭᠠᠷ ᠬᠦᠷᠬᠦ᠂ ᠵᠢᠨᠢᠩ ᠠᠴᠠ ᠳ᠋ᠠᠲ᠋ᠦ᠋ᠩ ᠬᠦᠷᠬᠦ 6 ᠵᠤᠷᠪᠤᠰ ᠲᠡᠮᠦᠷ ᠵᠠᠮ ᠤᠨ ᠭᠤᠤᠯ ᠱᠤᠭᠤᠮ ᠬᠥᠨᠳᠡᠯᠡᠨ ᠭᠤᠯᠳᠤ ᠰᠦᠯᠵᠢᠯᠳᠦᠵᠦ᠂ ᠳᠥᠷᠪᠡᠨ ᠵᠦᠭ ᠨᠠᠶᠢᠮᠠᠨ ᠵᠣᠪᠬᠢᠰ ᠲᠤ ᠨᠡᠪᠲᠡᠷᠡᠭᠰᠡᠨ ᠲᠡᠮᠦᠷ ᠵᠠᠮ ᠤᠨ ᠲᠣᠤᠷ ᠢ ᠰᠦᠯᠵᠢᠭᠰᠡᠨ ᠪᠠᠶᠢᠨ᠎ᠠ᠃ ᠢᠯᠠᠩᠭᠤᠶ᠎ᠠ ᠪᠡᠭᠡᠵᠢᠩ ᠠᠴᠠ ᠬᠥᠬᠡᠬᠤᠲᠠ ᠬᠦᠷᠬᠦ ᠲᠦᠷᠭᠡᠨ ᠤ ᠵᠠᠮ ᠡᠨᠡ ᠵᠢᠯ ᠤᠨ ᠡᠴᠦᠰ ᠲᠤ ᠲᠡᠷᠭᠡ ᠨᠡᠪᠲᠡᠷᠡᠵᠦ᠂ ᠲᠦᠷᠭᠡᠨ ᠤ ᠵᠠᠮ ᠢ ᠵᠢᠯ ᠤᠨ ᠳᠣᠲᠣᠷ᠎ᠠ ᠡᠬᠢᠯᠡᠨ ᠪᠦᠲᠦᠭᠡᠨ ᠪᠠᠶᠢᠭᠤᠯᠵᠤ᠂ ᠵᠢᠨᠢᠩ ᠢ ᠥᠩᠭᠡᠷᠡᠬᠦ ᠡᠷᠢᠶᠡᠨ ᠬᠤᠲᠠ ᠠᠴᠠ ᠵᠠᠨᠵᠢᠶᠠᠩ ᠬᠦᠷᠬᠦ ᠲᠦᠷᠭᠡᠨ ᠤ ᠵᠠᠮ ᠢ ᠨᠢᠭᠡᠨᠲᠡ ᠤᠯᠤᠰ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠭᠤᠯᠳᠤ ᠴᠢᠭᠯᠡᠯ ᠤᠨ ᠲᠦᠷᠭᠡᠨ ᠵᠠᠮ ᠤᠨ ᠭᠤᠤᠯ ᠱᠤᠭᠤᠮ ᠤᠨ ᠨᠡᠪᠲᠡᠷᠡᠬᠦ ᠵᠠᠮ ᠳᠤ ᠣᠷᠣᠭᠤᠯᠤᠭᠰᠠᠨ ᠨᠢ ᠤᠯᠠᠭᠠᠨᠴᠠᠪ ᠬᠤᠲᠠ ᠤᠯᠤᠰ ᠤᠨ ︽ᠨᠠᠶᠢᠮᠠᠨ ᠬᠥᠨᠳᠡᠯᠡᠨ ᠨᠠᠶᠢᠮᠠᠨ ᠭᠤᠯᠳᠤ︾ ᠤ ᠳᠡᠭᠡᠳᠦ ᠬᠤᠷᠳᠤᠴᠠᠲᠤ ᠲᠡᠮᠦᠷ ᠵᠠᠮ ᠤᠨ ᠰᠦᠯᠵᠢᠶ᠎ᠡ ᠳᠤ ᠪᠥᠬᠦ ᠲᠠᠯ᠎ᠠ ᠪᠠᠷ ᠠᠭᠤᠰᠤᠨ ᠣᠷᠣᠬᠤ ᠶᠢ ᠬᠠᠷᠠᠭᠤᠯᠵᠤ ᠪᠠᠶᠢᠨ᠎ᠠ᠃     ᠠᠭᠠᠷ ᠠᠶᠠᠯᠠᠯ ᠤᠨ ᠲᠠᠯ᠎ᠠ ᠪᠠᠷ᠂ ᠤᠯᠠᠭᠠᠨᠴᠠᠪ ᠤᠨ ᠵᠢᠨᠢᠩ ᠨᠢᠰᠬᠡᠯ ᠤᠨ ᠪᠠᠭᠤᠳᠠᠯ ᠨᠢᠭᠡᠨᠲᠡ 14 ᠵᠤᠷᠪᠤᠰ ᠠᠭᠠᠷ ᠤᠨ ᠠᠶᠠᠯᠠᠯ ᠤᠨ ᠱᠤᠭᠤᠮ ᠢ ᠨᠡᠪᠲᠡᠷᠡᠭᠦᠯᠵᠦ᠂ ᠪᠡᠭᠡᠵᠢᠩ᠂ ᠱᠧᠨᠵᠧᠨ᠂ ᠬᠠᠩᠵᠧᠦ᠂ ᠲᠢᠶᠠᠨᠵᠢᠨ ᠵᠡᠷᠭᠡ 10 ᠭᠠᠷᠤᠶ ᠬᠤᠲᠠ ᠪᠠᠷ ᠨᠡᠪᠲᠡᠷᠡᠪᠡ᠃ ︽13 · 5︾ ᠶᠢᠨ ᠬᠤᠭᠤᠴᠠᠭᠠᠨ ᠳᠤ ᠨᠡᠶᠢᠰᠯᠡᠯ ᠤᠨ ᠣᠯᠠᠨ ᠤᠯᠤᠰ ‍ᠤᠨ‌ᠨᠢᠰᠬᠡᠯ ᠤᠨ ᠪᠠᠭᠤᠳᠠᠯ ᠤᠨ ᠪᠡᠯᠡᠳᠬᠡᠯ ᠪᠠᠭᠤᠳᠠᠯ ᠪᠠ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠬᠠᠮᠵᠢᠯᠴᠠᠭ᠎ᠠ ᠶᠢᠨ ᠨᠢᠰᠬᠡᠯ ᠤᠨ ᠪᠠᠭᠤᠳᠠᠯ ᠢ ᠪᠠᠶᠢᠭᠤᠯᠵᠤ᠂ ᠣᠯᠠᠨ ᠤᠯᠤᠰ ᠤᠨ ᠨᠢᠰᠬᠡᠯ ᠤᠨ ᠪᠠᠭᠤᠳᠠᠯ ᠪᠣᠯᠭᠠᠨ ᠳᠡᠰ ᠳᠡᠪᠰᠢᠭᠦᠯᠦᠨ᠎ᠡ᠃ ᠲᠣᠮᠣ ᠳ᠋ᠠᠶᠢᠲ᠋ᠠ ᠶᠢᠨ ᠠᠵᠤ ᠦᠢᠯᠡᠰ ᠤᠨ ᠰᠢᠯᠵᠢᠯᠲᠡ ᠶᠢ ᠨᠠᠩ ᠰᠠᠶᠢᠲᠤᠷ ᠬᠦᠯᠢᠶᠡᠨ ᠠᠪᠬᠤ ᠶᠢᠨ ᠲᠥᠯᠥᠭᠡ᠂ ᠮᠠᠨ ᠤ ᠬᠤᠲᠠ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠬᠤᠯᠠᠴᠢᠯᠠᠵᠤ᠂ ᠨᠢᠳᠤᠨᠤᠨ ᠠᠴᠠ ᠡᠬᠢᠯᠡᠨ 4000 ᠭᠠᠷᠤᠶ ᠶᠡᠭᠡ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠭᠴᠢ ᠲᠣᠮᠣ ᠳ᠋ᠠᠶᠢᠲ᠋ᠠ ᠶᠢᠨ ᠨᠥᠭᠡᠴᠡ ᠶᠢᠨ ᠴᠢᠳᠠᠪᠤᠷᠢᠲᠠᠨ ᠤ ᠬᠤᠪᠢ ᠪᠠᠷ ᠪᠣᠯᠪᠠᠰᠤᠷᠠᠯ ᠳᠤ ᠣᠷᠣᠯᠴᠠᠵᠠᠶ᠃ ᠵᠠᠩ ᠰᠢᠶᠣᠤ ᠫᠧᠩ ᠰᠡᠭᠦᠳᠡᠷᠯᠡᠪᠡ     ᠳᠠᠪᠠᠭᠤᠯᠢᠭ ᠭᠤᠷᠪᠠ᠄ ᠬᠦᠢᠲᠡᠨ ᠰᠡᠷᠢᠭᠦᠨ ᠲᠠᠭᠠᠯᠠᠮᠵᠢᠲᠠᠶ ᠠᠭᠤᠷ ᠠᠮᠢᠰᠬᠤᠯ     ᠬᠥᠯᠳᠡᠭᠡᠬᠦ ᠵᠠᠷᠤᠴᠠᠭᠤᠯᠭ᠎ᠠ ᠶᠢᠨ ᠴᠠᠬᠢᠯᠭᠠᠨ ᠬᠦᠴᠦ ᠨᠢ ᠲᠣᠮᠣ ᠳ᠋ᠠᠶᠢᠲ᠋ᠠ ᠶᠢᠨ ᠲᠥᠪ ᠤᠨ ᠦᠢᠯᠡᠴᠢᠯᠡᠭᠦᠷ ᠪᠣᠯᠬᠤ ᠴᠠᠬᠢᠯᠭᠠᠨ ᠬᠦᠴᠦᠨ ᠤ ᠵᠠᠷᠤᠴᠠᠭᠤᠯᠭ᠎ᠠ ᠶᠢᠨ ᠨᠡᠯᠢᠶᠡᠳ ᠶᠡᠭᠡ ᠬᠤᠪᠢ ᠶᠢᠨ ᠵᠢᠩ ᠢ ᠡᠵᠡᠯᠡᠵᠦ᠂ ᠡᠭᠦᠨ ᠤ ᠤᠯᠠᠮ ᠠᠴᠠ ᠪᠠᠰᠠ ᠳ᠋ᠠᠶᠢᠲ᠋ᠠ ᠶᠢᠨ ᠲᠥᠪ ᠤᠨ T C O ᠶᠢᠨ ᠳᠣᠲᠣᠷ᠎ᠠ ᠶᠡᠬᠡᠩᠬᠢ ᠬᠡᠰᠡᠭ ᠢ ᠡᠵᠡᠯᠡᠨ᠎ᠡ᠃ ᠬᠠᠷᠢᠨ ᠬᠦᠢᠲᠡᠨ ᠰᠡᠷᠢᠭᠦᠨ ᠠᠭᠤᠷ ᠠᠮᠢᠰᠬᠤᠯ ᠨᠢ ᠬᠦᠢᠲᠡᠨ ᠤ ᠬᠤᠷᠣᠭᠳᠠᠯ ᠤᠨ ᠴᠠᠬᠢᠯᠭᠠᠨ ᠬᠦᠴᠦ ᠶᠢ ᠶᠡᠭᠡ ᠪᠠᠷ ᠪᠠᠭᠤᠷᠠᠭᠤᠯᠬᠤ ᠶᠢᠨ ᠤᠯᠠᠮ ᠠᠴᠠ ᠲᠣᠮᠣ ᠳ᠋ᠠᠶᠢᠲ᠋ᠠ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠥᠪᠡᠷ ᠤᠨ ᠥᠷᠲᠡᠭ ᠢ ᠠᠷᠪᠢᠯᠠᠬᠤ ᠨᠢ ᠳᠠᠮᠵᠢᠭ ᠦᠭᠡᠢ ᠶᠤᠮ᠃     ᠤᠯᠠᠭᠠᠨᠴᠠᠪ ᠬᠤᠲᠠ ᠶᠢᠨ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 4 . 3 ℃᠂ ᠵᠣᠨ ᠤ ᠤᠯᠠᠷᠢᠯ ᠤᠨ ᠳᠤᠮᠳᠠᠴᠢ ᠠᠭᠠᠷ ᠤᠨ ᠳᠤᠯᠠᠭᠠᠨ ᠨᠢ 18 . 8 ℃ ᠪᠣᠯᠤᠨ᠎ᠠ᠃ ᠳ᠋ᠠᠶᠢᠲ᠋ᠠ ᠶᠢᠨ ᠲᠥᠪ ᠢ ᠮᠠᠨ ᠤ ᠬᠤᠲᠠ ᠳᠤ ᠪᠠᠶᠢᠭᠤᠯᠵᠤ᠂ ᠵᠢᠯ ᠪᠦᠷᠢ ᠪᠠᠷᠤᠭ 10 ᠰᠠᠷ᠎ᠠ ᠶᠢᠨ ᠬᠤᠭᠤᠴᠠᠭᠠᠨ ᠳᠤ ᠪᠠᠶᠢᠭᠠᠯᠢ ᠶᠢᠨ ᠬᠦᠢᠲᠡᠨ ᠡᠬᠢ ᠰᠣᠷᠪᠤᠯᠵᠢ ᠶᠢ ᠬᠡᠷᠡᠭᠯᠡᠵᠦ ᠬᠥᠷᠥᠭᠡᠳᠡᠭ᠃ ᠠᠳᠠᠯᠢ ᠨᠢᠭᠡᠨ ᠮᠡᠷᠭᠡᠵᠢᠯ ᠤᠨ ᠨᠥᠬᠦᠴᠡᠯ ᠳᠣᠣᠷ᠎ᠠ᠂ ᠡᠨᠧᠷᠭᠢ ᠶᠢᠨ ᠬᠤᠷᠣᠭᠳᠠᠯ ᠢ 30 % ᠪᠠᠷ ᠠᠷᠪᠢᠯᠠᠵᠤ ᠪᠣᠯᠤᠨ᠎ᠠ᠂ P U E ᠶᠢᠨ ᠬᠡᠮᠵᠢᠭᠳᠡᠯ ᠨᠢ ᠠᠶᠠᠨᠳᠠᠭᠠᠨ1.26 ᠠᠴᠠ ᠪᠠᠭ᠎ᠠ ᠪᠠᠶᠢᠵᠤ᠂ ᠮᠡᠷᠭᠡᠵᠢᠯ ᠤᠨ ᠰᠢᠶᠳᠪᠦᠷᠢᠯᠡᠯᠲᠡ ᠪᠠᠷ ᠳᠠᠮᠵᠢᠨ 1.1 % ᠳᠤ ᠬᠦᠷᠳᠡᠭ᠃ 1 ᠲᠦᠮᠡᠨ ᠮᠠᠰᠢᠨ ᠤ ᠬᠤᠷᠭᠤ ᠶᠢᠨ ᠳ᠋ᠠᠶᠢᠲ᠋ᠠ ᠶᠢᠨ ᠲᠥᠪ ᠢᠶᠠᠷ ᠵᠢᠱᠢᠶᠡᠯᠡᠪᠡᠯ᠂ ᠵᠢᠯ ᠪᠦᠷᠢ ᠴᠠᠬᠢᠯᠭᠠᠨ ᠢ 2 ᠳ᠋ᠦᠩᠰᠢᠭᠤᠷ ᠠᠴᠠ 3 ᠳ᠋ᠦᠩᠰᠢᠭᠤᠷ ᠭᠷᠠᠳᠦ᠋ᠰ ᠠᠷᠪᠢᠯᠠᠵᠤ᠂ ᠴᠠᠬᠢᠯᠭᠠᠨ ᠤ ᠰᠦᠢᠳᠬᠡᠯ ᠢ ᠳ᠋ᠦᠩᠰᠢᠭᠤᠷ ᠲᠥᠭᠦᠷᠢᠭ ᠠᠴᠠ ᠳᠡᠭᠡᠭᠰᠢ ᠠᠷᠪᠢᠯᠠᠨ᠎ᠠ᠃     ᠳᠠᠪᠠᠭᠤᠯᠢᠭ ᠳᠥᠷᠪᠡ᠄ ᠴᠠᠬᠢᠯᠭᠠᠨ ᠬᠦᠴᠦᠨ ᠤ ᠡᠬᠢ ᠪᠠᠶᠠᠯᠢᠭ ᠡᠯᠪᠡᠭ᠂ ᠴᠠᠬᠢᠯᠭᠠᠨ ᠤ ᠦᠨ᠎ᠡ ᠬᠠᠷᠠᠭᠠᠯᠵᠠᠯ     ᠲᠣᠮᠣ ᠳ᠋ᠠᠶᠢᠲ᠋ᠠ ᠶᠢᠨ ᠲᠥᠪ ᠢ ᠪᠠᠶᠢᠭᠤᠯᠬᠤ ᠳᠤ ᠴᠠᠬᠢᠯᠭᠠᠨ ᠬᠦᠴᠦ ᠪᠣᠯ ᠴᠢᠬᠤᠯᠠ ᠪᠠᠲᠤᠯᠠᠭ᠎ᠠ ᠪᠣᠯᠤᠨ᠎ᠠ᠃ ᠲᠣᠭᠲᠠᠭᠤᠨ ᠴᠠᠬᠢᠯᠭᠠᠨ ᠡᠭᠦᠰᠭᠡᠭᠴᠢ᠂ ᠬᠠᠷᠠᠭᠠᠯᠵᠠᠯᠲᠤ ᠴᠠᠬᠢᠯᠭᠠᠨ ᠤ ᠦᠨ᠎ᠡ ᠪᠣᠯ ᠲᠣᠮᠣ ᠳ᠋ᠠᠶᠢᠲ᠋ᠠ ᠶᠢᠨ ᠠᠵᠤ ᠠᠬᠤᠶᠢᠯᠠᠯ ᠤᠨ ᠬᠥᠭᠵᠢᠯᠲᠡ ᠶᠢ ᠡᠷᠢᠯᠬᠢᠯᠡᠬᠦ ᠴᠢᠬᠤᠯᠠ ᠪᠠᠷᠢᠮᠵᠢᠶ᠎ᠠ ᠪᠣᠯᠬᠤ ᠨᠢ ᠳᠠᠮᠵᠢᠭ ᠦᠭᠡᠢ᠃     ᠤᠯᠠᠭᠠᠨᠴᠠᠪ ᠬᠤᠲᠠ ᠶᠢᠨ ᠳ᠋ᠠᠶᠢᠲ᠋ᠠ ᠶᠢᠨ ᠲᠥᠪ 0 . 26 ᠲᠥᠭᠦᠷᠢᠭ \ ᠭᠷᠠᠳᠦ᠋ᠰ ᠤᠨ ᠴᠠᠬᠢᠯᠭᠠᠨ ᠤ ᠦᠨ᠎ᠡ ᠶᠢ ᠬᠦᠷᠲᠡᠵᠦ ᠪᠣᠯᠤᠨ᠎ᠠ᠂ ᠡᠨᠡ ᠨᠢ ᠦᠨᠳᠦᠰᠦᠨ ᠳᠡᠭᠡᠨ ᠪᠥᠬᠦ ᠤᠯᠤᠰ ᠤᠨ ᠬᠠᠮᠤᠭ ᠤᠨ ᠬᠠᠷᠠᠭᠠᠯᠵᠠᠯᠲᠤ ᠴᠠᠬᠢᠯᠭᠠᠨ ᠤ ᠦᠨ᠎ᠡ ᠪᠠᠶᠢᠵᠤ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠵᠤ ᠴᠢᠳᠠᠨ᠎ᠠ᠃ ᠡᠭᠦᠨ ᠤ ᠬᠠᠮᠲᠤ᠂ ᠤᠯᠠᠭᠠᠨᠴᠠᠪ ᠪᠣᠯ ᠥᠪᠥᠷ ᠮᠣᠩᠭᠤᠯ ᠤᠨ ᠴᠢᠬᠤᠯᠠ ᠡᠨᠧᠷᠭᠢ ᠶᠢᠨ ᠰᠠᠭᠤᠷᠢᠨ ᠭᠠᠵᠠᠷ ᠪᠠᠶᠢᠵᠤ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 1404 ᠲᠦᠮᠡᠨ ᠺᠢᠯᠣᠸᠠᠲ ᠲᠤ ᠬᠦᠷᠴᠡᠶ᠃ ᠡᠭᠦᠨ ᠳᠤ᠄ ᠢᠯᠴᠢ ᠶᠢᠨ ᠴᠠᠬᠢᠯᠭᠠᠨ 759 ᠲᠦᠮᠡᠨ ᠺᠢᠯᠣᠸᠠᠲ ᠲᠤ ᠬᠦᠷᠴᠦ᠂ ᠰᠠᠯᠬᠢᠨ ᠬᠦᠴᠦᠨ ᠤ ᠴᠠᠬᠢᠯᠭᠠᠨ 525 ᠲᠦᠮᠡᠨ ᠺᠢᠯᠣᠸᠠᠲ ᠲᠤ ᠬᠦᠷᠴᠦ᠂ ᠨᠠᠷᠠᠨ ᠤ ᠭᠡᠷᠡᠯ ᠤᠨ 120 ᠲᠦᠮᠡᠨ ᠺᠢᠯᠣᠸᠠᠲ ᠲᠤ ᠬᠦᠷᠴᠦ᠂ ᠠᠷᠢᠭᠤᠨ ᠴᠡᠪᠡᠷ ᠡᠨᠧᠷᠭᠢ ᠶᠢᠨ ᠡᠵᠡᠯᠡᠬᠦ ᠬᠠᠷᠢᠴᠠᠯ 45 . 9 % ᠳᠤ ᠬᠦᠷᠴᠦ᠂ ︽ᠠᠭᠠᠷ ᠤᠨ ᠭᠤᠷᠪᠠᠨ ᠬᠠᠪᠴᠢᠯ᠂ ᠰᠠᠯᠬᠢᠨ ᠬᠦᠴᠦᠨ ᠤ ᠴᠠᠬᠢᠯᠭᠠᠨ ᠤ ᠬᠤᠲᠠ︾ ᠬᠡᠮᠡᠭᠳᠡᠪᠡ᠃ 2019 ᠣᠨ ᠳᠤ᠂ ᠮᠠᠨ ᠤ ᠬᠤᠲᠠ ᠪᠠᠰᠠ 600 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠢ ᠰᠢᠨ᠎ᠡ ᠪᠠᠷ ᠨᠡᠮᠡᠭᠳᠡᠭᠦᠯᠵᠦ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠳᠤ ᠭᠦᠶᠴᠡᠳ ᠬᠡᠮᠵᠢᠶᠡᠨ ᠤ ᠴᠠᠬᠢᠯᠭᠠᠨ ᠬᠦᠴᠦᠨ ᠤ ᠪᠠᠲᠤᠯᠠᠭ᠎ᠠ ᠪᠠ ᠴᠡᠪᠡᠷ ᠡᠨᠧᠷᠭᠢ ᠶᠢ ᠬᠠᠩᠭᠠᠬᠤ ᠪᠣᠯᠤᠨ᠎ᠠ᠃     ᠳᠠᠪᠠᠭᠤᠯᠢᠭ ᠲᠠᠪᠤ᠄ ᠲᠣᠭᠲᠠᠪᠤᠷᠢᠲᠠᠶ ᠭᠠᠵᠠᠷ ᠰᠢᠨᠵᠢᠯᠡᠭᠡᠨ ᠤ ᠪᠦᠲᠦᠴᠡ     ᠲᠣᠮᠣ ᠳ᠋ᠠᠶᠢᠲ᠋ᠠ᠂ ᠡᠭᠦᠯᠡᠨ ᠪᠣᠳᠣᠯᠲᠠ ᠵᠡᠷᠭᠡ ᠠᠵᠤ ᠦᠢᠯᠡᠰ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠳ᠋ᠠᠶᠢᠲ᠋ᠠ ᠶᠢᠨ ᠲᠥᠪ ᠤᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠤᠯᠠᠮ ᠠᠴᠠ ᠤᠯᠠᠮ ᠥᠷᠭᠡᠵᠢᠵᠦ᠂ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠵᠡᠷᠭᠡ ᠡᠯ᠎ᠡ ᠲᠠᠯ᠎ᠠ ᠳᠤ ᠬᠤᠯᠪᠣᠭᠳᠠᠵᠤ ᠪᠠᠶᠢᠨ᠎ᠠ᠃ ᠡᠶᠢᠮᠦ ᠠᠴᠠ᠂ ᠲᠤᠭ᠎ᠠ ᠪᠠᠷᠢᠮᠲᠠ ᠶᠢᠨ ᠲᠥᠪ ᠤᠨ ᠠᠮᠤᠷ ᠲᠦᠪᠰᠢᠨ ᠲᠣᠭᠲᠠᠭᠤᠨ ᠢ ᠪᠠᠲᠤᠯᠠᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃     ᠤᠯᠠᠭᠠᠨᠴᠠᠪ ᠤᠨ ᠭᠠᠵᠠᠷ ᠳᠣᠣᠷᠠᠬᠢ ᠬᠦᠷᠮᠡᠨ ᠴᠢᠯᠠᠭᠤᠯᠢᠭ ᠤᠨ ᠪᠦᠷᠬᠦᠴᠡ ᠶᠢᠨ ᠲᠠᠯᠠᠪᠠᠢ ᠨᠢ ᠶᠡᠭᠡ᠂ ᠴᠢᠯᠠᠭᠤᠯᠢᠭ ᠤᠨ ᠳᠠᠪᠬᠤᠷᠭ᠎ᠠ ᠨᠢ ᠭᠦᠨ ᠵᠤᠵᠠᠭᠠᠨ ᠪᠠᠶᠢᠵᠤ᠂ ᠭᠠᠵᠠᠷ ᠤᠨ ᠰᠠᠭᠤᠷᠢ ᠣᠩᠭᠤᠴᠠ ᠶᠢᠨ ᠳᠠᠭᠠᠭᠠᠴᠠ ᠨᠢ ᠰᠠᠶᠢᠨ ᠪᠥᠭᠡᠳ ᠭᠠᠵᠠᠷ ᠬᠥᠳᠡᠯᠦᠯᠲᠡ ᠴᠥᠭᠡᠨ ᠡᠭᠦᠰᠳᠡᠭ ᠣᠷᠣᠨ ᠤ ᠭᠠᠵᠠᠷ ᠤᠨ ᠪᠦᠲᠦᠴᠡ ᠨᠢ ᠲᠣᠭᠲᠠᠭᠤᠨ ᠪᠠᠶᠢᠵᠤ᠂ ᠦᠰᠦᠭ ᠪᠢᠴᠢᠭ ᠤᠨ ᠲᠡᠮᠳᠡᠭᠯᠡᠯ ᠲᠠᠢ ᠪᠣᠯᠤᠭᠰᠠᠨ ᠠᠴᠠ ᠨᠠᠰᠢ ᠡᠪᠳᠡᠯᠭᠡ   ᠶᠢᠨ ᠴᠢᠨᠠᠷᠲᠠᠢ ᠭᠠᠵᠠᠷ ᠬᠥᠳᠡᠯᠦᠯᠲᠡ᠂ ᠦᠶᠡᠷ ᠤᠰᠤᠲᠤᠯ ᠤᠨ ᠭᠠᠮᠰᠢᠭ ᠭᠠᠷᠤᠭᠰᠠᠨ ᠦᠭᠡᠢ᠂ ᠭᠠᠵᠠᠷ ᠬᠥᠳᠡᠯᠦᠯᠲᠡ ᠶᠢ ᠳᠠᠭᠠᠭᠠᠬᠤ ᠠᠰᠢᠭᠲᠠᠢ ᠬᠡᠰᠡᠭ ᠲᠤ ᠬᠠᠷᠢᠶᠠᠯᠠᠭᠳᠠᠵᠤ᠂ ᠲᠣᠮᠣ ᠬᠡᠯᠪᠡᠷᠢ ᠶᠢᠨ ᠳ᠋ᠠᠶᠢᠲ᠋ᠠ ᠲᠥᠪ ᠢ ᠪᠦᠲᠦᠭᠡᠨ ᠪᠠᠶᠢᠭᠤᠯᠬᠤ ᠢᠯᠠᠩᠭᠤᠶ᠎ᠠ ᠭᠠᠮᠰᠢᠭ ᠤᠨ ᠪᠡᠯᠡᠳᠬᠡᠯ ᠤᠨ ᠲᠥᠪ ᠢ ᠪᠦᠲᠦᠭᠡᠨ ᠪᠠᠶᠢᠭᠤᠯᠬᠤ ᠬᠦᠰᠡᠯᠡᠩᠲᠦ ᠣᠷᠣᠨ ᠪᠣᠯᠤᠨ᠎ᠠ᠃     ᠳᠠᠪᠠᠭᠤᠯᠢᠭ ᠵᠢᠷᠭᠤᠭ᠎ᠠ᠄ ᠳᠥᠭᠦᠮ ᠳᠥᠲᠡ ᠭᠡᠷᠡᠯᠯᠢᠭ ᠳᠡᠭᠡᠰᠦᠨ ᠤ ᠵᠠᠮ     ᠭᠡᠷᠡᠯᠯᠢᠭ ᠳᠡᠭᠡᠰᠦ ᠪᠣᠯ ᠳ᠋ᠠᠶᠢᠲ᠋ᠠ ᠶᠢ ᠳᠠᠮᠵᠢᠭᠤᠯᠬᠤ ᠵᠠᠭᠤᠴᠢ ᠪᠣᠯᠤᠨ᠎ᠠ᠃ ᠶᠡᠭᠡ ᠪᠠᠭᠲᠠᠭᠠᠮᠵᠢᠲᠤ ᠭᠡᠷᠡᠯᠯᠢᠭ ᠳᠡᠭᠡᠰᠦ ᠶᠢᠨ ᠳᠠᠮᠵᠢᠭᠤᠯᠬᠤ ᠠᠰᠢᠭᠯᠠᠮᠵᠢ ᠨᠢ ᠨᠠᠩ ᠥᠨᠳᠥᠷ᠂ ᠪᠠᠰᠠ ᠨᠠᠩ ᠶᠡᠭᠡ ᠵᠠᠶ ᠳᠠᠮᠵᠢᠭᠤᠯᠳᠠᠭ ᠪᠥᠭᠡᠳ ᠳ᠋ᠠᠶᠢᠲ᠋ᠠ ᠳᠠᠮᠵᠢᠭᠤᠯᠬᠤ ᠨᠣᠷᠮ᠎ᠠ ᠨᠢ ᠮᠠᠰᠢ ᠥᠨᠳᠥᠷ ᠪᠠᠶᠢᠳᠠᠭ᠃     ᠣᠶᠢᠷ᠎ᠠ ᠶᠢᠨ ᠵᠢᠯ ᠳᠤ᠂ ᠤᠯᠠᠭᠠᠨᠴᠠᠪ ᠤᠷᠢᠳ ᠬᠤᠵᠢᠳ ᠬᠤᠶᠠᠷ ᠵᠤᠷᠪᠤᠰ ᠪᠡᠭᠡᠵᠢᠩ ᠳᠤ ᠰᠢᠭᠤᠳ ᠨᠡᠪᠲᠡᠷᠡᠬᠦ 144 ᠭᠤᠤᠯ ᠴᠡᠭ ᠠᠴᠠ ᠴᠡᠭ ᠲᠤ ᠬᠦᠷᠬᠦ ᠭᠡᠷᠡᠯᠯᠢᠭ ᠳᠡᠭᠡᠰᠦ ᠶᠢ ᠪᠠᠶᠢᠭᠤᠯᠵᠤ᠂ ᠭᠡᠷᠡᠯᠯᠢᠭ ᠳᠡᠭᠡᠰᠦ ᠶᠢᠨ ᠦᠵᠦᠭᠦᠷ ᠤᠷᠤᠭᠤ ᠳᠠᠮᠵᠢᠭᠤᠯᠬᠤ ᠴᠠᠭ ᠨᠢ 5 ᠮᠢᠯᠢᠰᠧᠺᠦ᠋ᠨᠳ᠋ ᠳᠣᠲᠣᠷ᠎ᠠ ᠦᠷᠭᠦᠯᠵᠢᠯᠡᠵᠦ᠂ ︽ᠮᠡᠳᠡᠭᠡ ᠵᠠᠩᠭᠢ ᠶᠢᠨ ᠲᠦᠷᠭᠡᠨ ᠬᠤᠷᠳᠤᠴᠠᠲᠤ ᠵᠠᠰᠠᠮᠠᠯ ᠵᠠᠮ︾ ᠢ ᠵᠢᠩᠬᠢᠨᠢ ᠪᠠᠷ ᠨᠡᠪᠲᠡᠷᠡᠭᠦᠯᠪᠡ᠃ ᠡᠭᠦᠨ ᠳᠤ᠂ ᠭᠡᠷᠡᠯᠯᠢᠭ ᠳᠡᠭᠡᠰᠦᠨ ᠤ ᠨᠢᠭᠡᠳᠦᠭᠡᠷ ᠵᠠᠮ ᠨᠢ ᠵᠠᠮ ᠱᠤᠭᠤᠮ ᠤᠨ ᠪᠥᠬᠦ ᠣᠷᠳᠣ ᠨᠢ 442 ᠺᠢᠯᠣᠮᠧᠲᠷ ᠪᠠᠶᠢᠵᠤ᠂ ᠴᠢᠭᠤᠯᠤᠯᠲᠤ ᠬᠠᠭᠠᠯᠭ᠎ᠠ᠂ ᠴᠠᠩ ᠫᠢᠩ ᠵᠡᠷᠭᠡ ᠭᠠᠵᠠᠷ ᠢᠶᠠᠷ ᠥᠩᠭᠡᠷᠡᠵᠦ᠂ ᠤᠮᠠᠷᠠᠲᠤ ᠱᠤᠭᠤᠮ ᠠᠴᠠ ᠪᠡᠭᠡᠵᠢᠩ ᠤᠨ ᠢ ᠵᠤᠸᠠᠩ ᠳᠤ ᠣᠷᠣᠵᠤ᠂ 2017 ᠣᠨ ᠳᠤ ᠨᠢᠭᠡᠨᠲᠡ ᠪᠦᠲᠦᠭᠡᠨ ᠪᠠᠶᠢᠭᠤᠯᠵᠤ ᠳᠠᠭᠤᠰᠬᠠᠪᠠ᠃ ᠭᠡᠷᠡᠯᠯᠢᠭ ᠳᠡᠭᠡᠰᠦᠨ ᠤ ᠬᠤᠶᠠᠳᠤᠭᠠᠷ ᠵᠠᠮ ᠨᠢ ᠪᠦᠬᠦ ᠵᠠᠮ ᠤᠨ ᠤᠷᠳᠤ ᠨᠢ 668 ᠺᠢᠯᠣᠮᠧᠲᠷ ᠪᠠᠶᠢᠵᠤ᠂ ᠳ᠋ᠠᠲ᠋ᠦ᠋ᠩ᠂ ᠰᠢᠶᠦ᠋ᠩ ᠠᠨ ᠰᠢᠨ᠎ᠡ ᠲᠣᠭᠤᠷᠢᠭ ᠵᠡᠷᠭᠡ ᠭᠠᠵᠠᠷ ᠢᠶᠠᠷ ᠥᠩᠭᠡᠷᠡᠵᠦ᠂ ᠡᠮᠦᠨ᠎ᠡ ᠱᠤᠭᠤᠮ ᠠᠴᠠ ᠪᠡᠭᠡᠵᠢᠩ ᠤᠨ ᠢ ᠵᠤᠸᠠᠩ ᠳᠤ ᠣᠷᠣᠭᠰᠠᠨ ᠪᠠᠶᠢᠨ᠎ᠠ᠃ ᠬᠤᠶᠠᠷ ᠭᠡᠷᠡᠯᠯᠢᠭ ᠳᠡᠭᠡᠰᠦᠨ ᠳᠡᠭᠡᠷ᠎ᠡ ᠹᠢᠽᠢᠺ ᠤᠨ ᠬᠤᠣᠰ ᠵᠠᠮᠨᠠᠭᠤᠷ ᠤᠨ ᠬᠠᠮᠠᠭᠠᠯᠠᠯᠲᠠ ᠶᠢ ᠪᠡᠶᠡᠯᠡᠭᠦᠯᠵᠦ᠂ ᠳᠠᠮᠵᠢᠭᠤᠯᠬᠤ ᠠᠮᠤᠷ ᠲᠦᠪᠰᠢᠨ ᠢ ᠪᠠᠲᠤᠯᠠᠨ᠎ᠠ᠃     ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠤᠯᠠᠭᠠᠨᠴᠠᠪ ᠤᠨ I P ᠬᠤᠲᠠ ᠶᠢᠨ ᠣᠷᠣᠨ ᠪᠦᠰᠡ ᠶᠢᠨ ᠰᠦᠯᠵᠢᠶ᠎ᠡ ᠪᠣᠯᠤᠨ C h i n a 169 ᠪᠡᠭᠡᠵᠢᠩ ᠤᠨ ᠠᠭᠤᠯᠵᠠᠷ ᠴᠡᠭ ᠢ ᠰᠢᠭᠤᠳ ᠬᠤᠯᠪᠣᠬᠤ ᠶᠢ ᠪᠡᠶᠡᠯᠡᠭᠦᠯᠵᠦ ᠂ 2019 ᠣᠨ ᠤ 9 ᠰᠠᠷ᠎ᠠ ᠶᠢᠨ 30 ᠤ ᠡᠳᠦᠷ ᠠᠴᠠ ᠡᠮᠦᠨ᠎ᠡ ᠨᠡᠪᠲᠡᠷᠡᠭᠦᠯᠬᠦ ᠪᠠᠷ ᠲᠥᠯᠥᠪᠯᠡᠵᠦ᠂ ᠵᠠᠰᠠᠭ ᠤᠨ ᠣᠷᠳᠣᠨ ᠤ ᠪᠠᠶᠢᠭᠤᠯᠤᠮᠵᠢ᠂ ᠮᠥᠩᠭᠦᠨ ᠭᠦᠶᠯᠭᠡᠭᠡ ᠳᠠᠭᠠᠳᠬᠠᠯ᠂ ᠺᠣᠮᠫᠠᠨᠢ ᠠᠵᠤ ᠠᠬᠤᠶᠢᠯᠠᠯ ᠵᠡᠷᠭᠡ ᠨᠢᠭᠡᠴᠡ ᠶᠢᠨ ᠳᠡᠭᠡᠳᠦ ᠬᠤᠷᠳᠤᠴᠠ ᠶᠢᠨ ᠨᠣᠷᠮ᠎ᠠ᠂ ᠴᠢᠨᠠᠷ ᠰᠠᠶᠢᠲᠠᠶ ᠳ᠋ᠠᠶᠢᠲ᠋ᠠ ᠶᠢᠨ ᠮᠡᠳᠡᠭᠡ ᠬᠤᠯᠪᠣᠭᠠᠨ ᠤ ᠲᠤᠬᠠᠶᠢᠯᠠᠭᠰᠠᠨ ᠠᠵᠢᠯ ᠡᠳᠦᠷ ᠢᠷᠡᠬᠦᠶ᠎ᠡ ᠥᠷᠨᠢᠨ ᠬᠥᠭᠵᠢᠵᠦ ᠪᠠᠶᠢᠭ᠎ᠠ ᠬᠡᠷᠡᠭᠴᠡᠭᠡ ᠶᠢ ᠲᠤᠬᠠᠶ ᠶᠢᠨ ᠴᠠᠭ ᠲᠤ ᠬᠠᠩᠭᠠᠵᠤ ᠲᠠᠶᠢᠯᠬᠦ ᠪᠣᠯᠤᠨ᠎ᠠ ᠃ ᠰᠢᠯᠵᠢᠮᠡᠯ ᠮᠡᠳᠡᠭᠡ ᠬᠤᠯᠪᠣᠭᠠᠨ ᠤ ᠺᠣᠮᠫᠠᠨᠢ ᠪᠣᠯᠤᠨ ᠴᠠᠬᠢᠯᠭᠠᠨ ᠬᠤᠯᠪᠣᠭᠠᠨ ᠤ ᠺᠣᠮᠫᠠᠨᠢ ᠴᠤ ᠵᠣᠯᠭᠠᠭᠤᠯᠤᠨ ᠶᠠᠷᠢᠯᠴᠠᠵᠤ᠂ ᠪᠥᠬᠦ ᠬᠤᠲᠠ ᠶᠢᠨ ᠰᠦᠯᠵᠢᠶᠡᠨ ᠤ ᠣᠷᠴᠢᠨ ᠳᠤᠭᠤᠷᠢᠨ ᠤ ᠨᠥᠬᠦᠴᠡᠯ ᠶᠡᠭᠡ ᠪᠠᠷ ᠰᠢᠯᠢᠳᠡᠭᠵᠢᠵᠦ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃ ᠳᠠᠪᠠᠭᠤᠯᠢᠭ ᠳᠤᠯᠤᠭ᠎ᠠ᠂ ᠠᠭᠤᠵᠢᠭᠤ ᠳᠠᠶᠢᠪᠤᠭᠤ ᠲᠦᠷᠦ ᠶᠢᠨ ᠪᠤᠳᠤᠯᠭ᠎ᠠ ᠶᠢᠨ ᠤᠷᠴᠢᠨ ᠠᠬᠤᠢ ᠶᠢᠨ ᠳᠠᠪᠠᠭᠤᠯᠢᠭ     ᠣᠷᠴᠢᠨ ᠠᠬᠤᠶ ᠪᠣᠯ ᠦᠢᠯᠡᠳᠪᠦᠷᠢᠯᠡᠯ ᠤᠨ ᠬᠦᠴᠦᠨ᠂ ᠣᠷᠴᠢᠨ ᠠᠬᠤᠶ ᠪᠣᠯ ᠥᠷᠢᠰᠦᠯᠳᠦᠬᠦ ᠬᠦᠴᠦᠨ ᠮᠥᠨ᠃ ᠵᠠᠬ᠎ᠠ ᠳᠡᠯᠭᠡᠭᠦᠷ ᠤᠨ ᠥᠷᠢᠰᠥᠯᠳᠦᠭᠡᠨ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠥᠨᠥᠳᠥᠷ᠂ ᠠᠳᠠᠯᠢ ᠪᠤᠰᠤ ᠭᠠᠵᠠᠷ ᠣᠷᠣᠨ ᠤ ᠬᠤᠭᠤᠷᠣᠨᠳᠣᠬᠢ ᠥᠷᠢᠰᠥᠯᠳᠦᠭᠡᠨ ᠨᠢ ᠮᠥᠨ ᠴᠢᠨᠠᠷ ᠳᠡᠭᠡᠷ᠎ᠡ ᠪᠠᠨ ᠣᠷᠴᠢᠨ ᠠᠬᠤᠢ ᠶᠢᠨ ᠥᠷᠢᠰᠥᠯᠳᠦᠭᠡᠨ ᠪᠣᠯᠬᠤ ᠶᠤᠮ᠃ ᠲᠥᠷᠥ ᠶᠢᠨ ᠪᠣᠳᠣᠯᠭ᠎ᠠ ᠶᠢᠨ ᠰᠠᠶᠢᠨ ᠰᠠᠶᠢᠬᠠᠨ ᠣᠷᠴᠢᠨ ᠨᠥᠬᠦᠴᠡᠯ ᠪᠣᠯ ᠨᠢᠭᠡ ᠭᠠᠵᠠᠷ ᠣᠷᠣᠨ ᠤ ᠬᠥᠭᠵᠢᠯᠲᠡ ᠶᠢᠨ ᠴᠢᠬᠤᠯᠠ ᠵᠥᠭᠡᠯᠡᠨ ᠪᠣᠳᠠᠲᠤ ᠬᠦᠴᠦᠨ ᠮᠥᠨ᠃     ᠤᠯᠠᠭᠠᠨᠴᠠᠪ ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠬᠢᠭᠡᠳ ᠶᠠᠳᠠᠭᠤ ᠬᠦᠴᠢᠷᠳᠡᠯᠲᠡᠶ ᠭᠠᠵᠠᠷ ᠣᠷᠣᠨ ᠤ ᠬᠥᠭᠵᠢᠯᠲᠡ ᠶᠢ ᠲᠡᠳᠬᠦᠨ ᠳᠡᠮᠵᠢᠬᠦ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠪᠠ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠥᠪᠥᠷ ᠮᠣᠩᠭᠤᠯ ᠤᠨ ᠰᠠᠶᠢᠨ ᠪᠥᠭᠡᠳ ᠲᠦᠷᠭᠡᠨ ᠬᠥᠭᠵᠢᠯᠲᠡ ᠶᠢ ᠳᠡᠮᠵᠢᠬᠦ ᠵᠡᠷᠭᠡ ᠣᠯᠠᠨ ᠳᠠᠪᠬᠤᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠬᠦᠷᠲᠡᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠬᠥᠭᠵᠢᠯᠲᠡ ᠬᠡᠷᠡᠭᠯᠡᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠨᠤᠭᠤᠳ︾ ᠢ ᠭᠦᠨᠵᠡᠭᠡᠶ ᠲᠤᠭᠤᠰᠢᠯᠠᠭᠤᠯᠤᠭᠰᠠᠨ ᠰᠠᠭᠤᠷᠢᠨ ᠳᠡᠭᠡᠷ᠎ᠡ᠂ ᠮᠠᠨ ᠤ ᠬᠤᠲᠠ ᠪᠠᠰᠠ ︽ᠤᠯᠠᠭᠠᠨᠴᠠᠪ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠷᠪᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ︽ᠤᠯᠠᠭᠠᠨᠴᠠᠪ ᠬᠤᠲᠠ ᠶᠢᠨ ᠲᠣᠮᠣ ᠳ᠋ᠠᠶᠢᠲ᠋ᠠ ᠶᠢᠨ ᠦᠶᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠶᠢ ᠠᠬᠢᠭᠤᠯᠬᠤ ᠠᠵᠤ ᠦᠢᠯᠡᠰ ᠤᠨ ᠬᠥᠭᠵᠢᠯᠲᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠵᠡᠷᠭᠡ ᠰᠢᠷᠢᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠰᠠᠶᠢᠨ ᠰᠠᠶᠢᠬᠠᠨ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠪᠠ᠃     ᠡᠭᠦᠨ ᠤ ᠬᠠᠮᠲᠤ᠂ ᠨᠤᠳᠤᠭᠰᠢᠭᠰᠠᠨ ᠠᠵᠤ ᠠᠬᠤᠶᠢᠯᠠᠯ ᠤᠨ ︽ᠠᠰᠠᠷᠠᠭᠴᠢ ᠮᠠᠶ᠋ᠢᠭ︾ ᠤᠨ ᠮᠥᠷᠳᠡᠨ ᠳᠠᠭᠠᠬᠤ ᠶᠢ ᠬᠡᠷᠡᠭᠵᠢᠭᠦᠯᠵᠦ᠂ ᠰᠠᠭᠤᠭ᠎ᠠ ᠠᠵᠤ ᠠᠬᠤᠶᠢᠯᠠᠯ ᠳᠤ ︽ᠰᠠᠭᠠᠳ ᠥᠬᠡᠶ ᠨᠡᠪᠲᠡᠷᠡᠬᠦ ᠵᠠᠮ︾ ᠨᠡᠭᠡᠭᠡᠵᠦ᠂ ︽ᠲᠣᠮᠣ ᠲᠥᠷᠥᠯ ᠵᠦᠶᠯ ᠤᠨ ᠣᠷᠣᠯᠠᠬᠤ ᠦᠶᠯᠡᠴᠢᠯᠡᠭᠡᠨ ᠤ ᠴᠣᠩᠬᠤ︾ ᠭᠠᠷᠭᠠᠵᠤ᠂ ︽ᠨᠢᠭᠡ ᠳᠤ ᠨᠢᠭᠡ ᠪᠠᠶᠢᠬᠤ︾ ᠪᠥᠬᠦ ᠶᠠᠪᠤᠴᠠ ᠳᠤ ᠰᠦᠢᠳᠬᠡᠯ ᠬᠤᠷᠢᠶᠠᠬᠤ ᠦᠭᠡᠢ ᠪᠠᠷ ᠣᠷᠣᠯᠠᠨ ᠭᠦᠶᠴᠡᠳᠬᠡᠬᠦ ᠦᠶᠯᠡᠴᠢᠯᠡᠭᠡ ᠬᠠᠩᠭᠠᠵᠤ᠂ ᠣᠷᠣᠨ ᠪᠦᠰᠡ ᠶᠢᠨ ᠶᠡᠷᠦᠩᠬᠡᠶᠢᠯᠡᠭᠰᠡᠨ ᠦᠨᠡᠯᠡᠨ ᠵᠢᠱᠢᠬᠦ ᠪᠠ ᠬᠠᠮᠲᠤᠷᠠᠨ ᠵᠢᠷᠤᠭ ᠬᠢᠨᠠᠬᠤ᠂ ᠬᠠᠮᠲᠤᠷᠠᠨ ᠰᠢᠯᠭᠠᠨ ᠠᠪᠬᠤ ᠶᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠶᠯᠡᠴᠢᠯᠡᠭᠡ ᠬᠠᠩᠭᠠᠨ᠎ᠠ᠃     ᠳᠠᠪᠠᠭᠤᠯᠢᠭ ᠨᠠᠢᠮᠠ᠄ ᠪᠦᠷᠢᠨ ᠲᠥᠬᠦᠷ ᠪᠡᠯᠡᠳᠬᠡᠮᠵᠢ     ︽ᠤᠶᠠᠩᠭᠠᠲᠤ ᠮᠣᠳᠣ︾ ᠶᠢ ᠰᠠᠶᠢᠲᠤᠷ ᠲᠠᠷᠢᠪᠠᠯ ᠰᠠᠶ᠋ᠢ ︽ᠭᠠᠷᠤᠳᠢ︾ ᠶᠢ ᠲᠠᠲᠠᠵᠤ ᠴᠢᠳᠠᠨ᠎ᠠ᠃ ᠪᠦᠷᠢᠨ ᠲᠥᠬᠦᠷ ᠲᠥᠬᠦᠭᠡᠷᠦᠮᠵᠢ ᠨᠢ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠵᠦ᠂ ︽ᠡᠭᠦᠷ ᠪᠠᠷᠢᠬᠤ︾ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠢᠮᠠᠨ ᠵᠣᠪᠬᠢᠰ ᠤᠨ ︽ᠭᠠᠷᠤᠳᠢ︾ ᠶᠢ ᠲᠠᠲᠠᠨ ᠠᠪᠴᠢᠷᠠᠵᠤ ᠠᠮᠢᠳᠤᠷᠠᠭᠤᠯᠵᠤ ᠪᠣᠯᠤᠨ᠎ᠠ     ᠤᠯᠠᠭᠠᠨᠴᠠᠪ ᠬᠤᠲᠠ 13 ᠲᠡᠭᠰᠢ ᠳᠥᠷᠪᠡᠯᠵᠢᠨ ᠺᠢᠯᠣᠮᠧᠲᠷ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠵᠦ᠂ ᠲᠣᠮᠣ ᠳ᠋ᠠᠶᠢᠲ᠋ᠠ ᠶᠢᠨ ᠬᠤᠯᠪᠣᠭᠳᠠᠬᠤ ᠲᠥᠷᠥᠯ ᠵᠦᠶᠯ ᠢ ᠭᠤᠤᠯᠳᠠᠯᠭ᠎ᠠ ᠲᠠᠢ ᠠᠴᠢᠶᠠᠯᠠᠪᠠ᠃ ᠬᠦᠷᠢᠶᠡᠯᠡᠩ ᠲᠣᠭᠤᠷᠢᠭ ᠨᠢ ᠲᠥᠪ ᠬᠤᠳᠠ ᠶᠢᠨ ᠲᠣᠭᠤᠷᠢᠭ ᠲᠤ ᠪᠠᠶᠢᠷᠢᠯᠠᠵᠤ᠂ ᠥᠨᠳᠥᠷ ᠬᠤᠷᠳᠤᠴᠠᠲᠤ ᠲᠡᠮᠦᠷ ᠵᠠᠮ ᠤᠨ ᠥᠷᠲᠡᠭᠡ ᠠᠴᠠ 3 ᠺᠢᠯᠣᠮᠧᠲᠷ ᠵᠠᠶᠢᠲᠠᠢ᠂ ᠨᠢᠰᠬᠡᠯ ᠤᠨ ᠪᠠᠭᠤᠳᠠᠯ ᠠᠴᠠ 20 ᠺᠢᠯᠣᠮᠧᠲᠷ ᠵᠠᠶᠢᠲᠠᠢ᠂ ᠪᠦᠬᠦ ᠬᠤᠳᠠ ᠶᠢᠨ ᠠᠵᠤ ᠦᠢᠯᠡᠰ ᠪᠠ ᠬᠤᠳᠠ ᠠᠭᠤᠰᠤᠯᠴᠠᠭᠰᠠᠨ ᠵᠢᠱᠢᠶ᠎ᠡ ᠦᠵᠡᠭᠦᠯᠬᠦ ᠲᠣᠭᠤᠷᠢᠭ ᠪᠣᠯᠤᠨ᠎ᠠ᠃ ᠡᠷᠭᠢᠨ ᠲᠣᠭᠤᠷᠢᠨ ᠤ ᠰᠤᠷᠭᠠᠭᠤᠯᠢ᠂ ᠬᠡᠦᠬᠡᠳ ᠤᠨ ᠴᠡᠴᠡᠷᠯᠢᠭ᠂ ᠴᠡᠴᠡᠷᠯᠢᠭ᠂ ᠡᠮᠨᠡᠯᠭᠡ ᠶᠢᠨ ᠬᠤᠷᠢᠶ᠎ᠠ ᠵᠡᠷᠭᠡ ᠢᠵᠢ ᠪᠦᠷᠢᠳᠦᠭᠦᠯᠬᠦ ᠦᠶᠯᠡᠴᠢᠯᠡᠭᠡᠨ ᠤ ᠪᠡᠯᠡᠳᠬᠡᠮᠵᠢ ᠨᠢ ᠪᠦᠷᠢᠨ ᠭᠦᠶᠴᠡᠳ ᠪᠠᠶᠢᠵᠤ᠂ ᠴᠡᠴᠡᠷᠯᠢᠭ ᠲᠤ ᠣᠷᠣᠬᠤ ᠠᠵᠤ ᠠᠬᠤᠶᠢᠯᠠᠯ ᠵᠢᠴᠢ ᠠᠵᠢᠯᠲᠠᠨ ᠠᠵᠢᠯᠴᠢᠨ ᠳᠤ ᠰᠠᠶᠢᠨ ᠰᠠᠶᠢᠬᠠᠨ ᠣᠷᠣᠨ ᠰᠠᠭᠤᠴᠠ ᠶᠢᠨ ᠣᠷᠴᠢᠨ ᠲᠣᠭᠤᠷᠢᠨ ᠪᠠ ᠳᠥᠭᠦᠮ ᠳᠥᠲᠡ ᠰᠤᠷᠤᠯᠴᠠᠯᠭ᠎ᠠ᠂ ᠠᠮᠢᠳᠤᠷᠠᠯ᠂ ᠵᠤᠭ᠎ᠠ ᠴᠡᠩᠭᠡᠯ᠂ ᠵᠠᠮ ᠬᠠᠷᠢᠯᠴᠠᠭ᠎ᠠ᠂ ᠡᠮᠴᠢᠯᠡᠭᠡᠨ ᠤ ᠨᠥᠬᠦᠴᠡᠯ ᠢ ᠬᠠᠩᠭᠠᠵᠤ ᠴᠢᠳᠠᠨ᠎ᠠ᠃     ᠤᠯᠠᠭᠠᠨᠴᠠᠪ ᠤᠨ ᠲᠣᠮᠣ ᠳ᠋ᠠᠶᠢᠲ᠋ᠠ ᠶᠢᠨ ᠬᠥᠭᠵᠢᠯᠲᠡ ᠶᠢᠨ ︽ᠨᠠᠢᠮᠠᠨ ᠶᠡᠭᠡ ᠳᠠᠪᠠᠭᠤᠯᠢᠭ︾ ᠢ ᠨᠠᠷᠢᠨ ᠵᠠᠳᠠᠯᠵᠤ ᠂ ᠲᠥᠷᠥᠯᠬᠢ ᠠᠪᠢᠶᠠᠰ ᠪᠠᠶᠢᠬᠤ ᠮᠥᠷᠲᠡᠭᠡᠨ ᠪᠠᠰᠠ   ᠬᠤᠶᠢᠳᠤ ᠡᠳᠦᠷ ᠪᠤᠶᠢᠵᠢᠭᠤᠯᠵᠤ ᠪᠠᠶᠢᠨ᠎ᠠ᠂ ᠡᠨᠡ ᠬᠤᠶᠠᠷ ᠤᠨ ᠰᠠᠶᠢᠨ ᠤᠶᠠᠯᠳᠤᠯ ᠨᠢ ᠤᠯᠠᠭᠠᠨᠴᠠᠪ ᠤᠨ ᠲᠣᠮᠣ ᠳ᠋ᠠᠶᠢᠲ᠋ᠠ ᠶᠢᠨ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢ ᠲᠠᠲᠠᠬᠤ ᠭᠦᠨ ᠵᠤᠵᠠᠭᠠᠨ ︽ᠰᠢᠮᠡᠳᠦ ᠬᠥᠷᠥᠰᠥ︾ ᠶᠢ ᠪᠤᠶᠢᠵᠢᠭᠤᠯᠤᠭᠰᠠᠨ ᠪᠠᠶᠢᠨ᠎ᠠ᠃ ᠬᠤᠸᠠ ᠸᠧᠶ᠂ ᠠ ᠯᠢ ᠪᠠ ᠪᠠ᠂ ᠠᠯᠮᠤᠷᠠᠳ ᠵᠡᠷᠭᠡ ᠨᠢᠭᠡ ᠪᠦᠯᠦᠭ ᠳ᠋ᠠᠶᠢᠲ᠋ᠠ ᠶᠢᠨ ᠲᠥᠪ ᠢ ᠵᠠᠯᠭᠠᠭ᠎ᠠ ᠪᠠᠷ ᠨᠤᠳᠤᠭᠰᠢᠯᠠᠭᠤᠯᠬᠤ᠂ ᠦᠢᠯᠡᠴᠢᠯᠡᠭᠦᠷ ᠮᠠᠰᠢᠨ ᠤ ᠬᠡᠪᠴᠢᠶ᠎ᠡ 100 ᠲᠦᠮᠡ ᠬᠦᠷᠴᠦ᠂ ︽ᠡᠮᠦᠨ᠎ᠡ ᠭᠦᠢᠶᠠᠩ ᠤᠮᠠᠷ᠎ᠠ ᠤᠯᠠᠭᠠᠨᠴᠠᠪ︾ ᠲᠣᠮᠣ ᠳ᠋ᠠᠶᠢᠲ᠋ᠠ ᠶᠢᠨ ᠲᠥᠪ ᠤᠨ ᠪᠠᠶᠢᠷᠢ ᠰᠠᠭᠤᠷᠢ ᠲᠠᠰᠤᠷᠠᠯᠲᠠ ᠥᠬᠡᠶ ᠪᠠᠲᠤᠵᠢᠵᠤ᠂ ᠡᠭᠦᠯᠡᠨ ᠪᠤᠳᠤᠯᠲᠠ ᠶᠢᠨ ᠲᠣᠮᠣ ᠳ᠋ᠠᠶᠢᠲ᠋ᠠ ᠨᠢ ᠤᠯᠠᠭᠠᠨᠴᠠᠪ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ ᠭᠡᠷᠡᠯ ᠵᠢᠷᠤᠭ ᠤᠨ ᠢᠯᠠ ᠲᠣᠳᠣ ᠢᠯᠡᠳᠬᠡᠮᠵᠢ ᠲᠡᠮᠳᠡᠭ ᠪᠣᠯᠤᠭᠰᠠᠨ ᠪᠠᠶᠢᠨ᠎ᠠ᠃                                          ᠵᠤᠬᠢᠶᠠᠭᠴᠢ᠄ ᠵᠠᠩ ᠶᠠᠨ ᠯᠦᠩ                                          ᠤᠷᠴᠢᠭᠤᠯᠤᠭᠴᠢ᠄ ᠬᠦᠰᠡᠯ                                    
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2